4 ᠰᠠᠷ᠎ᠠ ᠶᠢᠨ 10 ᠤ ᠡᠳᠦᠷ ᠤᠨ 8 ᠴᠠᠭ ᠲᠤ ᠬᠠᠲᠤᠨ ᠭᠤᠣᠯ ᠤᠨ ᠰᠠᠨ ᠱᠧᠩ ᠬᠥᠩ ᠤᠰᠤᠨ | ᠠᠰᠢᠭᠯᠠᠯᠲᠠ ᠵᠢᠨᠬᠦ᠋ᠢᠰᠦ ᠪᠠᠷᠢᠯᠭ᠎ᠠ ᠶᠢᠨ ᠬᠤᠶᠢᠲᠤ ᠬᠡᠰᠡᠭ ᠤᠨ ᠶᠡᠷᠦᠩᠬᠡᠶ ᠭᠤᠣᠯ ᠰᠤᠪᠠᠭ᠂ ᠱᠧᠨ ᠡᠦ ᠭᠤᠣᠯ | ᠰᠤᠪᠠᠭ ᠨᠡᠭᠡᠭᠡᠯᠭᠡ ᠪᠠᠨ ᠨᠡᠭᠡᠭᠡᠵᠦ ᠤᠰᠤ ᠲᠠᠯᠪᠢᠪᠠ᠃ 13 ᠤ ᠡᠳᠦᠷ ᠤᠨ 8 ᠴᠠᠭ ᠲᠤ᠂ ᠡᠮᠦᠨ᠎ᠡ ᠡᠷᠭᠢ ᠶᠢᠨ | ᠭᠤᠤᠯ ᠰᠤᠪᠠᠭ ᠲᠤ ᠤᠰᠤ ᠲᠠᠯᠪᠢᠭᠰᠠᠨ ᠨᠢ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠠ | ᠣᠷᠳᠣᠰ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ᠵᠣᠨ ᠤ ᠤᠰᠤᠯᠠᠯᠲᠠ ᠪᠥᠬᠦ ᠲᠠᠯ᠎ᠠ ᠪᠠᠷ | ᠡᠬᠢᠯᠡᠭᠰᠡᠨ ᠢ ᠬᠠᠷᠠᠭᠤᠯᠵᠤ ᠪᠠᠶᠢᠨ᠎ᠠ᠃ | ᠤᠰᠤᠯᠠᠯᠲᠠ ᠶᠢᠨ ᠬᠤᠭᠤᠴᠠᠭᠠᠨ ᠤ ᠭᠤᠣᠯ ᠪᠠᠷᠢᠯᠭ᠎ᠠ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠶᠢᠨ | ᠲᠥᠯᠥᠭᠡ᠂ ᠥᠪᠥᠷ ᠮᠣᠩᠭᠤᠯ ᠤᠨ ᠬᠠᠳᠤᠨ ᠭᠤᠣᠯ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ | ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠭᠤᠣᠯ ᠤᠨ ᠨᠡᠭᠡᠭᠡᠯᠭᠡ᠂ ᠤᠮᠠᠷᠠᠲᠤ ᠶᠢᠨ ᠶᠡᠷᠦᠩᠬᠡᠶ ᠭᠤᠣᠯ | ᠰᠤᠪᠠᠭ ᠤᠨ ᠤᠰᠤ ᠣᠷᠣᠭᠤᠯᠬᠤ ᠨᠡᠭᠡᠭᠡᠯᠭᠡ᠂ ᠤᠰᠤ ᠪᠠᠭᠤᠯᠭᠠᠬᠤ ᠨᠡᠭᠡᠭᠡᠯᠭᠡ᠂ ᠱᠧᠨ ᠡᠦ ᠭᠤᠣᠯ ᠰᠤᠪᠠᠭ ᠤᠨ | ᠤᠰᠤ ᠣᠷᠣᠭᠤᠯᠬᠤ ᠨᠡᠭᠡᠭᠡᠯᠭᠡ ᠪᠣᠯᠤᠨ ᠡᠮᠦᠨ᠎ᠡ ᠡᠷᠭᠢ ᠶᠢᠨ ᠭᠤᠣᠯ ᠰᠤᠪᠠᠭ ᠤᠨ ᠤᠰᠤ ᠣᠷᠣᠭᠤᠯᠬᠤ ᠨᠡᠭᠡᠭᠡᠯᠭᠡ | ᠵᠡᠷᠭᠡ ᠲᠠᠪᠤᠨ ᠤᠰᠤᠨ ᠨᠡᠭᠡᠭᠡᠯᠭᠡ ᠶᠢᠨ ᠤᠰᠤᠨ ᠲᠡᠭᠡᠷᠡᠬᠢ᠂ ᠤᠰᠤᠨ ᠳᠣᠣᠷᠠᠬᠢ ᠪᠠᠷᠢᠯᠭ᠎ᠠ ᠶᠢᠨ ᠠᠵᠢᠯᠯᠠᠭᠠᠨ ᠤ | ᠪᠠᠶᠢᠳᠠᠯ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠲᠤᠰ ᠲᠤᠰ ᠪᠦᠬᠦ ᠲᠠᠯ᠎ᠠ ᠶᠢᠨ ᠪᠠᠶᠢᠴᠠᠭᠠᠯᠲᠠ | ᠬᠢᠵᠦ᠂ ᠠᠳᠡ ᠲᠡᠨᠳᠡ ᠨᠢ ᠡᠪᠳᠡᠷᠡᠵᠦ ᠰᠦᠢᠳᠦᠭᠰᠡᠨ ᠪᠠᠷᠢᠯᠭ᠎ᠠ ᠶᠢ ᠱᠠᠯᠠᠪᠳᠠᠨ ᠰᠡᠯᠪᠢᠨ ᠵᠠᠰᠠᠵᠤ᠂ ᠤᠰᠤ | ᠲᠠᠯᠪᠢᠬᠤ ᠠᠴᠠ ᠡᠮᠦᠨᠡᠬᠢ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠪᠡ᠃ | ︽2021 ᠣᠨ ᠤ 4 — 6 ᠳ᠋ᠤᠭᠠᠷ ᠰᠠᠷ᠎ᠠ ᠶᠢᠨ ᠬᠠᠲᠤᠨ ᠭᠤᠤᠯ ᠤᠨ ᠥᠪᠥᠷ ᠮᠣᠩᠭᠤᠯ ᠳᠠᠬᠢ | ᠬᠡᠰᠡᠭ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠪᠡᠯ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ 2021 ᠣᠨ ᠤ 4 — 6 | ᠳ᠋ᠤᠭᠠᠷ ᠰᠠᠷ᠎ᠠ ᠳᠤ ᠦᠯᠡᠳᠡᠭᠰᠡᠨ ᠤᠰᠤ ᠬᠤᠷᠣᠭᠳᠠᠭᠤᠯᠬᠤ ᠬᠡᠮᠵᠢᠶ᠎ᠡ 20.37 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠂ ᠤᠰᠤ ᠲᠠᠲᠠᠬᠤ ᠬᠡᠮᠵᠢᠶ᠎ᠡ ᠨᠢ 27.31 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠂ ᠤᠰᠤ ᠲᠠᠲᠠᠬᠤ | ᠬᠡᠮᠵᠢᠶ᠎ᠡ ᠨᠢ 6.94 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠤᠯᠤᠨ᠎ᠠ᠃ ︽ᠬᠠᠩᠭᠢᠨ ᠬᠤᠰᠢᠭᠤᠨ ᠤ | ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ 2021 ᠣᠨ ᠤ ᠬᠠᠪᠤᠷ ᠤᠨ ᠤᠰᠤᠯᠠᠯᠲᠠ ᠶᠢᠨ ᠤᠰᠤ ᠬᠡᠷᠡᠭᠯᠡᠬᠦ | ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠬᠠᠷᠢᠭᠤ ᠵᠠᠬᠢᠳᠠᠯ︾ ᠤᠨ ᠵᠣᠷᠢᠭ ᠰᠠᠨᠠᠭ᠎ᠠ ᠶᠣᠰᠣᠭᠠᠷ᠂ ᠣᠷᠳᠣᠰ ᠤᠨ ᠡᠮᠦᠨ᠎ᠡ | ᠡᠷᠭᠢ ᠶᠢᠨ ᠤᠰᠤᠯᠠᠯᠲᠠ ᠶᠢᠨ ᠣᠷᠣᠨ ᠳᠤ 4 — 6 ᠳ᠋ᠤᠭᠠᠷ ᠰᠠᠷ᠎ᠠ ᠳᠤ ᠬᠠᠲᠤᠨ ᠭᠤᠤᠯ ᠤᠨ ᠤᠰᠤ ᠶᠢ 1. | 0805 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠷᠡᠭᠯᠡᠬᠦ ᠪᠠᠷ ᠲᠥᠯᠥᠪᠯᠡᠵᠦ ᠪᠣᠶ᠃ ᠬᠠᠮᠢᠶᠠᠷᠤᠯᠲᠠ ᠶᠢᠨ | ᠲᠣᠪᠴᠢᠶ᠎ᠠ ᠨᠢ ᠤᠰᠤᠨ ᠤ ᠬᠡᠮᠵᠢᠶ᠎ᠡ ᠶᠢ ᠳᠣᠭᠢᠷᠠᠭᠤᠯᠬᠤ ᠵᠠᠷᠯᠢᠭ ᠢ ᠴᠢᠩᠭ᠎ᠠ ᠬᠡᠷᠡᠭᠵᠢᠭᠦᠯᠵᠦ᠂ ᠤᠰᠤᠯᠠᠯᠲᠠ ᠶᠢᠨ | ᠣᠷᠣᠨ ᠤ ᠰᠠᠷ᠎ᠠ ᠶᠢᠨ ᠤᠰᠤ ᠲᠠᠲᠠᠵᠤ ᠬᠡᠷᠡᠭᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠤᠰᠤ ᠲᠠᠲᠠᠬᠤ᠂ | ᠤᠰᠤ ᠪᠤᠴᠠᠭᠠᠬᠤ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠨᠠᠷᠢᠯᠢᠬᠵᠢᠭᠤᠯᠤᠨ ᠳᠣᠭᠢᠷᠠᠭᠤᠯᠬᠤ ᠬᠢᠷᠢ | ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠣᠨ ᠤ ᠤᠰᠤᠨ ᠤ ᠬᠡᠮᠵᠢᠶ᠎ᠡ ᠶᠢ ᠳᠣᠭᠢᠷᠠᠭᠤᠯᠬᠤ ᠡᠭᠦᠷᠭᠡ ᠪᠠᠨ | ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠵᠤ ᠪᠠᠶᠢᠨ᠎ᠠ᠃ | 4 ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠤᠮᠠᠷᠠᠲᠤ ᠶᠢᠨ ᠶᠡᠷᠦᠩᠬᠡᠶ ᠭᠤᠤᠯ ᠰᠤᠪᠠᠭ ᠤᠨ | ᠲᠠᠲᠠᠭᠰᠠᠨ ᠤᠰᠤᠨ ᠤ ᠬᠡᠮᠵᠢᠶ᠎ᠡ ᠨᠡᠶᠢᠲᠡ 5999.5296 ᠲᠦᠮᠡᠨ ᠪᠣᠰᠤᠭ᠎ᠠ ᠳᠥᠷᠪᠡᠯᠵᠢᠨ ᠮᠧᠲᠷ᠂ ᠱᠧᠨ ᠡᠦ | ᠭᠤᠤᠯ ᠰᠤᠪᠠᠭ ᠤᠨ ᠲᠠᠲᠠᠭᠰᠠᠨ ᠤᠰᠤᠨ ᠤ ᠬᠡᠮᠵᠢᠶ᠎ᠡ ᠨᠡᠶᠢᠲᠡ 574.3872 ᠲᠦᠮᠡᠨ ᠪᠣᠰᠤᠭ᠎ᠠ ᠳᠥᠷᠪᠡᠯᠵᠢᠨ | ᠮᠧᠲᠷ᠂ ᠡᠮᠦᠨ᠎ᠡ ᠡᠷᠭᠢ ᠶᠢᠨ ᠭᠤᠤᠯ ᠰᠤᠪᠠᠭ ᠤᠨ ᠲᠠᠲᠠᠭᠰᠠᠨ ᠤᠰᠤᠨ ᠤ ᠬᠡᠮᠵᠢᠶ᠎ᠡ ᠨᠡᠶᠢᠲᠡ 83.0304 ᠲᠦᠮᠡᠨ | ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ | |