ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠨᠡᠭᠡᠭᠡᠯᠭᠡ  ᠶᠢ ᠨᠡᠭᠡᠭᠡᠨ ᠤᠰᠤ ᠲᠠᠯᠪᠢᠵᠦ ᠤᠰᠤᠯᠠᠯᠲᠠ ᠶᠢᠨ ᠣᠷᠣᠨ ᠤ ᠵᠣᠨ ᠤ ᠤᠰᠤᠯᠠᠯᠲᠠ ᠶᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2021/4/21
     4 ᠰᠠᠷ᠎ᠠ ᠶᠢᠨ 10 ᠤ ᠡᠳᠦᠷ ᠤᠨ 8 ᠴᠠᠭ ᠲᠤ ᠬᠠᠲᠤᠨ ᠭᠤᠣᠯ ᠤᠨ ᠰᠠᠨ ᠱᠧᠩ ᠬᠥᠩ ᠤᠰᠤᠨ ᠠᠰᠢᠭᠯᠠᠯᠲᠠ ᠵᠢᠨ‌‍ᠬᠦ᠋ᠢᠰᠦ ᠪᠠᠷᠢᠯᠭ᠎ᠠ ᠶᠢᠨ ᠬᠤᠶᠢᠲᠤ ᠬᠡᠰᠡᠭ ᠤᠨ ᠶᠡᠷᠦᠩᠬᠡᠶ ᠭᠤᠣᠯ ᠰᠤᠪᠠᠭ᠂  ᠱᠧᠨ ᠡᠦ  ᠭᠤᠣᠯ ᠰᠤᠪᠠᠭ ᠨᠡᠭᠡᠭᠡᠯᠭᠡ ᠪᠠᠨ ᠨᠡᠭᠡᠭᠡᠵᠦ ᠤᠰᠤ ᠲᠠᠯᠪᠢᠪᠠ᠃ 13 ᠤ ᠡᠳᠦᠷ ᠤᠨ 8 ᠴᠠᠭ ᠲᠤ᠂ ᠡᠮᠦᠨ᠎ᠡ ᠡᠷᠭᠢ ᠶᠢᠨ ᠭᠤᠤᠯ ᠰᠤᠪᠠᠭ ᠲᠤ ᠤᠰᠤ ᠲᠠᠯᠪᠢᠭᠰᠠᠨ ᠨᠢ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠠ ᠣᠷᠳᠣᠰ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ᠵᠣᠨ ᠤ ᠤᠰᠤᠯᠠᠯᠲᠠ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠤᠰᠤᠯᠠᠯᠲᠠ ᠶᠢᠨ ᠬᠤᠭᠤᠴᠠᠭᠠᠨ ᠤ ᠭᠤᠣᠯ ᠪᠠᠷᠢᠯᠭ᠎ᠠ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠬᠠᠳᠤᠨ ᠭᠤᠣᠯ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠮᠡᠷᠭᠡᠵᠢᠯ  ᠤᠨ ᠠᠵᠢᠯᠲᠠᠳ  ᠢ ᠵᠣᠬᠢᠶᠠᠨ ᠪᠠᠶᠢᠭᠤᠯᠤᠨ ᠭᠤᠣᠯ  ᠤᠨ ᠨᠡᠭᠡᠭᠡᠯᠭᠡ᠂ ᠤᠮᠠᠷᠠᠲᠤ  ᠶᠢᠨ ᠶᠡᠷᠦᠩᠬᠡᠶ ᠭᠤᠣᠯ ᠰᠤᠪᠠᠭ  ᠤᠨ ᠤᠰᠤ ᠣᠷᠣᠭᠤᠯᠬᠤ ᠨᠡᠭᠡᠭᠡᠯᠭᠡ᠂ ᠤᠰᠤ  ᠪᠠᠭᠤᠯᠭᠠᠬᠤ ᠨᠡᠭᠡᠭᠡᠯᠭᠡ᠂  ᠱᠧᠨ ᠡᠦ  ᠭᠤᠣᠯ ᠰᠤᠪᠠᠭ ᠤᠨ ᠤᠰᠤ ᠣᠷᠣᠭᠤᠯᠬᠤ ᠨᠡᠭᠡᠭᠡᠯᠭᠡ ᠪᠣᠯᠤᠨ ᠡᠮᠦᠨ᠎ᠡ ᠡᠷᠭᠢ ᠶᠢᠨ ᠭᠤᠣᠯ ᠰᠤᠪᠠᠭ ᠤᠨ ᠤᠰᠤ ᠣᠷᠣᠭᠤᠯᠬᠤ  ᠨᠡᠭᠡᠭᠡᠯᠭᠡ ᠵᠡᠷᠭᠡ ᠲᠠᠪᠤᠨ ᠤᠰᠤᠨ  ᠨᠡᠭᠡᠭᠡᠯᠭᠡ ᠶᠢᠨ ᠤᠰᠤᠨ ᠲᠡᠭᠡᠷᠡᠬᠢ᠂ ᠤᠰᠤᠨ ᠳᠣᠣᠷᠠᠬᠢ ᠪᠠᠷᠢᠯᠭ᠎ᠠ ᠶᠢᠨ ᠠᠵᠢᠯᠯᠠᠭᠠᠨ  ᠤ ᠪᠠᠶᠢᠳᠠᠯ ᠵᠢᠴᠢ ᠡᠷᠬᠢᠨ ᠲᠣᠭᠤᠷᠢᠨ  ᠤ ᠣᠷᠴᠢᠨ ᠲᠣᠭᠤᠷᠢᠨ ᠳᠤ ᠲᠤᠰ ᠲᠤᠰ ᠪᠦᠬᠦ ᠲᠠᠯ᠎ᠠ  ᠶᠢᠨ ᠪᠠᠶᠢᠴᠠᠭᠠᠯᠲᠠ ᠬᠢᠵᠦ᠂ ᠠᠳᠡ ᠲᠡᠨᠳᠡ ᠨᠢ ᠡᠪᠳᠡᠷᠡᠵᠦ ᠰᠦᠢᠳᠦᠭᠰᠡᠨ ᠪᠠᠷᠢᠯᠭ᠎ᠠ  ᠶᠢ ᠱᠠᠯᠠᠪᠳᠠᠨ ᠰᠡᠯᠪᠢᠨ ᠵᠠᠰᠠᠵᠤ᠂ ᠤᠰᠤ ᠲᠠᠯᠪᠢᠬᠤ ᠠᠴᠠ ᠡᠮᠦᠨᠡᠬᠢ ᠪᠡᠯᠡᠳᠬᠡᠯ ᠠᠵᠢᠯ ᠢ ᠭᠦᠢᠴᠡᠳ ᠰᠠᠶᠢᠲᠤᠷ  ᠬᠢᠪᠡ᠃      ︽2021 ᠣᠨ ᠤ 4 — 6 ᠳ᠋ᠤᠭᠠᠷ ᠰᠠᠷ᠎ᠠ ᠶᠢᠨ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ  ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ 2021 ᠣᠨ ᠤ 4 — 6 ᠳ᠋ᠤᠭᠠᠷ ᠰᠠᠷ᠎ᠠ ᠳᠤ ᠦᠯᠡᠳᠡᠭᠰᠡᠨ ᠤᠰᠤ ᠬᠤᠷᠣᠭᠳᠠᠭᠤᠯᠬᠤ ᠬᠡᠮᠵᠢᠶ᠎ᠡ 20.37 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠂ ᠤᠰᠤ ᠲᠠᠲᠠᠬᠤ ᠬᠡᠮᠵᠢᠶ᠎ᠡ ᠨᠢ 27.31 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠂ ᠤᠰᠤ ᠲᠠᠲᠠᠬᠤ ᠬᠡᠮᠵᠢᠶ᠎ᠡ ᠨᠢ 6.94 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ  ᠪᠤᠯᠤᠨ᠎ᠠ᠃ ︽ᠬᠠᠩᠭᠢᠨ ᠬᠤᠰᠢᠭᠤᠨ ᠤ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ 2021 ᠣᠨ ᠤ ᠬᠠᠪᠤᠷ ᠤᠨ ᠤᠰᠤᠯᠠᠯᠲᠠ ᠶᠢᠨ ᠤᠰᠤ ᠬᠡᠷᠡᠭᠯᠡᠬᠦ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠭᠤ ᠵᠠᠬᠢᠳᠠᠯ︾ ᠤᠨ ᠵᠣᠷᠢᠭ ᠰᠠᠨᠠᠭ᠎ᠠ ᠶᠣᠰᠣᠭᠠᠷ᠂ ᠣᠷᠳᠣᠰ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠳᠤ 4 — 6 ᠳ᠋ᠤᠭᠠᠷ ᠰᠠᠷ᠎ᠠ ᠳᠤ ᠬᠠᠲᠤᠨ ᠭᠤᠤᠯ ᠤᠨ ᠤᠰᠤ ᠶᠢ 1.0805 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠷᠡᠭᠯᠡᠬᠦ ᠪᠠᠷ ᠲᠥᠯᠥᠪᠯᠡᠵᠦ ᠪᠣᠶ᠃ ᠬᠠᠮᠢᠶᠠᠷᠤᠯᠲᠠ ᠶᠢᠨ ᠲᠣᠪᠴᠢᠶ᠎ᠠ ᠨᠢ ᠤᠰᠤᠨ ᠤ ᠬᠡᠮᠵᠢᠶ᠎ᠡ ᠶᠢ ᠳᠣᠭᠢᠷᠠᠭᠤᠯᠬᠤ ᠵᠠᠷᠯᠢᠭ ᠢ ᠴᠢᠩᠭ᠎ᠠ ᠬᠡᠷᠡᠭᠵᠢᠭᠦᠯᠵᠦ᠂ ᠤᠰᠤᠯᠠᠯᠲᠠ ᠶᠢᠨ ᠣᠷᠣᠨ ᠤ ᠰᠠᠷ᠎ᠠ ᠶᠢᠨ ᠤᠰᠤ ᠲᠠᠲᠠᠵᠤ ᠬᠡᠷᠡᠭᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠂  ᠤᠰᠤ ᠲᠠᠲᠠᠬᠤ᠂ ᠤᠰᠤ ᠪᠤᠴᠠᠭᠠᠬᠤ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠨᠠᠷᠢᠯᠢᠬᠵᠢᠭᠤᠯᠤᠨ ᠳᠣᠭᠢᠷᠠᠭᠤᠯᠬᠤ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠣᠨ ᠤ ᠤᠰᠤᠨ ᠤ ᠬᠡᠮᠵᠢᠶ᠎ᠡ ᠶᠢ ᠳᠣᠭᠢᠷᠠᠭᠤᠯᠬᠤ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠵᠤ ᠪᠠᠶᠢᠨ᠎ᠠ᠃          4 ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠤᠮᠠᠷᠠᠲᠤ ᠶᠢᠨ ᠶᠡᠷᠦᠩᠬᠡᠶ ᠭᠤᠤᠯ ᠰᠤᠪᠠᠭ ᠤᠨ ᠲᠠᠲᠠᠭᠰᠠᠨ ᠤᠰᠤᠨ ᠤ ᠬᠡᠮᠵᠢᠶ᠎ᠡ ᠨᠡᠶᠢᠲᠡ 5999.5296 ᠲᠦᠮᠡᠨ ᠪᠣᠰᠤᠭ᠎ᠠ ᠳᠥᠷᠪᠡᠯᠵᠢᠨ ᠮᠧᠲᠷ᠂  ᠱᠧᠨ ᠡᠦ  ᠭᠤᠤᠯ ᠰᠤᠪᠠᠭ ᠤᠨ ᠲᠠᠲᠠᠭᠰᠠᠨ ᠤᠰᠤᠨ ᠤ ᠬᠡᠮᠵᠢᠶ᠎ᠡ ᠨᠡᠶᠢᠲᠡ 574.3872 ᠲᠦᠮᠡᠨ ᠪᠣᠰᠤᠭ᠎ᠠ ᠳᠥᠷᠪᠡᠯᠵᠢᠨ ᠮᠧᠲᠷ᠂ ᠡᠮᠦᠨ᠎ᠡ ᠡᠷᠭᠢ ᠶᠢᠨ ᠭᠤᠤᠯ ᠰᠤᠪᠠᠭ ᠤᠨ ᠲᠠᠲᠠᠭᠰᠠᠨ ᠤᠰᠤᠨ ᠤ ᠬᠡᠮᠵᠢᠶ᠎ᠡ ᠨᠡᠶᠢᠲᠡ 83.0304 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号