| ᠰᠢᠨ᠎ᠡ ᠴᠠᠭ ᠦᠶ᠎ᠡ ᠳᠤ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ | ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠦᠸᠧ ᠯᠢᠩ ᠶᠦᠨ | ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ | ᠬᠥᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠬᠥᠭᠵᠢᠯᠲᠡ ᠲᠠᠢ | ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠵᠤ ᠪᠠᠶᠢᠳᠠᠭ | ᠃ ᠤᠯᠤᠰ ᠠᠷᠠᠳ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠤᠰᠤᠨ ᠠᠰᠢᠭᠯᠠᠯᠲᠠ ᠶᠢᠨ | ᠦᠢᠯᠡᠰ ᠨᠢ ᠭᠠᠵᠠᠷ ᠣᠷᠤᠨ ᠤ ᠠᠵᠤ ᠠᠬᠤᠢ ᠶᠢᠨ ᠬᠥᠭᠵᠢᠯᠲᠡ᠂ ᠠᠷᠠᠳ ᠲᠦᠮᠡᠨ ᠤ ᠠᠮᠢ ᠨᠠᠰᠤ ᠡᠳ᠋ | ᠬᠥᠷᠦᠩᠭᠡ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠡᠳᠦᠷ ᠢᠷᠡᠬᠦᠶ᠎ᠡ ᠴᠢᠬᠤᠯᠠ ᠪᠤᠯᠵᠤ ᠪᠠᠶᠢᠨ᠎ᠠ᠃ | ᠶᠡᠷᠦᠩᠬᠡᠶ ᠱᠦᠵᠢ ᠰᠢ ᠶᠢᠨ ᠫᠢᠩ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠦᠢᠯ ᠢᠶᠠᠷ ᠴᠢᠬᠤᠯᠠᠴᠢᠯᠠᠵᠤ᠂ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠤᠯᠠᠨ ᠤᠳᠠᠭ᠎ᠠ ᠴᠢᠬᠤᠯᠠ | ᠵᠢᠭᠠᠪᠤᠷᠢ ᠪᠠ ᠴᠣᠬᠤᠯᠠᠪᠤᠷᠢ ᠬᠢᠭᠰᠡᠨ ᠪᠠᠶᠢᠨ᠎ᠠ᠃ ᠰᠠᠶᠢᠳ ᠡᠸ᠋ ᠵᠢᠩ ᠫᠢᠩ ᠪᠥᠬᠦ ᠤᠯᠤᠰ ᠤᠨ ᠤᠰᠤᠨ | ᠠᠰᠢᠭᠯᠠᠯᠲᠠ ᠶᠢᠨ ᠠᠵᠢᠯ ᠤᠨ ᠬᠤᠷᠠᠯᠳᠤᠭᠠᠨ ᠳᠡᠭᠡᠷ᠎ᠡ᠄ ︽ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠤᠳ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠲᠦᠭᠰᠢᠭᠦᠷᠢ ᠶᠢᠨ ᠤᠬᠠᠮᠰᠠᠷ ᠢᠶᠠᠨ | ᠴᠢᠩᠭᠠᠷᠠᠭᠤᠯᠤᠨ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠥᠭᠵᠢᠯᠲᠡ ᠶᠢ ᠨᠥᠯᠥᠭᠡᠯᠡᠵᠦ ᠪᠠᠶᠢᠭ᠎ᠠ | ᠳᠠᠯᠳᠠ ᠬᠡᠮ ᠢ ᠪᠥᠬᠦ ᠲᠠᠯ᠎ᠠ ᠪᠠᠷ ᠡᠮᠬᠢᠯᠡᠨ ᠪᠠᠶᠢᠴᠠᠭᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯ ᠢ ᠠᠷᠢᠯᠭᠠᠨ ᠪᠠᠬᠢᠵᠢᠭᠦᠯᠬᠦ ᠶᠢ ᠴᠢᠩᠭ᠎ᠠ ᠠᠩᠬᠠᠷᠴᠤ᠂ | ᠠᠵᠢᠯᠯᠠᠭᠠᠨ ᠤ ᠬᠠᠮᠢᠶᠠᠷᠤᠯᠲᠠ ᠶᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠠᠲᠤᠲᠠᠶ | ᠠᠩᠬᠠᠷᠴᠤ᠂ ᠴᠢᠩᠭ᠎ᠠ ᠰᠡᠷᠭᠡᠶᠢᠯᠡᠨ ᠰᠠᠬᠢᠵᠤ᠂ ᠪᠦᠲᠦᠮᠵᠢᠲᠡᠶ ᠪᠠᠷ ᠠᠷᠢᠯᠭᠠᠬᠤ ᠬᠡᠷᠡᠭᠲᠡᠶ︾ ᠭᠡᠵᠦ ᠶᠠᠷᠢᠵᠤ | ᠥᠩᠭᠡᠷᠡᠭᠰᠡᠨ ᠶᠤᠮ᠃ ᠪᠢᠳᠡ ᠡᠷᠬᠡᠪᠰᠢ 《ᠲᠦᠷᠪᠡᠨ ᠤᠬᠠᠮᠰᠠᠷ》 ᠢ ᠪᠠᠲᠤ ᠪᠠᠬᠢ ᠪᠤᠢ ᠪᠣᠯᠭᠠᠬᠤ ᠪᠠ | 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠳᠡᠭᠡᠳᠦ ᠬᠡᠮᠵᠢᠶᠡᠨ ᠠᠴᠠ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠠᠶᠤᠯ ᠦᠭᠡᠢ ᠦᠢᠯᠡᠳᠪᠦᠷᠢᠯᠡᠯ ᠤᠨ ᠲᠤᠬᠠᠶ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠲᠠᠢ ᠨᠢᠭᠡᠳᠬᠡᠬᠦ ᠬᠡᠷᠡᠭᠲᠡᠶ︔ ᠬᠢᠩᠭᠠᠨ ᠠᠶᠢᠮᠠᠭ ᠤᠨ | ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠪᠠᠶᠢᠳᠠᠯ ᠤᠨ | ᠲᠣᠭᠤᠷᠢᠨ ᠳᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠬᠡᠷᠡᠭᠲᠡᠢ︔ ᠬᠠᠳᠠ ᠴᠢᠯᠠᠭᠤ ᠮᠡᠲᠦ | ᠪᠠᠲᠤ ᠴᠢᠩᠭ᠎ᠠ ᠢᠲᠡᠭᠡᠯ ᠵᠣᠷᠢᠭ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠰᠢᠨᠲᠠᠷᠠᠰᠢ ᠦᠭᠡᠢ ᠬᠠᠳᠠᠨ | ᠵᠣᠷᠢᠭ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠠᠶᠤᠯ | ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ | ᠨᠢᠭᠡ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠰᠠᠬᠢᠵᠤ᠂ ᠤᠰᠤᠨ ᠠᠰᠢᠭᠯᠠᠯᠲᠠ ᠶᠢᠨ ᠠᠮᠤᠷ | ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ | ᠤᠰᠤᠨ ᠠᠰᠢᠭᠯᠠᠯᠲᠠ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠳᠤ | ᠡᠷᠬᠡᠪᠰᠢ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠲᠠᠢ ᠪᠠᠶᠢᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠨ | ᠂ ᠵᠥᠪᠬᠡᠨ 《ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠥᠭᠡᠢ ᠶᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠥᠭᠡᠢ ᠶᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ | ᠡᠷᠬᠡᠪᠰᠢ ᠠᠶᠤᠯ ᠥᠭᠡᠢ ᠶᠢ ᠬᠠᠮᠢᠶᠠᠷᠬᠤ》 ᠶᠢᠨ ᠲᠣᠭᠤᠷᠢᠨ ᠳᠤ ᠠᠵᠢᠯ ᠢᠶᠠᠨ ᠥᠷᠨᠢᠭᠦᠯᠬᠦ ᠬᠡᠷᠡᠭᠲᠡᠶ᠃ ︽ᠠᠵᠢᠯ | ᠲᠥᠷᠥᠯ ᠤᠨ ᠠᠮᠤᠷ ᠲᠦᠪᠰᠢᠨ᠂ ᠲᠤᠬᠠᠶᠢᠯᠠᠭᠰᠠᠨ ᠠᠵᠢᠯ ᠤᠨ ᠠᠮᠤᠷ ᠲᠦᠪᠰᠢᠨ᠂ ᠦᠢᠯᠡᠳᠪᠤᠷᠢᠯᠡᠯ ᠤᠨ ᠠᠮᠤᠷ | ᠲᠦᠪᠰᠢᠨ︾ ᠨᠢ ᠪᠢᠳᠡᠨ ᠳᠤ ᠠᠪᠴᠤ ᠬᠡᠯᠡᠪᠡᠯ ᠡᠩ ᠲᠡᠷᠢᠭᠦᠨ ᠳᠤ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠠᠮᠤᠷ ᠲᠦᠪᠰᠢᠨ ᠪᠣᠯᠤᠨ᠎ᠠ᠃ ᠮᠠᠨ ᠤ ᠠᠶᠢᠮᠠᠭ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠤᠨ | ᠤᠬᠠᠮᠰᠠᠷ ᠢ ᠪᠠᠲᠤ ᠪᠤᠢ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ︾ ᠶᠢ ᠪᠠᠷᠢᠮᠲᠠᠯᠠᠵᠤ᠂ ︽ᠬᠥᠭᠵᠢᠯᠲᠡ ᠨᠢ ᠶᠠᠭᠠᠬᠢᠭᠰᠠᠨ | ᠴᠤ ᠬᠥᠮᠦᠨ ᠤ ᠠᠮᠢ ᠨᠠᠰᠤ ᠶᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠵᠤ ᠪᠣᠯᠬᠤ ᠦᠬᠡᠢ ᠪᠠᠶᠢᠬᠤ ᠶᠢ | ᠨᠢᠭᠡᠨ ᠳᠠᠪᠠᠵᠤ ᠪᠣᠯᠤᠰᠢ ᠦᠬᠡᠢ ᠤᠯᠠᠭᠠᠨ ᠱᠤᠭᠤᠮ ᠪᠣᠯᠭᠠᠬᠤ︾ ᠶᠢ ᠤᠰᠤᠨ ᠠᠰᠢᠭᠯᠠᠯᠲᠠ ᠶᠢᠨ ᠪᠦᠬᠦ᠋ᠢᠯᠡ | ᠠᠵᠢᠯ ᠳᠤ ᠲᠤᠤᠱᠯᠠᠭᠤᠯᠬᠤ ᠬᠡᠷᠡᠭᠲᠡᠢ᠃ ᠤᠢᠢᠷ᠎ᠠ ᠶᠢᠨ ᠬᠡᠳᠦᠨ ᠵᠢᠯ ᠳᠤ᠂ ᠨᠤᠨ ᠮᠥᠷᠡᠨ ᠤ ᠭᠤᠣᠯ ᠤᠷᠤᠰᠬᠠᠯ ᠢ | ᠵᠠᠰᠠᠬᠤ ᠢᠨᠵᠧᠨᠧᠷᠢᠩ᠂ ᠴᠤᠤᠯ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠶᠢᠨ ᠳᠣᠣᠷᠠᠳᠤ ᠤᠷᠤᠰᠬᠠᠯ ᠤᠨ | ᠤᠰᠤᠯᠠᠯᠲᠠ ᠶᠢᠨ ᠣᠷᠣᠨ᠂ ᠴᠤᠤᠯ ᠭᠤᠣᠯ ᠢ ᠲᠠᠲᠠᠵᠤ ᠯᠢᠶᠤᠤ ᠾᠧ ᠭᠤᠤᠯ ᠳᠤ ᠲᠤᠰᠠᠯᠠᠬᠤ ᠢᠨᠵᠧᠨᠧᠷᠢᠩ | ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠠᠯᠭᠠᠭ᠎ᠠ ᠪᠠᠷ | ᠬᠢᠩᠭᠠᠨ ᠠᠶᠢᠮᠠᠭ ᠲᠤ ᠨᠤᠲᠤᠭᠰᠢᠪᠠ᠃ ᠡᠨᠡ ᠨᠢ ᠮᠠᠨ ᠤ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠲᠤ | ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠡᠭᠦᠨ ᠤ ᠬᠠᠮᠲᠤ ᠪᠠᠰᠠ ᠴᠤ ᠰᠢᠨ᠎ᠡ ᠥᠷᠢᠰᠥᠯᠳᠦᠭᠡᠨ ᠢ | ᠠᠪᠴᠢᠷᠠᠪᠠ᠂ ᠡᠨᠡ ᠲᠥᠷᠥᠯ ᠤᠨ ᠲᠥᠷᠥᠯ ᠵᠦᠢᠯ ᠤᠨ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠪᠠᠷᠢᠯᠭ᠎ᠠ ᠶᠢᠨ | ᠠᠵᠢᠯ ᠤᠨ ᠬᠦᠴᠢᠷᠳᠡᠯ ᠶᠡᠭᠡ᠂ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ ᠪᠠᠴᠢᠮ᠂ ᠪᠠᠷᠢᠯᠭ᠎ᠠ ᠶᠢᠨ | ᠠᠵᠢᠯ ᠤᠨ ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠪᠠᠭᠤᠷᠠᠶ᠂ ᠲᠦᠷᠢᠮ ᠢ ᠴᠢᠩᠭ᠎ᠠ | ᠬᠡᠷᠡᠭᠵᠢᠭᠦᠯᠦᠭᠰᠡᠨ ᠥᠬᠡᠶ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ᠂ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠶᠢᠷᠡᠭᠦᠯᠦᠭᠰᠡᠨ ᠥᠬᠡᠶ᠂ ᠠᠵᠢᠯᠯᠠᠵᠤ ᠪᠠᠶᠢᠭ᠎ᠠ | ᠬᠥᠮᠦᠰ ᠤᠨ ᠠᠮᠤᠷ ᠲᠦᠪᠰᠢᠨ ᠤ ᠤᠬᠠᠮᠰᠠᠷ ᠢᠶᠠᠷ ᠴᠢᠩᠭ᠎ᠠ ᠪᠢᠰᠢ ᠵᠡᠷᠭᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ | ᠣᠷᠣᠰᠢᠵᠤ ᠪᠠᠶᠢᠨ᠎ᠠ᠃ ᠡᠳᠡᠭᠡᠷ ᠪᠣᠳᠠᠲᠠᠶ ᠠᠰᠠᠭᠤᠳᠠᠯ ᠤᠨ ᠡᠮᠦᠨ᠎ᠡ᠂ ᠪᠢᠳᠡ ᠤᠳᠤᠷᠢᠳᠤᠯᠭ᠎ᠠ ᠪᠠᠨ ᠦᠨᠡᠨ ᠬᠦ | ᠴᠢᠩᠭᠠᠳᠬᠠᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ | ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ | ᠠᠵᠢᠯ ᠢ ᠢᠮᠠᠭᠲᠠ ᠴᠥᠬᠦᠷᠡᠰᠢ ᠦᠭᠡᠢ ᠠᠳᠬᠤᠵᠤ᠂ ᠳᠠᠷᠤᠯᠲᠠ ᠥᠭᠴᠦ ᠠᠬᠢᠭᠤᠯᠵᠤ᠂ ᠡᠷᠴᠢᠮ ᠢᠶᠠᠨ | ᠰᠤᠯᠠᠷᠠᠭᠤᠯᠬᠤ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠱᠠᠭᠠᠷᠳᠠᠯᠭ᠎ᠠ ᠶᠢ ᠰᠤᠯᠠᠷᠠᠭᠤᠯᠬᠤ ᠦᠭᠡᠢ | ᠪᠠᠶᠢᠬᠤ ᠶᠢ ᠪᠡᠶᠡᠯᠡᠭᠦᠯᠵᠦ᠂ ᠨᠡᠩ ᠡᠷᠡᠰ ᠴᠢᠩᠭ᠎ᠠ ᠣᠪᠣᠷ᠂ ᠨᠡᠩ ᠰᠢᠨᠵᠢᠯᠡᠬᠦ ᠤᠬᠠᠭᠠᠨᠴᠢ ᠠᠷᠭ᠎ᠠ᠂ ᠨᠡᠩ | ᠬᠦᠴᠦᠲᠡᠢ ᠠᠷᠭ᠎ᠠ ᠬᠡᠮᠵᠢᠶ᠎ᠡ ᠪᠠᠷ ᠠᠶᠤᠯ ᠦᠭᠡᠢ ᠦᠢᠯᠡᠳᠪᠦᠷᠢᠯᠡᠯ ᠤᠨ ︽ᠬᠤᠷᠢᠭ᠎ᠠ ᠱᠤᠭᠤᠮ︾ ᠢ ᠡᠷᠡᠰ ᠰᠠᠬᠢᠵᠤ | ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠥᠬᠦᠷᠡᠰᠢ ᠦᠭᠡᠢ ᠰᠠᠶᠢᠲᠤᠷ | ᠠᠳᠬᠤᠬᠤ ᠬᠡᠷᠡᠭᠲᠡᠢ᠃ | ᠬᠤᠶᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠵᠦ ᠤᠰᠤᠨ | ᠠᠰᠢᠭᠯᠠᠯᠲᠠ ᠶᠢᠨ ᠠᠵᠢᠯ ᠲᠦᠷᠦᠯ ᠤᠨ ᠬᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠪᠣᠯ ᠰᠢᠨ᠎ᠡ ᠴᠠᠭ | ᠦᠶ᠎ᠡ ᠠᠴᠠ ᠤᠰᠤᠨ ᠠᠰᠢᠭᠯᠠᠯᠲᠠ ᠶᠢᠨ ᠠᠵᠢᠯ ᠳᠤ ᠣᠯᠭᠤᠭᠰᠠᠨ ᠴᠢᠬᠤᠯᠠ ᠲᠡᠦᠬᠡᠲᠦ ᠡᠭᠦᠷᠭᠡ ᠪᠣᠯᠤᠨ᠎ᠠ᠃ | ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠤ ᠡᠷᠬᠡᠪᠰᠢ | ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ | ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠠᠳᠠᠯᠢ | ᠪᠤᠰᠤ ᠲᠠᠯᠠᠪᠤᠷ ᠲᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠲᠠᠯᠪᠢᠵᠤ᠂ ᠤᠯᠠᠨ | ᠤᠳᠠᠭ᠎ᠠ ᠴᠢᠬᠤᠯᠠ ᠴᠣᠬᠤᠯᠠᠪᠤᠷᠢ ᠥᠭᠴᠦ᠂ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ᠂ ᠠᠮᠤᠷ | ᠲᠦᠪᠰᠢᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠵᠡᠷᠭᠡ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ | ᠥᠭᠦᠯᠡᠵᠦ᠂ ᠲᠥᠪ ᠬᠤᠷᠢᠶᠠᠨ ᠠᠴᠠ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ | ᠢ ᠰᠡᠷᠭᠡᠶᠢᠯᠡᠨ ᠠᠷᠢᠯᠭᠠᠬᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠬᠤ ᠶᠢ ᠭᠦᠢᠴᠡᠳ ᠬᠠᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠰ ᠪᠡᠶ᠎ᠡ ᠶᠢᠨ | ᠲᠦᠢᠯ ᠤᠨ ᠴᠢᠬᠤᠯᠠ ᠴᠢᠨᠠᠷ ᠢ ᠬᠠᠷᠠᠭᠤᠯᠵᠠᠢ᠃ ᠮᠠᠨ ᠤ ᠠᠶᠢᠮᠠᠭ ᠤᠨ ᠤᠰᠤᠨ ᠠᠰᠢᠭᠯᠠᠯᠲᠠ ᠶᠢᠨ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠨᠢ ᠭᠤᠤᠯᠳᠠᠭᠤ ᠲᠤᠤᠷᠠᠬᠢ ᠬᠡᠳᠦᠨ ᠵᠤᠶᠢᠯ ᠤᠨ ᠠᠵᠢᠯ ᠢ ᠬᠢᠵᠡᠶ᠄ | ᠨᠢᠭᠡ ᠳᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠦᠢᠯ ᠤᠨ | ᠴᠢᠬᠤᠯᠠ ᠴᠢᠨᠠᠷ᠂ ᠬᠠᠲᠠᠭᠤ ᠪᠡᠷᠬᠡ ᠴᠢᠨᠠᠷ ᠪᠣᠯᠤᠨ ᠤᠷᠳᠤ ᠤᠳᠠᠭᠠᠨ ᠴᠢᠨᠠᠷ ᠢ ᠭᠦᠢᠴᠡᠳ ᠲᠠᠨᠢᠵᠤ᠂ ᠤᠰᠤᠨ | ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ | ᠬᠢᠨᠠᠮᠠᠭᠠᠶ ᠰᠤᠳᠤᠯᠤᠨ ᠮᠠᠭᠠᠳᠯᠠᠵᠤ ᠵᠠᠳᠠᠯᠤᠨ᠂ ᠬᠥᠮᠦᠨ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢᠶᠠᠷ | ᠬᠥᠭᠵᠢᠭᠦᠯᠬᠦ ᠦᠵᠡᠯᠳᠡ ᠶᠢ ᠪᠠᠲᠤ ᠪᠠᠬᠢ ᠪᠤᠢ ᠪᠣᠯᠭᠠᠨ᠂ ᠤᠯᠤᠰ ᠪᠣᠯᠤᠨ ᠠᠷᠠᠳ ᠲᠦᠮᠡᠨ ᠤ ᠠᠮᠢ ᠨᠠᠰᠤ ᠡᠳ᠋ | ᠬᠥᠷᠦᠩᠭᠡ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠶᠣᠰᠣᠭᠠᠷ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ ᠠᠶᠢᠮᠠᠭ ᠤᠨ ᠠᠶᠤᠯ ᠥᠬᠡᠶ ᠦᠢᠯᠡᠳᠪᠤᠷᠢᠯᠡᠯ ᠤᠨ | ᠵᠥᠪᠯᠡᠯ ᠲᠠᠢ ᠤᠶᠠᠯᠳᠤᠭᠤᠯᠤᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠥᠬᠡᠶ ᠶᠢᠨ | ᠬᠠᠷᠢᠭᠤᠴᠠᠯᠭ᠎ᠠ ᠶᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠠᠶᠢᠳᠠᠪᠤᠷᠢᠵᠢᠭᠤᠯᠵᠤ᠂ | ᠡᠯ᠎ᠡ ᠬᠤᠰᠢᠭᠤ ᠰᠢᠶᠠᠨ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠨᠠᠶᠢᠳᠠᠪᠤᠷᠢᠵᠢᠭᠤᠯᠤᠨ᠂ | ᠠᠵᠢᠯ ᠤᠨ ᠪᠠᠶᠢᠷᠢ ᠨᠢᠭᠡᠪᠦᠷᠢ ᠪᠠ ᠺᠠᠳ᠋ᠷ ᠠᠵᠢᠯᠲᠠᠨ ᠨᠢᠭᠡᠪᠦᠷᠢ ᠶᠢᠨ ᠮᠥᠷᠥᠨ ᠳᠡᠭᠡᠷ᠎ᠡ ᠨᠠᠶᠢᠳᠠᠪᠤᠷᠢᠵᠢᠭᠤᠯᠵᠤ᠂ ᠪᠥᠬᠦ | ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠦᠨᠡᠨ ᠬᠦ | ᠨᠠᠶᠢᠳᠠᠪᠤᠷᠢᠵᠢᠭᠤᠯᠵᠠᠢ᠃ | ᠬᠤᠶᠠᠷ ᠲᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠮᠤᠷ | ᠲᠦᠪᠰᠢᠨ ᠤ ᠬᠠᠮᠢᠶᠠᠷᠤᠯᠳᠠ ᠶᠢ ᠰᠠᠶᠢᠳᠤᠷ ᠠᠳᠬᠤᠪᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠮᠤᠷ | ᠲᠦᠪᠰᠢᠨ ᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠳᠠᠯᠳᠠ | ᠪᠠᠶᠢᠭ᠎ᠠ ᠠᠶᠤᠯ ᠤᠨ ᠡᠬᠢ ᠰᠤᠷᠪᠤᠯᠵᠢ ᠶᠢ ᠬᠦᠢᠴᠡᠳ ᠵᠠᠳᠠᠯᠤᠨ᠂ ᠪᠦᠷᠢᠨ ᠲᠥᠬᠦᠷ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠪᠠᠷᠢᠯ ᠤᠨ ᠪᠥᠲᠥᠭᠡᠨ ᠪᠠᠶᠢᠭᠤᠯᠤᠯᠲᠠ ᠶᠢᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠶᠢᠮᠠᠭ ᠤᠨ ᠳᠣᠲᠣᠭᠠᠳᠤ ᠳᠤ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠪᠠᠷᠢᠯᠭ᠎ᠠ ᠪᠦᠬᠦᠨ ᠢ ᠬᠡᠪᠴᠢᠶ᠎ᠡ ᠨᠢ | ᠶᠡᠭᠡ ᠪᠠᠭ᠎ᠠ ᠭᠡᠰᠡᠨ ᠥᠬᠡᠶ᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠪᠦᠬᠦᠨ ᠢ ᠬᠢᠨᠠᠯᠲᠠ | ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠡᠢ︔ ᠪᠠᠷᠢᠯᠭ᠎ᠠ ᠳᠤ | ᠣᠷᠣᠯᠴᠠᠭᠰᠠᠨ ᠨᠢᠭᠡᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ | ᠨᠠᠶᠢᠳᠠᠪᠤᠷᠢᠵᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠤᠶᠢᠯ ᠤᠨ ᠬᠠᠤᠯᠢ ᠶᠢᠨ | ᠡᠷᠬᠡᠲᠡᠨ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠶᠢᠨ ᠪᠦᠷᠢᠨ ᠲᠡᠭᠦᠯᠳᠡᠷ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠰᠢᠮᠳᠠᠭᠤᠯᠤᠨ ᠵᠢᠯᠣᠭᠤᠳᠴᠤ᠂ ᠠᠶᠤᠯ | ᠦᠭᠡᠢ ᠦᠢᠯᠡᠳᠪᠦᠷᠢᠯᠡᠯ ᠢ ᠬᠠᠮᠢᠶᠠᠷᠬᠤ ᠪᠠᠢᠭᠤᠯᠤᠮᠵᠢ ᠳᠣᠭᠢᠷᠠᠭᠤᠯᠬᠤ ᠶᠢᠨ ᠬᠠᠮᠲᠤ ᠬᠠᠮᠢᠶᠠᠷᠤᠭᠴᠢ ᠪᠠ ᠬᠠᠮᠢᠶᠠᠷᠬᠤ | ᠠᠵᠢᠯᠲᠠᠳ ᠳᠣᠭᠢᠷᠠᠭᠤᠯᠤᠭᠰᠠᠨ ᠪᠠᠶᠢᠨ᠎ᠠ︔ ᠪᠠᠷᠢᠯᠭ᠎ᠠ ᠪᠠᠷᠢᠬᠤ ᠨᠢᠭᠡᠴᠢ ᠶᠢ ᠰᠢᠪᠠᠳᠠᠵᠤ ᠪᠠᠶᠢᠭᠠᠳ ᠪᠠᠷᠢᠯᠭ᠎ᠠ ᠶᠢᠨ | ᠠᠵᠢᠯ ᠤᠨ ᠠᠶᠤᠯ ᠦᠭᠡᠢ ᠶᠢᠨ ᠮᠡᠷᠭᠡᠵᠢᠯ ᠤᠨ ᠠᠷᠭ᠎ᠠ ᠬᠡᠮᠵᠢᠶ᠎ᠡ᠂ ᠦᠢᠯᠡᠳᠪᠦᠷᠢᠯᠡᠯ ᠤᠨ ᠠᠶᠤᠯ ᠦᠭᠡᠢ ᠶᠢᠨ | ᠠᠳᠡᠯ ᠤᠨ ᠤᠷᠢᠳᠴᠢᠯᠠᠭᠰᠠᠨ ᠲᠥᠰᠦᠯ ᠢ ᠬᠠᠨᠳᠤᠯᠭᠠᠲᠤ ᠴᠢᠨᠠᠷᠲᠠᠶ ᠪᠠᠷ ᠨᠠᠶᠢᠷᠠᠭᠤᠯᠤᠨ ᠵᠣᠬᠢᠶᠠᠯᠭᠠᠪᠠ︔ | ᠪᠠᠷᠢᠯᠭ᠎ᠠ ᠶᠢᠨ ᠲᠤᠬᠠᠶ ᠶᠢᠨ ᠭᠠᠵᠠᠷ ᠤᠨ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢ | ᠴᠢᠩᠭᠠᠳᠬᠠᠵᠤ᠂ ᠣᠯᠵᠤ ᠮᠡᠳᠡᠭᠰᠡᠨ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠤᠨ | ᠴᠡᠭᠴᠡᠯᠡᠨ ᠰᠠᠶᠢᠵᠢᠷᠠᠭᠤᠯᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠦᠢᠯᠡᠳᠪᠤᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠭᠰᠡᠨ ᠪᠠᠶᠢᠨ᠎ᠠ᠃ | ᠭᠤᠷᠪᠠ ᠳᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ | ᠰᠠᠶᠢᠳᠤᠷ ᠠᠳᠬᠤᠪᠠ᠃ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠪᠠ 《ᠬᠡᠨ ᠥᠮᠴᠢᠯᠡᠪᠡᠯ ᠲᠡᠷᠡ | ᠬᠠᠷᠢᠭᠤᠴᠠᠬᠤ》᠂ 《ᠬᠡᠨ ᠬᠠᠮᠢᠶᠠᠷᠴᠤ ᠬᠠᠮᠠᠭᠠᠯᠠᠪᠠᠯ ᠲᠡᠷᠡ ᠬᠠᠷᠢᠭᠤᠴᠠᠬᠤ》 ᠵᠠᠷᠴᠢᠮ ᠤᠨ ᠶᠣᠰᠣᠭᠠᠷ᠂ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠢ ᠳᠤ ᠬᠢᠨᠠᠯᠲᠠ ᠲᠠᠯᠪᠢᠨ ᠵᠢᠯᠣᠭᠤᠳᠴᠤ | ᠪᠠᠶᠢᠭᠠᠳ ᠪᠠᠷᠢᠯᠭ᠎ᠠ ᠶᠢᠨ ᠠᠵᠢᠯᠯᠠᠭᠠᠨ ᠤ ᠠᠶᠤᠯ ᠥᠭᠡᠢ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ | ᠠᠶᠤᠯ ᠥᠭᠡᠢ ᠶᠢᠨ ᠬᠠᠮᠢᠶᠠᠷᠤᠯᠲᠠ ᠶᠢᠨ ᠲᠥᠷᠢᠮ ᠲᠣᠭᠲᠠᠭᠠᠯ ᠪᠣᠯᠤᠨ ᠠᠵᠢᠯᠯᠠᠬᠤ ᠳᠦᠷᠢᠮ ᠶᠠᠪᠤᠳᠠᠯ ᠢ ᠴᠢᠩᠭ᠎ᠠ | ᠨᠠᠶᠢᠳᠠᠪᠤᠷᠢᠵᠢᠭᠤᠯᠪᠠ᠃ ᠠᠶᠢᠮᠠᠭ ᠤᠨ ᠳᠣᠲᠣᠷᠠᠬᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠡᠬᠡᠩᠬᠢ ᠬᠡᠰᠡᠭ ᠤᠨ | ᠪᠥᠳᠥᠭᠡᠨ ᠪᠠᠶᠢᠭᠤᠯᠤᠭᠰᠠᠨ ᠣᠨ ᠵᠢᠯ ᠨᠢ ᠨᠡᠯᠢᠶᠡᠳ ᠡᠷᠲᠡ ᠪᠥᠭᠡᠳ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | ᠪᠡᠯᠡ ᠮᠥᠩᠭᠦ ᠳᠤᠲᠠᠭᠳᠠᠬᠤ ᠠᠴᠠ ᠪᠤᠯᠵᠤ᠂ ᠡᠨᠡ ᠬᠡᠰᠡᠭ ᠪᠠᠷᠢᠯᠭ᠎ᠠ ᠬᠠᠭᠤᠴᠢᠷᠠᠵᠤ ᠰᠡᠯᠪᠢᠨ ᠵᠠᠰᠠᠭᠰᠠᠨ ᠥᠭᠡᠢ | ᠪᠠᠶᠢᠳᠠᠯ ᠬᠦᠨᠳᠦ ᠨᠣᠴᠢᠲᠠᠶ ᠪᠠᠶᠢᠵᠤ᠂ ᠠᠮᠤᠷ ᠲᠦᠪᠰᠢᠨ ᠤ ᠲᠠᠯᠳᠠ ᠭᠡᠮ ᠮᠠᠰᠢ ᠠᠷᠪᠢᠨ ᠪᠠᠶᠢᠨ᠎ᠠ᠃ ᠵᠢᠵᠢᠭ | ᠬᠡᠯᠪᠡᠷᠢ ᠶᠢᠨ ᠤᠰᠤᠨ ᠴᠥᠭᠦᠷᠥᠮ ᠤᠨ ᠠᠵᠢᠯᠯᠠᠭ᠎ᠠ᠂ ᠠᠭᠤᠯᠠᠨ ᠦᠶᠡᠷ ᠤᠨ ᠭᠠᠮᠰᠢᠭ ᠤᠨ ᠰᠡᠷᠭᠡᠶᠢᠯᠡᠯᠳᠡ ᠵᠡᠷᠭᠡ | ᠠᠶᠤᠯ ᠲᠦᠭᠰᠢᠭᠦᠷᠢ ᠶᠢᠨ ᠳᠠᠯᠳᠠ ᠭᠡᠮ ᠪᠠᠰᠠ ᠮᠠᠰᠢ ᠶᠡᠭᠡ ᠪᠠᠶᠢᠨ᠎ᠠ᠃ ᠪᠢᠳᠡ ᠡᠷᠬᠡᠪᠰᠢ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠡᠳᠡᠭᠡᠷ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠪᠥᠬᠦ ᠠᠶᠢᠮᠠᠭ ᠤᠨ ᠬᠢᠨ ᠨᠢᠭᠡᠨᠲᠡ ᠲᠣᠮᠣ᠂ | ᠳᠤᠮᠳᠠ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ︽ᠭᠤᠷᠪᠠᠨ ᠬᠠᠷᠢᠭᠤᠴᠠᠯᠭᠠᠲᠠᠨ︾ | ᠪᠠ ︽ᠭᠤᠷᠪᠠᠨ ᠭᠤᠤᠯᠳᠠᠯᠭ᠎ᠠ ᠲᠠᠢ ᠭᠤᠭᠴᠤᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠥᠷᠭᠡ | ᠳᠠᠷᠠᠭᠠᠯᠠᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠭᠤᠤᠯᠳᠠᠯᠭ᠎ᠠ ᠲᠠᠢ ᠭᠤᠭᠴᠤᠭ᠎ᠠ ᠶᠢᠨ ᠠᠵᠢᠯ ᠢ | ᠨᠠᠶᠢᠳᠠᠪᠤᠷᠢᠵᠢᠭᠤᠯᠤᠨ᠂ ︽ᠭᠤᠷᠪᠠᠨ ᠬᠠᠷᠢᠭᠤᠴᠠᠯᠭᠠᠲᠠᠨ︾ ᠤ ᠨᠡᠷ᠎ᠡ ᠨᠢᠳᠡᠷ ᠲᠠᠢ ᠪᠠᠶᠢᠬᠤ ᠶᠢ ᠦᠨᠡᠨ ᠬᠦ ᠪᠠᠲᠤᠯᠠᠪᠠ | ᠃ ᠦᠶᠡᠷ ᠠᠴᠠ ᠡᠮᠦᠨ᠎ᠡ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠪᠠᠰᠠ ᠪᠣᠶ ᠪᠥᠬᠦᠶ ᠤᠰᠤᠨ | ᠴᠥᠭᠦᠷᠥᠮ ᠳᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ | ᠬᠢᠨ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠨ᠎ᠠ᠃ ᠤᠰᠤᠨ ᠴᠥᠭᠦᠷᠥᠮ ᠤᠨ ᠬᠠᠰᠢᠯᠭ᠎ᠠ ᠶᠢᠨ ᠠᠮᠤᠷ ᠲᠦᠪᠰᠢᠨ ᠤ ᠬᠢᠨᠠᠨ | ᠲᠣᠭᠲᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠴᠥᠭᠦᠷᠥᠮ ᠢ ᠲᠡᠰ ᠪᠠᠭᠤᠷᠠᠭᠤᠯᠤᠨ | ᠬᠡᠷᠡᠭᠯᠡᠭᠡᠨ ᠠᠴᠠ ᠭᠠᠷᠭᠠᠬᠤ ᠵᠡᠷᠭᠡ ᠠᠵᠢᠯ ᠢ ᠥᠷᠨᠢᠭᠦᠯᠪᠡ᠃ | ᠳᠥᠷᠪᠡ ᠳᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠪᠡ᠃ ︽ᠤᠷᠢᠳᠴᠢᠯᠠᠨ | ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ︾ ᠶᠢ ᠲᠤᠤᠱᠯᠠᠭᠤᠯᠤᠨ᠂ ︽ | ᠰᠡᠷᠭᠡᠶᠢᠯᠡᠬᠦ︾ ᠶᠢ ᠳᠣᠪᠤᠶᠢᠯᠭᠠᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠠᠢ᠃ ᠨᠢᠳᠤᠨᠤᠨ ᠤ ᠳᠣᠣᠷ᠎ᠠ ᠬᠠᠭᠠᠰ | ᠵᠢᠯ ᠳᠤ᠂ ᠮᠠᠨ ᠤ ᠲᠣᠪᠴᠢᠶ᠎ᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ ᠲᠦᠪᠰᠢᠨ ᠤ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠲᠤᠰᠬᠠᠶ ᠠᠵᠢᠯ ᠢ ᠪᠠᠶᠢᠷᠢᠯᠠᠭᠤᠯᠵᠤ᠂ 《ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ | ᠲᠤᠰᠬᠠᠶ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠳᠠᠷᠦ᠋ᠢᠬᠠᠨ ᠥᠷᠨᠢᠭᠦᠯᠬᠦ ᠲᠤᠬᠠᠶ ᠮᠡᠳᠡᠭᠳᠡᠯ 》 ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯ ᠤᠨ | ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠬᠡᠮᠵᠢ᠂ ᠨᠣᠴᠣᠮᠠᠲᠠᠭᠠᠶ ᠳᠡᠯᠪᠡᠷᠡᠮᠡᠲᠡᠭᠡᠶ | ᠪᠣᠳᠠᠰ ᠤᠨ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ᠂ ᠵᠠᠮ ᠬᠠᠷᠢᠯᠴᠠᠭᠠᠨ ᠤ | ᠠᠮᠤᠷ ᠲᠦᠪᠰᠢᠨ ᠤ ᠬᠠᠮᠢᠶᠠᠷᠤᠯᠲᠠ᠂ ᠴᠠᠬᠢᠯᠭᠠᠨ ᠬᠡᠷᠡᠭᠯᠡᠬᠦ ᠬᠠᠮᠢᠶᠠᠷᠤᠯᠲᠠ᠂ ᠠᠮᠤᠷ ᠲᠦᠪᠰᠢᠨ ᠤ ᠰᠡᠷᠡᠮᠵᠢ ᠶᠢᠨ | ᠲᠡᠮᠳᠡᠭ᠂ ᠵᠢᠵᠢᠭ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ᠂ ᠲᠣᠮᠣ ᠳᠤᠮᠳᠠ | ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠬᠠᠰᠢᠯᠭ᠎ᠠ᠂ ᠦᠶᠡᠷ ᠪᠢᠯᠬᠠᠬᠤ ᠵᠠᠮ᠂ ᠬᠥᠮᠦᠨ ᠣᠯᠠᠨ ᠴᠤᠭᠯᠠᠷᠠᠬᠤ | ᠭᠠᠵᠠᠷ ᠪᠠ ᠪᠠᠶᠢᠭᠤᠯᠭ᠎ᠠ ᠶᠢᠨ ᠠᠵᠢᠯᠯᠠᠬᠤ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ | ᠲᠦᠪᠰᠢᠨ ᠤ ᠬᠡᠮ ᠰᠣᠭᠤᠭ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠪᠠ᠃ ᠵᠢᠭᠰᠠᠭᠠᠨ ᠪᠠᠶᠢᠴᠠᠭᠠᠭᠠᠳ | ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠦᠨᠡᠨ ᠬᠦ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠲᠣᠭᠲᠠᠭᠠᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ | ᠪᠠᠶᠢᠭᠤᠯᠵᠤ᠂ ᠠᠮᠤᠷ ᠲᠦᠪᠰᠢᠨ ᠤ ᠲᠦᠭᠰᠢᠭᠦᠷᠢ ᠶᠢᠨ ᠡᠵᠡᠮᠳᠡᠯ ᠢᠶᠠᠨ ᠠᠯᠳᠠᠵᠤ ᠠᠳᠡᠯ ᠭᠠᠷᠬᠤ ᠠᠴᠠ | ᠰᠡᠷᠭᠡᠶᠢᠯᠡᠪᠡ᠃ ᠬᠤᠶᠢᠰᠢᠳᠠ ᠪᠢᠳᠡ ᠪᠠᠰᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ | ᠪᠣᠯᠤᠨ ᠴᠠᠬᠢᠯᠭᠠᠨ᠂ ᠬᠡᠢ ᠶᠢᠨ ᠭᠠᠯ ᠤᠨ ᠠᠶᠤᠯ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ | ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ᠂ ᠬᠡᠮ ᠰᠣᠭᠤᠭ ᠢ ᠠᠷᠢᠯᠭᠠᠵᠤ᠂ ᠬᠡᠮ ᠰᠣᠭᠤᠭ ᠤᠨ ᠲᠡᠰ | ᠳᠡᠪᠰᠢᠬᠦ ᠠᠴᠠ ᠪᠤᠯᠵᠤ ᠠᠳᠡᠯ ᠭᠠᠷᠬᠤ ᠶᠢ ᠰᠡᠷᠭᠡᠶᠢᠯᠡᠵᠦ᠂ ᠠᠶᠤᠯ ᠲᠦᠭᠰᠢᠭᠦᠷᠢ ᠶᠢ ᠠᠷᠢᠯᠭᠠᠨ ᠠᠮᠤᠷ ᠲᠦᠪᠰᠢᠨ ᠢ | ᠪᠠᠳᠤᠯᠠᠨ᠎ᠠ᠃ | ᠭᠤᠷᠪᠠ᠂ ᠡᠭᠦᠷᠭᠡ ᠶᠢ ᠦᠷᠭᠦᠯᠵᠢᠯᠡᠨ ᠪᠣᠳᠠᠲᠠᠶᠢᠵᠢᠭᠤᠯᠵᠤ᠂ ᠤᠰᠤᠨ ᠠᠰᠢᠭᠯᠠᠯᠲᠠ ᠶᠢᠨ ᠠᠮᠤᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠡᠨᠡ ᠵᠢᠯ ᠤᠨ ᠡᠬᠢᠨ ᠳᠤ᠂ ᠮᠠᠨ ᠤ ᠠᠶᠢᠮᠠᠭ ︽ᠪᠥᠬᠦ ᠠᠶᠢᠮᠠᠭ ᠤᠨ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠠᠶᠤᠯ ᠦᠭᠡᠢ ᠦᠢᠯᠡᠳᠪᠦᠷᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠡᠷᠡᠭᠵᠢᠭᠦᠯᠬᠦ | ᠲᠥᠰᠦᠯ ᠢ ᠥᠷᠨᠢᠭᠦᠯᠬᠦ ᠲᠤᠬᠠᠶ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠮᠡᠳᠡᠭᠳᠡᠯ︾ | ᠢ ᠳᠠᠷᠤᠮᠠᠯᠯᠠᠨ ᠲᠠᠷᠬᠠᠭᠠᠵᠤ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠬᠤ ᠶᠢᠨ ᠬᠠᠮᠲᠤ ᠥᠷᠨᠢᠭᠦᠯᠵᠦ᠂ ᠲᠣᠪᠴᠢᠶ᠎ᠠ ᠶᠢᠨ ᠤᠳᠤᠷᠢᠳᠤᠯᠭ᠎ᠠ ᠠᠴᠠ | ᠠᠵᠢᠯ ᠤᠨ ᠪᠦᠯᠬᠦᠮ ᠳᠠᠭᠠᠭᠤᠯᠵᠤ᠂ ᠬᠠᠷᠢᠶ᠎ᠠ ᠣᠷᠣᠨ ᠳᠠᠬᠢ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠳᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠠ᠃ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠᠷ ᠳᠡᠮᠵᠢᠨ ᠣᠶᠢᠯᠠᠭᠠᠭᠰᠠᠨ ᠨᠢ᠂ ᠵᠠᠷᠢᠮ ᠬᠠᠷᠢᠭᠤᠴᠠᠯᠭ᠎ᠠ ᠶᠢᠨ ᠪᠡᠶᠡᠴᠢ | ᠴᠣᠭᠴᠠ ᠳᠤ ᠮᠥᠨ ᠬᠦ ᠦᠵᠡᠯ ᠰᠠᠨᠠᠭᠠᠨ ᠤ ᠲᠠᠨᠢᠯᠲᠠ ᠬᠦᠷᠦᠯᠴᠡᠬᠦ ᠥᠬᠡᠶ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠬᠦᠷᠦᠯᠴᠡᠬᠦ ᠥᠬᠡᠶ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠬᠦᠷᠦᠯᠴᠡᠬᠦ ᠥᠬᠡᠶ ᠵᠡᠷᠭᠡ ᠠᠰᠠᠭᠤᠳᠠᠯ | ᠣᠷᠣᠰᠢᠵᠤ ᠪᠠᠶᠢᠨ᠎ᠠ︔ ᠵᠠᠷᠢᠮ ᠨᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠦᠨᠳᠦᠳᠬᠡᠬᠦ ᠲᠠᠯ᠎ᠠ ᠪᠠᠷ | ᠬᠦᠷᠦᠯᠴᠡᠬᠦ ᠦᠭᠡᠢ ᠪᠠᠶᠢᠵᠤ᠂ ᠬᠡᠯᠡᠬᠦ ᠳᠡᠭᠡᠨ ᠴᠢᠬᠤᠯᠠᠴᠢᠯᠠᠵᠤ ᠬᠢᠬᠦ ᠳᠡᠭᠡᠨ ᠤᠮᠳᠤᠭᠠᠶᠢᠯᠠᠵᠤ᠂ ᠶᠠᠭᠠᠷᠠᠪᠠᠯ | ᠠᠩᠬᠠᠷᠤᠯ ᠳᠤ ᠪᠠᠨ ᠠᠪᠬᠤ ᠦᠭᠡᠢ ᠪᠠᠶᠢᠬᠤ ᠦᠵᠡᠭᠳᠡᠯ ᠮᠥᠨ ᠣᠷᠣᠰᠢᠭᠰᠠᠭᠠᠷ ᠪᠠᠶᠢᠨ᠎ᠠ︔ ᠵᠠᠷᠢᠮ ᠠᠵᠢᠯ | ᠡᠷᠭᠢᠯᠡᠭᠰᠡᠳ ᠤᠨ ᠠᠮᠤᠷ ᠲᠦᠪᠰᠢᠨ ᠤ ᠤᠬᠠᠮᠰᠠᠷ ᠨᠢ ᠳᠤᠲᠠᠮᠠᠭ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠨᠢ ᠥᠨᠳᠥᠷ ᠪᠢᠰᠢ᠂ ᠮᠢᠨᠴᠦᠭᠦᠷᠡᠮᠡᠯ ᠦᠵᠡᠯ ᠰᠠᠨᠠᠭ᠎ᠠ ᠪᠠ ᠠᠵᠠ ᠬᠠᠷᠠᠬᠤ ᠪᠣᠳᠣᠯ ᠡᠪᠦᠷᠯᠡᠬᠦ ᠵᠡᠷᠭᠡ | ᠠᠰᠠᠭᠤᠳᠠᠯ ᠣᠷᠣᠰᠢᠵᠤ ᠪᠠᠶᠢᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ ᠤᠳ ᠨᠢ ᠰᠢᠨ᠎ᠡ ᠴᠠᠭ ᠦᠶ᠎ᠡ ᠶᠢᠨ | ᠤᠰᠤᠨ ᠠᠰᠢᠭᠯᠠᠯᠲᠠ ᠶᠢᠨ ᠬᠥᠭᠵᠢᠯᠲᠡ ᠪᠣᠯᠤᠨ ᠥᠭᠡᠷᠡᠴᠢᠯᠡᠯᠲᠡ ᠶᠢᠨ ᠬᠡᠷᠡᠭᠴᠡᠭᠡ ᠶᠢ ᠬᠠᠩᠭᠠᠬᠤ ᠳᠤ ᠪᠡᠷᠬᠡᠲᠡᠶ | ᠶᠤᠮ᠂ ᠤᠰᠤᠨ ᠠᠰᠢᠭᠯᠠᠯᠲᠠ ᠶᠢᠨ ᠠᠶᠤᠯᠭᠦᠶ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠡᠳᠡᠭᠡᠷ | ᠠᠰᠠᠭᠤᠳᠠᠯ ᠢ ᠪᠢᠳᠡ ᠶᠠᠭᠠᠬᠢᠭᠰᠠᠨ ᠴᠤ ᠣᠮᠲᠣᠭᠠᠶᠢᠯᠠᠵᠤ ᠪᠣᠯᠬᠤ ᠦᠭᠡᠢ᠃ ᠳᠠᠷᠠᠭᠠᠴᠢ ᠶᠢᠨ ᠠᠯᠬᠤᠮ ᠳᠤ ᠪᠠᠰᠠ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠤᠣᠯ ᠬᠠᠷᠢᠭᠤᠴᠠᠯᠭᠠᠲᠠᠨ ᠠᠴᠠ ᠨᠢᠭᠡᠳᠦᠭᠡᠷ | ᠹᠷᠣᠨᠲ ᠤᠨ ᠠᠵᠢᠯ ᠤᠨ ᠪᠠᠶᠢᠷᠢ ᠬᠦᠷᠲᠡᠯᠡᠬᠢ ᠠᠵᠢᠯᠲᠠᠨ ᠠᠵᠢᠯᠴᠢᠨ ᠢ ᠪᠦᠬᠦᠨ ᠢ ᠬᠠᠮᠤᠷᠬᠤ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯ ᠦᠭᠡᠢ | ᠦᠢᠯᠡᠳᠪᠦᠷᠢᠯᠡᠯ ᠢ ᠪᠡᠷᠢᠮᠵᠢᠶᠡᠵᠢᠭᠤᠯᠬᠤ ᠪᠠᠷ ᠭᠠᠷᠳᠠᠴᠠ ᠪᠣᠯᠭᠠᠵᠤ᠂ ᠠᠶᠤᠯ ᠦᠭᠡᠢ ᠦᠢᠯᠡᠳᠪᠦᠷᠢᠯᠡᠯ ᠤᠨ | ᠪᠦᠯᠬᠦᠮ ᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠳᠠᠬᠢ ᠣᠷᠣᠭᠤᠯᠤᠯᠲᠠ ᠪᠠᠨ | ᠴᠢᠩᠭᠠᠷᠠᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠥᠢᠯᠡ ᠠᠵᠢᠯᠯᠠᠭ᠎ᠠ ᠶᠢ | ᠵᠢᠷᠤᠮᠵᠢᠭᠤᠯᠬᠤ ᠶᠢᠨ ᠬᠠᠮᠲᠤ ᠠᠵᠢᠯᠯᠠᠭᠰᠠᠳ ᠲᠤ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠠ ᠪᠣᠯᠪᠠᠰᠤᠷᠠᠯ | ᠬᠢᠬᠦ ᠶᠢ ᠴᠢᠩᠭᠠᠳᠬᠠᠵᠤ᠂ ᠠᠶᠤᠯ ᠥᠭᠡᠢ ᠶᠢᠨ ᠲᠦᠭᠰᠢᠭᠦᠷᠢ ᠶᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ | ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ 《ᠬᠤᠶᠠᠷ ᠢ ᠡᠵᠡᠮᠳᠡᠬᠦ》 ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠶᠢᠨ ᠵᠡᠷᠭᠡᠴᠡᠪᠡᠷ ᠠᠵᠤ ᠠᠬᠤᠶᠢᠯᠠᠯ ᠤᠨ ᠠᠶᠤᠯ ᠥᠭᠡᠢ ᠶᠢᠨ ᠠᠮᠠᠯᠠᠯᠲᠠ ᠶᠢᠨ | ᠲᠥᠷᠢᠮ ᠢ ᠲᠡᠭᠦᠯᠳᠡᠷᠵᠢᠭᠦᠯᠬᠦ ᠪᠠ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠮᠡᠳᠡᠭᠡ | ᠵᠠᠩᠭᠢ ᠶᠢᠨ ᠰᠢᠰᠲ᠋ᠧᠮᠵᠢ ᠳᠤ ᠢᠳᠡᠪᠬᠢᠲᠡᠶ ᠪᠠᠷ ᠮᠡᠳᠡᠭᠦᠯᠬᠦ ᠲᠦᠷᠢᠮ ᠢ ᠲᠥᠯᠬᠢᠨ ᠠᠬᠢᠭᠤᠯᠤᠨ᠎ᠠ᠃ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠶ ᠵᠦᠢᠯ ᠤᠨ ᠴᠡᠭᠴᠡᠯᠡᠯᠲᠡ ᠶᠢ | ᠢᠳᠡᠪᠬᠢᠲᠡᠶ ᠥᠷᠨᠢᠭᠦᠯᠵᠦ᠂ ᠢᠯᠠᠩᠭᠤᠶ᠎ᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ᠂ ᠠᠵᠢᠯ ᠲᠥᠷᠥᠯ ᠤᠨ ᠭᠠᠯ ᠤᠨᠲᠠᠷᠠᠭᠠᠬᠤ᠂ | ᠠᠶᠤᠯᠲᠠᠶ ᠬᠢᠮᠢ ᠶᠢᠨ ᠪᠣᠳᠠᠰ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠵᠢᠴᠢ ᠭᠤᠣᠯᠳᠠᠯᠭ᠎ᠠ ᠲᠠᠢ ᠬᠦᠷᠢᠶ᠎ᠡ | ᠪᠣᠯᠤᠨ ᠦᠶᠡᠷ ᠤᠨ ᠬᠤᠭᠤᠴᠠᠭ᠎ᠠ ᠵᠡᠷᠭᠡ ᠴᠢᠬᠤᠯᠠ ᠴᠠᠭ ᠬᠤᠭᠤᠴᠠᠭᠠᠨ ᠳᠤ ᠲᠤᠰᠬᠠᠶ ᠴᠡᠭᠴᠡᠯᠡᠨ ᠵᠠᠰᠠᠬᠤ ᠠᠵᠢᠯ ᠢ | ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠡᠯ᠎ᠡ ᠨᠢᠭᠡᠴᠢ ᠶᠢ ᠰᠠᠨᠠᠭᠠᠴᠢᠯᠠᠭ᠎ᠠ ᠦᠭᠡᠢ ᠬᠢᠨᠠᠯᠲᠠ ᠬᠦᠯᠢᠶᠡᠬᠦ ᠪᠠᠶᠢᠭᠰᠠᠨ ᠠᠴᠠ ᠨᠢ | ᠰᠠᠨᠠᠭᠠᠴᠢᠯᠠᠭ᠎ᠠ ᠠᠴᠠ ᠪᠠᠨ ᠬᠠᠮᠢᠶᠠᠷᠤᠯᠲᠠ ᠪᠠᠨ ᠴᠢᠩᠭᠠᠳᠬᠠᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠬᠤ | ᠬᠠᠷᠠᠯᠲᠠ ᠳᠤ ᠬᠦᠷᠦᠭᠦᠯᠬᠦ ᠬᠡᠷᠡᠭᠲᠡᠶ᠃ | ᠲᠦᠷᠪᠡ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠤᠰᠤᠨ | ᠠᠰᠢᠭᠯᠠᠯᠲᠠ ᠶᠢᠨ ᠠᠶᠤᠯ ᠥᠭᠡᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ | ᠮᠠᠨ ᠤ ᠤᠯᠤᠰ ᠤᠨ ᠤᠰᠤ ᠵᠠᠰᠠᠬᠤ ᠭᠤᠣᠯ ᠵᠥᠷᠢᠴᠡᠯ ᠨᠢ ᠨᠢᠭᠡᠨᠲᠡ ᠤᠰᠤᠨ ᠤ ᠬᠥᠨᠥᠭᠡᠯ ᠢ ᠠᠷᠢᠯᠭᠠᠵᠤ | ᠤᠰᠤᠨ ᠠᠰᠢᠭᠯᠠᠯᠲᠠ ᠶᠢ ᠬᠥᠭᠵᠢᠭᠦᠯᠬᠦ ᠬᠡᠷᠡᠭᠴᠡᠭᠡ ᠬᠢᠭᠡᠳ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠴᠢᠳᠠᠪᠤᠷᠢ | ᠬᠦᠷᠦᠯᠴᠡᠬᠦ ᠥᠭᠡᠢ ᠪᠠᠶᠢᠬᠤ ᠶᠢᠨ ᠬᠤᠭᠤᠷᠤᠨᠳᠤᠬᠢ ᠵᠦᠷᠢᠴᠡᠯ ᠠᠴᠠ ᠪᠠᠨ ᠤᠰᠤᠨ ᠤ ᠡᠬᠢ ᠪᠠᠶᠠᠯᠢᠭ ᠤᠰᠤᠨ ᠤ | ᠠᠮᠢ ᠠᠬᠤᠶ ᠤᠰᠤᠨ ᠤ ᠣᠷᠴᠢᠨ ᠲᠣᠭᠤᠷᠢᠨ ᠤ ᠬᠡᠷᠡᠭᠴᠡᠭᠡ ᠬᠢᠭᠡᠳ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠬᠦᠷᠦᠯᠴᠡᠬᠦ ᠥᠭᠡᠢ ᠪᠠᠶᠢᠬᠤ ᠶᠢᠨ ᠬᠤᠭᠤᠷᠤᠨᠳᠤᠬᠢ | ᠵᠥᠷᠢᠴᠡᠯ ᠪᠣᠯᠤᠨ ᠬᠤᠪᠢᠷᠠᠵᠠᠶ᠃ ᠡᠶᠢᠮᠦ ᠠᠴᠠ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠴᠤ ᠤᠯᠠᠮ ᠠᠴᠠ ᠤᠯᠠᠮ ᠴᠢᠬᠤᠯᠠ ᠪᠤᠯᠵᠤ ᠪᠠᠶᠢᠨ᠎ᠠ᠃ ᠭᠡᠲᠡᠯ᠎ᠡ᠂ | ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠤ ᠬᠢᠨᠠᠯᠲᠠ | ᠬᠠᠮᠢᠶᠠᠷᠤᠯᠲᠠ ᠶᠢᠨ ᠲᠥᠬᠦᠭᠡᠷᠦᠮᠵᠢ ᠶᠢᠨ ᠰᠠᠭᠤᠷᠢ ᠨᠢᠮᠭᠡᠨ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ | ᠲᠣᠭᠲᠠᠮᠠᠯ᠂ ᠲᠣᠭᠲᠠᠴᠠ ᠨᠢ ᠠᠮᠢᠳᠤᠯᠢᠭ ᠪᠤᠰᠤ᠂ ᠬᠠᠤᠯᠢ ᠴᠠᠭᠠᠵᠠ ᠳᠦᠷᠢᠮ ᠲᠤᠭᠳᠠᠭᠠᠯ ᠨᠢ ᠲᠡᠭᠦᠯᠳᠡᠷ ᠪᠤᠰᠤ | ᠵᠡᠷᠭᠡ ᠠᠰᠠᠭᠤᠳᠠᠯ ᠤᠷᠤᠰᠢᠵᠤ ᠪᠠᠶᠢᠨ᠎ᠠ᠃ ᠪᠢᠳᠡ ᠨᠡᠩ ᠪᠣᠯᠪᠠᠰᠤᠷᠠᠩᠭᠤᠢ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠡᠷᠬᠢᠨ ᠪᠠᠶᠢᠭᠤᠯᠬᠤ ᠲᠤᠬᠠᠢ ᠭᠦᠨᠵᠡᠭᠡᠢ ᠰᠤᠳᠤᠯᠵᠤ᠂ ᠠᠶᠤᠯ ᠦᠭᠡᠢ | ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ | ᠂ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠡᠴᠦᠰ ᠲᠡᠭᠡᠨ ᠵᠠᠰᠠᠯᠲᠠ ᠶᠢᠨ ᠴᠢᠳᠠᠪᠤᠷᠢ ᠶᠢᠨ | ᠲᠦᠪᠰᠢᠨ ᠢᠶᠠᠨ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠪᠦᠬᠦᠯᠢ | ᠴᠣᠭᠴᠠ ᠶᠢᠨ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠴᠢᠬᠤᠯᠠᠲᠠᠢ ᠪᠠᠶᠢᠨ᠎ᠠ᠃ | ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠲᠤᠬᠠᠶ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤ᠋ᠨ ᠲᠥᠪ ᠬᠤᠷᠢᠶ᠎ᠠ ᠲᠦᠷᠤ ᠶᠢᠨ ᠶᠠᠪᠤᠳᠠᠯ ᠤᠨ | ᠬᠤᠷᠢᠶ᠎ᠠ᠂ ᠤᠰᠤᠨ ᠠᠰᠢᠭᠯᠠᠯᠳᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ | ᠲᠢᠩᠬᠢᠮ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠵᠠᠰᠠᠭ ᠤᠨ ᠵᠠᠬᠢᠷᠭ᠎ᠠ ᠶᠢᠨ ᠠᠶᠤᠯ ᠦᠭᠡᠢ | ᠦᠢᠯᠡᠳᠪᠦᠷᠢᠯᠡᠯ ᠤᠨ ᠲᠤᠬᠠᠶ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠶᠤᠯ | ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ ᠠᠮᠤᠷ | ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ᠂ ᠠᠶᠤᠯ ᠦᠭᠡᠢ ᠦᠢᠯᠡᠳᠪᠦᠷᠢᠯᠡᠯ ᠤᠨ ᠠᠳᠡᠯ | ᠬᠡᠷᠡᠭ ᠢ ᠪᠦᠲᠦᠮᠵᠢᠲᠡᠶ ᠬᠤᠷᠢᠭᠯᠠᠬᠤ ᠪᠠᠷ ᠬᠠᠷᠠᠯᠲᠠ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠵᠠᠮ ᠨᠡᠭᠡᠭᠡᠨ ᠤᠷᠤᠭᠰᠢᠯᠠᠵᠤ᠂ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠢᠩᠭᠠᠨ ᠠᠶᠢᠮᠠᠭ ᠤᠨ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠠᠮᠤᠷ ᠲᠦᠪᠰᠢᠨ ᠤ | ᠲᠣᠭᠲᠠᠭᠤᠨ ᠪᠠᠲᠤᠯᠠᠭ᠎ᠠ ᠬᠠᠩᠭᠠᠬᠤ ᠬᠡᠷᠡᠭᠲᠡᠢ︕ |