ᠰᠢᠨᠬᠤᠸᠠ ᠬᠤᠷᠢᠶ᠎ᠠ᠄ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠣᠷᠣᠨ ᠤ ᠨᠢᠭᠤᠴᠠ ᠶᠢ ᠬᠠᠶᠢᠭᠰᠠᠨ ᠨᠢ
ᠨᠡᠶᠢᠲᠡᠯᠡᠭᠰᠡᠨ ᠴᠠᠭ᠄
2021/5/24
      ᠰᠢᠨᠬᠤᠧᠠ ᠬᠤᠷᠢᠶ᠎ᠠ ᠬᠤᠪᠧᠢ ᠶᠢᠨ ᠳ᠋ᠠᠨ ᠵᠢᠶᠠᠩ ᠺᠧᠦ / ᠾᠧᠨᠠᠨ ᠮᠣᠵᠢ ᠶᠢᠨ  ᠰᠢ ᠴᠤᠸᠠᠨ ᠤ 5 ᠰᠠᠷ᠎ᠠ ᠶᠢᠨ 20᠎ ᠤ ᠡᠳᠦᠷ ᠤᠨ ᠴᠠᠬᠢᠯᠭᠠᠨ ᠮᠡᠳᠡᠭᠡ   ᠡᠮᠦᠨᠡᠳᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠤᠷᠤᠨ ᠤ ᠨᠢᠭᠤᠴᠠ ᠶᠢ ᠬᠠᠶᠢᠭᠰᠠᠨ ᠨᠢ       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠱᠢ ᠫᠢᠩ᠂ ᠴᠢᠦᠢ ᠲᠢᠩ᠂ ᠰᠦᠨ ᠴᠢᠩ ᠴᠢᠩ     《 ᠠᠽᠢᠶ᠎ᠠ ᠶᠢᠨ ᠨᠢᠭᠡᠳᠦᠭᠡᠷ ᠲᠣᠮᠣ ᠵᠣᠬᠢᠶᠠᠮᠠᠯ ᠨᠠᠭᠤᠷ 》 ᠬᠡᠮᠡᠭᠳᠡᠭᠰᠡᠨ ᠳ᠋ᠠᠨ ᠵᠢᠶᠠᠩ ᠺᠧᠦ ᠤᠰᠤᠨ ᠴᠥᠭᠦᠷᠥᠮ ᠪᠣᠯ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤᠨ ᠤ ᠡᠬᠢ ᠰᠤᠷᠪᠤᠯᠵᠢ ᠶᠢᠨ ᠤᠷᠤᠨ ᠪᠣᠯᠤᠨ᠎ᠠ᠃ ᠰᠢᠨᠬᠤᠸᠠ ᠬᠤᠷᠢᠶᠠᠨ ᠤ ᠡᠮᠦᠨᠡᠲᠦ ᠶᠢᠨ ᠤᠰᠤ ᠶᠢ ᠤᠮᠠᠷᠠᠰᠢ ᠲᠠᠳᠠᠬᠤ ᠪᠦᠷᠢᠨ ᠵᠠᠭᠤᠴᠢᠯᠠᠭᠤᠷ ᠤᠨ ᠪᠠᠶᠢᠴᠠᠭᠠᠨ ᠰᠤᠳᠤᠯᠤᠯᠲᠠ ᠶᠢᠨ ᠬᠤᠪᠢᠶᠠᠷᠢ ᠠᠩᠭᠢ 20᠎ ᠤ ᠡᠳᠦᠷ ᠠᠳᠡ ᠢᠷᠡᠵᠦ᠂ ᠤᠰᠤᠨ ᠤ ᠶᠠᠰᠤ ᠴᠢᠨᠠᠷ ᠢ ᠬᠢᠨᠠᠨ ᠬᠡᠮᠵᠢᠭᠴᠢ ᠲᠠᠢ ᠬᠠᠮᠳᠤ ᠴᠥᠭᠦᠷᠥᠮ ᠤᠨ ᠣᠷᠣᠨ ᠳᠤ ᠬᠦᠨᠵᠡᠭᠡᠶᠢᠷᠡᠨ᠂ ᠬᠠᠰᠢᠯᠭ᠎ᠠ ᠶᠢᠨ ᠬᠠᠮᠢᠶᠠᠷᠤᠭᠴᠢᠳ ᠲᠠᠢ ᠴᠤᠭ ᠬᠠᠰᠢᠯᠭᠠᠨ ᠲᠡᠭᠡᠷ᠎ᠡ ᠭᠠᠷᠴᠤ᠂ ᠮᠢᠩᠭᠠᠨ ᠭᠠᠵᠠᠷ ᠤᠷᠳᠤ ᠰᠤᠪᠠᠭ ᠤᠨ ᠡᠬᠢ — ᠲᠤᠤ ᠴᠠ ᠴᠢᠦᠢ ᠶᠢᠨ ᠡᠬᠢ ᠳᠤ ᠮᠠᠰᠢᠨ ᠢᠶᠠᠷ ᠢᠷᠡᠵᠦ᠂ ᠤᠰᠤᠨ ᠤ ᠡᠬᠢ ᠰᠤᠷᠪᠤᠯᠵᠢ ᠶᠢᠨ ᠤᠷᠤᠨ ᠤ ᠨᠢᠭᠤᠴᠠ ᠶᠢ ᠬᠠᠶᠢᠭᠰᠠᠨ ᠪᠠᠶᠢᠨ᠎ᠠ᠃      ᠤᠰᠤᠨ ᠤ ᠶᠠᠰᠤ ᠴᠢᠨᠠᠷ᠄ ︽ᠤᠰᠤᠨ ᠳᠣᠲᠣᠷᠠᠬᠢ ᠮᠠᠯᠤᠷ ᠥᠲᠡᠭᠡ︾ ᠤᠰᠤᠨ ᠴᠥᠭᠦᠷᠥᠮ ᠳᠤ ᠢᠯᠡᠷᠡᠭᠰᠡᠨ ᠨᠢ      10 ᠴᠠᠭ ᠤᠨ ᠤᠷᠴᠢᠮ ᠢᠶᠠᠷ ᠰᠤᠷᠪᠤᠯᠵᠢᠯᠠᠭᠴᠢ ᠡᠮᠦᠨᠡᠲᠦ ᠶᠢᠨ ᠤᠰᠤ ᠶᠢ ᠤᠮᠠᠷᠠᠰᠢ ᠲᠠᠳᠠᠬᠤ ᠳᠤᠮᠳᠠ ᠱᠤᠭᠤᠮ ᠤᠨ ᠤᠰᠤᠨ ᠰᠤᠷᠪᠤᠯᠵᠢ ᠶᠢᠨ ᠺᠣᠮᠫᠠᠨᠢ ᠶᠢᠨ ᠴᠥᠭᠦᠷᠥᠮ ᠤᠨ ᠣᠷᠣᠨ ᠤ ᠤᠰᠤᠨ ᠤ ᠴᠢᠨᠠᠷ ᠢ ᠬᠢᠨᠠᠨ ᠬᠡᠮᠵᠢᠬᠦ ᠠᠵᠢᠯᠲᠠᠨ ᠬᠠᠨ ᠪᠠᠢ ᠬᠤᠢ ᠲᠠᠢ ᠬᠠᠮᠳᠤ ᠤᠰᠤᠨ ᠤ ᠴᠢᠨᠠᠷ ᠢ ᠬᠢᠨᠠᠨ ᠬᠡᠮᠵᠢᠬᠦ ᠣᠩᠭᠤᠴᠠ ᠳᠤ ᠰᠠᠭᠤᠵᠤ᠂ ᠴᠥᠭᠦᠷᠥᠮ ᠤᠨ ᠣᠷᠣᠨ ᠤ 16 ᠴᠢᠬᠤᠯᠠ ᠤᠰᠤᠨ ᠤ ᠴᠢᠨᠠᠷ ᠢ ᠬᠢᠨᠠᠨ ᠬᠡᠮᠵᠢᠬᠦ ᠣᠭᠲᠣᠯᠤᠭᠠᠰᠤ —— ᠬᠠᠰᠢᠯᠭ᠎ᠠ ᠶᠢᠨ ᠡᠮᠦᠨᠡᠬᠢ ᠬᠢᠨᠠᠨ ᠬᠡᠮᠵᠢᠬᠦ ᠣᠭᠲᠣᠯᠤᠭᠠᠰᠤ ᠳᠤ ᠢᠷᠡᠪᠡ᠃      ᠲᠡᠷᠡ ᠰᠤᠷᠪᠤᠯᠵᠢᠯᠠᠭᠴᠢ ᠳᠤ ᠲᠤᠮᠳᠠᠳᠤ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠺᠣᠮᠫᠠᠨᠢ ᠶᠢᠨ ᠤᠰᠤᠨ ᠤ ᠴᠢᠨᠠᠷ ᠢ ᠬᠢᠨᠠᠨ ᠬᠡᠮᠵᠢᠭᠴᠢ 2018 ᠣᠨ ᠳᠤ ᠴᠥᠭᠦᠷᠥᠮ ᠤᠨ ᠣᠷᠣᠨ ᠤ ᠲᠥᠪ ᠲᠤ ᠶᠡᠭᠡ ᠬᠡᠮᠵᠢᠶᠡᠨ ᠤ ᠲᠤᠭᠤᠷ ᠤᠨ ᠴᠡᠴᠡᠭᠳᠦ ᠲᠠᠯᠠᠢ ᠶᠢᠨ ᠵᠠᠯᠬᠠᠭ ᠴᠤᠭᠯᠠᠷᠠᠭᠰᠠᠨ ᠪᠠᠶᠢᠭ᠎ᠠ ᠶᠢ ᠤᠯᠵᠤ ᠢᠯᠡᠷᠡᠬᠦᠯᠦᠭᠰᠡᠨ ᠪᠦᠭᠡᠳ ᠮᠠᠰᠢ ᠤᠯᠠᠨ ᠠᠮᠢᠳᠦ ᠵᠠᠭᠪᠤᠷ ᠢ ᠠᠮᠵᠢᠯᠳᠠ ᠲᠠᠢ ᠴᠤᠭᠯᠠᠭᠤᠯᠵᠠᠢ ᠭᠡᠵᠦ ᠶᠠᠷᠢᠵᠤ ᠦᠭᠪᠡ᠃      ᠬᠠᠨ ᠪᠠᠢ ᠬᠤᠢ ᠬᠡᠯᠡᠬᠦ ᠳᠡᠭᠡᠨ 《ᠲᠣᠭᠤᠷ ᠤᠨ ᠴᠡᠴᠡᠭᠲᠦ ᠲᠠᠯᠠᠢ ᠶᠢᠨ ᠵᠠᠮᠬᠠᠭ ᠨᠢ ︿ᠤᠰᠤᠨ ᠤ ᠲᠤᠲᠤᠷᠠᠬᠢ ᠮᠠᠯᠤᠷ ᠥᠲᠡᠭᠡ〉 ᠭᠡᠬᠦ ᠨᠡᠷᠡᠶᠢᠳᠦᠯ ᠲᠠᠢ᠂ ᠲᠦᠢᠯ ᠤᠨ ᠬᠤᠪᠤᠷᠳᠠᠭᠰᠠᠨ ᠠᠮᠢᠳᠤ ᠪᠣᠳᠠᠰ ᠤᠨ ᠲᠥᠷᠥᠯ ᠵᠦᠢᠯ ᠪᠠᠶᠢᠵᠤ᠂ ᠤᠰᠤᠨ ᠤ ᠣᠷᠴᠢᠨ ᠲᠣᠭᠤᠷᠢᠨ ᠳᠠᠬᠢ ᠱᠠᠭᠠᠷᠳᠠᠯᠭ᠎ᠠ ᠨᠢ ᠮᠠᠰᠢ ᠦᠨᠳᠦᠷ ᠪᠠᠶᠢᠳᠠᠭ》᠃ ᠲᠡᠬᠦᠨ ᠎ ᠤ ᠤᠰᠤᠨ ᠴᠦᠬᠦᠷᠦᠮ ᠳᠤ ᠢᠯᠡᠷᠡᠭᠰᠡᠨ ᠨᠢ ᠠᠳᠡᠬᠢ ᠶᠢᠨ ᠠᠮᠢ ᠠᠬᠤᠢ ᠣᠷᠴᠢᠨ ᠲᠣᠭᠤᠷᠢᠨ ᠰᠠᠶᠢᠵᠢᠷᠠᠭᠰᠠᠨ ᠲᠠᠢ ᠰᠢᠭᠤᠳ ᠬᠤᠯᠪᠣᠭᠳᠠᠯ ᠲᠠᠢ᠂ ᠮᠦᠨᠨ ᠴᠤ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠰᠢᠰᠲ᠋ᠧᠮ ᠤᠨ ᠦᠷ᠎ᠡ ᠪᠦᠲᠦᠮᠵᠢ ᠶᠢ ᠰᠢᠯᠭᠠᠬᠤ ᠬᠦᠴᠦᠨ ᠪᠦᠬᠦᠢ ᠭᠡᠷᠡᠴᠢ ᠪᠣᠯᠵᠠᠢ᠃      ᠬᠠᠨ ᠪᠠᠢ ᠬᠤᠢ ᠶᠢᠨ ᠴᠤᠭᠯᠠᠭᠤᠯᠤᠭᠰᠠᠨ ᠤᠰᠤᠨ ᠤ ᠵᠠᠭᠪᠤᠷ ᠨᠢ ᠲᠤᠷᠰᠢᠯᠳᠠ ᠶᠢᠨ ᠲᠠᠰᠤᠭ ᠲᠤ ᠰᠤᠳᠤᠯᠭ᠎ᠠ ᠬᠢᠵᠦ ᠰᠢᠯᠭᠠᠭᠰᠠᠨ ᠦᠷ᠎ᠡ ᠳ᠋ᠦᠩ ᠨᠢ ᠬᠥᠮᠥᠷᠭᠡ ᠶᠢᠨ ᠤᠰᠤᠨ ᠤ ᠴᠢᠨᠠᠷ ᠰᠠᠶᠢᠲᠠᠢ᠂ II ᠲᠥᠷᠥᠯ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠨ᠎ᠠ᠃      ᠣᠩᠭᠤᠴᠠᠨ ᠳᠤ ᠬᠠᠮᠳᠤ ᠰᠠᠭᠤᠭ᠎ᠠ ᠳᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠺᠣᠮᠫᠠᠨᠢ ᠶᠢᠨ ᠤᠰᠤ ᠬᠠᠩᠭᠠᠬᠤ ᠬᠡᠯᠲᠡᠰ ᠤᠨ ᠳᠡᠭᠡᠳᠦ ᠢᠨᠵᠧᠨᠧᠷ ᠴᠢᠨ ᠾᠧ᠄ ᠤᠰᠤᠨ ᠴᠥᠭᠦᠷᠥᠮ ᠤᠨ ᠤᠰᠤᠨ ᠤ ᠴᠢᠨᠠᠷ ᠢ ᠬᠢᠨᠠᠨ ᠰᠢᠯᠭᠠᠬᠤ ᠠᠵᠢᠯ ᠢ ᠰᠠᠶᠢᠨ ᠬᠢᠬᠦ ᠶᠢᠨ ᠲᠥᠯᠥᠭᠡ ᠳᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠺᠣᠮᠫᠠᠨᠢ ᠶᠢᠨ ᠤᠰᠤᠨ ᠠᠰᠢᠭᠯᠠᠯᠲᠠ ᠶᠢᠨ ᠬᠢᠨᠠᠨ ᠬᠡᠮᠵᠢᠬᠦ ᠥᠷᠲᠡᠭᠡᠨ ᠤ ᠰᠦᠯᠵᠢᠶ᠎ᠡ ᠶᠢ ᠨᠢᠭᠡᠨᠲᠡ ᠪᠠᠶᠢᠭᠤᠯᠪᠠ ᠭᠡᠵᠦ ᠢᠯᠡᠳᠬᠡᠪᠡ᠃ ᠣᠯᠠᠨ ᠵᠢᠯ ᠤᠨ ᠬᠢᠨᠠᠯᠲᠠ ᠶᠢᠨ ᠲᠤᠭ᠎ᠠ ᠪᠠᠷᠢᠮᠲᠠ ᠠᠴᠠ ᠦᠵᠡᠬᠦ ᠳᠤ᠂ ᠴᠦᠬᠦᠷᠦᠮ ᠤᠨ ᠪᠦᠰᠡ ᠶᠢᠨ ᠤᠰᠤᠨ ᠤ ᠴᠢᠨᠠᠷ ᠲᠣᠭᠲᠠᠪᠤᠷᠢᠲᠠᠢ ᠪᠥᠭᠡᠳ ᠭᠠᠵᠠᠷ ᠤᠨ ᠭᠠᠳᠠᠷᠭᠤ ᠶᠢᠨ ᠤᠰᠤᠨ ᠤ II ᠲᠥᠷᠥᠯ ᠤᠨ ᠪᠠᠷᠢᠮᠵᠢᠶ᠎ᠠ ᠎ ᠳᠤ ᠬᠦᠷᠦᠭᠰᠡᠨ ᠪᠤᠶᠤ ᠲᠡᠭᠦᠨ ᠠᠴᠠ ᠲᠠᠪᠠᠭᠰᠠᠨ ᠪᠠᠶᠢᠨ᠎ᠠ᠃      ᠶᠡᠭᠡ ᠬᠠᠰᠢᠯᠭ᠎ᠠ᠄ ︽ᠬᠤᠪᠴᠠᠰᠤ ᠡᠮᠦᠰᠴᠦ ᠮᠠᠯᠠᠭᠠᠢ ᠵᠡᠭᠦᠬᠦ︾᠎ ᠨᠢ ᠨᠡᠩ ᠣᠯᠠᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠶᠢᠨ ᠲᠥᠯᠥᠭᠡ ᠶᠦ᠋ᠮ      11 ᠴᠠᠭ 5  ᠮᠢᠨᠦ᠋ᠲ ᠲᠤ᠂ ᠰᠤᠷᠪᠤᠯᠵᠢᠯᠠᠭᠴᠢ ᠲᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠺᠣᠮᠫᠠᠨᠢ ᠶᠢᠨ ᠮᠡᠷᠭᠡᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠳᠠᠩ ᠶᠤᠸᠠᠨ ᠴᠠᠩ ᠯᠤᠭ᠎ᠠ ᠬᠠᠰᠢᠯᠭ᠎ᠠ ᠳᠡᠭᠡᠷ᠎ᠡ ᠭᠠᠷᠴᠤ ᠬᠠᠷᠠᠬᠤ ᠳᠤ ᠴᠦᠬᠦᠷᠦᠮ ᠤᠨ ᠲᠤᠭᠤᠷᠢᠭ ᠲᠠᠪᠠᠯᠭᠠᠯᠠᠨ ᠲᠤᠯᠬᠢᠶᠠᠯᠠᠵᠤ᠂ ᠬᠦᠭᠡᠷᠡᠨ ᠨᠤᠭᠤᠭᠠᠷᠠᠵᠤ ᠬᠠᠷᠠᠭᠳᠠᠨ᠎ᠠ᠃       ᠤᠰᠤᠨ ᠴᠥᠭᠦᠷᠥᠮ ᠤᠨ ᠡᠶᠢᠮᠦᠷᠬᠦᠦ ᠪᠠᠶᠢᠳᠠᠯ ᠨᠢ ᠴᠦᠮ ᠡᠨᠡ ᠬᠦ ᠶᠡᠭᠡ ᠬᠠᠰᠢᠯᠭ᠎ᠠ ᠪᠠᠶᠢᠭᠤᠯᠤᠭᠰᠠᠨ ᠠᠴᠠ ᠪᠤᠯᠤᠭᠰᠨᠨ ᠶᠤᠮ᠃ ᠡᠨᠡ ᠬᠠᠰᠢᠯᠭ᠎ᠠ ᠦᠭᠡᠢ ᠰᠠᠨ ᠪᠤᠯ ᠶᠠᠮᠠᠷ ᠶᠡᠭᠡ ᠤᠰᠤ ᠪᠠᠶᠢᠭᠰᠠᠨ ᠴᠤ ᠢᠩᠬᠢᠵᠦ ᠬᠤᠷᠠᠵᠤ ᠲᠡᠶᠢᠯᠬᠦ ᠦᠭᠡᠢ ᠶᠤᠮ᠃ 》 ᠭᠡᠵᠦ ᠲᠠᠩ ᠶᠤᠸᠠᠨ ᠴᠠᠩ ᠶᠠᠷᠢᠪᠡ᠃      ᠰᠤᠷᠪᠤᠯᠵᠢᠯᠠᠭᠴᠢ ᠶᠡᠭᠡ ᠬᠠᠰᠢᠯᠭ᠎ᠠ ᠶᠢᠨ ᠠᠶᠤᠯᠬᠦᠢ ᠶᠢ ᠬᠢᠨᠠᠨ ᠬᠡᠮᠵᠢᠬᠦ ᠲᠥᠪ ᠠᠴᠠ ᠲᠤᠬᠠᠢ ᠶᠢᠨ ᠡᠳᠦᠷ ᠳ᠋ᠠᠨ ᠵᠢᠶᠠᠩ ᠺᠧᠦ ᠤᠰᠤᠨ ᠴᠥᠭᠦᠷᠥᠮ ᠤᠨ ᠬᠠᠰᠢᠯᠭ᠎ᠠ ᠶᠢᠨ ᠡᠮᠦᠨᠡᠬᠢ ᠤᠰᠤᠨ ᠲᠦᠪᠰᠢᠨ 160.98  ᠮᠧᠲᠷ ᠪᠠᠶᠢᠵᠤ᠂ ᠵᠤᠨ ᠤ ᠤᠯᠠᠷᠢᠯ ᠤᠨ ᠦᠶᠡᠷ ᠢ ᠰᠡᠷᠭᠡᠶᠢᠯᠡᠨ ᠬᠢᠵᠠᠭᠠᠷᠯᠠᠬᠤ ᠤᠰᠤᠨ ᠲᠦᠪᠰᠢᠨ ᠠᠴᠠ ᠬᠡᠲᠦᠷᠡᠭᠰᠡᠨ ᠢ ᠤᠯᠵᠤ ᠬᠠᠷᠠᠭᠰᠠᠨ ᠪᠦᠭᠡᠳ ᠡᠨᠡ ᠨᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠤᠰᠤᠨ ᠰᠤᠷᠪᠤᠯᠵᠢ ᠶᠢᠨ ᠣᠷᠣᠨ ᠤ ᠤᠰᠤᠨ ᠤ ᠬᠡᠮᠵᠢᠶ᠎ᠡ ᠬᠠᠩᠭᠠᠮᠵᠢᠳᠠᠢ ᠪᠠᠶᠢᠵᠤ ᠤᠮᠠᠷᠠᠰᠢ ᠲᠠᠲᠠᠬᠤ ᠪᠤᠯᠬᠤ ᠶᠢ ᠪᠦᠷᠢᠨ ᠢᠯᠡᠳᠭᠡᠵᠦ ᠪᠠᠶᠢᠭ᠎ᠠ ᠶᠤᠮ᠃      20᠎ ᠤ ᠡᠳᠦᠷ ᠪᠤᠯᠳᠠᠯ᠎ᠠ᠂ ᠳ᠋ᠠᠨ ᠵᠢᠶᠠᠩ ᠺᠧᠦ ᠤᠰᠤᠨ ᠴᠥᠭᠦᠷᠥᠮ ᠠᠴᠠ ᠤᠮᠠᠷᠠᠲᠤ ᠣᠷᠣᠨ ᠳᠤ ᠨᠡᠶᠢᠲᠡ 383 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠲᠠᠳᠠᠪᠠ᠃ ᠡᠶᠢᠮᠦ ᠶᠡᠭᠡ ᠤᠰᠤ ᠶᠢ ᠬᠠᠰᠢᠵᠤ ᠬᠤᠷᠠᠮᠳᠤᠭᠤᠯᠵᠤ ᠪᠠᠶᠢᠭ᠎ᠠ ᠨᠢ ᠲᠠᠷᠤᠢ ᠡᠨᠡ ᠦᠨᠳᠦᠷᠭᠡᠰᠦᠭᠰᠡᠨ ᠳ᠋ᠠᠨ ᠵᠢᠶᠠᠩ ᠺᠸᠤ ᠶᠡᠭᠡ ᠬᠠᠰᠢᠯᠭ᠎ᠠ ᠪᠤᠯᠤᠨ᠎ᠠ᠃      ᠳ᠋ᠠ ᠵᠢᠶᠠᠩ ᠺᠧᠦ ᠶᠢᠨ ᠬᠠᠰᠢᠯᠭ᠎ᠠ ᠶᠢ ᠳᠡᠭᠡᠷ᠎ᠡ ᠵᠠᠭᠤᠨ ᠤ ᠳᠠᠯᠠᠭᠠᠳ ᠣᠨ ᠳᠤ ᠲᠠᠭᠤᠰᠬᠠᠭᠰᠠᠨ ᠶᠡᠭᠡ ᠬᠠᠰᠢᠯᠭ᠎ᠠ ᠶᠢᠨ ᠪᠠᠷᠢᠯᠭ᠎ᠠ ᠤᠨ 162 ᠮᠧᠲᠷ ᠠᠴᠠ 176. 6 ᠮᠧᠲᠷ ᠪᠤᠯᠭᠠᠵᠤ᠂ ᠤᠰᠤᠨ ᠴᠦᠬᠦᠷᠦᠮ ᠤᠨ ᠬᠡᠪ ᠎ ᠤᠨ ᠬᠠᠳᠠᠭᠠᠯᠠᠭᠴᠠ ᠤᠰᠤᠨ ᠲᠦᠪᠰᠢᠨ ᠢ157 ᠮᠧᠲᠷ ᠠᠴᠠ 170 ᠮᠧᠲᠷ ᠪᠤᠯᠭᠠᠨ ᠦᠰᠭᠡᠵᠦ᠂ ᠬᠡᠪ ᠤᠨ ᠤᠰᠤᠨ ᠬᠠᠳᠠᠭᠠᠯᠠᠭᠴᠠ ᠶᠢᠨ ᠪᠠᠭᠳᠠᠭᠠᠮᠵᠢ ᠶᠢ 156.65 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠠᠴᠠ 272.05 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠪᠤᠯᠭᠠᠨ ᠦᠷᠭᠡᠳᠭᠡᠵᠦ᠂ ᠲᠤᠮᠳᠠ ᠱᠤᠭᠤᠮ ᠤᠨ ᠤᠮᠠᠷᠠᠳᠤ ᠤᠷᠤᠨ ᠳᠤ ᠤᠰᠤ ᠬᠠᠩᠭᠠᠬᠤ ᠱᠠᠭᠠᠷᠳᠠᠯᠭ᠎ᠠ ᠶᠢ ᠬᠠᠩᠭᠠᠬᠤ ᠶᠢᠨ ᠬᠠᠮᠳᠤ ᠰᠢᠨ᠎ᠡ ᠪᠠᠷ ᠮᠠᠯᠳᠠᠭᠰᠠᠨ ᠮᠢᠩ ᠴᠢᠦᠢ ᠰᠤᠪᠠᠭ ᠢᠶᠠᠷ ᠠᠶᠠᠨᠳᠠᠭᠠᠨ ᠤᠷᠤᠰᠬᠠᠨ ᠪᠡᠭᠡᠵᠢᠩ ᠳᠤ ᠬᠦᠷᠴᠦ ᠪᠤᠯᠬᠤ ᠪᠦᠭᠡᠳ ᠵᠠᠮ ᠲᠠᠭᠠᠤ ᠶᠢᠨ ᠪᠡᠭᠡᠵᠢᠩ᠂ ᠲᠢᠶᠠᠨᠵᠢᠨ᠂ ᠾᠧᠪᠸᠢ᠂ ᠾᠧᠨᠠᠨ ᠳᠤ ᠤᠰᠤ ᠬᠠᠩᠭᠠᠵᠤ ᠪᠤᠯᠬᠤ ᠶᠤᠮ᠃      ᠲᠠᠩ ᠶᠤᠸᠠᠨ ᠴᠠᠩ《 ᠬᠠᠰᠢᠯᠭ᠎ᠠ ᠶᠢ ᠦᠨᠳᠦᠷᠭᠡᠰᠭᠡᠬᠦ ᠪᠠᠷᠢᠯᠭ᠎ᠠ ᠨᠢ ᠠᠩᠬᠠᠨ ᠤ ᠬᠤᠭᠤᠴᠠᠭᠠᠨ ᠤ ᠪᠠᠷᠢᠯᠭ᠎ᠠ ᠶᠢᠨ ᠰᠠᠭᠤᠷᠢᠨ ᠲᠡᠭᠡᠷ᠎ᠡ ᠵᠤᠵᠠᠭᠠᠳᠬᠠᠨ ᠦᠨᠳᠦᠷᠭᠡᠰᠭᠡᠭᠰᠡᠨ ᠪᠦᠭᠡᠳ ᠰᠠᠶᠢᠵᠢᠷᠠᠭᠤᠯᠵᠤ᠂ ᠠᠵᠢᠯ ᠲᠦᠷᠦᠯ ᠎ ᠤᠨ ᠬᠢᠨ ᠲᠡᠬᠦᠨ ᠢ〈 ᠬᠤᠪᠴᠠᠰᠤ ᠡᠮᠦᠰᠴᠦ ᠮᠠᠯᠠᠭᠠᠢ ᠵᠡᠬᠦᠬᠦ 〉 ᠭᠡᠵᠦ ᠵᠤᠶᠢᠷᠯᠡᠳᠡᠭ᠃ ᠲᠡᠬᠦᠨ ᠤ ᠮᠡᠷᠭᠡᠵᠢᠯ ᠤᠨ ᠱᠠᠭᠠᠷᠳᠠᠯᠭ᠎ᠠ ᠦᠨᠳᠦᠷ᠂ ᠪᠠᠷᠢᠯᠭ᠎ᠠ ᠶᠢᠨ ᠬᠦᠴᠢᠷᠳᠡᠯ ᠶᠡᠭᠡ ᠪᠠᠶᠢᠵᠤ᠂ ᠰᠢᠨ᠎ᠡ ᠪᠠᠷ ᠨᠢᠭᠡ ᠰᠠᠭᠤᠷᠢ ᠬᠠᠰᠢᠯᠭ᠎ᠠ ᠪᠠᠶᠢᠭᠤᠯᠬᠤ ᠠᠴᠠ ᠳᠤᠲᠠᠭᠤ ᠦᠭᠡᠢ ᠶᠤᠮ 》 ᠭᠡᠵᠦ ᠲᠠᠨᠢᠯᠴᠠᠭᠤᠯᠪᠠ᠃ ᠰᠢᠷᠢᠰ ᠬᠦᠨᠳᠦ ᠴᠢᠬᠤᠯᠠ ᠮᠡᠷᠭᠡᠵᠢᠯ ᠤᠨ ᠬᠦᠴᠢᠷᠳᠡᠯ ᠢ ᠰᠢᠢᠳᠪᠤᠷᠢᠯᠡᠭᠰᠡᠨ ᠠᠴᠠ ᠦᠨᠳᠦᠷᠭᠡᠰᠭᠡᠬᠦ ᠪᠠᠷᠢᠯᠭ᠎ᠠ ᠶᠢᠨ ᠶᠠᠰᠤ ᠴᠢᠨᠠᠷ ᠢ ᠨᠡᠯᠢᠶᠡᠳ ᠰᠠᠶᠢᠨ ᠪᠠᠳᠤᠯᠠᠵᠤ ᠴᠢᠳᠠᠭᠰᠠᠨ ᠪᠠᠶᠢᠨ᠎ᠠ᠃ 2017 ᠣᠨ ᠤ 10 ᠰᠠᠷ᠎ᠠ ᠳᠤ᠂ ᠤᠰᠤᠨ ᠴᠥᠭᠦᠷᠥᠮ ᠤᠨ ᠤᠰᠤᠨ ᠲᠦᠪᠰᠢᠨ 167 ᠮᠧᠲᠷ ᠲᠤᠯᠵᠤ᠂ ᠦᠨᠳᠦᠷᠭᠡᠰᠭᠡᠭᠰᠡᠨ ᠤ ᠳᠠᠷᠠᠭᠠᠬᠢ ᠶᠡᠭᠡ ᠬᠠᠰᠢᠯᠭ᠎ᠠ ᠨᠢ ᠰᠢᠯᠭᠠᠯᠲᠠ ᠶᠢ ᠲᠠᠭᠠᠭᠠᠵᠤ ᠴᠢᠳᠠᠭᠰᠨ᠎ᠠ ᠪᠠᠶᠢᠨ᠎ᠠ᠃      5 ᠰᠠᠷ᠎ᠠ ᠶᠢᠨ 18᠎ ᠤ ᠡᠳᠦᠷ ᠪᠣᠯᠲᠠᠯ᠎ᠠ᠂ ᠲᠤᠰ ᠤᠰᠤ ᠬᠠᠩᠭᠠᠬᠤ ᠣᠨ ᠤ ᠳ᠋ᠠᠨ ᠵᠢᠶᠠᠩ ᠺᠧᠦ ᠤᠰᠤᠨ ᠴᠥᠭᠦᠷᠥᠮ ᠠᠴᠠ ᠤᠮᠠᠷᠠᠲᠤ ᠣᠷᠣᠨ ᠳᠤ ᠤᠰᠤ ᠬᠠᠩᠭᠠᠬᠤ ᠬᠡᠮᠵᠢᠶ᠎ᠡ 40.89  ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠴᠦ᠂ ᠤᠨ ᠤ ᠤᠰᠤ ᠬᠠᠩᠭᠠᠬᠤ ᠲᠦᠯᠦᠪᠯᠡᠭᠡ ᠶᠢᠨ 55.08%᠎ ᠶᠢ ᠪᠡᠶᠡᠯᠡᠬᠦᠯᠵᠦ᠂ ᠲᠤᠮᠳᠠ ᠱᠤᠭᠤᠮ ᠤᠨ ᠤᠰᠤ ᠬᠠᠩᠭᠠᠬᠤ ᠠᠮᠤᠷ ᠲᠦᠪᠰᠢᠨ ᠳᠤ ᠦᠨᠡᠨ ᠬᠦ ᠪᠠᠳᠤᠯᠠᠵᠤ ᠲᠡᠶᠢᠯᠦᠭᠰᠡᠨ ᠪᠠᠶᠢᠨ᠎ᠠ᠃      ᠤᠰᠤ ᠲᠠᠲᠠᠬᠤ᠄ ︽ᠨᠠᠶᠢᠵᠠ ᠶᠢᠨ ᠲᠣᠭᠤᠷᠢᠭ︾᠎ ᠤᠨ ᠬᠠᠮᠵᠢᠯᠴᠠᠭ᠎ᠠ ᠨᠢ ᠲᠣᠮᠣ ᠤᠰᠤᠨ ᠰᠤᠳᠠᠰᠤ ᠶᠢ ᠨᠡᠪᠳᠡᠷᠡᠬᠦᠯᠪᠡ      ᠤᠰᠤᠨ ᠤ ᠴᠢᠨᠠᠷ ᠢ ᠰᠠᠶᠢᠵᠢᠷᠠᠭᠤᠯᠬᠤ ᠨᠢ ᠤᠮᠠᠷᠠᠳᠤ ᠳᠤ ᠬᠠᠩᠭᠠᠬᠤ ᠤᠰᠤ ᠶᠢ ᠴᠡᠪᠡᠷ ᠲᠤᠩᠭᠠᠯᠠᠭ ᠪᠤᠯᠭᠠᠵᠤ᠂ ᠶᠡᠭᠡ ᠬᠠᠰᠢᠯᠭ᠎ᠠ ᠶᠢ ᠦᠨᠳᠦᠷᠭᠡᠰᠭᠡᠭᠰᠡᠨ ᠨᠢ ᠤᠮᠠᠷᠠᠳᠤ ᠳᠤ ᠬᠠᠩᠭᠠᠬᠤ ᠤᠰᠤᠨ ᠤ ᠬᠡᠮᠵᠢᠶ᠎ᠡ ᠶᠢ ᠪᠠᠳᠤᠯᠠᠵᠤ᠂ ᠲᠠᠷᠠᠭᠠᠴᠢ ᠶᠢᠨ ᠠᠯᠬᠤᠮ ᠨᠢ ᠲᠠᠷᠤᠢ ᠬᠡᠷᠬᠢᠨ ᠴᠦᠬᠦᠷᠦᠮ ᠤᠨ ᠤᠰᠤ ᠶᠢ ᠲᠤᠬᠢᠷᠠᠭᠤᠯᠤᠨ ᠡᠵᠡᠮᠰᠢᠬᠦ ᠶᠠᠪᠤᠳᠠᠯ ᠪᠠᠶᠢᠵᠤ᠂ ᠤᠰᠤᠨ ᠴᠦᠬᠦᠷᠦᠮ ᠤᠨ ᠦᠶᠡᠷ ᠠᠴᠠ ᠰᠡᠷᠭᠡᠶᠢᠯᠡᠬᠦ᠂ ᠤᠰᠤ ᠬᠠᠩᠭᠠᠬᠤ ᠠᠮᠤᠷ ᠲᠦᠪᠰᠢᠨ ᠶᠢ ᠦᠨᠡᠨ ᠬᠦ ᠪᠠᠳᠤᠯᠠᠵᠤ᠂ ᠤᠰᠤᠨ ᠴᠦᠬᠦᠷᠦᠮ ᠤᠨ ᠶᠡᠷᠦᠩᠬᠡᠶᠢᠯᠡᠭᠰᠡᠨ ᠠᠰᠢᠭᠯᠠᠯᠳᠠ ᠶᠢᠨ ᠦᠷ᠎ᠡ ᠪᠦᠳᠦᠮᠵᠢ ᠶᠢ ᠬᠦᠢᠴᠡᠳ ᠪᠠᠳᠠᠷᠠᠭᠤᠯᠬᠤ ᠶᠠᠪᠤᠳᠠᠯ ᠪᠤᠯᠤᠨ᠎ᠠ》 ᠭᠡᠵᠦ ᠬᠠᠨᠵᠢᠶᠠᠩ ᠪᠦᠯᠦᠭᠯᠡᠯ ᠺᠤᠮᠫᠠᠨᠢ ᠶᠢᠨ ᠤᠰᠤ ᠲᠤᠬᠢᠷᠠᠭᠤᠯᠬᠤ ᠲᠦᠪ ᠤᠨ ᠤᠰᠤᠨ ᠴᠦᠬᠦᠷᠦᠮ ᠤᠰᠤᠨ ᠴᠥᠭᠦᠷᠥᠮ ᠤᠨ ᠲᠣᠬᠢᠷᠠᠭᠤᠯᠬᠤ ᠰᠠᠯᠠᠭᠠᠨ ᠤ ᠳᠠᠷᠤᠭ᠎ᠠ ᠬᠤ᠋ ᠶᠦᠩ ᠭᠤᠸᠠᠩ ᠬᠡᠯᠡᠪᠡ᠃      ᠲᠠᠨᠢᠯᠴᠠᠭᠤᠯᠤᠭᠰᠠᠨ ᠢᠶᠠᠷ᠂ ᠤᠰᠤ ᠨᠡᠪᠲᠡᠷᠡᠭᠰᠡᠨ ᠤ ᠳᠠᠷᠠᠭ᠎ᠠ ᠬᠠᠨᠵᠢᠶᠠᠩ ᠪᠦᠯᠦᠭᠯᠡᠯ ᠺᠣᠮᠫᠠᠨᠢ ᠪᠣᠯᠤᠨ ᠳᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠺᠣᠮᠫᠠᠨᠢ ᠲᠠᠢ ᠬᠠᠮᠲᠤ ᠳᠠᠭᠠᠨ ᠳᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠢᠨᠵᠧᠨᠧᠷᠢᠩ ᠤᠨ ᠤᠰᠤ ᠬᠠᠩᠭᠠᠬᠤ ᠤᠳᠤᠷᠢᠳᠬᠤ ᠳᠤᠭᠤᠶᠢᠯᠠᠩ ᠢ       ᠪᠠᠶᠢᠭᠤᠯᠵᠤ᠂ ᠤᠰᠤᠨ ᠴᠥᠭᠦᠷᠥᠮ ᠤᠨ ᠤᠰᠤ ᠬᠠᠩᠭᠠᠬᠤ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠤᠬᠢᠴᠠᠭᠤᠯᠪᠠ᠃    《 ᠬᠦᠬᠡᠮᠦ᠋ᠷᠡᠨ ᠤ ᠤᠰᠤᠨ ᠠᠰᠢᠭᠯᠠᠯᠲᠠ ᠶᠢᠨ ᠵᠥᠪᠯᠡᠯ ᠤᠨ ᠣᠯᠭᠤᠭᠰᠠᠨ ᠡᠷᠬᠡ ᠶᠢᠨ ᠶᠣᠰᠣᠭᠠᠷ ᠬᠠᠨᠵᠢᠶᠠᠩ ᠮᠥᠷᠡᠨ ᠤ ᠪᠦᠯᠦᠭᠯᠡᠯ ᠺᠣᠮᠫᠠᠨᠢ᠂ ᠳᠤᠮᠳᠠ ᠱᠤᠭᠤᠮ ᠤᠨ ᠤᠰᠤᠨ ᠤ ᠡᠬᠢ ᠰᠤᠷᠪᠤᠯᠵᠢ ᠶᠢᠨ ᠺᠣᠮᠫᠠᠨᠢ ᠪᠣᠯᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠥᠪᠳᠡᠯᠴᠡᠵᠦ᠂ ᠲᠤᠤ ᠴᠠ ᠴᠢᠦᠢ ᠰᠤᠪᠠᠭ ᠤᠨ ᠠᠩᠬᠠᠳᠤᠭᠠᠷ ᠤᠰᠤ ᠬᠠᠩᠭᠠᠬᠤ ᠲᠣᠬᠢᠷᠠᠭᠤᠯᠤᠯᠲᠠ ᠶᠢᠨ ᠠᠵᠢᠯ ᠤᠨ ᠶᠠᠪᠤᠴᠠ ᠶᠢ ᠪᠠᠶᠢᠭᠤᠯᠪᠠ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠲᠣᠬᠢᠷᠠᠭᠤᠯᠤᠯᠲᠠ ᠬᠢᠬᠦ ᠭᠤᠶᠤᠴᠢᠯᠠᠯᠳᠠ ᠭᠠᠷᠭᠠᠵᠤ᠂ ᠬᠠᠨᠵᠢᠶᠠᠩ ᠪᠦᠯᠦᠭᠯᠡᠯ ᠺᠣᠮᠫᠠᠨᠢ ᠠᠴᠠ ᠬᠦᠬᠡᠮᠦ᠋ᠷᠡᠨ ᠤ ᠤᠰᠤᠨ ᠠᠰᠢᠭᠯᠠᠯᠳᠠ ᠎ ᠶᠢᠨ ᠵᠥᠪᠯᠡᠯ ᠳᠤ ᠮᠡᠳᠡᠭᠦᠯᠦᠨ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠲᠣᠬᠢᠷᠠᠭᠤᠯᠭ᠎ᠠ ᠶᠢᠨ ᠵᠠᠷᠯᠢᠭ ᠭᠠᠷᠭᠠᠵᠤ᠂ ᠲᠤᠤ ᠴᠠ ᠴᠢᠦᠢ ᠢ ᠡᠬᠢ ᠳᠤ ᠤᠰᠤ ᠬᠠᠩᠭᠠᠬᠤ ᠲᠤᠬᠢᠷᠠᠭᠤᠯᠭ᠎ᠠ ᠶᠢᠨ ᠵᠠᠷᠯᠢᠭ ᠢ ᠴᠢᠩᠭ᠎ᠠ ᠬᠡᠷᠡᠭᠵᠢᠬᠦᠯᠬᠦ ᠶᠢᠨ ᠬᠠᠮᠳᠤ ᠬᠡᠷᠡᠭᠵᠢᠬᠦᠯᠦᠭᠰᠡᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠲᠤᠰᠬᠠᠪᠠ᠃》 ᠭᠡᠵᠦ ᠬᠤ᠋ ᠶᠦᠩ ᠭᠤᠸᠠᠩ ᠲᠠᠨᠢᠯᠴᠠᠭᠤᠯᠪᠠ᠃      ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠨᠢ ᠲᠤᠤ ᠴᠠ ᠴᠢᠦᠢ ᠰᠤᠪᠠᠭ ᠤᠨ ᠡᠬᠢ ᠶᠢᠨ ᠬᠦᠢᠰᠦ ᠠᠴᠠ ᠤᠮᠠᠷᠠᠳᠤ ᠳᠤ ᠤᠰᠤ ᠲᠠᠳᠠᠳᠠᠭ᠃ ᠬᠡᠷᠪᠡ ᠳ᠋ᠠᠨ ᠵᠢᠶᠠᠩ ᠺᠧᠦ ᠤᠰᠤᠨ ᠴᠥᠭᠦᠷᠥᠮ ᠨᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ《 ᠲᠣᠮᠣ ᠤᠰᠤᠨ ᠴᠥᠭᠦᠷᠥᠮ 》 ᠭᠡᠪᠡᠯ᠂ ᠲᠤᠤ ᠴᠠ ᠴᠢᠦᠢ ᠰᠤᠪᠠᠭ ᠤᠨ ᠡᠬᠢ ᠶᠢᠨ ᠦᠢᠯᠡᠳᠦᠯ ᠨᠢ ᠲᠠᠷᠤᠢ ᠳ᠋ᠠᠨ ᠵᠢᠶᠠᠩ ᠺᠧᠦ ᠶᠢᠨ ᠤᠰᠤᠨ ᠴᠦᠬᠦᠷᠦᠮ ᠤᠨ ᠤᠰᠤ ᠭᠠᠷᠭᠠᠬᠤ ᠶᠢ ᠡᠵᠡᠮᠳᠡᠬᠦ《 ᠤᠰᠤᠨ ᠴᠣᠷᠭᠤ》 ᠪᠠᠶᠢᠵᠤ᠂ ᠤᠮᠠᠷᠠᠰᠢ ᠲᠠᠳᠠᠬᠤ ᠤᠰᠤᠨ ᠤ ᠬᠡᠮᠵᠢᠶ᠎ᠡ ᠶᠢ ᠬᠢᠵᠠᠭᠠᠷᠯᠠᠨ ᠲᠤᠬᠢᠷᠠᠭᠤᠯᠵᠤ ᠪᠠᠶᠢᠳᠠᠭ᠃      15 ᠴᠠᠭ ᠲᠤ᠂ ᠰᠤᠷᠪᠤᠯᠵᠢᠯᠠᠭᠴᠢ ᠬᠤᠪᠧᠢ ᠶᠢᠨ ᠳ᠋ᠠᠨ ᠵᠢᠶᠠᠩ ᠺᠧᠦ ᠬᠤᠲᠠ ᠠᠴᠠ ᠮᠠᠰᠢᠨ ᠲᠡᠷᠭᠡ ᠪᠠᠷ 40 ᠮᠢᠨᠦ᠋ᠲ ᠰᠢᠬᠠᠮ ᠠᠶᠠᠯᠠᠵᠤ ᠾᠧᠨᠠᠨ ᠤ ᠲᠤᠤ ᠴᠠ ᠴᠢᠦᠢ ᠰᠢᠶᠠᠨ ᠤ ᠲᠤᠤ ᠴᠠ ᠴᠢᠦᠢ ᠰᠤᠪᠠᠭ ᠤᠨ ᠡᠬᠢ ᠳᠤ ᠢᠷᠡᠪᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠲᠤᠤ ᠴᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠰᠢ ᠶᠤᠸᠠᠨ᠂ ᠳᠤᠮᠳᠠ ᠱᠤᠭᠤᠮ ᠤᠨ 《 ᠤᠰᠤᠨ ᠴᠤᠷᠭᠤ 》 ᠪᠤᠯᠤᠭᠰᠠᠨ ᠤ ᠬᠤᠪᠢ ᠳᠤ ᠰᠤᠪᠠᠭ ᠤᠨ ᠡᠬᠢ ᠶᠢᠨ ᠬᠡᠰᠡᠭ ᠤᠨ ᠢᠨᠵᠧᠨᠧᠷᠢᠩ ᠪᠣᠯ ᠳᠤᠮᠳᠠ ᠱᠤᠭᠤᠮ ᠤᠨ ᠭᠤᠣᠯ ᠱᠤᠭᠤᠮ ᠤᠨ ᠮᠢᠩᠭᠠᠨ ᠭᠠᠵᠠᠷ ᠤᠨ ᠤᠷᠲᠤ ᠰᠤᠪᠠᠭ ᠤᠨ ᠡᠬᠢ ᠪᠣᠯᠤᠨ᠎ᠠ᠂ ᠪᠢᠳᠡ ᠤᠰᠤ ᠳᠠᠮᠵᠢᠭᠤᠯᠬᠤ ᠲᠣᠬᠢᠷᠠᠭᠤᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠪᠡᠷ ᠲᠤᠩᠭᠠᠯᠠᠭ ᠤᠰᠤ ᠲᠤᠤ ᠴᠠ ᠴᠢᠦᠢ ᠰᠤᠪᠠᠭ ᠤᠨ ᠡᠬᠢ ᠠᠴᠠ ᠳᠤ ᠶᠡᠷᠦᠩᠬᠡᠢ ᠭᠤᠣᠯ ᠰᠤᠪᠠᠭ ᠲᠤ ᠤᠷᠤᠵᠤ ᠲᠠᠬᠢᠨ ᠤᠮᠠᠷᠠᠰᠢ ᠨᠡᠪᠳᠡᠷᠡᠬᠦ ᠶᠢ ᠦᠨᠡᠨ ᠬᠦ ᠪᠠᠳᠤᠯᠠᠨ᠎ᠠ ᠭᠡᠵᠦ ᠶᠠᠷᠢᠪᠠ᠃      ᠰᠤᠪᠠᠭ ᠤᠨ ᠤᠰᠤ ᠲᠤᠩᠭᠠᠯᠠᠭ ᠤᠨ ᠤᠴᠢᠷ ᠪᠣᠯᠪᠠᠰᠤ ᠡᠬᠢ ᠰᠤᠷᠪᠤᠯᠵᠢ ᠨᠢ ᠲᠤᠩᠭᠠᠯᠠᠭ ᠲᠤᠷ       ᠤᠷᠤᠰᠢᠮᠤᠢ᠃ ᠣᠳᠣᠬᠠᠨ ᠳᠤ ᠳ᠋ᠠᠨ ᠵᠢᠶᠠᠩ ᠺᠧᠦ ᠤᠰᠤᠨ ᠴᠥᠭᠦᠷᠥᠮ ᠠᠴᠠ ᠢᠷᠡᠭᠰᠡᠨ ᠴᠢᠨᠠᠷ ᠰᠠᠶᠢᠲᠠᠢ ᠡᠮᠦᠨᠡᠲᠦ ᠶᠢᠨ ᠤᠰᠤ ᠨᠢ ᠪᠡᠭᠡᠵᠢᠩ ᠲᠢᠶᠠᠨᠵᠢᠨ ᠾᠧᠪᠧᠢ ᠾᠧᠨᠠᠨ ᠤ 20 ᠭᠠᠷᠤᠢ ᠲᠣᠮᠣ ᠳᠤᠮᠳᠠ ᠬᠡᠯᠪᠡᠷᠢ ᠶᠢᠨ ᠬᠤᠲᠠ ᠶᠢᠨ ᠭᠤᠣᠯ ᠤᠰᠤᠨ ᠰᠤᠷᠪᠤᠯᠵᠢ ᠪᠣᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号