ᠠᠷᠠᠳ ᠤᠨ ᠡᠳᠦᠷ ᠤᠨ ᠰᠣᠨᠢᠨ᠄ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ3.58 ᠲᠦᠮᠡᠨ ᠳ᠋ᠦᠩᠰᠢᠭᠤᠷ ᠲᠥᠭᠦᠷᠢᠭ  ᠪᠠᠯᠠ ᠣᠷᠣᠭᠤᠯᠪᠠ
ᠨᠡᠶᠢᠲᠡᠯᠡᠭᠰᠡᠨ ᠴᠠᠭ᠄
2021/5/25
     ︽ᠠᠷᠠᠳ ᠤᠨ ᠡᠳᠦᠷ ᠤᠨ ᠰᠣᠨᠢᠨ︾ ︵2021 ᠣᠨ ᠤ 1 ᠰᠠᠷ᠎ᠠ ᠶᠢᠨ 26᠎ ᠤ ᠡᠳᠦᠷ ᠤᠨ ᠬᠡᠪᠯᠡᠯ ᠤᠨ 14  ᠳ᠋ᠣᠭᠡᠷ ᠨᠢᠭᠤᠷ︶        ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 1 ᠰᠠᠷ᠎ᠠ ᠶᠢᠨ 25᠎ ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠰᠢᠶᠤᠤ ᠴᠢᠩ︶    ᠰᠤᠷᠪᠤᠯᠵᠢᠯᠠᠭᠴᠢ ᠪᠥᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯᠳᠤᠭᠠᠨ ᠠᠴᠠ ᠣᠶᠢᠯᠠᠭᠠᠭᠰᠠᠨ ᠨᠢ᠄ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠨᠡᠶᠢᠲᠡ 3.58 ᠲᠦᠮᠡᠨ ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠡᠨᠡ ᠨᠢ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 57%᠎ ᠪᠠᠷ ᠨᠡᠮᠡᠭᠳᠡᠵᠦ᠂ ᠶᠡᠭᠡ ᠭᠤᠣᠯ ᠮᠥᠷᠡᠨ ᠢ ᠵᠠᠰᠠᠬᠤ ᠪᠠ ᠰᠢᠵᠢᠶᠠᠩ ᠮᠥᠷᠡᠨ ᠤ ᠳ᠋ᠡ ᠲᠧᠩ ᠰᠢᠶᠠ᠂ ᠬᠤᠸᠠᠢ ᠾᠧ ᠭᠤᠣᠯ ᠤᠨ  ᠴᠦ᠋ ᠱᠠᠨ ᠳ᠋ᠢᠶᠠᠨ ᠵᠡᠷᠭᠡ ᠨᠢᠭᠡ ᠪᠦᠯᠦᠭ ᠬᠢᠵᠠᠭᠠᠷᠯᠠᠬᠤ ᠴᠢᠨᠠᠷᠲᠠᠶ  ᠭᠦᠢᠰᠦ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠭᠤᠷᠪᠠᠨ ᠬᠠᠪᠴᠢᠯ ᠤᠨ ᠢᠨᠵᠧᠨᠧᠷᠢᠩ ᠯᠤᠲᠤ ᠶᠡᠭᠡ ᠶᠡᠷᠦᠩᠬᠡᠶᠢᠯᠡᠭᠰᠡᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠪᠠ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠡᠶᠢᠳᠡ 367.42 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠲᠠᠲᠠᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠣᠷᠣᠨ ᠪᠦᠰᠡ ᠶᠢᠨ ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ᠃        ᠲᠠᠨᠢᠯᠴᠠᠭᠤᠯᠤᠭᠰᠠᠨ ᠢᠶᠠᠷ᠂ 2020 ᠣᠨ ᠳᠤ᠂ ᠮᠠᠨ ᠤ ᠤᠯᠤᠰ ᠤᠨ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ 1.7 ᠲᠦᠮᠡ ᠭᠠᠷᠤᠶ ᠺᠢᠯᠣᠮᠧᠲᠷ ᠳᠤᠮᠳᠠ ᠵᠢᠵᠢᠭ ᠭᠤᠤᠯ ᠮᠥᠷᠡᠨ ᠢ ᠵᠠᠰᠠᠵᠤ᠂ 3200 ᠭᠠᠷᠤᠶ ᠠᠶᠤᠯᠲᠠᠶ ᠤᠰᠤᠨ ᠴᠥᠭᠦᠷᠥᠮ ᠤᠨ ᠠᠶᠤᠯ ᠢ  ᠰᠢᠢᠳᠪᠦᠷᠢᠯᠡᠨ ᠪᠠᠬᠢᠵᠢᠭᠦᠯᠪᠡ︔ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠠᠬᠢᠴᠠ ᠤᠷᠤᠭᠰᠢᠲᠠᠶ       ᠪᠠᠶᠢᠵᠤ᠂  3000 ᠭᠠᠷᠤᠶ ᠲᠦᠮᠡᠨ  ᠮᠦ ᠤᠰᠤᠯᠠᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠭᠰᠡᠨ ᠪᠤᠶᠤ ᠰᠡᠷᠭᠦᠭᠡᠵᠦ᠂ ᠰᠠᠶᠢᠵᠢᠷᠠᠭᠤᠯᠵᠤ᠂ ᠵᠢᠯ ᠤᠨ ᠤᠰᠤ ᠠᠷᠪᠢᠯᠠᠬᠤ ᠴᠢᠳᠠᠪᠤᠷᠢ ᠶᠢ 18 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠡᠶᠢᠲᠡ 6 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠪᠡᠶᠡᠯᠡᠭᠦᠯᠦᠭᠰᠡᠨ ᠪᠥᠭᠡᠳ ᠵᠣᠷᠢᠭᠤᠳᠠ ᠶᠢᠨ ᠬᠥᠷᠥᠰᠥ ᠰᠢᠷᠣᠶ ᠶᠢᠨ ᠢᠳᠡᠭᠳᠡᠯ ᠤᠨ ᠠᠯᠤᠰ ᠰᠡᠷᠡᠯ ᠤᠨ ᠬᠢᠨᠠᠯᠲᠠ ᠬᠠᠮᠢᠶᠠᠷᠤᠯᠲᠠ ᠶᠢ ᠠᠩᠬ᠎ᠠ ᠤᠳᠠᠭ᠎ᠠ ᠨᠡᠶᠢᠳᠡᠮ ᠪᠦᠷᠬᠦᠭᠦᠯᠪᠡ︔ ᠤᠮᠠᠷᠠᠲᠤ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠶᠡᠷᠦᠩᠬᠡᠶᠢᠯᠡᠭᠰᠡᠨ ᠵᠠᠰᠠᠬᠤ ᠶᠢ ᠲᠦᠯᠬᠢᠨ ᠠᠬᠢᠭᠤᠯᠵᠤ᠂ ᠤᠰᠤ ᠨᠥᠬᠦᠪᠥᠷᠢᠯᠡᠬᠦ ᠭᠤᠣᠯ ᠤᠨ ᠵᠠᠮ ᠤᠨ  ᠣᠰᠣ ᠲᠠᠢ ᠭᠤᠣᠯ ᠤᠨ ᠤᠷᠳᠤ ᠨᠢ 1958 ᠺᠢᠯᠣᠮᠧᠲᠷ ᠲᠤ ᠬᠦᠷᠴᠦ᠂ ᠤᠰᠤᠨ ᠤ ᠭᠠᠳᠠᠷᠭᠤ ᠶᠢᠨ ᠲᠠᠯᠠᠪᠠᠢ ᠨᠢ 554 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠡᠭᠡᠵᠢᠩ ᠲᠢᠶᠠᠨᠵᠢᠨ ᠾᠤᠪᠸᠢ ᠶᠢᠨ ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤᠨ ᠤ ᠲᠦᠪᠰᠢᠨ  ᠵᠤᠬᠢᠬᠤ ᠬᠡᠮᠵᠢᠶ᠎ᠡ ᠪᠠᠷ ᠳᠡᠭᠡᠭᠰᠢᠯᠡᠪᠡ︔ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠤᠯᠤᠰ ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠤᠰᠤ ᠠᠷᠪᠢᠯᠠᠬᠤ ᠶᠢ ᠦᠨᠡᠯᠡᠬᠦ ᠲᠦᠷᠢᠮ ᠢ ᠭᠦᠨᠵᠡᠭᠡᠶ ᠬᠡᠷᠡᠭᠵᠢᠭᠦᠯᠪᠡ᠃        ᠬᠠᠷᠢᠭᠤᠴᠠᠭᠰᠠᠨ  ᠨᠠᠶᠢᠷᠠᠭᠤᠯᠤᠭᠴᠢ᠄     ᠸᠧᠶ ᠶᠦᠩ ᠵᠢᠩ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号