ᠳ᠋ᠠᠯᠢᠶᠠᠨ᠄ ᠤᠰᠤ ᠠᠷᠪᠢᠯᠠᠬᠤ ᠬᠡᠪ ᠰᠤᠷᠲᠠᠯ ᠢ ᠪᠠᠳᠠᠷᠠᠭᠤᠯᠵᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤ ᠠᠷᠪᠢᠯᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2021/5/25
     2021 ᠣᠨ ᠤ 5 ᠰᠠᠷ᠎ᠠ ᠶᠢᠨ 9᠎ ᠤ ᠡᠳᠦᠷ ᠠᠴᠠ 5 ᠰᠠᠷ᠎ᠠ ᠶᠢᠨ 15᠎ ᠤ ᠡᠳᠦᠷ ᠪᠣᠯᠲᠠᠯ᠎ᠠ ᠭᠤᠴᠢᠳᠡᠬᠢ ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠪᠣᠯᠤᠨ᠎ᠠ᠃ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠠᠬᠢᠭᠤᠯᠬᠤ ᠶᠢᠨ ᠲᠥᠯᠥᠭᠡ᠂ ︽ᠰᠢᠨ᠎ᠡ ᠬᠥᠭᠵᠢᠯᠲᠡ ᠶᠢᠨ ᠣᠢᠢᠯᠠᠭᠠᠭᠳᠠᠬᠤᠨ ᠢ ᠲᠤᠭᠤᠰᠢᠯᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠬᠤ︾ ᠭᠡᠬᠦ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠤᠨ ᠲᠣᠭᠤᠷᠢᠨ ᠳᠤ ᠳ᠋ᠠᠯᠢᠶᠠᠨ ᠬᠤᠳᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠳ᠋ᠠᠯᠢᠶᠠᠨ ᠬᠤᠳᠠ ᠶᠢᠨ ᠤᠰᠤ ᠠᠷᠪᠢᠯᠠᠵᠤ ᠬᠡᠷᠡᠭᠯᠡᠬᠦ ᠠᠯᠪᠠᠨ ᠭᠡᠷ ᠨᠢ ᠡᠨᠡ ᠵᠢᠯ ᠤᠨ ᠤᠰᠤ ᠠᠷᠪᠢᠯᠠᠬᠤ ᠠᠵᠢᠯ ᠲᠠᠢ ᠤᠶᠠᠯᠳᠤᠭᠤᠯᠤᠨ᠂ ᠲᠣᠬᠢᠷᠠᠮᠵᠢᠲᠠᠶ ᠤᠯᠠᠨ ᠶᠠᠩᠵᠤ ᠶᠢᠨ ᠤᠰᠤ ᠠᠷᠪᠢᠯᠠᠬᠤ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠥᠬᠦ ᠨᠡᠶᠢᠭᠡᠮ ᠳᠤ ᠤᠰᠤ ᠠᠷᠪᠢᠯᠠᠵᠤ ᠬᠡᠷᠡᠭᠯᠡᠬᠦ ᠪᠠᠭ᠎ᠠ ᠮᠡᠳᠡᠯᠭᠡ᠂ ᠪᠠᠭ᠎ᠠ ᠠᠷᠭ᠎ᠠ ᠳᠡᠮ ᠢ ᠲᠦᠭᠡᠮᠡᠯᠵᠢᠭᠦᠯᠦᠨ᠂ ︽ᠤᠰᠤ ᠠᠷᠪᠢᠯᠠᠵᠤ ᠬᠡᠷᠡᠭᠯᠡᠬᠦ ᠳᠤ ᠬᠥᠮᠦᠨ ᠪᠥᠬᠦᠨ ᠬᠠᠷᠢᠭᠤᠴᠠᠯᠭ᠎ᠠ ᠲᠠᠢ︾ ᠭᠡᠭᠦ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂ ᠪᠥᠬᠦ ᠠᠷᠠᠳ ᠤᠨ ᠤᠰᠤ ᠠᠷᠪᠢᠯᠠᠬᠤ᠂ ᠤᠰᠤ ᠶᠢ ᠬᠠᠶᠢᠷᠠᠯᠠᠬᠤ᠂ ᠤᠰᠤ ᠶᠢ ᠳᠣᠲᠣᠨᠣᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠠᠢ᠃      ᠨᠢᠭᠡ ᠳᠤ ᠤᠰᠤ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠳ᠋ᠠᠯᠢᠶᠠᠨ ᠤ ᠷᠠᠳᠢᠣ᠋ ᠲᠧᠯᠸᠢᠰ ᠬᠤᠷᠢᠶᠠᠨ ᠤ ᠰᠣᠨᠢᠨ ᠮᠡᠳᠡᠭᠡᠨ ᠤ ᠨᠡᠪᠲᠡᠷᠡᠭᠦᠯᠭᠡ ᠪᠠᠷ ᠨᠡᠪᠳᠡᠷᠡᠭᠦᠯᠪᠡ᠃ ᠳ᠋ᠠᠯᠢᠶᠠᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠪᠦᠯᠦᠭᠯᠡᠯ ᠤᠨ ᠳ᠋ᠠᠯᠢᠶᠠᠨ ᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ᠰᠣᠨᠢᠨ ᠮᠡᠳᠡᠭᠡᠨ ᠤ ᠷᠠᠳᠢᠣ᠋ ᠨᠡᠪᠲᠡᠷᠡᠭᠦᠯᠭᠡ ︵FM103.3︶ ︽ᠡᠷᠬᠡᠪᠰᠢ ᠳᠠ ᠪᠠᠶᠢᠬᠤ ᠬᠡᠷᠡᠭᠳᠠᠢ︾ ᠫᠷᠦᠭᠷᠠᠮ ᠤᠨ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠢ 5 ᠬᠤᠭᠤᠴᠠᠭ᠎ᠠ ᠦᠢᠯᠡᠳᠴᠦ᠂ ᠬᠤᠭᠤᠴᠠᠭ᠎ᠠ ᠪᠦᠷᠢ ᠶᠢ 30 ᠮᠢᠨᠦ᠋ᠲ ᠨᠡᠪᠳᠡᠷᠡᠭᠦᠯᠪᠡ᠃ ᠳ᠋ᠠᠯᠢᠶᠠᠨ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠳ᠋ᠠᠯᠢᠶᠠᠨ ᠬᠤᠲᠠ ᠶᠢᠨ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠤᠰᠤ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠵᠤ ᠪᠦᠬᠦᠢ ᠠᠵᠢᠯᠲᠠᠨ᠂ ᠯᠢᠶᠣᠤᠨᠢᠩ ᠤᠨ ᠪᠠᠭᠰᠢ ᠶᠢᠨ ᠶᠡᠭᠡ ᠰᠤᠷᠭᠠᠭᠤᠯᠢ ᠪᠣᠯᠤᠨ ᠳ᠋ᠠᠯᠢᠶᠠᠨ ᠬᠤᠲᠠ ᠶᠢᠨ ᠤᠰᠤᠨ ᠤ ᠶᠠᠪᠤᠳᠠᠯ ᠤᠨ ᠨᠡᠶᠢᠭᠡᠮᠯᠢᠭ ᠤᠨ ᠲᠤᠰᠬᠠᠶ ᠮᠡᠷᠭᠡᠵᠢᠯᠲᠡᠨ ᠡᠷᠳᠡᠮᠲᠡᠨ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠢᠢᠯᠠᠯ ᠤᠨ ᠲᠥᠯᠥᠭᠡᠯᠡᠭᠴᠢ᠂ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ᠂ ᠰᠢ ᠭᠠᠩ ᠲᠣᠭᠤᠷᠢᠭ ᠤᠨ ᠠᠷᠠᠳ ᠤᠨ ᠠᠭᠤᠳᠠᠮ ᠲᠠᠯᠠᠪᠠᠶ ᠶᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠭᠤᠭᠠᠯᠢ ᠠᠷᠠᠳ ᠤᠨ ᠲᠥᠯᠥᠭᠡᠯᠡᠭᠴᠢ ᠶᠢ ᠤᠷᠢᠵᠤ ᠰᠢᠭᠤᠳ ᠨᠡᠪᠲᠡᠷᠡᠭᠦᠯᠬᠦ ᠲᠠᠰᠤᠭ ᠲᠤ ᠣᠷᠣᠭᠤᠯᠵᠤ᠂ ︽ᠤᠰᠤ       ᠠᠷᠪᠢᠯᠠᠬᠤ︾᠎ ᠶᠢᠨ ᠠᠳᠠᠯᠢ ᠪᠤᠰᠤ ᠭᠤᠣᠯ ᠰᠡᠳᠦᠪ ᠪᠣᠯᠤᠨ ᠠᠭᠤᠯᠭ᠎ᠠ ᠶᠢᠨ ᠲᠤᠬᠠᠶ ᠰᠢᠷᠢᠰ ᠳᠦᠷᠦ ᠶᠢᠨ       ᠪᠤᠳᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠰᠤ ᠠᠷᠪᠢᠯᠠᠬᠤ ᠠᠷᠭ᠎ᠠ ᠬᠡᠯᠪᠡᠷᠢ᠂ ᠤᠰᠤ ᠠᠷᠪᠢᠯᠠᠭᠰᠠᠨ ᠦᠷ᠎ᠡ ᠪᠦᠲᠦᠭᠡᠯ ᠵᠡᠷᠭᠡ ᠠᠭᠤᠯᠭ᠎ᠠ ᠶᠢᠨ ᠳᠤᠬᠠᠢ ᠳᠠᠶᠢᠯᠤᠮᠵᠢ ᠬᠢᠵᠤ᠂ ᠤᠰᠤ ᠠᠷᠪᠢᠯᠠᠬᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠦᠭᠡᠳ᠂ ᠰᠤᠨᠤᠰᠤᠭᠴᠢᠳ ᠤᠨ ᠥᠷᠭᠡᠨ ᠳᠡᠯᠭᠡᠷ ᠬᠦᠷᠢᠶᠡᠯᠡᠯ ᠢ ᠤᠯᠪᠠ᠃ ᠡᠭᠦᠨ ᠤ ᠬᠠᠮᠲᠤ᠂ ᠳ᠋ᠠᠯᠢᠶᠠᠨ ᠤ ᠷᠠᠳᠢᠣ᠋ ᠨᠡᠪᠳᠡᠷᠡᠭᠦᠯᠭᠡ ᠶᠢᠨ ᠬᠤᠷᠢᠶ᠎ᠠ ᠶᠢᠨ ᠰᠣᠨᠢᠨ ᠮᠡᠳᠡᠭᠡᠨ ᠤ ᠷᠠᠳᠢᠣ᠋       ᠨᠡᠪᠲᠡᠷᠡᠭᠦᠯᠭᠡ ︵FM103.3︶᠎ ᠶᠢᠨ ᠸᠢᠴᠠᠲ ᠤᠨ ᠳᠠᠪᠴᠠᠩ ᠢᠶᠠᠷ 5 ᠬᠤᠭᠤᠴᠠᠭᠠᠨ ᠤ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠢ ᠦᠷᠭᠦᠯᠵᠢᠯᠡᠭᠦᠯᠦᠨ ᠳᠡᠮᠵᠢᠭᠤᠯᠵᠤ᠂ ᠸᠢᠴᠠᠲ ᠤᠨ ᠨᠠᠶᠢᠵᠠ ᠶᠢᠨ ᠲᠣᠭᠤᠷᠢᠭ ᠤᠨ ᠳᠠᠮᠵᠢᠭᠤᠯᠤᠨ ᠲᠠᠷᠬᠠᠭᠠᠬᠤ ᠦᠷ᠎ᠡ ᠪᠦᠲᠦᠮᠵᠢ ᠢᠯᠡᠳᠲᠡ ᠪᠣᠯᠪᠠ᠃ ᠳ᠋ᠠᠯᠢᠶᠠᠨ ᠬᠤᠳᠠ ᠶᠢᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠢᠢᠯᠠᠯ ᠪᠤᠯᠬᠤ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠺᠤᠮᠫᠠᠨᠢ ᠶᠢᠨ ᠺᠧ ᠺᠧᠦ ᠺᠧ ᠯᠧ ᠳ᠋ᠠᠯᠢᠶᠠᠨ ᠤ ᠺᠣᠮᠫᠠᠨᠢ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠠᠬᠢ ᠤᠰᠤ ᠠᠷᠪᠢᠯᠠᠬᠤ ᠬᠠᠮᠢᠶᠠᠷᠤᠯᠲᠠ ᠪᠠᠨ ᠲᠠᠰᠤᠷᠠᠯᠳᠠ ᠦᠭᠡᠢ ᠴᠢᠩᠭᠠᠳᠬᠠᠬᠤ ᠪᠠᠷ ᠳᠠᠮᠵᠢᠨ᠂ ᠤᠰᠤ ᠠᠷᠪᠢᠯᠠᠵᠤ ᠣᠷᠴᠢᠨ ᠳᠤᠭᠤᠷᠢᠨ ᠢ ᠬᠠᠮᠠᠭᠠᠯᠠᠬᠤ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠮᠡᠷᠭᠡᠵᠢᠯ ᠤᠨ ᠰᠢᠨᠡᠴᠢᠯᠡᠯᠲᠡ ᠶᠢ ᠴᠢᠬᠤᠯᠠᠴᠢᠯᠠᠨ᠂ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠵᠤ᠂ ᠡᠨᠧᠷᠭᠢ ᠠᠷᠪᠢᠯᠠᠵᠤ ᠤᠰᠤ ᠠᠷᠪᠢᠯᠠᠬᠤ ᠶᠢ ᠴᠢᠬᠤᠯᠠᠴᠢᠯᠠᠵᠤ᠂ ᠤᠯᠠᠨ ᠨᠡᠶᠢᠲᠡ ᠶᠢᠨ ᠤᠰᠤ ᠠᠷᠪᠢᠯᠠᠬᠤ᠂ ᠡᠨᠧᠷᠭᠢ ᠠᠷᠪᠢᠯᠠᠬᠤ ᠪᠣᠬᠢᠷᠲᠤᠯ ᠦᠭᠡᠢ ᠠᠮᠢᠳᠤᠷᠠᠯ ᠢ ᠦᠢᠯᠡᠳᠦᠯᠭᠡᠵᠢᠭᠦᠯᠬᠦ ᠶᠢ ᠪᠦᠬᠦ ᠲᠠᠯ᠎ᠠ ᠪᠠᠷ ᠤᠬᠠᠭᠤᠯᠤᠨ ᠰᠠᠨᠠᠭᠠᠴᠢᠯᠠᠪᠠ᠃ ᠳ᠋ᠦᠩ ᠭᠠᠩ ᠰᠤᠷᠭᠠᠨ ᠬᠥᠮᠦᠵᠢᠯ ᠤᠨ ᠪᠦᠯᠦᠭᠯᠡᠯ ᠺᠤᠮᠫᠠᠨᠢ ᠤᠰᠤ ᠠᠷᠪᠢᠯᠠᠬᠤ ᠶᠢ ︽ᠬᠢᠴᠢᠶᠡᠯ ᠢᠶᠠᠷ ᠬᠥᠮᠦᠨ ᠢ ᠬᠥᠮᠦᠵᠢᠭᠦᠯᠬᠦ᠂ ᠠᠵᠢᠯᠯᠠᠭ᠎ᠠ ᠪᠠᠷ ᠬᠥᠮᠦᠨ ᠢ ᠬᠥᠮᠦᠵᠢᠭᠦᠯᠬᠦ᠂ ᠦᠢᠯᠡᠳᠦᠯᠭᠡ ᠪᠠᠷ ᠬᠥᠮᠦᠨ ᠢ ᠬᠥᠮᠦᠵᠢᠭᠦᠯᠬᠦ︾ ᠪᠦᠬᠦ ᠶᠠᠪᠤᠴᠠ ᠳᠤ ᠲᠤᠤᠱᠯᠠᠭᠤᠯᠵᠤ᠂ ᠪᠠᠶᠠᠷ ᠳᠤᠷᠠᠰᠬᠠᠯ ᠤᠨ       ᠡᠳᠦᠷ᠂ ᠶᠣᠰᠣᠯᠠᠯ ᠤᠨ ᠬᠥᠮᠦᠵᠢᠯ ᠤᠨ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ ᠪᠠᠶᠠᠷ ᠳᠤᠷᠠᠰᠬᠠᠯ ᠤᠨ ᠡᠳᠦᠷ ᠵᠡᠷᠭᠡ ᠶᠢ ᠠᠰᠢᠭᠯᠠᠨ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠭᠤᠣᠯ ᠰᠡᠳᠦᠪ ᠨᠢ ᠢᠯᠡ ᠲᠣᠳᠣ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠢᠯᠡ ᠲᠣᠳᠣ ᠵᠥᠪ ᠣᠨᠣᠪᠴᠢᠲᠠᠶ ᠥᠷᠲᠡᠭ ᠤᠨ ᠤᠳᠤᠷᠢᠳᠤᠮᠵᠢ ᠪᠠᠷ ᠰᠤᠷᠤᠭᠴᠢᠳ ᠢ ᠬᠥᠲᠥᠯᠦᠨ ᠵᠢᠯᠣᠭᠤᠳᠴᠤ᠂ ᠰᠤᠷᠤᠭᠴᠢᠳ ᠤᠨ ᠤᠰᠤ ᠶᠢ ᠨᠠᠨᠳᠢᠩᠨᠠᠬᠤ᠂ ᠤᠰᠤ ᠶᠢ ᠬᠠᠶᠢᠷᠠᠯᠠᠬᠤ᠂ ᠤᠰᠤ ᠶᠢ ᠠᠷᠪᠢᠯᠠᠬᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠨᠡᠮᠡᠭᠳᠡᠭᠦᠯᠵᠤ᠂ ᠡᠯ᠎ᠡ ᠲᠥᠷᠥᠯ ᠤᠨ ᠭᠤᠤᠯ ᠰᠡᠳᠦᠪᠲᠦ ᠦᠢᠯᠡᠳᠦᠯᠭᠡ᠂ ᠬᠥᠳᠡᠯᠮᠦᠷᠢ ᠶᠢᠨ ᠦᠢᠯᠡᠳᠦᠯᠭᠡ᠂ ᠰᠤᠳᠤᠯᠤᠨ ᠰᠤᠷᠤᠯᠴᠠᠵᠤ ᠵᠢᠭᠤᠯᠴᠢᠯᠠᠬᠤ᠂ ᠰᠠᠶᠢᠨ ᠳᠤᠷᠠᠴᠤᠤᠯ ᠤᠨ ᠦᠢᠯᠡᠴᠢᠯᠡᠭᠡ ᠵᠡᠷᠭᠡ ᠶᠢ ᠥᠷᠨᠢᠭᠦᠯᠬᠦ ᠪᠠᠷ ᠳᠠᠮᠵᠢᠨ᠂ ᠰᠤᠷᠤᠭᠴᠢᠳ ᠤᠨ ᠤᠰᠤ ᠶᠢ ᠨᠠᠨᠳᠢᠩᠨᠠᠬᠤ᠂ ᠤᠰᠤ ᠶᠢ ᠬᠠᠶᠢᠷᠠᠯᠠᠬᠤ᠂ ᠤᠰᠤ ᠶᠢ ᠠᠷᠪᠢᠯᠠᠬᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠨᠡᠮᠡᠭᠳᠡᠭᠦᠯᠪᠡ᠃      ᠬᠤᠶᠠᠷ ᠲᠤ ᠤᠰᠤ ᠶᠢ ᠠᠷᠪᠢᠯᠠᠵᠤ ᠬᠡᠷᠡᠭᠯᠡᠬᠦ ᠠᠭᠤᠯᠭ᠎ᠠ ᠲᠠᠢ ᠺᠠᠷᠲ᠋ᠣᠨ ᠺᠢᠨᠣ᠋ ᠶᠢ ᠰᠢᠨ᠎ᠡ ᠵᠠᠭᠤᠴᠢᠯᠠᠭᠤᠷ ᠲᠤ ᠠᠭᠤᠰᠬᠠᠨ ᠨᠠᠪᠳᠡᠷᠡᠭᠦᠯᠪᠡ᠃ ᠤᠰᠤ ᠶᠢ ᠠᠷᠪᠢᠯᠠᠵᠤ ᠬᠡᠷᠡᠭᠯᠡᠬᠦ ᠪᠠᠭ᠎ᠠ ᠮᠡᠳᠡᠯᠭᠡ᠂ ᠪᠠᠭ᠎ᠠ ᠠᠷᠭ᠎ᠠ ᠳᠡᠮ ᠢ ᠳᠠᠮᠵᠢᠭᠤᠯᠤᠭᠰᠠᠨ 70 ᠰᠧᠺᠦ᠋ᠨ᠋ᠳ᠋ ᠤᠨ ᠺᠠᠷᠲ᠋ᠣᠨ ᠤᠬᠠᠭᠤᠯᠭ᠎ᠠ ᠶᠢᠨ ᠹᠢᠯᠢᠮ ᠢ ᠵᠣᠬᠢᠶᠠᠵᠤ᠂ ᠳ᠋ᠠᠯᠢᠶᠠᠨ ᠬᠤᠳᠠ ᠶᠢᠨ ᠤᠰᠤᠨ ᠤ ᠶᠠᠪᠤᠳᠠᠯ ᠤᠨ ᠳᠤᠪᠴᠢᠶ᠎ᠠ ᠶᠢᠨ ᠸᠢᠴᠠᠲ ᠤᠨ ᠤᠯᠠᠨ ᠨᠡᠶᠢᠲᠡ ᠶᠢᠨ ᠳᠠᠪᠴᠠᠩ᠂ ᠳ᠋ᠠᠯᠢᠶᠠᠨ ᠤ ᠰᠣᠨᠢᠨ ᠮᠡᠳᠡᠭᠡ ᠷᠠᠳᠢᠣ᠋ ᠨᠡᠪᠲᠡᠷᠡᠭᠦᠯᠭᠡ ᠶᠢᠨ ᠤᠯᠠᠨ ᠨᠡᠶᠢᠲᠡ ᠶᠢᠨ ᠳᠠᠪᠴᠠᠩ᠂ ᠬᠠᠯᠠᠮᠰᠢᠯ ᠵᠢᠭᠤᠯᠴᠢᠯᠠᠯ ᠤᠨ ᠦᠵᠡᠮᠵᠢ ᠶᠢᠨ ᠣᠷᠣᠨ ᠤ ᠤᠯᠠᠨ ᠨᠡᠶᠢᠲᠡ ᠶᠢᠨ ᠳᠠᠪᠴᠠᠩ᠂ ᠭᠠᠵᠠᠷ ᠳᠣᠣᠷᠠᠬᠢ ᠵᠢᠮᠳᠤ ᠵᠠᠮ ᠪᠣᠯᠤᠨ ᠳ᠋ᠠᠯᠢᠶᠠᠨ ᠤ ᠰᠢᠯᠵᠢᠶ᠎ᠡ ᠲᠧᠯᠸᠢᠰ ᠵᠡᠷᠭᠡ ᠪᠠᠷ ᠨᠡᠪᠲᠡᠷᠡᠭᠦᠯᠪᠡ᠃ ᠳ᠋ᠠᠯᠢᠶᠠᠨ ᠤ ᠰᠢᠯᠵᠢᠶ᠎ᠡ ᠲᠧᠯᠸᠢᠰ ᠤᠨ 89 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠱᠤᠭᠤᠮ᠂ 2400 ᠨᠡᠶᠢᠲᠡ ᠶᠢᠨ ᠮᠠᠰᠢᠨ ᠲᠡᠷᠭᠡ᠂ 2400 ᠳᠡᠯᠭᠡᠴᠡ ᠪᠠᠷ 7 ᠡᠳᠦᠷ᠂ 50 ᠤᠳᠠᠭ᠎ᠠ ᠨᠡᠪᠲᠡᠷᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠰᠢᠯᠵᠢᠶ᠎ᠡ ᠲᠧᠯᠸᠢᠰ ᠤᠨ ᠬᠡᠷᠡᠭᠯᠡᠭᠴᠢᠳ ᠤᠨ ᠲᠤᠭ᠎ᠠ ᠬᠡᠮᠵᠢᠶ᠎ᠡ ᠡᠳᠦᠷ ᠪᠦᠷᠢ 20 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠠᠶᠢᠵᠤ᠂ 7 ᠡᠳᠦᠷ ᠲᠤ ᠨᠡᠶᠢᠲᠡ 70 ᠲᠦᠮᠡᠨ ᠬᠥᠮᠦᠨ ᠤᠳᠠᠭ᠎ᠠ ᠳᠤ ᠬᠦᠷᠴᠠᠢ᠃      ᠭᠤᠷᠪᠠ ᠳᠤ ᠤᠰᠤ ᠠᠷᠪᠢᠯᠠᠬᠤ ᠡᠳᠦᠷ ᠲᠤᠲᠤᠮ ᠤᠨ ᠤᠬᠠᠭᠤᠯᠭ᠎ᠠ ᠶᠢ ᠵᠠᠩᠭᠢᠯᠠᠭ᠎ᠠ ᠶᠢᠨ ᠴᠡᠭ ᠤᠨ ᠤᠬᠠᠭᠤᠯᠭ᠎ᠠ ᠯᠤᠭ᠎ᠠ ᠤᠶᠠᠯᠳᠤᠭᠤᠯᠪᠠ᠃ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ︾᠎ ᠶᠢᠨ ᠰᠢᠭᠤᠳ ᠨᠡᠪᠲᠡᠷᠡᠭᠦᠯᠭᠡ ᠶᠢᠨ ᠫᠷᠤᠭ᠍ᠷᠠᠮ᠂ ︽ᠳ᠋ᠠᠯᠢᠶᠠᠨ ᠤ ᠡᠳᠦᠷ ᠤᠨ ᠰᠣᠨᠢᠨ︾ ︽ᠳ᠋ᠠᠯᠢᠶᠠᠨ ᠤ ᠣᠷᠣᠶ ᠶᠢᠨ ᠰᠣᠨᠢᠨ︾ ︽ᠰᠣᠯᠣᠩᠭᠤᠰ ᠬᠤᠶᠢᠭ ᠤᠨ ᠥᠷᠯᠥᠭᠡ ᠶᠢᠨ ᠰᠣᠨᠢᠨ︾ ᠵᠡᠷᠭᠡ ᠵᠠᠭᠤᠴᠢᠯᠠᠭᠤᠷ ᠢᠶᠠᠷ ᠳᠠᠮᠵᠢᠨ ᠪᠥᠬᠦ ᠬᠤᠲᠠ ᠶᠢᠨ ᠤᠰᠤ ᠶᠢ ᠠᠷᠪᠢᠯᠠᠵᠤ ᠬᠡᠷᠡᠭᠯᠡᠭᠰᠡᠨ ᠪᠠᠶᠢᠳᠠᠯ ᠢ ᠮᠡᠳᠡᠭᠡᠯᠡᠪᠡ᠃ ᠰᠠᠯᠠᠭ᠎ᠠ ᠮᠦᠴᠢᠷ ᠤᠨ ᠰᠦᠯᠵᠢᠶ᠎ᠡ᠂ ᠵᠠᠰᠠᠭ ᠤᠨ ᠣᠷᠳᠣᠨ ᠤ ᠣᠬᠤᠷ ᠮᠡᠳᠡᠭᠡᠨ ᠤ ᠲᠠᠪᠴᠠᠩ᠂ ᠸᠢᠴᠠᠲ ᠤᠨ ᠨᠡᠶᠢᠲᠡ ᠶᠢᠨ ᠳᠠᠪᠴᠠᠩ᠂ ᠭᠠᠵᠠᠷ ᠳᠣᠣᠷᠠᠬᠢ ᠵᠢᠮᠳᠤ ᠵᠠᠮ᠂ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠵᠠᠭᠤᠴᠢ ᠶᠢ ᠠᠰᠢᠭᠯᠠᠨ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾᠂ ᠪᠦᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠤᠨ ᠤᠬᠠᠭᠤᠯᠭ᠎ᠠ ᠶᠢᠨ ᠭᠤᠣᠯ ᠰᠡᠳᠦᠪ ᠪᠠ ᠤᠬᠠᠭᠤᠯᠭ᠎ᠠ ᠶᠢᠨ ᠤᠷᠢᠶ᠎ᠠ ᠶᠢ ᠨᠡᠶᠢᠲᠡᠯᠡᠵᠦ᠂ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠠᠵᠤ ᠦᠢᠯᠡᠳᠪᠦᠷᠢ ᠶᠢᠨ ᠠᠵᠤ ᠠᠬᠤᠢᠢᠯᠠᠯ ᠵᠡᠷᠭᠡ ᠲᠠᠯᠠᠪᠤᠷ ᠲᠤ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠵᠦ᠂ ᠭᠤᠣᠯ ᠰᠡᠳᠦᠪᠲᠦ ᠤᠬᠠᠭᠤᠯᠭ᠎ᠠ ᠶᠢᠨ ᠵᠢᠷᠤᠭ ᠢ ᠳᠡᠯᠭᠡᠨ ᠦᠵᠡᠭᠦᠯᠵᠤ᠂ ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠪᠥᠬᠦ ᠨᠡᠶᠢᠭᠡᠮ ᠤᠨ ᠤᠰᠤ ᠠᠷᠪᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ᠃ ᠤᠰᠤ ᠠᠷᠪᠢᠯᠠᠬᠤ ᠬᠡᠯᠪᠡᠷᠢ ᠶᠢᠨ ᠠᠵᠤ ᠠᠬᠤᠢᠢᠯᠠᠯ ︵ᠨᠢᠭᠡᠴᠢ︶᠂ ᠪᠠᠭ᠎ᠠ ᠲᠣᠭᠤᠷᠢᠭ ︵ᠨᠡᠶᠢᠭᠡᠮ ᠲᠣᠭᠤᠷᠢᠭ︶᠎ ᠢ ᠬᠥᠬᠢᠭᠦᠯᠦᠨ ᠰᠠᠶᠢᠰᠢᠶᠠᠬᠤ ᠬᠤᠷᠠᠯ ᠢ ᠬᠤᠷᠠᠯᠳᠤᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠤᠷᠮᠠᠰᠢᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠪᠡ᠃ ᠵᠦᠩ ᠱᠠᠨ ᠲᠣᠭᠤᠷᠢᠭ ᠤᠨ ᠲᠤᠤ ᠶᠤᠸᠠᠨ ᠬᠤᠳᠠᠯᠳᠤᠭᠠᠨ ᠤ ᠭᠠᠵᠠᠷ ᠤᠨ ᠠᠭᠤᠳᠠᠮ ᠲᠠᠯᠠᠪᠠᠢ ᠳᠤ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠰᠤ ᠠᠷᠪᠢᠯᠠᠬᠤ ᠤᠬᠠᠭᠤᠯᠭ᠎ᠠ ᠶᠢᠨ ᠭᠠᠷ ᠠᠪᠤᠯᠭ᠎ᠠ᠂ ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠵᠡᠷᠭᠡ ᠬᠡᠯᠪᠡᠷᠢ ᠪᠠᠷ ᠬᠤᠳᠠ ᠶᠢᠨ ᠠᠷᠠᠳ ᠲᠤ ᠤᠰᠤ ᠠᠷᠪᠢᠯᠠᠬᠤ ᠶᠢᠨ ᠴᠢᠬᠤᠯᠠ ᠴᠢᠨᠠᠷ ᠪᠣᠯᠤᠨ ᠭᠡᠷ ᠪᠦᠯᠢ ᠶᠢᠨ ᠤᠰᠤ ᠠᠷᠪᠢᠯᠠᠬᠤ ᠠᠷᠭ᠎ᠠ ᠳᠡᠮ ᠢ ᠲᠠᠨᠢᠯᠴᠠᠭᠤᠯᠵᠤ᠂ ᠬᠤᠳᠠ ᠶᠢᠨ ᠤᠯᠠᠨ ᠠᠷᠠᠳ ᠣᠷᠣᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃      ᠳᠥᠷᠪᠡ ᠳᠤ ︽ᠤᠰᠤ ᠶᠢ ᠠᠷᠪᠢᠯᠠᠵᠤ ᠬᠡᠷᠡᠭᠯᠡᠬᠦ︾ ᠪᠠᠭᠠᠴᠤᠳ ᠤᠨ ᠭᠠᠷ ᠬᠠᠭᠤᠯᠤᠮᠠᠯ ᠰᠣᠨᠢᠨ ᠤ ᠤᠷᠤᠯᠳᠤᠭᠠᠨ ᠢ ᠡᠷᠭᠢᠯᠡᠪᠡ᠃ ᠳ᠋ᠠᠯᠢᠶᠠᠨ ᠬᠤᠳᠠ ᠶᠢᠨ ᠤᠰᠤᠨ ᠤ ᠶᠠᠪᠤᠳᠠᠯ ᠤᠨ ᠳᠤᠪᠴᠢᠶ᠎ᠠ᠂ ᠳ᠋ᠠᠯᠢᠶᠠᠨ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠳ᠋ᠠᠯᠢᠶᠠᠨ ᠬᠤᠳᠠ ᠶᠢᠨ ᠬᠤᠷᠢᠶ᠎ᠠ᠂ ᠳ᠋ᠠᠯᠢᠶᠠᠨ ᠬᠤᠳᠠ ᠶᠢᠨ ᠪᠠᠭᠠᠴᠤᠳ ᠤᠨ ᠠᠵᠢᠯ ᠤᠨ ᠵᠥᠪᠯᠡᠯ ᠬᠠᠮᠳᠤᠷᠠᠨ ᠳ᠋ᠠᠯᠢᠶᠠᠨ ᠬᠤᠳᠠ ᠶᠢᠨ ︽ᠤᠰᠤ ᠶᠢ ᠠᠷᠪᠢᠯᠠᠵᠤ ᠬᠡᠷᠡᠭᠯᠡᠬᠦ︾ ᠪᠠᠭᠠᠴᠤᠳ ᠤᠨ ᠭᠠᠷ ᠬᠠᠭᠤᠯᠤᠮᠠᠯ ᠰᠣᠨᠢᠨ ᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠥᠷᠭᠡᠨ ᠤᠯᠠᠨ ᠪᠠᠭᠠᠴᠤᠳ ᠤᠷᠤᠯᠳᠤᠭᠠᠨ ᠳᠤ ᠢᠳᠡᠪᠬᠢᠲᠡᠢ ᠣᠷᠣᠯᠴᠠᠵᠤ᠂ ᠨᠡᠶᠢᠳᠡ 2000 ᠭᠠᠷᠤᠢ ᠰᠢᠯᠢᠳᠡᠭ ᠪᠦᠲᠦᠭᠡᠯ ᠢ ᠴᠤᠭᠯᠠᠭᠤᠯᠵᠤ᠂ ᠠᠵᠢᠯᠯᠠᠭ᠎ᠠ ᠨᠢ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠠᠭᠠᠴᠤᠳ ᠤᠨ ᠤᠰᠤ ᠠᠷᠪᠢᠯᠠᠬᠤ ᠳᠠᠳᠬᠠᠯ ᠢ ᠴᠢᠩᠭᠠᠳᠬᠠᠵᠤ᠂ ᠤᠰᠤ ᠠᠷᠪᠢᠯᠠᠬᠤ ᠪᠠᠷ ᠢᠷᠠᠭᠤ ᠠᠯᠳᠠᠷ ᠢᠶᠠᠨ ᠪᠣᠯᠭᠠᠬᠤ᠂ ᠪᠦᠷᠢᠯᠭᠡᠨ ᠰᠦᠢᠳᠬᠡᠬᠦ ᠪᠤᠯ ᠢᠴᠢᠭᠦᠷᠢᠲᠡᠶ ᠪᠠᠶᠢᠬᠤ ᠲᠥᠪ ᠰᠤᠷᠲᠠᠯ ᠢ ᠪᠣᠶ ᠪᠣᠯᠭᠠᠵᠤ᠂ ᠥᠷᠭᠡᠨ ᠣᠯᠠᠨ ᠪᠠᠭᠠᠴᠤᠳ ᠤᠨ ᠪᠠᠭ᠎ᠠ ᠶᠠᠪᠤᠳᠠᠯ ᠠᠴᠠ ᠡᠬᠢᠯᠡᠨ ᠬᠢᠵᠦ᠂ ᠬᠤᠪᠢ ᠪᠡᠶ᠎ᠡ ᠠᠴᠠ ᠡᠬᠢᠯᠡᠨ ᠬᠢᠬᠦ ᠶᠢ ᠰᠠᠨᠠᠭᠠᠴᠢᠯᠠᠵᠤ᠂ ︽ᠪᠠᠭ᠎ᠠ ᠭᠠᠷ ᠢᠶᠠᠷ ᠲᠣᠮᠣ ᠭᠠᠷ ᠢ ᠲᠠᠲᠠᠬᠤ︾ ᠠᠷᠭ᠎ᠠ ᠬᠡᠯᠪᠡᠷᠢ ᠪᠠᠷ ᠳᠠᠮᠵᠢᠨ ᠬᠡᠷ ᠪᠦᠯᠢ ᠶᠢ ᠨᠥᠯᠥᠭᠡᠯᠡᠵᠦ᠂ ᠳᠡᠷᠭᠡᠳᠡᠬᠢ ᠬᠥᠮᠦᠰ ᠢᠶᠠᠨ ᠨᠥᠯᠥᠭᠡᠯᠡᠨ ᠳᠠᠭᠠᠭᠤᠯᠵᠤ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠡᠩᠨᠡᠭᠡᠨ ᠳᠤ ᠣᠷᠣᠭᠤᠯᠬᠤ ᠶᠢ ᠠᠬᠢᠭᠤᠯᠪᠠ᠃ ᠰᠦᠯᠵᠢᠶ᠎ᠡ ᠪᠠᠷ ᠤᠨᠤᠭ᠎ᠠ ᠥᠭᠬᠦ ᠪᠠ ᠬᠢᠨᠠᠨ ᠰᠢᠯᠭᠠᠷᠠᠭᠤᠯᠬᠤ ᠪᠠᠷ ᠳᠡᠮᠵᠢᠨ᠂ 2021 ᠣᠨ ᠤ ᠳ᠋ᠠᠯᠢᠶᠠᠨ ᠬᠤᠲᠠ ᠶᠢᠨ ︽ᠤᠰᠤ ᠶᠢ ᠠᠷᠪᠢᠯᠠᠵᠤ ᠬᠡᠷᠡᠭᠯᠡᠬᠦ︾ ᠪᠠᠭᠠᠴᠤᠳ ᠤᠨ ᠭᠠᠷ ᠬᠠᠭᠤᠯᠤᠮᠠᠯ ᠰᠣᠨᠢᠨ ᠤ ᠤᠷᠤᠯᠳᠤᠭᠠᠨ ᠳᠤ ᠬᠠᠮᠤᠭ ᠤᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ 11᠂ ᠠᠯᠲᠠᠨ ᠱᠠᠩᠨᠠᠯ 10᠂ ᠮᠥᠩᠭᠦᠨ ᠱᠠᠩᠨᠠᠯ 20᠂ ᠭᠠᠤᠯᠢᠨ ᠱᠠᠩᠨᠠᠯ 30᠂ ᠬᠠᠮᠤᠭ ᠤᠨ ᠰᠢᠯᠢᠳᠡᠭ ᠬᠥᠮᠦᠰ ᠤᠨ ᠬᠦᠷᠢᠶᠡᠯᠡᠯ ᠢ ᠣᠯᠤᠭᠰᠠᠨ ᠱᠠᠩᠨᠠᠯ 10᠂ ᠬᠠᠮᠤᠭ ᠤᠨ ᠰᠢᠯᠢᠳᠡᠭ ᠣᠷᠣᠯᠴᠠᠭᠰᠠᠨ ᠱᠠᠩᠨᠠᠯ 10᠂ ᠬᠠᠮᠤᠭ ᠤᠨ ᠰᠢᠯᠢᠳᠡᠭ ᠡᠭᠦᠳᠦᠯᠲᠡ ᠶᠢᠨ ᠱᠠᠩᠨᠠᠯ 10᠂ ᠰᠦᠯᠵᠢᠶᠡᠨ ᠤ ᠬᠠᠮᠤᠭ ᠰᠢᠯᠢᠳᠡᠭ ᠬᠥᠮᠦᠰ ᠤᠨ ᠬᠦᠷᠢᠶᠡᠯᠡᠯ ᠢ ᠣᠯᠤᠭᠰᠠᠨ ᠱᠠᠩᠨᠠᠯ 10᠂ ᠰᠦᠯᠵᠢᠶᠡᠨ ᠤ ᠬᠠᠮᠤᠭ ᠤᠨ ᠰᠢᠯᠢᠳᠡᠭ ᠣᠷᠣᠯᠴᠠᠭᠰᠠᠨ ᠱᠠᠩᠨᠠᠯ 10᠂ ᠰᠦᠯᠵᠢᠶᠡᠨ ᠤ ᠬᠠᠮᠤᠭ ᠤᠨ ᠰᠢᠯᠢᠳᠡᠭ ᠡᠭᠦᠳᠦᠯᠲᠡ ᠶᠢᠨ ᠱᠠᠩᠨᠠᠯ 10᠎ ᠶᠢ ᠰᠢᠯᠭᠠᠷᠠᠭᠤᠯᠤᠭᠰᠠᠨ ᠪᠠᠶᠢᠨ᠎ᠠ᠃      ᠲᠠᠪᠤ ᠳᠤ ︽ᠤᠰᠤ ᠶᠢ ᠠᠷᠪᠢᠯᠠᠵᠤ ᠬᠡᠷᠡᠭᠯᠡᠬᠦ︾ ᠰᠦᠯᠵᠢᠶᠡᠨ ᠳᠡᠭᠡᠷᠡᠬᠢ ᠮᠡᠳᠡᠯᠭᠡ ᠶᠢ ᠥᠷᠢᠰᠥᠯᠳᠦᠭᠡᠨ ᠤ ᠠᠵᠢᠯᠯᠠᠭ᠎ᠠ ᠶᠢ ᠡᠷᠭᠢᠯᠡᠪᠡ᠃ ᠳ᠋ᠠᠯᠢᠶᠠᠨ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠳ᠋ᠠᠯᠢᠶᠠᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠳ᠋ᠠᠯᠢᠶᠠᠨ ᠬᠤᠲᠠ ᠶᠢᠨ ᠬᠤᠷᠢᠶᠠᠨ ᠤ ᠸᠢᠴᠠᠲ ᠤᠨ ᠨᠡᠶᠢᠲᠡ ᠶᠢᠨ ᠳᠠᠪᠴᠠᠩ ᠳᠡᠭᠡᠷ᠎ᠡ ︽ᠤᠰᠤ ᠶᠢ ᠨᠠᠨᠳᠢᠩᠨᠠᠵᠤ᠂ ᠤᠰᠤ ᠶᠢ ᠬᠠᠶᠢᠷᠠᠯᠠᠬᠤ︾ ᠤᠰᠤ ᠠᠷᠪᠢᠯᠠᠬᠤ ᠮᠡᠳᠡᠯᠭᠡ ᠶᠢᠨ ᠥᠷᠢᠰᠥᠯᠳᠦᠭᠡᠨ ᠢ ᠥᠷᠨᠢᠭᠦᠯᠵᠦ᠂ ᠪᠥᠬᠦ ᠬᠤᠲᠠ ᠶᠢᠨ 4 ᠲᠦᠮᠡ ᠰᠢᠬᠠᠮ ᠬᠥᠮᠦᠨ ᠰᠡᠳᠦᠪ ᠬᠠᠷᠢᠭᠤᠯᠬᠤ ᠳᠤ ᠣᠷᠣᠯᠴᠠᠵᠤ᠂ ᠥᠷᠭᠡᠨ ᠣᠯᠠᠨ ᠠᠷᠠᠳ ᠢᠷᠭᠡᠳ ᠤᠨ ᠤᠰᠤ ᠠᠷᠪᠢᠯᠠᠬᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠪᠥᠬᠦ ᠨᠡᠶᠢᠭᠡᠮ ᠳᠠᠶᠠᠭᠠᠷ ᠲᠤ ᠤᠰᠤ ᠶᠢ ᠨᠠᠨᠳᠢᠩᠨᠠᠬᠤ᠂ ᠤᠰᠤ ᠶᠢ ᠠᠷᠪᠢᠯᠠᠬᠤ᠂ ᠤᠰᠤ ᠶᠢ ᠬᠠᠮᠠᠭᠠᠯᠠᠬᠤ᠂ ᠤᠰᠤ ᠶᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠤᠯᠢ ᠶᠣᠰᠣᠭᠠᠷ ᠤᠰᠤ ᠶᠢ ᠵᠠᠰᠠᠬᠤ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号