5 ᠰᠠᠷ᠎ᠠ ᠶᠢᠨ 20 ᠤ ᠡᠳᠦᠷ᠂ ᠵᠢᠶᠠᠩᠰᠦ ᠱᠠᠨᠳᠦ᠋ᠩ ᠮᠤᠵᠢ ᠶᠢᠨ ᠬᠤᠭᠤᠷᠣᠨᠳᠣᠬᠢ ᠲᠠᠢ ᠡᠯ ᠵᠤᠸᠠᠩ | ᠬᠥᠭᠡᠷᠭᠡ ᠶᠢᠨ ᠥᠷᠲᠡᠭᠡᠨ ᠤ ᠤᠰᠤ ᠲᠠᠲᠠᠬᠰᠠᠨ ᠬᠡᠮᠵᠢᠶ᠎ᠡ ᠨᠢ ᠤᠨ ᠤ ᠤᠰᠤ ᠲᠠᠲᠠᠬᠤ ᠲᠥᠯᠥᠪᠯᠡᠭᠡ ᠶᠢᠨ | ᠬᠡᠮᠵᠢᠶᠡᠨ ᠳᠤ ᠬᠦᠷᠴᠤ ᠤᠰᠤ ᠳᠠᠳᠠᠬᠤ ᠪᠠᠨ ᠵᠣᠭᠰᠣᠵᠠᠶ᠂ ᠡᠨᠡ ᠨᠢ 2020 — 2021 ᠣᠨ ᠤ ᠵᠢᠶᠠᠩᠰᠦ | ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠨ ᠮᠤᠵᠢ ᠶᠢᠨ ᠭᠠᠳᠠᠨ᠎ᠠ ᠤᠰᠤ ᠵᠠᠯᠠᠬᠤ 6.74 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠤᠰᠤ ᠲᠠᠲᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ | ᠬᠠᠷᠠᠭᠤᠯᠵᠤ ᠪᠤᠢ᠃ | ᠤᠰᠤᠨ ᠠᠰᠢᠭᠯᠠᠯᠲᠠ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ ᠡᠮᠦᠨᠡᠲᠦ ᠶᠢᠨ ᠤᠰᠤ ᠶᠢ ᠤᠮᠠᠷᠠᠰᠢ | ᠲᠠᠲᠠᠬᠤ ᠵᠡᠭᠦᠨ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ 2020 2021 ᠣᠨ ᠤ | ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠯᠥᠪᠯᠡᠭᠡ ᠪᠠ ᠵᠢᠶᠠᠩᠰᠦ ᠮᠤᠵᠢ ᠶᠢᠨ ᠵᠠᠰᠠᠭ ᠤᠨ ᠣᠷᠳᠣᠨ ᠤ ᠣᠨ ᠤ | ᠤᠰᠤ ᠶᠢ ᠲᠣᠬᠢᠷᠠᠭᠤᠯᠬᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ | ᠵᠢᠶᠠᠩᠰᠦ ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠨᠢ ᠡᠮᠦᠨᠡᠲᠦ ᠶᠢᠨ ᠤᠰᠤ ᠶᠢ | ᠤᠮᠠᠷᠠᠰᠢ ᠲᠠᠲᠠᠬᠤ ᠰᠢᠨ᠎ᠡ ᠪᠠᠷ ᠪᠠᠶᠢᠭᠤᠯᠤᠭᠰᠠᠨ ᠢᠨᠵᠧᠨᠧᠷᠢᠩ ᠪᠠ ᠮᠥᠷᠡᠨ ᠤ ᠤᠰᠤ ᠶᠢ ᠤᠮᠠᠷᠠᠰᠢ ᠲᠠᠲᠠᠬᠤ | ᠢᠨᠵᠧᠨᠧᠷᠢᠩ ᠢ ︽ᠨᠢᠭᠡᠳᠦᠯᠲᠡᠶ ᠲᠣᠬᠢᠷᠠᠭᠤᠯᠵᠤ᠂ ᠬᠠᠮᠲᠤᠷᠠᠨ ᠠᠵᠢᠯᠯᠠᠭᠤᠯᠬᠤ︾ ᠵᠠᠷᠴᠢᠮ ᠶᠣᠰᠣᠭᠠᠷ᠂ 2020 | ᠣᠨ ᠤ 12 ᠰᠠᠷ᠎ᠠ ᠶᠢᠨ 23 ᠤ ᠡᠳᠦᠷ ᠠᠴᠠ ᠡᠬᠢᠯᠡᠨ ᠣᠨ ᠤ ᠤᠰᠤ ᠲᠠᠲᠠᠬᠤ ᠠᠵᠢᠯ ᠢ ᠡᠬᠢᠯᠡᠭᠦᠯᠵᠦ᠂ 2021 | ᠣᠨ ᠤ 5 ᠰᠠᠷ᠎ᠠ ᠶᠢᠨ 20 ᠤ ᠡᠳᠦᠷ ᠤᠰᠤ ᠬᠠᠩᠭᠠᠬᠤ ᠡᠭᠦᠷᠭᠡ ᠪᠠᠨ ᠤᠷᠤᠭᠰᠢᠲᠠᠶ ᠪᠡᠶᠡᠯᠡᠭᠦᠯᠪᠡ᠃ ᠮᠤᠵᠢ ᠶᠢᠨ | ᠠᠮᠢ ᠠᠬᠤᠶ ᠣᠷᠴᠢᠨ ᠲᠣᠭᠤᠷᠢᠨ᠂ ᠤᠰᠤᠨ ᠵᠦᠢ ᠶᠢᠨ ᠰᠠᠯᠠᠭ᠎ᠠ ᠮᠥᠴᠢᠷ ᠤᠨ ᠬᠢᠨᠠᠨ ᠬᠡᠮᠵᠢᠭᠰᠡᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠣᠰ ᠵᠢᠯ ᠤᠨ ᠵᠠᠯᠠᠭᠰᠠᠨ ᠤᠰᠤᠨ ᠤ ᠴᠢᠨᠠᠷ ᠨᠢ ᠤᠯᠤᠰ ᠤᠨ ᠬᠢᠨᠠᠨ | ᠰᠢᠯᠭᠠᠬᠤ ᠱᠠᠭᠠᠷᠳᠠᠯᠭ᠎ᠠ ᠳᠤ ᠨᠡᠶᠢᠴᠡᠵᠦ᠂ ᠤᠰᠤᠨ ᠤ ᠬᠡᠮᠵᠢᠶ᠎ᠡ ᠬᠢᠭᠡᠳ ᠤᠰᠤᠨ ᠤ ᠴᠢᠨᠠᠷ ᠤᠨ ᠬᠤᠤᠰ | ᠪᠠᠷᠢᠮᠵᠢᠶ᠎ᠠ ᠶᠢ ᠪᠡᠶᠡᠯᠡᠭᠦᠯᠦᠭᠰᠡᠨ ᠪᠠᠶᠢᠨ᠎ᠠ᠃ | ᠤᠰᠤ ᠵᠠᠯᠠᠬᠤ ᠬᠤᠭᠤᠴᠠᠭᠠᠨ ᠳᠤ᠂ ᠮᠤᠵᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ | ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠮ ᠳᠠᠭᠠᠤ ᠶᠢᠨ ᠣᠷᠣᠨ ᠨᠤᠲᠤᠭ ᠤᠨ ᠵᠠᠰᠠᠭ ᠤᠨ ᠣᠷᠳᠣᠨ | ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠵᠥᠪᠰᠢᠶᠡᠷᠡᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠲᠥᠰᠦᠯ ᠪᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ | ᠠᠳᠬᠤᠪᠠ᠃ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠣᠨ ᠤ ᠤᠰᠤ ᠲᠠᠲᠠᠬᠤ ᠠᠵᠢᠯ ᠢ ᠲᠤᠰᠬᠠᠶ | ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠰᠢᠨ᠎ᠡ ᠬᠠᠭᠤᠴᠢᠨ ᠢᠨᠵᠧᠨᠧᠷᠢᠩ ᠢ ᠨᠢᠭᠡᠳᠦᠯᠲᠡᠶ ᠲᠣᠬᠢᠷᠠᠭᠤᠯᠪᠠ︔ | ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠠᠵᠢᠯ ᠤᠨ ᠠᠯᠪᠠᠨ ᠬᠡᠷ ᠢ ᠵᠣᠬᠢᠶᠠᠨ ᠪᠠᠶᠢᠭᠤᠯᠵᠤ | ᠵᠣᠬᠢᠴᠠᠭᠤᠯᠬᠤ ᠪᠠᠨ ᠴᠢᠩᠭᠠᠳᠬᠠᠵᠤ᠂ ᠬᠤᠭᠤᠴᠠᠭ᠎ᠠ ᠬᠤᠪᠢᠶᠠᠨ ᠤᠰᠤ ᠲᠠᠲᠠᠬᠤ ᠶᠢ ᠬᠡᠷᠡᠭᠵᠢᠭᠦᠯᠵᠦ᠂ ᠬᠢᠨᠠᠯᠲᠠ | ᠲᠠᠯᠪᠢᠵᠤ ᠲᠣᠭᠤᠷᠢᠨ ᠪᠠᠶᠢᠴᠠᠭᠠᠬᠤ᠂ ᠤᠰᠤᠨ ᠤ ᠴᠢᠨᠠᠷ ᠢ ᠪᠠᠲᠤᠯᠠᠬᠤ᠂ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠪᠡ︔ ᠮᠤᠵᠢ ᠶᠢᠨ ᠠᠮᠢ ᠠᠬᠤᠶ | ᠤᠷᠴᠢᠨ ᠳᠤᠭᠤᠷᠢᠨ᠂ ᠵᠠᠮ ᠲᠡᠭᠡᠭᠡᠪᠦᠷᠢ᠂ ᠲᠠᠷᠢᠶᠠᠯᠠᠩ ᠬᠥᠳᠡᠭᠡ ᠲᠣᠰᠬᠤᠨ᠂ ᠴᠠᠬᠢᠯᠭᠠᠨ ᠬᠦᠴᠦ ᠵᠡᠷᠭᠡ ᠰᠠᠯᠠᠭ᠎ᠠ | ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠤᠰᠤᠨ ᠤ ᠴᠢᠨᠠᠷ ᠢ ᠬᠢᠨᠠᠨ ᠬᠡᠮᠵᠢᠬᠦ᠂ | ᠠᠶᠤᠯ ᠲᠠᠢ ᠬᠢᠮᠢ ᠶᠢᠨ ᠡᠳ᠋ ᠢ ᠲᠡᠭᠡᠭᠡᠪᠦᠷᠢᠯᠡᠬᠦ ᠶᠢ ᠴᠠᠭᠠᠵᠠᠯᠠᠬᠤ ᠶᠢ ᠬᠢᠨᠠᠨ ᠬᠠᠮᠢᠶᠠᠷᠬᠤ᠂ ᠲᠡᠵᠢᠭᠡᠨ ᠦᠷᠡᠵᠢᠭᠦᠯᠬᠦ | ᠤᠰᠤᠨ ᠴᠣᠭᠴᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠴᠠᠬᠢᠯᠭᠠᠨ ᠬᠦᠴᠦᠨ ᠢ ᠪᠠᠲᠤᠯᠠᠬᠤ ᠵᠡᠷᠭᠡ ᠠᠵᠢᠯ ᠢ | ᠢᠳᠡᠪᠬᠢᠲᠡᠶ ᠰᠠᠶᠢᠲᠤᠷ ᠬᠢᠪᠡ︔ ᠵᠢᠶᠠᠩᠰᠦ ᠶᠢᠨ ᠤᠰᠤᠨ ᠰᠤᠷᠪᠤᠯᠵᠢ ᠶᠢᠨ ᠺᠣᠮᠫᠠᠨᠢ ᠡᠮᠦᠨᠡᠲᠦ ᠶᠢᠨ ᠤᠰᠤ ᠶᠢ | ᠤᠮᠠᠷᠠᠰᠢ ᠲᠠᠲᠠᠬᠤ ᠰᠢᠨ᠎ᠡ ᠪᠠᠷ ᠪᠠᠶᠢᠭᠤᠯᠤᠭᠰᠠᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠪᠠ | ᠢᠨᠵᠧᠨᠧᠷᠢᠩ ᠤᠨ ᠬᠡᠮᠵᠢᠯᠲᠡ ᠠᠵᠢᠭᠯᠠᠯᠲᠠ ᠶᠢ ᠴᠢᠩᠭᠠᠳᠬᠠᠪᠠ︔ ᠵᠠᠮ ᠳᠠᠭᠠᠤ ᠶᠢᠨ ᠣᠷᠣᠨ ᠨᠤᠲᠤᠭ ᠤᠨ | ᠵᠠᠰᠠᠭ ᠤᠨ ᠣᠷᠳᠣᠨ ᠨᠤᠭᠤᠳ ᠬᠢᠯᠢ ᠶᠢᠨ ᠳᠣᠲᠣᠷᠠᠬᠢ ᠤᠰᠤ ᠳᠠᠮᠵᠢᠭᠤᠯᠬᠤ ᠭᠤᠤᠯ ᠱᠤᠭᠤᠮ ᠤᠨ ᠤᠰᠤ ᠬᠡᠷᠡᠭᠯᠡᠬᠦ | ᠠᠮᠠᠰᠠᠷ ᠢ ᠬᠠᠮᠢᠶᠠᠷᠤᠨ ᠡᠵᠡᠮᠳᠡᠬᠦ᠂ ᠰᠡᠭᠦᠯ ᠤᠨ ᠤᠰᠤᠨ ᠤ ᠤᠷᠤᠰᠬᠠᠯ ᠢ ᠵᠠᠯᠠᠬᠤ ᠢᠨᠵᠧᠨᠧᠷᠢᠩ ᠤᠨ ᠠᠵᠢᠯᠯᠠᠭᠠᠨ ᠤ | ᠬᠠᠮᠢᠶᠠᠷᠤᠯᠲᠠ ᠵᠢᠴᠢ ᠡᠯ᠎ᠡ ᠲᠥᠷᠥᠯ ᠤᠨ ᠵᠥᠷᠢᠴᠡᠯ ᠢ ᠠᠷᠢᠯᠭᠠᠬᠤ ᠵᠡᠷᠭᠡ ᠠᠵᠢᠯ ᠢ ᠴᠢᠩᠭᠠᠳᠬᠠᠪᠠ᠃ | ᠪᠦᠷᠢᠳᠬᠡᠯ ᠢ ᠦᠨᠳᠦᠰᠦᠯᠡᠪᠡᠯ᠂ ᠵᠢᠶᠠᠩᠰᠦ ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ | ᠢᠨᠵᠧᠨᠧᠷᠢᠩ 2013 ᠣᠨ ᠳᠤ ᠵᠢᠩᠬᠢᠨᠢ ᠪᠠᠷ ᠤᠰᠤ ᠨᠡᠪᠲᠡᠷᠡᠭᠰᠡᠨ ᠠᠴᠠ ᠨᠠᠭᠠᠰᠢ᠂ ᠮᠤᠵᠢ ᠶᠢᠨ ᠭᠠᠳᠠᠨ᠎ᠠ ᠨᠡᠶᠢᠲᠡ | 54 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠶᠢ ᠵᠠᠯᠠᠨ᠂ ᠤᠮᠠᠷᠠᠲᠤ ᠶᠢᠨ ᠤᠰᠤᠨ ᠤ ᠡᠬᠢ ᠪᠠᠶᠠᠯᠢᠭ | ᠳᠤᠲᠠᠭᠳᠠᠵᠤ ᠪᠠᠶᠢᠭ᠎ᠠ ᠪᠠᠶᠢᠳᠠᠯ ᠢ ᠪᠦᠲᠦᠮᠵᠢᠲᠡᠶ ᠪᠠᠷ ᠨᠠᠮᠳᠠᠭᠤᠯᠵᠤ᠂ ᠢᠨᠵᠧᠨᠧᠷᠢᠩ ᠤᠨ ᠦᠷ᠎ᠡ ᠠᠰᠢᠭ ᠢ ᠭᠦᠢᠴᠡᠳ | ᠪᠠᠳᠠᠷᠠᠭᠤᠯᠤᠭᠰᠠᠨ ᠪᠠᠶᠢᠨ᠎ᠠ᠃ |