ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠨᠢᠭᠤᠴᠠ ᠶᠢ ᠬᠠᠮᠠᠭᠠᠯᠠᠬᠤ ᠤᠬᠠᠭᠤᠯᠭ᠎ᠠ ᠦᠵᠡᠯ ᠤᠬᠠᠮᠰᠠᠷ ᠤᠨ ᠬᠡᠯᠪᠡᠷᠢ ᠵᠢᠴᠢ ᠬᠡᠯᠪᠡᠷᠢᠴᠢ ᠦᠵᠡᠯ ᠤᠨ ᠠᠰᠠᠭᠤᠳᠠᠯ ᠢ ᠰᠢᠢᠳᠪᠦᠷᠢᠯᠡᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/5/25
     5 ᠰᠠᠷ᠎ᠠ ᠶᠢᠨ 18 ᠤ ᠦᠳᠡ ᠶᠢᠨ ᠬᠤᠶᠢᠨ᠎ᠠ᠂ ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠯᠢᠦ ᠢᠦᠢ ᠪᠠᠶ ᠪᠥᠬᠦ ᠲᠢᠩᠬᠢᠮ ᠤᠨ ᠨᠢᠭᠤᠴᠠ ᠶᠢ ᠬᠠᠮᠠᠭᠠᠯᠠᠬᠤ᠂ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠵᠢᠴᠢ ᠬᠡᠯᠪᠡᠷᠢᠴᠢ ᠦᠵᠡᠯ ᠤᠨ ᠠᠰᠠᠭᠤᠳᠠᠯ ᠢ ᠰᠢᠢᠳᠪᠦᠷᠢᠯᠡᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠲᠢᠩᠬᠢᠮ ᠤᠨ ᠠᠯᠪᠠᠨ ᠬᠡᠷ ᠤᠨ ᠬᠠᠷᠢᠭᠤᠴᠠᠯᠭᠠᠲᠠᠨ ᠨᠦᠭᠦᠷ ᠲᠢᠩᠬᠢᠮ ᠤᠨ ᠬᠡᠯᠪᠡᠷᠢᠴᠢ ᠦᠵᠡᠯ ᠤᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠵᠢᠴᠢ ᠪᠦᠷᠢᠯᠳᠦᠬᠦᠨ ᠤ ᠨᠡᠷᠡᠰ ᠢ ᠤᠩᠰᠢᠨ ᠨᠡᠶᠢᠲᠡᠯᠡᠵᠦ᠂ ᠨᠢᠭᠤᠴᠠ ᠶᠢ ᠬᠠᠮᠠᠭᠠᠯᠠᠬᠤ᠂ ᠨᠠᠢᠮᠠᠨ ᠲᠣᠭᠲᠠᠭᠠᠯ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠦᠪᠯᠡᠯᠭᠡ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠤᠯᠪᠣᠭᠳᠠᠯ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠯᠢᠦ ᠢᠦᠢ ᠪᠠᠢ᠂ ᠨᠢᠭᠡ ᠳᠤ ᠴᠠᠭ ᠲᠤᠬᠠᠢ ᠳᠤᠨᠢ ᠤᠯᠠᠮᠵᠢᠯᠠᠵᠤ᠂ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠤᠯᠠᠮᠵᠢᠯᠠᠵᠤ᠂ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠢ︔ ᠬᠤᠶᠠᠷ ᠲᠤ ᠰᠠᠨᠠᠭᠠᠴᠢᠯᠠᠭ᠎ᠠ ᠲᠠᠢ ᠪᠠᠷ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠥᠬᠡᠶ ᠪᠠᠶᠢᠭᠰᠠᠨ ᠢ ᠰᠠᠨᠠᠭᠠᠴᠢᠯᠠᠭ᠎ᠠ ᠲᠠᠢ ᠪᠣᠯᠭᠠᠨ ᠬᠤᠪᠢᠷᠠᠭᠤᠯᠵᠤ᠂ ᠬᠤᠯᠪᠣᠭᠳᠠᠯ ᠪᠥᠬᠦᠶ ᠠᠵᠢᠯ ᠢ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ ᠵᠣᠬᠢᠴᠠᠭᠤᠯᠭ᠎ᠠ ᠪᠠᠨ ᠴᠢᠩᠭᠠᠳᠬᠠᠵᠤ᠂ ᠨᠡᠶᠢᠯᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ︔ ᠲᠦᠷᠪᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃      ᠪᠠᠶᠢᠭᠤᠯᠭ᠎ᠠ ᠶᠢᠨ ᠡᠯ᠎ᠡ ᠭᠠᠵᠠᠷ ᠳᠠᠰᠤᠭ᠂ ᠲᠢᠩᠬᠢᠮ ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠪᠠ ᠶᠡᠷᠦᠩᠬᠡᠶᠢᠯᠡᠭᠰᠡᠨ ᠪᠢᠴᠢᠭ ᠤᠨ ᠠᠵᠢᠯᠲᠠᠨ ︵ᠨᠢᠭᠤᠴᠠ ᠬᠠᠮᠠᠭᠠᠯᠠᠭᠴᠢ᠂ ᠤᠬᠠᠭᠤᠯᠤᠭᠴᠢ︶ ᠬᠤᠷᠠᠯ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号