ᠲᠢᠶᠠᠨ ᠰᠢᠤᠸᠠᠢ ᠪᠢᠨ ᠤ 2021 ᠣᠨ ᠤ ᠪᠦᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ‍ᠤᠨ‌ᠬᠤᠷᠠᠯ ᠳᠡᠭᠡᠷᠡᠬᠢ ᠳ᠋ᠦᠩᠨᠡᠯᠲᠡ ᠶᠢᠨ ᠶᠠᠷᠢᠶ᠎ᠠ
ᠨᠡᠶᠢᠲᠡᠯᠡᠭᠰᠡᠨ ᠴᠠᠭ᠄
2021/5/25
     ᠲᠢᠶᠠᠨ ᠰᠢᠤᠸᠠᠢ ᠪᠢᠨ ᠤ 2021 ᠣᠨ ᠤ ᠪᠦᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ‍ᠤᠨ‌ᠬᠤᠷᠠᠯ ᠳᠡᠭᠡᠷᠡᠬᠢ ᠳ᠋ᠦᠩᠨᠡᠯᠲᠡ ᠶᠢᠨ ᠶᠠᠷᠢᠶ᠎ᠠ                            ᠲᠢᠶᠠᠨ ᠰᠢᠤᠸᠠᠢ ᠪᠢᠨ ᠨᠥᠬᠦᠳ ᠡ᠄      ᠬᠤᠷᠠᠯ ᠳᠤ ᠣᠷᠣᠯᠴᠠᠭᠰᠠᠨ ᠪᠦᠬᠦ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ᠂ 2021 ᠣᠨ ᠤ ᠪᠦᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ   ᠨᠢ ᠡᠯ᠎ᠡ  ᠵᠥᠪᠯᠡᠬᠦ  ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠳᠠᠯ ᠦᠭᠡᠢ ᠬᠤᠷᠠᠯ ᠦᠨᠳᠦᠷᠯᠡᠬᠦ ᠭᠡᠵᠦ  ᠪᠤᠢ᠃ ᠳᠣᠣᠷ᠎ᠠ ᠪᠢ ᠬᠤᠷᠠᠯᠳᠤᠭᠠᠨ ᠤ ᠲᠤᠬᠢᠷᠠᠭᠤᠯᠤᠯᠳᠠ ᠶᠢ ᠦᠨᠳᠦᠰᠦᠯᠡᠨ  ᠲᠤᠪᠴᠢ‌‍ᠳᠦ᠋ᠩᠨᠡᠯᠲᠡ  ᠬᠢᠶ᠎ᠡ  ᠃    ᠨᠢᠭᠡ᠂ ᠬᠤᠷᠠᠯ ᠤᠨ ᠭᠤᠣᠯ ᠣᠯᠤᠯᠲᠠ ᠶᠢᠨ ᠲᠤᠬᠠᠶ      ᠲᠤᠰ ᠤᠳᠠᠭᠠᠨ ᠤ ᠬᠤᠷᠠᠯᠳᠤᠭᠠᠨ ᠪᠣᠯ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠡ ᠱᠠᠲᠤᠨ ᠳᠤ ᠣᠷᠣᠵᠤ᠂ ᠤᠰᠤᠨ ᠠᠰᠢᠭᠯᠠᠯᠲᠠ ᠶᠢᠨ ᠦᠢᠯᠡᠰ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠠᠶᠠᠨ ᠳᠤ ᠤᠷᠤᠭᠰᠠᠨ ᠤ ᠲᠠᠷᠠᠭ᠎ᠠ ᠬᠤᠷᠠᠯᠳᠤᠭᠰᠠᠨ ᠨᠢᠭᠡ ᠤᠳᠠᠭᠠᠨ ᠤ ᠴᠢᠬᠤᠯᠠ ᠬᠤᠷᠠᠯᠳᠤᠭᠠᠨ ᠪᠣᠯᠤᠨ᠎ᠠ᠃  ᠯᠢ ᠺᠧ ᠴᠢᠶᠠᠩ ᠶᠡᠷᠦᠩᠬᠡᠶ ᠰᠠᠶᠢᠳ  ᠲᠤᠰᠬᠠᠶᠢᠯᠠᠨ ᠴᠢᠬᠤᠯᠠ ᠴᠣᠬᠤᠯᠠᠪᠤᠷᠢ ᠪᠢᠴᠢᠭᠰᠡᠨ ᠨᠢ ᠤᠰᠤᠨ ᠠᠰᠢᠭᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠪᠠ ᠤᠰᠤᠨ ᠠᠰᠢᠭᠯᠠᠯᠲᠠ ᠶᠢᠨ ᠺᠠᠳ᠋ᠷ ᠠᠵᠢᠯᠴᠢᠨ ᠳᠤ ᠴᠢᠩ ᠰᠡᠳᠬᠢᠯ ᠤᠨ ᠬᠦᠰᠡᠯ  ᠨᠠᠶᠢᠳᠠᠯᠭ᠎ᠠ ᠲᠠᠯᠪᠢᠵᠤ ᠪᠠᠶᠢᠭ᠎ᠠ ᠶᠢ  ᠭᠦᠢᠴᠡᠳ ᠬᠠᠷᠠᠭᠤᠯᠤᠭᠰᠠᠨ ᠪᠠᠶᠢᠨ᠎ᠠ᠃ ᠧ ᠵᠢᠩ  ᠫᠢᠩ ᠰᠠᠶᠢᠳ ᠪᠦᠬᠦ ᠲᠠᠯ᠎ᠠ ᠪᠠᠷ ᠰᠢᠰᠲ᠋ᠧᠮ ᠲᠠᠢ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠭᠦᠨᠵᠡᠭᠡᠶ  ᠶᠠᠷᠢᠯᠴᠠᠭ᠎ᠠ ᠦᠷᠨᠢᠬᠦᠯᠪᠡ᠃ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠬᠤᠷᠠᠯ ᠢ  ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠬᠤᠷᠠᠯ ᠤᠨ ᠴᠠᠭ ᠢ ᠪᠠᠭᠠᠰᠬᠠᠨ᠂ ᠵᠥᠪᠯᠡᠬᠦ  ᠵᠦᠢᠯ ᠢ ᠨᠠᠩ ᠠᠪᠴᠠᠯᠳᠣᠭᠤᠯᠣᠨ᠂ ᠬᠤᠷᠠᠯ ᠤᠨ ᠰᠤᠷᠲᠠᠯ  ᠨᠠᠩ ᠪᠣᠳᠠᠲᠠᠶ ᠶᠢ ᠡᠷᠬᠢᠮᠯᠡᠭᠰᠡᠨ ᠪᠠᠶᠢᠨ᠎ᠠ᠃ ᠰᠠᠶ᠋ᠢᠬᠠᠨ 5 ᠨᠢᠭᠡᠴᠡ ᠠᠳᠠᠯᠢ ᠪᠤᠰᠤ ᠲᠠᠯ᠎ᠠ ᠠᠴᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ 7 ᠳᠤᠭᠤᠶᠢᠯᠠᠩ ᠤᠨ ᠬᠤᠷᠠᠯᠳᠤᠭᠤᠯᠤᠭᠴᠢ ᠳᠤᠭᠤᠶᠢᠯᠠᠩ ᠬᠤᠪᠢᠶᠠᠨ ᠶᠠᠷᠢᠯᠴᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠮᠠᠰᠢ ᠰᠠᠶᠢᠨ ᠶᠠᠷᠢᠵᠠᠶ᠃ ᠶᠡᠷᠦᠩᠬᠡᠶ ᠳᠤᠨᠢ ᠠᠪᠴᠤ ᠦᠵᠡᠪᠡᠯ᠂ ᠡᠨᠡ ᠤᠳᠠᠭᠠᠨ ᠤ ᠬᠤᠷᠠᠯ ᠵᠢᠱᠢᠭᠰᠡᠨ ᠬᠠᠷᠠᠯᠲᠠ ᠳᠠᠭᠠᠨ ᠬᠦᠷᠴᠦ᠂ ᠰᠢᠨ᠎ᠡ ᠡᠬᠢᠯᠡᠯᠲᠡ ᠠᠴᠠ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠤᠬᠠᠭᠠᠯᠠᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠢᠶᠠᠩᠭᠤᠶᠢᠯᠠᠭᠠᠳ ᠬᠡᠯᠡᠪᠡᠯ᠂ ᠣᠯᠠᠨ ᠢᠶᠠᠷ ᠢᠶᠠᠨ ᠴᠥᠮ ᠳᠣᠣᠷᠠᠬᠢ ᠮᠡᠲᠦ ᠣᠯᠤᠯᠲᠠ ᠲᠠᠢ ᠭᠡᠵᠦ ᠦᠵᠡᠵᠦ ᠪᠠᠶᠢᠨ᠎ᠠ᠃      ᠨᠢᠭᠡ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠰᠤ ᠶᠢ ᠵᠠᠰᠠᠵᠤ ᠤᠰᠤ ᠶᠢ ᠬᠥᠭᠵᠢᠭᠦᠯᠬᠦ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ  ᠲᠠᠯ᠎ᠠ ᠪᠠᠷ ᠲᠤᠤᠱᠯᠠᠭᠤᠯᠪᠠ᠃ ᠣᠯᠠᠨ ᠢᠶᠠᠷ ᠢᠶᠠᠨ᠂ ᠧ ᠵᠢᠩ ᠫᠢᠩ ᠰᠠᠶᠢᠳ ᠤᠨ ᠶᠠᠷᠢᠶ᠎ᠠ  ᠳᠤ ᠰᠢ ᠶᠢᠨ ᠫᠢᠩ ᠶᠡᠷᠦᠩᠬᠡᠶ ᠱᠦᠵᠢ ᠶᠢᠨ ︽3·14︾ ︽9· 18︾ ︽1· 03︾ ᠵᠡᠷᠭᠡ ᠴᠢᠬᠤᠯᠠ ᠶᠠᠷᠢᠶᠠᠨ ᠤ ᠵᠣᠷᠢᠭ ᠰᠠᠨᠠᠭ᠎ᠠ   ᠶᠢ ᠪᠦᠬᠦ ᠵᠤᠬᠢᠶᠠᠯ ᠳᠤ ᠲᠤᠤᠱᠯᠠᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠠᠬᠢᠨ ᠰᠤᠷᠤᠯᠴᠠᠵᠤ᠂ ᠳᠠᠬᠢᠨ  ᠲᠠᠶᠢᠯᠪᠤᠷᠢᠯᠠᠵᠠᠢ᠂  ᠮᠦᠨ ᠴᠦ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠳᠠᠬᠢᠨ ᠳᠠᠶᠢᠴᠢᠯᠠᠯᠲᠠ᠂ ᠳᠠᠬᠢᠨ ᠪᠠᠶᠢᠷᠢᠯᠠᠭᠤᠯᠤᠯᠲᠠ ᠮᠥᠨ᠂ ᠡᠨᠡ ᠨᠢ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠬᠤᠶᠠᠷ ᠢ       ᠬᠦᠷᠢᠶᠡᠯᠡᠬᠦ︾ ᠶᠢ ᠲᠦᠷᠦᠭᠦᠯᠡᠨ ᠪᠡᠶᠡᠯᠡᠭᠦᠯᠬᠦ ᠤᠯᠤᠰ ᠲᠥᠷᠥ ᠶᠢᠨ ᠡᠭᠦᠷᠭᠡᠯᠡᠯ ᠪᠠ ᠤᠯᠤᠰ ᠲᠥᠷᠥ ᠶᠢᠨ ᠪᠠᠶᠢᠭᠤᠯᠭ᠎ᠠ ᠶᠢᠨ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠠᠵᠢᠯᠯᠠᠭᠠᠨ ᠤ ᠤᠬᠠᠮᠰᠠᠷ ᠢ ᠭᠦᠢᠴᠡᠳ ᠬᠠᠷᠠᠭᠤᠯᠵᠠᠶ᠃ ᠤᠯᠠᠨ ᠢᠶᠠᠷ ᠢᠶᠠᠨ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ  ᠪᠠᠷᠢᠮᠵᠢᠶ᠎ᠠ ᠯᠤᠭ᠎ᠠ ᠬᠠᠷᠭᠤᠭᠤᠯᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠤᠰᠤᠨ ᠠᠰᠢᠭᠯᠠᠯᠲᠠ ᠶᠢᠨ ᠠᠵᠢᠯ ᠢ ᠲᠥᠯᠥᠪᠵᠢᠭᠦᠯᠵᠦ᠂ ᠪᠠᠶᠢᠷᠢᠯᠠᠭᠤᠯᠵᠤ᠂ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠳᠡᠭ ᠢ ᠭᠦᠨᠵᠡᠭᠡᠢ ᠲᠠᠨᠢᠵᠤ ᠤᠯᠪᠠ᠃      ᠬᠤᠶᠠᠷ ᠲᠤ 2020 ᠣᠨ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠤᠰᠤᠨ ᠠᠰᠢᠭᠯᠠᠯᠲᠠ ᠶᠢᠨ ᠠᠵᠢᠯ ᠤᠨ ᠦᠷ᠎ᠡ ᠪᠦᠲᠦᠮᠵᠢ ᠲᠤᠷᠰᠢᠯᠭ᠎ᠠ ᠶᠢ ᠰᠢᠰᠲ᠋ᠧᠮ ᠲᠠᠢ ᠪᠠᠷ ᠳ᠋ᠦᠩᠨᠡᠪᠡ᠃ ᠧ  ᠵᠢᠩ ᠫᠢᠩ ᠰᠠᠶᠢᠳ ᠤᠨ ᠶᠠᠷᠢᠶ᠎ᠠ ᠨᠢ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ︽ᠵᠢᠷᠭᠤᠭᠠᠨ ᠡᠷᠬᠡᠪᠰᠢ︾ ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠨᠠᠷᠢᠨ ᠲᠣᠳᠣᠷᠬᠠᠢ ᠬᠤᠷᠢᠶᠠᠩᠭᠤᠶᠢᠯᠠᠵᠠᠢ᠃ ᠤᠢᠢᠷ᠎ᠠ ᠶᠢᠨ ᠵᠢᠯ ᠤᠳ ᠲᠤ ᠤᠰᠤᠨ ᠠᠰᠢᠭᠯᠠᠯᠲᠠ ᠶᠢᠨ ᠠᠵᠢᠯ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠶᠡᠭᠡ ᠶᠠᠪᠤᠳᠠᠯ ᠢ ᠪᠦᠲᠦᠭᠡᠵᠦ᠂ ᠮᠠᠰᠢ ᠤᠯᠠᠨ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠤᠯᠵᠤ᠂ ᠤᠰᠤᠨ ᠠᠰᠢᠭᠯᠠᠯᠲᠠ ᠶᠢᠨ ᠦᠢᠯᠡᠰ ᠲᠤ ᠰᠢᠰᠲ᠋ᠧᠮᠲᠦ ᠴᠢᠨᠠᠷᠲᠠᠶ᠂ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠶ ᠭᠡᠵᠦ ᠤᠯᠠᠨ ᠢᠶᠠᠷ ᠢᠶᠠᠨ ᠨᠡᠶᠢᠳᠡᠮ ᠦᠵᠡᠵᠦ ᠪᠠᠶᠢᠨ᠎ᠠ᠃ ᠡᠶᠢᠮᠦ ᠠᠮᠵᠢᠯᠲᠠ ᠶᠢ ᠣᠯᠵᠤ ᠴᠢᠳᠠᠭᠰᠠᠨ ᠤ ᠦᠨᠳᠦᠰᠦ ᠨᠢ ︽ᠬᠤᠶᠠᠷ ᠢ  ᠬᠦᠷᠢᠶᠡᠯᠡᠬᠦ︾ ᠶᠢ ᠡᠷᠡᠰ       ᠪᠡᠶᠡᠯᠡᠭᠦᠯᠵᠦ᠂ ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ ᠰᠡᠳᠬᠢᠴᠡ ᠶᠢ ᠭᠦᠨᠵᠡᠭᠡᠢ  ᠨᠠᠶᠢᠳᠠᠪᠤᠷᠢᠵᠢᠭᠤᠯᠤᠭᠰᠠᠨ ᠳᠤ ᠪᠤᠢ᠂ ᠵᠠᠩᠭᠢᠯᠠᠭ᠎ᠠ ᠨᠢ ᠤᠰᠤ ᠵᠠᠰᠠᠬᠤ ᠭᠤᠣᠯ ᠵᠥᠷᠢᠴᠡᠯ ᠢ ᠣᠨᠣᠪᠴᠢᠲᠠᠢ       ᠡᠵᠡᠮᠳᠡᠵᠦ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠭᠦᠨᠵᠡᠭᠡᠢ ᠦᠢᠯᠡᠳᠦᠯᠭᠡᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ ᠠᠵᠢᠯᠯᠠᠬᠤ ᠠᠷᠭ᠎ᠠ ᠪᠣᠯᠤᠨ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠳᠤ ᠲᠦᠰᠢᠭᠯᠡᠬᠦ ᠳᠤ ᠪᠤᠢ᠃ ᠡᠳᠡᠭᠡᠷ ᠵᠢᠮ᠎ᠡ ᠶᠣᠰᠣᠴᠢ ᠴᠢᠨᠠᠷᠲᠠᠶ ᠲᠠᠨᠢᠯᠲᠠ ᠪᠣᠯ ᠪᠢᠳᠡᠨ ᠤ ᠬᠤᠷᠠᠮᠳᠤᠭᠤᠯᠤᠭᠰᠠᠨ ᠡᠷᠬᠢᠮ ᠨᠠᠨᠳᠢᠨ ᠡᠳ᠋ ᠪᠠᠶᠠᠯᠢᠭ ᠮᠥᠨ᠂ ᠤᠰᠤᠨ ᠠᠰᠢᠭᠯᠠᠯᠲᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠴᠢᠬᠤᠯᠠ ᠡᠷᠳᠡᠨᠢ ᠮᠥᠨ᠂ ᠡᠭᠦᠨ ᠢ ᠤᠷᠳᠤ ᠬᠤᠭᠤᠴᠠᠭ᠎ᠠ ᠪᠠᠷ ᠪᠠᠷᠢᠮᠲᠠᠯᠠᠨ ᠪᠠᠳᠠᠷᠠᠭᠤᠯᠬᠤ ᠴᠢᠬᠤᠯᠠᠲᠠᠶ ᠶᠤᠮ᠃      ᠭᠤᠷᠪᠠ ᠳᠤ ᠰᠢᠨ᠎ᠡ ᠱᠠᠲᠤᠨ ᠳᠠᠬᠢ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠤᠨ ᠱᠠᠭᠠᠷᠳᠠᠯᠭ᠎ᠠ ᠶᠢ ᠭᠦᠨᠵᠡᠭᠡᠶ ᠵᠠᠳᠠᠯᠪᠠ᠃ ᠧ  ᠵᠢᠩ ᠫᠢᠩ‌‍ᠰᠠᠶᠢᠳ ᠤᠨ ᠶᠠᠷᠢᠶ᠎ᠠ ᠨᠢ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ       ᠤᠶᠠᠯᠳᠤᠭᠤᠯᠤᠨ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠶ ᠵᠠᠳᠠᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠤᠰᠤᠨ ᠠᠰᠢᠭᠯᠠᠯᠲᠠ ᠶᠢᠨ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠡᠶ᠃ ᠧ  ᠵᠢᠩ ᠫᠢᠩ ᠰᠠᠶᠢᠳ  ᠤᠨ ᠶᠠᠷᠢᠶ᠎ᠠ ᠨᠢ ᠤᠰᠤᠨ ᠠᠰᠢᠭᠯᠠᠯᠲᠠ ᠶᠢᠨ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠠᠬᠢ ᠰᠢᠨ᠎ᠡ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠰᠢᠨ᠎ᠡ ᠱᠠᠳᠤ ᠦᠶ᠎ᠡ ᠰᠢᠨ᠎ᠡ ᠱᠠᠭᠠᠷᠳᠠᠯᠭ᠎ᠠ ᠳᠣᠣᠷᠠᠬᠢ ᠤᠰᠤᠨ ᠠᠰᠢᠭᠯᠠᠯᠲᠠ ᠶᠢᠨ ᠠᠵᠢᠯ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠵᠡᠷᠭᠡ ᠴᠢᠬᠤᠯᠠ ᠶᠡᠭᠡ ᠠᠰᠠᠭᠤᠳᠠᠯ ᠳᠤ ᠬᠠᠷᠢᠭᠤᠯᠲᠠ ᠥᠭᠴᠦ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠭᠠᠷᠤᠭ᠎ᠠ ᠳᠡᠭᠡᠷ᠎ᠡ ᠨᠢᠭᠡᠳᠦᠭᠡᠷ ᠠᠯᠬᠤᠮ ᠢᠶᠠᠨ ᠰᠠᠶᠢᠲᠤᠷ ᠠᠯᠬᠤᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ ᠭᠡᠵᠦ ᠤᠯᠠᠨ ᠢᠶᠠᠷ ᠢᠶᠠᠨ ᠨᠡᠶᠢᠳᠡᠮ ᠦᠵᠡᠵᠦ ᠪᠤᠢ᠃ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠰᠢᠨ᠎ᠡ ᠡᠭᠦᠷᠭᠡ ᠶᠢ ᠴᠢᠩᠭ᠎ᠠ  ᠠᠩᠬᠠᠷᠣᠨ᠂ ᠰᠢᠨ᠎ᠡ ᠪᠠᠶᠢᠳᠠᠯ ᠢ ᠲᠣᠳᠣᠷᠬᠠᠶ ᠲᠠᠨᠢᠵᠤ᠂ ᠰᠢᠨ᠎ᠡ ᠣᠷᠣᠨ ᠪᠠᠶᠢᠷᠢ ᠪᠠᠨ ᠣᠨᠣᠪᠴᠢᠲᠠᠶ ᠣᠯᠣᠨ᠂ ᠠᠵᠠ ᠲᠣᠬᠢᠶᠠᠯ ᠢ ᠰᠠᠨᠠᠭᠠᠴᠢᠯᠠᠭ᠎ᠠ ᠠᠴᠠ ᠪᠠᠨ ᠠᠳᠬᠤᠵᠤ᠂ ᠥᠷᠢᠰᠥᠯᠳᠦᠭᠡᠨ ᠢ ᠢᠳᠡᠪᠬᠢᠲᠡᠶ ᠪᠠᠷ ᠠᠷᠭᠠᠴᠠᠨ᠂ ᠤᠰᠤᠨ ᠠᠰᠢᠭᠯᠠᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃      ᠲᠦᠷᠪᠡ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠪᠡ᠃ ᠧ ᠵᠢᠩ ᠫᠢᠩ ᠰᠠᠶᠢᠳ ᠤᠨ ᠶᠠᠷᠢᠶ᠎ᠠ ᠨᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ᠂ ᠭᠤᠣᠯ ᠬᠠᠷᠠᠯᠲᠠ ᠶᠢ ᠲᠣᠳᠣᠷᠬᠠᠶ ᠳᠤᠷᠠᠳᠤᠨ ᠭᠠᠷᠭᠠᠵᠤ᠂ ᠰᠢᠰᠲ᠋ᠧᠮᠵᠢᠭᠦᠯᠬᠦ᠂ ᠬᠠᠮᠵᠢᠯᠴᠠᠭᠤᠯᠬᠤ᠂ ᠠᠮᠢ ᠠᠬᠤᠶᠢᠵᠢᠭᠤᠯᠬᠤ᠂ ᠤᠶᠤᠨᠵᠢᠭᠤᠯᠬᠤ ᠵᠡᠷᠭᠡ ᠲᠠᠯ᠎ᠠ ᠠᠴᠠ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠬᠢᠭᠡᠳ ᠥᠩᠭᠡᠷᠡᠭᠰᠡᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠢᠯᠡᠳᠲᠡ ᠢᠯᠭᠠᠭ᠎ᠠ ᠶᠢ ᠵᠠᠳᠠᠯᠤᠨ ᠰᠢᠨᠵᠢᠯᠡᠵᠦ᠂ ᠪᠠᠶᠢᠩᠭᠤᠵᠢᠭᠤᠯᠬᠤ᠂ ᠵᠢᠷᠤᠮᠵᠢᠭᠤᠯᠬᠤ᠂ ᠬᠠᠤᠯᠢᠵᠢᠭᠤᠯᠬᠤ ᠵᠡᠷᠭᠡ ᠲᠠᠯ᠎ᠠ ᠠᠴᠠ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠴᠢᠭᠯᠡᠯ ᠪᠠ ᠠᠷᠭ᠎ᠠ ᠵᠠᠮ ᠢ ᠲᠣᠳᠣᠷᠬᠠᠶᠢᠯᠠᠪᠠ᠃ ᠧ ᠵᠢᠩ ᠫᠢᠩ ᠰᠠᠶᠢᠳ ᠤᠨ ᠶᠠᠷᠢᠶ᠎ᠠ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠪᠥᠬᠦ ᠲᠠᠯ᠎ᠠ ᠪᠠᠷ ᠲᠥᠯᠥᠪᠵᠢᠭᠦᠯᠬᠦ ᠪᠠ ᠭᠤᠤᠯᠳᠠᠯᠭ᠎ᠠ ᠶᠢ ᠳᠣᠪᠤᠶᠢᠯᠭᠠᠬᠤ ᠶᠢ ᠬᠠᠷᠢᠯᠴᠠᠨ ᠵᠣᠬᠢᠴᠠᠭᠤᠯᠬᠤ ᠶᠢ  ᠪᠠᠷᠢᠮᠲᠠᠯᠠᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠳᠤ ᠳᠡᠭᠡᠳᠦ ᠵᠡᠷᠭᠡᠯᠡᠯ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠡᠶ ᠭᠡᠵᠦ ᠣᠯᠠᠨ ᠢᠶᠠᠷ ᠢᠶᠠᠨ ᠨᠡᠶᠢᠳᠡᠮ ᠦᠵᠡᠵᠦ ᠪᠠᠶᠢᠨ᠎ᠠ᠃ ᠡᠷᠬᠡᠪᠰᠢ ᠰᠢᠨ᠎ᠡ ᠱᠠᠲᠤᠨ ᠳᠤ ᠤᠷᠤᠭᠰᠠᠨ ᠤ ᠳᠠᠷᠠᠭ᠎ᠠ ᠳᠤᠲᠠᠭᠤᠳᠠᠯ ᠢ ᠨᠥᠬᠦᠪᠥᠷᠢᠯᠡᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠰᠢᠨ᠎ᠡ ᠣᠨᠴᠠᠯᠢᠭ ᠢ ᠣᠨᠣᠪᠴᠢᠲᠠᠶ ᠡᠵᠡᠮᠳᠡᠵᠦ᠂ ︽ᠪᠦᠬᠦ ᠤᠯᠤᠰ ᠢᠶᠠᠷ ᠢᠶᠠᠨ ᠨᠢᠭᠡᠨ ᠬᠥᠯᠭᠡ ᠰᠢᠲᠠᠷ᠎ᠠ︾ ᠶᠢᠨ ᠶᠡᠷᠦᠩᠬᠡᠶ ᠪᠣᠳᠣᠯᠬᠢᠯᠠᠯ ᠳᠣᠣᠷ᠎ᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠲᠥᠯᠥᠪᠯᠡᠵᠦ᠂ ᠰᠠᠶᠢᠲᠤᠷ ᠲᠣᠭᠲᠠᠭᠠᠵᠤ᠂ ᠰᠠᠶᠢᠲᠤᠷ ᠬᠡᠷᠡᠭᠵᠢᠭᠦᠯᠵᠦ᠂ ᠠᠤᠭ᠎ᠠ ᠲᠥᠰᠦᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠬᠤ ᠬᠡᠷᠡᠭᠲᠡᠶ᠃      ᠲᠠᠪᠤ ᠳᠤ 2021 ᠣᠨ ᠤ ᠤᠰᠤᠨ ᠠᠰᠢᠭᠯᠠᠯᠲᠠ ᠶᠢᠨ  ᠡᠯ᠎ᠡ ᠵᠦᠢᠯ ‍ᠤᠨ‌ᠠᠵᠢᠯ ᠢ ᠰᠠᠶᠢᠲᠤᠷ ᠬᠢᠬᠦ ᠬᠠᠷᠠᠯᠲᠠ ᠡᠭᠦᠷᠭᠡ ᠶᠢ ᠲᠣᠳᠣᠷᠬᠠᠶ ᠳᠤᠷᠠᠳᠤᠨ ᠭᠠᠷᠭᠠᠪᠠ᠃ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠪᠣᠯᠤᠨ᠎ᠠ᠂ ᠮᠥᠨᠴᠦ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ 2021 ᠣᠨ ᠤ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠨᠢ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠤᠮ᠃  ᠧ ᠵᠢᠩ ᠫᠢᠩ  ᠰᠠᠶᠢᠳ ᠤᠨ ᠶᠠᠷᠢᠶ᠎ᠠ ᠨᠢ ᠰᠠᠶᠢᠨ ᠡᠬᠢᠯᠡᠯᠲᠡ   ᠶᠢ ᠡᠬᠢᠯᠡᠨ᠂  ᠠᠩᠬᠠᠨ ᠤ  ᠠᠯᠬᠤᠮ ᠢ ᠰᠠᠶᠢᠳᠣᠷ ᠠᠯᠬᠤᠬᠤ ᠶᠢᠨ ᠲᠤᠭᠤᠷᠢᠨ ᠳᠤ ᠪᠦᠬᠦ ᠵᠢᠯ ᠤᠨ ᠤᠰᠤᠨ ᠠᠰᠢᠭᠯᠠᠯᠲᠠ ᠶᠢᠨ ᠠᠵᠢᠯ ᠳᠤ ᠨᠠᠷᠢᠨ ᠨᠢᠭᠲᠠ ᠪᠠᠶᠢᠷᠢᠯᠠᠭᠤᠯᠤᠯᠲᠠ ᠬᠢᠵᠦ᠂ ᠪᠦᠬᠦ ᠵᠢᠯ ᠤᠨ ᠠᠵᠢᠯ ᠤᠨ ᠶᠡᠷᠦᠩᠬᠡᠢ ᠬᠠᠷᠠᠯᠲᠠ᠂ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠢᠶᠠᠷ ᠪᠠᠷᠠᠬᠤ ᠦᠭᠡᠢ ᠪᠠᠰᠠ ᠪᠣᠳᠠᠲᠠᠢ ᠠᠵᠢᠯ ᠤᠨ  ᠡᠷᠬᠡᠪᠰᠢ ᠭᠦᠢᠴᠡᠳᠬᠡᠬᠦ ᠲᠤᠭ᠎ᠠ᠂  ᠡᠷᠬᠡᠪᠰᠢ ᠭᠦᠢᠴᠡᠳᠬᠡᠬᠦ ᠡᠭᠦᠷᠭᠡ ᠶᠢ ᠳᠤᠷᠠᠳᠴᠤ᠂ ᠮᠠᠰᠢ ᠴᠢᠩᠭ᠎ᠠ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠵᠠᠢ᠃  ᠡᠳᠡᠭᠡᠷ ᠠᠵᠢᠯ ᠤᠨ ᠪᠠᠶᠢᠷᠢᠯᠠᠭᠤᠯᠤᠯᠲᠠ ᠨᠢ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠪᠲᠤᠯᠤᠯᠲᠠ ᠶᠢᠨ ᠴᠡᠭ ᠪᠣᠯᠤᠨ ᠬᠦᠴᠦᠯᠡᠴᠡ ᠶᠢᠨ ᠴᠡᠭ ᠢ ᠣᠨᠣᠪᠴᠢᠲᠠᠢ ᠣᠯᠵᠤ᠂ ᠤᠰᠤᠨ ᠠᠰᠢᠭᠯᠠᠯᠲᠠ ᠶᠢᠨ ᠰᠠᠭᠤᠷᠢ ᠶᠢ ᠪᠠᠬᠢᠵᠢᠭᠦᠯᠬᠦ᠂ ᠭᠤᠣᠯᠳᠠᠯᠭ᠎ᠠ ᠲᠠᠢ ᠰᠢᠪᠲᠤᠯᠤᠯᠲᠠ ᠶᠢ ᠠᠬᠢᠭᠤᠯᠬᠤ᠂ ᠬᠥᠭᠵᠢᠯᠲᠡ ᠶᠢᠨ ᠬᠠᠨᠳᠤᠰᠢ ᠶᠢ ᠬᠤᠷᠠᠮᠳᠤᠭᠤᠯᠬᠤ ᠳᠤ ᠴᠢᠬᠤᠯᠠ ᠦᠢᠯᠡᠳᠦᠯ ᠲᠠᠢ  ᠪᠠᠶᠢᠵᠤ ᠡᠷᠬᠡᠪᠰᠢ ᠬᠤᠷᠠᠯ ᠤᠨ ᠪᠠᠶᠢᠷᠢᠯᠠᠭᠤᠯᠤᠯᠲᠠ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ᠂ ᠨᠢᠭᠡ ᠯᠡ ᠠᠮᠢᠰᠬᠤᠭ᠎ᠠ ᠪᠠᠷ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠤᠯᠠᠨ ᠢᠶᠠᠷ ᠢᠶᠠᠨ ᠨᠡᠶᠢᠳᠡᠮ ᠦᠵᠡᠵᠦ ᠪᠤᠢ᠃      ᠵᠢᠷᠭᠤᠭ᠎ᠠ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠪᠠ᠃ ᠧ ᠵᠢᠩ ᠫᠢᠩ  ᠰᠠᠶᠢᠳ ᠶᠠᠷᠢᠶᠠᠨ ᠳᠠᠭᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠦᠷ᠎ᠡ ᠪᠦᠲᠦᠮᠵᠢ ᠶᠢ ᠲᠤᠰᠬᠠᠢ ᠳ᠋ᠦᠩᠨᠡᠨ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠡᠯ᠎ᠡ ᠵᠦᠢᠯ ᠤᠨ ᠠᠵᠢᠯ ᠢ ᠪᠠᠶᠢᠷᠢᠯᠠᠭᠤᠯᠵᠤ᠂ ᠪᠦᠬᠦ ᠠᠵᠢᠯ ᠲᠦᠷᠦᠯ ᠤᠨ ᠬᠢᠨ ᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠪᠠ᠃ ᠤᠯᠠᠨ ᠢᠶᠠᠷ ᠢᠶᠠᠨ᠂  ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠤᠯᠤᠰ ᠪᠣᠯᠤᠨ ᠦᠨᠳᠦᠰᠦᠲᠡᠨ ᠤ ᠬᠥᠭᠵᠢᠨ ᠮᠠᠨᠳᠤᠬᠤ ᠶᠢᠨ ᠦᠨᠳᠦᠰᠦᠨ ᠵᠦᠢᠯ ᠮᠥᠨ᠂ ᠪᠠᠰᠠ ᠴᠤ ᠤᠰᠤᠨ ᠠᠰᠢᠭᠯᠠᠯᠲᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢᠨ ᠦᠨᠳᠦᠰᠦᠨ ᠵᠦᠢᠯ ᠮᠥᠨ ᠭᠡᠵᠦ ᠨᠡᠶᠢᠳᠡᠮ ᠦᠵᠡᠵᠦ ᠪᠤᠢ᠃ ᠡᠷᠬᠡᠪᠰᠢ ᠲᠤᠭ ᠲᠡᠮᠳᠡᠭ ᠲᠣᠳᠣᠷᠬᠠᠢ ᠪᠠᠷ ᠨᠠᠮ ᠤᠨ ᠤᠰᠤᠨ ᠠᠰᠢᠭᠯᠠᠯᠲᠠ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠪᠠ ᠪᠠᠲᠤᠯᠠᠬᠤ ᠬᠡᠷᠡᠭᠲᠡᠢ᠃ᠬᠤᠷᠠᠯ ᠤᠨ ᠶᠠᠷᠢᠯᠴᠠᠭᠠᠨ ᠤ ᠳᠤᠮᠳᠠ ᠤᠯᠠᠨ ᠢᠶᠠᠷ ᠢᠶᠠᠨ ᠮᠠᠰᠢ ᠤᠯᠠᠨ ᠪᠦᠲᠦᠭᠡᠯᠴᠢ ᠴᠢᠨᠠᠷ ᠲᠠᠢ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠤᠨ ᠲᠠᠷᠠᠭ᠎ᠠ᠂ ᠠᠯᠪᠠᠨ ᠲᠢᠩᠬᠢᠮ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠡᠮᠬᠢᠯᠡᠨ ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠶᠢᠨ ᠨᠢᠭᠡᠴᠡ ᠶᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠭᠦᠢᠴᠡᠳ ᠰᠢᠩᠭᠡᠭᠡᠨ ᠠᠪᠴᠤ᠂ ᠬᠤᠯᠪᠣᠭᠳᠠᠯ ᠪᠦᠬᠦᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃    ᠬᠤᠶᠠᠷ᠂ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ      ᠲᠤᠰ ᠤᠳᠠᠭᠠᠨ ᠤ ᠬᠤᠷᠠᠯ ᠠᠴᠠ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠳᠤ ᠰᠢᠰᠲ᠋ᠧᠮ ᠲᠠᠢ ᠠᠷᠭ᠎ᠠ ᠪᠤᠳᠤᠯᠭ᠎ᠠ ᠳᠤᠬᠢᠷᠠᠭᠤᠯᠤᠯᠲᠠ ᠬᠢᠵᠡᠢ᠃ ᠬᠤᠷᠠᠯ ᠤᠨ ᠳᠠᠷᠠᠭ᠎ᠠ᠂ ᠣᠯᠠᠨ ᠢᠶᠠᠷ ᠢᠶᠠᠨ ᠠᠯᠢ ᠲᠦᠷᠭᠡᠨ ᠢᠶᠠᠷ ᠬᠤᠷᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠯᠠᠩᠭᠤᠶ᠎ᠠ ᠯᠢ ᠺᠧ ᠴᠢᠶᠠᠩ ᠶᠡᠷᠦᠩᠬᠡᠢ ᠰᠠᠶᠢᠳ  ᠤᠨ ᠴᠢᠬᠤᠯᠠ ᠴᠣᠬᠤᠯᠠᠪᠤᠷᠢ ᠪᠣᠯᠤᠨ  ᠧ ᠵᠢᠩ ᠫᠢᠩ ᠰᠠᠶᠢᠳ ᠤᠨ ᠶᠠᠷᠢᠶ᠎ᠠ ᠶᠢ ᠨᠠᠮ ᠤᠨ  ᠬᠤᠷᠢᠶ᠎ᠠ᠂ ᠵᠠᠰᠠᠭ ᠤᠨ ᠣᠷᠳᠣᠨ ᠳᠤ ᠬᠠᠷᠢᠭᠤ ᠮᠡᠳᠡᠭᠦᠯᠵᠦ᠂ ᠥᠷᠭᠡᠨ ᠤᠯᠠᠨ ᠤᠰᠤᠨ ᠠᠰᠢᠭᠯᠠᠯᠲᠠ ᠶᠢᠨ ᠺᠠᠳ᠋ᠷ ᠠᠵᠢᠯᠳᠠᠨ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠭᠤᠯᠵᠤ᠂ ︽ᠠᠷᠪᠠᠨ ᠵᠢᠷᠭᠤᠭᠠᠨ ᠦᠰᠦᠭ︾ ᠤᠨ ᠤᠰᠤ ᠶᠢ ᠵᠠᠰᠠᠬᠤ ᠰᠡᠳᠬᠢᠴᠡ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠭᠦᠨᠵᠡᠭᠡᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ  ᠨᠢᠭᠡᠳᠬᠡᠨ᠂ ᠪᠣᠳᠠᠲᠠᠢ ᠲᠠᠢ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ   ᠠᠳᠬᠤᠬᠤ ᠬᠡᠷᠡᠭᠲᠡᠢ᠃ ᠡ᠊ᠨᠳᠡ ᠪᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠳᠦᠨ ᠰᠠᠨᠠᠯ ᠢᠶᠠᠨ  ᠶᠠᠷᠢᠶ᠎ᠠ᠃      ᠨᠢᠭᠡ ᠳᠤ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠣᠰᠣᠨ ᠠᠰᠢᠭᠯᠠᠯᠲᠠ ᠶᠢᠨ ᠠᠵᠢᠯ ᠤᠨ ᠪᠠᠶᠢᠷᠢ ᠲᠣᠭᠲᠠᠭᠠᠬᠤ ᠬᠠᠷᠠᠯᠲᠠ ᠶᠢ ᠣᠨᠣᠪᠴᠢᠲᠠᠶ ᠡᠵᠡᠮᠳᠡᠬᠦ ᠬᠡᠷᠡᠭᠲᠡᠢ᠃ ᠪᠦᠬᠦ ᠲᠠᠯ᠎ᠠ ᠶᠢ  ᠠᠵᠢᠭᠯᠠᠵᠤ᠂ ᠶᠡᠭᠡ ᠬᠠᠨᠳᠤᠰᠢ ᠶᠢ ᠲᠣᠳᠣᠷᠬᠠᠢ ᠮᠡᠳᠡᠮᠡᠨᠵᠢᠨ ᠰᠠᠶ᠋ᠢ ᠶᠡᠭᠡ ᠶᠠᠪᠤᠳᠠᠯ ᠢ ᠪᠦᠲᠦᠭᠡᠵᠦ᠂ ᠶᠡᠭᠡ ᠦᠢᠯᠡᠰ ᠢ ᠪᠦᠲᠦᠭᠡᠵᠦ ᠴᠢᠳᠠᠨ᠎ᠠ᠃ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠪᠠᠶᠢᠳᠠᠯ ᠳᠤ ᠶᠠᠭ ᠭᠦᠨᠵᠡᠭᠡᠶ ᠬᠤᠪᠢᠷᠠᠯᠲᠠ ᠭᠠᠷᠴᠤ ᠪᠠᠶᠢᠨ᠎ᠠ᠃ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠤ᠂ ᠡᠷᠬᠡᠪᠰᠢ ᠲᠥᠪ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠡᠪᠳᠡᠷᠡᠳᠡᠯ᠎ᠠ  ᠤᠶᠢᠯᠠᠭᠠᠨ᠂ ᠲᠥᠪ ᠤᠨ ᠵᠣᠷᠢᠭ ᠰᠠᠨᠠᠭ᠎ᠠ ᠪᠠᠷ ᠪᠠᠶᠢᠳᠠᠯ ᠢ ᠵᠠᠳᠠᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠶᠡᠭᠡ ᠲᠠᠯ᠎ᠠ ᠶᠢ ᠵᠥᠪ ᠲᠠᠨᠢᠵᠤ᠂ ᠶᠡᠭᠡ ᠲᠠᠯ᠎ᠠ ᠶᠢ ᠡᠷᠡᠰ  ᠬᠠᠮᠠᠭᠠᠯᠠᠨ᠂ ᠤᠬᠠᠮᠰᠠᠷ ᠠᠴᠠ ᠪᠠᠨ ᠶᠡᠭᠡ ᠲᠠᠯ᠎ᠠ ᠶᠢ ᠲᠠᠭᠠᠬᠤ ᠶᠢ ᠪᠡᠶᠡᠯᠡᠭᠦᠯᠬᠦ ᠬᠡᠷᠡᠭᠲᠡᠢ︔ ᠡᠷᠬᠡᠪᠰᠢ ︽ᠤᠯᠤᠰ ᠤᠨ  ᠶᠡᠭᠡ ᠲᠠᠯ᠎ᠠ︾  ᠶᠢᠨ ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠵᠦ᠂ ᠤᠰᠤᠨ ᠠᠰᠢᠭᠯᠠᠯᠲᠠ ᠶᠢᠨ ᠠᠵᠢᠯ ᠢ ᠨᠠᠮ ᠪᠣᠯᠤᠨ ᠤᠯᠤᠰ ᠤᠨ ᠦᠢᠯᠡᠰ ᠤᠨ ᠲᠤᠮᠤ ᠰᠢᠲᠠᠷ᠎ᠠ ᠶᠢᠨ ᠬᠥᠯᠭᠡ ᠳᠡᠭᠡᠷ᠎ᠡ ᠠᠭᠤᠰᠤᠯᠴᠠᠭᠤᠯᠵᠤ᠂ ᠣᠷᠣᠨ ᠪᠠᠶᠢᠷᠢ ᠪᠠᠨ ᠣᠨᠣᠪᠴᠢᠲᠠᠢ  ᠰᠣᠩᠭᠤᠨ᠂ ᠬᠠᠷᠠᠯᠲᠠ ᠪᠠᠨ       ᠣᠨᠢᠯᠠᠵᠤ᠂ ᠨᠢᠭᠡ  ᠲᠠᠯ᠎ᠠ ᠳᠤ ᠦᠩᠭᠡ ᠭᠡᠷᠡᠯ ᠨᠡᠮᠡᠷᠢᠯᠡᠬᠦ ᠪᠠᠷ ᠪᠠᠷᠠᠬᠤ ᠦᠭᠡᠢ ᠪᠦᠬᠦ ᠲᠠᠯ᠎ᠠ ᠳᠤ ᠦᠩᠭᠡ ᠭᠡᠷᠡᠯ ᠨᠡᠮᠡᠷᠢᠯᠡᠬᠦ ᠶᠢ ᠪᠡᠶᠡᠯᠡᠭᠦᠯᠬᠦ ᠬᠡᠷᠡᠭᠲᠡᠢ᠃      ᠬᠤᠶᠠᠷ ᠲᠤ ᠰᠢᠰᠲ᠋ᠧᠮ ᠤᠨ ᠦᠵᠡᠯᠲᠡ ᠪᠠᠨ ᠴᠢᠩᠭᠠᠳᠬᠠᠨ᠂ ᠣᠰᠣᠨ ᠠᠰᠢᠭᠯᠠᠯᠲᠠ ᠶᠢᠨ ᠦᠢᠯᠡᠰ ᠤᠨ ᠬᠦᠢᠭᠵᠢᠯᠲᠠ ᠶᠢᠨ ᠪᠠᠶᠢᠷᠢᠰᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠲᠠᠷᠠᠭ᠎ᠠ᠂ ᠤᠰᠤᠨ ᠠᠰᠢᠭᠯᠠᠯᠲᠠ ᠶᠢᠨ ᠠᠵᠢᠯ ᠤᠨ ᠦᠢᠯᠡᠳᠦᠯᠭᠡ‌ᠤᠯᠠᠮ ᠪᠠᠶᠠᠯᠢᠭᠵᠢᠵᠤ᠂ ᠬᠤᠯᠪᠣᠭᠳᠠᠯ ᠪᠦᠬᠦᠢ ᠬᠦᠷᠢᠶ᠎ᠡ ᠬᠡᠪᠴᠢᠶ᠎ᠡ ᠯᠦᠭᠡ ᠶᠢᠨ ᠬᠠᠷᠢᠯᠴᠠᠭ᠎ᠠ ᠤᠯᠠᠮ ᠨᠢᠭᠲᠠᠷᠠᠵᠤ᠂ ᠨᠥᠯᠥᠭᠡ ᠨᠢ ᠴᠦ  ᠤᠯᠠᠮ ᠥᠷᠭᠡᠨ ᠳᠡᠯᠭᠡᠷ ᠪᠥᠭᠡᠳ ᠠᠯᠤᠰ ᠬᠡᠳᠤ ᠶᠢᠨ ᠪᠤᠯᠵᠤ ᠪᠠᠶᠢᠨ᠎ᠠ᠃ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠰᠢᠰᠲ᠋ᠧᠮᠲᠦ ᠦᠵᠡᠯᠲᠡ ᠶᠢ ᠪᠠᠲᠤ ᠪᠤᠢ ᠪᠣᠯᠭᠠᠵᠤ᠂ ᠪᠠᠷᠠᠭᠠᠯᠬᠢᠯᠠᠯ ᠤᠨ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯᠧᠮᠧᠨ᠋ᠲ ᠪᠣᠯᠤᠨ ᠡᠯᠧᠮᠧᠨ᠋ᠲ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠤᠰᠤ ᠪᠣᠯᠤᠨ ᠠᠮᠢ ᠠᠬᠤᠢ ᠶᠢᠨ ᠰᠢᠰᠲ᠋ᠧᠮ᠂ ᠠᠵᠤ ᠠᠬᠤᠢ ᠶᠢᠨ ᠰᠢᠰᠲ᠋ᠧᠮ ᠤᠨ ᠪᠤᠰᠤᠳ ᠡᠯᠧᠮᠧᠨ᠋ᠲ ᠤᠨ ᠬᠠᠷᠢᠯᠴᠠᠨ  ᠠᠪᠴᠠᠯᠳᠣᠬᠤ᠂ ᠨᠥᠯᠥᠭᠡᠯᠡᠬᠦ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠤᠰᠤᠨ ᠤ ᠠᠮᠤᠷ ᠲᠦᠪᠰᠢᠨ ᠤᠰᠤᠨ ᠤ ᠡᠬᠢ ᠪᠠᠶᠠᠯᠢᠭ ᠤᠰᠤᠨ ᠤ ᠠᠮᠢ ᠠᠬᠤᠢ ᠤᠰᠤᠨ ᠤ ᠣᠷᠴᠢᠨ ᠲᠣᠭᠤᠷᠢᠨ ᠤ ᠠᠰᠠᠭᠤᠳᠠᠯ ᠳᠤ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠭᠠᠭᠴᠠ ᠲᠠᠯ᠎ᠠ ᠪᠠᠷ ᠭᠠᠪᠰᠢᠭᠠᠶᠢᠯᠠᠨ ᠤᠷᠤᠭᠰᠢᠯᠠᠵᠤ ᠪᠠᠶᠢᠭᠰᠠᠨ ᠠᠴᠠ  ᠰᠢᠰᠲ᠋ᠧᠮᠳᠦ ᠵᠠᠰᠠᠯᠲᠠ ᠲᠡᠰᠢ ᠬᠤᠪᠢᠷᠠᠭᠤᠯᠬᠤ ᠬᠡᠷᠡᠭᠲᠡᠢ᠃ ᠬᠡᠰᠡᠭ ᠲᠠᠯ᠎ᠠ ᠬᠢᠭᠡᠳ ᠪᠦᠬᠦᠯᠢ ᠴᠣᠭᠴᠠ ᠶᠢᠨ ᠬᠠᠷᠢᠴᠠᠭ᠎ᠠ ᠶᠢ ᠰᠠᠶᠢᠲᠤᠷ  ᠰᠢᠢᠳᠪᠦᠷᠢᠯᠡᠨ᠂ ᠰᠠᠪᠠ ᠭᠠᠵᠠᠷ ᠤᠨ ᠣᠷᠣᠨ ᠪᠦᠰᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠭᠡᠬᠦ ᠡᠨᠡ ᠬᠦ ᠶᠡᠷᠦᠩᠬᠡᠶ ᠪᠣᠷᠣ ᠲᠥᠯᠥᠪ ᠤᠨ ᠳᠣᠣᠷ᠎ᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠨᠠᠷᠢᠯᠢᠭ ᠣᠨᠣᠴᠠᠲᠠᠶ ᠪᠠᠷ ᠪᠠᠶᠢᠷᠢᠰᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ ᠬᠢᠨᠠᠨ ᠬᠠᠮᠢᠶᠠᠷᠬᠤ ᠰᠢᠰᠲ᠋ᠧᠮ ᠳᠤ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠶ᠃ ᠣᠳᠣᠬᠠᠨ ᠤ ᠪᠠ ᠠᠯᠤᠰ ᠬᠡᠳᠤ ᠶᠢᠨ ᠬᠠᠷᠢᠴᠠᠭ᠎ᠠ ᠶᠢ ᠰᠠᠶᠢᠲᠤᠷ  ᠰᠢᠢᠳᠪᠦᠷᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠶᠢ  ᠲᠤᠭᠳᠠᠭᠠᠨ᠂ ᠠᠳᠠᠯᠢ ᠪᠤᠰᠤ ᠱᠠᠲᠤᠨ ᠤ ᠭᠤᠣᠯ ᠡᠭᠦᠷᠭᠡ ᠶᠢ ᠵᠦᠢ ᠵᠣᠬᠢᠰᠲᠠᠶ ᠲᠣᠭᠲᠠᠭᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ ᠨᠡᠩ ᠤᠷᠳᠤ ᠬᠤᠭᠤᠴᠠᠭᠠᠨ ᠤ ᠤᠰᠤᠨ ᠠᠰᠢᠭᠯᠠᠯᠲᠠ ᠶᠢᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠃      ᠭᠤᠷᠪᠠ ᠳᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠤᠰᠤᠨ ᠤ ᠠᠮᠤᠷ ᠲᠦᠪᠰᠢᠨ ᠨᠢ ᠤᠯᠤᠰ ᠤᠨ ᠠᠵᠤ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠣᠳᠣᠬᠠᠨ ᠳᠤ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠶᠢᠳᠠᠯ ᠲᠠᠰᠤᠷᠠᠯᠲᠠ ᠥᠬᠡᠶ ᠰᠠᠶᠢᠵᠢᠷᠠᠵᠤ᠂ ᠤᠰᠤᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠦᠷᠭᠦᠯᠵᠢᠯᠡᠨ ᠴᠢᠩᠭᠠᠷᠠᠵᠤ ᠪᠠᠶᠢᠨ᠎ᠠ᠂ ᠭᠡᠪᠡᠴᠦ ᠥᠩᠭᠡᠷᠡᠭᠰᠡᠨ ᠤ ᠣᠷᠳᠣ ᠬᠤᠭᠤᠴᠠᠭᠠᠨ ᠳᠤ ᠬᠤᠷᠠᠮᠳᠤᠭᠰᠠᠨ ᠵᠥᠷᠢᠴᠡᠯ ᠪᠠ ᠲᠦᠭᠰᠢᠭᠦᠷᠢ ᠶᠢ ᠣᠬᠤᠷᠬᠠᠨ ᠬᠤᠭᠤᠴᠠᠭᠠᠨ ᠳᠤ  ᠰᠢᠢᠳᠪᠦᠷᠢᠯᠡᠵᠦ ᠴᠢᠳᠠᠬᠤ ᠥᠬᠡᠶ᠂  ᠦᠢᠯᠡᠳᠦᠯᠭᠡ‌‍ᠶᠢᠨ ᠬᠤᠪᠢᠷᠠᠯᠲᠠ ᠠᠴᠠ ᠪᠣᠯᠤᠭᠰᠠᠨ ᠰᠢᠨ᠎ᠡ ᠪᠠᠶᠢᠳᠠᠯ ᠪᠠᠰᠠ ᠲᠠᠰᠤᠷᠠᠯᠲᠠ ᠥᠬᠡᠶ ᠢᠯᠡᠷᠡᠨ ᠭᠠᠷᠬᠤ ᠶᠢ ᠴᠤ ᠣᠯᠵᠤ ᠬᠠᠷᠠᠬᠤ ᠬᠡᠷᠡᠭᠲᠡᠶ᠃ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠰᠤᠨ ᠠᠰᠢᠭᠯᠠᠯᠲᠠ ᠶᠢᠨ ᠬᠦᠷᠢᠶᠡᠨ ᠳᠠᠬᠢ ︽ᠬᠠᠷ᠎ᠠ ᠬᠤᠨ ᠭᠠᠯᠠᠭᠤ︾ ᠪᠣᠯᠤᠨ ︽ᠪᠣᠷᠣ ᠬᠡᠷᠢᠰ︾ ᠤᠨ ᠬᠡᠷᠡᠭ ᠢ ᠰᠡᠷᠡᠮᠵᠢᠯᠡᠵᠦ᠂ ᠠᠶᠤᠯ ᠲᠦᠭᠰᠢᠭᠦᠷᠢ ᠬᠠᠮᠢᠭ᠎ᠠ       ᠪᠠᠶᠢᠬᠤ᠂ ᠢᠯᠡᠷᠡᠬᠦ ᠬᠡᠯᠪᠡᠷᠢ ᠨᠢ ᠶᠠᠭᠤ ᠪᠣᠯᠬᠤ᠂ ᠬᠥᠭᠵᠢᠯᠲᠡ ᠶᠢᠨ ᠬᠠᠨᠳᠤᠰᠢ ᠨᠢ ᠶᠠᠮᠠᠷ ᠪᠣᠯᠬᠤ ᠶᠢ ᠮᠡᠳᠡᠵᠦ᠂ ᠳᠠᠯᠳᠠ ᠠᠶᠤᠯ ᠲᠦᠭᠰᠢᠭᠦᠷᠢ ᠶᠢᠨ ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃  ᠬᠡᠷᠡᠭ   ᠤᠨ ᠰᠡᠭᠦᠯᠴᠢ ᠶᠢᠨ ᠰᠢᠢᠳᠪᠦᠷᠢᠯᠡᠬᠦ ᠶᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠴᠢᠬᠤᠯᠠᠴᠢᠯᠠᠨ᠂ ᠬᠤᠬᠢᠷᠠᠯ ᠢ ᠪᠠᠭᠠᠰᠬᠠᠬᠤ ᠠᠴᠠ ᠲᠦᠭᠰᠢᠭᠦᠷᠢ ᠶᠢ ᠪᠠᠭᠠᠰᠬᠠᠬᠤ ᠳᠠᠰᠢ ᠬᠤᠪᠢᠷᠠᠭᠤᠯᠵᠤ᠂ ᠰᠡᠷᠭᠡᠶᠢᠯᠡᠬᠦ ᠪᠠᠷ ᠭᠤᠤᠯ ᠪᠣᠯᠭᠠᠨ᠂ ᠰᠡᠷᠭᠡᠶᠢᠯᠡᠬᠦ ᠪᠠ ᠡᠵᠡᠮᠳᠡᠬᠦ ᠶᠢ ᠤᠶᠠᠯᠳᠤᠭᠤᠯᠤᠨ᠂ ᠬᠦᠴᠢᠷᠳᠡᠯ ᠲᠠᠢ ᠪᠠᠶᠢᠳᠠᠯ ᠢ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠤᠰᠤᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃      ᠲᠦᠷᠪᠡ ᠳᠤ᠂ ᠪᠣᠳᠠᠲᠠᠢ ᠪᠠᠷ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ᠃ ᠪᠣᠳᠠᠲᠠᠶ ᠠᠵᠢᠯᠯᠠᠪᠠᠯ ᠰᠠᠶ᠋ᠢ ᠪᠣᠳᠠᠲᠠᠶ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃  ᠧ ᠵᠢᠩ ᠫᠢᠩ ᠰᠠᠶᠢᠳ‌‍ᠤᠨ ᠶᠠᠷᠢᠶ᠎ᠠ ᠨᠢ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠱᠠᠳᠤᠴᠢ ᠴᠢᠨᠠᠷᠲᠠᠢ ᠣᠨᠴᠠᠯᠢᠭ ᠢ ᠪᠠᠲᠤ ᠡᠵᠡᠮᠳᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠳᠤ ᠵᠠᠮ ᠱᠤᠭᠤᠮ ᠤᠨ ᠵᠢᠷᠤᠭ ᠪᠣᠯᠤᠨ ᠴᠠᠭ ᠤᠨ ᠬᠦᠰᠦᠨᠦᠭᠲᠦ ᠶᠢ ᠲᠣᠭᠲᠠᠭᠠᠵᠠᠢ᠃ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠡᠷᠡᠰ ᠡᠰᠡᠷᠭᠦᠴᠡᠨ᠂ ︽ᠪᠣᠳᠠᠲᠠᠢ︾ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠣᠳᠠᠲᠠᠢ ᠲᠠᠢ ᠤᠶᠠᠯᠳᠤᠭᠤᠯᠤᠨ ᠨᠢᠭᠡᠳ ᠨᠢᠭᠡ ᠪᠠᠷ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠲᠥᠰᠦᠯ ᠲᠣᠭᠲᠠᠭᠠᠨ᠂ ᠠᠵᠢᠯ ᠤᠨ ᠡᠬᠡ ᠳᠠᠩᠰᠠ ᠪᠠᠶᠢᠭᠤᠯᠵᠤ᠂ ᠡᠭᠦᠷᠭᠡ ᠨᠢᠭᠡᠪᠦᠷᠢ ᠶᠢᠨ ᠬᠠᠷᠢᠭᠤᠴᠠᠯᠭᠠᠲᠤ ᠨᠢᠭᠡᠴᠡ᠂ ᠭᠦᠢᠴᠡᠳᠬᠡᠬᠦ ᠴᠠᠭ ᠤᠨ ᠬᠢᠵᠠᠭᠠᠷ ᠪᠣᠯᠤᠨ ᠶᠠᠰᠤ ᠴᠢᠨᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠥᠳᠡᠯᠦᠩᠭᠦᠢ ᠪᠠᠷ ᠮᠥᠷᠳᠡᠵᠦ᠂ ᠴᠠᠭ ᠲᠤᠬᠠᠢ ᠳᠤᠨᠢ ᠲᠤᠬᠢᠷᠠᠭᠤᠯᠵᠤ᠂ ᠭᠦᠢᠴᠡᠳᠬᠡᠵᠦ ᠳᠠᠭᠤᠰᠬᠠᠭᠠᠳ ᠳ᠋ᠤᠭᠠᠷ ᠢ ᠨᠢ ᠬᠠᠰᠤᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠨᠡᠬᠡᠮᠵᠢᠯᠡᠬᠦ ᠶᠢ ᠴᠢᠩᠭᠠᠳᠬᠠᠵᠤ᠂ ᠪᠠᠷᠢᠮᠵᠢᠶ᠎ᠠ ᠲᠠᠢ᠂ ᠵᠢᠯᠣᠭᠤᠳᠣᠯᠭ᠎ᠠ ᠲᠠᠢ᠂ ᠪᠠᠶᠢᠴᠠᠭᠠᠯᠲᠠ ᠲᠠᠢ᠂ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠬᠦ ᠬᠡᠷᠡᠭᠲᠡᠶ᠃ ᠤᠷᠮᠠᠰᠢᠭᠤᠯᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠣᠷᠢᠭᠲᠠᠢ ᠪᠠᠷ ᠬᠠᠷᠢᠭᠤᠴᠠᠬᠤ ᠺᠠᠳ᠋ᠷ ᠲᠤ ᠬᠠᠷᠢᠭᠤᠴᠠᠵᠤ᠂ ᠵᠣᠷᠢᠭᠲᠠᠢ ᠪᠠᠷ ᠡᠭᠦᠷᠭᠡᠯᠡᠬᠦ ᠺᠠᠳ᠋ᠷ ᠲᠤ ᠡᠭᠦᠷᠭᠡᠯᠡᠵᠦ᠂ ᠺᠠᠳ᠋ᠷ  ᠠᠵᠢᠯᠴᠢᠨ ᠤ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠢ᠃      ᠲᠠᠪᠤ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠦᠳᠦᠯᠦᠨ ᠳᠠᠭᠠᠭᠤᠯᠬᠤ ᠪᠠᠲᠤᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠣᠳᠣᠬᠠᠨ ᠳᠤ ᠤᠰᠤᠨ ᠠᠰᠢᠭᠯᠠᠯᠲᠠ ᠶᠢᠨ ᠠᠵᠢᠯ ᠤᠨ ᠡᠭᠦᠷᠭᠡ ᠬᠦᠨᠳᠦ᠂ ᠬᠦᠴᠢᠷᠳᠡᠯ ᠶᠡᠭᠡ ᠪᠠᠶᠢᠨ᠎ᠠ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠭᠦᠨᠵᠡᠭᠡᠢ ᠦᠢᠯᠡᠳᠦᠯᠭᠡᠵᠢᠭᠦᠯᠬᠦ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ  ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠨ᠂ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ  ᠬᠦᠷᠢᠶᠡᠯᠡᠬᠦ︾ ᠲᠠᠯ᠎ᠠ ᠪᠠᠷ  ᠴᠢᠬᠤᠯᠠᠴᠢᠯᠠᠨ ᠦᠷ᠎ᠡ ᠪᠦᠲᠦᠮᠵᠢ ᠣᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠲᠠᠢ ᠨᠠᠶᠢᠳᠠᠪᠤᠷᠢᠵᠢᠭᠤᠯᠬᠤ ᠬᠡᠷᠡᠭᠲᠡᠢ᠃ ︽ᠴᠢᠩᠭ᠎ᠠ︾  ᠭᠡᠬᠦ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠲᠦᠷᠢᠮ ᠤᠨ ᠰᠢᠩᠭᠡᠯᠢᠭ ᠢ  ᠴᠢᠩᠭᠠᠯᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠤᠨ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃   ᠭᠤᠷᠪᠠ᠂ ᠣᠳᠣᠬᠠᠨ ᠳᠤ ᠬᠦᠴᠦᠯᠡᠨ ᠰᠠᠶᠢᠲᠤᠷ ᠠᠳᠬᠤᠬᠤ ᠬᠡᠷᠡᠭᠲᠡᠶ ᠠᠵᠢᠯ ᠤᠨ ᠲᠤᠬᠠᠶ ᠬᠠᠮᠤᠭ ᠰᠡᠬᠦᠯ ᠳᠤᠨᠢ ᠪᠢ  ᠣᠳᠣᠬᠠᠨ ᠤ ᠬᠦᠴᠦᠯᠡᠨ ᠰᠠᠶᠢᠲᠤᠷ ᠬᠢᠬᠦ ᠬᠡᠷᠡᠭᠲᠡᠶ ᠬᠡᠳᠦᠨ ᠵᠦᠢᠯ ᠤᠨ ᠠᠵᠢᠯ ᠢ ᠲᠠᠬᠢᠨ ᠴᠢᠬᠤᠯᠠᠴᠢᠯᠠᠶ᠎ᠠ᠃      ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠶ᠃ ᠣᠶᠢᠷ᠎ᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠲᠤ ᠣᠯᠠᠨ ᠭᠠᠵᠠᠷ ᠲᠤ ᠲᠠᠷᠬᠠᠭᠰᠠᠨ ᠪᠠ ᠬᠡᠰᠡᠭ ᠭᠠᠵᠠᠷ ᠲᠤ ᠴᠤᠭᠯᠠᠷᠠᠯ ᠤᠨ ᠴᠢᠨᠠᠷᠲᠠᠶ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢᠯᠡᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠨ᠎ᠠ᠃ ᠴᠠᠭᠠᠨ ᠰᠠᠷ᠎ᠠ ᠪᠣᠯᠬᠤ ᠭᠡᠵᠦ ᠪᠠᠶᠢᠭ᠎ᠠ  ᠴᠠᠭ ᠲᠤ᠂ ᠡᠯ᠎ᠡ ᠨᠢᠭᠡᠴᠡ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠢᠩᠭ᠎ᠠ ᠠᠳᠬᠤᠵᠤ᠂ ᠰᠤᠯᠠᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ  ᠲᠡᠪᠴᠢᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠠᠶᠢᠭᠤᠯᠵᠤ᠂ ᠬᠠᠷᠢᠶ᠎ᠠ ᠭᠠᠵᠠᠷ ᠤᠨ ᠱᠠᠭᠠᠷᠳᠠᠯᠭ᠎ᠠ ᠶᠣᠰᠣᠭᠠᠷ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠬᠥᠳᠡᠭᠡ ᠲᠣᠰᠬᠤᠨ ᠤ ᠤᠰᠤ ᠬᠠᠩᠭᠠᠬᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠮᠤᠷ ᠲᠦᠪᠰᠢᠨ ᠢᠶᠠᠷ ᠠᠵᠢᠯᠯᠠᠬᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠵᠢᠯ ᠢ ᠦᠯᠡᠳᠡᠭᠡᠵᠦ ᠭᠠᠷᠤᠯᠲᠠ ᠶᠢ ᠲᠣᠭᠲᠠᠪᠤᠷᠢᠵᠢᠭᠤᠯᠬᠤ ᠪᠠ ᠠᠵᠢᠯ ᠦᠢᠯᠡᠳᠪᠦᠷᠢᠯᠡᠯ ᠢ ᠰᠡᠷᠭᠦᠭᠡᠬᠦ ᠵᠡᠷᠭᠡ ᠠᠵᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠬᠦ ᠬᠡᠷᠡᠭᠲᠡᠶ᠃ ᠠᠵᠢᠯᠲᠠᠨ ᠤ ᠬᠥᠳᠡᠯᠦᠩᠭᠦᠶ ᠬᠠᠮᠢᠶᠠᠷᠤᠯᠲᠠ᠂ ᠡᠷᠡᠭᠦᠯ ᠮᠡᠨᠳᠦ ᠶᠢᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠭᠤᠤᠯᠳᠠᠯᠭ᠎ᠠ ᠲᠠᠢ ᠣᠷᠣᠨ ᠪᠦᠰᠡ ᠶᠢ  ᠠᠷᠢᠭᠤᠳᠬᠠᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠢᠨᠵᠢᠯᠡᠬᠦ ᠤᠬᠠᠭᠠᠨᠴᠢ ᠪᠠᠷ       ᠲᠤᠭᠳᠠᠭᠠᠨ᠂ ᠭᠡᠨᠡᠳᠲᠡ ᠶᠢᠨ ᠬᠡᠪ ᠤᠨ ᠪᠤᠰᠤ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠲᠣᠬᠢᠲᠠᠶ  ᠰᠢᠢᠳᠪᠦᠷᠢᠯᠡᠬᠦ ᠬᠡᠷᠡᠭᠲᠡᠶ᠃      ᠬᠤᠶᠠᠷ ᠲᠤ ᠰᠦᠩ ᠬᠠᠯᠢᠶ᠎ᠠ ᠶᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ᠃ ᠣᠳᠣᠬᠠᠨ ᠳᠤ ᠬᠠᠲᠤᠨ ᠭᠤᠤᠯ ᠮᠥᠨ ᠬᠦ ᠬᠥᠯᠳᠡᠵᠦ ᠪᠢᠳᠡᠭᠦᠮᠵᠢᠯᠡᠭᠰᠡᠨ ᠱᠠᠳᠣᠨ ᠳᠤ ᠪᠠᠶᠢᠵᠤ  ᠂ ᠮᠠᠨ ᠤ ᠤᠯᠤᠰ ᠤᠨ ᠡᠮᠦᠨᠡᠲᠦ ᠣᠷᠣᠨ ᠤ ᠳᠤᠮᠳᠠ ᠪᠠ ᠵᠡᠭᠦᠨ ᠬᠡᠰᠡᠭ᠂ ᠵᠢᠶᠠᠩᠨᠠᠨ ᠣᠷᠣᠨ ᠤ ᠡᠮᠦᠨᠡᠲᠦ ᠬᠡᠰᠡᠭ ᠲᠤ ᠡᠪᠦᠯ ᠬᠠᠪᠤᠷ ᠵᠠᠯᠭᠠᠭ᠎ᠠ ᠪᠠᠷ ᠭᠠᠩᠳᠠᠬᠤ ᠪᠠᠶᠢᠳᠠᠯ ᠭᠠᠷᠴᠤ ᠮᠡᠳᠡᠨ᠎ᠡ ᠭᠡᠵᠦ ᠵᠢᠱᠢᠵᠦ ᠪᠠᠶᠢᠨ᠎ᠠ᠃ ᠬᠤᠯᠪᠣᠭᠳᠠᠯ ᠪᠦᠬᠦᠢ ᠰᠠᠪᠠ ᠭᠠᠵᠠᠷ ᠪᠣᠯᠤᠨ ᠮᠤᠵᠢ ᠣᠷᠣᠨ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠰᠦᠩ ᠬᠠᠯᠢᠶ᠎ᠠ ᠶᠢᠨ ᠪᠠᠶᠢᠳᠠᠯ ᠢ ᠵᠠᠳᠠᠯᠬᠤ ᠪᠠ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠂ ᠭᠤᠣᠯᠯᠠᠭᠴᠢ ᠢᠨᠵᠧᠨᠧᠷᠢᠩ ᠢ ᠨᠠᠷᠢᠯᠢᠭ ᠲᠤᠬᠢᠷᠠᠭᠤᠯᠵᠤ᠂ ᠵᠢᠵᠢᠭᠦᠷᠯᠡᠨ ᠰᠠᠬᠢᠵᠤ ᠲᠣᠭᠤᠷᠢᠨ ᠪᠠᠶᠢᠴᠠᠭᠠᠬᠤ ᠵᠡᠷᠭᠡ ᠰᠦᠩ ᠬᠠᠯᠢᠶ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠨᠴᠠᠭᠠᠢ ᠴᠠᠭ ᠠᠭᠤᠷ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠮᠦᠨᠡᠲᠦ ᠣᠷᠣᠨ ᠤ ᠭᠠᠩ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠨᠢᠭᠲᠠ ᠮᠥᠷᠳᠡᠵᠦ᠂ ᠣᠲᠣ ᠶᠢᠨ ᠪᠠᠶᠢᠭ᠎ᠠ ᠤᠰᠤᠨ ᠤ ᠡᠬᠢ ᠰᠤᠷᠪᠤᠯᠵᠢ ᠶᠢ ᠵᠦᠶ ᠵᠣᠬᠢᠰᠲᠠᠶ ᠳᠣᠭᠢᠷᠠᠭᠤᠯᠤᠨ᠂ ᠭᠠᠩ ᠢ ᠡᠰᠡᠷᠭᠦᠴᠡᠬᠦ ᠡᠯ᠎ᠡ  ᠵᠦᠢᠯ ᠤᠨ ᠠᠷᠭ᠎ᠠ ᠬᠡᠮᠵᠢᠶ᠎ᠡ ᠶᠢ  ᠴᠢᠭᠯᠡᠯᠲᠦ ᠴᠢᠨᠠᠷᠲᠠᠶ ᠪᠠᠷ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠶ᠃      ᠭᠤᠷᠪᠠ ᠳᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ᠂ ᠬᠦᠨᠳᠡᠵᠦ ᠪᠣᠯᠤᠰᠢ ᠦᠭᠡᠢ  ᠬᠤᠷᠢᠭ᠎ᠠ ᠱᠤᠭᠤᠮ ᠮᠥᠨ᠃ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ ᠤᠨ ᠳᠠᠷᠤᠯᠲᠠ ᠳᠠᠪᠬᠤᠴᠠᠵᠤ᠂ ᠠᠶᠤᠯ ᠲᠦᠭᠰᠢᠭᠦᠷᠢ ᠶᠢᠨ ᠥᠷᠢᠰᠥᠯᠳᠦᠭᠡᠨ ᠨᠡᠮᠡᠭᠳᠡᠵᠦ ᠪᠠᠶᠢᠨ᠎ᠠ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠶᠠᠷ   ᠤᠨ ᠡᠳᠦᠷ ᠠᠴᠠ ᠡᠮᠦᠨᠡᠬᠢ ᠠᠶᠤᠯ ᠥᠭᠡᠢ ᠶᠢᠨ ᠶᠡᠭᠡ ᠪᠠᠶᠢᠴᠠᠭᠠᠯᠲᠠ ᠶᠢ ᠬᠢᠨᠠᠮᠠᠭᠠᠶ ᠥᠷᠨᠢᠭᠦᠯᠦᠨ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠯᠳᠠ ᠭᠡᠮ ᠢ ᠴᠢᠩᠭ᠎ᠠ ᠪᠠᠶᠢᠴᠠᠭᠠᠵᠤ᠂ ᠲᠦᠭᠰᠢᠭᠦᠷᠢ ᠶᠢ ᠴᠢᠩᠭ᠎ᠠ ᠡᠵᠡᠮᠳᠡᠵᠦ᠂ ᠡᠯ᠎ᠡ ᠵᠦᠢᠯ   ᠤᠨ ᠠᠶᠤᠯ ᠥᠭᠡᠢ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠥᠴᠦᠬᠡᠨ ᠴᠦ ᠰᠤᠯᠠᠷᠠᠭᠤᠯᠤᠯ ᠥᠭᠡᠢ ᠪᠠᠷ ᠪᠣᠳᠠᠲᠠᠶ ᠨᠠᠷᠢᠯᠢᠭ ᠠᠳᠬᠤᠨ ᠨᠠᠶᠢᠳᠠᠪᠤᠷᠢᠵᠢᠭᠤᠯᠵᠤ᠂ ᠡ᠊ᠨᠳᠡᠯ ᠭᠠᠷᠬᠤ ᠶᠢ ᠡᠷᠡᠰ ᠰᠡᠷᠭᠡᠶᠢᠯᠡᠨ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ   ᠤᠨ  ᠪᠠᠶᠢᠳᠠᠯ   ᠤᠨ ᠲᠣᠭᠲᠠᠭᠤᠨ ᠪᠠᠶᠢᠬᠤ ᠶᠢ ᠪᠠᠲᠤᠯᠠᠬᠤ       ᠬᠡᠷᠡᠭᠲᠡᠶ᠃      ᠲᠦᠷᠪᠡ ᠳᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ︽ᠳᠥᠷᠪᠡᠨ ᠰᠤᠷᠲᠠᠯ︾ ᠤᠨ ᠠᠰᠠᠭᠤᠳᠠᠯ ᠠᠮᠠᠷᠬᠠᠨ ᠡᠭᠦᠰᠴᠦ ᠣᠯᠠᠨ ᠡᠭᠦᠰᠳᠡᠭ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠲᠥᠪ ᠤᠨ  ᠨᠠᠢᠮᠠᠨ ᠵᠤᠷᠪᠤᠰ ᠲᠤᠭᠳᠠᠭᠠᠯ ᠤᠨ  ᠵᠣᠷᠢᠭ ᠰᠠᠨᠠᠭ᠎ᠠ ᠪᠣᠯᠤᠨ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯᠳᠡᠪ  ᠵᠦᠢᠯ ᠤᠨ ᠨᠡᠷ᠎ᠡ ᠪᠠᠷ ᠵᠣᠭᠤᠰ ᠵᠠᠷᠤᠬᠤ ᠪᠠ  ᠠᠰᠠᠷᠠᠮᠵᠢ᠂ ᠨᠥᠬᠦᠪᠥᠷᠢ᠂ ᠱᠠᠩᠨᠠᠯ ᠤᠨ ᠮᠥᠩᠭᠦ᠂ ᠡᠳ᠋ ᠪᠣᠳᠠᠰ ᠢ ᠳᠤᠷ᠎ᠠ ᠪᠠᠷ ᠢᠶᠠᠨ ᠥᠭᠬᠦ ᠶᠢ ᠴᠢᠩᠭ᠎ᠠ ᠴᠠᠭᠠᠵᠠᠯᠠᠵᠤ᠂ ᠪᠠᠶᠠᠷ ᠤᠨ ᠡᠳᠦᠷ ᠢ ᠪᠣᠯᠪᠠᠰᠤᠨ ᠢᠶᠠᠷ ᠥᠩᠭᠡᠷᠡᠭᠦᠯᠬᠦ᠂ ᠠᠷᠢᠭᠤᠨ ᠴᠢᠬᠡᠴᠢ ᠪᠠᠷ ᠥᠩᠭᠡᠷᠡᠭᠦᠯᠬᠦ ᠶᠢ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠰᠤᠷᠪᠤᠯᠵᠢᠯᠠᠨ ᠲᠣᠬᠤᠨᠢᠭᠤᠯᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠺᠠᠳ᠋ᠷ ᠤᠯᠠᠨ ᠲᠦᠮᠡᠨ ᠤ ᠪᠣᠳᠠᠲᠠᠢ ᠬᠦᠴᠢᠷᠳᠡᠯ ᠢ ᠦᠨᠡᠨᠬᠦ ᠰᠢᠢᠳᠪᠦᠷᠢᠯᠡᠨ᠂ ᠤᠯᠠᠨ  ᠲᠥᠮᠡᠨ ᠢ ᠪᠠᠶᠠᠷ ᠪᠠᠶᠠᠰᠬᠤᠯᠠᠩ ᠲᠠᠢ ᠪᠠᠷ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ᠃        ᠬᠠᠷᠢᠭᠤᠴᠠᠭᠰᠠᠨ  ᠨᠠᠶᠢᠷᠠᠭᠤᠯᠤᠭᠴᠢ᠄   ᠸᠧᠶ ᠶᠦᠩ ᠵᠢᠩ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号