ᠠᠵᠤ ᠠᠬᠤᠶ ᠶᠢᠨ ᠡᠳᠦᠷ ᠤᠨ ᠰᠣᠨᠢᠨ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠲᠣᠭᠲᠠᠭᠠᠪᠠ
ᠨᠡᠶᠢᠲᠡᠯᠡᠭᠰᠡᠨ ᠴᠠᠭ᠄
2021/5/25
               ᠲᠤᠰ  ᠰᠣᠨᠢᠨ ᠤ ᠰᠤᠷᠪᠤᠯᠵᠢᠯᠠᠭᠴᠢ       ᠯᠢᠦ ᠴᠦᠨ ᠮᠦ ᠶᠠᠩ          1 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠪᠦᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠡᠸ᠋ ᠵᠢᠩ ᠫᠢᠩ ᠢᠯᠡᠷᠬᠡᠶᠢᠯᠡᠬᠦ ᠳᠡᠭᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠬᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠬᠤᠶᠢᠰᠢᠳᠠ ᠶᠢᠨ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠮᠥᠨ᠂ ᠪᠠᠰᠠ ᠴᠤ 2021 ᠣᠨ ᠴᠢᠨᠠᠭᠰᠢᠯᠠᠪᠠᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠮᠥᠨ᠃      ᠰᠤᠷᠪᠤᠯᠵᠢᠯᠠᠭᠴᠢ ᠬᠤᠷᠠᠯ ᠠᠴᠠ ᠤᠢᠢᠯᠠᠭᠠᠭᠰᠠᠨ ᠢᠶᠠᠷ᠂ 2020 ᠣᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠵᠢᠴᠢ ᠵᠤᠨ ᠤ ᠤᠯᠠᠷᠢᠯ ᠤᠨ ᠦᠶᠡᠷ ᠤᠨ ᠬᠤᠭᠤᠴᠠᠭᠠᠨ ᠳᠤ ᠬᠤᠪᠣᠷ ᠲᠣᠬᠢᠶᠠᠯᠳᠤᠬᠤ ᠦᠶᠡᠷ ᠤᠰᠤᠲᠤᠯ ᠤᠨ ᠭᠠᠮᠰᠢᠭ ᠲᠤ ᠳᠠᠭᠠᠷᠢᠭᠳᠠᠭᠰᠠᠨ ᠠᠬᠤᠢ ᠪᠠᠶᠢᠳᠠᠯ ᠳᠣᠣᠷ᠎ᠠ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯ ᠳᠠᠭᠠᠨ ᠠᠯᠢ ᠤᠯᠠᠨ ᠦᠷ᠎ᠡ ᠪᠦᠲᠦᠮᠵᠢ ᠣᠯᠵᠠᠢ᠃      2020 ᠣᠨ ᠳᠤ᠂ ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ 7695 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠨᠢ ᠲᠡᠤᠬᠡ ᠶᠢᠨ ᠰᠢᠨ᠎ᠡ ᠲᠡᠮᠳᠡᠭᠯᠡᠯ  ᠢ ᠡᠭᠦᠳᠦᠨ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠶᠠᠮᠤᠨ ᠤ ᠬᠢᠨᠠᠨ ᠵᠢᠯᠣᠭᠤᠳᠣᠯᠭ᠎ᠠ ᠳᠣᠤᠷ᠎ᠠ᠂ ᠡᠯ᠎ᠡ ᠭᠠᠵᠠᠷ ᠤᠨ ᠬᠢᠨ ᠵᠠᠰᠠᠭ ᠤᠨ ᠣᠷᠳᠣᠨ ᠤ ᠲᠤᠰᠬᠠᠶ  ᠲᠥᠷᠥᠯ ᠤᠨ ᠵᠢᠭᠡᠯᠡᠯᠭᠡ ᠶᠢᠨ ᠲᠡᠮᠳᠡᠭᠲᠦ ᠪᠠ ᠪᠠᠩᠬᠢ ᠶᠢᠨ ᠵᠢᠭᠡᠯᠡᠯᠭᠡ ᠶᠢ ᠢᠳᠡᠪᠬᠢᠲᠡᠶ ᠠᠰᠢᠭᠯᠠᠨ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠨᠡᠮᠡᠭᠳᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ  ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ ᠨᠠᠶᠢᠳᠠᠪᠤᠷᠢᠵᠢᠭᠤᠯᠤᠭᠰᠠᠨ ᠬᠡᠪᠴᠢᠶ᠎ᠡ 1509 ᠳ᠋ᠦᠩᠰᠢᠭᠤᠷ ᠲᠥᠭᠦᠷᠢᠭ ᠲᠤ ᠬᠦᠷᠴᠦ᠂ 2019 ᠣᠨ ᠤ 6 ᠳᠠᠬᠢᠨ ᠰᠢᠬᠠᠮ ᠪᠣᠯᠵᠠᠶ᠃      ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯ ᠡᠬᠢᠯᠡᠭᠦᠯᠦᠭᠰᠡᠨ ᠲᠤᠭ᠎ᠠ ᠬᠡᠮᠵᠢᠶ᠎ᠡ ᠴᠦ ᠥᠩᠭᠡᠷᠡᠭᠰᠡᠨ  ᠵᠢᠯ  ᠤᠳ ᠤᠨ ᠬᠠᠮᠤᠭ ᠤᠨ ᠶᠡᠭᠡ ᠬᠡᠮᠵᠢᠶᠡᠨ ᠳᠤ ᠬᠦᠷᠦᠭᠰᠡᠨ ᠪᠠᠶᠢᠨ᠎ᠠ᠃ 2020 ᠣᠨ ᠳᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠰᠢᠶᠦ᠋ᠩ ᠠᠨ ᠰᠢᠨ᠎ᠡ ᠲᠣᠭᠤᠷᠢᠭ ᠤᠨ ᠦᠶᠡᠷ ᠢ ᠰᠡᠷᠭᠡᠶᠢᠯᠡᠬᠦ ᠭᠤᠣᠯᠯᠠᠭᠴᠢ ᠢᠨᠵᠧᠨᠧᠷᠢᠩ᠂ ᠬᠤᠨᠠᠨ ᠤ  ᠴᠢᠤᠸᠠᠨ ᠮᠦ ᠲᠠᠩ ᠴᠥᠭᠦᠷᠥᠮ᠂  ᠴᠦᠩᠴᠢᠩ ᠤᠨ ᠪᠠᠷᠠᠭᠤᠨ ᠬᠡᠰᠡᠭ ᠤᠨ ᠤᠰᠤᠨ ᠤ ᠡᠬᠢ ᠪᠠᠶᠠᠯᠢᠭ ᠢ ᠲᠤᠬᠢᠷᠠᠭᠤᠯᠬᠤ ᠢᠨᠵᠧᠨᠧᠷᠢᠩ᠂ ᠦ᠋ ᠰᠦᠩ ᠵᠢᠶᠠᠩ ᠮᠥᠷᠡᠨ ᠤ ᠵᠠᠰᠠᠯᠲᠠ ᠶᠢᠨ ᠱᠠᠩᠬᠠᠢ ᠶᠢᠨ ᠬᠡᠰᠡᠭ᠂ ᠰᠧᠴᠤᠸᠠᠨ ᠤ ᠲᠢᠩ ᠽᠢ ᠺᠸᠤ ᠤᠰᠤᠯᠠᠯᠲᠠ ᠶᠢᠨ ᠣᠷᠣᠨ ᠵᠡᠷᠭᠡ 45 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠡᠬᠢᠯᠡᠨ ᠪᠦᠳᠦᠭᠡᠨ ᠪᠠᠶᠢᠭᠤᠯᠪᠠ᠃ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠪᠦᠬᠦ ᠲᠠᠯ᠎ᠠ ᠪᠠᠷ ᠲᠦᠷᠭᠡᠳᠬᠡᠵᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ ᠤᠨ ᠵᠠᠯᠭᠠᠮᠵᠢ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ  ᠬᠦᠢᠰᠦ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ  ᠨᠢ ᠤᠰᠤ ᠬᠠᠳᠠᠭᠠᠯᠠᠬᠤ᠂ ᠠᠶᠠᠯᠠᠯ ᠨᠡᠪᠲᠡᠷᠡᠬᠦ ᠪᠠ ᠴᠠᠬᠢᠯᠭᠠᠨ ᠭᠠᠷᠭᠠᠬᠤ ᠭᠤᠷᠪᠠᠨ ᠶᠡᠭᠡ ᠵᠠᠩᠭᠢᠯᠠᠭ᠎ᠠ ᠶᠢᠨ ᠴᠡᠭ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠪᠡ᠃      ᠤᠰᠤᠨ ᠠᠰᠢᠭᠯᠠᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠴᠤ ᠴᠢᠬᠤᠯᠠ ᠶᠡᠭᠡ ᠢᠯᠠᠯᠲᠠ ᠤᠯᠪᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠦᠬᠦ  ᠲᠠᠯ᠎ᠠ ᠪᠠᠷ ᠰᠢᠢᠳᠪᠦᠷᠢᠯᠡᠪᠡ᠃ 975 ᠲᠦᠮᠡᠨ ᠬᠥᠮᠦᠨ ᠤ ᠤᠤᠭᠤᠬᠤ ᠤᠰᠤᠨ ᠤ ᠹᠯᠣᠷ ᠤᠨ ᠪᠠᠷᠢᠮᠵᠢᠶ᠎ᠠ ᠠᠴᠠ ᠭᠡᠳᠦᠷᠡᠭᠰᠡᠨ ᠢ ᠥᠭᠡᠷᠡᠴᠢᠯᠡᠬᠦ ᠶᠢ ᠪᠡᠶᠡᠯᠡᠭᠦᠯᠵᠦ᠂ 120 ᠲᠦᠮᠡᠨ ᠬᠥᠮᠦᠨ ᠤ ᠤᠤᠭᠤᠬᠤ ᠤᠰᠤᠨ ᠤ ᠭᠠᠰᠢᠭᠤᠨ ᠱᠣᠷᠪᠣᠭ ᠠᠰᠠᠭᠤᠳᠠᠯ ᠢ  ᠰᠢᠢᠳᠪᠦᠷᠢᠯᠡᠨ᠂ ᠬᠥᠳᠡᠭᠡ ᠲᠣᠰᠬᠤᠨ ᠤ 4233 ᠲᠦᠮᠡᠨ ᠬᠥᠮᠦᠨ ᠠᠮᠠ ᠶᠢᠨ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠪᠡᠯᠡ ᠣᠷᠣᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ 832 ᠶᠠᠳᠠᠭᠤ ᠬᠦᠴᠢᠷᠳᠡᠯ ᠲᠠᠢ ᠰᠢᠶᠠᠨ ᠳᠤ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ  1863 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠤᠰᠤᠯᠠᠯᠲᠠ ᠵᠡᠷᠭᠡ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠪᠡ᠃      ᠲᠣᠰ ᠤᠳᠠᠭᠠᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯᠳᠤᠭᠠᠨ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠭᠤᠣᠯ ᠬᠠᠷᠠᠯᠲᠠ ᠶᠢ ᠲᠤᠳᠤᠷᠬᠠᠶᠢᠯᠠᠪᠠ᠃ ᠡᠭᠦᠨ ᠳᠤ 2025 ᠣᠨ ᠪᠣᠯᠬᠤ ᠳᠤ᠂ ᠪᠥᠬᠦ ᠤᠯᠤᠰ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 6700 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ  ᠶᠡᠷᠦᠩᠬᠡᠢ ᠥᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 16% ᠪᠠᠷ ᠪᠠᠭᠤᠷᠠᠭᠤᠯᠵᠤ᠂ ᠬᠥᠳᠡᠭᠡ ᠲᠣᠰᠬᠤᠨ ᠤ ᠬᠡᠪᠴᠢᠶᠡᠵᠢᠭᠦᠯᠦᠭᠰᠡᠨ ᠤᠰᠤ ᠬᠠᠩᠭᠠᠬᠤ ᠬᠥᠮᠦᠨ ᠠᠮᠠ ᠶᠢᠨ ᠪᠦᠷᠬᠦᠴᠡ ᠶᠢᠨ ᠬᠠᠷᠢᠴᠠᠯ ᠢ 55% ᠳᠤ ᠬᠦᠷᠦᠭᠦᠯᠦᠨ᠎ᠡ︔ ᠭᠤᠣᠯ ᠨᠠᠭᠤᠷ ᠤᠨ ᠠᠮᠢ ᠠᠬᠤᠶ ᠶᠢᠨ ᠣᠷᠴᠢᠨ  ᠲᠤᠭᠤᠷᠢᠨ ᠢ ᠢᠯᠡᠳᠲᠡ ᠰᠠᠶᠢᠵᠢᠷᠠᠭᠤᠯᠵᠤ᠂ ᠭᠤᠣᠯᠳᠠᠯᠭ᠎ᠠ ᠲᠠᠢ ᠭᠤᠣᠯ ᠨᠠᠭᠤᠷ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠬᠠᠷᠠᠯᠲᠠ ᠶᠢ ᠬᠠᠩᠭᠠᠬᠤ ᠬᠡᠮᠵᠢᠶ᠎ᠡ ᠶᠢ 90% ᠠᠴᠠ ᠳᠡᠭᠡᠭᠰᠢ ᠳᠤ ᠬᠦᠷᠭᠡᠵᠦ᠂ ᠭᠤᠣᠯᠳᠠᠯᠭ᠎ᠠ ᠲᠠᠢ ᠭᠠᠵᠠᠷ ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠪᠠᠷ ᠵᠠᠰᠠᠵᠤ᠂ ᠪᠦᠬᠦ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠨᠤᠷᠮ᠎ᠠ ᠶᠢ 73% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠪᠦᠬᠦ ᠤᠯᠤᠰ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠪᠦᠲᠦᠮᠵᠢᠲᠡᠶ ᠪᠠᠷ ᠬᠤᠷᠢᠭᠯᠠᠬᠤ ᠵᠡᠷᠭᠡ ᠪᠣᠯᠤᠨ᠎ᠠ᠃     2021 ᠣᠨ ᠳᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠥᠯᠥᠪᠵᠢᠭᠦᠯᠭᠡ᠂ ᠤᠯᠤᠰ ᠤᠨ ᠤᠰᠤᠨ ᠤ ᠲᠣᠣᠷ ᠤᠨ ᠢᠨᠵᠧᠨᠧᠷᠢᠩ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠵᠡᠷᠭᠡ ᠶᠢ ᠪᠠᠭᠲᠠᠭᠠᠭᠰᠠᠨ ᠥᠭᠡᠷᠡᠴᠢᠯᠡᠯᠲᠡ ᠬᠥᠭᠵᠢᠯᠲᠡ ᠶᠢᠨ ᠦᠵᠦ ᠲᠥᠯᠥᠪᠯᠡᠭᠡ ᠶᠢ ᠭᠤᠣᠯᠳᠠᠯᠭ᠎ᠠ ᠲᠠᠢ ᠴᠢᠩᠭᠠᠳᠬᠠᠨ᠎ᠠ᠃     ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ ᠨᠢᠭᠡ ᠪᠦᠯᠦᠭ ᠶᠡᠭᠡ ᠭᠤᠣᠯ ᠮᠥᠷᠡᠨ ᠶᠡᠭᠡ ᠨᠠᠭᠤᠷ ᠢ ᠵᠠᠰᠠᠬᠤ ᠰᠠᠭᠤᠷᠢ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠲᠥᠯᠥᠪᠵᠢᠭᠦᠯᠦᠨ ᠠᠬᠢᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠬᠤᠶᠠᠳᠤᠭᠠᠷ ᠬᠤᠭᠤᠴᠠᠭ᠎ᠠ᠂ ᠬᠥᠬᠡᠮᠥ᠋ᠷᠡᠨ ᠢ ᠲᠠᠲᠠᠵᠤ ᠬᠠᠨᠵᠢᠶᠠᠩ ᠮᠥᠷᠡᠨ ᠢ ᠨᠥᠬᠦᠪᠥᠷᠢᠯᠡᠬᠦ᠂ ᠳᠤᠮᠳᠠ ᠱᠤᠭᠤᠮ ᠢ ᠰᠦᠯᠵᠢᠶᠡᠨ ᠳᠡᠭᠡᠷ᠎ᠡ ᠲᠤᠬᠢᠷᠠᠭᠤᠯᠤᠨ ᠬᠠᠳᠠᠭᠠᠯᠠᠬᠤ ᠵᠢᠴᠢ ᠪᠠᠷᠠᠭᠤᠨ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠠᠳᠬᠤᠵᠤ᠂ ᠬᠠᠳᠤᠨ ᠭᠤᠣᠯ ᠤᠨ  ᠭᠦ᠋ ᠰᠢᠶᠠᠨ ᠤᠰᠤᠨ ᠠᠰᠢᠭᠯᠠᠯᠲᠠ ᠶᠢᠨ ᠭᠦᠢᠰᠦ ᠪᠠᠷᠢᠯᠭ᠎ᠠ ᠵᠡᠷᠭᠡ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠣᠯᠠᠨ ᠠᠷᠭ᠎ᠠ ᠵᠠᠮ ᠢᠶᠠᠷ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠴᠢᠷᠮᠠᠶᠢᠨ ᠣᠯᠵᠤ᠂ ᠲᠥᠪ ᠪᠠ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠣᠷᠣᠭᠤᠯᠤᠯᠲᠠ ᠶᠢᠨ ᠡᠷᠴᠢᠮ ᠢ ᠴᠢᠷᠮᠠᠶᠢᠨ ᠴᠢᠩᠭᠠᠷᠠᠭᠤᠯᠬᠤ ᠶᠢᠨ ᠬᠠᠮᠲᠤ᠂ ᠤᠰᠤᠨ ᠠᠰᠢᠭᠯᠠᠯᠲᠠ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠵᠣᠬᠢᠴᠠᠭᠤᠯᠤᠨ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃     ᠬᠤᠷᠠᠯ ᠠᠴᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ  ᠰᠢᠰᠲ᠋ᠧᠮ ᠢ ᠲᠡᠭᠦᠯᠳᠡᠷᠵᠢᠭᠦᠯᠵᠦ᠂ ᠮᠤᠵᠢ ᠶᠢᠨ ᠱᠠᠲᠤᠨ ᠤ ᠤᠰᠤᠨ ᠠᠰᠢᠭᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ  ᠰᠢᠰᠲ᠋ᠧᠮ  ᠢ ᠬᠤᠲᠠ ᠰᠢᠶᠠᠨ ᠤ ᠱᠠᠳᠤ ᠲᠡᠰᠢ ᠤᠷᠲᠤᠳᠬᠠᠬᠤ ᠶᠢ ᠵᠢᠯᠣᠭᠤᠳᠤᠨ ᠠᠬᠢᠭᠤᠯᠬᠤ ᠬᠡᠷᠡᠭᠲᠡᠢ᠃ ᠡᠭᠦᠨ ᠳᠤ ᠦᠶᠡᠷ ᠭᠠᠩ ᠤᠨ ᠭᠠᠮᠰᠢᠭ ᠤᠨ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ  ᠦᠢᠯᠡᠳᠦᠯ  ᠢ ᠴᠢᠩᠭᠠᠷᠠᠭᠤᠯᠬᠤ᠂ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠲᠠᠯ᠎ᠠ ᠶᠢ  ᠭᠤᠤᠯᠳᠠᠯᠭ᠎ᠠ ᠲᠠᠢ ᠠᠳᠬᠤᠨ᠎ᠠ᠃     ᠬᠠᠷᠢᠭᠤᠴᠠᠭᠰᠠᠨ  ᠨᠠᠶᠢᠷᠠᠭᠤᠯᠤᠭᠴᠢ  ᠄ ᠸᠧᠶ ᠶᠦᠩ ᠵᠢᠩ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号