ᠲᠤᠰ ᠥᠷᠲᠡᠭᠡᠨ ᠤ ᠮᠡᠳᠡᠭᠡ ︵ᠰᠤᠷᠪᠤᠯᠵᠢᠯᠠᠭᠴᠢ ᠴᠢ ᠰᠢᠨ ᠷᠠᠨ︶ 5 ᠰᠠᠷ᠎ᠠ ᠶᠢᠨ 18 ᠤ ᠡᠳᠦᠷ᠂ | ᠬᠠᠲᠤᠨ ᠭᠤᠣᠯ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠢ | ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠤᠭᠤᠳᠤᠭᠴᠢ᠂ ᠬᠠᠲᠤᠨ ᠭᠤᠣᠯ ᠤᠨ ᠤᠰᠤᠨ | ᠠᠰᠢᠬᠯᠠᠯᠳᠠ ᠶᠢᠨ ᠵᠥᠪᠯᠡᠯ ᠤᠨ ᠡᠷᠬᠢᠯᠡᠭᠴᠢ ᠶᠤᠸᠠᠢ ᠵᠦᠩ ᠮᠢᠩ 2021 ᠣᠨ ᠤ ᠬᠠᠲᠤᠨ ᠭᠤᠣᠯ ᠤᠨ ᠦᠶᠡᠷ | ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠣ᠋ ᠬᠤᠷᠠᠯ ᠳᠡᠭᠡᠷ᠎ᠡ᠂ ᠰᠢᠨ᠎ᠡ | ᠪᠠᠶᠢᠳᠠᠯ ᠢ ᠡᠵᠡᠮᠳᠡᠨ᠂ ᠰᠢᠨ᠎ᠡ ᠤᠢᠢᠯᠠᠭᠠᠭᠳᠠᠬᠤᠨ ᠢ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ | ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠷᠠᠳ ᠤᠯᠠᠨ ᠤ | ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠬᠠᠮᠤᠭ ᠤᠨ ᠳᠡᠭᠡᠳᠦ ᠬᠠᠷᠠᠯᠲᠠ ᠪᠠ ᠠᠵᠢᠯ ᠤᠨ | ᠬᠥᠭᠡᠭᠡᠴᠡᠯᠳᠦᠯ ᠢᠶᠠᠨ ᠪᠣᠯᠭᠠᠵᠤ᠂ ᠬᠠᠳᠤᠨ ᠭᠤᠣᠯ ᠤᠨ ᠦᠶᠡᠷ ᠤᠰᠤᠳᠤᠯ ᠢ ᠰᠠᠷᠭᠡᠶᠢᠯᠡᠬᠦ ᠠᠮᠤᠷ ᠲᠦᠪᠰᠢᠨ ᠪᠠ | ᠤᠰᠤ ᠬᠠᠩᠭᠠᠬᠤ ᠠᠮᠤᠷ ᠲᠦᠪᠰᠢᠨ ᠢ ᠪᠠᠲᠤᠯᠠᠨ᠂ ᠰᠠᠪᠠ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠶᠤᠸᠠᠢ ᠵᠦᠩ ᠮᠢᠩ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠤᠯᠢ | ᠶᠣᠰᠣᠭᠠᠷ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠢᠭᠡᠳᠦᠯᠲᠡᠢ | ᠲᠤᠬᠢᠷᠠᠭᠤᠯᠬᠤ ᠶᠢ ᠪᠠᠷᠢᠮᠲᠠᠯᠠᠵᠤ᠂ ᠪᠦᠯᠬᠦᠮᠳᠡᠨ ᠦᠶᠡᠷ ᠲᠠᠢ ᠲᠡᠮᠡᠴᠡᠵᠦ᠂ ᠬᠠᠳᠤᠨ ᠭᠤᠣᠯ ᠤᠨ ᠦᠶᠡᠷ ᠤᠰᠤᠳᠤᠯ ᠢ | ᠰᠠᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠤ | ᠴᠢᠬᠤᠴᠢᠯᠠᠭᠰᠠᠨ ᠪᠠᠶᠢᠨ᠎ᠠ᠃ | ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠶᠡᠷ ᠤᠰᠤᠳᠤᠯ ᠢ ᠰᠠᠷᠭᠡᠶᠢᠯᠡᠨ | ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠠᠪᠠ | ᠭᠠᠵᠠᠷ ᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠤᠳᠤᠷᠢᠳᠬᠤ ᠺᠠᠳ᠋ᠷᠴᠤᠳ ᠵᠠᠰᠠᠭ | ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢᠶᠠᠷ ᠭᠤᠣᠯ ᠪᠣᠯᠭᠠᠭᠰᠠᠨ ᠡᠯ᠎ᠡ ᠵᠦᠢᠯ ᠤᠨ | ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷᠯᠡᠬᠦ ᠠᠴᠠ ᠡᠮᠦᠨ᠎ᠡ ᠬᠠᠷᠢᠶ᠎ᠠ | ᠣᠷᠣᠨ ᠤ ᠪᠠᠨ ᠳᠣᠲᠣᠷᠠᠬᠢ ᠦᠶᠡᠷ ᠤᠰᠤᠳᠤᠯ ᠢ ᠰᠠᠷᠭᠡᠶᠢᠯᠡᠬᠦ ᠭᠤᠣᠯᠳᠠᠯᠭ᠎ᠠ ᠪᠣᠯᠤᠨ ᠪᠠᠭᠤᠷᠠᠶ ᠵᠠᠩᠭᠢᠯᠠᠭ᠎ᠠ ᠶᠢ ᠠᠯᠢ | ᠲᠦᠷᠭᠡᠨ ᠢᠶᠠᠷ ᠣᠢᠢᠯᠠᠭᠠᠵᠤ ᠮᠡᠳᠡᠬᠦ ᠬᠡᠷᠡᠭᠲᠡᠶ᠃ ᠡᠯ᠎ᠡ ᠱᠠᠲᠤᠨ ᠤ ᠰᠡᠷᠭᠡᠶᠢᠯᠡᠯᠲᠡ ᠶᠢᠨ ᠵᠢᠭᠠᠯᠲᠠ ᠨᠢ ᠡᠯ᠎ᠡ ᠰᠠᠯᠠᠭ᠎ᠠ | ᠮᠥᠴᠢᠷ᠂ ᠡᠯ᠎ᠡ ᠠᠵᠢᠯ ᠲᠥᠷᠥᠯ ᠤᠨ ᠦᠶᠡᠷ ᠤᠰᠤᠳᠤᠯ ᠢ ᠰᠠᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠬᠠᠷᠢᠭᠤᠴᠠᠯᠭ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ︔ | ᠦᠶᠡᠷ ᠤᠰᠤᠳᠤᠯ ᠢ ᠰᠠᠷᠭᠡᠶᠢᠯᠡᠬᠦ ᠬᠠᠷᠢᠭᠤᠴᠠᠯᠭ᠎ᠠ ᠲᠠᠢ ᠬᠥᠮᠦᠨ ᠢᠯᠠᠩᠭᠤᠶ᠎ᠠ ᠰᠢᠨ᠎ᠡ ᠪᠠᠷ ᠲᠣᠮᠢᠯᠠᠭᠳᠠᠭᠰᠠᠨ ᠵᠠᠰᠠᠭ | ᠵᠠᠬᠢᠷᠭᠠᠨ ᠤ ᠤᠳᠤᠷᠢᠳᠤᠯᠭ᠎ᠠ ᠶᠢᠨ ᠦᠶᠡᠷ ᠤᠰᠤᠳᠤᠯ ᠢ ᠰᠠᠷᠭᠡᠶᠢᠯᠡᠵᠦ ᠠᠶᠤᠯ ᠠᠴᠠ ᠠᠪᠤᠷᠠᠬᠤ ᠮᠡᠷᠭᠡᠵᠢᠯ ᠤᠨ | ᠪᠣᠯᠪᠠᠰᠤᠷᠠᠯ ᠢ ᠴᠢᠩᠭᠠᠳᠬᠠᠬᠤ ᠬᠡᠷᠡᠭᠳᠠᠢ︔ ᠦᠶᠡᠷ ᠤᠰᠤᠳᠤᠯ ᠤᠨ ᠰᠡᠷᠭᠡᠶᠢᠯᠡᠯᠲᠡ ᠶᠢᠨ ᠪᠠᠶᠢᠴᠠᠭᠠᠯᠲᠠ ᠶᠢ | ᠴᠢᠩᠭᠠᠷᠠᠭᠤᠯᠵᠤ᠂ ᠱᠠᠯᠠᠪᠳᠠᠭᠤᠯᠤᠨ ᠱᠠᠭᠠᠷᠳᠠᠵᠤ᠂ ᠦᠶᠡᠷ ᠤᠰᠤᠳᠤᠯ ᠤᠨ ᠰᠡᠷᠭᠡᠶᠢᠯᠡᠯᠲᠡ ᠶᠢᠨ ᠬᠠᠷᠢᠭᠤᠴᠠᠯᠭ᠎ᠠ | ᠬᠢᠭᠡᠳ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠳᠠᠢ᠃ | ᠬᠤᠶᠠᠷ ᠲᠤ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠡᠯ᠎ᠡ ᠲᠦᠷᠦᠯ ᠤᠨ ᠲᠥᠰᠦᠯ | ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠠᠲᠤᠨ ᠭᠤᠤᠯ ᠤᠨ ᠦᠶᠡᠷ | ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠤᠭᠤᠳᠬᠤ ᠭᠠᠵᠠᠷ ᠤᠨ | ᠠᠯᠪᠠᠨ ᠬᠡᠷ ᠨᠢ ᠰᠠᠪᠠ ᠭᠠᠵᠠᠷ ᠤᠨ ᠦᠶᠡᠷ ᠢ ᠤᠷᠢᠳᠴᠢᠯᠠᠨ ᠮᠡᠳᠡᠭᠡᠯᠡᠬᠦ ᠲᠥᠰᠦᠯ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠦᠶᠡᠷ ᠤᠰᠤᠳᠤᠯ ᠢ ᠰᠠᠷᠭᠡᠶᠢᠯᠡᠬᠦ ᠲᠣᠬᠢᠷᠠᠭᠤᠯᠤᠯᠲᠠ ᠶᠢᠨ ᠰᠣᠷᠢᠯᠲᠠ ᠶᠢ ᠥᠷᠨᠢᠭᠦᠯᠦᠨ᠂ | ᠬᠠᠲᠤᠨ ᠭᠤᠤᠯ ᠤᠨ ᠭᠤᠤᠯ ᠰᠠᠯᠪᠤᠷᠢ ᠤᠷᠤᠰᠬᠠᠯ ᠤᠨ ᠭᠤᠤᠯ ᠤᠰᠤᠨ ᠴᠥᠭᠦᠷᠥᠮ ᠤᠨ ᠦᠶᠡᠷ ᠤᠰᠤᠳᠤᠯ ᠢ | ᠰᠠᠷᠭᠡᠶᠢᠯᠡᠬᠦ ᠬᠠᠮᠲᠤᠷᠠᠭᠰᠠᠨ ᠲᠣᠬᠢᠷᠠᠭᠤᠯᠤᠯᠲᠠ ᠶᠢᠨ ᠲᠥᠰᠦᠯ ᠪᠣᠯᠤᠨ ᠰᠢᠶᠤᠤ ᠯᠠᠩ ᠳ᠋ᠢ ᠤᠰᠤᠨ ᠴᠥᠭᠦᠷᠥᠮ ᠢᠶᠠᠷ | ᠭᠤᠤᠯ ᠪᠣᠯᠭᠠᠭᠰᠠᠨ ᠤᠰᠤ ᠪᠠ ᠡᠯᠡᠰᠦ ᠶᠢ ᠳᠣᠭᠢᠷᠠᠭᠤᠯᠬᠤ ᠲᠥᠰᠦᠯ ᠢ ᠰᠢᠯᠢᠳᠡᠭᠵᠢᠭᠦᠯᠦᠨ ᠨᠠᠷᠢᠯᠢᠬᠵᠢᠭᠤᠯᠬᠤ | ᠬᠡᠷᠡᠭᠲᠡᠶ᠃ ᠡᠯ᠎ᠡ ᠭᠠᠵᠠᠷ ᠤᠨ ᠬᠢᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ | ᠲᠥᠰᠦᠯ ᠬᠢᠭᠡᠳ ᠡᠯ᠎ᠡ ᠲᠥᠷᠥᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ ᠳᠤ ᠴᠢᠨᠠᠭᠰᠢᠳᠠ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠲᠤᠰᠬᠠᠶ ᠵᠦᠢᠯ ᠤᠨ ᠪᠣᠯᠪᠠᠰᠤᠷᠠᠯ ᠪᠣᠯᠤᠨ ᠪᠣᠳᠠᠲᠤ ᠠᠵᠢᠯᠯᠠᠭᠠᠨ ᠤ | ᠰᠣᠷᠢᠯᠲᠠ ᠶᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠵᠦ᠂ ᠪᠡᠯᠡᠳᠬᠡᠯ ᠲᠥᠰᠦᠯ ᠤᠨ ᠵᠢᠯᠣᠭᠤᠳᠬᠤ ᠴᠢᠨᠠᠷ᠂ | ᠴᠢᠭᠯᠡᠭᠦᠯᠬᠦ ᠴᠢᠨᠠᠷ ᠪᠣᠯᠤᠨ ᠬᠡᠷᠡᠭᠵᠢᠭᠦᠯᠵᠦ ᠪᠣᠯᠬᠤᠢᠢᠴᠠ ᠴᠢᠨᠠᠷ ᠢ ᠲᠠᠰᠤᠷᠠᠯᠳᠠ ᠥᠭᠡᠢ ᠳᠡᠭᠡᠭᠰᠢᠯᠡᠭᠦᠯᠬᠦ ᠬᠡᠷᠡᠭᠲᠡᠶ᠃ | ᠭᠤᠷᠪᠠ ᠳᠤ ᠦᠶᠡᠷ ᠤᠰᠤᠳᠤᠯ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠤᠷᠢᠳᠴᠢᠯᠠᠨ | ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠲᠡᠷᠢᠭᠦᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠬᠯᠠᠨ᠂ ᠦᠶᠡᠷ ᠤᠨ ᠪᠠᠶᠢᠳᠠᠯ ᠢ | ᠮᠡᠳᠡᠭᠦᠯᠬᠦ ᠥᠷᠲᠡᠭᠡ ᠲᠣᠤᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠬᠢᠨᠠᠨ ᠬᠡᠮᠵᠢᠯᠲᠡ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠨ᠂ ᠮᠡᠳᠡᠭᠡ ᠵᠠᠩᠭᠢ ᠶᠢ ᠬᠡᠮᠵᠢᠨ ᠭᠠᠷᠭᠠᠬᠤ᠂ ᠣᠨᠣᠪᠴᠢᠲᠠᠶ ᠮᠡᠳᠡᠭᠦᠯᠬᠦ᠂ ᠲᠦᠷᠭᠡᠨ | ᠳᠠᠮᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠠᠲᠤᠨ ᠭᠤᠤᠯ ᠤᠨ ᠡᠬᠢ ᠶᠢᠨ ᠣᠷᠣᠨ᠂ ᠭᠤᠤᠯ ᠤᠨ | ᠬᠡᠰᠡᠭ ᠤᠨ ᠬᠤᠭᠤᠷᠣᠨᠳᠣᠬᠢ ᠪᠣᠷᠣᠭᠠᠨ ᠤ ᠤᠷᠤᠰᠬᠠᠯ ᠤᠨ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠰᠢᠶᠤᠤ ᠯᠠᠩ ᠳ᠋ᠢ ᠠᠴᠠ ᠬᠤᠸᠠ ᠶᠤᠸᠠᠨ ᠺᠸᠦ ᠬᠦᠷᠲᠡᠯᠡᠬᠢ ᠬᠤᠭᠤᠷᠣᠨᠳᠣᠬᠢ ᠰᠢᠷᠦᠭᠦᠨ | ᠪᠣᠷᠣᠭᠠᠨ ᠤ ᠦᠶᠡᠷ ᠤᠨ ᠤᠰᠤ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠴᠢᠨᠠᠭᠰᠢᠳᠠ | ᠳᠡᠭᠡᠭᠰᠢᠯᠡᠭᠦᠯᠦᠨ᠂ ᠦᠶᠡᠷ ᠤᠨ ᠤᠰᠤ ᠶᠢ ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ ᠬᠡᠷᠡᠭᠳᠠᠢ︔ | ᠵᠥᠪᠳᠡᠯᠴᠡᠨ ᠵᠠᠳᠠᠯᠤᠯᠲᠠ ᠬᠢᠬᠦ ᠶᠢ ᠴᠢᠩᠭᠠᠷᠠᠭᠤᠯᠵᠤ᠂ ᠮᠡᠳᠡᠭᠡ ᠵᠠᠩᠭᠢ ᠶᠢᠨ ᠰᠣᠯᠢᠯᠴᠠᠭ᠎ᠠ ᠪᠠ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠦᠶᠡᠷ ᠤᠨ ᠤᠰᠤ ᠶᠢ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠬᠦ | ᠲᠤᠭ᠎ᠠ ᠵᠢᠴᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠶᠢ ᠴᠠᠭ | ᠲᠤᠬᠠᠶ ᠳᠤᠨᠢ ᠨᠡᠶᠢᠲᠡᠯᠡᠭᠦ ᠬᠡᠷᠡᠭᠳᠠᠢ᠃ | ᠲᠦᠷᠪᠡ ᠳᠤ ᠬᠤᠯᠪᠣᠭᠠᠯᠠᠨ ᠲᠤᠬᠢᠷᠠᠭᠤᠯᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠠᠪᠠ ᠭᠠᠵᠠᠷ ᠤᠨ ᠦᠶᠡᠷ ᠤᠰᠤᠳᠤᠯ ᠢ | ᠰᠠᠷᠭᠡᠶᠢᠯᠡᠬᠦ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠴᠤᠭᠴᠠᠯᠠᠵᠤ᠂ ᠳᠡᠭᠡᠳᠦ ᠳᠣᠤᠷᠠᠳᠤ | ᠤᠷᠤᠰᠬᠠᠯ ᠤᠨ ᠦᠶᠡᠷ ᠤᠰᠤᠳᠤᠯ ᠢ ᠰᠠᠷᠭᠡᠶᠢᠯᠡᠬᠦ ᠪᠠᠶᠢᠳᠠᠯ ᠵᠢᠴᠢ ᠤᠰᠤᠨ ᠴᠥᠭᠦᠷᠥᠮ ᠤᠨ ᠣᠳᠣᠬᠢ ᠪᠠᠶᠢᠳᠠᠯ ᠤᠨ | ᠨᠥᠬᠦᠴᠡᠯ ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ︽ᠨᠢᠭᠡ ᠥᠨᠳᠥᠷ ᠨᠢᠭᠡ ᠳᠣᠤᠷ᠎ᠠ︾ ᠤᠰᠤᠨ | ᠴᠥᠭᠦᠷᠥᠮ ᠤᠨ ᠲᠣᠬᠢᠷᠠᠭᠤᠯᠤᠯᠲᠠ ᠶᠢᠨ ᠰᠡᠳᠬᠢᠮᠵᠢ ᠶᠢ ᠪᠠᠷᠢᠮᠲᠠᠯᠠᠨ᠂ ᠴᠠᠭ ᠲᠤᠬᠠᠶ ᠳᠤᠨᠢ ᠤᠰᠤᠨ ᠴᠥᠭᠦᠷᠥᠮ ᠢ | ᠰᠤᠯᠠᠯᠠᠨ᠂ ᠦᠶᠡᠷ ᠤᠨ ᠤᠰᠤ ᠶᠢ ᠪᠦᠲᠦᠮᠵᠢᠲᠡᠶ ᠪᠠᠷ ᠬᠠᠰᠢᠵᠤ ᠣᠷᠭᠢᠯ ᠤᠨ ᠬᠡᠮᠵᠢᠶ᠎ᠡ ᠶᠢ ᠠᠷᠢᠯᠭᠠᠵᠤ᠂ ᠦᠶᠡᠷ | ᠤᠰᠤᠳᠤᠯ ᠤᠨ ᠭᠠᠮᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ︔ ᠳᠤᠮᠳᠠ ᠵᠡᠷᠭᠡ ᠶᠢᠨ | ᠦᠶᠡᠷ ᠲᠤ ᠲᠣᠬᠢᠶᠠᠯᠳᠤᠪᠠᠯ᠂ ᠤᠰᠤ ᠡᠯᠡᠰᠦᠨ ᠤ ᠪᠠᠶᠢᠳᠠᠯ ᠢ ᠦᠵᠡᠵᠦ ᠪᠠᠶᠢᠭᠠᠳ ᠲᠣᠬᠢᠶᠠᠯ ᠢ ᠦᠵᠡᠨ ᠦᠶᠡᠷ ᠤᠨ | ᠬᠤᠭᠤᠴᠠᠭᠠᠨ ᠤ ᠤᠰᠤ ᠡᠯᠡᠰᠦ ᠶᠢ ᠲᠣᠬᠢᠷᠠᠭᠤᠯᠬᠤ ᠠᠵᠢᠯ ᠢ ᠥᠷᠨᠢᠭᠦᠯᠵᠦ᠂ ᠤᠰᠤ ᠡᠯᠡᠰᠦᠨ ᠤ ᠬᠠᠷᠢᠴᠠᠭ᠎ᠠ ᠶᠢ | ᠪᠤᠢ ᠪᠣᠯᠭᠠᠨ ᠵᠣᠬᠢᠴᠠᠭᠤᠯᠵᠤ᠂ ᠤᠰᠤᠨ ᠴᠥᠭᠦᠷᠥᠮ᠂ ᠭᠤᠣᠯ ᠤᠨ ᠵᠠᠮ ᠤᠨ ᠬᠤᠷᠠᠭᠰᠠᠨ ᠢ ᠪᠠᠭᠠᠰᠬᠠᠬᠤ ᠶᠢ | ᠴᠢᠷᠮᠠᠶᠢᠨ ᠪᠡᠶᠡᠯᠡᠭᠦᠯᠬᠦ ᠬᠡᠷᠡᠭᠳᠡᠢ︔ ᠤᠰᠤᠨ ᠤ ᠢᠨᠵᠧᠨᠧᠷᠢᠩ ᠤᠨ ᠤᠷᠢᠳᠴᠢᠯᠠᠨ ᠮᠡᠳᠡᠭᠡᠯᠡᠵᠦ ᠳᠣᠭᠢᠷᠠᠭᠤᠯᠬᠤ ᠶᠢ | ᠨᠢᠭᠡ ᠴᠤᠭᠴᠠᠵᠢᠭᠤᠯᠬᠤ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠣᠭᠢᠷᠠᠭᠤᠯᠬᠤ ᠬᠦᠷᠢᠶ᠎ᠡ | ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ᠰᠠᠪᠠ ᠭᠠᠵᠠᠷ ᠤᠨ ᠦᠶᠡᠷ ᠤᠰᠤᠳᠤᠯ ᠢ ᠰᠠᠷᠭᠡᠶᠢᠯᠡᠬᠦ | ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢᠯᠠᠬᠤ᠂ ᠣᠳᠣᠬᠢᠴᠢᠯᠠᠬᠤ᠂ ᠤᠶᠤᠨᠴᠢᠯᠠᠬᠤ ᠬᠢᠷᠢ ᠲᠦᠪᠰᠢᠨ ᠢ | ᠴᠢᠨᠠᠭᠰᠢᠳᠠ ᠳᠡᠭᠡᠭᠰᠢᠯᠡᠭᠦᠯᠬᠦ ᠬᠡᠷᠡᠭᠳᠠᠢ᠃ | ᠲᠠᠪᠤ ᠳᠤ ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ ᠶᠢ ᠲᠦᠷᠭᠡᠳᠬᠡᠵᠦ᠂ ᠢᠨᠵᠧᠨᠧᠷᠢᠩ ᠤᠨ | ᠰᠡᠷᠭᠡᠶᠢᠯᠡᠯᠲᠡ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃ 2020 ᠣᠨ ᠳᠤ ᠬᠠᠲᠤᠨ | ᠭᠤᠤᠯ ᠤᠨ ᠦᠶᠡᠷ ᠤᠨ ᠬᠡᠪᠴᠢᠶ᠎ᠡ ᠥᠷᠭᠡᠨ᠂ ᠤᠷᠤᠰᠬᠠᠯ ᠤᠨ ᠬᠡᠮᠵᠢᠶ᠎ᠡ ᠶᠡᠭᠡ᠂ ᠦᠷᠭᠦᠯᠵᠢᠯᠡᠭᠰᠡᠨ ᠴᠠᠭ ᠨᠢ ᠣᠷᠳᠣ | ᠪᠠᠶᠢᠵᠤ᠂ ᠤᠰᠤᠨ ᠠᠰᠢᠬᠯᠠᠯᠳᠠ ᠶᠢᠨ ᠪᠠᠷᠢᠯᠭ᠎ᠠ ᠶᠢᠨ ᠲᠥᠬᠦᠭᠡᠷᠦᠮᠵᠢ ᠨᠢ ᠤᠰᠤᠨ ᠳᠤ ᠬᠦᠨᠳᠦ ᠨᠣᠴᠢᠲᠠᠶ | ᠡᠪᠳᠡᠭᠳᠡᠵᠡᠶ᠃ ᠡᠯ᠎ᠡ ᠭᠠᠵᠠᠷ ᠤᠨ ᠰᠡᠷᠭᠡᠶᠢᠯᠡᠯᠲᠡ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠦᠶᠡᠷ ᠤᠰᠤᠳᠤᠯ ᠢ ᠰᠠᠷᠭᠡᠶᠢᠯᠡᠬᠦ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠣᠯᠤᠨ ᠤᠰᠤᠨ ᠳᠤ | ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠶᠢ ᠠᠬᠢᠭᠤᠯᠵᠤ᠂ ᠦᠶᠡᠷ ᠠᠴᠠ ᠡᠮᠦᠨ᠎ᠡ ᠳᠠᠭᠤᠰᠬᠠᠬᠤ ᠶᠢ ᠦᠨᠡᠨ ᠬᠦ | ᠪᠠᠲᠤᠯᠠᠵᠤ᠂ ᠦᠶᠡᠷ ᠤᠨ ᠬᠤᠭᠤᠴᠠᠭ᠎ᠠ ᠶᠢ ᠠᠯᠤᠰᠯᠠᠨ ᠪᠠᠷᠢᠯᠭ᠎ᠠ ᠪᠠᠷᠢᠬᠤ ᠲᠥᠷᠥᠯ ᠵᠦᠢᠯ ᠳᠤ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠲᠥᠰᠦᠯ ᠢ ᠤᠷᠢᠳᠴᠢᠯᠠᠨ ᠪᠡᠯᠡᠳᠬᠡᠬᠦ ᠶᠢᠨ ᠬᠠᠮᠲᠤ | ᠨᠠᠶᠢᠳᠠᠪᠤᠷᠢᠵᠢᠭᠤᠯᠬᠤ ᠬᠡᠷᠡᠭᠳᠠᠢ︔ ᠪᠠᠷᠢᠯᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ | ᠴᠢᠨᠠᠭᠰᠢᠳᠠ ᠥᠷᠨᠢᠭᠦᠯᠵᠦ᠂ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠭᠤᠣᠯ ᠮᠦᠷᠡᠨ | ᠨᠠᠭᠤᠷ ᠴᠦᠭᠦᠷᠦᠮ ᠤᠨ ᠡᠷᠭᠢ ᠶᠢᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠤᠨ ᠵᠠᠮ ᠪᠠ | ᠴᠥᠭᠦᠷᠥᠮ ᠤᠨ ᠣᠷᠣᠨ ᠳᠤ ᠬᠠᠤᠯᠢ ᠪᠤᠰᠤ ᠪᠠᠷ ᠰᠠᠭᠠᠳ ᠲᠠᠯᠪᠢᠬᠤ᠂ ᠲᠡᠵᠢᠭᠡᠨ ᠦᠷᠡᠵᠢᠭᠦᠯᠬᠦ᠂ ᠡᠯᠡᠰᠦ ᠮᠠᠯᠲᠠᠬᠤ᠂ | ᠬᠦᠷᠢᠶᠡᠯᠡᠨ ᠬᠠᠭᠠᠯᠪᠤᠷᠢᠯᠠᠬᠤ᠂ ᠤᠰᠤᠨ ᠣᠷᠣᠨ ᠤ ᠡᠷᠭᠢ ᠶᠢᠨ ᠱᠤᠭᠤᠮ ᠢ ᠡᠵᠡᠯᠡᠬᠦ ᠵᠡᠷᠭᠡ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠴᠡᠪᠡᠷᠯᠡᠵᠦ᠂ ᠭᠤᠣᠯ ᠮᠦᠷᠡᠨ ᠨᠠᠭᠤᠷ ᠴᠦᠭᠦᠷᠦᠮ ᠤᠨ ᠦᠶᠡᠷ ᠢ ᠤᠷᠤᠰᠬᠠᠬᠤ᠂ ᠦᠶᠡᠷ ᠢ | ᠬᠤᠷᠠᠭᠤᠯᠬᠤ᠂ ᠦᠶᠡᠷ ᠢ ᠲᠣᠭᠲᠠᠭᠠᠬᠤ ᠴᠢᠳᠠᠪᠤᠷᠢ ᠶᠢ ᠰᠡᠷᠭᠦᠭᠡᠭᠦ ᠬᠡᠷᠡᠭᠳᠠᠢ᠃ | ᠵᠢᠷᠭᠤᠭ᠎ᠠ ᠳᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠢ ᠰᠢᠯᠵᠢᠭᠦᠯᠦᠨ | ᠲᠥᠪᠬᠢᠨᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠭᠤᠤᠯ ᠮᠦᠷᠡᠨ ᠤ ᠳᠠᠩ ᠤᠨ | ᠣᠷᠣᠨ ᠪᠣᠯᠤᠨ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠬᠡᠷᠡᠭᠯᠡᠯᠲᠡ᠂ ᠤᠯᠠᠨ ᠲᠦᠮᠡᠨ ᠤ ᠠᠮᠤᠷ | ᠲᠦᠪᠰᠢᠨ ᠢ ᠠᠪᠤᠷᠠᠨ ᠲᠤᠰᠠᠯᠠᠬᠤ ᠵᠡᠷᠭᠡ ᠦᠨᠡᠨ ᠬᠦ ᠬᠡᠷᠡᠭᠵᠢᠭᠦᠯᠵᠦ ᠪᠣᠯᠬᠤᠢᠢᠴᠠ ᠲᠥᠰᠦᠯ ᠪᠠ ᠪᠡᠯᠡᠳᠬᠡᠯ | ᠲᠥᠰᠦᠯ ᠢ ᠲᠣᠭᠲᠠᠭᠠᠵᠤ᠂ ᠤᠯᠠᠨ ᠲᠦᠮᠡᠨ ᠤ ᠨᠡᠭᠦᠨ ᠰᠢᠯᠵᠢᠵᠦ ᠠᠶᠤᠯ ᠠᠴᠠ ᠵᠠᠶᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠬᠦ | ᠬᠡᠷᠡᠭᠳᠠᠢ︔ ᠲᠠᠩ ᠭᠠᠵᠠᠷ᠂ ᠴᠥᠭᠦᠷᠥᠮ ᠤᠨ ᠭᠠᠵᠠᠷ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠠᠵᠤ | ᠠᠬᠤᠶ ᠨᠡᠶᠢᠭᠡᠮ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠤᠰᠤᠨ ᠳᠤ ᠬᠤᠯᠪᠣᠭᠳᠠᠬᠤ ᠦᠢᠯᠡᠳᠪᠦᠷᠢᠯᠡᠯ ᠤᠨ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠡᠶ︔ ᠲᠠᠩ ᠭᠠᠵᠠᠷ ᠠᠴᠠ ᠨᠡᠭᠦᠯᠭᠡᠬᠦ᠂ ᠦᠶᠡᠷ ᠤᠨ ᠤᠰᠤ ᠶᠢ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠠᠵᠢᠯ ᠢ ᠰᠠᠶᠢᠲᠤᠷ ᠬᠢᠵᠦ᠂ ᠲᠠᠩ ᠭᠠᠵᠠᠷ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ | ᠨᠥᠬᠦᠪᠥᠷᠢ ᠮᠦᠩᠭᠦ ᠥᠭᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠶ︔ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ | ᠵᠠᠰᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ | ᠦᠶᠡᠷ ᠤᠰᠤᠳᠤᠯ ᠢ ᠰᠠᠷᠭᠡᠶᠢᠯᠡᠬᠦ ᠬᠠᠷᠢᠭᠤᠴᠠᠯᠭᠠᠲᠠᠨ ᠪᠠ ᠨᠡᠶᠢᠭᠡᠮ ᠨᠡᠶᠢᠲᠡ ᠳᠤ ᠴᠠᠭ ᠲᠤᠬᠠᠶ ᠳᠤᠨᠢ ᠤᠷᠢᠳᠴᠢᠯᠠᠨ | ᠰᠡᠷᠡᠮᠵᠢᠯᠡᠭᠦᠯᠬᠦ ᠶᠢ ᠨᠡᠶᠢᠲᠡᠯᠡᠵᠦ᠂ ᠢᠯᠠᠩᠭᠤᠶ᠎ᠠ ︽ᠭᠤᠷᠪᠠᠨ ᠲᠣᠮᠣ ᠡᠵᠡᠩᠨᠡᠭᠴᠢ ᠬᠤᠳᠠᠯᠳᠤᠭᠠᠴᠢᠨ︾ ᠳᠤ | ᠲᠦᠰᠢᠭᠯᠡᠨ ᠭᠤᠤᠯᠳᠠᠯᠭ᠎ᠠ ᠲᠠᠢ ᠠᠶᠤᠯ ᠲᠠᠢ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠠᠭᠤᠯᠠᠨ ᠦᠶᠡᠷ ᠤᠨ ᠭᠠᠮᠰᠢᠭ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠳᠠᠢ︔ | ᠦᠨᠳᠦᠰᠦᠨ ᠱᠠᠲᠤ ᠶᠢ ᠱᠠᠯᠠᠪᠳᠠᠭᠤᠯᠤᠨ ᠡᠯ᠎ᠡ ᠵᠦᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠲᠠᠢ | ᠣᠷᠣᠨ ᠤ ᠣᠯᠠᠨ ᠲᠦᠮᠡᠨ ᠢ ᠴᠠᠭ ᠲᠤᠬᠠᠶ ᠳᠤᠨᠢ ᠨᠡᠭᠦᠯᠭᠡᠨ ᠰᠢᠯᠵᠢᠭᠦᠯᠬᠦ ᠬᠡᠷᠡᠭᠲᠡᠶ︔ ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠬᠦ ᠤᠬᠠᠭᠤᠯᠭ᠎ᠠ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠤ | ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠠᠢ᠃ | ᠲᠤᠯᠤᠭ᠎ᠠ ᠳᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠴᠥᠭᠦᠷᠥᠮ ᠤᠨ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ | ᠭᠠᠵᠠᠷ ᠤᠨ ᠬᠢᠨ 2021 ᠣᠨ ᠤ ᠤᠰᠤᠨ ᠠᠰᠢᠬᠯᠠᠯᠳᠠ ᠶᠢᠨ ᠶᠠᠮᠤᠨ ᠤ ᠤᠰᠤᠨ ᠴᠥᠭᠦᠷᠥᠮ ᠤᠨ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠸᠢᠳᠢᠣ᠋ ᠬᠤᠷᠠᠯ ᠤᠨ ᠵᠣᠷᠢᠭ ᠰᠠᠨᠠᠭ᠎ᠠ ᠪᠣᠯᠤᠨ ᠶᠠᠮᠤᠨ ᠤ | ᠰᠠᠶᠢᠳ ᠯᠢ ᠭᠦᠸᠧ ᠶᠢᠩ ᠤᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠶᠡᠷ ᠤᠨ ᠬᠢᠵᠠᠭᠠᠷ ᠤᠨ ᠤᠰᠤᠨ ᠲᠦᠪᠰᠢᠨ ᠢ ᠡᠵᠡᠮᠳᠡᠬᠦ ᠪᠠᠷ ᠭᠤᠣᠯᠳᠠᠯᠭ᠎ᠠ ᠪᠣᠯᠭᠠᠵᠤ᠂ | ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠤᠰᠤᠳᠤᠯ ᠢ ᠰᠠᠷᠭᠡᠶᠢᠯᠡᠬᠦ ᠳᠤᠬᠢᠷᠠᠭᠤᠯᠤᠯᠲᠠ | ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠪᠠᠭ᠎ᠠ ᠬᠡᠯᠪᠡᠷᠢ ᠶᠢᠨ ᠤᠰᠤᠨ ᠴᠥᠭᠦᠷᠥᠮ | ᠪᠠ ᠨᠦᠯᠦᠮᠡᠯ ᠭᠠᠵᠠᠷ ᠤᠨ ᠬᠠᠰᠢᠯᠭ᠎ᠠ ᠶᠢᠨ ︽ᠭᠤᠷᠪᠠᠨ ᠬᠠᠷᠢᠭᠤᠴᠠᠯᠭᠠᠲᠠᠨ︾ ︽ᠭᠤᠷᠪᠠᠨ ᠭᠤᠤᠯᠳᠠᠯᠭ᠎ᠠ ᠲᠠᠢ | ᠭᠤᠭᠴᠤᠭ᠎ᠠ︾ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ | ᠥᠩᠭᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠠᠢ︔ ᠤᠰᠤᠨ ᠴᠥᠭᠦᠷᠥᠮ ᠤᠨ ᠳᠤᠤᠷᠠᠳᠤ ᠤᠷᠤᠰᠬᠠᠯ ᠤᠨ | ᠠᠶᠤᠯ ᠲᠠᠢ ᠣᠷᠣᠨ ᠤ ᠭᠤᠣᠯ ᠮᠥᠷᠡᠨ ᠲᠠᠢ ᠬᠤᠯᠪᠣᠭᠳᠠᠬᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ | ᠲᠥᠬᠦᠭᠡᠷᠦᠮᠵᠢ ᠶᠢ ᠴᠡᠪᠡᠷᠯᠡᠨ ᠠᠷᠢᠯᠭᠠᠵᠤ᠂ ᠤᠰᠤᠨ ᠴᠥᠭᠦᠷᠥᠮ ᠤᠨ ᠦᠶᠡᠷ ᠵᠠᠯᠠᠬᠤ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠬᠠᠷ᠎ᠠ ᠬᠠᠰᠢᠭᠳᠠᠬᠤ ᠠᠶᠤᠯ ᠲᠠᠢ ᠪᠠᠶᠢᠳᠠᠯ ᠢ ᠪᠤᠢ ᠪᠣᠯᠭᠠᠬᠤ ᠠᠴᠠ | ᠵᠠᠶᠢᠯᠠᠰᠬᠢᠬᠦ ᠬᠡᠷᠡᠭᠳᠠᠢ︔ ᠱᠠᠯᠠᠪᠳᠠᠭᠤᠯᠤᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠰᠤᠭᠤᠴᠢᠨ ᠪᠠᠶᠢᠴᠠᠭᠠᠬᠤ | ᠪᠠ ᠠᠵᠢᠯ ᠢ ᠵᠢᠯᠣᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠵᠢᠭᠦᠷᠯᠡᠨ ᠰᠠᠬᠢᠬᠤ᠂ ᠬᠠᠰᠢᠯᠭ᠎ᠠ ᠶᠢ | ᠲᠣᠭᠤᠷᠢᠨ ᠦᠵᠡᠵᠤ ᠠᠶᠤᠯ ᠲᠦᠭᠰᠢᠭᠦᠷᠢ ᠶᠢ ᠨᠢ ᠪᠠᠶᠢᠴᠠᠭᠠᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ | ᠬᠦᠮᠦᠰ ᠢ ᠨᠡᠭᠦᠯᠭᠡᠨ ᠰᠢᠯᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃ | ᠨᠠᠢᠮᠠ ᠳᠤ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠦᠶᠡᠷ ᠤᠰᠤᠳᠤᠯ ᠢ | ᠰᠠᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠣᠯᠠᠨ ᠲᠦᠮᠡᠨ ᠤ | ᠰᠡᠷᠭᠡᠶᠢᠯᠡᠯᠲᠡ ᠶᠢᠨ ᠡᠩᠨᠡᠭᠡ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠰᠢᠨᠵᠢᠯᠡᠬᠦ | ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠠᠶᠤᠯ ᠠᠴᠠ ᠠᠪᠤᠷᠠᠬᠤ ᠲᠤᠰᠬᠠᠶ ᠪᠡᠯᠡᠳᠬᠡᠯ ᠠᠩᠭᠢ ᠶᠢᠨ ᠪᠣᠳᠠᠲᠤ | ᠠᠵᠢᠯᠯᠠᠭᠠᠨ ᠤ ᠪᠣᠯᠪᠠᠰᠤᠷᠠᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠬᠠᠲᠤᠨ ᠭᠤᠤᠯ ᠤᠨ ᠦᠶᠡᠷ | ᠤᠰᠤᠳᠤᠯ ᠢ ᠰᠠᠷᠭᠡᠶᠢᠯᠡᠬᠦ ᠲᠤᠰᠬᠠᠶ ᠮᠡᠷᠭᠡᠵᠢᠯᠲᠡᠨ ᠢ ᠪᠣᠯᠪᠠᠰᠤᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ | ᠬᠡᠷᠡᠭᠲᠡᠶ︔ ᠰᠠᠭᠤᠭ᠎ᠠ ᠭᠠᠵᠠᠷ ᠤᠨ ᠴᠡᠷᠢᠭ ᠠᠩᠭᠢ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ | ᠦᠶᠡᠷ ᠤᠨ ᠪᠠᠶᠢᠳᠠᠯ ᠢ ᠴᠠᠭ ᠲᠤᠬᠠᠶ ᠳᠤᠨᠢ ᠨᠡᠪᠲᠡᠷᠡᠭᠦᠯᠵᠦ᠂ ᠠᠶᠤᠯ ᠠᠴᠠ ᠠᠪᠤᠷᠠᠬᠤ ᠮᠡᠷᠭᠡᠵᠢᠯ ᠤᠨ ᠪᠣᠯᠪᠠᠰᠤᠷᠠᠯ ᠢ | ᠬᠠᠮᠵᠢᠨ ᠥᠷᠨᠢᠭᠦᠯᠬᠦ ᠬᠡᠷᠡᠭᠲᠡᠶ︔ ᠴᠠᠭ ᠲᠤᠬᠠᠶ ᠳᠤᠨᠢ ᠬᠥᠮᠥᠷᠭᠡ ᠶᠢ ᠴᠡᠪᠡᠷᠯᠡᠨ ᠪᠠᠶᠢᠴᠠᠭᠠᠵᠤ᠂ ᠦᠶᠡᠷ ᠤᠰᠤᠳᠤᠯ ᠢ | ᠰᠠᠷᠭᠡᠶᠢᠯᠡᠬᠦ ᠤᠯᠤᠰ ᠤᠨ ᠪᠠᠶᠢᠩᠭᠤ ᠶᠢᠨ ᠡᠳ᠋ ᠪᠠᠷᠠᠭ᠎ᠠ ᠶᠢ ᠣᠷᠣᠯᠠᠨ ᠬᠠᠳᠠᠭᠠᠯᠠᠬᠤ ᠵᠠᠭᠪᠤᠷ ᠢ ᠰᠢᠯᠢᠳᠡᠭᠵᠢᠭᠦᠯᠬᠦ | ᠬᠡᠷᠡᠭᠲᠡᠶ︔ ᠤᠯᠠᠨ ᠲᠦᠮᠡᠨ ᠵᠢᠴᠢ ᠨᠡᠶᠢᠭᠡᠮ ᠠᠴᠠ ᠮᠠᠲ᠋ᠧᠷᠢᠶᠠᠯ ᠪᠡᠯᠡᠳᠬᠡᠬᠦ᠂ ᠠᠶᠤᠯ ᠠᠴᠠ ᠠᠪᠤᠷᠠᠬᠤ ᠮᠠᠰᠢᠨ | ᠲᠥᠬᠦᠭᠡᠷᠦᠮᠵᠢ ᠶᠢ ᠤᠷᠢᠳᠴᠢᠯᠠᠨ ᠪᠡᠯᠡᠳᠬᠡᠬᠦ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠶᠡᠭᠡ ᠦᠶᠡᠷ ᠲᠠᠢ | ᠲᠡᠮᠡᠴᠡᠨ ᠠᠶᠤᠯ ᠠᠴᠠ ᠠᠪᠤᠷᠠᠬᠤ ᠬᠡᠷᠡᠭᠴᠡᠭᠡ ᠶᠢ ᠬᠠᠩᠭᠠᠬᠤ ᠬᠡᠷᠡᠭᠳᠠᠢ᠃ | ᠶᠢᠰᠦ ᠳᠤ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠶᠢ ᠨᠢᠭᠡᠳᠦᠯᠲᠡᠶ | ᠲᠥᠯᠥᠪᠵᠢᠭᠦᠯᠵᠦ᠂ ᠰᠠᠪᠠ ᠭᠠᠵᠠᠷ ᠤᠨ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠬᠠᠩᠭᠠᠯᠭ᠎ᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠶ᠃ ᠲᠣᠰ ᠰᠠᠪᠠ ᠭᠠᠵᠠᠷ᠂ ᠲᠣᠰ ᠣᠷᠣᠨ ᠪᠦᠰᠡ ᠶᠢᠨ ᠭᠠᠩ ᠬᠠᠭᠰᠠᠷᠠᠭᠠᠨ ᠲᠠᠢ ᠲᠡᠮᠡᠴᠡᠵᠦ | ᠤᠰᠤ ᠬᠠᠩᠭᠠᠬᠤ ᠪᠠᠭᠤᠷᠠᠶ ᠭᠤᠭᠴᠤᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠪᠠᠴᠢᠮ | ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠳᠣᠭᠢᠷᠠᠭᠤᠯᠬᠤ ᠲᠥᠰᠦᠯ ᠢ ᠲᠡᠭᠦᠯᠳᠡᠷᠵᠢᠭᠦᠯᠬᠦ ᠬᠡᠷᠡᠭᠳᠠᠢ︔ ᠭᠠᠩ | ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠴᠢᠨᠠᠭᠰᠢᠳᠠ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠭᠠᠩ ᠬᠠᠭᠰᠠᠷᠠᠭᠠᠨ ᠲᠠᠢ ᠳᠡᠮᠡᠴᠡᠭᠦ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ ᠪᠣᠳᠠᠲᠠᠶᠢᠵᠢᠭᠤᠯᠬᠤ ᠬᠡᠷᠡᠭᠳᠠᠢ︔ ᠰᠠᠪᠠ ᠭᠠᠵᠠᠷ ᠤᠨ ᠭᠤᠤᠯᠯᠠᠭᠴᠢ ᠤᠰᠤᠨ ᠴᠥᠭᠦᠷᠥᠮ ᠤᠨ | ᠤᠰᠤ ᠬᠠᠳᠠᠭᠠᠯᠠᠬᠤ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢᠨ | ᠲᠣᠬᠢᠷᠠᠭᠤᠯᠤᠯᠲᠠ ᠶᠢ ᠴᠢᠩᠭᠠᠳᠬᠠᠵᠤ᠂ ᠤᠰᠤᠨ ᠴᠥᠭᠦᠷᠥᠮ ᠤᠨ ᠠᠵᠢᠯᠯᠠᠭᠠᠨ ᠤ ᠠᠷᠭ᠎ᠠ ᠬᠡᠯᠪᠡᠷᠢ ᠶᠢ | ᠰᠢᠯᠢᠳᠡᠭᠵᠢᠭᠦᠯᠦᠨ᠂ ᠦᠶᠡᠷ ᠤᠰᠤᠳᠤᠯ ᠢ ᠰᠠᠷᠭᠡᠶᠢᠯᠡᠵᠦ ᠠᠮᠤᠷ ᠢ ᠬᠠᠮᠠᠭᠠᠯᠠᠬᠤ᠂ ᠭᠠᠩ ᠬᠠᠭᠰᠠᠷᠠᠭᠠᠨ ᠲᠠᠢ | ᠲᠡᠮᠡᠴᠡᠵᠦ ᠤᠰᠤ ᠬᠠᠩᠭᠠᠬᠤ᠂ ᠠᠮᠢ ᠠᠬᠤᠶ ᠶᠢᠨ ᠲᠣᠬᠢᠷᠠᠭᠤᠯᠤᠯᠲᠠ ᠵᠡᠷᠭᠡ ᠠᠵᠢᠯ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠭᠠᠨᠰᠤᠬᠠᠢ᠂ ᠪᠠᠶ ᠶᠠᠩ ᠳ᠋ᠢᠶᠠᠨ᠂ ᠤᠮᠠᠷᠠᠲᠤ ᠶᠢᠨ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠶᠡᠷᠦᠩᠬᠡᠶᠢᠯᠡᠨ ᠵᠠᠰᠠᠬᠤ ᠣᠷᠣᠨ ᠵᠡᠷᠭᠡ ᠳᠤ ᠠᠮᠢ ᠠᠬᠤᠶ ᠶᠢᠨ ᠤᠰᠤ | ᠨᠥᠬᠦᠪᠥᠷᠢᠯᠡᠬᠦ ᠶᠢ ᠴᠠᠭ ᠲᠤᠨᠢ ᠳᠣᠭᠢᠷᠠᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ | ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠳᠠᠢ᠃ | ᠠᠷᠪᠠ ᠳᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ | ᠤᠬᠠᠭᠤᠯᠭ᠎ᠠ ᠪᠠᠷ ᠬᠦᠳᠦᠯᠦᠨ ᠵᠢᠯᠣᠭᠤᠳᠬᠤ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ | ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠤᠬᠠᠭᠤᠯᠭ᠎ᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ | ᠤᠬᠠᠭᠤᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ | ᠦᠶᠡᠷ ᠤᠰᠤᠳᠤᠯ ᠤᠨ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠪᠠ ᠰᠡᠷᠭᠡᠶᠢᠯᠡᠯᠲᠡ ᠶᠢᠨ ᠪᠠᠶᠢᠳᠠᠯ ᠢ ᠴᠠᠭ | ᠲᠤᠬᠠᠶ ᠳᠤᠨᠢ ᠨᠡᠶᠢᠲᠡᠯᠡᠵᠦ᠂ ᠦᠶᠡᠷ ᠤᠰᠤᠳᠤᠯ ᠤᠨ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ᠂ ᠠᠶᠤᠯ | ᠲᠦᠭᠰᠢᠭᠦᠷᠢᠲᠦ ᠪᠠᠶᠢᠳᠠᠯ ᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠴᠠᠭ ᠬᠤᠭᠤᠴᠠᠭ᠎ᠠ ᠶᠢᠨ ᠱᠠᠭᠠᠷᠳᠠᠯᠭ᠎ᠠ | ᠶᠣᠰᠣᠭᠠᠷ ᠬᠦᠨᠳᠦ ᠶᠡᠭᠡ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠤᠨ ᠬᠡᠷᠡᠭ ᠢ ᠮᠡᠳᠡᠭᠦᠯᠬᠦ ᠬᠡᠷᠡᠭᠳᠠᠢ︔ | ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠦᠶᠡᠷ ᠤᠰᠤᠳᠤᠯ ᠢ ᠰᠠᠷᠭᠡᠶᠢᠯᠡᠵᠦ | ᠭᠠᠮᠰᠢᠭ ᠢ ᠪᠠᠭᠠᠰᠬᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠤᠷᠴᠢᠨ ᠳᠤᠭᠤᠷᠢᠨ ᠢ ᠪᠤᠢ ᠪᠤᠯᠭᠠᠬᠤ ᠬᠡᠷᠡᠭᠳᠠᠢ᠃ | ᠶᠤᠸᠠᠢ ᠵᠦᠩ ᠮᠢᠩ᠂ ᠡᠯ᠎ᠡ ᠪᠠᠶᠢᠯᠳᠤᠭᠠᠨ ᠤ ᠲᠣᠭᠤᠷᠢᠭ ᠤᠨ ᠴᠡᠷᠢᠭ ᠠᠩᠬᠢ ᠯᠤᠭ᠎ᠠ ᠶᠢᠨ ᠰᠤᠯᠢᠯᠴᠠᠭ᠎ᠠ | ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠲᠤᠷᠠᠭᠰᠠᠨ | ᠪᠣᠯᠪᠠᠰᠤᠷᠠᠯ ᠬᠠᠮᠲᠤᠷᠠᠭᠰᠠᠨ ᠰᠣᠷᠢᠯᠲᠠ ᠶᠢ ᠴᠢᠩᠭᠠᠳᠬᠠᠵᠤ᠂ ᠴᠡᠷᠢᠭ ᠠᠩᠬᠢ ᠶᠢᠨ ᠠᠶᠤᠯ ᠲᠦᠭᠰᠢᠭᠦᠷᠢ ᠭᠠᠢ | ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠠᠯ᠎ᠠ ᠪᠠᠷ ᠬᠢ ᠥᠪᠡᠷᠮᠢᠴᠡ | ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠪᠠᠶᠢᠯᠳᠤᠭᠠᠨ ᠤ ᠲᠣᠭᠤᠷᠢᠭ ᠤᠨ ᠬᠢᠨ | ᠴᠦ ᠬᠠᠲᠤᠨ ᠭᠤᠣᠯ ᠤᠨ ᠦᠶᠡᠷ ᠤᠰᠤᠳᠤᠯ ᠢ ᠰᠠᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠢ ᠳᠡᠮᠵᠢᠬᠦ ᠲᠠᠯ᠎ᠠ ᠪᠠᠷ | ᠳᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠵᠠᠩᠭᠢᠯᠠᠭ᠎ᠠ ᠶᠢᠨ ᠦᠶ᠎ᠡ ᠳᠤ ᠬᠠᠪᠰᠤᠷᠴᠤ ᠳᠡᠶᠢᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ |