ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠ ᠤ ᠬᠠᠮᠢᠶᠠᠷᠤᠯᠳᠠ ᠬᠠᠮᠠᠭᠠᠯᠠᠯᠳᠠ ᠶᠢ ᠴᠢᠩᠭᠠᠳᠬᠠᠬᠤ ᠳᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2021/5/26
      ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ 4 ᠰᠠᠷ᠎ᠠ ᠶᠢᠨ 22 ᠤᠨ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨᠠᠬᠢ 4 ᠴᠠᠭ ᠲᠤ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠧᠶ ᠱᠠᠨ ᠵᠥᠩ ᠪᠣᠯᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠥᠳᠡᠭᠡ ᠲᠣᠰᠬᠤᠨ ᠤ ᠠᠵᠤ ᠠᠬᠤᠶ ᠶᠢᠨ ᠵᠤᠷᠭᠠᠨ ᠤ ᠳᠠᠷᠤᠭ᠎ᠠ ᠦ᠋ ᠰᠢᠶᠤᠤ᠂ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠬᠦᠳᠡᠭᠡ ᠠᠵᠤ ᠠᠬᠤᠢ ᠬᠥᠳᠡᠭᠡ ᠲᠣᠰᠬᠤᠨ ᠤ ᠵᠤᠷᠭᠠᠨ ᠤ ᠬᠠᠷᠢᠭᠤᠴᠠᠯᠭᠠᠲᠠᠨ ᠵᠢᠶᠠᠩ ᠳ᠋ᠠ ᠢᠦᠶ᠂ ᠤᠰᠤᠨ ᠠᠰᠢᠭᠯᠠᠯᠲᠠ ᠶᠢᠨ ᠶᠠᠮᠤᠨ ᠤ ᠠᠵᠢᠯᠯᠠᠭᠠᠨ ᠤ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠷᠤᠸᠠᠨ ᠯᠢ ᠮᠢᠨ ᠢ ᠤᠷᠢᠵᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠲᠦᠷᠦ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡᠨ ᠤ ᠲᠣᠪᠴᠢᠶᠠᠨ ᠤ ᠳᠡᠳ᠋ ᠳᠠᠷᠤᠭ᠎ᠠ ᠱᠧᠤ ᠰᠢᠶᠤᠤ ᠯᠢ᠄      ᠠᠪᠠᠭ᠋ᠠᠶ ᠨᠠᠷ᠂ ᠠᠪᠤᠭᠠᠶ ᠨᠠᠷ ᠡ᠂ ᠤᠯᠠᠨ ᠳᠤ ᠡᠳᠦᠷ ᠤᠨ ᠮᠡᠨᠳᠤ ᠬᠦᠷᠬᠡᠶ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ︽ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠤ ᠬᠠᠮᠢᠶᠠᠤᠯᠳᠠ ᠬᠠᠮᠠᠭᠠᠯᠯᠠᠳᠠ ᠶᠢᠨ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠯᠠᠨ ᠢ ᠬᠠᠪᠰᠤᠷᠤᠨ ᠬᠠᠮᠢᠶ᠎ᠠ ᠪᠥᠬᠦᠶ ᠪᠠᠶᠢᠳᠠᠯ ᠢ ᠨᠠᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠥᠨᠥᠳᠦᠷ ᠪᠢᠳᠡ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠧᠶ ᠱᠠᠨ ᠵᠥᠩ ᠠᠪᠤᠭᠠᠶ ᠶᠢ ᠤᠷᠢᠵᠤ᠂ ᠲᠡᠭᠦᠨ ᠢᠶᠠᠷ ᠣᠯᠠᠨ ᠳᠤ ᠲᠠᠨᠢᠯᠴᠠᠭᠤᠯᠭ᠎ᠠ ᠬᠢᠯᠭᠡᠬᠦ ᠶᠢᠨ ᠬᠠᠮᠲᠤ ᠣᠯᠠᠨ ᠤ ᠰᠣᠨᠢᠷᠬᠠᠯ ᠲᠠᠢ ᠠᠰᠠᠭᠤᠳᠠᠯ ᠢ ᠬᠠᠷᠢᠭᠤᠯᠬᠤ ᠪᠠᠷ ᠪᠠᠶᠢᠨ᠎ᠠ᠃ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠳ ᠪᠠᠰᠠ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠥᠳᠡᠭᠡ ᠲᠣᠰᠬᠤᠨ ᠤ ᠠᠵᠤ ᠠᠬᠤᠶ ᠶᠢᠨ ᠵᠤᠷᠭᠠᠨ ᠤ ᠳᠠᠷᠤᠭ᠎ᠠ ᠦ᠋ ᠰᠢᠶᠤᠤ ᠠᠪᠤᠭᠠᠶ᠂ ᠡᠳ᠋ ᠤᠨ ᠵᠠᠰᠠᠭ ᠤᠨ ᠶᠠᠮᠤᠨ ᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠵᠤᠷᠭᠠᠨ ᠤ ᠬᠠᠷᠢᠭᠤᠴᠠᠯᠭᠠᠲᠠᠨ ᠵᠢᠶᠠᠩ ᠳ᠋ᠠ ᠢᠦᠶ ᠠᠪᠤᠭᠠᠶ᠂ ᠤᠰᠤᠨ ᠠᠰᠢᠭᠯᠠᠯᠲᠠ ᠶᠢᠨ ᠶᠠᠮᠤᠨ ᠤ ᠠᠵᠢᠯᠯᠠᠭᠠᠨ ᠤ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠷᠤᠸᠠᠨ ᠯᠢ ᠮᠢᠨ ᠠᠪᠤᠭᠠᠶ ᠪᠣᠶ᠃      ᠣᠳᠣ ᠪᠢᠳᠡ ᠸᠧᠶ ᠱᠠᠨ ᠵᠥᠩ ᠠᠪᠤᠭᠠᠶ ᠶᠢ ᠤᠷᠢᠵᠤ ᠳᠠᠨᠢᠯᠴᠠᠭᠤᠯᠭ᠎ᠠ ᠬᠢᠯᠬᠡᠶ᠎ᠠ᠃      ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠧᠢ ᠱᠠᠨ ᠵᠦᠩ᠄      ᠡᠯ᠎ᠡ ᠵᠠᠭᠤᠴᠢᠯᠠᠭᠤᠷ ᠤᠨ ᠨᠠᠶᠢᠵᠠ ᠨᠠᠷ ᠲᠤ ᠦᠳᠡ ᠬᠤᠶᠢᠨ᠎ᠠ ᠶᠢᠨ ᠮᠡᠨᠳᠤ ᠬᠦᠷᠬᠡᠶ᠎ᠠ᠃ ᠣᠯᠠᠨ ᠤ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠨ ᠳᠡᠮᠵᠢᠵᠦ ᠪᠠᠶᠢᠭ᠎ᠠ ᠳᠤ ᠪᠠᠶᠠᠷᠯᠠᠯ᠎ᠠ᠃ ᠤᠰᠤᠨ ᠴᠥᠭᠦᠷᠥᠮ ᠪᠣᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ ᠴᠢᠬᠤᠯᠠ ᠢᠨᠵᠧᠨᠧᠷᠢᠩ ᠤᠨ ᠠᠷᠭ᠎ᠠ ᠬᠡᠮᠵᠢᠶ᠎ᠡ ᠶᠢᠨ ᠨᠢᠭᠡ ᠪᠠᠶᠢᠵᠤ᠂ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠠᠮᠢ ᠠᠬᠤᠶ᠂ ᠴᠠᠬᠢᠯᠭᠠᠨ ᠭᠠᠷᠭᠠᠬᠤ᠂ ᠤᠰᠤᠨ ᠵᠠᠮ ᠤᠨ ᠲᠡᠭᠡᠭᠡᠪᠦᠷᠢ ᠵᠡᠷᠭᠡ ᠳᠤ ᠲᠦᠢᠯ ᠤᠨ ᠴᠢᠬᠤᠯᠠ ᠪᠠᠶᠢᠳᠠᠭ᠃ ᠮᠠᠨ ᠤ ᠤᠯᠤᠰ ᠲᠤ ᠣᠳᠣ 9 . 8 ᠲᠦᠮᠡ ᠭᠠᠷᠤᠶ ᠤᠰᠤᠨ ᠴᠥᠭᠦᠷᠥᠮ ᠪᠠᠶᠢᠨ᠎ᠠ᠂ ᠡᠭᠦᠨ ᠤ ᠳᠣᠲᠣᠷ᠎ᠠ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ 4700 ᠭᠠᠷᠤᠶ᠂ ᠵᠢᠵᠢᠭ ᠬᠡᠯᠪᠡᠷᠢ ᠶᠢᠨ ᠤᠰᠤᠨ ᠴᠥᠭᠦᠷᠥᠮ 9 . 4 ᠲᠦᠮᠡ ᠪᠠᠶᠢᠵᠤ᠂ 80 % ᠠᠴᠠ ᠳᠡᠭᠡᠭᠰᠢᠬᠢ ᠶᠢ ᠨᠢ ᠳᠡᠬᠡᠷ᠎ᠡ ᠵᠠᠭᠤᠨ ᠤ ᠲᠠᠪᠢ ᠠᠴᠠ ᠳᠠᠯᠠᠭᠠᠳ ᠣᠨ ᠤ ᠦᠶ᠎ᠠ ᠳᠤ ᠵᠠᠰᠠᠵᠠᠢ᠃ ᠣᠶᠢᠷ᠎ᠠ ᠶᠢᠨ ᠵᠢᠯ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠠᠴᠠ ᠲᠥᠪ ᠤᠨ ᠪᠡᠯᠡ ᠮᠥᠩᠭᠦ ᠶᠢ 1553 ᠳ᠋ᠦᠩᠰᠢᠭᠤᠷ ᠲᠥᠭᠦᠷᠢᠭ ᠲᠣᠬᠢᠷᠠᠭᠤᠯᠵᠤ᠂ 2800 ᠭᠠᠷᠤᠶ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠪᠠ 6 . 9 ᠲᠦᠮᠡᠨ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠵᠦ᠂ ᠪᠠᠷᠢᠯᠭ᠎ᠠ ᠶᠢᠨ ᠠᠮᠤᠷ ᠲᠦᠪᠰᠢᠨ ᠤ ᠪᠠᠶᠢᠳᠠᠯ ᠢ ᠲᠠᠰᠤᠷᠠᠯᠲᠠ ᠤᠢᠭᠡᠢ ᠰᠠᠶᠢᠵᠢᠷᠠᠭᠤᠯᠪᠠ᠃ ᠭᠡᠪᠡᠴᠦ ᠡᠯ᠎ᠡ ᠵᠦᠢᠯ ᠤᠨ ᠰᠢᠯᠲᠠᠭᠠᠨ ᠠᠴᠠ ᠪᠣᠯᠵᠤ᠂ ᠮᠠᠨ ᠤ ᠤᠯᠤᠰ ᠤᠨ ᠤᠰᠤᠨ ᠴᠥᠭᠦᠷᠥᠮ ᠤᠨ ᠠᠶᠤᠯ ᠦᠭᠡᠢ ᠠᠵᠢᠯᠯᠠᠭᠠᠨ ᠤ ᠠᠶᠤᠯ ᠲᠦᠭᠰᠢᠭᠦᠷᠢ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ᠨᠢᠭᠡ ᠳᠤ᠂ 3 . 1 ᠲᠦᠮᠡ ᠭᠠᠷᠤᠶ ᠤᠰᠤᠨ ᠴᠥᠭᠦᠷᠥᠮ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠭᠰᠡᠨ ᠥᠬᠡᠶ᠃ ᠬᠤᠶᠠᠷ ᠲᠤ᠂ ᠬᠡᠰᠡᠭ ᠤᠰᠤᠨ ᠴᠥᠭᠦᠷᠥᠮ ᠨᠢ ᠪᠠᠷᠢᠮᠵᠢᠶ᠎ᠠ ᠠᠴᠠ ᠬᠡᠲᠦᠷᠡᠭᠰᠡᠨ ᠦᠶᠡᠷ᠂ ᠬᠦᠴᠦᠲᠡᠶ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠤᠨ ᠨᠥᠯᠥᠭᠡ ᠠᠴᠠ       ᠪᠣᠯᠵᠣ᠂ ᠪᠠᠷᠢᠯᠭ᠎ᠠ ᠨᠢ ᠠᠳᠠᠯᠢ ᠪᠤᠰᠤ ᠬᠡᠮᠵᠢᠶ᠎ᠡ ᠪᠠᠷ ᠡᠪᠳᠡᠭᠳᠡᠪᠡ᠃ ᠭᠤᠷᠪᠠ ᠳᠤ᠂ ᠡᠳ᠋ ᠤᠨ ᠬᠦᠴᠦᠨ ᠤ ᠬᠢᠵᠠᠭᠠᠷᠯᠠᠯ ᠠᠴᠠ ᠪᠣᠯᠵᠤ᠂ ᠨᠢᠭᠡᠨᠲᠡ ᠥᠷᠨᠢᠭᠦᠯᠦᠭᠰᠡᠨ ᠬᠡᠰᠡᠭ ᠤᠰᠤᠨ ᠴᠥᠭᠦᠷᠥᠮ ᠠᠶᠤᠯ ᠢ ᠠᠷᠢᠯᠭᠠᠨ ᠪᠠᠬᠢᠯᠡᠬᠦ ᠪᠠᠷᠢᠮᠵᠢᠶ᠎ᠠ ᠨᠡᠯᠢᠶᠡᠳ ᠳᠤᠤᠷ᠎ᠠ᠃ ᠳᠥᠷᠪᠡ ᠳᠤ ᠬᠡᠰᠡᠭ ᠤᠰᠤᠨ ᠴᠥᠭᠦᠷᠥᠮ ᠤᠨ ᠬᠠᠮᠢᠶᠠᠷᠤᠨ ᠬᠠᠮᠠᠭᠠᠯᠠᠬᠤ ᠬᠦᠴᠦᠨ ᠨᠢ ᠪᠠᠭᠤᠷᠠᠶ ᠪᠠᠶᠢᠵᠤ᠂ ᠡᠳᠦᠷ ᠲᠤᠲᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠪᠣᠳᠠᠲᠠᠶᠢᠵᠢᠭᠤᠯᠤᠭᠰᠠᠨ ᠦᠭᠡᠶ ᠠᠴᠠ ᠠᠶᠤᠯ ᠲᠦᠭᠰᠢᠬᠦᠷᠢ ᠢᠯᠡᠷᠡᠭᠰᠡᠨ ᠪᠠᠶᠢᠨ᠎ᠠ᠃      ᠤᠰᠤᠨ ᠴᠥᠭᠦᠷᠥᠮ ᠤᠨ ᠠᠮᠤᠷ ᠲᠦᠪᠰᠢᠨ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠠᠷᠢᠯᠭᠠᠬᠤ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠦᠶᠡᠷ ᠢ ᠰᠡᠷᠭᠡᠶᠢᠯᠡᠬᠦ ᠳᠤᠮᠳᠠᠬᠢ ᠪᠠᠭᠤᠷᠠᠶ ᠭᠤᠭᠴᠤᠭ᠎ᠠ ᠶᠢ  ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠣᠳᠣ ᠪᠠᠶᠢᠭ᠎ᠠ ᠤᠰᠤᠨ ᠴᠥᠭᠦᠷᠥᠮ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠲᠦᠷᠭᠡᠳᠬᠡᠵᠦ᠂ ᠴᠢᠬᠤᠯᠠ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠳᠡᠢ᠃ ᠶᠡᠷᠦᠩᠬᠡᠶ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠲᠤᠰᠬᠠᠶᠢᠯᠠᠨ ᠰᠤᠳᠤᠯᠵᠤ᠂ ᠣᠲᠣ ᠪᠠᠶᠢᠭ᠎ᠠ ᠠᠶᠤᠯ ᠭᠡᠮ ᠲᠠᠢ ᠤᠰᠤᠨ ᠴᠥᠭᠦᠷᠥᠮ ᠢ 2025 ᠣᠨ ᠤ ᠡᠴᠦᠰ ᠠᠴᠠ ᠡᠮᠦᠨ᠎ᠡ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠪᠥᠬᠦ ᠲᠠᠯ᠎ᠠ ᠪᠠᠷ       ᠪᠡᠶᠡᠯᠡᠭᠦᠯᠵᠦ᠂ ᠰᠢᠨ᠎ᠡ ᠪᠠᠷ ᠢᠯᠡᠷᠡᠭᠰᠡᠨ ᠠᠶᠤᠯ ᠭᠡᠮ ᠲᠠᠢ ᠤᠰᠤᠨ ᠴᠥᠭᠦᠷᠥᠮ ᠢ ᠴᠠᠭ ᠲᠤᠬᠠᠶ ᠳᠤᠨᠢ ᠪᠠᠬᠢᠯᠡᠨ ᠠᠷᠢᠯᠭᠠᠬᠤ ᠬᠡᠷᠡᠭᠲᠡᠶ ᠬᠡᠪᠡ᠃      ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠧᠢ ᠱᠠᠨ ᠵᠦᠩ᠄      ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ 3 ᠰᠠᠷ᠎ᠠ ᠶᠢᠨ 24 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠤ ᠬᠠᠮᠢᠶᠠᠷᠤᠯᠳᠠ ᠬᠠᠮᠠᠭᠠᠯᠯᠠᠳᠠ ᠶᠢᠨ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ︾ ︵ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠬᠡᠷ ᠠᠴᠠ ᠳᠠᠷᠤᠮᠠᠯᠯᠠᠨ       ᠳᠠᠷᠬᠠᠭᠠᠭᠰᠠᠨ ︹2021 8 ᠲᠣᠭᠠᠲᠤ︶᠂ ︽ᠮᠡᠳᠡᠭᠳᠡᠯ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠ ᠠᠵᠢᠯᠯᠠᠭᠠᠨ ᠤ ᠬᠠᠮᠢᠶᠠᠷᠤᠯᠳᠠ ᠬᠠᠮᠠᠭᠠᠯᠠᠯᠳᠠ ᠶᠢᠨ ᠶᠡᠷᠦᠩᠬᠡᠶ ᠱᠠᠭᠠᠷᠳᠠᠯᠭ᠎ᠠ᠂ ᠠᠵᠢᠯ ᠤᠨ ᠠᠷᠭ᠎ᠠ ᠬᠡᠮᠵᠢᠶ᠎ᠡ ᠪᠠ ᠡᠯ᠎ᠡ ᠲᠠᠯ᠎ᠠ ᠶᠢᠨ ᠬᠠᠷᠢᠭᠤᠴᠠᠯᠭ᠎ᠠ ᠵᠡᠷᠭᠡ ᠭᠤᠷᠪᠠᠨ ᠲᠠᠯ᠎ᠠ ᠠᠴᠠ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠ ᠠᠵᠢᠯᠯᠠᠭᠠᠨ ᠤ ᠬᠠᠮᠢᠶᠠᠷᠤᠯᠳᠠ ᠬᠠᠮᠠᠭᠠᠯᠯᠠᠳᠠ ᠶᠢᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠲᠥᠷᠥᠯ ᠬᠤᠪᠢᠶᠠᠨ ᠲᠡᠭᠦᠯᠳᠡᠷᠵᠢᠭᠦᠯᠬᠦ ᠳᠡᠮᠵᠢᠯᠭᠡ ᠶᠢ ᠳᠤᠷᠠᠳᠤᠨ ᠭᠠᠷᠭᠠᠪᠠ᠃ ᠲᠦᠷᠦ ᠶᠢᠨ ᠪᠤᠳᠤᠯᠭ᠎ᠠ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ᠂ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠵᠢᠯᠣᠭᠤᠳᠬᠤ ᠬᠠᠷᠢᠭᠤᠴᠠᠯᠭ᠎ᠠ ᠶᠢ ᠴᠢᠩᠭᠠᠳᠬᠠᠬᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠬᠦᠯᠬᠦ ᠵᠡᠷᠭᠡ 7 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠦᠷᠭᠡᠪᠴᠢᠯᠡᠨ ᠬᠡᠷᠡᠭᠵᠢᠭᠦᠯᠦᠨ᠎ᠡ᠃ ︽ᠮᠡᠳᠡᠭᠳᠡᠯ︾ ᠳᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠠᠳᠬᠤᠬᠤ ᠬᠡᠷᠡᠭᠳᠡᠢ᠃      ᠢᠯᠠᠩᠭᠤᠶ᠎ᠠ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠪᠣᠳᠠᠲᠠᠶᠢ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠨᠡᠶᠢᠯᠡᠯ ᠬᠦᠴᠦᠨ ᠢ ᠪᠦᠷᠢᠯᠳᠦᠬᠦᠯᠦᠨ᠎ᠡ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠲᠥᠪ ᠤᠨ ᠨᠥᠬᠦᠪᠥᠷᠢ ᠪᠡᠯᠡ ᠮᠥᠩᠭᠦ ᠶᠢ ᠬᠠᠷᠢᠭᠤᠴᠠᠨ ᠲᠣᠬᠢᠷᠠᠭᠤᠯᠵᠤ᠂ ᠡᠳ᠋ ᠤᠨ ᠵᠠᠰᠠᠭ ᠤᠨ ᠶᠠᠮᠤᠨ ᠵᠢᠵᠢᠭ ᠬᠡᠯᠪᠡᠷᠢ ᠶᠢᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠪ ᠬᠠᠷᠢᠭᠤᠴᠠᠨ ᠲᠣᠬᠢᠷᠠᠭᠤᠯᠬᠤ ᠬᠡᠷᠡᠭᠲᠡᠶ᠃ ᠨᠥᠬᠦᠪᠥᠷᠢ ᠪᠡᠯᠡ ᠮᠥᠩᠭᠦ ᠶᠢ ᠤᠰᠤᠨ ᠠᠰᠢᠭᠯᠠᠯᠲᠠ ᠶᠢᠨ ᠶᠠᠮᠤᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ᠂ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠪᠠ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠵᠡᠷᠭᠡ ᠠᠵᠢᠯ ᠢ ᠵᠢᠯᠣᠭᠤᠳᠴᠤ᠂ ᠬᠢᠨᠠᠯᠲᠠ ᠲᠠᠯᠪᠢᠬᠤ ᠪᠠ ᠬᠢᠨᠠᠨ ᠰᠢᠯᠭᠠᠵᠤ᠂ ︽ᠮᠡᠳᠡᠭᠳᠡᠯ︾ ᠳᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠪᠢ ᠡᠳᠡᠭᠡᠷ ᠢ ᠲᠠᠨᠢᠯᠴᠠᠭᠤᠯᠤᠶ᠎ᠠ᠂ ᠳᠤᠤᠷ᠎ᠠ ᠪᠢᠳᠡ ᠬᠡᠳᠦᠭᠦᠯᠡ ᠣᠯᠠᠨ ᠤ ᠠᠰᠠᠭᠤᠯᠲᠠ ᠶᠢ ᠬᠠᠷᠢᠭᠤᠯᠬᠤ ᠳᠤ ᠳᠤᠷᠠᠲᠠᠶ ᠪᠠᠶᠢᠨ᠎ᠠ᠃ ᠣᠯᠠᠨ ᠳᠤ ᠪᠠᠶᠠᠷᠯᠠᠯ᠎ᠠ︕      ᠱᠸᠦ ᠰᠢᠶᠤᠤ ᠯᠢ᠄      ᠸᠧᠶ ᠰᠠᠶᠢᠳ ᠲᠤ ᠪᠠᠶᠠᠷᠯᠠᠯ᠎ᠠ᠃ ᠳᠤᠤᠷ᠎ᠠ ᠠᠰᠠᠭᠤᠯᠲᠠ ᠠᠰᠠᠭᠤᠬᠤ ᠭᠤᠭᠴᠤᠭ᠎ᠠ ᠳᠤ᠂   ᠵᠠᠭᠤᠴᠢᠯᠠᠭᠤᠷ  ᠤᠨ ᠬᠢᠨ ᠠᠰᠠᠭᠤᠯᠲᠠ ᠠᠰᠠᠭᠤᠬᠤ ᠠᠴᠠ ᠡᠮᠦᠨ᠎ᠡ ᠪᠠᠶᠢᠭ᠎ᠠ ᠰᠣᠨᠢᠨ ᠮᠡᠳᠡᠭᠡᠨ ᠤ ᠪᠠᠶᠢᠭᠤᠯᠤᠮᠵᠢ ᠪᠠᠨ ᠮᠡᠳᠡᠭᠳᠡᠭᠡᠷᠡᠶ᠃ ᠵᠠᠭᠤᠴᠢᠯᠠᠭᠤᠷ ᠤᠨ ᠬᠢᠨ  ᠡᠬᠢᠯᠡᠬᠡᠳ ᠠᠰᠠᠭᠤᠭᠠᠷᠠᠢ᠃      ᠡᠮᠦᠨᠡᠲᠦ ᠣᠷᠣᠨ ᠤ ᠬᠤᠲᠠ ᠶᠢᠨ ᠰᠣᠨᠢᠨ ᠤ ᠰᠤᠷᠪᠤᠯᠵᠢᠯᠠᠭᠴᠢ᠄      4 ᠰᠠᠷ᠎ᠠ ᠶᠢᠨ ᠡᠬᠢ ᠠᠴᠠ ᠡᠬᠢᠯᠡᠨ᠂ ᠮᠠᠨ ᠤ ᠤᠯᠤᠰ ᠡᠮᠦᠨᠡᠳᠤ ᠠᠴᠠ ᠤᠮᠠᠷᠠᠰᠢ ᠦᠶᠡᠷ ᠤᠨ ᠬᠤᠭᠤᠴᠠᠭᠠᠨ ᠳᠤ ᠣᠷᠣᠪᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠠᠭᠤᠷ ᠠᠮᠢᠰᠬᠤᠯ ᠤᠨ ᠪᠠᠶᠢᠳᠠᠯ ᠶᠡᠷᠦᠩᠬᠡᠶ ᠳᠡᠭᠡᠨ ᠨᠡᠯᠢᠶᠡᠳ ᠵᠥᠷᠢᠶ᠎ᠡ ᠲᠠᠢ ᠪᠠᠶᠢᠨ᠎ᠠ᠂ ᠤᠰᠤᠨ ᠴᠥᠭᠦᠷᠥᠮ ᠢᠯᠠᠩᠭᠤᠶ᠎ᠠ ᠠᠶᠤᠯ ᠭᠡᠮ ᠲᠠᠢ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠬᠡᠷᠬᠢᠨ ᠦᠨᠡᠨ ᠬᠦ ᠪᠠᠲᠤᠯᠠᠬᠤ ᠶᠢᠨ ᠬᠠᠮᠲᠤ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠮᠵᠢ ᠶᠢ ᠭᠦᠶ᠋ᠴᠡᠳ ᠪᠠᠳᠠᠷᠠᠭᠤᠯᠬᠤ ᠪᠣᠶ︖ ᠪᠠᠶᠠᠷᠯᠠᠯ᠎ᠠ᠃      ᠸᠧᠶ ᠱᠠᠨ ᠵᠥᠩ᠄      ᠡᠨᠡ ᠰᠤᠷᠪᠤᠯᠵᠢᠯᠠᠭᠴᠢ ᠨᠠᠶᠢᠵᠠ ᠶᠢᠨ ᠠᠰᠠᠭᠤᠯᠲᠠ ᠳᠤ ᠪᠠᠶᠠᠷᠯᠠᠯ᠎ᠠ᠂ ᠪᠢ ᠡᠨᠡ ᠠᠰᠠᠭᠤᠯᠲᠠ ᠶᠢ ᠬᠠᠷᠢᠭᠤᠯᠤᠶ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠮᠠᠨ ᠤ ᠤᠯᠤᠰ ᠤᠨ ᠠᠭᠤᠷ ᠠᠮᠢᠰᠬᠤᠯ ᠤᠨ ᠵᠢᠯ ᠤᠨ ᠥᠩᠭᠡ ᠡᠩ ᠤᠨ ᠪᠠᠶᠢᠵᠤ᠂ ᠶᠡᠷᠦᠩᠬᠡᠶ ᠳᠡᠭᠡᠨ ᠵᠥᠷᠢᠶ᠎ᠡ ᠲᠠᠢ ᠪᠤᠢ᠃ ᠮᠠᠨ ᠤ ᠤᠯᠤᠰ ᠤᠨ ᠡᠮᠦᠨᠡᠲᠦ ᠤᠮᠠᠷᠠᠲᠤ ᠣᠷᠣᠨ ᠳᠤ ᠪᠦᠷ ᠪᠣᠷᠣᠭᠠᠨ ᠡᠯᠪᠡᠭ ᠣᠷᠣᠨ ᠪᠠᠶᠢᠵᠤ᠂ ᠤᠮᠠᠷᠠᠲᠤ ᠣᠷᠣᠨ ᠢᠶᠠᠷ ᠭᠤᠣᠯ ᠪᠣᠯᠭᠠᠳᠠᠭ᠃ ᠬᠠᠲᠤᠨ ᠭᠤᠣᠯ ᠤᠨ ᠳᠤᠮᠳᠠᠳᠤ ᠤᠷᠤᠰᠬᠠᠯ᠂ ᠬᠠᠶᠢᠾᠧ ᠭᠤᠣᠯ ᠤᠨ ᠬᠡᠰᠡᠭ ᠤᠰᠤᠨ ᠰᠢᠰᠲ᠋ᠧᠮ ᠪᠠ ᠰᠤᠩᠭᠠᠷᠢ ᠮᠥᠷᠡᠨ ᠳᠤ ᠪᠦᠷ ᠨᠡᠯᠢᠶᠡᠳ ᠶᠡᠭᠡ ᠦᠶᠡᠷ ᠦᠶᠡᠷ ᠡᠭᠦᠰᠴᠦ ᠮᠡᠳᠡᠨ᠎ᠡ᠃᠂ ᠵᠦᠵᠢᠶᠠᠩ ᠮᠥᠷᠡᠨ᠂ ᠲᠠᠢ ᠬᠤ᠋ ᠨᠠᠭᠤᠷ᠂ ᠯᠢᠶᠣᠤ ᠾᠧ ᠭᠤᠣᠯ ᠵᠡᠷᠭᠡ ᠭᠠᠵᠠᠷ ᠲᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃ ᠣᠷᠳᠣ ᠬᠤᠭᠤᠴᠠᠭ᠎ᠠ ᠪᠠᠷ ᠤᠷᠢᠳᠴᠢᠯᠠᠨ ᠮᠡᠳᠡᠭᠡᠯᠡᠬᠦ ᠨᠢ ᠣᠲᠣ ᠳᠡᠯᠡᠬᠡᠶ ᠶᠢᠨ ᠴᠢᠨᠠᠷᠲᠠᠶ ᠪᠡᠷᠬᠡ ᠰᠡᠳᠦᠪ ᠪᠣᠯᠵᠣ ᠪᠠᠶᠢᠨ᠎ᠠ᠂ ᠭᠡᠪᠡᠴᠦ ᠮᠠᠨ ᠤ ᠤᠯᠤᠰ ᠤᠨ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠤᠯᠠᠮ ᠠᠴᠠ ᠤᠯᠠᠮ ᠣᠨᠣᠪᠴᠢᠲᠠᠶ       ᠪᠣᠯᠵᠣ᠂ ᠶᠡᠷᠦᠩᠬᠡᠶ ᠳᠡᠭᠡᠨ ᠣᠶᠢᠷ᠎ᠠ ᠶᠢᠨ ᠵᠢᠯ ᠤᠳ ᠲᠤ ᠨᠡᠯᠢᠶᠡᠳ ᠣᠨᠣᠪᠴᠢᠲᠠᠶ ᠮᠡᠳᠡᠭᠦᠯᠵᠦ ᠴᠢᠳᠠᠬᠤ ᠪᠣᠯᠵᠠᠶ᠃ ᠬᠡᠯᠡᠯᠭᠡᠨ ᠦᠭᠡᠢ᠂ ᠮᠠᠨ ᠤ ᠤᠯᠤᠰ ᠤᠨ ᠥᠪᠡᠷᠮᠢᠴᠡ ᠪᠠᠶᠢᠭᠠᠯᠢ ᠭᠠᠵᠠᠷ ᠵᠦᠶ ᠶᠢᠨ ᠨᠥᠬᠦᠴᠡᠯ ᠠᠴᠠ ᠪᠤᠯᠵᠤ ᠦᠶᠡᠷ ᠢ ᠰᠡᠷᠭᠡᠶᠢᠯᠡᠬᠦ ᠳᠤ ᠨᠠᠷᠢᠨ ᠨᠢᠮᠪᠠᠢ ᠬᠠᠨᠳᠤᠬᠤ ᠬᠡᠷᠡᠭᠳᠡᠢ᠃ ᠪᠢᠳᠡᠨ ᠤ ᠣᠯᠠᠨ ᠵᠢᠯ ᠤᠨ ᠦᠶᠡᠷ ᠢ ᠰᠡᠷᠭᠡᠶᠢᠯᠡᠬᠦ ᠲᠤᠷᠰᠢᠯᠭ᠎ᠠ ᠶᠢ ᠦᠨᠳᠦᠰᠦᠯᠡᠪᠡᠯ᠂ ᠤᠷᠢᠳᠴᠢᠯᠠᠭᠰᠠᠨ ᠮᠡᠳᠡᠭᠡ ᠶᠡᠭᠡ ᠪᠣᠯᠪᠠᠯ ᠵᠠᠪᠠᠯ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠶ᠂ ᠤᠷᠢᠳᠴᠢᠯᠠᠭᠰᠠᠨ ᠮᠡᠳᠡᠭᠡ ᠪᠠᠭ᠎ᠠ ᠪᠠᠶᠢᠭᠰᠠᠨ ᠴᠤ ᠪᠠᠰᠠ ᠶᠡᠭᠡ ᠦᠶᠡᠷ ᠢᠷᠡᠬᠦ ᠮᠠᠭᠠᠳ᠃ ᠤᠮᠠᠷᠠᠲᠤ ᠣᠷᠣᠨ ᠳᠤ ᠤᠷᠤᠨ ᠨᠤᠳᠤᠭ ᠤᠨ ᠴᠢᠨᠠᠷᠲᠠᠶ ᠦᠶᠡᠷ ᠤᠰᠤᠲᠤᠯ ᠤᠨ ᠭᠠᠮᠰᠢᠭ ᠬᠠᠷᠢᠴᠠᠩᠭᠤᠶ ᠪᠠᠷ ᠨᠠᠩ ᠣᠯᠠᠨ ᠰᠢᠭ᠋᠂ ᠭᠡᠪᠡᠴᠦ ᠡᠮᠦᠨᠡᠲᠦ ᠣᠷᠣᠨ ᠳᠤ ᠪᠠᠶᠢᠬᠤ ᠦᠭᠡᠢ ᠭᠡᠰᠡᠨ ᠦᠭᠡ ᠪᠢᠰᠢ᠃ ᠬᠥᠬᠡᠮᠥ᠋ᠷᠡᠨ ᠲᠠᠢ ᠠᠳᠠᠯᠢ ᠪᠠᠷ 180 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠪᠠᠷᠤᠭ ᠵᠢᠯ ᠪᠦᠷᠢ ᠣᠷᠣᠨ ᠪᠦᠰᠡ ᠶᠢᠨ ᠴᠢᠨᠠᠷᠲᠠᠢ ᠦᠶᠡᠷ ᠤᠰᠤᠲᠤᠯ ᠤᠨ ᠭᠠᠮᠰᠢᠭ ᠡᠭᠦᠰᠳᠡᠭ᠃      ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠮᠵᠢ ᠶᠢ  ᠭᠦᠢᠴᠡᠳ ᠪᠠᠳᠠᠷᠠᠭᠤᠯᠬᠤ ᠶᠢᠨ       ᠲᠤᠰᠠᠳᠠ᠂ ᠪᠢᠳᠡ ᠳᠤᠤᠷᠠᠬᠢ ᠬᠡᠳᠦᠨ  ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄      ᠨᠢᠭᠡ ᠳᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠨᠡ ᠪᠣᠯ ᠮᠠᠨ ᠤ ᠤᠷᠳᠤ ᠬᠤᠭᠤᠴᠠᠭ᠎ᠠ ᠪᠠᠷ ᠪᠠᠷᠢᠮᠲᠠᠯᠠᠬᠤ ᠨᠢᠭᠡᠨ ᠴᠢᠬᠤᠯᠠ ᠲᠤᠷᠰᠢᠯᠭ᠎ᠠ ᠮᠥᠨ᠂ ᠳᠠᠷᠤᠢ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢᠶᠠᠷ ᠭᠤᠣᠯ ᠪᠣᠯᠭᠠᠭᠰᠠᠨ ᠴᠥᠭᠦᠷᠥᠮ ᠤᠨ ᠬᠠᠰᠢᠯᠭ᠎ᠠ ᠶᠢᠨ ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠡᠳᠡᠭᠡᠷ ᠵᠢᠯ ᠤᠳ ᠲᠤ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠬᠠᠷᠢᠭᠤᠴᠠᠯᠭ᠎ᠠ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠨᠢᠭᠡᠨᠲᠡ ᠮᠡᠳᠡᠭᠳᠡᠯ ᠭᠠᠷᠭᠠᠪᠠ᠃ ᠪᠥᠬᠦ ᠤᠯᠤᠰ ᠤᠨ ᠪᠣᠶ ᠪᠥᠬᠦᠶ ᠲᠣᠮᠣ ᠬᠡᠯᠪᠡᠷᠢ ᠶᠢᠨ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠵᠠᠭᠤᠴᠢᠯᠠᠭᠤᠷ ᠳᠡᠭᠡᠷ᠎ᠡ ᠵᠠᠷᠯᠠᠨ ᠨᠡᠶᠢᠲᠡᠯᠡᠪᠡ᠃ ᠢᠯᠠᠩᠭᠤᠶ᠎ᠠ ᠵᠢᠵᠢᠭ ᠬᠡᠯᠪᠡᠷᠢ ᠶᠢᠨ ᠤᠰᠤᠨ ᠴᠥᠭᠦᠷᠥᠮ ᠳᠤ᠂ ᠣᠶᠢᠷ᠎ᠠ ᠶᠢᠨ ᠬᠡᠳᠦᠨ ᠵᠢᠯ ᠠᠴᠠ ᠡᠬᠢᠯᠡᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭ᠎ᠠ᠂ ᠮᠡᠷᠭᠡᠵᠢᠯ ᠪᠣᠯᠤᠨ ᠲᠣᠭᠤᠷᠢᠨ ᠪᠠᠶᠢᠴᠠᠭᠠᠬᠤ ᠡᠨᠡ ᠭᠤᠷᠪᠠᠨ ᠬᠠᠷᠢᠭᠤᠴᠠᠯᠭ᠎ᠠ ᠡᠭᠦᠷᠭᠡᠯᠡᠭᠴᠢ ᠶᠢ ᠭᠤᠤᠯᠳᠠᠯᠭ᠎ᠠ ᠲᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠬᠤᠶᠠᠷ ᠲᠤ᠂ ᠡᠯ᠎ᠡ ᠵᠦᠢᠯ ᠤᠨ ᠲᠥᠰᠦᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠢ᠃ ᠦᠶᠡᠷ ᠢ ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ ᠲᠤᠬᠢᠷᠠᠭᠤᠯᠤᠨ ᠬᠡᠷᠡᠭᠯᠡᠬᠦ ᠲᠥᠯᠥᠪᠯᠡᠭᠡ᠂ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ ᠶᠢᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠂ ᠢᠯᠠᠩᠭᠤᠶ᠎ᠠ ᠬᠡᠷᠡᠭᠵᠢᠭᠦᠯᠵᠦ ᠪᠣᠯᠬᠤᠶᠢᠴᠠ᠂ ᠲᠥᠰᠦᠯ ᠤᠨ ᠪᠡᠯᠡᠳᠬᠡᠯ ᠲᠥᠰᠦᠯ ᠢ ᠠᠵᠢᠯᠯᠠᠭᠤᠯᠬᠤ ᠳᠤ ᠲᠥᠬᠦᠮ ᠪᠠᠶᠢᠯᠭᠠᠬᠤ ᠶᠢ ᠦᠨᠡᠨᠬᠦ ᠪᠠᠲᠤᠯᠠᠬᠤ ᠶᠢᠨ ᠬᠠᠮᠲᠤ ᠣᠷᠣᠨ ᠨᠤᠲᠤᠭ ᠢ ᠵᠢᠯᠣᠭᠤᠳᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠪᠡᠯᠡᠳᠬᠡᠯ ᠰᠣᠷᠢᠯᠲᠠ ᠬᠢᠵᠦ᠂ ᠵᠠᠩᠭᠢᠯᠠᠭ᠎ᠠ ᠶᠢᠨ ᠦᠶ᠎ᠡ ᠳᠤ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠳᠡᠢ᠃ ᠭᠤᠷᠪᠠ ᠳᠤ ᠦᠶᠡᠷ ᠤᠨ ᠤᠰᠤ ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠶ᠃ ᠦᠶᠡᠷ ᠤᠨ ᠬᠤᠭᠤᠴᠠᠭᠠᠨ ᠤ ᠤᠰᠤᠨ ᠠᠰᠢᠭᠯᠠᠯᠲᠠ ᠴᠠᠭ ᠠᠭᠤᠷ ᠵᠡᠷᠭᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠨ᠂ ᠨᠢᠭᠲᠠ ᠬᠠᠮᠵᠢᠯᠴᠠᠵᠤ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠦᠨ᠂ ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ ᠬᠡᠷᠡᠭᠲᠡᠶ᠃ ᠪᠢ ᠰᠠᠶ᠋ᠢ ᠣᠯᠠᠨ ᠳᠤ ᠲᠠᠨᠢᠯᠴᠠᠭᠤᠯᠤᠭᠰᠠᠨ ᠰᠢᠬ ᠤᠷᠲᠤ ᠬᠤᠭᠤᠴᠠᠭᠠᠨ ᠤ ᠤᠷᠢᠳᠴᠢᠯᠠᠭᠰᠠᠨ ᠮᠡᠳᠡᠭᠡ᠂ ᠦᠶᠡᠷ ᠢ ᠰᠡᠷᠭᠡᠶᠢᠯᠡᠬᠦ ᠪᠣᠳᠠᠲᠠᠢ ᠠᠵᠢᠯ ᠳᠤᠮᠳᠠ ᠤᠷᠲᠤ ᠣᠬᠤᠷ ᠢ ᠤᠶᠠᠯᠳᠤᠭᠤᠯᠤᠨ᠎ᠠ᠂ ᠪᠠᠰᠠ ᠳᠤᠮᠳᠠ ᠬᠤᠭᠤᠴᠠᠭᠠᠨ ᠤ ᠤᠷᠢᠳᠴᠢᠯᠠᠭᠰᠠᠨ       ᠮᠡᠳᠡᠭᠡ᠂ ᠪᠠᠷᠤᠭ 10 ᠡᠳᠦᠷ᠂ ᠨᠢᠭᠡ ᠭᠠᠷᠠᠭ ᠣᠷᠴᠢᠮ᠂ ᠣᠬᠤᠷ ᠬᠤᠭᠤᠴᠠᠭ᠎ᠠ ᠨᠢ 3 ᠡᠳᠦᠷ ᠤᠨ ᠳᠣᠲᠣᠷ᠎ᠠ ᠪᠢᠳᠡ ᠦᠨᠳᠦᠰᠦᠨ ᠳᠡᠭᠡᠨ ᠮᠠᠭᠠᠳᠯᠠᠵᠤ ᠳᠡᠶᠢᠯᠦᠨ᠎ᠡ᠃ ᠳᠥᠷᠪᠡ ᠳᠤ ᠬᠡᠷᠡᠭᠯᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠨᠦᠭᠦᠳ ᠢ ᠠᠪᠴᠤ᠂ ᠤᠰᠤᠨ ᠴᠥᠭᠦᠷᠥᠮ ᠤᠨ ᠪᠠᠷᠢᠯᠭ᠎ᠠ ᠶᠢ ᠲᠣᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠡᠷᠭᠡ ᠡᠳᠦᠷ ᠲᠤᠲᠤᠮ ᠤᠨ ᠠᠵᠢᠯ ᠢ ᠰᠠᠶᠢᠲᠤᠷ ᠬᠢᠵᠦ᠂ ᠠᠶᠤᠯ ᠭᠡᠮ ᠲᠠᠢ ᠤᠰᠤᠨ ᠴᠥᠭᠦᠷᠥᠮ᠂ ᠢᠯᠠᠩᠭᠤᠶ᠎ᠠ ᠠᠰᠠᠭᠤᠳᠠᠯ ᠨᠡᠯᠢᠶᠡᠳ ᠬᠦᠨᠳᠦ ᠨᠣᠴᠢᠲᠠᠶ ᠠᠶᠤᠯ ᠭᠡᠮ ᠲᠠᠢ ᠤᠰᠤᠨ ᠴᠥᠭᠦᠷᠥᠮ ᠤᠨ ᠤᠰᠤ ᠬᠠᠳᠠᠭᠠᠯᠠᠬᠤ ᠶᠢ ᠴᠢᠩᠭ᠎ᠠ ᠬᠢᠵᠠᠭᠠᠷᠯᠠᠵᠤ᠂ ᠴᠢᠨᠠᠭᠰᠢᠯᠠᠪᠠᠯ ᠬᠤᠭᠤᠰᠣᠨ ᠴᠥᠭᠦᠷᠥᠮ ᠪᠠᠶᠢᠯᠭᠠᠵᠤ᠂ ᠤᠰᠤᠨ ᠴᠥᠭᠦᠷᠥᠮ ᠤᠨ ᠠᠶᠤᠯ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠪᠤ ᠳᠤ ᠨᠠᠷᠢᠨ ᠨᠢᠮᠪᠠᠶ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠶ᠃ ᠤᠰᠤᠨ ᠴᠥᠭᠦᠷᠥᠮ ᠤᠨ ᠰᠦᠷᠦᠭᠵᠢᠯ ᠤᠨ ᠪᠥᠭᠡᠮᠨᠡᠷᠡᠯ ᠤᠨ ᠦᠢᠯᠡᠳᠦᠯ ᠢ ᠪᠠᠳᠠᠷᠠᠭᠤᠯᠵᠤ᠂ ᠲᠡᠭᠦᠨ ᠤ ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠠᠶᠤᠯ ᠭᠡᠮ ᠲᠠᠢ ᠤᠰᠤᠨ ᠴᠥᠭᠦᠷᠥᠮ ᠪᠠ ᠪᠤᠰᠤᠳ ᠤᠰᠤᠨ ᠴᠥᠭᠦᠷᠥᠮ ᠢ ᠬᠠᠮᠲᠤᠷᠠᠨ ᠲᠤᠬᠢᠷᠠᠭᠤᠯᠬᠤ ᠶᠢ ᠣᠨᠴᠠᠭᠠᠶᠢᠯᠠᠨ ᠴᠢᠩᠭᠠᠳᠬᠠᠵᠤ᠂ ᠰᠠᠪᠠ ᠭᠠᠵᠠᠷ ᠤᠨ ᠠᠮᠤᠷ ᠲᠦᠪᠰᠢᠨ ᠢ ᠪᠠᠲᠤᠯᠠᠨ᠂ ᠠᠶᠤᠯ ᠭᠡᠮ ᠲᠠᠢ ᠤᠰᠤᠨ ᠴᠥᠭᠦᠷᠥᠮ ᠤᠨ ᠦᠶᠡᠷ ᠤᠨ ᠬᠤᠭᠤᠴᠠᠭᠠᠨ ᠳᠤ ᠬᠡᠷᠡᠭ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠪᠡᠯ᠂ ᠤᠰᠤᠨ ᠴᠥᠭᠦᠷᠥᠮ ᠢ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠡᠷᠲᠡ ᠠᠴᠠ ᠵᠠᠪᠳᠤᠨ ᠪᠠᠭ᠎ᠠ ᠠᠴᠠ ᠨᠢ ᠪᠤᠯᠢᠶᠠᠬᠤ ᠳᠤ ᠰᠠᠭᠤᠷᠢᠯᠠᠨ᠂ ᠠᠶᠤᠯ ᠲᠦᠭᠰᠢᠭᠦᠷᠢ ᠭᠠᠷᠤᠮᠠᠭᠴᠠ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂ ᠤᠰᠤᠨ ᠴᠥᠭᠦᠷᠥᠮ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠪᠢ ᠡᠳᠡᠭᠡᠷ ᠢ ᠬᠠᠷᠢᠭᠤᠯᠤᠶ᠎ᠠ᠂ ᠪᠠᠶᠠᠷᠯᠠᠯ᠎ᠠ᠃      ᠠᠵᠤ ᠠᠬᠤᠶ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ᠄      ᠡᠳ᠋ ᠤᠨ ᠵᠠᠰᠠᠭ ᠤᠨ ᠶᠠᠮᠤᠨ ᠣᠶᠢᠷ᠎ᠠ ᠶᠢᠨ ᠵᠢᠯ ᠳᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠬᠢ ᠶᠡᠷᠦᠩᠬᠡᠶ ᠣᠷᠣᠭᠤᠯᠤᠯᠲᠠ ᠶᠠᠮᠠᠷ ᠪᠣᠶ︖ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠮᠡᠳᠡᠭᠳᠡᠯ︾ ᠳᠤ ᠳᠤᠷᠠᠳᠤᠭᠰᠠᠨ ᠬᠠᠷᠠᠯᠲᠠ ᠱᠠᠭᠠᠷᠳᠠᠯᠭ᠎ᠠ ᠲᠠᠢ ᠬᠠᠷᠢᠴᠠᠭᠤᠯᠪᠠᠯ᠂ ᠲᠠᠷᠠᠭᠠᠴᠢ ᠶᠢᠨ ᠠᠯᠬᠤᠮ ᠳᠤ ᠲᠥᠪ ᠤᠨ ᠡᠳ᠋ ᠤᠨ ᠵᠠᠰᠠᠭ ᠠᠴᠠ ᠪᠠᠯᠠ ᠮᠥᠩᠭᠦᠨ ᠤ ᠬᠡᠷᠡᠭᠴᠡᠭᠡ ᠶᠢ ᠬᠡᠷᠬᠢᠨ ᠤᠯᠠᠮ ᠨᠢᠭᠡ ᠠᠯᠬᠤᠮ ᠰᠠᠶᠢᠲᠤᠷ ᠪᠠᠲᠤᠯᠠᠬᠤ ᠪᠣᠶ︖ ᠪᠠᠶᠠᠷᠯᠠᠯ᠎ᠠ᠃      ᠡᠳ᠋ ᠤᠨ ᠵᠠᠰᠠᠭ ᠤᠨ ᠶᠠᠮᠤᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠵᠤᠷᠭᠠᠨ ᠤ ᠬᠠᠷᠢᠭᠤᠴᠠᠯᠭᠠᠲᠠᠨ ᠵᠢᠶᠠᠩ ᠳ᠋ᠠ ᠢᠦᠢ᠄ ᠲᠠᠨ ᠤ ᠠᠰᠠᠭᠤᠯᠳᠠ ᠳᠤ ᠪᠠᠶᠠᠷᠯᠠᠯ᠎ᠠ᠃ ᠤᠯᠠᠨ ᠤ ᠮᠡᠳᠡᠭᠡᠵᠢ ᠪᠠᠷ᠂ ᠤᠰᠤᠨ ᠴᠥᠭᠦᠷᠥᠮ ᠤᠨ ᠠᠮᠤᠷ ᠲᠦᠪᠰᠢᠨ ᠪᠣᠯ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠂ ᠲᠥᠪ ᠤᠨ ᠡᠳ᠋ ᠤᠨ ᠵᠠᠰᠠᠭ ᠠᠴᠠ ᠵᠢᠵᠢᠭ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠶᠡᠷᠦ ᠠᠴᠠ ᠳᠡᠭᠡᠳᠦ  ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠶᠤᠮ᠃ 1998 ᠣᠨ ᠠᠴᠠ ᠡᠬᠢᠯᠡᠨ᠂ ᠲᠥᠪ ᠤᠨ ᠡᠳ᠋ ᠤᠨ ᠵᠠᠰᠠᠭ ᠠᠴᠠ ᠳᠠᠷᠤᠶ ᠪᠡᠯᠡ ᠮᠥᠩᠭᠦ ᠲᠣᠬᠢᠷᠠᠭᠤᠯᠵᠤ᠂ ᠵᠢᠵᠢᠭ ᠬᠡᠯᠪᠡᠷᠢ ᠶᠢᠨ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠶᠢ ᠳᠡᠮᠵᠢᠭᠰᠡᠬᠡᠷ ᠢᠷᠡᠵᠡᠢ᠃ ᠪᠢ ᠨᠢᠭᠡ ᠪᠦᠯᠦᠭ ᠲᠤᠭ᠎ᠠ ᠪᠠᠷᠢᠮᠳᠠ ᠶᠢ ᠮᠡᠳᠡᠬᠦᠯᠦᠶ᠎ᠠ᠂ ᠨᠢᠳᠤᠨᠤᠨ ᠤ ᠵᠢᠯ ᠤᠨ ᠡᠴᠦᠰ ᠪᠣᠯᠲᠠᠯ᠎ᠠ ᠨᠡᠶᠢᠲᠡ 972 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ 6 . 9 ᠲᠦᠮᠡᠨ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠳᠡᠮᠵᠢᠪᠡ᠃ 2019 ᠣᠨ ᠠᠴᠠ 2020 ᠤᠨ ᠪᠣᠯᠲᠠᠯ᠎ᠠ᠂ 32 . 5 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠳᠡᠮᠵᠢᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠠᠮᠢ ᠨᠠᠰᠤᠨ ᠤ ᠡᠳ᠋ ᠬᠥᠷᠥᠩᠭᠡ ᠶᠢ ᠬᠦᠴᠦᠲᠡᠶ       ᠪᠠᠲᠤᠯᠠᠪᠠ᠃      ᠲᠦᠷᠦᠭᠦᠦ ᠬᠡᠳᠦᠨ ᠡᠭᠡᠯᠵᠢ ᠶᠢᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠠᠵᠢᠯ ᠬᠡᠳᠦ᠋ᠢᠪᠡᠷ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ ᠮᠥᠨᠬᠦ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠣᠮᠲᠣᠭᠠᠶᠢᠯᠠᠵᠤ ᠪᠣᠯᠬᠤ ᠥᠬᠡᠶ᠂ ᠬᠤᠯᠪᠣᠭᠳᠠᠯ ᠪᠥᠬᠦᠶ ᠠᠵᠢᠯ ᠢ ᠰᠤᠯᠠᠷᠠᠭᠤᠯᠵᠤ ᠪᠣᠯᠬᠤ ᠥᠬᠡᠶ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠮᠡᠳᠡᠭᠳᠡᠯ︾ ᠳᠤ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠶᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠳᠠᠯᠳᠠ ᠭᠡᠮ᠂ ᠪᠠᠶᠢᠩᠭᠤᠵᠢᠭᠤᠯᠤᠭᠰᠠᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠰᠤᠨ ᠴᠥᠭᠦᠷᠥᠮ ᠤᠨ ᠠᠮᠤᠷ ᠲᠦᠪᠰᠢᠨ ᠤᠷᠲᠤ ᠬᠤᠭᠤᠴᠠᠭ᠎ᠠ ᠪᠠᠷ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃      ︽ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠲᠥᠪ ᠤᠨ ᠡᠳ᠋ ᠤᠨ ᠵᠠᠰᠠᠭ ᠠᠴᠠ ᠭᠤᠤᠯᠳᠠᠭᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳᠤ ᠨᠥᠬᠦᠪᠥᠷᠢ ᠥᠭᠭᠦᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠲᠥᠪ ᠤᠨ ᠡᠳ᠋ ᠤᠨ ᠵᠠᠰᠠᠭ ᠠᠴᠠ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠯᠠ ᠮᠥᠩᠭᠦ ᠶᠢᠨ ᠬᠠᠳᠠᠭᠠᠯᠠᠯᠲᠠ ᠶᠢ ᠰᠢᠯᠢᠳᠡᠭᠵᠢᠭᠦᠯᠬᠦ ᠶᠢᠨ ᠬᠠᠮᠲᠤ ᠬᠡᠰᠡᠭ ᠨᠡᠮᠡᠭᠳᠡᠯ ᠬᠡᠮᠵᠢᠶ᠎ᠡ ᠶᠢ ᠢᠳᠡᠪᠬᠢᠲᠡᠶ ᠲᠣᠬᠢᠷᠠᠭᠤᠯᠬᠤ ᠪᠠᠷ ᠳᠠᠮᠵᠢᠭᠤᠯᠤᠨ᠂ ᠵᠢᠵᠢᠭ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠰᠡᠯᠪᠢᠨ ᠵᠠᠰᠠᠬᠤ ᠶᠢ ᠢᠳᠡᠪᠬᠢᠲᠡᠶ ᠲᠣᠬᠢᠷᠠᠭᠤᠯᠤᠨ᠎ᠠ᠃ ᠠᠷᠠᠴᠢᠯᠠᠨ ᠬᠠᠮᠠᠭᠠᠯᠠᠬᠤ ᠲᠤᠰᠠᠯᠠᠮᠵᠢ ᠶᠢᠨ ᠪᠡᠯᠡ ᠮᠥᠩᠭᠦ 245 ᠳ᠋ᠦᠩᠰᠢᠭᠤᠷ ᠲᠥᠭᠦᠷᠢᠭ ᠪᠠᠶᠢᠵᠤ᠂ ᠡᠯ᠎ᠡ ᠭᠠᠵᠠᠷ ᠤᠨ ︽ᠠᠷᠠᠴᠢᠯᠠᠨ ᠬᠠᠮᠠᠭᠠᠯᠠᠬᠤ ᠶᠢ ᠵᠡᠷᠭᠡ ᠳᠤᠨᠢ ᠴᠢᠬᠤᠯᠠᠴᠢᠯᠠᠬᠤ︾ ᠶᠢ ᠳᠡᠮᠵᠢᠵᠦ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠦᠭᠡᠶ ᠠᠵᠢᠯᠯᠠᠭᠠᠨ ᠢ ᠦᠨᠡᠨᠬᠦ ᠪᠠᠲᠤᠯᠠᠨ᠎ᠠ᠃ ᠨᠢᠭᠡ ᠳᠤ ︽ᠵᠠᠰᠠᠬᠤ︾ ᠶᠢ ᠢᠳᠡᠪᠬᠢᠲᠡᠶ ᠳᠡᠮᠵᠢᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠥᠪ ᠤᠨ ᠡᠳ᠋ ᠤᠨ ᠵᠠᠰᠠᠭ ᠠᠴᠠ 125 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠡᠯ᠎ᠡ ᠭᠠᠵᠠᠷ ᠤᠨ ᠵᠢᠵᠢᠭ ᠬᠡᠯᠪᠡᠷᠢ ᠶᠢᠨ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠶᠢ ᠳᠡᠮᠵᠢᠬᠦ ᠪᠠᠷ ᠲᠥᠯᠥᠪᠯᠡᠵᠦ ᠪᠠᠶᠢᠨ᠎ᠠ᠂ ᠡᠭᠦᠨ ᠳᠤ ᠡᠨᠡ ᠵᠢᠯ 39 . 4 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠬᠢ ᠠᠴᠠ 35 % ᠪᠠᠷ ᠨᠡᠮᠡᠭᠳᠡᠭᠦᠯᠪᠡ᠃      ᠬᠤᠶᠠᠷ ᠲᠤ ︽ᠬᠠᠮᠠᠭᠠᠯᠠᠬᠤ︾ ᠶᠢ ᠢᠳᠡᠪᠬᠢᠲᠡᠶ ᠳᠡᠮᠵᠢᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠥᠪ ᠤᠨ ᠡᠳ᠋ ᠤᠨ ᠵᠠᠰᠠᠭ ᠠᠴᠠ ᠪᠠᠭ᠎ᠠ ᠬᠡᠯᠪᠡᠷᠢ ᠶᠢᠨ ᠤᠰᠤᠨ ᠴᠥᠭᠦᠷᠥᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳᠤ ᠨᠥᠬᠦᠪᠥᠷᠢ ᠥᠭᠬᠦ ᠡᠷᠴᠢᠮ ᠢᠶᠠᠨ ᠵᠢᠯ ᠳᠠᠷᠠᠭᠠᠯᠠᠨ ᠨᠡᠮᠡᠭᠳᠡᠭᠦᠯᠵᠦ᠂ ᠵᠢᠱᠢᠯᠲᠡ ᠪᠠᠷ ᠨᠡᠶᠢᠲᠡ 120 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠂ ᠡᠭᠦᠨ ᠳᠤ ᠡᠨᠡ ᠵᠢᠯ 20 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 11 % ᠪᠠᠷ ᠨᠡᠮᠡᠭᠳᠡᠭᠦᠯᠦᠨ᠎ᠡ᠃ ᠪᠠᠶᠠᠷᠯᠠᠯ᠎ᠠ᠃      ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄      ︽ᠮᠡᠳᠡᠭᠳᠡᠯ︾ ᠳᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢᠨ ᠲᠠᠯ᠎ᠠ ᠪᠠᠷ ᠢᠳᠡᠪᠬᠢᠲᠡᠶ ᠰᠢᠨ᠎ᠡ ᠶᠢ ᠡᠭᠦᠳᠴᠦ᠂ ᠲᠠᠷᠠᠬᠠᠶ ᠪᠤᠲᠠᠷᠬᠠᠶ ᠬᠠᠮᠢᠶᠠᠷᠴᠤ ᠪᠠᠶᠢᠭ᠎ᠠ ᠵᠢᠵᠢᠭ ᠬᠡᠯᠪᠡᠷᠢ ᠶᠢᠨ ᠤᠰᠤᠨ ᠴᠥᠭᠦᠷᠥᠮ ᠳᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠦᠨᠡᠨ ᠬᠦ ᠲᠣᠳᠣᠷᠬᠠᠶᠢᠯᠠᠵᠤ᠂ ᠣᠷᠣᠨ ᠪᠦᠰᠡ ᠳᠤ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ᠂ ᠵᠠᠰᠠᠭ ᠤᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ᠂ ︽ᠶᠡᠭᠡ ᠪᠠᠷ ᠪᠠᠭ᠎ᠠ ᠶᠢ ᠳᠠᠶᠢᠴᠢᠯᠠᠬᠤ︾ ᠵᠡᠷᠭᠡ ᠵᠠᠭᠪᠤᠷ ᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠂ ᠲᠡᠭᠡᠪᠡᠯ ᠲᠣᠰ ᠠᠵᠢᠯᠯᠠᠭ᠎ᠠ ᠨᠢ ᠶᠠᠮᠠᠷ ᠶᠠᠮᠠᠷ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠭᠰᠡᠨ ᠪᠣᠶ︖ ᠳᠠᠷᠠᠭᠠᠴᠢ ᠶᠢᠨ ᠠᠯᠬᠤᠮ ᠳᠤ ᠡᠨᠡ ᠳᠠᠯ᠎ᠠ ᠶᠢᠨ ᠠᠵᠢᠯ ᠢ ᠬᠡᠷᠬᠢᠨ ᠴᠢᠩᠭᠠᠳᠬᠠᠬᠤ ᠪᠤᠢ︖     ᠸᠧᠶ ᠱᠠᠨ ᠵᠥᠩ᠄    1998 ᠣᠨ ᠤ ᠶᠡᠭᠡ ᠦᠶᠡᠷ ᠤᠨ ᠳᠠᠷᠠᠭ᠎ᠠ᠂ ᠡᠯ᠎ᠡ ᠭᠠᠵᠠᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠶᠡᠭᠡ ᠬᠡᠪᠴᠢᠶᠡᠨ ᠤ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠠᠵᠢᠯ ᠢ ᠥᠷᠨᠢᠭᠦᠯᠪᠡ᠂ ᠰᠠᠶ᠋ᠢᠬᠠᠨ ᠪᠢ ᠲᠠᠨᠢᠯᠴᠠᠭᠤᠯᠭ᠎ᠠ ᠬᠢᠵᠦ᠂ 6 . 9 ᠲᠦᠮᠡᠨ ᠵᠢᠵᠢᠭ ᠬᠡᠯᠪᠡᠷᠢ ᠶᠢᠨ ᠠᠶᠤᠯ ᠲᠦᠭᠰᠢᠭᠦᠷᠢ ᠲᠠᠢ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠠᠵᠢᠯ ᠢ ᠬᠢᠭᠰᠡᠨ ᠪᠥᠭᠡᠳ ᠪᠠᠰᠠ 2800 ᠲᠣᠮᠣ ᠳᠤᠮᠳᠠ ᠬᠡᠯᠪᠡᠷᠢ ᠶᠢᠨ ᠠᠶᠤᠯ ᠲᠦᠭᠰᠢᠭᠦᠷᠢ ᠲᠠᠢ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠵᠦ᠂ ᠨᠡᠶᠢᠲᠡ ᠪᠠᠯᠠ ᠮᠥᠩᠭᠦ 1500 ᠭᠠᠷᠤᠶ ᠳ᠋ᠦᠩᠰᠢᠭᠤᠷ ᠲᠥᠭᠦᠷᠢᠭ ᠲᠣᠬᠢᠷᠠᠭᠤᠯᠪᠠ᠃ ᠡᠳᠡᠭᠡᠷ ᠠᠵᠢᠯ ᠢᠶᠠᠷ ᠳᠠᠮᠵᠢᠨ᠂ ᠤᠰᠤᠨ ᠴᠥᠭᠦᠷᠥᠮ ᠤᠨ ᠠᠮᠤᠷ ᠲᠦᠪᠰᠢᠨ ᠤ ᠪᠠᠶᠢᠳᠠᠯ ᠲᠠᠰᠤᠷᠠᠯᠲᠠ ᠦᠭᠡᠢ ᠰᠠᠶᠢᠵᠢᠷᠠᠪᠠ᠃ ᠨᠢᠭᠡ ᠳᠤ ᠪᠠᠷᠢᠯᠭ᠎ᠠ ᠶᠢᠨ ᠲᠤᠰ ᠪᠡᠶ᠎ᠡ ᠶᠢᠨ ᠲᠦᠭᠰᠢᠭᠦᠷᠢᠲᠦ ᠪᠠᠶᠢᠳᠠᠯ ᠢ ᠠᠷᠢᠯᠭᠠᠵᠤ᠂ ᠤᠰᠤᠨ ᠴᠥᠭᠦᠷᠥᠮ ᠤᠨ ᠤᠰᠤ ᠬᠠᠰᠢᠬᠤ᠂ ᠤᠰᠤ ᠭᠤᠭᠤᠵᠢᠬᠤ ᠪᠠ ᠤᠰᠤ ᠳᠠᠮᠵᠢᠭᠤᠯᠬᠤ ᠪᠠᠷᠢᠯᠭ᠎ᠠ ᠶᠢᠨ ᠨᠡᠪᠴᠢᠬᠦ ᠵᠡᠷᠭᠡ ᠪᠠᠷᠢᠯᠭ᠎ᠠ ᠶᠢᠨ ᠲᠥᠬᠦᠭᠡᠷᠦᠮᠵᠢ ᠶᠢᠨ ᠬᠠᠭᠤᠴᠢᠷᠠᠵᠤ ᠴᠤᠴᠠᠷᠠᠭᠰᠠᠨ ᠳᠠᠯᠳᠠ ᠭᠡᠮ ᠢ ᠠᠷᠢᠯᠭᠠᠵᠤ᠂ ᠦᠶᠡᠷ ᠢ ᠰᠡᠷᠭᠡᠶᠢᠯᠡᠬᠦ ᠪᠠᠷᠢᠮᠵᠢᠶ᠎ᠠ ᠳᠤ ᠬᠦᠷᠬᠦ ᠦᠭᠡᠶ ᠪᠠᠶᠢᠬᠤ ᠠᠰᠠᠭᠤᠳᠠᠯ ᠢ ᠰᠢᠶ᠋ᠳᠪᠦᠷᠢᠯᠡᠵᠦ᠂ ᠠᠮᠤᠷ ᠲᠦᠪᠰᠢᠨ ᠤ ᠪᠠᠲᠤᠯᠠᠭ᠎ᠠ ᠶᠢ ᠳᠡᠭᠡᠭᠰᠢᠯᠡᠭᠦᠯᠪᠡ᠃ ᠬᠤᠶᠠᠷ ᠲᠤ᠂ ᠤᠰᠤᠨ ᠴᠥᠭᠦᠷᠥᠮ ᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ᠂ ᠤᠰᠤᠨ ᠴᠥᠭᠦᠷᠥᠮ ᠤᠨ ᠰᠢᠨ᠎ᠡ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ ᠨᠡᠮᠡᠭᠳᠡᠭᠦᠯᠵᠦ᠂ ᠥᠩᠭᠡᠷᠡᠭᠰᠡᠨ ᠳᠤ ᠤᠷᠲᠤ ᠬᠤᠭᠤᠴᠠᠭ᠎ᠠ ᠪᠠᠷ ᠭᠡᠮ ᠰᠣᠭᠤᠭ ᠲᠠᠢ ᠠᠵᠢᠯᠯᠠᠵᠤ᠂ ᠤᠰᠤᠨ ᠴᠥᠭᠦᠷᠥᠮ ᠤᠨ ᠦᠷ᠎ᠡ ᠠᠰᠢᠭ ᠢ ᠪᠠᠳᠠᠷᠠᠭᠤᠯᠬᠤ ᠳᠤ ᠬᠦᠴᠢᠷᠲᠡᠶ ᠪᠠᠶᠢᠭᠰᠠᠨ ᠢ ᠠᠶᠤᠯ ᠢ ᠠᠷᠢᠯᠭᠠᠨ ᠪᠠᠬᠢᠯᠡᠬᠦ ᠪᠠᠷ ᠳᠠᠮᠵᠢᠭᠤᠯᠤᠨ᠂ ᠤᠰᠤᠨ ᠴᠥᠭᠦᠷᠥᠮ ᠤᠨ ᠤᠰᠤ ᠬᠠᠳᠠᠭᠠᠯᠠᠬᠤ ᠴᠢᠳᠠᠪᠤᠷᠢ᠂ ᠤᠰᠤ ᠬᠠᠩᠭᠠᠬᠤ ᠪᠠᠲᠤᠯᠠᠭ᠎ᠠ ᠶᠢᠨ ᠬᠦᠴᠦᠨ ᠢ ᠴᠥᠮ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠤᠰᠤᠯᠠᠯᠲᠠ ᠶᠢᠨ ᠤᠰᠤ ᠬᠠᠩᠭᠠᠬᠤ ᠴᠢᠳᠠᠪᠤᠷᠢ ᠶᠢ ᠰᠡᠷᠭᠦᠭᠡᠨ ᠰᠠᠶᠢᠵᠢᠷᠠᠭᠤᠯᠪᠠ᠃ ᠭᠤᠷᠪᠠ ᠳᠤ᠂ ᠴᠥᠭᠦᠷᠥᠮ ᠤᠨ ᠡᠷᠬᠢᠨ ᠲᠣᠭᠤᠷᠢᠨ ᠤ ᠤᠰᠤᠨ ᠤ ᠠᠮᠢ ᠠᠬᠤᠶ ᠤᠰᠤᠨ ᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠴᠢᠬᠤᠯᠠ ᠦᠶ᠋ᠯᠡᠳᠦᠯ ᠦᠵᠡᠭᠦᠯᠪᠡ᠃ ᠠᠳᠡ ᠪᠢ ᠨᠢᠭᠡ ᠣᠯᠠᠨ ᠤ ᠮᠠᠰᠢ ᠰᠣᠨᠢᠷᠬᠠᠯᠲᠠᠶ ᠲᠤᠭ᠎ᠠ ᠪᠠᠷᠢᠮᠲᠠ ᠶᠢ ᠬᠡᠯᠡᠬᠦ ᠰᠠᠨᠠᠭᠠᠲᠠᠶ᠂ ᠶᠡᠭᠡ ᠲᠥᠯᠥᠪ ᠤᠰᠤᠨ ᠴᠥᠭᠦᠷᠥᠮ ᠤᠨ ᠡᠷᠡᠭᠦᠯ ᠮᠡᠨᠳᠦ ᠶᠢᠨ ᠪᠠᠶᠢᠳᠠᠯ ᠢ ᠲᠣᠳᠣᠷᠬᠠᠶᠢᠯᠠᠵᠤ ᠪᠣᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠤᠯᠤᠰ ᠤᠨ ᠤᠰᠤᠨ ᠴᠥᠭᠦᠷᠥᠮ ᠤᠨ ᠵᠢᠯ ᠳᠤᠮᠳᠠᠴᠢ ᠶᠢᠨ ᠬᠠᠰᠢᠯᠭ᠎ᠠ ᠰᠡᠲᠡᠷᠡᠭᠰᠡᠨ ᠨᠤᠷᠮ᠎ᠠ 0 . 03 ‰ ᠳᠤ ᠬᠦᠷᠴᠦ᠂ ᠲᠡᠦᠬᠡ ᠶᠢᠨ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠡᠢ᠃ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠳᠣᠣᠷ᠎ᠠ ᠬᠠᠰᠢᠯᠭ᠎ᠠ ᠰᠡᠳᠡᠷᠡᠯᠳᠠ ᠶᠢᠨ ᠨᠤᠷᠮ᠎ᠠ ᠶᠢᠨ ᠪᠠᠷᠢᠮᠵᠢᠶ᠎ᠠ  ᠪᠣᠯ 0 . 1 ‰ ᠪᠠᠶᠢᠵᠤ᠂ ᠮᠠᠨ ᠤ ᠤᠯᠤᠰ ᠳᠡᠯᠡᠬᠡᠢ ᠨᠡᠶᠢᠳᠡ ᠶᠢᠨ ᠪᠠᠶᠢᠳᠠᠯ ᠠᠴᠠ ᠬᠤᠯᠠ ᠳᠣᠣᠷ᠎ᠠ ᠪᠠᠶᠢᠳᠠᠭ᠃ ᠤᠯᠠᠨ ᠨᠡᠶᠢᠲᠡ ᠳᠤ ᠮᠡᠳᠡᠷᠡᠭᠳᠡᠭᠰᠡᠨ ᠳᠣᠣᠷ᠎ᠠ ᠬᠠᠰᠢᠯᠭ᠎ᠠ ᠰᠡᠲᠡᠷᠡᠬᠦ ᠨᠣᠷᠮ᠎ᠠ ᠶᠢᠨ ᠪᠠᠷᠢᠮᠵᠢᠶ᠎ᠠ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠮᠤᠷ ᠲᠦᠪᠰᠢᠨ ᠤ ᠪᠠᠶᠢᠳᠠᠯ ᠢ ᠶᠡᠷᠦᠩᠬᠡᠶ ᠳᠡᠭᠡᠨ ᠡᠵᠡᠮᠳᠡᠵᠦ ᠪᠣᠯᠤᠨ᠎ᠠ᠃ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠭᠰᠡᠨ ᠦᠷ᠎ᠡ ᠪᠦᠲᠦᠮᠵᠢ ᠮᠠᠰᠢ ᠢᠯᠡᠷᠬᠡᠶ ᠪᠠᠶᠢᠨ᠎ᠠ᠂ ᠭᠡᠪᠡᠴᠦ ᠮᠠᠨ ᠤ ᠤᠯᠤᠰ ᠤᠨ ᠤᠰᠤᠨ ᠴᠥᠭᠦᠷᠥᠮ ᠤᠨ ᠲᠤᠭ᠎ᠠ ᠬᠡᠮᠵᠢᠶ᠎ᠡ ᠶᠡᠭᠡ᠂ 9 . 8 ᠲᠦᠮᠡ ᠭᠠᠷᠤᠶ ᠪᠠᠶᠢᠵᠤ᠂ ᠪᠠᠰᠠ ᠪᠠᠷᠢᠮᠵᠢᠶ᠎ᠠ ᠠᠴᠠ ᠬᠡᠲᠦᠷᠡᠭᠰᠡᠨ ᠦᠶᠡᠷ᠂ ᠬᠦᠴᠦᠲᠡᠶ ᠭᠠᠵᠠᠷ ᠬᠥᠳᠡᠯᠦᠯᠲᠡ ᠵᠡᠷᠭᠡ ᠶᠢᠨ ᠨᠥᠯᠥᠭᠡ ᠶᠢ ᠲᠠᠰᠤᠷᠠᠯᠲᠠ ᠥᠬᠡᠶ ᠭᠥᠷᠳᠡᠵᠦ ᠪᠠᠶᠢᠨ᠎ᠠ᠂ ᠡᠭᠦᠨ ᠤ ᠳᠡᠭᠡᠷ᠎ᠡ ᠤᠤᠯ ᠤᠨ ᠵᠠᠷᠢᠮ ᠪᠠᠬᠢᠯᠡᠬᠦ ᠪᠠᠷᠢᠮᠵᠢᠶ᠎ᠠ ᠨᠢ ᠬᠠᠷᠢᠴᠠᠩᠭᠤᠶ ᠪᠠᠷ ᠨᠡᠯᠢᠶᠡᠳ ᠳᠤᠤᠷ᠎ᠠ᠂ ᠬᠠᠮᠢᠶᠠᠷᠴᠤ ᠬᠠᠮᠠᠭᠠᠯᠠᠬᠤ ᠨᠢ ᠪᠦᠷᠢᠮᠦᠰᠦᠨ ᠳᠠᠭᠠᠵᠤ ᠳᠡᠶᠢᠯᠬᠦ ᠦᠬᠡᠢ ᠪᠠᠶᠢᠳᠠᠭ ᠠᠴᠠ ᠵᠢᠯ ᠪᠦᠷᠢ ᠴᠥᠮ ᠵᠠᠷᠢᠮ ᠰᠢᠨ᠎ᠡ ᠡᠮᠵᠡᠭ ᠠᠶᠤᠯᠲᠠᠶ ᠤᠰᠤᠨ ᠴᠥᠭᠦᠷᠥᠮ ᠭᠠᠷᠳᠠᠭ᠂ ᠠᠮᠤᠷ ᠲᠦᠪᠰᠢᠨ ᠤ ᠳᠠᠯᠳᠠ ᠬᠡᠮ ᠢ ᠣᠮᠲᠣᠭᠠᠶᠢᠯᠠᠵᠤ ᠪᠣᠯᠤᠰᠢ ᠥᠬᠡᠶ ᠶᠤᠮ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠨᠡ ᠤᠳᠠᠭ᠎ᠠ ᠲᠤᠰᠬᠠᠶ ᠪᠠᠶᠢᠷᠢᠯᠠᠭᠤᠯᠤᠯᠲᠠ ᠬᠢᠵᠦ᠂ ᠰᠢᠨ᠎ᠡ ᠨᠢᠭᠡ ᠡᠭᠡᠯᠵᠢ ᠶᠢᠨ ᠲᠥᠪᠯᠡᠷᠡᠭᠦᠯᠦᠨ ᠠᠶᠤᠯ ᠢ ᠠᠷᠢᠯᠭᠠᠵᠤ ᠪᠠᠬᠢᠵᠢᠭᠦᠯᠪᠡ᠃ ︽ᠮᠡᠳᠡᠭᠳᠡᠯ︾ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠰᠤᠨ ᠠᠰᠢᠭᠯᠠᠯᠲᠠ ᠶᠢᠨ ᠶᠠᠮᠤᠨ ᠳᠣᠣᠷᠠᠬᠢ ᠬᠡᠳᠦᠨ ᠠᠵᠢᠯ ᠢ ᠪᠣᠳᠠᠲᠠᠢ ᠬᠢᠬᠦ ᠪᠠᠷ ᠪᠤᠢ᠄      ᠨᠢᠭᠡ ᠳᠤ ᠤᠰᠤᠨ ᠴᠥᠭᠦᠷᠥᠮ ᠤᠨ ᠠᠶᠤᠯ ᠦᠭᠡᠶ ᠶᠢᠨ ᠬᠢᠨᠠᠨ ᠲᠣᠭᠲᠠᠭᠠᠯᠲᠠ ᠬᠢᠬᠦ ᠶᠢ ᠱᠠᠯᠠᠪᠳᠠᠨ ᠥᠷᠨᠢᠭᠦᠯᠬᠦ ᠬᠡᠷᠡᠭᠲᠡᠶ᠃ ᠪᠠᠰᠠ 3 ᠲᠦᠮᠡ ᠭᠠᠷᠤᠢ ᠰᠠᠭᠤᠷᠢ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠬᠤᠭᠤᠴᠠᠭ᠎ᠠ ᠲᠤᠯᠤᠭᠰᠠᠨ ᠤᠰᠤᠨ ᠴᠥᠭᠦᠷᠥᠮ ᠲᠣᠭᠲᠠᠭᠰᠠᠨ ᠴᠠᠭ ᠲᠠᠭᠠᠨ ᠬᠢᠨᠠᠨ ᠲᠣᠭᠲᠠᠭᠠᠯᠲᠠ ᠬᠢᠭᠰᠡᠨ ᠦᠭᠡᠢ ᠪᠠᠶᠢᠨ᠎ᠠ ᠱᠠᠯᠠᠪᠳᠠᠨ ᠥᠷᠨᠢᠭᠦᠯᠬᠦ ᠬᠡᠷᠡᠭᠲᠡᠢ᠃ ᠡᠭᠦᠨ ᠤ ᠬᠠᠮᠲᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠣᠳᠠᠲᠤ ᠪᠠᠶᠢᠳᠠᠯ ᠢ ᠦᠨᠳᠦᠰᠦᠯᠡᠨ᠂ ᠠᠶᠤᠯ ᠦᠭᠡᠶ ᠶᠢᠨ ᠬᠢᠨᠠᠨ ᠲᠣᠭᠲᠠᠭᠠᠬᠤ ᠳᠡᠰ ᠳᠠᠷᠠᠭᠠᠯᠠᠯ ᠢ       ᠰᠢᠯᠢᠳᠡᠭᠵᠢᠭᠦᠯᠵᠦ᠂ ᠠᠶᠤᠯ ᠦᠭᠡᠶ ᠶᠢᠨ ᠬᠢᠨᠠᠨ ᠲᠣᠭᠲᠠᠭᠠᠭᠰᠠᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠶᠢ ᠲᠦᠷᠭᠡᠳᠬᠡᠨ ᠬᠡᠷᠡᠭᠵᠢᠭᠦᠯᠬᠦ ᠬᠡᠷᠡᠭᠲᠡᠶ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠨ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠲᠡᠭᠦᠯᠳᠡᠷᠵᠢᠭᠦᠯᠵᠦ᠂ ᠲᠦᠢᠯ ᠤᠨ ᠣᠨᠣᠪᠴᠢᠲᠠᠶ᠂ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠳᠡᠢ᠃ ᠵᠢᠵᠢᠭ ᠬᠡᠯᠪᠡᠷᠢ ᠶᠢᠨ ᠤᠰᠤᠨ ᠴᠥᠭᠦᠷᠥᠮ ᠢᠶᠠᠷ ᠵᠢᠱᠢᠶᠡᠯᠡᠪᠡᠯ᠂ ᠰᠠᠶ᠋ᠢᠬᠠᠨ ᠷᠤᠸᠠᠨ ᠯᠢ ᠮᠢᠨ ᠠᠪᠤᠭᠠᠶ ᠬᠠᠮᠢᠶᠠᠷᠤᠯᠲᠠ ᠶᠢᠨ ᠲᠠᠯ᠎ᠠ ᠪᠠᠷ ᠬᠢ ᠰᠢᠨ᠎ᠡ ᠶᠢ ᠡᠬᠦᠳᠬᠦ ᠪᠠᠶᠢᠳᠠᠯ ᠢ ᠳᠠᠨᠢᠯᠴᠠᠭᠤᠯᠵᠤ᠂ ᠲᠠᠷᠠᠭᠠᠴᠢ ᠶᠢᠨ ᠠᠯᠬᠤᠮ ᠳᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠥᠲᠥᠭᠡᠨ ᠪᠠᠶᠢᠭᠤᠯᠤᠯᠲᠠ ᠬᠢᠵᠦ᠂ ᠪᠠᠰᠠ ᠵᠠᠷᠢᠮ ᠲᠦᠷᠢᠮ ᠤᠨ ᠰᠢᠨ᠎ᠡ ᠶᠢ ᠡᠬᠦᠳᠴᠦ ᠮᠡᠳᠡᠨ᠎ᠡ᠃ ᠶᠠᠭᠠᠬᠢᠯ᠎ᠠ ᠴᠤ ᠭᠡᠰᠡᠨ ᠲᠤᠮᠤ ᠬᠡᠯᠪᠡᠷᠢ ᠶᠢᠨ ᠤᠰᠤᠨ ᠴᠥᠭᠦᠷᠥᠮ ᠲᠠᠢ ᠠᠳᠠᠯᠢ ᠦᠭᠡᠢ᠂ ᠦᠨᠳᠦᠰᠦᠨ ᠱᠠᠲᠤᠨ ᠳᠤ ᠬᠦᠷᠬᠦ ᠲᠤᠳᠤᠮ ᠮᠡᠷᠭᠡᠵᠢᠯ ᠤᠨ ᠬᠦᠴᠦᠨ ᠢᠶᠠᠷ ᠤᠯᠠᠮ ᠳᠤᠲᠠᠭᠳᠠᠵᠤ᠂ ᠢᠷᠡᠭᠡᠳᠦᠢ ᠳᠤ ᠲᠦᠷᠢᠮ ᠤᠨ ᠲᠠᠯ᠎ᠠ ᠪᠠᠷ ᠰᠢᠨ᠎ᠡ ᠠᠷᠭ᠎ᠠ ᠬᠡᠮᠵᠢ᠊ ᠡᠶ᠎ᠡ ᠠᠪᠴᠤ ᠰᠢᠨ᠎ᠡ ᠶᠢ ᠡᠭᠦᠳᠬᠦ ᠴᠢᠬᠤᠯᠠᠲᠠᠢ ᠶᠤᠮ᠃ ᠪᠢᠳᠡ ᠲᠥᠪ ᠤᠨ ᠱᠠᠭᠠᠷᠳᠠᠯᠭ᠎ᠠ ᠶᠣᠰᠣᠭᠠᠷ᠂ ᠦᠯᠡᠳᠡᠭᠳᠡᠯ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠶᠢ ᠪᠡᠶᠡᠯᠡᠭᠦᠯᠵᠦ᠂ 2025 ᠣᠨ ᠤ ᠰᠡᠭᠦᠯᠴᠢ ᠠᠴᠠ ᠡᠮᠦᠨ᠎ᠡ᠂ ᠣᠳᠣᠬᠠᠨ ᠳᠤ ᠬᠢᠨᠠᠨ ᠲᠣᠭᠲᠠᠭᠠᠭᠰᠠᠨ ᠥᠬᠡᠶ 3 ᠲᠦᠮᠡ ᠭᠠᠷᠤᠶ ᠤᠰᠤᠨ ᠴᠥᠭᠦᠷᠥᠮ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠪᠡᠶᠡᠯᠡᠭᠦᠯᠵᠦ᠂ ᠬᠡᠪᠰᠢᠭᠰᠡᠨ ᠲᠣᠭᠲᠠᠴᠠ ᠶᠢ ᠪᠠᠶᠢᠭᠤᠯᠵᠤ᠂ ᠰᠡᠭᠦᠯᠡᠷ ᠨᠢ ᠴᠠᠭ ᠲᠤᠬᠠᠶ ᠳᠤᠨᠢ ᠬᠢᠨᠠᠨ ᠲᠣᠭᠲᠠᠭᠠᠯᠲᠠ ᠬᠢᠵᠦ᠂ ᠠᠶᠤᠯ ᠭᠡᠮ ᠲᠠᠢ ᠤᠰᠤᠨ ᠴᠥᠭᠦᠷᠥᠮ ᠤᠨ ᠬᠠᠳᠠᠭᠠᠯᠠᠯᠲᠠ ᠶᠢᠨ ᠬᠡᠮᠵᠢᠶ᠎ᠡ ᠶᠢ ᠴᠠᠭ ᠲᠤᠬᠠᠶ ᠳᠤᠨᠢ ᠠᠷᠢᠯᠭᠠᠵᠤ ᠪᠠᠬᠢᠵᠢᠭᠦᠯᠦᠨ᠎ᠡ᠃ ᠭᠤᠷᠪᠠ ᠳᠤ᠂ ᠬᠡᠷᠡᠭᠵᠢᠭᠦᠯᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠶᠠᠰᠤ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ᠂ ᠨᠢᠭᠡᠨᠲᠡ ᠬᠡᠷᠡᠭᠵᠢᠭᠦᠯᠦᠭᠰᠡᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢ ᠴᠠᠭ ᠲᠤᠬᠠᠶ ᠳᠤᠨᠢ ᠳᠠᠭᠤᠰᠬᠠᠵᠤ ᠰᠢᠯᠭᠠᠨ ᠠᠪᠤᠨ᠎ᠠ᠃ ᠨᠢᠭᠡ ᠶᠢ ᠪᠠᠬᠢᠵᠢᠬᠦᠯᠦᠨ ᠳᠠᠭᠤᠰᠬᠠᠪᠠᠯ᠂ ᠨᠢᠭᠡ ᠶᠢ ᠰᠢᠯᠭᠠᠨ ᠠᠪᠴᠤ᠂ ᠨᠢᠭᠡ ᠶᠢᠨ ᠦᠷ᠎ᠡ ᠠᠰᠢᠭ ᠪᠠᠳᠠᠷᠠᠭᠤᠯᠤᠨ᠎ᠠ᠃ ᠪᠠᠶᠠᠷᠯᠠᠯ᠎ᠠ᠃      ᠳᠤᠮᠳᠠᠳᠤ ᠤᠯᠤᠰ ᠤᠨ ᠠᠵᠤ ᠠᠬᠤᠶ ᠶᠢᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠬᠤᠷᠢᠶᠠᠨ ᠤ ᠰᠤᠷᠪᠤᠯᠵᠢᠯᠠᠭᠴᠢ᠄      ︽ᠮᠡᠳᠡᠭᠳᠡᠯ︾ ᠳᠤ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠠᠷᠢᠭᠤᠴᠠᠨ ᠲᠣᠬᠢᠷᠠᠭᠤᠯᠬᠤ ᠬᠡᠷᠡᠭᠲᠡᠶ ᠭᠡᠵᠦ ᠳᠤᠷᠠᠳᠪᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠲᠣᠮᠣ ᠳᠤᠮᠳᠠ ᠬᠡᠯᠪᠡᠷᠢ ᠶᠢᠨ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠳᠡᠮᠵᠢᠬᠦ ᠪᠣᠶ︖ ᠪᠠᠶᠠᠷᠯᠠᠯ᠎ᠠ᠃      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠥᠳᠡᠭᠡ ᠲᠣᠰᠬᠤᠨ ᠤ ᠠᠵᠤ ᠠᠬᠤᠶ ᠶᠢᠨ ᠵᠤᠷᠭᠠᠨ ᠤ ᠳᠠᠷᠤᠭ᠎ᠠ ᠦ᠋ ᠰᠢᠶᠤᠤ᠄ ᠲᠠᠨ ᠤ ᠠᠰᠠᠭᠤᠯᠳᠠ ᠳᠤ ᠪᠠᠶᠠᠷᠯᠠᠯ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠶ᠋ᠢ ᠶᠢᠨ ᠳᠤᠷᠠᠳᠤᠭᠰᠠᠨ ︽ᠮᠡᠳᠡᠭᠳᠡᠯ︾ ᠳᠤ ᠱᠠᠭᠠᠷᠳᠠᠭᠰᠠᠨ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠲᠣᠬᠢᠷᠠᠭᠤᠯᠤᠨ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠳᠡᠮᠵᠢᠬᠦ ᠬᠡᠷᠡᠭᠲᠡᠶ᠃ ᠰᠠᠶ᠋ᠢ ᠡᠳ᠋ ᠤᠨ ᠵᠠᠰᠠᠭ ᠤᠨ ᠶᠠᠮᠤᠨ ᠤ ᠵᠢᠶᠠᠩ ᠳ᠋ᠠ ᠢᠦᠢ ᠨᠥᠬᠦᠷ ᠤᠨ ᠲᠠᠨᠢᠯᠴᠠᠭᠤᠯᠤᠭᠰᠠᠨ ᠢᠶᠠᠷ ᠪᠣᠯ ᠡᠳ᠋ ᠤᠨ ᠵᠠᠰᠠᠭ ᠤᠨ ᠲᠠᠯ᠎ᠠ ᠪᠠᠷ ᠭᠤᠣᠯᠳᠠᠭᠤ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠲᠡᠮᠵᠢᠨ᠎ᠠ᠃ ᠬᠡᠮᠵᠢᠶ᠎ᠡ ᠨᠢ ᠪᠠᠰᠠ ᠨᠡᠯᠢᠶᠡᠳ ᠶᠡᠭᠡ᠃ ᠭᠡᠪᠡᠴᠦ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠨᠢ ᠪᠠᠰᠠ ᠲᠡᠭᠦᠨ ᠤ ᠲᠣᠪᠦ᠋ᠮ᠎ᠠ ᠴᠢᠬᠤᠯᠠ ᠴᠢᠨᠠᠷ ᠲᠠᠢ᠃ ᠤᠳᠦ ᠮᠠᠨ ᠤ ᠤᠯᠤᠰ ᠤᠨ ᠲᠤᠮᠦ ᠳᠤᠮᠳᠠ ᠬᠡᠯᠪᠡᠷᠢ ᠶᠢᠨ ᠤᠰᠦᠠ ᠴᠥᠭᠦᠷᠥᠮ ᠤᠨ ᠪᠦᠬᠦ ᠲᠤᠭ᠎ᠠ 4700 ᠪᠠᠶᠢᠵᠤ᠂ ᠮᠠᠨ ᠤ ᠤᠯᠤᠰ ᠤᠨ ᠪᠦᠬᠦ ᠤᠰᠦᠠ ᠴᠥᠭᠦᠷᠥᠮ ᠤᠨ ᠲᠤᠭ᠎ᠠ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠨᠢ 5 % ᠬᠦᠷᠬᠦ ᠤᠢᠭᠡᠢ᠂ ᠲᠤᠭ᠎ᠠ ᠬᠡᠮᠵᠢᠶᠡᠨ ᠤ ᠲᠠᠯ᠎ᠠ ᠪᠠᠷ ᠡᠵᠡᠯᠡᠬᠦ ᠬᠤᠪᠢ ᠶᠢᠨ ᠵᠢᠩ ᠨᠢ ᠨᠡᠯᠢᠶᠡᠳ ᠳᠣᠣᠷ᠎ᠠ ᠪᠠᠶᠢᠨ᠎ᠠ᠂ ᠭᠡᠪᠡᠴᠦ ᠴᠥᠭᠦᠷᠥᠮ ᠤᠨ ᠪᠠᠭᠲᠠᠭᠠᠮᠵᠢ ᠶᠢᠨ ᠲᠠᠯ᠎ᠠ ᠪᠠᠷ ᠬᠢ ᠦᠢᠯᠡᠳᠦᠯ ᠨᠢ ᠮᠥᠨ ᠯᠡ ᠲᠦᠢᠯ ᠤᠨ ᠲᠤᠪᠦ᠋ᠢᠮ᠎ᠠ ᠪᠠᠶᠢᠳᠠᠭ᠂ ᠶᠡᠷᠦᠩᠬᠡᠶ ᠴᠥᠭᠦᠷᠥᠮ ᠤᠨ ᠪᠠᠭᠲᠠᠭᠠᠮᠵᠢ 8000 ᠭᠠᠷᠤᠶ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠥᠬᠦ ᠤᠯᠤᠰ ᠤᠨ 9 . 8 ᠲᠦᠮᠡᠨ ᠤᠰᠤᠨ ᠴᠥᠭᠦᠷᠥᠮ ᠤᠨ ᠶᠡᠷᠦᠩᠬᠡᠶ ᠪᠠᠭᠲᠠᠭᠠᠮᠵᠢ ᠶᠢᠨ 92 % ᠢ ᠡᠵᠡᠯᠡᠪᠡ᠃ ᠡᠶᠢᠮᠦ ᠠᠴᠠ ᠲᠤᠮᠦ ᠳᠤᠮᠳᠠ ᠬᠡᠯᠪᠡᠷᠢ ᠶᠢᠨ ᠤᠰᠦᠠ ᠴᠥᠭᠦᠷᠥᠮ ᠤᠨ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠨ ᠬᠤᠷᠢᠭᠯᠠᠬᠤ᠂ ᠬᠤᠳᠠ ᠬᠥᠳᠡᠭᠡ ᠶᠢᠨ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢ ᠪᠠᠲᠤᠯᠠᠬᠤ ᠵᠢᠴᠢ ᠭᠤᠣᠯ ᠮᠥᠷᠡᠨ ᠤ ᠡᠯᠡᠰᠦ ᠰᠢᠪᠠᠷ ᠢ ᠲᠤᠬᠢᠷᠡᠭᠤᠯᠦᠠ ᠡᠵᠡᠮᠳᠡᠬᠦ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠦᠵᠡᠭᠦᠯᠬᠦ ᠦᠢᠯᠡᠳᠦᠯ ᠨᠢ ᠯᠤᠲᠤ ᠶᠡᠭᠡ ᠪᠠᠶᠢᠳᠠᠭ᠃ ᠨᠥᠭᠦᠭᠡ ᠲᠠᠯ᠎ᠠ ᠠᠴᠠ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠤᠰᠤ ᠬᠠᠳᠠᠭᠠᠯᠠᠬᠤ ᠨᠢ ᠶᠡᠭᠡ ᠪᠠᠶᠢᠵᠤ᠂ ᠰᠠᠪᠠ ᠭᠠᠵᠠᠷ ᠣᠷᠣᠨ ᠤ ᠦᠶᠡᠷ ᠢ ᠰᠡᠷᠭᠡᠶᠢᠯᠡᠬᠦ ᠪᠦᠬᠦ ᠲᠠᠯ᠎ᠠ ᠳᠤ ᠬᠤᠯᠪᠣᠭᠳᠠᠵᠤ᠂ ᠦᠢᠯᠡᠳᠦᠯ ᠨᠢ ᠨᠡᠯᠢᠶᠡᠳ ᠲᠤᠪᠤᠶᠢᠮ᠎ᠠ ᠪᠠᠶᠢᠳᠠᠭ ᠪᠣᠯᠬᠤᠷ ᠪᠠᠷᠢᠯᠭ᠎ᠠ ᠶᠢᠨ ᠠᠮᠤᠷ ᠲᠦᠪᠰᠢᠨ ᠳᠤ ᠠᠯᠳᠠᠰᠢ ᠭᠠᠷᠭᠠᠵᠤ ᠪᠣᠯᠬᠤ ᠦᠭᠡᠢ᠃ ᠡᠨᠡ ᠪᠣᠯ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠶᠠᠪᠤᠳᠠᠯ ᠢ ᠨᠢᠭᠡᠨ ᠭᠤᠣᠯᠳᠠᠯᠭ᠎ᠠ ᠪᠣᠯᠭᠠᠵᠤ ᠣᠨᠴᠠᠭᠠᠶᠢᠯᠠᠨ ᠴᠢᠩᠭᠠᠳᠬᠠᠬᠤ ᠬᠡᠷᠡᠭᠲᠡᠶ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠮᠡᠳᠡᠭᠳᠡᠯ︾ ᠳᠤ ᠱᠠᠭᠠᠷᠳᠠᠭᠰᠠᠨ ᠢᠶᠠᠷ᠂ ᠭᠤᠤᠯᠳᠠᠭᠤ ᠤᠰᠤᠨ ᠠᠰᠢᠭᠯᠠᠯᠲᠠ ᠶᠢᠨ ᠶᠠᠮᠤᠨ ᠲᠠᠢ ᠬᠠᠮᠵᠢᠯᠴᠠᠨ ᠡᠯ᠎ᠡ ᠭᠠᠵᠠᠷ ᠤᠨ ᠲᠣᠮᠣ ᠳᠤᠮᠳᠠ ᠬᠡᠯᠪᠡᠷᠢ ᠶᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠢᠳᠡᠪᠬᠢᠲᠡᠶ ᠳᠡᠮᠵᠢᠨ ᠵᠢᠯᠣᠭᠤᠳᠴᠤ᠂ ᠭᠤᠤᠯᠳᠠᠭᠤ ᠳᠥᠷᠪᠡᠨ ᠲᠠᠯ᠎ᠠ ᠠᠴᠠ ᠡᠨᠡ ᠬᠦ ᠠᠵᠢᠯ ᠢ ᠰᠠᠶᠢᠲᠤᠷ ᠬᠢᠬᠦ ᠬᠡᠷᠡᠭᠲᠡᠶ᠄      ᠨᠢᠭᠡ ᠳᠤ ᠲᠥᠪ ᠤᠨ ᠪᠡᠯᠡ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠢᠮᠠᠭᠲᠠ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠤᠷᠢᠳ ᠢᠶᠠᠷ ᠲᠣᠬᠢᠷᠠᠭᠤᠯᠬᠤ ᠬᠡᠪᠴᠢᠶᠡᠨ ᠳᠤ ᠤᠷᠤᠭᠤᠯᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠨᠡᠶᠢᠲᠡ 81 . 29 ᠳ᠋ᠦᠩᠰᠢᠭᠤᠷ ᠲᠥᠭᠦᠷᠢᠭ ᠲᠣᠬᠢᠷᠠᠭᠤᠯᠵᠤ᠂ 250 ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠦᠬᠦᠷᠡᠮ ᠤᠨ ᠠᠶᠤᠯ ᠢ ᠠᠷᠢᠯᠭᠠᠨ ᠪᠠᠬᠢᠵᠢᠬᠦᠯᠬᠦ ᠶᠢ ᠦᠨᠡᠨ ᠬᠦ       ᠪᠠᠲᠤᠯᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠲᠥᠷᠥᠯ  ᠵᠦᠢᠯ ᠤᠨ ᠪᠠᠯᠠ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠶ᠋ᠯ ᠳᠤ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠵᠦ ᠡᠩ ᠲᠡᠷᠢᠭᠦᠨ ᠳᠤ ᠳᠡᠮᠵᠢᠨ᠎ᠡ᠃ 2021 ᠣᠨ ᠳᠤ ᠪᠢᠳᠡ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠤᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ 40 ᠳ᠋ᠦᠩᠰᠢᠭᠤᠷ ᠲᠥᠭᠦᠷᠢᠭ ᠪᠣᠯᠭᠠᠬᠤ ᠪᠠᠷ ᠠᠩᠬ᠎ᠠ ᠠᠯᠬᠤᠮ ᠲᠣᠭᠲᠠᠭᠠᠪᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠢᠯ ᠳᠤᠮᠳᠠᠴᠢ ᠪᠠᠯᠠ ᠣᠷᠣᠭᠤᠯᠤᠯᠲᠠ ᠶᠢᠨ ᠬᠢᠷᠢ ᠬᠡᠮᠵᠢᠶ᠎ᠡ ᠪᠠᠷᠤᠭ 16 ᠭᠠᠷᠤᠶ ᠳ᠋ᠦᠩᠰᠢᠭᠤᠷ ᠲᠥᠭᠦᠷᠢᠭ ᠪᠠᠶᠢᠵᠤ᠂ ᠡᠨᠡ ᠵᠢᠯ ᠠᠴᠠ ᠡᠬᠢᠯᠡᠨ ᠵᠢᠯ ᠤᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠨᠢᠬᠡ ᠳᠠᠬᠢᠨ ᠨᠡᠮᠡᠭᠳᠡᠬᠦᠯᠦᠨ᠎ᠡ᠂ ᠡᠬᠦᠨ ᠳᠤ ᠲᠦᠷᠦᠭᠦᠦ ᠪᠦᠯᠦᠭ ᠤᠨ ᠪᠡᠯᠡ ᠣᠷᠣᠭᠤᠯᠤᠯᠲᠠ ᠶᠢᠨ 34 ᠳ᠋ᠦᠩᠰᠢᠭᠤᠷ ᠲᠥᠭᠦᠷᠢᠭ ᠢ ᠨᠢᠭᠡᠨᠲᠡ ᠪᠠᠭᠤᠯᠭᠠᠪᠠ᠃      ᠬᠤᠶᠠᠷ ᠲᠤ᠂ ᠲᠥᠪ ᠤᠨ ᠪᠡᠯᠡ ᠣᠷᠣᠭᠤᠯᠤᠯᠲᠠ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠵᠡᠭᠦᠨ ᠳᠤᠮᠳᠠ ᠪᠠᠷᠠᠭᠤᠨ ᠣᠷᠣᠨ ᠢ ᠢᠯᠭᠠᠨ ᠵᠦᠷᠢᠶᠡᠴᠢᠯᠡᠭᠰᠡᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠤ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠶᠢ ᠳᠡᠮᠵᠢᠨ᠎ᠡ᠃ ᠣᠳᠣᠬᠠᠨ ᠳᠤ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠᠷᠢᠯᠭ᠎ᠠ ᠪᠣᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠣᠬᠢᠷᠠᠭᠤᠯᠤᠭᠰᠠᠨ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠶᠢᠨ ᠬᠠᠷᠢᠴᠠᠯ ᠬᠠᠮᠤᠭ ᠥᠨᠳᠥᠷ ᠲᠥᠷᠥᠯ  ᠵᠦᠢᠯ ᠤᠨ ᠨᠢᠭᠡ ᠪᠤᠯᠤᠨ᠎ᠠ᠃ ᠡᠭᠦᠨ ᠤ ᠳᠣᠲᠣᠷ᠎ᠠ ᠪᠠᠷᠠᠭᠤᠨ ᠬᠡᠰᠡᠭ ᠤᠨ ᠮᠤᠵᠢ ᠣᠷᠣᠨ ᠤ ᠲᠤᠮᠤ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠤᠨ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠶᠢᠨ ᠬᠠᠷᠢᠴᠠᠯ ᠢ 80 % ᠳᠤ ᠬᠦᠷᠭᠡᠨ᠎ᠡ᠂ ᠡᠭᠦᠨ ᠤ ᠵᠣᠷᠢᠯᠭ᠎ᠠ ᠨᠢ ᠳᠠᠷᠤᠢ ᠲᠥᠪ ᠠᠴᠠ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠪᠠᠷ ᠳᠠᠮᠵᠢᠭᠤᠯᠤᠨ᠂ ᠲᠤᠮᠤ ᠳᠤᠮᠳᠠ ᠬᠡᠯᠪᠡᠷᠢ ᠶᠢᠨ  ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠬᠤ ᠶᠢ ᠡᠩ ᠲᠡᠷᠢᠭᠦᠨ ᠳᠤ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ ᠡᠭᠦᠨ ᠤ ᠬᠠᠮᠲᠤ᠂ ᠪᠢᠳᠡ ᠣᠷᠣᠨ ᠨᠤᠲᠤᠭ ᠤᠨ ᠪᠠᠯᠠ ᠣᠷᠣᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠵᠣᠷᠢᠭᠵᠢᠭᠤᠯᠵᠤ᠂ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠲᠦᠭᠰᠢᠭᠦᠷᠢ ᠶᠢ ᠲᠦᠷᠭᠡᠬᠡᠨ ᠠᠷᠢᠯᠭᠠᠵᠤ ᠨᠤᠮᠧᠷ ᠢ ᠨᠢ ᠬᠠᠰᠤᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃      ᠭᠤᠷᠪᠠ ᠳᠤ ᠲᠥᠷᠥᠯ ᠵᠦᠶ᠋ᠯ ᠤᠨ ᠬᠡᠷᠡᠭᠵᠢᠭᠦᠯᠦᠯᠲᠡ ᠶᠢ ᠡᠮᠬᠢ ᠵᠢᠷᠤᠮ ᠲᠠᠢ ᠠᠬᠢᠭᠤᠯᠤᠨ᠎ᠠ᠃ ᠪᠢᠳᠡ ᠤᠰᠤᠨ ᠠᠰᠢᠭᠯᠠᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠤᠯᠤᠰ ᠤᠨ ᠲᠤᠮᠤ ᠳᠤᠮᠳᠠ ᠬᠡᠯᠪᠡᠷᠢ ᠶᠢᠨ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠲᠠᠢ ᠪᠠᠶᠢᠳᠠᠯ ᠢ ᠡᠮᠬᠢᠯᠡᠬᠦ᠂ ᠲᠠᠬᠢᠨ ᠬᠢᠨᠠᠬᠤ᠂ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠤᠯᠠᠨ ᠤᠳᠠᠭ᠎ᠠ ᠵᠣᠬᠢᠶᠠᠨ ᠪᠠᠶᠢᠭᠤᠯᠪᠠ᠃ 2019 ᠣᠨ ᠳᠤ᠂ ᠤᠰᠤᠨ ᠠᠰᠢᠭᠯᠠᠯᠲᠠ ᠶᠢᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠬᠠᠮᠲᠤᠷᠠᠨ ︽ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠠᠰᠢᠭᠯᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠠᠶᠤᠯ ᠲᠦᠭᠰᠢᠭᠦᠷᠢ ᠶᠢᠨ ᠠᠰᠠᠭᠤᠳᠠᠯ ᠣᠷᠣᠰᠢᠵᠤ ᠪᠠᠶᠢᠭ᠎ᠠ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠢ ︽ᠬᠡᠷᠡᠭᠵᠢᠭᠦᠯᠬᠦ ᠲᠥᠰᠦᠯ︾ ᠳᠤ ᠣᠷᠣᠭᠤᠯᠪᠠ᠃ ᠣᠳᠣᠬᠠᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠤᠰᠤᠨ ᠠᠰᠢᠭᠯᠠᠯᠲᠠ ᠶᠢᠨ ᠶᠠᠮᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠨᠢᠭᠡᠨᠲᠡ ᠪᠡᠶᠡᠯᠡᠭᠦᠯᠦᠭᠰᠡᠨ 200 ᠭᠠᠷᠤᠶ ᠲᠣᠮᠣ ᠳᠤᠮᠳᠠ ᠬᠡᠯᠪᠡᠷᠢ ᠶᠢᠨ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠵᠢᠭᠦᠯᠬᠦ ᠬᠠᠮᠢᠶ᠎ᠠ ᠪᠦᠬᠦᠢ ᠠᠵᠢᠯ ᠢ ᠱᠠᠯᠠᠪᠳᠠᠨ ᠠᠬᠢᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠠᠲᠤᠯᠠᠵᠤ ᠪᠠᠶᠢᠨ᠎ᠠ᠃ ᠠᠵᠢᠯ ᠡᠬᠢᠯᠡᠭᠦᠯᠦᠭᠡᠳᠦᠶ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ᠃      ᠳᠥᠷᠪᠡ ᠳᠤ ᠬᠢᠨᠠᠯᠲᠠ ᠲᠠᠯᠪᠢᠵᠤ ᠵᠢᠯᠣᠭᠤᠳᠬᠤ ᠡᠷᠴᠢᠮ ᠢᠶᠠᠨ ᠨᠡᠮᠡᠭᠳᠡᠭᠦᠯᠦᠨ᠎ᠡ᠃ ᠪᠢᠳᠡ ᠤᠰᠤᠨ ᠠᠰᠢᠭᠯᠠᠯᠲᠠ ᠶᠢᠨ ᠶᠠᠮᠤᠨ ᠲᠠᠢ ᠬᠠᠮᠲᠤ ᠪᠠᠷ ᠣᠷᠣᠨ ᠨᠤᠲᠤᠭ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠲᠤᠮᠤ ᠳᠤᠮᠳᠠ ᠬᠡᠯᠪᠡᠷᠢ ᠶᠢᠨ ᠠᠶᠤᠯ ᠬᠡᠮ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠵᠦᠢᠯᠡᠰ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠮᠡᠷᠭᠡᠵᠢᠯ ᠤᠨ ᠬᠦᠴᠦᠨ ᠢ ᠲᠥᠪᠯᠡᠷᠡᠭᠦᠯᠦᠨ ᠴᠥᠭᠦᠷᠥᠮ ᠤᠨ ᠬᠠᠰᠢᠯᠭ᠎ᠠ ᠶᠢᠨ ᠠᠶᠤᠯᠭᠦᠢ ᠶᠢᠨ ᠬᠢᠨᠠᠨ ᠲᠣᠭᠲᠠᠭᠠᠯᠲᠠ ᠪᠠ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠵᠦᠢᠯᠡᠰ ᠢ ᠬᠢᠨᠠᠨ ᠪᠠᠶᠢᠴᠠᠭᠠᠬᠤ ᠪᠠ ᠬᠢᠨᠠᠨ ᠵᠥᠪᠰᠢᠶᠡᠷᠡᠬᠦ ᠠᠵᠢᠯ ᠢ ᠡᠩ ᠲᠡᠷᠢᠭᠦᠨ ᠳᠤ ᠵᠣᠬᠢᠶᠠᠨ ᠪᠠᠶᠢᠭᠤᠯᠵᠤ ᠰᠠᠶᠢᠲᠤᠷ ᠬᠢᠨ᠎ᠡ᠂ ᠡᠭᠦᠨ ᠤ ᠬᠠᠮᠲᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠷᠣᠨ ᠨᠤᠲᠤᠭ ᠢ ᠱᠠᠯᠠᠪᠳᠠᠭᠤᠯᠵᠤ ᠪᠠᠶᠢᠭᠠᠳ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠴᠠᠭ ᠲᠤᠬᠠᠶ ᠳᠤᠨᠢ ᠪᠠᠭᠤᠯᠭᠠᠭᠤᠯᠵᠤ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠬᠦ ᠶᠢ ᠲᠦᠯᠬᠢᠨ ᠠᠬᠢᠭᠤᠯᠵᠤ᠂ ᠪᠠᠷᠢᠯᠭ᠎ᠠ ᠪᠠᠷᠢᠬᠤ ᠶᠠᠰᠤ ᠴᠢᠨᠠᠷ ᠢ ᠦᠨᠡᠨᠬᠦ ᠪᠠᠲᠤᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠳᠠᠷᠦ᠋ᠢᠬᠠᠨ ᠪᠣᠶ ᠪᠣᠯᠭᠠᠵᠤ᠂ ᠤᠰᠤᠨ ᠴᠥᠭᠦᠷᠥᠮ ᠤᠨ ᠭᠡᠮ ᠰᠣᠭᠤᠭ ᠠᠶᠤᠯ ᠲᠦᠭᠰᠢᠭᠦᠷᠢ ᠲᠠᠢ ᠠᠰᠠᠭᠤᠳᠠᠯ ᠢ ᠴᠠᠭ ᠲᠤᠬᠠᠶ ᠳᠤᠨᠢ ᠠᠷᠢᠯᠭᠠᠨ᠎ᠠ᠃ ᠪᠠᠶᠠᠷᠯᠠᠯ᠎ᠠ᠃      ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠲᠥᠪ ᠷᠠᠳᠢᠣ᠋ ᠶᠢᠨ ᠰᠤᠷᠪᠤᠯᠵᠢᠯᠠᠭᠴᠢ᠄ᠮᠢᠨᠦ ᠠᠰᠠᠭᠤᠯᠳᠠ ᠪᠤᠯ ︽ᠮᠡᠳᠡᠭᠳᠡᠯ︾ ᠳᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠤ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠶᠠᠭᠤ ᠪᠤᠢ︖ ᠪᠠᠶᠠᠷᠯᠠᠯ᠎ᠠ᠃      ᠸᠧᠶ ᠱᠠᠨ ᠵᠥᠩ᠄ ᠪᠢ ᠲᠠᠨ ᠤ ᠠᠰᠠᠭᠤᠯᠲᠠ ᠶᠢ ᠬᠠᠷᠢᠭᠤᠯᠤᠶ᠎ᠠ᠃ ᠪᠢ ᠬᠠᠷᠢᠭᠤᠯᠬᠤ ᠠᠴᠠ ᠡᠮᠦᠨ᠎ᠡ᠂ ᠳᠣᠲᠣᠷ᠎ᠠ ᠨᠢ ᠳᠤᠷᠠᠳᠤᠭᠰᠠᠨ ᠤᠬᠠᠭᠳᠠᠬᠤᠨ ᠢ ᠶᠠᠷᠢᠶ᠎ᠠ᠂ ᠳᠠᠷᠤᠶ ᠠᠮᠤᠷ ᠲᠦᠪᠰᠢᠨ ᠤ ᠰᠢᠯᠭᠠᠨ ᠲᠣᠭᠲᠠᠭᠠᠯᠲᠠ᠃ ᠰᠠᠶ᠋ᠢᠬᠠᠨ ᠬᠡᠯᠡᠭᠰᠡᠨ ᠢᠶᠠᠷ᠂ ᠨᠢᠭᠡᠨᠲᠡ 6 . 9 ᠲᠦᠮᠡᠨ ᠰᠠᠭᠤᠷᠢ ᠤᠰᠤᠨ ᠴᠦᠬᠦᠷᠡᠮ ᠢ ᠪᠠᠬᠢᠵᠢᠭᠦᠯᠪᠡ᠂ ᠪᠠᠰᠠ 3 . 1 ᠲᠦᠮᠡᠨ ᠰᠠᠭᠤᠷᠢ ᠤᠰᠤᠨ ᠴᠥᠭᠦᠷᠥᠮ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠴᠠᠭ ᠳᠤᠬᠠᠢ ᠳᠤᠨᠢ ᠬᠢᠭᠰᠡᠨ ᠦᠬᠡᠢ᠂ ᠤᠰᠤᠨ  ᠴᠥᠬᠦᠷᠥᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ᠂ ᠪᠠᠷᠢᠯᠭ᠎ᠠ ᠶᠢᠨ ᠨᠢᠭᠡᠳᠦᠭᠡᠷ ᠤᠳᠠᠭᠠᠨ ᠤ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠦᠨᠳᠦᠰᠦᠯᠡᠨ᠂ ᠤᠰᠤᠨ ᠴᠥᠭᠦᠷᠥᠮ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠭᠰᠠᠨ ᠤ ᠳᠠᠷᠠᠭᠠᠬᠢ 5 ᠵᠢᠯ ᠤᠨ ᠳᠣᠲᠣᠷ᠎ᠠ᠂ ᠡᠬᠦᠨ ᠠᠴᠠ ᠳᠠᠷᠠᠭᠠᠬᠢ 6 - 10 ᠵᠢᠯ ᠤᠨ ᠳᠣᠲᠣᠷ᠎ᠠ ᠠᠶᠤᠯ ᠦᠭᠡᠢ ᠶᠢᠨ ᠬᠢᠨᠠᠨ ᠲᠣᠭᠲᠠᠭᠠᠯᠲᠠ ᠬᠢᠬᠦ ᠬᠡᠷᠡᠭᠲᠡᠢ᠂ ᠡᠨᠡ ᠪᠣᠯ ᠨᠢᠭᠡᠨ ᠦᠨᠳᠦᠰᠦᠨ ᠤᠬᠠᠭᠳᠠᠬᠤᠨ ᠮᠥᠨ᠃ ︽ᠮᠡᠳᠡᠭᠳᠡᠯ︾ ᠤᠨ ᠬᠠᠷᠠᠯᠲᠠ ᠡᠭᠦᠷᠭᠡ ᠨᠢ ᠪᠠᠷᠤᠭ ᠬᠤᠶᠠᠷ ᠵᠠᠩᠬᠢᠯᠠᠭ᠎ᠠ ᠶᠢᠨ ᠴᠠᠭ ᠪᠤᠢ᠃      ᠨᠢᠭᠡᠳᠦᠭᠡᠷ ᠲᠤ᠂ 2022 ᠣᠨ ᠤ ᠵᠢᠯ ᠤᠨ ᠡᠴᠦᠰ ᠠᠴᠠ ᠡᠮᠦᠨ᠎ᠡ᠂ ᠪᠢᠳᠡ ᠭᠤᠷᠪᠠᠨ ᠵᠦᠢᠯ ᠤᠨ ᠠᠵᠢᠯ ᠢ ᠬᠢᠬᠦ ᠬᠡᠷᠡᠭᠲᠡᠢ᠄ ᠨᠢᠭᠡ ᠳᠤ᠂ ᠤᠳᠤ ᠨᠢᠭᠡᠨᠲᠡ ᠠᠶᠤᠯᠭᠦᠢ ᠶᠢᠨ ᠬᠢᠨᠠᠨ ᠲᠣᠭᠲᠠᠭᠠᠯᠲᠠ ᠶᠢᠨ ᠲᠣᠭᠲᠠᠭᠠᠭᠰᠠᠨ ᠬᠤᠭᠤᠴᠠᠭ᠎ᠠ ᠳᠤ ᠬᠦᠷᠴᠦ᠂ ᠠᠶᠤᠯᠭᠦᠢ ᠶᠢᠨ ᠬᠢᠨᠠᠨ ᠲᠣᠭᠲᠠᠭᠠᠯᠲᠠ ᠬᠢᠬᠦ ᠴᠢᠬᠤᠯᠠ ᠲᠠᠢ ᠪᠠᠶᠢᠬᠤ ᠳᠤ ᠬᠠᠷᠠᠬᠠᠨ ᠬᠢᠭᠡᠳᠦᠢ ᠪᠠᠶᠢᠪᠠᠯ᠂ ᠢᠷᠡᠬᠦ ᠵᠢᠯ ᠤᠨ ᠵᠢᠯ ᠤᠨ ᠡᠴᠦᠰ ᠠᠴᠠ ᠡᠮᠦᠨ᠎ᠡ ᠡᠷᠬᠡᠪᠰᠢ ᠬᠢᠨᠠᠨ ᠳᠤᠭᠳᠠᠭᠠᠯᠳᠠ ᠬᠢᠵᠦ᠂ 3 . 1 ᠲᠦᠮᠡᠨ ᠤᠰᠤᠨ ᠴᠥᠭᠦᠷᠥᠮ ᠤᠨ ᠠᠶᠤᠯᠭᠦᠢ ᠶᠢᠨ ᠬᠢᠨᠠᠨ ᠲᠣᠭᠲᠠᠭᠠᠯᠲᠠ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠬᠤᠶᠠᠷ ᠵᠢᠯ ᠤᠨ ᠳᠣᠲᠣᠷ᠎ᠠ ᠪᠢᠳᠡ ᠨᠢᠬᠡᠨᠳᠡ ᠬᠢᠨᠠᠨ ᠳᠤᠭᠳᠠᠭᠠᠯᠳᠠ ᠬᠢᠭᠰᠡᠨ 256 ᠰᠠᠭᠤᠷᠢ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠳᠡᠭᠡᠷ᠎ᠡ ᠨᠢᠭᠡᠨᠲᠡ ᠬᠢᠨᠠᠨ ᠲᠣᠭᠲᠠᠭᠠᠭᠰᠠᠨ 3 . 1 ᠲᠦᠮᠡᠨ ᠰᠠᠭᠤᠷᠢ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠨᠡᠮᠡᠪᠡᠯ᠂ ᠥᠩᠭᠡᠷᠡᠭᠰᠡᠨ ᠤ ᠲᠤᠷᠰᠢᠯᠭ᠎ᠠ ᠪᠠᠷ ᠪᠣᠯ ᠠᠶᠤᠯ ᠲᠦᠭᠰᠢᠭᠦᠷᠢ ᠶᠢᠨ ᠨᠣᠷᠮ᠎ᠠ 18 % ᠣᠷᠴᠢᠮ ᠪᠣᠯᠤᠨ᠎ᠠ᠂ ᠡᠳᠡᠭᠡᠷ ᠠᠶᠤᠯ ᠲᠦᠭᠰᠢᠭᠦᠷᠢ ᠲᠠᠢ ᠤᠰᠤᠨ ᠴᠥᠭᠦᠷᠥᠮ ᠢ ᠬᠤᠶᠠᠷ ᠵᠢᠯ ᠤᠨ ᠳᠣᠲᠣᠷ᠎ᠠ ᠬᠦᠩᠬᠡᠨ ᠠᠴᠠ ᠬᠦᠨᠳᠤ ᠳᠡᠰᠢ ᠠᠯᠬᠤᠷ ᠪᠠᠴᠢᠮ ᠢ ᠤᠶᠠᠯᠳᠤᠭᠤᠯᠵᠤ᠂ ᠠᠶᠤᠯ ᠲᠦᠭᠰᠢᠭᠦᠷᠢ ᠬᠦᠨᠳᠦ ᠪᠠᠶᠢᠭ᠎ᠠ ᠳᠤᠨᠢ ᠴᠠᠭ ᠲᠤᠬᠠᠶ ᠳᠤᠨᠢ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠬᠡᠷᠡᠭᠲᠡᠶ᠃ ᠭᠤᠷᠪᠠ ᠳᠤ᠂ ᠬᠤᠶᠠᠷ ᠵᠢᠯ ᠤᠨ ᠳᠣᠲᠣᠷ᠎ᠠ ᠪᠢᠳᠡ ᠦᠯᠢᠭᠡᠷ ᠵᠢᠱᠢᠶ᠎ᠡ ᠪᠣᠯᠬᠤ ᠰᠢᠶᠠᠨ ᠢ ᠡᠭᠦᠳᠦᠨ ᠪᠠᠶᠢᠭᠤᠯᠬᠤ ᠶᠢ ᠱᠠᠯᠠᠪᠳᠠᠭᠤᠯᠵᠤ᠂ ᠢᠯᠠᠩᠭᠤᠶ᠎ᠠ ᠲᠠᠷᠠᠬᠠᠶ ᠪᠤᠲᠠᠷᠬᠠᠶ ᠬᠠᠮᠢᠶᠠᠷᠬᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠵᠠᠭᠪᠤᠷ ᠢ ᠬᠠᠶᠢᠨ ᠰᠦᠪᠡᠭᠴᠢᠯᠡᠬᠦ ᠬᠡᠷᠡᠭᠲᠡᠶ᠃ ᠭᠤᠤᠯᠳᠠᠭᠤ ᠭᠤᠷᠪᠠᠨ ᠵᠦᠶ᠋ᠯ ᠤᠨ ᠵᠠᠭᠪᠤᠷ ᠲᠠᠢ᠄ ᠨᠢᠭᠡ ᠳᠤ᠂ ᠣᠷᠣᠨ ᠪᠦᠰᠡ ᠪᠠᠷ ᠲᠥᠪᠯᠡᠷᠡᠭᠦᠯᠦᠨ ᠬᠠᠮᠢᠶᠠᠷᠴᠤ ᠬᠠᠮᠠᠭᠠᠯᠠᠵᠤ᠂ ᠰᠢᠶᠠᠨ ᠤ ᠬᠡᠪᠴᠢᠶ᠎ᠡ ᠪᠤᠶᠤ ᠰᠢᠶᠠᠩ ᠪᠠᠯᠭᠠᠰᠤ ᠪᠠᠷ ᠨᠢᠭᠡᠴᠢ ᠪᠣᠯᠭᠠᠨ ᠲᠥᠪᠯᠡᠷᠡᠭᠦᠯᠦᠨ ᠬᠠᠮᠢᠶᠠᠷᠴᠤ ᠬᠠᠮᠠᠭᠠᠯᠠᠨ᠎ᠠ︔ ᠬᠤᠶᠠᠷ ᠲᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ᠂ ᠲᠤᠰᠬᠠᠶᠢᠵᠢᠭᠰᠠᠨ ᠬᠠᠮᠢᠶᠠᠷᠤᠯᠲᠠ ᠬᠢᠨ᠎ᠡ︔ ᠭᠤᠷᠪᠠ ᠳᠤ ︽ᠶᠡᠭᠡ ᠪᠠᠷ ᠪᠠᠭ᠎ᠠ ᠶᠢ ᠳᠠᠶᠢᠴᠢᠯᠠᠬᠤ︾ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠬᠠᠮᠢᠶᠠᠷᠤᠯᠳᠠ ᠶᠢᠨ ᠨᠢᠭᠡᠴᠢ ᠬᠦᠴᠦᠨ ᠲᠤᠩ ᠶᠡᠭᠡ ᠪᠤᠯᠬᠤᠷ ᠲᠡᠳᠡᠨ ᠢᠶᠠᠷ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠬᠠᠮᠢᠶᠠᠷᠤᠭᠤᠯᠤᠨ ᠬᠠᠮᠠᠭᠠᠯᠠᠭᠤᠯᠤᠨ᠎ᠠ᠃      ᠬᠤᠶᠠᠳᠤᠭᠠᠷ ᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ᠂ 2025 ᠣᠨ ᠤ ᠵᠢᠯ ᠤᠨ ᠰᠡᠭᠦᠯᠴᠢ ᠠᠴᠠ ᠡᠮᠦᠨᠡᠬᠢ ᠨᠢᠭᠡ ᠴᠢᠬᠤᠯᠠ ᠡᠭᠦᠷᠭᠡ ᠪᠣᠯ᠂ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠲᠥᠪᠯᠡᠷᠡᠭᠦᠯᠦᠨ ᠬᠢᠬᠦ ᠠᠶᠤᠯᠲᠠᠶ ᠤᠰᠤᠨ ᠴᠥᠭᠦᠷᠥᠮ ᠪᠣᠯᠤᠨ ᠨᠢᠭᠡᠨᠲᠡ ᠬᠢᠨᠠᠨ ᠲᠣᠭᠲᠠᠭᠠᠯᠲᠠ ᠬᠢᠭᠰᠡᠨ ᠠᠶᠤᠯᠲᠠᠶ ᠤᠰᠤᠨ ᠴᠥᠭᠦᠷᠥᠮ ᠢ ᠪᠦᠬᠦᠨ ᠢ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠬᠡᠷᠡᠭᠲᠡᠶ᠂ ᠡᠨᠡ ᠪᠣᠯ ᠬᠠᠮᠤᠭ ᠤᠨ ᠴᠢᠬᠤᠯᠠ ᠬᠠᠷᠠᠯᠲᠠ ᠪᠣᠯᠤᠨ᠎ᠠ᠂ ᠬᠠᠳᠠᠭᠠᠯᠠᠯᠲᠠ ᠶᠢᠨ ᠬᠡᠮᠵᠢᠶ᠎ᠡ ᠶᠢ ᠪᠦᠬᠦᠨ ᠢ ᠠᠷᠢᠯᠭᠠᠬᠤ ᠬᠡᠷᠡᠭᠲᠡᠶ᠃ ᠬᠤᠶᠠᠷ ᠲᠤ᠂ 5 ᠵᠢᠯ ᠤᠨ ᠳᠣᠲᠣᠷ᠎ᠠ ᠵᠢᠯ ᠪᠦᠷᠢ ᠪᠠᠰᠠ ᠠᠶᠤᠯ ᠦᠭᠡᠶ ᠶᠢᠨ ᠬᠢᠨᠠᠨ ᠲᠣᠭᠲᠠᠭᠠᠬᠤ ᠬᠤᠭᠤᠴᠠᠭ᠎ᠠ ᠳᠤ ᠬᠦᠷᠦᠭᠰᠡᠨ ᠤᠰᠤᠨ ᠴᠥᠭᠦᠷᠥᠮ ᠳᠤ ᠴᠠᠭ ᠲᠤᠬᠠᠶ ᠳᠤᠨᠢ ᠬᠢᠨᠠᠨ ᠲᠣᠭᠲᠠᠭᠠᠯᠲᠠ ᠬᠢᠵᠦ᠂ ᠠᠶᠤᠯ ᠢ ᠠᠷᠢᠯᠭᠠᠨ ᠪᠠᠬᠢᠵᠢᠭᠦᠯᠬᠦ ᠬᠡᠷᠡᠭᠲᠡᠶ᠃ ᠰᠢᠨ᠎ᠡ ᠬᠠᠳᠠᠭᠠᠯᠠᠮᠵᠢ ᠶᠢ ᠬᠤᠷᠠᠮᠳᠤᠭᠤᠯᠬᠤ ᠦᠬᠡᠢ ᠴᠠᠭ ᠲᠤᠬᠠᠢ ᠳᠤᠨᠢ ᠬᠢᠨᠠᠨ ᠲᠣᠭᠲᠠᠭᠠᠵᠤ᠂ ᠴᠠᠭ ᠲᠤᠬᠠᠢ ᠳᠤᠨᠢ ᠠᠶᠤᠯ ᠢ ᠠᠷᠢᠯᠭᠠᠨ ᠪᠠᠬᠢᠵᠢᠭᠦᠯᠬᠦ ᠬᠡᠷᠡᠭᠲᠡᠢ᠃ ᠭᠤᠷᠪᠠ ᠳᠤ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠪᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠣᠷᠣᠭᠠᠨ ᠤ ᠪᠠᠶᠢᠳᠠᠯ ᠢ ᠬᠢᠨᠠᠨ ᠬᠡᠮᠵᠢᠬᠦ᠂ ᠶᠡᠭᠡ ᠬᠠᠰᠢᠯᠭ᠎ᠠ ᠶᠢᠨ ᠠᠶᠤᠯ ᠦᠭᠡᠶ ᠶᠢ ᠬᠢᠨᠠᠨ ᠬᠡᠮᠵᠢᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠤᠰᠤᠨ ᠴᠥᠭᠦᠷᠥᠮ ᠢ ᠪᠠᠷᠢᠮᠵᠢᠶᠠᠵᠢᠭᠤᠯᠤᠨ ᠬᠠᠮᠢᠶᠠᠷᠴᠤ᠂ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃      ᠪᠢᠳᠡ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠵᠠᠩᠭᠢᠯᠠᠭ᠎ᠠ ᠶᠢ ᠠᠳᠬᠤᠬᠤ ᠬᠡᠷᠡᠭᠲᠡᠢ᠂ ᠵᠠᠩᠭᠢᠯᠠᠭ᠎ᠠ ᠨᠢ ᠨᠢᠬᠡ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠠᠶᠢᠨ᠎ᠠ︔ ᠬᠤᠶᠠᠷ ᠲᠤ ᠲᠦᠷᠦᠯ ᠬᠤᠪᠢᠶᠠᠨ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠪᠣᠳᠠᠲᠠᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠡᠴᠦᠰ ᠲᠡᠭᠡᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ᠂ ᠡᠨᠡ ᠪᠣᠯ ᠬᠠᠮᠤᠭ ᠤᠨ ᠵᠠᠩᠭᠢᠯᠠᠭ᠎ᠠ ᠪᠣᠯᠤᠨ᠎ᠠ᠃      ᠨᠢᠭᠡ ᠳᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠮᠡᠳᠡᠭᠳᠡᠯ︾ ᠳᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠶ᠎ᠠ ᠣᠷᠣᠨ ᠤ ᠪᠠᠨ ᠳᠣᠲᠣᠷᠠᠬᠢ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠡᠮᠵᠡᠭ ᠠᠶᠤᠯᠲᠠᠶ ᠤᠰᠤᠨ ᠴᠥᠭᠦᠷᠥᠮ ᠪᠠ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠥᠯᠥᠪᠯᠡᠭᠡ ᠳᠤ ᠣᠷᠣᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ︽ᠮᠡᠳᠡᠭᠳᠡᠯ︾ ᠳᠤ ᠪᠠᠰᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠷᠣᠭᠤᠯᠬᠤ ᠬᠡᠷᠡᠭᠲᠡᠢ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠪᠦᠬᠦ ᠤᠯᠤᠰ ᠤᠨ ᠮᠤᠵᠢ ᠬᠤᠲᠠ ᠰᠢᠶᠠᠨ ᠰᠢᠶᠠᠩ ᠤᠨ ᠲᠦᠷᠪᠡᠨ ᠱᠠᠲᠤᠨ ᠳᠤ 30 ᠭᠠᠷᠤᠢ ᠲᠦᠮᠡᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠲᠠᠢ᠂ ᠡᠳᠡᠭᠡᠷ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠢ ᠴᠥᠮ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠮᠤᠵᠢ ᠶᠢᠨ ᠱᠠᠲᠤᠨ ᠤ ᠶᠡᠷᠦᠩᠬᠡᠢ ᠭᠤᠣᠯ ᠮᠥᠷᠡᠨ ᠤ ᠳᠠᠷᠤᠭ᠎ᠠ᠂ ᠨᠢᠭᠡᠳᠦᠭᠡᠷ ᠶᠡᠷᠦᠩᠬᠡᠢ ᠭᠤᠣᠯ ᠮᠥᠷᠡᠨ ᠤ ᠳᠠᠷᠤᠭ᠎ᠠ ᠨᠢ ᠴᠥᠮ ᠮᠤᠵᠢ ᠶᠢᠨ ᠨᠠᠮ ᠤᠨ ᠬᠤᠷᠢᠶᠠᠨ ᠤ ᠱᠦᠵᠢ᠂ ᠮᠤᠵᠢ ᠶᠢᠨ ᠳᠠᠷᠤᠭ᠎ᠠ ᠪᠣᠯᠤᠨ᠎ᠠ᠃ ᠡᠨᠡ ᠤᠳᠠᠭᠠᠨ ᠤ ᠠᠶᠤᠯ ᠢ ᠠᠷᠢᠯᠭᠠᠵᠤ ᠪᠠᠬᠢᠯᠡᠬᠦ ᠠᠵᠢᠯ ᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠰᠢᠰᠲ᠋ᠧᠮ ᠪᠣᠯ ᠳᠤ ᠤᠷᠤᠭᠤᠯᠵᠤ᠂ ᠳᠠᠷᠤᠢ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠵᠦ ᠪᠠᠶᠢᠬᠤ ᠠᠴᠠ ᠪᠢᠰᠢ ᠬᠠᠷᠢᠨ ᠥᠩᠭᠡᠷᠡᠭᠰᠡᠨ ᠤ ᠳᠥᠭᠦᠮᠬᠡᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠬᠤ ᠲᠦᠷᠢᠮ ᠪᠢᠰᠢ ᠶᠤᠮ᠃ ᠡᠭᠦᠨ ᠤ ᠬᠠᠮᠲᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠢ ᠬᠠᠮᠢᠶᠠᠷᠤᠯᠳᠠ ᠬᠠᠮᠠᠭᠠᠯᠠᠯᠳᠠ ᠶᠢᠨ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ ᠣᠷᠣᠨ ᠨᠤᠲᠤᠭ ᠠᠴᠠ ᠡᠭᠦᠷᠭᠡᠯᠡᠵᠦ᠂ ᠣᠷᠣᠨ ᠨᠤᠲᠤᠭ ᠤᠨ ᠬᠢᠨ ᠡᠷᠬᠡᠪᠰᠢ ᠪᠡᠯᠡ ᠮᠥᠩᠭᠦ ᠶᠢᠨ ᠣᠷᠣᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠳᠠᠭᠠᠤ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠲᠣᠭᠲᠠᠭᠠᠬᠤ ᠬᠡᠷᠡᠭᠲᠡᠶ᠃ ᠲᠣᠭᠠᠨ ᠤ ᠪᠠᠷᠢᠮᠵᠢᠶ᠎ᠠ ᠨᠢ ᠡᠳ᠋ ᠤᠨ ᠬᠦᠴᠦᠨ ᠢᠶᠠᠷ ᠨᠡᠯᠢᠶᠡᠳ ᠪᠠᠭᠤᠷᠠᠶ ᠵᠠᠷᠢᠮ ᠬᠤᠲᠠ ᠰᠢᠶᠠᠨ ᠳᠤ ᠮᠤᠵᠢ ᠶᠢᠨ ᠱᠠᠲᠤᠨ ᠤ ᠡᠳ᠋ ᠤᠨ ᠵᠠᠰᠠᠭ ᠠᠴᠠ ᠳᠡᠮᠵᠢᠯᠭᠡ ᠪᠠ ᠨᠥᠬᠦᠪᠥᠷᠢ ᠥᠭᠬᠦ ᠪᠠᠨ ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠪᠦᠷᠢᠨᠰᠢᠭᠦᠯᠵᠦ᠂ ᠠᠷᠠᠳ ᠤᠨ ᠪᠡᠯᠡ ᠣᠷᠣᠭᠤᠯᠤᠯᠲᠠ ᠶᠢ ᠳᠠᠶᠢᠴᠢᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠳᠡᠮᠵᠢᠬᠦ ᠶᠢ ᠥᠷᠭᠡᠳᠬᠡᠬᠦ ᠬᠡᠷᠡᠭᠲᠡᠶ᠃      ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠥᠷᠥᠯ ᠬᠤᠪᠢᠶᠠᠨ ᠲᠡᠭᠦᠯᠳᠡᠷᠵᠢᠭᠦᠯᠬᠦ ᠪᠠ ᠰᠠᠯᠠᠭ᠎ᠠ ᠮᠥᠴᠢᠷ ᠤᠨ ᠬᠢᠨᠠᠯᠲᠠ ᠵᠢᠯᠣᠭᠤᠳᠣᠯᠭ᠎ᠠ ᠶᠢ ᠴᠢᠩᠭᠠᠷᠠᠭᠤᠯᠤᠨ᠎ᠠ᠃ ᠰᠠᠶ᠋ᠢᠬᠠᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ ᠶᠢ ᠲᠣᠬᠢᠷᠠᠭᠤᠯᠵᠤ᠂ ᠨᠢᠭᠡᠨᠲᠡ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠭᠰᠡᠨ 256 ᠰᠠᠭᠤᠷᠢ ᠲᠣᠮᠣ ᠳᠤᠮᠳᠠ ᠬᠡᠯᠪᠡᠷᠢ ᠶᠢᠨ ᠠᠶᠤᠯ ᠬᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠳᠤ ᠳᠡᠮᠵᠢᠯᠭᠡ ᠦᠵᠡᠭᠦᠯᠬᠦ ᠲᠤᠬᠠᠶ ᠲᠠᠨᠢᠯᠴᠠᠭᠤᠯᠵᠤ᠂ ᠰᠠᠶ᠋ᠢᠬᠠᠨ ᠡᠤ ᠰᠢᠶᠤᠤ ᠠᠪᠤᠭᠠᠶ ᠶᠢᠨ ᠲᠠᠨᠢᠯᠴᠠᠭᠤᠯᠤᠭᠰᠠᠨ ᠢᠶᠠᠷ᠂ ᠳᠡᠮᠵᠢᠬᠦ ᠡᠷᠴᠢᠮ ᠨᠢ ᠨᠡᠯᠢᠶᠡᠳ ᠶᠡᠭᠡ ᠪᠤᠯᠤᠨ᠎ᠠ᠂ ᠢᠯᠠᠩᠭᠤᠶ᠎ᠠ ᠪᠠᠷᠠᠭᠤᠨ ᠬᠡᠰᠡᠭ ᠤᠨ ᠭᠠᠵᠠᠷ ᠣᠷᠣᠨ 80 % ᠳᠤ ᠬᠦᠷᠴᠦ ᠪᠠᠶᠢᠨ᠎ᠠ᠂ ᠡᠨᠡ ᠨᠢ ᠪᠠᠰᠠ ᠴᠤ ᠣᠳᠣᠬᠠᠨ ᠤ ᠲᠥᠪ ᠤᠨ ᠲᠥᠰᠦᠪ ᠤᠨ ᠪᠡᠯᠡ ᠣᠷᠣᠭᠤᠯᠤᠯᠲᠠ ᠶᠢᠨ ᠳᠠᠯ᠎ᠠ ᠪᠠᠷ ᠬᠠᠮᠤᠭ ᠤᠨ ᠶᠡᠭᠡ ᠪᠠᠶᠢᠨ᠎ᠠ᠃ ᠬᠤᠶᠢᠰᠢᠳᠠ ᠶᠢᠨ ᠠᠮᠤᠷ ᠲᠦᠪᠰᠢᠨ ᠤ ᠬᠢᠨᠠᠨ ᠲᠣᠭᠲᠠᠭᠠᠯᠲᠠ ᠳᠤ ᠰᠢᠨ᠎ᠡ ᠪᠠᠷ ᠨᠡᠮᠡᠭᠳᠡᠭᠰᠡᠨ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠨᠢ ᠬᠡᠷᠪᠡ ᠭᠠᠵᠠᠷ ᠬᠥᠳᠡᠯᠦᠯᠲᠡ ᠪᠤᠶᠤ ᠪᠠᠷᠢᠮᠵᠢᠶ᠎ᠠ ᠠᠴᠠ ᠬᠡᠲᠦᠷᠡᠭᠰᠡᠨ ᠦᠶᠡᠷ ᠠᠴᠠ ᠪᠣᠯᠤᠭᠰᠠᠨ ᠠᠶᠤᠯ ᠲᠦᠭᠰᠢᠭᠦᠷᠢ ᠠᠴᠠ ᠪᠤᠯᠵᠤ ᠰᠢᠨ᠎ᠡ ᠪᠠᠷ ᠨᠡᠮᠡᠭᠳᠡᠭᠰᠡᠨ ᠪᠤᠯ ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ ᠠᠴᠠ ᠪᠠᠰᠠ ᠳᠡᠮᠵᠢᠯᠭᠡ ᠦᠵᠡᠭᠦᠯᠦᠨ᠎ᠡ᠃ ᠡᠳ᠋ ᠤᠨ ᠵᠠᠰᠠᠭ ᠤᠨ ᠶᠠᠮᠤᠨ ᠰᠠᠶ᠋ᠢᠬᠠᠨ ᠪᠠᠰᠠ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠳᠡᠮᠵᠢᠬᠦ ᠪᠥᠭᠡᠳ ᠪᠠᠰᠠ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ ᠶᠢ ᠲᠣᠬᠢᠷᠠᠭᠤᠯᠤᠨ ᠨᠥᠬᠦᠪᠥᠷᠢ ᠥᠭᠴᠦ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠢᠴᠢ ᠪᠣᠷᠣᠭᠠᠨ ᠤ ᠤᠰᠤᠨ ᠤ ᠪᠠᠶᠢᠳᠠᠯ ᠢ ᠬᠡᠮᠵᠢᠨ ᠮᠡᠳᠡᠭᠦᠯᠬᠦ ᠪᠠ ᠬᠠᠰᠢᠯᠭ᠎ᠠ ᠶᠢᠨ ᠠᠮᠤᠷ ᠲᠦᠪᠰᠢᠨ ᠢ ᠬᠢᠨᠠᠨ ᠬᠡᠮᠵᠢᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠠᠲᠤᠯᠠᠨ᠎ᠠ ᠭᠡᠵᠦ ᠲᠠᠨᠢᠯᠴᠠᠭᠤᠯᠪᠠ᠃ ᠤᠰᠤᠨ ᠠᠰᠢᠭᠯᠠᠯᠲᠠ ᠶᠢᠨ ᠶᠠᠮᠤᠨ ᠴᠤ ᠲᠦᠷᠢᠮ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢ ᠪᠦᠷᠢᠨᠰᠢᠭᠦᠯᠵᠦ᠂ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ᠂ ᠪᠠᠯᠠ ᠮᠥᠩᠭᠦ ᠶᠢ ᠬᠡᠷᠡᠭᠯᠡᠵᠦ ᠬᠠᠮᠢᠶᠠᠷᠬᠤ ᠵᠡᠷᠭᠡ ᠠᠵᠢᠯ ᠤᠨ ᠵᠢᠯᠣᠭᠤᠳᠣᠯᠭ᠎ᠠ᠂ ᠬᠢᠨᠠᠯᠲᠠ᠂ ᠬᠢᠨᠠᠨ ᠰᠢᠯᠭᠠᠯᠲᠠ ᠶᠢ ᠴᠢᠩᠭᠠᠳᠬᠠᠨ᠎ᠠ᠃ ᠡᠭᠦᠨ ᠤ ᠬᠠᠮᠲᠤ ᠪᠠᠰᠠ ᠵᠠᠷᠢᠮ ᠲᠤᠰᠬᠠᠢ ᠠᠵᠢᠯ ᠤᠨ ᠰᠠᠯᠠᠭ᠎ᠠ ᠮᠥᠴᠢᠷ ᠤᠨ ᠤᠰᠤᠨ ᠴᠥᠭᠦᠷᠥᠮ᠂ ᠵᠢᠱᠢᠶᠡᠯᠡᠪᠡᠯ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠳ ᠴᠦ ᠲᠤᠰ ᠲᠤᠰ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠲᠡᠳᠡᠨ ᠤ ᠬᠠᠮᠢᠶᠠᠷᠴᠤ ᠪᠠᠶᠢᠭ᠎ᠠ ᠤᠰᠤ ᠴᠦᠬᠦᠷᠡᠮ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠪᠤᠯᠤᠨ᠎ᠠ᠃ ᠪᠠᠶᠠᠷᠯᠠᠯ᠎ᠠ᠃      ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶᠠᠨ ᠤ ᠰᠤᠷᠪᠤᠯᠵᠢᠯᠠᠭᠴᠢ᠄      ᠰᠠᠶ᠋ᠢᠬᠠᠨ ᠬᠤᠷᠠᠯ ᠳᠡᠭᠡᠷ᠎ᠡ᠂ ᠲᠣᠰ ᠤᠳᠠᠭᠠᠨ ᠤ ᠳᠠᠷᠤᠮᠠᠯᠯᠠᠨ ᠲᠠᠷᠬᠠᠭᠠᠭᠰᠠᠨ ︽ᠮᠡᠳᠡᠭᠳᠡᠯ︾ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠮᠤᠷ ᠲᠦᠪᠰᠢᠨ ᠢ ᠪᠠᠲᠤᠯᠠᠬᠤ ᠵᠠᠷᠤᠯᠭ᠎ᠠ ᠶᠢᠨ ᠬᠠᠷᠢᠭᠤᠴᠠᠯᠭ᠎ᠠ ᠶᠢᠨ ᠲᠤᠬᠠᠶ ᠵᠣᠬᠢᠴᠠᠩᠭᠤᠶ ᠲᠣᠳᠣᠷᠬᠠᠶ ᠲᠣᠭᠲᠠᠭᠠᠯ ᠭᠠᠷᠭᠠᠪᠠ᠂ ᠡᠳ᠋ ᠤᠨ ᠵᠠᠰᠠᠭ ᠤᠨ ᠶᠠᠮᠤᠨ ᠣᠷᠣᠨ ᠨᠤᠲᠤᠭ ᠤᠨ ᠵᠣᠬᠢᠴᠠᠩᠭᠤᠶ ᠵᠠᠷᠤᠯᠭ᠎ᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠬᠤ ᠶᠢ ᠬᠡᠷᠬᠢᠨ ᠱᠠᠯᠠᠪᠳᠠᠭᠤᠯᠬᠤ ᠪᠤᠢ︖ ᠪᠠᠶᠠᠷᠯᠠᠯ᠎ᠠ᠃      ᠵᠢᠶᠠᠩ ᠳ᠋ᠠ ᠢᠦᠢ᠄ ᠲᠠᠨ ᠤ ᠠᠰᠠᠭᠤᠯᠳᠠ ᠳᠤ ᠪᠠᠶᠠᠷᠯᠠᠯ᠎ᠠ᠃ ᠰᠠᠶ᠋ᠢᠬᠠᠨ ᠸᠧᠶ ᠶᠠᠮᠤᠨ ᠤ ᠰᠠᠶᠢᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠤᠬᠠᠭᠳᠠᠬᠤᠨ ᠢ ᠲᠠᠨᠢᠯᠴᠠᠭᠤᠯᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠳᠤ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠬᠤ ᠶᠢ ᠣᠯᠠᠨ ᠢᠶᠠᠷ ᠢᠶᠠᠨ ᠪᠦᠷ ᠮᠡᠳᠡᠨ᠎ᠡ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠳᠤ ᠠᠪᠴᠤ ᠬᠡᠯᠡᠪᠡᠯ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶ ᠪᠣᠯᠭᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠯ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠮᠤᠷ ᠲᠦᠪᠰᠢᠨ ᠠᠵᠢᠯᠯᠠᠭᠠᠨ ᠢ ᠪᠠᠲᠤᠯᠠᠬᠤ ᠰᠠᠭᠤᠷᠢ ᠪᠠ ᠤᠷᠢᠲᠠᠯ ᠮᠥᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠮᠡᠳᠡᠭᠳᠡᠯ︾ ᠳᠤ ᠳᠡᠮᠵᠢᠬᠦ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠲᠡᠭᠦᠯᠳᠡᠷᠵᠢᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠰᠠᠶ᠋ᠢ ᠸᠧᠢ ᠶᠠᠮᠤᠨ ᠤ ᠰᠠᠶᠢᠳ ᠪᠠᠰᠠ ᠠᠶᠤᠯᠭᠦᠢ ᠶᠢᠨ ᠬᠢᠨᠠᠨ ᠲᠣᠭᠲᠠᠭᠠᠯᠲᠠ ᠶᠢᠨ ᠤᠬᠠᠭᠳᠠᠬᠤᠨ ᠢ ᠲᠠᠨᠢᠯᠴᠠᠭᠤᠯᠵᠤ᠂ ᠣᠳᠣᠬᠠᠨ ᠳᠤ ᠠᠶᠤᠯᠭᠦᠢ ᠶᠢᠨ ᠬᠢᠨᠠᠨ ᠲᠣᠭᠲᠠᠭᠠᠯᠲᠠ ᠶᠢ ᠨᠢᠭᠡᠨᠲᠡ ᠪᠡᠶᠡᠯᠡᠭᠦᠯᠦᠭᠰᠡᠨ ᠠᠶᠤᠯᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠳᠤ ᠲᠥᠪ ᠤᠨ ᠡᠳ᠋ ᠤᠨ ᠵᠠᠰᠠᠭ ᠠᠴᠠ ᠨᠥᠬᠦᠪᠥᠷᠢ ᠳᠡᠮᠵᠢᠯᠭᠡ ᠥᠭᠴᠦ᠂ ᠬᠤᠶᠢᠰᠢᠳᠠ ᠶᠢᠨ ᠠᠶᠤᠯᠭᠦᠢ ᠶᠢᠨ ᠬᠢᠨᠠᠨ ᠲᠣᠭᠲᠠᠭᠠᠯᠲᠠ ᠪᠠᠷ ᠰᠢᠨ᠎ᠡ ᠪᠠᠷ ᠨᠡᠮᠡᠭᠳᠡᠭᠰᠡᠨ ᠠᠶᠤᠯ ᠢ ᠠᠷᠢᠯᠭᠠᠨ ᠪᠠᠬᠢᠯᠡᠬᠦ ᠡᠭᠦᠷᠭᠡ ᠶᠢ ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠡᠭᠦᠷᠭᠡᠯᠡᠯ ᠪᠤᠯᠤᠨ᠎ᠠ᠃ ᠡᠭᠦᠨ ᠤ ᠬᠠᠮᠲᠤ᠂ ᠲᠥᠪ ᠤᠨ ᠡᠳ᠋ ᠤᠨ ᠵᠠᠰᠠᠭ ᠠᠴᠠ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳᠤ ᠵᠣᠬᠢᠰᠲᠠᠶ ᠨᠥᠬᠦᠪᠥᠷᠢ ᠥᠭᠴᠦ᠂ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠤᠨ ᠪᠡᠯᠡ ᠮᠥᠩᠭᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠳᠡᠮᠵᠢᠵᠦ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠦᠭᠡᠶ ᠠᠵᠢᠯᠯᠠᠭᠠᠨ ᠢ ᠪᠠᠲᠤᠯᠠᠨ᠎ᠠ᠃ ᠣᠷᠣᠨ ᠨᠤᠲᠤᠭ ᠢ ᠱᠠᠯᠠᠪᠳᠠᠭᠤᠯᠵᠤ ᠪᠠᠶᠢᠭᠠᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠡᠳ᠋ ᠤᠨ ᠵᠠᠰᠠᠭ ᠭᠤᠣᠯᠳᠠᠭᠤ ᠭᠤᠷᠪᠠᠨ ᠲᠠᠯ᠎ᠠ ᠪᠠᠷ ᠬᠦᠴᠦᠯᠡᠬᠦ ᠪᠤᠯᠤᠨ᠎ᠠ᠄      ᠨᠢᠭᠡ ᠳᠤ ᠠᠵᠢᠯ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠬᠢᠭᠡᠳ ᠤᠰᠤᠨ ᠠᠰᠢᠭᠯᠠᠯᠲᠠ ᠶᠢᠨ ᠶᠠᠮᠤᠨ ᠨᠢᠭᠲᠠ ᠬᠠᠮᠲᠤᠷᠠᠨ ᠠᠵᠢᠯᠯᠠᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠡᠷᠡᠭᠴᠡᠭᠡ ᠶᠢ ᠬᠡᠮᠵᠢᠨ ᠪᠤᠳᠤᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ ᠲᠣᠳᠣᠷᠬᠠᠶᠢᠯᠠᠭᠰᠠᠨ ᠠᠵᠢᠯ ᠶᠠᠪᠤᠳᠠᠯ ᠤᠨ ᠡᠷᠬᠡ ᠶᠢᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠱᠠᠲᠤ ᠬᠤᠪᠢᠶᠠᠨ ᠡᠭᠦᠷᠭᠡᠯᠡᠬᠦ ᠶᠢ ᠳᠤᠷᠠᠳᠤᠨ ᠭᠠᠷᠭᠠᠪᠠ᠃ ᠵᠠᠷᠤᠯᠭ᠎ᠠ ᠶᠢᠨ ᠬᠠᠷᠢᠭᠤᠴᠠᠯᠭ᠎ᠠ ᠶᠢᠨ ᠰᠠᠨᠠᠭᠤᠯᠭ᠎ᠠ ᠶᠢᠨ ᠲᠥᠰᠦᠯ ᠢ ᠲᠠᠰ ᠳᠠᠷᠠᠭᠠᠯᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠥᠬᠦᠳ ᠲᠤ ᠮᠡᠳᠡᠭᠦᠯᠦᠨ ᠵᠥᠪᠰᠢᠶᠡᠷᠡᠭᠦᠯᠵᠦ᠂ ᠳᠡᠭᠡᠳᠦ ᠳᠤᠤᠷᠠᠳᠤ ᠱᠠᠲᠤ ᠬᠠᠮᠵᠢᠯᠴᠠᠨ ᠪᠠᠯᠠ ᠮᠥᠩᠭᠦ ᠶᠢᠨ ᠪᠠᠲᠤᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃      ᠬᠤᠶᠠᠷ ᠲᠤ ᠣᠷᠣᠨ ᠨᠤᠲᠤᠭ ᠤᠨ ᠵᠢᠭᠡᠯᠡᠯᠭᠡ ᠲᠠᠷᠬᠠᠭᠠᠵᠤ ᠪᠡᠯᠡ ᠴᠤᠭᠯᠠᠭᠤᠯᠬᠤ ᠶᠢ ᠲᠡᠮᠵᠢᠪᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠵᠢᠭ ᠬᠡᠯᠪᠡᠷᠢ ᠶᠢᠨ ᠠᠶᠤᠯ ᠬᠡᠮ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠡᠯᠡ ᠮᠥᠩᠭᠦ ᠴᠤᠭᠯᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠶᠢ ᠰᠢᠨ᠎ᠡ ᠪᠠᠷ ᠨᠡᠮᠡᠭᠳᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠨᠤᠲᠤᠭ ᠲᠤ ᠳᠡᠮᠵᠢᠯᠭᠡ ᠦᠵᠡᠭᠦᠯᠦᠨ᠎ᠡ᠃      ᠭᠤᠷᠪᠠ ᠳᠤ᠂ ᠡᠯ᠎ᠡ ᠭᠠᠵᠠᠷ ᠤᠨ ᠬᠢᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠴᠤᠭᠯᠠᠭᠤᠯᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠳᠡᠮᠵᠢᠨ᠎ᠡ᠃ ︽ᠮᠡᠳᠡᠭᠳᠡᠯ︾ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠶᠠᠮᠤᠨ ᠢᠳᠡᠪᠬᠢᠲᠡᠶ ᠪᠠᠷ ᠤᠰᠤᠨ ᠠᠰᠢᠭᠯᠠᠯᠲᠠ ᠶᠢᠨ ᠶᠠᠮᠤᠨ ᠲᠠᠢ ᠬᠠᠮᠲᠤᠷᠠᠨ ᠣᠷᠣᠨ ᠨᠤᠲᠤᠭ ᠤᠨ ᠣᠯᠠᠨ ᠠᠷᠭ᠎ᠠ ᠵᠠᠮ ᠢᠶᠠᠷ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠴᠤᠭᠯᠠᠭᠤᠯᠬᠤ ᠶᠢ ᠵᠢᠯᠣᠭᠤᠳᠴᠤ᠂ ᠢᠯᠠᠩᠭᠤᠶ᠎ᠠ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠠᠮᠢ ᠠᠬᠤᠶ ᠶᠢᠨ ᠣᠷᠴᠢᠨ ᠲᠣᠭᠤᠷᠢᠨ ᠤ ᠠᠶᠤᠯ ᠦᠭᠡᠶ ᠪᠠᠶᠢᠬᠤ ᠤᠷᠢᠲᠠᠯ ᠳᠣᠣᠷ᠎ᠠ᠂ ᠨᠡᠶᠢᠭᠡᠮ ᠤᠨ ᠬᠥᠷᠥᠩᠭᠡ ᠶᠢ ᠣᠷᠣᠭᠤᠯᠵᠤ ᠢᠷᠡᠨ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠡᠵᠡᠩᠨᠡᠯᠲᠡ ᠬᠠᠮᠢᠶᠠᠷᠤᠯᠲᠠ ᠳᠤ ᠣᠷᠣᠯᠴᠠᠭᠤᠯᠬᠤ ᠶᠢ ᠬᠠᠶᠢᠨ ᠰᠦᠪᠡᠭᠴᠢᠯᠡᠵᠦ᠂ ᠤᠰᠤᠨ ᠤ ᠰᠦᠢᠳᠬᠡᠯ ᠢ ᠬᠤᠷᠢᠶᠠᠵᠤ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠂ ᠤᠰᠤᠨ ᠤ ᠰᠦᠢᠳᠬᠡᠯ ᠢ ᠬᠤᠷᠢᠶᠠᠵᠤ ᠲᠤᠰᠢᠶᠠᠬᠤ ᠨᠣᠷᠮ᠎ᠠ ᠶᠢ ᠳᠡᠭᠡᠭᠰᠢᠯᠡᠭᠦᠯᠵᠦ᠂ ᠡᠵᠡᠩᠨᠡᠯᠲᠡ ᠶᠢᠨ ᠠᠰᠢᠭ ᠣᠯᠵᠠᠪᠤᠷᠢ ᠶᠢ ᠡᠭᠦᠷᠭᠡᠯᠡᠬᠦ ᠪᠠᠷ ᠬᠡᠰᠡᠭ ᠪᠣᠯᠭᠠᠨ ᠬᠠᠮᠢᠶᠠᠷᠬᠤ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号