ᠬᠠᠲᠤᠨ ᠭᠤᠣᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠤᠰᠤᠨ ᠵᠦᠢ ᠶᠢᠨ ᠲᠣᠪᠴᠢᠶ᠎ᠠ ︽ᠵᠠᠭᠤᠨ ᠤᠨ ᠤ ᠡᠷᠭᠢᠴᠡᠭᠦᠯᠦᠯ᠄ ᠳᠤᠮᠳᠠᠳᠤ ᠤᠯᠤᠰ ᠤᠨ ᠡᠪ ᠬᠠᠮᠲᠤ ᠨᠠᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠤᠳᠤᠷᠢᠳᠤᠨ᠎ᠠ︾ ᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2021/5/26
     ᠲᠤᠰ ᠥᠷᠲᠡᠭᠡᠨ ᠤ ᠮᠡᠳᠡᠭᠡ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠠᠭᠤᠤ ᠶᠡᠭᠡ ᠤᠷᠢᠶᠠᠯᠠᠭ᠎ᠠ ᠶᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠲᠥᠪ ᠤᠨ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠠᠮᠲᠤᠷᠠᠨ ᠡᠷᠭᠢᠯᠡᠭᠰᠡᠨ 2021 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠨᠠᠶᠢᠳᠠᠯᠭ᠎ᠠ ᠪᠠᠷ᠂ 5 ᠰᠠᠷ᠎ᠠ ᠶᠢᠨ 24 ᠤ ᠡᠳᠦᠷ᠂ ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠤᠰᠤᠨ ᠵᠦᠢ ᠶᠢᠨ ᠲᠣᠪᠴᠢᠶ᠎ᠠ ᠨᠢ ᠯᠠᠨᠵᠧᠤ ᠶᠢᠨ ᠤᠰᠤᠨ ᠵᠦᠢ ᠶᠢᠨ       ᠥᠷᠲᠡᠭᠡ ᠳᠤ ︽ᠵᠠᠭᠤᠨ ᠤᠨ ᠤ ᠡᠷᠭᠢᠴᠡᠭᠦᠯᠦᠯ᠄ ᠳᠤᠮᠳᠠᠳᠤ ᠤᠯᠤᠰ ᠤᠨ ᠡᠪ ᠬᠠᠮᠲᠤ ᠨᠠᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠤᠳᠤᠷᠢᠳᠤᠨ᠎ᠠ︾ ᠭᠡᠬᠦ ᠭᠤᠤᠯ ᠰᠡᠳᠦᠪᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠠᠷᠠᠳ ᠲᠦᠮᠡᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠤᠰᠤᠨ ᠵᠦᠢ ᠶᠢᠨ ᠰᠢᠯᠭᠠᠯᠲᠠ᠂ ᠤᠰᠤᠨ ᠤ ᠪᠠᠶᠢᠳᠠᠯ ᠤᠨ ᠤᠷᠢᠳᠴᠢᠯᠠᠭᠰᠠᠨ ᠮᠡᠳᠡᠭᠡ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ ᠮᠡᠳᠡᠭᠦᠯᠬᠦ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠯᠠᠨᠵᠧᠦ ᠶᠢᠨ ᠤᠰᠤᠨ ᠵᠦᠢ ᠶᠢᠨ ᠦᠷᠳᠡᠭᠡ ᠶᠢᠨ ᠭᠠᠳᠠᠨᠠᠬᠢ ᠲᠤᠮᠤ ᠳᠡᠯᠭᠡᠴᠡ ᠳᠤ ᠬᠠᠳᠤᠨ ᠭᠤᠣᠯ ᠤᠨ ᠤᠰᠤᠨ ᠵᠦᠢ ᠶᠢᠨ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠵᠦ᠂ ᠸᠢᠳᠢᠣ᠋ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠬᠠᠳᠤᠨ ᠭᠤᠣᠯ ᠤᠨ ᠤᠰᠤᠨ ᠵᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠣᠯᠤᠭᠰᠠᠨ ᠲᠦᠷᠭᠡᠨ ᠲᠠᠪᠰᠢᠯᠳᠠ ᠪᠣᠯᠤᠨ ᠭᠡᠷᠡᠯ ᠰᠠᠴᠤᠷᠠᠩᠭᠤᠢ ᠠᠮᠵᠢᠯᠲᠠ ᠶᠢ ᠨᠢᠭᠲᠠ ᠲᠠᠨᠢᠯᠴᠠᠭᠤᠯᠵᠤ᠂ ᠤᠯᠠᠨ ᠲᠦᠮᠡᠨ ᠤ ᠠᠩᠬᠠᠷᠤᠯ ᠢ ᠲᠠᠲᠠᠪᠠ︔ ᠵᠢᠷᠤᠭ ᠦᠰᠦᠭ ᠤᠨ ᠦᠵᠡᠭᠦᠯᠭᠡ ᠶᠢᠨ ᠰᠠᠮᠪᠠᠷ᠎ᠠ ᠳᠤ ᠬᠠᠲᠤᠨ ᠭᠤᠣᠯ ᠤᠨ ᠳᠡᠭᠡᠳᠦ ᠤᠷᠤᠰᠬᠠᠯ ᠤᠨ ᠤᠰᠤᠨ ᠵᠦᠢ ᠶᠢᠨ ᠤᠰᠤᠨ ᠲᠦᠪᠰᠢᠨ᠂ ᠤᠷᠤᠰᠬᠠᠯ ᠤᠨ ᠬᠡᠮᠵᠢᠶ᠎ᠡ᠂ ᠡᠯᠡᠰᠦ ᠰᠢᠪᠠᠷ᠂ ᠲᠤᠨᠳᠠᠰᠤ᠂ ᠠᠭᠤᠷᠰᠢᠯᠲᠠ ᠵᠡᠷᠭᠡ ᠤᠰᠤᠨ ᠵᠦᠢ ᠶᠢᠨ ᠬᠡᠮᠵᠢᠨ ᠪᠠᠶᠢᠴᠠᠭᠠᠯᠲᠠ ᠪᠠ ᠤᠰᠤᠨ ᠤ ᠪᠠᠶᠢᠳᠠᠯ ᠢ ᠤᠷᠢᠳᠴᠢᠯᠠᠨ ᠮᠡᠳᠡᠭᠡᠯᠡᠬᠦ ᠲᠠᠯ᠎ᠠ ᠪᠠᠷ ᠬᠢ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠠᠷᠢᠯᠢᠭ ᠳᠡᠯᠭᠡᠨ ᠬᠠᠷᠠᠭᠤᠯᠵᠠᠢ︔ ᠲᠠᠶᠢᠯᠪᠤᠷᠢᠯᠠᠭᠴᠢ ᠠᠴᠠ ᠤᠯᠠᠨ ᠲᠦᠮᠡᠨ ᠳᠤ ᠬᠠᠲᠤᠨ ᠭᠤᠣᠯ ᠤᠨ ᠤᠰᠤᠨ ᠵᠦᠢ ᠶᠢᠨ ᠮᠡᠳᠡᠯᠭᠡ ᠶᠢ ᠠᠮᠢᠳᠤᠯᠢᠭ ᠳᠦᠷᠰᠦᠯᠢᠭ ᠢᠶᠠᠷ ᠲᠦᠭᠡᠮᠡᠯᠵᠢᠭᠦᠯᠵᠦ᠂ ᠬᠠᠲᠤᠨ ᠭᠤᠣᠯ ᠤᠨ ᠤᠰᠤᠨ ᠵᠦᠢ ᠶᠢᠨ ᠦᠯᠢᠭᠡᠷ ᠢ ᠶᠠᠷᠢᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠤᠰᠤᠨ ᠵᠦᠢ ᠶᠢᠨ ᠠᠵᠢᠯ ᠤᠨ ᠲᠤᠬᠠᠢ ᠤᠷᠮ᠎ᠠ ᠪᠠᠬ᠎ᠠ ᠶᠢ ᠬᠥᠭᠵᠢᠭᠡᠵᠡᠢ᠃      ᠡᠭᠦᠨ ᠤ ᠬᠠᠮᠳᠤ ᠯᠠᠨᠵᠧᠤ ᠶᠢᠨ ᠤᠰᠤᠨ ᠵᠦᠢ ᠶᠢᠨ ᠥᠷᠲᠡᠭᠡ ᠪᠠᠰᠠ ᠬᠤᠯᠪᠣᠭᠳᠠᠯ ᠪᠥᠬᠦᠶ ᠬᠡᠮᠵᠢᠨ ᠪᠠᠶᠢᠴᠠᠭᠠᠯᠲᠠ ᠶᠢᠨ ᠲᠠᠯᠠᠪᠤᠷ ᠭᠠᠷᠭᠠᠵᠤ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠬᠡᠮᠵᠢᠨ ᠪᠠᠶᠢᠴᠠᠭᠠᠯᠲᠠ ᠶᠢᠨ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠭᠦᠯᠵᠦ᠂ ᠭᠤᠭᠴᠤᠭ᠎ᠠ ᠨᠢᠭᠡᠪᠦᠷᠢ ᠳᠤ ᠴᠥᠮ ᠲᠤᠰᠬᠠᠶ ᠬᠥᠮᠦᠨ ᠢᠶᠠᠷ ᠲᠠᠶᠢᠯᠪᠤᠷᠢᠯᠠᠨ ᠦᠵᠡᠭᠦᠯᠪᠡ᠃ ᠣᠯᠠᠨ ᠢᠶᠠᠷ ᠢᠶᠠᠨ ᠤᠰᠤᠨ ᠤ ᠪᠠᠶᠢᠳᠠᠯ ᠤᠨ ᠲᠠᠰᠤᠭ ᠲᠤ ᠬᠦᠷᠴᠦ ᠤᠰᠤᠨ ᠤ ᠪᠠᠶᠢᠳᠠᠯ ᠤᠨ ᠤᠷᠢᠳᠴᠢᠯᠠᠭᠰᠠᠨ ᠮᠡᠳᠡᠭᠡ ᠵᠡᠷᠭᠡ ᠪᠠᠶᠢᠳᠠᠯ ᠢ ᠣᠢᠢᠯᠠᠭᠠᠵᠤ᠂ ᠡᠯᠡᠰᠦ ᠰᠢᠪᠠᠷ ᠤᠨ ᠲᠠᠰᠤᠭ ᠲᠤ ᠣᠷᠣᠵᠤ ᠡᠯᠡᠰᠦ ᠰᠢᠪᠠᠷ ᠢ ᠰᠢᠢᠳᠪᠦᠷᠢᠯᠡᠬᠦ ᠶᠠᠪᠤᠴᠠ ᠶᠢ ᠦᠵᠡᠵᠦ᠂ ᠲᠠᠲᠠᠯᠭ᠎ᠠ ᠶᠢᠨ ᠵᠠᠮ ᠤᠨ ᠡᠵᠡᠮᠰᠢᠯ ᠤᠨ ᠲᠠᠰᠤᠭ ᠲᠤ ᠣᠷᠣᠵᠤ ᠤᠷᠤᠰᠬᠠᠯ ᠤᠨ ᠬᠡᠮᠵᠢᠶ᠎ᠡ ᠶᠢᠨ ᠠᠦ᠋ᠲ᠋ᠣ᠋ ᠰᠢᠯᠭᠠᠯᠲᠠ ᠶᠢᠨ ᠰᠢᠰᠲ᠋ᠧᠮ ᠤᠨ ᠤᠷᠤᠰᠬᠠᠯ ᠤᠨ ᠬᠡᠮᠵᠢᠶ᠎ᠡ ᠶᠢᠨ ᠰᠢᠯᠭᠠᠯᠲᠠ ᠶᠢ ᠬᠡᠷᠬᠢᠨ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠬᠤ ᠶᠢ ᠤᠢᠢᠯᠠᠭᠠᠭᠤᠯᠵᠠᠢ᠃ ᠪᠣᠷᠣᠭᠠᠨ ᠤ ᠬᠡᠮᠵᠢᠶ᠎ᠡ ᠶᠢ ᠠᠵᠢᠭᠯᠠᠨ ᠬᠡᠮᠵᠢᠬᠦ ᠲᠠᠯᠠᠪᠠᠶ ᠶᠢᠨ ᠪᠣᠷᠣᠭᠠᠨ ᠤ ᠬᠡᠮᠵᠢᠶ᠎ᠡ ᠶᠢ ᠠᠦ᠋ᠲ᠋ᠣ᠋ ᠬᠢᠨᠠᠨ ᠬᠡᠮᠵᠢᠬᠦ ᠰᠢᠰᠲ᠋ᠧᠮ᠂ ᠤᠰᠤᠨ ᠵᠦᠢ ᠶᠢᠨ ᠬᠡᠮᠵᠢᠨ ᠮᠡᠳᠡᠭᠦᠯᠬᠦ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠳᠤᠤᠷ ᠰᠦᠯᠵᠢᠶ᠎ᠠ᠂ ᠸᠢᠳᠢᠣ᠋᠂ ᠤᠶᠤᠨᠴᠢᠯᠠᠭᠰᠠᠨ ᠠᠦ᠋ᠲ᠋ᠣ᠋ ᠬᠡᠮᠵᠢᠨ ᠮᠡᠳᠡᠭᠦᠯᠬᠦ ᠵᠢᠯᠣᠭᠤᠳᠬᠤ ᠰᠢᠰᠲ᠋ᠧᠮ ᠨᠢ ᠴᠥᠮ ᠬᠠᠲᠤᠨ ᠭᠤᠤᠯ ᠤᠨ ᠤᠰᠤᠨ ᠵᠦᠢ ᠶᠢᠨ ᠬᠡᠮᠵᠢᠨ ᠮᠡᠳᠡᠭᠦᠯᠬᠦ ᠣᠳᠣᠬᠢᠴᠢᠯᠠᠯᠲᠠ ᠶᠢᠨ ᠬᠢᠷᠢ ᠲᠦᠪᠰᠢᠨ ᠢ ᠭᠦᠢᠴᠡᠳ ᠢᠯᠡᠷᠡᠭᠦᠯᠵᠦ᠂ ᠲᠣᠭᠤᠷᠢᠨ ᠦᠵᠡᠭᠦ ᠣᠯᠠᠨ ᠲᠦᠮᠡᠨ ᠳᠤ ᠰᠢᠨ᠎ᠡ ᠰᠡᠪᠡᠭᠦᠨ ᠮᠡᠳᠡᠯᠭᠡ ᠶᠢ ᠬᠦᠷᠳᠡᠭᠡᠭᠰᠡᠨ ᠪᠠᠶᠢᠨ᠎ᠠ᠃      ᠠᠯᠢ ᠣᠯᠠᠨ ᠠᠵᠢᠯᠯᠠᠭ᠎ᠠ ᠨᠢ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ ᠪᠠᠭ᠎ᠠ ᠪᠤᠰᠤ ᠮᠡᠳᠡᠯᠭᠡ ᠤᠯᠭᠤᠯ᠎ᠠ᠃ ︽ᠲᠠᠶᠢᠯᠪᠤᠷᠢᠯᠠᠯᠲᠠ ᠨᠢ ᠠᠮᠢᠳᠤᠯᠢᠭ ᠪᠦᠭᠡᠳ ᠬᠢᠯᠪᠠᠷ ᠣᠢᠢᠯᠠᠭᠠᠮᠵᠢᠲᠠᠶ ᠶᠤᠮ᠂ ᠤᠰᠤᠨ ᠵᠦᠢ ᠶᠢᠨ ᠠᠵᠢᠯ ᠤᠤᠯ ᠨᠢ ᠡᠶᠢᠮᠦ ᠴᠢᠬᠤᠯᠠ ᠦᠢᠯᠡᠳᠦᠯ ᠭᠠᠷᠭᠠᠵᠤ ᠪᠠᠶᠢᠵᠠᠢ᠂ ᠤᠰᠤᠨ ᠵᠦᠢ ᠶᠢᠨ ᠠᠵᠢᠯᠲᠠᠳ ᠤᠨ ᠬᠠᠲᠤᠨ ᠭᠤᠣᠯ ᠤᠨ ᠠᠮᠤᠷ ᠲᠦᠪᠰᠢᠨ᠂ ᠬᠠᠲᠤᠨ ᠭᠤᠣᠯ ᠤᠨ ᠰᠠᠪᠠ ᠭᠠᠵᠠᠷ ᠤᠨ ᠬᠢᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ  ︾ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠰᠠᠭᠤᠷᠢ᠂ ᠰᠢᠨ᠎ᠡ ᠶᠢ ᠡᠭᠦᠳᠬᠦ ᠪᠣᠯ ᠦᠨᠳᠦᠰᠦᠲᠡᠨ ᠤ ᠲᠠᠪᠰᠢᠯᠳᠠ ᠶᠢᠨ ᠰᠦᠭ ᠰᠦᠨᠡᠰᠦ ᠪᠤᠯᠤᠨ᠎ᠠ᠃ ᠲᠣᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷᠠᠬᠢ ᠬᠠᠲᠤᠨ ᠭᠤᠤᠯ ᠤᠨ ᠤᠰᠤᠨ ᠵᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠯᠤᠲᠤ ᠶᠡᠭᠡ ᠳᠠᠪᠰᠢᠯᠲᠠ ᠶᠢ ᠭᠦᠢᠴᠡᠳ ᠢᠯᠡᠷᠡᠭᠦᠯᠵᠦ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠵᠤ᠂ ᠨᠡᠶᠢᠭᠡᠮ ᠨᠡᠶᠢᠲᠡ ᠪᠠᠷ ᠢᠶᠠᠨ ᠬᠠᠲᠤᠨ ᠭᠤᠤᠯ ᠤᠨ ᠤᠰᠤᠨ ᠵᠦᠢ ᠶᠢ ᠬᠠᠯᠠᠮᠵᠢᠯᠠᠬᠤ᠂ ᠬᠠᠲᠤᠨ ᠭᠤᠤᠯ ᠤᠨ ᠡᠷᠡᠭᠦᠯ ᠮᠡᠨᠳᠦ ᠶᠢ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号