ᠬᠠᠲᠤᠨ ᠭᠤᠣᠯ ᠤᠨ ᠤᠰᠤᠨ ᠠᠰᠢᠬᠯᠠᠯᠳᠠ ᠶᠢᠨ ᠵᠥᠪᠯᠡᠯ ᠤᠰᠤᠨ ᠠᠰᠢᠬᠯᠠᠯᠳᠠ ᠶᠢᠨ ᠶᠠᠮᠤᠨ ᠤ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠳᠠᠬᠢᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/5/26
     ᠲᠣᠰ ᠥᠷᠲᠡᠭᠡᠨ ᠤ ᠮᠡᠳᠡᠭᠡ ︵ᠰᠤᠷᠪᠤᠯᠵᠢᠯᠠᠭᠴᠢ ᠯᠢᠦ ᠼᠦᠩ ᠴᠢᠮᠡᠭᠡᠯᠡᠭᠴᠢ ᠵᠦ ᠵᠢᠶᠧ︶ 4 ᠰᠠᠷ᠎ᠠ ᠶᠢᠨ 27 ᠤ ᠡᠳᠦᠷ᠂ ᠤᠰᠤᠨ ᠠᠰᠢᠬᠯᠠᠯᠳᠠ ᠶᠢᠨ ᠶᠠᠮᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠸᠢᠳᠢᠣ᠋ ᠬᠤᠷᠠᠯ ᠬᠤᠷᠠᠯᠳᠤᠭᠤᠯᠵᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ 2021 ᠣᠨ ᠤ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠪᠠᠶᠢᠷᠢᠯᠠᠭᠤᠯᠪᠠ᠃ ᠤᠰᠤᠨ ᠠᠰᠢᠬᠯᠠᠯᠳᠠ ᠶᠢᠨ ᠶᠠᠮᠤᠨ ᠤ ᠰᠠᠶᠢᠳ ᠯᠢ ᠭᠦᠸᠧ ᠶᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠰᠤᠨ ᠠᠰᠢᠬᠯᠠᠯᠳᠠ ᠶᠢᠨ ᠶᠠᠮᠤᠨ ᠤ ᠳᠡᠳ᠋ ᠰᠠᠶᠢᠳ ᠸᠧᠢ ᠱᠠᠨ ᠵᠦᠩ ᠬᠤᠷᠠᠯ ᠢ ᠡᠷᠬᠢᠯᠡᠪᠡ᠃ ᠬᠠᠲᠤᠨ ᠭᠤᠣᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠡᠷᠬᠢᠯᠡᠭᠴᠢ ᠶᠤᠸᠠᠢ ᠵᠦᠩ ᠮᠢᠩ᠂ ᠶᠡᠷᠦᠩᠬᠡᠢ ᠢᠨᠵᠧᠨᠧᠷ ᠯᠢ ᠸᠧᠨ ᠰᠢᠤᠸᠠᠢ ᠬᠠᠲᠤᠨ ᠭᠤᠣᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃      ᠸᠢᠳᠢᠣ᠋ ᠬᠤᠷᠠᠯ ᠤᠨ ᠳᠠᠷᠠᠭ᠎ᠠ᠂ ᠶᠤᠸᠠᠢ ᠵᠥᠩ ᠮᠢᠩ ᠲᠡᠷᠡ ᠳᠠᠷᠤᠶ ᠳᠤᠨᠢ ᠬᠤᠷᠠᠯ ᠡᠷᠭᠢᠯᠡᠨ       ᠬᠤᠷᠠᠯᠳᠤᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠳᠤ ᠳᠠᠬᠢᠨ ᠪᠠᠶᠢᠷᠢᠯᠠᠭᠤᠯᠤᠯᠲᠠ ᠬᠢᠪᠠ᠃ ᠲᠡᠷᠡ᠂ ᠴᠠᠭ ᠠᠭᠤᠷ ᠤᠨ ᠪᠠᠶᠢᠳᠠᠯ ᠤᠨ ᠵᠢᠱᠢᠯᠲᠡ ᠠᠴᠠ ᠦᠵᠡᠪᠡᠯ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠬᠠᠲᠤᠨ ᠭᠤᠤᠯ ᠤᠨ ᠳᠤᠮᠳᠠᠳᠤ ᠤᠷᠤᠰᠬᠠᠯ ᠤᠨ ᠭᠠᠵᠠᠷ ᠣᠷᠣᠨ ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠵᠢᠴᠢ ᠦᠶᠡᠷ ᠢ ᠰᠡᠷᠭᠡᠶᠢᠯᠡᠬᠦ ᠠᠮᠤᠷ ᠢ ᠬᠠᠮᠠᠭᠠᠯᠠᠬᠤ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠵᠤ᠂ ︽ᠳᠥᠷᠪᠡ ᠶᠢ ᠤᠷᠢᠳᠴᠢᠯᠠᠨ ᠮᠡᠳᠡᠭᠦᠯᠬᠦ︾ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠂ ᠲᠤᠬᠠᠢᠢᠯᠠᠪᠠᠯ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠯᠲᠠ ᠬᠢᠬᠦ᠂ ᠪᠡᠯᠡᠳᠬᠡᠯ ᠲᠥᠰᠦᠯ ᠤᠨ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢ ᠡᠨᠡ ᠵᠢᠯ ᠤᠨ ᠬᠠᠲᠤᠨ ᠭᠤᠤᠯ ᠤᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠤᠨ ᠴᠢᠬᠤᠯᠠ ᠡᠭᠦᠷᠭᠡ ᠪᠣᠯᠭᠠᠨ ᠨᠠᠷᠢᠨ ᠪᠣᠳᠠᠲᠠᠶ ᠠᠳᠬᠤᠬᠤ ᠬᠡᠷᠡᠭᠲᠡᠶ ᠭᠡᠵᠤ ᠵᠢᠭᠠᠵᠤ ᠭᠠᠷᠭᠠᠭᠰᠠᠨ ᠪᠠᠶᠢᠨ᠎ᠠ᠃      ᠶᠤᠸᠠᠢ ᠵᠥᠩ ᠮᠢᠩ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠤᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠨ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ᠂ ᠤᠰᠤᠨ ᠤ ᠢᠨᠵᠧᠨᠧᠷᠢᠩ ᠢ ᠲᠤᠬᠢᠷᠠᠭᠤᠯᠬᠤ᠂ ᠢᠨᠵᠧᠨᠧᠷᠢᠩ ᠢ ᠲᠣᠭᠤᠷᠢᠨ ᠪᠠᠶᠢᠴᠠᠭᠠᠵᠤ ᠰᠠᠬᠢᠨ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠴᠥᠭᠦᠷᠥᠮ ᠢ ᠲᠤᠬᠢᠷᠠᠭᠤᠯᠬᠤ ᠲᠥᠰᠦᠯ ᠤᠨ ᠪᠡᠯᠡᠳᠬᠡᠯ ᠲᠥᠰᠦᠯ ᠢ ᠤᠯᠠᠮ ᠴᠢᠨᠠᠭᠰᠢᠳᠠ ᠨᠠᠷᠢᠯᠢᠬᠵᠢᠭᠤᠯᠤᠨ ᠪᠣᠳᠠᠲᠠᠶᠢᠵᠢᠭᠤᠯᠤᠨ᠂ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠴᠢᠩᠭ᠎ᠠ ᠭᠦᠢᠴᠡᠳᠬᠡᠵᠦ᠂ ᠬᠠᠤᠯᠢ ᠲᠣᠭᠲᠠᠭᠠᠯ ᠶᠣᠰᠣᠭᠠᠷ ᠤᠰᠤᠨ ᠴᠥᠭᠦᠷᠥᠮ ᠢ ᠲᠤᠬᠢᠷᠠᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠳᠤᠮᠳᠠ ᠤᠷᠳᠤ ᠬᠤᠭᠤᠴᠠᠭᠠᠨ ᠤ ᠴᠠᠭ ᠠᠭᠤᠷ ᠤᠨ ᠪᠠᠶᠢᠳᠠᠯ ᠢ ᠲᠥᠰᠦᠭᠡᠯᠡᠵᠦ ᠵᠠᠳᠠᠯᠬᠤ ᠶᠢ ᠴᠢᠩᠭᠠᠳᠬᠠᠵᠤ᠂ ᠬᠠᠳᠤᠨ ᠭᠤᠣᠯ ᠤᠨ ᠭᠤᠣᠯ ᠤᠨ ᠡᠬᠢ ᠶᠢᠨ ᠣᠷᠣᠨ᠂ ᠱᠠᠨ ᠰᠢ ᠱᠠᠨᠰᠢ ᠶᠢᠨ ᠣᠷᠣᠨ ᠵᠠᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠴᠠᠭ ᠠᠭᠤᠷ᠂ ᠤᠰᠤᠨ ᠵᠦᠢ ᠶᠢᠨ ᠨᠠᠷᠢᠯᠢᠬᠵᠢᠭᠤᠯᠤᠭᠰᠠᠨ ᠤᠷᠢᠳᠴᠢᠯᠠᠨ ᠮᠡᠳᠡᠭᠡᠯᠡᠬᠦ ᠲᠥᠰᠦᠯ ᠢ       ᠲᠡᠭᠦᠯᠳᠡᠷᠵᠢᠭᠦᠯᠵᠦ᠂ ᠰᠢᠶᠤᠤ ᠯᠠᠩ ᠳ᠋ᠢ ᠠᠴᠠ ᠬᠤᠸᠠ ᠶᠤᠸᠠᠨ ᠺᠸᠦ ᠬᠠᠰᠢᠯᠭ᠎ᠠ ᠬᠦᠷᠬᠦ ᠣᠷᠣᠨ ᠬᠦᠷᠲᠡᠯᠡᠬᠢ ᠬᠢᠵᠠᠭᠠᠷᠯᠠᠯ ᠦᠭᠡᠢ ᠣᠷᠣᠨ ᠤ ᠰᠢᠷᠦᠭᠦᠨ ᠪᠣᠷᠣᠭᠠᠨ ᠦᠶᠡᠷ ᠤᠨ ᠤᠰᠤ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ ᠬᠡᠷᠡᠭᠳᠠᠢ︔ ᠦᠶᠡᠷ ᠤᠨ ᠤᠰᠤ ᠶᠢ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠵᠢᠴᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠷᠬᠠᠭᠠᠬᠤ ᠬᠡᠷᠡᠭᠳᠠᠢ᠃ ᠲᠦᠷᠪᠡ ᠳᠤ ᠤᠰᠤᠨ ᠤ ᠢᠨᠵᠧᠨᠧᠷᠢᠩ ᠤᠨ ᠬᠠᠮᠲᠤᠷᠠᠭᠰᠠᠨ ᠲᠤᠬᠢᠷᠠᠭᠤᠯᠭ᠎ᠠ ᠶᠢ ᠴᠢᠩᠭᠠᠳᠬᠠᠵᠤ᠂ ᠬᠠᠳᠤᠨ ᠭᠤᠣᠯ ᠤᠨ ᠰᠠᠪᠠ ᠭᠠᠵᠠᠷ ᠤᠨ ᠤᠰᠤᠨ ᠤ ᠢᠨᠵᠧᠨᠧᠷᠢᠩ ᠢ ᠶᠡᠷᠦᠩᠬᠡᠶᠢᠯᠡᠨ ᠰᠢᠯᠢᠳᠡᠭᠵᠢᠭᠦᠯᠬᠦ ᠲᠤᠬᠢᠷᠠᠭᠤᠯᠭ᠎ᠠ ᠶᠢᠨ ᠲᠥᠰᠦᠯ ᠤᠨ ᠰᠤᠳᠤᠯᠭᠠᠨ ᠢ ᠥᠷᠨᠢᠭᠦᠯᠵᠦ᠂ ᠤᠰᠤᠨ ᠤ ᠢᠨᠵᠧᠨᠧᠷᠢᠩ ᠤᠨ ᠤᠷᠢᠳᠴᠢᠯᠠᠨ ᠮᠡᠳᠡᠭᠡᠯᠡᠵᠦ ᠲᠤᠬᠢᠷᠠᠭᠤᠯᠬᠤ ᠨᠢᠭᠡ ᠴᠤᠬᠴᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠦᠶᠡᠷ ᠤᠨ ᠬᠤᠭᠤᠴᠠᠭᠠᠨ ᠳᠤ ︽ᠨᠢᠭᠡ ᠥᠨᠳᠥᠷ ᠨᠢᠭᠡ ᠳᠣᠤᠷ᠎ᠠ︾ ᠤᠰᠤᠨ ᠴᠥᠭᠦᠷᠥᠮ ᠤᠨ ᠲᠣᠬᠢᠷᠠᠭᠤᠯᠤᠯᠲᠠ ᠶᠢᠨ ᠰᠡᠳᠬᠢᠴᠡ ᠶᠣᠰᠣᠭᠠᠷ᠂ ᠬᠠᠲᠤᠨ ᠭᠤᠤᠯ ᠤᠨ ᠳᠡᠭᠡᠳᠦ ᠳᠣᠤᠷᠠᠳᠤ ᠤᠷᠤᠰᠬᠠᠯ ᠤᠨ ᠦᠶᠡᠷ ᠢ ᠰᠡᠷᠭᠡᠶᠢᠯᠡᠬᠦ ᠪᠠᠶᠢᠳᠠᠯ ᠵᠢᠴᠢ ᠤᠰᠤᠨ ᠴᠥᠭᠦᠷᠥᠮ ᠤᠨ ᠲᠣᠰ ᠪᠡᠶ᠎ᠡ ᠶᠢᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠤᠰᠤᠨ ᠴᠥᠭᠦᠷᠥᠮ ᠤᠨ ᠤᠰᠤ ᠡᠯᠡᠰᠦ ᠶᠢ ᠬᠠᠮᠲᠤᠷᠠᠨ ᠲᠣᠬᠢᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠬᠡᠷᠡᠭᠵᠢᠭᠦᠯᠵᠦ᠂ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠡᠵᠡᠮᠳᠡᠬᠦ ᠶᠢ ᠪᠡᠶᠡᠯᠡᠭᠦᠯᠬᠦ ᠬᠡᠷᠡᠭᠳᠠᠢ᠃ ᠲᠠᠪᠤ ᠳᠤ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠠᠲᠤᠨ ᠭᠤᠤᠯ ᠤᠨ ᠰᠠᠪᠠ ᠭᠠᠵᠠᠷ ᠤᠨ ᠭᠤᠤᠯ ᠪᠣᠯᠬᠤ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠵᠢᠴᠢ ᠰᠠᠨ ᠮᠧᠨ ᠰᠢᠶᠠ᠂ ᠭᠦ᠋ ᠰᠢᠶᠠᠨ᠂ ᠳ᠋ᠦᠩ ᠫᠢᠩ ᠬᠣ ᠨᠠᠭᠤᠷ᠂ ᠬᠤᠸᠠ ᠭᠦᠸᠧ ᠱᠠᠨ ᠵᠡᠷᠭᠡ ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠰᠢᠭᠤᠳ ᠬᠠᠮᠢᠶᠠᠷᠬᠤ ᠤᠰᠤᠨ ᠴᠥᠭᠦᠷᠥᠮ ᠵᠢᠴᠢ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠢ ᠰᠡᠷᠭᠡᠶᠢᠯᠡᠬᠦ ᠬᠠᠮᠢᠶᠠᠷᠤᠯᠲᠠ ᠶᠢ ᠦᠨᠡᠨ ᠬᠦ ᠰᠠᠶᠢᠲᠤᠷ ᠬᠢᠬᠦ ᠬᠡᠷᠡᠭᠳᠠᠢ︔ ᠰᠢᠭᠤᠳ ᠬᠠᠮᠢᠶᠠᠷᠬᠤ ᠢᠨᠵᠧᠨᠧᠷᠢᠩ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ︽ᠭᠤᠷᠪᠠᠨ ᠬᠠᠷᠢᠭᠤᠴᠠᠯᠭᠠᠲᠠᠨ︾ ︽ᠭᠤᠷᠪᠠᠨ ᠭᠤᠤᠯᠳᠠᠯᠭ᠎ᠠ ᠲᠠᠢ ᠭᠤᠭᠴᠤᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠢᠨᠵᠧᠨᠧᠷᠢᠩ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠠᠢ︔ ᠬᠠᠲᠤᠨ ᠭᠤᠤᠯ ᠤᠨ ᠰᠠᠪᠠ ᠭᠠᠵᠠᠷ ︵ᠬᠡᠰᠡᠭ︶ ᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠤᠨ ᠲᠠᠩᠰᠠ ᠶᠢ ᠪᠠᠶᠢᠭᠤᠯᠵᠤ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠶᠢ ᠳᠣᠭᠢᠷᠠᠭᠤᠯᠤᠨ ᠬᠡᠷᠡᠭᠯᠡᠬᠦ ᠪᠠ ᠦᠶᠡᠷ ᠤᠨ ᠬᠢᠵᠠᠭᠠᠷ ᠤᠰᠤᠨ ᠲᠦᠪᠰᠢᠨ ᠤ       ᠬᠡᠷᠡᠭᠵᠢᠭᠦᠯᠦᠯᠲᠡ ᠶᠢᠨ ︽ᠪᠥᠬᠦ ᠬᠡᠯᠬᠢᠶ᠎ᠡ︾ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠳᠠᠢ ᠭᠡᠵᠤ ᠴᠢᠬᠤᠯᠠᠴᠢᠯᠠᠪᠠ᠃      ᠬᠠᠲᠤᠨ ᠭᠤᠣᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠪᠠᠶᠢᠭᠤᠯᠭ᠎ᠠ ᠰᠠᠯᠠᠭ᠎ᠠ ᠮᠥᠴᠢᠷ ᠪᠣᠯᠤᠨ ᠵᠥᠪᠯᠡᠯ ᠤᠨ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ᠂ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠨᠢᠭᠡᠴᠢ ᠶᠢᠨ ᠲᠥᠯᠥᠭᠡᠯᠡᠭᠴᠢ ᠬᠠᠲᠤᠨ ᠭᠤᠣᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠬᠤᠪᠢᠶᠠᠷᠢ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号