ᠤᠰᠤᠨ ᠠᠰᠢᠬᠯᠠᠯᠳᠠ ᠶᠢᠨ ᠶᠠᠮᠤᠨ ᠣᠳᠣᠬᠠᠨ ᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/5/26
     ᠲᠣᠰ ᠥᠷᠲᠡᠭᠡᠨ ᠤ ᠮᠡᠳᠡᠭᠡ  ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠬᠦᠴᠦᠲᠡᠶ ᠰᠣᠯᠢᠭ ᠤᠷᠤᠰᠬᠠᠯ ᠤᠨ ᠴᠠᠭ ᠠᠭᠤᠷ ᠤᠨ ᠡᠭᠦᠰᠦᠯᠳᠡ ᠣᠯᠠᠨ ᠬᠡᠪᠴᠢᠶ᠎ᠡ ᠨᠢ ᠥᠷᠭᠡᠨ ᠡᠪᠳᠡᠯᠡᠭᠡ ᠶᠢᠨ ᠴᠢᠨᠠᠷ ᠢᠶᠠᠷ ᠴᠢᠩᠭ᠎ᠠ ᠪᠠᠶᠢᠯ᠎ᠠ᠃ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠶᠢ ᠦᠨᠳᠦᠰᠦᠯᠡᠪᠡᠯ᠂ 5 ᠰᠠᠷ᠎ᠠ ᠶᠢᠨ ᠳᠣᠤᠷ᠎ᠠ ᠬᠠᠭᠠᠰ ᠰᠠᠷ᠎ᠠ ᠳᠤ᠂ ᠣᠬᠤᠷᠬᠠᠨ ᠴᠠᠭ ᠲᠤ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠲᠤ ᠠᠶᠤᠩᠭᠠᠲᠤ ᠪᠣᠷᠣᠭᠠᠨ ᠶᠡᠭᠡ ᠰᠠᠯᠬᠢ ᠪᠤᠶᠤ ᠪᠤᠯᠤᠨ᠎ᠠ ᠳᠤᠷ ᠵᠡᠷᠭᠡ ᠰᠢᠷᠦᠭᠦᠨ ᠰᠣᠯᠢᠭ ᠤᠷᠤᠰᠬᠠᠯ ᠤᠨ ᠴᠠᠭ ᠠᠭᠤᠷ ᠪᠤᠯᠤᠨ᠎ᠠ ᠬᠦ ᠣᠯᠠᠨ ᠡᠭᠦᠰᠳᠡᠭ ᠪᠥᠭᠡᠳ ᠲᠠᠷᠬᠠᠯᠲᠠ ᠶᠢᠨ ᠬᠡᠪᠴᠢᠶ᠎ᠡ ᠨᠢ ᠨᠡᠯᠢᠶᠡᠳ ᠥᠷᠭᠡᠨ ᠪᠠᠶᠢᠵᠤ᠂ ᠦᠶᠡᠷ ᠤᠰᠤᠳᠤᠯ ᠢ ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠤ ᠪᠠᠶᠢᠳᠠᠭ᠃ ᠤᠯᠤᠰ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠤᠭᠤᠳᠬᠤ ᠭᠠᠵᠠᠷ ᠤᠨ ᠳᠡᠳ᠋ ᠶᠡᠷᠦᠩᠬᠡᠶ ᠵᠢᠯᠤᠭᠤᠳᠤᠬᠴᠢ᠂ ᠤᠰᠤᠨ ᠠᠰᠢᠬᠯᠠᠯᠳᠠ ᠶᠢᠨ ᠶᠠᠮᠤᠨ ᠤ ᠰᠠᠶᠢᠳ ᠯᠢ ᠭᠦᠸᠧ ᠶᠢᠩ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠷᠭᠠᠴᠠᠭᠠᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 5 ᠰᠠᠷ᠎ᠠ ᠶᠢᠨ 17 ᠤ ᠡᠳᠦᠷ᠂ ᠤᠰᠤᠨ ᠠᠰᠢᠬᠯᠠᠯᠳᠠ ᠶᠢᠨ ᠶᠠᠮᠤᠨ ᠤ ᠳᠡᠳ᠋ ᠰᠠᠶᠢᠳ ᠸᠧᠶ ᠱᠠᠨ ᠵᠥᠩ ᠬᠤᠷᠠᠯ ᠡᠷᠭᠢᠯᠡᠨ ᠵᠥᠪᠳᠡᠯᠴᠡᠵᠦ᠂ ᠪᠥᠬᠦ ᠤᠯᠤᠰ ᠤᠨ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠰᠤᠳᠤᠯ ᠤᠨ ᠪᠠᠶᠢᠳᠠᠯ ᠪᠠ ᠭᠠᠩ ᠬᠠᠭᠰᠠᠷᠠᠭᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠠᠳ᠂ ᠣᠳᠣᠬᠠᠨ ᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠬᠠᠨᠳᠤᠯᠭᠠᠲᠤ ᠴᠢᠨᠠᠷᠲᠠᠶ ᠪᠠᠷ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠢᠭᠡ ᠳᠤ ᠦᠶᠡᠷ ᠤᠰᠤᠳᠤᠯ ᠢ ᠰᠡᠷᠭᠡᠶᠢᠯᠡᠬᠦ ᠬᠠᠷᠢᠭᠤᠴᠠᠯᠭ᠎ᠠ ᠶᠢ ᠡᠷᠡᠰ ᠢᠶᠠᠷ ᠪᠣᠳᠠᠲᠠᠶᠢᠵᠢᠭᠤᠯᠬᠤ ᠬᠡᠷᠡᠭᠲᠡᠶ᠃ ᠦᠶᠡᠷ ᠤᠰᠤᠳᠤᠯ ᠢ ᠰᠡᠷᠭᠡᠶᠢᠯᠡᠬᠦ ᠠᠵᠢᠯ ᠨᠢ ᠢᠮᠠᠭᠲᠠ ᠤᠰᠤᠨ ᠠᠰᠢᠬᠯᠠᠯᠳᠠ ᠶᠢᠨ ᠰᠢᠰᠲ᠋ᠧᠮ ᠤᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠵᠤ᠂ ᠵᠠᠶᠢᠯᠠᠭᠤᠯᠵᠤ ᠪᠣᠯᠤᠰᠢ ᠦᠭᠡᠶ ᠬᠠᠷᠢᠭᠤᠴᠠᠯᠭ᠎ᠠ ᠪᠤᠯᠤᠨ᠎ᠠ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠬᠠᠷᠢᠭᠤᠴᠠᠯᠭ᠎ᠠ ᠡᠭᠦᠷᠭᠡᠯᠡᠯ ᠢᠶᠠᠨ       ᠴᠢᠩᠭᠠᠳᠬᠠᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠪᠠ ᠰᠡᠷᠭᠡᠶᠢᠯᠡᠬᠦ ᠶᠢ ᠦᠷᠭᠦᠯᠵᠢᠯᠡᠨ ᠪᠠᠲᠤᠯᠠᠵᠤ᠂ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢᠶᠠᠷ ᠭᠤᠤᠯ ᠪᠣᠯᠭᠠᠭᠰᠠᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮ ᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠤᠰᠤᠨ ᠴᠥᠭᠦᠷᠥᠮ ᠤᠨ ︽ᠭᠤᠷᠪᠠᠨ ᠬᠠᠷᠢᠭᠤᠴᠠᠯᠭᠠᠲᠠᠨ︾᠂ ᠠᠭᠤᠯᠠᠨ ᠦᠶᠡᠷ ᠤᠰᠤᠳᠤᠯ ᠤᠨ ᠭᠠᠮᠰᠢᠭ ᠢ ᠰᠡᠷᠭᠡᠶᠢᠯᠡᠬᠦ ᠬᠠᠷᠢᠭᠤᠴᠠᠯᠭᠠᠲᠠᠨ᠂ ᠬᠠᠰᠢᠯᠭ᠎ᠠ ᠶᠢ ᠲᠣᠭᠤᠷᠢᠨ ᠪᠠᠶᠢᠴᠠᠭᠠᠵᠤ ᠬᠤᠷᠢᠬᠯᠠᠬᠤ ᠬᠠᠷᠢᠭᠤᠴᠠᠯᠭᠠᠲᠠᠨ ᠵᠡᠷᠭᠡ ᠡᠯ᠎ᠡ ᠵᠦᠢᠯ ᠤᠨ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠬᠠᠷᠢᠭᠤᠴᠠᠯᠭᠠᠲᠠᠨ ᠨᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠶ᠃ ᠤᠰᠤᠨ ᠵᠦᠢ᠂ ᠴᠠᠭ ᠠᠭᠤᠷ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠵᠥᠪᠳᠡᠯᠴᠡᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠳᠤᠮᠳᠠ ᠣᠬᠤᠷ ᠬᠤᠭᠤᠴᠠᠭᠠᠨ ᠤ ᠪᠠ ᠣᠢᠢᠷᠠᠯᠴᠠᠬᠢ ᠦᠶ᠎ᠡ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠢᠯᠠᠩᠭᠤᠶ᠎ᠠ ᠬᠡᠰᠡᠭ ᠭᠠᠵᠠᠷ ᠤᠨ ᠣᠬᠤᠷ ᠬᠤᠭᠤᠴᠠᠭᠠᠨ ᠤ ᠰᠢᠷᠦᠭᠦᠨ ᠪᠣᠷᠣᠭᠠᠨ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠪᠦᠬᠦ ᠭᠠᠵᠠᠷ ᠣᠷᠣᠨ ᠢ ᠬᠠᠮᠤᠷᠤᠭᠤᠯᠵᠤ᠂ ᠬᠥᠮᠦᠰ ᠢ ᠣᠷᠬᠢᠭᠳᠠᠭᠤᠯᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠤᠨᠴᠠ ᠰᠡᠷᠡᠮᠵᠢᠯᠡᠭᠦ᠂ ᠤᠨᠴᠠ ᠪᠠᠲᠤᠯᠠᠬᠤ ᠭᠤᠤᠯ ᠮᠥᠷᠡᠨ ᠤ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠴᠢᠩᠭᠠᠷᠠᠭᠤᠯᠵᠤ᠂ ᠦᠶᠡᠷ ᠤᠨ ᠤᠰᠤ ᠶᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ ᠲᠣᠬᠢᠷᠠᠭᠤᠯᠤᠯᠲᠠ ᠬᠢᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠰᠡᠷᠭᠡᠶᠢᠯᠡᠨ ᠠᠷᠭᠠᠴᠠᠭᠠᠬᠤ ᠳᠤ ᠴᠠᠭ ᠢ ᠳᠡᠮᠡᠴᠡᠨ ᠤᠯᠬᠤ ᠪᠠᠷ ᠴᠢᠷᠮᠠᠶᠢᠬᠤ ᠬᠡᠷᠡᠭᠲᠡᠶ᠃ ᠭᠤᠷᠪᠠ ᠳᠤ ᠤᠰᠤᠨ ᠠᠰᠢᠬᠯᠠᠯᠳᠠ ᠶᠢᠨ ᠢᠨᠵᠧᠨᠧᠷᠢᠩ ᠤᠨ ᠲᠤᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠶ᠃ ᠠᠰᠢᠭ ᠲᠤᠰᠠ ᠶᠢ ᠬᠥᠭᠵᠢᠭᠦᠯᠬᠦ ᠳᠤ ᠦᠶᠡᠷ ᠢ ᠰᠡᠷᠭᠡᠶᠢᠯᠡᠬᠦ ᠶᠢ ᠳᠠᠭᠠᠬᠤ ᠵᠠᠷᠴᠢᠮ ᠢ ᠢᠮᠠᠭᠲᠠ ᠪᠠᠷᠢᠮᠲᠠᠯᠠᠵᠤ᠂ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢ ᠨᠢᠭᠡᠳᠦᠯᠲᠡᠶ ᠲᠥᠯᠥᠪᠵᠢᠭᠦᠯᠦᠨ᠂ ᠤᠰᠤᠨ ᠠᠰᠢᠬᠯᠠᠯᠳᠠ ᠶᠢᠨ ᠪᠠᠷᠢᠯᠭ᠎ᠠ ᠶᠢᠨ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠳᠠᠢ᠃ ᠡᠨᠡ ᠵᠢᠯ ᠤᠨ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠸᠢᠳᠢᠣ᠋ ᠬᠤᠷᠠᠯ ᠤᠨ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠬᠡᠷᠡᠭᠯᠡᠬᠦ ᠶᠢ ᠴᠢᠩᠭᠠᠳᠬᠠᠵᠤ᠂ ᠦᠶᠡᠷ ᠤᠨ ᠬᠢᠵᠠᠭᠠᠷ ᠤᠨ ᠤᠰᠤᠨ ᠲᠦᠪᠰᠢᠨ ᠪᠠ ᠲᠣᠬᠢᠷᠠᠭᠤᠯᠤᠨ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠶᠡᠷ ᠢ ᠬᠠᠰᠢᠨ ᠤᠷᠬᠢᠯ ᠤᠨ ᠬᠡᠮᠵᠢᠶ᠎ᠡ ᠶᠢ ᠵᠥᠷᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ︔ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ︽ᠭᠤᠷᠪᠠᠨ ᠬᠠᠷᠢᠭᠤᠴᠠᠯᠭᠠᠲᠠᠨ︾ ᠪᠠ ︽ᠭᠤᠷᠪᠠᠨ ᠭᠤᠤᠯᠳᠠᠯᠭ᠎ᠠ ᠲᠠᠢ ᠭᠤᠭᠴᠤᠭ᠎ᠠ︾ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠴᠢᠩᠭ᠎ᠠ ᠠᠩᠬᠠᠷᠴᠤ᠂ ᠡᠮᠵᠡᠭ ᠠᠶᠤᠯᠲᠠᠶ ᠤᠰᠤᠨ ᠴᠥᠭᠦᠷᠥᠮ ᠤᠨ ᠤᠰᠤᠨ ᠲᠦᠪᠰᠢᠨ ᠢ ᠪᠠᠭᠤᠷᠠᠭᠤᠯᠬᠤ ᠴᠢᠨᠠᠭᠰᠢᠯᠠᠪᠠᠯ ᠬᠤᠭᠤᠰᠣᠨ ᠬᠥᠮᠥᠷᠭᠡ ᠶᠢᠨ ᠠᠵᠢᠯᠯᠠᠭᠠᠨ ᠢ ᠪᠠᠭᠤᠷᠠᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠥᠬᠦᠴᠡᠯ ᠲᠠᠢ ᠨᠢ ᠤᠰᠤᠨ ᠤ ᠢᠨᠵᠧᠨᠧᠷᠢᠩ ᠤᠨ ᠬᠠᠮᠲᠤᠷᠠᠭᠰᠠᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠥᠷᠨᠢᠭᠦᠯᠵᠦ᠂ ᠤᠷᠢᠳᠴᠢᠯᠠᠨ ᠮᠡᠳᠡᠭᠡᠯᠡᠬᠦ ᠲᠠᠢ ᠤᠶᠠᠯᠳᠤᠭᠤᠯᠤᠨ ᠤᠷᠢᠳᠴᠢᠯᠠᠨ ᠤᠰᠤ ᠶᠢ ᠭᠠᠳᠠᠭᠰᠢᠯᠠᠭᠤᠯᠤᠨ ᠬᠥᠮᠥᠷᠭᠡ ᠶᠢ ᠬᠤᠭᠤᠰᠤᠷᠠᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠶ᠃ ᠲᠦᠷᠪᠡ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠠᠭᠤᠯᠠᠨ ᠦᠶᠡᠷ ᠤᠨ ᠭᠤᠣᠯᠳᠠᠯᠭ᠎ᠠ ᠲᠠᠢ ᠰᠡᠷᠭᠡᠶᠢᠯᠡᠯᠲᠡ ᠶᠢᠨ ᠣᠷᠣᠨ ᠪᠠ ᠰᠢᠷᠦᠭᠦᠨ ᠪᠣᠷᠣᠭᠠᠨ ᠳᠠᠪᠬᠤᠴᠠᠭᠰᠠᠨ ᠣᠷᠣᠨ ᠢ ᠴᠢᠩᠭ᠎ᠠ ᠠᠩᠬᠠᠷᠴᠤ᠂ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠠ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮ ᠵᠢᠴᠢ ︽ᠭᠤᠷᠪᠠᠨ ᠶᠡᠭᠡ ᠡᠵᠡᠩᠨᠡᠯᠲᠡ ᠶᠢᠨ ᠬᠤᠳᠠᠯᠳᠤᠭᠠᠴᠢᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠦᠨᠳᠦᠰᠦᠨ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠳᠤ ᠳᠡᠪᠰᠢᠭᠦᠯᠵᠦ ᠤᠯᠠᠨ ᠲᠦᠮᠡᠨ ᠢ ᠰᠢᠯᠵᠢᠭᠦᠯᠬᠦ ᠪᠠ ᠠᠶᠤᠯ ᠲᠠᠢ ᠣᠷᠣᠨ ᠢ ᠬᠠᠮᠢᠶᠠᠷᠤᠨ ᠡᠵᠡᠮᠳᠡᠬᠦ ᠶᠢ ᠵᠣᠬᠢᠶᠠᠨ ᠪᠠᠶᠢᠭᠤᠯᠤᠨ ᠰᠠᠶᠢᠲᠤᠷ ᠬᠦᠢᠴᠡᠳᠭᠡᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠲᠠᠪᠤ ᠳᠤ ᠤᠰᠤᠨ ᠠᠰᠢᠬᠯᠠᠯᠳᠠ ᠶᠢᠨ ᠪᠠᠷᠢᠯᠭ᠎ᠠ ᠶᠢᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠪᠠ ᠲᠣᠭᠤᠷᠢᠨ ᠪᠠᠶᠢᠴᠠᠭᠠᠵᠤ ᠬᠤᠷᠢᠬᠯᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠲᠦᠷᠦᠯ ᠤᠨ ᠤᠰᠤᠨ ᠠᠰᠢᠬᠯᠠᠯᠳᠠ ᠶᠢᠨ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠪᠠ ᠠᠷᠠᠴᠢᠯᠠᠯᠲᠠ ᠵᠢᠴᠢ ᠤᠰᠤᠨ ᠳᠤ ᠬᠤᠯᠪᠣᠭᠳᠠᠬᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠶ᠃ ᠤᠰᠤᠨ ᠠᠰᠢᠬᠯᠠᠯᠳᠠ ᠶᠢᠨ ᠢᠨᠵᠧᠨᠧᠷᠢᠩ ᠤᠨ ᠲᠣᠭᠤᠷᠢᠨ ᠪᠠᠶᠢᠴᠠᠭᠠᠬᠤ ᠰᠠᠷᠭᠡᠶᠢᠯᠠᠨ ᠬᠤᠷᠢᠬᠯᠠᠬᠤ᠂ ᠵᠠᠪᠳᠤᠨ ᠬᠠᠮᠠᠭᠠᠯᠠᠬᠤ ᠵᠡᠷᠭᠡ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠬᠦᠴᠦᠨ ᠢ ᠭᠦᠢᠴᠡᠳ ᠳᠡᠭᠡᠭᠰᠢᠯᠡᠭᠦᠯᠦᠨ᠂ ᠲᠣᠭᠤᠷᠢᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠶᠢ ᠦᠨᠡᠨ ᠬᠦ ᠪᠠᠲᠤᠯᠠᠵᠤ᠂ ᠬᠤᠭᠤᠰᠣᠨ ᠦᠯᠡᠳᠡᠭᠡᠬᠦ ᠥᠬᠡᠶ ᠪᠠᠶᠢᠬᠤ ᠶᠢ ᠪᠠᠳᠤᠯᠠᠵᠤ᠂ ᠲᠦᠭᠰᠢᠭᠦᠷᠢ ᠶᠢᠨ ᠪᠠᠶᠢᠳᠠᠯ ᠢ ᠡᠷᠲᠡ ᠢᠯᠡᠷᠡᠭᠦᠯᠤᠨ᠂ ᠡᠷᠲᠡ ᠰᠢᠢᠳᠪᠦᠷᠢᠯᠡᠵᠦ᠂ ᠡᠷᠲᠡ ᠠᠷᠢᠯᠭᠠᠬᠤ ᠶᠢ ᠪᠡᠶᠡᠯᠡᠭᠦᠯᠬᠦ ᠬᠡᠷᠡᠭᠳᠠᠢ᠃ ᠵᠢᠷᠭᠤᠭ᠎ᠠ ᠳᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢ ᠴᠢᠩᠭᠠᠳᠬᠠᠬᠤ ᠬᠡᠷᠡᠭᠲᠡᠢ᠃ ᠦᠶᠡᠷ ᠤᠨ ᠬᠤᠭᠤᠴᠠᠭᠠᠨ ᠤ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭᠠᠳᠬᠠᠵᠤ᠂ ᠵᠢᠵᠢᠭᠦᠷᠯᠡᠬᠦ ᠬᠦᠴᠦᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠵᠢᠵᠢᠭᠦᠷᠯᠡᠭᠴᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠶ᠃ ᠵᠢᠵᠢᠭᠦᠷᠯᠡᠨ ᠰᠤᠭᠤᠴᠢᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠭᠠᠵᠠᠷ ᠣᠷᠣᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠬᠡᠷᠡᠭᠲᠡᠶ᠃ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠪᠠᠷᠢᠯᠭ᠎ᠠ ᠶᠢᠨ ᠪᠠᠶᠢᠳᠠᠯ ᠪᠠ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠨᠡᠯᠢᠶᠡᠳ ᠶᠡᠭᠡ ᠲᠦᠭᠰᠢᠭᠦᠷᠢᠲᠦ ᠪᠠᠶᠢᠳᠠᠯ ᠢ ᠡᠷᠬᠡᠪᠰᠢ ᠴᠠᠭ ᠲᠤᠬᠠᠶ ᠳᠤᠨᠢ ᠲᠤᠰᠬᠠᠢᠢᠯᠠᠨ ᠮᠡᠳᠡᠭᠦᠯᠬᠦ ᠬᠡᠷᠡᠭᠲᠡᠶ᠃ ᠲᠤᠯᠤᠭ᠎ᠠ ᠳᠤ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠲᠧᠯᠸᠢᠰ᠂ ᠷᠠᠳᠢᠣ᠋ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠵᠢᠷᠭᠢᠶ᠎ᠡ᠂ ᠪᠦᠷᠭᠡ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠬᠯᠠᠵᠤ᠂ ᠰᠠᠨᠠᠭᠠᠴᠢᠯᠠᠭ᠎ᠠ ᠠᠴᠠ ᠪᠠᠨ ᠮᠡᠳᠡᠭᠡᠯᠡᠨ᠂ ᠵᠥᠪ ᠲᠠᠯ᠎ᠠ ᠠᠴᠠ ᠮᠡᠳᠡᠭᠡᠯᠡᠭᠦ ᠶᠢ ᠪᠠᠷᠢᠮᠲᠠᠯᠠᠵᠤ᠂ ᠦᠶᠡᠷ ᠤᠰᠤᠳᠤᠯ ᠤᠨ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠤᠨ ᠮᠡᠳᠡᠭᠡ ᠵᠠᠩᠭᠢ ᠪᠣᠯᠤᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ᠂ ᠦᠷ᠎ᠡ ᠪᠦᠲᠦᠮᠵᠢ ᠶᠢ ᠴᠠᠭ ᠲᠤᠬᠠᠢ ᠳᠤᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠴᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠤ ᠴᠢᠩᠭᠠᠳᠬᠠᠭᠰᠠᠨ ᠪᠠᠶᠢᠨ᠎ᠠ᠃      ᠬᠤᠷᠠᠯ ᠤᠨ ᠲᠠᠷᠠᠭ᠎ᠠ᠂ ᠤᠰᠤᠨ ᠠᠰᠢᠬᠯᠠᠯᠳᠠ ᠶᠢᠨ ᠶᠠᠮᠤᠨ ᠠᠴᠠ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠤᠰᠤᠨ ᠠᠰᠢᠬᠯᠠᠯᠳᠠ ︵ᠤᠰᠤᠨ ᠤ ᠶᠠᠪᠤᠳᠠᠯ︶ ᠶᠢᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠬᠯᠠᠯᠳᠠ ᠶᠢᠨ ᠲᠣᠪᠴᠢᠶ᠎ᠠ ᠪᠣᠯᠤᠨ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠳᠡᠯ ᠪᠠᠭᠤᠯᠭᠠᠵᠤ᠂ ᠣᠳᠣᠬᠠᠨ ᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠲᠣᠬᠢᠷᠠᠭᠤᠯᠤᠨ ᠪᠠᠶᠢᠷᠢᠯᠠᠭᠤᠯᠤᠭᠰᠠᠨ ᠪᠥᠭᠡᠳ 2 ᠠᠵᠢᠯᠯᠠᠬᠤ ᠳᠤᠭᠤᠢᠢᠯᠠᠩ ᠲᠣᠮᠢᠯᠠᠨ ᠬᠤᠪᠸᠢ᠂ ᠶᠦᠨᠨᠠᠨ ᠳᠤ ᠣᠴᠢᠭᠤᠯᠵᠤ ᠲᠤᠬᠠᠶ ᠶᠢᠨ ᠭᠠᠵᠠᠷ ᠤᠨ ᠦᠶᠡᠷ ᠤᠰᠤᠳᠤᠯ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠠᠪᠰᠤᠷᠤᠨ ᠵᠢᠯᠣᠭᠤᠳᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号