ᠲᠤᠰ ᠥᠷᠲᠡᠭᠡᠨ ᠤ ᠮᠡᠳᠡᠭᠡ 5 ᠰᠠᠷ᠎ᠠ ᠶᠢᠨ 18 ᠤ ᠡᠳᠦᠷ᠂ ᠤᠰᠤᠨ ᠠᠰᠢᠬᠯᠠᠯᠳᠠ ᠶᠢᠨ ᠶᠠᠮᠤᠨ ᠤ ᠳᠡᠳ᠋ | ᠰᠠᠶᠢᠳ ᠸᠧᠶ ᠱᠠᠨ ᠵᠥᠩ 2021 ᠣᠨ ᠤ ᠬᠠᠲᠤᠨ ᠭᠤᠤᠯ ᠤᠨ ᠦᠶᠡᠷ ᠤᠰᠤᠳᠤᠯ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠣ᠋ ᠬᠤᠷᠠᠯ ᠳᠡᠭᠡᠷ᠎ᠡ᠂ ᠬᠠᠲᠤᠨ ᠭᠤᠤᠯ ᠤᠨ ᠰᠠᠪᠠ ᠭᠠᠵᠠᠷ ᠤᠨ ᠦᠶᠡᠷ | ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ | ᠭᠦᠨᠵᠡᠭᠡᠶ ᠵᠠᠳᠠᠯᠵᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠦᠨ᠂ ᠬᠠᠷᠢᠭᠤᠴᠠᠯᠭᠠᠲᠤ | ᠤᠬᠠᠮᠰᠠᠷ ᠢᠶᠠᠨ ᠴᠢᠩᠭᠠᠷᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠦᠶᠡᠷ ᠤᠰᠤᠳᠤᠯ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠰᠢᠨ᠎ᠡ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ | ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠣᠶ ᠶᠢ ᠤᠭᠲᠤᠬᠤ ᠬᠡᠷᠡᠭᠲᠡᠶ ᠭᠡᠵᠦ ᠱᠠᠭᠠᠷᠳᠠᠪᠠ᠃ | ᠸᠧᠶ ᠱᠠᠨ ᠵᠥᠩ 2020 ᠣᠨ ᠤ ᠬᠠᠲᠤᠨ ᠭᠤᠤᠯ ᠤᠨ ᠰᠠᠪᠠ ᠭᠠᠵᠠᠷ ᠤᠨ ᠦᠶᠡᠷ ᠤᠰᠤᠳᠤᠯ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠭᠰᠡᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ | ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠦᠶᠡᠷ ᠤᠰᠤᠳᠤᠯ ᠢ ᠰᠡᠷᠭᠡᠶᠢᠯᠡᠬᠦ ᠪᠠᠶᠢᠳᠠᠯ ᠪᠣᠯᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡᠯᠡᠯ ᠤᠨ ᠡᠮᠦᠨ᠎ᠡ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠤᠨ ᠦᠶᠡᠷ | ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠠᠬᠢᠷᠭ᠎ᠠ᠂ ᠤᠰᠤᠨ | ᠠᠰᠢᠬᠯᠠᠯᠳᠠ ᠶᠢᠨ ᠶᠠᠮᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠠᠳᠤᠨ ᠭᠤᠣᠯ ᠤᠨ | ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠤᠭᠤᠳᠬᠤ ᠭᠠᠵᠠᠷ᠂ | ᠬᠠᠳᠤᠨ ᠭᠤᠣᠯ ᠤᠨ ᠤᠰᠤᠨ ᠠᠰᠢᠬᠯᠠᠯᠳᠠ ᠶᠢᠨ ᠵᠥᠪᠯᠡᠯ ᠪᠣᠯᠤᠨ ᠬᠠᠳᠤᠨ ᠭᠤᠣᠯ ᠳᠠᠭᠠᠤ ᠶᠢᠨ ᠮᠤᠵᠢ ︵ᠣᠷᠣᠨ︶ | ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠷᠠᠭᠤᠯᠵᠤ᠂ | ᠭᠠᠮᠰᠢᠭ ᠢ ᠰᠡᠷᠭᠡᠶᠢᠯᠡᠬᠦ ᠣᠢᠢᠯᠠᠭᠠᠭᠳᠠᠬᠤᠨ ᠢᠶᠠᠨ ᠦᠢᠯᠡᠳᠦᠯᠭᠡᠵᠢᠭᠦᠯᠵᠦ᠂ ᠠᠵᠢᠯ ᠤᠨ ᠠᠷᠭ᠎ᠠ ᠬᠡᠯᠪᠡᠷᠢ ᠶᠢᠨ | ᠰᠢᠨ᠎ᠡ ᠪᠠᠷ ᠡᠭᠦᠳᠴᠦ᠂ ᠦᠶᠡᠷ ᠤᠨ ᠬᠤᠭᠤᠴᠠᠭ᠎ᠠ ᠶᠢ ᠠᠷᠭᠠᠴᠠᠭᠠᠬᠤ ᠪᠡᠯᠡᠳᠬᠡᠯ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠶᠤᠯ ᠲᠦᠭᠰᠢᠭᠦᠷᠢ ᠶᠢᠨ | ᠪᠠᠶᠢᠳᠠᠯ ᠢ ᠲᠣᠬᠢᠲᠠᠶ ᠰᠢᠢᠳᠪᠦᠷᠢᠯᠡᠨ᠂ ᠭᠠᠮᠰᠢᠭ ᠤᠨ ᠬᠤᠬᠢᠷᠠᠯ ᠢ ᠪᠦᠲᠦᠮᠵᠢᠲᠡᠶ ᠪᠠᠷ ᠪᠠᠭᠠᠰᠬᠠᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠠᠵᠤ | ᠠᠬᠤᠶ ᠶᠢ ᠲᠦᠷᠭᠡᠨ ᠰᠡᠷᠭᠦᠭᠡᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ ᠭᠡᠵᠡᠢ᠃ | ᠸᠧᠶ ᠱᠠᠨ ᠵᠥᠩ 2021 ᠣᠨ ᠤ ᠬᠠᠲᠤᠨ ᠭᠤᠤᠯ ᠤᠨ ᠰᠠᠪᠠ ᠭᠠᠵᠠᠷ ᠤᠨ ᠦᠶᠡᠷ ᠤᠰᠤᠳᠤᠯ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠳᠤ ᠵᠠᠳᠠᠯᠤᠯᠲᠠ ᠬᠢᠵᠦ᠂ | ᠡᠨᠡ ᠵᠢᠯ ᠤᠨ ᠰᠠᠪᠠ ᠭᠠᠵᠠᠷ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ | ᠴᠢᠭᠯᠡᠭᠦᠯᠦᠨ᠂ ᠲᠡᠷᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠪᠤᠶᠠᠨ ᠦᠢᠯᠡᠳᠬᠦ | ᠵᠣᠯ ᠵᠢᠷᠭᠠᠯᠲᠤ ᠭᠤᠤᠯ ᠢ ᠪᠥᠲᠥᠭᠡᠨ ᠪᠠᠶᠢᠭᠤᠯᠬᠤ ᠬᠡᠷᠡᠭᠳᠠᠢ᠃ ᠶᠡᠭᠡ ᠲᠠᠯ᠎ᠠ ᠶᠢᠨ ᠤᠬᠠᠮᠰᠠᠷ᠂ ᠠᠶᠤᠯ | ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠤᠢ ᠪᠣᠯᠭᠠᠨ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠠᠵᠤ | ᠠᠬᠤᠢ ᠨᠡᠶᠢᠭᠡᠮ ᠤᠨ ᠬᠥᠭᠵᠢᠯᠲᠡ ᠲᠣᠭᠲᠠᠭᠤᠨ ᠢ ᠪᠠᠲᠤᠯᠠᠬᠤ ᠳᠤ ᠪᠠᠲᠤ ᠴᠢᠩᠭ᠎ᠠ ᠬᠠᠯᠬᠠᠪᠴᠢ ᠶᠢ ᠴᠣᠭᠴᠠᠯᠠᠬᠤ | ᠬᠡᠷᠡᠭᠲᠡᠢ᠃ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠬᠦᠨᠳᠦ ᠬᠡᠴᠡᠭᠦᠦ | ᠪᠠᠶᠢᠳᠠᠯ ᠤᠨ ᠡᠮᠦᠨ᠎ᠡ᠂ ᠭᠤᠣᠯ ᠤᠷᠤᠰᠬᠠᠯ ᠤᠨ ᠦᠶᠡᠷ ᠤᠰᠤᠳᠤᠯ ᠢ ᠰᠡᠷᠭᠡᠶᠢᠯᠡᠬᠦ ᠭᠤᠣᠯᠯᠠᠭᠴᠢ ᠢᠨᠵᠧᠨᠧᠷᠢᠩ ᠤᠨ | ᠰᠢᠰᠲ᠋ᠧᠮ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ | ᠥᠩᠭᠡᠷᠡᠭᠦᠯᠬᠦ ᠭᠡᠮ ᠰᠣᠭᠤᠭ ᠢ ᠬᠦᠴᠦᠯᠡᠨ ᠠᠷᠢᠯᠭᠠᠵᠤ᠂ ᠪᠣᠷᠣᠭᠠᠨ ᠤ ᠤᠰᠤᠨ ᠤ ᠪᠠᠶᠢᠳᠠᠯ ᠢ ᠤᠷᠢᠳᠴᠢᠯᠠᠨ | ᠮᠡᠳᠡᠭᠡᠯᠡᠬᠦ ᠣᠨᠣᠪᠴᠢ ᠶᠢᠨ ᠬᠡᠮᠵᠢᠶ᠎ᠡ ᠪᠣᠯᠤᠨ ᠬᠤᠭᠤᠴᠠᠭᠠᠲᠤ ᠴᠢᠨᠠᠷ ᠢ ᠳᠡᠭᠡᠭᠰᠢᠯᠡᠭᠦᠯᠤᠨ᠂ ᠮᠢᠨᠴᠦᠭᠦᠷᠡᠬᠦ ᠦᠵᠡᠯ | ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠳᠡᠭᠡᠳᠦ ᠳᠤᠤᠷᠠᠳᠤ ᠤᠷᠤᠰᠬᠠᠯ ᠤᠨ | ᠪᠠ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠤᠲᠠᠭᠤᠳᠠᠯ ᠢ | ᠲᠦᠷᠭᠡᠨ ᠨᠥᠬᠦᠪᠥᠷᠢᠯᠡᠵᠦ᠂ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠶᠡᠷ ᠤᠰᠤᠳᠤᠯ ᠢ | ᠰᠡᠷᠭᠡᠶᠢᠯᠡᠬᠦ ᠬᠠᠷᠢᠭᠤᠴᠠᠯᠭ᠎ᠠ ᠪᠠᠨ ᠯᠠᠪᠳᠠᠭᠤᠨ ᠡᠭᠦᠷᠭᠡᠯᠡᠬᠦ ᠬᠡᠷᠡᠭᠲᠡᠢ᠃ ᠵᠠᠰᠠᠭ ᠵᠠᠬᠢᠷᠭᠠᠨ ᠤ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠢᠶᠠᠷ ᠭᠤᠤᠯ ᠪᠣᠯᠭᠠᠭᠰᠠᠨ ᠦᠶᠡᠷ ᠤᠰᠤᠳᠤᠯ ᠢ ᠰᠡᠷᠭᠡᠶᠢᠯᠡᠬᠦ ᠡᠯ᠎ᠡ ᠵᠦᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠦᠶᠡᠷ ᠤᠰᠤᠳᠤᠯ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠪᠥᠬᠦ ᠶᠠᠪᠤᠴᠠ᠂ ᠡᠯ᠎ᠡ ᠭᠤᠭᠴᠤᠭ᠎ᠠ ᠳᠤ | ᠨᠠᠶᠢᠳᠠᠪᠤᠷᠢᠵᠢᠭᠤᠯᠤᠨ᠂ ᠠᠵᠢᠯ ᠤᠨ ᠪᠠᠶᠢᠷᠢ ᠪᠠ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ | ᠦᠶᠡᠷ ᠤᠰᠤᠳᠤᠯ ᠢ ᠰᠡᠷᠭᠡᠶᠢᠯᠡᠬᠦ ᠬᠠᠷᠢᠭᠤᠴᠠᠯᠭᠠᠲᠠᠨ ᠤ ᠨᠡᠷ᠎ᠡ ᠪᠠᠶᠢᠬᠤ᠂ ᠪᠣᠳᠠᠲᠠᠶ ᠠᠵᠢᠯᠯᠠᠬᠤ᠂ ᠴᠢᠳᠠᠪᠤᠷᠢᠲᠠᠶ | ᠪᠠᠶᠢᠬᠤ ᠶᠢ ᠦᠨᠡᠨ ᠬᠦ ᠪᠠᠲᠤᠯᠠᠵᠤ᠂ ᠰᠡᠷᠭᠡᠶᠢᠯᠡᠨ ᠡᠰᠡᠷᠭᠦᠴᠡᠵᠦ ᠠᠪᠤᠷᠬᠠᠤ ᠬᠠᠷᠢᠭᠤᠴᠠᠯᠭ᠎ᠠ ᠶᠢᠨ ᠬᠡᠯᠬᠢᠶ᠎ᠡ ᠶᠢ ᠵᠠᠪᠰᠠᠷ | ᠥᠬᠡᠶ ᠵᠣᠯᠭᠠᠯᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠠᠪᠠ ᠭᠠᠵᠠᠷ ᠤᠨ ᠮᠤᠵᠢ ︵ᠣᠷᠣᠨ︶ | ᠨᠤᠭᠤᠳ ︽ᠰᠠᠪᠠ ᠭᠠᠵᠠᠷ ᠢ ᠨᠢᠭᠡ ᠬᠥᠯᠭᠡ ᠰᠢᠳᠡᠷ᠎ᠠ ᠮᠡᠲᠦ ᠪᠠᠶᠢᠯᠭᠠᠬᠤ︾ ᠦᠵᠡᠯ ᠰᠠᠨᠠᠭ᠎ᠠ ᠶᠢ ᠴᠤᠭᠴᠠᠯᠠᠨ᠂ ᠶᠡᠭᠡ | ᠲᠠᠯ᠎ᠠ ᠶᠢ ᠬᠠᠷᠠᠭᠠᠯᠵᠠᠬᠤ᠂ ᠵᠢᠯᠤᠭᠤᠳᠤᠯᠭ᠎ᠠ ᠶᠢ ᠲᠠᠭᠠᠬᠤ᠂ ᠦᠶᠡᠷ ᠲᠠᠢ ᠪᠦᠯᠬᠦᠮᠳᠡᠨ ᠲᠡᠮᠡᠴᠡᠬᠦ ᠰᠢᠯᠢᠳᠡᠭ | ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠠᠳᠤᠨ ᠭᠤᠣᠯ ᠤᠨ ᠦᠶᠡᠷ ᠤᠰᠤᠳᠤᠯ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠤᠭᠤᠳᠬᠤ ᠭᠠᠵᠠᠷ᠂ ᠬᠠᠳᠤᠨ ᠭᠤᠣᠯ ᠤᠨ ᠤᠰᠤᠨ | ᠠᠰᠢᠬᠯᠠᠯᠳᠠ ᠶᠢᠨ ᠵᠦᠪᠯᠡᠯ ᠤᠨ ᠨᠢᠭᠡᠳᠦᠯᠲᠡᠶ ᠵᠢᠯᠤᠭᠤᠳᠤᠯᠭ᠎ᠠ ᠨᠢᠭᠡᠳᠦᠯᠲᠡᠶ ᠲᠤᠬᠢᠷᠠᠭᠤᠯᠤᠯᠳᠡ ᠶᠢ | ᠤᠬᠠᠮᠰᠠᠷ ᠠᠴᠠ ᠪᠠᠨ ᠲᠠᠭᠠᠵᠤ᠂ ᠵᠠᠰᠠᠭ ᠤᠨ ᠵᠠᠷᠯᠢᠭ ᠢ ᠰᠠᠭᠠᠳ ᠦᠭᠡᠢ ᠬᠡᠷᠡᠭᠵᠢᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ᠃ | ᠬᠤᠶᠠᠷ ᠲᠤ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ︽ᠤᠷᠢᠳᠴᠢᠯᠠᠬᠤ︾ ᠠᠵᠢᠯ ᠢ | ᠰᠠᠶᠢᠲᠤᠷ ᠬᠢᠬᠦ ᠬᠡᠷᠡᠭᠲᠡᠢ᠃ ︽ᠰᠡᠷᠭᠡᠶᠢᠯᠡᠬᠦ︾ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠤᠷᠢᠳᠴᠢᠯᠠᠨ ᠮᠡᠳᠡᠭᠡᠯᠡᠬᠦ᠂ | ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠰᠣᠷᠢᠯᠲᠠ᠂ ᠪᠡᠯᠡᠳᠬᠡᠯ ᠲᠥᠰᠦᠯ ᠤᠨ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠬᠦ ᠬᠡᠷᠡᠭᠳᠠᠢ᠃ ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠵᠥᠪᠳᠡᠯᠴᠡᠬᠦ ᠶᠢ | ᠴᠢᠩᠭᠠᠳᠬᠠᠵᠤ᠂ ᠤᠰᠤ ᠪᠣᠷᠣᠭᠠᠨ ᠤ ᠪᠠᠶᠢᠳᠠᠯ ᠢ ᠬᠢᠨᠠᠨ ᠬᠡᠮᠵᠢᠵᠦ ᠮᠡᠳᠡᠭᠦᠯᠦᠨ ᠬᠦᠷᠭᠡᠬᠦ ᠪᠠ ᠵᠠᠳᠠᠯᠤᠨ ᠰᠤᠳᠤᠯᠵᠤ | ᠮᠠᠭᠠᠳᠯᠠᠬᠤ ᠶᠢ ᠴᠢᠩᠭᠠᠷᠠᠭᠤᠯᠤᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ ᠬᠡᠷᠡᠭᠳᠠᠢ᠃ ᠣᠨᠴᠠᠭᠠᠶ | ᠴᠠᠭ ᠠᠭᠤᠷ ᠤᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠤᠰᠤᠨ ᠤ | ᠪᠠᠶᠢᠳᠠᠯ ᠤᠨ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ ᠠᠷᠭ᠎ᠠ ᠵᠠᠮ ᠢ ᠥᠷᠭᠡᠳᠬᠡᠨ᠂ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ᠂ ᠨᠥᠯᠥᠭᠡᠯᠡᠬᠦ ᠬᠡᠪᠴᠢᠶ᠎ᠡ ᠶᠢ ᠪᠦᠬᠦᠨ ᠢ | ᠬᠠᠮᠤᠷᠬᠤ ᠶᠢ ᠪᠡᠶᠡᠯᠡᠭᠦᠯᠵᠦ᠂ ᠬᠤᠯᠪᠣᠭᠳᠠᠯ ᠪᠥᠬᠦᠶ ᠨᠢᠭᠡᠴᠢ ᠪᠠ ᠰᠠᠯᠠᠭ᠎ᠠ ᠮᠥᠴᠢᠷ ᠤᠨ ᠣᠯᠠᠨ ᠲᠦᠮᠡᠨ ᠢ ᠵᠣᠬᠢᠶᠠᠨ | ᠪᠠᠶᠢᠭᠤᠯᠤᠨ ᠨᠡᠭᠦᠯᠭᠡᠨ ᠰᠢᠯᠵᠢᠭᠦᠯᠵᠤ ᠠᠶᠤᠯ ᠠᠴᠠ ᠵᠠᠶᠢᠯᠠᠭᠤᠯᠬᠤ ᠳᠤ ᠲᠤᠯᠭᠠᠭᠤᠷᠢᠯᠠᠯ ᠬᠠᠩᠭᠠᠬᠤ ᠬᠡᠷᠡᠭᠳᠠᠢ᠃ | ᠤᠶᠤᠨᠲᠤ ᠬᠠᠲᠤᠨ ᠭᠤᠤᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠶᠤᠨᠴᠢᠯᠠᠭᠰᠠᠨ ᠠᠷᠭ᠎ᠠ ᠪᠠᠷᠢᠯ ᠢ | ᠬᠡᠷᠡᠭᠯᠡᠨ ᠦᠶᠡᠷ ᠤᠨ ᠤᠰᠤ ᠶᠢ ᠤᠷᠢᠳᠴᠢᠯᠠᠨ ᠢᠯᠡᠷᠡᠭᠦᠯᠬᠦ ᠶᠠᠪᠤᠴᠠ ᠶᠢ ᠳᠠᠭᠤᠷᠢᠶᠠᠨ ᠬᠢᠵᠦ᠂ ᠪᠡᠯᠡᠳᠬᠡᠯ | ᠲᠥᠰᠦᠯ ᠳᠤ ᠵᠠᠰᠠᠪᠤᠷᠢ ᠣᠷᠣᠭᠤᠯᠬᠤ᠂ ᠤᠰᠤᠨ ᠴᠥᠭᠦᠷᠥᠮ ᠤᠨ ᠲᠣᠬᠢᠷᠠᠭᠤᠯᠤᠯᠲᠠ ᠵᠢᠴᠢ ᠤᠰᠤᠨ | ᠠᠰᠢᠬᠯᠠᠯᠳᠠ ᠶᠢᠨ ᠢᠨᠵᠧᠨᠧᠷᠢᠩ ᠤᠨ ᠬᠤᠷᠢᠬᠯᠠᠯᠲᠠ ᠳᠤ ᠰᠢᠢᠳᠪᠦᠷᠢᠲᠦ ᠪᠣᠳᠣᠯᠭ᠎ᠠ ᠶᠢᠨ ᠳᠡᠮᠵᠢᠯᠭᠡ ᠬᠠᠩᠭᠠᠬᠤ | ᠬᠡᠷᠡᠭᠳᠠᠢ᠃ ᠡᠯ᠎ᠡ ᠵᠦᠢᠯ ᠤᠨ ᠪᠡᠯᠡᠳᠬᠡᠯ ᠲᠥᠰᠦᠯ ᠤᠨ ᠲᠥᠰᠦᠯ ᠳᠤ ᠴᠢᠨᠠᠭᠰᠢᠳᠠ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠤᠰᠤᠨ ᠴᠥᠭᠦᠷᠥᠮ ᠢ ᠬᠠᠮᠲᠤᠷᠠᠨ ᠲᠣᠬᠢᠷᠠᠭᠤᠯᠬᠤ ᠲᠥᠰᠦᠯ᠂ ᠪᠠᠷᠢᠮᠵᠢᠶ᠎ᠠ ᠠᠴᠠ ᠬᠡᠲᠦᠷᠡᠭᠰᠡᠨ | ᠦᠶᠡᠷ ᠤᠨ ᠤᠰᠤ ᠶᠢ ᠰᠡᠷᠭᠡᠶᠢᠯᠡᠨ ᠬᠤᠷᠢᠬᠯᠠᠬᠤ ᠲᠥᠰᠦᠯ ᠪᠠ ᠤᠰᠤ ᠡᠯᠡᠰᠦ ᠶᠢ ᠲᠣᠬᠢᠷᠠᠭᠤᠯᠬᠤ ᠲᠥᠰᠦᠯ ᠢ | ᠰᠢᠯᠢᠳᠡᠭᠵᠢᠭᠦᠯᠵᠦ᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠢᠢᠴᠠ ᠴᠢᠨᠠᠷ ᠢ ᠳᠡᠭᠡᠭᠰᠢᠯᠡᠭᠦᠯᠬᠦ ᠬᠡᠷᠡᠭᠳᠠᠢ᠃ | ᠭᠤᠷᠪᠠ ᠳᠤ ᠦᠶᠡᠷ ᠤᠨ ᠤᠰᠤ ᠶᠢ ᠰᠡᠷᠭᠡᠶᠢᠯᠡᠨ ᠬᠤᠷᠢᠬᠯᠠᠬᠤ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ | ᠲᠤᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠶ᠃ ᠦᠶᠡᠷ ᠤᠨ ᠬᠤᠭᠤᠴᠠᠭᠠᠨ ᠤ ᠪᠣᠷᠣᠭᠠᠨ ᠣᠷᠣᠬᠤ ᠶᠠᠪᠤᠴᠠ ᠶᠢ | ᠴᠢᠩᠭ᠎ᠠ ᠠᠵᠢᠬᠯᠠᠵᠤ᠂ ᠴᠠᠭ ᠲᠤᠬᠠᠶ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠤᠰᠤ ᠬᠠᠳᠠᠭᠠᠯᠠᠬᠤ ᠪᠠ | ᠭᠠᠳᠠᠭᠰᠢᠯᠠᠭᠤᠯᠬᠤ ᠶᠢ ᠬᠠᠮᠲᠤ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠯᠦᠩ ᠶᠠᠩ ᠰᠢᠶᠠ ᠬᠠᠪᠴᠢᠯ᠂ ᠯᠢᠦ ᠵᠢᠶᠠ | ᠰᠢᠶᠠ ᠬᠠᠪᠴᠢᠯ᠂ ᠰᠢᠶᠤᠤ ᠯᠠᠩ ᠳ᠋ᠢ ᠵᠡᠷᠭᠡ ᠭᠤᠣᠯ ᠰᠠᠯᠪᠤᠷᠢ ᠤᠷᠤᠰᠬᠠᠯ ᠤᠨ ᠤᠰᠤᠨ ᠴᠥᠭᠦᠷᠥᠮ ᠢ ᠬᠠᠮᠲᠤᠷᠠᠨ | ᠲᠣᠬᠢᠷᠠᠭᠤᠯᠬᠤ ᠶᠢ ᠴᠢᠩᠭᠠᠳᠬᠠᠵᠤ᠂ ᠤᠰᠤᠨ ᠴᠥᠭᠦᠷᠥᠮ ᠤᠨ ᠦᠶᠡᠷ ᠢ ᠬᠠᠰᠢᠵᠤ ᠤᠷᠬᠢᠯ ᠤᠨ ᠬᠡᠮᠵᠢᠶ᠎ᠡ ᠶᠢ | ᠵᠥᠷᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠦᠶᠡᠷ ᠤᠰᠤᠳᠤᠯ ᠢ ᠰᠡᠷᠭᠡᠶᠢᠯᠡᠬᠦ ᠴᠥᠭᠦᠷᠥᠮ ᠤᠨ | ᠪᠠᠭᠲᠠᠭᠠᠮᠵᠢ ᠶᠢ ᠰᠠᠶᠢᠲᠤᠷ ᠬᠡᠷᠡᠭᠯᠡᠬᠦ ᠶᠢᠨ ᠬᠠᠮᠲᠤ ᠴᠢᠳᠠᠬᠤ ᠶᠢᠨ ᠬᠢᠷᠢ ᠪᠠᠷ ᠡᠯᠡᠰᠦ ᠶᠢ ᠢᠯᠡᠭᠦᠬᠡᠨ | ᠭᠠᠳᠠᠭᠰᠢᠯᠠᠭᠤᠯᠵᠤ᠂ ᠤᠰᠤᠨ ᠴᠥᠭᠦᠷᠥᠮ ᠪᠠ ᠭᠤᠣᠯ ᠤᠨ ᠵᠠᠮ ᠳᠤ ᠡᠯᠡᠰᠤ ᠰᠢᠷᠤᠢ ᠬᠤᠷᠠᠵᠤ ᠬᠤᠷᠠᠬᠤ ᠶᠢ | ᠪᠠᠭᠠᠰᠬᠠᠵᠤ᠂ ᠤᠰᠤ ᠡᠯᠡᠰᠦ ᠶᠢ ᠲᠣᠬᠢᠷᠠᠭᠤᠯᠬᠤ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ | ᠬᠡᠷᠡᠭᠳᠠᠢ᠃ ᠬᠠᠲᠤᠨ ᠭᠤᠤᠯ ᠤᠨ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠨ ᠤᠰᠤ ᠶᠢ ᠰᠡᠷᠭᠡᠶᠢᠯᠡᠬᠦ ᠪᠥᠬᠦ | ᠭᠡᠯᠬᠢᠶ᠎ᠡ ᠶᠢᠨ ᠲᠤᠰᠬᠠᠶ ᠲᠥᠰᠦᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠡᠷᠭᠡᠶᠢᠯᠡᠬᠦ᠂ ᠠᠪᠤᠷᠠᠬᠤ᠂ ᠬᠠᠰᠤᠬᠤ | ᠡᠯ᠎ᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠪᠣᠳᠣᠯᠬᠢᠯᠠᠨ᠂ ᠬᠤᠷᠴᠠ ᠰᠡᠷᠭᠡᠭ ᠴᠢᠨᠠᠷ ᠪᠠ ᠲᠦᠭᠰᠢᠭᠦᠷᠢᠲᠦ | ᠮᠡᠳᠡᠷᠡᠮᠵᠢ ᠶᠢ ᠨᠡᠮᠡᠭᠳᠡᠭᠦᠯᠵᠦ᠂ ︽ᠬᠠᠷ᠎ᠠ ᠬᠤᠨ︾᠂ ︽ᠪᠣᠷᠣ ᠬᠡᠷᠢᠰ︾ ᠤᠨ ᠬᠡᠷᠡᠭ ᠡᠭᠦᠰᠬᠦ ᠶᠢ ᠪᠦᠲᠦᠮᠵᠢᠲᠡᠶ | ᠰᠡᠷᠭᠡᠶᠢᠯᠡᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠳᠠᠢ᠃ | ᠲᠦᠷᠪᠡ ᠳᠤ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ | ᠠᠶᠤᠯ ᠲᠦᠭᠰᠢᠭᠦᠷᠢ ᠶᠢ ᠰᠡᠷᠭᠡᠶᠢᠯᠡᠭᠦ ᠬᠡᠷᠡᠭᠳᠠᠢ᠃ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠶᠢᠨ | ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠵᠢᠴᠢ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠬᠯᠠᠬᠤ | ᠠᠵᠢᠯ ᠢ ᠰᠠᠶᠢᠲᠤᠷ ᠠᠳᠬᠤᠬᠤ ᠬᠡᠷᠡᠭᠳᠠᠢ᠃ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠶᠢᠨ | ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ︽ᠭᠤᠷᠪᠠᠨ ᠬᠠᠷᠢᠭᠤᠴᠠᠯᠭᠠᠲᠠᠨ︾ ᠢ ᠠᠵᠢᠯ ᠤᠨ | ᠪᠠᠶᠢᠷᠢ ᠳᠤ ᠭᠠᠷᠭᠠᠵᠤ ᠪᠣᠳᠠᠲᠠᠶᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠬᠤ | ᠬᠡᠷᠡᠭᠳᠠᠢ︔ ᠤᠰᠤᠨ ᠴᠥᠭᠦᠷᠥᠮ ᠢ ᠱᠠᠯᠠᠪᠳᠠᠭᠤᠯᠤᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯᠯᠠᠭ᠎ᠠ | ᠥᠷᠨᠢᠭᠦᠯᠵᠦ᠂ ᠪᠠᠭ᠎ᠠ ᠬᠡᠯᠪᠡᠷᠢ ᠶᠢᠨ ᠤᠰᠤᠨ ᠴᠥᠭᠦᠷᠥᠮ ᠤᠨ ︽ᠭᠤᠷᠪᠠᠨ ᠬᠠᠷᠢᠭᠤᠴᠠᠯᠭᠠᠲᠠᠨ︾ ᠪᠠ ︽ᠭᠤᠷᠪᠠᠨ | ᠭᠤᠤᠯᠳᠠᠯᠭ᠎ᠠ ᠲᠠᠢ ᠭᠤᠭᠴᠤᠭ᠎ᠠ︾ ᠶᠢ ᠨᠠᠶᠢᠳᠠᠪᠤᠷᠢᠵᠢᠭᠤᠯᠬᠤ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠢ | ᠳᠣᠭᠢᠷᠠᠭᠤᠯᠤᠨ ᠬᠡᠷᠡᠭᠯᠡᠬᠦ ᠪᠠ ᠦᠶᠡᠷ ᠤᠨ ᠬᠢᠵᠠᠭᠠᠷ ᠤᠨ ᠤᠰᠤᠨ ᠲᠦᠪᠰᠢᠨ ᠢ ᠬᠢᠨᠠᠨ ᠬᠠᠮᠢᠶᠠᠷᠬᠤ ᠶᠢ ᠴᠢᠩᠭ᠎ᠠ | ᠠᠩᠬᠠᠷᠬᠤ ᠬᠡᠷᠡᠭᠲᠡᠶ᠃ ᠠᠭᠤᠯᠠᠨ ᠦᠶᠡᠷ ᠤᠨ ᠭᠠᠮᠰᠢᠭ ᠠᠮᠠᠷᠬᠠᠨ ᠡᠭᠦᠰᠳᠡᠭ ᠣᠷᠣᠨ ᠤ ᠲᠣᠭᠤᠷᠢᠨ ᠪᠠᠶᠢᠴᠠᠭᠠᠵᠤ | ᠠᠶᠤᠯ ᠢ ᠠᠷᠢᠯᠭᠠᠬᠤ ᠶᠢ ᠴᠢᠩᠭᠠᠳᠬᠠᠵᠤ᠂ ᠠᠭᠤᠯᠠᠨ ᠦᠶᠡᠷ ᠤᠨ ᠭᠠᠮᠰᠢᠭ ᠢ ᠤᠯᠠᠨ ᠢᠶᠠᠷ ᠢᠶᠠᠨ ᠬᠡᠮᠵᠢᠵᠦ | ᠤᠯᠠᠨ ᠢᠶᠠᠷ ᠢᠶᠠᠨ ᠰᠡᠷᠭᠡᠶᠢᠯᠡᠬᠦ ᠪᠠ ᠲᠠᠪᠤᠨ ᠱᠠᠲᠤᠨ ᠤ ︽ᠳᠠᠭᠠᠭᠠᠴᠢᠯᠠᠬᠤ︾ ᠬᠠᠷᠢᠭᠤᠴᠠᠯᠭ᠎ᠠ ᠶᠢᠨ ᠰᠢᠰᠲ᠋ᠧᠮ ᠢ | ᠪᠦᠷᠢᠨᠰᠢᠬᠦᠯᠵᠤ᠂ ᠵᠠᠩᠭᠢᠯᠠᠭ᠎ᠠ ᠶᠢᠨ ᠦᠶ᠎ᠡ ᠳᠤ ᠲᠤᠰᠬᠠᠶ ᠬᠥᠮᠦᠨ ᠲᠣᠬᠢᠷᠠᠭᠤᠯᠤᠨ ᠰᠡᠷᠭᠡᠶᠢᠯᠡᠵᠦ᠂ ᠴᠠᠭ | ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ᠂ ᠡᠷᠡᠰ ᠰᠢᠭᠤᠷᠬᠠᠶ ᠪᠠᠷ ᠨᠡᠭᠦᠯᠭᠡᠨ ᠰᠢᠯᠵᠢᠭᠦᠯᠵᠦ᠂ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠳᠠᠢ᠃ | ᠲᠠᠪᠤ ᠳᠤ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠬᠠᠩᠭᠠᠯᠭ᠎ᠠ ᠶᠢ ᠨᠢᠭᠡᠳᠦᠯᠲᠡᠶ ᠲᠥᠯᠥᠪᠵᠢᠭᠦᠯᠵᠦ᠂ | ᠶᠡᠷᠦᠩᠬᠡᠶ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ᠃ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ | ᠲᠡᠮᠡᠴᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠠᠮᠢᠳᠤᠷᠠᠯ ᠳᠤ ᠬᠡᠷᠡᠭᠯᠡᠬᠦ ᠤᠰᠤ ᠪᠠ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠶᠢ ᠪᠠᠲᠤᠯᠠᠬᠤ ᠶᠠᠪᠤᠳᠠᠯ ᠢ | ᠲᠤᠪᠤᠶᠢᠮ᠎ᠠ ᠪᠠᠶᠢᠷᠢᠨ ᠳᠤ ᠲᠠᠯᠪᠢᠵᠤ᠂ ᠭᠠᠩ ᠬᠠᠭᠰᠠᠷᠠᠭᠠᠨ ᠤ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ | ᠬᠢᠨᠠᠨ ᠠᠵᠢᠬᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠰᠤᠷᠪᠤᠯᠵᠢ ᠶᠢᠨ ᠨᠢᠭᠡᠳᠦᠯᠲᠡᠶ | ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠲᠤᠬᠢᠷᠠᠭᠤᠯᠤᠯᠳᠠ ᠶᠢ ᠰᠠᠶᠢᠲᠤᠷ ᠬᠢᠵᠦ᠂ ᠤᠰᠤᠨ ᠤ | ᠬᠠᠩᠭᠠᠯᠭ᠎ᠠ ᠶᠢᠨ ᠠᠮᠤᠷ ᠲᠦᠪᠰᠢᠨ ᠪᠠ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠳᠠᠢ᠃ | ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠩᠭᠠᠬᠤ ᠪᠠ ᠠᠮᠢ ᠠᠬᠤᠶ ᠶᠢᠨ ᠤᠰᠤ ᠨᠥᠬᠦᠪᠥᠷᠢᠯᠡᠬᠦ ᠶᠢ ᠨᠢᠭᠡᠳᠦᠯᠲᠡᠶ | ᠲᠥᠯᠥᠪᠵᠢᠭᠦᠯᠵᠦ᠂ ᠤᠯᠠᠭᠠᠨᠰᠤᠬᠠᠢ᠂ ᠾᠧ ᠺᠧᠦ ᠭᠤᠷᠪᠠᠯᠵᠢᠨ ᠬᠤᠶᠢᠭ ᠪᠠ ᠤᠮᠠᠷᠠᠲᠤ ᠣᠷᠣᠨ ᠤ ᠭᠠᠵᠠᠷ | ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠣᠷᠣᠨ ᠳᠤ ᠠᠮᠢ ᠠᠬᠤᠶ ᠶᠢᠨ ᠤᠰᠤ ᠨᠥᠬᠦᠪᠥᠷᠢᠯᠡᠬᠦ | ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠳᠠᠢ᠃ | ᠵᠢᠷᠭᠤᠭ᠎ᠠ ᠳᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠠᠵᠢᠯ ᠤᠨ | ᠨᠡᠶᠢᠯᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠮᠤᠵᠢ ᠣᠷᠣᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠨ | ᠬᠤᠭᠤᠷᠣᠨᠳᠣᠬᠢ᠂ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ᠂ ᠳᠡᠭᠡᠳᠦ ᠳᠤᠤᠷᠠᠳᠤ ᠤᠷᠤᠰᠬᠠᠯ᠂ | ᠵᠡᠭᠦᠨ ᠪᠠᠷᠠᠭᠤᠨ ᠡᠷᠭᠢ ᠶᠢᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠭᠰᠠᠨ ᠦᠶᠡᠷ ᠤᠰᠤᠳᠤᠯ ᠢ ᠰᠡᠷᠭᠡᠶᠢᠯᠡᠨ | ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠᠶᠢᠷᠢᠰᠢᠯ ᠢ ᠪᠤᠢ ᠪᠣᠯᠭᠠᠬᠤ ᠬᠡᠷᠡᠭᠳᠠᠢ᠃ ᠬᠠᠲᠤᠨ | ᠭᠤᠣᠯ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ | ᠵᠢᠯᠤᠭᠤᠳᠬᠤ ᠭᠠᠵᠠᠷ ᠬᠢᠭᠡᠳ ᠰᠠᠪᠠ ᠭᠠᠵᠠᠷ ᠤᠨ ᠮᠤᠵᠢ ︵ᠣᠷᠣᠨ︶᠂ ᠡᠯ᠎ᠡ ᠪᠠᠶᠢᠯᠳᠤᠭᠠᠨ ᠤ ᠲᠣᠭᠤᠷᠢᠭ ᠤᠨ ᠬᠢᠨ | ᠵᠣᠯᠭᠠᠯᠴᠠᠭᠤᠯᠬᠤ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠤᠰᠤᠨ ᠠᠰᠢᠬᠯᠠᠯᠳᠠ ᠶᠢᠨ ᠰᠠᠯᠠᠭ᠎ᠠ | ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ᠂ ᠡᠯ᠎ᠡ ᠪᠠᠶᠢᠯᠳᠤᠭᠠᠨ ᠤ ᠲᠣᠭᠤᠷᠢᠭ ᠤᠨ ᠴᠡᠷᠢᠭ | ᠠᠩᠬᠢ ᠯᠤᠭ᠎ᠠ ᠬᠠᠮᠲᠤᠷᠠᠨ ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠮᠡᠷᠭᠡᠵᠢᠯ ᠢᠶᠠᠷ | ᠲᠤᠯᠭᠠᠭᠤᠷᠢᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰ ᠲᠤᠰ ᠤᠨ ᠲᠤᠰᠬᠠᠶ ᠮᠡᠷᠭᠡᠵᠢᠯ ᠤᠨ | ᠳᠠᠪᠠᠭᠤᠯᠢᠭ ᠢᠶᠠᠨ ᠪᠠᠳᠠᠷᠠᠭᠤᠯᠤᠨ᠂ ᠦᠶᠡᠷ ᠤᠰᠤᠳᠤᠯ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠨᠡᠶᠢᠯᠡᠯ | ᠬᠦᠴᠦᠨ ᠢ ᠪᠤᠢ ᠪᠣᠯᠭᠠᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠮᠡᠳᠡᠭᠡᠯᠡᠨ᠂ ᠵᠥᠪ ᠲᠠᠯ᠎ᠠ ᠠᠴᠠ ᠪᠠᠨ | ᠮᠡᠳᠡᠭᠡᠯᠡᠵᠤ᠂ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢ ᠴᠢᠩᠭᠠᠳᠬᠠᠨ᠂ ᠨᠡᠶᠢᠭᠡᠮ ᠤᠨ ᠠᠩᠬᠠᠷᠤᠯ ᠳᠤ | ᠢᠳᠡᠪᠬᠢᠲᠡᠶ ᠪᠠᠷ ᠬᠠᠷᠢᠭᠤᠯᠲᠠ ᠥᠭᠴᠦ᠂ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ | ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ |