ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠤᠪᠴᠢᠶ᠎ᠠ᠂ ᠶᠠᠮᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ | ᠨᠢᠭᠡᠴᠢ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠤᠰᠤᠨ ᠠᠰᠢᠭᠯᠠᠯᠳᠠ ︵ | ᠤᠰᠤᠨ ᠤ ᠶᠠᠪᠤᠳᠠᠯ︶ ᠶᠢᠨ ᠲᠢᠩᠬᠢᠮ ︵ᠲᠤᠪᠴᠢᠶ᠎ᠠ︶᠂ ᠡᠯ᠎ᠡ ᠲᠦᠯᠦᠪᠯᠡᠭᠡᠲᠦ ᠲᠤᠰᠠᠭᠠᠷ ᠵᠢᠭᠰᠠᠭᠠᠭᠰᠠᠨ ᠬᠤᠳᠠ | ᠶᠢᠨ ᠤᠰᠤᠨ ᠠᠰᠢᠭᠯᠠᠯᠳᠠ ︵ᠤᠰᠤᠨ ᠤ ᠶᠠᠪᠤᠳᠠᠯ︶ ᠶᠢᠨ ᠲᠤᠪᠴᠢᠶ᠎ᠠ᠂ ᠰᠢᠨᠵᠢᠶᠠᠩ ᠤᠨ ᠦᠢᠯᠡᠳᠪᠤᠷᠢᠯᠡᠯ | ᠪᠦᠳᠦᠭᠡᠨ ᠪᠠᠶᠢᠭᠤᠯᠤᠯᠳᠠ ᠶᠢᠨ ᠪᠢᠩᠲ᠋ᠤᠸᠠᠨ ᠤ ᠤᠰᠤᠨ ᠠᠰᠢᠭᠯᠠᠯᠳᠠ ᠶᠢᠨ ᠲᠤᠪᠴᠢᠶ᠎ᠠ᠄ | ᠳ᠋ᠦᠩ ᠵᠢᠶᠠᠩ — ᠱᠧᠨᠵᠧᠨ ᠤ ᠤᠰᠤ ᠬᠠᠩᠭᠠᠬᠤ ᠢᠨᠵᠧᠨᠧᠷᠢᠩ︵ ᠲᠤᠪᠴᠢᠯᠠᠭᠠᠳ ᠳ᠋ᠦᠩ ᠱᠧᠨ ᠤᠰᠤ | ᠬᠠᠩᠭᠠᠬᠤ ᠢᠨᠵᠧᠨᠧᠷᠢᠩ ᠭᠡᠨ᠎ᠡ︶ ᠪᠤᠯ ᠨᠠᠮ ᠤᠨ ᠲᠥᠪ ᠬᠤᠷᠢᠶ᠎ᠠ ᠠᠴᠠ ᠰᠢᠶᠠᠩᠭᠠᠩ ᠤᠨ ᠠᠬ᠎ᠠ ᠳᠡᠭᠦᠦ ᠨᠠᠷ ᠤᠨ | ᠤᠤᠭᠤᠬᠤ ᠤᠰᠤᠨ ᠤ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ ᠪᠠᠶᠢᠭᠤᠯᠤᠭᠰᠠᠨ ᠰᠠᠪᠠ ᠭᠠᠵᠠᠷ ᠠᠯᠤᠰᠯᠠᠭᠰᠠᠨ | ᠲᠣᠮᠣ ᠬᠡᠯᠪᠡᠷᠢ ᠶᠢᠨ ᠤᠰᠤ ᠲᠤᠬᠢᠷᠠᠭᠤᠯᠬᠤ ᠢᠨᠵᠧᠨᠧᠷᠢᠩ ᠪᠠᠶᠢᠵᠤ᠂ ᠤᠮᠠᠷᠠᠰᠢ ᠠᠴᠠ ᠭᠤᠸᠠᠩᠳᠦ᠋ᠩ ᠮᠣᠵᠢ ᠶᠢᠨ | ᠳ᠋ᠦᠩ ᠭᠤᠸᠠᠨ ᠬᠤᠲᠠ ᠶᠢᠨ ᠴᠢᠶᠣᠤ ᠲᠧᠦ ᠵᠧᠨ ᠪᠠᠯᠭᠠᠰᠤ ᠠᠴᠠ ᠡᠬᠢᠯᠡᠵᠦ᠂ ᠡᠮᠦᠨᠡᠰᠢ ᠭᠤᠸᠠᠩᠳᠦ᠋ᠩ ᠮᠣᠵᠢ ᠶᠢᠨ | ᠱᠧᠨᠵᠧᠨ ᠬᠤᠲᠠ ᠶᠢᠨ ᠱᠧᠨᠵᠧᠨ ᠤᠰᠤᠨ ᠴᠥᠭᠦᠷᠥᠮ ᠬᠦᠷᠴᠦ᠂ ᠰᠢᠶᠠᠩᠭᠠᠩ ᠪᠤᠯᠤᠨ ᠱᠧᠨᠵᠧᠨ᠂ ᠳ᠋ᠦᠩ ᠭᠤᠸᠠᠨ | ᠤᠨ 2400 ᠲᠦᠮᠡᠨ ᠰᠠᠭᠤᠭᠠᠯᠢ ᠠᠷᠠᠳ ᠲᠤ ᠤᠰᠤ ᠬᠠᠩᠭᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠂ | ᠰᠢᠶᠠᠩᠭᠠᠩ ᠤᠨ ᠤᠰᠤᠨ ᠤ ᠬᠠᠩᠭᠠᠯᠭ᠎ᠠ ᠶᠢ ᠪᠠᠳᠤᠯᠠᠵᠤ ᠪᠠᠶᠢᠭ᠎ᠠ ᠴᠢᠬᠤᠯᠠ ᠢᠨᠵᠧᠨᠧᠷᠢᠩ ᠪᠤᠯᠤᠨ᠎ᠠ᠃ ᠳᠡᠭᠡᠷ᠎ᠡ | ᠵᠠᠭᠤᠨ ᠤ ᠵᠢᠷᠠᠭᠠᠳ ᠣᠨ ᠤ ᠦᠶ᠎ᠡ ᠪᠠᠷ ᠰᠢᠶᠠᠩᠭᠠᠩ ᠤᠨ ᠤᠰᠤ ᠲᠤᠳᠠᠭᠳᠠᠵᠤ ᠪᠠᠶᠢᠭ᠎ᠠ ᠠᠰᠠᠭᠤᠳᠠᠯ ᠢ | ᠰᠢᠢᠳᠪᠤᠷᠢᠯᠡᠬᠦ ᠶᠢᠨ ᠲᠦᠯᠦᠭᠡ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠤᠨ ᠪᠦᠰᠡ ᠨᠤᠲᠤᠭ ᠠᠴᠠ | ᠬᠦᠷᠦᠯᠴᠡᠨ ᠢᠷᠡᠭᠰᠡᠨ ᠲᠦᠮᠡ ᠭᠠᠷᠤᠢ ᠪᠦᠲᠦᠭᠡᠨ ᠪᠠᠶᠢᠭᠤᠯᠤᠭᠴᠢᠳ ᠨᠠᠮ ᠪᠣᠯᠤᠨ ᠤᠯᠤᠰ ᠤᠨ ᠤᠷᠢᠶᠠᠯᠠᠯ ᠢ | ᠲᠠᠭᠠᠵᠤ᠂ ᠬᠦᠴᠢᠷ ᠪᠡᠷᠬᠡᠰᠢᠶᠡᠯ ᠠᠴᠠ ᠦᠯᠦ ᠡᠮᠢᠶᠡᠨ᠂ ᠲᠠᠪᠬᠤᠷ ᠲᠠᠪᠬᠤᠷ ᠥᠷᠢᠰᠦᠯᠳᠦᠭᠡᠨ ᠢ ᠳᠠᠪᠠᠨ | ᠲᠤᠭᠤᠯᠵᠤ᠂ ᠵᠦᠪᠬᠡᠨ ᠤᠬᠤᠷᠬᠠᠨ ᠨᠢᠭᠡ ᠵᠢᠯ ᠤᠨ ᠴᠠᠭ ᠢ ᠬᠡᠷᠡᠭᠰᠡᠨ ᠪᠦᠬᠦ ᠤᠷᠳᠤ ᠨᠢ 83 ᠺᠢᠯᠤᠮᠧᠲᠷ ᠤᠷᠳᠤ | ᠤᠰᠤ ᠬᠠᠩᠭᠠᠬᠤ ᠲᠤᠮᠤ ᠢᠨᠵᠧᠨᠧᠷᠢᠩ ᠢ ᠪᠠᠶᠢᠭᠤᠯᠤᠨ ᠲᠠᠭᠤᠰᠬᠠᠵᠤ᠂ ᠲᠡᠭᠷᠢ ᠭᠠᠵᠠᠷ ᠢ ᠲᠤᠩᠰᠤᠯᠭᠠᠭᠰᠠᠨ᠂ ᠰᠦᠷ | ᠲᠠᠯᠠᠶᠢᠴᠠᠳᠠᠢ ᠲᠡᠮᠡᠴᠡᠯ ᠤᠨ ᠮᠠᠭᠳᠠᠭᠠᠯ ᠲᠠᠭᠤᠤ ᠶᠢ ᠪᠢᠴᠢᠭᠯᠡᠭᠰᠡᠨ ᠪᠠᠶᠢᠨ᠎ᠠ᠃ ᠡᠬᠦᠨ ᠠᠴᠠ ᠳᠠᠷᠠᠭ᠎ᠠ ᠨᠢ ᠦᠶ᠎ᠡ | ᠦᠶ᠎ᠡ ᠶᠢᠨ ᠪᠦᠲᠦᠭᠡᠨ ᠪᠠᠶᠢᠭᠤᠯᠤᠭᠴᠢᠳ ᠤᠭ ᠵᠣᠷᠢᠯᠲᠠ ᠪᠠᠨ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ | ᠤᠯᠠᠮᠵᠢᠯᠠᠨ ᠵᠠᠯᠭᠠᠮᠵᠢᠯᠠᠵᠤ᠂ ᠨᠢᠮᠪᠠᠢ ᠰᠠᠬᠢᠨ ᠨᠠᠷᠢᠨ ᠬᠠᠮᠠᠭᠠᠯᠠᠵᠤ᠂ ᠤᠷᠢᠳ ᠬᠤᠵᠢᠳ ᠳᠥᠷᠪᠡᠨ ᠤᠳᠠᠭ᠎ᠠ ᠤᠰᠤ | ᠬᠠᠩᠭᠠᠬᠤ ᠢᠨᠵᠧᠨᠧᠷᠢᠩ ᠢ ᠥᠷᠭᠡᠳᠬᠡᠨ ᠪᠠᠶᠢᠭᠤᠯᠤᠭᠰᠠᠨ ᠪᠤᠶᠤ ᠦᠭᠡᠷᠡᠴᠢᠯᠡᠨ ᠰᠠᠶᠢᠵᠢᠷᠠᠭᠤᠯᠵᠤ᠂ ᠤᠰᠤ | ᠬᠠᠩᠭᠠᠬᠤ ᠴᠢᠳᠠᠪᠤᠷᠢ ᠶᠢ 30 ᠭᠠᠷᠤᠢ ᠳᠠᠬᠢᠨ ᠢᠶᠠᠷ ᠨᠡᠮᠡᠭᠳᠡᠬᠦᠯᠵᠦ᠂ ᠤᠰᠤᠨ ᠤ ᠴᠢᠨᠠᠷ ᠤᠨ ᠠᠮᠤᠷ ᠲᠦᠪᠰᠢᠨ ᠢ | ᠦᠨᠳᠦᠰᠦᠨ ᠳᠡᠭᠡᠨ ᠪᠠᠳᠤᠯᠠᠵᠤ᠂ ᠤᠳᠤᠬᠠᠨ ᠤ ᠰᠢᠶᠠᠩᠭᠠᠩ ᠤᠨ 80 % ᠶᠢᠨ ᠴᠡᠩᠭᠡᠭ ᠤᠰᠤᠨ ᠤ ᠬᠡᠷᠡᠭᠴᠡᠭᠡ | ᠶᠢ ᠬᠠᠩᠭᠠᠵᠤ᠂ ᠰᠢᠶᠠᠩᠭᠠᠩ ᠤᠨ ᠤᠷᠳᠤ ᠬᠤᠭᠤᠴᠠᠭᠠᠨ ᠤ ᠴᠡᠴᠡᠭᠯᠡᠨ ᠬᠦᠭᠵᠢᠵᠦ ᠠᠮᠤᠷ ᠲᠤᠭᠳᠠᠭᠤᠨ ᠪᠠᠶᠢᠬᠤ ᠶᠢ | ᠬᠠᠮᠠᠭᠠᠯᠠᠵᠤ᠂ ᠰᠢᠶᠠᠩᠭᠠᠩ ᠤᠨ ᠠᠵᠤ ᠠᠬᠤᠢ ᠶᠢᠨ ᠬᠦᠭᠵᠢᠯᠳᠡ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ | ᠪᠠᠶᠢᠨ᠎ᠠ᠃ 2021 ᠣᠨ ᠤ 4 ᠳ᠋ᠦ᠋ᠭᠡᠷ ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ | ᠲᠥᠪ ᠬᠤᠷᠢᠶᠠᠨ ᠤ ᠤᠬᠠᠭᠤᠯᠬᠤ ᠬᠡᠯᠲᠡᠰ ᠠᠴᠠ ᠨᠡᠶᠢᠭᠡᠮ ᠨᠡᠶᠢᠲᠡ ᠳᠤ 《ᠳ᠋ᠦᠩ ᠱᠧᠨ ᠤᠰᠤ ᠬᠠᠩᠭᠠᠬᠤ | ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ ᠬᠠᠮᠳᠤ ᠴᠤᠭᠴᠠ》 ᠶᠢᠨ ᠲᠡᠷᠢᠭᠦᠨ ᠤ ᠦᠢᠯᠡ | ᠠᠵᠢᠯᠯᠠᠭ᠎ᠠ ᠶᠢ ᠵᠠᠷᠯᠠᠵᠤ᠂ ᠲᠡᠳᠡᠨ ᠳᠤ 《 ᠴᠠᠭ ᠦᠶ᠎ᠡ ᠶᠢᠨ ᠦᠯᠢᠭᠡᠷ ᠵᠢᠱᠢᠶᠡᠴᠢ 》 ᠴᠤᠯᠠ ᠤᠯᠭᠤᠵᠤ᠂ | ᠨᠠᠶᠢᠭᠡᠮ ᠲᠠᠶᠠᠭᠠᠷ ᠪᠠᠷ ᠢᠶᠠᠨ ᠲᠡᠳᠡᠨᠨ ᠠᠴᠠ ᠲᠠᠭᠠᠨ ᠰᠤᠷᠤᠯᠴᠠᠬᠤ ᠶᠢ ᠤᠷᠢᠶᠠᠯᠠᠪᠠ᠃ | ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠭᠴᠢᠳ ᠤᠨ ᠬᠠᠮᠳᠤ ᠴᠤᠭᠴᠠ | ᠪᠣᠯ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠭᠴᠢᠳ ᠤᠨ ᠭᠠᠷᠮᠠᠭᠠᠢ ᠲᠥᠯᠥᠭᠡᠯᠡᠭᠴᠢ ᠮᠦᠨ᠂ | ᠰᠢᠶᠠᠩᠭᠠᠩ ᠤᠨ ᠤᠰᠤ ᠬᠠᠩᠭᠠᠬᠤ ᠠᠮᠢ ᠨᠠᠰᠤᠨ ᠤ ᠱᠤᠭᠤᠮ ᠢ ᠰᠠᠬᠢᠨ ᠬᠠᠮᠠᠭᠠᠯᠠᠬᠤ ᠢᠷᠠᠭᠤ ᠠᠯᠳᠠᠷᠲᠤ ᠪᠦᠯᠬᠦᠮ | ᠨᠢᠭᠡᠴᠢ ᠮᠥᠨ᠂ ᠰᠢᠶᠠᠩᠭᠠᠩ ᠤᠨ ᠤᠷᠲᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ | ᠬᠠᠮᠠᠭᠠᠯᠠᠬᠤ ᠴᠢᠬᠤᠯᠠ ᠬᠤᠪᠢ ᠨᠡᠮᠡᠷᠢ ᠦᠵᠡᠭᠦᠯᠦᠭᠴᠢ ᠮᠥᠨ᠂ ᠨᠠᠮ ᠤᠨ ᠦᠩᠭᠡ ᠭᠡᠷᠡᠯᠳᠦ ᠤᠯᠠᠮᠵᠢᠯᠠᠯᠪᠠ | ᠰᠢᠯᠢᠳᠡᠭ ᠰᠤᠷᠳᠠᠯ ᠤᠨ ᠭᠤᠶᠢᠪᠢᠰᠢ ᠦᠭᠡᠢ ᠤᠯᠠᠮᠵᠢᠯᠠᠨ ᠵᠠᠯᠭᠠᠮᠵᠢᠯᠠᠭᠴᠢ ᠮᠦᠨ᠃ ᠳ᠋ᠦᠩ ᠱᠧᠨ ᠤᠰᠤ ᠬᠠᠩᠭᠠᠬᠤ | ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ ᠬᠠᠮᠳᠤ ᠴᠤᠭᠴᠠ ᠶᠢᠨ ᠰᠡᠳᠬᠢᠯ ᠬᠦᠳᠡᠯᠭᠡᠮ᠎ᠡ ᠦᠢᠯᠡ | ᠠᠵᠢᠯᠯᠠᠭ᠎ᠠ ᠪᠤᠯᠤᠨ ᠡᠷᠬᠢᠮ ᠲᠡᠭᠡᠳᠦ ᠵᠤᠷᠢᠭ ᠰᠠᠨᠠᠭ᠎ᠠ ᠶᠢ ᠦᠷᠭᠡᠨ ᠢᠶᠠᠷ ᠤᠬᠠᠭᠤᠯᠵᠤ᠂ ᠶᠡᠬᠡᠪᠡᠷ ᠲᠡᠯᠭᠡᠷᠡᠬᠦᠯᠵᠦ᠂ | ᠤᠰᠤᠨ ᠠᠰᠢᠭᠯᠠᠯᠲᠠ ᠶᠢᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠤ ᠲᠡᠷᠢᠭᠦᠨ ᠤ ᠬᠢ ᠠᠴᠠ | ᠰᠤᠷᠤᠯᠴᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ | ᠵᠢᠳᠬᠦᠬᠦ ᠶᠢ ᠬᠥᠲᠥᠯᠦᠨ ᠵᠢᠯᠤᠭᠤᠳᠴᠤ᠂ ᠰᠢᠨ᠎ᠡ ᠱᠠᠲᠤᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠳᠠᠷᠠᠭᠤᠯᠬᠤ ᠶᠢᠨ ᠲᠦᠯᠦᠭᠡ᠂ ᠤᠰᠤᠨ | ᠠᠰᠢᠭᠯᠠᠯᠲᠠ ᠶᠢᠨ ᠶᠠᠮᠤᠨ ᠠᠴᠠ ᠪᠦᠬᠦ ᠤᠯᠤᠰ ᠤᠨ ᠤᠰᠤᠨ ᠠᠰᠢᠭᠯᠠᠯᠳᠠ ᠶᠢᠨ ᠰᠢᠰᠲ᠋ᠧᠮ ᠳᠤ《 ᠴᠠᠭ ᠦᠶ᠎ᠡ | ᠶᠢᠨ ᠦᠯᠢᠭᠡᠷ ᠵᠢᠱᠢᠶᠡᠴᠢ》 ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ | ᠬᠠᠮᠳᠤ ᠴᠤᠭᠴᠠ ᠠᠴᠠ ᠲᠠᠭᠠᠨ ᠰᠤᠷᠤᠯᠴᠠᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠬᠦ ᠰᠢᠢᠳᠪᠤᠷᠢ ᠭᠠᠷᠭᠠᠵᠠᠢ᠃ | ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ ᠬᠠᠮᠳᠤ ᠴᠤᠭᠴᠠ | ᠠᠴᠠ ᠲᠠᠭᠠᠨ ᠰᠤᠷᠤᠯᠴᠠᠬᠤ ᠪᠤᠯ ᠲᠠᠷᠤᠢ ᠲᠡᠳᠡᠨ ᠤ ᠡᠬᠡ ᠤᠯᠤᠰ ᠲᠠᠭᠠᠨ ᠦᠨᠡᠨᠴᠢ ᠰᠢᠳᠤᠷᠭᠤ᠂ ᠠᠬᠠᠨ ᠲᠡᠬᠦᠤᠰ | ᠢᠶᠠᠨ ᠬᠠᠯᠠᠮᠵᠢᠯᠠᠬᠤ ᠤᠯᠤᠰ ᠤᠷᠤᠨ ᠢᠶᠠᠷ ᠭᠡᠬᠦ ᠰᠡᠳᠬᠢᠯᠭᠡ ᠶᠢ ᠰᠤᠷᠤᠯᠴᠠᠬᠤ ᠶᠠᠪᠤᠳᠠᠯ ᠪᠤᠯᠤᠨ᠎ᠠ᠃ 1963 | ᠣᠨ ᠳᠤ᠂ ᠰᠢᠶᠠᠩᠭᠠᠩ ᠳᠤ ᠤᠶᠢᠷ᠎ᠠ ᠶᠢᠨ ᠵᠠᠭᠤ ᠰᠢᠬᠠᠮ ᠵᠢᠯ ᠤᠨ ᠲᠤᠷᠰᠢᠬᠢ ᠬᠠᠮᠤᠭ ᠤᠨ ᠬᠦᠨᠳᠦ ᠨᠣᠴᠢᠲᠠᠢ | ᠤᠰᠤᠨ ᠤ ᠭᠠᠴᠢᠭ ᠲᠤ ᠲᠤᠯᠭᠠᠷᠠᠭᠰᠠᠨ ᠨᠢ ᠲᠥᠪ ᠬᠤᠷᠢᠶᠠᠨ ᠤ ᠲᠡᠭᠡᠳᠦ ᠬᠡᠮᠵᠢᠶᠡᠨ ᠤ ᠠᠩᠬᠠᠷᠤᠯ ᠢ ᠲᠠᠳᠠᠵᠤ᠂ | ᠶᠡᠷᠦᠩᠬᠡᠢ ᠰᠠᠶᠢᠳ ᠵᠸᠤ ᠡᠸ᠋ᠨ ᠯᠠᠢ ᠶᠢᠨ ᠤᠨᠴᠠ ᠴᠤᠬᠤᠯᠠᠪᠤᠷᠢ ᠪᠠᠷ ᠲᠠᠮᠵᠢᠨ᠂ ᠨᠠᠮ ᠤᠨ ᠲᠦᠪ ᠤᠨ ᠡᠳ᠋ ᠤᠨ | ᠵᠠᠰᠠᠭ ᠠᠴᠠ 3800 ᠲᠦᠮᠡᠨ ᠲᠥᠭᠦᠷᠢᠭ ᠪᠡᠯᠡ ᠭᠠᠷᠭᠠᠵᠤ ᠳ᠋ᠦᠩ ᠱᠧᠨ ᠤᠰᠤ ᠬᠠᠩᠭᠠᠬᠤ ᠢᠨᠵᠧᠨᠧᠷᠢᠩ ᠢ | ᠪᠠᠶᠢᠭᠤᠯᠬᠤ ᠪᠠᠷ ᠲᠤᠭᠳᠠᠵᠤ᠂ ᠭᠤᠸᠠᠩᠳᠦ᠋ᠩ ᠮᠣᠵᠢ ᠠᠴᠠ ᠬᠠᠷᠢᠭᠤᠴᠠᠨ ᠵᠢᠷᠤᠭᠯᠠᠨ ᠲᠥᠯᠥᠪᠯᠡᠵᠦ ᠡᠬᠢᠯᠠᠨ | ᠠᠵᠢᠯᠯᠠᠪᠠ᠃ 1964 ᠣᠨ ᠤ 2 ᠳ᠋ᠤᠭᠠᠷ ᠰᠠᠷ᠎ᠠ ᠳᠤ᠂ ᠨᠠᠮ ᠤᠨ ᠭᠡᠰᠢᠬᠦᠨ ᠺᠠᠳ᠋ᠷ᠂ ᠰᠡᠬᠡᠭᠡᠲᠡᠨ᠂ ᠲᠠᠷᠢᠶᠠᠴᠢᠨ᠂ | ᠰᠤᠷᠤᠭᠴᠢ ᠵᠡᠷᠭᠡ ᠪᠠᠷ ᠪᠦᠷᠢᠯᠳᠦᠭᠰᠡᠨ ᠪᠦᠲᠦᠭᠡᠨ ᠪᠠᠶᠢᠭᠤᠯᠤᠭᠴᠢᠳ ᠤᠨ ᠶᠡᠭᠡ ᠡᠩᠨᠡᠭᠡ ᠰᠢᠶᠠᠩᠭᠠᠩ ᠤᠨ ᠠᠬᠠᠨ | ᠲᠡᠬᠦᠤᠰ ᠲᠤ ᠡᠷᠳᠡ ᠡᠳᠦᠷ ᠳ᠋ᠦᠩ ᠵᠢᠶᠠᠩ ᠤᠨ ᠤᠰᠤ ᠶᠢ ᠤᠤᠭᠤᠯᠭᠠᠬᠤ ᠲᠡᠶᠢᠯᠬᠦ ᠡᠯᠢᠭᠡᠨ ᠰᠠᠳᠤᠨᠰᠠᠯ ᠤᠨ | ᠬᠠᠯᠠᠭᠤᠨ ᠰᠡᠳᠬᠢᠯᠭᠡ ᠶᠢ ᠡᠪᠦᠷᠯᠡᠨ᠂ ᠲᠠᠷᠤᠶᠢᠬᠠᠨ ᠳ᠋ᠦᠩ ᠭᠤᠸᠠᠨ ᠪᠤᠯᠤᠨ ᠪᠤᠤ ᠠᠨ ︵ᠤᠳᠤ ᠶᠢᠨ ᠱᠧᠨᠵᠧᠨ︶ | ᠢᠶᠠᠷ ᠤᠷᠤᠰᠤᠨ ᠦᠩᠭᠡᠷᠡᠵᠦ ᠪᠠᠶᠢᠭ᠎ᠠ ᠱᠢ ᠮᠠ ᠾᠧ ᠭᠤᠤᠯ ᠤᠨ ᠬᠦᠪᠡᠭᠡᠨ ᠳᠤ ᠴᠤᠭᠯᠠᠷᠠᠨ ᠪᠠᠷᠢᠯᠭ᠎ᠠ ᠶᠢᠨ ᠠᠵᠢᠯ | ᠢᠶᠠᠨ ᠡᠬᠢᠯᠡᠬᠦᠯᠦᠭᠰᠡᠨ ᠪᠠᠶᠢᠨ᠎ᠠ᠃ 1965 ᠣᠨ ᠤ 3 ᠳ᠋ᠤᠭᠠᠷ ᠰᠠᠷ᠎ᠠ ᠳᠤ᠂ ᠳ᠋ᠦᠩ ᠱᠧᠨ ᠤᠰᠤ ᠬᠠᠩᠭᠠᠬᠤ | ᠢᠨᠵᠧᠨᠧᠷᠢᠩ ᠪᠠᠶᠢᠭᠤᠯᠤᠭᠳᠠᠬᠤ ᠶᠢᠨ ᠬᠠᠮᠳᠤ ᠵᠢᠩᠬᠢᠨᠢ ᠪᠠᠷ ᠤᠰᠤ ᠨᠡᠪᠳᠡᠷᠡᠪᠡ᠃ ᠲᠤᠰ ᠪᠠᠷᠢᠯᠭ᠎ᠠ ᠨᠢ 6 | ᠠᠭᠤᠯᠠ ᠶᠢ ᠳᠠᠪᠠᠵᠤ᠂ 8 ᠤᠰᠤ ᠲᠠᠲᠠᠬᠤ ᠥᠷᠲᠡᠭᠡ ᠪᠠᠷ ᠦᠩᠭᠡᠷᠡᠵᠦ᠂ ᠳ᠋ᠦᠩ ᠵᠢᠶᠠᠩ ᠤᠨ ᠤᠰᠤ ᠶᠢ ᠱᠢ ᠮᠠ | ᠾᠧ ᠭᠤᠣᠯ ᠳᠠᠭᠠᠤ ᠤᠷᠤᠰᠬᠠᠯ ᠰᠦᠷᠦᠨ ᠲᠠᠳᠠᠵᠤ᠂ ᠡᠴᠦᠰ ᠲᠡᠭᠡᠨ ᠱᠧᠨᠵᠧᠨ ᠤ ᠤᠰᠤᠨ ᠴᠦᠬᠦᠷᠦᠮ ᠳᠤ | ᠤᠷᠤᠰᠤᠨ ᠣᠷᠣᠵᠤ᠂ ᠲᠠᠬᠢᠨ ᠤᠰᠤ ᠳᠠᠮᠵᠢᠭᠤᠯᠬᠤ ᠬᠤᠭᠤᠯᠠᠢ ᠪᠠᠷ ᠲᠠᠮᠵᠢᠭᠤᠯᠤᠨ ᠰᠢᠶᠠᠩᠭᠠᠩ ᠤᠨ ᠤᠰᠤ | ᠬᠠᠩᠭᠠᠬᠤ ᠰᠢᠰᠲ᠋ᠧᠮ ᠳᠤ ᠣᠷᠣᠭᠤᠯᠪᠠ᠃ ᠳ᠋ᠦᠩ ᠵᠢᠶᠠᠩ ᠤᠨ ᠤᠰᠤ ᠨᠢ ᠡᠬᠡ ᠤᠯᠤᠰ ᠤᠨ ᠠᠷᠠᠳ ᠲᠦᠮᠡᠨ ᠤ | ᠴᠢᠰᠤ ᠮᠢᠬᠠᠨ ᠤ ᠪᠠᠷᠢᠯᠳᠤᠯᠭ᠎ᠠ ᠲᠠᠢ ᠭᠦᠨ ᠵᠤᠵᠠᠭᠠᠨ ᠨᠥᠬᠦᠷᠯᠡᠯ ᠢ ᠡᠪᠦᠷᠯᠡᠨ ᠰᠢᠶᠠᠩᠭᠠᠩ ᠳᠤ ᠤᠷᠤᠰᠤᠨ | ᠣᠷᠣᠵᠤ᠂ ᠰᠢᠶᠠᠩᠭᠠᠩ ᠤᠨ ᠤᠰᠤ ᠬᠦᠨᠳᠦ ᠨᠣᠴᠢᠲᠠᠢ ᠳᠤᠲᠠᠭᠳᠠᠵᠤ ᠪᠠᠶᠢᠭᠰᠠᠨ ᠲᠡᠦᠬᠡ ᠶᠢ ᠡᠴᠦᠰᠯᠡᠭᠦᠯᠵᠡᠢ᠃ | ᠳ᠋ᠦᠩ ᠵᠢᠶᠠᠩ ᠮᠥᠷᠡᠨ ᠤ ᠤᠰᠤᠨ ᠤ ᠬᠠᠩᠭᠠᠯᠭ᠎ᠠ ᠲᠤᠤᠷ᠎ᠠ ᠰᠢᠶᠠᠩᠭᠠᠩ ᠲᠦᠷᠭᠡᠨ ᠬᠦᠭᠵᠢᠯᠳᠡ ᠶᠢᠨ ᠰᠢᠵᠢᠷ | ᠠᠯᠲᠠᠨ ᠴᠠᠭ ᠦᠶ᠎ᠡ ᠳᠤ ᠤᠷᠤᠵᠤ᠂ ᠨᠢᠳᠦ ᠬᠢᠯᠪᠠᠮᠠ ︽ᠳᠣᠷᠣᠨᠠᠳᠠᠬᠢᠨ ᠤ ᠭᠡᠷᠡᠯᠲᠦ ᠰᠤᠪᠤᠳ︾ ᠪᠤᠯᠵᠤ | ᠬᠦᠭᠵᠢᠭᠰᠡᠨ ᠶᠤᠮ᠃ ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ ᠬᠠᠮᠳᠤ | ᠴᠤᠭᠴᠠ ᠠᠴᠠ ᠲᠠᠭᠠᠨ ᠰᠤᠷᠤᠯᠴᠠᠬᠤ ᠨᠢ ᠲᠡᠳᠡᠨ ᠲᠠᠢ ᠠᠳᠠᠯᠢ ᠪᠠᠷ ᠨᠠᠮ ᠪᠠ ᠤᠯᠤᠰ ᠤᠨ ᠬᠡᠷᠡᠭᠴᠡᠭᠡ ᠪᠠᠷ ᠦᠪᠡᠷ | ᠤᠨ ᠢᠶᠠᠨ ᠲᠡᠤᠬᠡᠳᠦ ᠡᠬᠦᠷᠭᠡ ᠪᠤᠯᠭᠠᠵᠤ᠂᠂ ᠤᠯᠤᠰ ᠭᠡᠷ ᠤᠨ ᠬᠠᠶᠢᠷ᠎ᠠ ᠰᠡᠳᠬᠢᠯᠭᠡ ᠢᠶᠠᠨ ᠵᠤᠵᠠᠭᠠᠳᠬᠠᠵᠤ᠂ | ᠬᠦᠰᠡᠯᠡᠩ ᠢᠳᠡᠭᠡᠯ ᠪᠢᠰᠢᠷᠡᠯ ᠢᠶᠠᠨ ᠪᠠᠲᠤ ᠪᠣᠯᠭᠠᠬᠤ᠂ ᠨᠠᠮ ᠤᠨ ᠲᠦᠯᠦᠭᠡ ᠰᠠᠨᠠᠭᠠᠰᠢᠷᠠᠨ᠂ ᠤᠯᠤᠰ ᠤᠨ ᠲᠦᠯᠦᠭᠡ | ᠬᠠᠷᠢᠭᠤᠴᠠᠯᠭ᠎ᠠ ᠪᠠᠨ ᠬᠦᠢᠴᠡᠳᠭᠡᠵᠦ᠂ ᠠᠷᠠᠳ ᠤᠨ ᠲᠥᠯᠥᠭᠡ ᠵᠢᠳᠬᠦᠬᠦ ᠪᠠᠷ ᠵᠤᠷᠢᠯᠳᠠ ᠪᠤᠯᠭᠠᠵᠤ᠂ ᠡᠬᠡ ᠤᠯᠤᠰ | ᠪᠣᠯᠤᠨ ᠠᠷᠠᠳ ᠲᠦᠮᠡᠨ ᠤ ᠬᠠᠮᠤᠭ ᠠᠴᠠ ᠬᠡᠷᠡᠭᠰᠡᠬᠦ ᠭᠠᠵᠠᠷ ᠲᠤ ᠬᠦᠷᠴᠦ ᠴᠢᠷᠮᠠᠶᠢᠨ ᠠᠵᠢᠯᠯᠠᠵᠤ᠂ ᠡᠭᠡᠯ ᠵᠢᠷ ᠤᠨ | ᠠᠵᠢᠯ ᠤᠨ ᠪᠠᠶᠢᠷᠢ ᠳᠡᠭᠡᠷ᠎ᠡ᠂ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠨᠡᠶᠢᠭᠡᠮ ᠵᠢᠷᠤᠮᠳᠤ | ᠤᠳᠤᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠬᠤ ᠳᠤ ᠤᠰᠤᠨ ᠠᠰᠢᠭᠯᠠᠯᠳᠠ ᠶᠢᠨ ᠬᠦᠴᠦᠨ ᠢᠶᠠᠷ ᠡᠷᠬᠦᠬᠦ | ᠶᠠᠪᠤᠳᠠᠯ ᠪᠤᠯᠤᠨ᠎ᠠ᠃ | ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ ᠬᠠᠮᠳᠤ ᠴᠤᠭᠴᠠ | ᠠᠴᠠ ᠲᠠᠭᠠᠨ ᠰᠤᠷᠤᠯᠴᠠᠬᠤ ᠪᠣᠯ ᠲᠡᠳᠡᠨ ᠤ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡ ᠶᠢ | ᠢᠯᠠᠨ ᠳᠠᠪᠠᠭ᠋ᠤ ᠳᠠᠷᠬᠠᠨ ᠡᠭᠦᠷᠭᠡ ᠶᠢ ᠡᠬᠦᠷᠭᠡᠯᠡᠬᠦ ᠶᠢ ᠰᠤᠷᠤᠯᠴᠠᠬᠤ ᠶᠠᠪᠤᠳᠠᠯ ᠪᠣᠯᠤᠨ᠎ᠠ᠃ ᠤᠯᠤᠰ ᠤᠨ ᠠᠵᠤ | ᠠᠬᠤᠢ ᠬᠦᠴᠢᠷᠳᠡᠯ ᠳᠤ ᠲᠤᠯᠭᠠᠷᠠᠵᠤ᠂ ᠠᠵᠤ ᠦᠢᠯᠡᠳᠪᠤᠷᠢ ᠶᠢᠨ ᠰᠠᠭᠤᠷᠢ ᠨᠢᠮᠭᠡᠨ ᠪᠠᠶᠢᠭᠰᠠᠨ ᠪᠤᠳᠠᠳᠤ ᠨᠦᠬᠦᠴᠡᠯ | ᠲᠤᠤᠷ᠎ᠠ᠂ ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠬᠤᠪᠢᠰᠬᠠᠯᠳᠤ | ᠪᠠᠶᠠᠰᠤᠩᠭᠤᠢ ᠦᠵᠡᠯ ᠤᠨ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠠᠷᠢᠯᠭ᠎ᠠ ᠶᠢᠨ ᠲᠤᠨᠤᠭ ᠲᠦᠬᠦᠭᠡᠷᠦᠮᠵᠢ | ᠨᠤᠴᠢᠳᠠᠢ ᠬᠤᠴᠤᠷᠤᠩᠭᠤᠢ ᠪᠠᠶᠢᠬᠤ ᠵᠡᠷᠭᠡ ᠲᠠᠪᠬᠤᠷ ᠲᠠᠪᠬᠤᠷ ᠬᠦᠴᠢᠷᠳᠡᠯ ᠪᠠ 5 ᠤᠳᠠᠭᠠᠨ ᠤ ᠲᠤᠭᠰᠢᠨ | ᠲᠠᠶᠢᠹᠧᠩ ᠰᠠᠯᠬᠢᠨ ᠤ ᠲᠠᠭᠠᠷᠢᠯᠳᠠ ᠵᠡᠷᠭᠡ ᠲᠤᠮᠤ ᠦᠷᠢᠰᠦᠯᠳᠦᠭᠡᠨ ᠢ ᠢᠯᠠᠨ ᠲᠠᠪᠠᠵᠤ᠂ ᠵᠠᠪᠠᠯ ᠢᠯᠠᠬᠤ ᠢᠳᠡᠭᠡᠯ | ᠪᠢᠰᠢᠷᠡᠯ᠂ ᠬᠠᠳᠠᠭᠤ ᠴᠢᠩᠭ᠎ᠠ ᠲᠡᠪᠴᠢᠶᠡᠷᠢ ᠵᠤᠷᠢᠭ ᠢᠶᠠᠷ ᠬᠦᠮᠦᠨ ᠤ ᠬᠦᠴᠦ ᠪᠠᠷ ᠮᠠᠯᠳᠠᠬᠤ᠂ ᠦᠪᠡᠰᠦᠪᠡᠨ ᠡᠬᠦᠷᠴᠦ | ᠵᠦᠭᠡᠭᠡᠬᠦ ᠵᠡᠷᠭᠡ ᠬᠡᠯᠪᠡᠷᠢ ᠪᠠᠷ ᠱᠢ ᠮᠠ ᠾᠧ ᠭᠤᠤᠯ ᠲᠠᠭᠠᠤ ᠠᠭᠤᠯᠠ ᠶᠢ ᠨᠡᠭᠡᠭᠡᠨ ᠲᠠᠪᠠᠭ᠎ᠠ ᠶᠢ ᠲᠠᠪᠠᠵᠤ᠂ ᠠᠭᠤᠢ | ᠬᠦᠨᠳᠡᠶᠢᠯᠡᠵᠦ ᠬᠦᠬᠦᠷᠭᠡ ᠪᠤᠰᠬᠠᠨ᠂ ᠬᠠᠰᠢᠯᠭ᠎ᠠ ᠰᠡᠯᠪᠢᠵᠦ ᠬᠠᠭᠠᠯᠳᠠ ᠪᠠᠶᠢᠭᠤᠯᠤᠨ᠂ ᠵᠦᠪᠬᠡᠨ ᠨᠢᠭᠡ ᠵᠢᠯ ᠤᠨ | ᠬᠤᠭᠤᠴᠠᠭ᠎ᠠ ᠬᠡᠷᠡᠭᠯᠡᠨ 6 ᠰᠠᠭᠤᠷᠢ ᠭᠤᠤᠯ ᠤᠨ ᠬᠠᠰᠢᠯᠭ᠎ᠠ᠂ 8 ᠲᠡᠭᠳᠡᠷᠯᠢᠭ ᠤᠰᠤ ᠳᠠᠳᠠᠬᠤ ᠦᠷᠳᠡᠭᠡ᠂ 17 | ᠲᠤᠮᠤ ᠬᠡᠯᠪᠡᠷᠢ ᠶᠢᠨ ᠮᠧᠬᠠᠨᠢᠭ ᠬᠠᠭᠠᠯᠳᠠ ᠪᠠᠶᠢᠭᠤᠯᠤᠨ᠂ ᠳ᠋ᠦᠩ ᠵᠢᠶᠠᠩ ᠮᠦᠷᠡᠨ ᠤ ᠤᠰᠤ ᠶᠢ ᠲᠠᠯᠠᠢ ᠶᠢᠨ | ᠲᠦᠪᠰᠢᠨ ᠠᠴᠠ ᠲᠡᠭᠡᠭᠰᠢ 2 ᠮᠧᠲᠷ ᠪᠠᠶᠢᠭᠰᠠᠨ ᠠᠴᠠ 46 ᠮᠧᠲᠷ ᠪᠤᠯᠭᠠᠨ ᠦᠰᠭᠡᠵᠦ᠂ ᠬᠠᠮᠤᠭ ᠡᠴᠦᠰ ᠲᠤ | ᠨᠢ《 ᠦᠨᠳᠦᠷ ᠠᠭᠤᠯᠠ ᠶᠢ ᠮᠡᠬᠦᠶᠢᠯᠭᠡᠵᠦ᠂ ᠮᠦᠷᠡᠨ ᠤ ᠤᠷᠤᠰᠬᠠᠯ ᠢ ᠦᠭᠰᠦᠨ ᠤᠷᠤᠰᠬᠠᠵᠤ》᠂ ᠰᠠᠨᠠᠰᠢ | ᠦᠭᠡᠢ ᠬᠦᠨᠳᠦᠦ ᠪᠡᠷᠬᠡ ᠡᠬᠦᠷᠭᠡ ᠶᠢ ᠪᠡᠶᠡᠯᠡᠬᠦᠯᠵᠦ᠂ ᠤᠰᠤ ᠬᠠᠩᠭᠠᠬᠤ ᠢᠨᠵᠧᠨᠧᠷᠢᠩ ᠤᠨ ᠪᠠᠷᠢᠯᠭ᠎ᠠ ᠶᠢᠨ | ᠭᠠᠶᠢᠬᠠᠮᠰᠢᠭ ᠢ ᠡᠬᠦᠳᠦᠭᠰᠡᠨ ᠪᠠᠶᠢᠨ᠎ᠠ᠃ ᠡᠬᠦᠨ ᠠᠴᠠ ᠳᠠᠷᠠᠭ᠎ᠠ ᠨᠢ ᠳ᠋ᠦᠩ ᠱᠧᠨ ᠤᠰᠤ ᠬᠠᠩᠭᠠᠬᠤ ᠢᠨᠵᠧᠨᠧᠷᠢᠩ | ᠢ ᠳᠠᠬᠢᠨ ᠭᠤᠷᠪᠠ ᠤᠳᠠᠭ᠎ᠠ ᠥᠷᠭᠡᠳᠬᠡᠨ ᠪᠠᠶᠢᠭᠤᠯᠵᠤ᠂ ᠨᠢᠭᠡ ᠤᠳᠠᠭ᠎ᠠ ᠦᠭᠡᠷᠡᠴᠢᠯᠡᠨ ᠰᠠᠶᠢᠵᠢᠷᠠᠭᠤᠯᠵᠤ᠂ | ᠥᠭᠡᠷᠡᠴᠢᠯᠡᠨ ᠪᠠᠶᠢᠭᠤᠯᠬᠤ ᠶᠠᠪᠤᠴᠠ ᠳᠤ ᠲᠤᠬᠠᠢ ᠶᠢᠨ ᠦᠶ᠎ᠡ ᠶᠢᠨ 4 ᠲᠥᠷᠥᠯ ᠤᠨ ᠳᠡᠯᠡᠬᠡᠢ ᠶᠢᠨ ᠬᠠᠮᠤᠭ ᠢ | ᠪᠦᠲᠦᠭᠡᠵᠡᠢ᠃ ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ ᠬᠠᠮᠳᠤ | ᠴᠤᠭᠴᠠ ᠠᠴᠠ ᠲᠠᠭᠠᠨ ᠰᠤᠷᠤᠯᠴᠠᠬᠤ ᠨᠢ ᠲᠠᠷᠤᠢ ᠲᠡᠳᠡᠨ ᠲᠠᠢ ᠠᠳᠠᠯᠢ ᠪᠠᠷ ᠢᠮᠠᠭᠲᠠ ︽ᠬᠤᠪᠢᠰᠬᠠᠯ ᠤᠨ | ᠬᠦᠰᠡᠯᠡᠩ ᠲᠡᠭᠷᠢ ᠠᠴᠠ ᠥᠨᠳᠥᠷ ᠪᠠᠶᠢᠳᠠᠭ︾ ᠢ ᠪᠠᠷᠢᠮᠲᠠᠯᠠᠵᠤ᠂ ᠬᠦᠴᠢᠷ ᠪᠡᠷᠬᠡ ᠶᠢ ᠰᠥᠷᠦᠨ ᠤᠷᠤᠭᠰᠢᠯᠠᠵᠤ᠂ | ᠴᠤᠴᠠᠯᠲᠠ ᠦᠭᠡᠢ ᠵᠣᠷᠢᠭᠲᠠᠢ ᠪᠠᠷ ᠬᠦᠴᠢᠷ ᠪᠡᠷᠬᠡ ᠶᠢ ᠢᠯᠠᠨ ᠳᠠᠪᠠᠵᠤ᠂ ᠪᠠᠬᠢᠯᠡᠯᠲᠡ ᠡᠪᠳᠡᠬᠦ ᠲᠠᠶᠢᠯᠠᠯᠳᠤᠭᠠᠨ ᠢ | ᠵᠣᠷᠢᠭᠲᠠᠢ ᠪᠠᠷ ᠲᠡᠮᠡᠴᠡᠨ ᠬᠢᠵᠦ᠂ ︽ᠠᠮᠵᠢᠯᠲᠠ ᠣᠯᠬᠤ ᠨᠢ ᠨᠠᠳᠠᠳᠤ ᠪᠠᠶᠢᠬᠤ ᠴᠢᠬᠤᠯᠠ ᠦᠭᠡᠢ︾ ᠪᠠᠶᠢᠬᠤ ᠣᠶᠤᠨ | ᠰᠠᠨᠠᠭᠠᠨ ᠤ ᠪᠠᠶᠢᠳᠠᠯ ᠪᠠ ︽ᠠᠮᠵᠢᠯᠲᠠ ᠤᠯᠬᠤ ᠳᠤ ᠡᠷᠬᠡᠪᠰᠢ ᠪᠢ ᠪᠠᠶᠢᠬᠤ︾ ᠲᠡᠦᠬᠡ ᠶᠢᠨ ᠡᠭᠦᠷᠭᠡ | ᠬᠠᠷᠢᠭᠤᠴᠠᠯᠭ᠎ᠠ ᠪᠠᠷ ᠨᠠᠮ᠂ ᠠᠷᠠᠳ ᠲᠦᠮᠡᠨ᠂ ᠴᠠᠭ ᠦᠶ᠎ᠡ ᠳᠡᠭᠡᠨ ᠣᠰᠣᠯᠳᠠᠬᠤ ᠦᠭᠡᠢ ᠪᠠᠷ ᠴᠢᠷᠮᠠᠶᠢᠨ ᠠᠵᠢᠯᠯᠠᠵᠤ | ᠠᠮᠵᠢᠯᠳᠠ ᠭᠠᠷᠭᠠᠬᠤ ᠶᠠᠪᠤᠳᠠᠯ ᠪᠤᠯᠤᠨ᠎ᠠ᠃ | ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ ᠤᠨ ᠬᠠᠮᠳᠤ ᠴᠤᠭᠴᠠ | ᠠᠴᠠ ᠲᠠᠭᠠᠨ ᠰᠤᠷᠤᠯᠴᠠᠬᠤ ᠨᠢ ᠲᠠᠷᠤᠢ ᠲᠡᠳᠡᠨ ᠤ ᠲᠡᠳᠡᠨ ᠤ ᠰᠢᠷᠭᠠᠭᠤ ᠬᠠᠲᠠᠭᠤᠵᠢᠯᠲᠠᠢ ᠲᠡᠮᠡᠴᠡᠵᠦ᠂ ᠬᠦᠴᠦ ᠪᠠᠨ | ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠰᠤᠷᠤᠯᠴᠠᠬᠤ ᠶᠠᠪᠤᠳᠠᠯ ᠪᠤᠯᠤᠨ᠎ᠠ᠃ ᠳ᠋ᠦᠩ ᠱᠧᠨ ᠤᠰᠤ | ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠬᠢᠨ ᠤ ᠦᠶ᠎ᠡ ᠳᠤ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠮᠠᠰᠢ ᠬᠠᠲᠠᠭᠤᠵᠢᠯᠲᠠᠢ ᠪᠠᠶᠢᠪᠠ᠃ ᠵᠢᠷᠤᠵᠤ ᠲᠥᠯᠥᠪᠯᠡᠬᠦ ᠬᠠᠮᠢᠶᠠᠷᠤᠯᠳᠠ ᠶᠢᠨ ᠠᠵᠢᠯᠳᠠᠨ | ᠠᠴᠠ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠠᠵᠢᠯᠳᠠᠨ ᠴᠤ ᠭᠡᠰᠡᠨ ᠦᠭᠡᠢ ᠴᠦᠮ ᠬᠤᠯᠤᠰᠤ ᠪᠠᠷ ᠪᠣᠯᠤᠨ ᠯᠢᠴᠢᠩ | ᠴᠠᠭᠠᠰᠤ ᠪᠠᠷ ᠪᠠᠷᠢᠭᠰᠠᠨ ᠰᠠᠷᠠᠪᠴᠢᠨ ᠳᠤ ᠢᠳᠡᠵᠦ ᠤᠤᠭᠤᠨ ᠬᠤᠨᠤᠵᠤ ᠬᠡᠪᠳᠡᠵᠦ᠂ ᠰᠦᠨᠢ ᠨᠢ ᠲᠤᠤᠷ᠎ᠠ ᠪᠠᠨ | ᠡᠪᠡᠰᠦ ᠲᠡᠪᠢᠰᠴᠦ ᠬᠤᠨᠤᠭᠯᠠᠳᠠᠭ᠃ ᠭᠠᠳᠠᠨ᠎ᠠ ᠶᠡᠭᠡ ᠪᠣᠷᠣᠭᠠᠨ ᠤᠷᠤᠪᠠᠯ᠂ ᠭᠡᠷ ᠳᠣᠲᠣᠷ᠎ᠠ ᠪᠠᠭ᠎ᠠ ᠪᠣᠷᠣᠭᠠᠨ | ᠣᠷᠣᠵᠤ᠂ ᠵᠠᠷᠢᠮ ᠳᠠᠭᠠᠨ ᠲᠠᠶᠢᠹᠧᠩ ᠰᠠᠯᠬᠢ ᠬᠦᠷᠴᠦ ᠢᠷᠡᠭᠡᠳ ᠰᠠᠷᠠᠪᠴᠢᠨ ᠳᠡᠭᠡᠪᠦᠷ ᠢ ᠬᠦᠷᠲᠡᠯ᠎ᠡ ᠬᠥᠷᠪᠡᠭᠦᠯᠵᠦ | ᠪᠠᠶᠢᠳᠠᠭ᠃ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠨᠢ ᠴᠦ ᠮᠠᠰᠢ ᠬᠤᠴᠣᠷᠤᠩᠭᠤᠢ ᠪᠠᠶᠢᠵᠤ᠂ ᠮᠠᠰᠢ | ᠣᠯᠠᠨ ᠠᠵᠢᠯ ᠤᠨ ᠳᠠᠷᠠᠭᠠᠯᠠᠯ ᠢ ᠪᠦᠷ ᠬᠥᠮᠦᠨ ᠤ ᠬᠦᠴᠦ ᠪᠠᠷ ᠬᠢᠵᠦ ᠪᠠᠶᠢᠳᠠᠭ᠃ ᠪᠦᠲᠦᠭᠡᠨ ᠪᠠᠶᠢᠭᠤᠯᠤᠭᠴᠢᠳ | ᠴᠤ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠶᠠᠮᠠᠷ ᠴᠤ | ᠨᠥᠬᠦᠴᠡᠯ ᠳᠤᠷᠠᠳᠬᠤ ᠦᠭᠡᠢ᠂ ᠶᠠᠮᠠᠷ ᠴᠤ ᠬᠥᠯᠥᠰᠥ ᠣᠯᠭᠤᠮᠵᠢ ᠬᠦᠰᠡᠬᠦ ᠦᠭᠡᠢ ᠪᠠᠶᠢᠳᠠᠯ ᠳᠣᠣᠷ᠎ᠠ ᠮᠥᠨ ᠯᠡ | ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠡᠷᠴᠢ ᠵᠣᠷᠢᠭ ᠢᠶᠠᠨ ᠬᠥᠪᠴᠢᠯᠡᠨ ᠰᠢᠷᠭᠠᠭᠤ ᠬᠠᠲᠠᠭᠤᠵᠢᠯᠲᠠᠢ ᠪᠠᠷ | ᠲᠡᠮᠡᠴᠡᠵᠦ᠂ ᠬᠠᠷᠠᠮ ᠦᠭᠡᠢ ᠵᠣᠷᠢᠭᠤᠯᠤᠯᠲᠠ ᠪᠠᠷ ᠰᠢᠶᠠᠩᠭᠠᠩ ᠤᠨ ᠤᠰᠤ ᠬᠠᠩᠭᠠᠬᠤ ᠠᠮᠢ ᠨᠠᠰᠤᠨ ᠤ ᠱᠤᠭᠤᠮ ᠢ | ᠪᠣᠢ ᠪᠣᠯᠭᠠᠭᠰᠠᠨ ᠪᠠᠶᠢᠨ᠎ᠠ᠃ ᠬᠠᠭᠠᠰ ᠭᠠᠷᠤᠢ ᠵᠠᠭᠤᠨ ᠤ ᠲᠤᠷᠰᠢ᠂ ᠤᠷᠢᠳ ᠬᠤᠵᠢᠳ 3 ᠲᠦᠮᠡ ᠭᠠᠷᠤᠢ ᠬᠠᠶᠢᠨᠨ | ᠬᠡᠮᠵᠢᠬᠦ᠂ ᠵᠢᠷᠤᠭ ᠲᠥᠰᠦᠯ ᠪᠠ ᠪᠠᠷᠢᠯᠭ᠎ᠠ ᠶᠢᠨ ᠠᠵᠢᠯᠴᠢᠳ ᠳ᠋ᠦᠩ ᠱᠧᠨ ᠤᠰᠤ ᠬᠠᠩᠭᠠᠬᠤ ᠢᠨᠵᠧᠨᠧᠷᠢᠩ ᠤᠨ | ᠪᠦᠳᠦᠭᠡᠨ ᠪᠠᠶᠢᠭᠤᠯᠤᠯᠳᠠ ᠳᠤ ᠤᠷᠤᠯᠴᠠᠵᠤ᠂ ᠣᠳᠣ ᠪᠠᠷ ᠮᠥᠨ 500 ᠭᠠᠷᠤᠢ ᠢᠨᠵᠧᠨᠧᠷᠢᠩ ᠤᠨ ᠮᠡᠷᠭᠡᠵᠢᠯ ᠪᠠ | ᠬᠠᠮᠢᠶᠠᠷᠤᠯᠳᠠ ᠶᠢᠨ ᠠᠵᠢᠯᠳᠠᠳ ᠤᠰᠤ ᠬᠠᠩᠭᠠᠬᠤ ᠢᠨᠵᠧᠨᠧᠷᠢᠩ ᠤᠨ ᠡᠳᠦᠷ ᠳᠣᠳᠣᠮ ᠤᠨ ᠠᠵᠢᠯᠯᠠᠭᠠᠨ ᠤ | ᠬᠠᠮᠠᠭᠠᠯᠠᠯᠲᠠ ᠬᠠᠮᠢᠶᠠᠷᠤᠯᠳᠠ ᠶᠢ ᠬᠠᠷᠢᠭᠤᠴᠠᠵᠤ ᠪᠤᠢ᠃ ᠦᠶ᠎ᠡ ᠦᠶ᠎ᠡ ᠶᠢᠨ ᠪᠦᠲᠦᠭᠡᠨ ᠪᠠᠶᠢᠭᠤᠯᠤᠭᠴᠢᠳ ᠰᠢᠷᠭᠠᠭᠤ | ᠬᠠᠲᠠᠭᠤᠵᠢᠯᠲᠠᠢ ᠲᠡᠮᠡᠴᠡᠬᠦ ᠪᠤᠤᠬᠢᠶ᠎ᠠ ᠮᠣᠳᠣ ᠶᠢ ᠲᠣᠰᠣᠨ ᠠᠪᠴᠤ᠂ ᠰᠢᠷᠭᠠᠭᠤ ᠬᠢᠴᠢᠶᠡᠩᠭᠦᠢ ᠪᠠᠷ ᠶᠡᠷᠦ ᠪᠤᠰᠤ ᠶᠢᠨ | ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠤᠷᠲᠤ ᠬᠤᠭᠤᠴᠠᠭᠠᠨ ᠤ ᠠᠮᠤᠷ ᠲᠦᠪᠰᠢᠨ ᠤᠰᠤᠨ ᠤ | ᠬᠠᠩᠭᠠᠯᠭ᠎ᠠ ᠬᠡᠷᠡᠭᠴᠡᠭᠡ ᠶᠢ ᠪᠠᠲᠤᠯᠠᠵᠤ᠂ ᠰᠢᠶᠠᠩᠭᠠᠩ ᠤᠨ ᠠᠷᠠᠳ ᠤᠨ ᠠᠮᠢᠳᠤᠷᠠᠯ ᠤᠨ ᠪᠤᠶᠠᠨ ᠬᠡᠰᠢᠭ ᠪᠣᠯᠤᠨ | ᠬᠥᠭᠵᠢᠯ ᠤᠨ ᠲᠣᠭᠲᠠᠭᠤᠨ ᠪᠠᠶᠢᠳᠠᠯ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠭᠡᠷ ᠢᠷᠡᠪᠡ᠃ ᠳ᠋ᠦᠩ ᠱᠧᠨ | ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠬᠠᠮᠳᠤ ᠴᠤᠭᠴᠠ ᠠᠴᠠ ᠰᠤᠷᠤᠯᠴᠠᠬᠤ ᠨᠢ | ᠳᠠᠷᠤᠢ ᠲᠡᠳᠡ ᠰᠢᠭ᠋ ᠬᠠᠲᠠᠭᠤᠵᠢᠯᠲᠠᠢ ᠲᠡᠮᠡᠴᠡᠬᠦ ᠰᠢᠯᠢᠳᠡᠭ ᠤᠯᠠᠮᠵᠢᠯᠠᠯ ᠪᠣᠯᠤᠨ ᠬᠡᠪ ᠰᠤᠷᠲᠠᠯ ᠢ ᠵᠠᠯᠭᠠᠮᠵᠢᠯᠠᠨ | ᠪᠠᠳᠠᠷᠠᠭᠤᠯᠵᠤ᠂ ᠬᠦᠴᠢᠷ ᠢ ᠡᠮᠦᠨ᠎ᠡ ᠨᠢ ᠠᠮᠰᠠᠵᠤ ᠬᠠᠲᠠᠭᠤᠵᠢᠯᠲᠠᠢ ᠲᠡᠮᠡᠴᠡᠵᠦ᠂ ᠠᠷᠠᠳ ᠲᠦᠮᠡᠨ ᠤ ᠲᠥᠯᠥᠭᠡ | ᠴᠢᠷᠮᠠᠶᠢᠵᠤ᠂ ᠤᠯᠤᠰ ᠭᠡᠷ ᠤᠨ ᠲᠥᠯᠥᠭᠡ ᠬᠠᠷᠠᠮ ᠦᠭᠡᠢ ᠵᠣᠷᠢᠭᠤᠯᠬᠤ ᠡᠷᠬᠢᠮ ᠲᠡᠭᠡᠳᠦ ᠵᠤᠷᠢᠯᠳᠠ ᠪᠠ ᠦᠷᠳᠡᠭ | ᠤᠨ ᠬᠥᠭᠡᠭᠡᠴᠡᠯᠳᠦᠯ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠤᠷᠠᠳᠠᠶ᠎ᠠ ᠵᠢᠳᠬᠦᠯ ᠭᠠᠷᠭᠠᠵᠤ᠂ ᠰᠢᠨ᠎ᠡ | ᠱᠠᠲᠤᠨ ᠤ ᠤᠰᠤᠨ ᠠᠰᠢᠭᠯᠠᠯᠲᠠ ᠶᠢᠨ ᠴᠢᠨᠠᠷ ᠰᠠᠶᠢᠳᠠᠢ ᠬᠥᠭᠵᠢᠯᠲᠡ ᠳᠤ ᠲᠡᠮᠡᠴᠡᠯ ᠤᠨ ᠪᠢᠴᠢᠭᠯᠡᠯ ᠪᠢᠴᠢᠭᠯᠡᠵᠦ᠂ | ᠬᠦᠮᠦᠨ ᠤ ᠠᠮᠢᠳᠤᠷᠠᠯ ᠤᠨ ᠦᠨ᠎ᠡ ᠦᠷᠲᠡᠭ ᠢᠶᠠᠨ ᠪᠡᠶᠡᠯᠡᠬᠦᠯᠬᠦ ᠶᠠᠪᠤᠳᠠᠯ ᠪᠤᠯᠤᠨ᠎ᠠ᠃ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠰᠢᠨ᠎ᠡ ᠱᠠᠲᠤᠨ ᠳᠠᠬᠢ ᠤᠰᠤᠨ | ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠪᠠ ᠯᠠᠪᠳᠠᠭᠤᠨ | ᠪᠠᠲᠤᠲᠠᠢ ᠪᠠᠷ ᠲᠦᠯᠬᠢᠨ ᠠᠬᠢᠭᠤᠯᠬᠤ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ ᠪᠣᠯᠬᠤᠷ ᠨᠢᠭᠡ ᠪᠦᠯᠦᠭ ᠳ᠋ᠦᠩ | ᠱᠧᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠭᠴᠢ ᠰᠢᠭ᠋ ᠲᠡᠷᠢᠭᠦᠨ ᠤ ᠨᠡᠶᠢᠲᠡᠯᠢᠭ ᠵᠢᠱᠢᠶ᠎ᠡ ᠶᠢ | ᠪᠠᠴᠢᠮ ᠱᠠᠭᠠᠷᠳᠠᠵᠤ᠂ ᠬᠥᠲᠥᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠬᠦᠴᠦᠷᠬᠡᠭ ᠶᠡᠭᠡ ᠣᠶᠤᠨ | ᠰᠠᠨᠠᠭᠠᠨ ᠤ ᠬᠥᠳᠡᠯᠭᠡᠬᠦ ᠬᠦᠴᠦᠨ ᠢ ᠬᠥᠭᠵᠢᠭᠡᠬᠦ ᠶᠠᠪᠤᠳᠠᠯ ᠪᠤᠯᠤᠨ᠎ᠠ᠃ ᠪᠦᠬᠦ ᠤᠯᠤᠰ ᠤᠨ ᠤᠰᠤᠨ | ᠠᠰᠢᠭᠯᠠᠯᠲᠠ ᠶᠢᠨ ᠰᠢᠰᠲ᠋ᠧᠮ ᠤᠨ ᠬᠢᠨ 《ᠴᠠᠭ ᠦᠶ᠎ᠡ ᠶᠢᠨ ᠦᠯᠢᠭᠡᠷ ᠵᠢᠱᠢᠶᠡᠴᠢ》 ᠳ᠋ᠦᠩ ᠱᠧᠨ ᠤᠰᠤ | ᠬᠠᠩᠭᠠᠬᠤ ᠢᠨᠵᠧᠨᠧᠷᠢᠩ ᠢ ᠪᠦᠲᠦᠭᠡᠨ ᠪᠠᠶᠢᠭᠤᠯᠤᠭᠰᠠᠳ ᠤᠨ ᠬᠠᠮᠳᠤ ᠴᠤᠭᠴᠠ ᠠᠴᠠ ᠲᠠᠭᠠᠨ ᠰᠤᠷᠤᠯᠴᠠᠬᠤ ᠶᠢ | ᠨᠢᠭᠡᠨ ᠴᠢᠬᠤᠯᠠ ᠡᠬᠦᠷᠭᠡ ᠪᠠᠨ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠰᠤ ᠵᠠᠰᠠᠬᠤ ᠲᠤᠬᠠᠢ | ᠴᠢᠬᠤᠯᠠ ᠶᠠᠷᠢᠶ᠎ᠠ ᠢᠯᠡᠳᠬᠡᠯ ᠤᠨ ᠵᠣᠷᠢᠭ ᠰᠠᠨᠠᠭ᠎ᠠ ᠶᠢ ᠭᠦᠨᠵᠡᠭᠡᠢ ᠲᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠨᠠᠮ ᠤᠨ ᠲᠡᠦᠬᠡ | ᠶᠢᠨ ᠰᠤᠷᠤᠯᠴᠠᠯᠭ᠎ᠠ ᠬᠦᠮᠦᠵᠢᠯ ᠢ ᠯᠠᠪᠳᠠᠭᠤᠨ ᠦᠷᠨᠢᠬᠦᠯᠬᠦ ᠲᠠᠢ ᠤᠶᠠᠯᠳᠤᠭᠤᠯᠤᠨ᠂ ᠤᠰᠤᠨ ᠠᠰᠢᠭᠯᠠᠯᠳᠠ ᠶᠢᠨ | ᠡᠯ᠎ᠡ ᠲᠦᠷᠦᠯ ᠤᠨ ᠠᠵᠢᠯ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠨᠠᠷᠢᠯᠢᠭ ᠵᠤᠬᠢᠶᠠᠨ ᠪᠠᠶᠢᠭᠤᠯᠵᠤ᠂ | ᠨᠢᠭᠳᠠ ᠪᠠᠶᠢᠷᠢᠯᠠᠭᠤᠯᠵᠤ᠂ ᠤᠰᠤᠨ ᠠᠰᠢᠭᠯᠠᠯᠳᠠ ᠶᠢᠨ ᠰᠢᠰᠲ᠋ᠧᠮ ᠤᠨ ᠦᠷᠭᠡᠨ ᠤᠯᠠᠨ ᠺᠠᠳ᠋ᠷ ᠠᠵᠢᠯᠳᠠᠳ ᠤᠨ | ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ ᠰᠢᠷᠭᠠᠭᠤ ᠲᠡᠮᠡᠴᠡᠬᠦ ᠵᠤᠷᠢᠭ ᠰᠠᠨᠠᠭ᠎ᠠ ᠶᠢ ᠬᠦᠮᠦᠵᠢᠬᠦᠯᠦᠨ | ᠵᠢᠯᠤᠭᠤᠳᠴᠤ᠂ ᠠᠵᠢᠯ ᠬᠢᠵᠦ ᠦᠢᠯᠡᠰ ᠪᠤᠰᠬᠠᠬᠤ ᠴᠤᠭ ᠵᠤᠯᠪᠤᠭ᠎ᠠ ᠶᠢ ᠤᠯᠠᠮ ᠨᠢᠭᠡ ᠠᠯᠬᠤᠮ ᠲᠠᠶᠢᠴᠢᠯᠠᠨ᠂ | ᠠᠵᠢᠯ ᠤᠨ ᠪᠠᠶᠢᠷᠢᠨ ᠳᠠᠭᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠴᠢᠷᠮᠠᠶᠢᠨ ᠵᠢᠳᠬᠦᠵᠦ ᠰᠢᠯᠢᠳᠡᠭ | ᠠᠮᠵᠢᠯᠳᠠ ᠡᠬᠦᠳᠴᠦ᠂ ᠰᠢᠨ᠎ᠡ ᠱᠠᠳᠤᠨ ᠤ ᠤᠰᠤᠨ ᠠᠰᠢᠭᠯᠠᠯᠳᠠ ᠶᠢᠨ ᠴᠢᠨᠠᠷ ᠰᠠᠶᠢᠳᠠᠢ ᠬᠦᠭᠵᠢᠯᠳᠡ ᠶᠢ ᠴᠢᠷᠮᠠᠶᠢᠨ | ᠠᠬᠢᠭᠤᠯᠵᠤ᠂ ᠰᠢᠯᠢᠳᠡᠭ ᠬᠢᠷᠢ ᠪᠦᠳᠦᠮᠵᠢ ᠪᠠᠷ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ | ᠵᠠᠭᠤᠨ ᠵᠢᠯ ᠤᠨ ᠤᠢ ᠶᠢ ᠪᠡᠯᠭᠡᠯᠡᠶ᠎ᠡ᠃ |