ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ ᠤᠨ ᠬᠦᠷᠰᠢᠯᠡᠵᠦ  ᠲᠤᠭᠤᠯᠬᠤ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/5/27
      ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ  ᠤᠨ ᠲᠦᠷᠦᠯ ᠵᠦᠢᠯ ᠤᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠲᠦᠷᠦᠯ ᠵᠦᠢᠯ ᠤᠨ ᠠᠶᠤᠯᠭᠦᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠪᠠ ︽ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠤᠰᠤ  ᠬᠠᠩᠭᠠᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠶᠠᠮᠤᠨ ︽ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠲᠦᠷᠦᠯ ᠵᠦᠢᠯ ᠤᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠂ ᠤᠳᠤ ᠳᠠᠷᠤᠮᠠᠯᠯᠠᠨ ᠲᠠᠷᠬᠠᠭᠠᠪᠠ᠂ ᠵᠢᠷᠤᠮᠯᠠᠨ ᠬᠡᠷᠡᠭᠵᠢᠭᠦᠯᠲᠦᠭᠡᠢ᠃      ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ ᠤᠨ ᠬᠦᠷᠰᠢᠯᠡᠵᠦ  ᠲᠤᠭᠤᠯᠬᠤ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ  ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ  ᠤᠨ ᠬᠦᠷᠰᠢᠯᠡᠵᠦ ᠲᠤᠭᠤᠯᠬᠤ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠪᠠ ︽ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠤᠰᠤ ᠬᠠᠩᠭᠠᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠦᠷᠰᠢᠯᠡᠵᠦ ᠳᠤᠭᠤᠯᠬᠤ ᠲᠥᠷᠥᠯ ᠵᠦᠢᠯ ᠭᠡᠳᠡᠭ ᠨᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠭᠤᠤᠯ ᠱᠤᠭᠤᠮ ᠤᠨ       ᠢᠨᠵᠧᠨᠧᠷᠢᠩ ︵ᠳᠣᠷᠣᠭᠰᠢ ᠳᠤᠮᠳᠠ ᠱᠤᠭᠤᠮ ᠤᠨ ᠭᠤᠤᠯ ᠱᠤᠭᠤᠮ ᠤᠨ ᠪᠠᠷᠢᠯᠭ᠎ᠠ ᠭᠡᠵᠦ ᠲᠣᠪᠴᠢᠯᠠᠨ᠎ᠠ︶  ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠡᠪᠴᠢᠶᠡᠨ ᠳᠤᠳᠤᠷᠠᠬᠢ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠥᠭᠦᠷᠭᠡ᠂ ᠵᠠᠰᠠᠮᠠᠯ ᠵᠠᠮ᠂ ᠲᠡᠮᠦᠷ ᠵᠠᠮ᠂ ᠭᠠᠵᠠᠷ ᠳᠤᠤᠷᠠᠬᠢ ᠲᠡᠮᠦᠷ ᠵᠠᠮ᠂ ᠬᠤᠭᠤᠯᠠᠶ᠂ ᠭᠡᠷᠡᠯᠢᠭ ᠤᠳᠠᠰᠤ᠂ ᠤᠰᠤ ᠲᠠᠲᠠᠬᠤ᠂ ᠤᠰᠤ ᠵᠠᠯᠠᠬᠤ ᠵᠡᠷᠭᠡ ᠢᠨᠵᠧᠨᠧᠷᠢᠩ ᠤᠨ ᠲᠤᠨᠤᠭ ᠲᠦᠬᠦᠬᠡᠷᠦᠮᠵᠢ ᠶᠢ ᠲᠤᠭᠤᠯᠵᠤ᠂ ᠳᠠᠪᠠᠭ᠋ᠤ᠂ ᠬᠥᠷᠰᠢ ᠵᠡᠷᠭᠡᠯᠡᠳᠡᠭᠡ ᠪᠠᠷ ᠨᠢ ᠨᠡᠪᠲᠡᠷᠡᠭᠦᠯᠬᠦ ᠶᠢ ᠵᠢᠭᠠᠵᠤ ᠪᠤᠶ᠃      ᠲᠣᠰ ᠠᠷᠭ᠎ᠠ ᠳᠤ ᠬᠡᠯᠡᠵᠦ ᠪᠠᠶᠢᠭ᠎ᠠ ᠢᠨᠵᠧᠨᠧᠷᠢᠩ ᠤᠨ ᠠᠮᠤᠷ ᠲᠦᠪᠰᠢᠨ ᠳᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠪᠡᠯᠡᠳᠬᠡᠮᠵᠢ ᠶᠢᠨ ᠠᠮᠤᠷ ᠲᠦᠪᠰᠢᠨ᠂ ᠤᠰᠤᠨ ᠤ ᠴᠢᠨᠠᠷ ᠤᠨ ᠠᠮᠤᠷ ᠲᠦᠪᠰᠢᠨ ᠪᠠ ᠤᠰᠤ ᠲᠠᠲᠠᠵᠤ ᠠᠵᠢᠯᠯᠠᠭᠤᠯᠬᠤ ᠶᠢᠨ ᠠᠮᠤᠷ ᠲᠦᠪᠰᠢᠨ ᠪᠠᠭᠲᠠᠨ᠎ᠠ᠃      ᠭᠤᠷᠪᠠᠳᠤᠭᠠᠷ ᠵᠦᠢᠯ ᠬᠦᠷᠰᠢᠯᠡᠵᠦ ᠳᠤᠭᠤᠯᠬᠤ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠪᠠ ᠠᠵᠢᠯᠯᠠᠭᠠᠨ ᠤ ᠬᠠᠮᠢᠶᠠᠷᠤᠯᠲᠠ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠢᠴᠢ ᠵᠢᠷᠤᠮᠵᠢᠯ ᠱᠠᠭᠠᠷᠳᠠᠯᠭ᠎ᠠ ᠶᠢ ᠵᠢᠷᠤᠮᠯᠠᠬᠤ ᠶᠢᠨ ᠬᠠᠮᠲᠤ᠂ ᠳᠤᠮᠳᠠ ᠱᠤᠭᠤᠮ ᠤᠨ ᠭᠤᠤᠯ ᠱᠤᠭᠤᠮ ᠤᠨ ᠬᠠᠮᠢᠶᠠᠷᠤᠯᠲᠠ ᠶᠢᠨ ᠢᠨᠵᠧᠨᠧᠷᠢᠩ ᠤᠨ ᠨᠢᠬᠡᠴᠢ ᠶᠢᠨ ᠬᠤᠯᠪᠣᠭᠳᠠᠯ ᠪᠦᠬᠦᠢ ᠲᠣᠭᠲᠠᠭᠠᠯ ᠵᠢᠴᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃      ᠳᠥᠷᠪᠡᠳᠦᠭᠡᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠪᠣᠯ ᠬᠦᠷᠰᠢᠯᠡᠵᠦ ᠳᠤᠭᠤᠯᠬᠤ ᠲᠥᠷᠥᠯ ᠵᠦᠢᠯ ᠤᠨ ᠪᠦᠬᠦ ᠶᠠᠪᠤᠴᠠ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠠᠷᠢᠭᠤᠴᠠᠯᠭᠠᠲᠤ  ᠨᠢᠬᠡᠴᠢ ᠪᠣᠯᠤᠨ᠎ᠠ᠃      ᠲᠠᠪᠤᠳᠤᠭᠠᠷ ᠵᠦᠢᠯ ᠤᠰᠤᠨ ᠠᠰᠢᠭᠯᠠᠯᠲᠠ ᠶᠢᠨ ᠶᠠᠮᠤᠨ ᠵᠢᠴᠢ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠵᠠᠮ ᠳᠠᠭᠠᠤ ᠶᠢᠨ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠬᠢᠨᠠᠯᠲᠠ ᠲᠠᠯᠪᠢᠵᠤ ᠬᠠᠮᠢᠶᠠᠷᠬᠤ ᠨᠢᠬᠡᠴᠢ ᠪᠣᠯᠬᠤᠷ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠵᠢᠷᠭᠤᠳᠤᠭᠠᠷ ᠵᠦᠢᠯ ᠬᠦᠷᠰᠢᠯᠡᠵᠦ ᠳᠤᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠢᠨᠠᠯᠲᠠ ᠬᠠᠮᠢᠶᠠᠷᠤᠯᠲᠠ ᠶᠢᠨ ᠨᠢᠬᠡᠴᠢ ᠠᠴᠠ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠶᠢ ᠬᠢᠨᠠᠨ ᠬᠠᠮᠢᠶᠠᠷᠬᠤ ᠵᠢᠴᠢ ᠳᠡᠭᠡᠷ᠎ᠡ ᠨᠢᠭᠡ ᠱᠠᠲᠤᠨ ᠤ ᠬᠢᠨᠠᠯᠲᠠ ᠬᠠᠮᠢᠶᠠᠷᠤᠯᠲᠠ ᠶᠢᠨ ᠨᠢᠬᠡᠴᠢ ᠠᠴᠠ ᠳᠤᠤᠷ᠎ᠠ ᠨᠢᠭᠡ ᠱᠠᠲᠤᠨ ᠤ ᠬᠢᠨᠠᠯᠲᠠ ᠬᠠᠮᠢᠶᠠᠷᠤᠯᠲᠠ ᠶᠢᠨ ᠨᠢᠬᠡᠴᠢ ᠶᠢ ᠬᠢᠨᠠᠨ ᠬᠠᠮᠢᠶᠠᠷᠬᠤ ᠭᠡᠵᠦ ᠬᠤᠪᠢᠶᠠᠨ᠎ᠠ᠃      ᠬᠤᠶᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ      ᠳᠣᠯᠣᠳᠤᠭᠠᠷ ᠵᠦᠢᠯ ᠤᠰᠤᠨ ᠠᠰᠢᠭᠯᠠᠯᠲᠠ ᠶᠢᠨ ᠶᠠᠮᠤᠨ ᠳᠤᠤᠷᠠᠬᠢ ᠡᠭᠦᠷᠭᠡ ᠬᠠᠷᠢᠭᠤᠴᠠᠯᠭ᠎ᠠ  ᠶᠢ ᠭᠦᠢᠴᠡᠳᠭᠡᠨ᠎ᠡ᠄      ︵ᠨᠢᠭᠡ︶ ᠬᠦᠷᠰᠢᠯᠡᠵᠦ ᠳᠤᠭᠤᠯᠬᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠬᠤᠶᠠᠷ  ︶  ᠬᠠᠮᠢᠶ᠎ᠠ  ᠪᠦᠬᠦᠢ ᠰᠠᠯᠠᠭ᠎ᠠ ᠮᠦᠴᠢᠷ ᠢ ᠵᠤᠬᠢᠴᠠᠭᠤᠯᠵᠤ ᠬᠠᠤᠯᠢ ᠳᠤ  ᠳᠤᠭᠳᠠᠭᠠᠭᠰᠠᠨ ᠬᠠᠷᠢᠭᠤᠴᠠᠯᠭ᠎ᠠ   ᠶᠢ ᠦᠨᠳᠦᠰᠦᠯᠡᠵᠦ ᠬᠦᠷᠰᠢᠯᠡᠵᠦ ᠳᠤᠭᠤᠯᠬᠤ ᠲᠥᠷᠥᠯ ᠵᠦᠢᠯ ᠤᠨ  ᠬᠢᠨᠠᠯᠳᠠ ᠬᠠᠮᠢᠶᠠᠷᠤᠯᠳᠠ ᠶᠢ ᠰᠠᠶᠢᠳᠤᠷ ᠬᠢᠨ᠎ᠡ᠃      ︵ᠭᠤᠷᠪᠠ︶ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠦᠷᠰᠢᠯᠡᠵᠦ ᠳᠤᠭᠤᠯᠬᠤ ᠲᠥᠷᠥᠯ ᠵᠦᠢᠯ ᠤᠨ ᠬᠠᠷᠢᠭᠤᠴᠠᠯᠭᠠᠲᠤ ᠨᠢᠬᠡᠴᠢ ᠳᠤ ᠬᠠᠷᠢᠭᠤᠴᠠᠯᠭ᠎ᠠ ᠨᠡᠬᠡᠮᠵᠢᠯᠡᠬᠦ ᠪᠤᠶᠤ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠰᠢᠢᠳᠪᠦᠷᠢᠡᠯᠬᠦ ᠰᠠᠨᠠᠭᠤᠯᠭ᠎ᠠ ᠳᠤᠷᠠᠳᠤᠨ᠎ᠠ᠃      ᠨᠠᠢᠮᠠᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠵᠠᠮ ᠳᠠᠭᠠᠤ ᠶᠢᠨ ᠣᠷᠣᠨ ᠨᠤᠲᠤᠭ ᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠤᠤᠷᠠᠬᠢ ᠡᠭᠦᠷᠭᠡ ᠬᠠᠷᠢᠭᠤᠴᠠᠯᠭ᠎ᠠ ᠶᠢ  ᠭᠦᠢᠴᠡᠳᠭᠡᠬᠦ  ᠬᠡᠷᠡᠭᠲᠡᠶ᠄      ︵ᠨᠢᠭᠡ︶ ︽ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠤᠰᠤ ᠬᠠᠩᠭᠠᠬᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠡᠪᠴᠢᠶ᠎ᠡ ᠵᠡᠷᠭᠡ ᠳᠦᠷᠢᠮ᠂ ᠳᠤᠭᠳᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ᠃      ︵ᠬᠤᠶᠠᠷ︶ ᠲᠤᠰ ᠬᠠᠷᠢᠶ᠎ᠠ ᠣᠷᠣᠨ ᠤ ᠳᠣᠲᠣᠷᠠᠬᠢ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠶᠢᠨ ᠳᠤᠷᠠᠳᠤᠭᠰᠠᠨ ᠬᠦᠷᠰᠢᠯᠡᠵᠦ ᠳᠤᠭᠤᠯᠬᠤ ᠲᠥᠷᠥᠯ ᠵᠦᠢᠯ ᠤᠨ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠨ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠪᠤᠰᠤᠳ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠠᠶᠤᠯ ᠦᠭᠡᠶ ᠳᠤ ᠬᠥᠨᠥᠭᠡᠯ ᠲᠠᠢ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      ︵ᠭᠤᠷᠪᠠ︶ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠵᠠᠮ ᠳᠠᠭᠠᠤ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠶᠢᠨ ᠲᠣᠰ ᠱᠠᠲᠤ ᠵᠢᠴᠢ ᠬᠤᠶᠠᠳᠤᠭᠠᠷ ᠳᠡᠰ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠲᠠ ︵ᠰᠢᠶᠠᠨ︶ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠶᠢᠨ ᠬᠤᠶᠠᠳᠤᠭᠠᠷ ᠳᠡᠰ ᠵᠢᠴᠢ ᠭᠤᠷᠪᠠᠳᠤᠭᠠᠷ ᠳᠡᠰ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠤᠶᠢᠯᠠᠭᠠᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠡᠳᠦᠷ ᠲᠤᠲᠤᠮ ᠤᠨ ᠠᠵᠢᠯ ᠤᠨ ᠬᠠᠷᠢᠯᠴᠠᠭ᠎ᠠ ᠪᠠᠶᠢᠭᠤᠯᠵᠤ᠂ ᠠᠮᠤᠷ ᠲᠦᠪᠰᠢᠨ ᠤ ᠮᠡᠳᠡᠭᠡ ᠵᠠᠩᠭᠢ ᠶᠢ ᠮᠡᠳᠡᠭᠡᠯᠡᠬᠦ᠂ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠱᠠᠯᠠᠪᠳᠠᠭᠤᠯᠬᠤ ᠵᠡᠷᠭᠡ ᠲᠣᠭᠲᠠᠴᠠ ᠶᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃      ︵ᠳᠥᠷᠪᠡ︶ ᠳᠣᠤᠷᠠᠳᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ᠂ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ᠂ ᠡᠳᠦᠷ ᠲᠤᠲᠤᠮ ᠤᠨ ᠠᠵᠢᠯ ᠤᠨ ᠬᠠᠷᠢᠯᠴᠠᠭ᠎ᠠ ᠪᠠᠶᠢᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃      ᠶᠢᠰᠦᠳᠦᠭᠡᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠳᠤᠤᠷᠠᠬᠢ ᠡᠭᠦᠷᠭᠡ ᠬᠠᠷᠢᠭᠤᠴᠠᠯᠭ᠎ᠠ ᠶᠢ ᠭᠦᠶ᠋ᠴᠡᠳᠬᠡᠨ᠎ᠡ᠄      ︵ᠨᠢᠭᠡ︶  ᠬᠦᠷᠰᠢᠯᠡᠵᠦ ᠳᠤᠭᠤᠯᠬᠤ ᠲᠦᠷᠦᠯ ᠵᠦᠢᠯ ᠤᠨ  ᠬᠠᠮᠢᠶᠠᠷᠤᠯᠳᠠ ᠶᠢᠨ ᠳᠤᠭᠳᠠᠭᠠᠯ ᠮᠡᠷᠬᠡᠵᠢᠯ   ᠤᠨ  ᠱᠠᠭᠠᠷᠳᠠᠯᠭ᠎ᠠ  ᠪᠠ  ᠤᠴᠢᠷ ᠶᠠᠪᠤᠳᠠᠯ ᠢ  ᠬᠦᠢᠴᠡᠳᠬᠡᠬᠦ  ᠵᠦᠭᠯᠡᠬᠦᠷ   ᠢ  ᠨᠠᠶᠢᠷᠠᠭᠤᠯᠤᠨ  ᠳᠤᠭᠳᠠᠭᠠᠵᠤ᠂  ᠴᠢᠩᠭ᠎ᠠ  ᠵᠢᠷᠤᠮᠯᠠᠨ ᠬᠡᠷᠡᠭᠵᠢᠬᠦᠯᠦᠨ᠎ᠡ᠃      ︵ᠬᠤᠶᠠᠷ︶ ᠬᠦᠷᠰᠢᠯᠡᠵᠦ ᠳᠤᠭᠤᠯᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠬᠤᠯᠪᠣᠭᠳᠠᠯ ᠪᠦᠬᠦᠢ ᠮᠡᠳᠡᠭᠦᠯᠦᠯᠲᠡ ᠵᠢᠴᠢ ᠪᠢᠴᠢᠭ  ᠮᠠᠲ᠋ᠧᠷᠢᠶᠠᠯ ᠳᠤ ᠰᠠᠨᠠᠯ ᠳᠤᠷᠠᠳᠤᠨ᠎ᠠ᠃      ︵ᠭᠤᠷᠪᠠ︶  ᠬᠦᠷᠰᠢᠯᠡᠵᠦ ᠳᠤᠭᠤᠯᠬᠤ ᠲᠦᠷᠦᠯ ᠵᠦᠢᠯ ᠤᠨ  ᠪᠦᠳᠦᠬᠡᠨ ᠪᠠᠶᠢᠭᠤᠯᠵᠤ ᠬᠠᠮᠢᠶᠠᠷᠬᠤ  ᠨᠢᠬᠡᠴᠢ ᠲᠠᠢ ᠪᠦᠳᠦᠬᠡᠨ ᠪᠠᠶᠢᠭᠤᠯᠬᠤ  ᠪᠠ ᠠᠵᠢᠯᠯᠠᠭᠠᠨ ᠤ  ᠶᠠᠪᠤᠴᠠ ᠶᠢᠨ ᠬᠠᠮᠢᠶ᠎ᠠ ᠪᠦᠬᠦᠢ  ᠵᠦᠪᠳᠡᠯᠴᠡᠬᠡᠷ   ᠲᠤ ᠭᠠᠷ ᠤᠨ  ᠦᠰᠦᠭ  ᠵᠢᠷᠤᠨ᠎ᠠ᠃      ︵ᠳᠥᠷᠪᠡ︶ ᠬᠦᠷᠰᠢᠯᠡᠵᠦ ᠳᠤᠭᠤᠯᠬᠤ ᠲᠥᠷᠥᠯ ᠵᠦᠢᠯ ᠢ ᠬᠢᠨᠠᠨ ᠬᠡᠮᠵᠢᠬᠦ᠂ ᠪᠠᠶᠢᠴᠠᠭᠠᠬᠤ ᠵᠡᠷᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠠᠶᠤᠯ ᠦᠭᠡᠶ ᠳᠤ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠨ ᠬᠤᠷᠢᠭᠯᠠᠨ ᠵᠣᠭᠰᠣᠭᠠᠬᠤ ᠶᠢᠨ ᠬᠠᠮᠲᠤ ᠬᠠᠮᠢᠶ᠎ᠠ ᠪᠦᠬᠦᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ︵ᠲᠠᠪᠤ︶  ᠬᠦᠷᠰᠢᠯᠡᠵᠦ ᠳᠤᠭᠤᠯᠬᠤ ᠲᠦᠷᠦᠯ ᠵᠦᠢᠯ ᠤᠨ  ᠪᠠᠷᠢᠯᠭ᠎ᠠ  ᠳᠠᠭᠤᠰᠴᠤ ᠰᠢᠯᠭᠠᠨ ᠬᠤᠷᠢᠶᠠᠬᠤ  ᠳᠤ  ᠤᠷᠤᠯᠴᠠᠨ᠎ᠠ᠃      ᠭᠤᠷᠪᠠᠳᠤᠭᠠᠷ ᠪᠦᠯᠦᠭ ᠲᠥᠷᠥᠯ ᠬᠤᠪᠢᠶᠠᠨ ᠬᠠᠮᠢᠶᠠᠷᠬᠤ ᠱᠠᠭᠠᠷᠳᠠᠯᠭ᠎ᠠ      ᠠᠷᠪᠠᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠨᠢ ᠠᠳᠠᠯᠢ ᠪᠤᠰᠤ ᠬᠦᠷᠰᠢᠯᠡᠵᠦ ᠳᠤᠭᠤᠯᠬᠤ ᠲᠦᠷᠦᠯ ᠵᠦᠢᠯ ᠳᠤ ᠴᠢᠭᠯᠡᠭᠦᠯᠦᠨ᠂ ᠬᠠᠷᠠᠭᠠᠯᠵᠠᠭᠰᠠᠨ  ᠮᠡᠷᠭᠡᠵᠢᠯ ᠤᠨ ᠱᠠᠭᠠᠷᠳᠠᠯᠭ᠎ᠠ ᠪᠠ ᠬᠠᠮᠢᠶᠠᠷᠤᠯᠲᠠ ᠶᠢᠨ ᠱᠠᠭᠠᠷᠳᠠᠯᠭ᠎ᠠ ᠲᠣᠭᠲᠠᠭᠠᠵᠤ᠂ ᠠᠳᠠᠯᠢ ᠪᠤᠰᠤ ᠱᠠᠲᠤ ᠦᠶ᠎ᠡ ᠳᠤ ᠴᠢᠭᠯᠡᠬᠦᠯᠦᠭᠰᠡᠨ ᠪᠣᠳᠠᠲᠠᠶ ᠠᠷᠭ᠎ᠠ ᠬᠡᠮᠵᠢᠶ᠎ᠡ ᠵᠢᠴᠢ ᠱᠠᠭᠠᠷᠳᠠᠯᠭ᠎ᠠ ᠳᠤᠷᠠᠳᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ ᠬᠦᠷᠰᠢᠯᠡᠵᠦ ᠳᠤᠭᠤᠯᠬᠤ ᠲᠦᠷᠦᠯ ᠵᠦᠢᠯ ︵ᠡᠯ᠎ᠡ ᠲᠥᠷᠥᠯ ᠤᠨ ᠴᠠᠬᠢᠯᠭᠠᠨ ᠬᠦᠴᠦᠨ ᠤ ᠱᠤᠭᠤᠮ᠂ ᠬᠤᠭᠤᠯᠠᠶ᠂ ᠬᠥᠭᠦᠷᠭᠡ ᠵᠡᠷᠭᠡ ᠪᠠᠭᠲᠠᠨ᠎ᠠ︶ ᠳᠤ᠂ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠡᠳᠦᠷ ᠲᠤᠲᠤᠮ ᠤᠨ ᠡᠵᠡᠩᠨᠡᠵᠦ ᠬᠠᠮᠠᠭᠠᠯᠠᠬᠤ᠂ ᠪᠠᠶᠢᠴᠠᠭᠠᠨ ᠵᠠᠰᠠᠬᠤ᠂ ᠮᠡᠷᠭᠡᠵᠢᠯ ᠤᠨ ᠥᠭᠡᠷᠡᠴᠢᠯᠡᠯᠲᠡ ᠬᠢᠬᠦ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠶᠢᠨ ᠴᠡᠪᠡᠷ ᠬᠤᠭᠤᠰᠣᠨ ᠪᠤᠶᠤ ᠴᠢᠬᠤᠯᠠ ᠪᠦᠬᠦᠢ ᠠᠶᠤᠯ ᠦᠭᠡᠶ ᠶᠢᠨ ᠵᠠᠶ ᠶᠢ ᠤᠷᠢᠳᠴᠢᠯᠠᠨ ᠦᠯᠡᠳᠡᠭᠡᠬᠦ ᠶᠢᠨ ᠬᠠᠮᠲᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠦᠶᠡᠷ ᠰᠡᠷᠭᠡᠶᠢᠯᠡᠬᠦ ᠪᠠᠷᠢᠮᠵᠢᠶ᠎ᠠ ᠶᠢ ᠪᠠᠭᠤᠷᠠᠭᠤᠯᠬᠤ ᠦᠭᠡᠶ ᠪᠠᠶᠢᠬᠤ ᠪᠤᠶᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯᠯᠠᠭ᠎ᠠ ᠥᠷᠨᠢᠭᠦᠯᠬᠦ ᠶᠢ ᠨᠥᠯᠥᠭᠡᠯᠡᠵᠦ ᠪᠣᠯᠬᠤ ᠦᠭᠡᠶ᠃ ᠤᠨᠠᠬᠤ ᠠᠴᠠ ᠰᠡᠷᠭᠡᠶᠢᠯᠡᠬᠦ ᠲᠤᠨᠤᠭ ᠲᠦᠬᠦᠬᠡᠷᠦᠮᠵᠢ ᠶᠢ ᠬᠠᠮᠳᠤ ᠳᠤ ᠨᠢ ᠵᠢᠷᠤᠭᠯᠠᠨ ᠲᠥᠯᠥᠪᠯᠡᠬᠦ᠂ ᠵᠡᠷᠭᠡ ᠳᠤᠨᠢ ᠪᠠᠷᠢᠬᠤ᠂ ᠵᠡᠷᠭᠡ ᠳᠤᠨᠢ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠤᠨᠠᠬᠤ  ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠲᠤ ᠴᠢᠨᠠᠷ ᠴᠢᠳᠠᠮᠵᠢ ᠶᠢ ᠴᠢᠩᠭ᠎ᠠ ᠪᠠᠲᠤᠯᠠᠨ᠂ ᠲᠥᠷᠥᠯ ᠵᠦᠢᠯ ᠢ ᠳᠠᠪᠠᠵᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠡᠪ ᠤᠨ ᠠᠵᠢᠯᠯᠠᠭᠠᠨ ᠤ ᠬᠠᠮᠢᠶᠠᠷᠤᠯᠲᠠ ᠵᠢᠴᠢ ᠤᠰᠤᠨ ᠤ ᠴᠢᠨᠠᠷ ᠤᠨ ᠠᠮᠤᠷ ᠲᠦᠪᠰᠢᠨ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ ᠬᠦᠷᠰᠢᠯᠡᠵᠦ ᠳᠤᠭᠤᠯᠬᠤ ᠲᠦᠷᠦᠯ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠢ ᠨᠥᠯᠥᠭᠡᠯᠡᠬᠦ   ᠪᠠᠷ ᠬᠠᠮᠤᠭ ᠤᠨ ᠪᠠᠭ᠎ᠠ ᠬᠡᠰᠡᠭ ᠢᠶᠠᠷ ᠥᠩᠭᠡᠷᠡᠬᠦ ᠶᠢ ᠤᠷᠢᠳᠠᠪᠠᠷ ᠰᠣᠩᠭᠤᠵᠤ᠂ ᠥᠩᠭᠡᠷᠡᠬᠦ ᠳᠤ ᠲᠣᠬᠢᠷᠠᠬᠤ ᠦᠭᠡᠶ ᠰᠤᠪᠠᠭ ᠤᠨ ᠬᠡᠰᠡᠭ ᠪᠤᠶᠤ ᠴᠢᠬᠤᠯᠠ ᠪᠠᠷᠢᠯᠭ᠎ᠠ ᠠᠴᠠ ᠵᠠᠶᠢᠯᠠᠰᠬᠢᠬᠦ ᠬᠡᠷᠡᠭᠲᠡᠶ᠃ ᠭᠦᠨ  ᠪᠤᠯᠠᠭᠰᠠᠨ ᠬᠡᠰᠡᠭ ᠢ ᠰᠢᠪᠲᠤᠯᠬᠤ ᠳᠤ ᠬᠠᠮᠤᠭ ᠤᠨ ᠪᠠᠭ᠎ᠠ ᠠᠮᠤᠷ ᠲᠦᠪᠰᠢᠨ ᠤ ᠵᠠᠶ ᠶᠢᠨ ᠱᠠᠭᠠᠷᠳᠠᠯᠭ᠎ᠠ ᠶᠢ ᠬᠠᠩᠭᠠᠵᠤ᠂  ᠪᠠᠷᠢᠵᠤ ᠪᠤᠰᠬᠠᠭᠰᠠᠨ ᠪᠤᠳᠠᠰ ᠢ ᠨᠡᠪᠳᠡᠯᠵᠦ ᠳᠤᠭᠤᠯᠬᠤ ᠳᠤ ᠤᠷᠤᠵᠤ  ᠭᠠᠷᠬᠤ  ᠭᠠᠵᠠᠷ ᠢ  ᠪᠠᠶᠢᠷᠢᠯᠠᠭᠤᠯᠬᠤ   ᠳᠤ ᠵᠠᠷᠴᠢᠮ ᠳᠡᠬᠡᠷ᠎ᠡ ᠪᠠᠨ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ᠂ ᠪᠠᠶᠢᠴᠠᠭᠠᠨ ᠵᠠᠰᠠᠬᠤ᠂ ᠮᠡᠷᠭᠡᠵᠢᠯ ᠤᠨ ᠥᠭᠡᠷᠡᠴᠢᠯᠡᠯᠲᠡ ᠵᠢᠴᠢ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠠᠪᠤᠷᠬᠠᠤ ᠶᠢ ᠨᠥᠯᠥᠭᠡᠯᠡᠵᠦ ᠪᠣᠯᠬᠤ ᠥᠬᠡᠶ᠃ ᠭᠠᠵᠠᠷ ᠳᠤᠤᠷᠠᠬᠢ ᠵᠠᠮ ᠬᠠᠷᠢᠯᠴᠠᠭᠠᠨ ᠤ ᠨᠦᠬᠡᠨ ᠵᠠᠮ᠂ ᠬᠤᠭᠤᠯᠠᠶ ᠬᠤᠩᠭᠢᠯ ᠵᠡᠷᠭᠡ ᠪᠠᠷ ᠥᠩᠭᠡᠷᠡᠬᠦ ᠲᠥᠷᠥᠯ ᠵᠦᠢᠯ ᠳᠤ ᠲᠤᠰᠬᠠᠶ ᠠᠮᠤᠷ ᠲᠦᠪᠰᠢᠨ ᠤ ᠴᠢᠨᠠᠷᠲᠠᠶ ᠳᠠᠬᠢᠨ ᠬᠢᠨᠠᠯᠲᠠ ᠬᠢᠬᠦ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠬᠦᠰᠢᠯᠡᠵᠦ ᠳᠤᠭᠤᠯᠬᠤ ᠲᠥᠷᠥᠯ ᠵᠦᠢᠯ ᠤᠨ ᠠᠶᠤᠯ ᠦᠭᠡᠶ ᠶᠢᠨ ᠵᠠᠶ ᠳᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠶᠤᠯ ᠦᠭᠡᠶ ᠠᠵᠢᠯᠯᠠᠬᠤ ᠬᠡᠷᠡᠭᠴᠡᠭᠡ ᠶᠢ ᠶᠡᠷᠦᠩᠬᠡᠶᠢᠯᠡᠨ ᠪᠣᠳᠣᠯᠬᠢᠯᠠᠵᠤ᠂ ᠮᠡᠷᠭᠡᠵᠢᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠨᠣᠴᠣᠮᠠᠲᠠᠭᠠᠶ ᠳᠡᠯᠪᠡᠷᠡᠮᠡᠲᠡᠭᠡᠶ᠂ ᠬᠤᠤᠷᠳᠠᠭᠤᠯᠬᠤ ᠴᠢᠨᠠᠷᠲᠠᠶ᠂ ᠰᠠᠴᠤᠷᠠᠭ ᠴᠢᠨᠠᠷᠲᠠᠶ᠂ ᠢᠳᠡᠮᠡᠬᠡᠶ ᠴᠢᠨᠠᠷᠲᠠᠶ ᠵᠡᠷᠭᠡ ᠠᠶᠤᠯᠲᠠᠶ ᠡᠳ᠋ ᠲᠤ ᠬᠤᠯᠪᠣᠭᠳᠠᠬᠤ ᠲᠥᠷᠥᠯ ᠵᠦᠢᠯ ᠨᠢ ᠬᠠᠮᠢᠶ᠎ᠠ ᠪᠥᠬᠦᠶ ᠤᠯᠤᠰ ᠤᠨ ᠮᠡᠷᠭᠡᠵᠢᠯ ᠤᠨ ᠱᠠᠭᠠᠷᠳᠠᠯᠭ᠎ᠠ᠂ ᠵᠢᠷᠤᠮᠵᠢᠯ ᠲᠣᠳᠣᠷᠬᠠᠶ ᠠᠮᠤᠷ ᠲᠦᠪᠰᠢᠨ ᠤ ᠵᠠᠶ ᠪᠣᠯᠤᠨ ᠤᠰᠤᠨ ᠤ ᠴᠢᠨᠠᠷ ᠢ ᠪᠠᠲᠤᠯᠠᠬᠤ ᠱᠠᠭᠠᠷᠳᠠᠯᠭ᠎ᠠ ᠶᠢ  ᠬᠠᠨ᠋ᠭᠠᠭᠰᠠᠨ ᠪᠠᠶᠢᠬᠤ ᠬᠡᠷᠡᠭᠲᠡᠶ᠃ ᠭᠤᠣᠯ ᠤᠨ ᠳᠡᠭᠡᠳᠦ ᠲᠤᠤᠷᠠᠳᠤ ᠤᠷᠤᠰᠬᠠᠯ ᠤᠨ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠪᠥᠳᠥᠭᠡᠨ ᠪᠠᠶᠢᠭᠤᠯᠤᠭᠰᠠᠨ  ᠬᠦᠷᠰᠢᠯᠡᠵᠦ ᠳᠤᠭᠤᠯᠬᠤ ᠲᠥᠷᠥᠯ ᠵᠦᠢᠯ ᠤᠨ ᠠᠶᠤᠯ ᠥᠭᠡᠢ ᠶᠢᠨ ᠵᠠᠢ  ᠳᠤ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠦᠶᠡᠷ ᠰᠡᠷᠭᠡᠶᠢᠯᠡᠬᠦ᠂ ᠢᠨᠵᠧᠨᠧᠷᠢᠩ ᠤᠨ ᠠᠶᠤᠯ ᠥᠭᠡᠢ ᠠᠵᠢᠯᠯᠠᠬᠤ ᠬᠡᠷᠡᠭᠴᠡᠭᠡ ᠶᠢ ᠶᠡᠷᠦᠩᠬᠡᠶᠢᠯᠡᠨ ᠪᠣᠳᠣᠯᠬᠢᠯᠠᠬᠤ ᠶᠢᠨ ᠬᠠᠮᠲᠤ ᠮᠡᠷᠭᠡᠵᠢᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠨᠢ  ᠬᠦᠷᠰᠢᠯᠡᠵᠦ  ᠳᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠱᠠᠲᠤ ᠦᠶ᠎ᠡ ᠪᠠ ᠠᠵᠢᠯᠯᠠᠭᠠᠨ ᠤ ᠱᠠᠲᠤ ᠦᠶ᠎ᠡ ᠶᠢ ᠦᠨᠡᠨ ᠬᠦ ᠪᠦᠲᠦᠮᠵᠢᠲᠡᠶ ᠰᠢᠪᠲᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠠᠶᠢᠳᠠᠯ ᠭᠠᠷᠪᠠᠯ᠂ ᠴᠠᠭ ᠲᠤᠬᠠᠶ ᠳᠤᠨᠢ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠲᠠᠯ᠎ᠠ ᠶᠢ ᠵᠣᠬᠢᠶᠠᠨ ᠪᠠᠶᠢᠭᠤᠯᠵᠤ ᠰᠣᠷᠢᠯᠲᠠ  ᠬᠢᠯᠬᠡᠪᠡᠯ ᠵᠤᠬᠢᠨ᠎ᠠ᠃      ᠡᠭᠦᠨ ᠤ ᠬᠠᠮᠲᠤ ᠪᠠᠰᠠ  ᠬᠦᠷᠰᠢᠯᠡᠵᠦ  ᠳᠤᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠨᠢᠬᠡᠴᠢ ᠪᠠᠷ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ  ᠳᠤᠭᠳᠠᠭᠠᠯᠭᠠᠬᠤ ᠶᠢᠨ ᠬᠠᠮᠲᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠢ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠪᠠ ᠲᠣᠭᠲᠠᠭᠠᠯ ᠳᠠᠭᠠᠨ ᠭᠤᠷᠪᠠᠳᠠᠬᠢ ᠡᠲᠡᠭᠡᠳ ᠤᠨ ᠠᠮᠤᠷ ᠲᠦᠪᠰᠢᠨ ᠤ ᠬᠢᠨᠠᠨ ᠬᠡᠮᠵᠢᠯᠲᠡ ᠬᠢᠬᠦ ᠴᠢᠬᠤᠯᠠ ᠲᠠᠢ  ᠬᠦᠷᠰᠢᠯᠡᠵᠦ ᠳᠤᠭᠤᠯᠬᠤ ᠲᠥᠷᠥᠯ ᠵᠦᠢᠯ ᠵᠢᠴᠢ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠪᠣᠳᠠᠲᠠᠶ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃      ᠠᠮᠤᠷ ᠲᠦᠪᠰᠢᠨ ᠤ ᠲᠦᠭᠰᠢᠭᠦᠷᠢ ᠪᠠᠷ ᠨᠡᠯᠢᠶᠡᠳ ᠶᠡᠭᠡ ᠪᠠᠶᠢᠭ᠎ᠠ ᠬᠦᠷᠰᠢᠯᠡᠵᠦ ᠳᠤᠭᠤᠯᠬᠤ ᠲᠥᠷᠥᠯ ᠵᠦᠢᠯ ᠳᠤ᠂ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠢ ᠲᠤᠰᠠᠭᠠᠷ ᠪᠤᠶᠤ ᠬᠦᠷᠰᠢᠯᠡᠵᠦ ᠳᠤᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠲᠠᠢ ᠬᠠᠮᠲᠤᠷᠠᠨ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠠᠮᠤᠷ ᠲᠦᠪᠰᠢᠨ ᠤ ᠬᠢᠨᠠᠨ ᠰᠢᠨᠵᠢᠬᠦ ᠨᠢᠬᠡᠴᠢ ᠳᠤ ᠨᠠᠶᠢᠳᠠᠵᠤ ᠠᠮᠤᠷ ᠲᠦᠪᠰᠢᠨ ᠤ ᠬᠢᠨᠠᠨ ᠰᠢᠨᠵᠢᠯᠲᠡ ᠶᠢ ᠬᠡᠷᠡᠭᠵᠢᠭᠦᠯᠦᠨ᠎ᠡ᠃ ᠭᠤᠷᠪᠠᠳᠠᠬᠢ ᠡᠲᠡᠭᠡᠳ ᠤᠨ ᠠᠮᠤᠷ ᠲᠦᠪᠰᠢᠨ ᠤ ᠬᠢᠨᠠᠨ ᠬᠡᠮᠵᠢᠬᠦ ᠨᠢᠬᠡᠴᠢ ᠨᠢ ᠬᠠᠮᠢᠶ᠎ᠠ ᠪᠥᠬᠦᠶ ᠲᠦᠷᠢᠮ ᠵᠢᠷᠤᠮᠵᠢᠯ ᠪᠠ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠬᠦᠷᠰᠢᠯᠡᠵᠦ  ᠳᠤᠭᠤᠯᠬᠤ ᠲᠥᠷᠥᠯ ᠵᠦᠢᠯ ᠤᠨ ᠪᠠᠷᠢᠯᠭ᠎ᠠ ᠪᠠᠷᠢᠬᠤ ᠶᠠᠪᠤᠴᠠ ᠳᠤ ᠳᠤᠮᠳᠠ ᠱᠤᠭᠤᠮ ᠤᠨ ᠭᠤᠤᠯ ᠱᠤᠭᠤᠮ ᠤᠨ ᠪᠠᠷᠢᠯᠭ᠎ᠠ ᠳᠤ ᠤᠴᠠᠷᠠᠭᠤᠯᠤᠭᠰᠠᠨ ᠨᠥᠯᠥᠭᠡ ᠶᠢ ᠪᠦᠲᠦᠮᠵᠢᠲᠡᠶ ᠬᠢᠨᠠᠨ       ᠰᠢᠨᠵᠢᠵᠦ᠂ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠶᠢᠨ ᠵᠠᠩᠭᠢᠯᠠᠭ᠎ᠠ ᠶᠢᠨ ᠬᠡᠰᠡᠭ ᠵᠢᠴᠢ ᠬᠢᠨᠠᠨ ᠰᠢᠨᠵᠢᠭᠰᠡᠨ ᠴᠢᠬᠤᠯᠠ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠰᠡᠷᠡᠮᠵᠢᠯᠡᠭᠦᠯᠬᠦ ᠬᠡᠮᠵᠢᠭᠳᠡᠯ᠂ ᠲᠤᠭ᠎ᠠ ᠪᠠᠷᠢᠮᠲᠠ ᠶᠢᠨ ᠬᠡᠪ ᠤᠨ ᠪᠤᠰᠤ ᠪᠠᠶᠢᠳᠠᠯ ᠠᠴᠠ ᠬᠡᠲᠦᠷᠡᠭᠰᠡᠨ ᠪᠠᠶᠢᠳᠠᠯ ᠢ ᠴᠠᠭ ᠲᠤᠬᠠᠶ ᠳᠤᠨᠢ ᠲᠣᠭᠲᠠᠭᠠᠯ ᠶᠣᠰᠣᠭᠠᠷ ᠮᠡᠳᠡᠭᠦᠯᠬᠦ ᠬᠡᠷᠡᠭᠲᠡᠶ᠃      ᠳᠥᠷᠪᠡᠳᠦᠭᠡᠷ ᠪᠦᠯᠦᠭ ᠵᠢᠷᠤᠭᠯᠠᠨ ᠲᠥᠯᠥᠪᠯᠡᠬᠦ ᠦᠶ᠎ᠡ ᠶᠢᠨ ᠬᠠᠮᠢᠶᠠᠷᠤᠯᠲᠠ᠃      ᠠᠷᠪᠠᠨ ᠵᠢᠷᠭᠤᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠨᠦᠭᠦᠳ ᠳᠤᠤᠷᠠᠬᠢ  ᠵᠦᠢᠯᠡᠰ ᠲᠤ ᠰᠠᠨᠠᠯ ᠪᠠ ᠱᠠᠭᠠᠷᠳᠠᠯᠭ᠎ᠠ ᠳᠤᠷᠠᠳᠬᠤ ᠬᠡᠷᠡᠭᠲᠡᠶ᠄      ︵ᠨᠢᠭᠡ︶  ᠬᠦᠷᠰᠢᠯᠡᠵᠦ  ᠳᠤᠭᠤᠯᠬᠤ ᠲᠦᠷᠦᠯ  ᠵᠦᠢᠯ ᠤᠨ  ᠲᠦᠯᠦᠪᠵᠢᠬᠦᠯᠬᠡ  ᠡᠮᠦᠨᠡᠳᠤ ᠶᠢᠨ ᠤᠰᠤ ᠶᠢ ᠤᠮᠠᠷᠠᠰᠢ ᠳᠠᠳᠠᠬᠤ  ᠢᠨᠵᠧᠨᠧᠷᠢᠩ ᠤᠨ   ᠲᠦᠯᠦᠪᠵᠢᠬᠦᠯᠬᠡ ᠶᠢᠨ ᠱᠠᠭᠠᠷᠳᠠᠯᠭ᠎ᠠ   ᠶᠢ  ᠬᠠᠩᠭᠠᠪᠠᠯ ᠵᠤᠬᠢᠨ᠎ᠠ᠂   ᠳᠡᠬᠦᠨ ᠢ  ᠬᠡᠷᠡᠭᠵᠢᠬᠦᠯᠬᠦ ᠳᠤ  ᠳᠤᠮᠳᠠ ᠱᠤᠭᠤᠮ ᠤᠨ  ᠭᠤᠤᠯ ᠱᠤᠭᠤᠮ ᠤᠨ  ᠢᠨᠵᠧᠨᠧᠷᠢᠩ ᠤᠨ  ᠠᠮᠤᠷ ᠲᠦᠪᠰᠢᠨ ᠢ  ᠨᠦᠯᠦᠬᠡᠯᠡᠵᠦ ᠪᠤᠯᠬᠤ ᠦᠬᠡᠢ᠂  ᠪᠠᠷᠢᠮᠵᠢᠶ᠎ᠠ ᠪᠠ ᠬᠢᠵᠠᠭᠠᠷᠯᠠᠯ ᠤᠨ  ᠴᠢᠳᠠᠪᠤᠷᠢ   ᠶᠢ  ᠪᠠᠳᠠᠷᠠᠭᠤᠯᠬᠤ   ᠶᠢ ᠳᠤᠤᠷ᠎ᠠ ᠪᠤᠯᠭᠠᠵᠤ  ᠪᠤᠯᠬᠤ ᠦᠬᠡᠢ᠃      ︵ᠬᠤᠶᠠᠷ︶  ᠬᠦᠷᠰᠢᠯᠡᠵᠦ ᠳᠤᠭᠤᠯᠬᠤ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠦᠯ ᠢ ᠤᠯᠤᠰ ᠤᠨ ᠵᠢᠴᠢ ᠠᠵᠢᠯ ᠲᠥᠷᠥᠯ᠂ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠵᠢᠨ‌ᠨᠢᠬᠡᠴᠢ ᠶᠢᠨ ᠬᠠᠮᠢᠶ᠎ᠠ ᠪᠥᠬᠦᠶ ᠵᠢᠷᠤᠮᠵᠢᠯ᠂ ᠪᠠᠷᠢᠮᠵᠢᠶ᠎ᠠ᠂ ᠲᠣᠭᠲᠠᠭᠠᠯ ᠶᠣᠰᠣᠭᠠᠷ ᠬᠡᠷᠡᠭᠵᠢᠭᠦᠯᠵᠦ᠂ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠪᠠ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠢ ᠨᠠᠶᠢᠳᠠᠪᠤᠷᠢᠵᠢᠭᠤᠯᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠬᠤ ᠬᠡᠷᠡᠭᠲᠡᠶ᠃      ︵ᠭᠤᠷᠪᠠ︶  ᠬᠦᠷᠰᠢᠯᠡᠵᠦ  ᠳᠤᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠬᠦ   ᠳᠤ ᠬᠢᠨᠠᠨ ᠵᠥᠪᠰᠢᠶᠡᠷᠡᠬᠦ  ᠨᠢᠬᠡᠴᠢ ᠨᠢ ᠳᠡᠬᠦᠨ ᠤ ᠲᠥᠯᠥᠪᠵᠢᠭᠦᠯᠭᠡ᠂ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠱᠠᠲᠤ ᠦᠶ᠎ᠡ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠶᠢᠨ ᠰᠠᠨᠠᠯ ᠢ ᠬᠤᠷᠢᠶᠠᠬᠤ ᠬᠡᠷᠡᠭᠲᠡᠶ᠃ ᠳᠡᠰ ᠳᠠᠷᠠᠭᠠᠯᠠᠯ ᠶᠣᠰᠣᠭᠠᠷ ᠰᠠᠨᠠᠯ ᠬᠤᠷᠢᠶᠠᠭᠰᠠᠨ ᠦᠭᠡᠶ ᠪᠤᠶᠤ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠦᠷ᠎ᠡ ᠪᠦᠲᠦᠭᠡᠯ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ᠂ ᠵᠢᠷᠤᠮᠵᠢᠯ᠂ ᠲᠣᠭᠲᠠᠭᠠᠯ ᠳᠤ ᠨᠡᠶᠢᠴᠡᠬᠦ ᠦᠭᠡᠶ ᠪᠣᠯ᠂ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ  ᠤᠨ ᠬᠠᠮᠢᠶᠠᠷᠤᠯᠲᠠ ᠶᠢᠨ ᠨᠢᠬᠡᠴᠢ ᠠᠴᠠ ᠬᠦᠷᠰᠢᠯᠡᠵᠦ ᠳᠤᠭᠤᠯᠬᠤ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠰᠠᠨᠠᠯ ᠭᠠᠷᠭᠠᠵᠤ ᠪᠣᠯᠬᠤ ᠦᠭᠡᠶ᠃      ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ  ᠬᠦᠷᠰᠢᠯᠡᠵᠦ ᠳᠤᠭᠤᠯᠬᠤ ᠲᠥᠷᠥᠯ ᠵᠦᠢᠯ ᠤᠨ ᠵᠥᠪᠰᠢᠶᠡᠷᠡᠭᠰᠡᠨ ᠰᠠᠨᠠᠯ ᠤᠨ ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠶ᠃ ᠬᠦᠴᠦᠨ ᠲᠠᠢ ᠬᠤᠭᠤᠴᠠᠭᠠᠨ ᠳᠤ ᠴᠠᠭ ᠲᠤᠬᠠᠶ ᠳᠤᠨᠢ ᠬᠡᠷᠡᠭᠵᠢᠭᠦᠯᠦᠭᠰᠡᠨ ᠥᠬᠡᠶ ᠪᠤᠶᠤ ᠬᠡᠷᠡᠭᠵᠢᠭᠦᠯᠬᠦ ᠠᠴᠠ ᠡᠮᠦᠨ᠎ᠡ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶᠢᠪᠠᠯ᠂ ᠬᠠᠮᠢᠶ᠎ᠠ ᠪᠥᠬᠦᠶ ᠲᠠᠰ ᠳᠠᠷᠠᠭᠠᠯᠠᠯ ᠢ ᠳᠠᠭᠢᠵᠤ ᠭᠦᠶ᠋ᠴᠡᠳᠬᠡᠬᠦ ᠪᠠᠷ ᠱᠠᠭᠠᠷᠳᠠᠬᠤ ᠬᠡᠷᠡᠭᠲᠡᠶ᠃      ︵ᠳᠥᠷᠪᠡ︶  ᠬᠦᠷᠰᠢᠯᠡᠵᠦ ᠲᠤᠭᠤᠯᠬᠤ ᠲᠥᠷᠥᠯ ᠵᠦᠢᠯ ᠤᠨ ᠲᠥᠯᠥᠪᠵᠢᠭᠦᠯᠭᠡ ᠪᠠ ᠵᠠᠮ ᠱᠤᠭᠤᠮ ᠤᠨ ᠪᠠᠶᠢᠷᠢᠯᠠᠭᠤᠯᠤᠯᠲᠠ ᠶᠢ ᠥᠩᠭᠡᠷᠡᠭᠡᠬᠦ ᠳᠤ ᠠᠯᠢ ᠴᠢᠳᠠᠬᠤ ᠪᠠᠷ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠬᠡᠪᠴᠢᠶ᠎ᠡ ᠪᠠ ᠬᠠᠮᠠᠭᠠᠯᠠᠯᠲᠠ ᠶᠢᠨ ᠬᠡᠪᠴᠢᠶ᠎ᠡ ᠠᠴᠠ ᠵᠠᠶᠢᠯᠠᠰᠬᠢᠬᠦ ᠬᠡᠷᠡᠭᠲᠡᠶ᠂ ᠵᠠᠶᠢᠯᠠᠰᠬᠢᠬᠦ ᠶᠢᠨ ᠠᠷᠭ᠎ᠠ ᠦᠭᠡᠶ ᠪᠣᠯ ᠴᠢᠬᠤᠯᠠ ᠪᠦᠬᠦᠢ ᠨᠤᠲᠠᠯᠠᠯ ᠬᠢᠬᠦ ᠬᠡᠷᠡᠭᠲᠡᠶ᠃      ︵ᠲᠠᠪᠤ︶ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠢ ᠨᠥᠯᠥᠭᠡᠯᠡᠵᠦ ᠮᠡᠳᠡᠬᠦ  ᠬᠦᠷᠰᠢᠯᠡᠵᠦ  ᠳᠤᠭᠤᠯᠬᠤ ᠲᠥᠷᠥᠯ ᠵᠦᠢᠯ ᠳᠤ ᠠᠮᠤᠷ ᠲᠦᠪᠰᠢᠨ ᠤ ᠨᠥᠯᠥᠭᠡ ᠶᠢᠨ ᠦᠨᠡᠯᠡᠯᠲᠡ ᠬᠢᠵᠦ᠂ ᠠᠮᠤᠷ ᠲᠦᠪᠰᠢᠨ ᠤ ᠨᠥᠯᠥᠭᠡ ᠶᠢᠨ ᠦᠨᠡᠯᠡᠯᠲᠡ ᠳᠤ ᠬᠦᠷᠰᠢᠯᠡᠵᠦ ᠲᠤᠭᠤᠯᠬᠤ ᠲᠥᠷᠥᠯ ᠵᠦᠢᠯ ᠤᠨ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠳᠠᠬᠢ ᠡᠯ᠎ᠡ ᠲᠥᠷᠥᠯ ᠤᠨ ᠨᠥᠯᠥᠭᠡ ᠶᠢ ᠪᠥᠬᠦ ᠲᠠᠯ᠎ᠠ ᠪᠠᠷ ᠵᠠᠳᠠᠯᠵᠤ᠂ ᠲᠣᠳᠣᠷᠬᠠᠶ ᠳ᠋ᠦᠩᠨᠡᠯᠲᠡ ᠶᠢᠨ ᠰᠠᠨᠠᠯ ᠳᠤᠷᠠᠳᠴᠤ᠂ ᠢᠨᠵᠧᠨᠧᠷᠢᠩ ᠤᠨ ᠠᠮᠤᠷ ᠲᠦᠪᠰᠢᠨ ᠳᠤ ᠬᠤᠯᠪᠣᠭᠳᠠᠬᠤ ᠵᠠᠩᠭᠢᠯᠠᠭ᠎ᠠ ᠶᠢᠨ ᠨᠥᠯᠥᠭᠡᠯᠡᠬᠦ ᠭᠦᠢᠴᠡᠳᠬᠡᠯ ᠲᠤᠭ᠎ᠠ ᠪᠤᠶᠤ ᠪᠣᠯᠵᠣᠯᠲᠤ ᠲᠤᠭ᠎ᠠ ᠶᠢ ᠲᠤᠰᠠᠭᠠᠷ ᠪᠤᠳᠤᠬᠤ᠂ ᠳᠠᠬᠢᠨ ᠬᠢᠨᠠᠬᠤ ᠪᠤᠶᠤ ᠲᠤᠰᠬᠠᠶ ᠦᠨᠡᠯᠡᠨ ᠵᠢᠱᠢᠵᠦ᠂ ᠤᠤᠯ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢᠨ ᠳ᠋ᠦᠩᠨᠡᠯᠲᠡ᠂ ᠲᠤᠭ᠎ᠠ ᠪᠠᠷᠢᠮᠲᠠ ᠶᠢ  ᠲᠦᠬᠦᠮᠬᠡᠨ ᠢᠶᠠᠷ ᠳᠠᠪᠲᠠᠵᠤ ᠪᠣᠯᠬᠤ ᠥᠬᠡᠶ᠃ ᠠᠮᠤᠷ ᠲᠦᠪᠰᠢᠨ ᠤ ᠨᠥᠯᠥᠭᠡᠯᠡᠯ ᠢ ᠦᠨᠡᠯᠡᠭᠰᠡᠨ ᠳ᠋ᠦᠩᠨᠡᠯᠲᠡ ᠶᠢᠨ ᠰᠠᠨᠠᠯ ᠢ ᠲᠤᠯᠭᠠᠭᠤᠷᠢᠯᠠᠬᠤ ᠳᠤ ᠬᠦᠷᠦᠯᠴᠡᠬᠦ ᠥᠬᠡᠶ  ᠪᠠᠶᠢᠪᠠᠯ᠂ ᠬᠠᠮᠢᠶ᠎ᠠ ᠪᠦᠬᠦᠢ ᠠᠵᠢᠯ ᠢ ᠨᠥᠬᠦᠪᠥᠷᠢᠯᠡᠬᠦ ᠪᠤᠶᠤ ᠳᠠᠬᠢᠨ ᠰᠢᠨ᠎ᠡ ᠪᠠᠷ ᠥᠷᠨᠢᠭᠦᠯᠬᠦ ᠪᠠᠷ ᠱᠠᠭᠠᠷᠳᠠᠬᠤ ᠬᠡᠷᠡᠭᠲᠡᠶ᠃      ᠦᠶᠡᠷ ᠤᠨ ᠬᠤᠭᠤᠴᠠᠭ᠎ᠠ ᠪᠠ ᠮᠥᠰᠥᠲᠦᠯᠭᠡ ᠶᠢᠨ ᠬᠤᠭᠤᠴᠠᠭᠠᠨ ᠳᠤ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠵᠢᠯᠯᠠᠭᠠᠨ ᠤ ᠠᠮᠤᠷ ᠲᠦᠪᠰᠢᠨ ᠢ ᠨᠥᠯᠥᠭᠡᠯᠡᠵᠦ ᠮᠡᠳᠡᠬᠦ ᠬᠦᠷᠰᠢᠯᠡᠵᠦ  ᠳᠤᠭᠤᠯᠬᠤ ᠲᠥᠷᠥᠯ ᠵᠦᠢᠯ ᠨᠢ ᠲᠡᠭᠦᠨ ᠤ ᠬᠡᠷᠡᠭᠵᠢᠭᠦᠯᠬᠦ ᠴᠠᠭ ᠬᠤᠭᠤᠴᠠᠭ᠎ᠠ ᠶᠢ ᠬᠢᠵᠠᠭᠠᠷᠯᠠᠬᠤ ᠴᠢᠨᠠᠷᠲᠠᠶ ᠱᠠᠭᠠᠷᠳᠠᠯᠭ᠎ᠠ ᠳᠤᠷᠠᠳᠬᠤ ᠬᠡᠷᠡᠭᠲᠡᠶ᠃      ᠬᠦᠷᠰᠢᠯᠡᠵᠦ ᠲᠤᠭᠤᠯᠬᠤ ᠲᠥᠷᠥᠯ ᠵᠦᠢᠯ ᠨᠢ ᠵᠢᠷᠤᠭ ᠲᠥᠯᠥᠪᠯᠡᠭᠡ ᠶᠢᠨ ᠬᠡᠷᠡᠭᠯᠡᠬᠦ ᠵᠢᠯ ᠬᠤᠭᠤᠴᠠᠭ᠎ᠠ ᠳᠤ ᠬᠦᠷᠦᠭᠰᠡᠨ ᠤ ᠳᠠᠷᠠᠭ᠎ᠠ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠢ ᠪᠠᠲᠤᠯᠠᠬᠤ ᠰᠢᠳᠪᠥᠷᠢᠯᠠᠬᠦ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠳᠤᠷᠠᠳᠬᠤ ᠬᠡᠷᠡᠭᠲᠡᠶ᠃      ︵ᠵᠢᠷᠭᠤᠭ᠎ᠠ︶ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠬᠦᠷᠰᠢᠯᠡᠵᠦ ᠲᠤᠭᠤᠯᠬᠤ ᠴᠢᠩᠭ᠎ᠠ ᠳᠡᠯᠡᠬᠦ ᠬᠦᠷᠦᠰᠤ᠂ ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ  ᠤᠨᠴᠠᠭᠠᠢ ᠰᠤᠪᠠᠭ ᠤᠨ ᠬᠡᠰᠡᠭ ᠪᠠ ᠰᠠᠴᠤᠷᠠᠭ ᠴᠢᠨᠠᠷᠲᠠᠶ᠂ ᠨᠣᠴᠣᠮᠠᠲᠠᠭᠠᠶ᠂ ᠳᠡᠯᠪᠡᠷᠡᠮᠡᠲᠡᠭᠡᠶ᠂ ᠬᠢᠮᠢ ᠶᠢᠨ ᠢᠳᠡᠭᠳᠡᠯ ᠲᠠᠢ᠂ ᠪᠣᠬᠢᠷ ᠤᠰᠤᠨ ᠤ ᠬᠤᠭᠤᠯᠠᠶ ︵ᠱᠤᠭᠤᠮ︶ ᠶᠢ ᠨᠡᠪᠲᠡᠯᠬᠦ ᠵᠡᠷᠭᠡ  ᠤᠨᠴᠠᠭᠠᠢ  ᠲᠥᠷᠥᠯ ᠵᠦᠢᠯ ᠤᠨ ᠬᠤᠭᠤᠯᠠᠶ ᠱᠤᠭᠤᠮ ᠪᠠ  ᠲᠤᠨᠤᠭ  ᠲᠦᠬᠦᠬᠡᠷᠦᠮᠵᠢ ᠳᠤ ᠲᠤᠰᠬᠠᠶ ᠮᠡᠷᠭᠡᠵᠢᠯ ᠤᠨ ᠱᠠᠭᠠᠷᠳᠠᠯᠭ᠎ᠠ ᠲᠣᠭᠲᠠᠭᠠᠵᠤ᠂ ᠠᠶᠤᠯ ᠦᠭᠡᠶ ᠶᠢ ᠦᠨᠡᠨᠬᠦ ᠪᠠᠲᠤᠯᠠᠬᠤ ᠬᠢᠵᠠᠭᠠᠷᠯᠠᠬᠤ ᠴᠢᠨᠠᠷᠲᠠᠶ ᠮᠡᠷᠭᠡᠵᠢᠯ ᠤᠨ ᠱᠠᠭᠠᠷᠳᠠᠯᠭ᠎ᠠ ᠪᠠ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠬᠦᠷᠰᠢᠯᠡᠵᠦ ᠳᠤᠭᠤᠯᠬᠤ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ  ᠵᠦᠪᠰᠢᠶᠡᠷᠡᠭᠰᠡᠨ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠵᠥᠪᠰᠢᠶᠡᠷᠡᠬᠦ ᠠᠴᠠ ᠡᠮᠦᠨ᠎ᠡ ᠤᠰᠤᠨ ᠠᠰᠢᠭᠯᠠᠯᠲᠠ ᠶᠢᠨ ᠶᠠᠮᠤᠨ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠳᠤᠤᠷᠠᠬᠢ ᠠᠭᠤᠯᠭ᠎ᠠ ᠳᠤ ᠲᠣᠳᠣᠷᠬᠠᠶᠢᠯᠠᠯᠲᠠ ᠬᠢᠬᠦ ᠬᠡᠷᠡᠭᠲᠡᠶ᠄      ︵ᠨᠢᠭᠡ︶ ᠬᠦᠷᠰᠢᠯᠡᠵᠦ ᠳᠤᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠤᠨ ᠪᠦᠷᠢᠨ ᠪᠦᠲᠦᠨ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ᠃      ︵ᠬᠤᠶᠠᠷ︶ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠪᠥᠭᠡᠳ ᠲᠤᠰᠬᠠᠢ ᠮᠡᠷᠭᠡᠵᠢᠯᠲᠡᠨ ᠤ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠨᠢ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠵᠢᠴᠢ ᠠᠮᠤᠷ ᠲᠦᠪᠰᠢᠨ ᠤ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢᠨ ᠰᠠᠨᠠᠯ ᠢ ᠭᠥᠯᠢᠶᠡᠨ ᠠᠪᠴᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠪᠦᠯᠦᠭ ᠬᠡᠰᠡᠭ ᠭᠠᠷᠭᠠᠵᠤ ᠲᠣᠳᠣᠷᠬᠠᠶᠢᠯᠠᠯᠲᠠ ᠬᠢᠬᠦ ᠬᠡᠷᠡᠭᠲᠡᠶ᠃      ︵ᠭᠤᠷᠪᠠ︶ ᠠᠮᠤᠷ ᠲᠦᠪᠰᠢᠨ ᠤ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢᠨ ᠳ᠋ᠦᠩᠨᠡᠯᠲᠡ ᠰᠠᠨᠠᠯ᠃      ︵ᠳᠥᠷᠪᠡ︶ ᠪᠥᠲᠥᠭᠡᠨ ᠪᠠᠶᠢᠭᠤᠯᠬᠤ ᠱᠠᠲᠤ ᠦᠶ᠎ᠡ ᠳᠤ ᠬᠥᠷᠰᠢ ᠵᠡᠷᠭᠡᠯᠡᠳᠡᠭᠡ ᠲᠥᠷᠥᠯ ᠵᠦᠢᠯ ᠢ ᠰᠤᠨᠳᠠᠯᠠᠵᠤ ᠨᠠᠶᠢᠳᠠᠪᠤᠷᠢᠵᠢᠭᠤᠯᠬᠤ ᠴᠢᠬᠤᠯᠠᠲᠠᠶ ᠵᠠᠩᠭᠢᠯᠠᠭ᠎ᠠ ᠶᠢᠨ ᠵᠦᠢᠯᠡᠰ︔      ︵ᠲᠠᠪᠤ︶ ᠬᠦᠷᠰᠢᠯᠡᠵᠦ ᠳᠤᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠬᠠᠮᠠᠭᠠᠯᠠᠬᠤ᠂ ᠪᠠᠶᠢᠴᠠᠭᠠᠨ ᠵᠠᠰᠠᠬᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠴᠢ ᠠᠵᠢᠯᠯᠠᠭᠠᠨ ᠤ ᠱᠠᠲᠤ ᠦᠶ᠎ᠡ ᠳᠤ ᠨᠠᠶᠢᠳᠠᠪᠤᠷᠢᠵᠢᠭᠤᠯᠬᠤ ᠴᠢᠬᠤᠯᠠ ᠲᠠᠢ ᠪᠤᠰᠤᠳ ᠵᠠᠩᠭᠢᠯᠠᠭ᠎ᠠ ᠶᠢᠨ ᠵᠦᠢᠯ ᠤᠳ᠃      ︵ᠵᠢᠷᠭᠤᠭ᠎ᠠ︶  ᠬᠦᠷᠰᠢᠯᠡᠵᠦ  ᠳᠤᠭᠤᠯᠬᠤ ᠲᠥᠷᠥᠯ ᠵᠦᠢᠯ ᠨᠢ ᠵᠢᠷᠤᠭ ᠲᠥᠯᠥᠪᠯᠡᠭᠡ ᠶᠢᠨ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠰᠡᠨ ᠤ ᠳᠠᠷᠠᠭᠠᠬᠢ ᠰᠢᠢᠳᠪᠦᠷᠢᠯᠡᠬᠦ ᠠᠷᠭ᠎ᠠ ᠬᠡᠮᠵᠢᠶ᠎ᠡ᠃      ︵ᠳᠣᠯᠤᠭ᠎ᠠ︶  ᠬᠦᠷᠰᠢᠯᠡᠵᠦ  ᠳᠤᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠵᠥᠪᠰᠢᠶᠡᠷᠡᠬᠦ ᠡᠰᠡᠬᠦ ᠲᠤᠬᠠᠶ ᠲᠣᠳᠣᠷᠬᠠᠶ ᠳ᠋ᠦᠩᠨᠡᠯᠲᠡ ᠶᠢᠨ ᠰᠠᠨᠠᠯ᠃      ᠲᠠᠪᠤᠳᠤᠭᠠᠷ ᠪᠦᠯᠦᠭ ᠪᠦᠲᠦᠭᠡᠨ  ᠪᠠᠶᠢᠭᠤᠯᠤᠯᠳᠠ   ᠶᠢᠨ  ᠱᠠᠲᠤ ᠦᠶ᠎ᠡ ᠶᠢᠨ ᠬᠠᠮᠢᠶᠠᠷᠤᠯᠲᠠ        ᠠᠷᠪᠠᠨ ᠨᠠᠢᠮᠠᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠬᠦᠷᠰᠢᠯᠡᠵᠦ  ᠳᠤᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠦᠶ᠎ᠡ ᠶᠢᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ  ᠳᠤᠭᠳᠠᠭᠠᠬᠤ ᠶᠢᠨ ᠬᠠᠮᠲᠤ ᠲᠡᠭᠦᠯᠳᠡᠷᠵᠢᠭᠦᠯᠬᠦ ᠬᠡᠷᠡᠭᠲᠡᠶ᠃      ᠠᠷᠪᠠ ᠶᠢᠰᠦᠳᠦᠭᠡᠷ  ᠵᠦᠢᠯ  ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠢ  ᠬᠦᠷᠰᠢᠯᠡᠵᠦ  ᠳᠤᠭᠤᠯᠬᠤ  ᠲᠦᠷᠦᠯ ᠵᠦᠢᠯ ᠤᠨ ᠪᠦᠲᠦᠭᠡᠨ  ᠪᠠᠶᠢᠭᠤᠯᠤᠯᠳᠠ ᠶᠢᠨ ᠨᠢᠬᠡᠴᠢ ᠶᠢ ᠱᠠᠭᠠᠷᠳᠠᠨ ᠵᠠᠬ᠎ᠠ ᠳᠡᠯᠭᠡᠭᠦᠷ ᠲᠤ ᠣᠷᠣᠵᠤ ᠪᠠᠷᠢᠯᠭ᠎ᠠ ᠬᠢᠬᠦ ᠠᠴᠠ ᠡᠮᠦᠨ᠎ᠡ ᠬᠠᠮᠢᠶᠠᠷᠤᠯᠲᠠ ᠶᠢᠨ ᠵᠥᠪᠯᠡᠯᠴᠡᠭᠡᠷ ᠲᠤ  ᠭᠠᠷ ᠤᠨ ᠦᠰᠦᠭ ᠵᠢᠷᠤᠬᠤ  ᠬᠡᠷᠡᠭᠳᠡᠢ᠃ ᠵᠥᠪᠯᠡᠯᠴᠡᠭᠡᠷ ᠤᠨ ᠠᠭᠤᠯᠭ᠎ᠠ ᠳᠤ ᠠᠳᠠᠭ ᠲᠠᠭᠠᠨ  ᠬᠦᠷᠰᠢᠯᠡᠵᠦ  ᠳᠤᠭᠤᠯᠬᠤ  ᠲᠦᠷᠦᠯ  ᠵᠦᠢᠯ ᠤᠨ  ᠪᠦᠳᠦᠬᠡᠨ ᠪᠠᠶᠢᠭᠤᠯᠤᠯᠳᠠ ᠶᠢᠨ ᠨᠢᠬᠡᠴᠢ ᠠᠮᠤᠷ ᠲᠦᠪᠰᠢᠨ ᠢ ᠦᠨᠡᠨᠬᠦ ᠪᠠᠲᠤᠯᠠᠬᠤ ᠬᠠᠷᠢᠭᠤᠴᠠᠯᠭ᠎ᠠ᠂ ᠠᠷᠭ᠎ᠠ ᠬᠡᠮᠵᠢᠶ᠎ᠡ ᠵᠢᠴᠢ ᠠᠵᠢᠯ ᠡᠬᠢᠯᠡᠭᠦᠯᠬᠦ᠂ ᠰᠢᠯᠭᠠᠨ ᠠᠪᠬᠤ ᠵᠡᠷᠭᠡ ᠬᠠᠮᠢᠶᠠᠷᠤᠯᠲᠠ ᠶᠢᠨ ᠳᠡᠰ ᠳᠠᠷᠠᠭᠠᠯᠠᠯ᠂ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠭᠡᠷ᠎ᠡ ᠠᠴᠠ ᠵᠦᠷᠢᠴᠡᠭᠰᠡᠳ ᠢ ᠬᠠᠷᠢᠭᠤᠴᠠᠯᠭ᠎ᠠ ᠨᠡᠬᠡᠮᠵᠢᠯᠡᠬᠦ᠂ ᠰᠢᠯᠭᠠᠨ ᠠᠪᠤᠭᠰᠠᠨ ᠮᠠᠲ᠋ᠧᠷᠢᠶᠠᠯ ᠬᠠᠩᠭᠠᠬᠤ᠂ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠶᠢᠨ ᠲᠤᠬᠠᠶ ᠶᠢᠨ ᠲᠠᠯᠠᠪᠠᠶ ᠶᠢᠨ ᠪᠠᠶᠢᠭᠤᠯᠤᠮᠵᠢ ᠵᠢᠴᠢ ᠠᠵᠢᠯᠲᠠᠨ ᠤ ᠬᠠᠮᠢᠶᠠᠷᠤᠯᠲᠠ ᠶᠢᠨ ᠡᠷᠬᠡ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠶ᠃      ᠬᠤᠷᠢᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠨᠢ  ᠬᠦᠷᠰᠢᠯᠡᠵᠦ  ᠳᠤᠭᠤᠯᠬᠤ ᠲᠥᠷᠥᠯ ᠵᠦᠢᠯ ᠤᠨ ᠢᠨᠵᠧᠨᠧᠷᠢᠩ ᠤᠨ ᠶᠠᠪᠤᠴᠠ ᠳᠤ ᠦᠨᠡᠨᠬᠦ ᠬᠡᠷᠡᠭᠵᠢᠭᠦᠯᠦᠭᠦᠰᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠪᠠ ᠤᠰᠤᠨ ᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢ ᠱᠠᠭᠠᠷᠳᠠᠵᠤ᠂ ᠴᠢᠬᠤᠯᠠᠲᠠᠶ ᠦᠶᠡᠰ ᠪᠦᠬᠦᠨ ᠢ ᠪᠢᠲᠡᠭᠦᠮᠵᠢᠯᠡᠨ ᠬᠠᠮᠢᠶᠠᠷᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠦᠭᠦᠳ ᠲᠤᠬᠠᠶ ᠶᠢᠨ ᠭᠠᠵᠠᠷ  ᠲᠤ ᠲᠣᠭᠤᠷᠢᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠳᠠᠷᠦ᠋ᠢᠬᠠᠨ ᠵᠣᠭᠰᠣᠭᠠᠬᠤ ᠶᠢᠨ ᠬᠠᠮᠲᠤ᠂ ᠪᠦᠲᠦᠭᠡᠨ ᠪᠠᠶᠢᠭᠤᠯᠬᠤ ᠨᠢᠬᠡᠴᠢ ᠠᠴᠠ ᠴᠠᠭ ᠲᠤᠬᠠᠶ ᠳᠤᠨᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠶᠢ ᠱᠠᠭᠠᠷᠳᠠᠵᠤ᠂ ᠨᠥᠬᠦᠪᠥᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠴᠠ ᠡᠮᠦᠨ᠎ᠡ ᠪᠠᠶᠢᠳᠠᠯ ᠢ ᠦᠵᠡᠵᠦ ᠬᠡᠰᠡᠭ ᠪᠤᠶᠤ ᠪᠦᠬᠦ ᠢᠨᠵᠧᠨᠧᠷᠢᠩ ᠢ ᠲᠦᠷ ᠵᠣᠭᠰᠣᠭᠠᠬᠤ ᠪᠠᠷ ᠱᠠᠭᠠᠷᠳᠠᠬᠤ ᠬᠡᠷᠡᠭᠲᠡᠶ᠃ ᠴᠡᠭᠴᠡᠯᠡᠨ ᠥᠭᠡᠷᠡᠴᠢᠯᠡᠬᠦ ᠶᠢ ᠲᠡᠪᠴᠢᠭᠰᠡᠨ᠂ ᠠᠯᠪᠠᠳᠠᠯᠭ᠎ᠠ ᠪᠠᠷ ᠪᠠᠷᠢᠯᠭ᠎ᠠ ᠪᠠᠷᠢᠭᠰᠠᠨ ᠪᠠᠶᠢᠪᠠᠯ᠂  ᠵᠦᠪᠳᠡᠯᠴᠡᠭᠡᠷ ᠲᠤ ᠲᠣᠭᠲᠠᠭᠠᠭᠰᠠᠨ ᠬᠤᠯᠪᠣᠭᠳᠠᠯ ᠪᠦᠬᠦᠢ ᠵᠦᠢᠯ ᠪᠠᠳᠠᠭ ᠤᠨ ᠶᠣᠰᠣᠭᠠᠷ ᠪᠣᠯᠵᠤᠭ᠎ᠠ ᠵᠥᠷᠢᠴᠡᠭᠰᠡᠨ ᠬᠠᠷᠢᠭᠤᠴᠠᠯᠭ᠎ᠠ ᠶᠢ ᠰᠢᠢᠳᠪᠦᠷᠢᠯᠡᠬᠦ ᠠᠴᠠ ᠭᠠᠳᠠᠨ᠎ᠠ ᠪᠠᠰᠠ ᠴᠠᠭ ᠲᠤᠬᠠᠢ ᠳᠤᠨᠢ ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ ᠳᠤᠮᠳᠠ ᠱᠤᠭᠤᠮ ᠤᠨ ᠭᠤᠣᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠢ ᠬᠦᠷᠰᠢᠯᠡᠵᠦ ᠳᠤᠭᠤᠯᠬᠤ ᠲᠥᠷᠥᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠳᠤ ᠣᠷᠣᠯᠴᠠᠬᠤ ᠬᠡᠷᠡᠭᠲᠡᠶ᠂ ᠰᠢᠯᠭᠠᠨ ᠠᠪᠬᠤ ᠳᠡᠰ ᠳᠠᠷᠠᠭᠠᠯᠠᠯ ᠢ ᠭᠦᠢᠴᠡᠳᠬᠡᠭᠰᠡᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ  ᠬᠦᠷᠰᠢᠯᠡᠵᠦ ᠳᠤᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠵᠥᠪᠰᠢᠶᠡᠷᠡᠵᠦ ᠪᠣᠯᠬᠤ ᠦᠭᠡᠶ᠃ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠨᠢ ᠵᠥᠪᠯᠡᠯᠴᠡᠭᠡᠷ ᠤᠨ ᠲᠣᠭᠲᠠᠭᠠᠯ ᠶᠣᠰᠣᠭᠠᠷ  ᠬᠦᠷᠰᠢᠯᠡᠵᠦ ᠳᠤᠭᠤᠯᠬᠤ ᠲᠥᠷᠥᠯ ᠵᠦᠢᠯ ᠤᠨ ᠪᠦᠷᠢᠨ ᠢᠵᠢ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠮᠳᠡᠭᠯᠡᠯ᠂ ᠰᠢᠯᠭᠠᠨ ᠠᠪᠤᠭᠰᠠᠨ ᠠᠵᠢᠯ ᠤᠨ ᠮᠡᠳᠡᠭᠦᠯᠦᠯᠲᠡ᠂ ᠪᠠᠷᠢᠯᠭ᠎ᠠ ᠳᠠᠭᠤᠰᠤᠭᠰᠠᠨ ᠵᠢᠷᠤᠭ᠂ ᠰᠢᠯᠭᠠᠨ ᠠᠪᠴᠤ ᠬᠢᠨᠠᠨ ᠲᠣᠭᠲᠠᠭᠠᠭᠰᠠᠨ ᠪᠢᠴᠢᠭ ᠵᠡᠷᠭᠡ ᠰᠢᠯᠭᠠᠨ ᠠᠪᠤᠭᠰᠠᠨ ᠮᠠᠲ᠋ᠧᠷᠢᠶᠠᠯ ᠢ ᠭᠥᠯᠢᠶᠡᠨ ᠠᠪᠬᠤ ᠶᠢᠨ ᠬᠠᠮᠲᠤ ᠴᠠᠭ ᠲᠤᠬᠠᠶ ᠳᠤᠨᠢ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃      ᠵᠢᠷᠭᠤᠳᠤᠭᠠᠷ ᠪᠦᠯᠦᠭ ᠠᠵᠢᠯᠯᠠᠭᠠᠨ ᠤ ᠱᠠᠲᠤ ᠦᠶ᠎ᠡ ᠶᠢᠨ ᠬᠠᠮᠢᠶᠠᠷᠤᠯᠲᠠ      ᠬᠤᠷᠢᠨ ᠬᠤᠶᠠᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠢ ᠬᠦᠷᠰᠢᠯᠡᠵᠦ ᠳᠤᠭᠤᠯᠬᠤ ᠲᠥᠷᠥᠯ ᠵᠦᠢᠯ ᠤᠨ ᠠᠵᠢᠯᠯᠠᠭᠠᠨ ᠤ ᠱᠠᠲᠤ ᠦᠶ᠎ᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠳᠤᠭᠳᠠᠭᠠᠬᠤ ᠶᠢᠨ ᠬᠠᠮᠲᠤ ᠲᠡᠭᠦᠯᠳᠡᠷᠵᠢᠭᠦᠯᠬᠦ ᠬᠡᠷᠡᠭᠲᠡᠶ᠃      ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠢ ᠬᠦᠷᠰᠢᠯᠡᠵᠦ ᠳᠤᠭᠤᠯᠬᠤ ᠲᠥᠷᠥᠯ ᠵᠦᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠨᠢᠬᠡᠴᠢ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠬᠤ ᠠᠴᠠ ᠡᠮᠦᠨ᠎ᠡ ᠬᠠᠮᠢᠶᠠᠷᠤᠯᠲᠠ ᠶᠢᠨ ᠵᠥᠪᠯᠡᠯᠴᠡᠭᠡᠷ ᠲᠣᠭᠲᠠᠬᠤ ᠪᠠᠷ ᠱᠠᠭᠠᠷᠳᠠᠬᠤ ᠬᠡᠷᠡᠭᠲᠡᠶ᠃ ᠵᠥᠪᠯᠡᠯᠴᠡᠭᠡᠷ ᠤᠨ ᠠᠭᠤᠯᠭ᠎ᠠ ᠳᠤ ᠠᠳᠠᠭ ᠲᠠᠭᠠᠨ ᠬᠦᠷᠰᠢᠯᠡᠵᠦ ᠳᠤᠭᠤᠯᠬᠤ ᠲᠥᠷᠥᠯ ᠵᠦᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠨᠢᠬᠡᠴᠢ ᠠᠮᠤᠷ ᠲᠦᠪᠰᠢᠨ ᠢ ᠦᠨᠡᠨᠬᠦ ᠪᠠᠲᠤᠯᠠᠬᠤ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠠᠵᠢᠯᠯᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠬᠠᠮᠠᠭᠠᠯᠠᠵᠤ ᠪᠠᠶᠢᠴᠠᠭᠠᠨ ᠵᠠᠰᠠᠬᠤ ᠳᠡᠰ ᠳᠠᠷᠠᠭᠠᠯᠠᠯ᠂  ᠬᠦᠷᠰᠢᠯᠡᠵᠦ ᠳᠤᠭᠤᠯᠬᠤ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠬᠡᠷᠡᠭᠯᠡᠬᠦ ᠵᠢᠯ ᠬᠤᠭᠤᠴᠠᠭ᠎ᠠ ᠨᠢ ᠲᠤᠯᠤᠭᠰᠠᠨ ᠤ ᠳᠠᠷᠠᠭᠠᠬᠢ ᠰᠢᠢᠳᠪᠦᠷᠢᠯᠡᠬᠦ ᠲᠠᠰ ᠳᠠᠷᠠᠭᠠᠯᠠᠯ᠂ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ︵ᠡᠰᠡᠬᠦᠯ᠎ᠡ ᠬᠦᠷᠰᠢᠯᠡᠵᠦ ᠳᠤᠭᠤᠯᠬᠤ ᠲᠥᠷᠥᠯ ᠵᠦᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ  ᠨᠢᠬᠡᠴᠢ  ᠶᠢ ᠱᠠᠭᠠᠷᠳᠠᠵᠤ︶ ᠠᠴᠠ ᠵᠣᠬᠢᠬᠤ ᠣᠷᠣᠨ ᠪᠠᠶᠢᠷᠢ ᠳᠤ  ᠬᠦᠷᠰᠢᠯᠡᠵᠦ  ᠳᠤᠭᠤᠯᠬᠤ ᠲᠥᠷᠥᠯ ᠵᠦᠢᠯ ᠤᠨ ᠢᠯᠡ ᠲᠣᠳᠣ ᠲᠡᠮᠳᠡᠭ ᠫᠠᠶᠢᠰᠠ ᠪᠠᠶᠢᠭᠤᠯᠵᠤ᠂ ᠢᠨᠵᠧᠨᠧᠷᠢᠩ ᠤᠨ ᠪᠠᠶᠢᠳᠠᠯ ᠪᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠨᠢᠬᠡᠴᠢ ᠶᠢᠨ ᠬᠠᠷᠢᠯᠴᠠᠬᠤ ᠬᠥᠮᠦᠨ ᠤ ᠮᠡᠳᠡᠭᠡ ᠵᠠᠩᠭᠢ ᠵᠡᠷᠭᠡ ᠶᠢ ᠲᠣᠳᠣᠷᠬᠠᠶᠢᠯᠠᠬᠤ ᠶᠢᠨ ᠬᠠᠮᠲᠤ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠵᠦ᠂ ᠡᠳᠦᠷ ᠲᠤᠲᠤᠮ ᠤᠨ ᠬᠠᠮᠢᠶᠠᠷᠤᠯᠲᠠ ᠪᠠ ᠪᠠᠴᠢᠮ ᠪᠠᠶᠢᠳᠠᠯ ᠢ  ᠠᠷᠭᠠᠴᠠᠭᠠᠬᠤ ᠳᠤ ᠳᠥᠭᠦᠮ ᠪᠠᠶᠢᠯᠭᠠᠬᠤ ᠬᠡᠷᠡᠭᠲᠡᠶ᠃      ᠬᠤᠷᠢᠨ ᠳᠥᠷᠪᠡᠳᠦᠭᠡᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠦᠭᠦᠳ  ᠬᠦᠷᠰᠢᠯᠡᠵᠤ  ᠳᠤᠭᠤᠯᠬᠤ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠴᠠᠭ ᠲᠤᠬᠠᠶ ᠳᠤᠨᠢ ᠣᠨᠣᠪᠴᠢᠲᠠᠶ ᠢᠯᠡᠷᠡᠭᠦᠯᠵᠦ᠂ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠬᠦᠷᠰᠢᠯᠡᠵᠦ ᠳᠤᠭᠤᠯᠬᠤ ᠲᠥᠷᠥᠯ ᠵᠦᠢᠯ ᠤᠨ ᠠᠵᠢᠯᠯᠠᠭᠠᠨ ᠤ ᠱᠠᠲᠤᠨ ᠳᠤ ᠴᠢᠬᠤᠯᠠ ᠪᠦᠬᠦᠢ ᠬᠢᠨᠠᠨ ᠬᠡᠮᠵᠢᠵᠦ ᠬᠢᠨᠠᠨ ᠡᠵᠡᠮᠳᠡᠬᠦ ᠬᠡᠮᠵᠢᠭᠦᠷᠯᠢᠭ ᠢ ᠦᠯᠡᠳᠡᠭᠡᠬᠦ ᠪᠤᠶᠤ ᠨᠡᠮᠡᠵᠦ ᠪᠠᠶᠢᠷᠢᠯᠠᠭᠤᠯᠤᠨ᠂ ᠴᠠᠭ ᠲᠤᠬᠠᠶ ᠳᠤᠨᠢ ᠲᠤᠭ᠎ᠠ ᠪᠠᠷᠢᠮᠲᠠ ᠶᠢ ᠵᠠᠳᠠᠯᠵᠤ᠂ ᠠᠮᠤᠷ ᠲᠦᠪᠰᠢᠨ ᠤ ᠪᠠᠶᠢᠳᠠᠯ ᠢ ᠰᠤᠳᠤᠯᠤᠨ ᠮᠠᠭᠠᠳᠯᠠᠵᠤ᠂ ᠴᠢᠬᠤᠯᠠᠲᠠᠶ ᠣᠶᠶ᠎ᠠ ᠳᠤ  ᠬᠦᠷᠰᠢᠯᠡᠵᠦ  ᠳᠤᠭᠤᠯᠬᠤ ᠲᠥᠷᠥᠯ ᠵᠦᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠨᠢᠬᠡᠴᠢ ᠳᠤ ᠠᠮᠤᠷ ᠲᠦᠪᠰᠢᠨ ᠳᠤ ᠬᠤᠯᠪᠣᠭᠳᠠᠬᠤ ᠠᠵᠢᠯᠯᠠᠭᠠᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠩᠭᠠᠬᠤ ᠶᠢ ᠱᠠᠭᠠᠷᠳᠠᠬᠤ ᠬᠡᠷᠡᠭᠲᠡᠶ᠃ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ  ᠬᠦᠷᠰᠢᠯᠡᠵᠦ  ᠳᠤᠭᠤᠯᠬᠤ ᠲᠥᠷᠥᠯ ᠵᠦᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠨᠢᠬᠡᠴᠢ ᠲᠠᠢ ᠬᠠᠷᠢᠯᠴᠠᠬᠤ ᠶᠢᠨ ᠬᠠᠮᠲᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠬᠡᠴᠢ ᠨᠢ  ᠬᠦᠷᠰᠢᠯᠡᠵᠦ ᠵᠠᠯᠭᠠᠯᠳᠤᠭᠰᠠᠨ ᠲᠥᠷᠥᠯ ᠵᠦᠢᠯ ᠤᠨ ᠢᠨᠵᠧᠨᠧᠷᠢᠩ ᠤᠨ ᠮᠡᠳᠡᠭᠡ ᠵᠠᠩᠭᠢ ᠪᠠ ᠠᠵᠢᠯᠯᠠᠭᠠᠨ ᠤ ᠮᠡᠳᠡᠭᠡ ᠵᠠᠩᠭᠢ ᠶᠢᠨ ᠡᠬᠡ ᠳᠠᠩᠰᠠ ᠶᠢᠨ ᠮᠠᠲ᠋ᠧᠷᠢᠶᠠᠯ ᠢ ᠪᠠᠶᠢᠭᠤᠯᠬᠤ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃      ᠳᠣᠯᠣᠳᠤᠭᠠᠷ ᠪᠦᠯᠦᠭ ᠬᠢᠨᠠᠵᠤ ᠪᠠᠶᠢᠴᠠᠭᠠᠬᠤ        ᠬᠤᠷᠢᠨ ᠵᠢᠷᠭᠤᠳᠤᠭᠠᠷ ᠵᠦᠢᠯ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠲᠠᠢ ᠨᠢᠬᠡᠴᠢ ᠨᠢ ︽ᠪᠠᠶᠢᠴᠠᠭᠠᠬᠤ᠂ ᠮᠡᠳᠡᠷᠡᠬᠦ᠂ ᠥᠭᠡᠷᠡᠴᠢᠯᠡᠬᠦ᠂ ᠲᠣᠷᠭᠠᠬᠤ︾ ᠳᠥᠷᠪᠡᠨ ᠲᠠᠯ᠎ᠠ ᠪᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ᠂ ᠭᠤᠤᠯ ᠠᠵᠢᠯ ᠤᠨ  ᠳᠡᠰ ᠳᠠᠷᠠᠭᠠᠯᠠᠯ ᠨᠢ ᠳᠤᠤᠷᠠᠬᠢ ᠮᠡᠲᠦ᠄      ︵ᠨᠢᠭᠡ︶ ᠣᠨ ᠤ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ ᠵᠢᠴᠢ ᠠᠵᠢᠯ ᠤᠨ ᠲᠥᠰᠦᠯ ᠲᠣᠭᠲᠠᠭᠠᠬᠤ ᠬᠡᠷᠡᠭᠲᠡᠶ᠃      ︵ᠬᠤᠶᠠᠷ︶ ᠬᠤᠯᠪᠣᠭᠳᠠᠯ ᠪᠦᠬᠦᠢ ᠨᠢᠬᠡᠴᠢ ᠶᠢ ᠵᠣᠬᠢᠶᠠᠨ ᠪᠠᠶᠢᠭᠤᠯᠬᠤ ᠪᠤᠶᠤ ᠨᠠᠶᠢᠳᠠᠵᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ᠃      ︵ᠭᠤᠷᠪᠠ︶ ᠠᠰᠠᠭᠤᠳᠠᠯ ᠢ ᠣᠯᠵᠤ ᠮᠡᠳᠡᠵᠦ ᠨᠤᠲᠠᠯᠠᠬᠤ᠃      ︵ᠳᠥᠷᠪᠡ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠠᠨᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠤᠨ᠎ᠠ᠃      ︵ᠲᠠᠪᠤ︶ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ  ᠱᠠᠯᠠᠪᠳᠠᠭᠤᠯᠤᠨ᠎ᠠ᠃      ︵ᠵᠢᠷᠭᠤᠭ᠎ᠠ︶ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃      ᠬᠤᠷᠢᠨ ᠳᠣᠯᠣᠳᠤᠭᠠᠷ ᠵᠦᠢᠯ ᠬᠢᠨᠠᠯᠲᠠ ᠲᠠᠯᠪᠢᠵᠤ ᠪᠠᠶᠢᠴᠠᠭᠠᠬᠤ ᠳᠤ  ᠴᠠᠭ ᠳᠤᠬᠠᠢ   ᠳᠤ ᠨᠢ ᠰᠤᠭᠤᠴᠢᠨ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠬᠤ᠂ ᠲᠤᠰᠬᠠᠶ ᠵᠦᠢᠯ ᠢᠶᠠᠷ ᠮᠥᠷᠳᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ ᠪᠣᠯᠤᠨ᠎ᠠ᠃ ᠵᠠᠭᠤᠴᠢᠯᠠᠭᠤᠷ ᠤᠨ ᠢᠯᠡᠴᠢᠯᠡᠭᠰᠡᠨ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ       ᠮᠡᠳᠡᠭᠦᠯᠦᠭᠰᠡᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ 12314 ᠦᠢᠯᠡᠴᠢᠯᠡᠭᠡᠨ ᠤ ᠲᠠᠪᠴᠠᠩ ᠤᠨ ᠬᠠᠷᠢᠭᠤ ᠲᠤᠰᠬᠠᠭᠰᠠᠨ᠂ ᠳᠡᠭᠡᠳᠦ ᠱᠠᠲᠤᠨ ᠤ ᠨᠢᠭᠡᠴᠢ ᠪᠠ ᠤᠳᠤᠷᠢᠳᠤᠯᠭ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠮᠤᠷ ᠲᠦᠪᠰᠢᠨ ᠢ ᠨᠥᠯᠥᠭᠡᠯᠡᠵᠦ ᠪᠠᠶᠢᠭ᠎ᠠ  ᠬᠦᠷᠰᠢᠯᠡᠵᠦ ᠳᠤᠭᠤᠯᠬᠤ ᠠᠰᠠᠭᠤᠳᠠᠯ ᠢ ᠪᠣᠯ ᠴᠠᠭ ᠲᠤᠬᠠᠶ ᠳᠤᠨᠢ ᠬᠤᠷᠢᠨ ᠵᠢᠷᠭᠤᠳᠤᠭᠠᠷ ᠵᠦᠢᠯ ᠤᠨ ︵ᠬᠤᠶᠠᠷ︶ ᠳ᠋ᠤᠭᠠᠷ ᠵᠤᠷᠪᠤᠰ ᠠᠴᠠ ︵ᠵᠢᠷᠭᠤᠭ᠎ᠠ︶ ᠳ᠋ᠤᠭᠠᠷ ᠵᠤᠷᠪᠤᠰ ᠶᠣᠰᠣᠭᠠᠷ ᠬᠡᠷᠡᠭᠵᠢᠭᠦᠯᠦᠨ᠎ᠡ᠃      ᠬᠤᠷᠢᠨ ᠨᠠᠢᠮᠠᠳᠤᠭᠠᠷ ᠵᠦᠢᠯ  ᠬᠦᠷᠰᠢᠯᠡᠵᠦ ᠲᠤᠭᠤᠯᠬᠤ ᠲᠥᠷᠥᠯ ᠵᠦᠢᠯ ᠳᠤ ᠬᠢᠨᠠᠯᠲᠠ ᠲᠠᠯᠪᠢᠬᠤ  ᠪᠠᠶᠢᠴᠠᠭᠠᠯᠳᠠ ᠳᠠᠭᠤᠰᠤᠭᠰᠠᠨ ᠤ ᠳᠠᠷᠠᠭ᠎ᠠ᠂ ᠬᠢᠨᠠᠯᠲᠠ ᠲᠠᠯᠪᠢᠵᠤ ᠪᠠᠶᠢᠴᠠᠭᠠᠬᠤ ᠨᠢᠬᠡᠴᠢ ᠨᠢ ᠪᠠᠶᠢᠴᠠᠭᠠᠭᠰᠠᠨ ᠮᠡᠳᠡᠭᠦᠯᠦᠯᠲᠡ ᠶᠢ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠬᠤ ᠬᠡᠷᠡᠭᠲᠡᠶ᠂ ᠡᠭᠦᠨ ᠳᠤ ᠭᠤᠤᠯᠳᠠᠭᠤ ᠦᠨᠳᠦᠰᠦᠨ ᠪᠠᠶᠢᠳᠠᠯ ︵ᠬᠢᠨᠠᠯᠲᠠ ᠲᠠᠯᠪᠢᠵᠤ ᠪᠠᠶᠢᠴᠠᠭᠠᠭᠳᠠᠬᠤ  ᠨᠢᠬᠡᠴᠢ ᠨᠢ ᠬᠦᠷᠰᠢᠯᠡᠵᠦ  ᠳᠤᠭᠤᠯᠬᠤ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠵᠢᠴᠢ ᠶᠡᠷᠦᠩᠬᠡᠶ       ᠦᠨᠡᠯᠡᠯᠲᠡ︶᠂ ᠠᠰᠠᠭᠤᠳᠠᠯ ᠢᠯᠡᠷᠡᠭᠦᠯᠦᠭᠰᠡᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠵᠡᠷᠭᠡ ᠠᠭᠤᠯᠭ᠎ᠠ ᠪᠠᠭᠲᠠᠨ᠎ᠠ᠃      ᠨᠠᠢᠮᠠᠳᠤᠭᠠᠷ ᠪᠦᠯᠦᠭ ᠠᠰᠠᠭᠤᠳᠠᠯ ᠢ ᠮᠠᠭᠠᠳᠯᠠᠨ ᠲᠣᠭᠲᠠᠭᠠᠬᠤ      ᠬᠤᠷᠢ ᠶᠢᠰᠦᠳᠦᠭᠡᠷ ᠵᠦᠢᠯ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠲᠠᠢ ᠨᠢᠬᠡᠴᠢ ᠨᠢ ᠰᠢᠭᠤᠳ ᠪᠤᠶᠤ ᠬᠤᠯᠪᠣᠭᠳᠠᠯ ᠪᠦᠬᠦᠢ ᠨᠢᠬᠡᠴᠢ ᠳᠤ ᠨᠠᠶᠢᠳᠠᠨ ᠬᠢᠨᠠᠯᠲᠠ ᠪᠠᠶᠢᠴᠠᠭᠠᠯᠲᠠ ᠬᠢᠯᠭᠡᠬᠦ ᠶᠢᠨ ᠬᠠᠮᠲᠤ ᠠᠰᠠᠭᠤᠳᠠᠯ  ᠳᠤ  ᠬᠢᠨᠠᠨ ᠳᠤᠭᠳᠠᠭᠠᠯᠳᠠ ᠬᠢᠵᠦ᠂ ᠣᠯᠵᠤ ᠮᠡᠳᠡᠭᠰᠡᠨ ᠠᠰᠠᠭᠤᠳᠠᠯ ᠢ ᠨᠢᠭᠡᠳ ᠨᠢᠭᠡ ᠪᠠᠷ ᠳᠠᠩᠰᠠᠯᠠᠨ᠂ ᠡᠬᠡ ᠳᠠᠩᠰᠠ ᠪᠠᠶᠢᠭᠤᠯᠤᠨ᠎ᠠ᠃ ᠬᠢᠨᠠᠯᠲᠠ ᠲᠠᠯᠪᠢᠵᠤ ᠪᠠᠶᠢᠴᠠᠭᠠᠬᠤ ᠨᠢᠬᠡᠴᠢ ᠨᠢ ᠪᠠᠶᠢᠴᠠᠭᠠᠭᠳᠠᠬᠤ ᠨᠢᠬᠡᠴᠢ ᠯᠦᠭᠡ ᠰᠠᠨᠠᠯ ᠢᠶᠠᠨ ᠰᠣᠯᠢᠯᠴᠠᠵᠤ᠂ ᠢᠯᠡᠷᠡᠭᠦᠯᠦᠭᠰᠡᠨ ᠠᠰᠠᠭᠤᠳᠠᠯ ᠢ ᠨᠤᠲᠠᠯᠠᠬᠤ ᠬᠡᠷᠡᠭᠲᠡᠶ᠃ ᠠᠰᠠᠭᠤᠳᠠᠯ ᠢ ᠨᠤᠲᠠᠯᠠᠬᠤ ᠬᠠᠭᠤᠳᠠᠰᠤ ᠶᠢ ᠳᠠᠭᠠᠯᠳᠤᠭᠤᠯᠤᠯ 1 ᠳᠤ ᠦᠵᠡ᠃      ᠠᠰᠠᠭᠤᠳᠠᠯ ᠢ ᠬᠦᠨᠳᠦ ᠨᠣᠴᠢᠲᠠᠢ ᠬᠡᠮᠵᠢᠶ᠎ᠡ ᠪᠠᠷ ᠨᠢ ᠡᠩ ᠤᠨ᠂ ᠨᠡᠯᠢᠶᠡᠳ ᠬᠦᠨᠳᠦ᠂ ᠬᠦᠨᠳᠦ ᠨᠣᠴᠢᠲᠠᠢ ᠭᠡᠵᠦ ᠭᠤᠷᠪᠠᠨ ᠳᠡᠰ ᠬᠤᠪᠢᠶᠠᠨ᠎ᠠ᠂ ᠠᠰᠠᠭᠤᠳᠠᠯ ᠤᠨ ᠵᠡᠷᠭᠡ ᠳᠡᠰ ᠢ ᠳᠠᠭᠠᠯᠳᠤᠭᠤᠯᠤᠯ 2 ᠲᠤ ᠦᠵᠡ᠃      ᠭᠤᠴᠢᠳᠤᠭᠠᠷ ᠵᠦᠢᠯ ᠪᠠᠶᠢᠴᠠᠭᠠᠭᠳᠠᠬᠤ ᠨᠢᠭᠡᠴᠢ ᠨᠢ ᠬᠢᠨᠠᠯᠲᠠ ᠲᠠᠯᠪᠢᠵᠤ ᠪᠠᠶᠢᠴᠠᠭᠠᠭᠰᠠᠨ ᠳ᠋ᠦᠩᠨᠡᠯᠲᠡ ᠳᠤ ᠣᠨᠳᠣᠣ ᠰᠠᠨᠠᠯ ᠲᠠᠢ ᠪᠠᠶᠢᠪᠠᠯ᠂ ᠲᠤᠬᠠᠢ ᠶᠢᠨ ᠲᠠᠯᠠᠪᠤᠷ ᠲᠤᠨᠢ ᠪᠤᠶᠤ 5 ᠠᠵᠢᠯᠯᠠᠬᠤ ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠵᠤ ᠭᠤᠮᠣᠳᠠᠯ ᠲᠣᠭᠠᠴᠢᠵᠤ ᠪᠣᠯᠤᠨ᠎ᠠ᠃      ᠬᠢᠨᠠᠯᠲᠠ ᠲᠠᠯᠪᠢᠵᠤ ᠪᠠᠶᠢᠴᠠᠭᠠᠬᠤ ᠨᠢᠭᠡᠴᠢ ᠭᠤᠮᠣᠳᠠᠯ ᠲᠤᠭᠠᠴᠠᠯᠲᠠ ᠶᠢ ᠦᠨᠳᠦᠰᠦᠯᠡᠨ ᠭᠤᠮᠣᠳᠠᠯ ᠲᠤᠭᠠᠴᠠᠯᠲᠠ ᠶᠢ ᠬᠦᠯᠢᠶᠡᠨ ᠠᠪᠬᠤ ᠪᠤᠶᠤ ᠲᠡᠪᠴᠢᠬᠦ ᠰᠠᠨᠠᠯ ᠢᠶᠠᠨ ᠳᠤᠷᠠᠳᠬᠤ ᠬᠡᠷᠡᠭᠲᠡᠢ᠃ ᠴᠢᠬᠤᠯᠠ ᠲᠠᠢ       ᠦᠶ᠎ᠡ ᠳᠤ᠂ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠤᠷᠢᠵᠤ ᠬᠠᠪᠰᠤᠷᠤᠭᠤᠯᠤᠨ ᠳᠠᠬᠢᠨ ᠬᠢᠨᠠᠭᠤᠯᠬᠤ ᠬᠡᠷᠡᠭᠲᠡᠶ᠃      ᠶᠢᠰᠦᠳᠦᠭᠡᠷ ᠪᠦᠯᠦᠭ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ        ᠭᠤᠴᠢᠨ ᠨᠢᠭᠡᠳᠦᠭᠡᠷ ᠵᠦᠢᠯ ᠬᠢᠨᠠᠯᠲᠠ ᠲᠠᠯᠪᠢᠵᠤ ᠪᠠᠶᠢᠴᠠᠭᠠᠬᠤ ᠨᠢᠬᠡᠴᠢ ᠨᠢ ᠪᠠᠶᠢᠴᠠᠭᠠᠭᠳᠠᠬᠤ ᠨᠢᠬᠡᠴᠢ ᠳᠤ ᠰᠠᠨᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ︵ᠴᠢᠬᠤᠯᠠᠲᠠᠶ ᠦᠶ᠎ᠡ ᠳᠤ ᠲᠡᠭᠦᠨ ᠤ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠲᠤ ᠳᠤᠨᠢ ᠬᠠᠷᠢᠭᠤ ᠲᠤᠰᠬᠠᠬᠤ ᠬᠡᠷᠡᠭᠲᠡᠶ︶᠂ ᠴᠡᠭᠴᠡᠯᠡᠨ ᠰᠠᠶᠢᠵᠢᠷᠠᠭᠤᠯᠬᠤ ᠰᠠᠨᠠᠯ ᠤᠨ ᠮᠡᠳᠡᠭᠳᠡᠯ ᠢ ᠳᠠᠷᠤᠮᠠᠯᠯᠠᠨ ᠶᠠᠪᠤᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠴᠠᠭ ᠤᠨ ᠬᠢᠵᠠᠭᠠᠷ ᠢ ᠳᠤᠷᠠᠳᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ ᠪᠠᠶᠢᠴᠠᠭᠠᠭᠳᠠᠭᠰᠠᠨ‌ᠨᠢᠬᠡᠴᠢ ᠨᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ  ᠨᠢᠬᠡᠴᠢ ᠪᠠ ᠬᠠᠷᠢᠭᠤᠴᠠᠯᠭ᠎ᠠ ᠲᠠᠢ ᠬᠥᠮᠦᠨ ᠢᠶᠠᠨ ᠲᠣᠳᠣᠷᠬᠠᠶᠢᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠬᠢᠨᠠᠯᠲᠠ ᠲᠠᠯᠪᠢᠨ ᠪᠠᠶᠢᠴᠠᠭᠠᠬᠤ ᠨᠢᠬᠡᠴᠢ ᠳᠤ ᠬᠠᠷᠢᠭᠤ ᠲᠤᠰᠬᠠᠬᠤ ᠬᠡᠷᠡᠭᠲᠡᠶ᠃      ᠭᠤᠴᠢᠨ ᠭᠤᠷᠪᠠᠳᠤᠭᠠᠷ ᠵᠦᠢᠯ ᠤᠰᠤᠨ ᠠᠰᠢᠭᠯᠠᠯᠲᠠ ᠶᠢᠨ ᠶᠠᠮᠤᠨ ᠰᠢᠭᠤᠳ ᠬᠠᠷᠢᠭᠤᠴᠠᠯᠭ᠎ᠠ ᠨᠡᠬᠡᠮᠵᠢᠯᠡᠬᠦ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠤᠮᠳᠠ ᠱᠤᠭᠤᠮ ᠤᠨ ᠭᠤᠤᠯ ᠱᠤᠭᠤᠮ ᠤᠨ ᠢᠨᠵᠧᠨᠧᠷᠢᠩ ᠤᠨ ᠬᠠᠮᠢᠶᠠᠷᠤᠯᠲᠠ ᠶᠢᠨ  ᠨᠢᠬᠡᠴᠢ ᠳᠤ ᠬᠠᠷᠢᠭᠤᠴᠠᠯᠭ᠎ᠠ ᠨᠡᠬᠡᠮᠵᠢᠯᠡᠬᠦ ᠶᠢ ᠳᠠᠭᠠᠭᠠᠯᠭᠠᠵᠤ ᠪᠣᠯᠤᠨ᠎ᠠ᠂ ᠴᠢᠬᠤᠯᠠ ᠲᠠᠢ ᠦᠶ᠎ᠡ ᠳᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ  ᠬᠠᠷᠢᠶᠠᠯᠠᠭᠳᠠᠵᠤ  ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ ᠬᠤᠯᠪᠣᠭᠳᠠᠯ ᠪᠦᠬᠦᠢ ᠲᠣᠭᠲᠠᠭᠠᠯ ᠪᠤᠶᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠶᠢ ᠰᠠᠨᠠᠭᠤᠯᠵᠤ ᠪᠣᠯᠤᠨ᠎ᠠ᠃      ᠭᠤᠴᠢᠨ ᠳᠥᠷᠪᠡᠳᠦᠭᠡᠷ ᠵᠦᠢᠯ ᠬᠠᠷᠢᠭᠤᠴᠠᠯᠭ᠎ᠠ ᠨᠡᠬᠡᠮᠵᠢᠯᠡᠬᠦ ᠳᠤ ᠬᠠᠷᠢᠭᠤᠴᠠᠯᠭ᠎ᠠ ᠲᠠᠢ ᠨᠢᠬᠡᠴᠢ ᠠᠴᠠ ᠨᠡᠬᠡᠮᠵᠢᠯᠡᠬᠦ ᠪᠠ ᠬᠤᠪᠢ ᠬᠥᠮᠦᠨ ᠠᠴᠠ ᠨᠡᠬᠡᠮᠵᠢᠯᠡᠬᠦ ᠪᠠᠭᠲᠠᠨ᠎ᠠ ᠬᠠᠷᠢᠭᠤᠴᠠᠯᠭ᠎ᠠ ᠨᠡᠬᠡᠮᠵᠢᠯᠡᠬᠦ ᠲᠥᠷᠥᠯ ᠬᠤᠪᠢᠶᠠᠭᠰᠠᠨ ᠪᠠᠷᠢᠮᠵᠢᠶ᠎ᠠ ᠶᠢ ᠳᠠᠭᠠᠯᠳᠤᠭᠤᠯᠤᠯ 3 . 4 ᠳᠤ ᠦᠵᠡ᠃      ᠬᠠᠷᠢᠭᠤᠴᠠᠯᠭ᠎ᠠ ᠲᠠᠢ ᠨᠢᠬᠡᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠪᠣᠯ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠲᠤᠭ᠎ᠠ ᠬᠡᠮᠵᠢᠶ᠎ᠡ᠂ ᠰᠢᠨᠵᠢ ᠴᠢᠨᠠᠷ᠂ ᠬᠦᠨᠳᠦ ᠨᠣᠴᠢᠲᠠᠶ ᠶᠢᠨ ᠬᠡᠮᠵᠢᠶ᠎ᠡ ᠶᠢ ᠦᠨᠳᠦᠰᠦᠯᠡᠨ ᠪᠠᠶᠢᠴᠠᠭᠠᠭᠳᠠᠵᠤ ᠪᠠᠶᠢᠭ᠎ᠠ ᠨᠢᠬᠡᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠶᠠᠪᠤᠳᠠᠯ ᠪᠣᠯᠤᠨ᠎ᠠ᠂ ᠡᠩ ᠤᠨ ᠪᠠᠶᠢᠳᠠᠯ ᠳᠤ᠄ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ᠂ ᠪᠣᠯᠵᠣᠨ ᠶᠠᠷᠢᠯᠴᠠᠬᠤ᠂ ᠨᠡᠪᠲᠡᠷᠡᠭᠦᠯᠦᠨ ᠰᠢᠭᠦᠮᠵᠢᠯᠡᠬᠦ ᠵᠡᠷᠭᠡ ᠶᠢ ᠪᠠᠭᠲᠠᠭᠠᠵᠤ᠂ ᠬᠠᠤᠯᠢ ᠠᠴᠠ ᠵᠥᠷᠢᠴᠡᠭᠰᠡᠨ ᠳᠤ ᠲᠣᠭᠠᠴᠠᠭᠳᠠᠪᠠᠯ᠂ ᠪᠠᠰᠠ ᠤᠯᠤᠰ ᠤᠨ ᠬᠤᠯᠪᠣᠭᠳᠠᠯ ᠪᠥᠬᠦᠶ ᠬᠠᠤᠯᠢ ᠲᠣᠭᠲᠠᠭᠠᠯ ᠶᠣᠰᠣᠭᠠᠷ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠠᠷᠪᠠᠳᠤᠭᠠᠷ ᠪᠦᠯᠦᠭ  ᠳᠠᠭᠠᠯᠳᠤᠭᠤᠯᠤᠯ      ᠭᠤᠴᠢᠨ ᠳᠠᠪᠤᠳᠤᠭᠠᠷ ᠵᠦᠢᠯ  ᠳᠤᠰ ᠠᠷᠭ᠎ᠠ ᠶᠢ 2021  ᠤᠨ ᠤ 3  ᠰᠠᠷ᠎ᠠ ᠶᠢᠨ1   ᠠᠴᠠ  ᠡᠬᠢᠯᠡᠨ ᠬᠡᠷᠡᠭᠵᠢᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号