ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/6/1
     ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠡᠯ᠎ᠡ ᠮᠣᠵᠢ᠂ ᠥᠪᠡᠷᠲᠡᠭᠡᠨ ᠵᠠᠰᠠᠬᠤ       ᠣᠷᠣᠨ᠂ ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵      ᠲᠤᠪᠴᠢᠶ᠎ᠠ︶᠂ ᠡᠯ᠎ᠡ ᠲᠦᠯᠦᠪᠯᠡᠭᠡᠲᠦ ᠲᠤᠰᠠᠭᠠᠷ ᠵᠢᠭᠰᠠᠭᠠᠭᠰᠠᠨ ᠬᠤᠳᠠ ᠶᠢᠨ ᠤᠰᠤᠨ ᠠᠰᠢᠭᠯᠠᠯᠳᠠ ︵ ᠤᠰᠤᠨ ᠤ ᠶᠠᠪᠤᠳᠠᠯ︶ ᠶᠢᠨ ᠲᠤᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ᠄      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠳᠠᠢ ᠬᠦᠭᠵᠢᠬᠦᠯᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ ᠮᠠᠨ ᠤ ᠶᠠᠮᠤᠨ ᠠᠴᠠ《 ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠲᠥᠷᠥᠯ ᠤᠨ ᠠᠵᠢᠯᠯᠠᠭᠠᠨ ᠤ ᠲᠥᠰᠦᠯ》 ᠢ ᠲᠣᠭᠲᠠᠭᠠᠪᠠ᠃ ᠡᠳᠦᠭᠡ ᠲᠦᠰᠦᠯ ᠢ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠬᠦᠯᠬᠦ ᠪᠤᠯᠪᠠ ᠤᠤ᠃      ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠲᠥᠰᠦᠯ     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠶᠠᠮᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ︵ᠳᠣᠷᠣᠭᠰᠢ ᠲᠤᠰᠬᠠᠶ ᠠᠵᠢᠯᠯᠠᠭ᠎ᠠ ᠭᠡᠵᠦ ᠲᠣᠪᠴᠢᠯᠠᠨ᠎ᠠ︶ ᠥᠷᠨᠢᠭᠦᠯᠬᠦ ᠪᠠᠷ ᠲᠣᠭᠲᠠᠪᠠ᠃ ᠡᠳᠦᠭᠡ ᠲᠣᠭᠲᠠᠭᠠᠭᠰᠠᠨ ᠬᠡᠷᠡᠭᠵᠢᠭᠦᠯᠬᠦ ᠲᠥᠰᠦᠯ ᠨᠢ ᠳᠣᠣᠷᠠᠬᠢ ᠮᠡᠲᠦ᠄      ᠨᠢᠭᠡ᠂ ᠵᠢᠯᠣᠭᠤᠳᠬᠤ ᠦᠵᠡᠯ ᠰᠠᠨᠠᠭ᠎ᠠ      ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ  ᠬᠦᠢᠴᠡᠳᠭᠡᠬᠦ ᠪᠠᠷ ᠭᠤᠤᠯ ᠰᠢᠵᠢᠮ ᠪᠣᠯᠭᠠᠵᠤ᠂ ᠣᠳᠣᠬᠠᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠳᠤᠮᠳᠠᠬᠢ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠬᠢᠨᠠᠮᠠᠭᠠᠶ ᠥᠷᠨᠢᠭᠦᠯᠵᠦ᠂ ᠶᠠᠰᠤ ᠴᠢᠨᠠᠷ ᠤᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠶᠠᠰᠤ ᠴᠢᠨᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠤᠭᠳᠠᠴᠠ ᠶᠢ ᠪᠠᠶᠢᠭᠤᠯᠤᠨ᠂ ᠶᠠᠰᠤ ᠴᠢᠨᠠᠷ ᠤᠨ ᠬᠠᠮᠢᠶᠠᠷᠤᠯᠳᠠ ᠶᠢᠨ ᠲᠦᠪᠰᠢᠨ ᠢᠶᠠᠨ ᠲᠡᠭᠡᠭᠰᠢᠯᠡᠬᠦᠯᠦᠨ᠎ᠡ᠃      ᠬᠤᠶᠠᠷ᠂ ᠭᠤᠣᠯ ᠡᠭᠦᠷᠭᠡ      ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠤᠶᠢᠯ ᠤᠨ ᠬᠠᠤᠯᠢ ᠶᠢᠨ ᠡᠷᠬᠡᠲᠡᠨ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠤᠯ ᠪᠣᠯᠬᠤ ᠪᠠᠷᠢᠯᠭ᠎ᠠ ᠳᠤ ᠣᠷᠣᠯᠴᠠᠭᠰᠠᠨ ᠨᠢᠭᠡᠴᠢ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠨᠢᠭᠡ︶ ᠲᠥᠷᠥᠯ ᠵᠦᠢᠯ ᠤᠨ ᠬᠠᠤᠯᠢ ᠶᠢᠨ ᠡᠷᠬᠡᠲᠡᠨ      ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠷᠥᠯ ᠵᠤᠶᠢᠯ ᠤᠨ ᠬᠠᠤᠯᠢ ᠶᠢᠨ ᠡᠷᠬᠡᠲᠡᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠨᠢ ᠬᠦᠷᠦᠯᠴᠡᠬᠦ ᠥᠬᠡᠶ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ ᠥᠬᠡᠶ᠂ ᠵᠢᠷᠤᠭ ᠲᠥᠯᠥᠪᠯᠡᠭᠡ ᠶᠢ ᠬᠤᠪᠢᠷᠠᠭᠤᠯᠬᠤ ᠲᠠᠰ ᠳᠠᠷᠠᠭᠠᠯᠠᠯ ᠨᠢ ᠵᠢᠷᠤᠮᠵᠢᠯ ᠥᠬᠡᠶ᠂ ᠶᠠᠰᠤ ᠴᠢᠨᠠᠷ ᠢ ᠰᠢᠯᠭᠠᠨ ᠬᠤᠷᠢᠶᠠᠵᠤ ᠦᠨᠡᠯᠡᠨ ᠲᠣᠭᠲᠠᠭᠠᠬᠤ ᠲᠣᠭᠲᠠᠭᠠᠯ ᠢ ᠵᠢᠷᠤᠮᠵᠢᠭᠤᠯᠤᠨ ᠬᠡᠷᠡᠭᠵᠢᠭᠦᠯᠦᠭᠰᠡᠨ ᠨᠢ ᠴᠢᠩᠭ᠎ᠠ ᠪᠢᠰᠢ ᠵᠡᠷᠭᠡ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ︵ᠬᠤᠶᠠᠷ︶ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ ᠨᠢᠭᠡᠴᠢ      ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ ᠥᠬᠡᠶ᠂ ᠴᠢᠬᠤᠯᠠ ᠳᠠᠯᠳᠠ ︵ᠵᠠᠩᠭᠢᠯᠠᠭ᠎ᠠ ᠶᠢᠨ ᠬᠡᠰᠡᠭ︶   ᠨᠢᠭᠡᠴᠢ ᠶᠢᠨ ᠢᠨᠵᠧᠨᠧᠷᠢᠩ ᠢ ᠰᠢᠯᠭᠠᠨ ᠠᠪᠬᠤ ᠳᠤ ᠣᠷᠣᠯᠴᠠᠭᠰᠠᠨ ᠥᠬᠡᠶ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ︵ᠭᠤᠷᠪᠠ︶ ᠪᠠᠷᠢᠯᠭ᠎ᠠ ᠪᠠᠷᠢᠬᠤ ᠨᠢᠭᠡᠴᠢ      ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠷᠥᠯ ᠵᠤᠶᠢᠯ ᠤᠨ ᠳᠠᠭᠠᠭᠠᠮᠠᠯ ᠪᠠ ᠮᠡᠷᠭᠡᠵᠢᠯ ᠤᠨ ᠬᠠᠷᠢᠭᠤᠴᠠᠯᠭᠠᠲᠠᠨ ᠣᠷᠳᠣ ᠬᠤᠭᠤᠴᠠᠭ᠎ᠠ ᠪᠠᠷ ᠪᠠᠷᠢᠯᠭ᠎ᠠ ᠶᠢᠨ ᠭᠠᠵᠠᠷ ᠤᠨ ᠲᠤᠬᠠᠶ ᠶᠢᠨ ᠲᠠᠯᠠᠪᠤᠷ ᠲᠤ ᠪᠠᠶᠢᠬᠤ ᠥᠬᠡᠶ᠂ ᠶᠠᠰᠤ ᠴᠢᠨᠠᠷ ᠢ ᠰᠢᠯᠭᠠᠨ ᠠᠪᠴᠤ ᠦᠨᠡᠯᠡᠨ ᠲᠣᠭᠲᠠᠭᠠᠬᠤ ᠲᠣᠭᠲᠠᠭᠠᠯ ᠢ ᠵᠢᠷᠤᠮᠵᠢᠭᠤᠯᠤᠨ ᠬᠡᠷᠡᠭᠵᠢᠭᠦᠯᠦᠭᠰᠡᠨ ᠨᠢ ᠴᠢᠩᠭ᠎ᠠ ᠪᠢᠰᠢ᠂ ᠪᠠᠷᠢᠯᠭ᠎ᠠ ᠶᠢᠨ ᠮᠠᠲ᠋ᠧᠷᠢᠶᠠᠯ ᠢ ᠴᠠᠭ ᠲᠤᠬᠠᠶ ᠳᠤᠨᠢ ᠬᠡᠷᠡᠭᠵᠢᠭᠦᠯᠦᠭᠰᠡᠨ      ᠥᠬᠡᠶ᠂ ᠦᠨᠡᠨ ᠪᠣᠳᠠᠲᠠᠶ ᠪᠢᠰᠢ ᠵᠡᠷᠭᠡ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ︵ᠲᠦᠷᠪᠡ︶ ᠬᠢᠨᠠᠨ ᠬᠠᠮᠢᠶᠠᠷᠬᠤ ᠨᠢᠭᠡᠴᠢ      ᠶᠡᠷᠦᠩᠬᠡᠶ ᠬᠢᠨᠠᠨ ᠬᠠᠮᠢᠶᠠᠷᠬᠤ ᠢᠨᠵᠧᠨᠧᠷ ᠤᠨ ᠣᠷᠳᠣ ᠬᠤᠭᠤᠴᠠᠭ᠎ᠠ ᠪᠠᠷ ᠪᠠᠷᠢᠯᠭ᠎ᠠ ᠶᠢᠨ ᠭᠠᠵᠠᠷ ᠤᠨ ᠲᠤᠬᠠᠶ ᠶᠢᠨ ᠲᠠᠯᠠᠪᠤᠷ ᠲᠤ ᠪᠠᠶᠢᠭᠰᠠᠨ ᠥᠬᠡᠶ᠂ ᠲᠤᠰᠬᠠᠶ ᠵᠤᠶᠢᠯ ᠤᠨ ᠪᠠᠷᠢᠯᠭ᠎ᠠ ᠶᠢᠨ ᠲᠥᠰᠦᠯ ᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠤᠭᠰᠠᠨ ᠥᠬᠡᠶ᠂ ᠵᠢᠷᠤᠮᠵᠢᠯ ᠶᠣᠰᠣᠭᠠᠷ ᠵᠡᠷᠭᠡᠴᠡᠭᠡ ᠰᠢᠯᠭᠠᠨ ᠪᠠᠶᠢᠴᠠᠭᠠᠯᠲᠠ ᠶᠢ ᠥᠷᠨᠢᠭᠦᠯᠦᠭᠰᠡᠨ ᠥᠬᠡᠶ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ᠳᠡᠭᠡᠷᠡᠬᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠨᠢᠭᠡᠴᠢ ᠪᠠ ᠠᠰᠠᠭᠤᠳᠠᠯ ᠠᠴᠠ ᠭᠠᠳᠠᠨ᠎ᠠ᠂ ᠡᠯ᠎ᠡ ᠭᠠᠵᠠᠷ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠨᠢᠭᠡᠴᠢ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠰᠠᠭᠤᠳᠠᠯ ᠤᠨ ᠲᠥᠷᠥᠯ ᠢᠯᠭᠠᠯ ᠢ ᠨᠡᠮᠡᠵᠦ ᠪᠣᠯᠤᠨ᠎ᠠ᠃      ᠭᠤᠷᠪᠠ᠂ ᠵᠣᠬᠢᠶᠠᠨ ᠪᠠᠶᠢᠭᠤᠯᠬᠤ ᠬᠡᠯᠪᠡᠷᠢ ᠪᠠ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ      ᠤᠰᠤᠨ ᠠᠰᠢᠭᠯᠠᠯᠲᠠ ᠶᠢᠨ ᠶᠠᠮᠤᠨ ᠲᠤᠰᠬᠠᠶ ᠠᠵᠢᠯᠯᠠᠭ᠎ᠠ ᠶᠢ ᠨᠢᠭᠡᠳᠦᠯᠲᠡᠶ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠶᠠᠮᠤᠨ ᠳᠤ ᠬᠠᠷᠢᠶᠠᠯᠠᠭᠳᠠᠬᠤ ᠭᠤᠤᠯᠳᠠᠯᠭ᠎ᠠ ᠲᠠᠢ ᠪᠠᠷᠢᠯᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠢᠭᠤᠳ ᠬᠠᠮᠢᠶᠠᠷᠴᠤ ᠪᠠᠶᠢᠭ᠎ᠠ ᠪᠠᠶᠢᠭᠤᠯᠵᠤ ᠪᠠᠶᠢᠭ᠎ᠠ ᠪᠠᠷᠢᠯᠭ᠎ᠠ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠠᠷᠢᠭᠤᠴᠠᠨ᠎ᠠ᠃      ᠡᠯ᠎ᠡ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠣᠳᠠᠲᠠᠶ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠲᠣᠰ ᠭᠠᠵᠠᠷ ᠣᠷᠣᠨ ᠤ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠠᠷᠢᠭᠤᠴᠠᠨ᠎ᠠ᠃      ᠬᠤᠲᠠ᠂ ᠰᠢᠶᠠᠨ ᠤ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠠᠶᠢᠭᠤᠯᠵᠤ ᠪᠠᠶᠢᠭ᠎ᠠ ᠳᠤᠮᠳᠠ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ       ᠬᠠᠷᠢᠭᠤᠴᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠷᠥᠯ ᠵᠤᠶᠢᠯ ᠨᠢ ᠪᠠᠶᠢᠭᠤᠯᠵᠤ ᠪᠠᠶᠢᠭ᠎ᠠ ᠲᠥᠷᠥᠯ ᠵᠤᠶᠢᠯ ᠤᠨ 50% ᠠᠴᠠ ᠪᠠᠭ᠎ᠠ ᠪᠠᠶᠢᠵᠤ ᠪᠣᠯᠬᠤ ᠥᠬᠡᠶ᠃      ᠳᠥᠷᠪᠡ᠂ ᠠᠬᠢᠴᠠ ᠶᠢᠨ ᠲᠣᠬᠢᠷᠠᠭᠤᠯᠤᠯᠲᠠ      ︵ᠨᠢᠭᠡ︶ ᠳᠠᠶᠢᠴᠢᠯᠠᠯᠲᠠ ᠶᠢᠨ ᠪᠠᠶᠢᠷᠢᠯᠠᠭᠤᠯᠤᠯᠲᠠ ︵2021 ᠣᠨ ᠤ 5 ᠰᠠᠷ᠎ᠠ — 6  ᠰᠠᠷ᠎ᠠ︶      ᠤᠰᠤᠨ ᠠᠰᠢᠭᠯᠠᠯᠲᠠ ᠶᠢᠨ ᠶᠠᠮᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠲᠣᠭᠲᠠᠭᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠭᠤᠤᠯᠳᠠᠯᠭ᠎ᠠ ᠲᠠᠢ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠳᠠᠶᠢᠴᠢᠯᠠᠨ ᠪᠠᠶᠢᠷᠢᠯᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃      ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠬᠦᠯᠬᠦ ︵2021 ᠣᠨ ᠤ 7 ᠰᠠᠷ᠎ᠠ — 10 ᠰᠠᠷ᠎ᠠ︶      ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠠᠶᠢᠭᠤᠯᠵᠤ ᠪᠠᠶᠢᠭ᠎ᠠ ᠲᠥᠷᠥᠯ ᠵᠤᠶᠢᠯ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠠᠰᠠᠭᠤᠳᠠᠯ ᠤᠨ ᠨᠠᠷᠢᠨ ᠬᠠᠭᠤᠳᠠᠰᠤ ︵ᠳᠠᠭᠠᠯᠳᠤᠭᠤᠯᠤᠯ 1 ᠶᠢ ᠦᠵᠡ︶ ᠶᠣᠰᠣᠭᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠡᠬᠡ ᠲᠠᠩᠰᠠ ᠶᠢ ᠪᠠᠶᠢᠭᠤᠯᠤᠨ᠎ᠠ᠃ ᠪᠠᠶᠢᠴᠠᠭᠠᠬᠤ ᠶᠢᠨ ᠳᠠᠭᠠᠤ ᠵᠠᠰᠠᠬᠤ᠂ ᠳᠣᠣᠷ᠎ᠠ ᠨᠢ ᠪᠠᠶᠢᠴᠠᠭᠠᠵᠤ ᠳᠣᠣᠷ᠎ᠠ ᠨᠢ ᠵᠠᠰᠠᠬᠤ ᠶᠢ ᠪᠠᠷᠢᠮᠲᠠᠯᠠᠵᠤ᠂ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠳᠠᠩᠰᠠᠨ ᠳᠤ ᠣᠷᠣᠭᠤᠯᠵᠤ᠂ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠬᠠᠰᠤᠬᠤ ᠶᠢ ᠪᠡᠶᠡᠯᠡᠭᠦᠯᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃      ︵ᠭᠤᠷᠪᠠ︶ ᠳ᠋ᠦᠩᠨᠡᠨ ᠲᠡᠭᠡᠭᠰᠢᠯᠡᠬᠦᠯᠬᠦ ︵2021 ᠣᠨ ᠤ 11  ᠰᠠᠷ᠎ᠠ — 12 ᠰᠠᠷ᠎ᠠ︶      ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠳᠤ ᠰᠢᠰᠲ᠋ᠧᠮ ᠲᠠᠢ ᠳ᠋ᠦᠩᠨᠡᠯᠲᠡ ᠬᠢᠵᠦ᠂ ᠠᠰᠠᠭᠤᠳᠠᠯ ᠤᠨ ᠰᠢᠯᠲᠠᠭᠠᠨ ᠪᠠ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠠᠳᠠᠯᠵᠤ᠂ ᠠᠰᠠᠭᠤᠳᠠᠯ ᠡᠭᠦᠰᠬᠦ ᠶᠢ ᠰᠡᠷᠭᠡᠶᠢᠯᠡᠬᠦ ᠠᠵᠢᠯ ᠤᠨ ᠠᠷᠭᠠᠴᠠᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠠᠮᠢᠶ᠎ᠠ ᠪᠥᠬᠦᠶ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠤᠰᠤᠨ ᠠᠰᠢᠭᠯᠠᠯᠲᠠ ᠶᠢᠨ ᠶᠠᠮᠤᠨ ᠳᠤ ᠳ᠋ᠦᠩᠨᠡᠯᠲᠡ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠨ᠎ᠡ ︵ᠳᠠᠭᠠᠯᠳᠤᠭᠤᠯᠤᠯ 2 ᠢ ᠦᠵᠡ︶᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ      ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰᠬᠠᠶ ᠵᠤᠶᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠦᠬᠦᠯᠢ ᠴᠣᠭᠴᠠ ᠪᠠᠷ ᠠᠬᠢᠭᠤᠯᠤᠨ᠂ ᠰᠢᠮᠳᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠤᠶᠢᠯ ᠤᠨ ᠡᠭᠦᠷᠭᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠰᠬᠠᠶ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠤᠰᠤᠨ ᠠᠰᠢᠭᠯᠠᠯᠲᠠ ᠶᠢᠨ ᠶᠠᠮᠤᠨ ᠠᠴᠠ ᠲᠤᠰᠬᠠᠶ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠳ᠋ᠦᠩᠨᠡᠨ ᠵᠠᠷᠯᠠᠨ ᠮᠡᠳᠡᠭᠳᠡᠬᠦ ᠶᠢᠨ ᠬᠠᠮᠲᠤ᠂ ᠲᠤᠰᠬᠠᠶ ᠠᠵᠢᠯᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ 2021 — 2022 ᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠵᠤ ᠬᠤᠪᠢ ᠣᠯᠭᠤᠬᠤ ᠰᠢᠰᠲ᠋ᠧᠮᠵᠢ ᠳᠤ ᠣᠷᠣᠭᠤᠯᠤᠨ᠎ᠠ᠃      ︵ᠬᠤᠶᠠᠷ︶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ      ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠰᠠᠭᠤᠳᠠᠯ ᠤᠨ ᠪᠤᠢ ᠪᠣᠯᠤᠭᠰᠠᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠤᠨ ᠰᠢᠨᠵᠢᠯᠡᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠲᠦᠷᠢᠮ ᠪᠣᠯᠤᠨ ᠤᠷᠮᠠᠰᠢᠭᠤᠯᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠢ᠃      ᠵᠢᠷᠭᠤᠭ᠎ᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠬᠡᠯᠪᠡᠷᠢ      ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠤᠷᠭᠠᠨ   ᠬᠠᠨ ᠰᠢᠤᠢ ᠪᠥᠸᠧ   ᠵᠠᠩ ᠵᠧᠨ ᠵᠧᠤ      ᠬᠠᠷᠢᠯᠴᠠᠬᠤ ᠤᠲᠠᠰᠤ᠄ 010 — 63202688   010 — 63202584      ᠢᠮᠧᠯ᠄ jss@mwr.gov.cn      ᠤᠰᠤᠨ ᠠᠰᠢᠭᠯᠠᠯᠲᠠ ᠶᠢᠨ ᠶᠠᠮᠤᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠢᠭᠡᠳ ᠶᠠᠰᠤ ᠴᠢᠨᠠᠷ ᠤᠨ ᠠᠮᠤᠷ ᠲᠦᠪᠰᠢᠨ ᠤ ᠲᠥᠪ  ᠯᠢ ᠴᠧᠩ ᠶᠧ  ᠯᠢ ᠱᠸᠤ ᠲᠦᠩ      ᠬᠠᠷᠢᠯᠴᠠᠬᠤ ᠤᠲᠠᠰᠤ᠄ 010 — 63204329   010 — 63204079      ᠢᠮᠧᠯ᠄ jianshechu@mwr.gov.cn
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号