ᠤᠰᠤᠨ ᠵᠦᠶ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠬᠠᠮᠢᠶᠠᠷᠤᠯᠲᠠ ᠶᠢᠨ ᠠᠷᠭ᠎ᠠ ︵2020 ᠣᠨ︶
ᠨᠡᠶᠢᠲᠡᠯᠡᠭᠰᠡᠨ ᠴᠠᠭ᠄
2021/6/1
      ᠤᠰᠤᠨ ᠵᠦᠢ ᠶᠢᠨ ᠬᠢᠨᠠᠨ ᠬᠡᠮᠵᠢᠯᠳᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠬᠠᠮᠢᠶᠠᠷᠤᠯᠲᠠ ᠶᠢᠨ ᠠᠷᠭ᠎ᠠ      ︵2020 ᠣᠨ ᠤ 10 ᠰᠠᠷ᠎ᠠ ᠶᠢᠨ 22 ᠤᠨ ᠡᠳᠦᠷ ᠤᠰᠤᠨ ᠠᠰᠢᠭᠯᠠᠯᠲᠠ ᠶᠢᠨ ᠶᠠᠮᠤᠨ ᠤ 51  ᠳ᠋ᠤᠭᠡᠷ ᠵᠠᠷᠯᠢᠭ ᠢᠶᠠᠷ ᠨᠡᠶᠢᠲᠡᠯᠡᠪᠡ︶      ᠨᠢᠭᠡᠳᠦᠭᠡᠷ ᠵᠦᠢᠯ  ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠠᠵᠢᠯ ᠢ ᠴᠢᠩᠭᠠᠳᠬᠠᠨ ᠵᠢᠷᠤᠮᠵᠢᠭᠤᠯᠵᠤ᠂ ᠮᠠᠲ᠋ᠧᠷᠢᠶᠠᠯ ᠤᠨ ᠠᠰᠢᠭᠯᠠᠯᠲᠠ ᠶᠢ ᠠᠬᠢᠭᠤᠯᠵᠤ᠂ ᠤᠰᠤᠨ ᠵᠦᠢ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠵᠦᠢ ᠶᠢᠨ ᠲᠦᠷᠢᠮ︾ ᠢ ᠦᠨᠳᠦᠰᠦᠯᠡᠨ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠤᠯᠤᠰ ᠠᠴᠠ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠳᠤ ᠨᠢᠭᠡᠳᠦᠯᠲᠡᠶ ᠡᠮᠬᠢᠳᠭᠡᠨ ᠲᠤᠰᠢᠶᠠᠬᠤ ᠲᠦᠷᠢᠮ ᠢ ᠬᠡᠷᠡᠭᠵᠢᠭᠦᠯᠦᠨ᠎ᠡ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠳᠡᠭᠡᠷ᠎ᠡ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤᠨ ᠤ ᠡᠬᠢ       ᠪᠠᠶᠠᠯᠢᠭ᠂ ᠤᠰᠤᠨ ᠤ ᠬᠡᠮᠵᠢᠶ᠎ᠡ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠬᠢᠵᠦ ᠪᠠᠶᠢᠭ᠎ᠠ ᠨᠢᠭᠡᠴᠢ ᠵᠢᠴᠢ ᠤᠰᠤᠨ ᠵᠦᠢ ᠶᠢᠨ ᠬᠢᠨᠠᠨ ᠬᠡᠮᠵᠢᠬᠦ ᠠᠵᠢᠯ ᠢ ᠬᠢᠵᠦ ᠪᠠᠶᠢᠭ᠎ᠠ ᠪᠤᠰᠤᠳ ᠨᠢᠭᠡᠴᠢ ᠨᠦᠭᠦᠳ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢᠶᠠᠨ ᠡᠮᠬᠢᠳᠬᠡᠨ ᠲᠤᠰᠢᠶᠠᠬᠤ ᠬᠡᠷᠡᠭᠲᠡᠶ᠃      ᠤᠰᠤᠨ ᠵᠦᠶ ᠶᠢᠨ ᠬᠢᠨᠠᠨ ᠬᠡᠮᠵᠢᠭᠰᠡᠨ ᠮᠠᠲ᠋ᠧᠷᠢᠶᠠᠯ ᠭᠡᠳᠡᠭ ᠨᠢ ᠤᠰᠤᠨ ᠵᠦᠢ ᠶᠢᠨ ᠥᠷᠲᠡᠭᠡᠨ ᠤ ᠰᠦᠯᠵᠢᠶ᠎ᠡ  ᠪᠠᠷ ᠳᠡᠮᠵᠢᠨ ᠭᠤᠣᠯ ᠮᠥᠷᠡᠨ᠂ ᠨᠠᠭᠤᠷ ᠴᠥᠭᠦᠷᠥᠮ᠂ ᠤᠰᠤᠨ ᠰᠤᠪᠠᠭ᠂ ᠤᠰᠤᠨ ᠴᠥᠭᠦᠷᠥᠮ ᠤᠨ ᠤᠰᠤᠨ ᠲᠦᠪᠰᠢᠨ᠂ ᠤᠷᠤᠰᠬᠠᠯ ᠤᠨ ᠬᠡᠮᠵᠢᠶ᠎ᠡ᠂ ᠤᠰᠤᠨ ᠤ ᠴᠢᠨᠠᠷ᠂ ᠤᠰᠤᠨ ᠤ ᠳᠤᠯᠠᠭᠠᠨ᠂ ᠡᠯᠡᠰᠦ ᠰᠢᠪᠠᠷ᠂ ᠮᠥᠰᠥᠲᠦᠯᠭᠡ ᠶᠢᠨ ᠪᠠᠶᠢᠳᠠᠯ᠂ ᠤᠰᠤᠨ ᠳᠣᠣᠷᠠᠬᠢ ᠭᠠᠵᠠᠷ ᠤᠨ ᠪᠠᠶᠢᠴᠠ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠵᠢᠴᠢ ᠲᠤᠨᠳᠠᠰᠤᠨ ᠤ ᠬᠡᠮᠵᠢᠶ᠎ᠡ᠂ ᠠᠭᠤᠷᠰᠢᠯᠲᠠ ᠶᠢᠨ ᠬᠡᠮᠵᠢᠶ᠎ᠡ᠂ ᠴᠢᠭᠢᠭ ᠤᠨ ᠪᠠᠶᠢᠳᠠᠯ᠂ ᠳᠣᠭᠰᠢᠨ ᠰᠠᠯᠬᠢᠨ ᠤ ᠲᠦᠯᠬᠢᠭᠡᠨ ᠵᠡᠷᠭᠡ ᠳᠤ ᠬᠢᠨᠠᠨ ᠬᠡᠮᠵᠢᠯᠲᠡ ᠬᠢᠭᠰᠡᠨ ᠪᠠ ᠤᠰᠤᠨ ᠵᠦᠶ ᠶᠢᠨ ᠪᠠᠶᠢᠴᠠᠭᠠᠯᠲᠠ ᠬᠢᠭᠡᠳ ᠣᠯᠤᠭᠰᠠᠨ ᠮᠠᠲ᠋ᠧᠷᠢᠶᠠᠯ ᠵᠢᠴᠢ ᠡᠮᠬᠢᠳᠬᠡᠨ ᠵᠠᠳᠠᠯᠤᠭᠰᠠᠨ ᠦᠷ᠎ᠡ ᠪᠦᠲᠦᠭᠡᠯ ᠢ ᠵᠢᠭᠠᠵᠤ ᠪᠠᠶᠢᠨ᠎ᠠ᠃      ᠭᠤᠷᠪᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠤᠰᠤᠨ  ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠬᠤᠷᠢᠶᠠᠩᠭᠤᠶᠢᠯᠠᠨ ᠲᠤᠰᠢᠶᠠᠬᠤ ᠠᠵᠢᠯ ᠳᠤ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ   ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠠᠵᠢᠯ ᠳᠤ ᠬᠢᠨᠠᠯᠳᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠲᠡᠭᠦᠨ ᠤ ᠬᠠᠷᠢᠶ᠎ᠠ ᠰᠠᠪᠠ ᠭᠠᠵᠠᠷ ᠤᠨ ᠤᠰᠤᠨ ᠵᠦᠢ ᠶᠢᠨ ᠪᠠᠶᠢᠭᠤᠯᠤᠮᠵᠢ ᠠᠴᠠ ᠪᠣᠳᠠᠲᠠᠶ ᠬᠠᠷᠢᠭᠤᠴᠠᠵᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠡᠭᠦᠨ ᠤ ᠬᠠᠷᠢᠶᠠᠯᠠᠭᠳᠠᠬᠤ ᠮᠤᠵᠢ ᠶᠢᠨ ᠱᠠᠲᠤᠨ ᠤ ᠤᠰᠤᠨ ᠵᠦᠢ ᠶᠢᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠨ᠎ᠠ᠃      ᠳᠥᠷᠪᠡᠳᠦᠭᠡᠷ ᠵᠦᠢᠯ  ᠲᠤᠤᠷ᠎ᠠ ᠵᠢᠭᠰᠠᠭᠠᠭᠰᠠᠨ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠬᠡᠷᠡᠭᠲᠡᠶ᠄      ︵ᠨᠢᠭᠡ︶ ᠤᠯᠤᠰ ᠤᠨ ᠦᠨᠳᠦᠰᠦᠨ ᠤᠰᠤᠨ ᠵᠦᠢ ᠶᠢᠨ ᠬᠡᠮᠵᠢᠯᠲᠡ ᠶᠢᠨ ᠦᠷᠳᠡᠭᠡ ᠪᠠ ᠲᠤᠰᠬᠠᠶ ᠬᠡᠷᠡᠭᠯᠡᠭᠡᠨ ᠤ ᠤᠰᠤᠨ ᠵᠦᠢ ᠶᠢᠨ ᠬᠡᠮᠵᠢᠯᠲᠡ ᠶᠢᠨ ᠦᠷᠳᠡᠭᠡ ᠶᠢᠨ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ︔      ︵ᠬᠤᠶᠠᠷ︶ ᠭᠠᠵᠠᠷ ᠳᠡᠭᠡᠷᠡᠬᠢ ᠤᠰᠤᠨ ᠤ ᠡᠬᠢ ᠰᠤᠷᠪᠤᠯᠵᠢ ᠶᠢᠨ ᠭᠠᠵᠠᠷ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠣᠭᠲᠣᠯᠤᠭᠠᠰᠤ᠂ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠢᠵᠠᠭᠠᠷᠯᠠᠬᠤ ᠣᠭᠲᠣᠯᠤᠭᠠᠰᠤ᠂ ᠭᠤᠣᠯ ᠰᠠᠯᠪᠤᠷᠢ ᠤᠷᠤᠰᠬᠠᠯ ᠤᠨ ᠬᠢᠵᠠᠭᠠᠷᠯᠠᠬᠤ ᠣᠭᠲᠣᠯᠤᠭᠠᠰᠤ ᠵᠡᠷᠭᠡ ᠴᠢᠬᠤᠯᠠ ᠣᠭᠲᠣᠯᠤᠭᠠᠰᠤ ᠶᠢᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ︔      ︵ᠭᠤᠷᠪᠠ︶ ᠭᠠᠵᠠᠷ ᠳᠣᠣᠷᠠᠬᠢ ᠤᠰᠤᠨ ᠤ ᠴᠢᠬᠤᠯᠠ ᠡᠬᠢ ᠰᠤᠷᠪᠤᠯᠵᠢ᠂ ᠬᠡᠲᠦᠷᠡᠲᠡᠯ᠎ᠡ ᠠᠪᠤᠭᠰᠠᠨ       ᠣᠷᠣᠨ᠂ ᠲᠠᠯᠠᠢ ᠶᠢᠨ ᠤᠰᠤ ᠲᠦᠷᠢᠨ ᠤᠷᠤᠭᠰᠠᠨ ᠣᠷᠣᠨ ᠵᠡᠷᠭᠡ ᠣᠷᠣᠨ ᠪᠦᠰᠡ ᠶᠢᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠵᠢᠴᠢ ᠪᠤᠰᠤᠳ ᠣᠷᠣᠨ ᠪᠦᠰᠡ ᠶᠢᠨ ᠭᠠᠵᠠᠷ ᠳᠣᠣᠷᠠᠬᠢ ᠤᠰᠤᠨ ᠤ ᠬᠤᠯᠪᠣᠭᠳᠠᠯ ᠪᠥᠬᠦᠢ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ︔      ︵ᠲᠥᠷᠪᠡ︶ ᠤᠰᠤᠨ ᠴᠥᠭᠦᠷᠥᠮ᠂ ᠤᠰᠤ ᠲᠠᠲᠠᠬᠤ ᠪᠠᠷᠢᠯᠭ᠎ᠠ᠂ ᠤᠰᠤᠨ ᠴᠠᠬᠢᠯᠭᠠᠨ ᠥᠷᠳᠡᠭᠡ᠂ ᠤᠰᠤᠯᠠᠯᠲᠠ ᠶᠢᠨ ᠣᠷᠣᠨ ᠵᠢᠴᠢ ᠤᠰᠤ ᠲᠠᠲᠠᠵᠤ ᠬᠡᠷᠡᠭᠯᠡᠬᠦ ᠪᠤᠰᠤᠳ ᠪᠠᠷᠢᠯᠭ᠎ᠠ ᠶᠢᠨ ᠤᠰᠤ ᠲᠠᠲᠠᠬᠤ᠂ ᠤᠰᠤ ᠬᠠᠳᠠᠭᠠᠯᠠᠬᠤ  ︵ᠤᠷᠤᠰᠬᠠᠬᠤ︶  ᠮᠠᠲ᠋ᠧᠷᠢᠶᠠᠯ︔      ︵ᠲᠠᠪᠤ︶ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠳᠤᠮᠳᠠ ᠵᠢᠵᠢᠭ ᠭᠤᠤᠯ ᠮᠥᠷᠡᠨ᠂ ᠠᠭᠤᠯᠠᠨ ᠦᠶᠡᠷ ᠤᠨ ᠭᠠᠮᠰᠢᠭ ᠠᠮᠠᠷᠬᠠᠨ ᠡᠭᠦᠰᠳᠡᠭ ᠣᠷᠣᠨ ᠵᠢᠴᠢ ᠬᠥᠷᠥᠰᠥᠨ ᠤ ᠴᠢᠭᠢᠭ ᠤᠨ ᠪᠠᠶᠢᠳᠠᠯ ᠤᠨ ᠤᠰᠤᠨ ᠵᠦᠶ ᠶᠢᠨ ᠬᠢᠨᠠᠨ ᠬᠡᠮᠵᠢᠭᠰᠡᠨ ᠮᠠᠲ᠋ᠧᠷᠢᠶᠠᠯ︔      ︵ᠵᠢᠷᠭᠤᠭ᠎ᠠ︶ ᠭᠤᠤᠯ ᠤᠨ ᠭᠤᠯᠳᠤᠷᠢᠯ ᠪᠠ ᠨᠠᠭᠤᠷ ᠴᠦᠬᠦᠷᠦᠮ ᠤᠨ ᠤᠰᠤᠨ ᠳᠣᠤᠷᠠᠬᠢ ᠭᠠᠵᠠᠷ ᠤᠨ ᠪᠠᠶᠢᠴᠠ ᠶᠢᠨ ᠮᠠᠲ᠋ᠧᠷᠢᠶᠠᠯ᠂ ᠤᠰᠤᠨ ᠵᠦᠶ ᠶᠢᠨ ᠪᠠᠶᠢᠴᠠᠭᠠᠯᠲᠠ᠂ ᠤᠰᠤᠨ ᠤ ᠡᠬᠢ ᠪᠠᠶᠠᠯᠢᠭ ᠤᠨ ᠦᠨᠡᠯᠡᠯᠲᠡ ᠶᠢᠨ ᠮᠠᠲ᠋ᠧᠷᠢᠶᠠᠯ᠂ ᠤᠰᠤᠨ ᠵᠦᠶ ᠶᠢᠨ ᠪᠠᠴᠢᠮ ᠪᠠᠶᠢᠳᠠᠯ ᠢ ᠠᠷᠭᠠᠴᠠᠬᠤ ᠲᠤ ᠬᠢᠨᠠᠨ ᠬᠡᠮᠵᠢᠭᠰᠡᠨ ᠮᠠᠲ᠋ᠧᠷᠢᠶᠠᠯ᠃      ᠲᠠᠪᠤᠳᠤᠭᠠᠷ ᠵᠦᠢᠯ   ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠮᠠᠲ᠋ᠧᠷᠢᠶᠠᠯ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠤᠰᠤᠨ ᠵᠦᠢ ᠶᠢᠨ ᠪᠠᠶᠢᠭᠤᠯᠤᠮᠵᠢ ᠳᠤ ᠡᠮᠬᠢᠳᠬᠡᠨ ᠲᠤᠰᠢᠶᠠᠨ᠎ᠠ᠄      ︵ᠨᠢᠭᠡ︶ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠶ᠎ᠠ ᠤᠰᠤᠨ ᠵᠦᠢ ᠶᠢᠨ ᠬᠡᠮᠵᠢᠯᠲᠡ ᠶᠢᠨ ᠥᠷᠲᠡᠭᠡᠨ ᠤ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠪᠠᠶᠢᠭ᠎ᠠ ᠭᠠᠵᠠᠷ ᠤᠨ ᠰᠠᠪᠠ ᠭᠠᠵᠠᠷ ᠤᠨ ᠤᠰᠤᠨ ᠰᠢᠨᠵᠢᠯᠡᠭᠡᠨ ᠤ ᠪᠠᠶᠢᠭᠤᠯᠤᠮᠵᠢ ᠳᠤ ᠡᠮᠬᠢᠳᠭᠡᠨ ᠲᠤᠰᠢᠶᠠᠵᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠵᠦᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠤᠰᠤᠨ ᠵᠦᠢ ᠶᠢᠨ ᠬᠡᠮᠵᠢᠯᠲᠡ ᠶᠢᠨ ᠥᠷᠲᠡᠭᠡᠨ ᠤ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠪᠠᠶᠢᠭ᠎ᠠ ᠭᠠᠵᠠᠷ ᠤᠨ ᠣᠷᠣᠨ ᠨᠤᠲᠤᠭ ᠤᠨ ᠤᠰᠤᠨ ᠵᠦᠢ ᠶᠢᠨ ᠪᠠᠶᠢᠭᠤᠯᠤᠮᠵᠢ ᠳᠤ ᠡᠮᠬᠢᠳᠭᠡᠨ ᠲᠤᠰᠢᠶᠠᠨ᠎ᠠ︔      ︵ᠬᠤᠶᠠᠷ︶ ᠪᠤᠰᠤᠳ ᠰᠠᠯᠠᠭ᠎ᠠ ᠮᠥᠴᠢᠷ ᠲᠤ ᠬᠠᠷᠢᠶᠠᠯᠠᠭᠳᠠᠬᠤ ᠬᠡᠮᠵᠢᠯᠲᠡ ᠶᠢᠨ ᠥᠷᠲᠡᠭᠡ ︵ᠣᠭᠲᠣᠯᠤᠭᠠᠰᠤ︶ ᠶᠢᠨ ᠤᠰᠤᠨ ᠵᠦᠶ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠪᠠᠶᠢᠭ᠎ᠠ ᠭᠠᠵᠠᠷ ᠤᠨ ᠣᠷᠣᠨ ᠨᠤᠲᠤᠭ ᠤᠨ ᠤᠰᠤᠨ ᠵᠦᠶ ᠶᠢᠨ ᠪᠠᠶᠢᠭᠤᠯᠤᠮᠵᠢ ᠳᠤ ᠡᠮᠬᠢᠳᠭᠡᠨ ᠲᠤᠰᠢᠶᠠᠨ᠎ᠠ᠂ ᠡᠭᠦᠨ ᠳᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠡᠪᠴᠢᠶᠡᠨ ᠳᠤ ᠪᠠᠶᠢᠪᠠᠯ᠂ ᠪᠠᠶᠢᠭ᠎ᠠ ᠭᠠᠵᠠᠷ ᠤᠨ ᠰᠠᠪᠠ ᠭᠠᠵᠠᠷ ᠤᠨ ᠤᠰᠤᠨ ᠵᠦᠶ ᠶᠢᠨ ᠪᠠᠶᠢᠭᠤᠯᠤᠮᠵᠢ ᠳᠤ ᠡᠮᠬᠢᠳᠭᠡᠨ ᠲᠤᠰᠢᠶᠠᠨ᠎ᠠ᠃      ᠮᠤᠵᠢ ᠶᠢᠨ ᠱᠠᠲᠤᠨ ᠤ ᠤᠰᠤᠨ ᠵᠦᠢ ᠶᠢᠨ ᠪᠠᠶᠢᠭᠤᠯᠤᠮᠵᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠡᠮᠬᠢᠳᠬᠡᠨ ᠲᠤᠰᠢᠶᠠᠭᠰᠠᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢᠶᠠᠨ ᠬᠤᠯᠪᠣᠭᠳᠠᠯ ᠪᠦᠬᠦᠢ ᠰᠠᠪᠠ ᠭᠠᠵᠠᠷ ᠤᠨ ᠤᠰᠤᠨ ᠵᠦᠢ ᠶᠢᠨ ᠪᠠᠶᠢᠭᠤᠯᠤᠮᠵᠢ ᠳᠤ ᠡᠮᠬᠢᠳᠬᠡᠨ ᠲᠤᠰᠢᠶᠠᠬᠤ ᠬᠡᠷᠡᠭᠲᠡᠶ᠃ ᠰᠠᠪᠠ ᠭᠠᠵᠠᠷ ᠤᠨ ᠤᠰᠤᠨ ᠵᠦᠶ ᠶᠢᠨ ᠪᠠᠶᠢᠭᠤᠯᠤᠮᠵᠢ ᠶᠢᠨ ᠭᠥᠯᠢᠶᠡᠨ ᠠᠪᠤᠭᠰᠠᠨ ᠤᠰᠤᠨ ᠵᠦᠶ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠤᠯᠤᠰ ᠤᠨ ᠤᠰᠤᠨ ᠵᠦᠶ ᠶᠢᠨ ᠳ᠋ᠠᠶᠢᠲ᠋ᠠ ᠬᠥᠮᠥᠷᠭᠡ ᠳᠤ ᠣᠷᠣᠭᠤᠯᠤᠨ᠎ᠠ᠃      ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠳᠠᠭᠠᠨ ᠬᠡᠯᠡᠯᠴᠡᠭᠡᠷ ᠲᠠᠢ ᠪᠠᠶᠢᠪᠠᠯ᠂ ᠬᠡᠯᠡᠯᠴᠡᠭᠡᠷ ᠶᠣᠰᠣᠭᠠᠷ ᠤᠯᠤᠰ ᠤᠨ ᠤᠰᠤᠨ ᠵᠦᠢ ᠶᠢᠨ ᠳ᠋ᠠᠶᠢᠲ᠋ᠠ ᠬᠦᠮᠦᠷᠭᠡ ᠳᠤ ᠤᠷᠤᠭᠤᠯᠤᠨ᠎ᠠ᠃      ᠵᠢᠷᠭᠤᠳᠤᠭᠠᠷ ᠵᠦᠢᠯ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠠᠵᠢᠯ ᠲᠦᠷᠦᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠨᠢᠭᠡᠴᠢ ︵ᠳᠣᠷᠣᠭᠰᠢ ᠡᠮᠬᠢᠳᠭᠡᠨ ᠲᠤᠰᠢᠶᠠᠬᠤ ᠨᠢᠭᠡᠴᠢ ᠭᠡᠵᠦ ᠲᠣᠪᠴᠢᠯᠠᠨ᠎ᠠ︶ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠶᠢᠨ ᠬᠠᠮᠲᠤ ᠡᠮᠬᠢᠳᠭᠡᠨ ᠲᠤᠰᠢᠶᠠᠬᠤ ᠨᠢᠭᠡᠴᠢ ᠶᠢᠨ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠬᠡᠪᠴᠢᠶ᠎ᠡ᠂ ᠠᠭᠤᠯᠭ᠎ᠠ᠂ ᠬᠤᠭᠤᠴᠠᠭ᠎ᠠ ᠵᠢᠴᠢ ᠡᠮᠬᠢᠳᠭᠡᠨ ᠲᠤᠰᠢᠶᠠᠬᠤ ᠮᠠᠲ᠋ᠧᠷᠢᠶᠠᠯ ᠢ ᠬᠦᠯᠢᠶᠡᠨ ᠠᠪᠬᠤ ᠤᠰᠤᠨ ᠵᠦᠢ ᠶᠢᠨ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠶ᠃      ᠳᠣᠯᠣᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠯᠤᠰ ᠤᠨ ᠤᠰᠤᠨ ᠵᠦᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠤᠯᠤᠰ ᠤᠨ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠡᠮᠬᠢᠳᠭᠡᠨ ᠲᠤᠰᠢᠶᠠᠬᠤ ᠮᠠᠲ᠋ᠧᠷᠢᠶᠠᠯ ᠤᠨ ᠵᠠᠭᠪᠤᠷ ᠵᠡᠷᠭᠡ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠨ᠎ᠠ᠃      ᠡᠮᠬᠢᠳᠭᠡᠨ ᠲᠤᠰᠢᠶᠠᠬᠤ ᠨᠢᠭᠡᠴᠢ ᠨᠢ ᠤᠯᠤᠰ ᠤᠨ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠡᠮᠬᠢᠳᠭᠡᠨ ᠲᠤᠰᠢᠶᠠᠬᠤ ᠬᠡᠷᠡᠭᠲᠡᠶ᠃ ᠡᠮᠬᠢᠳᠭᠡᠨ ᠲᠤᠰᠢᠶᠠᠬᠤ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠡᠮᠬᠢᠳᠭᠡᠨ ᠲᠤᠰᠢᠶᠠᠵᠤ ᠳᠡᠶᠢᠯᠬᠦ ᠥᠬᠡᠶ ᠪᠠᠶᠢᠪᠠᠯ᠂ ᠡᠯᠧᠺᠲᠷᠣᠨ  ᠮᠠᠲ᠋ᠧᠷᠢᠶᠠᠯ᠂ ᠴᠠᠭᠠᠰᠤᠨ ᠮᠠᠲ᠋ᠧᠷᠢᠶᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠬᠢᠳᠭᠡᠨ ᠲᠤᠰᠢᠶᠠᠬᠤ ᠬᠡᠷᠡᠭᠲᠡᠶ᠃      ᠨᠠᠢᠮᠠᠳᠤᠭᠠᠷ ᠵᠦᠢᠯ  ᠰᠠᠪᠠ ᠭᠠᠵᠠᠷ ᠤᠨ ᠤᠰᠤᠨ ᠵᠦᠢ ᠶᠢᠨ ᠪᠠᠶᠢᠭᠤᠯᠤᠮᠵᠢ ᠪᠠ ᠮᠤᠵᠢ ᠶᠢᠨ ᠱᠠᠲᠤᠨ ᠤ ᠤᠰᠤᠨ ᠵᠦᠢ ᠶᠢᠨ ᠪᠠᠶᠢᠭᠤᠯᠤᠮᠵᠢ ᠨᠤᠭᠤᠳ ᠡᠮᠬᠢᠳᠭᠡᠨ ᠲᠤᠰᠢᠶᠠᠬᠤ ᠨᠢᠭᠡᠴᠢ ᠶᠢᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠬᠦ ᠬᠡᠷᠡᠭᠲᠡᠶ᠃      ᠶᠢᠰᠦᠳᠦᠭᠡᠷ ᠵᠦᠢᠯ ᠡᠮᠬᠢᠳᠬᠡᠨ ᠲᠤᠰᠢᠶᠠᠬᠤ ᠨᠢᠭᠡᠴᠢ ᠨᠦᠭᠦᠳ ᠤᠰᠤᠨ ᠵᠦᠢ ᠶᠢᠨ ᠬᠢᠨᠠᠨ ᠬᠡᠮᠵᠢᠬᠦ ᠳᠦᠷᠢᠮᠵᠢᠯ ᠤᠨ ᠵᠢᠷᠤᠮᠵᠢᠯ ᠪᠠ ᠮᠠᠲ᠋ᠧᠷᠢᠶᠠᠯ ᠢ ᠬᠡᠷᠡᠭᠯᠡᠬᠦ ᠱᠠᠭᠠᠷᠳᠠᠯᠭ᠎ᠠ ᠶᠣᠰᠣᠭᠠᠷ᠂ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠰᠠᠷ᠎ᠠ ᠪᠠᠷ ᠪᠤᠶᠤ ᠣᠨ ᠢᠶᠠᠷ ᠡᠮᠬᠢᠳᠬᠡᠨ ᠲᠤᠰᠢᠶᠠᠬᠤ ᠬᠡᠷᠡᠭᠲᠡᠶ᠃ ᠰᠠᠷ᠎ᠠ ᠪᠠᠷ ᠡᠮᠬᠢᠳᠭᠡᠨ ᠲᠤᠰᠢᠶᠠᠬᠤ ᠳᠤ ᠬᠦᠷᠪᠡᠯ᠂ ᠲᠠᠷᠠᠭ᠎ᠠ ᠰᠠᠷ᠎ᠠ ᠶᠢᠨ ᠬᠢᠨᠢ 10 ᠤ ᠡᠳᠦᠷ ᠠᠴᠠ ᠡᠮᠦᠨ᠎ᠡ ᠳᠠᠭᠤᠰᠬᠠᠬᠤ ᠬᠡᠷᠡᠭᠲᠡᠶ᠃ ᠣᠨ ᠢᠶᠠᠷ ᠡᠮᠬᠢᠳᠭᠡᠨ ᠲᠤᠰᠢᠶᠠᠪᠠᠯ᠂ ᠤᠯᠤᠰ ᠤᠨ ᠦᠨᠳᠦᠰᠦᠨ ᠤᠰᠤᠨ ᠵᠦᠢ ᠶᠢᠨ ᠬᠡᠮᠵᠢᠯᠲᠡ ᠶᠢᠨ ᠥᠷᠲᠡᠭᠡ ᠶᠢᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠳᠠᠷᠠᠭ᠎ᠠ ᠵᠢᠯ ᠤᠨ 1  ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ ᠪᠤᠰᠤᠳ ᠬᠡᠮᠵᠢᠯᠲᠡ ᠶᠢᠨ ᠥᠷᠲᠡᠭᠡ ︵ᠣᠭᠲᠣᠯᠤᠭᠠᠰᠤ︶ ᠶᠢᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠳᠠᠷᠠᠭ᠎ᠠ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ        ᠬᠡᠷᠡᠭᠲᠡᠶ᠃      ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠢ ᠬᠠᠮᠢᠶᠠᠷᠬᠤ ᠵᠡᠷᠭᠡ ᠬᠡᠷᠡᠭᠴᠡᠭᠡ ᠠᠴᠠ ᠪᠣᠯᠵᠣ᠂ ᠤᠰᠤᠨ ᠵᠦᠶ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠳᠤ ᠬᠦᠴᠦᠨ ᠲᠠᠢ ᠬᠤᠭᠤᠴᠠᠭᠠᠨ ᠤ ᠱᠠᠭᠠᠷᠳᠠᠯᠭ᠎ᠠ ᠲᠠᠢ ᠪᠠᠶᠢᠪᠠᠯ᠂ ᠡᠮᠬᠢᠳᠭᠡᠨ ᠲᠤᠰᠢᠶᠠᠬᠤ ᠨᠢᠭᠡᠴᠢ ᠨᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠡᠳᠡᠭᠦᠯᠦᠨ ᠬᠦᠷᠭᠡᠬᠦ ᠬᠡᠷᠡᠭᠲᠡᠶ᠃      ᠠᠷᠪᠠᠳᠤᠭᠠᠷ ᠵᠦᠢᠯ  ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠳᠠᠭᠠᠨ ᠤᠰᠤᠨ ᠵᠦᠢ ᠶᠢᠨ ᠬᠢᠨᠠᠨ ᠬᠡᠮᠵᠢᠬᠦ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠬᠠᠮᠲᠤ ᠳᠤᠨᠢ ᠲᠤᠰᠢᠶᠠᠬᠤ ᠬᠡᠷᠡᠭᠲᠡᠶ᠄      ︵ᠨᠢᠭᠡ︶ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠤᠨ ᠲᠣᠳᠣᠷᠬᠠᠶ ᠬᠠᠭᠤᠳᠠᠰᠤ︔            ︵ᠬᠤᠶᠠᠷ︶ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠤᠨ ᠲᠣᠳᠣᠷᠬᠠᠶᠢᠯᠠᠯᠲᠠ︔      ︵ᠭᠤᠷᠪᠠ︶ ᠠᠩᠬ᠎ᠠ ᠤᠳᠠᠭ᠎ᠠ ᠡᠮᠬᠢᠳᠭᠡᠨ ᠲᠤᠰᠢᠶᠠᠭᠰᠠᠨ ᠪᠠᠶᠢᠪᠠᠯ᠂ ᠪᠠᠰᠠ ᠤᠰᠤᠨ ᠵᠦᠶ ᠶᠢᠨ ᠬᠢᠨᠠᠨ ᠬᠡᠮᠵᠢᠬᠦ ᠥᠷᠲᠡᠭᠡ ᠴᠢᠭ ᠤᠨ ᠰᠠᠭᠤᠷᠢ ᠮᠡᠳᠡᠭᠡ ᠵᠠᠩᠭᠢ ᠵᠢᠴᠢ ᠬᠤᠪᠢᠰᠤᠯᠲᠠ ᠶᠢᠨ ᠪᠠᠶᠢᠳᠠᠯ ᠢ ᠬᠠᠩᠭᠠᠵᠤ᠂ ᠰᠠᠭᠤᠷᠢ ᠮᠡᠳᠡᠭᠡ ᠵᠠᠩᠭᠢ ᠳᠤ ᠬᠤᠪᠢᠷᠠᠯᠲᠠ ᠲᠠᠢ ᠪᠠᠶᠢᠪᠠᠯ᠂ ᠬᠤᠪᠢᠷᠠᠯᠲᠠ ᠶᠢᠨ ᠪᠠᠶᠢᠳᠠᠯ ᠢ ᠬᠠᠩᠭᠠᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ  ᠡᠮᠬᠢᠳᠭᠡᠨ ᠲᠤᠰᠢᠶᠠᠭᠰᠠᠨ ᠮᠠᠲ᠋ᠧᠷᠢᠶᠠᠯ ᠢ ᠬᠥᠯᠢᠶᠡᠨ ᠠᠪᠤᠭᠰᠠᠨ ᠤᠰᠤᠨ ᠵᠦᠢ  ᠶᠢᠨ ᠪᠠᠶᠢᠭᠤᠯᠤᠮᠵᠢ ᠨᠢ ᠡᠮᠬᠢᠳᠭᠡᠨ ᠲᠤᠰᠢᠶᠠᠭᠰᠠᠨ ᠮᠠᠲ᠋ᠧᠷᠢᠶᠠᠯ ᠢ ᠬᠥᠯᠢᠶᠡᠨ ᠠᠪᠤᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠡᠮᠬᠢᠳᠭᠡᠨ ᠲᠤᠰᠢᠶᠠᠭᠰᠠᠨ ᠮᠠᠲ᠋ᠧᠷᠢᠶᠠᠯ ᠤᠨ ᠠᠭᠤᠯᠭ᠎ᠠ ᠪᠠ ᠵᠠᠭᠪᠤᠷ ᠢ ᠬᠢᠨᠠᠨ ᠰᠢᠯᠭᠠᠬᠤ ᠶᠢ ᠪᠡᠶᠡᠯᠡᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠡᠮᠬᠢᠳᠭᠡᠨ ᠲᠤᠰᠢᠶᠠᠭᠰᠠᠨ ᠨᠢᠭᠡᠴᠢ ᠳᠤ ᠮᠡᠳᠡᠭᠳᠡᠬᠦ ᠬᠡᠷᠡᠭᠲᠡᠢ᠃ ᠡᠬᠦᠨ ᠤ ᠬᠠᠮᠳᠤ ᠬᠢᠨᠠᠨ ᠰᠢᠯᠭᠠᠯᠳᠠ ᠳᠤ ᠬᠢᠷᠢ ᠲᠡᠩᠴᠡᠭᠰᠡᠨ ᠡᠮᠬᠢᠳᠭᠡᠨ ᠲᠤᠰᠢᠶᠠᠭᠰᠠᠨ ᠨᠢᠭᠡᠴᠢ ᠳᠤ ᠡᠮᠬᠢᠳᠭᠡᠨ ᠲᠤᠰᠢᠶᠠᠭᠰᠠᠨ ᠪᠠᠷᠢᠮᠲᠠ ᠭᠠᠷᠭᠠᠵᠤ ᠥᠭᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ  ᠡᠮᠬᠢᠳᠭᠡᠨ ᠲᠤᠰᠢᠶᠠᠬᠤ ᠮᠠᠲ᠋ᠧᠷᠢᠶᠠᠯ ᠢ ᠬᠦᠯᠢᠶᠡᠨ ᠠᠪᠬᠤ ᠤᠰᠤᠨ ᠵᠦᠢ ᠶᠢᠨ ᠪᠠᠶᠢᠭᠤᠯᠤᠮᠵᠢ ᠨᠤᠭᠤᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠡᠮᠬᠢᠳᠭᠡᠨ ᠲᠤᠰᠢᠶᠠᠬᠤ ᠮᠠᠲ᠋ᠧᠷᠢᠶᠠᠯ ᠢ ᠲᠣᠬᠢᠲᠠᠶ ᠬᠠᠳᠠᠭᠠᠯᠠᠬᠤ ᠪᠠ ᠬᠠᠳᠠᠭᠠᠯᠠᠨ ᠬᠠᠮᠢᠶᠠᠷᠬᠤ ᠬᠡᠷᠡᠭᠲᠡᠶ᠃ ᠡᠯᠧᠺᠲᠷᠣᠨ ᠮᠠᠲ᠋ᠧᠷᠢᠶᠠᠯ ᠢ  ᠲᠠᠪᠬᠤᠷ ᠬᠤᠪᠢ ᠬᠠᠳᠠᠭᠠᠯᠠᠬᠤ ᠬᠡᠷᠡᠭᠲᠡᠢ ᠪᠦᠭᠡᠳ ᠲᠠᠪᠬᠤᠷ ᠬᠠᠳᠠᠭᠠᠯᠠᠭᠰᠠᠨ ᠬᠤᠪᠢ ᠳᠤ ᠠᠶᠤᠯᠭᠦᠶ ᠶᠢᠨ ᠬᠠᠮᠢᠶᠠᠷᠤᠯᠲᠠ ᠬᠢᠬᠦ ᠬᠡᠷᠡᠭᠲᠡᠶ᠃ ᠴᠠᠭᠠᠰᠤᠨ ᠮᠠᠲ᠋ᠧᠷᠢᠶᠠᠯ ᠢ ᠬᠠᠳᠠᠭᠠᠯᠠᠬᠤ ᠣᠷᠴᠢᠨ ᠨᠥᠬᠦᠴᠡᠯ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠤᠰᠤᠨ ᠵᠦᠢ ᠶᠢᠨ ᠪᠠᠶᠢᠭᠤᠯᠤᠮᠵᠢ ᠨᠤᠭᠤᠳ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠪᠣᠯᠪᠠᠰᠤᠷᠠᠭᠤᠯᠤᠨ ᠡᠮᠬᠢᠳᠬᠡᠵᠦ ᠤᠰᠤᠨ ᠵᠦᠢ ᠶᠢᠨ ᠬᠢᠨᠠᠨ ᠬᠡᠮᠵᠢᠯᠲᠡ ᠶᠢᠨ ᠦᠷ᠎ᠡ ᠪᠦᠲᠦᠭᠡᠯ ᠢ ᠪᠤᠢ ᠪᠣᠯᠭᠠᠬᠤ ᠬᠡᠷᠡᠭᠲᠡᠶ᠃      ᠰᠠᠪᠠ ᠭᠠᠵᠠᠷ ᠤᠨ ᠤᠰᠤᠨ ᠵᠦᠢ ᠶᠢᠨ ᠪᠠᠶᠢᠭᠤᠯᠤᠮᠵᠢ ᠨᠢ ᠬᠦᠯᠢᠶᠡᠨ ᠠᠪᠤᠭᠰᠠᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢᠶᠠᠨ ᠨᠢᠭᠡᠳᠦᠯᠲᠡᠶ ᠳ᠋ᠤᠭᠠᠷᠯᠠᠵᠤ᠂ ᠡᠮᠬᠢᠳᠭᠡᠨ ᠲᠤᠰᠢᠶᠠᠬᠤ ᠮᠠᠲ᠋ᠧᠷᠢᠶᠠᠯ ᠤᠨ ᠭᠠᠷᠴᠠᠭ ᠢ ᠡᠮᠬᠢᠯᠡᠨ ᠪᠦᠷᠢᠯᠳᠦᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠣᠨ ᠢᠶᠠᠷ ᠨᠡᠶᠢᠲᠡᠯᠡᠬᠦ ᠬᠡᠷᠡᠭᠲᠡᠶ᠃      ᠤᠯᠤᠰ ᠤᠨ ᠦᠨᠳᠦᠰᠦᠨ ᠤᠰᠤᠨ ᠵᠦᠢ ᠶᠢᠨ ᠬᠡᠮᠵᠢᠯᠲᠡ ᠶᠢᠨ ᠥᠷᠲᠡᠭᠡᠨ ᠤ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠶ᠃      ᠡᠮᠬᠢᠳᠭᠡᠨ ᠲᠤᠰᠢᠶᠠᠬᠤ ᠨᠢᠭᠡᠴᠢ ᠨᠢ ᠬᠤᠯᠪᠣᠭᠳᠠᠯ ᠪᠦᠬᠦᠢ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠬᠡᠷᠡᠭᠯᠡᠬᠦ ᠡᠷᠬᠡ ᠲᠠᠢ᠃ ᠪᠤᠰᠤᠳ ᠨᠢᠭᠡᠴᠢ ᠪᠠ ᠬᠤᠪᠢ ᠬᠥᠮᠦᠨ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠬᠡᠷᠡᠭᠯᠡᠬᠦ ᠳᠤ ᠬᠦᠷᠪᠡᠯ᠂ ᠬᠤᠯᠪᠣᠭᠳᠠᠯ ᠪᠦᠬᠦᠢ ᠮᠠᠲ᠋ᠧᠷᠢᠶᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠬᠡᠷᠡᠭᠯᠡᠬᠦ ᠳᠡᠭᠡᠨ ᠮᠠᠲ᠋ᠧᠷᠢᠶᠠᠯ ᠤᠨ ᠢᠷᠡᠯᠳᠡ ᠶᠢ ᠲᠣᠳᠣᠷᠬᠠᠶᠢᠯᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠭᠰᠠᠨ ᠪᠠᠶᠢᠳᠠᠯ ᠤᠨ ᠲᠤᠬᠠᠶ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠡᠮᠬᠢᠳᠭᠡᠨ ᠲᠤᠰᠢᠶᠠᠭᠰᠠᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ  ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠭᠡᠭᠡᠭᠰᠡᠨ᠂ ᠡᠪᠳᠡᠨ ᠰᠦᠢᠳᠬᠡᠭᠰᠡᠨ᠂ ᠬᠠᠭᠤᠷᠮᠠᠭᠯᠠᠨ ᠵᠣᠬᠢᠶᠠᠭᠰᠠᠨ᠂ ᠡᠰᠡᠬᠦᠯ᠎ᠡ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠳᠤᠷ᠎ᠠ ᠪᠠᠷ ᠢᠶᠠᠨ ᠰᠢᠯᠵᠢᠭᠦᠯᠦᠨ ᠥᠭᠭᠦᠭᠰᠡᠨ᠂ ᠰᠢᠯᠵᠢᠭᠦᠯᠦᠨ ᠵᠢᠭᠡᠯᠡᠭᠦᠯᠦᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠵᠦᠢ ᠶᠢᠨ ᠲᠦᠷᠢᠮ︾ ᠤᠨ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠵᠢᠷᠭᠤᠳᠤᠭᠠᠷ ᠵᠦᠢᠯ ᠡᠮᠬᠢᠳᠬᠡᠨ ᠲᠤᠰᠢᠶᠠᠬᠤ ᠨᠢᠭᠡᠴᠢ ᠲᠣᠭᠲᠠᠭᠰᠠᠨ ᠴᠠᠭ ᠬᠤᠭᠤᠴᠠᠭᠠᠨ ᠳᠤ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠡᠮᠬᠢᠳᠬᠡᠨ ᠲᠤᠰᠢᠶᠠᠬᠤ ᠬᠡᠷᠡᠭᠲᠡᠶ᠃ ᠲᠣᠭᠲᠠᠭᠠᠭᠰᠠᠨ ᠴᠠᠭ ᠬᠤᠭᠤᠴᠠᠭᠠᠨ ᠳᠤ ᠡᠮᠬᠢᠳᠬᠡᠨ ᠲᠤᠰᠢᠶᠠᠭᠰᠠᠨ ᠦᠭᠡᠢ ᠪᠤᠶᠤ ᠡᠮᠬᠢᠳᠬᠡᠨ ᠲᠤᠰᠢᠶᠠᠭᠰᠠᠨ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠨᠢ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠬᠤᠭᠤᠴᠠᠭ᠎ᠠ ᠲᠣᠭᠲᠠᠭᠠᠨ ᠨᠥᠬᠦᠵᠦ ᠲᠤᠰᠢᠶᠠᠯᠭᠠᠬᠤ ᠬᠡᠷᠡᠭᠲᠡᠶ︔ ᠬᠤᠭᠤᠴᠠᠭ᠎ᠠ ᠬᠡᠲᠦᠷᠡᠲᠡᠯ᠎ᠡ ᠨᠥᠬᠦᠵᠦ ᠲᠤᠰᠢᠶᠠᠭᠰᠠᠨ ᠦᠭᠡᠢ ᠪᠠᠶᠢᠪᠠᠯ᠂ ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠡᠮᠬᠢᠳᠬᠡᠨ ᠲᠤᠰᠢᠶᠠᠭᠰᠠᠨ ᠦᠭᠡᠢ ᠪᠠᠷ ᠦᠵᠡᠨ᠎ᠡ᠃      ᠤᠰᠤᠨ ᠵᠦᠢ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠡᠮᠬᠢᠳᠭᠡᠨ ᠲᠤᠰᠢᠶᠠᠬᠤ ᠶᠢ ᠲᠡᠪᠴᠢᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠵᠦᠢ ᠶᠢᠨ ᠲᠦᠷᠢᠮ︾ ᠤᠨ ᠳᠥᠴᠢᠳᠦᠭᠡᠷ ᠵᠦᠢᠯ ᠤᠨ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠳᠣᠯᠣᠳᠤᠭᠠᠷ ᠵᠦᠢᠯ   ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠨᠢ ᠤᠯᠤᠰ ᠤᠨ ᠨᠢᠭᠤᠴᠠ ᠳᠤ ᠲᠣᠭᠠᠴᠠᠭᠳᠠᠪᠠᠯ᠂ ᠲᠡᠭᠦᠨ ᠤ ᠨᠢᠭᠤᠴᠠ ᠶᠢᠨ ᠲᠡᠰ ᠢ ᠲᠣᠭᠲᠠᠭᠠᠬᠤ᠂ ᠬᠤᠪᠢᠷᠠᠭᠤᠯᠬᠤ᠂ ᠨᠢᠭᠤᠴᠠ ᠶᠢ ᠲᠠᠶᠢᠯᠬᠤ ᠵᠢᠴᠢ ᠮᠠᠲ᠋ᠧᠷᠢᠶᠠᠯ ᠢ ᠡᠮᠬᠢᠳᠭᠡᠨ ᠲᠤᠰᠢᠶᠠᠬᠤ᠂ ᠳᠠᠮᠵᠢᠭᠤᠯᠬᠤ᠂ ᠬᠠᠳᠠᠭᠠᠯᠠᠬᠤ᠂ ᠬᠡᠷᠡᠭᠯᠡᠬᠦ ᠪᠠ ᠬᠠᠮᠢᠶᠠᠷᠬᠤ ᠳᠤ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠠᠷᠪᠠᠨ ᠨᠠᠢᠮᠠᠳᠤᠭᠠᠷ ᠵᠦᠢᠯ  ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠠᠷᠭ᠎ᠠ ᠶᠢ ᠦᠨᠳᠦᠰᠦᠯᠡᠨ ᠪᠣᠳᠠᠲᠠᠶ ᠲᠣᠭᠲᠠᠭᠠᠯ ᠲᠣᠭᠲᠠᠭᠠᠵᠤ ᠪᠣᠯᠤᠨ᠎ᠠ᠃      ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠬᠠᠷᠠᠬᠠᠨ ᠡᠮᠬᠢᠳᠬᠡᠨ ᠲᠤᠰᠢᠶᠠᠭᠠᠳᠤᠶ ᠤᠰᠤᠨ ᠵᠦᠶ ᠶᠢᠨ ᠬᠢᠨᠠᠨ ᠬᠡᠮᠵᠢᠭᠰᠡᠨ ᠮᠠᠲ᠋ᠧᠷᠢᠶᠠᠯ ᠢ ᠲᠣᠰ ᠠᠷᠭ᠎ᠠ ᠶᠢᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠡᠮᠬᠢᠳᠬᠡᠨ ᠲᠤᠰᠢᠶᠠᠨ᠎ᠠ᠃      ᠠᠷᠪᠠ ᠶᠢᠰᠦᠳᠦᠭᠡᠷ ᠵᠤᠶᠢᠯ  ᠲᠣᠰ ᠠᠷᠭ᠎ᠠ ᠶᠢ 2020 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号