ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠤᠰᠤ ᠠᠷᠪᠢᠯᠠᠨ ᠬᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠤ᠂ ᠤᠰᠤᠨ ᠤ ᠡᠬᠢ | ᠪᠠᠶᠠᠯᠢᠬ ᠢ ᠰᠢᠨᠵᠢᠯᠡᠬᠦ ᠤᠬᠠᠭᠠᠨᠴᠢ ᠵᠤᠬᠢᠰᠳᠠᠢ ᠪᠠᠷ ᠠᠰᠢᠭᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ | ᠬᠦᠭᠵᠢᠬᠦ ᠶᠢ ᠪᠠᠳᠤᠯᠠᠨ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠤᠰᠤᠨ ᠤ ᠬᠠᠤᠯᠢ︾ ᠪᠠ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ | ᠦᠨᠳᠦᠰᠦᠯᠡᠨ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠤ᠂ ᠲᠤᠰ ᠲᠦᠷᠢᠮ ᠢ | ᠲᠤᠭᠳᠠᠭᠠᠪᠠ᠃ | ᠬᠤᠶᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ ᠤᠰᠤ | ᠠᠷᠪᠢᠯᠠᠨ ᠬᠡᠷᠡᠭᠯᠡᠬᠦ ᠵᠢᠴᠢ ᠬᠢᠨᠠᠯᠳᠠ ᠲᠠᠯᠪᠢᠵᠤ ᠬᠠᠮᠢᠶᠠᠷᠬᠤ ᠠᠵᠢᠯᠯᠠᠭ᠎ᠠ ᠳᠤ ᠲᠤᠰ ᠲᠦᠷᠢᠮ ᠢ ᠬᠡᠷᠡᠭᠯᠡᠨ᠎ᠡ᠃ | ᠭᠤᠷᠪᠠᠳᠤᠭᠠᠷ ᠵᠦᠢᠯ ᠤᠰᠤ ᠠᠷᠪᠢᠯᠠᠨ ᠬᠡᠷᠡᠭᠯᠡᠬᠦ ᠳᠤ ᠨᠢᠭᠡᠳᠦᠯᠳᠠᠢ ᠲᠦᠯᠦᠪᠵᠢᠭᠦᠯᠬᠦ᠂ ᠨᠢᠭᠡᠳᠦᠯᠲᠠᠢ | ᠲᠥᠯᠦᠪᠯᠡᠵᠦ ᠨᠡᠶᠢᠳᠡ ᠳᠤᠨᠢ ᠬᠠᠷᠠᠭᠠᠯᠵᠠᠬᠤ᠂ ᠵᠤᠬᠢᠰᠳᠠᠢ ᠲᠤᠬᠢᠷᠠᠭᠤᠯᠬᠤ᠂ ᠦᠨᠳᠦᠷ ᠪᠦᠳᠦᠮᠵᠢᠳᠠᠢ ᠪᠠᠷ ᠠᠰᠢᠭᠯᠠᠬᠤ | ᠵᠠᠷᠴᠢᠮ ᠢ ᠪᠠᠷᠢᠮᠳᠠᠯᠠᠵᠤ᠂ ᠶᠡᠷᠦᠩᠬᠡᠢ ᠬᠡᠮᠵᠢᠶ᠎ᠡ ᠶᠢ ᠡᠵᠡᠮᠰᠢᠬᠦ ᠪᠠ ᠤᠷᠮᠠᠴᠢᠯᠠᠨ ᠬᠠᠮᠢᠶᠠᠷᠬᠤ ᠶᠢ ᠤᠶᠠᠯᠳᠤᠭᠤᠯᠬᠤ | ᠲᠦᠷᠢᠮ ᠢ ᠬᠡᠷᠡᠭᠵᠢᠭᠦᠯᠦᠨ᠎ᠡ᠃ | ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ | ᠤᠰᠤ ᠠᠷᠪᠢᠯᠠᠨ ᠬᠡᠷᠡᠭᠯᠡᠬᠦ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ | ᠲᠦᠯᠦᠪᠵᠢᠭᠦᠯᠭᠡ ᠳᠡᠭᠡᠨ ᠤᠷᠤᠭᠤᠯᠵᠤ᠂ ᠤᠰᠤ ᠠᠷᠪᠢᠯᠠᠨ ᠬᠡᠷᠡᠭᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠰᠤ ᠠᠷᠪᠢᠯᠠᠨ ᠬᠡᠷᠡᠭᠯᠡᠬᠦ ᠮᠡᠷᠭᠡᠵᠢᠯ ᠢ ᠰᠤᠳᠤᠯᠵᠤ ᠲᠡᠯᠭᠡᠷᠡᠭᠦᠯᠬᠦ ᠶᠢ | ᠲᠡᠮᠵᠢᠵᠤ᠂ ᠤᠰᠤ ᠠᠷᠪᠢᠯᠠᠬᠤ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠦ᠂ ᠳᠠᠬᠢᠯᠲᠠ ᠤᠰᠤ᠂ ᠪᠤᠷᠤᠭᠠᠨ ᠪᠠ | ᠦᠶᠡᠷ ᠤᠨ ᠤᠰᠤ᠂ ᠠᠭᠤᠷᠬᠠᠢ ᠶᠢᠨ ᠤᠷᠤᠨ ᠤ ᠬᠠᠭᠤᠷᠠᠶᠢᠳᠠᠭᠤᠯᠬᠤ ᠪᠠᠷ ᠳᠠᠷᠬᠠᠭᠠᠭᠰᠠᠨ ᠤᠰᠤ᠂ ᠪᠠᠷᠢᠯᠭ᠎ᠠ ᠶᠢᠨ | ᠲᠠᠳᠠᠵᠤ ᠭᠠᠳᠠᠭᠰᠢᠯᠠᠭᠤᠯᠬᠤ ᠤᠰᠤ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢ ᠨᠡᠭᠡᠭᠡᠨ ᠠᠰᠢᠭᠯᠠᠬᠤ ᠶᠢ | ᠵᠤᠷᠢᠬᠵᠢᠭᠤᠯᠵᠤ᠂ ᠤᠰᠤᠨ ᠬᠤᠷᠤᠭᠳᠠᠯ ᠢᠶᠠᠷ ᠦᠨᠳᠦᠷ ᠲᠦᠷᠦᠯ ᠵᠦᠢᠯ ᠢ ᠬᠢᠵᠠᠭᠠᠷᠯᠠᠨ᠂ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠢ ᠪᠠᠶᠢᠭᠤᠯᠬᠤ ᠬᠡᠷᠡᠭᠳᠠᠢ᠃ | ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠬᠤᠳᠠ ᠶᠢᠨ | ᠶᠡᠷᠦᠩᠬᠡᠢ ᠲᠦᠯᠦᠪᠵᠢᠭᠦᠯᠭᠡ᠂ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ | ᠪᠠᠶᠢᠷᠢᠯᠠᠭᠤᠯᠤᠯᠳᠠ ᠨᠢ ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠪᠠᠶᠢᠳᠠᠯ ᠠᠴᠠ ᠭᠠᠷᠳᠠᠵᠤ᠂ | ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠨᠦᠭᠦᠴᠡᠯ ᠲᠠᠢ ᠪᠠᠨ ᠵᠤᠬᠢᠴᠠᠬᠤ ᠬᠡᠷᠡᠭᠳᠠᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠤᠷᠤᠨ | ᠲᠤᠳᠤᠷᠠᠬᠢ ᠤᠰᠤ ᠠᠷᠪᠢᠯᠠᠨ ᠬᠡᠷᠡᠭᠯᠡᠬᠦ ᠳᠤ ᠬᠢᠨᠠᠯᠳᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠦᠭᠵᠢᠭᠦᠯᠦᠯᠳᠡ ᠪᠠ | ᠦᠭᠡᠷᠡᠴᠢᠯᠡᠯᠳᠡ᠂ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ᠂ ᠠᠵᠤ ᠠᠬᠤᠢ ᠪᠠ ᠰᠤᠷᠠᠭ ᠵᠠᠩᠭᠢᠴᠢᠯᠠᠯᠳᠠ᠂ | ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠰᠠᠯᠠᠭ᠎ᠠ ᠮᠦᠴᠢᠷ ᠨᠢ ᠲᠤᠰ ᠲᠤᠰ ᠤᠨ ᠲᠤᠰᠢᠶᠠᠯ ᠬᠠᠷᠢᠭᠤᠴᠠᠯᠭ᠎ᠠ | ᠶᠤᠰᠤᠭᠠᠷ ᠤᠰᠤ ᠠᠷᠪᠢᠯᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠲᠤᠰ ᠬᠠᠷᠢᠶ᠎ᠠ ᠤᠷᠤᠨ ᠤ ᠪᠠᠨ ᠤᠰᠤ ᠠᠷᠪᠢᠯᠠᠨ ᠬᠡᠷᠡᠭᠯᠡᠬᠦ ᠠᠵᠢᠯ ᠢ ᠰᠠᠶᠢᠳᠤᠷ ᠬᠢᠬᠦ ᠬᠡᠷᠡᠭᠳᠠᠢ᠃ | | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠤᠰᠤ ᠠᠷᠪᠢᠯᠠᠬᠤ ᠤᠬᠠᠭᠤᠯᠭ᠎ᠠ ᠬᠦᠮᠦᠵᠢᠯ ᠢᠶᠠᠨ | ᠴᠢᠩᠭᠠᠳᠬᠠᠵᠤ᠂ ᠤᠰᠤ ᠠᠷᠪᠢᠯᠠᠬᠤ ᠬᠦᠮᠦᠵᠢᠯ ᠢ ᠤᠯᠤᠰ ᠠᠷᠠᠳ ᠤᠨ ᠬᠡᠪ ᠪᠤᠯᠪᠠᠰᠤᠷᠠᠯ ᠤᠨ ᠬᠦᠮᠦᠵᠢᠯ ᠤᠨ | ᠰᠢᠰᠲ᠋ᠧᠮ ᠳᠤ ᠤᠷᠤᠭᠤᠯᠤᠨ᠂ ᠤᠰᠤ ᠠᠷᠪᠢᠯᠠᠨ ᠬᠡᠷᠡᠭᠯᠡᠬᠦ ᠨᠡᠶᠢᠳᠡ ᠶᠢᠨ ᠠᠰᠠᠷᠠᠮᠵᠢ ᠶᠢᠨ ᠴᠢᠨᠠᠷᠳᠠᠢ | ᠤᠬᠠᠭᠤᠯᠭ᠎ᠠ ᠶᠢᠨ ᠲᠦᠯᠦᠪᠯᠡᠭᠡ ᠶᠢ ᠲᠤᠭᠳᠠᠭᠠᠵᠤ᠂ ᠲᠤᠭᠳᠠᠮᠠᠯ ᠬᠤᠭᠤᠴᠠᠭ᠎ᠠ ᠲᠠᠢ ᠪᠠᠷ ᠤᠬᠠᠭᠤᠯᠭ᠎ᠠ ᠶᠢᠨ | ᠠᠵᠢᠯᠯᠠᠭ᠎ᠠ ᠶᠢ ᠦᠷᠨᠢᠭᠦᠯᠦᠨ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠠᠷ ᠢ ᠲᠡᠭᠡᠭᠰᠢᠯᠡᠭᠦᠯᠬᠦ ᠬᠡᠷᠡᠭᠳᠠᠢ᠃ | ᠰᠤᠨᠢᠨ ᠮᠡᠳᠡᠭᠡᠨ ᠤ ᠵᠠᠭᠤᠴᠢᠯᠠᠭᠤᠷ ᠨᠢ ᠤᠰᠤ ᠠᠷᠪᠢᠯᠠᠨ ᠬᠡᠷᠡᠭᠯᠡᠬᠦ ᠤᠬᠠᠭᠤᠯᠭ᠎ᠠ ᠶᠢ ᠨᠡᠶᠢᠳᠡ ᠶᠢᠨ | ᠠᠰᠠᠷᠠᠮᠵᠢ ᠶᠢᠨ ᠴᠢᠨᠠᠷᠳᠠᠢ ᠤᠬᠠᠭᠤᠯᠭ᠎ᠠ ᠶᠢᠨ ᠬᠡᠪᠴᠢᠶᠡᠨ ᠳᠤ ᠤᠷᠤᠭᠤᠯᠤᠨ᠂ ᠤᠰᠤᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ᠂ ᠤᠰᠤ ᠠᠷᠪᠢᠯᠠᠨ ᠬᠡᠷᠡᠭᠯᠡᠬᠦ ᠨᠡᠶᠢᠳᠡ ᠶᠢᠨ | ᠠᠰᠠᠷᠠᠮᠵᠢ ᠶᠢᠨ ᠤᠬᠠᠭᠤᠯᠭ᠎ᠠ ᠶᠢ ᠦᠷᠨᠢᠭᠦᠯᠵᠦ᠂ ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ ᠳᠤ ᠶᠠᠷᠢᠶ᠎ᠠ | ᠬᠡᠯᠡᠯᠴᠡᠭᠡᠨ ᠤ ᠬᠢᠨᠠᠯᠳᠠ ᠬᠢᠬᠦ ᠬᠡᠷᠡᠭᠳᠠᠢ᠃ | ᠲᠤᠯᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠪᠦᠷ ᠤᠰᠤ ᠠᠷᠪᠢᠯᠠᠨ ᠬᠡᠷᠡᠭᠯᠡᠬᠦ | ᠡᠭᠦᠷᠭᠡ ᠲᠠᠢ᠂ ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ ᠶᠢ ᠵᠤᠭᠰᠤᠭᠠᠬᠤ ᠪᠤᠶᠤ ᠢᠯᠡᠴᠢᠯᠡᠨ ᠵᠠᠭᠠᠯᠳᠤᠬᠤ | ᠡᠷᠬᠡ ᠲᠠᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ | ᠤᠰᠤ ᠠᠷᠪᠢᠯᠠᠨ ᠬᠡᠷᠡᠭᠯᠡᠬᠦ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠦᠮᠦᠨ ᠢ | ᠵᠤᠷᠢᠬᠵᠢᠭᠤᠯᠤᠨ ᠬᠦᠬᠢᠭᠦᠯᠬᠦ ᠬᠡᠷᠡᠭᠳᠠᠢ᠃ | ᠬᠤᠶᠠᠳᠤᠭᠠᠷ ᠪᠦᠯᠦᠭ ᠲᠦᠯᠦᠪᠯᠡᠭᠡ ᠲᠠᠢ ᠪᠠᠷ ᠤᠰᠤ ᠬᠡᠷᠡᠭᠯᠡᠬᠦ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠡᠭᠡᠷ᠎ᠡ ᠨᠢᠭᠡ ᠱᠠᠳᠤᠨ ᠤ ᠤᠰᠤ | ᠠᠷᠪᠢᠯᠠᠨ ᠬᠡᠷᠡᠭᠯᠡᠬᠦ ᠲᠦᠯᠦᠪᠵᠢᠭᠦᠯᠭᠡ ᠪᠠ ᠲᠤᠰ ᠵᠠᠰᠠᠭ ᠵᠠᠬᠢᠷᠭᠠᠨ ᠤ ᠤᠷᠤᠨ ᠤ ᠤᠰᠤᠨ ᠤ ᠡᠬᠢ ᠪᠠᠶᠠᠯᠢᠬ ᠤᠨ | ᠪᠠᠶᠢᠳᠠᠯ ᠢ ᠦᠨᠳᠦᠰᠦᠯᠡᠵᠤ᠂ ᠲᠤᠰ ᠵᠠᠰᠠᠭ ᠵᠠᠬᠢᠷᠭᠠᠨ ᠤ ᠤᠷᠤᠨ ᠤ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠶᠢ | ᠨᠠᠶᠢᠷᠠᠭᠤᠯᠵᠤ᠂ ᠠᠳᠠᠯᠢ ᠱᠠᠳᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ᠂ ᠤᠷᠤᠨ ᠰᠠᠭᠤᠴᠠ ᠪᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠠᠵᠤ ᠠᠬᠤᠢ ᠪᠠ ᠰᠤᠷᠠᠭ ᠵᠠᠩᠭᠢᠴᠢᠯᠠᠯᠳᠠ ᠵᠡᠷᠭᠡ ᠰᠠᠯᠠᠭ᠎ᠠ ᠮᠦᠴᠢᠷ ᠤᠨ | ᠰᠠᠨᠠᠯ ᠢ ᠬᠤᠷᠢᠶᠠᠭᠰᠠᠨ ᠤ ᠲᠠᠷᠠᠭ᠎ᠠ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ | ᠵᠦᠪᠰᠢᠶᠡᠷᠡᠭᠦᠯᠦᠭᠡᠳ ᠨᠠᠶᠢᠳᠡᠯᠡᠨ ᠬᠡᠷᠡᠭᠵᠢᠭᠦᠯᠬᠦ ᠬᠡᠷᠡᠭᠳᠠᠢ᠃ | ᠠᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠶᠢᠮᠠᠭ ᠤᠨ ᠵᠠᠬᠢᠷᠭ᠎ᠠ᠂ ᠲᠤᠭᠤᠷᠢᠭ ᠲᠠᠢ | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠲᠡᠭᠡᠷ᠎ᠡ ᠨᠢᠭᠡ ᠱᠠᠳᠤᠨ ᠤ ᠤᠰᠤᠨ ᠬᠡᠮᠵᠢᠶᠡᠨ ᠤ ᠬᠤᠪᠢᠶᠠᠷᠢᠯᠠᠯᠳᠠ ᠶᠢᠨ ᠲᠦᠰᠦᠯ ᠢ ᠦᠨᠳᠦᠰᠦᠯᠡᠵᠤ᠂ | ᠲᠤᠰ ᠵᠠᠰᠠᠭ ᠵᠠᠬᠢᠷᠭᠠᠨ ᠤ ᠤᠷᠤᠨ ᠤ ᠤᠰᠤᠨ ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠢ ᠲᠤᠭᠳᠠᠭᠠᠵᠤ᠂ | ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠰᠡᠨ ᠤ ᠲᠠᠷᠠᠭ᠎ᠠ ᠬᠡᠷᠡᠭᠵᠢᠭᠦᠯᠬᠦ | ᠬᠡᠷᠡᠭᠳᠠᠢ᠃ | ᠠᠷᠪᠠᠨ ᠨᠢᠭᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠬᠤᠯᠪᠤᠭᠳᠠᠯ ᠪᠦᠬᠦᠢ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠠᠵᠢᠯ | ᠲᠦᠷᠦᠯ ᠤᠨ ᠢᠶᠠᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠶᠢ ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ | ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠬᠢᠨᠠᠨ ᠬᠠᠷᠭᠤᠭᠤᠯᠵᠤ ᠵᠦᠪᠰᠢᠶᠡᠷᠡᠭᠦᠯᠦᠭᠰᠡᠨ ᠤ ᠲᠠᠷᠠᠭ᠎ᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠠᠴᠠ ᠨᠡᠶᠢᠳᠡᠯᠡᠨ ᠬᠡᠷᠡᠭᠵᠢᠭᠦᠯᠬᠦ ᠶᠢᠨ ᠬᠠᠮᠳᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠠᠰᠤ | ᠴᠢᠨᠠᠷ ᠲᠤ ᠬᠢᠨᠠᠯᠳᠠ ᠲᠠᠯᠪᠢᠵᠤ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠮᠡᠳᠡᠭᠦᠯᠵᠦ ᠲᠠᠩᠰᠠᠯᠠᠭᠤᠯᠬᠤ ᠬᠡᠷᠡᠭᠳᠠᠢ᠃ | ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠶᠢᠬᠤ ᠦᠭᠡᠢ ᠭᠠᠵᠠᠷ ᠤᠨ ᠤᠰᠤ ᠬᠡᠷᠡᠭᠯᠡᠬᠦ | ᠲᠤᠭᠳᠠᠭᠰᠠᠨ ᠨᠤᠷᠮ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠪᠡᠷ | ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠨᠡᠶᠢᠳᠡᠯᠡᠨ | ᠬᠡᠷᠡᠭᠵᠢᠭᠦᠯᠬᠦ ᠶᠢᠨ ᠬᠠᠮᠳᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠠᠰᠤ ᠴᠢᠨᠠᠷ ᠲᠤ ᠬᠢᠨᠠᠯᠳᠠ ᠲᠠᠯᠪᠢᠵᠤ | ᠬᠢᠨᠠᠨ ᠪᠠᠶᠢᠴᠠᠭᠠᠬᠤ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠲᠠᠩᠰᠠᠯᠠᠭᠤᠯᠤᠨ᠎ᠠ᠃ | ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠶᠢ ᠤᠰᠤᠨ ᠤ ᠡᠬᠢ ᠪᠠᠶᠠᠯᠢᠬ ᠤᠨ ᠪᠠᠶᠢᠳᠠᠯ ᠪᠠ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠢᠷᠢ ᠬᠡᠮᠵᠢᠶ᠎ᠡ ᠶᠢ ᠦᠨᠳᠦᠰᠦᠯᠡᠵᠤ᠂ ᠴᠠᠭ ᠲᠤᠬᠠᠢ ᠳᠤᠨᠢ ᠵᠠᠰᠠᠨ | ᠲᠤᠭᠳᠠᠭᠠᠬᠤ ᠬᠡᠷᠡᠭᠳᠠᠢ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠠᠳᠠᠯᠢ ᠱᠠᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ | ᠬᠠᠮᠳᠤᠪᠡᠷ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ᠂ ᠠᠵᠤ ᠠᠬᠤᠢ ᠮᠡᠷᠭᠡᠵᠢᠯ ᠤᠨ ᠨᠦᠭᠦᠴᠡᠯ | ᠵᠢᠴᠢ ᠤᠰᠤᠨ ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠳᠤ ᠲᠤᠭᠳᠠᠭᠠᠭᠰᠠᠨ ᠲᠤᠰ ᠵᠠᠰᠠᠭ ᠵᠠᠬᠢᠷᠭᠠᠨ ᠤ | ᠤᠷᠤᠨ ᠳᠤ ᠬᠡᠷᠡᠭᠯᠡᠬᠦ ᠤᠰᠤᠨ ᠬᠡᠮᠵᠢᠶ᠎ᠡ ᠶᠢ ᠦᠨᠳᠦᠰᠦᠯᠡᠵᠤ᠂ ᠤᠨ ᠤ ᠤᠰᠤ ᠬᠡᠷᠡᠭᠯᠡᠬᠦ ᠲᠦᠯᠦᠪᠯᠡᠭᠡ ᠶᠢ | ᠲᠤᠭᠳᠠᠭᠠᠬᠤ᠂ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ | ᠡᠵᠡᠮᠳᠡᠨ᠎ᠡ᠃ | ᠠᠷᠪᠠᠨ ᠭᠤᠷᠪᠠᠳᠤᠭᠠᠷ ᠵᠦᠢ᠊ᠯ ᠤᠰᠤ ᠠᠪᠬᠤ ᠵᠦᠪᠰᠢᠶᠡᠷᠡᠯ ᠢ ᠤᠯᠤᠭᠰᠠᠨ ᠨᠢᠭᠡᠴᠢ ᠪᠠ ᠬᠤᠪᠢ ᠬᠦᠮᠦᠨ ᠨᠢ | ᠵᠢᠯ ᠪᠦᠷᠢ ᠶᠢᠨ 12 ᠰᠠᠷ᠎ᠠ ᠶᠢᠨ 31 ᠤ ᠡᠳᠦᠷ ᠠᠴᠠ ᠡᠮᠤᠨ᠎ᠡ ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠤᠨ ᠤ ᠤᠰᠤ ᠠᠪᠤᠭᠰᠠᠨ ᠪᠠᠶᠢᠳᠠᠯ ᠪᠠ ᠳᠠᠷᠠᠭ᠎ᠠ ᠨᠢᠭᠡ ᠵᠢᠯ ᠤᠨ ᠢᠶᠠᠨ ᠤᠰᠤ | ᠠᠪᠬᠤ ᠲᠦᠯᠦᠪᠯᠡᠭᠡ ᠶᠢᠨ ᠰᠠᠨᠠᠭᠤᠯᠭ᠎ᠠ ᠪᠠᠨ ᠮᠡᠳᠡᠭᠦᠯᠬᠦ ᠬᠡᠷᠡᠭᠳᠠᠢ᠃ | ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠠᠪᠬᠤ ᠵᠦᠪᠰᠢᠶᠡᠷᠡᠯ ᠤᠨ | ᠬᠡᠮᠵᠢᠶ᠎ᠡ᠂ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ᠂ ᠤᠰᠤ ᠠᠪᠬᠤ ᠨᠢᠭᠡᠴᠢ ᠪᠤᠶᠤ ᠬᠤᠪᠢ | ᠬᠦᠮᠦᠨ ᠤ ᠭᠤᠶᠤᠴᠢᠯᠠᠯ ᠪᠠ ᠲᠤᠰ ᠵᠠᠰᠠᠭ ᠵᠠᠬᠢᠷᠭᠠᠨ ᠤ ᠤᠷᠤᠨ ᠤ ᠤᠨ ᠤ ᠤᠰᠤ ᠬᠡᠷᠡᠭᠯᠡᠬᠦ ᠲᠦᠯᠦᠪᠯᠡᠭᠡ ᠵᠡᠷᠭᠡ | ᠡᠯᠧᠮᠧᠨ᠋ᠲ ᠢ ᠦᠨᠳᠦᠰᠦᠯᠡᠵᠤ᠂ ᠤᠰᠤ ᠠᠪᠬᠤ ᠨᠢᠭᠡᠴᠢ ᠪᠤᠶᠤ ᠬᠤᠪᠢ ᠬᠦᠮᠦᠨ ᠤ ᠤᠨ ᠤ ᠤᠰᠤ ᠠᠪᠬᠤ | ᠲᠦᠯᠦᠪᠯᠡᠭᠡ ᠶᠢ ᠬᠢᠨᠠᠨ ᠲᠤᠭᠳᠠᠭᠠᠬᠤ ᠶᠢᠨ ᠬᠠᠮᠳᠤ ᠵᠢᠯ ᠪᠦᠷᠢ ᠶᠢᠨ 1 ᠰᠠᠷ᠎ᠠ ᠶᠢᠨ 31 ᠤ ᠡᠳᠦᠷ ᠠᠴᠠ ᠡᠮᠤᠨ᠎ᠡ | ᠲᠤᠰ ᠵᠢᠯ ᠤᠨ ᠢᠶᠠᠨ ᠤᠰᠤ ᠠᠪᠬᠤ ᠲᠦᠯᠦᠪᠯᠡᠭᠡ ᠪᠠᠨ ᠲᠤᠷᠤᠭᠰᠢ ᠪᠠᠭᠤᠯᠭᠠᠬᠤ ᠬᠡᠷᠡᠭᠳᠠᠢ᠃ | ᠠᠷᠪᠠᠨ ᠲᠦᠷᠪᠡᠳᠦᠭᠡᠷ ᠵᠦᠢᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠬᠢᠨᠠᠨ ᠲᠤᠭᠳᠠᠭᠠᠭᠰᠠᠨ | ᠤᠨ ᠤ ᠤᠰᠤ ᠠᠪᠬᠤ ᠲᠦᠯᠦᠪᠯᠡᠭᠡ ᠶᠤᠰᠤᠭᠠᠷ ᠤᠰᠤ ᠠᠪᠴᠤ ᠬᠡᠷᠡᠭᠯᠡᠬᠦ ᠬᠡᠷᠡᠭᠳᠠᠢ᠃ | ᠤᠨᠴᠠᠭᠠᠢ ᠰᠢᠯᠳᠠᠭᠠᠨ ᠠᠴᠠ ᠪᠤᠯᠵᠤ ᠤᠨ ᠤ ᠤᠰᠤ ᠬᠡᠷᠡᠭᠯᠡᠬᠦ ᠲᠦᠯᠦᠪᠯᠡᠭᠡ ᠳᠤ ᠲᠤᠬᠢᠷᠠᠭᠤᠯᠤᠯᠳᠠ ᠬᠢᠬᠦ | ᠴᠢᠬᠤᠯᠠᠳᠠᠢ ᠪᠤᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠤᠤᠯ ᠤᠨ ᠬᠢᠨᠠᠨ ᠵᠦᠪᠰᠢᠶᠡᠷᠡᠭᠦᠯᠦᠭᠰᠡᠨ | ᠪᠠᠶᠢᠭᠤᠯᠭ᠎ᠠ ᠪᠠᠷ ᠵᠦᠪᠰᠢᠶᠡᠷᠡᠭᠦᠯᠬᠦ ᠬᠡᠷᠡᠭᠳᠠᠢ᠃ | ᠠᠷᠪᠠᠨ ᠲᠠᠪᠤᠳᠤᠭᠠᠷ ᠵᠦᠢ᠊ᠯ ᠪᠠᠷᠢᠯᠭ᠎ᠠ ᠪᠠᠷᠢᠬᠤ ᠵᠡᠷᠭᠡ ᠠᠴᠠ ᠪᠤᠯᠵᠤ ᠠᠮᠢᠳᠤᠷᠠᠯ ᠳᠤ ᠬᠡᠷᠡᠭᠯᠡᠬᠦ ᠪᠤᠰᠤ | ᠤᠰᠤ ᠶᠢ ᠲᠦᠷ ᠴᠠᠭ ᠠᠪᠬᠤ ᠳᠤ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠨᠢ ᠭᠤᠴᠢᠨ ᠡᠳᠦᠷ ᠤᠨ ᠡᠮᠤᠨ᠎ᠡ | ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠷ ᠴᠠᠭ ᠤᠰᠤ ᠠᠪᠬᠤ | ᠭᠤᠶᠤᠴᠢᠯᠠᠯ ᠲᠡᠪᠰᠢᠭᠦᠯᠦᠨ᠎ᠡ᠂ ᠪᠠᠷᠢᠯᠭ᠎ᠠ ᠪᠠᠷᠢᠬᠤ ᠠᠴᠠ ᠪᠤᠯᠵᠤ ᠦᠨᠡᠨ ᠭᠦ ᠤᠰᠤ ᠲᠠᠳᠠᠵᠤ ᠭᠠᠳᠠᠭᠰᠢᠯᠠᠭᠤᠯᠬᠤ | ᠴᠢᠬᠤᠯᠠᠳᠠᠢ ᠪᠤᠯ ᠪᠠᠷᠢᠯᠭ᠎ᠠ ᠶᠢᠨ ᠤᠰᠤ ᠲᠠᠳᠠᠵᠤ ᠭᠠᠳᠠᠭᠰᠢᠯᠠᠭᠤᠯᠬᠤ ᠲᠦᠰᠦᠯ ᠨᠠᠶᠢᠷᠠᠭᠤᠯᠤᠨ᠂ | ᠵᠦᠪᠰᠢᠶᠡᠷᠡᠭᠦᠯᠦᠭᠰᠡᠨ ᠲᠦᠰᠦᠯ ᠪᠠ ᠲᠦᠯᠦᠪᠯᠡᠭᠡ ᠶᠤᠰᠤᠭᠠᠷ ᠤᠰᠤ ᠠᠪᠬᠤ ᠬᠡᠷᠡᠭᠳᠠᠢ ᠪᠦᠭᠡᠳ ᠤᠰᠤᠨ ᠤ ᠡᠬᠢ | ᠪᠠᠶᠠᠯᠢᠬ ᠤᠨ ᠰᠦᠢᠳᠭᠡᠯ ᠲᠤᠰᠢᠶᠠᠬᠤ ᠬᠡᠷᠡᠭᠳᠠᠢ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠡᠪ ᠤᠨ ᠪᠤᠰᠤ ᠤᠰᠤᠨ | ᠰᠤᠷᠪᠤᠯᠵᠢ ᠶᠢ ᠨᠡᠬᠡᠬᠡᠨ ᠠᠰᠢᠭᠯᠠᠬᠤ ᠶᠢ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠳᠡᠭᠡᠨ ᠤᠷᠤᠭᠤᠯᠵᠤ᠂ | ᠤᠰᠤᠨ ᠤ ᠡᠬᠢ ᠪᠠᠶᠠᠯᠢᠬ ᠢ ᠨᠢᠭᠡᠳᠦᠯᠳᠠᠢ ᠲᠤᠬᠢᠷᠠᠭᠤᠯᠬᠤ ᠬᠡᠷᠡᠭᠳᠠᠢ᠃ | ᠠᠷᠪᠠᠨ ᠲᠤᠯᠤᠳᠤᠭᠠᠷ ᠵᠦᠢᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠤᠰᠤᠨ ᠤ ᠡᠬᠢ | ᠪᠠᠶᠠᠯᠢᠬ ᠤᠨ ᠰᠦᠢᠳᠭᠡᠯ ᠲᠤᠰᠢᠶᠠᠬᠤ ᠬᠡᠷᠡᠭᠳᠠᠢ᠃ ᠲᠦᠯᠦᠪᠯᠡᠭᠡ ᠪᠤᠶᠤ ᠲᠤᠭᠳᠠᠭᠰᠠᠨ ᠨᠤᠷᠮ᠎ᠠ ᠠᠴᠠ ᠬᠡᠳᠦᠷᠡᠭᠦᠯᠦᠨ | ᠤᠰᠤ ᠠᠪᠤᠭᠰᠠᠨ ᠪᠤᠯ ᠲᠦᠯᠦᠪᠯᠡᠭᠡ ᠪᠤᠶᠤ ᠲᠤᠭᠳᠠᠭᠰᠠᠨ ᠨᠤᠷᠮ᠎ᠠ ᠠᠴᠠ ᠬᠡᠳᠦᠷᠡᠭᠦᠯᠦᠭᠰᠡᠨ ᠬᠡᠰᠡᠭ ᠤᠨ ᠤᠰᠤᠨ ᠤ | ᠡᠬᠢ ᠪᠠᠶᠠᠯᠢᠬ ᠤᠨ ᠰᠦᠢᠳᠭᠡᠯ ᠢ ᠠᠬᠢᠭᠤᠯᠤᠨ ᠪᠤᠳᠤᠨ᠎ᠠ᠃ | ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠲᠤᠷ᠎ᠠ ᠪᠠᠷ ᠤᠰᠤᠨ ᠤ ᠡᠬᠢ ᠪᠠᠶᠠᠯᠢᠬ ᠤᠨ ᠰᠦᠢᠳᠭᠡᠯ ᠢ | ᠬᠠᠰᠤᠨ ᠬᠡᠯᠳᠦᠷᠢᠭᠦᠯᠬᠦ᠂ ᠠᠯᠭᠤᠷᠯᠠᠨ ᠲᠠᠳᠠᠪᠦᠷᠢᠯᠠᠬᠤ ᠪᠤᠶᠤ ᠲᠠᠳᠠᠪᠦᠷᠢᠯᠠᠬᠤ ᠪᠠᠨ ᠵᠤᠭᠰᠤᠭᠠᠵᠤ ᠪᠤᠯᠬᠤ ᠦᠭᠡᠢ᠃ | ᠤᠰᠤᠨ ᠤ ᠡᠬᠢ ᠪᠠᠶᠠᠯᠢᠬ ᠤᠨ ᠰᠦᠢᠳᠭᠡᠯ ᠢ ᠬᠤᠷᠢᠶᠠᠬᠤ ᠪᠠᠷᠢᠮᠵᠢᠶ᠎ᠠ ᠶᠢ ᠤᠯᠤᠰ ᠪᠠ ᠦᠪᠡᠷᠳᠡᠭᠡᠨ ᠵᠠᠰᠠᠬᠤ | ᠤᠷᠤᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠤᠰᠤ ᠬᠡᠷᠡᠭᠯᠡᠬᠦ ᠳᠤ ᠬᠡᠮᠵᠢᠯᠳᠡ ᠪᠠᠷ ᠰᠦᠢᠳᠭᠡᠯ ᠬᠤᠷᠢᠶᠠᠬᠤ ᠶᠢ | ᠬᠡᠷᠡᠭᠵᠢᠭᠦᠯᠵᠦ᠂ ᠰᠦᠢᠳᠭᠡᠯ ᠲᠠᠭᠠᠭᠠᠴᠢᠯᠠᠬᠤ ᠲᠦᠷᠢᠮ ᠬᠡᠷᠡᠭᠵᠢᠭᠦᠯᠬᠦ ᠶᠢ ᠴᠠᠭᠠᠵᠠᠯᠠᠨ᠎ᠠ᠃ ᠰᠠᠭᠤᠭᠠᠯᠢ ᠠᠷᠠᠳ ᠤᠨ | ᠠᠮᠢᠳᠤᠷᠠᠯ ᠳᠤ ᠬᠡᠷᠡᠭᠯᠡᠬᠦ ᠤᠰᠤᠨ ᠳᠤ ᠱᠠᠳᠤᠯᠢᠬ ᠬᠡᠯᠪᠡᠷᠢ ᠶᠢᠨ ᠤᠰᠤᠨ ᠤ ᠦᠨ᠎ᠡ ᠬᠠᠩᠰᠢ ᠶᠢᠨ ᠲᠦᠷᠢᠮ ᠢ | ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠪᠤᠰᠤ ᠤᠰᠤ ᠨᠢ ᠲᠦᠯᠦᠪᠯᠡᠭᠡ᠂ | ᠲᠤᠭᠳᠠᠭᠠᠭᠰᠠᠨ ᠨᠤᠷᠮ᠎ᠠ ᠠᠴᠠ ᠬᠡᠳᠦᠷᠡᠭᠰᠡᠨ ᠪᠤᠯ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ | ᠬᠡᠷᠡᠭᠵᠢᠭᠦᠯᠦᠨ᠎ᠡ᠃ | ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢᠨ ᠱᠠᠳᠤᠯᠢᠬ ᠬᠡᠯᠪᠡᠷᠢ ᠶᠢᠨ ᠤᠰᠤᠨ ᠤ ᠦᠨ᠎ᠡ | ᠬᠠᠩᠰᠢ ᠶᠢᠨ ᠪᠠᠷᠢᠮᠵᠢᠶ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ | ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠳᠠ ᠶᠢᠨ | ᠠᠷᠠᠳ ᠤᠨ ᠵᠠᠰᠠᠭ ᠤᠨ ᠤᠷᠳᠤᠨ ᠤ ᠦᠨ᠎ᠡ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ | ᠡᠷᠬᠡ ᠶᠢᠨ ᠬᠢᠵᠠᠭᠠᠷ ᠪᠠ ᠲᠠᠷᠠᠭᠠᠯᠠᠯ ᠶᠤᠰᠤᠭᠠᠷ ᠲᠤᠭᠳᠠᠭᠠᠨ᠎ᠠ︔ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ | ᠪᠤᠰᠤ ᠤᠰᠤ ᠨᠢ ᠲᠦᠯᠦᠪᠯᠡᠭᠡ ᠪᠠ ᠲᠤᠭᠳᠠᠭᠰᠠᠨ ᠨᠤᠷᠮ᠎ᠠ ᠠᠴᠠ ᠬᠡᠳᠦᠷᠡᠭᠰᠡᠨ ᠪᠤᠯ ᠠᠬᠢᠭᠤᠯᠤᠨ ᠪᠤᠳᠤᠵᠤ ᠦᠨ᠎ᠡ | ᠨᠡᠮᠡᠬᠦ ᠪᠠᠷᠢᠮᠵᠢᠶ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ ᠬᠠᠨᠭ᠍ᠰᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠡᠷᠬᠡ ᠶᠢᠨ ᠬᠢᠵᠠᠭᠠᠷ ᠪᠠ ᠲᠠᠷᠠᠭᠠᠯᠠᠯ ᠶᠤᠰᠤᠭᠠᠷ | ᠲᠤᠭᠳᠠᠭᠠᠨ᠎ᠠ᠃ | ᠠᠷᠪᠠ ᠶᠢᠰᠦᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠬᠡᠪ ᠤᠨ ᠪᠤᠰᠤ ᠤᠰᠤᠨ ᠰᠤᠷᠪᠤᠯᠵᠢ ᠶᠢ | ᠠᠰᠢᠭᠯᠠᠬᠤ ᠲᠦᠷᠦᠯ ᠵᠦᠢᠯ ᠳᠤ ᠤᠰᠤᠨ ᠤ ᠡᠬᠢ ᠪᠠᠶᠠᠯᠢᠬ ᠤᠨ ᠰᠦᠢᠳᠭᠡᠯ ᠪᠠ ᠤᠰᠤᠨ ᠤ ᠦᠨ᠎ᠡ ᠬᠠᠩᠰᠢ ᠳᠤ | ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠬᠡᠷᠡᠭᠯᠡᠭᠰᠡᠨ ᠪᠠᠶᠢᠳᠠᠯ ᠢ | ᠵᠠᠷᠯᠠᠬᠤ ᠲᠦᠷᠢᠮ ᠢ ᠪᠠᠶᠢᠭᠤᠯᠵᠤ᠂ ᠤᠷᠤᠨ ᠲᠤᠭᠤᠷᠢᠭ ᠪᠠ ᠠᠵᠢᠯ ᠲᠦᠷᠦᠯ ᠤᠨ ᠤᠰᠤ ᠬᠡᠷᠡᠭᠯᠡᠭᠰᠡᠨ ᠪᠠᠶᠢᠳᠠᠯ ᠢ | ᠲᠤᠭᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠵᠤ᠂ ᠠᠵᠤ ᠠᠬᠤᠢᠢᠯᠠᠯ ᠠᠵᠤ ᠦᠢᠯᠡᠰ ᠤᠨ ᠨᠢᠭᠡᠴᠢ ᠪᠠ ᠨᠡᠶᠢᠭᠡᠮ ᠤᠨ | ᠤᠰᠤ ᠠᠷᠪᠢᠯᠠᠨ ᠬᠡᠷᠡᠭᠯᠡᠬᠦ ᠶᠢ ᠵᠢᠯᠤᠭᠤᠳᠤᠨ ᠲᠠᠭᠠᠭᠤᠯᠬᠤ ᠬᠡᠷᠡᠭᠳᠠᠢ᠃ | ᠭᠤᠷᠪᠠᠳᠤᠭᠠᠷ ᠪᠦᠯᠦᠭ ᠤᠰᠤ ᠠᠷᠪᠢᠯᠠᠨ ᠬᠡᠷᠡᠭᠯᠡᠬᠦ | ᠬᠤᠷᠢᠨ ᠨᠢᠭᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠰᠡᠪᠡᠷᠡᠭᠦᠨ ᠤᠰᠤᠯᠠᠬᠤ᠂ | ᠰᠦᠷᠴᠢᠨ ᠤᠰᠤᠯᠠᠬᠤ᠂ ᠬᠤᠭᠤᠯᠠᠢ ᠪᠠᠷ ᠤᠰᠤ ᠲᠠᠮᠵᠢᠭᠤᠯᠬᠤ᠂ ᠤᠰᠤᠨ ᠰᠤᠪᠠᠭ ᠢᠶᠠᠷ ᠨᠡᠪᠴᠢᠬᠦ ᠶᠢ ᠰᠡᠷᠭᠡᠶᠢᠯᠡᠬᠦ | ᠵᠡᠷᠭᠡ ᠲᠠᠷᠢᠶᠠᠯᠠᠩ ᠤᠨ ᠤᠰᠤ ᠠᠷᠪᠢᠯᠠᠵᠤ ᠤᠰᠤᠯᠠᠬᠤ ᠮᠡᠷᠭᠡᠵᠢᠯ ᠢ ᠲᠡᠯᠭᠡᠷᠡᠭᠦᠯᠦᠨ ᠬᠡᠷᠡᠭᠵᠢᠭᠦᠯᠵᠦ᠂ ᠤᠰᠤ ᠬᠡᠷᠡᠭᠯᠡᠬᠦ | ᠠᠰᠢᠭᠯᠠᠮᠵᠢ ᠪᠠᠨ ᠲᠡᠭᠡᠭᠰᠢᠯᠡᠭᠦᠯᠬᠦ ᠬᠡᠷᠡᠭᠳᠠᠢ᠃ | ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠳᠠ ᠪᠠ ᠪᠤᠳᠠᠳᠠᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ︽ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠤᠰᠤ ᠠᠷᠪᠢᠯᠠᠵᠤ ᠤᠰᠤᠯᠠᠬᠤ ᠲᠦᠷᠢᠮ︾ | ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ | ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠲᠦᠰᠦᠯ ᠢ | ᠲᠤᠭᠳᠠᠭᠠᠵᠤ᠂ ᠤᠰᠤ ᠠᠷᠪᠢᠯᠠᠬᠤ ᠪᠡᠯᠡᠳᠭᠡᠮᠵᠢ ᠶᠢ ᠲᠦᠭᠦᠷᠵᠢᠭᠦᠯᠦᠨ ᠪᠠᠶᠢᠭᠤᠯᠬᠤ ᠬᠡᠷᠡᠭᠳᠠᠢ᠃ ᠤᠰᠤ ᠠᠷᠪᠢᠯᠠᠬᠤ | ᠪᠡᠯᠡᠳᠭᠡᠮᠵᠢ ᠶᠢ ᠭᠤᠤᠯ ᠴᠤᠭᠴᠠᠳᠤ ᠪᠠᠷᠢᠯᠭ᠎ᠠ ᠲᠠᠢ ᠴᠤᠭ ᠲᠤᠨᠢ ᠵᠢᠷᠤᠵᠤ ᠲᠦᠯᠦᠪᠯᠡᠨ᠂ ᠴᠤᠭ ᠲᠤᠨᠢ ᠪᠠᠷᠢᠯᠭ᠎ᠠ | ᠡᠬᠢᠯᠡᠭᠦᠯᠵᠦ᠂ ᠴᠤᠭ ᠲᠤᠨᠢ ᠬᠡᠷᠡᠭᠯᠡᠯᠳᠡ ᠳᠤ ᠤᠷᠤᠭᠤᠯᠬᠤ ᠬᠡᠷᠡᠭᠳᠠᠢ᠃ | ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠪᠠᠷᠢᠯᠭ᠎ᠠ ᠲᠡᠭᠦᠰᠴᠤ᠂ ᠪᠦᠳᠦᠭᠡᠨ ᠪᠠᠶᠢᠭᠤᠯᠤᠯᠳᠠ ᠶᠢᠨ | ᠨᠢᠭᠡᠴᠢ ᠠᠴᠠ ᠰᠢᠯᠭᠠᠨ ᠬᠤᠷᠢᠶᠠᠬᠤ ᠳᠤ ᠤᠰᠤ ᠠᠷᠪᠢᠯᠠᠬᠤ ᠪᠡᠯᠡᠳᠭᠡᠮᠵᠢ ᠶᠢ ᠨᠢ ᠰᠢᠯᠭᠠᠨ ᠬᠤᠷᠢᠶᠠᠬᠤ ᠬᠡᠷᠡᠭᠳᠠᠢ︔ | ᠰᠢᠯᠭᠠᠨ ᠬᠤᠷᠢᠶᠠᠬᠤ ᠶᠢ ᠲᠡᠮᠵᠢᠬᠰᠠᠨ ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠤᠰᠤ | ᠠᠷᠪᠢᠯᠠᠬᠤ ᠪᠡᠯᠡᠳᠭᠡᠮᠵᠢ ᠶᠢ ᠬᠡᠷᠡᠭᠯᠡᠯᠳᠡ ᠳᠤ ᠤᠷᠤᠭᠤᠯᠵᠤ ᠪᠤᠯᠬᠤ ᠦᠭᠡᠢ᠃ | ᠤᠰᠤ ᠠᠷᠪᠢᠯᠠᠬᠤ ᠪᠡᠯᠡᠳᠭᠡᠮᠵᠢ ᠳᠤ ᠤᠰᠤ ᠠᠷᠪᠢᠯᠠᠬᠤ ᠰᠠᠪᠠ᠂ ᠤᠷᠠᠨ ᠮᠡᠷᠭᠡᠰᠢᠯ᠂ ᠲᠦᠭᠦᠭᠡᠷᠤᠮᠵᠢ᠂ | ᠬᠡᠮᠵᠢᠯᠳᠡ ᠶᠢᠨ ᠪᠡᠯᠡᠳᠭᠡᠮᠵᠢ᠂ ᠲᠠᠬᠢᠯᠳᠠ ᠤᠰᠤ ᠶᠢ ᠪᠤᠴᠠᠭᠠᠨ ᠠᠰᠢᠭᠯᠠᠬᠤ ᠰᠢᠰᠲ᠋ᠧᠮ ᠪᠠ ᠪᠤᠷᠤᠭᠠᠨ ᠤ ᠤᠰᠤ ᠶᠢ | ᠬᠤᠷᠢᠶᠠᠨ ᠠᠪᠴᠤ ᠠᠰᠢᠭᠯᠠᠬᠤ ᠰᠢᠰᠲ᠋ᠧᠮ ᠪᠠᠭᠳᠠᠨ᠎ᠠ᠃ | ᠬᠤᠷᠢᠨ ᠭᠤᠷᠪᠠᠳᠤᠭᠠᠷ ᠵᠦᠢᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠤᠰᠤ ᠠᠷᠪᠢᠯᠠᠬᠤ | ᠬᠡᠯᠪᠡᠷᠢ ᠶᠢᠨ ᠤᠷᠠᠨ ᠮᠡᠷᠭᠡᠰᠢᠯ᠂ ᠲᠦᠭᠦᠭᠡᠷᠤᠮᠵᠢ ᠪᠠ ᠪᠦᠳᠦᠭᠡᠭᠳᠡᠭᠦᠨ ᠢ ᠬᠡᠷᠡᠭᠯᠡᠬᠦ ᠬᠡᠷᠡᠭᠳᠠᠢ᠃ ᠤᠯᠤᠰ ᠠᠴᠠ | ᠨᠢᠭᠡᠨᠳᠡ ᠵᠠᠷ ᠵᠠᠷᠯᠢᠬ ᠢᠶᠠᠷ ᠰᠢᠭᠰᠢᠭᠰᠡᠨ ᠤᠰᠤᠨ ᠬᠤᠷᠤᠭᠳᠠᠯ ᠶᠡᠭᠡᠲᠠᠢ ᠤᠷᠠᠨ ᠮᠡᠷᠭᠡᠰᠢᠯ᠂ ᠲᠦᠭᠦᠭᠡᠷᠤᠮᠵᠢ ᠪᠠ | ᠪᠦᠳᠦᠭᠡᠭᠳᠡᠭᠦᠨ ᠢ ᠨᠢᠭᠡᠨᠳᠡ ᠤᠭᠰᠠᠷᠠᠭᠤᠯᠤᠭᠰᠠᠨ ᠪᠤᠯ ᠴᠠᠭ ᠲᠤᠬᠠᠢ ᠳᠤᠨᠢ ᠰᠤᠯᠢᠬᠤ ᠪᠤᠶᠤ ᠲᠡᠭᠦᠨ ᠳᠤ ᠤᠰᠤ | ᠠᠷᠪᠢᠯᠠᠬᠤ ᠦᠭᠡᠷᠡᠴᠢᠯᠡᠯᠳᠡ ᠬᠢᠬᠦ ᠬᠡᠷᠡᠭᠳᠠᠢ᠃ | ᠬᠤᠷᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠲᠤᠰ ᠵᠠᠰᠠᠭ ᠵᠠᠬᠢᠷᠭᠠᠨ ᠤ ᠤᠷᠤᠨ ᠤ ᠠᠵᠤ ᠦᠢᠯᠡᠳᠪᠦᠷᠢ ᠶᠢᠨ ᠪᠠᠶᠢᠷᠢᠯᠠᠭᠤᠯᠤᠯᠳᠠ ᠪᠠ ᠠᠵᠤ | ᠦᠢᠯᠡᠰ ᠤᠨ ᠪᠦᠲᠦᠴᠡ ᠶᠢ ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠨᠦᠭᠦᠴᠡᠯ᠂ ᠤᠰᠤᠨ ᠤ | ᠤᠷᠴᠢᠨ ᠲᠤᠭᠤᠷᠢᠨ ᠤ ᠪᠠᠭᠳᠠᠭᠠᠮᠵᠢ ᠲᠠᠢ ᠵᠤᠬᠢᠴᠠᠭᠤᠯᠬᠤ ᠬᠡᠷᠡᠭᠳᠠᠢ᠃ | ᠤᠰᠤᠨ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ | ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠭᠠᠵᠠᠷ ᠲᠤᠤᠷᠠᠬᠢ ᠤᠰᠤ ᠶᠢ ᠲᠤᠷ᠎ᠠ ᠪᠠᠷ ᠬᠡᠷᠡᠭᠯᠡᠬᠦ ᠶᠢ | ᠴᠠᠭᠠᠵᠠᠯᠠᠨ᠎ᠠ᠃ | ᠨᠢᠭᠡᠨᠳᠡ ᠪᠠᠶᠢᠭᠤᠯᠤᠭᠰᠠᠨ ᠤᠰᠤᠨ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠳᠤ | ᠬᠡᠷᠪᠡ ᠭᠠᠵᠠᠷ ᠲᠤᠤᠷᠠᠬᠢ ᠤᠰᠤ ᠶᠢ ᠬᠡᠷᠡᠭᠯᠡᠭᠰᠡᠨ ᠪᠤᠯ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠂ ᠭᠠᠵᠠᠷ | ᠲᠤᠤᠷᠠᠬᠢ ᠤᠰᠤ ᠶᠢ ᠨᠡᠭᠡᠭᠡᠨ ᠠᠰᠢᠭᠯᠠᠬᠤ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠳᠠᠢ᠃ ᠨᠦᠭᠦᠴᠡᠯ ᠲᠠᠢ | ᠪᠤᠯ ᠭᠠᠵᠠᠷ ᠲᠤᠤᠷᠠᠬᠢ ᠤᠰᠤᠨ ᠤ ᠰᠤᠷᠪᠤᠯᠵᠢ ᠶᠢ ᠬᠡᠪ ᠤᠨ ᠪᠤᠰᠤ ᠤᠰᠤᠨ ᠰᠤᠷᠪᠤᠯᠵᠢ ᠪᠤᠶᠤ ᠭᠠᠵᠠᠷ ᠲᠡᠭᠡᠷᠡᠬᠢ | ᠤᠰᠤᠨ ᠰᠤᠷᠪᠤᠯᠵᠢ ᠪᠠᠷ ᠤᠷᠤᠯᠠᠭᠤᠯᠬᠤ ᠬᠡᠷᠡᠭᠳᠠᠢ᠃ | ᠬᠤᠷᠢᠨ ᠲᠠᠪᠤᠳᠤᠭᠠᠷ ᠵᠦᠢᠯ ᠠᠵᠤ ᠦᠢᠯᠡᠰ ᠦᠢᠯᠡᠳᠪᠤᠷᠢ ᠶᠢᠨ ᠠᠵᠤ ᠠᠬᠤᠢᠢᠯᠠᠯ ᠨᠢ ᠤᠷᠴᠢᠯ ᠤᠰᠤ | ᠬᠡᠷᠡᠭᠯᠡᠬᠦ᠂ ᠴᠢᠨᠠᠷ ᠢᠯᠭᠠᠵᠤ ᠤᠰᠤ ᠬᠡᠷᠡᠭᠯᠡᠬᠦ ᠵᠢᠴᠢ ᠬᠠᠶᠠᠭᠳᠠᠮᠠᠯ ᠪᠤᠬᠢᠷᠳᠤᠯ ᠤᠰᠤ ᠶᠢ ᠪᠤᠴᠠᠭᠠᠨ ᠠᠰᠢᠭᠯᠠᠬᠤ ᠵᠡᠷᠭᠡ | ᠠᠷᠭ᠎ᠠ ᠬᠡᠮᠵᠢᠶ᠎ᠡ ᠪᠠᠷ ᠤᠰᠤ ᠬᠡᠷᠡᠭᠯᠡᠬᠦ ᠲᠠᠩ ᠬᠤᠷᠤᠭᠳᠠᠯ ᠢ ᠲᠤᠷᠤᠭᠰᠢᠯᠠᠭᠤᠯᠵᠤ᠂ ᠤᠰᠤ ᠶᠢ ᠲᠠᠬᠢᠨ ᠠᠰᠢᠭᠯᠠᠬᠤ | ᠨᠤᠷᠮ᠎ᠠ ᠶᠢ ᠲᠡᠭᠡᠭᠰᠢᠯᠡᠭᠦᠯᠵᠦ᠂ ᠬᠠᠶᠠᠭᠳᠠᠮᠠᠯ ᠪᠤᠬᠢᠷᠳᠤᠯ ᠤᠰᠤᠨ ᠤ ᠭᠠᠳᠠᠭᠰᠢᠯᠠᠯ ᠢ ᠪᠠᠭᠠᠰᠬᠠᠬᠤ ᠬᠡᠷᠡᠭᠳᠠᠢ᠃ | ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠲᠦᠭᠦᠭᠡᠷᠤᠮᠵᠢ ᠶᠢᠨ ᠬᠦᠷᠦᠭᠡᠯ ᠤᠰᠤ᠂ ᠠᠭᠠᠷ | ᠲᠤᠬᠢᠷᠠᠭᠤᠯᠤᠭᠴᠢ ᠶᠢᠨ ᠬᠦᠷᠦᠭᠡᠯ ᠤᠰᠤ᠂ ᠵᠤᠤᠬ᠎ᠠ ᠶᠢᠨ ᠴᠠᠷᠴᠠᠭᠠᠬᠤ ᠤᠰᠤ ᠶᠢ ᠤᠷᠴᠢᠨ ᠬᠡᠷᠡᠭᠯᠡᠬᠦ ᠪᠤᠶᠤ | ᠬᠤᠷᠢᠶᠠᠨ ᠠᠪᠴᠤ ᠠᠰᠢᠭᠯᠠᠬᠤ ᠬᠡᠷᠡᠭᠳᠠᠢ᠂ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠴᠡᠪᠡᠷ ᠤᠰᠤ᠂ ᠷᠠᠰᠢᠶᠠᠨ ᠤᠰᠤ᠂ ᠤᠮᠳᠠᠭᠠᠨ᠂ ᠠᠷᠢᠭᠢ ᠶᠢᠨ ᠲᠦᠷᠦᠯ ᠵᠡᠷᠭᠡ | ᠦᠢᠯᠡᠳᠭᠦᠨ ᠢ ᠦᠢᠯᠡᠳᠪᠦᠷᠢᠯᠡᠬᠦ ᠠᠵᠤ ᠠᠬᠤᠢᠢᠯᠠᠯ ᠨᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠬᠡᠷᠡᠭᠯᠡᠵᠤ᠂ | ᠤᠰᠤᠨ ᠬᠤᠷᠤᠭᠳᠠᠯ ᠢ ᠪᠠᠭᠠᠰᠬᠠᠨ᠂ ᠤᠰᠤᠨ ᠤ ᠭᠠᠷᠭᠠᠮᠵᠢ ᠶᠢ ᠤᠯᠤᠰ ᠤᠨ ᠪᠠᠷᠢᠮᠵᠢᠶ᠎ᠠ ᠠᠴᠠ ᠲᠤᠤᠷ᠎ᠠ ᠪᠠᠶᠢᠯᠭᠠᠵᠤ | ᠪᠤᠯᠬᠤ ᠦᠭᠡᠢ︔ ᠰᠡᠭᠦᠯ ᠤᠨ ᠤᠰᠤ ᠶᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠲᠠᠢ᠂ ᠰᠢᠭᠤᠳ | ᠭᠠᠳᠠᠭᠰᠢᠯᠠᠭᠤᠯᠵᠤ ᠪᠤᠯᠬᠤ ᠦᠭᠡᠢ᠃ | ᠬᠤᠷᠢᠨ ᠲᠤᠯᠤᠳᠤᠭᠠᠷ ᠵᠦᠢᠯ ᠠᠭᠤᠷᠬᠠᠢ ᠮᠠᠯᠳᠠᠬᠤ ᠠᠵᠤ ᠠᠬᠤᠢᠢᠯᠠᠯ ᠨᠢ ᠤᠰᠤ ᠠᠷᠪᠢᠯᠠᠬᠤ ᠲᠦᠰᠦᠯ | ᠲᠤᠭᠳᠠᠭᠠᠵᠤ᠂ ᠬᠡᠮᠵᠢᠯᠳᠡ ᠶᠢᠨ ᠪᠡᠯᠡᠳᠭᠡᠮᠵᠢ ᠤᠭᠰᠠᠷᠠᠭᠤᠯᠬᠤ ᠬᠡᠷᠡᠭᠳᠠᠢ᠃ ᠨᠦᠭᠦᠴᠡᠯ ᠲᠠᠢ ᠭᠠᠵᠠᠷ ᠤᠷᠤᠨ ᠨᠢ | ᠬᠠᠭᠤᠷᠠᠶᠢᠳᠠᠭᠤᠯᠬᠤ ᠪᠠᠷ ᠳᠠᠷᠬᠠᠭᠠᠭᠰᠠᠨ ᠤᠰᠤ ᠶᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃ | ᠠᠭᠤᠷᠬᠠᠢ ᠮᠠᠯᠳᠠᠬᠤ ᠠᠵᠤ ᠠᠬᠤᠢᠢᠯᠠᠯ ᠨᠢ ᠬᠠᠭᠤᠷᠠᠶᠢᠳᠠᠭᠤᠯᠬᠤ ᠪᠠᠷ ᠤᠰᠤ ᠭᠠᠳᠠᠭᠰᠢᠯᠠᠭᠤᠯᠬᠤ ᠠᠴᠠ | ᠪᠤᠯᠵᠤ ᠭᠠᠵᠠᠷ ᠲᠤᠤᠷᠠᠬᠢ ᠤᠰᠤᠨ ᠤ ᠲᠦᠪᠰᠢᠨ ᠢ ᠲᠤᠷᠤᠭᠰᠢᠯᠠᠭᠤᠯᠤᠭᠰᠠᠨ᠂ ᠤᠰᠤᠨ ᠰᠤᠷᠪᠤᠯᠵᠢ ᠰᠢᠷᠭᠢᠭᠰᠡᠨ | ᠪᠤᠶᠤ ᠭᠠᠵᠠᠷ ᠤᠨ ᠭᠠᠳᠠᠷᠭᠤ ᠨᠤᠷᠠᠭᠰᠠᠨ ᠪᠤᠯ ᠨᠦᠬᠦᠵᠤ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠳᠠᠢ︔ ᠪᠤᠰᠤᠳ | ᠬᠦᠮᠦᠨ ᠤ ᠠᠮᠢᠳᠤᠷᠠᠯ ᠪᠠ ᠦᠢᠯᠡᠳᠪᠦᠷᠢᠯᠡᠯ ᠳᠤ ᠬᠤᠬᠢᠷᠠᠯ ᠤᠴᠠᠷᠠᠭᠤᠯᠤᠭᠰᠠᠨ ᠪᠤᠯ ᠬᠠᠤᠯᠢ ᠶᠤᠰᠤᠭᠠᠷ ᠲᠦᠯᠦᠪᠦᠷᠢ | ᠦᠭᠬᠦ ᠬᠡᠷᠡᠭᠳᠠᠢ᠃ | ᠬᠤᠷᠢᠨ ᠨᠠᠢᠮᠠᠳᠤᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠨᠢᠭᠡᠴᠢ ᠨᠢ ᠢᠨᠵᠧᠨᠧᠷᠢᠩ ᠪᠠ | ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠤᠰᠤᠨ ᠭᠠᠳᠠᠭᠰᠢᠯᠠᠯ ᠢ ᠪᠠᠭᠠᠰᠬᠠᠬᠤ ᠬᠡᠷᠡᠭᠳᠠᠢ᠃ | ᠨᠦᠭᠦᠴᠡᠯ ᠲᠠᠢ ᠪᠤᠯ ᠪᠠᠷᠢᠯᠭ᠎ᠠ ᠶᠢᠨ ᠤᠰᠤᠨ ᠭᠠᠳᠠᠭᠰᠢᠯᠠᠯ ᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃ | ᠬᠤᠷᠢ ᠶᠢᠰᠦᠳᠦᠭᠡᠷ ᠵᠦᠢᠯ ᠤᠰᠤ ᠬᠡᠷᠡᠭᠯᠡᠬᠦ ᠠᠵᠤ ᠠᠬᠤᠢᠢᠯᠠᠯ ᠨᠢ ᠭᠤᠷᠪᠠ ᠠᠴᠠ ᠲᠠᠪᠤᠨ ᠵᠢᠯ ᠪᠦᠷᠢ ᠨᠢᠭᠡ | ᠤᠳᠠᠭ᠎ᠠ ᠤᠰᠤᠨ ᠲᠡᠩᠴᠡᠭᠦᠷᠢ ᠶᠢᠨ ᠰᠤᠷᠢᠯᠳᠠ ᠬᠢᠬᠦ ᠬᠡᠷᠡᠭᠳᠠᠢ᠃ ᠪᠦᠳᠦᠭᠡᠭᠳᠡᠭᠦᠨ ᠤ ᠪᠦᠳᠦᠴᠡ ᠪᠤᠶᠤ | ᠦᠢᠯᠡᠳᠪᠦᠷᠢᠯᠡᠬᠦ᠂ ᠤᠰᠤ ᠬᠡᠷᠡᠭᠯᠡᠬᠦ ᠤᠷᠠᠨ ᠮᠡᠷᠭᠡᠰᠢᠯ ᠨᠢ ᠬᠤᠪᠢᠷᠠᠯᠳᠠ ᠭᠠᠷᠪᠠᠯ᠂ ᠤᠰᠤ ᠬᠡᠷᠡᠭᠯᠡᠬᠦ ᠨᠢᠭᠡᠴᠢ ᠨᠢ | ᠬᠠᠭᠠᠰ ᠵᠢᠯ ᠤᠨ ᠲᠤᠳᠤᠷ᠎ᠠ ᠲᠠᠬᠢᠨ ᠰᠤᠷᠢᠯᠳᠠ ᠬᠢᠬᠦ ᠬᠡᠷᠡᠭᠳᠠᠢ᠃ ᠰᠤᠷᠢᠯᠳᠠ ᠬᠢᠭᠰᠡᠨ ᠦᠷ᠎ᠡ ᠳ᠋ᠦᠩ ᠢᠶᠠᠨ | ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠳᠠᠢ᠃ | ᠭᠤᠴᠢᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠠᠵᠤ ᠠᠬᠤᠢ ᠮᠡᠷᠭᠡᠵᠢᠯ ᠤᠨ | ᠨᠡᠬᠡᠬᠡᠯᠳᠡ ᠶᠢᠨ ᠤᠷᠤᠨ᠂ ᠲᠡᠭᠡᠳᠦ ᠰᠢᠨ᠎ᠡ ᠮᠡᠷᠭᠡᠵᠢᠯ ᠤᠨ ᠨᠡᠬᠡᠬᠡᠯᠳᠡ ᠶᠢᠨ ᠤᠷᠤᠨ ᠵᠡᠷᠭᠡ ᠡᠯ᠎ᠡ ᠲᠦᠷᠦᠯ ᠤᠨ | ᠨᠡᠬᠡᠬᠡᠯᠳᠡ ᠶᠢᠨ ᠤᠷᠤᠨ ᠨᠢ ᠤᠰᠤᠨ ᠤ ᠡᠬᠢ ᠪᠠᠶᠠᠯᠢᠬ ᠢ ᠲᠦᠯᠦᠪᠵᠢᠭᠦᠯᠬᠦ ᠨᠤᠳᠠᠯᠠᠯᠳᠠ ᠶᠢᠨ ᠮᠡᠳᠡᠭᠦᠯᠦᠯᠳᠡ ᠶᠢᠨ | ᠪᠢᠴᠢᠭ ᠪᠢᠴᠢᠵᠤ᠂ ᠤᠰᠤ ᠬᠠᠨᠭ᠍ᠭᠠᠬᠤ᠂ ᠤᠰᠤ ᠬᠡᠷᠡᠭᠯᠡᠬᠦ᠂ ᠤᠰᠤ ᠭᠠᠳᠠᠭᠰᠢᠯᠠᠭᠤᠯᠬᠤ ᠶᠢ ᠨᠢᠭᠡᠳᠦᠯᠳᠠᠢ ᠬᠠᠮᠢᠶᠠᠷᠬᠤ | ᠬᠡᠷᠡᠭᠳᠠᠢ᠃ | ᠭᠤᠴᠢᠨ ᠨᠢᠭᠡᠳᠦᠭᠡᠷ ᠵᠦᠢᠯ ᠦᠢᠯᠡᠴᠢᠯᠡᠭᠡᠨ ᠤ ᠦᠢᠯᠡᠰ ᠨᠢ ᠨᠢᠭᠡ ᠤᠰᠤ ᠶᠢ ᠤᠯᠠᠨ ᠬᠡᠷᠡᠭᠯᠡᠭᠡᠨ ᠳᠤ | ᠬᠡᠷᠡᠭᠯᠡᠬᠦ᠂ ᠤᠰᠤ ᠶᠢ ᠤᠷᠴᠢᠨ ᠬᠡᠷᠡᠭᠯᠡᠬᠦ ᠵᠡᠷᠭᠡ ᠤᠰᠤ ᠶᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠶᠢ ᠠᠪᠬᠤ | ᠬᠡᠷᠡᠭᠳᠠᠢ᠃ | ᠤᠰᠤᠨ ᠤ ᠡᠬᠢ ᠪᠠᠶᠠᠯᠢᠬ ᠢᠶᠠᠷ ᠲᠤᠳᠠᠮᠠᠬ ᠪᠤᠶᠤ ᠭᠠᠵᠠᠷ ᠲᠤᠤᠷᠠᠬᠢ ᠤᠰᠤ ᠶᠢ ᠬᠡᠳᠦᠷᠡᠭᠦᠯᠦᠨ ᠠᠰᠢᠭᠯᠠᠭᠰᠠᠨ | ᠤᠷᠤᠨ ᠳᠤ ᠤᠰᠤᠨ ᠬᠤᠷᠤᠭᠳᠠᠯ ᠶᠡᠭᠡᠲᠠᠢ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠢ ᠬᠢᠵᠠᠭᠠᠷᠯᠠᠨ᠎ᠠ᠃ | ᠤᠬᠢᠶᠠᠯ᠂ ᠲᠡᠷᠬᠡ ᠤᠬᠢᠶᠠᠬᠤ᠂ ᠤᠰᠤᠨ ᠲᠡᠭᠡᠷᠡᠬᠢ ᠲᠤᠭᠯᠠᠭᠠᠮ᠂ ᠤᠮᠪᠠᠯᠳᠠ ᠶᠢᠨ ᠲᠠᠯᠠᠪᠦᠷ᠂ ᠭᠤᠯᠹ | ᠪᠦᠮᠪᠦᠭᠡᠨ ᠲᠠᠯᠠᠪᠦᠷ ᠪᠠ ᠬᠦᠮᠦᠨ ᠤ ᠬᠦᠴᠦᠨ ᠤ ᠴᠠᠰᠤᠨ ᠳᠤ ᠭᠤᠯᠭᠤᠬᠤ ᠲᠠᠯᠠᠪᠦᠷ ᠵᠡᠷᠭᠡ ᠡᠵᠡᠩᠨᠡᠯᠳᠡ ᠶᠢᠨ | ᠲᠠᠯᠠᠪᠦᠷ ᠨᠢ ᠤᠰᠤ ᠠᠷᠪᠢᠯᠠᠬᠤ ᠮᠡᠷᠭᠡᠵᠢᠯ ᠢ ᠬᠡᠷᠡᠭᠯᠡᠵᠤ᠂ ᠤᠰᠤ ᠠᠷᠪᠢᠯᠠᠬᠤ ᠪᠡᠯᠡᠳᠭᠡᠮᠵᠢ ᠶᠢ ᠤᠭᠰᠠᠷᠠᠭᠤᠯᠬᠤ | ᠬᠡᠷᠡᠭᠳᠠᠢ᠃ | ᠭᠤᠴᠢᠨ ᠬᠤᠶᠠᠳᠤᠭᠠᠷ ᠵᠦᠢᠯ ᠲᠦᠭᠡᠭᠡᠭᠦᠷ ᠤᠰᠤ ᠬᠠᠨᠭ᠍ᠭᠠᠬᠤ ᠠᠵᠤ ᠠᠬᠤᠢᠢᠯᠠᠯ ᠪᠠ ᠤᠰᠤ ᠬᠠᠨᠭ᠍ᠭᠠᠬᠤ | ᠪᠡᠯᠡᠳᠭᠡᠮᠵᠢ ᠶᠢ ᠦᠪᠡᠷᠳᠡᠭᠡᠨ ᠪᠠᠶᠢᠭᠤᠯᠤᠭᠰᠠᠨ ᠠᠵᠤ ᠠᠬᠤᠢᠢᠯᠠᠯ ᠨᠢ ᠲᠡᠭᠦᠨ ᠤ ᠬᠠᠮᠢᠶᠠᠷᠴᠤ ᠪᠠᠶᠢᠭ᠎ᠠ ᠤᠰᠤ | ᠬᠠᠨᠭ᠍ᠭᠠᠯᠳᠠ ᠳᠤ ᠲᠤᠰᠬᠠᠢᠢᠯᠠᠨ ᠬᠡᠷᠡᠭᠯᠡᠬᠦ ᠤᠰᠤᠨ ᠴᠦᠬᠦᠷᠤᠮ᠂ ᠤᠰᠤ ᠲᠠᠳᠠᠬᠤ ᠰᠤᠪᠠᠭ᠂ ᠤᠰᠤ ᠠᠪᠬᠤ ᠠᠮᠠᠰᠠᠷ᠂ | ᠬᠦᠭᠡᠷᠭᠡ ᠶᠢᠨ ᠦᠷᠳᠡᠭᠡ᠂ ᠬᠤᠳᠳᠤᠭ᠂ ᠤᠰᠤ ᠲᠠᠮᠵᠢᠭᠤᠯᠬᠤ ︵ᠲᠤᠬᠢᠷᠠᠭᠤᠯᠬᠤ︶ ᠬᠤᠭᠤᠯᠠᠢ᠂ ᠡᠷᠦᠬᠡᠨ ᠳᠤ | ᠤᠷᠤᠬᠤ ᠤᠰᠤᠨ ᠴᠠᠭ᠂ ᠤᠰᠤ ᠴᠡᠪᠡᠷᠰᠢᠭᠦᠯᠬᠦ ︵ᠲᠤᠬᠢᠷᠠᠭᠤᠯᠬᠤ︶ ᠦᠢᠯᠡᠳᠪᠦᠷᠢ᠂ ᠨᠡᠶᠢᠳᠡ ᠬᠡᠷᠡᠭᠯᠡᠭᠡᠨ ᠤ | ᠤᠰᠤᠨ ᠦᠷᠳᠡᠭᠡ ᠵᠡᠷᠭᠡ ᠪᠡᠯᠡᠳᠭᠡᠮᠵᠢ ᠪᠠᠨ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠠᠯᠪᠢᠵᠤ᠂ ᠤᠰᠤ | ᠬᠠᠨᠭ᠍ᠭᠠᠬᠤ ᠪᠡᠯᠡᠳᠭᠡᠮᠵᠢ ᠶᠢᠨ ᠭᠤᠭᠤᠵᠢᠵᠤ ᠤᠷᠤᠰᠬᠤ ᠨᠤᠷᠮ᠎ᠠ ᠶᠢ ᠲᠤᠷᠤᠭᠰᠢᠯᠠᠭᠤᠯᠬᠤ ᠬᠡᠷᠡᠭᠳᠠᠢ᠃ | ᠭᠤᠴᠢᠨ ᠭᠤᠷᠪᠠᠳᠤᠭᠠᠷ ᠵᠦᠢᠯ ᠴᠡᠴᠡᠷᠯᠢᠭ ᠤᠨ ᠨᠤᠭᠤᠭᠠᠷᠠᠭᠤᠯᠤᠯᠳᠠ᠂ ᠤᠷᠴᠢᠨ ᠲᠤᠭᠤᠷᠢᠨ ᠤ ᠠᠷᠢᠭᠤᠨ | ᠴᠡᠪᠡᠷ᠂ ᠭᠠᠯ ᠰᠡᠷᠭᠡᠶᠢᠯᠡᠵᠤ ᠭᠠᠯ ᠤᠨᠳᠠᠷᠠᠭᠠᠵᠤ᠂ ᠪᠦᠳᠦᠭᠡᠨ ᠪᠠᠶᠢᠭᠤᠯᠬᠤ ᠪᠠᠷᠢᠯᠭ᠎ᠠ ᠶᠢᠨ ᠤᠰᠤ ᠬᠡᠷᠡᠭᠯᠡᠬᠦ ᠳᠤ | ᠲᠠᠬᠢᠯᠳᠠ ᠤᠰᠤ ᠬᠢᠭᠡᠳ ᠪᠤᠷᠤᠭᠠᠨ ᠪᠠ ᠦᠶᠡᠷ ᠤᠨ ᠤᠰᠤ ᠶᠢ ᠤᠷᠢᠳ ᠢᠶᠠᠷ ᠬᠡᠷᠡᠭᠯᠡᠬᠦ ᠬᠡᠷᠡᠭᠳᠠᠢ᠃ | ᠴᠡᠴᠡᠷᠯᠢᠭ ᠤᠨ ᠨᠤᠭᠤᠭᠠᠷᠠᠭᠤᠯᠤᠯᠳᠠ ᠳᠤ ᠲᠤᠬᠠᠢ ᠶᠢᠨ ᠭᠠᠵᠠᠷ ᠤᠨ ᠢᠶᠠᠨ ᠴᠠᠭ ᠠᠭᠤᠷ ᠤᠨ ᠨᠦᠭᠦᠴᠡᠯ ᠳᠤ | ᠵᠤᠬᠢᠴᠠᠭᠰᠠᠨ ᠭᠠᠨᠭ᠍ᠰᠠᠭ ᠮᠤᠳᠤ᠂ ᠴᠡᠴᠡᠭ ᠡᠪᠡᠰᠤ ᠶᠢ ᠰᠤᠩᠭᠤᠵᠦ᠂ ᠰᠦᠷᠴᠢᠨ ᠤᠰᠤᠯᠠᠬᠤ᠂ ᠰᠡᠪᠡᠷᠡᠭᠦᠨ | ᠤᠰᠤᠯᠠᠬᠤ ᠵᠡᠷᠭᠡ ᠤᠰᠤ ᠠᠷᠪᠢᠯᠠᠵᠤ ᠤᠰᠤᠯᠠᠬᠤ ᠬᠡᠯᠪᠡᠷᠢ ᠶᠢ ᠲᠡᠯᠭᠡᠷᠡᠭᠦᠯᠦᠨ ᠬᠡᠷᠡᠭᠯᠡᠬᠦ ᠬᠡᠷᠡᠭᠳᠠᠢ᠂ ᠦᠶᠡᠷᠯᠡᠭᠦᠯᠦᠨ | ᠤᠰᠤᠯᠠᠬᠤ ᠵᠡᠷᠭᠡ ᠤᠰᠤᠨ ᠬᠤᠷᠤᠭᠳᠠᠯ ᠶᠡᠬᠡᠲᠠᠢ ᠤᠰᠤᠯᠠᠯᠳᠠ ᠶᠢᠨ ᠬᠡᠯᠪᠡᠷᠢ ᠶᠢ ᠬᠡᠷᠡᠭᠯᠡᠵᠤ ᠪᠤᠯᠬᠤ ᠦᠭᠡᠢ᠃ | ᠭᠠᠵᠠᠷ ᠲᠤᠤᠷᠠᠬᠢ ᠤᠰᠤ᠂ ᠲᠦᠭᠡᠭᠡᠭᠦᠷ ᠤᠰᠤ ᠶᠢ ᠦᠵᠡᠮᠵᠢᠳᠤ ᠭᠤᠤᠯ᠂ ᠬᠦᠮᠦᠨ ᠤ ᠬᠦᠴᠦᠨ ᠤ | ᠨᠠᠭᠤᠷ ᠤᠨ ᠬᠡᠷᠡᠭᠯᠡᠬᠦ ᠤᠰᠤ ᠪᠤᠯᠭᠠᠬᠤ ᠶᠢ ᠴᠠᠭᠠᠵᠠᠯᠠᠨ᠎ᠠ᠃ | ᠭᠤᠴᠢᠨ ᠲᠦᠷᠪᠡᠳᠦᠭᠡᠷ ᠵᠦᠢᠯ ᠵᠤᠴᠢᠳ ᠤᠨ ᠪᠠᠭᠤᠳᠠᠯ᠂ ᠬᠤᠭᠤᠯᠠᠨ ᠭᠡᠷ᠂ ᠰᠠᠭᠤᠭᠠᠯᠢ ᠠᠷᠠᠳ ᠤᠨ | ᠲᠤᠭᠤᠷᠢᠭ᠂ ᠰᠤᠷᠭᠠᠭᠤᠯᠢ᠂ ᠠᠵᠤ ᠠᠬᠤᠢᠢᠯᠠᠯ ᠠᠵᠤ ᠦᠢᠯᠡᠰ ᠤᠨ ᠨᠢᠭᠡᠴᠢ ᠪᠠ ᠲᠦᠷᠦ ᠶᠢᠨ | ᠪᠠᠶᠢᠭᠤᠯᠭ᠎ᠠ ᠨᠤᠭᠤᠳ ᠨᠢ ᠲᠤᠮᠳᠠ ᠵᠡᠷᠭᠡ ᠶᠢᠨ ᠤᠰᠤ ᠶᠢ ᠪᠤᠴᠠᠭᠠᠨ ᠠᠰᠢᠭᠯᠠᠬᠤ ᠰᠢᠰᠲ᠋ᠧᠮ ᠪᠠ ᠪᠤᠷᠤᠭᠠᠨ ᠤ | ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ ᠪᠡᠯᠡᠳᠭᠡᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠠᠢ᠃ | ᠤᠰᠤ ᠬᠡᠷᠡᠭᠯᠡᠬᠦ ᠨᠢᠭᠡᠴᠢ ᠪᠠ ᠬᠤᠪᠢ ᠬᠦᠮᠦᠨ ᠨᠢ ᠤᠰᠤ ᠬᠡᠷᠡᠭᠯᠡᠬᠦ ᠲᠦᠭᠦᠭᠡᠷᠤᠮᠵᠢ ᠶᠢ ᠰᠡᠯᠪᠢᠨ ᠵᠠᠰᠠᠵᠤ | ᠠᠷᠠᠴᠢᠯᠠᠬᠤ ᠪᠠᠨ ᠴᠢᠩᠭᠠᠳᠬᠠᠵᠤ᠂ ᠤᠰᠤ ᠭᠤᠭᠤᠵᠢᠵᠤ ᠤᠷᠤᠰᠬᠤ ᠶᠢ ᠰᠡᠷᠭᠡᠶᠢᠯᠡᠬᠦ ᠬᠡᠷᠡᠭᠳᠠᠢ᠃ | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠬᠤᠳᠠ ᠪᠠᠯᠭᠠᠰᠤᠨ ᠤ ᠪᠤᠬᠢᠷᠳᠤᠯ ᠤᠰᠤ ᠶᠢ ᠰᠢᠢᠳᠪᠦᠷᠢᠯᠡᠬᠦ ᠪᠠ ᠲᠠᠬᠢᠯᠳᠠ ᠤᠰᠤ ᠶᠢ ᠠᠰᠢᠭᠯᠠᠬᠤ | ᠪᠡᠯᠡᠳᠭᠡᠮᠵᠢ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠤᠯᠠᠨ ᠨᠡᠶᠢᠳᠡ ᠶᠢᠨ ᠲᠠᠬᠢᠯᠳᠠ ᠤᠰᠤ ᠶᠢ ᠪᠤᠴᠠᠭᠠᠨ | ᠠᠰᠢᠭᠯᠠᠬᠤ ᠬᠤᠭᠤᠯᠠᠢ ᠲᠤᠤᠷ ᠤᠨ ᠪᠠᠶᠢᠭᠤᠯᠤᠯᠳᠠ ᠪᠠᠨ ᠲᠡᠭᠦᠯᠳᠡᠷᠵᠢᠭᠦᠯᠵᠦ᠂ ᠠᠳᠠᠯᠢ ᠪᠤᠰᠤ ᠤᠰᠤ ᠬᠡᠷᠡᠭᠯᠡᠬᠦ | ᠬᠡᠷᠡᠭᠴᠡᠭᠡ ᠶᠢ ᠦᠨᠳᠦᠰᠦᠯᠡᠨ᠂ ᠴᠢᠨᠠᠷ ᠢᠯᠭᠠᠵᠤ ᠤᠰᠤ ᠬᠠᠨᠭ᠍ᠭᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠬᠦ | ᠬᠡᠷᠡᠭᠳᠠᠢ᠃ | ᠬᠤᠳᠠ ᠪᠠᠯᠭᠠᠰᠤᠨ ᠤ ᠰᠢᠨ᠎ᠡ ᠲᠤᠭᠤᠷᠢᠭ ᠢ ᠪᠠᠶᠢᠭᠤᠯᠬᠤ᠂ ᠬᠠᠭᠤᠴᠢᠨ ᠬᠤᠳᠠ ᠶᠢ ᠦᠭᠡᠷᠡᠴᠢᠯᠡᠨ | ᠪᠠᠶᠢᠭᠤᠯᠬᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢ ᠪᠦᠳᠦᠭᠡᠨ ᠪᠠᠶᠢᠭᠤᠯᠬᠤ ᠳᠤ᠂ ᠤᠰᠤ ᠨᠠᠪᠴᠢᠭᠦ | ᠭᠠᠵᠠᠷ ᠤᠨ ᠭᠠᠳᠠᠷᠭᠤ ᠪᠠ ᠪᠤᠷᠤᠭᠠᠨ ᠤ ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ ᠪᠡᠯᠡᠳᠭᠡᠮᠵᠢ ᠶᠢ | ᠪᠠᠶᠢᠭᠤᠯᠬᠤ ᠬᠡᠷᠡᠭᠳᠠᠢ᠃ | ᠭᠤᠴᠢᠨ ᠵᠢᠷᠭᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠠᠵᠤ ᠠᠬᠤᠢᠢᠯᠠᠯ ᠠᠵᠢᠯ ᠦᠢᠯᠡᠰ ᠤᠨ | ᠨᠢᠭᠡᠴᠢ ᠪᠠ ᠬᠤᠪᠢ ᠬᠦᠮᠦᠨ ᠤ ᠪᠡᠯᠡ ᠤᠷᠤᠭᠤᠯᠵᠤ ᠪᠤᠬᠢᠷᠳᠤᠯ ᠤᠰᠤ ᠶᠢ ᠰᠢᠢᠳᠪᠦᠷᠢᠯᠡᠬᠦ᠂ ᠲᠠᠬᠢᠯᠳᠠ ᠤᠰᠤ ᠶᠢ | ᠠᠰᠢᠭᠯᠠᠬᠤ᠂ ᠠᠭᠤᠷᠬᠠᠢ ᠶᠢᠨ ᠤᠷᠤᠨ ᠤ ᠬᠠᠭᠤᠷᠠᠶᠢᠳᠠᠭᠤᠯᠬᠤ ᠪᠠᠷ ᠲᠠᠷᠬᠠᠭᠠᠭᠰᠠᠨ ᠤᠰᠤ ᠶᠢ ᠠᠰᠢᠭᠯᠠᠬᠤ᠂ | ᠪᠠᠷᠢᠯᠭ᠎ᠠ ᠶᠢᠨ ᠭᠠᠳᠠᠭᠰᠢᠯᠠᠯ ᠤᠰᠤ ᠶᠢ ᠠᠰᠢᠭᠯᠠᠬᠤ ᠪᠠ ᠪᠤᠷᠤᠭᠠᠨ ᠤ ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ | ᠢᠨᠵᠧᠨᠧᠷᠢᠩ ᠳᠤ ᠪᠡᠯᠡ ᠤᠷᠤᠭᠤᠯᠵᠦ ᠪᠠᠶᠢᠭᠤᠯᠬᠤ ᠶᠢ ᠵᠤᠷᠢᠬᠵᠢᠭᠤᠯᠤᠨ ᠲᠡᠮᠵᠢᠵᠦ᠂ ᠬᠡᠪ ᠤᠨ ᠪᠤᠰᠤ ᠤᠰᠤᠨ | ᠰᠤᠷᠪᠤᠯᠵᠢ ᠶᠢ ᠠᠰᠢᠭᠯᠠᠬᠤ ᠨᠤᠷᠮ᠎ᠠ ᠶᠢ ᠲᠡᠭᠡᠭᠰᠢᠯᠡᠭᠦᠯᠦᠨ᠎ᠡ᠃ | ᠭᠤᠴᠢᠨ ᠲᠤᠯᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠤᠰᠤ ᠠᠪᠬᠤ ᠡᠷᠬᠡ ᠶᠢ ᠬᠠᠤᠯᠢ | ᠶᠤᠰᠤᠭᠠᠷ ᠤᠯᠤᠭᠰᠠᠨ ᠨᠢᠭᠡᠴᠢ ᠪᠠ ᠬᠤᠪᠢ ᠬᠦᠮᠦᠨ ᠤ ᠠᠵᠤ ᠦᠢᠯᠡᠰ᠂ ᠪᠦᠳᠦᠭᠡᠭᠳᠡᠭᠦᠨ ᠤ ᠪᠦᠳᠦᠴᠡ ᠪᠠᠨ | ᠲᠤᠬᠢᠷᠠᠭᠤᠯᠬᠤ ᠪᠠ ᠤᠷᠠᠨ ᠮᠡᠷᠭᠡᠰᠢᠯ ᠢᠶᠠᠨ ᠦᠭᠡᠷᠡᠴᠢᠯᠡᠬᠦ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠡ ᠪᠠᠷ | ᠳᠠᠮᠵᠢᠭᠤᠯᠤᠨ ᠤᠰᠤᠨ ᠤ ᠡᠬᠢ ᠪᠠᠶᠠᠯᠢᠬ ᠢ ᠠᠷᠪᠢᠯᠠᠬᠤ ᠶᠢ ᠵᠤᠷᠢᠬᠵᠢᠭᠤᠯᠬᠤ ᠶᠢᠨ ᠬᠠᠮᠳᠤ ᠤᠰᠤ ᠬᠡᠷᠡᠭᠯᠡᠬᠦ ᠡᠷᠬᠡ ᠶᠢ | ᠬᠠᠤᠯᠢ ᠶᠤᠰᠤᠭᠠᠷ ᠲᠦᠯᠦᠪᠦᠷᠢ ᠲᠠᠢ ᠪᠠᠷ ᠰᠢᠯᠵᠢᠭᠦᠯᠬᠦ ᠶᠢ ᠬᠡᠷᠡᠭᠵᠢᠭᠦᠯᠦᠨ᠎ᠡ᠃ | ᠲᠦᠷᠪᠡᠳᠦᠭᠡᠷ ᠪᠦᠯᠦᠭ ᠪᠠᠳᠤᠯᠠᠭ᠎ᠠ ᠶᠢᠨ ᠠᠷᠭ᠎ᠠ ᠬᠡᠮᠵᠢᠶ᠎ᠡ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠤᠰᠤ ᠠᠷᠪᠢᠯᠠᠨ ᠬᠡᠷᠡᠭᠯᠡᠬᠦ ᠠᠵᠢᠯ ᠢ ᠵᠠᠰᠠᠭ ᠤᠨ ᠤᠷᠳᠤᠨ ᠤ ᠠᠵᠢᠯ ᠤᠨ ᠬᠠᠷᠠᠯᠳᠠᠳᠤ | ᠬᠠᠷᠢᠭᠤᠴᠠᠯᠭ᠎ᠠ ᠶᠢᠨ ᠲᠦᠷᠢᠮ ᠳᠤ ᠤᠷᠤᠭᠤᠯᠤᠨ᠂ ᠠᠵᠢᠯ ᠤᠨ ᠬᠠᠷᠢᠭᠤᠴᠠᠯᠭ᠎ᠠ ᠶᠢ ᠱᠠᠳᠤ ᠪᠠ ᠰᠠᠯᠠᠭ᠎ᠠ ᠮᠦᠴᠢᠷ | ᠲᠠᠷᠠᠭᠠᠯᠠᠨ ᠨᠠᠶᠢᠳᠠᠪᠦᠷᠢᠵᠢᠭᠤᠯᠬᠤ ᠬᠡᠷᠡᠭᠳᠠᠢ᠃ | ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠤᠰᠤ ᠠᠷᠪᠢᠯᠠᠵᠤ ᠬᠡᠷᠡᠭᠯᠡᠬᠦ ᠳᠠᠬᠢ ᠤᠷᠤᠭᠤᠯᠤᠯᠳᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠤᠰᠤ | ᠠᠷᠪᠢᠯᠠᠵᠤ ᠬᠡᠷᠡᠭᠯᠡᠬᠦ ᠳᠠᠬᠢ ᠤᠷᠤᠭᠤᠯᠤᠯᠳᠠ ᠶᠢᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ | ᠤᠷᠳᠤᠨ᠂ ᠠᠵᠤ ᠠᠬᠤᠢᠢᠯᠠᠯ᠂ ᠨᠡᠶᠢᠭᠡᠮ ᠤᠨ ᠤᠯᠠᠨ ᠡᠰᠢᠵᠢᠭᠰᠡᠨ ᠪᠡᠯᠡ ᠤᠷᠤᠭᠤᠯᠵᠤ ᠪᠡᠯᠡ ᠨᠡᠶᠢᠯᠡᠭᠦᠯᠬᠦ ᠠᠷᠭ᠎ᠠ | ᠵᠠᠮ ᠢ ᠲᠡᠭᠦᠯᠳᠡᠷᠵᠢᠭᠦᠯᠵᠦ᠂ ᠨᠡᠶᠢᠭᠡᠮ ᠤᠨ ᠪᠡᠯᠡ ᠮᠦᠡᠭᠬᠦ᠂ ᠠᠷᠠᠳ ᠤᠨ ᠬᠦᠷᠦᠩᠭᠡ ᠶᠢ ᠤᠰᠤ ᠠᠷᠪᠢᠯᠠᠬᠤ ᠠᠵᠤ | ᠦᠢᠯᠡᠰ ᠲᠤ ᠤᠷᠤᠭᠤᠯᠬᠤ ᠶᠢ ᠵᠢᠯᠤᠭᠤᠳᠤᠨ ᠵᠤᠷᠢᠬᠵᠢᠭᠤᠯᠬᠤ ᠬᠡᠷᠡᠭᠳᠠᠢ᠃ | ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠰᠤ ᠠᠷᠪᠢᠯᠠᠬᠤ | ᠮᠡᠷᠭᠡᠵᠢᠯ ᠢ ᠰᠤᠳᠤᠯᠤᠨ ᠨᠡᠭᠡᠭᠡᠬᠦ᠂ ᠤᠰᠤ ᠠᠷᠪᠢᠯᠠᠬᠤ ᠮᠡᠷᠭᠡᠵᠢᠯ ᠪᠠ ᠪᠦᠳᠦᠭᠡᠭᠳᠡᠭᠦᠨ ᠢ ᠲᠡᠯᠭᠡᠷᠡᠭᠦᠯᠦᠨ ᠬᠡᠷᠡᠭᠯᠡᠬᠦ ᠶᠢ | ᠵᠤᠷᠢᠬᠵᠢᠭᠤᠯᠤᠨ ᠲᠡᠮᠵᠢᠬᠦ ᠬᠡᠷᠡᠭᠳᠠᠢ᠃ | ᠲᠦᠴᠢᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ | ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠲᠦᠷᠦᠯ ᠵᠦᠢᠯ ᠢ ᠤᠷᠢᠳ ᠢᠶᠠᠷ ᠰᠡᠳᠦᠪ ᠲᠤᠭᠳᠠᠭᠠᠬᠤ | ᠬᠡᠷᠡᠭᠳᠠᠢ᠃ | ᠲᠠᠬᠢᠯᠳᠠ ᠤᠰᠤ ᠵᠡᠷᠭᠡ ᠡᠬᠢ ᠪᠠᠶᠠᠯᠢᠬ ᠢ ᠶᠡᠷᠦᠩᠬᠡᠶᠢᠯᠡᠨ ᠠᠰᠢᠭᠯᠠᠭᠰᠠᠨ ᠦᠢᠯᠡᠳᠭᠦᠨ ᠢ ᠪᠤᠷᠤᠯᠠᠭᠤᠯᠬᠤ ᠳᠤ | ᠤᠯᠤᠰ ᠤᠨ ᠲᠤᠭᠳᠠᠭᠠᠯ ᠶᠤᠰᠤᠭᠠᠷ ᠦᠷᠳᠡᠭ ᠤᠨ ᠨᠡᠮᠡᠭᠳᠡᠯ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠬᠦᠷᠳᠡᠨ᠎ᠡ︔ ᠠᠵᠤ ᠠᠬᠤᠢᠢᠯᠠᠯ ᠤᠨ ᠨᠦᠭᠦᠴᠡᠯ ᠳᠤ ᠨᠡᠶᠢᠴᠡᠭᠰᠡᠨ ᠤᠰᠤ ᠠᠷᠪᠢᠯᠠᠬᠤ ᠲᠦᠷᠦᠯ | ᠵᠦᠢᠯ ᠢ ᠡᠵᠡᠩᠨᠡᠭᠰᠡᠨ ᠤᠷᠤᠯᠭ᠎ᠠ ᠵᠢᠴᠢ ᠤᠰᠤ ᠠᠷᠪᠢᠯᠠᠬᠤ ᠳᠤ ᠲᠤᠰᠬᠠᠢᠢᠯᠠᠨ ᠬᠡᠷᠡᠭᠯᠡᠬᠦ ᠲᠦᠭᠦᠭᠡᠷᠤᠮᠵᠢ ᠳᠤ | ᠤᠷᠤᠭᠤᠯᠤᠭᠰᠠᠨ ᠪᠡᠯᠡ ᠤᠷᠤᠭᠤᠯᠤᠯᠳᠠ ᠨᠢ ᠠᠵᠤ ᠠᠬᠤᠢᠢᠯᠠᠯ ᠤᠨ ᠤᠯᠵᠠᠪᠦᠷᠢ ᠶᠢᠨ ᠭᠠᠶᠢᠯᠢ ᠶᠢᠨ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢ ᠬᠠᠤᠯᠢ ᠶᠤᠰᠤᠭᠠᠷ ᠬᠦᠷᠳᠡᠨ᠎ᠡ᠃ | ᠲᠦᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠲᠤᠰ ᠵᠠᠰᠠᠭ ᠵᠠᠬᠢᠷᠭᠠᠨ ᠤ ᠤᠷᠤᠨ ᠤ ᠪᠤᠳᠠᠳᠠᠢ ᠪᠠᠶᠢᠳᠠᠯ ᠢ ᠦᠨᠳᠦᠰᠦᠯᠡᠵᠤ᠂ ᠲᠠᠷᠢᠶᠠᠯᠠᠩ ᠮᠠᠯ ᠠᠵᠤ | ᠠᠬᠤᠢ ᠶᠢᠨ ᠤᠰᠤ ᠠᠷᠪᠢᠯᠠᠬᠤ ᠲᠦᠷᠦᠯ ᠵᠦᠢᠯ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠲᠦᠷᠦᠯ | ᠵᠦᠢᠯ ᠤᠨ ᠵᠢᠭᠡᠯᠡᠯᠭᠡ ᠳᠤ ᠡᠳ᠋ ᠤᠨ ᠵᠠᠰᠠᠭ ᠠᠴᠠ ᠲᠡᠮ ᠬᠦᠤ ᠮᠦᠡᠭᠬᠦ ᠦᠭᠬᠦ ᠬᠡᠷᠡᠭᠳᠠᠢ᠃ | ᠮᠦᠡᠭᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠠᠪᠬᠤ ᠨᠦᠭᠦᠴᠡᠯ ᠳᠤ ᠨᠡᠶᠢᠴᠡᠵᠤ᠂ ᠵᠢᠭᠡᠯᠡᠯᠭᠡ | ᠲᠦᠯᠦᠬᠦ ᠴᠢᠳᠠᠪᠦᠷᠢ ᠲᠠᠢ ᠤᠰᠤ ᠠᠷᠪᠢᠯᠠᠬᠤ ᠲᠦᠷᠦᠯ ᠵᠦᠢᠯ ᠳᠤ ᠤᠯᠤᠰ ᠪᠠ ᠦᠪᠡᠷᠳᠡᠭᠡᠨ ᠵᠠᠰᠠᠬᠤ ᠤᠷᠤᠨ ᠤ | ᠬᠠᠮᠢᠶ᠎ᠠ ᠪᠦᠬᠦᠢ ᠲᠤᠭᠳᠠᠭᠠᠯ ᠶᠤᠰᠤᠭᠠᠷ ᠵᠢᠭᠡᠯᠡᠯᠭᠡ ᠶᠢ ᠤᠷᠢᠳ ᠢᠶᠠᠷ ᠦᠭᠬᠦ ᠬᠡᠷᠡᠭᠳᠠᠢ᠃ | ᠲᠦᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠲᠠᠷᠢᠶᠠᠴᠢᠨ ᠤ ᠤᠰᠤᠯᠠᠯᠳᠠ ᠶᠢᠨ ᠤᠷᠤᠨ ᠤ ᠬᠠᠮᠢᠶᠠᠷᠤᠯᠳᠠ ᠳᠤ ᠤᠷᠤᠯᠴᠠᠬᠤ ᠳᠤ ᠵᠤᠷᠢᠬᠵᠢᠭᠤᠯᠵᠤ᠂ | ᠲᠠᠷᠢᠶᠠᠴᠢᠨ ᠤᠰᠤ ᠬᠡᠷᠡᠭᠯᠡᠭᠴᠢᠳ ᠤᠨ ᠨᠡᠶᠢᠭᠡᠮᠯᠢᠭ ᠢ ᠪᠠᠶᠢᠭᠤᠯᠵᠤ᠂ ᠵᠠᠰᠠᠭ ᠤᠨ ᠤᠷᠳᠤᠨ ᠠᠴᠠ ᠲᠡᠮᠵᠢᠭᠰᠡᠨ᠂ | ᠲᠠᠷᠢᠶᠠᠴᠢᠨ ᠤᠷᠤᠯᠴᠠᠭᠰᠠᠨ ᠲᠠᠷᠢᠶᠠᠯᠠᠩ ᠤᠨ ᠤᠰᠤ ᠬᠠᠨᠭ᠍ᠭᠠᠵᠤ ᠤᠰᠤ ᠬᠡᠷᠡᠭᠯᠡᠬᠦ ᠬᠠᠮᠢᠶᠠᠷᠤᠯᠳᠠ ᠶᠢᠨ ᠪᠠᠶᠢᠭᠤᠯᠤᠯ ᠢ | ᠪᠤᠢ ᠪᠤᠯᠭᠠᠨ᠎ᠠ᠃ | ᠲᠦᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠲᠠᠷᠢᠶᠠᠯᠠᠩ ᠮᠠᠯ ᠠᠵᠤ ᠠᠬᠤᠢ ᠵᠨ ᠤᠰᠤ ᠠᠷᠪᠢᠯᠠᠬᠤ ᠲᠦᠷᠦᠯ ᠵᠦᠢᠯ ᠢ ᠤᠷᠢᠳ ᠢᠶᠠᠷ ᠰᠡᠳᠦᠪ | ᠲᠤᠭᠳᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠤᠰᠤᠯᠠᠯᠳᠠ ᠳᠠᠬᠢ ᠤᠷᠤᠭᠤᠯᠤᠯᠳᠠ ᠪᠠᠨ | ᠵᠢᠯ ᠲᠠᠷᠠᠭᠠᠯᠠᠨ ᠨᠡᠮᠡᠭᠳᠡᠭᠦᠯᠵᠦ᠂ ᠤᠰᠤ ᠠᠷᠪᠢᠯᠠᠬᠤ ᠤᠰᠤᠯᠠᠯᠳᠠ ᠶᠢᠨ ᠢᠨᠵᠧᠨᠧᠷᠢᠩ ᠢ ᠨᠢᠭᠡᠳᠦᠯᠳᠠᠢ | ᠲᠦᠯᠦᠪᠵᠢᠭᠦᠯᠦᠨ ᠪᠠᠶᠢᠭᠤᠯᠬᠤ ᠬᠡᠷᠡᠭᠳᠠᠢ᠃ | ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠭᠠᠵᠠᠷ ᠰᠢᠷᠤᠢ | ᠬᠤᠳᠠᠯᠳᠤᠭᠰᠠᠨ ᠤᠷᠤᠯᠭ᠎ᠠ ᠪᠠᠨ ᠤᠯᠤᠰ ᠠᠴᠠ ᠲᠤᠭᠳᠠᠭᠠᠭᠰᠠᠨ ᠬᠠᠷᠢᠴᠠᠯ ᠶᠤᠰᠤᠭᠠᠷ ᠲᠠᠷᠢᠶᠠᠨ ᠭᠠᠵᠠᠷ ᠨᠤᠳᠤᠭ | ᠪᠡᠯᠴᠢᠭᠡᠷ ᠤᠨ ᠤᠰᠤᠨ ᠠᠰᠢᠭᠯᠠᠯᠳᠠ ᠶᠢᠨ ᠪᠠᠶᠢᠭᠤᠯᠤᠯᠳᠠ ᠳᠤ ᠤᠷᠤᠭᠤᠯᠬᠤ ᠬᠡᠷᠡᠭᠳᠠᠢ᠃ | ᠲᠦᠴᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠠᠪᠬᠤ ᠨᠢᠭᠡᠴᠢ | ᠪᠤᠶᠤ ᠬᠤᠪᠢ ᠬᠦᠮᠦᠨ ᠤ ᠤᠰᠤ ᠬᠡᠷᠡᠭᠯᠡᠭᠰᠡᠨ ᠪᠠᠶᠢᠳᠠᠯ ᠳᠤ ᠬᠢᠨᠠᠯᠳᠠ ᠲᠠᠯᠪᠢᠵᠤ ᠪᠠᠶᠢᠴᠠᠭᠠᠬᠤ ᠬᠡᠷᠡᠭᠳᠠᠢ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠬᠤᠪᠢ ᠬᠦᠮᠦᠨ ᠨᠢ ᠡᠭᠦᠨ ᠢ ᠬᠠᠮᠵᠢᠯᠴᠠᠬᠤ ᠬᠡᠷᠡᠭᠳᠠᠢ᠂ ᠲᠡᠪᠴᠢᠬᠦ | ᠪᠤᠶᠤ ᠬᠠᠷᠰᠢᠯᠠᠵᠤ ᠪᠤᠯᠬᠤ ᠦᠭᠡᠢ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠦᠴᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ | ᠲᠤᠬᠠᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠬᠠᠤᠯᠢ︾ ᠪᠠ ᠤᠯᠤᠰ ᠤᠨ | ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠨᠢᠭᠡᠨᠳᠡ ᠰᠢᠢᠳᠭᠡᠨ ᠲᠤᠷᠭᠠᠬᠤ ᠲᠤᠭᠳᠠᠭᠠᠯ ᠲᠠᠢ | ᠪᠤᠯ ᠲᠡᠷᠡ ᠲᠤᠭᠳᠠᠭᠠᠯ ᠢ ᠨᠢ ᠲᠠᠭᠠᠨ᠎ᠠ᠃ | ᠲᠦᠴᠢᠨ ᠵᠢᠷᠭᠤᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠵᠤ᠂ ᠲᠤᠤᠷᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ 5 ᠲᠦᠮᠡᠨ ᠲᠦᠭᠦᠷᠢᠭ ᠠᠴᠠ ᠲᠡᠭᠡᠭᠰᠢ 10 ᠲᠦᠮᠡᠨ | ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠄ | ︵ᠨᠢᠭᠡ︶ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠰᠤ ᠠᠷᠪᠢᠯᠠᠬᠤ ᠪᠡᠯᠡᠳᠭᠡᠮᠵᠢ ᠨᠢ | ᠰᠢᠯᠭᠠᠨ ᠬᠤᠷᠢᠶᠠᠬᠤ ᠶᠢ ᠲᠡᠮᠵᠢᠬᠰᠡᠨ ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠠᠷ | ᠲᠤᠷ᠎ᠠ ᠪᠠᠷ ᠬᠡᠷᠡᠭᠯᠡᠯᠳᠡ ᠳᠤ ᠤᠷᠤᠭᠤᠯᠤᠭᠰᠠᠨ︔ | ︵ᠬᠤᠶᠠᠷ︶ ᠤᠰᠤᠨ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠰᠢᠨ᠎ᠡ ᠪᠠᠷ | ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠭᠠᠵᠠᠷ ᠲᠤᠤᠷᠠᠬᠢ ᠤᠰᠤ ᠶᠢ ᠲᠤᠷ᠎ᠠ ᠪᠠᠷ | ᠬᠡᠷᠡᠭᠯᠡᠭᠰᠡᠨ︔ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠲᠦᠭᠦᠭᠡᠷᠤᠮᠵᠢ ᠶᠢᠨ ᠬᠦᠷᠦᠭᠡᠯ ᠤᠰᠤ᠂ | ᠠᠭᠠᠷ ᠲᠤᠬᠢᠷᠠᠭᠤᠯᠤᠭᠴᠢ ᠶᠢᠨ ᠬᠦᠷᠦᠭᠡᠯ ᠤᠰᠤ᠂ ᠵᠤᠤᠬ᠎ᠠ ᠶᠢᠨ ᠴᠠᠷᠴᠠᠭᠠᠬᠤ ᠤᠰᠤ ᠶᠢ ᠤᠷᠴᠢᠨ ᠬᠡᠷᠡᠭᠯᠡᠭᠰᠡᠨ | ᠦᠭᠡᠢ ᠪᠤᠶᠤ ᠬᠤᠷᠢᠶᠠᠨ ᠠᠪᠴᠤ ᠲᠠᠬᠢᠨ ᠠᠰᠢᠭᠯᠠᠭᠰᠠᠨ ᠦᠭᠡᠢ ᠪᠠᠷ ᠰᠢᠭᠤᠳ ᠭᠠᠳᠠᠭᠰᠢᠯᠠᠭᠤᠯᠤᠭᠰᠠᠨ︔ | ︵ᠲᠦᠷᠪᠡ︶ ᠴᠡᠪᠡᠷ ᠤᠰᠤ᠂ ᠷᠠᠰᠢᠶᠠᠨ ᠤᠰᠤ᠂ ᠤᠮᠳᠠᠭᠠᠨ᠂ ᠠᠷᠢᠬᠢᠨ ᠲᠦᠷᠦᠯ ᠵᠡᠷᠭᠡ ᠦᠢᠯᠡᠳᠭᠦᠨ ᠢ | ᠦᠢᠯᠡᠳᠪᠦᠷᠢᠯᠡᠬᠦ ᠠᠵᠤ ᠠᠬᠤᠢᠢᠯᠠᠯ ᠨᠢ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠰᠡᠭᠦᠯ ᠤᠨ | ᠤᠰᠤ ᠶᠢ ᠬᠤᠷᠢᠶᠠᠨ ᠠᠪᠴᠤ ᠲᠠᠬᠢᠨ ᠠᠰᠢᠭᠯᠠᠭᠰᠠᠨ ᠦᠭᠡᠢ︔ | ︵ᠲᠠᠪᠤ︶ ᠤᠰᠤᠨ ᠲᠡᠭᠡᠷᠡᠬᠢ ᠲᠤᠭᠯᠠᠭᠠᠮ᠂ ᠤᠮᠪᠠᠯᠳᠠ ᠶᠢᠨ ᠲᠠᠯᠠᠪᠦᠷ᠂ ᠭᠤᠯᠹ ᠪᠦᠮᠪᠦᠭᠡᠨ ᠲᠠᠯᠠᠪᠦᠷ ᠪᠠ | ᠬᠦᠮᠦᠨ ᠤ ᠬᠦᠴᠦᠨ ᠤ ᠴᠠᠰᠤ ᠭᠤᠯᠭᠤᠬᠤ ᠲᠠᠯᠠᠪᠦᠷ ᠵᠡᠷᠭᠡ ᠡᠵᠡᠩᠨᠡᠯᠳᠡ ᠶᠢᠨ ᠲᠠᠯᠠᠪᠦᠷ ᠲᠤ ᠤᠰᠤ ᠠᠷᠪᠢᠯᠠᠬᠤ | ᠪᠡᠯᠡᠳᠭᠡᠮᠵᠢ ᠶᠢ ᠦᠯᠦ ᠤᠭᠰᠠᠷᠠᠭᠤᠯᠤᠭᠰᠠᠨ︔ | ︵ᠵᠢᠷᠭᠤᠭ᠎ᠠ︶ ᠦᠵᠡᠮᠵᠢᠳᠦ ᠭᠤᠤᠯ᠂ ᠬᠦᠮᠦᠨ ᠤ ᠬᠦᠴᠦᠨ ᠤ ᠨᠠᠭᠤᠷ ᠲᠤ ᠭᠠᠵᠠᠷ ᠲᠤᠤᠷᠠᠬᠢ ᠤᠰᠤ᠂ | ᠲᠦᠭᠡᠭᠡᠭᠦᠷ ᠤᠰᠤ ᠶᠢ ᠬᠡᠷᠡᠭᠯᠡᠭᠰᠡᠨ᠃ | ᠲᠦᠴᠢᠨ ᠲᠤᠯᠤᠳᠤᠭᠠᠷ ᠵᠦᠢᠯ ᠤᠬᠢᠶᠠᠯ᠂ ᠲᠡᠷᠬᠡ ᠤᠬᠢᠶᠠᠬᠤ ᠵᠡᠷᠭᠡ ᠡᠵᠡᠩᠨᠡᠯᠳᠡ ᠶᠢᠨ ᠲᠠᠯᠠᠪᠦᠷ ᠨᠢ ᠤᠰᠤ | ᠠᠷᠪᠢᠯᠠᠬᠤ ᠮᠡᠷᠭᠡᠵᠢᠯ ᠢ ᠬᠡᠷᠡᠭᠯᠡᠭᠰᠡᠨ ᠦᠭᠡᠢ ᠪᠤᠶᠤ ᠤᠰᠤ ᠠᠷᠪᠢᠯᠠᠬᠤ ᠪᠡᠯᠡᠳᠭᠡᠮᠵᠢ ᠶᠢ ᠤᠭᠰᠠᠷᠠᠭᠤᠯᠤᠭᠰᠠᠨ ᠦᠭᠡᠢ | ᠪᠤᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠳᠤ 5000 | ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠲᠦᠴᠢᠨ ᠨᠠᠢᠮᠠᠳᠤᠭᠠᠷ ᠵᠦᠢᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ | ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠲᠡᠭᠦᠨ ᠤ ᠪᠠᠶᠢᠭ᠎ᠠ ᠨᠢᠭᠡᠴᠢ ᠪᠤᠶᠤ ᠲᠡᠭᠡᠳᠦ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ | ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ | ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠤᠰᠤᠨ ᠬᠡᠮᠵᠢᠶᠡᠨ ᠤ ᠬᠤᠪᠢᠶᠠᠷᠢᠯᠠᠯᠳᠠ ᠶᠢᠨ ᠲᠦᠰᠦᠯ ᠶᠤᠰᠤᠭᠠᠷ ᠤᠰᠤᠨ ᠬᠡᠮᠵᠢᠶ᠎ᠡ ᠶᠢ | ᠬᠤᠪᠢᠶᠠᠷᠢᠯᠠᠭᠰᠠᠨ ᠦᠭᠡᠢ︔ | ︵ᠬᠤᠶᠠᠷ︶ ᠤᠨ ᠤ ᠤᠰᠤ ᠠᠪᠴᠤ ᠬᠡᠷᠡᠭᠯᠡᠬᠦ ᠲᠦᠯᠦᠪᠯᠡᠭᠡ ᠶᠢ ᠬᠠᠤᠯᠢ ᠶᠤᠰᠤᠭᠠᠷ ᠬᠢᠨᠠᠨ ᠲᠤᠭᠳᠠᠭᠠᠵᠤ | ᠲᠤᠷᠤᠭᠰᠢ ᠪᠠᠭᠤᠯᠭᠠᠭᠰᠠᠨ ᠦᠭᠡᠢ︔ | ︵ᠭᠤᠷᠪᠠ︶ ᠬᠢᠨᠠᠯᠳᠠ ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ | ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠡᠳ ᠰᠢᠢᠳᠪᠦᠷᠢᠯᠡᠭᠰᠡᠨ ᠦᠭᠡᠢ ᠠᠴᠠ | ᠪᠤᠯᠵᠤ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ︔ | ︵ᠲᠦᠷᠪᠡ︶ ᠠᠯᠪᠠᠨ ᠲᠤᠰᠢᠶᠠᠯ ᠳᠤ ᠠᠯᠮᠠᠶᠢᠷᠠᠨ ᠤᠰᠤᠯᠳᠠᠬᠤ᠂ ᠡᠷᠬᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠬᠦ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃ | ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠦᠴᠢ ᠶᠢᠰᠦᠳᠦᠭᠡᠷ ᠵᠦᠢᠯ ᠲᠤᠰ ᠲᠦᠷᠢᠮ ᠢ 2012 ᠤᠨ ᠤ 12 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | | | | | | | | | | | ᠁ |