ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | ᠬᠤᠷᠢᠨ ᠨᠢᠭᠡᠳᠦᠭᠡᠷ ᠲᠤᠭᠠᠳᠤ | 2010 ᠤᠨ ᠤ 12 ᠰᠠᠷ᠎ᠠ ᠶᠢᠨ 2 ᠤᠨ ᠡᠳᠤᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠢᠶᠠᠷ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠲᠦᠷᠢᠮ︾ ᠢ ᠪᠠᠳᠤᠯᠠᠪᠠ᠂ ᠤᠳᠤ ᠨᠡᠶᠢᠳᠡᠯᠡᠶ᠎ᠡ᠂ 2011 | ᠤᠨ ᠤ 1 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠦᠨ᠎ᠡ᠃ | 2010 ᠤᠨ ᠤ 12 ᠰᠠᠷ᠎ᠠ ᠶᠢᠨ 3 ᠤ ᠡᠳᠤᠷ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ | ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠬᠠᠮᠢᠶᠠᠷᠤᠯᠳᠠ ᠶᠢ ᠴᠢᠩᠭᠠᠳᠬᠠᠵᠤ᠂ ᠬᠦᠳᠡᠭᠡ | ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠵᠤ᠂ ᠤᠰᠤ ᠬᠡᠷᠡᠭᠯᠡᠬᠦ ᠡᠷᠦᠭᠡ ᠪᠤᠯᠤᠨ ᠤᠰᠤ | ᠬᠠᠩᠭᠠᠬᠤ ᠨᠢᠭᠡᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠬᠦᠳᠡᠭᠡ ᠲᠤᠰᠬᠤᠨ ᠤ ᠠᠵᠤ ᠠᠬᠤᠢ | ᠨᠡᠶᠢᠬᠡᠮ ᠤᠨ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠤᠰᠤᠨ ᠤ ᠬᠠᠤᠯᠢ︾᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ | ᠪᠤᠬᠢᠷᠳᠦᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ | ᠲᠤᠭᠳᠠᠭᠠᠯ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ | ᠲᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ ᠬᠦᠳᠡᠭᠡ | ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ᠂ | ᠠᠵᠢᠯᠯᠠᠭ᠎ᠠ᠂ ᠤᠰᠤᠨ ᠤ ᠰᠤᠷᠪᠤᠯᠵᠢ ᠪᠠ ᠤᠰᠤᠨ ᠤ ᠴᠢᠨᠡᠷ ᠤᠨ ᠬᠠᠮᠠᠭᠠᠯᠠᠯᠳᠠ᠂ ᠤᠰᠤ ᠬᠠᠩᠭᠠᠬᠤ ᠪᠠ ᠤᠰᠤ | ᠬᠡᠷᠡᠭᠯᠡᠬᠦ ᠵᠢᠴᠢ ᠬᠠᠮᠢᠶ᠎ᠠ ᠪᠦᠬᠦᠢ ᠬᠠᠮᠢᠶᠠᠷᠤᠯᠳᠠ ᠶᠢᠨ ᠠᠵᠢᠯᠯᠠᠭ᠎ᠠ ᠶᠢ ᠡᠷᠬᠢᠯᠡᠬᠦ ᠳᠤ ᠲᠤᠰ ᠲᠦᠷᠢᠮ ᠢ ᠵᠢᠷᠤᠮᠯᠠᠬᠤ | ᠬᠡᠷᠡᠭᠳᠡᠢ᠃ | ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠬᠦᠳᠡᠭᠡ ᠲᠤᠰᠬᠤᠨ ᠤ ᠤᠤᠭᠤᠬᠤ ᠤᠰᠤ | ᠭᠡᠳᠡᠭ ᠨᠢ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ ᠰᠤᠮᠤ ᠰᠢᠶᠠᠩ ᠪᠠᠯᠭᠠᠰᠤ ︵ | ᠬᠤᠰᠢᠭᠤ ᠰᠢᠶᠡᠨ ᠤ ᠪᠠᠶᠢᠭ᠎ᠠ ᠭᠠᠵᠠᠷ ᠬᠤᠳᠠ ᠲᠤᠭᠤᠷᠢᠭ ᠢ ᠪᠠᠭᠳᠠᠭᠠᠬᠤ ᠦᠭᠡᠢ︶᠂ ᠭᠠᠴᠠᠭ᠎ᠠ ᠲᠤᠰᠬᠤᠨ ᠵᠢᠴᠢ | ᠤᠯᠤᠰ ᠤᠨ ᠦᠮᠴᠢᠯᠡᠯᠳᠦ ᠲᠠᠷᠢᠶᠠᠯᠠᠩ ᠮᠠᠯᠵᠢᠯ ᠤᠢ ᠰᠢᠭᠤᠢ ᠶᠢᠨ ᠲᠠᠯᠠᠪᠤᠷ ᠤᠨ ᠠᠮᠢᠳᠤᠷᠠᠯ ᠤᠨ ᠤᠤᠭᠤᠬᠤ | ᠤᠰᠤ ᠶᠢ ᠵᠢᠭᠠᠵᠤ ᠪᠤᠢ᠃ | ᠲᠦᠷᠪᠡᠳᠦᠭᠡᠷ ᠵᠦᠢᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠦᠢᠯᠡᠰ ᠢ ᠲᠤᠬᠠᠢ ᠶᠢᠨ ᠭᠠᠵᠠᠷ ᠤᠨ ᠤᠯᠤᠰ ᠠᠷᠠᠳ ᠤᠨ | ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠡᠭᠡᠨ ᠤᠷᠤᠭᠤᠯᠵᠤ᠂ ᠬᠦᠳᠡᠭᠡ ᠲᠤᠰᠬᠤᠨ ᠤ | ᠤᠤᠭᠤᠬᠤ ᠤᠰᠤ ᠶᠢ ᠬᠠᠩᠭᠠᠬᠤ ᠦᠢᠯᠡᠰ ᠤᠨ ᠦᠷᠭᠦᠯᠵᠢᠯᠡᠯ ᠬᠦᠭᠵᠢᠯᠳᠡ ᠶᠢ ᠪᠠᠳᠤᠯᠠᠬᠤ ᠬᠡᠷᠡᠭᠳᠡᠢ᠃ | ᠨᠢᠭᠡᠴᠢ ᠪᠠ ᠬᠤᠪᠢ ᠬᠦᠮᠦᠨ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ | ᠪᠦᠳᠦᠭᠡᠨ ᠪᠠᠶᠢᠭᠤᠯᠤᠯᠳᠠ ᠳᠤ ᠲᠡᠮᠵᠢᠯᠭᠡ ᠦᠵᠡᠭᠦᠯᠬᠦ ᠪᠤᠶᠤ ᠪᠡᠯᠡ ᠤᠷᠤᠭᠤᠯᠬᠤ ᠶᠢ ᠵᠤᠷᠢᠭᠵᠢᠭᠤᠯᠤᠨ ᠲᠡᠮᠵᠢᠨ᠎ᠡ᠃ | ᠲᠠᠪᠤᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠦᠢᠯᠡᠰ ᠨᠢ ᠨᠢᠭᠡᠳᠦᠯᠳᠡᠢ | ᠲᠦᠯᠦᠪᠵᠢᠭᠦᠯᠬᠦ᠂ ᠠᠮᠤᠷ ᠲᠦᠪᠰᠢᠨ ᠠᠷᠢᠭᠤᠨ ᠴᠡᠪᠡᠷ ᠪᠠᠶᠢᠬᠤ᠂ ᠠᠷᠪᠢᠴᠢ ᠭᠠᠮᠳᠠᠢ ᠪᠠᠷ ᠬᠡᠷᠡᠭᠯᠡᠬᠦ ᠪᠠ ᠨᠢᠭᠡᠳᠦᠯᠳᠡᠢ | ᠲᠦᠯᠦᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠵᠠᠷᠴᠢᠮ ᠢ ᠪᠠᠷᠢᠮᠳᠠᠯᠬᠠᠤ ᠬᠡᠷᠡᠭᠳᠡᠢ᠃ | ᠵᠢᠷᠭᠤᠳᠤᠭᠠᠷ ᠵᠦᠢᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ | ᠲᠤᠳᠤᠷᠠᠬᠢ ᠬᠦᠳᠡᠭᠡ ᠲᠤᠰᠬᠤᠨ ᠤ ᠤᠤᠭᠤᠬᠤ ᠤᠰᠤᠨ ᠤ ᠬᠠᠩᠭᠠᠯᠳᠠ ᠶᠢ ᠬᠢᠨᠡᠨ ᠬᠠᠮᠢᠶᠠᠷᠬᠤ ᠠᠵᠢᠯ ᠢ | ᠬᠠᠷᠢᠭᠤᠴᠠᠨ᠎ᠠ᠃ | ᠬᠦᠭᠵᠢᠭᠦᠯᠦᠯᠳᠡ ᠪᠠ ᠦᠭᠡᠷᠡᠴᠢᠯᠡᠯᠳᠡ᠂ ᠡᠳ᠋ ᠤᠨ ᠵᠠᠰᠠᠭ᠂ ᠡᠷᠡᠭᠦᠯ ᠬᠠᠮᠠᠭᠠᠯᠠᠯ᠂ ᠤᠷᠴᠢᠨ ᠲᠤᠭᠤᠷᠢᠨ ᠤ | ᠬᠠᠮᠠᠭᠠᠯᠠᠯᠳᠠ᠂ ᠪᠦᠳᠦᠭᠡᠨ ᠪᠠᠶᠢᠭᠤᠯᠤᠯᠳᠠ᠂ ᠤᠯᠤᠰ ᠤᠨ ᠭᠠᠵᠠᠷ ᠰᠢᠷᠦᠢ ᠡᠬᠢ ᠪᠠᠶᠠᠯᠢᠭ᠂ ᠬᠢᠨᠡᠨ ᠪᠤᠳᠤᠯᠳᠠ ᠵᠡᠷᠭᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠦᠪᠡᠷ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠬᠦᠳᠡᠭᠡ ᠲᠤᠰᠬᠤᠨ ᠤ | ᠤᠤᠭᠤᠬᠤ ᠤᠰᠤ ᠶᠢ ᠬᠠᠩᠭᠠᠬᠤ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠬᠡᠷᠡᠭᠳᠡᠢ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ | ᠲᠤᠳᠤᠷᠠᠬᠢ ᠬᠦᠳᠡᠭᠡ ᠲᠤᠰᠬᠤᠨ ᠤ ᠤᠤᠭᠤᠬᠤ ᠤᠰᠤᠨ ᠤ ᠬᠠᠩᠭᠠᠯᠳᠠ ᠶᠢᠨ ᠠᠵᠢᠯ ᠢ ᠵᠤᠬᠢᠶᠠᠨ ᠪᠠᠶᠢᠭᠤᠯᠬᠤ ᠪᠠ | ᠵᠤᠬᠢᠴᠠᠭᠤᠯᠬᠤ ᠶᠢ ᠬᠠᠷᠢᠭᠤᠴᠠᠨ᠎ᠠ᠃ | ᠲᠤᠯᠤᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠲᠤᠬᠠᠢ ᠰᠢᠨ᠎ᠡ ᠮᠡᠷᠭᠡᠵᠢᠯ᠂ | ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠲᠦᠬᠦᠭᠡᠷᠦᠮᠵᠢ ᠶᠢ ᠰᠤᠳᠤᠯᠬᠤ᠂ ᠨᠡᠭᠡᠭᠡᠨ ᠬᠦᠭᠵᠢᠭᠦᠯᠬᠦ᠂ ᠬᠡᠷᠡᠭᠯᠡᠬᠦ | ᠪᠠ ᠲᠦᠭᠡᠮᠡᠯᠵᠢᠭᠦᠯᠬᠦ ᠶᠢ ᠵᠤᠷᠢᠭᠵᠢᠭᠤᠯᠤᠨ᠎ᠠ᠃ | ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠬᠦᠳᠡᠭᠡ ᠲᠤᠰᠬᠤᠨ ᠤ ᠤᠤᠭᠤᠬᠤ ᠤᠰᠤᠨ ᠤ | ᠰᠤᠷᠪᠤᠯᠵᠢ ᠪᠠ ᠤᠰᠤ ᠬᠠᠩᠭᠠᠬᠤ ᠲᠦᠭᠦᠭᠡᠷᠦᠮᠵᠢ ᠶᠢ ᠬᠠᠮᠠᠭᠠᠯᠠᠬᠤ ᠡᠭᠦᠷᠭᠡ ᠲᠠᠢ ᠪᠠᠶᠢᠵᠤ᠂ ᠤᠤᠭᠤᠬᠤ ᠤᠰᠤᠨ ᠤ | ᠰᠤᠷᠪᠤᠯᠵᠢ ᠪᠠ ᠤᠰᠤ ᠬᠠᠩᠭᠠᠬᠤ ᠲᠦᠭᠦᠭᠡᠷᠦᠮᠵᠢ ᠶᠢ ᠡᠪᠳᠡᠨ ᠰᠦᠢᠳᠭᠡᠭᠰᠡᠨ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠬᠤᠷᠢᠭᠯᠠᠨ ᠵᠤᠭᠰᠤᠭᠠᠬᠤ᠂ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠡᠷᠭᠡ ᠲᠠᠢ᠃ ᠬᠤᠶᠠᠳᠤᠭᠠᠷ | ᠪᠦᠯᠦᠭ ᠲᠦᠯᠦᠪᠵᠢᠭᠦᠯᠬᠦ ᠪᠠ ᠪᠦᠳᠦᠭᠡᠨ ᠪᠠᠶᠢᠭᠤᠯᠬᠤ | ᠶᠢᠰᠦᠳᠦᠭᠡᠷ ᠵᠦᠢᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤᠨ ᠤ ᠰᠤᠷᠪᠤᠯᠵᠢ ᠶᠢᠨ ᠶᠡᠷᠦᠩᠭᠡᠢ | ᠲᠦᠯᠦᠪᠵᠢᠭᠦᠯᠭᠡ ᠶᠢ ᠦᠨᠳᠦᠰᠦᠯᠡᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠦᠳᠡᠭᠡ | ᠲᠤᠰᠬᠤᠨ ᠤ ᠤᠤᠭᠤᠬᠤ ᠤᠰᠤ ᠶᠢ ᠬᠠᠩᠭᠠᠬᠤ ᠬᠦᠭᠵᠢᠯᠳᠡ ᠶᠢᠨ ᠲᠦᠯᠦᠪᠵᠢᠭᠦᠯᠭᠡ ᠶᠢ ᠨᠠᠶᠢᠷᠠᠭᠤᠯᠵᠤ᠂ ᠲᠡᠭᠡᠳᠦ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠢᠶᠠᠷ ᠬᠢᠨᠡᠨ ᠬᠠᠷᠭᠤᠭᠤᠯᠤᠭᠰᠠᠨ ᠤ ᠲᠠᠷᠠᠭ᠎ᠠ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠦᠨ ᠵᠦᠪᠰᠢᠶᠡᠷᠡᠭᠦᠯᠦᠭᠰᠡᠨ ᠬᠤᠶᠢᠨ᠎ᠠ ᠬᠡᠷᠡᠭᠵᠢᠭᠦᠯᠬᠦ ᠬᠡᠷᠡᠭᠳᠡᠢ᠃ | ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠬᠦᠭᠵᠢᠯᠳᠡ ᠶᠢᠨ ᠲᠦᠯᠦᠪᠵᠢᠭᠦᠯᠭᠡ ᠶᠢ | ᠨᠠᠶᠢᠷᠠᠭᠤᠯᠬᠤ ᠳᠤ᠂ ᠬᠤᠳᠠ ᠬᠦᠳᠡᠭᠡ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢ ᠨᠢᠭᠡᠳᠦᠯᠳᠡᠢ | ᠲᠦᠯᠦᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠦᠳᠡᠭᠡ ᠲᠤᠰᠬᠤᠨ ᠤ ᠤᠤᠭᠤᠬᠤ ᠤᠰᠤᠨ ᠤ ᠰᠤᠷᠪᠤᠯᠵᠢ ᠶᠢ | ᠬᠠᠮᠠᠭᠠᠯᠠᠵᠤ᠂ ᠬᠡᠪᠴᠢᠶᠡᠵᠢᠭᠰᠡᠨ ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠲᠡᠷᠢᠭᠦᠯᠡᠨ ᠪᠦᠳᠦᠭᠡᠨ | ᠪᠠᠶᠢᠭᠤᠯᠵᠤ᠂ ᠤᠰᠤ ᠬᠠᠩᠭᠠᠬᠤ ᠢᠨᠵᠧᠨᠧᠷᠢᠩ ᠤᠨ ᠬᠡᠪᠴᠢᠶᠡᠵᠢᠭᠰᠡᠨ ᠦᠷ᠎ᠡ ᠠᠰᠢᠭ ᠢ ᠲᠡᠭᠡᠭᠰᠢᠯᠡᠭᠦᠯᠬᠦ ᠬᠡᠷᠡᠭᠳᠡᠢ᠃ | ᠵᠦᠪᠰᠢᠶᠡᠷᠡᠭᠦᠯᠦᠭᠰᠡᠨ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠲᠦᠯᠦᠪᠵᠢᠭᠦᠯᠭᠡ ᠳᠤ | ᠵᠠᠰᠠᠪᠤᠷᠢ ᠤᠷᠤᠭᠤᠯᠬᠤ ᠴᠢᠬᠤᠯᠠ ᠲᠠᠢ ᠪᠤᠯ ᠤᠭ ᠤᠨ ᠵᠦᠪᠰᠢᠶᠡᠷᠡᠭᠦᠯᠦᠭᠰᠡᠨ ᠲᠠᠷᠠᠭᠠᠯᠠᠯ ᠶᠤᠰᠤᠭᠠᠷ ᠮᠡᠳᠡᠭᠦᠯᠦᠨ | ᠵᠦᠪᠰᠢᠶᠡᠷᠡᠭᠦᠯᠬᠦ ᠬᠡᠷᠡᠭᠳᠡᠢ᠃ | ᠠᠷᠪᠠᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ᠂ ᠦᠷᠭᠡᠳᠭᠡᠨ | ᠪᠠᠶᠢᠭᠤᠯᠤᠭᠰᠠᠨ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠨᠢ ᠬᠦᠳᠡᠭᠡ ᠲᠤᠰᠬᠤᠨ ᠤ | ᠤᠤᠭᠤᠬᠤ ᠤᠰᠤ ᠶᠢ ᠬᠠᠩᠭᠠᠬᠤ ᠬᠦᠭᠵᠢᠯᠳᠡ ᠶᠢᠨ ᠲᠦᠯᠦᠪᠵᠢᠭᠦᠯᠭᠡ ᠲᠠᠢ ᠨᠡᠶᠢᠴᠡᠵᠦ᠂ ᠬᠤᠰᠢᠭᠤ ᠰᠢᠶᠡᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠡᠨ ᠪᠠᠶᠢᠴᠠᠭᠠᠵᠤ ᠵᠦᠪᠰᠢᠶᠡᠷᠡᠭᠦᠯᠬᠦ ᠶᠢᠨ ᠬᠠᠮᠳᠤ ᠤᠯᠤᠰ ᠪᠠ ᠦᠪᠡᠷᠳᠡᠭᠡᠨ | ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠠᠮᠢᠶ᠎ᠠ ᠪᠦᠬᠦᠢ ᠵᠦᠪᠰᠢᠶᠡᠷᠡᠭᠦᠯᠬᠦ ᠭᠠᠷᠳᠠᠮ ᠢ | ᠬᠦᠢᠴᠡᠳᠭᠡᠭᠰᠡᠨ ᠬᠤᠶᠢᠨ᠎ᠠ ᠰᠠᠶ᠋ᠢ ᠪᠦᠳᠦᠭᠡᠨ ᠪᠠᠶᠢᠭᠤᠯᠵᠤ ᠪᠤᠯᠤᠨ᠎ᠠ᠃ | ᠠᠷᠪᠠᠨ ᠨᠢᠭᠡᠳᠦᠭᠡᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠨᠢ | ᠲᠡᠮᠤᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ ᠪᠠ ᠴᠠᠬᠢᠯᠭᠠᠨ ᠬᠤᠯᠪᠤᠭ᠎ᠠ ᠵᠡᠷᠭᠡ ᠲᠦᠭᠦᠭᠡᠷᠦᠮᠵᠢ ᠲᠠᠢ | ᠵᠦᠷᠢᠯᠳᠦᠬᠦ ᠦᠶᠡᠰ ᠬᠠᠮᠢᠶ᠎ᠠ ᠪᠦᠬᠦᠢ ᠰᠠᠯᠠᠭ᠎ᠠ ᠮᠦᠴᠢᠷ ᠡᠷᠭᠡᠪᠰᠢ ᠴᠢᠬᠤᠯᠠ ᠪᠦᠬᠦᠢ ᠲᠡᠮᠵᠢᠯᠭᠡ ᠦᠵᠡᠭᠦᠯᠬᠦ | ᠬᠡᠷᠡᠭᠳᠡᠢ᠃ | ᠲᠡᠮᠤᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ᠂ ᠴᠠᠬᠢᠯᠭᠠᠨ ᠬᠤᠯᠪᠤᠭ᠎ᠠ ᠵᠡᠷᠭᠡ ᠲᠦᠭᠦᠭᠡᠷᠦᠮᠵᠢ ᠶᠢ | ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠬᠦᠳᠡᠭᠡ ᠲᠤᠰᠬᠤᠨ ᠤ | ᠤᠤᠭᠤᠬᠤ ᠤᠰᠤᠨ ᠤ ᠰᠤᠷᠪᠤᠯᠵᠢ ᠪᠤᠶᠤ ᠤᠰᠤ ᠬᠠᠩᠭᠠᠬᠤ ᠲᠦᠭᠦᠭᠡᠷᠦᠮᠵᠢ ᠶᠢ ᠡᠪᠳᠡᠨ ᠬᠤᠬᠢᠷᠠᠭᠤᠯᠤᠭᠰᠠᠨ ᠪᠤᠯ | ᠨᠦᠬᠦᠨ ᠵᠠᠰᠠᠬᠤ ᠠᠷᠭ᠎ᠠ ᠬᠡᠮᠵᠢᠶ᠎ᠡ ᠠᠪᠬᠤ ᠶᠢᠨ ᠬᠠᠮᠳᠤ ᠨᠦᠬᠦᠪᠦᠷᠢᠯᠡᠬᠦ ᠬᠡᠷᠡᠭᠳᠡᠢ᠃ | ᠠᠷᠪᠠᠨ ᠬᠤᠶᠠᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ | ᠵᠢᠷᠤᠭ ᠲᠦᠯᠦᠪᠯᠡᠭᠡ ᠪᠠ ᠪᠠᠷᠢᠯᠭ᠎ᠠ ᠨᠢ ᠬᠠᠤᠯᠢ ᠴᠠᠭᠠᠵᠠ ᠪᠠ ᠬᠠᠤᠯᠢ ᠲᠤᠭᠳᠠᠭᠠᠯ ᠤᠨ ᠲᠤᠭᠳᠠᠭᠠᠯ ᠪᠠ | ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠲᠠᠢ ᠨᠡᠶᠢᠴᠡᠬᠦ ᠬᠡᠷᠡᠭᠳᠡᠢ︔ ᠤᠤᠭᠤᠬᠤ ᠤᠰᠤ ᠶᠢ | ᠬᠠᠩᠭᠠᠬᠤ ᠢᠨᠵᠧᠨᠧᠷᠢᠩ ᠳᠤ ᠬᠡᠷᠡᠭᠯᠡᠬᠦ ᠮᠠᠲ᠋ᠧᠷᠢᠶᠠᠯ ᠪᠠ ᠲᠦᠭᠦᠭᠡᠷᠦᠮᠵᠢ ᠨᠢ ᠤᠯᠤᠰ ᠤᠨ ᠦᠢᠯᠡᠳᠭᠦᠨ ᠤ ᠴᠢᠨᠡᠷ | ᠴᠢᠨᠰᠠᠭᠠᠨ ᠤ ᠪᠠᠷᠢᠮᠵᠢᠶ᠎ᠠ ᠲᠠᠢ ᠨᠡᠶᠢᠴᠡᠬᠦ ᠬᠡᠷᠡᠭᠳᠡᠢ᠃ | ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠢ ᠵᠢᠷᠤᠭᠯᠠᠨ ᠲᠦᠯᠦᠪᠯᠡᠬᠦ᠂ | ᠪᠠᠷᠢᠯᠭ᠎ᠠ ᠪᠠᠷᠢᠬᠤ᠂ ᠬᠢᠨᠡᠨ ᠬᠠᠮᠢᠶᠠᠷᠬᠤ ᠶᠢ ᠡᠷᠬᠢᠯᠡᠬᠦ ᠨᠢᠭᠡᠴᠢ ᠵᠤᠬᠢᠴᠠᠩᠭᠤᠢ ᠬᠢᠷᠢ ᠬᠡᠮ ᠲᠠᠢ ᠪᠠᠶᠢᠬᠤ ᠬᠡᠷᠡᠭᠳᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠶᠢᠨ ᠪᠠᠶᠢᠴᠠᠭᠠᠨ | ᠵᠢᠷᠤᠭᠯᠠᠨ ᠲᠦᠯᠦᠪᠯᠡᠬᠦ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠪᠠᠷᠢᠯᠭ᠎ᠠ ᠶᠢᠨ ᠨᠢᠭᠡᠴᠢ ᠪᠠ ᠲᠦᠭᠦᠭᠡᠷᠦᠮᠵᠢ | ᠮᠠᠲ᠋ᠧᠷᠢᠶᠠᠯ ᠬᠠᠩᠭᠠᠬᠤ ᠦᠢᠯᠡᠳᠪᠦᠷᠢ ᠬᠤᠳᠠᠯᠳᠤᠭᠠᠴᠢᠨ ᠳᠤ ᠢᠳᠡᠭᠡᠮᠵᠢ ᠶᠢᠨ ᠲᠠᠩᠰᠠ ᠪᠠᠶᠢᠭᠤᠯᠬᠤ ᠶᠢᠨ ᠬᠠᠮᠳᠤ | ᠨᠡᠶᠢᠬᠡᠮ ᠲᠠᠶᠠᠭᠠᠷ ᠲᠤ ᠨᠡᠶᠢᠳᠡᠯᠡᠬᠦ ᠬᠡᠷᠡᠭᠳᠡᠢ᠃ | ᠠᠷᠪᠠᠨ ᠲᠦᠷᠪᠡᠳᠦᠭᠡᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ | ᠪᠠᠷᠢᠯᠭ᠎ᠠ ᠲᠠᠭᠤᠰᠤᠭᠰᠠᠨ ᠬᠤᠶᠢᠨ᠎ᠠ᠂ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠶᠤᠰᠤᠭᠠᠷ ᠪᠠᠷᠢᠯᠭ᠎ᠠ | ᠲᠠᠭᠤᠰᠤᠭᠰᠠᠨ ᠢ ᠰᠢᠯᠭᠠᠨ ᠬᠤᠷᠢᠶᠠᠬᠤ ᠬᠡᠷᠡᠭᠳᠡᠢ᠃ ᠰᠢᠯᠭᠠᠨ ᠬᠤᠷᠢᠶᠠᠭᠰᠠᠨ ᠦᠭᠡᠢ ᠪᠤᠶᠤ ᠰᠢᠯᠭᠠᠨ ᠬᠤᠷᠢᠶᠠᠬᠤ ᠳᠤ | ᠬᠢᠷᠢ ᠲᠡᠩᠴᠡᠭᠰᠡᠨ ᠦᠭᠡᠢ ᠪᠤᠯ ᠲᠤᠰᠢᠶᠠᠨ ᠬᠡᠷᠡᠭᠯᠡᠭᠦᠯᠵᠦ ᠪᠤᠯᠬᠤ ᠦᠭᠡᠢ᠃ | ᠠᠷᠪᠠᠨ ᠲᠠᠪᠤᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ | ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠤ ᠲᠠᠷᠠᠭ᠎ᠠ᠂ ᠪᠦᠳᠦᠭᠡᠨ ᠪᠠᠶᠢᠭᠤᠯᠤᠭᠰᠠᠨ | ᠨᠢᠭᠡᠴᠢ ᠨᠢ ᠢᠨᠵᠧᠨᠧᠷᠢᠩ ᠤᠨ ᠲᠠᠩᠰᠠ ᠡᠪᠬᠡᠮᠡᠯ ᠢᠶᠠᠨ ᠭᠤᠴᠢᠨ ᠡᠳᠤᠷ ᠤᠨ ᠲᠤᠳᠤᠷ᠎ᠠ ᠪᠠᠶᠢᠭ᠎ᠠ ᠭᠠᠵᠠᠷ ᠤᠨ | ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠲᠠᠩᠰᠠᠯᠠᠭᠤᠯᠬᠤ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠲᠠᠷᠠᠬᠠᠢ ᠰᠠᠭᠤᠷᠢᠰᠢᠵᠦ ᠲᠦᠪᠯᠡᠷᠡᠭᠦᠯᠦᠨ ᠤᠰᠤ ᠬᠠᠩᠭᠠᠬᠤ ᠳᠤ ᠵᠤᠬᠢᠬᠤ ᠦᠭᠡᠢ ᠪᠦᠭᠡᠳ ᠦᠪᠡᠷᠳᠡᠭᠡᠨ | ᠬᠡᠷᠡᠭᠯᠡᠬᠦ ᠤᠰᠤᠨ ᠤ ᠴᠢᠨᠡᠷ ᠨᠢ ᠠᠮᠢᠳᠤᠷᠠᠯ ᠳᠤ ᠬᠡᠷᠡᠭᠯᠡᠬᠦ ᠤᠤᠭᠤᠬᠤ ᠤᠰᠤᠨ ᠤ ᠡᠷᠡᠭᠦᠯ ᠬᠠᠮᠠᠭᠠᠯᠠᠯ ᠤᠨ | ᠪᠠᠷᠢᠮᠵᠢᠶ᠎ᠠ ᠳᠤ ᠨᠡᠶᠢᠴᠡᠬᠦ ᠦᠭᠡᠢ ᠡᠷᠦᠭᠡ ᠳᠤ᠂ ᠡᠷᠦᠭᠡ ᠳᠤ ᠬᠡᠷᠡᠭᠯᠡᠬᠦ ᠤᠰᠤ ᠴᠡᠪᠡᠷᠰᠢᠭᠦᠯᠬᠦ ᠲᠦᠭᠦᠭᠡᠷᠦᠮᠵᠢ | ᠲᠦᠭᠡᠮᠡᠯᠵᠢᠯᠡᠭᠦᠯᠬᠦ ᠶᠢᠨ ᠬᠠᠮᠳᠤ ᠨᠦᠬᠦᠪᠦᠷᠢ ᠦᠭᠬᠦ ᠬᠡᠷᠡᠭᠳᠡᠢ᠃ ᠭᠤᠷᠪᠠᠳᠤᠭᠠᠷ ᠪᠦᠯᠦᠭ ᠤᠰᠤᠨ ᠤ ᠰᠤᠷᠪᠤᠯᠵᠢ ᠪᠠ | ᠤᠰᠤᠨ ᠤ ᠴᠢᠨᠡᠷ | ᠠᠷᠪᠠᠨ ᠲᠤᠯᠤᠳᠤᠭᠠᠷ ᠵᠦᠢᠯ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠬᠦᠳᠡᠭᠡ | ᠲᠤᠰᠬᠤᠨ ᠤ ᠤᠤᠭᠤᠬᠤ ᠤᠰᠤ ᠬᠠᠩᠭᠠᠬᠤ ᠬᠦᠭᠵᠢᠯᠳᠡ ᠶᠢᠨ ᠲᠦᠯᠦᠪᠵᠢᠭᠦᠯᠭᠡ ᠶᠢ ᠦᠨᠳᠦᠰᠦᠯᠡᠨ᠂ ᠭᠠᠵᠠᠷ | ᠲᠡᠭᠡᠷᠡᠬᠢ ᠤᠰᠤ ᠪᠠ ᠭᠠᠵᠠᠷ ᠲᠤᠤᠷᠠᠬᠢ ᠤᠰᠤ ᠶᠢ ᠵᠤᠬᠢᠰᠳᠠᠢ ᠪᠠᠷ ᠲᠤᠬᠢᠷᠠᠭᠤᠯᠤᠨ ᠬᠡᠷᠡᠭᠯᠡᠵᠦ᠂ ᠰᠢᠨ᠎ᠡ ᠤᠰᠤᠨ ᠤ | ᠰᠤᠷᠪᠤᠯᠵᠢ ᠶᠢ ᠲᠦᠯᠦᠪᠯᠡᠭᠡ ᠲᠠᠢ ᠪᠠᠷ ᠨᠡᠬᠡᠭᠡᠨ ᠠᠰᠢᠭᠯᠠᠵᠤ᠂ ᠤᠰᠤᠨ ᠤ ᠰᠤᠷᠪᠤᠯᠵᠢ ᠬᠠᠳᠠᠵᠤ ᠰᠢᠷᠬᠢᠬᠦ ᠪᠠ ᠤᠰᠤ | ᠪᠤᠬᠢᠷᠳᠤᠬᠤ ᠶᠢ ᠰᠡᠷᠭᠡᠶᠢᠯᠡᠨ ᠬᠤᠷᠢᠭᠯᠠᠵᠤ᠂ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠢ | ᠪᠠᠳᠤᠯᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠦᠢᠯ ᠤᠰᠤ ᠬᠠᠩᠭᠠᠬᠤ ᠨᠢᠭᠡᠴᠢ ᠪᠠᠶᠢᠴᠠᠭᠠᠨ ᠬᠡᠮᠵᠢᠬᠦ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠲᠤᠰᠬᠠᠢ ᠬᠢᠨᠡᠨ ᠬᠡᠮᠵᠢᠬᠦ ᠠᠵᠢᠯᠳᠠᠨ ᠪᠠ ᠴᠢᠬᠤᠯᠠ ᠪᠦᠬᠦᠢ ᠬᠡᠮᠵᠢᠭᠦᠷ᠂ ᠲᠦᠬᠦᠭᠡᠷᠦᠮᠵᠢ ᠶᠢ | ᠲᠦᠭᠦᠷᠵᠢᠭᠦᠯᠵᠦ᠂ ᠤᠰᠤ ᠬᠠᠩᠭᠠᠬᠤ ᠡᠳᠤᠷ ᠲᠤᠳᠤᠮ ᠤᠨ ᠪᠠᠶᠢᠴᠠᠭᠠᠨ ᠬᠡᠮᠵᠢᠬᠦ ᠠᠵᠢᠯ ᠢ ᠬᠠᠷᠢᠭᠤᠴᠠᠬᠤ ᠶᠢᠨ | ᠬᠠᠮᠳᠤ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠲᠤ ᠲᠤᠭᠳᠠᠭᠰᠠᠨ | ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠳᠡᠢ᠃ | ᠠᠷᠪᠠ ᠶᠢᠰᠦᠳᠦᠭᠡᠷ ᠵᠦᠢᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ | ᠵᠠᠬᠢᠷᠭᠠᠨ ᠤ ᠤᠷᠤᠨ ᠲᠤᠳᠤᠷᠠᠬᠢ ᠬᠦᠳᠡᠭᠡ ᠲᠤᠰᠬᠤᠨ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠢ | ᠪᠠᠶᠢᠴᠠᠭᠠᠨ ᠬᠡᠮᠵᠢᠬᠦ᠂ ᠬᠢᠨᠡᠯᠳᠡ ᠲᠠᠯᠪᠢᠬᠤ ᠠᠵᠢᠯ ᠢ ᠬᠠᠷᠢᠭᠤᠴᠠᠵᠤ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ | ᠨᠡᠶᠢᠬᠡᠮ ᠲᠠᠶᠠᠭᠠᠷ ᠲᠤ ᠲᠤᠭᠳᠠᠭᠰᠠᠨ ᠬᠤᠭᠤᠴᠠᠭᠠᠨ ᠳᠤ ᠨᠡᠶᠢᠳᠡᠯᠡᠬᠦ ᠬᠡᠷᠡᠭᠳᠡᠢ᠃ ᠪᠠᠶᠢᠴᠠᠭᠠᠨ ᠬᠡᠮᠵᠢᠬᠦ ᠳᠤ ᠬᠡᠷᠡᠭᠰᠡᠬᠦ | ᠵᠠᠷᠤᠳᠠᠯ ᠢ ᠤᠰᠤ ᠬᠠᠩᠭᠠᠬᠤ ᠨᠢᠭᠡᠴᠢ ᠪᠠ ᠤᠰᠤ ᠬᠡᠷᠡᠭᠯᠡᠬᠦ ᠡᠷᠦᠭᠡ ᠠᠴᠠ ᠬᠤᠷᠢᠶᠠᠵᠤ ᠪᠤᠯᠬᠤ ᠦᠭᠡᠢ᠃ | ᠲᠦᠷᠪᠡᠳᠦᠭᠡᠷ ᠪᠦᠯᠦᠭ ᠤᠰᠤ ᠬᠠᠩᠭᠠᠬᠤ ᠪᠤᠯᠤᠨ ᠤᠰᠤ ᠬᠡᠷᠡᠭᠯᠡᠬᠦ | ᠬᠤᠷᠢᠳᠤᠭᠠᠷ ᠵᠦᠢᠯ ᠤᠰᠤ ᠬᠠᠩᠭᠠᠬᠤ ᠨᠢᠭᠡᠴᠢ ᠲᠤᠤᠷᠠᠬᠢ ᠨᠦᠬᠦᠴᠡᠯ ᠳᠤ ᠨᠡᠶᠢᠴᠡᠬᠦ ᠬᠡᠷᠡᠭᠳᠡᠢ᠄ | ︵ᠨᠢᠭᠡ︶ ᠲᠤᠭᠳᠠᠭᠤᠨ ᠤᠰᠤᠨ ᠤ ᠰᠤᠷᠪᠤᠯᠵᠢ ᠪᠠ ᠵᠢᠷᠤᠭ ᠲᠦᠯᠦᠪᠯᠡᠭᠡ ᠶᠢᠨ ᠱᠠᠭᠠᠷᠳᠠᠯᠭ᠎ᠠ ᠳᠤ | ᠨᠡᠶᠢᠴᠡᠭᠰᠡᠨ ᠤᠰᠤ ᠬᠠᠩᠭᠠᠬᠤ ᠲᠦᠭᠦᠭᠡᠷᠦᠮᠵᠢ ᠲᠠᠢ ᠪᠠᠶᠢᠬᠤ︔ | ︵ᠬᠤᠶᠠᠷ︶ ᠬᠠᠩᠭᠠᠭᠰᠠᠨ ᠤᠰᠤᠨ ᠤ ᠴᠢᠨᠡᠷ ᠨᠢ ᠤᠯᠤᠰ ᠤᠨ ᠠᠮᠢᠳᠤᠷᠠᠯ ᠳᠤ ᠬᠡᠷᠡᠭᠯᠡᠬᠦ ᠤᠤᠭᠤᠬᠤ | ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠲᠠᠢ ᠨᠡᠶᠢᠴᠡᠬᠦ︔ | ︵ᠭᠤᠷᠪᠠ︶ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠬᠢᠨᠠᠨ ᠲᠠᠷᠬᠠᠭᠠᠭᠰᠠᠨ ᠡᠷᠡᠭᠦᠯ ᠬᠠᠮᠠᠭᠠᠯᠠᠯ ᠤᠨ ᠵᠦᠪᠰᠢᠶᠡᠷᠡᠯ ᠤᠨ ᠦᠨᠡᠮᠯᠡᠯ ᠲᠠᠢ ᠪᠠᠶᠢᠬᠤ︔ | ︵ᠲᠦᠷᠪᠡ︶ ᠬᠢᠷᠢ ᠲᠡᠩᠴᠡᠭᠰᠡᠨ ᠠᠵᠢᠯᠳᠠᠨ ᠲᠠᠢ ᠪᠠᠶᠢᠬᠤ ᠪᠠ ᠠᠶᠤᠯᠭᠦᠢ ᠪᠦᠭᠡᠳ ᠲᠤᠭᠳᠠᠭᠤᠨ ᠢᠶᠠᠷ | ᠤᠰᠤ ᠬᠠᠩᠭᠠᠬᠤ ᠲᠦᠷᠢᠮ ᠲᠤᠭᠳᠠᠭᠠᠯ ᠲᠠᠢ ᠪᠠᠶᠢᠬᠤ︔ | ︵ᠲᠠᠪᠤ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠨᠦᠬᠦᠴᠡᠯ᠃ | ᠬᠤᠷᠢᠨ ᠨᠢᠭᠡᠳᠦᠭᠡᠷ ᠵᠦᠢᠯ ᠤᠰᠤ ᠬᠠᠩᠭᠠᠬᠤ ᠨᠢᠭᠡᠴᠢ ᠤᠰᠤ ᠬᠠᠩᠭᠠᠬᠤ ᠠᠴᠠ ᠡᠮᠦᠨ᠎ᠡ ᠭᠤᠴᠢᠨ ᠡᠳᠤᠷ ᠤᠨ | ᠲᠤᠳᠤᠷ᠎ᠠ ᠪᠠᠶᠢᠭ᠎ᠠ ᠭᠠᠵᠠᠷ ᠤᠨ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠠᠩᠰᠠᠯᠠᠭᠤᠯᠬᠤ ᠬᠡᠷᠡᠭᠳᠡᠢ᠃ | ᠬᠤᠷᠢᠨ ᠬᠤᠶᠠᠳᠤᠭᠠᠷ ᠵᠦᠢᠯ ᠤᠰᠤ ᠬᠠᠩᠭᠠᠬᠤ ᠨᠢᠭᠡᠴᠢ ᠬᠦᠳᠡᠭᠡ ᠲᠤᠰᠬᠤᠨ ᠤ ᠤᠤᠭᠤᠬᠤ ᠤᠰᠤᠨ ᠤ | ᠬᠡᠪ ᠤᠨ ᠬᠡᠷᠡᠭᠯᠡᠯᠳᠡ ᠶᠢ ᠪᠠᠳᠤᠯᠠᠬᠤ ᠬᠡᠷᠡᠭᠳᠡᠢ ᠪᠠᠶᠢᠵᠤ᠂ ᠲᠤᠷ᠎ᠠ ᠪᠠᠷ ᠠᠵᠢᠯ ᠢᠶᠠᠨ ᠵᠤᠭᠰᠤᠭᠠᠵᠤ ᠪᠤᠯᠬᠤ ᠦᠭᠡᠢ᠃ | ᠦᠨᠡᠨ ᠬᠦ ᠠᠵᠢᠯ ᠵᠤᠭᠰᠤᠬᠤ ᠴᠢᠬᠤᠯᠠ ᠲᠠᠢ ᠪᠤᠯ ᠤᠷᠢᠳᠴᠢᠯᠠᠨ ᠭᠤᠴᠢᠨ ᠡᠳᠤᠷ ᠤᠨ ᠲᠤᠳᠤᠷ᠎ᠠ ᠪᠠᠶᠢᠭ᠎ᠠ | ᠭᠠᠵᠠᠷ ᠤᠨ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠳᠡᠬᠦ ᠬᠡᠷᠡᠭᠳᠡᠢ᠃ | ᠤᠰᠤ ᠬᠠᠩᠭᠠᠬᠤ ᠨᠢᠭᠡᠴᠢ ᠠᠵᠢᠯ ᠵᠤᠭᠰᠤᠭᠰᠠᠨ ᠤ ᠲᠠᠷᠠᠭ᠎ᠠ ᠬᠤᠰᠢᠭᠤ ᠰᠢᠶᠡᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠴᠢᠮ | ᠪᠠᠶᠢᠳᠠᠯ ᠢ ᠠᠷᠭᠠᠴᠠᠭᠠᠬᠤ ᠪᠠᠳᠤᠯᠠᠭ᠎ᠠ ᠶᠢᠨ ᠠᠷᠭ᠎ᠠ ᠬᠡᠮᠵᠢᠶ᠎ᠡ ᠠᠪᠬᠤ ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠤᠰᠤ ᠬᠠᠩᠭᠠᠬᠤ ᠨᠢᠭᠡᠴᠢ ᠤᠰᠤ ᠬᠡᠷᠡᠭᠯᠡᠬᠦ ᠡᠷᠦᠭᠡ ᠲᠠᠢ ᠤᠰᠤ ᠬᠠᠩᠭᠠᠬᠤ | ᠪᠠ ᠤᠰᠤ ᠬᠡᠷᠡᠭᠯᠡᠬᠦ ᠭᠡᠷ᠎ᠡ ᠲᠤᠭᠳᠠᠵᠤ᠂ ᠬᠤᠶᠠᠷ ᠡᠳᠡᠭᠡᠳ ᠤᠨ ᠡᠷᠭᠡ ᠡᠭᠦᠷᠭᠡ ᠶᠢ ᠲᠤᠳᠤᠳᠬᠠᠵᠤ᠂ ᠤᠰᠤ | ᠬᠠᠩᠭᠠᠬᠤ ᠪᠠ ᠤᠰᠤ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠳᠡᠢ᠃ | ᠬᠤᠷᠢᠨ ᠲᠦᠷᠪᠡᠳᠦᠭᠡᠷ ᠵᠦᠢᠯ ᠤᠰᠤ ᠬᠠᠩᠭᠠᠬᠤ ᠨᠢᠭᠡᠴᠢ ᠨᠢ ᠤᠰᠤ ᠬᠠᠩᠭᠠᠬᠤ ᠲᠦᠭᠦᠭᠡᠷᠦᠮᠵᠢ ᠪᠠᠨ | ᠲᠤᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠤᠰᠤ ᠬᠠᠩᠭᠠᠬᠤ ᠲᠦᠭᠦᠭᠡᠷᠦᠮᠵᠢ ᠶᠢᠨ ᠬᠡᠪ ᠤᠨ | ᠠᠵᠢᠯᠯᠠᠭ᠎ᠠ ᠶᠢ ᠪᠠᠳᠤᠯᠠᠬᠤ ᠬᠡᠷᠡᠭᠳᠡᠢ᠃ | ᠤᠰᠤ ᠬᠠᠩᠭᠠᠬᠤ ᠨᠢᠭᠡᠴᠢ ᠨᠢ ᠢᠨᠵᠧᠨᠧᠷᠢᠩ ᠤᠨ ᠪᠠᠷᠢᠯᠭ᠎ᠠ ᠪᠠ ᠵᠠᠰᠠᠨ ᠰᠡᠯᠪᠢᠬᠦ ᠵᠡᠷᠭᠡ ᠰᠢᠯᠳᠠᠭᠠᠨ ᠠᠴᠠ | ᠪᠤᠯᠵᠤ ᠤᠰᠤ ᠬᠠᠩᠭᠠᠬᠤ ᠪᠠᠨ ᠵᠤᠭᠰᠤᠭᠠᠬᠤ ᠴᠢᠬᠤᠯᠠ ᠲᠠᠢ ᠪᠤᠯ᠂ ᠤᠷᠢᠳᠴᠢᠯᠠᠨ ᠲᠦᠴᠢᠨ ᠨᠠᠢᠮᠠᠨ ᠴᠠᠭ ᠤᠨ | ᠡᠮᠦᠨ᠎ᠡ ᠤᠰᠤ ᠬᠡᠷᠡᠭᠯᠡᠬᠦ ᠡᠷᠦᠭᠡ ᠳᠤ ᠮᠡᠳᠡᠭᠳᠡᠬᠦ ᠬᠡᠷᠡᠭᠳᠡᠢ︔ ᠡᠰᠡᠷᠭᠦᠴᠡᠵᠦ ᠪᠤᠯᠤᠰᠢ ᠦᠭᠡᠢ ᠬᠦᠴᠦ ᠪᠤᠶᠤ ᠪᠤᠰᠤᠳ | ᠬᠡᠨᠡᠳᠳᠡ ᠶᠢᠨ ᠴᠢᠨᠡᠷ ᠲᠠᠢ ᠬᠡᠷᠡᠭ ᠠᠴᠠ ᠪᠤᠯᠵᠤ ᠤᠷᠢᠳᠴᠢᠯᠠᠨ ᠮᠡᠳᠡᠭᠳᠡᠵᠦ ᠲᠡᠶᠢᠯᠬᠦ ᠦᠭᠡᠢ ᠪᠤᠯ ᠵᠠᠰᠠᠨ | ᠰᠡᠯᠪᠢᠬᠦ ᠶᠢᠨ ᠬᠠᠮᠳᠤ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠶᠢᠨ ᠬᠠᠮᠳᠤ ᠴᠠᠭ | ᠲᠤᠬᠠᠢ ᠳᠤᠨᠢ ᠤᠰᠤ ᠬᠡᠷᠡᠭᠯᠡᠬᠦ ᠡᠷᠦᠭᠡ ᠳᠤ ᠮᠡᠳᠡᠭᠳᠡᠬᠦ ᠬᠡᠷᠡᠭᠳᠡᠢ᠃ | ᠬᠤᠷᠢᠨ ᠲᠠᠪᠤᠳᠤᠭᠠᠷ ᠵᠦᠢᠯ ᠪᠠᠴᠢᠮ ᠪᠠᠶᠢᠳᠠᠯ ᠲᠤᠤᠷ᠎ᠠ᠂ ᠤᠰᠤ ᠬᠠᠩᠭᠠᠬᠤ ᠨᠢᠭᠡᠴᠢ ᠨᠢ ᠲᠦᠷᠭᠡᠨ ᠵᠠᠰᠠᠬᠤ | ᠠᠵᠢᠯ ᠢ ᠨᠦᠯᠦᠭᠡᠯᠡᠬᠦ ᠲᠦᠭᠦᠭᠡᠷᠦᠮᠵᠢ ᠳᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠦ ᠪᠤᠯᠤᠨ᠎ᠠ᠂ ᠬᠤᠰᠢᠭᠤ | ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠵᠤᠬᠢᠴᠠᠭᠤᠯᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠲᠦᠷᠭᠡᠨ | ᠵᠠᠰᠠᠬᠤ ᠠᠵᠢᠯ ᠲᠠᠭᠤᠰᠤᠭᠰᠠᠨ ᠬᠤᠶᠢᠨ᠎ᠠ᠂ ᠤᠰᠤ ᠬᠠᠩᠭᠠᠬᠤ ᠨᠢᠭᠡᠴᠢ ᠨᠢ ᠴᠠᠭ ᠲᠤᠬᠠᠢ ᠳᠤᠨᠢ ᠤᠭ ᠤᠨ | ᠪᠠᠶᠢᠳᠠᠯ ᠢ ᠨᠢ ᠰᠡᠷᠭᠦᠭᠡᠵᠦ᠂ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠡᠷᠡᠭᠳᠡᠢ᠃ | ᠶᠠᠮᠠᠷᠪᠠ ᠨᠢᠭᠡᠴᠢ ᠪᠠ ᠬᠤᠪᠢ ᠬᠦᠮᠦᠨ ᠤᠰᠤ ᠬᠠᠩᠭᠠᠬᠤ ᠲᠦᠭᠦᠭᠡᠷᠦᠮᠵᠢ ᠶᠢ ᠲᠦᠷᠭᠡᠨ ᠵᠠᠰᠠᠬᠤ ᠶᠢ | ᠬᠤᠷᠢᠭᠯᠠᠨ ᠰᠠᠭᠠᠳᠠᠭᠠᠵᠤ ᠨᠦᠯᠦᠭᠡᠯᠡᠵᠦ ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠤᠰᠤ ᠬᠡᠷᠡᠭᠯᠡᠬᠦ ᠡᠷᠦᠭᠡ ᠲᠤᠤᠷᠠᠬᠢ ᠡᠭᠦᠷᠭᠡ ᠶᠢ ᠬᠦᠢᠴᠡᠳᠭᠡᠬᠦ ᠬᠡᠷᠡᠭᠳᠡᠢ᠄ | ︵ᠨᠢᠭᠡ︶ ᠤᠰᠤ ᠬᠡᠷᠡᠭᠯᠡᠬᠦ ᠬᠡᠮᠵᠢᠬᠦᠷ ᠤᠨ ᠲᠦᠭᠦᠭᠡᠷᠦᠮᠵᠢ ᠶᠢ ᠤᠭᠰᠠᠷᠠᠬᠤ︔ | ︵ᠬᠤᠶᠠᠷ︶ ᠤᠰᠤ ᠶᠢ ᠠᠷᠪᠢᠴᠢ ᠭᠠᠮᠳᠠᠢ ᠪᠠᠷ ᠬᠡᠷᠡᠭᠯᠡᠵᠦ᠂ ᠤᠰᠤᠨ ᠤ ᠰᠦᠢᠳᠭᠡᠯ ᠢ ᠴᠠᠭ ᠲᠤᠬᠠᠢ ᠳᠤᠨᠢ | ᠲᠤᠰᠢᠶᠠᠬᠤ︔ | ︵ᠭᠤᠷᠪᠠ︶ ᠤᠰᠤᠨ ᠤ ᠬᠡᠷᠡᠭᠴᠡᠭᠡ ᠶᠢ ᠲᠤᠷ᠎ᠠ ᠪᠠᠷ ᠦᠭᠡᠷᠡᠴᠢᠯᠡᠵᠦ ᠪᠤᠯᠬᠤ ᠦᠭᠡᠢ︔ | ︵ᠲᠦᠷᠪᠡ︶ ᠤᠰᠤ ᠬᠠᠩᠭᠠᠬᠤ ᠲᠦᠭᠦᠭᠡᠷᠤᠮᠵᠢ ᠶᠢ ᠲᠤᠷ᠎ᠠ ᠪᠠᠷ ᠦᠭᠡᠷᠡᠴᠢᠯᠡᠵᠦ᠂ ᠨᠤᠷᠠᠭᠠᠵᠤ ᠪᠤᠯᠬᠤ | ᠦᠭᠡᠢ︔ | ︵ᠲᠠᠪᠤ︶ ᠶᠠᠮᠠᠷᠪᠠ ᠬᠡᠯᠪᠡᠷᠢ ᠪᠠᠷ ᠤᠯᠠᠨ ᠨᠡᠶᠢᠳᠡ ᠶᠢᠨ ᠤᠤᠭᠤᠬᠤ ᠤᠰᠤ ᠶᠢ ᠬᠤᠯᠠᠭᠠᠢᠢᠯᠠᠨ ᠬᠡᠷᠡᠭᠯᠡᠵᠦ | ᠪᠤᠯᠬᠤ ᠦᠭᠡᠢ︔ | ︵ᠵᠢᠷᠭᠤᠭ᠎ᠠ︶ ᠤᠰᠤ ᠬᠡᠷᠡᠭᠯᠡᠬᠦ ᠪᠠᠨ ᠬᠤᠪᠢᠷᠠᠭᠤᠯᠬᠤ ᠪᠤᠶᠤ ᠤᠰᠤ ᠬᠡᠷᠡᠭᠯᠡᠬᠦ ᠪᠠᠨ ᠵᠤᠭᠰᠤᠬᠤ ᠪᠤᠯ᠂ ᠤᠰᠤ | ᠬᠠᠩᠭᠠᠬᠤ ᠨᠢᠭᠡᠴᠢ ᠳᠤ ᠤᠴᠢᠨ ᠬᠠᠮᠢᠶ᠎ᠠ ᠪᠦᠬᠦᠢ ᠭᠠᠷᠳᠠᠮ ᠢ ᠬᠦᠢᠴᠡᠳᠭᠡᠬᠦ ᠬᠡᠷᠡᠭᠳᠡᠢ᠃ ᠲᠠᠪᠤᠳᠤᠭᠠᠷ ᠪᠦᠯᠦᠭ | ᠠᠵᠢᠯᠯᠠᠭ᠎ᠠ ᠪᠤᠯᠤᠨ ᠬᠠᠮᠢᠶᠠᠷᠤᠯᠳᠠ | ᠬᠤᠷᠢᠨ ᠲᠤᠯᠤᠳᠤᠭᠠᠷ ᠵᠦᠢᠯ ᠤᠯᠤᠰ ᠠᠴᠠ ᠪᠡᠯᠡ ᠤᠷᠤᠭᠤᠯᠤᠨ ᠪᠦᠳᠦᠭᠡᠨ ᠪᠠᠶᠢᠭᠤᠯᠤᠭᠰᠠᠨ ᠲᠤᠰᠬᠤᠨ ᠠᠴᠠ | ᠲᠡᠭᠡᠭᠰᠢᠬᠢ ᠲᠦᠪᠯᠡᠷᠡᠭᠦᠯᠦᠨ ᠤᠰᠤ ᠬᠠᠩᠭᠠᠬᠤ ᠲᠦᠭᠦᠭᠡᠷᠦᠮᠵᠢ ᠶᠢ ᠬᠤᠰᠢᠭᠤ ᠰᠢᠶᠡᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠬᠠᠮᠢᠶᠠᠷᠤᠨ᠎ᠠ︔ ᠪᠤᠰᠤᠳ ᠲᠦᠪᠯᠡᠷᠡᠭᠦᠯᠦᠨ ᠤᠰᠤ | ᠬᠠᠩᠭᠠᠬᠤ ᠲᠦᠭᠦᠭᠡᠷᠦᠮᠵᠢ ᠪᠠ ᠭᠠᠭᠴᠠ ᠲᠤᠰᠬᠤᠨ ᠤ ᠤᠰᠤ ᠬᠠᠩᠭᠠᠬᠤ ᠲᠦᠭᠦᠭᠡᠷᠦᠮᠵᠢ ᠶᠢ ᠲᠤᠰᠬᠤᠨ ᠤ ᠬᠠᠮᠳᠤ | ᠨᠡᠶᠢᠳᠡ ᠪᠤᠶᠤ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠶᠢᠭᠤᠯᠤᠯᠳᠠ ᠠᠴᠠ ᠬᠠᠮᠢᠶᠠᠷᠤᠨ᠎ᠠ︔ ᠤᠰᠤ ᠬᠠᠩᠭᠠᠬᠤ | ᠲᠦᠭᠦᠭᠡᠷᠦᠮᠵᠢ ᠶᠢᠨ ᠡᠷᠦᠭᠡ ᠳᠤ ᠤᠷᠤᠬᠤ ᠬᠡᠰᠡᠭ ᠪᠠ ᠡᠷᠦᠭᠡ ᠪᠠᠷ ᠨᠢᠭᠡᠴᠢ ᠪᠤᠯᠭᠠᠨ ᠪᠠᠶᠢᠭᠤᠯᠤᠭᠰᠠᠨ ᠲᠠᠷᠠᠬᠠᠢ | ᠬᠡᠯᠪᠡᠷᠢ ᠶᠢᠨ ᠤᠰᠤ ᠬᠠᠩᠭᠠᠬᠤ ᠲᠦᠭᠦᠭᠡᠷᠦᠮᠵᠢ ᠶᠢ ᠤᠰᠤ ᠬᠡᠷᠡᠭᠯᠡᠬᠦ ᠡᠷᠦᠭᠡ ᠠᠴᠠ ᠬᠠᠮᠢᠶᠠᠷᠤᠨ᠎ᠠ᠃ | ᠬᠠᠮᠳᠤ ᠪᠠᠷ ᠪᠡᠯᠡ ᠤᠷᠤᠭᠤᠯᠬᠤ ᠪᠠ ᠨᠢᠭᠡᠴᠢ᠂ ᠬᠤᠪᠢ ᠬᠦᠮᠦᠨ ᠪᠡᠯᠡ ᠤᠷᠤᠭᠤᠯᠤᠨ ᠪᠠᠶᠢᠭᠤᠯᠤᠭᠰᠠᠨ | ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠡᠯᠡ ᠤᠷᠤᠭᠤᠯᠤᠭᠰᠠᠨ ᠭᠤᠤᠯ ᠴᠤᠭᠴᠠ ᠠᠴᠠ ᠦᠪᠡᠰᠦᠪᠡᠨ | ᠬᠠᠮᠢᠶᠠᠷᠤᠨ᠎ᠠ᠃ | ᠬᠤᠷᠢᠨ ᠨᠠᠢᠮᠠᠳᠤᠭᠠᠷ ᠵᠦᠢᠯ ᠲᠦᠪᠯᠡᠷᠡᠭᠦᠯᠤᠨ ᠤᠰᠤ ᠬᠠᠩᠭᠠᠬᠤ ᠢᠨᠵᠧᠨᠧᠷᠢᠩ ᠤᠨ ᠬᠠᠮᠢᠶᠠᠷᠤᠯᠳᠠ ᠶᠢᠨ | ᠡᠷᠭᠡ ᠨᠢ ᠦᠭᠡᠷᠡᠴᠢᠯᠡᠭᠳᠡᠪᠡᠯ ᠤᠰᠤ ᠬᠠᠩᠭᠠᠬᠤ ᠨᠢᠭᠡᠴᠢ ᠠᠴᠠ ᠬᠤᠰᠢᠭᠤ ᠰᠢᠶᠡᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠲᠠᠩᠰᠠᠯᠠᠭᠤᠯᠬᠤ ᠬᠡᠷᠡᠭᠳᠡᠢ᠃ | ᠬᠤᠷᠢ ᠶᠢᠰᠦᠳᠦᠭᠡᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠳᠤ | ᠲᠦᠯᠦᠪᠦᠷᠢ ᠲᠠᠢ ᠪᠠᠷ ᠬᠡᠷᠡᠭᠯᠡᠬᠦ ᠲᠦᠷᠢᠮ ᠢ ᠬᠡᠷᠡᠭᠵᠢᠭᠦᠯᠦᠨ᠎ᠡ᠃ | ᠤᠰᠤ ᠬᠠᠩᠭᠠᠬᠤ ᠦᠨ᠎ᠡ ᠶᠢ ᠦᠪᠡᠷ ᠤᠨ ᠦᠷᠳᠡᠭ ᠢ ᠨᠦᠬᠦᠪᠦᠷᠢᠯᠡᠬᠦ᠂ ᠵᠤᠬᠢᠰᠳᠠᠢ ᠪᠠᠷ ᠦᠷ᠎ᠡ ᠠᠰᠢᠭ | ᠤᠯᠬᠤ᠂ ᠴᠢᠨᠡᠷ ᠰᠠᠶᠢᠨ ᠪᠤᠯ ᠦᠨ᠎ᠡ ᠦᠨᠳᠤᠷ᠂ ᠡᠷᠭᠡ ᠲᠡᠭᠰᠢ ᠪᠠᠷ ᠡᠭᠦᠷᠭᠡᠯᠡᠬᠦ ᠵᠠᠷᠴᠢᠮ ᠶᠤᠰᠤᠭᠠᠷ ᠵᠤᠬᠢᠰᠳᠠᠢ ᠪᠠᠷ | ᠲᠤᠭᠳᠠᠭᠠᠨ᠎ᠠ᠃ ᠪᠤᠳᠠᠳᠠᠢ ᠠᠷᠭ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ | ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠲᠠᠢ ᠬᠠᠮᠳᠤᠷᠠᠨ ᠡᠷᠭᠡ ᠲᠤᠰᠢᠶᠠᠯ ᠢᠶᠠᠨ ᠦᠨᠳᠦᠰᠦᠯᠡᠨ ᠲᠤᠭᠳᠠᠭᠠᠨ᠎ᠠ᠃ | ᠭᠤᠴᠢᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠦᠨ᠎ᠡ ᠨᠢ ᠦᠪᠡᠷ ᠤᠨ | ᠦᠷᠳᠡᠭ ᠲᠤ ᠬᠦᠷᠦᠭᠰᠡᠨ ᠦᠭᠡᠢ ᠭᠠᠵᠠᠷ ᠤᠷᠤᠨ ᠪᠤᠯ᠂ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ | ᠤᠷᠳᠤᠨ ᠡᠴᠡᠲ᠋ᠦ᠋ᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠶᠡᠭᠡ ᠪᠠᠷ ᠵᠠᠰᠠᠬᠤ᠂ ᠡᠯᠡᠭᠳᠡᠯ ᠪᠠ ᠵᠠᠰᠠᠨ | ᠬᠠᠮᠠᠭᠠᠯᠠᠬᠤ ᠲᠤᠰᠬᠠᠢ ᠪᠡᠯᠡ ᠮᠦᠩᠬᠦ ᠶᠢ ᠲᠤᠭᠳᠠᠭᠠᠬᠤ ᠬᠡᠷᠡᠭᠳᠡᠢ᠂ ᠪᠤᠳᠠᠳᠠᠢ ᠠᠷᠭ᠎ᠠ ᠶᠢ ᠬᠤᠰᠢᠭᠤ ᠰᠢᠶᠡᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠭᠳᠠᠭᠠᠨ᠎ᠠ᠃ | ᠭᠤᠴᠢᠨ ᠨᠢᠭᠡᠳᠦᠭᠡᠷ ᠵᠦᠢᠯ ᠬᠦᠳᠡᠭᠡ ᠲᠤᠰᠬᠤᠨ ᠤ ᠤᠤᠭᠤᠬᠤ ᠤᠰᠤᠨ ᠠᠴᠠ ᠤᠰᠤᠨ ᠤ ᠰᠤᠷᠪᠤᠯᠵᠢ ᠶᠢᠨ | ᠰᠦᠢᠳᠭᠡᠯ ᠪᠠ ᠪᠤᠬᠢᠷ ᠤᠰᠤ ᠶᠢ ᠴᠡᠪᠡᠷᠰᠢᠭᠦᠯᠬᠦ ᠰᠦᠢᠳᠭᠡᠯ ᠬᠤᠷᠢᠶᠠᠬᠤ ᠦᠭᠡᠢ᠃ | ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ ᠪᠤᠢ ᠪᠤᠯᠤᠭᠰᠠᠨ ᠭᠠᠶᠢᠯᠢ᠂ | ᠬᠡᠷᠡᠭᠯᠡᠭᠰᠡᠨ ᠴᠠᠬᠢᠯᠭᠠᠨ ᠵᠡᠷᠭᠡ ᠰᠦᠢᠳᠭᠡᠯ ᠢ ᠬᠤᠷᠢᠶᠠᠬᠤ ᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠬᠠᠷᠠᠭᠠᠯᠵᠠᠯᠠᠯ ᠦᠵᠡᠭᠦᠯᠬᠦ ᠬᠡᠷᠡᠭᠳᠡᠢ᠃ ᠵᠢᠷᠭᠤᠳᠤᠭᠠᠷ ᠪᠦᠯᠦᠭ ᠠᠮᠤᠷ ᠲᠦᠪᠰᠢᠨ ᠤ ᠬᠠᠮᠢᠶᠠᠷᠤᠯᠳᠠ | ᠭᠤᠴᠢᠨ ᠬᠤᠶᠠᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠳᠠ ᠶᠢᠨ ᠤᠷᠤᠨ ᠢ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠢᠷᠤᠨ | ᠲᠤᠭᠳᠠᠭᠠᠬᠤ ᠲᠦᠰᠦᠯ ᠲᠤᠷᠠᠳᠴᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠦᠨ ᠵᠦᠪᠰᠢᠶᠡᠷᠡᠭᠦᠯᠦᠭᠰᠡᠨ ᠬᠤᠶᠢᠨ᠎ᠠ ᠨᠡᠶᠢᠳᠡᠯᠡᠨ᠎ᠡ︔ ᠬᠤᠰᠢᠭᠤ ᠰᠢᠶᠡᠨ ᠤ ᠱᠠᠳᠤᠨ ᠤ ᠵᠠᠰᠠᠭ ᠵᠠᠬᠢᠷᠭᠠᠨ ᠤ | ᠤᠷᠤᠨ ᠠᠯᠤᠰᠯᠠᠭᠰᠠᠨ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠪᠤᠯ᠂ ᠬᠤᠯᠪᠤᠭᠳᠠᠯ ᠪᠦᠬᠦᠢ | ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠢᠷᠤᠨ ᠲᠤᠭᠳᠠᠭᠠᠬᠤ ᠲᠦᠰᠦᠯ ᠢ ᠵᠦᠪᠯᠡᠨ | ᠲᠤᠷᠠᠳᠴᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ | ᠵᠦᠪᠰᠢᠶᠡᠷᠡᠭᠦᠯᠦᠭᠰᠡᠨ ᠬᠤᠶᠢᠨ᠎ᠠ ᠨᠡᠶᠢᠳᠡᠯᠡᠨ᠎ᠡ᠃ | ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤᠰᠤᠨ ᠤ ᠰᠤᠷᠪᠤᠯᠵᠢ ᠶᠢᠨ | ᠬᠠᠮᠠᠭᠠᠯᠠᠯᠳᠠ ᠶᠢᠨ ᠤᠷᠤᠨ ᠳᠤ ᠢᠯᠡ ᠲᠤᠳᠤᠷᠬᠠᠢ ᠭᠠᠵᠠᠷ ᠵᠦᠢ ᠶᠢᠨ ᠵᠠᠭᠠᠭ ᠲᠡᠮᠳᠡᠭ ᠪᠠ ᠢᠯᠡ ᠲᠤᠳᠤ | ᠰᠡᠷᠡᠮᠵᠢ ᠶᠢᠨ ᠲᠡᠮᠳᠡᠭ ᠪᠠᠶᠢᠷᠢᠯᠠᠭᠤᠯᠬᠤ ᠬᠡᠷᠡᠭᠳᠡᠢ᠃ | ᠭᠤᠴᠢᠨ ᠭᠤᠷᠪᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ | ᠲᠤᠳᠤᠷ᠎ᠠ ᠲᠤᠤᠷᠠᠬᠢ ᠪᠠᠶᠢᠳᠠᠯ ᠲᠠᠢ ᠪᠤᠯ᠂ ᠰᠢᠨ᠎ᠡ ᠤᠰᠤ ᠠᠪᠬᠤ ᠲᠦᠷᠦᠯ ᠵᠦᠢᠯ ᠢ ᠬᠢᠨᠡᠨ ᠵᠦᠪᠰᠢᠶᠡᠷᠡᠵᠦ ᠪᠤᠯᠬᠤ | ᠦᠭᠡᠢ᠄ | ︵ᠨᠢᠭᠡ︶ ᠭᠠᠵᠠᠷ ᠲᠤᠤᠷᠠᠬᠢ ᠤᠰᠤ ᠠᠪᠬᠤ ᠶᠢ ᠴᠠᠭᠠᠵᠠᠯᠠᠭᠰᠠᠨ ᠤᠷᠤᠨ ᠲᠤᠳᠤᠷ᠎ᠠ ᠭᠠᠵᠠᠷ ᠲᠤᠤᠷᠠᠬᠢ | ᠤᠰᠤ ᠶᠢ ᠠᠪᠬᠤ︔ | ︵ᠬᠤᠶᠠᠷ︶ ᠤᠰᠤ ᠠᠪᠬᠤ ᠶᠢ ᠵᠦᠪᠰᠢᠶᠡᠷᠡᠭᠰᠡᠨ ᠶᠡᠷᠦᠩᠭᠡᠢ ᠬᠡᠮᠵᠢᠶ᠎ᠡ ᠨᠢ ᠤᠰᠤ ᠠᠪᠬᠤ ᠶᠢ ᠵᠦᠪᠰᠢᠶᠡᠷᠡᠭᠰᠡᠨ | ᠬᠢᠵᠠᠭᠠᠷᠯᠠᠭᠰᠠᠨ ᠶᠡᠷᠦᠩᠭᠡᠢ ᠬᠡᠮᠵᠢᠶ᠎ᠡ ᠳᠤ ᠬᠦᠷᠦᠭᠰᠡᠨ ᠭᠠᠵᠠᠷ ᠤᠷᠤᠨ ᠳᠤ ᠤᠰᠤ ᠠᠪᠬᠤ ᠬᠡᠮᠵᠢᠶ᠎ᠡ ᠶᠢ ᠨᠡᠮᠡᠭᠳᠡᠭᠦᠯᠬᠦ︔ | | ︵ᠭᠤᠷᠪᠠ︶ ᠤᠰᠤᠨ ᠤ ᠴᠢᠳᠠᠪᠬᠢ ᠶᠢᠨ ᠤᠷᠤᠨ ᠤ ᠤᠰᠤᠨ ᠤ ᠬᠡᠷᠡᠭᠯᠡᠭᠡᠨ ᠤ ᠴᠢᠳᠠᠪᠬᠢ ᠶᠢ ᠬᠦᠨᠳᠤ | ᠶᠡᠭᠡ ᠪᠠᠷ ᠬᠤᠬᠢᠷᠠᠭᠤᠯᠬᠤ ᠪᠤᠯᠤᠮᠵᠢ ᠲᠠᠢ︔ | ︵ᠲᠦᠷᠪᠡ︶ ᠤᠰᠤ ᠠᠪᠬᠤ᠂ ᠤᠰᠤ ᠲᠠᠳᠠᠷᠠᠭᠤᠯᠬᠤ ᠪᠠᠶᠢᠷᠢᠰᠢᠯ ᠨᠢ ᠵᠤᠬᠢᠰᠳᠠᠢ ᠪᠤᠰᠤ᠃ | ᠭᠤᠴᠢᠨ ᠲᠦᠷᠪᠡᠳᠦᠭᠡᠷ ᠵᠦᠢᠯ ᠤᠰᠤᠨ ᠤ ᠰᠤᠷᠪᠤᠯᠵᠢ ᠲᠤᠳᠠᠮᠠᠭ ᠲᠤᠪᠤᠴᠠᠭ ᠠᠭᠤᠯᠠᠷᠬᠠᠭ ᠤᠷᠤᠨ ᠳᠤ᠂ | ᠤᠰᠤᠨ ᠬᠤᠳᠳᠤᠭ ᠤᠨ ᠬᠠᠪᠢ ᠪᠠᠷ ᠠᠮᠢᠳᠤᠷᠠᠯ ᠳᠤ ᠬᠡᠷᠡᠭᠯᠡᠬᠦ ᠦᠭᠡᠢ ᠬᠤᠳᠳᠤᠭ ᠮᠠᠯᠳᠠᠬᠤ ᠪᠤᠶᠤ ᠤᠰᠤᠨ | ᠰᠤᠷᠪᠤᠯᠵᠢ ᠶᠢᠨ ᠢᠨᠵᠧᠨᠧᠷᠢᠩ ᠢ ᠵᠠᠰᠠᠨ ᠪᠠᠶᠢᠭᠤᠯᠬᠤ ᠶᠢ ᠴᠠᠭᠠᠵᠠᠯᠠᠬᠤ ᠪᠦᠭᠡᠳ ᠤᠤᠭᠤᠬᠤ ᠤᠰᠤ ᠶᠢ ᠬᠠᠩᠭᠠᠬᠤ | ᠢᠨᠵᠧᠨᠧᠷᠢᠩ ᠢᠶᠠᠷ ᠲᠠᠷᠢᠶ᠎ᠠ ᠤᠰᠤᠯᠠᠬᠤ ᠶᠢ ᠴᠠᠭᠠᠵᠠᠯᠠᠨ᠎ᠠ᠃ | ᠭᠤᠴᠢᠨ ᠲᠠᠪᠤᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠳᠠ ᠶᠢᠨ ᠤᠷᠤᠨ ᠳᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠦᠳᠦᠭᠡᠨ ᠪᠠᠶᠢᠭᠤᠯᠤᠯᠳᠠ ᠶᠢᠨ ᠲᠦᠷᠦᠯ | ᠵᠦᠢᠯ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠶᠢ ᠴᠠᠭᠠᠵᠠᠯᠠᠨ᠎ᠠ︔ | ᠨᠢᠭᠡᠨᠳᠡ ᠪᠠᠶᠢᠭᠤᠯᠤᠭᠰᠠᠨ ᠪᠤᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠠᠴᠠ ᠵᠠᠷᠯᠢᠭᠳᠠᠨ ᠨᠤᠷᠠᠭᠠᠬᠤ ᠪᠤᠶᠤ ᠬᠠᠭᠠᠬᠤ ᠬᠡᠷᠡᠭᠳᠡᠢ᠃ | ᠭᠤᠴᠢᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠦᠮᠦᠨ ᠬᠦᠳᠡᠭᠡ ᠲᠤᠰᠬᠤᠨ ᠤ ᠤᠤᠭᠤᠬᠤ | ᠤᠰᠤᠨ ᠤ ᠰᠤᠷᠪᠤᠯᠵᠢ ᠶᠢᠨ ᠤᠷᠤᠨ ᠳᠤ ᠲᠤᠤᠷᠠᠬᠢ ᠠᠵᠢᠯᠯᠠᠭ᠎ᠠ ᠶᠢ ᠡᠷᠬᠢᠯᠡᠵᠦ ᠪᠤᠯᠬᠤ ᠦᠭᠡᠢ᠄ | ︵ᠨᠢᠭᠡ︶ ᠭᠠᠵᠠᠷ ᠲᠡᠭᠡᠷᠡᠬᠢ ᠤᠰᠤ ᠪᠠᠷ ᠬᠠᠩᠭᠠᠬᠤ ᠤᠰᠤᠨ ᠤ ᠰᠤᠷᠪᠤᠯᠵᠢ ᠪᠠᠨ ᠪᠤᠯᠭᠠᠪᠠᠯ᠂ ᠤᠰᠤᠨ | ᠰᠤᠷᠪᠤᠯᠵᠢ ᠶᠢᠨ ᠲᠤᠭᠤᠷᠢᠨ ᠤ 100 ᠮᠧᠲᠷ ᠤᠨ ᠤᠰᠤᠨ ᠤ ᠴᠠᠷᠠᠭ᠎ᠠ ᠲᠤᠳᠤᠷ᠎ᠠ ᠲᠡᠵᠢᠭᠡᠨ ᠦᠷᠡᠵᠢᠭᠦᠯᠬᠦ᠂ | ᠠᠩᠨᠠᠵᠦ ᠰᠢᠬᠦᠬᠦ ᠶᠢ ᠡᠷᠬᠢᠯᠡᠬᠦ ᠪᠤᠶᠤ ᠬᠠᠳᠠᠭᠤ ᠪᠡᠶᠡᠳᠦ᠂ ᠰᠢᠩᠭᠡᠨ ᠪᠡᠶᠡᠳᠦ᠂ ᠬᠡᠢ ᠪᠡᠶᠡᠳᠦ ᠪᠤᠬᠢᠷ ᠪᠤᠳᠠᠰ ᠪᠠ | ᠠᠮᠢᠳᠤᠷᠠᠯ ᠤᠨ ᠬᠤᠭ ᠬᠠᠶᠠᠬᠤ︔ | ︵ᠬᠤᠶᠠᠷ︶ ᠭᠠᠵᠠᠷ ᠲᠤᠤᠷᠠᠬᠢ ᠤᠰᠤ ᠪᠠᠷ ᠬᠠᠩᠭᠠᠬᠤ ᠤᠰᠤᠨ ᠰᠤᠷᠪᠤᠯᠵᠢ ᠪᠠᠨ ᠪᠤᠯᠭᠠᠪᠠᠯ᠂ ᠤᠰᠤᠨ | ᠰᠤᠷᠪᠤᠯᠵᠢ ᠶᠢᠨ ᠲᠤᠭᠤᠷᠢᠨ ᠤ 100 ᠮᠧᠲᠷ ᠤᠨ ᠬᠡᠪᠴᠢᠶᠡᠨ ᠲᠤᠳᠤᠷ᠎ᠠ᠂ ᠨᠡᠪᠴᠢᠮᠡᠳᠡᠬᠡᠢ ᠵᠤᠷᠯᠤᠩ᠂ | ᠨᠡᠪᠴᠢᠮᠡᠳᠡᠭᠡᠢ ᠨᠦᠬᠡ᠂ ᠪᠠᠭᠠᠰᠤᠨ ᠤ ᠨᠦᠬᠡ᠂ ᠬᠤᠭ ᠤᠨ ᠲᠠᠯᠠᠪᠠᠢ ︵ᠦᠷᠳᠡᠭᠡ︶ ᠪᠠᠶᠢᠭᠤᠯᠬᠤ︔ | ︵ᠭᠤᠷᠪᠠ︶ ᠤᠰᠤᠨ ᠰᠤᠷᠪᠤᠯᠵᠢ ᠶᠢ ᠡᠪᠳᠡᠬᠦ ᠪᠤᠶᠤ ᠤᠰᠤᠨ ᠰᠤᠷᠪᠤᠯᠵᠢ ᠶᠢᠨ ᠤᠰᠤᠨ ᠤ ᠴᠢᠨᠡᠷ ᠢ | ᠨᠦᠯᠦᠭᠡᠯᠡᠬᠦ ᠪᠤᠰᠤᠳ ᠠᠵᠢᠯᠯᠠᠭ᠎ᠠ᠃ | ᠭᠤᠴᠢᠨ ᠲᠤᠯᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠤᠰᠤ ᠬᠠᠩᠭᠠᠬᠤ ᠢᠨᠵᠧᠨᠧᠷᠢᠩ ᠤᠨ | ᠲᠤᠩᠭᠠᠬᠤ ᠴᠦᠬᠦᠷᠦᠮ᠂ ᠤᠰᠤ ᠬᠠᠳᠠᠭᠠᠠᠯᠬᠤ ᠴᠦᠬᠦᠷᠦᠮ᠂ ᠬᠦᠭᠡᠷᠭᠡ ᠶᠢᠨ ᠦᠷᠳᠡᠭᠡ ᠶᠢᠨ 100 ᠮᠧᠲᠷ ᠤᠨ | ᠲᠤᠭᠤᠷᠢᠨ ᠲᠤᠳᠤᠷ᠎ᠠ᠂ ᠮᠠᠯ ᠵᠢᠭᠦᠷᠳᠡᠨ ᠢ ᠲᠡᠵᠢᠭᠡᠨ ᠠᠷᠠᠴᠢᠯᠠᠬᠤ ᠲᠠᠯᠠᠪᠤᠷ᠂ ᠨᠡᠪᠴᠢᠮᠡᠳᠡᠭᠡᠢ ᠵᠤᠷᠯᠤᠩ᠂ | ᠨᠡᠪᠴᠢᠮᠡᠳᠡᠭᠡᠢ ᠨᠦᠬᠡ᠂ ᠪᠤᠬᠢᠷ ᠤᠰᠤ ᠶᠢ ᠵᠠᠯᠠᠬᠤ ᠰᠤᠪᠠᠭ ᠵᠢᠴᠢ ᠪᠤᠰᠤᠳ ᠪᠤᠬᠢᠷᠳᠤᠭᠤᠯᠬᠤ ᠪᠤᠯᠤᠮᠵᠢ ᠲᠠᠢ | ᠦᠢᠯᠡᠳᠪᠦᠷᠢᠯᠡᠯ ᠠᠮᠢᠳᠤᠷᠠᠯ ᠤᠨ ᠲᠦᠭᠦᠭᠡᠷᠦᠮᠵᠢ ᠶᠢ ᠵᠠᠰᠠᠨ ᠪᠠᠶᠢᠭᠤᠯᠵᠤ ᠪᠤᠯᠬᠤ ᠦᠭᠡᠢ᠂ ᠬᠤᠭ ᠨᠤᠪᠰᠢ ᠶᠢ | ᠤᠪᠤᠭᠠᠯᠠᠨ ᠲᠠᠯᠪᠢᠵᠤ ᠪᠤᠯᠬᠤ ᠦᠭᠡᠢ᠃ | ᠭᠤᠴᠢᠨ ᠨᠠᠢᠮᠠᠳᠤᠭᠠᠷ ᠵᠦᠢᠯ ᠤᠰᠤ ᠬᠠᠩᠭᠠᠬᠤ ᠨᠢᠭᠡᠴᠢ ᠠᠴᠠ ᠰᠢᠭᠤᠳ ᠤᠰᠤ ᠬᠠᠩᠭᠠᠬᠤ ᠠᠵᠢᠯᠳᠠᠨ ᠳᠤ | ᠡᠷᠡᠭᠦᠯ ᠮᠡᠨᠳᠦ ᠶᠢᠨ ᠲᠠᠩᠰᠠ ᠪᠠᠶᠢᠭᠤᠯᠵᠤ᠂ ᠲᠤᠭᠳᠠᠭᠰᠠᠨ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ | ᠪᠠᠶᠢᠴᠠᠭᠠᠯᠳᠠ ᠬᠢᠵᠦ᠂ ᠡᠷᠡᠭᠦᠯ ᠮᠡᠨᠳᠦ ᠶᠢᠨ ᠪᠠᠷᠢᠮᠵᠢᠶ᠎ᠠ ᠳᠤ ᠨᠡᠶᠢᠴᠡᠪᠡᠯ ᠰᠠᠶ᠋ᠢ ᠠᠵᠢᠯ ᠤᠨ ᠪᠠᠶᠢᠷᠢ ᠳᠤ ᠭᠠᠷᠴᠦ | ᠪᠤᠯᠤᠨ᠎ᠠ᠃ | ᠭᠤᠴᠢ ᠶᠢᠰᠦᠳᠦᠭᠡᠷ ᠵᠦᠢᠯ ᠬᠤᠰᠢᠭᠤ ᠰᠢᠶᠡᠨ ᠤ ᠱᠠᠳᠤᠨ ᠡᠴᠠᠲ᠋ᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠷᠴᠢᠨ ᠲᠤᠭᠤᠷᠢᠨ ᠢ ᠬᠠᠮᠠᠭᠠᠯᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠦᠳᠡᠭᠡ ᠲᠤᠰᠬᠤᠨ ᠤ ᠤᠤᠭᠤᠬᠤ ᠤᠰᠤᠨ ᠤ ᠰᠤᠷᠪᠤᠯᠵᠢ | ᠪᠤᠬᠢᠷᠳᠤᠭᠰᠠᠨ ᠠᠳᠡᠯ ᠳᠤ ᠲᠤᠰᠬᠠᠢ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠨᠠᠶᠢᠷᠠᠭᠤᠯᠤᠨ | ᠲᠤᠭᠳᠠᠭᠠᠵᠤ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ | ᠬᠤᠶᠢᠨ᠎ᠠ ᠨᠡᠶᠢᠳᠡᠯᠡᠬᠦ ᠬᠡᠷᠡᠭᠳᠡᠢ᠃ | ᠲᠦᠴᠢᠳᠦᠭᠡᠷ ᠵᠦᠢᠯ ᠬᠦᠳᠡᠭᠡ ᠲᠤᠰᠬᠤᠨ ᠤ ᠤᠤᠭᠤᠬᠤ ᠤᠰᠤᠨ ᠰᠤᠷᠪᠤᠯᠵᠢ ᠪᠤᠬᠢᠷᠳᠤᠭᠰᠠᠨ ᠠᠳᠡᠯ | ᠡᠭᠦᠰᠦᠭᠰᠡᠨ ᠬᠤᠶᠢᠨ᠎ᠠ᠂ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠤᠤᠭᠤᠬᠤ ᠤᠰᠤᠨ ᠤ ᠰᠤᠷᠪᠤᠯᠵᠢ ᠪᠤᠬᠢᠷᠳᠤᠭᠰᠠᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠤᠬᠢᠴᠠᠩᠭᠤᠢ | ᠲᠦᠰᠦᠪ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠳᠤ ᠨᠦᠯᠦᠭᠡᠯᠡᠭᠳᠡᠭᠰᠡᠨ ᠭᠠᠵᠠᠷ ᠤᠷᠤᠨ ᠤ ᠰᠠᠭᠤᠭᠠᠯᠢ | ᠠᠷᠠᠳ ᠲᠤ ᠴᠠᠭ ᠲᠤᠬᠠᠢ ᠳᠤᠨᠢ ᠤᠤᠭᠤᠬᠤ ᠤᠰᠤᠨ ᠰᠤᠷᠪᠤᠯᠵᠢ ᠪᠤᠬᠢᠷᠳᠤᠭᠰᠠᠨ ᠠᠳᠡᠯ ᠤᠨ ᠰᠡᠷᠡᠮᠵᠢ ᠶᠢᠨ ᠮᠡᠳᠡᠭᠡ | ᠨᠡᠶᠢᠳᠡᠯᠡᠬᠦ ᠬᠡᠷᠡᠭᠳᠡᠢ᠃ | ᠬᠦᠳᠡᠭᠡ ᠲᠤᠰᠬᠤᠨ ᠤ ᠤᠤᠭᠤᠬᠤ ᠤᠰᠤᠨ ᠰᠤᠷᠪᠤᠯᠵᠢ ᠪᠤᠬᠢᠷᠳᠤᠭᠰᠠᠨ ᠠᠳᠡᠯ ᠠᠴᠠ ᠪᠤᠯᠵᠤ ᠤᠤᠭᠤᠬᠤ | ᠤᠰᠤᠨ ᠤ ᠬᠠᠩᠭᠠᠯᠭ᠎ᠠ ᠵᠤᠭᠰᠤᠪᠠᠯ᠂ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠪᠡᠯᠡᠳᠭᠡᠯ ᠤᠰᠤᠨ ᠰᠤᠷᠪᠤᠯᠵᠢ ᠪᠠᠷ ᠤᠰᠤ ᠬᠠᠩᠭᠠᠬᠤ ᠪᠤᠶᠤ ᠪᠤᠰᠤᠳ ᠤᠤᠭᠤᠬᠤ ᠤᠰᠤ ᠪᠠᠷ ᠬᠠᠩᠭᠠᠬᠤ | ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠶᠢ ᠬᠡᠷᠡᠭᠯᠡᠬᠦ ᠬᠡᠷᠡᠭᠳᠡᠢ᠃ | ᠲᠦᠴᠢᠨ ᠨᠢᠭᠡᠳᠦᠭᠡᠷ ᠵᠦᠢᠯ ᠤᠰᠤ ᠬᠠᠩᠭᠠᠬᠤ ᠨᠢᠭᠡᠴᠢ ᠤᠰᠤ ᠬᠠᠩᠭᠠᠬᠤ ᠠᠮᠤᠷ ᠲᠦᠪᠰᠢᠨ ᠤ ᠪᠠᠴᠢᠮ | ᠪᠠᠶᠢᠳᠠᠯ ᠢ ᠠᠷᠭᠠᠴᠠᠭᠠᠬᠤ ᠲᠦᠰᠦᠪ ᠲᠤᠭᠳᠠᠭᠠᠬᠤ ᠶᠢᠨ ᠬᠠᠮᠳᠤ ᠬᠤᠰᠢᠭᠤ ᠰᠢᠶᠡᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠲᠠᠩᠰᠠᠯᠠᠭᠤᠯᠬᠤ ᠬᠡᠷᠡᠭᠳᠡᠢ᠃ | ᠤᠷᠴᠢᠨ ᠲᠤᠭᠤᠷᠢᠨ ᠪᠤᠬᠢᠷᠳᠤᠭᠰᠠᠨ ᠪᠤᠶᠤ ᠪᠤᠰᠤᠳ ᠬᠡᠨᠡᠳᠳᠡ ᠶᠢᠨ ᠴᠢᠨᠡᠷᠳᠡᠢ ᠬᠡᠷᠡᠭ ᠠᠴᠠ ᠪᠤᠯᠵᠤ | ᠤᠰᠤᠨ ᠤ ᠴᠢᠨᠡᠷ ᠪᠤᠬᠢᠷᠳᠤᠭᠰᠠᠨ ᠪᠤᠯ᠂ ᠤᠰᠤ ᠬᠠᠩᠭᠠᠬᠤ ᠨᠢᠭᠡᠴᠢ ᠲᠡᠷᠡ ᠲᠤᠤᠷ᠎ᠠ ᠨᠢ ᠤᠰᠤ ᠬᠠᠩᠭᠠᠬᠤ ᠪᠠᠨ | ᠵᠤᠭᠰᠤᠭᠠᠵᠤ᠂ ᠬᠤᠷᠢᠨ ᠲᠦᠷᠪᠡᠨ ᠴᠠᠭ ᠤᠨ ᠲᠤᠳᠤᠷ᠎ᠠ ᠪᠠᠶᠢᠭ᠎ᠠ ᠭᠠᠵᠠᠷ ᠤᠨ ᠤᠷᠴᠢᠨ ᠲᠤᠭᠤᠷᠢᠨ ᠢ ᠬᠠᠮᠠᠭᠠᠯᠠᠬᠤ᠂ | ᠡᠷᠡᠭᠦᠯ ᠬᠠᠮᠠᠭᠠᠯᠠᠯ ᠪᠠ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠮᠡᠳᠡᠭᠦᠯᠬᠦ ᠶᠢᠨ ᠬᠠᠮᠳᠤ ᠤᠰᠤ ᠬᠠᠩᠭᠠᠬᠤ ᠠᠮᠤᠷ ᠲᠦᠪᠰᠢᠨ ᠤ ᠬᠡᠨᠡᠳᠳᠡ ᠶᠢᠨ ᠪᠠᠶᠢᠳᠠᠯ ᠢ ᠠᠷᠭᠠᠴᠠᠭᠠᠬᠤ | ᠲᠦᠰᠦᠪ ᠢ ᠴᠠᠭ ᠲᠤᠬᠠᠢ ᠳᠤᠨᠢ ᠬᠡᠷᠡᠭᠵᠢᠭᠦᠯᠬᠦ ᠬᠡᠷᠡᠭᠳᠡᠢ᠃ | ᠲᠦᠴᠢᠨ ᠬᠤᠶᠠᠳᠤᠭᠠᠷ ᠵᠦᠢᠯ ᠬᠦᠳᠡᠭᠡ ᠲᠤᠰᠬᠤᠨ ᠤ ᠤᠤᠭᠤᠬᠤ ᠤᠰᠤᠨ ᠤ ᠰᠤᠷᠪᠤᠯᠵᠢ ᠡᠪᠳᠡᠭᠳᠡᠭᠰᠡᠨ | ᠪᠤᠶᠤ ᠤᠰᠤᠨ ᠤ ᠴᠢᠨᠡᠷ ᠪᠤᠬᠢᠷᠳᠤᠭᠰᠠᠨ ᠪᠤᠯ ᠬᠡᠨ ᠡᠪᠳᠡᠭᠰᠡᠨ ᠪᠤᠯ ᠬᠡᠨ ᠰᠡᠷᠭᠦᠭᠡᠵᠦ᠂ ᠬᠡᠨ ᠪᠤᠬᠢᠷᠳᠤᠭᠤᠯᠤᠭᠰᠠᠨ | ᠪᠤᠯ ᠬᠡᠨ ᠵᠠᠰᠠᠬᠤ ᠵᠠᠷᠴᠢᠮ ᠢᠶᠠᠷ ᠬᠠᠷᠢᠭᠤᠴᠠᠯᠭ᠎ᠠ ᠲᠠᠢ ᠡᠳᠡᠭᠡᠳ ᠠᠴᠠ ᠰᠡᠷᠭᠦᠭᠡᠨ ᠵᠠᠰᠠᠬᠤ ᠬᠡᠷᠡᠭᠳᠡᠢ︔ ᠪᠤᠰᠤᠳ ᠲᠤ | ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃ ᠲᠤᠯᠤᠳᠤᠭᠠᠷ | ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠦᠴᠢᠨ ᠭᠤᠷᠪᠠᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠵᠦ᠂ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠪᠠ ᠤᠯᠤᠰ ᠤᠨ ᠬᠤᠯᠪᠤᠭᠳᠠᠯ ᠪᠦᠬᠦᠢ ᠬᠠᠤᠯᠢ | ᠴᠠᠭᠠᠵᠠ᠂ ᠬᠠᠤᠯᠢ ᠲᠤᠭᠳᠠᠭᠠᠯ ᠳᠤ ᠪᠤᠳᠠᠳᠠᠢ ᠰᠢᠢᠳᠭᠡᠨ ᠲᠤᠷᠭᠠᠬᠤ ᠲᠤᠭᠳᠠᠭᠠᠯ ᠲᠠᠢ ᠪᠤᠯ ᠲᠡᠷᠡ ᠲᠤᠭᠳᠠᠭᠠᠯ ᠢ | ᠵᠢᠷᠤᠮᠯᠠᠨ᠎ᠠ᠃ | ᠲᠦᠴᠢᠨ ᠲᠦᠷᠪᠡᠳᠦᠭᠡᠷ ᠵᠦᠢᠯ ᠲᠤᠰ ᠲᠦᠷᠢᠮ ᠤᠨ ᠠᠷᠪᠠᠳᠤᠭᠠᠷ ᠵᠦᠢᠯ ᠤᠨ ᠲᠤᠭᠳᠠᠭᠠᠯ ᠠᠴᠠ | ᠵᠦᠷᠢᠴᠡᠵᠦ᠂ ᠵᠦᠪᠰᠢᠶᠡᠷᠡᠭᠦᠯᠦᠭᠰᠡᠨ ᠦᠭᠡᠢ ᠪᠠᠷ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ | ᠢᠨᠵᠧᠨᠧᠷᠢᠩ ᠢ ᠲᠤᠷ᠎ᠠ ᠪᠠᠷ ᠪᠠᠶᠢᠭᠤᠯᠤᠭᠰᠠᠨ ᠪᠤᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠦᠳᠦᠭᠡᠨ | ᠪᠠᠶᠢᠭᠤᠯᠬᠤ ᠶᠢ ᠵᠠᠷᠯᠢᠭᠳᠠᠨ ᠵᠤᠭᠰᠤᠭᠠᠵᠤ᠂ ᠤᠤᠭᠤᠬᠤ ᠤᠰᠤ ᠶᠢ ᠬᠠᠩᠭᠠᠬᠤ ᠬᠦᠭᠵᠢᠯᠳᠡ ᠶᠢᠨ | ᠲᠦᠯᠦᠪᠵᠢᠭᠦᠯᠭᠡ ᠲᠠᠢ ᠨᠡᠶᠢᠴᠡᠭᠰᠡᠨ ᠢ ᠨᠢ ᠬᠤᠯᠪᠤᠭᠳᠠᠯ ᠪᠦᠬᠦᠢ ᠭᠠᠷᠳᠠᠮ ᠢ ᠵᠠᠷᠯᠢᠭᠳᠠᠨ ᠨᠦᠬᠦᠨ ᠬᠦᠢᠴᠡᠳᠭᠡᠯᠭᠡᠨᠡ︔ | ᠤᠤᠭᠤᠬᠤ ᠤᠰᠤ ᠶᠢ ᠬᠠᠩᠭᠠᠬᠤ ᠬᠦᠭᠵᠢᠯᠳᠡ ᠶᠢᠨ ᠲᠦᠯᠦᠪᠵᠢᠭᠦᠯᠭᠡ ᠲᠠᠢ ᠨᠡᠶᠢᠴᠡᠬᠦ ᠦᠭᠡᠢ ᠪᠤᠯ ᠵᠠᠷᠯᠢᠭᠳᠠᠨ | ᠬᠤᠭᠤᠴᠠᠭ᠎ᠠ ᠬᠢᠵᠠᠭᠠᠷᠯᠠᠨ ᠨᠤᠷᠠᠭᠠᠯᠭᠠᠨ᠎ᠠ︔ ᠬᠢᠵᠠᠭᠠᠷᠯᠠᠭᠰᠠᠨ ᠬᠤᠭᠤᠴᠠᠭ᠎ᠠ ᠠᠴᠠ ᠬᠡᠳᠦᠷᠡᠨ ᠨᠤᠷᠠᠭᠠᠬᠤ ᠦᠭᠡᠢ ᠪᠤᠯ | ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠤᠷᠠᠭᠠᠵᠤ᠂ ᠵᠠᠷᠤᠳᠠᠯ ᠢ ᠬᠠᠷᠢᠭᠤᠴᠠᠯᠭ᠎ᠠ ᠲᠠᠢ ᠡᠳᠡᠭᠡᠳ ᠪᠤᠶᠤ | ᠬᠤᠪᠢ ᠬᠦᠮᠤᠨ ᠠᠴᠠ ᠡᠭᠦᠷᠭᠡᠯᠡᠬᠦ ᠶᠢᠨ ᠬᠠᠮᠳᠤ᠂ 2 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠵᠤ ᠪᠤᠯᠤᠨ᠎ᠠ᠃ | ᠲᠦᠴᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠵᠦ᠂ ᠤᠰᠤ ᠬᠠᠩᠭᠠᠬᠤ | ᠨᠢᠭᠡᠴᠢ ᠲᠤᠤᠷᠠᠬᠢ ᠠᠵᠢᠯᠯᠠᠭ᠎ᠠ ᠲᠠᠢ ᠪᠤᠯ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ 5000 ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ | ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ | ᠬᠠᠷᠢᠭᠤᠴᠠᠯᠭ᠎ᠠ ᠶᠢ ᠡᠭᠦᠷᠭᠡᠯᠡᠨ᠎ᠡ᠄ | ︵ᠨᠢᠭᠡ︶ ᠬᠠᠩᠭᠠᠬᠤ ᠤᠰᠤᠨ ᠤ ᠴᠢᠨᠡᠷ ᠨᠢ ᠤᠯᠤᠰ ᠤᠨ ᠠᠮᠢᠳᠤᠷᠠᠯ ᠳᠤ ᠬᠡᠷᠡᠭᠯᠡᠬᠦ ᠤᠤᠭᠤᠬᠤ ᠤᠰᠤᠨ ᠤ | ᠠᠷᠢᠭᠤᠨ ᠴᠡᠪᠡᠷ ᠤᠨ ᠪᠠᠷᠢᠮᠵᠢᠶ᠎ᠠ ᠲᠠᠢ ᠨᠡᠶᠢᠴᠡᠬᠦ ᠦᠭᠡᠢ︔ | ︵ᠬᠤᠶᠠᠷ︶ ᠲᠤᠷ᠎ᠠ ᠪᠠᠷ ᠤᠰᠤ ᠬᠠᠩᠭᠠᠬᠤ ᠶᠢ ᠵᠤᠭᠰᠤᠭᠠᠭᠰᠠᠨ ᠪᠤᠶᠤ ᠤᠰᠤ ᠵᠤᠭᠰᠤᠬᠤ ᠶᠢ ᠮᠡᠳᠡᠭᠳᠡᠬᠦ | ᠡᠭᠦᠷᠭᠡ ᠪᠠᠨ ᠬᠦᠢᠴᠡᠳᠭᠡᠭᠰᠡᠨ ᠦᠭᠡᠢ︔ | ︵ᠭᠤᠷᠪᠠ︶ ᠤᠰᠤ ᠬᠠᠩᠭᠠᠬᠤ ᠲᠦᠭᠦᠭᠡᠷᠦᠮᠵᠢ ᠨᠢ ᠭᠡᠮ ᠠᠳᠡᠯ ᠡᠭᠦᠰᠴᠦ ᠴᠠᠭ ᠲᠤᠬᠠᠢ ᠳᠤᠨᠢ ᠵᠤᠬᠢᠶᠠᠨ | ᠪᠠᠶᠢᠭᠤᠯᠤᠨ ᠲᠦᠷᠭᠡᠨ ᠵᠠᠰᠠᠭᠰᠠᠨ ᠦᠭᠡᠢ︔ | ︵ᠲᠦᠷᠪᠡ︶ ᠤᠰᠤᠨ ᠤ ᠴᠢᠨᠡᠷ ᠤᠨ ᠪᠤᠬᠢᠷᠳᠤᠯ ᠡᠭᠦᠰᠦᠭᠰᠡᠨ ᠪᠠᠶᠢᠳᠠᠯ᠎ᠠ ᠴᠠᠭ ᠲᠤᠬᠠᠢ ᠳᠤᠨᠢ ᠲᠡᠭᠡᠭᠰᠢ | ᠮᠡᠳᠡᠭᠦᠯᠦᠭᠰᠡᠨ ᠦᠭᠡᠢ᠃ | ᠤᠰᠤ ᠬᠠᠩᠭᠠᠬᠤ ᠨᠢᠭᠡᠴᠢ ᠲᠤᠷ᠎ᠠ ᠪᠠᠷ ᠤᠰᠤ ᠬᠡᠷᠡᠭᠯᠡᠬᠦ ᠡᠷᠦᠭᠡ ᠠᠴᠠ ᠤᠰᠤᠨ ᠤ ᠰᠦᠢᠳᠭᠡᠯ ᠢ ᠨᠡᠮᠡᠨ | ᠬᠤᠷᠢᠶᠠᠪᠠᠯ᠂ ᠤᠰᠤ ᠬᠡᠷᠡᠭᠯᠡᠬᠦ ᠡᠷᠦᠭᠡ ᠨᠢ ᠤᠰᠤᠨ ᠤ ᠰᠦᠢᠳᠭᠡᠯ ᠢ ᠲᠤᠰᠢᠶᠠᠬᠤ ᠶᠢ ᠲᠡᠪᠴᠢᠬᠦ ᠡᠷᠭᠡ ᠲᠠᠢ᠂ | ᠨᠢᠭᠡᠨᠳᠡ ᠬᠤᠷᠢᠶᠠᠭᠰᠠᠨ ᠪᠤᠯ ᠪᠤᠴᠠᠭᠠᠬᠤ ᠬᠡᠷᠡᠭᠳᠡᠢ︔ ᠪᠠᠶᠢᠳᠠᠯ ᠨᠢ ᠬᠦᠨᠳᠦ ᠨᠤᠴᠢᠳᠠᠢ ᠪᠤᠯ ᠦᠨ᠎ᠡ ᠬᠠᠩᠰᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠰᠢᠢᠳᠭᠡᠨ ᠲᠤᠷᠭᠠᠨ᠎ᠠ᠃ | ᠲᠦᠴᠢᠨ ᠵᠢᠷᠭᠤᠳᠤᠭᠠᠷ ᠵᠦᠢᠯ ᠲᠤᠰ ᠲᠦᠷᠢᠮ ᠤᠨ ᠬᠤᠷᠢᠨ ᠵᠢᠷᠭᠤᠳᠤᠭᠠᠷ ᠵᠦᠢᠯ ᠤᠨ ᠲᠤᠭᠳᠠᠭᠠᠯ ᠠᠴᠠ | ᠵᠦᠷᠢᠴᠡᠵᠦ᠂ ᠤᠰᠤ ᠬᠡᠷᠡᠭᠯᠡᠬᠦ ᠡᠷᠦᠭᠡ ᠨᠢ ᠲᠤᠤᠷᠠᠬᠢ ᠠᠵᠢᠯᠯᠠᠭ᠎ᠠ ᠲᠠᠢ ᠪᠤᠯ᠂ ᠬᠤᠰᠢᠭᠤ ᠰᠢᠶᠡᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠳᠤ 200 ᠲᠦᠭᠦᠷᠢᠭ ᠠᠴᠠ ᠲᠡᠭᠡᠭᠰᠢ 1000 ᠲᠦᠭᠦᠷᠢᠭ | ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ | ᠬᠠᠷᠢᠭᠤᠴᠠᠯᠭ᠎ᠠ ᠶᠢ ᠡᠭᠦᠷᠭᠡᠯᠡᠨ᠎ᠡ᠄ | ︵ᠨᠢᠭᠡ︶ ᠤᠰᠤᠨ ᠤ ᠬᠡᠷᠡᠭᠴᠡᠭᠡ ᠶᠢ ᠲᠤᠷ᠎ᠠ ᠪᠠᠷ ᠦᠭᠡᠷᠡᠴᠢᠯᠡᠭᠰᠡᠨ︔ | ︵ᠬᠤᠶᠠᠷ︶ ᠤᠰᠤ ᠬᠠᠩᠭᠠᠬᠤ ᠲᠦᠭᠦᠭᠡᠷᠦᠮᠵᠢ ᠶᠢ ᠲᠤᠷ᠎ᠠ ᠪᠠᠷ ᠦᠭᠡᠷᠡᠴᠢᠯᠡᠨ ᠪᠠᠶᠢᠭᠤᠯᠵᠤ᠂ ᠨᠤᠷᠠᠭᠠᠭᠰᠠᠨ︔ | | ︵ᠭᠤᠷᠪᠠ︶ ᠤᠯᠠᠨ ᠨᠡᠶᠢᠳᠡ ᠶᠢᠨ ᠤᠤᠭᠤᠬᠤ ᠤᠰᠤ ᠶᠢ ᠬᠤᠯᠠᠭᠠᠢᠢᠯᠠᠨ ᠬᠡᠷᠡᠭᠯᠡᠭᠰᠡᠨ᠃ | ᠲᠦᠴᠢᠨ ᠲᠤᠯᠤᠳᠤᠭᠠᠷ ᠵᠦᠢᠯ ᠲᠤᠰ ᠲᠦᠷᠢᠮ ᠤᠨ ᠭᠤᠴᠢᠨ ᠲᠦᠷᠪᠡᠳᠦᠭᠡᠷ ᠵᠦᠢᠯ ᠤᠨ ᠲᠤᠭᠳᠠᠭᠠᠯ ᠠᠴᠠ | ᠵᠦᠷᠢᠴᠡᠪᠡᠯ᠂ ᠬᠤᠰᠢᠭᠤ ᠰᠢᠶᠡᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠠᠤᠯᠢ ᠪᠤᠰᠤ ᠠᠵᠢᠯᠯᠠᠭ᠎ᠠ ᠶᠢ | ᠵᠤᠭᠰᠤᠯᠭᠠᠬᠤ ᠶᠢᠨ ᠬᠠᠮᠳᠤ 2000 ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠬᠤ ᠶᠢᠨ ᠬᠠᠮᠳᠤ ᠵᠤᠬᠢᠴᠠᠭᠰᠠᠨ ᠠᠷᠭ᠎ᠠ ᠬᠡᠮᠵᠢᠶ᠎ᠡ ᠠᠪᠴᠦ ᠨᠦᠬᠦᠨ ᠵᠠᠰᠠᠬᠤ ᠬᠡᠷᠡᠭᠳᠡᠢ᠂ ᠠᠷᠭ᠎ᠠ | ᠬᠡᠮᠵᠢᠶ᠎ᠡ ᠠᠪᠬᠤ ᠳᠤ ᠬᠡᠷᠡᠭᠰᠡᠬᠦ ᠵᠠᠷᠤᠳᠠᠯ ᠢ ᠬᠠᠷᠢᠭᠤᠴᠠᠯᠭ᠎ᠠ ᠲᠠᠢ ᠡᠳᠡᠭᠡᠳ ᠠᠴᠠ ᠡᠭᠦᠷᠭᠡᠯᠡᠨ᠎ᠡ᠃ | ᠲᠦᠴᠢᠨ ᠨᠠᠢᠮᠠᠳᠤᠭᠠᠷ ᠵᠦᠢᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ | ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠲᠤᠤᠷᠠᠬᠢ ᠠᠵᠢᠯᠯᠠᠭ᠎ᠠ ᠲᠠᠢ ᠪᠤᠯ᠂ ᠲᠡᠭᠦᠨ ᠤ | ᠪᠠᠶᠢᠭ᠎ᠠ ᠨᠢᠭᠡᠴᠢ ᠪᠤᠶᠤ ᠲᠡᠭᠡᠳᠦ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ | ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ | ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢᠨ ᠲᠦᠷᠦᠯ ᠵᠦᠢᠯ ᠪᠠ ᠤᠰᠤ ᠠᠪᠬᠤ ᠲᠦᠷᠦᠯ ᠵᠦᠢᠯ ᠢ ᠬᠠᠤᠯᠢ ᠶᠤᠰᠤᠭᠠᠷ ᠬᠢᠨᠡᠨ | ᠵᠦᠪᠰᠢᠶᠡᠷᠡᠭᠰᠡᠨ ᠦᠭᠡᠢ︔ | ︵ᠬᠤᠶᠠᠷ︶ ᠬᠦᠳᠡᠭᠡ ᠲᠤᠰᠬᠤᠨ ᠤ ᠤᠤᠭᠤᠬᠤ ᠤᠰᠤᠨ ᠤ ᠴᠢᠨᠡᠷ ᠢ ᠪᠠᠶᠢᠴᠠᠭᠠᠨ ᠬᠡᠮᠵᠢᠬᠦ ᠲᠤᠰᠢᠶᠠᠯ | ᠬᠠᠷᠢᠭᠤᠴᠠᠯᠭ᠎ᠠ ᠶᠢ ᠬᠠᠤᠯᠢ ᠶᠤᠰᠤᠭᠠᠷ ᠬᠦᠢᠴᠡᠳᠭᠡᠭᠰᠡᠨ ᠦᠭᠡᠢ︔ | ︵ᠭᠤᠷᠪᠠ︶ ᠬᠦᠳᠡᠭᠡ ᠲᠤᠰᠬᠤᠨ ᠤ ᠤᠤᠭᠤᠬᠤ ᠤᠰᠤ ᠶᠢ ᠬᠠᠩᠭᠠᠬᠤ ᠢᠨᠵᠧᠨᠧᠷᠢᠩ ᠤᠨ ᠠᠵᠢᠯᠯᠠᠭ᠎ᠠ ᠶᠢ | ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ︔ | ︵ᠲᠦᠷᠪᠡ︶ ᠬᠠᠤᠯᠢ ᠪᠤᠰᠤ ᠠᠵᠢᠯᠯᠠᠭ᠎ᠠ ᠶᠢ ᠢᠯᠡᠷᠡᠭᠦᠯᠦᠭᠡᠳ ᠪᠠᠶᠢᠴᠠᠭᠠᠨ ᠰᠢᠢᠳᠭᠡᠭᠰᠡᠨ ᠦᠭᠡᠢ ᠠᠴᠠ | ᠪᠤᠯᠵᠤ ᠬᠦᠨᠳᠤ ᠨᠤᠴᠢᠳᠠᠢ ᠦᠷ᠎ᠡ ᠳ᠋ᠦᠩ ᠲᠠᠢ ᠪᠤᠯᠤᠭᠰᠠᠨ︔ | ︵ᠲᠠᠪᠤ︶ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠵᠤ᠂ ᠡᠷᠭᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃ ᠨᠠᠢᠮᠠᠳᠤᠭᠠᠷ ᠪᠦᠯᠦᠭ | ᠲᠠᠭᠠᠯᠳᠤᠭᠤᠯᠤᠭᠰᠠᠨ ᠲᠦᠷᠢᠮ | ᠲᠦᠴᠢ ᠶᠢᠰᠦᠳᠦᠭᠡᠷ ᠵᠦᠢᠯ ᠲᠤᠰ ᠲᠦᠷᠢᠮ ᠢ 2011 ᠤᠨ ᠤ 1 ᠰᠠᠷ᠎ᠠ ᠶᠢᠨ 1 ᠤ ᠡᠳᠤᠷ ᠠᠴᠠ | ᠡᠬᠢᠯᠡᠨ ᠬᠡᠷᠡᠭᠵᠢᠭᠦᠯᠦᠨ᠎ᠡ᠃ | | | | | | | | | | | ᠁ |