︵2017 ᠤᠨ ᠤ 9 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠡᠨ ᠤ ᠭᠤᠴᠢᠨ ᠲᠠᠪᠤᠳᠤᠭᠠᠷ ᠬᠤᠷᠠᠯᠳᠤᠭᠠᠨ ᠢᠶᠠᠷ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠂ ᠤᠤᠭᠤᠬᠤ | ᠤᠰᠤᠨ ᠤ ᠠᠶᠤᠯᠬᠦᠢ ᠶᠢ ᠪᠠᠲᠤᠯᠠᠵᠦ᠂ ᠡᠷᠬᠡᠲᠦ ᠠᠷᠠᠳ ᠤᠨ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠵᠦ᠂ ᠠᠵᠦ | ᠠᠬᠤᠢ ᠨᠡᠶᠢᠭᠡᠮ ᠤᠨ ᠦᠷᠭᠦᠯᠵᠢᠯᠡᠯ ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠦᠬᠦᠳᠡ ᠨᠠᠶᠢᠷᠠᠮᠳᠠᠬᠤ | ᠳᠤᠮᠳᠠᠳᠦ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠦᠬᠦᠳᠡ ᠨᠠᠶᠢᠷᠠᠮᠳᠠᠬᠤ | ᠳᠤᠮᠳᠠᠳᠦ ᠠᠷᠠᠳ ᠤᠯᠤᠰ ᠤᠨ ᠤᠰᠤᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ | ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠤᠯᠤᠰ ᠤᠨ ᠬᠤᠯᠪᠤᠭᠳᠠᠯ ᠪᠦᠬᠦᠢ ᠬᠠᠤᠯᠢ | ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ᠂ ᠥᠪᠡᠷᠳᠡᠭᠡᠨ ᠵᠠᠰᠠᠬᠤ ᠤᠷᠤᠨ ᠤ ᠪᠤᠳᠠᠲᠦ ᠪᠠᠶᠢᠳᠠᠯ ᠲᠠᠢ | ᠤᠶᠠᠯᠳᠤᠭᠤᠯᠵᠦ ᠪᠠᠶᠢᠭᠠᠳ ᠲᠤᠰ ᠲᠦᠷᠢᠮ ᠢ ᠲᠤᠭᠲᠠᠭᠠᠪᠠ᠃ | ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠳᠠᠬᠢ ᠤᠤᠭᠤᠬᠤ | ᠤᠰᠤᠨ ᠤ ᠰᠤᠷᠪᠤᠯᠵᠢ ᠶᠢ ᠬᠠᠮᠠᠭᠠᠯᠠᠬᠤ ᠪᠠ ᠬᠠᠮᠢᠶᠠᠷᠬᠤ ᠠᠵᠢᠯᠯᠠᠭ᠎ᠠ ᠳᠤ ᠲᠤᠰ ᠲᠦᠷᠢᠮ ᠢ ᠬᠡᠷᠡᠭᠯᠡᠨ᠎ᠡ᠃ | ᠲᠤᠰ ᠲᠦᠷᠢᠮ ᠳᠤ ᠬᠡᠯᠡᠵᠦ ᠪᠠᠶᠢᠭ᠎ᠠ ᠤᠤᠭᠤᠬᠤ ᠤᠰᠤᠨ ᠤ ᠰᠤᠷᠪᠤᠯᠵᠢ ᠬᠡᠳᠡᠭ ᠨᠢ ᠬᠤᠲᠠ ᠬᠦᠳᠡᠭᠡ ᠶᠢᠨ | ᠲᠦᠪᠯᠡᠷᠡᠭᠰᠡᠨ ᠮᠠᠶ᠋ᠢᠭ ᠤᠨ ᠤᠰᠤ ᠬᠠᠩᠭᠠᠬᠤ ᠭᠤᠤᠯ ᠮᠦᠷᠡᠨ᠂ ᠨᠠᠭᠤᠷ ᠪᠦᠷᠢᠲᠦ᠂ ᠴᠦᠬᠦᠷᠦᠮ᠂ ᠬᠤᠳᠳᠤᠭ | ᠵᠡᠷᠭᠡ ᠭᠠᠵᠠᠷ ᠤᠨ ᠭᠠᠳᠠᠷᠭᠤ ᠶᠢᠨ ᠤᠰᠤᠨ ᠤ ᠰᠤᠷᠪᠤᠯᠵᠢ ᠪᠤᠯᠤᠨ ᠭᠠᠵᠠᠷ ᠲᠤᠤᠷᠠᠬᠢ ᠤᠰᠤᠨ ᠤ ᠰᠤᠷᠪᠤᠯᠵᠢ ᠶᠢ | ᠵᠢᠭᠠᠵᠦ ᠪᠤᠢ᠃ | ᠡᠮᠦᠨ᠎ᠡ ᠪᠠᠳᠠᠭ ᠲᠤ ᠬᠡᠯᠡᠵᠦ ᠪᠠᠶᠢᠭ᠎ᠠ ᠲᠦᠪᠯᠡᠷᠡᠭᠰᠡᠨ ᠮᠠᠶ᠋ᠢᠭ ᠤᠨ ᠤᠤᠭᠤᠬᠤ ᠤᠰᠤ ᠬᠠᠩᠭᠠᠬᠤ ᠭᠡᠳᠡᠭ ᠨᠢ | ᠤᠯᠠᠨ ᠨᠡᠶᠢᠲᠡ ᠶᠢᠨ ᠤᠰᠤ ᠬᠠᠩᠭᠠᠬᠤ ᠰᠢᠰᠲ᠋ᠧᠮ ᠠᠴᠠ ᠬᠤᠲᠠ ᠬᠦᠳᠡᠭᠡ ᠶᠢᠨ ᠰᠠᠭᠤᠭᠠᠯᠢ ᠠᠷᠠᠳ ᠲᠤ | ᠠᠮᠢᠳᠤᠷᠠᠯ ᠤᠨ ᠤᠤᠭᠤᠬᠤ ᠤᠰᠤ ᠬᠠᠩᠭᠠᠬᠤ ᠠᠷᠭ᠎ᠠ ᠮᠠᠶ᠋ᠢᠭ ᠢ ᠵᠢᠭᠠᠵᠦ ᠪᠤᠢ᠃ | ᠭᠤᠷᠪᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠳᠤ ᠰᠡᠷᠭᠡᠶᠢᠯᠡᠬᠦ ᠪᠠᠷ ᠭᠤᠤᠯ | ᠪᠤᠯᠭᠠᠬᠤ᠂ ᠡᠩ ᠲᠡᠷᠢᠭᠦᠨ ᠳᠤ ᠬᠠᠮᠠᠭᠠᠯᠠᠬᠤ᠂ ᠶᠡᠷᠦᠩᠬᠡᠶᠢᠯᠡᠨ ᠵᠠᠰᠠᠬᠤ᠂ ᠠᠶᠤᠯᠭᠦᠢ ᠶᠢ ᠦᠨᠡᠨ ᠬᠦ ᠪᠠᠲᠤᠯᠠᠬᠤ | ᠵᠠᠷᠴᠢᠮ ᠢ ᠪᠠᠷᠢᠮᠲᠠᠯᠠᠨ᠎ᠠ᠃ | ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠲᠤᠰ ᠵᠠᠰᠠᠭ ᠵᠠᠬᠢᠷᠭᠠᠨ ᠤ ᠤᠷᠤᠨ ᠳᠠᠬᠢ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠠᠵᠢᠯ ᠢ | ᠬᠠᠷᠢᠭᠤᠴᠠᠵᠦ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢ ᠤᠯᠤᠰ ᠠᠷᠠᠳ ᠤᠨ ᠠᠵᠦ ᠠᠬᠤᠢ ᠪᠠ | ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ ᠳᠤ ᠤᠷᠤᠭᠤᠯᠤᠨ᠂ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠤᠷᠤᠨ ᠤ ᠠᠵᠦ ᠦᠢᠯᠡᠰ ᠤᠨ ᠪᠦᠲᠦᠴᠡ ᠪᠤᠯᠤᠨ ᠪᠠᠶᠢᠷᠢᠰᠢᠭᠤᠯᠤᠯ ᠢ ᠵᠤᠬᠢᠰᠲᠠᠢ | ᠲᠤᠬᠢᠷᠠᠭᠤᠯᠵᠦ᠂ ᠠᠵᠦ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠵᠤᠬᠢᠴᠠᠩᠭᠤᠢ ᠬᠦᠭᠵᠢᠬᠦ ᠶᠢ ᠠᠬᠢᠭᠤᠯᠬᠤ ᠬᠡᠷᠡᠭᠲᠠᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠳᠠᠬᠢ ᠡᠳ᠋ ᠤᠨ ᠵᠠᠰᠠᠭ ᠤᠨ ᠤᠷᠤᠭᠤᠯᠤᠯᠲᠠ ᠶᠢ | ᠨᠡᠮᠡᠭᠳᠡᠭᠦᠯᠵᠦ᠂ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠤᠨ ᠠᠶᠤᠯᠭᠦᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠠᠢ᠃ | ᠵᠢᠷᠭᠤᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ | ᠠᠵᠢᠯ ᠤᠨ ᠬᠠᠷᠠᠯᠲᠠᠲᠦ ᠬᠠᠷᠢᠭᠤᠴᠠᠯᠭ᠎ᠠ ᠶᠢᠨ ᠲᠦᠷᠢᠮ ᠪᠤᠯᠤᠨ ᠰᠢᠯᠭᠠᠨ ᠪᠠᠶᠢᠴᠠᠭᠠᠵᠦ ᠦᠨᠡᠯᠡᠬᠦ ᠲᠦᠷᠢᠮ ᠢ | ᠬᠡᠷᠡᠭᠵᠢᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ | ᠰᠤᠷᠪᠤᠯᠵᠢ ᠶᠢ ᠬᠠᠮᠠᠭᠠᠯᠠᠬᠤ ᠠᠵᠢᠯ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠲᠤᠰ ᠱᠠᠲᠤᠨ ᠤ ᠠᠷᠠᠳ ᠤᠨ | ᠵᠠᠰᠠᠭ ᠤᠨ ᠤᠷᠳᠤᠨ ᠤ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠵᠢᠴᠢ ᠲᠡᠭᠦᠨ ᠤ ᠬᠠᠷᠢᠭᠤᠴᠠᠯᠭᠠᠲᠠᠨ ᠪᠤᠯᠤᠨ ᠲᠤᠤᠷ᠎ᠠ ᠱᠠᠲᠤᠨ ᠤ | ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠠᠷᠢᠭᠤᠴᠠᠯᠭᠠᠲᠠᠨ ᠤ ᠤᠨ ᠤ ᠰᠢᠯᠭᠠᠨ ᠪᠠᠶᠢᠴᠠᠭᠠᠯᠲᠠ ᠶᠢᠨ | ᠠᠭᠤᠯᠭ᠎ᠠ ᠳᠤ ᠤᠷᠤᠭᠤᠯᠵᠦ᠂ ᠲᠡᠭᠦᠨ ᠢ ᠰᠢᠯᠭᠠᠨ ᠪᠠᠶᠢᠴᠠᠭᠠᠵᠦ ᠦᠨᠡᠯᠡᠬᠦ ᠴᠢᠬᠤᠯᠠ ᠡᠰᠢ ᠪᠠᠷᠢᠮᠲᠠ ᠪᠤᠯᠭᠠᠬᠤ | ᠬᠡᠷᠡᠭᠲᠠᠢ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠠᠢ᠃ | ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ | ᠤᠷᠤᠨ ᠳᠠᠬᠢ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠬᠤᠯᠪᠤᠭᠳᠠᠯ ᠪᠦᠬᠦᠢ ᠤᠷᠴᠢᠨ | ᠲᠤᠭᠤᠷᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠦ᠂ ᠤᠤᠭᠤᠬᠤ ᠤᠰᠤᠨ ᠤ ᠰᠤᠷᠪᠤᠯᠵᠢ ᠶᠢᠨ ᠪᠤᠬᠢᠷᠳᠤᠯ ᠢ | ᠰᠡᠷᠭᠡᠶᠢᠯᠡᠨ ᠵᠠᠰᠠᠬᠤ ᠳᠤ ᠨᠢᠭᠡᠳᠦᠯᠲᠠᠢ ᠬᠢᠨᠠᠯᠲᠠ ᠬᠠᠮᠢᠶᠠᠷᠤᠯᠲᠠ ᠬᠢᠨ᠎ᠡ᠃ | ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ | ᠤᠷᠤᠨ ᠳᠠᠬᠢ ᠤᠤᠭᠤᠬᠤ ᠤᠰᠤᠨ ᠤ ᠰᠤᠷᠪᠤᠯᠵᠢ ᠶᠢᠨ ᠲᠦᠯᠦᠪᠵᠢᠭᠦᠯᠭᠡ᠂ ᠤᠰᠤᠨ ᠤ ᠬᠡᠮᠵᠢᠶ᠎ᠡ ᠶᠢ ᠲᠤᠬᠢᠷᠠᠭᠤᠯᠬᠤ | ᠪᠠ ᠤᠰᠤ ᠠᠪᠬᠤ ᠵᠦᠪᠰᠢᠶᠡᠷᠡᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠦ᠂ ᠤᠤᠭᠤᠬᠤ ᠤᠰᠤᠨ ᠤ ᠡᠬᠢ | ᠪᠠᠶᠠᠯᠢᠭ ᠲᠤ ᠨᠢᠭᠡᠳᠦᠯᠲᠠᠢ ᠬᠢᠨᠠᠯᠲᠠ ᠬᠠᠮᠢᠶᠠᠷᠤᠯᠲᠠ ᠬᠢᠨ᠎ᠡ᠃ | ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠦᠭᠵᠢᠭᠦᠯᠦᠯᠲᠡ ᠪᠠ | ᠦᠭᠡᠷᠡᠴᠢᠯᠡᠯᠲᠡ᠂ ᠡᠳ᠋ ᠤᠨ ᠵᠠᠰᠠᠭ᠂ ᠤᠷᠤᠨ ᠰᠠᠭᠤᠴᠡ ᠪᠤᠯᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ | ᠡᠷᠡᠭᠦᠯ ᠬᠠᠮᠠᠭᠠᠯᠠᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠠᠷᠢᠶᠠᠯᠠᠩ ᠮᠠᠯ ᠠᠵᠦ ᠠᠬᠤᠢ᠂ ᠤᠢ | ᠰᠢᠭᠤᠢ᠂ ᠵᠠᠮ ᠲᠡᠭᠡᠭᠡᠪᠤᠷᠢ᠂ ᠲᠤᠲᠤᠭᠠᠳᠦ ᠶᠢ ᠬᠠᠮᠠᠭᠠᠯᠠᠬᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠥᠪᠡᠷ | ᠥᠪᠡᠷ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ | ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠠᠢ᠃ | ᠨᠠᠢᠮᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰ ᠬᠠᠷᠢᠶᠠᠨ ᠤ ᠲᠤᠭᠤᠷᠢᠭ ᠲᠠᠬᠢ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠢ ᠬᠠᠤᠯᠢ ᠶᠤᠰᠤᠭᠠᠷ ᠰᠠᠶᠢᠲᠤᠷ ᠬᠢᠬᠦ ᠬᠡᠷᠡᠭᠲᠠᠢ᠃ ᠭᠠᠴᠠᠭ᠎ᠠ | ᠲᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠬᠤᠯᠪᠤᠭᠳᠠᠯ ᠪᠦᠬᠦᠢ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠲᠠᠢ ᠬᠠᠮᠵᠢᠯᠴᠠᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠬᠤᠯᠪᠤᠭᠳᠠᠯ | ᠪᠦᠬᠦᠢ ᠠᠵᠢᠯ ᠢ ᠬᠠᠤᠯᠢ ᠶᠤᠰᠤᠭᠠᠷ ᠰᠠᠶᠢᠲᠤᠷ ᠬᠢᠬᠦ ᠬᠡᠷᠡᠭᠲᠠᠢ᠃ | ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠤᠷᠴᠢᠨ | ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠲᠠ ᠶᠢᠨ ᠲᠤᠬᠠᠢ ᠤᠬᠠᠭᠤᠯᠭ᠎ᠠ ᠬᠦᠮᠦᠵᠢᠯ ᠢ ᠵᠤᠬᠢᠶᠠᠨ ᠪᠠᠶᠢᠭᠤᠯᠵᠦ ᠦᠷᠨᠢᠭᠦᠯᠬᠦ | ᠬᠡᠷᠡᠭᠲᠠᠢ᠃ ᠰᠤᠨᠢᠨ ᠰᠡᠳᠭᠦᠯ᠂ ᠷᠠᠳᠢᠤ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠤᠤᠭᠤᠬᠤ | ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠲᠤᠬᠠᠢ ᠤᠬᠠᠭᠤᠯᠭ᠎ᠠ ᠬᠢᠵᠦ᠂ ᠤᠤᠭᠤᠬᠤ ᠤᠰᠤᠨ ᠤ | ᠰᠤᠷᠪᠤᠯᠵᠢ ᠶᠢ ᠪᠤᠬᠢᠷᠳᠤᠭᠤᠯᠤᠭᠰᠠᠨ ᠪᠠ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ | ᠡᠪᠳᠡᠵᠦ ᠰᠦᠢᠳᠭᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡ ᠶᠢᠨ ᠬᠢᠨᠠᠯᠲᠠ ᠲᠠᠯᠪᠢᠬᠤ ᠬᠡᠷᠡᠭᠲᠠᠢ᠃ | ᠠᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠪᠦᠷ ᠤᠤᠭᠤᠬᠤ ᠤᠰᠤᠨ ᠤ ᠰᠤᠷᠪᠤᠯᠵᠢ ᠶᠢ | ᠬᠠᠮᠠᠭᠠᠯᠠᠬᠤ ᠡᠭᠦᠷᠭᠡ ᠲᠠᠢ᠂ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ ᠪᠠ ᠤᠤᠭᠤᠬᠤ ᠤᠰᠤᠨ ᠤ | ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠵᠦ ᠰᠦᠢᠳᠭᠡᠭᠰᠡᠨ ᠦᠢᠯᠡ ᠠᠵᠢᠯᠯᠠᠭ᠎ᠠ ᠶᠢ ᠢᠯᠡᠴᠢᠯᠡᠵᠦ | ᠮᠡᠳᠡᠭᠦᠯᠬᠦ ᠡᠷᠬᠡ ᠲᠠᠢ᠃ | ᠬᠤᠶᠠᠳᠤᠭᠠᠷ ᠪᠦᠯᠦᠭ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠲᠤᠭᠲᠠᠭᠠᠬᠤ | ᠠᠷᠪᠠᠨ ᠨᠢᠭᠡᠳᠦᠭᠡᠷ ᠵᠦᠢᠯ ᠥᠪᠡᠷᠳᠡᠭᠡᠨ ᠵᠠᠰᠠᠬᠤ ᠤᠷᠤᠨ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠤᠷᠤᠨ ᠤ ᠲᠦᠷᠢᠮ ᠢ ᠲᠤᠭᠲᠠᠭᠠᠨ᠎ᠠ᠃ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠤᠷᠤᠨ ᠢ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠪᠠ ᠬᠤᠶᠠᠳᠤᠭᠠᠷ ᠲᠡᠰ ᠤᠨ | ᠬᠠᠮᠠᠭᠠᠯᠠᠯᠲᠠ ᠶᠢᠨ ᠤᠷᠤᠨ ᠭᠡᠵᠦ ᠬᠤᠪᠢᠶᠠᠨ᠎ᠠ︔ ᠴᠢᠬᠤᠯᠠ ᠲᠠᠢ ᠦᠶ᠎ᠡ ᠳᠤ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠭᠠᠳᠠᠭᠤᠷ ᠵᠤᠬᠢᠬᠤ ᠬᠡᠮᠵᠢᠶᠡᠨ ᠤ ᠲᠡᠰᠯᠡᠭᠴᠢ ᠬᠠᠮᠠᠭᠠᠯᠠᠯᠲᠠ ᠶᠢᠨ | ᠤᠷᠤᠨ ᠪᠠᠶᠢᠭᠤᠯᠵᠦ ᠪᠤᠯᠤᠨ᠎ᠠ᠃ | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠭᠡᠳᠡᠭ ᠨᠢ ᠲᠦᠪᠯᠡᠷᠡᠭᠦᠯᠦᠨ ᠤᠰᠤ | ᠬᠠᠩᠭᠠᠬᠤ ᠭᠠᠵᠠᠷ ᠤᠨ ᠭᠠᠳᠠᠷᠭᠤ ᠶᠢᠨ ᠤᠰᠤᠨ ᠤ ᠰᠤᠷᠪᠤᠯᠵᠢ ᠪᠤᠯᠤᠨ ᠭᠠᠵᠠᠷ ᠲᠤᠤᠷᠠᠬᠢ ᠤᠰᠤᠨ ᠤ | ᠰᠤᠷᠪᠤᠯᠵᠢ ᠶᠢᠨ ᠠᠶᠤᠯᠭᠦᠢ ᠶᠢ ᠬᠠᠮᠠᠭᠠᠯᠠᠬᠤ ᠶᠢᠨ ᠲᠦᠯᠦᠭᠡ ᠵᠠᠭᠠᠭᠯᠠᠨ ᠲᠤᠭᠲᠠᠭᠠᠭᠰᠠᠨ ᠤᠨᠴᠠᠭᠠᠶᠢᠯᠠᠨ | ᠬᠠᠮᠠᠭᠠᠯᠠᠬᠤ᠂ ᠪᠤᠬᠢᠷᠳᠤᠯ ᠪᠠ ᠡᠪᠳᠡᠯᠡᠭᠡ ᠶᠢ ᠰᠡᠷᠬᠡᠶᠢᠯᠡᠨ ᠵᠤᠬᠰᠤᠭᠠᠬᠤ ᠤᠰᠤᠨ ᠤ ᠴᠠᠷᠠᠭ᠎ᠠ ᠵᠢᠴᠢ ᠬᠤᠯᠪᠤᠭᠳᠠᠯ | ᠪᠦᠬᠦᠢ ᠬᠠᠭᠤᠷᠠᠢ ᠶᠢᠨ ᠴᠠᠷᠠᠭ᠎ᠠ ᠶᠢ ᠵᠢᠭᠠᠵᠦ ᠪᠤᠢ᠃ | ᠠᠷᠪᠠᠨ ᠬᠤᠶᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢ ᠲᠤᠭᠲᠠᠭᠠᠬᠤ ᠳᠤ ᠤᠰᠤᠨ ᠤ | ᠦᠢᠯᠡᠳᠦᠯᠲᠦ ᠤᠷᠤᠨ ᠤ ᠬᠤᠪᠢᠶᠠᠷᠢᠯᠠᠯ ᠪᠠ ᠤᠰᠤᠨ ᠤ ᠤᠷᠴᠢᠨ ᠲᠤᠭᠤᠷᠢᠨ ᠤ ᠦᠢᠯᠡᠳᠦᠯᠲᠦ ᠤᠷᠤᠨ ᠤ | ᠬᠤᠪᠢᠶᠠᠷᠢᠯᠠᠯ ᠲᠠᠢ ᠵᠤᠯᠭᠠᠭᠤᠯᠵᠦ᠂ ᠤᠯᠤᠰ ᠪᠤᠯᠤᠨ ᠥᠪᠡᠷᠳᠡᠭᠡᠨ ᠵᠠᠰᠠᠬᠤ ᠤᠷᠤᠨ ᠤ ᠤᠰᠤᠨ ᠤ ᠴᠢᠨᠠᠷ ᠤᠨ | ᠪᠠᠷᠢᠮᠵᠢᠶ᠎ᠠ ᠵᠡᠷᠭᠡ ᠱᠠᠭᠠᠷᠳᠠᠯᠭ᠎ᠠ ᠲᠠᠢ ᠨᠡᠶᠢᠴᠡᠭᠦᠯᠬᠦ ᠬᠡᠷᠡᠭᠲᠠᠢ᠃ | ᠤᠳᠤ ᠪᠠᠶᠢᠬᠤ ᠤᠤᠭᠤᠬᠤ ᠤᠰᠤᠨ ᠤ ᠰᠤᠷᠪᠤᠯᠵᠢ ᠨᠢ ᠤᠯᠤᠰ ᠤᠨ ᠬᠤᠯᠪᠤᠭᠳᠠᠯ ᠪᠦᠬᠦᠢ ᠤᠰᠤᠨ ᠤ | ᠴᠢᠨᠠᠷ ᠤᠨ ᠪᠠᠷᠢᠮᠵᠢᠶ᠎ᠠ ᠵᠡᠷᠭᠡ ᠱᠠᠭᠠᠷᠳᠠᠯᠭ᠎ᠠ ᠲᠠᠢ ᠨᠡᠶᠢᠴᠡᠬᠦ ᠦᠭᠡᠢ ᠪᠦᠭᠡᠳ ᠤᠰᠤ ᠬᠠᠩᠭᠠᠬᠤ ᠠᠶᠤᠯᠭᠦᠢ ᠶᠢ | ᠪᠠᠲᠤᠯᠠᠵᠦ ᠲᠡᠶᠢᠯᠬᠦ ᠦᠭᠡᠢ ᠪᠤᠯ ᠤᠤᠭᠤᠬᠤ ᠤᠰᠤᠨ ᠤ ᠰᠤᠷᠪᠤᠯᠵᠢ ᠶᠢ ᠲᠠᠬᠢᠨ ᠲᠤᠭᠲᠠᠭᠠᠬᠤ ᠬᠡᠷᠡᠭᠲᠠᠢ᠃ | ᠠᠷᠪᠠᠨ ᠭᠤᠷᠪᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ | ᠲᠤᠭᠲᠠᠭᠠᠬᠤ ᠳᠤ᠂ ᠬᠤᠯᠪᠤᠭᠳᠠᠯ ᠪᠦᠬᠦᠢ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠶᠢᠨ ᠠᠷᠠᠳ ᠤᠨ | ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠵᠠᠭᠠᠭᠯᠠᠨ ᠲᠤᠭᠲᠠᠭᠠᠬᠤ | ᠲᠦᠰᠦᠪ ᠲᠤᠷᠠᠳᠴᠤ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ | ᠵᠦᠪᠰᠢᠶᠡᠷᠡᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠠᠯᠤᠰᠯᠠᠭᠰᠠᠨ ᠤᠤᠭᠤᠬᠤ | ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠲᠤᠭᠲᠠᠭᠠᠬᠤ ᠳᠤ ᠬᠤᠯᠪᠤᠭᠳᠠᠯ ᠪᠦᠬᠦᠢ ᠠᠶᠢᠮᠠᠭ ᠤᠨ | ᠵᠠᠬᠢᠷᠭ᠎ᠠ᠂ ᠲᠤᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠤᠷᠳᠤᠨ ᠵᠠᠭᠠᠭᠯᠠᠨ ᠲᠤᠭᠲᠠᠭᠠᠬᠤ ᠲᠦᠰᠦᠪ ᠢ ᠵᠦᠪᠳᠡᠯᠴᠡᠨ ᠲᠤᠷᠠᠳᠴᠤ᠂ ᠥᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠤᠨᠡ︔ ᠵᠦᠪᠳᠡᠯᠴᠡᠭᠡᠳ | ᠪᠦᠲᠦᠬᠦ ᠦᠭᠡᠢ ᠪᠤᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠲᠤᠨ ᠤ ᠤᠰᠤᠨ ᠤ ᠵᠠᠰᠠᠭ ᠵᠠᠬᠢᠷᠭ᠎ᠠ᠂ | ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠲᠠᠢ ᠬᠠᠮᠲᠤᠷᠠᠵᠦ ᠪᠠᠶᠢᠭᠠᠳ ᠵᠠᠭᠠᠭᠯᠠᠨ ᠲᠤᠭᠲᠠᠭᠠᠬᠤ | ᠲᠦᠰᠦᠪ ᠲᠤᠷᠠᠳᠴᠤ᠂ ᠠᠳᠠᠯᠢ ᠱᠠᠲᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠰᠠᠨᠠᠯ ᠢ ᠰᠤᠨᠤᠰᠤᠭᠠᠳ | ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠨ᠎ᠡ᠃ | ᠵᠦᠪᠰᠢᠶᠡᠷᠡᠭᠦᠯᠦᠭᠰᠡᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠪᠠᠶᠢᠭ᠎ᠠ | ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠨᠡᠶᠢᠭᠡᠮ ᠳᠤ ᠵᠠᠷᠯᠠᠨ᠎ᠠ᠃ | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ ᠲᠤᠬᠢᠷᠠᠭᠤᠯᠤᠯᠲᠠ ᠬᠢᠬᠦ | ᠴᠢᠬᠤᠯᠠ ᠲᠠᠢ ᠪᠤᠯ ᠲᠤᠰ ᠲᠦᠷᠢᠮ ᠳᠤ ᠲᠤᠭᠲᠠᠭᠠᠭᠰᠠᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ | ᠤᠷᠤᠨ ᠢ ᠵᠠᠭᠠᠭᠯᠠᠨ ᠲᠤᠭᠲᠠᠭᠠᠬᠤ ᠲᠡᠰ ᠲᠠᠷᠠᠭᠠᠯᠠᠯ ᠢᠶᠠᠷ ᠭᠦᠢᠴᠡᠳᠭᠡᠨ᠎ᠡ᠃ | ᠠᠷᠪᠠᠨ ᠲᠦᠷᠪᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ | ᠵᠠᠭᠠᠭᠯᠠᠨ ᠲᠤᠭᠲᠠᠭᠠᠬᠤ ᠪᠤᠶᠤ ᠲᠡᠭᠦᠨ ᠳᠤ ᠲᠤᠬᠢᠷᠠᠭᠤᠯᠤᠯᠲᠠ ᠬᠢᠬᠦ ᠠᠴᠠ ᠪᠤᠯᠵᠦ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠠᠬᠢ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠤᠶᠤ ᠪᠤᠰᠤᠳ | ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ | ᠬᠤᠯᠪᠤᠭᠳᠠᠯ ᠪᠦᠬᠦᠢ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ᠂ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠬᠠᠤᠯᠢ ᠶᠤᠰᠤᠭᠠᠷ ᠲᠦᠯᠦᠪᠤᠷᠢ ᠦᠭᠬᠦ | ᠬᠡᠷᠡᠭᠲᠠᠢ᠃ | ᠭᠤᠷᠪᠠᠳᠤᠭᠠᠷ ᠪᠦᠯᠦᠭ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠤᠭᠤᠬᠤ ᠤᠰᠤᠨ ᠤ | ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠲᠦᠯᠦᠪᠵᠢᠭᠦᠯᠭᠡ ᠲᠤᠭᠲᠠᠭᠠᠬᠤ ᠬᠡᠷᠡᠭᠲᠠᠢ︔ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠲᠤᠰᠬᠠᠢ ᠲᠦᠯᠦᠪᠵᠢᠭᠦᠯᠭᠡ ᠲᠤᠭᠲᠠᠭᠠᠬᠤ ᠬᠡᠷᠡᠭᠲᠠᠢ︔ ᠤᠰᠤ ᠬᠠᠩᠭᠠᠬᠤ ᠠᠵᠢᠯ ᠲᠦᠷᠦᠯ ᠤᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤ ᠬᠠᠩᠭᠠᠬᠤ ᠲᠦᠯᠦᠪᠵᠢᠭᠦᠯᠭᠡ ᠪᠠ ᠬᠡᠷᠡᠭᠵᠢᠭᠦᠯᠬᠦ ᠲᠦᠰᠦᠪ ᠢ | ᠬᠠᠷᠢᠭᠤᠴᠠᠨ ᠲᠤᠭᠲᠠᠭᠠᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ ᠭᠠᠵᠠᠷ ᠵᠦᠢ ᠶᠢᠨ ᠲᠤᠲᠤᠷᠬᠠᠢ | ᠵᠠᠭᠠᠭ ᠲᠡᠮᠳᠡᠭ ᠪᠤᠰᠬᠠᠵᠦ᠂ ᠢᠯᠡᠷᠬᠡᠢ ᠪᠠᠶᠢᠷᠢᠨ ᠳᠤ ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠠᠢ᠃ ᠬᠡᠷᠡᠭᠴᠡᠭᠡ ᠪᠠᠨ | ᠦᠨᠳᠦᠰᠦᠯᠡᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠤᠷᠤᠨ ᠤ ᠡᠷᠬᠢᠨ ᠲᠤᠭᠤᠷᠢᠨ ᠳᠤ ᠲᠤᠰᠠᠭᠠᠷᠯᠠᠵᠦ | ᠬᠠᠮᠠᠭᠠᠯᠠᠬᠤ ᠪᠡᠯᠡᠳᠭᠡᠮᠵᠢ ᠲᠤᠬᠢᠷᠠᠭᠤᠯᠵᠦ᠂ ᠪᠢᠲᠡᠭᠦᠮᠵᠢᠯᠡᠨ ᠬᠠᠮᠢᠶᠠᠷᠬᠤ ᠭᠡᠷᠡᠭᠲᠠᠢ᠃ | ᠶᠠᠮᠠᠷᠪᠠ ᠨᠢᠭᠡᠴᠢ ᠪᠤᠯᠤᠨ ᠬᠤᠪᠢ ᠬᠦᠮᠦᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ | ᠤᠷᠤᠨ ᠤ ᠭᠠᠵᠠᠷ ᠵᠦᠢ ᠶᠢᠨ ᠵᠠᠭᠠᠭ ᠲᠡᠮᠳᠡᠭ᠂ ᠰᠡᠷᠡᠮᠵᠢ ᠶᠢᠨ ᠲᠡᠮᠳᠡᠭ ᠪᠤᠯᠤᠨ ᠲᠤᠰᠠᠭᠠᠷᠯᠠᠵᠦ ᠬᠠᠮᠠᠭᠠᠯᠠᠬᠤ | ᠪᠡᠯᠡᠳᠭᠡᠮᠵᠢ ᠶᠢ ᠲᠤᠷ᠎ᠠ ᠪᠠᠷ ᠢᠶᠠᠨ ᠬᠤᠪᠢᠷᠠᠭᠤᠯᠵᠦ᠂ ᠡᠪᠳᠡᠯᠡᠵᠦ ᠪᠤᠯᠬᠤ ᠦᠭᠡᠢ᠃ | ᠠᠷᠪᠠᠨ ᠲᠤᠯᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ | ᠤᠷᠤᠨ ᠳᠤ ᠲᠤᠤᠷᠠᠬᠢ ᠦᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠬᠢᠮᠢ ᠶᠢᠨ ᠠᠵᠦ ᠦᠢᠯᠡᠳᠪᠤᠷᠢ᠂ ᠠᠮᠢᠳᠤ ᠪᠤᠳᠠᠰ ᠢᠰᠭᠡᠬᠦ᠂ ᠴᠠᠬᠢᠯᠭᠠᠨ ᠢᠶᠠᠷ ᠦᠩᠭᠡᠯᠡᠬᠦ᠂ | ᠠᠷᠠᠰᠦ ᠰᠢᠷᠢ᠂ ᠲᠡᠮᠦᠷᠯᠢᠭ ᠬᠠᠶᠢᠯᠤᠭᠤᠯᠬᠤ᠂ ᠰᠠᠴᠤᠷᠠᠭ ᠴᠢᠨᠠᠷᠲᠠᠢ᠂ ᠲᠤᠰᠤ ᠪᠤᠯᠪᠠᠰᠤᠷᠠᠭᠤᠯᠬᠤ᠂ ᠬᠡᠤᠷᠰᠢᠭᠦᠯᠬᠦ | ᠪᠠ ᠤᠰᠤᠨ ᠴᠤᠭᠴᠠ ᠶᠢ ᠬᠦᠨᠳᠦ ᠨᠤᠴᠢᠲᠠᠢ ᠪᠤᠬᠢᠷᠳᠤᠭᠤᠯᠬᠤ ᠪᠤᠰᠤᠳ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠰᠢᠨ᠎ᠡ ᠪᠠᠷ ᠪᠠᠶᠢᠭᠤᠯᠵᠦ᠂ ᠦᠷᠭᠡᠳᠭᠡᠨ ᠪᠠᠶᠢᠭᠤᠯᠵᠦ᠂ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ | ᠨᠡᠮᠡᠭᠳᠡᠭᠦᠯᠬᠦ ᠲᠦᠷᠦᠯ ᠵᠦᠢᠯ ᠢ ᠦᠭᠡᠷᠡᠴᠢᠯᠡᠨ ᠪᠠᠶᠢᠭᠤᠯᠬᠤ︔ | ︵ᠬᠤᠶᠠᠷ︶ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠪᠤᠯᠤᠨ ᠤᠰᠤᠨ ᠤ ᠬᠡᠮᠵᠢᠶ᠎ᠡ ᠶᠢ | ᠬᠦᠨᠳᠦ ᠨᠤᠴᠢᠲᠠᠢ ᠨᠦᠯᠦᠭᠡᠯᠡᠵᠦ ᠮᠡᠳᠡᠬᠦ ᠠᠭᠤᠷᠬᠠᠢ ᠶᠢᠨ ᠭᠠᠷᠤᠯᠲᠠ ᠬᠠᠶᠢᠨ ᠪᠠᠶᠢᠴᠠᠭᠠᠬᠤ᠂ ᠰᠤᠩᠭᠤᠵᠦ ᠠᠪᠬᠤ | ᠵᠡᠷᠭᠡ ᠠᠵᠢᠯᠯᠠᠭ᠎ᠠ ᠬᠢᠬᠦ︔ | ︵ᠭᠤᠷᠪᠠ︶ ᠠᠵᠦ ᠦᠢᠯᠡᠳᠪᠤᠷᠢ ᠶᠢᠨ ᠬᠠᠶᠠᠭᠳᠠᠮᠠᠯ ᠰᠢᠭᠠᠷᠤ᠂ ᠬᠤᠭ ᠨᠤᠪᠰᠢ᠂ ᠪᠠᠭᠠᠰᠦ ᠪᠤᠯᠤᠨ ᠪᠤᠰᠤᠳ | ᠬᠠᠶᠠᠭᠳᠠᠮᠠᠯ ᠪᠤᠳᠠᠰ ᠢ ᠴᠢᠳᠬᠤᠬᠤ᠂ ᠤᠪᠤᠭᠠᠯᠠᠬᠤ︔ | ︵ᠲᠦᠷᠪᠡ︶ ᠤᠰᠤᠨ ᠤ ᠰᠤᠷᠪᠤᠯᠵᠢ ᠶᠢ ᠬᠠᠮᠠᠭᠠᠯᠠᠬᠤ ᠤᠢ᠂ ᠡᠷᠬᠢ ᠶᠢ ᠬᠠᠮᠠᠭᠠᠯᠠᠬᠤ ᠤᠢ ᠵᠢᠴᠢ ᠤᠰᠤᠨ ᠤ | ᠰᠤᠷᠪᠤᠯᠵᠢ ᠶᠢ ᠬᠠᠮᠠᠭᠠᠯᠠᠬᠤ ᠬᠤᠯᠪᠤᠭᠳᠠᠯ ᠪᠦᠬᠦᠢ ᠤᠷᠭᠤᠮᠠᠯ ᠤᠨ ᠪᠦᠷᠬᠦᠴᠡ ᠶᠢ ᠡᠪᠳᠡᠯᠡᠬᠦ ᠠᠵᠢᠯᠯᠠᠭ᠎ᠠ︔ | ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ ᠤᠤᠭᠤᠬᠤ ᠤᠰᠤᠨ ᠤ | ᠰᠤᠷᠪᠤᠯᠵᠢ ᠶᠢ ᠪᠤᠬᠢᠷᠳᠤᠭᠤᠯᠵᠦ ᠮᠡᠳᠡᠬᠦ ᠪᠤᠰᠤᠳ ᠦᠢᠯᠡ ᠠᠵᠢᠯᠯᠠᠭ᠎ᠠ᠃ | ᠠᠷᠪᠠᠨ ᠨᠠᠢᠮᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠤᠶᠠᠳᠤᠭᠠᠷ ᠲᠡᠰ ᠤᠨ | ᠬᠠᠮᠠᠭᠠᠯᠠᠯᠲᠠ ᠶᠢᠨ ᠤᠷᠤᠨ ᠳᠤ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ ᠤᠷᠤᠨ ᠳᠤ | ᠴᠠᠭᠠᠵᠠᠯᠠᠭᠰᠠᠨ ᠠᠴᠠ ᠭᠠᠳᠠᠨᠠᠬᠢ ᠲᠤᠤᠷᠠᠬᠢ ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄ | ︵ᠨᠢᠭᠡ︶ ᠪᠤᠬᠢᠷᠳᠤᠯ ᠭᠠᠳᠠᠭᠰᠢᠯᠠᠭᠤᠯᠬᠤ ᠠᠮᠠᠰᠠᠷ ᠭᠠᠷᠭᠠᠬᠤ︔ | ︵ᠬᠤᠶᠠᠷ︶ ᠪᠤᠬᠢᠷᠳᠤᠯ ᠭᠠᠳᠠᠭᠰᠢᠯᠠᠭᠤᠯᠬᠤ ᠪᠠᠷᠢᠯᠭ᠎ᠠ ᠶᠢᠨ ᠲᠦᠷᠦᠯ ᠵᠦᠢᠯ ᠪᠤᠶᠤ ᠪᠤᠰᠤᠳ ᠪᠡᠯᠡᠳᠭᠡᠮᠵᠢ ᠶᠢ | ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠬᠤ︔ | ︵ᠭᠤᠷᠪᠠ︶ ᠤᠰᠤᠨ ᠤ ᠰᠤᠷᠪᠤᠯᠵᠢ ᠨᠦᠬᠦᠪᠤᠷᠢᠯᠡᠬᠦ ᠶᠢ ᠨᠦᠯᠦᠭᠡᠯᠡᠬᠦ ᠠᠵᠢᠯᠯᠠᠭ᠎ᠠ ᠵᠢᠴᠢ ᠤᠤᠭᠤᠬᠤ | ᠤᠰᠤᠨ ᠤ ᠬᠠᠩᠭᠠᠯᠭ᠎ᠠ ᠲᠠᠢ ᠡᠰᠡ ᠬᠤᠯᠪᠤᠭᠳᠠᠬᠤ ᠬᠠᠶᠢᠨ ᠪᠠᠶᠢᠴᠠᠭᠠᠬᠤ᠂ ᠮᠠᠯᠲᠠᠵᠦ ᠠᠪᠬᠤ ᠠᠵᠢᠯᠯᠠᠭ᠎ᠠ︔ | ︵ᠲᠦᠷᠪᠡ︶ ᠲᠤᠰᠤᠨ ᠬᠦᠮᠦᠷᠭᠡ᠂ ᠲᠤᠰᠦ ᠨᠡᠮᠡᠬᠦ ᠦᠷᠲᠡᠭᠡ ᠶᠢ ᠰᠢᠨ᠎ᠡ ᠪᠠᠷ ᠪᠠᠶᠢᠭᠤᠯᠬᠤ᠂ ᠦᠷᠭᠡᠳᠭᠡᠨ | ᠪᠠᠶᠢᠭᠤᠯᠬᠤ︔ | ︵ᠲᠠᠪᠤ︶ ᠴᠢᠨᠳᠠᠷ ᠬᠠᠶᠢᠯᠤᠭᠤᠯᠬᠤ ᠭᠠᠵᠠᠷ ᠤᠩᠭᠤᠨ ᠪᠠᠶᠢᠭᠤᠯᠬᠤ︔ | ︵ᠵᠢᠷᠭᠤᠭ᠎ᠠ︶ ᠮᠠᠯ ᠵᠢᠭᠦᠷᠲᠡᠨ ᠲᠡᠵᠢᠭᠡᠪᠦᠷᠢ ᠶᠢᠨ ᠲᠠᠯᠠᠪᠠᠢ᠂ ᠲᠡᠵᠢᠭᠡᠪᠦᠷᠢ ᠶᠢᠨ ᠵᠢᠵᠢᠭ ᠲᠤᠭᠤᠷᠢᠬ | ᠭᠠᠷᠭᠠᠬᠤ︔ | ︵ᠲᠤᠯᠤᠭ᠎ᠠ︶ ᠴᠡᠪᠡᠷᠰᠢᠭᠦᠯᠦᠨ ᠰᠢᠢᠳᠪᠤᠷᠢᠯᠡᠵᠦ ᠪᠠᠷᠢᠮᠵᠢᠶ᠎ᠠ ᠳᠤ ᠬᠦᠷᠭᠡᠭᠰᠡᠨ ᠦᠭᠡᠢ ᠪᠤᠬᠢᠷᠳᠤᠯ ᠲᠠᠢ | ᠤᠰᠤ ᠪᠠᠷ ᠲᠠᠷᠢᠶ᠎ᠠ ᠤᠰᠤᠯᠠᠬᠤ︔ | ︵ᠨᠠᠢᠮᠠ︶ ᠲᠠᠷᠢᠶᠠᠨ ᠡᠮ᠂ ᠬᠢᠮᠢ ᠶᠢᠨ ᠪᠤᠷᠳᠤᠭᠤᠷ᠂ ᠹᠤᠰᠹᠤᠷ ᠲᠠᠢ ᠤᠬᠢᠶᠠᠯᠭ᠎ᠠ ᠶᠢᠨ ᠡᠳ᠋ ᠢ | ᠪᠠᠷᠢᠮᠵᠢᠶ᠎ᠠ ᠠᠴᠠ ᠬᠡᠲᠦᠷᠡᠭᠦᠯᠦᠨ ᠬᠡᠷᠡᠭᠯᠡᠬᠦ︔ | ︵ᠶᠢᠰᠦ︶ ᠠᠮᠢᠲᠠᠨ ᠤ ᠦᠬᠦᠳᠡᠯ ᠢ ᠭᠠᠵᠠᠷ ᠲᠤ ᠪᠤᠯᠬᠠᠤ ᠪᠤᠶᠤ ᠬᠠᠶᠠᠵᠦ ᠤᠷᠬᠢᠬᠤ︔ | ︵ᠠᠷᠪᠠ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ ᠤᠤᠭᠤᠬᠤ ᠤᠰᠤᠨ ᠤ | ᠰᠤᠷᠪᠤᠯᠵᠢ ᠶᠢ ᠪᠤᠬᠢᠷᠳᠤᠭᠤᠯᠵᠦ ᠮᠡᠳᠡᠬᠦ ᠪᠤᠰᠤᠳ ᠦᠢᠯᠡ ᠠᠵᠢᠯᠯᠠᠭ᠎ᠠ᠃ | ᠠᠷᠪᠠ ᠶᠢᠰᠦᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ | ᠤᠷᠤᠨ ᠳᠤ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ ᠤᠷᠤᠨ᠂ ᠬᠤᠶᠠᠳᠤᠭᠠᠷ | ᠲᠡᠰ ᠤᠨ ᠬᠠᠮᠠᠭᠠᠯᠠᠯᠲᠠ ᠶᠢᠨ ᠤᠷᠤᠨ ᠳᠤ ᠴᠠᠭᠠᠵᠠᠯᠠᠭᠰᠠᠨ ᠦᠢᠯᠡ ᠠᠵᠢᠯᠯᠠᠭ᠎ᠠ ᠠᠴᠠ ᠭᠠᠳᠠᠨ᠎ᠠ᠂ ᠪᠠᠰᠠ ᠲᠤᠤᠷᠠᠬᠢ | ᠦᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠤᠰᠤ ᠬᠠᠩᠭᠠᠬᠤ ᠪᠡᠯᠡᠳᠭᠡᠮᠵᠢ ᠪᠤᠯᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠲᠠᠢ ᠡᠰᠡ | ᠬᠤᠯᠪᠤᠭᠳᠠᠬᠤ ᠪᠠᠷᠢᠯᠭ᠎ᠠ ᠶᠢᠨ ᠲᠦᠷᠦᠯ ᠵᠦᠢᠯ ᠤᠳ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ | ᠦᠷᠭᠡᠳᠭᠡᠨ ᠪᠠᠶᠢᠭᠤᠯᠬᠤ︔ | ︵ᠬᠤᠶᠠᠷ︶ ᠲᠤᠤᠷᠯᠢᠭ ᠲᠦᠷᠪᠡᠯᠵᠢ ᠳᠤ ᠮᠠᠯ ᠵᠢᠭᠦᠷᠲᠡᠨ ᠲᠡᠵᠢᠭᠡᠵᠦ ᠦᠷᠡᠵᠢᠬᠦᠯᠬᠦ᠂ ᠵᠤᠭᠠᠴᠠᠬᠤ᠂ | ᠤᠮᠪᠠᠭ᠋ᠤ᠂ ᠵᠢᠭᠠᠰᠦ ᠭᠦᠬᠢᠳᠡᠬᠦ ᠪᠤᠶᠤ ᠤᠤᠭᠤᠬᠤ ᠤᠰᠤ ᠶᠢ ᠪᠤᠬᠢᠷᠳᠤᠭᠤᠯᠵᠦ ᠮᠡᠳᠡᠬᠦ ᠪᠤᠰᠤᠳ ᠦᠢᠯᠡ | ᠠᠵᠢᠯᠯᠠᠭ᠎ᠠ︔ | ᠬᠤᠷᠢᠳᠤᠭᠠᠷ ᠵᠦᠢᠯ ᠵᠠᠰᠠᠮᠠᠯ ᠵᠠᠮ᠂ ᠲᠡᠮᠦᠷ ᠵᠠᠮ᠂ ᠬᠦᠭᠦᠷᠭᠡ᠂ ᠲᠤᠰᠤ ᠬᠡᠢ ᠲᠡᠮᠵᠢᠭᠤᠯᠬᠤ ᠬᠤᠭᠤᠯᠠᠢ ᠵᠡᠷᠭᠡ | ᠰᠠᠭᠤᠷᠢ ᠲᠦᠬᠦᠭᠡᠷᠦᠮᠵᠢ ᠪᠠᠶᠢᠭᠤᠯᠬᠤ ᠳᠤ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ | ᠬᠠᠮᠠᠭᠠᠯᠠᠯᠲᠠ ᠶᠢᠨ ᠤᠷᠤᠨ ᠢᠶᠠᠷ ᠲᠤᠭᠤᠯᠤᠨ ᠭᠠᠷᠴᠤ ᠪᠤᠯᠬᠤ ᠦᠭᠡᠢ︔ ᠪᠠᠷᠢᠯᠭ᠎ᠠ ᠶᠢᠨ ᠨᠦᠬᠦᠴᠡᠯ ᠪᠤᠯᠤᠨ | ᠪᠠᠶᠢᠭᠠᠯᠢ ᠶᠢᠨ ᠡᠯᠧᠮᠧᠨ᠋ᠲ ᠤᠨ ᠬᠢᠵᠠᠭᠠᠷᠯᠠᠯ ᠠᠴᠠ ᠪᠤᠯᠵᠦ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ | ᠲᠡᠰ ᠤᠨ ᠬᠠᠮᠠᠭᠠᠯᠠᠯᠲᠠ ᠶᠢᠨ ᠤᠷᠤᠨ ᠪᠤᠶᠤ ᠲᠡᠰᠯᠡᠭᠴᠢ ᠬᠠᠮᠠᠭᠠᠯᠠᠯᠲᠠ ᠶᠢᠨ ᠤᠷᠤᠨ ᠢ ᠦᠨᠡᠨ ᠬᠦ ᠲᠤᠭᠤᠯᠤᠨ | ᠭᠠᠷᠬᠤ ᠴᠢᠬᠤᠯᠠ ᠲᠠᠢ ᠪᠤᠯ ᠲᠦᠷᠦᠯ ᠵᠦᠢᠯ ᠢ ᠬᠡᠷᠡᠭᠵᠢᠭᠦᠯᠦᠭᠰᠡᠨ ᠠᠴᠠ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠤᠷᠤᠨ ᠤ ᠤᠷᠴᠢᠨ ᠲᠤᠭᠤᠷᠢᠨ ᠳᠤ ᠦᠵᠡᠭᠦᠯᠬᠦ ᠨᠦᠯᠦᠭᠡ ᠳᠤ ᠲᠤᠰᠬᠠᠢ ᠦᠨᠡᠯᠡᠯᠲᠡ ᠬᠢᠬᠦ | ᠬᠡᠷᠡᠭᠲᠠᠢ᠃ | ᠬᠤᠷᠢᠨ ᠨᠢᠭᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ | ᠬᠠᠮᠠᠭᠠᠯᠠᠯᠲᠠ ᠶᠢᠨ ᠤᠷᠤᠨ ᠳᠤ ᠨᠢᠭᠡᠨᠲᠡ ᠪᠠᠶᠢᠭᠤᠯᠤᠭᠰᠠᠨ ᠤᠰᠤ ᠬᠠᠩᠭᠠᠬᠤ ᠪᠡᠯᠡᠳᠭᠡᠮᠵᠢ ᠪᠤᠯᠤᠨ ᠤᠰᠤᠨ ᠤ | ᠰᠤᠷᠪᠤᠯᠵᠢ ᠶᠢ ᠬᠠᠮᠠᠭᠠᠯᠠᠬᠤ ᠲᠠᠢ ᠡᠰᠡ ᠬᠤᠯᠪᠤᠭᠳᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠤᠰᠢᠭᠤ | ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠠᠷᠯᠢᠬᠳᠠᠵᠦ ᠪᠠᠶᠢᠭᠠᠳ ᠨᠤᠷᠠᠭᠠᠯᠭᠠᠬᠤ | ᠪᠤᠶᠤ ᠬᠠᠭᠠᠯᠭᠠᠨ᠎ᠠ᠃ | ᠤᠤᠭᠤᠬᠤ ᠤᠰᠤᠨ ᠤ ᠰᠤᠷᠪᠤᠯᠵᠢ ᠶᠢᠨ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠳᠤ ᠨᠢᠭᠡᠨᠲᠡ | ᠪᠠᠶᠢᠭᠤᠯᠤᠭᠰᠠᠨ ᠪᠤᠬᠢᠷᠳᠤᠯ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠤᠰᠢᠭᠤ | ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠠᠷᠯᠢᠬᠳᠠᠵᠦ ᠪᠠᠶᠢᠭᠠᠳ ᠨᠤᠷᠠᠭᠠᠯᠭᠠᠬᠤ | ᠪᠤᠶᠤ ᠬᠠᠭᠠᠯᠭᠠᠨ᠎ᠠ᠃ | ᠬᠤᠷᠢᠨ ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠠᠴᠠ ᠤᠰᠤᠨ ᠤ ᠡᠬᠢ ᠪᠠᠶᠠᠯᠢᠭ ᠢ ᠬᠠᠮᠢᠶᠠᠷᠬᠤ | ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠤᠰᠤ ᠠᠪᠬᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠰᠢᠬᠦ | ᠬᠦᠢᠴᠡᠳᠭᠡᠯ ᠲᠤᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ | ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠦᠪᠰᠢᠶᠡᠷᠡᠭᠰᠡᠨ ᠤᠰᠤᠨ ᠤ ᠬᠡᠮᠵᠢᠶ᠎ᠡ ᠪᠠᠷ ᠬᠤᠪᠢᠶᠠᠷᠢᠯᠠᠬᠤ | ᠲᠦᠰᠦᠪ ᠢ ᠦᠨᠳᠦᠰᠦᠯᠡᠨ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠬᠡᠮᠵᠢᠶ᠎ᠡ ᠲᠤᠭᠲᠠᠭᠠᠨ ᠬᠠᠮᠢᠶᠠᠷᠬᠤ | ᠵᠠᠷᠴᠢᠮ ᠢᠶᠠᠷ ᠤᠤᠭᠤᠬᠤ ᠤᠰᠤᠨ ᠤ ᠰᠤᠷᠪᠤᠯᠵᠢ ᠠᠴᠠ ᠤᠰᠤ ᠠᠪᠬᠤ ᠲᠦᠯᠦᠪᠯᠡᠭᠡ ᠲᠤᠭᠲᠠᠭᠠᠬᠤ ᠬᠡᠷᠡᠭᠲᠠᠢ᠃ | ᠬᠤᠷᠢᠨ ᠭᠤᠷᠪᠠᠳᠤᠭᠠᠷ ᠵᠦᠢᠯ ᠤᠤᠭᠤᠬᠤ ᠤᠰᠤ ᠠᠪᠬᠤ ᠳᠤ ᠭᠠᠵᠠᠷ ᠤᠨ ᠭᠠᠳᠠᠷᠭᠤ ᠶᠢᠨ ᠤᠰᠤ ᠪᠤᠯᠤᠨ | ᠭᠠᠵᠠᠷ ᠲᠤᠤᠷᠠᠬᠢ ᠤᠰᠤ ᠶᠢ ᠨᠢᠭᠡᠳᠦᠯᠲᠠᠢ ᠲᠦᠯᠦᠪᠯᠡᠨ ᠲᠤᠬᠢᠷᠠᠭᠤᠯᠵᠦ᠂ ᠴᠢᠨᠠᠷ ᠰᠠᠶᠢᠲᠠᠢ ᠤᠰᠤ ᠶᠢ ᠡᠩ | ᠲᠡᠷᠢᠭᠦᠨ ᠳᠤ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠬᠡᠷᠡᠭᠯᠡᠭᠦᠯᠬᠦ ᠶᠢ ᠪᠠᠲᠤᠯᠠᠬᠤ ᠬᠡᠷᠡᠭᠲᠠᠢ᠃ ᠬᠠᠤᠯᠢ | ᠶᠤᠰᠤᠭᠠᠷ ᠭᠤᠶᠤᠴᠢᠯᠠᠨ ᠵᠦᠪᠰᠢᠶᠡᠷᠡᠭᠦᠯᠬᠦ ᠶᠤᠰᠤᠲᠠᠢ ᠠᠳᠡᠯᠡ ᠵᠦᠪᠰᠢᠶᠡᠷᠡᠭᠦᠯᠦᠭᠰᠡᠨ ᠦᠭᠡᠢ ᠪᠠ ᠤᠯᠠᠨ | ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠤᠤᠷ ᠤᠨ ᠬᠡᠪᠴᠢᠶᠡᠨ ᠲᠤᠲᠤᠷᠠᠬᠢ ᠥᠪᠡᠷ ᠢᠶᠠᠨ ᠪᠡᠯᠡᠳᠭᠡᠭᠰᠡᠨ | ᠬᠤᠳᠳᠤᠭ ᠢ ᠪᠦᠷ ᠬᠠᠭᠠᠯᠭᠠᠬᠤ ᠬᠡᠷᠡᠭᠲᠠᠢ᠃ | ᠬᠤᠷᠢᠨ ᠲᠦᠷᠪᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠪᠠᠷᠢᠯᠭ᠎ᠠ ᠶᠢ ᠰᠢᠨ᠎ᠡ ᠪᠠᠷ | ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠤᠰᠤᠨ ᠤ ᠡᠬᠢ ᠪᠠᠶᠠᠯᠢᠭ ᠤᠨ ᠶᠡᠷᠦᠩᠬᠡᠢ | ᠲᠦᠯᠦᠪᠵᠢᠭᠦᠯᠬᠡ᠂ ᠤᠰᠤᠨ ᠤ ᠦᠢᠯᠡᠳᠦᠯ ᠤᠨ ᠬᠤᠪᠢᠶᠠᠷᠢᠯᠠᠯ᠂ ᠤᠰᠤ ᠬᠠᠩᠭᠠᠬᠤ ᠲᠤᠰᠬᠠᠢ ᠲᠦᠯᠦᠪᠵᠢᠭᠦᠯᠭᠡ ᠲᠠᠢ | ᠨᠡᠶᠢᠴᠡᠬᠦ ᠬᠡᠷᠡᠭᠲᠠᠢ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ | ᠭᠡᠷᠡᠴᠢᠯᠡᠯᠲᠡ ᠬᠢᠬᠦ ᠪᠦᠭᠡᠳ ᠤᠰᠤ ᠠᠪᠬᠤ ᠵᠦᠪᠰᠢᠶᠡᠷᠡᠯ ᠤᠨ ᠬᠢᠨᠠᠨ ᠵᠦᠪᠰᠢᠶᠡᠷᠡᠭᠦᠯᠬᠦ ᠭᠠᠷᠳᠠᠮ ᠢ ᠬᠠᠤᠯᠢ | ᠶᠤᠰᠤᠭᠠᠷ ᠭᠦᠢᠴᠡᠳᠭᠡᠬᠦ ᠬᠡᠷᠡᠭᠲᠠᠢ᠃ | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠪᠠᠷᠢᠯᠭ᠎ᠠ ᠶᠢ ᠤᠤᠭᠤᠬᠤ ᠤᠰᠤᠨ ᠤ | ᠰᠤᠷᠪᠤᠯᠵᠢ ᠶᠢᠨ ᠪᠠᠷᠢᠯᠭ᠎ᠠ ᠲᠠᠢ ᠵᠡᠷᠭᠡᠪᠡᠷ ᠲᠦᠯᠦᠪᠯᠡᠵᠦ᠂ ᠵᠡᠷᠭᠡᠪᠡᠷ ᠪᠠᠶᠢᠭᠤᠯᠵᠦ᠂ ᠵᠡᠷᠭᠡᠪᠡᠷ ᠬᠡᠷᠡᠭᠯᠡᠯᠲᠡ ᠳᠤ | ᠤᠷᠤᠭᠤᠯᠬᠤ ᠬᠡᠷᠡᠭᠲᠠᠢ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠤᠳᠠᠲᠦ ᠬᠡᠷᠡᠭᠴᠡᠭᠡ ᠶᠢ ᠦᠨᠳᠦᠰᠦᠯᠡᠨ᠂ ᠤᠤᠭᠤᠬᠤ | ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠲᠠ ᠶᠢᠨ ᠤᠷᠤᠨ ᠤ ᠲᠤᠲᠤᠷ᠎ᠠ ᠤᠰᠤᠨ ᠤ ᠰᠤᠷᠪᠤᠯᠵᠢ ᠶᠢ | ᠬᠠᠮᠠᠭᠠᠯᠠᠬᠤ ᠤᠢ᠂ ᠡᠷᠬᠢ ᠶᠢ ᠬᠠᠮᠠᠭᠠᠯᠠᠬᠤ ᠤᠢ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠤᠰᠤᠨ ᠴᠤᠭᠴᠠ ᠶᠢᠨ ᠦᠪᠡᠰᠦᠪᠡᠨ ᠴᠡᠪᠡᠷᠰᠢᠬᠦ ᠴᠢᠳᠠᠪᠤᠷᠢ ᠶᠢ ᠬᠠᠮᠠᠭᠠᠯᠠᠬᠤ ᠬᠡᠷᠡᠭᠲᠠᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠪᠤᠶᠤ ᠪᠡᠯᠡᠳᠭᠡᠯ | ᠤᠰᠤᠨ ᠤ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠬᠠᠮᠠᠭᠠᠯᠠᠯᠲᠠ ᠶᠢ ᠴᠢᠩᠭᠠᠳᠬᠠᠵᠦ᠂ ᠤᠰᠤᠨ ᠤ | ᠰᠤᠷᠪᠤᠯᠵᠢ ᠪᠤᠬᠢᠷᠳᠤᠭᠰᠠᠨ ᠵᠡᠷᠭᠡ ᠬᠡᠷᠡᠭ ᠭᠠᠷᠴᠤ ᠤᠤᠭᠤᠬᠤ ᠤᠰᠤᠨ ᠤ ᠬᠠᠩᠭᠠᠯᠭ᠎ᠠ ᠲᠠᠰᠤᠯᠳᠠᠭᠰᠠᠨ ᠦᠶᠡᠰ᠂ | ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠪᠤᠶᠤ ᠪᠡᠯᠡᠳᠭᠡᠯ ᠤᠰᠤᠨ ᠤ | ᠰᠤᠷᠪᠤᠯᠵᠢ ᠶᠢ ᠴᠠᠭ ᠲᠤᠬᠠᠢ ᠳᠤᠨᠢ ᠬᠡᠷᠡᠭᠯᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠤᠭᠤᠬᠤ | ᠤᠰᠤᠨ ᠤ ᠬᠠᠩᠭᠠᠯᠭ᠎ᠠ ᠶᠢ ᠪᠠᠲᠤᠯᠠᠬᠤ ᠬᠡᠷᠡᠭᠲᠠᠢ᠃ | ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠪᠤᠶᠤ ᠪᠡᠯᠡᠳᠭᠡᠯ ᠤᠰᠤᠨ ᠤ | ᠰᠤᠷᠪᠤᠯᠵᠢ ᠶᠢ ᠬᠠᠮᠢᠶᠠᠷᠴᠤ ᠪᠠᠶᠢᠬᠤ ᠨᠢᠭᠡᠴᠢ ᠤᠰᠤ ᠬᠠᠩᠭᠠᠬᠤ ᠪᠡᠯᠡᠳᠭᠡᠮᠵᠢ ᠶᠢ ᠬᠠᠮᠠᠭᠠᠯᠠᠵᠦ᠂ ᠬᠡᠨᠡᠳᠳᠡ ᠶᠢᠨ | ᠬᠡᠷᠡᠭ ᠭᠠᠷᠤᠭᠰᠠᠨ ᠦᠶ᠎ᠡ ᠳᠤ᠂ ᠤᠤᠭᠤᠬᠤ ᠤᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ | ᠪᠤᠶᠤ ᠪᠡᠯᠡᠳᠭᠡᠯ ᠤᠰᠤᠨ ᠤ ᠰᠤᠷᠪᠤᠯᠵᠢ ᠶᠢ ᠬᠡᠪ ᠤᠨ ᠶᠤᠰᠤᠭᠠᠷ ᠬᠡᠷᠡᠭᠯᠡᠬᠦ ᠶᠢ ᠪᠠᠲᠤᠯᠠᠬᠤ ᠬᠡᠷᠡᠭᠲᠠᠢ᠃ | ᠬᠤᠷᠢᠨ ᠲᠤᠯᠤᠳᠤᠭᠠᠷ ᠵᠦᠢᠯ ᠵᠠᠰᠠᠭ ᠵᠠᠬᠢᠷᠭᠠᠨ ᠤ ᠤᠷᠤᠨ ᠠᠯᠤᠰᠯᠠᠭᠰᠠᠨ ᠤᠤᠭᠤᠬᠤ ᠤᠰᠤᠨ ᠤ ᠪᠠᠴᠢᠮ | ᠪᠠᠶᠢᠳᠠᠯ ᠢ ᠠᠷᠭᠠᠴᠠᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠬᠠᠮᠢᠶᠠᠷᠤᠯᠲᠠ ᠶᠢ ᠵᠠᠰᠠᠭ ᠵᠠᠬᠢᠷᠭᠠᠨ ᠤ | ᠬᠠᠷᠢᠶᠠᠯᠠᠯ ᠤᠨ ᠵᠠᠷᠴᠢᠮ ᠶᠤᠰᠤᠭᠠᠷ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠤᠷᠳᠤᠨ ᠲᠤᠰᠪᠤᠷᠢ | ᠬᠠᠷᠢᠭᠤᠴᠠᠨ᠎ᠠ᠃ | ᠲᠦᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠳᠤ ᠨᠦᠬᠦᠪᠤᠷᠢ ᠦᠭᠬᠦ ᠲᠦᠷᠢᠮ ᠲᠤᠭᠲᠠᠭᠠᠵᠦ᠂ | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠳᠤ ᠨᠦᠬᠦᠪᠤᠷᠢ ᠦᠭᠬᠦ ᠪᠡᠯᠡ ᠮᠦᠩᠭᠦ ᠶᠢ | ᠨᠠᠶᠢᠳᠠᠪᠤᠷᠢᠵᠢᠭᠤᠯᠤᠨ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠨᠦᠬᠦᠪᠤᠷᠢ ᠳᠤ | ᠬᠡᠷᠡᠭᠯᠡᠬᠦ ᠶᠢ ᠨᠢ ᠦᠨᠡᠨ ᠬᠦ ᠪᠠᠲᠤᠯᠠᠬᠤ ᠬᠡᠷᠡᠭᠲᠠᠢ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ᠂ ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ | ᠵᠠᠬᠢᠷᠭ᠎ᠠ᠂ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠤᠷᠴᠢᠨ | ᠲᠤᠭᠤᠷᠢᠨ ᠢ ᠵᠠᠰᠠᠬᠤ ᠲᠦᠷᠦᠯ ᠵᠦᠢᠯ ᠢ ᠡᠩ ᠲᠡᠷᠢᠭᠦᠨ ᠳᠤ ᠲᠤᠬᠢᠷᠠᠭᠤᠯᠬᠤ ᠬᠡᠷᠡᠭᠲᠠᠢ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠢ ᠵᠤᠬᠢᠶᠠᠨ ᠪᠠᠶᠢᠭᠤᠯᠵᠦ ᠵᠤᠬᠢᠴᠠᠭᠤᠯᠤᠨ᠂ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠤᠨ | ᠬᠢᠨᠠᠨ ᠰᠢᠯᠭᠠᠲᠠ ᠶᠢᠨ ᠡᠬᠢ ᠪᠠᠶᠠᠯᠢᠭ ᠢ ᠨᠡᠶᠢᠳᠭᠡᠵᠦ᠂ ᠬᠢᠨᠠᠨ ᠰᠢᠯᠭᠠᠬᠤ ᠬᠦᠷᠢᠶ᠎ᠡ ᠬᠡᠪᠴᠢᠶ᠎ᠡ᠂ ᠴᠢᠭ ᠪᠠᠶᠢᠷᠢ | ᠪᠤᠯᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠤᠭᠲᠠᠭᠠᠵᠦ᠂ ᠤᠰᠤᠨ ᠤ ᠴᠢᠨᠠᠷ ᠤᠨ | ᠠᠦ᠋ᠲ᠋ᠤ᠋ ᠬᠢᠨᠠᠨ ᠰᠢᠯᠭᠠᠯᠲᠠ ᠬᠢᠨᠠᠨ ᠡᠵᠡᠮᠰᠢᠯᠲᠡ ᠪᠠ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠦ᠂ ᠬᠢᠨᠠᠨ ᠰᠢᠯᠭᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠤᠯᠤᠨ ᠬᠠᠮᠲᠦ ᠪᠠᠷ ᠡᠳ᠋ᠯᠡᠬᠦ | ᠲᠤᠭᠲᠠᠴᠠ ᠶᠢ ᠲᠡᠭᠦᠯᠳᠡᠷᠵᠢᠭᠦᠯᠬᠦ ᠬᠡᠷᠡᠭᠲᠠᠢ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠯᠤᠰ ᠪᠤᠯᠤᠨ ᠥᠪᠡᠷᠳᠡᠭᠡᠨ ᠵᠠᠰᠠᠬᠤ ᠤᠷᠤᠨ ᠤ ᠤᠰᠤᠨ ᠤ | ᠪᠠᠷᠢᠮᠵᠢᠶ᠎ᠠ ᠶᠢᠨ ᠱᠠᠭᠠᠷᠳᠠᠯᠭ᠎ᠠ ᠶᠤᠰᠤᠭᠠᠷ ᠠᠳᠠᠭ ᠪᠠᠭ᠎ᠠ ᠳᠠᠭᠠᠨ ᠤᠯᠠᠷᠢᠯ ᠪᠦᠷᠢ ᠨᠡᠶᠢᠭᠡᠮ ᠳᠤ ᠨᠢᠭᠡ ᠤᠳᠠᠭ᠎ᠠ ᠲᠤᠰ | ᠵᠠᠰᠠᠭ ᠵᠠᠬᠢᠷᠭᠠᠨ ᠤ ᠤᠷᠤᠨ ᠤ ᠤᠤᠭᠤᠬᠤ ᠤᠰᠤᠨ ᠤ ᠠᠶᠤᠯᠭᠦᠢ ᠶᠢᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ | ᠬᠡᠷᠡᠭᠲᠠᠢ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤᠤᠭᠤᠬᠤ ᠤᠰᠤᠨ ᠤ ᠰᠤᠷᠪᠤᠯᠵᠢ ᠶᠢᠨ ᠠᠶᠤᠯᠭᠦᠢ ᠶᠢ ᠦᠨᠡᠯᠡᠬᠦ ᠲᠤᠭᠲᠠᠴᠠ ᠶᠢ ᠪᠠᠶᠢᠭᠤᠯᠵᠦ᠂ ᠤᠤᠭᠤᠬᠤ | ᠤᠰᠤᠨ ᠤ ᠰᠤᠷᠪᠤᠯᠵᠢ ᠶᠢᠨ ᠠᠶᠤᠯᠭᠦᠢ ᠶᠢ ᠪᠠᠲᠤᠯᠠᠬᠤ ᠪᠠᠶᠢᠭᠤᠯᠤᠯᠲᠠ ᠶᠢ ᠬᠢᠬᠦ ᠬᠡᠷᠡᠭᠲᠠᠢ᠃ | ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ | ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠥᠪᠡᠷ | ᠥᠪᠡᠷ ᠤᠨ ᠲᠤᠰᠢᠶᠠᠯ ᠬᠠᠷᠢᠭᠤᠴᠠᠯᠭ᠎ᠠ ᠪᠠᠷ ᠢᠶᠠᠨ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ᠂ | ᠤᠰᠤᠨ ᠤ ᠬᠡᠮᠵᠢᠶ᠎ᠡ ᠪᠤᠯᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠪᠠᠶᠢᠳᠠᠯ ᠳᠤ ᠲᠤᠭᠲᠠᠮᠠᠯ | ᠬᠤᠭᠤᠴᠠᠭ᠎ᠠ ᠲᠠᠢ ᠪᠠᠷ ᠦᠨᠡᠯᠡᠯᠲᠡ ᠬᠢᠬᠦ ᠪᠦᠭᠡᠳ ᠦᠨᠡᠯᠡᠭᠰᠡᠨ ᠦᠷ᠎ᠡ ᠳ᠋ᠦᠩ ᠢᠶᠠᠨ ᠲᠤᠰ ᠱᠠᠲᠤᠨ ᠤ ᠠᠷᠠᠳ ᠤᠨ | ᠵᠠᠰᠠᠭ ᠤᠨ ᠤᠷᠳᠤᠨ ᠳᠤ ᠬᠦᠷᠭᠡᠨ ᠮᠡᠳᠡᠭᠦᠯᠬᠦ ᠬᠡᠷᠡᠭᠲᠠᠢ᠃ | ᠭᠤᠴᠢᠨ ᠭᠤᠷᠪᠠᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠪᠠ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠤᠷᠳᠤᠨ ᠤᠤᠭᠤᠬᠤ ᠤᠰᠤᠨ ᠤ ᠠᠶᠤᠯᠭᠦᠢ ᠶᠢᠨ ᠭᠡᠨᠡᠳᠳᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠲᠤᠭᠲᠠᠭᠠᠬᠤ ᠬᠡᠷᠡᠭᠲᠠᠢ᠂ ᠬᠤᠯᠪᠤᠭᠳᠠᠯ ᠪᠦᠬᠦᠢ ᠰᠠᠯᠠᠭ᠎ᠠ ᠮᠦᠴᠢᠷ | ᠥᠪᠡᠷ ᠥᠪᠡᠷ ᠤᠨ ᠲᠤᠰᠢᠶᠠᠯ ᠬᠠᠷᠢᠭᠤᠴᠠᠯᠭ᠎ᠠ ᠪᠤᠯᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠶᠤᠰᠤᠭᠠᠷ | ᠤᠤᠭᠤᠬᠤ ᠤᠰᠤᠨ ᠤ ᠠᠶᠤᠯᠭᠦᠢ ᠶᠢᠨ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ | ᠲᠦᠰᠦᠯ ᠢ ᠲᠤᠭᠲᠠᠭᠠᠬᠤ ᠬᠡᠷᠡᠭᠲᠠᠢ᠃ | ᠭᠤᠴᠢᠨ ᠲᠦᠷᠪᠡᠳᠦᠭᠡᠷ ᠵᠦᠢ᠊ᠯ ᠤᠤᠭᠤᠬᠤ ᠤᠰᠤ ᠬᠠᠩᠭᠠᠬᠤ ᠨᠢᠭᠡᠴᠢ ᠨᠢ ᠰᠠᠭᠤᠭ᠎ᠠ ᠭᠠᠵᠠᠷ ᠤᠨ ᠤᠤᠭᠤᠬᠤ | ᠤᠰᠤᠨ ᠤ ᠠᠶᠤᠯᠭᠦᠢ ᠶᠢᠨ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠦᠰᠦᠯ ᠢ | ᠦᠨᠳᠦᠰᠦᠯᠡᠨ ᠲᠤᠰ ᠨᠢᠭᠡᠴᠢ ᠶᠢᠨ ᠪᠤᠳᠠᠲᠠᠢ ᠬᠡᠷᠡᠭᠵᠢᠭᠦᠯᠬᠦ ᠲᠦᠰᠦᠪ ᠢ ᠲᠤᠭᠲᠠᠭᠠᠵᠦ᠂ ᠰᠠᠭᠤᠭ᠎ᠠ ᠭᠠᠵᠠᠷ ᠤᠨ ᠢᠶᠠᠨ | ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠪᠤᠯᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠭᠦᠯᠦᠨ ᠲᠠᠩᠰᠠᠯᠠᠭᠤᠯᠬᠤ ᠪᠦᠭᠡᠳ ᠱᠠᠭᠠᠷᠳᠠᠯᠭ᠎ᠠ ᠶᠤᠰᠤᠭᠠᠷ ᠪᠠᠴᠢᠮ ᠪᠠᠶᠢᠳᠠᠯ ᠢ ᠠᠷᠭᠠᠴᠠᠬᠤ ᠳᠤ | ᠵᠠᠪᠠᠯ ᠬᠡᠷᠡᠭᠰᠡᠬᠦ ᠡᠳ᠋ ᠪᠤᠳᠠᠰ ᠢ ᠨᠦᠭᠡᠴᠡᠯᠡᠵᠦ᠂ ᠪᠠᠴᠢᠮ ᠪᠠᠶᠢᠳᠠᠯ ᠢ ᠠᠷᠭᠠᠴᠠᠬᠤ ᠰᠤᠷᠢᠯᠲᠠ ᠶᠢ ᠲᠤᠭᠲᠠᠮᠠᠯ | ᠬᠤᠭᠤᠴᠠᠭ᠎ᠠ ᠲᠠᠢ ᠬᠢᠬᠦ ᠬᠡᠷᠡᠭᠲᠠᠢ᠃ | ᠭᠤᠴᠢᠨ ᠲᠠᠪᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠳᠤ ᠪᠤᠬᠢᠷᠳᠤᠭᠰᠠᠨ ᠠᠳᠡᠯ ᠭᠠᠷᠬᠤ ᠪᠤᠶᠤ | ᠤᠤᠭᠤᠬᠤ ᠤᠰᠤᠨ ᠤ ᠠᠶᠤᠯᠭᠦᠢ ᠶᠢ ᠨᠦᠯᠦᠭᠡᠯᠡᠵᠦ ᠮᠡᠳᠡᠬᠦ ᠪᠤᠰᠤᠳ ᠬᠡᠨᠡᠳᠳᠡ ᠶᠢᠨ ᠬᠡᠷᠡᠭ ᠭᠠᠷᠪᠠᠯ ᠤᠤᠭᠤᠬᠤ | ᠤᠰᠤ ᠬᠠᠩᠭᠠᠵᠦ ᠪᠠᠶᠢᠬᠤ ᠨᠢᠭᠡᠴᠢ ᠲᠠᠷᠤᠢ ᠲᠦᠷᠭᠡᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠬᠤ | ᠪᠦᠭᠡᠳ ᠰᠠᠭᠤᠭ᠎ᠠ ᠭᠠᠵᠠᠷ ᠤᠨ ᠢᠶᠠᠨ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠲᠠ ᠪᠤᠯᠤᠨ ᠬᠤᠰᠢᠭᠤ | ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠬᠦ ᠶᠢᠨ ᠬᠠᠮᠲᠦ ᠨᠡᠶᠢᠭᠡᠮ ᠳᠤ ᠨᠡᠶᠢᠲᠡᠯᠡᠬᠦ ᠬᠡᠷᠡᠭᠲᠠᠢ︔ | ᠬᠤᠯᠪᠤᠭᠳᠠᠯ ᠪᠦᠬᠦᠢ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠪᠤᠯᠤᠨ ᠪᠤᠰᠤᠳ ᠡᠵᠡᠩᠨᠡᠭᠴᠢ ᠲᠠᠷᠤᠢ | ᠲᠦᠷᠭᠡᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠬᠤ ᠪᠦᠭᠡᠳ ᠰᠠᠭᠤᠭ᠎ᠠ ᠭᠠᠵᠠᠷ ᠤᠨ ᠢᠶᠠᠨ | ᠠᠷᠠᠳ ᠤᠨ ᠵᠠᠰᠠᠭ ᠤᠨ ᠤᠷᠳᠤᠨ ᠵᠢᠴᠢ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠤᠤᠭᠤᠬᠤ ᠤᠰᠤ | ᠬᠠᠩᠭᠠᠬᠤ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠴᠠᠭ ᠲᠤᠬᠠᠢ ᠳᠤᠨᠢ ᠮᠡᠳᠡᠭᠳᠡᠬᠦ ᠬᠡᠷᠡᠭᠲᠠᠢ︔ | ᠤᠤᠭᠤᠬᠤ ᠤᠰᠤ ᠬᠠᠩᠭᠠᠬᠤ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠤᠰᠤ | ᠠᠪᠬᠤ ᠨᠢᠭᠡᠴᠢ ᠪᠤᠯᠤᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠮᠡᠳᠡᠭᠳᠡᠵᠦ᠂ ᠪᠤᠬᠢᠷᠳᠤᠯ ᠲᠠᠢ ᠤᠰᠤ ᠶᠢ | ᠤᠰᠤ ᠬᠡᠷᠡᠭᠯᠡᠭᠴᠢ ᠡᠷᠦᠬᠡ ᠶᠢᠨ ᠳᠤ ᠤᠷᠤᠬᠤ ᠠᠴᠠ ᠵᠠᠶᠢᠯᠠᠰᠬᠢᠬᠦ ᠬᠡᠷᠡᠭᠲᠠᠢ︔ ᠬᠤᠯᠪᠤᠭᠳᠠᠯ ᠪᠦᠬᠦᠢ ᠠᠷᠠᠳ ᠤᠨ | ᠵᠠᠰᠠᠭ ᠤᠨ ᠤᠷᠳᠤᠨ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠴᠠᠭ ᠲᠤᠬᠠᠢ ᠳᠤᠨᠢ | ᠡᠬᠢᠯᠡᠨ ᠬᠡᠷᠡᠭᠵᠢᠬᠦᠯᠵᠦ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠤᠰᠤᠨ ᠤ ᠬᠠᠩᠭᠠᠯᠭ᠎ᠠ ᠶᠢᠨ ᠠᠶᠤᠯᠭᠦᠢ ᠶᠢ | ᠪᠠᠲᠤᠯᠠᠬᠤ ᠬᠡᠷᠡᠭᠲᠠᠢ᠃ | ᠭᠤᠴᠢᠨ ᠵᠢᠷᠭᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠢᠶᠠᠷᠤᠯᠲᠠ ᠶᠢᠨ ᠨᠢᠭᠡᠴᠢ | ᠵᠢᠵᠢᠭᠦᠷᠯᠡᠵᠦ ᠲᠤᠭᠤᠷᠢᠨ ᠪᠠᠶᠢᠴᠠᠭᠠᠬᠤ ᠲᠦᠷᠢᠮ ᠲᠤᠭᠲᠠᠭᠠᠵᠦ᠂ ᠬᠦᠮᠦᠨ ᠵᠤᠬᠢᠶᠠᠨ ᠪᠠᠶᠢᠭᠤᠯᠵᠦ ᠤᠤᠭᠤᠬᠤ | ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠬᠤᠯᠪᠤᠭᠳᠠᠯ ᠪᠦᠬᠦᠢ ᠪᠡᠯᠡᠳᠭᠡᠮᠵᠢ ᠶᠢ ᠲᠤᠭᠤᠷᠢᠨ | ᠪᠠᠶᠢᠴᠠᠭᠠᠬᠤ ᠪᠦᠭᠡᠳ ᠲᠤᠭᠤᠷᠢᠨ ᠪᠠᠶᠢᠴᠠᠭᠠᠭᠰᠠᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠠᠢ᠃ ᠲᠤᠭᠤᠷᠢᠨ | ᠪᠠᠶᠢᠴᠠᠭᠠᠬᠤ ᠶᠠᠪᠤᠴᠠ ᠳᠤ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠵᠦ ᠮᠡᠳᠡᠬᠦ ᠦᠢᠯᠡ ᠠᠵᠢᠯᠯᠠᠭ᠎ᠠ ᠶᠢ | ᠤᠯᠵᠦ ᠮᠡᠳᠡᠪᠡᠯ ᠴᠠᠭ ᠲᠤᠬᠠᠢ ᠳᠤᠨᠢ ᠬᠤᠷᠢᠬᠯᠠᠨ ᠵᠤᠬᠰᠤᠭᠠᠬᠤ ᠪᠦᠭᠡᠳ ᠰᠠᠭᠤᠭ᠎ᠠ ᠭᠠᠵᠠᠷ ᠤᠨ ᠢᠶᠠᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠠᠢ᠃ | ᠭᠤᠴᠢᠨ ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠢᠯᠡᠴᠢᠯᠡᠨ ᠮᠡᠳᠡᠭᠦᠯᠬᠦ ᠠᠷᠭ᠎ᠠ ᠵᠠᠮ ᠢ ᠨᠡᠶᠢᠲᠡᠯᠡᠵᠦ᠂ ᠡᠷᠬᠡᠲᠦ ᠠᠷᠠᠳ᠂ ᠬᠠᠤᠯᠢ ᠶᠢᠨ ᠡᠷᠬᠡᠲᠡᠨ | ᠪᠤᠯᠤᠨ ᠪᠤᠰᠤᠳ ᠵᠤᠬᠢᠶᠠᠨ ᠪᠠᠶᠢᠭᠤᠯᠤᠯᠲᠠ ᠠᠴᠠ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ᠂ | ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠯᠡᠭᠰᠡᠨ ᠦᠢᠯᠡ ᠠᠵᠢᠯᠯᠠᠭ᠎ᠠ ᠶᠢ | ᠢᠯᠡᠴᠢᠯᠡᠨ ᠮᠡᠳᠡᠭᠦᠯᠦᠭᠰᠡᠨ ᠶᠠᠪᠤᠳᠠᠯ ᠢ ᠰᠢᠢᠳᠪᠤᠷᠢᠯᠡᠬᠦ ᠪᠠᠷ ᠬᠦᠯᠢᠶᠡᠨ ᠠᠪᠬᠤ ᠪᠦᠭᠡᠳ ᠬᠠᠤᠯᠢ ᠶᠢ ᠵᠦᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠬᠦ ᠬᠡᠷᠡᠭᠲᠠᠢ︔ ᠲᠤᠰ ᠰᠠᠯᠠᠭ᠎ᠠ ᠮᠦᠴᠢᠷ ᠤᠨ | ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠤᠯ ᠴᠠᠭ ᠲᠤᠬᠠᠢ ᠳᠤᠨᠢ ᠬᠤᠯᠪᠤᠭᠳᠠᠯ | ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠦᠭᠴᠤ ᠬᠠᠤᠯᠢ ᠶᠤᠰᠤᠭᠠᠷ ᠪᠠᠶᠢᠴᠠᠭᠠᠨ ᠰᠢᠢᠳᠭᠡᠭᠦᠯᠬᠦ ᠬᠡᠷᠡᠭᠲᠠᠢ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠨᠠᠢᠮᠠᠳᠤᠭᠠᠷ ᠵᠦᠢᠯ ᠲᠤᠰ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ | ᠲᠤᠬᠠᠢ ︽ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠠᠤᠯᠢ︾ ᠵᠡᠷᠭᠡ | ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠪᠤᠲᠠᠲᠠᠢ ᠰᠢᠢᠳᠭᠡᠵᠦ ᠲᠤᠷᠭᠠᠬᠤ | ᠲᠤᠭᠲᠠᠭᠠᠯ ᠪᠠᠶᠢᠪᠠᠯ ᠲᠡᠷᠡ ᠬᠦ ᠲᠤᠭᠲᠠᠭᠠᠯ ᠢ ᠲᠠᠭᠠᠨ᠎ᠠ᠃ | ᠭᠤᠴᠢ ᠶᠢᠰᠦᠳᠦᠭᠡᠷ ᠵᠦᠢᠯ ᠲᠤᠰ ᠲᠦᠷᠢᠮ ᠤᠨ ᠲᠤᠭᠲᠠᠭᠠᠯ ᠠᠴᠠ ᠵᠦᠷᠢᠴᠡᠵᠦ᠂ ᠤᠤᠭᠤᠬᠤ ᠤᠰᠤᠨ ᠤ | ᠰᠤᠷᠪᠤᠯᠵᠢ ᠶᠢᠨ ᠨᠢᠭᠡᠳᠦᠭᠡᠷ ᠲᠡᠰ᠂ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠵᠢᠴᠢ ᠲᠡᠰᠯᠡᠭᠴᠢ | ᠤᠷᠤᠨ ᠳᠤ ᠲᠤᠤᠷᠠᠬᠢ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠬᠤᠰᠢᠭᠤ ᠰᠢᠶᠠᠨ ᠤ | ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠵᠠᠷᠯᠢᠬᠳᠠᠵᠦ | ᠪᠠᠶᠢᠭᠠᠳ ᠵᠠᠯᠠᠷᠠᠭᠤᠯᠵᠦ᠂ ᠬᠠᠤᠯᠢ ᠠᠴᠠ ᠵᠦᠷᠢᠴᠡᠭᠰᠡᠨ ᠤᠯᠵᠠ ᠶᠢ ᠨᠢ ᠬᠤᠷᠢᠶᠠᠨ ᠠᠪᠬᠤ ᠪᠦᠭᠡᠳ ᠵᠤᠭᠤᠰ ᠢᠶᠠᠷ | ᠲᠤᠷᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠪᠤᠯᠤᠨ ᠤᠰᠤᠨ ᠤ ᠬᠡᠮᠵᠢᠶ᠎ᠡ ᠶᠢ | ᠰᠦᠷᠡᠬᠡᠢ ᠨᠦᠯᠦᠭᠡᠯᠡᠵᠦ ᠮᠡᠳᠡᠬᠦ ᠠᠭᠤᠷᠬᠠᠢ ᠶᠢᠨ ᠭᠠᠷᠤᠯᠲᠠ ᠬᠠᠶᠢᠨ ᠪᠠᠶᠢᠴᠠᠭᠠᠬᠤ᠂ ᠰᠤᠩᠭᠤᠨ ᠠᠪᠬᠤ ᠵᠡᠷᠭᠡ | ᠠᠵᠢᠯᠯᠠᠭ᠎ᠠ ᠬᠢᠭᠰᠡᠨ ᠪᠠᠶᠢᠪᠠᠯ 10 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠨ᠎ᠠ︔ | ︵ᠬᠤᠶᠠᠷ︶ ᠠᠵᠦ ᠦᠢᠯᠡᠳᠪᠤᠷᠢ ᠶᠢᠨ ᠬᠠᠶᠠᠭᠳᠠᠮᠠᠯ ᠰᠢᠭᠠᠷᠤ᠂ ᠬᠤᠭ ᠨᠤᠪᠰᠢ ᠴᠢᠳᠬᠤᠵᠦ᠂ | ᠤᠪᠤᠭᠠᠯᠠᠭᠰᠠᠨ ᠪᠠᠶᠢᠪᠠᠯ 5 ᠲᠦᠮᠡᠨ ᠲᠦᠭᠦᠷᠢᠭ ᠠᠴᠠ ᠲᠡᠭᠡᠭᠰᠢ 20 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠨ᠎ᠠ︔ ᠪᠠᠭᠠᠰᠦ ᠴᠢᠳᠬᠤᠵᠦ᠂ ᠤᠪᠤᠭᠠᠯᠠᠭᠰᠠᠨ ᠪᠠᠶᠢᠪᠠᠯ 500 ᠲᠦᠭᠦᠷᠢᠭ ᠠᠴᠠ ᠲᠡᠭᠡᠭᠰᠢ | 5000 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ︵ᠭᠤᠷᠪᠠ︶ ᠤᠰᠤᠨ ᠤ ᠰᠤᠷᠪᠤᠯᠵᠢ ᠶᠢ ᠬᠠᠮᠠᠭᠠᠯᠠᠬᠤ ᠤᠢ᠂ ᠡᠷᠬᠢ ᠶᠢ ᠬᠠᠮᠠᠭᠠᠯᠠᠬᠤ ᠤᠢ ᠵᠢᠴᠢ ᠤᠰᠤᠨ ᠤ | ᠰᠤᠷᠪᠤᠯᠵᠢ ᠶᠢ ᠬᠠᠮᠠᠭᠠᠯᠠᠬᠤ ᠬᠤᠯᠪᠤᠭᠳᠠᠯ ᠪᠦᠬᠦᠢ ᠤᠷᠭᠤᠮᠠᠯ ᠤᠨ ᠪᠦᠷᠬᠦᠴᠡ ᠶᠢ ᠡᠪᠳᠡᠯᠡᠭᠰᠡᠨ ᠪᠠᠶᠢᠪᠠᠯ 1 ᠲᠦᠮᠡᠨ | ᠲᠦᠭᠦᠷᠢᠭ ᠠᠴᠠ ᠲᠡᠭᠡᠭᠰᠢ 5 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ︵ᠲᠦᠷᠪᠡ︶ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠤ ᠭᠠᠵᠠᠷ ᠵᠦᠢ ᠶᠢᠨ | ᠵᠠᠭᠠᠭ ᠲᠡᠮᠳᠡᠭ᠂ ᠰᠡᠷᠡᠮᠵᠢ ᠶᠢᠨ ᠲᠡᠮᠳᠡᠭ ᠪᠤᠯᠤᠨ ᠲᠤᠰᠠᠭᠠᠷᠯᠠᠵᠦ ᠬᠠᠮᠠᠭᠠᠯᠠᠬᠤ ᠪᠡᠯᠡᠳᠭᠡᠮᠵᠢ ᠶᠢ ᠲᠤᠷ᠎ᠠ ᠪᠠᠷ ᠢᠶᠠᠨ | ᠬᠤᠪᠢᠷᠠᠭᠤᠯᠤᠭᠰᠠᠨ᠂ ᠡᠪᠳᠡᠭᠰᠡᠨ ᠪᠠᠶᠢᠪᠠᠯ 1000 ᠲᠦᠭᠦᠷᠢᠭ ᠠᠴᠠ ᠲᠡᠭᠡᠭᠰᠢ 5000 ᠲᠦᠮᠡᠨ ᠲᠦᠭᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠨ᠎ᠠ᠃ | ᠲᠦᠴᠢᠳᠦᠭᠡᠷ ᠵᠦᠢᠯ ᠲᠤᠰ ᠲᠦᠷᠢᠮ ᠤᠨ ᠲᠤᠭᠲᠠᠭᠠᠯ ᠠᠴᠠ ᠵᠦᠷᠢᠴᠡᠵᠦ᠂ ᠤᠤᠭᠤᠬᠤ ᠤᠰᠤᠨ ᠤ | ᠰᠤᠷᠪᠤᠯᠵᠢ ᠶᠢᠨ ᠨᠢᠭᠡᠳᠦᠭᠡᠷ ᠲᠡᠰ᠂ ᠬᠤᠶᠠᠳᠤᠭᠠᠷ ᠲᠡᠰ ᠤᠨ ᠬᠠᠮᠠᠭᠠᠯᠠᠯᠲᠠ ᠶᠢᠨ ᠤᠷᠤᠨ ᠳᠤ ᠲᠤᠤᠷᠠᠬᠢ ᠦᠢᠯᠡ | ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠵᠠᠷᠯᠢᠬᠳᠠᠵᠦ ᠪᠠᠶᠢᠭᠠᠳ ᠵᠠᠯᠠᠷᠠᠭᠤᠯᠵᠦ᠂ ᠬᠠᠤᠯᠢ ᠠᠴᠠ | ᠵᠦᠷᠢᠴᠡᠭᠰᠡᠨ ᠤᠯᠵᠠ ᠶᠢ ᠨᠢ ᠬᠤᠷᠢᠶᠠᠨ ᠠᠪᠬᠤ ᠪᠦᠭᠡᠳ ᠵᠤᠭᠤᠰ ᠢᠶᠠᠷ ᠲᠤᠷᠭᠠᠨ᠎ᠠ︔ ᠶᠠᠯ᠎ᠠ ᠳᠤ ᠬᠦᠷᠦᠭᠰᠡᠨ | ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠤᠰᠤᠨ ᠤ ᠰᠤᠷᠪᠤᠯᠵᠢ ᠶᠢ ᠨᠦᠬᠦᠪᠤᠷᠢᠯᠡᠬᠦ ᠶᠢ ᠨᠦᠯᠦᠭᠡᠯᠡᠬᠦ ᠠᠵᠢᠯᠯᠠᠭ᠎ᠠ ᠪᠠ ᠤᠤᠭᠤᠬᠤ ᠤᠰᠤ | ᠬᠠᠩᠭᠠᠬᠤ ᠲᠠᠢ ᠡᠰᠡ ᠬᠤᠯᠪᠤᠭᠳᠠᠬᠤ ᠠᠵᠢᠯᠯᠠᠭ᠎ᠠ ᠬᠢᠭᠰᠡᠨ ᠪᠠᠶᠢᠪᠠᠯ 10 ᠲᠦᠮᠡᠨ ᠲᠦᠭᠦᠷᠢᠭ ᠠᠴᠠ ᠲᠡᠭᠡᠭᠰᠢ 50 | ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ︵ᠬᠤᠶᠠᠷ︶ ᠲᠤᠰᠤᠨ ᠤ ᠬᠦᠮᠦᠷᠭᠡ᠂ ᠲᠤᠰᠤ ᠨᠡᠮᠡᠬᠦ ᠦᠷᠲᠡᠭᠡ ᠰᠢᠨ᠎ᠡ ᠪᠠᠷ ᠪᠠᠶᠢᠭᠤᠯᠬᠤ᠂ ᠦᠷᠭᠡᠳᠭᠡᠨ | ᠪᠠᠶᠢᠭᠤᠯᠬᠤ ᠪᠤᠶᠤ ᠴᠢᠨᠳᠠᠷ ᠬᠠᠶᠢᠯᠤᠭᠤᠯᠬᠤ ᠭᠠᠵᠠᠷ᠂ ᠬᠡᠭᠦᠷ ᠤᠩᠭᠤᠨ ᠪᠠᠶᠢᠭᠤᠯᠤᠭᠰᠠᠨ ᠪᠠᠶᠢᠪᠠᠯ 5 ᠲᠦᠮᠡᠨ | ᠲᠦᠭᠦᠷᠢᠭ ᠠᠴᠠ ᠲᠡᠭᠡᠭᠰᠢ 20 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ︵ᠭᠤᠷᠪᠠ︶ ᠮᠠᠯ ᠵᠢᠭᠦᠷᠲᠡᠨ ᠤ ᠲᠡᠵᠢᠭᠡᠪᠦᠷᠢ ᠶᠢᠨ ᠲᠠᠯᠠᠪᠦᠷ᠂ ᠲᠡᠵᠢᠭᠡᠪᠦᠷᠢ ᠶᠢᠨ ᠵᠢᠵᠢᠭ ᠲᠤᠭᠤᠷᠢᠭ | ᠭᠠᠷᠭᠠᠭᠰᠠᠨ ᠪᠠᠶᠢᠪᠠᠯ 10 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠨ᠎ᠠ︔ | ︵ᠲᠦᠷᠪᠡ︶ ᠴᠡᠪᠡᠷᠰᠢᠭᠦᠯᠦᠨ ᠰᠢᠢᠳᠪᠤᠷᠢᠯᠡᠵᠦ ᠪᠠᠷᠢᠮᠵᠢᠶ᠎ᠠ ᠳᠤ ᠬᠦᠷᠭᠡᠭᠰᠡᠨ ᠦᠭᠡᠢ ᠪᠤᠬᠢᠷᠳᠤᠯ ᠲᠠᠢ | ᠤᠰᠤ ᠪᠠᠷ ᠲᠠᠷᠢᠶ᠎ᠠ ᠤᠰᠤᠯᠠᠭᠰᠠᠨ ᠪᠤᠶᠤ ᠲᠠᠷᠢᠶᠠᠨ ᠡᠮ᠂ ᠬᠢᠮᠢ ᠶᠢᠨ ᠪᠤᠷᠳᠤᠭᠤᠷ᠂ ᠹᠤᠰᠹᠤᠷ ᠠᠭᠤᠯᠤᠭᠰᠠᠨ | ᠤᠬᠢᠶᠠᠬᠤ ᠡᠳ᠋ ᠢ ᠪᠠᠷᠢᠮᠵᠢᠶ᠎ᠠ ᠠᠴᠠ ᠬᠡᠲᠦᠷᠡᠭᠦᠯᠦᠨ ᠬᠡᠷᠡᠭᠯᠡᠭᠰᠡᠨ ᠪᠠᠶᠢᠪᠠᠯ 2 ᠲᠦᠮᠡᠨ ᠲᠦᠭᠦᠷᠢᠭ ᠠᠴᠠ ᠲᠡᠭᠡᠭᠰᠢ | 10 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ︵ᠲᠠᠪᠤ︶ ᠠᠮᠢᠲᠠᠨ ᠤ ᠦᠬᠦᠳᠡᠯ ᠢ ᠭᠠᠵᠠᠷ ᠪᠤᠯᠠᠭᠰᠠᠨ᠂ ᠤᠷᠬᠢᠵᠦ ᠬᠠᠶᠠᠭᠰᠠᠨ ᠪᠠᠶᠢᠪᠠᠯ 1000 | ᠲᠦᠭᠦᠷᠢᠭ ᠠᠴᠠ ᠲᠡᠭᠡᠭᠰᠢ 1 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ᠲᠦᠴᠢᠨ ᠨᠢᠭᠡᠳᠦᠭᠡᠷ ᠵᠦᠢᠯ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠪᠤᠯᠤᠨ ᠪᠤᠰᠤᠳ | ᠦᠢᠯᠡᠳᠪᠤᠷᠢᠯᠡᠯ ᠡᠵᠡᠩᠨᠡᠯᠲᠡ ᠬᠢᠭᠰᠡᠳ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ | ᠬᠠᠤᠯᠢ ᠠᠴᠠ ᠵᠦᠷᠢᠴᠡᠨ ᠤᠰᠤ ᠪᠤᠬᠢᠷᠳᠤᠭᠤᠯᠬᠤ ᠪᠤᠳᠠᠰ ᠭᠠᠳᠠᠭᠰᠢᠯᠠᠭᠤᠯᠵᠦ᠂ ᠵᠤᠭᠤᠰ ᠢᠶᠠᠷ ᠲᠤᠷᠭᠠᠭᠳᠠᠬᠤ | ᠰᠢᠢᠳᠭᠡᠯ ᠤᠯᠵᠦ᠂ ᠵᠠᠷᠯᠢᠬᠳᠠᠭᠤᠯᠤᠨ ᠵᠠᠯᠠᠷᠠᠭᠤᠯᠬᠤ ᠪᠠᠷ ᠪᠤᠯᠤᠭᠰᠠᠨ ᠪᠠᠶᠢᠪᠠᠯ ᠬᠠᠤᠯᠢ ᠶᠤᠰᠤᠭᠠᠷ ᠰᠢᠢᠳᠭᠡᠵᠦ | ᠲᠤᠷᠭᠠᠬᠤ ᠲᠤᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠲᠠᠬᠢᠨ ᠪᠠᠶᠢᠴᠠᠭᠠᠬᠤ ᠠᠵᠢᠯ ᠢ ᠵᠤᠬᠢᠶᠠᠨ | ᠪᠠᠶᠢᠭᠤᠯᠵᠦ᠂ ᠦᠷᠭᠦᠯᠵᠢᠯᠡᠨ ᠬᠠᠤᠯᠢ ᠠᠴᠠ ᠵᠦᠷᠢᠴᠡᠨ ᠤᠰᠤ ᠪᠤᠬᠢᠷᠳᠤᠭᠤᠯᠬᠤ ᠪᠤᠳᠠᠰ ᠭᠠᠳᠠᠭᠰᠢᠯᠠᠭᠤᠯᠬᠤ ᠪᠤᠶᠤ | ᠲᠠᠬᠢᠨ ᠪᠠᠶᠢᠴᠠᠭᠠᠬᠤ ᠶᠢ ᠲᠡᠪᠴᠢᠵᠦ᠂ ᠬᠠᠷᠰᠢᠯᠠᠭᠰᠠᠨ ᠪᠠᠶᠢᠪᠠᠯ ︽ᠪᠦᠭᠦᠳᠡ ᠨᠠᠶᠢᠷᠠᠮᠳᠠᠬᠤ ᠳᠤᠮᠳᠠᠳᠦ ᠠᠷᠠᠳ | ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ︾ ᠶᠢᠨ ᠲᠤᠭᠲᠠᠭᠠᠯ ᠢᠶᠠᠷ ᠡᠳᠦᠷ ᠢᠶᠠᠷ ᠪᠤᠳᠤᠵᠦ | ᠵᠠᠯᠭᠠᠪᠡᠷ ᠰᠢᠢᠳᠭᠡᠵᠦ ᠲᠤᠷᠭᠠᠨ᠎ᠠ᠃ | ᠲᠦᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ | ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠲᠤᠰ ᠲᠦᠷᠢᠮ ᠤᠨ ᠲᠤᠭᠲᠠᠭᠠᠯ ᠠᠴᠠ | ᠵᠦᠷᠢᠴᠡᠵᠦ᠂ ᠲᠤᠤᠷᠠᠬᠢ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ ᠰᠢᠭᠤᠳ | ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠦᠮᠦᠨ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ | ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠨ ᠪᠠᠶᠢᠪᠠᠯ | ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠤᠤᠭᠤᠬᠤ ᠤᠰᠤᠨ ᠤ ᠰᠤᠷᠪᠤᠯᠵᠢ ᠳᠤ ᠬᠠᠤᠯᠢ ᠶᠤᠰᠤᠭᠠᠷ ᠤᠰᠤᠨ ᠤ ᠴᠢᠨᠠᠷ᠂ ᠤᠰᠤᠨ ᠤ | ᠬᠡᠮᠵᠢᠶ᠎ᠡ ᠶᠢᠨ ᠬᠢᠨᠠᠨ ᠰᠢᠯᠭᠠᠯᠲᠠ ᠬᠢᠭᠰᠡᠨ ᠦᠭᠡᠢ︔ | ︵ᠬᠤᠶᠠᠷ︶ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ᠂ ᠤᠤᠭᠤᠬᠤ ᠤᠰᠤᠨ ᠤ | ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠯᠡᠭᠰᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠤᠯᠵᠦ ᠮᠡᠳᠡᠭᠰᠡᠨ ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ ᠶᠢ ᠬᠦᠯᠢᠶᠡᠨ | ᠠᠪᠤᠭᠰᠠᠨ ᠤ ᠳᠠᠷᠠᠭ᠎ᠠ ᠴᠠᠭ ᠲᠤᠬᠠᠢ ᠳᠤᠨᠢ ᠪᠠᠶᠢᠴᠠᠭᠠᠨ ᠰᠢᠢᠳᠪᠤᠷᠢᠯᠡᠭᠰᠡᠨ ᠦᠭᠡᠢ︔ | ︵ᠭᠤᠷᠪᠠ︶ ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠤᠭᠰᠠᠨ ᠠᠳᠡᠯ ᠪᠤᠶᠤ ᠲᠡᠯᠳᠠ ᠭᠡᠮ ᠤᠨ | ᠲᠤᠬᠠᠢ ᠮᠡᠳᠡᠭᠦᠯᠦᠯᠲᠡ ᠲᠤᠰᠴᠤ ᠠᠪᠤᠭᠠᠳ ᠴᠠᠭ ᠲᠤᠬᠠᠢ ᠳᠤᠨᠢ ᠠᠷᠭᠠᠴᠠᠬᠤ ᠠᠷᠭ᠎ᠠ ᠬᠡᠮᠵᠢᠶ᠎ᠡ ᠠᠪᠤᠭᠰᠠᠨ ᠦᠭᠡᠢ︔ | ︵ᠲᠦᠷᠪᠡ︶ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠭᠠᠷᠭᠠᠭᠰᠠᠨ ᠦᠭᠡᠢ ᠪᠤᠶᠤ | ᠵᠦᠪᠰᠢᠶᠡᠷᠡᠭᠰᠡᠨ ᠪᠢᠴᠢᠭ ᠮᠠᠲ᠋ᠧᠷᠢᠶᠠᠯ ᠭᠠᠷᠭᠠᠭᠰᠠᠨ ᠦᠭᠡᠢ︔ | ︵ᠲᠠᠪᠤ︶ ᠡᠷᠬᠡ ᠲᠤᠰᠢᠶᠡᠯ ᠢᠶᠠᠨ ᠲᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ | ᠤᠰᠤᠯᠳᠠᠭᠰᠠᠨ᠂ ᠬᠤᠪᠢ ᠪᠠᠨ ᠪᠤᠳᠤᠵᠦ ᠬᠠᠤᠯᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠦᠴᠢᠨ ᠭᠤᠷᠪᠠᠳᠤᠭᠠᠷ ᠵᠦᠢᠯ ᠲᠤᠰ ᠲᠦᠷᠢᠮ ᠢ 2018 ᠤᠨ ᠤ 1 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | | | | | | | | | | | ᠁ |