︵ 2011 ᠣᠨ ᠤ 9 ᠰᠠᠷ᠎ᠠ ᠶᠢᠨ 8 ᠤ ᠡᠳᠦᠷ ᠪᠤᠭᠤᠳᠤ ᠬᠤᠳᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ | ᠨᠠᠢᠮᠠᠳᠤᠭᠠᠷ ᠬᠤᠷᠠᠯᠳᠤᠭᠠᠨ ᠢᠶᠠᠷ ᠪᠠᠳᠤᠯᠠᠵᠤ᠂ 2011 ᠤᠨ ᠤ 11 ᠰᠠᠷ᠎ᠠ ᠶᠢᠨ 16 ᠤ ᠡᠳᠦᠷ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯᠳᠤᠭᠠᠨ ᠢᠶᠠᠷ | ᠵᠦᠪᠰᠢᠶᠡᠷᠡᠪᠡ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢ ᠴᠢᠩᠭᠠᠳᠬᠠᠨ᠂ ᠤᠤᠭᠤᠬᠤ | ᠤᠰᠤᠨ ᠤ ᠰᠤᠷᠪᠤᠯᠵᠢ ᠶᠢᠨ ᠠᠶᠤᠯᠬᠦᠢ ᠶᠢ ᠪᠠᠳᠤᠯᠠᠬᠤ ᠶᠢᠨ ᠲᠦᠯᠦᠭᠡ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠤᠰᠤᠨ ᠤ ᠬᠠᠤᠯᠢ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︿ | ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ | ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠵᠤ᠂ ᠲᠤᠰ ᠬᠤᠳᠠ ᠶᠢᠨ ᠪᠤᠳᠠᠳᠠᠢ ᠲᠠᠢ ᠤᠶᠠᠯᠳᠤᠭᠤᠯᠤᠨ | ᠲᠤᠰ ᠲᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠬᠤᠳᠠ ᠶᠢᠨ ᠵᠠᠰᠠᠭ ᠵᠠᠬᠢᠷᠭᠠᠨ ᠤ ᠤᠷᠤᠨ ᠲᠤᠳᠤᠷᠠᠬᠢ ᠤᠤᠭᠤᠬᠤ ᠤᠰᠤᠨ ᠤ | ᠰᠤᠷᠪᠤᠯᠵᠢ ᠶᠢ ᠬᠠᠮᠠᠭᠠᠯᠠᠬᠤ ᠪᠠ ᠬᠠᠮᠢᠶᠠᠷᠬᠤ ᠳᠤ ᠲᠤᠰ ᠲᠦᠷᠢᠮ ᠢ ᠵᠢᠷᠤᠮᠯᠠᠬᠤ ᠬᠡᠷᠡᠭᠳᠠᠢ᠃ | ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠤ ᠪᠠᠶᠢᠭ᠎ᠠ ᠤᠤᠭᠤᠬᠤ ᠤᠰᠤᠨ ᠤ ᠰᠤᠷᠪᠤᠯᠵᠢ ᠭᠡᠳᠡᠭ ᠨᠢ | ᠲᠦᠪᠯᠡᠷᠡᠭᠰᠡᠨ ᠮᠠᠶ᠋ᠢᠭ ᠤᠨ ᠤᠤᠭᠤᠬᠤ ᠤᠰᠤ ᠬᠠᠨᠭ᠍ᠭᠠᠬᠤ ᠨᠢᠭᠡᠴᠢ ᠶᠢᠨ ᠰᠢᠭᠤᠳ ᠬᠠᠨᠭ᠍ᠭᠠᠵᠤ ᠪᠠᠶᠢᠭ᠎ᠠ ᠭᠠᠵᠠᠷ ᠤᠨ | ᠭᠠᠳᠠᠷᠭᠤ ᠶᠢᠨ ᠤᠰᠤ ᠪᠤᠯᠤᠨ ᠭᠠᠵᠠᠷ ᠲᠤᠤᠷᠠᠬᠢ ᠤᠰᠤ ᠶᠢ ᠪᠠᠭᠳᠠᠭᠠᠵᠤ ᠪᠤᠢ᠃ ᠡᠭᠦᠨ ᠳᠤ ᠬᠠᠳᠤᠨ ᠭᠤᠤᠯ ᠤᠨ | ᠵᠤᠤ ᠵᠢᠶᠦ᠋ᠨ ᠤ ᠤᠡᠭᠭᠤᠨ ᠤ ᠤᠤᠭᠤᠬᠤ ᠤᠰᠤᠨ ᠤ ᠰᠤᠷᠪᠤᠯᠵᠢ᠂ ᠬᠠᠳᠤᠨ ᠭᠤᠤᠯ ᠤᠨ ᠬᠤᠸᠠ ᠵᠢᠶᠠᠩ | ᠶᠢᠩᠼᠢ ᠶᠢᠨ ᠤᠤᠭᠤᠬᠤ ᠤᠰᠤᠨ ᠤ ᠰᠤᠷᠪᠤᠯᠵᠢ᠂ ᠬᠠᠳᠤᠨ ᠭᠤᠤᠯ ᠤᠨ ᠳ᠋ᠧᠩ ᠺᠧᠤ ᠶᠢᠨ ᠤᠤᠭᠤᠬᠤ ᠤᠰᠤᠨ ᠤ | ᠰᠤᠷᠪᠤᠯᠵᠢ᠂ ᠬᠦᠨᠳᠡᠯᠡᠨ ᠤ ᠤᠰᠤᠨ ᠴᠦᠬᠦᠷᠤᠮ ᠤᠨ ᠤᠤᠭᠤᠬᠤ ᠤᠰᠤᠨ ᠤ ᠰᠤᠷᠪᠤᠯᠵᠢ᠂ ᠠᠷᠠᠳ ᠤᠰᠤᠨ | ᠦᠢᠯᠡᠳᠪᠦᠷᠢ ᠶᠢᠨ ᠤᠤᠭᠤᠬᠤ ᠤᠰᠤᠨ ᠤ ᠰᠤᠷᠪᠤᠯᠵᠢ᠂ ᠬᠦᠨᠳᠡᠯᠡᠨ ᠲᠤᠭᠤᠷᠢᠭ ᠤᠨ ᠲᠤᠩᠭᠠᠯᠠᠭ ᠤᠰᠤᠨ ᠤ | ᠲᠠᠳᠠᠭᠠᠯ ᠤᠨ ᠤᠤᠭᠤᠬᠤ ᠤᠰᠤᠨ ᠤ ᠰᠤᠷᠪᠤᠯᠵᠢ᠂ ᠴᠢᠩ ᠱᠠᠨ ᠲᠤᠭᠤᠷᠢᠭ ᠤᠨ ᠲᠠᠷᠤᠴᠠ ᠨᠡᠮᠡᠭᠳᠡᠭᠦᠯᠬᠦ | ᠦᠷᠳᠡᠭᠡ ᠶᠢᠨ ᠤᠤᠭᠤᠬᠤ ᠤᠰᠤᠨ ᠤ ᠰᠤᠷᠪᠤᠯᠵᠢ᠂ ᠳ᠋ᠦᠩ ᠾᠧ ᠲᠤᠭᠤᠷᠢᠭ ᠤᠨ ᠲᠤᠩᠭᠠᠯᠠᠭ ᠤᠰᠤᠨ ᠤ | ᠲᠠᠳᠠᠭᠠᠯ ᠤᠨ ᠤᠤᠭᠤᠬᠤ ᠤᠰᠤᠨ ᠤ ᠰᠤᠷᠪᠤᠯᠵᠢ᠂ ᠵᠢᠤ ᠶᠤᠸᠠᠨ ᠲᠤᠭᠤᠷᠢᠭ ᠤᠨ ᠤᠰᠤ ᠬᠠᠨᠭ᠍ᠭᠠᠬᠤ ᠦᠷᠳᠡᠭᠡᠨ ᠤ | ᠤᠤᠭᠤᠬᠤ ᠤᠰᠤᠨ ᠤ ᠰᠤᠷᠪᠤᠯᠵᠢ᠂ ᠰᠢᠭᠤᠢ ᠲᠤᠭᠤᠷᠢᠭ ᠤᠨ ᠤᠰᠤ ᠬᠠᠨᠭ᠍ᠭᠠᠬᠤ ᠦᠷᠳᠡᠭᠡᠨ ᠤ ᠤᠤᠭᠤᠬᠤ | ᠤᠰᠤᠨ ᠤ ᠰᠤᠷᠪᠤᠯᠵᠢ᠂ ᠪᠠᠶᠠᠨ ᠤᠪᠤᠭ᠎ᠠ ᠠᠭᠤᠷᠬᠠᠢ ᠶᠢᠨ ᠲᠤᠭᠤᠷᠢᠭ ᠤᠨ ᠪᠠᠶᠠᠨ ᠪᠤᠯᠠᠭ ᠤᠤᠭᠤᠬᠤ ᠤᠰᠤᠨ ᠤ | ᠰᠤᠷᠪᠤᠯᠵᠢ᠂ ᠪᠠᠶᠠᠨ ᠤᠪᠤᠭ᠎ᠠ ᠠᠭᠤᠷᠬᠠᠢ ᠶᠢᠨ ᠲᠤᠭᠤᠷᠢᠭ ᠤᠨ ᠬᠠᠷ᠎ᠠ ᠤᠪᠤᠭ᠎ᠠ ᠶᠢᠨ ᠤᠤᠭᠤᠬᠤ ᠤᠰᠤᠨ ᠤ | ᠰᠤᠷᠪᠤᠯᠵᠢ᠂ ᠪᠠᠶᠠᠨ ᠤᠪᠤᠭ᠎ᠠ ᠠᠭᠤᠷᠬᠠᠢ ᠶᠢᠨ ᠲᠤᠭᠤᠷᠢᠭ ᠤᠨ ᠲᠠᠯ᠎ᠠ ᠶᠢᠨ ᠭᠦᠨ ᠤᠤᠭᠤᠬᠤ ᠤᠰᠤᠨ ᠤ | ᠰᠤᠷᠪᠤᠯᠵᠢ᠂ ᠪᠠᠶᠠᠨ ᠤᠪᠤᠭ᠎ᠠ ᠠᠭᠤᠷᠬᠠᠢ ᠶᠢᠨ ᠲᠤᠭᠤᠷᠢᠭ ᠤᠨ ᠠᠶᠢᠪᠠᠭ᠎ᠠ ᠤᠤᠭᠤᠬᠤ ᠤᠰᠤᠨ ᠤ ᠰᠤᠷᠪᠤᠯᠵᠢ᠂ | ᠬᠦᠶᠠᠩ ᠰᠢᠶᠠᠨ ᠤ ᠶᠢᠨ ᠱᠠᠨ ᠪᠠᠯᠭᠠᠰᠤᠨ ᠤ ᠤᠤᠭᠤᠬᠤ ᠤᠰᠤᠨ ᠤ ᠰᠤᠷᠪᠤᠯᠵᠢ᠂ ᠲᠠᠷᠬᠠᠨ ᠮᠤᠤᠮᠢᠩᠭᠠᠨ | ᠬᠤᠯᠪᠤᠭᠠᠳᠤ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠤᠤᠭᠤᠬᠤ ᠤᠰᠤᠨ ᠤ ᠰᠤᠷᠪᠤᠯᠵᠢ᠂ ᠲᠠᠷᠬᠠᠨ | ᠮᠤᠤᠮᠢᠩᠭᠠᠨ ᠬᠤᠯᠪᠤᠭᠠᠳᠤ ᠬᠤᠰᠢᠭᠤᠨ ᠤ ᠰᠢᠶᠤᠤ ᠯᠢᠨ ᠴᠠᠩ ᠤᠤᠭᠤᠬᠤ ᠤᠰᠤᠨ ᠤ ᠰᠤᠷᠪᠤᠯᠵᠢ᠂ ᠲᠦᠮᠡᠳ | ᠪᠠᠷᠠᠭᠤᠨ ᠬᠤᠰᠢᠭᠤᠨ ᠤ ᠵᠢᠮᠢᠰ ᠤᠨ ᠬᠦᠷᠢᠶᠡᠯᠡᠩ ᠤᠨ ᠤᠤᠭᠤᠬᠤ ᠤᠰᠤ ᠬᠠᠨᠭ᠍ᠭᠠᠬᠤ ᠦᠷᠳᠡᠭᠡᠨ ᠤ ᠤᠤᠭᠤᠬᠤ | ᠤᠰᠤᠨ ᠤ ᠰᠤᠷᠪᠤᠯᠵᠢ ᠪᠤᠯᠤᠨ ᠪᠤᠰᠤᠳ ᠤᠤᠭᠤᠬᠤ ᠤᠰᠤᠨ ᠤ ᠰᠤᠷᠪᠤᠯᠵᠢ ᠨᠤᠭᠤᠳ ᠢ ᠪᠠᠭᠳᠠᠭᠠᠨ᠎ᠠ᠃ | ᠲᠤᠰ ᠲᠦᠷᠢᠮ ᠳᠤ ᠬᠡᠯᠡᠵᠤ ᠪᠠᠶᠢᠭ᠎ᠠ ᠲᠦᠪᠯᠡᠷᠡᠭᠰᠡᠨ ᠮᠠᠶ᠋ᠢᠬ ᠤᠨ ᠤᠤᠭᠤᠬᠤ ᠤᠰᠤ ᠬᠠᠨᠭ᠍ᠭᠠᠬᠤ ᠭᠡᠳᠡᠭ ᠨᠢ | ᠤᠤᠭᠤᠬᠤ ᠤᠰᠤᠨ ᠤ ᠰᠤᠷᠪᠤᠯᠵᠢ ᠠᠴᠠ ᠲᠦᠪᠯᠡᠷᠡᠭᠦᠯᠦᠨ ᠤᠰᠤ ᠠᠪᠴᠤ ᠤᠰᠤ ᠵᠦᠭᠡᠭᠡᠪᠦᠷᠢᠯᠡᠨ ᠲᠦᠭᠡᠭᠡᠬᠦ | ᠬᠤᠭᠤᠯᠠᠢ ᠲᠤᠤᠷ ᠢᠶᠠᠷ ᠬᠡᠷᠡᠭᠯᠡᠭᠴᠢᠳ ᠪᠤᠯᠤᠨ ᠤᠯᠠᠨ ᠨᠡᠶᠢᠳᠡ ᠶᠢᠨ ᠤᠰᠤ ᠠᠪᠬᠤ ᠴᠡᠭ ᠲᠤ ᠤᠰᠤ ᠬᠠᠨᠭ᠍ᠭᠠᠬᠤ | ᠬᠡᠯᠪᠡᠷᠢ ᠶᠢ ᠵᠢᠭᠠᠵᠤ ᠪᠤᠢ᠃ ᠡᠭᠦᠨ ᠳᠤ ᠦᠪᠡᠷᠳᠡᠭᠡᠨ ᠪᠠᠶᠢᠭᠤᠯᠤᠭᠰᠠᠨ ᠪᠡᠯᠡᠳᠭᠡᠮᠵᠢ ᠪᠠᠷ ᠤᠰᠤ ᠬᠠᠨᠭ᠍ᠭᠠᠬᠤ᠂ | ᠰᠠᠭᠤᠭᠠᠯᠢ ᠠᠷᠠᠳ ᠤᠨ ᠡᠳᠦᠷ ᠲᠤᠳᠤᠮ ᠤᠨ ᠤᠤᠭᠤᠬᠤ ᠤᠰᠤ ᠶᠢ ᠬᠠᠨᠭ᠍ᠭᠠᠬᠤ ᠦᠷᠳᠡᠭᠡ ᠠᠴᠠ ᠤᠰᠤ ᠬᠠᠨᠭ᠍ᠭᠠᠬᠤ | ᠪᠤᠯᠤᠨ ᠤᠯᠠᠨ ᠨᠡᠶᠢᠳᠡ ᠶᠢᠨ ᠲᠠᠯᠠᠪᠦᠷ᠂ ᠰᠠᠭᠤᠭᠠᠯᠢ ᠠᠷᠠᠳ ᠤᠨ ᠲᠤᠭᠤᠷᠢᠭ ᠲᠤ ᠴᠢᠨᠠᠷ ᠬᠤᠪᠢᠶᠠᠨ ᠤᠰᠤ | ᠬᠠᠨᠭ᠍ᠭᠠᠬᠤ ᠶᠢ ᠪᠠᠭᠳᠠᠭᠠᠨ᠎ᠠ᠃ | ᠲᠤᠰ ᠲᠦᠷᠢᠮ ᠳᠤ ᠬᠡᠯᠡᠵᠤ ᠪᠠᠶᠢᠭ᠎ᠠ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ | ᠭᠡᠳᠡᠭ ᠨᠢ ᠤᠤᠭᠤᠬᠤ ᠤᠰᠤᠨ ᠤ ᠰᠤᠷᠪᠤᠯᠵᠢ ᠶᠢᠨ ᠪᠤᠬᠢᠷᠳᠤᠬᠤ ᠪᠠ ᠡᠪᠳᠡᠭᠳᠡᠬᠦ ᠠᠴᠠ ᠰᠡᠷᠭᠡᠶᠢᠯᠡᠬᠦ ᠶᠢᠨ ᠲᠦᠯᠦᠭᠡ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠨ | ᠲᠤᠭᠳᠠᠭᠰᠠᠨ ᠤᠨᠴᠠᠭᠠᠢ ᠬᠠᠮᠠᠭᠠᠯᠠᠯᠳᠠ ᠲᠠᠢ ᠵᠤᠬᠢᠬᠤ ᠲᠠᠯᠠᠪᠠᠢ ᠲᠠᠢ ᠤᠰᠤᠨ ᠤ ᠴᠠᠷᠠᠭ᠎ᠠ ᠪᠠ ᠬᠠᠭᠤᠷᠠᠢ ᠶᠢᠨ | ᠴᠠᠷᠠᠭ᠎ᠠ ᠶᠢ ᠵᠢᠭᠠᠵᠤ ᠪᠤᠢ᠃ | ᠲᠦᠷᠪᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠳᠤ ᠡᠩ ᠲᠡᠷᠢᠭᠦᠨ ᠳᠤᠨᠢ | ᠬᠠᠮᠠᠭᠠᠯᠠᠬᠤ᠂ ᠰᠡᠷᠭᠡᠶᠢᠯᠡᠬᠦ ᠪᠠᠷ ᠭᠤᠤᠯᠳᠠᠭᠤᠯᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠵᠠᠷᠴᠢᠮ ᠢ | ᠪᠠᠷᠢᠮᠳᠠᠯᠠᠬᠤ ᠬᠡᠷᠡᠭᠳᠠᠢ᠃ | ᠲᠠᠪᠤᠳᠤᠭᠠᠷ ᠵᠦᠢᠯ ᠬᠤᠳᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠨᠢ ᠲᠤᠰ ᠵᠠᠰᠠᠭ | ᠵᠠᠬᠢᠷᠭᠠᠨ ᠤ ᠤᠷᠤᠨ ᠲᠤᠳᠤᠷᠠᠬᠢ ᠤᠤᠭᠤᠬᠤ ᠤᠰᠤᠨ ᠤ ᠰᠤᠷᠪᠤᠯᠵᠢ ᠶᠢᠨ ᠴᠢᠨᠠᠷ ᠲᠤ ᠬᠠᠷᠢᠭᠤᠴᠠᠨ᠎ᠠ᠂ ᠤᠤᠭᠤᠬᠤ | ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠵᠢᠭᠦᠯᠭᠡ ᠳᠤ ᠤᠷᠤᠭᠤᠯᠵᠤ᠂ ᠪᠡᠯᠡ ᠮᠦᠡᠭᠬᠦ ᠶᠢᠨ ᠤᠷᠤᠭᠤᠯᠤᠯᠳᠠ ᠶᠢᠨ ᠲᠤᠭᠳᠠᠴᠠ ᠶᠢ | ᠪᠠᠶᠢᠭᠤᠯᠤᠨ ᠠᠷᠭ᠎ᠠ ᠬᠡᠮᠵᠢᠶ᠎ᠡ ᠠᠪᠴᠤ ᠪᠠᠶᠢᠭᠠᠳ᠂ ᠤᠤᠭᠤᠬᠤ ᠤᠰᠤᠨ ᠤ ᠤᠷᠴᠢᠨ ᠠᠬᠤᠢ ᠪᠤᠬᠢᠷᠳᠤᠬᠤ ᠶᠢ | ᠰᠡᠷᠭᠡᠶᠢᠯᠡᠨ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠬᠡᠷᠡᠭᠳᠠᠢ᠃ | ᠵᠢᠷᠭᠤᠳᠤᠭᠠᠷ ᠵᠦᠢᠯ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠨᠢ ᠪᠦᠬᠦ ᠬᠤᠳᠠ ᠶᠢᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠳᠤ ᠨᠢᠭᠡᠳᠦᠯᠳᠠᠢ | ᠬᠢᠨᠠᠯᠳᠠ ᠲᠠᠯᠪᠢᠨ ᠬᠠᠮᠢᠶᠠᠷᠤᠨ᠎ᠠ᠃ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠳᠤ ᠬᠢᠨᠠᠯᠳᠠ ᠲᠠᠯᠪᠢᠨ ᠬᠠᠮᠢᠶᠠᠷᠤᠨ᠎ᠠ᠃ | ᠪᠤᠭᠤᠳᠤ ᠬᠤᠳᠠ ᠶᠢᠨ ᠬᠤᠪᠤᠷ ᠰᠢᠷᠤᠢ ᠶᠢᠨ ᠲᠡᠭᠡᠳᠦ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ | ᠤᠷᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠨᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ | ᠶᠤᠰᠤᠭᠠᠷ ᠲᠤᠰ ᠤᠷᠤᠨ ᠳᠠᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠳᠤ ᠬᠢᠨᠠᠯᠳᠠ ᠲᠠᠯᠪᠢᠨ | ᠬᠠᠮᠢᠶᠠᠷᠤᠨ᠎ᠠ᠃ | ᠤᠰᠤᠨ ᠤ ᠶᠠᠪᠤᠳᠠᠯ᠂ ᠪᠦᠳᠦᠭᠡᠨ ᠪᠠᠶᠢᠭᠤᠯᠤᠯᠳᠠ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠬ᠂ | ᠲᠦᠯᠦᠪᠵᠢᠭᠦᠯᠭᠡ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ᠂ ᠵᠢᠭᠤᠯᠴᠢᠯᠠᠯ᠂ ᠵᠠᠮ | ᠬᠠᠷᠢᠯᠴᠠᠭᠠᠨ ᠤ ᠵᠦᠭᠡᠭᠡᠪᠦᠷᠢ᠂ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠦᠯᠳᠡ ᠵᠡᠷᠭᠡ ᠰᠠᠯᠠᠭ᠎ᠠ | ᠮᠦᠴᠢᠷ ᠤᠳ ᠦᠪᠡᠷ ᠦᠪᠡᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ᠎ᠡ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠳᠠ ᠶᠢᠨ ᠬᠤᠯᠪᠤᠭᠳᠠᠯ ᠪᠦᠬᠦᠢ ᠠᠵᠢᠯ ᠢᠶᠠᠨ ᠰᠠᠶᠢᠳᠤᠷ ᠬᠢᠬᠦ ᠬᠡᠷᠡᠭᠳᠠᠢ᠃ | ᠲᠤᠯᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠪᠦᠷ ᠤᠤᠭᠤᠬᠤ ᠤᠰᠤᠨ ᠤ ᠰᠤᠷᠪᠤᠯᠵᠢ | ᠪᠠ ᠬᠠᠮᠢᠶ᠎ᠠ ᠪᠦᠬᠦᠢ ᠪᠡᠯᠡᠳᠭᠡᠮᠵᠢ ᠶᠢ ᠬᠠᠮᠠᠭᠠᠯᠠᠬᠤ ᠡᠭᠦᠷᠭᠡ ᠲᠠᠢ ᠮᠦᠷᠳᠡᠭᠡᠨ ᠤᠤᠭᠤᠬᠤ ᠤᠰᠤᠨ ᠤ ᠰᠤᠷᠪᠤᠯᠵᠢ ᠶᠢ | ᠪᠤᠬᠢᠷᠳᠤᠭᠤᠯᠤᠭᠰᠠᠨ ᠪᠠ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠪᠡᠯᠡᠳᠭᠡᠮᠵᠢ ᠶᠢ ᠡᠪᠳᠡᠨ | ᠰᠦᠢᠳᠭᠡᠭᠰᠡᠨ ᠦᠢᠯᠡ ᠠᠵᠢᠯᠯᠠᠭ᠎ᠠ ᠶᠢ ᠠᠷᠠᠳ ᠤᠨ ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠢᠯᠡᠴᠢᠯᠡᠨ ᠮᠡᠳᠡᠭᠦᠯᠦᠨ ᠵᠠᠭᠠᠯᠳᠤᠬᠤ ᠡᠷᠬᠡ ᠲᠠᠢ᠃ ᠬᠤᠶᠠᠳᠤᠭᠠᠷ ᠪᠦᠯᠦᠭ ᠤᠤᠭᠤᠭᠤ ᠤᠰᠤᠨ ᠤ | ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠢ ᠲᠤᠭᠳᠠᠭᠠᠬᠤ | ᠨᠠᠢᠮᠠᠳᠤᠭᠠᠷ ᠵᠦᠢᠯ ᠬᠤᠳᠠ ᠶᠢᠨ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤ ᠪᠠᠷ | ᠤᠰᠤᠨ ᠤ ᠰᠤᠷᠪᠤᠯᠵᠢ ᠶᠢ ᠶᠡᠷᠦᠩᠬᠡᠶᠢᠯᠡᠨ ᠲᠦᠯᠦᠪᠵᠢᠭᠦᠯᠬᠦ᠂ ᠤᠰᠤᠨ ᠤ ᠦᠢᠯᠡᠳᠤᠯᠳᠤ ᠤᠷᠤᠨ ᠤ ᠬᠤᠪᠢᠶᠠᠷᠢ᠂ | ᠤᠰᠤ ᠠᠪᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠪᠤᠯᠤᠨ ᠤᠢᠢᠷ᠎ᠠ ᠬᠠᠪᠢ ᠶᠢᠨ ᠤᠰᠤ ᠲᠠᠳᠠᠷᠠᠭᠤᠯᠬᠤ | ᠪᠠᠶᠢᠳᠠᠯ ᠢ ᠦᠨᠳᠦᠰᠦᠯᠡᠨ ᠤᠤᠭᠤᠬᠤ ᠤᠰᠤᠨ ᠤ ᠰᠤᠷᠪᠤᠯᠵᠢ ᠶᠢᠨ ᠪᠤᠳᠠᠳᠠᠢ ᠤᠷᠤᠨ ᠪᠠᠶᠢᠷᠢ ᠶᠢ ᠲᠤᠭᠳᠠᠭᠠᠨ᠎ᠠ᠃ | ᠶᠢᠰᠦᠳᠦᠭᠡᠷ ᠵᠦᠢᠯ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠪᠤᠯᠤᠨ ᠮᠡᠷᠭᠡᠵᠢᠯ ᠤᠨ | ᠲᠦᠷᠢᠮᠵᠢᠯ ᠢ ᠦᠨᠳᠦᠰᠦᠯᠡᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠢ ᠪᠠᠶᠢᠭᠤᠯᠤᠨ᠎ᠠ᠃ | | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠢ ᠨᠢᠭᠡᠳᠦᠭᠡᠷ ᠲᠡᠰ ᠤᠨ | ᠬᠠᠮᠠᠭᠠᠯᠠᠯᠳᠠ ᠶᠢᠨ ᠤᠷᠤᠨ ᠪᠤᠯᠤᠨ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠤᠷᠤᠨ ᠭᠡᠵᠤ ᠬᠤᠪᠢᠶᠠᠨ᠎ᠠ᠃ | ᠴᠢᠬᠤᠯᠠ ᠲᠠᠢ ᠦᠶ᠎ᠡ ᠳᠤ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ ᠭᠠᠳᠠᠭᠤᠷ | ᠵᠤᠬᠢᠬᠤ ᠬᠡᠮᠵᠢᠶᠡᠨ ᠤ ᠲᠡᠰᠯᠡᠭᠴᠢ ᠬᠠᠮᠠᠭᠠᠯᠠᠯᠳᠠ ᠶᠢᠨ ᠤᠷᠤᠨ ᠪᠠᠶᠢᠭᠤᠯᠵᠤ ᠪᠤᠯᠤᠨ᠎ᠠ᠃ | ᠠᠷᠪᠠᠳᠤᠭᠠᠷ ᠵᠦᠢᠯ ᠬᠠᠳᠤᠨ ᠭᠤᠤᠯ ᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ | ᠤᠷᠤᠨ ᠤ ᠬᠦᠷᠢᠶ᠎ᠡ ᠬᠡᠪᠴᠢᠶ᠎ᠡ᠄ | ︵ᠨᠢᠭᠡ︶ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ᠄ ᠤᠰᠤ ᠠᠪᠬᠤ ᠠᠮᠠᠰᠠᠷ ᠤᠨ ᠲᠡᠭᠡᠳᠦ | ᠤᠷᠤᠰᠬᠠᠯ ᠤᠨ ᠮᠢᠩᠭᠠᠨ ᠮᠧᠲᠷ ᠠᠴᠠ ᠲᠤᠤᠷᠠᠳᠤ ᠤᠷᠤᠰᠬᠠᠯ ᠤᠨ ᠵᠠᠭᠤᠨ ᠮᠧᠲᠷ ᠬᠦᠷᠳᠡᠯᠡᠬᠢ᠂ ᠬᠠᠳᠤᠨ | ᠭᠤᠤᠯ ᠤᠨ ᠬᠤᠶᠠᠷ ᠡᠷᠬᠢ ᠶᠢᠨ ᠲᠠᠯᠠᠩ ︵ᠪᠤᠶᠤ ᠲᠠᠨᠵᠢ︶ ᠤᠨ ᠲᠤᠳᠤᠷ᠎ᠠ ᠬᠦᠪᠡᠭᠡ ᠳᠠᠬᠢ ᠤᠰᠤᠨ ᠤ ᠴᠠᠷᠠᠭ᠎ᠠ᠂ | ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠤ ᠤᠰᠤᠨ ᠤ ᠴᠠᠷᠠᠭ᠎ᠠ ᠶᠢᠨ ᠭᠤᠤᠯ ᠤᠨ ᠤᠷᠳᠤ᠂ ᠬᠠᠳᠤᠨ | ᠭᠤᠤᠯ ᠤᠨ ᠬᠤᠶᠠᠷ ᠡᠷᠭᠢ ᠶᠢᠨ ᠲᠠᠯᠠᠩ ︵ᠪᠤᠶᠤ ᠲᠠᠨᠵᠢ︶ ᠤᠨ ᠲᠤᠳᠤᠷ᠎ᠠ ᠬᠦᠪᠡᠭᠡ ᠠᠴᠠ ᠭᠠᠳᠠᠭᠰᠢ ᠲᠠᠪᠢᠨ ᠮᠧᠲᠷ | ᠤᠷᠳᠤ ᠬᠠᠭᠤᠷᠠᠢ ᠶᠢᠨ ᠴᠠᠷᠠᠭ᠎ᠠ︔ | ︵ᠬᠤᠶᠠᠷ︶ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠤᠷᠤᠨ᠄ ᠨᠢᠭᠡᠳᠦᠭᠡᠷ ᠲᠡᠰ ᠤᠨ ᠬᠠᠮᠠᠭᠠᠯᠠᠯᠳᠠ ᠶᠢᠨ | ᠤᠷᠤᠨ ᠤ ᠲᠡᠭᠡᠳᠦ ᠤᠷᠤᠰᠬᠠᠯ ᠤᠨ ᠬᠢᠯᠢ ᠶᠢᠨ ᠵᠠᠭᠠᠭ ᠠᠴᠠ ᠲᠡᠭᠡᠭᠰᠢ ᠬᠤᠶᠠᠷ ᠮᠢᠩᠭᠠᠨ ᠮᠧᠲᠷ ᠤᠷᠳᠤ ᠵᠢᠴᠢ | ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠤ ᠲᠤᠤᠷᠠᠳᠤ ᠤᠷᠤᠰᠬᠠᠯ ᠤᠨ ᠬᠢᠯᠢ ᠶᠢᠨ ᠵᠠᠭᠠᠭ ᠠᠴᠠ ᠲᠤᠷᠤᠭᠰᠢ | ᠬᠤᠶᠠᠷ ᠵᠠᠭᠤᠨ ᠮᠧᠲᠷ ᠬᠦᠷᠳᠡᠯᠡᠬᠢ ᠬᠠᠳᠤᠨ ᠭᠤᠤᠯ ᠤᠨ ᠬᠤᠶᠠᠷ ᠡᠷᠬᠢ ᠶᠢᠨ ᠲᠠᠯᠠᠩ ᠤᠨ ᠲᠤᠳᠤᠷ᠎ᠠ ᠬᠦᠪᠡᠭᠡ ᠶᠢᠨ | ᠤᠰᠤᠨ ᠤ ᠴᠠᠷᠠᠭ᠎ᠠ ᠪᠠ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠪᠤᠯᠤᠨ ᠬᠤᠶᠠᠳᠤᠭᠠᠷ ᠲᠡᠰ ᠤᠨ | ᠬᠠᠮᠠᠭᠠᠯᠠᠯᠳᠠ ᠶᠢᠨ ᠤᠷᠤᠨ ᠤ ᠤᠰᠤᠨ ᠤ ᠴᠠᠷᠠᠭ᠎ᠠ ᠶᠢᠨ ᠭᠤᠤᠯ ᠤᠨ ᠤᠷᠳᠤ᠂ ᠬᠠᠳᠤᠨ ᠭᠤᠤᠯ ᠤᠨ ᠬᠤᠶᠠᠷ | ᠡᠷᠬᠢ ᠶᠢᠨ ᠲᠠᠯᠠᠩ ᠤᠨ ᠲᠤᠳᠤᠷ᠎ᠠ ᠬᠦᠪᠡᠭᠡ ᠠᠴᠠ ᠭᠠᠳᠠᠭᠰᠢ ᠮᠢᠩᠭᠠᠨ ᠮᠧᠲᠷ ᠤᠷᠳᠤᠳᠬᠠᠭᠰᠠᠨ ᠨᠢᠭᠡᠳᠦᠭᠡᠷ | ᠲᠡᠰ ᠤᠨ ᠬᠠᠮᠠᠭᠠᠯᠠᠯᠳᠠ ᠶᠢᠨ ᠤᠷᠤᠨ ᠠᠴᠠ ᠭᠠᠳᠠᠨᠠᠬᠢ ᠬᠠᠭᠤᠷᠠᠢ ᠶᠢᠨ ᠴᠠᠷᠠᠭ᠎ᠠ᠃ | ᠠᠷᠪᠠᠨ ᠨᠢᠭᠡᠳᠦᠭᠡᠷ ᠵᠦᠢᠯ ᠬᠦᠨᠳᠡᠯᠡᠨ ᠤ ᠤᠰᠤᠨ ᠴᠦᠬᠦᠷᠤᠮ ᠤᠨ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠳᠠ ᠶᠢᠨ ᠤᠷᠤᠨ ᠪᠤᠯᠤᠨ ᠲᠡᠰᠯᠡᠭᠴᠢ ᠬᠠᠮᠠᠭᠠᠯᠠᠯᠳᠠ ᠶᠢᠨ ᠤᠷᠤᠨ ᠤ ᠬᠦᠷᠢᠶ᠎ᠡ ᠬᠡᠪᠴᠢᠶ᠎ᠡ᠄ | ︵ᠨᠢᠭᠡ︶ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ᠄ ᠤᠰᠤ ᠠᠪᠬᠤ ᠠᠮᠠᠰᠠᠷ ᠢᠶᠠᠷ ᠲᠦᠪ | ᠪᠤᠯᠭᠠᠭᠰᠠᠨ ᠷᠠᠳᠢᠤᠰ ᠨᠢ ᠭᠤᠷᠪᠠᠨ ᠵᠠᠭᠤᠨ ᠮᠧᠲᠷ ᠤᠨ ᠤᠰᠤᠨ ᠤ ᠴᠠᠷᠠᠭ᠎ᠠ᠂ ᠨᠢᠭᠡᠳᠦᠭᠡᠷ ᠲᠡᠰ ᠤᠨ | ᠬᠠᠮᠠᠭᠠᠯᠠᠯᠳᠠ ᠶᠢᠨ ᠤᠷᠤᠨ ᠤ ᠤᠰᠤᠨ ᠤ ᠴᠠᠷᠠᠭ᠎ᠠ ᠶᠢᠨ ᠵᠠᠭᠠᠭ ᠤᠨ ᠦᠷᠭᠡᠨ ᠯᠦᠭᠡ ᠵᠤᠬᠢᠴᠠᠭᠰᠠᠨ ᠠᠭᠤᠯᠠ ᠶᠢ | ᠲᠦᠰᠢᠭᠰᠡᠨ ᠨᠢᠭᠡ ᠲᠠᠯ᠎ᠠ ᠶᠢᠨ ᠬᠢᠨ ᠤ ᠬᠡᠪ ᠤᠨ ᠤᠰᠤᠨ ᠲᠦᠪᠰᠢᠨ ᠠᠴᠠ ᠲᠡᠭᠡᠭᠰᠢ ᠪᠠᠨ ᠬᠤᠶᠠᠷ ᠵᠠᠭᠤᠨ | ᠮᠧᠲᠷ ᠤᠨ ᠬᠡᠪᠴᠢᠶᠡᠨ᠎ᠡ᠂ ᠬᠠᠰᠢᠯᠭ᠎ᠠ ᠶᠢᠨ ᠨᠢᠭᠡ ᠲᠠᠯ᠎ᠠ ᠶᠢᠨ ᠬᠢᠨ ᠤ ᠬᠡᠪ ᠤᠨ ᠤᠰᠤᠨ ᠲᠦᠪᠰᠢᠨ ᠠᠴᠠ ᠲᠡᠭᠡᠭᠰᠢ | ᠬᠠᠰᠢᠯᠭ᠎ᠠ ᠶᠢᠨ ᠤᠷᠤᠢ ᠬᠦᠷᠳᠡᠯᠡᠬᠢ ᠬᠠᠭᠤᠷᠠᠢ ᠶᠢᠨ ᠴᠠᠷᠠᠭ᠎ᠠ︔ | ︵ᠬᠤᠶᠠᠷ︶ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠤᠷᠤᠨ᠄ ᠨᠢᠭᠡᠳᠦᠭᠡᠷ ᠲᠡᠰ ᠤᠨ ᠬᠠᠮᠠᠭᠠᠯᠠᠯᠳᠠ ᠶᠢᠨ | ᠤᠷᠤᠨ ᠠᠴᠠ ᠭᠠᠳᠠᠨᠠᠬᠢ ᠤᠰᠤᠨ ᠴᠦᠬᠦᠷᠤᠮ ᠤᠨ ᠤᠷᠤᠨ ᠤ ᠪᠦᠬᠦ ᠤᠰᠤᠨ ᠤ ᠴᠠᠷᠠᠭ᠎ᠠ᠂ ᠤᠰᠤᠨ ᠴᠦᠬᠦᠷᠤᠮ ᠤᠨ | ᠤᠢᠢᠷ᠎ᠠ ᠬᠠᠪᠢ ᠳᠠᠬᠢ ᠬᠤᠶᠠᠷ ᠬᠠᠵᠠᠭᠤ ᠶᠢᠨ ᠠᠭᠤᠯᠨ ᠨᠢᠷᠤᠭᠤ ᠶᠢᠨ ᠱᠤᠭᠤᠮ ᠲᠤᠳᠤᠷᠠᠬᠢ᠂ ᠬᠦᠨᠳᠡᠯᠡᠨ | ᠭᠤᠤᠯ ᠤᠨ ᠲᠡᠭᠡᠳᠦ ᠤᠷᠤᠰᠬᠠᠯ ᠠᠴᠠ ᠪᠧᠢ ᠴᠢ ᠭᠧᠤ᠂ ᠪᠠᠶᠠᠨ ᠭᠤᠤ ᠪᠤᠯᠤᠨ ᠬᠦᠨᠳᠡᠯᠡᠨ ᠭᠤᠤᠯ ᠤᠨ ᠭᠤᠤᠯ ᠤᠨ | ᠵᠠᠮ ᠤᠨ ᠬᠠᠵᠠᠭᠤ ᠶᠢᠨ ᠠᠭᠤᠯᠠ ᠶᠢᠨ ᠨᠢᠷᠤᠭᠤ ᠶᠢᠨ ᠱᠤᠭᠤᠮ ᠲᠤᠳᠤᠷᠠᠬᠢ ᠬᠠᠭᠤᠷᠠᠢ ᠶᠢᠨ ᠴᠠᠷᠠᠭ᠎ᠠ᠃ | ︵ᠭᠤᠷᠪᠠ︶ ᠲᠡᠰᠯᠡᠭᠴᠢ ᠬᠠᠮᠠᠭᠠᠯᠠᠯᠳᠠ ᠶᠢᠨ ᠤᠷᠤᠨ᠄ ᠬᠦᠨᠳᠡᠯᠡᠨ ᠭᠤᠤᠯ ᠤᠨ ᠲᠡᠭᠡᠳᠦ ᠤᠷᠤᠰᠬᠠᠯ ᠤᠨ | ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠤᠷᠤᠨ ᠤ ᠬᠢᠯᠢ ᠶᠢᠨ ᠵᠠᠭᠠᠭ ᠠᠴᠠ ᠲᠡᠭᠡᠭᠰᠢ ᠪᠠᠨ ᠠᠷᠪᠠᠨ ᠲᠠᠪᠤ ᠠᠴᠠ | ᠬᠤᠷᠢᠨ ᠨᠠᠢᠮᠠᠨ ᠺᠢᠯᠤᠮᠧᠲᠷ ᠤᠨ ᠭᠠᠳᠠᠨ᠎ᠠ ᠬᠦᠷᠳᠡᠯᠡᠬᠢ ᠬᠦᠶᠠᠩ ᠰᠢᠶᠠᠨ ᠤ ᠬᠢᠯᠢ ᠲᠤᠳᠤᠷᠠᠬᠢ ᠬᠦᠨᠳᠡᠯᠡᠨ | ᠭᠤᠤᠯ ᠤᠨ ᠭᠤᠤᠯ ᠤᠷᠤᠰᠬᠠᠯ ᠵᠢᠴᠢ ᠲᠡᠭᠦᠨ ᠤ ᠭᠤᠤᠯ ᠰᠠᠯᠪᠦᠷᠢ ᠤᠷᠤᠰᠬᠠᠯ ᠤᠨ ᠭᠤᠤᠯ ᠤᠨ ᠵᠠᠮ ᠪᠠ ᠬᠤᠶᠠᠷ | ᠡᠷᠬᠢ ᠶᠢ ᠲᠤᠳᠤᠭᠰᠢ ᠪᠠᠨ ᠬᠤᠶᠠᠷ ᠮᠢᠩᠭᠠᠨ ᠮᠧᠲᠷ ᠦᠷᠭᠦᠯᠵᠢᠯᠡᠭᠦᠯᠦᠨ᠎ᠡ᠃ | ᠠᠷᠪᠠᠨ ᠬᠤᠶᠠᠳᠤᠭᠠᠷ ᠵᠦᠢᠯ ᠭᠠᠵᠠᠷ ᠲᠤᠤᠷᠠᠬᠢ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ | ᠤᠷᠤᠨ ᠪᠤᠯᠤᠨ ᠲᠡᠰᠯᠡᠭᠴᠢ ᠬᠠᠮᠠᠭᠠᠯᠠᠯᠳᠠ ᠶᠢᠨ ᠤᠷᠤᠨ ᠤ ᠬᠦᠷᠢᠶ᠎ᠡ ᠬᠡᠪᠴᠢᠶ᠎ᠡ᠄ | ︵ᠨᠢᠭᠡ︶ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ᠄ ᠭᠠᠵᠠᠷ ᠲᠤᠤᠷᠠᠬᠢ ᠤᠰᠤᠨ ᠰᠤᠷᠪᠤᠯᠵᠢ ᠶᠢᠨ | ᠬᠤᠳᠳᠤᠭ ᠢᠶᠠᠷ ᠲᠦᠪ ᠪᠤᠯᠭᠠᠭᠰᠠᠨ ᠷᠠᠳᠢᠤᠰ ᠨᠢ ᠲᠠᠪᠢᠨ ᠮᠧᠲᠷ ᠠᠴᠠ ᠬᠤᠶᠠᠷ ᠵᠠᠭᠤᠨ ᠮᠧᠲᠷ ᠬᠦᠷᠳᠡᠯᠡᠬᠢ | ᠭᠠᠵᠠᠷ ᠤᠨ ᠭᠠᠳᠠᠷᠭᠤ ᠶᠢᠨ ᠤᠷᠤᠨ ᠲᠤᠭᠤᠷᠢᠭ︔ | ︵ᠬᠤᠶᠠᠷ︶ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠤᠷᠤᠨ᠄ ᠭᠠᠵᠠᠷ ᠲᠤᠤᠷᠠᠬᠢ ᠤᠰᠤᠨ | ᠰᠤᠷᠪᠤᠯᠵᠢ ᠶᠢᠨ ᠬᠤᠳᠳᠤᠭ ᠢᠶᠠᠷ ᠲᠦᠪ ᠪᠤᠯᠭᠠᠭᠰᠠᠨ ᠷᠠᠳᠢᠤᠰ ᠨᠢ ᠭᠤᠷᠪᠠᠨ ᠵᠠᠭᠤᠨ ᠮᠧᠲᠷ ᠠᠴᠠ ᠲᠦᠷᠪᠡᠨ | ᠮᠢᠩᠭᠠᠨ ᠮᠧᠲᠷ ᠬᠦᠷᠳᠡᠯᠡᠬᠢ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠠᠴᠠ ᠭᠠᠳᠠᠭᠤᠷᠭᠢ ᠭᠠᠵᠠᠷ ᠤᠨ | ᠭᠠᠳᠠᠷᠭᠤ ᠶᠢᠨ ᠤᠷᠤᠨ ᠲᠤᠭᠤᠷᠢᠭ︔ | ︵ᠭᠤᠷᠪᠠ︶ ᠲᠡᠰᠯᠡᠭᠴᠢ ᠬᠠᠮᠠᠭᠠᠯᠠᠯᠳᠠ ᠶᠢᠨ ᠤᠷᠤᠨ᠄ ᠭᠠᠵᠠᠷ ᠲᠤᠤᠷᠠᠬᠢ ᠤᠰᠤᠨ ᠰᠤᠷᠪᠤᠯᠵᠢ ᠶᠢ | ᠨᠦᠬᠦᠪᠦᠷᠢᠯᠡᠨ ᠬᠠᠨᠭ᠍ᠭᠠᠬᠤ ᠤᠷᠤᠨ ᠤ ᠭᠠᠵᠠᠷ ᠤᠨ ᠭᠠᠳᠠᠷᠭᠤ ᠶᠢᠨ ᠤᠷᠤᠨ ᠲᠤᠭᠤᠷᠢᠭ᠃ | ᠠᠷᠪᠠᠨ ᠭᠤᠷᠪᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ | ᠬᠦᠷᠢᠶ᠎ᠡ ᠬᠡᠪᠴᠢᠶ᠎ᠡ ᠶᠢ ᠤᠰᠤᠨ ᠰᠤᠷᠪᠤᠯᠵᠢ ᠶᠢᠨ ᠪᠤᠳᠠᠳᠤ ᠪᠠᠶᠢᠳᠠᠯ ᠪᠤᠯᠤᠨ ᠤᠤᠭᠤᠬᠤ ᠤᠰᠤᠨ ᠤ ᠠᠶᠤᠯᠬᠦᠢ ᠶᠢᠨ | ᠬᠡᠷᠡᠭᠴᠡᠭᠡ ᠶᠢ ᠦᠨᠳᠦᠰᠦᠯᠡᠨ ᠬᠠᠤᠯᠢ ᠶᠤᠰᠤᠭᠠᠷ ᠴᠠᠭ ᠲᠤᠬᠠᠢ ᠳᠤᠨᠢ ᠲᠤᠬᠢᠷᠠᠭᠤᠯᠤᠯᠳᠠ ᠬᠢᠵᠤ ᠪᠤᠯᠤᠨ᠎ᠠ᠃ | ᠠᠷᠪᠠᠨ ᠲᠦᠷᠪᠡᠳᠦᠭᠡᠷ ᠵᠦᠢᠯ ᠬᠤᠳᠠ ᠪᠤᠶᠤ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ ᠬᠠᠭᠤᠷᠠᠢ ᠶᠢᠨ ᠴᠠᠷᠠᠭ᠎ᠠ ᠶᠢᠨ | ᠵᠠᠭᠠᠭ ᠲᠡᠭᠡᠷ᠎ᠡ ᠲᠤᠳᠤᠷᠬᠠᠢ ᠭᠠᠵᠠᠷ ᠵᠦᠢ ᠶᠢᠨ ᠵᠠᠭᠠᠭ ᠲᠡᠮᠳᠡᠭ᠂ ᠢᠯᠡ ᠲᠤᠳᠤ ᠵᠠᠮ ᠬᠠᠷᠢᠯᠴᠠᠭᠠᠨ ᠤ ᠰᠡᠷᠡᠮᠵᠢ ᠶᠢᠨ | ᠫᠠᠶᠢᠰᠠ ᠪᠠ ᠤᠬᠠᠭᠤᠯᠬᠤ ᠫᠠᠶᠢᠰᠠ ᠪᠠᠶᠢᠷᠢᠯᠠᠭᠤᠯᠬᠤ ᠶᠢᠨ ᠬᠠᠮᠳᠤ ᠤᠤᠭᠤᠬᠤ ᠤᠰᠤᠨ ᠤ ᠰᠤᠷᠪᠤᠯᠵᠢ ᠶᠢᠨ | ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠤ ᠬᠠᠭᠤᠷᠠᠢ ᠶᠢᠨ ᠴᠠᠷᠠᠭ᠎ᠠ ᠶᠢᠨ ᠵᠠᠭᠠᠭ ᠲᠤ ᠰᠡᠷᠭᠡᠶᠢᠯᠡᠨ | ᠬᠠᠮᠠᠭᠠᠯᠠᠬᠤ ᠲᠤᠤᠷ ᠪᠠᠶᠢᠷᠢᠯᠠᠭᠤᠯᠬᠤ ᠬᠡᠷᠡᠭᠳᠠᠢ᠃ | ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠭᠠᠵᠠᠷ ᠵᠦᠢ ᠶᠢᠨ ᠵᠠᠭᠠᠭ ᠲᠡᠮᠳᠡᠭ᠂ ᠵᠠᠮ ᠬᠠᠷᠢᠯᠴᠠᠭᠠᠨ ᠤ | ᠰᠡᠷᠡᠮᠵᠢ ᠶᠢᠨ ᠫᠠᠶᠢᠰᠠ᠂ ᠤᠬᠠᠭᠤᠯᠬᠤ ᠫᠠᠶᠢᠰᠠ ᠪᠤᠯᠤᠨ ᠰᠡᠷᠭᠡᠶᠢᠯᠡᠨ ᠬᠠᠮᠠᠭᠠᠯᠠᠬᠤ ᠪᠡᠯᠡᠳᠭᠡᠮᠵᠢ ᠶᠢ ᠲᠤᠷ᠎ᠠ ᠪᠠᠷ ᠢᠶᠠᠨ | ᠨᠡᠭᠦᠯᠭᠡᠨ ᠰᠢᠯᠵᠢᠭᠦᠯᠬᠦ ᠪᠠ ᠡᠪᠳᠡᠨ ᠰᠦᠢᠳᠭᠡᠵᠤ ᠪᠤᠯᠬᠤ ᠦᠭᠡᠢ᠃ ᠭᠤᠷᠪᠠᠳᠤᠭᠠᠷ ᠪᠦᠯᠦᠭ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠳᠠ | ᠠᠷᠪᠠᠨ ᠲᠠᠪᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠲᠡᠰᠯᠡᠭᠴᠢ ᠬᠠᠮᠠᠭᠠᠯᠠᠯᠳᠠ ᠶᠢᠨ | ᠤᠷᠤᠨ ᠳᠤ ᠲᠤᠤᠷᠠᠬᠢ ᠦᠢᠯᠡ ᠠᠵᠢᠯᠯᠠᠭ᠎ᠠ ᠶᠢ ᠡᠷᠬᠢᠯᠡᠵᠤ ᠪᠤᠯᠬᠤ ᠦᠭᠡᠢ᠄ | ︵ᠨᠢᠭᠡ︶ ᠤᠰᠤᠨ ᠴᠤᠭᠴᠠ ᠶᠢ ᠬᠦᠨᠳᠦ ᠨᠤᠴᠢᠳᠠᠢ ᠪᠤᠬᠢᠷᠳᠤᠭᠤᠯᠬᠤ ᠪᠠᠷᠢᠯᠭ᠎ᠠ ᠶᠢᠨ ᠲᠦᠷᠦᠯ ᠵᠦᠢᠯ ᠢ | ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ︔ | ︵ᠬᠤᠶᠠᠷ︶ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠨᠢ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ | ᠨᠡᠮᠡᠭᠳᠡᠭᠦᠯᠬᠦ︔ | ︵ᠭᠤᠷᠪᠠ︶ ᠲᠤᠭᠰᠢᠨ ᠬᠤᠤᠷ᠂ ᠦᠯᠡᠳᠡᠭᠳᠡᠯ ᠬᠤᠤᠷ ᠶᠡᠬᠡᠳᠠᠢ ᠲᠠᠷᠢᠶᠠᠨ ᠡᠮ ᠢ ᠬᠡᠷᠡᠭᠯᠡᠬᠦ︔ | ︵ᠲᠦᠷᠪᠡ︶ ᠭᠠᠵᠠᠷ ᠲᠤᠤᠷᠠᠬᠢ ᠤᠰᠤ ᠶᠢ ᠨᠦᠯᠦᠭᠡᠯᠡᠬᠦ ᠪᠤᠯᠤᠮᠵᠢ ᠲᠠᠢ ᠠᠭᠤᠷᠬᠠᠢ ᠨᠡᠭᠡᠭᠡᠬᠦ᠂ ᠴᠢᠯᠠᠭᠤ | ᠭᠠᠷᠭᠠᠬᠤ᠂ ᠡᠯᠡᠰᠦ ᠬᠠᠶᠢᠷ ᠮᠠᠯᠳᠠᠬᠤ᠂ ᠰᠢᠷᠤᠢ ᠠᠪᠬᠤ᠂ ᠤᠰᠤᠨ ᠰᠤᠷᠪᠤᠯᠵᠢ ᠶᠢᠨ ᠬᠠᠳᠠᠭᠠᠯᠠᠮᠵᠢ ᠶᠢᠨ ᠤᠢ ᠶᠢ | ᠡᠰᠡ ᠪᠤᠶᠢᠵᠢᠭᠤᠯᠬᠤ ᠪᠠ ᠦᠯᠦ ᠰᠢᠨᠡᠳᠭᠡᠬᠦ ᠴᠢᠨᠠᠷᠳᠠᠢ ᠪᠠᠷ ᠤᠭᠳᠤᠯᠬᠤ︔ | ︵ᠲᠠᠪᠤ︶ ᠨᠠᠪᠴᠢᠮᠠᠳᠡᠬᠡᠢ ᠬᠤᠳᠳᠤᠭ᠂ ᠨᠠᠪᠴᠢᠮᠡᠳᠡᠬᠡᠢ ᠨᠦᠬᠡ᠂ ᠠᠩ ᠵᠠᠪᠰᠠᠷ ᠲᠤ ᠬᠤᠤᠷᠳᠤ | ᠪᠤᠬᠢᠷᠳᠤᠯ ᠲᠠᠢ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ ᠠᠭᠤᠯᠵᠤ ᠪᠦᠬᠦᠢ ᠪᠤᠬᠢᠷ ᠤᠰᠤ ᠪᠤᠯᠤᠨ ᠪᠤᠰᠤᠳ | ᠬᠠᠶᠠᠭᠳᠠᠮᠠᠯ ᠪᠤᠳᠠᠰ ᠢ ᠭᠠᠳᠠᠭᠰᠢᠯᠠᠭᠤᠯᠬᠤ︔ | ︵ᠵᠢᠷᠭᠤᠭ᠎ᠠ︶ ᠨᠠᠪᠴᠢᠯᠳᠠ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ | ᠬᠤᠨᠭ᠍ᠬᠢᠯ᠂ ᠴᠦᠬᠦᠷᠤᠮ ᠵᠡᠷᠭᠡ ᠶᠢ ᠠᠰᠢᠭᠯᠠᠨ ᠬᠤᠤᠷᠳᠤ ᠪᠤᠳᠠᠰ ᠲᠠᠢ ᠬᠠᠶᠠᠭᠳᠠᠮᠠᠯ ᠤᠰᠤ ᠪᠤᠶᠤ ᠡᠪᠡᠳᠴᠢᠨ | ᠡᠭᠦᠰᠭᠡᠭᠴᠢ ᠠᠭᠤᠯᠵᠤ ᠪᠦᠬᠦᠢ ᠪᠤᠬᠢᠷ ᠤᠰᠤ ᠪᠤᠯᠤᠨ ᠪᠤᠰᠤᠳ ᠪᠤᠳᠠᠰ ᠢ ᠵᠦᠭᠡᠭᠡᠪᠦᠷᠢᠯᠡᠨ ᠬᠦᠷᠭᠡᠬᠦ ᠪᠤᠶᠤ | ᠬᠠᠳᠠᠭᠠᠯᠠᠬᠤ︔ | ︵ᠲᠤᠯᠤᠭ᠎ᠠ︶ ᠬᠦᠮᠦᠨ ᠤ ᠬᠦᠴᠦ ᠪᠠᠷ ᠭᠠᠵᠠᠷ ᠲᠤᠤᠷᠠᠬᠢ ᠤᠰᠤ ᠶᠢ ᠨᠦᠬᠦᠪᠦᠷᠢᠯᠡᠨ᠂ ᠤᠰᠤᠨ ᠤ ᠴᠢᠨᠠᠷ ᠢ | ᠮᠠᠭᠤᠳᠠᠭᠤᠯᠬᠤ︔ | ︵ᠨᠠᠢᠮᠠ︶ ᠤᠰᠤᠨ ᠤ ᠰᠤᠷᠪᠤᠯᠵᠢ ᠶᠢ ᠪᠤᠬᠢᠷᠳᠤᠭᠤᠯᠬᠤ ᠪᠤᠰᠤᠳ ᠦᠢᠯᠡ ᠠᠵᠢᠯᠯᠠᠭ᠎ᠠ᠃ | ᠠᠷᠪᠠᠨ ᠵᠢᠷᠭᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠬᠤᠶᠠᠳᠤᠭᠠᠷ | ᠲᠡᠰ ᠤᠨ ᠬᠠᠮᠠᠭᠠᠯᠠᠯᠳᠠ ᠶᠢᠨ ᠤᠷᠤᠨ ᠳᠤ ᠠᠷᠪᠠᠨ ᠲᠠᠪᠤᠳᠤᠭᠠᠷ ᠵᠦᠢᠯ ᠳᠤ ᠲᠤᠭᠳᠠᠭᠠᠭᠰᠠᠨ ᠠᠴᠠ ᠭᠠᠳᠠᠨ᠎ᠠ | ᠲᠤᠤᠷᠠᠬᠢ ᠦᠢᠯᠡ ᠠᠵᠢᠯᠯᠠᠭ᠎ᠠ ᠶᠢ ᠡᠷᠬᠢᠯᠡᠵᠤ ᠪᠤᠯᠬᠤ ᠦᠭᠡᠢ᠃ | ︵ᠨᠢᠭᠡ︶ ᠪᠤᠬᠢᠷᠳᠤᠯ ᠭᠠᠳᠠᠭᠰᠢᠯᠠᠭᠤᠯᠬᠤ ᠠᠮᠠᠰᠠᠷ ᠭᠠᠷᠭᠠᠬᠤ︔ | ︵ᠬᠤᠶᠠᠷ︶ ᠪᠤᠬᠢᠷᠳᠤᠯ ᠭᠠᠳᠠᠭᠰᠢᠯᠠᠭᠤᠯᠬᠤ ᠪᠠᠷᠢᠯᠭ᠎ᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ | ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠬᠤ︔ | ︵ᠭᠤᠷᠪᠠ︶ ᠲᠤᠤᠷᠯᠢᠬ ᠲᠦᠷᠪᠡᠯᠵᠢ ᠳᠤ ᠲᠡᠵᠢᠭᠡᠪᠦᠷᠢ ᠶᠢᠨ ᠦᠢᠯᠡᠰ ᠡᠷᠬᠢᠯᠡᠬᠦ ᠪᠠ ᠵᠤᠭᠠᠴᠠᠯ ᠤᠨ | ᠠᠵᠢᠯᠯᠠᠭ᠎ᠠ ᠡᠷᠬᠢᠯᠡᠬᠦ ᠳᠤ ᠲᠤᠭᠳᠠᠭᠠᠯ ᠶᠤᠰᠤᠭᠠᠷ ᠪᠤᠬᠢᠷᠳᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ | ᠦᠭᠡᠢ ᠠᠴᠠ ᠪᠤᠯᠵᠤ ᠤᠤᠭᠤᠬᠤ ᠤᠰᠤᠨ ᠤ ᠤᠰᠤᠨ ᠴᠤᠭᠴᠠ ᠶᠢ ᠪᠤᠬᠢᠷᠳᠤᠭᠤᠯᠬᠤ︔ | ︵ᠲᠦᠷᠪᠡ︶ ᠬᠤᠤᠷ ᠲᠠᠯᠪᠢᠨ ᠵᠢᠭᠠᠰᠤ ᠠᠩᠨᠠᠬᠤ ᠴᠠᠬᠢᠯᠭᠠᠨ ᠢᠶᠠᠷ ᠵᠢᠭᠠᠰᠤ ᠠᠩᠨᠠᠬᠤ᠂ ᠲᠡᠯᠪᠡᠴᠢᠯᠳᠡ ᠪᠠᠷ | ᠵᠢᠭᠠᠰᠤ ᠠᠩᠨᠠᠬᠤ︔ | ︵ᠲᠠᠪᠤ︶ ᠤᠰᠤᠨ ᠴᠤᠭᠴᠠ ᠲᠤᠳᠤᠷ᠎ᠠ ᠲᠤᠰᠤᠯᠢᠬ ᠵᠦᠢᠯ ᠬᠤᠤᠷᠳᠤ ᠪᠤᠬᠢᠷᠳᠤᠯ ᠪᠤᠳᠠᠰ ᠲᠡᠭᠡᠭᠡᠪᠦᠷᠢᠯᠡᠭᠰᠡᠨ | ᠤᠡᠭᠭᠤᠴᠠ ᠵᠠᠪᠢ᠂ ᠲᠡᠷᠭᠡ ᠤᠨᠤᠭ᠎ᠠ ᠪᠤᠶᠤ ᠰᠠᠪᠠ ᠶᠢ ᠤᠬᠢᠶᠠᠨ ᠴᠡᠪᠡᠷᠯᠡᠬᠦ︔ | ︵ᠵᠢᠷᠭᠤᠭ᠎ᠠ︶ ᠤᠰᠤᠨ ᠴᠤᠭᠴᠠ ᠲᠤᠳᠤᠷ᠎ᠠ ᠲᠤᠰᠤᠯᠢᠬ ᠵᠦᠢᠯ᠂ ᠬᠦᠴᠢᠯᠯᠢᠭ ᠴᠢᠨᠠᠷᠳᠠᠢ ᠰᠢᠩᠭᠡᠨ ᠪᠡᠶᠡᠳᠦ᠂ | ᠱᠦᠯᠳᠦᠯᠢᠭ ᠴᠢᠨᠠᠷᠳᠠᠢ ᠰᠢᠩᠭᠡᠨ ᠪᠡᠶᠡᠳᠦ ᠶᠢ ᠭᠠᠳᠠᠭᠰᠢᠯᠠᠭᠤᠯᠬᠤ︔ | ︵ᠲᠤᠯᠤᠭ᠎ᠠ︶ ᠤᠰᠤᠨ ᠴᠤᠭᠴᠠ ᠲᠤᠳᠤᠷ᠎ᠠ ᠰᠠᠴᠤᠷᠠᠮᠠᠬᠠᠢ ᠴᠢᠨᠠᠷᠳᠠᠢ ᠬᠠᠳᠠᠭᠤ ᠪᠡᠶᠡᠳᠦ ᠬᠠᠶᠠᠭᠳᠠᠮᠠᠯ | ᠪᠤᠳᠠᠰ᠂ ᠰᠠᠴᠤᠷᠠᠮᠠᠬᠠᠢ ᠴᠢᠨᠠᠷᠳᠠᠢ ᠪᠤᠳᠠᠰ ᠠᠭᠤᠯᠵᠤ ᠪᠦᠬᠦᠢ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ︔ | ︵ᠨᠠᠢᠮᠠ︶ ᠤᠰᠤᠨ ᠴᠤᠭᠴᠠ ᠲᠤᠳᠤᠷ᠎ᠠ ᠲᠤᠭᠰᠢᠨ ᠬᠤᠤᠷᠳᠠᠢ ᠬᠠᠶᠠᠭᠳᠠᠮᠠᠯ ᠰᠢᠩᠭᠡᠨ ᠭᠠᠳᠠᠭᠰᠢᠯᠠᠭᠤᠯᠬᠤ | ᠪᠤᠶᠤ ᠮᠦᠡᠭᠭᠦᠨ ᠤᠰᠤ᠂ ᠺᠠᠳ᠋ᠮᠢ᠂ ᠠᠷᠰᠸᠠ᠂ ᠾᠷᠤᠮ᠂ ᠬᠠᠷ᠎ᠠ ᠲᠤᠭᠤᠯᠭ᠎ᠠ᠂ ᠼᠢᠶᠠᠨᠳᠤ ᠨᠢᠭᠡᠳᠪᠦᠷᠢ ᠪᠤᠳᠠᠰ᠂ | ᠰᠢᠷ᠎ᠠ ᠹᠤᠰᠹᠤᠷ ᠮᠡᠳᠦ ᠶᠢᠨ ᠠᠭᠤᠰᠤᠮᠠᠬᠠᠢ ᠴᠢᠨᠠᠷᠳᠠᠢ ᠬᠤᠤᠷᠳᠤ ᠰᠢᠭᠠᠷᠤ ᠶᠢ ᠭᠠᠳᠠᠭᠰᠢᠯᠠᠭᠤᠯᠬᠤ᠂ ᠴᠢᠳᠬᠤᠬᠤ | ᠡᠰᠡᠭᠦᠯ᠎ᠡ ᠰᠢᠭᠤᠳ ᠭᠠᠵᠠᠷ ᠲᠤ ᠪᠤᠯᠠᠬᠤ︔ | ︵ᠶᠢᠰᠦ︶ ᠤᠯᠤᠰ ᠤᠨ ᠬᠤᠯᠪᠤᠭᠳᠠᠯ ᠪᠦᠬᠦᠢ ᠲᠦᠷᠢᠮ ᠲᠤᠭᠳᠠᠭᠠᠯ ᠪᠤᠯᠤᠨ ᠪᠠᠷᠢᠮᠵᠢᠶ᠎ᠠ ᠶᠢ ᠵᠦᠷᠢᠴᠡᠨ | ᠤᠰᠤᠨ ᠴᠤᠭᠴᠠ ᠳᠤ ᠰᠠᠴᠤᠷᠠᠮᠠᠬᠠᠢ ᠴᠢᠨᠠᠷ ᠢᠶᠠᠷ ᠲᠤᠤᠷ᠎ᠠ ᠬᠠᠶᠠᠭᠳᠠᠮᠠᠯ ᠤᠰᠤ᠂ ᠬᠠᠯᠠᠭᠤᠨ ᠬᠠᠶᠠᠭᠳᠠᠮᠠᠯ ᠤᠰᠤ᠂ | ᠡᠪᠡᠳᠴᠢᠨ ᠡᠭᠦᠰᠭᠡᠭᠴᠢ ᠠᠭᠤᠯᠵᠤ ᠪᠦᠬᠦᠢ ᠪᠤᠬᠢᠷ ᠤᠰᠤ ᠭᠠᠳᠠᠭᠰᠢᠯᠠᠭᠤᠯᠬᠤ︔ | ︵ᠠᠷᠪᠠ︶ ᠤᠰᠤᠨ ᠴᠤᠭᠴᠠ ᠳᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ᠂ ᠬᠤᠳᠠ ᠪᠠᠯᠭᠠᠰᠤᠨ ᠤ ᠬᠤᠭ | ᠨᠤᠪᠰᠢ ᠪᠤᠯᠤᠨ ᠪᠤᠰᠤᠳ ᠬᠠᠶᠠᠭᠳᠠᠮᠠᠯ ᠪᠤᠳᠠᠰ ᠢ ᠭᠠᠳᠠᠭᠰᠢᠯᠠᠭᠤᠯᠬᠤ︔ | ︵ᠠᠷᠪᠠᠨ ᠨᠢᠭᠡ︶ ᠬᠠᠳᠤᠨ ᠭᠤᠤᠯ᠂ ᠤᠰᠤᠨ ᠴᠦᠬᠦᠷᠤᠮ ᠤᠨ ᠬᠠᠮᠤᠭ ᠤᠨ ᠦᠨᠳᠦᠷ ᠤᠰᠤᠨ | ᠲᠦᠪᠰᠢᠨ ᠠᠴᠠ ᠲᠤᠷᠤᠭᠰᠢᠬᠢ ᠰᠠᠶᠢᠷᠭᠠᠯ ᠪᠤᠯᠤᠨ ᠪᠡᠯ ᠤᠨ ᠡᠷᠬᠢ ᠲᠡᠭᠡᠷ᠎ᠡ ᠬᠠᠳᠠᠭᠤ ᠪᠡᠶᠡᠳᠦ ᠬᠠᠶᠠᠭᠳᠠᠮᠠᠯ ᠪᠤᠳᠠᠰ | ᠪᠤᠯᠤᠨ ᠪᠤᠰᠤᠳ ᠪᠤᠬᠢᠷᠳᠤᠯ ᠲᠠᠢ ᠪᠤᠳᠠᠰ ᠢ ᠤᠪᠤᠭᠠᠯᠠᠬᠤ ᠪᠠ ᠨᠦᠭᠡᠴᠡᠯᠡᠨ ᠬᠠᠳᠠᠭᠠᠯᠠᠬᠤ︔ | ︵ᠠᠷᠪᠠᠨ ᠬᠤᠶᠠᠷ︶ ᠤᠰᠤᠨ ᠴᠤᠭᠴᠠ ᠶᠢᠨ ᠤᠢᠢᠷᠠᠯᠴᠠᠭ᠎ᠠ ᠮᠠᠯ ᠵᠢᠭᠦᠷᠳᠡᠨ ᠢ ᠬᠡᠪᠴᠢᠶ᠎ᠡ ᠲᠠᠢ ᠲᠡᠵᠢᠭᠡᠨ | ᠦᠷᠡᠵᠢᠭᠦᠯᠬᠦ︔ | ︵ᠠᠷᠪᠠᠨ ᠭᠤᠷᠪᠠ︶ ᠠᠮᠢᠳᠠᠨ ᠤ ᠦᠭᠦᠳᠡᠯ ᠢ ᠬᠠᠶᠠᠵᠤ ᠤᠷᠭᠢᠬᠤ ᠪᠤᠶᠤ ᠭᠠᠵᠠᠷ ᠲᠤ ᠪᠤᠯᠠᠬᠤ︔ | ︵ᠠᠷᠪᠠᠨ ᠲᠦᠷᠪᠡ︶ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠤᠯᠤᠨ ᠬᠤᠳᠠ ᠪᠠᠯᠭᠠᠰᠤᠨ ᠤ ᠪᠤᠬᠢᠷ | ᠤᠰᠤ ᠪᠠᠷ ᠰᠢᠭᠤᠳ ᠤᠰᠤᠯᠠᠯᠳᠠ ᠬᠢᠬᠦ︔ | ︵ᠠᠷᠪᠠᠨ ᠲᠠᠪᠤ︶ ᠤᠰᠤᠨ ᠤ ᠰᠤᠷᠪᠤᠯᠵᠢ ᠶᠢ ᠪᠤᠬᠢᠷᠳᠤᠭᠤᠯᠬᠤ ᠪᠤᠰᠤᠳ ᠦᠢᠯᠡ ᠠᠵᠢᠯᠯᠠᠭ᠎ᠠ᠃ | ᠨᠢᠭᠡᠨᠳᠡ ᠪᠠᠶᠢᠭᠤᠯᠤᠭᠰᠠᠨ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠᠷᠢᠯᠭ᠎ᠠ ᠶᠢᠨ ᠲᠦᠷᠦᠯ ᠵᠦᠢᠯ ᠤᠳ ᠢ | ᠬᠤᠳᠠ ᠪᠤᠶᠤ ᠪᠠᠶᠢᠭ᠎ᠠ ᠭᠠᠵᠠᠷ ᠤᠨ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ | ᠵᠠᠷᠯᠢᠭᠳᠠᠨ ᠨᠤᠷᠠᠭᠠᠯᠠᠭᠠᠬᠤ ᠪᠤᠶᠤ ᠬᠠᠭᠠᠯᠭᠠᠨ᠎ᠠ᠃ ᠬᠤᠭᠤᠴᠠᠭᠠᠨ ᠠᠴᠠ ᠬᠡᠳᠦᠷᠡᠭᠰᠡᠨ ᠪᠠᠶᠢᠳᠠᠯ᠎ᠠ ᠨᠤᠷᠠᠭᠠᠬᠤ ᠦᠭᠡᠢ | ᠪᠤᠶᠤ ᠬᠠᠭᠠᠬᠤ ᠦᠭᠡᠢ ᠪᠤᠯ ᠬᠠᠤᠯᠢ ᠶᠤᠰᠤᠭᠠᠷ ᠠᠯᠪᠠᠳᠠᠨ ᠨᠤᠷᠠᠭᠠᠯᠠᠭᠠᠬᠤ ᠪᠤᠶᠤ ᠬᠠᠭᠠᠯᠭᠠᠵᠤ ᠪᠤᠯᠤᠨ᠎ᠠ᠃ | ᠠᠷᠪᠠᠨ ᠲᠤᠯᠤᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ | ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠲᠤᠳᠤᠷ᠎ᠠ ᠠᠷᠪᠠᠨ ᠵᠢᠷᠭᠤᠳᠤᠭᠠᠷ ᠵᠦᠢᠯ ᠳᠤ ᠲᠤᠭᠳᠠᠭᠠᠭᠰᠠᠨ | ᠴᠠᠭᠠᠵᠠᠯᠠᠬᠤ ᠦᠢᠯᠡ ᠠᠵᠢᠯᠯᠠᠭ᠎ᠠ ᠠᠴᠠ ᠭᠠᠳᠠᠨ᠎ᠠ ᠲᠤᠤᠷᠠᠬᠢ ᠠᠵᠢᠯᠯᠠᠭ᠎ᠠ ᠶᠢ ᠡᠷᠬᠢᠯᠡᠵᠤ ᠪᠤᠯᠬᠤ ᠦᠭᠡᠢ᠄ | ︵ᠨᠢᠭᠡ︶ ᠤᠰᠤ ᠬᠠᠨᠭ᠍ᠭᠠᠬᠤ ᠪᠡᠯᠡᠳᠭᠡᠮᠵᠢ ᠪᠤᠯᠤᠨ ᠤᠰᠤᠨ ᠰᠤᠷᠪᠤᠯᠵᠢ ᠶᠢᠨ ᠬᠠᠮᠠᠭᠠᠯᠠᠯᠳᠠ ᠲᠠᠢ ᠡᠰᠡ | ᠬᠤᠯᠪᠤᠭᠳᠠᠬᠤ ᠪᠠᠷᠢᠯᠭ᠎ᠠ ᠶᠢᠨ ᠲᠦᠷᠦᠯ ᠵᠦᠢᠯ ᠤᠳ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ | ᠦᠷᠭᠡᠳᠭᠡᠨ ᠪᠠᠶᠢᠭᠤᠯᠬᠤ︔ | ︵ᠬᠤᠶᠠᠷ︶ ᠲᠤᠤᠷᠯᠢᠬ ᠲᠦᠷᠪᠡᠯᠵᠢ ᠳᠤ ᠲᠡᠵᠢᠭᠡᠪᠦᠷᠢ ᠶᠢᠨ ᠦᠢᠯᠡᠰ ᠡᠷᠬᠢᠯᠡᠬᠦ᠂ ᠮᠠᠯ ᠵᠢᠭᠦᠷᠳᠡᠨ ᠢ ᠬᠤᠷᠯᠠᠨ | ᠦᠷᠡᠵᠢᠭᠦᠯᠬᠦ᠂ ᠵᠤᠭᠠᠴᠠᠬᠤ᠂ ᠤᠮᠪᠠᠭ᠋ᠤ᠂ ᠵᠢᠭᠠᠰᠤ ᠬᠦᠬᠢᠳᠡᠬᠦ᠂ ᠢᠳᠡᠭᠡᠨ ᠤᠮᠳᠠᠭᠠᠨ᠂ ᠬᠡᠭᠡᠷ᠎ᠡ ᠪᠠᠭᠤᠳᠠᠯᠯᠠᠬᠤ᠂ | ᠬᠡᠭᠡᠷ᠎ᠡ ᠲᠤᠭᠤᠭᠠᠯᠠᠬᠤ᠂ ᠤᠰᠤᠨ ᠲᠡᠭᠡᠷᠡᠬᠢ ᠪᠡᠶ᠎ᠡ ᠶᠢᠨ ᠲᠠᠮᠢᠷ᠂ ᠨᠠᠶᠢᠷ ᠨᠠᠭᠠᠳᠤᠮ ᠤᠨ ᠠᠵᠢᠯᠯᠠᠭ᠎ᠠ ᠵᠡᠷᠭᠡ ᠶᠢ | ᠡᠷᠬᠢᠯᠡᠬᠦ︔ | ︵ᠭᠤᠷᠪᠠ︶ ᠤᠰᠤᠨ ᠴᠤᠭᠴᠠ ᠲᠤᠳᠤᠷ᠎ᠠ ᠤᠡᠭᠭᠤᠴᠠ ᠵᠠᠪᠢ᠂ ᠲᠡᠷᠭᠡ ᠤᠨᠤᠭ᠎ᠠ ᠵᠡᠷᠭᠡ ᠶᠢ ᠤᠬᠢᠶᠠᠨ | ᠴᠡᠪᠡᠷᠯᠡᠬᠦ︔ | ︵ᠲᠦᠷᠪᠡ︶ ᠲᠠᠷᠢᠮᠠᠯ ᠤᠨ ᠵᠦᠢᠯᠡᠰ ᠢ ᠲᠠᠷᠢᠬᠤ︔ | ︵ᠲᠠᠪᠤ︶ ᠬᠤᠭ ᠨᠤᠪᠰᠢ᠂ ᠪᠠᠭᠠᠰᠤ ᠪᠤᠯᠤᠨ ᠪᠤᠰᠤᠳ ᠪᠤᠬᠢᠷᠳᠤᠯ ᠪᠤᠳᠠᠰ ᠤᠳ ᠢ ᠤᠪᠤᠭᠠᠯᠠᠬᠤ ᠲᠠᠯᠠᠪᠦᠷ | ᠪᠤᠯᠤᠨ ᠰᠢᠢᠳᠪᠦᠷᠢᠯᠡᠬᠦ ᠲᠠᠯᠠᠪᠦᠷ ᠢ ᠲᠤᠬᠢᠷᠠᠭᠤᠯᠬᠤ︔ | ︵ᠵᠢᠷᠭᠤᠭ᠎ᠠ︶ ᠤᠰᠤᠨ ᠤ ᠰᠤᠷᠪᠤᠯᠵᠢ ᠶᠢᠨ ᠬᠠᠮᠠᠭᠠᠯᠠᠯᠳᠠ ᠲᠠᠢ ᠬᠤᠯᠪᠤᠭᠳᠠᠯ ᠦᠭᠡᠢ ᠤᠡᠭᠭᠤᠴᠠ ᠵᠠᠪᠢ | ᠠᠶᠠᠯᠠᠬᠤ᠂ ᠤᠡᠭᠭᠤᠴᠠ ᠵᠤᠭᠰᠤᠬᠤ᠂ ᠲᠡᠭᠡᠭᠡᠪᠦᠷᠢᠯᠡᠵᠦ ᠪᠠᠭᠤᠯᠭᠠᠬᠤ︔ | ︵ᠲᠤᠯᠤᠭ᠎ᠠ︶ ᠤᠰᠤᠨ ᠤ ᠰᠤᠷᠪᠤᠯᠵᠢ ᠶᠢ ᠪᠤᠬᠢᠷᠳᠤᠭᠤᠯᠬᠤ ᠪᠤᠰᠤᠳ ᠦᠢᠯᠡ ᠠᠵᠢᠯᠯᠠᠭ᠎ᠠ᠃ | ᠨᠢᠭᠡᠨᠳᠡ ᠪᠠᠶᠢᠭᠤᠯᠤᠭᠰᠠᠨ ᠤᠰᠤ ᠬᠠᠨᠭ᠍ᠭᠠᠬᠤ ᠪᠡᠯᠡᠳᠭᠡᠮᠵᠢ ᠪᠤᠯᠤᠨ ᠤᠰᠤᠨ ᠰᠤᠷᠪᠤᠯᠵᠢ ᠶᠢᠨ | ᠬᠠᠮᠠᠭᠠᠯᠠᠯᠳᠠ ᠲᠠᠢ ᠬᠤᠯᠪᠤᠭᠳᠠᠯ ᠦᠭᠡᠢ ᠪᠠᠷᠢᠯᠭ᠎ᠠ ᠶᠢᠨ ᠵᠦᠢᠯ ᠤᠳ ᠢ ᠬᠤᠳᠠ ᠪᠤᠶᠤ ᠪᠠᠶᠢᠭ᠎ᠠ ᠭᠠᠵᠠᠷ ᠤᠨ ᠬᠤᠰᠢᠭᠤ | ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠨ ᠨᠤᠷᠠᠭᠠᠯᠠᠭᠠᠬᠤ ᠪᠤᠶᠤ ᠬᠠᠭᠠᠯᠭᠠᠨ᠎ᠠ᠃ | ᠬᠤᠭᠤᠴᠠᠭᠠᠨ ᠠᠴᠠ ᠬᠡᠳᠦᠷᠡᠭᠰᠡᠨ ᠪᠠᠶᠢᠳᠠᠯ᠎ᠠ ᠨᠤᠷᠠᠭᠠᠬᠤ ᠦᠭᠡᠢ ᠪᠤᠶᠤ ᠬᠠᠭᠠᠬᠤ ᠦᠭᠡᠢ ᠪᠤᠯ ᠬᠠᠤᠯᠢ ᠶᠤᠰᠤᠭᠠᠷ | ᠠᠯᠪᠠᠳᠠᠨ ᠨᠤᠷᠠᠭᠠᠯᠭᠠᠬᠤ ᠪᠤᠶᠤ ᠬᠠᠭᠠᠯᠭᠠᠵᠤ ᠪᠤᠯᠤᠨ᠎ᠠ᠃ | ᠠᠷᠪᠠᠨ ᠨᠠᠢᠮᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠪᠤᠯᠤᠨ | ᠲᠡᠰᠯᠡᠭᠴᠢ ᠬᠠᠮᠠᠭᠠᠯᠠᠯᠳᠠ ᠶᠢᠨ ᠤᠷᠤᠨ ᠤ ᠲᠤᠳᠤᠷ᠎ᠠ ᠲᠤᠰ ᠲᠦᠷᠢᠮ ᠤᠨ ᠲᠤᠭᠳᠠᠭᠠᠯ ᠠᠴᠠ ᠵᠦᠷᠢᠴᠡᠭᠰᠡᠨ | ᠪᠠᠷᠢᠯᠭ᠎ᠠ ᠶᠢᠨ ᠲᠦᠷᠦᠯ ᠵᠦᠢᠯ ᠤᠳ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ | ᠪᠠᠶᠢᠭᠤᠯᠬᠤ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠤᠷᠴᠢᠨ ᠲᠤᠭᠤᠷᠢᠨ ᠢ ᠨᠦᠯᠦᠭᠡᠯᠡᠬᠦ ᠮᠡᠳᠡᠭᠦᠯᠦᠯᠳᠡ ᠶᠢ ᠨᠢ ᠬᠢᠨᠠᠵᠤ ᠵᠦᠪᠰᠢᠶᠡᠷᠡᠬᠦ ᠦᠭᠡᠢ︔ ᠬᠤᠳᠠ ᠬᠦᠳᠡᠭᠡ ᠶᠢᠨ | ᠲᠦᠯᠦᠪᠵᠢᠭᠦᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠤᠩᠭᠤᠵᠤ ᠦᠭᠬᠦ ᠦᠭᠡᠢ︔ | ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠬ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ | ᠬᠡᠷᠡᠭᠯᠡᠬᠦ ᠭᠠᠷᠳᠠᠮ ᠭᠦᠢᠴᠡᠳᠭᠡᠵᠤ ᠦᠭᠬᠦ ᠦᠭᠡᠢ᠃ | ᠠᠷᠪᠠ ᠶᠢᠰᠦᠳᠦᠭᠡᠷ ᠵᠦᠢᠯ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠪᠠᠨ ᠤᠰᠤᠨ ᠤ ᠡᠬᠢ ᠪᠠᠶᠠᠯᠢᠬ ᠲᠤ ᠰᠢᠨᠵᠢᠯᠡᠬᠦ ᠤᠬᠠᠭᠠᠨᠴᠢ | ᠲᠤᠬᠢᠷᠠᠭᠤᠯᠤᠯᠳᠠ ᠬᠢᠵᠤ᠂ ᠤᠤᠭᠤᠬᠤ ᠤᠰᠤᠨ ᠤ ᠰᠤᠷᠪᠤᠯᠵᠢ ᠶᠢᠨ ᠵᠤᠬᠢᠰᠳᠠᠢ ᠤᠰᠤᠨ ᠲᠦᠪᠰᠢᠨ ᠢ ᠪᠠᠳᠤᠯᠠᠬᠤ | ᠬᠡᠷᠡᠭᠳᠠᠢ᠃ | ᠬᠤᠷᠢᠳᠤᠭᠠᠷ ᠵᠦᠢᠯ ᠭᠠᠵᠠᠷ ᠲᠤᠤᠷᠠᠬᠢ ᠤᠤᠭᠤᠬᠤ ᠤᠰᠤ ᠶᠢ ᠬᠡᠳᠦᠷᠬᠡᠢ ᠨᠡᠭᠡᠭᠡᠨ ᠠᠰᠢᠭᠯᠠᠭᠰᠠᠨ ᠠᠴᠠ | ᠪᠤᠯᠵᠤ ᠭᠠᠵᠠᠷ ᠤᠨ ᠭᠠᠳᠠᠷᠭᠤ ᠲᠤᠷᠤᠭᠰᠢ ᠲᠤᠨᠤᠵᠤ᠂ ᠤᠰᠤᠨ ᠤ ᠴᠢᠨᠠᠷ ᠮᠠᠭᠤᠳᠠᠵᠤ ᠦᠷᠭᠦᠯᠵᠢᠯᠡᠨ ᠨᠡᠭᠡᠭᠡᠨ | ᠠᠰᠢᠭᠯᠠᠬᠤ ᠳᠤ ᠲᠤᠬᠢᠷᠠᠮᠵᠢ ᠦᠭᠡᠢ ᠪᠤᠯᠤᠭᠰᠠᠨ ᠪᠠᠶᠢᠪᠠᠯ ᠬᠤᠳᠠ ᠶᠢᠨ ᠤᠰᠤᠨ ᠤ ᠶᠠᠪᠤᠳᠠᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠬ ᠤᠨ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠲᠠᠢ ᠬᠠᠮᠳᠤᠪᠡᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠬᠦ ᠬᠡᠷᠡᠭᠳᠠᠢ᠃ | ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠤᠯᠢ ᠶᠤᠰᠤᠭᠠᠷ ᠵᠤᠬᠢᠬᠤ ᠠᠷᠭ᠎ᠠ ᠬᠡᠮᠵᠢᠶ᠎ᠡ ᠠᠪᠴᠤ | ᠪᠠᠶᠢᠭᠠᠳ ᠭᠠᠵᠠᠷ ᠲᠤᠤᠷᠠᠬᠢ ᠤᠤᠭᠤᠬᠤ ᠤᠰᠤ ᠶᠢ ᠨᠡᠭᠡᠭᠡᠨ ᠠᠰᠢᠭᠯᠠᠬᠤ ᠶᠢ ᠬᠢᠵᠠᠭᠠᠷᠯᠠᠬᠤ ᠪᠤᠶᠤ ᠵᠤᠭᠰᠤᠭᠠᠨ᠎ᠠ᠃ | ᠬᠤᠷᠢᠨ ᠨᠢᠭᠡᠳᠦᠭᠡᠷ ᠵᠦᠢᠯ ᠬᠤᠳᠠ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ | ᠨᠦᠢᠳᠠᠨ ᠭᠠᠵᠠᠷ ᠭᠠᠷᠭᠠᠬᠤ ᠪᠤᠶᠤ ᠤᠰᠤᠨ ᠤ ᠰᠤᠷᠪᠤᠯᠵᠢ ᠶᠢᠨ ᠬᠠᠳᠠᠭᠠᠯᠠᠮᠵᠢ ᠶᠢᠨ ᠤᠢ ᠪᠤᠶᠢᠵᠢᠭᠤᠯᠬᠤ᠂ ᠵᠢᠵᠢᠭ | ᠰᠠᠪᠠ ᠭᠠᠵᠠᠷ ᠢ ᠴᠡᠪᠡᠷᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠤᠰᠤᠨ ᠴᠤᠭᠴᠠ ᠳᠤ ᠪᠤᠬᠢᠷᠳᠤᠯ ᠪᠤᠳᠠᠰ ᠢ ᠰᠢᠭᠤᠳ | ᠭᠠᠳᠠᠭᠰᠢᠯᠠᠭᠤᠯᠬᠤ ᠠᠴᠠ ᠰᠡᠷᠭᠡᠶᠢᠯᠡᠨ᠂ ᠤᠰᠤᠨ ᠴᠤᠭᠴᠠ ᠶᠢᠨ ᠦᠪᠡᠰᠦᠪᠡᠨ ᠴᠡᠪᠡᠷᠰᠢᠭᠦ ᠴᠢᠳᠠᠪᠦᠷᠢ ᠶᠢ | ᠲᠡᠭᠡᠭᠰᠢᠯᠡᠭᠦᠯᠬᠦ ᠬᠡᠷᠡᠭᠳᠠᠢ᠃ | ᠬᠤᠷᠢᠨ ᠬᠤᠶᠠᠳᠤᠭᠠᠷ ᠵᠦᠢᠯ ᠲᠦᠪᠯᠡᠷᠡᠭᠰᠡᠨ ᠮᠠᠶ᠋ᠢᠬ ᠤᠨ ᠤᠤᠭᠤᠬᠤ ᠤᠰᠤ ᠬᠠᠨᠭ᠍ᠭᠠᠬᠤ ᠨᠢᠭᠡᠴᠢ ᠨᠢ ᠭᠠᠵᠠᠷ | ᠲᠤᠤᠷᠠᠬᠢ ᠤᠤᠭᠤᠬᠤ ᠤᠰᠤᠨ ᠤ ᠰᠤᠷᠪᠤᠯᠵᠢ ᠶᠢᠨ ᠬᠤᠳᠳᠤᠭ ᠴᠡᠭ ᠲᠤ ᠤᠰᠤᠨ ᠤ ᠰᠤᠷᠪᠤᠯᠵᠢ ᠶᠢᠨ | ᠬᠤᠳᠳᠤᠭ ᠤᠨ ᠪᠢᠳᠡᠭᠦᠦ ᠪᠠᠷᠢᠯᠭ᠎ᠠ ᠶᠢ ᠪᠠᠷᠢᠵᠤ᠂ ᠬᠤᠳᠳᠤᠭ ᠤᠨ ᠠᠮᠠᠰᠠᠷ᠂ ᠪᠠᠳᠤ ᠡᠭᠦᠳᠡ᠂ ᠰᠡᠷᠡᠮᠵᠢᠯᠡᠭᠦᠯᠬᠦ ᠪᠠ | ᠬᠢᠨᠠᠨ ᠡᠵᠡᠮᠰᠢᠬᠦ ᠲᠦᠭᠦᠭᠡᠷᠤᠮᠵᠢ ᠲᠤᠬᠢᠷᠠᠭᠤᠯᠬᠤ ᠪᠤᠶᠤ ᠲᠤᠰᠬᠠᠢ ᠬᠦᠮᠦᠨ ᠲᠤᠮᠢᠯᠠᠨ ᠰᠠᠬᠢᠭᠤᠯᠬᠤ ᠬᠡᠷᠡᠭᠳᠠᠢ᠃ | ᠲᠦᠷᠪᠡᠳᠦᠭᠡᠷ ᠪᠦᠯᠦᠭ ᠬᠢᠨᠠᠯᠳᠠ ᠬᠠᠮᠢᠶᠠᠷᠤᠯᠳᠠ | ᠬᠤᠷᠢᠨ ᠭᠤᠷᠪᠠᠳᠤᠭᠠᠷ ᠵᠦᠢᠯ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠲᠤᠤᠷᠠᠬᠢ ᠠᠵᠢᠯᠯᠠᠭ᠎ᠠ ᠶᠢ ᠬᠢᠨᠠᠨ | ᠪᠠᠶᠢᠴᠠᠭᠠᠨ᠎ᠠ᠄ | ︵ᠨᠢᠭᠡ︶ ᠬᠠᠮᠠᠭᠠᠯᠠᠯᠳᠠ ᠶᠢᠨ ᠤᠷᠤᠨ ᠪᠤᠯᠤᠨ ᠲᠡᠰᠯᠡᠭᠴᠢ ᠬᠠᠮᠠᠭᠠᠯᠠᠯᠳᠠ ᠶᠢᠨ ᠤᠷᠤᠨ ᠳᠤ ᠪᠤᠬᠢᠷᠳᠤᠯ | ᠪᠤᠳᠠᠰ ᠭᠠᠳᠠᠭᠰᠢᠯᠠᠭᠤᠯᠤᠭᠰᠠᠨ ᠪᠠᠶᠢᠳᠠᠯ︔ | ︵ᠬᠤᠶᠠᠷ︶ ᠨᠡᠭᠡᠭᠡᠨ ᠠᠰᠢᠭᠯᠠᠭᠰᠠᠨ ᠠᠵᠢᠯᠯᠠᠭ᠎ᠠ ᠨᠢ ᠤᠰᠤᠨ ᠴᠤᠭᠴᠠ ᠶᠢ ᠪᠤᠬᠢᠷᠳᠤᠭᠤᠯᠤᠭᠰᠠᠨ︔ | ︵ᠭᠤᠷᠪᠠ︶ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠦᠭᠰᠡᠨ ᠪᠠᠶᠢᠳᠠᠯ ᠪᠠ | ᠭᠤᠤᠯᠳᠠᠯᠭᠠᠳᠤ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠭᠦᠢᠴᠡᠳᠭᠡᠭᠰᠡᠨ | ᠪᠠᠶᠢᠳᠠᠯ᠃ | ᠬᠤᠷᠢᠨ ᠲᠦᠷᠪᠡᠳᠦᠭᠡᠷ ᠵᠦᠢᠯ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠳᠠᠬᠢ ᠲᠤᠤᠷᠠᠬᠢ ᠵᠦᠢᠯ ᠤᠳ ᠲᠤ ᠬᠢᠨᠠᠯᠳᠠ ᠲᠠᠯᠪᠢᠨ | ᠪᠠᠶᠢᠴᠠᠭᠠᠨ᠎ᠠ᠄ | ︵ᠨᠢᠭᠡ︶ ᠤᠤᠭᠤᠬᠤ ᠤᠰᠤᠨ ᠤ ᠡᠬᠢ ᠪᠠᠶᠠᠯᠢᠬ ᠤᠨ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠶᠢ | ᠨᠠᠶᠢᠳᠠᠪᠦᠷᠢᠵᠢᠭᠤᠯᠤᠭᠰᠠᠨ ᠪᠠᠶᠢᠳᠠᠯ︔ | ︵ᠬᠤᠶᠠᠷ︶ ᠤᠰᠤᠨ ᠠᠰᠢᠭᠯᠠᠯᠳᠠ ᠶᠢᠨ ᠢᠨᠵᠧᠨᠧᠷᠢᠩ ᠤᠨ ᠪᠡᠯᠡᠳᠭᠡᠮᠵᠢ ᠵᠢᠴᠢ ᠪᠤᠰᠤᠳ ᠪᠠᠷᠢᠯᠭ᠎ᠠ ᠶᠢᠨ | ᠵᠦᠢᠯ ᠤᠳ ᠤᠨ ᠤᠤᠭᠤᠬᠤ ᠤᠰᠤᠨ ᠤ ᠡᠬᠢ ᠪᠠᠶᠠᠯᠢᠬ ᠢ ᠨᠦᠯᠦᠭᠡᠯᠡᠭᠰᠡᠨ ᠪᠠᠶᠢᠳᠠᠯ︔ | ︵ᠭᠤᠷᠪᠠ︶ ᠬᠦᠷᠦᠰᠦ ᠰᠢᠷᠤᠢ ᠶᠢᠨ ᠬᠠᠮᠠᠭᠠᠯᠠᠯᠳᠠ ᠶᠢᠨ ᠲᠦᠰᠦᠪ ᠢ ᠨᠠᠶᠢᠳᠠᠪᠦᠷᠢᠵᠢᠭᠤᠯᠤᠭᠰᠠᠨ ᠪᠠᠶᠢᠳᠠᠯ︔ | ︵ᠲᠦᠷᠪᠡ︶ ᠤᠰᠤᠨ ᠤ ᠡᠬᠢ ᠪᠠᠶᠠᠯᠢᠬ ᠢ ᠵᠤᠬᠢᠰᠳᠠᠢ ᠠᠰᠢᠭᠯᠠᠭᠰᠠᠨ ᠪᠠᠶᠢᠳᠠᠯ᠃ | ᠬᠤᠷᠢᠨ ᠲᠠᠪᠤᠳᠤᠭᠠᠷ ᠵᠦᠢᠯ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ᠂ ᠤᠰᠤᠨ ᠤ ᠶᠠᠪᠤᠳᠠᠯ᠂ | ᠡᠷᠡᠭᠦᠯ ᠬᠠᠮᠠᠭᠠᠯᠠᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠤᠤᠭᠤᠬᠤ ᠤᠰᠤᠨ ᠤ ᠰᠤᠷᠪᠤᠯᠵᠢ ᠶᠢᠨ | ᠤᠰᠤᠨ ᠤ ᠴᠢᠨᠠᠷ ᠢ ᠬᠢᠨᠠᠨ ᠰᠢᠯᠭᠠᠬᠤ ᠲᠤᠬᠠᠢ ᠤᠯᠤᠰ ᠤᠨ ᠮᠡᠷᠭᠡᠵᠢᠯ ᠤᠨ ᠵᠢᠷᠤᠮᠵᠢᠯ ᠪᠤᠯᠤᠨ ᠪᠠᠷᠢᠮᠵᠢᠶ᠎ᠠ ᠶᠢ | ᠡᠷᠬᠡᠪᠰᠢ ᠴᠢᠩᠭ᠎ᠠ ᠬᠡᠷᠡᠭᠵᠢᠭᠦᠯᠵᠦ᠂ ᠤᠯᠠᠷᠢᠯ ᠪᠦᠷᠢ ᠨᠡᠶᠢᠭᠡᠮ ᠨᠡᠶᠢᠳᠡ ᠳᠤ ᠤᠰᠤᠨ ᠤ ᠴᠢᠨᠠᠷ ᠢ ᠬᠢᠨᠠᠨ ᠰᠢᠯᠭᠠᠭᠰᠠᠨ | ᠪᠠᠶᠢᠳᠠᠯ ᠢᠶᠠᠨ ᠨᠡᠶᠢᠳᠡᠯᠡᠵᠤ᠂ ᠤᠤᠭᠤᠬᠤ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠢ ᠬᠢᠨᠠᠨ ᠰᠢᠯᠭᠠᠭᠰᠠᠨ | ᠪᠠᠶᠢᠳᠠᠯ ᠢᠶᠠᠨ ᠲᠠᠩᠰᠠᠯᠠᠬᠤ ᠬᠡᠷᠡᠭᠳᠠᠢ᠃ | ᠬᠤᠷᠢᠨ ᠵᠢᠷᠭᠤᠳᠤᠭᠠᠷ ᠵᠦᠢᠯ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠪᠡᠷ ᠤᠤᠭᠤᠬᠤ | ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠴᠠᠭᠳᠠᠨ ᠪᠠᠶᠢᠴᠠᠭᠠᠬᠤ ᠲᠦᠷᠢᠮ ᠢ ᠲᠤᠭᠳᠠᠭᠠᠨ᠂ ᠪᠤᠬᠢᠷᠳᠤᠯ ᠤᠨ | ᠰᠤᠷᠪᠤᠯᠵᠢ ᠶᠢ ᠰᠡᠷᠡᠵᠤ ᠮᠡᠳᠡᠭᠰᠡᠨ ᠤ ᠰᠡᠭᠦᠯᠡᠷ ᠴᠠᠭ ᠲᠤᠬᠠᠢ ᠳᠤᠨᠢ ᠬᠠᠤᠯᠢ ᠶᠤᠰᠤᠭᠠᠷ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠠᠪᠬᠤ ᠶᠢᠨ ᠲᠠᠭᠠᠤ ᠪᠠᠶᠢᠭ᠎ᠠ ᠭᠠᠵᠠᠷ ᠤᠨ ᠢᠶᠠᠨ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠳᠤ ᠪᠠᠶᠢᠳᠠᠯ ᠢᠶᠠᠨ ᠮᠡᠳᠡᠭᠦᠯᠬᠦ ᠬᠡᠷᠡᠭᠳᠠᠢ᠃ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠬᠤᠯᠪᠤᠭᠳᠠᠯ ᠪᠦᠬᠦᠢ ᠰᠠᠯᠠᠭ᠎ᠠ | ᠮᠦᠴᠢᠷ ᠢ ᠵᠤᠬᠢᠶᠠᠨ ᠪᠠᠶᠢᠭᠤᠯᠤᠨ ᠬᠢᠵᠠᠭᠠᠷᠯᠠᠭᠰᠠᠨ ᠬᠤᠭᠤᠴᠠᠭᠠᠨ ᠲᠤᠳᠤᠷ᠎ᠠ ᠪᠤᠬᠢᠷᠳᠤᠯ ᠤᠨ ᠰᠤᠷᠪᠤᠯᠵᠢ ᠶᠢ | ᠠᠷᠢᠯᠭᠠᠨ ᠤᠰᠠᠳᠬᠠᠵᠤ᠂ ᠤᠰᠤᠨ ᠤ ᠪᠤᠬᠢᠷᠳᠤᠯ ᠢ ᠵᠠᠰᠠᠬᠤ ᠬᠡᠷᠡᠭᠳᠠᠢ᠃ | ᠬᠤᠷᠢᠨ ᠲᠤᠯᠤᠳᠤᠭᠠᠷ ᠵᠦᠢᠯ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠯᠠᠭ᠎ᠠ ᠮᠦᠴᠢᠷ ᠪᠠ ᠪᠤᠰᠤᠳ | ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠦᠪᠡᠷ ᠤᠨ ᠬᠠᠷᠢᠶᠠᠨ ᠳᠠᠬᠢ ᠪᠤᠬᠢᠷᠳᠤᠯ ᠪᠤᠳᠠᠰ ᠭᠠᠳᠠᠭᠰᠢᠯᠠᠭᠤᠯᠵᠤ | ᠪᠠᠶᠢᠭ᠎ᠠ ᠨᠢᠭᠡᠴᠢ ᠶᠢᠨ ᠲᠤᠬᠠᠢ ᠶᠢᠨ ᠲᠠᠯᠠᠪᠦᠷ ᠲᠤᠨᠢ ᠪᠠᠶᠢᠴᠠᠭᠠᠯᠳᠠ ᠬᠢᠨ᠎ᠡ᠂ ᠪᠠᠶᠢᠴᠠᠭᠠᠭᠳᠠᠭᠰᠠᠨ ᠨᠢᠭᠡᠴᠢ ᠨᠢ | ᠬᠠᠮᠵᠢᠯᠴᠠᠬᠤ ᠪᠦᠭᠡᠳ ᠪᠤᠳᠠᠳᠤ ᠪᠠᠶᠢᠳᠠᠯ ᠢᠶᠠᠨ ᠦᠨᠡᠨ ᠮᠦᠨ ᠢᠶᠠᠷ ᠨᠢ ᠲᠤᠰᠬᠠᠵᠤ ᠬᠠᠮᠢᠶ᠎ᠠ ᠪᠦᠬᠦᠢ | ᠮᠠᠲ᠋ᠧᠷᠢᠶᠠᠯ ᠢᠶᠠᠨ ᠬᠠᠨᠭ᠍ᠭᠠᠨ ᠦᠭᠬᠦ ᠬᠡᠷᠡᠭᠳᠠᠢ᠃ | ᠬᠤᠷᠢᠨ ᠨᠠᠢᠮᠠᠳᠤᠭᠠᠷ ᠵᠦᠢᠯ ᠬᠤᠳᠠ ᠪᠠ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠠᠴᠠ ᠤᠤᠭᠤᠬᠤ ᠤᠰᠤᠨ ᠤ ᠰᠤᠷᠪᠤᠯᠵᠢ ᠪᠤᠬᠢᠷᠳᠤᠭᠰᠠᠨ ᠠᠳᠡᠯ ᠢ ᠰᠢᠢᠳᠪᠦᠷᠢᠯᠡᠬᠦ ᠪᠠᠴᠢᠮ ᠪᠠᠶᠢᠳᠠᠯ ᠢ | ᠠᠷᠭᠠᠴᠠᠬᠤ ᠲᠦᠰᠦᠪ ᠢ ᠨᠠᠶᠢᠷᠠᠭᠤᠯᠤᠨ ᠲᠤᠭᠳᠠᠭᠠᠵᠤ᠂ ᠪᠠᠴᠢᠮ ᠪᠠᠶᠢᠳᠠᠯ ᠠᠴᠠ ᠠᠪᠤᠷᠠᠬᠤ ᠲᠤᠰᠬᠠᠢ ᠠᠩᠭᠢ | ᠪᠠᠶᠢᠭᠤᠯᠤᠨ᠂ ᠪᠠᠴᠢᠮ ᠪᠠᠶᠢᠳᠠᠯ ᠠᠴᠠ ᠠᠪᠤᠷᠠᠬᠤ ᠲᠦᠭᠦᠭᠡᠷᠤᠮᠵᠢ ᠶᠢ ᠲᠤᠬᠢᠷᠠᠭᠤᠯᠬᠤ ᠬᠡᠷᠡᠭᠳᠠᠢ᠃ | ᠤᠤᠭᠤᠬᠤ ᠤᠰᠤᠨ ᠤ ᠰᠤᠷᠪᠤᠯᠵᠢ ᠶᠢ ᠪᠤᠬᠢᠷᠳᠤᠭᠤᠯᠬᠤ ᠪᠤᠯᠤᠯᠴᠠᠭ᠎ᠠ ᠲᠠᠢ ᠠᠵᠤ ᠠᠬᠤᠢᠢᠯᠠᠯ ᠠᠵᠢᠯ | ᠦᠢᠯᠡᠰ ᠤᠨ ᠨᠢᠭᠡᠴᠢ ᠨᠦᠭᠦᠳ ᠤᠰᠤᠨ ᠤ ᠪᠤᠬᠢᠷᠳᠤᠯ ᠤᠨ ᠠᠳᠡᠯ ᠢ ᠪᠠᠴᠢᠮ ᠠᠷᠭᠠᠴᠠᠬᠤ ᠲᠦᠰᠦᠪ ᠢ ᠲᠤᠭᠳᠠᠭᠠᠨ | ᠠᠳᠡᠯ ᠢ ᠠᠷᠭᠠᠴᠠᠬᠤ ᠪᠡᠯᠡᠳᠭᠡᠯ ᠢ ᠰᠠᠶᠢᠳᠤᠷ ᠬᠢᠵᠤ᠂ ᠲᠤᠭᠳᠠᠮᠠᠯ ᠬᠤᠭᠤᠴᠠᠭ᠎ᠠ ᠲᠠᠢ ᠪᠠᠷ ᠰᠤᠷᠢᠯᠳᠠ ᠪᠤᠯᠪᠠᠰᠤᠷᠠᠯ | ᠬᠢᠬᠦ ᠬᠡᠷᠡᠭᠳᠠᠢ᠃ | ᠬᠤᠷᠢ ᠶᠢᠰᠦᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠲᠤᠳᠤᠷ᠎ᠠ | ᠤᠰᠤᠨ ᠴᠤᠭᠴᠠ ᠪᠤᠬᠢᠷᠳᠤᠭᠰᠠᠨ ᠠᠳᠡᠯ ᠭᠠᠷᠪᠠᠯ ᠤᠰᠤ ᠠᠪᠤᠭᠰᠠᠨ ᠨᠢᠭᠡᠴᠢ ᠨᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠠᠷᠤᠢ ᠳᠤᠨᠢ ᠮᠡᠳᠡᠭᠦᠯᠵᠦ᠂ ᠬᠠᠮᠢᠶ᠎ᠠ ᠪᠦᠬᠦᠢ | ᠬᠠᠷᠢᠭᠤᠴᠠᠯᠭᠠᠳᠤ ᠨᠢᠭᠡᠴᠢ ᠨᠢ ᠲᠤᠰ ᠨᠢᠭᠡᠴᠢ ᠶᠢᠨ ᠢᠶᠠᠨ ᠪᠠᠴᠢᠮ ᠠᠷᠭᠠᠴᠠᠬᠤ ᠲᠦᠰᠦᠪ ᠢᠶᠠᠨ ᠲᠠᠷᠤᠢ ᠳᠤᠨᠢ | ᠬᠡᠷᠡᠭᠵᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠪᠤᠬᠢᠷᠳᠤᠯ ᠢ ᠰᠡᠷᠭᠡᠶᠢᠯᠡᠨ ᠵᠤᠭᠰᠤᠭᠠᠬᠤ ᠬᠡᠷᠡᠭᠳᠠᠢ᠃ | ᠭᠤᠴᠢᠳᠤᠭᠠᠷ ᠵᠦᠢᠯ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠤᠤᠭᠤᠬᠤ ᠤᠰᠤᠨ ᠤ ᠰᠤᠷᠪᠤᠯᠵᠢ ᠪᠤᠬᠢᠷᠳᠤᠭᠰᠠᠨ ᠠᠳᠡᠯ ᠤᠨ ᠮᠡᠳᠡᠭᠦᠯᠦᠯᠳᠡ ᠶᠢ ᠬᠦᠯᠢᠶᠡᠨ | ᠠᠪᠤᠭᠰᠠᠨ ᠤ ᠲᠠᠷᠠᠭ᠎ᠠ ᠴᠠᠭ ᠲᠤᠬᠠᠢ ᠳᠤᠨᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠬᠦ ᠶᠢᠨ | ᠲᠠᠭᠠᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠠᠭᠤᠯᠤᠨ ᠬᠦᠷᠭᠡᠵᠤ᠂ ᠲᠠᠷᠦ᠋ᠢᠬᠠᠨ ᠬᠦᠮᠦᠨ ᠲᠤᠮᠢᠯᠠᠨ | ᠲᠤᠬᠠᠢ ᠶᠢᠨ ᠲᠠᠯᠠᠪᠦᠷ ᠲᠤᠨᠢ ᠬᠦᠷᠴᠤ ᠪᠠᠶᠢᠴᠠᠭᠠᠨ᠂ ᠬᠤᠯᠪᠤᠭᠳᠠᠯ ᠪᠦᠬᠦᠢ ᠨᠢᠭᠡᠴᠢ ᠶᠢ ᠠᠷᠭ᠎ᠠ ᠬᠡᠮᠵᠢᠶ᠎ᠡ ᠠᠪᠤᠨ | ᠠᠳᠡᠯ ᠤᠨ ᠨᠦᠯᠦᠭᠡ ᠶᠢ ᠬᠤᠷᠢᠭᠯᠠᠬᠤ ᠪᠤᠶᠤ ᠦᠭᠡᠶᠢᠰᠭᠡᠬᠦ ᠪᠠᠷ ᠵᠠᠷᠯᠢᠭᠳᠠᠬᠤ ᠬᠡᠷᠡᠭᠳᠠᠢ᠃ | ᠭᠤᠴᠢᠨ ᠨᠢᠭᠡᠳᠦᠭᠡᠷ ᠵᠦᠢᠯ ᠤᠤᠭᠤᠬᠤ ᠤᠰᠤᠨ ᠤ ᠰᠤᠷᠪᠤᠯᠵᠢ ᠪᠤᠬᠢᠷᠳᠤᠭᠰᠠᠨ ᠠᠳᠡᠯ ᠡᠭᠦᠰᠦᠭᠰᠡᠨ ᠤ | ᠲᠠᠷᠠᠭ᠎ᠠ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠤᠤᠭᠤᠬᠤ ᠤᠰᠤᠨ ᠤ | ᠰᠤᠷᠪᠤᠯᠵᠢ ᠪᠤᠬᠢᠷᠳᠤᠭᠰᠠᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠨᠠᠶᠢᠳᠠᠪᠦᠷᠢᠵᠢᠭᠤᠯᠤᠨ | ᠬᠡᠷᠡᠭᠵᠢᠭᠦᠯᠬᠦ ᠶᠢᠨ ᠬᠠᠮᠳᠤ ᠨᠦᠯᠦᠭᠡᠯᠡᠭᠳᠡᠭᠰᠡᠨ ᠭᠠᠵᠠᠷ ᠤᠷᠤᠨ ᠤ ᠰᠠᠭᠤᠭᠠᠯᠢ ᠠᠷᠠᠳ ᠲᠤ ᠤᠤᠭᠤᠬᠤ ᠤᠰᠤᠨ ᠤ | ᠰᠤᠷᠪᠤᠯᠵᠢ ᠪᠤᠬᠢᠷᠳᠤᠭᠰᠠᠨ ᠠᠳᠡᠯ ᠤᠨ ᠰᠡᠷᠡᠮᠵᠢ ᠶᠢᠨ ᠮᠡᠳᠡᠭᠡ ᠶᠢ ᠴᠠᠭ ᠲᠤᠬᠠᠢ ᠳᠤᠨᠢ ᠨᠡᠶᠢᠳᠡᠯᠡᠬᠦ ᠬᠡᠷᠡᠭᠳᠠᠢ᠃ | ᠭᠤᠴᠢᠨ ᠬᠤᠶᠠᠳᠤᠭᠠᠷ ᠵᠦᠢᠯ ᠤᠷᠴᠢᠨ ᠲᠤᠭᠤᠷᠢᠨ ᠤ ᠬᠠᠮᠠᠭᠠᠯᠠᠯᠳᠠ᠂ ᠤᠰᠤᠨ ᠤ ᠶᠠᠪᠤᠳᠠᠯ᠂ ᠡᠷᠡᠭᠦᠯ | ᠬᠠᠮᠠᠭᠠᠯᠠᠯ᠂ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠬᠦ ᠵᠡᠷᠭᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠤᠤᠭᠤᠬᠤ ᠤᠰᠤᠨ ᠤ ᠰᠤᠷᠪᠤᠯᠵᠢ ᠶᠢ ᠡᠪᠳᠡᠨ ᠰᠦᠢᠳᠭᠡᠭᠰᠡᠨ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ᠂ ᠵᠠᠭᠠᠯᠳᠤᠬᠤ ᠲᠦᠷᠢᠮ ᠢ ᠲᠤᠭᠳᠠᠭᠠᠨ ᠬᠡᠷᠡᠭᠵᠢᠭᠦᠯᠦᠨ᠎ᠡ᠃ ᠲᠤᠰ ᠰᠠᠯᠠᠭ᠎ᠠ | ᠮᠦᠴᠢᠷ ᠤᠨ ᠲᠤᠰᠢᠶᠠᠯ ᠬᠠᠷᠢᠭᠤᠴᠠᠯᠭ᠎ᠠ ᠳᠤ ᠦᠯᠦ ᠬᠠᠷᠢᠶᠠᠯᠠᠭᠳᠠᠬᠤ ᠢᠯᠡᠴᠢᠯᠡᠯᠳᠡ ᠵᠠᠭᠠᠯᠳᠤᠯᠭ᠎ᠠ ᠶᠢ ᠢᠯᠡᠴᠢᠯᠡᠯᠳᠡ | ᠪᠠ ᠵᠠᠭᠠᠯᠳᠤᠯᠭ᠎ᠠ ᠶᠢ ᠤᠯᠤᠭᠰᠠᠨ ᠤ ᠪᠠᠨ ᠬᠤᠶᠠᠷ ᠡᠳᠦᠷ ᠤᠨ ᠲᠤᠳᠤᠷ᠎ᠠ ᠬᠠᠷᠢᠶ᠎ᠠ ᠡᠷᠬᠡ ᠲᠠᠢ ᠰᠠᠯᠠᠭ᠎ᠠ ᠮᠦᠴᠢᠷ ᠲᠤ | ᠲᠤᠰᠢᠶᠠᠬᠤ ᠬᠡᠷᠡᠭᠳᠠᠢ᠃ ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠭᠤᠷᠪᠠᠳᠤᠭᠠᠷ ᠵᠦᠢᠯ ᠲᠤᠰ ᠲᠦᠷᠢᠮ ᠤᠨ ᠠᠷᠪᠠᠨ ᠲᠦᠷᠪᠡᠳᠦᠭᠡᠷ ᠵᠦᠢᠯ ᠤᠨ ᠬᠤᠶᠠᠳᠤᠭᠠᠷ | ᠪᠠᠳᠠᠭ ᠤᠨ ᠲᠤᠭᠳᠠᠭᠠᠯ ᠢ ᠵᠦᠷᠢᠴᠡᠨ ᠤᠤᠭᠤᠬᠤ ᠤᠰᠤᠨ ᠤ ᠰᠤᠷᠪᠤᠯᠵᠢ ᠶᠢᠨ ᠵᠠᠭᠠᠭ ᠲᠡᠮᠳᠡᠭ᠂ ᠵᠠᠮ | ᠬᠠᠷᠢᠯᠴᠠᠭᠠᠨ ᠤ ᠰᠡᠷᠡᠮᠵᠢ ᠶᠢᠨ ᠫᠠᠶᠢᠰᠠ᠂ ᠤᠬᠠᠭᠤᠯᠬᠤ ᠫᠠᠶᠢᠰᠠ ᠪᠤᠯᠤᠨ ᠰᠡᠷᠭᠡᠶᠢᠯᠡᠨ ᠬᠠᠮᠠᠭᠠᠯᠠᠬᠤ ᠪᠡᠯᠡᠳᠭᠡᠮᠵᠢ ᠶᠢ | ᠰᠢᠯᠵᠢᠭᠦᠯᠵᠦ ᠡᠪᠳᠡᠭᠰᠡᠨ ᠪᠤᠯ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠤᠭᠳᠠᠭᠰᠠᠨ ᠬᠤᠭᠤᠴᠠᠭᠠᠨ᠎ᠠ ᠤᠤᠯ ᠪᠠᠶᠢᠳᠠᠯ ᠢ ᠨᠢ ᠰᠡᠷᠭᠦᠭᠡᠬᠦ ᠪᠠᠷ ᠵᠠᠷᠯᠢᠭᠳᠠᠨ᠎ᠠ᠂ ᠬᠤᠭᠤᠴᠠᠭ᠎ᠠ | ᠬᠡᠳᠦᠷᠡᠭᠰᠡᠨ ᠪᠠᠶᠢᠳᠠᠯ᠎ᠠ ᠤᠤᠯ ᠪᠠᠶᠢᠳᠠᠯ ᠢ ᠰᠡᠷᠭᠦᠭᠡᠭᠰᠡᠨ ᠦᠭᠡᠢ ᠪᠤᠯ 1 ᠲᠦᠮᠡᠨ ᠲᠦᠭᠦᠷᠢᠭ ᠠᠴᠠ ᠲᠡᠭᠡᠭᠰᠢ 2 | ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠭᠤᠴᠢᠨ ᠲᠦᠷᠪᠡᠳᠦᠭᠡᠷ ᠵᠦᠢᠯ ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ᠂ | ᠬᠤᠶᠠᠳᠤᠭᠠᠷ ᠵᠤᠷᠪᠤᠰ᠂ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠬᠤᠶᠠᠳᠤᠭᠠᠷ ᠵᠤᠷᠪᠤᠰ᠂ ᠠᠷᠪᠠᠨ | ᠲᠤᠯᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠤᠭᠳᠠᠭᠠᠯ ᠠᠴᠠ ᠵᠦᠷᠢᠴᠡᠵᠤ᠂ | ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠶᠢ ᠵᠦᠷᠢᠴᠡᠭᠰᠡᠨ ᠦᠢᠯᠡ | ᠠᠵᠢᠯᠯᠠᠭ᠎ᠠ ᠶᠢ ᠨᠢ ᠵᠤᠭᠰᠤᠭᠠᠵᠤ᠂ 10 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠬᠤ ᠶᠢᠨ ᠬᠠᠮᠳᠤ ᠵᠦᠪᠰᠢᠶᠡᠷᠡᠬᠦ ᠡᠷᠬᠡ ᠲᠠᠢ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠦᠨ ᠵᠦᠪᠰᠢᠶᠡᠷᠡᠭᠦᠯᠦᠭᠡᠳ᠂ ᠨᠤᠷᠠᠭᠠᠯᠠᠭᠠᠬᠤ ᠪᠤᠶᠤ ᠬᠠᠭᠠᠯᠭᠠᠬᠤ ᠪᠠᠷ ᠵᠠᠷᠯᠢᠭᠳᠠᠨ᠎ᠠ᠄ | ︵ᠨᠢᠭᠡ︶ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠪᠤᠯᠤᠨ ᠲᠡᠰᠯᠡᠭᠴᠢ | ᠬᠠᠮᠠᠭᠠᠯᠠᠯᠳᠠ ᠶᠢᠨ ᠤᠷᠤᠨ ᠤ ᠲᠤᠳᠤᠷᠠᠬᠢ ᠤᠰᠤᠨ ᠴᠤᠭᠴᠠ ᠶᠢ ᠬᠦᠨᠳᠦ ᠨᠤᠴᠢᠳᠠᠢ ᠪᠤᠬᠢᠷᠳᠤᠭᠤᠯᠬᠤ ᠪᠠᠷᠢᠯᠭ᠎ᠠ ᠶᠢᠨ | ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ ᠪᠤᠶᠤ ᠦᠭᠡᠷᠡᠴᠢᠯᠡᠨ ᠪᠠᠶᠢᠭᠤᠯᠤᠭᠰᠠᠨ ᠠᠴᠠ | ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠨᠡᠮᠡᠭᠳᠡᠭᠦᠯᠦᠭᠰᠡᠨ︔ | ︵ᠬᠤᠶᠠᠷ︶ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ ᠲᠤᠳᠤᠷ᠎ᠠ ᠪᠤᠬᠢᠷᠳᠤᠯ | ᠪᠤᠳᠠᠰ ᠢ ᠭᠠᠳᠠᠭᠰᠢᠯᠠᠭᠤᠯᠬᠤ ᠪᠠᠷᠢᠯᠭ᠎ᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠷᠭᠡᠳᠭᠡᠨ | ᠪᠠᠶᠢᠭᠤᠯᠬᠤ᠂ ᠦᠭᠡᠷᠡᠴᠢᠯᠡᠨ ᠪᠠᠶᠢᠭᠤᠯᠬᠤ︔ | ︵ᠭᠤᠷᠪᠠ︶ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠤ | ᠲᠤᠳᠤᠷ᠎ᠠ ᠤᠰᠤ ᠬᠠᠨᠭ᠍ᠭᠠᠬᠤ ᠪᠡᠯᠡᠳᠭᠡᠮᠵᠢ ᠪᠤᠯᠤᠨ ᠤᠰᠤᠨ ᠤ ᠰᠤᠷᠪᠤᠯᠵᠢ ᠶᠢᠨ ᠬᠠᠮᠠᠭᠠᠯᠠᠯᠳᠠ ᠲᠠᠢ ᠡᠰᠡ | ᠬᠤᠯᠪᠤᠭᠳᠠᠬᠤ ᠪᠠᠷᠢᠯᠭ᠎ᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ᠂ | ᠦᠭᠡᠷᠡᠴᠢᠯᠡᠨ ᠪᠠᠶᠢᠭᠤᠯᠬᠤ᠃ | ᠭᠤᠴᠢᠨ ᠲᠠᠪᠤᠳᠤᠭᠠᠷ ᠵᠦᠢᠯ ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ᠂ | ᠠᠷᠪᠠᠨ ᠵᠢᠷᠭᠤᠳᠤᠭᠠᠷ ᠵᠦᠢᠯ ᠤᠨ ᠲᠤᠭᠳᠠᠭᠠᠯ ᠠᠴᠠ ᠵᠦᠷᠢᠴᠡᠨ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠳᠠ ᠶᠢᠨ ᠤᠷᠤᠨ ᠪᠠ ᠲᠡᠰᠯᠡᠭᠴᠢ ᠬᠠᠮᠠᠭᠠᠯᠠᠯᠳᠠ ᠶᠢᠨ ᠤᠷᠤᠨ ᠤ ᠲᠤᠳᠤᠷ᠎ᠠ ᠲᠤᠭᠰᠢᠨ ᠬᠤᠤᠷ ᠪᠤᠯᠤᠨ | ᠦᠯᠡᠳᠡᠭᠳᠡᠯ ᠬᠤᠤᠷ ᠶᠡᠬᠡᠳᠠᠢ ᠲᠠᠷᠢᠶᠠᠨ ᠡᠮ ᠢ ᠬᠡᠷᠡᠭᠯᠡᠭᠰᠡᠨ ᠪᠤᠯ ᠲᠠᠷᠢᠶᠠᠯᠠᠩ ᠮᠠᠯ ᠠᠵᠤ ᠠᠬᠤᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ 1 ᠲᠦᠮᠡᠨ ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠨ᠎ᠠ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠵᠢᠷᠭᠤᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠵᠤ᠂ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠪᠠ ᠲᠡᠰᠯᠡᠭᠴᠢ ᠬᠠᠮᠠᠭᠠᠯᠠᠯᠳᠠ ᠶᠢᠨ ᠤᠷᠤᠨ ᠲᠤᠳᠤᠷ᠎ᠠ ᠠᠭᠤᠷᠬᠠᠢ | ᠨᠡᠭᠡᠭᠰᠡᠨ᠂ ᠴᠢᠯᠠᠭᠤ ᠭᠠᠷᠭᠠᠭᠰᠠᠨ᠂ ᠡᠯᠡᠰᠤ ᠬᠠᠶᠢᠷ ᠮᠠᠯᠳᠠᠭᠰᠠᠨ᠂ ᠰᠢᠷᠤᠢ ᠠᠪᠤᠭᠰᠠᠨ᠂ ᠤᠰᠤᠨ ᠰᠤᠷᠪᠤᠯᠵᠢ ᠶᠢᠨ | ᠬᠠᠮᠠᠭᠠᠯᠠᠯᠳᠠ ᠶᠢᠨ ᠤᠢ ᠶᠢ ᠡᠰᠡ ᠪᠤᠶᠢᠵᠢᠭᠤᠯᠬᠤ ᠪᠠ ᠦᠯᠦ ᠰᠢᠨᠡᠳᠭᠡᠬᠦ ᠴᠢᠨᠠᠷᠳᠠᠢ ᠪᠠᠷ ᠤᠭᠳᠤᠯᠤᠭᠰᠠᠨ ᠠᠴᠠ | ᠭᠠᠵᠠᠷ ᠲᠤᠤᠷᠠᠬᠢ ᠤᠰᠤ ᠶᠢ ᠨᠦᠯᠦᠭᠡᠯᠡᠭᠰᠡᠨ ᠠᠵᠢᠯᠯᠠᠭ᠎ᠠ ᠶᠢ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠤᠭᠳᠠᠭᠠᠯ ᠶᠤᠰᠤᠭᠠᠷ ᠰᠢᠢᠳᠭᠡᠬᠦ ᠠᠴᠠ ᠭᠠᠳᠠᠨ᠎ᠠ᠂ ᠤᠰᠤᠨ ᠤ ᠶᠠᠪᠤᠳᠠᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ | ᠵᠤᠭᠰᠤᠭᠠᠵᠤ᠂ ᠤᠤᠯ ᠬᠡᠯᠪᠡᠷᠢ ᠶᠢ ᠨᠢ ᠰᠡᠷᠭᠦᠭᠡᠬᠦ ᠪᠠᠷ ᠬᠤᠭᠤᠴᠠᠭ᠎ᠠ ᠬᠢᠵᠠᠭᠠᠷᠯᠠᠬᠤ ᠪᠤᠶᠤ ᠨᠦᠬᠦᠪᠦᠷᠢᠯᠡᠬᠦ ᠪᠤᠰᠤᠳ | ᠠᠷᠭ᠎ᠠ ᠬᠡᠮᠵᠢᠶ᠎ᠡ ᠠᠪᠤᠭᠤᠯᠤᠨ᠎ᠠ᠂ 2 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠭᠰᠠᠨ ᠴᠤ ᠪᠤᠯᠤᠨ᠎ᠠ᠃ | ᠭᠤᠴᠢᠨ ᠲᠤᠯᠤᠳᠤᠭᠠᠷ ᠵᠦᠢᠯ ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠲᠠᠪᠤᠳᠤᠭᠠᠷ | ᠵᠤᠷᠪᠤᠰ ᠠᠴᠠ ᠲᠤᠯᠤᠳᠤᠭᠠᠷ ᠵᠤᠷᠪᠤᠰ ᠬᠦᠷᠳᠡᠯ᠎ᠡ᠂ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠪᠠᠳᠠᠭ ᠤᠨ | ᠲᠠᠪᠤᠳᠤᠭᠠᠷ ᠵᠤᠷᠪᠤᠰ ᠠᠴᠠ ᠠᠷᠪᠠᠨ ᠨᠢᠭᠡᠳᠦᠭᠡᠷ ᠵᠤᠷᠪᠤᠰ ᠬᠦᠷᠳᠡᠯᠡᠬᠢ ᠲᠤᠭᠳᠠᠭᠠᠯ ᠠᠴᠠ ᠵᠦᠷᠢᠴᠡᠵᠤ ᠤᠤᠭᠤᠬᠤ | ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠪᠤᠯᠤᠨ ᠲᠡᠰᠯᠡᠭᠴᠢ ᠬᠠᠮᠠᠭᠠᠯᠠᠯᠳᠠ ᠶᠢᠨ ᠤᠷᠤᠨ ᠤ | ᠲᠤᠳᠤᠷ᠎ᠠ ᠲᠤᠤᠷᠠᠬᠢ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠤᠯ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ ᠪᠤᠬᠢᠷᠳᠤᠯ ᠢ ᠴᠡᠪᠡᠷᠯᠡᠨ | ᠠᠷᠢᠯᠭᠠᠬᠤ ᠶᠢᠨ ᠬᠠᠮᠳᠤ ᠵᠤᠭᠤᠰ ᠢᠶᠠᠷ ᠲᠤᠷᠭᠠᠨ᠎ᠠ᠄ | ︵ᠨᠢᠭᠡ︶ ᠤᠰᠤᠨ ᠴᠤᠭᠴᠠ ᠲᠤᠳᠤᠷ᠎ᠠ ᠲᠤᠰᠤᠯᠢᠬ ᠵᠦᠢᠯ᠂ ᠬᠦᠴᠢᠯᠯᠢᠭ ᠴᠢᠨᠠᠷᠳᠠᠢ ᠰᠢᠩᠭᠡᠨ ᠪᠡᠶᠡᠳᠦ᠂ | ᠱᠦᠯᠳᠦᠯᠢᠭ ᠴᠢᠨᠠᠷᠳᠠᠢ ᠰᠢᠩᠭᠡᠨ ᠪᠡᠶᠡᠳᠦ ᠶᠢ ᠭᠠᠳᠠᠭᠰᠢᠯᠠᠭᠤᠯᠤᠭᠰᠠᠨ︔ | ︵ᠬᠤᠶᠠᠷ︶ ᠤᠰᠤᠨ ᠴᠤᠭᠴᠠ ᠲᠤᠳᠤᠷ᠎ᠠ ᠲᠤᠭᠰᠢᠨ ᠬᠤᠤᠷᠳᠠᠢ ᠬᠠᠶᠠᠭᠳᠠᠮᠠᠯ ᠰᠢᠩᠭᠡᠨ ᠪᠤᠶᠤ ᠮᠦᠡᠭᠭᠦᠨ | ᠤᠰᠤ᠂ ᠺᠠᠳ᠋ᠮᠢ᠂ ᠠᠷᠰᠸᠠ᠂ ᠾᠷᠤᠮ᠂ ᠬᠠᠷ᠎ᠠ ᠲᠤᠭᠤᠯᠭ᠎ᠠ᠂ ᠼᠢᠶᠠᠨᠳᠤ ᠨᠢᠭᠡᠳᠪᠦᠷᠢ ᠪᠤᠳᠠᠰ᠂ ᠰᠢᠷ᠎ᠠ ᠹᠤᠰᠹᠤᠷ | ᠮᠡᠳᠦ ᠶᠢᠨ ᠠᠭᠤᠰᠤᠮᠠᠬᠠᠢ ᠴᠢᠨᠠᠷᠳᠠᠢ ᠬᠤᠤᠷᠳᠤ ᠰᠢᠭᠠᠷᠤ ᠶᠢ ᠭᠠᠳᠠᠭᠰᠢᠯᠠᠭᠤᠯᠤᠨ ᠴᠢᠳᠬᠤᠭᠰᠠᠨ ᠪᠤᠶᠤ ᠭᠠᠵᠠᠷ ᠲᠤ | ᠪᠤᠯᠠᠭᠰᠠᠨ︔ | ︵ᠭᠤᠷᠪᠠ︶ ᠤᠰᠤᠨ ᠴᠤᠭᠴᠠ ᠲᠤᠳᠤᠷ᠎ᠠ ᠲᠤᠰᠤᠯᠢᠬ ᠵᠦᠢᠯ᠂ ᠬᠤᠤᠷᠳᠠᠢ ᠪᠤᠬᠢᠷᠳᠤᠯ ᠪᠤᠳᠠᠰ ᠵᠡᠷᠭᠡ ᠶᠢ | ᠲᠡᠭᠡᠭᠡᠪᠦᠷᠢᠯᠡᠵᠦ ᠬᠠᠳᠠᠭᠠᠯᠠᠵᠤ ᠦᠡᠭᠭᠡᠷᠡᠭᠰᠡᠨ ᠤᠡᠭᠭᠤᠴᠠ ᠵᠠᠪᠢ᠂ ᠲᠡᠷᠭᠡ ᠤᠨᠤᠭ᠎ᠠ ᠶᠢ ᠤᠬᠢᠶᠠᠨ ᠴᠡᠪᠡᠷᠯᠡᠭᠰᠡᠨ︔ | ︵ᠲᠦᠷᠪᠡ︶ ᠤᠰᠤᠨ ᠴᠤᠭᠴᠠ ᠲᠤᠳᠤᠷ᠎ᠠ ᠰᠠᠴᠤᠷᠠᠮᠠᠬᠠᠢ ᠴᠢᠨᠠᠷᠳᠤ ᠬᠠᠳᠠᠭᠤ ᠪᠡᠶᠡᠳᠦ ᠬᠠᠶᠠᠭᠳᠠᠮᠠᠯ ᠪᠤᠳᠠᠰ | ᠪᠤᠶᠤ ᠰᠠᠴᠤᠷᠠᠮᠠᠬᠠᠢ ᠪᠤᠳᠠᠰ ᠠᠭᠤᠯᠤᠭᠰᠠᠨ ᠬᠠᠶᠠᠭᠳᠠᠮᠠᠯ ᠤᠰᠤ ᠶᠢ ᠭᠠᠳᠠᠭᠰᠢᠯᠠᠭᠤᠯᠤᠭᠰᠠᠨ ᠪᠤᠶᠤ ᠴᠢᠳᠬᠤᠭᠰᠠᠨ︔ | ︵ᠲᠠᠪᠤ︶ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠪᠤᠯᠤᠨ ᠪᠠᠷᠢᠮᠵᠢᠶ᠎ᠠ ᠶᠢ ᠵᠦᠷᠢᠴᠡᠨ ᠤᠰᠤᠨ | ᠴᠤᠭᠴᠠ ᠲᠤᠳᠤᠷ᠎ᠠ ᠲᠤᠤᠷ᠎ᠠ ᠬᠡᠮᠵᠢᠶᠡᠨ ᠤ ᠰᠠᠴᠤᠷᠠᠮᠠᠬᠠᠢ ᠪᠤᠳᠠᠰ ᠠᠭᠤᠯᠤᠭᠰᠠᠨ ᠬᠠᠶᠠᠭᠳᠠᠮᠠᠯ ᠤᠰᠤ᠂ ᠬᠠᠯᠠᠭᠤᠨ | ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ ᠠᠭᠤᠯᠤᠭᠰᠠᠨ ᠪᠤᠬᠢᠷ ᠤᠰᠤ ᠶᠢ ᠭᠠᠳᠠᠭᠰᠢᠯᠠᠭᠤᠯᠤᠭᠰᠠᠨ︔ | ︵ᠵᠢᠷᠭᠤᠭ᠎ᠠ︶ ᠤᠰᠤᠨ ᠴᠤᠭᠴᠠ ᠲᠤᠳᠤᠷ᠎ᠠ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ᠂ ᠬᠤᠳᠠ | ᠪᠠᠯᠭᠠᠰᠤᠨ ᠤ ᠬᠤᠭ ᠨᠤᠪᠰᠢ ᠪᠤᠯᠤᠨ ᠪᠤᠰᠤᠳ ᠬᠠᠶᠠᠭᠳᠠᠮᠠᠯ ᠪᠤᠳᠠᠰ ᠢ ᠭᠠᠳᠠᠭᠰᠢᠯᠠᠭᠤᠯᠤᠨ ᠴᠢᠳᠬᠤᠭᠰᠠᠨ︔ | ︵ᠲᠤᠯᠤᠭ᠎ᠠ︶ ᠬᠠᠳᠤᠨ ᠭᠤᠤᠯ᠂ ᠤᠰᠤᠨ ᠴᠦᠬᠦᠷᠤᠮ ᠤᠨ ᠬᠠᠮᠤᠭ ᠤᠨ ᠦᠨᠳᠦᠷ ᠤᠰᠤᠨ | ᠲᠦᠪᠰᠢᠨ ᠠᠴᠠ ᠲᠤᠷᠤᠭᠰᠢᠬᠢ ᠰᠠᠶᠢᠷᠭᠠᠯ ᠪᠤᠯᠤᠨ ᠪᠡᠯ ᠤᠨ ᠡᠷᠬᠢ ᠲᠡᠭᠡᠷ᠎ᠡ ᠬᠠᠳᠠᠭᠤ ᠪᠡᠶᠡᠳᠦ ᠬᠠᠶᠠᠭᠳᠠᠮᠠᠯ ᠪᠤᠯᠤᠨ | ᠪᠤᠰᠤᠳ ᠪᠤᠬᠢᠷᠳᠤᠯ ᠪᠤᠳᠠᠰ ᠢ ᠤᠪᠤᠭᠠᠯᠠᠨ ᠲᠠᠯᠪᠢᠭᠰᠠᠨ ᠪᠤᠶᠤ ᠨᠦᠭᠡᠴᠡᠯᠡᠨ ᠬᠠᠳᠠᠭᠠᠯᠠᠭᠰᠠᠨ︔ | ︵ᠨᠠᠢᠮᠠ︶ ᠨᠡᠪᠴᠢᠮᠡᠳᠡᠬᠡᠢ ᠬᠤᠳᠳᠤᠭ᠂ ᠨᠡᠪᠴᠢᠮᠡᠳᠡᠬᠡᠢ ᠨᠦᠬᠡ᠂ ᠠᠩ ᠵᠠᠪᠰᠠᠷ ᠲᠤ ᠬᠤᠤᠷᠳᠤ | ᠪᠤᠬᠢᠷᠳᠤᠯ ᠲᠠᠢ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ ᠠᠭᠤᠯᠵᠤ ᠪᠦᠬᠦᠢ ᠪᠤᠬᠢᠷ ᠤᠰᠤ ᠪᠤᠯᠤᠨ ᠪᠤᠰᠤᠳ | ᠬᠠᠶᠠᠭᠳᠠᠮᠠᠯ ᠪᠤᠳᠠᠰ ᠢ ᠭᠠᠳᠠᠭᠰᠢᠯᠠᠭᠤᠯᠤᠭᠰᠠᠨ︔ | ︵ᠶᠢᠰᠦ︶ ᠨᠠᠪᠴᠢᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ ᠬᠤᠨᠭ᠍ᠬᠢᠯ | ᠴᠦᠬᠦᠷᠤᠮ ᠵᠡᠷᠭᠡ ᠭᠠᠵᠠᠷ ᠢ ᠠᠰᠢᠭᠯᠠᠨ ᠬᠤᠷᠳᠤ ᠪᠤᠳᠠᠰ ᠲᠠᠢ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ | ᠠᠭᠤᠯᠤᠭᠰᠠᠨ ᠪᠤᠬᠢᠷ ᠤᠰᠤ ᠪᠤᠯᠤᠨ ᠪᠤᠰᠤᠳ ᠬᠠᠶᠠᠭᠳᠠᠮᠠᠯ ᠪᠤᠳᠠᠰ ᠢ ᠵᠦᠭᠡᠭᠡᠪᠦᠷᠢᠯᠡᠨ ᠬᠦᠷᠭᠡᠭᠰᠡᠨ ᠪᠤᠶᠤ | ᠬᠠᠳᠠᠭᠠᠯᠠᠭᠰᠠᠨ︔ | ︵ᠠᠷᠪᠠ︶ ᠬᠦᠮᠦᠨ ᠤ ᠬᠦᠴᠦᠨ ᠢᠶᠠᠷ ᠭᠠᠵᠠᠷ ᠲᠤᠤᠷᠠᠬᠢ ᠤᠰᠤ ᠶᠢ ᠨᠦᠬᠦᠪᠦᠷᠢᠯᠡᠭᠰᠡᠨ ᠠᠴᠠ ᠤᠰᠤᠨ ᠤ | ᠴᠢᠨᠠᠷ ᠢ ᠮᠠᠭᠤᠳᠠᠭᠤᠯᠤᠭᠰᠠᠨ᠃ | ᠲᠡᠭᠡᠷᠡᠬᠢ ᠪᠠᠳᠠᠭ ᠤᠨ ᠭᠤᠷᠪᠠᠳᠤᠭᠠᠷ ᠵᠤᠷᠪᠤᠰ᠂ ᠲᠠᠪᠤᠳᠤᠭᠠᠷ ᠵᠤᠷᠪᠤᠰ ᠲᠠᠬᠢ ᠦᠢᠯᠡ ᠠᠵᠢᠯᠯᠠᠭ᠎ᠠ ᠶᠢᠨ | ᠨᠢᠭᠡ ᠶᠢ ᠬᠢᠭᠰᠡᠨ ᠪᠠᠶᠢᠪᠠᠯ 1 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠨ᠎ᠠ︔ ᠲᠡᠭᠡᠷᠡᠬᠢ ᠪᠠᠳᠠᠭ ᠤᠨ ᠨᠢᠭᠡᠳᠦᠭᠡᠷ ᠵᠤᠷᠪᠤᠰ᠂ ᠵᠢᠷᠭᠤᠳᠤᠭᠠᠷ ᠵᠤᠷᠪᠤᠰ᠂ ᠲᠤᠯᠤᠳᠤᠭᠠᠷ | ᠵᠤᠷᠪᠤᠰ᠂ ᠶᠢᠰᠦᠳᠦᠭᠡᠷ ᠵᠤᠷᠪᠤᠰ ᠤᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ 2 ᠲᠦᠮᠡᠨ | ᠲᠦᠭᠦᠷᠢᠭ ᠠᠴᠠ ᠲᠡᠭᠡᠭᠰᠢ 20 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠲᠡᠭᠡᠷᠡᠬᠢ | ᠪᠠᠳᠠᠭ ᠤᠨ ᠲᠦᠷᠪᠡᠳᠦᠭᠡᠷ ᠵᠤᠷᠪᠤᠰ᠂ ᠨᠠᠢᠮᠠᠳᠤᠭᠠᠷ ᠵᠤᠷᠪᠤᠰ᠂ ᠠᠷᠪᠠᠳᠤᠭᠠᠷ ᠵᠤᠷᠪᠤᠰ ᠤᠨ ᠦᠢᠯᠡ ᠠᠵᠢᠯᠯᠠᠭ᠎ᠠ ᠶᠢᠨ | ᠨᠢᠭᠡ ᠶᠢ ᠬᠢᠭᠰᠡᠨ ᠪᠠᠶᠢᠪᠠᠯ 5 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠨ᠎ᠠ᠃ | ᠭᠤᠴᠢᠨ ᠨᠠᠢᠮᠠᠳᠤᠭᠠᠷ ᠵᠦᠢᠯ ᠲᠤᠰ ᠲᠦᠷᠢᠮ ᠤᠨ ᠲᠤᠭᠳᠠᠭᠠᠯ ᠢ ᠵᠦᠷᠢᠴᠡᠨ ᠤᠤᠭᠤᠬᠤ ᠤᠰᠤᠨ ᠤ | ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠲᠤᠳᠤᠷ᠎ᠠ ᠪᠤᠬᠢᠷᠳᠤᠯ ᠭᠠᠳᠠᠭᠰᠢᠯᠠᠭᠤᠯᠬᠤ ᠠᠮᠠᠰᠠᠷ ᠪᠠᠶᠢᠷᠢᠯᠠᠭᠤᠯᠪᠠᠯ᠂ | ᠪᠠᠶᠢᠭ᠎ᠠ ᠭᠠᠵᠠᠷ ᠤᠨ ᠬᠢᠨ ᠤ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠠᠷᠪᠠᠨ | ᠡᠳᠦᠷ ᠤᠨ ᠲᠤᠳᠤᠷ᠎ᠠ ᠨᠤᠷᠠᠭᠠᠯᠭᠠᠬᠤ ᠪᠠᠷ ᠵᠠᠷᠯᠢᠭᠳᠠᠵᠤ᠂ 10 ᠲᠦᠮᠡᠨ ᠲᠦᠭᠦᠷᠢᠭ ᠠᠴᠠ ᠲᠡᠭᠡᠭᠰᠢ 50 ᠲᠦᠮᠡᠨ | ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠭᠤᠴᠢ ᠶᠢᠰᠦᠳᠦᠭᠡᠷ ᠵᠦᠢᠯ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠪᠠᠳᠠᠭ ᠤᠨ | ᠭᠤᠷᠪᠠᠳᠤᠭᠠᠷ ᠵᠤᠷᠪᠤᠰ᠂ ᠲᠦᠷᠪᠡᠳᠦᠭᠡᠷ ᠵᠤᠷᠪᠤᠰ᠂ ᠠᠷᠪᠠᠨ ᠬᠤᠶᠠᠳᠤᠭᠠᠷ ᠵᠤᠷᠪᠤᠰ ᠠᠴᠠ ᠠᠷᠪᠠᠨ ᠲᠦᠷᠪᠡᠳᠦᠭᠡᠷ | ᠵᠤᠷᠪᠤᠰ ᠬᠦᠷᠳᠡᠯᠡᠬᠢ ᠲᠤᠭᠳᠠᠭᠠᠯ ᠤᠳ ᠢ ᠵᠦᠷᠢᠴᠡᠨ ᠤᠤᠭᠤᠬᠤ ᠤᠰᠤᠨ ᠤ ᠰᠤᠷᠪᠤᠯᠵᠢ ᠶᠢᠨ ᠬᠤᠶᠠᠳᠤᠭᠠᠷ | ᠲᠡᠰ ᠤᠨ ᠬᠠᠮᠠᠭᠠᠯᠠᠯᠳᠠ ᠶᠢᠨ ᠤᠷᠤᠨ ᠲᠤᠳᠤᠷ᠎ᠠ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ | ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠵᠠᠰᠠᠬᠤ ᠠᠷᠭ᠎ᠠ | ᠬᠡᠮᠵᠢᠶ᠎ᠡ ᠠᠪᠤᠭᠤᠯᠵᠤ ᠪᠤᠬᠢᠷᠳᠤᠯ ᠢ ᠠᠷᠢᠯᠭᠠᠨ ᠴᠡᠪᠡᠷᠰᠢᠭᠦᠯᠵᠦ᠂ 2 ᠲᠦᠮᠡᠨ ᠲᠦᠭᠦᠷᠢᠭ ᠠᠴᠠ ᠲᠡᠭᠡᠭᠰᠢ 10 | ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠄ | ︵ᠨᠢᠭᠡ︶ ᠲᠤᠤᠷᠯᠢᠬ ᠲᠦᠷᠪᠡᠯᠵᠢ ᠳᠤ ᠲᠡᠵᠢᠭᠡᠪᠦᠷᠢ ᠶᠢᠨ ᠦᠢᠯᠡᠰ ᠡᠷᠬᠢᠯᠡᠬᠦ ᠪᠠ ᠵᠤᠭᠠᠴᠠᠯ ᠤᠨ ᠠᠵᠢᠯᠯᠠᠭ᠎ᠠ | ᠡᠷᠬᠢᠯᠡᠬᠦ ᠳᠡᠭᠡᠨ ᠲᠤᠭᠳᠠᠭᠠᠯ ᠶᠤᠰᠤᠭᠠᠷ ᠪᠤᠬᠢᠷᠳᠤᠯ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ | ᠤᠤᠭᠤᠬᠤ ᠤᠰᠤᠨ ᠴᠤᠭᠴᠠ ᠶᠢ ᠪᠤᠬᠢᠷᠳᠤᠭᠤᠯᠤᠭᠰᠠᠨ︔ | ︵ᠬᠤᠶᠠᠷ︶ ᠬᠤᠤᠷ ᠲᠠᠯᠪᠢᠨ ᠵᠢᠭᠠᠰᠤ ᠠᠩᠨᠠᠭᠰᠠᠨ᠂ ᠴᠠᠬᠢᠯᠭᠠᠨ ᠢᠶᠠᠷ ᠵᠢᠭᠠᠰᠤ ᠠᠩᠨᠠᠭᠰᠠᠨ᠂ | ᠲᠡᠯᠪᠡᠴᠢᠯᠳᠡ ᠪᠠᠷ ᠵᠢᠭᠠᠰᠤ ᠠᠩᠨᠠᠭᠰᠠᠨ︔ | ︵ᠭᠤᠷᠪᠠ︶ ᠤᠰᠤᠨ ᠴᠤᠭᠴᠠ ᠶᠢᠨ ᠤᠢᠢᠷᠠᠯᠴᠠᠭ᠎ᠠ ᠮᠠᠯ ᠵᠢᠭᠦᠷᠳᠡᠨ ᠢ ᠬᠡᠪᠴᠢᠶ᠎ᠡ ᠲᠠᠢ ᠲᠡᠵᠢᠭᠡᠨ | ᠦᠷᠡᠵᠢᠭᠦᠯᠦᠭᠰᠡᠨ︔ | ︵ᠲᠦᠷᠪᠡ︶ ᠠᠮᠢᠳᠠᠨ ᠤ ᠦᠭᠦᠳᠡᠯ ᠢ ᠬᠠᠶᠠᠵᠤ ᠤᠷᠭᠢᠭᠰᠠᠨ ᠪᠤᠶᠤ ᠭᠠᠵᠠᠷ ᠲᠤ ᠪᠤᠯᠠᠭᠰᠠᠨ︔ | ︵ᠲᠠᠪᠤ︶ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠤᠯᠤᠨ ᠬᠤᠳᠠ ᠪᠠᠯᠭᠠᠰᠤᠨ ᠤ ᠪᠤᠬᠢᠷ ᠤᠰᠤ ᠶᠢ | ᠠᠰᠢᠭᠯᠠᠨ ᠰᠢᠭᠤᠳ ᠤᠰᠤᠯᠠᠯᠳᠠ ᠬᠢᠭᠰᠡᠨ᠃ | ᠲᠦᠴᠢᠳᠦᠭᠡᠷ ᠵᠦᠢᠯ ᠲᠤᠰ ᠲᠦᠷᠢᠮ ᠤᠨ ᠠᠷᠪᠠᠨ ᠲᠤᠯᠤᠳᠤᠭᠠᠷ ᠵᠦᠢᠯ ᠤᠨ ᠨᠢᠭᠡᠳᠦᠭᠡᠷ ᠪᠠᠳᠠᠭ ᠤᠨ | ᠲᠠᠪᠤᠳᠤᠭᠠᠷ ᠵᠤᠷᠪᠤᠰ ᠤᠨ ᠲᠤᠭᠳᠠᠭᠠᠯ ᠢ ᠵᠦᠷᠢᠴᠡᠨ ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ | ᠬᠠᠮᠠᠭᠠᠯᠠᠯᠳᠠ ᠶᠢᠨ ᠤᠷᠤᠨ ᠲᠤᠳᠤᠷ᠎ᠠ ᠬᠤᠭ ᠨᠤᠪᠰᠢ᠂ ᠪᠠᠭᠠᠰᠤ ᠪᠤᠯᠤᠨ ᠪᠤᠰᠤᠳ ᠪᠤᠬᠢᠷᠳᠤᠯ ᠪᠤᠳᠠᠰ ᠢ | ᠤᠪᠤᠭᠠᠯᠠᠬᠤ ᠲᠠᠯᠠᠪᠤᠷ ᠪᠠ ᠰᠢᠢᠳᠪᠦᠷᠢᠯᠡᠬᠦ ᠲᠠᠠᠯᠪᠦᠷ ᠪᠠᠶᠢᠷᠢᠯᠠᠭᠤᠯᠤᠭᠰᠠᠨ ᠪᠤᠯ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠤ᠂ ᠬᠤᠭᠤᠴᠠᠭᠠᠨ᠎ᠠ ᠬᠢᠵᠠᠭᠠᠷᠯᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ | ᠪᠤᠬᠢᠷᠳᠤᠯ ᠢ ᠠᠷᠢᠯᠭᠠᠨ ᠴᠡᠪᠡᠷᠰᠢᠭᠦᠯᠵᠦ᠂ 2 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠨ᠎ᠠ᠃ | ᠲᠦᠴᠢᠨ ᠨᠢᠭᠡᠳᠦᠭᠡᠷ ᠵᠦᠢᠯ ᠲᠤᠰ ᠲᠦᠷᠢᠮ ᠤᠨ ᠠᠷᠪᠠᠨ ᠲᠤᠯᠤᠳᠤᠭᠠᠷ ᠵᠦᠢᠯ ᠤᠨ ᠬᠤᠶᠠᠳᠤᠭᠠᠷ | ᠵᠤᠷᠪᠤᠰ ᠠᠴᠠ ᠲᠦᠷᠪᠡᠳᠦᠭᠡᠷ ᠵᠤᠷᠪᠤᠰ ᠬᠦᠷᠳᠡᠯ᠎ᠡ᠂ ᠵᠢᠷᠭᠤᠳᠤᠭᠠᠷ ᠵᠤᠷᠪᠤᠰ ᠤᠨ ᠲᠤᠭᠳᠠᠭᠠᠯ ᠢ ᠵᠦᠷᠢᠴᠡᠨ | ᠤᠤᠭᠤᠬᠤ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠲᠤᠳᠤᠷ᠎ᠠ ᠲᠤᠤᠷᠯᠢᠬ | ᠲᠦᠷᠪᠡᠯᠵᠢ ᠳᠤ ᠲᠡᠵᠢᠭᠡᠪᠦᠷᠢ ᠶᠢᠨ ᠦᠢᠯᠡᠰ ᠡᠷᠬᠢᠯᠡᠭᠰᠡᠨ᠂ ᠮᠠᠯ ᠵᠢᠭᠦᠷᠳᠡᠨ ᠢ ᠬᠤᠷᠯᠠᠨ ᠦᠷᠡᠵᠢᠭᠦᠯᠦᠭᠰᠡᠨ᠂ | ᠵᠤᠭᠠᠴᠠᠯ᠂ ᠤᠮᠪᠠᠭ᠋ᠤ᠂ ᠵᠢᠭᠠᠰᠤ ᠬᠦᠬᠢᠳᠡᠬᠦ᠂ ᠬᠤᠭᠤᠯᠠ ᠤᠮᠳᠠᠭᠠᠨ᠂ ᠬᠡᠭᠡᠷ᠎ᠡ ᠪᠠᠭᠤᠳᠠᠯᠯᠠᠬᠤ᠂ ᠬᠡᠭᠡᠷ᠎ᠡ | ᠲᠤᠭᠤᠭᠠᠯᠠᠬᠤ᠂ ᠤᠰᠤᠨ ᠲᠡᠭᠡᠷᠡᠬᠢ ᠪᠡᠶ᠎ᠡ ᠶᠢᠨ ᠲᠠᠮᠢᠷ ᠪᠠ ᠨᠠᠶᠢᠷ ᠨᠠᠭᠠᠳᠤᠮ ᠤᠨ ᠠᠵᠢᠯᠯᠠᠭ᠎ᠠ ᠶᠠᠪᠤᠭᠳᠠᠭᠤᠯᠤᠭᠰᠠᠨ᠂ | ᠤᠰᠤᠨ ᠴᠤᠭᠴᠠ ᠲᠤᠳᠤᠷ᠎ᠠ ᠤᠡᠭᠭᠤᠴᠠ ᠵᠠᠪᠢ ᠲᠡᠷᠭᠡ ᠤᠨᠤᠭ᠎ᠠ ᠪᠠᠨ ᠤᠬᠢᠶᠠᠨ ᠴᠡᠪᠡᠷᠯᠡᠭᠰᠡᠨ᠂ ᠲᠠᠷᠢᠮᠠᠯ ᠤᠨ | ᠵᠦᠢᠯᠡᠰ ᠢ ᠲᠠᠷᠢᠭᠰᠠᠨ ᠪᠤᠶᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠲᠠᠢ ᠬᠤᠯᠪᠤᠭᠳᠠᠯ ᠦᠭᠡᠢ ᠤᠡᠭᠭᠤᠴᠠ | ᠵᠠᠪᠢ ᠠᠶᠠᠯᠠᠭᠰᠠᠨ᠂ ᠵᠤᠭᠰᠤᠭᠰᠠᠨ᠂ ᠲᠡᠭᠡᠭᠡᠨ ᠵᠦᠭᠡᠭᠡᠪᠦᠷᠢᠯᠡᠭᠰᠡᠨ ᠪᠤᠯ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ | ᠵᠤᠭᠰᠤᠭᠠᠵᠤ᠂ 2 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠨ᠎ᠠ᠃ ᠬᠤᠪᠢ ᠬᠦᠮᠦᠨ ᠤᠰᠤᠨ ᠤ ᠰᠤᠷᠪᠤᠯᠵᠢ ᠶᠢᠨ ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠳᠤ | ᠤᠮᠪᠠᠭᠰᠠᠨ᠂ ᠵᠢᠭᠠᠰᠤ ᠬᠦᠬᠢᠳᠡᠭᠰᠡᠨ᠂ ᠢᠳᠡᠵᠤ ᠤᠤᠭᠤᠭᠰᠠᠨ᠂ ᠬᠡᠭᠡᠷ᠎ᠡ ᠪᠠᠭᠤᠳᠠᠯᠯᠠᠭᠰᠠᠨ᠂ ᠬᠡᠭᠡᠷ᠎ᠡ | ᠲᠤᠭᠤᠭᠤᠭᠠᠯᠠᠭᠰᠠᠨ ᠪᠤᠯ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠤ᠂ 500 | ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠲᠦᠴᠢᠨ ᠬᠤᠶᠠᠳᠤᠭᠠᠷ ᠵᠦᠢᠯ ᠲᠤᠰ ᠲᠦᠷᠢᠮ ᠤᠨ ᠲᠤᠭᠳᠠᠭᠠᠯ ᠢ ᠵᠦᠷᠢᠴᠡᠨ ᠤᠤᠭᠤᠬᠤ ᠤᠰᠤᠨ ᠤ | ᠰᠤᠷᠪᠤᠯᠵᠢ ᠶᠢ ᠪᠤᠬᠢᠷᠳᠤᠭᠤᠯᠤᠭᠠᠳ ᠬᠦᠨᠳᠦ ᠨᠤᠴᠢᠳᠠᠢ ᠤᠷᠰᠢᠬ ᠭᠠᠷᠭᠠᠵᠤ ᠶᠠᠯ᠎ᠠ ᠳᠤ ᠬᠦᠷᠦᠭᠰᠡᠨ ᠪᠤᠯ ᠬᠠᠤᠯᠢ | ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠲᠦᠴᠢᠨ ᠭᠤᠷᠪᠠᠳᠤᠭᠠᠷ ᠵᠦᠢᠯ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠬᠤᠯᠪᠤᠭᠳᠠᠯ | ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ | ᠶᠠᠪᠤᠴᠠ ᠳᠤ ᠲᠤᠰᠢᠶᠠᠯ ᠳᠠᠭᠠᠨ ᠠᠯᠮᠠᠶᠢᠷᠠᠨ ᠤᠰᠤᠯᠳᠤᠵᠤ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠵᠤ᠂ | ᠬᠤᠪᠢ ᠪᠠᠨ ᠪᠤᠳᠤᠵᠤ ᠬᠠᠤᠯᠢ ᠶᠢ ᠵᠦᠷᠢᠴᠡᠪᠡᠯ᠂ ᠪᠠᠶᠢᠭ᠎ᠠ ᠨᠢᠭᠡᠴᠢ ᠪᠤᠶᠤ ᠲᠡᠭᠡᠳᠦ ᠱᠠᠳᠤᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ᠂ ᠶᠠᠯ᠎ᠠ ᠳᠤ | ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ ᠵᠢᠷᠭᠤᠳᠤᠭᠠᠷ | ᠪᠦᠯᠦᠭ ᠲᠠᠭᠠᠯᠳᠤᠭᠤᠯᠤᠭᠰᠠᠨ ᠲᠦᠷᠢᠮ | ᠲᠦᠴᠢᠨ ᠲᠦᠷᠪᠡᠳᠦᠭᠡᠷ ᠵᠦᠢᠯ ᠲᠤᠰ ᠲᠦᠷᠢᠮ ᠢ 2012 ᠤᠨ ᠤ 3 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ |