ᠰᠤᠷᠪᠤᠯᠵᠢᠯᠠᠭᠰᠠᠨ ᠴᠠᠭ᠄ 2020 ᠣᠨ ᠤ 9 ᠰᠠᠷ᠎ᠠ ᠶᠢᠨ 24 ᠤ ᠡᠳᠦᠷ ᠤᠨ 10 ᠴᠠᠭ ᠲᠤ | ᠤᠷᠤᠯᠴᠠᠭᠴᠢ᠄ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠳᠤᠮᠳᠠᠳᠤ ᠤᠯᠤᠰ ᠤᠨ ᠡᠳᠦᠷ ᠤᠨ | ᠰᠣᠨᠢᠨ ᠤ ᠰᠤᠷᠪᠤᠯᠵᠢᠯᠠᠭᠴᠢ᠂ ᠰᠢᠨᠬᠤᠸᠠ ᠬᠤᠷᠢᠶᠠᠨ ᠤ ᠰᠤᠷᠪᠤᠯᠵᠢᠯᠠᠭᠴᠢ᠂ ᠫᠧᠩ ᠫᠠᠢ ᠰᠣᠨᠢᠨ ᠮᠡᠳᠡᠭᠡᠨ ᠤ | ᠰᠤᠷᠪᠤᠯᠵᠢᠯᠠᠭᠴᠢ᠂ ᠯᠢᠦ ᡁᠢ ᠢᠦᠢ᠂ ᠵᠠᠩ ᠰᠢᠶᠠᠩ ᠸᠧᠢ᠂ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠂ | ᠭᠤᠸᠠᠩᠮᠢᠩ ᠡᠳᠦᠷ ᠤᠨ ᠰᠣᠨᠢᠨ ᠤ ᠰᠤᠷᠪᠤᠯᠵᠢᠯᠠᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠦᠷ ᠤᠨ | ᠰᠣᠨᠢᠨ ᠤ ᠰᠤᠷᠪᠤᠯᠵᠢᠯᠠᠭᠴᠢ᠂ ᠶᠧ ᠵᠢᠶᠠᠨ ᠴᠦᠨ᠂ ᠲᠢᠶᠠᠨ ᠢ ᠲᠠᠩ᠂ ᠭᠧᠩ ᠯᠢᠦ ᠴᠧᠩ᠂ ᠹᠧᠩ ᠮᠢᠶᠠᠨ ᠰᠣᠨᠢᠨ | ᠮᠡᠳᠡᠭᠡᠨ ᠤ ᠰᠤᠷᠪᠤᠯᠵᠢᠯᠠᠭᠴᠢ᠂ ᠳᠤᠮᠳᠠᠳᠤ ᠤᠯᠤᠰ ᠤᠨ ᠵᠠᠯᠠᠭᠤᠴᠤᠳ ᠤᠨ ᠰᠣᠨᠢᠨ ᠤ ᠰᠤᠷᠪᠤᠯᠵᠢᠯᠠᠭᠴᠢ᠂ | ᠳᠣᠷᠣᠨᠠᠳᠠᠬᠢᠨ ᠤ ᠤᠳᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ | ᠤᠰᠤᠨ ᠠᠰᠢᠭᠯᠠᠯᠲᠠ ᠶᠢᠨ ᠶᠠᠮᠤᠨ 2020 ᠣᠨ ᠤ 9 ᠰᠠᠷ᠎ᠠ ᠶᠢᠨ 24 ᠤ ︵ᠭᠠᠷᠠᠭ ᠤᠨ ᠳᠥᠷᠪᠡᠨ︶ | ᠦᠳᠡ ᠶᠢᠨ ᠡᠮᠦᠨᠡᠬᠢ 10 ᠴᠠᠭ ᠲᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠵᠢᠴᠢ | ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠤᠯᠲᠠ ᠶᠢᠨ ᠳᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠵᠦ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠶᠧ ᠵᠢᠶᠠᠨ ᠴᠦᠨ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠤᠭᠰᠠᠨ ᠪᠥᠭᠡᠳ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠵᠤᠷᠭᠠᠨ ᠤ | ᠳᠠᠷᠤᠭ᠎ᠠ ᠲᠢᠶᠠᠨ ᠢ ᠲᠠᠩ᠂ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠡᠳ᠋ ᠳᠠᠷᠤᠭ᠎ᠠ ᠵᠠᠩ ᠰᠢᠶᠠᠩ ᠸᠧᠢ᠂ | ᠤᠰᠤᠨ ᠵᠦᠢ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠥᠪ ᠤᠨ ᠳᠡᠳ᠋ | ᠡᠷᠬᠢᠯᠡᠭᠴᠢ ᠯᠢᠦ ᡁᠢ ᠢᠦᠢ ᠲᠠᠢ ᠬᠠᠮᠲᠤ ᠪᠠᠷ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠤᠰᠤᠨ | ᠠᠰᠢᠭᠯᠠᠯᠲᠠ ᠶᠢᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ᠂ ᠠᠯᠪᠠᠨ ᠲᠢᠩᠬᠢᠮ ᠤᠨ ᠡᠷᠬᠢᠯᠡᠭᠴᠢ ᠭᠧᠩ ᠯᠢᠦ | ᠴᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠪᠡ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠭᠧᠩ ᠯᠢᠦ ᠴᠧᠩ 2020 — 09 — 24 10: 01: 24 | ᠰᠤᠷᠪᠤᠯᠵᠢᠯᠠᠭᠴᠢ ᠨᠠᠶᠢᠵᠠ ᠨᠠᠷ ᠡ᠂ ᠦᠳᠡ ᠶᠢᠨ ᠮᠠᠨᠳᠤ ᠳᠡᠪᠰᠢᠭᠦᠯᠦᠶ᠎ᠡ᠂ ᠤᠰᠤᠨ ᠠᠰᠢᠭᠯᠠᠯᠲᠠ ᠶᠢᠨ | ᠶᠠᠮᠤᠨ ᠤ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠵᠢᠴᠢ ᠭᠠᠮᠰᠢᠭ ᠤᠨ ᠳᠠᠷᠠᠭᠠᠬᠢ | ᠳᠠᠬᠢᠨ ᠪᠥᠲᠥᠭᠡᠨ ᠪᠠᠶᠢᠭᠤᠯᠤᠯᠲᠠ ᠶᠢᠨ ᠳᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠰᠠᠨ ᠳᠠ ᠨᠠᠷ ᠢ | ᠪᠠᠶᠠᠷᠯᠠᠨ ᠤᠭᠲᠤᠵᠤ ᠪᠠᠶᠢᠨ᠎ᠠ᠃ | ᠡᠨᠡ ᠵᠢᠯ ᠤᠨ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠮᠠᠨ ᠤ ᠤᠯᠤᠰ ᠤᠨ ᠠᠯᠢ ᠤᠯᠠᠨ | ᠭᠤᠤᠯ ᠮᠦᠷᠡᠨ ᠤ ᠰᠠᠪᠠ ᠭᠠᠵᠠᠷ ᠲᠤ ᠨᠡᠯᠢᠶᠡᠳ ᠬᠦᠨᠳᠦ ᠨᠣᠴᠢᠲᠠᠢ ᠦᠶᠡᠷ ᠤᠰᠤᠳᠤᠯ ᠤᠨ ᠪᠠᠶᠢᠳᠠᠯ ᠭᠠᠷᠴᠤ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠤᠰᠤᠨ ᠠᠰᠢᠭᠯᠠᠯᠲᠠ ᠶᠢᠨ ᠶᠠᠮᠤᠨ ᠢᠮᠠᠭᠲᠠ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ | ᠶᠢ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠤᠰᠤᠨ ᠠᠰᠢᠭᠯᠠᠯᠲᠠ ᠶᠢᠨ ᠰᠢᠰᠲ᠋ᠧᠮ ᠢ ᠵᠣᠬᠢᠶᠠᠨ ᠪᠠᠶᠢᠭᠤᠯᠵᠤ ᠦᠶᠡᠷ | ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠨ ᠭᠠᠮᠰᠢᠭ ᠠᠴᠠ ᠠᠪᠤᠷᠠᠬᠤ ᠴᠢᠬᠤᠯᠠ ᠶᠡᠭᠡ | ᠢᠯᠠᠯᠲᠠ ᠶᠢ ᠲᠡᠮᠡᠴᠡᠨ ᠤᠯᠬᠤ ᠳᠤ ᠬᠦᠴᠦᠲᠡᠢ ᠲᠤᠯᠭᠠᠭᠤᠷᠢᠯᠠᠯ ᠪᠠ ᠴᠢᠬᠤᠯᠠ ᠪᠠᠲᠤᠯᠠᠭ᠎ᠠ ᠬᠠᠩᠭᠠᠵᠠᠢ᠃ | ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠤᠨ ᠬᠤᠯᠪᠣᠭᠳᠠᠯ ᠪᠦᠬᠦᠢ ᠪᠠᠶᠢᠳᠠᠯ ᠢ | ᠣᠢᠢᠯᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠥᠨᠥᠳᠦᠷ ᠪᠢᠳᠡ ᠠᠳᠡ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠶᠧ ᠵᠢᠶᠠᠨ ᠴᠦᠨ ᠢ ᠤᠷᠢᠨ ᠬᠤᠯᠪᠣᠭᠳᠠᠯ | ᠪᠦᠬᠦᠢ ᠪᠠᠶᠢᠳᠠᠯ ᠢ ᠲᠠᠨᠢᠯᠴᠠᠭᠤᠯᠬᠤ ᠪᠥᠭᠡᠳ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ | ᠵᠤᠷᠭᠠᠨ ᠤ ᠳᠠᠷᠤᠭ᠎ᠠ ᠲᠢᠶᠠᠨ ᠢ ᠲᠠᠩ᠂ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠡᠳ᠋ ᠳᠠᠷᠤᠭ᠎ᠠ ᠵᠠᠩ | ᠰᠢᠶᠠᠩ ᠸᠧᠶ᠂ ᠤᠰᠤᠨ ᠵᠦᠢ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠥᠪ ᠤᠨ | ᠳᠡᠳ᠋ ᠡᠷᠬᠢᠯᠡᠭᠴᠢ ᠯᠢᠦ ᡁᠢ ᠢᠦᠢ ᠲᠠᠢ ᠬᠠᠮᠲᠤ ᠪᠠᠷ ᠣᠯᠠᠨ ᠤ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠤᠨ᠎ᠠ᠃ | | ᠳᠣᠣᠷ᠎ᠠ ᠡᠩ ᠲᠡᠷᠢᠭᠦᠨ ᠳᠤ ᠳᠡᠳ᠋ ᠰᠠᠶᠢᠳ ᠶᠧ ᠵᠢᠶᠠᠨ ᠴᠦᠨ ᠢ ᠤᠷᠢᠨ ᠲᠠᠨᠢᠯᠴᠠᠭᠤᠯᠭ᠎ᠠ ᠬᠢᠶ᠎ᠠ᠃ | ᠶᠧ ᠵᠢᠶᠠᠨ ᠴᠦᠨ 2020 — 09 — 24 10᠄ 04᠄ 08 | ᠵᠠᠭᠤᠴᠢᠯᠠᠭᠤᠷ ᠤᠨ ᠨᠠᠶᠢᠵᠠ ᠨᠠᠷ ᠡ᠂ ᠠᠪᠠᠭ᠋ᠠᠢ ᠨᠠᠷ ᠠᠪᠤᠭᠠᠢ ᠨᠠᠷ ᠡ᠂ ᠦᠳᠡ ᠶᠢᠨ ᠡᠮᠦᠨ᠎ᠡ ᠶᠢᠨ ᠮᠡᠨᠳᠤ | ᠳᠡᠪᠰᠢᠭᠦᠯᠦᠶ᠎ᠡ︕ | ᠲᠠ ᠪᠦᠬᠦᠨ ᠤ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕ | ᠲᠠ ᠪᠦᠬᠦᠨ ᠤ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠂ ᠳᠣᠣᠷ᠎ᠠ ᠪᠢ ᠡᠨᠡ ᠵᠢᠯ ᠤᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠪᠠ | ᠤᠰᠤᠨ ᠠᠰᠢᠭᠯᠠᠯᠲᠠ ᠶᠢᠨ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠪᠠᠶᠢᠳᠠᠯ ᠢ ᠳᠥᠭᠦᠮᠬᠡᠨ ᠲᠠᠨᠢᠯᠴᠠᠭᠤᠯᠤᠶ᠎ᠠ᠃ | ᠡᠨᠡ ᠵᠢᠯ ᠮᠠᠨ ᠤ ᠤᠯᠤᠰ ᠲᠤ 1998 ᠣᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠦᠶᠡᠷ | ᠤᠰᠤᠳᠤᠯ ᠤᠨ ᠪᠠᠶᠢᠳᠠᠯ ᠭᠠᠷᠴᠠᠶ᠂ ᠡᠭᠦᠨ ᠳᠤ ᠭᠤᠣᠯᠳᠠᠭᠤ ᠭᠤᠷᠪᠠᠨ ᠳᠠᠯ᠎ᠠ ᠶᠢᠨ ᠣᠨᠴᠠᠯᠢᠭ ᠢᠯᠡᠷᠡᠵᠡᠢ᠄ | ᠨᠢᠭᠡ ᠳᠤ ᠪᠣᠷᠣᠭᠠᠨ ᠤ ᠶᠡᠷᠦᠩᠬᠡᠶ ᠬᠡᠮᠵᠢᠶ᠎ᠡ ᠪᠠᠭ᠋ᠠᠨ ᠨᠡᠮᠡᠭᠳᠡᠵᠤ᠂ ᠴᠠᠭ ᠬᠤᠭᠤᠴᠠᠭ᠎ᠠ ᠪᠠ ᠣᠷᠣᠨ ᠵᠠᠶ | ᠲᠥᠪᠯᠡᠷᠡᠵᠦ ᠪᠠᠶᠢᠨ᠎ᠠ᠃ 6 ᠰᠠᠷ᠎ᠠ ᠠᠴᠠ ᠨᠠᠭᠠᠰᠢ᠂ ᠪᠦᠬᠦ ᠤᠯᠤᠰ ᠤᠨ ᠳᠤᠮᠳᠠᠴᠢ ᠪᠣᠷᠣᠭᠠᠨ ᠤ ᠬᠡᠮᠵᠢᠶ᠎ᠡ 438 | ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ 18% ᠪᠠᠷ ᠢᠯᠡᠭᠦᠦ ᠪᠣᠯᠵᠤ᠂ 1961 ᠣᠨ ᠠᠴᠠ ᠨᠠᠭᠠᠰᠢᠬᠢ | ᠬᠠᠮᠤᠭ ᠠᠷᠪᠢᠨ ᠪᠣᠯᠵᠠᠶ᠃ ᠬᠥᠬᠡᠮᠥ᠋ᠷᠡᠨ ᠤ ᠳᠤᠮᠳᠠᠳᠤ ᠳᠣᠤᠷᠠᠳᠤ ᠤᠷᠤᠰᠬᠠᠯ ᠤᠨ 6 ᠰᠠᠷ᠎ᠠ ᠶᠢᠨ ᠳᠤᠮᠳᠠᠴᠢ ᠠᠴᠠ | 7 ᠰᠠᠷ᠎ᠠ ᠶᠢᠨ ᠬᠤᠭᠤᠷᠣᠨᠳᠣᠬᠢ ᠪᠣᠷᠣᠭᠠᠨ ᠤ ᠬᠡᠮᠵᠢᠶ᠎ᠡ 576 ᠮᠢᠯᠢᠮᠧᠲᠷ ᠪᠠᠶᠢᠵᠤ᠂ ᠬᠥᠬᠡᠮᠥ᠋ᠷᠡᠨ ᠤ ᠳᠡᠭᠡᠳᠦ | ᠤᠷᠤᠰᠬᠠᠯ ᠤᠨ 8 ᠰᠠᠷ᠎ᠠ ᠶᠢᠨ ᠳᠤᠮᠳᠠᠴᠢ ᠰᠠᠭᠦᠯᠴᠢ ᠪᠠᠷ ᠪᠣᠷᠣᠭᠠᠨ ᠤ ᠬᠡᠮᠵᠢᠶ᠎ᠡ 238 ᠮᠢᠯᠢᠮᠧᠲᠷ ᠲᠤ ᠬᠦᠷᠴᠦ᠂ | ᠴᠥᠮ ᠡᠩ ᠤᠨ ᠵᠢᠯ ᠤᠨ ᠬᠢ ᠠᠴᠠ ᠪᠠᠷᠤᠭ 1 ᠳᠠᠬᠢᠨ ᠢᠯᠡᠭᠦᠤ ᠪᠠᠶᠢᠳᠠᠭ︔ ᠬᠤᠸᠠᠶᠢᠾᠧ ᠭᠤᠣᠯ ᠤᠨ 7 | ᠰᠠᠷ᠎ᠠ ᠶᠢᠨ ᠳᠤᠮᠳᠠᠴᠢ ᠰᠠᠭᠦᠯᠴᠢ ᠪᠠᠷ ᠪᠣᠷᠣᠭᠠᠨ ᠤ ᠬᠡᠮᠵᠢᠶ᠎ᠡ 251 ᠮᠢᠯᠢᠮᠧᠲᠷ ᠪᠠᠶᠢᠵᠤ᠂ ᠡᠩ ᠤᠨ | ᠵᠢᠯ ᠤᠨ ᠬᠢ ᠠᠴᠠ ᠪᠠᠷᠤᠭ 1 ᠳᠠᠬᠢᠨ ᠢᠯᠡᠭᠦᠦ ᠪᠠᠶᠢᠳᠠᠭ ᠲᠠᠢ ᠬᠤ ᠨᠠᠭᠤᠷ ᠤᠨ ᠬᠦᠢᠯᠡᠰᠦᠨ ᠪᠣᠷᠣᠭᠠᠨ ᠤ | ᠬᠡᠮᠵᠢᠶ᠎ᠡ 584 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ 1.4 ᠳᠠᠬᠢᠨ ᠢᠯᠡᠭᠦᠤ ᠪᠠᠶᠢᠳᠠᠭ︔ ᠰᠤᠩᠭᠠᠷᠢ | ᠮᠥᠷᠡᠨ ᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢ ᠪᠣᠯᠲᠠᠯᠠᠬᠢ ᠪᠣᠷᠣᠭᠠᠨ ᠤ ᠬᠡᠮᠵᠢᠶ᠎ᠡ ᠨᠢ 202 | ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠪᠠᠷᠤᠭ 3 ᠳᠠᠬᠢᠨ ᠢᠯᠡᠭᠦᠦ ᠪᠠᠶᠢᠳᠠᠭ᠃ | ᠬᠤᠶᠠᠷ ᠲᠤ ᠶᠡᠭᠡ ᠭᠤᠣᠯ ᠮᠥᠷᠡᠨ ᠤ ᠦᠶᠡᠷ ᠤᠰᠤᠳᠤᠯ ᠤᠨ ᠪᠠᠶᠢᠳᠠᠯ ᠤᠯᠠᠨᠳᠠ ᠡᠭᠦᠰᠴᠦ᠂ ᠬᠡᠮᠵᠢᠶ᠎ᠡ ᠶᠢᠨ | ᠲᠡᠰ ᠨᠢ ᠶᠡᠭᠡ ᠪᠠᠶᠢᠯ᠎ᠠ᠃ ᠬᠥᠬᠡᠮᠥ᠋ᠷᠡᠨ᠂ ᠬᠠᠲᠤᠨ ᠭᠤᠤᠯ ᠵᠡᠷᠭᠡ ᠭᠤᠤᠯ ᠪᠣᠯᠬᠤ ᠭᠤᠤᠯ ᠮᠥᠷᠡᠨ ᠳᠤ ᠨᠡᠶᠢᠲᠡ 21 | ᠤᠳᠠᠭ᠎ᠠ ᠶᠢᠨ ᠳ᠋ᠤᠭᠠᠷᠯᠠᠭᠰᠠᠨ ᠦᠶᠡᠷ ᠤᠰᠤᠳᠤᠯ ᠤᠨ ᠪᠠᠶᠢᠳᠠᠯ ᠡᠭᠦᠰᠴᠦ᠂ ᠳᠤᠭ᠎ᠠ ᠬᠡᠮᠵᠢᠶ᠎ᠡ ᠨᠢ 1998 | ᠣᠨ ᠠᠴᠠ ᠳᠠᠪᠠᠵᠤ᠂ ᠣᠢᠢᠷ᠎ᠠ ᠶᠢᠨ 23 ᠵᠢᠯ ᠠᠴᠠ ᠨᠠᠭᠠᠰᠢᠬᠢ ᠬᠠᠮᠤᠭ ᠤᠨ ᠣᠯᠠᠨ ᠤᠳᠠᠭ᠎ᠠ ᠦᠶᠡᠷ | ᠤᠰᠤᠳᠤᠯ ᠤᠨ ᠪᠠᠶᠢᠳᠠᠯ ᠡᠭᠦᠰᠦᠭᠰᠡᠨ ᠪᠠᠶᠢᠨ᠎ᠠ᠃ ᠬᠥᠬᠡᠮᠥ᠋ᠷᠡᠨ ᠳᠤ ᠰᠠᠪᠠ ᠭᠠᠵᠠᠷ ᠤᠨ ᠴᠢᠨᠠᠷᠲᠠᠶ ᠶᠡᠭᠡ ᠪᠠᠷ | ᠦᠶᠡᠷᠯᠡᠵᠤ᠂ ᠡᠭᠦᠨ ᠤ ᠳᠣᠲᠣᠷ᠎ᠠ ᠳᠡᠭᠡᠳᠦ ᠤᠷᠤᠰᠬᠠᠯ ᠳᠤ ᠣᠨᠴᠠ ᠶᠡᠭᠡ ᠪᠠᠷ ᠦᠶᠡᠷᠯᠡᠵᠤ᠂ ᠭᠤᠷᠪᠠᠨ | ᠬᠠᠪᠴᠢᠯ ᠤᠨ ᠤᠰᠤᠨ ᠴᠥᠭᠦᠷᠥᠮ ᠳᠤ ᠤᠰᠤᠨ ᠴᠦᠭᠦᠷᠦᠮ ᠪᠠᠶᠢᠭᠤᠯᠤᠭᠳᠠᠭᠰᠠᠨ ᠠᠴᠠ ᠨᠠᠭᠠᠰᠢᠬᠢ ᠤᠰᠤᠨ | ᠴᠦᠭᠦᠷᠦᠮ ᠳᠤ ᠣᠷᠣᠭᠤᠯᠤᠭᠰᠠᠨ ᠬᠠᠮᠤᠭ ᠤᠨ ᠶᠡᠭᠡ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ ᠳᠤ 75000 | ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ︔ ᠲᠠᠢ ᠬᠤ ᠨᠠᠭᠤᠷ ᠲᠤ ᠲᠡᠤᠬᠡ ᠶᠢᠨ ᠭᠤᠷᠪᠡᠳᠠᠬᠢ ᠤᠳᠠᠭ᠎ᠠ ᠶᠢᠨ | ᠥᠨᠳᠥᠷ ᠤᠰᠤᠨ ᠲᠦᠪᠰᠢᠨ ᠤ ᠰᠠᠪᠠ ᠭᠠᠵᠠᠷ ᠤᠨ ᠴᠢᠨᠠᠷᠲᠠᠶ ᠶᠡᠭᠡ ᠪᠠᠷ ᠦᠶᠡᠷᠯᠡᠵᠡᠢ︔ ᠬᠤᠸᠠᠶᠢᠾᠧ ᠭᠤᠣᠯ᠂ | ᠰᠤᠩᠭᠠᠷᠢ ᠮᠥᠷᠡᠨ ᠳᠤ ᠪᠦᠷ ᠰᠠᠪᠠ ᠭᠠᠵᠠᠷ ᠤᠨ ᠴᠢᠨᠠᠷᠲᠠᠶ ᠨᠡᠯᠢᠶᠡᠳ ᠶᠡᠭᠡ ᠪᠠᠷ ᠦᠶᠡᠷᠯᠡᠵᠡᠢ᠃ | ᠭᠤᠷᠪᠠ ᠳᠤ ᠰᠡᠷᠡᠮᠵᠢ ᠶᠢᠨ ᠬᠡᠮᠵᠢᠶ᠎ᠡ ᠠᠴᠠ ᠳᠠᠪᠠᠭᠰᠠᠨ ᠭᠤᠤᠯ ᠮᠥᠷᠡᠨ ᠤ ᠲᠤᠭ᠎ᠠ ᠬᠡᠮᠵᠢᠶ᠎ᠡ ᠨᠢ ᠣᠯᠠᠨ᠂ | ᠴᠠᠭ ᠨᠢ ᠣᠷᠳᠣ ᠪᠠᠶᠢᠳᠠᠭ᠃ ᠪᠥᠬᠦ ᠤᠯᠤᠰ ᠤᠨ ᠲᠤᠯᠤᠭᠠᠨ ᠶᠡᠭᠡ ᠰᠠᠪᠠ ᠭᠠᠵᠠᠷ ᠤᠨ 26 ᠮᠤᠵᠢ ᠣᠷᠣᠨ ᠤ | 827 ᠭᠤᠤᠯ ᠮᠥᠷᠡᠨ ᠳᠤ ᠰᠡᠷᠡᠮᠵᠢ ᠶᠢᠨ ᠬᠡᠮᠵᠢᠶ᠎ᠡ ᠠᠴᠠ ᠳᠠᠪᠠᠭᠰᠠᠨ ᠦᠶᠡᠷ ᠤᠰᠤᠳᠤᠯ ᠤᠨ ᠪᠠᠶᠢᠳᠠᠯ ᠡᠭᠦᠰᠴᠦ᠂ | ᠡᠩ ᠤᠨ ᠵᠢᠯ ᠤᠨ ᠬᠢ ᠠᠴᠠ 8 ᠬᠤᠪᠢ ᠢᠯᠡᠭᠦᠤ ᠪᠣᠯᠵᠣ᠂ 1998 ᠣᠨ ᠠᠴᠠ ᠨᠠᠭᠠᠰᠢᠬᠢ ᠬᠠᠮᠤᠭ ᠤᠨ ᠠᠷᠪᠢᠨ | ᠪᠣᠯᠵᠠᠶ᠂ ᠡᠭᠦᠨ ᠳᠤ 266 ᠵᠤᠷᠪᠤᠰ ᠨᠢ ᠪᠠᠲᠤᠯᠠᠭ᠎ᠠ ᠠᠴᠠ ᠳᠠᠪᠠᠵᠤ᠂ 77 ᠵᠤᠷᠪᠤᠰ ᠨᠢ ᠲᠡᠤᠬᠡ ᠶᠢᠨ | ᠬᠡᠮᠵᠢᠶ᠎ᠡ ᠠᠴᠠ ᠳᠠᠪᠠᠭᠰᠠᠨ ᠪᠠᠶᠢᠨ᠎ᠠ᠃ ᠬᠥᠬᠡᠮᠥ᠋ᠷᠡᠨ ᠤ ᠭᠤᠣᠯ ᠤᠷᠤᠰᠬᠠᠯ ᠵᠢᠴᠢ ᠬᠤᠶᠠᠷ ᠨᠠᠭᠤᠷ 26 — 67 | ᠡᠳᠦᠷ ᠰᠡᠷᠡᠮᠵᠢ ᠶᠢᠨ ᠬᠡᠮᠵᠢᠶ᠎ᠡ ᠠᠴᠠ ᠳᠠᠪᠠᠵᠤ᠂ ᠲᠠᠢ ᠬᠤ᠋ ᠨᠠᠭᠤᠷ 48 ᠡᠳᠦᠷ ᠰᠡᠷᠡᠮᠵᠢ ᠶᠢᠨ ᠬᠡᠮᠵᠢᠶ᠎ᠡ ᠠᠴᠠ | ᠳᠠᠪᠠᠵᠤ᠂ ᠠᠨᠾᠦ᠋ᠢ ᠶᠢᠨ ᠴᠤᠤ ᠬᠤ᠋ ᠨᠠᠭᠤᠷ 78 ᠡᠳᠦᠷ ᠰᠡᠷᠡᠮᠵᠢ ᠶᠢᠨ ᠬᠡᠮᠵᠢᠶ᠎ᠡ ᠠᠴᠠ ᠳᠠᠪᠠᠵᠤ᠂ ᠲᠡᠦᠬᠡ ᠶᠢᠨ | ᠬᠡᠮᠵᠢᠶ᠎ᠡ ᠠᠴᠠ 16 ᠡᠳᠦᠷ ᠳᠠᠪᠠᠭᠰᠠᠨ ᠪᠠᠶᠢᠨ᠎ᠠ᠃ ᠰᠤᠩᠭᠠᠷᠢ ᠮᠥᠷᠡᠨ ᠤ ᠭᠤᠤᠯ ᠤᠷᠤᠰᠬᠠᠯ 8 — 18 ᠡᠳᠦᠷ | ᠰᠡᠷᠡᠮᠵᠢ ᠶᠢᠨ ᠬᠡᠮᠵᠢᠶ᠎ᠡ ᠠᠴᠠ ᠳᠠᠪᠠᠵᠣ᠂ ᠣᠲᠣ ᠪᠠᠰᠠ ᠰᠡᠷᠡᠮᠵᠢ ᠶᠢᠨ ᠬᠡᠮᠵᠢᠶ᠎ᠡ ᠠᠴᠠ ᠳᠠᠪᠠᠵᠤ ᠪᠠᠶᠢᠨ᠎ᠠ᠂ | ᠵᠢᠱᠢᠯᠲᠡ ᠪᠠᠷ 10 ᠰᠠᠷ᠎ᠠ ᠶᠢᠨ ᠳᠤᠮᠳᠠᠴᠢ ᠪᠣᠯᠬᠤ ᠳᠤ ᠰᠡᠷᠡᠮᠵᠢ ᠶᠢᠨ ᠬᠡᠮᠵᠢᠶ᠎ᠡ ᠠᠴᠠ ᠳᠣᠤᠷ᠎ᠠ ᠪᠤᠯᠵᠠᠢ᠃ | ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠤᠨ ᠡᠮᠦᠨ᠎ᠡ᠂ ᠤᠰᠤᠨ ᠠᠰᠢᠭᠯᠠᠯᠲᠠ ᠶᠢᠨ ᠶᠠᠮᠤᠨ | ᠶᠡᠷᠦᠩᠬᠡᠶ ᠱᠦᠵᠢ ᠰᠢ ᠶᠢᠨ ᠫᠢᠩ ᠤᠨ ᠦᠶᠡᠷ ᠤᠰᠤᠳᠤᠯ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ | ᠲᠤᠬᠠᠶ ᠴᠢᠬᠤᠯᠠ ᠵᠢᠭᠠᠪᠤᠷᠢ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ︽ᠬᠤᠶᠠᠷ ᠢ ᠪᠠᠷᠢᠮᠲᠠᠯᠠᠵᠤ᠂ | ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠣᠢᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ︽ᠰᠡᠷᠭᠡᠶᠢᠯᠡᠬᠦ︾ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠶᠠᠪᠤᠳᠠᠯ ᠢ ᠢᠮᠠᠭᠲᠠ ᠵᠠᠶᠢᠯᠠᠭᠤᠯᠵᠤ ᠪᠣᠯᠤᠰᠢ ᠦᠭᠡᠶ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ | ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ᠂ ᠤᠰᠤᠨ ᠤ ᠢᠨᠵᠧᠨᠧᠷᠢᠩ ᠤᠨ | ᠲᠣᠬᠢᠷᠠᠭᠤᠯᠤᠯᠲᠠ᠂ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠵᠡᠷᠭᠡ ᠭᠤᠷᠪᠠᠨ ᠵᠦᠢᠯ ᠤᠨ ᠡᠭᠦᠷᠭᠡ | ᠴᠢᠳᠠᠪᠤᠷᠢ ᠳᠤ ᠰᠠᠭᠤᠷᠢᠯᠠᠨ᠂ ᠪᠠᠷᠢᠮᠵᠢᠶ᠎ᠠ ᠠᠴᠠ ᠬᠡᠲᠦᠷᠡᠭᠰᠡᠨ ᠦᠶᠡᠷ᠂ ᠤᠰᠤᠨ ᠴᠥᠭᠦᠷᠥᠮ ᠤᠨ ᠠᠳᠡᠯ᠂ ᠠᠭᠤᠯᠠᠨ | ᠦᠶᠡᠷ ᠤᠨ ᠭᠠᠮᠰᠢᠭ ᠵᠡᠷᠭᠡ ︽ᠭᠤᠷᠪᠠᠨ ᠶᠡᠭᠡ ᠠᠶᠤᠯ ᠲᠦᠭᠰᠢᠭᠦᠷᠢ︾ ᠶᠢ ᠰᠡᠷᠭᠡᠶᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽ᠪᠠᠷᠢᠮᠵᠢᠶ᠎ᠠ ᠠᠴᠠ ᠬᠡᠲᠦᠷᠡᠭᠰᠡᠨ ᠦᠶᠡᠷ ᠲᠤ ᠡᠮᠬᠢ ᠵᠢᠷᠤᠮ ᠥᠬᠡᠶ ᠳᠠᠶᠢᠨ ᠬᠢᠬᠦ ᠥᠬᠡᠶ᠂ | ᠪᠠᠷᠢᠮᠵᠢᠶ᠎ᠠ ᠶᠢᠨ ᠳᠣᠲᠣᠷ᠎ᠠ ᠦᠶᠡᠷ ᠲᠤ ᠰᠠᠨᠠᠭᠠᠨ ᠳᠤ ᠥᠬᠡᠶ ᠬᠡᠷᠡᠭ ᠭᠠᠷᠬᠤ ᠥᠬᠡᠶ᠂ ᠤᠰᠤᠨ ᠴᠥᠭᠦᠷᠥᠮ ᠤᠨ | ᠠᠵᠢᠯ ᠨᠢ ᠬᠦᠷᠦᠯᠴᠡᠬᠦ ᠥᠬᠡᠶ ᠠᠴᠠ ᠪᠣᠯᠵᠣ ᠬᠠᠰᠢᠯᠭ᠎ᠠ ᠶᠢ ᠨᠤᠷᠠᠭᠠᠵᠤ ᠠᠳᠡᠯ ᠭᠠᠷᠭᠠᠬᠤ ᠥᠬᠡᠶ᠂ ᠠᠭᠤᠯᠠᠨ | ᠦᠶᠡᠷ ᠤᠨ ᠭᠠᠮᠰᠢᠭ ᠲᠤ ᠣᠯᠠᠨ ᠬᠥᠮᠦᠨ ᠥᠭᠦᠵᠦ ᠣᠯᠠᠨ ᠬᠥᠮᠦᠨ ᠰᠢᠷᠬᠠᠲᠤᠬᠤ ᠥᠬᠡᠶ︾ ᠪᠠᠶᠢᠬᠤ ︽ᠳᠥᠷᠪᠡᠨ | ᠥᠬᠡᠶ︾ ᠬᠠᠷᠠᠯᠲᠠ ᠶᠢ ᠲᠣᠳᠣᠷᠬᠠᠢᠢᠯᠠᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ | ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠲᠠᠪᠤᠨ ᠲᠠᠯ᠎ᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠨ᠎ᠠ᠃ | ᠶᠧ ᠵᠢᠶᠠᠨ ᠴᠦᠨ 2020 — 09 — 24 10᠄ 06᠄ 37 | ᠨᠢᠭᠡ ᠳᠤ᠂ ᠳᠠᠰᠤᠷᠠᠯᠳᠠ ᠦᠭᠡᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠨᠢᠭᠲᠠ | ᠬᠢᠨᠠᠪᠡ᠃ ᠤᠰᠤᠨ ᠠᠰᠢᠭᠯᠠᠯᠲᠠ ᠶᠢᠨ ᠶᠠᠮᠤᠨ ᠤ ᠦᠶᠡᠷ ᠤᠨ ᠬᠤᠭᠤᠴᠠᠭᠠᠨ ᠳᠤ ᠡᠳᠦᠷ ᠪᠦᠷᠢ ᠵᠥᠪᠳᠡᠯᠴᠡᠨ | ᠰᠤᠳᠤᠯᠤᠨ ᠮᠠᠭᠠᠳᠯᠠᠵᠤ᠂ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ Ⅱ ᠲᠠᠰ᠂ Ⅲ | ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠣᠯᠠᠨ ᠤᠳᠠᠭ᠎ᠠ ᠡᠬᠢᠯᠡᠭᠦᠯᠵᠦ᠂ ︽ᠲᠤᠰᠬᠠᠶ ᠡᠭᠡᠯᠵᠢ ᠪᠠᠷ | ᠤᠷᠢᠳᠴᠢᠯᠠᠨ ᠮᠡᠳᠡᠭᠡᠯᠡᠬᠦ᠂ ᠬᠠᠮᠲᠤᠷᠠᠨ ᠵᠥᠪᠳᠡᠯᠴᠡᠬᠦ᠂ ᠦᠷᠭᠦᠯᠵᠢᠯᠡᠨ ᠵᠠᠯᠠᠷᠠᠭᠤᠯᠬᠤ︾ ᠦᠶᠡᠷ ᠤᠰᠤᠳᠤᠯ ᠢ | ᠤᠷᠢᠳᠴᠢᠯᠠᠨ ᠮᠡᠳᠡᠭᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠲᠡ 1184 ᠵᠤᠷᠪᠤᠰ | ᠭᠤᠤᠯ ᠮᠥᠷᠡᠨ ᠤ 1933 ᠣᠭᠲᠣᠯᠤᠭᠠᠰᠤ ᠶᠢᠨ ᠠᠵᠢᠯ ᠤᠨ ᠤᠷᠢᠳᠴᠢᠯᠠᠭᠰᠠᠨ ᠮᠡᠳᠡᠭᠡ ᠶᠢ 35 ᠲᠦᠮᠡᠨ | ᠥᠷᠲᠡᠭᠡ ᠤᠳᠠᠭ᠎ᠠ ᠨᠡᠶᠢᠲᠡᠯᠡᠵᠦ᠂ ᠤᠰᠤᠨ ᠤ ᠪᠠᠶᠢᠳᠠᠯ ᠤᠨ ᠰᠡᠷᠡᠮᠵᠢᠯᠡᠭᠦᠯᠦᠯ ᠢ 1904 ᠤᠳᠠᠭ᠎ᠠ ᠨᠡᠶᠢᠲᠡᠯᠡᠪᠡ᠃ | ᠬᠤᠶᠠᠷ ᠲᠤ ᠤᠰᠤᠨ ᠤ ᠢᠨᠵᠧᠨᠧᠷᠢᠩ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ | ᠬᠡᠷᠡᠭᠵᠢᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠦᠶᠡᠷ ᠤᠨ ᠬᠤᠭᠤᠴᠠᠭᠠᠨ ᠳᠤ ᠳᠣᠭᠢᠷᠠᠭᠤᠯᠬᠤ ᠲᠤᠰᠬᠠᠶ | ᠠᠩᠭᠢ ᠪᠠᠶᠢᠭᠤᠯᠵᠤ᠂ ᠪᠣᠷᠣᠭᠠᠨ ᠤ ᠤᠰᠤᠨ ᠤ ᠪᠠᠶᠢᠳᠠᠯ ᠪᠠ ᠤᠷᠢᠳᠴᠢᠯᠠᠨ ᠮᠡᠳᠡᠭᠡᠯᠡᠭᠰᠡᠨ ᠦᠷ᠎ᠡ ᠪᠦᠲᠦᠭᠡᠯ ᠢ | ᠦᠨᠳᠦᠰᠦᠯᠡᠨ᠂ ᠡᠯ᠎ᠡ ᠲᠠᠯ᠎ᠠ ᠶᠢᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠰᠤᠨ ᠤ | ᠢᠨᠵᠧᠨᠧᠷᠢᠩ ᠢ ᠳᠣᠭᠢᠷᠠᠭᠤᠯᠤᠨ ᠬᠡᠷᠡᠭᠯᠡᠬᠦ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ ᠲᠠᠰᠤᠷᠠᠯᠲᠠ ᠥᠬᠡᠶ | ᠰᠢᠯᠢᠳᠡᠭᠵᠢᠭᠦᠯᠦᠨ ᠨᠠᠷᠢᠯᠢᠬᠵᠢᠭᠤᠯᠤᠨ᠎ᠠ᠃ ᠪᠦᠬᠦ ᠤᠯᠤᠰ ᠲᠤ ᠲᠤᠮᠤ ᠳᠤᠮᠳᠠ ᠬᠡᠯᠪᠡᠷᠢ ᠶᠢᠨ 3852 ᠤᠰᠤᠨ | ᠴᠥᠭᠦᠷᠥᠮ ᠤᠨ ᠦᠶᠡᠷ ᠢ ᠨᠡᠶᠢᠳᠡ 1680 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠰᠢᠵᠤ᠂ ᠬᠤᠲᠠ | ᠪᠠᠯᠭᠠᠰᠤ ᠶᠢ 1310 ᠤᠳᠠᠭ᠎ᠠ ᠪᠠᠭᠠᠰᠬᠠᠵᠤ᠂ ᠲᠠᠷᠢᠶᠠᠨ ᠭᠠᠵᠠᠷ ᠢ 3392 ᠲᠦᠮᠡᠨ ᠮᠦ ᠪᠠᠭᠠᠰᠬᠠᠵᠤ᠂ 2148 | ᠲᠦᠮᠡᠨ ᠬᠥᠮᠦᠨ ᠠᠮᠠ ᠶᠢ ᠨᠡᠭᠦᠯᠭᠡᠨ ᠰᠢᠯᠵᠢᠭᠦᠯᠬᠦ ᠠᠴᠠ ᠵᠠᠶᠢᠯᠠᠰᠬᠢᠪᠡ᠃ ᠭᠤᠷᠪᠠᠨ ᠬᠠᠪᠴᠢᠯ ᠢᠶᠠᠷ ᠭᠤᠣᠯ | ᠪᠣᠯᠭᠠᠭᠰᠠᠨ ᠬᠥᠬᠡᠮᠥ᠋ᠷᠡᠨ ᠤ ᠳᠡᠭᠡᠳᠦ ᠳᠤᠮᠳᠠᠳᠤ ᠤᠷᠤᠰᠬᠠᠯ ᠤᠨ ᠤᠰᠤᠨ ᠴᠥᠭᠦᠷᠥᠮ ᠤᠨ ᠰᠦᠷᠦᠭᠵᠢᠯ ᠢ | ᠬᠠᠮᠲᠤᠷᠠᠨ ᠲᠣᠬᠢᠷᠠᠭᠤᠯᠵᠤ ᠦᠶᠡᠷ ᠢ 490 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠰᠢᠵᠤ᠂ ᠴᠧᠩ ᠯᠢᠩ | ᠵᠢᠶ ᠣᠷᠴᠢᠮ ᠤᠨ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠵᠢᠩᠵᠢᠶᠠᠩ ᠮᠥᠷᠡᠨ ᠤ ᠦᠶᠡᠷ ᠢ ᠵᠠᠯᠠᠬᠤ | ᠣᠷᠣᠨ ᠢ ᠬᠡᠷᠡᠭᠯᠡᠬᠦ ᠠᠴᠠ ᠵᠠᠶᠢᠯᠠᠰᠬᠢᠪᠡ᠃ | ᠭᠤᠷᠪᠠ ᠳᠤ ᠲᠣᠭᠲᠠᠴᠠ ᠶᠢ ᠲᠡᠭᠦᠯᠳᠡᠷᠵᠢᠭᠦᠯᠦᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠠᠵᠢᠯ ᠢ ᠰᠠᠶᠢᠲᠤᠷ ᠬᠢᠪᠡ᠃ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠠᠩᠬ᠎ᠠ ᠤᠳᠠᠭ᠎ᠠ ︽ᠭᠤᠷᠪᠠᠨ ᠶᠡᠭᠡ ᠡᠵᠡᠩᠨᠡᠯᠲᠡ ᠶᠢᠨ ᠬᠤᠳᠠᠯᠳᠤᠭᠠᠴᠢᠨ︾ ᠳᠤ ᠲᠦᠰᠢᠭᠯᠡᠨ | ᠨᠡᠶᠢᠭᠡᠮ ᠨᠡᠶᠢᠲᠡ ᠳᠤ ᠬᠠᠨᠳᠤᠭᠤᠯᠤᠭᠰᠠᠨ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠪᠡ᠃ | ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠲᠠᠢ ᠬᠠᠮᠲᠤᠷᠠᠨ ᠲᠥᠪ ᠲᠧᠯᠸᠢᠰ ᠤᠨ ᠰᠢᠵᠢᠷ ᠠᠯᠲᠠᠨ | ᠴᠠᠭ ᠲᠤ ᠠᠭᠤᠯᠠᠨ ᠦᠶᠡᠷ ᠤᠨ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ ᠳᠤᠬᠢᠶ᠎ᠠ ᠶᠢ ᠨᠡᠶᠢᠲᠡᠯᠡᠵᠦ᠂ ᠡᠯ᠎ᠡ | ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠰᠢᠶᠠᠨ ᠤ ᠱᠠᠲᠤᠨ ᠤ ᠠᠭᠤᠯᠠᠨ ᠦᠶᠡᠷ ᠤᠨ | ᠭᠠᠮᠰᠢᠭ ᠤᠨ ᠰᠡᠷᠡᠮᠵᠢ ᠶᠢᠨ ᠳᠤᠬᠢᠶ᠎ᠠ ᠶᠢ 15.2 ᠲᠦᠮᠡᠨ ᠤᠳᠠᠭ᠎ᠠ ᠨᠡᠶᠢᠲᠡᠯᠡᠵᠦ᠂ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠶᠢ 3187 ᠲᠦᠮᠡᠨ ᠵᠤᠷᠪᠤᠰ ᠶᠠᠪᠤᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠨᠡᠪᠲᠡᠷᠡᠭᠦᠯᠭᠡ ᠶᠢ | 39.2 ᠲᠦᠮᠡᠨ ᠤᠳᠠᠭ᠎ᠠ ᠡᠬᠢᠯᠡᠭᠦᠯᠵᠦ᠂ ︽ᠭᠤᠷᠪᠠᠨ ᠲᠣᠮᠣ ᠡᠵᠡᠩᠨᠡᠭᠴᠢ ᠬᠤᠳᠠᠯᠳᠤᠭᠠᠴᠢᠨ︾ ᠨᠡᠶᠢᠭᠡᠮ | ᠨᠡᠶᠢᠲᠡ ᠳᠤ 4.45 ᠳ᠋ᠦᠩᠰᠢᠭᠤᠷ ᠵᠤᠷᠪᠤᠰ ᠤᠷᠢᠳᠴᠢᠯᠠᠨ ᠰᠡᠷᠡᠮᠵᠢᠯᠡᠭᠦᠯᠬᠦ ᠴᠢᠬᠢᠮ ᠮᠡᠳᠡᠭᠡ ᠶᠢ ᠨᠡᠶᠢᠲᠡᠯᠡᠪᠡ᠃ ᠡᠨᠡ | ᠵᠢᠯ ᠠᠭᠤᠯᠠᠨ ᠦᠶᠡᠷ ᠤᠨ ᠭᠠᠮᠰᠢᠭ ᠠᠴᠠ ᠪᠣᠯᠵᠣ ᠥᠭᠦᠵᠦ ᠪᠠᠷ᠎ᠠ ᠰᠤᠷᠠᠭ ᠥᠬᠡᠶ ᠪᠣᠯᠤᠭᠰᠠᠨ ᠬᠥᠮᠦᠨ ᠤ ᠲᠤᠭ᠎ᠠ | ᠢᠯᠡᠳᠲᠡ ᠪᠠᠭᠠᠰᠪᠠ᠃ | ᠲᠦᠷᠪᠡ ᠳᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠢ ᠡᠷᠴᠢᠮᠲᠡᠢ ᠬᠠᠩᠭᠠᠪᠠ᠃ ᠤᠰᠤᠨ ᠤ | ᠪᠠᠶᠢᠳᠠᠯ ᠢ ᠤᠷᠢᠳᠴᠢᠯᠠᠨ ᠮᠡᠳᠡᠭᠡᠯᠡᠭᠰᠡᠨ ᠦᠷ᠎ᠡ ᠪᠦᠲᠦᠭᠡᠯ ᠢ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ | ᠮᠥᠴᠢᠷ ᠲᠤ ᠴᠠᠭ ᠳᠤᠬᠠᠢ ᠳᠤ ᠮᠡᠳᠡᠭᠡᠯᠡᠪᠡ᠃ ᠶᠡᠭᠡ ᠬᠡᠮᠵᠢᠶᠡᠨ ᠤ ᠤᠰᠤᠨ ᠠᠰᠢᠭᠯᠠᠯᠲᠠ ᠶᠢᠨ ᠲᠤᠰᠬᠠᠶ | ᠮᠡᠷᠭᠡᠵᠢᠯᠲᠡᠨ ᠢ ᠲᠣᠮᠢᠯᠠᠨ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠨᠢᠭᠡᠳᠦᠭᠡᠷ ᠹᠷᠣᠨᠲ ᠲᠤ ᠣᠴᠢᠭᠤᠯᠵᠤ᠂ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ | ᠪᠠᠳᠠᠷᠠᠭᠤᠯᠤᠨ᠂ ᠬᠠᠰᠢᠯᠭ᠎ᠠ ᠶᠢ ᠲᠣᠭᠤᠷᠢᠨ ᠪᠠᠶᠢᠴᠠᠭᠠᠵᠤ ᠠᠶᠤᠯ ᠢ ᠪᠠᠶᠢᠴᠠᠭᠠᠬᠤ ᠮᠡᠷᠭᠡᠵᠢᠯ ᠤᠨ ᠭᠤᠣᠯᠳᠠᠯᠭ᠎ᠠ ᠶᠢ | ᠨᠠᠶᠢᠷᠠᠭᠤᠯᠤᠨ ᠵᠣᠬᠢᠶᠠᠵᠤ᠂ ᠭᠤᠣᠯ ᠮᠥᠷᠡᠨ ᠤ ᠥᠨᠳᠥᠷ ᠤᠰᠤᠨ ᠲᠦᠪᠰᠢᠨ ᠤ ᠬᠤᠭᠤᠴᠠᠭ᠎ᠠ ᠪᠠ ᠤᠰᠤ ᠲᠠᠲᠠᠬᠤ | ᠱᠠᠲᠤᠨ ᠤ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠠᠬᠢᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ | ᠵᠢᠯᠣᠭᠤᠳᠴᠤ᠂ ︽ᠨᠢᠭᠡ ᠠᠶᠤᠯ ᠨᠢᠭᠡ ᠠᠷᠭ᠎ᠠ ᠪᠤᠳᠤᠯᠭ᠎ᠠ︾ ᠪᠠᠷ ᠠᠶᠤᠯ ᠠᠴᠠ ᠠᠪᠤᠷᠠᠬᠤ ᠲᠥᠰᠦᠯ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠠᠶᠤᠯ ᠲᠦᠭᠰᠢᠭᠦᠷᠢ ᠶᠢᠨ ᠪᠠᠶᠢᠳᠠᠯ ᠢ ᠰᠢᠢᠳᠪᠦᠷᠢᠯᠡᠬᠦ ᠠᠵᠢᠯ ᠢ ᠬᠠᠮᠵᠢᠨ ᠰᠠᠶᠢᠲᠤᠷ | ᠬᠢᠵᠠᠢ᠃ | ᠲᠠᠪᠤ ᠳᠤ ᠨᠢᠭᠤᠴᠠ ᠪᠠᠷ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ ᠠᠷᠭ᠎ᠠ | ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠪᠠ᠃ ︽ᠳᠥᠷᠪᠡᠨ ᠦᠯᠦ ᠬᠤᠶᠠᠷ ᠰᠢᠯᠤᠭᠤᠨ︾ | ᠨᠢᠭᠤᠴᠠ ᠪᠠᠷ ᠰᠤᠷᠪᠤᠯᠵᠢᠯᠠᠬᠤ᠂ ᠵᠢᠵᠢᠭᠦᠷᠯᠡᠬᠦ ᠤᠳᠠᠰᠤ ᠪᠠᠷ ᠰᠤᠭᠤᠴᠢᠨ ᠪᠠᠶᠢᠴᠠᠭᠠᠬᠤ᠂ ᠠᠵᠢᠯᠯᠠᠬᠤ | ᠳᠤᠭᠤᠢᠢᠯᠠᠩ ᠤᠨ ᠲᠤᠬᠠᠶ ᠶᠢᠨ ᠲᠠᠯᠠᠪᠤᠷ ᠲᠤ ᠬᠢᠨᠠᠨ ᠵᠢᠯᠣᠭᠤᠳᠬᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ | ᠱᠠᠯᠠᠪᠳᠠᠭᠤᠯᠤᠨ ᠪᠠᠶᠢᠴᠠᠭᠠᠬᠤ ᠰᠢᠰᠲ᠋ᠧᠮ ᠢ ᠪᠠᠶᠢᠭᠤᠯᠪᠠ᠃ ᠤᠰᠤᠨ ᠠᠰᠢᠭᠯᠠᠯᠲᠠ ᠶᠢᠨ ᠶᠠᠮᠤᠨ ᠠᠴᠠ ᠨᠡᠶᠢᠳᠡ 89 | ᠠᠵᠢᠯᠯᠠᠬᠤ ᠳᠤᠭᠤᠢᠢᠯᠠᠩ ᠲᠣᠮᠢᠯᠠᠨ ᠣᠷᠣᠨ ᠨᠤᠲᠤᠭ ᠤᠨ ᠰᠡᠷᠭᠡᠶᠢᠯᠡᠯᠲᠡ ᠶᠢᠨ ᠠᠵᠢᠯ ᠢ ᠵᠢᠯᠣᠭᠤᠳᠴᠤ᠂ | ᠨᠢᠭᠤᠴᠠ ᠪᠠᠷ ᠰᠤᠷᠪᠤᠯᠵᠢᠯᠠᠬᠤ ᠳᠤᠭᠤᠢᠢᠯᠠᠩ ᠢ 970 ᠤᠳᠠᠭ᠎ᠠ ᠲᠣᠮᠢᠯᠠᠨ ᠬᠠᠰᠢᠯᠭ᠎ᠠ ᠳᠠᠯᠠᠩ ᠢ ᠲᠣᠭᠤᠷᠢᠨ | ᠪᠠᠶᠢᠴᠠᠭᠠᠵᠤ ᠬᠤᠷᠢᠭᠯᠠᠬᠤ᠂ ᠤᠰᠤᠨ ᠤ ᠪᠠᠷᠢᠯᠭ᠎ᠠ ᠶᠢ ᠲᠣᠬᠢᠷᠠᠭᠤᠯᠤᠨ ᠬᠡᠷᠡᠭᠯᠡᠬᠦ ᠵᠡᠷᠭᠡ 10376 ᠲᠦᠷᠦᠯ | ᠵᠦᠢᠯ ᠢ ᠨᠢᠭᠤᠴᠠ ᠪᠠᠷ ᠰᠤᠷᠪᠤᠯᠵᠢᠯᠠᠨ ᠬᠢᠨᠠᠨ ᠵᠢᠯᠣᠭᠤᠳᠴᠤ᠂ ᠰᠢᠷᠦᠭᠦᠨ ᠪᠣᠷᠣᠭᠠᠨ ᠤ ᠣᠷᠣᠨ ᠤ ᠦᠶᠡᠷ | ᠤᠰᠤᠳᠤᠯ ᠢ ᠰᠡᠷᠭᠡᠶᠢᠯᠡᠬᠦ ᠳᠤᠬᠠᠢ ᠵᠢᠵᠢᠭᠦᠷᠯᠠᠨ ᠠᠵᠢᠯᠯᠠᠬᠤ᠂ ᠤᠰᠤᠨ ᠴᠥᠭᠦᠷᠥᠮ ᠤᠨ ᠬᠠᠷᠢᠭᠤᠴᠠᠯᠭᠠᠲᠠᠨ ᠤ | ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ | ᠵᠡᠷᠭᠡ ᠳᠤ ᠰᠣᠩᠭᠤᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ | ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠶᠧ ᠵᠢᠶᠠᠨ ᠴᠦᠨ 2020 — 09 — 24 10᠄ 09᠄ 04 | ᠨᠠᠷᠢᠯᠢᠭ ᠣᠨᠣᠴᠠᠲᠠᠶ ᠪᠠᠷ ᠤᠷᠢᠳᠴᠢᠯᠠᠨ ᠮᠡᠳᠡᠭᠡᠯᠡᠬᠦ᠂ ᠨᠠᠷᠢᠯᠢᠭ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠡᠵᠡᠮᠳᠡᠬᠦ ᠪᠠᠷ ᠳᠠᠮᠵᠢᠨ᠂ ᠦᠶᠡᠷ ᠤᠰᠤᠳᠤᠯ ᠤᠨ ᠪᠠᠶᠢᠳᠠᠯ ᠡᠩ ᠤᠨ ᠵᠢᠯ ᠤᠨ ᠬᠢ ᠠᠴᠠ ᠢᠯᠡᠷᠬᠡᠶ | ᠬᠦᠨᠳᠦ ᠪᠣᠯᠤᠭᠰᠠᠨ ᠪᠠᠶᠢᠳᠠᠯ ᠳᠣᠣᠷ᠎ᠠ᠂ ᠪᠦᠬᠦ ᠤᠯᠤᠰ ᠤᠨ ᠶᠡᠭᠡ ᠭᠤᠣᠯ ᠮᠥᠷᠡᠨ ᠤ ᠭᠤᠣᠯ ᠤᠷᠤᠰᠬᠠᠯ ᠪᠠ | ᠴᠢᠬᠤᠯᠠ ᠬᠠᠰᠢᠯᠭ᠎ᠠ ᠰᠡᠲᠡᠷᠡᠭᠰᠡᠨ ᠦᠭᠡᠢ᠂ ᠲᠤᠮᠤ ᠳᠤᠮᠳᠠ ᠬᠡᠯᠪᠡᠷᠢ ᠶᠢᠨ ᠪᠠ ᠪᠠᠭ᠎ᠠ ︵1︶ ᠬᠡᠯᠪᠡᠷᠢ ᠶᠢᠨ ᠤᠰᠤᠨ | ᠴᠥᠭᠦᠷᠥᠮ ᠰᠡᠲᠡᠷᠡᠭᠰᠡᠨ ᠦᠭᠡᠢ᠂ ᠪᠠᠷᠢᠯᠭ᠎ᠠ ᠶᠢᠨ ᠠᠶᠤᠯ ᠲᠦᠭᠰᠢᠭᠦᠷᠢ ᠶᠢ ᠢᠯᠡᠳᠲᠡ ᠪᠠᠭᠠᠰᠬᠠᠵᠤ᠂ ᠭᠠᠶ | ᠭᠠᠮᠰᠢᠭ ᠤᠨ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠢ ᠬᠦᠴᠦᠲᠡᠶ ᠪᠠᠲᠤᠯᠠᠨ᠂ ᠦᠶᠡᠷ ᠠᠴᠠ ᠡᠮᠦᠨ᠎ᠡ ᠳᠤᠷᠠᠳᠤᠭᠰᠠᠨ ᠬᠠᠷᠠᠯᠲᠠ ᠶᠢ | ᠪᠡᠶᠡᠯᠡᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ | | ᠡᠨᠡ ᠵᠢᠯ ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠭᠠᠷᠴᠤ᠂ 28 ᠮᠤᠵᠢ ᠣᠷᠣᠨ ᠤ ᠤᠯᠠᠨ | ᠭᠠᠵᠠᠷ ᠲᠤ ᠬᠠᠰᠢᠯᠭ᠎ᠠ ᠳᠠᠯᠠᠩ ᠤᠨ ᠬᠠᠮᠠᠭᠠᠯᠠᠯᠲᠠ᠂ ᠤᠰᠤᠨ ᠴᠥᠭᠦᠷᠥᠮ ᠤᠨ ᠲᠥᠬᠦᠭᠡᠷᠦᠮᠵᠢ᠂ ᠬᠥᠳᠡᠭᠡ | ᠲᠣᠰᠬᠤᠨ ᠤ ᠤᠰᠤ ᠬᠠᠩᠭᠠᠬᠤ ᠪᠠ ᠤᠰᠤᠯᠠᠯᠲᠠ ᠶᠢᠨ ᠲᠥᠬᠦᠭᠡᠷᠦᠮᠵᠢ᠂ ᠬᠥᠭᠡᠷᠭᠡ ᠶᠢᠨ ᠦᠷᠳᠡᠭᠡ᠂ ᠤᠰᠤᠨ | ᠵᠦᠢ ᠶᠢᠨ ᠦᠷᠳᠡᠭᠡ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠡᠪᠳᠡᠭᠳᠡᠵᠦ᠂ ᠤᠰᠤᠨ ᠠᠰᠢᠭᠯᠠᠯᠲᠠ ᠶᠢᠨ | ᠶᠠᠮᠤᠨ ᠠᠴᠠ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢ ᠵᠣᠬᠢᠶᠠᠨ | ᠪᠠᠶᠢᠭᠤᠯᠵᠤ ᠭᠠᠮᠰᠢᠭ ᠤᠨ ᠳᠠᠷᠠᠭᠠᠬᠢ ᠤᠰᠤᠨ ᠠᠰᠢᠭᠯᠠᠯᠲᠠ ᠶᠢᠨ ᠪᠠᠷᠢᠯᠭ᠎ᠠ ᠶᠢ ᠵᠠᠰᠠᠨ ᠰᠡᠷᠭᠦᠭᠡᠬᠦ ᠪᠠᠷᠢᠯᠭ᠎ᠠ ᠶᠢᠨ | ᠬᠡᠮᠵᠢᠶ᠎ᠡ ᠵᠢᠴᠢ ᠪᠡᠯᠡ ᠣᠷᠣᠭᠤᠯᠤᠯᠲᠠ ᠶᠢᠨ ᠬᠡᠷᠡᠭᠴᠡᠭᠡ ᠶᠢ ᠠᠩᠬ᠎ᠠ ᠠᠯᠬᠤᠮ ᠲᠥᠰᠦᠭᠡᠯᠡᠨ ᠪᠤᠳᠤᠪᠠ᠃ | ᠣᠳᠣᠬᠠᠨ ᠤ ᠪᠠᠶᠢᠳᠠᠯ ᠠᠴᠠ ᠦᠵᠡᠪᠡᠯ᠂ ᠤᠰᠤᠨ ᠠᠰᠢᠭᠯᠠᠯᠲᠠ ᠶᠢᠨ ᠭᠠᠮᠰᠢᠭ ᠤᠨ ᠳᠠᠷᠠᠭᠠᠬᠢ ᠲᠠᠬᠢᠨ ᠪᠦᠳᠦᠭᠡᠨ | ᠪᠠᠶᠢᠭᠤᠯᠤᠯᠳᠠ ᠬᠢᠭᠦ ᠡᠭᠦᠷᠭᠡ ᠲᠦᠢᠯ ᠤᠨ ᠨᠦᠰᠡᠷ ᠬᠦᠨᠳᠦ ᠪᠠᠶᠢᠨ᠎ᠠ᠂ ᠠᠩᠬ᠎ᠠ ᠠᠯᠬᠤᠮ ᠤᠨ ᠵᠢᠱᠢᠯᠲᠡ ᠶᠢ | ᠦᠨᠳᠦᠰᠦᠯᠡᠪᠡᠯ᠂ ᠪᠠᠷᠤᠭ 840 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠴᠢᠬᠤᠯᠠᠲᠠᠶ ᠪᠠᠶᠢᠨ᠎ᠠ᠃ | ᠤᠰᠤᠨ ᠠᠰᠢᠭᠯᠠᠯᠲᠠ ᠶᠢᠨ ᠶᠠᠮᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠳᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠲᠠᠢ ᠵᠥᠪᠳᠡᠯᠴᠡᠵᠦ ᠪᠠᠶᠢᠭᠠᠳ ᠭᠠᠮᠰᠢᠭ ᠤᠨ | ᠳᠠᠷᠠᠭᠠᠬᠢ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠠᠵᠢᠯ ᠢ ᠱᠠᠯᠠᠪᠳᠠᠨ ᠥᠷᠨᠢᠭᠦᠯᠵᠦ᠂ ᠤᠰᠤᠨ ᠳᠤ | ᠡᠪᠳᠡᠭᠳᠡᠭᠰᠡᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠠᠯᠢ ᠲᠦᠷᠭᠡᠨ ᠢᠶᠠᠷ ᠰᠡᠯᠪᠢᠨ ᠵᠠᠰᠠᠨ᠎ᠠ︔ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ | ᠦᠶᠡᠷ ᠢ ᠰᠡᠷᠭᠡᠶᠢᠯᠡᠬᠦ ᠪᠠᠭᠤᠷᠠᠶ ᠭᠤᠭᠴᠤᠭ᠎ᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ | ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠳᠤᠲᠠᠭᠤᠳᠠᠯ ᠢ ᠲᠦᠷᠭᠡᠬᠡᠨ ᠨᠥᠬᠦᠪᠥᠷᠢᠯᠡᠵᠦ᠂ ᠦᠶᠡᠷ ᠤᠰᠤᠳᠤᠯ ᠭᠠᠩ | ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠳᠡᠭᠡᠷᠡᠬᠢ ᠪᠣᠯ ᠮᠢᠨᠦ ᠡᠨᠡ ᠵᠢᠯ ᠤᠨ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠪᠠ | ᠤᠰᠤᠨ ᠠᠰᠢᠭᠯᠠᠯᠲᠠ ᠶᠢᠨ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠬᠤ ᠠᠵᠢᠯ ᠤᠨ ᠪᠠᠶᠢᠳᠠᠯ ᠤᠨ | ᠲᠤᠬᠠᠶ ᠲᠠᠨᠢᠯᠴᠠᠭᠤᠯᠭ᠎ᠠ ᠪᠣᠯᠤᠨ᠎ᠠ᠃ ᠳᠣᠣᠷ᠎ᠠ ᠪᠢ ᠬᠠᠮᠲᠤ ᠠᠵᠢᠯᠯᠠᠭᠴᠢ ᠲᠠᠢ ᠪᠠᠨ ᠵᠠᠭᠤᠴᠢᠯᠠᠭᠤᠷ ᠤᠨ ᠨᠠᠶᠢᠵᠠ | ᠨᠠᠷ ᠤᠨ ᠠᠰᠠᠭᠤᠯᠲᠠ ᠶᠢ ᠬᠠᠷᠢᠭᠤᠯᠬᠤ ᠳᠤᠷᠠᠲᠠᠶ ᠪᠠᠶᠢᠨ᠎ᠠ᠃ ᠪᠠᠶᠠᠷᠯᠠᠯ᠎ᠠ︕ | ᠭᠧᠩ ᠯᠢᠦ ᠴᠧᠩ 2020 — 09 — 24 10: 09: 30 | ᠶᠧ ᠰᠠᠶᠢᠳ ᠤᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ︕ ᠳᠣᠣᠷ᠎ᠠ ᠪᠢᠳᠡ ᠠᠰᠠᠭᠤᠯᠲᠠ ᠬᠠᠷᠢᠭᠤᠯᠬᠤ | ᠭᠤᠭᠴᠤᠭ᠎ᠠ ᠳᠤ ᠣᠷᠣᠶ᠎ᠠ᠂ ᠰᠤᠷᠪᠤᠯᠵᠢᠯᠠᠭᠴᠢ ᠭᠠᠷ ᠡᠷᠭᠦᠨ ᠠᠰᠠᠭᠤᠯᠲᠠ ᠠᠰᠠᠭᠤᠵᠤ᠂ ᠠᠰᠠᠭᠤᠯᠲᠠ | ᠠᠰᠠᠭᠤᠬᠤ ᠠᠴᠠ ᠪᠠᠨ ᠡᠮᠦᠨ᠎ᠡ ᠠᠵᠢᠯᠯᠠᠵᠤ ᠪᠠᠶᠢᠭ᠎ᠠ ᠰᠣᠨᠢᠨ ᠮᠡᠳᠡᠭᠡᠨ ᠤ ᠪᠠᠶᠢᠭᠤᠯᠤᠮᠵᠢ ᠪᠠᠨ ᠮᠡᠳᠡᠭᠳᠡᠬᠦ ᠪᠤᠯᠪᠠᠤ᠃ | ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ 2020 — 09 — 24 10᠄ 10᠄ 43 | ᠮᠢᠨᠦ ᠠᠰᠠᠭᠤᠯᠳᠠ ᠪᠣᠯ ᠮᠠᠨ ᠤ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠬᠦ ᠠᠵᠢᠯ ᠱᠠᠲᠤ ᠦᠶ᠎ᠡ ᠶᠢᠨ | ᠴᠢᠨᠠᠷᠲᠠᠶ ᠴᠢᠬᠤᠯᠠ ᠠᠮᠵᠢᠯᠳᠠ ᠣᠯᠤᠭᠰᠠᠨ ᠳᠤ ᠣᠷᠣᠰᠢᠨ᠎ᠠ᠂ ᠲᠡᠭᠡᠪᠡᠯ ᠡᠨᠡ ᠵᠢᠯ ᠤᠨ ᠠᠮᠵᠢᠯᠳᠠ ᠣᠯᠤᠭᠰᠠᠨ ᠤ | ᠬᠦᠴᠦᠨ ᠪᠣᠯᠤᠨ ᠰᠢᠯᠲᠠᠭᠠᠨ ᠨᠢ ᠶᠠᠭᠤ ᠪᠤᠶ 1998 ᠣᠨ ᠤ ᠬᠢ ᠲᠠᠢ ᠬᠠᠷᠢᠴᠠᠭᠤᠯᠪᠠᠯ᠂ ᠮᠠᠨ ᠤ ᠡᠨᠡ ᠵᠢᠯ ᠤᠨ | ᠰᠡᠷᠭᠡᠶᠢᠯᠡᠯᠲᠡ ᠶᠢᠨ ᠲᠠᠯ᠎ᠠ ᠪᠠᠷ ᠬᠢ ᠣᠢᠢᠯᠠᠭᠠᠭᠳᠠᠬᠤᠨ ᠪᠠ ᠴᠢᠳᠠᠪᠤᠷᠢ ᠶᠠᠮᠠᠷ ᠶᠠᠮᠠᠷ ᠳᠡᠭᠡᠭᠰᠢᠯᠡᠯᠲᠡ ᠲᠠᠢ ᠪᠣᠯᠤᠭᠰᠠᠨ | ᠪᠣᠶ︖ ᠪᠠᠶᠠᠷᠯᠠᠯ᠎ᠠ︕ | ᠶᠧ ᠵᠢᠶᠠᠨ ᠴᠦᠨ 2020 — 09 — 24 10᠄ 12᠄ 07 | ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠶᠠᠭ ᠲᠠᠨ ᠤ ᠬᠡᠯᠡᠭᠰᠡᠨᠴᠢᠯᠡᠨ᠂ ᠡᠨᠡ ᠵᠢᠯ ᠤᠨ ᠰᠢᠷᠦᠭᠦᠨ | ᠪᠣᠷᠣᠭᠠᠨ ᠦᠶᠡᠷ ᠤᠰᠤᠳᠤᠯ ᠪᠠᠶᠢᠨ ᠳᠠᠬᠢᠨ ᠡᠭᠦᠰᠴᠦ᠂ 1998 ᠣᠨ ᠠᠴᠠ ᠨᠠᠭᠠᠰᠢᠬᠢ ᠬᠠᠮᠤᠭ ᠤᠨ ᠬᠦᠨᠳᠦ | ᠨᠣᠴᠢᠲᠠᠶ ᠦᠶᠡᠷ ᠤᠰᠤᠳᠤᠯ ᠤᠨ ᠪᠠᠶᠢᠳᠠᠯ ᠡᠭᠦᠰᠴᠠᠢ᠂ ᠡᠭᠦᠨ ᠢ ᠪᠢ ᠰᠠᠶ᠋ᠢᠬᠠᠨ ᠪᠠᠰᠠ ᠲᠠᠨᠢᠯᠴᠠᠭᠤᠯᠤᠭᠰᠠᠨ ᠶᠤᠮ᠃ | ᠬᠠᠶᠢᠾᠧ ᠭᠤᠣᠯ ᠠᠴᠠ ᠪᠤᠰᠤᠳ ᠵᠢᠷᠭᠤᠭᠠᠨ ᠶᠡᠭᠡ ᠰᠠᠪᠠ ᠭᠠᠵᠠᠷ ᠲᠤ᠂ ᠭᠤᠣᠯ ᠪᠣᠯᠬᠤ ᠭᠤᠣᠯ ᠮᠥᠷᠡᠨ ᠳᠤ 21 | ᠤᠳᠠᠭ᠎ᠠ ᠳ᠋ᠤᠭᠠᠷᠯᠠᠭᠰᠠᠨ ᠦᠶᠡᠷ ᠤᠰᠤᠳᠤᠯ ᠡᠭᠦᠰᠴᠦ᠂ ᠬᠥᠬᠡᠮᠥ᠋ᠷᠡᠨ ᠤ ᠰᠠᠪᠠ ᠭᠠᠵᠠᠷ ᠤᠨ ᠬᠡᠰᠡᠭ ᠭᠤᠣᠯ | ᠮᠥᠷᠡᠨ ᠤ ᠦᠶᠡᠷ ᠤᠨ ᠬᠡᠮᠵᠢᠶ᠎ᠡ ᠶᠢᠨ ᠳᠡᠰ ᠨᠢ 1998 ᠣᠨ ᠤ ᠬᠢ ᠠᠴᠠ ᠴᠤ ᠳᠠᠪᠠᠭᠰᠠᠨ ᠪᠠᠶᠢᠨ᠎ᠠ᠃ | ᠶᠡᠷᠦᠩᠬᠡᠶ ᠳᠤᠨᠢ ᠠᠪᠴᠤ ᠦᠵᠡᠪᠡᠯ᠂ ᠡᠨᠡ ᠵᠢᠯ ᠤᠨ ᠭᠠᠮᠰᠢᠭᠳᠠᠭᠰᠠᠨ ᠪᠠᠶᠢᠳᠠᠯ 1998 ᠣᠨ ᠤ ᠬᠢ ᠠᠴᠠ ᠬᠤᠯᠠ | ᠬᠦᠡᠭᠭᠡᠨ ᠪᠣᠯᠵᠠᠶ᠂ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠬᠦ ᠬᠦᠴᠦᠨ ᠴᠢᠳᠠᠯ ᠤᠯᠠᠨ ᠲᠠᠯ᠎ᠠ ᠠᠴᠠ | ᠢᠷᠡᠯᠳᠡ ᠲᠠᠢ ᠭᠡᠵᠦ ᠬᠡᠯᠡᠪᠡᠯ᠂ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ | ᠣᠢᠢᠯᠠᠭᠠᠭᠳᠠᠬᠤᠨ ᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠶᠤᠮ᠃ ᠥᠨᠥᠳᠦᠷ ᠪᠢ ᠭᠤᠣᠯᠳᠠᠭᠤ ᠬᠤᠶᠠᠷ ᠲᠠᠯ᠎ᠠ ᠶᠢ | ᠲᠠᠨᠢᠯᠴᠠᠭᠤᠯᠤᠶ᠎ᠠ᠃ ᠨᠢᠭᠡ ᠨᠢ ᠬᠤᠷᠢᠭᠯᠠᠯᠲᠠ ᠶᠢᠨ ᠣᠢᠢᠯᠠᠭᠠᠭᠳᠠᠬᠤᠨ ᠤ ᠬᠤᠪᠢᠷᠠᠯᠲᠠ᠂ ᠨᠥᠭᠦᠭᠡ ᠨᠢ | ᠬᠤᠷᠢᠭᠯᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠪᠣᠯᠤᠨ᠎ᠠ᠃ | ᠣᠢᠢᠯᠠᠭᠠᠭᠳᠠᠬᠤᠨ ᠤ ᠬᠤᠪᠢᠷᠠᠯᠲᠠ ᠶᠢᠨ ᠲᠠᠯ᠎ᠠ ᠠᠴᠠ ᠠᠪᠴᠤ ᠦᠵᠡᠪᠡᠯ᠂ ᠶᠡᠷᠦᠩᠬᠡᠶ ᠱᠦᠵᠢ ᠰᠢ ᠶᠢᠨ | ᠫᠢᠩ ᠤᠨ ᠳᠤᠷᠠᠳᠤᠭᠰᠠᠨ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠣᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠭᠦᠨ ᠢ | ᠶᠡᠷᠦᠩᠬᠡᠶ ᠱᠦᠵᠢ 2016 ᠣᠨ ᠤ 7 ᠰᠠᠷ᠎ᠠ ᠶᠢᠨ 28 ᠤ ᠡᠳᠦᠷ ᠲᠠᠩᠱᠠᠨ ᠳᠤ ᠠᠵᠢᠯ ᠪᠠᠶᠢᠴᠠᠭᠠᠬᠤ ᠳᠠᠭᠠᠨ᠂ | ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ | ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ | ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ | ᠭᠠᠮᠰᠢᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠲᠠᠩ ᠭᠠᠭᠴᠠ | ᠭᠠᠮᠰᠢᠭ ᠤᠨ ᠲᠦᠷᠦᠯ ᠢ ᠠᠷᠭᠠᠴᠠᠭᠠᠵᠤ ᠪᠠᠶᠢᠭᠰᠠᠨ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ | ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠠᠶᠤᠯ ᠲᠦᠭᠰᠢᠭᠦᠷᠢ ᠶᠢ | ᠪᠠᠭᠠᠰᠬᠠᠬᠤ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠣᠨᠴᠠᠭᠠᠢᠢᠯᠠᠨ ᠪᠦᠬᠦ ᠨᠡᠶᠢᠭᠡᠮ ᠤᠨ | ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠶᠡᠷᠦᠩᠬᠡᠶᠢᠯᠡᠭᠰᠡᠨ ᠰᠡᠷᠭᠡᠶᠢᠯᠡᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠪᠠ᠃ ᠶᠡᠷᠦᠩᠬᠡᠢ ᠱᠦᠵᠢ ᠶᠢᠨ ᠡᠳᠡᠭᠡᠷ ᠶᠠᠷᠢᠶᠠᠨ ᠳᠤ ᠰᠡᠷᠭᠡᠶᠢᠯᠡᠬᠦ ᠠᠵᠢᠯ ᠢ | ᠣᠨᠴᠠᠭᠠᠢᠢᠯᠠᠨ ᠴᠢᠬᠤᠯᠠᠴᠢᠯᠠᠵᠤ ᠪᠠᠶᠢᠬᠤ ᠶᠢ ᠤᠯᠠᠨ ᠢᠶᠠᠷ ᠢᠶᠠᠨ ᠦᠵᠡᠵᠦ ᠭᠠᠷᠤᠨ᠎ᠠ᠃ ᠡᠶᠢᠮᠦ ᠠᠴᠠ ᠪᠢᠳᠡ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠤᠰᠤᠨ ᠤ ᠪᠠᠶᠢᠳᠠᠯ ᠢ ᠬᠢᠨᠠᠨ | ᠬᠡᠮᠵᠢᠬᠦ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ᠂ ᠤᠰᠤᠨ ᠤ ᠢᠨᠵᠧᠨᠧᠷᠢᠩ ᠢ ᠲᠣᠬᠢᠷᠠᠭᠤᠯᠤᠨ | ᠬᠡᠷᠡᠭᠯᠡᠬᠦ ᠠᠴᠠ ᠠᠪᠤᠭᠠᠳ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ᠂ ᠬᠠᠰᠢᠯᠭ᠎ᠠ ᠳᠠᠯᠠᠩ ᠢ | ᠲᠣᠭᠤᠷᠢᠨ ᠪᠠᠶᠢᠴᠠᠭᠠᠵᠤ ᠬᠤᠷᠢᠭᠯᠠᠬᠤ᠂ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠬᠦᠷᠲᠡᠯ᠎ᠡ᠂ | ᠵᠥᠪᠳᠡᠯᠴᠡᠨ ᠰᠤᠳᠤᠯᠵᠤ ᠮᠠᠭᠠᠳᠯᠠᠬᠤ᠂ ᠠᠵᠢᠯ ᠤᠨ ᠪᠠᠶᠢᠷᠢᠯᠠᠭᠤᠯᠤᠯᠲᠠ ᠠᠴᠠ ᠠᠪᠤᠭᠠᠳ ᠱᠠᠯᠠᠪᠳᠠᠭᠤᠯᠤᠨ | ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠬᠤ᠂ ᠰᠣᠭᠤᠴᠢᠨ ᠪᠠᠶᠢᠴᠠᠭᠠᠬᠤ ᠵᠡᠷᠭᠡ ᠬᠦᠷᠲᠡᠯ᠎ᠡ᠂ ᠠᠷᠠᠳ ᠲᠦᠮᠡᠨ ᠤ | ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠨᠠᠶᠢᠳᠠᠪᠤᠷᠢᠵᠢᠭᠤᠯᠤᠯᠲᠠ ᠶᠢ | ᠠᠳᠬᠤᠪᠠ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠴᠦ ᠦᠶᠡᠷ ᠤᠰᠤᠳᠤᠯ ᠢ ᠰᠡᠷᠭᠡᠶᠢᠯᠡᠬᠦ | ᠠᠵᠢᠯ ᠢ ᠥᠪᠡᠷ ᠤᠨ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠᠨ ᠪᠣᠯᠭᠠᠵᠤ᠂ ᠰᠡᠷᠭᠡᠶᠢᠯᠡᠬᠦ ᠳᠤ | ᠰᠠᠭᠤᠷᠢᠯᠠᠵᠤ᠂ ᠦᠶᠡᠷ ᠤᠰᠤᠳᠤᠯ ᠢ ᠰᠡᠷᠭᠡᠶᠢᠯᠡᠬᠦ ᠪᠣᠭᠤᠮᠲᠠ ᠶᠢ ᠤᠷᠤᠭᠰᠢ ᠰᠢᠯᠵᠢᠭᠦᠯᠤᠨ᠂ ᠡᠯ᠎ᠡ ᠵᠦᠢᠯ ᠤᠨ | ᠪᠡᠯᠡᠳᠬᠡᠯ ᠲᠥᠰᠦᠯ᠂ ᠣᠨᠴᠠᠭᠠᠢᠢᠯᠠᠨ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠢ ᠰᠡᠷᠭᠡᠶᠢᠯᠡᠬᠦ ᠪᠡᠯᠡᠳᠬᠡᠯ | ᠲᠥᠰᠦᠯ ᠳᠤ ᠤᠷᠢᠳᠴᠢᠯᠠᠨ ᠵᠠᠰᠠᠪᠤᠷᠢ ᠣᠷᠣᠭᠤᠯᠤᠭᠰᠠᠨ ᠪᠠᠶᠢᠨ᠎ᠠ᠃ ᠡᠭᠦᠨ ᠤ ᠬᠠᠮᠳᠤ ᠡᠯ᠎ᠡ ᠰᠠᠪᠠ ᠭᠠᠵᠠᠷ ᠤᠨ | ᠪᠠᠶᠢᠭᠤᠯᠤᠮᠵᠢ᠂ ᠡᠯ᠎ᠡ ᠭᠠᠵᠠᠷ ᠤᠨ ᠬᠢᠨ ᠪᠠᠰᠠ ᠨᠢᠭᠡ ᠪᠦᠯᠦᠭ ᠲᠡᠦᠬᠡ ᠶᠢᠨ ᠨᠡᠶᠢᠲᠡᠯᠢᠭ ᠦᠶᠡᠷ ᠤᠰᠤᠳᠤᠯ ᠢ | ᠰᠣᠩᠭᠤᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠ ᠲᠣᠬᠢᠷᠠᠭᠤᠯᠬᠤ ᠪᠣᠳᠠᠲᠤ ᠪᠠᠶᠢᠯᠳᠤᠭᠠᠨ ᠤ | ᠰᠣᠷᠢᠯᠲᠠ ᠶᠢ ᠥᠷᠨᠢᠭᠦᠯᠦᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠬᠢᠷᠢ | ᠲᠦᠪᠰᠢᠨ᠂ ᠤᠰᠤᠨ ᠤ ᠢᠨᠵᠧᠨᠧᠷᠢᠩ ᠤᠨ ᠲᠣᠬᠢᠷᠠᠭᠤᠯᠤᠯᠲᠠ ᠶᠢᠨ ᠲᠤᠬᠠᠢᠢᠯᠠᠭᠰᠠᠨ ᠠᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ᠂ ᠪᠦᠬᠦᠯᠢ ᠴᠣᠭᠴᠠ ᠶᠢᠨ ᠰᠡᠷᠭᠡᠶᠢᠯᠡᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠶ | ᠳᠡᠭᠡᠭᠰᠢᠯᠡᠭᠦᠯᠦᠭᠰᠡᠨ ᠪᠠᠶᠢᠨ᠎ᠠ᠃ ᠡᠨᠡ ᠪᠣᠯ ᠮᠠᠰᠢ ᠴᠢᠬᠤᠯᠠ ᠪᠤᠯᠤᠨ᠎ᠠ᠂ ᠳᠠᠷᠤᠶ ᠣᠢᠢᠯᠠᠭᠠᠭᠳᠠᠬᠤᠨ ᠤ | ᠬᠤᠪᠢᠷᠠᠯᠲᠠ ᠨᠢ ᠡᠯ᠎ᠡ ᠲᠠᠯ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠭᠰᠠᠨ ᠠᠴᠠ ᠪᠣᠯᠤᠭᠰᠠᠨ ᠶᠤᠮ᠃ | ᠶᠧ ᠵᠢᠶᠠᠨ ᠴᠦᠨ 2020 — 09 — 24 10᠄ 15᠄ 32 | ᠴᠢᠳᠠᠪᠤᠷᠢ ᠶᠢᠨ ᠲᠤᠬᠠᠶ ᠶᠠᠷᠢᠶ᠎ᠠ᠃ ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠳᠤ | ᠨᠢᠭᠡᠨᠲᠡ ᠨᠡᠯᠢᠶᠡᠳ ᠪᠦᠷᠢᠨ ᠲᠡᠭᠦᠯᠳᠡᠷ ᠦᠶᠡᠷ ᠤᠰᠤᠳᠤᠯ ᠢ ᠰᠡᠷᠭᠡᠶᠢᠯᠡᠬᠦ ᠰᠢᠰᠲ᠋ᠧᠮ ᠢ ᠪᠦᠷᠢᠯᠳᠦᠭᠦᠯᠵᠦ᠂ | ᠣᠳᠣᠬᠠᠨ ᠳᠤ ᠶᠡᠭᠡ ᠭᠤᠣᠯ ᠮᠥᠷᠡᠨ ᠨᠤᠭᠤᠳ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ | ᠪᠣᠳᠠᠲᠠᠶ ᠡᠭᠦᠰᠦᠭᠰᠡᠨ ᠬᠠᠮᠤᠭ ᠤᠨ ᠶᠡᠭᠡ ᠦᠶᠡᠷ ᠤᠰᠤᠳᠤᠯ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ | ᠦᠨᠳᠦᠰᠦᠨ ᠳᠡᠭᠡᠨ ᠪᠦᠷᠢᠯᠳᠦᠭᠦᠯᠦᠭᠰᠡᠨ ᠪᠠᠶᠢᠨ᠎ᠠ᠃ ᠡᠭᠦᠨ ᠳᠤ ᠨᠢᠭᠡ ᠪᠦᠯᠦᠭ ᠲᠤᠭ᠎ᠠ ᠪᠠᠷᠢᠮᠲᠠ ᠪᠤᠢ᠄ 1998 | ᠣᠨ ᠳᠤ ᠮᠠᠨ ᠤ ᠤᠯᠤᠰ ᠤᠨ ᠲᠠᠪᠤᠳᠤᠭᠠᠷ ᠳᠡᠰ ᠠᠴᠠ ᠳᠡᠭᠡᠭᠰᠢᠬᠢ ᠬᠠᠰᠢᠯᠭ᠎ᠠ ᠲᠡᠯᠡᠩ ᠢ 25.9 ᠲᠦᠮᠡᠨ | ᠺᠢᠯᠣᠮᠧᠲᠷ᠂ ᠤᠰᠦᠠ ᠴᠥᠭᠦᠷᠥᠮ ᠢ 8.49 ᠲᠦᠮᠡ ᠪᠠᠶᠢᠭᠤᠯᠵᠤ᠂ ᠤᠳᠦ ᠲᠠᠪᠤᠳᠤᠭᠠᠷ ᠳᠡᠰ ᠠᠴᠠ ᠳᠡᠭᠡᠭᠰᠢᠬᠢ | ᠬᠠᠰᠢᠯᠭ᠎ᠠ ᠲᠡᠯᠡᠩ ᠢ 31.2 ᠲᠦᠮᠡᠨ ᠺᠢᠯᠣᠮᠧᠲᠷ᠂ ᠤᠰᠦᠠ ᠴᠥᠭᠦᠷᠥᠮ ᠢ 9.88 ᠲᠦᠮᠡ ᠪᠣᠯᠭᠠᠵᠠᠶ᠃ ᠡᠭᠦᠨ ᠤ | ᠬᠠᠮᠳᠤ ᠪᠢᠳᠠ ᠪᠠᠰᠠ ᠶᠡᠭᠡ ᠬᠡᠪᠴᠢᠶᠡᠨ ᠤ ᠬᠠᠰᠢᠯᠭ᠎ᠠ ᠲᠡᠯᠡᠩ ᠤᠨ ᠪᠠᠷᠢᠮᠵᠢᠶ᠎ᠠ ᠳᠤ ᠬᠦᠷᠭᠡᠬᠦ ᠪᠦᠳᠦᠭᠡᠠ | ᠪᠠᠶᠢᠭᠤᠯᠤᠯᠲᠠ ᠶᠢ ᠬᠡᠷᠡᠭᠵᠢᠭᠦᠯᠵᠦ᠂ ᠳᠤᠮᠳᠠ ᠪᠠᠭ᠎ᠠ ᠭᠤᠣᠯ ᠮᠥᠷᠡᠨ ᠢ ᠵᠠᠰᠠᠵᠤ᠂ ᠦᠶᠡᠷ ᠤᠰᠤᠳᠤᠯ ᠢ ᠰᠡᠷᠭᠡᠶᠢᠯᠡᠬᠦ | ᠪᠠᠷᠢᠯᠭ᠎ᠠ ᠶᠢᠨ ᠪᠠᠷᠢᠮᠵᠢᠶ᠎ᠠ ᠶᠢ ᠮᠡᠳᠡᠭᠳᠡᠬᠦ᠋ᠢᠴᠡ ᠳᠡᠭᠡᠭᠰᠢᠯᠡᠭᠦᠯᠦᠭᠰᠡᠨ ᠪᠠᠶᠢᠨ᠎ᠠ᠃ ᠡᠨᠡ ᠵᠢᠯ ᠤᠨ ᠲᠧᠯᠸᠢᠰ | ᠳᠡᠭᠡᠷ᠎ᠡ ᠠᠴᠠ ᠪᠢᠳᠡ ᠦᠬᠠᠨ ᠤ ᠪᠠᠶᠢᠳᠠᠯ ᠢ ᠣᠯᠵᠤ ᠬᠠᠷᠠᠪᠠ᠂ ᠬᠠᠰᠢᠯᠭ᠎ᠠ ᠶᠢᠨ ᠳᠣᠣᠷ᠎ᠠ ᠬᠥᠬᠡᠮᠥ᠋ᠷᠡᠨ ᠤ ᠦᠶᠡᠷ | ᠤᠰᠤᠳᠤᠯ᠂ ᠬᠠᠰᠢᠯᠭ᠎ᠠ ᠶᠢᠨ ᠳᠡᠭᠡᠷ᠎ᠡ ᠶᠠᠪᠤᠭᠤᠯ ᠬᠥᠮᠦᠨ ᠰᠡᠯᠡᠭᠦᠴᠡᠨ ᠠᠯᠬᠤᠯᠠᠵᠤ ᠪᠠᠶᠢᠯ᠎ᠠ᠃ | 1998 ᠣᠨ ᠤ ᠦᠶ᠎ᠡ ᠳᠤ᠂ ᠲᠥᠪ ᠠᠴᠠ 3300 ᠥᠷᠲᠡᠭᠡᠨ ᠤ ᠤᠰᠤᠨ ᠤ ᠪᠠᠶᠢᠳᠠᠯ ᠤᠨ ᠮᠡᠳᠡᠭᠡ | ᠵᠠᠩᠭᠢ ᠶᠢ ᠴᠤᠭᠯᠠᠭᠤᠯᠬᠤ ᠳᠤ ᠬᠤᠶᠠᠷ ᠴᠠᠭ ᠬᠡᠷᠡᠭᠰᠡᠨ᠎ᠡ᠂ ᠣᠳᠣ ᠮᠠᠨ ᠤ ᠦᠶᠡᠷ ᠤᠰᠤᠳᠤᠯ ᠤᠨ ᠪᠠᠶᠢᠳᠠᠯ ᠢ | ᠮᠡᠳᠡᠭᠦᠯᠬᠦ 13 ᠲᠦᠮᠡᠨ ᠥᠷᠲᠡᠭᠡ ᠨᠢ ᠡᠳᠡᠭᠡᠷ ᠮᠡᠳᠡᠭᠡ ᠵᠠᠩᠭᠢ ᠶᠢ 10 — 15 ᠮᠢᠨᠦ᠋ᠲ ᠤᠨ ᠳᠣᠲᠣᠷ᠎ᠠ | ᠬᠤᠷᠢᠶᠠᠵᠤ ᠳᠡᠶᠢᠯᠦᠨ᠎ᠡ᠂ ᠡᠨᠡ ᠨᠢ 1998 ᠣᠨ ᠳᠤ ᠠᠪᠴᠤ ᠦᠵᠡᠪᠡᠯ ᠰᠡᠳᠬᠢᠭᠳᠡᠰᠢ ᠦᠭᠡᠢ ᠶᠠᠪᠤᠳᠠᠯ ᠪᠣᠯᠤᠨ᠎ᠠ᠃ | ᠡᠭᠦᠨ ᠤ ᠬᠠᠮᠲᠤ ᠴᠠᠭ ᠠᠭᠤᠷ ᠤᠨ ᠤᠰᠤᠨ ᠵᠦᠢ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ | ᠣᠨᠣᠪᠴᠢ ᠶᠢᠨ ᠬᠡᠮᠵᠢᠶ᠎ᠡ ᠨᠢ ᠴᠦ ᠲᠤᠬᠠᠶ ᠶᠢᠨ ᠵᠢᠯ ᠤᠨ ᠬᠢ ᠠᠴᠠ ᠮᠠᠰᠢ ᠶᠡᠭᠡ ᠳᠡᠭᠡᠭᠰᠢᠯᠡᠭᠰᠡᠨ ᠪᠠᠶᠢᠨ᠎ᠠ᠂ | ᠵᠢᠱᠢᠶᠡᠯᠡᠪᠡᠯ᠂ ᠡᠮᠦᠨᠡᠲᠦ ᠣᠷᠣᠨ ᠤ ᠭᠤᠤᠯ ᠪᠣᠯᠬᠤ ᠭᠤᠤᠯ ᠮᠥᠷᠡᠨ ᠤ ᠬᠡᠮᠵᠢᠶ᠎ᠡ ᠨᠢ 90% ᠳᠤ ᠭᠦᠷᠦᠭᠰᠡᠨ | ᠪᠠᠶᠢᠨ᠎ᠠ᠃ ᠤᠰᠤᠨ ᠴᠥᠭᠦᠷᠥᠮ ᠤᠨ ᠰᠦᠷᠦᠭᠵᠢᠯ ᠤᠨ ᠬᠠᠮᠲᠤᠷᠠᠭᠰᠠᠨ ᠲᠣᠬᠢᠷᠠᠭᠤᠯᠤᠯᠲᠠ᠂ ᠬᠥᠬᠡᠮᠥ᠋ᠷᠡᠨ ᠤ ᠳᠡᠭᠡᠳᠦ | ᠳᠤᠮᠳᠠᠳᠤ ᠤᠷᠤᠰᠬᠠᠯ ᠤᠨ ᠤᠰᠤᠨ ᠴᠥᠭᠦᠷᠥᠮ ᠤᠨ ᠰᠦᠷᠦᠭᠵᠢᠯ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠭᠰᠠᠨ ᠠᠴᠠ ᠬᠥᠬᠡᠮᠥ᠋ᠷᠡᠨ ᠤ ᠭᠤᠤᠯ ᠤᠷᠤᠰᠬᠠᠯ ᠤᠨ ᠯᠢᠩᠬ᠊ ᠤᠠ᠋ ᠨᠠᠭᠤᠷ ᠤᠨ ᠤᠰᠤᠨ ᠲᠦᠪᠰᠢᠨ ᠤ | ᠰᠠᠨᠲ᠋ᠢᠮᠧᠲᠷ ᠤᠨ ᠲᠠᠰ ᠤᠨ ᠡᠵᠡᠮᠳᠡᠯ ᠢ ᠪᠡᠶᠡᠯᠡᠭᠦᠯᠵᠦ ᠴᠢᠳᠠᠭᠰᠠᠨ ᠪᠣᠯᠬᠤᠷ ᠦᠶᠡᠷ ᠤᠰᠤᠳᠤᠯ ᠢ ᠰᠡᠷᠭᠡᠶᠢᠯᠡᠨ ᠦᠶᠡᠷ | ᠤᠰᠤᠳᠤᠯ ᠲᠠᠢ ᠲᠡᠮᠡᠴᠡᠬᠦ ᠨᠢ ᠨᠢᠭᠡᠨᠲᠡ ᠮᠢᠯᠢᠮᠧᠲᠷ ᠤᠨ ᠰᠢᠢᠳᠪᠦᠷᠢᠳᠤ ᠳᠠᠶᠢᠯᠠᠯᠳᠤᠭᠠᠨ ᠢ ᠴᠦ ᠪᠡᠶᠡᠯᠡᠭᠦᠯᠵᠤ | ᠴᠢᠳᠠᠬᠤ ᠪᠤᠯᠵᠠᠢ ᠭᠡᠵᠦ ᠬᠡᠯᠡᠵᠦ ᠪᠣᠯᠤᠨ᠎ᠠ᠃ | ᠵᠥᠪ ᠣᠨᠣᠪᠴᠢᠲᠠᠶ ᠰᠡᠷᠭᠡᠶᠢᠯᠡᠯᠲᠡ ᠶᠢᠨ ᠣᠢᠢᠯᠠᠭᠠᠭᠳᠠᠬᠤᠨ ᠪᠠ ᠲᠠᠰᠤᠷᠠᠯᠲᠠ ᠥᠬᠡᠶ ᠳᠡᠭᠡᠭᠰᠢᠯᠡᠵᠦ ᠪᠠᠶᠢᠭ᠎ᠠ | ᠦᠶᠡᠷ ᠤᠰᠤᠳᠤᠯ ᠢ ᠰᠡᠷᠭᠡᠶᠢᠯᠡᠬᠦ ᠴᠢᠳᠠᠪᠤᠷᠢ ᠪᠣᠯ ᠶᠡᠭᠡ ᠦᠶᠡᠷ ᠤᠰᠤᠳᠤᠯ ᠢ ᠠᠷᠭᠠᠴᠠᠭᠠᠬᠤ ᠶᠢᠨ ᠰᠠᠭᠤᠷᠢ ᠬᠦᠴᠦᠨ | ᠪᠤᠯᠤᠨ᠎ᠠ᠃ | ᠳᠤᠮᠳᠠᠳᠤ ᠤᠯᠤᠰ ᠤᠨ ᠵᠠᠯᠠᠭᠤᠴᠤᠳ ᠤᠨ ᠰᠣᠨᠢᠨ ᠤ ᠰᠤᠷᠪᠤᠯᠵᠢᠯᠠᠭᠴᠢ 2020 — 09 — 24 | 10᠄ 15᠄ 52 | ᠶᠠᠮᠤᠨ ᠠᠴᠠ ᠵᠢᠯ ᠤᠨ ᠡᠬᠢᠨ ᠳᠤ ︽ᠭᠤᠷᠪᠠᠨ ᠶᠡᠭᠡ ᠠᠶᠤᠯ ᠲᠦᠭᠰᠢᠭᠦᠷᠢ︾ ᠶᠢ ᠰᠡᠷᠭᠡᠶᠢᠯᠡᠬᠦ ᠪᠠᠷ | ᠳᠤᠷᠠᠳᠴᠤ᠂ ︽ᠳᠥᠷᠪᠡᠨ ᠦᠭᠡᠶ︾ ᠶᠢᠨ ᠬᠠᠷᠠᠯᠲᠠ ᠶᠢ ᠳᠤᠷᠠᠳᠴᠠᠶ᠂ ᠣᠳᠣ ᠮᠠᠨ ᠤ ᠵᠢᠱᠢᠭᠰᠡᠨ ᠬᠠᠷᠠᠯᠲᠠ ᠪᠠᠨ | ᠪᠡᠶᠡᠯᠡᠭᠦᠯᠦᠭᠰᠡᠨ ᠤᠤ ᠪᠠᠶᠠᠷᠯᠠᠯ᠎ᠠ︕ | ᠶᠧ ᠵᠢᠶᠠᠨ ᠴᠦᠨ 2020 — 09 — 24 10᠄ 17᠄ 36 | ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠨᠢᠳᠤᠨᠤᠨ ᠤ ᠦᠶᠡᠷ ᠤᠨ ᠬᠤᠭᠤᠴᠠᠭᠠᠨ ᠤ ᠳᠠᠷᠠᠭ᠎ᠠ | ᠪᠢᠳᠡ ᠳᠠᠷᠤᠶ ᠡᠨᠡ ᠵᠢᠯ ᠬᠡᠷᠬᠢᠨ ᠰᠡᠷᠭᠡᠶᠢᠯᠡᠬᠦ ᠲᠤᠬᠠᠶ ᠰᠤᠳᠤᠯᠵᠤ ᠪᠠᠶᠢᠭᠰᠠᠨ ᠶᠤᠮ᠂ ᠦᠨᠡᠨ ᠳᠡᠭᠡᠨ ᠵᠢᠯ ᠪᠦᠷᠢ | ᠠᠳᠠᠯᠢᠬᠠᠨ ᠨᠢᠭᠡ ᠶᠠᠪᠤᠳᠠᠯ ᠢ ᠬᠢᠵᠦ ᠪᠠᠶᠢᠭᠰᠠᠨ ᠶᠤᠮ᠂ ᠣᠲᠣ ᠪᠠᠰᠠ ᠢᠷᠡᠬᠦ ᠵᠢᠯ ᠤᠨ ᠦᠶᠡᠷ ᠤᠰᠤᠳᠤᠯ ᠢ ᠬᠡᠷᠬᠢᠨ | ᠰᠡᠷᠭᠡᠶᠢᠯᠡᠬᠦ ᠲᠤᠬᠠᠶ ᠪᠣᠳᠣᠯᠬᠢᠯᠠᠵᠤ ᠪᠠᠶᠢᠨ᠎ᠠ᠃ ᠡᠨᠡ ᠵᠢᠯ ᠤᠨ ᠪᠠᠶᠢᠳᠠᠯ ᠨᠡᠯᠢᠶᠡᠳ ᠣᠨᠴᠠᠭᠠᠶ᠂ ᠣᠯᠠᠨ ᠤ | ᠮᠡᠳᠡᠭᠡᠵᠢ ᠪᠠᠷ᠂ ᠵᠢᠯ ᠤᠨ ᠡᠬᠢᠨ ᠳᠤ ᠬᠢᠵᠢᠭ ᠤᠨ ᠪᠠᠶᠢᠳᠠᠯ ᠤᠨ ᠨᠥᠯᠥᠭᠡ ᠳᠤᠩ ᠬᠦᠨᠳᠤ ᠨᠤᠴᠢᠳᠠᠢ᠂ ᠶᠡᠷᠦᠩᠬᠡᠶ | ᠱᠦᠵᠢ 2 ᠰᠠᠷ᠎ᠠ ᠶᠢᠨ 23 ᠤ ᠡᠳᠦᠷ 17 ᠲᠦᠮᠡᠨ ᠬᠥᠮᠦᠨ ᠤ ᠶᠡᠭᠡ ᠬᠤᠷᠠᠯ ᠬᠤᠷᠠᠯᠳᠤᠭᠤᠯᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠬᠤᠷᠠᠯ ᠳᠡᠭᠡᠷ᠎ᠡ ᠶᠡᠷᠦᠩᠬᠡᠶ ᠱᠦᠵᠢ᠂ ᠴᠠᠭ ᠢᠮᠠᠭᠲᠠ ᠬᠡᠷᠰᠡᠦ ᠪᠣᠯᠭᠤᠮᠵᠢᠲᠠᠶ ᠪᠠᠶᠢᠵᠤ᠂ ᠨᠠᠪᠴᠢ | ᠰᠢᠷᠠᠯᠠᠪᠠᠰᠤ ᠨᠠᠮᠤᠷ ᠪᠤᠯᠤᠭᠰᠠᠨ ᠢ ᠮᠡᠳᠡᠭᠦ ᠶᠢ ᠬᠤᠷᠴᠠ ᠰᠡᠷᠭᠡᠭ ᠢ ᠣᠯᠵᠤ ᠬᠠᠷᠠᠬᠤ ᠬᠡᠷᠡᠭᠲᠡᠶ᠂ ᠥᠪᠡᠷ ᠤᠨ | ᠬᠠᠷᠢᠭᠤᠴᠠᠵᠤ ᠪᠠᠶᠢᠭ᠎ᠠ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ | ᠰᠡᠷᠭᠡᠶᠢᠯᠡᠬᠦ ᠬᠡᠷᠡᠭᠲᠡᠶ ᠮᠥᠷᠲᠡᠭᠡᠨ ᠪᠠᠰᠠ ᠪᠥᠬᠦ ᠲᠠᠯ᠎ᠠ ᠶᠢᠨ ᠴᠢᠨᠠᠷᠲᠠᠶ ᠬᠦᠨᠳᠦ ᠶᠡᠭᠡ ᠠᠶᠤᠯ ᠲᠦᠭᠰᠢᠭᠦᠷᠢ ᠶᠢ ᠨᠢᠭᠲᠠ | ᠠᠩᠬᠠᠷᠴᠤ᠂ ᠲᠡᠷᠡ ᠳᠠᠷᠤᠶ ᠳᠤᠨᠢ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ ᠭᠡᠵᠡᠶ ᠴᠢᠬᠤᠯᠠᠴᠢᠯᠠᠭᠰᠠᠨ | ᠪᠠᠶᠢᠨ᠎ᠠ᠃ | ᠪᠢᠳᠡᠨ ᠢᠶᠠᠷ ᠠᠪᠴᠤ ᠬᠡᠯᠡᠪᠡᠯ᠂ ᠥᠪᠡᠷ ᠤᠨ ᠬᠠᠷᠢᠭᠤᠴᠠᠵᠤ ᠪᠠᠶᠢᠭ᠎ᠠ ᠬᠦᠷᠢᠶᠡᠨ ᠳᠠᠬᠢ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠵᠤ᠂ ᠦᠶᠡᠷ ᠤᠰᠤᠳᠤᠯ ᠢ ᠰᠡᠷᠭᠡᠶᠢᠯᠡᠬᠦ ᠪᠣᠯ ᠪᠢᠳᠡᠨ ᠤ ᠵᠠᠶᠢᠯᠠᠭᠤᠯᠵᠤ ᠪᠣᠯᠤᠰᠢ ᠦᠭᠡᠢ | ᠬᠠᠷᠢᠭᠤᠴᠠᠯᠭ᠎ᠠ ᠪᠤᠯᠤᠨ᠎ᠠ᠂ ᠪᠠᠰᠠ ᠴᠤ ᠪᠦᠬᠦ ᠲᠠᠯ᠎ᠠ ᠶᠢᠨ ᠴᠢᠨᠠᠷᠲᠠᠶ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠬᠦ ᠶᠠᠪᠤᠳᠠᠯ ᠪᠤᠯᠤᠨ᠎ᠠ᠃ ᠡᠶᠢᠮᠦ ᠠᠴᠠ ᠪᠢᠳᠡ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠳᠤᠨᠤᠨ ᠤ ᠦᠶᠡᠷ ᠤᠨ ᠲᠠᠷᠠᠭ᠎ᠠ ᠡᠬᠢᠯᠡᠨ | ᠰᠤᠳᠤᠯᠤᠭᠰᠠᠨ ᠠᠰᠠᠭᠤᠳᠠᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠲᠡᠦᠬᠡᠨ ᠳᠡᠭᠡᠷᠡᠬᠢ ᠪᠠᠶᠢᠳᠠᠯ ᠢ | ᠭᠦᠨᠵᠡᠭᠡᠶ ᠵᠠᠳᠠᠯᠤᠨ ᠳ᠋ᠦᠩᠨᠡᠵᠦ᠂ ᠢᠯᠠᠩᠭᠤᠶ᠎ᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ | ᠦᠶᠡᠷ ᠤᠰᠤᠳᠤᠯ ᠢ ᠰᠡᠷᠭᠡᠶᠢᠯᠡᠬᠦ ᠴᠢᠬᠤᠯᠠ ᠶᠡᠭᠡ ᠪᠠᠶᠢᠳᠠᠯ ᠳᠤ ᠭᠦᠨᠵᠡᠭᠡᠶ ᠵᠠᠳᠠᠯᠤᠯᠲᠠ ᠬᠢᠵᠦ᠂ ᠦᠶᠡᠷ | ᠤᠰᠤᠳᠤᠯ ᠢ ᠰᠡᠷᠭᠡᠶᠢᠯᠡᠬᠦ ᠬᠦᠷᠢᠶᠡᠨ ᠳᠤ ᠪᠠᠰᠠ ᠶᠠᠮᠠᠷ ᠶᠠᠮᠠᠷ ᠠᠶᠤᠯ ᠲᠦᠭᠰᠢᠭᠦᠷᠢ ᠣᠷᠣᠰᠢᠵᠤ ᠪᠠᠶᠢᠬᠤ᠂ ︽ᠪᠣᠷᠣ | ᠬᠡᠷᠢᠰ︾᠂ ︽ᠬᠠᠷ᠎ᠠ ᠬᠤᠨ︾ ᠭᠡᠳᠡᠭ ᠢ ᠡᠷᠢᠵᠦ ᠣᠯᠤᠭᠰᠠᠨ ᠪᠠᠶᠢᠨ᠎ᠠ᠃ ᠦᠨᠡᠨ ᠳᠡᠭᠡᠨ ︽ᠪᠣᠷᠣ ᠬᠡᠷᠢᠰ︾ ᠪᠠ ︽ | ᠬᠠᠷ᠎ᠠ ᠬᠤᠨ︾ ᠨᠢ ᠴᠦ ᠬᠠᠷᠢᠴᠠᠯᠠᠰᠢ ᠥᠬᠡᠶ ᠪᠢᠰᠢ᠂ ᠦᠶᠡᠷ ᠤᠰᠤᠳᠤᠯ ᠢ ᠰᠡᠷᠭᠡᠶᠢᠯᠡᠬᠦ ᠪᠣᠯ ᠶᠡᠷᠦᠳᠡ ᠶᠢᠨ ᠠᠵᠢᠯ | ᠪᠤᠯᠤᠨ᠎ᠠ᠂ ᠭᠡᠪᠡᠴᠦ ᠦᠶᠡᠷ ᠤᠰᠤᠳᠤᠯ ᠲᠣᠭᠲᠠᠭᠰᠠᠨ ᠪᠠᠷᠢᠮᠵᠢᠶ᠎ᠠ ᠠᠴᠠ ᠬᠡᠲᠦᠷᠡᠪᠡᠯ ︽ᠬᠠᠷ᠎ᠠ ᠬᠤᠨ︾ ᠤ ᠬᠡᠷᠡᠭ | ᠭᠠᠷᠤᠨ᠎ᠠ᠃ | ᠢᠯᠠᠩᠭᠤᠶ᠎ᠠ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ᠂ ᠤᠰᠤᠨ ᠴᠥᠭᠦᠷᠥᠮ ᠤᠨ ᠠᠳᠡᠯ᠂ | ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠶᠢ ᠴᠢᠬᠤᠯᠠᠴᠢᠯᠠᠬᠤ ᠬᠡᠷᠡᠭᠲᠡᠢ᠂ ︽ᠭᠤᠷᠪᠠᠨ ᠶᠡᠭᠡ ᠠᠶᠤᠯ | ᠲᠦᠭᠰᠢᠭᠦᠷᠢ︾ ᠨᠢ ᠴᠥᠮ ᠤᠯᠠᠨ ᠬᠥᠮᠦᠨ ᠦᠬᠦᠵᠦ ᠰᠢᠷᠬᠠᠲᠤᠬᠤ ᠪᠣᠯᠤᠮᠵᠢ ᠶᠢ ᠪᠤᠢ ᠪᠣᠯᠭᠠᠵᠤ᠂ ᠶᠡᠷᠦᠩᠬᠡᠢ | ᠱᠦᠵᠢ ᠶᠢᠨ ᠬᠡᠯᠡᠭᠰᠡᠨ ᠰᠢᠭ ᠬᠦᠨᠳᠦ ᠶᠡᠭᠡ ᠠᠶᠤᠯ ᠲᠦᠭᠰᠢᠭᠦᠷᠢ ᠶᠢ ᠪᠤᠢ ᠪᠣᠯᠭᠠᠵᠤ ᠮᠡᠳᠡᠬᠦ ᠪᠥᠭᠡᠳ ᠪᠦᠬᠦ | ᠨᠡᠶᠢᠭᠡᠮ ᠳᠤ ᠴᠦ ᠮᠠᠰᠢ ᠶᠡᠭᠡ ᠨᠥᠯᠥᠭᠡ ᠦᠵᠡᠭᠦᠯᠵᠦ ᠮᠡᠳᠡᠬᠦ ᠶᠤᠮ᠃ ᠡᠶᠢᠮᠦ ᠠᠴᠠ᠂ ᠡᠳᠡᠭᠡᠷ ᠲᠤ ᠴᠢᠭᠯᠡᠭᠦᠯᠦᠨ᠂ | ᠪᠢᠳᠡ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠡᠮᠬᠢ ᠵᠢᠷᠤᠮ ᠥᠬᠡᠶ ᠳᠠᠶᠢᠨ ᠬᠢᠵᠦ ᠪᠣᠯᠬᠤ ᠥᠬᠡᠶ᠂ | ᠪᠠᠷᠢᠮᠵᠢᠶ᠎ᠠ ᠶᠢᠨ ᠳᠣᠲᠣᠷᠠᠬᠢ ᠦᠶᠡᠷ ᠤᠰᠤᠳᠤᠯ ᠳᠤ ᠰᠠᠨᠠᠭᠠᠨ ᠳᠤ ᠥᠬᠡᠶ ᠬᠡᠷᠡᠭ ᠭᠠᠷᠴᠤ ᠪᠣᠯᠬᠤ ᠥᠬᠡᠶ ᠭᠡᠵᠦ | ᠲᠣᠳᠣᠷᠬᠠᠶ ᠲᠣᠭᠲᠠᠭᠠᠵᠠᠶ︔ ᠤᠰᠤᠨ ᠴᠥᠭᠦᠷᠥᠮ ᠤᠨ ᠠᠵᠢᠯ ᠨᠢ ᠬᠦᠷᠦᠯᠴᠡᠬᠦ ᠦᠭᠡᠢ ᠠᠴᠠ ᠪᠤᠯᠵᠤ ᠬᠠᠰᠢᠯᠭ᠎ᠠ ᠶᠢ | ᠨᠤᠷᠠᠭᠠᠬᠤ ᠠᠳᠡᠯ ᠭᠠᠷᠭᠠᠬᠤ ᠦᠭᠡᠢ᠂ ᠤᠰᠤᠨ ᠴᠥᠭᠦᠷᠥᠮ ᠤᠨ ᠬᠢᠨ ᠬᠠᠰᠢᠯᠭ᠎ᠠ ᠨᠤᠷᠠᠪᠠᠯ ᠳᠤᠤᠷᠠᠳᠤ | ᠤᠷᠤᠰᠬᠠᠯ ᠨᠢ ᠮᠠᠰᠢ ᠶᠡᠭᠡ ᠭᠠᠮᠰᠢᠭ ᠲᠤ ᠤᠴᠠᠷᠠᠭᠤᠯᠬᠤ ᠶᠢ ᠤᠯᠠᠨ ᠢᠶᠠᠷ ᠢᠶᠠᠨ ᠪᠦᠷ ᠮᠡᠳᠡᠵᠤ ᠪᠠᠶᠢᠨ᠎ᠠ︔ ᠳᠠᠬᠢᠪᠠᠯ | ᠠᠭᠤᠯᠠᠨ ᠦᠶᠡᠷ ᠤᠨ ᠭᠠᠮᠰᠢᠭ ᠲᠤ ᠣᠯᠠᠨ ᠬᠥᠮᠦᠨ ᠥᠭᠦᠵᠦ ᠣᠯᠠᠨ ᠬᠥᠮᠦᠨ ᠰᠢᠷᠬᠠᠲᠤᠬᠤ ᠪᠠᠶᠢᠳᠠᠯ ᠭᠠᠷᠴᠤ | ᠪᠣᠯᠬᠤ ᠥᠬᠡᠶ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠳᠤ ᠬᠦᠴᠢᠷ ᠤᠨ ᠬᠡᠮᠵᠢᠶ᠎ᠡ ᠶᠡᠭᠡ ᠪᠣᠯᠬᠤᠷ ᠴᠠᠭ | ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ ᠨᠡᠭᠦᠯᠭᠡᠨ ᠰᠢᠯᠵᠢᠭᠦᠯᠬᠦ ᠯᠡ ᠬᠡᠷᠡᠭᠲᠡᠶ᠃ ᠪᠢᠳᠡ ᠡᠭᠦᠨ ᠢ ᠡᠨᠡ | ᠵᠢᠯ ᠤᠨ ᠬᠠᠷᠠᠯᠲᠠ ᠪᠠᠨ ᠪᠣᠯᠭᠠᠵᠤ᠂ ᠳᠠᠷᠠᠭ᠎ᠠ ᠨᠢ ᠡᠨᠡ ᠬᠦ ᠬᠠᠷᠠᠯᠲᠠ ᠳᠤ ᠴᠢᠭᠯᠡᠭᠦᠯᠦᠨ ᠨᠢᠭᠡᠳ ᠨᠢᠭᠡ ᠪᠠᠷ | ᠨᠠᠷᠢᠯᠢᠬᠵᠢᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠶᠧ ᠵᠢᠶᠠᠨ ᠴᠦᠨ 2020 — 09 — 24 10᠄ 20᠄ 14 | ᠡᠨᠡ ᠵᠢᠯ ᠤᠨ ᠦᠶᠡᠷ ᠤᠰᠤᠳᠤᠯ ᠤᠨ ᠪᠠᠶᠢᠳᠠᠯ ᠢ ᠪᠢ ᠡᠮᠦᠨ᠎ᠡ ᠨᠢᠭᠡᠨᠲᠡ ᠲᠠᠨᠢᠯᠴᠠᠭᠤᠯᠵᠤ ᠥᠩᠭᠡᠷᠡᠭᠰᠡᠨ | ᠶᠤᠮ᠂ ᠦᠶᠡᠷ ᠠᠴᠠ ᠡᠮᠦᠨ᠎ᠡ ᠮᠠᠨ ᠤ ᠳᠤᠷᠠᠳᠤᠭᠰᠠᠨ ᠰᠡᠷᠭᠡᠶᠢᠯᠡᠬᠦ ᠬᠠᠷᠠᠯᠲᠠ ᠶᠢᠨ ᠶᠣᠰᠣᠭᠠᠷ᠂ ᠪᠦᠬᠦ | ᠰᠢᠰᠲ᠋ᠧᠮ ᠢᠶᠠᠷ ᠢᠶᠠᠨ ᠬᠠᠮᠲᠤ ᠪᠠᠷ ᠴᠢᠷᠮᠠᠶᠢᠵᠤ᠂ ᠵᠣᠬᠢᠴᠠᠩᠭᠤᠢ ᠰᠡᠷᠭᠡᠶᠢᠯᠡᠯᠲᠡ ᠶᠢᠨ ᠠᠵᠢᠯ ᠢ ᠡᠮᠬᠢ ᠵᠢᠷᠤᠮ ᠲᠠᠢ | ᠪᠦᠲᠦᠮᠵᠢᠲᠡᠢ ᠥᠷᠨᠢᠭᠦᠯᠪᠡ᠃ | ᠡᠨᠡ ᠬᠦ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠴᠢᠭᠯᠡᠭᠦᠯᠦᠨ᠂ ᠪᠢᠳᠡ ᠦᠶᠡᠷ ᠠᠴᠠ ᠡᠮᠦᠨ᠎ᠡ | ᠡᠯ᠎ᠡ ᠮᠤᠵᠢ ᠬᠤᠲᠠ᠂ ᠡᠯ᠎ᠡ ᠰᠠᠪᠠ ᠭᠠᠵᠠᠷ ᠢ ᠪᠠᠭᠲᠠᠭᠠᠭᠰᠠᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ | ᠪᠠᠶᠢᠭᠤᠯᠤᠮᠵᠢ ᠶᠢᠨ ᠣᠷᠣᠨ ᠲᠣᠭᠠᠨ ᠤ ᠰᠡᠷᠭᠡᠶᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠵᠤ᠂ ᠡᠨᠡ ᠬᠦ | ᠰᠡᠷᠭᠡᠶᠢᠯᠡᠯᠲᠡ ᠶᠢᠨ ᠲᠥᠰᠦᠯ ᠳᠤ ᠮᠠᠰᠢ ᠴᠢᠬᠤᠯᠠ ᠬᠤᠶᠠᠷ ᠴᠢᠬᠤᠯᠠ ᠵᠦᠢᠯ ᠪᠤᠢ᠂ ᠨᠢᠭᠡ ᠨᠢ ᠳᠠᠷᠤᠶ ᠬᠥᠮᠦᠨ ᠤ | ᠠᠮᠤᠷ ᠲᠦᠪᠰᠢᠨ ᠢᠶᠠᠷ ᠬᠤᠷᠢᠭ᠎ᠠ ᠱᠤᠭᠤᠮ ᠪᠣᠯᠭᠠᠨ᠎ᠠ᠂ ᠨᠦᠭᠦᠭᠡ ᠨᠢ ᠵᠠᠩᠭᠢᠯᠠᠭ᠎ᠠ ᠶᠢᠨ ᠭᠤᠭᠴᠤᠭ᠎ᠠ ᠶᠢᠨ ᠤᠰᠤᠨ | ᠲᠦᠪᠰᠢᠨ ᠪᠤᠶᠤ ᠤᠷᠤᠰᠬᠠᠯ ᠤᠨ ᠬᠡᠮᠵᠢᠶ᠎ᠡ ᠪᠠᠷ ᠭᠦᠢᠴᠡᠳᠬᠡᠯ ᠲᠤᠭ᠎ᠠ ᠪᠣᠯᠭᠠᠵᠤ᠂ ᠡᠯ᠎ᠡ ᠰᠠᠪᠠ ᠭᠠᠵᠠᠷ ᠪᠤᠶᠤ ᠡᠯ᠎ᠡ | ᠮᠤᠵᠢ ᠶᠢᠨ ᠵᠣᠬᠢᠴᠠᠩᠭᠤᠶ ︽ᠠᠵᠢᠯᠯᠠᠭᠠᠨ ᠤ ᠵᠢᠷᠤᠭ︾ ᠢ ᠲᠣᠭᠲᠠᠭᠠᠵᠤ᠂ ᠬᠢᠨᠠᠨ ᠬᠡᠮᠵᠢᠵᠦ ᠤᠷᠢᠳᠴᠢᠯᠠᠨ | ᠮᠡᠳᠡᠭᠡᠯᠡᠬᠦ᠂ ᠲᠣᠬᠢᠷᠠᠭᠤᠯᠤᠨ ᠬᠡᠷᠡᠭᠯᠡᠬᠦ᠂ ᠬᠥᠮᠦᠨ ᠢ ᠰᠢᠯᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠲᠠᠶᠢᠯᠠᠯᠳᠤᠭᠠᠨ ᠢ ᠰᠠᠮᠠᠭᠤᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠵᠢᠱᠢᠶᠡᠯᠡᠪᠡᠯ ᠮᠠᠨ ᠤ ᠡᠨᠡ ᠵᠢᠯ ᠤᠨ | ᠬᠤᠸᠠᠶᠢᠾᠧ ᠭᠤᠣᠯ ᠢ ᠤᠯᠡᠠ ᠢᠶᠠᠷ ᠢᠶᠠᠨ ᠪᠦᠷ ᠮᠡᠳᠡᠵᠦ ᠪᠠᠶᠢᠬᠤ ᠪᠤᠯ ᠨᠡᠯᠢᠶᠡᠳ ᠨᠡᠶᠢᠲᠡᠯᠢᠭ ᠵᠢᠱᠢᠶ᠎ᠡ ᠪᠤᠯᠬᠤ ᠸᠠᠩ | ᠵᠢᠶᠠ ᠪᠠ ᠬᠠᠰᠢᠯᠭ᠎ᠠ ᠶᠢᠨ ᠤᠰᠤᠨ ᠲᠦᠪᠰᠢᠨ ᠦᠳᠲᠡᠷ ᠲᠦᠷᠭᠡᠨ ᠳᠡᠭᠡᠭᠰᠢᠯᠡᠵᠦ᠂ ᠪᠢᠳᠡ ᠴᠠᠭ ᠲᠤᠬᠠᠶ ᠳᠤᠨᠢ | ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠬᠥᠮᠦᠰ ᠢ ᠤᠷᠢᠳᠴᠢᠯᠠᠨ ᠨᠡᠭᠦᠯᠭᠡᠨ | ᠰᠢᠯᠵᠢᠭᠦᠯᠬᠦ ᠪᠠᠷ ᠮᠡᠳᠡᠭᠳᠡᠵᠦ᠂ ᠪᠠᠷᠤᠭ 7 ᠰᠠᠷ᠎ᠠ ᠶᠢᠨ 15᠂ 16 ᠤ ᠡᠳᠦᠷ ᠤᠨ ᠦᠶ᠎ᠡ ᠪᠠᠷ ᠠᠨᠾᠦ᠋ᠢ ᠮᠤᠵᠢ ᠲᠠᠢ | ᠵᠥᠪᠳᠡᠯᠴᠡᠵᠦ᠂ ᠠᠵᠢᠯᠲᠠᠨ ᠢᠶᠠᠨ ᠵᠣᠬᠢᠰᠲᠠᠶ ᠪᠠᠷ ᠰᠢᠯᠵᠢᠭᠦᠯᠵᠦ᠂ ᠤᠰᠤᠨ ᠤ ᠲᠦᠪᠰᠢᠨ ᠢ ᠪᠠᠲᠤᠯᠠᠭ᠎ᠠ ᠠᠴᠠ | ᠬᠡᠲᠦᠷᠡᠭᠰᠡᠨ ᠪᠣᠯ 19 ᠤ ᠡᠳᠦᠷ ᠪᠣᠯᠤᠨ᠎ᠠ᠂ ᠪᠢᠳᠡ ᠨᠠᠷᠢᠨ ᠬᠢᠨᠠᠮᠠᠭᠠᠶ ᠵᠠᠳᠠᠯᠤᠯᠲᠠ ᠬᠢᠵᠦ᠂ ᠪᠦᠬᠦᠨ ᠢ ᠨᠡᠭᠦᠯᠭᠡᠨ | ᠰᠢᠯᠵᠢᠭᠦᠯᠦᠭᠰᠡᠨ ᠢ ᠨᠤᠲᠠᠯᠠᠭᠰᠠᠨ ᠰᠠᠭᠤᠷᠢᠨ ᠳᠡᠭᠡᠷ᠎ᠡ ᠦᠶᠡᠷ ᠢ ᠡᠬᠢᠯᠡᠵᠦ ᠬᠤᠪᠢᠶᠠᠨ᠎ᠠ᠂ ᠡᠨᠡ ᠪᠣᠯ 20 ᠤ ᠡᠳᠦᠷ | ᠪᠤᠯᠤᠨ᠎ᠠ᠂ ᠤᠯᠤᠰ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠢ ᠰᠡᠷᠭᠡᠶᠢᠯᠡᠬᠦ ᠠᠵᠢᠯ ᠤᠨ ᠶᠡᠷᠦᠩᠬᠡᠢ | ᠵᠢᠯᠤᠭᠤᠳᠬᠤ ᠭᠠᠵᠠᠷ ᠤᠨ ᠶᠡᠷᠦᠩᠬᠡᠶ ᠺᠣᠮᠠᠨᠳ᠋ᠯᠠᠭᠴᠢ ᠸᠠᠩ ᠶᠦᠩ ᠤᠨ ᠵᠥᠪᠰᠢᠶᠡᠷᠡᠯ ᠢᠶᠠᠷ ᠸᠠᠩ ᠵᠢᠶᠠ ᠪᠠ | ᠬᠠᠰᠢᠯᠭ᠎ᠠ ᠶᠢ ᠴᠠᠭ ᠲᠤᠬᠠᠶ ᠳᠤᠨᠢ ᠨᠡᠭᠡᠭᠡᠵᠦ ᠦᠶᠡᠷ ᠢ ᠬᠤᠪᠢᠶᠠᠨ᠎ᠠ᠃ ᠡᠯ᠎ᠡ ᠲᠠᠯ᠎ᠠ ᠶᠢᠨ ᠬᠢᠨ ᠤ ᠡᠮᠬᠢ ᠵᠢᠷᠤᠮ ᠲᠠᠢ | ᠬᠠᠮᠵᠢᠯᠴᠠᠭ᠎ᠠ ᠪᠠ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ ᠡᠨᠡ ᠤᠳᠠᠭ᠎ᠠ ᠶᠢᠨ ᠬᠤᠸᠠᠶᠢᠾᠧ ᠭᠤᠣᠯ ᠤᠨ ᠶᠡᠭᠡ | ᠤᠰᠤᠨ ᠳᠤ ᠨᠢᠭᠡ ᠬᠥᠮᠦᠨ ᠴᠦ ᠦᠬᠦᠵᠦ ᠰᠢᠷᠬᠠᠲᠤᠭᠰᠠᠨ ᠦᠭᠡᠢ᠂ ᠤᠰᠤᠨ ᠴᠥᠭᠦᠷᠥᠮ ᠤᠨ ᠬᠠᠰᠢᠯᠭ᠎ᠠ ᠶᠢ ᠴᠤ | ᠰᠦᠢᠷᠡᠭᠦᠯᠦᠭᠰᠡᠨ ᠦᠭᠡᠢ᠂ ᠭᠤᠣᠯ ᠪᠣᠯᠬᠤ ᠬᠠᠰᠢᠯᠭ᠎ᠠ ᠳᠠᠯᠠᠩ ᠳᠤ ᠬᠦᠨᠳᠦ ᠶᠡᠭᠡ ᠠᠶᠤᠯ ᠲᠦᠭᠰᠢᠭᠦᠷᠢ ᠭᠠᠷᠤᠭᠰᠠᠨ | ᠦᠭᠡᠢ᠂ ᠰᠡᠷᠭᠡᠶᠢᠯᠡᠬᠦ ᠠᠴᠠ ᠪᠢᠰᠢ ᠰᠠᠮᠠᠭᠤᠷᠠᠬᠤ ᠦᠭᠡᠢ᠂ 13 ᠵᠢᠯ ᠤᠨ ᠲᠤᠷᠰᠢ ᠠᠩᠬ᠎ᠠ ᠤᠳᠠᠭ᠎ᠠ ᠦᠶᠡᠷ ᠢ | ᠵᠠᠯᠠᠵᠤ᠂ ᠡᠶᠢᠮᠦ ᠶᠡᠭᠡ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠰᠠᠮᠠᠭᠤᠷᠠᠯ ᠡᠭᠦᠰᠦᠭᠰᠡᠨ ᠦᠭᠡᠢ᠂ | ᠡᠮᠬᠢ ᠵᠢᠷᠤᠮ ᠲᠠᠢ ᠪᠠᠷ ᠰᠡᠷᠭᠡᠶᠢᠯᠡᠨ ᠬᠤᠷᠢᠭᠯᠠᠵᠤ᠂ ᠨᠢᠭᠡ ᠤᠳᠠᠭᠠᠨ ᠤ ᠭᠠᠶᠢᠬᠠᠮᠰᠢᠭᠲᠤ ᠲᠠᠶᠢᠯᠠᠯᠳᠤᠭᠠᠨ ᠬᠢᠭᠰᠡᠨ | ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠡᠭᠦᠨ ᠤ ᠳᠠᠷᠠᠭ᠎ᠠ ᠠᠨᠾᠦ᠋ᠢ ᠶᠢᠨ ᠦᠶᠡᠷ ᠤᠰᠤᠳᠤᠯ ᠢ ᠰᠡᠷᠭᠡᠶᠢᠯᠡᠬᠦ | ᠠᠵᠢᠯ ᠢ ᠪᠠᠶᠢᠴᠠᠭᠠᠨ ᠦᠵᠡᠬᠦ ᠳᠡᠭᠡᠨ ᠡᠨᠡ ᠤᠴᠢᠷ ᠢ ᠭᠦᠢᠴᠡᠳ ᠨᠤᠲᠠᠯᠠᠭᠰᠠᠨ ᠪᠠᠶᠢᠨ᠎ᠠ᠃ | ᠶᠧ ᠵᠢᠶᠠᠨ ᠴᠦᠨ 2020 — 09 — 24 10᠄ 23᠄ 39 | ᠤᠰᠤᠨ ᠴᠥᠭᠦᠷᠥᠮ ᠤᠨ ᠠᠮᠤᠷ ᠲᠦᠪᠰᠢᠨ ᠤ ᠲᠠᠯ᠎ᠠ ᠪᠠᠷ᠂ ᠪᠢᠳᠡ ᠤᠰᠤᠨ ᠴᠥᠭᠦᠷᠥᠮ ᠤᠨ ᠠᠮᠤᠷ | ᠲᠦᠪᠰᠢᠨ ᠤ ᠬᠠᠷᠢᠭᠤᠴᠠᠯᠭᠠᠲᠠᠨ ᠢ ᠱᠠᠲᠤ ᠳᠠᠷᠠᠭᠠᠯᠠᠨ ᠨᠡᠶᠢᠲᠡᠯᠡᠵᠦ᠂ ᠬᠤᠶᠠᠷ ︽ᠭᠤᠷᠪᠠ︾ ᠶᠢ ᠭᠤᠤᠯᠳᠠᠯᠭ᠎ᠠ ᠲᠠᠢ | ᠠᠳᠬᠤᠪᠠ᠄ ᠨᠢᠭᠡ ᠨᠢ ︽ᠭᠤᠷᠪᠠᠨ ᠬᠠᠷᠢᠭᠤᠴᠠᠯᠭᠠᠲᠠᠨ︾᠂ ᠵᠠᠰᠠᠭ ᠵᠠᠬᠢᠷᠭᠠᠨ᠂ ᠮᠡᠷᠭᠡᠵᠢᠯ ᠪᠠ ᠲᠣᠭᠤᠷᠢᠨ | ᠪᠠᠶᠢᠴᠠᠭᠠᠬᠤ ᠬᠠᠷᠢᠭᠤᠴᠠᠯᠭᠠᠲᠠᠨ ᠢ ᠭᠤᠤᠯᠳᠠᠯᠭ᠎ᠠ ᠲᠠᠢ ᠠᠳᠬᠤᠪᠠ︔ ᠨᠢᠭᠡ ᠨᠢ ︽ᠭᠤᠷᠪᠠᠨ ᠭᠤᠣᠯᠳᠠᠯᠭ᠎ᠠ ᠲᠠᠢ | ᠭᠤᠭᠴᠤᠭ᠎ᠠ︾᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠲᠣᠬᠢᠷᠠᠭᠤᠯᠤᠨ | ᠬᠡᠷᠡᠭᠯᠡᠬᠦ ᠲᠥᠰᠦᠯ ᠪᠣᠯᠤᠨ ᠦᠶᠡᠷ ᠤᠰᠤᠳᠤᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ | ᠪᠣᠯᠤᠨ᠎ᠠ᠃ ᠡᠭᠦᠨ ᠤ ᠬᠠᠮᠳᠤ᠂ ᠪᠢᠳᠡ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢ ᠤᠶᠠᠯᠳᠤᠭᠤᠯᠵᠤ᠂ | ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠤᠨ ᠬᠢᠵᠠᠭᠠᠷ ᠤᠨ ᠤᠰᠤᠨ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠦᠶᠡᠷ ᠤᠰᠤᠳᠤᠯ ᠢ ᠰᠡᠷᠭᠡᠶᠢᠯᠡᠬᠦ ᠲᠤᠬᠢᠷᠠᠭᠤᠯᠤᠯᠲᠠ ᠬᠡᠷᠡᠭᠯᠡᠯᠲᠡ ᠶᠢ ᠰᠢᠨᠵᠢᠯᠡᠬᠦ | ᠤᠬᠠᠭᠠᠨᠴᠢ ᠪᠠᠷ ᠥᠷᠨᠢᠭᠦᠯᠵᠦ᠂ ︽ᠲᠦᠷᠪᠡᠨ ᠦᠯᠦ ᠬᠤᠶᠠᠷ ᠰᠢᠯᠤᠭᠤᠨ︾ ᠨᠢᠭᠤᠴᠠ ᠪᠠᠷ ᠰᠤᠷᠪᠤᠯᠵᠢᠯᠠᠬᠤ ᠶᠢ | ᠦᠷᠭᠦᠯᠵᠢᠯᠡᠨ ᠥᠷᠨᠢᠭᠦᠯᠵᠦ᠂ ᠵᠣᠬᠢᠴᠠᠩᠭᠤᠶ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠤᠨ᠎ᠠ᠂ ᠡᠭᠦᠨ ᠤ | ᠭᠤᠣᠯᠳᠠᠯᠭ᠎ᠠ ᠨᠢ ︽ᠭᠤᠷᠪᠠᠨ ᠬᠠᠷᠢᠭᠤᠴᠠᠯᠭᠠᠲᠠᠨ︾ ᠪᠣᠯᠤᠨ᠎ᠠ᠂ ︽ᠭᠤᠷᠪᠠᠨ ᠭᠤᠣᠯᠳᠠᠯᠭ᠎ᠠ ᠲᠠᠢ ᠭᠤᠭᠴᠤᠭ᠎ᠠ︾ ᠶᠢ | ᠴᠥᠮ ᠮᠠᠨ ᠤ ᠱᠠᠭᠠᠷᠳᠠᠯᠭ᠎ᠠ ᠶᠣᠰᠣᠭᠠᠷ ᠪᠣᠳᠠᠲᠠᠶ ᠪᠠᠷ ᠭᠦᠢᠴᠡᠳᠬᠡᠨ᠎ᠡ᠃ ᠡᠨᠡ ᠵᠢᠯ ᠤᠨ ᠦᠶᠡᠷ ᠤᠰᠤᠳᠤᠯ ᠤᠨ | ᠪᠠᠶᠢᠳᠠᠯ ᠡᠶᠢᠮᠦ ᠬᠦᠨᠳᠦ ᠨᠣᠴᠢᠲᠠᠶ ᠪᠣᠯᠤᠭᠰᠠᠨ ᠪᠠᠶᠢᠳᠠᠯ ᠤᠨ ᠳᠣᠣᠷ᠎ᠠ᠂ ᠮᠠᠨ ᠤ ᠲᠣᠭᠤᠷᠢᠨ ᠪᠠᠶᠢᠴᠠᠭᠠᠬᠤ | ᠬᠠᠷᠢᠭᠤᠴᠠᠯᠭᠠᠲᠠᠨ ᠠᠴᠠ ᠨᠢᠭᠡ ᠪᠠᠭ᠎ᠠ ︵2︶ ᠬᠡᠯᠪᠡᠷᠢ ᠶᠢᠨ ᠤᠰᠤᠨ ᠴᠥᠭᠦᠷᠥᠮ ᠳᠤ ᠬᠠᠰᠢᠯᠭ᠎ᠠ ᠨᠤᠷᠠᠭᠰᠠᠨ | ᠪᠠᠶᠢᠳᠠᠯ ᠢ ᠳᠤᠤᠷᠠᠳᠤ ᠤᠷᠤᠰᠬᠠᠯ ᠳᠤ ᠴᠠᠭ ᠲᠤᠬᠠᠶ ᠳᠤᠨᠢ ᠬᠡᠯᠡᠵᠦ ᠥᠭᠭᠦᠭᠰᠡᠨ ᠠᠴᠠ ᠳᠤᠤᠷᠠᠳᠤ ᠤᠷᠤᠰᠬᠠᠯ ᠤᠨ | ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠤᠯᠠᠨ ᠲᠦᠮᠡᠨ ᠴᠠᠭ ᠲᠤᠬᠠᠶ ᠳᠤᠨᠢ ᠬᠠᠷᠢᠭᠤ ᠲᠤᠰᠬᠠᠯ | ᠭᠠᠷᠭᠠᠵᠤ᠂ ᠨᠢᠭᠡ ᠴᠦ ᠬᠥᠮᠦᠨ ᠦᠬᠦᠵᠦ ᠰᠢᠷᠬᠠᠲᠤᠭᠰᠠᠨ ᠦᠭᠡᠢ᠂ ᠡᠶᠢᠮᠦ ᠠᠴᠠ ᠡᠨᠡ ᠪᠣᠯ ᠡᠨᠡ ᠭᠤᠷᠪᠠᠨ | ᠬᠠᠷᠢᠭᠤᠴᠠᠯᠭᠠᠲᠠᠨ ᠤ ᠠᠵᠢᠯ ᠢ ᠪᠠᠷᠢᠭᠠᠳ ᠣᠯᠤᠭᠰᠠᠨ ᠮᠠᠰᠢ ᠢᠯᠡᠷᠬᠡᠶ ᠦᠷ᠎ᠡ ᠪᠦᠲᠦᠮᠵᠢ ᠪᠤᠯᠤᠨ᠎ᠠ᠃ | ᠠᠭᠤᠯᠠᠨ ᠦᠶᠡᠷ ᠤᠨ ᠭᠠᠮᠰᠢᠭ ᠤᠨ ᠲᠤᠬᠠᠶ᠂ ᠤᠰᠤᠨ ᠠᠰᠢᠭᠯᠠᠯᠲᠠ ᠶᠢᠨ ᠶᠠᠮᠤᠨ ᠠᠴᠠ ᠡᠯ᠎ᠡ ᠱᠠᠲᠤᠨ ᠤ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠠ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ | ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠᠨ ᠲᠤᠮᠤ ᠡᠵᠡᠩᠨᠡᠯᠲᠡ ᠶᠢᠨ ᠬᠤᠳᠠᠯᠳᠤᠭᠠᠴᠢᠨ︾ | ᠲᠠᠢ ᠨᠢᠭᠲᠠ ᠬᠠᠮᠵᠢᠯᠴᠠᠨ᠂ ᠠᠭᠤᠯᠠᠨ ᠦᠶᠡᠷ ᠤᠨ ᠭᠠᠮᠰᠢᠭ ᠤᠨ ᠡᠳᠡᠭᠡᠷ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠷᠬᠠᠭᠠᠵᠤ᠂ ᠰᠦᠷᠳᠡᠭᠦᠯᠦᠯ ᠳᠤ ᠤᠴᠠᠷᠠᠭᠰᠠᠨ ᠪᠤᠢ | ᠪᠦᠬᠦᠢ ᠬᠥᠮᠦᠰ ᠲᠤ ᠳᠠᠮᠵᠢᠭᠤᠯᠵᠠᠢ᠃ ᠡᠭᠦᠨ ᠤ ᠬᠠᠮᠳᠤ᠂ ᠦᠨᠳᠦᠰᠦᠨ ᠱᠠᠲᠤᠨ ᠤ ᠣᠷᠣᠨ ᠨᠤᠲᠤᠭ ᠤᠨ | ᠵᠠᠰᠠᠭ ᠤᠨ ᠣᠷᠳᠣᠨ ᠢ ᠵᠢᠭᠠᠨ ᠵᠢᠯᠣᠭᠤᠳᠴᠤ ᠪᠠᠶᠢᠭᠠᠳ ︽ᠴᠢᠭᠯᠡᠯ ᠨᠢ ᠲᠠᠭᠠᠷᠠᠵᠤ᠂ ᠲᠦᠷᠭᠡᠨ ᠭᠦᠶᠦᠬᠦ︾ ᠡᠶᠢᠮᠦ | ᠨᠢᠭᠡᠨ ᠠᠷᠭ᠎ᠠ ᠵᠠᠮ ᠢᠶᠠᠷ ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠤᠯᠠᠨ ᠲᠦᠮᠡᠨ ᠢ ᠵᠣᠬᠢᠶᠠᠨ | ᠪᠠᠶᠢᠭᠤᠯᠤᠨ ᠴᠠᠭ ᠲᠤᠬᠠᠶ ᠳᠤᠨᠢ ᠨᠡᠭᠦᠯᠭᠡᠨ ᠰᠢᠯᠵᠢᠭᠦᠯᠵᠦ᠂ ᠡᠶᠢᠮᠦᠷᠬᠦᠦ ᠴᠢᠷᠮᠠᠶᠢᠯᠭ᠎ᠠ ᠨᠤᠭᠤᠳ ᠢᠶᠠᠷ ᠳᠠᠮᠵᠢᠨ | ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠲᠦᠮᠵᠢᠲᠡᠶ ᠪᠠᠷ ᠪᠠᠲᠤᠯᠠᠪᠠ᠃ ᠡᠨᠡ | ᠵᠢᠯ ᠤᠨ ᠠᠭᠤᠯᠠᠨ ᠦᠶᠡᠷ ᠤᠨ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠥᠭᠦᠵᠦ ᠰᠢᠷᠬᠠᠲᠤᠭᠰᠠᠨ ᠲᠤᠭ᠎ᠠ ᠶᠢ | ᠣᠢᠢᠷ᠎ᠠ ᠶᠢᠨ ᠬᠡᠳᠦᠨ ᠵᠢᠯ ᠤᠨ ᠬᠢ ᠲᠠᠢ ᠬᠠᠷᠢᠴᠠᠭᠤᠯᠪᠠᠯ ᠢᠯᠡᠳᠲᠡ ᠪᠠᠭᠤᠷᠠᠵᠤ᠂ ᠠᠭᠤᠯᠠᠨ ᠦᠶᠡᠷ ᠤᠨ | ᠭᠠᠮᠰᠢᠭ ᠠᠴᠠ ᠪᠣᠯᠵᠤ ᠠᠳᠡᠭᠰᠡᠨ ᠬᠥᠮᠦᠨ ᠤ ᠲᠤᠭ᠎ᠠ 152 ᠪᠠᠶᠢᠵᠤ᠂ ᠤᠢᠢᠷ᠎ᠠ ᠶᠢᠨ ᠲᠠᠪᠤᠨ ᠵᠢᠯ ᠤᠨ ᠳᠤᠮᠳᠠᠴᠢ | ᠬᠡᠮᠵᠢᠭᠳᠡᠯ ᠲᠠᠢ ᠬᠠᠷᠢᠴᠠᠭᠤᠯᠪᠠᠯ ᠪᠠᠷᠤᠭ 45% ᠪᠠᠷ ᠪᠠᠭᠤᠷᠠᠭᠰᠠᠨ ᠪᠥᠭᠡᠳ ᠬᠥᠮᠦᠨ ᠬᠠᠷ᠎ᠠ ᠦᠬᠦᠵᠦ | ᠰᠢᠷᠬᠠᠲᠤᠭᠰᠠᠨ ᠨᠢ ᠣᠯᠠᠩᠬᠢ ᠨᠢ ᠲᠠᠷᠠᠬᠠᠶ ᠪᠤᠲᠠᠷᠬᠠᠶ ᠴᠢᠨᠠᠷᠲᠠᠶ ᠶᠤᠮ᠂ ᠤᠷᠢᠳᠴᠢᠯᠠᠨ ᠰᠡᠷᠡᠮᠵᠢᠯᠡᠭᠦᠯᠬᠦ ᠦᠶ᠎ᠡ ᠳᠤ | ᠴᠥᠭᠡᠨ ᠲᠣᠭᠠᠨ ᠤ ᠬᠥᠮᠦᠨ ᠴᠢᠮᠡᠭᠡ ᠣᠯᠤᠭᠰᠠᠨ ᠦᠭᠡᠢ ᠪᠣᠯᠵᠤ ᠰᠢᠯᠵᠢᠭᠦᠯᠵᠦ ᠠᠮᠵᠢᠬᠰᠠᠨ ᠦᠭᠡᠢ ᠪᠠᠶᠢᠳᠠᠭ᠂ | ᠬᠡᠯᠡᠯᠭᠡᠨ ᠦᠭᠡᠢ ᠪᠠᠰᠠ ᠣᠨᠴᠠ ᠵᠠᠷᠢᠮ ᠪᠠᠶᠢᠳᠠᠯ ᠪᠣᠯ ᠤᠷᠢᠳᠴᠢᠯᠠᠨ ᠰᠡᠷᠡᠮᠵᠢᠯᠡᠭᠦᠯᠬᠦ ᠴᠢᠮᠡᠭᠡ ᠶᠢ ᠣᠯᠵᠤ ᠠᠪᠤᠭᠠᠳ | ᠢᠳᠬᠠᠨ ᠬᠤᠷᠢᠭᠯᠠᠬᠤ ᠶᠢ ᠰᠣᠨᠣᠰᠬᠤ ᠦᠭᠡᠢ ᠪᠠ ᠰᠢᠯᠵᠢᠭᠦᠯᠦᠭᠰᠡᠨ ᠤ ᠲᠠᠷᠠᠭ᠎ᠠ ᠰᠡᠮᠡᠭᠡᠷ ᠳᠤᠲᠠᠭᠠᠵᠤ ᠶᠠᠪᠤᠭᠰᠠᠨ | ᠡᠶᠢᠮᠦ ᠪᠠᠶᠢᠳᠠᠯ ᠠᠴᠠ ᠪᠣᠯᠤᠭᠰᠠᠨ ᠦᠬᠦᠯ ᠰᠢᠷᠬᠠᠲᠤᠯ ᠪᠣᠯᠤᠨ᠎ᠠ᠂ ᠡᠨᠡ ᠨᠢ ᠬᠥᠮᠦᠰ ᠢ ᠲᠦᠢᠯ ᠤᠨ ᠵᠢᠷᠦᠬᠡ | ᠰᠢᠮᠰᠢᠷᠡᠭᠦᠯᠦᠮ᠎ᠡ ᠶᠠᠪᠤᠳᠠᠯ ᠪᠣᠯᠬᠤ ᠶᠤᠮ᠃ | ᠶᠡᠷᠦᠩᠬᠡᠶ ᠳᠤᠨᠢ ᠠᠪᠴᠤ ᠦᠵᠡᠪᠡᠯ᠂ ᠡᠯ᠎ᠡ ᠲᠠᠯ᠎ᠠ ᠶᠢᠨ ᠬᠢᠨ ᠤ ᠴᠢᠷᠮᠠᠶᠢᠯᠭ᠎ᠠ ᠪᠠᠷ ᠳᠠᠮᠵᠢᠭᠠᠳ ᠵᠢᠱᠢᠯᠲᠡ ᠪᠠᠨ | ᠪᠡᠶᠡᠯᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃ | ᠪᠠᠶᠠᠷᠯᠠᠯ᠎ᠠ︕ | ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ 2020 — 09 — 24 10᠄ 24᠄ 07 | ᠲᠡᠭᠡᠪᠡᠯ ᠤᠰᠤᠨ ᠠᠰᠢᠭᠯᠠᠯᠲᠠ ᠶᠢᠨ ᠶᠠᠮᠤᠨ ᠦᠶᠡᠷ ᠤᠰᠤᠳᠤᠯ ᠢ ᠰᠡᠷᠭᠡᠶᠢᠯᠡᠬᠦ ᠲᠣᠬᠢᠷᠠᠭᠤᠯᠤᠯᠲᠠ ᠶᠢᠨ | ᠶᠠᠪᠤᠴᠠ ᠳᠤ ᠭᠤᠤᠯᠳᠠᠭᠤ ᠠᠯᠢ ᠠᠯᠢ ᠲᠠᠯ᠎ᠠ ᠶᠢ ᠠᠩᠬᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠶᠠᠮᠠᠷ | ᠶᠠᠮᠠᠷ ᠬᠦᠴᠢᠷᠳᠠᠯ ᠲᠠᠢ ᠪᠠᠶᠢᠬᠤ᠂ ᠲᠣᠬᠢᠷᠠᠭᠤᠯᠤᠯᠲᠠ ᠶᠢᠨ ᠦᠷ᠎ᠡ ᠳ᠋ᠦᠩ ᠨᠢ ᠶᠠᠮᠠᠷ ᠵᠡᠷᠭᠡ ᠪᠣᠶ︖ ᠪᠠᠶᠠᠷᠯᠠᠯ᠎ᠠ︕ | ᠲᠢᠶᠠᠨ ᠢ ᠲᠠᠩ 2020 — 09 — 24 10᠄ 27᠄ 52 | ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠰᠠᠶ᠋ᠢᠬᠠᠨ ᠶᠧ ᠰᠠᠶᠢᠳ ᠡᠨᠡ ᠵᠢᠯ ᠤᠨ ᠦᠶᠡᠷ | ᠤᠰᠤᠳᠤᠯ ᠤᠨ ᠪᠠᠶᠢᠳᠠᠯ ᠢ ᠲᠠᠨᠢᠯᠴᠠᠭᠤᠯᠪᠠ᠂ ᠮᠠᠨ ᠤ ᠲᠦᠷᠪᠡᠨ ᠶᠡᠭᠡ ᠭᠤᠣᠯ ᠮᠥᠷᠡᠨ᠂ ᠬᠥᠬᠡᠮᠥ᠋ᠷᠡᠨ᠂ | ᠬᠤᠸᠠᠶᠢᠾᠧ ᠭᠤᠣᠯ᠂ ᠲᠠᠢ ᠬᠤ᠋ ᠨᠠᠭᠤᠷ᠂ ᠰᠤᠩᠭᠠᠷᠢ ᠮᠥᠷᠡᠨ ᠳᠤ ᠨᠡᠯᠢᠶᠡᠳ ᠶᠡᠭᠡ ᠦᠶᠡᠷ ᠭᠠᠷᠴᠠᠶ᠂ ᠪᠠᠰᠠ | ᠵᠦᠵᠢᠶᠠᠩ ᠮᠥᠷᠡᠨ ᠪᠠ ᠬᠠᠳᠤᠨ ᠭᠤᠣᠯ ᠳᠤ ᠳ᠋ᠤᠭᠠᠷᠯᠠᠭᠰᠠᠨ ᠦᠶᠡᠷ ᠭᠠᠷᠴᠠᠶ᠂ ᠡᠨᠡ ᠵᠢᠯ ᠤᠨ | ᠲᠤᠬᠢᠷᠠᠭᠤᠯᠤᠯᠳᠡ ᠳᠤ᠂ 3800 ᠭᠠᠷᠤᠶ ᠤᠰᠤᠨ ᠴᠥᠭᠦᠷᠥᠮ ᠪᠠ ᠦᠶᠡᠷ ᠢ ᠲᠣᠭᠲᠠᠭᠠᠨ ᠬᠤᠷᠠᠭᠤᠯᠬᠤ 10 | ᠣᠷᠣᠨ ᠴᠥᠮ ᠲᠤᠬᠢᠷᠠᠭᠤᠯᠤᠯᠳᠡ ᠳᠤ ᠣᠷᠣᠯᠴᠠᠵᠤ᠂ 1700 ᠭᠠᠷᠤᠶ ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠦᠶᠡᠷ ᠤᠰᠤᠳᠤᠯ ᠢ ᠬᠠᠰᠢᠵᠤ ᠬᠠᠳᠠᠭᠠᠯᠠᠵᠠᠶ᠃ ᠡᠳᠡᠭᠡᠷ ᠤᠰᠤᠨ ᠴᠥᠭᠦᠷᠥᠮ ᠤᠨ ᠳᠤᠬᠢᠷᠠᠭᠤᠯᠤᠯᠳᠠ ᠪᠠ | ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠷ ᠳᠠᠮᠵᠢᠭᠠᠳ ᠡᠨᠡ ᠵᠢᠯ ᠤᠨ ᠶᠡᠭᠡ ᠦᠶᠡᠷ ᠤᠰᠤᠳᠤᠯ ᠢ | ᠰᠡᠷᠭᠡᠶᠢᠯᠡᠯᠡ ᠭᠡᠵᠦ ᠬᠡᠯᠡᠬᠦ ᠶᠣᠰᠣᠲᠠᠶ᠂ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠠᠳ ᠡᠨᠡ ᠵᠢᠯ ᠶᠡᠭᠡ ᠭᠤᠣᠯ | ᠮᠥᠷᠡᠨ ᠤ ᠬᠠᠰᠢᠯᠭ᠎ᠠ ᠰᠡᠲᠡᠷᠬᠦ ᠪᠠᠶᠢᠳᠠᠯ ᠭᠠᠷᠤᠭᠰᠠᠨ ᠦᠬᠡᠢ᠂ ᠳᠤᠮᠤ ᠳᠤᠮᠳᠠ ᠬᠡᠯᠪᠡᠷᠢ ᠶᠢᠨ ᠪᠠ ᠪᠠᠭ᠎ᠠ ︵1︶ | ᠬᠡᠯᠪᠡᠷᠢ ᠶᠢᠨ ᠤᠰᠤᠨ ᠴᠥᠭᠦᠷᠥᠮ ᠳᠤ ᠬᠠᠰᠢᠯᠭ᠎ᠠ ᠨᠤᠷᠠᠭᠰᠠᠨ ᠦᠬᠡᠢ᠂ ᠠᠷᠠᠳ ᠤᠯᠠᠨ ᠤ ᠠᠮᠢ ᠨᠠᠰᠤᠨ ᠤ ᠠᠮᠤᠷ | ᠲᠦᠪᠰᠢᠨ ᠪᠠ ᠠᠵᠤ ᠠᠬᠤᠶ ᠨᠡᠶᠢᠭᠡᠮ ᠤᠨ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠭᠰᠠᠨ ᠪᠥᠭᠡᠳ | ᠶᠡᠭᠡ ᠭᠤᠣᠯ ᠮᠥᠷᠡᠨ ᠤ ᠠᠮᠤᠷ ᠲᠦᠪᠰᠢᠨ ᠪᠠᠶᠢᠬᠤ ᠶᠢ ᠴᠤ ᠦᠨᠡᠨ ᠬᠦ ᠪᠠᠲᠤᠯᠠᠭᠰᠠᠨ ᠪᠠᠶᠢᠨ᠎ᠠ᠃ | ᠡᠨᠡ ᠬᠦ ᠶᠠᠪᠤᠴᠠ ᠳᠤ ᠤᠰᠤᠨ ᠴᠥᠭᠦᠷᠥᠮ ᠤᠨ ᠦᠢᠯᠡᠳᠦᠯ ᠢ ᠤᠮᠳᠠᠭᠠᠢᠢᠯᠠᠵᠤ ᠪᠣᠯᠤᠰᠢ ᠦᠭᠡᠶ ᠭᠡᠵᠦ ᠬᠡᠯᠡᠬᠦ | ᠶᠣᠰᠣᠲᠠᠶ᠂ ᠣᠯᠠᠨ ᠤ ᠮᠡᠳᠡᠭᠡᠵᠢ ᠪᠠᠷ ᠬᠥᠬᠡᠮᠥ᠋ᠷᠡᠨ ᠤ 5 ᠳ᠋ᠤᠭᠠᠷ ᠨᠣᠮᠧᠷᠲᠤ ᠦᠶᠡᠷ ᠤᠰᠤᠳᠤᠯ᠂ ᠭᠤᠷᠪᠠᠨ | ᠬᠠᠪᠴᠢᠯ ᠤᠨ ᠬᠠᠮᠤᠭ ᠶᠡᠭᠡ ᠴᠦᠭᠦᠷᠦᠮ ᠳᠤ ᠣᠷᠣᠭᠤᠯᠬᠤ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ | 75000 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠭᠤᠷᠪᠠᠨ ᠬᠠᠪᠴᠢᠯ ᠤᠨ ᠣᠷᠭᠢᠯ ᠢ ᠲᠣᠬᠢᠷᠠᠭᠤᠯᠬᠤ ᠪᠠᠷ | ᠳᠡᠮᠵᠢᠨ ᠤᠰᠤᠨ ᠤ ᠣᠷᠭᠢᠯ ᠤᠨ ᠬᠡᠮᠵᠢᠶ᠎ᠡ ᠶᠢ ᠬᠤᠰᠤᠬᠤ ᠨᠣᠷᠮ᠎ᠠ ᠨᠢ 34%᠂ ᠰᠢᠨ ᠠᠨ ᠵᠢᠶᠠᠩ ᠤᠰᠤᠨ | ᠴᠥᠭᠦᠷᠥᠮ ᠤᠨ ᠤᠰᠤᠨ ᠤ ᠣᠷᠭᠢᠯ ᠤᠨ ᠬᠡᠮᠵᠢᠶ᠎ᠡ ᠶᠢ ᠪᠠᠭᠠᠰᠬᠠᠬᠰᠠᠨ ᠨᠣᠷᠮ᠎ᠠ ᠨᠢ 76%᠂ ᠰᠤᠩᠭᠠᠷᠢ ᠮᠥᠷᠡᠨ ᠤ | ᠹᠧᠩ ᠮᠧᠨ ᠪᠠ ᠪᠠᠶ ᠱᠠᠨ ᠤᠰᠤᠨ ᠴᠥᠭᠦᠷᠥᠮ ᠤᠨ ᠤᠰᠤᠨ ᠤ ᠣᠷᠭᠢᠯ ᠤᠨ ᠬᠡᠮᠵᠢᠶ᠎ᠡ ᠶᠢ ᠪᠠᠭᠠᠰᠬᠠᠭᠰᠠᠨ | ᠨᠣᠷᠮ᠎ᠠ ᠨᠢ 77%᠂ ᠪᠠᠰᠠ ᠬᠤᠸᠠᠶᠢᠾᠧ ᠭᠤᠣᠯ ᠤᠨ ᠳᠡᠭᠡᠳᠦ ᠤᠷᠤᠰᠬᠠᠯ ᠤᠨ ᠤᠰᠤᠨ ᠴᠥᠭᠦᠷᠥᠮ᠂ ᠶᠠᠨᠱᠠᠨ | ᠤᠰᠤᠨ ᠴᠥᠭᠦᠷᠥᠮ ᠤᠨ ᠤᠰᠤᠨ ᠤ ᠣᠷᠭᠢᠯ ᠤᠨ ᠬᠡᠮᠵᠢᠶ᠎ᠡ ᠶᠢ ᠪᠠᠭᠠᠰᠬᠠᠭᠰᠠᠨ ᠨᠣᠷᠮ᠎ᠠ ᠨᠢ 97% ᠳᠤ ᠬᠦᠷᠦᠭᠰᠡᠨ | ᠪᠠᠶᠢᠨ᠎ᠠ᠃ ᠡᠳᠡᠭᠡᠷ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠨᠢ ᠡᠨᠡ ᠵᠢᠯ ᠤᠨ ᠦᠶᠡᠷ ᠤᠰᠤᠳᠤᠯ ᠢ | ᠰᠡᠷᠭᠡᠶᠢᠯᠡᠬᠦ ᠶᠠᠪᠤᠴᠠ ᠳᠤ ᠲᠦᠢᠯ ᠤᠨ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠡᠶᠢᠮᠦ ᠠᠴᠠ ᠤᠰᠤᠨ | ᠴᠥᠭᠦᠷᠥᠮ ᠢ ᠲᠣᠬᠢᠷᠠᠭᠤᠯᠬᠤ ᠳᠤ ᠮᠠᠰᠢ ᠤᠯᠠᠨ ᠤᠬᠠᠭᠠᠨ ᠠᠭᠤᠯᠵᠤ ᠪᠤᠢ᠂ ᠡᠭᠦᠨ ᠳᠤ ᠲᠤᠷᠰᠢᠯᠭ᠎ᠠ ᠲᠠᠢ | ᠮᠥᠷᠲᠡᠭᠡᠨ ᠪᠠᠰᠠ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠲᠠᠢ᠂ ᠪᠠᠰᠠ ᠰᠢᠢᠳᠪᠦᠷᠢᠲᠦ ᠪᠤᠳᠤᠯᠭ᠎ᠠ ᠲᠣᠭᠲᠠᠭᠠᠬᠤ | ᠴᠢᠳᠠᠪᠤᠷᠢ ᠲᠠᠢ ᠶᠤᠮ᠃ ᠡᠶᠢᠮᠦ ᠠᠴᠠ ᠤᠰᠤᠨ ᠴᠥᠭᠦᠷᠥᠮ ᠢ ᠰᠠᠶᠢᠲᠤᠷ ᠲᠣᠬᠢᠷᠠᠭᠤᠯᠬᠤ ᠨᠢ ᠲᠡᠶᠢᠮᠦ ᠬᠢᠯᠪᠠᠷ | ᠶᠠᠪᠤᠳᠠᠯ ᠪᠢᠰᠢ᠂ ᠤᠴᠢᠷ ᠨᠢ ᠲᠡᠭᠦᠨ ᠳᠤ ᠮᠠᠰᠢ ᠣᠯᠠᠨ ᠪᠤᠳᠤᠯᠢᠶᠠᠨᠲᠠᠶ ᠡᠯᠧᠮᠧᠨ᠋ᠲ ᠪᠠᠶᠢᠳᠠᠭ᠃ | ᠳᠤᠤᠷ᠎ᠠ ᠡᠶᠢᠮᠦ ᠬᠡᠳᠦᠨ ᠵᠦᠢᠯ ᠤᠨ ᠰᠢᠯᠲᠠᠭᠠᠨ ᠢ ᠬᠡᠯᠡᠶ᠎ᠡ᠂ ᠨᠢᠭᠡ ᠨᠢ ᠤᠰᠤᠨ ᠴᠥᠭᠦᠷᠥᠮ ᠢ ᠲᠣᠬᠢᠷᠠᠭᠤᠯᠬᠤ ᠳᠠᠭᠠᠨ | ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠪᠣᠳᠣᠯᠬᠢᠯᠠᠬᠤ ᠬᠡᠷᠡᠭᠲᠡᠶ᠃ ᠤᠯᠠᠨ ᠤ ᠮᠡᠳᠡᠭᠡᠵᠢ ᠪᠠᠷ᠂ | ᠮᠠᠨ ᠤ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠦᠶᠡᠷ ᠤᠨ ᠤᠷᠢᠳᠴᠢᠯᠠᠭᠰᠠᠨ ᠮᠡᠳᠡᠭᠡ ᠤᠢᠢᠷ᠎ᠠ ᠶᠢᠨ | ᠵᠢᠯ ᠤᠳ ᠤᠨ ᠴᠢᠷᠮᠠᠶᠢᠯᠭ᠎ᠠ ᠪᠠᠷ ᠳᠠᠮᠵᠢᠭᠠᠳ ᠤᠳᠤ ᠶᠢᠨ ᠤᠷᠢᠳᠴᠢᠯᠠᠭᠰᠠᠨ ᠮᠡᠳᠡᠭᠡ ᠶᠢᠨ ᠬᠢᠷᠢ ᠲᠦᠪᠰᠢᠨ ᠶᠡᠭᠡ ᠪᠠᠷ | ᠳᠡᠭᠡᠭᠰᠢᠯᠡᠭᠰᠡᠨ ᠪᠠᠶᠢᠨ᠎ᠠ᠃ ᠭᠡᠪᠡᠴᠦ ᠳᠤᠮᠳᠠ ᠤᠷᠲᠤ ᠬᠤᠭᠤᠴᠠᠭᠠᠨ ᠤ ᠤᠷᠢᠳᠴᠢᠯᠠᠭᠰᠠᠨ ᠮᠡᠳᠡᠭᠡᠨ ᠳᠤ ᠪᠠᠰᠠ | ᠲᠣᠭᠲᠠᠪᠤᠷᠢ ᠦᠭᠡᠶ ᠴᠢᠨᠠᠷ ᠣᠷᠣᠰᠢᠵᠤ ᠪᠠᠶᠢᠨ᠎ᠠ᠂ ᠣᠬᠤᠷ ᠬᠤᠭᠤᠴᠠᠭᠠᠨ ᠤ ᠤᠷᠢᠳᠴᠢᠯᠠᠭᠰᠠᠨ ᠮᠡᠳᠡᠭᠡ | ᠵᠠᠷᠢᠮ ᠳᠠᠭᠠᠨ ᠪᠠᠰᠠ ᠪᠦᠷᠢᠨ ᠣᠨᠣᠪᠴᠢᠲᠠᠶ ᠪᠤᠰᠤ ᠪᠠᠶᠢᠳᠠᠯ ᠲᠠᠢ᠃ ᠡᠨᠡ ᠨᠢ ᠲᠣᠬᠢᠷᠠᠭᠤᠯᠤᠯᠲᠠ ᠳᠤ ᠵᠣᠬᠢᠬᠤ | ᠬᠡᠮᠵᠢᠶᠡᠨ ᠤ ᠬᠦᠴᠢᠷᠳᠡᠯ ᠢ ᠠᠪᠴᠢᠷᠠᠵᠤ ᠥᠭᠴᠡᠶ᠂ ᠤᠴᠢᠷ ᠨᠢ ᠤᠰᠤᠨ ᠴᠥᠭᠦᠷᠥᠮ ᠢ ᠤᠷᠢᠳᠴᠢᠯᠠᠨ ᠮᠡᠳᠡᠭᠡᠯᠡᠭᠰᠡᠨ | ᠦᠷ᠎ᠡ ᠪᠦᠲᠦᠭᠡᠯ ᠢ ᠦᠨᠳᠦᠰᠦᠯᠡᠨ ᠤᠷᠢᠳᠴᠢᠯᠠᠨ ᠭᠠᠷᠭᠠᠨ᠎ᠠ᠂ ᠨᠢᠭᠡ ᠤᠳᠠᠭ᠎ᠠ ᠶᠢᠨ ᠦᠶᠡᠷ ᠤᠨ ᠶᠠᠪᠤᠴᠠ ᠳᠤ | ᠤᠰᠤᠨ ᠴᠥᠭᠦᠷᠥᠮ ᠦᠶᠡᠷ ᠢ ᠬᠠᠰᠢᠵᠤ ᠤᠰᠤᠨ ᠤ ᠣᠷᠭᠢᠯ ᠤᠨ ᠬᠡᠮᠵᠢᠶ᠎ᠡ ᠶᠢ ᠵᠥᠷᠢᠭᠦᠯᠦᠨ᠎ᠡ᠂ ᠴᠢᠨᠠᠭᠰᠢᠯᠠᠪᠠᠯ | ᠠᠰᠢᠭ ᠦᠭᠡᠢ ᠪᠠᠶᠢᠳᠠᠯ ᠳᠣᠣᠷ᠎ᠠ ᠬᠡᠲᠦᠷᠡᠲᠡᠯ᠎ᠡ ᠬᠠᠳᠠᠭᠠᠯᠠᠨ᠎ᠠ᠂ ᠭᠡᠪᠡᠴᠦ ᠠᠷᠤ ᠲᠠᠯ᠎ᠠ ᠳᠤ ᠳᠠᠬᠢᠵᠤ ᠦᠶᠡᠷ ᠢᠷᠡᠬᠦ | ᠡᠰᠡᠬᠦ ᠶᠢ ᠮᠡᠳᠡᠬᠦ ᠦᠭᠡᠢ᠂ ᠡᠨᠡ ᠬᠦ ᠶᠠᠪᠤᠴᠠ ᠶᠢ ᠥᠩᠭᠡᠷᠡᠭᠦᠯᠦᠭᠰᠡᠨ ᠤ ᠳᠠᠷᠠᠭ᠎ᠠ ᠪᠠᠰᠠ ᠠᠷᠤ ᠲᠠᠯ᠎ᠠ ᠶᠢᠨ ᠦᠶᠡᠷ | ᠤᠰᠤᠳᠤᠯ ᠳᠤ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ ᠭᠦᠢᠴᠡᠳ ᠦᠯᠡᠳᠡᠭᠡᠵᠦ ᠥᠭᠭᠦᠨ᠎ᠡ᠂ ᠡᠨᠡ | ᠪᠣᠯ ᠮᠠᠰᠢ ᠬᠦᠴᠢᠷ ᠲᠠᠢ ᠶᠠᠪᠤᠳᠠᠯ ᠶᠤᠮ᠃ | ᠲᠢᠶᠠᠨ ᠢ ᠲᠠᠩ 2020 — 09 — 24 10᠄ 30᠄ 22 | ᠬᠤᠶᠠᠳᠤᠭᠠᠷ ᠲᠤ ᠤᠰᠤᠨ ᠴᠥᠭᠦᠷᠥᠮ ᠤᠨ ᠳᠡᠭᠡᠳᠦ ᠳᠣᠤᠷᠠᠳᠤ ᠤᠷᠤᠰᠬᠠᠯ ᠦᠶᠡᠷ ᠲᠤ ᠠᠪᠲᠠᠭᠳᠠᠬᠤ ᠳᠤ | ᠭᠦᠷᠪᠡᠯ᠂ ᠲᠡᠷᠡ ᠬᠦ ᠤᠰᠤᠨ ᠴᠥᠭᠦᠷᠥᠮ ᠤᠨ ᠲᠣᠬᠢᠷᠠᠭᠤᠯᠤᠯᠲᠠ ᠨᠢ ᠪᠠᠰᠠ ᠴᠤ ᠨᠢᠭᠡᠨ ᠪᠡᠷᠬᠡ ᠠᠰᠠᠭᠤᠳᠠᠯ | ᠪᠣᠯᠵᠣ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠢᠷᠳᠡᠯ ᠲᠠᠢ ᠪᠣᠯᠤᠨ᠎ᠠ᠃ ᠳᠡᠭᠡᠳᠦ ᠤᠷᠤᠰᠬᠠᠯ ᠠᠴᠠ | ᠶᠡᠭᠡ ᠦᠶᠡᠷ ᠢᠷᠡᠬᠦ᠂ ᠳᠤᠤᠷᠠᠳᠤ ᠤᠷᠤᠰᠬᠠᠯ ᠠᠴᠠ ᠶᠡᠭᠡ ᠦᠶᠡᠷ ᠢᠷᠡᠬᠦ᠂ ᠤᠰᠤᠨ ᠴᠥᠭᠦᠷᠥᠮ ᠢ ᠬᠡᠷᠬᠢᠨ | ᠲᠣᠬᠢᠷᠠᠭᠤᠯᠬᠤ᠂ ᠳᠡᠭᠡᠳᠦ ᠤᠷᠤᠰᠬᠠᠯ ᠳᠤ ᠤᠰᠤᠲᠤᠬᠤ ᠡᠰᠡᠬᠦ᠂ ᠳᠤᠤᠷᠠᠳᠤ ᠤᠷᠤᠰᠬᠠᠯ ᠳᠤ ᠤᠰᠤᠲᠤᠬᠤ ᠡᠰᠡᠬᠦ᠂ | ᠳᠤᠤᠷᠠᠳᠤ ᠤᠷᠤᠰᠬᠠᠯ ᠳᠤ ᠤᠰᠤᠲᠤᠬᠤ ᠡᠰᠡᠬᠦ᠂ ᠳᠠᠯᠠᠩ ᠢ ᠪᠠᠷᠢᠮᠵᠢᠶ᠎ᠠ ᠠᠴᠠ ᠬᠡᠲᠦᠷᠡᠭᠦᠯᠦᠨ ᠠᠵᠢᠯᠯᠠᠭᠤᠯᠬᠤ | ᠡᠰᠡᠬᠦ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠵᠦ ᠬᠡᠷᠡᠭᠯᠡᠬᠦ ᠡᠰᠡᠬᠦ ᠵᠡᠷᠭᠡ ᠲᠠᠯ᠎ᠠ ᠪᠠᠷ ᠰᠢᠢᠳᠪᠦᠷᠢᠲᠦ | ᠪᠤᠳᠤᠯᠭ᠎ᠠ ᠲᠣᠭᠲᠠᠭᠠᠬᠤ ᠳᠤ ᠨᠡᠯᠢᠶᠡᠳ ᠬᠦᠴᠢᠷᠲᠡᠯ ᠲᠠᠢ᠂ ᠴᠥᠮ ᠪᠡᠷᠬᠡ ᠠᠰᠠᠭᠤᠳᠠᠯ ᠪᠣᠯᠬᠤ ᠲᠤᠯᠠ ᠤᠰᠤᠨ | ᠴᠥᠭᠦᠷᠥᠮ ᠢ ᠰᠠᠶᠢᠲᠤᠷ ᠲᠣᠬᠢᠷᠠᠭᠤᠯᠵᠤ᠂ ᠠᠶᠤᠯ ᠲᠦᠭᠰᠢᠭᠦᠷᠢ ᠶᠢ ᠠᠷᠢᠯᠭᠠᠬᠤ ᠬᠡᠷᠡᠭᠲᠡᠶ᠃ | ᠪᠠᠰᠠ ᠨᠢᠭᠡ ᠬᠦᠴᠦᠨ ᠵᠦᠢᠯ ᠭᠡᠪᠡᠯ᠂ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ ᠶᠢ ᠦᠨᠡᠨ ᠬᠦ ᠪᠠᠲᠤᠯᠠᠬᠤ | ᠡᠨᠡ ᠬᠦ ᠶᠡᠭᠡ ᠤᠷᠢᠲᠠᠯ ᠤᠨ ᠳᠣᠣᠷ᠎ᠠ ᠪᠠᠰᠠ ᠪᠤᠰᠤᠳ ᠬᠦᠴᠦᠨ ᠵᠦᠢᠯ ᠢ ᠪᠣᠳᠣᠯᠬᠢᠯᠠᠬᠤ ᠬᠡᠷᠡᠭᠲᠡᠶ᠃ ᠤᠰᠤᠨ | ᠵᠠᠮ ᠤᠨ ᠲᠡᠭᠡᠭᠡᠪᠦᠷᠢ ᠪᠠᠷ ᠠᠪᠴᠤ ᠬᠡᠯᠡᠪᠡᠯ᠂ ᠡᠨᠡ ᠵᠢᠯ ᠤᠨ ᠬᠥᠬᠡᠮᠥ᠋ᠷᠡᠨ ᠤ ᠲᠠᠪᠤᠨ ᠤᠳᠠᠭᠠᠨ ᠤ ᠦᠶᠡᠷ ᠤᠨ | ᠬᠤᠭᠤᠴᠠᠭᠠᠨ ᠳᠤ᠂ ᠭᠤᠷᠪᠠᠨ ᠬᠠᠪᠴᠢᠯ ᠳᠤ ᠦᠯᠡᠳᠡᠭᠰᠡᠨ ᠣᠩᠭᠤᠴᠠ ᠶᠢ ᠪᠠᠰᠠ ᠪᠣᠳᠣᠯᠬᠢᠯᠠᠬᠤ ᠬᠡᠷᠡᠭᠲᠡᠶ᠂ ᠪᠢᠳᠡ | ᠪᠠᠰᠠ ᠤᠯᠤᠰ ᠠᠷᠠᠳ ᠤᠨ ᠠᠵᠤ ᠠᠬᠤᠶ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠨᠠᠶᠢᠳᠠᠪᠤᠷᠢᠵᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠤᠰᠤᠨ ᠵᠠᠮ ᠤᠨ ᠲᠡᠭᠡᠭᠡᠪᠦᠷᠢ᠂ ᠴᠠᠬᠢᠯᠭᠠᠨ | ᠭᠠᠷᠭᠠᠯᠲᠠ ᠵᠢᠴᠢ ᠠᠮᠢ ᠠᠬᠤᠶ ᠵᠡᠷᠭᠡ ᠡᠯ᠎ᠡ ᠲᠠᠯ᠎ᠠ ᠶᠢᠨ ᠶᠡᠷᠦᠩᠬᠡᠶᠢᠯᠡᠭᠰᠡᠨ ᠡᠯᠧᠮᠧᠨ᠋ᠲ ᠢ ᠴᠥᠮ ᠪᠣᠳᠣᠯᠬᠢᠯᠠᠬᠤ | ᠬᠡᠷᠡᠭᠲᠡᠶ᠂ ᠡᠳᠡᠭᠡᠷ ᠢ ᠴᠥᠮ ᠲᠣᠬᠢᠷᠠᠭᠤᠯᠬᠤ ᠴᠢᠬᠤᠯᠠᠲᠠᠶ ᠦᠶ᠎ᠡ ᠳᠤ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ | ᠡᠶᠢᠮᠦ ᠠᠴᠠ ᠤᠰᠤᠨ ᠴᠥᠭᠦᠷᠥᠮ ᠢ ᠰᠠᠶᠢᠲᠤᠷ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠷ | ᠰᠠᠶᠢᠲᠤᠷ ᠲᠣᠬᠢᠷᠠᠭᠤᠯᠵᠤ ᠴᠢᠳᠠᠨ᠎ᠠ ᠭᠡᠵᠦ ᠬᠡᠯᠡᠵᠦ ᠪᠠᠶᠢᠭ᠎ᠠ ᠨᠢ ᠨᠢᠭᠡᠨ ᠪᠡᠷᠬᠡ ᠠᠰᠠᠭᠤᠳᠠᠯ ᠪᠤᠯᠬᠤ ᠶᠤᠮ᠂ ᠪᠢᠳᠡ | ᠤᠳᠤ ᠶᠠᠭ ᠰᠤᠳᠤᠯᠭᠠᠨ ᠢ ᠶᠡᠭᠡ ᠪᠠᠷ ᠥᠷᠨᠢᠭᠦᠯᠵᠦ ᠪᠠᠶᠢᠨ᠎ᠠ᠃ | ᠤᠢᠢᠷ᠎ᠠ ᠶᠢᠨ ᠬᠤᠶᠠᠷ ᠵᠢᠯ ᠳᠤ ᠪᠢᠳᠠ ᠰᠡᠪᠡ ᠭᠠᠵᠠᠷ ᠤᠨ ᠤᠰᠦᠠ ᠤ ᠪᠠᠷᠢᠯᠭ᠎ᠠ ᠶᠢᠨ ᠬᠠᠮᠲᠤᠷᠠᠭᠰᠠᠨ | ᠲᠤᠬᠢᠷᠡᠭᠤᠯᠦᠯᠳᠠ ᠶᠢ ᠳᠤᠷᠠᠳᠤᠨ ᠭᠠᠷᠭᠠᠵᠤ᠂ ᠪᠦᠬᠦ᠋ᠢᠯᠡ ᠰᠡᠪᠡ ᠭᠠᠵᠠᠷ ᠤᠨ ᠤᠰᠦᠠ ᠴᠥᠭᠦᠷᠥᠮ᠂ ᠦᠶᠡᠷ ᠢ | ᠲᠣᠭᠲᠠᠭᠠᠨ ᠬᠤᠷᠠᠭᠤᠯᠬᠤ ᠣᠷᠣᠨ᠂ ᠭᠤᠯᠦᠮᠳᠠ ᠬᠠᠭᠠᠯᠲᠠ᠂ ᠬᠥᠭᠡᠷᠭᠡ ᠶᠢᠨ ᠤᠢᠷᠳᠡᠭᠡ ᠶᠢ ᠴᠥᠮ ᠨᠢᠭᠡ ᠯᠡ | ᠲᠠᠪᠴᠠᠩ ᠳᠡᠭᠡᠷ᠎ᠡ ᠲᠠᠯᠪᠢᠵᠤ᠂ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠢᠨᠲ᠋ᠧᠷ | ᠰᠦᠯᠵᠢᠶ᠎ᠡ᠂ ᠲᠤᠮᠦ ᠳ᠋ᠠᠶᠢᠲ᠋ᠠ᠂ ᠵᠣᠬᠢᠶᠠᠮᠠᠯ ᠤᠶᠦᠠ ᠴᠢᠳᠠᠪᠤᠷᠢ ᠶᠢᠨ ᠬᠡᠷᠡᠭᠯᠡᠯᠲᠡ ᠪᠠᠷ ᠳᠠᠮᠵᠢᠨ ᠡᠳᠡᠭᠡᠷ ᠢ | ᠨᠡᠶᠢᠯᠡᠭᠦᠯᠵᠦ᠂ ᠤᠷᠢᠳᠴᠢᠯᠠᠨ ᠮᠡᠳᠡᠭᠡᠯᠡᠬᠦ ᠲᠤᠬᠢᠷᠡᠭᠤᠯᠦᠯᠳᠠ ᠶᠢ ᠨᠢᠭᠡ ᠴᠤᠭᠴᠠᠵᠢᠭᠤᠯᠬᠤ ᠶᠢ ᠪᠡᠶᠡᠯᠡᠭᠦᠯᠦᠭᠡᠳ᠂ | ᠤᠳᠦ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠮᠳᠠ ᠰᠢᠪᠳᠤᠯᠬᠤ ᠶᠢ ᠰᠢᠢᠳᠪᠦᠷᠢᠯᠡᠵᠦ ᠪᠤᠢ᠂ | ᠠᠩᠬ᠎ᠠ ᠠᠯᠬᠤᠮ ᠤᠨ ᠦᠷ᠎ᠡ ᠪᠦᠲᠦᠭᠡᠯ ᠢ ᠦᠨᠳᠦᠰᠦᠨ ᠳᠡᠭᠡᠨ ᠭᠠᠷᠭᠠᠭᠰᠠᠨ ᠪᠠᠶᠢᠨ᠎ᠠ᠃ ᠡᠨᠡ ᠬᠦ ᠠᠵᠢᠯ ᠢᠶᠠᠷ | ᠳᠠᠮᠵᠢᠨ ︽ᠲᠤᠷᠰᠢᠯᠭ᠎ᠠ ᠶᠢᠨ ᠲᠣᠬᠢᠷᠠᠭᠤᠯᠤᠯᠲᠠ︾ ᠠᠴᠠ ︽ᠣᠶᠤᠨᠳᠤ ᠲᠣᠬᠢᠷᠠᠭᠤᠯᠤᠯᠲᠠ︾ ᠳᠠᠶᠢᠰᠢ | ᠬᠤᠪᠢᠷᠠᠭᠤᠯᠬᠤ ᠶᠢ ᠠᠬᠢᠭᠤᠯᠵᠤ᠂ ᠤᠷᠢᠳᠴᠢᠯᠠᠨ ᠮᠡᠳᠡᠭᠡᠯᠡᠬᠦ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ | ᠤᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ ᠪᠤᠢ᠂ ᠡᠨᠡ ᠬᠦ ᠠᠵᠢᠯ ᠪᠣᠯ ᠳᠤᠩ ᠴᠢᠬᠤᠯᠠ ᠶᠤᠮ᠂ | ᠪᠢᠳᠡ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠤᠨ᠎ᠠ᠃ | ᠪᠠᠶᠠᠷᠯᠠᠯ᠎ᠠ︕ | ᠹᠧᠩ ᠮᠢᠶᠠᠨ ᠰᠣᠨᠢᠨ ᠮᠡᠳᠡᠭᠡᠨ ᠤ ᠰᠤᠷᠪᠤᠯᠵᠢᠯᠠᠭᠴᠢ 2020 — 09 — 24 10᠄ 30᠄ 55 | 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢᠨ ᠣᠳᠣᠬᠠᠨ ᠤ ᠠᠬᠢᠴᠠ ᠶᠢᠨ ᠪᠠᠶᠢᠳᠠᠯ ᠶᠠᠮᠠᠷ ᠪᠤᠢ︖ ᠲᠡᠭᠡᠪᠡᠯ ᠵᠠᠯᠭᠠᠭᠠᠳ ᠶᠠᠮᠠᠷ ᠶᠠᠮᠠᠷ | ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠬᠦ ᠪᠤᠶ︖ ᠪᠠᠶᠠᠷᠯᠠᠯ᠎ᠠ︕ | ᠵᠠᠩ ᠰᠢᠶᠠᠩ ᠸᠧᠶ 2020 — 09 — 24 10᠄ 33᠄ 30 | ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠨᠢ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢ ᠠᠬᠢᠭᠤᠯᠬᠤ᠂ ᠰᠠᠪᠠ ᠭᠠᠵᠠᠷ ᠤᠨ | ᠣᠷᠣᠨ ᠪᠦᠰᠡ ᠶᠢᠨ ᠪᠦᠬᠦ᠋ᠢᠯᠡ ᠴᠣᠭᠴᠠ ᠶᠢᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ | ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠠᠰᠢ ᠴᠢᠬᠤᠯᠠ ᠦᠢᠯᠡᠳᠦᠯ ᠲᠠᠢ ᠶᠤᠮ᠂ ᠡᠭᠦᠨ ᠢ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠲᠦᠢᠯ ᠢᠶᠠᠷ ᠴᠢᠬᠤᠯᠠᠴᠢᠯᠠᠵᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠴᠥᠮ ᠲᠦᠢᠯ ᠢᠶᠠᠷ ᠠᠩᠬᠠᠷᠴᠤ ᠪᠠᠶᠢᠨ᠎ᠠ᠃ ᠨᠢᠳᠤᠨᠤᠨ ᠤ 11 ᠰᠠᠷ᠎ᠠ ᠠᠴᠠ ᠨᠠᠭᠠᠰᠢ᠂ ᠤᠰᠤᠨ | ᠠᠰᠢᠭᠯᠠᠯᠲᠠ ᠶᠢᠨ ᠶᠠᠮᠤᠨ ᠪᠣᠯᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ | ᠭᠠᠵᠠᠷ ᠣᠷᠣᠨ ᠢ ᠵᠣᠬᠢᠶᠠᠨ ᠪᠠᠶᠢᠭᠤᠯᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠤᠷᠢᠳᠴᠢᠯᠠᠨ ᠠᠷᠭ᠎ᠠ ᠰᠦᠪᠡᠭᠴᠢᠯᠡᠵᠦ ᠬᠢᠨᠠᠮᠠᠭᠠᠢ ᠰᠤᠳᠤᠯᠤᠭᠠᠳ᠂ ᠡᠨᠡ | ᠵᠢᠯ ᠵᠢᠴᠢ ᠳᠠᠷᠠᠭᠠᠴᠢ ᠶᠢᠨ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠲᠦᠷᠦᠯ ᠵᠦᠢᠯ ᠤᠨ ᠨᠠᠷᠢᠨ ᠲᠠᠩᠰᠠ ᠶᠢ ᠳᠤᠷᠠᠳᠤᠨ ᠭᠠᠷᠭᠠᠪᠠ᠃ ᠡᠨᠡ ᠵᠢᠯ ᠤᠨ 7 ᠰᠠᠷ᠎ᠠ ᠳᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠢᠨᠠᠨ ᠵᠦᠪᠯᠡᠵᠤ ᠪᠠᠳᠤᠯᠠᠭᠰᠠᠨ ᠪᠦᠭᠡᠳ ᠪᠠᠶᠢᠷᠢᠯᠠᠭᠤᠯᠤᠨ | ᠬᠡᠷᠡᠭᠵᠢᠭᠦᠯᠬᠦ ᠪᠠᠷ ᠪᠤᠢ᠃ | ᠡᠨᠡ 150 ᠵᠦᠢᠯ ᠨᠢ ᠭᠤᠣᠯᠳᠠᠭᠤ ᠲᠦᠷᠪᠡᠨ ᠲᠠᠯ᠎ᠠ ᠳᠤ ᠲᠥᠪᠯᠡᠷᠡᠵᠦ ᠪᠤᠢ᠂ ᠨᠢᠭᠡ ᠨᠢ ᠦᠶᠡᠷ ᠢ | ᠰᠡᠷᠭᠡᠶᠢᠯᠡᠬᠦ᠂ ᠬᠤᠶᠠᠷ ᠨᠢ ᠡᠬᠢ ᠪᠠᠶᠠᠯᠢᠭ ᠢ ᠲᠤᠬᠢᠷᠠᠭᠤᠯᠬᠤ ᠵᠢᠴᠢ ᠤᠰᠤ ᠬᠠᠩᠭᠠᠬᠤ᠂ ᠭᠤᠷᠪᠠ ᠳᠤ ᠤᠰᠤᠨ ᠤ ᠠᠮᠢ | ᠠᠬᠤᠢ ᠶᠢ ᠵᠠᠰᠠᠵᠤ ᠰᠡᠷᠭᠦᠭᠡᠬᠦ ᠪᠠ ᠬᠠᠮᠠᠭᠠᠯᠠᠬᠤ᠂ ᠪᠠᠰᠠ ᠨᠢᠭᠡ ᠨᠢ ᠤᠰᠤᠨ ᠠᠰᠢᠭᠯᠠᠯᠲᠠ ᠶᠢᠨ ᠮᠡᠳᠡᠭᠡ ᠵᠠᠩᠭᠢᠵᠢᠯᠲᠠ | ᠪᠣᠯᠤᠨ᠎ᠠ᠂ ᠡᠨᠡ ᠬᠡᠳᠦᠨ ᠲᠠᠯ᠎ᠠ ᠪᠠᠷ ᠴᠥᠮ ᠲᠤᠪᠤᠶᠢᠮ᠎ᠠ ᠳᠤᠲᠠᠭᠤᠳᠠᠯ ᠣᠷᠣᠰᠢᠵᠤ ᠪᠠᠶᠢᠨ᠎ᠠ᠃ ᠡᠳᠡᠭᠡᠷ ᠪᠣᠯ | ᠰᠠᠭᠤᠷᠢ ᠲᠠᠯᠪᠢᠬᠤ᠂ ᠠᠯᠤᠰ ᠭᠡᠳᠤ ᠲᠠᠢ ᠬᠤᠯᠪᠤᠭᠳᠠᠬᠤ ᠴᠢᠬᠤᠯᠠ ᠶᠡᠭᠡ ᠲᠦᠷᠦᠯ ᠵᠦᠢᠯ ᠪᠤᠯᠤᠨ᠎ᠠ᠂ ᠤᠯᠤᠰ ᠤᠨ | ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠨᠠᠶᠢᠳᠠᠪᠤᠷᠢᠵᠢᠭᠤᠯᠬᠤ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠲᠠᠢ ᠶᠤᠮ᠃ | ᠡᠨᠡ ᠬᠦ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠡᠨᠡ ᠵᠢᠯ ᠤᠨ ᠰᠢᠨ᠎ᠡ ᠪᠠᠷ ᠨᠡᠶᠢᠲᠡᠯᠡᠭᠰᠡᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠴᠢᠭᠯᠡᠭᠦᠯᠦᠨ᠂ ᠤᠰᠤᠨ ᠠᠰᠢᠭᠯᠠᠯᠲᠠ ᠶᠢᠨ ᠶᠠᠮᠤᠨ | ᠲᠥᠪ ᠤᠨ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠤᠨ ᠣᠨᠴᠠᠯᠢᠭ᠂ | ᠪᠠᠶᠢᠭ᠎ᠠ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠳᠡᠰ ᠢ ᠦᠨᠳᠦᠰᠦᠯᠡᠨ᠂ | ᠵᠦᠷᠢᠶᠡᠴᠢᠯᠡᠭᠰᠡᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤ ᠪᠠᠷ ᠡᠳᠡᠭᠡᠷ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠬᠡᠨ ᠠᠬᠢᠭᠤᠯᠪᠠ᠃ | ᠶᠡᠷᠦᠩᠬᠡᠶ ᠳᠤᠨᠢ ᠠᠪᠴᠤ ᠦᠵᠡᠪᠡᠯ᠂ ᠡᠨᠡ ᠠᠵᠢᠯ ᠪᠠᠰᠠ ᠤᠷᠤᠭᠰᠢᠲᠠᠶ ᠶᠠᠪᠤᠭᠳᠠᠵᠤ᠂ ᠣᠳᠣᠬᠠᠨ ᠳᠤ | 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ 37 ᠵᠦᠢᠯ ᠢ ᠨᠢᠭᠡᠨᠲᠡ | ᠴᠤᠬᠤᠯᠠᠪᠤᠷᠢᠯᠠᠨ᠂ ᠨᠢᠭᠡ ᠪᠦᠯᠦᠭ ᠲᠦᠷᠦᠯ ᠵᠦᠢᠯ ᠨᠢ ᠠᠵᠢᠯ ᠢᠶᠠᠨ ᠡᠬᠢᠯᠡᠭᠦᠯᠪᠡ᠂ ᠡᠨᠡ 150 ᠵᠦᠢᠯ ᠤᠨ | ᠳᠣᠲᠣᠷᠠᠬᠢ 23 ᠵᠦᠢᠯ ᠢ ᠨᠢ ᠨᠢᠭᠡᠨᠲᠡ ᠠᠵᠢᠯ ᠢᠶᠠᠨ ᠡᠬᠢᠯᠡᠭᠦᠯᠵᠦ᠂ ᠤᠢᠢᠷ᠎ᠠ ᠳᠤ ᠪᠠᠰᠠ ᠵᠠᠷᠢᠮ ᠴᠢᠬᠤᠯᠠ ᠶᠡᠭᠡ | ᠤᠰᠤᠨ ᠠᠰᠢᠭᠯᠠᠯᠲᠠ ᠶᠢᠨ ᠢᠨᠵᠧᠨᠧᠷᠢᠩ ᠢ ᠡᠬᠢᠯᠡᠭᠦᠯᠬᠦ ᠪᠣᠯᠤᠨ᠎ᠠ᠃ | ᠵᠠᠩ ᠰᠢᠶᠠᠩ ᠸᠧᠶ 2020 — 09 — 24 10᠄ 37᠄ 30 | ᠲᠠᠷᠠᠭᠠᠴᠢ ᠶᠢᠨ ᠠᠯᠬᠤᠮ ᠳᠤ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠪᠠᠷ ᠰᠠᠶᠢᠲᠤᠷ ᠬᠢᠨ᠎ᠡ᠃ | ᠨᠢᠭᠡᠳᠦᠭᠡᠷ ᠲᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠬᠡᠵᠦ᠂ ︽ᠦᠨᠡᠨ ᠬᠦ ᠬᠡᠷᠡᠭᠴᠡᠭᠡ ᠲᠠᠢ᠂ ᠠᠮᠢ ᠠᠬᠤᠶ ᠶᠢᠨ ᠠᠮᠤᠷ ᠲᠦᠪᠰᠢᠨ᠂ ᠦᠷᠭᠦᠯᠵᠢᠯᠡᠬᠦ︾ | ᠵᠠᠷᠴᠢᠮ ᠶᠣᠰᠣᠭᠠᠷ ᠡᠮᠦᠨᠡᠬᠢ ᠬᠤᠭᠤᠴᠠᠭᠠᠨ ᠤ ᠨᠤᠲᠠᠯᠠᠯᠲᠠ ᠶᠢ ᠭᠦᠨᠵᠡᠭᠡᠶᠢᠷᠡᠭᠦᠯᠦᠨ᠎ᠡ᠃ ᠢᠯᠠᠩᠭᠤᠶ᠎ᠠ ᠤᠰᠤᠨ ᠤ | ᠡᠬᠢ ᠪᠠᠶᠠᠯᠢᠭ ᠢ ᠠᠷᠪᠢᠯᠠᠨ ᠠᠰᠢᠭᠯᠠᠵᠤ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ᠂ ᠭᠠᠵᠠᠷ ᠰᠢᠷᠣᠶ ᠶᠢ | ᠡᠷᠴᠢᠮᠯᠢᠭ ᠠᠷᠪᠢᠯᠠᠨ ᠠᠰᠢᠭᠯᠠᠬᠤ ᠶᠢ ᠪᠠᠷᠢᠮᠲᠠᠯᠠᠨ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ᠂ | ᠨᠡᠭᠦᠳᠡᠯ ᠠᠷᠠᠳ ᠢ ᠲᠥᠪᠬᠢᠨᠡᠭᠦᠯᠬᠦ ᠲᠥᠰᠦᠯ ᠵᠡᠷᠭᠡ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠥᠬᠦᠢ ᠰᠠᠯᠠᠭ᠎ᠠ | ᠮᠥᠴᠢᠷ ᠲᠠᠢ ᠬᠠᠮᠲᠤ ᠪᠠᠷ ᠲᠥᠷᠥᠯ ᠵᠦᠢᠯ ᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠪᠠᠨ ᠲᠦᠷᠭᠡᠳᠬᠡᠨ᠂ | ᠢᠯᠡᠭᠦᠦ ᠨᠡᠭᠡᠭᠡᠬᠦ᠂ ᠡᠷᠲᠡ ᠨᠡᠭᠡᠭᠡᠬᠦ ᠪᠠᠷ ᠴᠢᠷᠮᠠᠶᠢᠨ᠎ᠠ᠃ | ᠬᠤᠶᠠᠳᠤᠭᠠᠷ ᠲᠤ᠂ ᠪᠡᠯᠡ ᠣᠷᠣᠭᠤᠯᠤᠯᠲᠠ ᠶᠢ ᠤᠯᠠᠨ ᠠᠷᠭ᠎ᠠ ᠵᠠᠮ ᠢᠶᠠᠷ ᠨᠠᠶᠢᠳᠠᠪᠤᠷᠢᠵᠢᠭᠤᠯᠤᠨ᠎ᠠ᠃ | ᠤᠴᠢᠷ ᠨᠢ ᠡᠨᠡ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠳᠤ ᠪᠠᠷᠤᠭ 1.29 | ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠴᠢᠬᠤᠯᠠ ᠲᠠᠢ ᠪᠠᠶᠢᠨ᠎ᠠ᠃ ᠡᠳᠡᠭᠡᠷ ᠪᠡᠯᠡ | ᠣᠷᠣᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠨᠢ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠦᠢᠯ ᠤᠨ ᠵᠠᠩᠭᠢᠯᠠᠭ᠎ᠠ ᠪᠣᠯᠵᠤ᠂ ᠡᠨᠡ ᠵᠢᠯ ᠤᠨ | 7 ᠰᠠᠷ᠎ᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠤᠰᠤᠭᠠᠷ | ᠤᠰᠤᠨ ᠠᠰᠢᠭᠯᠠᠯᠲᠠ ᠶᠢᠨ ᠶᠠᠮᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠶᠠᠮᠤᠨ ᠯᠤᠭ᠎ᠠ ᠬᠠᠮᠵᠢᠯᠴᠠᠨ᠂ ᠨᠢᠭᠡ ᠳᠤ ᠲᠥᠪ ᠤᠨ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠂ ᠡᠨᠡ ᠬᠦ ᠰᠠᠭᠤᠷᠢᠨ ᠳᠡᠭᠡᠷ᠎ᠡ᠂ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠬᠡᠷᠡᠭᠯᠡᠭᠡᠨ ᠤ ᠵᠢᠭᠡᠯᠡᠯᠭᠡ ᠶᠢ ᠰᠠᠶᠢᠲᠤᠷ ᠠᠰᠢᠭᠯᠠᠨ᠎ᠠ᠂ ᠡᠨᠡ ᠵᠢᠯ ᠤᠨ 1 — 9 ᠰᠠᠷ᠎ᠠ ᠳᠤ | ᠪᠦᠬᠦ ᠤᠯᠤᠰ ᠤᠨ ᠤᠰᠤᠨ ᠠᠰᠢᠭᠯᠠᠯᠲᠠ ᠶᠢᠨ ᠬᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠬᠡᠷᠡᠭᠯᠡᠭᠡᠨ ᠤ ᠵᠢᠭᠡᠯᠡᠯᠭᠡ ᠶᠢᠨ ᠲᠡᠮᠳᠡᠭᠲᠦ ᠶᠢ 1244 ᠳ᠋ᠦᠩᠰᠢᠭᠤᠷ ᠲᠥᠭᠦᠷᠢᠭ ᠠᠰᠢᠭᠯᠠᠵᠤ᠂ ᠨᠢᠳᠤᠨᠤᠨ ᠤ ᠪᠦᠬᠦ | ᠵᠢᠯ ᠤᠨ ᠤᠰᠤᠨ ᠠᠰᠢᠭᠯᠠᠯᠲᠠ ᠶᠢᠨ ᠬᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ ᠨᠠᠶᠢᠳᠠᠪᠤᠷᠢᠵᠢᠭᠤᠯᠤᠭᠰᠠᠨ ᠤ 4.9 ᠲᠠᠬᠢᠨ ᠪᠤᠯᠵᠤ᠂ ᠴᠢᠬᠤᠯᠠ ᠶᠡᠭᠡ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠳᠤ ᠳᠤᠩ ᠶᠡᠭᠡ ᠦᠢᠯᠡᠳᠦᠯ | ᠦᠵᠡᠭᠦᠯᠦᠭᠰᠡᠨ ᠪᠠᠶᠢᠨ᠎ᠠ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠ ᠨᠡᠭᠡᠭᠡᠯᠲᠡ ᠶᠢᠨ ᠴᠢᠨᠠᠷᠲᠠᠶ | ᠮᠥᠩᠭᠦᠨ ᠭᠦᠢᠯᠭᠡᠭᠡᠨ ᠤ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ | ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠣᠯᠠᠨ ᠠᠷᠭ᠎ᠠ ᠵᠠᠮ ᠢᠶᠠᠷ ᠳᠠᠮᠵᠢᠨ ᠡᠲᠡᠭᠡᠷ ᠢᠨᠵᠧᠨᠧᠷᠢᠩ ᠤᠨ ᠪᠠᠯᠠ | ᠣᠷᠣᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠭᠤᠷᠪᠠᠳᠤᠭᠠᠷ ᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠷᠥᠯ | ᠵᠦᠢᠯ ᠤᠨ ᠨᠥᠭᠡᠴᠡ ᠶᠢ ᠰᠠᠶᠢᠲᠤᠷ ᠬᠢᠵᠦ᠂ ᠡᠨᠡ ᠬᠦ 150 ᠵᠦᠢᠯ ᠤᠨ ᠰᠠᠭᠤᠷᠢᠨ ᠳᠡᠭᠡᠷ᠎ᠡ᠂ ᠶᠠᠭ ᠥᠷᠨᠢᠭᠦᠯᠵᠦ | ᠪᠠᠶᠢᠭ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ | ᠤᠶᠠᠯᠳᠤᠭᠤᠯᠤᠨ᠂ ᠤᠯᠤᠰ ᠤᠨ ᠤᠰᠤᠨ ᠲᠣᠣᠷ ᠤᠨ ᠪᠥᠳᠥᠭᠡᠨ ᠪᠠᠶᠢᠭᠤᠯᠤᠯᠲᠠ ᠪᠣᠯᠤᠨ ᠡᠨᠡ ᠵᠢᠯ ᠤᠨ ᠦᠶᠡᠷ ᠢ | ᠰᠡᠷᠭᠡᠶᠢᠯᠡᠬᠦ ᠳᠤ ᠢᠯᠡᠷᠡᠭᠰᠡᠨ ᠪᠠᠭᠤᠷᠠᠶ ᠭᠤᠭᠴᠤᠭ᠎ᠠ ᠪᠠᠷ ᠭᠤᠣᠯᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ ᠠᠷᠠᠳ ᠤᠨ | ᠠᠮᠢᠳᠤᠷᠠᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠲᠠᠬᠢᠨ ᠲᠥᠯᠥᠪᠯᠡᠵᠦ᠂ ᠲᠥᠷᠥᠯ | ᠵᠦᠢᠯ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠨᠥᠬᠦᠴᠡᠯ ᠪᠦᠷᠢᠳᠦᠭᠦᠯᠦᠭᠰᠡᠨ ᠢ ᠨᠢ ᠴᠦ ᠡᠷᠲᠡ ᠨᠡᠭᠡᠭᠡᠵᠦ | ᠢᠯᠡᠭᠦᠦ ᠨᠡᠭᠡᠭᠡᠬᠦ ᠪᠠᠷ ᠴᠢᠷᠮᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠭᠤᠷᠢᠯᠠᠬᠤ ᠦᠢᠯᠡᠳᠦᠯ | ᠦᠵᠡᠭᠦᠯᠦᠨ᠎ᠡ᠃ ᠪᠠᠶᠠᠷᠯᠠᠯ᠎ᠠ︕ | ᠰᠢᠨᠬᠤᠸᠠ ᠬᠤᠷᠢᠶᠠᠨ ᠤ ᠰᠤᠷᠪᠤᠯᠵᠢᠯᠠᠭᠴᠢ 2020 — 09 — 24 10᠄ 37᠄ 41 | ᠲᠡᠭᠡᠪᠡᠯ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠤᠨ ᠳᠤᠮᠳᠠ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠠᠵᠢᠯ ᠢ ᠬᠡᠷᠬᠢᠨ ᠰᠠᠶᠢᠲᠤᠷ ᠬᠢᠬᠦ ᠪᠤᠶ ᠶᠠᠮᠠᠷ ᠦᠢᠯᠡᠳᠦᠯ ᠭᠠᠷᠭᠠᠭᠰᠠᠨ ᠪᠤᠢ︖ ᠪᠠᠶᠠᠷᠯᠠᠯ᠎ᠠ︕ | | ᠶᠧ ᠵᠢᠶᠠᠨ ᠴᠦᠨ 2020 — 09 — 24 10᠄ 39᠄ 08 | ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠡᠨᠡ ᠠᠰᠠᠭᠤᠳᠠᠯ ᠢ ᠪᠢ ᠭᠤᠷᠪᠠᠨ ᠬᠡᠰᠡᠭ ᠬᠤᠪᠢᠶᠠᠨ | ᠲᠠᠶᠢᠯᠪᠤᠷᠢᠯᠠᠶ᠎ᠠ ᠭᠡᠵᠦ ᠪᠤᠳᠤᠵᠤ ᠪᠠᠶᠢᠨ᠎ᠠ᠂ ᠶᠠᠭᠤᠨ ᠤ ᠡᠮᠦᠨ᠎ᠡ ᠪᠢ ᠶᠡᠷᠦᠩᠬᠡᠶ ᠬᠦᠭ ᠠᠶᠠᠰ ᠨᠢ ᠶᠠᠮᠠᠷ ᠤᠴᠢᠷ | ᠪᠣᠯᠤᠭᠰᠠᠨ ᠢ ᠶᠠᠷᠢᠶ᠎ᠠ ᠭᠡᠵᠦ ᠪᠤᠳᠤᠵᠤ ᠪᠠᠶᠢᠨ᠎ᠠ᠃ 2018 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠠᠷᠠᠭ᠎ᠠ᠂ ᠰᠢᠨ᠎ᠡ ᠨᠢᠭᠡ ᠬᠤᠭᠤᠴᠠᠭᠠᠨ ᠤ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ | ᠳᠤᠭᠤᠢᠢᠯᠠᠩ ᠶᠡᠷᠦᠩᠬᠡᠢ ᠱᠦᠵᠢ ᠶᠢᠨ 2014 ᠣᠨ ᠤ 3 ᠰᠠᠷ᠎ᠠ ᠶᠢᠨ 14 ᠤ ᠡᠳᠦᠷ ᠲᠠᠯᠪᠢᠭᠰᠠᠨ ᠴᠢᠬᠤᠯᠠ | ᠶᠠᠷᠢᠶ᠎ᠠ ᠶᠢ ᠳᠠᠬᠢᠨᠲᠠ ᠰᠤᠷᠤᠯᠴᠠᠵᠤ᠂ ᠡᠨᠡ ᠬᠦ ᠶᠠᠷᠢᠶᠠᠨ ᠳᠤ ᠰᠢᠨ᠎ᠡ ᠴᠠᠭ ᠦᠶ᠎ᠡ ᠶᠢᠨ ᠤᠰᠤ ᠵᠠᠰᠠᠬᠤ ᠰᠡᠳᠬᠢᠴᠡ ᠶᠢ | ᠳᠤᠷᠠᠳᠴᠠᠢ᠃ ᠡᠨᠡ ᠬᠦ ᠰᠡᠳᠬᠢᠴᠡ ᠶᠢ ᠦᠨᠳᠦᠰᠦᠯᠡᠨ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠣᠯᠤᠨ | ᠤᠰᠤᠨ ᠤ ᠪᠠᠶᠢᠳᠠᠯ ᠲᠠᠢ ᠤᠶᠠᠯᠳᠤᠭᠤᠯᠤᠨ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ | ᠳᠤᠭᠤᠢᠢᠯᠠᠩ ᠪᠦᠬᠦ ᠰᠢᠰᠲ᠋ᠧᠮ ᠢᠶᠠᠷ ᠢᠶᠠᠨ ᠨᠠᠷᠢᠨ ᠬᠢᠨᠠᠮᠠᠭᠠᠶ ᠰᠤᠷᠤᠯᠴᠠᠨ ᠡᠮᠬᠢᠯᠡᠵᠦ᠂ ᠬᠤᠶᠢᠰᠢᠳᠠ ᠶᠢᠨ ᠨᠢᠭᠡ | ᠬᠡᠰᠡᠭ ᠬᠤᠭᠤᠴᠠᠭᠠᠨ ᠤ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ | ᠳᠤᠷᠠᠳᠤᠭᠰᠠᠨ ᠪᠠᠶᠢᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠬᠦ ᠶᠢ | ᠤᠯᠠᠨ ᠢᠶᠠᠷ ᠢᠶᠠᠨ ᠮᠠᠰᠢ ᠰᠠᠶᠢᠨ ᠣᠢᠢᠯᠠᠭᠠᠵᠤ ᠪᠠᠶᠢᠨ᠎ᠠ᠂ ᠢᠨᠵᠧᠨᠧᠷᠢᠩ ᠤᠨ ᠳᠤᠲᠠᠭᠤᠳᠠᠯ ᠮᠠᠰᠢ ᠤᠯᠠᠨ ᠪᠠᠶᠢᠨ᠎ᠠ᠂ | ᠡᠨᠡ ᠵᠢᠯ ᠤᠨ ᠦᠶᠡᠷ ᠢ ᠰᠡᠷᠭᠡᠶᠢᠯᠡᠬᠦ ᠠᠴᠠ ᠠᠰᠠᠭᠤᠳᠠᠯ ᠢ ᠣᠯᠵᠤ ᠬᠠᠷᠠᠵᠤ ᠪᠣᠯᠤᠨ᠎ᠠ᠃ ᠪᠠᠰᠠ ᠨᠢᠭᠡ ᠨᠢ ᠪᠦᠬᠦ | ᠠᠵᠢᠯ ᠲᠦᠷᠦᠯ ᠢᠶᠠᠷ ᠢᠶᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠠᠵᠢᠯ | ᠲᠦᠷᠦᠯ ᠢᠶᠠᠷ ᠢᠶᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠠᠪᠤᠳᠠᠯ ᠪᠣᠯᠤᠨ᠎ᠠ᠂ ᠡᠨᠡ ᠬᠦ ᠬᠢᠨᠠᠯᠲᠠ | ᠬᠠᠮᠢᠶᠠᠷᠤᠯᠲᠠ ᠨᠢ ᠶᠡᠷᠦᠩᠬᠡᠢ ᠱᠦᠵᠢ ᠶᠢᠨ ᠶᠠᠷᠢᠶᠠᠨ ᠳᠠᠭᠠᠨ ᠳᠤᠷᠠᠳᠤᠭᠰᠠᠨ ᠬᠥᠮᠦᠨ ᠤ ᠠᠵᠢᠯᠯᠠᠭ᠎ᠠ ᠶᠢ | ᠵᠢᠷᠤᠮᠵᠢᠭᠤᠯᠵᠤ᠂ ᠪᠤᠷᠤᠭᠤ ᠠᠵᠢᠯᠯᠠᠭ᠎ᠠ ᠶᠢ ᠵᠠᠯᠠᠷᠠᠭᠤᠯᠵᠤ᠂ ᠬᠢᠨᠠᠯᠲᠠ ᠬᠠᠮᠢᠶᠠᠷᠤᠯᠲᠠ ᠪᠠᠷ ᠳᠠᠮᠵᠢᠨ ᠤᠰᠤ ᠵᠠᠰᠠᠬᠤ | ᠰᠡᠳᠬᠢᠴᠡ ᠶᠢ ᠪᠡᠶᠡᠯᠡᠭᠦᠯᠵᠦ᠂ ᠲᠡᠭᠦᠨ ᠢ ᠪᠦᠲᠦᠮᠵᠢᠲᠡᠢ ᠪᠡᠶᠡᠯᠡᠭᠦᠯᠬᠦ ᠪᠠ ᠨᠠᠶᠢᠳᠠᠪᠤᠷᠢᠵᠢᠭᠤᠯᠬᠤ ᠶᠢ ᠵᠢᠭᠠᠵᠤ ᠪᠤᠢ᠃ | ᠶᠡᠷᠦᠩᠬᠡᠶ ᠬᠦᠭ ᠠᠶᠠᠰ ᠪᠣᠯ ᠢᠩᠭᠢᠵᠦ ᠢᠷᠡᠭᠰᠡᠨ ᠶᠤᠮ᠂ ᠡᠶᠢᠮᠦ ᠠᠴᠠ ᠡᠨᠡ ᠬᠡᠳᠦᠨ ᠵᠢᠯ ᠳᠤ ᠪᠢᠳᠡ ᠡᠶᠢᠮᠦ ᠨᠢᠭᠡᠨ | ᠶᠡᠷᠦᠩᠬᠡᠶ ᠬᠦᠭ ᠠᠶᠠᠰ ᠢᠶᠠᠷ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠬᠤᠯᠪᠣᠭᠳᠠᠯ ᠪᠦᠬᠦᠢ | ᠠᠵᠢᠯ ᠢ ᠥᠷᠨᠢᠭᠦᠯᠦᠭᠰᠡᠨ ᠪᠠᠶᠢᠨ᠎ᠠ᠃ | ᠬᠤᠶᠠᠳᠤᠭᠠᠷ ᠲᠤ᠂ ᠪᠢᠳᠡᠨ ᠤ ᠡᠨᠡ ᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠪᠣᠳᠣᠯᠬᠢᠯᠠᠯ ᠪᠣᠯ | ᠭᠤᠣᠯᠳᠠᠭᠤ ᠬᠤᠶᠠᠷ ᠲᠠᠯ᠎ᠠ ᠪᠣᠯᠤᠨ᠎ᠠ᠂ ᠨᠢᠭᠡ ᠲᠠᠯ᠎ᠠ ᠪᠠᠷ᠂ ᠲᠦᠷᠢᠮ ᠢᠶᠠᠷ ᠬᠥᠮᠦᠨ ᠢ ᠬᠠᠮᠢᠶᠠᠷᠴᠤ ᠬᠡᠷᠡᠭ ᠶᠠᠪᠤᠳᠠᠯ ᠢ | ᠬᠠᠮᠢᠶᠠᠷᠬᠤ ᠶᠢ ᠴᠢᠬᠤᠯᠠᠴᠢᠯᠠᠵᠤ᠂ ᠪᠢᠳᠡᠨ ᠳᠤ ᠦᠶᠡᠷ ᠤᠨ ᠬᠢᠵᠠᠭᠠᠷ ᠤᠨ ᠤᠰᠤᠨ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠭᠲᠠᠭᠠᠯ᠂ ᠤᠰᠤᠨ ᠤ ᠢᠨᠵᠧᠨᠧᠷᠢᠩ ᠤᠨ ᠦᠶᠡᠷ ᠤᠰᠤᠳᠤᠯ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ ᠶᠢ ᠳᠣᠭᠢᠷᠠᠭᠤᠯᠤᠨ ᠬᠡᠷᠡᠭᠯᠡᠬᠦ ᠵᠢᠴᠢ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠵᠡᠷᠭᠡ ᠲᠦᠷᠢᠮ ᠲᠠᠢ ᠪᠠᠶᠢᠬᠤ ᠶᠢᠨ | ᠬᠠᠮᠲᠤ᠂ ᠡᠲᠡᠭᠡᠷ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠵᠠᠷᠢᠮ | ᠠᠷᠭ᠎ᠠ ᠪᠠᠷᠢᠯ ᠢᠶᠠᠷ ᠴᠢᠩᠭᠠᠳᠬᠠᠵᠤ᠂ ᠡᠲᠡᠭᠡᠷ ᠲᠦᠷᠢᠮ ᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ ᠶᠢ | ᠪᠠᠶᠢᠴᠠᠭᠠᠬᠤ ᠪᠠᠷ ᠪᠠᠶᠢᠨ᠎ᠠ᠃ ᠨᠦᠬᠦᠭᠡ ᠲᠠᠯ᠎ᠠ ᠪᠠᠷ᠂ ᠬᠢᠨᠠᠯᠲᠠ ᠲᠠᠯᠪᠢᠵᠤ ᠭᠦᠢᠴᠡᠳᠬᠡᠬᠦ ᠶᠢ ᠴᠢᠩᠭᠠᠳᠬᠠᠪᠠ᠃ | ᠰᠠᠶ᠋ᠢᠬᠠᠨ ᠤ ᠲᠠᠨᠢᠯᠴᠠᠭᠤᠯᠤᠭᠰᠠᠨ ᠢᠶᠠᠷ᠂ ᠨᠢᠭᠡ ᠨᠢ ︽ᠳᠥᠷᠪᠡᠨ ᠦᠯᠦ ᠬᠤᠶᠠᠷ ᠰᠢᠯᠤᠭᠤᠨ︾ ᠨᠢᠭᠤᠴᠠ ᠪᠠᠷ | ᠰᠤᠷᠪᠤᠯᠵᠢᠯᠠᠬᠤ ᠬᠡᠯᠪᠡᠷᠢ ᠶᠢᠨ ᠱᠠᠯᠠᠪᠳᠠᠭᠤᠯᠤᠨ ᠪᠠᠶᠢᠴᠠᠭᠠᠯᠲᠠ᠂ ᠨᠢᠭᠡ ᠨᠢ ᠮᠠᠨ ᠤ ᠵᠢᠵᠢᠭᠦᠷᠯᠡᠨ ᠠᠵᠢᠯᠯᠠᠬᠤ | ᠤᠲᠠᠰᠤ ᠪᠠᠷ ᠰᠤᠭᠤᠴᠢᠨ ᠪᠠᠶᠢᠴᠠᠭᠠᠯᠲᠠ᠂ ᠨᠥᠭᠦᠭᠡ ᠨᠢ ᠠᠵᠢᠯᠯᠠᠬᠤ ᠳᠤᠭᠤᠢᠢᠯᠠᠩ ᠤᠨ ᠲᠤᠬᠠᠶ ᠶᠢᠨ ᠲᠠᠯᠠᠪᠤᠷ ᠤᠨ | ᠱᠠᠯᠠᠪᠳᠠᠭᠤᠯᠤᠨ ᠪᠠᠶᠢᠴᠠᠭᠠᠯᠲᠠ ᠪᠣᠯᠤᠨ᠎ᠠ᠃ ︽ᠭᠤᠷᠪᠠ ᠶᠢ ᠨᠢᠭᠡ ᠴᠤᠭᠴᠠᠵᠢᠭᠤᠯᠬᠤ︾ ᠱᠠᠯᠠᠪᠳᠠᠭᠤᠯᠤᠨ | ᠪᠠᠶᠢᠴᠠᠭᠠᠯᠲᠠ ᠪᠠᠷ ᠳᠠᠮᠵᠢᠨ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠭᠲᠠᠭᠠᠭᠰᠠᠨ ᠡᠳᠡᠭᠡᠷ ᠲᠠᠯ᠎ᠠ ᠶᠢᠨ ᠲᠦᠷᠢᠮ ᠢ ᠪᠠᠶᠢᠴᠠᠭᠠᠨ᠎ᠠ᠃ ᠡᠨᠡ ᠪᠣᠯ | ᠮᠠᠨ ᠤ ᠪᠦᠬᠦ ᠲᠠᠯ᠎ᠠ ᠶᠢᠨ ᠪᠣᠳᠣᠯᠬᠢᠯᠠᠯ᠂ ᠳᠦᠷᠢᠮ ᠤᠨ ᠴᠢᠩᠭᠠᠷᠠᠯᠲᠠ ᠪᠠ ᠬᠢᠨᠠᠯᠲᠠ ᠬᠠᠮᠢᠶᠠᠷᠤᠯᠲᠠ ᠶᠢᠨ | ᠴᠢᠩᠭᠠᠷᠠᠯᠲᠠ ᠪᠤᠯᠤᠨ᠎ᠠ᠃ | ᠶᠧ ᠵᠢᠶᠠᠨ ᠴᠦᠨ 2020 — 09 — 24 10᠄ 43᠄ 37 | ᠭᠤᠷᠪᠠᠳᠤᠭᠠᠷ ᠲᠤ᠂ ᠡᠳᠡᠭᠡᠷ ᠪᠣᠳᠠᠲᠠᠶ ᠶᠠᠪᠤᠳᠠᠯ ᠢ ᠶᠠᠭᠠᠬᠢᠵᠤ ᠬᠢᠭᠰᠡᠨ ᠢ ᠲᠠᠨᠢᠯᠴᠠᠭᠤᠯᠤᠶ᠎ᠠ᠃ ᠴᠠᠭ ᠤᠨ | ᠳᠠᠷᠠᠭᠠᠯᠠᠯ ᠢᠶᠠᠷ ᠡᠩ ᠲᠡᠷᠢᠭᠦᠨ ᠳᠤ ᠪᠠᠶᠢᠴᠠᠭᠠᠬᠤ ᠨᠢ ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ | ᠳᠤᠬᠠᠢ ᠪᠤᠯᠤᠨ᠎ᠠ᠂ ᠪᠢᠳᠡ ᠦᠶᠡᠷ ᠤᠨ ᠬᠤᠭᠤᠴᠠᠭᠠᠨ ᠠᠴᠠ ᠡᠮᠦᠨ᠎ᠡ ᠭᠤᠣᠯᠳᠠᠭᠤ ᠡᠯ᠎ᠡ ᠭᠠᠵᠠᠷ ᠤᠨ ᠬᠢᠨ | ᠨᠢᠳᠤᠨᠤᠨ ᠤ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠭᠰᠡᠨ ᠡᠰᠡᠬᠦ ᠶᠢ ᠱᠠᠯᠠᠪᠳᠠᠭᠤᠯᠤᠨ | ᠪᠠᠶᠢᠴᠠᠭᠠᠵᠤ᠂ ᠡᠨᠡ ᠵᠢᠯ ᠤᠨ ᠦᠶᠡᠷ ᠤᠰᠤᠳᠤᠯ ᠤᠨ ᠪᠠᠶᠢᠳᠠᠯ ᠢ ᠠᠷᠭᠠᠴᠠᠭᠠᠵᠤ ᠳᠡᠶᠢᠯᠬᠦ ᠪᠣᠯᠲᠠᠯ᠎ᠠ ᠰᠡᠷᠭᠦᠭᠡᠵᠦ᠂ | 19 ᠮᠤᠵᠢ ᠶᠢᠨ 3 ᠰᠠᠪᠠ ᠭᠠᠵᠠᠷ ᠤᠨ 334 ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠲᠦᠷᠦᠯ | ᠵᠦᠢᠯ ᠳᠤ ᠲᠤᠰᠬᠠᠶ ᠪᠠᠶᠢᠴᠠᠭᠠᠯᠲᠠ ᠬᠢᠵᠦ᠂ ᠡᠨᠡ ᠵᠢᠯ ᠬᠢᠵᠢᠭ ᠤᠨ ᠪᠠᠶᠢᠳᠠᠯ ᠤᠨ ᠨᠥᠯᠥᠭᠡ ᠪᠠᠷ ᠡᠯ᠎ᠡ | ᠭᠠᠵᠠᠷ ᠤᠨ ᠬᠢᠨ ᠢ ᠱᠠᠯᠠᠪᠳᠠᠭᠤᠯᠤᠨ ᠱᠠᠭᠠᠷᠳᠠᠯᠭ᠎ᠠ ᠶᠣᠰᠣᠭᠠᠷ ᠡᠳᠡᠭᠡᠷ ᠪᠠᠷᠢᠯᠭ᠎ᠠ ᠶᠢ ᠵᠠᠰᠠᠨ ᠰᠡᠷᠭᠦᠭᠡᠵᠦ᠂ ᠡᠨᠡ ᠵᠢᠯ | ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠵᠠᠯᠭᠠᠭᠠᠳ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠢ | ᠰᠡᠷᠭᠡᠶᠢᠯᠡᠬᠦ ᠲᠥᠰᠦᠯ ᠢ ᠪᠠᠶᠢᠴᠠᠭᠠᠵᠤ᠂ ᠪᠢᠳᠡᠨ ᠳᠤ ︽ᠲᠦᠷᠪᠡᠨ ᠬᠠᠷᠠᠯᠲᠠ︾ ᠲᠠᠢ᠂ ᠴᠢᠬᠤᠯᠠ ᠭᠤᠣᠯ ᠮᠥᠷᠡᠨ᠂ | ᠭᠤᠣᠯᠳᠠᠯᠭ᠎ᠠ ᠲᠠᠢ ᠬᠤᠳᠠ ᠳᠤ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠢ ᠰᠡᠷᠭᠡᠶᠢᠯᠡᠬᠦ ᠲᠥᠰᠦᠯ ᠢ | ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠂ ᠪᠢᠳᠡ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ | ᠡᠳᠡᠭᠡᠷ ᠲᠥᠰᠦᠯ ᠨᠢ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠰᠠᠮᠠᠭᠤᠷᠠᠯ ᠭᠠᠷᠭᠠᠬᠤ ᠦᠭᠡᠢ | ᠪᠠᠶᠢᠬᠤ ᠶᠢ ᠪᠡᠶᠡᠯᠡᠭᠦᠯᠵᠦ ᠳᠡᠶᠢᠯᠬᠦ ᠡᠰᠡᠬᠦ ᠶᠢ ᠪᠠᠶᠢᠴᠠᠭᠠᠵᠤ᠂ ᠲᠡᠭᠦᠨ ᠤ ᠬᠡᠷᠡᠭᠯᠡᠭᠡᠨ ᠤ ᠴᠢᠨᠠᠷ᠂ ᠬᠠᠨᠳᠤᠯᠭᠠᠲᠤ ᠴᠢᠨᠠᠷ | ᠪᠠ ᠬᠡᠷᠡᠭᠵᠢᠭᠦᠯᠵᠦ ᠪᠣᠯᠬᠤᠢᠢᠴᠠ ᠴᠢᠨᠠᠷ ᠢ ᠪᠠᠶᠢᠴᠠᠭᠠᠨ᠎ᠠ᠂ ᠡᠨᠡ ᠪᠣᠯ ᠪᠢᠳᠡᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠶᠢᠨ ᠬᠤᠶᠠᠳᠤᠭᠠᠷ ᠵᠦᠢᠯ ᠤᠨ ᠠᠵᠢᠯ ᠪᠣᠯᠤᠨ᠎ᠠ ᠭᠡᠵᠦ ᠰᠠᠶ᠋ᠢᠬᠠᠨ ᠬᠡᠯᠡᠭᠰᠡᠨ ᠪᠢᠯᠡ᠃ | ᠭᠤᠷᠪᠠᠳᠤᠭᠠᠷ ᠲᠤ ᠤᠰᠤᠨ ᠴᠥᠭᠦᠷᠥᠮ᠂ ᠲᠤᠮᠤ ᠳᠤᠮᠳᠠ ᠬᠡᠯᠪᠡᠷᠢ ᠶᠢᠨ ᠬᠢ ᠶᠢ ᠪᠢᠳᠡ ᠪᠣᠯ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠬᠢᠨᠠᠨ ᠬᠠᠮᠢᠶᠠᠷᠤᠯᠲᠠ ᠬᠢᠵᠤ ᠪᠠᠶᠢᠨ᠎ᠠ᠂ ᠰᠦᠯᠵᠢᠶᠡᠨ ᠳᠡᠭᠡᠷᠡᠬᠢ ᠪᠣᠯ ᠲᠡᠭᠦᠨ ᠤ | ᠤᠰᠤᠨ ᠲᠦᠪᠰᠢᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠲᠡᠭᠦᠨ ᠤ ᠲᠣᠭᠲᠠᠭᠠᠯ ᠠᠴᠠ ᠵᠥᠷᠢᠴᠡᠨ | ᠦᠶᠡᠷ ᠤᠨ ᠬᠡᠮᠵᠢᠶᠡᠨ ᠤ ᠬᠢᠵᠠᠭᠠᠷ ᠠᠴᠠ ᠬᠡᠲᠦᠷᠡᠭᠰᠡᠨ ᠡᠰᠡᠬᠦ᠂ ᠦᠶᠡᠷ ᠵᠠᠯᠠᠬᠤ ᠴᠢᠬᠤᠯᠠ ᠦᠭᠡᠢ ᠦᠶ᠎ᠡ ᠳᠤ ᠦᠶᠡᠷ | ᠵᠠᠯᠠᠬᠤ ᠡᠰᠡᠬᠦ ᠶᠢ ᠠᠩᠬᠠᠷᠤᠨ᠎ᠠ᠃ ᠰᠦᠯᠵᠢᠶᠡᠨ ᠭᠠᠳᠠᠨ᠎ᠠ ᠪᠢᠳᠡ ᠨᠢᠭᠤᠴᠠ ᠪᠠᠷ ᠰᠤᠷᠪᠤᠯᠵᠢᠯᠠᠬᠤ ᠠᠷᠭ᠎ᠠ ᠪᠠᠷ | ᠡᠳᠡᠭᠡᠷ ᠤᠰᠤᠨ ᠴᠥᠭᠦᠷᠥᠮ ᠢ ᠲᠣᠬᠢᠷᠠᠭᠤᠯᠬᠤ ᠵᠠᠷᠯᠢᠭ ᠶᠣᠰᠣᠭᠠᠷ ᠬᠡᠷᠡᠭᠵᠢᠭᠦᠯᠵᠦ ᠪᠠᠢᠶ᠋ᠬᠤ ᠡᠰᠡᠬᠦ ᠶᠢ | ᠱᠠᠯᠠᠪᠳᠠᠭᠤᠯᠤᠨ᠎ᠠ᠃ ᠡᠨᠡ ᠵᠢᠯ ᠤᠰᠤᠨ ᠴᠥᠭᠦᠷᠥᠮ ᠳᠤ ᠳᠤᠷ᠎ᠠ ᠪᠠᠷ ᠢᠶᠠᠨ ᠦᠶᠡᠷ ᠤᠨ ᠬᠡᠮᠵᠢᠶᠡᠨ ᠤ ᠬᠢᠵᠠᠭᠠᠷ ᠠᠴᠠ | ᠬᠡᠲᠦᠷᠡᠲᠡᠯ᠎ᠡ ᠠᠵᠢᠯᠯᠠᠵᠤ ᠪᠠᠢᠶ᠋ᠭ᠎ᠠ ᠬᠥᠮᠦᠨ ᠨᠢᠭᠡ ᠴᠦ ᠪᠠᠢᠶ᠋ᠬᠤ ᠦᠭᠡᠶ᠃ ᠪᠠᠭ᠎ᠠ ᠬᠡᠯᠪᠡᠷᠢ ᠶᠢᠨ ᠤᠰᠤᠨ | ᠴᠥᠭᠦᠷᠥᠮ ᠤᠨ ︽ᠭᠤᠷᠪᠠᠨ ᠬᠠᠷᠢᠭᠤᠴᠠᠯᠭᠠᠲᠠᠨ︾ ᠢ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠡᠨᠡ ᠵᠢᠯ ᠨᠡᠶᠢᠲᠡ 6107 ᠪᠠᠭ᠎ᠠ ᠬᠡᠯᠪᠡᠷᠢ ᠶᠢᠨ ᠤᠰᠤᠨ ᠴᠥᠭᠦᠷᠥᠮ ᠢ ᠨᠢᠭᠤᠴᠠ ᠪᠠᠷ ᠰᠤᠷᠪᠤᠯᠵᠢᠯᠠᠵᠤ᠂ ᠣᠨᠴᠠ | ᠵᠠᠷᠢᠮ ᠨᠢ ᠣᠷᠣᠨ ᠪᠠᠶᠢᠷᠢ ᠳᠠᠭᠠᠨ ᠭᠦᠷᠦᠭᠰᠡᠨ ᠥᠬᠡᠶ ᠠᠴᠠ ᠪᠤᠰᠤᠳ ᠵᠣᠩᠬᠢᠯᠠᠬᠤ ᠬᠡᠰᠡᠭ ᠢ ᠨᠢ ᠴᠥᠮ ᠣᠷᠣᠨ | ᠪᠠᠶᠢᠷᠢ ᠳᠠᠭᠠᠨ ᠣᠷᠣᠭᠤᠯᠵᠤ᠂ ᠪᠠᠭ᠎ᠠ ᠬᠡᠯᠪᠡᠷᠢ ᠶᠢᠨ ᠤᠰᠤᠨ ᠴᠥᠭᠦᠷᠥᠮ ᠡᠨᠡ ᠵᠢᠯ ᠤᠨ ᠦᠶᠡᠷ ᠢ ᠠᠮᠤᠷ | ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃ ᠳᠥᠷᠪᠡᠳᠦᠭᠡᠷ ᠲᠤ᠂ ᠠᠭᠤᠯᠠᠨ ᠦᠶᠡᠷ ᠤᠨ ᠭᠠᠮᠰᠢᠭ᠂ | ᠤᠴᠢᠷ ᠨᠢ ᠠᠭᠤᠯᠠᠨ ᠦᠶᠡᠷ ᠤᠨ ᠭᠠᠮᠰᠢᠭ ᠪᠣᠯ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠠᠴᠠ ᠪᠣᠯᠵᠤ | ᠥᠭᠦᠵᠦ ᠰᠢᠷᠬᠠᠲᠤᠭᠰᠠᠨ ᠬᠥᠮᠦᠨ ᠤ ᠲᠤᠭ᠎ᠠ ᠪᠠᠷ ᠬᠠᠮᠤᠭ ᠤᠨ ᠣᠯᠠᠨ ᠭᠠᠮᠰᠢᠭ ᠤᠨ ᠲᠥᠷᠥᠯ ᠪᠣᠯᠤᠨ᠎ᠠ᠃ ᠪᠢᠳᠡ | 29 ᠮᠤᠵᠢ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ 106 | ᠰᠢᠶᠠᠨ ᠤ 400 ᠭᠠᠷᠤᠶ ᠲᠣᠰᠬᠤᠨ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠳᠤᠬᠠᠢ | ᠨᠢᠭᠤᠴᠠ ᠪᠠᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠭᠡᠳ ᠵᠠᠷᠢᠮ ᠠᠰᠠᠭᠤᠳᠠᠯ ᠢ | ᠣᠯᠵᠤ ᠮᠡᠳᠡᠪᠡ᠂ ᠡᠳᠡᠭᠡᠷ ᠠᠰᠠᠭᠤᠳᠠᠯ ᠢ ᠴᠥᠮ ᠡᠯ᠎ᠡ ᠭᠠᠵᠠᠷ ᠤᠨ ᠬᠢᠨ ᠤ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠵᠠᠶ᠂ ᠡᠭᠦᠨ ᠳᠤ ᠭᠤᠣᠯᠳᠠᠭᠤ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠤᠨ ᠬᠡᠪ ᠤᠨ ᠶᠣᠰᠣᠭᠠᠷ ᠠᠵᠢᠯᠯᠠᠵᠤ ᠴᠢᠳᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠰᠦᠷᠳᠡᠭᠦᠯᠦᠯ ᠳᠤ | ᠤᠴᠠᠷᠠᠭᠰᠠᠨ ᠤᠯᠠᠨ ᠲᠦᠮᠡᠨ ᠤ ᠭᠠᠷ ᠲᠤ ᠴᠠᠭ ᠲᠤᠬᠠᠶ ᠳᠤᠨᠢ ᠬᠦᠷᠭᠡᠵᠦ ᠴᠢᠳᠠᠬᠤ ᠶᠢ ᠱᠠᠭᠠᠷᠳᠠᠵᠠᠶ᠃ | ᠡᠨᠡ ᠬᠡᠳᠦᠨ ᠲᠣᠮᠣ ᠬᠡᠰᠡᠭ ᠠᠴᠠ ᠭᠠᠳᠠᠨ᠎ᠠ᠂ ᠪᠢᠳᠡ ᠡᠨᠡ ᠵᠢᠯ ᠤᠨ ᠦᠶᠡᠷ ᠤᠨ ᠬᠤᠭᠤᠴᠠᠭᠠᠨ ᠤ ᠰᠢᠷᠦᠭᠦᠨ | ᠪᠣᠷᠣᠭᠠᠨ ᠦᠶᠡᠷ ᠤᠰᠤᠳᠤᠯ ᠢ ᠰᠡᠷᠭᠡᠶᠢᠯᠡᠬᠦ ᠶᠠᠪᠤᠴᠠ ᠳᠤ ᠪᠠᠰᠠ ᠶᠡᠷᠦᠩᠬᠡᠶᠢᠯᠡᠭᠰᠡᠨ ᠴᠢᠨᠠᠷᠲᠠᠶ ᠱᠠᠯᠠᠪᠳᠠᠭᠤᠯᠤᠨ | ᠪᠠᠶᠢᠴᠠᠭᠠᠯᠲᠠ ᠬᠢᠵᠦ᠂ ᠠᠯᠢ ᠭᠠᠵᠠᠷ ᠲᠤ ᠰᠢᠷᠦᠭᠦᠨ ᠪᠣᠷᠣᠭᠠᠨ ᠤᠷᠤᠭᠰᠠᠨ ᠪᠠᠶᠢᠪᠠᠯ᠂ ᠠᠯᠢ ᠭᠠᠵᠠᠷ ᠲᠤ ᠪᠢᠳᠡ | ᠬᠡᠷᠪᠡ ᠰᠡᠷᠭᠡᠶᠢᠯᠡᠯᠲᠡ ᠶᠢᠨ ᠠᠵᠢᠯ ᠬᠠᠷᠢᠴᠠᠩᠭᠤᠶ ᠪᠠᠷ ᠪᠠᠭᠤᠷᠠᠶ ᠪᠠᠶᠢᠬᠤ ᠶᠢ ᠣᠯᠵᠤ ᠮᠡᠳᠡᠪᠡᠯ᠂ ᠮᠠᠨ ᠤ | ᠨᠢᠭᠤᠴᠠ ᠪᠠᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠤᠭᠤᠢᠢᠯᠠᠩ ᠲᠡᠨᠳᠡ ᠬᠦᠷᠴᠦ᠂ ᠲᠡᠳᠡᠨ ᠤ | ᠦᠶᠡᠷ ᠢ ᠰᠡᠷᠭᠡᠶᠢᠯᠡᠬᠦ ᠬᠤᠭᠤᠴᠠᠭᠠᠨ ᠳᠠᠬᠢ ᠡᠯ᠎ᠡ ᠵᠦᠢᠯ ᠤᠨ ᠵᠠᠷᠯᠢᠭ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠦᠲᠦᠮᠵᠢᠲᠡᠶ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠶᠢ ᠪᠠᠶᠢᠴᠠᠭᠠᠵᠤ᠂ ᠲᠡᠳᠡᠨ ᠤ ᠵᠢᠵᠢᠭᠦᠷᠯᠡᠵᠦ ᠪᠠᠶᠢᠭ᠎ᠠ ᠪᠠᠶᠢᠳᠠᠯ ᠢ | ᠪᠠᠶᠢᠴᠠᠭᠠᠵᠤ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠪᠠᠶᠢᠭ᠎ᠠ ᠪᠠᠶᠢᠳᠠᠯ ᠢ | ᠪᠠᠶᠢᠴᠠᠭᠠᠨ᠎ᠠ᠃ ᠤᠰᠤᠨ ᠤ ᠪᠠᠶᠢᠳᠠᠯ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠨ ᠱᠠᠯᠠᠪᠳᠠᠭᠤᠯᠤᠨ | ᠪᠠᠶᠢᠴᠠᠭᠠᠬᠤ ᠠᠵᠢᠯ ᠢ ᠲᠣᠬᠢᠷᠠᠭᠤᠯᠤᠨ᠎ᠠ᠂ ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ᠂ ᠪᠡᠯᠡᠳᠬᠡᠯ | ᠲᠥᠰᠦᠯ ᠢ ᠪᠠᠶᠢᠴᠠᠭᠠᠬᠤ᠂ ᠤᠰᠤᠨ ᠴᠥᠭᠦᠷᠥᠮ ᠢ ᠪᠠᠶᠢᠴᠠᠭᠠᠬᠤ᠂ ᠠᠭᠤᠯᠠᠨ ᠦᠶᠡᠷ ᠤᠨ ᠭᠠᠮᠰᠢᠭ ᠪᠠ ᠪᠦᠬᠦ᠋ᠢᠯᠡ | ᠦᠶᠡᠷ ᠤᠰᠤᠳᠤᠯ ᠤᠨ ᠪᠠᠶᠢᠳᠠᠯ ᠢ ᠰᠡᠷᠭᠡᠶᠢᠯᠡᠬᠦ ᠵᠡᠷᠭᠡ ᠶᠢ ᠪᠠᠶᠢᠴᠠᠭᠠᠨ᠎ᠠ᠃ | ᠬᠡᠳᠦᠨ ᠠᠷᠭ᠎ᠠ ᠬᠡᠮᠵᠢᠶ᠎ᠡ ᠪᠠᠷ ᠳᠠᠮᠵᠢᠨ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ | ᠪᠣᠯᠤᠨ ᠬᠠᠮᠢᠶ᠎ᠠ ᠪᠥᠬᠦᠢ ᠦᠶᠡᠷ ᠰᠡᠷᠭᠡᠶᠢᠯᠡᠯᠲᠡ ᠶᠢᠨ ᠬᠠᠷᠢᠭᠤᠴᠠᠯᠭᠠᠲᠠᠳ ᠤᠨ ᠠᠵᠢᠯ ᠤᠨ ᠪᠠᠶᠢᠷᠢ ᠳᠤ ᠦᠨᠡᠨ ᠬᠦ | ᠭᠠᠷᠬᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠪᠠ ᠲᠥᠪ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠤᠨ ᠤᠰᠤᠨ ᠠᠰᠢᠭᠯᠠᠯᠲᠠ ᠶᠢᠨ ᠶᠠᠮᠤᠨ ᠤ ᠦᠶᠡᠷ ᠰᠡᠷᠭᠡᠶᠢᠯᠡᠬᠦ ᠠᠵᠢᠯ ᠤᠨ | ᠲᠤᠬᠢᠷᠠᠭᠤᠯᠤᠯᠳᠠ ᠶᠢ ᠦᠨᠡᠨ ᠬᠦ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠤ ᠬᠠᠮᠲᠤ ᠪᠠᠰᠠ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠬᠡᠪ ᠤᠨ ᠶᠣᠰᠣᠭᠠᠷ ᠦᠢᠯᠡᠳᠦᠯ ᠢᠶᠠᠨ ᠪᠠᠳᠠᠷᠠᠭᠤᠯᠬᠤ ᠶᠢ ᠪᠦᠲᠦᠮᠵᠢᠲᠡᠶ | ᠱᠠᠯᠠᠪᠳᠠᠭᠤᠯᠤᠭᠰᠠᠨ ᠪᠠ ᠦᠨᠡᠨ ᠬᠦ ᠪᠠᠲᠤᠯᠠᠭᠰᠠᠨ ᠪᠠᠶᠢᠨ᠎ᠠ᠃ ᠡᠶᠢᠮᠦ ᠠᠴᠠ ᠦᠷ᠎ᠡ ᠳ᠋ᠦᠩ ᠨᠢ ᠲᠦᠢᠯ ᠤᠨ | ᠢᠯᠡᠳᠳᠡ ᠪᠠᠶᠢᠵᠤ᠂ ᠠᠶᠤᠯ ᠲᠦᠭᠰᠢᠭᠦᠷᠢ ᠶᠢ ᠪᠠᠭᠠᠰᠬᠠᠬᠤ ᠪᠠ ᠭᠠᠶ ᠭᠠᠮᠰᠢᠭ ᠤᠨ ᠬᠤᠬᠢᠷᠠᠯ ᠢ ᠪᠠᠭᠠᠰᠬᠠᠬᠤ | ᠵᠣᠷᠢᠯᠭ᠎ᠠ ᠳᠠᠭᠠᠨ ᠬᠦᠷᠴᠦ ᠴᠢᠳᠠᠭᠰᠠᠨ ᠪᠠᠶᠢᠨ᠎ᠠ᠃ ᠪᠠᠶᠠᠷᠯᠠᠯ᠎ᠠ︕ | ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ 2020 — 09 — | 24 10᠄ 44᠄ 06 | ᠡᠨᠡ ᠵᠢᠯ ᠤᠨ ᠦᠶᠡᠷ ᠤᠨ ᠬᠤᠭᠤᠴᠠᠭᠠᠨ ᠤ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠨᠢ | ᠦᠶᠡᠷ ᠢ ᠰᠡᠷᠭᠡᠶᠢᠯᠡᠬᠦ ᠳᠤ ᠶᠠᠮᠠᠷ ᠦᠢᠯᠡᠳᠦᠯ ᠦᠵᠡᠭᠦᠯᠦᠭᠰᠡᠨ ᠢ ᠣᠢᠢᠯᠠᠭᠠᠬᠤ ᠰᠠᠨᠠᠭ᠎ᠠ ᠲᠠᠢ᠂ ᠣᠳᠣᠬᠠᠨ ᠳᠤ ᠮᠠᠨ ᠤ | ᠤᠯᠤᠰ ᠤᠨ ᠦᠶᠡᠷ ᠤᠰᠤᠳᠤᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠮᠡᠷᠭᠡᠵᠢᠯ ᠶᠡᠭᠡ ᠲᠥᠯᠥᠪ | ᠳᠡᠯᠡᠬᠡᠢ ᠳᠡᠭᠡᠷ᠎ᠡ ᠶᠠᠮᠠᠷ ᠲᠦᠪᠰᠢᠨ ᠳᠤ ᠪᠠᠶᠢᠬᠤ ᠪᠤᠢ︖ ᠪᠠᠶᠠᠷᠯᠠᠯ᠎ᠠ︕ | ᠯᠢᠦ ᡁᠢ ᠢᠦᠢ 2020 — 09 — 24 10᠄ 47᠄ 35 | ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠡᠨᠡ ᠵᠢᠯ ᠮᠠᠨ ᠤ ᠤᠯᠤᠰ ᠲᠤ 1998 ᠣᠨ ᠠᠴᠠ | ᠨᠠᠭᠠᠰᠢᠬᠢ ᠬᠠᠮᠤᠭ ᠤᠨ ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠭᠠᠷᠴᠤ᠂ ᠤᠷᠢᠳᠴᠢᠯᠠᠨ ᠵᠢᠱᠢᠵᠦ | ᠤᠷᠢᠳᠴᠢᠯᠠᠨ ᠮᠡᠳᠡᠭᠡᠯᠡᠬᠦ ᠠᠵᠢᠯ ᠬᠦᠨᠳᠦ ᠶᠡᠭᠡ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠡᠨᠡ ᠬᠦ ᠠᠵᠢᠯ ᠢ | ᠰᠠᠶᠢᠲᠤᠷ ᠬᠢᠬᠦ ᠶᠢᠨ ᠲᠥᠯᠥᠭᠡ᠂ ︽ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ | ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ᠂ ᠤᠷᠢᠳᠴᠢᠯᠠᠨ ᠮᠡᠳᠡᠭᠡᠯᠡᠬᠦ ᠴᠠᠭ ᠢ ᠪᠣᠭᠤᠨᠢᠰᠬᠠᠬᠤ︾ ᠡᠨᠡ | ᠬᠦ ᠬᠠᠷᠠᠯᠲᠠ ᠶᠢᠨ ᠲᠣᠭᠤᠷᠢᠨ ᠳᠤ ᠪᠢᠳᠡ ︽ᠤᠷᠢᠳᠴᠢᠯᠠᠨ ᠮᠡᠳᠡᠭᠡᠯᠡᠬᠦ ᠲᠤᠰᠬᠠᠶ ᠠᠩᠬᠢ᠂ ᠬᠠᠮᠲᠤᠷᠠᠨ | ᠵᠥᠪᠳᠡᠯᠴᠡᠬᠦ᠂ ᠦᠷᠭᠦᠯᠵᠢᠯᠡᠨ ᠵᠠᠯᠠᠷᠠᠭᠤᠯᠬᠤ︾ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠯᠢ | ᠤᠯᠠᠨ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠦᠶᠡᠷ ᠤᠰᠤᠳᠤᠯ ᠢ ᠤᠷᠢᠳᠴᠢᠯᠠᠨ ᠵᠢᠱᠢᠵᠦ | ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ | ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠪᠢᠳᠡ ︽3 ᠭᠤᠷᠪᠠᠨ ᠡᠳᠦᠷ︾ ᠤᠨ | ᠤᠷᠢᠳᠴᠢᠯᠠᠨ ᠮᠡᠳᠡᠭᠡᠯᠡᠬᠦ᠂ ᠲᠥᠰᠦᠭᠡᠯᠡᠬᠦ᠂ ᠪᠠᠷᠠᠯᠠᠬᠤ ᠶᠢᠨ ᠠᠭᠠᠵᠢᠮ ᠢᠶᠠᠷ ᠤᠷᠤᠭᠰᠢᠯᠠᠬᠤ ᠬᠡᠯᠪᠡᠷᠢ ᠶᠢᠨ ᠵᠠᠭᠪᠤᠷ ᠢ | ᠰᠢᠨ᠎ᠡ ᠪᠠᠷ ᠡᠭᠦᠳᠦᠨ ᠪᠠᠶᠢᠭᠤᠯᠵᠤ᠂ ᠴᠠᠭ ᠲᠤᠬᠠᠶ ᠳᠤᠨᠢ ᠵᠦᠵᠢᠶᠠᠩ ᠮᠥᠷᠡᠨ᠂ ᠬᠥᠬᠡᠮᠥ᠋ᠷᠡᠨ᠂ ᠲᠠᠢ ᠬᠤ᠋ ᠨᠠᠭᠤᠷ᠂ | ᠬᠤᠸᠠᠶᠢᠾᠧ ᠭᠤᠣᠯ ᠵᠡᠷᠭᠡ ᠰᠠᠪᠠ ᠭᠠᠵᠠᠷ ᠤᠨ ᠤᠷᠢᠳᠴᠢᠯᠠᠨ ᠮᠡᠳᠡᠭᠡᠯᠡᠬᠦ ᠲᠤᠰᠬᠠᠶ ᠠᠩᠭᠢ ᠶᠢ ᠵᠣᠬᠢᠶᠠᠨ | ᠪᠠᠶᠢᠭᠤᠯᠵᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠵᠢᠴᠢ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ᠂ ᠣᠷᠣᠨ ᠨᠤᠲᠤᠭ ᠤᠨ ᠤᠰᠤᠨ ᠵᠦᠢ ᠶᠢᠨ ᠰᠠᠯᠠᠭ᠎ᠠ ᠮᠥᠴᠢᠷ ᠲᠠᠢ ᠨᠢᠭᠲᠠ ᠵᠥᠪᠳᠡᠯᠴᠡᠵᠦ᠂ | ᠡᠳᠦᠷ ᠪᠦᠷᠢ 2 ~ 3 ᠤᠳᠠᠭ᠎ᠠ ᠵᠤᠷᠰᠢᠯ ᠢᠶᠠᠷ ᠵᠥᠪᠳᠡᠯᠴᠡᠵᠦ᠂ ᠦᠶᠡᠷ ᠤᠰᠤᠳᠤᠯ ᠤᠨ ᠪᠠᠶᠢᠳᠠᠯ ᠪᠠᠴᠢᠮ ᠪᠠᠶᠢᠳᠠᠯ | ᠳᠤᠤᠷ᠎ᠠ ᠡᠳᠦᠷ ᠰᠥᠨᠢ ᠢᠯᠭᠠᠯ ᠦᠭᠡᠶ ᠪᠠᠷ ᠴᠠᠭ ᠲᠤᠬᠠᠶ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ | ᠤᠷᠢᠳᠴᠢᠯᠠᠨ ᠮᠡᠳᠡᠭᠡᠯᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠵᠠᠰᠠᠳᠠᠭ ᠪᠠᠶᠢᠨ᠎ᠠ᠃ ᠡᠨᠡ ᠵᠢᠯ ᠤᠨ ᠦᠶᠡᠷ | ᠤᠰᠤᠳᠤᠯ ᠢ ᠰᠡᠷᠭᠡᠶᠢᠯᠡᠨ ᠦᠶᠡᠷ ᠲᠠᠢ ᠲᠡᠮᠡᠴᠡᠬᠦ ᠠᠵᠢᠯ ᠤᠨ ᠳᠤᠮᠳᠠ ᠦᠶᠡᠷ ᠤᠰᠤᠳᠤᠯ ᠢ ᠤᠷᠢᠳᠴᠢᠯᠠᠨ ᠵᠢᠱᠢᠵᠦ | ᠤᠷᠢᠳᠴᠢᠯᠠᠨ ᠮᠡᠳᠡᠭᠡᠯᠡᠬᠦ ᠠᠵᠢᠯ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠭᠠᠷᠭᠠᠭᠰᠠᠨ ᠪᠠᠶᠢᠨ᠎ᠠ᠃ ᠳ᠋ᠦᠩᠨᠡᠪᠡᠯ ᠡᠶᠢᠮᠦ | ᠬᠡᠳᠦᠨ ᠣᠨᠴᠠᠯᠢᠭ ᠲᠠᠢ ᠶᠤᠮ᠃ | ᠨᠢᠭᠡ ᠳᠤ ᠬᠥᠬᠡᠮᠥ᠋ᠷᠡᠨ ᠤ ᠤᠷᠢᠳᠴᠢᠯᠠᠭᠰᠠᠨ ᠮᠡᠳᠡᠭᠡ ᠪᠣᠯ ᠬᠠᠮᠤᠭ ᠠᠴᠠ ᠦᠨ᠎ᠡ ᠦᠷᠳᠡᠭ ᠲᠠᠢ᠃ ᠪᠢᠳᠡ 5 | ᠡᠳᠦᠷ ᠤᠨ ᠡᠮᠦᠨ᠎ᠡ ᠬᠥᠬᠡᠮᠥ᠋ᠷᠡᠨ ᠤ 5 ᠤᠳᠠᠭ᠎ᠠ ᠶᠢᠨ ᠳ᠋ᠤᠭᠠᠷᠯᠠᠭᠰᠠᠨ ᠦᠶᠡᠷ ᠤᠰᠤᠳᠤᠯ ᠳᠤ ᠣᠨᠣᠪᠴᠢᠲᠠᠶ | ᠵᠢᠱᠢᠯᠲᠡ ᠬᠢᠪᠡ᠂ ᠢᠯᠠᠩᠭᠤᠶ᠎ᠠ ᠬᠥᠬᠡᠮᠥ᠋ᠷᠡᠨ ᠤ 2 ᠳ᠋ᠤᠭᠠᠷ ᠨᠣᠮᠧᠷᠲᠤ ᠦᠶᠡᠷ ᠤᠨ ᠦᠶᠡᠷ ᠤᠨ ᠤᠰᠤᠨ ᠤ | ᠤᠷᠬᠢᠯ ᠤᠨ ᠤᠷᠤᠰᠬᠠᠯ ᠤᠨ ᠬᠡᠮᠵᠢᠶ᠎ᠡ ᠰᠧᠺᠦ᠋ᠨ᠋ᠳ᠋ ᠪᠦᠷᠢ 60000 ᠪᠣᠰᠤᠭ᠎ᠠ ᠳᠥᠷᠪᠡᠯᠵᠢᠨ ᠮᠧᠲᠷ ᠢ ᠨᠠᠷᠢᠯᠢᠭ | ᠣᠨᠣᠴᠠᠲᠠᠶ ᠪᠠᠷ ᠤᠷᠢᠳᠴᠢᠯᠠᠨ ᠮᠡᠳᠡᠭᠡᠯᠡᠵᠦ᠂ ᠶᠡᠭᠡ ᠤᠷᠤᠰᠬᠠᠯ ᠤᠨ ᠬᠡᠮᠵᠢᠶ᠎ᠡ ᠨᠢ ᠦᠷᠭᠦᠯᠵᠢᠯᠡᠬᠦ ᠴᠠᠭ ᠨᠢ ᠤᠷᠳᠤ᠂ | ᠦᠶᠡᠷ ᠤᠨ ᠶᠡᠷᠦᠩᠬᠡᠶ ᠬᠡᠮᠵᠢᠶ᠎ᠡ ᠨᠢ ᠶᠡᠭᠡ ᠪᠠᠶᠢᠵᠤ᠂ ᠬᠥᠬᠡᠮᠥ᠋ᠷᠡᠨ ᠤ ᠳᠡᠭᠡᠳᠦ ᠤᠷᠤᠰᠬᠠᠯ ᠪᠠ ᠳᠤᠮᠳᠠᠳᠤ ᠳᠤᠤᠷᠠᠳᠤ | ᠤᠷᠤᠰᠬᠠᠯ ᠤᠨ ᠢᠷᠡᠬᠦ ᠤᠰᠤ ᠶᠢ ᠨᠢᠭᠡᠳᠦᠯᠲᠡᠶ ᠲᠥᠯᠥᠪᠵᠢᠭᠦᠯᠵᠤ᠂ ᠬᠥᠬᠡᠮᠥ᠋ᠷᠡᠨ ᠤ ᠭᠤᠷᠪᠠᠨ ᠬᠠᠪᠴᠢᠯ ᠵᠡᠷᠭᠡ | ᠤᠰᠤᠨ ᠴᠥᠭᠦᠷᠥᠮ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠲᠣᠬᠢᠷᠠᠭᠤᠯᠬᠤ ᠳᠤ ᠬᠦᠴᠦᠲᠡᠶ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | ᠬᠤᠶᠠᠷ ᠲᠤ ᠬᠤᠸᠠᠶᠢᠾᠧ ᠭᠤᠣᠯ ᠤᠨ ᠤᠷᠢᠳᠴᠢᠯᠠᠭᠰᠠᠨ ᠮᠡᠳᠡᠭᠡ ᠪᠣᠯ ᠬᠠᠮᠤᠭ ᠤᠨ ᠵᠠᠩᠭᠢᠯᠠᠭ᠎ᠠ ᠪᠣᠯᠤᠨ᠎ᠠ᠃ | ᠬᠤᠸᠠᠶᠢᠾᠧ ᠭᠤᠣᠯ ᠤᠨ ᠦᠶᠡᠷ ᠤᠰᠤᠳᠤᠯ ᠢ ᠠᠷᠭᠠᠴᠠᠭᠠᠬᠤ ᠳᠤ᠂ ᠪᠢᠳᠡ ᠬᠤᠸᠠᠶᠢᠾᠧ ᠭᠤᠣᠯ ᠤᠨ ᠦᠶᠡᠷ | ᠤᠰᠤᠳᠤᠯ ᠤᠨ ᠪᠠᠶᠢᠳᠠᠯ ᠢ ᠨᠢᠭᠲᠠ ᠠᠵᠢᠭᠯᠠᠵᠤ᠂ ᠬᠤᠶᠢᠨ᠎ᠠ ᠬᠤᠶᠢᠨ᠎ᠠ ᠠᠴᠠ ᠪᠠᠨ ᠵᠥᠪᠳᠡᠯᠴᠡᠨ ᠰᠤᠳᠤᠯᠵᠤ | ᠮᠠᠭᠠᠳᠯᠠᠭᠰᠠᠨ ᠸᠠᠩ ᠵᠢᠶᠠ ᠪᠠ ᠬᠠᠰᠢᠯᠭ᠎ᠠ ᠵᠡᠷᠭᠡ ᠴᠢᠬᠤᠯᠠ ᠣᠭᠲᠣᠯᠤᠭᠠᠰᠤ ᠶᠢᠨ ᠬᠢᠨᠠᠨ ᠬᠡᠮᠵᠢᠬᠦ ᠤᠳᠠᠭ᠎ᠠ ᠶᠢ | ᠨᠡᠮᠡᠭᠳᠡᠭᠦᠯᠵᠦ᠂ 6 ᠮᠢᠨᠦ᠋ᠲ ᠪᠦᠷᠢ ᠳᠤ ᠨᠢᠭᠡ ᠤᠳᠠᠭ᠎ᠠ ᠤᠰᠤᠨ ᠤ ᠪᠠᠶᠢᠳᠠᠯ ᠢ ᠮᠡᠳᠡᠭᠦᠯᠵᠦ᠂ ︽ᠬᠡᠮᠵᠢᠯᠲᠡ ᠪᠠᠷ | ᠨᠥᠬᠦᠪᠥᠷᠢᠯᠡᠨ ᠮᠡᠳᠡᠭᠦᠯᠬᠦ︾ ᠠᠷᠭ᠎ᠠ ᠬᠡᠮᠵᠢᠶ᠎ᠡ ᠪᠠᠷ ᠳᠠᠮᠵᠢᠨ ᠵᠠᠩᠭᠢᠯᠠᠭ᠎ᠠ ᠶᠢᠨ ᠬᠤᠭᠤᠴᠠᠭᠠᠨ ᠤ ᠦᠶᠡᠷ ᠤᠨ | ᠤᠷᠢᠳᠴᠢᠯᠠᠭᠰᠠᠨ ᠮᠡᠳᠡᠭᠡ ᠶᠢᠨ ᠨᠠᠷᠢᠯᠢᠭ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠸᠠᠩ | ᠵᠢᠶᠠ ᠪᠠ ᠬᠠᠰᠢᠯᠭ᠎ᠠ ᠶᠢᠨ ᠬᠠᠮᠤᠭ ᠤᠨ ᠥᠨᠳᠥᠷ ᠤᠰᠤᠨ ᠲᠦᠪᠰᠢᠨ ᠨᠢ ᠪᠠᠲᠤᠯᠠᠭ᠎ᠠ ᠶᠢᠨ ᠤᠰᠤᠨ ᠲᠦᠪᠰᠢᠨ ᠠᠴᠠ | ᠳᠠᠪᠠᠭ᠋ᠤ ᠶᠢᠨ ᠬᠠᠮᠲᠤ ᠦᠷᠭᠦᠯᠵᠢᠯᠡᠨ ᠳᠡᠭᠡᠭᠰᠢᠯᠡᠵᠦ᠂ 29.90 ᠮᠧᠲᠷ ᠲᠤ ᠬᠦᠷᠴᠦ ᠮᠡᠳᠡᠨ᠎ᠡ᠂ ᠡᠨᠡ ᠨᠢ ᠸᠠᠩ | ᠵᠢᠶᠠ ᠪᠠ ᠬᠠᠰᠢᠯᠭ᠎ᠠ ᠶᠢᠨ ᠦᠶᠡᠷ ᠢ ᠵᠠᠯᠠᠬᠤ ᠬᠠᠰᠢᠯᠭ᠎ᠠ ᠶᠢᠨ ᠣᠷᠣᠶ ᠶᠢᠨ ᠡᠷᠭᠦᠭᠳᠡᠴᠡ ︵29.76 ᠮᠧᠲᠷ︶ ᠠᠴᠠ | ᠳᠠᠪᠠᠨ᠎ᠠ︾ ᠭᠡᠳᠡᠭ ᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ ᠮᠤᠩ ᠸᠠ ᠦᠶᠡᠷ ᠢ ᠬᠤᠷᠠᠭᠤᠯᠬᠤ ᠣᠷᠣᠨ ᠤ | ᠬᠡᠷᠡᠭᠯᠡᠬᠦ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | | ᠯᠢᠦ ᡁᠢ ᠢᠦᠢ 2020 — 09 — 24 10᠄ 50᠄ 01 | ᠭᠤᠷᠪᠠ ᠳᠤ ᠲᠠᠢ ᠬᠤ᠋ ᠨᠠᠭᠤᠷ ᠤᠨ ᠤᠷᠢᠳᠴᠢᠯᠠᠭᠰᠠᠨ ᠮᠡᠳᠡᠭᠡ ᠬᠠᠮᠤᠭ ᠤᠨ ᠣᠨᠣᠪᠴᠢᠲᠠᠶ᠃ ᠪᠢᠳᠡ 5 | ᠡᠳᠦᠷ ᠤᠨ ᠡᠮᠦᠨ᠎ᠡ ᠬᠠᠮᠤᠭ ᠤᠨ ᠥᠨᠳᠥᠷ ᠤᠰᠤᠨ ᠲᠦᠪᠰᠢᠨ 4.76 ᠮᠧᠲᠷ ᠲᠤ ᠬᠦᠷᠴᠦ ᠮᠡᠳᠡᠬᠦ ᠶᠢ | ᠣᠨᠣᠪᠴᠢᠲᠠᠶ ᠤᠷᠢᠳᠴᠢᠯᠠᠨ ᠮᠡᠳᠡᠭᠡᠯᠡᠵᠦ᠂ 4.80 ᠮᠧᠲᠷ ︵ᠰᠠᠪᠠ ᠭᠠᠵᠠᠷ ᠤᠨ ᠴᠢᠨᠠᠷᠲᠠᠶ ᠣᠨᠴᠠ ᠶᠡᠭᠡ | ᠦᠶᠡᠷ ᠤᠨ ᠪᠠᠷᠢᠮᠵᠢᠶ᠎ᠠ︶ ᠠᠴᠠ ᠬᠡᠲᠦᠷᠡᠭᠦᠯᠬᠦ ᠥᠬᠡᠶ ᠪᠠᠶᠢᠵᠤ ᠮᠡᠳᠡᠵᠤ᠂ ᠪᠣᠳᠠᠲᠠᠶ ᠳᠤ ᠲᠠᠢ ᠬᠤ᠋ ᠨᠠᠭᠤᠷ ᠤᠨ | ᠬᠠᠮᠤᠭ ᠤᠨ ᠥᠨᠳᠥᠷ ᠤᠰᠤᠨ ᠲᠦᠪᠰᠢᠨ 4.79 ᠮᠧᠲᠷ ᠲᠤ ᠬᠦᠷᠴᠦ᠂ ᠡᠩ ᠤᠨ ᠵᠤᠷᠰᠢᠯ ᠠᠴᠠ ᠳᠠᠪᠠᠭᠰᠠᠨ | ᠠᠷᠭ᠎ᠠ ᠬᠡᠮᠵᠢᠶ᠎ᠡ ᠶᠢ ᠤᠷᠢᠳᠴᠢᠯᠠᠨ ᠪᠠᠶᠢᠷᠢᠯᠠᠭᠤᠯᠤᠨ᠂ ᠲᠠᠢ ᠬᠤ᠋ ᠨᠠᠭᠤᠷ ᠤᠨ ᠦᠶᠡᠷ ᠤᠨ ᠠᠶᠤᠯ ᠲᠦᠭᠰᠢᠭᠦᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠳᠤ ᠭᠦᠢᠴᠡᠳ ᠴᠠᠭ ᠣᠯᠭᠤᠵᠠᠶ᠃ | ᠳᠥᠷᠪᠡ ᠳᠤ ᠰᠤᠩᠭᠠᠷᠢ ᠮᠥᠷᠡᠨ ᠤ ᠤᠷᠢᠳᠴᠢᠯᠠᠨ ᠮᠡᠳᠡᠭᠡᠯᠡᠬᠦ ᠤᠷᠢᠳᠴᠢᠯᠠᠨ ᠮᠡᠳᠡᠬᠦ ᠬᠤᠭᠤᠴᠠᠭ᠎ᠠ ᠨᠢ | ᠬᠠᠮᠤᠭ ᠤᠨ ᠣᠷᠳᠣ᠃ ᠪᠢᠳᠡ 7 ᠡᠳᠦᠷ ᠤᠨ ᠡᠮᠦᠨ᠎ᠡ ᠰᠤᠩᠭᠠᠷᠢ ᠮᠥᠷᠡᠨ ᠤ ᠬᠠᠷᠪᠢᠨ ᠤ ᠰᠡᠷᠭᠡᠶᠢᠯᠡᠯᠲᠡ ᠶᠢᠨ | ᠤᠰᠤᠨ ᠲᠦᠪᠰᠢᠨ ᠠᠴᠠ ᠳᠠᠪᠠᠭ᠋ᠤ ᠶᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ 10 ᠡᠳᠦᠷ ᠤᠨ ᠡᠮᠦᠨ᠎ᠡ | ᠬᠠᠷᠠᠮᠥ᠋ᠷᠡᠨ ᠤ ᠳᠤᠮᠳᠠᠳᠤ ᠤᠷᠤᠰᠬᠠᠯ ᠰᠡᠷᠭᠡᠶᠢᠯᠡᠯᠲᠡ ᠶᠢᠨ ᠬᠡᠮᠵᠢᠶ᠎ᠡ ᠠᠴᠠ ᠳᠠᠪᠠᠭ᠋ᠤ ᠶᠢ ᠤᠷᠢᠳᠴᠢᠯᠠᠨ ᠮᠡᠳᠡᠭᠡᠯᠡᠵᠦ᠂ | ᠨᠤᠨ ᠮᠥᠷᠡᠨ ᠤ ᠨᠢᠷᠭᠢ᠂ ᠬᠤᠶᠠᠳᠤᠭᠠᠷ ᠰᠤᠩᠭᠠᠷᠢ ᠮᠥᠷᠡᠨ ᠤ ᠪᠠᠶ ᠱᠠᠨ ᠪᠣᠯᠤᠨ ᠹᠧᠩ ᠮᠧᠨ ᠵᠡᠷᠭᠡ ᠭᠤᠤᠯ | ᠤᠰᠤᠨ ᠴᠥᠭᠦᠷᠥᠮ ᠤᠨ ᠰᠢᠨᠵᠢᠯᠡᠬᠦ ᠤᠬᠠᠭᠠᠨᠴᠢ ᠲᠣᠬᠢᠷᠠᠭᠤᠯᠤᠯᠲᠠ ᠶᠢ ᠤᠷᠢᠳᠴᠢᠯᠠᠨ ᠪᠠᠶᠢᠷᠢᠯᠠᠭᠤᠯᠬᠤ ᠳᠤ | ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠭᠰᠠᠨ ᠪᠠᠶᠢᠨ᠎ᠠ᠃ | ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠨᠢ ᠨᠡᠩ ᠴᠢᠬᠤᠯᠠ ᠪᠠᠶᠢᠳᠠᠭ᠃ ᠡᠲᠡᠭᠡᠷ | ᠵᠢᠯ ᠤᠳ ᠲᠤ᠂ ᠪᠢᠳᠡ ᠴᠠᠭ ᠠᠭᠤᠷ ᠤᠨ ᠤᠰᠤᠨ ᠵᠦᠢ ᠶᠢᠨ ᠡᠪᠦᠴᠡᠯᠳᠦᠯ ᠤᠨ ᠮᠡᠷᠭᠡᠵᠢᠯ ᠢ ᠠᠰᠢᠭᠯᠠᠨ᠂ ᠦᠶᠡᠷ | ᠤᠰᠤᠳᠤᠯ ᠢ ᠤᠷᠢᠳᠴᠢᠯᠠᠨ ᠮᠡᠳᠡᠭᠡᠯᠡᠬᠦ ᠤᠷᠢᠳᠴᠢᠯᠠᠨ ᠮᠡᠳᠡᠬᠦ ᠬᠤᠭᠤᠴᠠᠭ᠎ᠠ ᠶᠢ ᠤᠤᠯ ᠤᠨ 1 — 3 | ᠡᠳᠦᠷ ᠠᠴᠠ ᠣᠲᠣ ᠶᠢᠨ 7 — 9 ᠡᠳᠦᠷ ᠪᠣᠯᠭᠠᠨ ᠤᠷᠲᠤᠳᠬᠠᠪᠠ᠃ ᠪᠢᠳᠡ ᠤᠰᠤᠨ ᠤ ᠪᠠᠶᠢᠳᠠᠯ ᠤᠨ ᠮᠡᠳᠡᠭᠡ | ᠵᠠᠩᠭᠢ ᠶᠢᠨ ᠰᠣᠯᠢᠯᠴᠠᠭᠠᠨ ᠤ ᠰᠢᠰᠲ᠋ᠧᠮ᠂ ᠦᠶᠡᠷ ᠤᠨ ᠠᠵᠢᠯ ᠪᠠ ᠰᠢᠯᠵᠢᠮᠡᠯ ᠵᠥᠪᠳᠡᠯᠴᠡᠭᠡᠨ ᠤ ᠲᠠᠪᠴᠠᠩ ᠵᠡᠷᠭᠡ ᠶᠢ | ᠰᠤᠳᠤᠯᠤᠨ ᠨᠡᠭᠡᠭᠡᠵᠦ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠵᠢᠱᠢᠶ᠎ᠡ ᠲᠠᠲᠠᠪᠠᠯ᠂ ᠬᠥᠬᠡᠮᠥ᠋ᠷᠡᠨ ᠤ ᠳᠡᠭᠡᠳᠦ ᠤᠷᠤᠰᠬᠠᠯ ᠤᠨ 100 ᠭᠠᠷᠤᠶ ᠲᠦᠮᠡᠨ ᠲᠡᠭᠰᠢ ᠳᠥᠷᠪᠡᠯᠵᠢᠨ | ᠺᠢᠯᠣᠮᠧᠲᠷ᠂ 100 ᠭᠠᠷᠤᠶ ᠣᠭᠲᠣᠯᠤᠭᠠᠰᠤ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠮᠠᠨ ᠤ | ᠤᠷᠢᠳᠴᠢᠯᠠᠨ ᠮᠡᠳᠡᠭᠡᠯᠡᠭᠴᠢ ᠪᠠᠷᠤᠭ ᠬᠠᠭᠠᠰ ᠴᠠᠭ ᠤᠨ ᠳᠣᠲᠣᠷ᠎ᠠ ᠨᠢᠭᠡ ᠤᠳᠠᠭ᠎ᠠ ᠠᠵᠢᠯ ᠤᠨ ᠤᠷᠢᠳᠴᠢᠯᠠᠭᠰᠠᠨ | ᠮᠡᠳᠡᠭᠡ ᠶᠢ ᠬᠢᠵᠦ ᠳᠠᠭᠤᠰᠬᠠᠴᠢᠬᠠᠨ᠎ᠠ᠃ ᠡᠭᠦᠨ ᠠᠴᠠ ᠭᠠᠳᠠᠨ᠎ᠠ᠂ ᠪᠢᠳᠡ ᠪᠠᠰᠠ ᠭᠤᠤᠯ ᠤᠨ ᠰᠢᠰᠲ᠋ᠧᠮ ᠤᠨ | ᠤᠷᠢᠳᠴᠢᠯᠠᠨ ᠮᠡᠳᠡᠭᠡᠯᠡᠬᠦ᠂ ᠬᠥᠮᠦᠨ ᠮᠠᠰᠢᠨ ᠤ ᠰᠣᠯᠢᠯᠴᠠᠭ᠎ᠠ᠂ ︽ᠬᠡᠮᠵᠢᠯᠲᠡ ᠪᠠᠷ ᠨᠥᠬᠦᠪᠥᠷᠢᠯᠡᠨ ᠮᠡᠳᠡᠭᠦᠯᠬᠦ︾ | ᠵᠡᠷᠭᠡ ᠮᠡᠷᠭᠡᠵᠢᠯ ᠤᠨ ᠰᠢᠨ᠎ᠡ ᠶᠢ ᠡᠭᠦᠳᠴᠦ᠂ ᠤᠷᠢᠳᠴᠢᠯᠠᠨ ᠮᠡᠳᠡᠭᠡᠯᠡᠬᠦ ᠲᠣᠬᠢᠷᠠᠭᠤᠯᠤᠯᠲᠠ ᠶᠢ ᠨᠢᠭᠡ | ᠴᠤᠭᠴᠠᠵᠢᠭᠤᠯᠤᠨ ᠬᠡᠷᠡᠭᠯᠡᠬᠦ ᠶᠢ ᠠᠬᠢᠭᠤᠯᠵᠤ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ | ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠤᠯᠤᠰ ᠤᠨ ᠡᠮᠦᠨᠡᠲᠦ ᠣᠷᠣᠨ ᠤ ᠭᠤᠤᠯ ᠪᠣᠯᠬᠤ ᠭᠤᠤᠯ ᠮᠥᠷᠡᠨ ᠤ | ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ 90% ᠳᠤ ᠬᠦᠷᠴᠦ᠂ ᠤᠮᠠᠷᠠᠲᠤ | ᠣᠷᠣᠨ ᠤ ᠭᠤᠤᠯ ᠪᠣᠯᠬᠤ ᠭᠤᠤᠯ ᠮᠥᠷᠡᠨ ᠤ ᠤᠷᠢᠳᠴᠢᠯᠠᠨ ᠮᠡᠳᠡᠭᠡᠯᠡᠬᠦ ᠬᠦᠴᠢᠷᠳᠡᠯ ᠨᠡᠯᠢᠶᠡᠳ ᠶᠡᠭᠡ ᠪᠣᠯᠪᠠᠴᠤ | ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠨᠢ ᠴᠦ 70% ᠳᠤ ᠬᠦᠷᠴᠦ ᠳᠡᠶᠢᠯᠬᠦ ᠶᠤᠮ᠃ | ᠣᠢᠢᠷ᠎ᠠ ᠶᠢᠨ ᠵᠢᠯ ᠠᠴᠠ ᠨᠠᠭᠠᠰᠢ᠂ ᠤᠯᠤᠰ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠢ | ᠡᠰᠡᠷᠭᠦᠴᠡᠬᠦ ᠵᠢᠯᠣᠭᠤᠳᠬᠤ ᠰᠢᠰᠲ᠋ᠧᠮ᠂ ᠪᠦᠬᠦ ᠤᠯᠤᠰ ᠤᠨ ᠳᠤᠮᠳᠠ ᠪᠠᠭ᠎ᠠ ᠭᠤᠣᠯ ᠮᠥᠷᠡᠨ ᠢ ᠬᠢᠨᠠᠨ ᠬᠡᠮᠵᠢᠬᠦ | ᠰᠢᠰᠲ᠋ᠧᠮ ᠵᠡᠷᠭᠡ ᠴᠢᠬᠤᠯᠠ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠮᠠᠨ ᠤ ᠤᠯᠤᠰ ᠤᠨ ᠤᠰᠤᠨ ᠤ | ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠮᠡᠷᠭᠡᠵᠢᠯ ᠨᠢ ᠳᠡᠯᠡᠬᠡᠶ ᠳᠡᠭᠡᠷ᠎ᠡ ᠶᠡᠷᠦᠩᠬᠡᠶ ᠳᠡᠭᠡᠨ ᠲᠡᠷᠢᠭᠦᠨ ᠤ | ᠬᠢᠷᠢ ᠲᠦᠪᠰᠢᠨ ᠳᠤ ᠣᠷᠣᠰᠢᠵᠤ᠂ ᠢᠯᠠᠩᠭᠤᠶ᠎ᠠ ᠶᠡᠭᠡ ᠭᠤᠤᠯ ᠮᠥᠷᠡᠨ ᠤ ᠤᠷᠢᠳᠴᠢᠯᠠᠨ ᠮᠡᠳᠡᠭᠡᠯᠡᠬᠦ ᠮᠡᠷᠭᠡᠵᠢᠯ ᠳᠤ | ᠣᠷᠣᠰᠢᠵᠤ ᠪᠠᠶᠢᠨ᠎ᠠ᠂ ᠭᠡᠪᠡᠴᠦ ᠳᠤᠮᠳᠠ ᠪᠠᠭ᠎ᠠ ᠭᠤᠤᠯ ᠮᠥᠷᠡᠨ ᠤ ᠦᠶᠡᠷ᠂ ᠠᠭᠤᠯᠠᠨ ᠦᠶᠡᠷ ᠤᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠡᠷᠭᠡ ᠲᠠᠯ᠎ᠠ ᠪᠠᠷ ᠪᠠᠰᠠ ᠢᠯᠡᠷᠬᠡᠶ ᠳᠤᠲᠠᠭᠤᠳᠠᠯ | ᠣᠷᠣᠰᠢᠵᠤ᠂ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ᠪᠠᠶᠠᠷᠯᠠᠯ᠎ᠠ︕ | ᠭᠤᠸᠠᠩ ᠮᠢᠩ ᠡᠳᠦᠷ ᠤᠨ ᠰᠣᠨᠢᠨ ᠤ ᠰᠤᠷᠪᠤᠯᠵᠢᠯᠠᠭᠴᠢ 2020 — 09 — 24 10᠄ 50᠄ | 36 | ᠡᠨᠡ ᠵᠢᠯ ᠤᠨ ᠦᠶᠡᠷ ᠤᠨ ᠬᠤᠭᠤᠴᠠᠭᠠᠨ ᠳᠤ ᠮᠠᠨ ᠤ ᠤᠯᠤᠰ ᠤᠨ ᠤᠰᠤᠨ ᠠᠰᠢᠭᠯᠠᠯᠲᠠ ᠶᠢᠨ | ᠲᠠᠯ᠎ᠠ ᠪᠠᠷ ᠬᠢ ᠶᠠᠮᠠᠷ ᠶᠠᠮᠠᠷ ᠳᠤᠲᠠᠭᠤᠳᠠᠯ ᠢᠯᠡᠷᠡᠭᠰᠡᠨ᠂ ᠬᠤᠶᠢᠰᠢᠳᠠ ᠬᠡᠷᠬᠢᠨ ᠲᠦᠷᠭᠡᠨ ᠨᠥᠬᠦᠪᠥᠷᠢᠯᠡᠬᠦ ᠪᠣᠶ︖ | ᠭᠡᠳᠡᠭ ᠢ ᠣᠢᠢᠯᠠᠭᠠᠶᠠ ᠭᠡᠵᠦ ᠪᠤᠳᠤᠵᠤ ᠪᠠᠶᠢᠨ᠎ᠠ᠃ ᠪᠠᠶᠠᠷᠯᠠᠯ᠎ᠠ︕ | ᠶᠧ ᠵᠢᠶᠠᠨ ᠴᠦᠨ 2020 — 09 — 24 10᠄ 53᠄ 09 | ᠡᠨᠡ ᠵᠢᠯ ᠤᠨ ᠦᠶᠡᠷ ᠤᠨ ᠬᠤᠭᠤᠴᠠᠭᠠᠨ ᠤ ᠳᠤᠬᠠᠢ ᠮᠢᠨᠦ ᠰᠠᠶ᠋ᠢᠬᠠᠨ ᠤ ᠲᠠᠨᠢᠯᠴᠠᠭᠤᠯᠤᠭᠰᠠᠨ ᠢᠶᠠᠷ᠂ | ᠦᠶᠡᠷ ᠢ ᠰᠡᠷᠭᠡᠶᠢᠯᠡᠬᠦ ᠲᠠᠯ᠎ᠠ ᠪᠠᠷ ᠬᠢ ᠮᠠᠰᠢ ᠤᠯᠠᠨ ᠳᠤᠲᠠᠭᠤᠳᠠᠯ ᠢᠯᠡᠷᠡᠵᠡᠢ᠂ ᠵᠢᠱᠢᠶᠡᠯᠡᠪᠡᠯ ᠬᠠᠰᠢᠯᠭ᠎ᠠ ᠳᠠᠯᠠᠩ ᠤᠨ | ᠠᠰᠠᠭᠤᠳᠠᠯ᠂ ᠳᠤᠮᠳᠠ ᠪᠠᠭ᠎ᠠ ᠭᠤᠣᠯ ᠮᠥᠷᠡᠨ ᠤ ᠠᠰᠠᠭᠤᠳᠠᠯ᠂ ᠤᠰᠤᠨ ᠴᠥᠭᠦᠷᠥᠮ ᠤᠨ ᠠᠰᠠᠭᠤᠳᠠᠯ ᠵᠡᠷᠭᠡ | ᠪᠠᠷᠢᠯᠭ᠎ᠠ ᠳᠤ ᠴᠥᠮ ᠳᠤᠲᠠᠭᠤᠳᠠᠯ ᠣᠷᠣᠰᠢᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠶᠡᠷ | ᠤᠰᠤᠳᠤᠯ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠶᠣᠰᠣᠭᠠᠷ᠂ ᠣᠰᠣᠨ ᠠᠰᠢᠭᠯᠠᠯᠲᠠ ᠶᠢᠨ ᠶᠠᠮᠤᠨ ᠶᠠᠭ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠲᠠᠢ | ᠵᠥᠪᠳᠡᠯᠴᠡᠵᠦ ᠪᠠᠶᠢᠨ᠎ᠠ᠂ ᠡᠳ᠋ ᠤᠨ ᠵᠠᠰᠠᠭ ᠤᠨ ᠶᠠᠮᠤᠨ 8 ᠰᠠᠷ᠎ᠠ ᠶᠢᠨ 26 ᠤ ᠡᠳᠦᠷ ᠤᠨ ᠳᠦᠷᠤ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠭᠠᠮᠰᠢᠭ ᠤᠨ ᠳᠠᠷᠠᠭᠠᠬᠢ | ᠲᠠᠭᠢᠠ ᠪᠦᠲᠣᠭᠠ ᠪᠠᠶᠢᠭᠤᠯᠬᠤ ᠵᠡᠷᠭᠡ ᠠᠵᠢᠯ ᠢ ᠨᠠᠶᠢᠳᠠᠪᠤᠷᠢᠵᠢᠭᠤᠯᠵᠤ ᠪᠠᠶᠢᠨ᠎ᠠ᠃ ᠨᠢᠭᠡ ᠲᠠᠯ᠎ᠠ ᠪᠠᠷ ᠡᠨᠡ ᠵᠢᠯ ᠤᠨ | ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠠᠴᠠ ᠪᠣᠯᠤᠭᠰᠠᠨ ᠤᠰᠤᠨ ᠤ ᠬᠤᠬᠢᠷᠠᠯ ᠰᠦᠢᠳᠦᠯ ᠢ ᠠᠯᠢ | ᠲᠦᠷᠭᠡᠨ ᠢᠶᠠᠷ ᠵᠠᠰᠠᠨ ᠰᠡᠷᠭᠦᠭᠡᠵᠦ᠂ ᠢᠷᠡᠬᠦ ᠵᠢᠯ ᠤᠨ ᠦᠶᠡᠷ ᠤᠨ ᠬᠤᠭᠤᠴᠠᠭᠠᠨ ᠤ ᠬᠡᠪ ᠤᠨ ᠪᠠᠶᠢᠳᠠᠯ ᠳᠤ | ᠣᠷᠣᠬᠤ ᠶᠢ ᠪᠠᠲᠤᠯᠠᠨ᠎ᠠ᠃ ᠨᠦᠬᠦᠭᠡ ᠲᠠᠯ᠎ᠠ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠥᠨᠢ ᠤᠳᠠᠭᠠᠨ ᠠᠮᠤᠷ ᠲᠦᠪᠰᠢᠨ ᠪᠠᠶᠢᠬᠤ | ᠦᠶᠡᠷ ᠢ ᠰᠡᠷᠭᠡᠶᠢᠯᠡᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠨ᠎ᠠ᠂ ᠡᠭᠦᠨ ᠳᠤ | ᠭᠤᠣᠯᠳᠠᠭᠤ ᠭᠤᠷᠪᠠᠨ ᠲᠠᠯ᠎ᠠ ᠶᠢᠨ ᠠᠵᠢᠯ ᠪᠠᠶᠢᠨ᠎ᠠ᠂ ᠨᠢᠭᠡ ᠳᠤ ᠶᠡᠭᠡ ᠭᠤᠣᠯ ᠮᠥᠷᠡᠨ᠂ ᠳᠤᠮᠳᠠ ᠪᠠᠭ᠎ᠠ ᠭᠤᠣᠯ | ᠮᠥᠷᠡᠨ ᠢ ᠵᠠᠰᠠᠬᠤ ᠵᠢᠴᠢ ᠳ᠋ᠦᠩ ᠲᠢᠩ ᠬᠤ᠋ ᠨᠠᠭᠤᠷ᠂ ᠫᠦᠸᠧ ᠶᠠᠩ ᠬᠤ᠋ ᠨᠠᠭᠤᠷ ᠤᠨ ᠭᠤᠣᠯᠳᠠᠯᠭ᠎ᠠ ᠲᠠᠢ | ᠬᠠᠰᠢᠯᠭ᠎ᠠ ᠶᠢ ᠵᠠᠰᠠᠵᠤ᠂ ᠦᠶᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠪᠠᠷᠢᠯᠭ᠎ᠠ ᠳᠤ ᠪᠠᠷᠢᠮᠵᠢᠶ᠎ᠠ ᠳᠤ ᠬᠦᠷᠭᠡᠬᠦ | ᠪᠦᠳᠦᠭᠡᠨ ᠪᠠᠶᠢᠭᠤᠯᠤᠯᠲᠠ ᠬᠢᠵᠦ᠂ ᠲᠡᠭᠦᠨ ᠢ ᠪᠠᠷᠢᠮᠵᠢᠶ᠎ᠠ ᠶᠢᠨ ᠳᠣᠲᠣᠷᠠᠬᠢ ᠦᠶᠡᠷ ᠤᠰᠤᠳᠤᠯ ᠢ ᠰᠡᠷᠭᠡᠶᠢᠯᠡᠵᠦ | ᠴᠢᠳᠠᠬᠤ ᠪᠣᠯᠭᠠᠨ᠎ᠠ᠃ ᠬᠤᠶᠠᠷ ᠲᠤ ᠬᠥᠬᠡᠮᠥ᠋ᠷᠡᠨ᠂ ᠬᠤᠸᠠᠶᠢᠾᠧ ᠭᠤᠣᠯ᠂ ᠬᠠᠶ ᠾᠧ ᠭᠤᠣᠯ ᠵᠡᠷᠭᠡ ᠰᠠᠪᠠ | ᠭᠠᠵᠠᠷ ᠤᠨ ᠦᠶᠡᠷ ᠢ ᠲᠣᠭᠲᠠᠭᠠᠨ ᠬᠤᠷᠠᠭᠤᠯᠬᠤ ᠤᠯᠤᠰ ᠤᠨ ᠴᠢᠬᠤᠯᠠ ᠣᠷᠣᠨ ᠤ ᠠᠶᠤᠯᠭᠦᠢ ᠶᠢᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠡᠨᠡ ᠵᠢᠯ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠳᠤ | ᠠᠵᠢᠯ ᠪᠠᠶᠢᠴᠠᠭᠠᠬᠤ ᠳᠠᠭᠠᠨ ᠮᠧᠩ ᠸᠠ ᠶᠢᠨ ᠦᠶᠡᠷ ᠢ ᠬᠤᠷᠠᠭᠤᠯᠬᠤ ᠣᠷᠣᠨ ᠢ ᠲᠤᠰᠬᠠᠢᠢᠯᠠᠨ ᠪᠠᠶᠢᠴᠠᠭᠠᠨ | ᠦᠵᠡᠵᠦ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ ᠳᠠᠮᠵᠢᠨ᠂ ᠦᠯᠡᠮᠵᠢ | ᠣᠯᠠᠨ ᠣᠯᠠᠨ ᠲᠦᠮᠡᠨ ᠢ ᠡᠮᠬᠢ ᠵᠢᠷᠤᠮ ᠲᠠᠢ ᠪᠠᠷ ᠨᠡᠭᠦᠯᠭᠡᠨ ᠰᠢᠯᠵᠢᠭᠦᠯᠵᠦ᠂ ᠲᠣᠬᠢᠲᠠᠶ ᠲᠥᠪᠬᠢᠨᠡᠭᠦᠯᠦᠭᠰᠡᠨ ᠪᠣᠯᠬᠤᠷ | ᠦᠢᠯᠡᠳᠪᠦᠷᠢᠯᠡᠯ ᠠᠮᠢᠳᠤᠷᠠᠯ ᠳᠤ ᠲᠡᠶᠢᠮᠦ ᠶᠡᠭᠡ ᠨᠥᠯᠥᠭᠡ ᠪᠣᠯᠤᠭᠰᠠᠨ ᠦᠭᠡᠶ᠃ ᠬᠤᠵᠢᠮ ᠪᠢᠳᠡ ᠦᠶᠡᠷ ᠢ | ᠲᠣᠭᠲᠠᠭᠠᠨ ᠬᠤᠷᠠᠭᠤᠯᠬᠤ ᠣᠷᠣᠨ ᠳᠤ ᠰᠢᠨᠵᠢᠯᠡᠬᠦ ᠤᠬᠠᠭᠠᠨᠴᠢ ᠲᠤᠬᠢᠷᠠᠭᠤᠯᠤᠯᠳᠠ ᠬᠢᠵᠦ᠂ ᠦᠶᠡᠷ ᠢ ᠲᠣᠭᠲᠠᠭᠠᠨ | ᠬᠤᠷᠠᠭᠤᠯᠬᠤ ᠣᠷᠣᠨ ᠳᠠᠬᠢ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | ᠭᠤᠷᠪᠠ ᠳᠤ ᠠᠰᠠᠭᠤᠳᠠᠯ ᠲᠠᠢ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠵᠦ᠂ ᠪᠦᠬᠦ | ᠤᠯᠤᠰ ᠲᠤ 9 ᠲᠦᠮᠡ ᠭᠠᠷᠤᠶ ᠤᠰᠤᠨ ᠴᠥᠭᠦᠷᠥᠮ ᠲᠠᠢ ᠪᠠᠶᠢᠵᠤ᠂ ᠣᠯᠠᠩᠬᠢ ᠶᠢ ᠨᠢ ᠳᠡᠭᠡᠷ᠎ᠡ ᠵᠠᠭᠤᠨ ᠳᠤ | ᠪᠠᠶᠢᠭᠤᠯᠤᠭᠰᠠᠨ ᠶᠤᠮ᠂ ᠪᠢᠳᠡ ᠡᠳᠡᠭᠡᠷ ᠠᠰᠠᠭᠤᠳᠠᠯ ᠲᠠᠢ ᠠᠶᠤᠯᠲᠠᠶ ᠤᠰᠤᠨ ᠴᠥᠭᠦᠷᠥᠮ ᠤᠨ ᠦᠯᠡᠳᠡᠭᠳᠡᠯ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠰᠠᠭᠤᠳᠠᠯ ᠠᠶᠤᠯ ᠢ ᠠᠷᠢᠯᠭᠠᠨ᠂ ᠦᠶᠡᠷ ᠢ ᠰᠡᠷᠭᠡᠶᠢᠯᠡᠬᠦ | ᠳᠤᠮᠳᠠ ᠤᠰᠤᠨ ᠴᠥᠭᠦᠷᠥᠮ ᠤᠨ ᠪᠦᠲᠦᠮᠵᠢᠲᠡᠶ ᠦᠢᠯᠡᠳᠦᠯ ᠢ ᠪᠠᠳᠠᠷᠠᠭᠤᠯᠤᠨ᠎ᠠ᠃ | ᠳᠣᠷᠣᠨᠠᠳᠠᠬᠢᠨ ᠤ ᠣᠳᠣᠨ ᠲᠧᠯᠸᠢᠰ ᠤᠨ ᠰᠤᠷᠪᠤᠯᠵᠢᠯᠠᠭᠴᠢ 2020 — 09 — 24 10: 53: | 42 | ᠪᠢᠳᠡ ᠡᠨᠡ ᠵᠢᠯ ᠤᠨ ᠠᠭᠤᠯᠠᠨ ᠦᠶᠡᠷ ᠤᠨ ᠭᠠᠮᠰᠢᠭ ᠤᠨ ᠶᠡᠷᠦᠩᠬᠡᠶ ᠪᠠᠶᠢᠳᠠᠯ ᠢ ᠣᠢᠢᠯᠠᠭᠠᠶᠠ ᠭᠡᠵᠦ ᠪᠤᠳᠤᠵᠤ | ᠪᠠᠶᠢᠨ᠎ᠠ᠂ ᠡᠭᠦᠨ ᠠᠴᠠ ᠭᠠᠳᠠᠨ᠎ᠠ ᠤᠰᠤᠨ ᠠᠰᠢᠭᠯᠠᠯᠲᠠ ᠶᠢᠨ ᠶᠠᠮᠤᠨ ᠠᠴᠠ ᠠᠭᠤᠯᠠᠨ ᠦᠶᠡᠷ ᠤᠨ ᠭᠠᠮᠰᠢᠭ ᠢ | ᠰᠡᠷᠭᠡᠶᠢᠯᠡᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖ ᠪᠠᠶᠠᠷᠯᠠᠯ᠎ᠠ︕ | ᠲᠢᠶᠠᠨ ᠢ ᠲᠠᠩ 2020 — 09 — 24 10᠄ 57᠄ 17 | ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠮᠠᠨ ᠤ ᠤᠯᠤᠰ ᠤᠨ ᠠᠭᠤᠯᠠᠨ ᠦᠶᠡᠷ ᠤᠨ ᠭᠠᠮᠰᠢᠭ ᠤᠨ | ᠬᠡᠪᠴᠢᠶ᠎ᠡ ᠨᠢ ᠨᠡᠯᠢᠶᠡᠳ ᠶᠡᠭᠡ᠂ ᠬᠤᠯᠪᠣᠭᠳᠠᠬᠤ ᠬᠥᠮᠦᠨ ᠠᠮᠠ ᠨᠢ ᠨᠡᠯᠢᠶᠡᠳ ᠥᠷᠭᠡᠨ ᠭᠡᠵᠦ ᠬᠡᠯᠡᠵᠤ ᠪᠤᠯᠤᠨ᠎ᠠ᠂ | ᠤᠴᠢᠷ ᠨᠢ ᠮᠠᠨ ᠤ ᠤᠯᠤᠰ ᠤᠨ ᠠᠭᠤᠯᠠᠷᠬᠠᠭ ᠣᠷᠣᠨ ᠤᠯᠠᠨ᠂ ᠬᠥᠮᠦᠨ ᠤᠯᠠᠨ ᠠᠭᠤᠯᠠ ᠤᠯᠠᠨ᠂ ᠠᠭᠤᠯᠠᠨ | ᠦᠶᠡᠷ ᠤᠨ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠭᠰᠠᠨ ᠬᠠᠷᠢᠴᠠᠯ ᠨᠢ ᠴᠦ ᠨᠡᠯᠢᠶᠡᠳ | ᠶᠡᠭᠡ᠂ 380 ᠭᠠᠷᠤᠶ ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠰᠡᠷᠭᠡᠶᠢᠯᠡᠨ ᠵᠠᠰᠠᠬᠤ ᠣᠷᠣᠨ 3 | ᠳ᠋ᠦᠩᠰᠢᠭᠤᠷ ᠬᠥᠮᠦᠨ ᠠᠮᠠ ᠲᠠᠢ ᠬᠤᠯᠪᠣᠭᠳᠠᠵᠤ ᠪᠠᠶᠢᠨ᠎ᠠ᠃ ᠡᠨᠡ ᠵᠢᠯ ᠤᠰᠤᠨ ᠠᠰᠢᠭᠯᠠᠯᠲᠠ ᠶᠢᠨ ᠶᠠᠮᠤᠨ ᠠᠴᠠ | ᠠᠭᠤᠯᠠᠨ ᠦᠶᠡᠷ ᠤᠨ ᠭᠠᠮᠰᠢᠭ ᠢ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠭᠤᠷᠪᠠᠨ ᠶᠡᠭᠡ | ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠨᠢᠭᠡ ᠪᠣᠯᠭᠠᠪᠠ᠃ ᠠᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ | ᠪᠢᠳᠡ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ᠂ | ᠪᠦᠬᠦ ᠤᠯᠤᠰ ᠤᠨ ᠪᠤᠢ ᠪᠦᠬᠦᠢ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠶᠢᠨ 2076 | ᠰᠢᠶᠠᠨ ᠳᠤ ᠴᠥᠮ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ | ᠪᠠᠶᠢᠭᠤᠯᠪᠠ᠃ 2010 ᠣᠨ ᠠᠴᠠ ᠤᠳᠤ ᠪᠣᠯᠲᠠᠯ᠎ᠠ ᠠᠷᠪᠠᠨ ᠵᠢᠯ ᠪᠠᠶᠢᠭᠤᠯᠵᠠᠶ᠂ ᠠᠭᠤᠯᠠᠨ ᠦᠶᠡᠷ ᠤᠨ ᠭᠠᠮᠰᠢᠭ ᠢ | ᠰᠡᠷᠭᠡᠶᠢᠯᠡᠨ ᠵᠠᠰᠠᠬᠤ ᠲᠠᠯ᠎ᠠ ᠪᠠᠷ ᠯᠤᠲᠤ ᠶᠡᠭᠡ ᠦᠷ᠎ᠡ ᠪᠦᠲᠦᠮᠵᠢ ᠣᠯᠤᠯ᠎ᠠ ᠭᠡᠵᠦ ᠬᠡᠯᠡᠵᠤ ᠪᠤᠯᠤᠨ᠎ᠠ᠃ | ᠪᠢ ᠳᠠᠨ ᠳᠤ ᠨᠢᠭᠡ ᠪᠦᠯᠦᠭ ᠲᠤᠭ᠎ᠠ ᠪᠠᠷᠢᠮᠳᠠ ᠶᠢ ᠬᠠᠩᠭᠠᠶ᠎ᠠ᠂ 2010 ᠣᠨ ᠠᠴᠠ ᠡᠮᠦᠨ᠎ᠡ᠂ | 2000 — 2010 ᠣᠨ ᠤ ᠡᠨᠡ ᠠᠷᠪᠠᠨ ᠵᠢᠯ ᠤᠨ ᠠᠭᠤᠯᠠᠨ ᠦᠶᠡᠷ ᠤᠨ ᠭᠠᠮᠰᠢᠭ ᠲᠤ ᠦᠬᠦᠵᠦ | ᠰᠢᠷᠬᠠᠲᠤᠭᠰᠠᠨ ᠬᠦᠮᠣᠠ ᠤ ᠲᠤᠭ᠎ᠠ ᠪᠠᠷᠤᠭ ᠵᠢᠯ ᠪᠦᠷᠢ ᠳᠤᠮᠳᠠᠴᠢ ᠪᠠᠷ 1178 ᠬᠦᠮᠣᠠ ᠪᠠᠶᠢᠵᠤ᠂ 2011 | ᠣᠨ ᠠᠴᠠ ᠣᠲᠤ ᠪᠣᠯᠲᠠᠯ᠎ᠠ ᠳᠤᠮᠳᠠᠴᠢ ᠪᠠᠷ ᠵᠢᠯ ᠪᠦᠷᠢ ᠪᠠᠷᠤᠭ 350 ᠬᠦᠮᠣᠠ ᠦᠬᠦᠵᠦ ᠰᠢᠷᠬᠠᠲᠤᠭᠰᠠᠨ ᠪᠠᠶᠢᠨ᠎ᠠ᠃ | ᠡᠨᠡ ᠵᠢᠯ ᠠᠭᠤᠯᠠᠨ ᠦᠶᠡᠷ ᠤᠨ ᠭᠠᠮᠰᠢᠭ ᠲᠤ 152 ᠬᠥᠮᠦᠨ ᠥᠭᠦᠵᠡᠶ᠂ ᠡᠶᠢᠮᠦ ᠠᠴᠠ ᠡᠨᠡ ᠬᠦ ᠦᠢᠯᠡᠳᠦᠯ ᠨᠢ | ᠳᠤᠩ ᠶᠡᠭᠡ ᠶᠤᠮ᠃ ᠶᠡᠷᠦᠩᠬᠡᠶ ᠱᠦᠵᠢ ᠰᠢ ᠶᠢᠨ ᠫᠢᠩ ᠠᠷᠠᠳ ᠲᠦᠮᠡᠨ ᠢ ᠳᠡᠭᠡᠳᠦᠯᠡᠵᠦ᠂ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠳᠤᠷᠠᠳᠤᠨ ᠭᠠᠷᠭᠠᠵᠠᠶ᠂ ᠡᠨᠡ ᠪᠣᠯ ᠮᠠᠨ ᠤ | ᠡᠭᠦᠷᠭᠡ ᠬᠠᠷᠢᠭᠤᠴᠠᠯᠭ᠎ᠠ ᠪᠤᠯᠤᠨ᠎ᠠ᠃ ᠡᠶᠢᠮᠦ ᠠᠴᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠶᠠᠪᠤᠳᠠᠯ ᠢ ᠮᠠᠨ ᠤ ᠭᠤᠣᠯᠳᠠᠯᠭ᠎ᠠ ᠲᠠᠢ ᠡᠭᠦᠷᠭᠡ ᠪᠣᠯᠭᠠᠨ ᠠᠳᠬᠤᠬᠤ ᠬᠡᠷᠡᠭᠲᠡᠶ ᠭᠡᠵᠦ ᠬᠡᠯᠡᠵᠦ ᠪᠠᠶᠢᠭ᠎ᠠ ᠶᠤᠮ᠃ | ᠡᠨᠡ ᠵᠢᠯ ᠪᠢᠳᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠲᠠᠯ᠎ᠠ ᠪᠠᠷ ᠡᠶᠢᠮᠦ ᠬᠡᠳᠦᠨ | ᠵᠦᠢᠯ ᠤᠨ ᠠᠵᠢᠯ ᠢ ᠭᠤᠣᠯᠳᠠᠯᠭ᠎ᠠ ᠲᠠᠢ ᠠᠳᠬᠤᠪᠠ᠃ | ᠨᠢᠭᠡᠳᠦᠭᠡᠷ ᠲᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠰᠢᠶᠠᠨ ᠢᠶᠠᠷ ᠭᠤᠤᠯ ᠴᠣᠭᠴᠠ ᠶᠢᠨ ᠬᠠᠷᠢᠭᠤᠴᠠᠯᠭ᠎ᠠ ᠪᠣᠯᠭᠠᠵᠤ᠂ ᠰᠢᠶᠠᠨ ᠤ ᠱᠠᠲᠤᠨ ᠤ ᠲᠠᠪᠴᠠᠩ ᠨᠢ ᠬᠥᠳᠡᠭᠡ | ᠲᠣᠰᠬᠤᠨ ᠤ ᠬᠠᠷᠢᠭᠤᠴᠠᠯᠭᠠᠲᠠᠨ ᠳᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ ᠦᠭᠴᠠᠢ᠃ | ᠰᠢᠷᠦᠭᠦᠨ ᠪᠣᠷᠣᠭᠠᠨ ᠣᠷᠣᠵᠤ᠂ ᠠᠭᠤᠯᠠᠨ ᠦᠶᠡᠷ ᠤᠨ ᠭᠠᠮᠰᠢᠭ ᠭᠠᠷᠴᠤ ᠮᠡᠳᠡᠬᠦ ᠶᠢ ᠤᠷᠢᠳᠴᠢᠯᠠᠨ ᠮᠡᠳᠡᠬᠦ ᠪᠤᠶᠤ | ᠭᠠᠵᠠᠷ ᠪᠣᠯᠭᠠᠨ ᠤ ᠪᠣᠷᠣᠭᠠᠨ ᠤ ᠬᠡᠮᠵᠢᠶ᠎ᠡ ᠨᠢ ᠤᠷᠢᠳᠴᠢᠯᠠᠨ ᠰᠡᠷᠡᠮᠵᠢᠯᠡᠭᠦᠯᠬᠦ ᠬᠡᠮᠵᠢᠭᠳᠡᠯ ᠳᠤ ᠬᠦᠷᠦᠭᠰᠡᠨ ᠢ ᠬᠢᠨᠠᠨ | ᠬᠡᠮᠵᠢᠳᠡᠭ ᠯᠡ ᠶᠤᠮ ᠪᠣᠯ ᠳᠠᠷᠤᠶ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ | ᠨᠡᠶᠢᠲᠡᠯᠡᠪᠡ᠃ ᠨᠡᠶᠢᠲᠡᠯᠡᠵᠦ ᠪᠠᠷᠠᠭᠰᠠᠨ ᠤ ᠳᠠᠷᠠᠭ᠎ᠠ᠂ ᠪᠢᠳᠡᠨ ᠤ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢ | ᠭᠥᠯᠢᠶᠡᠨ ᠠᠪᠴᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠂ ᠥᠭᠡᠷ᠎ᠡ ᠪᠠᠷ ᠬᠡᠯᠡᠪᠡᠯ | ᠤᠷᠢᠳᠴᠢᠯᠠᠨ ᠰᠡᠷᠡᠮᠵᠢᠯᠡᠭᠦᠯᠦᠭᠰᠡᠨ ᠤ ᠳᠠᠷᠠᠭ᠎ᠠ ᠮᠡᠳᠡᠭᠡ ᠵᠠᠩᠭᠢ ᠶᠢ ᠣᠯᠤᠭᠰᠠᠨ ᠡᠰᠡᠬᠦ ᠶᠢ ᠬᠠᠷᠢᠭᠤ ᠲᠤᠰᠬᠠᠨ᠎ᠠ᠂ | ᠢᠩᠭᠢᠪᠡᠯ ᠤᠷᠢᠳᠴᠢᠯᠠᠨ ᠰᠡᠷᠡᠮᠵᠢᠯᠡᠭᠦᠯᠬᠦ ᠡᠲᠡᠭᠡᠳ ᠴᠥᠮ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠣᠯᠵᠤ ᠳᠡᠶᠢᠯᠬᠦ ᠶᠢ ᠦᠨᠡᠨ ᠬᠦ ᠪᠠᠲᠤᠯᠠᠵᠤ ᠴᠢᠳᠠᠨ᠎ᠠ᠃ | ᠲᠢᠶᠠᠨ ᠢ ᠲᠠᠩ 2020 — 09 — 24 11᠄ 00᠄ 49 | ᠬᠤᠶᠠᠳᠤᠭᠠᠷ ᠲᠤ᠂ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮ ᠤᠨ | ᠦᠢᠯᠡᠳᠦᠯ ᠢ ᠪᠠᠳᠠᠷᠠᠭᠤᠯᠪᠠ᠃ ᠠᠭᠤᠯᠠᠨ ᠦᠶᠡᠷ ᠤᠨ ᠭᠠᠮᠰᠢᠭ ᠨᠡᠯᠢᠶᠡᠳ ᠬᠦᠨᠳᠦ ᠨᠣᠴᠢᠲᠠᠶ ᠪᠠᠶᠢᠭ᠎ᠠ ᠲᠡᠳᠡᠭᠡᠷ | ᠭᠤᠤᠯᠳᠠᠯᠭ᠎ᠠ ᠲᠠᠢ ᠬᠥᠳᠡᠭᠡ ᠲᠣᠰᠬᠤᠨ ᠳᠤ᠂ ᠲᠠᠪᠴᠠᠩ ᠢᠶᠠᠷ ᠳᠠᠮᠵᠢᠨ ᠰᠡᠷᠡᠮᠵᠢᠯᠡᠭᠦᠯᠬᠦ ᠮᠡᠳᠡᠭᠡ ᠵᠠᠩᠭᠢ | ᠲᠠᠷᠬᠠᠭᠠᠬᠰᠠᠨ ᠢᠶᠠᠷ ᠪᠠᠷᠠᠬᠤ ᠥᠬᠡᠶ᠂ ᠪᠢᠳᠡ ᠪᠠᠰᠠ ᠠᠶᠤᠯ ᠲᠦᠭᠰᠢᠭᠦᠷᠢ ᠮᠡᠳᠡᠭᠡᠯᠡᠬᠦ ᠪᠠᠭᠠᠵᠢ ᠵᠡᠷᠭᠡ ᠶᠢ | ᠪᠠᠭᠲᠠᠭᠠᠭᠰᠠᠨ ᠷᠠᠳᠢᠣ᠋ ᠨᠡᠪᠲᠡᠷᠡᠭᠦᠯᠭᠡ᠂ ᠬᠠᠷᠠᠩᠭ᠎ᠠ᠂ ᠱᠦᠭᠯᠦ ᠵᠡᠷᠭᠡ ᠶᠢ ᠳᠣᠭᠢᠷᠠᠭᠤᠯᠵᠤ᠂ ᠡᠶᠢᠮᠦᠷᠬᠦᠤ ᠨᠢᠭᠡᠨ ᠢᠵᠢ | ᠠᠷᠭ᠎ᠠ ᠬᠡᠮᠵᠢᠶ᠎ᠡ ᠪᠠᠷ ᠳᠠᠮᠵᠢᠨ ᠭᠠᠷᠭᠠᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠡᠨ ᠬᠦ ᠡᠷᠦᠬᠡ ᠳᠤ᠂ | ᠬᠥᠮᠦᠨ ᠳᠤ ᠳᠠᠮᠵᠢᠭᠤᠯᠵᠤ ᠴᠢᠳᠠᠬᠤ ᠪᠣᠯᠭᠠᠵᠠᠶ᠃ ᠠᠭᠤᠯᠠᠨ ᠦᠶᠡᠷ ᠤᠨ ᠭᠠᠮᠰᠢᠭ ᠦᠨᠡᠨ ᠬᠦ ᠭᠠᠷᠤᠮᠠᠭᠴᠠ | ᠭᠠᠴᠠᠭᠠᠨ ᠤ ᠬᠢᠨ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠴᠠᠭ ᠲᠤᠬᠠᠶ ᠳᠤᠨᠢ ᠰᠢᠯᠵᠢᠬᠦ ᠶᠢ ᠣᠯᠠᠨ | ᠲᠦᠮᠡᠨ ᠳᠤ ᠰᠠᠨᠠᠭᠤᠯᠵᠤ ᠪᠣᠯᠤᠨ᠎ᠠ᠃ ᠡᠭᠦᠨ ᠤ ᠬᠠᠮᠲᠤ᠂ ᠪᠢᠳᠡ ᠠᠭᠤᠯᠠᠷᠬᠠᠭ ᠣᠷᠣᠨ ᠤ ᠤᠯᠠᠨ ᠲᠦᠮᠡᠨ ᠤ | ᠭᠠᠮᠰᠢᠭ ᠢ ᠰᠡᠷᠭᠡᠶᠢᠯᠡᠬᠦ ᠤᠬᠠᠮᠰᠠᠷ᠂ ᠤᠬᠠᠭᠤᠯᠭ᠎ᠠ᠂ ᠪᠣᠯᠪᠠᠰᠤᠷᠠᠯ᠂ ᠰᠣᠷᠢᠯᠲᠠ ᠶᠢ ᠴᠢᠩᠭᠠᠳᠬᠠᠵᠤ᠂ ᠭᠠᠮᠰᠢᠭ ᠢ | ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠲᠠᠯ᠎ᠠ ᠪᠠᠷ ᠪᠠᠰᠠ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃ | ᠭᠤᠷᠪᠠᠳᠤᠭᠠᠷ ᠲᠤ᠂ ᠡᠨᠡ ᠵᠢᠯ ᠤᠨ 3 ᠰᠠᠷ᠎ᠠ ᠳᠤ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ | ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ | ᠲᠠᠨᠢᠯᠴᠠᠭᠤᠯᠬᠤ ᠳᠠᠭᠠᠨ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠠᠯ᠎ᠠ ᠪᠠᠷ ᠪᠠᠰᠠ | ᠴᠢᠨᠠᠭᠰᠢᠳᠠ ᠲᠡᠭᠦᠯᠳᠡᠷᠵᠢᠭᠦᠯᠬᠦ ᠴᠢᠬᠤᠯᠠᠲᠠᠶ ᠭᠠᠵᠠᠷ ᠪᠠᠶᠢᠨ᠎ᠠ᠂ ᠠᠭᠤᠯᠠᠷᠬᠠᠭ ᠣᠷᠣᠨ ᠳᠤ ᠪᠠᠶᠢᠭ᠎ᠠ ᠨᠢᠭᠡ ᠪᠦᠯᠦᠭ | ᠵᠢᠭᠤᠯᠴᠢᠯᠠᠯ ᠤᠨ ᠬᠥᠮᠦᠰ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠵᠤ ᠳᠡᠶᠢᠯᠬᠦ ᠥᠬᠡᠶ᠂ ᠪᠠᠰᠠ ᠪᠠᠯᠠᠶ ᠭᠠᠵᠠᠷ ᠣᠷᠣᠰᠢᠵᠤ | ᠪᠠᠶᠢᠨ᠎ᠠ ᠭᠡᠵᠡᠶ᠃ ᠡᠨᠡ ᠵᠢᠯ ᠤᠨ 5 ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠪᠣᠯᠤᠨ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠨ ︽ᠭᠤᠷᠪᠠᠨ ᠲᠣᠮᠣ ᠡᠵᠡᠩᠨᠡᠭᠴᠢ ᠬᠤᠳᠠᠯᠳᠤᠭᠠᠴᠢᠨ︾ ᠳᠤ | ᠲᠦᠰᠢᠭᠯᠡᠨ ᠨᠡᠶᠢᠭᠡᠮ ᠨᠡᠶᠢᠳᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢ ᠠᠬᠢᠭᠤᠯᠵᠤ᠂ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠂ ᠥᠭᠡᠷ᠎ᠡ ᠪᠠᠷ ᠬᠡᠯᠡᠪᠡᠯ᠂ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ︽ᠭᠤᠷᠪᠠᠨ ᠲᠣᠮᠣ ᠡᠵᠡᠩᠨᠡᠭᠴᠢ ᠬᠤᠳᠠᠯᠳᠤᠭᠠᠴᠢᠨ︾ ᠢᠶᠠᠷ | ᠳᠠᠮᠵᠢᠭᠤᠯᠤᠨ ᠨᠡᠶᠢᠲᠡᠯᠡᠮᠡᠭᠴᠡ᠂ ᠡᠨᠡ ᠬᠦ ᠣᠷᠣᠨ ᠪᠦᠰᠡ ᠳᠤ ᠴᠢᠬᠢᠮ ᠮᠡᠳᠡᠭᠡ ᠶᠢ ᠣᠯᠵᠤ ᠳᠡᠶᠢᠯᠳᠡᠭ ᠯᠡ ᠶᠤᠮ | ᠪᠣᠯ᠂ ᠤᠷᠢᠳᠴᠢᠯᠠᠨ ᠰᠡᠷᠡᠮᠵᠢᠯᠡᠭᠦᠯᠬᠦ ᠪᠠᠯᠠᠶ ᠣᠷᠣᠨ ᠢ ᠠᠯᠢ ᠴᠢᠳᠠᠬᠤ ᠪᠠᠷ ᠠᠷᠢᠯᠭᠠᠵᠤ᠂ ᠠᠶᠤᠯ ᠠᠴᠠ | ᠵᠠᠶᠢᠯᠠᠭᠤᠯᠬᠤ ᠳᠤ ᠲᠤᠯᠭᠠᠭᠤᠷᠢᠯᠠᠯ ᠬᠠᠩᠭᠠᠨ᠎ᠠ᠃ | ᠳᠥᠷᠪᠡᠳᠦᠭᠡᠷ ᠲᠤ᠂ ᠤᠰᠤᠨ ᠠᠰᠢᠭᠯᠠᠯᠲᠠ ᠶᠢᠨ ᠶᠠᠮᠤᠨ ᠡᠨᠡ ᠬᠤᠶᠠᠷ ᠵᠢᠯ ᠳᠤ ︽ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠬᠤ︾ ᠶᠢ ᠴᠢᠩᠭᠠᠳᠬᠠᠪᠠ᠃ ᠠᠭᠤᠯᠠᠨ ᠦᠶᠡᠷ ᠤᠨ ᠭᠠᠮᠰᠢᠭ ᠨᠢ ᠭᠤᠷᠪᠠᠨ ᠶᠡᠭᠡ | ᠠᠶᠤᠯ ᠲᠦᠭᠰᠢᠭᠦᠷᠢ ᠶᠢᠨ ᠨᠢᠭᠡ ᠪᠣᠯᠤᠭᠰᠠᠨ ᠤ ᠬᠤᠪᠢ ᠳᠤ ᠬᠢᠨᠠᠯᠲᠠ ᠬᠠᠮᠢᠶᠠᠷᠤᠯᠲᠠ ᠶᠢ ᠣᠨᠴᠠᠭᠠᠢᠢᠯᠠᠨ | ᠴᠢᠬᠤᠯᠠᠴᠢᠯᠠᠵᠤ᠂ ᠰᠢᠷᠦᠭᠦᠨ ᠪᠣᠷᠣᠭᠠᠨ ᠣᠷᠣᠪᠠᠯ᠂ ᠤᠰᠤᠨ ᠠᠰᠢᠭᠯᠠᠯᠲᠠ ᠶᠢᠨ ᠶᠠᠮᠤᠨ ᠠᠴᠠ ᠮᠤᠵᠢ ᠬᠤᠲᠠ | ᠰᠢᠶᠠᠨ ᠢ ᠬᠠᠮᠤᠭ ᠤᠨ ᠶᠡᠭᠡ ᠪᠣᠷᠣᠭᠠᠨ ᠣᠷᠣᠬᠤ ᠶᠢ ᠤᠷᠢᠳᠴᠢᠯᠠᠨ ᠮᠡᠳᠡᠭᠡᠯᠡᠬᠦ ᠠᠴᠠ ᠪᠣᠷᠣᠭᠠᠨ ᠳᠠᠭᠤᠰᠬᠤ | ᠬᠦᠷᠲᠡᠯ᠎ᠡ ᠴᠥᠮ ᠪᠥᠬᠦ ᠶᠠᠪᠤᠴᠠ ᠶᠢ ᠬᠢᠨᠠᠨ ᠬᠠᠮᠢᠶᠠᠷᠬᠤ ᠬᠡᠷᠡᠭᠲᠡᠶ ᠭᠡᠵᠦ ᠱᠠᠭᠠᠷᠳᠠᠪᠠ᠃ ᠴᠠᠭ ᠠᠭᠤᠷ ᠤᠨ | ᠤᠷᠢᠳᠴᠢᠯᠠᠨ ᠮᠡᠳᠡᠭᠡᠯᠡᠬᠦ ᠪᠦᠲᠦᠭᠡᠭᠳᠡᠬᠦᠨ ᠣᠳᠣᠬᠠᠨ ᠳᠤ ᠨᠡᠯᠢᠶᠡᠳ ᠠᠷᠪᠢᠨ ᠪᠠᠶᠢᠨ᠎ᠠ᠂ 6 ᠴᠠᠭ ᠤᠨ | ᠤᠷᠢᠳᠴᠢᠯᠠᠭᠰᠠᠨ ᠮᠡᠳᠡᠭᠡ᠂ 3 ᠴᠠᠭ ᠤᠨ ᠤᠷᠢᠳᠴᠢᠯᠠᠭᠰᠠᠨ ᠮᠡᠳᠡᠭᠡ᠂ ᠠᠯᠢ ᠭᠠᠵᠠᠷ ᠣᠷᠣᠨ ᠳᠤ ᠰᠢᠷᠦᠭᠦᠨ | ᠪᠣᠷᠣᠭᠠᠨ ᠣᠷᠣᠬᠤ ᠶᠢ ᠪᠢᠳᠡ ᠴᠠᠭ ᠲᠤᠬᠠᠶ ᠳᠤᠨᠢ ᠡᠨᠡ ᠭᠠᠵᠠᠷ ᠣᠷᠣᠨ ᠳᠤ ᠠᠭᠤᠯᠠᠨ ᠦᠶᠡᠷ ᠤᠨ ᠭᠠᠮᠰᠢᠭ ᠢ | ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠥᠮᠦᠰ ᠢᠶᠠᠨ ᠴᠠᠭ ᠲᠤᠬᠠᠶ ᠳᠤᠨᠢ ᠰᠢᠯᠵᠢᠭᠦᠯᠬᠦ ᠶᠢ ᠮᠡᠳᠡᠭᠳᠡᠵᠤ ᠪᠤᠢ᠃ | ᠪᠢᠳᠡ ᠪᠠᠰᠠ ᠠᠵᠢᠯᠯᠠᠬᠤ ᠳᠤᠭᠤᠢᠢᠯᠠᠩ ᠪᠠ ᠨᠢᠭᠤᠴᠠ ᠪᠠᠷ ᠰᠤᠷᠪᠤᠯᠵᠢᠯᠠᠬᠤ ᠳᠤᠭᠤᠢᠢᠯᠠᠩ ᠲᠣᠮᠢᠯᠠᠨ ᠡᠳᠡᠭᠡᠷ ᠭᠠᠵᠠᠷ | ᠣᠷᠣᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ ᠶᠢ | ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ | ᠪᠠᠶᠢᠨ᠎ᠠ᠃ ᠬᠤᠶᠢᠰᠢᠳᠠ ᠪᠠᠰᠠ ᠡᠨᠡ ᠬᠦ ᠰᠠᠭᠤᠷᠢᠨ ᠳᠡᠭᠡᠷ᠎ᠡ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠷᠠᠳ | ᠤᠯᠠᠨ ᠤ ᠠᠮᠤᠷ ᠲᠦᠪᠰᠢᠨ ᠢ ᠬᠠᠮᠠᠭᠠᠯᠠᠨ᠎ᠠ᠃ ᠪᠠᠶᠠᠷᠯᠠᠯ᠎ᠠ︕ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ 2020 — 09 — 24 11᠄ 01᠄ 25 | ᠲᠡᠭᠡᠪᠡᠯ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠢ ᠪᠠᠬᠢᠵᠢᠭᠦᠯᠬᠦ ᠠᠵᠢᠯ ᠣᠳᠣᠬᠠᠨ ᠳᠤ ᠬᠢᠷᠢ | ᠵᠡᠷᠭᠡ ᠶᠠᠪᠤᠭᠳᠠᠵᠤ ᠪᠠᠶᠢᠬᠤ ᠪᠣᠶ︖ ᠲᠠᠷᠠᠭᠠᠴᠢ ᠶᠢᠨ ᠠᠯᠬᠤᠮ ᠳᠤ ᠤᠰᠤᠨ ᠠᠰᠢᠭᠯᠠᠯᠲᠠ ᠶᠢᠨ ᠶᠠᠮᠤᠨ ᠡᠨᠡ ᠬᠦ | ᠠᠵᠢᠯ ᠢ ᠬᠡᠷᠬᠢᠨ ᠠᠬᠢᠭᠤᠯᠬᠤ ᠪᠣᠶ︖ ᠪᠠᠶᠠᠷᠯᠠᠯ᠎ᠠ︕ | ᠵᠠᠩ ᠰᠢᠶᠠᠩ ᠸᠧᠶ 2020 — 09 — 24 11᠄ 04᠄ 49 | ᠳᠠᠨ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠮᠠᠨ ᠤ ᠤᠯᠤᠰ ᠤᠨ ᠣᠨᠴᠠᠭᠠᠶ ᠪᠠᠶᠢᠭᠠᠯᠢ ᠶᠢᠨ ᠭᠠᠵᠠᠷ | ᠵᠦᠢ ᠶᠢᠨ ᠨᠥᠬᠦᠴᠡᠯ ᠠᠴᠠ ᠪᠣᠯᠵᠣ᠂ ᠤᠰᠤᠨ ᠤ ᠡᠬᠢ ᠪᠠᠶᠠᠯᠢᠭ ᠤᠨ ᠴᠠᠭ ᠵᠠᠶ ᠶᠢᠨ ᠲᠠᠷᠬᠠᠯᠲᠠ ᠲᠡᠭᠰᠢ ᠪᠤᠰᠤ | ᠪᠠᠶᠢᠳᠠᠭ᠂ ᠡᠶᠢᠮᠦ ᠠᠴᠠ ᠦᠶᠡᠷ ᠢ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠢ ᠳᠣᠭᠢᠷᠠᠭᠤᠯᠬᠤ᠂ ᠠᠮᠢ ᠠᠬᠤᠶ ᠶᠢ | ᠵᠠᠰᠠᠵᠤ ᠰᠡᠷᠭᠦᠭᠡᠬᠦ ᠵᠡᠷᠭᠡ ᠳᠤ ᠤᠰᠤᠨ ᠴᠥᠭᠦᠷᠥᠮ ᠪᠠᠶᠢᠭᠤᠯᠬᠤ ᠴᠢᠬᠤᠯᠠᠲᠠᠶ ᠶᠤᠮ᠃ ᠰᠠᠶ᠋ᠢᠬᠠᠨ ᠳᠡᠳ᠋ ᠰᠠᠶᠢᠳ ᠶᠧ | ᠵᠢᠶᠠᠨ ᠴᠦᠨ ᠬᠡᠯᠡᠬᠦ ᠳᠡᠭᠡᠨ᠂ ᠮᠠᠨ ᠤ ᠤᠯᠤᠰ ᠤᠨ ᠤᠰᠤᠨ ᠴᠥᠭᠦᠷᠥᠮ ᠤᠨ ᠲᠤᠭ᠎ᠠ ᠬᠡᠮᠵᠢᠶ᠎ᠡ ᠣᠯᠠᠨ ᠪᠥᠭᠡᠳ | 80% ᠶᠢ ᠨᠢ ᠴᠥᠮ ᠳᠡᠭᠡᠷ᠎ᠡ ᠵᠠᠭᠤᠨ ᠤ ᠲᠠᠪᠢᠭᠠᠳ ᠣᠨ ᠠᠴᠠ ᠳᠠᠯᠠᠭᠠᠳ ᠣᠨ ᠤ ᠦᠶ᠎ᠡ ᠳᠤ ᠪᠠᠶᠢᠭᠤᠯᠤᠭᠰᠠᠨ | ᠶᠤᠮ ᠭᠡᠵᠡᠶ᠃ 1998 ᠣᠨ ᠠᠴᠠ ᠡᠬᠢᠯᠡᠨ ᠪᠢᠳᠡ ᠬᠦᠴᠦᠨ ᠢᠶᠠᠨ ᠲᠥᠪᠯᠡᠷᠡᠭᠦᠯᠦᠨ ᠬᠡᠳᠦᠨ ᠡᠭᠡᠯᠵᠢ ᠶᠢᠨ ᠶᠡᠭᠡ | ᠬᠡᠪᠴᠢᠶᠡᠨ ᠤ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ | ᠥᠷᠨᠢᠭᠦᠯᠪᠡ᠂ ᠨᠢᠳᠤᠨᠤᠨ ᠤ ᠵᠢᠯ ᠤᠨ ᠰᠡᠭᠦᠯᠴᠢ ᠪᠣᠯᠬᠤ ᠳᠤ ᠲᠥᠪ ᠠᠴᠠ 1490 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠲᠣᠬᠢᠷᠠᠭᠤᠯᠵᠤ᠂ 2700 ᠭᠠᠷᠤᠶ ᠲᠤᠮᠤ ᠳᠤᠮᠳᠠ ᠬᠡᠯᠪᠡᠷᠢ ᠶᠢᠨ ᠠᠰᠠᠭᠤᠳᠠᠯ ᠲᠠᠢ | ᠠᠶᠤᠯ ᠲᠠᠢ ᠤᠰᠤᠨ ᠴᠥᠭᠦᠷᠥᠮ᠂ ᠡᠭᠦᠨ ᠠᠴᠠ ᠭᠠᠳᠠᠨ᠎ᠠ ᠪᠠᠰᠠ 6.6 ᠲᠦᠮᠡᠨ ᠪᠠᠭ᠎ᠠ ᠬᠡᠯᠪᠡᠷᠢ ᠶᠢᠨ | ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠬᠢᠭᠰᠡᠨ | ᠪᠠᠶᠢᠨ᠎ᠠ᠃ ᠡᠳᠡᠭᠡᠷ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠦᠭᠰᠡᠨ ᠤ ᠲᠠᠷᠠᠭ᠎ᠠ᠂ ᠴᠢᠳᠠᠮᠵᠢ ᠨᠢ | ᠰᠡᠷᠭᠦᠵᠦ᠂ ᠦᠶᠡᠷ ᠢ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠦᠢᠯᠡᠳᠦᠯ ᠨᠢ ᠳᠤᠩ ᠰᠠᠶᠢᠨ | ᠪᠠᠳᠠᠷᠠᠭᠰᠠᠨ ᠪᠠᠶᠢᠨ᠎ᠠ᠃ | ᠣᠳᠣᠬᠠᠨ ᠳᠤ ᠪᠠᠰᠠ ᠲᠦᠮᠡ ᠭᠠᠷᠤᠶ ᠠᠰᠠᠭᠤᠳᠠᠯ ᠲᠠᠢ ᠠᠶᠤᠯ ᠲᠠᠢ ᠴᠥᠭᠦᠷᠥᠮ ᠳᠤ ᠪᠡᠯᠡ ᠣᠷᠣᠭᠤᠯᠤᠯᠲᠠ | ᠲᠣᠬᠢᠷᠠᠭᠤᠯᠵᠤ ᠠᠶᠤᠯ ᠢ ᠠᠷᠢᠯᠭᠠᠨ ᠪᠠᠬᠢᠵᠢᠭᠦᠯᠬᠦ ᠴᠢᠬᠤᠯᠠᠲᠠᠶ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ | ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠠᠭᠠᠴᠢ ᠶᠢᠨ ᠠᠯᠬᠤᠮ ᠳᠤ | ᠠᠰᠠᠭᠤᠳᠠᠯ ᠲᠠᠢ ᠠᠶᠤᠯ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠳᠤ ᠭᠤᠷᠪᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠪᠠᠷ ᠠᠳᠬᠤᠨ᠎ᠠ᠃ | ᠨᠢᠭᠡᠳᠦᠭᠡᠷ ᠲᠤ᠂ ᠤᠳᠤ ᠪᠠᠶᠢᠭ᠎ᠠ ᠠᠰᠠᠭᠤᠳᠠᠯ ᠠᠶᠤᠯ ᠲᠠᠢ ᠴᠥᠭᠦᠷᠥᠮ ᠤᠨ ᠠᠶᠤᠯ ᠢ ᠠᠯᠢ ᠲᠦᠷᠭᠡᠨ ᠢᠶᠠᠷ | ᠠᠷᠢᠯᠭᠠᠨ ᠪᠠᠬᠢᠵᠢᠭᠦᠯᠤᠨ᠎ᠡ᠃ ᠢᠯᠠᠩᠭᠤᠶ᠎ᠠ ᠤᠳᠤ 200 ᠭᠠᠷᠤᠶ ᠲᠤᠮᠤ ᠳᠤᠮᠳᠠ ᠬᠡᠯᠪᠡᠷᠢ ᠶᠢᠨ ᠠᠰᠠᠭᠤᠳᠠᠯ ᠲᠠᠢ | ᠠᠶᠤᠯ ᠲᠠᠢ ᠴᠥᠭᠦᠷᠥᠮ ᠢ ᠪᠢᠳᠡ ᠬᠤᠶᠠᠷ ᠵᠢᠯ ᠣᠷᠴᠢᠮ ᠤᠨ ᠴᠠᠭ ᠢ ᠬᠡᠷᠡᠭᠯᠡᠵᠦ ᠪᠠᠶᠢᠭᠠᠳ ᠠᠶᠤᠯ ᠢ ᠠᠷᠢᠯᠭᠠᠨ | ᠪᠠᠬᠢᠵᠢᠭᠦᠯᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ᠃ ᠪᠠᠭ᠎ᠠ ᠬᠡᠯᠪᠡᠷᠢ ᠶᠢᠨ ᠠᠶᠤᠯ ᠭᠡᠮ ᠲᠠᠢ | ᠤᠰᠤᠨ ᠴᠥᠭᠦᠷᠥᠮ ᠤᠨ ᠲᠤᠭ᠎ᠠ ᠬᠡᠮᠵᠢᠶ᠎ᠡ ᠨᠢ ᠠᠷᠪᠢᠨ ᠰᠢᠭ᠋᠂ ᠴᠠᠭ ᠨᠢ ᠤᠷᠳᠤ ᠰᠢᠭ᠋ ᠪᠠᠶᠢᠵᠤ ᠮᠡᠳᠡᠨ᠎ᠠ᠂ ᠪᠠᠰᠠ | ᠠᠯᠢ ᠲᠦᠷᠭᠡᠨ ᠢᠶᠠᠷ ᠠᠶᠤᠯ ᠲᠦᠭᠰᠢᠭᠦᠷᠢ ᠶᠢ ᠠᠷᠢᠯᠭᠠᠨ᠎ᠠ᠃ | ᠬᠤᠶᠠᠳᠤᠭᠠᠷ ᠲᠤ᠂ ᠠᠶᠤᠯᠭᠦᠢ ᠶᠢᠨ ᠬᠢᠨᠠᠨ ᠲᠣᠭᠲᠠᠭᠠᠯᠲᠠ ᠶᠢᠨ ᠬᠤᠭᠤᠴᠠᠭᠠᠨ ᠳᠤ ᠨᠢᠭᠡᠨᠲᠡ ᠬᠦᠷᠦᠭᠰᠡᠨ | ᠤᠰᠤᠨ ᠴᠥᠭᠦᠷᠥᠮ ᠳᠤ ᠠᠶᠤᠯᠭᠦᠢ ᠶᠢᠨ ᠬᠢᠨᠠᠨ ᠲᠣᠭᠲᠠᠭᠠᠯᠲᠠ ᠬᠢᠬᠦ ᠶᠢ ᠪᠡᠶᠡᠯᠡᠭᠦᠯᠦᠨ᠎ᠡ᠂ ᠪᠠᠷᠤᠭ ᠭᠤᠷᠪᠠᠨ ᠲᠦᠮᠡ | ᠭᠠᠷᠤᠶ ᠤᠰᠤᠨ ᠴᠥᠭᠦᠷᠥᠮ ᠳᠤ ᠠᠶᠤᠯᠭᠦᠢ ᠶᠢᠨ ᠬᠢᠨᠠᠨ ᠲᠣᠭᠲᠠᠭᠠᠯᠲᠠ ᠬᠢᠬᠦ ᠶᠢ ᠪᠡᠶᠡᠯᠡᠭᠦᠯᠦᠨ᠎ᠡ᠃ ᠠᠶᠤᠯᠭᠦᠢ ᠶᠢᠨ | ᠬᠢᠨᠠᠨ ᠲᠣᠭᠲᠠᠭᠠᠯᠲᠠ ᠬᠢᠭᠰᠡᠨ ᠤ ᠳᠠᠷᠠᠭ᠎ᠠ ᠪᠠᠰᠠ ᠵᠠᠷᠢᠮ ᠠᠶᠤᠯ ᠭᠡᠮ ᠲᠠᠢ ᠤᠰᠤᠨ ᠴᠥᠭᠦᠷᠥᠮ ᠪᠠᠶᠢᠵᠤ ᠮᠡᠳᠡᠨ᠎ᠡ᠂ | ᠪᠠᠰᠠ ᠠᠯᠢ ᠲᠦᠷᠭᠡᠨ ᠢᠶᠠᠷ ᠠᠶᠤᠯ ᠲᠦᠭᠰᠢᠭᠦᠷᠢ ᠶᠢ ᠠᠷᠢᠯᠭᠠᠨ᠎ᠠ᠃ | ᠭᠤᠷᠪᠠᠳᠤᠭᠠᠷ ᠲᠤ᠂ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠤᠨ ᠪᠠᠶᠢᠩᠭᠤᠵᠢᠭᠰᠠᠨ ᠠᠶᠤᠯ ᠢ | ᠠᠷᠢᠯᠭᠠᠨ ᠪᠠᠬᠢᠵᠢᠭᠦᠯᠬᠦ ᠲᠣᠭᠲᠠᠴᠠ ᠶᠢ ᠪᠠᠶᠢᠭᠤᠯᠤᠨ᠎ᠠ᠃ ᠤᠴᠢᠷ ᠨᠢ ᠤᠰᠤᠨ ᠴᠥᠭᠦᠷᠥᠮ ᠤᠨ ᠵᠢᠷᠤᠵᠤ | ᠲᠥᠯᠥᠪᠯᠡᠭᠰᠡᠨ ᠠᠵᠢᠯᠯᠠᠭᠠᠨ ᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠪᠠᠰᠠ ᠵᠠᠷᠢᠮ ᠠᠰᠠᠭᠤᠳᠠᠯ ᠠᠶᠤᠯ ᠲᠠᠢ | ᠤᠰᠤᠨ ᠴᠥᠭᠦᠷᠥᠮ ᠰᠢᠨ᠎ᠡ ᠪᠠᠷ ᠢᠯᠡᠷᠡᠬᠦ ᠪᠣᠯᠤᠨ᠎ᠠ᠂ ᠡᠨᠡ ᠨᠢ ᠮᠥᠨ ᠴᠦ ᠵᠢᠮ᠎ᠡ ᠶᠣᠰᠣ ᠪᠣᠯᠬᠤ ᠶᠤᠮ᠃ ᠬᠡᠯᠡᠯᠭᠡᠨ | ᠥᠬᠡᠶ᠂ ᠥᠩᠭᠡᠷᠡᠭᠰᠡᠨ ᠤ ᠬᠢ ᠰᠢᠭ ᠲᠡᠶᠢᠮᠦ ᠲᠥᠪᠯᠡᠷᠡᠩᠭᠦᠢ ᠪᠢᠰᠢ᠂ ᠠᠰᠠᠭᠤᠳᠠᠯ ᠲᠠᠢ ᠠᠶᠤᠯ ᠲᠠᠢ ᠤᠰᠤᠨ | ᠴᠥᠭᠦᠷᠥᠮ ᠤᠨ ᠪᠠᠶᠢᠩᠭᠤ ᠶᠢᠨ ᠴᠢᠨᠠᠷᠲᠠᠶ ᠠᠶᠤᠯ ᠢ ᠠᠷᠢᠯᠭᠠᠨ ᠪᠠᠬᠢᠵᠢᠭᠦᠯᠬᠦ ᠲᠣᠭᠲᠠᠴᠠ ᠶᠢ ᠪᠠᠶᠢᠭᠤᠯᠬᠤ ᠪᠠᠷ | ᠳᠡᠮᠵᠢᠨ᠂ ᠨᠢᠭᠡ ᠶᠢ ᠢᠯᠡᠷᠡᠭᠦᠯᠪᠡᠯ ᠴᠠᠭ ᠲᠤᠬᠠᠶ ᠳᠤᠨᠢ ᠨᠢᠭᠡ ᠶᠢ ᠠᠷᠢᠯᠭᠠᠵᠤ᠂ ᠤᠰᠤᠨ ᠴᠥᠭᠦᠷᠥᠮ ᠤᠨ | ᠴᠢᠳᠠᠮᠵᠢ ᠶᠢ ᠰᠡᠷᠭᠦᠭᠡᠨ᠂ ᠦᠶᠡᠷ ᠢ ᠰᠡᠷᠭᠡᠶᠢᠯᠡᠬᠦ ᠤᠰᠤᠨ ᠤ ᠡᠬᠢ ᠪᠠᠶᠠᠯᠢᠭ ᠢ ᠳᠣᠭᠢᠷᠠᠭᠤᠯᠬᠤ ᠵᠡᠷᠭᠡ | ᠶᠡᠷᠦᠩᠬᠡᠶᠢᠯᠡᠭᠰᠡᠨ ᠴᠢᠳᠠᠮᠵᠢ ᠶᠢ ᠪᠠᠳᠠᠷᠠᠭᠤᠯᠤᠨ᠎ᠠ᠃ | ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ 2020 — 09 — 24 11᠄ | 05᠄ 21 | ᠡᠨᠡ ᠵᠢᠯ ᠤᠨ ᠤᠰᠤᠨ ᠳᠤ ᠡᠪᠳᠡᠭᠳᠡᠭᠰᠡᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠰᠡᠷᠭᠦᠭᠡᠭᠰᠡᠨ ᠨᠢ | ᠶᠠᠮᠠᠷ ᠵᠡᠷᠭᠡ ᠪᠤᠢ᠂ ᠡᠭᠦᠨ ᠠᠴᠠ ᠭᠠᠳᠠᠨ᠎ᠠ ᠤᠰᠤᠨ ᠳᠤ ᠡᠪᠳᠡᠭᠳᠡᠭᠰᠡᠨ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢ ᠰᠡᠯᠪᠢᠨ ᠵᠠᠰᠠᠬᠤ ᠶᠢ ᠲᠦᠷᠭᠡᠳᠬᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠪᠠᠶᠠᠷᠯᠠᠯ᠎ᠠ︕ | ᠶᠧ ᠵᠢᠶᠠᠨ ᠴᠦᠨ 2020 — 09 — 24 11: 09: 52 | ᠡᠨᠡ ᠵᠢᠯ ᠤᠨ ᠦᠶᠡᠷ ᠲᠤ 28 ᠮᠤᠵᠢ ᠣᠷᠣᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠠᠳᠠᠯᠢ ᠪᠤᠰᠤ | ᠬᠡᠮᠵᠢᠶ᠎ᠡ ᠪᠠᠷ ᠡᠪᠳᠡᠭᠳᠡᠵᠡᠶ᠂ ᠡᠭᠦᠨ ᠳᠤ ᠭᠤᠣᠯᠳᠠᠭᠤ ᠭᠤᠣᠯ ᠮᠥᠷᠡᠨ ᠤ ᠬᠠᠰᠢᠯᠭ᠎ᠠ ᠳᠠᠯᠠᠩ ᠤᠨ ᠬᠠᠮᠠᠭᠠᠯᠠᠯᠲᠠ ᠶᠢᠨ | ᠡᠷᠭᠢ᠂ ᠤᠰᠤᠨ ᠴᠥᠭᠦᠷᠥᠮ ᠤᠨ ᠲᠥᠬᠦᠭᠡᠷᠦᠮᠵᠢ᠂ ᠬᠥᠳᠡᠭᠡ ᠲᠣᠰᠬᠤᠨ ᠤ ᠤᠰᠤᠯᠠᠯᠲᠠ ᠶᠢᠨ ᠲᠥᠬᠦᠭᠡᠷᠦᠮᠵᠢ᠂ | ᠬᠥᠭᠡᠷᠭᠡ ᠶᠢᠨ ᠥᠷᠲᠡᠭᠡᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠤᠰᠤᠨ ᠵᠦᠢ ᠶᠢᠨ ᠥᠷᠲᠡᠭᠡ ᠵᠡᠷᠭᠡ | ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ ᠪᠤᠶ᠃ ᠡᠭᠦᠨ ᠳᠤ ᠠᠨᠾᠦ᠋ᠢ᠂ ᠴᠦᠩᠴᠢᠩ᠂ ᠵᠢᠶᠠᠩᠰᠢ᠂ ᠬᠤᠪᠸᠢ᠂ | ᠬᠤᠨᠠᠨ᠂ ᠰᠧᠴᠤᠸᠠᠨ᠂ ᠭᠤᠸᠠᠩᠰᠢ᠂ ᠭᠦᠢᠵᠧᠤ᠂ ᠱᠠᠨᠰᠢ᠂ ᠭᠠᠨᠰᠦ ᠵᠡᠷᠭᠡ 10 ᠮᠤᠵᠢ ᠨᠠᠩ ᠬᠦᠨᠳᠦ ᠰᠢᠭ | ᠭᠠᠮᠰᠢᠭᠳᠠᠵᠠᠶ᠃ ᠪᠢᠳᠡ ᠤᠰᠤᠨ ᠳᠤ ᠡᠪᠳᠡᠭᠳᠡᠭᠰᠡᠨ ᠠᠩᠬᠠᠨ ᠤ ᠬᠤᠭᠤᠴᠠᠭᠠᠨ ᠳᠤ ᠡᠯ᠎ᠡ ᠮᠤᠵᠢ ᠶᠢ ᠲᠠᠰᠤᠷᠠᠯᠲᠠ | ᠦᠭᠡᠶ ᠵᠣᠬᠢᠶᠠᠨ ᠪᠠᠶᠢᠭᠤᠯᠵᠤ ᠡᠳᠡᠭᠡᠷ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠳᠤ ᠬᠡᠳᠦᠢ ᠪᠡᠯᠡ | ᠣᠷᠣᠭᠤᠯᠬᠤ ᠶᠢ ᠵᠠᠳᠠᠯᠤᠭᠰᠠᠨ ᠪᠠᠶᠢᠨ᠎ᠠ᠂ ᠠᠩᠬ᠎ᠠ ᠠᠯᠬᠤᠮ ᠤᠨ ᠵᠢᠱᠢᠯᠲᠡ ᠪᠠᠷ᠂ ᠪᠠᠷᠤᠭ 840 ᠳ᠋ᠦᠩᠰᠢᠭᠤᠷ | ᠲᠥᠭᠦᠷᠢᠭ ᠬᠡᠷᠡᠭᠰᠡᠨ᠎ᠡ᠂ ᠡᠭᠦᠨ ᠤ ᠳᠣᠲᠣᠷ᠎ᠠ ᠨᠡᠯᠢᠶᠡᠳ ᠬᠦᠨᠳᠦ ᠭᠠᠮᠰᠢᠭᠳᠠᠭᠰᠠᠨ 10 ᠮᠤᠵᠢ ᠳᠤ ᠳᠠᠷᠤᠶ 670 | ᠳ᠋ᠦᠩᠰᠢᠭᠤᠷ ᠲᠥᠭᠦᠷᠢᠭ ᠣᠷᠴᠢᠮ ᠬᠡᠷᠡᠭᠰᠡᠨ᠎ᠡ᠃ | ᠡᠭᠦᠨ ᠠᠴᠠ ᠭᠠᠳᠠᠨ᠎ᠠ᠂ ᠤᠰᠤᠨ ᠳᠤ ᠡᠪᠳᠡᠭᠳᠡᠭᠰᠡᠨ ᠪᠠᠷᠢᠯᠭ᠎ᠠ ᠶᠢᠨ ᠲᠥᠷᠥᠯ ᠠᠴᠠ ᠠᠪᠴᠤ ᠦᠵᠡᠪᠡᠯ᠂ | ᠭᠤᠤᠯᠳᠠᠭᠤ ᠬᠠᠰᠢᠯᠭ᠎ᠠ ᠶᠢᠨ ᠬᠠᠵᠠᠭᠤ ᠶᠢ ᠬᠠᠮᠠᠭᠠᠯᠠᠬᠤ᠂ ᠬᠥᠳᠡᠭᠡ ᠲᠣᠰᠬᠤᠨ ᠤ ᠤᠰᠤᠯᠠᠯᠲᠠ ᠪᠠ ᠤᠰᠤ ᠬᠠᠩᠭᠠᠬᠤ | ᠲᠥᠬᠦᠭᠡᠷᠦᠮᠵᠢ ᠶᠢᠨ ᠡᠪᠳᠡᠭᠳᠡᠯ ᠳᠤ ᠲᠥᠪᠯᠡᠷᠡᠵᠦ ᠪᠠᠶᠢᠨ᠎ᠠ᠂ ᠡᠨᠡ ᠪᠣᠯ ᠡᠨᠡ ᠵᠢᠯ ᠤᠨ ᠤᠰᠤᠨ ᠳᠤ ᠡᠪᠳᠡᠭᠳᠡᠭᠰᠡᠨ | ᠨᠢᠭᠡᠨ ᠣᠨᠴᠠᠯᠢᠭ ᠪᠤᠯᠤᠨ᠎ᠠ᠂ ᠡᠨᠡ ᠲᠠᠯ᠎ᠠ ᠪᠠᠷ ᠬᠢ ᠪᠠᠯᠠ ᠣᠷᠣᠭᠤᠯᠤᠯᠲᠠ ᠶᠢᠨ ᠬᠡᠷᠡᠭᠴᠡᠭᠡ ᠨᠡᠯᠢᠶᠡᠳ ᠶᠡᠭᠡ | ᠪᠠᠶᠢᠵᠤ᠂ 86% ᠶᠢ ᠡᠵᠡᠯᠡᠵᠦ ᠪᠠᠶᠢᠨ᠎ᠠ᠃ ᠡᠶᠢᠮᠦ ᠠᠴᠠ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠰᠡᠯᠪᠢᠨ | ᠵᠠᠰᠠᠭᠰᠠᠨ ᠬᠡᠮᠵᠢᠶ᠎ᠡ ᠪᠠᠷ ᠶᠡᠭᠡ᠂ ᠲᠥᠪᠯᠡᠷᠡᠩᠭᠦᠢ ᠪᠠᠶᠢᠵᠤ᠂ ᠡᠭᠦᠷᠭᠡ ᠨᠢ ᠲᠦᠢᠯ ᠤᠨ ᠨᠦᠰᠡᠷ ᠬᠦᠨᠳᠦ ᠪᠠᠶᠢᠪᠠ᠃ | ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ ᠬᠠᠮᠤᠭ ᠤᠨ ᠡᠴᠦᠰ ᠤᠨ ᠬᠤᠭᠤᠴᠠᠭ᠎ᠠ ᠪᠣᠯ ᠢᠷᠡᠬᠦ | ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠪᠣᠯᠤᠨ᠎ᠠ᠂ ᠭᠡᠪᠡᠴᠦ ᠡᠭᠦᠨ ᠤ ᠳᠣᠲᠣᠷᠠᠬᠢ ᠨᠡᠯᠢᠶᠡᠳ ᠨᠢᠭᠡ | ᠬᠡᠰᠡᠭ ᠢ ᠨᠢ ᠢᠷᠡᠬᠦ ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠬᠦᠯᠢᠶᠡᠵᠦ ᠪᠣᠯᠬᠤ ᠦᠭᠡᠢ᠂ ᠵᠢᠱᠢᠶᠡᠯᠡᠪᠡᠯ | ᠡᠪᠳᠡᠭᠳᠡᠭᠰᠡᠨ ᠬᠥᠳᠡᠭᠡ ᠲᠣᠰᠬᠤᠨ ᠤ ᠤᠰᠤ ᠬᠠᠩᠭᠠᠬᠤ ᠲᠥᠬᠦᠭᠡᠷᠦᠮᠵᠢ ᠶᠢ ᠳᠠᠷᠦ᠋ᠢᠬᠠᠨ ᠵᠠᠰᠠᠨ ᠰᠡᠷᠭᠦᠭᠡᠵᠦ᠂ | ᠲᠠᠷᠢᠶᠠᠴᠢᠨ ᠠᠬ᠎ᠠ ᠳᠡᠭᠦᠦ ᠨᠡᠷ ᠤᠨ ᠤᠰᠤ ᠤᠤᠭᠤᠬᠤ ᠶᠢ ᠪᠠᠲᠤᠯᠠᠬᠤ ᠬᠡᠷᠡᠭᠲᠡᠶ︔ ᠪᠠᠰᠠ ᠵᠢᠱᠢᠶᠡᠯᠡᠪᠡᠯ ᠡᠪᠳᠡᠷᠡᠵᠦ | ᠰᠦᠢᠳᠦᠭᠰᠡᠨ ᠲᠠᠷᠢᠶᠠᠨ ᠤ ᠤᠰᠤᠯᠠᠯᠲᠠ ᠶᠢᠨ ᠲᠥᠬᠦᠭᠡᠷᠦᠮᠵᠢ ᠶᠢ ᠢᠷᠡᠬᠦ ᠵᠢᠯ ᠤᠨ ᠦᠶᠡᠷ ᠤᠨ ᠬᠤᠭᠤᠴᠠᠭᠠᠨ ᠳᠤ | ᠬᠦᠯᠢᠶᠡᠵᠦ ᠪᠣᠯᠬᠤ ᠦᠭᠡᠢ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠰᠡᠯᠪᠢᠨ ᠵᠠᠰᠠᠵᠤ᠂ ᠤᠰᠤᠯᠠᠬᠤ ᠪᠠ ᠲᠠᠷᠢᠶ᠎ᠠ | ᠲᠠᠷᠢᠬᠤ ᠬᠡᠷᠡᠭᠲᠡᠶ᠃ ᠪᠠᠰᠠ ᠤᠰᠤᠨ ᠵᠦᠢ ᠶᠢᠨ ᠦᠷᠳᠡᠭᠡ ᠪᠠᠷ ᠵᠢᠱᠢᠶᠡᠯᠡᠵᠦ ᠬᠡᠯᠡᠬᠦ ᠳᠤ᠂ ᠲᠡᠷᠡ ᠪᠣᠯ ᠮᠠᠨ ᠤ | ᠦᠶᠡᠷ ᠢ ᠰᠡᠷᠭᠡᠶᠢᠯᠡᠬᠦ ᠬᠤᠰᠢᠭᠤᠴᠢ ᠴᠡᠷᠢᠭ ᠪᠤᠯᠤᠨ᠎ᠠ᠂ ᠦᠨᠡᠨ ᠳᠡᠭᠡᠨ ᠢᠷᠡᠬᠦ ᠵᠢᠯ ᠤᠨ ᠦᠶᠡᠷ ᠤᠨ | ᠬᠤᠭᠤᠴᠠᠭ᠎ᠠ ᠠᠴᠠ ᠡᠮᠦᠨ᠎ᠡ ᠵᠠᠰᠠᠵᠤ ᠰᠡᠷᠭᠦᠭᠡᠬᠦ ᠶᠢ ᠬᠦᠯᠢᠶᠡᠬᠦ ᠦᠭᠡᠢ ᠶᠤᠮ᠃ | ᠡᠶᠢᠮᠦ ᠠᠴᠠ ᠳᠠᠷᠠᠭᠠᠴᠢ ᠶᠢᠨ ᠠᠯᠬᠤᠮ ᠤᠨ ᠠᠵᠢᠯ ᠪᠣᠯ ᠭᠤᠣᠯᠳᠠᠭᠤ ᠳᠥᠷᠪᠡᠨ ᠲᠠᠯ᠎ᠠ ᠪᠣᠯᠤᠨ᠎ᠠ᠂ | ᠨᠢᠭᠡᠳᠦᠭᠡᠷ ᠲᠤ᠂ ᠲᠥᠪ ᠠᠴᠠ ᠲᠣᠬᠢᠷᠠᠭᠤᠯᠤᠭᠰᠠᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠡᠳᠡᠭᠡᠷ ᠲᠦᠷᠦᠯ | ᠵᠦᠢᠯ ᠳᠤ ᠠᠯᠢ ᠲᠦᠷᠭᠡᠨ ᠢᠶᠠᠷ ᠰᠠᠯᠭᠠᠨ ᠨᠠᠶᠢᠳᠠᠪᠤᠷᠢᠵᠢᠭᠤᠯᠬᠤ ᠬᠡᠷᠡᠭᠲᠡᠶ᠂ ᠣᠳᠣᠬᠠᠨ ᠳᠤ ᠨᠢᠭᠡ ᠬᠡᠰᠡᠭ ᠢ ᠨᠢ | ᠬᠤᠶᠢᠨ᠎ᠠ ᠬᠤᠶᠢᠨ᠎ᠠ ᠠᠴᠠ ᠲᠣᠬᠢᠷᠠᠭᠤᠯᠤᠭᠰᠠᠨ ᠪᠠᠶᠢᠨ᠎ᠠ᠃ ᠵᠢᠱᠢᠶᠡᠯᠡᠪᠡᠯ ᠰᠠᠶ᠋ᠢ ᠶᠢᠨ ᠶᠠᠷᠢᠭᠰᠠᠨ ᠬᠥᠳᠡᠭᠡ | ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠬᠤ | ᠲᠤᠯᠠ ᠤᠯᠡᠠ ᠲᠦᠮᠡᠨ ᠤ ᠤᠰᠤ ᠤᠤᠭᠤᠬᠤ ᠶᠢ ᠪᠠᠲᠤᠯᠠᠨ᠎ᠠ᠃ ᠬᠤᠶᠠᠳᠤᠭᠠᠷ ᠲᠤ᠂ ᠣᠷᠣᠨ ᠨᠤᠲᠤᠭ ᠢ | ᠱᠠᠯᠠᠪᠳᠠᠭᠤᠯᠵᠤ ᠪᠠᠶᠢᠭᠠᠳ ᠵᠠᠰᠠᠨ ᠰᠡᠷᠭᠦᠭᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠠᠰᠠᠨ ᠰᠡᠷᠭᠦᠭᠡᠬᠦ ᠠᠵᠢᠯ ᠢ ᠴᠠᠭ ᠲᠤᠬᠠᠶ ᠳᠤᠨᠢ | ᠥᠷᠨᠢᠭᠦᠯᠦᠨ᠎ᠡ᠃ ᠭᠤᠷᠪᠠᠳᠤᠭᠠᠷ ᠲᠤ᠂ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠨ ᠥᠷᠨᠢᠭᠦᠯᠤᠨ᠎ᠡ᠂ | ᠤᠰᠦᠠ ᠳᠤ ᠡᠪᠳᠡᠭᠳᠡᠭᠰᠡᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠨᠡᠯᠢᠶᠡᠳ ᠪᠠᠴᠢᠮ ᠪᠠᠶᠢᠭ᠎ᠠ ᠪᠣᠯᠬᠤᠷ | ᠵᠢᠷᠤᠵᠤ ᠲᠥᠯᠥᠪᠯᠡᠬᠦ᠂ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ | ᠳᠠᠭᠠᠭᠠᠴᠢᠯᠠᠯᠲᠠ ᠵᠠᠷᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠢᠷᠡᠬᠦ ᠵᠢᠯ ᠤᠨ ᠦᠶᠡᠷ ᠤᠨ | ᠬᠤᠭᠤᠴᠠᠭ᠎ᠠ ᠠᠴᠠ ᠡᠮᠦᠨ᠎ᠡ ᠦᠢᠯᠡᠳᠦᠯ ᠢᠶᠠᠨ ᠬᠡᠪ ᠢᠶᠠᠷ ᠪᠠᠳᠠᠷᠠᠭᠤᠯᠬᠤ ᠶᠢ ᠪᠠᠲᠤᠯᠠᠨ᠎ᠠ᠃ ᠳᠥᠷᠪᠡᠳᠦᠭᠡᠷ ᠲᠤ᠂ | ᠡᠳᠡᠭᠡᠷ ᠤᠰᠤᠨ ᠳᠤ ᠡᠪᠳᠡᠭᠳᠡᠭᠰᠡᠨ ᠲᠦᠷᠦᠯ ᠵᠦᠢᠯ ᠢ ᠪᠢᠳᠡ ᠪᠠᠰᠠ ᠱᠠᠯᠠᠪᠳᠠᠨ ᠪᠠᠶᠢᠴᠠᠭᠠᠵᠤ ᠨᠢᠭᠤᠴᠠ ᠪᠠᠷ | ᠰᠤᠷᠪᠤᠯᠵᠢᠯᠠᠵᠤ᠂ ᠢᠷᠡᠬᠦ ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠪᠤᠢ ᠪᠦᠬᠦᠢ ᠤᠰᠤᠨ ᠳᠤ | ᠡᠪᠳᠡᠭᠳᠡᠭᠰᠡᠨ ᠲᠦᠷᠦᠯ ᠵᠦᠢᠯ ᠢ ᠴᠥᠮ ᠰᠡᠷᠭᠦᠭᠡᠵᠦ᠂ ᠦᠶᠡᠷ ᠢ ᠰᠡᠷᠭᠡᠶᠢᠯᠡᠬᠦ ᠠᠵᠢᠯ ᠳᠤ ᠬᠡᠪ ᠤᠨ ᠪᠠᠶᠢᠳᠠᠯ ᠢᠶᠠᠷ | ᠣᠷᠣᠯᠴᠠᠬᠤ ᠶᠢ ᠪᠠᠲᠤᠯᠠᠨ᠎ᠠ᠃ ᠪᠢᠳᠡ ᠡᠨᠡ ᠬᠦ ᠶᠠᠪᠤᠴᠠ ᠳᠤ ᠪᠠᠰᠠ ᠪᠡᠯᠡ ᠣᠷᠣᠭᠤᠯᠤᠯᠲᠠ ᠶᠢ ᠵᠣᠬᠢᠴᠠᠩᠭᠤᠶ ᠪᠠᠷ | ᠬᠢᠨᠠᠨ ᠡᠵᠡᠮᠳᠡᠬᠦ ᠠᠵᠢᠯ ᠢ ᠥᠷᠨᠢᠭᠦᠯᠵᠦ᠂ ᠪᠡᠯᠡ ᠮᠥᠩᠭᠦ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠤᠨ᠂ ᠠᠮᠤᠷ | ᠲᠦᠪᠰᠢᠨ ᠢᠶᠠᠷ ᠬᠡᠷᠡᠭᠯᠡᠬᠦ ᠶᠢ ᠪᠠᠳᠤᠯᠠᠨ᠎ᠠ᠃ | ᠡᠨᠡ ᠪᠣᠯ ᠮᠠᠨ ᠤ ᠭᠤᠣᠯ ᠬᠢᠬᠦ ᠴᠢᠬᠤᠯᠠ ᠲᠠᠢ ᠲᠦᠷᠪᠡᠨ ᠲᠠᠯ᠎ᠠ ᠶᠢᠨ ᠠᠵᠢᠯ ᠪᠤᠯᠤᠨ᠎ᠠ᠃ ᠪᠠᠶᠠᠷᠯᠠᠯ᠎ᠠ︕ | ᠭᠧᠩ ᠯᠢᠦ ᠴᠧᠩ 2020 — 09 — 2411: 10: 23 | ᠶᠧ ᠰᠠᠶᠢᠳ ᠲᠤ ᠲᠠᠯᠠᠷᠬᠠᠵᠤ ᠪᠠᠶᠢᠨ᠎ᠠ︕ ᠰᠠᠶ᠋ᠢᠬᠠᠨ ᠳᠡᠳ᠋ ᠰᠠᠶᠢᠳ ᠶᠧ ᠵᠢᠶᠠᠨ ᠴᠦᠨ ᠡᠨᠡ ᠵᠢᠯ ᠤᠨ | ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠭᠠᠮᠰᠢᠭ ᠤᠨ ᠳᠠᠷᠠᠭᠠᠬᠢ | ᠲᠠᠬᠢᠨ ᠪᠦᠳᠦᠭᠡᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠪᠣᠯᠤᠨ ᠠᠬᠢᠴᠠ ᠶᠢ ᠲᠠᠨᠢᠯᠴᠠᠭᠤᠯᠤᠭᠰᠠᠨ ᠪᠥᠭᠡᠳ | ᠵᠤᠷᠭᠠᠨ ᠤ ᠳᠠᠷᠤᠭ᠎ᠠ ᠲᠢᠶᠠᠨ ᠢ ᠲᠠᠩ᠂ ᠵᠤᠷᠭᠠᠨ ᠤ ᠳᠡᠳ᠋ ᠳᠠᠷᠤᠭ᠎ᠠ ᠵᠠᠩ ᠰᠢᠶᠠᠩ ᠸᠧᠢ᠂ ᠳᠡᠳ᠋ ᠡᠷᠬᠢᠯᠡᠭᠴᠢ ᠯᠢᠦ | ᡁᠢ ᠢᠦᠢ ᠲᠠᠢ ᠬᠠᠮᠲᠤ ᠪᠠᠷ ᠤᠯᠠᠨ ᠤ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠵᠠᠶ᠃ | ᠴᠠᠭ ᠤᠨ ᠬᠠᠷᠠᠭ᠎ᠠ ᠠᠴᠠ ᠪᠤᠯᠵᠤ᠂ ᠪᠢᠳᠡᠨ ᠤ ᠲᠤᠬᠠᠢ ᠶᠢᠨ ᠲᠠᠯᠠᠪᠠᠢ ᠳᠤ ᠬᠠᠷᠢᠭᠤᠯᠤᠭᠰᠠᠨ ᠠᠰᠠᠭᠤᠯᠲᠠ | ᠠᠳᠡ ᠬᠦᠷᠪᠡ᠂ ᠰᠤᠷᠪᠤᠯᠵᠢᠯᠠᠭᠴᠢ ᠶᠢᠨ ᠤᠷᠳᠤ ᠬᠤᠭᠤᠴᠠᠭᠠᠨ ᠤ ᠲᠤᠷᠰᠢᠬᠢ ᠤᠰᠤᠨ ᠠᠰᠢᠭᠯᠠᠯᠲᠠ ᠶᠢᠨ ᠠᠵᠢᠯ ᠢ | ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ | ᠠᠳᠡ ᠬᠦᠷᠦᠭᠡᠳ ᠲᠡᠭᠦᠰᠦᠯ᠎ᠡ᠃ ᠤᠯᠠᠨ ᠳᠤ ᠪᠠᠶᠠᠷᠯᠠᠯ᠎ᠠ︕ |