ᠦᠶᠡᠷ ᠤᠰᠤᠳᠤᠯ ᠭᠠᠩ ᠬᠠᠭᠰᠠᠷᠠᠭᠠᠨ  ᠤ ᠭᠠᠮᠰᠢᠭ ᠢ ᠰᠡᠷᠭᠡᠶᠢᠯᠡᠬᠦ ᠵᠢᠴᠢ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠤᠯᠲᠠ ᠶᠢᠨ ᠳᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2021/6/2
     ᠰᠤᠷᠪᠤᠯᠵᠢᠯᠠᠭᠰᠠᠨ ᠴᠠᠭ᠄ 2020 ᠣᠨ ᠤ 9 ᠰᠠᠷ᠎ᠠ ᠶᠢᠨ 24 ᠤ ᠡᠳᠦᠷ ᠤᠨ 10 ᠴᠠᠭ ᠲᠤ      ᠤᠷᠤᠯᠴᠠᠭᠴᠢ᠄ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠰᠢᠨᠬᠤᠸᠠ ᠬᠤᠷᠢᠶᠠᠨ ᠤ ᠰᠤᠷᠪᠤᠯᠵᠢᠯᠠᠭᠴᠢ᠂ ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ᠂ ᠯᠢᠦ ᡁᠢ ᠢᠦᠢ᠂ ᠵᠠᠩ ᠰᠢᠶᠠᠩ ᠸᠧᠢ᠂ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠂ ᠭᠤᠸᠠᠩᠮᠢᠩ ᠡᠳᠦᠷ ᠤᠨ ᠰᠣᠨᠢᠨ ᠤ ᠰᠤᠷᠪᠤᠯᠵᠢᠯᠠᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠶᠧ ᠵᠢᠶᠠᠨ ᠴᠦᠨ᠂ ᠲᠢᠶᠠᠨ ᠢ ᠲᠠᠩ᠂ ᠭᠧᠩ ᠯᠢᠦ ᠴᠧᠩ᠂ ᠹᠧᠩ ᠮᠢᠶᠠᠨ ᠰᠣᠨᠢᠨ ᠮᠡᠳᠡᠭᠡᠨ ᠤ ᠰᠤᠷᠪᠤᠯᠵᠢᠯᠠᠭᠴᠢ᠂ ᠳᠤᠮᠳᠠᠳᠤ ᠤᠯᠤᠰ ᠤᠨ ᠵᠠᠯᠠᠭᠤᠴᠤᠳ ᠤᠨ ᠰᠣᠨᠢᠨ ᠤ ᠰᠤᠷᠪᠤᠯᠵᠢᠯᠠᠭᠴᠢ᠂ ᠳᠣᠷᠣᠨᠠᠳᠠᠬᠢᠨ ᠤ ᠤᠳᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ      ᠤᠰᠤᠨ ᠠᠰᠢᠭᠯᠠᠯᠲᠠ ᠶᠢᠨ ᠶᠠᠮᠤᠨ 2020 ᠣᠨ ᠤ 9 ᠰᠠᠷ᠎ᠠ ᠶᠢᠨ 24 ᠤ  ︵ᠭᠠᠷᠠᠭ ᠤᠨ ᠳᠥᠷᠪᠡᠨ︶  ᠦᠳᠡ ᠶᠢᠨ ᠡᠮᠦᠨᠡᠬᠢ 10 ᠴᠠᠭ ᠲᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠵᠢᠴᠢ ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠤᠯᠲᠠ ᠶᠢᠨ ᠳᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ       ᠬᠢᠵᠦ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠶᠧ ᠵᠢᠶᠠᠨ ᠴᠦᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠵᠤᠷᠭᠠᠨ ᠤ ᠳᠠᠷᠤᠭ᠎ᠠ ᠲᠢᠶᠠᠨ ᠢ ᠲᠠᠩ᠂ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠡᠳ᠋ ᠳᠠᠷᠤᠭ᠎ᠠ ᠵᠠᠩ ᠰᠢᠶᠠᠩ ᠸᠧᠢ᠂ ᠤᠰᠤᠨ ᠵᠦᠢ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠥᠪ ᠤᠨ ᠳᠡᠳ᠋ ᠡᠷᠬᠢᠯᠡᠭᠴᠢ ᠯᠢᠦ ᡁᠢ ᠢᠦᠢ ᠲᠠᠢ ᠬᠠᠮᠲᠤ ᠪᠠᠷ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ᠂ ᠠᠯᠪᠠᠨ ᠲᠢᠩᠬᠢᠮ ᠤᠨ ᠡᠷᠬᠢᠯᠡᠭᠴᠢ ᠭᠧᠩ ᠯᠢᠦ ᠴᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠪᠡ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠭᠧᠩ ᠯᠢᠦ ᠴᠧᠩ 2020 — 09 — 24 10: 01: 24      ᠰᠤᠷᠪᠤᠯᠵᠢᠯᠠᠭᠴᠢ ᠨᠠᠶᠢᠵᠠ ᠨᠠᠷ ᠡ᠂ ᠦᠳᠡ ᠶᠢᠨ ᠮᠠᠨᠳᠤ ᠳᠡᠪᠰᠢᠭᠦᠯᠦᠶ᠎ᠡ᠂ ᠤᠰᠤᠨ ᠠᠰᠢᠭᠯᠠᠯᠲᠠ ᠶᠢᠨ ᠶᠠᠮᠤᠨ ᠤ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠵᠢᠴᠢ ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠤᠯᠲᠠ ᠶᠢᠨ ᠳᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠰᠠᠨ ᠳᠠ ᠨᠠᠷ ᠢ ᠪᠠᠶᠠᠷᠯᠠᠨ ᠤᠭᠲᠤᠵᠤ ᠪᠠᠶᠢᠨ᠎ᠠ᠃      ᠡᠨᠡ ᠵᠢᠯ ᠤᠨ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠮᠠᠨ ᠤ ᠤᠯᠤᠰ ᠤᠨ ᠠᠯᠢ ᠤᠯᠠᠨ ᠭᠤᠤᠯ ᠮᠦᠷᠡᠨ ᠤ ᠰᠠᠪᠠ ᠭᠠᠵᠠᠷ ᠲᠤ ᠨᠡᠯᠢᠶᠡᠳ ᠬᠦᠨᠳᠦ ᠨᠣᠴᠢᠲᠠᠢ ᠦᠶᠡᠷ ᠤᠰᠤᠳᠤᠯ ᠤᠨ ᠪᠠᠶᠢᠳᠠᠯ ᠭᠠᠷᠴᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠰᠤᠨ ᠠᠰᠢᠭᠯᠠᠯᠲᠠ ᠶᠢᠨ ᠶᠠᠮᠤᠨ ᠢᠮᠠᠭᠲᠠ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠰᠤᠨ ᠠᠰᠢᠭᠯᠠᠯᠲᠠ ᠶᠢᠨ ᠰᠢᠰᠲ᠋ᠧᠮ ᠢ ᠵᠣᠬᠢᠶᠠᠨ ᠪᠠᠶᠢᠭᠤᠯᠵᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠨ ᠭᠠᠮᠰᠢᠭ ᠠᠴᠠ ᠠᠪᠤᠷᠠᠬᠤ ᠴᠢᠬᠤᠯᠠ ᠶᠡᠭᠡ ᠢᠯᠠᠯᠲᠠ ᠶᠢ ᠲᠡᠮᠡᠴᠡᠨ ᠤᠯᠬᠤ ᠳᠤ ᠬᠦᠴᠦᠲᠡᠢ ᠲᠤᠯᠭᠠᠭᠤᠷᠢᠯᠠᠯ ᠪᠠ ᠴᠢᠬᠤᠯᠠ ᠪᠠᠲᠤᠯᠠᠭ᠎ᠠ ᠬᠠᠩᠭᠠᠵᠠᠢ᠃      ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠤᠨ ᠬᠤᠯᠪᠣᠭᠳᠠᠯ ᠪᠦᠬᠦᠢ ᠪᠠᠶᠢᠳᠠᠯ ᠢ ᠣᠢᠢᠯᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠥᠨᠥᠳᠦᠷ ᠪᠢᠳᠡ ᠠᠳᠡ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠶᠧ ᠵᠢᠶᠠᠨ ᠴᠦᠨ ᠢ ᠤᠷᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠬᠤ ᠪᠥᠭᠡᠳ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠵᠤᠷᠭᠠᠨ ᠤ ᠳᠠᠷᠤᠭ᠎ᠠ ᠲᠢᠶᠠᠨ ᠢ ᠲᠠᠩ᠂ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠡᠳ᠋ ᠳᠠᠷᠤᠭ᠎ᠠ ᠵᠠᠩ ᠰᠢᠶᠠᠩ ᠸᠧᠶ᠂ ᠤᠰᠤᠨ ᠵᠦᠢ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠥᠪ ᠤᠨ ᠳᠡᠳ᠋ ᠡᠷᠬᠢᠯᠡᠭᠴᠢ ᠯᠢᠦ ᡁᠢ ᠢᠦᠢ ᠲᠠᠢ ᠬᠠᠮᠲᠤ ᠪᠠᠷ ᠣᠯᠠᠨ ᠤ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠤᠨ᠎ᠠ᠃      ᠳᠣᠣᠷ᠎ᠠ ᠡᠩ ᠲᠡᠷᠢᠭᠦᠨ ᠳᠤ ᠳᠡᠳ᠋ ᠰᠠᠶᠢᠳ ᠶᠧ ᠵᠢᠶᠠᠨ ᠴᠦᠨ ᠢ ᠤᠷᠢᠨ ᠲᠠᠨᠢᠯᠴᠠᠭᠤᠯᠭ᠎ᠠ ᠬᠢᠶ᠎ᠠ᠃      ᠶᠧ ᠵᠢᠶᠠᠨ ᠴᠦᠨ 2020 — 09 — 24 10᠄ 04᠄ 08      ᠵᠠᠭᠤᠴᠢᠯᠠᠭᠤᠷ ᠤᠨ ᠨᠠᠶᠢᠵᠠ ᠨᠠᠷ ᠡ᠂ ᠠᠪᠠᠭ᠋ᠠᠢ ᠨᠠᠷ ᠠᠪᠤᠭᠠᠢ ᠨᠠᠷ ᠡ᠂ ᠦᠳᠡ ᠶᠢᠨ ᠡᠮᠦᠨ᠎ᠡ ᠶᠢᠨ ᠮᠡᠨᠳᠤ ᠳᠡᠪᠰᠢᠭᠦᠯᠦᠶ᠎ᠡ︕      ᠲᠠ ᠪᠦᠬᠦᠨ ᠤ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕ ᠲᠠ ᠪᠦᠬᠦᠨ ᠤ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠣᠣᠷ᠎ᠠ ᠪᠢ ᠡᠨᠡ ᠵᠢᠯ ᠤᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠪᠠ ᠤᠰᠤᠨ ᠠᠰᠢᠭᠯᠠᠯᠲᠠ ᠶᠢᠨ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠳᠥᠭᠦᠮᠬᠡᠨ ᠲᠠᠨᠢᠯᠴᠠᠭᠤᠯᠤᠶ᠎ᠠ᠃      ᠡᠨᠡ ᠵᠢᠯ ᠮᠠᠨ ᠤ ᠤᠯᠤᠰ ᠲᠤ 1998 ᠣᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠭᠠᠷᠴᠠᠶ᠂ ᠡᠭᠦᠨ ᠳᠤ ᠭᠤᠣᠯᠳᠠᠭᠤ ᠭᠤᠷᠪᠠᠨ ᠳᠠᠯ᠎ᠠ ᠶᠢᠨ ᠣᠨᠴᠠᠯᠢᠭ ᠢᠯᠡᠷᠡᠵᠡᠢ᠄      ᠨᠢᠭᠡ ᠳᠤ ᠪᠣᠷᠣᠭᠠᠨ ᠤ ᠶᠡᠷᠦᠩᠬᠡᠶ ᠬᠡᠮᠵᠢᠶ᠎ᠡ ᠪᠠᠭ᠋ᠠᠨ ᠨᠡᠮᠡᠭᠳᠡᠵᠤ᠂ ᠴᠠᠭ ᠬᠤᠭᠤᠴᠠᠭ᠎ᠠ ᠪᠠ ᠣᠷᠣᠨ ᠵᠠᠶ ᠲᠥᠪᠯᠡᠷᠡᠵᠦ ᠪᠠᠶᠢᠨ᠎ᠠ᠃ 6 ᠰᠠᠷ᠎ᠠ ᠠᠴᠠ ᠨᠠᠭᠠᠰᠢ᠂ ᠪᠦᠬᠦ ᠤᠯᠤᠰ ᠤᠨ ᠳᠤᠮᠳᠠᠴᠢ ᠪᠣᠷᠣᠭᠠᠨ ᠤ ᠬᠡᠮᠵᠢᠶ᠎ᠡ 438 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ 18% ᠪᠠᠷ ᠢᠯᠡᠭᠦᠦ ᠪᠣᠯᠵᠤ᠂ 1961 ᠣᠨ ᠠᠴᠠ ᠨᠠᠭᠠᠰᠢᠬᠢ ᠬᠠᠮᠤᠭ ᠠᠷᠪᠢᠨ ᠪᠣᠯᠵᠠᠶ᠃ ᠬᠥᠬᠡᠮᠥ᠋ᠷᠡᠨ ᠤ ᠳᠤᠮᠳᠠᠳᠤ ᠳᠣᠤᠷᠠᠳᠤ ᠤᠷᠤᠰᠬᠠᠯ ᠤᠨ 6 ᠰᠠᠷ᠎ᠠ ᠶᠢᠨ ᠳᠤᠮᠳᠠᠴᠢ ᠠᠴᠠ 7 ᠰᠠᠷ᠎ᠠ ᠶᠢᠨ ᠬᠤᠭᠤᠷᠣᠨᠳᠣᠬᠢ ᠪᠣᠷᠣᠭᠠᠨ ᠤ ᠬᠡᠮᠵᠢᠶ᠎ᠡ 576 ᠮᠢᠯᠢᠮᠧᠲᠷ ᠪᠠᠶᠢᠵᠤ᠂ ᠬᠥᠬᠡᠮᠥ᠋ᠷᠡᠨ ᠤ ᠳᠡᠭᠡᠳᠦ ᠤᠷᠤᠰᠬᠠᠯ ᠤᠨ 8 ᠰᠠᠷ᠎ᠠ ᠶᠢᠨ ᠳᠤᠮᠳᠠᠴᠢ ᠰᠠᠭᠦᠯᠴᠢ ᠪᠠᠷ ᠪᠣᠷᠣᠭᠠᠨ ᠤ ᠬᠡᠮᠵᠢᠶ᠎ᠡ 238 ᠮᠢᠯᠢᠮᠧᠲᠷ ᠲᠤ ᠬᠦᠷᠴᠦ᠂ ᠴᠥᠮ ᠡᠩ ᠤᠨ ᠵᠢᠯ ᠤᠨ ᠬᠢ ᠠᠴᠠ ᠪᠠᠷᠤᠭ 1 ᠳᠠᠬᠢᠨ ᠢᠯᠡᠭᠦᠤ ᠪᠠᠶᠢᠳᠠᠭ︔ ᠬᠤᠸᠠᠶᠢᠾᠧ ᠭᠤᠣᠯ ᠤᠨ 7 ᠰᠠᠷ᠎ᠠ ᠶᠢᠨ ᠳᠤᠮᠳᠠᠴᠢ ᠰᠠᠭᠦᠯᠴᠢ ᠪᠠᠷ ᠪᠣᠷᠣᠭᠠᠨ ᠤ ᠬᠡᠮᠵᠢᠶ᠎ᠡ 251 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠪᠠᠷᠤᠭ 1 ᠳᠠᠬᠢᠨ ᠢᠯᠡᠭᠦᠦ ᠪᠠᠶᠢᠳᠠᠭ ᡽ ᠲᠠᠢ ᠬᠤ ᠨᠠᠭᠤᠷ ᠤᠨ ᠬᠦᠢᠯᠡᠰᠦᠨ ᠪᠣᠷᠣᠭᠠᠨ ᠤ ᠬᠡᠮᠵᠢᠶ᠎ᠡ 584 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ 1.4 ᠳᠠᠬᠢᠨ ᠢᠯᠡᠭᠦᠤ ᠪᠠᠶᠢᠳᠠᠭ︔ ᠰᠤᠩᠭᠠᠷᠢ ᠮᠥᠷᠡᠨ ᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢ ᠪᠣᠯᠲᠠᠯᠠᠬᠢ ᠪᠣᠷᠣᠭᠠᠨ ᠤ ᠬᠡᠮᠵᠢᠶ᠎ᠡ ᠨᠢ 202 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠪᠠᠷᠤᠭ 3 ᠳᠠᠬᠢᠨ ᠢᠯᠡᠭᠦᠦ ᠪᠠᠶᠢᠳᠠᠭ᠃      ᠬᠤᠶᠠᠷ ᠲᠤ ᠶᠡᠭᠡ ᠭᠤᠣᠯ ᠮᠥᠷᠡᠨ ᠤ ᠦᠶᠡᠷ ᠤᠰᠤᠳᠤᠯ ᠤᠨ ᠪᠠᠶᠢᠳᠠᠯ ᠤᠯᠠᠨᠳᠠ ᠡᠭᠦᠰᠴᠦ᠂ ᠬᠡᠮᠵᠢᠶ᠎ᠡ ᠶᠢᠨ ᠲᠡᠰ ᠨᠢ ᠶᠡᠭᠡ ᠪᠠᠶᠢᠯ᠎ᠠ᠃ ᠬᠥᠬᠡᠮᠥ᠋ᠷᠡᠨ᠂ ᠬᠠᠲᠤᠨ ᠭᠤᠤᠯ ᠵᠡᠷᠭᠡ ᠭᠤᠤᠯ ᠪᠣᠯᠬᠤ ᠭᠤᠤᠯ ᠮᠥᠷᠡᠨ ᠳᠤ ᠨᠡᠶᠢᠲᠡ 21 ᠤᠳᠠᠭ᠎ᠠ ᠶᠢᠨ ᠳ᠋ᠤᠭᠠᠷᠯᠠᠭᠰᠠᠨ ᠦᠶᠡᠷ ᠤᠰᠤᠳᠤᠯ ᠤᠨ ᠪᠠᠶᠢᠳᠠᠯ ᠡᠭᠦᠰᠴᠦ᠂ ᠳᠤᠭ᠎ᠠ ᠬᠡᠮᠵᠢᠶ᠎ᠡ ᠨᠢ 1998 ᠣᠨ ᠠᠴᠠ ᠳᠠᠪᠠᠵᠤ᠂ ᠣᠢᠢᠷ᠎ᠠ ᠶᠢᠨ 23 ᠵᠢᠯ ᠠᠴᠠ ᠨᠠᠭᠠᠰᠢᠬᠢ ᠬᠠᠮᠤᠭ ᠤᠨ ᠣᠯᠠᠨ ᠤᠳᠠᠭ᠎ᠠ ᠦᠶᠡᠷ ᠤᠰᠤᠳᠤᠯ ᠤᠨ ᠪᠠᠶᠢᠳᠠᠯ ᠡᠭᠦᠰᠦᠭᠰᠡᠨ ᠪᠠᠶᠢᠨ᠎ᠠ᠃ ᠬᠥᠬᠡᠮᠥ᠋ᠷᠡᠨ ᠳᠤ ᠰᠠᠪᠠ ᠭᠠᠵᠠᠷ ᠤᠨ ᠴᠢᠨᠠᠷᠲᠠᠶ ᠶᠡᠭᠡ ᠪᠠᠷ ᠦᠶᠡᠷᠯᠡᠵᠤ᠂ ᠡᠭᠦᠨ ᠤ ᠳᠣᠲᠣᠷ᠎ᠠ ᠳᠡᠭᠡᠳᠦ ᠤᠷᠤᠰᠬᠠᠯ ᠳᠤ ᠣᠨᠴᠠ ᠶᠡᠭᠡ ᠪᠠᠷ ᠦᠶᠡᠷᠯᠡᠵᠤ᠂ ᠭᠤᠷᠪᠠᠨ ᠬᠠᠪᠴᠢᠯ ᠤᠨ ᠤᠰᠤᠨ ᠴᠥᠭᠦᠷᠥᠮ ᠳᠤ ᠤᠰᠤᠨ ᠴᠦᠭᠦᠷᠦᠮ ᠪᠠᠶᠢᠭᠤᠯᠤᠭᠳᠠᠭᠰᠠᠨ ᠠᠴᠠ ᠨᠠᠭᠠᠰᠢᠬᠢ ᠤᠰᠤᠨ ᠴᠦᠭᠦᠷᠦᠮ ᠳᠤ ᠣᠷᠣᠭᠤᠯᠤᠭᠰᠠᠨ ᠬᠠᠮᠤᠭ ᠤᠨ ᠶᠡᠭᠡ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ ᠳᠤ 75000 ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ︔ ᠲᠠᠢ ᠬᠤ ᠨᠠᠭᠤᠷ ᠲᠤ ᠲᠡᠤᠬᠡ ᠶᠢᠨ ᠭᠤᠷᠪᠡᠳᠠᠬᠢ ᠤᠳᠠᠭ᠎ᠠ ᠶᠢᠨ ᠥᠨᠳᠥᠷ ᠤᠰᠤᠨ ᠲᠦᠪᠰᠢᠨ ᠤ ᠰᠠᠪᠠ ᠭᠠᠵᠠᠷ ᠤᠨ ᠴᠢᠨᠠᠷᠲᠠᠶ ᠶᠡᠭᠡ ᠪᠠᠷ ᠦᠶᠡᠷᠯᠡᠵᠡᠢ︔ ᠬᠤᠸᠠᠶᠢᠾᠧ ᠭᠤᠣᠯ᠂ ᠰᠤᠩᠭᠠᠷᠢ ᠮᠥᠷᠡᠨ ᠳᠤ ᠪᠦᠷ ᠰᠠᠪᠠ ᠭᠠᠵᠠᠷ ᠤᠨ ᠴᠢᠨᠠᠷᠲᠠᠶ ᠨᠡᠯᠢᠶᠡᠳ ᠶᠡᠭᠡ ᠪᠠᠷ ᠦᠶᠡᠷᠯᠡᠵᠡᠢ᠃      ᠭᠤᠷᠪᠠ ᠳᠤ ᠰᠡᠷᠡᠮᠵᠢ ᠶᠢᠨ ᠬᠡᠮᠵᠢᠶ᠎ᠡ ᠠᠴᠠ ᠳᠠᠪᠠᠭᠰᠠᠨ ᠭᠤᠤᠯ ᠮᠥᠷᠡᠨ ᠤ ᠲᠤᠭ᠎ᠠ ᠬᠡᠮᠵᠢᠶ᠎ᠡ ᠨᠢ ᠣᠯᠠᠨ᠂ ᠴᠠᠭ ᠨᠢ ᠣᠷᠳᠣ ᠪᠠᠶᠢᠳᠠᠭ᠃ ᠪᠥᠬᠦ ᠤᠯᠤᠰ ᠤᠨ ᠲᠤᠯᠤᠭᠠᠨ ᠶᠡᠭᠡ ᠰᠠᠪᠠ ᠭᠠᠵᠠᠷ ᠤᠨ 26 ᠮᠤᠵᠢ ᠣᠷᠣᠨ ᠤ 827 ᠭᠤᠤᠯ ᠮᠥᠷᠡᠨ ᠳᠤ ᠰᠡᠷᠡᠮᠵᠢ ᠶᠢᠨ ᠬᠡᠮᠵᠢᠶ᠎ᠡ ᠠᠴᠠ ᠳᠠᠪᠠᠭᠰᠠᠨ ᠦᠶᠡᠷ ᠤᠰᠤᠳᠤᠯ ᠤᠨ ᠪᠠᠶᠢᠳᠠᠯ ᠡᠭᠦᠰᠴᠦ᠂ ᠡᠩ ᠤᠨ ᠵᠢᠯ ᠤᠨ ᠬᠢ ᠠᠴᠠ 8 ᠬᠤᠪᠢ ᠢᠯᠡᠭᠦᠤ ᠪᠣᠯᠵᠣ᠂ 1998 ᠣᠨ ᠠᠴᠠ ᠨᠠᠭᠠᠰᠢᠬᠢ ᠬᠠᠮᠤᠭ ᠤᠨ ᠠᠷᠪᠢᠨ ᠪᠣᠯᠵᠠᠶ᠂ ᠡᠭᠦᠨ ᠳᠤ 266 ᠵᠤᠷᠪᠤᠰ ᠨᠢ ᠪᠠᠲᠤᠯᠠᠭ᠎ᠠ ᠠᠴᠠ ᠳᠠᠪᠠᠵᠤ᠂ 77 ᠵᠤᠷᠪᠤᠰ ᠨᠢ ᠲᠡᠤᠬᠡ ᠶᠢᠨ ᠬᠡᠮᠵᠢᠶ᠎ᠡ ᠠᠴᠠ ᠳᠠᠪᠠᠭᠰᠠᠨ ᠪᠠᠶᠢᠨ᠎ᠠ᠃ ᠬᠥᠬᠡᠮᠥ᠋ᠷᠡᠨ ᠤ ᠭᠤᠣᠯ ᠤᠷᠤᠰᠬᠠᠯ ᠵᠢᠴᠢ ᠬᠤᠶᠠᠷ ᠨᠠᠭᠤᠷ 26 — 67 ᠡᠳᠦᠷ ᠰᠡᠷᠡᠮᠵᠢ ᠶᠢᠨ ᠬᠡᠮᠵᠢᠶ᠎ᠡ ᠠᠴᠠ ᠳᠠᠪᠠᠵᠤ᠂ ᠲᠠᠢ ᠬᠤ᠋ ᠨᠠᠭᠤᠷ 48 ᠡᠳᠦᠷ ᠰᠡᠷᠡᠮᠵᠢ ᠶᠢᠨ ᠬᠡᠮᠵᠢᠶ᠎ᠡ ᠠᠴᠠ ᠳᠠᠪᠠᠵᠤ᠂ ᠠᠨᠾᠦ᠋ᠢ ᠶᠢᠨ ᠴᠤᠤ ᠬᠤ᠋ ᠨᠠᠭᠤᠷ 78 ᠡᠳᠦᠷ ᠰᠡᠷᠡᠮᠵᠢ ᠶᠢᠨ ᠬᠡᠮᠵᠢᠶ᠎ᠡ ᠠᠴᠠ ᠳᠠᠪᠠᠵᠤ᠂ ᠲᠡᠦᠬᠡ ᠶᠢᠨ  ᠬᠡᠮᠵᠢᠶ᠎ᠡ ᠠᠴᠠ 16 ᠡᠳᠦᠷ ᠳᠠᠪᠠᠭᠰᠠᠨ ᠪᠠᠶᠢᠨ᠎ᠠ᠃ ᠰᠤᠩᠭᠠᠷᠢ ᠮᠥᠷᠡᠨ ᠤ ᠭᠤᠤᠯ ᠤᠷᠤᠰᠬᠠᠯ 8 — 18 ᠡᠳᠦᠷ ᠰᠡᠷᠡᠮᠵᠢ ᠶᠢᠨ ᠬᠡᠮᠵᠢᠶ᠎ᠡ ᠠᠴᠠ ᠳᠠᠪᠠᠵᠣ᠂ ᠣᠲᠣ ᠪᠠᠰᠠ ᠰᠡᠷᠡᠮᠵᠢ ᠶᠢᠨ ᠬᠡᠮᠵᠢᠶ᠎ᠡ ᠠᠴᠠ ᠳᠠᠪᠠᠵᠤ ᠪᠠᠶᠢᠨ᠎ᠠ᠂ ᠵᠢᠱᠢᠯᠲᠡ ᠪᠠᠷ 10 ᠰᠠᠷ᠎ᠠ ᠶᠢᠨ ᠳᠤᠮᠳᠠᠴᠢ ᠪᠣᠯᠬᠤ ᠳᠤ ᠰᠡᠷᠡᠮᠵᠢ ᠶᠢᠨ ᠬᠡᠮᠵᠢᠶ᠎ᠡ ᠠᠴᠠ ᠳᠣᠤᠷ᠎ᠠ ᠪᠤᠯᠵᠠᠢ᠃      ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠤᠨ ᠡᠮᠦᠨ᠎ᠡ᠂ ᠤᠰᠤᠨ ᠠᠰᠢᠭᠯᠠᠯᠲᠠ ᠶᠢᠨ ᠶᠠᠮᠤᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠤᠰᠤᠳᠤᠯ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠣᠢᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠰᠡᠷᠭᠡᠶᠢᠯᠡᠬᠦ︾ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠶᠠᠪᠤᠳᠠᠯ ᠢ ᠢᠮᠠᠭᠲᠠ ᠵᠠᠶᠢᠯᠠᠭᠤᠯᠵᠤ ᠪᠣᠯᠤᠰᠢ ᠦᠭᠡᠶ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ᠂ ᠤᠰᠤᠨ ᠤ ᠢᠨᠵᠧᠨᠧᠷᠢᠩ ᠤᠨ ᠲᠣᠬᠢᠷᠠᠭᠤᠯᠤᠯᠲᠠ᠂ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠵᠡᠷᠭᠡ ᠭᠤᠷᠪᠠᠨ ᠵᠦᠢᠯ ᠤᠨ ᠡᠭᠦᠷᠭᠡ ᠴᠢᠳᠠᠪᠤᠷᠢ ᠳᠤ ᠰᠠᠭᠤᠷᠢᠯᠠᠨ᠂ ᠪᠠᠷᠢᠮᠵᠢᠶ᠎ᠠ ᠠᠴᠠ ᠬᠡᠲᠦᠷᠡᠭᠰᠡᠨ ᠦᠶᠡᠷ᠂ ᠤᠰᠤᠨ ᠴᠥᠭᠦᠷᠥᠮ ᠤᠨ ᠠᠳᠡᠯ᠂ ᠠᠭᠤᠯᠠᠨ ᠦᠶᠡᠷ ᠤᠨ ᠭᠠᠮᠰᠢᠭ ᠵᠡᠷᠭᠡ ︽ᠭᠤᠷᠪᠠᠨ ᠶᠡᠭᠡ ᠠᠶᠤᠯ ᠲᠦᠭᠰᠢᠭᠦᠷᠢ︾ ᠶᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠠᠷᠢᠮᠵᠢᠶ᠎ᠠ ᠠᠴᠠ ᠬᠡᠲᠦᠷᠡᠭᠰᠡᠨ ᠦᠶᠡᠷ ᠲᠤ ᠡᠮᠬᠢ ᠵᠢᠷᠤᠮ ᠥᠬᠡᠶ ᠳᠠᠶᠢᠨ ᠬᠢᠬᠦ ᠥᠬᠡᠶ᠂ ᠪᠠᠷᠢᠮᠵᠢᠶ᠎ᠠ ᠶᠢᠨ ᠳᠣᠲᠣᠷ᠎ᠠ ᠦᠶᠡᠷ ᠲᠤ ᠰᠠᠨᠠᠭᠠᠨ ᠳᠤ ᠥᠬᠡᠶ ᠬᠡᠷᠡᠭ ᠭᠠᠷᠬᠤ ᠥᠬᠡᠶ᠂ ᠤᠰᠤᠨ ᠴᠥᠭᠦᠷᠥᠮ ᠤᠨ ᠠᠵᠢᠯ ᠨᠢ ᠬᠦᠷᠦᠯᠴᠡᠬᠦ ᠥᠬᠡᠶ ᠠᠴᠠ ᠪᠣᠯᠵᠣ ᠬᠠᠰᠢᠯᠭ᠎ᠠ ᠶᠢ ᠨᠤᠷᠠᠭᠠᠵᠤ ᠠᠳᠡᠯ ᠭᠠᠷᠭᠠᠬᠤ ᠥᠬᠡᠶ᠂ ᠠᠭᠤᠯᠠᠨ ᠦᠶᠡᠷ ᠤᠨ ᠭᠠᠮᠰᠢᠭ ᠲᠤ ᠣᠯᠠᠨ ᠬᠥᠮᠦᠨ ᠥᠭᠦᠵᠦ ᠣᠯᠠᠨ ᠬᠥᠮᠦᠨ ᠰᠢᠷᠬᠠᠲᠤᠬᠤ ᠥᠬᠡᠶ︾ ᠪᠠᠶᠢᠬᠤ ︽ᠳᠥᠷᠪᠡᠨ ᠥᠬᠡᠶ︾ ᠬᠠᠷᠠᠯᠲᠠ ᠶᠢ ᠲᠣᠳᠣᠷᠬᠠᠢᠢᠯᠠᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠲᠠᠪᠤᠨ ᠲᠠᠯ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃      ᠶᠧ ᠵᠢᠶᠠᠨ ᠴᠦᠨ 2020 — 09 — 24 10᠄ 06᠄ 37      ᠨᠢᠭᠡ ᠳᠤ᠂ ᠳᠠᠰᠤᠷᠠᠯᠳᠠ ᠦᠭᠡᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠨᠢᠭᠲᠠ ᠬᠢᠨᠠᠪᠡ᠃ ᠤᠰᠤᠨ ᠠᠰᠢᠭᠯᠠᠯᠲᠠ ᠶᠢᠨ ᠶᠠᠮᠤᠨ ᠤ ᠦᠶᠡᠷ ᠤᠨ ᠬᠤᠭᠤᠴᠠᠭᠠᠨ ᠳᠤ ᠡᠳᠦᠷ ᠪᠦᠷᠢ ᠵᠥᠪᠳᠡᠯᠴᠡᠨ ᠰᠤᠳᠤᠯᠤᠨ ᠮᠠᠭᠠᠳᠯᠠᠵᠤ᠂ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ Ⅱ ᠲᠠᠰ᠂ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠣᠯᠠᠨ ᠤᠳᠠᠭ᠎ᠠ ᠡᠬᠢᠯᠡᠭᠦᠯᠵᠦ᠂ ︽ᠲᠤᠰᠬᠠᠶ ᠡᠭᠡᠯᠵᠢ ᠪᠠᠷ ᠤᠷᠢᠳᠴᠢᠯᠠᠨ ᠮᠡᠳᠡᠭᠡᠯᠡᠬᠦ᠂ ᠬᠠᠮᠲᠤᠷᠠᠨ ᠵᠥᠪᠳᠡᠯᠴᠡᠬᠦ᠂ ᠦᠷᠭᠦᠯᠵᠢᠯᠡᠨ ᠵᠠᠯᠠᠷᠠᠭᠤᠯᠬᠤ︾ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠲᠡ 1184 ᠵᠤᠷᠪᠤᠰ ᠭᠤᠤᠯ ᠮᠥᠷᠡᠨ ᠤ 1933 ᠣᠭᠲᠣᠯᠤᠭᠠᠰᠤ ᠶᠢᠨ ᠠᠵᠢᠯ ᠤᠨ ᠤᠷᠢᠳᠴᠢᠯᠠᠭᠰᠠᠨ ᠮᠡᠳᠡᠭᠡ ᠶᠢ 35 ᠲᠦᠮᠡᠨ ᠥᠷᠲᠡᠭᠡ ᠤᠳᠠᠭ᠎ᠠ ᠨᠡᠶᠢᠲᠡᠯᠡᠵᠦ᠂ ᠤᠰᠤᠨ ᠤ ᠪᠠᠶᠢᠳᠠᠯ ᠤᠨ ᠰᠡᠷᠡᠮᠵᠢᠯᠡᠭᠦᠯᠦᠯ ᠢ 1904 ᠤᠳᠠᠭ᠎ᠠ ᠨᠡᠶᠢᠲᠡᠯᠡᠪᠡ᠃      ᠬᠤᠶᠠᠷ ᠲᠤ ᠤᠰᠤᠨ ᠤ ᠢᠨᠵᠧᠨᠧᠷᠢᠩ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠬᠡᠷᠡᠭᠵᠢᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠦᠶᠡᠷ ᠤᠨ ᠬᠤᠭᠤᠴᠠᠭᠠᠨ ᠳᠤ ᠳᠣᠭᠢᠷᠠᠭᠤᠯᠬᠤ ᠲᠤᠰᠬᠠᠶ ᠠᠩᠭᠢ ᠪᠠᠶᠢᠭᠤᠯᠵᠤ᠂ ᠪᠣᠷᠣᠭᠠᠨ ᠤ ᠤᠰᠤᠨ ᠤ ᠪᠠᠶᠢᠳᠠᠯ ᠪᠠ ᠤᠷᠢᠳᠴᠢᠯᠠᠨ ᠮᠡᠳᠡᠭᠡᠯᠡᠭᠰᠡᠨ ᠦᠷ᠎ᠡ ᠪᠦᠲᠦᠭᠡᠯ ᠢ ᠦᠨᠳᠦᠰᠦᠯᠡᠨ᠂ ᠡᠯ᠎ᠡ ᠲᠠᠯ᠎ᠠ ᠶᠢᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠰᠤᠨ ᠤ ᠢᠨᠵᠧᠨᠧᠷᠢᠩ ᠢ ᠳᠣᠭᠢᠷᠠᠭᠤᠯᠤᠨ ᠬᠡᠷᠡᠭᠯᠡᠬᠦ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ ᠲᠠᠰᠤᠷᠠᠯᠲᠠ ᠥᠬᠡᠶ ᠰᠢᠯᠢᠳᠡᠭᠵᠢᠭᠦᠯᠦᠨ ᠨᠠᠷᠢᠯᠢᠬᠵᠢᠭᠤᠯᠤᠨ᠎ᠠ᠃ ᠪᠦᠬᠦ ᠤᠯᠤᠰ ᠲᠤ ᠲᠤᠮᠤ ᠳᠤᠮᠳᠠ ᠬᠡᠯᠪᠡᠷᠢ ᠶᠢᠨ 3852 ᠤᠰᠤᠨ ᠴᠥᠭᠦᠷᠥᠮ ᠤᠨ ᠦᠶᠡᠷ ᠢ ᠨᠡᠶᠢᠳᠡ 1680 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠰᠢᠵᠤ᠂ ᠬᠤᠲᠠ ᠪᠠᠯᠭᠠᠰᠤ ᠶᠢ 1310 ᠤᠳᠠᠭ᠎ᠠ ᠪᠠᠭᠠᠰᠬᠠᠵᠤ᠂ ᠲᠠᠷᠢᠶᠠᠨ ᠭᠠᠵᠠᠷ ᠢ 3392 ᠲᠦᠮᠡᠨ ᠮᠦ ᠪᠠᠭᠠᠰᠬᠠᠵᠤ᠂ 2148 ᠲᠦᠮᠡᠨ ᠬᠥᠮᠦᠨ ᠠᠮᠠ ᠶᠢ ᠨᠡᠭᠦᠯᠭᠡᠨ ᠰᠢᠯᠵᠢᠭᠦᠯᠬᠦ ᠠᠴᠠ ᠵᠠᠶᠢᠯᠠᠰᠬᠢᠪᠡ᠃ ᠭᠤᠷᠪᠠᠨ ᠬᠠᠪᠴᠢᠯ ᠢᠶᠠᠷ ᠭᠤᠣᠯ ᠪᠣᠯᠭᠠᠭᠰᠠᠨ ᠬᠥᠬᠡᠮᠥ᠋ᠷᠡᠨ ᠤ ᠳᠡᠭᠡᠳᠦ ᠳᠤᠮᠳᠠᠳᠤ ᠤᠷᠤᠰᠬᠠᠯ ᠤᠨ ᠤᠰᠤᠨ ᠴᠥᠭᠦᠷᠥᠮ ᠤᠨ ᠰᠦᠷᠦᠭᠵᠢᠯ ᠢ ᠬᠠᠮᠲᠤᠷᠠᠨ ᠲᠣᠬᠢᠷᠠᠭᠤᠯᠵᠤ ᠦᠶᠡᠷ ᠢ 490 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠰᠢᠵᠤ᠂ ᠴᠧᠩ ᠯᠢᠩ ᠵᠢᠶ ᠣᠷᠴᠢᠮ ᠤᠨ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠵᠢᠩᠵᠢᠶᠠᠩ ᠮᠥᠷᠡᠨ ᠤ ᠦᠶᠡᠷ ᠢ ᠵᠠᠯᠠᠬᠤ ᠣᠷᠣᠨ ᠢ ᠬᠡᠷᠡᠭᠯᠡᠬᠦ ᠠᠴᠠ ᠵᠠᠶᠢᠯᠠᠰᠬᠢᠪᠡ᠃      ᠭᠤᠷᠪᠠ ᠳᠤ ᠲᠣᠭᠲᠠᠴᠠ ᠶᠢ ᠲᠡᠭᠦᠯᠳᠡᠷᠵᠢᠭᠦᠯᠦᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠪᠡ᠃ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠩᠬ᠎ᠠ ᠤᠳᠠᠭ᠎ᠠ ︽ᠭᠤᠷᠪᠠᠨ ᠶᠡᠭᠡ ᠡᠵᠡᠩᠨᠡᠯᠲᠡ ᠶᠢᠨ ᠬᠤᠳᠠᠯᠳᠤᠭᠠᠴᠢᠨ︾ ᠳᠤ ᠲᠦᠰᠢᠭᠯᠡᠨ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠪᠡ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠲᠠᠢ ᠬᠠᠮᠲᠤᠷᠠᠨ ᠲᠥᠪ ᠲᠧᠯᠸᠢᠰ ᠤᠨ ᠰᠢᠵᠢᠷ ᠠᠯᠲᠠᠨ ᠴᠠᠭ ᠲᠤ ᠠᠭᠤᠯᠠᠨ ᠦᠶᠡᠷ ᠤᠨ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ ᠳᠤᠬᠢᠶ᠎ᠠ ᠶᠢ ᠨᠡᠶᠢᠲᠡᠯᠡᠵᠦ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠰᠢᠶᠠᠨ ᠤ ᠱᠠᠲᠤᠨ ᠤ ᠠᠭᠤᠯᠠᠨ ᠦᠶᠡᠷ ᠤᠨ ᠭᠠᠮᠰᠢᠭ ᠤᠨ ᠰᠡᠷᠡᠮᠵᠢ ᠶᠢᠨ ᠳᠤᠬᠢᠶ᠎ᠠ ᠶᠢ 15.2 ᠲᠦᠮᠡᠨ ᠤᠳᠠᠭ᠎ᠠ ᠨᠡᠶᠢᠲᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ 3187 ᠲᠦᠮᠡᠨ ᠵᠤᠷᠪᠤᠰ ᠶᠠᠪᠤᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠨᠡᠪᠲᠡᠷᠡᠭᠦᠯᠭᠡ ᠶᠢ 39.2 ᠲᠦᠮᠡᠨ ᠤᠳᠠᠭ᠎ᠠ ᠡᠬᠢᠯᠡᠭᠦᠯᠵᠦ᠂ ︽ᠭᠤᠷᠪᠠᠨ ᠲᠣᠮᠣ ᠡᠵᠡᠩᠨᠡᠭᠴᠢ ᠬᠤᠳᠠᠯᠳᠤᠭᠠᠴᠢᠨ︾ ᠨᠡᠶᠢᠭᠡᠮ ᠨᠡᠶᠢᠲᠡ ᠳᠤ 4.45 ᠳ᠋ᠦᠩᠰᠢᠭᠤᠷ ᠵᠤᠷᠪᠤᠰ ᠤᠷᠢᠳᠴᠢᠯᠠᠨ ᠰᠡᠷᠡᠮᠵᠢᠯᠡᠭᠦᠯᠬᠦ ᠴᠢᠬᠢᠮ ᠮᠡᠳᠡᠭᠡ ᠶᠢ ᠨᠡᠶᠢᠲᠡᠯᠡᠪᠡ᠃ ᠡᠨᠡ ᠵᠢᠯ ᠠᠭᠤᠯᠠᠨ ᠦᠶᠡᠷ ᠤᠨ ᠭᠠᠮᠰᠢᠭ ᠠᠴᠠ ᠪᠣᠯᠵᠣ ᠥᠭᠦᠵᠦ ᠪᠠᠷ᠎ᠠ ᠰᠤᠷᠠᠭ ᠥᠬᠡᠶ ᠪᠣᠯᠤᠭᠰᠠᠨ ᠬᠥᠮᠦᠨ ᠤ ᠲᠤᠭ᠎ᠠ ᠢᠯᠡᠳᠲᠡ ᠪᠠᠭᠠᠰᠪᠠ᠃      ᠲᠦᠷᠪᠡ ᠳᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠢ ᠡᠷᠴᠢᠮᠲᠡᠢ ᠬᠠᠩᠭᠠᠪᠠ᠃ ᠤᠰᠤᠨ ᠤ ᠪᠠᠶᠢᠳᠠᠯ ᠢ ᠤᠷᠢᠳᠴᠢᠯᠠᠨ ᠮᠡᠳᠡᠭᠡᠯᠡᠭᠰᠡᠨ ᠦᠷ᠎ᠡ ᠪᠦᠲᠦᠭᠡᠯ ᠢ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠲᠤ ᠴᠠᠭ ᠳᠤᠬᠠᠢ ᠳᠤ ᠮᠡᠳᠡᠭᠡᠯᠡᠪᠡ᠃ ᠶᠡᠭᠡ ᠬᠡᠮᠵᠢᠶᠡᠨ ᠤ ᠤᠰᠤᠨ ᠠᠰᠢᠭᠯᠠᠯᠲᠠ ᠶᠢᠨ ᠲᠤᠰᠬᠠᠶ ᠮᠡᠷᠭᠡᠵᠢᠯᠲᠡᠨ ᠢ ᠲᠣᠮᠢᠯᠠᠨ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠨᠢᠭᠡᠳᠦᠭᠡᠷ ᠹᠷᠣᠨᠲ ᠲᠤ ᠣᠴᠢᠭᠤᠯᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ       ᠪᠠᠳᠠᠷᠠᠭᠤᠯᠤᠨ᠂ ᠬᠠᠰᠢᠯᠭ᠎ᠠ ᠶᠢ ᠲᠣᠭᠤᠷᠢᠨ ᠪᠠᠶᠢᠴᠠᠭᠠᠵᠤ ᠠᠶᠤᠯ ᠢ ᠪᠠᠶᠢᠴᠠᠭᠠᠬᠤ ᠮᠡᠷᠭᠡᠵᠢᠯ ᠤᠨ ᠭᠤᠣᠯᠳᠠᠯᠭ᠎ᠠ ᠶᠢ ᠨᠠᠶᠢᠷᠠᠭᠤᠯᠤᠨ ᠵᠣᠬᠢᠶᠠᠵᠤ᠂ ᠭᠤᠣᠯ ᠮᠥᠷᠡᠨ ᠤ ᠥᠨᠳᠥᠷ ᠤᠰᠤᠨ ᠲᠦᠪᠰᠢᠨ ᠤ ᠬᠤᠭᠤᠴᠠᠭ᠎ᠠ ᠪᠠ ᠤᠰᠤ ᠲᠠᠲᠠᠬᠤ ᠱᠠᠲᠤᠨ ᠤ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠠᠬᠢᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ       ᠵᠢᠯᠣᠭᠤᠳᠴᠤ᠂ ︽ᠨᠢᠭᠡ ᠠᠶᠤᠯ ᠨᠢᠭᠡ ᠠᠷᠭ᠎ᠠ ᠪᠤᠳᠤᠯᠭ᠎ᠠ︾ ᠪᠠᠷ ᠠᠶᠤᠯ ᠠᠴᠠ ᠠᠪᠤᠷᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠶᠤᠯ ᠲᠦᠭᠰᠢᠭᠦᠷᠢ ᠶᠢᠨ ᠪᠠᠶᠢᠳᠠᠯ ᠢ ᠰᠢᠢᠳᠪᠦᠷᠢᠯᠡᠬᠦ ᠠᠵᠢᠯ ᠢ ᠬᠠᠮᠵᠢᠨ ᠰᠠᠶᠢᠲᠤᠷ ᠬᠢᠵᠠᠢ᠃      ᠲᠠᠪᠤ ᠳᠤ ᠨᠢᠭᠤᠴᠠ ᠪᠠᠷ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠪᠠ᠃ ︽ᠳᠥᠷᠪᠡᠨ ᠦᠯᠦ ᠬᠤᠶᠠᠷ ᠰᠢᠯᠤᠭᠤᠨ︾ ᠨᠢᠭᠤᠴᠠ ᠪᠠᠷ ᠰᠤᠷᠪᠤᠯᠵᠢᠯᠠᠬᠤ᠂ ᠵᠢᠵᠢᠭᠦᠷᠯᠡᠬᠦ ᠤᠳᠠᠰᠤ ᠪᠠᠷ ᠰᠤᠭᠤᠴᠢᠨ ᠪᠠᠶᠢᠴᠠᠭᠠᠬᠤ᠂ ᠠᠵᠢᠯᠯᠠᠬᠤ ᠳᠤᠭᠤᠢᠢᠯᠠᠩ ᠤᠨ ᠲᠤᠬᠠᠶ ᠶᠢᠨ ᠲᠠᠯᠠᠪᠤᠷ ᠲᠤ ᠬᠢᠨᠠᠨ ᠵᠢᠯᠣᠭᠤᠳᠬᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠱᠠᠯᠠᠪᠳᠠᠭᠤᠯᠤᠨ ᠪᠠᠶᠢᠴᠠᠭᠠᠬᠤ ᠰᠢᠰᠲ᠋ᠧᠮ ᠢ ᠪᠠᠶᠢᠭᠤᠯᠪᠠ᠃ ᠤᠰᠤᠨ ᠠᠰᠢᠭᠯᠠᠯᠲᠠ ᠶᠢᠨ ᠶᠠᠮᠤᠨ ᠠᠴᠠ ᠨᠡᠶᠢᠳᠡ 89 ᠠᠵᠢᠯᠯᠠᠬᠤ ᠳᠤᠭᠤᠢᠢᠯᠠᠩ ᠲᠣᠮᠢᠯᠠᠨ ᠣᠷᠣᠨ ᠨᠤᠲᠤᠭ ᠤᠨ ᠰᠡᠷᠭᠡᠶᠢᠯᠡᠯᠲᠡ ᠶᠢᠨ ᠠᠵᠢᠯ ᠢ ᠵᠢᠯᠣᠭᠤᠳᠴᠤ᠂ ᠨᠢᠭᠤᠴᠠ ᠪᠠᠷ ᠰᠤᠷᠪᠤᠯᠵᠢᠯᠠᠬᠤ ᠳᠤᠭᠤᠢᠢᠯᠠᠩ ᠢ 970 ᠤᠳᠠᠭ᠎ᠠ ᠲᠣᠮᠢᠯᠠᠨ ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠵᠤ ᠬᠤᠷᠢᠭᠯᠠᠬᠤ᠂ ᠤᠰᠤᠨ ᠤ ᠪᠠᠷᠢᠯᠭ᠎ᠠ ᠶᠢ ᠲᠣᠬᠢᠷᠠᠭᠤᠯᠤᠨ ᠬᠡᠷᠡᠭᠯᠡᠬᠦ ᠵᠡᠷᠭᠡ 10376 ᠲᠦᠷᠦᠯ ᠵᠦᠢᠯ ᠢ ᠨᠢᠭᠤᠴᠠ ᠪᠠᠷ ᠰᠤᠷᠪᠤᠯᠵᠢᠯᠠᠨ ᠬᠢᠨᠠᠨ ᠵᠢᠯᠣᠭᠤᠳᠴᠤ᠂ ᠰᠢᠷᠦᠭᠦᠨ ᠪᠣᠷᠣᠭᠠᠨ ᠤ ᠣᠷᠣᠨ ᠤ ᠦᠶᠡᠷ ᠤᠰᠤᠳᠤᠯ ᠢ ᠰᠡᠷᠭᠡᠶᠢᠯᠡᠬᠦ ᠳᠤᠬᠠᠢ ᠵᠢᠵᠢᠭᠦᠷᠯᠠᠨ ᠠᠵᠢᠯᠯᠠᠬᠤ᠂ ᠤᠰᠤᠨ ᠴᠥᠭᠦᠷᠥᠮ ᠤᠨ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠤ ᠰᠣᠩᠭᠤᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃      ᠶᠧ ᠵᠢᠶᠠᠨ ᠴᠦᠨ 2020 — 09 — 24 10᠄ 09᠄ 04ᠨᠠᠷᠢᠯᠢᠭ ᠣᠨᠣᠴᠠᠲᠠᠶ ᠪᠠᠷ ᠤᠷᠢᠳᠴᠢᠯᠠᠨ ᠮᠡᠳᠡᠭᠡᠯᠡᠬᠦ᠂ ᠨᠠᠷᠢᠯᠢᠭ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠪᠠᠷ ᠳᠠᠮᠵᠢᠨ᠂ ᠦᠶᠡᠷ ᠤᠰᠤᠳᠤᠯ ᠤᠨ ᠪᠠᠶᠢᠳᠠᠯ ᠡᠩ ᠤᠨ ᠵᠢᠯ ᠤᠨ ᠬᠢ ᠠᠴᠠ ᠢᠯᠡᠷᠬᠡᠶ ᠬᠦᠨᠳᠦ ᠪᠣᠯᠤᠭᠰᠠᠨ ᠪᠠᠶᠢᠳᠠᠯ ᠳᠣᠣᠷ᠎ᠠ᠂ ᠪᠦᠬᠦ ᠤᠯᠤᠰ ᠤᠨ ᠶᠡᠭᠡ ᠭᠤᠣᠯ ᠮᠥᠷᠡᠨ ᠤ ᠭᠤᠣᠯ ᠤᠷᠤᠰᠬᠠᠯ ᠪᠠ ᠴᠢᠬᠤᠯᠠ ᠬᠠᠰᠢᠯᠭ᠎ᠠ ᠰᠡᠲᠡᠷᠡᠭᠰᠡᠨ ᠦᠭᠡᠢ᠂ ᠲᠤᠮᠤ ᠳᠤᠮᠳᠠ ᠬᠡᠯᠪᠡᠷᠢ ᠶᠢᠨ ᠪᠠ ᠪᠠᠭ᠎ᠠ ︵1︶ ᠬᠡᠯᠪᠡᠷᠢ ᠶᠢᠨ ᠤᠰᠤᠨ ᠴᠥᠭᠦᠷᠥᠮ ᠰᠡᠲᠡᠷᠡᠭᠰᠡᠨ ᠦᠭᠡᠢ᠂ ᠪᠠᠷᠢᠯᠭ᠎ᠠ ᠶᠢᠨ ᠠᠶᠤᠯ ᠲᠦᠭᠰᠢᠭᠦᠷᠢ ᠶᠢ ᠢᠯᠡᠳᠲᠡ ᠪᠠᠭᠠᠰᠬᠠᠵᠤ᠂ ᠭᠠᠶ ᠭᠠᠮᠰᠢᠭ ᠤᠨ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠦᠴᠦᠲᠡᠶ ᠪᠠᠲᠤᠯᠠᠨ᠂ ᠦᠶᠡᠷ ᠠᠴᠠ ᠡᠮᠦᠨ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ       ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠡᠨᠡ ᠵᠢᠯ ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠭᠠᠷᠴᠤ᠂ 28 ᠮᠤᠵᠢ ᠣᠷᠣᠨ ᠤ ᠤᠯᠠᠨ ᠭᠠᠵᠠᠷ ᠲᠤ ᠬᠠᠰᠢᠯᠭ᠎ᠠ ᠳᠠᠯᠠᠩ ᠤᠨ ᠬᠠᠮᠠᠭᠠᠯᠠᠯᠲᠠ᠂ ᠤᠰᠤᠨ ᠴᠥᠭᠦᠷᠥᠮ ᠤᠨ ᠲᠥᠬᠦᠭᠡᠷᠦᠮᠵᠢ᠂ ᠬᠥᠳᠡᠭᠡ ᠲᠣᠰᠬᠤᠨ ᠤ ᠤᠰᠤ ᠬᠠᠩᠭᠠᠬᠤ ᠪᠠ ᠤᠰᠤᠯᠠᠯᠲᠠ ᠶᠢᠨ ᠲᠥᠬᠦᠭᠡᠷᠦᠮᠵᠢ᠂ ᠬᠥᠭᠡᠷᠭᠡ ᠶᠢᠨ ᠦᠷᠳᠡᠭᠡ᠂ ᠤᠰᠤᠨ ᠵᠦᠢ ᠶᠢᠨ ᠦᠷᠳᠡᠭᠡ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠡᠪᠳᠡᠭᠳᠡᠵᠦ᠂ ᠤᠰᠤᠨ ᠠᠰᠢᠭᠯᠠᠯᠲᠠ ᠶᠢᠨ ᠶᠠᠮᠤᠨ ᠠᠴᠠ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢ ᠵᠣᠬᠢᠶᠠᠨ ᠪᠠᠶᠢᠭᠤᠯᠵᠤ ᠭᠠᠮᠰᠢᠭ ᠤᠨ ᠳᠠᠷᠠᠭᠠᠬᠢ ᠤᠰᠤᠨ ᠠᠰᠢᠭᠯᠠᠯᠲᠠ ᠶᠢᠨ ᠪᠠᠷᠢᠯᠭ᠎ᠠ ᠶᠢ ᠵᠠᠰᠠᠨ ᠰᠡᠷᠭᠦᠭᠡᠬᠦ ᠪᠠᠷᠢᠯᠭ᠎ᠠ ᠶᠢᠨ ᠬᠡᠮᠵᠢᠶ᠎ᠡ ᠵᠢᠴᠢ ᠪᠡᠯᠡ ᠣᠷᠣᠭᠤᠯᠤᠯᠲᠠ ᠶᠢᠨ ᠬᠡᠷᠡᠭᠴᠡᠭᠡ ᠶᠢ ᠠᠩᠬ᠎ᠠ ᠠᠯᠬᠤᠮ ᠲᠥᠰᠦᠭᠡᠯᠡᠨ ᠪᠤᠳᠤᠪᠠ᠃ ᠣᠳᠣᠬᠠᠨ ᠤ ᠪᠠᠶᠢᠳᠠᠯ ᠠᠴᠠ ᠦᠵᠡᠪᠡᠯ᠂ ᠤᠰᠤᠨ ᠠᠰᠢᠭᠯᠠᠯᠲᠠ ᠶᠢᠨ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠤᠯᠳᠠ ᠬᠢᠭᠦ ᠡᠭᠦᠷᠭᠡ ᠲᠦᠢᠯ ᠤᠨ ᠨᠦᠰᠡᠷ ᠬᠦᠨᠳᠦ ᠪᠠᠶᠢᠨ᠎ᠠ᠂ ᠠᠩᠬ᠎ᠠ ᠠᠯᠬᠤᠮ ᠤᠨ ᠵᠢᠱᠢᠯᠲᠡ ᠶᠢ ᠦᠨᠳᠦᠰᠦᠯᠡᠪᠡᠯ᠂ ᠪᠠᠷᠤᠭ 840 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠴᠢᠬᠤᠯᠠᠲᠠᠶ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠳᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠲᠠᠢ ᠵᠥᠪᠳᠡᠯᠴᠡᠵᠦ ᠪᠠᠶᠢᠭᠠᠳ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠠᠵᠢᠯ ᠢ ᠱᠠᠯᠠᠪᠳᠠᠨ ᠥᠷᠨᠢᠭᠦᠯᠵᠦ᠂ ᠤᠰᠤᠨ ᠳᠤ ᠡᠪᠳᠡᠭᠳᠡᠭᠰᠡᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠠᠯᠢ ᠲᠦᠷᠭᠡᠨ ᠢᠶᠠᠷ ᠰᠡᠯᠪᠢᠨ ᠵᠠᠰᠠᠨ᠎ᠠ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠪᠠᠭᠤᠷᠠᠶ ᠭᠤᠭᠴᠤᠭ᠎ᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠳᠤᠲᠠᠭᠤᠳᠠᠯ ᠢ ᠲᠦᠷᠭᠡᠬᠡᠨ ᠨᠥᠬᠦᠪᠥᠷᠢᠯᠡᠵᠦ᠂ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ᠳᠡᠭᠡᠷᠡᠬᠢ ᠪᠣᠯ ᠮᠢᠨᠦ ᠡᠨᠡ ᠵᠢᠯ ᠤᠨ ᠦᠶᠡᠷ ᠤᠰᠤᠳᠤᠯ ᠭᠠᠩ ᠬᠠᠭᠰᠠᠷᠠᠭᠠᠨ ᠤᠨ ᠭᠠᠮᠰᠢᠭ ᠢ ᠰᠡᠷᠭᠡᠶᠢᠯᠡᠬᠦ ᠪᠠ ᠤᠰᠤᠨ ᠠᠰᠢᠭᠯᠠᠯᠲᠠ ᠶᠢᠨ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠬᠤ ᠠᠵᠢᠯ ᠤᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠪᠣᠯᠤᠨ᠎ᠠ᠃ ᠳᠣᠣᠷ᠎ᠠ ᠪᠢ ᠬᠠᠮᠲᠤ ᠠᠵᠢᠯᠯᠠᠭᠴᠢ ᠲᠠᠢ ᠪᠠᠨ ᠵᠠᠭᠤᠴᠢᠯᠠᠭᠤᠷ ᠤᠨ ᠨᠠᠶᠢᠵᠠ ᠨᠠᠷ ᠤᠨ ᠠᠰᠠᠭᠤᠯᠲᠠ ᠶᠢ ᠬᠠᠷᠢᠭᠤᠯᠬᠤ ᠳᠤᠷᠠᠲᠠᠶ ᠪᠠᠶᠢᠨ᠎ᠠ᠃ ᠪᠠᠶᠠᠷᠯᠠᠯ᠎ᠠ︕      ᠭᠧᠩ ᠯᠢᠦ ᠴᠧᠩ 2020 — 09 — 24 10: 09: 30      ᠶᠧ ᠰᠠᠶᠢᠳ ᠤᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ︕ ᠳᠣᠣᠷ᠎ᠠ ᠪᠢᠳᠡ ᠠᠰᠠᠭᠤᠯᠲᠠ ᠬᠠᠷᠢᠭᠤᠯᠬᠤ ᠭᠤᠭᠴᠤᠭ᠎ᠠ ᠳᠤ ᠣᠷᠣᠶ᠎ᠠ᠂ ᠰᠤᠷᠪᠤᠯᠵᠢᠯᠠᠭᠴᠢ ᠭᠠᠷ ᠡᠷᠭᠦᠨ ᠠᠰᠠᠭᠤᠯᠲᠠ ᠠᠰᠠᠭᠤᠵᠤ᠂ ᠠᠰᠠᠭᠤᠯᠲᠠ ᠠᠰᠠᠭᠤᠬᠤ ᠠᠴᠠ ᠪᠠᠨ ᠡᠮᠦᠨ᠎ᠡ ᠠᠵᠢᠯᠯᠠᠵᠤ ᠪᠠᠶᠢᠭ᠎ᠠ ᠰᠣᠨᠢᠨ ᠮᠡᠳᠡᠭᠡᠨ ᠤ ᠪᠠᠶᠢᠭᠤᠯᠤᠮᠵᠢ ᠪᠠᠨ ᠮᠡᠳᠡᠭᠳᠡᠬᠦ ᠪᠤᠯᠪᠠᠤ᠃      ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ 2020 — 09 — 24 10᠄ 10᠄ 43      ᠮᠢᠨᠦ ᠠᠰᠠᠭᠤᠯᠳᠠ ᠪᠣᠯ ᠮᠠᠨ ᠤ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠬᠦ ᠠᠵᠢᠯ ᠱᠠᠲᠤ ᠦᠶ᠎ᠡ ᠶᠢᠨ ᠴᠢᠨᠠᠷᠲᠠᠶ ᠴᠢᠬᠤᠯᠠ ᠠᠮᠵᠢᠯᠳᠠ ᠣᠯᠤᠭᠰᠠᠨ ᠳᠤ ᠣᠷᠣᠰᠢᠨ᠎ᠠ᠂ ᠲᠡᠭᠡᠪᠡᠯ ᠡᠨᠡ ᠵᠢᠯ ᠤᠨ ᠠᠮᠵᠢᠯᠳᠠ ᠣᠯᠤᠭᠰᠠᠨ ᠤ ᠬᠦᠴᠦᠨ ᠪᠣᠯᠤᠨ ᠰᠢᠯᠲᠠᠭᠠᠨ ᠨᠢ ᠶᠠᠭᠤ ᠪᠤᠶ 1998 ᠣᠨ ᠤ ᠬᠢ ᠲᠠᠢ ᠬᠠᠷᠢᠴᠠᠭᠤᠯᠪᠠᠯ᠂ ᠮᠠᠨ ᠤ ᠡᠨᠡ ᠵᠢᠯ ᠤᠨ ᠰᠡᠷᠭᠡᠶᠢᠯᠡᠯᠲᠡ ᠶᠢᠨ ᠲᠠᠯ᠎ᠠ ᠪᠠᠷ ᠬᠢ ᠣᠢᠢᠯᠠᠭᠠᠭᠳᠠᠬᠤᠨ ᠪᠠ ᠴᠢᠳᠠᠪᠤᠷᠢ ᠶᠠᠮᠠᠷ ᠶᠠᠮᠠᠷ ᠳᠡᠭᠡᠭᠰᠢᠯᠡᠯᠲᠡ ᠲᠠᠢ ᠪᠣᠯᠤᠭᠰᠠᠨ ᠪᠣᠶ︖ ᠪᠠᠶᠠᠷᠯᠠᠯ᠎ᠠ︕      ᠶᠧ ᠵᠢᠶᠠᠨ ᠴᠦᠨ 2020 — 09 — 24 10᠄ 12᠄ 07      ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠶᠠᠭ ᠲᠠᠨ ᠤ ᠬᠡᠯᠡᠭᠰᠡᠨᠴᠢᠯᠡᠨ᠂ ᠡᠨᠡ ᠵᠢᠯ ᠤᠨ ᠰᠢᠷᠦᠭᠦᠨ ᠪᠣᠷᠣᠭᠠᠨ ᠦᠶᠡᠷ ᠤᠰᠤᠳᠤᠯ ᠪᠠᠶᠢᠨ ᠳᠠᠬᠢᠨ ᠡᠭᠦᠰᠴᠦ᠂ 1998 ᠣᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠡᠭᠦᠰᠴᠠᠢ᠂ ᠡᠭᠦᠨ ᠢ ᠪᠢ ᠰᠠᠶ᠋ᠢᠬᠠᠨ ᠪᠠᠰᠠ ᠲᠠᠨᠢᠯᠴᠠᠭᠤᠯᠤᠭᠰᠠᠨ ᠶᠤᠮ᠃ ᠬᠠᠶᠢᠾᠧ ᠭᠤᠣᠯ ᠠᠴᠠ ᠪᠤᠰᠤᠳ ᠵᠢᠷᠭᠤᠭᠠᠨ ᠶᠡᠭᠡ ᠰᠠᠪᠠ ᠭᠠᠵᠠᠷ ᠲᠤ᠂ ᠭᠤᠣᠯ ᠪᠣᠯᠬᠤ ᠭᠤᠣᠯ ᠮᠥᠷᠡᠨ ᠳᠤ 21 ᠤᠳᠠᠭ᠎ᠠ ᠳ᠋ᠤᠭᠠᠷᠯᠠᠭᠰᠠᠨ ᠦᠶᠡᠷ ᠤᠰᠤᠳᠤᠯ ᠡᠭᠦᠰᠴᠦ᠂ ᠬᠥᠬᠡᠮᠥ᠋ᠷᠡᠨ ᠤ ᠰᠠᠪᠠ ᠭᠠᠵᠠᠷ ᠤᠨ ᠬᠡᠰᠡᠭ ᠭᠤᠣᠯ ᠮᠥᠷᠡᠨ ᠤ ᠦᠶᠡᠷ ᠤᠨ ᠬᠡᠮᠵᠢᠶ᠎ᠡ ᠶᠢᠨ ᠳᠡᠰ ᠨᠢ 1998 ᠣᠨ ᠤ ᠬᠢ ᠠᠴᠠ ᠴᠤ ᠳᠠᠪᠠᠭᠰᠠᠨ ᠪᠠᠶᠢᠨ᠎ᠠ᠃ ᠶᠡᠷᠦᠩᠬᠡᠶ ᠳᠤᠨᠢ ᠠᠪᠴᠤ ᠦᠵᠡᠪᠡᠯ᠂ ᠡᠨᠡ ᠵᠢᠯ ᠤᠨ ᠭᠠᠮᠰᠢᠭᠳᠠᠭᠰᠠᠨ ᠪᠠᠶᠢᠳᠠᠯ 1998 ᠣᠨ ᠤ ᠬᠢ ᠠᠴᠠ ᠬᠤᠯᠠ ᠬᠦᠡᠭᠭᠡᠨ ᠪᠣᠯᠵᠠᠶ᠂ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠬᠦ ᠬᠦᠴᠦᠨ ᠴᠢᠳᠠᠯ ᠤᠯᠠᠨ ᠲᠠᠯ᠎ᠠ ᠠᠴᠠ ᠢᠷᠡᠯᠳᠡ ᠲᠠᠢ ᠭᠡᠵᠦ ᠬᠡᠯᠡᠪᠡᠯ᠂ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠢᠢᠯᠠᠭᠠᠭᠳᠠᠬᠤᠨ ᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠶᠤᠮ᠃ ᠥᠨᠥᠳᠦᠷ ᠪᠢ ᠭᠤᠣᠯᠳᠠᠭᠤ ᠬᠤᠶᠠᠷ ᠲᠠᠯ᠎ᠠ ᠶᠢ ᠲᠠᠨᠢᠯᠴᠠᠭᠤᠯᠤᠶ᠎ᠠ᠃ ᠨᠢᠭᠡ ᠨᠢ ᠬᠤᠷᠢᠭᠯᠠᠯᠲᠠ ᠶᠢᠨ ᠣᠢᠢᠯᠠᠭᠠᠭᠳᠠᠬᠤᠨ ᠤ ᠬᠤᠪᠢᠷᠠᠯᠲᠠ᠂ ᠨᠥᠭᠦᠭᠡ ᠨᠢ ᠬᠤᠷᠢᠭᠯᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠪᠣᠯᠤᠨ᠎ᠠ᠃      ᠣᠢᠢᠯᠠᠭᠠᠭᠳᠠᠬᠤᠨ ᠤ ᠬᠤᠪᠢᠷᠠᠯᠲᠠ ᠶᠢᠨ ᠲᠠᠯ᠎ᠠ ᠠᠴᠠ ᠠᠪᠴᠤ ᠦᠵᠡᠪᠡᠯ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠣᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠭᠦᠨ ᠢ ᠶᠡᠷᠦᠩᠬᠡᠶ ᠱᠦᠵᠢ 2016 ᠣᠨ ᠤ 7 ᠰᠠᠷ᠎ᠠ ᠶᠢᠨ 28 ᠤ ᠡᠳᠦᠷ ᠲᠠᠩᠱᠠᠨ ᠳᠤ ᠠᠵᠢᠯ ᠪᠠᠶᠢᠴᠠᠭᠠᠬᠤ ᠳᠠᠭᠠᠨ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠲᠠᠩ ᠭᠠᠭᠴᠠ ᠭᠠᠮᠰᠢᠭ ᠤᠨ ᠲᠦᠷᠦᠯ ᠢ ᠠᠷᠭᠠᠴᠠᠭᠠᠵᠤ ᠪᠠᠶᠢᠭᠰᠠᠨ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠣᠨᠴᠠᠭᠠᠢᠢᠯᠠᠨ ᠪᠦᠬᠦ ᠨᠡᠶᠢᠭᠡᠮ ᠤᠨ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠶᠡᠷᠦᠩᠬᠡᠶᠢᠯᠡᠭᠰᠡᠨ ᠰᠡᠷᠭᠡᠶᠢᠯᠡᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠪᠠ᠃ ᠶᠡᠷᠦᠩᠬᠡᠢ ᠱᠦᠵᠢ ᠶᠢᠨ ᠡᠳᠡᠭᠡᠷ ᠶᠠᠷᠢᠶᠠᠨ ᠳᠤ ᠰᠡᠷᠭᠡᠶᠢᠯᠡᠬᠦ ᠠᠵᠢᠯ ᠢ ᠣᠨᠴᠠᠭᠠᠢᠢᠯᠠᠨ ᠴᠢᠬᠤᠯᠠᠴᠢᠯᠠᠵᠤ ᠪᠠᠶᠢᠬᠤ ᠶᠢ ᠤᠯᠠᠨ ᠢᠶᠠᠷ ᠢᠶᠠᠨ ᠦᠵᠡᠵᠦ ᠭᠠᠷᠤᠨ᠎ᠠ᠃ ᠡᠶᠢᠮᠦ ᠠᠴᠠ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠤᠰᠤᠨ ᠤ ᠪᠠᠶᠢᠳᠠᠯ ᠢ ᠬᠢᠨᠠᠨ ᠬᠡᠮᠵᠢᠬᠦ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ᠂ ᠤᠰᠤᠨ ᠤ ᠢᠨᠵᠧᠨᠧᠷᠢᠩ ᠢ ᠲᠣᠬᠢᠷᠠᠭᠤᠯᠤᠨ ᠬᠡᠷᠡᠭᠯᠡᠬᠦ ᠠᠴᠠ ᠠᠪᠤᠭᠠᠳ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ᠂ ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠵᠤ ᠬᠤᠷᠢᠭᠯᠠᠬᠤ᠂ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠬᠦᠷᠲᠡᠯ᠎ᠡ᠂ ᠵᠥᠪᠳᠡᠯᠴᠡᠨ ᠰᠤᠳᠤᠯᠵᠤ ᠮᠠᠭᠠᠳᠯᠠᠬᠤ᠂ ᠠᠵᠢᠯ ᠤᠨ ᠪᠠᠶᠢᠷᠢᠯᠠᠭᠤᠯᠤᠯᠲᠠ ᠠᠴᠠ ᠠᠪᠤᠭᠠᠳ ᠱᠠᠯᠠᠪᠳᠠᠭᠤᠯᠤᠨ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠬᠤ᠂ ᠰᠣᠭᠤᠴᠢᠨ ᠪᠠᠶᠢᠴᠠᠭᠠᠬᠤ ᠵᠡᠷᠭᠡ ᠬᠦᠷᠲᠡᠯ᠎ᠡ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠨᠠᠶᠢᠳᠠᠪᠤᠷᠢᠵᠢᠭᠤᠯᠤᠯᠲᠠ ᠶᠢ ᠠᠳᠬᠤᠪᠠ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠴᠦ ᠦᠶᠡᠷ ᠤᠰᠤᠳᠤᠯ ᠢ ᠰᠡᠷᠭᠡᠶᠢᠯᠡᠬᠦ ᠠᠵᠢᠯ ᠢ ᠥᠪᠡᠷ ᠤᠨ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠᠨ ᠪᠣᠯᠭᠠᠵᠤ᠂ ᠰᠡᠷᠭᠡᠶᠢᠯᠡᠬᠦ ᠳᠤ ᠰᠠᠭᠤᠷᠢᠯᠠᠵᠤ᠂ ᠦᠶᠡᠷ ᠤᠰᠤᠳᠤᠯ ᠢ ᠰᠡᠷᠭᠡᠶᠢᠯᠡᠬᠦ ᠪᠣᠭᠤᠮᠲᠠ ᠶᠢ ᠤᠷᠤᠭᠰᠢ ᠰᠢᠯᠵᠢᠭᠦᠯᠤᠨ᠂ ᠡᠯ᠎ᠡ ᠵᠦᠢᠯ ᠤᠨ ᠪᠡᠯᠡᠳᠬᠡᠯ ᠲᠥᠰᠦᠯ᠂ ᠣᠨᠴᠠᠭᠠᠢᠢᠯᠠᠨ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠢ ᠰᠡᠷᠭᠡᠶᠢᠯᠡᠬᠦ ᠪᠡᠯᠡᠳᠬᠡᠯ ᠲᠥᠰᠦᠯ ᠳᠤ ᠤᠷᠢᠳᠴᠢᠯᠠᠨ ᠵᠠᠰᠠᠪᠤᠷᠢ ᠣᠷᠣᠭᠤᠯᠤᠭᠰᠠᠨ ᠪᠠᠶᠢᠨ᠎ᠠ᠃ ᠡᠭᠦᠨ ᠤ ᠬᠠᠮᠳᠤ ᠡᠯ᠎ᠡ ᠰᠠᠪᠠ ᠭᠠᠵᠠᠷ ᠤᠨ ᠪᠠᠶᠢᠭᠤᠯᠤᠮᠵᠢ᠂ ᠡᠯ᠎ᠡ ᠭᠠᠵᠠᠷ ᠤᠨ ᠬᠢᠨ ᠪᠠᠰᠠ ᠨᠢᠭᠡ ᠪᠦᠯᠦᠭ ᠲᠡᠦᠬᠡ ᠶᠢᠨ ᠨᠡᠶᠢᠲᠡᠯᠢᠭ ᠦᠶᠡᠷ ᠤᠰᠤᠳᠤᠯ ᠢ ᠰᠣᠩᠭᠤᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠ ᠲᠣᠬᠢᠷᠠᠭᠤᠯᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠦᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ᠂ ᠤᠰᠤᠨ ᠤ ᠢᠨᠵᠧᠨᠧᠷᠢᠩ ᠤᠨ ᠲᠣᠬᠢᠷᠠᠭᠤᠯᠤᠯᠲᠠ ᠶᠢᠨ ᠲᠤᠬᠠᠢᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦᠯᠢ ᠴᠣᠭᠴᠠ ᠶᠢᠨ ᠰᠡᠷᠭᠡᠶᠢᠯᠡᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠦᠭᠰᠡᠨ ᠪᠠᠶᠢᠨ᠎ᠠ᠃ ᠡᠨᠡ ᠪᠣᠯ ᠮᠠᠰᠢ ᠴᠢᠬᠤᠯᠠ ᠪᠤᠯᠤᠨ᠎ᠠ᠂ ᠳᠠᠷᠤᠶ ᠣᠢᠢᠯᠠᠭᠠᠭᠳᠠᠬᠤᠨ ᠤ ᠬᠤᠪᠢᠷᠠᠯᠲᠠ ᠨᠢ ᠡᠯ᠎ᠡ ᠲᠠᠯ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠭᠰᠠᠨ ᠠᠴᠠ ᠪᠣᠯᠤᠭᠰᠠᠨ ᠶᠤᠮ᠃      ᠶᠧ ᠵᠢᠶᠠᠨ ᠴᠦᠨ 2020 — 09 — 24 10᠄ 15᠄ 32      ᠴᠢᠳᠠᠪᠤᠷᠢ ᠶᠢᠨ ᠲᠤᠬᠠᠶ ᠶᠠᠷᠢᠶ᠎ᠠ᠃ ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠳᠤ ᠨᠢᠭᠡᠨᠲᠡ ᠨᠡᠯᠢᠶᠡᠳ ᠪᠦᠷᠢᠨ ᠲᠡᠭᠦᠯᠳᠡᠷ ᠦᠶᠡᠷ ᠤᠰᠤᠳᠤᠯ ᠢ ᠰᠡᠷᠭᠡᠶᠢᠯᠡᠬᠦ ᠰᠢᠰᠲ᠋ᠧᠮ ᠢ ᠪᠦᠷᠢᠯᠳᠦᠭᠦᠯᠵᠦ᠂ ᠣᠳᠣᠬᠠᠨ ᠳᠤ ᠶᠡᠭᠡ ᠭᠤᠣᠯ ᠮᠥᠷᠡᠨ ᠨᠤᠭᠤᠳ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠪᠣᠳᠠᠲᠠᠶ ᠡᠭᠦᠰᠦᠭᠰᠡᠨ ᠬᠠᠮᠤᠭ ᠤᠨ ᠶᠡᠭᠡ ᠦᠶᠡᠷ ᠤᠰᠤᠳᠤᠯ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠦᠨᠳᠦᠰᠦᠨ ᠳᠡᠭᠡᠨ ᠪᠦᠷᠢᠯᠳᠦᠭᠦᠯᠦᠭᠰᠡᠨ ᠪᠠᠶᠢᠨ᠎ᠠ᠃ ᠡᠭᠦᠨ ᠳᠤ ᠨᠢᠭᠡ ᠪᠦᠯᠦᠭ ᠲᠤᠭ᠎ᠠ ᠪᠠᠷᠢᠮᠲᠠ ᠪᠤᠢ᠄ 1998 ᠣᠨ ᠳᠤ ᠮᠠᠨ ᠤ ᠤᠯᠤᠰ ᠤᠨ ᠲᠠᠪᠤᠳᠤᠭᠠᠷ ᠳᠡᠰ ᠠᠴᠠ ᠳᠡᠭᠡᠭᠰᠢᠬᠢ ᠬᠠᠰᠢᠯᠭ᠎ᠠ ᠲᠡᠯᠡᠩ ᠢ 25.9 ᠲᠦᠮᠡᠨ ᠺᠢᠯᠣᠮᠧᠲᠷ᠂ ᠤᠰᠦᠠ ᠴᠥᠭᠦᠷᠥᠮ ᠢ 8.49 ᠲᠦᠮᠡ ᠪᠠᠶᠢᠭᠤᠯᠵᠤ᠂ ᠤᠳᠦ ᠲᠠᠪᠤᠳᠤᠭᠠᠷ ᠳᠡᠰ ᠠᠴᠠ ᠳᠡᠭᠡᠭᠰᠢᠬᠢ ᠬᠠᠰᠢᠯᠭ᠎ᠠ ᠲᠡᠯᠡᠩ ᠢ 31.2 ᠲᠦᠮᠡᠨ ᠺᠢᠯᠣᠮᠧᠲᠷ᠂ ᠤᠰᠦᠠ ᠴᠥᠭᠦᠷᠥᠮ ᠢ 9.88 ᠲᠦᠮᠡ ᠪᠣᠯᠭᠠᠵᠠᠶ᠃ ᠡᠭᠦᠨ ᠤ ᠬᠠᠮᠳᠤ ᠪᠢᠳᠠ ᠪᠠᠰᠠ ᠶᠡᠭᠡ ᠬᠡᠪᠴᠢᠶᠡᠨ ᠤ ᠬᠠᠰᠢᠯᠭ᠎ᠠ ᠲᠡᠯᠡᠩ ᠤᠨ ᠪᠠᠷᠢᠮᠵᠢᠶ᠎ᠠ ᠳᠤ ᠬᠦᠷᠭᠡᠬᠦ ᠪᠦᠳᠦᠭᠡᠠ ᠪᠠᠶᠢᠭᠤᠯᠤᠯᠲᠠ ᠶᠢ ᠬᠡᠷᠡᠭᠵᠢᠭᠦᠯᠵᠦ᠂ ᠳᠤᠮᠳᠠ ᠪᠠᠭ᠎ᠠ ᠭᠤᠣᠯ ᠮᠥᠷᠡᠨ ᠢ ᠵᠠᠰᠠᠵᠤ᠂ ᠦᠶᠡᠷ ᠤᠰᠤᠳᠤᠯ ᠢ ᠰᠡᠷᠭᠡᠶᠢᠯᠡᠬᠦ ᠪᠠᠷᠢᠯᠭ᠎ᠠ ᠶᠢᠨ ᠪᠠᠷᠢᠮᠵᠢᠶ᠎ᠠ ᠶᠢ ᠮᠡᠳᠡᠭᠳᠡᠬᠦ᠋ᠢᠴᠡ ᠳᠡᠭᠡᠭᠰᠢᠯᠡᠭᠦᠯᠦᠭᠰᠡᠨ ᠪᠠᠶᠢᠨ᠎ᠠ᠃ ᠡᠨᠡ ᠵᠢᠯ ᠤᠨ ᠲᠧᠯᠸᠢᠰ ᠳᠡᠭᠡᠷ᠎ᠡ ᠠᠴᠠ ᠪᠢᠳᠡ ᠦᠬᠠᠨ ᠤ ᠪᠠᠶᠢᠳᠠᠯ ᠢ ᠣᠯᠵᠤ ᠬᠠᠷᠠᠪᠠ᠂ ᠬᠠᠰᠢᠯᠭ᠎ᠠ ᠶᠢᠨ ᠳᠣᠣᠷ᠎ᠠ ᠬᠥᠬᠡᠮᠥ᠋ᠷᠡᠨ ᠤ ᠦᠶᠡᠷ ᠤᠰᠤᠳᠤᠯ᠂ ᠬᠠᠰᠢᠯᠭ᠎ᠠ ᠶᠢᠨ ᠳᠡᠭᠡᠷ᠎ᠡ ᠶᠠᠪᠤᠭᠤᠯ ᠬᠥᠮᠦᠨ ᠰᠡᠯᠡᠭᠦᠴᠡᠨ ᠠᠯᠬᠤᠯᠠᠵᠤ ᠪᠠᠶᠢᠯ᠎ᠠ᠃      1998 ᠣᠨ ᠤ ᠦᠶ᠎ᠡ ᠳᠤ᠂ ᠲᠥᠪ ᠠᠴᠠ 3300 ᠥᠷᠲᠡᠭᠡᠨ ᠤ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ ᠳᠤ ᠬᠤᠶᠠᠷ ᠴᠠᠭ ᠬᠡᠷᠡᠭᠰᠡᠨ᠎ᠡ᠂ ᠣᠳᠣ ᠮᠠᠨ ᠤ ᠦᠶᠡᠷ ᠤᠰᠤᠳᠤᠯ ᠤᠨ ᠪᠠᠶᠢᠳᠠᠯ ᠢ ᠮᠡᠳᠡᠭᠦᠯᠬᠦ 13 ᠲᠦᠮᠡᠨ ᠥᠷᠲᠡᠭᠡ ᠨᠢ ᠡᠳᠡᠭᠡᠷ ᠮᠡᠳᠡᠭᠡ ᠵᠠᠩᠭᠢ ᠶᠢ 10 — 15 ᠮᠢᠨᠦ᠋ᠲ ᠤᠨ ᠳᠣᠲᠣᠷ᠎ᠠ ᠬᠤᠷᠢᠶᠠᠵᠤ ᠳᠡᠶᠢᠯᠦᠨ᠎ᠡ᠂ ᠡᠨᠡ ᠨᠢ 1998 ᠣᠨ ᠳᠤ ᠠᠪᠴᠤ ᠦᠵᠡᠪᠡᠯ ᠰᠡᠳᠬᠢᠭᠳᠡᠰᠢ ᠦᠭᠡᠢ ᠶᠠᠪᠤᠳᠠᠯ ᠪᠣᠯᠤᠨ᠎ᠠ᠃ ᠡᠭᠦᠨ ᠤ ᠬᠠᠮᠲᠤ ᠴᠠᠭ ᠠᠭᠤᠷ ᠤᠨ ᠤᠰᠤᠨ ᠵᠦᠢ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠨᠢ ᠴᠦ ᠲᠤᠬᠠᠶ ᠶᠢᠨ ᠵᠢᠯ ᠤᠨ ᠬᠢ ᠠᠴᠠ ᠮᠠᠰᠢ ᠶᠡᠭᠡ ᠳᠡᠭᠡᠭᠰᠢᠯᠡᠭᠰᠡᠨ ᠪᠠᠶᠢᠨ᠎ᠠ᠂ ᠵᠢᠱᠢᠶᠡᠯᠡᠪᠡᠯ᠂ ᠡᠮᠦᠨᠡᠲᠦ ᠣᠷᠣᠨ ᠤ ᠭᠤᠤᠯ ᠪᠣᠯᠬᠤ ᠭᠤᠤᠯ ᠮᠥᠷᠡᠨ ᠤ ᠬᠡᠮᠵᠢᠶ᠎ᠡ ᠨᠢ 90% ᠳᠤ ᠭᠦᠷᠦᠭᠰᠡᠨ ᠪᠠᠶᠢᠨ᠎ᠠ᠃ ᠤᠰᠤᠨ ᠴᠥᠭᠦᠷᠥᠮ ᠤᠨ ᠰᠦᠷᠦᠭᠵᠢᠯ ᠤᠨ ᠬᠠᠮᠲᠤᠷᠠᠭᠰᠠᠨ ᠲᠣᠬᠢᠷᠠᠭᠤᠯᠤᠯᠲᠠ᠂ ᠬᠥᠬᠡᠮᠥ᠋ᠷᠡᠨ ᠤ ᠳᠡᠭᠡᠳᠦ ᠳᠤᠮᠳᠠᠳᠤ ᠤᠷᠤᠰᠬᠠᠯ ᠤᠨ ᠤᠰᠤᠨ ᠴᠥᠭᠦᠷᠥᠮ ᠤᠨ ᠰᠦᠷᠦᠭᠵᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠭᠰᠠᠨ ᠠᠴᠠ ᠬᠥᠬᠡᠮᠥ᠋ᠷᠡᠨ ᠤ ᠭᠤᠤᠯ ᠤᠷᠤᠰᠬᠠᠯ ᠤᠨ ᠯᠢᠩᠬ᠊ ᠤᠠ᠋ ᠨᠠᠭᠤᠷ ᠤᠨ ᠤᠰᠤᠨ ᠲᠦᠪᠰᠢᠨ ᠤ ᠰᠠᠨᠲ᠋ᠢᠮᠧᠲᠷ ᠤᠨ ᠲᠠᠰ ᠤᠨ ᠡᠵᠡᠮᠳᠡᠯ ᠢ ᠪᠡᠶᠡᠯᠡᠭᠦᠯᠵᠦ ᠴᠢᠳᠠᠭᠰᠠᠨ ᠪᠣᠯᠬᠤᠷ ᠦᠶᠡᠷ ᠤᠰᠤᠳᠤᠯ ᠢ ᠰᠡᠷᠭᠡᠶᠢᠯᠡᠨ ᠦᠶᠡᠷ ᠤᠰᠤᠳᠤᠯ ᠲᠠᠢ ᠲᠡᠮᠡᠴᠡᠬᠦ ᠨᠢ ᠨᠢᠭᠡᠨᠲᠡ ᠮᠢᠯᠢᠮᠧᠲᠷ ᠤᠨ ᠰᠢᠢᠳᠪᠦᠷᠢᠳᠤ ᠳᠠᠶᠢᠯᠠᠯᠳᠤᠭᠠᠨ ᠢ ᠴᠦ ᠪᠡᠶᠡᠯᠡᠭᠦᠯᠵᠤ ᠴᠢᠳᠠᠬᠤ ᠪᠤᠯᠵᠠᠢ ᠭᠡᠵᠦ ᠬᠡᠯᠡᠵᠦ ᠪᠣᠯᠤᠨ᠎ᠠ᠃      ᠵᠥᠪ ᠣᠨᠣᠪᠴᠢᠲᠠᠶ ᠰᠡᠷᠭᠡᠶᠢᠯᠡᠯᠲᠡ ᠶᠢᠨ ᠣᠢᠢᠯᠠᠭᠠᠭᠳᠠᠬᠤᠨ ᠪᠠ ᠲᠠᠰᠤᠷᠠᠯᠲᠠ ᠥᠬᠡᠶ ᠳᠡᠭᠡᠭᠰᠢᠯᠡᠵᠦ ᠪᠠᠶᠢᠭ᠎ᠠ ᠦᠶᠡᠷ ᠤᠰᠤᠳᠤᠯ ᠢ ᠰᠡᠷᠭᠡᠶᠢᠯᠡᠬᠦ ᠴᠢᠳᠠᠪᠤᠷᠢ ᠪᠣᠯ ᠶᠡᠭᠡ ᠦᠶᠡᠷ ᠤᠰᠤᠳᠤᠯ ᠢ ᠠᠷᠭᠠᠴᠠᠭᠠᠬᠤ ᠶᠢᠨ ᠰᠠᠭᠤᠷᠢ ᠬᠦᠴᠦᠨ ᠪᠤᠯᠤᠨ᠎ᠠ᠃      ᠳᠤᠮᠳᠠᠳᠤ ᠤᠯᠤᠰ ᠤᠨ ᠵᠠᠯᠠᠭᠤᠴᠤᠳ ᠤᠨ ᠰᠣᠨᠢᠨ ᠤ ᠰᠤᠷᠪᠤᠯᠵᠢᠯᠠᠭᠴᠢ 2020 — 09 — 24 10᠄ 15᠄ 52  ᠶᠠᠮᠤᠨ ᠠᠴᠠ ᠵᠢᠯ ᠤᠨ ᠡᠬᠢᠨ ᠳᠤ ︽ᠭᠤᠷᠪᠠᠨ ᠶᠡᠭᠡ ᠠᠶᠤᠯ ᠲᠦᠭᠰᠢᠭᠦᠷᠢ︾ ᠶᠢ ᠰᠡᠷᠭᠡᠶᠢᠯᠡᠬᠦ ᠪᠠᠷ       ᠳᠤᠷᠠᠳᠴᠤ᠂ ︽ᠳᠥᠷᠪᠡᠨ ᠦᠭᠡᠶ︾ ᠶᠢᠨ ᠬᠠᠷᠠᠯᠲᠠ ᠶᠢ ᠳᠤᠷᠠᠳᠴᠠᠶ᠂ ᠣᠳᠣ ᠮᠠᠨ ᠤ ᠵᠢᠱᠢᠭᠰᠡᠨ ᠬᠠᠷᠠᠯᠲᠠ ᠪᠠᠨ ᠪᠡᠶᠡᠯᠡᠭᠦᠯᠦᠭᠰᠡᠨ ᠤᠤ  ᠪᠠᠶᠠᠷᠯᠠᠯ᠎ᠠ︕      ᠶᠧ ᠵᠢᠶᠠᠨ ᠴᠦᠨ 2020 — 09 — 24 10᠄ 17᠄ 36      ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠨᠢᠳᠤᠨᠤᠨ ᠤ ᠦᠶᠡᠷ ᠤᠨ ᠬᠤᠭᠤᠴᠠᠭᠠᠨ ᠤ ᠳᠠᠷᠠᠭ᠎ᠠ ᠪᠢᠳᠡ ᠳᠠᠷᠤᠶ ᠡᠨᠡ ᠵᠢᠯ ᠬᠡᠷᠬᠢᠨ ᠰᠡᠷᠭᠡᠶᠢᠯᠡᠬᠦ ᠲᠤᠬᠠᠶ ᠰᠤᠳᠤᠯᠵᠤ ᠪᠠᠶᠢᠭᠰᠠᠨ ᠶᠤᠮ᠂ ᠦᠨᠡᠨ ᠳᠡᠭᠡᠨ ᠵᠢᠯ ᠪᠦᠷᠢ ᠠᠳᠠᠯᠢᠬᠠᠨ ᠨᠢᠭᠡ ᠶᠠᠪᠤᠳᠠᠯ ᠢ ᠬᠢᠵᠦ ᠪᠠᠶᠢᠭᠰᠠᠨ ᠶᠤᠮ᠂ ᠣᠲᠣ ᠪᠠᠰᠠ ᠢᠷᠡᠬᠦ ᠵᠢᠯ ᠤᠨ ᠦᠶᠡᠷ ᠤᠰᠤᠳᠤᠯ ᠢ ᠬᠡᠷᠬᠢᠨ ᠰᠡᠷᠭᠡᠶᠢᠯᠡᠬᠦ ᠲᠤᠬᠠᠶ ᠪᠣᠳᠣᠯᠬᠢᠯᠠᠵᠤ ᠪᠠᠶᠢᠨ᠎ᠠ᠃ ᠡᠨᠡ ᠵᠢᠯ ᠤᠨ ᠪᠠᠶᠢᠳᠠᠯ ᠨᠡᠯᠢᠶᠡᠳ ᠣᠨᠴᠠᠭᠠᠶ᠂ ᠣᠯᠠᠨ ᠤ ᠮᠡᠳᠡᠭᠡᠵᠢ ᠪᠠᠷ᠂ ᠵᠢᠯ ᠤᠨ ᠡᠬᠢᠨ ᠳᠤ ᠬᠢᠵᠢᠭ ᠤᠨ ᠪᠠᠶᠢᠳᠠᠯ ᠤᠨ ᠨᠥᠯᠥᠭᠡ ᠳᠤᠩ ᠬᠦᠨᠳᠤ ᠨᠤᠴᠢᠳᠠᠢ᠂ ᠶᠡᠷᠦᠩᠬᠡᠶ ᠱᠦᠵᠢ 2 ᠰᠠᠷ᠎ᠠ ᠶᠢᠨ 23 ᠤ ᠡᠳᠦᠷ 17 ᠲᠦᠮᠡᠨ ᠬᠥᠮᠦᠨ ᠤ ᠶᠡᠭᠡ ᠬᠤᠷᠠᠯ ᠬᠤᠷᠠᠯᠳᠤᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠨᠢᠭᠡᠳᠦᠯᠲᠡᠶ ᠲᠥᠯᠥᠪᠯᠡᠨ       ᠠᠬᠢᠭᠤᠯᠵᠤ᠂ ᠬᠤᠷᠠᠯ ᠳᠡᠭᠡᠷ᠎ᠡ ᠶᠡᠷᠦᠩᠬᠡᠶ ᠱᠦᠵᠢ᠂ ᠴᠠᠭ ᠢᠮᠠᠭᠲᠠ ᠬᠡᠷᠰᠡᠦ ᠪᠣᠯᠭᠤᠮᠵᠢᠲᠠᠶ ᠪᠠᠶᠢᠵᠤ᠂ ᠨᠠᠪᠴᠢ ᠰᠢᠷᠠᠯᠠᠪᠠᠰᠤ ᠨᠠᠮᠤᠷ ᠪᠤᠯᠤᠭᠰᠠᠨ ᠢ ᠮᠡᠳᠡᠭᠦ ᠶᠢ ᠬᠤᠷᠴᠠ ᠰᠡᠷᠭᠡᠭ ᠢ ᠣᠯᠵᠤ ᠬᠠᠷᠠᠬᠤ ᠬᠡᠷᠡᠭᠲᠡᠶ᠂ ᠥᠪᠡᠷ ᠤᠨ ᠬᠠᠷᠢᠭᠤᠴᠠᠵᠤ ᠪᠠᠶᠢᠭ᠎ᠠ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ ᠰᠡᠷᠭᠡᠶᠢᠯᠡᠬᠦ ᠬᠡᠷᠡᠭᠲᠡᠶ ᠮᠥᠷᠲᠡᠭᠡᠨ ᠪᠠᠰᠠ ᠪᠥᠬᠦ ᠲᠠᠯ᠎ᠠ ᠶᠢᠨ ᠴᠢᠨᠠᠷᠲᠠᠶ ᠬᠦᠨᠳᠦ ᠶᠡᠭᠡ ᠠᠶᠤᠯ ᠲᠦᠭᠰᠢᠭᠦᠷᠢ ᠶᠢ ᠨᠢᠭᠲᠠ        ᠠᠩᠬᠠᠷᠴᠤ᠂ ᠲᠡᠷᠡ ᠳᠠᠷᠤᠶ ᠳᠤᠨᠢ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ ᠭᠡᠵᠡᠶ ᠴᠢᠬᠤᠯᠠᠴᠢᠯᠠᠭᠰᠠᠨ ᠪᠠᠶᠢᠨ᠎ᠠ᠃      ᠪᠢᠳᠡᠨ ᠢᠶᠠᠷ ᠠᠪᠴᠤ ᠬᠡᠯᠡᠪᠡᠯ᠂ ᠥᠪᠡᠷ ᠤᠨ ᠬᠠᠷᠢᠭᠤᠴᠠᠵᠤ ᠪᠠᠶᠢᠭ᠎ᠠ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠵᠤ᠂ ᠦᠶᠡᠷ ᠤᠰᠤᠳᠤᠯ ᠢ ᠰᠡᠷᠭᠡᠶᠢᠯᠡᠬᠦ ᠪᠣᠯ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠤᠯᠤᠨ᠎ᠠ᠂ ᠪᠠᠰᠠ ᠴᠤ ᠪᠦᠬᠦ ᠲᠠᠯ᠎ᠠ ᠶᠢᠨ ᠴᠢᠨᠠᠷᠲᠠᠶ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠶᠠᠪᠤᠳᠠᠯ ᠪᠤᠯᠤᠨ᠎ᠠ᠃ ᠡᠶᠢᠮᠦ ᠠᠴᠠ ᠪᠢᠳᠡ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠳᠤᠨᠤᠨ ᠤ ᠦᠶᠡᠷ ᠤᠨ ᠲᠠᠷᠠᠭ᠎ᠠ ᠡᠬᠢᠯᠡᠨ ᠰᠤᠳᠤᠯᠤᠭᠰᠠᠨ ᠠᠰᠠᠭᠤᠳᠠᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠲᠡᠦᠬᠡᠨ ᠳᠡᠭᠡᠷᠡᠬᠢ ᠪᠠᠶᠢᠳᠠᠯ ᠢ ᠭᠦᠨᠵᠡᠭᠡᠶ ᠵᠠᠳᠠᠯᠤᠨ ᠳ᠋ᠦᠩᠨᠡᠵᠦ᠂ ᠢᠯᠠᠩᠭᠤᠶ᠎ᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠦᠶᠡᠷ ᠤᠰᠤᠳᠤᠯ ᠢ ᠰᠡᠷᠭᠡᠶᠢᠯᠡᠬᠦ ᠴᠢᠬᠤᠯᠠ ᠶᠡᠭᠡ ᠪᠠᠶᠢᠳᠠᠯ ᠳᠤ ᠭᠦᠨᠵᠡᠭᠡᠶ ᠵᠠᠳᠠᠯᠤᠯᠲᠠ ᠬᠢᠵᠦ᠂ ᠦᠶᠡᠷ ᠤᠰᠤᠳᠤᠯ ᠢ ᠰᠡᠷᠭᠡᠶᠢᠯᠡᠬᠦ ᠬᠦᠷᠢᠶᠡᠨ ᠳᠤ ᠪᠠᠰᠠ ᠶᠠᠮᠠᠷ ᠶᠠᠮᠠᠷ ᠠᠶᠤᠯ ᠲᠦᠭᠰᠢᠭᠦᠷᠢ ᠣᠷᠣᠰᠢᠵᠤ ᠪᠠᠶᠢᠬᠤ᠂ ︽ᠪᠣᠷᠣ ᠬᠡᠷᠢᠰ︾᠂ ︽ᠬᠠᠷ᠎ᠠ ᠬᠤᠨ︾ ᠭᠡᠳᠡᠭ ᠢ ᠡᠷᠢᠵᠦ ᠣᠯᠤᠭᠰᠠᠨ ᠪᠠᠶᠢᠨ᠎ᠠ᠃ ᠦᠨᠡᠨ ᠳᠡᠭᠡᠨ ︽ᠪᠣᠷᠣ ᠬᠡᠷᠢᠰ︾ ᠪᠠ ︽ᠬᠠᠷ᠎ᠠ ᠬᠤᠨ︾ ᠨᠢ ᠴᠦ ᠬᠠᠷᠢᠴᠠᠯᠠᠰᠢ ᠥᠬᠡᠶ ᠪᠢᠰᠢ᠂ ᠦᠶᠡᠷ ᠤᠰᠤᠳᠤᠯ ᠢ ᠰᠡᠷᠭᠡᠶᠢᠯᠡᠬᠦ ᠪᠣᠯ ᠶᠡᠷᠦᠳᠡ ᠶᠢᠨ ᠠᠵᠢᠯ ᠪᠤᠯᠤᠨ᠎ᠠ᠂ ᠭᠡᠪᠡᠴᠦ ᠦᠶᠡᠷ ᠤᠰᠤᠳᠤᠯ ᠲᠣᠭᠲᠠᠭᠰᠠᠨ ᠪᠠᠷᠢᠮᠵᠢᠶ᠎ᠠ ᠠᠴᠠ ᠬᠡᠲᠦᠷᠡᠪᠡᠯ ︽ᠬᠠᠷ᠎ᠠ ᠬᠤᠨ︾ ᠤ ᠬᠡᠷᠡᠭ ᠭᠠᠷᠤᠨ᠎ᠠ᠃      ᠢᠯᠠᠩᠭᠤᠶ᠎ᠠ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ᠂ ᠤᠰᠤᠨ ᠴᠥᠭᠦᠷᠥᠮ ᠤᠨ ᠠᠳᠡᠯ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠶᠢ ᠴᠢᠬᠤᠯᠠᠴᠢᠯᠠᠬᠤ ᠬᠡᠷᠡᠭᠲᠡᠢ᠂ ︽ᠭᠤᠷᠪᠠᠨ ᠶᠡᠭᠡ ᠠᠶᠤᠯ ᠲᠦᠭᠰᠢᠭᠦᠷᠢ︾ ᠨᠢ ᠴᠥᠮ ᠤᠯᠠᠨ ᠬᠥᠮᠦᠨ ᠦᠬᠦᠵᠦ ᠰᠢᠷᠬᠠᠲᠤᠬᠤ ᠪᠣᠯᠤᠮᠵᠢ ᠶᠢ ᠪᠤᠢ ᠪᠣᠯᠭᠠᠵᠤ᠂ ᠶᠡᠷᠦᠩᠬᠡᠢ ᠱᠦᠵᠢ ᠶᠢᠨ ᠬᠡᠯᠡᠭᠰᠡᠨ ᠰᠢᠭ ᠬᠦᠨᠳᠦ ᠶᠡᠭᠡ ᠠᠶᠤᠯ ᠲᠦᠭᠰᠢᠭᠦᠷᠢ ᠶᠢ ᠪᠤᠢ ᠪᠣᠯᠭᠠᠵᠤ ᠮᠡᠳᠡᠬᠦ ᠪᠥᠭᠡᠳ ᠪᠦᠬᠦ ᠨᠡᠶᠢᠭᠡᠮ ᠳᠤ ᠴᠦ ᠮᠠᠰᠢ ᠶᠡᠭᠡ ᠨᠥᠯᠥᠭᠡ ᠦᠵᠡᠭᠦᠯᠵᠦ ᠮᠡᠳᠡᠬᠦ ᠶᠤᠮ᠃ ᠡᠶᠢᠮᠦ ᠠᠴᠠ᠂ ᠡᠳᠡᠭᠡᠷ ᠲᠤ ᠴᠢᠭᠯᠡᠭᠦᠯᠦᠨ᠂ ᠪᠢᠳᠡ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠡᠮᠬᠢ ᠵᠢᠷᠤᠮ ᠥᠬᠡᠶ ᠳᠠᠶᠢᠨ ᠬᠢᠵᠦ ᠪᠣᠯᠬᠤ ᠥᠬᠡᠶ᠂ ᠪᠠᠷᠢᠮᠵᠢᠶ᠎ᠠ ᠶᠢᠨ ᠳᠣᠲᠣᠷᠠᠬᠢ ᠦᠶᠡᠷ ᠤᠰᠤᠳᠤᠯ ᠳᠤ ᠰᠠᠨᠠᠭᠠᠨ ᠳᠤ ᠥᠬᠡᠶ ᠬᠡᠷᠡᠭ ᠭᠠᠷᠴᠤ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ︔ ᠤᠰᠤᠨ ᠴᠥᠭᠦᠷᠥᠮ ᠤᠨ ᠠᠵᠢᠯ ᠨᠢ ᠬᠦᠷᠦᠯᠴᠡᠬᠦ ᠦᠭᠡᠢ ᠠᠴᠠ ᠪᠤᠯᠵᠤ ᠬᠠᠰᠢᠯᠭ᠎ᠠ ᠶᠢ ᠨᠤᠷᠠᠭᠠᠬᠤ ᠠᠳᠡᠯ ᠭᠠᠷᠭᠠᠬᠤ ᠦᠭᠡᠢ᠂ ᠤᠰᠤᠨ ᠴᠥᠭᠦᠷᠥᠮ ᠤᠨ ᠬᠢᠨ ᠬᠠᠰᠢᠯᠭ᠎ᠠ ᠨᠤᠷᠠᠪᠠᠯ ᠳᠤᠤᠷᠠᠳᠤ ᠤᠷᠤᠰᠬᠠᠯ ᠨᠢ ᠮᠠᠰᠢ ᠶᠡᠭᠡ ᠭᠠᠮᠰᠢᠭ ᠲᠤ ᠤᠴᠠᠷᠠᠭᠤᠯᠬᠤ ᠶᠢ ᠤᠯᠠᠨ ᠢᠶᠠᠷ ᠢᠶᠠᠨ ᠪᠦᠷ ᠮᠡᠳᠡᠵᠤ ᠪᠠᠶᠢᠨ᠎ᠠ︔ ᠳᠠᠬᠢᠪᠠᠯ ᠠᠭᠤᠯᠠᠨ ᠦᠶᠡᠷ ᠤᠨ ᠭᠠᠮᠰᠢᠭ ᠲᠤ ᠣᠯᠠᠨ ᠬᠥᠮᠦᠨ ᠥᠭᠦᠵᠦ ᠣᠯᠠᠨ ᠬᠥᠮᠦᠨ ᠰᠢᠷᠬᠠᠲᠤᠬᠤ ᠪᠠᠶᠢᠳᠠᠯ ᠭᠠᠷᠴᠤ ᠪᠣᠯᠬᠤ ᠥᠬᠡᠶ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠳᠤ ᠬᠦᠴᠢᠷ ᠤᠨ ᠬᠡᠮᠵᠢᠶ᠎ᠡ ᠶᠡᠭᠡ ᠪᠣᠯᠬᠤᠷ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ ᠨᠡᠭᠦᠯᠭᠡᠨ ᠰᠢᠯᠵᠢᠭᠦᠯᠬᠦ ᠯᠡ ᠬᠡᠷᠡᠭᠲᠡᠶ᠃ ᠪᠢᠳᠡ ᠡᠭᠦᠨ ᠢ ᠡᠨᠡ ᠵᠢᠯ ᠤᠨ ᠬᠠᠷᠠᠯᠲᠠ ᠪᠠᠨ ᠪᠣᠯᠭᠠᠵᠤ᠂ ᠳᠠᠷᠠᠭ᠎ᠠ ᠨᠢ ᠡᠨᠡ ᠬᠦ ᠬᠠᠷᠠᠯᠲᠠ ᠳᠤ ᠴᠢᠭᠯᠡᠭᠦᠯᠦᠨ ᠨᠢᠭᠡᠳ ᠨᠢᠭᠡ ᠪᠠᠷ ᠨᠠᠷᠢᠯᠢᠬᠵᠢᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ᠶᠧ ᠵᠢᠶᠠᠨ ᠴᠦᠨ 2020 — 09 — 24 10᠄ 20᠄ 14      ᠡᠨᠡ ᠵᠢᠯ ᠤᠨ ᠦᠶᠡᠷ ᠤᠰᠤᠳᠤᠯ ᠤᠨ ᠪᠠᠶᠢᠳᠠᠯ ᠢ ᠪᠢ ᠡᠮᠦᠨ᠎ᠡ ᠨᠢᠭᠡᠨᠲᠡ ᠲᠠᠨᠢᠯᠴᠠᠭᠤᠯᠵᠤ ᠥᠩᠭᠡᠷᠡᠭᠰᠡᠨ ᠶᠤᠮ᠂ ᠦᠶᠡᠷ ᠠᠴᠠ ᠡᠮᠦᠨ᠎ᠡ ᠮᠠᠨ ᠤ ᠳᠤᠷᠠᠳᠤᠭᠰᠠᠨ ᠰᠡᠷᠭᠡᠶᠢᠯᠡᠬᠦ ᠬᠠᠷᠠᠯᠲᠠ ᠶᠢᠨ ᠶᠣᠰᠣᠭᠠᠷ᠂ ᠪᠦᠬᠦ ᠰᠢᠰᠲ᠋ᠧᠮ ᠢᠶᠠᠷ ᠢᠶᠠᠨ ᠬᠠᠮᠲᠤ ᠪᠠᠷ ᠴᠢᠷᠮᠠᠶᠢᠵᠤ᠂ ᠵᠣᠬᠢᠴᠠᠩᠭᠤᠢ ᠰᠡᠷᠭᠡᠶᠢᠯᠡᠯᠲᠡ ᠶᠢᠨ ᠠᠵᠢᠯ ᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠪᠡ᠃      ᠡᠨᠡ ᠬᠦ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠴᠢᠭᠯᠡᠭᠦᠯᠦᠨ᠂ ᠪᠢᠳᠡ ᠦᠶᠡᠷ ᠠᠴᠠ ᠡᠮᠦᠨ᠎ᠡ ᠡᠯ᠎ᠡ ᠮᠤᠵᠢ ᠬᠤᠲᠠ᠂ ᠡᠯ᠎ᠡ ᠰᠠᠪᠠ ᠭᠠᠵᠠᠷ ᠢ ᠪᠠᠭᠲᠠᠭᠠᠭᠰᠠᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠣᠷᠣᠨ ᠲᠣᠭᠠᠨ ᠤ ᠰᠡᠷᠭᠡᠶᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠵᠤ᠂ ᠡᠨᠡ ᠬᠦ ᠰᠡᠷᠭᠡᠶᠢᠯᠡᠯᠲᠡ ᠶᠢᠨ ᠲᠥᠰᠦᠯ ᠳᠤ ᠮᠠᠰᠢ ᠴᠢᠬᠤᠯᠠ ᠬᠤᠶᠠᠷ ᠴᠢᠬᠤᠯᠠ ᠵᠦᠢᠯ ᠪᠤᠢ᠂ ᠨᠢᠭᠡ ᠨᠢ ᠳᠠᠷᠤᠶ ᠬᠥᠮᠦᠨ ᠤ ᠠᠮᠤᠷ ᠲᠦᠪᠰᠢᠨ ᠢᠶᠠᠷ ᠬᠤᠷᠢᠭ᠎ᠠ ᠱᠤᠭᠤᠮ ᠪᠣᠯᠭᠠᠨ᠎ᠠ᠂ ᠨᠦᠭᠦᠭᠡ ᠨᠢ ᠵᠠᠩᠭᠢᠯᠠᠭ᠎ᠠ ᠶᠢᠨ ᠭᠤᠭᠴᠤᠭ᠎ᠠ ᠶᠢᠨ ᠤᠰᠤᠨ ᠲᠦᠪᠰᠢᠨ ᠪᠤᠶᠤ ᠤᠷᠤᠰᠬᠠᠯ ᠤᠨ ᠬᠡᠮᠵᠢᠶ᠎ᠡ ᠪᠠᠷ ᠭᠦᠢᠴᠡᠳᠬᠡᠯ ᠲᠤᠭ᠎ᠠ ᠪᠣᠯᠭᠠᠵᠤ᠂ ᠡᠯ᠎ᠡ ᠰᠠᠪᠠ ᠭᠠᠵᠠᠷ ᠪᠤᠶᠤ ᠡᠯ᠎ᠡ ᠮᠤᠵᠢ ᠶᠢᠨ ᠵᠣᠬᠢᠴᠠᠩᠭᠤᠶ ︽ᠠᠵᠢᠯᠯᠠᠭᠠᠨ ᠤ ᠵᠢᠷᠤᠭ︾ ᠢ ᠲᠣᠭᠲᠠᠭᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠲᠣᠬᠢᠷᠠᠭᠤᠯᠤᠨ ᠬᠡᠷᠡᠭᠯᠡᠬᠦ᠂ ᠬᠥᠮᠦᠨ ᠢ ᠰᠢᠯᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠠᠶᠢᠯᠠᠯᠳᠤᠭᠠᠨ ᠢ ᠰᠠᠮᠠᠭᠤᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠵᠢᠱᠢᠶᠡᠯᠡᠪᠡᠯ ᠮᠠᠨ ᠤ ᠡᠨᠡ ᠵᠢᠯ ᠤᠨ ᠬᠤᠸᠠᠶᠢᠾᠧ ᠭᠤᠣᠯ ᠢ ᠤᠯᠡᠠ ᠢᠶᠠᠷ ᠢᠶᠠᠨ ᠪᠦᠷ ᠮᠡᠳᠡᠵᠦ ᠪᠠᠶᠢᠬᠤ ᠪᠤᠯ ᠨᠡᠯᠢᠶᠡᠳ ᠨᠡᠶᠢᠲᠡᠯᠢᠭ ᠵᠢᠱᠢᠶ᠎ᠡ ᠪᠤᠯᠬᠤ ᠸᠠᠩ ᠵᠢᠶᠠ ᠪᠠ ᠬᠠᠰᠢᠯᠭ᠎ᠠ ᠶᠢᠨ ᠤᠰᠤᠨ ᠲᠦᠪᠰᠢᠨ ᠦᠳᠲᠡᠷ ᠲᠦᠷᠭᠡᠨ ᠳᠡᠭᠡᠭᠰᠢᠯᠡᠵᠦ᠂ ᠪᠢᠳᠡ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠬᠥᠮᠦᠰ ᠢ ᠤᠷᠢᠳᠴᠢᠯᠠᠨ ᠨᠡᠭᠦᠯᠭᠡᠨ ᠰᠢᠯᠵᠢᠭᠦᠯᠬᠦ ᠪᠠᠷ ᠮᠡᠳᠡᠭᠳᠡᠵᠦ᠂ ᠪᠠᠷᠤᠭ 7 ᠰᠠᠷ᠎ᠠ ᠶᠢᠨ 15᠂ 16 ᠤ ᠡᠳᠦᠷ ᠤᠨ ᠦᠶ᠎ᠡ ᠪᠠᠷ ᠠᠨᠾᠦ᠋ᠢ ᠮᠤᠵᠢ ᠲᠠᠢ ᠵᠥᠪᠳᠡᠯᠴᠡᠵᠦ᠂ ᠠᠵᠢᠯᠲᠠᠨ ᠢᠶᠠᠨ ᠵᠣᠬᠢᠰᠲᠠᠶ ᠪᠠᠷ ᠰᠢᠯᠵᠢᠭᠦᠯᠵᠦ᠂ ᠤᠰᠤᠨ ᠤ ᠲᠦᠪᠰᠢᠨ ᠢ ᠪᠠᠲᠤᠯᠠᠭ᠎ᠠ ᠠᠴᠠ ᠬᠡᠲᠦᠷᠡᠭᠰᠡᠨ ᠪᠣᠯ 19 ᠤ ᠡᠳᠦᠷ ᠪᠣᠯᠤᠨ᠎ᠠ᠂ ᠪᠢᠳᠡ ᠨᠠᠷᠢᠨ ᠬᠢᠨᠠᠮᠠᠭᠠᠶ ᠵᠠᠳᠠᠯᠤᠯᠲᠠ ᠬᠢᠵᠦ᠂ ᠪᠦᠬᠦᠨ ᠢ ᠨᠡᠭᠦᠯᠭᠡᠨ ᠰᠢᠯᠵᠢᠭᠦᠯᠦᠭᠰᠡᠨ ᠢ ᠨᠤᠲᠠᠯᠠᠭᠰᠠᠨ ᠰᠠᠭᠤᠷᠢᠨ ᠳᠡᠭᠡᠷ᠎ᠡ ᠦᠶᠡᠷ ᠢ ᠡᠬᠢᠯᠡᠵᠦ ᠬᠤᠪᠢᠶᠠᠨ᠎ᠠ᠂ ᠡᠨᠡ ᠪᠣᠯ 20 ᠤ ᠡᠳᠦᠷ ᠪᠤᠯᠤᠨ᠎ᠠ᠂ ᠤᠯᠤᠰ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠢ ᠰᠡᠷᠭᠡᠶᠢᠯᠡᠬᠦ ᠠᠵᠢᠯ ᠤᠨ ᠶᠡᠷᠦᠩᠬᠡᠢ ᠵᠢᠯᠤᠭᠤᠳᠬᠤ ᠭᠠᠵᠠᠷ ᠤᠨ ᠶᠡᠷᠦᠩᠬᠡᠶ ᠺᠣᠮᠠᠨᠳ᠋ᠯᠠᠭᠴᠢ ᠸᠠᠩ ᠶᠦᠩ ᠤᠨ ᠵᠥᠪᠰᠢᠶᠡᠷᠡᠯ ᠢᠶᠠᠷ ᠸᠠᠩ ᠵᠢᠶᠠ ᠪᠠ ᠬᠠᠰᠢᠯᠭ᠎ᠠ ᠶᠢ ᠴᠠᠭ ᠲᠤᠬᠠᠶ ᠳᠤᠨᠢ ᠨᠡᠭᠡᠭᠡᠵᠦ ᠦᠶᠡᠷ ᠢ ᠬᠤᠪᠢᠶᠠᠨ᠎ᠠ᠃ ᠡᠯ᠎ᠡ ᠲᠠᠯ᠎ᠠ ᠶᠢᠨ ᠬᠢᠨ ᠤ ᠡᠮᠬᠢ ᠵᠢᠷᠤᠮ ᠲᠠᠢ ᠬᠠᠮᠵᠢᠯᠴᠠᠭ᠎ᠠ ᠪᠠ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ ᠡᠨᠡ ᠤᠳᠠᠭ᠎ᠠ ᠶᠢᠨ ᠬᠤᠸᠠᠶᠢᠾᠧ ᠭᠤᠣᠯ ᠤᠨ ᠶᠡᠭᠡ ᠤᠰᠤᠨ ᠳᠤ ᠨᠢᠭᠡ ᠬᠥᠮᠦᠨ ᠴᠦ ᠦᠬᠦᠵᠦ ᠰᠢᠷᠬᠠᠲᠤᠭᠰᠠᠨ ᠦᠭᠡᠢ᠂ ᠤᠰᠤᠨ ᠴᠥᠭᠦᠷᠥᠮ ᠤᠨ ᠬᠠᠰᠢᠯᠭ᠎ᠠ ᠶᠢ ᠴᠤ ᠰᠦᠢᠷᠡᠭᠦᠯᠦᠭᠰᠡᠨ ᠦᠭᠡᠢ᠂ ᠭᠤᠣᠯ ᠪᠣᠯᠬᠤ ᠬᠠᠰᠢᠯᠭ᠎ᠠ ᠳᠠᠯᠠᠩ ᠳᠤ ᠬᠦᠨᠳᠦ ᠶᠡᠭᠡ ᠠᠶᠤᠯ ᠲᠦᠭᠰᠢᠭᠦᠷᠢ ᠭᠠᠷᠤᠭᠰᠠᠨ ᠦᠭᠡᠢ᠂ ᠰᠡᠷᠭᠡᠶᠢᠯᠡᠬᠦ ᠠᠴᠠ ᠪᠢᠰᠢ ᠰᠠᠮᠠᠭᠤᠷᠠᠬᠤ ᠦᠭᠡᠢ᠂ 13 ᠵᠢᠯ ᠤᠨ ᠲᠤᠷᠰᠢ ᠠᠩᠬ᠎ᠠ ᠤᠳᠠᠭ᠎ᠠ ᠦᠶᠡᠷ ᠢ ᠵᠠᠯᠠᠵᠤ᠂ ᠡᠶᠢᠮᠦ ᠶᠡᠭᠡ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠰᠠᠮᠠᠭᠤᠷᠠᠯ ᠡᠭᠦᠰᠦᠭᠰᠡᠨ ᠦᠭᠡᠢ᠂ ᠡᠮᠬᠢ ᠵᠢᠷᠤᠮ ᠲᠠᠢ ᠪᠠᠷ ᠰᠡᠷᠭᠡᠶᠢᠯᠡᠨ ᠬᠤᠷᠢᠭᠯᠠᠵᠤ᠂ ᠨᠢᠭᠡ ᠤᠳᠠᠭᠠᠨ ᠤ ᠭᠠᠶᠢᠬᠠᠮᠰᠢᠭᠲᠤ ᠲᠠᠶᠢᠯᠠᠯᠳᠤᠭᠠᠨ ᠬᠢᠭᠰᠡᠨ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠡᠭᠦᠨ ᠤ ᠳᠠᠷᠠᠭ᠎ᠠ ᠠᠨᠾᠦ᠋ᠢ ᠶᠢᠨ ᠦᠶᠡᠷ ᠤᠰᠤᠳᠤᠯ ᠢ ᠰᠡᠷᠭᠡᠶᠢᠯᠡᠬᠦ ᠠᠵᠢᠯ ᠢ ᠪᠠᠶᠢᠴᠠᠭᠠᠨ ᠦᠵᠡᠬᠦ ᠳᠡᠭᠡᠨ ᠡᠨᠡ ᠤᠴᠢᠷ ᠢ ᠭᠦᠢᠴᠡᠳ ᠨᠤᠲᠠᠯᠠᠭᠰᠠᠨ ᠪᠠᠶᠢᠨ᠎ᠠ᠃      ᠶᠧ ᠵᠢᠶᠠᠨ ᠴᠦᠨ 2020 — 09 — 24 10᠄ 23᠄ 39      ᠤᠰᠤᠨ ᠴᠥᠭᠦᠷᠥᠮ ᠤᠨ ᠠᠮᠤᠷ ᠲᠦᠪᠰᠢᠨ ᠤ ᠲᠠᠯ᠎ᠠ ᠪᠠᠷ᠂ ᠪᠢᠳᠡ ᠤᠰᠤᠨ ᠴᠥᠭᠦᠷᠥᠮ ᠤᠨ ᠠᠮᠤᠷ ᠲᠦᠪᠰᠢᠨ ᠤ ᠬᠠᠷᠢᠭᠤᠴᠠᠯᠭᠠᠲᠠᠨ ᠢ ᠱᠠᠲᠤ ᠳᠠᠷᠠᠭᠠᠯᠠᠨ ᠨᠡᠶᠢᠲᠡᠯᠡᠵᠦ᠂ ᠬᠤᠶᠠᠷ ︽ᠭᠤᠷᠪᠠ︾ ᠶᠢ ᠭᠤᠤᠯᠳᠠᠯᠭ᠎ᠠ ᠲᠠᠢ ᠠᠳᠬᠤᠪᠠ᠄ ᠨᠢᠭᠡ ᠨᠢ ︽ᠭᠤᠷᠪᠠᠨ ᠬᠠᠷᠢᠭᠤᠴᠠᠯᠭᠠᠲᠠᠨ︾᠂ ᠵᠠᠰᠠᠭ ᠵᠠᠬᠢᠷᠭᠠᠨ᠂ ᠮᠡᠷᠭᠡᠵᠢᠯ ᠪᠠ ᠲᠣᠭᠤᠷᠢᠨ ᠪᠠᠶᠢᠴᠠᠭᠠᠬᠤ ᠬᠠᠷᠢᠭᠤᠴᠠᠯᠭᠠᠲᠠᠨ ᠢ ᠭᠤᠤᠯᠳᠠᠯᠭ᠎ᠠ ᠲᠠᠢ ᠠᠳᠬᠤᠪᠠ︔ ᠨᠢᠭᠡ ᠨᠢ ︽ᠭᠤᠷᠪᠠᠨ ᠭᠤᠣᠯᠳᠠᠯᠭ᠎ᠠ ᠲᠠᠢ ᠭᠤᠭᠴᠤᠭ᠎ᠠ︾᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠲᠣᠬᠢᠷᠠᠭᠤᠯᠤᠨ ᠬᠡᠷᠡᠭᠯᠡᠬᠦ ᠲᠥᠰᠦᠯ ᠪᠣᠯᠤᠨ ᠦᠶᠡᠷ ᠤᠰᠤᠳᠤᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ᠎ᠠ᠃ ᠡᠭᠦᠨ ᠤ ᠬᠠᠮᠳᠤ᠂ ᠪᠢᠳᠡ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢ ᠤᠶᠠᠯᠳᠤᠭᠤᠯᠵᠤ᠂ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠤᠨ ᠬᠢᠵᠠᠭᠠᠷ ᠤᠨ ᠤᠰᠤᠨ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠶᠡᠷ ᠤᠰᠤᠳᠤᠯ ᠢ ᠰᠡᠷᠭᠡᠶᠢᠯᠡᠬᠦ ᠲᠤᠬᠢᠷᠠᠭᠤᠯᠤᠯᠲᠠ ᠬᠡᠷᠡᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ︽ᠲᠦᠷᠪᠡᠨ ᠦᠯᠦ ᠬᠤᠶᠠᠷ ᠰᠢᠯᠤᠭᠤᠨ︾ ᠨᠢᠭᠤᠴᠠ ᠪᠠᠷ ᠰᠤᠷᠪᠤᠯᠵᠢᠯᠠᠬᠤ ᠶᠢ ᠦᠷᠭᠦᠯᠵᠢᠯᠡᠨ ᠥᠷᠨᠢᠭᠦᠯᠵᠦ᠂ ᠵᠣᠬᠢᠴᠠᠩᠭᠤᠶ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠤᠨ᠎ᠠ᠂ ᠡᠭᠦᠨ ᠤ ᠭᠤᠣᠯᠳᠠᠯᠭ᠎ᠠ ᠨᠢ ︽ᠭᠤᠷᠪᠠᠨ ᠬᠠᠷᠢᠭᠤᠴᠠᠯᠭᠠᠲᠠᠨ︾ ᠪᠣᠯᠤᠨ᠎ᠠ᠂ ︽ᠭᠤᠷᠪᠠᠨ ᠭᠤᠣᠯᠳᠠᠯᠭ᠎ᠠ ᠲᠠᠢ ᠭᠤᠭᠴᠤᠭ᠎ᠠ︾ ᠶᠢ ᠴᠥᠮ ᠮᠠᠨ ᠤ ᠱᠠᠭᠠᠷᠳᠠᠯᠭ᠎ᠠ ᠶᠣᠰᠣᠭᠠᠷ ᠪᠣᠳᠠᠲᠠᠶ ᠪᠠᠷ ᠭᠦᠢᠴᠡᠳᠬᠡᠨ᠎ᠡ᠃ ᠡᠨᠡ ᠵᠢᠯ ᠤᠨ ᠦᠶᠡᠷ ᠤᠰᠤᠳᠤᠯ ᠤᠨ ᠪᠠᠶᠢᠳᠠᠯ ᠡᠶᠢᠮᠦ ᠬᠦᠨᠳᠦ ᠨᠣᠴᠢᠲᠠᠶ ᠪᠣᠯᠤᠭᠰᠠᠨ ᠪᠠᠶᠢᠳᠠᠯ ᠤᠨ ᠳᠣᠣᠷ᠎ᠠ᠂ ᠮᠠᠨ ᠤ ᠲᠣᠭᠤᠷᠢᠨ ᠪᠠᠶᠢᠴᠠᠭᠠᠬᠤ ᠬᠠᠷᠢᠭᠤᠴᠠᠯᠭᠠᠲᠠᠨ ᠠᠴᠠ ᠨᠢᠭᠡ ᠪᠠᠭ᠎ᠠ ︵2︶ ᠬᠡᠯᠪᠡᠷᠢ ᠶᠢᠨ ᠤᠰᠤᠨ ᠴᠥᠭᠦᠷᠥᠮ ᠳᠤ ᠬᠠᠰᠢᠯᠭ᠎ᠠ ᠨᠤᠷᠠᠭᠰᠠᠨ ᠪᠠᠶᠢᠳᠠᠯ ᠢ ᠳᠤᠤᠷᠠᠳᠤ ᠤᠷᠤᠰᠬᠠᠯ ᠳᠤ ᠴᠠᠭ ᠲᠤᠬᠠᠶ ᠳᠤᠨᠢ ᠬᠡᠯᠡᠵᠦ ᠥᠭᠭᠦᠭᠰᠡᠨ ᠠᠴᠠ ᠳᠤᠤᠷᠠᠳᠤ ᠤᠷᠤᠰᠬᠠᠯ ᠤᠨ ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠤᠯᠠᠨ ᠲᠦᠮᠡᠨ ᠴᠠᠭ ᠲᠤᠬᠠᠶ ᠳᠤᠨᠢ ᠬᠠᠷᠢᠭᠤ ᠲᠤᠰᠬᠠᠯ ᠭᠠᠷᠭᠠᠵᠤ᠂ ᠨᠢᠭᠡ ᠴᠦ ᠬᠥᠮᠦᠨ ᠦᠬᠦᠵᠦ ᠰᠢᠷᠬᠠᠲᠤᠭᠰᠠᠨ ᠦᠭᠡᠢ᠂ ᠡᠶᠢᠮᠦ ᠠᠴᠠ ᠡᠨᠡ ᠪᠣᠯ ᠡᠨᠡ ᠭᠤᠷᠪᠠᠨ ᠬᠠᠷᠢᠭᠤᠴᠠᠯᠭᠠᠲᠠᠨ ᠤ ᠠᠵᠢᠯ ᠢ ᠪᠠᠷᠢᠭᠠᠳ ᠣᠯᠤᠭᠰᠠᠨ ᠮᠠᠰᠢ ᠢᠯᠡᠷᠬᠡᠶ ᠦᠷ᠎ᠡ ᠪᠦᠲᠦᠮᠵᠢ ᠪᠤᠯᠤᠨ᠎ᠠ᠃      ᠠᠭᠤᠯᠠᠨ ᠦᠶᠡᠷ ᠤᠨ ᠭᠠᠮᠰᠢᠭ ᠤᠨ ᠲᠤᠬᠠᠶ᠂ ᠤᠰᠤᠨ ᠠᠰᠢᠭᠯᠠᠯᠲᠠ ᠶᠢᠨ ᠶᠠᠮᠤᠨ ᠠᠴᠠ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠠ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠᠨ ᠲᠤᠮᠤ ᠡᠵᠡᠩᠨᠡᠯᠲᠡ ᠶᠢᠨ ᠬᠤᠳᠠᠯᠳᠤᠭᠠᠴᠢᠨ︾ ᠲᠠᠢ ᠨᠢᠭᠲᠠ ᠬᠠᠮᠵᠢᠯᠴᠠᠨ᠂ ᠠᠭᠤᠯᠠᠨ ᠦᠶᠡᠷ ᠤᠨ ᠭᠠᠮᠰᠢᠭ ᠤᠨ ᠡᠳᠡᠭᠡᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠷᠬᠠᠭᠠᠵᠤ᠂ ᠰᠦᠷᠳᠡᠭᠦᠯᠦᠯ ᠳᠤ ᠤᠴᠠᠷᠠᠭᠰᠠᠨ ᠪᠤᠢ ᠪᠦᠬᠦᠢ ᠬᠥᠮᠦᠰ ᠲᠤ ᠳᠠᠮᠵᠢᠭᠤᠯᠵᠠᠢ᠃ ᠡᠭᠦᠨ ᠤ ᠬᠠᠮᠳᠤ᠂ ᠦᠨᠳᠦᠰᠦᠨ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠢ ᠵᠢᠭᠠᠨ ᠵᠢᠯᠣᠭᠤᠳᠴᠤ ᠪᠠᠶᠢᠭᠠᠳ ︽ᠴᠢᠭᠯᠡᠯ ᠨᠢ ᠲᠠᠭᠠᠷᠠᠵᠤ᠂ ᠲᠦᠷᠭᠡᠨ ᠭᠦᠶᠦᠬᠦ︾ ᠡᠶᠢᠮᠦ ᠨᠢᠭᠡᠨ ᠠᠷᠭ᠎ᠠ ᠵᠠᠮ ᠢᠶᠠᠷ ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠤᠯᠠᠨ ᠲᠦᠮᠡᠨ ᠢ ᠵᠣᠬᠢᠶᠠᠨ ᠪᠠᠶᠢᠭᠤᠯᠤᠨ ᠴᠠᠭ ᠲᠤᠬᠠᠶ ᠳᠤᠨᠢ ᠨᠡᠭᠦᠯᠭᠡᠨ ᠰᠢᠯᠵᠢᠭᠦᠯᠵᠦ᠂ ᠡᠶᠢᠮᠦᠷᠬᠦᠦ ᠴᠢᠷᠮᠠᠶᠢᠯᠭ᠎ᠠ ᠨᠤᠭᠤᠳ ᠢᠶᠠᠷ ᠳᠠᠮᠵᠢᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠲᠦᠮᠵᠢᠲᠡᠶ ᠪᠠᠷ ᠪᠠᠲᠤᠯᠠᠪᠠ᠃ ᠡᠨᠡ ᠵᠢᠯ ᠤᠨ ᠠᠭᠤᠯᠠᠨ ᠦᠶᠡᠷ ᠤᠨ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠥᠭᠦᠵᠦ ᠰᠢᠷᠬᠠᠲᠤᠭᠰᠠᠨ ᠲᠤᠭ᠎ᠠ ᠶᠢ ᠣᠢᠢᠷ᠎ᠠ ᠶᠢᠨ ᠬᠡᠳᠦᠨ ᠵᠢᠯ ᠤᠨ ᠬᠢ ᠲᠠᠢ ᠬᠠᠷᠢᠴᠠᠭᠤᠯᠪᠠᠯ ᠢᠯᠡᠳᠲᠡ ᠪᠠᠭᠤᠷᠠᠵᠤ᠂ ᠠᠭᠤᠯᠠᠨ ᠦᠶᠡᠷ ᠤᠨ ᠭᠠᠮᠰᠢᠭ ᠠᠴᠠ ᠪᠣᠯᠵᠤ ᠠᠳᠡᠭᠰᠡᠨ ᠬᠥᠮᠦᠨ ᠤ ᠲᠤᠭ᠎ᠠ 152 ᠪᠠᠶᠢᠵᠤ᠂ ᠤᠢᠢᠷ᠎ᠠ ᠶᠢᠨ ᠲᠠᠪᠤᠨ ᠵᠢᠯ ᠤᠨ ᠳᠤᠮᠳᠠᠴᠢ ᠬᠡᠮᠵᠢᠭᠳᠡᠯ ᠲᠠᠢ ᠬᠠᠷᠢᠴᠠᠭᠤᠯᠪᠠᠯ ᠪᠠᠷᠤᠭ 45% ᠪᠠᠷ ᠪᠠᠭᠤᠷᠠᠭᠰᠠᠨ ᠪᠥᠭᠡᠳ ᠬᠥᠮᠦᠨ ᠬᠠᠷ᠎ᠠ ᠦᠬᠦᠵᠦ ᠰᠢᠷᠬᠠᠲᠤᠭᠰᠠᠨ ᠨᠢ ᠣᠯᠠᠩᠬᠢ ᠨᠢ ᠲᠠᠷᠠᠬᠠᠶ ᠪᠤᠲᠠᠷᠬᠠᠶ ᠴᠢᠨᠠᠷᠲᠠᠶ ᠶᠤᠮ᠂ ᠤᠷᠢᠳᠴᠢᠯᠠᠨ ᠰᠡᠷᠡᠮᠵᠢᠯᠡᠭᠦᠯᠬᠦ ᠦᠶ᠎ᠡ ᠳᠤ ᠴᠥᠭᠡᠨ ᠲᠣᠭᠠᠨ ᠤ ᠬᠥᠮᠦᠨ ᠴᠢᠮᠡᠭᠡ ᠣᠯᠤᠭᠰᠠᠨ ᠦᠭᠡᠢ ᠪᠣᠯᠵᠤ ᠰᠢᠯᠵᠢᠭᠦᠯᠵᠦ ᠠᠮᠵᠢᠬᠰᠠᠨ ᠦᠭᠡᠢ ᠪᠠᠶᠢᠳᠠᠭ᠂ ᠬᠡᠯᠡᠯᠭᠡᠨ ᠦᠭᠡᠢ ᠪᠠᠰᠠ ᠣᠨᠴᠠ ᠵᠠᠷᠢᠮ ᠪᠠᠶᠢᠳᠠᠯ ᠪᠣᠯ ᠤᠷᠢᠳᠴᠢᠯᠠᠨ ᠰᠡᠷᠡᠮᠵᠢᠯᠡᠭᠦᠯᠬᠦ ᠴᠢᠮᠡᠭᠡ ᠶᠢ ᠣᠯᠵᠤ ᠠᠪᠤᠭᠠᠳ ᠢᠳᠬᠠᠨ ᠬᠤᠷᠢᠭᠯᠠᠬᠤ ᠶᠢ ᠰᠣᠨᠣᠰᠬᠤ ᠦᠭᠡᠢ ᠪᠠ ᠰᠢᠯᠵᠢᠭᠦᠯᠦᠭᠰᠡᠨ ᠤ ᠲᠠᠷᠠᠭ᠎ᠠ ᠰᠡᠮᠡᠭᠡᠷ ᠳᠤᠲᠠᠭᠠᠵᠤ ᠶᠠᠪᠤᠭᠰᠠᠨ ᠡᠶᠢᠮᠦ ᠪᠠᠶᠢᠳᠠᠯ ᠠᠴᠠ ᠪᠣᠯᠤᠭᠰᠠᠨ ᠦᠬᠦᠯ ᠰᠢᠷᠬᠠᠲᠤᠯ ᠪᠣᠯᠤᠨ᠎ᠠ᠂ ᠡᠨᠡ ᠨᠢ ᠬᠥᠮᠦᠰ ᠢ ᠲᠦᠢᠯ ᠤᠨ ᠵᠢᠷᠦᠬᠡ ᠰᠢᠮᠰᠢᠷᠡᠭᠦᠯᠦᠮ᠎ᠡ ᠶᠠᠪᠤᠳᠠᠯ ᠪᠣᠯᠬᠤ ᠶᠤᠮ᠃ᠶᠡᠷᠦᠩᠬᠡᠶ ᠳᠤᠨᠢ ᠠᠪᠴᠤ ᠦᠵᠡᠪᠡᠯ᠂ ᠡᠯ᠎ᠡ ᠲᠠᠯ᠎ᠠ ᠶᠢᠨ ᠬᠢᠨ ᠤ ᠴᠢᠷᠮᠠᠶᠢᠯᠭ᠎ᠠ ᠪᠠᠷ ᠳᠠᠮᠵᠢᠭᠠᠳ ᠵᠢᠱᠢᠯᠲᠡ ᠪᠠᠨ ᠪᠡᠶᠡᠯᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃ ᠪᠠᠶᠠᠷᠯᠠᠯ᠎ᠠ︕      ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ 2020 — 09 — 24 10᠄ 24᠄ 07      ᠲᠡᠭᠡᠪᠡᠯ ᠤᠰᠤᠨ ᠠᠰᠢᠭᠯᠠᠯᠲᠠ ᠶᠢᠨ ᠶᠠᠮᠤᠨ ᠦᠶᠡᠷ ᠤᠰᠤᠳᠤᠯ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠶᠠᠪᠤᠴᠠ ᠳᠤ ᠭᠤᠤᠯᠳᠠᠭᠤ ᠠᠯᠢ ᠠᠯᠢ ᠲᠠᠯ᠎ᠠ ᠶᠢ ᠠᠩᠬᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠶᠠᠮᠠᠷ ᠶᠠᠮᠠᠷ ᠬᠦᠴᠢᠷᠳᠠᠯ ᠲᠠᠢ ᠪᠠᠶᠢᠬᠤ᠂ ᠲᠣᠬᠢᠷᠠᠭᠤᠯᠤᠯᠲᠠ ᠶᠢᠨ ᠦᠷ᠎ᠡ ᠳ᠋ᠦᠩ ᠨᠢ ᠶᠠᠮᠠᠷ ᠵᠡᠷᠭᠡ ᠪᠣᠶ︖ ᠪᠠᠶᠠᠷᠯᠠᠯ᠎ᠠ︕      ᠲᠢᠶᠠᠨ ᠢ ᠲᠠᠩ 2020 — 09 — 24 10᠄ 27᠄ 52      ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠰᠠᠶ᠋ᠢᠬᠠᠨ ᠶᠧ ᠰᠠᠶᠢᠳ ᠡᠨᠡ ᠵᠢᠯ ᠤᠨ ᠦᠶᠡᠷ ᠤᠰᠤᠳᠤᠯ ᠤᠨ ᠪᠠᠶᠢᠳᠠᠯ ᠢ ᠲᠠᠨᠢᠯᠴᠠᠭᠤᠯᠪᠠ᠂ ᠮᠠᠨ ᠤ ᠲᠦᠷᠪᠡᠨ ᠶᠡᠭᠡ ᠭᠤᠣᠯ ᠮᠥᠷᠡᠨ᠂ ᠬᠥᠬᠡᠮᠥ᠋ᠷᠡᠨ᠂ ᠬᠤᠸᠠᠶᠢᠾᠧ ᠭᠤᠣᠯ᠂ ᠲᠠᠢ ᠬᠤ᠋ ᠨᠠᠭᠤᠷ᠂ ᠰᠤᠩᠭᠠᠷᠢ ᠮᠥᠷᠡᠨ ᠳᠤ ᠨᠡᠯᠢᠶᠡᠳ ᠶᠡᠭᠡ ᠦᠶᠡᠷ ᠭᠠᠷᠴᠠᠶ᠂ ᠪᠠᠰᠠ ᠵᠦᠵᠢᠶᠠᠩ ᠮᠥᠷᠡᠨ ᠪᠠ ᠬᠠᠳᠤᠨ ᠭᠤᠣᠯ ᠳᠤ ᠳ᠋ᠤᠭᠠᠷᠯᠠᠭᠰᠠᠨ ᠦᠶᠡᠷ ᠭᠠᠷᠴᠠᠶ᠂ ᠡᠨᠡ ᠵᠢᠯ ᠤᠨ ᠲᠤᠬᠢᠷᠠᠭᠤᠯᠤᠯᠳᠡ ᠳᠤ᠂ 3800 ᠭᠠᠷᠤᠶ ᠤᠰᠤᠨ ᠴᠥᠭᠦᠷᠥᠮ ᠪᠠ ᠦᠶᠡᠷ ᠢ ᠲᠣᠭᠲᠠᠭᠠᠨ ᠬᠤᠷᠠᠭᠤᠯᠬᠤ 10 ᠣᠷᠣᠨ ᠴᠥᠮ ᠲᠤᠬᠢᠷᠠᠭᠤᠯᠤᠯᠳᠡ ᠳᠤ ᠣᠷᠣᠯᠴᠠᠵᠤ᠂ 1700 ᠭᠠᠷᠤᠶ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠶᠡᠷ ᠤᠰᠤᠳᠤᠯ ᠢ ᠬᠠᠰᠢᠵᠤ ᠬᠠᠳᠠᠭᠠᠯᠠᠵᠠᠶ᠃ ᠡᠳᠡᠭᠡᠷ ᠤᠰᠤᠨ ᠴᠥᠭᠦᠷᠥᠮ ᠤᠨ ᠳᠤᠬᠢᠷᠠᠭᠤᠯᠤᠯᠳᠠ ᠪᠠ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠷ ᠳᠠᠮᠵᠢᠭᠠᠳ ᠡᠨᠡ ᠵᠢᠯ ᠤᠨ ᠶᠡᠭᠡ ᠦᠶᠡᠷ ᠤᠰᠤᠳᠤᠯ ᠢ ᠰᠡᠷᠭᠡᠶᠢᠯᠡᠯ᠎ᠡ ᠭᠡᠵᠦ ᠬᠡᠯᠡᠬᠦ ᠶᠣᠰᠣᠲᠠᠶ᠂ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠠᠳ ᠡᠨᠡ ᠵᠢᠯ ᠶᠡᠭᠡ ᠭᠤᠣᠯ ᠮᠥᠷᠡᠨ ᠤ ᠬᠠᠰᠢᠯᠭ᠎ᠠ ᠰᠡᠲᠡᠷᠬᠦ ᠪᠠᠶᠢᠳᠠᠯ ᠭᠠᠷᠤᠭᠰᠠᠨ ᠦᠬᠡᠢ᠂ ᠳᠤᠮᠤ ᠳᠤᠮᠳᠠ ᠬᠡᠯᠪᠡᠷᠢ ᠶᠢᠨ ᠪᠠ ᠪᠠᠭ᠎ᠠ ︵1︶ ᠬᠡᠯᠪᠡᠷᠢ ᠶᠢᠨ ᠤᠰᠤᠨ ᠴᠥᠭᠦᠷᠥᠮ ᠳᠤ ᠬᠠᠰᠢᠯᠭ᠎ᠠ ᠨᠤᠷᠠᠭᠰᠠᠨ ᠦᠬᠡᠢ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠠᠵᠤ ᠠᠬᠤᠶ ᠨᠡᠶᠢᠭᠡᠮ ᠤᠨ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠭᠰᠠᠨ ᠪᠥᠭᠡᠳ ᠶᠡᠭᠡ ᠭᠤᠣᠯ ᠮᠥᠷᠡᠨ ᠤ ᠠᠮᠤᠷ ᠲᠦᠪᠰᠢᠨ ᠪᠠᠶᠢᠬᠤ ᠶᠢ ᠴᠤ ᠦᠨᠡᠨ ᠬᠦ ᠪᠠᠲᠤᠯᠠᠭᠰᠠᠨ ᠪᠠᠶᠢᠨ᠎ᠠ᠃      ᠡᠨᠡ ᠬᠦ ᠶᠠᠪᠤᠴᠠ ᠳᠤ ᠤᠰᠤᠨ ᠴᠥᠭᠦᠷᠥᠮ ᠤᠨ ᠦᠢᠯᠡᠳᠦᠯ ᠢ ᠤᠮᠳᠠᠭᠠᠢᠢᠯᠠᠵᠤ ᠪᠣᠯᠤᠰᠢ ᠦᠭᠡᠶ ᠭᠡᠵᠦ ᠬᠡᠯᠡᠬᠦ ᠶᠣᠰᠣᠲᠠᠶ᠂ ᠣᠯᠠᠨ ᠤ ᠮᠡᠳᠡᠭᠡᠵᠢ ᠪᠠᠷ ᠬᠥᠬᠡᠮᠥ᠋ᠷᠡᠨ ᠤ 5 ᠳ᠋ᠤᠭᠠᠷ ᠨᠣᠮᠧᠷᠲᠤ ᠦᠶᠡᠷ ᠤᠰᠤᠳᠤᠯ᠂ ᠭᠤᠷᠪᠠᠨ ᠬᠠᠪᠴᠢᠯ ᠤᠨ ᠬᠠᠮᠤᠭ ᠶᠡᠭᠡ ᠴᠦᠭᠦᠷᠦᠮ ᠳᠤ ᠣᠷᠣᠭᠤᠯᠬᠤ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 75000 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠭᠤᠷᠪᠠᠨ ᠬᠠᠪᠴᠢᠯ ᠤᠨ ᠣᠷᠭᠢᠯ ᠢ ᠲᠣᠬᠢᠷᠠᠭᠤᠯᠬᠤ ᠪᠠᠷ ᠳᠡᠮᠵᠢᠨ ᠤᠰᠤᠨ ᠤ ᠣᠷᠭᠢᠯ ᠤᠨ ᠬᠡᠮᠵᠢᠶ᠎ᠡ ᠶᠢ ᠬᠤᠰᠤᠬᠤ ᠨᠣᠷᠮ᠎ᠠ ᠨᠢ 34%᠂ ᠰᠢᠨ ᠠᠨ ᠵᠢᠶᠠᠩ ᠤᠰᠤᠨ ᠴᠥᠭᠦᠷᠥᠮ ᠤᠨ ᠤᠰᠤᠨ ᠤ ᠣᠷᠭᠢᠯ ᠤᠨ ᠬᠡᠮᠵᠢᠶ᠎ᠡ ᠶᠢ ᠪᠠᠭᠠᠰᠬᠠᠬᠰᠠᠨ ᠨᠣᠷᠮ᠎ᠠ ᠨᠢ 76%᠂ ᠰᠤᠩᠭᠠᠷᠢ ᠮᠥᠷᠡᠨ ᠤ  ᠹᠧᠩ ᠮᠧᠨ ᠪᠠ ᠪᠠᠶ ᠱᠠᠨ ᠤᠰᠤᠨ ᠴᠥᠭᠦᠷᠥᠮ ᠤᠨ ᠤᠰᠤᠨ ᠤ ᠣᠷᠭᠢᠯ ᠤᠨ ᠬᠡᠮᠵᠢᠶ᠎ᠡ ᠶᠢ ᠪᠠᠭᠠᠰᠬᠠᠭᠰᠠᠨ ᠨᠣᠷᠮ᠎ᠠ ᠨᠢ 77%᠂ ᠪᠠᠰᠠ ᠬᠤᠸᠠᠶᠢᠾᠧ ᠭᠤᠣᠯ ᠤᠨ ᠳᠡᠭᠡᠳᠦ ᠤᠷᠤᠰᠬᠠᠯ ᠤᠨ ᠤᠰᠤᠨ ᠴᠥᠭᠦᠷᠥᠮ᠂ ᠶᠠᠨᠱᠠᠨ ᠤᠰᠤᠨ ᠴᠥᠭᠦᠷᠥᠮ ᠤᠨ ᠤᠰᠤᠨ ᠤ ᠣᠷᠭᠢᠯ ᠤᠨ ᠬᠡᠮᠵᠢᠶ᠎ᠡ ᠶᠢ ᠪᠠᠭᠠᠰᠬᠠᠭᠰᠠᠨ ᠨᠣᠷᠮ᠎ᠠ ᠨᠢ 97% ᠳᠤ ᠬᠦᠷᠦᠭᠰᠡᠨ ᠪᠠᠶᠢᠨ᠎ᠠ᠃ ᠡᠳᠡᠭᠡᠷ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠨᠢ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠬᠦ ᠶᠠᠪᠤᠴᠠ ᠳᠤ ᠲᠦᠢᠯ ᠤᠨ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠡᠶᠢᠮᠦ ᠠᠴᠠ ᠤᠰᠤᠨ ᠴᠥᠭᠦᠷᠥᠮ ᠢ ᠲᠣᠬᠢᠷᠠᠭᠤᠯᠬᠤ ᠳᠤ ᠮᠠᠰᠢ ᠤᠯᠠᠨ ᠤᠬᠠᠭᠠᠨ ᠠᠭᠤᠯᠵᠤ ᠪᠤᠢ᠂ ᠡᠭᠦᠨ ᠳᠤ ᠲᠤᠷᠰᠢᠯᠭ᠎ᠠ ᠲᠠᠢ ᠮᠥᠷᠲᠡᠭᠡᠨ ᠪᠠᠰᠠ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠲᠠᠢ᠂ ᠪᠠᠰᠠ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠳᠠᠪᠤᠷᠢ ᠲᠠᠢ ᠶᠤᠮ᠃ ᠡᠶᠢᠮᠦ ᠠᠴᠠ ᠤᠰᠤᠨ ᠴᠥᠭᠦᠷᠥᠮ ᠢ ᠰᠠᠶᠢᠲᠤᠷ ᠲᠣᠬᠢᠷᠠᠭᠤᠯᠬᠤ ᠨᠢ ᠲᠡᠶᠢᠮᠦ ᠬᠢᠯᠪᠠᠷ ᠶᠠᠪᠤᠳᠠᠯ ᠪᠢᠰᠢ᠂ ᠤᠴᠢᠷ ᠨᠢ ᠲᠡᠭᠦᠨ ᠳᠤ ᠮᠠᠰᠢ ᠣᠯᠠᠨ ᠪᠤᠳᠤᠯᠢᠶᠠᠨᠲᠠᠶ ᠡᠯᠧᠮᠧᠨ᠋ᠲ ᠪᠠᠶᠢᠳᠠᠭ᠃ᠳᠤᠤᠷ᠎ᠠ ᠡᠶᠢᠮᠦ ᠬᠡᠳᠦᠨ ᠵᠦᠢᠯ ᠤᠨ ᠰᠢᠯᠲᠠᠭᠠᠨ ᠢ ᠬᠡᠯᠡᠶ᠎ᠡ᠂ ᠨᠢᠭᠡ ᠨᠢ ᠤᠰᠤᠨ ᠴᠥᠭᠦᠷᠥᠮ ᠢ ᠲᠣᠬᠢᠷᠠᠭᠤᠯᠬᠤ ᠳᠠᠭᠠᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠪᠣᠳᠣᠯᠬᠢᠯᠠᠬᠤ ᠬᠡᠷᠡᠭᠲᠡᠶ᠃ ᠤᠯᠠᠨ ᠤ ᠮᠡᠳᠡᠭᠡᠵᠢ ᠪᠠᠷ᠂ ᠮᠠᠨ ᠤ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠦᠶᠡᠷ ᠤᠨ ᠤᠷᠢᠳᠴᠢᠯᠠᠭᠰᠠᠨ ᠮᠡᠳᠡᠭᠡ ᠤᠢᠢᠷ᠎ᠠ ᠶᠢᠨ ᠵᠢᠯ ᠤᠳ ᠤᠨ ᠴᠢᠷᠮᠠᠶᠢᠯᠭ᠎ᠠ ᠪᠠᠷ ᠳᠠᠮᠵᠢᠭᠠᠳ ᠤᠳᠤ ᠶᠢᠨ ᠤᠷᠢᠳᠴᠢᠯᠠᠭᠰᠠᠨ ᠮᠡᠳᠡᠭᠡ ᠶᠢᠨ ᠬᠢᠷᠢ ᠲᠦᠪᠰᠢᠨ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ ᠭᠡᠪᠡᠴᠦ ᠳᠤᠮᠳᠠ ᠤᠷᠲᠤ ᠬᠤᠭᠤᠴᠠᠭᠠᠨ ᠤ ᠤᠷᠢᠳᠴᠢᠯᠠᠭᠰᠠᠨ ᠮᠡᠳᠡᠭᠡᠨ ᠳᠤ ᠪᠠᠰᠠ ᠲᠣᠭᠲᠠᠪᠤᠷᠢ ᠦᠭᠡᠶ ᠴᠢᠨᠠᠷ ᠣᠷᠣᠰᠢᠵᠤ ᠪᠠᠶᠢᠨ᠎ᠠ᠂ ᠣᠬᠤᠷ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠵᠠᠷᠢᠮ ᠳᠠᠭᠠᠨ ᠪᠠᠰᠠ ᠪᠦᠷᠢᠨ ᠣᠨᠣᠪᠴᠢᠲᠠᠶ ᠪᠤᠰᠤ ᠪᠠᠶᠢᠳᠠᠯ ᠲᠠᠢ᠃ ᠡᠨᠡ ᠨᠢ ᠲᠣᠬᠢᠷᠠᠭᠤᠯᠤᠯᠲᠠ ᠳᠤ ᠵᠣᠬᠢᠬᠤ ᠬᠡᠮᠵᠢᠶᠡᠨ ᠤ ᠬᠦᠴᠢᠷᠳᠡᠯ ᠢ ᠠᠪᠴᠢᠷᠠᠵᠤ ᠥᠭᠴᠡᠶ᠂ ᠤᠴᠢᠷ ᠨᠢ ᠤᠰᠤᠨ ᠴᠥᠭᠦᠷᠥᠮ ᠢ ᠤᠷᠢᠳᠴᠢᠯᠠᠨ ᠮᠡᠳᠡᠭᠡᠯᠡᠭᠰᠡᠨ ᠦᠷ᠎ᠡ ᠪᠦᠲᠦᠭᠡᠯ ᠢ ᠦᠨᠳᠦᠰᠦᠯᠡᠨ ᠤᠷᠢᠳᠴᠢᠯᠠᠨ ᠭᠠᠷᠭᠠᠨ᠎ᠠ᠂ ᠨᠢᠭᠡ ᠤᠳᠠᠭ᠎ᠠ ᠶᠢᠨ ᠦᠶᠡᠷ ᠤᠨ ᠶᠠᠪᠤᠴᠠ ᠳᠤ ᠤᠰᠤᠨ ᠴᠥᠭᠦᠷᠥᠮ ᠦᠶᠡᠷ ᠢ ᠬᠠᠰᠢᠵᠤ ᠤᠰᠤᠨ ᠤ ᠣᠷᠭᠢᠯ ᠤᠨ ᠬᠡᠮᠵᠢᠶ᠎ᠡ ᠶᠢ ᠵᠥᠷᠢᠭᠦᠯᠦᠨ᠎ᠡ᠂ ᠴᠢᠨᠠᠭᠰᠢᠯᠠᠪᠠᠯ ᠠᠰᠢᠭ ᠦᠭᠡᠢ ᠪᠠᠶᠢᠳᠠᠯ ᠳᠣᠣᠷ᠎ᠠ ᠬᠡᠲᠦᠷᠡᠲᠡᠯ᠎ᠡ ᠬᠠᠳᠠᠭᠠᠯᠠᠨ᠎ᠠ᠂ ᠭᠡᠪᠡᠴᠦ ᠠᠷᠤ ᠲᠠᠯ᠎ᠠ ᠳᠤ ᠳᠠᠬᠢᠵᠤ ᠦᠶᠡᠷ ᠢᠷᠡᠬᠦ ᠡᠰᠡᠬᠦ ᠶᠢ ᠮᠡᠳᠡᠬᠦ ᠦᠭᠡᠢ᠂ ᠡᠨᠡ ᠬᠦ ᠶᠠᠪᠤᠴᠠ ᠶᠢ ᠥᠩᠭᠡᠷᠡᠭᠦᠯᠦᠭᠰᠡᠨ ᠤ ᠳᠠᠷᠠᠭ᠎ᠠ ᠪᠠᠰᠠ ᠠᠷᠤ ᠲᠠᠯ᠎ᠠ ᠶᠢᠨ ᠦᠶᠡᠷ ᠤᠰᠤᠳᠤᠯ ᠳᠤ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ ᠭᠦᠢᠴᠡᠳ ᠦᠯᠡᠳᠡᠭᠡᠵᠦ ᠥᠭᠭᠦᠨ᠎ᠡ᠂ ᠡᠨᠡ ᠪᠣᠯ ᠮᠠᠰᠢ ᠬᠦᠴᠢᠷ ᠲᠠᠢ ᠶᠠᠪᠤᠳᠠᠯ ᠶᠤᠮ᠃      ᠲᠢᠶᠠᠨ ᠢ ᠲᠠᠩ 2020 — 09 — 24 10᠄ 30᠄ 22      ᠬᠤᠶᠠᠳᠤᠭᠠᠷ ᠲᠤ ᠤᠰᠤᠨ ᠴᠥᠭᠦᠷᠥᠮ ᠤᠨ ᠳᠡᠭᠡᠳᠦ ᠳᠣᠤᠷᠠᠳᠤ ᠤᠷᠤᠰᠬᠠᠯ ᠦᠶᠡᠷ ᠲᠤ ᠠᠪᠲᠠᠭᠳᠠᠬᠤ ᠳᠤ ᠭᠦᠷᠪᠡᠯ᠂ ᠲᠡᠷᠡ ᠬᠦ ᠤᠰᠤᠨ ᠴᠥᠭᠦᠷᠥᠮ ᠤᠨ ᠲᠣᠬᠢᠷᠠᠭᠤᠯᠤᠯᠲᠠ ᠨᠢ ᠪᠠᠰᠠ ᠴᠤ ᠨᠢᠭᠡᠨ ᠪᠡᠷᠬᠡ ᠠᠰᠠᠭᠤᠳᠠᠯ       ᠪᠣᠯᠵᠣ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠢᠷᠳᠡᠯ ᠲᠠᠢ ᠪᠣᠯᠤᠨ᠎ᠠ᠃ ᠳᠡᠭᠡᠳᠦ ᠤᠷᠤᠰᠬᠠᠯ ᠠᠴᠠ ᠶᠡᠭᠡ ᠦᠶᠡᠷ ᠢᠷᠡᠬᠦ᠂ ᠳᠤᠤᠷᠠᠳᠤ ᠤᠷᠤᠰᠬᠠᠯ ᠠᠴᠠ ᠶᠡᠭᠡ ᠦᠶᠡᠷ ᠢᠷᠡᠬᠦ᠂ ᠤᠰᠤᠨ ᠴᠥᠭᠦᠷᠥᠮ ᠢ ᠬᠡᠷᠬᠢᠨ ᠲᠣᠬᠢᠷᠠᠭᠤᠯᠬᠤ᠂ ᠳᠡᠭᠡᠳᠦ ᠤᠷᠤᠰᠬᠠᠯ ᠳᠤ ᠤᠰᠤᠲᠤᠬᠤ ᠡᠰᠡᠬᠦ᠂ ᠳᠤᠤᠷᠠᠳᠤ ᠤᠷᠤᠰᠬᠠᠯ ᠳᠤ ᠤᠰᠤᠲᠤᠬᠤ ᠡᠰᠡᠬᠦ᠂ ᠳᠤᠤᠷᠠᠳᠤ ᠤᠷᠤᠰᠬᠠᠯ ᠳᠤ ᠤᠰᠤᠲᠤᠬᠤ ᠡᠰᠡᠬᠦ᠂ ᠳᠠᠯᠠᠩ ᠢ ᠪᠠᠷᠢᠮᠵᠢᠶ᠎ᠠ ᠠᠴᠠ ᠬᠡᠲᠦᠷᠡᠭᠦᠯᠦᠨ ᠠᠵᠢᠯᠯᠠᠭᠤᠯᠬᠤ       ᠡᠰᠡᠬᠦ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠵᠦ ᠬᠡᠷᠡᠭᠯᠡᠬᠦ ᠡᠰᠡᠬᠦ ᠵᠡᠷᠭᠡ ᠲᠠᠯ᠎ᠠ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠨᠡᠯᠢᠶᠡᠳ ᠬᠦᠴᠢᠷᠲᠡᠯ ᠲᠠᠢ᠂ ᠴᠥᠮ ᠪᠡᠷᠬᠡ ᠠᠰᠠᠭᠤᠳᠠᠯ ᠪᠣᠯᠬᠤ ᠲᠤᠯᠠ ᠤᠰᠤᠨ ᠴᠥᠭᠦᠷᠥᠮ ᠢ ᠰᠠᠶᠢᠲᠤᠷ ᠲᠣᠬᠢᠷᠠᠭᠤᠯᠵᠤ᠂ ᠠᠶᠤᠯ ᠲᠦᠭᠰᠢᠭᠦᠷᠢ ᠶᠢ ᠠᠷᠢᠯᠭᠠᠬᠤ ᠬᠡᠷᠡᠭᠲᠡᠶ᠃      ᠪᠠᠰᠠ ᠨᠢᠭᠡ ᠬᠦᠴᠦᠨ ᠵᠦᠢᠯ ᠭᠡᠪᠡᠯ᠂ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ ᠶᠢ ᠦᠨᠡᠨ ᠬᠦ ᠪᠠᠲᠤᠯᠠᠬᠤ ᠡᠨᠡ ᠬᠦ ᠶᠡᠭᠡ ᠤᠷᠢᠲᠠᠯ ᠤᠨ ᠳᠣᠣᠷ᠎ᠠ ᠪᠠᠰᠠ ᠪᠤᠰᠤᠳ ᠬᠦᠴᠦᠨ ᠵᠦᠢᠯ ᠢ ᠪᠣᠳᠣᠯᠬᠢᠯᠠᠬᠤ ᠬᠡᠷᠡᠭᠲᠡᠶ᠃ ᠤᠰᠤᠨ ᠵᠠᠮ ᠤᠨ ᠲᠡᠭᠡᠭᠡᠪᠦᠷᠢ ᠪᠠᠷ ᠠᠪᠴᠤ ᠬᠡᠯᠡᠪᠡᠯ᠂ ᠡᠨᠡ ᠵᠢᠯ ᠤᠨ ᠬᠥᠬᠡᠮᠥ᠋ᠷᠡᠨ ᠤ ᠲᠠᠪᠤᠨ ᠤᠳᠠᠭᠠᠨ ᠤ ᠦᠶᠡᠷ ᠤᠨ ᠬᠤᠭᠤᠴᠠᠭᠠᠨ ᠳᠤ᠂ ᠭᠤᠷᠪᠠᠨ ᠬᠠᠪᠴᠢᠯ ᠳᠤ ᠦᠯᠡᠳᠡᠭᠰᠡᠨ ᠣᠩᠭᠤᠴᠠ ᠶᠢ ᠪᠠᠰᠠ ᠪᠣᠳᠣᠯᠬᠢᠯᠠᠬᠤ ᠬᠡᠷᠡᠭᠲᠡᠶ᠂ ᠪᠢᠳᠡ ᠪᠠᠰᠠ ᠤᠯᠤᠰ ᠠᠷᠠᠳ ᠤᠨ ᠠᠵᠤ ᠠᠬᠤᠶ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠤᠰᠤᠨ ᠵᠠᠮ ᠤᠨ ᠲᠡᠭᠡᠭᠡᠪᠦᠷᠢ᠂ ᠴᠠᠬᠢᠯᠭᠠᠨ ᠭᠠᠷᠭᠠᠯᠲᠠ ᠵᠢᠴᠢ ᠠᠮᠢ ᠠᠬᠤᠶ ᠵᠡᠷᠭᠡ ᠡᠯ᠎ᠡ ᠲᠠᠯ᠎ᠠ ᠶᠢᠨ ᠶᠡᠷᠦᠩᠬᠡᠶᠢᠯᠡᠭᠰᠡᠨ ᠡᠯᠧᠮᠧᠨ᠋ᠲ ᠢ ᠴᠥᠮ ᠪᠣᠳᠣᠯᠬᠢᠯᠠᠬᠤ ᠬᠡᠷᠡᠭᠲᠡᠶ᠂ ᠡᠳᠡᠭᠡᠷ ᠢ ᠴᠥᠮ ᠲᠣᠬᠢᠷᠠᠭᠤᠯᠬᠤ ᠴᠢᠬᠤᠯᠠᠲᠠᠶ ᠦᠶ᠎ᠡ ᠳᠤ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠡᠶᠢᠮᠦ ᠠᠴᠠ ᠤᠰᠤᠨ ᠴᠥᠭᠦᠷᠥᠮ ᠢ ᠰᠠᠶᠢᠲᠤᠷ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠷ ᠰᠠᠶᠢᠲᠤᠷ ᠲᠣᠬᠢᠷᠠᠭᠤᠯᠵᠤ ᠴᠢᠳᠠᠨ᠎ᠠ ᠭᠡᠵᠦ ᠬᠡᠯᠡᠵᠦ ᠪᠠᠶᠢᠭ᠎ᠠ ᠨᠢ ᠨᠢᠭᠡᠨ ᠪᠡᠷᠬᠡ ᠠᠰᠠᠭᠤᠳᠠᠯ ᠪᠤᠯᠬᠤ ᠶᠤᠮ᠂ ᠪᠢᠳᠡ ᠤᠳᠤ ᠶᠠᠭ ᠰᠤᠳᠤᠯᠭᠠᠨ ᠢ ᠶᠡᠭᠡ ᠪᠠᠷ ᠥᠷᠨᠢᠭᠦᠯᠵᠦ ᠪᠠᠶᠢᠨ᠎ᠠ᠃      ᠤᠢᠢᠷ᠎ᠠ ᠶᠢᠨ ᠬᠤᠶᠠᠷ ᠵᠢᠯ ᠳᠤ ᠪᠢᠳᠠ ᠰᠡᠪᠡ ᠭᠠᠵᠠᠷ ᠤᠨ ᠤᠰᠦᠠ ᠤ ᠪᠠᠷᠢᠯᠭ᠎ᠠ ᠶᠢᠨ ᠬᠠᠮᠲᠤᠷᠠᠭᠰᠠᠨ ᠲᠤᠬᠢᠷᠡᠭᠤᠯᠦᠯᠳᠠ ᠶᠢ ᠳᠤᠷᠠᠳᠤᠨ ᠭᠠᠷᠭᠠᠵᠤ᠂ ᠪᠦᠬᠦ᠋ᠢᠯᠡ ᠰᠡᠪᠡ ᠭᠠᠵᠠᠷ ᠤᠨ ᠤᠰᠦᠠ ᠴᠥᠭᠦᠷᠥᠮ᠂ ᠦᠶᠡᠷ ᠢ ᠲᠣᠭᠲᠠᠭᠠᠨ ᠬᠤᠷᠠᠭᠤᠯᠬᠤ ᠣᠷᠣᠨ᠂ ᠭᠤᠯᠦᠮᠳᠠ ᠬᠠᠭᠠᠯᠲᠠ᠂ ᠬᠥᠭᠡᠷᠭᠡ ᠶᠢᠨ ᠤᠢᠷᠳᠡᠭᠡ ᠶᠢ ᠴᠥᠮ ᠨᠢᠭᠡ ᠯᠡ ᠲᠠᠪᠴᠠᠩ ᠳᠡᠭᠡᠷ᠎ᠡ ᠲᠠᠯᠪᠢᠵᠤ᠂ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠢᠨᠲ᠋ᠧᠷ       ᠰᠦᠯᠵᠢᠶ᠎ᠡ᠂ ᠲᠤᠮᠦ ᠳ᠋ᠠᠶᠢᠲ᠋ᠠ᠂ ᠵᠣᠬᠢᠶᠠᠮᠠᠯ ᠤᠶᠦᠠ ᠴᠢᠳᠠᠪᠤᠷᠢ ᠶᠢᠨ ᠬᠡᠷᠡᠭᠯᠡᠯᠲᠡ ᠪᠠᠷ ᠳᠠᠮᠵᠢᠨ ᠡᠳᠡᠭᠡᠷ ᠢ ᠨᠡᠶᠢᠯᠡᠭᠦᠯᠵᠦ᠂ ᠤᠷᠢᠳᠴᠢᠯᠠᠨ ᠮᠡᠳᠡᠭᠡᠯᠡᠬᠦ ᠲᠤᠬᠢᠷᠡᠭᠤᠯᠦᠯᠳᠠ ᠶᠢ ᠨᠢᠭᠡ ᠴᠤᠭᠴᠠᠵᠢᠭᠤᠯᠬᠤ ᠶᠢ ᠪᠡᠶᠡᠯᠡᠭᠦᠯᠦᠭᠡᠳ᠂ ᠤᠳᠦ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠮᠳᠠ ᠰᠢᠪᠳᠤᠯᠬᠤ ᠶᠢ ᠰᠢᠢᠳᠪᠦᠷᠢᠯᠡᠵᠦ ᠪᠤᠢ᠂ ᠠᠩᠬ᠎ᠠ ᠠᠯᠬᠤᠮ ᠤᠨ ᠦᠷ᠎ᠡ ᠪᠦᠲᠦᠭᠡᠯ ᠢ ᠦᠨᠳᠦᠰᠦᠨ ᠳᠡᠭᠡᠨ ᠭᠠᠷᠭᠠᠭᠰᠠᠨ ᠪᠠᠶᠢᠨ᠎ᠠ᠃ ᠡᠨᠡ ᠬᠦ ᠠᠵᠢᠯ ᠢᠶᠠᠷ ᠳᠠᠮᠵᠢᠨ ︽ᠲᠤᠷᠰᠢᠯᠭ᠎ᠠ ᠶᠢᠨ ᠲᠣᠬᠢᠷᠠᠭᠤᠯᠤᠯᠲᠠ︾ ᠠᠴᠠ ︽ᠣᠶᠤᠨᠳᠤ ᠲᠣᠬᠢᠷᠠᠭᠤᠯᠤᠯᠲᠠ︾ ᠳᠠᠶᠢᠰᠢ ᠬᠤᠪᠢᠷᠠᠭᠤᠯᠬᠤ ᠶᠢ ᠠᠬᠢᠭᠤᠯᠵᠤ᠂ ᠤᠷᠢᠳᠴᠢᠯᠠᠨ ᠮᠡᠳᠡᠭᠡᠯᠡᠬᠦ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠤᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ ᠪᠤᠢ᠂ ᠡᠨᠡ ᠬᠦ ᠠᠵᠢᠯ ᠪᠣᠯ ᠳᠤᠩ ᠴᠢᠬᠤᠯᠠ ᠶᠤᠮ᠂ ᠪᠢᠳᠡ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠤᠨ᠎ᠠ᠃      ᠪᠠᠶᠠᠷᠯᠠᠯ᠎ᠠ︕      ᠹᠧᠩ ᠮᠢᠶᠠᠨ ᠰᠣᠨᠢᠨ ᠮᠡᠳᠡᠭᠡᠨ ᠤ ᠰᠤᠷᠪᠤᠯᠵᠢᠯᠠᠭᠴᠢ 2020 — 09 — 24 10᠄ 30᠄ 55      150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠣᠳᠣᠬᠠᠨ ᠤ ᠠᠬᠢᠴᠠ ᠶᠢᠨ ᠪᠠᠶᠢᠳᠠᠯ ᠶᠠᠮᠠᠷ ᠪᠤᠢ︖ ᠲᠡᠭᠡᠪᠡᠯ ᠵᠠᠯᠭᠠᠭᠠᠳ ᠶᠠᠮᠠᠷ ᠶᠠᠮᠠᠷ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠬᠦ ᠪᠤᠶ︖ ᠪᠠᠶᠠᠷᠯᠠᠯ᠎ᠠ︕      ᠵᠠᠩ ᠰᠢᠶᠠᠩ ᠸᠧᠶ 2020 — 09 — 24 10᠄ 33᠄ 30      ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠨᠢ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢ ᠠᠬᠢᠭᠤᠯᠬᠤ᠂ ᠰᠠᠪᠠ ᠭᠠᠵᠠᠷ ᠤᠨ ᠣᠷᠣᠨ ᠪᠦᠰᠡ ᠶᠢᠨ ᠪᠦᠬᠦ᠋ᠢᠯᠡ ᠴᠣᠭᠴᠠ ᠶᠢᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠠᠰᠢ ᠴᠢᠬᠤᠯᠠ ᠦᠢᠯᠡᠳᠦᠯ ᠲᠠᠢ ᠶᠤᠮ᠂ ᠡᠭᠦᠨ ᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠲᠦᠢᠯ ᠢᠶᠠᠷ ᠴᠢᠬᠤᠯᠠᠴᠢᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠴᠥᠮ ᠲᠦᠢᠯ ᠢᠶᠠᠷ ᠠᠩᠬᠠᠷᠴᠤ ᠪᠠᠶᠢᠨ᠎ᠠ᠃ ᠨᠢᠳᠤᠨᠤᠨ ᠤ 11 ᠰᠠᠷ᠎ᠠ ᠠᠴᠠ ᠨᠠᠭᠠᠰᠢ᠂ ᠤᠰᠤᠨ ᠠᠰᠢᠭᠯᠠᠯᠲᠠ ᠶᠢᠨ ᠶᠠᠮᠤᠨ ᠪᠣᠯᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠭᠠᠵᠠᠷ ᠣᠷᠣᠨ ᠢ ᠵᠣᠬᠢᠶᠠᠨ ᠪᠠᠶᠢᠭᠤᠯᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠤᠷᠢᠳᠴᠢᠯᠠᠨ ᠠᠷᠭ᠎ᠠ ᠰᠦᠪᠡᠭᠴᠢᠯᠡᠵᠦ ᠬᠢᠨᠠᠮᠠᠭᠠᠢ ᠰᠤᠳᠤᠯᠤᠭᠠᠳ᠂ ᠡᠨᠡ ᠵᠢᠯ ᠵᠢᠴᠢ ᠳᠠᠷᠠᠭᠠᠴᠢ ᠶᠢᠨ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠨᠠᠷᠢᠨ ᠲᠠᠩᠰᠠ ᠶᠢ ᠳᠤᠷᠠᠳᠤᠨ ᠭᠠᠷᠭᠠᠪᠠ᠃ ᠡᠨᠡ ᠵᠢᠯ ᠤᠨ 7 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠢᠨᠠᠨ ᠵᠦᠪᠯᠡᠵᠤ ᠪᠠᠳᠤᠯᠠᠭᠰᠠᠨ ᠪᠦᠭᠡᠳ ᠪᠠᠶᠢᠷᠢᠯᠠᠭᠤᠯᠤᠨ ᠬᠡᠷᠡᠭᠵᠢᠭᠦᠯᠬᠦ ᠪᠠᠷ ᠪᠤᠢ᠃      ᠡᠨᠡ 150 ᠵᠦᠢᠯ ᠨᠢ ᠭᠤᠣᠯᠳᠠᠭᠤ ᠲᠦᠷᠪᠡᠨ ᠲᠠᠯ᠎ᠠ ᠳᠤ ᠲᠥᠪᠯᠡᠷᠡᠵᠦ ᠪᠤᠢ᠂ ᠨᠢᠭᠡ ᠨᠢ ᠦᠶᠡᠷ ᠢ ᠰᠡᠷᠭᠡᠶᠢᠯᠡᠬᠦ᠂ ᠬᠤᠶᠠᠷ ᠨᠢ ᠡᠬᠢ ᠪᠠᠶᠠᠯᠢᠭ ᠢ ᠲᠤᠬᠢᠷᠠᠭᠤᠯᠬᠤ ᠵᠢᠴᠢ ᠤᠰᠤ ᠬᠠᠩᠭᠠᠬᠤ᠂ ᠭᠤᠷᠪᠠ ᠳᠤ ᠤᠰᠤᠨ ᠤ ᠠᠮᠢ ᠠᠬᠤᠢ ᠶᠢ ᠵᠠᠰᠠᠵᠤ ᠰᠡᠷᠭᠦᠭᠡᠬᠦ ᠪᠠ ᠬᠠᠮᠠᠭᠠᠯᠠᠬᠤ᠂ ᠪᠠᠰᠠ ᠨᠢᠭᠡ ᠨᠢ ᠤᠰᠤᠨ ᠠᠰᠢᠭᠯᠠᠯᠲᠠ ᠶᠢᠨ ᠮᠡᠳᠡᠭᠡ ᠵᠠᠩᠭᠢᠵᠢᠯᠲᠠ ᠪᠣᠯᠤᠨ᠎ᠠ᠂ ᠡᠨᠡ ᠬᠡᠳᠦᠨ ᠲᠠᠯ᠎ᠠ ᠪᠠᠷ ᠴᠥᠮ ᠲᠤᠪᠤᠶᠢᠮ᠎ᠠ ᠳᠤᠲᠠᠭᠤᠳᠠᠯ ᠣᠷᠣᠰᠢᠵᠤ ᠪᠠᠶᠢᠨ᠎ᠠ᠃ ᠡᠳᠡᠭᠡᠷ ᠪᠣᠯ ᠰᠠᠭᠤᠷᠢ ᠲᠠᠯᠪᠢᠬᠤ᠂ ᠠᠯᠤᠰ ᠭᠡᠳᠤ ᠲᠠᠢ ᠬᠤᠯᠪᠤᠭᠳᠠᠬᠤ ᠴᠢᠬᠤᠯᠠ ᠶᠡᠭᠡ ᠲᠦᠷᠦᠯ ᠵᠦᠢᠯ ᠪᠤᠯᠤᠨ᠎ᠠ᠂ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠲᠠᠢ ᠶᠤᠮ᠃      ᠡᠨᠡ ᠬᠦ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠡᠨᠡ ᠵᠢᠯ ᠤᠨ ᠰᠢᠨ᠎ᠡ ᠪᠠᠷ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠴᠢᠭᠯᠡᠭᠦᠯᠦᠨ᠂ ᠤᠰᠤᠨ ᠠᠰᠢᠭᠯᠠᠯᠲᠠ ᠶᠢᠨ ᠶᠠᠮᠤᠨ ᠲᠥᠪ ᠤᠨ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠤᠨ ᠣᠨᠴᠠᠯᠢᠭ᠂ ᠪᠠᠶᠢᠭ᠎ᠠ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠳᠡᠰ ᠢ ᠦᠨᠳᠦᠰᠦᠯᠡᠨ᠂ ᠵᠦᠷᠢᠶᠡᠴᠢᠯᠡᠭᠰᠡᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤ ᠪᠠᠷ ᠡᠳᠡᠭᠡᠷ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠪᠠ᠃      ᠶᠡᠷᠦᠩᠬᠡᠶ ᠳᠤᠨᠢ ᠠᠪᠴᠤ ᠦᠵᠡᠪᠡᠯ᠂ ᠡᠨᠡ ᠠᠵᠢᠯ ᠪᠠᠰᠠ ᠤᠷᠤᠭᠰᠢᠲᠠᠶ ᠶᠠᠪᠤᠭᠳᠠᠵᠤ᠂ ᠣᠳᠣᠬᠠᠨ ᠳᠤ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ 37 ᠵᠦᠢᠯ ᠢ ᠨᠢᠭᠡᠨᠲᠡ ᠴᠤᠬᠤᠯᠠᠪᠤᠷᠢᠯᠠᠨ᠂ ᠨᠢᠭᠡ ᠪᠦᠯᠦᠭ ᠲᠦᠷᠦᠯ ᠵᠦᠢᠯ ᠨᠢ ᠠᠵᠢᠯ ᠢᠶᠠᠨ ᠡᠬᠢᠯᠡᠭᠦᠯᠪᠡ᠂ ᠡᠨᠡ 150 ᠵᠦᠢᠯ ᠤᠨ ᠳᠣᠲᠣᠷᠠᠬᠢ 23 ᠵᠦᠢᠯ ᠢ ᠨᠢ ᠨᠢᠭᠡᠨᠲᠡ ᠠᠵᠢᠯ ᠢᠶᠠᠨ ᠡᠬᠢᠯᠡᠭᠦᠯᠵᠦ᠂ ᠤᠢᠢᠷ᠎ᠠ ᠳᠤ ᠪᠠᠰᠠ ᠵᠠᠷᠢᠮ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠡᠬᠢᠯᠡᠭᠦᠯᠬᠦ ᠪᠣᠯᠤᠨ᠎ᠠ᠃      ᠵᠠᠩ ᠰᠢᠶᠠᠩ ᠸᠧᠶ 2020 — 09 — 24 10᠄ 37᠄ 30      ᠲᠠᠷᠠᠭᠠᠴᠢ ᠶᠢᠨ ᠠᠯᠬᠤᠮ ᠳᠤ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠪᠠᠷ ᠰᠠᠶᠢᠲᠤᠷ ᠬᠢᠨ᠎ᠡ᠃ ᠨᠢᠭᠡᠳᠦᠭᠡᠷ ᠲᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ︽ᠦᠨᠡᠨ ᠬᠦ ᠬᠡᠷᠡᠭᠴᠡᠭᠡ ᠲᠠᠢ᠂ ᠠᠮᠢ ᠠᠬᠤᠶ ᠶᠢᠨ ᠠᠮᠤᠷ ᠲᠦᠪᠰᠢᠨ᠂ ᠦᠷᠭᠦᠯᠵᠢᠯᠡᠬᠦ︾ ᠵᠠᠷᠴᠢᠮ ᠶᠣᠰᠣᠭᠠᠷ ᠡᠮᠦᠨᠡᠬᠢ ᠬᠤᠭᠤᠴᠠᠭᠠᠨ ᠤ ᠨᠤᠲᠠᠯᠠᠯᠲᠠ ᠶᠢ ᠭᠦᠨᠵᠡᠭᠡᠶᠢᠷᠡᠭᠦᠯᠦᠨ᠎ᠡ᠃ ᠢᠯᠠᠩᠭᠤᠶ᠎ᠠ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠵᠤ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ᠂ ᠭᠠᠵᠠᠷ ᠰᠢᠷᠣᠶ ᠶᠢ ᠡᠷᠴᠢᠮᠯᠢᠭ ᠠᠷᠪᠢᠯᠠᠨ ᠠᠰᠢᠭᠯᠠᠬᠤ ᠶᠢ ᠪᠠᠷᠢᠮᠲᠠᠯᠠᠨ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ᠂ ᠨᠡᠭᠦᠳᠡᠯ ᠠᠷᠠᠳ ᠢ ᠲᠥᠪᠬᠢᠨᠡᠭᠦᠯᠬᠦ ᠲᠥᠰᠦᠯ ᠵᠡᠷᠭᠡ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤ ᠪᠠᠷ ᠲᠥᠷᠥᠯ ᠵᠦᠢᠯ ᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠪᠠᠨ ᠲᠦᠷᠭᠡᠳᠬᠡᠨ᠂ ᠢᠯᠡᠭᠦᠦ ᠨᠡᠭᠡᠭᠡᠬᠦ᠂ ᠡᠷᠲᠡ ᠨᠡᠭᠡᠭᠡᠬᠦ ᠪᠠᠷ ᠴᠢᠷᠮᠠᠶᠢᠨ᠎ᠠ᠃      ᠬᠤᠶᠠᠳᠤᠭᠠᠷ ᠲᠤ᠂ ᠪᠡᠯᠡ ᠣᠷᠣᠭᠤᠯᠤᠯᠲᠠ ᠶᠢ ᠤᠯᠠᠨ ᠠᠷᠭ᠎ᠠ ᠵᠠᠮ ᠢᠶᠠᠷ ᠨᠠᠶᠢᠳᠠᠪᠤᠷᠢᠵᠢᠭᠤᠯᠤᠨ᠎ᠠ᠃ ᠤᠴᠢᠷ ᠨᠢ ᠡᠨᠡ 150 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠳᠤ ᠪᠠᠷᠤᠭ 1.29 ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠴᠢᠬᠤᠯᠠ ᠲᠠᠢ ᠪᠠᠶᠢᠨ᠎ᠠ᠃ ᠡᠳᠡᠭᠡᠷ ᠪᠡᠯᠡ ᠣᠷᠣᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠨᠢ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠦᠢᠯ ᠤᠨ ᠵᠠᠩᠭᠢᠯᠠᠭ᠎ᠠ ᠪᠣᠯᠵᠤ᠂ ᠡᠨᠡ ᠵᠢᠯ ᠤᠨ 7 ᠰᠠᠷ᠎ᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠤᠰᠤᠭᠠᠷ ᠤᠰᠤᠨ ᠠᠰᠢᠭᠯᠠᠯᠲᠠ ᠶᠢᠨ ᠶᠠᠮᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠯᠤᠭ᠎ᠠ ᠬᠠᠮᠵᠢᠯᠴᠠᠨ᠂ ᠨᠢᠭᠡ ᠳᠤ ᠲᠥᠪ ᠤᠨ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠂ ᠡᠨᠡ ᠬᠦ ᠰᠠᠭᠤᠷᠢᠨ ᠳᠡᠭᠡᠷ᠎ᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠬᠡᠷᠡᠭᠯᠡᠭᠡᠨ ᠤ ᠵᠢᠭᠡᠯᠡᠯᠭᠡ ᠶᠢ ᠰᠠᠶᠢᠲᠤᠷ ᠠᠰᠢᠭᠯᠠᠨ᠎ᠠ᠂ ᠡᠨᠡ ᠵᠢᠯ ᠤᠨ 1 — 9 ᠰᠠᠷ᠎ᠠ ᠳᠤ ᠪᠦᠬᠦ ᠤᠯᠤᠰ ᠤᠨ ᠤᠰᠤᠨ ᠠᠰᠢᠭᠯᠠᠯᠲᠠ ᠶᠢᠨ ᠬᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠬᠡᠷᠡᠭᠯᠡᠭᠡᠨ ᠤ ᠵᠢᠭᠡᠯᠡᠯᠭᠡ ᠶᠢᠨ ᠲᠡᠮᠳᠡᠭᠲᠦ ᠶᠢ 1244 ᠳ᠋ᠦᠩᠰᠢᠭᠤᠷ ᠲᠥᠭᠦᠷᠢᠭ ᠠᠰᠢᠭᠯᠠᠵᠤ᠂ ᠨᠢᠳᠤᠨᠤᠨ ᠤ ᠪᠦᠬᠦ ᠵᠢᠯ ᠤᠨ ᠤᠰᠤᠨ ᠠᠰᠢᠭᠯᠠᠯᠲᠠ ᠶᠢᠨ ᠬᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠨᠠᠶᠢᠳᠠᠪᠤᠷᠢᠵᠢᠭᠤᠯᠤᠭᠰᠠᠨ ᠤ 4.9 ᠲᠠᠬᠢᠨ ᠪᠤᠯᠵᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠳᠤ ᠳᠤᠩ ᠶᠡᠭᠡ ᠦᠢᠯᠡᠳᠦᠯ ᠦᠵᠡᠭᠦᠯᠦᠭᠰᠡᠨ ᠪᠠᠶᠢᠨ᠎ᠠ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠ ᠨᠡᠭᠡᠭᠡᠯᠲᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠣᠯᠠᠨ ᠠᠷᠭ᠎ᠠ ᠵᠠᠮ ᠢᠶᠠᠷ ᠳᠠᠮᠵᠢᠨ ᠡᠲᠡᠭᠡᠷ ᠢᠨᠵᠧᠨᠧᠷᠢᠩ ᠤᠨ ᠪᠠᠯᠠ ᠣᠷᠣᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃      ᠭᠤᠷᠪᠠᠳᠤᠭᠠᠷ ᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠷᠥᠯ ᠵᠦᠢᠯ ᠤᠨ ᠨᠥᠭᠡᠴᠡ ᠶᠢ ᠰᠠᠶᠢᠲᠤᠷ ᠬᠢᠵᠦ᠂ ᠡᠨᠡ ᠬᠦ 150 ᠵᠦᠢᠯ ᠤᠨ ᠰᠠᠭᠤᠷᠢᠨ ᠳᠡᠭᠡᠷ᠎ᠡ᠂ ᠶᠠᠭ ᠥᠷᠨᠢᠭᠦᠯᠵᠦ ᠪᠠᠶᠢᠭ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠤᠯᠤᠰ ᠤᠨ ᠤᠰᠤᠨ ᠲᠣᠣᠷ ᠤᠨ ᠪᠥᠳᠥᠭᠡᠨ ᠪᠠᠶᠢᠭᠤᠯᠤᠯᠲᠠ ᠪᠣᠯᠤᠨ ᠡᠨᠡ ᠵᠢᠯ ᠤᠨ ᠦᠶᠡᠷ ᠢ ᠰᠡᠷᠭᠡᠶᠢᠯᠡᠬᠦ ᠳᠤ ᠢᠯᠡᠷᠡᠭᠰᠡᠨ ᠪᠠᠭᠤᠷᠠᠶ ᠭᠤᠭᠴᠤᠭ᠎ᠠ ᠪᠠᠷ ᠭᠤᠣᠯᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ ᠠᠷᠠᠳ ᠤᠨ ᠠᠮᠢᠳᠤᠷᠠᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠲᠠᠬᠢᠨ ᠲᠥᠯᠥᠪᠯᠡᠵᠦ᠂ ᠲᠥᠷᠥᠯ ᠵᠦᠢᠯ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠨᠥᠬᠦᠴᠡᠯ ᠪᠦᠷᠢᠳᠦᠭᠦᠯᠦᠭᠰᠡᠨ ᠢ ᠨᠢ ᠴᠦ ᠡᠷᠲᠡ ᠨᠡᠭᠡᠭᠡᠵᠦ ᠢᠯᠡᠭᠦᠦ ᠨᠡᠭᠡᠭᠡᠬᠦ ᠪᠠᠷ ᠴᠢᠷᠮᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠭᠤᠷᠢᠯᠠᠬᠤ ᠦᠢᠯᠡᠳᠦᠯ ᠦᠵᠡᠭᠦᠯᠦᠨ᠎ᠡ᠃ ᠪᠠᠶᠠᠷᠯᠠᠯ᠎ᠠ︕      ᠰᠢᠨᠬᠤᠸᠠ ᠬᠤᠷᠢᠶᠠᠨ ᠤ ᠰᠤᠷᠪᠤᠯᠵᠢᠯᠠᠭᠴᠢ 2020 — 09 — 24 10᠄ 37᠄ 41      ᠲᠡᠭᠡᠪᠡᠯ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠤᠨ ᠳᠤᠮᠳᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠠᠵᠢᠯ ᠢ ᠬᠡᠷᠬᠢᠨ ᠰᠠᠶᠢᠲᠤᠷ ᠬᠢᠬᠦ ᠪᠤᠶ ᡼ ᠶᠠᠮᠠᠷ ᠦᠢᠯᠡᠳᠦᠯ ᠭᠠᠷᠭᠠᠭᠰᠠᠨ ᠪᠤᠢ︖ ᠪᠠᠶᠠᠷᠯᠠᠯ᠎ᠠ︕      ᠶᠧ ᠵᠢᠶᠠᠨ ᠴᠦᠨ 2020 — 09 — 24 10᠄ 39᠄ 08      ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠡᠨᠡ ᠠᠰᠠᠭᠤᠳᠠᠯ ᠢ ᠪᠢ ᠭᠤᠷᠪᠠᠨ ᠬᠡᠰᠡᠭ ᠬᠤᠪᠢᠶᠠᠨ ᠲᠠᠶᠢᠯᠪᠤᠷᠢᠯᠠᠶ᠎ᠠ ᠭᠡᠵᠦ ᠪᠤᠳᠤᠵᠤ ᠪᠠᠶᠢᠨ᠎ᠠ᠂ ᠶᠠᠭᠤᠨ ᠤ ᠡᠮᠦᠨ᠎ᠡ ᠪᠢ ᠶᠡᠷᠦᠩᠬᠡᠶ ᠬᠦᠭ ᠠᠶᠠᠰ ᠨᠢ ᠶᠠᠮᠠᠷ ᠤᠴᠢᠷ ᠪᠣᠯᠤᠭᠰᠠᠨ ᠢ ᠶᠠᠷᠢᠶ᠎ᠠ ᠭᠡᠵᠦ ᠪᠤᠳᠤᠵᠤ ᠪᠠᠶᠢᠨ᠎ᠠ᠃ 2018 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ᠂ ᠰᠢᠨ᠎ᠡ ᠨᠢᠭᠡ ᠬᠤᠭᠤᠴᠠᠭᠠᠨ ᠤ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠶᠡᠷᠦᠩᠬᠡᠢ ᠱᠦᠵᠢ ᠶᠢᠨ 2014 ᠣᠨ ᠤ 3 ᠰᠠᠷ᠎ᠠ ᠶᠢᠨ 14 ᠤ ᠡᠳᠦᠷ ᠲᠠᠯᠪᠢᠭᠰᠠᠨ ᠴᠢᠬᠤᠯᠠ ᠶᠠᠷᠢᠶ᠎ᠠ ᠶᠢ ᠳᠠᠬᠢᠨᠲᠠ ᠰᠤᠷᠤᠯᠴᠠᠵᠤ᠂ ᠡᠨᠡ ᠬᠦ ᠶᠠᠷᠢᠶᠠᠨ ᠳᠤ ᠰᠢᠨ᠎ᠡ ᠴᠠᠭ ᠦᠶ᠎ᠡ ᠶᠢᠨ ᠤᠰᠤ ᠵᠠᠰᠠᠬᠤ ᠰᠡᠳᠬᠢᠴᠡ ᠶᠢ ᠳᠤᠷᠠᠳᠴᠠᠢ᠃ ᠡᠨᠡ ᠬᠦ ᠰᠡᠳᠬᠢᠴᠡ ᠶᠢ ᠦᠨᠳᠦᠰᠦᠯᠡᠨ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠣᠯᠤᠨ ᠤᠰᠤᠨ ᠤ ᠪᠠᠶᠢᠳᠠᠯ ᠲᠠᠢ ᠤᠶᠠᠯᠳᠤᠭᠤᠯᠤᠨ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠪᠦᠬᠦ ᠰᠢᠰᠲ᠋ᠧᠮ ᠢᠶᠠᠷ ᠢᠶᠠᠨ ᠨᠠᠷᠢᠨ ᠬᠢᠨᠠᠮᠠᠭᠠᠶ ᠰᠤᠷᠤᠯᠴᠠᠨ ᠡᠮᠬᠢᠯᠡᠵᠦ᠂ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠳᠤᠷᠠᠳᠤᠭᠰᠠᠨ ᠪᠠᠶᠢᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠬᠦ ᠶᠢ ᠤᠯᠠᠨ ᠢᠶᠠᠷ ᠢᠶᠠᠨ ᠮᠠᠰᠢ ᠰᠠᠶᠢᠨ ᠣᠢᠢᠯᠠᠭᠠᠵᠤ ᠪᠠᠶᠢᠨ᠎ᠠ᠂ ᠢᠨᠵᠧᠨᠧᠷᠢᠩ ᠤᠨ ᠳᠤᠲᠠᠭᠤᠳᠠᠯ ᠮᠠᠰᠢ ᠤᠯᠠᠨ ᠪᠠᠶᠢᠨ᠎ᠠ᠂ ᠡᠨᠡ ᠵᠢᠯ ᠤᠨ ᠦᠶᠡᠷ ᠢ ᠰᠡᠷᠭᠡᠶᠢᠯᠡᠬᠦ ᠠᠴᠠ ᠠᠰᠠᠭᠤᠳᠠᠯ ᠢ ᠣᠯᠵᠤ ᠬᠠᠷᠠᠵᠤ ᠪᠣᠯᠤᠨ᠎ᠠ᠃ ᠪᠠᠰᠠ ᠨᠢᠭᠡ ᠨᠢ ᠪᠦᠬᠦ ᠠᠵᠢᠯ ᠲᠦᠷᠦᠯ ᠢᠶᠠᠷ ᠢᠶᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠠᠵᠢᠯ ᠲᠦᠷᠦᠯ ᠢᠶᠠᠷ ᠢᠶᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠠᠪᠤᠳᠠᠯ ᠪᠣᠯᠤᠨ᠎ᠠ᠂ ᠡᠨᠡ ᠬᠦ ᠬᠢᠨᠠᠯᠲᠠ ᠬᠠᠮᠢᠶᠠᠷᠤᠯᠲᠠ ᠨᠢ ᠶᠡᠷᠦᠩᠬᠡᠢ ᠱᠦᠵᠢ ᠶᠢᠨ ᠶᠠᠷᠢᠶᠠᠨ ᠳᠠᠭᠠᠨ ᠳᠤᠷᠠᠳᠤᠭᠰᠠᠨ ᠬᠥᠮᠦᠨ ᠤ ᠠᠵᠢᠯᠯᠠᠭ᠎ᠠ ᠶᠢ ᠵᠢᠷᠤᠮᠵᠢᠭᠤᠯᠵᠤ᠂ ᠪᠤᠷᠤᠭᠤ ᠠᠵᠢᠯᠯᠠᠭ᠎ᠠ ᠶᠢ ᠵᠠᠯᠠᠷᠠᠭᠤᠯᠵᠤ᠂ ᠬᠢᠨᠠᠯᠲᠠ ᠬᠠᠮᠢᠶᠠᠷᠤᠯᠲᠠ ᠪᠠᠷ ᠳᠠᠮᠵᠢᠨ ᠤᠰᠤ ᠵᠠᠰᠠᠬᠤ ᠰᠡᠳᠬᠢᠴᠡ ᠶᠢ ᠪᠡᠶᠡᠯᠡᠭᠦᠯᠵᠦ᠂ ᠲᠡᠭᠦᠨ ᠢ ᠪᠦᠲᠦᠮᠵᠢᠲᠡᠢ ᠪᠡᠶᠡᠯᠡᠭᠦᠯᠬᠦ ᠪᠠ ᠨᠠᠶᠢᠳᠠᠪᠤᠷᠢᠵᠢᠭᠤᠯᠬᠤ ᠶᠢ ᠵᠢᠭᠠᠵᠤ ᠪᠤᠢ᠃ ᠶᠡᠷᠦᠩᠬᠡᠶ ᠬᠦᠭ ᠠᠶᠠᠰ ᠪᠣᠯ ᠢᠩᠭᠢᠵᠦ ᠢᠷᠡᠭᠰᠡᠨ ᠶᠤᠮ᠂ ᠡᠶᠢᠮᠦ ᠠᠴᠠ ᠡᠨᠡ ᠬᠡᠳᠦᠨ ᠵᠢᠯ ᠳᠤ ᠪᠢᠳᠡ ᠡᠶᠢᠮᠦ ᠨᠢᠭᠡᠨ ᠶᠡᠷᠦᠩᠬᠡᠶ ᠬᠦᠭ ᠠᠶᠠᠰ ᠢᠶᠠᠷ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠨ᠎ᠠ᠃      ᠬᠤᠶᠠᠳᠤᠭᠠᠷ ᠲᠤ᠂ ᠪᠢᠳᠡᠨ ᠤ ᠡᠨᠡ ᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠪᠣᠳᠣᠯᠬᠢᠯᠠᠯ ᠪᠣᠯ ᠭᠤᠣᠯᠳᠠᠭᠤ ᠬᠤᠶᠠᠷ ᠲᠠᠯ᠎ᠠ ᠪᠣᠯᠤᠨ᠎ᠠ᠂ ᠨᠢᠭᠡ ᠲᠠᠯ᠎ᠠ ᠪᠠᠷ᠂ ᠲᠦᠷᠢᠮ ᠢᠶᠠᠷ ᠬᠥᠮᠦᠨ ᠢ ᠬᠠᠮᠢᠶᠠᠷᠴᠤ ᠬᠡᠷᠡᠭ ᠶᠠᠪᠤᠳᠠᠯ ᠢ ᠬᠠᠮᠢᠶᠠᠷᠬᠤ ᠶᠢ ᠴᠢᠬᠤᠯᠠᠴᠢᠯᠠᠵᠤ᠂ ᠪᠢᠳᠡᠨ ᠳᠤ ᠦᠶᠡᠷ ᠤᠨ ᠬᠢᠵᠠᠭᠠᠷ ᠤᠨ ᠤᠰᠤᠨ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ᠂ ᠤᠰᠤᠨ ᠤ ᠢᠨᠵᠧᠨᠧᠷᠢᠩ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠶᠢ ᠳᠣᠭᠢᠷᠠᠭᠤᠯᠤᠨ ᠬᠡᠷᠡᠭᠯᠡᠬᠦ ᠵᠢᠴᠢ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠵᠡᠷᠭᠡ ᠲᠦᠷᠢᠮ ᠲᠠᠢ ᠪᠠᠶᠢᠬᠤ ᠶᠢᠨ ᠬᠠᠮᠲᠤ᠂ ᠡᠲᠡᠭᠡᠷ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠵᠠᠷᠢᠮ ᠠᠷᠭ᠎ᠠ ᠪᠠᠷᠢᠯ ᠢᠶᠠᠷ ᠴᠢᠩᠭᠠᠳᠬᠠᠵᠤ᠂ ᠡᠲᠡᠭᠡᠷ ᠲᠦᠷᠢᠮ ᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠬᠤ ᠪᠠᠷ ᠪᠠᠶᠢᠨ᠎ᠠ᠃ ᠨᠦᠬᠦᠭᠡ ᠲᠠᠯ᠎ᠠ ᠪᠠᠷ᠂ ᠬᠢᠨᠠᠯᠲᠠ ᠲᠠᠯᠪᠢᠵᠤ ᠭᠦᠢᠴᠡᠳᠬᠡᠬᠦ ᠶᠢ ᠴᠢᠩᠭᠠᠳᠬᠠᠪᠠ᠃ ᠰᠠᠶ᠋ᠢᠬᠠᠨ ᠤ ᠲᠠᠨᠢᠯᠴᠠᠭᠤᠯᠤᠭᠰᠠᠨ ᠢᠶᠠᠷ᠂ ᠨᠢᠭᠡ ᠨᠢ ︽ᠳᠥᠷᠪᠡᠨ ᠦᠯᠦ ᠬᠤᠶᠠᠷ ᠰᠢᠯᠤᠭᠤᠨ︾ ᠨᠢᠭᠤᠴᠠ ᠪᠠᠷ ᠰᠤᠷᠪᠤᠯᠵᠢᠯᠠᠬᠤ ᠬᠡᠯᠪᠡᠷᠢ ᠶᠢᠨ ᠱᠠᠯᠠᠪᠳᠠᠭᠤᠯᠤᠨ ᠪᠠᠶᠢᠴᠠᠭᠠᠯᠲᠠ᠂ ᠨᠢᠭᠡ ᠨᠢ ᠮᠠᠨ ᠤ ᠵᠢᠵᠢᠭᠦᠷᠯᠡᠨ ᠠᠵᠢᠯᠯᠠᠬᠤ ᠤᠲᠠᠰᠤ ᠪᠠᠷ ᠰᠤᠭᠤᠴᠢᠨ ᠪᠠᠶᠢᠴᠠᠭᠠᠯᠲᠠ᠂ ᠨᠥᠭᠦᠭᠡ ᠨᠢ ᠠᠵᠢᠯᠯᠠᠬᠤ ᠳᠤᠭᠤᠢᠢᠯᠠᠩ ᠤᠨ ᠲᠤᠬᠠᠶ ᠶᠢᠨ ᠲᠠᠯᠠᠪᠤᠷ ᠤᠨ ᠱᠠᠯᠠᠪᠳᠠᠭᠤᠯᠤᠨ ᠪᠠᠶᠢᠴᠠᠭᠠᠯᠲᠠ ᠪᠣᠯᠤᠨ᠎ᠠ᠃ ︽ᠭᠤᠷᠪᠠ ᠶᠢ ᠨᠢᠭᠡ ᠴᠤᠭᠴᠠᠵᠢᠭᠤᠯᠬᠤ︾ ᠱᠠᠯᠠᠪᠳᠠᠭᠤᠯᠤᠨ ᠪᠠᠶᠢᠴᠠᠭᠠᠯᠲᠠ ᠪᠠᠷ ᠳᠠᠮᠵᠢᠨ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠭᠲᠠᠭᠠᠭᠰᠠᠨ ᠡᠳᠡᠭᠡᠷ ᠲᠠᠯ᠎ᠠ ᠶᠢᠨ ᠲᠦᠷᠢᠮ ᠢ ᠪᠠᠶᠢᠴᠠᠭᠠᠨ᠎ᠠ᠃ ᠡᠨᠡ ᠪᠣᠯ ᠮᠠᠨ ᠤ ᠪᠦᠬᠦ ᠲᠠᠯ᠎ᠠ ᠶᠢᠨ ᠪᠣᠳᠣᠯᠬᠢᠯᠠᠯ᠂ ᠳᠦᠷᠢᠮ ᠤᠨ ᠴᠢᠩᠭᠠᠷᠠᠯᠲᠠ ᠪᠠ ᠬᠢᠨᠠᠯᠲᠠ ᠬᠠᠮᠢᠶᠠᠷᠤᠯᠲᠠ ᠶᠢᠨ ᠴᠢᠩᠭᠠᠷᠠᠯᠲᠠ ᠪᠤᠯᠤᠨ᠎ᠠ᠃      ᠶᠧ ᠵᠢᠶᠠᠨ ᠴᠦᠨ 2020 — 09 — 24 10᠄ 43᠄ 37      ᠭᠤᠷᠪᠠᠳᠤᠭᠠᠷ ᠲᠤ᠂ ᠡᠳᠡᠭᠡᠷ ᠪᠣᠳᠠᠲᠠᠶ ᠶᠠᠪᠤᠳᠠᠯ ᠢ ᠶᠠᠭᠠᠬᠢᠵᠤ ᠬᠢᠭᠰᠡᠨ ᠢ ᠲᠠᠨᠢᠯᠴᠠᠭᠤᠯᠤᠶ᠎ᠠ᠃ ᠴᠠᠭ ᠤᠨ ᠳᠠᠷᠠᠭᠠᠯᠠᠯ ᠢᠶᠠᠷ ᠡᠩ ᠲᠡᠷᠢᠭᠦᠨ ᠳᠤ ᠪᠠᠶᠢᠴᠠᠭᠠᠬᠤ ᠨᠢ ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ ᠳᠤᠬᠠᠢ ᠪᠤᠯᠤᠨ᠎ᠠ᠂ ᠪᠢᠳᠡ ᠦᠶᠡᠷ ᠤᠨ ᠬᠤᠭᠤᠴᠠᠭᠠᠨ ᠠᠴᠠ ᠡᠮᠦᠨ᠎ᠡ ᠭᠤᠣᠯᠳᠠᠭᠤ ᠡᠯ᠎ᠡ ᠭᠠᠵᠠᠷ ᠤᠨ ᠬᠢᠨ ᠨᠢᠳᠤᠨᠤᠨ ᠤ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠭᠰᠡᠨ ᠡᠰᠡᠬᠦ ᠶᠢ ᠱᠠᠯᠠᠪᠳᠠᠭᠤᠯᠤᠨ ᠪᠠᠶᠢᠴᠠᠭᠠᠵᠤ᠂ ᠡᠨᠡ ᠵᠢᠯ ᠤᠨ ᠦᠶᠡᠷ ᠤᠰᠤᠳᠤᠯ ᠤᠨ ᠪᠠᠶᠢᠳᠠᠯ ᠢ ᠠᠷᠭᠠᠴᠠᠭᠠᠵᠤ ᠳᠡᠶᠢᠯᠬᠦ ᠪᠣᠯᠲᠠᠯ᠎ᠠ ᠰᠡᠷᠭᠦᠭᠡᠵᠦ᠂ 19 ᠮᠤᠵᠢ ᠶᠢᠨ 3 ᠰᠠᠪᠠ ᠭᠠᠵᠠᠷ ᠤᠨ 334 ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠲᠦᠷᠦᠯ ᠵᠦᠢᠯ ᠳᠤ ᠲᠤᠰᠬᠠᠶ ᠪᠠᠶᠢᠴᠠᠭᠠᠯᠲᠠ ᠬᠢᠵᠦ᠂ ᠡᠨᠡ ᠵᠢᠯ ᠬᠢᠵᠢᠭ ᠤᠨ ᠪᠠᠶᠢᠳᠠᠯ ᠤᠨ ᠨᠥᠯᠥᠭᠡ ᠪᠠᠷ ᠡᠯ᠎ᠡ ᠭᠠᠵᠠᠷ ᠤᠨ ᠬᠢᠨ ᠢ ᠱᠠᠯᠠᠪᠳᠠᠭᠤᠯᠤᠨ ᠱᠠᠭᠠᠷᠳᠠᠯᠭ᠎ᠠ ᠶᠣᠰᠣᠭᠠᠷ ᠡᠳᠡᠭᠡᠷ ᠪᠠᠷᠢᠯᠭ᠎ᠠ ᠶᠢ ᠵᠠᠰᠠᠨ ᠰᠡᠷᠭᠦᠭᠡᠵᠦ᠂ ᠡᠨᠡ ᠵᠢᠯ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠵᠠᠯᠭᠠᠭᠠᠳ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠢ ᠰᠡᠷᠭᠡᠶᠢᠯᠡᠬᠦ ᠲᠥᠰᠦᠯ ᠢ ᠪᠠᠶᠢᠴᠠᠭᠠᠵᠤ᠂ ᠪᠢᠳᠡᠨ ᠳᠤ ︽ᠲᠦᠷᠪᠡᠨ ᠬᠠᠷᠠᠯᠲᠠ︾ ᠲᠠᠢ᠂ ᠴᠢᠬᠤᠯᠠ ᠭᠤᠣᠯ ᠮᠥᠷᠡᠨ᠂ ᠭᠤᠣᠯᠳᠠᠯᠭ᠎ᠠ ᠲᠠᠢ ᠬᠤᠳᠠ ᠳᠤ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠢ ᠰᠡᠷᠭᠡᠶᠢᠯᠡᠬᠦ ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠂ ᠪᠢᠳᠡ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠡᠳᠡᠭᠡᠷ ᠲᠥᠰᠦᠯ ᠨᠢ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠳᠤ ᠰᠠᠮᠠᠭᠤᠷᠠᠯ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠵᠦ ᠳᠡᠶᠢᠯᠬᠦ ᠡᠰᠡᠬᠦ ᠶᠢ ᠪᠠᠶᠢᠴᠠᠭᠠᠵᠤ᠂ ᠲᠡᠭᠦᠨ ᠤ ᠬᠡᠷᠡᠭᠯᠡᠭᠡᠨ ᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠢᠢᠴᠠ ᠴᠢᠨᠠᠷ ᠢ ᠪᠠᠶᠢᠴᠠᠭᠠᠨ᠎ᠠ᠂ ᠡᠨᠡ ᠪᠣᠯ ᠪᠢᠳᠡᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠤᠶᠠᠳᠤᠭᠠᠷ ᠵᠦᠢᠯ ᠤᠨ ᠠᠵᠢᠯ ᠪᠣᠯᠤᠨ᠎ᠠ ᠭᠡᠵᠦ ᠰᠠᠶ᠋ᠢᠬᠠᠨ ᠬᠡᠯᠡᠭᠰᠡᠨ ᠪᠢᠯᠡ᠃ ᠭᠤᠷᠪᠠᠳᠤᠭᠠᠷ ᠲᠤ ᠤᠰᠤᠨ ᠴᠥᠭᠦᠷᠥᠮ᠂ ᠲᠤᠮᠤ ᠳᠤᠮᠳᠠ ᠬᠡᠯᠪᠡᠷᠢ ᠶᠢᠨ ᠬᠢ ᠶᠢ ᠪᠢᠳᠡ ᠪᠣᠯ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠢᠨᠠᠨ ᠬᠠᠮᠢᠶᠠᠷᠤᠯᠲᠠ ᠬᠢᠵᠤ ᠪᠠᠶᠢᠨ᠎ᠠ᠂ ᠰᠦᠯᠵᠢᠶᠡᠨ ᠳᠡᠭᠡᠷᠡᠬᠢ ᠪᠣᠯ ᠲᠡᠭᠦᠨ ᠤ ᠤᠰᠤᠨ ᠲᠦᠪᠰᠢᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠲᠡᠭᠦᠨ ᠤ ᠲᠣᠭᠲᠠᠭᠠᠯ ᠠᠴᠠ ᠵᠥᠷᠢᠴᠡᠨ ᠦᠶᠡᠷ ᠤᠨ ᠬᠡᠮᠵᠢᠶᠡᠨ ᠤ ᠬᠢᠵᠠᠭᠠᠷ ᠠᠴᠠ ᠬᠡᠲᠦᠷᠡᠭᠰᠡᠨ ᠡᠰᠡᠬᠦ᠂ ᠦᠶᠡᠷ ᠵᠠᠯᠠᠬᠤ ᠴᠢᠬᠤᠯᠠ ᠦᠭᠡᠢ ᠦᠶ᠎ᠡ ᠳᠤ ᠦᠶᠡᠷ ᠵᠠᠯᠠᠬᠤ ᠡᠰᠡᠬᠦ ᠶᠢ ᠠᠩᠬᠠᠷᠤᠨ᠎ᠠ᠃ ᠰᠦᠯᠵᠢᠶᠡᠨ ᠭᠠᠳᠠᠨ᠎ᠠ ᠪᠢᠳᠡ ᠨᠢᠭᠤᠴᠠ ᠪᠠᠷ ᠰᠤᠷᠪᠤᠯᠵᠢᠯᠠᠬᠤ ᠠᠷᠭ᠎ᠠ ᠪᠠᠷ ᠡᠳᠡᠭᠡᠷ ᠤᠰᠤᠨ ᠴᠥᠭᠦᠷᠥᠮ ᠢ ᠲᠣᠬᠢᠷᠠᠭᠤᠯᠬᠤ ᠵᠠᠷᠯᠢᠭ ᠶᠣᠰᠣᠭᠠᠷ ᠬᠡᠷᠡᠭᠵᠢᠭᠦᠯᠵᠦ ᠪᠠᠢᠶ᠋ᠬᠤ ᠡᠰᠡᠬᠦ ᠶᠢ ᠱᠠᠯᠠᠪᠳᠠᠭᠤᠯᠤᠨ᠎ᠠ᠃ ᠡᠨᠡ ᠵᠢᠯ ᠤᠰᠤᠨ ᠴᠥᠭᠦᠷᠥᠮ ᠳᠤ ᠳᠤᠷ᠎ᠠ ᠪᠠᠷ ᠢᠶᠠᠨ ᠦᠶᠡᠷ ᠤᠨ ᠬᠡᠮᠵᠢᠶᠡᠨ ᠤ ᠬᠢᠵᠠᠭᠠᠷ ᠠᠴᠠ ᠬᠡᠲᠦᠷᠡᠲᠡᠯ᠎ᠡ ᠠᠵᠢᠯᠯᠠᠵᠤ ᠪᠠᠢᠶ᠋ᠭ᠎ᠠ ᠬᠥᠮᠦᠨ ᠨᠢᠭᠡ ᠴᠦ ᠪᠠᠢᠶ᠋ᠬᠤ ᠦᠭᠡᠶ᠃ ᠪᠠᠭ᠎ᠠ ᠬᠡᠯᠪᠡᠷᠢ ᠶᠢᠨ ᠤᠰᠤᠨ ᠴᠥᠭᠦᠷᠥᠮ ᠤᠨ ︽ᠭᠤᠷᠪᠠᠨ ᠬᠠᠷᠢᠭᠤᠴᠠᠯᠭᠠᠲᠠᠨ︾ ᠢ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠨᠡ ᠵᠢᠯ ᠨᠡᠶᠢᠲᠡ 6107 ᠪᠠᠭ᠎ᠠ ᠬᠡᠯᠪᠡᠷᠢ ᠶᠢᠨ ᠤᠰᠤᠨ ᠴᠥᠭᠦᠷᠥᠮ ᠢ ᠨᠢᠭᠤᠴᠠ ᠪᠠᠷ ᠰᠤᠷᠪᠤᠯᠵᠢᠯᠠᠵᠤ᠂ ᠣᠨᠴᠠ ᠵᠠᠷᠢᠮ ᠨᠢ ᠣᠷᠣᠨ ᠪᠠᠶᠢᠷᠢ ᠳᠠᠭᠠᠨ ᠭᠦᠷᠦᠭᠰᠡᠨ ᠥᠬᠡᠶ ᠠᠴᠠ ᠪᠤᠰᠤᠳ ᠵᠣᠩᠬᠢᠯᠠᠬᠤ ᠬᠡᠰᠡᠭ ᠢ ᠨᠢ ᠴᠥᠮ ᠣᠷᠣᠨ ᠪᠠᠶᠢᠷᠢ ᠳᠠᠭᠠᠨ ᠣᠷᠣᠭᠤᠯᠵᠤ᠂ ᠪᠠᠭ᠎ᠠ ᠬᠡᠯᠪᠡᠷᠢ ᠶᠢᠨ ᠤᠰᠤᠨ ᠴᠥᠭᠦᠷᠥᠮ ᠡᠨᠡ ᠵᠢᠯ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃ ᠳᠥᠷᠪᠡᠳᠦᠭᠡᠷ ᠲᠤ᠂ ᠠᠭᠤᠯᠠᠨ ᠦᠶᠡᠷ ᠤᠨ ᠭᠠᠮᠰᠢᠭ᠂ ᠤᠴᠢᠷ ᠨᠢ ᠠᠭᠤᠯᠠᠨ ᠦᠶᠡᠷ ᠤᠨ ᠭᠠᠮᠰᠢᠭ ᠪᠣᠯ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠠᠴᠠ ᠪᠣᠯᠵᠤ ᠥᠭᠦᠵᠦ ᠰᠢᠷᠬᠠᠲᠤᠭᠰᠠᠨ ᠬᠥᠮᠦᠨ ᠤ ᠲᠤᠭ᠎ᠠ ᠪᠠᠷ ᠬᠠᠮᠤᠭ ᠤᠨ ᠣᠯᠠᠨ ᠭᠠᠮᠰᠢᠭ ᠤᠨ ᠲᠥᠷᠥᠯ ᠪᠣᠯᠤᠨ᠎ᠠ᠃ ᠪᠢᠳᠡ 29 ᠮᠤᠵᠢ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ 106 ᠰᠢᠶᠠᠨ ᠤ 400 ᠭᠠᠷᠤᠶ ᠲᠣᠰᠬᠤᠨ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠳᠤᠬᠠᠢ ᠨᠢᠭᠤᠴᠠ ᠪᠠᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠭᠡᠳ ᠵᠠᠷᠢᠮ ᠠᠰᠠᠭᠤᠳᠠᠯ ᠢ ᠣᠯᠵᠤ ᠮᠡᠳᠡᠪᠡ᠂ ᠡᠳᠡᠭᠡᠷ ᠠᠰᠠᠭᠤᠳᠠᠯ ᠢ ᠴᠥᠮ ᠡᠯ᠎ᠡ ᠭᠠᠵᠠᠷ ᠤᠨ ᠬᠢᠨ ᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠵᠠᠶ᠂ ᠡᠭᠦᠨ ᠳᠤ ᠭᠤᠣᠯᠳᠠᠭᠤ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠬᠡᠪ ᠤᠨ ᠶᠣᠰᠣᠭᠠᠷ ᠠᠵᠢᠯᠯᠠᠵᠤ ᠴᠢᠳᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠰᠦᠷᠳᠡᠭᠦᠯᠦᠯ ᠳᠤ ᠤᠴᠠᠷᠠᠭᠰᠠᠨ ᠤᠯᠠᠨ ᠲᠦᠮᠡᠨ ᠤ ᠭᠠᠷ ᠲᠤ ᠴᠠᠭ ᠲᠤᠬᠠᠶ ᠳᠤᠨᠢ ᠬᠦᠷᠭᠡᠵᠦ ᠴᠢᠳᠠᠬᠤ ᠶᠢ ᠱᠠᠭᠠᠷᠳᠠᠵᠠᠶ᠃      ᠡᠨᠡ ᠬᠡᠳᠦᠨ ᠲᠣᠮᠣ ᠬᠡᠰᠡᠭ ᠠᠴᠠ ᠭᠠᠳᠠᠨ᠎ᠠ᠂ ᠪᠢᠳᠡ ᠡᠨᠡ ᠵᠢᠯ ᠤᠨ ᠦᠶᠡᠷ ᠤᠨ ᠬᠤᠭᠤᠴᠠᠭᠠᠨ ᠤ ᠰᠢᠷᠦᠭᠦᠨ ᠪᠣᠷᠣᠭᠠᠨ ᠦᠶᠡᠷ ᠤᠰᠤᠳᠤᠯ ᠢ ᠰᠡᠷᠭᠡᠶᠢᠯᠡᠬᠦ ᠶᠠᠪᠤᠴᠠ ᠳᠤ ᠪᠠᠰᠠ ᠶᠡᠷᠦᠩᠬᠡᠶᠢᠯᠡᠭᠰᠡᠨ ᠴᠢᠨᠠᠷᠲᠠᠶ ᠱᠠᠯᠠᠪᠳᠠᠭᠤᠯᠤᠨ ᠪᠠᠶᠢᠴᠠᠭᠠᠯᠲᠠ ᠬᠢᠵᠦ᠂ ᠠᠯᠢ ᠭᠠᠵᠠᠷ ᠲᠤ ᠰᠢᠷᠦᠭᠦᠨ ᠪᠣᠷᠣᠭᠠᠨ ᠤᠷᠤᠭᠰᠠᠨ ᠪᠠᠶᠢᠪᠠᠯ᠂ ᠠᠯᠢ ᠭᠠᠵᠠᠷ ᠲᠤ ᠪᠢᠳᠡ ᠬᠡᠷᠪᠡ ᠰᠡᠷᠭᠡᠶᠢᠯᠡᠯᠲᠡ ᠶᠢᠨ ᠠᠵᠢᠯ ᠬᠠᠷᠢᠴᠠᠩᠭᠤᠶ ᠪᠠᠷ ᠪᠠᠭᠤᠷᠠᠶ ᠪᠠᠶᠢᠬᠤ ᠶᠢ ᠣᠯᠵᠤ ᠮᠡᠳᠡᠪᠡᠯ᠂ ᠮᠠᠨ ᠤ ᠨᠢᠭᠤᠴᠠ ᠪᠠᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠤᠭᠤᠢᠢᠯᠠᠩ ᠲᠡᠨᠳᠡ ᠬᠦᠷᠴᠦ᠂ ᠲᠡᠳᠡᠨ ᠤ ᠦᠶᠡᠷ ᠢ ᠰᠡᠷᠭᠡᠶᠢᠯᠡᠬᠦ ᠬᠤᠭᠤᠴᠠᠭᠠᠨ ᠳᠠᠬᠢ ᠡᠯ᠎ᠡ ᠵᠦᠢᠯ ᠤᠨ ᠵᠠᠷᠯᠢᠭ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠶᠢ ᠪᠠᠶᠢᠴᠠᠭᠠᠵᠤ᠂ ᠲᠡᠳᠡᠨ ᠤ ᠵᠢᠵᠢᠭᠦᠷᠯᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠪᠠᠶᠢᠭ᠎ᠠ ᠪᠠᠶᠢᠳᠠᠯ ᠢ       ᠪᠠᠶᠢᠴᠠᠭᠠᠨ᠎ᠠ᠃ ᠤᠰᠤᠨ ᠤ ᠪᠠᠶᠢᠳᠠᠯ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠲᠣᠬᠢᠷᠠᠭᠤᠯᠤᠨ᠎ᠠ᠂ ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ᠂ ᠪᠡᠯᠡᠳᠬᠡᠯ ᠲᠥᠰᠦᠯ ᠢ ᠪᠠᠶᠢᠴᠠᠭᠠᠬᠤ᠂ ᠤᠰᠤᠨ ᠴᠥᠭᠦᠷᠥᠮ ᠢ ᠪᠠᠶᠢᠴᠠᠭᠠᠬᠤ᠂ ᠠᠭᠤᠯᠠᠨ ᠦᠶᠡᠷ ᠤᠨ ᠭᠠᠮᠰᠢᠭ ᠪᠠ ᠪᠦᠬᠦ᠋ᠢᠯᠡ ᠦᠶᠡᠷ ᠤᠰᠤᠳᠤᠯ ᠤᠨ ᠪᠠᠶᠢᠳᠠᠯ ᠢ ᠰᠡᠷᠭᠡᠶᠢᠯᠡᠬᠦ ᠵᠡᠷᠭᠡ ᠶᠢ ᠪᠠᠶᠢᠴᠠᠭᠠᠨ᠎ᠠ᠃      ᠬᠡᠳᠦᠨ ᠠᠷᠭ᠎ᠠ ᠬᠡᠮᠵᠢᠶ᠎ᠡ ᠪᠠᠷ ᠳᠠᠮᠵᠢᠨ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠦᠢ ᠦᠶᠡᠷ ᠰᠡᠷᠭᠡᠶᠢᠯᠡᠯᠲᠡ ᠶᠢᠨ ᠬᠠᠷᠢᠭᠤᠴᠠᠯᠭᠠᠲᠠᠳ ᠤᠨ ᠠᠵᠢᠯ ᠤᠨ ᠪᠠᠶᠢᠷᠢ ᠳᠤ ᠦᠨᠡᠨ ᠬᠦ ᠭᠠᠷᠬᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠪᠠ ᠲᠥᠪ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠤᠰᠤᠨ ᠠᠰᠢᠭᠯᠠᠯᠲᠠ ᠶᠢᠨ ᠶᠠᠮᠤᠨ ᠤ ᠦᠶᠡᠷ ᠰᠡᠷᠭᠡᠶᠢᠯᠡᠬᠦ ᠠᠵᠢᠯ ᠤᠨ ᠲᠤᠬᠢᠷᠠᠭᠤᠯᠤᠯᠳᠠ ᠶᠢ ᠦᠨᠡᠨ ᠬᠦ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠤ ᠬᠠᠮᠲᠤ ᠪᠠᠰᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠡᠪ ᠤᠨ ᠶᠣᠰᠣᠭᠠᠷ ᠦᠢᠯᠡᠳᠦᠯ ᠢᠶᠠᠨ ᠪᠠᠳᠠᠷᠠᠭᠤᠯᠬᠤ ᠶᠢ ᠪᠦᠲᠦᠮᠵᠢᠲᠡᠶ ᠱᠠᠯᠠᠪᠳᠠᠭᠤᠯᠤᠭᠰᠠᠨ ᠪᠠ ᠦᠨᠡᠨ ᠬᠦ ᠪᠠᠲᠤᠯᠠᠭᠰᠠᠨ ᠪᠠᠶᠢᠨ᠎ᠠ᠃ ᠡᠶᠢᠮᠦ ᠠᠴᠠ ᠦᠷ᠎ᠡ ᠳ᠋ᠦᠩ ᠨᠢ ᠲᠦᠢᠯ ᠤᠨ ᠢᠯᠡᠳᠳᠡ ᠪᠠᠶᠢᠵᠤ᠂ ᠠᠶᠤᠯ ᠲᠦᠭᠰᠢᠭᠦᠷᠢ ᠶᠢ ᠪᠠᠭᠠᠰᠬᠠᠬᠤ ᠪᠠ ᠭᠠᠶ ᠭᠠᠮᠰᠢᠭ ᠤᠨ ᠬᠤᠬᠢᠷᠠᠯ ᠢ ᠪᠠᠭᠠᠰᠬᠠᠬᠤ ᠵᠣᠷᠢᠯᠭ᠎ᠠ ᠳᠠᠭᠠᠨ ᠬᠦᠷᠴᠦ ᠴᠢᠳᠠᠭᠰᠠᠨ ᠪᠠᠶᠢᠨ᠎ᠠ᠃ ᠪᠠᠶᠠᠷᠯᠠᠯ᠎ᠠ︕      ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ 2020 — 09 — 24 10᠄ 44᠄ 06      ᠡᠨᠡ ᠵᠢᠯ ᠤᠨ ᠦᠶᠡᠷ ᠤᠨ ᠬᠤᠭᠤᠴᠠᠭᠠᠨ ᠤ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠨᠢ ᠦᠶᠡᠷ ᠢ ᠰᠡᠷᠭᠡᠶᠢᠯᠡᠬᠦ ᠳᠤ ᠶᠠᠮᠠᠷ ᠦᠢᠯᠡᠳᠦᠯ ᠦᠵᠡᠭᠦᠯᠦᠭᠰᠡᠨ ᠢ ᠣᠢᠢᠯᠠᠭᠠᠬᠤ ᠰᠠᠨᠠᠭ᠎ᠠ ᠲᠠᠢ᠂ ᠣᠳᠣᠬᠠᠨ ᠳᠤ ᠮᠠᠨ ᠤ ᠤᠯᠤᠰ ᠤᠨ ᠦᠶᠡᠷ ᠤᠰᠤᠳᠤᠯ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠮᠡᠷᠭᠡᠵᠢᠯ ᠶᠡᠭᠡ ᠲᠥᠯᠥᠪ ᠳᠡᠯᠡᠬᠡᠢ ᠳᠡᠭᠡᠷ᠎ᠡ ᠶᠠᠮᠠᠷ ᠲᠦᠪᠰᠢᠨ ᠳᠤ ᠪᠠᠶᠢᠬᠤ ᠪᠤᠢ︖ ᠪᠠᠶᠠᠷᠯᠠᠯ᠎ᠠ︕      ᠯᠢᠦ ᡁᠢ ᠢᠦᠢ 2020 — 09 — 24 10᠄ 47᠄ 35      ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠡᠨᠡ ᠵᠢᠯ ᠮᠠᠨ ᠤ ᠤᠯᠤᠰ ᠲᠤ 1998 ᠣᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠭᠠᠷᠴᠤ᠂ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠠᠵᠢᠯ ᠬᠦᠨᠳᠦ ᠶᠡᠭᠡ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠡᠨᠡ ᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠤᠷᠢᠳᠴᠢᠯᠠᠨ ᠮᠡᠳᠡᠬᠦ ᠬᠤᠭᠤᠴᠠᠭ᠎ᠠ ᠶᠢ ᠤᠷᠲᠤᠳᠬᠠᠬᠤ᠂ ᠤᠷᠢᠳᠴᠢᠯᠠᠨ ᠮᠡᠳᠡᠭᠡᠯᠡᠬᠦ ᠴᠠᠭ ᠢ ᠪᠣᠭᠤᠨᠢᠰᠬᠠᠬᠤ︾ ᠡᠨᠡ ᠬᠦ ᠬᠠᠷᠠᠯᠲᠠ ᠶᠢᠨ ᠲᠣᠭᠤᠷᠢᠨ ᠳᠤ ᠪᠢᠳᠡ ︽ᠤᠷᠢᠳᠴᠢᠯᠠᠨ ᠮᠡᠳᠡᠭᠡᠯᠡᠬᠦ ᠲᠤᠰᠬᠠᠶ ᠠᠩᠬᠢ᠂ ᠬᠠᠮᠲᠤᠷᠠᠨ       ᠵᠥᠪᠳᠡᠯᠴᠡᠬᠦ᠂ ᠦᠷᠭᠦᠯᠵᠢᠯᠡᠨ ᠵᠠᠯᠠᠷᠠᠭᠤᠯᠬᠤ︾ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠯᠢ ᠤᠯᠠᠨ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠦᠶᠡᠷ ᠤᠰᠤᠳᠤᠯ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃      ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠪᠢᠳᠡ ︽3 ᠭᠤᠷᠪᠠᠨ ᠡᠳᠦᠷ︾ ᠤᠨ ᠤᠷᠢᠳᠴᠢᠯᠠᠨ ᠮᠡᠳᠡᠭᠡᠯᠡᠬᠦ᠂ ᠲᠥᠰᠦᠭᠡᠯᠡᠬᠦ᠂ ᠪᠠᠷᠠᠯᠠᠬᠤ ᠶᠢᠨ ᠠᠭᠠᠵᠢᠮ ᠢᠶᠠᠷ ᠤᠷᠤᠭᠰᠢᠯᠠᠬᠤ ᠬᠡᠯᠪᠡᠷᠢ ᠶᠢᠨ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠴᠠᠭ ᠲᠤᠬᠠᠶ ᠳᠤᠨᠢ ᠵᠦᠵᠢᠶᠠᠩ ᠮᠥᠷᠡᠨ᠂ ᠬᠥᠬᠡᠮᠥ᠋ᠷᠡᠨ᠂ ᠲᠠᠢ  ᠬᠤ᠋ ᠨᠠᠭᠤᠷ᠂ ᠬᠤᠸᠠᠶᠢᠾᠧ ᠭᠤᠣᠯ ᠵᠡᠷᠭᠡ ᠰᠠᠪᠠ ᠭᠠᠵᠠᠷ ᠤᠨ ᠤᠷᠢᠳᠴᠢᠯᠠᠨ ᠮᠡᠳᠡᠭᠡᠯᠡᠬᠦ ᠲᠤᠰᠬᠠᠶ ᠠᠩᠭᠢ ᠶᠢ ᠵᠣᠬᠢᠶᠠᠨ       ᠪᠠᠶᠢᠭᠤᠯᠵᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠵᠢᠴᠢ ᠰᠠᠪᠠ ᠭᠠᠵᠠᠷ ᠤᠨ ᠬᠠᠮᠢᠶᠠᠷᠤᠯᠲᠠ ᠶᠢᠨ       ᠪᠠᠶᠢᠭᠤᠯᠤᠮᠵᠢ᠂ ᠣᠷᠣᠨ ᠨᠤᠲᠤᠭ ᠤᠨ ᠤᠰᠤᠨ ᠵᠦᠢ ᠶᠢᠨ ᠰᠠᠯᠠᠭ᠎ᠠ ᠮᠥᠴᠢᠷ ᠲᠠᠢ ᠨᠢᠭᠲᠠ ᠵᠥᠪᠳᠡᠯᠴᠡᠵᠦ᠂ ᠡᠳᠦᠷ ᠪᠦᠷᠢ 2 ~ 3 ᠤᠳᠠᠭ᠎ᠠ ᠵᠤᠷᠰᠢᠯ ᠢᠶᠠᠷ ᠵᠥᠪᠳᠡᠯᠴᠡᠵᠦ᠂ ᠦᠶᠡᠷ ᠤᠰᠤᠳᠤᠯ ᠤᠨ ᠪᠠᠶᠢᠳᠠᠯ ᠪᠠᠴᠢᠮ ᠪᠠᠶᠢᠳᠠᠯ ᠳᠤᠤᠷ᠎ᠠ ᠡᠳᠦᠷ ᠰᠥᠨᠢ ᠢᠯᠭᠠᠯ ᠦᠭᠡᠶ ᠪᠠᠷ ᠴᠠᠭ ᠲᠤᠬᠠᠶ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠤᠷᠢᠳᠴᠢᠯᠠᠨ ᠮᠡᠳᠡᠭᠡᠯᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠵᠠᠰᠠᠳᠠᠭ ᠪᠠᠶᠢᠨ᠎ᠠ᠃ ᠡᠨᠡ ᠵᠢᠯ ᠤᠨ ᠦᠶᠡᠷ ᠤᠰᠤᠳᠤᠯ ᠢ ᠰᠡᠷᠭᠡᠶᠢᠯᠡᠨ ᠦᠶᠡᠷ ᠲᠠᠢ ᠲᠡᠮᠡᠴᠡᠬᠦ ᠠᠵᠢᠯ ᠤᠨ ᠳᠤᠮᠳᠠ ᠦᠶᠡᠷ ᠤᠰᠤᠳᠤᠯ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠠᠵᠢᠯ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠭᠠᠷᠭᠠᠭᠰᠠᠨ ᠪᠠᠶᠢᠨ᠎ᠠ᠃ ᠳ᠋ᠦᠩᠨᠡᠪᠡᠯ ᠡᠶᠢᠮᠦ ᠬᠡᠳᠦᠨ ᠣᠨᠴᠠᠯᠢᠭ ᠲᠠᠢ ᠶᠤᠮ᠃      ᠨᠢᠭᠡ ᠳᠤ ᠬᠥᠬᠡᠮᠥ᠋ᠷᠡᠨ ᠤ ᠤᠷᠢᠳᠴᠢᠯᠠᠭᠰᠠᠨ ᠮᠡᠳᠡᠭᠡ ᠪᠣᠯ ᠬᠠᠮᠤᠭ ᠠᠴᠠ ᠦᠨ᠎ᠡ ᠦᠷᠳᠡᠭ ᠲᠠᠢ᠃ ᠪᠢᠳᠡ 5 ᠡᠳᠦᠷ ᠤᠨ ᠡᠮᠦᠨ᠎ᠡ ᠬᠥᠬᠡᠮᠥ᠋ᠷᠡᠨ ᠤ 5 ᠤᠳᠠᠭ᠎ᠠ ᠶᠢᠨ ᠳ᠋ᠤᠭᠠᠷᠯᠠᠭᠰᠠᠨ ᠦᠶᠡᠷ ᠤᠰᠤᠳᠤᠯ ᠳᠤ ᠣᠨᠣᠪᠴᠢᠲᠠᠶ ᠵᠢᠱᠢᠯᠲᠡ ᠬᠢᠪᠡ᠂ ᠢᠯᠠᠩᠭᠤᠶ᠎ᠠ ᠬᠥᠬᠡᠮᠥ᠋ᠷᠡᠨ ᠤ 2 ᠳ᠋ᠤᠭᠠᠷ ᠨᠣᠮᠧᠷᠲᠤ ᠦᠶᠡᠷ ᠤᠨ ᠦᠶᠡᠷ ᠤᠨ ᠤᠰᠤᠨ ᠤ ᠤᠷᠬᠢᠯ ᠤᠨ ᠤᠷᠤᠰᠬᠠᠯ ᠤᠨ ᠬᠡᠮᠵᠢᠶ᠎ᠡ ᠰᠧᠺᠦ᠋ᠨ᠋ᠳ᠋ ᠪᠦᠷᠢ 60000 ᠪᠣᠰᠤᠭ᠎ᠠ ᠳᠥᠷᠪᠡᠯᠵᠢᠨ ᠮᠧᠲᠷ ᠢ ᠨᠠᠷᠢᠯᠢᠭ ᠣᠨᠣᠴᠠᠲᠠᠶ ᠪᠠᠷ ᠤᠷᠢᠳᠴᠢᠯᠠᠨ ᠮᠡᠳᠡᠭᠡᠯᠡᠵᠦ᠂ ᠶᠡᠭᠡ ᠤᠷᠤᠰᠬᠠᠯ ᠤᠨ ᠬᠡᠮᠵᠢᠶ᠎ᠡ ᠨᠢ ᠦᠷᠭᠦᠯᠵᠢᠯᠡᠬᠦ ᠴᠠᠭ ᠨᠢ ᠤᠷᠳᠤ᠂ ᠦᠶᠡᠷ ᠤᠨ ᠶᠡᠷᠦᠩᠬᠡᠶ ᠬᠡᠮᠵᠢᠶ᠎ᠡ ᠨᠢ ᠶᠡᠭᠡ ᠪᠠᠶᠢᠵᠤ᠂ ᠬᠥᠬᠡᠮᠥ᠋ᠷᠡᠨ ᠤ ᠳᠡᠭᠡᠳᠦ ᠤᠷᠤᠰᠬᠠᠯ ᠪᠠ ᠳᠤᠮᠳᠠᠳᠤ ᠳᠤᠤᠷᠠᠳᠤ ᠤᠷᠤᠰᠬᠠᠯ ᠤᠨ ᠢᠷᠡᠬᠦ ᠤᠰᠤ ᠶᠢ ᠨᠢᠭᠡᠳᠦᠯᠲᠡᠶ ᠲᠥᠯᠥᠪᠵᠢᠭᠦᠯᠵᠤ᠂ ᠬᠥᠬᠡᠮᠥ᠋ᠷᠡᠨ ᠤ ᠭᠤᠷᠪᠠᠨ ᠬᠠᠪᠴᠢᠯ ᠵᠡᠷᠭᠡ ᠤᠰᠤᠨ ᠴᠥᠭᠦᠷᠥᠮ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠲᠣᠬᠢᠷᠠᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠬᠤᠶᠠᠷ ᠲᠤ ᠬᠤᠸᠠᠶᠢᠾᠧ ᠭᠤᠣᠯ ᠤᠨ ᠤᠷᠢᠳᠴᠢᠯᠠᠭᠰᠠᠨ ᠮᠡᠳᠡᠭᠡ ᠪᠣᠯ ᠬᠠᠮᠤᠭ ᠤᠨ ᠵᠠᠩᠭᠢᠯᠠᠭ᠎ᠠ ᠪᠣᠯᠤᠨ᠎ᠠ᠃ ᠬᠤᠸᠠᠶᠢᠾᠧ ᠭᠤᠣᠯ ᠤᠨ ᠦᠶᠡᠷ ᠤᠰᠤᠳᠤᠯ ᠢ ᠠᠷᠭᠠᠴᠠᠭᠠᠬᠤ ᠳᠤ᠂ ᠪᠢᠳᠡ ᠬᠤᠸᠠᠶᠢᠾᠧ ᠭᠤᠣᠯ ᠤᠨ ᠦᠶᠡᠷ ᠤᠰᠤᠳᠤᠯ ᠤᠨ ᠪᠠᠶᠢᠳᠠᠯ ᠢ ᠨᠢᠭᠲᠠ ᠠᠵᠢᠭᠯᠠᠵᠤ᠂ ᠬᠤᠶᠢᠨ᠎ᠠ ᠬᠤᠶᠢᠨ᠎ᠠ ᠠᠴᠠ ᠪᠠᠨ ᠵᠥᠪᠳᠡᠯᠴᠡᠨ ᠰᠤᠳᠤᠯᠵᠤ ᠮᠠᠭᠠᠳᠯᠠᠭᠰᠠᠨ ᠸᠠᠩ ᠵᠢᠶᠠ ᠪᠠ ᠬᠠᠰᠢᠯᠭ᠎ᠠ ᠵᠡᠷᠭᠡ ᠴᠢᠬᠤᠯᠠ ᠣᠭᠲᠣᠯᠤᠭᠠᠰᠤ ᠶᠢᠨ ᠬᠢᠨᠠᠨ ᠬᠡᠮᠵᠢᠬᠦ ᠤᠳᠠᠭ᠎ᠠ ᠶᠢ ᠨᠡᠮᠡᠭᠳᠡᠭᠦᠯᠵᠦ᠂ 6 ᠮᠢᠨᠦ᠋ᠲ ᠪᠦᠷᠢ ᠳᠤ ᠨᠢᠭᠡ ᠤᠳᠠᠭ᠎ᠠ ᠤᠰᠤᠨ ᠤ ᠪᠠᠶᠢᠳᠠᠯ ᠢ ᠮᠡᠳᠡᠭᠦᠯᠵᠦ᠂ ︽ᠬᠡᠮᠵᠢᠯᠲᠡ ᠪᠠᠷ ᠨᠥᠬᠦᠪᠥᠷᠢᠯᠡᠨ ᠮᠡᠳᠡᠭᠦᠯᠬᠦ︾ ᠠᠷᠭ᠎ᠠ ᠬᠡᠮᠵᠢᠶ᠎ᠡ ᠪᠠᠷ ᠳᠠᠮᠵᠢᠨ ᠵᠠᠩᠭᠢᠯᠠᠭ᠎ᠠ ᠶᠢᠨ ᠬᠤᠭᠤᠴᠠᠭᠠᠨ ᠤ ᠦᠶᠡᠷ ᠤᠨ ᠤᠷᠢᠳᠴᠢᠯᠠᠭᠰᠠᠨ ᠮᠡᠳᠡᠭᠡ ᠶᠢᠨ ᠨᠠᠷᠢᠯᠢᠭ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠸᠠᠩ ᠵᠢᠶᠠ ᠪᠠ ᠬᠠᠰᠢᠯᠭ᠎ᠠ ᠶᠢᠨ ᠬᠠᠮᠤᠭ ᠤᠨ ᠥᠨᠳᠥᠷ ᠤᠰᠤᠨ ᠲᠦᠪᠰᠢᠨ ᠨᠢ ᠪᠠᠲᠤᠯᠠᠭ᠎ᠠ ᠶᠢᠨ ᠤᠰᠤᠨ ᠲᠦᠪᠰᠢᠨ ᠠᠴᠠ ᠳᠠᠪᠠᠭ᠋ᠤ ᠶᠢᠨ ᠬᠠᠮᠲᠤ ᠦᠷᠭᠦᠯᠵᠢᠯᠡᠨ ᠳᠡᠭᠡᠭᠰᠢᠯᠡᠵᠦ᠂ 29.90 ᠮᠧᠲᠷ ᠲᠤ ᠬᠦᠷᠴᠦ ᠮᠡᠳᠡᠨ᠎ᠡ᠂ ᠡᠨᠡ ᠨᠢ ᠸᠠᠩ ᠵᠢᠶᠠ ᠪᠠ ᠬᠠᠰᠢᠯᠭ᠎ᠠ ᠶᠢᠨ ᠦᠶᠡᠷ ᠢ ᠵᠠᠯᠠᠬᠤ ᠬᠠᠰᠢᠯᠭ᠎ᠠ ᠶᠢᠨ ᠣᠷᠣᠶ ᠶᠢᠨ ᠡᠷᠭᠦᠭᠳᠡᠴᠡ ︵29.76 ᠮᠧᠲᠷ︶ ᠠᠴᠠ ᠳᠠᠪᠠᠨ᠎ᠠ︾ ᠭᠡᠳᠡᠭ ᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ ᠮᠤᠩ ᠸᠠ ᠦᠶᠡᠷ ᠢ ᠬᠤᠷᠠᠭᠤᠯᠬᠤ ᠣᠷᠣᠨ ᠤ ᠬᠡᠷᠡᠭᠯᠡᠬᠦ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠯᠢᠦ ᡁᠢ ᠢᠦᠢ 2020 — 09 — 24 10᠄ 50᠄ 01      ᠭᠤᠷᠪᠠ ᠳᠤ ᠲᠠᠢ ᠬᠤ᠋ ᠨᠠᠭᠤᠷ ᠤᠨ ᠤᠷᠢᠳᠴᠢᠯᠠᠭᠰᠠᠨ ᠮᠡᠳᠡᠭᠡ ᠬᠠᠮᠤᠭ ᠤᠨ ᠣᠨᠣᠪᠴᠢᠲᠠᠶ᠃ ᠪᠢᠳᠡ 5 ᠡᠳᠦᠷ ᠤᠨ ᠡᠮᠦᠨ᠎ᠡ ᠬᠠᠮᠤᠭ ᠤᠨ ᠥᠨᠳᠥᠷ ᠤᠰᠤᠨ ᠲᠦᠪᠰᠢᠨ 4.76 ᠮᠧᠲᠷ ᠲᠤ ᠬᠦᠷᠴᠦ ᠮᠡᠳᠡᠬᠦ ᠶᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ 4.80 ᠮᠧᠲᠷ ︵ᠰᠠᠪᠠ ᠭᠠᠵᠠᠷ ᠤᠨ ᠴᠢᠨᠠᠷᠲᠠᠶ ᠣᠨᠴᠠ ᠶᠡᠭᠡ ᠦᠶᠡᠷ ᠤᠨ ᠪᠠᠷᠢᠮᠵᠢᠶ᠎ᠠ︶ ᠠᠴᠠ ᠬᠡᠲᠦᠷᠡᠭᠦᠯᠬᠦ ᠥᠬᠡᠶ ᠪᠠᠶᠢᠵᠤ ᠮᠡᠳᠡᠵᠤ᠂ ᠪᠣᠳᠠᠲᠠᠶ ᠳᠤ ᠲᠠᠢ ᠬᠤ᠋ ᠨᠠᠭᠤᠷ ᠤᠨ ᠬᠠᠮᠤᠭ ᠤᠨ ᠥᠨᠳᠥᠷ ᠤᠰᠤᠨ ᠲᠦᠪᠰᠢᠨ 4.79 ᠮᠧᠲᠷ ᠲᠤ ᠬᠦᠷᠴᠦ᠂ ᠡᠩ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠶᠢ ᠤᠷᠢᠳᠴᠢᠯᠠᠨ ᠪᠠᠶᠢᠷᠢᠯᠠᠭᠤᠯᠤᠨ᠂ ᠲᠠᠢ ᠬᠤ᠋ ᠨᠠᠭᠤᠷ ᠤᠨ ᠦᠶᠡᠷ ᠤᠨ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠳᠤ ᠭᠦᠢᠴᠡᠳ ᠴᠠᠭ ᠣᠯᠭᠤᠵᠠᠶ᠃      ᠳᠥᠷᠪᠡ ᠳᠤ ᠰᠤᠩᠭᠠᠷᠢ ᠮᠥᠷᠡᠨ ᠤ ᠤᠷᠢᠳᠴᠢᠯᠠᠨ ᠮᠡᠳᠡᠭᠡᠯᠡᠬᠦ ᠤᠷᠢᠳᠴᠢᠯᠠᠨ ᠮᠡᠳᠡᠬᠦ ᠬᠤᠭᠤᠴᠠᠭ᠎ᠠ ᠨᠢ ᠬᠠᠮᠤᠭ ᠤᠨ ᠣᠷᠳᠣ᠃ ᠪᠢᠳᠡ 7 ᠡᠳᠦᠷ ᠤᠨ ᠡᠮᠦᠨ᠎ᠡ ᠰᠤᠩᠭᠠᠷᠢ ᠮᠥᠷᠡᠨ ᠤ ᠬᠠᠷᠪᠢᠨ ᠤ ᠰᠡᠷᠭᠡᠶᠢᠯᠡᠯᠲᠡ ᠶᠢᠨ ᠤᠰᠤᠨ ᠲᠦᠪᠰᠢᠨ ᠠᠴᠠ ᠳᠠᠪᠠᠭ᠋ᠤ ᠶᠢ ᠣᠨᠣᠪᠴᠢᠲᠠᠶ ᠤᠷᠢᠳᠴᠢᠯᠠᠨ ᠮᠡᠳᠡᠭᠡᠯᠡᠵᠦ᠂ 10 ᠡᠳᠦᠷ ᠤᠨ ᠡᠮᠦᠨ᠎ᠡ ᠬᠠᠷᠠᠮᠥ᠋ᠷᠡᠨ ᠤ ᠳᠤᠮᠳᠠᠳᠤ ᠤᠷᠤᠰᠬᠠᠯ ᠰᠡᠷᠭᠡᠶᠢᠯᠡᠯᠲᠡ ᠶᠢᠨ ᠬᠡᠮᠵᠢᠶ᠎ᠡ ᠠᠴᠠ ᠳᠠᠪᠠᠭ᠋ᠤ ᠶᠢ ᠤᠷᠢᠳᠴᠢᠯᠠᠨ ᠮᠡᠳᠡᠭᠡᠯᠡᠵᠦ᠂ ᠨᠤᠨ ᠮᠥᠷᠡᠨ ᠤ ᠨᠢᠷᠭᠢ᠂ ᠬᠤᠶᠠᠳᠤᠭᠠᠷ ᠰᠤᠩᠭᠠᠷᠢ ᠮᠥᠷᠡᠨ ᠤ ᠪᠠᠶ ᠱᠠᠨ ᠪᠣᠯᠤᠨ ᠹᠧᠩ ᠮᠧᠨ ᠵᠡᠷᠭᠡ ᠭᠤᠤᠯ ᠤᠰᠤᠨ ᠴᠥᠭᠦᠷᠥᠮ ᠤᠨ ᠰᠢᠨᠵᠢᠯᠡᠬᠦ ᠤᠬᠠᠭᠠᠨᠴᠢ ᠲᠣᠬᠢᠷᠠᠭᠤᠯᠤᠯᠲᠠ ᠶᠢ ᠤᠷᠢᠳᠴᠢᠯᠠᠨ ᠪᠠᠶᠢᠷᠢᠯᠠᠭᠤᠯᠬᠤ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠭᠰᠠᠨ ᠪᠠᠶᠢᠨ᠎ᠠ᠃      ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠨᠢ ᠨᠡᠩ ᠴᠢᠬᠤᠯᠠ ᠪᠠᠶᠢᠳᠠᠭ᠃ ᠡᠲᠡᠭᠡᠷ ᠵᠢᠯ ᠤᠳ ᠲᠤ᠂ ᠪᠢᠳᠡ ᠴᠠᠭ ᠠᠭᠤᠷ ᠤᠨ ᠤᠰᠤᠨ ᠵᠦᠢ ᠶᠢᠨ ᠡᠪᠦᠴᠡᠯᠳᠦᠯ ᠤᠨ ᠮᠡᠷᠭᠡᠵᠢᠯ ᠢ ᠠᠰᠢᠭᠯᠠᠨ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠤᠷᠢᠳᠴᠢᠯᠠᠨ ᠮᠡᠳᠡᠬᠦ ᠬᠤᠭᠤᠴᠠᠭ᠎ᠠ ᠶᠢ ᠤᠤᠯ ᠤᠨ 1 — 3 ᠡᠳᠦᠷ ᠠᠴᠠ ᠣᠲᠣ ᠶᠢᠨ 7 — 9 ᠡᠳᠦᠷ ᠪᠣᠯᠭᠠᠨ ᠤᠷᠲᠤᠳᠬᠠᠪᠠ᠃ ᠪᠢᠳᠡ ᠤᠰᠤᠨ ᠤ ᠪᠠᠶᠢᠳᠠᠯ ᠤᠨ ᠮᠡᠳᠡᠭᠡ ᠵᠠᠩᠭᠢ ᠶᠢᠨ ᠰᠣᠯᠢᠯᠴᠠᠭᠠᠨ ᠤ ᠰᠢᠰᠲ᠋ᠧᠮ᠂ ᠦᠶᠡᠷ ᠤᠨ ᠠᠵᠢᠯ ᠪᠠ ᠰᠢᠯᠵᠢᠮᠡᠯ ᠵᠥᠪᠳᠡᠯᠴᠡᠭᠡᠨ ᠤ ᠲᠠᠪᠴᠠᠩ ᠵᠡᠷᠭᠡ ᠶᠢ ᠰᠤᠳᠤᠯᠤᠨ ᠨᠡᠭᠡᠭᠡᠵᠦ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠢᠱᠢᠶ᠎ᠡ ᠲᠠᠲᠠᠪᠠᠯ᠂ ᠬᠥᠬᠡᠮᠥ᠋ᠷᠡᠨ ᠤ ᠳᠡᠭᠡᠳᠦ ᠤᠷᠤᠰᠬᠠᠯ ᠤᠨ 100 ᠭᠠᠷᠤᠶ ᠲᠦᠮᠡᠨ ᠲᠡᠭᠰᠢ ᠳᠥᠷᠪᠡᠯᠵᠢᠨ ᠺᠢᠯᠣᠮᠧᠲᠷ᠂ 100 ᠭᠠᠷᠤᠶ ᠣᠭᠲᠣᠯᠤᠭᠠᠰᠤ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠮᠠᠨ ᠤ ᠤᠷᠢᠳᠴᠢᠯᠠᠨ ᠮᠡᠳᠡᠭᠡᠯᠡᠭᠴᠢ ᠪᠠᠷᠤᠭ ᠬᠠᠭᠠᠰ ᠴᠠᠭ ᠤᠨ ᠳᠣᠲᠣᠷ᠎ᠠ ᠨᠢᠭᠡ ᠤᠳᠠᠭ᠎ᠠ ᠠᠵᠢᠯ ᠤᠨ ᠤᠷᠢᠳᠴᠢᠯᠠᠭᠰᠠᠨ ᠮᠡᠳᠡᠭᠡ ᠶᠢ ᠬᠢᠵᠦ ᠳᠠᠭᠤᠰᠬᠠᠴᠢᠬᠠᠨ᠎ᠠ᠃ ᠡᠭᠦᠨ ᠠᠴᠠ ᠭᠠᠳᠠᠨ᠎ᠠ᠂ ᠪᠢᠳᠡ ᠪᠠᠰᠠ ᠭᠤᠤᠯ ᠤᠨ ᠰᠢᠰᠲ᠋ᠧᠮ ᠤᠨ ᠤᠷᠢᠳᠴᠢᠯᠠᠨ ᠮᠡᠳᠡᠭᠡᠯᠡᠬᠦ᠂ ᠬᠥᠮᠦᠨ ᠮᠠᠰᠢᠨ ᠤ ᠰᠣᠯᠢᠯᠴᠠᠭ᠎ᠠ᠂ ︽ᠬᠡᠮᠵᠢᠯᠲᠡ ᠪᠠᠷ ᠨᠥᠬᠦᠪᠥᠷᠢᠯᠡᠨ ᠮᠡᠳᠡᠭᠦᠯᠬᠦ︾ ᠵᠡᠷᠭᠡ ᠮᠡᠷᠭᠡᠵᠢᠯ ᠤᠨ ᠰᠢᠨ᠎ᠡ ᠶᠢ ᠡᠭᠦᠳᠴᠦ᠂ ᠤᠷᠢᠳᠴᠢᠯᠠᠨ ᠮᠡᠳᠡᠭᠡᠯᠡᠬᠦ ᠲᠣᠬᠢᠷᠠᠭᠤᠯᠤᠯᠲᠠ ᠶᠢ ᠨᠢᠭᠡ ᠴᠤᠭᠴᠠᠵᠢᠭᠤᠯᠤᠨ ᠬᠡᠷᠡᠭᠯᠡᠬᠦ ᠶᠢ ᠠᠬᠢᠭᠤᠯᠵᠤ᠂ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠤᠯᠤᠰ ᠤᠨ ᠡᠮᠦᠨᠡᠲᠦ ᠣᠷᠣᠨ ᠤ ᠭᠤᠤᠯ ᠪᠣᠯᠬᠤ ᠭᠤᠤᠯ ᠮᠥᠷᠡᠨ ᠤ ᠦᠶᠡᠷ ᠤᠰᠤᠳᠤᠯ ᠢ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ 90% ᠳᠤ ᠬᠦᠷᠴᠦ᠂ ᠤᠮᠠᠷᠠᠲᠤ ᠣᠷᠣᠨ ᠤ ᠭᠤᠤᠯ ᠪᠣᠯᠬᠤ ᠭᠤᠤᠯ ᠮᠥᠷᠡᠨ ᠤ ᠤᠷᠢᠳᠴᠢᠯᠠᠨ ᠮᠡᠳᠡᠭᠡᠯᠡᠬᠦ ᠬᠦᠴᠢᠷᠳᠡᠯ ᠨᠡᠯᠢᠶᠡᠳ ᠶᠡᠭᠡ ᠪᠣᠯᠪᠠᠴᠤ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠨᠢ ᠴᠦ 70% ᠳᠤ ᠬᠦᠷᠴᠦ ᠳᠡᠶᠢᠯᠬᠦ ᠶᠤᠮ᠃      ᠣᠢᠢᠷ᠎ᠠ ᠶᠢᠨ ᠵᠢᠯ ᠠᠴᠠ ᠨᠠᠭᠠᠰᠢ᠂ ᠤᠯᠤᠰ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ ᠵᠢᠯᠣᠭᠤᠳᠬᠤ ᠰᠢᠰᠲ᠋ᠧᠮ᠂ ᠪᠦᠬᠦ ᠤᠯᠤᠰ ᠤᠨ ᠳᠤᠮᠳᠠ ᠪᠠᠭ᠎ᠠ ᠭᠤᠣᠯ ᠮᠥᠷᠡᠨ ᠢ ᠬᠢᠨᠠᠨ ᠬᠡᠮᠵᠢᠬᠦ ᠰᠢᠰᠲ᠋ᠧᠮ ᠵᠡᠷᠭᠡ ᠴᠢᠬᠤᠯᠠ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠮᠠᠨ ᠤ ᠤᠯᠤᠰ ᠤᠨ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠮᠡᠷᠭᠡᠵᠢᠯ ᠨᠢ ᠳᠡᠯᠡᠬᠡᠶ ᠳᠡᠭᠡᠷ᠎ᠡ ᠶᠡᠷᠦᠩᠬᠡᠶ ᠳᠡᠭᠡᠨ ᠲᠡᠷᠢᠭᠦᠨ ᠤ ᠬᠢᠷᠢ ᠲᠦᠪᠰᠢᠨ ᠳᠤ ᠣᠷᠣᠰᠢᠵᠤ᠂ ᠢᠯᠠᠩᠭᠤᠶ᠎ᠠ ᠶᠡᠭᠡ ᠭᠤᠤᠯ ᠮᠥᠷᠡᠨ ᠤ ᠤᠷᠢᠳᠴᠢᠯᠠᠨ ᠮᠡᠳᠡᠭᠡᠯᠡᠬᠦ ᠮᠡᠷᠭᠡᠵᠢᠯ ᠳᠤ ᠣᠷᠣᠰᠢᠵᠤ ᠪᠠᠶᠢᠨ᠎ᠠ᠂ ᠭᠡᠪᠡᠴᠦ ᠳᠤᠮᠳᠠ ᠪᠠᠭ᠎ᠠ ᠭᠤᠤᠯ ᠮᠥᠷᠡᠨ ᠤ ᠦᠶᠡᠷ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠡᠷᠭᠡ ᠲᠠᠯ᠎ᠠ ᠪᠠᠷ ᠪᠠᠰᠠ ᠢᠯᠡᠷᠬᠡᠶ ᠳᠤᠲᠠᠭᠤᠳᠠᠯ ᠣᠷᠣᠰᠢᠵᠤ᠂ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ᠪᠠᠶᠠᠷᠯᠠᠯ᠎ᠠ︕      ᠭᠤᠸᠠᠩ ᠮᠢᠩ ᠡᠳᠦᠷ ᠤᠨ ᠰᠣᠨᠢᠨ ᠤ ᠰᠤᠷᠪᠤᠯᠵᠢᠯᠠᠭᠴᠢ 2020 — 09 — 24 10᠄ 50᠄ 36      ᠡᠨᠡ ᠵᠢᠯ ᠤᠨ ᠦᠶᠡᠷ ᠤᠨ ᠬᠤᠭᠤᠴᠠᠭᠠᠨ ᠳᠤ ᠮᠠᠨ ᠤ ᠤᠯᠤᠰ ᠤᠨ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠶᠠᠮᠠᠷ ᠶᠠᠮᠠᠷ ᠳᠤᠲᠠᠭᠤᠳᠠᠯ ᠢᠯᠡᠷᠡᠭᠰᠡᠨ᠂ ᠬᠤᠶᠢᠰᠢᠳᠠ ᠬᠡᠷᠬᠢᠨ ᠲᠦᠷᠭᠡᠨ ᠨᠥᠬᠦᠪᠥᠷᠢᠯᠡᠬᠦ ᠪᠣᠶ︖ ᠭᠡᠳᠡᠭ ᠢ ᠣᠢᠢᠯᠠᠭᠠᠶ᠎ᠠ ᠭᠡᠵᠦ ᠪᠤᠳᠤᠵᠤ ᠪᠠᠶᠢᠨ᠎ᠠ᠃ ᠪᠠᠶᠠᠷᠯᠠᠯ᠎ᠠ︕      ᠶᠧ ᠵᠢᠶᠠᠨ ᠴᠦᠨ 2020 — 09 — 24 10᠄ 53᠄ 09      ᠡᠨᠡ ᠵᠢᠯ ᠤᠨ ᠦᠶᠡᠷ ᠤᠨ ᠬᠤᠭᠤᠴᠠᠭᠠᠨ ᠤ ᠳᠤᠬᠠᠢ ᠮᠢᠨᠦ ᠰᠠᠶ᠋ᠢᠬᠠᠨ ᠤ ᠲᠠᠨᠢᠯᠴᠠᠭᠤᠯᠤᠭᠰᠠᠨ ᠢᠶᠠᠷ᠂ ᠦᠶᠡᠷ ᠢ ᠰᠡᠷᠭᠡᠶᠢᠯᠡᠬᠦ ᠲᠠᠯ᠎ᠠ ᠪᠠᠷ ᠬᠢ ᠮᠠᠰᠢ ᠤᠯᠠᠨ ᠳᠤᠲᠠᠭᠤᠳᠠᠯ ᠢᠯᠡᠷᠡᠵᠡᠢ᠂ ᠵᠢᠱᠢᠶᠡᠯᠡᠪᠡᠯ ᠬᠠᠰᠢᠯᠭ᠎ᠠ ᠳᠠᠯᠠᠩ ᠤᠨ ᠠᠰᠠᠭᠤᠳᠠᠯ᠂ ᠳᠤᠮᠳᠠ ᠪᠠᠭ᠎ᠠ ᠭᠤᠣᠯ ᠮᠥᠷᠡᠨ ᠤ ᠠᠰᠠᠭᠤᠳᠠᠯ᠂ ᠤᠰᠤᠨ ᠴᠥᠭᠦᠷᠥᠮ ᠤᠨ ᠠᠰᠠᠭᠤᠳᠠᠯ ᠵᠡᠷᠭᠡ ᠪᠠᠷᠢᠯᠭ᠎ᠠ ᠳᠤ ᠴᠥᠮ ᠳᠤᠲᠠᠭᠤᠳᠠᠯ ᠣᠷᠣᠰᠢᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠤᠰᠤᠳᠤᠯ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠣᠰᠣᠨ ᠠᠰᠢᠭᠯᠠᠯᠲᠠ ᠶᠢᠨ ᠶᠠᠮᠤᠨ ᠶᠠᠭ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠲᠠᠢ ᠵᠥᠪᠳᠡᠯᠴᠡᠵᠦ ᠪᠠᠶᠢᠨ᠎ᠠ᠂ ᠡᠳ᠋ ᠤᠨ ᠵᠠᠰᠠᠭ ᠤᠨ ᠶᠠᠮᠤᠨ 8 ᠰᠠᠷ᠎ᠠ ᠶᠢᠨ 26 ᠤ ᠡᠳᠦᠷ ᠤᠨ ᠳᠦᠷᠤ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠭᠠᠮᠰᠢᠭ ᠤᠨ ᠳᠠᠷᠠᠭᠠᠬᠢ ᠲᠠᠭᠢᠠ ᠪᠦᠲᠣᠭᠠ ᠪᠠᠶᠢᠭᠤᠯᠬᠤ ᠵᠡᠷᠭᠡ ᠠᠵᠢᠯ ᠢ ᠨᠠᠶᠢᠳᠠᠪᠤᠷᠢᠵᠢᠭᠤᠯᠵᠤ ᠪᠠᠶᠢᠨ᠎ᠠ᠃ ᠨᠢᠭᠡ ᠲᠠᠯ᠎ᠠ ᠪᠠᠷ ᠡᠨᠡ ᠵᠢᠯ ᠤᠨ ᠬᠦᠨᠳᠦ ᠨᠣᠴᠢᠲᠠᠶ ᠦᠶᠡᠷ ᠤᠰᠤᠳᠤᠯ ᠤᠨ ᠪᠠᠶᠢᠳᠠᠯ ᠠᠴᠠ ᠪᠣᠯᠤᠭᠰᠠᠨ ᠤᠰᠤᠨ ᠤ ᠬᠤᠬᠢᠷᠠᠯ ᠰᠦᠢᠳᠦᠯ ᠢ ᠠᠯᠢ ᠲᠦᠷᠭᠡᠨ ᠢᠶᠠᠷ ᠵᠠᠰᠠᠨ ᠰᠡᠷᠭᠦᠭᠡᠵᠦ᠂ ᠢᠷᠡᠬᠦ ᠵᠢᠯ ᠤᠨ ᠦᠶᠡᠷ ᠤᠨ ᠬᠤᠭᠤᠴᠠᠭᠠᠨ ᠤ ᠬᠡᠪ ᠤᠨ ᠪᠠᠶᠢᠳᠠᠯ ᠳᠤ ᠣᠷᠣᠬᠤ ᠶᠢ ᠪᠠᠲᠤᠯᠠᠨ᠎ᠠ᠃ ᠨᠦᠬᠦᠭᠡ ᠲᠠᠯ᠎ᠠ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠥᠨᠢ ᠤᠳᠠᠭᠠᠨ ᠠᠮᠤᠷ ᠲᠦᠪᠰᠢᠨ ᠪᠠᠶᠢᠬᠤ ᠦᠶᠡᠷ ᠢ ᠰᠡᠷᠭᠡᠶᠢᠯᠡᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠨ᠎ᠠ᠂ ᠡᠭᠦᠨ ᠳᠤ ᠭᠤᠣᠯᠳᠠᠭᠤ ᠭᠤᠷᠪᠠᠨ ᠲᠠᠯ᠎ᠠ ᠶᠢᠨ ᠠᠵᠢᠯ ᠪᠠᠶᠢᠨ᠎ᠠ᠂ ᠨᠢᠭᠡ ᠳᠤ ᠶᠡᠭᠡ ᠭᠤᠣᠯ ᠮᠥᠷᠡᠨ᠂ ᠳᠤᠮᠳᠠ ᠪᠠᠭ᠎ᠠ ᠭᠤᠣᠯ ᠮᠥᠷᠡᠨ ᠢ ᠵᠠᠰᠠᠬᠤ ᠵᠢᠴᠢ ᠳ᠋ᠦᠩ ᠲᠢᠩ  ᠬᠤ᠋ ᠨᠠᠭᠤᠷ᠂ ᠫᠦᠸᠧ ᠶᠠᠩ  ᠬᠤ᠋ ᠨᠠᠭᠤᠷ ᠤᠨ ᠭᠤᠣᠯᠳᠠᠯᠭ᠎ᠠ ᠲᠠᠢ ᠬᠠᠰᠢᠯᠭ᠎ᠠ ᠶᠢ ᠵᠠᠰᠠᠵᠤ᠂ ᠦᠶᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠪᠠᠷᠢᠯᠭ᠎ᠠ ᠳᠤ ᠪᠠᠷᠢᠮᠵᠢᠶ᠎ᠠ ᠳᠤ ᠬᠦᠷᠭᠡᠬᠦ ᠪᠦᠳᠦᠭᠡᠨ ᠪᠠᠶᠢᠭᠤᠯᠤᠯᠲᠠ ᠬᠢᠵᠦ᠂ ᠲᠡᠭᠦᠨ ᠢ ᠪᠠᠷᠢᠮᠵᠢᠶ᠎ᠠ ᠶᠢᠨ ᠳᠣᠲᠣᠷᠠᠬᠢ ᠦᠶᠡᠷ ᠤᠰᠤᠳᠤᠯ ᠢ ᠰᠡᠷᠭᠡᠶᠢᠯᠡᠵᠦ ᠴᠢᠳᠠᠬᠤ ᠪᠣᠯᠭᠠᠨ᠎ᠠ᠃ ᠬᠤᠶᠠᠷ ᠲᠤ ᠬᠥᠬᠡᠮᠥ᠋ᠷᠡᠨ᠂ ᠬᠤᠸᠠᠶᠢᠾᠧ ᠭᠤᠣᠯ᠂ ᠬᠠᠶ ᠾᠧ ᠭᠤᠣᠯ ᠵᠡᠷᠭᠡ ᠰᠠᠪᠠ ᠭᠠᠵᠠᠷ ᠤᠨ ᠦᠶᠡᠷ ᠢ ᠲᠣᠭᠲᠠᠭᠠᠨ ᠬᠤᠷᠠᠭᠤᠯᠬᠤ ᠤᠯᠤᠰ ᠤᠨ ᠴᠢᠬᠤᠯᠠ ᠣᠷᠣᠨ ᠤ ᠠᠶᠤᠯᠭᠦᠢ ᠶᠢᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠡᠨᠡ ᠵᠢᠯ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠳᠤ ᠠᠵᠢᠯ ᠪᠠᠶᠢᠴᠠᠭᠠᠬᠤ ᠳᠠᠭᠠᠨ ᠮᠧᠩ ᠸᠠ ᠶᠢᠨ ᠦᠶᠡᠷ ᠢ ᠬᠤᠷᠠᠭᠤᠯᠬᠤ ᠣᠷᠣᠨ ᠢ ᠲᠤᠰᠬᠠᠢᠢᠯᠠᠨ ᠪᠠᠶᠢᠴᠠᠭᠠᠨ       ᠦᠵᠡᠵᠦ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ ᠳᠠᠮᠵᠢᠨ᠂ ᠦᠯᠡᠮᠵᠢ ᠣᠯᠠᠨ ᠣᠯᠠᠨ ᠲᠦᠮᠡᠨ ᠢ ᠡᠮᠬᠢ ᠵᠢᠷᠤᠮ ᠲᠠᠢ ᠪᠠᠷ ᠨᠡᠭᠦᠯᠭᠡᠨ ᠰᠢᠯᠵᠢᠭᠦᠯᠵᠦ᠂ ᠲᠣᠬᠢᠲᠠᠶ ᠲᠥᠪᠬᠢᠨᠡᠭᠦᠯᠦᠭᠰᠡᠨ ᠪᠣᠯᠬᠤᠷ ᠦᠢᠯᠡᠳᠪᠦᠷᠢᠯᠡᠯ ᠠᠮᠢᠳᠤᠷᠠᠯ ᠳᠤ ᠲᠡᠶᠢᠮᠦ ᠶᠡᠭᠡ ᠨᠥᠯᠥᠭᠡ ᠪᠣᠯᠤᠭᠰᠠᠨ ᠦᠭᠡᠶ᠃ ᠬᠤᠵᠢᠮ ᠪᠢᠳᠡ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠰᠢᠨᠵᠢᠯᠡᠬᠦ ᠤᠬᠠᠭᠠᠨᠴᠢ ᠲᠤᠬᠢᠷᠠᠭᠤᠯᠤᠯᠳᠠ ᠬᠢᠵᠦ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠳᠠᠬᠢ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ᠭᠤᠷᠪᠠ ᠳᠤ ᠠᠰᠠᠭᠤᠳᠠᠯ ᠲᠠᠢ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠵᠦ᠂ ᠪᠦᠬᠦ ᠤᠯᠤᠰ ᠲᠤ 9 ᠲᠦᠮᠡ ᠭᠠᠷᠤᠶ ᠤᠰᠤᠨ ᠴᠥᠭᠦᠷᠥᠮ ᠲᠠᠢ ᠪᠠᠶᠢᠵᠤ᠂ ᠣᠯᠠᠩᠬᠢ ᠶᠢ ᠨᠢ ᠳᠡᠭᠡᠷ᠎ᠡ ᠵᠠᠭᠤᠨ ᠳᠤ ᠪᠠᠶᠢᠭᠤᠯᠤᠭᠰᠠᠨ ᠶᠤᠮ᠂ ᠪᠢᠳᠡ ᠡᠳᠡᠭᠡᠷ ᠠᠰᠠᠭᠤᠳᠠᠯ ᠲᠠᠢ ᠠᠶᠤᠯᠲᠠᠶ ᠤᠰᠤᠨ ᠴᠥᠭᠦᠷᠥᠮ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠰᠠᠭᠤᠳᠠᠯ ᠠᠶᠤᠯ ᠢ ᠠᠷᠢᠯᠭᠠᠨ᠂ ᠦᠶᠡᠷ ᠢ ᠰᠡᠷᠭᠡᠶᠢᠯᠡᠬᠦ ᠳᠤᠮᠳᠠ ᠤᠰᠤᠨ ᠴᠥᠭᠦᠷᠥᠮ ᠤᠨ ᠪᠦᠲᠦᠮᠵᠢᠲᠡᠶ ᠦᠢᠯᠡᠳᠦᠯ ᠢ ᠪᠠᠳᠠᠷᠠᠭᠤᠯᠤᠨ᠎ᠠ᠃      ᠳᠣᠷᠣᠨᠠᠳᠠᠬᠢᠨ ᠤ ᠣᠳᠣᠨ ᠲᠧᠯᠸᠢᠰ ᠤᠨ ᠰᠤᠷᠪᠤᠯᠵᠢᠯᠠᠭᠴᠢ 2020 — 09 — 24 10: 53: 42      ᠪᠢᠳᠡ ᠡᠨᠡ ᠵᠢᠯ ᠤᠨ ᠠᠭᠤᠯᠠᠨ ᠦᠶᠡᠷ ᠤᠨ ᠭᠠᠮᠰᠢᠭ ᠤᠨ ᠶᠡᠷᠦᠩᠬᠡᠶ ᠪᠠᠶᠢᠳᠠᠯ ᠢ ᠣᠢᠢᠯᠠᠭᠠᠶ᠎ᠠ ᠭᠡᠵᠦ ᠪᠤᠳᠤᠵᠤ ᠪᠠᠶᠢᠨ᠎ᠠ᠂ ᠡᠭᠦᠨ ᠠᠴᠠ ᠭᠠᠳᠠᠨ᠎ᠠ ᠤᠰᠤᠨ ᠠᠰᠢᠭᠯᠠᠯᠲᠠ ᠶᠢᠨ ᠶᠠᠮᠤᠨ ᠠᠴᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖ ᠪᠠᠶᠠᠷᠯᠠᠯ᠎ᠠ︕      ᠲᠢᠶᠠᠨ ᠢ ᠲᠠᠩ 2020 — 09 — 24 10᠄ 57᠄ 17      ᠳᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠮᠠᠨ ᠤ ᠤᠯᠤᠰ ᠤᠨ ᠠᠭᠤᠯᠠᠨ ᠦᠶᠡᠷ ᠤᠨ ᠭᠠᠮᠰᠢᠭ ᠤᠨ ᠬᠡᠪᠴᠢᠶ᠎ᠡ ᠨᠢ ᠨᠡᠯᠢᠶᠡᠳ ᠶᠡᠭᠡ᠂ ᠬᠤᠯᠪᠣᠭᠳᠠᠬᠤ ᠬᠥᠮᠦᠨ ᠠᠮᠠ ᠨᠢ ᠨᠡᠯᠢᠶᠡᠳ ᠥᠷᠭᠡᠨ ᠭᠡᠵᠦ ᠬᠡᠯᠡᠵᠤ ᠪᠤᠯᠤᠨ᠎ᠠ᠂ ᠤᠴᠢᠷ ᠨᠢ ᠮᠠᠨ ᠤ ᠤᠯᠤᠰ ᠤᠨ ᠠᠭᠤᠯᠠᠷᠬᠠᠭ ᠣᠷᠣᠨ ᠤᠯᠠᠨ᠂ ᠬᠥᠮᠦᠨ ᠤᠯᠠᠨ ᠠᠭᠤᠯᠠ ᠤᠯᠠᠨ᠂ ᠠᠭᠤᠯᠠᠨ ᠦᠶᠡᠷ ᠤᠨ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠭᠰᠠᠨ ᠬᠠᠷᠢᠴᠠᠯ ᠨᠢ ᠴᠦ ᠨᠡᠯᠢᠶᠡᠳ ᠶᠡᠭᠡ᠂ 380 ᠭᠠᠷᠤᠶ ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠰᠡᠷᠭᠡᠶᠢᠯᠡᠨ ᠵᠠᠰᠠᠬᠤ ᠣᠷᠣᠨ 3 ᠳ᠋ᠦᠩᠰᠢᠭᠤᠷ ᠬᠥᠮᠦᠨ ᠠᠮᠠ ᠲᠠᠢ ᠬᠤᠯᠪᠣᠭᠳᠠᠵᠤ ᠪᠠᠶᠢᠨ᠎ᠠ᠃ ᠡᠨᠡ ᠵᠢᠯ ᠤᠰᠤᠨ ᠠᠰᠢᠭᠯᠠᠯᠲᠠ ᠶᠢᠨ ᠶᠠᠮᠤᠨ ᠠᠴᠠ ᠠᠭᠤᠯᠠᠨ ᠦᠶᠡᠷ ᠤᠨ ᠭᠠᠮᠰᠢᠭ ᠢ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠭᠤᠷᠪᠠᠨ ᠶᠡᠭᠡ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠨᠢᠭᠡ ᠪᠣᠯᠭᠠᠪᠠ᠃ ᠠᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠪᠢᠳᠡ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ᠂ ᠪᠦᠬᠦ ᠤᠯᠤᠰ ᠤᠨ ᠪᠤᠢ ᠪᠦᠬᠦᠢ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠶᠢᠨ 2076 ᠰᠢᠶᠠᠨ ᠳᠤ ᠴᠥᠮ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠪᠠ᠃ 2010 ᠣᠨ ᠠᠴᠠ ᠤᠳᠤ ᠪᠣᠯᠲᠠᠯ᠎ᠠ ᠠᠷᠪᠠᠨ ᠵᠢᠯ ᠪᠠᠶᠢᠭᠤᠯᠵᠠᠶ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠠᠯ᠎ᠠ ᠪᠠᠷ ᠯᠤᠲᠤ ᠶᠡᠭᠡ ᠦᠷ᠎ᠡ ᠪᠦᠲᠦᠮᠵᠢ ᠣᠯᠤᠯ᠎ᠠ ᠭᠡᠵᠦ ᠬᠡᠯᠡᠵᠤ ᠪᠤᠯᠤᠨ᠎ᠠ᠃      ᠪᠢ ᠳᠠᠨ ᠳᠤ ᠨᠢᠭᠡ ᠪᠦᠯᠦᠭ ᠲᠤᠭ᠎ᠠ ᠪᠠᠷᠢᠮᠳᠠ ᠶᠢ ᠬᠠᠩᠭᠠᠶ᠎ᠠ᠂ 2010 ᠣᠨ ᠠᠴᠠ ᠡᠮᠦᠨ᠎ᠡ᠂       2000 — 2010 ᠣᠨ ᠤ ᠡᠨᠡ ᠠᠷᠪᠠᠨ ᠵᠢᠯ ᠤᠨ ᠠᠭᠤᠯᠠᠨ ᠦᠶᠡᠷ ᠤᠨ ᠭᠠᠮᠰᠢᠭ ᠲᠤ ᠦᠬᠦᠵᠦ ᠰᠢᠷᠬᠠᠲᠤᠭᠰᠠᠨ ᠬᠦᠮᠣᠠ ᠤ ᠲᠤᠭ᠎ᠠ ᠪᠠᠷᠤᠭ ᠵᠢᠯ ᠪᠦᠷᠢ ᠳᠤᠮᠳᠠᠴᠢ ᠪᠠᠷ 1178 ᠬᠦᠮᠣᠠ ᠪᠠᠶᠢᠵᠤ᠂ 2011 ᠣᠨ ᠠᠴᠠ ᠣᠲᠤ ᠪᠣᠯᠲᠠᠯ᠎ᠠ ᠳᠤᠮᠳᠠᠴᠢ ᠪᠠᠷ ᠵᠢᠯ ᠪᠦᠷᠢ ᠪᠠᠷᠤᠭ 350 ᠬᠦᠮᠣᠠ ᠦᠬᠦᠵᠦ ᠰᠢᠷᠬᠠᠲᠤᠭᠰᠠᠨ ᠪᠠᠶᠢᠨ᠎ᠠ᠃ ᠡᠨᠡ ᠵᠢᠯ ᠠᠭᠤᠯᠠᠨ ᠦᠶᠡᠷ ᠤᠨ ᠭᠠᠮᠰᠢᠭ ᠲᠤ 152 ᠬᠥᠮᠦᠨ ᠥᠭᠦᠵᠡᠶ᠂ ᠡᠶᠢᠮᠦ ᠠᠴᠠ ᠡᠨᠡ ᠬᠦ ᠦᠢᠯᠡᠳᠦᠯ ᠨᠢ ᠳᠤᠩ ᠶᠡᠭᠡ ᠶᠤᠮ᠃ ᠶᠡᠷᠦᠩᠬᠡᠶ ᠱᠦᠵᠢ ᠰᠢ ᠶᠢᠨ ᠫᠢᠩ ᠠᠷᠠᠳ ᠲᠦᠮᠡᠨ ᠢ ᠳᠡᠭᠡᠳᠦᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠳᠤᠷᠠᠳᠤᠨ ᠭᠠᠷᠭᠠᠵᠠᠶ᠂ ᠡᠨᠡ ᠪᠣᠯ ᠮᠠᠨ ᠤ ᠡᠭᠦᠷᠭᠡ ᠬᠠᠷᠢᠭᠤᠴᠠᠯᠭ᠎ᠠ ᠪᠤᠯᠤᠨ᠎ᠠ᠃ ᠡᠶᠢᠮᠦ ᠠᠴᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠶᠠᠪᠤᠳᠠᠯ ᠢ ᠮᠠᠨ ᠤ ᠭᠤᠣᠯᠳᠠᠯᠭ᠎ᠠ ᠲᠠᠢ ᠡᠭᠦᠷᠭᠡ ᠪᠣᠯᠭᠠᠨ ᠠᠳᠬᠤᠬᠤ ᠬᠡᠷᠡᠭᠲᠡᠶ ᠭᠡᠵᠦ ᠬᠡᠯᠡᠵᠦ ᠪᠠᠶᠢᠭ᠎ᠠ ᠶᠤᠮ᠃      ᠡᠨᠡ ᠵᠢᠯ ᠪᠢᠳᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠲᠠᠯ᠎ᠠ ᠪᠠᠷ ᠡᠶᠢᠮᠦ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠠᠳᠬᠤᠪᠠ᠃      ᠨᠢᠭᠡᠳᠦᠭᠡᠷ ᠲᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠶᠠᠨ ᠢᠶᠠᠷ ᠭᠤᠤᠯ ᠴᠣᠭᠴᠠ ᠶᠢᠨ ᠬᠠᠷᠢᠭᠤᠴᠠᠯᠭ᠎ᠠ ᠪᠣᠯᠭᠠᠵᠤ᠂ ᠰᠢᠶᠠᠨ ᠤ ᠱᠠᠲᠤᠨ ᠤ ᠲᠠᠪᠴᠠᠩ ᠨᠢ ᠬᠥᠳᠡᠭᠡ ᠲᠣᠰᠬᠤᠨ ᠤ ᠬᠠᠷᠢᠭᠤᠴᠠᠯᠭᠠᠲᠠᠨ ᠳᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ ᠦᠭᠴᠠᠢ᠃ ᠰᠢᠷᠦᠭᠦᠨ ᠪᠣᠷᠣᠭᠠᠨ ᠣᠷᠣᠵᠤ᠂ ᠠᠭᠤᠯᠠᠨ ᠦᠶᠡᠷ ᠤᠨ ᠭᠠᠮᠰᠢᠭ ᠭᠠᠷᠴᠤ ᠮᠡᠳᠡᠬᠦ ᠶᠢ ᠤᠷᠢᠳᠴᠢᠯᠠᠨ ᠮᠡᠳᠡᠬᠦ ᠪᠤᠶᠤ ᠭᠠᠵᠠᠷ ᠪᠣᠯᠭᠠᠨ ᠤ ᠪᠣᠷᠣᠭᠠᠨ ᠤ ᠬᠡᠮᠵᠢᠶ᠎ᠡ ᠨᠢ ᠤᠷᠢᠳᠴᠢᠯᠠᠨ ᠰᠡᠷᠡᠮᠵᠢᠯᠡᠭᠦᠯᠬᠦ ᠬᠡᠮᠵᠢᠭᠳᠡᠯ ᠳᠤ ᠬᠦᠷᠦᠭᠰᠡᠨ ᠢ ᠬᠢᠨᠠᠨ ᠬᠡᠮᠵᠢᠳᠡᠭ ᠯᠡ ᠶᠤᠮ ᠪᠣᠯ ᠳᠠᠷᠤᠶ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠪᠡ᠃ ᠨᠡᠶᠢᠲᠡᠯᠡᠵᠦ ᠪᠠᠷᠠᠭᠰᠠᠨ ᠤ ᠳᠠᠷᠠᠭ᠎ᠠ᠂ ᠪᠢᠳᠡᠨ ᠤ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢ ᠭᠥᠯᠢᠶᠡᠨ ᠠᠪᠴᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠂ ᠥᠭᠡᠷ᠎ᠡ ᠪᠠᠷ ᠬᠡᠯᠡᠪᠡᠯ ᠤᠷᠢᠳᠴᠢᠯᠠᠨ ᠰᠡᠷᠡᠮᠵᠢᠯᠡᠭᠦᠯᠦᠭᠰᠡᠨ ᠤ ᠳᠠᠷᠠᠭ᠎ᠠ ᠮᠡᠳᠡᠭᠡ ᠵᠠᠩᠭᠢ ᠶᠢ ᠣᠯᠤᠭᠰᠠᠨ ᠡᠰᠡᠬᠦ ᠶᠢ ᠬᠠᠷᠢᠭᠤ ᠲᠤᠰᠬᠠᠨ᠎ᠠ᠂ ᠢᠩᠭᠢᠪᠡᠯ ᠤᠷᠢᠳᠴᠢᠯᠠᠨ ᠰᠡᠷᠡᠮᠵᠢᠯᠡᠭᠦᠯᠬᠦ ᠡᠲᠡᠭᠡᠳ ᠴᠥᠮ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠵᠤ ᠳᠡᠶᠢᠯᠬᠦ ᠶᠢ ᠦᠨᠡᠨ ᠬᠦ ᠪᠠᠲᠤᠯᠠᠵᠤ ᠴᠢᠳᠠᠨ᠎ᠠ᠃      ᠲᠢᠶᠠᠨ ᠢ ᠲᠠᠩ 2020 — 09 — 24 11᠄ 00᠄ 49      ᠬᠤᠶᠠᠳᠤᠭᠠᠷ ᠲᠤ᠂ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮ ᠤᠨ ᠦᠢᠯᠡᠳᠦᠯ ᠢ ᠪᠠᠳᠠᠷᠠᠭᠤᠯᠪᠠ᠃ ᠠᠭᠤᠯᠠᠨ ᠦᠶᠡᠷ ᠤᠨ ᠭᠠᠮᠰᠢᠭ ᠨᠡᠯᠢᠶᠡᠳ ᠬᠦᠨᠳᠦ ᠨᠣᠴᠢᠲᠠᠶ ᠪᠠᠶᠢᠭ᠎ᠠ ᠲᠡᠳᠡᠭᠡᠷ ᠭᠤᠤᠯᠳᠠᠯᠭ᠎ᠠ ᠲᠠᠢ ᠬᠥᠳᠡᠭᠡ ᠲᠣᠰᠬᠤᠨ ᠳᠤ᠂ ᠲᠠᠪᠴᠠᠩ ᠢᠶᠠᠷ ᠳᠠᠮᠵᠢᠨ ᠰᠡᠷᠡᠮᠵᠢᠯᠡᠭᠦᠯᠬᠦ ᠮᠡᠳᠡᠭᠡ ᠵᠠᠩᠭᠢ ᠲᠠᠷᠬᠠᠭᠠᠬᠰᠠᠨ ᠢᠶᠠᠷ ᠪᠠᠷᠠᠬᠤ ᠥᠬᠡᠶ᠂ ᠪᠢᠳᠡ ᠪᠠᠰᠠ ᠠᠶᠤᠯ ᠲᠦᠭᠰᠢᠭᠦᠷᠢ ᠮᠡᠳᠡᠭᠡᠯᠡᠬᠦ ᠪᠠᠭᠠᠵᠢ ᠵᠡᠷᠭᠡ ᠶᠢ ᠪᠠᠭᠲᠠᠭᠠᠭᠰᠠᠨ ᠷᠠᠳᠢᠣ᠋ ᠨᠡᠪᠲᠡᠷᠡᠭᠦᠯᠭᠡ᠂ ᠬᠠᠷᠠᠩᠭ᠎ᠠ᠂ ᠱᠦᠭᠯᠦ ᠵᠡᠷᠭᠡ ᠶᠢ ᠳᠣᠭᠢᠷᠠᠭᠤᠯᠵᠤ᠂ ᠡᠶᠢᠮᠦᠷᠬᠦᠤ ᠨᠢᠭᠡᠨ ᠢᠵᠢ ᠠᠷᠭ᠎ᠠ ᠬᠡᠮᠵᠢᠶ᠎ᠡ ᠪᠠᠷ ᠳᠠᠮᠵᠢᠨ ᠭᠠᠷᠭᠠᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠡᠨ ᠬᠦ ᠡᠷᠦᠬᠡ ᠳᠤ᠂ ᠬᠥᠮᠦᠨ ᠳᠤ ᠳᠠᠮᠵᠢᠭᠤᠯᠵᠤ ᠴᠢᠳᠠᠬᠤ ᠪᠣᠯᠭᠠᠵᠠᠶ᠃ ᠠᠭᠤᠯᠠᠨ ᠦᠶᠡᠷ ᠤᠨ ᠭᠠᠮᠰᠢᠭ ᠦᠨᠡᠨ ᠬᠦ ᠭᠠᠷᠤᠮᠠᠭᠴᠠ ᠭᠠᠴᠠᠭᠠᠨ ᠤ ᠬᠢᠨ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠴᠠᠭ ᠲᠤᠬᠠᠶ ᠳᠤᠨᠢ ᠰᠢᠯᠵᠢᠬᠦ ᠶᠢ ᠣᠯᠠᠨ ᠲᠦᠮᠡᠨ ᠳᠤ ᠰᠠᠨᠠᠭᠤᠯᠵᠤ ᠪᠣᠯᠤᠨ᠎ᠠ᠃ ᠡᠭᠦᠨ ᠤ ᠬᠠᠮᠲᠤ᠂ ᠪᠢᠳᠡ ᠠᠭᠤᠯᠠᠷᠬᠠᠭ ᠣᠷᠣᠨ ᠤ ᠤᠯᠠᠨ ᠲᠦᠮᠡᠨ ᠤ ᠭᠠᠮᠰᠢᠭ ᠢ ᠰᠡᠷᠭᠡᠶᠢᠯᠡᠬᠦ ᠤᠬᠠᠮᠰᠠᠷ᠂ ᠤᠬᠠᠭᠤᠯᠭ᠎ᠠ᠂ ᠪᠣᠯᠪᠠᠰᠤᠷᠠᠯ᠂ ᠰᠣᠷᠢᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠲᠠᠯ᠎ᠠ ᠪᠠᠷ ᠪᠠᠰᠠ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃      ᠭᠤᠷᠪᠠᠳᠤᠭᠠᠷ ᠲᠤ᠂ ᠡᠨᠡ ᠵᠢᠯ ᠤᠨ 3 ᠰᠠᠷ᠎ᠠ ᠳᠤ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠠᠯ᠎ᠠ ᠪᠠᠷ ᠪᠠᠰᠠ ᠴᠢᠨᠠᠭᠰᠢᠳᠠ ᠲᠡᠭᠦᠯᠳᠡᠷᠵᠢᠭᠦᠯᠬᠦ ᠴᠢᠬᠤᠯᠠᠲᠠᠶ ᠭᠠᠵᠠᠷ ᠪᠠᠶᠢᠨ᠎ᠠ᠂ ᠠᠭᠤᠯᠠᠷᠬᠠᠭ ᠣᠷᠣᠨ ᠳᠤ ᠪᠠᠶᠢᠭ᠎ᠠ ᠨᠢᠭᠡ ᠪᠦᠯᠦᠭ ᠵᠢᠭᠤᠯᠴᠢᠯᠠᠯ ᠤᠨ ᠬᠥᠮᠦᠰ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠵᠤ ᠳᠡᠶᠢᠯᠬᠦ ᠥᠬᠡᠶ᠂ ᠪᠠᠰᠠ ᠪᠠᠯᠠᠶ ᠭᠠᠵᠠᠷ ᠣᠷᠣᠰᠢᠵᠤ ᠪᠠᠶᠢᠨ᠎ᠠ ᠭᠡᠵᠡᠶ᠃ ᠡᠨᠡ ᠵᠢᠯ ᠤᠨ 5 ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠪᠣᠯᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠨ ︽ᠭᠤᠷᠪᠠᠨ ᠲᠣᠮᠣ ᠡᠵᠡᠩᠨᠡᠭᠴᠢ ᠬᠤᠳᠠᠯᠳᠤᠭᠠᠴᠢᠨ︾ ᠳᠤ ᠲᠦᠰᠢᠭᠯᠡᠨ ᠨᠡᠶᠢᠭᠡᠮ ᠨᠡᠶᠢᠳᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢ ᠠᠬᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠂ ᠥᠭᠡᠷ᠎ᠡ ᠪᠠᠷ ᠬᠡᠯᠡᠪᠡᠯ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ︽ᠭᠤᠷᠪᠠᠨ ᠲᠣᠮᠣ ᠡᠵᠡᠩᠨᠡᠭᠴᠢ ᠬᠤᠳᠠᠯᠳᠤᠭᠠᠴᠢᠨ︾ ᠢᠶᠠᠷ ᠳᠠᠮᠵᠢᠭᠤᠯᠤᠨ ᠨᠡᠶᠢᠲᠡᠯᠡᠮᠡᠭᠴᠡ᠂ ᠡᠨᠡ ᠬᠦ ᠣᠷᠣᠨ ᠪᠦᠰᠡ ᠳᠤ ᠴᠢᠬᠢᠮ ᠮᠡᠳᠡᠭᠡ ᠶᠢ ᠣᠯᠵᠤ ᠳᠡᠶᠢᠯᠳᠡᠭ ᠯᠡ ᠶᠤᠮ ᠪᠣᠯ᠂ ᠤᠷᠢᠳᠴᠢᠯᠠᠨ ᠰᠡᠷᠡᠮᠵᠢᠯᠡᠭᠦᠯᠬᠦ ᠪᠠᠯᠠᠶ ᠣᠷᠣᠨ ᠢ ᠠᠯᠢ ᠴᠢᠳᠠᠬᠤ ᠪᠠᠷ ᠠᠷᠢᠯᠭᠠᠵᠤ᠂ ᠠᠶᠤᠯ ᠠᠴᠠ ᠵᠠᠶᠢᠯᠠᠭᠤᠯᠬᠤ ᠳᠤ ᠲᠤᠯᠭᠠᠭᠤᠷᠢᠯᠠᠯ ᠬᠠᠩᠭᠠᠨ᠎ᠠ᠃      ᠳᠥᠷᠪᠡᠳᠦᠭᠡᠷ ᠲᠤ᠂ ᠤᠰᠤᠨ ᠠᠰᠢᠭᠯᠠᠯᠲᠠ ᠶᠢᠨ ᠶᠠᠮᠤᠨ ᠡᠨᠡ ᠬᠤᠶᠠᠷ ᠵᠢᠯ ᠳᠤ ︽ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ︾ ᠶᠢ ᠴᠢᠩᠭᠠᠳᠬᠠᠪᠠ᠃ ᠠᠭᠤᠯᠠᠨ ᠦᠶᠡᠷ ᠤᠨ ᠭᠠᠮᠰᠢᠭ ᠨᠢ ᠭᠤᠷᠪᠠᠨ ᠶᠡᠭᠡ ᠠᠶᠤᠯ ᠲᠦᠭᠰᠢᠭᠦᠷᠢ ᠶᠢᠨ ᠨᠢᠭᠡ ᠪᠣᠯᠤᠭᠰᠠᠨ ᠤ ᠬᠤᠪᠢ ᠳᠤ ᠬᠢᠨᠠᠯᠲᠠ ᠬᠠᠮᠢᠶᠠᠷᠤᠯᠲᠠ ᠶᠢ ᠣᠨᠴᠠᠭᠠᠢᠢᠯᠠᠨ ᠴᠢᠬᠤᠯᠠᠴᠢᠯᠠᠵᠤ᠂ ᠰᠢᠷᠦᠭᠦᠨ ᠪᠣᠷᠣᠭᠠᠨ ᠣᠷᠣᠪᠠᠯ᠂ ᠤᠰᠤᠨ ᠠᠰᠢᠭᠯᠠᠯᠲᠠ ᠶᠢᠨ ᠶᠠᠮᠤᠨ ᠠᠴᠠ ᠮᠤᠵᠢ ᠬᠤᠲᠠ ᠰᠢᠶᠠᠨ ᠢ ᠬᠠᠮᠤᠭ ᠤᠨ ᠶᠡᠭᠡ ᠪᠣᠷᠣᠭᠠᠨ ᠣᠷᠣᠬᠤ ᠶᠢ ᠤᠷᠢᠳᠴᠢᠯᠠᠨ ᠮᠡᠳᠡᠭᠡᠯᠡᠬᠦ ᠠᠴᠠ ᠪᠣᠷᠣᠭᠠᠨ ᠳᠠᠭᠤᠰᠬᠤ ᠬᠦᠷᠲᠡᠯ᠎ᠡ ᠴᠥᠮ ᠪᠥᠬᠦ ᠶᠠᠪᠤᠴᠠ ᠶᠢ ᠬᠢᠨᠠᠨ ᠬᠠᠮᠢᠶᠠᠷᠬᠤ ᠬᠡᠷᠡᠭᠲᠡᠶ ᠭᠡᠵᠦ ᠱᠠᠭᠠᠷᠳᠠᠪᠠ᠃ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠪᠦᠲᠦᠭᠡᠭᠳᠡᠬᠦᠨ ᠣᠳᠣᠬᠠᠨ ᠳᠤ ᠨᠡᠯᠢᠶᠡᠳ ᠠᠷᠪᠢᠨ ᠪᠠᠶᠢᠨ᠎ᠠ᠂ 6 ᠴᠠᠭ ᠤᠨ ᠤᠷᠢᠳᠴᠢᠯᠠᠭᠰᠠᠨ ᠮᠡᠳᠡᠭᠡ᠂ 3 ᠴᠠᠭ ᠤᠨ ᠤᠷᠢᠳᠴᠢᠯᠠᠭᠰᠠᠨ ᠮᠡᠳᠡᠭᠡ᠂ ᠠᠯᠢ ᠭᠠᠵᠠᠷ ᠣᠷᠣᠨ ᠳᠤ ᠰᠢᠷᠦᠭᠦᠨ ᠪᠣᠷᠣᠭᠠᠨ ᠣᠷᠣᠬᠤ ᠶᠢ ᠪᠢᠳᠡ ᠴᠠᠭ ᠲᠤᠬᠠᠶ ᠳᠤᠨᠢ ᠡᠨᠡ ᠭᠠᠵᠠᠷ ᠣᠷᠣᠨ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠥᠮᠦᠰ ᠢᠶᠠᠨ ᠴᠠᠭ ᠲᠤᠬᠠᠶ ᠳᠤᠨᠢ ᠰᠢᠯᠵᠢᠭᠦᠯᠬᠦ ᠶᠢ ᠮᠡᠳᠡᠭᠳᠡᠵᠤ ᠪᠤᠢ᠃ ᠪᠢᠳᠡ ᠪᠠᠰᠠ ᠠᠵᠢᠯᠯᠠᠬᠤ ᠳᠤᠭᠤᠢᠢᠯᠠᠩ ᠪᠠ ᠨᠢᠭᠤᠴᠠ ᠪᠠᠷ ᠰᠤᠷᠪᠤᠯᠵᠢᠯᠠᠬᠤ ᠳᠤᠭᠤᠢᠢᠯᠠᠩ ᠲᠣᠮᠢᠯᠠᠨ ᠡᠳᠡᠭᠡᠷ ᠭᠠᠵᠠᠷ ᠣᠷᠣᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ ᠶᠢ ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ ᠬᠤᠶᠢᠰᠢᠳᠠ ᠪᠠᠰᠠ ᠡᠨᠡ ᠬᠦ ᠰᠠᠭᠤᠷᠢᠨ ᠳᠡᠭᠡᠷ᠎ᠡ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠠᠮᠤᠷ ᠲᠦᠪᠰᠢᠨ ᠢ ᠬᠠᠮᠠᠭᠠᠯᠠᠨ᠎ᠠ᠃ ᠪᠠᠶᠠᠷᠯᠠᠯ᠎ᠠ︕      ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ  2020 — 09 — 24  11᠄ 01᠄ 25      ᠲᠡᠭᠡᠪᠡᠯ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠢ ᠪᠠᠬᠢᠵᠢᠭᠦᠯᠬᠦ ᠠᠵᠢᠯ ᠣᠳᠣᠬᠠᠨ ᠳᠤ ᠬᠢᠷᠢ ᠵᠡᠷᠭᠡ ᠶᠠᠪᠤᠭᠳᠠᠵᠤ ᠪᠠᠶᠢᠬᠤ ᠪᠣᠶ︖ ᠲᠠᠷᠠᠭᠠᠴᠢ ᠶᠢᠨ ᠠᠯᠬᠤᠮ ᠳᠤ ᠤᠰᠤᠨ ᠠᠰᠢᠭᠯᠠᠯᠲᠠ ᠶᠢᠨ ᠶᠠᠮᠤᠨ ᠡᠨᠡ ᠬᠦ ᠠᠵᠢᠯ ᠢ ᠬᠡᠷᠬᠢᠨ ᠠᠬᠢᠭᠤᠯᠬᠤ ᠪᠣᠶ︖ ᠪᠠᠶᠠᠷᠯᠠᠯ᠎ᠠ︕      ᠵᠠᠩ ᠰᠢᠶᠠᠩ ᠸᠧᠶ 2020 — 09 — 24 11᠄ 04᠄ 49      ᠳᠠᠨ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠮᠠᠨ ᠤ ᠤᠯᠤᠰ ᠤᠨ ᠣᠨᠴᠠᠭᠠᠶ ᠪᠠᠶᠢᠭᠠᠯᠢ ᠶᠢᠨ ᠭᠠᠵᠠᠷ ᠵᠦᠢ ᠶᠢᠨ ᠨᠥᠬᠦᠴᠡᠯ ᠠᠴᠠ ᠪᠣᠯᠵᠣ᠂ ᠤᠰᠤᠨ ᠤ ᠡᠬᠢ ᠪᠠᠶᠠᠯᠢᠭ ᠤᠨ ᠴᠠᠭ ᠵᠠᠶ ᠶᠢᠨ ᠲᠠᠷᠬᠠᠯᠲᠠ ᠲᠡᠭᠰᠢ ᠪᠤᠰᠤ ᠪᠠᠶᠢᠳᠠᠭ᠂ ᠡᠶᠢᠮᠦ ᠠᠴᠠ ᠦᠶᠡᠷ ᠢ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠢ ᠳᠣᠭᠢᠷᠠᠭᠤᠯᠬᠤ᠂ ᠠᠮᠢ ᠠᠬᠤᠶ ᠶᠢ ᠵᠠᠰᠠᠵᠤ ᠰᠡᠷᠭᠦᠭᠡᠬᠦ ᠵᠡᠷᠭᠡ ᠳᠤ ᠤᠰᠤᠨ ᠴᠥᠭᠦᠷᠥᠮ ᠪᠠᠶᠢᠭᠤᠯᠬᠤ ᠴᠢᠬᠤᠯᠠᠲᠠᠶ ᠶᠤᠮ᠃ ᠰᠠᠶ᠋ᠢᠬᠠᠨ ᠳᠡᠳ᠋ ᠰᠠᠶᠢᠳ ᠶᠧ ᠵᠢᠶᠠᠨ ᠴᠦᠨ ᠬᠡᠯᠡᠬᠦ ᠳᠡᠭᠡᠨ᠂ ᠮᠠᠨ ᠤ ᠤᠯᠤᠰ ᠤᠨ ᠤᠰᠤᠨ ᠴᠥᠭᠦᠷᠥᠮ ᠤᠨ ᠲᠤᠭ᠎ᠠ ᠬᠡᠮᠵᠢᠶ᠎ᠡ ᠣᠯᠠᠨ ᠪᠥᠭᠡᠳ 80% ᠶᠢ ᠨᠢ ᠴᠥᠮ ᠳᠡᠭᠡᠷ᠎ᠡ ᠵᠠᠭᠤᠨ ᠤ ᠲᠠᠪᠢᠭᠠᠳ ᠣᠨ ᠠᠴᠠ ᠳᠠᠯᠠᠭᠠᠳ ᠣᠨ ᠤ ᠦᠶ᠎ᠡ ᠳᠤ ᠪᠠᠶᠢᠭᠤᠯᠤᠭᠰᠠᠨ ᠶᠤᠮ ᠭᠡᠵᠡᠶ᠃ 1998 ᠣᠨ ᠠᠴᠠ ᠡᠬᠢᠯᠡᠨ ᠪᠢᠳᠡ ᠬᠦᠴᠦᠨ ᠢᠶᠠᠨ ᠲᠥᠪᠯᠡᠷᠡᠭᠦᠯᠦᠨ ᠬᠡᠳᠦᠨ ᠡᠭᠡᠯᠵᠢ ᠶᠢᠨ ᠶᠡᠭᠡ ᠬᠡᠪᠴᠢᠶᠡᠨ ᠤ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠥᠷᠨᠢᠭᠦᠯᠪᠡ᠂ ᠨᠢᠳᠤᠨᠤᠨ ᠤ ᠵᠢᠯ ᠤᠨ ᠰᠡᠭᠦᠯᠴᠢ ᠪᠣᠯᠬᠤ ᠳᠤ ᠲᠥᠪ ᠠᠴᠠ 1490 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠲᠣᠬᠢᠷᠠᠭᠤᠯᠵᠤ᠂ 2700 ᠭᠠᠷᠤᠶ ᠲᠤᠮᠤ ᠳᠤᠮᠳᠠ ᠬᠡᠯᠪᠡᠷᠢ ᠶᠢᠨ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ᠂ ᠡᠭᠦᠨ ᠠᠴᠠ ᠭᠠᠳᠠᠨ᠎ᠠ ᠪᠠᠰᠠ 6.6 ᠲᠦᠮᠡᠨ ᠪᠠᠭ᠎ᠠ ᠬᠡᠯᠪᠡᠷᠢ ᠶᠢᠨ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠬᠢᠭᠰᠡᠨ       ᠪᠠᠶᠢᠨ᠎ᠠ᠃ ᠡᠳᠡᠭᠡᠷ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠦᠭᠰᠡᠨ ᠤ ᠲᠠᠷᠠᠭ᠎ᠠ᠂ ᠴᠢᠳᠠᠮᠵᠢ ᠨᠢ ᠰᠡᠷᠭᠦᠵᠦ᠂ ᠦᠶᠡᠷ ᠢ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠦᠢᠯᠡᠳᠦᠯ ᠨᠢ ᠳᠤᠩ ᠰᠠᠶᠢᠨ ᠪᠠᠳᠠᠷᠠᠭᠰᠠᠨ ᠪᠠᠶᠢᠨ᠎ᠠ᠃      ᠣᠳᠣᠬᠠᠨ ᠳᠤ ᠪᠠᠰᠠ ᠲᠦᠮᠡ ᠭᠠᠷᠤᠶ ᠠᠰᠠᠭᠤᠳᠠᠯ ᠲᠠᠢ ᠠᠶᠤᠯ ᠲᠠᠢ ᠴᠥᠭᠦᠷᠥᠮ ᠳᠤ ᠪᠡᠯᠡ ᠣᠷᠣᠭᠤᠯᠤᠯᠲᠠ ᠲᠣᠬᠢᠷᠠᠭᠤᠯᠵᠤ ᠠᠶᠤᠯ ᠢ ᠠᠷᠢᠯᠭᠠᠨ ᠪᠠᠬᠢᠵᠢᠭᠦᠯᠬᠦ ᠴᠢᠬᠤᠯᠠᠲᠠᠶ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠠᠭᠠᠴᠢ ᠶᠢᠨ ᠠᠯᠬᠤᠮ ᠳᠤ ᠠᠰᠠᠭᠤᠳᠠᠯ ᠲᠠᠢ ᠠᠶᠤᠯ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠳᠤ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ ᠠᠳᠬᠤᠨ᠎ᠠ᠃      ᠨᠢᠭᠡᠳᠦᠭᠡᠷ ᠲᠤ᠂ ᠤᠳᠤ ᠪᠠᠶᠢᠭ᠎ᠠ ᠠᠰᠠᠭᠤᠳᠠᠯ ᠠᠶᠤᠯ ᠲᠠᠢ ᠴᠥᠭᠦᠷᠥᠮ ᠤᠨ ᠠᠶᠤᠯ ᠢ ᠠᠯᠢ ᠲᠦᠷᠭᠡᠨ ᠢᠶᠠᠷ ᠠᠷᠢᠯᠭᠠᠨ ᠪᠠᠬᠢᠵᠢᠭᠦᠯᠤᠨ᠎ᠡ᠃ ᠢᠯᠠᠩᠭᠤᠶ᠎ᠠ ᠤᠳᠤ 200 ᠭᠠᠷᠤᠶ ᠲᠤᠮᠤ ᠳᠤᠮᠳᠠ ᠬᠡᠯᠪᠡᠷᠢ ᠶᠢᠨ ᠠᠰᠠᠭᠤᠳᠠᠯ ᠲᠠᠢ ᠠᠶᠤᠯ ᠲᠠᠢ ᠴᠥᠭᠦᠷᠥᠮ ᠢ ᠪᠢᠳᠡ ᠬᠤᠶᠠᠷ ᠵᠢᠯ ᠣᠷᠴᠢᠮ ᠤᠨ ᠴᠠᠭ ᠢ ᠬᠡᠷᠡᠭᠯᠡᠵᠦ ᠪᠠᠶᠢᠭᠠᠳ ᠠᠶᠤᠯ ᠢ ᠠᠷᠢᠯᠭᠠᠨ ᠪᠠᠬᠢᠵᠢᠭᠦᠯᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ᠃ ᠪᠠᠭ᠎ᠠ ᠬᠡᠯᠪᠡᠷᠢ ᠶᠢᠨ ᠠᠶᠤᠯ ᠭᠡᠮ ᠲᠠᠢ ᠤᠰᠤᠨ ᠴᠥᠭᠦᠷᠥᠮ ᠤᠨ ᠲᠤᠭ᠎ᠠ ᠬᠡᠮᠵᠢᠶ᠎ᠡ ᠨᠢ ᠠᠷᠪᠢᠨ ᠰᠢᠭ᠋᠂ ᠴᠠᠭ ᠨᠢ ᠤᠷᠳᠤ ᠰᠢᠭ᠋ ᠪᠠᠶᠢᠵᠤ ᠮᠡᠳᠡᠨ᠎ᠠ᠂ ᠪᠠᠰᠠ ᠠᠯᠢ ᠲᠦᠷᠭᠡᠨ ᠢᠶᠠᠷ ᠠᠶᠤᠯ ᠲᠦᠭᠰᠢᠭᠦᠷᠢ ᠶᠢ ᠠᠷᠢᠯᠭᠠᠨ᠎ᠠ᠃      ᠬᠤᠶᠠᠳᠤᠭᠠᠷ ᠲᠤ᠂ ᠠᠶᠤᠯᠭᠦᠢ ᠶᠢᠨ ᠬᠢᠨᠠᠨ ᠲᠣᠭᠲᠠᠭᠠᠯᠲᠠ ᠶᠢᠨ ᠬᠤᠭᠤᠴᠠᠭᠠᠨ ᠳᠤ ᠨᠢᠭᠡᠨᠲᠡ ᠬᠦᠷᠦᠭᠰᠡᠨ ᠤᠰᠤᠨ ᠴᠥᠭᠦᠷᠥᠮ ᠳᠤ ᠠᠶᠤᠯᠭᠦᠢ ᠶᠢᠨ ᠬᠢᠨᠠᠨ ᠲᠣᠭᠲᠠᠭᠠᠯᠲᠠ ᠬᠢᠬᠦ ᠶᠢ ᠪᠡᠶᠡᠯᠡᠭᠦᠯᠦᠨ᠎ᠡ᠂ ᠪᠠᠷᠤᠭ ᠭᠤᠷᠪᠠᠨ ᠲᠦᠮᠡ ᠭᠠᠷᠤᠶ ᠤᠰᠤᠨ ᠴᠥᠭᠦᠷᠥᠮ ᠳᠤ ᠠᠶᠤᠯᠭᠦᠢ ᠶᠢᠨ ᠬᠢᠨᠠᠨ ᠲᠣᠭᠲᠠᠭᠠᠯᠲᠠ ᠬᠢᠬᠦ ᠶᠢ ᠪᠡᠶᠡᠯᠡᠭᠦᠯᠦᠨ᠎ᠡ᠃ ᠠᠶᠤᠯᠭᠦᠢ ᠶᠢᠨ ᠬᠢᠨᠠᠨ ᠲᠣᠭᠲᠠᠭᠠᠯᠲᠠ ᠬᠢᠭᠰᠡᠨ ᠤ ᠳᠠᠷᠠᠭ᠎ᠠ ᠪᠠᠰᠠ ᠵᠠᠷᠢᠮ ᠠᠶᠤᠯ ᠭᠡᠮ ᠲᠠᠢ ᠤᠰᠤᠨ ᠴᠥᠭᠦᠷᠥᠮ ᠪᠠᠶᠢᠵᠤ ᠮᠡᠳᠡᠨ᠎ᠡ᠂ ᠪᠠᠰᠠ ᠠᠯᠢ ᠲᠦᠷᠭᠡᠨ ᠢᠶᠠᠷ ᠠᠶᠤᠯ ᠲᠦᠭᠰᠢᠭᠦᠷᠢ ᠶᠢ ᠠᠷᠢᠯᠭᠠᠨ᠎ᠠ᠃      ᠭᠤᠷᠪᠠᠳᠤᠭᠠᠷ ᠲᠤ᠂ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠤᠨ ᠪᠠᠶᠢᠩᠭᠤᠵᠢᠭᠰᠠᠨ ᠠᠶᠤᠯ ᠢ ᠠᠷᠢᠯᠭᠠᠨ ᠪᠠᠬᠢᠵᠢᠭᠦᠯᠬᠦ ᠲᠣᠭᠲᠠᠴᠠ ᠶᠢ ᠪᠠᠶᠢᠭᠤᠯᠤᠨ᠎ᠠ᠃ ᠤᠴᠢᠷ ᠨᠢ ᠤᠰᠤᠨ ᠴᠥᠭᠦᠷᠥᠮ ᠤᠨ ᠵᠢᠷᠤᠵᠤ ᠲᠥᠯᠥᠪᠯᠡᠭᠰᠡᠨ ᠠᠵᠢᠯᠯᠠᠭᠠᠨ ᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠪᠠᠰᠠ ᠵᠠᠷᠢᠮ ᠠᠰᠠᠭᠤᠳᠠᠯ ᠠᠶᠤᠯ ᠲᠠᠢ ᠤᠰᠤᠨ ᠴᠥᠭᠦᠷᠥᠮ ᠰᠢᠨ᠎ᠡ ᠪᠠᠷ ᠢᠯᠡᠷᠡᠬᠦ ᠪᠣᠯᠤᠨ᠎ᠠ᠂ ᠡᠨᠡ ᠨᠢ ᠮᠥᠨ ᠴᠦ ᠵᠢᠮ᠎ᠡ ᠶᠣᠰᠣ ᠪᠣᠯᠬᠤ ᠶᠤᠮ᠃ ᠬᠡᠯᠡᠯᠭᠡᠨ ᠥᠬᠡᠶ᠂ ᠥᠩᠭᠡᠷᠡᠭᠰᠡᠨ ᠤ ᠬᠢ ᠰᠢᠭ ᠲᠡᠶᠢᠮᠦ ᠲᠥᠪᠯᠡᠷᠡᠩᠭᠦᠢ ᠪᠢᠰᠢ᠂ ᠠᠰᠠᠭᠤᠳᠠᠯ ᠲᠠᠢ ᠠᠶᠤᠯ ᠲᠠᠢ ᠤᠰᠤᠨ ᠴᠥᠭᠦᠷᠥᠮ ᠤᠨ ᠪᠠᠶᠢᠩᠭᠤ ᠶᠢᠨ ᠴᠢᠨᠠᠷᠲᠠᠶ ᠠᠶᠤᠯ ᠢ ᠠᠷᠢᠯᠭᠠᠨ ᠪᠠᠬᠢᠵᠢᠭᠦᠯᠬᠦ ᠲᠣᠭᠲᠠᠴᠠ ᠶᠢ ᠪᠠᠶᠢᠭᠤᠯᠬᠤ ᠪᠠᠷ ᠳᠡᠮᠵᠢᠨ᠂ ᠨᠢᠭᠡ ᠶᠢ ᠢᠯᠡᠷᠡᠭᠦᠯᠪᠡᠯ ᠴᠠᠭ ᠲᠤᠬᠠᠶ ᠳᠤᠨᠢ ᠨᠢᠭᠡ ᠶᠢ ᠠᠷᠢᠯᠭᠠᠵᠤ᠂ ᠤᠰᠤᠨ ᠴᠥᠭᠦᠷᠥᠮ ᠤᠨ ᠴᠢᠳᠠᠮᠵᠢ ᠶᠢ ᠰᠡᠷᠭᠦᠭᠡᠨ᠂ ᠦᠶᠡᠷ ᠢ ᠰᠡᠷᠭᠡᠶᠢᠯᠡᠬᠦ ᠤᠰᠤᠨ ᠤ ᠡᠬᠢ ᠪᠠᠶᠠᠯᠢᠭ ᠢ ᠳᠣᠭᠢᠷᠠᠭᠤᠯᠬᠤ ᠵᠡᠷᠭᠡ ᠶᠡᠷᠦᠩᠬᠡᠶᠢᠯᠡᠭᠰᠡᠨ ᠴᠢᠳᠠᠮᠵᠢ ᠶᠢ ᠪᠠᠳᠠᠷᠠᠭᠤᠯᠤᠨ᠎ᠠ᠃      ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ 2020 — 09 — 24 11᠄ 05᠄ 21      ᠡᠨᠡ ᠵᠢᠯ ᠤᠨ ᠤᠰᠤᠨ ᠳᠤ ᠡᠪᠳᠡᠭᠳᠡᠭᠰᠡᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠰᠡᠷᠭᠦᠭᠡᠭᠰᠡᠨ ᠨᠢ ᠶᠠᠮᠠᠷ ᠵᠡᠷᠭᠡ ᠪᠤᠢ᠂ ᠡᠭᠦᠨ ᠠᠴᠠ ᠭᠠᠳᠠᠨ᠎ᠠ ᠤᠰᠤᠨ ᠳᠤ ᠡᠪᠳᠡᠭᠳᠡᠭᠰᠡᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠶᠢ ᠲᠦᠷᠭᠡᠳᠬᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ ᠪᠠᠶᠠᠷᠯᠠᠯ᠎ᠠ︕      ᠶᠧ ᠵᠢᠶᠠᠨ ᠴᠦᠨ 2020 — 09 — 24 11: 09: 52      ᠡᠨᠡ ᠵᠢᠯ ᠤᠨ ᠦᠶᠡᠷ ᠲᠤ 28 ᠮᠤᠵᠢ ᠣᠷᠣᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠡᠶ᠂ ᠡᠭᠦᠨ ᠳᠤ ᠭᠤᠣᠯᠳᠠᠭᠤ ᠭᠤᠣᠯ ᠮᠥᠷᠡᠨ ᠤ ᠬᠠᠰᠢᠯᠭ᠎ᠠ ᠳᠠᠯᠠᠩ ᠤᠨ ᠬᠠᠮᠠᠭᠠᠯᠠᠯᠲᠠ ᠶᠢᠨ ᠡᠷᠭᠢ᠂ ᠤᠰᠤᠨ ᠴᠥᠭᠦᠷᠥᠮ ᠤᠨ ᠲᠥᠬᠦᠭᠡᠷᠦᠮᠵᠢ᠂ ᠬᠥᠳᠡᠭᠡ ᠲᠣᠰᠬᠤᠨ ᠤ ᠤᠰᠤᠯᠠᠯᠲᠠ ᠶᠢᠨ ᠲᠥᠬᠦᠭᠡᠷᠦᠮᠵᠢ᠂ ᠬᠥᠭᠡᠷᠭᠡ ᠶᠢᠨ ᠥᠷᠲᠡᠭᠡᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠤᠰᠤᠨ ᠵᠦᠢ ᠶᠢᠨ ᠥᠷᠲᠡᠭᠡ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ ᠪᠤᠶ᠃ ᠡᠭᠦᠨ ᠳᠤ ᠠᠨᠾᠦ᠋ᠢ᠂ ᠴᠦᠩᠴᠢᠩ᠂ ᠵᠢᠶᠠᠩᠰᠢ᠂ ᠬᠤᠪᠸᠢ᠂ ᠬᠤᠨᠠᠨ᠂ ᠰᠧᠴᠤᠸᠠᠨ᠂ ᠭᠤᠸᠠᠩᠰᠢ᠂ ᠭᠦᠢᠵᠧᠤ᠂ ᠱᠠᠨᠰᠢ᠂ ᠭᠠᠨᠰᠦ ᠵᠡᠷᠭᠡ 10 ᠮᠤᠵᠢ ᠨᠠᠩ ᠬᠦᠨᠳᠦ ᠰᠢᠭ ᠭᠠᠮᠰᠢᠭᠳᠠᠵᠠᠶ᠃ ᠪᠢᠳᠡ ᠤᠰᠤᠨ ᠳᠤ ᠡᠪᠳᠡᠭᠳᠡᠭᠰᠡᠨ ᠠᠩᠬᠠᠨ ᠤ ᠬᠤᠭᠤᠴᠠᠭᠠᠨ ᠳᠤ ᠡᠯ᠎ᠡ ᠮᠤᠵᠢ ᠶᠢ ᠲᠠᠰᠤᠷᠠᠯᠲᠠ ᠦᠭᠡᠶ ᠵᠣᠬᠢᠶᠠᠨ ᠪᠠᠶᠢᠭᠤᠯᠵᠤ ᠡᠳᠡᠭᠡᠷ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠳᠤ ᠬᠡᠳᠦᠢ ᠪᠡᠯᠡ ᠣᠷᠣᠭᠤᠯᠬᠤ ᠶᠢ ᠵᠠᠳᠠᠯᠤᠭᠰᠠᠨ ᠪᠠᠶᠢᠨ᠎ᠠ᠂ ᠠᠩᠬ᠎ᠠ ᠠᠯᠬᠤᠮ ᠤᠨ ᠵᠢᠱᠢᠯᠲᠡ ᠪᠠᠷ᠂ ᠪᠠᠷᠤᠭ 840 ᠳ᠋ᠦᠩᠰᠢᠭᠤᠷ ᠲᠥᠭᠦᠷᠢᠭ ᠬᠡᠷᠡᠭᠰᠡᠨ᠎ᠡ᠂ ᠡᠭᠦᠨ ᠤ ᠳᠣᠲᠣᠷ᠎ᠠ ᠨᠡᠯᠢᠶᠡᠳ ᠬᠦᠨᠳᠦ ᠭᠠᠮᠰᠢᠭᠳᠠᠭᠰᠠᠨ 10 ᠮᠤᠵᠢ ᠳᠤ ᠳᠠᠷᠤᠶ 670 ᠳ᠋ᠦᠩᠰᠢᠭᠤᠷ ᠲᠥᠭᠦᠷᠢᠭ ᠣᠷᠴᠢᠮ ᠬᠡᠷᠡᠭᠰᠡᠨ᠎ᠡ᠃      ᠡᠭᠦᠨ ᠠᠴᠠ ᠭᠠᠳᠠᠨ᠎ᠠ᠂ ᠤᠰᠤᠨ ᠳᠤ ᠡᠪᠳᠡᠭᠳᠡᠭᠰᠡᠨ ᠪᠠᠷᠢᠯᠭ᠎ᠠ ᠶᠢᠨ ᠲᠥᠷᠥᠯ ᠠᠴᠠ ᠠᠪᠴᠤ ᠦᠵᠡᠪᠡᠯ᠂ ᠭᠤᠤᠯᠳᠠᠭᠤ ᠬᠠᠰᠢᠯᠭ᠎ᠠ ᠶᠢᠨ ᠬᠠᠵᠠᠭᠤ ᠶᠢ ᠬᠠᠮᠠᠭᠠᠯᠠᠬᠤ᠂ ᠬᠥᠳᠡᠭᠡ ᠲᠣᠰᠬᠤᠨ ᠤ ᠤᠰᠤᠯᠠᠯᠲᠠ ᠪᠠ ᠤᠰᠤ ᠬᠠᠩᠭᠠᠬᠤ ᠲᠥᠬᠦᠭᠡᠷᠦᠮᠵᠢ ᠶᠢᠨ ᠡᠪᠳᠡᠭᠳᠡᠯ ᠳᠤ ᠲᠥᠪᠯᠡᠷᠡᠵᠦ ᠪᠠᠶᠢᠨ᠎ᠠ᠂ ᠡᠨᠡ ᠪᠣᠯ ᠡᠨᠡ ᠵᠢᠯ ᠤᠨ ᠤᠰᠤᠨ ᠳᠤ ᠡᠪᠳᠡᠭᠳᠡᠭᠰᠡᠨ ᠨᠢᠭᠡᠨ ᠣᠨᠴᠠᠯᠢᠭ ᠪᠤᠯᠤᠨ᠎ᠠ᠂ ᠡᠨᠡ ᠲᠠᠯ᠎ᠠ ᠪᠠᠷ ᠬᠢ ᠪᠠᠯᠠ ᠣᠷᠣᠭᠤᠯᠤᠯᠲᠠ ᠶᠢᠨ ᠬᠡᠷᠡᠭᠴᠡᠭᠡ ᠨᠡᠯᠢᠶᠡᠳ ᠶᠡᠭᠡ       ᠪᠠᠶᠢᠵᠤ᠂ 86% ᠶᠢ ᠡᠵᠡᠯᠡᠵᠦ ᠪᠠᠶᠢᠨ᠎ᠠ᠃ ᠡᠶᠢᠮᠦ ᠠᠴᠠ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠰᠡᠯᠪᠢᠨ ᠵᠠᠰᠠᠭᠰᠠᠨ ᠬᠡᠮᠵᠢᠶ᠎ᠡ ᠪᠠᠷ ᠶᠡᠭᠡ᠂ ᠲᠥᠪᠯᠡᠷᠡᠩᠭᠦᠢ ᠪᠠᠶᠢᠵᠤ᠂ ᠡᠭᠦᠷᠭᠡ ᠨᠢ ᠲᠦᠢᠯ ᠤᠨ ᠨᠦᠰᠡᠷ ᠬᠦᠨᠳᠦ ᠪᠠᠶᠢᠪᠠ᠃ ᠤᠰᠤᠨ ᠳᠤ ᠡᠪᠳᠡᠭᠳᠡᠭᠰᠡᠨ ᠪᠠᠶᠢᠳᠠᠯ ᠢ ᠵᠠᠰᠠᠨ ᠰᠡᠷᠭᠦᠭᠡᠬᠦ ᠬᠠᠮᠤᠭ ᠤᠨ ᠡᠴᠦᠰ ᠤᠨ ᠬᠤᠭᠤᠴᠠᠭ᠎ᠠ ᠪᠣᠯ ᠢᠷᠡᠬᠦ ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠪᠣᠯᠤᠨ᠎ᠠ᠂ ᠭᠡᠪᠡᠴᠦ ᠡᠭᠦᠨ ᠤ ᠳᠣᠲᠣᠷᠠᠬᠢ ᠨᠡᠯᠢᠶᠡᠳ ᠨᠢᠭᠡ ᠬᠡᠰᠡᠭ ᠢ ᠨᠢ ᠢᠷᠡᠬᠦ ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠬᠦᠯᠢᠶᠡᠵᠦ ᠪᠣᠯᠬᠤ ᠦᠭᠡᠢ᠂ ᠵᠢᠱᠢᠶᠡᠯᠡᠪᠡᠯ ᠡᠪᠳᠡᠭᠳᠡᠭᠰᠡᠨ ᠬᠥᠳᠡᠭᠡ ᠲᠣᠰᠬᠤᠨ ᠤ ᠤᠰᠤ ᠬᠠᠩᠭᠠᠬᠤ ᠲᠥᠬᠦᠭᠡᠷᠦᠮᠵᠢ ᠶᠢ ᠳᠠᠷᠦ᠋ᠢᠬᠠᠨ ᠵᠠᠰᠠᠨ ᠰᠡᠷᠭᠦᠭᠡᠵᠦ᠂ ᠲᠠᠷᠢᠶᠠᠴᠢᠨ ᠠᠬ᠎ᠠ ᠳᠡᠭᠦᠦ ᠨᠡᠷ ᠤᠨ ᠤᠰᠤ ᠤᠤᠭᠤᠬᠤ ᠶᠢ ᠪᠠᠲᠤᠯᠠᠬᠤ ᠬᠡᠷᠡᠭᠲᠡᠶ︔ ᠪᠠᠰᠠ ᠵᠢᠱᠢᠶᠡᠯᠡᠪᠡᠯ ᠡᠪᠳᠡᠷᠡᠵᠦ ᠰᠦᠢᠳᠦᠭᠰᠡᠨ ᠲᠠᠷᠢᠶᠠᠨ ᠤ ᠤᠰᠤᠯᠠᠯᠲᠠ ᠶᠢᠨ ᠲᠥᠬᠦᠭᠡᠷᠦᠮᠵᠢ ᠶᠢ ᠢᠷᠡᠬᠦ ᠵᠢᠯ ᠤᠨ ᠦᠶᠡᠷ ᠤᠨ ᠬᠤᠭᠤᠴᠠᠭᠠᠨ ᠳᠤ ᠬᠦᠯᠢᠶᠡᠵᠦ ᠪᠣᠯᠬᠤ ᠦᠭᠡᠢ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠰᠡᠯᠪᠢᠨ ᠵᠠᠰᠠᠵᠤ᠂ ᠤᠰᠤᠯᠠᠬᠤ ᠪᠠ ᠲᠠᠷᠢᠶ᠎ᠠ ᠲᠠᠷᠢᠬᠤ ᠬᠡᠷᠡᠭᠲᠡᠶ᠃ ᠪᠠᠰᠠ ᠤᠰᠤᠨ ᠵᠦᠢ ᠶᠢᠨ ᠦᠷᠳᠡᠭᠡ ᠪᠠᠷ ᠵᠢᠱᠢᠶᠡᠯᠡᠵᠦ ᠬᠡᠯᠡᠬᠦ ᠳᠤ᠂ ᠲᠡᠷᠡ ᠪᠣᠯ ᠮᠠᠨ ᠤ ᠦᠶᠡᠷ ᠢ ᠰᠡᠷᠭᠡᠶᠢᠯᠡᠬᠦ ᠬᠤᠰᠢᠭᠤᠴᠢ ᠴᠡᠷᠢᠭ ᠪᠤᠯᠤᠨ᠎ᠠ᠂ ᠦᠨᠡᠨ ᠳᠡᠭᠡᠨ ᠢᠷᠡᠬᠦ ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠵᠠᠰᠠᠵᠤ ᠰᠡᠷᠭᠦᠭᠡᠬᠦ ᠶᠢ ᠬᠦᠯᠢᠶᠡᠬᠦ ᠦᠭᠡᠢ ᠶᠤᠮ᠃      ᠡᠶᠢᠮᠦ ᠠᠴᠠ ᠳᠠᠷᠠᠭᠠᠴᠢ ᠶᠢᠨ ᠠᠯᠬᠤᠮ ᠤᠨ ᠠᠵᠢᠯ ᠪᠣᠯ ᠭᠤᠣᠯᠳᠠᠭᠤ ᠳᠥᠷᠪᠡᠨ ᠲᠠᠯ᠎ᠠ ᠪᠣᠯᠤᠨ᠎ᠠ᠂ ᠨᠢᠭᠡᠳᠦᠭᠡᠷ ᠲᠤ᠂ ᠲᠥᠪ ᠠᠴᠠ ᠲᠣᠬᠢᠷᠠᠭᠤᠯᠤᠭᠰᠠᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠡᠳᠡᠭᠡᠷ ᠲᠦᠷᠦᠯ ᠵᠦᠢᠯ ᠳᠤ ᠠᠯᠢ ᠲᠦᠷᠭᠡᠨ ᠢᠶᠠᠷ ᠰᠠᠯᠭᠠᠨ ᠨᠠᠶᠢᠳᠠᠪᠤᠷᠢᠵᠢᠭᠤᠯᠬᠤ ᠬᠡᠷᠡᠭᠲᠡᠶ᠂ ᠣᠳᠣᠬᠠᠨ ᠳᠤ ᠨᠢᠭᠡ ᠬᠡᠰᠡᠭ ᠢ ᠨᠢ ᠬᠤᠶᠢᠨ᠎ᠠ ᠬᠤᠶᠢᠨ᠎ᠠ ᠠᠴᠠ ᠲᠣᠬᠢᠷᠠᠭᠤᠯᠤᠭᠰᠠᠨ ᠪᠠᠶᠢᠨ᠎ᠠ᠃ ᠵᠢᠱᠢᠶᠡᠯᠡᠪᠡᠯ ᠰᠠᠶ᠋ᠢ ᠶᠢᠨ ᠶᠠᠷᠢᠭᠰᠠᠨ ᠬᠥᠳᠡᠭᠡ ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠬᠤ ᠲᠤᠯᠠ ᠤᠯᠡᠠ ᠲᠦᠮᠡᠨ ᠤ ᠤᠰᠤ ᠤᠤᠭᠤᠬᠤ ᠶᠢ ᠪᠠᠲᠤᠯᠠᠨ᠎ᠠ᠃ ᠬᠤᠶᠠᠳᠤᠭᠠᠷ ᠲᠤ᠂ ᠣᠷᠣᠨ ᠨᠤᠲᠤᠭ ᠢ ᠱᠠᠯᠠᠪᠳᠠᠭᠤᠯᠵᠤ ᠪᠠᠶᠢᠭᠠᠳ ᠵᠠᠰᠠᠨ ᠰᠡᠷᠭᠦᠭᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠠᠰᠠᠨ ᠰᠡᠷᠭᠦᠭᠡᠬᠦ ᠠᠵᠢᠯ ᠢ ᠴᠠᠭ ᠲᠤᠬᠠᠶ ᠳᠤᠨᠢ ᠥᠷᠨᠢᠭᠦᠯᠦᠨ᠎ᠡ᠃ ᠭᠤᠷᠪᠠᠳᠤᠭᠠᠷ ᠲᠤ᠂ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠨ ᠥᠷᠨᠢᠭᠦᠯᠤᠨ᠎ᠡ᠂ ᠤᠰᠦᠠ ᠳᠤ ᠡᠪᠳᠡᠭᠳᠡᠭᠰᠡᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠨᠡᠯᠢᠶᠡᠳ ᠪᠠᠴᠢᠮ ᠪᠠᠶᠢᠭ᠎ᠠ ᠪᠣᠯᠬᠤᠷ ᠵᠢᠷᠤᠵᠤ ᠲᠥᠯᠥᠪᠯᠡᠬᠦ᠂ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠳᠠᠭᠠᠭᠠᠴᠢᠯᠠᠯᠲᠠ ᠵᠠᠷᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠢᠷᠡᠬᠦ ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠦᠢᠯᠡᠳᠦᠯ ᠢᠶᠠᠨ ᠬᠡᠪ ᠢᠶᠠᠷ ᠪᠠᠳᠠᠷᠠᠭᠤᠯᠬᠤ ᠶᠢ ᠪᠠᠲᠤᠯᠠᠨ᠎ᠠ᠃ ᠳᠥᠷᠪᠡᠳᠦᠭᠡᠷ ᠲᠤ᠂ ᠡᠳᠡᠭᠡᠷ ᠤᠰᠤᠨ ᠳᠤ ᠡᠪᠳᠡᠭᠳᠡᠭᠰᠡᠨ ᠲᠦᠷᠦᠯ ᠵᠦᠢᠯ ᠢ ᠪᠢᠳᠡ ᠪᠠᠰᠠ ᠱᠠᠯᠠᠪᠳᠠᠨ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠵᠤ᠂ ᠢᠷᠡᠬᠦ ᠵᠢᠯ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠪᠤᠢ ᠪᠦᠬᠦᠢ ᠤᠰᠤᠨ ᠳᠤ ᠡᠪᠳᠡᠭᠳᠡᠭᠰᠡᠨ ᠲᠦᠷᠦᠯ ᠵᠦᠢᠯ ᠢ ᠴᠥᠮ ᠰᠡᠷᠭᠦᠭᠡᠵᠦ᠂ ᠦᠶᠡᠷ ᠢ ᠰᠡᠷᠭᠡᠶᠢᠯᠡᠬᠦ ᠠᠵᠢᠯ ᠳᠤ ᠬᠡᠪ ᠤᠨ ᠪᠠᠶᠢᠳᠠᠯ ᠢᠶᠠᠷ ᠣᠷᠣᠯᠴᠠᠬᠤ ᠶᠢ ᠪᠠᠲᠤᠯᠠᠨ᠎ᠠ᠃ ᠪᠢᠳᠡ ᠡᠨᠡ ᠬᠦ ᠶᠠᠪᠤᠴᠠ ᠳᠤ ᠪᠠᠰᠠ ᠪᠡᠯᠡ ᠣᠷᠣᠭᠤᠯᠤᠯᠲᠠ ᠶᠢ ᠵᠣᠬᠢᠴᠠᠩᠭᠤᠶ ᠪᠠᠷ ᠬᠢᠨᠠᠨ ᠡᠵᠡᠮᠳᠡᠬᠦ ᠠᠵᠢᠯ ᠢ ᠥᠷᠨᠢᠭᠦᠯᠵᠦ᠂ ᠪᠡᠯᠡ ᠮᠥᠩᠭᠦ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠢᠶᠠᠷ ᠬᠡᠷᠡᠭᠯᠡᠬᠦ ᠶᠢ ᠪᠠᠳᠤᠯᠠᠨ᠎ᠠ᠃      ᠡᠨᠡ ᠪᠣᠯ ᠮᠠᠨ ᠤ ᠭᠤᠣᠯ ᠬᠢᠬᠦ ᠴᠢᠬᠤᠯᠠ ᠲᠠᠢ ᠲᠦᠷᠪᠡᠨ ᠲᠠᠯ᠎ᠠ ᠶᠢᠨ ᠠᠵᠢᠯ ᠪᠤᠯᠤᠨ᠎ᠠ᠃ ᠪᠠᠶᠠᠷᠯᠠᠯ᠎ᠠ︕      ᠭᠧᠩ ᠯᠢᠦ ᠴᠧᠩ 2020 — 09 — 2411: 10: 23      ᠶᠧ ᠰᠠᠶᠢᠳ ᠲᠤ ᠲᠠᠯᠠᠷᠬᠠᠵᠤ ᠪᠠᠶᠢᠨ᠎ᠠ︕ ᠰᠠᠶ᠋ᠢᠬᠠᠨ ᠳᠡᠳ᠋ ᠰᠠᠶᠢᠳ ᠶᠧ ᠵᠢᠶᠠᠨ ᠴᠦᠨ ᠡᠨᠡ ᠵᠢᠯ ᠤᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠪᠣᠯᠤᠨ ᠠᠬᠢᠴᠠ ᠶᠢ ᠲᠠᠨᠢᠯᠴᠠᠭᠤᠯᠤᠭᠰᠠᠨ ᠪᠥᠭᠡᠳ ᠵᠤᠷᠭᠠᠨ ᠤ ᠳᠠᠷᠤᠭ᠎ᠠ ᠲᠢᠶᠠᠨ ᠢ ᠲᠠᠩ᠂ ᠵᠤᠷᠭᠠᠨ ᠤ ᠳᠡᠳ᠋ ᠳᠠᠷᠤᠭ᠎ᠠ ᠵᠠᠩ ᠰᠢᠶᠠᠩ ᠸᠧᠢ᠂ ᠳᠡᠳ᠋ ᠡᠷᠬᠢᠯᠡᠭᠴᠢ ᠯᠢᠦ ᡁᠢ ᠢᠦᠢ ᠲᠠᠢ ᠬᠠᠮᠲᠤ ᠪᠠᠷ ᠤᠯᠠᠨ ᠤ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠵᠠᠶ᠃      ᠴᠠᠭ ᠤᠨ ᠬᠠᠷᠠᠭ᠎ᠠ ᠠᠴᠠ ᠪᠤᠯᠵᠤ᠂ ᠪᠢᠳᠡᠨ ᠤ ᠲᠤᠬᠠᠢ ᠶᠢᠨ ᠲᠠᠯᠠᠪᠠᠢ ᠳᠤ ᠬᠠᠷᠢᠭᠤᠯᠤᠭᠰᠠᠨ ᠠᠰᠠᠭᠤᠯᠲᠠ ᠠᠳᠡ ᠬᠦᠷᠪᠡ᠂ ᠰᠤᠷᠪᠤᠯᠵᠢᠯᠠᠭᠴᠢ ᠶᠢᠨ ᠤᠷᠳᠤ ᠬᠤᠭᠤᠴᠠᠭᠠᠨ ᠤ ᠲᠤᠷᠰᠢᠬᠢ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠳᠡ ᠬᠦᠷᠦᠭᠡᠳ ᠲᠡᠭᠦᠰᠦᠯ᠎ᠡ᠃ ᠤᠯᠠᠨ ᠳᠤ ᠪᠠᠶᠠᠷᠯᠠᠯ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号