ᠰᠤᠷᠪᠤᠯᠵᠢᠯᠠᠭᠰᠠᠨ ᠴᠠᠭ᠄ 2020 ᠣᠨ ᠤ 3 ᠰᠠᠷ᠎ᠠ ᠶᠢᠨ 26 ᠤ ᠡᠳᠦᠷ ᠤᠨ 15 ᠴᠠᠭ ᠲᠤ | ᠭᠤᠣᠯ ᠰᠡᠳᠦᠪᠲᠦ ᠵᠣᠴᠢᠨ᠄ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠡᠳ᠋ ᠤᠨ ᠵᠠᠰᠠᠭ ᠠᠵᠤ | ᠠᠬᠤᠶ ᠶᠢᠨ ᠰᠤᠷᠪᠤᠯᠵᠢᠯᠠᠭᠴᠢ᠂ ᠴᠧᠨ ᠮᠢᠩ ᠵᠦᠩ᠂ ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ᠂ ᠲᠥᠪ | ᠲᠧᠯᠸᠢᠰ ᠤᠨ ᠰᠤᠷᠪᠤᠯᠵᠢᠯᠠᠭᠴᠢ᠂ ᠸᠠᠩ ᠱᠧᠩ ᠸᠠᠨ᠂ ᠲᠦᠪ ᠷᠠᠳᠢᠤ᠋ ᠬᠤᠷᠢᠶᠠᠨ ᠤ ᠰᠤᠷᠪᠤᠯᠵᠢᠯᠠᠭᠴᠢ᠂ ᠲᠢᠶᠠᠨ ᠢ | ᠲᠠᠩ᠂ ᠤᠯᠤᠰ ᠤᠨ ᠷᠠᠳᠢᠤ᠋ ᠬᠤᠷᠢᠶᠠᠨ ᠤ ᠰᠤᠷᠪᠤᠯᠵᠢᠯᠠᠭᠴᠢ᠂ ᠱᠢ ᠴᠦᠨ ᠰᠢᠶᠠᠨ᠂ ᠡᠳᠦᠷ ᠪᠦᠷᠢ ᠶᠢᠨ ᠠᠵᠤ | ᠠᠬᠤᠶ ᠶᠢᠨ ᠰᠣᠨᠢᠨ ᠮᠡᠳᠡᠭᠡᠨ ᠤ ᠰᠤᠷᠪᠤᠯᠵᠢᠯᠠᠭᠴᠢ᠂ ᠰᠢᠶᠠᠩᠭᠠᠩ ᠤᠨ ᠠᠵᠤ ᠠᠬᠤᠶ ᠶᠢᠨ ᠬᠥᠲᠥᠴᠢ ᠰᠣᠨᠢᠨ ᠤ | ᠰᠤᠷᠪᠤᠯᠵᠢᠯᠠᠭᠴᠢ᠂ ᠮᠢ ᠹᠧᠩ᠂ ᠡᠮᠦᠨᠡᠲᠦ ᠣᠷᠣᠨ ᠤ ᠬᠤᠳᠠ ᠶᠢᠨ ᠰᠣᠨᠢᠨ ᠤ ᠰᠤᠷᠪᠤᠯᠵᠢᠯᠠᠭᠴᠢ᠂ ᠹᠧᠩ ᠬᠤᠸᠠᠩ | ᠤᠳᠤᠨ ᠲᠧᠯᠸᠢᠰ ᠤᠨ ᠰᠤᠷᠪᠤᠯᠵᠢᠯᠠᠭᠴᠢ᠂ ᠿᠤᠸᠠᠨ ᠯᠢ ᠮᠢᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ | ᠬᠤᠷᠢᠶ᠎ᠠ ᠶᠢᠨ ᠰᠣᠨᠢᠨ ᠮᠡᠳᠡᠭᠡᠨ ᠤ ᠰᠢᠨ᠎ᠡ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠰᠣᠨᠢᠨ ᠤ ᠰᠤᠷᠪᠤᠯᠵᠢᠯᠠᠭᠴᠢ᠂ ᠰᠢᠶᠠᠩᠭᠠᠩ ᠤᠨ ᠵᠦᠩ ᠫᠢᠩ ᠬᠤᠷᠢᠶ᠎ᠠ ᠶᠢᠨ | ᠰᠤᠷᠪᠤᠯᠵᠢᠯᠠᠭᠴᠢ | ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠠᠴᠠ | 3 ᠰᠠᠷ᠎ᠠ ᠶᠢᠨ 26 ᠤ ᠡᠳᠦᠷ ᠤᠨ 15 ᠴᠠᠭ ᠲᠤ ᠪᠡᠭᠡᠵᠢᠩ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠤᠰᠤᠨ ᠠᠰᠢᠭᠯᠠᠯᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠬᠦᠭᠡᠬᠦ ᠶᠢ ᠪᠠᠳᠤᠯᠠᠬᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠤᠰᠤᠨ | ᠠᠰᠢᠭᠯᠠᠯᠲᠠ ᠶᠢᠨ ᠶᠠᠮᠤᠨ ᠤ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠠᠷᠤᠭ᠎ᠠ ᠱᠢ ᠴᠦᠨ ᠰᠢᠶᠠᠨ᠂ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠸᠠᠩ ᠱᠧᠩ | ᠸᠠᠨ᠂ ᠠᠵᠢᠯᠯᠠᠭᠠᠨ ᠤ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠿᠤᠸᠠᠨ ᠯᠢ ᠮᠢᠨ᠂ ᠬᠥᠳᠡᠭᠡ ᠲᠣᠰᠬᠤᠨ ᠤ | ᠤᠰᠤᠨ ᠠᠰᠢᠭᠯᠠᠯᠲᠠ ᠤᠰᠤᠨ ᠴᠠᠬᠢᠯᠭᠠᠨ ᠤ ᠵᠤᠷᠭᠠᠨ ᠤ ᠳᠠᠷᠤᠭ᠎ᠠ ᠴᠧᠨ ᠮᠢᠩ ᠵᠦᠩ᠂ ᠤᠰᠤ ᠭᠠᠩ ᠤᠨ | ᠭᠠᠮᠰᠢᠭ ᠢ ᠰᠡᠷᠭᠡᠶᠢᠯᠡᠬᠦ ᠵᠤᠷᠭᠠᠨ ᠤ ᠳᠠᠷᠤᠭ᠎ᠠ ᠲᠢᠶᠠᠨ ᠢ ᠲᠠᠩ ᠬᠤᠷᠠᠯ ᠳᠤ ᠣᠷᠣᠯᠴᠠᠭᠰᠠᠨ ᠪᠥᠭᠡᠳ | ᠵᠠᠭᠤᠴᠢᠯᠠᠭᠤᠷ ᠤᠨ ᠬᠢᠨ ᠤ ᠠᠰᠠᠭᠤᠯᠲᠠ ᠶᠢ ᠬᠠᠷᠢᠭᠤᠯᠵᠠᠢ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠮᠢ ᠹᠧᠩ 2020-03-2615: 01: 34 | ᠵᠠᠭᠤᠴᠢᠯᠠᠭᠤᠷ ᠤᠨ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠪᠢ ᠪᠣᠯ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ᠂ ᠤᠬᠠᠭᠤᠯᠬᠤ ᠵᠤᠷᠭᠠᠨ ᠤ ᠳᠡᠳ᠋ ᠳᠠᠷᠤᠭ᠎ᠠ ᠮᠢ | ᠹᠧᠩ ᠪᠣᠯᠤᠨ᠎ᠠ᠃ ᠲᠠ ᠨᠠᠷ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ | ᠡᠵᠡᠮᠳᠡᠬᠦ ᠲᠣᠭᠲᠠᠴᠠ ᠶᠢᠨ ᠡᠷᠬᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠭᠤᠣᠯ ᠰᠡᠳᠦᠪ ᠪᠣᠯ᠄ ᠣᠰᠣᠠ | ᠠᠰᠢᠭᠯᠠᠯᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠳᠤᠯᠠᠬᠤ ᠠᠵᠢᠯ ᠪᠣᠯᠤᠨ᠎ᠠ᠃ ᠪᠢᠳᠡ ᠤᠰᠤᠨ ᠠᠰᠢᠭᠯᠠᠯᠲᠠ ᠶᠢᠨ ᠶᠠᠮᠤᠨ ᠤ | ᠲᠥᠯᠥᠪᠵᠢᠭᠦᠯᠭᠡ ᠲᠥᠯᠥᠪᠯᠡᠭᠡᠨ ᠤ ᠵᠤᠷᠭᠠᠨ ᠤ ᠳᠠᠷᠤᠭ᠎ᠠ ᠱᠢ ᠴᠦᠨ ᠰᠢᠶᠠᠨ ᠠᠪᠤᠭᠠᠶ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠸᠠᠩ ᠱᠧᠩ ᠸᠠᠨ ᠠᠪᠤᠭᠠᠶ᠂ | ᠠᠵᠢᠯᠯᠠᠭᠠᠨ ᠤ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠿᠤᠸᠠᠨ ᠯᠢ ᠮᠢᠨ ᠠᠪᠤᠭᠠᠶ᠂ ᠬᠥᠳᠡᠭᠡ ᠲᠣᠰᠬᠤᠨ ᠤ | ᠤᠰᠤᠨ ᠠᠰᠢᠭᠯᠠᠯᠲᠠ ᠤᠰᠤᠨ ᠴᠠᠬᠢᠯᠭᠠᠨ ᠤ ᠵᠤᠷᠭᠠᠨ ᠤ ᠳᠠᠷᠤᠭ᠎ᠠ ᠴᠧᠨ ᠮᠢᠩ ᠵᠦᠩ ᠠᠪᠤᠭᠠᠶ᠂ ᠤᠰᠤ ᠭᠠᠩ ᠤᠨ | ᠭᠠᠮᠰᠢᠭ ᠢ ᠰᠡᠷᠭᠡᠶᠢᠯᠡᠬᠦ ᠵᠤᠷᠭᠠᠨ ᠤ ᠳᠠᠷᠤᠭ᠎ᠠ ᠲᠢᠶᠠᠨ ᠢ ᠲᠠᠩ ᠠᠪᠤᠭᠠᠶ ᠶᠢ ᠤᠷᠢᠵᠤ ᠬᠤᠷᠠᠯ ᠳᠤ ᠤᠷᠤᠯᠴᠠᠭᠤᠯᠪᠠ᠃ | ᠲᠡᠳᠡᠨ ᠢᠶᠠᠷ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠵᠦ | ᠪᠡᠯᠡᠳᠬᠡᠬᠦ ᠠᠵᠢᠯ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠵᠡᠷᠭᠡ ᠲᠠᠯ᠎ᠠ ᠪᠠᠷ | ᠵᠠᠭᠤᠴᠢᠯᠠᠭᠤᠷ ᠤᠨ ᠬᠢᠨ ᠤ ᠠᠰᠠᠭᠤᠯᠲᠠ ᠶᠢ ᠬᠠᠷᠢᠭᠤᠯᠬᠤ ᠪᠤᠯᠤᠨ᠎ᠠ᠃ ᠡᠩ ᠲᠡᠷᠢᠭᠦᠨ ᠳᠤ᠂ ᠬᠢᠵᠢᠭ ᠤᠨ ᠪᠠᠶᠢᠳᠠᠯ ᠢ | ᠮᠡᠳᠡᠭᠳᠡᠶ᠎ᠡ᠃ 3 ᠰᠠᠷ᠎ᠠ ᠶᠢᠨ 25 ᠤ ᠡᠳᠦᠷ ᠤᠨ 0 ᠴᠠᠭ ᠠᠴᠠ 24 ᠴᠠᠭ ᠪᠤᠯᠳᠠᠯᠠᠬᠢ ᠡᠯ᠎ᠡ ᠮᠤᠵᠢ ︵ᠣᠷᠣᠨ᠂ | ᠬᠤᠲᠠ︶ ᠪᠣᠯᠤᠨ ᠰᠢᠨᠵᠢᠶᠠᠩ ᠤᠨ ᠦᠢᠯᠡᠳᠪᠤᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠮᠡᠳᠡᠭᠦᠯᠦᠯᠲᠡ | ᠠᠴᠠ ᠦᠵᠡᠪᠡᠯ᠄ ᠰᠢᠨ᠎ᠡ ᠪᠠᠷ ᠨᠡᠮᠡᠭᠳᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ 67᠂ ᠰᠢᠨ᠎ᠡ ᠪᠠᠷ ᠨᠡᠮᠡᠭᠳᠡᠭᠰᠡᠨ | ᠰᠡᠵᠢᠭᠯᠡᠯᠲᠡᠶ ᠡᠪᠡᠳᠴᠢᠨ ᠤ ᠵᠢᠱᠢᠶ᠎ᠡ 58᠂ ᠴᠥᠮ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠡᠪᠡᠳᠴᠢᠨ ᠤ | ᠵᠢᠱᠢᠶ᠎ᠡ ᠪᠤᠯᠤᠨ᠎ᠠ︔ ᠰᠢᠨ᠎ᠡ ᠪᠠᠷ ᠨᠡᠮᠡᠭᠳᠡᠭᠰᠡᠨ ᠨᠠᠰᠤ ᠪᠠᠷᠠᠭᠰᠠᠨ ᠡᠪᠡᠳᠴᠢᠨ ᠤ ᠵᠢᠱᠢᠶ᠎ᠡ 6᠂ ᠴᠥᠮ ᠬᠤᠪᠸᠢ | ᠮᠤᠵᠢ ᠶᠢᠨ ᠡᠪᠡᠳᠴᠢᠨ ᠤ ᠵᠢᠱᠢᠶ᠎ᠡ ᠪᠣᠯᠤᠨ᠎ᠠ︔ ᠲᠤᠬᠠᠶ ᠶᠢᠨ ᠡᠳᠦᠷ ᠲᠤ ᠡᠮᠨᠡᠯᠭᠡ ᠠᠴᠠ ᠭᠠᠷᠤᠭᠰᠠᠨ | ᠡᠪᠡᠳᠴᠢᠨ ᠤ ᠵᠢᠱᠢᠶ᠎ᠡ 401᠂ ᠠᠨᠠᠭᠠᠬᠤ ᠤᠬᠠᠭᠠᠨ ᠤ ᠠᠵᠢᠭᠯᠠᠯᠲᠠ ᠶᠢ ᠬᠦᠴᠦᠨ ᠥᠬᠡᠶ ᠪᠣᠯᠭᠠᠭᠰᠠᠨ ᠨᠢ 721 | ᠬᠥᠮᠦᠨ ᠪᠠᠶᠢᠵᠤ᠂ ᠬᠦᠨᠳᠦ ᠡᠪᠡᠳᠴᠢᠨ ᠤ ᠵᠢᠱᠢᠶ᠎ᠡ ᠶᠢ 164 ᠪᠠᠭᠠᠰᠬᠠᠪᠠ᠃ 3 ᠰᠠᠷ᠎ᠠ ᠶᠢᠨ 25 ᠤ ᠡᠳᠦᠷ ᠤᠨ | 24 ᠴᠠᠭ ᠪᠣᠯᠲᠠᠯ᠎ᠠ᠂ ᠡᠯ᠎ᠡ ᠮᠤᠵᠢ ︵ᠣᠷᠣᠨ᠂ ᠬᠤᠲᠠ︶ ᠪᠣᠯᠤᠨ ᠰᠢᠨᠵᠢᠶᠠᠩ ᠤᠨ ᠦᠢᠯᠡᠳᠪᠤᠷᠢᠯᠡᠯ ᠪᠥᠲᠥᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠮᠡᠳᠡᠭᠦᠯᠦᠯᠲᠡ ᠶᠢ ᠦᠨᠳᠦᠰᠦᠯᠡᠪᠡᠯ᠄ ᠣᠲᠣ ᠲᠤᠳᠤᠯᠠᠭᠰᠠᠨ ᠡᠪᠡᠳᠴᠢᠨ ᠤ | ᠵᠢᠱᠢᠶ᠎ᠡ 3947 ᠪᠠᠶᠢᠵᠤ᠂ ᠡᠭᠦᠨ ᠳᠤ ᠬᠦᠨᠳᠦ ᠡᠪᠡᠳᠴᠢᠨ ᠤ ᠵᠢᠱᠢᠶ᠎ᠡ 1235 ᠪᠣᠶ︔ ᠡᠮᠨᠡᠯᠭᠡ ᠠᠴᠠ | ᠭᠠᠷᠤᠭᠰᠠᠨ ᠡᠪᠡᠳᠴᠢᠨ ᠤ ᠵᠢᠱᠢᠶ᠎ᠡ ᠨᠡᠶᠢᠲᠡ 74051 ᠪᠠᠶᠢᠵᠤ᠂ ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠨᠡᠶᠢᠲᠡ | 3287 ᠪᠠᠶᠢᠵᠤ᠂ ᠲᠤᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 81285 ᠪᠠᠶᠢᠵᠤ᠂ ᠣᠲᠣ 159 ᠰᠡᠵᠢᠭᠲᠡᠶ | ᠡᠪᠡᠳᠴᠢᠨ ᠤ ᠵᠢᠱᠢᠶ᠎ᠡ ᠪᠠᠶᠢᠨ᠎ᠠ᠃ ᠨᠢᠭᠲᠠ ᠣᠶᠢᠷᠠᠲᠤᠭᠰᠠᠳ ᠨᠡᠶᠢᠲᠡ 695305 ᠬᠥᠮᠦᠨ᠂ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭ᠎ᠠ ᠨᠢᠭᠲᠠ ᠣᠶᠢᠷᠠᠲᠤᠭᠰᠠᠳ 14714 ᠬᠥᠮᠦᠨ ᠪᠤᠢ᠃ | ᠬᠤᠪᠸᠢ ᠮᠤᠵᠢ ᠳᠤ ᠲᠤᠬᠠᠶ ᠶᠢᠨ ᠡᠳᠦᠷ ᠲᠤᠳᠤᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠥᠬᠡᠶ᠂ | ᠰᠡᠵᠢᠭᠯᠡᠯᠲᠡᠶ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠥᠬᠡᠶ᠂ ᠣᠲᠣ ᠪᠠᠶᠢᠭ᠎ᠠ ᠰᠡᠵᠢᠭᠯᠡᠯᠲᠡᠶ ᠡᠪᠡᠳᠴᠢᠨ ᠤ | ᠵᠢᠱᠢᠶ᠎ᠡ ᠪᠠᠶᠢᠬᠤ ᠥᠬᠡᠶ᠃ ᠰᠢᠨ᠎ᠡ ᠪᠠᠷ ᠨᠡᠮᠡᠭᠳᠡᠭᠰᠡᠨ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ 391 | ᠪᠠᠶᠢᠵᠤ᠂ ᠡᠭᠦᠨ ᠤ ᠳᠣᠲᠣᠷ᠎ᠠ ᠦᠬᠠᠨ ᠳᠤ 382 ᠬᠥᠮᠦᠨ ᠪᠤᠢ︔ ᠰᠢᠨ᠎ᠡ ᠪᠠᠷ ᠨᠡᠮᠡᠭᠳᠡᠭᠰᠡᠨ ᠨᠠᠰᠤ ᠪᠠᠷᠠᠭᠰᠠᠨ | ᠡᠪᠡᠳᠴᠢᠨ ᠤ ᠵᠢᠱᠢᠶ᠎ᠡ 6 ᠪᠠᠶᠢᠵᠤ᠂ ᠡᠭᠦᠨ ᠤ ᠳᠣᠲᠣᠷ᠎ᠠ ᠦᠬᠠᠨ ᠳᠤ 5 ᠪᠣᠶ︔ ᠣᠳᠣᠬᠠᠨ ᠳᠤ ᠲᠤᠳᠤᠯᠠᠭᠰᠠᠨ | ᠡᠪᠡᠳᠴᠢᠨ ᠤ ᠵᠢᠱᠢᠶ᠎ᠡ 3431 ᠪᠠᠶᠢᠵᠤ᠂ ᠡᠭᠦᠨ ᠤ ᠳᠣᠲᠣᠷ᠎ᠠ ᠦᠬᠠᠨ ᠳᠤ 3407 ᠪᠠᠶᠢᠨ᠎ᠠ︔ ᠡᠭᠦᠨ ᠤ | ᠳᠣᠲᠣᠷ᠎ᠠ ᠬᠦᠨᠳᠦ ᠡᠪᠡᠳᠴᠢᠨ ᠤ ᠵᠢᠱᠢᠶ᠎ᠡ 1201 ᠪᠠᠶᠢᠵᠤ᠂ ᠡᠭᠦᠨ ᠤ ᠳᠣᠲᠣᠷ᠎ᠠ ᠦᠬᠠᠨ ᠳᠤ 1195 ᠪᠠᠶᠢᠨ᠎ᠠ᠃ | ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠨᠡᠶᠢᠲᠡ 61201 ᠪᠠᠶᠢᠵᠤ᠂ ᠡᠭᠦᠨ ᠤ ᠳᠣᠲᠣᠷ᠎ᠠ ᠦᠬᠠᠨ ᠳᠤ | 44068 ᠪᠠᠶᠢᠨ᠎ᠠ︔ ᠨᠠᠰᠤ ᠪᠠᠷᠠᠭᠰᠠᠨ ᠡᠪᠡᠳᠴᠢᠨ ᠤ ᠵᠢᠱᠢᠶ᠎ᠡ 3169 ᠪᠠᠶᠢᠵᠤ᠂ ᠡᠭᠦᠨ ᠤ ᠳᠣᠲᠣᠷ᠎ᠠ ᠦᠬᠠᠨ | ᠤ 2531 ᠪᠤᠢ︔ ᠲᠤᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 67801 ᠪᠠᠶᠢᠵᠤ᠂ ᠡᠭᠦᠨ ᠤ ᠳᠣᠲᠣᠷ᠎ᠠ | ᠦᠬᠠᠨ ᠳᠤ 50006 ᠪᠤᠢ᠃ | ᠮᠢ ᠹᠧᠩ 2020-03-26 15: 03: 23 | 3 ᠰᠠᠷ᠎ᠠ ᠶᠢᠨ 25 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ | ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ 67 ᠪᠠᠶᠢᠵᠤ᠂ ᠡᠭᠦᠨ ᠳᠤ | ᠱᠠᠩᠬᠠᠶ ᠳᠤ 18᠂ ᠥᠪᠥᠷ ᠮᠣᠩᠭᠤᠯ ᠳᠤ 12᠂ ᠭᠤᠸᠠᠩᠳᠦ᠋ᠩ ᠳᠤ 11᠂ ᠪᠡᠭᠡᠵᠢᠩ ᠳᠤ 6᠂ | ᠹᠦᠵᠢᠶᠠᠨ ᠳᠤ 6᠂ ᠱᠠᠨᠰᠢ ᠳᠤ 3᠂ ᠲᠢᠶᠠᠨᠵᠢᠨ᠂ ᠵᠧᠵᠢᠶᠠᠩ᠂ ᠵᠢᠶᠠᠩᠰᠦ᠂ ᠶᠦᠨᠨᠠᠨ ᠳᠤ ᠲᠣᠰ ᠲᠣᠰ 2᠂ ᠱᠠᠨ | ᠰᠢ᠂ ᠭᠢᠷᠢᠨ᠂ ᠾᠧᠨᠠᠨ ᠳᠤ ᠲᠣᠰ ᠲᠣᠰ 1 ᠵᠢᠱᠢᠶ᠎ᠡ ᠪᠤᠢ᠃ 3 ᠰᠠᠷ᠎ᠠ ᠶᠢᠨ 25 ᠤ ᠡᠳᠦᠷ ᠤᠨ 24 ᠴᠠᠭ | ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ ᠨᠡᠶᠢᠳᠡ 541 | ᠪᠤᠢ᠃ ᠰᠢᠶᠠᠩᠭᠠᠩ ᠣᠣᠮᠧᠨ ᠲᠠᠶᠢᠸᠠᠨ ᠣᠷᠣᠨ ᠤ ᠮᠡᠳᠡᠬᠦᠯᠦᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ ᠨᠡᠶᠢᠳᠡ | 675 ᠪᠠᠶᠢᠵᠤ᠂ ᠡᠭᠦᠨ ᠤ ᠳᠣᠲᠣᠷ᠎ᠠ ᠰᠢᠶᠠᠩᠭᠠᠩ ᠳᠤ 410᠂ ᠣᠣᠮᠧᠨ ᠳᠤ 30᠂ ᠲᠠᠶᠢᠸᠠᠨ ᠳᠤ 235 ᠪᠤᠢ᠃ | 3 ᠰᠠᠷ᠎ᠠ ᠶᠢᠨ 25 ᠤ ᠡᠳᠦᠷ᠂ ᠮᠠᠨ ᠤ ᠤᠯᠤᠰ ᠤᠨ ᠳᠣᠲᠣᠷ᠎ᠠ ᠭᠠᠵᠠᠷ ᠤᠷᠤᠨ ᠳᠤ ᠲᠤᠳᠤᠯᠠᠭᠰᠠᠨ ᠡᠪᠡᠳᠴᠢᠨ ᠤ | ᠵᠢᠱᠢᠶ᠎ᠡ ᠪᠠ ᠰᠡᠵᠢᠭᠯᠡᠯᠳᠡᠢ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠂ 25 ᠮᠤᠵᠢ ᠣᠷᠣᠨ ᠪᠠ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠣᠳᠣ ᠪᠠᠶᠢᠭ᠎ᠠ ᠲᠤᠳᠤᠯᠠᠭᠰᠠᠨ | ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠᠶᠢᠬᠤ ᠦᠭᠡᠶ︔ 23 ᠮᠤᠵᠢ ᠣᠷᠣᠨ ᠤ ᠬᠢᠨ ᠬᠢᠯᠢ ᠶᠢᠨ ᠭᠠᠳᠠᠨ᠎ᠠ ᠠᠴᠠ | ᠤᠷᠤᠵᠤ ᠢᠷᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ ᠲᠠᠢ ᠪᠠᠶᠢᠬᠤ ᠶᠢ ᠮᠡᠳᠡᠭᠦᠯᠵᠦ᠂ ᠬᠢᠵᠢᠭ ᠤᠨ | ᠲᠠᠷᠬᠠᠯᠲᠠ ᠶᠢ ᠰᠡᠷᠭᠡᠶᠢᠯᠡᠬᠦ ᠳᠠᠷᠤᠯᠲᠠ ᠮᠥᠨ ᠬᠦ ᠮᠠᠰᠢ ᠶᠡᠭᠡ ᠪᠠᠶᠢᠵᠤ᠂ ᠨᠠᠩ ᠤᠳᠠᠭᠠᠨ ᠬᠤᠭᠤᠴᠠᠭᠠᠨ ᠤ | ᠰᠡᠷᠭᠡᠶᠢᠯᠡᠨ ᠡᠵᠡᠮᠳᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ᠳᠡᠭᠡᠷᠡᠬᠢ ᠪᠣᠯ ᠬᠢᠵᠢᠭ ᠤᠨ ᠪᠠᠶᠢᠳᠠᠯ ᠪᠣᠯᠤᠨ᠎ᠠ᠃ | ᠤᠳᠤ ᠲᠤᠬᠠᠢ ᠶᠢᠨ ᠲᠠᠯᠠᠪᠠᠢ ᠳᠤ ᠠᠰᠠᠭᠤᠯᠳᠠ ᠲᠤᠷᠠᠳᠬᠤ ᠴᠠᠭ ᠪᠤᠯᠤᠨ᠎ᠠ᠂ ᠰᠤᠷᠪᠤᠯᠵᠢᠯᠠᠭᠴᠢ ᠨᠠᠶᠢᠵᠠ ᠨᠠᠷ | ᠥᠨᠥᠳᠦᠷ ᠤᠨ ᠨᠡᠶᠢᠲᠡᠯᠡᠭᠰᠡᠨ ᠭᠤᠣᠯ ᠰᠡᠳᠦᠪ ᠤᠨ ᠲᠣᠭᠤᠷᠢᠨ ᠳᠤ ᠠᠰᠠᠭᠤᠯᠲᠠ ᠠᠰᠠᠭᠤᠵᠤ ᠪᠤᠯᠤᠨ᠎ᠠ᠃ | ᠠᠰᠠᠭᠤᠬᠤ ᠠᠴᠠ ᠪᠠᠨ ᠡᠮᠦᠨ᠎ᠡ ᠪᠠᠶᠢᠭ᠎ᠠ ᠰᠣᠨᠢᠨ ᠮᠡᠳᠡᠭᠡᠨ ᠤ ᠪᠠᠢᠭᠤᠯᠤᠮᠵᠢ ᠪᠠᠨ ᠤᠷᠢᠳᠠᠪᠠᠷ ᠮᠡᠳᠡᠭᠳᠡᠭᠡᠷᠡᠶ᠃ | ᠡᠳ᠋ ᠤᠨ ᠵᠠᠰᠠᠭ ᠠᠵᠤ ᠠᠬᠤᠶ ᠶᠢᠨ ᠰᠤᠷᠪᠤᠯᠵᠢᠯᠠᠭᠴᠢ 2020 — 03 — 2615᠄ 03᠄ 38 | ᠶᠡᠷᠦᠩᠬᠡᠶ ᠰᠠᠶᠢᠳ ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠲᠠᠷᠢᠶᠠᠯᠠᠩ ᠤᠨ ᠤᠰᠤᠨ ᠠᠰᠢᠭᠯᠠᠯᠲᠠ ᠵᠢᠴᠢ | ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠵᠢᠴᠢ ᠣᠳᠣ ᠦᠶ᠎ᠡ ᠶᠢᠨ | ᠲᠠᠷᠢᠶᠠᠯᠠᠩ ᠤᠨ ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠮᠥᠨ᠃ ᠠᠰᠠᠭᠤᠬᠤ ᠨᠢ᠂ ᠤᠰᠤᠨ | ᠠᠰᠢᠭᠯᠠᠯᠲᠠ ᠶᠢᠨ ᠶᠠᠮᠤᠨ ᠠᠴᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠡᠯ᠎ᠡ ᠭᠠᠵᠠᠷ ᠤᠨ ᠬᠥᠳᠡᠭᠡ ᠲᠣᠰᠬᠤᠨ ᠤ | ᠤᠰᠤ ᠬᠠᠩᠭᠠᠬᠤ ᠪᠠᠷᠢᠯᠭ᠎ᠠ ᠶᠢᠨ ᠠᠵᠢᠯ ᠢᠶᠠᠨ ᠰᠡᠷᠭᠦᠭᠡᠬᠦ ᠶᠢ ᠰᠢᠪᠠᠳᠠᠭᠰᠠᠨ ᠪᠣᠢ︖ ᠪᠠᠶᠠᠷᠯᠠᠯ᠎ᠠ᠃ | ᠴᠧᠨ ᠮᠢᠩ ᠵᠥᠩ 2020 — 03 — 26 15᠄ 04᠄ 23 | ᠪᠢ ᠡᠨᠡ ᠰᠤᠷᠪᠤᠯᠵᠢᠯᠠᠭᠴᠢ ᠨᠠᠶᠢᠵᠠ ᠶᠢᠨ ᠠᠰᠠᠭᠤᠯᠲᠠ ᠶᠢ ᠬᠠᠷᠢᠭᠤᠯᠬᠤ ᠪᠤᠯᠤᠭᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠃ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠪᠣᠯ ᠡᠨᠡ ᠤᠳᠠᠭᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠲᠦᠢᠯ ᠤᠨ ᠴᠢᠬᠤᠯᠠ ᠪᠠᠲᠤᠯᠠᠭ᠎ᠠ ᠮᠥᠨ᠃ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠪᠢᠳᠡ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ | ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠢᠶᠠᠷ ᠤᠰᠤ ᠬᠠᠩᠭᠠᠬᠤ ᠪᠠᠲᠤᠯᠠᠭ᠎ᠠ ᠶᠢ | ᠴᠢᠩᠭᠠᠳᠬᠠᠪᠠ᠃ ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠ ᠠᠵᠢᠯ ᠢ | ᠰᠡᠷᠭᠦᠭᠡᠬᠦ ᠲᠠᠯ᠎ᠠ ᠪᠠᠷ ᠪᠢᠳᠡ ᠳᠣᠣᠷᠠᠬᠢ ᠬᠡᠳᠦᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠠᠪᠴᠠᠶ᠄ ᠨᠢᠭᠡᠳᠦᠭᠡᠷ ᠲᠤ᠂ | ᠪᠢᠳᠡ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠲᠠᠢ ᠢᠳᠡᠪᠬᠢᠲᠡᠶ ᠵᠣᠬᠢᠴᠠᠭᠤᠯᠵᠤ᠂ ᠡᠨᠡ ᠵᠢᠯ ᠤᠨ | ᠲᠥᠪ ᠤᠨ ᠲᠥᠰᠦᠪ ᠤᠨ ᠪᠡᠯᠡ ᠣᠷᠣᠭᠤᠯᠤᠯᠲᠠ ᠶᠢ ᠡᠷᠲᠡᠬᠡᠨ ᠪᠠᠭᠤᠯᠭᠠᠵᠤ᠂ ᠡᠯ᠎ᠡ ᠭᠠᠵᠠᠷ ᠣᠷᠣᠨ ᠤ ᠡᠷᠲᠡᠬᠡᠨ | ᠲᠣᠬᠢᠷᠠᠭᠤᠯᠬᠤ ᠳᠤ ᠲᠦᠭᠦᠮ ᠦᠵᠡᠬᠦᠯᠪᠡ᠃ ᠡᠨᠡ ᠵᠢᠯ ᠨᠡᠶᠢᠳᠡ 15 ᠳ᠋ᠦᠩᠰᠢᠭᠤᠷ ᠲᠥᠭᠦᠷᠢᠭ ᠤᠨ ᠲᠥᠪ ᠤᠨ | ᠨᠥᠬᠦᠪᠥᠷᠢ ᠪᠡᠯᠡ ᠣᠷᠣᠭᠤᠯᠤᠯᠲᠠ ᠶᠢ ᠲᠣᠬᠢᠷᠠᠭᠤᠯᠵᠤ᠂ ᠡᠯ᠎ᠡ ᠭᠠᠵᠠᠷ ᠣᠷᠣᠨ ᠤ ᠠᠵᠢᠯ ᠤᠨ ᠲᠥᠰᠦᠯ ᠢᠶᠠᠨ ᠴᠠᠭ | ᠲᠤᠬᠠᠶ ᠳᠤᠨᠢ ᠨᠠᠶᠢᠷᠠᠭᠤᠯᠤᠨ ᠵᠣᠬᠢᠶᠠᠵᠤ᠂ ᠠᠵᠢᠯ ᠡᠬᠢᠯᠡᠭᠦᠯᠬᠦ ᠪᠠ ᠠᠵᠢᠯ ᠢᠶᠠᠨ ᠰᠡᠷᠭᠦᠭᠡᠬᠦ ᠪᠡᠯᠡᠳᠬᠡᠯ ᠢ | ᠤᠷᠢᠳᠴᠢᠯᠠᠨ ᠰᠠᠶᠢᠲᠤᠷ ᠬᠢᠬᠦ ᠶᠢ ᠪᠠᠲᠤᠯᠠᠪᠠ᠃ ᠬᠤᠶᠠᠳᠤᠭᠠᠷ ᠲᠤ᠂ ᠪᠢᠳᠡ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠡᠯ᠎ᠡ ᠮᠤᠵᠢ ᠲᠠᠢ ᠬᠡᠰᠡᠭ ᠬᠤᠪᠢᠶᠠᠨ ᠬᠠᠷᠢᠯᠴᠠᠬᠤ ᠬᠢᠨᠠᠨ ᠵᠢᠯᠣᠭᠤᠳᠬᠤ ᠲᠣᠭᠲᠠᠴᠠ ᠶᠢ | ᠪᠠᠶᠢᠭᠤᠯᠵᠤ᠂ ᠣᠷᠣᠨ ᠨᠤᠲᠤᠭ ᠢ ᠬᠠᠮᠲᠤ ᠪᠠᠷ ᠵᠣᠬᠢᠴᠠᠭᠤᠯᠤᠨ ᠬᠠᠪᠰᠤᠷᠴᠤ ᠪᠠᠶᠢᠭᠠᠳ ᠪᠠᠷᠢᠯᠭ᠎ᠠ ᠶᠢᠨ ᠠᠵᠢᠯ ᠢᠶᠠᠨ | ᠡᠬᠢᠯᠡᠭᠦᠯᠵᠦ ᠠᠵᠢᠯ ᠢᠶᠠᠨ ᠰᠡᠷᠭᠦᠭᠡᠬᠦ ᠠᠰᠠᠭᠤᠳᠠᠯ ᠢ ᠰᠢᠢᠳᠪᠤᠷᠢᠯᠡᠵᠦ᠂ ᠣᠷᠣᠨ ᠨᠤᠲᠤᠭ ᠢ ᠰᠢᠪᠠᠳᠠᠨ ᠱᠠᠭᠠᠷᠳᠠᠵᠤ | ᠪᠠᠶᠢᠭᠠᠳ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠶᠢ ᠨᠢ ᠲᠦᠷᠭᠡᠳᠬᠡᠪᠡ᠃ ᠭᠤᠷᠪᠠᠳᠤᠭᠠᠷ ᠲᠤ᠂ | ᠢᠨᠵᠧᠨᠧᠷᠢᠩ ᠤᠨ ᠳᠤᠮᠳᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠦᠭᠦᠳ ᠢ ᠠᠪᠴᠤ᠂ ᠣᠨᠴᠠᠭᠠᠶᠢᠯᠠᠨ ᠬᠥᠳᠡᠭᠡ | ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠪᠦᠳᠦᠬᠡᠨ ᠪᠠᠶᠢᠭᠤᠯᠤᠯᠲᠠ ᠶᠢᠨ ᠲᠠᠯ᠎ᠠ ᠪᠠᠷ᠂ ᠪᠠᠷᠢᠯᠭ᠎ᠠ ᠶᠢᠨ ᠠᠵᠢᠯ ᠢ ᠢᠯᠡᠭᠦᠬᠡᠨ ᠨᠡᠭᠡᠭᠡᠵᠦ᠂ ᠸᠢᠴᠠᠲ᠂ | ᠸᠢᠳᠢᠣ᠋᠂ ᠰᠦᠯᠵᠢᠶ᠎ᠡ ᠵᠡᠷᠭᠡ ᠠᠷᠭ᠎ᠠ ᠬᠡᠯᠪᠡᠷᠢ ᠪᠠᠷ ᠳᠤᠬᠢᠷᠠᠭᠤᠯᠤᠯᠳᠠ ᠬᠢᠵᠦ᠂ ᠡᠯ᠎ᠡ ᠵᠦᠢᠯ ᠤᠨ ᠢᠨᠵᠧᠨᠧᠷᠢᠩ ᠤᠨ | ᠠᠷᠭ᠎ᠠ ᠬᠡᠮᠵᠢᠶ᠎ᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠵᠠᠷᠢᠮ ᠭᠠᠵᠠᠷ ᠣᠷᠣᠨ ᠤ ᠬᠢᠨ ᠥᠩᠭᠡᠷᠡᠭᠰᠡᠨ | ᠵᠢᠯ ᠤᠳ ᠠᠴᠠ ᠨᠡᠩ ᠯᠠᠪᠳᠠᠭᠤᠨ ᠪᠠᠲᠤᠲᠠᠢ᠂ ᠠᠬᠢᠴᠠ ᠨᠢ ᠨᠡᠩ ᠲᠦᠷᠭᠡᠨ ᠪᠠᠶᠢᠵᠤ᠂ ᠮᠠᠨ ᠤ ᠢᠨᠵᠧᠨᠧᠷᠢᠩ ᠤᠨ | ᠠᠵᠢᠯ ᠡᠬᠢᠯᠡᠭᠦᠯᠬᠦ ᠦᠷ᠎ᠡ ᠪᠦᠲᠦᠮᠵᠢ ᠶᠢ ᠨᠡᠩ ᠰᠠᠶᠢᠨ ᠪᠣᠯᠭᠠᠬᠤ ᠶᠢ ᠪᠠᠳᠤᠯᠠᠭᠰᠠᠨ ᠪᠠᠶᠢᠨ᠎ᠠ᠃ ᠣᠳᠣᠬᠠᠨ ᠤ | ᠪᠠᠶᠢᠳᠠᠯ ᠠᠴᠠ ᠦᠵᠡᠪᠡᠯ᠂ ᠡᠯ᠎ᠡ ᠭᠠᠵᠠᠷ ᠣᠷᠣᠨ ᠤ ᠠᠵᠢᠯ ᠡᠬᠢᠯᠡᠭᠦᠯᠦᠭᠰᠡᠨ ᠦᠷ᠎ᠡ ᠪᠦᠲᠦᠭᠡᠯ ᠨᠢ ᠪᠠᠰᠠ ᠮᠠᠰᠢ | ᠢᠯᠡᠷᠬᠡᠶ ᠪᠠᠶᠢᠨ᠎ᠠ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ | ᠡᠭᠦᠷᠭᠡ ᠲᠠᠢ ᠰᠢᠶᠠᠨ ᠤ ᠠᠵᠢᠯ ᠰᠡᠷᠭᠦᠭᠡᠭᠰᠡᠨ ᠨᠤᠷᠮ᠎ᠠ ᠨᠢ 90% ᠰᠢᠬᠠᠮ ᠳᠤ ᠬᠦᠷᠴᠦ᠂ ᠬᠤᠪᠸᠢ ᠠᠴᠠ | ᠪᠤᠰᠤᠳ ᠨᠢ 93% ᠳᠤ ᠬᠦᠷᠴᠡᠶ᠂ ᠡᠶᠢᠮᠦ ᠠᠴᠠ ᠶᠡᠷᠦᠩᠬᠡᠶ ᠦᠷ᠎ᠡ ᠪᠦᠲᠦᠮᠵᠢ ᠨᠢ ᠪᠠᠰᠠ ᠨᠡᠯᠢᠶᠡᠳ ᠰᠠᠶᠢᠨ | ᠪᠠᠶᠢᠨ᠎ᠠ᠃ ᠪᠠᠶᠠᠷᠯᠠᠯ᠎ᠠ᠃ | ᠲᠥᠪ ᠲᠧᠯᠸᠢᠰ ᠤᠨ ᠰᠤᠷᠪᠤᠯᠵᠢᠯᠠᠭᠴᠢ 2020 — 03 — 2615᠄ 14᠄ 45 | ᠠᠵᠤ ᠠᠬᠤᠶ ᠶᠢ ᠬᠥᠭᠵᠢᠭᠦᠯᠬᠦ ᠶᠢᠨ ᠲᠥᠯᠥᠭᠡ᠂ ᠤᠰᠤᠨ ᠠᠰᠢᠭᠯᠠᠯᠲᠠ ᠶᠢᠨ ᠶᠠᠮᠤᠨ ᠠᠴᠠ ᠵᠠᠷᠢᠮ ᠴᠢᠬᠤᠯᠠ | ᠶᠡᠭᠡ ᠤᠰᠤᠨ ᠠᠰᠢᠭᠯᠠᠯᠲᠠ ᠶᠢᠨ ᠰᠢᠨ᠎ᠡ ᠲᠦᠷᠦᠯ ᠵᠦᠢᠯᠡᠰ ᠢ ᠤᠷᠢᠳᠴᠢᠯᠠᠨ ᠲᠥᠯᠥᠪᠵᠢᠭᠦᠯᠬᠦ ᠶᠢ ᠪᠣᠳᠣᠯᠬᠢᠯᠠᠭᠰᠠᠨ | ᠤᠤ ᠦᠭᠡᠢ ᠤᠤ︖ ᠬᠡᠷᠪᠡ ᠪᠠᠶᠢᠬᠤ ᠳᠤ ᠬᠦᠷᠪᠡᠯ᠂ ᠡᠳᠡᠭᠡᠷ ᠲᠦᠷᠦᠯ ᠵᠤᠶᠢᠯᠡᠰ ᠨᠢ ᠬᠡᠳᠦᠢ ᠪᠡᠯᠡ ᠮᠦᠩᠬᠦ ᠪᠠ | ᠠᠵᠢᠯ ᠤᠯᠭᠤᠯᠳᠠ ᠠᠪᠴᠢᠷᠠᠵᠤ ᠲᠡᠶᠢᠯᠬᠦ ᠪᠤᠢ︖ ᠪᠠᠶᠠᠷᠯᠠᠯ᠎ᠠ | ᠱᠢ ᠴᠦᠨ ᠰᠢᠶᠠᠨ 2020-03-2615: 15: 04 | ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠬᠤ ᠪᠥᠭᠡᠳ ᠤᠰᠤᠨ ᠠᠰᠢᠭᠯᠠᠯᠲᠠ ᠶᠢᠨ ᠢᠨᠵᠧᠨᠧᠷᠢᠩ ᠢ | ᠬᠠᠯᠠᠮᠵᠢᠯᠠᠨ ᠳᠡᠮᠵᠢᠭᠰᠡᠨ ᠳᠤ ᠴᠦ ᠲᠠᠯᠠᠷᠬᠠᠵᠤ ᠪᠠᠶᠢᠨ᠎ᠠ᠃ ᠲᠠᠨ ᠤ ᠳᠤᠷᠠᠳᠤᠭᠰᠠᠨ ᠲᠠᠢ ᠠᠳᠠᠯᠢ ᠪᠠᠷ᠂ ᠴᠢᠬᠤᠯᠠ | ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠪᠣᠯ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ | ᠴᠢᠬᠤᠯᠠ ᠰᠠᠭᠤᠷᠢ ᠲᠥᠬᠦᠭᠡᠷᠦᠮᠵᠢ ᠪᠣᠯᠤᠨ᠎ᠠ᠂ ᠮᠦᠨ ᠴᠤ ᠤᠯᠤᠰ ᠤᠨ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠥᠷᠢᠯᠡᠬᠦ ᠴᠢᠬᠤᠯᠠ ᠬᠦᠷᠢᠶ᠎ᠡ ᠪᠣᠯᠤᠨ᠎ᠠ᠂ ᠤᠯᠤᠰ ᠠᠴᠠ ᠲᠦᠢᠯ ᠢᠶᠠᠷ ᠴᠢᠬᠤᠯᠠᠴᠢᠯᠠᠵᠤ᠂ | ᠣᠷᠣᠨ ᠨᠤᠲᠤᠭ ᠤᠨ ᠬᠢᠨ ᠮᠠᠰᠢ ᠢᠳᠡᠪᠬᠢᠲᠡᠢ ᠪᠠᠶᠢᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠳᠤ | ᠣᠷᠣᠯᠴᠠᠵᠤ᠂ ᠣᠳᠣᠬᠠᠨ ᠤ ᠠᠬᠢᠴᠠ ᠮᠠᠰᠢ ᠤᠷᠤᠭᠰᠢᠲᠠᠢ ᠪᠠᠶᠢᠨ᠎ᠠ᠃ ᠤᠯᠤᠰ ᠠᠴᠠ ᠲᠣᠭᠲᠠᠭᠠᠭᠰᠠᠨ 172 | ᠵᠦᠢᠯ ᠤᠨ ᠴᠢᠬᠤᠯᠠ ᠶᠡᠭᠡ ᠢᠨᠵᠧᠨᠧᠷᠢᠩ ᠤᠨ ᠠᠵᠢᠯ ᠤᠨ 142 ᠵᠦᠢᠯ ᠢ ᠨᠢ ᠨᠢᠭᠡᠨᠳᠡ ᠡᠬᠢᠯᠡᠭᠦᠯᠵᠦ᠂ | ᠪᠠᠶᠢᠭᠤᠯᠵᠤ ᠪᠠᠶᠢᠭ᠎ᠠ ᠬᠡᠪᠴᠢᠶ᠎ᠡ ᠨᠢ ᠲᠦᠮᠡᠨ ᠳ᠋ᠦᠩᠰᠢᠭᠤᠷ ᠲᠦᠬᠦᠷᠢᠭ ᠢ ᠳᠠᠪᠠᠵᠠᠶ᠃ ᠰᠢᠨ᠎ᠡ | ᠪᠠᠶᠢᠷᠢᠯᠠᠭᠤᠯᠤᠯᠲᠠ ᠶᠢᠨ ᠲᠤᠬᠠᠶ᠂ ᠴᠢᠬᠤᠯᠠ ᠶᠡᠭᠡ ᠢᠨᠵᠧᠨᠧᠷᠢᠩ ᠨᠢ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ | ᠦᠢᠯᠡᠳᠦᠯ ᠲᠠᠢ ᠠᠴᠠ ᠭᠠᠳᠠᠨ᠎ᠠ᠂ ᠬᠡᠷᠪᠡ ᠠᠵᠤ ᠠᠬᠤᠶ ᠶᠢᠨ ᠲᠠᠯ᠎ᠠ ᠠᠴᠠ ᠠᠪᠴᠤ ᠦᠵᠡᠪᠡᠯ ᠪᠠᠰᠠ ᠬᠤᠶᠠᠷ | ᠳᠠᠪᠠᠭᠤᠯᠢᠭ ᠲᠠᠯ᠎ᠠ ᠲᠠᠢ ᠶᠤᠮ᠃ ᠨᠢᠭᠡᠳᠦᠭᠡᠷ ᠲᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠨᠢ | ᠬᠠᠮᠤᠷᠬᠤ ᠬᠡᠪᠴᠢᠶ᠎ᠡ ᠪᠠᠷ ᠥᠷᠭᠡᠨ᠂ ᠪᠡᠯᠡ ᠣᠷᠣᠭᠤᠯᠤᠯᠲᠠ ᠶᠢ ᠰᠢᠩᠭᠡᠭᠡᠨ ᠠᠪᠬᠤ ᠪᠠᠷ ᠶᠡᠭᠡ᠂ ᠠᠵᠤ ᠦᠢᠯᠡᠰ ᠤᠨ | ᠬᠡᠯᠬᠢᠶ᠎ᠡ ᠪᠠᠷ ᠤᠷᠲᠤ᠂ ᠠᠵᠢᠯ ᠣᠯᠭᠤᠬᠤ ᠲᠣᠬᠢᠶᠠᠯ ᠢ ᠤᠯᠠᠨ ᠡᠭᠦᠳᠬᠦ ᠣᠨᠴᠠᠯᠢᠭ ᠲᠠᠢ ᠪᠠᠶᠢᠵᠤ᠂ ᠪᠡᠯᠡ | ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠮᠠᠰᠢ ᠰᠠᠶᠢᠨ ᠪᠠᠳᠠᠷᠠᠭᠤᠯᠵᠤ ᠴᠢᠳᠠᠨ᠎ᠠ᠃ ᠬᠤᠶᠠᠳᠤᠭᠠᠷ ᠲᠤ᠂ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠳᠤ ᠶᠡᠷᠦᠩᠬᠡᠶ ᠳᠡᠭᠡᠨ ᠴᠥᠮ ᠨᠡᠯᠢᠶᠡᠳ ᠰᠠᠶᠢᠨ | ᠲᠥᠯᠥᠪᠵᠢᠭᠦᠯᠭᠡ ᠶᠢᠨ ᠰᠠᠭᠤᠷᠢ ᠲᠠᠢ ᠪᠠᠶᠢᠳᠠᠭ ᠪᠥᠭᠡᠳ ᠶᠡᠬᠡᠩᠬᠢ ᠬᠡᠰᠡᠭ ᠨᠢ ᠴᠥᠮ ᠤᠯᠠᠨ ᠵᠢᠯ ᠤᠨ | ᠨᠤᠲᠠᠯᠠᠯᠲᠠ ᠶᠢ ᠥᠩᠭᠡᠷᠡᠭᠡᠵᠦ᠂ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠨᠥᠬᠦᠴᠡᠯ ᠲᠠᠢ ᠪᠠᠶᠢᠳᠠᠭ ᠪᠣᠯᠬᠤᠷ | ᠪᠠᠶᠢᠭᠤᠯᠵᠤ ᠳᠠᠭᠤᠰᠤᠭᠰᠠᠨ ᠤ ᠲᠠᠷᠠᠭ᠎ᠠ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠠᠰᠠᠭᠤᠳᠠᠯ ᠭᠠᠷᠬᠤ ᠦᠭᠡᠢ | ᠶᠤᠮ᠃ ᠡᠶᠢᠮᠦ ᠠᠴᠠ᠂ ᠡᠶᠢᠮᠦᠷᠬᠦᠦ ᠪᠠᠶᠢᠳᠠᠯ ᠳᠤ ᠴᠢᠭᠯᠡᠭᠦᠯᠦᠨ ᠪᠢᠳᠠ ᠨᠢᠭᠡ ᠪᠦᠯᠦᠭ ᠨᠡᠯᠢᠶᠡᠳ ᠴᠢᠬᠤᠯᠠ᠂ | ᠡᠮᠦᠨᠡᠬᠢ ᠬᠤᠭᠤᠴᠠᠭᠠᠨ ᠤ ᠠᠵᠢᠯ ᠤᠨ ᠨᠥᠬᠦᠴᠡᠯ ᠢᠶᠠᠷ ᠨᠡᠯᠢᠶᠡᠳ ᠰᠡᠶᠢᠠ ᠴᠢᠬᠤᠯᠠ ᠶᠡᠭᠡ ᠢᠨᠵᠧᠨᠧᠷᠢᠩ ᠢ | ᠤᠷᠢᠳᠴᠢᠯᠠᠨ ᠲᠥᠯᠥᠪᠯᠡᠵᠦ ᠭᠠᠷᠭᠠᠭᠰᠠᠨ ᠶᠤᠮ᠂ ᠤᠳᠦ ᠠᠩᠬ᠎ᠠ ᠠᠯᠬᠤᠮ ᠪᠣᠳᠣᠯᠬᠢᠯᠠᠪᠠᠯ᠂ ᠤᠢᠢᠷ᠎ᠠ ᠶᠢᠨ ᠭᠤᠷᠪᠠᠨ | ᠵᠢᠯ ᠳᠤ ᠵᠠᠭᠤ ᠭᠠᠷᠤᠶ ᠵᠦᠢᠯ ᠪᠠᠶᠢᠨ᠎ᠠ᠂ ᠡᠨᠡ ᠵᠢᠯ ᠪᠠᠰᠠ ᠬᠡᠳᠦᠨ ᠠᠷᠪᠠᠨ ᠵᠦᠢᠯ ᠪᠠᠶᠢᠨ᠎ᠠ᠂ ᠡᠨᠡ ᠵᠠᠭᠤ ᠭᠠᠷᠤᠶ | ᠵᠦᠢᠯ ᠤᠨ ᠪᠡᠯᠠ ᠣᠷᠣᠭᠤᠯᠤᠯᠲᠠ ᠶᠢᠨ ᠬᠡᠪᠴᠢᠶ᠎ᠡ ᠴᠦ ᠲᠦᠮᠡᠨ ᠳ᠋ᠦᠩᠰᠢᠭᠤᠷ ᠢ ᠳᠠᠪᠠᠭ᠋ᠤ ᠪᠣᠯᠤᠨ᠎ᠠ᠃ ᠡᠳᠡᠭᠡᠷ | ᠵᠦᠢᠯᠡᠰ ᠤᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢ ᠨᠢ ᠰᠡᠶᠢᠠ᠂ ᠣᠷᠣᠨ ᠨᠤᠲᠤᠭ ᠤᠨ ᠢᠳᠡᠪᠬᠢᠵᠢᠯ ᠨᠢ | ᠥᠨᠳᠥᠷ ᠮᠥᠷᠲᠡᠭᠡᠨ ᠣᠷᠴᠢᠨ ᠲᠤᠭᠤᠷᠢᠨ ᠢ ᠬᠢᠵᠠᠭᠠᠷᠯᠠᠬᠤ ᠶᠡᠭᠡ ᠬᠦᠴᠦᠨ ᠵᠦᠢᠯ ᠪᠠᠶᠢᠬᠤ ᠤᠢᠭᠡᠢ᠂ ᠨᠥᠬᠦᠴᠡᠯ | ᠪᠦᠷᠢᠯᠳᠦᠭᠦᠯᠳᠡᠭ ᠯᠡ ᠶᠤᠮ ᠪᠣᠯ ᠮᠠᠰᠢ ᠲᠦᠷᠭᠡᠨ ᠢᠶᠠᠷ ᠠᠵᠢᠯ ᠢᠶᠠᠨ ᠡᠬᠢᠯᠡᠭᠦᠯᠵᠦ ᠪᠣᠯᠤᠨ᠎ᠠ ᠭᠡᠵᠦ ᠪᠢ ᠰᠠᠶ᠋ᠢᠬᠠᠨ | ᠬᠡᠯᠡᠭᠰᠡᠨ ᠪᠢᠯᠠ᠃ ᠠᠵᠤ ᠠᠬᠤᠶ ᠶᠢ ᠳᠠᠶᠢᠴᠢᠯᠠᠬᠤ ᠦᠢᠯᠡᠳᠦᠯ᠂ ᠥᠭᠡᠷ᠎ᠡ ᠪᠠᠷ ᠬᠡᠯᠡᠪᠡᠯ ᠠᠵᠢᠯ ᠣᠯᠭᠤᠯᠲᠠ ᠶᠢ | ᠠᠬᠢᠭᠤᠯᠬᠤ ᠦᠢᠯᠡᠳᠦᠯ ᠤᠨ ᠲᠤᠬᠠᠶ ᠳᠤᠮᠳᠠᠳᠤ ᠤᠯᠤᠰ ᠤᠨ ᠬᠤᠷᠸ᠎ᠠ ᠠᠵᠤ ᠠᠬᠤᠶ ᠶᠢᠨ ᠰᠤᠳᠤᠯᠭᠠᠨ ᠤ | ᠬᠦᠷᠢᠶᠡᠯᠡᠩ ᠤᠨ ᠬᠤᠯᠪᠣᠭᠳᠠᠯ ᠪᠦᠬᠦᠢ ᠨᠢᠭᠡᠴᠢ ᠠᠴᠠ ᠨᠢᠭᠡᠨ ᠰᠤᠳᠤᠯᠭᠠᠨ ᠤ ᠦᠷ᠎ᠡ ᠪᠦᠲᠦᠭᠡᠯ ᠢ ᠳᠤᠷᠠᠳᠴᠠᠶ᠂ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠳᠤ ᠮᠢᠩᠭᠠᠨ ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠦᠷᠢ GDP ᠶᠢ ᠳᠠᠶᠢᠴᠢᠯᠠᠨ ᠵᠠᠭᠤᠨ ᠤ 0.15 ᠨᠢᠭᠡᠴᠢ ᠪᠠᠷ ᠨᠡᠮᠡᠭᠳᠡᠭᠦᠯᠵᠦ᠂ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ ᠰᠢᠨ᠎ᠡ ᠪᠠᠷ 49 ᠲᠦᠮᠡ ᠨᠡᠮᠡᠭᠳᠡᠭᠦᠯᠵᠦ ᠪᠣᠯᠤᠨ᠎ᠠ᠂ ᠡᠶᠢᠮᠦ ᠠᠴᠠ ᠡᠨᠡ ᠬᠦ | ᠦᠷ᠎ᠡ ᠪᠦᠲᠦᠮᠵᠢ ᠨᠢ ᠪᠠᠰᠠ ᠮᠠᠰᠢ ᠰᠠᠶᠢᠨ ᠶᠤᠮ᠃ ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠂ | ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠯᠭ᠎ᠠ ᠶᠢᠨ ᠠᠵᠢᠯ ᠢ ᠤᠷᠤᠭᠰᠢᠲᠠᠶ | ᠡᠬᠢᠯᠡᠭᠦᠯᠦᠨ ᠪᠥᠲᠥᠭᠡᠨ ᠪᠠᠶᠢᠭᠤᠯᠬᠤ ᠳᠤ ᠰᠠᠶᠢᠨ ᠨᠥᠬᠦᠴᠡᠯ ᠬᠠᠩᠭᠠᠨ᠎ᠠ᠃ ᠪᠠᠶᠠᠷᠯᠠᠯ᠎ᠠ᠃ | ᠡᠮᠦᠨᠡᠲᠦ ᠣᠷᠣᠨ ᠤ ᠬᠤᠲᠠ ᠶᠢᠨ ᠰᠣᠨᠢᠨ ᠤ ᠰᠤᠷᠪᠤᠯᠵᠢᠯᠠᠭᠴᠢ 2020 — 03 — 2615᠄ | 22᠄ 40 | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠠᠬᠢᠴᠠ ᠶᠢ ᠳᠠᠭᠠᠯᠳᠤᠨ᠂ ᠡᠯ᠎ᠡ | ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠴᠤ ᠠᠯᠬᠤᠮ ᠠᠯᠬᠤᠮ ᠢᠶᠠᠷ ᠰᠡᠷᠭᠦᠭᠡᠨ ᠪᠠᠶᠢᠭᠤᠯᠪᠠ᠂ | ᠲᠡᠭᠡᠪᠡᠯ ᠣᠳᠣᠬᠠᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠢᠶᠠᠨ ᠰᠡᠷᠭᠦᠭᠡᠭᠰᠡᠨ | ᠪᠠᠶᠢᠳᠠᠯ ᠶᠠᠮᠠᠷ ᠪᠤᠢ︖ ᠪᠠᠶᠠᠷᠯᠠᠯ᠎ᠠ᠃ | ᠸᠠᠩ ᠱᠧᠩ ᠸᠠᠨ 2020-03-2615: 22: 52 | ᠤᠰᠤᠨ ᠠᠰᠢᠭᠯᠠᠯᠲᠠ ᠶᠢᠨ ᠶᠠᠮᠤᠨ ᠶᠡᠷᠦᠩᠬᠡᠶ ᠱᠦᠵᠢ ᠰᠢ ᠶᠢᠨ ᠫᠢᠩ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ︽ᠶᠠᠷᠰᠢᠭ ᠲᠠᠲᠠᠬᠤ ᠥᠬᠡᠶ᠂ ᠢᠯᠡᠭᠦᠬᠡᠨ ᠬᠦᠴᠦ | ᠭᠠᠷᠭᠠᠵᠤ᠂ ᠬᠤᠪᠢ ᠨᠡᠮᠡᠷᠢ ᠦᠵᠡᠭᠦᠯᠬᠦ︾ ᠶᠢ ᠪᠠᠷᠢᠮᠲᠠᠯᠠᠨ ᠪᠡᠶᠡᠯᠡᠭᠦᠯᠵᠦ᠂ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠰᠤᠨ ᠠᠰᠢᠭᠯᠠᠯᠲᠠ ᠶᠢᠨ ᠥᠭᠡᠷᠡᠴᠢᠯᠡᠯᠲᠡ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯ ᠢᠶᠠᠨ | ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠶᠢ ᠲᠣᠪᠤᠶᠢᠮ᠎ᠠ ᠰᠠᠶᠢᠲᠤᠷ ᠠᠳᠬᠤᠪᠠ᠃ ᠤᠳᠤ ᠪᠣᠯᠬᠤ ᠳᠤ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠲᠠᠯ᠎ᠠ ᠪᠠᠷ ᠨᠡᠯᠢᠶᠡᠳ ᠰᠠᠶᠢᠨ ᠦᠷ᠎ᠡ ᠪᠦᠲᠦᠮᠵᠢ | ᠣᠯᠵᠠᠶ᠃ ᠣᠳᠣᠬᠠᠨ ᠳᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠮᠠᠰᠢ ᠤᠷᠤᠭᠰᠢᠲᠠᠶ ᠶᠠᠪᠤᠭᠳᠠᠵᠤ᠂ ᠪᠠᠶᠢᠭᠤᠯᠵᠤ ᠪᠠᠶᠢᠭ᠎ᠠ 110 | ᠵᠦᠢᠯ ᠤᠨ ᠪᠠᠷᠢᠯᠭ᠎ᠠ ᠶᠢᠨ ᠠᠵᠢᠯ ᠤᠨ 101 ᠶᠢ ᠨᠢ ᠨᠢᠭᠡᠨᠲᠡ ᠰᠡᠷᠭᠦᠭᠡᠵᠦ᠂ ᠪᠠᠷᠢᠯᠭ᠎ᠠ ᠶᠢᠨ ᠶᠡᠷᠦᠩᠬᠡᠶ ᠲᠣᠭᠠᠨ ᠤ | 92% ᠢ ᠡᠵᠡᠯᠡᠵᠦ᠂ ᠠᠭᠤᠷ ᠠᠮᠢᠰᠬᠤᠯ ᠵᠡᠷᠭᠡ ᠡᠯᠧᠮᠧᠨ᠋ᠲ ᠳᠤ ᠨᠥᠯᠥᠭᠡᠯᠡᠭᠳᠡᠭᠰᠡᠨ ᠴᠥᠭᠡᠨ ᠲᠣᠭᠠᠨ ᠤ | ᠪᠠᠷᠢᠯᠭ᠎ᠠ ᠶᠢ ᠭᠠᠷᠭᠠᠪᠠᠯ᠂ ᠰᠡᠷᠭᠦᠭᠡᠬᠦ ᠶᠣᠰᠣᠲᠠᠶ ᠶᠢ ᠨᠢ ᠪᠦᠬᠦᠨ ᠢ ᠰᠡᠷᠭᠦᠭᠡᠭᠰᠡᠨ ᠪᠠᠶᠢᠨ᠎ᠠ᠃ ᠵᠡᠭᠦᠨ ᠬᠤᠶᠢᠲᠤ | ᠣᠷᠣᠨ ᠪᠠ ᠪᠠᠷᠠᠭᠤᠨ ᠬᠤᠶᠢᠲᠤ ᠣᠷᠣᠨ ᠤ ᠡᠳᠡᠭᠡᠷ ᠲᠦᠢᠯ ᠤᠨ ᠬᠦᠢᠳᠡᠨ ᠭᠠᠵᠠᠷ ᠣᠷᠣᠨ ᠳᠤ ᠪᠠᠰᠠ ᠪᠠᠷᠢᠯᠭ᠎ᠠ ᠶᠢᠨ | ᠠᠵᠢᠯ ᠢᠶᠠᠨ ᠰᠡᠷᠭᠦᠭᠡᠵᠦ ᠪᠠᠶᠢᠨ᠎ᠠ᠂ ᠡᠶᠢᠮᠦ ᠠᠴᠠ ᠣᠳᠣᠬᠠᠨ ᠤ 92% ᠠᠴᠠ ᠠᠪᠴᠤ ᠦᠵᠡᠪᠡᠯ᠂ ᠠᠵᠢᠯ | ᠰᠡᠷᠭᠦᠭᠡᠭᠰᠡᠨ ᠨᠤᠷᠮ᠎ᠠ ᠨᠢ ᠥᠩᠭᠡᠷᠡᠭᠰᠡᠨ ᠵᠢᠯ ᠤᠳ ᠤᠨ ᠬᠢ ᠠᠴᠠ ᠨᠡᠯᠢᠶᠡᠳ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ | ᠢᠯᠠᠩᠭᠤᠶ᠎ᠠ ᠣᠳᠣᠬᠠᠨ ᠳᠤ 101 ᠵᠦᠢᠯ ᠤᠨ ᠠᠵᠢᠯ ᠢᠶᠠᠨ ᠰᠡᠷᠭᠦᠭᠡᠭᠰᠡᠨ ᠨᠢ ᠪᠢᠳᠡᠨ ᠤ ᠤᠤᠯ ᠤᠨ 3 ᠰᠠᠷ᠎ᠠ ᠶᠢᠨ | ᠰᠡᠭᠦᠯᠴᠢ ᠠᠴᠠ ᠡᠮᠦᠨ᠎ᠡ ᠵᠠᠭᠤ ᠠᠴᠠ ᠳᠡᠭᠡᠭᠰᠢ ᠵᠦᠢᠯ ᠤᠨ ᠠᠵᠢᠯ ᠢᠶᠠᠨ ᠰᠡᠷᠭᠦᠭᠡᠬᠦ ᠬᠠᠷᠠᠯᠲᠠ ᠶᠢ ᠤᠷᠢᠳᠴᠢᠯᠠᠨ | ᠪᠡᠶᠡᠯᠡᠬᠦᠯᠦᠭᠰᠡᠨ ᠪᠠᠶᠢᠨ᠎ᠠ᠃ ᠠᠵᠢᠯ ᠰᠡᠷᠭᠦᠭᠡᠭᠰᠡᠨ ᠲᠥᠷᠥᠯ ᠵᠤᠶᠢᠯ ᠠᠴᠠ ᠦᠵᠡᠪᠡᠯ᠂ ᠨᠡᠶᠢᠲᠡ 10 ᠲᠦᠮᠡ ᠰᠢᠬᠠᠮ | ᠬᠥᠮᠦᠨ ᠠᠵᠢᠯ ᠤᠨ ᠪᠠᠶᠢᠷᠢ ᠳᠠᠭᠠᠨ ᠭᠠᠷᠴᠤ᠂ ᠪᠠᠷᠤᠭ ᠬᠡᠪ ᠤᠨ ᠬᠥᠮᠦᠨ ᠤ ᠲᠣᠭᠠᠨ ᠤ 82% ᠢ ᠡᠵᠡᠯᠡᠵᠦ | ᠪᠠᠶᠢᠨ᠎ᠠ᠃ ᠡᠭᠦᠨ ᠳᠤ᠂ ᠬᠥᠬᠡᠮᠥ᠋ᠷᠡᠨ ᠢ ᠲᠠᠲᠠᠵᠤ ᠬᠤᠸᠠᠢ ᠾᠧ ᠭᠤᠣᠯ ᠢ ᠲᠤᠰᠠᠯᠠᠬᠤ᠂ ᠶᠦᠨᠨᠠᠨ ᠤ ᠳᠤᠮᠳᠠ | ᠬᠡᠰᠡᠭ ᠲᠤ ᠤᠰᠤ ᠲᠠᠲᠠᠬᠤ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠤᠰᠤᠨ ᠤ ᠡᠬᠢ ᠪᠠᠶᠠᠯᠢᠭ ᠢ | ᠲᠣᠬᠢᠷᠠᠭᠤᠯᠬᠤ ᠪᠠ ᠭᠤᠸᠠᠩᠰᠢ ᠶᠢᠨ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠬᠦᠢᠰᠦ ᠵᠡᠷᠭᠡ | 33 ᠵᠦᠢᠯ ᠤᠨ ᠪᠠᠷᠢᠯᠭ᠎ᠠ ᠦᠨᠳᠦᠰᠦᠨ ᠳᠡᠭᠡᠨ ᠬᠡᠪ ᠤᠨ ᠪᠠᠷᠢᠯᠭ᠎ᠠ ᠶᠢᠨ ᠬᠢᠷᠢ ᠲᠦᠪᠰᠢᠨ ᠳᠤ ᠬᠦᠷᠴᠡᠶ᠃ ᠪᠤᠰᠤᠳ | ᠤᠰᠤᠨ ᠠᠰᠢᠭᠯᠠᠯᠲᠠ ᠶᠢᠨ ᠲᠥᠷᠥᠯ ᠵᠦᠢᠯ ᠢ ᠴᠦ ᠪᠢᠳᠡ ᠢᠳᠡᠪᠬᠢᠲᠡᠶ ᠪᠠᠷ ᠠᠬᠢᠭᠤᠯᠵᠤ᠂ ᠴᠢᠬᠤᠯᠠ ᠶᠡᠭᠡ | ᠪᠠᠷᠢᠯᠭ᠎ᠠ ᠶᠢᠨ ᠠᠵᠢᠯ ᠢ ᠰᠡᠷᠭᠦᠭᠡᠵᠦ ᠦᠢᠯᠡᠳᠪᠦᠷᠢᠯᠡᠯ ᠢ ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ | ᠰᠢᠨ᠎ᠡ ᠪᠠᠷ ᠪᠠᠶᠢᠭᠤᠯᠬᠤ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠰᠠᠶᠢᠲᠤᠷ ᠪᠠᠶᠢᠭᠤᠯᠵᠤ᠂ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠳᠤᠮᠳᠠ ᠵᠢᠵᠢᠭ ᠭᠤᠣᠯ ᠮᠥᠷᠡᠨ ᠢ ᠵᠠᠰᠠᠵᠤ ᠦᠢᠯᠡᠳᠪᠦᠷᠢᠯᠡᠯ ᠢ | ᠰᠡᠷᠭᠦᠭᠡᠬᠦ ᠠᠵᠢᠯ ᠢ ᠰᠠᠶᠢᠲᠤᠷ ᠬᠢᠵᠦ᠂ ᠣᠳᠣᠬᠠᠨ ᠳᠤ ᠰᠢᠨ᠎ᠡ ᠪᠠᠷ ᠪᠠᠶᠢᠭᠤᠯᠬᠤ ᠳᠤᠮᠳᠠ ᠵᠢᠵᠢᠭ ᠬᠡᠯᠪᠡᠷᠢ ᠶᠢᠨ | ᠤᠰᠤᠨ ᠴᠥᠭᠦᠷᠥᠮ ᠤᠨ ᠠᠵᠢᠯ ᠢ ᠰᠡᠷᠭᠦᠭᠡᠭᠰᠡᠨ ᠨᠤᠷᠮ᠎ᠠ ᠴᠤ 90% ᠶᠢ ᠳᠠᠪᠠᠵᠤ᠂ ᠤᠰᠤᠨ ᠴᠥᠭᠦᠷᠥᠮ ᠤᠨ | ᠠᠶᠤᠯ ᠢ ᠠᠷᠢᠯᠭᠠᠨ ᠪᠠᠬᠢᠯᠡᠬᠦ ᠦᠢᠯᠡᠳᠪᠦᠷᠢᠯᠡᠯ ᠢ ᠰᠡᠷᠭᠦᠭᠡᠭᠰᠡᠨ ᠨᠤᠷᠮ᠎ᠠ 80% ᠠᠴᠠ ᠳᠡᠭᠡᠭᠰᠢ ᠳᠤ ᠬᠦᠷᠴᠦ᠂ | ᠳᠤᠮᠳᠠ ᠵᠢᠵᠢᠭ ᠭᠤᠣᠯ ᠮᠥᠷᠡᠨ ᠢ ᠵᠠᠰᠠᠬᠤ ᠵᠦᠢᠯᠡᠰ ᠤᠨ ᠠᠵᠢᠯ ᠢ ᠰᠡᠷᠭᠦᠭᠡᠭᠰᠡᠨ ᠨᠤᠷᠮ᠎ᠠ ᠴᠤ 70% — | 80% ᠳᠤ ᠬᠦᠷᠴᠡᠶ᠃ ᠣᠳᠣᠬᠠᠨ ᠳᠤ᠂ ᠠᠵᠢᠯ ᠰᠡᠷᠭᠦᠭᠡᠬᠦ ᠲᠥᠷᠥᠯ ᠵᠤᠶᠢᠯ ᠳᠤ ᠬᠢᠵᠢᠭ ᠤᠨ ᠪᠠᠶᠢᠳᠠᠯ ᠭᠠᠷᠤᠭᠰᠠᠨ | ᠥᠬᠡᠶ᠂ ᠠᠵᠢᠯ ᠰᠡᠷᠭᠦᠭᠡᠬᠦ ᠦᠢᠯᠡᠳᠪᠤᠷᠢᠯᠡᠯ ᠤᠨ ᠪᠠᠶᠢᠳᠠᠯ ᠲᠣᠭᠲᠠᠭᠤᠨ ᠪᠠᠶᠢᠨ᠎ᠠ᠃ ᠪᠠᠶᠠᠷᠯᠠᠯ᠎ᠠ | ᠹᠧᠩ ᠬᠤᠸᠠᠩ ᠣᠳᠣᠨ ᠲᠧᠯᠸᠢᠰ ᠤᠨ ᠰᠤᠷᠪᠤᠯᠵᠢᠯᠠᠭᠴᠢ 2020 — 03 — 2615᠄ 24᠄ | 30 | ᠬᠤᠪᠸᠢ ᠪᠣᠯ ᠪᠥᠬᠦ ᠤᠯᠤᠰ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠲᠥᠪᠯᠡᠷᠡᠭᠰᠡᠨ ᠭᠠᠵᠠᠷ ᠮᠥᠨ᠂ ᠲᠡᠭᠡᠪᠡᠯ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠤᠪᠸᠢ ᠮᠤᠵᠢ ᠶᠢᠨ ᠤᠰᠤᠨ | ᠠᠰᠢᠭᠯᠠᠯᠲᠠ ᠶᠢᠨ ᠢᠨᠵᠧᠨᠧᠷᠢᠩ ᠨᠢ ᠬᠡᠷᠬᠢᠨ ᠠᠵᠢᠯᠯᠠᠵᠤ ᠪᠠᠶᠢᠬᠤ ᠪᠣᠶ︖ ᠪᠠᠶᠠᠷᠯᠠᠯ᠎ᠠ᠃ | ᠿᠤᠸᠠᠨ ᠯᠢ ᠮᠢᠨ 2020 — 03 — 2615᠄ 24᠄ 42 | ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠠᠩᠬᠠᠷᠤᠨ | ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ᠃ ᠬᠤᠪᠸᠢ ᠪᠣᠯ ᠮᠠᠨ ᠤ ᠤᠯᠤᠰ ᠤᠨ ᠤᠰᠤᠨ ᠠᠰᠢᠭᠯᠠᠯᠲᠠ ᠶᠢᠨ ᠲᠣᠮᠣ | ᠮᠤᠵᠢ ᠪᠠᠶᠢᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠮᠠᠰᠢ ᠣᠯᠠᠨ ᠪᠠᠶᠢᠵᠤ᠂ ᠪᠦᠬᠦ ᠮᠤᠵᠢ ᠳᠤ 6921 ᠤᠰᠤᠨ | ᠴᠥᠭᠦᠷᠥᠮ ᠲᠠᠢ᠂ ᠲᠠᠪᠤᠳᠤᠭᠠᠷ ᠳᠡᠰ ᠠᠴᠠ ᠳᠡᠭᠡᠭᠰᠢᠬᠢ ᠬᠠᠰᠢᠯᠭ᠎ᠠ ᠳᠠᠯᠠᠩ 1.7 ᠲᠦᠮᠡᠨ ᠺᠢᠯᠣᠮᠧᠲᠷ᠂ | ᠬᠥᠭᠡᠷᠭᠡ ᠶᠢᠨ ᠥᠷᠲᠡᠭᠡ 4.8 ᠲᠦᠮᠡ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠤᠭᠤᠴᠠᠭᠠᠨ ᠳᠤ᠂ ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠠᠮᠤᠷ | ᠲᠦᠪᠰᠢᠨ ᠪᠥᠭᠡᠳ ᠲᠣᠭᠲᠠᠭᠤᠨ ᠪᠠᠶᠢᠵᠤ᠂ ᠤᠰᠤ ᠬᠠᠳᠠᠭᠠᠯᠠᠬᠤ ᠲᠣᠬᠢᠷᠠᠭᠤᠯᠤᠯᠲᠠ ᠵᠣᠬᠢᠰᠲᠠᠶ ᠪᠠᠶᠢᠵᠤ᠂ | ᠣᠳᠣᠬᠠᠨ ᠳᠤ ᠪᠥᠬᠦ ᠮᠤᠵᠢ ᠶᠢᠨ 334 ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠪᠦᠲᠦᠮᠵᠢᠲᠡᠶ | ᠤᠰᠤ ᠬᠠᠳᠠᠭᠠᠯᠠᠬᠤ ᠬᠡᠮᠵᠢᠶ᠎ᠡ 43.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠤᠪᠸᠢ | ᠮᠤᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ | ᠰᠡᠷᠭᠦᠭᠡᠬᠦ ᠳᠤ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠭᠦᠨ ᠳᠤ ᠳᠣᠣᠷᠠᠬᠢ ᠬᠡᠳᠦᠨ | ᠲᠠᠯ᠎ᠠ ᠪᠠᠷ ᠪᠣᠳᠠᠲᠠᠶ ᠢᠯᠡᠷᠡᠵᠦ ᠪᠠᠶᠢᠨ᠎ᠠ᠄ ᠨᠢᠭᠡᠳᠦᠭᠡᠷ ᠲᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ | ᠠᠮᠤᠷ ᠲᠦᠪᠰᠢᠨ ᠪᠠᠶᠢᠵᠤ᠂ ᠬᠦᠨᠳᠦ ᠶᠡᠭᠡ ᠲᠠᠯᠳᠠ ᠭᠡᠮ ᠭᠠᠷᠤᠭᠰᠠᠨ ᠦᠭᠡᠢ᠃ ᠬᠤᠶᠠᠳᠤᠭᠠᠷ ᠲᠤ᠂ ᠬᠤᠲᠠ | ᠬᠥᠳᠡᠭᠡ ᠶᠢᠨ ᠠᠮᠢᠳᠤᠷᠠᠯ ᠳᠤ ᠬᠠᠩᠭᠠᠬᠤ ᠤᠰᠤᠨ ᠤ ᠴᠢᠨᠠᠷ ᠤᠰᠤᠨ ᠤ ᠬᠡᠮᠵᠢᠶ᠎ᠡ ᠶᠢ ᠪᠠᠲᠤᠯᠠᠪᠠ᠃ | ᠭᠤᠷᠪᠠᠳᠤᠭᠠᠷ ᠲᠤ᠂ ᠬᠠᠪᠤᠷ ᠤᠨ ᠲᠠᠷᠢᠶᠠᠯᠠᠭ᠎ᠠ ᠬᠠᠪᠤᠷ ᠤᠨ ᠤᠰᠤᠯᠠᠯᠲᠠ ᠳᠤ ᠢᠳᠡᠪᠬᠢᠲᠡᠶ ᠦᠢᠯᠡᠴᠢᠯᠡᠵᠦ᠂ ᠪᠦᠬᠦ | ᠮᠤᠵᠢ ᠶᠢᠨ 538 ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠨᠡᠶᠢᠳᠡ 40 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠤᠰᠤ ᠬᠦᠷᠭᠡᠵᠡᠶ᠃ ᠳᠥᠷᠪᠡᠳᠦᠭᠡᠷ ᠲᠤ᠂ ᠦᠶᠡᠷ ᠢ ᠰᠡᠷᠭᠡᠶᠢᠯᠡᠵᠦ ᠪᠡᠯᠡᠳᠬᠡᠬᠦ ᠡᠯ᠎ᠡ | ᠵᠦᠢᠯ ᠤᠨ ᠠᠵᠢᠯ ᠢ ᠶᠠᠭ ᠢᠳᠡᠪᠬᠢᠲᠡᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ᠃ | ᠪᠠᠶᠠᠷᠯᠠᠯ᠎ᠠ᠃ | ᠤᠯᠤᠰ ᠤᠨ ᠷᠠᠳᠢᠤ᠋ ᠬᠤᠷᠢᠶᠠᠨ ᠤ ᠰᠤᠷᠪᠤᠯᠵᠢᠯᠠᠭᠴᠢ 2020 — 03 — 2615᠄ 39᠄ 37 | ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠬᠡᠷᠡᠭᠵᠢᠭᠦᠯᠬᠦ ᠨᠢ | ᠬᠥᠳᠡᠭᠡ ᠲᠣᠰᠬᠤᠨ ᠤ ᠤᠰᠤᠨ ᠳᠤ ᠬᠤᠯᠪᠣᠭᠳᠠᠬᠤ ᠡᠪᠡᠳᠴᠢᠨ ᠡᠮᠭᠡᠭ ᠢ ᠪᠠᠭᠠᠰᠬᠠᠵᠤ᠂ ᠲᠠᠷᠢᠶᠠᠴᠢᠳ ᠤᠨ ᠡᠷᠡᠭᠦᠯ | ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠬᠥᠳᠡᠭᠡ ᠲᠣᠰᠬᠤᠨ ᠤ ᠤᠰᠤ ᠬᠠᠩᠭᠠᠬᠤ ᠠᠮᠤᠷ | ᠲᠦᠪᠰᠢᠨ ᠢ ᠬᠡᠷᠬᠢᠨ ᠪᠥᠬᠦ ᠲᠠᠯ᠎ᠠ ᠪᠠᠷ ᠪᠠᠳᠤᠯᠠᠬᠤ ᠪᠤᠢ︖ ᠪᠠᠶᠠᠷᠯᠠᠯ᠎ᠠ᠃ | ᠴᠧᠨ ᠮᠢᠩ ᠵᠥᠩ 2020 — 03 — 2615᠄ 39᠄ 46 | ᠰᠤᠷᠪᠤᠯᠵᠢᠯᠠᠭᠴᠢ ᠨᠠᠶᠢᠵᠠ ᠶᠢᠨ ᠬᠥᠳᠡᠭᠡ ᠲᠣᠰᠬᠤᠨ ᠤ ᠤᠤᠭᠤᠬᠤ ᠤᠰᠤᠨ ᠤ ᠲᠤᠬᠠᠢ ᠬᠠᠯᠠᠮᠵᠢᠯᠠᠨ | ᠠᠩᠬᠠᠷᠴᠤ ᠪᠠᠶᠢᠭ᠎ᠠ ᠳᠤ ᠮᠠᠰᠢ ᠲᠠᠯᠠᠷᠬᠠᠵᠤ ᠪᠠᠶᠢᠨ᠎ᠠ᠃ ᠡᠨᠡ ᠤᠳᠠᠭᠠᠨ ᠤ ᠬᠢᠵᠢᠭ ᠤᠨ ᠪᠠᠶᠢᠳᠠᠯ ᠨᠢ ᠮᠠᠨ ᠤ ᠬᠥᠳᠡᠭᠡ | ᠲᠣᠰᠬᠤᠨ ᠤ ᠤᠰᠤ ᠬᠠᠩᠭᠠᠬᠤ ᠰᠠᠯᠠᠭ᠎ᠠ ᠮᠥᠴᠢᠷ ᠲᠤ ᠠᠪᠴᠤ ᠬᠡᠯᠡᠪᠡᠯ᠂ ᠦᠨᠡᠬᠡᠷ ᠨᠢᠭᠡ ᠤᠳᠠᠭᠠᠨ ᠤ ᠶᠡᠭᠡ | ᠰᠢᠯᠭᠠᠯᠲᠠ ᠪᠣᠯᠤᠨ᠎ᠠ᠂ ᠤᠴᠢᠷ ᠨᠢ ᠡᠨᠡ ᠤᠳᠠᠭᠠᠨ ᠤ ᠱᠠᠭᠠᠷᠳᠠᠯᠭ᠎ᠠ ᠨᠢ ᠡᠩ ᠤᠨ ᠦᠶ᠎ᠡ ᠶᠢᠨ ᠬᠢ ᠠᠴᠠ ᠬᠤᠯᠠ | ᠥᠨᠳᠥᠷ᠂ ᠬᠦᠴᠢᠷ ᠤᠨ ᠬᠡᠮᠵᠢᠶ᠎ᠡ ᠨᠢ ᠴᠦ ᠡᠩ ᠤᠨ ᠦᠶ᠎ᠡ ᠶᠢᠨ ᠬᠢ ᠠᠴᠠ ᠬᠤᠯᠠ ᠶᠡᠭᠡ ᠪᠣᠯᠵᠠᠶ᠂ ᠡᠭᠦᠨ ᠤ ᠭᠤᠤᠯ | ᠰᠢᠯᠲᠠᠭᠠᠨ ᠨᠢ ᠭᠡᠪᠡᠯ᠂ ᠨᠢᠭᠡ ᠳᠤ ᠡᠩ ᠤᠨ ᠦᠶ᠎ᠡ ᠶᠢᠨ ᠬᠥᠮᠦᠨ ᠳᠤᠮᠳᠠᠴᠢ ᠶᠢᠨ ᠤᠰᠤ ᠬᠡᠷᠡᠭᠯᠡᠬᠦ ᠬᠡᠮᠵᠢᠶ᠎ᠡ ᠢᠯᠡᠷᠬᠡᠶ | ᠠᠷᠪᠢᠨ ᠪᠤᠯᠪᠠ᠂ ᠤᠴᠢᠷ ᠨᠢ ᠤᠤᠭᠤᠬᠤ᠂ ᠤᠬᠢᠶᠠᠬᠤ ᠤᠰᠤᠨ ᠤ ᠬᠡᠷᠡᠭᠴᠡᠭᠡ ᠠᠷᠪᠢᠨ ᠪᠣᠯᠵᠠᠶ᠃ ᠬᠤᠶᠠᠷ ᠲᠤ᠂ | ᠨᠤᠲᠤᠭ ᠲᠠᠭᠠᠨ ᠪᠤᠴᠠᠭᠰᠠᠨ ᠮᠠᠰᠢ ᠣᠯᠠᠨ ᠬᠥᠮᠦᠨ ᠠᠮᠠ ᠣᠷᠳᠣ ᠬᠤᠭᠤᠴᠠᠭ᠎ᠠ ᠪᠠᠷ ᠬᠥᠳᠡᠭᠡ ᠲᠣᠰᠬᠤᠨ ᠳᠤ | ᠰᠠᠭᠠᠲᠠᠵᠤ᠂ ᠤᠰᠤᠨ ᠤ ᠦᠢᠯᠡᠳᠪᠤᠷᠢ ᠶᠢᠨ ᠠᠵᠢᠯᠯᠠᠭᠠᠨ ᠤ ᠳᠠᠭᠠᠭᠠᠴᠠ ᠢᠯᠡᠳᠲᠡ ᠨᠡᠮᠡᠭᠳᠡᠵᠦ᠂ ᠵᠠᠷᠢᠮ ᠤᠰᠤᠨ ᠤ | ᠦᠢᠯᠡᠳᠪᠤᠷᠢ ᠣᠷᠳᠣ ᠬᠤᠭᠤᠴᠠᠭ᠎ᠠ ᠪᠠᠷ ᠳᠠᠭᠠᠭᠠᠴᠠ ᠠᠴᠠ ᠪᠠᠨ ᠬᠡᠲᠦᠷᠡᠲᠡᠯ᠎ᠡ ᠠᠵᠢᠯᠯᠠᠵᠤ ᠪᠠᠶᠢᠨ᠎ᠠ᠃ | ᠭᠤᠷᠪᠠᠳᠤᠭᠠᠷ ᠲᠤ᠂ ᠰᠡᠯᠪᠢᠨ ᠵᠠᠰᠠᠬᠤ ᠠᠵᠢᠯᠳᠠᠨ ᠤ ᠲᠤᠬᠢᠷᠠᠭᠤᠯᠤᠯᠳᠡ ᠪᠠ ᠮᠠᠲ᠋ᠧᠷᠢᠶᠠᠯ ᠤᠨ ᠬᠠᠩᠭᠠᠯᠭ᠎ᠠ ᠳᠤ ᠡᠳᠦᠶ | ᠲᠡᠳᠦᠶ ᠬᠦᠴᠢᠷᠳᠡᠯ ᠤᠴᠠᠷᠠᠭᠤᠯᠵᠠᠶ᠃ ᠡᠶᠢᠮᠦ ᠠᠴᠠ ᠪᠢᠳᠡᠨ ᠳᠤ ᠠᠪᠴᠤ ᠬᠡᠯᠡᠪᠡᠯ ᠨᠢᠭᠡ ᠤᠳᠠᠭᠠᠨ ᠤ ᠶᠡᠭᠡ | ᠰᠢᠯᠭᠠᠯᠲᠠ ᠪᠣᠯᠤᠨ᠎ᠠ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠮᠠᠰᠢ ᠤᠯᠠᠨ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ | ᠵᠡᠷᠭᠡ ᠪᠠᠷ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠤᠨ ᠠᠵᠢᠯᠯᠠᠭᠠᠨ ᠢ | ᠬᠠᠮᠢᠶᠠᠷᠴᠤ ᠬᠠᠮᠠᠭᠠᠯᠠᠬᠤ ᠠᠵᠢᠯ ᠢ ︽ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠥᠮ ᠴᠢᠩᠭ᠎ᠠ | ᠠᠳᠬᠤᠵᠤ︾᠂ ᠮᠠᠰᠢ ᠤᠯᠠᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠣᠲᠣ ᠪᠣᠯᠲᠠᠯ᠎ᠠ᠂ ᠶᠡᠷᠦᠩᠬᠡᠶ ᠳᠤᠨᠢ ᠠᠪᠴᠤ | ᠦᠵᠡᠪᠡᠯ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠬᠡᠪ ᠤᠨ ᠪᠠᠶᠢᠳᠠᠯ ᠢᠶᠠᠷ | ᠲᠣᠭᠲᠠᠭᠤᠨ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠨᠡᠯᠢᠶᠡᠳ ᠰᠠᠶᠢᠨ ᠤᠰᠤ ᠬᠠᠩᠭᠠᠬᠤ | ᠪᠠᠲᠤᠯᠠᠭ᠎ᠠ ᠬᠠᠩᠭᠠᠭᠰᠠᠨ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠵᠠᠯᠭᠠᠭ᠎ᠠ ᠪᠠᠷ ᠬᠤᠶᠠᠷ ᠤᠳᠠᠭ᠎ᠠ ᠪᠢᠴᠢᠭ | ᠮᠠᠲ᠋ᠧᠷᠢᠶᠠᠯ ᠪᠠᠭᠤᠯᠭᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠠᠶᠤᠯᠭᠦᠶ ᠠᠵᠢᠯᠯᠠᠭᠠᠨ ᠳᠤ | ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠡᠭᠦᠨ ᠤ ᠬᠠᠮᠲᠤ᠂ ᠪᠢᠳᠡ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠡᠰᠡᠭ ᠬᠤᠪᠢᠶᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠡᠲᠡᠭᠡᠷ | ᠱᠠᠭᠠᠷᠳᠠᠯᠭ᠎ᠠ ᠶᠢ ᠰᠢᠪᠠᠳᠠᠨ ᠰᠢᠢᠳᠪᠤᠷᠢᠯᠡᠬᠦᠯᠬᠦ ᠪᠠᠷ ᠳᠠᠮᠵᠢᠭᠤᠯᠤᠨ ᠪᠣᠳᠠᠲᠠᠶ ᠳᠤ ᠨᠠᠶᠢᠳᠠᠪᠤᠷᠢᠵᠢᠭᠤᠯᠪᠠ᠃ ᠪᠢᠳᠡ | ᠭᠤᠣᠯᠳᠠᠭᠤ ᠲᠦᠷᠪᠡᠨ ᠲᠠᠯ᠎ᠠ ᠪᠠᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠨᠢᠭᠡ ᠳᠤ ᠬᠥᠳᠡᠭᠡ | ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠤᠳᠠᠰᠤ ᠪᠠᠷ ᠰᠤᠭᠤᠴᠢᠨ ᠪᠠᠶᠢᠴᠠᠭᠠᠬᠤ᠂ ᠤᠳᠠᠰᠤ ᠪᠠᠷ ᠠᠰᠠᠭᠤᠨ | ᠯᠠᠪᠯᠠᠬᠤ ᠪᠠᠷ ᠳᠠᠮᠵᠢᠭᠤᠯᠤᠨ᠂ 6200 ᠭᠠᠷᠤᠶ ᠬᠥᠳᠡᠭᠡ ᠲᠣᠰᠬᠤᠨ ᠤ ᠮᠢᠩᠭ᠎ᠠ ᠠᠴᠠ ᠳᠡᠭᠡᠭᠰᠢᠬᠢ ᠬᠥᠮᠦᠨ ᠤ | ᠤᠰᠤᠨ ᠤ ᠦᠢᠯᠡᠳᠪᠦᠷᠢ ᠶᠢ ᠰᠤᠭᠤᠴᠢᠨ ᠪᠠᠶᠢᠴᠠᠭᠠᠵᠤ᠂ ᠵᠢᠵᠢᠭᠦᠷᠯᠡᠨ ᠰᠠᠬᠢᠵᠤ ᠪᠠᠶᠢᠬᠤ ᠡᠰᠡᠬᠦ᠂ ᠲᠡᠭᠡᠭᠡᠪᠦᠷᠢ ᠶᠢᠨ | ᠪᠠᠶᠢᠳᠠᠯ ᠨᠢ ᠬᠡᠪ ᠤᠨ ᠪᠠᠶᠢᠳᠠᠯ ᠲᠠᠢ ᠪᠠᠶᠢᠬᠤ ᠡᠰᠡᠬᠦ ᠶᠢ ᠪᠠᠶᠢᠴᠠᠭᠠᠪᠠ᠃ ᠬᠤᠶᠠᠷ ᠲᠤ ᠤᠳᠠᠰᠤ ᠪᠠᠷ 200 ᠭᠠᠷᠤᠶ | ᠰᠢᠶᠠᠨ ᠤ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠢ ᠰᠣᠩᠭᠤᠨ ᠪᠠᠶᠢᠴᠠᠭᠠᠵᠤ᠂ ᠰᠢᠶᠠᠨ ᠤ | ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠪᠠᠶᠢᠷᠢ ᠳᠤ ᠪᠠᠶᠢᠬᠤ ᠡᠰᠡᠬᠦ ᠶᠢ ᠣᠶᠢᠯᠠᠭᠠᠬᠤ ᠶᠢᠨ ᠬᠠᠮᠲᠤ ᠡᠯ᠎ᠡ | ᠱᠠᠲᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠢᠯᠡᠴᠢᠯᠡᠨ ᠮᠡᠳᠡᠭᠦᠯᠦᠯᠲᠡ ᠳᠤ ᠬᠢᠨᠠᠯᠲᠠ ᠲᠠᠯᠪᠢᠬᠤ | ᠤᠳᠠᠰᠤ ᠶᠢᠨ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠶᠢ ᠪᠠᠶᠢᠴᠠᠭᠠᠪᠠ᠃ ᠭᠤᠷᠪᠠ ᠳᠤ ᠬᠤᠶᠠᠷ ᠮᠢᠩᠭᠠᠨ | ᠡᠷᠦᠬᠡ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ | ᠰᠣᠩᠭᠤᠨ ᠪᠠᠶᠢᠴᠠᠭᠠᠵᠤ᠂ ᠤᠲᠠᠰᠤ ᠪᠠᠷ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠲᠡᠳᠡᠨ ᠤ ᠤᠤᠭᠤᠬᠤ | ᠤᠰᠤᠨ ᠤ ᠲᠠᠯ᠎ᠠ ᠪᠠᠷ ᠶᠠᠮᠠᠷ ᠠᠰᠠᠭᠤᠳᠠᠯ ᠲᠤᠯᠭᠠᠷᠠᠭᠰᠠᠨ ᠡᠰᠡᠬᠦ᠂ ᠶᠠᠮᠠᠷ ᠬᠦᠴᠢᠷᠳᠡᠯ ᠲᠤᠯᠭᠠᠷᠠᠭᠰᠠᠨ ᠡᠰᠡᠬᠦ ᠶᠢ | ᠣᠶᠢᠯᠠᠭᠠᠪᠠ᠃ ᠲᠦᠷᠪᠡ ᠳᠤ ᠤᠰᠤᠨ ᠠᠰᠢᠭᠯᠠᠯᠲᠠ ᠶᠢᠨ ᠶᠠᠮᠤᠨ ᠡᠨᠡ ᠵᠢᠯ 12314 ᠢᠯᠡᠴᠢᠯᠡᠨ ᠮᠡᠳᠡᠬᠦᠯᠵᠦ | ᠬᠢᠨᠠᠯᠲᠠ ᠲᠠᠯᠪᠢᠬᠤ ᠤᠳᠠᠰᠤ ᠶᠢ ᠨᠡᠪᠲᠡᠷᠡᠭᠦᠯᠵᠦ᠂ ᠢᠯᠡᠴᠢᠯᠡᠨ ᠮᠡᠳᠡᠬᠦᠯᠵᠦ ᠬᠢᠨᠠᠯᠲᠠ ᠲᠠᠯᠪᠢᠬᠤ ᠤᠳᠠᠰᠤ ᠪᠠᠷ | ᠳᠠᠮᠵᠢᠭᠤᠯᠤᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠤᠭᠤᠬᠤ ᠤᠰᠤᠨ ᠤ ᠲᠠᠯ᠎ᠠ ᠪᠠᠷ ᠲᠤᠰᠬᠠᠭᠰᠠᠨ | ᠵᠠᠷᠢᠮ ᠠᠰᠠᠭᠤᠳᠠᠯ ᠢ ᠥᠷᠭᠡᠨ ᠢᠶᠠᠷ ᠤᠶᠢᠯᠠᠭᠠᠨ ᠡᠵᠡᠮᠰᠢᠪᠡ᠃ ᠪᠢᠳᠡᠨ ᠤ ᠡᠯ᠎ᠡ ᠱᠠᠳᠤᠨ ᠤ ᠬᠢᠨ ᠤ | ᠣᠶᠢᠯᠠᠭᠠᠭᠰᠠᠨ ᠢᠶᠠᠷ᠂ ᠶᠡᠷᠦᠩᠬᠡᠶ ᠪᠠᠶᠢᠳᠠᠯ ᠮᠠᠰᠢ ᠰᠠᠶᠢᠨ ᠪᠠᠶᠢᠨ᠎ᠠ᠂ 95% ᠠᠴᠠ ᠳᠡᠭᠡᠭᠰᠢᠬᠢ ᠤᠰᠤ ᠬᠠᠩᠭᠠᠬᠤ | ᠢᠨᠵᠧᠨᠧᠷᠢᠩ ᠤᠨ ᠠᠵᠢᠯᠯᠠᠭᠠᠨ ᠨᠢ ᠴᠥᠮ ᠬᠡᠪ ᠤᠨ ᠪᠥᠭᠡᠳ ᠮᠠᠰᠢ ᠲᠣᠭᠲᠠᠭᠤᠨ ᠪᠠᠶᠢᠨ᠎ᠠ᠂ ᠦᠨᠳᠦᠰᠦᠨ | ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠴᠥᠮ ᠠᠵᠢᠯ ᠤᠨ ᠪᠠᠶᠢᠷᠢ ᠳᠡᠭᠡᠷ᠎ᠡ ᠪᠠᠨ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠵᠦ᠂ ᠤᠰᠤᠨ ᠤ ᠦᠢᠯᠡᠳᠪᠤᠷᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ | ᠪᠡᠶᠡᠯᠡᠭᠦᠯᠵᠦ᠂ ᠠᠶᠤᠯᠬᠦᠢ ᠠᠵᠢᠯᠯᠠᠬᠤ ᠶᠢ ᠪᠠᠲᠤᠯᠠᠵᠤ᠂ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠱᠠᠯᠠᠪᠳᠠᠨ | ᠵᠠᠰᠠᠵᠤ ᠰᠡᠯᠪᠢᠵᠦ ᠪᠠᠶᠢᠨ᠎ᠠ᠃ | ᠴᠧᠨ ᠮᠢᠩ ᠵᠥᠩ 2020 — 03 — 2615᠄ 39᠄ 51 | ᠡᠭᠦᠨ ᠤ ᠬᠠᠮᠲᠤ ᠪᠢᠳᠡ ᠪᠠᠰᠠ ᠡᠳᠦᠶ ᠲᠡᠳᠦᠶ ᠠᠰᠠᠭᠤᠳᠠᠯ ᠢ ᠣᠯᠵᠤ ᠮᠡᠳᠡᠪᠡ᠂ ᠡᠭᠦᠨ ᠳᠤ ᠭᠤᠣᠯᠳᠠᠭᠤ | ᠬᠡᠰᠡᠭ ᠭᠠᠵᠠᠷ ᠣᠷᠣᠨ ᠤ ᠬᠥᠳᠡᠭᠡ ᠲᠣᠰᠬᠤᠨ ᠳᠤ ᠰᠠᠭᠠᠳᠠᠨᠦᠯᠡᠳᠡᠵᠦ ᠪᠠᠶᠢᠭ᠎ᠠ ᠤᠰᠤ ᠬᠠᠩᠭᠠᠬᠤ ᠬᠥᠮᠦᠨ ᠠᠮᠠ | ᠨᠡᠯᠢᠶᠡᠳ ᠤᠯᠠᠨ ᠪᠠᠶᠢᠵᠤ᠂ ᠤᠰᠤ ᠬᠠᠩᠭᠠᠬᠤ ᠳᠠᠷᠤᠯᠲᠠ ᠶᠡᠭᠡ ᠠᠴᠠ ᠪᠤᠯᠵᠤ ᠤᠰᠤᠨ ᠬᠤᠭᠤᠯᠠᠶ ᠲᠡᠯᠪᠡᠷᠡᠬᠦ᠂ | ᠤᠰᠤᠨ ᠤ ᠬᠡᠮᠵᠢᠶ᠎ᠡ ᠬᠦᠷᠦᠯᠴᠡᠬᠦ ᠦᠭᠡᠢ ᠪᠣᠯᠤᠭᠰᠠᠨ ᠵᠠᠷᠢᠮ ᠠᠰᠠᠭᠤᠳᠠᠯ ᠣᠷᠣᠰᠢᠵᠤ ᠪᠠᠶᠢᠨ᠎ᠠ᠂ ᠪᠠᠰᠠ | ᠠᠷᠢᠭᠤᠳᠬᠠᠬᠤ᠂ ᠴᠡᠪᠡᠷᠰᠢᠭᠦᠯᠬᠦ ᠲᠥᠬᠦᠭᠡᠷᠦᠮᠵᠢ ᠶᠢᠨ ᠡᠮ ᠨᠠᠶᠢᠷᠠᠯᠭ᠎ᠠ ᠬᠦᠷᠦᠯᠴᠡᠬᠦ ᠦᠭᠡᠢ ᠠᠴᠠ ᠪᠣᠯᠤᠭᠰᠠᠨ ᠵᠠᠷᠢᠮ | ᠤᠰᠤᠨ ᠤ ᠴᠢᠨᠠᠷ ᠤᠨ ᠠᠰᠠᠭᠤᠳᠠᠯ ᠣᠷᠣᠰᠢᠵᠤ ᠪᠠᠶᠢᠨ᠎ᠠ᠂ ᠡᠳᠡᠭᠡᠷ ᠠᠰᠠᠭᠤᠳᠠᠯ ᠢ ᠪᠢᠳᠡ ᠴᠥᠮ ᠴᠠᠭ ᠲᠤᠬᠠᠶ ᠳᠤᠨᠢ | ᠰᠢᠢᠳᠪᠤᠷᠢᠯᠡᠬᠦ ᠶᠢ ᠲᠦᠯᠬᠢᠨ ᠠᠬᠢᠭᠤᠯᠵᠤ ᠪᠠᠶᠢᠨ᠎ᠠ᠃ ᠵᠠᠷᠢᠮ ᠨᠢ ᠦᠳᠡ ᠶᠢᠨ ᠡᠮᠦᠨ᠎ᠡ ᠠᠰᠠᠭᠤᠳᠠᠯ ᠢ ᠣᠯᠵᠤ | ᠮᠡᠳᠡᠭᠡᠳ ᠦᠳᠡ ᠶᠢᠨ ᠬᠤᠶᠢᠨ᠎ᠠ ᠴᠠᠭ ᠲᠤᠬᠠᠶ ᠳᠤᠨᠢ ᠰᠢᠢᠳᠪᠤᠷᠢᠯᠡᠭᠰᠡᠨ ᠪᠣᠯᠬᠤᠷ ᠬᠥᠳᠡᠭᠡ ᠲᠣᠰᠬᠤᠨ ᠤ ᠬᠥᠮᠦᠨ | ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠢ ᠨᠥᠯᠥᠭᠡᠯᠡᠭᠰᠡᠨ ᠦᠭᠡᠶ᠃ ᠡᠭᠦᠨ ᠠᠴᠠ ᠭᠠᠳᠠᠨ᠎ᠠ᠂ | ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠵᠠᠷᠢᠮ ᠠᠰᠠᠭᠤᠳᠠᠯ ᠣᠷᠣᠰᠢᠵᠤ ᠪᠠᠶᠢᠨ᠎ᠠ᠂ ᠪᠢᠳᠡ ᠣᠷᠣᠨ ᠪᠦᠰᠡ | ᠠᠯᠤᠰᠯᠠᠨ ᠬᠤᠯᠪᠣᠭᠠᠯᠠᠨ ᠲᠣᠬᠢᠷᠠᠭᠤᠯᠬᠤ ᠪᠠᠷ ᠳᠠᠮᠵᠢᠭᠤᠯᠤᠨ᠂ ᠰᠡᠯᠪᠢᠨ ᠵᠠᠰᠠᠬᠤ ᠡᠩᠨᠡᠭᠡ ᠶᠢᠨ ᠵᠣᠬᠢᠶᠠᠨ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠢ | ᠪᠠᠳᠤᠯᠠᠪᠠ᠃ ᠡᠯ᠎ᠡ ᠭᠠᠵᠠᠷ ᠤᠨ ᠬᠢᠨ ᠪᠠᠰᠠ ᠡᠷᠴᠢᠮ ᠢᠶᠠᠨ ᠴᠢᠩᠭᠠᠷᠠᠭᠤᠯᠵᠤ᠂ ᠵᠢᠱᠢᠶᠡᠯᠡᠪᠡᠯ ᠬᠤᠪᠸᠢ ᠮᠤᠵᠢ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠲᠣᠰ ᠪᠡᠶ᠎ᠡ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠮᠤᠷ ᠲᠦᠪᠰᠢᠨ ᠢ ᠰᠠᠶᠢᠲᠤᠷ ᠬᠢᠬᠦ ᠶᠢᠨ ᠬᠠᠮᠲᠤ᠂ 17 ᠬᠤᠲᠠ ᠵᠧᠤ ᠳᠤ ᠲᠠᠪᠤᠨ | ᠠᠵᠢᠯᠯᠠᠬᠤ ᠳᠤᠭᠤᠶᠢᠯᠠᠩ ᠪᠠᠶᠢᠭᠤᠯᠵᠤ᠂ ᠬᠡᠰᠡᠭ ᠬᠤᠪᠢᠶᠠᠨ ᠬᠠᠷᠢᠯᠴᠠᠵᠤ ᠬᠢᠨᠠᠨ ᠵᠢᠯᠣᠭᠤᠳᠴᠤ᠂ 17 ᠲᠤᠰᠬᠠᠶ | ᠣᠷᠣᠨ ᠵᠧᠤ ᠳᠤ 1132 ᠬᠥᠳᠡᠭᠡ ᠲᠣᠰᠬᠤᠨ ᠤ ᠤᠰᠤ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯᠯᠠᠬᠤ | ᠠᠩᠭᠢ ᠪᠠᠶᠢᠭᠤᠯᠵᠤ᠂ 1 ᠲᠦᠮᠡ ᠭᠠᠷᠤᠶ ᠠᠵᠢᠯᠳᠠᠨ ᠤᠰᠤ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠡᠷᠭᠢᠯᠡᠨ ᠬᠢᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠠᠪᠤᠷᠠᠵᠤ᠂ ᠵᠠᠰᠠᠨ ᠰᠡᠯᠪᠢᠬᠦ ᠠᠵᠢᠯ ᠢ 6717 ᠤᠳᠠᠭ᠎ᠠ ᠦᠷᠨᠢᠬᠦᠯᠪᠡ᠃ ᠪᠡᠭᠡᠵᠢᠩ ᠬᠤᠲᠠ ᠪᠠᠰᠠ ᠬᠥᠳᠡᠭᠡ | ᠲᠣᠰᠬᠤᠨ ᠤ ᠤᠰᠤ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠩᠭᠢ ᠶᠢ ᠵᠣᠬᠢᠶᠠᠨ ᠪᠠᠶᠢᠭᠤᠯᠵᠤ᠂ ᠮᠡᠷᠭᠡᠵᠢᠯ | ᠪᠠ ᠦᠢᠯᠡᠴᠢᠯᠡᠭᠡ ᠪᠠᠨ ᠬᠥᠳᠡᠭᠡ ᠲᠣᠰᠬᠤᠨ ᠳᠤ ᠬᠦᠷᠭᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ | ᠬᠥᠳᠡᠭᠡ ᠲᠣᠰᠬᠤᠨ ᠤ ᠤᠰᠤ ᠬᠠᠩᠭᠠᠬᠤ ᠠᠮᠤᠷ ᠲᠦᠪᠰᠢᠨ ᠢ ᠬᠠᠮᠲᠤ ᠪᠠᠷ ᠪᠠᠲᠤᠯᠠᠭᠰᠠᠨ ᠪᠠᠶᠢᠨ᠎ᠠ᠃ ᠪᠠᠶᠠᠷᠯᠠᠯ᠎ᠠ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠰᠣᠨᠢᠨ ᠮᠡᠳᠡᠭᠡᠨ ᠤ ᠰᠢᠨ᠎ᠡ ᠵᠠᠭᠤᠴᠢᠯᠠᠭᠤᠷ ᠤᠨ | ᠲᠥᠪ ᠤᠨ ᠰᠤᠷᠪᠤᠯᠵᠢᠯᠠᠭᠴᠢ 2020 — 03 — 2615᠄ 42᠄ 41 | ᠪᠢ ᠲᠥᠪ ᠲᠧᠯᠸᠢᠰ ᠤᠨ ᠰᠣᠨᠢᠨ ᠮᠡᠳᠡᠭᠡᠨ ᠤ ᠰᠦᠯᠵᠢᠶᠡᠨ ᠤ ᠨᠠᠶᠢᠵᠠ ᠶᠢ ᠲᠥᠯᠥᠭᠡᠯᠡᠨ ᠠᠰᠠᠭᠤᠯᠲᠠ | ᠠᠰᠠᠭᠤᠵᠤ ᠪᠠᠶᠢᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠮᠠᠨ ᠤ | ᠤᠯᠤᠰ ᠤᠨ ᠠᠭᠤᠷ ᠠᠮᠢᠰᠬᠤᠯ ᠤᠨ ᠪᠠᠶᠢᠳᠠᠯ ᠪᠤᠳᠤᠯᠢᠶᠠᠨᠲᠠᠶ ᠪᠠᠶᠢᠵᠤ᠂ ᠣᠷᠣᠨ ᠪᠦᠰᠡ ᠶᠢᠨ ᠴᠢᠨᠠᠷᠲᠠᠶ ᠰᠢᠷᠦᠭᠦᠨ | ᠪᠣᠷᠣᠭᠠᠨ᠂ ᠦᠶᠡᠷ ᠪᠠ ᠭᠠᠩ ᠬᠠᠭᠰᠠᠷᠠᠭᠠᠨ ᠡᠩ ᠤᠨ ᠵᠢᠯ ᠤᠨ ᠬᠢ ᠠᠴᠠ ᠬᠦᠨᠳᠦ ᠪᠣᠯᠵᠣ᠂ ᠰᠠᠪᠠ ᠭᠠᠵᠠᠷ ᠤᠨ | ᠴᠢᠨᠠᠷᠲᠠᠶ ᠶᠡᠭᠡ ᠦᠶᠡᠷ ᠭᠠᠷᠴᠤ ᠮᠡᠳᠡᠨ᠎ᠡ᠃ ᠲᠡᠭᠡᠪᠡᠯ᠂ ᠡᠨᠡ ᠵᠢᠯ ᠤᠨ ᠦᠶᠡᠷ ᠤᠨ ᠬᠤᠭᠤᠴᠠᠭ᠎ᠠ ᠤᠷᠢᠳᠴᠢᠯᠠᠨᠠ | ᠤᠤ ᠥᠬᠡᠶ ᠤᠤ︖ ᠡᠯ᠎ᠡ ᠭᠠᠵᠠᠷ ᠤᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠤᠨ ᠣᠳᠣᠬᠠᠨ ᠤ ᠠᠬᠢᠴᠠ ᠬᠢᠷᠢ | ᠵᠡᠷᠭᠡ ᠪᠠᠶᠢᠨ᠎ᠠ︖ ᠡᠭᠦᠨ ᠠᠴᠠ ᠭᠠᠳᠠᠨ᠎ᠠ ᠡᠯ᠎ᠡ ᠮᠤᠵᠢ ᠶᠢᠨ ᠦᠶᠡᠷ ᠢ ᠰᠡᠷᠭᠡᠶᠢᠯᠡᠬᠦ ᠲᠠᠢ ᠬᠤᠯᠪᠣᠭᠳᠠᠬᠤ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠠᠬᠢᠴᠠ ᠬᠡᠷᠪᠡ ᠦᠶᠡᠷ ᠠᠴᠠ ᠡᠮᠦᠨ᠎ᠡ ᠠᠵᠢᠯ ᠢᠶᠠᠨ ᠳᠠᠭᠤᠰᠬᠠᠬᠤ ᠳᠤ | ᠬᠦᠴᠢᠷᠲᠡᠶ ᠪᠤᠶᠤ ᠴᠠᠭ ᠤᠨ ᠳᠠᠷᠠᠭᠠᠯᠠᠯ ᠳᠤ ᠬᠥᠷᠬᠦ ᠥᠬᠡᠶ ᠱᠠᠭᠠᠷᠳᠠᠯᠭ᠎ᠠ ᠳᠤ ᠵᠣᠬᠢᠴᠠᠩᠭᠤᠶ ᠪᠠᠴᠢᠮ ᠪᠠᠶᠢᠳᠠᠯ ᠢ | ᠠᠷᠭᠠᠴᠠᠬᠤ ᠲᠥᠰᠦᠯ ᠪᠠᠶᠢᠨ᠎ᠠ ᠤᠤ ᠥᠬᠡᠶ ᠤᠤ︖ ᠡᠴᠦᠰ ᠲᠤ᠂ ᠡᠨᠡ ᠤᠳᠠᠭᠠᠨ ᠤ ᠬᠢᠵᠢᠭ ᠤᠨ ᠪᠠᠶᠢᠳᠠᠯ ᠨᠢ | ᠬᠤᠪᠸᠢ ᠶᠢᠨ ᠦᠶᠡᠷ ᠢ ᠰᠡᠷᠭᠡᠶᠢᠯᠡᠬᠦ ᠳᠤ ᠶᠠᠮᠠᠷ ᠶᠠᠮᠠᠷ ᠥᠷᠢᠰᠥᠯᠳᠦᠭᠡᠨ ᠲᠤᠯᠭᠠᠷᠠᠭᠰᠠᠨ ᠪᠤᠶ︖ ᠬᠤᠪᠧᠶ ᠶᠢᠨ | ᠦᠶᠡᠷ ᠢ ᠰᠡᠷᠭᠡᠶᠢᠯᠡᠵᠦ ᠪᠡᠯᠡᠳᠬᠡᠬᠦ ᠠᠵᠢᠯ ᠤᠨ ᠣᠳᠣᠬᠠᠨ ᠤ ᠠᠬᠢᠴᠠ ᠬᠢᠷᠢ ᠵᠡᠷᠭᠡ ᠪᠠᠶᠢᠭ᠎ᠠ ᠪᠤᠢ︖ ᠪᠠᠶᠠᠷᠯᠠᠯ᠎ᠠ᠃ | ᠲᠢᠶᠠᠨ ᠢ ᠲᠠᠩ 2020-03-2615: 49: 36 | ᠲᠠᠨ ᠤ ᠳᠤᠷᠠᠳᠤᠭᠰᠠᠨ ᠠᠰᠠᠭᠤᠳᠠᠯ ᠳᠤ ᠲᠠᠯᠠᠷᠬᠠᠵᠤ ᠪᠠᠶᠢᠨ᠎ᠠ᠂ ᠮᠠᠨ ᠤ ᠦᠶᠡᠷ ᠢ ᠰᠡᠷᠭᠡᠶᠢᠯᠡᠬᠦ ᠠᠵᠢᠯ ᠢ | ᠬᠠᠯᠠᠮᠵᠢᠯᠠᠭᠰᠠᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ ᠣᠨᠴᠠᠭᠠᠶ ᠭᠠᠵᠠᠷ ᠵᠦᠶ ᠶᠢᠨ ᠠᠭᠤᠷ ᠠᠮᠢᠰᠬᠤᠯ ᠤᠨ | ᠰᠢᠯᠲᠠᠭᠠᠨ ᠠᠴᠠ ᠪᠣᠯᠵᠣ᠂ ᠮᠠᠨ ᠤ ᠤᠯᠤᠰ ᠪᠣᠯ ᠤᠰᠤ ᠭᠠᠩ ᠤᠨ ᠭᠠᠮᠰᠢᠭ ᠨᠡᠯᠢᠶᠡᠳ ᠬᠦᠨᠳᠦ ᠨᠣᠴᠢᠲᠠᠶ ᠤᠯᠤᠰ | ᠲᠤ ᠪᠠᠭᠳᠠᠵᠤ᠂ ᠤᠰᠤ ᠭᠠᠩ ᠤᠨ ᠭᠠᠮᠰᠢᠭ ᠤᠨ ᠬᠤᠬᠢᠷᠠᠯ ᠨᠢ ᠪᠥᠬᠦ ᠪᠠᠶᠢᠭᠠᠯᠢ ᠶᠢᠨ ᠭᠠᠮᠰᠢᠭ ᠤᠨ ᠬᠤᠬᠢᠷᠠᠯ ᠤᠨ | 70% ᠣᠷᠴᠢᠮ ᠢ ᠡᠵᠡᠯᠡᠵᠦ ᠪᠠᠶᠢᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠠᠭᠤᠷ ᠠᠮᠢᠰᠬᠤᠯ ᠤᠨ | ᠵᠢᠯ ᠤᠨ ᠪᠠᠶᠢᠳᠠᠯ ᠮᠥᠨ ᠯᠡ ᠵᠥᠷᠢᠶ᠎ᠡ ᠲᠠᠢ ᠪᠠᠶᠢᠵᠤ᠂ ᠲᠦᠢᠯ ᠤᠨ ᠶᠡᠭᠡ ᠴᠠᠭ ᠠᠭᠤᠷ ᠤᠨ ᠬᠡᠷᠡᠭ ᠣᠯᠠᠨ ᠭᠠᠷᠴᠤ | ᠮᠡᠳᠡᠨ᠎ᠡ᠂ ᠡᠭᠦᠨ ᠤ ᠳᠡᠭᠡᠷ᠎ᠡ ᠶᠠᠭ ᠲᠠᠨ ᠤ ᠬᠡᠯᠡᠭᠰᠡᠨᠴᠢᠯᠡᠨ᠂ ᠣᠯᠠᠨ ᠵᠢᠯ ᠶᠡᠭᠡ ᠤᠰᠤ ᠢᠷᠡᠭᠡ ᠦᠭᠡᠢ ᠪᠠᠶᠢᠵᠤ᠂ | ᠡᠨᠡ ᠵᠢᠯ ᠬᠠᠷᠢᠨ ᠶᠡᠭᠡ ᠦᠶᠡᠷ ᠭᠠᠷᠴᠤ ᠮᠡᠳᠡᠨ᠎ᠡ᠂ ᠡᠰᠡᠬᠦᠯ᠎ᠡ ᠨᠢᠭᠡ ᠰᠠᠪᠠ ᠭᠠᠵᠠᠷ ᠪᠤᠶᠤ ᠬᠡᠳᠦᠨ ᠰᠠᠪᠠ | ᠭᠠᠵᠠᠷ ᠲᠤ ᠵᠡᠷᠭᠡᠪᠡᠷ ᠶᠡᠭᠡ ᠦᠶᠡᠷ ᠭᠠᠷᠴᠤ ᠮᠡᠳᠡᠨ᠎ᠡ᠃ ᠡᠶᠢᠮᠦᠷᠬᠦᠦ ᠪᠠᠶᠢᠳᠠᠯ ᠢ ᠠᠷᠭᠠᠴᠠᠵᠤ᠂ ᠡᠨᠡ ᠵᠢᠯ ᠤᠨ | ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠢ ᠶᠢᠨ ᠫᠢᠩ ᠶᠡᠷᠦᠩᠬᠡᠶ ᠱᠦᠵᠢ ᠶᠢᠨ | ᠱᠠᠭᠠᠷᠳᠠᠯᠭ᠎ᠠ ᠶᠣᠰᠣᠭᠠᠷ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠪᠠ ᠬᠢᠵᠠᠭᠠᠷ | ᠱᠤᠭᠤᠮ ᠤᠨ ᠰᠡᠳᠬᠢᠬᠦᠶ ᠶᠢ ᠪᠤᠢ ᠪᠣᠯᠭᠠᠬᠤ ᠬᠡᠷᠡᠭᠲᠡᠶ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠤ ᠠᠪᠴᠤ | ᠬᠡᠯᠡᠪᠡᠯ᠂ ᠳᠠᠷᠤᠶ ᠤᠰᠤ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠬᠢᠵᠠᠭᠠᠷ ᠱᠤᠭᠤᠮ ᠢ ᠪᠠᠲᠤ ᠰᠠᠬᠢᠬᠤ | ᠬᠡᠷᠡᠭᠲᠡᠶ᠃ | ᠲᠢᠶᠠᠨ ᠢ ᠲᠠᠩ 2020-03-2615: 55: 24 | ᠤᠰᠤᠨ ᠠᠰᠢᠭᠯᠠᠯᠲᠠ ᠶᠢᠨ ᠶᠠᠮᠤᠨ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ | ᠲᠥᠯᠥᠭᠡ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠪᠠ᠃ ᠨᠢᠭᠡ ᠳᠤ ᠪᠠᠷᠢᠮᠵᠢᠶ᠎ᠠ ᠠᠴᠠ | ᠬᠡᠲᠦᠷᠡᠭᠰᠡᠨ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠪᠡ᠃ ᠤᠯᠠᠨ ᠤ | ᠮᠡᠳᠡᠭᠡᠵᠢ ᠪᠠᠷ᠂ 70 ᠵᠢᠯ ᠤᠨ ᠪᠦᠳᠦᠭᠡᠨ ᠪᠠᠶᠢᠭᠤᠯᠤᠯᠲᠠ ᠪᠠᠷ ᠳᠠᠮᠵᠢᠭᠠᠳ᠂ ᠮᠠᠨ ᠤ ᠤᠯᠤᠰ ᠤᠨ ᠦᠶᠡᠷ ᠢ | ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠨᠢᠭᠡᠨᠲᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ | ᠡᠭᠦᠰᠦᠭᠰᠡᠨ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠵᠤ᠂ ᠡᠨᠡ ᠬᠦ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ | ᠬᠡᠷᠪᠡ ᠤᠳᠤ ᠶᠢᠨ ᠪᠠᠷᠢᠯᠭ᠎ᠠ ᠶᠢᠨ ᠪᠠᠷᠢᠮᠵᠢᠶ᠎ᠠ ᠠᠴᠠ ᠬᠡᠲᠦᠷᠡᠭᠦᠯᠪᠡᠯ᠂ ᠦᠶᠡᠷ ᠤᠨ ᠤᠰᠤ ᠶᠢ ᠰᠡᠷᠭᠡᠶᠢᠯᠡᠬᠦ ᠳᠤ | ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠠᠪᠬᠤ ᠬᠡᠷᠡᠭᠲᠡᠶ᠂ ᠡᠶᠢᠮᠦ ᠠᠴᠠ ᠤᠰᠤᠨ ᠠᠰᠢᠭᠯᠠᠯᠲᠠ ᠶᠢᠨ | ᠶᠠᠮᠤᠨ ᠠᠴᠠ ᠡᠨᠡ ᠵᠢᠯ ᠪᠤᠢ ᠪᠦᠬᠦᠢ ᠶᠡᠭᠡ ᠭᠤᠣᠯ ᠮᠥᠷᠡᠨ ᠪᠠ ᠴᠢᠬᠤᠯᠠ ᠰᠠᠯᠪᠤᠷᠢ ᠤᠷᠤᠰᠬᠠᠯ᠂ ᠦᠶᠡᠷ ᠢ | ᠰᠡᠷᠭᠡᠶᠢᠯᠡᠬᠦ ᠡᠭᠦᠷᠭᠡ ᠲᠠᠢ ᠰᠢᠶᠠᠨ ᠤ ᠱᠠᠲᠤᠨ ᠠᠴᠠ ᠳᠡᠭᠡᠭᠰᠢᠬᠢ ᠬᠤᠳᠠ ᠳᠤ ᠴᠥᠮ ᠪᠠᠷᠢᠮᠵᠢᠶ᠎ᠠ ᠠᠴᠠ ᠬᠡᠲᠦᠷᠡᠭᠰᠡᠨ | ᠦᠶᠡᠷ ᠤᠨ ᠤᠰᠤ ᠶᠢ ᠰᠡᠷᠭᠡᠶᠢᠯᠡᠬᠦ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠬᠡᠷᠡᠭᠲᠡᠶ ᠭᠡᠵᠦ ᠱᠠᠭᠠᠷᠳᠠᠪᠠ᠃ | ᠡᠭᠦᠨ ᠤ ᠭᠤᠣᠯᠳᠠᠯᠭ᠎ᠠ ᠨᠢ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠠᠪᠤᠳᠠᠯ ᠪᠣᠯᠤᠨ᠎ᠠ᠃ | ᠬᠤᠶᠠᠷ ᠲᠤ ᠤᠰᠤᠨ ᠴᠥᠭᠦᠷᠥᠮ ᠤᠨ ᠦᠶᠡᠷ ᠢ ᠥᠩᠭᠡᠷᠡᠭᠦᠯᠬᠦ ᠠᠮᠤᠷ ᠲᠦᠪᠰᠢᠨ ᠢ ᠪᠠᠲᠤᠯᠠᠨ᠎ᠠ᠃ ᠮᠠᠨ ᠤ | ᠤᠯᠤᠰ ᠲᠤ 98000 ᠭᠠᠷᠤᠶ ᠤᠰᠤᠨ ᠴᠥᠭᠦᠷᠥᠮ ᠲᠠᠢ᠂ ᠡᠭᠦᠨ ᠤ ᠳᠣᠲᠣᠷ᠎ᠠ ᠲᠤᠮᠤ ᠳᠤᠮᠳᠠ ᠬᠡᠯᠪᠡᠷᠢ ᠶᠢᠨ | ᠤᠰᠤᠨ ᠴᠥᠭᠦᠷᠥᠮ 4000 ᠭᠠᠷᠤᠶ ᠪᠠᠶᠢᠨ᠎ᠠ᠃ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠨᠢ ᠨᠢᠭᠡ | ᠲᠠᠯ᠎ᠠ ᠪᠠᠷ ᠪᠠᠷᠢᠯᠭ᠎ᠠ ᠶᠢᠨ ᠲᠤᠰ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠨᠦᠬᠦᠭᠡ ᠲᠠᠯ᠎ᠠ ᠪᠠᠷ ᠪᠠᠰᠠ | ᠦᠶᠡᠷ ᠢ ᠰᠡᠷᠭᠡᠶᠢᠯᠡᠬᠦ ᠴᠢᠳᠠᠪᠤᠷᠢ ᠪᠠᠨ ᠪᠠᠳᠠᠷᠠᠭᠤᠯᠵᠤ᠂ ᠬᠥᠮᠥᠷᠭᠡ ᠶᠢ ᠤᠷᠢᠳᠴᠢᠯᠠᠨ ᠭᠤᠭᠤᠵᠢᠭᠤᠯᠵᠤ᠂ ᠦᠶᠡᠷ ᠢ | ᠬᠠᠰᠢᠬᠤ ᠤᠷᠬᠢᠯ ᠬᠤᠭᠤᠴᠠᠭ᠎ᠠ ᠶᠢ ᠵᠥᠷᠢᠭᠦᠯᠦᠨ᠂ ᠳᠤᠤᠷᠠᠳᠤ ᠤᠷᠤᠰᠬᠠᠯ ᠤᠨ ᠦᠶᠡᠷ ᠢ ᠰᠡᠷᠭᠡᠶᠢᠯᠡᠬᠦ ᠠᠮᠤᠷ | ᠲᠦᠪᠰᠢᠨ ᠳᠤ ᠪᠠᠲᠤᠯᠠᠭ᠎ᠠ ᠬᠠᠩᠭᠠᠬᠤ ᠪᠤᠯᠤᠨ᠎ᠠ᠃ ᠡᠭᠦᠨ ᠠᠴᠠ ᠭᠠᠳᠠᠨ᠎ᠠ ᠪᠠᠰᠠ 94000 ᠭᠠᠷᠤᠶ ᠵᠢᠵᠢᠭ | ᠬᠡᠯᠪᠡᠷᠢ ᠶᠢᠨ ᠤᠰᠤᠨ ᠴᠥᠭᠦᠷᠥᠮ ᠪᠠᠶᠢᠨ᠎ᠠ᠃ ᠣᠯᠠᠩᠬᠢ ᠶᠢ ᠨᠢ ᠪᠦᠷ ᠳᠡᠭᠡᠷ᠎ᠡ ᠵᠠᠭᠤᠨ ᠤ ᠵᠢᠷᠠ ᠳᠠᠯᠠᠭᠠᠳ ᠣᠨ ᠤ | ᠦᠶ᠎ᠡ ᠳᠤ ᠪᠠᠶᠢᠭᠤᠯᠤᠭᠰᠠᠨ ᠶᠤᠮ᠂ ᠰᠡᠷᠭᠡᠶᠢᠯᠡᠯᠲᠡ ᠶᠢᠨ ᠪᠠᠷᠢᠮᠵᠢᠶ᠎ᠠ ᠨᠢ ᠥᠨᠳᠥᠷ ᠪᠢᠰᠢ᠂ ᠴᠥᠭᠦᠷᠥᠮ ᠤᠨ | ᠪᠠᠭᠲᠠᠭᠠᠮᠵᠢ ᠨᠢ ᠨᠡᠯᠢᠶᠡᠳ ᠪᠠᠭ᠎ᠠ᠂ ᠬᠡᠷᠪᠡ ᠶᠡᠭᠡ ᠦᠶᠡᠷ ᠢᠷᠡᠬᠦ ᠳᠤ ᠬᠦᠷᠪᠡᠯ ᠬᠠᠰᠢᠯᠭ᠎ᠠ ᠲᠠᠪᠠᠭ᠋ᠤ ᠪᠤᠶᠤ | ᠬᠠᠰᠢᠯᠭ᠎ᠠ ᠶᠢ ᠰᠡᠲᠡᠯᠬᠦ ᠠᠶᠤᠯ ᠲᠠᠢ ᠪᠠᠶᠢᠵᠤ ᠮᠡᠳᠡᠨ᠎ᠡ᠂ ᠡᠶᠢᠮᠦ ᠠᠴᠠ ᠵᠢᠵᠢᠭ ᠬᠡᠯᠪᠡᠷᠢ ᠶᠢᠨ ᠤᠰᠤᠨ ᠴᠥᠭᠦᠷᠥᠮ ᠨᠢ | ᠭᠤᠣᠯᠳᠠᠭᠤ ᠲᠤᠰ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠳᠤᠤᠷᠠᠳᠤ ᠤᠷᠤᠰᠬᠠᠯ ᠤᠨ ᠨᠥᠯᠥᠭᠡᠯᠡᠬᠦ | ᠬᠡᠪᠴᠢᠶᠡᠨ ᠳᠠᠬᠢ ᠬᠥᠮᠦᠰ ᠲᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠬᠥᠮᠦᠰ ᠢ ᠰᠢᠯᠵᠢᠭᠦᠯᠬᠦ | ᠪᠡᠯᠡᠳᠬᠡᠯ ᠲᠥᠰᠦᠯ ᠢ ᠰᠠᠶᠢᠲᠤᠷ ᠬᠢᠵᠦ᠂ ᠳᠤᠤᠷᠠᠳᠤ ᠤᠷᠤᠰᠬᠠᠯ ᠤᠨ ᠬᠥᠮᠦᠰ ᠤᠨ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠡᠶ᠃ ᠭᠤᠷᠪᠠ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ | ᠴᠢᠩᠭᠠᠳᠬᠠᠨ᠎ᠠ᠃ ᠮᠠᠨ ᠤ ᠤᠯᠤᠰ ᠤᠨ ᠠᠭᠤᠯᠠᠨ ᠦᠶᠡᠷ ᠤᠨ ᠭᠠᠮᠰᠢᠭ ᠲᠤ ᠨᠥᠯᠥᠭᠡᠯᠡᠭᠳᠡᠭᠰᠡᠨ ᠭᠠᠵᠠᠷ ᠣᠷᠣᠨ | ᠲᠦᠢᠯ ᠤᠨ ᠶᠡᠭᠡ᠂ 386 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 3 ᠳ᠋ᠦᠩᠰᠢᠭᠤᠷ ᠰᠢᠬᠠᠮ | ᠬᠥᠮᠦᠨ᠂ 2076 ᠰᠢᠶᠠᠨ ᠳᠤ ᠬᠤᠯᠪᠣᠭᠳᠠᠵᠤ᠂ ᠦᠶᠡᠷ ᠤᠰᠤᠲᠤᠯ ᠤᠨ ᠭᠠᠮᠰᠢᠭ ᠤᠨ ᠬᠥᠮᠦᠨ ᠠᠮᠠ ᠶᠢᠨ ᠦᠬᠦᠯ | ᠰᠢᠷᠬᠠᠲᠤᠯ ᠤᠨ ᠳᠣᠲᠣᠷᠠᠬᠢ 70% ᠨᠢ ᠴᠥᠮ ᠠᠭᠤᠯᠠᠨ ᠦᠶᠡᠷ ᠤᠨ ᠭᠠᠮᠰᠢᠭ ᠠᠴᠠ ᠪᠣᠯᠤᠭᠰᠠᠨ ᠶᠤᠮ᠃ | ᠠᠭᠤᠯᠠᠨ ᠦᠶᠡᠷ ᠤᠨ ᠭᠠᠮᠰᠢᠭ ᠲᠤ ᠬᠤᠶᠠᠷ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠂ | ᠨᠢᠭᠡ ᠨᠢ ᠠᠭᠤᠯᠠᠨ ᠦᠶᠡᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠂ | ᠰᠢᠷᠦᠭᠦᠨ ᠪᠣᠷᠣᠭᠠᠨ ᠣᠷᠣᠮᠠᠭᠴᠠ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠶ᠃ | ᠬᠤᠶᠠᠳᠤᠭᠠᠷ ᠲᠤ᠂ ᠲᠤᠤᠷᠴᠢᠯᠠᠭᠰᠠᠨ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ | ᠬᠠᠷᠢᠭᠤᠴᠠᠯᠭ᠎ᠠ ᠶᠢᠨ ᠰᠢᠰᠲ᠋ᠧᠮ ᠢ ᠰᠠᠶᠢᠲᠤᠷ ᠬᠢᠵᠦ᠂ ᠨᠢᠭᠡ ᠲᠣᠰᠬᠤᠨ ᠢ ᠴᠤ ᠣᠷᠬᠢᠭᠳᠠᠭᠤᠯᠵᠤ ᠪᠣᠯᠬᠤ ᠦᠭᠡᠢ᠂ | ᠨᠢᠭᠡ ᠡᠷᠦᠬᠡ ᠶᠢ ᠴᠦ ᠣᠷᠬᠢᠭᠳᠠᠭᠤᠯᠵᠤ ᠪᠣᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠵᠤ ᠪᠣᠯᠬᠤ ᠦᠭᠡᠢ᠃ | ᠲᠤᠤᠷᠴᠢᠯᠠᠭᠰᠠᠨ ᠬᠠᠮᠢᠶᠠᠷᠤᠯᠲᠠ ᠶᠢ ᠪᠠᠶᠢᠭᠤᠯᠵᠤ᠂ ᠠᠭᠤᠯᠠᠨ ᠦᠶᠡᠷ ᠢᠷᠡᠪᠡᠯ ᠤᠯᠠᠨ ᠢ ᠴᠠᠭ ᠲᠤᠬᠠᠢ ᠳᠤᠨᠢ | ᠰᠢᠯᠵᠢᠭᠦᠯᠦᠨ ᠭᠠᠷᠭᠠᠵᠤ ᠴᠢᠳᠠᠨ᠎ᠠ᠃ ᠡᠨᠡ ᠵᠢᠯ ᠪᠢᠳᠡ ᠪᠠᠰᠠ ᠠᠵᠤ ᠦᠢᠯᠡᠳᠪᠦᠷᠢ ᠪᠣᠯᠤᠨ ᠮᠡᠳᠡᠭᠡ | ᠵᠠᠩᠭᠢᠵᠢᠯᠲᠠ ᠶᠢᠨ ᠶᠠᠮᠤᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠤᠷᠪᠠᠨ ᠲᠤᠮᠤ ᠡᠵᠡᠩᠨᠡᠯᠲᠡ ᠶᠢᠨ | ᠬᠤᠳᠠᠯᠳᠤᠭᠠᠴᠢᠨ ᠳᠤ ᠲᠦᠰᠢᠭᠯᠡᠨ ᠨᠡᠶᠢᠭᠡᠮ ᠤᠨ ᠤᠯᠠᠨ ᠨᠡᠶᠢᠲᠡ᠂ ᠭᠠᠳᠠᠨ᠎ᠠ ᠠᠴᠠ ᠢᠷᠡᠭᠰᠡᠨ ᠬᠥᠮᠦᠰ ᠲᠤ | ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠬᠦᠨ ᠢ | ᠬᠠᠮᠤᠷᠬᠤ ᠶᠢ ᠴᠢᠷᠮᠠᠶᠢᠨ ᠪᠡᠶᠡᠯᠡᠭᠦᠯᠦᠨ᠎ᠡ᠃ ᠥᠩᠭᠡᠷᠡᠭᠰᠡᠨ ᠳᠤ ᠵᠠᠷᠢᠮ ᠵᠤᠭᠠᠴᠠᠭᠰᠠᠳ ᠡᠳᠡᠭᠡᠷ ᠮᠡᠳᠡᠭᠡ ᠵᠠᠩᠭᠢ ᠶᠢ | ᠬᠤᠷᠢᠶᠠᠨ ᠤᠯᠵᠤ ᠲᠡᠶᠢᠯᠬᠦ ᠦᠭᠡᠢ ᠪᠠᠶᠢᠪᠠ᠂ ᠡᠨᠡ ᠵᠢᠯ ᠪᠢᠳᠡ ᠡᠨᠡ ᠲᠠᠯ᠎ᠠ ᠪᠠᠷ ᠤᠯᠠᠮ ᠨᠢᠭᠡ ᠠᠯᠬᠤᠮ ᠬᠠᠯᠠᠨ | ᠰᠠᠶᠢᠵᠢᠷᠠᠭᠤᠯᠤᠨ᠎ᠠ᠃ ᠪᠠᠭᠴᠠᠯᠠᠭᠠᠳ ᠬᠡᠯᠡᠪᠡᠯ᠂ ᠡᠳᠡᠭᠡᠷ ᠠᠷᠭ᠎ᠠ ᠬᠡᠮᠵᠢᠶ᠎ᠡ ᠨᠢ ᠴᠥᠮ ᠠᠷᠠᠳ ᠤᠯᠠᠨ ᠤ ᠠᠮᠢ | ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠶᠤᠮ᠃ ᠪᠠᠶᠠᠷᠯᠠᠯ᠎ᠠ᠃ | ᠡᠳᠦᠷ ᠪᠦᠷᠢ ᠶᠢᠨ ᠠᠵᠤ ᠠᠬᠤᠶ ᠶᠢᠨ ᠰᠣᠨᠢᠨ ᠮᠡᠳᠡᠭᠡᠨ ᠤ ᠰᠤᠷᠪᠤᠯᠵᠢᠯᠠᠭᠴᠢ 2020 — 03 — | 2615᠄ 56᠄ 04 | ᠥᠴᠥᠭᠡᠳᠦᠷ ᠤᠰᠤᠨ ᠠᠰᠢᠭᠯᠠᠯᠲᠠ ᠶᠢᠨ ᠶᠠᠮᠤᠨ 2020 ᠣᠨ ᠤ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠵᠤ᠂ | ᠡᠭᠦᠨ ᠳᠤ 2020 ᠣᠨ ᠳᠤ ᠠᠷᠪᠠ ᠣᠷᠴᠢᠮ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠳᠤᠷᠠᠳᠤᠭᠰᠠᠨ ᠪᠠᠶᠢᠨ᠎ᠠ᠃ ᠲᠡᠭᠡᠪᠡᠯ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠡᠮᠦᠨᠡᠲᠦ ᠶᠢᠨ ᠤᠰᠤ ᠶᠢ ᠤᠮᠠᠷᠠᠰᠢ | ᠲᠠᠲᠠᠬᠤ᠂ ᠳ᠋ᠠ ᠲᠧᠩ ᠰᠢᠶᠠ ᠬᠠᠪᠴᠢᠯ᠂ ᠬᠥᠬᠡᠮᠥ᠋ᠷᠡᠨ ᠢ ᠲᠠᠲᠠᠵᠤ ᠬᠤᠸᠠᠢ ᠾᠧ ᠭᠤᠤᠯ ᠢ ᠲᠤᠰᠠᠯᠠᠬᠤ ᠵᠡᠷᠭᠡ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠳᠤ ᠨᠥᠯᠥᠭᠡ ᠶᠡᠭᠡ ᠤᠤ︖ ᠣᠳᠣᠬᠠᠨ ᠳᠤ ᠡᠳᠡᠭᠡᠷ | ᠲᠦᠷᠦᠯ ᠵᠦᠢᠯᠡᠰ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠨᠢ ᠶᠠᠮᠠᠷ ᠪᠤᠢ︖ | ᠸᠠᠩ ᠱᠧᠩ ᠸᠠᠨ 2020-03-26 15: 56: 29 | ᠠᠰᠠᠭᠤᠯᠳᠠ ᠲᠤᠷᠠᠳᠤᠭᠰᠠᠨ ᠲᠠᠨ ᠳᠤ ᠲᠠᠯᠠᠷᠬᠠᠵᠤ ᠪᠠᠢᠨ᠎ᠠ᠃ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠭᠳᠡᠵᠦ᠂ ᠢᠯᠠᠩᠭᠤᠶ᠎ᠠ ᠡᠮᠦᠨᠡᠲᠦ | ᠣᠷᠣᠨ᠂ ᠬᠤᠪᠸᠢ ᠮᠤᠵᠢ ᠶᠢᠨ ᠲᠥᠷᠥᠯ ᠵᠦᠶ᠋ᠯ ᠤᠨ ᠨᠥᠯᠥᠭᠡ ᠨᠢ ᠨᠡᠯᠢᠶᠡᠳ ᠶᠡᠭᠡ ᠪᠠᠶᠢᠵᠤ᠂ ᠠᠵᠢᠯ ᠢᠶᠠᠨ | ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠴᠠᠭ ᠨᠢ ᠡᠩ ᠤᠨ ᠵᠢᠯ ᠤᠨ ᠬᠢ ᠠᠴᠠ ᠢᠯᠡᠳᠲᠡ ᠬᠤᠶᠢᠰᠢᠯᠠᠵᠤ᠂ | ᠪᠥᠲᠥᠭᠡᠨ ᠪᠠᠶᠢᠭᠤᠯᠤᠯᠲᠠ ᠶᠢᠨ ᠠᠬᠢᠴᠠ ᠨᠢ ᠴᠦ 1 ᠠᠴᠠ 2 ᠰᠠᠷ᠎ᠠ ᠬᠤᠶᠢᠰᠢᠯᠠᠭᠰᠠᠨ ᠪᠠᠶᠢᠨ᠎ᠠ᠃ ᠤᠮᠠᠷᠠᠲᠤ | ᠣᠷᠣᠨ ᠤ ᠲᠥᠷᠥᠯ ᠵᠤᠶᠢᠯ ᠨᠢ ᠡᠪᠦᠯ ᠤᠨ ᠤᠯᠠᠷᠢᠯ ᠤᠨ ᠠᠵᠢᠯ ᠵᠣᠭᠰᠣᠭᠰᠠᠨ ᠴᠠᠭ ᠨᠢ ᠨᠡᠯᠢᠶᠡᠳ ᠣᠷᠳᠣ ᠪᠣᠯᠬᠤᠷ᠂ | ᠭᠥᠷᠳᠡᠬᠦ ᠨᠥᠯᠥᠭᠡ ᠨᠢ ᠬᠠᠷᠢᠴᠠᠩᠭᠤᠶ ᠪᠠᠷ ᠨᠡᠯᠢᠶᠡᠳ ᠪᠠᠭ᠎ᠠ ᠰᠢᠭ᠋ ᠪᠠᠶᠢᠳᠠᠭ᠃ ᠭᠡᠪᠡᠴᠦ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ | ᠳᠤ ᠦᠵᠡᠬᠦᠯᠦᠭᠰᠡᠨ ᠨᠦᠯᠦᠭᠡᠯᠡᠯ ᠪᠤᠯ ᠲᠦᠷ ᠴᠠᠭ ᠤᠨ ᠶᠤᠮ᠂ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠳᠠᠯ ᠨᠢ ᠨᠡᠯᠢᠶᠡᠳ ᠰᠠᠶᠢᠨ ᠪᠠᠶᠢᠬᠤ ᠶᠢ ᠪᠢᠳᠡ | ᠣᠯᠵᠤ ᠦᠵᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠦᠷᠭᠦᠯᠵᠢᠯᠡᠨ | ᠰᠠᠶᠢᠵᠢᠷᠠᠬᠤ ᠶᠢ ᠳᠠᠭᠠᠯᠳᠤᠨ᠂ ᠠᠵᠤ ᠠᠬᠤᠶᠢᠯᠠᠯ ᠢᠯᠠᠩᠭᠤᠶ᠎ᠠ ᠦᠢᠯᠡᠳᠪᠦᠷᠢᠯᠡᠯ ᠤᠨ ᠠᠵᠤ ᠠᠬᠤᠶᠢᠯᠠᠯ ᠪᠦᠬᠦ | ᠲᠠᠯ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠭᠠᠯᠳᠤᠨ᠂ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠬᠢᠵᠠᠭᠠᠷᠯᠠᠵᠤ ᠪᠠᠶᠢᠭ᠎ᠠ ᠵᠠᠷᠢᠮ ᠡᠯᠧᠮᠧᠨ᠋ᠲ᠂ ᠲᠦᠭᠵᠢᠷᠡᠯ ᠤᠨ ᠴᠡᠭ ᠪᠠ | ᠲᠠᠰᠤᠷᠬᠠᠶ ᠴᠡᠭ ᠤᠨ ᠠᠰᠠᠭᠤᠳᠠᠯ ᠤᠳ ᠠᠯᠬᠤᠮ ᠠᠯᠬᠤᠮ ᠢᠶᠠᠷ ᠰᠢᠢᠳᠪᠤᠷᠢᠯᠡᠭᠳᠡᠪᠡ᠃ ᠡᠭᠦᠨ ᠤ ᠬᠠᠮᠳᠤ ᠤᠳᠤ | ᠦᠶᠡᠷ ᠤᠨ ᠬᠤᠭᠤᠴᠠᠭ᠎ᠠ ᠠᠴᠠ ᠡᠮᠦᠨᠡᠬᠢ ᠪᠠᠷᠢᠯᠭ᠎ᠠ ᠪᠠᠷᠢᠬᠤ ᠰᠢᠵᠢᠷ ᠠᠯᠳᠠᠨ ᠴᠠᠭ ᠦᠶ᠎ᠡ ᠳᠤ ᠤᠷᠤᠭᠰᠠᠨ ᠠᠴᠠ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠢᠯᠡᠳᠲᠡ | ᠲᠦᠷᠭᠡᠳᠴᠦ᠂ ᠤᠳᠤ 101 ᠵᠦᠢᠯ ᠤᠨ ᠪᠠᠷᠢᠯᠭ᠎ᠠ ᠶᠢ ᠨᠢᠭᠡᠨᠲᠡ ᠰᠡᠷᠭᠦᠭᠡᠭᠰᠡᠨ ᠪᠠᠶᠢᠨ᠎ᠠ ᠭᠡᠵᠦ ᠡᠮᠦᠨ᠎ᠡ ᠪᠠᠰᠠ | ᠬᠡᠯᠡᠭᠰᠡᠨ ᠪᠢᠯᠡ᠃ ᠡᠶᠢᠮᠦ ᠠᠴᠠ ᠵᠣᠬᠢᠴᠠᠭᠤᠯᠤᠨ ᠲᠣᠬᠢᠷᠠᠭᠤᠯᠬᠤ ᠶᠢ ᠴᠢᠩᠭᠠᠳᠬᠠᠬᠤ᠂ ᠪᠠᠷᠢᠯᠭ᠎ᠠ ᠶᠢᠨ ᠠᠵᠢᠯ ᠤᠨ | ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠬᠦ᠂ ᠡᠬᠢ ᠪᠠᠶᠠᠯᠢᠭ ᠤᠨ ᠣᠷᠣᠭᠤᠯᠤᠯᠲᠠ ᠶᠢ ᠨᠡᠮᠡᠭᠳᠡᠭᠦᠯᠬᠦ᠂ | ᠲᠤᠬᠠᠶᠢᠯᠠᠪᠠᠯ ᠬᠥᠳᠡᠯᠮᠦᠷᠢ ᠶᠢᠨ ᠬᠦᠴᠦ ᠵᠡᠷᠭᠡ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠬᠤᠶᠢᠰᠢᠯᠠᠭᠰᠠᠨ | ᠪᠠᠷᠢᠯᠭ᠎ᠠ ᠶᠢᠨ ᠬᠤᠭᠤᠴᠠᠭ᠎ᠠ ᠶᠢ ᠬᠥᠭᠡᠭᠡᠵᠦ ᠭᠦᠢᠴᠡᠬᠦ ᠨᠥᠬᠦᠴᠡᠯ ᠲᠠᠢ ᠶᠤᠮ᠃ ᠰᠠᠶ᠋ᠢ ᠶᠢᠨ ᠳᠤᠷᠠᠳᠤᠭᠰᠠᠨ ᠬᠡᠳᠦᠨ | ᠲᠤᠮᠤ ᠵᠦᠢᠯ ᠳᠤ᠂ ᠵᠢᠱᠢᠶᠡᠯᠡᠪᠡᠯ ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠬᠦᠢᠰᠦ ᠴᠠᠭᠠᠨ | ᠰᠠᠷ᠎ᠠ ᠶᠢᠨ ᠬᠤᠭᠤᠴᠠᠭᠠᠨ ᠳᠤ ᠠᠵᠢᠯ ᠵᠣᠭᠰᠣᠭᠰᠠᠨ ᠦᠭᠡᠢ᠃ ᠬᠢᠵᠢᠭ ᠤᠨ ᠪᠠᠶᠢᠳᠠᠯ ᠤᠨ ᠪᠠᠷᠢᠯᠭ᠎ᠠ ᠳᠤ ᠦᠵᠡᠭᠦᠯᠬᠦ | ᠨᠥᠯᠥᠭᠡ ᠨᠢ ᠭᠤᠣᠯᠳᠠᠭᠤ ᠬᠤᠪᠧᠶ ᠶᠢᠨ ᠪᠠᠷᠢᠯᠭ᠎ᠠ ᠶᠢᠨ ᠨᠢᠭᠡᠴᠢ ᠪᠣᠯᠤᠨ ᠬᠢᠨᠠᠨ ᠬᠠᠮᠢᠶᠠᠷᠬᠤ ᠨᠢᠭᠡᠴᠢ ᠪᠠᠷᠢᠯᠭ᠎ᠠ ᠶᠢᠨ | ᠭᠠᠵᠠᠷ ᠲᠤ ᠠᠵᠢᠯᠯᠠᠵᠤ ᠪᠠᠶᠢᠭᠰᠠᠨ ᠠᠴᠠ ᠪᠣᠯᠤᠭᠰᠠᠨ ᠶᠤᠮ᠃ ᠲᠥᠷᠥᠯ ᠵᠤᠶᠢᠯ ᠤᠨ ᠬᠠᠤᠯᠢ ᠶᠢᠨ ᠡᠷᠬᠡᠲᠡᠨ ᠵᠢᠴᠢ | ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ | ᠣᠳᠣᠬᠠᠨ ᠳᠤ ᠨᠢᠭᠡᠨᠲᠡ ᠬᠡᠪ ᠤᠨ ᠪᠠᠷᠢᠯᠭ᠎ᠠ ᠶᠢᠨ ᠬᠢᠷᠢ ᠬᠡᠮᠵᠢᠶ᠎ᠡ ᠪᠠᠨ ᠰᠡᠷᠭᠦᠭᠡᠵᠦ᠂ ᠠᠵᠢᠯ ᠤᠨ ᠪᠠᠶᠢᠷᠢ ᠳᠤ | ᠭᠠᠷᠤᠭᠰᠠᠨ ᠬᠥᠮᠦᠨ ᠨᠢᠭᠡᠨᠲᠡ 5500 ᠭᠠᠷᠤᠶ ᠪᠣᠯᠵᠣ᠂ ᠠᠵᠢᠯ ᠰᠡᠷᠭᠦᠭᠡᠭᠰᠡᠨ ᠨᠣᠷᠮ᠎ᠠ ᠵᠠᠭᠤᠨ ᠤ ᠵᠠᠭᠤ ᠳᠤ | ᠬᠦᠷᠴᠡᠶ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠨᠢ ᠪᠠᠷᠢᠯᠭ᠎ᠠ ᠪᠠᠷᠢᠬᠤ ᠶᠡᠷᠦᠩᠬᠡᠶ | ᠲᠥᠯᠥᠪᠯᠡᠭᠡ ᠶᠢᠨ ᠱᠠᠭᠠᠷᠳᠠᠯᠭ᠎ᠠ ᠶᠢ ᠬᠠᠩᠭᠠᠵᠤ᠂ ᠡᠨᠡ ᠰᠠᠷ᠎ᠠ ᠶᠢᠨ 10 ᠤ ᠡᠳᠦᠷ ᠨᠢᠭᠡᠨᠲᠡ ᠲᠤᠤᠷ᠎ᠠ ᠬᠠᠭᠠᠯᠳᠠ | ᠳᠤ ᠤᠰᠤ ᠬᠠᠳᠠᠭᠠᠯᠠᠵᠤ᠂ ᠣᠶᠢᠷ᠎ᠠ ᠶᠢᠨ ᠬᠤᠭᠤᠴᠠᠭᠠᠨ ᠳᠤ ᠠᠩᠬᠠᠨ ᠤ ᠮᠠᠰᠢᠨ ᠴᠣᠭᠴᠠᠯᠠᠪᠤᠷᠢ ᠶᠢᠨ ᠴᠠᠬᠢᠯᠭᠠᠨ | ᠭᠠᠷᠭᠠᠬᠤ ᠪᠠ ᠣᠩᠭᠤᠴᠠᠨ ᠤ ᠬᠠᠭᠠᠯᠲᠠ ᠶᠢᠨ ᠠᠶᠠᠯᠠᠯ ᠨᠡᠪᠲᠡᠷᠡᠬᠦ ᠬᠠᠷᠠᠯᠲᠠ ᠶᠢ ᠤᠷᠤᠭᠰᠢᠲᠠᠶ ᠪᠠᠷ ᠪᠡᠶᠡᠯᠡᠭᠦᠯᠬᠦ | ᠪᠣᠯᠤᠨ᠎ᠠ᠃ ᠬᠥᠬᠡᠮᠥ᠋ᠷᠡᠨ ᠢ ᠲᠠᠲᠠᠵᠤ ᠬᠤᠸᠠᠢ ᠾᠧ ᠭᠤᠣᠯ ᠢ ᠲᠤᠰᠠᠯᠠᠬᠤ ᠢᠨᠵᠧᠨᠧᠷᠢᠩ᠂ ᠠᠨᠾᠦ᠋ᠢ ᠮᠤᠵᠢ ᠶᠢᠨ | ᠲᠦᠷᠦᠯ ᠵᠦᠢᠯ ᠣᠳᠣᠬᠠᠨ ᠳᠤ ᠨᠢᠭᠡᠨᠲᠡ 12300 ᠭᠠᠷᠤᠢ ᠬᠥᠮᠦᠨ ᠠᠵᠢᠯ ᠤᠨ ᠪᠠᠶᠢᠷᠢ ᠳᠤ ᠭᠠᠷᠴᠤ᠂ ᠠᠵᠢᠯ | ᠰᠡᠷᠭᠦᠭᠡᠭᠰᠡᠨ ᠨᠤᠷᠮ᠎ᠠ ᠨᠢ ᠴᠦ ᠬᠡᠪ ᠤᠨ ᠲᠦᠪᠰᠢᠨ ᠳᠤ ᠳᠥᠭᠦᠵᠡᠢ᠃ ᠾᠧᠨᠠᠨ ᠮᠤᠵᠢ ᠶᠢᠨ ᠬᠢᠯᠢ ᠳᠣᠲᠣᠷᠠᠬᠢ | ᠪᠠᠷᠢᠯᠭ᠎ᠠ ᠶᠢᠨ ᠵᠦᠢᠯ ᠨᠢ ᠮᠢᠩᠭ᠎ᠠ ᠭᠠᠷᠤᠶ ᠬᠥᠮᠦᠨ ᠠᠵᠢᠯ ᠤᠨ ᠪᠠᠶᠢᠷᠢ ᠳᠤ ᠭᠠᠷᠴᠤ᠂ ᠠᠵᠢᠯ ᠢᠶᠠᠨ ᠰᠡᠷᠭᠦᠭᠡᠭᠰᠡᠨ | ᠨᠤᠷᠮ᠎ᠠ ᠨᠢ ᠵᠠᠭᠤᠨ ᠤ ᠵᠠᠭᠤ ᠳᠤ ᠬᠦᠷᠴᠡᠶ᠃ ᠲᠠ ᠰᠠᠶ᠋ᠢᠬᠠᠨ ᠪᠠᠰᠠ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ | ᠢᠨᠵᠧᠨᠧᠷᠢᠩ ᠢ ᠳᠤᠷᠠᠳᠤᠭᠰᠠᠨ ᠪᠠᠶᠢᠨ᠎ᠠ᠂ ᠣᠳᠣᠬᠠᠨ ᠤ ᠪᠠᠶᠢᠳᠠᠯ ᠠᠴᠠ ᠦᠵᠡᠪᠡᠯ᠂ ᠭᠤᠣᠯ ᠪᠣᠯᠬᠤ ᠪᠠᠶᠢᠭᠤᠯᠵᠤ | ᠪᠠᠶᠢᠭ᠎ᠠ ᠵᠦᠢᠯᠡᠰ ᠤᠨ ᠵᠡᠭᠦᠨ ᠱᠤᠭᠤᠮ ᠤᠨ ᠤᠮᠠᠷᠠᠰᠢ ᠤᠷᠳᠤᠳᠬᠠᠭᠰᠠᠨ ᠪᠠᠴᠢᠮ ᠪᠠᠶᠢᠳᠠᠯ ᠢ ᠠᠷᠭᠠᠴᠠᠬᠤ ᠤᠰᠤ | ᠬᠠᠩᠭᠠᠬᠤ ᠢᠨᠵᠧᠨᠧᠷᠢᠩ ᠨᠢ 2 ᠰᠠᠷ᠎ᠠ ᠶᠢᠨ 17 ᠤ ᠡᠳᠦᠷ ᠨᠢᠭᠡᠨᠲᠡ ᠠᠵᠢᠯ ᠢᠶᠠᠨ ᠰᠡᠷᠭᠦᠭᠡᠵᠦ᠂ ᠤᠳᠤ ᠨᠢᠭᠡᠨᠲᠡ | ᠬᠡᠪ ᠤᠨ ᠪᠠᠷᠢᠯᠭ᠎ᠠ ᠶᠢᠨ ᠬᠢᠷᠢ ᠲᠦᠪᠰᠢᠨ ᠳᠤ ᠬᠦᠷᠴᠦ᠂ ᠠᠵᠢᠯ ᠤᠨ ᠪᠠᠶᠢᠷᠢ ᠳᠤ ᠭᠠᠷᠤᠭᠰᠠᠨ ᠨᠤᠷᠮ᠎ᠠ ᠵᠠᠭᠤᠨ ᠤ | ᠵᠠᠭᠤ ᠳᠤ ᠬᠦᠷᠴᠡᠶ᠃ ᠪᠠᠶᠠᠷᠯᠠᠯ᠎ᠠ᠃ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠣᠨᠢᠨ ᠤ ᠰᠤᠷᠪᠤᠯᠵᠢᠯᠠᠭᠴᠢ 2020 — 03 — | 2615᠄ 59᠄ 22 | ᠣᠯᠠᠨ ᠢᠶᠠᠷ ᠢᠶᠠᠨ ᠴᠥᠮ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠢ | ᠲᠦᠢᠯ ᠢᠶᠠᠷ ᠠᠩᠬᠠᠷᠴᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠰᠠ ᠲᠤᠰᠬᠠᠶ ᠪᠠᠶᠢᠷᠢᠯᠠᠭᠤᠯᠤᠯᠲᠠ ᠬᠢᠭᠰᠡᠨ | ᠪᠠᠶᠢᠨ᠎ᠠ᠃ ᠠᠰᠠᠭᠤᠬᠤ ᠨᠢ᠂ ᠤᠰᠤᠨ ᠠᠰᠢᠭᠯᠠᠯᠲᠠ ᠶᠢᠨ ᠶᠠᠮᠤᠨ ᠠᠴᠠ ᠵᠡᠭᠦᠨ ᠳᠤᠮᠳᠠ ᠱᠤᠭᠤᠮ ᠤᠨ ᠵᠠᠯᠭᠠᠮᠵᠢ | ᠢᠨᠵᠧᠨᠧᠷᠢᠩ ᠤᠨ ᠲᠠᠯ᠎ᠠ ᠪᠠᠷ ᠶᠠᠮᠠᠷ ᠶᠠᠮᠠᠷ ᠪᠠᠶᠢᠷᠢᠯᠠᠭᠤᠯᠤᠯᠲᠠ ᠬᠢᠭᠰᠡᠨ ᠪᠤᠢ︖ ᠬᠢᠵᠢᠭ ᠤᠨ ᠪᠠᠶᠢᠳᠠᠯ ᠤᠨ | ᠨᠥᠯᠥᠭᠡ ᠳᠤ ᠴᠢᠭᠯᠡᠭᠦᠯᠦᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ᠪᠠᠶᠠᠷᠯᠠᠯ᠎ᠠ᠃ | ᠱᠢ ᠴᠦᠨ ᠰᠢᠶᠠᠨ 2020-03-2615: 59: 31 | ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠳᠤ ᠠᠩᠬᠠᠷᠤᠯ ᠬᠠᠨᠳᠤᠭᠤᠯᠵᠤ ᠪᠠᠶᠢᠭ᠎ᠠ ᠳᠤ | ᠴᠢᠨᠢ ᠲᠠᠯᠠᠷᠬᠠᠵᠤ ᠪᠠᠢᠨ᠎ᠠ᠃ 2019 ᠣᠨ ᠤ 11 ᠰᠠᠷ᠎ᠠ ᠶᠢᠨ 18 ᠤ ᠡᠳᠦᠷ ᠶᠡᠷᠦᠩᠬᠡᠶ ᠰᠠᠶᠢᠳ ᠯᠢ ᠺᠧ | ᠴᠢᠶᠠᠩ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠢ ᠰᠤᠳᠤᠯᠬᠤ ᠬᠤᠯᠪᠣᠭᠳᠠᠯ | ᠪᠥᠬᠦᠶ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠤᠰᠤᠨ ᠠᠰᠢᠭᠯᠠᠯᠲᠠ ᠶᠢᠨ ᠶᠠᠮᠤᠨ ᠬᠤᠯᠪᠣᠭᠳᠠᠯ ᠪᠥᠬᠦᠶ ᠮᠤᠵᠢ᠂ ᠰᠢᠭᠤᠳ | ᠬᠠᠷᠢᠶ᠎ᠠ ᠬᠤᠲᠠ ᠲᠠᠢ ᠬᠠᠮᠲᠤᠷᠠᠨ ᠡᠸ᠋ ᠵᠢᠩ ᠫᠢᠩ ᠰᠠᠶᠢᠳ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠳᠠᠲᠠᠶ ᠠᠵᠢᠯ ᠤᠨ ᠲᠥᠰᠦᠯ ᠢ ᠲᠣᠭᠲᠠᠭᠠᠪᠠ᠃ ᠣᠳᠣᠬᠠᠨ ᠳᠤ᠂ | ᠤᠰᠤᠨ ᠠᠰᠢᠭᠯᠠᠯᠲᠠ ᠶᠢᠨ ᠶᠠᠮᠤᠨ ᠶᠠᠭ ᠵᠡᠭᠦᠨ ᠱᠤᠭᠤᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ | ᠳᠤᠮᠳᠠ ᠱᠤᠭᠤᠮ ᠤᠨ ᠬᠥᠬᠡᠮᠥ᠋ᠷᠡᠨ ᠢ ᠲᠠᠲᠠᠵᠤ ᠬᠠᠨᠵᠢᠶᠠᠩ ᠮᠦᠷᠡᠨ ᠳᠤ ᠨᠥᠬᠦᠪᠥᠷᠢᠯᠡᠬᠦ ᠢᠨᠵᠧᠨᠧᠷᠢᠩ ᠤᠨ | ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ ᠪᠠᠶᠢᠨ᠎ᠠ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠱᠤᠭᠤᠮ ᠨᠢ ᠤᠷᠲᠤ᠂ | ᠬᠡᠪᠴᠢᠶ᠎ᠡ ᠨᠢ ᠥᠷᠭᠡᠨ᠂ ᠬᠤᠯᠪᠣᠭᠳᠠᠬᠤ ᠭᠠᠵᠠᠷ ᠣᠷᠣᠨ ᠨᠢ ᠨᠡᠯᠢᠶᠡᠳ ᠤᠯᠠᠨ ᠪᠣᠯᠬᠤᠷ᠂ ᠬᠢᠵᠢᠭ ᠤᠨ ᠪᠠᠶᠢᠳᠠᠯ ᠨᠢ | ᠡᠮᠦᠨᠡᠬᠢ ᠬᠤᠭᠤᠴᠠᠭᠠᠨ ᠤ ᠠᠵᠢᠯ ᠳᠤ ᠦᠨᠡᠬᠡᠷ ᠡᠳᠦᠶ ᠲᠡᠳᠦᠶ ᠨᠥᠯᠥᠭᠡ ᠦᠵᠡᠭᠦᠯᠦᠭᠰᠡᠨ ᠪᠠᠶᠢᠨ᠎ᠠ᠃ ᠵᠢᠱᠢᠶᠡᠯᠡᠪᠡᠯ᠂ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠣᠷᠣᠨ ᠠᠯᠤᠰᠯᠠᠨ | ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠠᠴᠠ ᠪᠣᠯᠵᠣ᠂ ᠵᠢᠷᠤᠵᠤ ᠲᠥᠯᠥᠪᠯᠡᠬᠦ ᠨᠢᠭᠡᠴᠢ ᠶᠢᠨ ᠲᠤᠬᠠᠶ ᠶᠢᠨ | ᠲᠠᠯᠠᠪᠤᠷ ᠤᠨ ᠬᠠᠶᠢᠨ ᠬᠡᠮᠵᠢᠯᠲᠡ ᠵᠡᠷᠭᠡ ᠠᠵᠢᠯ ᠢ ᠬᠡᠪ ᠤᠨ ᠪᠠᠶᠢᠳᠠᠯ ᠢᠶᠠᠷ ᠶᠠᠪᠤᠭᠳᠠᠭᠤᠯᠬᠤ ᠶᠢᠨ ᠠᠷᠭ᠎ᠠ ᠥᠬᠡᠶ | ᠪᠣᠯᠭᠠᠭᠰᠠᠨ ᠪᠠᠶᠢᠨ᠎ᠠ᠃ ᠪᠠᠰᠠ ᠵᠢᠱᠢᠶᠡᠯᠡᠪᠡᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠥᠮᠦᠨ ᠬᠠᠷ᠎ᠠ | ᠴᠤᠭᠯᠠᠷᠠᠬᠤ ᠠᠴᠠ ᠵᠠᠶᠢᠯᠠᠰᠬᠢᠬᠦ ᠶᠢ ᠱᠠᠭᠠᠷᠳᠠᠨ᠎ᠠ᠂ ᠢᠩᠭᠢᠭᠡᠳ ᠤᠤᠯ ᠤᠨ ᠲᠥᠯᠥᠪᠯᠡᠵᠦ ᠪᠠᠶᠢᠭᠰᠠᠨ ᠲᠥᠪᠯᠡᠷᠡᠭᠦᠯᠦᠨ | ᠠᠵᠢᠯᠯᠠᠬᠤ᠂ ᠱᠠᠯᠠᠪᠳᠠᠨ ᠲᠥᠯᠥᠪᠯᠡᠵᠦ ᠪᠡᠷᠬᠡ ᠰᠡᠳᠦᠪ ᠢ ᠰᠢᠢᠳᠪᠤᠷᠢᠯᠡᠬᠦ᠂ ᠠᠬᠢᠴᠠ ᠶᠢ ᠲᠦᠷᠭᠡᠳᠬᠡᠬᠦ ᠲᠥᠰᠦᠯ | ᠴᠦ ᠡᠳᠦᠶ ᠲᠡᠳᠦᠶ ᠨᠥᠯᠥᠭᠡᠯᠡᠭᠳᠡᠵᠡᠶ᠃ ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠠᠰᠠ | ᠶᠡᠭᠡ ᠬᠡᠮᠵᠢᠶᠡᠨ ᠤ ᠨᠡᠪᠲᠡᠷᠡᠯᠴᠡᠬᠦ ᠴᠢᠬᠤᠯᠠᠲᠠᠶ ᠠᠵᠢᠯ ᠴᠤ ᠶᠠᠪᠤᠭᠳᠠᠬᠤ ᠶᠢᠨ ᠠᠷᠭ᠎ᠠ ᠥᠬᠡᠶ ᠪᠤᠯᠵᠤ᠂ ᠢᠯᠠᠩᠭᠤᠶ᠎ᠠ | ᠭᠠᠵᠠᠷ ᠲᠠᠲᠠᠪᠤᠷᠢᠯᠠᠨ ᠨᠡᠭᠦᠯᠭᠡᠬᠦ ᠡᠷᠦᠬᠡ ᠳᠤ ᠪᠠᠶᠢᠴᠠᠭᠠᠯᠲᠠ ᠬᠢᠬᠦ᠂ ᠣᠷᠴᠢᠨ ᠲᠤᠭᠷᠢᠨ ᠤ ᠨᠥᠯᠥᠭᠡᠯᠡᠯ ᠤᠨ | ᠦᠨᠡᠯᠡᠯᠲᠡ ᠬᠢᠬᠦ ᠵᠡᠷᠭᠡ ᠴᠢᠬᠤᠯᠠ ᠠᠵᠢᠯ ᠢ ᠰᠢᠳᠪᠥᠷᠢᠯᠠᠬᠦ ᠳᠤ ᠴᠥᠮ ᠬᠦᠴᠢᠷᠳᠡᠯ ᠤᠴᠠᠷᠠᠭᠤᠯᠤᠭᠰᠠᠨ ᠪᠠᠶᠢᠨ᠎ᠠ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠢᠳᠡ ᠡᠳᠡᠭᠡᠷ ᠠᠰᠠᠭᠤᠳᠠᠯ ᠢ ᠬᠡᠷᠬᠢᠨ ᠰᠢᠢᠳᠪᠤᠷᠢᠯᠡᠭᠰᠡᠨ ᠪᠤᠶ︖ | ᠪᠢᠳᠡ ᠮᠠᠰᠢ ᠤᠯᠠᠨ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠭᠡᠵᠦ ᠬᠡᠯᠡᠵᠦ ᠪᠣᠯᠤᠨ᠎ᠠ᠂ ᠭᠡᠪᠡᠴᠦ | ᠬᠠᠮᠤᠭ ᠤᠨ ᠴᠢᠬᠤᠯᠠ ᠶᠢ ᠨᠢ ᠪᠢ ᠡᠶᠢᠮᠦ ᠨᠢᠭᠡ ᠦᠭᠡ ᠪᠠᠷ ᠬᠤᠷᠢᠶᠠᠩᠭᠤᠶᠢᠯᠠᠶ᠎ᠠ᠄ ᠨᠢᠭᠡ ᠨᠠᠷᠢᠯᠢᠭ ᠤᠨᠤᠪᠴᠢᠳᠠᠢ᠂ | ᠭᠤᠷᠪᠠᠨ ᠭᠤᠭᠴᠤᠭ᠎ᠠ ᠶᠢ ᠴᠢᠩᠭ᠎ᠠ ᠠᠳᠬᠤᠪᠠ᠃ ᠨᠢᠭᠡ ᠨᠠᠷᠢᠯᠢᠭ ᠤᠨᠤᠪᠴᠢᠳᠠᠢ ᠭᠡᠳᠡᠭ ᠨᠢ ᠳᠠᠷᠤᠶ ᠪᠠᠷᠢᠯᠭ᠎ᠠ ᠶᠢᠨ | ᠵᠦᠢᠯᠡᠰ ᠤᠨ ᠪᠤᠶᠤ ᠶᠠᠮᠠᠷ ᠨᠢᠭᠡᠨ ᠬᠡᠰᠡᠭ ᠪᠠᠷᠢᠯᠭ᠎ᠠ ᠶᠢᠨ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠲᠡᠰ ᠢ | ᠨᠠᠷᠢᠯᠢᠭ ᠤᠨᠤᠪᠴᠢᠳᠠᠢ ᠪᠠᠷ ᠰᠤᠳᠤᠯᠬᠤ ᠶᠠᠪᠤᠳᠠᠯ ᠪᠣᠯᠤᠨ᠎ᠠ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ | ᠢᠨᠵᠧᠨᠧᠷᠢᠩ ᠪᠣᠯ ᠱᠤᠭᠤᠮ ᠤᠨ ᠴᠢᠨᠠᠷᠲᠠᠶ ᠢᠨᠵᠧᠨᠧᠷᠢᠩ ᠪᠣᠯᠬᠤ ᠪᠥᠭᠡᠳ ᠬᠤᠯᠪᠣᠭᠳᠠᠬᠤ ᠲᠠᠯ᠎ᠠ ᠨᠢ ᠮᠠᠰᠢ ᠤᠯᠠᠨ | ᠪᠠᠶᠢᠵᠤ᠂ ᠠᠷᠪᠠᠨ ᠬᠡᠳᠦᠨ ᠨᠢᠭᠡᠴᠢ ᠵᠢᠷᠤᠵᠤ ᠲᠦᠯᠦᠪᠯᠡᠬᠦ ᠠᠵᠢᠯ ᠳᠤ ᠣᠷᠣᠯᠴᠠᠵᠠᠶ᠃ ᠬᠡᠷᠪᠡ ᠶᠠᠮᠠᠷ ᠨᠢᠭᠡᠨ ᠭᠠᠵᠠᠷ | ᠣᠷᠣᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠ ᠳᠣᠣᠷ᠎ᠠ ᠠᠶᠤᠯ ᠲᠦᠭᠰᠢᠬᠦᠷᠢᠳᠦ ᠤᠷᠤᠨ | ᠳᠤ ᠲᠣᠭᠠᠴᠠᠭᠳᠠᠬᠤ ᠪᠣᠯᠪᠠᠴᠤ ᠲᠦᠷᠦᠯ ᠵᠦᠢᠯᠡᠰ ᠢ ᠳᠠᠭᠠᠭᠠᠨ ᠠᠪᠤᠭᠰᠠᠨ ᠵᠢᠷᠤᠵᠤ ᠲᠥᠯᠥᠪᠯᠡᠬᠦ ᠨᠢᠭᠡᠴᠢ ᠨᠢ | ᠦᠨᠳᠦᠷ ᠠᠶᠤᠯ ᠲᠦᠭᠰᠢᠬᠦᠷᠢᠳᠦ ᠣᠷᠣᠨ ᠳᠤ ᠪᠠᠶᠢᠪᠠᠯ᠂ ᠳᠣᠣᠷ᠎ᠠ ᠠᠶᠤᠯ ᠲᠦᠭᠰᠢᠭᠦᠷᠢ ᠶᠢᠨ ᠬᠠᠮᠢᠶᠠᠷᠤᠯᠲᠠ ᠢᠶᠠᠷ | ᠬᠢᠵᠦ ᠪᠣᠯᠬᠤ ᠦᠭᠡᠢ᠂ ᠤᠴᠢᠷ ᠨᠢ ᠲᠡᠳᠡᠭᠡᠷ ᠬᠥᠮᠦᠰ ᠭᠠᠷᠴᠤ ᠢᠷᠡᠵᠦ ᠳᠡᠶᠢᠯᠬᠦ ᠦᠭᠡᠢ ᠪᠥᠭᠡᠳ ᠡᠨᠡ ᠬᠦ ᠣᠷᠣᠨ | ᠪᠦᠰᠡ ᠳᠤ ᠴᠦ ᠣᠷᠣᠵᠤ ᠳᠡᠶᠢᠯᠬᠦ ᠦᠭᠡᠢ ᠶᠤᠮ᠃ ᠡᠶᠢᠮᠦ ᠠᠴᠠ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠶᠢᠨ ᠲᠥᠯᠥᠭᠡ᠂ ᠪᠢᠳᠡ ᠬᠤᠶᠠᠷ ᠵᠢᠷᠤᠭ ᠵᠤᠬᠢᠶᠠᠪᠠ᠂ ᠨᠢᠭᠡ ᠨᠢ ᠵᠠᠮ ᠳᠠᠭᠠᠤ ᠶᠢᠨ ᠪᠠᠷᠢᠯᠭ᠎ᠠ ᠶᠢᠨ | ᠭᠠᠵᠠᠷ ᠤᠨ ᠲᠠᠷᠬᠠᠯᠲᠠ ᠶᠢᠨ ᠵᠢᠷᠤᠭ᠂ ᠨᠢᠭᠡ ᠨᠢ ᠵᠢᠷᠤᠭ ᠲᠥᠯᠥᠪᠯᠡᠭᠡ ᠳᠤ ᠣᠷᠣᠯᠴᠠᠭᠰᠠᠨ ᠨᠢᠭᠡᠴᠢ ᠶᠢᠨ ᠪᠠᠶᠢᠭ᠎ᠠ | ᠭᠠᠵᠠᠷ ᠣᠷᠣᠨ ᠤ ᠲᠠᠷᠬᠠᠯᠲᠠ ᠶᠢᠨ ᠵᠢᠷᠤᠭ ᠪᠣᠯᠤᠨ᠎ᠠ᠂ ᠡᠨᠡ ᠬᠤᠶᠠᠷ ᠵᠢᠷᠤᠭ ᠪᠣᠯᠤᠨ ᠮᠠᠨ ᠤ ᠬᠢᠵᠢᠭ ᠤᠨ | ᠪᠠᠶᠢᠳᠠᠯ ᠤᠨ ᠬᠤᠪᠢᠶᠠᠷᠢ ᠲᠣᠭᠤᠷᠢᠭ ᠤᠨ ᠵᠢᠷᠤᠭ ᠢ ᠬᠠᠮᠲᠤᠳᠬᠠᠪᠠᠯ᠂ ᠲᠡᠷᠡ ᠨᠢ ᠠᠯᠢ ᠭᠠᠵᠠᠷ ᠣᠷᠣᠨ ᠳᠤ | ᠬᠠᠷᠢᠶᠠᠯᠠᠭᠳᠠᠬᠤ ᠶᠢ ᠣᠨᠣᠪᠴᠢᠲᠠᠢ ᠮᠠᠭᠠᠳᠯᠠᠵᠤ ᠪᠣᠯᠤᠨ᠎ᠠ᠃ ᠶᠠᠷᠢᠶᠠᠨ ᠦᠭᠡᠢ᠂ ᠪᠠᠰᠠ ᠣᠷᠣᠨ ᠨᠤᠲᠤᠭ ᠲᠠᠢ | ᠵᠣᠬᠢᠴᠠᠭᠤᠯᠤᠨ ᠨᠡᠪᠲᠡᠷᠡᠯᠴᠡᠵᠦ᠂ ᠡᠭᠦᠨ ᠤ ᠤᠯᠠᠮ ᠠᠴᠠ ᠨᠡᠩ ᠨᠠᠷᠢᠯᠢᠭ ᠤᠨᠤᠪᠴᠢᠳᠠᠢ ᠡᠵᠡᠮᠰᠢᠬᠦ ᠬᠡᠷᠡᠭᠲᠡᠶ | ᠱᠢ ᠴᠦᠨ ᠰᠢᠶᠠᠨ 2020-03-2615: 59: 35 | ᠭᠤᠷᠪᠠᠨ ᠭᠤᠭᠴᠤᠭ᠎ᠠ ᠶᠢ ᠴᠢᠩᠭ᠎ᠠ ᠠᠳᠬᠤᠬᠤ ᠳᠤ᠂ ᠨᠢᠭᠡᠳᠦᠭᠡᠷ ᠭᠤᠭᠴᠤᠭ᠎ᠠ ᠨᠢ ᠳᠠᠷᠤᠢ ᠠᠰᠠᠭᠤᠳᠠᠯ ᠢᠶᠠᠷ | ᠤᠳᠤᠷᠢᠳᠤᠮᠵᠢ ᠪᠣᠯᠭᠠᠵᠤ᠂ ᠸᠢᠳᠢᠣ᠋ ᠶᠢ ᠠᠰᠢᠭᠯᠠᠨ ᠳᠤᠬᠢᠷᠠᠭᠤᠯᠤᠨ ᠵᠥᠪᠳᠡᠯᠴᠡᠬᠦ ᠠᠵᠢᠯ ᠢ ᠥᠷᠨᠢᠭᠦᠯᠵᠦ᠂ ᠡᠮᠦᠨᠡᠬᠢ | ᠬᠤᠭᠤᠴᠠᠭᠠᠨ ᠤ ᠠᠵᠢᠯ ᠤᠨ ᠬᠦᠴᠢᠷ ᠪᠡᠷᠬᠡ ᠶᠢ ᠰᠢᠢᠳᠪᠦᠷᠢᠯᠡᠵᠦ ᠥᠭᠬᠦ ᠶᠠᠪᠤᠳᠠᠯ ᠪᠣᠯᠤᠨ᠎ᠠ᠃ 2 ᠳ᠋ᠤᠭᠠᠷ | ᠰᠠᠷ᠎ᠠ ᠠᠴᠠ ᠨᠠᠭᠠᠰᠢ᠂ ᠪᠢᠳᠡ ᠠᠬᠢᠴᠠ ᠶᠢᠨ ᠪᠠᠶᠢᠳᠠᠯ ᠢᠶᠠᠨ ᠦᠨᠳᠦᠰᠦᠯᠡᠨ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠵᠤ᠂ ᠯᠠᠨ ᠰᠢᠨ ᠬᠤᠷᠠᠯ ᠤᠨ ᠬᠡᠯᠪᠡᠷᠢ ᠪᠠᠷ ᠴᠠᠭ ᠢᠮᠠᠭᠲᠠ ᠲᠣᠬᠢᠷᠠᠭᠤᠯᠤᠯᠲᠠ ᠬᠢᠵᠦ᠂ ᠡᠮᠦᠨᠡᠲᠦ ᠶᠢᠨ | ᠤᠰᠤ ᠶᠢ ᠤᠮᠠᠷᠠᠰᠢ ᠲᠠᠲᠠᠬᠤ ᠠᠵᠢᠯ ᠢ ᠳᠥᠯᠭᠢᠨ ᠠᠬᠢᠭᠤᠯᠪᠠ᠃ ᠲᠣᠬᠢᠷᠠᠭᠤᠯᠬᠤ ᠶᠠᠪᠤᠴᠠ ᠳᠤ᠂ ᠵᠢᠷᠤᠭ | ᠲᠥᠯᠥᠪᠯᠡᠭᠡᠨ ᠤ ᠨᠢᠭᠡᠴᠢ ᠶᠢᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠢ ᠪᠢᠳᠡ ᠴᠥᠮ ᠴᠠᠭ ᠲᠤᠬᠠᠶ ᠳᠤᠨᠢ | ᠰᠢᠢᠳᠪᠤᠷᠢᠯᠡᠨ ᠦᠭᠴᠦ᠂ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠬᠤ ᠳᠤ ᠵᠠᠮ ᠴᠡᠪᠡᠷᠯᠡᠵᠦ | ᠥᠭᠴᠡᠶ᠃ ᠬᠤᠶᠠᠳᠤᠭᠠᠷ ᠭᠤᠭᠴᠤᠭ᠎ᠠ ᠨᠢ ᠳᠠᠷᠤᠶ ᠵᠢᠷᠤᠵᠤ ᠲᠥᠯᠥᠪᠯᠡᠬᠦ ᠨᠢᠭᠡᠴᠢ ᠶᠢ ᠰᠢᠪᠠᠳᠠᠨ ᠠᠵᠢᠯ ᠤᠨ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠶᠢᠨ ᠬᠡᠮᠵᠢᠵᠦ ᠵᠢᠷᠤᠵᠤ ᠲᠥᠯᠥᠪᠯᠡᠬᠦ ᠠᠬᠢᠴᠠ ᠶᠢ ᠲᠦᠷᠭᠡᠪᠴᠢᠯᠡᠨ | ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠂ ᠵᠢᠱᠢᠶᠡᠯᠡᠪᠡᠯ᠂ ᠳᠣᠲᠣᠭᠠᠳᠤ ᠠᠵᠢᠯ ᠲᠦᠷᠦᠯ ᠤᠨ ᠠᠵᠢᠯ ᠳᠤ | ᠭᠡᠷ ᠲᠡᠭᠡᠨ ᠠᠵᠢᠯᠯᠠᠬᠤ᠂ ᠰᠦᠯᠵᠢᠶᠡᠨ ᠳᠡᠭᠡᠷ᠎ᠡ ᠠᠵᠢᠯᠯᠠᠬᠤ᠂ ᠸᠢᠳᠢᠤ᠋ ᠪᠠᠷ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ | ᠮᠠᠶ᠋ᠢᠭ ᠢ ᠬᠡᠷᠡᠭᠯᠡᠨ᠎ᠡ᠃ ᠭᠠᠳᠠᠷ ᠠᠵᠢᠯ ᠲᠥᠷᠥᠯ ᠤᠨ ᠠᠵᠢᠯ ᠳᠤ ᠵᠢᠯᠣᠭᠤᠴᠢ ᠥᠬᠡᠶ ᠨᠢᠰᠬᠡᠯ᠂ ᠭᠤᠷᠪᠠᠨ | ᠬᠡᠮᠵᠢᠯ ᠤᠨ ᠪᠣᠳᠠᠲᠤ ᠦᠵᠡᠮᠵᠢ ᠶᠢ ᠬᠠᠶᠢᠨ ᠪᠠᠶᠢᠴᠠᠭᠠᠬᠤ ᠰᠢᠰᠲ᠋ᠧᠮ ᠵᠡᠷᠭᠡ ᠲᠡᠷᠢᠭᠦᠨ ᠤ ᠠᠷᠭ᠎ᠠ ᠶᠢ ᠠᠪᠴᠤ᠂ | ᠬᠢᠵᠢᠭ ᠤᠨ ᠪᠠᠶᠢᠳᠠᠯ ᠤᠨ ᠠᠵᠢᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠪᠠ᠃ ᠭᠤᠷᠪᠠᠳᠤᠭᠠᠷ | ᠭᠤᠭᠴᠤᠭ᠎ᠠ ᠨᠢ ᠳᠠᠷᠤᠶ ᠬᠢᠨᠠᠨ ᠪᠠᠶᠢᠴᠠᠭᠠᠬᠤ ᠨᠢᠭᠡᠴᠢ ᠤᠷᠢᠳᠴᠢᠯᠠᠨ ᠣᠷᠣᠯᠴᠠᠵᠤ᠂ ᠮᠡᠷᠭᠡᠵᠢᠯ ᠤᠨ | ᠵᠢᠯᠤᠭᠤᠳᠤᠯᠭ᠎ᠠ ᠪᠠᠨ ᠴᠢᠩᠭᠠᠳᠬᠠᠬᠤ ᠶᠠᠪᠤᠳᠠᠯ ᠪᠣᠯᠤᠨ᠎ᠠ᠃ ᠮᠠᠨ ᠤ ᠬᠢᠨᠠᠨ ᠪᠠᠶᠢᠴᠠᠭᠠᠬᠤ ᠨᠢᠭᠡᠴᠢ ᠳᠤ ᠬᠤᠶᠠᠷ | ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠵᠢᠷᠤᠭ ᠲᠥᠯᠥᠪᠯᠡᠭᠡᠨ ᠤ ᠨᠢᠭᠡᠴᠢ ᠯᠦᠭᠡ ᠶᠢᠨ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠡ ᠨᠢᠭᠡ ᠶᠢᠨ ᠮᠡᠷᠭᠡᠵᠢᠯ ᠤᠨ ᠵᠢᠯᠤᠭᠤᠳᠤᠯᠭ᠎ᠠ ᠬᠢᠪᠡ᠃ ᠡᠭᠦᠨ ᠤ | ᠵᠡᠷᠭᠡ ᠳᠤ ᠵᠢᠷᠤᠭ ᠲᠥᠯᠥᠪᠯᠡᠭᠡ ᠶᠢᠨ ᠨᠢᠭᠡᠴᠢ ᠴᠦ ᠬᠡᠷᠡᠭᠴᠡᠭᠡ ᠪᠠᠨ ᠦᠨᠳᠦᠰᠦᠯᠡᠨ ᠲᠧᠩ ᠰᠢᠶᠦ᠋ᠨ ᠬᠤᠷᠠᠯ᠂ | ᠸᠢᠴᠠᠲ ᠴᠤᠭᠯᠠᠷᠠᠯ ᠵᠡᠷᠭᠡ ᠬᠡᠯᠪᠡᠷᠢ ᠪᠠᠷ ᠡᠳᠦᠶ ᠲᠡᠳᠦᠶ ᠵᠥᠪᠯᠡᠯᠭᠡ ᠨᠤᠲᠠᠯᠠᠯᠲᠠ ᠬᠢᠵᠦ᠂ ᠮᠡᠷᠭᠡᠵᠢᠯ ᠤᠨ | ᠲᠠᠯ᠎ᠠ ᠪᠠᠷ ᠬᠢ ᠵᠠᠩᠭᠢᠯᠠᠭ᠎ᠠ ᠶᠢᠨ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠤᠷᠢᠯᠡᠵᠦ ᠥᠭᠭᠦᠭᠰᠡᠨ | ᠪᠠᠶᠢᠨ᠎ᠠ᠃ ᠴᠢᠷᠮᠠᠶᠢᠯᠭ᠎ᠠ ᠪᠠᠷ ᠳᠠᠮᠵᠢᠭᠠᠳ᠂ ᠣᠳᠣᠬᠠᠨ ᠳᠤ ᠵᠡᠭᠦᠨ ᠱᠤᠭᠤᠮ ᠤᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠬᠡᠷᠡᠭᠵᠢᠭᠦᠯᠵᠦ ᠪᠣᠯᠬᠤᠶᠢᠴᠠ ᠰᠤᠳᠤᠯᠭᠠᠨ ᠤ ᠱᠠᠲᠤᠨ ᠤ ᠠᠵᠢᠯ ᠤᠨ ᠭᠤᠤᠯ ᠵᠠᠩᠭᠢᠯᠠᠭ᠎ᠠ ᠶᠢᠨ | ᠴᠡᠭ ᠤᠨ ᠠᠵᠢᠯ ᠤᠨ ᠬᠤᠭᠤᠴᠠᠭ᠎ᠠ ᠶᠢ ᠴᠥᠮ ᠪᠡᠶᠡᠯᠡᠭᠦᠯᠵᠦ ᠳᠡᠶᠢᠯᠬᠦ ᠪᠣᠯᠵᠠᠶ᠃ ᠡᠶᠢᠮᠦ ᠠᠴᠠ ᠪᠢᠳᠡ ᠬᠢᠵᠢᠭ ᠤᠨ | ᠪᠠᠶᠢᠳᠠᠯ ᠤᠨ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠳᠤ ᠦᠵᠡᠭᠦᠯᠬᠦ ᠨᠥᠯᠥᠭᠡ ᠶᠢ ᠠᠷᠢᠯᠭᠠᠨ᠂ | ᠪᠠᠷᠢᠯᠭ᠎ᠠ ᠶᠢᠨ ᠠᠵᠢᠯ ᠢ ᠡᠷᠲᠡᠬᠡᠨ ᠡᠬᠢᠯᠡᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠡᠷᠡᠰ ᠵᠣᠷᠢᠭ ᠪᠤᠯᠤᠨ | ᠢᠲᠡᠭᠡᠯ ᠲᠠᠢ ᠪᠠᠶᠢᠨ᠎ᠠ᠃ ᠪᠠᠶᠠᠷᠯᠠᠯ᠎ᠠ᠃ | ᠰᠢᠶᠠᠩᠭᠠᠩ ᠤᠨ ᠵᠦᠩ ᠫᠢᠩ ᠬᠤᠷᠢᠶᠠᠨ ᠤ ᠰᠤᠷᠪᠤᠯᠵᠢᠯᠠᠭᠴᠢ 2020 — 03 — 26 | 16᠄ 09᠄ 34 | ᠮᠡᠳᠡᠭᠡᠯᠡᠯ ᠢ ᠦᠨᠳᠦᠰᠦᠯᠡᠪᠡᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠥᠬᠡᠮᠥ᠋ᠷᠡᠨ ᠤ ᠳᠤᠮᠳᠠ | ᠳᠣᠤᠷᠠᠳᠤ ᠤᠷᠤᠰᠬᠠᠯ ᠤᠨ ᠤᠰᠤ ᠬᠠᠩᠭᠠᠬᠤ᠂ ᠴᠠᠬᠢᠯᠭᠠᠨ ᠭᠠᠷᠭᠠᠬᠤ ᠳᠤ ᠬᠡᠷᠡᠭᠯᠡᠬᠦ ᠤᠰᠤ᠂ ᠤᠰᠤᠨ ᠵᠠᠮ ᠤᠨ | ᠲᠡᠭᠡᠭᠡᠪᠦᠷᠢ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠭᠤᠷᠪᠠᠨ ᠬᠠᠪᠴᠢᠯ ᠤᠨ ᠤᠰᠤᠨ | ᠴᠥᠭᠦᠷᠥᠮ ᠤᠨ ᠬᠥᠮᠥᠷᠭᠡ ᠠᠴᠠ ᠭᠠᠷᠭᠠᠬᠤ ᠬᠡᠮᠵᠢᠶ᠎ᠡ ᠶᠢ ᠨᠡᠮᠡᠭᠳᠡᠬᠦᠯᠦᠭᠰᠡᠨ ᠪᠠᠶᠢᠨ᠎ᠠ᠃ ᠣᠳᠣᠬᠠᠨ ᠳᠤ | ᠬᠥᠮᠥᠷᠭᠡ ᠠᠴᠠ ᠭᠠᠷᠭᠠᠬᠤ ᠤᠷᠤᠰᠴᠠ ᠶᠢᠨ ᠪᠠᠶᠢᠳᠠᠯ ᠶᠠᠮᠠᠷ ᠪᠤᠢ︖ ᠳᠤᠮᠳᠠ ᠳᠣᠤᠷᠠᠳᠤ ᠤᠷᠤᠰᠬᠠᠯ ᠤᠨ | ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠶᠢ ᠳᠠᠭᠠᠯᠳᠤᠨ᠂ ᠬᠥᠮᠥᠷᠭᠡ ᠠᠴᠠ ᠭᠠᠷᠭᠠᠬᠤ ᠤᠰᠤᠨ | ᠤ ᠬᠡᠮᠵᠢᠶ᠎ᠡ ᠳᠤ ᠪᠠᠰᠠ ᠲᠣᠬᠢᠷᠠᠭᠤᠯᠤᠯᠲᠠ ᠬᠢᠨ᠎ᠠ ᠤᠤ︖ ᠡᠶᠢᠮᠦᠷᠬᠦᠦ ᠬᠤᠪᠢᠷᠠᠯᠲᠠ ᠨᠢ ᠠᠷᠠᠳ ᠣᠯᠠᠨ ᠤ | ᠦᠢᠯᠡᠳᠪᠤᠷᠢᠯᠡᠯ ᠠᠮᠢᠳᠤᠷᠠᠯ ᠳᠤ ᠶᠠᠮᠠᠷ ᠨᠦᠯᠦᠭᠡ ᠲᠠᠢ ᠪᠣᠶ︖ ᠪᠠᠶᠠᠷᠯᠠᠯ᠎ᠠ᠃ | ᠲᠢᠶᠠᠨ ᠢ ᠲᠠᠩ 2020-03-2616: 09: 45 | ᠲᠠᠨ ᠤ ᠠᠰᠠᠭᠤᠯᠳᠠ ᠠᠰᠠᠭᠤᠭᠰᠠᠨ ᠳᠤ ᠪᠠᠶᠠᠷᠯᠠᠯ᠎ᠠ᠃ ᠭᠤᠷᠪᠠᠨ ᠬᠠᠪᠴᠢᠯ ᠤᠨ ᠪᠠᠷᠢᠯᠭ᠎ᠠ ᠪᠣᠯ ᠤᠯᠤᠰ ᠤᠨ | ᠴᠢᠬᠤᠯᠠ ᠪᠠᠷᠢᠯᠭ᠎ᠠ ᠮᠥᠨ᠃ ᠭᠤᠷᠪᠠᠨ ᠬᠠᠪᠴᠢᠯ ᠤᠨ ᠪᠠᠷᠢᠯᠭ᠎ᠠ ᠪᠠᠶᠢᠭᠤᠯᠤᠭᠳᠠᠭᠰᠠᠨ ᠤ ᠳᠠᠷᠠᠭ᠎ᠠ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠯᠢ ᠣᠯᠠᠨ ᠶᠡᠷᠦᠩᠬᠡᠶᠢᠯᠡᠭᠰᠡᠨ ᠦᠷ᠎ᠡ ᠠᠰᠢᠭ ᠢ ᠪᠦᠷ | ᠮᠠᠰᠢ ᠰᠠᠶᠢᠨ ᠪᠠᠳᠠᠷᠠᠭᠤᠯᠵᠤ᠂ ᠳᠡᠭᠡᠳᠦ ᠤᠷᠤᠰᠬᠠᠯ ᠠᠴᠠ ᠦᠶᠡᠷ ᠪᠠᠭᠤᠪᠠᠯ᠂ ᠲᠡᠭᠦᠨ ᠢ ᠬᠠᠰᠢᠵᠤ ᠠᠪᠴᠤ | ᠪᠣᠯᠤᠨ᠎ᠠ᠂ ᠳᠣᠣᠷᠠᠳᠤ ᠤᠷᠤᠰᠬᠠᠯ ᠤᠨ ᠭᠠᠩ ᠬᠠᠭᠰᠠᠷᠠᠭᠠᠨ ᠤ ᠳᠠᠷᠠᠭ᠎ᠠ᠂ ᠳᠣᠣᠷᠠᠳᠤ ᠤᠷᠤᠰᠬᠠᠯ ᠳᠤ ᠤᠰᠤ | ᠬᠠᠩᠭᠠᠵᠤ ᠪᠣᠯᠤᠨ᠎ᠠ᠂ ᠡᠭᠦᠨ ᠳᠤ ᠦᠶᠡᠷ ᠢ ᠰᠡᠷᠭᠡᠶᠢᠯᠡᠬᠦ ᠴᠢᠳᠠᠮᠵᠢ ᠲᠠᠢ ᠮᠥᠷᠲᠡᠭᠡᠨ ᠪᠠᠰᠠ ᠭᠠᠩ ᠬᠠᠭᠰᠠᠷᠠᠭᠠᠨ ᠲᠠᠢ | ᠲᠡᠮᠡᠴᠡᠬᠦ ᠴᠢᠳᠠᠮᠵᠢ ᠲᠠᠢ᠂ ᠪᠠᠰᠠ ᠠᠮᠢ ᠠᠬᠤᠶ ᠵᠡᠷᠭᠡ ᠶᠡᠷᠦᠩᠬᠡᠶᠢᠯᠡᠭᠰᠡᠨ ᠦᠷ᠎ᠡ ᠠᠰᠢᠭ ᠲᠠᠢ ᠪᠠᠶᠢᠳᠠᠭ᠃ ᠭᠤᠷᠪᠠᠨ | ᠬᠠᠪᠴᠢᠯ ᠤᠨ ᠪᠠᠷᠢᠯᠭ᠎ᠠ ᠪᠠᠶᠢᠭᠤᠯᠤᠭᠳᠠᠬᠤ ᠠᠴᠠ ᠡᠮᠦᠨ᠎ᠡ᠂ ᠨᠢᠭᠡ ᠠᠴᠠ ᠭᠤᠷᠪᠠᠳᠤᠭᠠᠷ ᠰᠠᠷ᠎ᠠ ᠶᠢᠨ ᠢᠴᠠᠩ | ᠥᠷᠲᠡᠭᠡᠨ ᠤ ᠳᠤᠮᠳᠠᠴᠢ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 4000 ᠪᠣᠰᠤᠭ᠎ᠠ ᠳᠥᠷᠪᠡᠯᠵᠢᠨ ᠮᠧᠲᠷ | ᠣᠷᠴᠢᠮ ᠪᠠᠶᠢᠪᠠ᠃ ᠭᠤᠷᠪᠠᠨ ᠬᠠᠪᠴᠢᠯ ᠤᠨ ᠪᠠᠷᠢᠯᠭ᠎ᠠ ᠪᠠᠶᠢᠭᠤᠯᠤᠭᠳᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ | ᠲᠣᠭᠲᠠᠭᠠᠯ ᠢᠶᠠᠷ ᠡᠨᠡ ᠬᠤᠭᠤᠴᠠᠭᠠᠨ ᠳᠤ ᠰᠧᠺᠦ᠋ᠨ᠋ᠳ᠋ ᠪᠦᠷᠢ 6000 ᠪᠣᠰᠤᠭ᠎ᠠ ᠳᠥᠷᠪᠡᠯᠵᠢᠨ ᠮᠧᠲᠷ ᠠᠴᠠ | ᠳᠤᠲᠠᠭᠤ ᠦᠭᠡᠶ ᠪᠠᠷ ᠳᠣᠷᠣᠭᠰᠢ ᠤᠷᠤᠰᠬᠠᠬᠤ ᠬᠡᠷᠡᠭᠲᠡᠶ᠃ ᠡᠨᠡ ᠵᠢᠯ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠴᠡᠭᠡ ᠠᠴᠠ ᠪᠤᠯᠵᠤ᠂ ᠤᠰᠤᠨ | ᠠᠰᠢᠭᠯᠠᠯᠲᠠ ᠶᠢᠨ ᠶᠠᠮᠤᠨ ᠠᠴᠠ ᠭᠤᠷᠪᠠᠨ ᠬᠠᠪᠴᠢᠯ ᠢ 3 ᠳ᠋ᠤᠭᠠᠷ ᠰᠠᠷ᠎ᠠ ᠠᠴᠠ ᠡᠮᠦᠨ᠎ᠡ ᠰᠧᠺᠦ᠋ᠨ᠋ᠳ᠋ ᠪᠦᠷᠢ 7000 | ᠪᠣᠰᠤᠭ᠎ᠠ ᠳᠥᠷᠪᠡᠯᠵᠢᠨ ᠮᠧᠲᠷ ᠠᠴᠠ ᠪᠠᠭ᠎ᠠ ᠦᠭᠡᠢ ᠬᠡᠮᠵᠢᠶ᠎ᠡ ᠪᠠᠷ ᠳᠣᠷᠣᠭᠰᠢ ᠤᠷᠤᠰᠬᠠᠬᠤ ᠪᠠᠷ ᠲᠣᠬᠢᠷᠠᠭᠤᠯᠪᠠ︔ | 3 ᠰᠠᠷ᠎ᠠ ᠶᠢᠨ 1 ᠤ ᠡᠳᠦᠷ ᠠᠴᠠ ᠰᠡᠭᠦᠯᠡᠷ᠂ ᠤᠰᠤᠨ ᠠᠰᠢᠭᠯᠠᠯᠲᠠ ᠶᠢᠨ ᠶᠠᠮᠤᠨ ᠠᠴᠠ ᠭᠤᠷᠪᠠᠨ ᠬᠠᠪᠴᠢᠯ ᠢ | ᠲᠣᠬᠢᠷᠠᠭᠤᠯᠵᠤ᠂ ᠰᠧᠺᠦ᠋ᠨ᠋ᠳ᠋ ᠪᠦᠷᠢ 9000 ~ 10000 ᠪᠣᠰᠤᠭ᠎ᠠ ᠳᠥᠷᠪᠡᠯᠵᠢᠨ ᠮᠧᠲᠷ ᠲᠤ ᠬᠦᠷᠭᠡᠵᠦ᠂ | ᠳᠣᠣᠷᠠᠳᠤ ᠤᠷᠤᠰᠬᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠤᠰᠤ ᠬᠡᠷᠡᠭᠯᠡᠬᠦ | ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠡᠨᠡ ᠵᠢᠯ ᠠᠴᠠ ᠨᠠᠭᠠᠰᠢ᠂ ᠭᠤᠷᠪᠠᠨ ᠬᠠᠪᠴᠢᠯ ᠤᠨ ᠤᠰᠤᠨ | ᠴᠥᠭᠦᠷᠥᠮ ᠠᠴᠠ ᠬᠥᠬᠡᠮᠥ᠋ᠷᠡᠨ ᠤ ᠳᠤᠮᠳᠠᠳᠤ ᠳᠣᠤᠷᠠᠳᠤ ᠤᠷᠤᠰᠬᠠᠯ ᠳᠤ ᠨᠡᠶᠢᠲᠡ 90 ᠭᠠᠷᠤᠶ ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠳᠤ ᠤᠰᠤ ᠬᠡᠷᠡᠭᠯᠡᠬᠦ ᠪᠠᠲᠤᠯᠠᠭ᠎ᠠ ᠬᠠᠩᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠠ ᠠᠵᠢᠯ ᠢᠶᠠᠨ | ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠬᠡᠷᠡᠭᠴᠡᠭᠡ ᠶᠢ ᠦᠨᠳᠦᠰᠦᠯᠡᠨ᠂ ᠤᠰᠤᠨ ᠠᠰᠢᠭᠯᠠᠯᠲᠠ ᠶᠢᠨ ᠶᠠᠮᠤᠨ | ᠭᠤᠷᠪᠠᠨ ᠬᠠᠪᠴᠢᠯ ᠤᠨ ᠤᠰᠤᠨ ᠴᠥᠭᠦᠷᠥᠮ ᠢ ᠦᠷᠭᠦᠯᠵᠢᠯᠡᠨ ᠰᠠᠶᠢᠲᠤᠷ ᠳᠣᠭᠢᠷᠠᠭᠤᠯᠵᠤ᠂ ᠠᠵᠢᠯ ᠢᠶᠠᠨ ᠰᠡᠷᠭᠦᠭᠡᠵᠦ | ᠦᠢᠯᠡᠳᠪᠤᠷᠢᠯᠡᠯ ᠢᠶᠠᠨ ᠰᠡᠷᠭᠦᠭᠡᠬᠦ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ | ᠬᠠᠩᠭᠠᠬᠤ ᠶᠢᠨ ᠬᠠᠮᠲᠤ ᠴᠠᠬᠢᠯᠭᠠᠨ ᠭᠠᠷᠭᠠᠬᠤ᠂ ᠤᠰᠤᠨ ᠵᠠᠮ ᠤᠨ ᠲᠡᠭᠡᠭᠡᠪᠦᠷᠢ ᠵᠡᠷᠭᠡ ᠡᠯ᠎ᠡ ᠲᠠᠯ᠎ᠠ ᠶᠢᠨ ᠤᠰᠤ | ᠬᠡᠷᠡᠭᠯᠡᠬᠦ ᠬᠡᠷᠡᠭᠴᠡᠭᠡ ᠶᠢ ᠪᠠᠲᠤᠯᠠᠨ᠎ᠠ᠃ ᠪᠠᠶᠠᠷᠯᠠᠯ᠎ᠠ᠃ | ᠲᠦᠪ ᠷᠠᠳᠢᠤ᠋ ᠬᠤᠷᠢᠶᠠᠨ ᠤ ᠰᠤᠷᠪᠤᠯᠵᠢᠯᠠᠭᠴᠢ 2020 — 03 — 2616᠄ 14᠄ 07 | ᠣᠳᠣᠬᠠᠨ ᠳᠤ ᠶᠠᠭ ᠰᠠᠶᠢᠬᠠᠨ ᠤᠮᠠᠷᠠᠲᠤ ᠣᠷᠣᠨ ᠤ ᠬᠠᠪᠤᠷ ᠤᠨ ᠤᠰᠤᠯᠠᠯᠲᠠ ᠶᠢᠨ ᠴᠠᠭ ᠦᠶ᠎ᠡ ᠪᠣᠯᠵᠣ | ᠪᠠᠶᠢᠨ᠎ᠠ᠂ ᠲᠡᠭᠡᠪᠡᠯ ᠤᠰᠤᠨ ᠠᠰᠢᠭᠯᠠᠯᠲᠠ ᠶᠢᠨ ᠶᠠᠮᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠬᠡᠷᠬᠢᠨ ᠰᠠᠶᠢᠲᠤᠷ ᠬᠢᠬᠦ ᠶᠢᠨ ᠬᠠᠮᠲᠤ᠂ ᠲᠠᠷᠢᠶᠠᠯᠠᠩ ᠤᠨ ᠬᠠᠪᠤᠷ ᠤᠨ ᠤᠰᠤᠯᠠᠯᠲᠠ ᠶᠢᠨ ᠲᠠᠷᠢᠶᠠᠯᠠᠩ ᠤᠨ ᠴᠠᠭ ᠢ | ᠰᠠᠭᠠᠲᠠᠭᠠᠬᠤ ᠥᠬᠡᠶ ᠪᠠᠶᠢᠬᠤ ᠶᠢ ᠪᠠᠲᠤᠯᠠᠬᠤ ᠪᠣᠶ︖ ᠪᠠᠶᠠᠷᠯᠠᠯ᠎ᠠ᠃ | ᠴᠧᠨ ᠮᠢᠩ ᠵᠥᠩ 2020 — 03 — 2616᠄ 14᠄ 21 | ᠣᠳᠣᠬᠠᠨ ᠳᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠤᠯᠠᠬᠤ᠂ ᠬᠠᠪᠤᠷ ᠤᠨ | ᠤᠰᠤᠯᠠᠯᠲᠠ ᠶᠢᠨ ᠤᠰᠤᠨ ᠤ ᠬᠠᠩᠭᠠᠯᠭ᠎ᠠ ᠶᠢ ᠪᠠᠲᠤᠯᠠᠬᠤ ᠪᠣᠯ ᠤᠰᠤᠨ ᠠᠰᠢᠭᠯᠠᠯᠲᠠ ᠶᠢᠨ ᠶᠠᠮᠤᠨ ᠤ ᠨᠢᠭᠡᠨ | ᠲᠦᠢᠯ ᠤᠨ ᠴᠢᠬᠤᠯᠠ ᠡᠭᠦᠷᠭᠡ ᠮᠥᠨ᠂ ᠤᠰᠤᠨ ᠠᠰᠢᠭᠯᠠᠯᠲᠠ ᠶᠢᠨ ᠶᠠᠮᠤᠨ ᠡᠶᠢᠮᠦ ᠬᠡᠳᠦᠨ ᠵᠦᠢᠯ ᠤᠨ ᠠᠷᠭ᠎ᠠ | ᠬᠡᠮᠵᠢᠶ᠎ᠡ ᠶᠢ ᠠᠪᠤᠭᠰᠠᠨ ᠪᠠᠶᠢᠨ᠎ᠠ᠃ ᠨᠢᠭᠡᠳᠦᠭᠡᠷ ᠲᠤ᠂ ᠬᠠᠪᠤᠷ ᠤᠨ ᠤᠰᠤᠯᠠᠯᠲᠠ ᠶᠢᠨ ᠡᠬᠢᠨ ᠤ ᠬᠤᠭᠤᠴᠠᠭᠠᠨ ᠳᠤ᠂ | ᠪᠢᠳᠡ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ᠂ ᠠᠵᠢᠯ ᠤᠨ ᠪᠠᠶᠢᠳᠠᠯ ᠤᠨ ᠵᠢᠱᠢᠯᠲᠡ ᠶᠢ ᠰᠠᠶᠢᠲᠤᠷ ᠬᠢᠵᠦ᠂ | ᠬᠠᠪᠤᠷ ᠤᠨ ᠤᠰᠤᠯᠠᠯᠲᠠ ᠶᠢᠨ ᠡᠬᠢᠯᠡᠯᠲᠡ ᠳᠤ ᠨᠡᠯᠢᠶᠡᠳ ᠰᠠᠶᠢᠨ ᠰᠠᠭᠤᠷᠢ ᠪᠠᠲᠤᠯᠠᠭ᠎ᠠ ᠬᠠᠩᠭᠠᠪᠠ᠃ | ᠶᠡᠷᠦᠩᠬᠡᠶ ᠳᠤᠨᠢ ᠠᠪᠴᠤ ᠦᠵᠡᠪᠡᠯ᠂ ᠡᠨᠡ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠨᠢ ᠡᠩ ᠤᠨ ᠵᠢᠯ ᠤᠨ ᠠᠳᠠᠯᠢ | ᠬᠤᠭᠤᠴᠠᠭᠠᠨ ᠤ ᠬᠢ ᠠᠴᠠ 40% ᠪᠠᠷ ᠢᠯᠡᠭᠦᠦ ᠪᠠᠶᠢᠵᠤ᠂ ᠣᠳᠣᠬᠠᠨ ᠳᠤ ᠪᠦᠬᠦ ᠤᠯᠤᠰ ᠤᠨ 6920 ᠲᠤᠮᠤ | ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠤᠰᠤ ᠬᠠᠳᠠᠭᠠᠯᠠᠬᠤ ᠶᠡᠷᠦᠩᠬᠡᠶ ᠬᠡᠮᠵᠢᠶ᠎ᠡ 4100 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 14% ᠪᠠᠷ | ᠢᠯᠡᠭᠦᠦ ᠪᠤᠯᠵᠤ᠂ ᠡᠨᠡ ᠵᠢᠯ ᠤᠨ ᠬᠠᠪᠤᠷ ᠤᠨ ᠤᠰᠤᠯᠠᠯᠲᠠ ᠶᠢᠨ ᠪᠠᠶᠢᠳᠠᠯ ᠥᠩᠭᠡᠷᠡᠭᠰᠡᠨ ᠵᠢᠯ ᠤᠳ ᠤᠨ ᠬᠢ ᠠᠴᠠ | ᠰᠠᠶᠢᠨ ᠰᠢᠭ᠋ ᠪᠣᠯᠵᠠᠶ᠃ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠳᠤ ᠬᠡᠷᠡᠭᠯᠡᠬᠦ | ᠤᠰᠤ ᠦᠨᠳᠦᠰᠦᠨ ᠳᠡᠭᠡᠨ ᠪᠠᠲᠤᠯᠠᠭ᠎ᠠ ᠲᠠᠢ ᠪᠤᠯᠪᠠ᠃ ᠬᠤᠶᠠᠳᠤᠭᠠᠷ ᠲᠤ᠂ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠤᠷᠢᠯᠡᠪᠡ᠃ ᠤᠰᠤᠯᠠᠯᠲᠠ ᠶᠢᠨ | ᠣᠷᠣᠨ ᠤ ᠬᠠᠪᠤᠷ ᠤᠨ ᠤᠰᠤᠯᠠᠯᠲᠠ ᠶᠢᠨ ᠡᠬᠡ ᠲᠠᠩᠰᠠ ᠶᠢ ᠪᠠᠶᠢᠭᠤᠯᠵᠤ᠂ ᠡᠯ᠎ᠡ ᠭᠠᠵᠠᠷ ᠤᠨ ᠪᠣᠳᠠᠲᠠᠶ ᠴᠠᠭ ᠤᠨ | ᠪᠠᠶᠢᠳᠠᠯ ᠢ ᠤᠶᠢᠯᠠᠭᠠᠨ ᠮᠥᠷᠳᠡᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢ ᠴᠠᠭ ᠲᠤᠬᠠᠶ ᠳᠤᠨᠢ ᠳᠣᠭᠢᠷᠠᠭᠤᠯᠤᠨ᠂ | ᠬᠠᠪᠤᠷ ᠤᠨ ᠤᠰᠤᠯᠠᠯᠲᠠ ᠳᠤ ᠢᠨᠵᠧᠨᠧᠷᠢᠩ ᠤᠨ ᠪᠠᠲᠤᠯᠠᠭ᠎ᠠ ᠶᠢ ᠰᠠᠶᠢᠲᠤᠷ ᠬᠠᠩᠭᠠᠪᠠ᠃ ᠵᠢᠱᠢᠶᠡᠯᠡᠪᠡᠯ᠂ ᠬᠠᠲᠤᠨ | ᠭᠤᠤᠯ ᠤᠨ ᠰᠢᠶᠤᠤ ᠯᠠᠩ ᠳ᠋ᠢ ᠤᠰᠤᠨ ᠴᠥᠭᠦᠷᠥᠮ ᠨᠢ 2 ᠰᠠᠷ᠎ᠠ ᠶᠢᠨ 11 ᠤ ᠡᠳᠦᠷ ᠠᠴᠠ ᠡᠬᠢᠯᠡᠨ᠂ ᠳᠣᠷᠣᠭᠰᠢ | ᠤᠷᠤᠰᠬᠤ ᠤᠷᠤᠰᠬᠠᠯ ᠤᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠳᠣᠤᠷᠠᠳᠤ ᠤᠷᠤᠰᠬᠠᠯ ᠤᠨ | ᠬᠠᠪᠤᠷ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠭᠰᠠᠨ ᠪᠠᠶᠢᠨ᠎ᠠ᠃ ᠬᠠᠲᠤᠨ ᠭᠤᠣᠯ ᠳᠠᠭᠠᠤ ᠶᠢᠨ | ᠤᠰᠤᠯᠠᠯᠲᠠ ᠶᠢᠨ ᠣᠷᠣᠨ ᠳᠤ ᠨᠡᠶᠢᠲᠡ 2300 ᠭᠠᠷᠤᠶ ᠲᠦᠮᠡᠨ ᠮᠥ ᠲᠠᠷᠢᠶᠠᠨ ᠭᠠᠵᠠᠷ ᠢ ᠤᠰᠤᠯᠠᠵᠤ᠂ ᠤᠰᠤ | ᠣᠷᠣᠭᠤᠯᠬᠤ ᠬᠡᠮᠵᠢᠶ᠎ᠡ ᠨᠢ 22 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠦᠭᠰᠡᠨ ᠪᠠᠶᠢᠨ᠎ᠠ᠃ | ᠭᠤᠷᠪᠠᠳᠤᠭᠠᠷ ᠲᠤ᠂ ᠤᠰᠤᠯᠠᠯᠲᠠ ᠶᠢᠨ ᠣᠷᠣᠨ ᠤ ᠤᠰᠤ ᠬᠠᠩᠭᠠᠬᠤ ᠲᠥᠯᠥᠪᠯᠡᠭᠡ ᠶᠢ ᠰᠢᠯᠢᠳᠡᠭᠵᠢᠭᠦᠯᠵᠦ᠂ | ᠲᠣᠭᠤᠷᠢᠨ ᠪᠠᠶᠢᠴᠠᠭᠠᠬᠤ᠂ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠤᠰᠤ ᠬᠠᠳᠠᠭᠠᠯᠠᠬᠤ ᠪᠠ ᠬᠥᠷᠥᠰᠥᠨ ᠤ | ᠴᠢᠭᠢᠭ ᠤᠨ ᠪᠠᠶᠢᠳᠠᠯ ᠢ ᠦᠨᠳᠦᠰᠦᠯᠡᠨ᠂ ᠬᠠᠪᠤᠷ ᠤᠨ ᠤᠰᠤᠯᠠᠯᠲᠠ ᠶᠢᠨ ᠤᠰᠤᠯᠠᠯᠲᠠ ᠶᠢᠨ ᠲᠥᠯᠥᠪᠯᠡᠭᠡ ᠶᠢ | ᠰᠢᠯᠢᠳᠡᠭᠵᠢᠭᠦᠯᠵᠦ᠂ ᠤᠰᠤ ᠬᠡᠷᠡᠭᠯᠡᠬᠦ ᠡᠷᠦᠬᠡ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠨ᠂ | ᠬᠠᠪᠤᠷ ᠤᠨ ᠤᠰᠤᠯᠠᠯᠲᠠ ᠶᠢᠨ ᠤᠰᠤᠯᠠᠯᠲᠠ ᠶᠢᠨ ᠤᠰᠤ ᠬᠡᠷᠡᠭᠯᠡᠬᠦ ᠲᠥᠯᠥᠪᠯᠡᠭᠡ ᠶᠢ ᠪᠣᠳᠠᠲᠠᠶᠢᠵᠢᠭᠤᠯᠤᠨ | ᠨᠠᠷᠢᠯᠢᠭᠵᠢᠭᠤᠯᠪᠠ᠃ ᠳᠥᠷᠪᠡᠳᠦᠭᠡᠷ ᠲᠤ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠬᠦᠳᠴᠦ᠂ ᠢᠯᠠᠩᠭᠤᠶ᠎ᠠ | ᠪᠢᠳᠡ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ ᠤᠳᠠᠰᠤ᠂ ᠰᠦᠯᠵᠢᠶ᠎ᠡ᠂ ᠸᠢᠳᠢᠤ᠋ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠠᠪᠤᠷ ᠤᠨ ᠤᠰᠤᠯᠠᠯᠲᠠ ᠶᠢᠨ ᠤᠰᠤ ᠬᠡᠷᠡᠭᠯᠡᠬᠦ ᠤᠰᠤ ᠲᠣᠬᠢᠷᠠᠭᠤᠯᠬᠤ ᠲᠥᠯᠥᠪᠯᠡᠭᠡ᠂ | ᠲᠥᠰᠦᠯ ᠢ ᠪᠣᠳᠠᠲᠠᠶ ᠪᠥᠭᠡᠳ ᠨᠠᠷᠢᠯᠢᠭ ᠬᠢᠵᠦ᠂ ᠲᠠᠷᠢᠶᠠᠴᠢᠨ ᠡᠷᠦᠬᠡ ᠲᠠᠢ ᠨᠡᠪᠲᠡᠷᠡᠯᠴᠡᠵᠦ᠂ ᠲᠣᠬᠢᠷᠠᠭᠤᠯᠤᠯᠲᠠ ᠪᠠᠨ | ᠴᠢᠩᠭᠠᠳᠬᠠᠪᠠ᠃ ᠡᠨᠡ ᠵᠢᠯ ᠤᠨ ᠬᠠᠪᠤᠷ ᠤᠨ ᠤᠰᠤᠯᠠᠯᠲᠠ ᠶᠢᠨ ᠠᠵᠢᠯ ᠶᠡᠷᠦᠩᠬᠡᠶ ᠳᠡᠭᠡᠨ ᠲᠦᠢᠯ ᠤᠨ ᠲᠣᠭᠲᠠᠭᠤᠨ | ᠪᠥᠭᠡᠳ ᠡᠮᠬᠢ ᠵᠢᠷᠤᠮ ᠲᠠᠢ ᠪᠠᠶᠢᠨ᠎ᠠ᠃ ᠣᠲᠣ ᠪᠣᠯᠲᠠᠯ᠎ᠠ᠂ 17 ᠮᠤᠵᠢ ᠶᠢᠨ 157 ᠲᠣᠮᠣ ᠬᠡᠯᠪᠡᠷᠢ ᠶᠢᠨ | ᠤᠰᠤᠯᠠᠯᠲᠠ ᠶᠢᠨ ᠣᠷᠣᠨ ᠳᠤ ᠴᠥᠮ ᠬᠠᠪᠤᠷ ᠤᠨ ᠤᠰᠤᠯᠠᠯᠲᠠ ᠶᠢ ᠡᠬᠢᠯᠡᠨ ᠬᠢᠵᠦ᠂ ᠤᠰᠤᠯᠠᠯᠲᠠ ᠶᠢᠨ ᠲᠠᠯᠠᠪᠠᠶ ᠨᠢ | ᠨᠢᠭᠡᠨᠲᠡ 4500 ᠭᠠᠷᠤᠶ ᠲᠦᠮᠡᠨ ᠮᠥ ᠳᠤ ᠬᠦᠷᠴᠦ᠂ ᠤᠰᠤ ᠲᠠᠲᠠᠬᠤ ᠬᠡᠮᠵᠢᠶ᠎ᠡ ᠨᠢ ᠴᠦ 58 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠮᠠᠰᠢ ᠰᠠᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠪᠤᠰᠤᠳ ᠭᠠᠵᠠᠷ | ᠣᠷᠣᠨ ᠴᠤ ᠵᠠᠯᠭᠠᠭ᠎ᠠ ᠪᠠᠷ ᠬᠠᠪᠤᠷ ᠤᠨ ᠤᠰᠤᠯᠠᠯᠲᠠ ᠶᠢᠨ ᠬᠡᠷᠡᠭᠴᠡᠭᠡ ᠶᠢ ᠦᠨᠳᠦᠰᠦᠯᠡᠨ ᠬᠠᠪᠤᠷ ᠤᠨ | ᠤᠰᠤᠯᠠᠯᠲᠠ ᠶᠢᠨ ᠲᠥᠯᠥᠪᠯᠡᠭᠡ᠂ ᠬᠠᠪᠤᠷ ᠤᠨ ᠤᠰᠤᠯᠠᠯᠲᠠ ᠶᠢᠨ ᠪᠡᠯᠡᠳᠬᠡᠯ ᠢ ᠰᠠᠶᠢᠲᠤᠷ ᠬᠢᠵᠦ ᠪᠠᠶᠢᠨ᠎ᠠ᠂ ᠡᠨᠡ | ᠵᠢᠯ ᠤᠨ ᠬᠠᠪᠤᠷ ᠤᠨ ᠤᠰᠤᠯᠠᠯᠲᠠ ᠶᠡᠷᠦᠩᠬᠡᠶ ᠳᠡᠭᠡᠨ ᠪᠠᠲᠤᠯᠠᠭ᠎ᠠ ᠲᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠤᠰᠤᠨ ᠠᠰᠢᠭᠯᠠᠯᠲᠠ ᠶᠢᠨ ᠶᠠᠮᠤᠨ ᠡᠯ᠎ᠡ ᠭᠠᠵᠠᠷ ᠣᠷᠣᠨ ᠤ ᠬᠠᠪᠤᠷ ᠤᠨ ᠤᠰᠤᠯᠠᠯᠲᠠ ᠶᠢᠨ ᠬᠥᠭᠵᠢᠯᠲᠡ ᠶᠢ | ᠦᠷᠭᠦᠯᠵᠢᠯᠡᠨ ᠠᠩᠬᠠᠷᠴᠤ᠂ ᠤᠰᠤᠨ ᠠᠰᠢᠭᠯᠠᠯᠲᠠ ᠶᠢᠨ ᠢᠨᠵᠧᠨᠧᠷᠢᠩ ᠢ ᠴᠠᠭ ᠲᠤᠬᠠᠶ ᠳᠤᠨᠢ ᠰᠠᠶᠢᠲᠤᠷ | ᠳᠣᠭᠢᠷᠠᠭᠤᠯᠤᠨ᠂ ᠬᠠᠪᠤᠷ ᠤᠨ ᠤᠰᠤᠯᠠᠯᠲᠠ ᠳᠤ ᠬᠦᠴᠦᠲᠡᠶ ᠲᠤᠯᠭᠠᠭᠤᠷᠢᠯᠠᠯ ᠪᠠᠲᠤᠯᠠᠭ᠎ᠠ ᠶᠢ ᠰᠠᠶᠢᠲᠤᠷ ᠬᠢᠬᠦ | ᠪᠣᠯᠤᠨ᠎ᠠ᠃ ᠪᠠᠶᠠᠷᠯᠠᠯ᠎ᠠ᠃ | ᠰᠢᠶᠠᠩᠭᠠᠩ ᠤᠨ ᠠᠵᠤ ᠠᠬᠤᠶ ᠶᠢᠨ ᠬᠥᠲᠥᠴᠢ ᠰᠣᠨᠢᠨ ᠤ ᠰᠤᠷᠪᠤᠯᠵᠢᠯᠠᠭᠴᠢ 2020 — 03 — | 26 16᠄ 24᠄ 44 | ᠣᠳᠣᠬᠠᠨ ᠳᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠪᠠᠶᠢᠳᠠᠯ | ᠶᠠᠮᠠᠷ ᠪᠣᠶ︖ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠤᠰᠤᠨ | ᠠᠰᠢᠭᠯᠠᠯᠲᠠ ᠶᠢᠨ ᠢᠨᠵᠧᠨᠧᠷᠢᠩ ᠨᠢ ᠶᠠᠮᠠᠷ ᠲᠤᠯᠭᠠᠭᠤᠷᠢᠯᠠᠯ ᠪᠠ ᠪᠠᠲᠤᠯᠠᠭ᠎ᠠ ᠶᠢ ᠬᠠᠩᠭᠠᠭᠰᠠᠨ ᠪᠤᠢ︖ ᠪᠠᠶᠠᠷᠯᠠᠯ᠎ᠠ᠃ | | ᠿᠤᠸᠠᠨ ᠯᠢ ᠮᠢᠨ 2020 — 03 — 2616᠄ 24᠄ 54 | ᠪᠠᠶᠠᠷᠯᠠᠯ᠎ᠠ᠃ ᠮᠠᠨ ᠤ ᠤᠯᠤᠰ ᠲᠤ 9.8 ᠲᠦᠮᠡᠨ ᠤᠰᠤᠨ ᠴᠥᠭᠦᠷᠥᠮ ᠲᠠᠢ᠂ ᠶᠡᠷᠦᠩᠬᠡᠶ ᠴᠥᠭᠦᠷᠥᠮ ᠤᠨ | ᠪᠠᠭᠲᠠᠭᠠᠮᠵᠢ ᠨᠢ 9320 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠪᠦᠳᠦᠮᠵᠢᠳᠡᠢ ᠴᠥᠭᠦᠷᠥᠮ ᠤᠨ | ᠪᠠᠭᠲᠠᠭᠠᠮᠵᠢ ᠨᠢ 4600 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠦᠶᠡᠷ ᠢ ᠰᠡᠷᠭᠡᠶᠢᠯᠡᠬᠦ ᠴᠥᠭᠦᠷᠥᠮ ᠤᠨ | ᠪᠠᠭᠲᠠᠭᠠᠮᠵᠢ ᠨᠢ 1830 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠲᠠᠪᠤᠨ ᠳᠡᠰ ᠠᠴᠠ ᠳᠡᠭᠡᠭᠰᠢᠬᠢ | ᠬᠠᠰᠢᠯᠭ᠎ᠠ ᠳᠠᠯᠠᠩ ᠨᠢ 31 ᠲᠦᠮᠡᠨ ᠺᠢᠯᠣᠮᠧᠲᠷ᠂ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 5 ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢᠬᠢ ᠤᠰᠤᠨ ᠬᠠᠭᠠᠯᠲᠠ ᠨᠢ 10.4 ᠲᠦᠮᠡ ᠪᠠᠶᠢᠨ᠎ᠠ᠃ ᠡᠳᠡᠭᠡᠷ ᠤᠰᠤᠨ | ᠠᠰᠢᠭᠯᠠᠯᠲᠠ ᠶᠢᠨ ᠪᠠᠷᠢᠯᠭ᠎ᠠ ᠨᠢ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠤᠰᠤᠯᠠᠬᠤ ᠴᠢᠬᠤᠯᠠ ᠦᠢᠯᠡᠳᠦᠯ ᠲᠠᠢ | ᠶᠤᠮ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠪᠢᠳᠡ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠠᠮᠤᠷ ᠲᠦᠪᠰᠢᠨ ᠢᠶᠠᠷ ᠠᠵᠢᠯᠯᠠᠬᠤ᠂ ᠴᠢᠳᠠᠮᠵᠢ ᠪᠠᠨ ᠪᠠᠳᠠᠷᠠᠭᠤᠯᠬᠤ ᠵᠢᠴᠢ ᠦᠶᠡᠷ ᠤᠨ | ᠬᠤᠭᠤᠴᠠᠭ᠎ᠠ ᠶᠢ ᠥᠩᠭᠡᠷᠡᠭᠦᠯᠬᠦ ᠪᠡᠯᠡᠳᠬᠡᠯ ᠢ ᠴᠢᠩᠭ᠎ᠠ ᠠᠩᠬᠠᠷᠴᠤ᠂ ᠬᠤᠶᠠᠷ ᠵᠤᠶᠢᠯ ᠤᠨ ᠠᠵᠢᠯ ᠢ ᠰᠠᠶᠢᠲᠤᠷ ᠬᠢᠪᠠ᠃ | ᠨᠢᠭᠡ ᠳᠤ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ᠂ ᠬᠠᠰᠢᠯᠭ᠎ᠠ ᠳᠠᠯᠠᠩ ᠵᠡᠷᠭᠡ ᠪᠠᠷᠢᠯᠭ᠎ᠠ ᠶᠢᠨ | ᠲᠡᠭᠡᠭᠡᠪᠦᠷᠢ ᠶᠢᠨ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠪᠸᠢ ᠪᠣᠯᠤᠨ ᠬᠢᠵᠢᠭ ᠤᠨ ᠪᠠᠶᠢᠳᠠᠯ | ᠨᠡᠯᠢᠶᠡᠳ ᠬᠦᠨᠳᠦ ᠪᠠᠶᠢᠭ᠎ᠠ ᠪᠤᠰᠤᠳ ᠭᠠᠵᠠᠷ ᠣᠷᠣᠨ ᠤ 1000 ᠭᠠᠷᠤᠶ ᠲᠤᠮᠤ ᠳᠤᠮᠳᠠ ᠬᠡᠯᠪᠡᠷᠢ ᠶᠢᠨ ᠤᠰᠤᠨ | ᠴᠥᠭᠦᠷᠥᠮ᠂ 1000 ᠭᠠᠷᠤᠶ ᠬᠠᠰᠢᠯᠭ᠎ᠠ ᠳᠠᠯᠠᠩ ᠤᠨ ᠤᠰᠤᠨ ᠬᠠᠭᠠᠯᠲᠠ ᠳᠤ ᠴᠢᠭᠯᠡᠭᠦᠯᠦᠨ ᠤᠳᠠᠰᠤ ᠪᠠᠷ | ᠰᠣᠩᠭᠤᠨ ᠪᠠᠶᠢᠴᠠᠭᠠᠯᠲᠠ ᠬᠢᠵᠦ᠂ ᠲᠡᠭᠡᠭᠡᠪᠦᠷᠢ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ | ᠣᠶᠢᠯᠠᠭᠠᠬᠤ ᠶᠢᠨ ᠬᠠᠮᠲᠤ ᠡᠯ᠎ᠡ ᠭᠠᠵᠠᠷ ᠤᠨ ᠬᠢᠨ ᠢ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠬᠡᠪ ᠤᠨ ᠪᠤᠰᠤ ᠪᠠᠶᠢᠳᠠᠯ ᠤᠨ ᠡᠳᠦᠷ ᠤᠨ ᠮᠡᠳᠡᠭᠦᠯᠦᠯᠲᠡ ᠶᠢ ᠬᠡᠷᠡᠭᠵᠢᠭᠦᠯᠬᠦ ᠶᠢ ᠱᠠᠭᠠᠷᠳᠠᠵᠠᠶ᠃ ᠬᠤᠶᠠᠷ ᠲᠤ | ᠤᠳᠠᠰᠤ ᠪᠠᠷ ᠰᠣᠩᠭᠤᠨ ᠪᠠᠶᠢᠴᠠᠭᠠᠬᠤ ᠪᠠ ᠣᠷᠣᠨ ᠨᠤᠲᠤᠭ ᠤᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠵᠣᠬᠢᠴᠠᠭᠤᠯᠤᠨ᠂ ᠱᠠᠯᠠᠪᠳᠠᠨ ᠨᠠᠶᠢᠳᠠᠪᠤᠷᠢᠵᠢᠭᠤᠯᠵᠤ᠂ ᠰᠢᠢᠳᠪᠤᠷᠢᠯᠡᠵᠦ | ᠦᠭᠪᠡ᠃ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ᠂ ᠨᠢᠭᠡᠳᠦᠭᠡᠷ ᠲᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠬᠡᠪ ᠤᠨ | ᠪᠠᠶᠢᠳᠠᠯ ᠢᠶᠠᠷ ᠶᠠᠪᠤᠭᠳᠠᠵᠤ᠂ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠭᠠᠷᠤᠭᠰᠠᠨ ᠥᠬᠡᠶ᠃ | ᠬᠤᠶᠠᠳᠤᠭᠠᠷ ᠲᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠦᠢᠯᠡᠳᠦᠯ ᠢ ᠬᠡᠪ ᠤᠨ ᠪᠠᠶᠢᠳᠠᠯ ᠢᠶᠠᠷ ᠪᠠᠳᠠᠷᠠᠭᠤᠯᠵᠤ᠂ | ᠠᠮᠢᠳᠤᠷᠠᠯ ᠳᠤ ᠬᠡᠷᠡᠭᠯᠡᠬᠦ ᠤᠰᠤ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠪᠠ ᠲᠠᠷᠢᠶᠠᠯᠠᠩ ᠤᠨ ᠤᠰᠤᠯᠠᠯᠲᠠ ᠶᠢᠨ | ᠬᠡᠷᠡᠭᠴᠡᠭᠡ ᠶᠢ ᠦᠨᠡᠨ ᠬᠦ ᠪᠠᠲᠤᠯᠠᠵᠤ᠂ ᠨᠢᠳᠤᠨᠤᠨ ᠤ ᠭᠠᠩ ᠬᠠᠭᠰᠠᠷᠠᠭᠠᠨ ᠠᠴᠠ ᠪᠤᠯᠵᠤ ᠬᠡᠰᠡᠭ ᠭᠠᠵᠠᠷ ᠣᠷᠣᠨ ᠳᠤ | ᠬᠠᠪᠤᠷ ᠤᠨ ᠤᠰᠤᠯᠠᠯᠲᠠ ᠶᠢᠨ ᠪᠠᠲᠤᠯᠠᠭ᠎ᠠ ᠬᠦᠷᠦᠯᠴᠡᠬᠦ ᠦᠭᠡᠢ ᠠᠰᠠᠭᠤᠳᠠᠯ ᠣᠷᠣᠰᠢᠵᠤ᠂ ᠤᠰᠤ ᠲᠤᠬᠢᠷᠠᠭᠤᠯᠬᠤ᠂ | ᠤᠰᠤ ᠲᠠᠲᠠᠬᠤ ᠵᠢᠴᠢ ᠬᠠᠭᠤᠷᠠᠶ ᠲᠠᠷᠢᠶᠠᠨ ᠤ ᠲᠠᠷᠢᠮᠠᠯ ᠢ ᠥᠭᠡᠷᠡᠴᠢᠯᠡᠨ ᠲᠠᠷᠢᠬᠤ ᠠᠷᠭ᠎ᠠ ᠪᠠᠷ ᠳᠠᠮᠵᠢᠭᠤᠯᠤᠨ ᠤᠳᠤ | ᠶᠠᠭ ᠢᠳᠡᠪᠬᠢᠲᠡᠶ ᠪᠠᠷ ᠰᠢᠢᠳᠪᠤᠷᠢᠯᠡᠵᠦ ᠪᠠᠶᠢᠨ᠎ᠠ᠃ ᠭᠤᠷᠪᠠᠳᠤᠭᠠᠷ ᠲᠤ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠦᠶᠡᠷ ᠤᠨ ᠪᠡᠯᠡᠳᠬᠡᠯ ᠠᠵᠢᠯ᠂ ᠦᠶᠡᠷ ᠠᠴᠠ ᠡᠮᠦᠨ᠎ᠡ ᠪᠠᠶᠢᠴᠠᠭᠠᠬᠤ᠂ ᠰᠡᠯᠪᠢᠨ ᠵᠠᠰᠠᠵᠤ | ᠠᠷᠠᠴᠢᠯᠠᠬᠤ᠂ ᠦᠶᠡᠷ ᠢ ᠰᠡᠷᠭᠡᠶᠢᠯᠡᠬᠦ ᠮᠠᠲ᠋ᠧᠷᠢᠶᠠᠯ ᠪᠡᠯᠡᠳᠬᠡᠬᠦ ᠵᠡᠷᠭᠡ ᠡᠯ᠎ᠡ ᠵᠦᠢᠯ ᠤᠨ ᠠᠵᠢᠯ ᠢ ᠶᠠᠭ | ᠢᠳᠡᠪᠬᠢᠲᠡᠶ ᠪᠠᠷ ᠲᠦᠯᠬᠢᠨ ᠠᠬᠢᠭᠤᠯᠵᠤ ᠪᠠᠶᠢᠨ᠎ᠠ᠃ ᠶᠡᠷᠦᠩᠬᠡᠶᠢᠯᠡᠭᠡᠳ ᠬᠡᠯᠡᠪᠡᠯ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠪᠥᠬᠦ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠲᠡᠭᠡᠭᠡᠪᠦᠷᠢ ᠶᠢᠨ ᠪᠠᠶᠢᠳᠠᠯ ᠰᠠᠶᠢᠨ ᠪᠠᠶᠢᠵᠤ᠂ ᠴᠢᠳᠠᠮᠵᠢ ᠦᠷ᠎ᠡ ᠠᠰᠢᠭ ᠨᠢ ᠬᠡᠪ ᠤᠨ ᠪᠠᠶᠢᠳᠠᠯ ᠢᠶᠠᠷ ᠪᠠᠳᠠᠷᠠᠨ᠂ | ᠦᠶᠡᠷ ᠤᠨ ᠬᠤᠭᠤᠴᠠᠭ᠎ᠠ ᠳᠤ ᠪᠡᠯᠡᠳᠬᠡᠬᠦ ᠠᠵᠢᠯ ᠡᠮᠬᠢ ᠵᠢᠷᠤᠮ ᠲᠠᠢ ᠪᠠᠷ ᠠᠭᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠶᠡᠷᠦᠩᠬᠡᠶ ᠲᠠᠶᠢᠯᠠᠯᠳᠤᠭᠠᠨ ᠤ ᠢᠯᠠᠯᠲᠠ ᠶᠢ ᠤᠯᠬᠤ ᠪᠠ ᠦᠢᠯᠡᠳᠪᠤᠷᠢᠯᠡᠯ ᠢᠶᠠᠨ | ᠰᠡᠷᠭᠦᠭᠡᠵᠦ ᠠᠵᠢᠯ ᠢᠶᠠᠨ ᠰᠡᠷᠭᠦᠭᠡᠬᠦ ᠳᠤ ᠬᠦᠴᠦᠲᠡᠶ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠬᠠᠩᠭᠠᠭᠰᠠᠨ | ᠪᠠᠶᠢᠨ᠎ᠠ᠃ ᠪᠠᠶᠠᠷᠯᠠᠯ᠎ᠠ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ 2020 — 03 — 2616᠄ 25᠄ 07 | ᠬᠢᠵᠢᠭ ᠤᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠤᠭ ᠤᠨ ᠶᠡᠭᠡ ᠠᠶᠤᠯ | ᠲᠦᠭᠰᠢᠭᠦᠷᠢ ᠨᠢ ᠶᠠᠭᠤ ᠪᠤᠶ︖ ᠡᠨᠡᠬᠦ ᠠᠶᠤᠯ ᠲᠦᠭᠰᠢᠭᠦᠷᠢ ᠳᠤ ᠴᠢᠭᠯᠡᠭᠦᠯᠦᠨ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠤᠢ︖ ᠪᠠᠶᠠᠷᠯᠠᠯ᠎ᠠ᠃ | ᠿᠤᠸᠠᠨ ᠯᠢ ᠮᠢᠨ 2020 — 03 — 2616᠄ 25᠄ 25 | ᠪᠠᠶᠠᠷᠯᠠᠯ᠎ᠠ᠃ ᠮᠠᠨ ᠤ ᠤᠯᠤᠰ ᠲᠤ 9.8 ᠲᠦᠮᠡᠨ ᠤᠰᠤᠨ ᠴᠥᠭᠦᠷᠥᠮ ᠲᠠᠢ᠂ ᠡᠭᠦᠨ ᠤ ᠳᠣᠲᠣᠷ᠎ᠠ ᠵᠢᠵᠢᠭ | ᠬᠡᠯᠪᠡᠷᠢ ᠶᠢᠨ ᠤᠰᠤᠨ ᠴᠥᠭᠦᠷᠥᠮ 9.4 ᠲᠦᠮᠡ ᠪᠠᠶᠢᠵᠤ᠂ ᠣᠯᠠᠩᠬᠢ ᠵᠢᠵᠢᠭ ᠬᠡᠯᠪᠡᠷᠢ ᠶᠢᠨ ᠤᠰᠤᠨ ᠴᠥᠭᠦᠷᠥᠮ ᠢ | ᠳᠡᠭᠡᠷ᠎ᠡ ᠵᠠᠭᠤᠨ ᠤ ᠲᠠᠪᠢᠭᠠᠳ ᠣᠨ ᠠᠴᠠ ᠳᠠᠯᠠᠭᠠᠳ ᠣᠨ ᠤ ᠦᠶ᠎ᠡ ᠳᠤ ᠪᠠᠶᠢᠭᠤᠯᠵᠤ᠂ ᠵᠠᠷᠢᠮ ᠨᠢ ᠬᠠᠭᠤᠴᠢᠷᠠᠵᠤ | ᠰᠡᠯᠪᠢᠨ ᠵᠠᠰᠠᠭᠰᠠᠨ ᠦᠭᠡᠢ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠵᠤ᠂ ᠵᠠᠷᠢᠮ ᠨᠢ ᠠᠮᠤᠷ ᠲᠦᠪᠰᠢᠨ ᠤ | ᠳᠠᠯᠳᠠ ᠭᠡᠮ ᠣᠷᠣᠰᠢᠵᠤ᠂ ᠠᠵᠢᠯᠯᠠᠭᠠᠨ ᠤ ᠬᠠᠮᠢᠶᠠᠷᠤᠯᠲᠠ ᠨᠡᠯᠢᠶᠡᠳ ᠪᠠᠭᠤᠷᠠᠶ ᠪᠠᠶᠢᠪᠠ᠃ ᠤᠰᠤᠨ ᠴᠥᠭᠦᠷᠥᠮ | ᠠᠶᠤᠯ ᠲᠦᠭᠰᠢᠭᠦᠷᠢ ᠳᠤ ᠲᠤᠯᠭᠠᠷᠠᠪᠠᠯ᠂ ᠬᠤᠬᠢᠷᠠᠯ ᠲᠦᠢᠯ ᠤᠨ ᠬᠦᠨᠳᠦ ᠨᠣᠴᠢᠲᠠᠶ ᠪᠠᠶᠢᠳᠠᠭ᠃ ᠡᠨᠡ ᠪᠤᠯ | ᠣᠳᠣᠬᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ | ᠬᠠᠮᠤᠭ ᠤᠨ ᠶᠡᠭᠡ ᠠᠶᠤᠯ ᠲᠦᠭᠰᠢᠭᠦᠷᠢ ᠪᠣᠯᠤᠨ᠎ᠠ᠃ ᠤᠰᠤᠨ ᠠᠰᠢᠭᠯᠠᠯᠲᠠ ᠶᠢᠨ ᠶᠠᠮᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠤᠰᠤᠨ | ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠬᠦ᠂ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠬᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠤᠰᠤᠨ ᠠᠰᠢᠭᠯᠠᠯᠲᠠ ᠶᠢᠨ ᠥᠭᠡᠷᠡᠴᠢᠯᠡᠯᠲᠡ | ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠳᠤᠷᠠᠳᠤᠨ ᠭᠠᠷᠭᠠᠵᠤ᠂ ᠰᠢᠨ᠎ᠡ ᠬᠠᠭᠤᠴᠢᠨ ᠤᠰᠤᠨ ᠤ ᠠᠰᠠᠭᠤᠳᠠᠯ ᠢ | ᠰᠢᠢᠳᠪᠤᠷᠢᠯᠡᠪᠡ᠃ ᠣᠰᠣᠨ ᠠᠰᠢᠭᠯᠠᠯᠲᠠ ᠶᠢᠨ ᠶᠠᠮᠤᠨ ᠣᠢᠢᠷ᠎ᠠ ᠶᠢᠨ ᠬᠤᠶᠠᠷ ᠵᠢᠯ ᠳᠤ ᠵᠢᠵᠢᠭ ᠬᠡᠯᠪᠡᠷᠢ ᠶᠢᠨ ᠣᠰᠣᠨ | ᠴᠥᠭᠦᠷᠥᠮ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ 11251 ᠣᠰᠣᠨ ᠴᠥᠭᠦᠷᠥᠮ ᠪᠠᠶᠢᠴᠠᠭᠠᠬᠤ ᠲᠤᠮᠳᠠ | ᠮᠠᠰᠢ ᠣᠯᠠᠨ ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃ ᠡᠲᠡᠭᠡᠷ ᠪᠠᠶᠢᠳᠠᠯ ᠳᠤ ᠴᠢᠭᠯᠡᠭᠦᠯᠦᠨ᠂ ᠪᠢᠳᠡ ᠨᠢᠭᠡ | ᠲᠠᠯ᠎ᠠ ᠪᠠᠷ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠭᠠᠵᠠᠷ ᠤᠨ ᠬᠢᠨ ᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ ᠱᠠᠭᠠᠷᠳᠠᠪᠠ︔ ᠨᠥᠭᠦᠭᠡ ᠲᠠᠯ᠎ᠠ ᠪᠠᠷ᠂ ᠠᠰᠠᠭᠤᠳᠠᠯ ᠵᠢᠴᠢ ᠲᠡᠭᠦᠨ ᠤ | ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠢ ᠠᠷᠢᠯᠭᠠᠨ ᠪᠠᠬᠢᠵᠢᠭᠦᠯᠬᠦ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ | ᠠᠵᠢᠯᠯᠠᠭᠠᠨ ᠤ ᠬᠠᠮᠢᠶᠠᠷᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠳᠤᠷᠠᠳᠤᠨ ᠭᠠᠷᠭᠠᠪᠠ᠃ ᠡᠬᠦᠨ ᠤ | ᠵᠣᠷᠢᠯᠭ᠎ᠠ ᠨᠢ ᠳᠠᠷᠤᠶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠲᠦᠭᠰᠢᠭᠦᠷᠢ ᠶᠢ | ᠠᠷᠢᠯᠭᠠᠬᠤ ᠶᠢᠨ ᠲᠥᠯᠥᠭᠡ ᠶᠤᠮ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠪᠢᠳᠡ | ᠪᠣᠳᠠᠲᠠᠶ ᠶᠢ ᠡᠷᠬᠢᠮᠯᠡᠬᠦ ᠠᠵᠢᠯ ᠤᠨ ᠠᠷᠭ᠎ᠠ ᠮᠠᠶ᠋ᠢᠭ ᠢ ᠠᠪᠴᠤ᠂ ᠤᠰᠤᠨ ᠴᠥᠭᠦᠷᠥᠮ ᠤᠨ ᠠᠮᠤᠷ ᠲᠦᠪᠰᠢᠨ ᠢ | ᠴᠢᠩᠭ᠎ᠠ ᠠᠩᠬᠠᠷᠴᠤ᠂ ᠤᠰᠤᠨ ᠴᠥᠭᠦᠷᠥᠮ ᠤᠨ ᠠᠵᠢᠯᠯᠠᠭᠠᠨ ᠤ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ | ᠠᠵᠢᠯ ᠢ ᠰᠠᠶᠢᠲᠤᠷ ᠬᠢᠪᠠ᠃ ᠪᠢ ᠰᠠᠶ᠋ᠢᠬᠠᠨ ᠤᠰᠤᠨ ᠠᠰᠢᠭᠯᠠᠯᠲᠠ ᠶᠢᠨ ᠶᠠᠮᠤᠨ ᠭᠤᠣᠯᠳᠠᠭᠤ ᠬᠤᠶᠠᠷ ᠲᠠᠯ᠎ᠠ ᠶᠢᠨ | ᠠᠵᠢᠯ ᠢ ᠬᠢᠵᠡᠶ ᠭᠡᠵᠦ ᠬᠡᠯᠡᠵᠦ ᠦᠩᠭᠡᠷᠡᠭᠰᠡᠨ ᠪᠠᠶᠢᠨ᠎ᠠ᠂ ᠨᠢᠭᠡ ᠳᠤ ᠤᠳᠠᠰᠤ ᠪᠠᠷ ᠰᠣᠩᠭᠤᠨ ᠪᠠᠶᠢᠴᠠᠭᠠᠵᠤ᠂ | ᠮᠢᠩᠭ᠎ᠠ ᠭᠠᠷᠤᠶ ᠤᠰᠤᠨ ᠴᠥᠭᠦᠷᠥᠮ᠂ ᠮᠢᠩᠭ᠎ᠠ ᠭᠠᠷᠤᠶ ᠬᠠᠰᠢᠯᠭ᠎ᠠ ᠳᠠᠯᠠᠩ ᠤᠨ ᠤᠰᠤᠨ ᠬᠠᠭᠠᠯᠲᠠ ᠶᠢᠨ | ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠪᠠ᠂ ᠬᠤᠶᠠᠷ ᠲᠤ ᠴᠢᠬᠤᠯᠠ ᠶᠡᠭᠡ ᠠᠰᠠᠭᠤᠳᠠᠯ ᠤᠨ ᠡᠳᠦᠷ ᠤᠨ | ᠮᠡᠳᠡᠭᠦᠯᠦᠯᠲᠡ ᠶᠢ ᠬᠡᠷᠡᠭᠵᠢᠭᠦᠯᠵᠦ᠂ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠪᠠ᠃ ᠪᠠᠭᠴᠠᠯᠠᠭᠠᠳ ᠬᠡᠯᠡᠪᠡᠯ᠂ ᠪᠦᠬᠦ ᠤᠯᠤᠰ ᠤᠨ ᠡᠯ᠎ᠡ ᠭᠠᠵᠠᠷ ᠤᠨ ᠤᠰᠤᠨ ᠠᠰᠢᠭᠯᠠᠯᠲᠠ ᠶᠢᠨ | ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠪᠠᠷᠢᠯᠭ᠎ᠠ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠵᠢᠵᠢᠭᠦᠷᠯᠡᠨ ᠰᠠᠬᠢᠬᠤ ᠶᠢ ᠪᠠᠷᠢᠮᠲᠠᠯᠠᠵᠤ᠂ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ ᠪᠠᠨ ᠴᠢᠩᠭᠠᠳᠬᠠᠵᠤ᠂ ᠢᠳᠡᠪᠬᠢᠲᠡᠶ ᠴᠢᠷᠮᠠᠶᠢᠯᠭ᠎ᠠ ᠭᠠᠷᠭᠠᠵᠠᠶ᠃ ᠢᠯᠠᠩᠭᠤᠶ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠠᠮᠤᠭ ᠤᠨ ᠡᠮᠦᠨ᠎ᠡ ᠹᠷᠣᠨᠲ ᠲᠤ ᠪᠠᠶᠢᠭ᠎ᠠ ᠬᠤᠪᠸᠢ ᠶᠢᠨ ᠬᠢᠨ ᠠᠮᠤᠷ ᠲᠦᠪᠰᠢᠨ ᠢ | ᠪᠠᠲᠤᠯᠠᠬᠤ᠂ ᠤᠰᠤᠨ ᠤ ᠬᠠᠩᠭᠠᠯᠭ᠎ᠠ ᠶᠢ ᠪᠠᠲᠤᠯᠠᠬᠤ ᠬᠠᠷᠠᠯᠲᠠ ᠶᠢᠨ ᠲᠣᠭᠤᠷᠢᠨ ᠳᠤ ᠪᠦᠬᠦ ᠬᠤᠪᠸᠢ ᠶᠢᠨ 6921 | ᠤᠰᠤᠨ ᠴᠥᠭᠦᠷᠥᠮ ᠤᠨ ᠠᠵᠢᠯᠯᠠᠭᠠᠨ ᠲᠣᠭᠲᠠᠭᠤᠨ ᠢᠶᠠᠷ ᠶᠠᠪᠤᠭᠳᠠᠵᠤ᠂ ᠦᠢᠯᠡᠳᠦᠯ ᠴᠢᠳᠠᠪᠤᠷᠢ ᠪᠠᠨ ᠬᠡᠪ ᠤᠨ | ᠶᠣᠰᠣᠭᠠᠷ ᠪᠠᠳᠠᠷᠠᠭᠤᠯᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃ ᠪᠠᠶᠠᠷᠯᠠᠯ᠎ᠠ᠃ | ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ 2020 — 03 — 2616᠄ 30᠄ 58 | ᠤᠰᠤᠨ ᠠᠰᠢᠭᠯᠠᠯᠲᠠ ᠶᠢᠨ ᠶᠠᠮᠤᠨ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ | ᠲᠠᠪᠴᠠᠩ ᠢ ᠰᠦᠯᠵᠢᠶᠡᠨ ᠳᠤ ᠣᠷᠣᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠦᠯᠢᠶᠡᠨ ᠠᠪᠴᠠᠶ | ᠭᠡᠵᠦ ᠪᠢᠳᠡ ᠰᠠᠶ᠋ᠢᠬᠠᠨ ᠳᠤᠷᠠᠳᠤᠭᠰᠠᠨ ᠪᠢᠯᠡ᠃ ᠣᠳᠣ ᠪᠣᠯᠲᠠᠯ᠎ᠠ ᠪᠢᠳᠡ ᠬᠡᠳᠦᠢ ᠣᠯᠠᠨ ᠲᠦᠮᠡᠨ ᠤ ᠵᠠᠭᠠᠯᠳᠤᠯᠭ᠎ᠠ | ᠪᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠪᠤᠶ︖ ᠭᠤᠣᠯᠳᠠᠭᠤ ᠶᠠᠮᠠᠷ ᠶᠠᠮᠠᠷ ᠠᠰᠠᠭᠤᠳᠠᠯ ᠳᠤ | ᠲᠥᠪᠯᠡᠷᠡᠵᠦ ᠪᠠᠶᠢᠬᠤ ᠪᠤᠢ︖ ᠶᠠᠮᠠᠷ ᠵᠡᠷᠭᠡ ᠰᠢᠢᠳᠪᠤᠷᠢᠯᠡᠭᠰᠡᠨ ᠪᠤᠢ︖ ᠠᠷᠠᠳ ᠢᠷᠭᠡᠳ ᠤᠨ ᠰᠠᠨᠠᠭᠤᠯᠭ᠎ᠠ ᠨᠢ | ᠤᠰᠤᠨ ᠠᠰᠢᠭᠯᠠᠯᠲᠠ ᠶᠢᠨ ᠶᠠᠮᠤᠨ ᠳᠤ ᠰᠢᠭᠤᠳ ᠨᠡᠪᠲᠡᠷᠡᠵᠦ᠂ ᠲᠦᠭᠵᠢᠷᠡᠯ ᠢ ᠢᠯᠡᠷᠡᠭᠦᠯᠬᠦ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠠᠯ᠎ᠠ ᠪᠠᠷ ᠶᠠᠮᠠᠷ ᠶᠠᠩᠵᠤ ᠶᠢᠨ ᠬᠠᠪᠰᠤᠷᠤᠯᠭ᠎ᠠ ᠦᠵᠡᠭᠦᠯᠦᠭᠰᠡᠨ | ᠪᠣᠶ︖ ᠪᠠᠶᠠᠷᠯᠠᠯ᠎ᠠ᠃ | ᠴᠧᠨ ᠮᠢᠩ ᠵᠥᠩ 2020 — 03 — 2616᠄ 31᠄ 01 | ᠲᠠᠨ ᠤ ᠤᠰᠤᠨ ᠠᠰᠢᠭᠯᠠᠯᠲᠠ ᠶᠢᠨ ᠶᠠᠮᠤᠨ ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠲᠠᠪᠴᠠᠩ ᠳᠤ ᠠᠩᠬᠠᠷᠤᠯ ᠬᠠᠨᠳᠤᠭᠤᠯᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ ᠡᠨᠡ ᠵᠢᠯ ᠤᠨ ᠰᠢᠨ᠎ᠡ ᠵᠢᠯ ᠤᠨ | ᠰᠢᠨ᠎ᠡ ᠶᠢᠨ ᠨᠢᠭᠡᠨ ᠠᠴᠠ ᠬᠤᠶᠢᠰᠢ᠂ ᠤᠰᠤᠨ ᠠᠰᠢᠭᠯᠠᠯᠲᠠ ᠶᠢᠨ ᠶᠠᠮᠤᠨ ᠳᠠᠷᠤᠶ 12314 ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ ᠲᠠᠪᠴᠠᠩ ᠢ ᠨᠡᠭᠡᠭᠡᠭᠰᠡᠨ ᠪᠠᠶᠢᠨ᠎ᠠ᠃ ᠬᠤᠶᠠᠷ ᠰᠠᠷ᠎ᠠ ᠭᠠᠷᠤᠶ ᠶᠢᠨ ᠲᠤᠷᠰᠢᠨ | ᠠᠵᠢᠯᠯᠠᠭᠤᠯᠬᠤ ᠪᠠᠷ ᠳᠡᠮᠵᠢᠨ᠂ ᠲᠦᠷᠦᠬᠦᠭᠡᠨ ᠳᠡᠯᠡᠬᠡᠶ ᠶᠢᠨ ᠤᠰᠤᠨ ᠤ ᠡᠳᠦᠷ ︵3 ᠰᠠᠷ᠎ᠠ ᠶᠢᠨ 22 ᠤᠨ ᠡᠳᠦᠷ︶ | ᠲᠤ ᠵᠢᠩᠬᠢᠨᠢ ᠪᠠᠷ ᠠᠵᠢᠯᠯᠠᠵᠤ᠂ ᠤᠰᠤᠨ ᠠᠰᠢᠭᠯᠠᠯᠲᠠ ᠶᠢᠨ ᠶᠠᠮᠤᠨ ᠤᠳᠠᠰᠤ᠂ ᠰᠦᠯᠵᠢᠶ᠎ᠡ᠂ ᠸᠢᠴᠠᠲ ᠤᠨ ︽ | ᠭᠤᠷᠪᠠ ᠶᠢ ᠨᠢᠭᠡ ᠴᠤᠭᠴᠠᠵᠢᠭᠤᠯᠤᠭᠰᠠᠨ︾᠂ ᠨᠡᠶᠢᠭᠡᠮ ᠳᠤ ᠬᠠᠨᠳᠤᠭᠤᠯᠤᠭᠰᠠᠨ᠂ ︽ᠨᠢᠭᠡᠳᠦᠭᠡᠷ ᠨᠣᠮᠧᠷᠲᠤ | ᠭᠠᠳᠠᠭᠰᠢ ᠬᠠᠨᠳᠤᠭᠤᠯᠤᠭᠰᠠᠨ︾ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠥᠬᠦ ᠲᠠᠯ᠎ᠠ ᠪᠠᠷ ᠨᠡᠭᠡᠭᠡᠭᠰᠡᠨ ᠪᠠᠶᠢᠨ᠎ᠠ᠃ | ᠤᠰᠤᠨ ᠠᠰᠢᠭᠯᠠᠯᠲᠠ ᠶᠢᠨ ᠶᠠᠮᠤᠨ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠢ | ᠨᠡᠪᠲᠡᠷᠡᠭᠦᠯᠪᠡ᠂ ᠡᠨᠡ ᠪᠣᠯ ᠤᠰᠤᠨ ᠠᠰᠢᠭᠯᠠᠯᠲᠠ ᠶᠢᠨ ᠶᠠᠮᠤᠨ ᠤ ᠤᠰᠤᠨ ᠠᠰᠢᠭᠯᠠᠯᠲᠠ ᠶᠢᠨ ᠠᠵᠢᠯ | ᠲᠦᠷᠦᠯ ᠤᠨ ᠬᠢᠨ ᠤ ᠴᠢᠩᠭ᠎ᠠ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | ᠨᠡᠶᠢᠭᠡᠮ ᠤᠨ ᠰᠠᠨᠠᠯ ᠢ ᠥᠷᠭᠡᠨ ᠢᠶᠠᠷ ᠰᠣᠨᠣᠰᠴᠤ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠤᠰᠤᠨ ᠳᠤ | ᠬᠤᠯᠪᠣᠭᠳᠠᠬᠤ ᠠᠰᠠᠭᠤᠳᠠᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠬᠦᠯᠦᠯᠳᠡ ᠬᠢᠭᠰᠡᠨ ᠦᠷ᠎ᠡ ᠪᠦᠲᠦᠮᠵᠢ ᠨᠢ ᠮᠠᠰᠢ | ᠢᠯᠡᠷᠬᠡᠶ ᠪᠠᠶᠢᠨ᠎ᠠ᠃ ᠤᠳᠠᠰᠤᠨ ᠤ ᠲᠠᠪᠴᠠᠩ ᠨᠡᠪᠲᠡᠷᠡᠭᠰᠡᠨ ᠠᠴᠠ ᠨᠠᠭᠠᠰᠢ᠂ ᠪᠢᠳᠡ ᠣᠯᠠᠨ ᠨᠡᠶᠢᠲᠡ ᠶᠢᠨ | ᠲᠤᠰᠬᠠᠭᠰᠠᠨ ᠡᠯ᠎ᠡ ᠲᠥᠷᠥᠯ ᠤᠨ ᠤᠰᠤᠨ ᠳᠤ ᠬᠤᠯᠪᠣᠭᠳᠠᠭᠰᠠᠨ ᠠᠰᠠᠭᠤᠳᠠᠯ ᠤᠨ 700 ᠭᠠᠷᠤᠶ ᠰᠦᠪᠡᠭᠴᠢ ᠶᠢ | ᠬᠦᠯᠢᠶᠡᠨ ᠠᠪᠤᠪᠠ᠃ ᠡᠳᠡᠭᠡᠷ ᠨᠢ ᠬᠥᠳᠡᠭᠡ ᠲᠣᠰᠬᠤᠨ ᠤ ᠤᠰᠤ ᠬᠠᠩᠭᠠᠬᠤ᠂ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ᠂ ᠭᠤᠣᠯ ᠤᠨ ᠵᠠᠮ ᠠᠴᠠ ᠡᠯᠡᠰᠦ ᠬᠠᠶᠢᠷ ᠮᠠᠯᠲᠠᠬᠤ ᠪᠠ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠵᠤ ᠪᠠᠨᠶᠢᠳᠠᠭ᠃ ᠪᠢᠳᠡ ᠨᠢᠭᠡ ᠲᠤᠰᠬᠠᠢ ᠪᠠᠭ | ᠪᠠᠶᠢᠭᠤᠯᠤᠨ ᠡᠳᠡᠭᠡᠷ ᠠᠰᠠᠭᠤᠳᠠᠯ ᠤᠨ ᠰᠦᠪᠡᠭᠴᠢ ᠶᠢ ᠬᠦᠯᠢᠶᠡᠨ ᠠᠪᠴᠤ ᠴᠠᠭ ᠲᠤᠬᠠᠢ ᠳᠤ ᠨᠢ ᠰᠢᠢᠳᠪᠤᠷᠢᠯᠡᠪᠡ᠃ | ᠡᠭᠦᠨ ᠤ ᠳᠣᠲᠣᠷᠠᠬᠢ 527 ᠵᠦᠢᠯ ᠳᠤ ᠰᠢᠭᠤᠳ ᠬᠠᠷᠢᠭᠤᠯᠲᠠ ᠥᠭᠴᠦ᠂ 158 ᠵᠦᠢᠯ ᠢ ᠬᠤᠯᠪᠣᠭᠳᠠᠯ ᠪᠦᠬᠦᠢ | ᠲᠤᠬᠠᠶᠢᠯᠠᠭᠰᠠᠨ ᠠᠵᠢᠯ ᠤᠨ ᠵᠤᠷᠭᠠᠨ ᠲᠣᠪᠴᠢᠶ᠎ᠠ ᠳᠤ ᠰᠢᠯᠵᠢᠭᠦᠯᠦᠨ ᠲᠤᠰᠢᠶᠠᠵᠤ ᠰᠢᠢᠳᠪᠤᠷᠢᠯᠡᠬᠦᠯᠪᠡ᠂ | ᠣᠳᠣᠬᠠᠨ ᠳᠤ 96 ᠵᠦᠢᠯ ᠢ ᠨᠢ ᠰᠢᠢᠳᠪᠤᠷᠢᠯᠡᠵᠦ ᠳᠠᠭᠤᠰᠬᠠᠭᠰᠠᠨ ᠪᠠᠶᠢᠨ᠎ᠠ᠃ ᠪᠢᠳᠡ ᠪᠠᠰᠠ ᠬᠠᠷᠢᠭᠤ | ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ ᠮᠠᠰᠢ ᠤᠯᠠᠨ ᠴᠢᠬᠤᠯᠠ ᠶᠡᠭᠡ ᠠᠰᠠᠭᠤᠳᠠᠯ ᠢ ᠰᠢᠢᠳᠪᠤᠷᠢᠯᠡᠵᠦ | ᠳᠠᠭᠤᠰᠬᠠᠭᠰᠠᠨ ᠤ ᠲᠠᠷᠠᠭ᠎ᠠ᠂ ᠬᠠᠷᠢᠭᠤ ᠰᠤᠷᠪᠤᠯᠵᠢᠯᠠᠭ᠎ᠠ ᠬᠢᠵᠦ᠂ ᠲᠡᠳᠡᠨ ᠤ ᠰᠢᠢᠳᠪᠤᠷᠢᠯᠡᠭᠰᠡᠨ ᠦᠷ᠎ᠡ ᠳ᠋ᠦᠩ ᠳᠤ | ᠬᠠᠨᠤᠮᠵᠢᠲᠠᠶ ᠪᠠᠶᠢᠬᠤ ᠡᠰᠡᠬᠦ ᠶᠢ ᠤᠶᠢᠯᠠᠭᠠᠪᠠ᠃ ᠣᠳᠣᠬᠠᠨ ᠳᠤ ᠪᠢᠳᠡᠨ ᠤ ᠬᠠᠷᠢᠭᠤ ᠰᠤᠷᠪᠤᠯᠵᠢᠯᠠᠭᠰᠠᠨ ᠪᠠᠶᠢᠳᠠᠯ | ᠠᠴᠠ ᠦᠵᠡᠪᠡᠯ ᠪᠦᠬᠦᠨ ᠢᠶᠠᠷ ᠢᠶᠠᠨ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠵᠦ ᠪᠠᠶᠢᠨ᠎ᠠ᠃ | ᠴᠧᠨ ᠮᠢᠩ ᠵᠥᠩ 2020 — 03 — 2616᠄ 31᠄ 06 | ᠪᠢᠳᠡ ᠡᠨᠡᠬᠦ ᠢᠯᠡᠴᠢᠯᠡᠨ ᠮᠡᠳᠡᠭᠦᠯᠬᠦ ᠲᠠᠪᠴᠠᠩ ᠢ ᠨᠡᠭᠡᠭᠡᠭᠰᠡᠨ ᠢᠶᠠᠷ ᠮᠠᠰᠢ ᠶᠡᠭᠡ ᠤᠯᠤᠯᠳᠠ ᠲᠠᠢ ᠪᠠᠶᠢᠵᠤ᠂ | ᠪᠦᠬᠦ᠋ᠢᠯᠡ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠠᠵᠢᠯ ᠢ | ᠨᠠᠶᠢᠳᠠᠪᠤᠷᠢᠵᠢᠭᠤᠯᠬᠤ ᠳᠤ ᠮᠠᠰᠢ ᠢᠯᠡᠷᠬᠡᠶ ᠦᠷ᠎ᠡ ᠪᠦᠲᠦᠮᠵᠢ ᠣᠯᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ | ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠦ ᠮᠠᠰᠢ ᠢᠯᠡᠷᠬᠡᠶ ᠲᠤᠯᠭᠠᠭᠤᠷᠢᠯᠠᠬᠤ ᠪᠠ ᠬᠠᠪᠰᠤᠷᠬᠤ | ᠦᠢᠯᠡᠳᠦᠯ ᠲᠠᠢ ᠪᠠᠶᠢᠨ᠎ᠠ ᠭᠡᠵᠦ ᠦᠵᠡᠵᠦ ᠪᠠᠶᠢᠨ᠎ᠠ᠃ ᠨᠢᠭᠡ ᠳᠤ ᠤᠯᠠᠨ ᠲᠦᠮᠡᠨ ᠳᠤ ᠦᠢᠯᠡᠴᠢᠯᠡᠬᠦ ︽ᠰᠢᠭᠤᠳ | ᠨᠡᠪᠲᠡᠷᠡᠬᠦ ᠲᠡᠷᠭᠡ︾ ᠪᠣᠯᠤᠨ᠎ᠠ᠃ ᠢᠯᠡᠴᠢᠯᠡᠨ ᠮᠡᠳᠡᠭᠦᠯᠬᠦ ᠲᠠᠪᠴᠠᠩ ᠢᠶᠠᠷ ᠳᠠᠮᠵᠢᠭᠤᠯᠤᠨ᠂ ᠣᠯᠠᠨ ᠲᠦᠮᠡᠨ | ᠤᠰᠤᠨ ᠳᠤ ᠬᠤᠯᠪᠣᠭᠳᠠᠭᠰᠠᠨ ᠠᠰᠠᠭᠤᠳᠠᠯ ᠢ ᠣᠯᠵᠤ ᠮᠡᠳᠡᠭᠰᠡᠨ ᠪᠤᠶᠤ ᠥᠪᠡᠷ ᠤᠨ ᠠᠩᠬᠠᠷᠴᠤ ᠪᠠᠶᠢᠭ᠎ᠠ | ᠤᠰᠤᠨ ᠳᠤ ᠬᠤᠯᠪᠣᠭᠳᠠᠭᠰᠠᠨ ᠵᠠᠷᠢᠮ ᠠᠰᠠᠭᠤᠳᠠᠯ ᠳᠤ ᠲᠤᠯᠭᠠᠷᠠᠪᠠᠯ᠂ ᠴᠠᠭ ᠲᠤᠬᠠᠶ ᠳᠤᠨᠢ ᠡᠨᠡ ᠬᠦ ᠲᠠᠪᠴᠠᠩ ᠢᠶᠠᠷ | ᠳᠠᠮᠵᠢᠭᠤᠯᠤᠨ ᠲᠤᠰᠬᠠᠵᠤ ᠪᠤᠯᠤᠨ᠎ᠠ᠃ ᠢᠯᠠᠩᠭᠤᠶ᠎ᠠ ᠣᠯᠠᠨ ᠲᠦᠮᠡᠨ ᠤ ᠳᠡᠷᠭᠡᠳᠡᠬᠢ ᠵᠠᠷᠢᠮ ︽ᠰᠠᠨᠠᠭ᠎ᠠ | ᠵᠤᠪᠠᠭᠠᠯᠭᠠᠬᠤ ᠤᠴᠢᠷ᠂ ᠰᠡᠳᠬᠢᠯ ᠵᠤᠪᠠᠭᠠᠬᠤ ᠤᠴᠢᠷ᠂ ᠰᠡᠳᠬᠢᠯ ᠰᠢᠨᠠᠯᠭᠠᠬᠤ ᠤᠴᠢᠷ︾ ᠢ ᠪᠢᠳᠡ ᠴᠠᠭ | ᠲᠤᠬᠠᠶ ᠳᠤᠨᠢ ᠰᠢᠢᠳᠪᠤᠷᠢᠯᠡᠵᠦ᠂ ᠠᠰᠠᠭᠤᠳᠠᠯ ᠢ ᠰᠢᠢᠳᠪᠤᠷᠢᠯᠡᠪᠡ᠃ ᠬᠥᠳᠡᠭᠡ ᠲᠣᠰᠬᠤᠨ ᠤ ᠤᠤᠭᠤᠬᠤ ᠤᠰᠤᠨ ᠤ | ᠠᠮᠤᠷ ᠲᠦᠪᠰᠢᠨ ᠢᠶᠠᠷ ᠠᠪᠴᠤ ᠬᠡᠯᠡᠪᠡᠯ᠂ ᠡᠨᠡ ᠵᠢᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠢᠳᠡ 80 | ᠭᠠᠷᠤᠶ ᠤᠲᠠᠰᠤ ᠲᠤᠰᠴᠠᠶ᠃ ᠵᠠᠷᠢᠮ ᠨᠢ ᠤᠰᠤᠨ ᠬᠠᠩᠭᠠᠯᠭ᠎ᠠ ᠬᠦᠷᠦᠯᠴᠡᠬᠦ ᠦᠭᠡᠢ ᠭᠡᠵᠦ᠂ ᠵᠠᠷᠢᠮ ᠨᠢ ᠤᠰᠤᠨ ᠤ | ᠴᠢᠨᠠᠷ ᠤᠨ ᠠᠰᠠᠭᠤᠳᠠᠯ ᠤᠨ ᠲᠤᠬᠠᠢ ᠲᠤᠰ ᠲᠤᠰ ᠲᠤᠰᠬᠠᠭᠰᠠᠨ ᠪᠠᠶᠢᠨ᠎ᠠ᠂ ᠪᠢᠳᠡ ᠴᠠᠭ ᠲᠤᠬᠠᠶ ᠳᠤᠨᠢ ᠣᠷᠣᠨ | ᠨᠤᠲᠤᠭ ᠤᠨ ᠬᠢᠨ ᠲᠠᠢ ᠨᠡᠪᠲᠡᠷᠡᠯᠴᠡᠵᠦ᠂ ᠠᠰᠠᠭᠤᠳᠠᠯ ᠢ ᠡᠷᠢᠵᠦ᠂ ᠴᠠᠭ ᠲᠤᠬᠠᠶ ᠳᠤᠨᠢ ᠱᠠᠯᠠᠪᠳᠠᠨ ᠵᠠᠰᠠᠵᠤ᠂ | ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠭᠰᠡᠨ ᠪᠠᠶᠢᠨ᠎ᠠ᠃ ᠬᠤᠶᠠᠷ ᠲᠤ ᠤᠰᠤᠨ ᠠᠰᠢᠭᠯᠠᠯᠲᠠ ᠶᠢᠨ ᠴᠢᠩᠭ᠎ᠠ | ᠬᠢᠨᠠᠯᠲᠠ ᠬᠠᠮᠢᠶᠠᠷᠤᠯᠲᠠ ᠶᠢᠨ ︽ᠲᠤᠷᠠᠨ ᠬᠠᠷᠠᠭ᠎ᠠ︾ ᠪᠠᠶᠢᠵᠤ᠂ ᠢᠯᠡᠴᠢᠯᠡᠨ ᠮᠡᠳᠡᠭᠦᠯᠬᠦ ᠲᠠᠪᠴᠠᠩ ᠢᠶᠠᠷ | ᠳᠠᠮᠵᠢᠭᠤᠯᠤᠨ᠂ ᠡᠯ᠎ᠡ ᠲᠠᠯ᠎ᠠ ᠶᠢᠨ ᠬᠥᠮᠦᠰ ᠢ ᠥᠷᠭᠡᠨ ᠢᠶᠠᠷ ᠲᠠᠶᠢᠴᠢᠯᠠᠨ᠂ ᠤᠰᠤᠨ ᠳᠤ ᠬᠤᠯᠪᠣᠭᠳᠠᠭᠰᠠᠨ | ᠠᠰᠠᠭᠤᠳᠠᠯ ᠢ ᠲᠤᠰᠬᠠᠵᠤ᠂ ᠮᠠᠨ ᠤ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠤ ᠮᠠᠰᠢ | ᠰᠠᠶᠢᠨ ᠦᠢᠯᠡᠳᠦᠯ ᠪᠠᠳᠠᠷᠠᠭᠤᠯᠪᠠ᠃ ᠡᠭᠦᠨ ᠠᠴᠠ ᠭᠠᠳᠠᠨ᠎ᠠ ᠪᠠᠰᠠ ᠮᠠᠰᠢ ᠴᠢᠬᠤᠯᠠ ᠨᠢᠭᠡ ᠦᠢᠯᠡᠳᠦᠯ ᠭᠡᠪᠡᠯ ᠳᠠᠷᠤᠶ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠦ ᠪᠤᠳᠤᠯᠭ᠎ᠠ ᠲᠣᠭᠲᠠᠭᠠᠬᠤ ᠶᠢᠨ ︽ᠮᠡᠳᠡᠭᠡ | ᠵᠠᠩᠭᠢ ᠶᠢᠨ ᠡᠬᠢ ᠰᠤᠷᠪᠤᠯᠵᠢ︾ ᠪᠣᠯᠤᠨ᠎ᠠ᠃ ᠣᠳᠣᠬᠠᠨ ᠳᠤ ᠵᠠᠷᠢᠮ ᠦᠨᠡᠨ ᠪᠣᠳᠠᠲᠠᠶ ᠪᠠᠶᠢᠳᠠᠯ ᠢ ᠡᠵᠡᠮᠰᠢᠬᠦ ᠳᠤ | ᠦᠨᠡᠬᠡᠷ ᠮᠠᠰᠢ ᠬᠦᠴᠢᠷᠲᠡᠶ᠂ ᠤᠰᠤᠨ ᠠᠰᠢᠭᠯᠠᠯᠲᠠ ᠶᠢᠨ ᠶᠠᠮᠤᠨ ᠶᠡᠭᠡ ᠬᠡᠪᠴᠢᠶ᠎ᠡ ᠪᠠᠷ ᠲᠠᠯᠳᠠᠭᠤᠷ ᠰᠤᠷᠪᠤᠯᠵᠢᠯᠠᠬᠤ | ᠨᠢ ᠮᠠᠰᠢ ᠶᠡᠭᠡ ᠦᠨ᠎ᠡ ᠥᠷᠲᠡᠭ ᠭᠠᠷᠭᠠᠵᠤ ᠪᠠᠶᠢᠵᠤ ᠰᠠᠶ᠋ᠢ ᠪᠤᠷᠤ ᠮᠠᠲ᠋ᠧᠷᠢᠶᠠᠯ ᠢ ᠣᠯᠵᠤ ᠴᠢᠳᠠᠨ᠎ᠠ ᠭᠡᠳᠡᠭ ᠢ | ᠵᠠᠭᠤᠴᠢᠯᠠᠭᠤᠷ ᠤᠨ ᠨᠠᠶᠢᠵᠠ ᠨᠠᠷ ᠲᠠ ᠪᠦᠬᠦᠨ ᠮᠡᠳᠡᠵᠦ ᠪᠠᠶᠢᠭ᠎ᠠ ᠪᠠᠶᠢᠬᠤ᠃ ᠭᠡᠪᠡᠴᠦ 12314 ᠤᠳᠠᠰᠤ ᠪᠠᠷ | ᠳᠠᠮᠵᠢᠭᠤᠯᠤᠨ ᠤᠯᠠᠨ ᠲᠦᠮᠡᠨ ᠤ ᠲᠤᠰᠬᠠᠯᠳᠠ᠂ ᠢᠯᠡᠴᠢᠯᠡᠨ ᠮᠡᠳᠡᠬᠦᠯᠦᠯᠳᠡ ᠶᠢ ᠰᠢᠭᠤᠳ ᠬᠦᠯᠢᠶᠡᠨ ᠠᠪᠴᠤ᠂ | ᠡᠳᠡᠭᠡᠷ ᠪᠠᠶᠢᠳᠠᠯ ᠨᠢ ᠲᠦᠢᠯ ᠤᠨ ᠦᠨᠡᠨ ᠪᠣᠳᠠᠲᠠᠶ᠂ ᠲᠦᠢᠯ ᠤᠨ ᠪᠦᠲᠦᠮᠵᠢᠲᠡᠶ ᠪᠠᠶᠢᠬᠤ ᠶᠢ ᠣᠯᠵᠤ ᠮᠡᠳᠡᠵᠡᠢ᠃ | ᠪᠠᠶᠢᠳᠠᠯ ᠢ ᠲᠣᠳᠣᠷᠬᠠᠶ ᠣᠶᠢᠯᠠᠭᠠᠭᠰᠠᠨ ᠤ ᠲᠠᠷᠠᠭ᠎ᠠ᠂ ᠪᠢᠳᠡ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠪᠠᠷ | ᠲᠠᠮᠵᠢᠨ᠂ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠠᠯᠢ ᠠᠯᠢ ᠬᠦᠷᠢᠶᠡᠨ ᠳᠤ ᠪᠠᠰᠠ ᠡᠳᠦᠶ ᠲᠡᠳᠦᠶ ᠪᠠᠭᠤᠷᠠᠶ | ᠲᠠᠯ᠎ᠠ ᠪᠠᠶᠢᠬᠤ᠂ ᠠᠯᠢ ᠠᠯᠢ ᠲᠠᠯ᠎ᠠ ᠳᠤ ᠪᠠᠰᠠ ᠡᠳᠦᠶ ᠲᠡᠳᠦᠶ ᠠᠰᠠᠭᠤᠳᠠᠯ ᠪᠠᠶᠢᠬᠤ ᠶᠢ ᠣᠯᠵᠤ ᠮᠡᠳᠡᠵᠤ᠂ ᠵᠠᠷᠢᠮ | ᠵᠢᠮ᠎ᠡ ᠶᠣᠰᠣᠴᠢ ᠴᠢᠨᠠᠷᠲᠠᠶ ᠠᠰᠠᠭᠤᠳᠠᠯ ᠢ ᠣᠨᠣᠪᠴᠢᠲᠠᠶ ᠡᠷᠢᠵᠦ ᠤᠯᠬᠤ ᠨᠢ ᠮᠠᠨ ᠤ ᠰᠢᠢᠳᠪᠤᠷᠢᠳᠦ ᠪᠤᠳᠤᠯᠭ᠎ᠠ | ᠲᠣᠭᠲᠠᠭᠠᠬᠤ ᠬᠢᠷᠢ ᠬᠡᠮᠵᠢᠶ᠎ᠡ ᠪᠠ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠳᠤ ᠮᠠᠰᠢ ᠶᠡᠭᠡ | ᠬᠠᠪᠰᠤᠷᠤᠯᠭ᠎ᠠ ᠪᠣᠯᠬᠤ ᠶᠤᠮ᠃ ᠵᠢᠱᠢᠶᠡᠯᠡᠪᠡᠯ ᠡᠮᠦᠨ᠎ᠡ ᠬᠤᠭᠤᠴᠠᠭᠠᠨ ᠳᠤ ᠬᠥᠳᠡᠭᠡ ᠲᠣᠰᠬᠤᠨ ᠤ ᠤᠤᠭᠤᠬᠤ | ᠤᠰᠤᠨ ᠤ ᠠᠰᠠᠭᠤᠳᠠᠯ ᠤᠨ ᠲᠠᠯ᠎ᠠ ᠪᠠᠷ ᠪᠢᠳᠡ ᠨᠡᠯᠢᠶᠡᠳ ᠤᠯᠠᠨ ᠢᠯᠡᠴᠢᠯᠡᠨ ᠮᠡᠳᠡᠭᠦᠯᠦᠭᠰᠡᠨ ᠮᠤᠵᠢ ᠶᠢ | ᠠᠩᠬᠠᠷᠤᠯ ᠳᠠᠭᠠᠨ ᠠᠪᠴᠤ᠂ ᠲᠤᠰ ᠮᠤᠵᠢ ᠶᠢᠨ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ | ᠬᠠᠮᠢᠶᠠᠷᠤᠯᠲᠠ ᠶᠢᠨ ᠲᠠᠯ᠎ᠠ ᠪᠠᠷ ᠨᠡᠯᠢᠶᠡᠳ ᠪᠠᠭᠤᠷᠠᠶ ᠪᠠᠶᠢᠬᠤ ᠶᠢ ᠤᠯᠵᠤ ᠮᠡᠳᠡᠭᠰᠡᠨ ᠶᠤᠮ᠃ ᠪᠢᠳᠡ ᠡᠳᠡᠭᠡᠷ | ᠮᠤᠵᠢ ᠳᠤ ᠠᠷᠭ᠎ᠠ ᠬᠡᠮᠵᠢᠶ᠎ᠡ ᠠᠪᠴᠤ᠂ ᠲᠡᠳᠡᠨ ᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ ᠭᠡᠵᠦ | ᠱᠠᠭᠠᠷᠳᠠᠭᠰᠠᠨ ᠶᠤᠮ᠃ ᠠᠰᠠᠭᠤᠳᠠᠯ ᠢ ᠲᠤᠰᠬᠠᠬᠤ ᠲᠠᠯ᠎ᠠ ᠪᠠᠷ᠂ ᠵᠢᠱᠢᠶᠡᠯᠡᠪᠡᠯ᠂ ᠡᠮᠦᠨ᠎ᠡ ᠨᠢᠭᠡ ᠬᠤᠭᠤᠴᠠᠭᠠᠨ ᠳᠤ | ᠮᠠᠰᠢ ᠣᠯᠠᠨ ᠨᠤᠲᠤᠭ ᠲᠠᠭᠠᠨ ᠪᠤᠴᠠᠭᠰᠠᠨ ᠬᠥᠮᠦᠰ ᠬᠢᠵᠢᠭ ᠤᠨ ᠨᠥᠯᠥᠭᠡ ᠠᠴᠠ ᠪᠣᠯᠵᠣ ᠣᠷᠳᠣ ᠬᠤᠭᠤᠴᠠᠭ᠎ᠠ ᠪᠠᠷ | ᠬᠥᠳᠡᠭᠡ ᠲᠣᠰᠬᠤᠨ ᠳᠤ ᠰᠠᠭᠠᠲᠠᠵᠤ᠂ ᠤᠤᠯ ᠨᠢ ᠰᠢᠨᠡᠯᠡᠬᠦ ᠦᠶ᠎ᠡ ᠳᠤ ᠰᠠᠶ᠋ᠢ ᠬᠡᠷ ᠲᠡᠭᠡᠨ ᠬᠠᠷᠢᠵᠤ᠂ 10 ᠡᠳᠦᠷ᠂ | 20 ᠡᠳᠦᠷ᠂ ᠶᠡᠬᠡᠳᠡᠬᠦ ᠳᠡᠭᠡᠨ ᠨᠢᠭᠡ ᠰᠠᠷ᠎ᠠ ᠰᠠᠭᠤᠵᠤ ᠳᠠᠬᠢᠨ ᠪᠤᠴᠠᠵᠤ ᠶᠠᠪᠤᠳᠠᠭ ᠪᠠᠶᠢᠪᠠ᠃ ᠭᠡᠪᠡᠴᠦ ᠣᠲᠣ | ᠣᠷᠳᠣ ᠬᠤᠭᠤᠴᠠᠭ᠎ᠠ ᠪᠠᠷ ᠨᠤᠳᠤᠭ ᠲᠠᠭᠠᠨ ᠰᠠᠭᠠᠳᠠᠭᠰᠠᠨ ᠠᠴᠠ ᠪᠣᠯᠵᠣ᠂ ᠬᠥᠳᠡᠭᠡ ᠲᠣᠰᠬᠤᠨ ᠤ ᠤᠰᠤ ᠬᠠᠩᠭᠠᠬᠤ | ᠦᠢᠯᠡᠳᠪᠤᠷᠢ ᠶᠢᠨ ᠳᠠᠷᠤᠯᠲᠠ ᠶᠢ ᠨᠡᠮᠡᠭᠳᠡᠬᠦᠯᠵᠦ᠂ ᠤᠤᠯ ᠤᠨ ᠲᠥᠯᠥᠪᠯᠡᠭᠰᠡᠨ ᠳᠠᠷᠤᠭᠠᠰᠤ ᠠᠴᠠ ᠬᠤᠯᠠ ᠶᠡᠭᠡ | ᠪᠣᠯᠤᠭᠰᠠᠨ ᠪᠠᠶᠢᠨ᠎ᠠ᠃ ᠪᠢᠳᠡᠨ ᠤ ᠤᠶᠢᠯᠠᠭᠠᠭᠰᠠᠨ ᠢᠶᠠᠷ᠂ ᠰᠧᠴᠤᠸᠠᠨ ᠤ ᠨᠢᠭᠡ ᠤᠰᠤᠨ ᠤ ᠦᠢᠯᠡᠳᠪᠦᠷᠢ ᠬᠠᠮᠤᠭ | ᠠᠷᠪᠢᠨ ᠳᠠᠭᠠᠨ 4 ᠳᠠᠬᠢᠨ ᠢᠯᠡᠭᠦᠦ ᠳᠠᠭᠠᠭᠠᠴᠠ ᠲᠠᠢ ᠪᠠᠶᠢᠵᠤ᠂ ᠤᠷᠲᠤ ᠬᠤᠭᠤᠴᠠᠭ᠎ᠠ ᠪᠠᠷ ᠳᠠᠭᠠᠭᠠᠴᠠ ᠠᠴᠠ | ᠬᠡᠲᠦᠷᠡᠭᠦᠯᠦᠨ ᠠᠵᠢᠯᠯᠠᠬᠤ ᠨᠢ ᠤᠰᠤᠨ ᠤ ᠦᠢᠯᠡᠳᠪᠦᠷᠢ ᠳᠤ ᠠᠪᠴᠤ ᠬᠡᠯᠡᠪᠡᠯ ᠮᠠᠰᠢ ᠶᠡᠭᠡ ᠰᠢᠯᠭᠠᠯᠲᠠ ᠪᠣᠯᠬᠤ | ᠪᠥᠭᠡᠳ ᠪᠠᠰᠠ ᠴᠤ ᠮᠠᠰᠢ ᠶᠡᠭᠡ ᠠᠶᠤᠯ ᠲᠦᠭᠰᠢᠭᠦᠷᠢ ᠪᠤᠯᠳᠠᠭ᠃ ᠡᠶᠢᠮᠦᠷᠬᠦᠦ ᠠᠰᠠᠭᠤᠳᠠᠯ ᠳᠤ ᠴᠢᠭᠯᠡᠭᠦᠯᠦᠨ᠂ | ᠪᠢᠳᠡ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠥᠳᠡᠭᠡ ᠲᠣᠰᠬᠤᠨ ᠤ | ᠤᠰᠤ ᠬᠠᠩᠭᠠᠬᠤ ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠬᠦ ᠦᠶ᠎ᠡ ᠳᠤ᠂ ᠲᠡᠭᠦᠨ ᠢ ᠴᠢᠬᠤᠯᠠ ᠬᠦᠴᠦᠨ ᠵᠦᠢᠯ | ᠪᠣᠯᠭᠠᠵᠤ᠂ ᠵᠠᠷᠢᠮ ᠭᠡᠨᠡᠳᠲᠡ ᠶᠢᠨ ᠬᠡᠷᠡᠭ ᠢ ᠪᠣᠳᠣᠯᠬᠢᠯᠠᠬᠤ ᠨᠢ ᠮᠠᠨ ᠤ ᠰᠢᠢᠳᠪᠤᠷᠢᠳᠦ ᠪᠤᠳᠤᠯᠭ᠎ᠠ ᠲᠣᠭᠲᠠᠭᠠᠬᠤ ᠳᠤ | ᠮᠠᠰᠢ ᠶᠡᠭᠡ ᠬᠠᠪᠰᠤᠷᠤᠯᠭ᠎ᠠ ᠪᠣᠯᠬᠤ ᠶᠤᠮ᠃ | ᠴᠧᠨ ᠮᠢᠩ ᠵᠥᠩ 2020 — 03 — 2616᠄ 31᠄ 09 | 12314 ᠲᠠᠪᠴᠠᠩ ᠢ ᠨᠡᠭᠡᠭᠡᠭᠰᠡᠨ ᠠᠴᠠ ᠨᠠᠭᠠᠰᠢ᠂ ᠨᠢᠭᠡ ᠳᠤ᠂ ᠠᠷᠠᠳ ᠤᠨ ᠲᠥᠯᠥᠭᠡ ᠪᠣᠳᠠᠲᠠᠶ ᠠᠵᠢᠯ | ᠬᠢᠵᠡᠶ᠂ ᠡᠭᠦᠨ ᠠᠴᠠ ᠭᠠᠳᠠᠨ᠎ᠠ ᠪᠢᠳᠡ ᠠᠩᠬᠠᠨ ᠤ ᠪᠠᠶᠢᠳᠠᠯ ᠢ ᠡᠵᠡᠮᠰᠢᠵᠦ᠂ ᠠᠩᠬᠠᠨ ᠤ ᠮᠡᠳᠡᠭᠡ ᠵᠠᠩᠭᠢ ᠶᠢ | ᠣᠨᠣᠪᠴᠢᠲᠠᠶ ᠣᠶᠢᠯᠠᠭᠠᠵᠤ᠂ ᠢᠯᠠᠩᠭᠤᠶ᠎ᠠ ᠪᠢᠳᠡᠨ ᠤ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠦ ᠪᠣᠳᠣᠯᠭ᠎ᠠ | ᠲᠣᠭᠲᠠᠭᠠᠬᠤ ᠳᠤ ᠨᠡᠯᠢᠶᠡᠳ ᠰᠠᠶᠢᠨ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃ ᠭᠡᠪᠡᠴᠦ ᠰᠦᠯᠵᠢᠶᠡᠨ ᠳᠤ | ᠭᠠᠷᠤᠭᠠᠳ ᠰᠠᠶ᠋ᠢ ᠬᠤᠶᠠᠷ ᠰᠠᠷ᠎ᠠ ᠭᠠᠷᠦ᠋ᠢᠬᠠᠨ ᠪᠣᠯᠵᠤ ᠪᠠᠶᠢᠨ᠎ᠠ᠂ ᠦᠨᠳᠦᠰᠦᠨ ᠱᠠᠲᠤᠨ ᠤ ᠮᠠᠰᠢ ᠣᠯᠠᠨ ᠪᠤᠶᠢᠳᠠ | ᠪᠥᠭᠯᠡᠭᠦᠦ ᠭᠠᠵᠠᠷ ᠲᠤ ᠡᠨᠡ ᠬᠦ ᠲᠠᠪᠴᠠᠩ ᠢ ᠲᠡᠶᠢᠮᠦ ᠥᠷᠭᠡᠨ ᠳᠡᠯᠭᠡᠷ ᠮᠡᠳᠡᠬᠦ ᠦᠭᠡᠶ ᠪᠠᠶᠢᠨ᠎ᠠ ᠭᠡᠳᠡᠭ ᠢ ᠪᠢᠳᠡ | ᠪᠠᠰᠠ ᠣᠯᠵᠤ ᠮᠡᠳᠡᠵᠡᠶ᠃ ᠪᠢᠳᠡ ᠥᠪᠡᠷ ᠤᠨ ᠢᠶᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠨᠡ | ᠤᠲᠠᠰᠤ ᠶᠢ ᠤᠯᠠᠨ ᠳᠤ ᠮᠡᠳᠡᠬᠦᠯᠬᠦ ᠪᠤᠯᠤᠨ᠎ᠠ᠃ ᠲᠠ ᠨᠠᠷ ᠴᠤ ᠵᠠᠭᠤᠴᠢᠯᠠᠭᠤᠷ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠪᠢᠳᠡᠨ ᠢ ᠬᠠᠪᠰᠤᠷᠤᠨ ᠤᠬᠠᠭᠤᠯᠵᠤ ᠦᠭᠬᠦ ᠶᠢ ᠬᠦᠰᠡᠵᠦ ᠪᠠᠶᠢᠨ᠎ᠠ᠂ ᠣᠨᠴᠠᠭᠠᠶᠢᠯᠠᠨ ᠪᠤᠶᠢᠳᠠ | ᠪᠥᠭᠯᠡᠭᠦᠦ ᠠᠭᠤᠯᠠᠷᠬᠠᠭ ᠣᠷᠣᠨ ᠤ ᠰᠠᠭᠤᠭᠠᠯᠢ ᠠᠷᠠᠳ ᠲᠤ ᠡᠶᠢᠮᠦ ᠨᠢᠭᠡᠨ ᠲᠠᠪᠴᠠᠩ ᠲᠠᠢ᠂ ᠡᠶᠢᠮᠦ ᠨᠢᠭᠡᠨ | ᠤᠳᠠᠰᠤ ᠲᠠᠢ ᠪᠠᠶᠢᠬᠤ ᠶᠢ ᠮᠡᠳᠡᠭᠦᠯᠵᠦ᠂ ᠤᠰᠤᠨ ᠳᠤ ᠬᠤᠯᠪᠣᠭᠳᠠᠬᠤ ᠠᠰᠠᠭᠤᠳᠠᠯ ᠲᠤᠯᠭᠠᠷᠠᠪᠠᠯ᠂ ᠵᠢᠱᠢᠶᠡᠯᠡᠪᠡᠯ | ᠭᠡᠷ ᠲᠡᠭᠡᠨ ᠤᠰᠤ ᠤᠤᠭᠤᠬᠤ ᠳᠤ ᠠᠰᠠᠭᠤᠳᠠᠯ ᠭᠠᠷᠪᠠᠯ᠂ ᠲᠡᠷᠡ ᠳᠠᠷᠤᠶ ᠳᠤᠨᠢ 12314 ᠶᠢ ᠪᠤᠳᠤᠨ ᠣᠯᠵᠤ᠂ | ᠶᠠᠭ 12315 ᠲᠠᠪᠴᠠᠩ ᠲᠠᠢ ᠠᠳᠠᠯᠢ ᠪᠠᠷ ᠡᠨᠡ ᠬᠦ ᠲᠠᠪᠴᠠᠩ ᠢᠶᠠᠷ ᠳᠠᠮᠵᠢᠭᠤᠯᠤᠨ ᠲᠤᠰᠬᠠᠵᠤ ᠪᠤᠯᠤᠨ᠎ᠠ᠂ ᠪᠢᠳᠡ | ᠯᠠᠪ ᠴᠠᠭ ᠲᠤᠬᠠᠶ ᠳᠤᠨᠢ ᠰᠢᠢᠳᠪᠤᠷᠢᠯᠡᠬᠦ ᠪᠤᠯᠤᠨ᠎ᠠ᠃ ᠬᠤᠶᠢᠰᠢᠳᠠ ᠪᠢᠳᠡ ᠡᠨᠡᠬᠦ ᠲᠠᠪᠴᠠᠩ ᠢ ᠲᠠᠰᠤᠷᠠᠯᠲᠠ ᠦᠭᠡᠶ | ᠲᠡᠭᠦᠯᠳᠡᠷᠵᠢᠭᠦᠯᠵᠦ᠂ ᠡᠳᠡᠭᠡᠷ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠢ | ᠨᠠᠶᠢᠳᠠᠪᠤᠷᠢᠲᠠᠶ᠂ ᠢᠲᠡᠭᠡᠯᠲᠡᠶ ᠪᠣᠯᠭᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠠᠵᠢᠯ ᠢ ᠬᠠᠮᠲᠤ ᠪᠠᠷ ᠭᠦᠨᠵᠡᠭᠡᠶᠢᠷᠡᠭᠦᠯᠦᠨ᠎ᠡ᠃ ᠲᠠ ᠪᠦᠬᠦᠨ ᠳᠤ ᠪᠠᠶᠠᠷᠯᠠᠯ᠎ᠠ᠃ | ᠮᠢ ᠹᠧᠩ 2020-03-2616: 38: 24 | ᠬᠡᠳᠦᠨ ᠵᠣᠴᠢᠳ ᠲᠤ ᠲᠠᠯᠠᠷᠬᠠᠵᠤ ᠪᠠᠶᠢᠨ᠎ᠠ᠂ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ | ᠭᠤᠤᠯ ᠰᠡᠳᠦᠪ ᠪᠣᠯ ᠤᠰᠤᠨ ᠠᠰᠢᠭᠯᠠᠯᠲᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ | ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠶᠢ ᠪᠠᠳᠤᠯᠠᠬᠤ ᠶᠠᠪᠤᠳᠠᠯ ᠪᠣᠯᠤᠨ᠎ᠠ᠂ ᠮᠠᠷᠭᠠᠰᠢ ᠶᠢᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠤ ᠪᠢᠳᠡ ᠴᠠᠭ ᠠᠭᠤᠷ ᠤᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ᠂ | ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ ᠪᠠ ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠶᠢᠨ | ᠲᠣᠭᠤᠷᠢᠨ ᠳᠤ ᠶᠠᠪᠤᠭᠳᠠᠨ᠎ᠠ᠂ ᠲᠤᠬᠠᠶ ᠶᠢᠨ ᠦᠶ᠎ᠡ ᠳᠤ ᠪᠢᠳᠡ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠣᠯᠤᠨ | ᠴᠠᠭ ᠠᠭᠤᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠢ ᠤᠷᠢᠵᠤ | ᠵᠠᠭᠤᠴᠢᠯᠠᠭᠤᠷ ᠤᠨ ᠬᠢᠨ ᠤ ᠠᠰᠠᠭᠤᠯᠲᠠ ᠶᠢ ᠬᠠᠷᠢᠭᠤᠯᠤᠨ᠎ᠠ᠂ ᠣᠯᠠᠨ ᠢᠶᠠᠷ ᠢᠶᠠᠨ ᠦᠷᠭᠦᠯᠵᠢᠯᠡᠨ ᠠᠩᠬᠠᠷᠤᠯ ᠳᠠᠭᠠᠨ | ᠠᠪᠬᠤ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠳᠡ ᠬᠦᠷᠦᠭᠡᠳ | ᠲᠡᠭᠦᠰᠦᠯ᠎ᠡ᠂ ᠲᠠ ᠪᠦᠬᠦᠨ ᠳᠤ ᠪᠠᠶᠠᠷᠯᠠᠯ᠎ᠠ᠃ |