ᠤᠰᠤᠨ ᠤ ᠰᠢᠨᠵᠢᠯᠡᠭᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2021/6/23
      ᠰᠤᠷᠪᠤᠯᠵᠢᠯᠠᠭᠰᠠᠨ ᠴᠠᠭ᠄ 2020 ᠣᠨ ᠤ 1 ᠰᠠᠷ᠎ᠠ ᠶᠢᠨ 17 ᠤ ᠡᠳᠦᠷ ᠤᠨ 10 ᠴᠠᠭ      ᠭᠤᠤᠯ ᠰᠡᠳᠦᠪᠲᠦ ᠵᠣᠴᠢᠨ᠄ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠠᠵᠤ ᠠᠬᠤᠶ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠰᠢᠨᠬᠤᠸᠠ ᠬᠤᠷᠢᠶᠠᠨ ᠤ ᠰᠤᠷᠪᠤᠯᠵᠢᠯᠠᠭᠴᠢ᠂ ᠬᠠᠤᠯᠢ ᠲᠦᠷᠢᠮ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠂ ᠭᠤᠸᠠᠩ ᠮᠢᠩ ᠡᠳᠦᠷ ᠤᠨ ᠰᠣᠨᠢᠨ ᠤ ᠰᠤᠷᠪᠤᠯᠵᠢᠯᠠᠭᠴᠢ᠂ ᠯᠢ ᠰᠢᠶᠤᠤ ᠯᠢᠨ᠂ ᠼᠠᠢ ᠵᠢᠶᠠᠨ ᠶᠤᠸᠠᠨ᠂ ᠵᠠᠩ ᠸᠧᠨ ᠱᠧᠩ᠂ ᠭᠠᠳᠠᠷ ᠨᠢᠭᠤᠷ ᠤᠨ ᠰᠣᠨᠢᠨ ᠮᠡᠳᠡᠭᠡ᠂ ᠸᠧᠶ ᠰᠢᠨ ᠫᠢᠩ      ᠤᠰᠤᠨ ᠠᠰᠢᠬᠯᠠᠯᠳᠠ ᠶᠢᠨ ᠶᠠᠮᠤᠨ 2020 ᠣᠨ ᠤ 1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 10᠄ 00 ᠴᠠᠭ ᠲᠤ ᠶᠠᠮᠤᠨ ᠤ ᠪᠠᠶᠢᠭᠤᠯᠭ᠎ᠠ ᠶᠢᠨ ᠬᠤᠶᠢᠲᠤ ᠠᠰᠠᠷ ᠤᠨ 202 ᠬᠤᠷᠠᠯ ᠤᠨ ᠬᠡᠷ ᠲᠤ ᠤᠰᠤᠨ ᠤ ᠰᠢᠨᠵᠢᠯᠡᠭᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠰᠤᠨ ᠠᠰᠢᠬᠯᠠᠯᠳᠠ ᠶᠢᠨ ᠶᠠᠮᠤᠨ ᠤ ᠤᠰᠤᠨ ᠤ ᠰᠢᠨᠵᠢᠯᠡᠭᠡᠨ ᠤ ᠵᠤᠷᠭᠠᠨ ᠤ ᠳᠠᠷᠤᠭ᠎ᠠ ᠼᠠᠢ ᠵᠢᠶᠠᠨ ᠶᠤᠸᠠᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠤᠰᠤᠨ ᠤ ᠰᠢᠨᠵᠢᠯᠡᠭᠡᠨ ᠤ ᠵᠤᠷᠭᠠᠨ ᠤ ᠳᠡᠳ᠋ ᠳᠠᠷᠤᠭ᠎ᠠ ᠵᠠᠩ ᠸᠧᠨ ᠱᠧᠩ᠂ ᠸᠧᠶ ᠰᠢᠨ ᠫᠢᠩ ᠲᠠᠢ ᠬᠠᠮᠲᠤ ᠪᠠᠷ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠤᠰᠤᠨ ᠠᠰᠢᠬᠯᠠᠯᠳᠠ ᠶᠢᠨ ᠶᠠᠮᠤᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠯᠢ ᠰᠢᠶᠤᠤ ᠯᠢᠨ ᠬᠤᠷᠠᠯ ᠢ ᠡᠷᠭᠢᠯᠡᠪᠡ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠯᠢ ᠰᠢᠶᠤᠤ ᠯᠢᠨ᠄ ᠰᠤᠷᠪᠤᠯᠵᠢᠯᠠᠭᠴᠢ ᠨᠠᠶᠢᠵᠠ ᠨᠠᠷ ᠲᠤ ᠦᠳᠡ ᠶᠢᠨ ᠡᠮᠦᠨᠡᠬᠢ ᠬᠠᠯᠠᠭᠤᠨ ᠮᠠᠨᠳᠤ ᠬᠦᠷᠭᠡᠶ᠎ᠠ︕ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠂ ᠡᠨᠡ ᠪᠣᠯ 2020 ᠣᠨ ᠤ ᠤᠰᠤᠨ ᠠᠰᠢᠬᠯᠠᠯᠳᠠ ᠶᠢᠨ ᠶᠠᠮᠤᠨ ᠤ ᠠᠩᠬᠠᠳᠠᠭᠴᠢ ᠲᠠᠯᠠᠪᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠪᠣᠯᠤᠨ᠎ᠠ᠃      ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠭᠤᠤᠯ ᠰᠡᠳᠦᠪ ᠪᠣᠯ ᠤᠰᠤᠨ ᠤ ᠰᠢᠨᠵᠢᠯᠡᠭᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠯᠭᠠᠭᠤᠷᠢᠯᠠᠯ ᠪᠤᠯᠬᠤ ᠲᠤᠬᠠᠢ᠃ ᠤᠰᠤᠨ ᠤ ᠰᠢᠨᠵᠢᠯᠡᠭᠡᠨ ᠪᠤᠯ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠰᠠᠭᠤᠷᠢ ᠴᠢᠨᠠᠷᠲᠠᠶ ᠣᠯᠠᠨ ᠨᠡᠶᠢᠲᠡ ᠶᠢᠨ ᠦᠢᠯᠡᠰ ᠪᠠᠶᠢᠵᠤ᠂ ᠤᠰᠤᠨ ᠠᠰᠢᠬᠯᠠᠯᠳᠠ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠭᠤᠷᠢ ᠲᠤᠯᠭᠠᠭᠤᠷᠢᠯᠠᠯ ᠬᠠᠩᠭᠠᠬᠤ ᠪᠣᠯᠤᠨ᠎ᠠ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠪᠠ ᠤᠰᠤᠨ ᠠᠰᠢᠬᠯᠠᠯᠳᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠰᠤᠨ ᠤ ᠰᠢᠨᠵᠢᠯᠡᠭᠡᠨ ᠤ ᠦᠢᠯᠡᠰ ᠥᠷᠨᠢᠨ ᠬᠥᠭᠵᠢᠵᠦ᠂ ᠤᠰᠤᠨ ᠠᠰᠢᠬᠯᠠᠯᠳᠠ ᠶᠢᠨ ᠠᠵᠢᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠲᠤᠯᠭᠠᠭᠤᠷᠢᠯᠠᠪᠠ᠃      ᠤᠰᠤᠨ ᠠᠰᠢᠬᠯᠠᠯᠳᠠ ᠶᠢᠨ ᠠᠵᠢᠯ ᠪᠠ ᠤᠰᠤᠨ ᠤ ᠰᠢᠨᠵᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠤᠯᠠᠨ ᠲᠠᠶᠠᠭᠠᠷ ᠲᠤ ᠨᠡᠩ ᠰᠠᠶᠢᠲᠤᠷ ᠣᠶᠢᠯᠠᠭᠠᠭᠤᠯᠬᠤ ᠶᠢᠨ ᠲᠥᠯᠥᠭᠡ᠂ ᠥᠨᠥᠳᠦᠷ ᠪᠢᠳᠡ ᠤᠰᠤᠨ ᠠᠰᠢᠬᠯᠠᠯᠳᠠ ᠶᠢᠨ ᠶᠠᠮᠤᠨ ᠤ ᠤᠰᠤᠨ ᠤ ᠰᠢᠨᠵᠢᠯᠡᠭᠡᠨ ᠤ ᠵᠤᠷᠭᠠᠨ ᠤ ᠳᠠᠷᠤᠭ᠎ᠠ ᠼᠠᠢ ᠵᠢᠶᠠᠨ ᠶᠤᠸᠠᠨ ᠢ ᠤᠷᠢᠵᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠬᠤ ᠶᠢᠨ ᠬᠠᠮᠳᠤ ᠤᠰᠤᠨ ᠤ ᠰᠢᠨᠵᠢᠯᠡᠭᠡᠨ ᠤ ᠵᠤᠷᠭᠠᠨ ᠤ ᠳᠡᠳ᠋ ᠳᠠᠷᠤᠭ᠎ᠠ ᠵᠠᠩ ᠸᠧᠨ ᠱᠧᠩ᠂ ᠸᠧᠢ ᠰᠢᠨ ᠫᠢᠩ ᠲᠠᠢ ᠬᠠᠮᠲᠤ ᠤᠯᠠᠨ ᠤ ᠰᠣᠨᠢᠷᠬᠠᠵᠤ ᠪᠠᠶᠢᠭ᠎ᠠ ᠠᠰᠠᠭᠤᠯᠲᠠ ᠶᠢ ᠬᠠᠷᠢᠭᠤᠯᠬᠤ ᠪᠤᠯᠤᠨ᠎ᠠ᠃      ᠣᠲᠣ ᠶᠠᠭᠤᠨ ᠤ ᠡᠮᠦᠨ᠎ᠡ ᠼᠠᠢ ᠵᠢᠶᠠᠨ ᠶᠤᠸᠠᠨ ᠵᠤᠷᠭᠠᠨ ᠤ ᠳᠠᠷᠤᠭ᠎ᠠ ᠪᠠᠷ ᠲᠠᠨᠢᠯᠴᠠᠭᠤᠯᠭ᠎ᠠ ᠬᠢᠯᠭᠡᠶ᠎ᠠ᠃      ᠼᠠᠢ ᠵᠢᠶᠠᠨ ᠶᠤᠸᠠᠨ᠄ ᠠᠪᠠᠭ᠋ᠠᠶ ᠨᠠᠷ᠂ ᠠᠪᠤᠭᠠᠶ ᠨᠠᠷ᠂ ᠰᠤᠷᠪᠤᠯᠵᠢᠯᠠᠭᠴᠢ ᠨᠠᠶᠢᠵᠠ ᠨᠠᠷ ᠡ᠂ ᠲᠠ ᠨᠠᠷ ᠰᠠᠶᠢᠨ ᠪᠠᠶᠢᠵᠠᠭᠠᠨ᠎ᠠ ᠦᠦ︕      ᠤᠯᠠᠨ ᠳᠤ ᠦᠳᠡ ᠶᠢᠨ ᠡᠮᠤᠨᠡᠬᠢ ᠬᠠᠯᠠᠭᠤᠨ ᠮᠠᠨᠳᠤ ᠬᠦᠷᠭᠡᠶ᠎ᠠ︕      ᠡᠩ ᠲᠡᠷᠢᠭᠦᠨ ᠳᠤ᠂ ᠪᠢ ᠪᠥᠬᠦ ᠤᠯᠤᠰ ᠤᠨ ᠤᠰᠤᠨ ᠤ ᠰᠢᠨᠵᠢᠯᠡᠭᠡᠨ ᠤ ᠠᠵᠢᠯ ᠲᠥᠷᠥᠯ ᠤᠨ ᠥᠷᠭᠡᠨ ᠣᠯᠠᠨ ᠠᠵᠢᠯᠲᠠᠨ ᠠᠵᠢᠯᠴᠢᠨ ᠢ ᠲᠥᠯᠥᠭᠡᠯᠡᠨ ᠰᠤᠷᠪᠤᠯᠵᠢᠯᠠᠭᠴᠢ ᠨᠠᠶᠢᠵᠠ ᠨᠠᠷ ᠤᠨ ᠣᠷᠳᠣ ᠬᠤᠭᠤᠴᠠᠭᠠᠨ ᠤ ᠲᠤᠷᠰᠢ ᠤᠰᠤᠨ ᠤ ᠰᠢᠨᠵᠢᠯᠡᠭᠡᠨ ᠤ ᠦᠶ᠋ᠯᠡᠰ ᠢ ᠬᠠᠯᠠᠮᠵᠢᠯᠠᠨ ᠳᠡᠮᠵᠢᠵᠤ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠲᠤᠤᠷ᠎ᠠ᠂ ᠤᠰᠤᠨ ᠤ ᠰᠢᠨᠵᠢᠯᠡᠭᠡᠨ ᠤ ᠦᠢᠯᠡᠰ ᠥᠷᠨᠢᠨ ᠬᠥᠭᠵᠢᠪᠡ᠃            2018 ᠣᠨ ᠤ 4 ᠰᠠᠷ᠎ᠠ ᠶᠢᠨ 25 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠳ᠋ᠦᠩ ᠲᠢᠩ ᠬᠤ᠋ ᠨᠠᠭᠤᠷ ᠵᠢᠴᠢ ᠬᠥᠬᠡᠮᠥ᠋ᠷᠡᠨ ᠤ ᠰᠠᠪᠠ ᠭᠠᠵᠠᠷ ᠤᠨ ᠤᠰᠤᠨ ᠤ ᠪᠠᠶᠢᠳᠠᠯ ᠤᠨ ︽ᠴᠠᠭ ᠠᠭᠤᠷ ᠤᠨ ᠬᠡᠮᠵᠢᠭᠦᠷ︾ ᠬᠡᠮᠡᠭᠳᠡᠭᠰᠡᠨ ᠴᠧᠩ ᠯᠢᠩ ᠵᠢᠶ ᠤᠰᠤᠨ ᠤ ᠰᠢᠨᠵᠢᠯᠡᠭᠡᠨ ᠤ ᠥᠷᠲᠡᠭᠡ ᠶᠢ ᠰᠢᠨᠵᠢᠯᠡᠨ ᠪᠠᠶᠢᠴᠠᠭᠠᠪᠠ᠃ ᠶᠡᠷᠦᠩᠬᠡᠶ ᠰᠠᠶᠢᠳ ᠯᠢ ᠺᠧ ᠴᠢᠶᠠᠩ 2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠤᠰᠤᠨ ᠤ ᠰᠢᠨᠵᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠠᠢ᠃ ᠡᠨᠡ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠰᠤᠨ ᠤ ᠰᠢᠨᠵᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠳᠣᠣᠷ᠎ᠠ ᠪᠢ ᠮᠠᠨ ᠤ ᠤᠯᠤᠰ ᠤᠨ ᠤᠰᠤᠨ ᠤ ᠰᠢᠨᠵᠢᠯᠡᠭᠡᠨ ᠤ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠪᠠ ᠤᠰᠤᠨ ᠤ ᠰᠢᠨᠵᠢᠯᠡᠭᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠢ ᠲᠠᠨᠢᠯᠴᠠᠭᠤᠯᠤᠶ᠎ᠠ᠃      ᠨᠢᠭᠡ᠂ ᠤᠰᠤᠨ ᠤ ᠰᠢᠨᠵᠢᠯᠡᠭᠡᠨ ᠤ ᠦᠢᠯᠡᠰ ᠲᠦᠷᠭᠡᠨ ᠬᠥᠭᠵᠢᠪᠡ      ᠨᠢᠭᠡ ᠳᠤ᠂ ᠤᠰᠤᠨ ᠤ ᠰᠢᠨᠵᠢᠯᠡᠭᠡᠨ ᠤ ᠥᠷᠲᠡᠭᠡᠨ ᠤ ᠲᠣᠣᠷ ᠨᠢ ᠪᠦᠷᠢᠨ ᠪᠦᠲᠦᠨ ᠰᠢᠰᠲ᠋ᠧᠮ ᠢ ᠪᠦᠷᠢᠯᠳᠦᠭᠦᠯᠪᠡ᠃ ᠤᠯᠤᠰ ᠠᠴᠠ ᠤᠰᠤᠨ ᠤ ᠰᠢᠨᠵᠢᠯᠡᠭᠡᠨ ᠤ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠤᠰᠤᠨ ᠤ ᠰᠢᠨᠵᠢᠯᠡᠭᠡᠨ ᠤ ᠥᠷᠲᠡᠭᠡᠨ ᠤ ᠲᠣᠣᠷ ᠲᠦᠷᠭᠡᠨ ᠬᠥᠭᠵᠢᠪᠡ᠃ ᠣᠳᠣᠬᠠᠨ ᠳᠤ᠂ ᠮᠠᠨ ᠤ ᠤᠯᠤᠰ ᠣᠷᠣᠨ ᠵᠠᠶ ᠶᠢᠨ ᠲᠠᠷᠬᠠᠯᠲᠠ ᠦᠨᠳᠦᠰᠦᠨ ᠳᠡᠭᠡᠨ ᠵᠦᠶ ᠵᠣᠬᠢᠰᠲᠠᠶ᠂ ᠬᠢᠨᠠᠨ ᠬᠡᠮᠵᠢᠬᠦ ᠲᠥᠷᠥᠯ ᠵᠦᠢᠯ ᠨᠡᠯᠢᠶᠡᠳ ᠪᠦᠷᠢᠨ ᠭᠦᠢᠴᠡᠳ᠂ ᠬᠡᠮᠵᠢᠬᠦ ᠥᠷᠲᠡᠭᠡ ᠶᠢᠨ ᠴᠢᠳᠠᠮᠵᠢ ᠬᠠᠷᠢᠴᠠᠩᠭᠤᠶ ᠪᠦᠷᠢᠨ ᠲᠡᠭᠦᠯᠳᠡᠷ ᠪᠠᠶᠢᠬᠤ ᠤᠰᠤᠨ ᠤ ᠰᠢᠨᠵᠢᠯᠡᠭᠡᠨ ᠤ ᠬᠢᠨᠠᠨ ᠬᠡᠮᠵᠢᠬᠦ ᠥᠷᠲᠡᠭᠡᠨ ᠤ ᠲᠤᠤᠷ ᠤᠨ  ᠰᠢᠰᠲ᠋ᠧᠮ  ᠢ ᠦᠨᠳᠦᠰᠦᠨ ᠳᠡᠭᠡᠨ ᠪᠠᠶᠢᠭᠤᠯᠵᠤ᠂ ᠶᠡᠭᠡ ᠭᠤᠤᠯ ᠮᠥᠷᠡᠨ ᠵᠢᠴᠢ ᠲᠡᠭᠦᠨ ᠤ ᠭᠤᠤᠯ ᠪᠣᠯᠬᠤ ᠰᠠᠯᠪᠤᠷᠢ ᠤᠷᠤᠰᠬᠠᠯ᠂ ᠦᠶᠡᠷ ᠢ ᠰᠡᠷᠭᠡᠶᠢᠯᠡᠬᠦ ᠡᠭᠦᠷᠭᠡ ᠲᠠᠢ ᠳᠤᠮᠳᠠ ᠪᠠᠭ᠎ᠠ ᠭᠤᠤᠯ ᠮᠥᠷᠡᠨ ᠤ ᠤᠰᠤᠨ ᠤ ᠰᠢᠨᠵᠢᠯᠡᠭᠡᠨ ᠤ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠪᠡ᠃ ᠣᠳᠣᠬᠠᠨ ᠳᠤ᠂ ᠮᠠᠨ ᠤ ᠤᠯᠤᠰ ᠤᠨ ᠤᠰᠤᠨ ᠤ ᠰᠢᠨᠵᠢᠯᠡᠭᠡᠨ ᠤ ᠬᠡᠮᠵᠢᠯᠲᠡ ᠶᠢᠨ ᠦᠷᠲᠡᠭᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ 353 ᠪᠠᠶᠢᠭᠰᠠᠨ ᠠᠴᠠ ᠪᠠᠨ 12 . 1 ᠲᠦᠮᠡ ᠪᠣᠯᠤᠨ ᠬᠥᠭᠵᠢᠵᠦ᠂ ᠡᠭᠦᠨ ᠳᠤ ᠤᠯᠤᠰ ᠤᠨ ᠦᠨᠳᠦᠰᠦᠨ ᠤᠰᠤᠨ ᠤ ᠰᠢᠨᠵᠢᠯᠡᠭᠡᠨ ᠤ ᠦᠷᠲᠡᠭᠡ 3154᠂ ᠭᠠᠵᠠᠷ ᠳᠡᠭᠡᠷᠡᠬᠢ ᠤᠰᠤᠨ ᠤ ᠴᠢᠨᠠᠷ ᠤᠨ ᠦᠷᠲᠡᠭᠡ 14286᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠦᠷᠲᠡᠭᠡ 26550 ᠪᠠᠶᠢᠵᠤ᠂ ᠤᠰᠤᠨ ᠤ ᠰᠢᠨᠵᠢᠯᠡᠭᠡᠨ ᠤ ᠰᠦᠯᠵᠢᠶᠡᠨ ᠤ ᠶᠡᠷᠦᠩᠬᠡᠢ ᠨᠢᠭᠲᠠᠴᠠ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠲᠦᠪᠰᠢᠨ ᠳᠤ ᠬᠦᠷᠴᠡᠢ᠃      ᠬᠤᠶᠠᠷ ᠲᠤ ᠤᠰᠤᠨ ᠤ ᠰᠢᠨᠵᠢᠯᠡᠭᠡᠨ ᠤ ᠬᠢᠨᠠᠨ ᠬᠡᠮᠵᠢᠬᠦ ᠴᠢᠳᠠᠪᠤᠷᠢ ᠶᠡᠭᠡ ᠪᠠᠷ ᠳᠡᠭᠡᠭᠰᠢᠯᠡᠪᠡ᠃ ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠤᠰᠤᠨ ᠤ ᠰᠢᠨᠵᠢᠯᠡᠭᠡᠨ ᠤ ᠬᠢᠨᠠᠨ ᠬᠡᠮᠵᠢᠬᠦ ᠠᠭᠤᠯᠭ᠎ᠠ ᠲᠠᠰᠤᠷᠠᠯᠲᠠ ᠤᠢᠭᠡᠢ ᠪᠠᠶᠠᠯᠢᠭᠵᠢᠵᠤ᠂ ᠭᠠᠵᠠᠷ ᠳᠡᠭᠡᠷᠡᠬᠢ ᠤᠰᠤ ᠪᠠ ᠭᠠᠵᠠᠷ ᠳᠤᠤᠷᠠᠬᠢ ᠤᠰᠤ ᠶᠢ ᠵᠡᠷᠭᠡ ᠪᠠᠷ ᠬᠡᠷᠡᠭᠯᠡᠬᠦ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠢᠨᠠᠨ ᠬᠡᠮᠵᠢᠬᠦ ᠠᠷᠭ᠎ᠠ ᠪᠠᠷᠢᠯ ᠢ ᠤᠯᠠᠮᠵᠢᠯᠠᠯᠲᠤ ᠬᠥᠮᠦᠨ ᠤ ᠬᠦᠴᠦ ᠪᠠᠷ ᠠᠵᠢᠬᠯᠠᠨ ᠬᠡᠮᠵᠢᠬᠦ ᠠᠴᠠ ᠠᠯᠬᠤᠮ ᠠᠯᠬᠤᠮ ᠢᠶᠠᠷ ᠠᠦ᠋ᠲ᠋ᠣᠴᠢᠯᠠᠭᠰᠠᠨ ᠬᠢᠨᠠᠨ ᠬᠡᠮᠵᠢᠬᠦ ᠲᠡᠶᠢᠰᠢ ᠰᠢᠯᠵᠢᠭᠦᠯᠵᠦ᠂ ᠤᠰᠤᠨ ᠲᠦᠪᠰᠢᠨ᠂ ᠪᠣᠷᠣᠭᠠᠨ ᠤ ᠬᠡᠮᠵᠢᠶ᠎ᠡ ᠶᠢ ᠬᠢᠨᠠᠨ ᠬᠡᠮᠵᠢᠬᠦ ᠳᠤ ᠠᠦ᠋ᠲ᠋ᠣ᠋ ᠬᠡᠮᠵᠢᠨ ᠮᠡᠳᠡᠭᠦᠯᠬᠦ ᠶᠢ ᠨᠢᠭᠡᠨᠲᠡ ᠪᠦᠬᠦ ᠲᠠᠯ᠎ᠠ ᠪᠠᠷ ᠪᠡᠶᠡᠯᠡᠭᠦᠯᠵᠦ᠂ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠳᠤᠮᠳᠠ᠂ ᠲᠡᠷᠢᠭᠦᠨ ᠤ ᠳᠠᠭᠤ ᠭᠡᠷᠡᠯ ᠴᠠᠬᠢᠯᠭᠠᠨ ᠤ ᠰᠢᠨ᠎ᠡ ᠮᠡᠷᠭᠡᠵᠢᠯ ᠰᠢᠨ᠎ᠡ ᠲᠥᠬᠦᠭᠡᠷᠦᠮᠵᠢ ᠶᠢ ᠶᠡᠭᠡ ᠪᠠᠷ ᠳᠡᠯᠭᠡᠷᠡᠭᠦᠯᠵᠦ᠂ ᠠᠦ᠋ᠲ᠋ᠣᠴᠢᠯᠠᠭᠰᠠᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠠᠯᠬᠤᠮ ᠠᠯᠬᠤᠮ ᠢᠶᠠᠷ ᠳᠡᠭᠡᠭᠰᠢᠯᠡᠵᠦ ᠪᠠᠶᠢᠨ᠎ᠠ᠃      ᠭᠤᠷᠪᠠ ᠳᠤ ᠤᠰᠤᠨ ᠤ ᠰᠢᠨᠵᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ 2007 ᠣᠨ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠰᠢᠨᠵᠢᠯᠡᠭᠡᠨ ᠤ ᠳᠦᠷᠢᠮ︾ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠤᠰᠤᠨ ᠤ ᠰᠢᠨᠵᠢᠯᠡᠭᠡᠨ ᠤ ᠦᠢᠯᠡᠰ ᠵᠢᠷᠤᠮᠯᠠᠬᠤ ᠬᠠᠤᠯᠢ ᠲᠠᠢ᠂ ᠵᠢᠷᠤᠮᠵᠢᠭᠰᠠᠨ ᠬᠠᠮᠢᠶᠠᠷᠤᠯᠲᠠ ᠶᠢᠨ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠣᠳᠣᠬᠠᠨ ᠪᠣᠯᠲᠠᠯ᠎ᠠ᠂ ᠤᠰᠤᠨ ᠤ ᠰᠢᠨᠵᠢᠯᠡᠭᠡᠨ ᠤ ᠠᠵᠢᠯ ᠢ ᠬᠤᠪᠢᠳᠠᠨ ᠬᠢᠵᠤ ᠪᠠᠶᠢᠭ᠎ᠠ ᠬᠦᠮᠤᠨ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ 756 ᠬᠥᠮᠦᠨ ᠪᠠᠶᠢᠭᠰᠠᠨ ᠠᠴᠠ ᠪᠠᠨ ᠬᠥᠭᠵᠢᠭᠡᠳ 6 ᠲᠦᠮᠡ ᠭᠠᠷᠤᠶ ᠬᠥᠮᠦᠨ ᠪᠣᠯᠵᠣ᠂ ᠤᠰᠤᠨ ᠤ ᠰᠢᠨᠵᠢᠯᠡᠭᠡᠨ ᠤ ᠴᠢᠳᠠᠪᠤᠷᠢᠲᠠᠨ ᠤ ᠡᠩᠨᠡᠭᠡ ᠦᠷᠭᠦᠯᠵᠢᠯᠡᠨ ᠲᠣᠭᠲᠠᠭᠤᠨ ᠢᠶᠠᠷ ᠬᠥᠭᠵᠢᠵᠦ᠂ ᠠᠵᠢᠯ ᠤᠨ ᠦᠢᠯᠡᠳᠥᠯᠭᠡ       ᠳᠤᠮᠳᠠ ᠪᠠᠨ ︽ᠦᠨᠡᠨ ᠢ ᠪᠠᠷᠢᠮᠲᠠᠯᠠᠬᠤ᠂ ᠪᠦᠯᠬᠦᠮᠳᠡᠬᠦ᠂ ᠬᠤᠪᠢ ᠨᠡᠮᠡᠷᠢ ᠦᠵᠡᠭᠦᠯᠬᠦ᠂ ᠤᠷᠤᠭᠰᠢᠯᠠᠨ ᠳᠠᠪᠰᠢᠬᠤ︾ ᠤᠰᠤᠨ ᠤ ᠰᠢᠨᠵᠢᠯᠡᠭᠡᠨ ᠤ ᠠᠵᠢᠯ ᠲᠥᠷᠥᠯ ᠤᠨ ᠵᠣᠷᠢᠭ ᠰᠠᠨᠠᠭ᠎ᠠ ᠶᠢ ᠪᠦᠷᠢᠯᠳᠤᠬᠦᠯᠵᠤ᠂ ᠲᠡᠰᠪᠦᠷᠢ ᠬᠠᠲᠠᠭᠤᠵᠢᠯᠲᠠᠶ᠂ ᠬᠠᠷᠠᠮ ᠥᠬᠡᠶ ᠵᠣᠷᠢᠭᠤᠯᠬᠤ ᠤᠰᠤᠨ ᠤ ᠰᠢᠨᠵᠢᠯᠡᠭᠡᠨ ᠤ ᠡᠩᠨᠡᠭᠡ ᠶᠢ ᠬᠥᠮᠦᠵᠢᠭᠦᠯᠪᠠ᠃      ᠬᠤᠶᠠᠷ᠂ ᠤᠰᠤᠨ ᠤ ᠰᠢᠨᠵᠢᠯᠡᠭᠡᠨ ᠨᠢ ᠤᠰᠤᠨ ᠠᠰᠢᠬᠯᠠᠯᠳᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠶᠢᠳᠠᠪᠤᠷᠢᠲᠠᠢ ᠲᠤᠯᠭᠠᠭᠤᠷᠢᠯᠠᠯ ᠬᠠᠨᠭ᠍ᠭᠠᠪᠠ      ᠨᠢᠭᠡ ᠳᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠳᠤ ᠦᠢᠯᠡᠴᠢᠯᠡᠪᠡ᠃ ᠮᠠᠨ ᠤ ᠤᠯᠤᠰ ᠤᠨ ᠣᠨᠴᠠ ᠲᠣᠭᠲᠠᠭᠰᠠᠨ ᠭᠠᠵᠠᠷ ᠵᠦᠶ ᠶᠢᠨ ᠪᠠᠶᠢᠷᠢᠯᠠᠯ ᠪᠠ ᠠᠭᠤᠷ ᠠᠮᠢᠰᠬᠤᠯ ᠤᠨ ᠨᠥᠬᠦᠴᠡᠯ ᠨᠢ ᠦᠶᠡᠷ ᠤᠰᠤᠲᠤᠯ ᠪᠠ ᠭᠠᠩ ᠬᠠᠭᠰᠠᠷᠠᠭᠠᠨ ᠣᠯᠠᠨ ᠡᠭᠦᠰᠬᠦ ᠪᠠᠶᠢᠳᠠᠯ ᠢ       ᠲᠣᠭᠲᠠᠭᠠᠪᠠ᠃ ᠣᠯᠠᠨ ᠵᠢᠯ ᠤᠨ ᠲᠤᠷᠰᠢ᠂ ᠬᠦᠨᠳᠦ ᠨᠣᠴᠢᠲᠠᠶ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠲᠤ ᠬᠠᠨᠳᠤᠬᠤ᠂ ᠪᠦᠬᠦ ᠤᠯᠤᠰ ᠤᠨ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ᠂ ᠰᠠᠨᠠᠭᠠᠴᠢᠯᠠᠭ᠎ᠠ ᠠᠴᠠ ᠪᠠᠨ ᠬᠢᠬᠦ᠂ ᠤᠰᠤᠨ ᠤ ᠰᠢᠨᠵᠢᠯᠡᠭᠡᠨ ᠤ ᠠᠵᠢᠯ ᠢ ᠬᠤᠪᠢᠳᠠᠨ ᠬᠢᠵᠤ ᠪᠠᠶᠢᠭ᠎ᠠ ᠬᠦᠮᠤᠰ ᠬᠦᠴᠢᠷ ᠪᠡᠷᠬᠡᠰᠢᠶᠡᠯ ᠠᠴᠠ ᠠᠶᠤᠬᠤ       ᠦᠭᠡᠢ᠂ ᠡᠮᠦᠨ᠎ᠡ ᠨᠢ ᠳᠠᠭᠠᠷᠢᠨ ᠣᠷᠤᠵᠤ᠂ ᠨᠢᠭᠡᠳᠦᠭᠡᠷ ᠹᠷᠣᠨᠲ ᠢ ᠪᠠᠲᠤ ᠰᠠᠬᠢᠵᠤ᠂ ᠣᠨᠣᠪᠴᠢᠲᠠᠶ ᠬᠢᠨᠠᠨ ᠬᠡᠮᠵᠢᠵᠤ᠂ ᠴᠠᠭ ᠲᠤᠬᠠᠶ ᠳᠤᠨᠢ ᠮᠡᠳᠡᠭᠡ ᠵᠠᠩᠭᠢ ᠮᠡᠳᠡᠭᠦᠯᠦᠨ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠲᠥᠰᠦᠭᠡᠯᠡᠵᠤ ᠤᠷᠢᠳᠴᠢᠯᠠᠭᠰᠠᠨ ᠮᠡᠳᠡᠬᠦᠯᠵᠤ᠂ ᠤᠰᠤᠨ ᠤ ᠰᠢᠨᠵᠢᠯᠡᠭᠡᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠤᠰᠢᠭᠤᠴᠢ ᠴᠡᠷᠢᠭ ᠪᠠ ᠵᠦᠪᠯᠡᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠶᠡᠭᠡ ᠭᠤᠤᠯ ᠮᠥᠷᠡᠨ ᠪᠠ ᠬᠡᠰᠡᠭ ᠳᠤᠮᠳᠠ ᠵᠢᠵᠢᠭ ᠭᠤᠤᠯ ᠮᠥᠷᠡᠨ ᠳᠤ ᠡᠭᠦᠰᠦᠭᠰᠡᠨ ᠦᠶᠡᠷ ᠤᠰᠤᠳᠤᠯ ᠵᠢᠴᠢ ᠬᠡᠰᠡᠭ ᠮᠤᠵᠢ ᠣᠷᠣᠨ ᠤ ᠬᠦᠨᠳᠦ ᠨᠣᠴᠢᠲᠠᠶ ᠭᠠᠩ ᠬᠠᠭᠰᠠᠷᠠᠭᠠᠨ ᠲᠤᠬᠠᠢᠢᠯᠠᠪᠠᠯ 1998 ᠤᠨ ᠬᠥᠬᠡ ᠮᠥᠷᠡᠨ ᠂ ᠨᠤᠨ ᠮᠥᠷᠡᠨ᠂ ᠰᠤᠩᠭᠠᠷᠢ ᠮᠥᠷᠡᠨ ᠤ ᠰᠠᠪᠠ ᠭᠠᠵᠠᠷ ᠤᠨ ᠴᠢᠨᠠᠷᠲᠠᠶ ᠦᠶᠡᠷ ᠤᠰᠤᠳᠤᠯ᠂ 2019 ᠣᠨ ᠤ ᠬᠡᠲᠦ ᠴᠢᠩᠭ᠎ᠠ ᠲᠠᠶᠢᠹᠧᠩ ᠰᠠᠯᠬᠢ ︽ᠯᠢᠴᠢᠮᠠ︾᠂ ᠡᠮᠦᠨᠡᠲᠦ ᠣᠷᠣᠨ ᠤ ᠬᠡᠰᠡᠭ ᠭᠠᠵᠠᠷ ᠣᠷᠣᠨ ᠤ ᠬᠦᠨᠳᠦ ᠨᠣᠴᠢᠲᠠᠶ ᠭᠠᠩ ᠬᠠᠭᠰᠠᠷᠠᠭᠠᠨ ᠵᠡᠷᠭᠡ ᠭᠠᠶ ᠭᠠᠮᠰᠢᠭ ᠢ ᠠᠮᠵᠢᠯᠳᠠ ᠲᠠᠢ ᠠᠷᠭᠠᠴᠠᠭᠠᠬᠤ ᠶᠢᠨ ᠲᠦᠯᠦᠭᠡ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢ ᠲᠤᠯᠭᠠᠭᠠᠷᠢᠯᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠦᠶ᠋ᠯᠡᠳᠦᠯ ᠦᠵᠡᠭᠦᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠢᠯᠡᠳᠲᠡ ᠦᠷ᠎ᠡ ᠠᠰᠢᠭ ᠣᠯᠪᠠ᠃      ᠬᠤᠶᠠᠷ ᠲᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠳᠤ  ᠦᠢᠡᠯᠴᠢᠯᠡᠪᠡ᠃ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ       ᠳᠤᠲᠠᠭᠳᠠᠵᠤ᠂ ᠭᠠᠩ ᠬᠠᠭᠤᠷᠠᠶ ᠤᠰᠤ ᠳᠤᠲᠠᠭᠳᠠᠬᠤ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ ᠪᠠᠶᠢᠨ᠎ᠠ᠃ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠵᠠᠭᠠᠭ ᠬᠢᠵᠠᠭᠠᠷ᠂ ᠤᠰᠤ ᠬᠠᠩᠭᠠᠬᠤ ᠤᠰᠤᠨ ᠰᠤᠷᠪᠤᠯᠵᠢ ᠶᠢᠨ ᠭᠠᠵᠠᠷ᠂ ᠴᠢᠬᠤᠯᠠ ᠡᠵᠡᠮᠳᠡᠯ ᠣᠭᠲᠣᠯᠤᠭᠠᠰᠤ ᠶᠢᠨ ᠤᠰᠤᠨ ᠤ ᠬᠡᠮᠵᠢᠶ᠎ᠡ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠵᠤ᠂ ᠤᠯᠤᠰ ᠤᠨ ᠭᠠᠵᠠᠷ ᠳᠤᠤᠷᠠᠬᠢ ᠤᠰᠤ ᠶᠢ ᠬᠢᠨᠠᠨ ᠬᠡᠮᠵᠢᠬᠦ ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠵᠠᠳᠠᠯᠤᠨ ᠦᠨᠡᠯᠡᠬᠦ ᠪᠠ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ᠂ ᠲᠣᠬᠢᠷᠠᠭᠤᠯᠬᠤ᠂ ᠠᠷᠪᠢᠯᠠᠬᠤ᠂ ᠬᠠᠮᠠᠭᠠᠯᠠᠬᠤ ᠵᠡᠷᠭᠡ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ︽ᠨᠡᠷ᠎ᠡ ᠠᠴᠠ ᠨᠢᠳᠡᠷ ᠲᠡᠭᠡᠨ ᠬᠥᠷᠬᠦ︾ ᠶᠢ ᠪᠠᠲᠤᠯᠠᠪᠠ᠃ ᠢᠯᠠᠩᠭᠤᠶ᠎ᠠ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂ ︽ᠮᠥᠷᠡᠨ ᠢ ᠲᠠᠲᠠᠵᠤ ᠲᠠᠶᠢᠾᠧ ᠭᠤᠣᠯ ᠳᠤ ᠨᠡᠮᠡᠷᠢᠯᠡᠬᠦ︾᠂ ︽ᠬᠠᠲᠤᠨ ᠭᠤᠣᠯ ᠢ ᠲᠠᠲᠠᠵᠤ ᠳᠤᠰᠤᠯ ᠳᠤ ᠨᠡᠮᠡᠷᠢᠯᠡᠬᠦ︾᠂ ᠵᠦᠵᠢᠶᠠᠩ ᠮᠥᠷᠡᠨ ᠤ ᠱᠣᠷᠪᠣᠭ ᠢᠶᠠᠷ ᠴᠡᠩᠭᠡᠭ ᠤᠰᠤ ᠨᠥᠬᠦᠪᠥᠷᠢᠯᠡᠬᠦ᠂ ᠲᠠᠷᠢᠮ ᠤᠨ ᠭᠤᠣᠯ ᠤᠨ ᠤᠰᠤ ᠶᠢ ᠲᠠᠲᠠᠬᠤ᠂ ᠬᠠᠷ᠎ᠠ ᠭᠤᠣᠯ ᠤᠨ ᠤᠰᠤ ᠶᠢ ᠲᠠᠲᠠᠬᠤ ᠵᠡᠷᠭᠡ ᠠᠵᠢᠯ ᠤᠨ ᠳᠤᠮᠳᠠ᠂ ᠤᠰᠤᠨ ᠤ ᠬᠡᠮᠵᠢᠶ᠎ᠡ ᠤᠰᠤᠨ ᠤ ᠴᠢᠨᠠᠷ ᠢ ᠬᠢᠨᠠᠨ ᠬᠡᠮᠵᠢᠬᠦ ᠪᠠ ᠤᠷᠤᠰᠬᠠᠯ ᠤᠨ ᠳᠤᠮᠳᠠ ᠤᠷᠲᠤ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠬᠤᠲᠠ ᠶᠢᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ᠂ ᠭᠤᠣᠯ ᠨᠠᠭᠤᠷ ᠤᠨ ᠤᠰᠤᠨ ᠤ ᠴᠢᠨᠠᠷ ᠪᠠ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃      ᠭᠤᠷᠪᠠ ᠳᠤ ᠤᠰᠤᠨ ᠤ ᠠᠮᠢ ᠠᠬᠤᠶ ᠶᠢᠨ ᠬᠠᠮᠠᠭᠠᠯᠠᠯᠲᠠ ᠳᠤ ᠦᠢᠯᠡᠴᠢᠯᠡᠪᠠ᠃ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠵᠡᠷᠭᠡ ᠰᠢᠨ᠎ᠡ ᠤᠰᠤᠨ ᠤ ᠠᠰᠠᠭᠤᠳᠠᠯ ᠤᠨ ᠡᠮᠦᠨ᠎ᠡ᠂ ᠪᠢᠳᠡ ᠤᠰᠤᠨ ᠤ ᠠᠮᠢ ᠠᠬᠤᠶ ᠶᠢ ᠬᠢᠨᠠᠨ ᠬᠡᠮᠵᠢᠬᠦ ᠠᠵᠢᠯ ᠢ ᠶᠡᠭᠡ ᠪᠠᠷ ᠠᠬᠢᠭᠤᠯᠵᠤ᠂ ᠴᠢᠬᠤᠯᠠ ᠨᠠᠭᠤᠷ ᠴᠥᠭᠦᠷᠥᠮ᠂ ᠤᠰᠤᠨ ᠴᠥᠭᠦᠷᠥᠮ ᠵᠡᠷᠭᠡ ᠤᠰᠤᠨ ᠣᠷᠣᠨ ᠤ ᠵᠠᠮᠠᠭ ᠤᠨ ᠲᠥᠷᠥᠯ ᠢ ᠬᠢᠨᠠᠨ ᠬᠡᠮᠵᠢᠬᠦ ᠶᠢ ᠪᠠᠶᠢᠩᠭᠤᠵᠢᠭᠤᠯᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠥᠪᠦᠮᠡᠯ ᠠᠮᠢᠳᠤ ᠪᠣᠳᠠᠰ᠂ ᠢᠷᠣᠭᠠᠷ ᠲᠤ ᠰᠠᠭᠤᠷᠢᠰᠢᠬᠤ ᠶᠢ ᠲᠠᠰᠤᠷᠠᠯᠲᠠ ᠥᠬᠡᠶ ᠥᠷᠭᠡᠳᠬᠡᠪᠡ᠃      ᠳᠥᠷᠪᠡ ᠳᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠳᠤ ᠦᠢᠯᠡᠴᠢᠯᠡᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠪᠦᠬᠦ ᠤᠯᠤᠰ ᠤᠨ ᠬᠡᠪᠴᠢᠶᠡᠨ ᠳᠤ ᠤᠰᠤᠨ ᠤ ᠰᠢᠨᠵᠢᠯᠡᠭᠡᠨ ᠤ ᠮᠠᠲ᠋ᠧᠷᠢᠶᠠᠯ ᠢ ᠰᠢᠰᠲ᠋ᠧᠮ ᠲᠠᠢ ᠴᠡᠭᠴᠡᠯᠡᠨ ᠨᠠᠶᠢᠷᠠᠭᠤᠯᠵᠤ ᠬᠡᠪᠯᠡᠪᠡ᠂ 2019 ᠤᠨ ᠪᠣᠯᠲᠠᠯ᠎ᠠ᠂ ᠲᠡᠦᠬᠡ ᠶᠢᠨ ᠤᠰᠤᠨ ᠤ ᠰᠢᠨᠵᠢᠯᠡᠭᠡᠨ ᠤ ᠮᠠᠲ᠋ᠧᠷᠢᠶᠠᠯ ᠵᠢᠴᠢ ᠤᠰᠤᠨ ᠤ ᠰᠢᠨᠵᠢᠯᠡᠭᠡᠨ ᠤ ᠣᠨ ᠤ ᠲᠤᠯᠢ ᠶᠢ ᠨᠡᠶᠢᠳᠡ 4000 ᠭᠠᠷᠤᠢ ᠳᠡᠪᠲᠡᠷ᠂ ᠪᠠᠷᠤᠭ 254 ᠲᠦᠮᠡᠨ ᠨᠢᠭᠤᠷ᠂ 25 . 4 ᠳ᠋ᠦᠩᠰᠢᠭᠤᠷ ᠲᠤᠭ᠎ᠠ ᠪᠠᠷᠢᠮᠲᠠ ᠶᠢ ᠬᠡᠪᠯᠡᠵᠦ᠂ ᠮᠠᠨ ᠤ ᠤᠯᠤᠰ ᠤᠨ ᠭᠤᠣᠯ ᠪᠣᠯᠬᠤ ᠭᠤᠣᠯ ᠮᠥᠷᠡᠨ ᠢ ᠬᠠᠮᠤᠷᠤᠭᠰᠠᠨ 70 ᠭᠠᠷᠤᠢ ᠵᠢᠯ ᠤᠨ ᠤᠷᠳᠤ ᠰᠢᠷᠢᠰ ᠤᠰᠤᠨ ᠤ ᠰᠢᠨᠵᠢᠡᠯᠭᠡᠨ ᠤ ᠴᠡᠭᠴᠡᠯᠡᠨ ᠨᠠᠶᠢᠷᠠᠭᠤᠯᠤᠭᠰᠠᠨ ᠮᠠᠲ᠋ᠧᠷᠢᠶᠠᠯ ᠢ ᠪᠦᠷᠢᠯᠳᠦᠭᠦᠯᠪᠡ᠃ ᠭᠤᠷᠪᠠᠨ ᠬᠠᠪᠴᠢᠯ᠂ ᠰᠢᠶᠤᠤ ᠯᠠᠩ ᠳ᠋ᠢ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠷᠭᠡ ᠴᠢᠬᠤᠯᠠ ᠶᠡᠭᠡ ᠤᠰᠤᠨ ᠠᠰᠢᠬᠯᠠᠯᠳᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ ᠵᠡᠷᠭᠡ ᠤᠯᠤᠰ ᠤᠨ ᠴᠢᠬᠤᠯᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠢ ᠴᠥᠮ ᠡᠳᠡᠭᠡᠷ ᠬᠤᠪᠣᠷ ᠨᠠᠨᠳᠢᠨ ᠤᠰᠤᠨ ᠤ ᠰᠢᠨᠵᠢᠯᠡᠭᠡᠨ ᠤ ᠮᠠᠲ᠋ᠧᠷᠢᠶᠠᠯ ᠠᠴᠠ ᠰᠠᠯᠵᠤ ᠴᠢᠳᠠᠬᠤ ᠦᠭᠡᠢ ᠶᠤᠮ᠃ ᠡᠭᠦᠨ ᠤ ᠬᠠᠮᠲᠤ᠂ ᠭᠤᠷᠪᠠᠨ ᠬᠠᠪᠴᠢᠯ ᠪᠣᠯᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠷᠭᠡ ᠴᠢᠬᠤᠯᠠ ᠶᠡᠭᠡ ᠤᠰᠤᠨ ᠠᠰᠢᠬᠯᠠᠯᠳᠠ ᠶᠢᠨ ᠪᠠᠷᠢᠯᠭ᠎ᠠ ᠶᠢᠨ ᠲᠣᠬᠢᠷᠠᠭᠤᠯᠤᠯᠲᠠ ᠳᠤᠮᠳᠠ᠂ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠨ ᠥᠷᠨᠢᠭᠦᠯᠦᠭᠰᠡᠨ ᠤᠰᠤᠨ ᠤ ᠰᠢᠨᠵᠢᠯᠡᠭᠡᠨ ᠤ ᠬᠢᠨᠠᠨ ᠬᠡᠮᠵᠢᠯᠲᠡ ᠵᠢᠴᠢ ᠤᠷᠢᠳᠴᠢᠯᠠᠭᠰᠠᠨ ᠮᠡᠳᠡᠭᠡ ᠨᠢ ᠢᠨᠵᠧᠨᠧᠷᠢᠩ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠶᠢᠨ᠎ᠠ᠃      ᠲᠠᠪᠤ ᠳᠤ ᠭᠡᠨᠡᠳᠲᠡ ᠶᠢᠨ ᠤᠰᠤᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠦᠢᠯᠡᠴᠢᠯᠡᠪᠡ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠲᠤ ᠭᠡᠨᠡᠳᠲᠡ ᠶᠢᠨ ᠴᠢᠨᠠᠷᠲᠠᠶ ᠤᠰᠤᠨ ᠤ ᠬᠡᠷᠡᠭ ᠣᠯᠠᠨᠲᠠ ᠡᠭᠦᠰᠴᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠶ ᠰᠦᠷᠳᠡᠭᠦᠯᠦᠯ ᠤᠴᠠᠷᠠᠭᠤᠯᠵᠤ ᠪᠠᠶᠢᠨ᠎ᠠ᠃ ᠪᠢᠳᠡ ᠲᠦᠷᠭᠡᠨ ᠲᠤᠰᠬᠠᠯ ᠲᠠᠢ᠂ ᠬᠦᠴᠦᠲᠡᠢ ᠪᠠᠲᠤᠯᠠᠭ᠎ᠠ ᠲᠠᠢ ᠤᠰᠤᠨ ᠤ ᠰᠢᠨᠵᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠸᠧᠨᠴᠤᠸᠠᠨ ᠤ ᠭᠠᠵᠠᠷ ᠬᠥᠳᠡᠯᠦᠯᠲᠡ ᠶᠢᠨ ᠲᠠᠩ ᠵᠢᠶᠠ ᠱᠠᠨ ᠠᠭᠤᠯᠠᠨ ᠤ ᠬᠠᠰᠢᠯᠭᠠᠲᠤ ᠨᠠᠭᠤᠷ᠂ ᠵᠸᠤᠴᠢᠤᠢ ᠶᠢᠨ ᠣᠨᠴᠠ ᠶᠡᠭᠡ ᠰᠢᠪᠠᠷ ᠴᠢᠯᠠᠭᠤᠨ ᠤᠷᠤᠰᠬᠠᠯ᠂ ᠰᠤᠩᠭᠠᠷᠢ ᠮᠥᠷᠡᠨ ᠤ ᠪᠣᠬᠢᠷᠲᠤᠯ᠂ ᠶᠢᠨ ᠱᠠ ᠵᠢᠶᠠᠩ ᠮᠥᠷᠡᠨ ᠤ ᠪᠠᠶᠢᠬᠧ ᠶᠢᠨ ᠬᠠᠰᠢᠯᠭᠠᠲᠤ ᠨᠠᠭᠤᠷ ᠵᠡᠷᠭᠡ ᠭᠡᠨᠡᠳᠲᠡ ᠡᠭᠦᠰᠦᠭᠰᠡᠨ ᠤᠰᠤᠨ ᠤ ᠬᠡᠷᠡᠭ ᠢ ᠠᠷᠭᠠᠴᠠᠭᠠᠬᠤ ᠳᠤᠮᠳᠠ᠂ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠦᠳᠲᠡᠷ ᠲᠦᠷᠭᠡᠨ ᠴᠤᠤᠷᠢᠶᠠᠲᠤᠨ ᠲᠠᠭᠠᠵᠦ᠂ ᠬᠢᠨᠠᠨ ᠬᠡᠮᠵᠢᠭᠰᠡᠨ ᠮᠡᠳᠡᠭᠡ ᠵᠠᠩᠭᠢ ᠪᠠ ᠵᠠᠳᠠᠯᠵᠤ ᠵᠢᠱᠢᠭᠰᠡᠨ ᠦᠷ᠎ᠡ ᠪᠦᠲᠦᠭᠡᠯ ᠢᠶᠠᠨ ᠴᠠᠭ ᠲᠤᠬᠠᠢ ᠳᠤᠨᠢ ᠬᠠᠩᠭᠠᠵᠤ᠂ ᠭᠡᠨᠡᠳᠲᠡ ᠡᠭᠦᠰᠦᠭᠰᠡᠨ ᠭᠠᠮᠰᠢᠭ ᠤᠨ ᠬᠡᠷᠡᠭ ᠢ ᠪᠦᠲᠦᠮᠵᠢᠲᠡᠢ ᠰᠢᠢᠳᠪᠦᠷᠢᠯᠡᠬᠦ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃      ᠵᠢᠷᠭᠤᠭ᠎ᠠ ᠳᠤ ᠨᠡᠶᠢᠭᠡᠮ ᠤᠨ ᠣᠯᠠᠨ ᠨᠡᠶᠢᠲᠡ ᠶᠢᠨ ᠡᠳᠦᠷ ᠲᠤᠲᠤᠮ ᠤᠨ ᠠᠮᠢᠳᠤᠷᠠᠯ ᠳᠤ  ᠦᠢᠯᠡᠴᠢᠯᠡᠪᠡ᠃ ᠠᠵᠤ ᠠᠬᠤᠶ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠨᠡᠶᠢᠭᠡᠮ ᠤᠨ ᠤᠰᠤᠨ ᠤ ᠰᠢᠨᠵᠢᠯᠡᠭᠡᠨ ᠤ ᠮᠠᠲ᠋ᠧᠷᠢᠶᠠᠯ ᠤᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠡᠯ᠎ᠡ ᠱᠠᠲᠤᠨ ᠤ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠨ ᠬᠢᠨ ᠰᠣᠨᠢᠨ ᠮᠡᠳᠡᠭᠡᠨ ᠤ ᠵᠠᠭᠤᠴᠢᠯᠠᠭᠤᠷ᠂ ᠤᠰᠤᠨ ᠤ ᠰᠢᠨᠵᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠪᠣᠯᠤᠨ ᠡᠯ᠎ᠡ ᠲᠥᠷᠥᠯ ᠤᠨ ᠠᠯᠪᠠᠨ ᠮᠡᠳᠡᠭᠡ᠂ ᠲᠣᠪᠴᠢ ᠮᠡᠳᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠤᠰᠤᠨ ᠤ ᠰᠢᠨᠵᠢᠯᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠢ ᠴᠠᠭ ᠲᠤᠬᠠᠶ ᠳᠤᠨᠢ ᠬᠠᠩᠭᠠᠵᠤ᠂ ᠤᠰᠤᠨ ᠤ ᠰᠢᠨᠵᠢᠯᠡᠭᠡᠨ ᠤ ᠮᠠᠲ᠋ᠧᠷᠢᠶᠠᠯ ᠢ ᠢᠯᠡ ᠪᠣᠯᠭᠠᠵᠤ ᠬᠠᠮᠲᠤ ᠳᠠᠭᠠᠨ ᠡᠳ᠋ᠯᠡᠬᠦ ᠶᠢ ᠲᠠᠰᠤᠷᠠᠯᠲᠠ ᠤᠢᠭᠡᠢ ᠴᠢᠩᠭᠠᠳᠬᠠᠪᠠ᠃ ᠡᠭᠦᠨ ᠠᠴᠠ ᠭᠠᠳᠠᠨ᠎ᠠ᠂ ᠡᠯ᠎ᠡ ᠱᠠᠲᠤᠨ ᠤ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠣᠯᠠᠨ ᠨᠡᠶᠢᠲᠡ ᠶᠢᠨ ᠤᠰᠤᠨ ᠤ ᠪᠠᠶᠢᠳᠠᠯ ᠳᠤ ᠦᠶ᠋ᠯᠡᠴᠢᠯᠡᠬᠦ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ 2013 ᠣᠨ ᠳᠤ ᠤᠰᠤᠨ ᠤ ᠪᠠᠶᠢᠳᠠᠯ ᠤᠨ ᠰᠡᠷᠡᠮᠵᠢ ᠶᠢ ᠨᠡᠶᠢᠲᠡᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠨᠡᠶᠢᠲᠡ 6532 ᠤᠳᠠᠭ᠎ᠠ ᠤᠰᠤᠨ ᠤ ᠪᠠᠶᠢᠳᠠᠯ ᠤᠨ ᠰᠡᠷᠡᠮᠵᠢ ᠶᠢ ᠨᠡᠶᠢᠲᠡᠯᠡᠪᠡ᠂ ᠡᠭᠦᠨ ᠳᠤ 2019 ᠣᠨ ᠳᠤ ᠤᠰᠤᠨ ᠤ ᠪᠠᠶᠢᠳᠠᠯ ᠤᠨ ᠰᠡᠷᠡᠮᠵᠢ ᠶᠢ 1694 ᠤᠳᠠᠭ᠎ᠠ ᠨᠡᠶᠢᠲᠡᠯᠡᠵᠦ᠂ ᠨᠡᠶᠢᠭᠡᠮ ᠤᠨ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠳᠤ ᠤᠰᠤᠨ ᠤ ᠰᠢᠨᠵᠢᠯᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡ ᠶᠢ ᠢᠳᠡᠪᠬᠢᠲᠡᠶ ᠬᠠᠩᠭᠠᠪᠠ᠃      ᠭᠤᠷᠪᠠ᠂ ᠰᠢᠨ᠎ᠡ ᠴᠠᠭ ᠦᠶ᠎ᠡ ᠶᠢᠨ ᠤᠰᠤᠨ ᠤ ᠰᠢᠨᠵᠢᠯᠡᠭᠡᠨ ᠤ ᠬᠥᠭᠵᠢᠯᠲᠡ ᠶᠢᠨ ᠰᠡᠳᠬᠢᠴᠡ      ᠲᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠶ ᠱᠦᠵᠢ ᠶᠢᠨ ︽3 . 14︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠰᠢᠨ᠎ᠡ ᠴᠠᠭ ᠦᠶ᠎ᠡ ᠶᠢᠨ ᠤᠰᠤ ᠶᠢ ᠵᠠᠰᠠᠬᠤ ᠰᠡᠳᠬᠢᠴᠠ ᠪᠠᠷ᠂ ᠤᠰᠤᠨ ᠠᠰᠢᠬᠯᠠᠯᠳᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠤᠷᠠᠳᠤᠭᠰᠠᠨ ︽ᠤᠰᠤᠨ ᠠᠰᠢᠬᠯᠠᠯᠳᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠵᠦ᠂ ᠤᠰᠤᠨ ᠠᠰᠢᠬᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠤᠰᠤᠨ ᠠᠰᠢᠬᠯᠠᠯᠳᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠴᠢᠪᠬᠠᠳᠠᠵᠤ᠂ ᠤᠰᠤᠨ ᠤ ᠰᠢᠨᠵᠢᠯᠡᠭᠡᠨ ᠤ ᠥᠷᠲᠡᠭᠡᠨ ᠤ ᠰᠦᠯᠵᠢᠶᠡᠨ ᠤ ᠲᠤᠤᠷ ᠤᠨ ᠪᠠᠶᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠤᠰᠤᠨ ᠤ ᠰᠢᠨᠵᠢᠯᠡᠭᠡᠨ ᠤ ᠬᠢᠨᠠᠨ ᠬᠡᠮᠵᠢᠯᠲᠡ᠂ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠ  ᠦᠢᠯᠡᠴᠢᠯᠡᠭᠡᠨ ᠤ ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤᠨ ᠤ ᠰᠢᠨᠵᠢᠯᠡᠭᠡᠨ ᠤ ᠠᠵᠢᠯ ᠢ ᠤᠰᠤᠨ ᠠᠰᠢᠬᠯᠠᠯᠳᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠤᠰᠢᠭᠤᠴᠢ ᠪᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠷᠠᠳ ᠲᠦᠮᠡᠨ ᠳᠤ ᠵᠣᠯ ᠵᠢᠷᠭᠠᠯᠳᠤ ᠠᠮᠢᠳᠤᠷᠠᠯ ᠢ ᠡᠳ᠋ᠯᠡᠬᠦᠯᠬᠦ ᠳᠤ ᠬᠦᠴᠦᠲᠡᠶ ᠪᠠᠲᠤᠯᠠᠭ᠎ᠠ ᠬᠠᠨᠭ᠍ᠭᠠᠨ᠎ᠠ᠃      ᠪᠢ ᠠᠳᠠ ᠬᠦᠷᠳᠠᠯ᠎ᠠ ᠲᠦᠬᠦᠮ ᠲᠠᠨᠢᠯᠴᠠᠭᠤᠯᠤᠶ᠎ᠠ᠂ ᠦᠯᠡᠳᠡᠭᠰᠡᠨ ᠴᠠᠭ ᠢ ᠰᠤᠷᠪᠤᠯᠵᠢᠯᠠᠭᠴᠢ ᠨᠠᠶᠢᠵᠠ ᠳᠠᠭᠠᠨ ᠲᠤᠰᠢᠶᠠᠶ᠎ᠠ᠂ ᠬᠠᠮᠳᠤ ᠠᠵᠢᠯᠯᠠᠭᠰᠠᠳ ᠲᠠᠢ ᠪᠠᠨ ᠣᠯᠠᠨ ᠤ ᠠᠰᠠᠭᠤᠯᠲᠠ ᠶᠢ ᠬᠠᠷᠢᠭᠤᠯᠤᠭᠰᠠᠨ ᠳᠠᠭᠠᠨ ᠪᠢ ᠮᠠᠰᠢ ᠪᠠᠶᠠᠷᠲᠠᠶ ᠪᠠᠶᠢᠨ᠎ᠠ᠂ ᠪᠠᠶᠠᠷᠯᠠᠯ᠎ᠠ᠃      ᠯᠢ ᠰᠢᠶᠤᠤ ᠯᠢᠨ᠄ ᠼᠠᠢ ᠵᠢᠶᠠᠨ ᠶᠤᠸᠠᠨ ᠵᠤᠷᠭᠠᠨ ᠤ ᠲᠠᠷᠤᠭ᠎ᠠ ᠶᠢᠨ ᠲᠠᠨᠢᠯᠴᠠᠭᠤᠯᠴᠠᠭ᠎ᠠ ᠳᠤ ᠪᠠᠶᠠᠷᠯᠠᠯ᠎ᠠ︕ ᠳᠤᠤᠷ᠎ᠠ ᠠᠰᠠᠭᠤᠯᠲᠠ ᠬᠠᠷᠢᠭᠤᠯᠬᠤ ᠭᠤᠭᠴᠤᠭ᠎ᠠ ᠳᠤ ᠣᠷᠣᠨ᠎ᠠ᠂ ᠠᠰᠠᠭᠤᠯᠲᠠ ᠠᠰᠠᠭᠤᠬᠤ ᠠᠴᠠ ᠪᠠᠨ ᠡᠮᠦᠨ᠎ᠡ ᠰᠤᠷᠪᠤᠯᠵᠢᠯᠠᠭᠴᠢ ᠨᠠᠶᠢᠵᠠ ᠪᠠᠷ ᠠᠵᠢᠯᠯᠠᠵᠤ ᠪᠠᠶᠢᠭ᠎ᠠ ᠰᠣᠨᠢᠨ ᠮᠡᠳᠡᠭᠡᠨ ᠤ ᠪᠠᠶᠢᠭᠤᠯᠤᠮᠵᠢ ᠳᠤ ᠮᠡᠳᠡᠭᠳᠡᠭᠡᠷᠡᠶ᠃ ᠤᠳᠤ ᠡᠬᠢᠯᠡᠵᠦ ᠠᠰᠠᠭᠤᠶ᠎ᠠ᠃      ᠬᠠᠤᠯᠢ ᠲᠦᠷᠢᠮ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠤᠰᠤᠨ ᠠᠰᠢᠬᠯᠠᠯᠳᠠ ᠶᠢᠨ ᠶᠠᠮᠤᠨ ᠤ        ᠬᠢᠨ ︽ᠤᠰᠤᠨ ᠠᠰᠢᠬᠯᠠᠯᠳᠠ ᠶᠢᠨ ᠢᠨᠵᠧᠨᠧᠷᠢᠩ ᠢᠶᠠᠷ ᠳᠤᠲᠠᠭᠤᠳᠠᠯ ᠢ ᠨᠥᠬᠦᠪᠥᠷᠢᠯᠡᠵᠦ᠂ ᠤᠰᠤᠨ ᠠᠰᠢᠬᠯᠠᠯᠳᠠ ᠶᠢᠨ ᠢᠨᠵᠧᠨᠧᠷᠢᠩ ᠢᠶᠠᠷ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠤᠰᠤᠨ ᠠᠰᠢᠬᠯᠠᠯᠳᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠳᠤᠷᠠᠳᠪᠠ᠂ ᠣᠳᠣᠬᠠᠨ ᠳᠤ ᠤᠰᠤᠨ ᠤ ᠰᠢᠨᠵᠢᠯᠡᠭᠡᠨ ᠳᠤ ᠶᠠᠮᠠᠷᠰᠢᠤ ᠳᠤᠲᠠᠭᠤᠳᠠᠯ ᠣᠷᠣᠰᠢᠵᠤ ᠪᠠᠶᠢᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠤ ᠬᠡᠷᠬᠢᠨ ᠲᠤᠯᠭᠠᠭᠤᠷᠢᠯᠠᠯ ᠬᠠᠩᠭᠠᠬᠤ ᠪᠤᠢ᠃ ᠪᠠᠶᠠᠷᠯᠠᠯ᠎ᠠ︕      ᠼᠠᠢ ᠵᠢᠶᠠᠨ ᠶᠤᠸᠠᠨ᠄ ᠰᠠᠶ᠋ᠢᠬᠠᠨ ᠬᠤᠷᠠᠯᠳᠤᠭᠰᠠᠨ ᠪᠦᠬᠦ ᠤᠯᠤᠰ ᠤᠨ ᠤᠰᠤᠨ ᠠᠰᠢᠬᠯᠠᠯᠳᠠ ᠶᠢᠨ ᠠᠵᠢᠯ ᠤᠨ ᠬᠤᠷᠠᠯ ᠳᠡᠭᠡᠷ᠎ᠡ᠂ ᠶᠠᠮᠤᠨ ᠤ ᠰᠠᠶᠢᠳ ᠧ ᠵᠢᠩ ᠫᠢᠩ ᠤᠰᠤᠨ ᠠᠰᠢᠬᠯᠠᠯᠳᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠪᠠᠷᠢᠮᠲᠠᠯᠠᠨ ᠭᠦᠨᠵᠡᠭᠡᠶᠢᠷᠡᠭᠦᠯᠵᠦ᠂ ᠤᠰᠤᠨ ᠠᠰᠢᠬᠯᠠᠯᠳᠠ ᠶᠢᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠬᠦᠴᠦᠯᠡᠨ ᠪᠦᠬᠦ ᠲᠠᠯ᠎ᠠ ᠪᠠᠷ ᠴᠢᠩᠭᠠᠳᠬᠠᠵᠤ᠂ ᠤᠰᠤᠨ ᠤ ᠰᠢᠨᠵᠢᠯᠡᠭᠡᠨ ᠤ ᠲᠤᠯᠭᠠᠭᠤᠷᠢᠯᠠᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠣᠳᠣᠬᠠᠨ ᠳᠤ ᠤᠰᠤᠨ ᠤ ᠰᠢᠨᠵᠢᠯᠡᠭᠡᠨ ᠤ ᠠᠵᠢᠯ ᠤᠨ ᠳᠤᠲᠠᠭᠤᠳᠠᠯ ᠲᠣᠪᠤᠶᠢᠮ᠎ᠠ ᠪᠠᠶᠢᠵᠤ᠂ ᠭᠤᠤᠯᠳᠠᠭᠤ ᠤᠰᠤᠨ ᠤ ᠰᠢᠨᠵᠢᠯᠡᠭᠡᠨ ᠤ ᠬᠡᠮᠵᠢᠨ ᠮᠡᠳᠡᠭᠦᠯᠬᠦ ᠰᠢᠨ᠎ᠡ ᠮᠡᠷᠭᠡᠵᠢᠯ ᠰᠢᠨ᠎ᠡ ᠲᠥᠬᠦᠭᠡᠷᠦᠮᠵᠢ ᠶᠢᠨ ᠬᠡᠷᠡᠭᠯᠡᠯᠲᠡ ᠬᠠᠷᠠᠬᠠᠨ ᠲᠦᠭᠡᠮᠡᠯᠵᠢᠭᠡᠳᠤ᠂ ᠣᠳᠣᠬᠢᠴᠢᠯᠠᠯᠲᠠ ᠶᠢᠨ ᠬᠡᠮᠵᠢᠶ᠎ᠡ ᠳᠤᠤᠷ᠎ᠠ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠳᠤ  ᠦᠢᠡᠯᠴᠢᠯᠡᠬᠦ ᠤᠰᠤᠨ ᠤ ᠰᠢᠨᠵᠢᠯᠡᠭᠡᠨ ᠤ ᠥᠷᠲᠡᠭᠡᠨ ᠤ ᠲᠤᠤᠷ ᠤᠨ ᠪᠠᠶᠢᠷᠢᠰᠢᠭᠤᠯᠤᠯᠲᠠ ᠳᠤ ᠢᠯᠡᠷᠡᠵᠦ᠂ ᠬᠢᠨᠠᠨ ᠬᠡᠮᠵᠢᠵᠦ ᠵᠠᠳᠠᠯᠤᠯᠲᠠ ᠬᠢᠬᠦ᠂ ᠮᠡᠳᠡᠭᠡ ᠵᠠᠩᠭᠢ ᠶᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠲᠡᠭᠦᠯᠳᠡᠷᠵᠢᠭᠡᠳᠦᠶ ᠪᠠᠶᠢᠨ᠎ᠠ᠂ ᠡᠲᠡᠭᠡᠷ ᠳᠤᠲᠠᠭᠤᠳᠠᠯ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠡᠷᠦᠩᠬᠡᠶ ᠬᠥᠭ ᠠᠶᠠᠰ ᠲᠠᠢ ᠵᠣᠬᠢᠴᠠᠯᠳᠤᠬᠤ ᠥᠬᠡᠶ ᠪᠠᠶᠢᠨ᠎ᠠ᠃      ᠤᠰᠤᠨ ᠠᠰᠢᠬᠯᠠᠯᠳᠠ ᠶᠢᠨ ᠠᠵᠢᠯ ᠲᠥᠷᠥᠯ ᠤᠨ ᠴᠢᠩᠭ᠎ᠠ ᠬᠢᠨᠠᠯᠲᠠ ᠬᠠᠮᠢᠶᠠᠷᠤᠯᠲᠠ ᠳᠤ ᠬᠡᠷᠬᠢᠨ ᠲᠤᠯᠭᠠᠭᠤᠷᠢᠯᠠᠯ ᠬᠠᠩᠭᠠᠬᠤ ᠪᠢᠯᠡ︖      ᠨᠢᠭᠡ ᠲᠠᠯ᠎ᠠ ᠪᠠᠷ᠂ ᠪᠢᠳᠡ ᠤᠰᠤᠨ ᠤ ᠰᠢᠨᠵᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ ᠠᠬᠢᠴᠠ ᠶᠢ ᠲᠦᠷᠭᠡᠳᠬᠡᠵᠦ᠂ ᠤᠰᠤᠨ ᠤ ᠰᠢᠨᠵᠢᠯᠡᠭᠡᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠭᠤᠤᠯᠳᠠᠭᠤ ᠤᠰᠤᠨ ᠤ ᠡᠬᠢ ᠪᠠᠶᠠᠯᠢᠭ ᠤᠨ ᠠᠮᠢ ᠠᠬᠤᠶ ᠤᠰᠤᠨ ᠤ ᠣᠷᠴᠢᠨ ᠲᠣᠭᠤᠷᠢᠨ ᠵᠡᠷᠭᠡ ᠲᠠᠯ᠎ᠠ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠣᠬᠢᠷᠠᠭᠤᠯᠤᠯᠲᠠ ᠬᠢᠵᠦ᠂ ᠤᠰᠤᠨ ᠤ ᠰᠢᠨᠵᠢᠯᠡᠭᠡᠨ ᠤ ᠥᠷᠲᠡᠭᠡᠨ ᠤ ᠲᠤᠤᠷ ᠢ ᠲᠡᠭᠦᠯᠳᠡᠷᠵᠢᠭᠦᠯᠬᠦ ᠭᠡᠷᠡᠭᠳᠡᠢ︔ ᠠᠵᠢᠯ ᠤᠨ ᠠᠷᠭ᠎ᠠ ᠪᠠᠷᠢᠯ ᠤᠨ ᠲᠠᠯ᠎ᠠ ᠪᠠᠷ ᠭᠤᠤᠯᠳᠠᠭᠤ ᠰᠢᠨ᠎ᠡ ᠮᠡᠷᠭᠡᠵᠢᠯ ᠰᠢᠨ᠎ᠡ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠬᠡᠷᠡᠭᠯᠡᠬᠦ ᠪᠠᠷ ᠳᠠᠮᠵᠢᠭᠤᠯᠤᠨ ᠰᠢᠪᠲᠤᠯᠤᠯᠲᠠ ᠭᠠᠷᠭᠠᠵᠤ᠂ ᠤᠰᠤᠨ ᠤ ᠰᠣᠶᠣᠯ ᠤᠨ ᠠᠦ᠋ᠲ᠋ᠣᠴᠢᠯᠠᠭᠰᠠᠨ ᠤᠶᠤᠨᠴᠢᠯᠠᠭᠰᠠᠨ ᠬᠢᠷᠢ ᠲᠦᠪᠰᠢᠨ ᠤ ᠲᠠᠯ᠎ᠠ ᠪᠠᠷ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠪᠠᠷ ᠬᠦᠴᠤᠯᠠᠬᠦ ᠭᠡᠷᠡᠭᠳᠡᠢ᠃      ᠨᠥᠭᠦᠭᠡ ᠲᠠᠯ᠎ᠠ ᠪᠠᠷ᠂ ᠪᠢᠳᠡ ᠰᠡᠳᠬᠢᠴᠠ ᠪᠠᠨ ᠲᠦᠷᠭᠡᠳᠬᠡᠨ ᠬᠤᠪᠢᠷᠠᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠦᠢᠯᠡᠴᠢᠯᠡᠭᠡᠨ ᠤ ᠲᠤᠯᠭᠠᠭᠤᠷᠢᠯᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠳᠤ ᠦᠢᠯᠡᠴᠢᠯᠡᠬᠦ ᠲᠠᠯ᠎ᠠ ᠪᠠᠷ᠂ ᠵᠠᠰᠠᠭ ᠵᠠᠬᠢᠷᠭᠠᠨ ᠤ ᠣᠷᠣᠨ ᠤ ᠵᠠᠭᠠᠭ ᠵᠢᠴᠢ ᠠᠮᠢ ᠠᠬᠤᠶ ᠶᠢᠨ ᠤᠷᠤᠰᠴᠠ ᠶᠢ ᠡᠵᠡᠮᠳᠡᠬᠦ ᠣᠭᠲᠣᠯᠤᠭᠠᠰᠤ ᠵᠡᠷᠭᠡ ᠤᠰᠤᠨ ᠤ ᠬᠡᠮᠵᠢᠶ᠎ᠡ ᠤᠰᠤᠨ ᠤ ᠴᠢᠨᠠᠷ ᠢ ᠬᠢᠨᠠᠨ ᠰᠢᠨᠵᠢᠬᠦ ᠬᠢᠭᠡᠳ ᠵᠠᠳᠠᠯᠬᠤ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠤᠰᠤᠨ ᠣᠷᠣᠨ ᠤ ᠤᠰᠤᠨ ᠤ ᠠᠮᠢ ᠠᠬᠤᠶ ᠶᠢ ᠬᠢᠨᠠᠨ ᠰᠢᠨᠵᠢᠵᠦ ᠪᠠᠶᠢᠴᠠᠭᠠᠬᠤ ᠪᠠ ᠭᠦᠶ᠋ᠴᠡᠳᠬᠡᠯ ᠲᠤᠭ᠎ᠠ ᠶᠢ ᠵᠠᠳᠠᠯᠬᠤ ᠶᠢ ᠠᠬᠢᠭᠤᠯᠤᠨ᠂ ᠭᠤᠤᠯᠳᠠᠯᠭ᠎ᠠ ᠲᠠᠢ ᠭᠠᠵᠠᠷ ᠣᠷᠣᠨ ᠤ ᠭᠠᠵᠠᠷ ᠳᠤᠤᠷᠠᠬᠢ ᠤᠰᠤ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠤᠰᠤ ᠶᠢ ᠵᠦᠶ ᠵᠣᠬᠢᠰᠲᠠᠶ ᠬᠤᠪᠢᠶᠠᠷᠢᠯᠠᠬᠤ᠂ ᠤᠰᠤ ᠶᠢ ᠬᠠᠮᠢᠶᠠᠷᠴᠤ ᠬᠡᠷᠡᠭᠯᠡᠬᠦ ᠵᠡᠷᠭᠡ ᠳᠤ ᠬᠢᠨᠠᠨ ᠰᠢᠨᠵᠢᠵᠦ ᠵᠠᠳᠠᠯᠤᠭᠰᠠᠨ ᠦᠷ᠎ᠡ ᠪᠦᠲᠦᠭᠡᠯ ᠢ ᠬᠠᠨᠭ᠍ᠭᠠᠬᠤ ᠭᠡᠷᠡᠭᠳᠡᠢ︔ ᠭᠤᠣᠯ ᠮᠥᠷᠡᠨ ᠨᠠᠭᠤᠷ ᠴᠥᠭᠦᠷᠥᠮ ᠤᠨ ᠬᠢᠨᠠᠯᠲᠠ ᠬᠠᠮᠢᠶᠠᠷᠤᠯᠲᠠ ᠳᠤ ᠦᠢᠯᠡᠴᠢᠯᠡᠬᠦ ᠲᠠᠯ᠎ᠠ ᠪᠠᠷ᠂ ᠭᠤᠣᠯ ᠮᠥᠷᠡᠨ ᠨᠠᠭᠤᠷ ᠴᠥᠭᠦᠷᠥᠮ ᠤᠨ ᠬᠢᠨᠠᠨ ᠬᠡᠮᠵᠢᠯᠲᠡ ᠪᠠ ᠪᠠᠶᠢᠴᠠᠭᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠤᠨ ᠤᠰᠤᠨ ᠤ ᠡᠷᠭᠢ ᠶᠢᠨ ᠱᠤᠭᠤᠮ ᠵᠡᠷᠭᠡ ᠦᠨᠳᠦᠰᠦᠨ ᠣᠨᠴᠠᠯᠢᠭ ᠢ ᠡᠵᠡᠮᠰᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠬᠡᠮᠵᠢᠶ᠎ᠡ ᠶᠢ ᠬᠢᠨᠠᠨ ᠬᠡᠮᠵᠢᠵᠦ ᠵᠠᠳᠠᠯᠤᠨ ᠦᠨᠡᠯᠡᠬᠦ ᠶᠢ ᠴᠢᠩᠭᠠᠳᠬᠠᠵᠤ᠂ ᠬᠥᠭᠵᠢᠯᠲᠡ ᠶᠢᠨ ᠬᠤᠪᠢᠷᠠᠯᠲᠠ ᠶᠢᠨ ᠬᠠᠨᠳᠤᠰᠢ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ       ᠬᠡᠷᠡᠭᠲᠡᠢ︔ ᠦᠶᠡᠷ ᠤᠰᠤᠳᠤᠯ ᠭᠠᠨᠭ᠌ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠳᠤ ᠦᠢᠯᠡᠴᠢᠯᠡᠬᠦ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠬᠡᠮᠵᠢᠨ ᠮᠡᠳᠡᠭᠦᠯᠬᠦ ᠲᠥᠰᠦᠯ ᠢᠶᠠᠨ ᠲᠡᠭᠦᠯᠳᠡᠷᠵᠢᠭᠦᠯᠵᠦ᠂ ᠤᠰᠤᠨ ᠤ ᠰᠢᠨᠵᠢᠯᠡᠭᠡ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢ ᠪᠠᠲᠤᠯᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠰᠠᠶᠢᠲᠤᠷ ᠠᠳᠬᠤᠵᠤ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ︔ ᠤᠰᠤᠨ ᠤ ᠪᠠᠷᠢᠯᠭ᠎ᠠ ᠳᠤ ᠦᠢᠯᠡᠴᠢᠯᠡᠬᠦ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠤᠰᠤᠨ ᠳᠤ ᠬᠤᠯᠪᠣᠭᠳᠠᠬᠤ ᠪᠠᠷᠢᠯᠭ᠎ᠠ ᠶᠢᠨ ᠤᠰᠤᠨ ᠤ ᠰᠢᠨᠵᠢᠯᠡᠭᠡᠨ ᠤ ᠬᠢᠨᠠᠨ ᠬᠡᠮᠵᠢᠭᠰᠡᠨ ᠮᠡᠳᠡᠭᠡ ᠵᠠᠩᠭᠢ ᠶᠢ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠤᠨ᠂ ᠤᠰᠤᠨ ᠴᠥᠭᠦᠷᠥᠮ ᠤᠨ ᠪᠦᠯᠦᠭᠵᠢᠯ ᠤᠨ ᠬᠠᠮᠲᠤᠷᠠᠨ ᠲᠤᠬᠢᠷᠠᠭᠤᠯᠬᠤ ᠪᠠ ᠤᠷᠢᠳᠴᠢᠯᠠᠨ ᠮᠡᠳᠡᠭᠡᠯᠡᠬᠦ ᠠᠵᠢᠯᠯᠠᠭ᠎ᠠ ᠶᠢ ᠥᠷᠨᠢᠭᠦᠯᠵᠦ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ ᠲᠤᠬᠢᠷᠠᠭᠤᠯᠬᠤ ᠪᠠ ᠤᠰᠤᠨ ᠤ ᠬᠡᠮᠵᠢᠶ᠎ᠡ ᠶᠢ ᠲᠤᠬᠢᠷᠠᠭᠤᠯᠬᠤ ᠬᠠᠮᠢᠶᠠᠷᠤᠯᠲᠠ ᠶᠢ ᠬᠢᠨᠠᠨ ᠬᠡᠮᠵᠢᠵᠦ ᠬᠢᠨᠠᠨ ᠡᠵᠡᠮᠳᠡᠬᠦ ᠵᠡᠷᠭᠡ ᠶᠢ ᠰᠠᠶᠢᠲᠤᠷ ᠬᠢᠵᠦ᠂ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠠᠵᠢᠯ ᠲᠠᠭᠠᠨ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠭᠡᠷᠡᠭᠳᠡᠢ᠃      ᠪᠢ ᠡᠳᠠᠭᠡᠷ ᠲᠠᠯ᠎ᠠ ᠪᠠᠷ ᠬᠠᠷᠢᠭᠤᠯᠤᠶ᠎ᠠ᠂ ᠪᠠᠶᠠᠷᠯᠠᠯ᠎ᠠ︕      ᠠᠵᠤ ᠠᠬᠤᠶ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠤᠰᠤᠨ ᠤ ᠰᠢᠨᠵᠢᠯᠡᠬᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠢ ᠲᠠᠨᠢᠯᠴᠠᠭᠤᠯᠵᠤ ᠦᠭᠬᠦᠨ᠎ᠡ ᠤᠤ︖ ᠣᠳᠣᠬᠢᠴᠢᠯᠠᠯᠲᠠ ᠶᠢᠨ ᠬᠡᠮᠵᠢᠶ᠎ᠡ ᠣᠳᠣ ᠬᠢᠷᠢ ᠵᠡᠷᠭᠡ ᠪᠤᠢ︖ ᠪᠠᠶᠠᠷᠯᠠᠯ᠎ᠠ︕      ᠵᠠᠩ ᠸᠧᠨ ᠱᠧᠩ᠄ ᠪᠢ ᠲᠠᠨ ᠤ ᠠᠰᠠᠭᠤᠯᠲᠠ ᠶᠢ ᠬᠠᠷᠢᠭᠤᠯᠤᠶ᠎ᠠ᠂ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠤᠯᠤᠰ ᠤᠨ ᠤᠰᠤᠨ  ᠤ  ᠰᠢᠨᠵᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠵᠢᠯ ᠳᠠᠷᠠᠭᠠᠯᠠᠨ ᠨᠡᠮᠡᠭᠳᠡᠪᠡ᠃ ᠪᠦᠷᠢᠳᠬᠡᠯ ᠢ ᠦᠨᠳᠦᠰᠦᠯᠡᠪᠡᠯ᠂ 1949 ᠣᠨ ᠠᠴᠠ ︽ᠠᠷᠪᠠᠳᠤᠭᠠᠷ ᠲᠠᠪᠤᠨ ᠵᠢᠯ︾ ᠤᠨ ᠰᠡᠭᠦᠯᠴᠢ ᠪᠣᠯᠲᠠᠯ᠎ᠠ᠂ ᠪᠦᠬᠦ ᠤᠯᠤᠰ ᠤᠨ ᠤᠰᠤᠨ ᠤ ᠰᠢᠨᠵᠢᠯᠡᠭᠡᠨ ᠤ ᠦᠨᠳᠦᠰᠦᠨ ᠪᠦᠲᠦᠭᠡᠨ ᠪᠠᠶᠢᠭᠤᠯᠤᠯᠲᠠ ᠳᠤ 42 . 17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠶ︔ ︽ᠠᠷᠪᠠᠨ ᠨᠢᠬᠡᠳᠦᠬᠡᠷ ᠳᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠦᠬᠦ ᠤᠯᠤᠰ ᠤᠨ ᠤᠰᠤᠨ ᠤ ᠰᠢᠨᠵᠢᠯᠡᠬᠡᠨ ᠤ ᠰᠠᠭᠤᠷᠢ ᠪᠦᠲᠦᠭᠡᠨ ᠪᠠᠶᠢᠭᠤᠯᠤᠯᠲᠠ ᠳᠠᠬᠢ ᠪᠡᠯᠡ ᠣᠷᠣᠭᠤᠯᠤᠯᠲᠠ 45 . 58 ᠳ᠋ᠦᠩᠰᠢᠭᠤᠷ ᠲᠥᠭᠦᠷᠢᠭ ᠪᠠᠶᠢᠵᠤ᠂ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠠᠴᠠ ︽ᠠᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠲᠠᠯᠠᠬᠢ ᠪᠡᠯᠡ ᠣᠷᠣᠭᠤᠯᠤᠯᠲᠠ ᠶᠢᠨ ᠶᠡᠷᠦᠩᠬᠡᠶ ᠨᠡᠶᠢᠯᠡᠪᠦᠷᠢ ᠲᠠᠢ ᠲᠡᠩᠴᠡᠨ᠎ᠡ︔ 2011 ᠣᠨ ᠠᠴᠠ 2019 ᠤᠨ ᠪᠣᠯᠲᠠᠯ᠎ᠠ᠂ ᠤᠯᠤᠰ ᠠᠴᠠ ᠪᠥᠬᠦ ᠤᠯᠤᠰ ᠤᠨ ᠤᠰᠤᠨ ᠤ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠨᠡᠶᠢᠲᠡ 216 . 40 ᠳ᠋ᠦᠩᠰᠢᠭᠤᠷ ᠲᠥᠭᠦᠷᠢᠭ ᠪᠠᠭᠤᠯᠭᠠᠬᠤ ᠪᠠᠷ ᠲᠥᠯᠥᠪᠯᠡᠵᠦ᠂ ᠵᠢᠯ ᠳᠤᠮᠳᠠᠴᠢ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ 24 . 04 ᠳ᠋ᠦᠩᠰᠢᠭᠤᠷ ᠲᠥᠭᠦᠷᠢᠭ ᠲᠤ ᠬᠦᠷᠴᠡᠶ᠂ ᠡᠨᠡ ᠬᠦ ᠬᠤᠭᠤᠴᠠᠭ᠎ᠠ ᠪᠣᠯ ᠤᠰᠤᠨ ᠰᠢᠨᠵᠢᠯᠡᠭᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠪᠠᠯᠠ ᠣᠷᠣᠭᠤᠯᠤᠯᠲᠠ ᠶᠢᠨ ᠡᠷᠴᠢᠮ ᠢᠶᠠᠷ ᠬᠠᠮᠤᠭ ᠤᠨ ᠴᠢᠩᠭ᠎ᠠ᠂ ᠲᠥᠷᠥᠯ  ᠵᠦᠢᠯ ᠤᠨ ᠲᠤᠭ᠎ᠠ ᠬᠡᠮᠵᠢᠶ᠎ᠡ ᠪᠠᠷ ᠬᠠᠮᠤᠭ ᠤᠨ ᠣᠯᠠᠨ᠂ ᠴᠢᠳᠠᠪᠤᠷᠢ ᠶᠢᠨ ᠳᠡᠭᠡᠭᠰᠢᠯᠡᠯᠲᠡ ᠪᠠᠷ ᠬᠠᠮᠤᠭ ᠤᠨ ᠲᠦᠷᠭᠡᠨ ᠬᠤᠭᠤᠴᠠᠭ᠎ᠠ ᠪᠣᠯᠤᠨ᠎ᠠ ᠭᠡᠵᠦ ᠬᠡᠯᠡᠵᠦ ᠪᠣᠯᠤᠨ᠎ᠠ᠃      ᠶᠡᠭᠡ ᠬᠡᠪᠴᠢᠶᠡᠨ ᠤ ᠤᠰᠤᠨ ᠤ ᠰᠢᠨᠵᠢᠯᠡᠭᠡᠨ ᠤ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠨᠢ ᠤᠰᠤᠨ ᠤ ᠰᠢᠨᠵᠢᠯᠡᠭᠡᠨ ᠤ ᠦᠢᠯᠡᠰ ᠤᠨ ᠳᠠᠪᠠᠯᠲᠠ ᠮᠠᠶ᠋ᠢᠭ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ       ᠲᠠᠯᠪᠢᠵᠤ᠂ ᠤᠰᠤᠨ ᠤ ᠰᠢᠨᠵᠢᠯᠡᠭᠡᠨ ᠤ ᠣᠳᠣᠬᠢᠴᠢᠯᠠᠯᠲᠠ ᠶᠢᠨ ᠬᠡᠮᠵᠢᠶ᠎ᠡ ᠡᠳᠦᠷ ᠢᠷᠡᠬᠦᠶ᠎ᠡ ᠳᠡᠭᠡᠭᠰᠢᠯᠡᠵᠦ᠂ ᠤᠰᠤᠨ ᠠᠰᠢᠭᠯᠠᠯᠲᠠ ᠶᠢᠨ ᠠᠵᠢᠯ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠩᠭᠠᠭᠰᠠᠨ ᠤᠰᠤᠨ ᠤ ᠰᠢᠨᠵᠢᠯᠡᠭᠡᠨ ᠤ ᠮᠡᠳᠡᠭᠡ ᠵᠠᠩᠭᠢ ᠶᠢ ᠨᠡᠩ ᠪᠦᠬᠦ ᠲᠠᠯ᠎ᠠ ᠪᠠᠷ᠂ ᠨᠡᠩ ᠲᠦᠷᠭᠡᠨ᠂ ᠨᠡᠩ ᠣᠨᠣᠪᠴᠢᠲᠠᠶ ᠪᠣᠯᠭᠠᠪᠠ᠃ ᠣᠯᠤᠭᠰᠠᠨ ᠪᠦᠳᠤᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠ ᠣᠳᠣᠬᠢᠴᠢᠯᠠᠯᠲᠠ ᠶᠢᠨ ᠬᠡᠮᠵᠢᠶ᠎ᠡ ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄      ᠨᠢᠭᠡ ᠳᠤ᠂ ᠤᠰᠤᠨ ᠤ ᠰᠢᠨᠵᠢᠯᠡᠭᠡᠨ ᠤ ᠰᠦᠯᠵᠢᠶ᠎ᠡ ᠲᠡᠭᠦᠯᠳᠡᠷᠵᠢᠪᠡ᠃ ᠶᠡᠭᠡ ᠭᠤᠣᠯ ᠮᠥᠷᠡᠨ ᠵᠢᠴᠢ ᠲᠡᠭᠦᠨ ᠤ ᠴᠢᠬᠤᠯᠠ ᠰᠠᠯᠪᠤᠷᠢ ᠤᠷᠤᠰᠬᠠᠯ ᠢ ᠬᠠᠮᠤᠷᠤᠭᠰᠠᠨ᠂ ᠦᠶᠡᠷ ᠢ ᠰᠡᠷᠭᠡᠶᠢᠯᠡᠬᠦ ᠭᠤᠤᠯᠳᠠᠯᠭᠠᠳᠤ ᠡᠭᠦᠷᠭᠡ ᠲᠠᠢ ᠳᠤᠮᠳᠠ ᠵᠢᠵᠢᠭ ᠭᠤᠣᠯ ᠮᠥᠷᠡᠨ ᠢ  ᠬᠠᠮᠤᠷᠤᠭᠰᠠᠨ  ᠤᠰᠤᠨ ᠤ ᠰᠢᠨᠵᠢᠯᠡᠬᠡᠨ   ᠤ  ᠦᠷᠳᠡᠭᠡ   ᠶᠢᠨ   ᠲᠤᠤᠷᠵᠢᠯ  ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠤᠰᠤᠨ ᠤ ᠰᠢᠨᠵᠢᠯᠡᠬᠡᠨ ᠤ ᠬᠡᠮᠵᠢᠯᠲᠡ ᠶᠢᠨ ᠥᠷᠲᠡᠭᠡᠨ ᠤ ᠲᠤᠭ᠎ᠠ ᠬᠡᠮᠵᠢᠶ᠎ᠡ ᠶᠢ ᠶᠡᠭᠡ ᠪᠠᠷ ᠨᠡᠮᠡᠭᠳᠡᠭᠦᠯᠦᠨ᠂ ᠥᠷᠲᠡᠭᠡᠨ ᠤ ᠲᠣᠣᠷᠵᠢᠯ ᠤᠨ ᠪᠦᠬᠦᠯᠢ ᠴᠣᠭᠴᠠ ᠶᠢᠨ ᠪᠠᠶᠢᠷᠢᠰᠢᠯ ᠪᠠ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃      ᠬᠤᠶᠠᠷ ᠲᠤ ᠤᠰᠤᠨ ᠤ ᠰᠢᠨᠵᠢᠯᠡᠭᠡᠨ ᠤ ᠬᠢᠨᠠᠨ ᠬᠡᠮᠵᠢᠬᠦ ᠴᠢᠳᠠᠪᠤᠷᠢ ᠢᠯᠡᠳᠲᠡ ᠴᠢᠩᠭᠠᠷᠠᠪᠠ᠃ ᠮᠡᠷᠭᠡᠵᠢᠯ ᠲᠣᠨᠣᠭᠯᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠤᠰᠤᠨ ᠤ ᠰᠢᠨᠵᠢᠯᠡᠭᠡᠨ ‍ᠤᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠪᠠ ᠮᠡᠳᠡᠭᠡ ᠵᠠᠩᠭᠢᠵᠢᠯᠲᠠ ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠪᠣᠷᠣᠭᠠᠨ ᠤ ᠬᠡᠮᠵᠢᠶ᠎ᠡ᠂ ᠤᠰᠤᠨ ᠲᠦᠪᠰᠢᠨ ᠵᠡᠷᠭᠡ ᠡᠯᠧᠮᠧᠨ᠋ᠲ ᠨᠢᠭᠡᠨᠲᠡ ᠰᠦᠯᠵᠢᠶᠡᠨ ᠳᠡᠭᠡᠷ᠎ᠡ ᠠᠦ᠋ᠲ᠋ᠣ᠋ ᠬᠢᠨᠠᠨ ᠬᠡᠮᠵᠢᠯᠲᠡ ᠬᠢᠬᠦ ᠶᠢ ᠪᠡᠶᠡᠯᠡᠭᠦᠯᠵᠦ᠂ ᠤᠷᠤᠰᠬᠠᠯ ᠤᠨ ᠬᠡᠮᠵᠢᠶ᠎ᠡ᠂ ᠡᠯᠡᠰᠦ ᠰᠢᠪᠠᠷ᠂ ᠤᠰᠤᠨ ᠤ ᠴᠢᠨᠠᠷ ᠵᠡᠷᠭᠡ ᠡᠯᠧᠮᠧᠨ᠋ᠲ᠂ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠥᠷᠭᠡᠨ ᠢᠶᠠᠷ ᠬᠡᠷᠡᠭᠯᠡᠨ ᠬᠢᠨᠠᠨ ᠬᠡᠮᠵᠢᠯᠲᠡ ᠬᠢᠵᠦ᠂ ᠠᠦ᠋ᠲ᠋ᠣᠴᠢᠯᠠᠯᠲᠠ ᠶᠢᠨ ᠬᠡᠮᠵᠢᠶ᠎ᠡ ᠴᠦ ᠲᠠᠰᠤᠷᠠᠯᠲᠠ ᠦᠭᠡᠢ ᠳᠡᠭᠡᠭᠰᠢᠯᠡᠵᠦ᠂ ᠤᠰᠤᠨ ᠤ ᠰᠢᠨᠵᠢᠯᠡᠭᠡᠨ ‍ᠤᠮᠡᠳᠡᠭᠡ ᠵᠠᠩᠭᠢ ᠶᠢᠨ ᠣᠨᠣᠪᠴᠢᠲᠤ ᠴᠢᠨᠠᠷ᠂ ᠨᠠᠶᠢᠳᠠᠪᠤᠷᠢᠲᠤ ᠴᠢᠨᠠᠷ ᠪᠠ ᠴᠠᠭᠲᠤ ᠴᠢᠨᠠᠷ ᠢᠯᠡᠳᠲᠡ ᠰᠠᠶᠢᠵᠢᠷᠠᠵᠠᠢ᠃      ᠭᠤᠷᠪᠠ ᠳᠤ᠂ ᠤᠰᠤᠨ ᠤ ᠰᠢᠨᠵᠢᠯᠡᠭᠡᠨ ‍ᠦᠦ᠋ᠯᠡᠴᠢᠯᠡᠭᠡᠨ ᠤ ᠲᠦᠪᠰᠢᠨ ᠢᠯᠡᠳᠲᠡ ᠳᠡᠭᠡᠭᠰᠢᠯᠡᠪᠡ᠃ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠵᠢᠴᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠵᠤ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ 20 ᠮᠢᠨᠦ᠋ᠲ ᠤᠨ ᠳᠣᠲᠣᠷ᠎ᠠ ᠡᠯ᠎ᠡ ᠱᠠᠲᠤᠨ ᠤ ᠤᠰᠤᠨ ᠤ ᠰᠢᠨᠵᠢᠯᠡᠬᠡᠨ ᠤ ᠪᠠᠶᠢᠭᠤᠯᠤᠮᠵᠢ ᠳᠤ ᠳᠠᠮᠵᠢᠭᠤᠯᠵᠤ᠂ ᠦᠶᠡᠷ ᠤᠨ ᠤᠰᠤ ᠶᠢ ᠤᠷᠢᠳᠴᠢᠯᠠᠨ ᠮᠡᠳᠡᠭᠡᠯᠡᠬᠦ ᠶᠡᠷᠦᠩᠬᠡᠶ ᠬᠢᠷᠢ ᠲᠡᠩᠴᠡᠭᠰᠡᠨ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠵᠦ᠂ ᠤᠷᠢᠳᠴᠢᠯᠠᠨ ᠮᠡᠳᠡᠬᠦ ᠬᠤᠭᠤᠴᠠᠭ᠎ᠠ ᠶᠢ 3 — 5 ᠡᠳᠦᠷ ᠪᠣᠯᠭᠠᠨ᠎ᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠣᠷᠣᠨ ᠤ ᠵᠠᠭᠠᠭ ᠪᠠ ᠤᠰᠤ ᠬᠠᠩᠭᠠᠬᠤ ᠤᠰᠤᠨ ᠰᠤᠷᠪᠤᠯᠵᠢ ᠶᠢᠨ ᠭᠠᠵᠠᠷ ᠵᠡᠷᠭᠡ ᠤᠰᠤᠨ ᠤ ᠬᠡᠮᠵᠢᠶ᠎ᠡ ᠤᠰᠤᠨ ᠤ ᠴᠢᠨᠠᠷ ᠤᠰᠤᠨ ᠤ ᠠᠮᠢ ᠠᠬᠤᠶ ᠶᠢᠨ ᠬᠢᠨᠠᠨ ᠰᠢᠨᠵᠢᠬᠦ ᠪᠠ ᠵᠠᠳᠠᠯᠤᠨ ᠦᠨᠡᠯᠡᠬᠦ ᠶᠢ ᠥᠷᠨᠢᠭᠦᠯᠦᠨ᠎ᠡ᠃ ᠺᠣᠮᠫᠢᠦᠲ᠋ᠧᠷ ᠤᠨ ᠲᠣᠣᠷ ᠰᠦᠯᠵᠢᠶ᠎ᠡ ᠪᠣᠯᠤᠨ ᠡᠯ᠎ᠡ ᠲᠥᠷᠥᠯ ᠤᠨ ᠠᠯᠪᠠᠨ ᠮᠡᠳᠡᠭᠡ ᠪᠠᠷ ᠳᠠᠮᠵᠢᠭᠤᠯᠤᠨ᠂ ᠤᠰᠤᠨ ᠤ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ ᠶᠢ ᠨᠡᠶᠢᠲᠡᠯᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠨᠡᠶᠢᠭᠡᠮ ᠨᠡᠶᠢᠲᠡ ᠳᠤ ᠤᠰᠤᠨ ᠰᠢᠨᠵᠢᠯᠡᠭᠡᠨ ᠤ ᠦᠢᠯᠡᠴᠢᠯᠡᠭᠡᠨ ᠢ ᠴᠠᠭ ᠲᠤᠬᠠᠶ ᠳᠤᠨᠢ ᠬᠠᠩᠭᠠᠵᠤ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠪᠣᠯᠤᠨ ᠤᠰᠤᠨ ᠤ ᠭᠠᠮᠰᠢᠭ ᠤᠨ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ᠃      ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠼᠠᠢ ᠵᠤᠷᠭᠠᠨ ᠤ ᠳᠠᠷᠤᠭ᠎ᠠ ᠠᠴᠠ ᠠᠰᠠᠭᠤᠬᠤ ᠨᠢ ᠣᠲᠣ ᠤᠯᠤᠰ ᠠᠴᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠠᠴᠠ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠪᠠᠶᠢᠳᠠᠯ ᠢ ᠬᠠᠮᠠᠭᠠᠯᠠᠬᠤ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠪᠠ ᠤᠰᠤᠨ ᠤ ᠬᠡᠮᠵᠢᠶ᠎ᠡ ᠶᠢ ᠪᠠᠲᠤᠯᠠᠬᠤ ᠲᠠᠯ᠎ᠠ ᠪᠠᠷ ᠶᠠᠮᠠᠷ ᠠᠵᠢᠯ ᠬᠢᠭᠰᠡᠨ ᠵᠢᠴᠢ ᠰᠢᠨ᠎ᠡ ᠨᠢᠭᠡ ᠵᠢᠯ ᠳᠤ ᠶᠠᠮᠠᠷ ᠲᠥᠯᠥᠪᠯᠡᠭᠡ ᠲᠠᠢ ᠪᠠᠶᠢᠬᠤ ᠶᠢ ᠠᠰᠠᠭᠤᠶ᠎ᠠ︖ ᠪᠠᠶᠠᠷᠯᠠᠯ᠎ᠠ︕      ᠼᠠᠢ ᠵᠢᠶᠠᠨ ᠶᠤᠸᠠᠨ᠄ ᠡᠨᠡ ᠠᠰᠠᠭᠤᠳᠠᠯ ᠢ ᠵᠠᠩ ᠸᠧᠨ ᠱᠧᠩ ᠳᠡᠳ᠋ ᠵᠤᠷᠭᠠᠨ ᠤ ᠳᠠᠷᠤᠭ᠎ᠠ ᠪᠠᠷ ᠬᠠᠷᠢᠭᠤᠯᠤᠯᠤᠶ᠎ᠠ᠂ ᠲᠡᠷᠡ ᠡᠨᠡ ᠠᠵᠢᠯ ᠢ ᠬᠤᠪᠢᠳᠠᠨ ᠬᠠᠮᠢᠶᠠᠷᠴᠤ ᠪᠠᠶᠢᠨ᠎ᠠ᠂ ᠲᠡᠷᠡ ᠲᠠᠨ ᠤ ᠠᠰᠠᠭᠤᠯᠲᠠ ᠶᠢ ᠬᠠᠷᠢᠭᠤᠯᠬᠤ ᠪᠠᠷ ᠪᠠᠶᠢᠨ᠎ᠠ      ᠵᠠᠩ ᠸᠧᠨ ᠱᠧᠩ᠄ ᠣᠯᠠᠨ ᠵᠢᠯ ᠤᠨ ᠲᠤᠷᠰᠢ᠂ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠣᠷᠳᠣ ᠬᠤᠭᠤᠴᠠᠭᠠᠨ ᠤ ᠴᠤᠪᠤᠷᠠᠯ ᠤᠰᠤᠨ ᠤ ᠰᠢᠨᠵᠢᠯᠡᠬᠡᠨ ᠤ ᠮᠠᠲ᠋ᠧᠷᠢᠶᠠᠯ ᠪᠠ ᠤᠰᠤᠨ ᠤ ᠰᠢᠨᠵᠢᠯᠡᠬᠡᠨ ᠤ ᠴᠠᠭ ᠳᠤᠬᠠᠢ ᠳᠤᠨᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢᠴᠢ ᠵᠠᠳᠠᠯᠤᠯᠲᠠ ᠦᠨᠡᠯᠡᠯᠲᠡ ᠶᠢᠨ ᠦᠷ᠎ᠡ ᠪᠦᠲᠦᠭᠡᠯ ᠳᠤ ᠲᠦᠰᠢᠭᠯᠡᠨ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ᠂ ᠡᠷᠭᠢ ᠶᠢᠨ ᠱᠤᠭᠤᠮ᠂ ᠤᠰᠤᠨ ᠤ ᠬᠡᠮᠵᠢᠶ᠎ᠡ᠂ ᠤᠰᠤᠨ ᠤ ᠴᠢᠨᠠᠷ᠂ ᠡᠯᠡᠰᠦ ᠰᠢᠪᠠᠷ᠂ ᠤᠰᠤᠨ ᠤ ᠠᠮᠢ ᠠᠬᠤᠶ ᠵᠡᠷᠭᠡ ᠦᠨᠳᠦᠰᠦᠨ ᠣᠨᠴᠠᠯᠢᠭ ᠢ ᠡᠵᠡᠮᠰᠢᠵᠦ᠂ ᠭᠤᠤᠯ ᠮᠥᠷᠡᠨ ᠨᠠᠭᠤᠷ ᠴᠥᠭᠦᠷᠥᠮ ᠤᠨ ᠬᠤᠪᠢᠷᠠᠯᠲᠠ ᠶᠢ ᠴᠠᠭ ᠲᠤᠬᠠᠶ ᠳᠤᠨᠢ ᠮᠥᠷᠳᠡᠵᠦ᠂ ᠢᠷᠡᠭᠡᠳᠦᠶ ᠶᠢᠨ ᠬᠥᠭᠵᠢᠯᠲᠡ ᠶᠢᠨ ᠪᠠᠶᠢᠳᠠᠯ ᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠪᠠᠶᠢᠳᠠᠯ ᠢ ᠬᠠᠮᠠᠭᠠᠯᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠪᠥᠬᠦᠶ ᠤᠰᠤᠨ ᠤ ᠰᠢᠨᠵᠢᠯᠡᠬᠡᠨ ᠤ ᠲᠤᠯᠭᠠᠭᠤᠷᠢᠯᠠᠯ ᠬᠠᠩᠭᠠᠵᠤ᠂ ᠭᠤᠤᠯᠳᠠᠭᠤ ᠡᠶᠢᠮᠦ ᠬᠡᠳᠦᠨ ᠲᠠᠯ᠎ᠠ ᠶᠢᠨ ᠠᠵᠢᠯ ᠢ ᠥᠷᠨᠢᠭᠦᠯᠪᠡ᠄      ᠨᠢᠭᠡ ᠳᠤ ᠤᠰᠤᠨ ᠤ ᠡᠬᠢ ᠪᠠᠶᠠᠯᠢᠭ ᠢ ᠬᠠᠮᠠᠭᠠᠯᠠᠬᠤ ︽ᠤᠯᠠᠭᠠᠨ ᠨᠣᠭᠤᠭᠠᠨ ᠳ᠋ᠧᠩ︾ ᠢ ᠰᠠᠶᠢᠲᠤᠷ ᠬᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠠᠬᠢᠭᠤᠯᠵᠤ᠂ ᠭᠤᠣᠯ ᠤᠨ ᠵᠠᠮ ᠤᠨ ᠳᠣᠣᠷ᠎ᠠ ᠤᠰᠤ ᠶᠢ ᠬᠢᠨᠠᠨ ᠬᠡᠮᠵᠢᠬᠦ ᠳᠤ ᠲᠣᠬᠢᠷᠠᠬᠤ ᠤᠰᠤᠨ ᠤ ᠡᠬᠢ ᠪᠠᠶᠠᠯᠢᠭ ᠤᠨ ᠤᠰᠤᠨ ᠤ ᠬᠡᠮᠵᠢᠶ᠎ᠡ ᠶᠢ ᠬᠢᠨᠠᠨ ᠬᠡᠮᠵᠢᠬᠦ ᠮᠡᠷᠭᠡᠵᠢᠯ ᠤᠨ ᠵᠦᠭᠯᠡᠭᠦᠷ ᠢ ᠨᠠᠶᠢᠷᠠᠭᠤᠯᠤᠨ ᠵᠣᠬᠢᠶᠠᠨ᠎ᠠ᠃ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠪᠠᠶᠢᠳᠠᠯ ᠤᠨ ᠬᠤᠪᠢᠷᠠᠯᠲᠠ ᠪᠠ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠬᠠᠨᠤᠮᠵᠢ ᠶᠢᠨ ᠬᠡᠮᠵᠢᠶ᠎ᠡ ᠶᠢ ᠵᠠᠳᠠᠯᠤᠨ ᠦᠨᠡᠯᠡᠨ ᠵᠢᠱᠢᠵᠦ᠂ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠦᠨ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠰᠤᠨ ᠤ ᠬᠡᠮᠵᠢᠶ᠎ᠡ ᠶᠢ ᠪᠠᠲᠤᠯᠠᠬᠤ ᠪᠠ ᠤᠰᠤᠨ ᠤ ᠬᠡᠮᠵᠢᠶ᠎ᠡ ᠶᠢ ᠲᠦᠢᠯ ᠤᠨ ᠣᠨᠣᠪᠴᠢᠲᠠᠶ ᠲᠣᠬᠢᠷᠠᠭᠤᠯᠬᠤ ᠳᠤ ᠦᠨᠳᠦᠰᠦᠯᠡᠯ ᠬᠠᠩᠭᠠᠨ᠎ᠠ᠃ ᠵᠢᠱᠢᠶᠡᠯᠡᠪᠡᠯ᠂ ᠰᠧᠴᠤᠸᠠᠨ ᠤ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠨᠢᠳᠤᠨᠤᠨ ᠮᠢᠨᠵᠢᠶᠠᠩ ᠮᠥᠷᠡᠨ᠂ ᠲᠦᠸᠧᠵᠢᠶᠠᠩ ᠮᠥᠷᠡᠨ ᠤ ᠰᠠᠪᠠ ᠭᠠᠵᠠᠷ ᠲᠤ ᠰᠢᠷᠭᠢᠬᠦ ᠤᠯᠠᠷᠢᠯ ᠤᠨ ᠠᠮᠢ ᠠᠬᠤᠢ ᠶᠢᠨ ᠤᠷᠤᠰᠬᠠᠯ ᠤᠨ  ᠬᠡᠮᠵᠢᠶ᠎ᠡ ᠶᠢ ᠬᠢᠨᠠᠨ ᠬᠡᠮᠵᠢᠵᠦ᠂ ᠪᠦᠬᠦ ᠵᠢᠯ ᠳᠤ 49 ᠤᠳᠠᠭ᠎ᠠ ᠰᠡᠷᠡᠮᠵᠢ ᠶᠢᠨ ᠲᠤᠬᠢᠶ᠎ᠠ ᠨᠡᠶᠢᠲᠡᠯᠡᠵᠦ᠂ ᠮᠢᠨᠵᠢᠶᠠᠩ ᠮᠥᠷᠡᠨ᠂ ᠲᠦ᠋ᠸᠧᠵᠢᠶᠠᠩ ᠮᠥᠷᠡᠨ ᠤ ᠤᠰᠤᠨ ᠤ ᠬᠡᠮᠵᠢᠶ᠎ᠡ ᠶᠢ ᠲᠤᠬᠢᠷᠠᠭᠤᠯᠬᠤ ᠪᠠ ᠬᠠᠮᠢᠶᠠᠷᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠠᠨᠾᠦ᠋ᠢ ᠶᠢᠨ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠶᠢᠩ ᠾᠧ ᠭᠤᠣᠯ ᠤᠨ ᠡᠯ᠎ᠡ ᠣᠭᠲᠣᠯᠤᠭᠠᠰᠤ ᠶᠢᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠲᠣᠬᠢᠷᠠᠭᠤᠯᠤᠭᠰᠠᠨ ᠦᠷ᠎ᠡ ᠪᠦᠲᠦᠮᠵᠢ ᠳᠤ ᠬᠢᠨᠠᠨ ᠬᠡᠮᠵᠢᠯᠲᠡ ᠪᠠ ᠵᠠᠳᠠᠯᠤᠯᠲᠠ ᠬᠢᠵᠦ᠂ ᠬᠥᠳᠡᠯᠦᠩᠭᠦᠶ ᠮᠥᠷᠳᠡᠯᠲᠡ ᠪᠠ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠵᠠᠳᠠᠯᠵᠤ᠂ ᠰᠢᠨᠵᠢᠯᠡᠬᠦ ᠤᠬᠠᠭᠠᠨᠴᠢ ᠪᠠᠷ ᠤᠰᠤᠨ ᠤ ᠬᠡᠮᠵᠢᠶ᠎ᠡ ᠶᠢ ᠵᠣᠬᠢᠰᠲᠠᠶ ᠲᠣᠬᠢᠷᠠᠭᠤᠯᠬᠤ ᠳᠤ ᠲᠤᠯᠭᠠᠭᠤᠷᠢᠯᠠᠯ ᠬᠠᠩᠭᠠᠨ᠎ᠠ᠃ ᠨᠠᠷᠢᠯᠢᠭ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠲᠣᠬᠢᠷᠠᠭᠤᠯᠤᠯᠲᠠ ᠪᠠᠷ ᠳᠡᠮᠵᠢᠨ᠂ ᠡᠯ᠎ᠡ ᠣᠭᠲᠣᠯᠤᠭᠠᠰᠤ ᠶᠢᠨ ᠤᠰᠤᠨ ᠤ ᠬᠡᠮᠵᠢᠶ᠎ᠡ ᠶᠢ ᠪᠠᠲᠤᠯᠠᠵᠤ᠂ ᠳᠤᠤᠷᠠᠳᠤ ᠤᠷᠤᠰᠬᠠᠯ ᠤᠨ ᠭᠤᠤᠯ ᠵᠠᠮ ᠤᠨ ᠠᠮᠢ ᠠᠬᠤᠶ ᠶᠢᠨ ᠪᠠᠶᠢᠳᠠᠯ ᠢ ᠰᠠᠶᠢᠵᠢᠷᠠᠭᠤᠯᠪᠠ᠃      ᠬᠤᠶᠠᠷ ᠲᠤ᠂ ᠤᠰᠤᠨ ᠤ ᠣᠷᠴᠢᠨ ᠲᠣᠭᠤᠷᠢᠨ ᠢ ᠵᠠᠰᠠᠬᠤ ︽ᠮᠡᠳᠡᠷᠡᠯ ᠤᠨ ᠲᠤᠤᠷ︾ ᠢ ᠰᠠᠶᠢᠲᠤᠷ ᠬᠢᠬᠦ ᠬᠡᠷᠡᠭᠲᠡᠶ᠃ ᠪᠥᠬᠦ ᠤᠯᠤᠰ ᠤᠨ ᠭᠠᠵᠠᠷ ᠳᠡᠭᠡᠷᠡᠬᠢ ᠤᠰᠤᠨ ᠤ ᠴᠢᠨᠠᠷ ᠤᠨ 14286 ᠥᠷᠲᠡᠭᠡ ᠶᠢᠨ ᠬᠢᠨᠠᠨ ᠬᠡᠮᠵᠢᠯᠲᠡ ᠪᠠᠷ ᠳᠠᠮᠵᠢᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠤᠨ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠤᠰᠤᠨ ᠤ ᠰᠢᠨᠵᠢᠯᠡᠬᠡᠨ ᠤ ᠬᠢᠨᠠᠨ ᠬᠡᠮᠵᠢᠯᠲᠡ ᠶᠢᠨ ︽ᠮᠡᠳᠡᠷᠡᠯ ᠤᠨ ᠲᠤᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠣᠷᠴᠢᠨ ᠲᠣᠭᠤᠷᠢᠨ ᠤ ᠵᠠᠰᠠᠯᠲᠠ ᠳᠤ ᠨᠠᠶᠢᠳᠠᠪᠤᠷᠢᠲᠠᠶ ᠲᠤᠯᠭᠠᠭᠤᠷᠢᠯᠠᠯ ᠬᠠᠩᠭᠠᠪᠠ᠃ ᠵᠢᠱᠢᠶᠡᠯᠡᠪᠡᠯ ᠪᠡᠭᠡᠵᠢᠩ ᠤᠨ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠰᠤᠨ ᠤ ᠴᠢᠨᠠᠷ ᠢ ᠬᠢᠨᠠᠨ ᠬᠡᠮᠵᠢᠬᠦ ᠪᠠ ᠬᠥᠳᠡᠯᠦᠩᠭᠦᠶ ᠵᠠᠳᠠᠯᠤᠯᠲᠠ ᠬᠢᠬᠦ ᠪᠠᠷ ᠳᠠᠮᠵᠢᠭᠤᠯᠤᠨ᠂ ᠪᠣᠬᠢᠷ ᠦᠮᠡᠬᠡᠶ ᠤᠰᠤᠨ ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠮᠥᠷᠳᠡᠨ ᠦᠨᠡᠯᠡᠨ ᠵᠢᠱᠢᠵᠦ ᠪᠠᠶᠢᠨ᠎ᠠ᠃ ᠹᠦᠵᠢᠶᠠᠨ ᠤ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ 729 ᠰᠢᠶᠠᠩ ᠪᠠᠯᠭᠠᠰᠤᠨ ᠤ ᠠᠭᠤᠯᠵᠠᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠣᠭᠲᠣᠯᠤᠭᠠᠰᠤ ᠶᠢᠨ ᠴᠡᠭ ᠭᠠᠷᠭᠠᠵᠤ᠂ ᠵᠠᠰᠠᠭ ᠵᠠᠬᠢᠷᠭᠠᠨ ᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠ ᠬᠢᠨᠠᠨ ᠰᠢᠯᠭᠠᠬᠤ ᠶᠢ ᠲᠤᠯᠭᠠᠭᠤᠷᠢᠯᠠᠪᠠ᠃      ᠭᠤᠷᠪᠠ ᠳᠤ᠂ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ︽ᠮᠥᠷᠳᠡᠭᠴᠢ︾ ᠪᠣᠯᠬᠤ ᠬᠡᠷᠡᠭᠲᠡᠶ᠃ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠵᠠᠮᠠᠭ ᠤᠨ ᠲᠥᠷᠥᠯ ᠢ ᠬᠢᠨᠠᠨ ᠰᠢᠨᠵᠢᠬᠦ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠦᠢᠯᠡᠴᠢᠯᠡᠭᠡ᠂ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢ ᠢᠳᠡᠪᠬᠢᠲᠡᠶ ᠥᠷᠭᠡᠳᠬᠡᠵᠦ᠂ ᠤᠰᠤᠨ ᠤ ᠢᠷᠣᠭᠠᠷ ᠤᠨ ᠠᠮᠢᠳᠤ ᠪᠣᠳᠠᠰ᠂ ᠬᠥᠪᠦᠮᠡᠯ ᠠᠮᠢᠲᠠᠨ᠂ ᠤᠰᠤᠨ ᠤ ᠤᠷᠭᠤᠮᠠᠯ᠂ ᠵᠢᠭᠠᠰᠤᠨ ᠤ ᠲᠥᠷᠥᠯ ᠵᠡᠷᠭᠡ ᠶᠢ ᠬᠢᠨᠠᠨ ᠰᠢᠨᠵᠢᠬᠦ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠠᠮᠢ ᠠᠬᠤᠶ ᠶᠢ ᠵᠠᠰᠠᠨ ᠰᠡᠷᠭᠦᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠶᠢ ᠥᠷᠨᠢᠭᠦᠯᠦᠨ᠎ᠡ᠃ ᠵᠢᠱᠢᠶᠡᠯᠡᠪᠡᠯ ᠲᠠᠢ ᠬᠤ᠋ ᠨᠠᠭᠤᠷ ᠤᠨ ᠰᠠᠪᠠ ᠭᠠᠵᠠᠷ ᠤᠨ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠲᠠᠢ ᠬᠤ᠋ ᠨᠠᠭᠤᠷ ᠢ ᠲᠣᠭᠤᠷᠢᠭᠰᠠᠨ 29 ᠬᠢᠨᠠᠨ ᠬᠡᠮᠵᠢᠬᠦ ᠥᠷᠲᠡᠭᠡ ᠴᠡᠭ ᠤᠨ ᠬᠥᠬᠡ ᠵᠠᠮᠠᠭ ᠤᠨ ᠪᠠᠶᠢᠴᠠᠭᠠᠯᠲᠠ ᠶᠢ ᠥᠷᠨᠢᠭᠦᠯᠵᠦ᠂ ᠵᠢᠶᠠᠩᠰᠢ ᠶᠢᠨ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠪᠥᠬᠦ ᠮᠤᠵᠢ ᠶᠢᠨ 86 ᠲᠣᠮᠣ ᠬᠡᠯᠪᠡᠷᠢ ᠶᠢᠨ ᠨᠠᠭᠤᠷ ᠴᠥᠭᠦᠷᠥᠮ ᠳᠤ ᠬᠥᠪᠦᠮᠡᠯ ᠤᠷᠭᠤᠮᠠᠯ᠂ ᠬᠥᠪᠦᠮᠡᠯ ᠠᠮᠢᠲᠠᠨ᠂ ᠢᠷᠣᠭᠠᠷ ᠤᠨ ᠠᠮᠢᠲᠠᠨ᠂ ᠵᠢᠭᠠᠰᠤᠨ ᠤ ᠲᠥᠷᠥᠯ ᠵᠡᠷᠭᠡ ᠤᠰᠤᠨ ᠤ ᠠᠮᠢ ᠠᠬᠤᠶ ᠶᠢᠨ ᠭᠦᠶ᠋ᠴᠡᠳᠬᠡᠯ ᠲᠤᠭ᠎ᠠ ᠶᠢ ᠪᠠᠶᠢᠴᠠᠭᠠᠨ ᠬᠢᠨᠠᠨ ᠬᠡᠮᠵᠢᠵᠦ᠂ ᠤᠰᠤᠨ ᠤ ᠠᠮᠢ ᠠᠬᠤᠶ ᠶᠢᠨ ᠪᠠᠶᠢᠳᠠᠯ ᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠪᠡ᠃      ᠳᠥᠷᠪᠡ ᠳᠤ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠶᠢᠨ ︽ᠴᠣᠨᠵᠢ︾ ᠶᠢ ᠰᠠᠶᠢᠲᠤᠷ ᠪᠠᠶᠢᠭᠤᠯᠬᠤ ᠬᠡᠷᠡᠭᠲᠡᠶ᠃ ᠤᠰᠤᠨ ᠤ ᠰᠢᠨᠵᠢᠯᠡᠬᠡᠨ ᠤ ᠬᠡᠮᠵᠢᠯᠲᠡ ᠶᠢᠨ ᠥᠷᠲᠡᠭᠡ ᠴᠡᠭ ᠣᠯᠠᠨ᠂ ᠱᠤᠭᠤᠮ ᠤᠷᠲᠤ᠂ ᠬᠡᠪᠴᠢᠶ᠎ᠡ ᠥᠷᠭᠡᠨ ᠪᠠᠶᠢᠬᠤ ᠳᠠᠪᠠᠭᠤᠯᠢᠭ ᠢ ᠪᠠᠳᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠳᠠᠭᠠᠤ ᠳᠤ ᠲᠣᠭᠲᠠᠮᠠᠯ ᠬᠤᠭᠤᠴᠠᠭ᠎ᠠ ᠲᠠᠢ ᠪᠠᠷ ᠴᠠᠭᠳᠠᠨ ᠬᠡᠮᠵᠢᠬᠦ ᠪᠠᠷ ᠳᠠᠮᠵᠢᠨ᠂ ᠭᠤᠣᠯ ᠤᠨ ᠤᠷᠤᠰᠬᠠᠯ ᠤᠨ ᠵᠠᠮ ᠢ       ᠡᠵᠡᠯᠡᠭᠰᠡᠨ᠂ ᠨᠠᠭᠤᠷ ᠴᠥᠭᠦᠷᠥᠮ ᠢ ᠬᠦᠷᠢᠶᠡᠯᠡᠨ ᠬᠠᠭᠠᠯᠪᠤᠷᠢᠯᠠᠭᠰᠠᠨ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠵᠡᠷᠭᠡ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠡᠷᠭᠢ ᠶᠢᠨ ᠬᠦᠪᠡᠭᠡ ᠳᠠᠭᠠᠤ ᠢᠯᠭᠠᠷᠠᠭᠤᠯᠤᠨ ᠴᠡᠭᠴᠡᠯᠡᠬᠦ᠂ ᠭᠤᠣᠯ ᠴᠥᠭᠦᠷᠥᠮ ᠤᠨ ᠤᠰᠤᠨ ᠣᠷᠣᠨ ᠤ ᠡᠷᠭᠢ ᠶᠢᠨ ᠱᠤᠭᠤᠮ ᠲᠠᠭᠠᠤᠠᠮᠢ ᠠᠬᠤᠶ ᠶᠢᠨ ᠴᠢᠳᠠᠮᠵᠢ ᠶᠢ ᠰᠡᠷᠭᠦᠭᠡᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠶ᠃ ᠵᠢᠱᠢᠶᠡᠯᠡᠪᠡᠯ ᠾᠧᠨᠠᠨ ᠤ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠭᠤᠣᠯ ᠤᠨ ᠤᠷᠤᠰᠬᠠᠯ ᠤᠨ ᠵᠠᠮ ᠳᠡᠭᠡᠷ᠎ᠡ ᠬᠠᠤᠯᠢ ᠪᠤᠰᠤ ᠪᠠᠷ ᠡᠯᠡᠰᠦ ᠮᠠᠯᠲᠠᠭᠰᠠᠨ ᠪᠠᠶᠢᠳᠠᠯ ᠢ ᠲᠣᠭᠤᠷᠢᠨ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠬᠤ᠂ ᠱᠠᠨᠳᠦ᠋ᠩ ᠤᠨ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠭᠤᠣᠯ ᠮᠥᠷᠡᠨ ᠢ ᠲᠣᠭᠤᠷᠢᠨ ᠪᠠᠶᠢᠴᠠᠭᠠᠵᠤ ᠭᠤᠣᠯ ᠮᠥᠷᠡᠨ ᠢ ᠬᠠᠮᠠᠭᠠᠯᠠᠬᠤ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠵᠡᠷᠭᠡ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠤᠰᠤᠨ ᠤ ᠠᠮᠢ ᠠᠬᠤᠶ ᠤᠰᠤᠨ ᠤ ᠣᠷᠴᠢᠨ ᠲᠣᠭᠤᠷᠢᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠤᠰᠤᠨ ᠤ ᠰᠢᠨᠵᠢᠯᠡᠬᠡᠨ ᠤ ᠬᠢᠨᠠᠨ ᠬᠡᠮᠵᠢᠬᠦ ᠬᠦᠷᠢᠶ᠎ᠡ ᠴᠠᠷᠠᠭ᠎ᠠ ᠶᠢ ᠤᠯᠠᠮ ᠨᠢᠭᠡ ᠠᠯᠬᠤᠮ ᠥᠷᠭᠡᠳᠬᠡᠨ᠂ ᠠᠰᠠᠭᠤᠳᠠᠯ ᠢᠶᠠᠷ ᠲᠣᠪᠤᠶᠢᠮ᠎ᠠ ᠭᠤᠤᠯᠳᠠᠯᠭ᠎ᠠ ᠲᠠᠢ ᠭᠤᠤᠯ ᠤᠨ ᠬᠡᠰᠡᠭ ᠢ ᠰᠣᠩᠭᠤᠵᠤ᠂ ᠨᠢᠭᠡ ᠵᠢᠯ ᠤᠨ ᠬᠤᠭᠤᠴᠠᠭ᠎ᠠ ᠲᠠᠢ ᠲᠤᠷᠰᠢᠯᠲᠠ ᠶᠢᠨ ᠠᠵᠢᠯ ᠢ ᠥᠷᠨᠢᠭᠦᠯᠦᠨ᠂ ᠲᠤᠷᠰᠢᠯᠲᠠ ᠶᠢᠨ ᠭᠤᠤᠯ ︵ᠬᠡᠰᠡᠭ︶ ᠨᠠᠭᠤᠷ ᠲᠤ ᠤᠰᠤᠨ ᠤ ᠰᠢᠨᠵᠢᠯᠡᠬᠡᠨ ᠤ ᠬᠢᠨᠠᠨ ᠬᠡᠮᠵᠢᠬᠦ ᠣᠭᠲᠣᠯᠤᠭᠠᠰᠤ ᠶᠢ ᠪᠠᠶᠢᠭᠤᠯᠤᠨ ᠲᠡᠭᠦᠯᠳᠡᠷᠵᠢᠭᠦᠯᠵᠦ᠂ ᠣᠲᠣ ᠦᠶ᠎ᠡ ᠶᠢᠨ ᠬᠡᠮᠵᠢᠭᠦᠷᠯᠢᠭ ᠲᠣᠨᠤᠭ ᠲᠥᠬᠦᠭᠡᠷᠦᠮᠵᠢ ᠶᠢ ᠬᠡᠷᠡᠭᠯᠡᠨ᠂ ᠠᠮᠢ ᠠᠬᠤᠶ ᠶᠢᠨ ᠤᠷᠤᠰᠬᠠᠯ ︵ᠤᠰᠤᠨ ᠲᠦᠪᠰᠢᠨ︶ ᠤᠨ ᠬᠡᠮᠵᠢᠶ᠎ᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ︵ᠤᠰᠤᠨ ᠲᠦᠪᠰᠢᠨ︶ ᠶᠢ ᠬᠢᠨᠠᠨ ᠬᠡᠮᠵᠢᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠤᠰᠤᠨ ᠤ ᠠᠮᠢ ᠠᠬᠤᠶ ᠶᠢᠨ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠶ᠃ ᠵᠢᠯ ᠤᠨ ᠤᠰᠤᠨ ᠤ ᠬᠡᠮᠵᠢᠶ᠎ᠠ ᠶᠢᠨ ᠬᠤᠪᠢᠷᠠᠯᠳᠠ ᠶᠡᠭᠡ ᠭᠤᠤᠯ ᠤᠨ ᠤᠷᠤᠰᠬᠠᠯ ᠪᠠ ᠭᠤᠤᠯ ᠮᠦᠷᠡᠨ ᠤ ᠵᠠᠮᠠᠭ ᠤᠨ ᠲᠦᠷᠦᠯ ᠢ ᠬᠢᠨᠠᠨ ᠬᠡᠮᠵᠢᠬᠦ ᠡᠴᠡᠤᠰᠤᠨ ᠤ ᠢᠷᠣᠭᠠᠷ ᠤᠨ ᠠᠮᠢᠳᠤ ᠪᠣᠳᠠᠰ᠂ ᠬᠥᠪᠦᠮᠡᠯ       ᠠᠮᠢᠲᠠᠨ᠂ ᠤᠰᠤᠨ ᠤ ᠤᠷᠭᠤᠮᠠᠯ᠂ ᠵᠢᠭᠠᠰᠤᠨ ᠤ ᠲᠥᠷᠥᠯ ᠵᠡᠷᠭᠡ ᠶᠢ ᠬᠢᠨᠠᠨ ᠰᠢᠨᠵᠢᠬᠦ ᠬᠦ᠋ᠷᠳᠡᠯ᠎ᠡ ᠦᠷᠬᠡᠳᠬᠡᠨ᠎ᠡ᠃ ᠤᠯᠠᠷᠢᠯ ᠤᠨ ᠴᠢᠨᠠᠷᠳᠠᠢ ᠭᠤᠤᠯ ᠤᠨ ᠤᠷᠤᠰᠬᠠᠯ ᠪᠠ ᠭᠠᠵᠠᠷ ᠳᠤᠤᠷᠠᠬᠢ ᠤᠰᠤ ᠶᠢ ᠬᠡᠳᠤᠷᠡᠳᠡᠯ᠎ᠡ ᠳᠠᠳᠠᠭᠰᠠᠨ ᠤᠷᠤᠨ ᠤ ᠭᠤᠤᠯ ᠮᠦᠷᠡᠨ ᠤ ᠭᠤᠤᠯ ᠤᠨ ᠤᠷᠤᠰᠬᠠᠯ ᠤᠨ ᠤᠰᠤᠨ ᠤ ᠬᠡᠮᠵᠢᠶ᠎ᠠ ᠪᠠ ᠭᠠᠵᠠᠷ ᠳᠤᠤᠷᠠᠬᠢ ᠤᠰᠤᠨ ᠳᠤ ᠬᠢᠨᠠᠨ ᠬᠡᠮᠵᠢᠯᠳᠡ ᠬᠢᠨ᠎ᠡ᠃ ᠬᠢᠨᠠᠨ ᠬᠡᠮᠵᠢᠬᠦ ᠨᠦᠬᠦᠴᠡᠯ ᠲᠠᠢ ᠭᠠᠵᠠᠷ ᠤᠷᠤᠨ ᠳᠤ ᠳᠤᠷᠰᠢᠯᠳᠠ ᠶᠢᠨ ᠴᠡᠭ ᠤᠨ ᠭᠤᠤᠯ ᠤᠨ ᠤᠷᠤᠰᠬᠠᠯ ᠤᠨ ᠭᠤᠤᠯ ᠤᠨ ᠬᠤᠩᠬᠢᠯ ᠤᠨ ᠬᠤᠪᠢᠷᠠᠯᠳᠠ ᠪᠠ ᠭᠤᠤᠯ ᠤᠨ ᠤᠷᠤᠰᠬᠠᠯ ᠤᠨ ᠬᠡᠯᠪᠡᠷᠢ ᠶᠢᠨ ᠬᠤᠪᠢᠷᠠᠯᠳᠠ ᠶᠢ ᠬᠢᠨᠠᠨ ᠬᠡᠮᠵᠢᠨ᠎ᠡ᠃      ᠭᠠᠳᠠᠷ ᠨᠢᠭᠤᠷ ᠤᠨ ᠰᠤᠨᠢᠨ ᠮᠡᠳᠡᠭᠡ ᠶᠢᠨ ᠰᠤᠷᠪᠤᠯᠵᠢᠯᠠᠭᠴᠢ᠄ ᠬᠠᠲᠤᠨ ᠭᠤᠤᠯ ᠤᠨ ᠰᠠᠪᠠ ᠭᠠᠵᠠᠷ ᠨᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠠᠮᠢ ᠠᠬᠤᠶ ᠶᠢᠨ ᠠᠮᠤᠷ ᠲᠦᠪᠰᠢᠨ ᠤ ᠲᠠᠯ᠎ᠠ ᠪᠠᠷ ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠂ ᠣᠳᠣᠬᠠᠨ ᠳᠤ ᠤᠰᠤᠨ ᠠᠰᠢᠭᠯᠠᠯᠲᠠ ᠶᠢᠨ ᠶᠠᠮᠤᠨ ᠪᠠᠰᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠤᠰᠤᠨ   ᠤ ᠰᠢᠨᠵᠢᠯᠡᠭᠡᠨ ᠨᠢ ᠬᠠᠲᠤᠨ ᠭᠤᠤᠯ ᠤᠨ ᠤᠰᠤᠨ ᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠰᠠᠭᠤᠷᠢ ᠠᠵᠢᠯ ᠪᠣᠯᠤᠭᠰᠠᠨ ᠤ ᠬᠤᠪᠢ ᠳᠤ᠂ ᠲᠤᠯᠭᠠᠭᠤᠷᠢᠯᠠᠬᠤ ᠪᠠ ᠪᠠᠲᠤᠯᠠᠬᠤ ᠦᠢᠯᠡᠳᠦᠯ ᠢ ᠬᠡᠷᠬᠢᠨ ᠰᠠᠶᠢᠲᠤᠷ ᠬᠢᠬᠦ ᠪᠣᠶ︖ ᠪᠠᠶᠠᠷᠯᠠᠯ᠎ᠠ︕      ᠼᠠᠢ ᠵᠢᠶᠠᠨ ᠶᠤᠸᠠᠨ᠄ ᠨᠢᠳᠤᠨᠤᠨ ᠤ 9 ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠲᠣᠳᠣᠷᠬᠠᠶ ᠪᠠᠶᠢᠷᠢ ᠲᠣᠭᠲᠠᠭᠠᠯᠲᠠ ᠳᠤᠷᠠᠳᠴᠤ᠂ ᠬᠠᠲᠤᠨ ᠭᠤᠤᠯ ᠢ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ ᠭᠤᠤᠯ ᠪᠣᠯᠭᠠᠬᠤ ᠬᠡᠷᠡᠭᠲᠡᠶ ᠭᠡᠵᠡᠶ᠃      ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠨ ᠬᠢᠨ ᠤᠰᠤᠨ ᠤ ᠰᠢᠨᠵᠢᠯᠡᠭᠡᠨ ᠤ ᠥᠷᠲᠡᠭᠡ ᠲᠤᠤᠷᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ᠂ ᠤᠰᠤᠨ ᠤ ᠰᠢᠨᠵᠢᠯᠡᠭᠡᠨ ᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠴᠢᠩᠭᠠᠳᠬᠠᠬᠤ᠂ ᠤᠰᠤᠨ ᠤ ᠰᠢᠨᠵᠢᠯᠡᠭᠡᠨ ᠤ ᠮᠡᠳᠡᠭᠡ ᠵᠠᠩᠭᠢ ᠶᠢᠨ ᠦᠶ᠋ᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ︽ᠶᠡᠭᠡ ᠬᠠᠰᠢᠯᠭ᠎ᠠ ᠰᠡᠳᠡᠷᠡᠬᠦ ᠥᠬᠡᠶ᠂ ᠭᠤᠤᠯ ᠤᠨ ᠤᠷᠤᠰᠬᠠᠯ ᠤᠨ ᠵᠠᠮ ᠲᠠᠰᠤᠷᠠᠯᠲᠠ ᠥᠬᠡᠶ ᠤᠷᠤᠰᠬᠤ᠂ ᠤᠰᠤᠨ ᠤ ᠴᠢᠨᠠᠷ ᠪᠠᠷᠢᠮᠵᠢᠶ᠎ᠠ ᠠᠴᠠ ᠬᠡᠲᠦᠷᠡᠬᠦ ᠥᠬᠡᠶ᠂ ᠭᠤᠤᠯ ᠤᠨ ᠭᠤᠯᠳᠤᠷᠢᠯ ᠢ ᠳᠡᠭᠡᠭᠰᠢᠯᠡᠭᠦᠯᠬᠦ ᠥᠬᠡᠶ︾ ᠪᠠᠶᠢᠬᠤ ᠶᠢ ᠦᠨᠡᠨ ᠬᠦ ᠪᠠᠲᠤᠯᠠᠬᠤ ᠳᠤ ᠲᠤᠯᠭᠠᠭᠤᠷᠢᠯᠠᠯ ᠪᠠᠲᠤᠯᠠᠭ᠎ᠠ ᠬᠠᠩᠭᠠᠵᠤ᠂ ᠳᠤᠤᠷᠠᠬᠢ ᠳᠥᠷᠪᠡᠨ ᠲᠠᠯ᠎ᠠ ᠶᠢᠨ ᠠᠵᠢᠯ ᠢ ᠰᠠᠶᠢᠲᠤᠷ ᠬᠢᠨ᠎ᠠ᠄      ᠨᠢᠭᠡ ᠳᠤ ᠤᠰᠤ ᠡᠯᠡᠰᠦ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠳᠤᠨ ᠭᠤᠣᠯ ᠤᠨ ᠤᠰᠤ ᠡᠯᠡᠰᠦ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠡᠵᠡᠮᠳᠡᠬᠦ ᠳᠤ ᠲᠤᠯᠭᠠᠭᠤᠷᠢᠯᠠᠯ ᠬᠠᠩᠭᠠᠨ᠎ᠠ᠃ ᠭᠤᠣᠯᠯᠠᠬᠤ ᠵᠠᠩᠭᠢᠯᠠᠭ᠎ᠠ ᠶᠢᠨ ᠤᠰᠤᠨ ᠴᠥᠭᠦᠷᠥᠮ ᠢ ᠬᠢᠨᠠᠨ ᠬᠡᠮᠵᠢᠬᠦ ᠥᠷᠲᠡᠭᠡ  ᠴᠡᠭ ᠢ ᠨᠥᠬᠦᠪᠥᠷᠢᠯᠡᠵᠦ᠂ ᠡᠯᠡᠰᠦ ᠰᠢᠪᠠᠷ ᠢ ᠬᠢᠨᠠᠨ ᠬᠡᠮᠵᠢᠬᠦ ᠥᠷᠲᠡᠭᠡ ᠲᠣᠣᠷ ᠢ ᠰᠢᠯᠢᠳᠡᠭᠵᠢᠭᠦᠯᠦᠨ ᠲᠣᠬᠢᠷᠠᠭᠤᠯᠵᠤ᠂ ᠨᠢᠩᠰᠢᠶᠠ ᠠᠴᠠ ᠥᠪᠥᠷ ᠮᠣᠩᠭᠤᠯ ᠬᠦᠷᠬᠦ ᠰᠥᠩ ᠬᠠᠯᠢᠶ᠎ᠠ ᠶᠢ ᠰᠡᠷᠭᠡᠶᠢᠯᠡᠬᠦ ᠭᠤᠣᠯᠳᠠᠯᠭ᠎ᠠ ᠲᠠᠢ ᠭᠤᠣᠯ ᠤᠨ ᠬᠡᠰᠡᠭ ᠤᠨ ᠤᠰᠤᠨ ᠲᠦᠪᠰᠢᠨ ᠢ ᠬᠢᠨᠠᠨ ᠬᠡᠮᠵᠢᠬᠦ ᠥᠷᠲᠡᠭᠡ ᠴᠢᠭ ᠢ ᠨᠢᠭᠲᠠᠷᠠᠭᠤᠯᠵᠤ᠂ ᠳᠠᠯᠠᠶ ᠳᠠᠭᠠᠤ ᠣᠷᠣᠨ ᠤ ᠲᠦᠯᠬᠢᠭᠡᠨ ᠤ ᠤᠰᠤᠨ ᠲᠦᠪᠰᠢᠨ ᠤ ᠥᠷᠲᠡᠭᠡ ᠵᠡᠷᠭᠡ ᠶᠢ ᠨᠡᠮᠡᠵᠦ ᠪᠠᠶᠢᠭᠤᠯᠤᠨ᠂ ᠤᠰᠤ᠂ ᠪᠣᠷᠣᠭᠠᠨ᠂ ᠡᠯᠡᠰᠦ ᠵᠡᠷᠭᠡ ᠬᠢᠨᠠᠨ ᠬᠡᠮᠵᠢᠭᠰᠡᠨ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ︔ ᠲᠡᠷᠢᠭᠦᠨ ᠤ ᠲᠠᠭᠤ᠂ ᠬᠡᠷᠡᠯ᠂ ᠴᠠᠬᠢᠯᠭᠠᠨ ᠠᠦ᠋ᠲ᠋ᠣ᠋ ᠵᠢᠴᠢ ᠰᠦᠯᠵᠢᠶᠡᠨ ᠳᠡᠭᠡᠷ᠎ᠡ ᠬᠢᠨᠠᠨ ᠰᠢᠨᠵᠢᠬᠦ ᠮᠡᠷᠭᠡᠵᠢᠯ ᠤᠨ ᠠᠷᠭ᠎ᠠ ᠪᠠᠷᠢᠯ ᠢ ᠭᠦᠶ᠋ᠴᠡᠳ ᠠᠰᠢᠭᠯᠠᠨ᠂ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠪᠠ ᠬᠢᠨᠠᠨ ᠰᠢᠨᠵᠢᠬᠦ ᠲᠥᠪ ᠢ ᠲᠠᠰ ᠳᠡᠪᠰᠢᠭᠦᠯᠵᠦ᠂ ᠮᠡᠳᠡᠭᠡ ᠵᠠᠩᠭᠢ ᠴᠤᠭᠯᠠᠭᠤᠯᠬᠤ ᠶᠢᠨ ᠴᠠᠭ ᠬᠤᠭᠤᠴᠠᠭᠠᠲᠤ ᠴᠢᠨᠠᠷ ᠪᠠ ᠣᠶᠤᠨᠴᠢ ᠪᠠᠷ ᠵᠠᠳᠠᠯᠤᠨ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠴᠠᠭ ᠠᠭᠤᠷ᠂ ᠦᠶᠡᠷ᠂ ᠡᠯᠡᠰᠦ ᠰᠢᠪᠠᠷ᠂ ᠮᠥᠰᠥ ᠵᠡᠷᠭᠡ ᠤᠷᠢᠳᠴᠢᠯᠠᠨ ᠮᠡᠳᠡᠭᠡᠯᠡᠬᠦ ᠵᠠᠭᠪᠤᠷ ᠢ ᠰᠤᠳᠤᠯᠤᠨ ᠰᠠᠶᠢᠵᠢᠷᠠᠭᠤᠯᠵᠤ᠂ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃      ᠬᠤᠶᠠᠷ ᠲᠤ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠵᠠᠳᠠᠯᠬᠤ ᠠᠵᠢᠯ ᠢ ᠴᠢᠩᠭᠠᠳᠬᠠᠨ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠲᠠᠬᠢ ᠤᠰᠤᠨ ᠤ ᠡᠬᠢ ᠪᠠᠶᠠᠯᠢᠭ ᠤᠨ ᠣᠭᠲᠣᠯᠤᠭᠠᠰᠤ ᠶᠢ ᠨᠥᠬᠦᠪᠥᠷᠢᠯᠡᠵᠦ᠂ ᠭᠤᠤᠯ ᠪᠣᠯᠬᠤ ᠤᠰᠤ ᠲᠠᠲᠠᠬᠤ ᠤᠰᠤ ᠲᠦᠯᠬᠢᠬᠦ ᠤᠰᠤᠨ ᠤ ᠡᠬᠢ ᠪᠠᠶᠠᠯᠢᠭ ᠤᠨ ᠬᠢᠨᠠᠨ ᠰᠢᠨᠵᠢᠬᠦ ᠥᠷᠲᠡᠭᠡ ᠴᠡᠭ ᠢ ᠲᠡᠭᠦᠯᠳᠡᠷᠵᠢᠭᠦᠯᠦᠨ᠂ ᠤᠰᠤᠨ ᠤ ᠡᠬᠢ ᠪᠠᠶᠠᠯᠢᠭ ᠤᠨ ᠬᠢᠨᠠᠨ ᠰᠢᠨᠵᠢᠬᠦ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠤᠰᠤᠨ ᠤ ᠡᠬᠢ ᠪᠠᠶᠠᠯᠢᠭ ᠤᠨ ᠨᠠᠷᠢᠯᠢᠬᠵᠢᠭᠤᠯᠤᠭᠰᠠᠨ ᠬᠢᠨᠠᠨ ᠰᠢᠨᠵᠢᠬᠦ ᠴᠢᠳᠠᠪᠤᠷᠢ ᠶᠢ ᠴᠢᠩᠭᠠᠷᠠᠭᠤᠯᠤᠨ᠎ᠠ︔ ᠤᠷᠤᠰᠬᠠᠯ ᠤᠨ ᠤᠷᠢᠳᠴᠢᠯᠠᠨ ᠮᠡᠳᠡᠭᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠤᠷᠢᠳᠴᠢᠯᠠᠨ ᠮᠡᠳᠡᠭᠡᠯᠡᠬᠦ ᠬᠡᠪᠴᠢᠶ᠎ᠡ ᠶᠢ ᠥᠷᠭᠡᠳᠬᠡᠨ᠂ ᠤᠷᠢᠳᠴᠢᠯᠠᠨ ᠮᠡᠳᠡᠭᠡᠯᠡᠬᠦ ᠬᠢᠷᠢ  ᠬᠡᠮᠵᠢᠶ᠎ᠡ  ᠶᠢ ᠳᠡᠭᠡᠭᠰᠢᠯᠡᠭᠦᠯᠦᠨ᠎ᠡ︔ ᠬᠠᠲᠤᠨ ᠭᠤᠤᠯ ᠤᠨ ᠳᠤᠤᠷᠠᠳᠤ ᠤᠷᠤᠰᠬᠠᠯ ᠤᠨ ᠤᠰᠤᠨ ᠤ ᠣᠷᠴᠢᠯ ᠬᠤᠪᠢᠰᠤᠯᠲᠠ ᠶᠢᠨ ᠰᠤᠳᠤᠯᠭᠠᠨ᠂ ᠨᠢᠩᠰᠢᠶᠠ ᠦᠪᠦᠷ  ᠮᠤᠩᠭᠤᠯ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠦᠨᠡᠯᠡᠯᠲᠡ ᠬᠢᠵᠦ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ᠂ ᠤᠰᠤ ᠬᠤᠷᠣᠭᠳᠠᠭᠤᠯᠬᠤ᠂ ᠤᠰᠤ ᠲᠠᠲᠠᠷᠠᠭᠤᠯᠬᠤ ᠵᠢᠮ᠎ᠡ ᠶᠣᠰᠣ ᠶᠢ ᠭᠦᠨᠵᠡᠭᠡᠶ ᠰᠤᠳᠤᠯᠵᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ᠭᠤᠷᠪᠠ ᠳᠤ ᠤᠰᠤᠨ ᠤ ᠴᠢᠨᠠᠷ ᠪᠠ ᠤᠰᠤᠨ ᠤ ᠠᠮᠢ ᠠᠬᠤᠢ ᠶᠢ ᠬᠢᠨᠠᠨ ᠬᠡᠮᠵᠢᠬᠦ ᠰᠤᠳᠤᠯᠭᠠᠨ ᠢ ᠥᠷᠭᠡᠳᠬᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ ᠤᠷᠤᠰᠬᠠᠯ ᠤᠨ ᠡᠬᠢ ᠶᠢᠨ ᠤᠰᠤᠨ ᠤ ᠰᠢᠨᠵᠢᠯᠡᠬᠡᠨ ᠤ ᠥᠷᠲᠡᠭᠡ ᠲᠤᠤᠷ ᠢ ᠨᠥᠬᠦᠪᠥᠷᠢᠯᠡᠵᠦ᠂ ᠬᠤᠪᠢᠷᠠᠯᠲᠠ ᠶᠢᠨ ᠣᠷᠴᠢᠨ ᠲᠣᠭᠤᠷᠢᠨ ᠳᠠᠬᠢ ᠤᠰᠤᠨ ᠤ ᠡᠬᠢ ᠪᠠᠶᠠᠯᠢᠭ ᠤᠨ ᠬᠤᠪᠢᠰᠤᠯᠲᠠ ᠶᠢᠨ ᠪᠠᠶᠢᠳᠠᠯ ᠵᠢᠴᠢ ᠬᠥᠳᠡᠯᠭᠡᠬᠦ ᠬᠦᠴᠦᠨ ᠤ ᠰᠤᠳᠤᠯᠭᠠᠨ ᠢ ᠥᠷᠨᠢᠭᠦᠯᠵᠦ᠂ ᠡᠬᠢ ᠰᠤᠷᠪᠤᠯᠵᠢ ᠶᠢᠨ ᠣᠷᠣᠨ ᠤ ᠢᠷᠡᠭᠡᠳᠦᠶ ᠶᠢᠨ ᠤᠰᠤᠨ ᠤ ᠡᠬᠢ ᠪᠠᠶᠠᠯᠢᠭ ᠤᠨ ᠬᠤᠪᠢᠷᠠᠯᠲᠠ ᠶᠢᠨ ᠬᠠᠨᠳᠤᠰᠢ ᠶᠢ ᠤᠷᠢᠳᠴᠢᠯᠠᠨ ᠵᠢᠱᠢᠵᠦ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠲᠣᠳᠣᠷᠬᠠᠶ ᠣᠶᠢᠯᠠᠭᠠᠨ᠎ᠠ︔ ᠤᠰᠤᠨ ᠤ ᠴᠢᠨᠠᠷ ᠤᠰᠤᠨ ᠤ ᠠᠮᠢ ᠠᠬᠤᠢ ᠶᠢ ᠬᠢᠨᠠᠨ ᠬᠡᠮᠵᠢᠬᠦ ᠪᠠ ᠵᠠᠳᠠᠯᠤᠨ ᠦᠨᠡᠯᠡᠬᠦ ᠶᠢ ᠴᠢᠩᠭᠠᠳᠬᠠᠵᠤ᠂ ᠳᠤᠮᠳᠠ ᠤᠷᠤᠰᠬᠠᠯ ᠤᠨ ᠤᠰᠤᠨ ᠤ ᠪᠣᠬᠢᠷᠲᠤᠯ ᠢ ᠵᠠᠰᠠᠬᠤ᠂ ᠭᠤᠣᠯ ᠤᠨ ᠠᠳᠠᠭ ᠤᠨ ᠠᠮᠢ ᠠᠬᠤᠢ ᠶᠢᠨ ᠬᠠᠮᠠᠭᠠᠯᠠᠯᠲᠠ ᠳᠤ ᠲᠤᠯᠭᠠᠭᠤᠷᠢᠯᠠᠯ ᠬᠠᠩᠭᠠᠨ᠎ᠠ︔ ᠴᠢᠬᠤᠯᠠ ᠡᠵᠡᠮᠳᠡᠯ ᠤᠨ ᠣᠭᠲᠣᠯᠤᠭᠠᠰᠤ ᠶᠢᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠶᠢ ᠲᠡᠭᠦᠯᠳᠡᠷᠵᠢᠭᠦᠯᠵᠦ᠂ ᠭᠤᠤᠯ ᠨᠠᠭᠤᠷ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠵᠦ ᠪᠠᠶᠢᠴᠠᠭᠠᠨ ᠰᠤᠳᠤᠯᠵᠤ ᠦᠨᠡᠯᠡᠬᠦ ᠳᠤ ᠦᠨᠳᠦᠰᠦᠯᠡᠯ ᠬᠠᠩᠭᠠᠨ᠎ᠠ᠃      ᠲᠦᠷᠪᠡ ᠳᠤ᠂ ᠤᠰᠤᠨ ᠤ ᠰᠢᠨᠵᠢᠯᠡᠬᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠳᠬᠦᠨ ᠢ ᠪᠠᠶᠠᠯᠢᠭᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ᠬᠠᠲᠤᠨ ᠭᠤᠤᠯ ᠤᠨ ᠰᠠᠪᠠ ᠭᠠᠵᠠᠷ ᠤᠨ ᠣᠷᠣᠨ ᠤ ᠬᠡᠰᠡᠭ ᠤᠨ ᠣᠨᠴᠠᠯᠢᠭ ᠰᠢᠨᠵᠢ ᠪᠠ ᠬᠠᠷᠠᠯᠲᠠ ᠶᠢᠨ ᠪᠠᠶᠢᠷᠢᠰᠢᠭᠤᠯᠤᠯᠲᠠ ᠳᠤ ᠴᠢᠭᠯᠡᠭᠦᠯᠦᠨ᠂ ᠤᠰᠤᠨ ᠤ ᠰᠢᠨᠵᠢᠯᠡᠬᠡᠨ ᠤ ᠵᠠᠳᠠᠯᠤᠯᠲᠠ ᠪᠤᠳᠤᠯᠲᠠ᠂ ᠤᠰᠤᠨ ᠤ ᠰᠢᠨᠵᠢᠯᠡᠬᠡᠨ ᠤ ᠵᠢᠮ᠎ᠡ ᠶᠣᠰᠣᠨ ᠤ ᠰᠤᠳᠤᠯᠭᠠᠨ᠂ ᠤᠰᠤᠨ ᠤ ᠰᠢᠨᠵᠢᠯᠡᠬᠡᠨ ᠤ ᠪᠠᠶᠢᠳᠠᠯ ᠤᠨ ᠮᠡᠳᠡᠭᠡ ᠶᠢ ᠤᠷᠢᠳᠴᠢᠯᠠᠨ ᠮᠡᠳᠡᠭᠡᠯᠡᠬᠦ᠂ ᠤᠰᠤᠨ ᠤ ᠴᠢᠨᠠᠷ ᠢ ᠤᠷᠢᠳᠴᠢᠯᠠᠨ ᠰᠡᠷᠡᠮᠵᠢᠯᠡᠭᠦᠯᠬᠦ᠂ ᠤᠰᠤᠨ ᠤ ᠡᠬᠢ ᠪᠠᠶᠠᠯᠢᠭ ᠢ ᠦᠨᠡᠯᠡᠬᠦ ᠳᠤ ᠰᠠᠭᠤᠷᠢᠯᠠᠵᠤ᠂ ᠤᠰᠤᠨ ᠤ ᠬᠡᠮᠵᠢᠶ᠎ᠡ᠂ ᠤᠰᠤᠨ ᠤ ᠴᠢᠨᠠᠷ᠂ ᠤᠰᠤᠨ ᠤ ᠠᠮᠢ ᠠᠬᠤᠶ ᠵᠡᠷᠭᠡ ᠣᠯᠠᠨ ᠶᠠᠩᠵᠤ ᠶᠢᠨ ᠦᠶ᠋ᠯᠡᠳᠬᠦᠨ ᠢ ᠪᠦᠲᠦᠮᠵᠢᠲᠡᠶ ᠬᠠᠩᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠤᠰᠤᠨ ᠤ ᠠᠮᠢ ᠠᠬᠤᠶ ᠶᠢ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠵᠡᠷᠭᠡ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃ᠲᠠᠨ   ᠤ  ᠰᠠᠶ᠋ᠢ ᠶᠢᠨ ᠳᠤᠷᠠᠳᠤᠭᠰᠠᠨ ᠠᠰᠠᠭᠤᠯᠳᠠ ᠳᠤ ᠴᠢᠭᠯᠡᠭᠦᠯᠦᠨ ᠪᠢ ᠡᠨᠡ ᠳᠥᠷᠪᠡᠨ ᠲᠠᠯ᠎ᠠ ᠠᠴᠠ ᠬᠠᠷᠢᠭᠤᠯᠬᠤ ᠰᠠᠨᠠᠭ᠎ᠠ ᠲᠠᠢ᠃ ᠪᠠᠶᠠᠷᠯᠠᠯ᠎ᠠ︕      ᠭᠤᠸᠠᠩ ᠮᠢᠩ ᠡᠳᠦᠷ ᠤᠨ ᠰᠣᠨᠢᠨ ᠤ ᠰᠤᠷᠪᠤᠯᠵᠢᠯᠠᠭᠴᠢ᠄ ᠡᠨᠡ ᠵᠢᠯ ᠮᠠᠨ ᠤ ᠤᠯᠤᠰ ᠤᠨ ᠤᠰᠤᠨ ᠰᠢᠨᠵᠢᠯᠡᠭᠡᠨ ᠤ ᠪᠠᠶᠢᠳᠠᠯ ᠤᠨ ᠮᠡᠳᠡᠭᠡ ᠶᠢ ᠤᠷᠢᠳᠴᠢᠯᠠᠨ ᠮᠡᠳᠡᠭᠡᠯᠡᠬᠦ ᠠᠵᠢᠯ ᠳᠤ ᠶᠠᠮᠠᠷ ᠶᠠᠮᠠᠷ ᠢᠯᠡᠷᠬᠡᠶ ᠦᠷ᠎ᠡ ᠪᠦᠲᠦᠮᠵᠢ ᠣᠯᠤᠭᠰᠠᠨ᠂ ᠶᠠᠮᠠᠷ ᠶᠠᠮᠠᠷ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠲᠤᠬᠠᠶ ᠣᠶᠢᠯᠠᠭᠠᠬᠤ ᠰᠠᠨᠠᠭ᠎ᠠ ᠲᠠᠢ᠂ ᠪᠠᠶᠠᠷᠯᠠᠯ᠎ᠠ︕      ᠼᠠᠢ ᠵᠢᠶᠠᠨ ᠶᠤᠸᠠᠨ᠄ ᠪᠠᠶᠠᠷᠯᠠᠯ᠎ᠠ᠂ ᠡᠨᠡ ᠠᠰᠠᠭᠤᠯᠲᠠ ᠶᠢ ᠸᠧᠶ ᠰᠢᠨ ᠫᠢᠩ ᠳᠡᠳ᠋ ᠳᠠᠷᠤᠭ᠎ᠠ ᠬᠠᠷᠢᠭᠤᠯᠬᠤ ᠪᠤᠯᠤᠨ᠎ᠠ᠃      ᠸᠧᠶ ᠰᠢᠨ ᠫᠢᠩ᠄ ᠲᠠᠨ ᠤ ᠠᠰᠠᠭᠤᠯᠳᠠ ᠳᠤ ᠪᠠᠶᠠᠷᠯᠠᠯ᠎ᠠ᠃ ᠤᠰᠤᠨ ᠤ ᠰᠢᠨᠵᠢᠯᠡᠬᠡᠨ ᠤ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠪᠣᠯ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠰᠢᠢᠳᠪᠦᠷᠢᠲᠦ ᠪᠤᠳᠤᠯᠭ᠎ᠠ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ᠂ ᠤᠰᠤᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠦᠨᠳᠦᠰᠦᠯᠡᠯ ᠮᠥᠨ᠂ ᠲᠡᠷᠡ ᠨᠢ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠤᠰᠤᠨ ᠤ ᠢᠨᠵᠧᠨᠧᠷᠢᠩ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠵᠡᠷᠭᠡ ᠲᠠᠯ᠎ᠠ ᠪᠠᠷ ᠣᠷᠣᠯᠠᠭᠤᠯᠵᠤ ᠪᠣᠯᠤᠰᠢ ᠦᠭᠡᠢ ᠦᠢᠯᠡᠳᠦᠯ ᠲᠠᠢ ᠪᠠᠶᠢᠵᠤ᠂ ᠵᠢᠱᠢᠬᠦᠶ᠎ᠡ ᠪᠡᠷᠬᠡ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠣᠯᠤᠭᠰᠠᠨ ᠪᠠᠶᠢᠨ᠎ᠠ᠃ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠤᠰᠤᠨ ᠰᠢᠨᠵᠢᠯᠡᠭᠡᠨ ᠤ ᠨᠢᠭᠤᠴᠠ ᠮᠡᠳᠡᠭᠡ ᠶᠢ ᠤᠷᠢᠳᠴᠢᠯᠠᠨ ᠮᠡᠳᠡᠭᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠪᠥᠭᠡᠳ ᠭᠤᠣᠯᠳᠠᠭᠤ᠄      ᠨᠢᠭᠡ ᠳᠤ᠂ ᠤᠰᠤᠨ ᠤ ᠰᠢᠨᠵᠢᠯᠡᠬᠡᠨ ᠤ ᠥᠷᠲᠡᠭᠡᠨ ᠤ ᠲᠣᠣᠷᠵᠢᠯ ᠢ ᠲᠡᠭᠦᠯᠳᠡᠷᠵᠢᠭᠦᠯᠦᠨ᠎ᠡ᠃ ᠣᠶᠢᠷ᠎ᠠ ᠶᠢᠨ ᠵᠢᠯ ᠤᠨ ᠲᠤᠷᠰᠢ᠂ ᠤᠰᠤᠨ ᠤ ᠰᠢᠨᠵᠢᠯᠡᠭᠡᠨ ᠤ ᠥᠷᠲᠡᠭᠡ ᠰᠦᠯᠵᠢᠶ᠎ᠡ ᠶᠢᠨ ᠲᠦᠷᠭᠡᠨ ᠬᠥᠭᠵᠢᠬᠦ ᠶᠢ ᠳᠠᠭᠠᠯᠳᠤᠨ᠂ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠴᠢᠮᠡᠭᠡ ᠮᠡᠳᠡᠭᠡ ᠶᠢᠨ ᠥᠷᠲᠡᠭᠡ ᠴᠢᠭ ᠢᠶᠠᠨ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠶᠡᠭᠡ ᠭᠤᠤᠯ ᠮᠥᠷᠡᠨ᠂ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠣᠷᠣᠨ ᠪᠦᠰᠡ ᠪᠣᠯᠤᠨ ᠦᠶᠡᠷ ᠢ ᠰᠡᠷᠭᠡᠶᠢᠯᠡᠬᠦ ᠡᠭᠦᠷᠭᠡ ᠲᠠᠢ ᠳᠤᠮᠳᠠ ᠪᠠᠭ᠎ᠠ ᠭᠤᠤᠯ ᠢ ᠪᠦᠬᠦ ᠲᠠᠯ᠎ᠠ ᠪᠠᠷ ᠪᠥᠷᠬᠦᠭᠦᠯᠬᠦ ᠶᠢ ᠪᠡᠶᠡᠯᠡᠭᠦᠯᠵᠦ᠂ ᠣᠳᠣᠬᠠᠨ ᠳᠤ ᠪᠦᠬᠦ ᠤᠯᠤᠰ ᠤᠨ ᠤᠰᠤᠨ ᠤ ᠰᠢᠨᠵᠢᠯᠡᠭᠡᠨ ᠤ ᠴᠢᠮᠡᠭᠡ ᠮᠡᠳᠡᠭᠡᠨ ᠤ ᠥᠷᠲᠡᠭᠡ ᠴᠡᠭ 11 ᠲᠦᠮᠡ ᠶᠢ ᠳᠠᠪᠠᠵᠤ᠂ 2010 ᠣᠨ ᠤ ᠬᠢ ᠠᠴᠠ 10 ᠳᠠᠬᠢᠨ ᠳᠤ ᠣᠶᠢᠷᠠᠲᠤᠪᠠ᠃ ᠡᠭᠦᠨ ᠤ ᠬᠠᠮᠲᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢᠨ ᠬᠡᠮᠵᠢᠶ᠎ᠡ ᠵᠢᠯ ᠳᠠᠷᠠᠭᠠᠯᠠᠨ ᠶᠡᠭᠡ ᠪᠠᠷ ᠨᠡᠮᠡᠭᠳᠡᠨ᠂ 2019 ᠣᠨ ᠳᠤ ᠤᠰᠤᠨ ᠠᠰᠢᠭᠯᠠᠯᠲᠠ ᠶᠢᠨ ᠶᠠᠮᠤᠨ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ 13 ᠳ᠋ᠦᠩᠰᠢᠭᠤᠷ ᠬᠤᠪᠢ ᠭᠥᠯᠢᠶᠡᠨ ᠠᠪᠴᠤ᠂ 2010 ᠣᠨ ᠤ 720 ᠭᠠᠷᠤᠶ ᠳᠠᠬᠢᠨ ᠪᠣᠯᠪᠠ᠃      ᠬᠤᠶᠠᠷ ᠲᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠰᠤᠨ ᠤ ᠪᠠᠶᠢᠳᠠᠯ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠢᠰᠲ᠋ᠧᠮ᠂ ᠦᠶᠡᠷ ᠤᠨ ᠤᠰᠤ ᠶᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠰᠢᠰᠲ᠋ᠧᠮ ᠵᠡᠷᠭᠡ ᠶᠢ ᠳᠡᠰ ᠳᠡᠪᠰᠢᠭᠦᠯᠦᠨ ᠲᠡᠭᠦᠯᠳᠡᠷᠵᠢᠭᠦᠯᠵᠦ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠦᠶᠡᠷ ᠤᠨ ᠤᠰᠤ ᠶᠢ ᠤᠷᠢᠳᠴᠢᠯᠠᠨ ᠮᠡᠳᠡᠭᠡᠯᠡᠬᠦ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ 1998 ᠣᠨ ᠤ ᠶᠡᠭᠡ ᠦᠶᠡᠷ ᠤᠨ ᠦᠶ᠎ᠡ ᠳᠤ᠂ ᠮᠡᠳᠡᠭᠡ ᠵᠠᠩᠭᠢ ᠴᠤᠭᠯᠠᠭᠤᠯᠬᠤ ᠳᠤ 2 ᠴᠠᠭ ᠬᠡᠷᠡᠭᠰᠡᠵᠦ᠂ ᠭᠠᠭᠴᠠ ᠥᠷᠲᠡᠭᠡ ᠪᠠᠷ ᠪᠠᠷᠤᠭ 2 ᠴᠠᠭ ᠤᠷᠢᠳᠴᠢᠯᠠᠨ ᠮᠡᠳᠡᠭᠡᠯᠡᠳᠡᠭ᠃ ᠣᠲᠣ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠠᠪᠴᠠᠩ ᠢᠶᠠᠷ ᠳᠡᠮᠵᠢᠨ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢᠨ ᠴᠠᠭ ᠬᠤᠭᠤᠴᠠᠭᠠᠲᠤ ᠴᠢᠨᠠᠷ ᠢ 20 ᠮᠢᠨᠦ᠋ᠲ ᠤᠨ ᠳᠣᠲᠣᠷ᠎ᠠ ᠳᠡᠭᠡᠭᠰᠢᠯᠡᠭᠦᠯᠵᠦ᠂ ᠪᠥᠬᠦ ᠤᠯᠤᠰ ᠤᠨ 2300 ᠭᠠᠷᠤᠶ ᠥᠷᠲᠡᠭᠡ ᠴᠡᠭ ᠢ ᠤᠷᠢᠳᠴᠢᠯᠠᠨ ᠮᠡᠳᠡᠭᠡᠯᠡᠬᠦ ᠳᠤ ᠵᠥᠪᠬᠡᠨ 2 ᠴᠠᠭ ᠬᠡᠷᠡᠭᠰᠡᠨ᠎ᠡ᠃ ᠡᠭᠦᠨ ᠤ ᠬᠠᠮᠲᠤ᠂ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠲᠣᠭᠠᠴᠢᠯᠠᠭᠰᠠᠨ ᠰᠠᠪᠠ ᠭᠠᠵᠠᠷ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠦᠶᠡᠷ ᠢ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃      ᠭᠤᠷᠪᠠ ᠳᠤ ᠤᠰᠤᠨ ᠤ ᠪᠠᠶᠢᠳᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠨ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠶ ᠣᠷᠣᠨ ᠬᠤᠲᠠ ᠶᠢᠨ ᠱᠠᠲᠤᠨ ᠤ ᠤᠰᠤᠨ ᠤ ᠰᠢᠨᠵᠢᠯᠡᠭᠡᠨ ᠤ ᠪᠠᠶᠢᠳᠠᠯ ᠤᠨ ᠮᠡᠳᠡᠭᠡ ᠶᠢ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠢ ᠪᠦᠬᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠦᠨᠳᠦᠰᠦᠨ ᠱᠠᠲᠤᠨ ᠤ ᠤᠰᠤᠨ ᠤ ᠰᠢᠨᠵᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠲᠠᠢ ᠤᠶᠠᠯᠳᠤᠭᠤᠯᠤᠨ ᠰᠢᠶᠠᠨ ᠤ ᠱᠠᠲᠤᠨ ᠤ ᠤᠰᠤᠨ ᠤ ᠰᠢᠨᠵᠢᠯᠡᠭᠡᠨ ᠤ ᠪᠠᠶᠢᠳᠠᠯ ᠤᠨ ᠮᠡᠳᠡᠭᠡ ᠶᠢ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠤᠰᠤᠨ ᠤ ᠰᠢᠨᠵᠢᠯᠡᠭᠡᠨ ᠤ ᠪᠠᠶᠢᠳᠠᠯ ᠤᠨ ᠮᠡᠳᠡᠭᠡ ᠶᠢ ᠤᠷᠢᠳᠴᠢᠯᠠᠨ ᠮᠡᠳᠡᠭᠡᠯᠡᠬᠦ ᠦᠷ᠎ᠡ ᠪᠦᠲᠦᠭᠡᠯ ᠢ ᠬᠡᠷᠡᠭᠯᠡᠬᠦ ᠡᠲᠡᠭᠡᠳ ᠢᠶᠠᠨ ᠥᠷᠭᠡᠳᠬᠡᠬᠦ ᠬᠡᠷᠡᠭᠲᠡᠶ᠃ ᠡᠭᠦᠨ ᠤ ᠬᠠᠮᠲᠤ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠰᠦᠯᠵᠢᠶᠡᠨ ᠥᠷᠲᠡᠭᠡ᠂ ᠲᠧᠯᠸᠢᠰ᠂       ᠰᠣᠨᠢᠨ᠂ ᠸᠢᠴᠠᠲ᠂ ᠭᠠᠷ ᠤᠲᠠᠰᠤᠨ ᠤ ᠣᠬᠤᠷ ᠴᠢᠮᠡᠭᠡ᠂ ᠭᠠᠷ ᠤᠲᠠᠰᠤᠨ ᠤ ᠬᠡᠷᠡᠭᠯᠡᠭᠴᠢ ᠶᠢᠨ ᠦᠢᠯᠡᠴᠢᠯᠡᠭᠡᠨ ᠤ ᠦᠵᠦᠭᠦᠷᠯᠢᠭ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠬᠡᠯᠪᠡᠷᠢ ᠪᠠᠷ ᠳᠠᠮᠵᠢᠭᠤᠯᠤᠨ ᠦᠶᠡᠷ ᠤᠰᠤᠲᠤᠯ᠂ ᠤᠰᠤ ᠬᠠᠲᠠᠬᠤ᠂ ᠤᠰᠤᠨ ᠤ ᠰᠢᠨᠵᠢᠯᠡᠬᠡᠨ ᠤ ᠭᠠᠩ ᠬᠠᠭᠰᠠᠷᠠᠭᠠᠨ᠂ ᠳᠣᠭᠰᠢᠨ ᠰᠠᠯᠬᠢᠨ ᠤ ᠲᠦᠯᠬᠢᠭᠡᠨ ᠵᠡᠷᠭᠡ ᠶᠢ ᠬᠢᠨᠠᠨ ᠰᠢᠨᠵᠢᠭᠰᠡᠨ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠶ᠃      ᠳᠥᠷᠪᠡ ᠳᠤ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠢᠳᠡᠪᠬᠢᠲᠡᠢ ᠥᠷᠭᠡᠳᠬᠡᠨ᠎ᠡ᠃ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠬᠤ ᠶᠢ ᠳᠠᠭᠠᠯᠳᠤᠨ᠂ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠤᠳ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠲᠣᠬᠢᠷᠠᠭᠤᠯᠤᠯᠲᠠ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠰᠡᠷᠭᠦᠭᠡᠯᠲᠡ ᠵᠡᠷᠭᠡ ᠲᠠᠯ᠎ᠠ ᠳᠤ  ᠦᠢᠯᠡᠴᠢᠯᠡᠬᠦ ᠤᠰᠤᠨ ᠤ ᠪᠠᠶᠢᠳᠠᠯ ᠤᠨ ᠲᠤᠬᠠᠶᠢᠯᠠᠭᠰᠠᠨ ᠠᠵᠢᠯ ᠢ ᠲᠠᠰᠤᠷᠠᠯᠲᠠ ᠥᠬᠡᠶ ᠥᠷᠭᠡᠳᠬᠡᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠲᠣᠬᠢᠷᠠᠭᠤᠯᠤᠯᠲᠠ ᠵᠡᠷᠭᠡ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠤᠷᠤᠰᠬᠠᠯ᠂ ᠤᠤᠭᠤᠬᠤ ᠤᠰᠤᠨ ᠤ ᠴᠢᠬᠤᠯᠠ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠬᠡᠮᠵᠢᠶ᠎ᠡ ᠵᠡᠷᠭᠡ ᠶᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ︵ᠤᠰᠤᠨ ᠤ ᠬᠡᠮᠵᠢᠶ᠎ᠡ︶ ᠶᠢᠨ ᠬᠠᠮᠢᠶᠠᠷᠤᠯᠲᠠ ᠶᠢᠨ ᠲᠣᠭᠤᠷᠢᠨ ᠳᠤ᠂ ᠤᠰᠤ ᠬᠠᠳᠠᠬᠤ ᠬᠤᠭᠤᠴᠠᠭᠠᠨ ᠳᠠᠬᠢ ᠭᠤᠤᠯ ᠮᠥᠷᠡᠨ ᠤ ᠤᠰᠤᠨ ᠤ ᠬᠡᠮᠵᠢᠶ᠎ᠡ ᠶᠢ ᠬᠢᠨᠠᠨ ᠰᠢᠨᠵᠢᠬᠦ ᠪᠠ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠢᠳᠡᠪᠬᠢᠲᠡᠶ ᠥᠷᠨᠢᠭᠦᠯᠦᠨ᠎ᠡ᠃ ᠪᠠᠶᠠᠷᠯᠠᠯ᠎ᠠ︕ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ 2018 ᠣᠨ ᠳᠤ ᠶᠡᠷᠦᠩᠬᠡᠶ ᠱᠦᠵᠢ ᠴᠧᠩ ᠯᠢᠩ ᠵᠢᠶ ᠤᠰᠤᠨ ᠤ ᠰᠢᠨᠵᠢᠯᠡᠭᠡᠨ ᠤ ᠥᠷᠲᠡᠭᠡ ᠶᠢ ᠰᠢᠨᠵᠢᠯᠡᠨ ᠪᠠᠶᠢᠴᠠᠭᠠᠵᠤ ᠥᠩᠭᠡᠷᠡᠭᠰᠡᠨ ᠶᠤᠮ᠂ ᠲᠠ ᠴᠧᠩ ᠯᠢᠩ ᠵᠢᠶ ᠤᠰᠤᠨ ᠤ ᠰᠢᠨᠵᠢᠯᠡᠭᠡᠨ ᠤ ︽ᠴᠠᠭ ᠠᠭᠤᠷ ᠤᠨ ᠬᠡᠮᠵᠢᠬᠦᠷ︾ ᠤᠨ ᠠᠴᠢ ᠬᠤᠯᠪᠣᠭᠳᠠᠯ ᠪᠠ ᠦᠢᠯᠡᠳᠦᠯ ᠢ ᠲᠠᠨᠢᠯᠴᠠᠭᠤᠯᠤᠭᠠᠳ ᠥᠭᠭᠦᠨ᠎ᠡ ᠦᠦ᠃ ᠪᠠᠶᠠᠷᠯᠠᠯ᠎ᠠ︕      ᠼᠠᠢ ᠵᠢᠶᠠᠨ ᠶᠤᠸᠠᠨ᠄ ᠰᠠᠶ᠋ᠢ ᠶᠢᠨ ᠲᠠᠨᠢᠯᠴᠠᠭᠤᠯᠭ᠎ᠠ ᠶᠢᠨ ᠡᠬᠢᠨ ᠳᠤ ᠶᠡᠷᠦᠩᠬᠡᠶ ᠱᠦᠵᠢ ᠰᠢ ᠶᠢᠨ ᠫᠢᠩ ᠤᠨ 2018 ᠣᠨ ᠤ 4 ᠰᠠᠷ᠎ᠠ ᠶᠢᠨ 25 ᠤ ᠡᠳᠦᠷ ᠴᠧᠩ ᠯᠢᠩ ᠵᠢᠶ ᠤᠰᠤᠨ ᠤ ᠰᠢᠨᠵᠢᠯᠡᠭᠡᠨ ᠤ ᠥᠷᠲᠡᠭᠡ ᠳᠤ ᠬᠦᠷᠴᠦ ᠰᠢᠨᠵᠢᠯᠡᠨ ᠪᠠᠶᠢᠴᠠᠭᠠᠭᠰᠠᠨ ᠶᠠᠪᠤᠳᠠᠯ ᠨᠢ ᠤᠰᠤᠨ ᠠᠰᠢᠭᠯᠠᠯᠲᠠ ᠶᠢᠨ ᠰᠢᠰᠲ᠋ᠧᠮ ᠤᠨ ᠥᠷᠭᠡᠨ ᠣᠯᠠᠨ ᠠᠵᠢᠯᠲᠠᠨ ᠠᠵᠢᠯᠴᠢᠨ ᠳᠤ ᠮᠠᠰᠢ ᠶᠡᠭᠡ ᠵᠣᠷᠢᠭᠵᠢᠭᠤᠯᠤᠯ ᠪᠣᠯᠵᠠᠶ᠃ ᠴᠧᠩ ᠯᠢᠩ ᠵᠢᠶ ᠤᠰᠤᠨ ᠤ ᠰᠢᠨᠵᠢᠯᠡᠭᠡᠨ ᠤ ᠥᠷᠲᠡᠭᠡ ᠪᠣᠯ ᠨᠢᠭᠡᠨ ᠨᠡᠶᠢᠲᠡᠯᠢᠭ ᠭᠤᠤᠯ ᠨᠠᠭᠤᠷ ᠤᠨ ᠠᠭᠤᠯᠵᠠᠷ ᠤᠨ ᠡᠵᠡᠮᠰᠢᠯ ᠥᠷᠲᠡᠭᠡ᠂ ᠲᠡᠷᠡ ᠨᠢ ᠳ᠋ᠦᠩ ᠲᠢᠩ ᠬᠤ᠋ ᠨᠠᠭᠤᠷ ᠤᠨ ᠭᠠᠷᠬᠤ ᠡᠭᠦᠳᠡ ᠪᠤᠯᠤᠨ ᠬᠥᠬᠡ ᠮᠥᠷᠡᠨ ᠤ ᠠᠭᠤᠯᠵᠠᠷ ᠲᠤ ᠪᠠᠶᠢᠷᠢᠯᠠᠵᠤ ᠪᠠᠶᠢᠨ᠎ᠠ᠃      ᠥᠩᠭᠡᠷᠡᠭᠰᠡᠨ ᠳᠤ ᠹᠠᠨ ᠵᠥᠩ ᠶᠠᠨ ᠳ᠋ᠦᠩ ᠲᠢᠩ ᠬᠤ᠋ ᠨᠠᠭᠤᠷ ᠢ ︽ᠠᠯᠤᠰ ᠤᠨ ᠠᠭᠤᠯᠠ ᠲᠠᠢ ᠵᠠᠯᠭᠠᠯᠳᠤᠨ ᠬᠥᠬᠡ ᠮᠥᠷᠡᠨ ᠢ ᠵᠠᠯᠭᠢᠪᠠ︾ ᠭᠡᠵᠦ ᠳᠦᠷᠰᠦᠯᠡᠵᠦ ᠥᠩᠭᠡᠷᠡᠵᠡᠶ᠃ ᠳ᠋ᠦᠩ ᠲᠢᠩ ᠬᠤ᠋ ᠨᠠᠭᠤᠷ ᠪᠣᠯ ᠦᠨᠡᠨ ᠳᠡᠭᠡᠨ ᠰᠢᠶᠠᠨᠵᠢᠶᠠᠩ᠂ ᠽᠢᠵᠢᠶᠠᠩ᠂ ᠶᠤᠸᠠᠨᠵᠢᠶᠠᠩ᠂ ᠯᠢᠵᠢᠶᠠᠩ ᠳᠥᠷᠪᠡᠨ ᠶᠡᠭᠡ ᠤᠰᠤᠨ ᠰᠢᠰᠲ᠋ᠧᠮ ᠤᠨ ᠤᠷᠤᠰᠤᠨ ᠣᠷᠣᠵᠤ ᠪᠠᠶᠢᠭ᠎ᠠ ᠭᠠᠵᠠᠷ ᠶᠤᠮ᠂ ᠬᠥᠬᠡ ᠮᠥᠷᠡᠨ ᠢ ᠵᠠᠯᠭᠢᠬᠤ ᠭᠡᠳᠡᠭ ᠨᠢ ᠳᠠᠷᠤᠶ ᠬᠥᠬᠡ ᠮᠥᠷᠡᠨ ᠤ ᠶᠡᠭᠡ ᠦᠶᠡᠷ ᠤᠨ ᠪᠠᠶᠢᠳᠠᠯ ᠳᠣᠣᠷ᠎ᠠ ᠨᠢᠭᠡ ᠬᠡᠰᠡᠭ ᠤᠰᠤ ᠶᠢ ᠳ᠋ᠦᠩ ᠲᠢᠩ ᠬᠤ᠋ ᠨᠠᠭᠤᠷ ᠲᠤ ᠣᠷᠣᠭᠤᠯᠵᠤ ᠳᠡᠶᠢᠯᠬᠦ ᠶᠢ ᠬᠡᠯᠡᠵᠦ ᠪᠠᠶᠢᠨ᠎ᠠ᠂ ᠲᠡᠭᠦᠨ ᠳᠤ ᠪᠠᠰᠠ ᠨᠢᠭᠡ ᠴᠢᠳᠠᠮᠵᠢ ᠲᠠᠢ᠂ ᠳᠠᠷᠤᠶ ᠬᠥᠬᠡ ᠮᠥᠷᠡᠨ ᠤ ᠭᠤᠣᠯ ᠤᠷᠤᠰᠬᠠᠯ ᠤᠨ ᠤᠰᠤᠨ ᠤ ᠬᠡᠮᠵᠢᠶ᠎ᠡ ᠪᠠᠭ᠎ᠠ ᠪᠠᠶᠢᠬᠤ ᠪᠠᠶᠢᠳᠠᠯ ᠳᠣᠣᠷ᠎ᠠ ᠬᠥᠬᠡ ᠮᠥᠷᠡᠨ ᠤ ᠤᠰᠤᠨ ᠤ ᠬᠡᠮᠵᠢᠶ᠎ᠡ ᠶᠢ ᠭᠡᠳᠡᠷᠭᠦ ᠲᠡᠵᠢᠭᠡᠬᠦ ᠶᠠᠪᠤᠳᠠᠯ ᠪᠣᠯᠤᠨ᠎ᠠ᠃ ᠲᠡᠭᠦᠨ ᠤ ᠡᠶᠢᠮᠦᠷᠬᠦᠦ ᠨᠢᠭᠡᠨ ᠣᠨᠴᠠᠭᠠᠢ ᠪᠠᠶᠢᠷᠢᠯᠠᠯ ᠠᠴᠠ ᠦᠵᠡᠪᠡᠯ᠂ ᠡᠨᠡ ᠬᠦ ᠤᠰᠤᠨ ᠤ ᠰᠢᠨᠵᠢᠯᠡᠬᠡᠨ ᠤ ᠠᠵᠢᠭᠯᠠᠯᠲᠠ ᠨᠢ ᠲᠦᠢᠯ ᠤᠨ ᠴᠢᠬᠤᠯᠠ ᠮᠥᠷᠲᠡᠭᠡᠨ ᠲᠡᠭᠦᠨ ᠤ ᠳᠤᠰᠬᠠᠭᠰᠠᠨ ᠵᠢᠮ᠎ᠡ ᠶᠣᠰᠣ ᠨᠢ ᠲᠦᠢᠯ ᠤᠨ ᠪᠤᠳᠤᠯᠢᠶᠠᠨᠲᠠᠢ ᠪᠠᠶᠢᠳᠠᠭ᠃ ᠣᠳᠣᠬᠠᠨ ᠳᠤ ᠴᠧᠩ ᠯᠢᠩ ᠵᠢᠶ ᠶᠢᠨ ᠤᠰᠤᠨ ᠲᠦᠪᠰᠢᠨ ᠤ ᠬᠤᠪᠢᠷᠠᠯᠲᠠ ᠶᠢᠨ ᠵᠢᠮ᠎ᠡ ᠶᠣᠰᠣᠨ ᠤ ᠲᠣᠭᠤᠷᠢᠨ ᠳᠤ᠂ ᠮᠠᠰᠢ ᠣᠯᠠᠨ ᠤᠰᠤᠨ ᠰᠢᠨᠵᠢᠯᠡᠭᠡᠨ ᠤ ᠲᠤᠰᠬᠠᠶ ᠮᠡᠷᠭᠡᠵᠢᠯᠲᠡᠨ ᠡᠷᠳᠡᠮᠲᠡᠳ ᠰᠤᠳᠤᠯᠭᠠᠨ ᠬᠢᠵᠦ ᠪᠠᠶᠢᠨ᠎ᠠ᠃ ︽ᠴᠠᠭ ᠠᠭᠤᠷ ᠤᠨ ᠬᠡᠮᠵᠢᠭᠦᠷ︾ ᠨᠢ ᠳ᠋ᠦᠩ ᠲᠢᠩ ᠬᠤ᠋ ᠴᠧᠩ ᠯᠢᠩ ᠵᠢᠶ ᠤᠰᠤᠨ ᠰᠢᠨᠵᠢᠯᠡᠭᠡᠨ ᠤ ᠥᠷᠲᠡᠭᠡ ᠶᠢᠨ ᠡᠵᠡᠮᠰᠢᠯ ᠤᠨ ᠢᠯᠡᠷᠡᠯ ᠪᠤᠯᠤᠨ᠎ᠠ᠃      ᠪᠢᠳᠡ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠲᠤᠬᠠᠶ ᠶᠠᠷᠢᠬᠤ ᠳᠠᠭᠠᠨ᠂ ᠴᠧᠩ ᠯᠢᠩ ᠵᠢᠶ ᠶᠢᠨ ᠤᠰᠤᠨ ᠲᠦᠪᠰᠢᠨ ᠤ ᠬᠤᠪᠢᠷᠠᠯᠲᠠ ᠶᠢᠨ ᠪᠠᠶᠢᠳᠠᠯ᠂ ᠵᠢᠯ ᠤᠨ ᠬᠤᠪᠢᠷᠠᠯᠲᠠ ᠶᠢᠨ ᠬᠠᠨᠳᠤᠰᠢ᠂ ᠣᠳᠣᠬᠠᠨ ᠤ ᠬᠤᠪᠢᠷᠠᠯᠲᠠ ᠶᠢᠨ ᠪᠠᠶᠢᠳᠠᠯ ᠢ ᠦᠵᠡᠵᠦ᠂ ᠢᠷᠡᠭᠡᠳᠦᠶ ᠶᠢᠨ ᠬᠤᠪᠢᠷᠠᠯᠲᠠ ᠶᠢᠨ ᠬᠠᠨᠳᠤᠰᠢ ᠶᠢ ᠴᠤ ᠵᠠᠳᠠᠯᠵᠤ ᠤᠷᠢᠳᠴᠢᠯᠠᠨ ᠮᠠᠭᠠᠳᠯᠠᠬᠤ ᠬᠡᠷᠡᠭᠲᠡᠶ᠃ ᠡᠶᠢᠮᠦ ᠠᠴᠠ ︽ᠴᠠᠭ ᠠᠭᠤᠷ ᠤᠨ ᠬᠡᠮᠵᠢᠭᠦᠷ︾ ᠨᠢ ᠭᠤᠤᠯ ᠮᠥᠷᠡᠨ ᠤ ᠰᠣᠯᠢᠯᠴᠠᠭᠠᠨ ᠤ ᠬᠠᠷᠢᠴᠠᠭᠠᠨ ᠤ ᠮᠠᠰᠢ ᠴᠢᠬᠤᠯᠠ ᠤᠰᠤᠨ ᠤ ᠰᠢᠨᠵᠢᠯᠡᠬᠡᠨ ᠤ ᠠᠰᠠᠭᠤᠳᠠᠯ ᠢ ᠢᠯᠡᠷᠡᠭᠦᠯᠵᠦ᠂ ᠬᠥᠬᠡᠮᠥ᠋ᠷᠡᠨ ᠤ ᠦᠶᠡᠷ ᠢ ᠰᠡᠷᠭᠡᠶᠢᠯᠡᠬᠦ ᠵᠢᠯᠣᠭᠤᠳᠬᠤ  ᠰᠢᠳᠪᠥᠷᠢᠲᠦ ᠪᠣᠳᠣᠯᠭ᠎ᠠ ᠶᠢᠨ ᠨᠢᠭᠡᠨ ᠴᠢᠬᠤᠯᠠ ᠠᠩᠬᠠᠷᠤᠯ ᠤᠨ ᠴᠡᠭ ᠪᠣᠯᠤᠨ᠎ᠠ᠃      ᠴᠧᠩ ᠯᠢᠩ ᠵᠢᠶ ᠪᠣᠯ ᠳ᠋ᠦᠩ ᠲᠢᠩ ᠬᠤ᠋ ᠨᠠᠭᠤᠷ ᠤᠨ ᠬᠥᠬᠡ ᠮᠥᠷᠡᠨ ᠳᠤ ᠤᠷᠤᠰᠤᠨ ᠣᠷᠣᠬᠤ ᠠᠮᠠᠰᠠᠷ ᠪᠣᠯᠤᠨ᠎ᠠ᠂ ᠲᠡᠭᠦᠨ ᠤ ᠤᠰᠤᠨ ᠲᠦᠪᠰᠢᠨ᠂ ᠤᠷᠤᠰᠬᠠᠯ ᠤᠨ ᠬᠡᠮᠵᠢᠶ᠎ᠡ᠂ ᠡᠯᠡᠰᠦ ᠰᠢᠪᠠᠷ᠂ ᠤᠰᠤᠨ ᠤ ᠴᠢᠨᠠᠷ ᠨᠢ ᠳ᠋ᠦᠩ ᠲᠢᠩ ᠬᠤ᠋ ᠨᠠᠭᠤᠷ ᠤᠨ ᠪᠠᠶᠢᠳᠠᠯ ᠢ ᠲᠤᠰᠬᠠᠵᠤ ᠪᠠᠶᠢᠳᠠᠭ᠂ ᠡᠭᠦᠨ ᠤ ᠬᠠᠮᠲᠤ ᠡᠨᠡ ᠬᠦ ᠭᠤᠤᠯ ᠤᠨ ᠬᠡᠰᠡᠭ ᠨᠢ ᠳᠠᠬᠢᠨ ᠬᠥᠬᠡ ᠮᠥᠷᠡᠨ ᠤ ᠳᠤᠤᠷᠠᠳᠤ ᠤᠷᠤᠰᠬᠠᠯ ᠵᠦᠭ ᠤᠷᠤᠰᠬᠤ ᠶᠠᠪᠤᠴᠠ ᠳᠤ᠂ ᠭᠤᠤᠯ ᠤᠨ ᠤᠷᠤᠰᠬᠠᠯ ᠤᠨ ᠵᠠᠮ ᠢ ᠵᠠᠰᠠᠬᠤ᠂ ᠬᠦᠪᠡᠭᠡ ᠡᠷᠭᠢ ᠶᠢᠨ ᠱᠤᠭᠤᠮ ᠢ ᠶᠡᠷᠦᠩᠬᠡᠶᠢᠯᠡᠨ ᠬᠠᠮᠠᠭᠠᠯᠠᠬᠤ ᠳᠤ ᠦᠵᠡᠭᠦᠯᠬᠦ ᠨᠥᠯᠥᠭᠡ ᠶᠢ ᠪᠣᠳᠣᠯᠬᠢᠯᠠᠬᠤ ᠬᠡᠷᠡᠭᠲᠡᠶ᠃ ᠡᠶᠢᠮᠦ ᠠᠴᠠ ᠡᠨᠡ ᠥᠷᠲᠡᠭᠡ ᠶᠢ ︽ᠴᠠᠭ ᠠᠭᠤᠷ ᠤᠨ ᠬᠡᠮᠵᠢᠭᠦᠷ︾ ᠭᠡᠵᠦ ᠨᠡᠷᠡᠯᠡᠬᠦ ᠨᠢ ᠮᠠᠰᠢ ᠲᠣᠬᠢᠷᠠᠮᠵᠢᠲᠠᠶ ᠶᠤᠮ᠃      ᠪᠢ ᠡᠳᠡᠭᠡᠷ ᠢ ᠬᠠᠷᠢᠭᠤᠯᠤᠶ᠎ᠠ᠂ ᠪᠠᠶᠠᠷᠯᠠᠯ᠎ᠠ︕      ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠳᠤ ᠶᠠᠮᠠᠷ ᠶᠠᠮᠠᠷ ᠣᠨᠴᠠᠯᠢᠭ ᠪᠠᠶᠢᠬᠤ ᠪᠣᠶ ᠲᠠᠷᠠᠭᠠᠴᠢ ᠶᠢᠨ ᠱᠠᠲᠤᠨ ᠤ ᠤᠰᠤᠨ ᠤ ᠴᠢᠨᠠᠷ ᠢ ᠬᠢᠨᠠᠨ ᠬᠡᠮᠵᠢᠬᠦ ᠪᠠᠶᠢᠷᠢ ᠲᠣᠭᠲᠠᠭᠠᠯᠲᠠ ᠪᠠ ᠭᠤᠤᠯᠳᠠᠯᠭ᠎ᠠ ᠲᠠᠢ ᠡᠭᠦᠷᠭᠡ ᠳᠤ ᠶᠠᠭᠤ ᠶᠠᠭᠤ ᠪᠠᠶᠢᠬᠤ ᠪᠣᠶ︖ ᠪᠠᠶᠠᠷᠯᠠᠯ᠎ᠠ︕      ᠼᠠᠢ ᠵᠢᠶᠠᠨ ᠶᠤᠸᠠᠨ᠄ ᠡᠨᠡ ᠠᠰᠠᠭᠤᠳᠠᠯ ᠢ ᠪᠢ ᠸᠧᠶ ᠰᠢᠨ ᠫᠢᠩ ᠳᠡᠳ᠋ ᠵᠤᠷᠭᠠᠨ ᠤ ᠳᠠᠷᠤᠭ᠎ᠠ ᠪᠠᠷ ᠬᠠᠷᠢᠭᠤᠯᠤᠭᠤᠯᠤᠶ᠎ᠠ᠃      ᠸᠧᠶ ᠰᠢᠨ ᠫᠢᠩ᠄ ᠤᠰᠤᠨ ᠤ ᠴᠢᠨᠠᠷ ᠢ ᠬᠢᠨᠠᠨ ᠬᠡᠮᠵᠢᠬᠦ ᠪᠣᠯ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠤᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠬᠤ ᠪᠥᠭᠡᠳ ᠪᠠᠰᠠ ᠤᠰᠤᠨ ᠤ ᠰᠢᠨᠵᠢᠯᠡᠬᠡᠨ ᠤ ᠬᠢᠨᠠᠨ ᠬᠡᠮᠵᠢᠯᠳᠡ ᠶᠢᠨ ᠰᠠᠯᠵᠤ ᠪᠣᠯᠤᠰᠢ ᠦᠭᠡᠶ ᠪᠦᠷᠢᠯᠳᠦᠬᠦᠨ ᠠᠭᠤᠯᠭ᠎ᠠ ᠪᠣᠯᠤᠨ᠎ᠠ᠃ ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠨᠢ ᠳᠡᠭᠡᠷ᠎ᠡ ᠵᠠᠭᠤᠨ ᠤ ᠲᠠᠪᠢᠭᠠᠳ ᠣᠨ ᠠᠴᠠ ᠡᠬᠢᠯᠡᠵᠦ᠂ ᠬᠠᠮᠤᠭ ᠠᠩᠬᠠᠨ ᠳᠠᠭᠠᠨ ᠪᠠᠶᠢᠭᠠᠯᠢ ᠶᠢᠨ ᠤᠰᠤᠨ ᠤ ᠬᠢᠮᠢ ᠶᠢᠨ ᠵᠠᠳᠠᠯᠤᠯᠲᠠ ᠪᠠᠷ ᠭᠤᠣᠯᠯᠠᠵᠤ ᠪᠠᠶᠢᠪᠠ᠃ ᠳᠠᠯᠠᠭᠠᠳ ᠣᠨ ᠤ ᠡᠬᠢ ᠠᠴᠠ ᠡᠬᠢᠯᠡᠨ ᠤᠰᠤᠨ ᠤ ᠪᠣᠬᠢᠷᠲᠤᠯ ᠤᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠦᠵᠡᠭᠦᠯᠬᠦ ᠨᠥᠯᠥᠭᠡ ᠶᠢ ᠠᠩᠬᠠᠷᠴᠤ᠂ ᠬᠢᠮᠢ ᠶᠢᠨ ᠭᠦᠶ᠋ᠴᠡᠳᠬᠡᠯ ᠲᠤᠭ᠎ᠠ ᠶᠢᠨ ᠬᠢᠨᠠᠨ ᠬᠡᠮᠵᠢᠯᠲᠡ ᠶᠢ ᠠᠯᠬᠤᠮ ᠠᠯᠬᠤᠮ ᠢᠶᠠᠷ ᠥᠷᠨᠢᠭᠦᠯᠦᠨ᠎ᠡ᠃ ᠡᠭᠦᠨ ᠠᠴᠠ ᠰᠡᠭᠦᠯᠡᠷ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠡᠳᠦᠷ ᠢᠷᠡᠬᠦᠶ᠎ᠡ ᠬᠥᠭᠵᠢᠪᠡ᠃      ᠤᠰᠤᠨ ᠤ ᠰᠢᠨᠵᠢᠯᠡᠭᠡᠨ ᠤ ᠰᠠᠯᠠᠭ᠎ᠠ ᠮᠥᠴᠢᠷ ᠤᠰᠤᠨ ᠤ ᠴᠢᠨᠠᠷ ᠢ ᠤᠰᠤᠨ ᠤ ᠰᠢᠨᠵᠢᠯᠡᠬᠡᠨ ᠤ ᠬᠢᠨᠠᠨ ᠬᠡᠮᠵᠢᠬᠦ ᠦᠨᠳᠦᠰᠦᠨ ᠡᠯᠧᠮᠧᠨ᠋ᠲ ᠤᠨ ᠨᠢᠭᠡ ᠪᠣᠯᠭᠠᠵᠤ᠂ ᠳᠤᠤᠷᠠᠬᠢ ᠮᠡᠲᠦ ᠢᠯᠡ ᠲᠣᠳᠣ ᠣᠨᠴᠠᠯᠢᠭ ᠲᠠᠢ᠄      ᠨᠢᠭᠡ ᠳᠤ ᠤᠰᠤᠨ ᠤ ᠬᠡᠮᠵᠢᠶ᠎ᠡ ᠤᠰᠤᠨ ᠤ ᠴᠢᠨᠠᠷ ᠢ ᠣᠷᠭᠠᠨᠢᠭ ᠢᠶᠠᠷ ᠤᠶᠠᠯᠳᠤᠭᠤᠯᠪᠠ᠃ ᠤᠰᠤᠨ ᠤ ᠴᠢᠨᠠᠷ ᠢ ᠬᠢᠨᠠᠨ ᠬᠡᠮᠵᠢᠬᠦ ᠣᠭᠲᠣᠯᠤᠭᠠᠰᠤ ᠶᠢᠨ ᠪᠠᠶᠢᠷᠢᠯᠠᠭᠤᠯᠤᠯᠲᠠ ᠨᠢ ᠭᠤᠣᠯ ᠮᠥᠷᠡᠨ ᠤ ᠥᠪᠡᠷᠮᠢᠴᠡ ᠴᠢᠨᠠᠷ ᠪᠣᠯᠤᠨ ᠤᠰᠤᠨ ᠤ ᠰᠢᠨᠵᠢᠯᠡᠬᠡᠨ ᠤ ᠣᠨᠴᠠᠯᠢᠭ ᠢ ᠭᠦᠢᠴᠡᠳ ᠪᠣᠳᠣᠯᠬᠢᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠬᠦ ᠯᠦᠭᠡ ᠣᠷᠭᠠᠨᠢᠭ ᠢᠶᠠᠷ ᠨᠢᠭᠡᠳᠴᠦ᠂ ᠣᠳᠣ ᠪᠠᠶᠢᠭ᠎ᠠ 1 . 4 ᠲᠦᠮᠡ ᠭᠠᠷᠤᠶ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠣᠭᠲᠣᠯᠤᠭᠠᠰᠤ ᠶᠢᠨ ᠳᠣᠲᠣᠷ᠎ᠠ᠂ ᠪᠠᠷᠤᠭ 60 % ᠪᠠ ᠤᠰᠤᠨ ᠤ ᠬᠡᠮᠵᠢᠶ᠎ᠡ ᠶᠢ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠵᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠨᠢ ᠪᠣᠬᠢᠷ ᠪᠣᠳᠠᠰ ᠤᠨ ᠥᠳᠬᠡᠴᠡ ᠶᠢ ᠲᠤᠰᠬᠠᠬᠤ ᠪᠠᠷ ᠪᠠᠷᠠᠬᠤ ᠦᠭᠡᠶ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠨ᠂ ᠪᠣᠬᠢᠷ ᠪᠣᠳᠠᠰ ᠤᠨ ᠶᠡᠷᠦᠩᠬᠡᠶ ᠬᠡᠮᠵᠢᠶ᠎ᠡ ᠶᠢ ᠵᠠᠳᠠᠯᠤᠨ ᠪᠣᠳᠣᠵᠤ ᠪᠣᠯᠤᠨ᠎ᠠ᠃      ᠬᠤᠶᠠᠷ ᠲᠤ᠂ ᠤᠰᠤᠨ ᠤ ᠴᠢᠨᠠᠷ ᠠᠴᠠ ᠥᠯᠢᠭᠡᠷ ᠠᠪᠬᠤ ᠨᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ᠃ ᠤᠰᠤᠨ ᠤ ᠴᠢᠨᠠᠷ ᠢᠶᠠᠷ ᠦᠯᠢᠭᠡᠷ ᠠᠪᠬᠤ ᠳᠠᠭᠠᠨ ᠭᠤᠣᠯ ᠮᠥᠷᠡᠨ ᠨᠠᠭᠤᠷ ᠴᠥᠭᠦᠷᠥᠮ ᠳᠤ ᠲᠠᠷᠬᠠᠵᠤ ᠪᠠᠶᠢᠭ᠎ᠠ ᠡᠯ᠎ᠡ ᠲᠥᠷᠥᠯ ᠤᠨ ᠤᠰᠤᠨ ᠤ ᠰᠢᠨᠵᠢᠯᠡᠭᠡᠨ ᠤ ᠬᠡᠮᠵᠢᠬᠦ ᠥᠷᠲᠡᠭᠡ᠂ ᠤᠰᠤᠨ ᠤ ᠰᠢᠨᠵᠢᠯᠡᠭᠡᠨ ᠤ ᠥᠷᠲᠡᠭᠡ ᠶᠢᠨ ᠠᠵᠢᠯᠲᠠᠨ ᠠᠵᠢᠯᠴᠢᠳ ᠤᠷᠲᠤ ᠬᠤᠭᠤᠴᠠᠭ᠎ᠠ ᠪᠠᠷ ᠭᠤᠣᠯ ᠤᠨ ᠬᠥᠪᠡᠭᠡ ᠶᠢ ᠰᠠᠬᠢᠨ ᠰᠠᠭᠤᠵᠤ᠂ ᠭᠤᠣᠯ ᠮᠥᠷᠡᠨ ᠤ ᠥᠪᠡᠷᠮᠢᠴᠡ ᠴᠢᠨᠠᠷ ᠪᠣᠯᠤᠨ ᠤᠰᠤᠨ ᠤ ᠰᠢᠨᠵᠢᠯᠡᠬᠡᠨ ᠤ ᠪᠠᠶᠢᠳᠠᠯ ᠢ ᠣᠨᠣᠪᠴᠢᠲᠠᠶ ᠡᠵᠡᠮᠰᠢᠨ᠂ ᠣᠩᠭᠤᠴᠠ ᠬᠡᠮᠵᠢᠬᠦ ᠪᠤᠶᠤ ᠳᠡᠭᠡᠰᠦᠨ ᠵᠠᠮ ᠵᠡᠷᠭᠡ ᠤᠰᠤᠨ ᠤ ᠰᠢᠨᠵᠢᠯᠡᠭᠡᠨ ᠤ ᠪᠡᠯᠡᠳᠬᠡᠮᠵᠢ ᠶᠢ ᠠᠰᠢᠭᠯᠠᠨ᠂ ᠣᠭᠲᠣᠯᠤᠭᠠᠰᠤ ᠶᠢᠨ ᠠᠳᠠᠯᠢ ᠪᠤᠰᠤ ᠭᠠᠵᠠᠷ ᠠᠴᠠ ᠲᠤᠰ ᠲᠤᠰ ᠦᠯᠢᠭᠡᠷ ᠠᠪᠴᠤ᠂ ᠨᠡᠯᠢᠶᠡᠳ ᠰᠠᠶᠢᠨ ᠲᠥᠯᠥᠭᠡᠯᠡᠬᠦ ᠴᠢᠨᠠᠷᠲᠠᠶ ᠪᠣᠯᠭᠠᠨ᠎ᠠ᠃      ᠭᠤᠷᠪᠠ ᠳᠤ᠂ ᠤᠰᠤᠨ ᠠᠰᠢᠭᠯᠠᠯᠲᠠ ᠶᠢᠨ ᠲᠥᠪ ᠤᠨ ᠠᠵᠢᠯ ᠳᠤ ᠦᠢᠯᠡᠴᠢᠯᠡᠨ᠎ᠡ᠃ ᠤᠰᠤᠨ ᠤ ᠴᠢᠨᠠᠷ ᠢ ᠬᠢᠨᠠᠨ ᠰᠢᠨᠵᠢᠬᠦ ᠨᠢ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠬᠠᠮᠢᠶᠠᠷᠬᠤ ᠪᠠ ᠬᠠᠮᠠᠭᠠᠯᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠴᠢᠬᠤᠯᠠ ᠡᠵᠡᠮᠳᠡᠬᠦ ᠵᠠᠩᠭᠢᠯᠠᠭ᠎ᠠ ᠳᠤ ᠬᠢᠨᠠᠨ ᠰᠢᠨᠵᠢᠬᠦ ᠣᠭᠲᠣᠯᠤᠭᠠᠰᠤ ᠪᠠᠶᠢᠷᠢᠯᠠᠭᠤᠯᠵᠤ᠂ ᠬᠢᠨᠠᠨ ᠰᠢᠨᠵᠢᠬᠦ  ᠭᠦᠢᠴᠡᠳᠬᠡᠯ ᠲᠤᠭ᠎ᠠ ᠪᠠ ᠤᠳᠠᠭ᠎ᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ᠂ ᠤᠰᠤᠨ ᠤ ᠢᠨᠵᠧᠨᠧᠷᠢᠩ ᠤᠨ ᠠᠵᠢᠯᠯᠠᠭᠠᠨ ᠤ ᠲᠣᠬᠢᠷᠠᠭᠤᠯᠤᠯᠲᠠ ᠵᠡᠷᠭᠡ ᠬᠡᠷᠡᠭᠴᠡᠭᠡ ᠶᠢ ᠬᠠᠩᠭᠠᠵᠤ᠂ ᠤᠰᠤᠨ ᠠᠰᠢᠭᠯᠠᠯᠲᠠ ᠶᠢᠨ ᠲᠥᠪ ᠤᠨ ᠠᠵᠢᠯ ᠳᠤ ᠰᠢᠭᠤᠳ  ᠦᠢᠯᠡᠴᠢᠯᠡᠨ᠎ᠡ᠃      ᠲᠠᠷᠠᠭᠠᠴᠢ ᠶᠢᠨ ᠱᠠᠲᠤᠨ ᠳᠤ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠳᠤ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠢᠳᠡᠪᠬᠢᠲᠡᠶ ᠠᠵᠢᠯᠯᠠᠵᠤ᠂ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄      ᠨᠢᠭᠡ ᠳᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠤᠨ ᠪᠠᠶᠢᠳᠠᠯ ᠢ ᠡᠵᠡᠮᠰᠢᠬᠦ ᠬᠡᠷᠡᠭᠲᠡᠶ᠃ ᠨᠢᠳᠤᠨᠤᠨ ᠤᠰᠤᠨ ᠠᠰᠢᠭᠯᠠᠯᠲᠠ ᠶᠢᠨ ᠶᠠᠮᠤᠨ ︽ᠭᠠᠵᠠᠷ ᠳᠡᠭᠡᠷᠡᠬᠢ ᠤᠰᠤᠨ ᠤ ᠤᠯᠤᠰ ᠤᠨ ᠭᠤᠣᠯᠳᠠᠯᠭ᠎ᠠ ᠲᠠᠢ ᠤᠰᠤᠨ ᠤ ᠴᠢᠨᠠᠷ ᠤᠨ ᠥᠷᠲᠡᠭᠡᠨ ᠤ ᠨᠡᠷᠡᠰ ᠤᠨ ᠵᠢᠭᠰᠠᠭᠠᠯᠲᠠ︾ ᠶᠢ ᠳᠠᠷᠤᠮᠠᠯᠯᠠᠨ ᠲᠠᠷᠬᠠᠭᠠᠵᠤ᠂ ᠪᠢᠳᠡ ᠡᠭᠦᠨ ᠢᠶᠠᠷ ᠦᠨᠳᠦᠰᠦᠨ ᠪᠣᠷᠣ ᠲᠥᠯᠥᠪ ᠪᠣᠯᠭᠠᠵᠤ᠂ ᠤᠰᠤᠨ ᠤ ᠴᠢᠨᠠᠷ ᠢ ᠬᠢᠨᠠᠨ ᠬᠡᠮᠵᠢᠬᠦ ᠥᠷᠲᠡᠭᠡᠨ ᠲᠣᠣᠷᠵᠢᠯ ᠤᠨ ᠪᠠᠶᠢᠷᠢᠰᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠰᠤᠨ ᠤ ᠰᠢᠨᠵᠢᠯᠡᠬᠡᠨ ᠤ ᠰᠠᠯᠠᠭ᠎ᠠ ᠮᠥᠴᠢᠷ ᠤᠨ ᠥᠷᠲᠡᠭᠡ ᠶᠢᠨ ᠲᠣᠣᠷ᠂ ᠠᠵᠢᠯᠲᠠᠨ ᠵᠡᠷᠭᠡ ᠶᠢᠨ ᠳᠠᠪᠠᠭᠤᠯᠢᠭ ᠢ ᠪᠠᠳᠠᠷᠠᠭᠤᠯᠤᠨ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠤᠨ ᠪᠠᠶᠢᠳᠠᠯ ᠢ ᠡᠵᠡᠮᠰᠢᠨ᠂ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠬᠠᠮᠢᠶᠠᠷᠬᠤ ᠪᠠ ᠬᠠᠮᠠᠭᠠᠯᠠᠬᠤ ᠳᠤ ᠰᠠᠭᠤᠷᠢ ᠮᠡᠳᠡᠭᠡ ᠵᠠᠩᠭᠢ ᠬᠠᠩᠭᠠᠨ᠎ᠠ᠃      ᠬᠤᠶᠠᠷ ᠲᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠲᠤᠯᠭᠠᠭᠤᠷᠢᠯᠠᠨ᠎ᠠ᠃ ᠤᠰᠤᠨ ᠤ ᠡᠬᠢ ᠪᠠᠶᠠᠯᠢᠭ᠂ ᠭᠤᠤᠯ ᠮᠥᠷᠡᠨ ᠨᠠᠭᠤᠷ ᠴᠥᠭᠦᠷᠥᠮ ᠵᠡᠷᠭᠡ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠯ᠎ᠡ ᠱᠠᠲᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ᠂ ᠴᠢᠬᠤᠯᠠ ᠡᠵᠡᠮᠳᠡᠬᠦ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠰᠢᠨᠵᠢᠬᠦ ᠶᠢ ᠴᠢᠩᠭᠠᠳᠬᠠᠵᠤ᠂ ᠵᠠᠮᠠᠭ ᠤᠨ ᠲᠥᠷᠥᠯ᠂ ᠤᠰᠤᠨ ᠤ ᠢᠷᠤᠭᠠᠷ ᠤᠨ ᠠᠮᠢᠳᠤ ᠪᠣᠳᠠᠰ᠂ ᠵᠢᠭᠠᠰᠤᠨ ᠤ ᠲᠥᠷᠥᠯ ᠵᠡᠷᠭᠡ ᠤᠰᠤᠨ ᠤ ᠠᠮᠢ ᠠᠬᠤᠶ ᠶᠢ ᠬᠢᠨᠠᠨ ᠰᠢᠨᠵᠢᠬᠦ ᠲᠥᠷᠥᠯ  ᠵᠦᠢᠯ ᠢ ᠥᠷᠭᠡᠳᠬᠡᠨ᠂ ᠤᠰᠤᠨ ᠤ ᠬᠡᠮᠵᠢᠶ᠎ᠡ ᠤᠰᠤᠨ ᠤ ᠴᠢᠨᠠᠷ ᠢ ᠤᠶᠠᠯᠳᠤᠭᠤᠯᠤᠭᠰᠠᠨ ᠳᠠᠪᠠᠭᠤᠯᠢᠭ ᠢ ᠪᠠᠳᠠᠷᠠᠭᠤᠯᠵᠤ᠂ ᠴᠢᠨᠠᠷ ᠰᠠᠶᠢᠲᠠᠶ ᠤᠰᠤᠨ ᠤ ᠡᠬᠢ ᠪᠠᠶᠠᠯᠢᠭ᠂ ᠡᠷᠡᠭᠦᠯ ᠤᠰᠤᠨ ᠤ ᠠᠮᠢ ᠠᠬᠤᠶ᠂ ᠰᠠᠭᠤᠷᠢᠰᠢᠬᠤ ᠳᠤ ᠲᠣᠬᠢᠷᠠᠮᠵᠢᠲᠠᠶ ᠤᠰᠤᠨ ᠤ ᠣᠷᠴᠢᠨ ᠲᠣᠭᠤᠷᠢᠨ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃      ᠭᠤᠷᠪᠠ ᠳᠤ᠂ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠨ᠎ᠠ᠃ ᠨᠢᠳᠤᠨᠤᠨ᠂ ᠤᠰᠤᠨ ᠠᠰᠢᠭᠯᠠᠯᠲᠠ ᠶᠢᠨ ᠶᠠᠮᠤᠨ ︽ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠤᠤᠭᠤᠬᠤ ᠤᠰᠤᠨ ᠤ ᠴᠢᠬᠤᠯᠠ ᠡᠬᠢ ᠰᠤᠷᠪᠤᠯᠵᠢ ᠶᠢᠨ ᠭᠠᠵᠠᠷ᠂ ᠤᠰᠤ ᠲᠠᠲᠠᠬᠤ ᠢᠨᠵᠧᠨᠧᠷᠢᠩ ᠤᠨ ᠡᠬᠢ ᠡᠭᠦᠰᠦᠯ ᠵᠢᠴᠢ ᠵᠠᠮ ᠳᠠᠭᠠᠤ ᠶᠢᠨ ᠤᠰᠤᠨ ᠤ ᠴᠢᠨᠠᠷ ᠢ ᠬᠥᠳᠡᠯᠦᠩᠭᠦᠶ ᠪᠠᠷ ᠬᠢᠨᠠᠨ ᠬᠡᠮᠵᠢᠵᠦ ᠬᠢᠨᠠᠨ ᠡᠵᠡᠮᠳᠡᠬᠦ ᠠᠵᠢᠯ ᠢ ᠴᠢᠩᠭᠠᠳᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠲᠦᠮᠡᠨ ᠬᠥᠮᠦᠨ ᠠᠴᠠ ᠳᠡᠭᠡᠭᠰᠢ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠲᠤ ᠬᠢᠨᠠᠯᠲᠠ ᠲᠠᠯᠪᠢᠬᠤ ᠴᠢᠨᠠᠷᠲᠠᠶ ᠬᠢᠨᠠᠨ ᠬᠡᠮᠵᠢᠬᠦ ᠠᠵᠢᠯ ᠵᠡᠷᠭᠡ ᠶᠢ ᠠᠬᠢᠭᠤᠯᠵᠤ᠂ ᠤᠰᠤ ᠬᠠᠩᠭᠠᠬᠤ ᠠᠮᠤᠷ ᠲᠦᠪᠰᠢᠨ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ ᠪᠠᠶᠠᠷᠯᠠᠯ᠎ᠠ︕      ᠯᠢ ᠰᠢᠶᠣᠤ ᠯᠢᠨ᠄ ᠰᠠᠶ᠋ᠢᠬᠠᠨ ᠼᠠᠢ ᠵᠢᠶᠠᠨ ᠶᠤᠸᠠᠨ ᠵᠤᠷᠭᠠᠨ ᠤ ᠳᠠᠷᠤᠭ᠎ᠠ 70 ᠵᠢᠯ ᠤᠨ ᠲᠤᠷᠰᠢᠬᠢ ᠤᠰᠤᠨ ᠤ ᠰᠢᠨᠵᠢᠯᠡᠬᠡᠨ ᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠥᠬᠦᠶ ᠪᠠᠶᠢᠳᠠᠯ ᠢ ᠲᠣᠪᠴᠢ ᠲᠠᠨᠢᠯᠴᠠᠭᠤᠯᠤᠭᠰᠠᠨ ᠪᠥᠭᠡᠳ ᠵᠠᠩ ᠸᠧᠨ ᠱᠧᠩ ᠳᠡᠳ᠋ ᠳᠠᠷᠤᠭ᠎ᠠ᠂ ᠸᠧᠶ ᠰᠢᠨ ᠫᠢᠩ ᠳᠡᠳ᠋ ᠳᠠᠷᠤᠭ᠎ᠠ ᠲᠠᠢ ᠬᠠᠮᠲᠤ ᠣᠯᠠᠨ ᠤ ᠠᠰᠠᠭᠤᠯᠲᠠ ᠶᠢ ᠬᠠᠷᠢᠭᠤᠯᠵᠤ᠂ ᠰᠤᠷᠪᠤᠯᠵᠢᠯᠠᠭᠴᠢ ᠨᠠᠶᠢᠵᠠ ᠨᠠᠷ ᠲᠣᠰ ᠲᠣᠰ ᠤᠨ ᠪᠠᠶᠢᠭ᠎ᠠ ᠵᠠᠭᠤᠴᠢᠯᠠᠭᠤᠷ ᠢᠶᠠᠷ ᠢᠶᠠᠨ ᠳᠠᠮᠵᠢᠭᠤᠯᠤᠨ ᠤᠰᠤᠨ ᠤ ᠰᠢᠨᠵᠢᠯᠡᠬᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ ᠤᠬᠠᠭᠤᠯᠭ᠎ᠠ ᠮᠡᠳᠡᠭᠡᠯᠡᠯ ᠢ ᠰᠠᠶᠢᠲᠤᠷ ᠬᠢᠵᠦ᠂ ᠤᠰᠤᠨ ᠤ ᠰᠢᠨᠵᠢᠯᠡᠬᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠪᠠ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠪᠡ᠃      ᠲᠠ ᠪᠦᠬᠦᠨ ᠤ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠥᠨᠥᠳᠦᠷ ᠪᠣᠯ ᠪᠢᠯᠢᠭ ᠤᠨ ᠤᠯᠠᠷᠢᠯ ᠤᠨ ︽ᠪᠠᠭ᠎ᠠ ᠰᠢᠨ᠎ᠡ︾ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠡᠨᠡ ᠲᠣᠬᠢᠶᠠᠯ ᠢᠶᠠᠷ ᠣᠯᠠᠨ ᠳᠤ ᠰᠢᠨ᠎ᠡ ᠵᠢᠯ ᠤᠨ ᠪᠠᠶᠠᠷ ᠬᠦᠷᠭᠡᠵᠦ ᠪᠠᠶᠢᠨ᠎ᠠ᠂ ᠲᠠ ᠪᠦᠬᠦᠨ ᠤ ᠴᠠᠭᠠᠨ ᠰᠠᠷ᠎ᠠ ᠳᠠᠭᠠᠨ ᠪᠠᠶᠠᠷ ᠬᠥᠷ ᠲᠠᠢ᠂ ᠰᠠᠨᠠᠭᠰᠠᠨ ᠪᠦᠬᠦᠨ ᠴᠢᠨᠢ ᠪᠡᠶᠡᠯᠡᠭᠳᠡᠬᠦ ᠶᠢ ᠵᠥᠩᠨᠡᠶ᠎ᠡ᠃      ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠳᠡ ᠬᠦᠷᠦᠭᠡᠳ ᠲᠡᠭᠦᠰᠦᠯ᠎ᠡ᠂ ᠣᠯᠠᠨ ᠳᠤ       ᠪᠠᠶᠠᠷᠯᠠᠯ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号