ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶᠠᠲᠤ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠡᠯ᠎ᠡ ᠦᠪᠡᠷ ᠤᠨ ᠲᠦᠯᠦᠪᠯᠡᠭᠡᠲᠦ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠰᠢᠨᠵᠢᠶᠠᠩ ᠤᠨ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ᠄ | ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ | ᠵᠢᠷᠤᠮᠵᠢᠯ ︵ᠲᠤᠷᠰᠢᠨ ᠬᠡᠷᠡᠭᠵᠢᠭᠦᠯᠬᠦ︶︾ ᠢ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠠᠵᠢᠯ ᠢ ᠪᠦᠬᠦ ᠲᠠᠯ᠎ᠠ ᠪᠠᠷ ᠬᠡᠷᠡᠭᠵᠢᠬᠦᠯᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠢᠶᠠᠷ ᠬᠢᠨᠠᠨ | ᠪᠠᠳᠤᠯᠠᠪᠠ᠃ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠪᠠᠶᠢᠢᠳᠠᠯ ᠲᠠᠢ ᠪᠠᠨ ᠤᠶᠠᠯᠳᠤᠭᠤᠯᠤᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠭᠤᠤᠯ ᠮᠥᠷᠡᠨ ᠤ ᠳᠠᠷᠤᠭ᠎ᠠ᠂ ᠨᠠᠭᠤᠷ ᠴᠥᠭᠦᠷᠥᠮ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠬᠦ ᠵᠢᠷᠤᠮᠵᠢᠯ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠡᠨ ᠲᠢᠩᠬᠢᠮ᠂ | ᠲᠦᠷᠤ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ᠤᠨ ︽ᠭᠤᠣᠯ ᠮᠥᠷᠡᠨ ᠤ ᠳᠠᠷᠤᠭ᠎ᠠ ᠶᠢᠨ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾᠂ ︽ᠨᠠᠭᠤᠷ ᠴᠦᠬᠦᠷᠦᠮ ᠳᠤ ᠨᠠᠭᠤᠷ ᠤᠨ ᠳᠠᠷᠤᠭ᠎ᠠ ᠶᠢᠨ | ᠳᠦᠷᠢᠮ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ︽ᠵᠢᠯᠣᠭᠤᠳᠬᠤ ᠰᠠᠨᠠᠯ︾ | ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠭᠤᠤᠯ | ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠷᠢᠯᠢᠬᠵᠢᠭᠤᠯᠵᠤ᠂ ᠡᠯ᠎ᠡ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠦᠶᠯᠡ ᠠᠵᠢᠯᠯᠠᠭ᠎ᠠ ᠶᠢ ᠳᠦᠷᠢᠮᠵᠢᠭᠦᠯᠦᠨ᠂ ᠡᠯ᠎ᠡ ᠱᠠᠲᠤᠨ ᠤ ᠭᠤᠤᠯ | ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ | ᠦᠶᠯᠡᠳᠦᠯ ᠢ ᠪᠠᠳᠠᠷᠠᠭᠤᠯᠵᠤ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠪᠣᠳᠠᠲᠠᠶ ᠪᠠᠷ | ᠦᠢᠯᠡᠳᠦᠯᠭᠡᠵᠢᠭᠦᠯᠬᠦ ᠶᠢ ᠳᠥᠯᠭᠢᠨ ᠠᠬᠢᠭᠤᠯᠬᠤ ᠶᠢᠨ ᠲᠦᠯᠦᠭᠡ᠂ ᠲᠣᠰ ᠵᠢᠷᠤᠮᠵᠢᠯ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠵᠢᠷᠤᠮᠵᠢᠯ ᠢ ᠮᠤᠵᠢ᠂ ᠬᠤᠲᠠ᠂ ᠰᠢᠶᠠᠨ ᠤ ᠱᠠᠲᠤᠨ ᠤ ᠶᠡᠷᠦᠩᠬᠡᠶ ᠭᠤᠣᠯ ᠤᠨ | ᠳᠠᠷᠤᠭ᠎ᠠ ᠵᠢᠴᠢ ᠮᠤᠵᠢ᠂ ᠬᠤᠲᠠ᠂ ᠰᠢᠶᠠᠨ᠂ ᠰᠢᠶᠠᠩ ᠤᠨ ᠳᠡᠰ ᠤᠨ ᠭᠤᠣᠯ ᠤᠨ ᠳᠠᠷᠤᠭ᠎ᠠ ᠨᠠᠭᠤᠷ ᠤᠨ ᠳᠠᠷᠤᠭ᠎ᠠ᠂ | ᠡᠯ᠎ᠡ ᠭᠠᠵᠠᠷ ᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠭᠤᠯᠤᠭᠰᠠᠨ ᠭᠠᠴᠠᠭᠠᠨ ᠤ ᠱᠠᠲᠤᠨ ᠤ | ᠭᠤᠣᠯ ᠤᠨ ᠳᠠᠷᠤᠭ᠎ᠠ ᠨᠠᠭᠤᠷ ᠤᠨ ᠳᠠᠷᠤᠭ᠎ᠠ ᠯᠠᠪᠯᠠᠨ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠲᠣᠰ ᠵᠢᠷᠤᠮᠵᠢᠯ ᠳᠤ ︽ᠰᠠᠨᠠᠯ︾ ︽ᠵᠢᠯᠣᠭᠤᠳᠬᠤ ᠰᠠᠨᠠᠯ︾ ᠤᠨ ᠲᠣᠭᠲᠠᠭᠠᠯ ᠢ | ᠴᠢᠩᠭ᠎ᠠ ᠵᠢᠷᠤᠮᠯᠠᠵᠤ᠂ ᠡᠯ᠎ᠡ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ | ᠪᠣᠳᠠᠲᠠᠶ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠲᠥᠷᠥᠯ ᠬᠤᠪᠢᠶᠠᠨ ᠨᠠᠷᠢᠯᠢᠬᠵᠢᠭᠤᠯᠤᠨ᠎ᠠ︔ ᠡᠯ᠎ᠡ ᠭᠠᠵᠠᠷ ᠤᠨ | ᠤᠶᠢᠢᠷ᠎ᠠ ᠶᠢᠨ ᠵᠢᠯ ᠤᠨ ᠲᠤᠷᠰᠢᠬᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ | ᠬᠡᠷᠡᠭᠵᠢᠭᠦᠯᠦᠭᠰᠡᠨ ᠦᠢᠯᠡᠳᠦᠯᠭᠡ ᠶᠢᠨ ᠲᠤᠷᠰᠢᠯᠭ᠎ᠠ ᠲᠠᠢ ᠤᠶᠠᠯᠳᠤᠭᠤᠯᠤᠨ᠂ ᠡᠯ᠎ᠡ ᠱᠠᠲᠤᠨ ᠤ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠭᠤᠣᠯᠳᠠᠯᠭ᠎ᠠ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ ᠢ ᠬᠠᠨᠳᠤᠯᠭᠠᠲᠤ ᠴᠢᠨᠠᠷ ᠲᠠᠢ ᠪᠠᠷ ᠲᠣᠭᠲᠠᠭᠠᠪᠠ᠃ | ᠳᠥᠷᠪᠡᠳᠦᠭᠡᠷ ᠵᠦᠢᠯ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ | ᠳᠠᠷᠤᠭ᠎ᠠ︽ᠰᠠᠨᠠᠯ︾ ᠳᠤ ᠲᠣᠳᠣᠷᠬᠠᠶᠢᠯᠠᠭᠰᠠᠨ ᠦᠨᠳᠦᠰᠦᠨ ᠵᠠᠷᠴᠢᠮ ᠢ ᠦᠨᠳᠦᠰᠦᠯᠡᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠴᠢᠩᠭ᠎ᠠ ᠵᠢᠷᠤᠮᠯᠠᠵᠤ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠢᠯ ᠤᠨ | ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠢᠯ ᠤᠨ ᠭᠤᠣᠯᠳᠠᠯᠭ᠎ᠠ ᠢ ᠲᠤᠪᠤᠶᠢᠢᠯᠭᠠᠵᠦ᠂ ᠭᠤᠣᠯ ᠵᠥᠷᠢᠴᠡᠯ ᠢ | ᠠᠳᠬᠤᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ︽ᠵᠢᠯᠣᠭᠤᠳᠬᠤ ᠳᠣᠬᠢᠭᠤᠷ︾ ᠢ ᠰᠠᠶᠢᠲᠤᠷ ᠬᠡᠷᠡᠭᠯᠡᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ | ᠲᠠᠪᠤᠳᠤᠭᠠᠷ ᠵᠦᠢᠯ ᠲᠣᠰ ᠵᠢᠷᠤᠮᠵᠢᠯ ᠪᠣᠯ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠡᠯ᠎ᠡ | ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠯᠠᠮ ᠨᠢᠭᠡ ᠠᠯᠬᠤᠮ ᠨᠠᠷᠢᠯᠢᠬᠵᠢᠭᠤᠯᠤᠨ | ᠪᠣᠳᠠᠲᠠᠶᠢᠵᠢᠭᠤᠯᠵᠤ᠂ ᠦᠢᠯᠡᠳᠦᠯᠭᠡᠴᠢ ᠴᠢᠨᠡᠷ ᠪᠠ ᠵᠢᠯᠣᠭᠤᠳᠬᠤ ᠴᠢᠨᠠᠷ ᠢᠶᠠᠨ ᠴᠢᠩᠭᠠᠷᠠᠭᠤᠯᠤᠨ᠂ ᠡᠯ᠎ᠡ ᠱᠠᠲᠤᠨ ᠤ | ᠭᠤᠤᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ ᠶᠢ ᠠᠬᠢᠭᠤᠯᠤᠨ᠎ᠠ᠃ | ᠬᠤᠶᠠᠳᠤᠭᠠᠷ ᠪᠦᠯᠦᠭ ᠭᠤᠣᠯ ᠡᠭᠦᠷᠭᠡ ᠲᠤᠰᠢᠶᠠᠯ | ᠵᠢᠷᠭᠤᠳᠤᠭᠠᠷ ᠵᠦᠢᠯ ᠵᠡᠷᠦᠩᠬᠡᠶ ᠭᠤᠣᠯ ᠮᠥᠷᠡᠨ ᠤ ᠳᠠᠷᠤᠭ᠎ᠠ ᠨᠢ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ | ᠠᠵᠢᠯ ᠢ ᠬᠠᠷᠢᠭᠤᠴᠠᠨ ᠤᠳᠤᠷᠢᠳᠤᠨ᠎ᠠ᠂ ᠲᠡᠷᠡ ᠪᠣᠯ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠨᠢᠭᠡᠳᠦᠭᠡᠷ | ᠬᠠᠷᠢᠭᠤᠴᠠᠯᠭᠠᠲᠠᠨ ᠮᠥᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠨ᠎ᠡ᠃ | ᠳᠣᠯᠣᠳᠤᠭᠠᠷ ᠵᠦᠢᠯ ᠬᠠᠮᠤᠭ ᠤᠨ ᠳᠡᠭᠡᠳᠦ ᠳᠠᠪᠬᠤᠷᠭ᠎ᠠ ᠶᠢᠨ ᠭᠤᠤᠯ ᠤᠨ ᠳᠠᠷᠤᠭ᠎ᠠ ᠨᠠᠭᠤᠷ ᠤᠨ ᠳᠠᠷᠤᠭ᠎ᠠ | ᠨᠢ ᠬᠠᠷᠠᠭᠠᠯᠵᠠᠭᠰᠠᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠳᠤ ᠶᠡᠷᠦᠩᠬᠡᠶ | ᠬᠠᠷᠢᠭᠤᠴᠠᠯᠭ᠎ᠠ ᠡᠭᠦᠷᠭᠡᠯᠡᠵᠦ᠂ ᠲᠠᠰ ︵ᠬᠡᠰᠡᠭ︶ ᠬᠤᠪᠢᠶᠠᠭᠰᠠᠨ ᠭᠤᠤᠯ ᠤᠨ ᠳᠠᠷᠤᠭ᠎ᠠ ᠨᠠᠭᠤᠷ ᠤᠨ ᠳᠠᠷᠤᠭ᠎ᠠ ᠨᠢ | ᠲᠣᠰ ᠬᠠᠷᠢᠶ᠎ᠠ ᠣᠷᠣᠨ ᠤ ᠪᠠᠨ ᠳᠣᠲᠣᠷᠠᠬᠢ ᠵᠣᠬᠢᠴᠠᠩᠭᠤᠶ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ | ᠪᠠ ᠬᠠᠮᠠᠭᠠᠯᠠᠯᠲᠠ ᠳᠤ ᠰᠢᠭᠤᠳ ᠬᠠᠷᠢᠭᠤᠴᠠᠯᠭ᠎ᠠ ᠡᠭᠦᠷᠭᠡᠯᠡᠨ᠎ᠡ᠃ | ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠬᠠᠷᠠᠭᠠᠯᠵᠠᠭᠰᠠᠨ ᠭᠤᠣᠯ | ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠵᠣᠬᠢᠶᠠᠨ | ᠪᠠᠶᠢᠭᠤᠯᠵᠤ᠂ ᠡᠭᠦᠨ ᠳᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠤᠰᠤᠨ ᠣᠷᠣᠨ ᠤ ᠡᠷᠭᠢ ᠶᠢᠨ | ᠱᠤᠭᠤᠮ ᠤᠨ ᠬᠠᠮᠢᠶᠠᠷᠤᠯᠲᠠ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠤ | ᠵᠠᠰᠠᠯᠲᠠ ᠵᠡᠷᠭᠡ ᠶᠢ ᠪᠠᠭᠲᠠᠭᠠᠵᠤ᠂ ᠭᠤᠤᠯ ᠤᠨ ᠵᠠᠮ ᠢ ᠡᠵᠡᠯᠡᠬᠦ᠂ ᠨᠠᠭᠤᠷ ᠴᠦᠬᠦᠷᠦᠮ ᠢ ᠬᠦᠷᠢᠶᠡᠯᠡᠨ | ᠬᠠᠭᠠᠯᠪᠤᠷᠢᠯᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠭᠠᠳᠠᠭᠰᠢᠯᠠᠭᠤᠯᠬᠤ᠂ ᠬᠠᠤᠯᠢ ᠶᠢ ᠵᠥᠷᠢᠴᠡᠨ | ᠲᠡᠵᠢᠭᠡᠨ ᠦᠷᠡᠵᠢᠭᠦᠯᠬᠦ᠂ ᠬᠠᠤᠯᠢ ᠪᠤᠰᠤ ᠪᠠᠷ ᠡᠯᠡᠰᠦ ᠮᠠᠯᠲᠠᠬᠤ᠂ ᠤᠰᠤᠨ ᠵᠠᠮ ᠢ ᠡᠪᠳᠡᠬᠦ᠂ ᠴᠠᠬᠢᠯᠭᠠᠨ ᠬᠤᠤᠷ | ᠲᠡᠯᠪᠡᠴᠢᠬᠦ ᠵᠡᠷᠭᠡ ᠠᠷᠭ᠎ᠠ ᠬᠡᠯᠪᠡᠷᠢ ᠪᠠᠷ ᠵᠢᠭᠠᠰᠤ ᠠᠩᠨᠠᠬᠤ ᠵᠡᠷᠭᠡ ᠲᠣᠪᠤᠶᠢᠮ᠎ᠠ ᠠᠰᠠᠭᠤᠳᠠᠯ ᠢ ᠬᠠᠤᠯᠢ ᠶᠣᠰᠣᠭᠠᠷ | ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠶᠳᠪᠦᠷᠢᠯᠡᠨ᠎ᠡ︔ ᠨᠠᠭᠤᠷ ᠴᠥᠭᠦᠷᠥᠮ ᠬᠢᠭᠡᠳ ᠨᠠᠭᠤᠷ ᠲᠤ ᠴᠢᠳᠬᠤᠬᠤ ᠭᠤᠣᠯ ᠮᠥᠷᠡᠨ ᠤ ᠬᠠᠮᠢᠶᠠᠷᠤᠯᠲᠠ | ᠬᠠᠮᠠᠭᠠᠯᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠵᠠᠰᠠᠭ ᠵᠠᠬᠢᠷᠭᠠᠨ ᠤ ᠣᠷᠣᠨ ᠠᠯᠤᠰᠯᠠᠭᠰᠠᠨ | ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠳᠡᠭᠡᠳᠦ | ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢ ᠵᠣᠬᠢᠴᠠᠭᠤᠯᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠶᠢ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠰᠠᠯᠠᠭ᠎ᠠ ᠮᠥᠴᠢᠷ ︵ᠨᠢᠭᠡᠴᠢ︶ ᠪᠣᠯᠤᠨ ᠳᠣᠤᠷ᠎ᠠ ᠨᠢᠭᠡ ᠱᠠᠲᠤᠨ ᠤ | ᠭᠤᠤᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠭᠰᠡᠨ ᠪᠠᠶᠢᠳᠠᠯ ᠢ ᠬᠢᠨᠠᠨ ᠵᠢᠯᠣᠭᠤᠳᠴᠤ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠬᠢᠨᠠᠯᠲᠠ | ᠬᠢᠵᠦ᠂ ᠤᠷᠮᠠᠰᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ | ᠭᠤᠷᠪᠠᠳᠤᠭᠠᠷ ᠪᠦᠯᠦᠭ ᠭᠤᠣᠯ ᠡᠭᠦᠷᠭᠡ ᠬᠠᠷᠢᠭᠤᠴᠠᠯᠭ᠎ᠠ | ᠨᠠᠶᠢᠮᠠᠳᠤᠭᠠᠷ ᠵᠦᠢᠯ ᠵᠡᠷᠦᠩᠬᠡᠢ ᠭᠤᠣᠯ ᠮᠥᠷᠡᠨ ᠤ ᠳᠠᠷᠤᠭ᠎ᠠ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠪᠠ ᠬᠠᠮᠠᠭᠠᠯᠠᠯᠲᠠ ᠶᠢᠨ ᠳᠤᠮᠳᠠᠬᠢ ᠴᠢᠬᠤᠯᠠ ᠶᠡᠭᠡ ᠵᠦᠢᠯᠡᠰ᠂ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠤᠨ ᠴᠢᠬᠤᠯᠠ ᠳᠦᠷᠢᠮ ᠤᠨ ᠪᠢᠴᠢᠭ ᠮᠠᠲ᠋ᠧᠷᠢᠶᠠᠯ ᠢ ᠬᠢᠨᠠᠨ ᠲᠣᠭᠲᠠᠭᠠᠵᠤ᠂ ᠲᠤᠰ ᠱᠠᠲᠤᠨ ᠤ | ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠡᠠ ᠭᠡᠷ ᠤᠨ ᠲᠤᠰᠢᠶᠠᠯ ᠬᠠᠷᠢᠭᠤᠴᠠᠯᠭ᠎ᠠ᠂ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠪᠦᠷᠢᠯᠳᠦᠬᠦᠨ ᠤ ᠰᠠᠯᠠᠭ᠎ᠠ ᠮᠥᠴᠢᠷ ︵ᠨᠢᠭᠡᠴᠢ︶ ᠤᠨ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠬᠢᠨᠠᠨ ᠲᠣᠭᠲᠠᠭᠠᠵᠤ᠂ ᠰᠠᠯᠠᠭ᠎ᠠ ᠮᠥᠴᠢᠷ︵ᠨᠢᠭᠡᠴᠢ︶ ᠤᠨ ᠬᠤᠭᠤᠷᠣᠨᠳᠣᠬᠢ | ᠬᠠᠮᠲᠤᠷᠠᠨ ᠬᠥᠳᠡᠯᠦᠯᠴᠡᠬᠦ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠭᠤᠣᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠲᠤᠰᠬᠠᠢ | ᠠᠵᠢᠯᠯᠠᠭ᠎ᠠ ᠶᠢ ᠡᠷᠬᠢᠯᠡᠨ ᠰᠤᠳᠤᠯᠤᠨ ᠪᠠᠶᠢᠷᠢᠯᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠢ ᠠᠬᠢᠭᠤᠯᠬᠤ ᠶᠠᠪᠤᠴᠠ ᠳᠠᠬᠢ ᠪᠦᠬᠦ ᠲᠡᠯ᠎ᠠ ᠶᠢᠨ ᠴᠢᠨᠡᠷ ᠳᠤ ᠬᠤᠯᠪᠣᠭᠳᠠᠭᠰᠠᠨ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠨ᠎ᠡ︔ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠬᠢᠨᠠᠯᠲᠠ ᠲᠠᠯᠪᠢᠵᠤ ᠬᠢᠨᠠᠨ ᠰᠢᠯᠭᠠᠬᠤ ᠪᠠ ᠤᠷᠮᠠᠰᠢᠭᠤᠯᠤᠨ ᠵᠣᠷᠢᠭᠵᠢᠭᠤᠯᠵᠤ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠵᠣᠬᠢᠶᠠᠨ ᠪᠠᠶᠢᠭᠤᠯᠤᠨ ᠬᠢᠨᠠᠨ ᠵᠢᠯᠣᠭᠤᠳᠴᠤ ᠨᠠᠶᠢᠳᠠᠪᠤᠷᠢᠵᠢᠭᠤᠯᠤᠨ᠎ᠠ︔ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠰᠢᠰᠲ᠋ᠧᠮ ᠤᠨ ᠬᠥᠳᠡᠯᠦᠩᠭᠦᠢ ᠬᠠᠮᠢᠶᠠᠷᠤᠯᠲᠠ ᠶᠢ ᠬᠢᠨᠠᠨ ᠵᠢᠯᠣᠭᠤᠳᠴᠤ᠂ | ᠴᠠᠭ ᠲᠤᠬᠠᠢ ᠳᠤᠨᠢ ᠨᠡᠶᠢᠭᠡᠮ ᠳᠤ ᠵᠠᠷᠯᠠᠨ ᠨᠡᠶᠢᠲᠡᠯᠡᠨ᠎ᠡ︔ ᠳᠡᠭᠡᠳᠦ ᠱᠠᠲᠤᠨ ᠤ ᠭᠤᠣᠯ ᠮᠥᠷᠡᠨ ᠤ ᠶᠡᠷᠦᠩᠬᠡᠶ | ᠳᠠᠷᠤᠭ᠎ᠠ ᠶᠢᠨ ᠲᠤᠰᠢᠶᠠᠭᠰᠠᠨ ᠡᠭᠦᠷᠭᠡ ᠶᠢ ᠪᠡᠶᠡᠯᠡᠭᠦᠯᠦᠨ᠎ᠡ᠃ | ᠶᠢᠰᠦᠳᠦᠭᠡᠷ ᠵᠦᠢᠯ ᠮᠤᠵᠢ ᠶᠢᠨ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ | ᠳᠠᠷᠤᠭ᠎ᠠ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ︽ᠨᠢᠭᠡ ᠭᠤᠣᠯ ︵ᠨᠠᠭᠤᠷ︶ ᠳᠤ ᠨᠢᠭᠡ | ᠪᠤᠳᠤᠯᠭ᠎ᠠ︾ ᠶᠢᠨ ᠲᠥᠰᠦᠯ ᠢ ᠬᠢᠨᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠠᠷᠠᠭᠠᠯᠵᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠲᠤᠪᠤᠶᠢᠢᠮ᠎ᠠ ᠠᠰᠠᠭᠤᠳᠠᠯ ᠢ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠠᠭᠠᠯᠵᠠᠭᠰᠠᠨ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠶᠳᠪᠦᠷᠢᠯᠡᠨ᠎ᠡ᠃ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠳᠡᠭᠡᠳᠦ ᠳᠤᠤᠷᠠᠳᠤ ᠤᠷᠤᠰᠬᠠᠯ᠂ | ᠵᠡᠭᠦᠨ ᠪᠠᠷᠠᠭᠤᠨ ᠬᠦᠪᠡᠭᠡ᠂ ᠭᠤᠣᠯ ᠤᠷᠤᠰᠬᠠᠯ᠂ ᠰᠠᠯᠪᠤᠷᠢ ᠤᠷᠤᠰᠬᠠᠯ ᠤᠨ ᠭᠠᠵᠠᠷ ᠣᠷᠣᠨ ᠤ ᠬᠠᠮᠢᠶᠠᠷᠤᠯᠲᠠ ᠪᠠ | ᠬᠠᠮᠠᠭᠠᠯᠠᠯᠲᠠ ᠶᠢᠨ ᠡᠭᠦᠷᠭᠡ ᠶᠢ ᠲᠣᠳᠣᠷᠬᠠᠢ ᠪᠣᠯᠭᠠᠵᠤ᠂ ᠰᠠᠪᠠ ᠭᠠᠵᠠᠷ ᠢ ᠨᠢᠭᠡᠳᠦᠯᠲᠡᠢ ᠲᠥᠯᠥᠪᠵᠢᠭᠦᠯᠦᠭᠰᠡᠨ᠂ | ᠣᠷᠣᠨ ᠪᠦᠰᠡ ᠬᠠᠮᠵᠢᠯᠴᠠᠭᠰᠠᠨ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠭᠰᠡᠨ ᠭᠤᠣᠯ ᠮᠥᠷᠡᠨ ᠨᠠᠭᠤᠷ | ᠴᠥᠭᠦᠷᠥᠮ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ︔ | ᠮᠤᠵᠢ ᠶᠢᠨ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ︵ᠨᠢᠭᠡᠴᠢ︶ ᠪᠣᠯᠤᠨ ᠳᠣᠤᠷ᠎ᠠ ᠨᠢᠭᠡ ᠱᠠᠲᠤᠨ ᠤ ᠭᠤᠤᠯ | ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ | ᠪᠠᠶᠢᠳᠠᠯ ᠢ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠵᠤ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠬᠢᠨᠠᠨ | ᠰᠢᠯᠭᠠᠨ᠎ᠠ︔ ᠮᠤᠵᠢ ᠶᠢᠨ ᠱᠠᠲᠤᠨ ᠤ ᠶᠡᠷᠦᠩᠬᠡᠶ ᠭᠤᠣᠯ ᠮᠥᠷᠡᠨ ᠤ ᠳᠠᠷᠤᠭ᠎ᠠ ᠶᠢᠨ ᠲᠤᠰᠢᠶᠠᠭᠰᠠᠨ ᠡᠭᠦᠷᠭᠡ ᠶᠢ | ᠪᠡᠶᠡᠯᠡᠭᠦᠯᠦᠨ᠎ᠡ᠃ | ᠠᠷᠪᠠᠳᠤᠭᠠᠷ ᠵᠦᠢᠯ ᠬᠤᠲᠠ᠂ ᠰᠢᠶᠠᠨ ᠤ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ | ᠴᠦᠬᠦᠷᠦᠮ ᠤᠨ ᠳᠠᠷᠤᠭ᠎ᠠ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠤᠤᠯ | ᠪᠣᠯᠤᠨ ᠨᠠᠭᠤᠷ ᠢ ᠲᠣᠭᠤᠷᠢᠨ ᠪᠠᠶᠢᠴᠠᠭᠠᠵᠤ᠂ ᠬᠠᠷᠠᠭᠠᠯᠵᠠᠭᠰᠠᠨ ᠭᠤᠤᠯ ᠪᠣᠯᠤᠨ ᠨᠠᠭᠤᠷ ᠤᠨ ︽ᠨᠢᠭᠡ | ᠭᠤᠤᠯ ︵ᠨᠠᠭᠤᠷ︶ ᠳᠤ ᠨᠢᠭᠡ ᠪᠣᠳᠣᠯᠭ᠎ᠠ︾ ᠶᠢᠨ ᠲᠥᠰᠦᠯ ᠢ ᠬᠡᠷᠡᠭᠵᠢᠭᠦᠯᠬᠦ ᠪᠤᠶᠤ ᠨᠠᠷᠢᠯᠢᠬᠵᠢᠭᠤᠯᠤᠨ ᠬᠡᠷᠡᠭᠵᠢᠭᠦᠯᠬᠦ | ᠲᠥᠰᠦᠯ ᠢ ᠬᠢᠨᠠᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠬᠠᠷᠠᠭᠠᠯᠵᠠᠭᠰᠠᠨ ᠭᠤᠤᠯ ᠪᠣᠯᠤᠨ ᠨᠠᠭᠤᠷ ᠤᠨ | ᠲᠣᠪᠤᠶᠢᠮ᠎ᠠ ᠠᠰᠠᠭᠤᠳᠠᠯ ᠢ ᠲᠤᠰᠬᠠᠶ ᠵᠠᠰᠠᠬᠤ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ︔ ᠬᠠᠮᠢᠶ᠎ᠠ ᠪᠥᠬᠦᠶ ᠰᠠᠯᠠᠭ᠎ᠠ ᠮᠥᠴᠢᠷ ︵ᠨᠢᠭᠡᠴᠢ︶ ᠢ ᠵᠣᠬᠢᠴᠠᠭᠤᠯᠤᠨ ᠰᠢᠮᠳᠠᠭᠤᠯᠵᠤ | ᠪᠠᠶᠢᠭᠠᠳ ᠬᠠᠷᠠᠭᠠᠯᠵᠠᠭᠰᠠᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠪᠠ | ᠵᠠᠰᠠᠯᠲᠠ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ | ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ︔ ᠬᠠᠷᠠᠭᠠᠯᠵᠠᠭᠰᠠᠨ ᠭᠤᠤᠯ ᠮᠥᠷᠡᠨ | ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠣᠤᠷ᠎ᠠ | ᠨᠢᠭᠡ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠵᠢᠴᠢ ᠲᠣᠰ ᠱᠠᠲᠤᠨ ᠤ ᠬᠠᠮᠢᠶ᠎ᠠ | ᠪᠥᠬᠦᠶ ᠰᠠᠯᠠᠭ᠎ᠠ ᠮᠥᠴᠢᠷ ︵ᠨᠢᠭᠡᠴᠢ︶ ᠤᠨ ᠭᠤᠤᠯ ᠮᠥᠷᠡᠨ ᠨᠠᠭᠤᠷ ᠴᠥᠭᠦᠷᠥᠮ ᠳᠤ ᠢᠯᠡᠷᠡᠭᠰᠡᠨ ᠠᠰᠠᠭᠤᠳᠠᠯ ᠢ | ᠰᠢᠶᠳᠪᠦᠷᠢᠯᠡᠬᠦ ᠪᠠ ᠰᠢᠶᠳᠪᠦᠷᠢᠯᠡᠬᠦ ᠶᠢ ᠰᠢᠮᠳᠠᠭᠤᠯᠵᠤ᠂ ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ︔ ᠲᠣᠰ ᠱᠠᠲᠤᠨ ᠤ ᠬᠠᠮᠢᠶ᠎ᠠ ᠪᠥᠬᠦᠶ | ᠰᠠᠯᠠᠭ᠎ᠠ ᠮᠥᠴᠢᠷ ︵ᠨᠢᠭᠡᠴᠢ︶ ᠪᠠ ᠳᠣᠤᠷ᠎ᠠ ᠨᠢᠭᠡ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ | ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠳᠤ ᠬᠢᠨᠠᠨ ᠵᠢᠯᠣᠭᠤᠳᠣᠯᠭ᠎ᠠ ᠬᠢᠬᠦ ᠂ | ᠣᠨ ᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠬᠢᠨᠠᠯᠲᠠ ᠬᠢᠨ᠎ᠠ︔ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠪᠠ ᠬᠠᠮᠠᠭᠠᠯᠠᠯᠲᠠ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠶᠠᠨ ᠪᠠᠶᠢᠭᠤᠯᠤᠨ | ᠰᠤᠳᠤᠯᠵᠤ ᠰᠢᠶᠳᠪᠦᠷᠢᠯᠡᠨ᠎ᠡ᠃ ᠳᠡᠭᠡᠳᠦ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ | ᠵᠢᠴᠢ ᠲᠤᠰ ᠱᠠᠲᠤᠨ ᠤ ᠭᠤᠣᠯ ᠮᠥᠷᠡᠨ ᠤ ᠶᠡᠷᠦᠩᠬᠡᠶ ᠳᠠᠷᠤᠭ᠎ᠠ ᠶᠢᠨ ᠲᠤᠰᠢᠶᠠᠭᠰᠠᠨ ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠨᠢᠭᠡᠳᠦᠭᠡᠷ ᠵᠦᠢᠯ ᠰᠢᠶᠠᠩ ᠤᠨ ᠱᠠᠲᠤᠨ ᠤ ᠭᠤᠣᠯ ᠤᠨ ᠳᠠᠷᠤᠭ᠎ᠠ ᠨᠠᠭᠤᠷ ᠤᠨ ᠳᠠᠷᠤᠭ᠎ᠠ | ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠯᠲᠠ ᠬᠢᠵᠦ᠂ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠢ ᠴᠠᠭ ᠲᠤᠬᠠᠢ ᠳᠤᠨᠢ | ᠬᠤᠯᠪᠣᠭᠳᠠᠯ ᠪᠦᠬᠦᠢ ᠳᠡᠭᠡᠳᠦ ᠱᠠᠲᠤᠨ ᠤ ᠭᠤᠣᠯ ᠤᠨ ᠳᠠᠷᠤᠭ᠎ᠠ ᠨᠠᠭᠤᠷ ᠤᠨ ᠳᠠᠷᠤᠭ᠎ᠠ ᠪᠤᠶᠤ ᠭᠤᠣᠯ ᠤᠨ | ᠳᠠᠷᠤᠭ᠎ᠠ ᠶᠢᠨ ᠳᠦᠷᠢᠮᠲᠦ ᠠᠯᠪᠡᠠ ᠭᠡᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶ ᠳᠤ ᠮᠡᠳᠡᠭᠦᠯᠬᠦ | ᠬᠡᠷᠡᠭᠲᠡᠢ᠃ ᠭᠤᠤᠯ ᠮᠥᠷᠡᠨ ᠨᠠᠭᠤᠷ ᠴᠥᠭᠦᠷᠥᠮ ᠢ ᠡᠳᠦᠷ ᠲᠤᠲᠤᠮ ᠠᠷᠢᠭᠤᠨ ᠴᠡᠪᠡᠷ ᠪᠠᠶᠢᠯᠭᠠᠬᠤ ᠵᠡᠷᠭᠡ ᠶᠢ | ᠥᠷᠨᠢᠭᠦᠯᠵᠦ᠂ ᠳᠡᠭᠡᠳᠦ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ᠂ ᠬᠤᠯᠪᠣᠭᠳᠠᠯ | ᠪᠥᠬᠦᠶ ᠰᠠᠯᠠᠭ᠎ᠠ ᠮᠥᠴᠢᠷ ︵ᠨᠢᠭᠡᠴᠢ︶ ᠲᠠᠢ ᠬᠠᠮᠵᠢᠯᠴᠠᠨ ᠭᠤᠤᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ | ᠢᠯᠭᠠᠷᠠᠭᠤᠯᠤᠨ ᠴᠡᠭᠴᠡᠯᠡᠬᠦ ᠪᠤᠶᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ︔ ᠳᠡᠭᠡᠳᠦ ᠱᠠᠲᠤᠨ ᠤ | ᠭᠤᠣᠯ ᠤᠨ ᠳᠠᠷᠤᠭ᠎ᠠ᠂ ᠨᠠᠭᠤᠷ ᠤᠨ ᠳᠠᠷᠤᠭ᠎ᠠ ᠶᠢᠨ ᠲᠤᠰᠢᠶᠠᠭᠰᠠᠨ ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠬᠤᠶᠠᠳᠤᠭᠠᠷ ᠵᠦᠢᠯ ᠲᠣᠰᠬᠤᠨ ᠤ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ | ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ | ᠵᠣᠬᠢᠶᠠᠨ ᠪᠠᠶᠢᠭᠤᠯᠤᠨ ᠲᠣᠭᠲᠠᠭᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠳᠦᠷ ᠲᠤᠳᠤᠮ ᠤᠨ ᠲᠣᠭᠤᠷᠢᠨ | ᠪᠠᠶᠢᠴᠠᠭᠠᠯᠲᠠ ᠶᠢ ᠥᠷᠨᠢᠭᠦᠯᠵᠦ᠂ ᠢᠯᠡᠷᠡᠭᠦᠯᠦᠭᠰᠡᠨ ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠵᠤ᠂ | ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠢ ᠴᠠᠭ ᠲᠤᠬᠠᠢ ᠳᠤᠨᠢ ᠬᠤᠯᠪᠣᠭᠳᠠᠯ ᠪᠦᠬᠦᠢ ᠳᠡᠭᠡᠳᠦ ᠱᠠᠲᠤᠨ ᠤ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠪᠤᠶᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮᠲᠦ ᠠᠯᠪᠡᠠ ᠭᠡᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶ ᠲᠤ ᠮᠡᠳᠡᠭᠦᠯᠬᠦ ᠬᠡᠷᠡᠭᠲᠡᠢ︔ ᠳᠡᠭᠡᠳᠦ | ᠱᠠᠲᠤᠨ ᠤ ᠭᠤᠣᠯ ᠤᠨ ᠳᠠᠷᠤᠭ᠎ᠠ᠂ ᠨᠠᠭᠤᠷ ᠤᠨ ᠳᠠᠷᠤᠭ᠎ᠠ ᠶᠢᠨ ᠲᠤᠰᠢᠶᠠᠭᠰᠠᠨ ᠡᠭᠦᠷᠭᠡ ᠶᠢ ᠪᠡᠶᠡᠯᠡᠭᠦᠯᠦᠨ᠎ᠡ᠃ | ᠳᠥᠷᠪᠡᠳᠦᠭᠡᠷ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ | ᠨᠢᠭᠡᠳᠦᠭᠡᠷ ᠬᠡᠰᠡᠭ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ | ᠠᠷᠪᠠᠨ ᠭᠤᠷᠪᠠᠳᠤᠭᠠᠷ ᠵᠦᠢᠯ ᠵᠡᠷᠦᠩᠬᠡᠢ ᠭᠤᠣᠯ ᠮᠥᠷᠡᠨ ᠤ ᠳᠠᠷᠤᠭ᠎ᠠ ᠲᠦᠷᠦᠭᠦᠯᠡᠨ ᠪᠦᠬᠦ ᠨᠠᠮ | ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢᠶᠠᠷ ᠭᠤᠣᠯ ᠪᠣᠯᠭᠠᠭᠰᠠᠨ ᠬᠠᠷᠢᠭᠤᠴᠠᠯᠭ᠎ᠠ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠤᠳᠤᠷᠢᠳᠬᠤ ᠲᠣᠭᠲᠠᠴᠠ ᠶᠢ ᠪᠠᠶᠢᠭᠤᠯᠤᠨ᠎ᠠ︔ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠡᠷᠬᠢᠯᠡᠨ ᠰᠤᠳᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ | ᠬᠠᠮᠠᠭᠠᠯᠠᠯᠲᠠ ᠶᠢᠨ ᠳᠤᠮᠳᠠᠬᠢ ᠴᠢᠬᠤᠯᠠ ᠶᠡᠭᠡ ᠵᠦᠢᠯᠡᠰ᠂ ᠴᠢᠬᠤᠯᠠ ᠳᠦᠷᠢᠮ᠂ ᠭᠤᠣᠯᠳᠠᠯᠭ᠎ᠠ ᠲᠠᠢ ᠡᠭᠦᠷᠭᠡ ᠶᠢ | ᠡᠷᠬᠢᠯᠡᠨ ᠬᠢᠨᠠᠨ ᠶᠠᠷᠢᠯᠴᠠᠨ᠎ᠠ᠃ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠡᠷᠦᠩᠬᠡᠶ | ᠭᠤᠣᠯ ᠮᠥᠷᠡᠨ ᠤ ᠳᠠᠷᠤᠭ᠎ᠠ ᠨᠠᠷ ᠤᠨ ᠬᠤᠷᠠᠯ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮᠲᠦ | ᠠᠵᠢᠯ ᠤᠨ ᠬᠤᠷᠠᠯᠳᠤᠭᠠᠨ ᠪᠤᠶᠤ ᠭᠠᠷ ᠤᠨ ᠦᠰᠦᠭ ᠵᠢᠷᠤᠵᠤ ᠣᠯᠭᠤᠭᠰᠠᠨ ᠪᠢᠴᠢᠭ ᠮᠠᠲ᠋ᠧᠷᠢᠶᠠᠯ ᠤᠨ | ᠪᠠᠶᠢᠷᠢᠯᠠᠭᠤᠯᠤᠯᠲᠠ ᠪᠠᠷ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠵᠤ᠂ ᠶᠡᠷᠦᠩᠬᠡᠶ ᠭᠤᠣᠯ ᠮᠥᠷᠡᠨ ᠤ ᠳᠠᠷᠤᠭ᠎ᠠ ᠶᠢᠨ | ᠵᠠᠷᠯᠢᠭ ᠢᠶᠠᠷ ᠭᠤᠣᠯ ᠮᠥᠷᠡᠨ ᠨᠠᠭᠤᠷ ᠴᠥᠭᠦᠷᠥᠮ ᠤᠨ ᠲᠤᠪᠤᠶᠢᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ | ᠵᠠᠰᠠᠬᠤ ᠠᠵᠢᠯᠯᠠᠭ᠎ᠠ ᠶᠢ ᠪᠠᠶᠢᠷᠢᠯᠠᠭᠤᠯᠤᠨ ᠦᠷᠨᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠮᠤᠵᠢ ᠶᠢᠨ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ | ᠴᠥᠭᠦᠷᠥᠮ ᠤᠨ ᠳᠠᠷᠤᠭ᠎ᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠯᠪᠣᠭᠳᠠᠯ ᠪᠦᠬᠦᠢ ᠭᠤᠣᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ | ᠳᠦᠷᠢᠮ ᠢ ᠲᠣᠯᠤᠭᠠᠶᠢᠢᠯᠠᠨ ᠪᠠᠶᠢᠭᠤᠯᠤᠨ᠎ᠠ᠃ ᠭᠤᠣᠯ ᠮᠥᠷᠡᠨ ᠤ ᠳᠠᠷᠤᠭ᠎ᠠ ᠨᠠᠷ ᠤᠨ ᠬᠤᠷᠠᠯ ᠪᠤᠶᠤ ᠲᠤᠰᠬᠠᠶ | ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠪᠠ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠰᠤᠳᠤᠯᠤᠨ ᠨᠠᠶᠢᠳᠠᠪᠤᠷᠢᠵᠢᠭᠤᠯᠵᠤ᠂ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ | ᠬᠠᠮᠠᠭᠠᠯᠠᠯᠲᠠ ᠶᠢᠨ ᠲᠥᠰᠦᠯ ᠢ ᠬᠢᠨᠠᠨ ᠶᠠᠷᠢᠯᠴᠠᠵᠤ᠂ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠪᠠ ᠬᠠᠮᠠᠭᠠᠯᠠᠯᠲᠠ ᠶᠢᠨ ᠡᠭᠦᠷᠭᠡ ᠶᠢ ᠵᠣᠬᠢᠴᠠᠭᠤᠯᠵᠤ᠂ ᠣᠨ ᠤ ᠭᠤᠣᠯᠳᠠᠯᠭ᠎ᠠ ᠲᠠᠢ ᠡᠭᠦᠷᠭᠡ ᠶᠢ | ᠲᠣᠬᠢᠷᠠᠭᠤᠯᠤᠨ᠎ᠠ᠃ ᠲᠣᠰ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ᠂ ᠬᠤᠯᠪᠣᠭᠳᠠᠯ | ᠪᠥᠬᠦᠶ ᠰᠠᠯᠠᠭ᠎ᠠ ᠮᠥᠴᠢᠷ ︵ᠨᠢᠭᠡᠴᠢ︶᠂ ᠳᠣᠤᠷᠠᠳᠤ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ | ᠴᠦᠬᠦᠷᠦᠮ ᠤᠨ ᠳᠠᠷᠤᠭ᠎ᠠ ᠶᠢᠨ ᠬᠠᠷᠠᠭᠠᠯᠵᠠᠭᠰᠠᠨ ᠭᠤᠤᠯ ᠮᠥᠷᠡᠨ ᠤ ᠬᠠᠮᠢᠶᠠᠷᠤᠯᠲᠠ ᠪᠠ ᠬᠠᠮᠠᠭᠠᠯᠠᠯᠲᠠ ᠶᠢᠨ ᠡᠭᠦᠷᠭᠡ | ᠬᠠᠷᠢᠭᠤᠴᠠᠯᠭ᠎ᠠ ᠶᠢ ᠭᠦᠶᠴᠡᠳᠬᠡᠬᠦ ᠶᠢ ᠵᠢᠯᠣᠭᠤᠳᠤᠨ ᠰᠢᠮᠳᠠᠭᠤᠯᠤᠨ᠎ᠠ᠃ ᠬᠠᠷᠠᠭᠠᠯᠵᠠᠭᠰᠠᠨ ᠭᠤᠣᠯ ᠮᠥᠷᠡᠨ ᠨᠠᠭᠤᠷ | ᠴᠥᠭᠦᠷᠥᠮ ᠢ ᠰᠠᠪᠠ ᠭᠠᠵᠠᠷ ᠤᠨ ᠬᠠᠮᠢᠶᠠᠷᠬᠤ ᠪᠠᠶᠢᠢᠭᠤᠯᠤᠮᠵᠢ ᠰᠢᠭᠤᠳ ᠬᠠᠮᠢᠶᠠᠷᠴᠤ ᠪᠠᠶᠢᠪᠠᠯ᠂ ᠰᠠᠪᠠ ᠭᠠᠵᠠᠷ ᠤᠨ | ᠬᠠᠮᠢᠶᠠᠷᠬᠤ ᠪᠠᠶᠢᠢᠭᠤᠯᠤᠮᠵᠢ ᠬᠠᠷᠢᠭᠤᠴᠠᠯᠭᠠᠲᠠᠨ ᠨᠤᠭᠤᠳ ᠪᠤᠶᠤ ᠲᠡᠭᠦᠨ ᠤ ᠬᠠᠷᠢᠶᠠᠲᠤ ᠮᠤᠵᠢ ᠶᠢᠨ ᠱᠠᠲᠤᠨ ᠤ | ᠬᠠᠮᠢᠶᠠᠷᠬᠤ ᠪᠠᠶᠢᠢᠭᠤᠯᠤᠮᠵᠢ ᠬᠠᠷᠢᠭᠤᠴᠠᠯᠭᠠᠲᠠᠨ ᠨᠤᠭᠤᠳ ᠪᠦᠷᠢᠯᠳᠦᠬᠦᠨ ᠤ ᠬᠤᠪᠢ ᠪᠠᠷ ᠵᠣᠬᠢᠴᠠᠭᠤᠯᠬᠤ | ᠲᠣᠭᠲᠠᠴᠠ ᠳᠤ ᠣᠷᠣᠯᠴᠠᠨ᠎ᠠ᠃ | ᠠᠷᠪᠠᠨ ᠲᠠᠪᠤᠳᠤᠭᠠᠷ ᠵᠦᠢᠯ ᠬᠤᠲᠠ᠂ ᠰᠢᠶᠠᠨ ᠤ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ | ᠴᠦᠬᠦᠷᠦᠮ ᠤᠨ ᠳᠠᠷᠤᠭ᠎ᠠ ᠲᠦᠷᠦᠭᠦᠯᠡᠨ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ | ᠪᠠ ᠬᠠᠮᠠᠭᠠᠯᠠᠯᠲᠠ ᠶᠢᠨ ᠡᠭᠦᠷᠭᠡ ᠶᠢ ᠵᠣᠬᠢᠶᠠᠨ ᠪᠠᠶᠢᠭᠤᠯᠤᠨ ᠨᠠᠷᠢᠯᠢᠬᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ | ᠰᠠᠯᠠᠭ᠎ᠠ ᠮᠥᠴᠢᠷ ︵ᠨᠢᠭᠡᠴᠢ︶ ᠲᠤ ᠬᠤᠪᠢᠶᠠᠨ ᠨᠠᠶᠢᠳᠠᠪᠤᠷᠢᠵᠢᠭᠤᠯᠤᠨ᠎ᠠ᠃ ᠲᠣᠰ ᠱᠠᠲᠤᠨ ᠤ ᠭᠤᠤᠯ ᠤᠨ | ᠳᠠᠷᠤᠭ᠎ᠠ ᠶᠢᠨ ᠳᠦᠷᠢᠮᠲᠦ ᠠᠯᠪᠡᠠ ᠭᠡᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠢ︶᠂ ᠳᠣᠤᠷᠠᠳᠤ | ᠱᠠᠲᠤᠨ ᠤ ᠭᠤᠤᠯ ᠤᠨ ᠳᠠᠷᠤᠭ᠎ᠠ ᠨᠠᠭᠤᠷ ᠤᠨ ᠳᠠᠷᠤᠭ᠎ᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠵᠣᠬᠢᠴᠠᠩᠭᠤᠶ | ᠭᠤᠤᠯ ᠬᠢᠭᠡᠳ ᠨᠠᠭᠤᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ ᠥᠷᠨᠢᠭᠦᠯᠦᠨ᠎ᠡ᠃ ᠬᠠᠷᠠᠭᠠᠯᠵᠠᠭᠰᠠᠨ | ᠭᠤᠣᠯ ᠮᠥᠷᠡᠨ ᠨᠠᠭᠤᠷ ᠴᠥᠭᠦᠷᠥᠮ ᠢ ᠰᠠᠪᠠ ᠭᠠᠵᠠᠷ ᠤᠨ ᠬᠠᠮᠢᠶᠠᠷᠬᠤ ᠪᠠᠶᠢᠢᠭᠤᠯᠤᠮᠵᠢ ᠰᠢᠭᠤᠳ ᠬᠠᠮᠢᠶᠠᠷᠴᠤ | ᠪᠠᠶᠢᠪᠠᠯ᠂ ᠰᠠᠪᠠ ᠭᠠᠵᠠᠷ ᠤᠨ ᠬᠠᠮᠢᠶᠠᠷᠬᠤ ᠪᠠᠶᠢᠢᠭᠤᠯᠤᠮᠵᠢ ᠶᠢᠨ ᠬᠠᠷᠢᠶᠠᠲᠤ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠶᠢᠨ ᠨᠢᠭᠡᠴᠢ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠮᠵᠢᠯᠴᠠᠬᠤ ᠪᠠᠨ | ᠴᠢᠩᠭᠠᠳᠬᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠰᠢᠶᠠᠩ ᠤᠨ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ ᠴᠦᠬᠦᠷᠦᠮ | ᠤᠨ ᠳᠠᠷᠤᠭ᠎ᠠ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠦᠬᠦᠷᠦᠮ ᠤᠨ ᠡᠳᠦᠷ ᠲᠤᠳᠤᠮ ᠤᠨ ᠲᠣᠭᠤᠷᠢᠨ | ᠪᠠᠶᠢᠴᠠᠭᠠᠬᠤ ᠪᠠ ᠬᠠᠮᠢᠶᠠᠷᠴᠤ ᠬᠠᠮᠠᠭᠠᠯᠠᠬᠤ ᠠᠵᠢᠯ ᠢ ᠤᠳᠤᠷᠢᠳᠴᠤ᠂ ᠲᠣᠰᠬᠤᠨ ᠤ ᠱᠠᠲᠤᠨ ᠤ ᠭᠤᠣᠯ ᠮᠥᠷᠡᠨ | ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠭᠤᠣᠯ ᠮᠥᠷᠡᠨ ᠨᠠᠭᠤᠷ ᠴᠦᠬᠦᠷᠦᠮ ᠢ ᠲᠣᠭᠤᠷᠢᠨ | ᠪᠠᠶᠢᠴᠠᠭᠠᠬᠤ ᠠᠵᠢᠯ ᠢ ᠥᠷᠨᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ | ᠬᠤᠶᠠᠳᠤᠭᠠᠷ ᠬᠡᠰᠡᠭ ᠭᠤᠣᠯ ᠮᠥᠷᠡᠨ ᠨᠠᠭᠤᠷ ᠴᠥᠭᠦᠷᠥᠮ ᠢ ᠪᠠᠶᠢᠴᠠᠭᠠᠵᠤ ᠰᠤᠳᠤᠯᠬᠤ ᠠᠵᠢᠯ ᠢ | ᠥᠷᠨᠢᠭᠦᠯᠦᠨ᠎ᠡ | ᠠᠷᠪᠠᠨ ᠳᠣᠯᠣᠳᠤᠭᠠᠷ ᠵᠦᠢᠯ ᠶᠡᠷᠦᠩᠬᠡᠶ ᠭᠤᠣᠯ ᠮᠥᠷᠡᠨ ᠤ ᠳᠠᠷᠤᠭ᠎ᠠ᠂ ᠡᠯ᠎ᠡ ᠱᠠᠲᠤᠨ ᠤ ᠭᠤᠣᠯ ᠮᠥᠷᠡᠨ ᠤ | ᠳᠠᠷᠤᠭ᠎ᠠ᠂ ᠨᠠᠭᠤᠷ ᠴᠦᠬᠦᠷᠦᠮ ᠤᠨ ᠳᠠᠷᠤᠭ᠎ᠠ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠭᠤᠣᠯ ᠮᠥᠷᠡᠨ ᠨᠠᠭᠤᠷ ᠴᠥᠭᠦᠷᠥᠮ ᠢ ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠵᠦ᠂ | ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠴᠢᠭᠢᠷᠠᠭ ᠤᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠭᠤᠣᠯ | ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠳᠤᠮᠳᠠᠬᠢ ᠠᠰᠠᠭᠤᠳᠠᠯ ᠢ ᠴᠠᠭ | ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠬᠦ ᠬᠡᠷᠡᠭᠲᠡᠶ᠃ | ᠵᠠᠷᠴᠢᠮ ᠳᠡᠭᠡᠷ᠎ᠡ ᠪᠠᠨ᠂ ᠶᠡᠷᠦᠩᠬᠡᠶ ᠭᠤᠤᠯ ᠤᠨ ᠲᠠᠷᠤᠭ᠎ᠠ ᠵᠢᠯ ᠪᠦᠷᠢ ᠠᠳᠠᠭ ᠲᠠᠭᠠᠨ ᠨᠢᠭᠡ ᠤᠳᠠᠭ᠎ᠠ | ᠪᠠᠶᠢᠢᠴᠠᠭᠠᠨ ᠰᠤᠳᠤᠯᠬᠤ ᠬᠡᠷᠡᠭᠲᠡᠢ᠃ ᠮᠤᠵᠢ ᠶᠢᠨ ᠱᠠᠲᠤᠨ ᠤ ᠭᠤᠤᠯ ᠤᠨ ᠲᠠᠷᠤᠭ᠎ᠠ ᠵᠢᠯ ᠪᠦᠷᠢ ᠠᠳᠠᠭ ᠲᠠᠭᠠᠨ 2 | ᠤᠳᠠᠭ᠎ᠠ ᠪᠠᠶᠢᠢᠴᠠᠭᠠᠨ᠂ ᠬᠤᠲᠠ ᠶᠢᠨ ᠱᠠᠲᠤᠨ ᠤ ᠭᠤᠤᠯ ᠤᠨ ᠲᠠᠷᠤᠭ᠎ᠠ ᠵᠢᠯ ᠪᠦᠷᠢ ᠠᠳᠠᠭ ᠲᠠᠭᠠᠨ 3 ᠤᠳᠠᠭ᠎ᠠ | ᠪᠠᠶᠢᠢᠴᠠᠭᠠᠵᠤ ︵ ᠠᠳᠠᠭ ᠲᠠᠭᠠᠨ ᠬᠠᠭᠠᠰ ᠵᠢᠯ ᠨᠢᠭᠡ ᠤᠳᠠᠭ᠎ᠠ ᠪᠠᠶᠢᠢᠴᠠᠭᠠᠵᠤ ᠬᠡᠷᠡᠭᠲᠡᠢ︶᠂ ᠰᠢᠶᠠᠨ ᠤ ᠱᠠᠲᠤᠨ ᠤ | ᠭᠤᠤᠯ ᠤᠨ ᠲᠠᠷᠤᠭ᠎ᠠ ᠤᠯᠠᠷᠢᠯ ᠪᠦᠷᠢ ᠨᠢᠭᠡ ᠤᠳᠠᠭ᠎ᠠ ᠪᠠᠶᠢᠢᠴᠠᠭᠠᠵᠤ᠂ ᠰᠢᠶᠠᠩ ᠤᠨ ᠱᠠᠲᠤᠨ ᠤ ᠭᠤᠤᠯ ᠤᠨ | ᠲᠠᠷᠤᠭ᠎ᠠ ᠰᠠᠷ᠎ᠠ ᠪᠦᠷᠢ ᠨᠢᠭᠡ ᠤᠳᠠᠭ᠎ᠠ ᠪᠠᠶᠢᠢᠴᠠᠭᠠᠵᠤ᠂ ᠲᠣᠰᠬᠤᠨ ᠤ ᠱᠠᠲᠤᠨ ᠤ ᠭᠤᠤᠯ ᠤᠨ ᠲᠠᠷᠤᠭ᠎ᠠ ᠭᠠᠷᠠᠭ | ᠪᠦᠷᠢ ᠨᠢᠭᠡ ᠤᠳᠠᠭ᠎ᠠ ᠪᠠᠶᠢᠢᠴᠠᠭᠠᠬᠤ ᠬᠡᠷᠡᠭᠲᠡᠢ᠃ ᠪᠣᠳᠠᠲᠠᠶ ᠱᠠᠭᠠᠷᠳᠠᠯᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ | ᠶᠡᠷᠦᠩᠬᠡᠶ ᠭᠤᠣᠯ ᠮᠥᠷᠡᠨ ᠤ ᠳᠠᠷᠤᠭ᠎ᠠ ᠠᠴᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠪᠳᠡᠯᠴᠡᠨ | ᠲᠣᠭᠲᠠᠭᠠᠨ᠎ᠠ᠃ | ᠠᠷᠪᠠᠨ ᠨᠠᠢᠮᠠᠳᠤᠭᠠᠷ ᠵᠦᠢᠯ ᠮᠤᠵᠢ᠂ ᠬᠤᠳᠠ᠂ ᠰᠢᠶᠠᠨ ᠤ ᠱᠠᠲᠤᠨ ᠤ ᠭᠤᠣᠯ ᠮᠥᠷᠡᠨ ᠤ ᠳᠠᠷᠤᠭ᠎ᠠ᠂ ᠨᠠᠭᠤᠷ | ᠴᠥᠭᠦᠷᠥᠮ ᠤᠨ ᠳᠠᠷᠤᠭ᠎ᠠ ᠭᠤᠣᠯ ᠮᠥᠷᠡᠨ ᠨᠠᠭᠤᠷ ᠴᠥᠭᠦᠷᠥᠮ ᠳᠤ ᠪᠠᠶᠢᠢᠴᠠᠭᠠᠨ ᠰᠤᠳᠤᠯᠤᠯᠲᠠ ᠬᠢᠬᠦ ᠳᠡᠭᠡᠨ | ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠲᠤᠬᠠᠢ ᠶᠢᠨ | ᠲᠠᠯᠠᠪᠤᠷ ᠲᠤ ᠠᠵᠢᠯᠯᠠᠨ᠂ ᠡᠯ᠎ᠡ ᠲᠠᠯ᠎ᠠ ᠶᠢᠨ ᠬᠢᠨ ᠤ ᠰᠠᠨᠠᠯ ᠢ ᠵᠦᠪᠳᠡᠯᠴᠡᠨ ᠨᠢᠭᠡᠳᠬᠡᠵᠦ᠂ ᠠᠰᠠᠭᠤᠳᠠᠯ ᠢ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠶᠢ ᠰᠤᠳᠤᠯᠵᠤ᠂ ᠠᠰᠠᠭᠤᠳᠠᠯ ᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠲᠣᠳᠣᠷᠬᠠᠶᠢᠯᠠᠵᠤ | ᠪᠣᠯᠤᠨ᠎ᠠ᠃ ᠪᠠᠶᠢᠴᠠᠭᠠᠨ ᠰᠤᠳᠤᠯᠬᠤ ᠠᠴᠠ ᠡᠮᠦᠨ᠎ᠡ᠂ ᠭᠤᠣᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ | ᠲᠤᠬᠢᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶ᠤᠷᠢᠳᠠᠪᠠᠷ ᠢᠯᠡ ᠪᠠᠷ ᠪᠠᠶᠢᠴᠠᠭᠠᠵᠤ | ᠨᠢᠭᠤᠴᠠ ᠪᠠᠷ ᠰᠤᠷᠪᠤᠯᠵᠢᠯᠠᠵᠤ᠂ ᠭᠤᠣᠯ ᠮᠥᠷᠡᠨ ᠨᠠᠭᠤᠷ ᠴᠥᠭᠦᠷᠥᠮ ᠳᠤ ᠣᠷᠣᠰᠢᠵᠤ ᠪᠠᠶᠢᠭ᠎ᠠ ᠳᠤᠪᠤᠶᠢᠢᠮᠠ | ᠠᠰᠠᠭᠤᠳᠠᠯ ᠢ ᠡᠵᠡᠮᠳᠡᠵᠦ᠂ ᠬᠤᠯᠪᠣᠭᠳᠠᠯ ᠪᠦᠬᠦᠢ ᠭᠠᠵᠠᠷ ᠣᠷᠣᠨ ᠤ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ | ᠴᠢᠬᠤᠯᠠ ᠶᠡᠭᠡ ᠠᠰᠠᠭᠤᠳᠠᠯ ᠢ ᠠᠰᠠᠭᠤᠵᠤ᠂ ᠦᠨᠳᠦᠰᠦᠨ ᠱᠠᠲᠤᠨ ᠤ ᠺᠠᠳ᠋ᠷ᠂ ᠠᠵᠢᠯᠳᠠᠨ ᠪᠣᠯᠤᠨ ᠤᠯᠠᠨ ᠲᠦᠮᠡᠨ ᠤ | ᠰᠠᠨᠠᠯ ᠢ ᠣᠶᠢᠯᠠᠭᠠᠵᠤ ᠪᠣᠯᠤᠨ᠎ᠠ᠃ | ᠠᠷᠪᠠ ᠶᠢᠰᠦᠳᠦᠭᠡᠷ ᠵᠦᠢᠯ ᠰᠢᠶᠠᠩ᠂ ᠲᠣᠰᠬᠤᠨ ᠤ ᠳᠡᠰ ᠤᠨ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠭᠤᠣᠯ ᠮᠥᠷᠡᠨ ᠨᠠᠭᠤᠷ ᠴᠥᠭᠦᠷᠥᠮ ᠳᠤ ᠲᠣᠭᠤᠷᠢᠨ ᠪᠠᠶᠢᠴᠠᠭᠠᠯᠲᠠ ᠬᠢᠬᠦ ᠳᠡᠭᠡᠨ ᠠᠰᠠᠭᠤᠳᠠᠯ ᠢ | ᠢᠯᠡᠷᠡᠭᠦᠯᠬᠦ ᠪᠠᠷ ᠤᠳᠤᠷᠢᠳᠤᠮᠵᠢ ᠪᠣᠯᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠣᠯᠠᠨᠲᠠᠶ ᠪᠠᠶᠢᠭ᠎ᠠ | ᠭᠤᠤᠯ ᠤᠨ ᠬᠡᠰᠡᠭ ︵ᠨᠠᠭᠤᠷ ᠤᠨ ᠬᠡᠰᠡᠭ︶ ᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠵᠤ᠂ ᠭᠤᠤᠯ ᠮᠥᠷᠡᠨ ᠨᠠᠭᠤᠷ | ᠴᠥᠭᠦᠷᠥᠮ ᠤᠨ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠵᠤ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ | ᠪᠠᠶᠢᠴᠠᠭᠠᠵᠤ᠂ ᠭᠤᠤᠯ ᠮᠥᠷᠡᠨ ᠨᠠᠭᠤᠷ ᠴᠥᠭᠦᠷᠥᠮ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠵᠤ᠂ | ᠰᠢᠶᠳᠪᠦᠷᠢᠯᠡᠵᠦ ᠳᠡᠶᠢᠯᠬᠦ ᠥᠬᠡᠶ ᠶᠢ ᠨᠢ ᠳᠡᠭᠡᠳᠦ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ | ᠳᠠᠷᠤᠭ᠎ᠠ ᠪᠤᠶᠤ ᠭᠤᠤᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ᠂ ᠬᠤᠯᠪᠣᠭᠳᠠᠯ ᠪᠥᠬᠦᠶ ᠰᠠᠯᠠᠭ᠎ᠠ | ᠮᠥᠴᠢᠷ ︵ᠨᠢᠭᠡᠴᠢ︶ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠬᠤᠷᠢᠳᠤᠭᠠᠷ ᠵᠦᠢᠯ ᠠᠰᠠᠭᠤᠳᠠᠯ ᠨᠡᠯᠢᠶᠡᠳ ᠤᠯᠠᠨ ᠪᠠᠶᠢᠭ᠎ᠠ ᠭᠤᠣᠯ ᠤᠨ ᠬᠡᠰᠡᠭ ︵ᠨᠠᠭᠤᠷ ᠤᠨ ᠬᠡᠰᠡᠭ︶ | ᠲᠤ ᠴᠢᠭᠯᠡᠭᠦᠯᠦᠨ᠂ ᠬᠤᠯᠪᠣᠭᠳᠠᠯ ᠪᠦᠬᠦᠢ ᠭᠤᠣᠯ ᠤᠨ ᠳᠠᠷᠤᠭ᠎ᠠ ᠨᠠᠭᠤᠷ ᠤᠨ ᠳᠠᠷᠤᠭ᠎ᠠ ᠨᠢ ᠲᠣᠭᠤᠷᠢᠨ ᠪᠠᠶᠢᠴᠠᠭᠠᠬᠤ | ᠤᠳᠠᠭ᠎ᠠ ᠪᠠᠨ ᠨᠡᠮᠡᠭᠳᠡᠬᠦᠯᠵᠦ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ | ᠵᠣᠬᠢᠴᠠᠭᠤᠯᠤᠨ ᠰᠢᠪᠠᠳᠠᠵᠤ ᠪᠠᠶᠢᠭᠠᠳ ᠰᠢᠶᠳᠪᠦᠷᠢᠯᠡᠬᠦ ᠬᠡᠷᠡᠭᠲᠡᠶ᠃ | ᠭᠤᠷᠪᠠᠳᠤᠭᠠᠷ ᠬᠡᠰᠡᠭ ᠲᠤᠪᠤᠶᠢᠢᠮ᠎ᠠ ᠠᠰᠠᠭᠤᠳᠠᠯ ᠢ ᠴᠡᠭᠴᠡᠯᠡᠨ ᠵᠠᠰᠠᠨ᠎ᠠ | ᠬᠤᠷᠢᠨ ᠨᠢᠭᠡᠳᠦᠭᠡᠷ ᠵᠦᠢᠯ ᠰᠢᠶᠠᠨ ᠤ ᠱᠠᠲᠤᠨ ᠤ ᠭᠤᠣᠯ ᠮᠥᠷᠡᠨ ᠤ ᠳᠠᠷᠤᠭ᠎ᠠ᠂ ᠨᠠᠭᠤᠷ ᠴᠦᠬᠦᠷᠦᠮ ᠤᠨ | ᠳᠠᠷᠤᠭ᠎ᠠ ᠬᠠᠮᠲᠤᠷᠠᠨ ᠭᠤᠣᠯ ᠮᠥᠷᠡᠨ ᠤ ᠬᠠᠷᠠᠭᠠᠯᠵᠠᠭᠰᠠᠨ ᠠᠰᠠᠭᠤᠳᠠᠯ ᠢ ᠥᠪᠡᠰᠦᠪᠡᠨ ᠪᠠᠶᠢᠴᠠᠭᠠᠵᠤ᠂ ᠥᠪᠡᠰᠦᠪᠡᠨ | ᠵᠠᠯᠠᠷᠠᠭᠤᠯᠬᠤ ᠠᠵᠢᠯ ᠢ ᠥᠷᠨᠢᠭᠦᠯᠵᠦ᠂ ᠮᠤᠵᠢ᠂ ᠬᠤᠳᠠ ᠶᠢᠨ ᠱᠠᠲᠤᠨ ᠤ ᠭᠤᠣᠯ ᠮᠥᠷᠡᠨ ᠤ ᠳᠠᠷᠤᠭ᠎ᠠ᠂ ᠨᠠᠭᠤᠷ | ᠴᠦᠬᠦᠷᠦᠮ ᠤᠨ ᠳᠠᠷᠤᠭ᠎ᠠ ᠬᠠᠮᠲᠤᠷᠠᠨ ᠭᠤᠣᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ ᠵᠣᠬᠢᠶᠠᠨ | ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶ ᠨᠢ ᠰᠣᠩᠭᠤᠨ ᠪᠠᠶᠢᠴᠠᠭᠠᠬᠤ ᠪᠠᠨ ᠴᠢᠩᠭᠠᠳᠬᠠᠵᠤ᠂ | ᠠᠰᠠᠭᠤᠳᠠᠯ ᠤᠨ ᠰᠠᠭᠤᠷᠢ ᠲᠤᠭ᠎ᠠ ᠶᠢ ᠪᠠᠶᠢᠴᠠᠭᠠᠨ ᠲᠤᠳᠤᠯᠠᠵᠤ᠂ ᠠᠰᠠᠭᠤᠳᠠᠯ ᠤᠨ ᠡᠭᠡ ᠲᠠᠩᠰᠠ ᠶᠢ ᠪᠠᠶᠢᠭᠤᠯᠤᠨ᠎ᠠ᠃ | ᠰᠢᠶᠠᠩ᠂ ᠲᠣᠰᠬᠤᠨ ᠤ ᠲᠠᠰ ᠤᠨ ᠭᠤᠤᠯ ᠮᠥᠷᠡᠨ ᠤ ᠳᠠᠷᠤᠭ᠎ᠠ᠂ ᠨᠠᠭᠤᠷ ᠴᠦᠬᠦᠷᠦᠮ ᠤᠨ ᠳᠠᠷᠤᠭ᠎ᠠ ᠡᠳᠦᠷ | ᠲᠤᠲᠤᠮ ᠤᠨ ᠲᠣᠭᠤᠷᠢᠨ ᠪᠠᠶᠢᠴᠠᠭᠠᠬᠤ ᠭᠤᠤᠯ ᠮᠥᠷᠡᠨ ᠲᠠᠢ ᠤᠶᠠᠯᠳᠤᠭᠤᠯᠤᠨ᠂ ᠲᠣᠭᠤᠷᠢᠨ ᠪᠠᠶᠢᠴᠠᠭᠠᠭᠠᠳ | ᠢᠯᠡᠷᠡᠭᠦᠯᠦᠭᠰᠡᠨ ᠠᠰᠠᠭᠤᠳᠠᠯ ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠭᠤᠤᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ᠂ ᠬᠤᠯᠪᠣᠭᠳᠠᠯ | ᠪᠥᠬᠦᠶ ᠰᠠᠯᠠᠭ᠎ᠠ ᠮᠥᠴᠢᠷ ︵ᠨᠢᠭᠡᠴᠢ︶ ᠠᠴᠠ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠪᠥᠭᠡᠳ | ᠰᠢᠶᠳᠪᠦᠷᠢᠯᠡᠭᠦᠯᠬᠦ ᠪᠠᠷ ᠳᠡᠪᠰᠢᠭᠦᠯᠦᠭᠰᠡᠨ ᠲᠡᠳᠡᠭᠡᠷ ᠭᠤᠤᠯ ᠮᠥᠷᠡᠨ ᠨᠠᠭᠤᠷ ᠴᠥᠭᠦᠷᠥᠮ ᠤᠨ ᠲᠣᠪᠤᠶᠢᠮ᠎ᠠ | ᠠᠰᠠᠭᠤᠳᠠᠯ ᠳᠤ᠂ ᠶᠡᠷᠦᠩᠬᠡᠶ ᠭᠤᠤᠯ ᠮᠥᠷᠡᠨ ᠤ ᠳᠠᠷᠤᠭ᠎ᠠ ᠪᠤᠶᠤ ᠰᠢᠶᠠᠨ ᠤ ᠱᠠᠲᠤ ᠵᠢᠴᠢ ᠰᠢᠶᠠᠨ ᠠᠴᠠ ᠳᠡᠭᠡᠭᠰᠢᠬᠢ | ᠭᠤᠤᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠠᠴᠠ ᠵᠣᠬᠢᠶᠠᠨ ᠪᠠᠶᠢᠭᠤᠯᠵᠤ ᠲᠥᠪᠯᠡᠷᠡᠭᠦᠯᠦᠨ | ᠲᠤᠰᠢᠶᠠᠨ ᠥᠭᠴᠦ ᠰᠠᠯᠭᠠᠨ ᠰᠢᠶᠳᠪᠦᠷᠢᠯᠡᠭᠦᠯᠬᠦ ᠠᠰᠠᠭᠤᠳᠠᠯ ᠢ ᠴᠡᠭᠴᠡᠯᠡᠨ ᠵᠠᠰᠠᠬᠤ ᠡᠭᠦᠷᠭᠡ ᠶᠢ ᠲᠥᠪᠯᠡᠷᠡᠭᠦᠯᠦᠨ | ᠲᠤᠰᠢᠶᠠᠵᠤ᠂ ᠲᠣᠯᠤᠭᠠᠶᠢᠯᠠᠨ ᠭᠦᠶᠴᠡᠳᠬᠡᠬᠦ ᠰᠠᠯᠠᠭ᠎ᠠ ᠮᠥᠴᠢᠷ ︵ᠨᠢᠭᠡᠴᠢ︶ ᠪᠠ ᠬᠠᠷᠢᠭᠤᠴᠠᠯᠭᠠᠲᠠᠨ ᠢ | ᠲᠣᠳᠣᠷᠬᠠᠶᠢᠯᠠᠵᠤ᠂ ᠴᠡᠭᠴᠡᠯᠡᠨ ᠵᠠᠰᠠᠬᠤ ᠪᠠᠷᠢᠮᠵᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠵᠡᠷᠭᠡ ᠶᠢ | ᠳᠤᠷᠠᠳᠬᠤ ᠬᠡᠷᠡᠭᠲᠡᠶ᠃ | ᠳᠡᠭᠡᠳᠦ ᠱᠠᠲᠤᠨ ᠠᠴᠠ ᠲᠤᠰᠢᠶᠠᠨ ᠰᠢᠶᠳᠪᠦᠷᠢᠯᠡᠭᠦᠯᠦᠭᠰᠡᠨ᠂ ᠵᠠᠭᠤᠴᠢᠯᠠᠭᠤᠷ ᠤᠨ ᠬᠢᠨ ᠤ ᠢᠯᠡᠴᠢᠯᠡᠭᠰᠡᠨ ᠪᠠ | ᠤᠯᠠᠨ ᠲᠦᠮᠡᠨ ᠤ ᠢᠯᠡᠴᠢᠯᠡᠭᠰᠡᠨ ᠵᠢᠴᠢ ᠠᠳᠠᠯᠢ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠠᠬᠢᠯᠭ᠎ᠠ ᠪᠠᠲᠤ ᠬᠢᠨᠠᠨ | ᠪᠠᠶᠢᠴᠠᠭᠠᠬᠤ ᠪᠠᠶᠢᠭᠤᠯᠭ᠎ᠠ ᠠᠴᠠ ᠰᠢᠯᠵᠢᠭᠦᠯᠦᠨ ᠰᠢᠶᠳᠪᠦᠷᠢᠯᠡᠭᠦᠯᠦᠭᠰᠡᠨ ᠭᠤᠣᠯ ᠮᠥᠷᠡᠨ ᠨᠠᠭᠤᠷ ᠴᠥᠭᠦᠷᠥᠮ ᠤᠨ | ᠲᠤᠪᠤᠶᠢᠢᠮ᠎ᠠ ᠠᠰᠠᠭᠤᠳᠠᠯ ᠢ ᠶᠡᠷᠦᠩᠬᠡᠶ ᠭᠤᠣᠯ ᠮᠥᠷᠡᠨ ᠤ ᠳᠠᠷᠤᠭ᠎ᠠ᠂ ᠰᠢᠶᠠᠨ ᠤ ᠱᠠᠳᠤ ᠵᠢᠴᠢ ᠲᠡᠭᠦᠨ ᠠᠴᠠ | ᠳᠡᠭᠡᠭᠰᠢᠬᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠠᠰᠠᠭᠤᠳᠠᠯ ᠤᠨ ᠰᠢᠨᠵᠢ ᠴᠢᠨᠠᠷ᠂ ᠬᠦᠨᠳᠦ | ᠨᠣᠴᠢᠲᠠᠶ ᠬᠡᠮᠵᠢᠶ᠎ᠡ ᠶᠢ ᠦᠵᠡᠵᠦ ᠪᠠᠶᠢᠭᠠᠳ ᠴᠣᠬᠤᠯᠠᠪᠤᠷᠢ ᠥᠭᠴᠦ᠂ ᠬᠤᠯᠪᠣᠭᠳᠠᠯ ᠪᠦᠬᠦᠢ ᠭᠠᠵᠠᠷ ᠣᠷᠣᠨ᠂ ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ᠂ ᠰᠠᠯᠠᠭ᠎ᠠ ᠮᠥᠴᠢᠷ ︵ᠨᠢᠭᠡᠴᠢ︶ ᠢ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠵᠦ᠂ ᠨᠠᠶᠢᠳᠠᠪᠤᠷᠢᠵᠢᠭᠤᠯᠬᠤ ᠪᠠᠷ ᠱᠠᠭᠠᠷᠳᠠᠬᠤ ᠬᠡᠷᠡᠭᠲᠡᠢ᠃ ᠠᠰᠠᠭᠤᠳᠠᠯ ᠤᠨ ᠰᠢᠨᠵᠢ ᠴᠢᠨᠠᠷ ᠨᠢ ᠬᠦᠨᠳᠦ | ᠨᠣᠴᠢᠲᠠᠶ᠂ ᠨᠥᠯᠥᠭᠡ ᠨᠢ ᠮᠠᠭᠤ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠢ︶᠂ ᠣᠷᠣᠨ | ᠨᠤᠲᠤᠭ ᠲᠤ ᠬᠠᠤᠯᠢ ᠲᠣᠭᠲᠠᠭᠠᠯ ᠠᠴᠠ ᠵᠥᠷᠢᠴᠡᠭᠰᠡᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠨᠡᠬᠡᠮᠵᠢᠯᠡᠵᠦ᠂ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ | ᠨᠡᠬᠡᠮᠵᠢᠯᠡᠬᠦ ᠶᠢ ᠳᠠᠭᠠᠭᠠᠯᠭᠠᠨ᠎ᠠ᠃ | ᠬᠤᠷᠢᠨ ᠭᠤᠷᠪᠠᠳᠤᠭᠠᠷ ᠵᠦᠢᠯ ᠡᠰᠠᠭᠤᠳᠠᠯ ᠤᠨ ᠪᠠᠭᠲᠠᠭᠠᠮᠵᠢ ᠪᠠᠷ ᠶᠡᠭᠡ᠂ ᠲᠤᠨᠤᠭᠰᠠᠨ ᠴᠠᠭ ᠨᠢ ᠤᠷᠳᠤ᠂ | ᠠᠰᠢᠭ ᠲᠤᠰᠠ ᠶᠢᠨ ᠬᠠᠷᠢᠴᠠᠭ᠎ᠠ ᠨᠢ ᠪᠤᠳᠤᠯᠢᠶᠠᠨᠲᠠᠢ᠂ ᠴᠡᠭᠴᠡᠯᠡᠨ ᠰᠠᠶᠢᠵᠢᠷᠠᠭᠤᠯᠬᠤ ᠥᠪᠡᠷ ᠤᠨ ᠦᠷᠳᠡᠭ ᠨᠢ | ᠥᠨᠳᠥᠷ ᠵᠡᠷᠭᠡ ᠭᠤᠣᠯ ᠮᠥᠷᠡᠨ ᠨᠠᠭᠤᠷ ᠴᠥᠭᠦᠷᠥᠮ ᠤᠨ ᠴᠢᠬᠤᠯᠠ ᠶᠡᠭᠡ ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ | ᠭᠤᠣᠯ ᠮᠥᠷᠡᠨ ᠤ ᠳᠠᠷᠤᠭ᠎ᠠ ᠪᠤᠶᠤ ᠰᠢᠶᠠᠨ ᠤ ᠱᠠᠲᠤᠨ ᠠᠴᠠ ᠳᠡᠭᠡᠭᠰᠢᠬᠢ ᠭᠤᠣᠯ ᠮᠥᠷᠡᠨ ᠤ ᠳᠠᠷᠤᠭ᠎ᠠ᠂ ᠨᠠᠭᠤᠷ | ᠴᠥᠭᠦᠷᠥᠮ ᠤᠨ ᠳᠠᠷᠤᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠠᠷᠭᠠᠴᠠᠬᠤ ᠪᠤᠳᠤᠯᠭ᠎ᠠ ᠠᠷᠭ᠎ᠠ ᠬᠡᠮᠵᠢᠶ᠎ᠡ | ᠶᠢ ᠰᠤᠳᠤᠯᠵᠤ᠂ ᠰᠠᠨᠠᠯ ᠢ ᠨᠢᠭᠡᠳᠬᠡᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠵᠠᠰᠠᠬᠤ ᠲᠥᠰᠦᠯ ᠢ | ᠳᠤᠷᠠᠳᠤᠨ ᠭᠠᠷᠭᠠᠨ᠎ᠠ᠃ | ᠬᠤᠷᠢᠨ ᠳᠥᠷᠪᠡᠳᠦᠭᠡᠷ ᠵᠦᠢᠯ ᠮᠤᠵᠢ ᠶᠢᠨ ᠱᠠᠲᠤᠨ ᠤ ᠭᠤᠣᠯ ᠮᠥᠷᠡᠨ ᠤ ᠳᠠᠷᠤᠭ᠎ᠠ᠂ ᠨᠠᠭᠤᠷ | ᠴᠦᠬᠦᠷᠦᠮ ᠤᠨ ᠳᠠᠷᠤᠭ᠎ᠠ ᠭᠤᠣᠯ ᠨᠠᠭᠤᠷ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠵᠢᠯᠣᠭᠤᠳᠤᠨ | ᠰᠢᠪᠠᠳᠠᠬᠤ ᠪᠠᠨ ᠴᠢᠩᠭᠠᠳᠬᠠᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ ᠤᠨ ᠠᠵᠢᠯ ᠢ | ᠴᠠᠭ ᠲᠤᠨᠢ ᠲᠣᠬᠢᠷᠠᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶ ᠠᠴᠠ ᠲᠤᠬᠢᠶᠠᠯᠳᠤᠯ ᠢᠶᠠᠷ | ᠰᠤᠭᠤᠴᠢᠨ ᠪᠠᠶᠢᠴᠠᠭᠠᠬᠤ᠂ ᠴᠢᠬᠤᠯᠠ ᠶᠡᠭᠡ ᠠᠰᠠᠭᠤᠳᠠᠯ ᠢ ᠴᠡᠭ ᠲᠤ ᠰᠠᠭᠤᠨ ᠪᠠᠶᠢᠴᠠᠭᠠᠬᠤ ᠶᠢ ᠥᠷᠨᠢᠭᠦᠯᠵᠦ᠂ | ᠠᠰᠠᠭᠤᠳᠠᠯ ᠢ ᠴᠡᠭᠴᠡᠯᠡᠨ ᠵᠠᠰᠠᠬᠤ ᠲᠥᠰᠦᠯ ᠢ ᠵᠢᠯᠣᠭᠤᠳᠤᠨ ᠲᠡᠭᠦᠯᠳᠡᠷᠵᠢᠭᠦᠯᠵᠦ᠂ ᠴᠠᠭ ᠬᠢᠵᠠᠭᠠᠷᠯᠠᠨ ᠴᠡᠭᠴᠡᠯᠡᠨ | ᠰᠠᠶᠢᠢᠵᠢᠷᠠᠭᠤᠯᠬᠤ ᠶᠢ ᠰᠢᠪᠠᠳᠠᠨ᠎ᠠ᠃ | ᠬᠤᠲᠠ᠂ ᠰᠢᠶᠠᠨ ᠤ ᠱᠠᠲᠤᠨ ᠤ ᠭᠤᠣᠯ ᠤᠨ ᠳᠠᠷᠤᠭ᠎ᠠ᠂ ᠨᠠᠭᠤᠷ ᠤᠨ ᠳᠠᠷᠤᠭ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ︵ᠨᠢᠭᠡᠴᠢ︶ ᠢ ᠵᠣᠬᠢᠶᠠᠨ ᠪᠠᠶᠢᠭᠤᠯᠤᠨ ᠠᠰᠠᠭᠤᠳᠠᠯ ᠢ ᠴᠡᠭᠴᠡᠯᠡᠨ ᠵᠠᠰᠠᠬᠤ ᠡᠭᠦᠷᠭᠡ ᠶᠢ ᠴᠠᠭ ᠬᠢᠵᠠᠭᠠᠷᠯᠠᠨ | ᠪᠡᠶᠡᠯᠡᠭᠦᠯᠵᠦ᠂ ᠮᠥᠷᠳᠡᠨ ᠪᠠᠶᠢᠴᠠᠭᠠᠬᠤ ᠪᠠᠨ ᠴᠢᠩᠭᠠᠳᠬᠠᠨ᠂ ᠳ᠋ᠤᠭᠠᠷ ᠬᠠᠰᠤᠬᠤ ᠬᠠᠮᠢᠶᠠᠷᠤᠯᠲᠠ ᠶᠢ ᠴᠢᠩᠳᠠᠯᠠᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠰᠢᠨᠵᠢ ᠴᠢᠨᠠᠷ ᠨᠢ ᠬᠦᠨᠳᠦ ᠨᠣᠴᠢᠲᠠᠶ᠂ ᠨᠥᠯᠥᠭᠡ ᠨᠢ ᠮᠠᠭᠤ ᠲᠣᠪᠤᠶᠢᠮ᠎ᠠ ᠠᠰᠠᠭᠤᠳᠠᠯ ᠳᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ᠂ | ᠰᠠᠬᠢᠯᠭ᠎ᠠ ᠪᠠᠲᠤ ᠲᠦᠷᠢᠮ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ | ᠨᠡᠬᠡᠮᠵᠢᠯᠡᠨ᠎ᠡ᠃ | ᠰᠢᠶᠠᠩ᠂ ᠲᠣᠰᠬᠤᠨ ᠤ ᠱᠠᠲᠤᠨ ᠤ ᠭᠤᠤᠯ ᠮᠥᠷᠡᠨ ᠤ ᠳᠠᠷᠤᠭ᠎ᠠ᠂ ᠨᠠᠭᠤᠷ ᠴᠦᠬᠦᠷᠦᠮ ᠤᠨ ᠳᠠᠷᠤᠭ᠎ᠠ ᠨᠢ | ᠳᠡᠭᠡᠳᠦ ᠱᠠᠲᠤᠨ ᠤ ᠭᠤᠤᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ᠂ ᠬᠤᠯᠪᠣᠭᠳᠠᠯ ᠪᠥᠬᠦᠶ ᠰᠠᠯᠠᠭ᠎ᠠ | ᠮᠥᠴᠢᠷ ︵ᠨᠢᠭᠡᠴᠢ︶ ᠢ ᠢᠳᠡᠪᠬᠢᠲᠡᠶ ᠪᠠᠷ ᠬᠠᠪᠰᠤᠷᠴᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠡᠬᠢ ᠪᠠᠶᠠᠯᠢᠭ᠂ | ᠤᠰᠤᠨ ᠣᠷᠣᠨ ᠤ ᠡᠷᠭᠢ ᠶᠢᠨ ᠱᠤᠭᠤᠮ᠂ ᠤᠰᠤᠨ ᠤ ᠪᠣᠬᠢᠷᠲᠤᠯ᠂ ᠤᠰᠤᠨ ᠤ ᠣᠷᠴᠢᠨ ᠲᠣᠭᠤᠷᠢᠨ᠂ ᠤᠰᠤᠨ ᠤ | ᠠᠮᠢ ᠠᠬᠤᠶ ᠵᠡᠷᠭᠡ ᠶᠢ ᠰᠢᠰᠲ᠋ᠧᠮ ᠲᠠᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠴᠢᠬᠤᠯᠠᠲᠠᠶ ᠪᠠᠶᠢᠪᠠᠯ᠂ ᠰᠢᠶᠠᠨ ᠤ | ᠱᠠᠳᠤ ᠵᠢᠴᠢ ᠲᠡᠭᠦᠨ ᠠᠴᠠ ᠳᠡᠭᠡᠭᠰᠢᠬᠢ ᠭᠤᠣᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠨᠢ ᠠᠳᠠᠯᠢ | ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ ᠢ ᠵᠢᠯᠣᠭᠤᠳᠤᠨ ᠱᠠᠯᠠᠪᠳᠠᠭᠤᠯᠵᠤ | ᠪᠠᠶᠢᠭᠠᠳ ︽ᠨᠢᠭᠡ ᠭᠤᠣᠯ ︵ᠨᠠᠭᠤᠷ︶ ᠳᠤ ᠨᠢᠭᠡ ᠪᠤᠳᠤᠯᠭ᠎ᠠ︾ ᠶᠢᠨ ᠲᠥᠰᠦᠯ ᠪᠤᠶᠤ ᠪᠤᠳᠠᠳᠠᠢ ᠬᠡᠷᠡᠭᠵᠢᠬᠦᠯᠬᠦ ᠨᠠᠷᠢᠨ | ᠲᠦᠰᠦᠯ ᠢ ᠨᠠᠶᠢᠢᠷᠠᠭᠤᠯᠤᠨ ᠵᠤᠬᠢᠶᠠᠵᠤ᠂ ᠠᠰᠠᠭᠤᠳᠠᠯ ᠤᠨ ᠨᠠᠷᠢᠨ ᠳᠠᠩᠰᠠ᠂ ᠬᠠᠷᠠᠯᠲᠠ ᠶᠢᠨ ᠨᠠᠷᠢᠨ ᠳᠠᠩᠰᠠ᠂ | ᠡᠭᠦᠷᠭᠡ ᠶᠢᠨ ᠨᠠᠷᠢᠨ ᠳᠠᠩᠰᠠ᠂ ᠠᠷᠭ᠎ᠠ ᠬᠡᠮᠵᠢᠡᠶ᠎ᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ | ᠳᠤᠷᠠᠳᠴᠤ᠂ ᠰᠢᠰᠲ᠋ᠧᠮ ᠲᠠᠢ ᠪᠠᠷ ᠵᠠᠰᠠᠬᠤ ᠶᠢ ᠬᠡᠷᠡᠭᠵᠢᠭᠦᠯᠬᠦ ᠶᠢ ᠠᠯᠬᠤᠮ ᠬᠤᠪᠢᠶᠠᠨ ᠠᠬᠢᠭᠤᠯᠬᠤ ᠬᠡᠷᠡᠭᠲᠡᠢ᠃ | ᠳᠥᠷᠪᠡᠳᠦᠭᠡᠷ ᠬᠡᠰᠡᠭ ᠵᠠᠰᠠᠭ ᠵᠠᠬᠢᠷᠭᠠᠨ ᠤ ᠣᠷᠣᠨ ᠠᠯᠤᠰᠯᠠᠨ ᠭᠤᠣᠯ ᠮᠥᠷᠡᠨ ᠨᠠᠭᠤᠷ | ᠴᠥᠭᠦᠷᠥᠮ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠲᠦᠯᠬᠢᠨ ᠠᠬᠢᠭᠤᠯᠤᠨ᠎ᠠ | ᠬᠤᠷᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠭᠤᠣᠯ ᠮᠥᠷᠡᠨ ᠨᠠᠭᠤᠷ | ᠴᠦᠬᠦᠷᠦᠮ ᠳᠤ ᠬᠠᠮᠲᠤ ᠶᠢᠨ ᠳᠡᠭᠡᠳᠦ ᠱᠠᠲᠤᠨ ᠤ ᠭᠤᠣᠯ ᠮᠥᠷᠡᠨ ᠨᠠᠭᠤᠷ ᠴᠦᠬᠦᠷᠦᠮ ᠤᠨ ᠲᠠᠷᠤᠭ᠎ᠠ | ᠪᠠᠶᠢᠭᠤᠯᠤᠭᠰᠠᠨ ᠪᠠᠶᠢᠪᠠᠯ᠂ ᠬᠠᠮᠤᠭ ᠤᠨ ᠳᠡᠭᠡᠳᠦ ᠲᠡᠰ ᠤᠨ ᠳᠠᠪᠬᠤᠷᠭ᠎ᠠ ᠶᠢᠨ ᠭᠤᠣᠯ ᠮᠥᠷᠡᠨ ᠨᠠᠭᠤᠷ | ᠴᠦᠬᠦᠷᠦᠮ ᠤᠨ ᠳᠠᠷᠤᠭ᠎ᠠ ︽ᠨᠢᠭᠡ ᠬᠥᠯᠭᠡ ᠰᠢᠳᠠᠷ᠎ᠠ︾ ᠶᠢᠨ ᠰᠡᠳᠬᠢᠴᠡ ᠪᠠᠷ᠂ ᠬᠠᠮᠢᠶᠠᠷᠤᠯᠲᠠ ᠪᠠ ᠬᠠᠮᠠᠭᠠᠯᠠᠯᠲᠠ ᠶᠢᠨ | ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠡᠭᠡᠳᠦ | ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠬᠢ᠂ ᠭᠤᠣᠯ ᠤᠷᠤᠰᠬᠠᠯ᠂ ᠰᠠᠯᠪᠤᠷᠢ ᠤᠷᠤᠰᠬᠠᠯ ᠤᠨ ᠭᠠᠵᠠᠷ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠢᠯᠢ | ᠠᠯᠤᠰᠯᠠᠭᠰᠠᠨ ᠭᠠᠵᠠᠷ ᠣᠷᠣᠨ ᠤ ᠬᠤᠯᠪᠣᠭᠠᠯᠠᠨ ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠮᠵᠢᠯᠴᠠᠨ | ᠵᠠᠰᠠᠬᠤ᠂ ᠬᠤᠯᠪᠣᠭᠠᠯᠠᠨ ᠬᠠᠤᠯᠢ ᠬᠡᠷᠡᠭᠵᠢᠭᠦᠯᠬᠦ ᠵᠡᠷᠭᠡ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠬᠠᠮᠢᠶᠠᠷᠤᠯᠲᠠ ᠪᠠ ᠬᠠᠮᠠᠭᠠᠯᠠᠯᠲᠠ ᠶᠢᠨ ᠡᠭᠦᠷᠭᠡ ᠶᠢ ᠬᠠᠮᠵᠢᠯᠴᠠᠨ | ᠨᠠᠶᠢᠳᠠᠪᠤᠷᠢᠵᠢᠭᠤᠯᠤᠨ᠎ᠠ᠃ | ᠬᠤᠷᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠭᠤᠤᠯ ᠮᠦᠷᠡᠨ ᠨᠠᠭᠤᠷ | ᠴᠦᠬᠦᠷᠦᠮ ᠳᠤ ᠬᠠᠮᠲᠤ ᠶᠢᠨ ᠳᠡᠭᠡᠳᠦ ᠱᠠᠲᠤᠨ ᠤ ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠭᠠᠷᠭᠠᠭᠰᠠᠨ | ᠦᠭᠡᠶ ᠪᠠᠶᠢᠪᠠᠯ᠂ ᠡᠯ᠎ᠡ ᠵᠠᠰᠠᠭ ᠵᠠᠬᠢᠷᠭᠠᠨ ᠤ ᠣᠷᠣᠨ ᠤ ᠭᠤᠣᠯ ᠮᠥᠷᠡᠨ ᠤ ᠳᠠᠷᠤᠭ᠎ᠠ᠂ ᠨᠠᠭᠤᠷ ᠴᠦᠬᠦᠷᠦᠮ ᠤᠨ | ᠳᠠᠷᠤᠭ᠎ᠠ ︽ᠭᠤᠣᠯ ᠮᠥᠷᠡᠨ ᠤ ᠳᠣᠣᠷᠠᠳᠤ ᠤᠷᠤᠰᠬᠠᠯ ᠨᠢ ᠰᠠᠨᠠᠭᠠᠴᠢᠯᠠᠭ᠎ᠠ ᠠᠴᠠ ᠪᠠᠨ ᠳᠡᠭᠡᠳᠦ ᠤᠷᠤᠰᠬᠠᠯ ᠲᠠᠢ | ᠵᠤᠯᠭᠠᠯᠴᠠᠬᠤ᠂ ᠵᠡᠭᠦᠨ ᠡᠷᠭᠢ ᠨᠢ ᠰᠠᠨᠠᠭᠠᠴᠢᠯᠠᠭ᠎ᠠ ᠠᠴᠠ ᠪᠠᠨ ᠪᠠᠷᠠᠭᠤᠨ ᠡᠷᠭᠢ ᠲᠠᠢ ᠵᠤᠯᠭᠠᠯᠴᠠᠬᠤ᠂ ᠨᠠᠭᠤᠷ | ᠴᠥᠭᠦᠷᠥᠮ ᠤᠨ ᠡᠵᠡᠯᠡᠬᠦ ᠤᠰᠤᠨ ᠣᠷᠣᠨ ᠤ ᠲᠠᠯᠠᠪᠠᠶ ᠨᠢ ᠶᠡᠭᠡ ᠨᠢ ᠰᠠᠨᠠᠭᠠᠴᠢᠯᠠᠭ᠎ᠠ ᠠᠴᠠ ᠪᠠᠨ ᠤᠰᠤᠨ ᠣᠷᠣᠨ ᠤ | ᠲᠠᠯᠠᠪᠠᠶ ᠨᠢ ᠪᠠᠭ᠎ᠠ ᠲᠠᠢ ᠪᠠᠨ ᠵᠤᠯᠭᠠᠯᠴᠠᠬᠤ︾ ᠵᠠᠷᠴᠢᠮ ᠶᠣᠰᠣᠭᠠᠷ᠂ ᠬᠠᠮᠢᠶ᠎ᠠ ᠪᠥᠬᠦᠶ ᠣᠷᠣᠨ ᠨᠤᠲᠤᠭ ᠤᠨ ᠭᠤᠤᠯ | ᠮᠥᠷᠡᠨ ᠤ ᠳᠠᠷᠤᠭ᠎ᠠ᠂ ᠨᠠᠭᠤᠷ ᠴᠥᠭᠦᠷᠥᠮ ᠤᠨ ᠳᠠᠷᠤᠭ᠎ᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠢ︶ | ᠯᠤᠭ᠎ᠠ ᠨᠡᠪᠲᠡᠷᠡᠯᠴᠡᠨ ᠵᠣᠬᠢᠴᠠᠭᠤᠯᠬᠤ ᠶᠢ ᠵᠣᠬᠢᠶᠠᠨ ᠪᠠᠶᠢᠭᠤᠯᠵᠤ᠂ ᠭᠤᠤᠯ ᠮᠥᠷᠡᠨ ᠤ ᠬᠠᠮᠢᠶᠠᠷᠤᠯᠲᠠ ᠪᠠ | ᠬᠠᠮᠠᠭᠠᠯᠠᠯᠲᠠ ᠶᠢᠨ ᠡᠭᠦᠷᠭᠡ ᠶᠢ ᠵᠦᠪᠳᠡᠯᠴᠡᠨ ᠨᠢᠭᠡᠳᠬᠡᠵᠦ᠂ ᠬᠤᠯᠪᠣᠭᠠᠯᠠᠨ ᠬᠠᠮᠲᠤᠪᠠᠷ ᠵᠠᠰᠠᠬᠤ ᠵᠥᠪᠯᠡᠯᠴᠡᠭᠡᠷ | ᠲᠣᠭᠲᠠᠵᠤ᠂ ᠣᠷᠣᠨ ᠪᠦᠰᠡ ᠶᠢᠨ ᠬᠤᠭᠤᠷᠣᠨᠳᠣᠬᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ | ᠪᠡᠶᠡᠯᠡᠭᠦᠯᠦᠨ᠎ᠡ᠃ | ᠲᠠᠪᠤᠳᠤᠭᠠᠷ ᠬᠡᠰᠡᠭ ᠵᠣᠬᠢᠶᠠᠨ ᠪᠠᠶᠢᠭᠤᠯᠤᠯᠲᠠ ᠶᠢᠨ ᠳ᠋ᠦᠩᠨᠡᠯᠲᠡ ᠬᠢᠵᠦ ᠬᠢᠨᠠᠨ ᠰᠢᠯᠭᠠᠬᠤ | ᠬᠤᠷᠢᠨ ᠨᠠᠶᠢᠮᠠᠳᠤᠭᠠᠷ ᠵᠦᠢᠯ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠠᠵᠢᠯ ᠤᠨ ᠲᠤᠰᠢᠶᠠᠯ ᠤᠨ ᠮᠡᠳᠡᠭᠦᠯᠦᠯᠲᠡ ᠬᠢᠬᠦ ᠲᠦᠷᠢᠮ ᠢ ᠬᠡᠷᠡᠭᠵᠢᠭᠦᠯᠵᠦ᠂ ᠶᠡᠷᠦᠩᠬᠡᠶ ᠭᠤᠣᠯ ᠮᠥᠷᠡᠨ ᠤ ᠳᠠᠷᠤᠭ᠎ᠠ | ᠨᠢ ᠲᠤᠰ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ᠂ ᠭᠤᠣᠯ ᠮᠥᠷᠡᠨ ᠤ | ᠳᠠᠷᠤᠭ᠎ᠠ ᠶᠢᠨ ᠲᠦᠷᠢᠮ ᠤᠨ ᠰᠠᠯᠠᠭ᠎ᠠ ᠮᠥᠴᠢᠷ ︵ᠨᠢᠭᠡᠴᠢ︶ ᠤᠨ ᠭᠤᠣᠯ ᠬᠠᠷᠢᠭᠤᠴᠠᠯᠭᠠᠲᠠᠨ ᠨᠥᠬᠦᠳ ᠪᠠ ᠳᠣᠣᠷ᠎ᠠ | ᠨᠢᠭᠡ ᠱᠠᠲᠤᠨ ᠤ ᠶᠡᠷᠦᠩᠬᠡᠶ ᠭᠤᠣᠯ ᠮᠥᠷᠡᠨ ᠤ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠦᠵᠡᠬᠦ ᠪᠤᠶᠤ ᠴᠠᠭ ᠲᠤᠨᠢ ᠲᠣᠬᠢᠷᠠᠭᠤᠯᠤᠨ ᠰᠣᠨᠣᠰᠤᠨ᠎ᠠ᠃ | ᠰᠢᠶᠠᠩ ᠤᠨ ᠱᠠᠲᠤ ᠵᠢᠴᠢ ᠲᠡᠭᠦᠨ ᠠᠴᠠ ᠳᠡᠭᠡᠭᠰᠢᠬᠢ ᠭᠤᠤᠯ ᠮᠥᠷᠡᠨ ᠤ ᠳᠠᠷᠤᠭ᠎ᠠ᠂ ᠨᠠᠭᠤᠷ ᠴᠦᠬᠦᠷᠦᠮ ᠤᠨ | ᠳᠠᠷᠤᠭ᠎ᠠ ᠵᠢᠯ ᠪᠦᠷᠢ ᠬᠠᠷᠠᠭᠠᠯᠵᠠᠭᠰᠠᠨ ᠭᠤᠤᠯ ᠨᠠᠭᠤᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠤᠯᠪᠣᠭᠳᠠᠯ | ᠪᠥᠬᠦᠶ ᠰᠠᠯᠠᠭ᠎ᠠ ᠮᠥᠴᠢᠷ ︵ᠨᠢᠭᠡᠴᠢ︶ ᠪᠣᠯᠤᠨ ᠬᠠᠷᠠᠭᠠᠯᠵᠠᠭᠰᠠᠨ ᠭᠤᠤᠯ ᠨᠠᠭᠤᠷ ᠤᠨ ᠳᠣᠤᠷ᠎ᠠ ᠨᠢᠭᠡ ᠱᠠᠲᠤᠨ ᠤ | ᠭᠤᠤᠯ ᠮᠥᠷᠡᠨ ᠤ ᠳᠠᠷᠤᠭ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ | ᠪᠠᠶᠢᠳᠠᠯ ᠤᠨ ᠮᠡᠳᠡᠭᠦᠯᠦᠯᠲᠡ ᠶᠢ ᠰᠣᠨᠣᠰᠬᠤ ᠪᠤᠶᠤ ᠬᠢᠨᠠᠨ ᠦᠵᠡᠨ᠎ᠡ᠃ | ᠬᠤᠷᠢ ᠶᠢᠰᠦᠳᠦᠭᠡᠷ ᠵᠦᠢᠯ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢ ᠬᠢᠨᠠᠨ ᠰᠢᠯᠭᠠᠬᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠶᠡᠷᠦᠩᠬᠡᠢ ᠭᠤᠣᠯ ᠮᠥᠷᠡᠨ ᠤ ᠳᠠᠷᠤᠭ᠎ᠠ ᠶᠢᠨ ᠵᠣᠬᠢᠶᠠᠨ | ᠪᠠᠶᠢᠭᠤᠯᠤᠯᠲᠠ ᠠᠴᠠ ᠲᠤᠰ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠪᠦᠷᠢᠯᠳᠦᠬᠦᠨ ᠰᠠᠯᠠᠭ᠎ᠠ ᠮᠥᠴᠢᠷ ︵ᠨᠢᠭᠡᠴᠢ︶ ᠪᠠ ᠳᠣᠣᠷ᠎ᠠ ᠨᠢᠭᠡ ᠱᠠᠲᠤᠨ ᠤ ᠣᠷᠣᠨ ᠨᠤᠲᠤᠭ ᠤᠨ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠵᠤ᠂ | ᠰᠢᠶᠠᠨ ᠤ ᠱᠠᠳᠤ ᠵᠢᠴᠢ ᠲᠡᠭᠦᠨ ᠠᠴᠠ ᠳᠡᠭᠡᠭᠰᠢᠬᠢ ᠭᠤᠣᠯ ᠮᠥᠷᠡᠨ ᠤ ᠳᠠᠷᠤᠭ᠎ᠠ᠂ ᠨᠠᠭᠤᠷ ᠴᠥᠭᠦᠷᠥᠮ ᠤᠨ | ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠠᠴᠠ ᠵᠣᠬᠢᠴᠠᠩᠭᠤᠢ ᠭᠤᠣᠯ ᠮᠥᠷᠡᠨ ᠨᠠᠭᠤᠷ ᠴᠥᠭᠦᠷᠥᠮ ᠤᠨ ᠳᠣᠣᠷ᠎ᠠ | ᠨᠢᠭᠡ ᠱᠠᠲᠤᠨ ᠤ ᠭᠤᠣᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠰᠢᠯᠭᠠᠨ᠎ᠠ᠃ ᠰᠢᠯᠭᠠᠨ ᠬᠢᠨᠠᠬᠤ ᠠᠵᠢᠯ ᠢ ᠲᠣᠰ ᠱᠠᠲᠤᠨ ᠤ | ᠭᠤᠤᠯ ᠤᠨ ᠳᠠᠷᠤᠭ᠎ᠠ ᠶᠢᠨ ᠳᠦᠷᠢᠮᠲᠦ ᠠᠯᠪᠡᠠ ᠭᠡᠷ ᠡᠭᠦᠷᠭᠡᠯᠡᠨ᠎ᠡ᠃ | ᠭᠤᠴᠢᠳᠤᠭᠠᠷ ᠵᠦᠢᠯ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠰᠢᠯᠭᠠᠨ | ᠬᠢᠨᠠᠭᠰᠠᠨ ᠦᠷ᠎ᠡ ᠳ᠋ᠦᠩ ᠢ ᠲᠣᠰ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠯᠭᠠᠨ ᠬᠢᠨᠠᠬᠤ | ᠠᠯᠪᠡᠠ ᠭᠡᠷ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠳᠡᠪᠰᠢᠭᠦᠯᠦᠨ ᠲᠤᠰᠢᠶᠠᠵᠤ᠂ ᠣᠷᠣᠨ ᠨᠤᠲᠤᠭ ᠤᠨ | ᠨᠠᠮ ᠵᠠᠰᠠᠭ ᠤᠨ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠦᠨᠳᠦᠰᠦᠯᠡᠯ | ᠪᠣᠯᠭᠠᠨ᠎ᠠ᠃ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠮᠥᠷᠲᠡᠭᠡᠨ ᠰᠢᠯᠭᠠᠨ ᠬᠢᠨᠠᠭᠰᠠᠨ ᠦᠷ᠎ᠡ ᠳ᠋ᠦᠩ ᠨᠢ | ᠰᠢᠯᠢᠳᠡᠭ ᠪᠠᠶᠢᠪᠠᠯ᠂ ᠵᠤᠷᠢᠭᠵᠢᠭᠤᠯᠤᠨ ᠤᠷᠮᠠᠰᠢᠭᠤᠯᠬᠤ ᠬᠡᠷᠡᠭᠲᠡᠶ︔ ᠬᠠᠷᠠᠯᠲᠠ ᠡᠭᠦᠷᠭᠡ ᠶᠢ | ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠬᠢᠨᠠᠨ | ᠰᠢᠯᠭᠠᠯᠲᠠ ᠶᠢ ᠵᠣᠬᠢᠶᠠᠨ ᠪᠠᠶᠢᠭᠤᠯᠤᠭᠰᠠᠨ ᠶᠡᠷᠦᠩᠬᠡᠶ ᠭᠤᠤᠯ ᠮᠥᠷᠡᠨ ᠤ ᠳᠠᠷᠤᠭ᠎ᠠ᠂ ᠭᠤᠤᠯ ᠮᠥᠷᠡᠨ ᠤ ᠳᠠᠷᠤᠭ᠎ᠠ᠂ | ᠨᠠᠭᠤᠷ ᠤᠨ ᠳᠠᠷᠤᠭ᠎ᠠ ᠴᠠᠭ ᠲᠤᠬᠠᠶ ᠳᠤᠨᠢ ᠪᠣᠯᠵᠣᠨ ᠶᠠᠷᠢᠯᠴᠠᠵᠤ ᠰᠠᠨᠠᠭᠤᠯᠬᠤ ᠪᠤᠶᠤ ᠬᠢᠨᠠᠨ ᠰᠢᠯᠭᠠᠭᠳᠠᠬᠤ | ᠡᠲᠡᠭᠡᠳ ᠠᠴᠠ ᠬᠠᠷᠢᠭᠤᠴᠠᠯᠭ᠎ᠠ ᠨᠡᠬᠡᠮᠵᠢᠯᠡᠬᠦ ᠪᠠᠷ ᠳᠡᠪᠰᠢᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠶᠡᠷᠦᠩᠬᠡᠶ ᠭᠤᠣᠯ ᠮᠥᠷᠡᠨ ᠤ ᠳᠠᠷᠤᠭ᠎ᠠ ᠨᠢ ᠲᠤᠰ ᠵᠠᠰᠠᠭ ᠵᠠᠬᠢᠷᠭᠠᠨ ᠤ | ᠣᠷᠣᠨ ᠤ ᠪᠠᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ | ᠠᠵᠢᠯ ᠤᠨ ᠣᠨ ᠤ ᠳ᠋ᠦᠩᠨᠡᠯᠲᠡ ᠶᠢᠨ ᠮᠡᠳᠡᠭᠦᠯᠦᠯᠲᠡ ᠶᠢ ᠬᠢᠨᠠᠨ ᠲᠣᠭᠲᠠᠭᠠᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠬᠢᠨ ︽ᠰᠠᠨᠠᠯ︾ ︽ᠵᠢᠯᠣᠭᠤᠳᠬᠤ ᠰᠠᠨᠠᠯ︾ ᠤᠨ ᠱᠠᠭᠠᠷᠳᠠᠯᠭ᠎ᠠ | ᠶᠣᠰᠣᠭᠠᠷ᠂ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷᠦᠭᠦᠤ ᠵᠢᠯ ᠤᠨ ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ | ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠶ ᠃ |