ᠲᠤᠰ ᠥᠷᠲᠡᠭᠡᠨ ᠤ ᠮᠡᠳᠡᠭᠡ ᠤᠰᠤᠨ ᠠᠰᠢᠭᠯᠠᠯᠳᠠ ᠶᠢᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠶᠡᠷᠦᠩᠬᠡᠢ ᠲᠤᠬᠢᠷᠠᠭᠤᠯᠤᠯᠳᠠ ᠶᠢ ᠦᠨᠳᠦᠰᠦᠯᠡᠨ᠂ ᠶᠠᠮᠤᠨ ᠤ | ᠨᠠᠮ ᠤᠨ ᠤᠳᠤᠷᠢᠳᠬᠤ ᠳᠤᠭᠤᠶᠢᠯᠠᠩ ᠤᠨ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠬᠠᠷᠢᠭᠤ ᠳᠤᠰᠬᠠᠯ | ᠤᠲᠤ ᠪᠦᠬᠦᠨ ᠢᠶᠠᠷ ᠢᠶᠠᠨ ᠳᠠᠭᠤᠰᠴᠠᠢ᠃ 7 ᠰᠠᠷ᠎ᠠ ᠶᠢᠨ 12 ᠤᠨ ᠡᠳᠦᠷ᠂ ᠲᠣᠭᠤᠷᠢᠨ ᠪᠠᠶᠢᠴᠠᠭᠠᠬᠤ ᠮᠡᠳᠡᠭᠡ | ᠵᠠᠩᠭᠢ ᠶᠢᠨ ᠲᠥᠪ ᠤᠨ ᠨᠠᠮ ᠤᠨ ᠬᠤᠷᠢᠶ᠎ᠡ᠂ ᠪᠠᠶᠢᠭᠤᠯᠭ᠎ᠠ ᠶᠢᠨ ᠦᠢᠯᠡᠴᠢᠯᠡᠭᠡᠨ ᠤ ᠲᠤᠪᠴᠢᠶ᠎ᠡ ᠶᠢᠨ ᠨᠠᠮ ᠤᠨ | ᠬᠤᠷᠢᠶ᠎ᠡ᠂ ᠲᠥᠰᠦᠪ ᠢ ᠭᠦᠢᠴᠡᠳᠬᠡᠬᠦ ᠲᠥᠪ ᠤᠨ ᠨᠠᠮ ᠤᠨ ᠬᠤᠷᠢᠶ᠎ᠡ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠥᠪ ᠤᠨ ᠨᠠᠮ ᠤᠨ ᠡᠭᠦᠷ ᠤᠨ ᠪᠠᠶᠢᠳᠠᠯ ᠢ ᠬᠠᠷᠢᠭᠤ ᠲᠤᠰᠬᠠᠬᠤ ᠬᠤᠷᠠᠯ ᠵᠠᠯᠭᠠᠪᠡᠷ | ᠬᠤᠷᠠᠯᠲᠤᠭᠤᠯᠪᠠ᠃ ᠤᠰᠤᠨ ᠠᠰᠢᠭᠯᠠᠯᠳᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠣᠰᠪᠣᠷᠢ ᠬᠠᠷᠢᠭᠤ ᠲᠤᠰᠬᠠᠬᠤ ᠬᠤᠷᠠᠯ | ᠳᠤ ᠣᠷᠣᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠱᠠᠭᠠᠷᠳᠠᠯᠭ᠎ᠠ ᠳᠤᠷᠠᠳᠴᠤ᠂ | ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ | ᠲᠤᠰᠬᠠᠵᠤ᠂ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠡᠯ᠎ᠡ ᠨᠠᠮ ᠤᠨ ᠵᠣᠬᠢᠶᠠᠨ ᠪᠠᠶᠢᠢᠭᠤᠯᠤᠯᠲᠠ ᠶᠢᠨ ᠭᠤᠣᠯ | ᠬᠠᠷᠢᠭᠤᠴᠠᠯᠭᠠᠲᠠᠨ ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠪᠡ᠃ | ᠬᠠᠷᠢᠭᠤ ᠳᠤᠰᠬᠠᠯ ᠳᠤ ᠵᠢᠭᠠᠨ ᠭᠠᠷᠭᠠᠭᠰᠠᠨ ᠢᠶᠠᠷ᠂ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠠᠮ ᠤᠨ | ᠵᠣᠬᠢᠶᠠᠨ ᠪᠠᠶᠢᠭᠤᠯᠤᠯᠲᠠ ᠤᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠤᠬᠠᠮᠰᠠᠷ ᠪᠦᠬᠦᠯᠢ | ᠴᠣᠭᠴᠠ ᠪᠠᠷ ᠢᠶᠠᠨ ᠳᠡᠭᠡᠭᠰᠢᠯᠡᠵᠦ᠂ ᠬᠠᠷᠢᠭᠤᠴᠠᠯᠭ᠎ᠠ ᠲᠠᠰᠤᠷᠠᠯᠳᠡ ᠦᠭᠡᠢ ᠴᠢᠩᠭᠠᠷᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠠᠶᠢᠳᠠᠯ ᠦᠷᠭᠦᠯᠵᠢᠯᠡᠨ ᠰᠠᠶᠢᠵᠢᠷᠠᠵᠤ᠂ ᠡᠯ᠎ᠡ ᠵᠦᠢᠯ ᠤᠨ ᠠᠵᠢᠯ ᠢᠳᠡᠪᠬᠢᠲᠡᠢ ᠦᠷ᠎ᠡ ᠪᠦᠲᠦᠮᠵᠢ | ᠣᠯᠵᠠᠢ᠃ ᠲᠣᠭᠤᠷᠢᠨ ᠪᠠᠶᠢᠴᠠᠭᠠᠯᠲᠠ ᠨᠢ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ | ᠪᠠᠶᠢᠢᠭᠤᠯᠤᠯᠲᠠ ᠶᠢᠨ ᠨᠠᠮ ᠤᠨ ᠤᠳᠤᠷᠢᠳᠬᠤ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ | ᠪᠠᠶᠢᠢᠳᠠᠯ ᠳᠤ ᠬᠢᠨᠠᠯᠲᠠ ᠲᠠᠯᠪᠢᠵᠤ᠂ ᠤᠯᠤᠰ ᠲᠦᠷᠦ ᠶᠢᠨ ᠵᠦᠷᠢᠶ᠎ᠡ ᠶᠢ ᠡᠷᠢᠵᠦ᠂ ᠲᠣᠭᠤᠷᠢᠨ ᠪᠠᠶᠢᠴᠠᠭᠠᠯᠲᠠ ᠶᠢ | ᠬᠦᠯᠢᠶᠡᠭᠰᠡᠨ ᠨᠠᠮ ᠤᠨ ᠵᠣᠬᠢᠶᠠᠨ ᠪᠠᠶᠢᠢᠭᠤᠯᠤᠯᠲᠠ ᠨᠢ ︽ᠲᠦᠷᠪᠡ ᠶᠢ ᠨᠠᠶᠢᠳᠠᠪᠤᠷᠢᠵᠢᠭᠤᠯᠬᠤ︾ᠲᠠᠯ᠎ᠠ ᠪᠠᠷ ᠪᠠᠰᠠ ᠵᠠᠷᠢᠮ | ᠵᠦᠷᠢᠶ᠎ᠡ ᠲᠠᠢ ᠪᠠᠶᠢᠬᠤ ᠶᠢ ᠣᠯᠵᠤ ᠮᠡᠳᠡᠪᠡ᠃ | ᠮᠡᠳᠡᠭᠡ ᠵᠠᠩᠭᠢ ᠶᠢᠨ ᠲᠥᠪ ᠤᠨ ᠨᠠᠮ ᠤᠨ ᠬᠤᠷᠢᠡᠶ᠎ᠡ ᠳᠤ ᠲᠣᠭᠤᠷᠢᠨ ᠪᠠᠶᠢᠢᠴᠠᠭᠠᠯᠳᠠ ᠬᠢᠵᠦ ᠢᠯᠡᠷᠡᠭᠦᠯᠦᠭᠰᠡᠨ | ᠭᠤᠣᠯ ᠠᠰᠠᠭᠤᠳᠠᠯ᠄ ᠰᠢ ᠶᠢᠨ ᠫᠢᠩ ᠶᠡᠷᠦᠩᠬᠡᠢ ᠱᠦᠵᠢ ᠶᠢᠨ ︽3·14︾ ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠠᠶᠢᠲᠤᠷ ᠰᠤᠷᠤᠯᠴᠠᠵᠤ ᠴᠢᠲᠠᠭᠰᠠᠨ ᠦᠭᠡᠢ᠂ ᠭᠤᠣᠯᠯᠠᠬᠤ ᠡᠭᠦᠷᠭᠡ ᠴᠢᠳᠠᠪᠬᠢ ᠶᠢᠨ ᠲᠣᠭᠤᠷᠢᠨ ᠳᠤ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠠᠮᠤᠨ ᠤ ᠨᠠᠮ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠤᠲᠠᠭᠲᠠᠯ ᠲᠠᠢ | ᠪᠠᠶᠢᠵᠤ᠂ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠰᠣᠷᠢᠬᠤ ᠪᠡᠯᠡᠳᠬᠡᠯ ᠲᠥᠰᠦᠯ ᠤᠨ | ᠴᠢᠳᠠᠪᠤᠷᠢ ᠴᠢᠩᠭ᠎ᠠ ᠪᠢᠰᠢ︔ ᠨᠠᠮ ᠤᠨ ᠵᠣᠬᠢᠶᠠᠨ ᠪᠠᠶᠢᠢᠭᠤᠯᠤᠯᠲᠠ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ | ᠣᠷᠣᠯᠴᠠᠨ ᠤᠯᠤᠰ ᠲᠦᠷᠦ ᠶᠢᠨ ᠪᠣᠭᠤᠮᠲᠠ ᠰᠠᠬᠢᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠭᠰᠠᠨ ᠦᠭᠡᠢ᠂ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠦᠭᠡᠢ᠂ ᠬᠠᠷᠢᠶᠠᠲᠤ ᠠᠵᠤ ᠠᠬᠤᠶᠢᠯᠠᠯ ᠨᠢ ᠲᠥᠪ ᠤᠨ ᠨᠠᠶᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠳᠣᠲᠣᠭᠠᠳᠤ ᠶᠢᠨ ᠬᠠᠮᠢᠶᠠᠷᠤᠯᠲᠠ ᠪᠠᠷ | ᠴᠢᠩᠭ᠎ᠠ ᠪᠢᠰᠢ ᠪᠠᠶᠢᠢᠨ᠎ᠠ︔ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠰᠦᠪᠡᠭᠴᠢᠯᠡᠭᠰᠡᠨ ᠢᠶᠠᠷ ᠬᠦᠷᠦᠯᠴᠡᠬᠦ ᠦᠭᠡᠢ᠂ ᠤᠰᠤᠨ ᠠᠰᠢᠭᠯᠠᠯᠲᠠ ᠶᠢ ᠮᠡᠳᠡᠬᠦ ᠮᠥᠷᠲᠡᠭᠡᠨ | ᠮᠡᠳᠡᠭᠡ ᠵᠠᠩᠭᠢᠵᠢᠯᠲᠠ ᠶᠢ ᠮᠡᠳᠡᠬᠦ ᠬᠠᠮ ᠴᠢᠳᠠᠪᠤᠷᠢᠲᠠᠨ ᠳᠤᠲᠠᠭᠳᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ | ᠠᠵᠢᠯ ᠤᠨ ᠦᠷᠲᠡᠭᠡ ᠶᠢᠨ ᠪᠠᠶᠢᠢᠷᠢ ᠰᠠᠭᠤᠷᠢ ᠪᠠᠰᠠ ᠦᠨᠲᠦᠷ ᠪᠢᠰᠢ᠂ ᠺᠠᠳ᠋ᠷ ᠢ ᠰᠤᠩᠭᠤᠨ ᠬᠡᠷᠡᠭᠯᠡᠬᠦ ᠪᠠ ᠡᠳᠦᠷ | ᠲᠤᠳᠤᠮ ᠤᠨ ᠬᠢᠨᠠᠯᠲᠠ ᠬᠠᠮᠢᠶᠠᠷᠤᠯᠲᠠ ᠳᠤ ᠪᠠᠰᠠ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ︔ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠬᠤ ᠡᠷᠴᠢᠮ ᠬᠦᠷᠦᠯᠴᠡᠬᠦ ᠥᠭᠡᠢ᠂ ᠱᠠᠭᠠᠷᠳᠠᠯᠭ᠎ᠠ | ᠶᠣᠰᠣᠭᠠᠷ ᠨᠠᠮ ᠤᠨ ᠳᠤᠭᠤᠶᠢᠯᠠᠩ ᠲᠣᠬᠢᠷᠠᠭᠤᠯᠤᠭᠰᠠᠨ ᠥᠭᠡᠢ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ | ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠥᠭᠡ︔ ᠳᠡᠭᠡᠷ᠎ᠡ ᠤᠳᠠᠭ᠎ᠠ ᠶᠢᠨ ᠲᠣᠭᠤᠷᠢᠨ ᠪᠠᠶᠢᠴᠠᠭᠠᠯᠲᠠ ᠳᠤ | ᠢᠯᠡᠷᠡᠭᠦᠯᠦᠭᠰᠡᠨ ᠲᠣᠭᠲᠠᠮᠠᠯ ᠡᠳ᠋ ᠬᠥᠷᠦᠩᠭᠡ ᠶᠢᠨ ᠬᠠᠮᠢᠶᠠᠷᠤᠯᠲᠠ ᠵᠢᠷᠤᠮᠵᠢᠯ ᠦᠭᠡᠢ ᠪᠠᠶᠢᠬᠤ ᠵᠡᠷᠭᠡ ᠠᠰᠠᠭᠤᠳᠠᠯ | ᠮᠦᠨ ᠣᠷᠣᠰᠢᠭᠰᠠᠭᠠᠷ ᠪᠠᠶᠢᠨ᠎ᠠ᠃ | ᠴᠡᠭᠴᠡᠯᠡᠨ ᠥᠭᠡᠷᠡᠴᠢᠯᠡᠬᠦ ᠰᠠᠨᠠᠯ ᠪᠠ ᠰᠠᠨᠠᠭᠤᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠡᠳᠦ ᠤᠯᠦᠰ ᠤᠨ ᠤᠡᠴᠡᠯᠢᠬ ᠲᠠᠢ ᠨᠡᠶᠢᠢᠭᠡᠮ ᠵᠢᠷᠦᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠠ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠤᠯᠤᠰ ᠲᠦᠷᠦ ᠶᠢᠨ | ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠯᠤᠰ ᠬᠡᠳᠤ ᠶᠢᠨ | ᠬᠥᠭᠵᠢᠯᠲᠡ ᠶᠢ ᠲᠥᠯᠥᠪᠵᠢᠭᠦᠯᠬᠦ ᠰᠡᠳᠬᠢᠴᠡ᠂ ᠠᠷᠭᠠᠴᠠᠬᠤ ᠪᠤᠳᠤᠯᠭ᠎ᠠ᠂ ᠠᠷᠭ᠎ᠠ ᠬᠡᠮᠵᠢᠶ᠎ᠡ ᠪᠣᠯᠭᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ︔ ᠤᠶᠤᠨᠲᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠤᠰᠤᠨ ᠠᠰᠢᠭᠯᠠᠯᠲᠠ ᠶᠢᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠲᠠ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ︔ ᠲᠥᠪ ᠤᠨ ᠳᠣᠲᠣᠭᠠᠳᠤ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠣᠷ ᠢ ᠨᠢᠭᠲᠠ ᠪᠠᠶᠢᠭᠤᠯᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠪᠣᠭᠤᠮᠲᠠ ᠰᠠᠬᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠥᠪ ᠤᠨ | ᠨᠠᠶᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠺᠠᠳ᠋ᠷ ᠤᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠺᠠᠳ᠋ᠷ | ᠰᠤᠩᠭᠤᠵᠤ ᠲᠣᠮᠢᠯᠠᠨ ᠬᠡᠷᠡᠭᠯᠡᠬᠦ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ | ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠣᠭᠤᠷᠢᠨ | ᠪᠠᠶᠢᠴᠠᠭᠠᠯᠲᠠ ᠶᠢᠨ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠵᠦᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠪᠠᠶᠢᠭᠤᠯᠭ᠎ᠠ ᠶᠢᠨ ᠦᠢᠯᠡᠴᠢᠯᠡᠭᠡᠨ ᠤ ᠲᠤᠪᠴᠢᠶ᠎ᠡ ᠶᠢᠨ ᠨᠠᠮ ᠤᠨ ᠬᠤᠷᠢᠡᠶ᠎ᠡ ᠶᠢᠨ | ᠢᠯᠡᠷᠡᠭᠦᠯᠦᠭᠰᠡᠨ ᠭᠤᠣᠯ ᠠᠰᠠᠭᠤᠳᠠᠯ᠄ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠦᠭᠦᠢ ᠨᠡᠶᠢᠢᠭᠡᠮ ᠵᠢᠷᠦᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠵᠦᠷᠢᠶ᠎ᠡ ᠲᠠᠢ᠂ ᠨᠠᠮ ᠤᠨ ᠰᠢᠨ᠎ᠡ ᠶᠢ ᠡᠭᠦᠳᠬᠦ ᠤᠨᠤᠯ ᠤᠨ | ᠰᠢᠰᠲ᠋ᠧᠮ ᠢᠶᠠᠷ ᠰᠢᠨ᠎ᠡ ᠱᠠᠳᠤ ᠦᠶ᠎ᠡ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠰᠦᠪᠡᠭᠴᠢᠯᠡᠬᠦ ᠲᠠᠯ᠎ᠠ ᠪᠠᠷ | ᠬᠦᠷᠦᠯᠴᠡᠬᠦ ᠦᠭᠡᠢ᠂ ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠤᠶᠢᠢᠯᠡᠰ ᠤᠨ ᠬᠠᠮᠢᠶᠠᠷᠠᠯᠲᠠ ᠶᠢᠨ ᠡᠭᠦᠷᠭᠡ | ᠴᠢᠲᠠᠯ ᠨᠢ ᠵᠦᠷᠢᠶ᠎ᠡ ᠲᠠᠢ ᠪᠠᠶᠢᠢᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠪᠢᠰᠢ᠂ ︽ᠭᠤᠷᠪᠠᠨ ᠴᠢᠬᠤᠯᠠ ᠨᠢᠭᠡ | ᠶᠡᠭᠡ︾ᠰᠢᠢᠳᠪᠦᠷᠢᠲᠦ ᠪᠤᠳᠤᠯᠭ᠎ᠠ ᠶᠢᠨ ᠲᠦᠷᠢᠮ ᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠪᠢᠰᠢ᠂ ᠤᠳᠤᠷᠢᠳᠬᠤ ᠪᠠᠭ ᠤᠨ | ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠬᠦ ᠲᠠᠯ᠎ᠠ ᠪᠠᠷ ᠬᠦᠷᠦᠯᠴᠡᠬᠦ | ᠦᠭᠡᠢ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠠᠷᠤᠯᠲᠠ ᠶᠢ ᠳᠠᠮᠵᠢᠭᠤᠯᠬᠤ ᠡᠷᠴᠢᠮ ᠬᠦᠷᠦᠯᠴᠡᠬᠦ ᠦᠭᠡᠢ᠂ | ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠯ᠎ᠠ ᠪᠠᠷ ᠲᠦᠢᠯᠪᠤᠷᠢᠲᠠᠢ ᠪᠢᠰᠢ | ᠪᠠᠶᠢᠢᠨ᠎ᠠ︔ ᠳᠣᠲᠣᠭᠠᠳᠤ ᠶᠢᠨ ᠬᠠᠮᠢᠶᠠᠷᠤᠯᠲᠠ ᠳᠤ ᠳᠤᠲᠠᠭᠳᠠᠯ ᠲᠠᠢ᠂ ᠳᠣᠲᠣᠭᠠᠳᠤ ᠶᠢᠨ ᠡᠵᠡᠮᠳᠡᠯ ᠤᠨ ᠲᠣᠭᠲᠠᠴᠠ | ᠲᠡᠭᠦᠯᠳᠡᠷ ᠪᠤᠰᠤ᠂ ᠡᠳ᠋ ᠤᠨ ᠶᠠᠪᠤᠳᠠᠯ ᠤᠨ ᠲᠦᠷᠢᠮ ᠢ ᠴᠢᠩᠭ᠎ᠠ ᠬᠡᠷᠡᠭᠵᠢᠭᠦᠯᠦᠭᠰᠡᠨ ᠥᠬᠡᠶ᠂ ᠪᠠᠯᠠ ᠮᠥᠩᠭᠦ ᠶᠢᠨ | ᠬᠢᠨᠠᠯᠲᠠ ᠬᠠᠮᠢᠶᠠᠷᠤᠯᠲᠠ ᠵᠢᠷᠤᠮᠵᠢᠯ ᠥᠬᠡᠶ᠂ ᠬᠤᠳᠠᠯᠳᠤᠨ ᠠᠪᠬᠤ᠂ ᠬᠥᠮᠦᠷᠭᠡ ᠶᠢᠨ ᠬᠠᠳᠠᠭᠠᠯᠠᠯ ᠤᠨ ᠬᠠᠮᠢᠶᠠᠷᠤᠯᠲᠠ | ᠵᠡᠷᠭᠡ ᠳᠤ ᠪᠠᠭᠤᠷᠠᠶ ᠭᠤᠭᠴᠤᠭ᠎ᠠ ᠣᠷᠣᠰᠢᠵᠤ ᠪᠠᠶᠢᠨ᠎ᠠ︔ ᠺᠠᠳ᠋ᠷ ᠢ ᠰᠤᠩᠭᠤᠨ ᠲᠤᠮᠢᠯᠠᠬᠤ ᠠᠵᠢᠯ ᠵᠢᠷᠤᠮᠵᠢᠯ ᠦᠭᠡᠢ᠂ | ᠬᠢᠨᠠᠯᠲᠠ ᠬᠠᠮᠢᠶᠠᠷᠤᠯᠲᠠ ᠨᠢ ᠴᠢᠩᠭ᠎ᠠ ᠪᠢᠰᠢ︔ ᠳᠡᠭᠡᠷ᠎ᠡ ᠤᠳᠠᠭᠠᠨ ᠤ ᠲᠣᠭᠤᠷᠢᠨ ᠪᠠᠶᠢᠴᠠᠭᠠᠯᠲᠠ ᠳᠤ ᠵᠢᠭᠠᠵᠤ | ᠭᠠᠷᠭᠠᠭᠰᠠᠨ ᠨᠢᠭᠡ ᠤᠲᠠᠭᠠᠨ ᠤ ᠴᠢᠨᠠᠷᠲᠠᠶ ᠶᠡᠭᠡ ᠲᠣᠭᠠᠨ ᠤ ᠪᠡᠯᠡᠨ ᠵᠣᠭᠤᠰ ᠤᠨ ᠵᠠᠷᠤᠯᠭ᠎ᠠ ᠶᠢᠨ ᠠᠰᠠᠭᠤᠳᠠᠯ ᠮᠥᠨ | ᠬᠦ ᠭᠠᠷᠴᠤ᠂ ᠬᠢᠨᠠᠨ ᠪᠣᠳᠤᠯᠲᠠ ᠶᠢᠨ ᠮᠡᠳᠡᠭᠦᠯᠦᠯᠲᠡ ᠶᠢᠨ ᠵᠢᠭᠠᠵᠤ ᠭᠠᠷᠭᠠᠭᠰᠠᠨ ︽ᠵᠥᠪᠰᠢᠶᠡᠷᠡᠯ ᠦᠭᠡᠶ ᠪᠠᠷ ᠭᠡᠷ | ᠬᠥᠷᠥᠩᠭᠡ ᠪᠠᠨ ᠲᠦᠷᠢᠶᠡᠰᠦᠯᠡᠭᠦᠯᠬᠦ︾ ᠠᠰᠠᠭᠤᠳᠠᠯ ᠢ ᠦᠨᠲᠦᠰᠦᠨ ᠠᠴᠠ ᠨᠢ ᠲᠦᠢᠯᠪᠤᠷᠢᠲᠠᠶ ᠰᠢᠶᠳᠪᠦᠷᠢᠯᠡᠵᠦ | ᠴᠢᠳᠠᠭᠰᠠᠨ ᠦᠭᠡᠶ᠃ | ᠪᠠᠶᠢᠭᠤᠯᠭ᠎ᠠ ᠶᠢᠨ ᠦᠢᠯᠡᠴᠢᠯᠡᠭᠡᠨ ᠤ ᠲᠤᠪᠴᠢᠶ᠎ᠡ ᠶᠢᠨ ᠨᠠᠮ ᠤᠨ ᠬᠤᠷᠢᠡᠶ᠎ᠡ ᠳᠤ ᠲᠤᠭᠤᠷᠢᠨ ᠪᠠᠶᠢᠢᠴᠠᠭᠠᠯᠳᠠ | ᠬᠢᠵᠦ ᠢᠯᠡᠷᠡᠭᠦᠯᠦᠭᠰᠡᠨ ᠭᠤᠣᠯ ᠠᠰᠠᠭᠤᠳᠠᠯ᠄ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠦᠭᠦᠢ ᠨᠡᠶᠢᠢᠭᠡᠮ ᠵᠢᠷᠦᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠵᠦᠷᠢᠶ᠎ᠡ ᠲᠠᠢ᠂ ᠨᠠᠮ ᠤᠨ ᠰᠢᠨ᠎ᠡ ᠶᠢ ᠡᠭᠦᠳᠬᠦ ᠤᠨᠤᠯ ᠤᠨ | ᠰᠢᠰᠲ᠋ᠧᠮ ᠢᠶᠠᠷ ᠰᠢᠨ᠎ᠡ ᠱᠠᠳᠤ ᠦᠶ᠎ᠡ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠰᠦᠪᠡᠭᠴᠢᠯᠡᠬᠦ ᠲᠠᠯ᠎ᠠ ᠪᠠᠷ | ᠬᠦᠷᠦᠯᠴᠡᠬᠦ ᠦᠭᠡᠢ᠂ ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠤᠶᠢᠢᠯᠡᠰ ᠤᠨ ᠬᠠᠮᠢᠶᠠᠷᠠᠯᠲᠠ ᠶᠢᠨ ᠡᠭᠦᠷᠭᠡ | ᠴᠢᠲᠠᠯ ᠨᠢ ᠵᠦᠷᠢᠶ᠎ᠡ ᠲᠠᠢ ᠪᠠᠶᠢᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠪᠢᠰᠢ᠂ ︽ᠭᠤᠷᠪᠠᠨ ᠴᠢᠬᠤᠯᠠ ᠨᠢᠭᠡ | ᠶᠡᠭᠡ︾ᠰᠢᠢᠳᠪᠦᠷᠢᠲᠦ ᠪᠤᠳᠤᠯᠭ᠎ᠠ ᠶᠢᠨ ᠲᠦᠷᠢᠮ ᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠪᠢᠰᠢ᠂ ᠤᠳᠤᠷᠢᠳᠬᠤ ᠪᠠᠭ ᠤᠨ | ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠬᠦ ᠲᠠᠯ᠎ᠠ ᠪᠠᠷ ᠬᠦᠷᠦᠯᠴᠡᠬᠦ | ᠦᠭᠡᠢ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠠᠷᠤᠯᠲᠠ ᠶᠢ ᠳᠠᠮᠵᠢᠭᠤᠯᠬᠤ ᠡᠷᠴᠢᠮ ᠬᠦᠷᠦᠯᠴᠡᠬᠦ ᠦᠭᠡᠢ᠂ | ᠬᠡᠯᠪᠡᠷᠢᠴᠢ ᠦᠵᠡᠯ ᠪᠠ ᠨᠤᠶᠠᠨᠴᠢ ᠰᠤᠷᠳᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠯ᠎ᠠ ᠪᠠᠷ ᠲᠦᠢᠯᠪᠤᠷᠢᠲᠠᠢ | ᠪᠢᠰᠢ︔ ᠳᠣᠲᠣᠭᠠᠳᠤ ᠶᠢᠨ ᠬᠠᠮᠢᠶᠠᠷᠤᠯᠲᠠ ᠳᠤ ᠳᠤᠲᠠᠭᠳᠠᠯ ᠲᠠᠢ᠂ ᠳᠣᠲᠣᠭᠠᠳᠤ ᠶᠢᠨ ᠡᠵᠡᠮᠳᠡᠯ ᠤᠨ ᠲᠣᠭᠲᠠᠴᠠ | ᠲᠡᠭᠦᠯᠳᠡᠷ ᠪᠤᠰᠤ᠂ ᠡᠳ᠋ ᠤᠨ ᠶᠠᠪᠤᠳᠠᠯ ᠲᠦᠷᠢᠮ ᠢ ᠴᠢᠩᠭ᠎ᠠ ᠬᠡᠷᠡᠭᠵᠢᠭᠦᠯᠦᠭᠰᠡᠨ ᠥᠬᠡᠶ᠂ ᠪᠠᠯᠠ ᠮᠥᠩᠭᠦ ᠶᠢᠨ | ᠬᠢᠨᠠᠯᠲᠠ ᠬᠠᠮᠢᠶᠠᠷᠤᠯᠲᠠ ᠵᠢᠷᠤᠮᠵᠢᠯ ᠥᠬᠡᠶ᠂ ᠬᠤᠳᠠᠯᠳᠤᠨ ᠠᠪᠬᠤ᠂ ᠬᠥᠮᠦᠷᠭᠡ ᠶᠢᠨ ᠬᠠᠳᠠᠭᠠᠯᠠᠯ ᠤᠨ ᠬᠠᠮᠢᠶᠠᠷᠤᠯᠲᠠ | ᠵᠡᠷᠭᠡ ᠳᠤ ᠪᠠᠭᠤᠷᠠᠶ ᠭᠤᠭᠴᠤᠭ᠎ᠠ ᠣᠷᠣᠰᠢᠵᠤ ᠪᠠᠶᠢᠨ᠎ᠠ︔ ᠺᠠᠳ᠋ᠷ ᠢ ᠰᠤᠩᠭᠤᠨ ᠲᠤᠮᠢᠯᠠᠬᠤ ᠠᠵᠢᠯ ᠵᠢᠷᠤᠮᠵᠢᠯ ᠦᠭᠡᠢ᠂ | ᠬᠢᠨᠠᠯᠲᠠ ᠬᠠᠮᠢᠶᠠᠷᠤᠯᠲᠠ ᠨᠢ ᠴᠢᠩᠭ᠎ᠠ ᠪᠢᠰᠢ︔ ᠳᠡᠭᠡᠷ᠎ᠡ ᠤᠳᠠᠭᠠᠨ ᠤ ᠲᠣᠭᠤᠷᠢᠨ ᠪᠠᠶᠢᠴᠠᠭᠠᠯᠲᠠ ᠳᠤ ᠵᠢᠭᠠᠵᠤ | ᠭᠠᠷᠭᠠᠭᠰᠠᠨ ᠨᠢᠭᠡ ᠤᠳᠠᠭ᠎ᠠ ᠶᠢᠨ ᠴᠢᠨᠠᠷᠲᠠᠶ ᠶᠡᠭᠡ ᠲᠣᠭᠠᠨ ᠤ ᠪᠡᠯᠡᠨ ᠵᠣᠭᠤᠰ ᠤᠨ ᠵᠠᠷᠤᠯᠭ᠎ᠠ ᠠᠰᠠᠭᠤᠳᠠᠯ ᠮᠥᠨ ᠬᠦ | ᠭᠠᠷᠴᠤ᠂ ᠬᠢᠨᠠᠨ ᠪᠣᠳᠤᠯᠲᠠ ᠶᠢᠨ ᠮᠡᠳᠡᠭᠦᠯᠦᠯᠲᠡ ᠲᠤ ᠵᠢᠭᠠᠵᠤ ᠭᠠᠷᠭᠠᠭᠰᠠᠨ ︽ᠵᠥᠪᠰᠢᠶᠡᠷᠡᠯ ᠦᠭᠡᠶ ᠪᠠᠷ ᠭᠡᠷ | ᠬᠥᠷᠥᠩᠭᠡ ᠪᠠᠨ ᠲᠦᠷᠢᠶᠡᠰᠦᠯᠡᠭᠦᠯᠬᠦ︾ ᠠᠰᠠᠭᠤᠳᠠᠯ ᠢ ᠦᠨᠲᠦᠰᠦᠨ ᠠᠴᠠ ᠨᠢ ᠲᠦᠢᠯᠪᠤᠷᠢᠲᠠᠶ ᠰᠢᠶᠳᠪᠦᠷᠢᠯᠡᠵᠦ | ᠴᠢᠳᠠᠭᠰᠠᠨ ᠦᠭᠡᠶ᠃ | ᠲᠥᠰᠦᠪ ᠤᠨ ᠭᠦᠢᠴᠡᠳᠬᠡᠬᠦ ᠲᠥᠪ ᠤᠨ ᠨᠠᠮ ᠤᠨ ᠬᠤᠷᠢᠶ᠎ᠡ ᠳᠤ ᠲᠤᠭᠤᠷᠢᠨ ᠪᠠᠶᠢᠢᠴᠠᠭᠠᠵᠤ | ᠢᠯᠡᠷᠡᠭᠦᠯᠦᠭᠰᠡᠨ ᠭᠤᠣᠯ ᠠᠰᠠᠭᠤᠳᠠᠯ᠄ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠬᠤᠯᠠᠴᠢᠯᠠᠭᠰᠠᠨ ᠢᠶᠠᠷ | ᠬᠦᠷᠦᠯᠴᠡᠬᠦ ᠦᠭᠡᠢ᠂ ᠲᠣᠭᠲᠠᠭᠠᠭᠰᠠᠨ ᠠᠭᠤᠯᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠦᠭᠰᠡᠨ | ᠦᠭᠡᠢ᠂ ᠨᠠᠮ ᠤᠨ ᠬᠤᠷᠢᠡᠶ᠎ᠡ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠳᠠᠭᠠᠭᠤᠯᠤᠨ | ᠰᠤᠷᠤᠯᠴᠠᠬᠤ ᠰᠤᠷᠤᠯᠴᠠᠯᠭ᠎ᠠ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠦᠭᠡᠢ︔ ᠭᠤᠣᠯᠯᠠᠬᠤ | ᠡᠭᠦᠷᠭᠡ ᠴᠢᠳᠠᠪᠤᠷᠢ ᠪᠠᠨ ᠭᠦᠢᠴᠡᠳ ᠭᠦᠢᠴᠡᠳᠬᠡᠭᠰᠡᠨ ᠦᠭᠡᠢ᠂ ᠲᠥᠰᠦᠪ ᠤᠨ ᠭᠦᠢᠴᠡᠳᠬᠡᠯᠲᠡ ᠶᠢᠨ ᠬᠥᠳᠡᠯᠦᠩᠭᠦᠶ | ᠬᠢᠨᠠᠨ ᠡᠵᠡᠮᠳᠡᠬᠦ ᠭᠦᠢᠴᠡᠳᠬᠡᠬᠦ ᠲᠤᠭ᠎ᠠ ᠶᠢ ᠲᠣᠬᠢᠷᠠᠭᠤᠯᠤᠭᠰᠠᠨ ᠨᠢ ᠵᠤᠬᠢᠰ ᠦᠭᠡᠢ᠂ ᠬᠢᠨᠠᠨ ᠪᠤᠳᠤᠵᠤ ᠬᠢᠨᠠᠯᠲᠠ | ᠲᠠᠯᠪᠢᠬᠤ ᠪᠣᠭᠤᠮᠲᠠ ᠶᠢ ᠡᠮᠦᠨᠡᠰᠢ ᠰᠢᠯᠵᠢᠭᠦᠯᠦᠭᠰᠡᠨ ᠢᠶᠠᠷ ᠭᠦᠢᠴᠡᠳ ᠦᠭᠡᠢ︔ ᠪᠡᠶᠡᠴᠢ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ | ᠱᠠᠭᠠᠷᠳᠠᠯᠭ᠎ᠠ ᠶᠣᠰᠣᠭᠠᠷ ᠲᠤᠰᠬᠠᠢ ᠰᠡᠳᠦᠪ ᠢᠶᠠᠷ ᠰᠤᠳᠤᠯᠤᠭᠰᠠᠨ ᠦᠭᠡᠢ᠂ ︽ᠭᠤᠷᠪᠠᠨ ᠴᠢᠬᠤᠯᠠ ᠨᠢᠭᠡ ᠶᠡᠭᠡ︾ ᠶᠢᠨ | ᠰᠢᠢᠳᠪᠦᠷᠢᠲᠦ ᠪᠤᠳᠤᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ︔ | ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ᠂ ᠳᠣᠲᠣᠭᠠᠳᠤ ᠶᠢᠨ ᠡᠵᠡᠮᠳᠡᠯ ᠤᠨ ᠲᠣᠭᠲᠠᠴᠠ ᠲᠡᠭᠦᠯᠳᠡᠷᠵᠢᠭᠡᠳᠦᠢ᠂ | ᠡᠳ᠋ ᠤᠨ ᠶᠠᠪᠤᠳᠠᠯ ᠲᠦᠷᠢᠮ ᠤᠨ ᠬᠡᠷᠡᠭᠵᠢᠭᠦᠯᠦᠯᠲᠡ ᠴᠢᠩᠭ᠎ᠠ ᠪᠢᠰᠢ︔ ᠠᠵᠢᠯᠳᠠᠨ ᠰᠣᠩᠭᠤᠨ ᠬᠡᠷᠡᠭᠯᠡᠬᠦ ᠬᠤᠯᠪᠣᠭᠳᠠᠯ | ᠪᠦᠬᠦᠢ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠵᠥᠷᠢᠡᠶᠡ ᠲᠠᠢ ᠪᠠᠶᠢᠵᠤ᠂ ᠱᠠᠭᠠᠷᠳᠠᠯᠭ᠎ᠠ ᠶᠣᠰᠣᠭᠠᠷ ᠨᠠᠮ ᠤᠨ ᠡᠭᠦᠷ ᠤᠨ ᠱᠦᠵᠢ ᠪᠣᠯᠤᠨ | ᠭᠡᠰᠢᠭᠦᠳ ᠲᠤ ᠪᠣᠯᠪᠠᠰᠤᠷᠠᠯ ᠬᠦᠷᠲᠡᠭᠡᠭᠰᠡᠨ ᠦᠭᠡᠢ᠂ ᠨᠠᠮ ᠤᠨ ᠡᠭᠦᠷ ᠤᠨ ᠱᠦᠵᠢ ᠪᠣᠯᠤᠨ ᠭᠡᠰᠢᠭᠦᠳ ᠲᠤ ᠴᠠᠭ | ᠲᠤᠬᠠᠢ ᠳᠤᠨᠢ ᠲᠤᠬᠢᠷᠠᠭᠤᠯᠤᠯᠳᠠ ᠬᠢᠭᠰᠡᠨ ᠦᠭᠡᠢ︔ ᠳᠡᠭᠡᠷ᠎ᠡ ᠤᠳᠠᠭ᠎ᠠ ᠶᠢᠨ ᠲᠣᠭᠤᠷᠢᠨ ᠪᠠᠶᠢᠴᠠᠭᠠᠯᠲᠠ ᠳᠤ | ᠢᠯᠡᠷᠡᠭᠦᠯᠦᠭᠰᠡᠨ︽ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠤᠶᠠᠯᠳᠤᠯ ᠨᠢᠭᠲᠠ ᠪᠢᠰᠢ︾ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠳᠡᠭᠡᠷ᠎ᠡ ᠤᠳᠠᠭ᠎ᠠ ᠶᠢᠨ | ᠲᠣᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠬᠰᠠᠨ ᠠᠰᠠᠭᠤᠳᠠᠯ ᠳᠤ ᠴᠢᠭᠯᠡᠭᠦᠯᠵᠦ᠂ ᠭᠤᠣᠯ ᠰᠡᠳᠦᠪᠲᠦ ᠬᠥᠮᠦᠵᠢᠯ | ᠪᠠᠶᠢᠴᠠᠭᠠᠯᠲᠠ ᠶᠢᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠪᠠᠷ ᠬᠦᠴᠦᠯᠡᠬᠦ ᠪᠠᠷ ᠬᠦᠷᠦᠯᠴᠡᠬᠦ | ᠦᠭᠡᠢ ᠪᠠᠶᠢᠨ᠎ᠠ᠃ | ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠡᠳᠦ ᠤᠯᠦᠰ ᠤᠨ ᠤᠡᠴᠡᠯᠢᠬ ᠪᠦᠭᠦᠢ ᠨᠡᠶᠢᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠤᠨᠤᠯ ᠤᠨ ᠰᠤᠷᠤᠯᠴᠠᠯᠭ᠎ᠠ ᠶᠢᠨ ᠭᠦᠨᠴᠡ ᠪᠠ ᠪᠣᠳᠠᠲᠤ ᠦᠷ᠎ᠡ ᠪᠦᠲᠦᠮᠵᠢ ᠶᠢ ᠬᠦᠴᠦᠯᠡᠨ | ᠴᠢᠩᠭᠠᠳᠬᠠᠵᠤ᠂ ᠲᠥᠰᠦᠪ ᠤᠨ ᠭᠦᠢᠴᠡᠳᠬᠡᠯ ᠤᠨ ᠦᠢᠯᠡᠴᠢᠯᠡᠭᠡᠨ ᠤ ᠲᠤᠯᠭᠠᠭᠤᠷᠢᠯᠠᠬᠤ ᠦᠢᠯᠡᠳᠦᠯ ᠢ ᠭᠦᠢᠴᠡᠳ | ᠪᠠᠳᠠᠷᠠᠭᠤᠯᠤᠨ᠎ᠠ︔ ︽ᠭᠤᠷᠪᠠᠨ ᠴᠢᠬᠤᠯᠠ ᠨᠢᠭᠡ ᠶᠡᠭᠡ︾ ᠶᠢᠨ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ | ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠤᠳᠤᠯᠭ᠎ᠠ ᠲᠣᠭᠲᠠᠭᠠᠵᠤ᠂ ᠭᠦᠴᠢᠷ ᠢ | ᠲᠤᠭᠤᠯᠤᠨ ᠪᠡᠷᠬᠡ ᠶᠢ ᠳᠠᠪᠠᠵᠤ᠂ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ︔ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠰᠡᠳᠦᠪ ᠢᠶᠠᠷ ᠰᠤᠳᠤᠯᠵᠤ᠂ ᠵᠢᠯ ᠪᠤᠯᠭᠠᠨ ᠤ | ᠭᠤᠣᠯᠳᠠᠯᠭ᠎ᠠ ᠲᠠᠢ ᠡᠭᠦᠷᠭᠡ ᠪᠠᠨ ᠲᠤᠳᠤᠷᠬᠠᠢ ᠲᠤᠭᠳᠠᠭᠠᠬᠤ ᠬᠡᠷᠡᠭᠲᠡᠢ︔ ᠲᠦᠷᠢᠮ ᠤᠨ ᠪᠠᠶᠢᠭᠤᠯᠤᠯᠲᠠ ᠪᠣᠯᠤᠨ | ᠳᠣᠲᠣᠭᠠᠳᠤ ᠡᠵᠡᠮᠳᠡᠯ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠶᠢᠨ ᠠᠶᠤᠯ | ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ︔ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠤᠭᠤᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠵᠢᠯᠳᠠᠨ ᠰᠣᠩᠭᠤᠵᠤ ᠬᠡᠷᠡᠭᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠠᠯᠤᠰ ᠬᠡᠳᠤ ᠶᠢᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠬᠡᠷᠡᠭᠲᠡᠢ︔ ᠨᠠᠮ ᠤᠨ ᠡᠭᠦᠷ ᠤᠨ ᠠᠵᠢᠯ ᠤᠨ | ᠳᠦᠷᠢᠮ᠂ ᠦᠨᠳᠦᠰᠦᠨ ᠱᠠᠲᠤᠨ ᠤ ᠵᠤᠬᠢᠶᠠᠨ ᠪᠠᠶᠢᠢᠭᠤᠯᠤᠯᠲᠠ ᠶᠢᠨ ᠠᠵᠢᠯ ᠤᠨ ᠳᠦᠷᠢᠮ ᠵᠡᠷᠭᠡ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ | ᠪᠡᠷᠢᠮᠵᠢᠶᠡᠵᠢᠭᠤᠯᠬᠤ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠲᠣᠭᠤᠷᠢᠨ ᠪᠠᠶᠢᠴᠠᠭᠠᠯᠲᠠ ᠳᠤ | ᠰᠢᠨ᠎ᠡ ᠪᠠᠷ ᠢᠯᠡᠷᠡᠭᠦᠯᠦᠭᠰᠡᠨ ᠠᠰᠠᠭᠤᠳᠠᠯ ᠢ ᠳᠡᠭᠡᠷ᠎ᠡ ᠤᠳᠠᠭᠠᠨ ᠤ ᠲᠣᠭᠤᠷᠢᠨ ᠪᠠᠶᠢᠴᠠᠭᠠᠯᠲᠠ᠂ ᠭᠤᠣᠯ ᠰᠡᠳᠦᠪᠲᠦ | ᠬᠥᠮᠦᠵᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠰᠠᠭᠤᠳᠠᠯ ᠲᠠᠢ ᠨᠢᠭᠡ | ᠴᠤᠭᠴᠠᠵᠢᠭᠤᠯᠤᠨ ᠰᠤᠳᠤᠯᠵᠤ᠂ ᠨᠢᠭᠡ ᠴᠤᠭᠴᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠶᠠᠪᠤᠳᠠᠯ ᠪᠦᠬᠦᠨ ᠢ | ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠳᠤ ᠦᠷ᠎ᠡ ᠳ᠋ᠦᠩ ᠲᠠᠢ ᠪᠠᠶᠢᠯᠭᠠᠬᠤ ᠶᠢ ᠦᠨᠡᠨ ᠬᠦ ᠪᠠᠳᠤᠯᠠᠬᠤ ᠬᠡᠷᠡᠭᠲᠡᠢ᠃ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠪ ᠤᠨ ᠨᠠᠮ ᠤᠨ ᠡᠭᠦᠷ ᠲᠤ ᠲᠣᠭᠤᠷᠢᠨ | ᠪᠠᠶᠢᠢᠴᠠᠭᠠᠵᠤ ᠢᠯᠡᠷᠡᠭᠦᠯᠦᠭᠰᠡᠨ ᠭᠤᠣᠯ ᠠᠰᠠᠭᠤᠳᠠᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ | ᠤᠯᠦᠰ ᠤᠨ ᠤᠡᠴᠡᠯᠢᠬ ᠪᠦᠭᠦᠢ ᠨᠡᠶᠢᠢᠭᠡᠮ ᠵᠢᠷᠦᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠰᠠᠶᠢᠲᠤᠷ | ᠥᠷᠨᠢᠭᠦᠯᠦᠭᠰᠡᠨ ᠦᠭᠡᠢ︔ ᠭᠤᠣᠯᠯᠠᠬᠤ ᠡᠭᠦᠷᠭᠡ ᠴᠢᠳᠠᠪᠤᠷᠢ ᠪᠠᠨ ᠭᠦᠢᠴᠡᠳ ᠭᠦᠢᠴᠡᠳᠬᠡᠭᠰᠡᠨ ᠥᠭᠡᠢ᠂ ᠡᠭᠦᠷᠭᠡ | ᠴᠢᠳᠠᠪᠤᠷᠢ ᠶᠢᠨ ᠬᠡᠪᠴᠢᠶᠡᠨ ᠳᠣᠲᠣᠷᠠᠬᠢ ᠡᠳ᠋ ᠤᠨ ᠵᠠᠰᠠᠭ ᠤᠨ ᠲᠥᠰᠦᠪ ᠤᠨ ᠲᠥᠷᠥᠯ ᠵᠦᠢᠯ ᠤᠨ ᠭᠠᠳᠠᠭᠠᠳᠤ ᠳᠤ | ᠨᠠᠶᠢᠳᠠᠬᠤ ᠬᠠᠷᠢᠴᠠᠯ ᠨᠡᠯᠢᠶᠡᠳ ᠥᠨᠳᠥᠷ ᠪᠠᠶᠢᠬᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠤᠬᠠᠮᠰᠠᠷ | ᠴᠢᠩᠭ᠎ᠠ ᠪᠢᠰᠢ᠂ ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠢᠶᠠᠷ ᠡᠭᠦᠷ ᠤᠨ ᠵᠥᠪᠯᠡᠯ ᠢ ᠣᠷᠣᠯᠠᠭᠤᠯᠬᠤ ᠵᠡᠷᠭᠡ | ᠠᠰᠠᠭᠤᠳᠠᠯ ᠣᠷᠣᠰᠢᠵᠤ ᠪᠤᠢ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠦᠭᠡᠢ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠢᠬᠤᠯᠠ ᠶᠡᠭᠡ ᠤᠴᠢᠷ ᠶᠠᠪᠤᠳᠠᠯ ᠤᠨ ᠵᠢᠭᠠᠪᠤᠷᠢ | ᠠᠪᠬᠤ ᠮᠡᠳᠡᠭᠦᠯᠦᠯᠲᠡ ᠶᠢᠨ ᠨᠠᠷᠢᠨ ᠲᠠᠩᠰᠠ ᠶᠢ ᠲᠣᠭᠲᠠᠭᠠᠭᠰᠠᠨ ᠦᠭᠡᠢ᠂ ︽ᠭᠤᠷᠪᠠᠨ ᠴᠢᠬᠤᠯᠠ ᠨᠢᠭᠡ ᠶᠡᠭᠡ︾ | ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ︔ | ᠠᠵᠢᠯᠳᠠᠨ ᠰᠣᠩᠭᠤᠵᠤ ᠬᠡᠷᠡᠭᠯᠡᠬᠦ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠪᠣᠳᠠᠲᠠᠶ ᠪᠠᠷ ᠬᠡᠷᠡᠭᠵᠢᠭᠦᠯᠦᠭᠰᠡᠨ | ᠦᠭᠡᠢ᠂ ᠠᠵᠢᠯ ᠨᠢ ᠵᠢᠷᠤᠮᠵᠢᠯ ᠦᠭᠡᠢ ᠪᠠᠶᠢᠬᠤ︔ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ | ᠬᠦᠷᠦᠯᠴᠡᠬᠦ ᠦᠭᠡᠢ ᠲᠠᠯ᠎ᠠ ᠣᠷᠣᠰᠢᠵᠤ᠂ ᠨᠠᠮ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠶᠢ ᠲᠣᠭᠲᠠᠭᠠᠯ ᠶᠣᠰᠣᠭᠠᠷ | ᠥᠷᠨᠢᠭᠦᠯᠦᠭᠰᠡᠨ ᠦᠭᠡᠢ︔ ᠳᠣᠲᠤᠭᠠᠳᠤᠬᠢ ᠬᠢᠨᠠᠨ ᠪᠣᠳᠣᠯᠲᠠ ᠵᠢᠭᠠᠵᠤ ᠭᠠᠷᠭᠠᠭᠰᠠᠨ ︽ᠲᠣᠭᠲᠠᠮᠠᠯ ᠡᠳ᠋ ᠬᠥᠷᠦᠩᠭᠡ | ᠬᠡᠷᠡᠭᠯᠡᠬᠦ᠂ ᠬᠠᠳᠠᠭᠠᠯᠠᠨ ᠬᠠᠮᠢᠶᠠᠷᠬᠤ᠂ ᠳᠡᠩᠰᠡᠯᠡᠯᠲᠡ ᠶᠢ ᠬᠤᠪᠢᠷᠠᠭᠤᠯᠬᠤ ᠵᠡᠷᠭᠡ ᠲᠠᠯ᠎ᠠ ᠶᠢᠨ ᠡᠮᠬᠢᠯᠡᠨ ᠳᠢᠭᠯᠡᠬᠦ | ᠠᠵᠢᠯ ᠢ ᠬᠠᠷᠠᠬᠠᠨ ᠪᠡᠶᠡᠯᠡᠭᠦᠯᠦᠭᠡᠳᠦᠶ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠥᠬᠡᠶ | ᠪᠠᠶᠢᠨ᠎ᠠ᠃ | ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠡᠳᠦ ᠤᠯᠦᠰ ᠤᠨ ᠤᠡᠴᠡᠯᠢᠬ ᠪᠦᠭᠦᠢ ᠨᠡᠶᠢᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ | ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠬᠤ ᠪᠠ | ᠮᠡᠳᠡᠭᠦᠯᠦᠯᠲᠡ ᠬᠢᠬᠦ ᠲᠦᠷᠢᠮ ᠢ ᠪᠦᠷᠢᠨᠰᠢᠬᠦᠯᠵᠤ᠂ ᠲᠦᠷᠢᠮ ᠤᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ | ᠲᠦᠷᠢᠮ ᠢᠶᠠᠷ ᠬᠥᠮᠦᠨ ᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ᠂ ᠡᠷᠬᠡ ᠶᠢ ᠬᠠᠮᠢᠶᠠᠷᠬᠤ ᠰᠠᠶᠢᠢᠨ ᠰᠠᠶᠢᠬᠠᠨ | ᠲᠣᠭᠲᠠᠴᠠ ᠶᠢ ᠪᠦᠷᠢᠯᠳᠦᠭᠦᠯᠬᠦ ᠬᠡᠷᠡᠭᠲᠡᠢ︔ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠤᠭᠤᠮ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠠᠶᠢᠭᠤᠯᠤᠯᠲᠠ᠂ | ᠡᠩᠨᠡᠭᠡᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠵᠤᠬᠢᠶᠠᠨ ᠪᠠᠶᠢᠢᠭᠤᠯᠤᠯᠲᠠ ᠶᠢ ᠨᠢᠭᠡ ᠴᠤᠭᠴᠠᠵᠢᠭᠤᠯᠤᠨ | ᠠᠬᠢᠭᠤᠯᠬᠤ ᠬᠡᠷᠡᠭᠲᠡᠢ︔ ︽ᠭᠤᠷᠪᠠᠨ ᠴᠢᠬᠤᠯᠠ ᠨᠢᠭᠡ ᠶᠡᠭᠡ︾ ᠶᠢᠨ ᠰᠢᠶᠳᠪᠦᠷᠢᠲᠦ ᠪᠤᠳᠤᠯᠭ᠎ᠠ ᠲᠣᠭᠲᠠᠭᠠᠬᠤ | ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠴᠢᠬᠤᠯᠠ ᠶᠡᠭᠡ ᠠᠰᠠᠭᠤᠳᠠᠯ ᠴᠢᠬᠤᠯᠠ ᠬᠡᠷᠡᠭ ᠶᠠᠪᠤᠳᠠᠯ ᠤᠨ ᠤᠯᠤᠰ | ᠲᠦᠷᠦ ᠶᠢᠨ ᠪᠣᠭᠤᠮᠲᠠ ᠶᠢ ᠲᠠᠰᠤᠷᠠᠯᠳᠡ ᠦᠭᠡᠢ ᠠᠳᠬᠤᠬᠤ ᠬᠡᠷᠡᠭᠲᠡᠶ︔ ᠠᠵᠢᠯᠳᠠᠨ ᠰᠣᠩᠭᠤᠵᠤ ᠬᠡᠷᠡᠭᠯᠡᠬᠦ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯᠳᠠᠨ ᠰᠣᠩᠭᠤᠵᠤ ᠬᠡᠷᠡᠭᠯᠡᠬᠦ | ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ︔ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ | ᠪᠠᠶᠢᠭᠤᠯᠤᠯᠲᠠ ᠶᠢᠨ ᠬᠢᠨᠠᠨ ᠰᠢᠯᠭᠠᠯᠲᠠ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ︔ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠬᠢᠨᠠᠨ ᠪᠤᠳᠤᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠲᠠᠢ ᠨᠢᠭᠡ | ᠴᠤᠭᠴᠠᠵᠢᠭᠤᠯᠤᠨ ᠰᠤᠳᠤᠯᠵᠤ᠂ ᠨᠢᠭᠡ ᠴᠤᠭᠴᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠬᠤ ᠬᠡᠷᠡᠭᠲᠡᠢ᠃ | ᠬᠠᠷᠢᠭᠤ ᠲᠤᠰᠬᠠᠬᠤ ᠳᠤ ᠣᠷᠣᠯᠴᠠᠭᠰᠠᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠭᠠᠵᠤ ᠭᠠᠷᠭᠠᠭᠰᠠᠨ ᠨᠢ᠂ ᠲᠣᠭᠤᠷᠢᠨ | ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ ᠪᠠᠶᠢᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ | ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠡᠶ᠎ᠡ ᠪᠠᠷ ᠬᠠᠷᠢᠭᠤᠴᠠᠬᠤ ᠣᠪᠣᠷ᠂ ᠪᠣᠳᠠᠲᠠᠢ ᠶᠢ ᠡᠷᠬᠢᠮᠯᠡᠭᠰᠡᠨ | ᠴᠢᠩᠭ᠎ᠠ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂︽ᠬᠤᠶᠠᠷ ᠢ ᠬᠠᠮᠠᠭᠠᠯᠠᠬᠤ︾ ᠶᠢ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ | ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠬᠠᠷᠢᠭᠤᠴᠠᠯᠭ᠎ᠠ ᠶᠢᠨ ᠨᠢᠭᠡᠴᠢ ᠪᠣᠯᠭᠠᠨ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ︽ᠳᠥᠷᠪᠡ ᠶᠢ ᠠᠭᠤᠰᠤᠯᠴᠠᠭᠤᠯᠬᠤ︾ ᠱᠠᠭᠠᠷᠳᠠᠯᠭ᠎ᠠ ᠶᠣᠰᠣᠭᠠᠷ᠂ ᠪᠦᠬᠦ ᠲᠡᠯ᠎ᠠ ᠪᠠᠷ ᠠᠷᠭ᠎ᠠ | ᠰᠦᠪᠡᠭᠴᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠪᠦᠬᠦᠯᠢ ᠴᠣᠭᠴᠠ ᠶᠢᠨ ᠴᠢᠨᠠᠷᠲᠠᠶ ᠠᠬᠢᠭᠤᠯᠬᠤ ᠬᠡᠷᠡᠭᠲᠡᠶ᠃ | ᠭᠤᠣᠯ ᠪᠠ ᠳᠠᠭᠠᠯᠲᠠ ᠶᠢ ᠬᠠᠮᠲᠤᠳᠠ ᠵᠠᠰᠠᠬᠤ ᠶᠢ ᠭᠦᠨᠵᠡᠭᠡᠶᠢᠷᠡᠭᠦᠯᠵᠦ᠂ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠦᠨᠳᠦᠰᠦᠨ +︾ ᠵᠠᠭᠪᠤᠷ ᠢ | ᠨᠠᠶᠢᠳᠠᠪᠤᠷᠢᠵᠢᠭᠤᠯᠬᠤ ᠶᠣᠰᠣᠭᠠᠷ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠲᠡᠭᠦ᠂ ᠡᠯ᠎ᠡ ᠲᠦᠷᠦᠯ ᠤᠨ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠬᠦᠯᠬᠦ ᠳᠤ᠂ ︽ᠣᠳᠣᠬᠠᠨ ᠳᠤ ᠥᠭᠡᠷᠡᠴᠢᠯᠡᠬᠦ︾ᠠᠷᠭ᠎ᠠ ᠬᠡᠮᠵᠢᠡᠶ᠎ᠡ ᠪᠠᠶᠢᠬᠤ ᠮᠥᠷᠲᠡᠭᠡᠨ ᠪᠠᠰᠠ︽ᠤᠷᠳᠤ | ᠬᠤᠭᠤᠴᠠᠭ᠎ᠠ ᠪᠠᠷ ᠪᠠᠶᠢᠭᠤᠯᠬᠤ︾ᠲᠣᠭᠲᠠᠴᠠ ᠶᠢ ᠪᠠᠶᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠣᠯᠠᠨᠲᠠ ᠪᠠᠶᠢᠴᠠᠭᠠᠵᠤ ᠣᠯᠠᠨᠲᠠ ᠵᠥᠷᠢᠴᠡᠬᠦ᠂ ᠥᠭᠡᠷᠡᠴᠢᠯᠡᠬᠦ ᠶᠢᠨ | ᠳᠠᠭᠠᠤ ᠵᠥᠷᠢᠴᠡᠬᠦ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠰᠢᠨ᠎ᠡ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ ᠪᠠᠶᠢᠢᠭᠤᠯᠤᠯᠲᠠ ᠶᠢᠨ ᠭᠤᠣᠯ | ᠬᠠᠷᠢᠭᠤᠴᠠᠯᠭᠠᠲᠠᠨ ᠨᠦᠬᠦᠳ ᠢᠯᠡᠷᠬᠡᠶᠢᠯᠡᠭᠰᠡᠨ ᠨᠢ᠂ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ | ᠠᠰᠠᠭᠤᠳᠠᠯ ᠨᠢ ᠦᠨᠡᠨ ᠠᠴᠠ ᠵᠥᠪ ᠢ ᠡᠷᠢᠵᠦ᠂ ᠠᠮᠢᠨ ᠭᠠᠵᠠᠷ ᠢ ᠨᠢ ᠣᠨᠣᠭᠠᠵᠤ᠂ ᠬᠥᠮᠦᠰ ᠲᠤ ᠰᠡᠷᠡᠮᠵᠢ | ᠦᠭᠬᠦᠭᠰᠡᠨ ᠪᠠᠶᠢᠢᠨ᠎ᠠ᠂ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠨᠢ ᠵᠣᠭᠰᠣᠴᠠ ᠪᠠᠷ ᠥᠨᠳᠥᠷ᠂ | ᠤᠨᠤᠪᠴᠢᠲᠠᠢ ᠰᠤᠳᠠᠯ ᠢ ᠨᠢ ᠪᠠᠷᠢᠵᠤ᠂ ᠪᠣᠳᠠᠲᠠᠢ ᠪᠦᠭᠡᠳ ᠲᠣᠳᠣᠷᠬᠠᠢ ᠪᠠᠶᠢᠵᠤ᠂ ᠲᠣᠭᠤᠷᠢᠨ ᠪᠠᠶᠢᠴᠠᠭᠠᠯᠲᠠ ᠳᠤ | ᠵᠢᠭᠠᠵᠤ ᠭᠠᠷᠭᠠᠭᠰᠠᠨ ᠠᠰᠠᠭᠤᠳᠠᠯ ᠢ ᠦᠨᠡᠨᠴᠢ ᠪᠠᠷ ᠬᠦᠯᠢᠶᠡᠨ ᠠᠪᠴᠤ᠂ ᠬᠠᠭᠤᠳᠠᠰᠤ ᠶᠣᠰᠣᠭᠠᠷ ᠪᠦᠬᠦᠨ ᠢ | ᠬᠤᠷᠢᠶᠠᠵᠤ᠂ ᠡᠷᠬᠡᠪᠰᠢ ᠭᠦᠨᠵᠡᠭᠡᠢ ᠲᠤᠩᠭᠠᠨ ᠪᠣᠳᠣᠯᠬᠢᠯᠠᠵᠤ᠂ ᠵᠥᠷᠢᠡᠶᠡ ᠪᠠᠨ ᠡᠷᠢᠵᠦ᠂ ᠡᠷᠡᠰ ᠢᠶᠠᠷ ᠴᠡᠭᠴᠡᠯᠡᠨ | ᠰᠠᠶᠢᠢᠵᠢᠷᠠᠭᠤᠯᠤᠨᠠ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠰᠠᠶᠢᠲᠤᠷ ᠠᠳᠬᠤᠵᠤ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠭᠤᠣᠯ ᠪᠠ ᠳᠠᠭᠠᠯᠲᠠ ᠶᠢ ᠬᠠᠮᠲᠤᠳᠠ ᠵᠠᠰᠠᠬᠤ ᠠᠰᠠᠭᠤᠳᠠᠯ ᠢ ᠦᠨᠳᠦᠰᠦᠨ ᠠᠴᠠ ᠨᠢ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ ᠬᠤᠷᠢᠶᠠᠨ ᠣᠯᠤᠭᠰᠠᠨ ᠬᠤᠯᠪᠣᠭᠳᠠᠯ ᠪᠦᠬᠦᠢ ᠤᠳᠤᠷᠢᠳᠬᠤ | ᠺᠠᠳ᠋ᠷ ᠤᠨ ᠠᠰᠠᠭᠤᠳᠠᠯ ᠤᠨ ᠲᠤᠬᠠᠢ ᠵᠠᠩᠭᠢᠶ᠎ᠠ ᠶᠢ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠲᠠᠭᠠᠯ ᠶᠣᠰᠣᠭᠠᠷ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠵᠡᠢ᠃ | |