ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠠᠵᠢᠯ ᠤᠨ ᠳᠦᠷᠢᠮ
ᠨᠡᠶᠢᠲᠡᠯᠡᠭᠰᠡᠨ ᠴᠠᠭ᠄
2021/7/21
     ᠡᠮᠦᠨᠡᠬᠡᠨ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ  ᠠᠴᠠ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠠᠵᠢᠯ ᠤᠨ ᠳᠦᠷᠢᠮ ︾  ᠢ ᠬᠢᠨᠠᠨ ᠪᠠᠲᠤᠯᠠᠪᠠ᠃      ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ      ᠠᠵᠢᠯ ᠤᠨ ᠳᠦᠷᠢᠮ      ᠨᠢᠭᠡᠳᠦᠭᠡᠷ ᠪᠦᠯᠦᠭ   ᠵᠡᠷᠦᠩᠬᠡᠶ ᠲᠦᠷᠢᠮ      ᠨᠢᠭᠡᠳᠦᠭᠡᠷ ᠵᠦᠢᠯ᠂ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ  ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ  ᠪᠠᠷ ᠬᠡᠷᠡᠭᠵᠢᠭᠦᠯᠬᠦ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂  ᠴᠣᠭᠴᠠᠯᠠᠨ ᠪᠠᠶᠢᠭᠤᠯᠬᠤ ᠬᠠᠷᠢᠭᠤᠴᠠᠯᠭ᠎ᠠ ᠲᠣᠳᠣᠷᠬᠠᠶ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠴᠢᠩᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠦᠴᠦᠲᠡᠢ ᠲᠣᠭᠲᠠᠴᠠ ᠶᠢ ᠪᠠᠶᠢᠭᠤᠯᠵᠤ᠂ ᠨᠠᠮ ᠵᠠᠰᠠᠭ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠬᠠᠮᠲᠤ ᠪᠠᠷ ᠬᠠᠮᠢᠶᠠᠷᠬᠤ ᠪᠠᠶᠢᠷᠢᠰᠢᠯ ᠢ ᠪᠤᠢ ᠪᠣᠯᠭᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠪᠦᠲᠦᠭᠡᠨ ᠪᠠᠶᠢᠭᠤᠯᠤᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠲᠦᠷᠢᠮ ᠢ ᠲᠣᠬᠢᠷᠠᠭᠤᠯᠤᠨ ᠲᠡᠭᠦᠯᠳᠡᠷᠵᠢᠭᠦᠯᠬᠦ ᠶᠢ ᠵᠥᠪᠰᠢᠶᠡᠷᠡᠭᠰᠡᠨ ᠲᠤᠬᠠᠢ ᠲᠦᠷᠤ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ  ᠤ ᠵᠠᠬᠢᠳᠠᠯ︾ ᠢ ᠦᠨᠳᠦᠰᠦᠯᠡᠨ ᠲᠤᠰ ᠲᠦᠷᠢᠮ ᠢ ᠲᠣᠭᠲᠠᠭᠠᠪᠠ᠃      ᠬᠤᠶᠠᠳᠤᠭᠠᠷ ᠪᠦᠯᠦᠭ   ᠭᠡᠰᠢᠭᠦᠨ ᠤ ᠪᠦᠷᠢᠯᠳᠦᠬᠦᠨ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ      ᠬᠤᠶᠠᠳᠤᠭᠠᠷ ᠵᠦᠢᠯ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ  ᠪᠠᠷ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠨᠢ ᠤᠰᠤᠨ ᠠᠰᠢᠭᠯᠠᠯᠳᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠰᠤᠷᠭᠠᠨ ᠬᠦᠮᠤᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠶᠠᠮᠤᠨ᠂ ᠲᠤᠳᠤᠭᠠᠳᠤ ᠶᠢ ᠬᠠᠮᠠᠭᠠᠯᠠᠬᠤ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠬᠠᠤᠯᠢ ᠴᠠᠭᠠᠵᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠳᠤᠭᠡᠨ ᠪᠠᠶᠢᠢᠭᠤᠯᠤᠯᠳᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠰᠣᠶᠣᠯ ᠵᠢᠭᠤᠯᠴᠢᠯᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠶᠠᠮᠤᠨ᠂ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ 18 ᠰᠠᠯᠠᠭ᠎ᠠ ᠮᠥᠴᠢᠷ ᠢᠶᠠᠷ ᠪᠦᠷᠢᠯᠳᠦᠪᠡ᠃ ᠤᠰᠤᠨ ᠠᠰᠢᠭᠯᠠᠯᠳᠠ ᠶᠢᠨ ᠶᠠᠮᠤᠨ ᠪᠣᠯ ᠲᠣᠯᠤᠭᠠᠶᠢᠢᠯᠠᠭᠴᠢ  ᠨᠢᠭᠡᠴᠢ ᠪᠣᠯᠤᠨ᠎ᠠ᠃      ᠭᠤᠷᠪᠠᠳᠤᠭᠠᠷ ᠵᠦᠢᠯ᠂ ᠲᠦᠷᠤ ᠶᠢᠨ ᠶᠠᠪᠤᠳᠠᠯ ᠤᠨ ᠬᠤᠷᠢᠶ᠎ᠠ  ᠶᠢᠨ ᠬᠤᠪᠢᠳᠠᠨ ᠬᠠᠮᠢᠶᠠᠷᠴᠤ ᠪᠠᠶᠢᠢᠭ᠎ᠠ ᠤᠳᠤᠷᠢᠳᠬᠤ ᠨᠥᠬᠦᠳ ᠬᠠᠮᠲᠤᠷᠠᠭᠰᠠᠨ ᠬᠤᠷᠠᠯ  ᠤᠨ ᠬᠤᠷᠠᠯᠳᠤᠭᠤᠯᠤᠭᠴᠢ  ᠶᠢᠨ ᠲᠤᠰᠢᠶᠠᠯ  ᠢ ᠡᠭᠦᠷᠭᠡᠯᠡᠵᠦ᠂ ᠤᠰᠤᠨ ᠠᠰᠢᠭᠯᠠᠯᠳᠠ ᠶᠢᠨ ᠶᠠᠮᠤᠨ  ᠤ ᠭᠤᠣᠯ  ᠬᠠᠷᠢᠭᠤᠴᠠᠯᠭᠠᠲᠠᠳ   ᠪᠣᠯᠤᠨ ᠲᠦᠷᠤ ᠶᠢᠨ ᠶᠠᠪᠤᠳᠠᠯ ᠤᠨ ᠬᠤᠷᠢᠶ᠎ᠠ  ᠶᠢᠨ ᠬᠤᠪᠢᠳᠠᠨ ᠬᠠᠮᠢᠶᠠᠷᠴᠤ ᠪᠠᠶᠢᠢᠭ᠎ᠠ ᠳᠡᠳ᠋ ᠨᠠᠷᠢᠨ ᠪᠢᠴᠢᠭᠡᠴᠢ ᠶᠢᠨ ᠳᠠᠷᠤᠭ᠎ᠠ ᠳᠡᠳ᠋ ᠬᠤᠷᠠᠯᠳᠤᠭᠤᠯᠤᠭᠴᠢ  ᠶᠢᠨ ᠲᠤᠰᠢᠶᠠᠯ  ᠢ ᠡᠭᠦᠷᠭᠡᠯᠡᠵᠦ᠂ ᠪᠤᠰᠤᠳ ᠪᠦᠷᠢᠯᠳᠦᠬᠦᠨ  ᠨᠢᠭᠡᠴᠢ ᠶᠢᠨ ᠬᠤᠯᠪᠣᠭᠳᠠᠯ ᠪᠦᠬᠦᠢ  ᠬᠠᠷᠢᠭᠤᠴᠠᠯᠭᠠᠲᠠᠳ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠪᠣᠯᠤᠨ᠎ᠠ᠃      ᠬᠠᠮᠲᠤᠷᠠᠭᠰᠠᠨ ᠬᠤᠷᠠᠯᠳᠤᠭᠠᠨ ᠤ ᠪᠦᠷᠢᠯᠳᠦᠬᠦᠨ ᠢ ᠠᠵᠢᠯ ᠤᠨ ᠬᠤᠪᠢᠷᠠᠯᠲᠠ ᠵᠡᠷᠭᠡ ᠰᠢᠯᠲᠠᠭᠠᠨ ᠠᠴᠠ ᠪᠤᠯᠵᠤ ᠲᠣᠬᠢᠷᠠᠭᠤᠯᠬᠤ ᠴᠢᠬᠤᠯᠠᠲᠠᠶ ᠪᠠᠶᠢᠪᠠᠯ᠂ ᠠᠵᠢᠯᠯᠠᠵᠤ ᠪᠠᠶᠢᠭ᠎ᠠ ᠰᠠᠯᠠᠭ᠎ᠠ ᠮᠥᠴᠢᠷ ᠠᠴᠠ ᠨᠢ ᠳᠤᠷᠠᠳᠤᠨ ᠭᠠᠷᠭᠠᠵᠤ᠂ ᠬᠠᠮᠲᠤᠷᠠᠭᠰᠠᠨ ᠬᠤᠷᠠᠯᠳᠤᠭᠠᠨ ᠠᠴᠠ ᠲᠣᠭᠲᠠᠭᠠᠨ᠎ᠠ᠃      ᠳᠥᠷᠪᠡᠳᠦᠭᠡᠷ ᠵᠦᠢᠯ᠂ ᠬᠠᠮᠲᠤᠷᠠᠭᠰᠠᠨ ᠬᠤᠷᠠᠯᠳᠤᠭᠠᠨ ᠤ ᠭᠤᠣᠯ ᠲᠤᠰᠢᠶᠠᠯ ᠬᠠᠷᠢᠭᠤᠴᠠᠯᠭ᠎ᠠ᠄      ︵ᠨᠢᠭᠡ︶᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ  ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔      ︵ᠬᠤᠶᠠᠷ︶᠂ ᠪᠥᠬᠦ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠴᠢᠬᠤᠯᠠ ᠶᠡᠭᠡ ᠵᠦᠶᠯᠡᠰ ᠢ ᠰᠤᠳᠤᠯᠤᠨ ᠪᠠᠶᠢᠷᠢᠯᠠᠭᠤᠯᠤᠨ᠎ᠠ︔      ︵ᠭᠤᠷᠪᠠ︶᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ︔      ︵ᠳᠥᠷᠪᠡ︶᠂ ᠡᠯ᠎ᠡ ᠭᠠᠵᠠᠷ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔      ︵ᠲᠠᠪᠤ︶᠂ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠳᠠᠭᠠᠭᠠᠯᠭᠠᠭᠰᠠᠨ ᠪᠤᠰᠤᠳ ᠡᠭᠦᠷᠭᠡ   ᠶᠢ ᠪᠡᠶᠡᠯᠡᠭᠦᠯᠦᠨ᠎ᠡ᠃      ᠲᠠᠪᠤᠳᠤᠭᠠᠷ ᠵᠦᠢᠯ᠂ ᠬᠠᠮᠲᠤᠷᠠᠭᠰᠠᠨ ᠬᠤᠷᠠᠯᠳᠤᠭᠠᠨ  ᠤ ᠠᠯᠪᠡᠠ ᠭᠡᠷ  ᠢ ᠤᠰᠤᠨ ᠠᠰᠢᠭᠯᠠᠯᠳᠠ ᠶᠢᠨ ᠶᠠᠮᠤᠨ ᠳᠤ  ᠪᠠᠶᠢᠭᠤᠯᠵᠤ᠂ ᠬᠠᠮᠲᠤᠷᠠᠭᠰᠠᠨ ᠬᠤᠷᠠᠯᠳᠤᠭᠠᠨ  ᠤ ᠡᠳᠦᠷ ᠲᠤᠳᠤᠮ  ᠤᠨ ᠠᠵᠢᠯ  ᠢ  ᠡᠭᠦᠷᠭᠡᠯᠡᠨ᠎ᠡ᠃ ᠬᠠᠮᠲᠤᠷᠠᠭᠰᠠᠨ ᠬᠤᠷᠠᠯᠳᠤᠭᠠᠨ ᠳᠤ  ᠬᠤᠯᠪᠣᠭᠠᠴᠢᠨ  ᠲᠣᠬᠢᠷᠠᠭᠤᠯᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠤᠯᠪᠣᠭᠳᠠᠯ ᠪᠦᠬᠦᠢ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠢᠶᠠᠷ ᠬᠠᠷᠢᠭᠤᠴᠠᠭᠤᠯᠤᠨ᠎ᠠ᠃      ᠬᠠᠮᠲᠤᠷᠠᠭᠰᠠᠨ ᠬᠤᠷᠠᠯ ᠤᠨ ᠠᠯᠪᠡᠠ ᠭᠡᠷ  ᠤᠨ ᠡᠷᠬᠢᠯᠡᠭᠴᠢ ᠶᠢᠨ ᠲᠤᠰᠢᠶᠠᠯ ᠢ ᠤᠰᠤᠨ ᠠᠰᠢᠭᠯᠠᠯᠳᠠ ᠶᠢᠨ ᠶᠠᠮᠤᠨ ᠤ  ᠬᠠᠷᠢᠭᠤᠴᠠᠯᠭᠠᠲᠠᠨ  ᠨᠥᠬᠦᠳ ᠬᠠᠪᠰᠤᠷᠤᠨ ᠬᠠᠷᠢᠭᠤᠴᠠᠵᠤ᠂ ᠭᠡᠰᠢᠭᠦᠨ ᠨᠢ ᠡᠯ᠎ᠡ ᠪᠦᠷᠢᠯᠳᠦᠬᠦᠨ  ᠨᠢᠭᠡᠴᠢ ᠶᠢᠨ ᠬᠤᠯᠪᠣᠭᠠᠴᠢᠨ ᠢᠶᠠᠷ ᠪᠦᠷᠢᠯᠳᠦᠨ᠎ᠡ᠃      ᠭᠤᠷᠪᠠᠳᠤᠭᠠᠷ ᠪᠦᠯᠦᠭ   ᠬᠡᠷᠡᠭ ᠵᠥᠪᠯᠡᠬᠦ ᠲᠦᠷᠢᠮ      ᠵᠢᠷᠭᠤᠳᠤᠭᠠᠷ ᠵᠦᠢᠯ᠂ ᠬᠠᠮᠲᠤᠷᠠᠭᠰᠠᠨ ᠬᠤᠷᠠᠯᠳᠤᠭᠠᠨ ᠳᠤ ᠪᠥᠬᠦᠳᠡ ᠬᠤᠷᠠᠯ᠂ ᠲᠤᠰᠬᠠᠶ ᠰᠡᠳᠦᠪᠲᠦ ᠬᠤᠷᠠᠯᠳᠤᠭᠠᠨ ᠤ ᠲᠦᠷᠢᠮ ᠢ ᠬᠡᠷᠡᠭᠵᠢᠭᠦᠯᠦᠨ᠎ᠡ᠃      ︵ᠨᠢᠭᠡ︶᠂ ᠪᠥᠬᠦᠳᠡ ᠬᠤᠷᠠᠯ᠃ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠬᠤᠷᠠᠯᠳᠤᠭᠤᠯᠤᠭᠴᠢ ᠪᠤᠶᠤ ᠬᠤᠷᠠᠯᠳᠤᠭᠤᠯᠤᠭᠴᠢ ᠶᠢᠨ ᠨᠠᠶᠢᠳᠠᠭᠰᠠᠨ ᠳᠡᠳ᠋ ᠬᠤᠷᠠᠯᠳᠤᠭᠤᠯᠤᠭᠴᠢ ᠠᠴᠠ ᠬᠤᠷᠠᠯᠳᠤᠭᠤᠯᠤᠨ᠎ᠠ᠂ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠪᠠ ᠬᠤᠯᠪᠦᠭᠠᠴᠢᠠ ᠬᠤᠷᠠᠯ ᠳᠤ ᠣᠷᠣᠯᠴᠠᠨ᠎ᠠ᠂ ᠴᠢᠬᠤᠯᠠ ᠲᠠᠢ ᠦᠶ᠎ᠡ ᠳᠤ ᠪᠤᠰᠤᠳ ᠰᠠᠯᠠᠭ᠎ᠠ ᠮᠥᠴᠢᠷ ᠪᠤᠶᠤ  ᠨᠢᠭᠡᠴᠢ ᠶᠢᠨ ᠬᠠᠷᠢᠭᠤᠴᠠᠯᠭᠠᠲᠠᠨ ᠨᠥᠬᠦᠳ ᠢ ᠤᠷᠢᠵᠤ ᠬᠤᠷᠠᠯ ᠳᠤ ᠣᠷᠣᠯᠴᠠᠭᠤᠯᠵᠤ ᠪᠣᠯᠤᠨ᠎ᠠ᠃ ᠬᠤᠷᠠᠯ ᠤᠨ ᠭᠤᠤᠯ ᠡᠭᠦᠷᠭᠡ ᠪᠣᠯ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ  ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭᠠᠳᠬᠠᠬᠤ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠵᠤ᠂  ᠣᠨ ᠤ ᠠᠵᠢᠯ  ᠢ ᠵᠠᠷᠯᠠᠨ ᠪᠠᠶᠢᠷᠢᠯᠠᠭᠤᠯᠵᠤ᠂ ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠨ ᠵᠥᠪᠯᠡᠨ᠎ᠡ᠃      ︵ᠬᠤᠶᠠᠷ︶᠂ ᠲᠤᠰᠬᠠᠶ ᠰᠡᠳᠦᠪᠲᠦ ᠬᠤᠷᠠᠯᠳᠤᠭᠠᠨ᠃ ᠲᠣᠭᠲᠠᠮᠠᠯ ᠪᠤᠰᠤ ᠬᠤᠭᠤᠴᠠᠭ᠎ᠠ ᠲᠠᠢ  ᠬᠤᠷᠠᠯᠳᠤᠭᠤᠯᠤᠨ᠎ᠠ᠃ ᠬᠠᠮᠲᠤᠷᠠᠭᠰᠠᠨ ᠬᠤᠷᠠᠯ ᠤᠨ ᠪᠦᠷᠢᠯᠳᠦᠬᠦᠨ  ᠨᠢᠭᠡᠴᠢ ᠪᠤᠶᠤ ᠬᠠᠮᠲᠤᠷᠠᠭᠰᠠᠨ ᠬᠤᠷᠠᠯ ᠤᠨ ᠠᠯᠪᠡᠠ ᠭᠡᠷ ᠳᠤᠷᠠᠳᠤᠯᠭ᠎ᠠ ᠭᠠᠷᠭᠠᠵᠤ᠂ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠷᠠᠯᠳᠤᠭᠤᠯᠤᠨ᠎ᠠ᠃ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠤᠭᠴᠢ ᠪᠤᠶᠤ ᠬᠤᠷᠠᠯᠳᠤᠭᠤᠯᠤᠭᠴᠢ ᠶᠢᠨ ᠨᠠᠶᠢᠳᠠᠭᠰᠠᠨ ᠳᠡᠳ᠋ ᠬᠤᠷᠠᠯᠳᠤᠭᠤᠯᠤᠭᠴᠢ ᠠᠴᠠ ᠬᠤᠷᠠᠯᠳᠤᠭᠤᠯᠵᠤ᠂ ᠰᠤᠳᠤᠯᠬᠤ ᠵᠦᠶᠯᠡᠰ ᠤᠨ ᠠᠭᠤᠯᠭ᠎ᠠ ᠶᠢ ᠦᠨᠳᠦᠰᠦᠯᠡᠨ ᠬᠤᠯᠪᠣᠭᠳᠠᠯ ᠪᠥᠬᠦᠶ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠵᠢᠴᠢ   ᠬᠤᠯᠪᠣᠭᠠᠴᠢᠨ ᠬᠤᠷᠠᠯ ᠳᠤ ᠣᠷᠣᠯᠴᠠᠬᠤ ᠶᠢ ᠲᠣᠭᠲᠠᠭᠠᠵᠤ᠂ ᠴᠢᠬᠤᠯᠠ ᠲᠠᠢ ᠦᠶ᠎ᠡ ᠳᠤ ᠪᠤᠰᠤᠳ ᠰᠠᠯᠠᠭ᠎ᠠ ᠮᠥᠴᠢᠷ ᠪᠤᠶᠤ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠤᠶᠤ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠬᠤᠷᠠᠯ ᠳᠤ ᠣᠷᠣᠯᠴᠠᠭᠤᠯᠵᠤ ᠪᠣᠯᠤᠨ᠎ᠠ᠃      ᠳᠣᠯᠣᠳᠤᠭᠠᠷ ᠵᠦᠢᠯ᠂ ᠬᠠᠮᠲᠤᠷᠠᠭᠰᠠᠨ ᠬᠤᠷᠠᠯ  ᠤᠨ ᠠᠯᠪᠡᠠ ᠭᠡᠷ ᠬᠢᠭᠡᠳ ᠬᠤᠯᠪᠣᠭᠳᠠᠯ ᠪᠦᠬᠦᠢ ᠪᠦᠷᠢᠯᠳᠦᠬᠦᠨ  ᠨᠢᠭᠡᠴᠢ ᠬᠤᠷᠠᠯ  ᠤᠨ ᠪᠡᠯᠡᠳᠬᠡᠯ ᠠᠵᠢᠯ  ᠢ ᠰᠠᠶᠢᠲᠤᠷ ᠬᠢᠬᠦ ᠬᠡᠷᠡᠭᠲᠡᠶ᠃ ᠡᠯ᠎ᠡ ᠪᠦᠷᠢᠯᠳᠦᠬᠦᠨ  ᠨᠢᠭᠡᠴᠢ ᠶᠢᠨ ᠬᠠᠮᠲᠤᠷᠠᠭᠰᠠᠨ ᠬᠤᠷᠠᠯᠳᠤᠭᠠᠨ ᠳᠤ ᠬᠢᠨᠠᠨ  ᠶᠠᠷᠢᠯᠴᠠᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠢ ᠤᠷᠢᠳᠠᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ  ᠨᠢᠭᠡᠴᠢ ᠶᠢᠨ ᠰᠠᠨᠠᠯ ᠢ ᠬᠤᠷᠢᠶᠠᠵᠤ᠂ ᠠᠩᠬ᠎ᠠ ᠠᠯᠬᠤᠮ ᠰᠠᠨᠠᠯ ᠢᠶᠠᠨ ᠰᠣᠯᠢᠯᠴᠠᠵᠤ ᠨᠢᠭᠡᠳᠦᠯᠲᠠᠢ ᠪᠣᠯᠭᠠᠬᠤ ᠬᠡᠷᠡᠭᠲᠡᠶ᠃      ᠳᠥᠷᠪᠡᠳᠦᠭᠡᠷ ᠪᠦᠯᠦᠭ   ᠠᠵᠢᠯ ᠤᠨ ᠱᠠᠭᠠᠷᠳᠠᠯᠭ᠎ᠠ      ᠨᠠᠶᠢᠮᠠᠳᠤᠭᠠᠷ ᠵᠦᠢᠯ᠂ ᠬᠠᠮᠲᠤᠷᠠᠭᠰᠠᠨ ᠬᠤᠷᠠᠯᠳᠤᠭᠠᠨ ᠳᠤ ᠠᠯᠪᠠᠨ ᠶᠣᠰᠣᠭᠠᠷ ᠠᠯᠪᠠᠨ ᠪᠢᠴᠢᠭ ᠶᠠᠪᠤᠭᠤᠯᠬᠤ ᠦᠭᠡᠢ᠂ ᠬᠠᠷᠢᠨ ᠵᠥᠪᠯᠡᠨ ᠲᠣᠭᠲᠠᠭᠠᠭᠰᠠᠨ ᠴᠢᠬᠤᠯᠠ ᠶᠡᠭᠡ ᠵᠦᠢᠯᠡᠰ ᠢ ᠬᠤᠷᠠᠯᠳᠤᠭᠠᠨ ᠤ ᠲᠣᠪᠴᠢ ᠲᠡᠮᠳᠡᠭᠯᠡᠯ ᠤᠨ ᠬᠡᠯᠪᠡᠷᠢ ᠪᠠᠷ ᠳᠠᠷᠤᠮᠠᠯᠯᠠᠨ ᠲᠠᠷᠬᠠᠭᠠᠨ᠎ᠠ᠃      ᠶᠢᠰᠦᠳᠦᠭᠡᠷ ᠵᠦᠢᠯ᠂ ᠬᠠᠮᠲᠤᠷᠠᠭᠰᠠᠨ ᠬᠤᠷᠠᠯᠳᠤᠭᠠᠨ ᠠᠴᠠ ᠲᠣᠭᠲᠠᠭᠠᠯ ᠭᠠᠷᠭᠠᠬᠤ ᠪᠤᠶᠤ ᠵᠥᠪᠯᠡᠨ ᠲᠣᠭᠲᠠᠭᠠᠭᠰᠠᠨ ᠵᠦᠢᠯᠡᠰ ᠢ ᠲᠣᠭᠲᠠᠭᠠᠬᠤ ᠳᠠᠭᠠᠨ ᠠᠷᠡᠦᠡᠴᠢᠯᠡᠯ  ᠲᠦᠪᠯᠡᠷᠡᠯ ᠤᠨ ᠶᠤᠰᠦᠠ ᠤ ᠵᠡᠷᠴᠢᠮ ᠢ ᠵᠢᠷᠤᠮᠯᠠᠵᠤ᠂ ᠭᠦᠢᠴᠡᠳ ᠵᠥᠪᠳᠡᠯᠴᠡᠨ᠂ ᠬᠠᠮᠲᠤ ᠪᠠᠷ ᠶᠠᠷᠢᠯᠴᠠᠵᠤ ᠲᠣᠭᠲᠠᠭᠠᠬᠤ ᠬᠡᠷᠡᠭᠲᠡᠶ᠃ ᠴᠢᠬᠤᠯᠠ ᠶᠡᠭᠡ ᠬᠡᠷᠡᠭ ᠶᠠᠪᠤᠳᠠᠯ ᠢ ᠲᠠᠰ ᠳᠠᠷᠠᠭᠠᠯᠠᠯ  ᠢᠶᠠᠷ   ᠨᠢ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ᠎ᠡ᠃      ᠠᠷᠪᠠᠳᠤᠭᠠᠷ ᠵᠦᠢᠯ᠂ ᠬᠠᠮᠲᠤᠷᠠᠭᠰᠠᠨ ᠬᠤᠷᠠᠯᠳᠤᠭᠠᠨ ᠨᠢ ᠬᠤᠷᠠᠯ ᠤᠨ ᠲᠣᠪᠴᠢ ᠲᠡᠮᠳᠡᠭᠯᠡᠯ  ᠢ ᠪᠦᠷᠢᠯᠳᠦᠭᠦᠯᠬᠦ ᠬᠡᠷᠡᠭᠲᠡᠶ᠃      ᠪᠥᠬᠦᠳᠡ ᠬᠤᠷᠠᠯ ᠤᠨ ᠲᠣᠪᠴᠢ ᠶᠢ ᠬᠠᠮᠲᠤᠷᠠᠭᠰᠠᠨ ᠬᠤᠷᠠᠯᠳᠤᠭᠠᠨ ᠤ ᠠᠯᠪᠡᠠ ᠭᠡᠷ ᠲᠤᠭᠤᠷᠪᠢᠨ ᠪᠢᠴᠢᠵᠦ᠂ ᠬᠠᠮᠲᠤᠷᠠᠭᠰᠠᠨ ᠬᠤᠷᠠᠯᠳᠤᠭᠠᠨ ᠤ ᠪᠦᠷᠢᠯᠳᠦᠬᠦᠨ  ᠨᠢᠭᠡᠴᠢ ᠶᠢᠨ ᠰᠠᠨᠠᠯ ᠢ ᠬᠤᠷᠢᠶᠠᠵᠤ᠂ ᠬᠤᠷᠠᠯᠳᠤᠭᠤᠯᠤᠭᠴᠢ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠳᠠᠷᠤᠮᠠᠯᠯᠠᠨ ᠲᠠᠷᠬᠠᠭᠠᠨ᠎ᠠ᠃      ᠲᠤᠰᠬᠠᠶ ᠰᠡᠳᠦᠪᠲᠦ ᠬᠤᠷᠠᠯ ᠤᠨ ᠲᠣᠪᠴᠢ ᠶᠢ ᠬᠠᠮᠲᠤᠷᠠᠭᠰᠠᠨ ᠬᠤᠷᠠᠯ ᠡᠷᠭᠢᠯᠡᠭᠰᠡᠨ ᠪᠦᠷᠢᠯᠳᠦᠬᠦᠨ  ᠨᠢᠭᠡᠴᠢ ᠠᠴᠠ ᠬᠠᠷᠢᠭᠤᠴᠠᠨ ᠲᠤᠭᠤᠷᠪᠢᠵᠤ᠂ ᠬᠤᠯᠪᠣᠭᠳᠠᠯ ᠪᠦᠬᠦᠢ  ᠨᠢᠭᠡᠴᠢ ᠶᠢᠨ ᠰᠠᠨᠠᠯ ᠢ ᠬᠤᠷᠢᠶᠠᠬᠤ ᠶᠢᠨ ᠬᠠᠮᠲᠤ ᠬᠠᠮᠲᠤᠷᠠᠭᠰᠠᠨ ᠬᠤᠷᠠᠯ ᠤᠨ ᠠᠯᠪᠡᠠ ᠭᠡᠷ ᠨᠤᠤᠷᠠᠭ ᠢ ᠬᠢᠨᠠᠨ ᠬᠠᠷᠭᠤᠭᠤᠯᠵᠤ᠂ ᠬᠤᠷᠠᠯ ᠡᠷᠬᠢᠯᠡᠭᠴᠢ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠡᠷᠠᠭ᠎ᠠ ᠳᠠᠷᠤᠮᠠᠯᠯᠠᠨ ᠲᠠᠷᠬᠠᠭᠠᠨ᠎ᠠ᠃      ᠠᠷᠪᠠᠨ ᠨᠢᠭᠡᠳᠦᠭᠡᠷ ᠵᠦᠢᠯ᠂ ᠬᠠᠮᠲᠤᠷᠠᠭᠰᠠᠨ ᠬᠤᠷᠠᠯᠳᠤᠭᠠᠨ ᠠᠴᠠ ᠵᠢᠯ ᠪᠦᠷᠢ ᠠᠵᠢᠯ  ᠤᠨ ᠭᠤᠣᠯᠳᠠᠯᠭ᠎ᠠ ᠪᠠᠨ ᠲᠣᠭᠲᠠᠭᠠᠵᠤ᠂  ᠣᠨ  ᠤ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠬᠤ ᠬᠡᠷᠡᠭᠲᠡᠶ᠃ ᠠᠵᠢᠯ  ᠤᠨ  ᠭᠤᠣᠯᠳᠠᠯᠭ᠎ᠠ ᠶᠢ ᠬᠠᠮᠲᠤᠷᠠᠭᠰᠠᠨ ᠬᠤᠷᠠᠯ ᠤᠨ ᠠᠯᠪᠡᠠ ᠭᠡᠷ ᠲᠤᠭᠤᠷᠪᠢᠨ ᠪᠢᠴᠢᠵᠦ᠂ ᠡᠯ᠎ᠡ ᠪᠦᠷᠢᠯᠳᠦᠬᠦᠨ  ᠨᠢᠭᠡᠴᠢ ᠶᠢᠨ ᠰᠠᠨᠠᠯ  ᠢ ᠬᠤᠷᠢᠶᠠᠬᠤ ᠶᠢᠨ ᠬᠠᠮᠲᠤ ᠬᠠᠮᠲᠤᠷᠠᠭᠰᠠᠨ ᠬᠤᠷᠠᠯ  ᠳᠤ ᠳᠡᠪᠰᠢᠭᠦᠯᠦᠨ ᠬᠢᠨᠠᠨ ᠵᠥᠪᠯᠡᠭᠦᠯᠬᠦ ᠪᠤᠶᠤ ᠬᠤᠷᠠᠯᠳᠤᠭᠤᠯᠤᠭᠴᠢ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠳᠠᠷᠤᠮᠠᠯᠯᠠᠨ ᠲᠠᠷᠬᠠᠭᠠᠨ᠎ᠠ᠃      ᠠᠷᠪᠠᠨ ᠬᠤᠶᠠᠳᠤᠭᠠᠷ ᠵᠦᠢᠯ᠂ ᠬᠠᠮᠲᠤᠷᠠᠭᠰᠠᠨ ᠬᠤᠷᠠᠯ  ᠤᠨ ᠠᠯᠪᠡᠠ ᠭᠡᠷ ᠨᠢ ᠬᠠᠮᠲᠤᠷᠠᠭᠰᠠᠨ ᠬᠤᠷᠠᠯ  ᠤᠨ ᠵᠥᠪᠯᠡᠨ ᠲᠣᠭᠲᠠᠭᠠᠭᠰᠠᠨ ᠪᠤᠶᠤ ᠲᠣᠭᠲᠠᠭᠠᠭᠰᠠᠨ ᠬᠤᠯᠪᠣᠭᠳᠠᠯ ᠪᠥᠬᠦᠢ ᠵᠦᠢᠯᠡᠰ  ᠢ ᠮᠥᠷᠳᠡᠨ ᠨᠠᠶᠢᠳᠠᠪᠤᠷᠢᠵᠢᠭᠤᠯᠬᠤ ᠶᠢᠨ ᠬᠠᠮᠲᠤ ᠬᠤᠯᠪᠣᠭᠳᠠᠯ ᠪᠥᠬᠦᠢ ᠪᠠᠶᠢᠳᠠᠯ  ᠢ  ᠪᠦᠷᠢᠯᠳᠦᠬᠦᠨ  ᠨᠢᠭᠡᠴᠢ ᠳᠤ ᠴᠠᠭ ᠲᠤᠬᠠᠶ  ᠳᠤᠨᠢ ᠮᠡᠳᠡᠭᠳᠡᠬᠦ ᠬᠡᠷᠡᠭᠲᠡᠶ᠃      ᠬᠠᠮᠲᠤᠷᠠᠭᠰᠠᠨ ᠬᠤᠷᠠᠯ ᠤᠨ ᠠᠯᠪᠡᠠ ᠭᠡᠷ ᠨᠢ ᠠᠵᠢᠯ ᠤᠨ ᠲᠣᠪᠴᠢ ᠮᠡᠳᠡᠭᠡᠨ ᠤ ᠬᠡᠯᠪᠡᠷᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠳᠤ ᠡᠯ᠎ᠡ ᠭᠠᠵᠠᠷ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠦᠷ᠎ᠡ ᠪᠦᠲᠦᠮᠵᠢ ᠲᠤᠷᠰᠢᠯᠭ᠎ᠠ ᠶᠢ ᠮᠡᠳᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号