ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠡᠳᠦᠷ ᠤᠨ ᠮᠡᠳᠡᠭᠡ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ | ᠪᠠᠶᠢᠭᠤᠯᠬᠤ ᠠᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠬᠤ ᠶᠢᠨ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠬᠢᠨᠠᠮᠠᠭᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠮᠡᠳᠡᠭᠳᠡᠯ ᠳᠤ᠂ ᠨᠠᠮ ᠤᠨ ᠬᠦᠴᠦᠨ ᠪᠣᠯ ᠵᠣᠬᠢᠶᠠᠨ ᠪᠠᠶᠢᠭᠤᠯᠤᠯᠲᠠ ᠠᠴᠠ ᠢᠷᠡᠳᠡᠭ᠂ ᠵᠣᠬᠢᠶᠠᠨ | ᠪᠠᠶᠢᠭᠤᠯᠤᠯᠲᠠ ᠨᠢᠭᠲᠠ ᠴᠢᠩᠭ᠎ᠠ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ | ᠳᠠᠪᠠᠭᠤᠯᠢᠭ ᠮᠥᠨ᠃ ︽ᠲᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠤᠨ᠎ᠠ᠃ ︽ᠲᠦᠷᠢᠮ︾ ᠢ ᠲᠣᠭᠲᠠᠭᠠᠵᠤ | ᠬᠡᠷᠡᠭᠵᠢᠭᠦᠯᠦᠭᠰᠡᠨ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ | ᠳᠦᠷᠢᠮᠵᠢᠯᠲᠡ ᠵᠢᠷᠤᠮᠵᠢᠭᠤᠯᠤᠯᠲᠠ ᠶᠢ ᠲᠦᠯᠬᠢᠨ ᠠᠬᠢᠭᠤᠯᠬᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ︽ᠲᠦᠷᠢᠮ︾ ᠢ ᠰᠤᠷᠤᠯᠴᠠᠨ ᠲᠤᠤᠱᠯᠠᠭᠤᠯᠬᠤ ᠶᠢ ᠨᠢᠭᠡ ᠵᠦᠶ᠋ᠯ ᠤᠨ ᠴᠢᠬᠤᠯᠠ ᠤᠯᠤᠰ | ᠲᠥᠷᠥ ᠶᠢᠨ ᠡᠭᠦᠷᠭᠡ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠪᠠ ᠰᠢᠪᠠᠳᠠᠨ ᠪᠠᠶᠢᠴᠠᠭᠠᠬᠤ ᠶᠢ ᠰᠠᠶᠢᠲᠤᠷ | ᠠᠳᠬᠤᠵᠤ᠂ ᠵᠣᠬᠢᠶᠠᠨ ᠪᠠᠶᠢᠭᠤᠯᠬᠤ ᠠᠵᠢᠯ ᠤᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ | ᠵᠣᠬᠢᠶᠠᠨ ᠪᠠᠶᠢᠭᠤᠯᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶ᠋ᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠲᠦᠷᠢᠮ︾ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ | ᠪᠠᠶᠢᠳᠠᠯ ᠪᠠ ᠰᠠᠨᠠᠭᠤᠯᠭ᠎ᠠ ᠪᠠᠨ ᠴᠠᠭ ᠲᠤᠬᠠᠶ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠶ᠃ | ︽ᠳᠦᠷᠢᠮ︾ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄ | ︵2021 ᠣᠨ ᠤ 4 ᠰᠠᠷ᠎ᠠ ᠶᠢᠨ 30 ᠤ ᠡᠲᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠬᠢᠨᠠᠨ ᠵᠦᠪᠯᠡᠵᠦ ᠵᠥᠪᠰᠢᠶᠡᠷᠡᠵᠦ᠂ 2021 | ᠣᠨ ᠤ 5 ᠰᠠᠷ᠎ᠠ ᠶᠢᠨ 22 ᠤᠨ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠨᠡᠶᠢᠲᠡᠯᠡᠪᠡ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠬᠤ | ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠰᠢᠨᠵᠢᠯᠡᠬᠦ | ᠤᠬᠠᠭᠠᠨᠴᠢᠯᠠᠬᠤ᠂ ᠳᠦᠷᠢᠮᠵᠢᠬᠦ᠂ ᠵᠢᠷᠤᠮᠵᠢᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠣᠯᠤᠨ | ᠬᠤᠯᠪᠣᠭᠳᠠᠯ ᠪᠦᠬᠦᠢ ᠬᠠᠤᠯᠢ ᠴᠠᠭᠠᠵᠠ ᠶᠢ ᠦᠨᠳᠦᠰᠦᠯᠡᠵᠦ᠂ ᠲᠤᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠬᠤ ᠠᠵᠢᠯ ᠪᠣᠯ ᠨᠠᠮ ᠤᠨ ᠵᠣᠬᠢᠶᠠᠨ ᠪᠠᠶᠢᠭᠤᠯᠬᠤ | ᠰᠢᠰᠲ᠋ᠧᠮ ᠤᠨ ᠪᠠᠶᠢᠭᠤᠯᠤᠯᠲᠠ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠪᠠᠷ ᠭᠤᠣᠯ ᠠᠭᠤᠯᠭ᠎ᠠ ᠪᠠᠨ | ᠪᠣᠯᠭᠠᠭᠰᠠᠨ ᠦᠢᠯᠡᠳᠦᠯᠭᠡ ᠶᠢᠨ ᠠᠵᠢᠯᠯᠠᠭ᠎ᠠ ᠮᠥᠨ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠡᠶᠡᠯᠡᠭᠦᠯᠬᠦ᠂ ᠨᠠᠮ ᠤᠨ ᠪᠦᠬᠦ ᠠᠵᠢᠯ ᠢ ᠪᠡᠶᠡᠯᠡᠭᠦᠯᠬᠦ ᠶᠢᠨ ᠴᠢᠬᠤᠯᠠ | ᠪᠠᠲᠤᠯᠠᠭ᠎ᠠ ᠮᠥᠨ᠂ ᠨᠠᠮ ᠠᠴᠠ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠤᠯᠤᠬᠰᠠᠨ ᠰᠢᠯᠢᠳᠡᠭ ᠤᠯᠠᠮᠵᠢᠯᠠᠯ ᠪᠠ | ᠥᠪᠡᠷᠮᠢᠴᠡ ᠤᠨᠴᠠᠭᠠᠢ ᠳᠠᠪᠠᠭᠤᠯᠢᠭ ᠮᠥᠨ᠃ | ᠭᠤᠷᠪᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠬᠤ ᠠᠵᠢᠯ ᠨᠢ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠲᠠᠯᠠᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠷᠲᠤ ᠬᠤᠭᠤᠴᠠᠭ᠎ᠠ ᠪᠠᠷ ᠲᠥᠷᠥ | ᠪᠠᠷᠢᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠲᠡᠷᠢᠭᠦᠨ ᠤ ᠴᠢᠨᠠᠷ ᠪᠠ ᠴᠡᠪᠡᠷ ᠴᠢᠨᠠᠷ ᠤᠨ | ᠪᠠᠶᠢᠭᠤᠯᠤᠯᠲᠠ ᠪᠠᠷ ᠭᠤᠤᠯ ᠰᠢᠵᠢᠮ ᠪᠣᠯᠭᠠᠨ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠣᠭᠤᠯᠵᠦ᠂ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠴᠢᠷᠮᠠᠶᠢᠨ | ᠬᠦᠮᠦᠵᠢᠭᠦᠯᠵᠦ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ ᠡᠯ᠎ᠡ ᠲᠠᠯ᠎ᠠ ᠶᠢᠨ ᠰᠢᠯᠢᠳᠡᠭ | ᠴᠢᠳᠠᠪᠤᠷᠢᠲᠠᠨ ᠢ ᠴᠢᠷᠮᠠᠶᠢᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ | ᠪᠠᠳᠠᠷᠠᠭᠤᠯᠤᠠ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ᠳᠥᠷᠪᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠬᠤ ᠠᠵᠢᠯ ᠳᠣᠣᠷᠠᠬᠢ ᠵᠠᠷᠴᠢᠮ ᠢ ᠵᠢᠷᠤᠮᠯᠠᠨ᠎ᠠ᠄ | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ︔ | ︵ᠬᠤᠶᠠᠷ︶ ᠵᠣᠬᠢᠶᠠᠨ ᠪᠠᠶᠢᠭᠤᠯᠬᠤ ᠱᠤᠭᠤᠮ ᠤᠯᠤᠰ ᠲᠥᠷᠥ ᠶᠢᠨ ᠱᠤᠭᠤᠮ ᠳᠤ ᠦᠢᠯᠡᠴᠢᠯᠡᠬᠦ ᠶᠢ | ᠪᠠᠷᠢᠮᠲᠠᠯᠠᠨ᠎ᠠ︔ | ︵ᠭᠤᠷᠪᠠ︶ ᠠᠷᠠᠳᠴᠢᠯᠠᠯ ᠲᠥᠪᠯᠡᠷᠡᠯ ᠤᠨ ᠶᠤᠰᠤ ᠶᠢ ᠪᠠᠷᠢᠮᠲᠠᠯᠠᠨ᠎ᠠ︔ | ︵ᠲᠦᠷᠪᠡ︶ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ᠎ᠠ︔ | ︵ᠲᠠᠪᠤ︶ ᠨᠠᠮ ᠺᠠᠳ᠋ᠷ ᠢ ᠬᠠᠮᠢᠶᠠᠷᠬᠤ᠂ ᠨᠠᠮ ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠨ᠎ᠠ︔ | ︵ᠵᠢᠷᠭᠤᠭ᠎ᠠ︶ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠡᠷᠳᠡᠮᠲᠡᠨ | ᠴᠢᠳᠠᠪᠤᠷᠢᠳᠠᠨ ᠢ ᠬᠡᠷᠡᠭᠯᠡᠬᠦ ᠶᠢ ᠪᠠᠷᠢᠮᠲᠠᠯᠠᠨ᠎ᠠ︔ | ︵ᠲᠤᠯᠤᠭ᠎ᠠ︶ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠠᠵᠢᠯ ᠢ ᠪᠦᠬᠦᠨ ᠢ ᠪᠦᠷᠬᠦᠬᠦᠯᠬᠦ ᠶᠢ | ᠪᠠᠷᠢᠮᠲᠠᠯᠠᠨ᠎ᠠ︔ | ︵ᠨᠠᠢᠮᠠ︶ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ᠂ ᠲᠥᠪ ᠭᠤᠣᠯᠴᠢ ᠪᠠᠶᠢᠬᠤ ᠶᠢ ᠪᠠᠷᠢᠮᠲᠠᠯᠠᠨ᠎ᠠ︔ | ︵ᠶᠢᠰᠦ︶ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠲᠦᠷᠢᠮᠵᠢᠩᠬᠦᠢ ᠪᠠᠶᠢᠬᠤ ᠶᠢ | ᠪᠠᠷᠢᠮᠲᠠᠯᠠᠨ᠎ᠠ᠃ | ᠬᠤᠶᠠᠳᠤᠭᠠᠷ ᠪᠦᠯᠦᠭ ᠤᠳᠤᠷᠢᠳᠬᠤ ᠪᠠᠶᠢᠭᠤᠯᠤᠮᠵᠢ ᠪᠠ ᠲᠤᠰᠢᠶᠠᠯ ᠬᠠᠷᠢᠭᠤᠴᠠᠯᠭ᠎ᠠ | ᠲᠠᠪᠤᠳᠤᠭᠠᠷ ᠵᠦᠢᠯ ᠵᠣᠬᠢᠶᠠᠨ ᠪᠠᠶᠢᠭᠤᠯᠬᠤ ᠠᠵᠢᠯ ᠨᠢ ᠨᠠᠮ ᠤᠨ ᠲᠥᠪ ᠬᠤᠷᠢᠶᠠᠠ ᠤ ᠲᠥᠪᠯᠡᠷᠡᠩᠭᠦᠢ | ᠨᠢᠭᠡᠳᠦᠯᠲᠡᠢ ᠤᠳᠤᠷᠢᠲᠤᠯᠭ᠎ᠠ ᠶᠢ ᠭᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠱᠠᠳᠤ ᠬᠤᠪᠢᠶᠠᠨ ᠲᠦᠷᠦᠯ ᠬᠤᠪᠢᠶᠠᠨ ᠤᠳᠤᠷᠢᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ | ᠲᠤᠰᠬᠠᠢ ᠬᠠᠷᠢᠭᠤᠴᠠᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠨᠢᠭᠲᠠ ᠬᠠᠮᠵᠢᠯᠴᠠᠬᠤ ᠤᠳᠤᠷᠢᠳᠬᠤ ᠪᠠᠶᠢᠭᠤᠯᠤᠮᠵᠢ ᠶᠢ ᠬᠡᠷᠡᠭᠵᠢᠭᠦᠯᠦᠨ᠎ᠡ᠃ | ᠨᠠᠮ ᠤᠨ ᠲᠥᠪ ᠬᠤᠷᠢᠶ᠎ᠠ ᠵᠢᠴᠢ ᠣᠷᠣᠨ ᠨᠤᠲᠤᠭ ᠤᠨ ᠨᠠᠮ ᠤᠨ ᠬᠤᠷᠢᠶ᠎ᠠ ᠵᠣᠬᠢᠶᠠᠨ ᠪᠠᠶᠢᠭᠤᠯᠬᠤ ᠬᠡᠯᠲᠡᠰ | ᠭᠠᠷᠭᠠᠵᠤ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠪᠦᠯᠬᠦᠮ᠂ ᠤᠯᠤᠰ ᠤᠨ ᠥᠮᠴᠢᠯᠡᠯᠳᠤ | ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠵᠣᠬᠢᠶᠠᠨ | ᠪᠠᠶᠢᠭᠤᠯᠬᠤ ᠠᠵᠢᠯ ᠤᠨ ᠪᠠᠶᠢᠭᠤᠯᠤᠮᠵᠢ ᠪᠤᠶᠤ ᠲᠤᠰᠬᠠᠢ ᠲᠤᠰᠢᠶᠠᠯ ᠤᠨ ᠠᠵᠢᠯ ᠤᠨ ᠪᠠᠶᠢᠷᠢ ᠭᠠᠷᠭᠠᠵᠤ᠂ ᠵᠣᠬᠢᠶᠠᠨ | ᠪᠠᠶᠢᠭᠤᠯᠬᠤ ᠠᠵᠢᠯ ᠢ ᠲᠤᠰᠬᠠᠶᠢᠯᠠᠨ ᠬᠠᠷᠢᠭᠤᠴᠠᠭᠤᠯᠤᠨ᠎ᠠ᠃ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ | ᠠᠵᠢᠯ ᠢ ᠵᠢᠯᠣᠭᠤᠳᠴᠤ᠂ ᠳᠡᠭᠡᠳᠦ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠲᠤᠤᠷᠠᠳᠤ ᠱᠠᠲᠤᠨ ᠤ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠠᠵᠢᠯ ᠢ ᠵᠢᠯᠣᠭᠤᠳᠤᠨ᠎ᠠ᠃ | ᠵᠢᠷᠭᠤᠳᠤᠭᠠᠷ ᠵᠦᠢᠯ ᠨᠠᠮ ᠤᠨ ᠲᠥᠪ ᠬᠤᠷᠢᠶ᠎ᠠ ᠠᠴᠠ ᠵᠣᠬᠢᠶᠠᠨ ᠪᠠᠶᠢᠭᠤᠯᠬᠤ ᠠᠵᠢᠯ ᠤᠨ ᠱᠤᠭᠤᠮ | ᠴᠢᠭᠯᠡᠯᠲᠡ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠵᠣᠬᠢᠶᠠᠨ ᠪᠠᠶᠢᠭᠤᠯᠬᠤ ᠠᠵᠢᠯ ᠤᠨ ᠨᠠᠮ ᠤᠨ | ᠳᠣᠲᠣᠭᠠᠳᠤ ᠶᠢᠨ ᠴᠢᠬᠤᠯᠠ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ᠂ | ᠵᠣᠬᠢᠶᠠᠨ ᠪᠠᠶᠢᠭᠤᠯᠬᠤ ᠠᠵᠢᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ ᠥᠭᠡᠷᠡᠴᠢᠯᠡᠯᠲᠡ᠂ | ᠴᠢᠬᠤᠯᠠ ᠶᠡᠭᠡ ᠠᠷᠭ᠎ᠠ ᠬᠡᠮᠵᠢᠶ᠎ᠡ᠂ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢᠲᠦ ᠪᠤᠳᠤᠯᠭ᠎ᠠ ᠲᠤᠭᠲᠠᠭᠠᠵᠦ᠂ | ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ᠂ ᠺᠠᠳ᠋ᠷ ᠤᠨ ᠠᠵᠢᠯ᠂ ᠴᠢᠳᠠᠪᠤᠷᠢᠲᠠᠨ ᠤ ᠠᠵᠢᠯ ᠢ | ᠪᠦᠬᠦ ᠲᠠᠯ᠎ᠠ ᠪᠠᠷ ᠤᠳᠤᠷᠢᠳᠴᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠺᠠᠳ᠋ᠷ ᠢ ᠲᠠᠨᠢᠯᠴᠠᠭᠤᠯᠵᠤ᠂ ᠨᠡᠷ᠎ᠡ | ᠳᠤᠷᠠᠳᠴᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠨ᠎ᠠ᠃ | ᠨᠠᠮ ᠤᠨ ᠲᠥᠪ ᠬᠤᠷᠢᠶ᠎ᠠ ᠶᠡᠷᠦ ᠳᠡᠭᠡᠨ 5 ᠵᠢᠯ ᠳᠤ ᠨᠢᠭᠡ ᠤᠳᠠᠭ᠎ᠠ ᠪᠦᠬᠦ ᠤᠯᠤᠰ ᠤᠨ ᠵᠣᠬᠢᠶᠠᠨ | ᠪᠠᠶᠢᠭᠤᠯᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠨᠢᠭᠡ ᠭᠡᠰᠡᠭ ᠬᠤᠭᠤᠴᠠᠭᠠᠨ ᠤ ᠵᠣᠬᠢᠶᠠᠨ ᠪᠠᠶᠢᠭᠤᠯᠬᠤ | ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠨ᠎ᠠ᠃ | ᠳᠣᠯᠣᠳᠤᠭᠠᠷ ᠵᠦᠢᠯ ᠣᠷᠣᠨ ᠨᠤᠲᠤᠭ ᠤᠨ ᠨᠠᠮ ᠤᠨ ᠬᠤᠷᠢᠶ᠎ᠠ ᠲᠤᠰ ᠭᠠᠵᠠᠷ ᠣᠷᠣᠨ ᠤ ᠪᠠᠨ ᠵᠣᠬᠢᠶᠠᠨ | ᠪᠠᠶᠢᠭᠤᠯᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠣᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ | ᠵᠢᠴᠢ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ | ᠵᠢᠭᠠᠪᠤᠷᠢ ᠶᠢᠨ ᠱᠠᠭᠠᠷᠳᠠᠯᠭ᠎ᠠ ᠶᠢ ᠬᠡᠷᠡᠭᠵᠢᠭᠦᠯᠦᠨ᠂ ᠡᠷᠬᠡ ᠶᠢᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠬᠤ | ᠠᠵᠢᠯ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠵᠤ᠂ ᠲᠤᠰ ᠭᠠᠵᠠᠷ ᠣᠷᠣᠨ ᠤ ᠪᠠᠨ ᠵᠣᠬᠢᠶᠠᠨ ᠪᠠᠶᠢᠭᠤᠯᠬᠤ ᠠᠵᠢᠯ ᠤᠨ ᠴᠢᠬᠤᠯᠠ ᠶᠡᠭᠡ ᠤᠴᠢᠷ ᠶᠠᠪᠤᠲᠠᠯ | ᠪᠠ ᠴᠢᠬᠤᠯᠠ ᠠᠵᠢᠯ ᠢ ᠰᠤᠳᠤᠯᠤᠨ ᠪᠠᠶᠢᠷᠢᠯᠠᠭᠤᠯᠤᠨ᠎ᠠ︔ | ︵ᠬᠤᠶᠠᠷ︶ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠦᠷᠦ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ᠂ ᠠᠷᠠᠳ ᠤᠨ ᠪᠦᠯᠬᠦᠮ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ | ᠤᠳᠤᠷᠢᠳᠴᠤ᠂ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠳᠠ ᠶᠢᠨ | ᠠᠵᠢᠯ ᠥᠷᠨᠢᠭᠦᠯᠬᠦ ᠶᠢ ᠵᠢᠯᠣᠭᠤᠳᠬᠤ ᠪᠠ ᠱᠠᠯᠠᠪᠲᠠᠭᠤᠯᠤᠨ ᠪᠠᠶᠢᠴᠠᠭᠠᠨ᠎ᠠ︔ | ︵ᠭᠤᠷᠪᠠ︶ ᠲᠤᠰ ᠭᠠᠵᠠᠷ ᠣᠷᠣᠨ ᠤ ᠪᠠᠨ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ | ᠪᠠᠶᠢᠭᠤᠯᠤᠯᠲᠠ ᠶᠢ ᠤᠳᠤᠷᠢᠳᠴᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ | ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ︔ | ︵ᠲᠦᠷᠪᠡ︶ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ ᠺᠠᠳ᠋ᠷ ᠢ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠪᠠᠭᠤᠯᠭᠠᠬᠤ ᠪᠠ ᠬᠠᠮᠢᠶᠠᠷᠴᠤ᠂ ᠣᠷᠣᠨ ᠨᠤᠲᠤᠭ ᠤᠨ ᠤᠯᠤᠰ ᠤᠨ ᠪᠠᠶᠢᠭᠤᠯᠭ᠎ᠠ᠂ ᠤᠯᠤᠰ | ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠠᠷᠠᠳ ᠤᠨ ᠪᠦᠯᠬᠦᠮ᠂ ᠤᠯᠤᠰ ᠤᠨ ᠥᠮᠴᠢᠯᠡᠯᠳᠤ ᠠᠵᠤ | ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠳᠤ ᠴᠢᠬᠤᠯᠠ ᠺᠠᠳ᠋ᠷ ᠢ ᠲᠠᠨᠢᠯᠴᠠᠭᠤᠯᠤᠨ᠋ | ︵ᠲᠠᠪᠤ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠲᠤᠭᠤᠰᠢᠯᠠᠭᠤᠯᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠵᠤ | ᠪᠠᠶᠢᠭᠠᠳ ᠲᠣᠰ ᠭᠠᠵᠠᠷ ᠣᠷᠣᠨ ᠤ ᠴᠢᠳᠠᠪᠤᠷᠢᠲᠠᠨ ᠤ ᠠᠵᠢᠯ ᠳᠤ ᠬᠠᠮᠲᠤ ᠪᠠᠷ ᠣᠷᠣᠯᠴᠠᠬᠤ ᠶᠢ ᠠᠬᠢᠭᠤᠯᠤᠨ᠎ᠠ︔ | ︵ᠵᠢᠷᠭᠤᠭ᠎ᠠ︶ ᠨᠠᠮ ᠤᠨ ᠲᠥᠪ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠤᠰᠢᠶᠠᠬᠰᠡᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠨᠠᠮ ᠤᠨ ᠤᠳᠤᠷᠢᠳᠬᠤ ᠳᠤᠭᠤᠶᠢᠯᠠᠩ ᠨᠢ ᠲᠤᠰ ᠨᠢᠭᠡᠴᠢ ᠶᠢᠨ ᠢᠶᠠᠨ ᠵᠣᠬᠢᠶᠠᠨ ᠪᠠᠶᠢᠭᠤᠯᠬᠤ ᠠᠵᠢᠯ ᠤᠨ | ᠤᠳᠤᠷᠢᠳᠬᠤ ᠲᠤᠰᠢᠶᠠᠯ ᠬᠠᠷᠢᠭᠤᠴᠠᠯᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠥᠪ ᠤᠨ ᠵᠣᠬᠢᠶᠠᠨ ᠪᠠᠶᠢᠭᠤᠯᠬᠤ ᠬᠡᠯᠲᠡᠰ ᠪᠠ ᠣᠷᠣᠨ ᠨᠤᠲᠤᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠲᠥᠪ ᠬᠤᠷᠢᠶ᠎ᠠ ᠵᠢᠴᠢ ᠲᠤᠰ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ | ᠳᠣᠣᠷ᠎ᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠣᠳᠠᠲᠠᠢ ᠬᠠᠷᠢᠭᠤᠴᠠᠵᠤ᠂ ᠡᠷᠬᠡ ᠶᠢᠨ | ᠬᠡᠪᠴᠢᠶ᠎ᠠ ᠪᠠ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠶᠠᠨ ᠪᠠᠶᠢᠭᠤᠯᠬᠤ ᠠᠵᠢᠯ ᠤᠨ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠲᠤᠭᠤᠷᠪᠢᠵᠤ᠂ ᠵᠣᠬᠢᠶᠠᠨ | ᠪᠠᠶᠢᠭᠤᠯᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ | ︵ᠬᠤᠶᠠᠷ︶ ᠵᠣᠬᠢᠶᠠᠨ ᠪᠠᠶᠢᠭᠤᠯᠬᠤ ᠠᠵᠢᠯ ᠤᠨ ᠴᠢᠬᠤᠯᠠ ᠤᠨᠤᠯ ᠪᠠ ᠦᠢᠯᠡᠳᠦᠯᠭᠡ ᠶᠢᠨ ᠠᠰᠠᠭᠤᠳᠠᠯ ᠢ | ᠰᠤᠳᠤᠯᠵᠤ᠂ ᠲᠦᠷᠢᠮ ᠲᠣᠭᠲᠡᠴᠡ ᠶᠢ ᠲᠡᠭᠦᠯᠳᠡᠷᠵᠢᠭᠦᠯᠬᠦ ᠲᠤᠬᠠᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ | ᠳᠤᠷᠠᠳᠴᠤ᠂ ᠨᠠᠮ ᠤᠨ ᠲᠥᠪ ᠬᠤᠷᠢᠶ᠎ᠠ ᠵᠢᠴᠢ ᠲᠤᠰ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠯᠠᠪᠯᠠᠯᠲᠠ ᠬᠠᠩᠭᠠᠨ᠎ᠠ︔ | ︵ᠭᠤᠷᠪᠠ︶ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠎ᠠ︔ | ︵ᠲᠦᠷᠪᠡ︶ ᠺᠠᠳ᠋ᠷ ᠤᠨ ᠠᠵᠢᠯ ᠪᠠ ᠺᠠᠳ᠋ᠷ ᠤᠨ ᠡᠩᠨᠡᠭᠡ ᠶᠢ ᠨᠢᠭᠡᠳᠦᠯᠲᠡᠢ ᠬᠠᠮᠢᠶᠠᠷᠬᠤ ᠠᠵᠢᠯ ᠢ | ᠬᠠᠷᠢᠭᠤᠴᠠᠵᠤ᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠪᠠ ᠠᠵᠢᠯ ᠤᠨ ᠬᠤᠪᠢᠶᠠᠷᠢᠯᠠᠯ ᠶᠣᠰᠣᠭᠠᠷ ᠤᠳᠤᠷᠢᠳᠬᠤ | ᠪᠠᠭ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠣᠳᠠᠲᠠᠢ ᠠᠵᠢᠯ ᠢ ᠬᠠᠷᠢᠭᠤᠴᠠᠨ᠎ᠠ︔ | ︵ᠲᠠᠪᠤ︶ ᠴᠢᠳᠠᠪᠤᠷᠢᠲᠠᠨ ᠤ ᠠᠵᠢᠯ ᠢ ᠵᠢᠯᠣᠭᠤᠳᠤᠨ ᠵᠣᠬᠢᠴᠠᠭᠤᠯᠬᠤ ᠪᠠ ᠴᠢᠳᠠᠪᠤᠷᠢᠲᠠᠨ ᠲᠠᠢ ᠬᠠᠷᠢᠯᠴᠠᠵᠦ | ᠦᠢᠯᠡᠴᠢᠯᠡᠬᠦ ᠶᠢ ᠬᠠᠷᠢᠭᠤᠴᠠᠨ᠎ᠠ︔ | ︵ᠵᠢᠷᠭᠤᠭ᠎ᠠ︶ ᠠᠯᠪᠠᠲᠠᠨ ᠤ ᠠᠵᠢᠯ ᠤᠨ ᠨᠢᠭᠡᠳᠦᠯᠲᠡᠶ ᠬᠠᠮᠢᠶᠠᠷᠤᠯᠲᠠ ᠶᠢ ᠬᠠᠷᠢᠭᠤᠴᠠᠨ᠎ᠠ︔ | ︵ᠳᠣᠯᠤᠭ᠎ᠠ︶ ᠠᠵᠢᠯ ᠠᠴᠠ ᠪᠠᠨ ᠲᠠᠷᠬᠠᠯᠠᠭᠲᠠᠭᠰᠠᠠ ᠪᠠ ᠠᠵᠢᠯ ᠠᠴᠠ ᠪᠠᠨ ᠠᠮᠠᠷᠠᠬᠰᠠᠨ ᠺᠠᠳ᠋ᠷ ᠤᠨ | ᠠᠵᠢᠯ ᠤᠨ ᠨᠢᠭᠡᠳᠦᠯᠲᠡᠶ ᠬᠠᠮᠢᠶᠠᠷᠤᠯᠲᠠ ᠶᠢ ᠬᠠᠷᠢᠭᠤᠴᠠᠨ᠎ᠠ︔ | ︵ᠨᠠᠢᠮᠠ︶ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠢ ᠨᠢᠭᠡᠳᠦᠯᠲᠡᠶ | ᠬᠠᠮᠢᠶᠠᠷᠤᠨ᠎ᠠ︔ | ︵ᠶᠢᠰᠦ︶ ᠨᠠᠮ ᠤᠨ ᠲᠥᠪ ᠬᠤᠷᠢᠶ᠎ᠠ ᠵᠢᠴᠢ ᠲᠤᠰ ᠱᠠᠲᠤᠨ ᠤ ᠨᠠᠮ ᠤᠨ ᠬᠤᠷᠢᠶ᠎ᠠ ᠠᠴᠠ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠭᠤᠷᠪᠠᠳᠤᠭᠠᠷ ᠪᠦᠯᠦᠭ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ | ᠶᠢᠰᠦᠳᠦᠭᠡᠷ ᠵᠦᠢᠯ ᠮᠠᠷᠺᠰ ᠤᠨ ᠦᠵᠡᠯ ᠤᠨ ᠨᠠᠮ ᠪᠠᠶᠢᠭᠤᠯᠬᠤ ᠵᠠᠷᠴᠢᠮ ᠢ ᠪᠠᠷᠢᠮᠲᠠᠯᠠᠵᠤ᠂ ᠨᠠᠮ ᠤᠨ | ᠲᠥᠪᠯᠡᠷᠡᠩᠭᠦᠢ ᠨᠢᠭᠡᠳᠦᠯᠲᠡᠢ ᠵᠣᠬᠢᠶᠠᠨ ᠪᠠᠶᠢᠭᠤᠯᠬᠤ ᠲᠦᠷᠢᠮ ᠢ ᠪᠦᠷᠢᠨᠰᠢᠬᠦᠯᠤᠨ ᠬᠠᠮᠠᠭᠠᠯᠠᠵᠤ᠂ ᠳᠡᠭᠡᠳᠦ ᠲᠤᠤᠷᠠᠳᠤ | ᠱᠠᠳᠤ ᠪᠠᠷ ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠡᠷᠴᠢᠮᠳᠠᠢ ᠵᠣᠬᠢᠶᠠᠨ ᠪᠠᠶᠢᠭᠤᠯᠬᠤ ᠰᠢᠰᠲ᠋ᠧᠮ ᠢ | ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠠᠵᠢᠯ ᠤᠨ ᠪᠦᠬᠦᠨ ᠢ ᠪᠦᠷᠬᠦᠬᠦᠯᠬᠦ ᠶᠢ | ᠪᠡᠶᠡᠯᠡᠭᠦᠯᠵᠦ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ | ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠢ ᠤᠷᠢᠶᠠᠯᠠᠬᠤ ᠬᠦᠴᠦᠨ ᠢ | ᠲᠠᠰᠤᠷᠠᠯᠳᠠ ᠦᠭᠡᠢ ᠴᠢᠩᠭᠠᠷᠠᠭᠤᠯᠤᠨ᠎ᠠ᠃ | ᠠᠷᠪᠠᠳᠤᠭᠠᠷ ᠵᠦᠢᠯ ᠨᠠᠮ ᠤᠨ ᠲᠦᠷᠢᠮ ᠤᠨ ᠲᠣᠭᠲᠠᠭᠠᠯ ᠶᠣᠰᠣᠭᠠᠷ ᠨᠠᠮ ᠤᠨ ᠡᠯ᠎ᠡ ᠱᠠᠲᠤᠨ ᠤ ᠡᠯ᠎ᠡ | ᠲᠦᠷᠦᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠠᠰᠢᠭᠦᠯᠵᠦ᠂ ᠨᠠᠮ ᠤᠨ ᠲᠥᠪ ᠬᠤᠷᠢᠶᠠᠠ ᠤ ᠵᠣᠬᠢᠶᠠᠨ | ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢ ᠪᠠᠭᠲᠠᠭᠠᠭᠰᠠᠨ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠨᠠᠮ ᠤᠨ ᠠᠵᠢᠯ ᠤᠨ | ᠪᠠᠶᠢᠭᠤᠯᠭ᠎ᠠ᠂ ᠨᠠᠮ ᠤᠨ ᠤᠳᠤᠷᠢᠳᠬᠤ ᠳᠤᠭᠤᠶᠢᠯᠠᠩ ᠢ ᠬᠠᠮᠤᠷᠴᠤ᠂ ᠱᠠᠳᠤ ᠱᠠᠳᠤ ᠪᠠᠷ ᠡᠴᠦᠰ ᠲᠤᠨᠢ ᠲᠤᠯᠳᠠᠯ ᠠ᠂ | ᠪᠦᠬᠦ ᠲᠠᠯ᠎ᠠ ᠶᠢᠨ ᠦᠷᠭᠡᠡ ᠲᠡᠯᠭᠡᠷᠡᠩᠭᠦᠢ ᠨᠢᠭᠲᠠ ᠴᠢᠩᠭ᠎ᠠ ᠵᠣᠬᠢᠶᠠᠨ ᠪᠠᠶᠢᠭᠤᠯᠬᠤ ᠪᠦᠲᠦᠴᠡ ᠶᠢ ᠪᠦᠷᠢᠯᠲᠦᠭᠦᠯᠦᠨᠠ᠃ | | ᠪᠠᠶᠢᠳᠠᠯ ᠡᠭᠦᠷᠭᠡ ᠶᠢᠨ ᠬᠥᠭᠵᠢᠯᠲᠡ ᠬᠤᠪᠢᠷᠠᠯᠲᠠ ᠳᠤ ᠵᠣᠬᠢᠴᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠲᠤᠬᠢᠷᠠᠭᠤᠯᠤᠨ ᠰᠢᠯᠢᠳᠡᠭᠵᠢᠭᠦᠯᠦᠨ᠎ᠡ᠃ ᠶᠠᠮᠠᠷ ᠨᠢᠭᠡᠨ ᠡᠭᠦᠷᠭᠡ ᠶᠢ | ᠭᠦᠢᠴᠡᠳᠬᠡᠬᠦ ᠶᠢᠨ ᠲᠥᠯᠥᠭᠡ ᠲᠦᠷ ᠴᠠᠭ ᠪᠠᠶᠢᠭᠤᠯᠤᠭᠰᠠᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠣᠯᠤᠨ᠎ᠠ᠃ ᠠᠰᠲᠠᠭᠠᠨ | ᠲᠣᠭᠲᠠᠭᠠᠯ ᠲᠠᠢ ᠠᠴᠠ ᠪᠤᠰᠤᠳ ᠢ ᠨᠢ᠂ ᠡᠩ ᠤᠨ ᠪᠠᠶᠢᠳᠠᠯ ᠳᠤ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ | ᠶᠣᠰᠣᠭᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠶᠢ | ᠵᠢᠷᠤᠮᠵᠢᠭᠤᠯᠤᠨ ᠰᠢᠯᠤᠭᠤᠳᠬᠠᠨ᠎ᠠ᠃ | ᠠᠷᠪᠠᠨ ᠨᠢᠭᠡᠳᠦᠭᠡᠷ ᠵᠦᠢᠯ ᠨᠠᠮ ᠤᠨ ᠲᠥᠪ ᠬᠤᠷᠢᠶ᠎ᠠ᠂ ᠲᠥᠪ ᠤᠨ ᠤᠯᠤᠰ ᠲᠦᠷᠦ ᠶᠢᠨ ᠲᠣᠪᠴᠢᠶ᠎ᠠ᠂ | ᠲᠥᠪ ᠤᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠪᠣᠯ ᠨᠠᠮ ᠤᠨ ᠵᠣᠬᠢᠶᠠᠨ ᠪᠠᠶᠢᠭᠤᠯᠬᠤ | ᠰᠢᠰᠲ᠋ᠧᠮ ᠤᠨ ᠶᠡᠭᠡ ᠲᠠᠷᠢᠬᠢ ᠪᠠ ᠲᠥᠪ ᠮᠠᠳᠠᠷᠠᠯ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠢᠯᠡᠰ ᠢ ᠠᠬᠢᠭᠤᠯᠬᠤ ᠳᠤᠮᠳᠠ ᠴᠢᠭᠯᠡᠯ ᠢ ᠡᠵᠡᠮᠳᠡᠵᠦ᠂ ᠶᠡᠭᠡ ᠲᠠᠯ᠎ᠠ ᠶᠢ ᠪᠣᠳᠣᠯᠬᠢᠯᠠᠨ᠂ ᠲᠦᠷᠦ ᠶᠢᠨ | ᠪᠤᠳᠤᠯᠭ᠎ᠠ ᠲᠣᠭᠲᠠᠭᠠᠵᠤ᠂ ᠥᠭᠡᠷᠡᠴᠢᠯᠡᠯᠲᠡ ᠶᠢ ᠠᠬᠢᠭᠤᠯᠤᠨ᠎ᠠ᠃ ᠨᠠᠮ ᠤᠨ ᠤᠳᠤᠷᠢᠳᠬᠤ ᠲᠦᠷᠢᠮ ᠤᠨ | ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠠᠵᠢᠯ ᠳᠠᠬᠢ | ᠤᠳᠤᠷᠢᠳᠬᠤ ᠪᠠᠶᠢᠭᠤᠯᠤᠮᠵᠢ ᠶᠢ ᠪᠦᠷᠢᠨᠰᠢᠬᠦᠯᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠨᠠᠮ ᠤᠨ | ᠲᠥᠪ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠨᠠᠮ ᠤᠨ ᠣᠷᠣᠨ ᠨᠤᠲᠤᠭ ᠤᠨ ᠬᠤᠷᠢᠶ᠎ᠠ ᠲᠤᠰ ᠭᠠᠵᠠᠷ ᠣᠷᠣᠨ ᠳᠠᠭᠠᠨ ᠪᠦᠬᠦ | ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢᠶᠠᠨ | ᠪᠠᠳᠠᠷᠠᠭᠤᠯᠵᠤ᠂ ᠲᠤᠰ ᠭᠠᠵᠠᠷ ᠣᠷᠣᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ | ᠤᠳᠤᠷᠢᠳᠤᠨ᠂ ᠲᠤᠰ ᠭᠠᠵᠠᠷ ᠣᠷᠣᠨ ᠤ ᠪᠠᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠠᠷᠢᠭᠤᠴᠠᠵᠤ᠂ | ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠨᠠᠶᠢᠳᠠᠪᠤᠷᠢᠵᠢᠭᠤᠯᠤᠯᠳᠠ ᠶᠢ ᠪᠠᠲᠤᠯᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠳᠠᠢ᠃ ᠨᠠᠮ ᠤᠨ | ᠣᠷᠣᠨ ᠨᠤᠲᠤᠭ ᠤᠨ ᠵᠣᠬᠢᠶᠠᠨ ᠪᠠᠶᠢᠭᠤᠯᠬᠤ ᠠᠵᠢᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠡᠷᠡᠭ | ᠵᠥᠪᠯᠡᠵᠦ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠵᠤ᠂ | ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠳᠬᠠᠵᠤ᠂ ᠤᠳᠤᠷᠢᠳᠬᠤ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠤᠨ | ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠲᠥᠪ ᠬᠤᠷᠢᠶᠠᠨ ᠤ ᠵᠢᠯᠤᠭᠤᠳᠤᠯᠭ᠎ᠠ ᠶᠢ ᠳᠠᠭᠠᠬᠤ᠂ | ᠬᠠᠮᠢᠶᠠᠷᠤᠯᠲᠠ ᠴᠢᠩᠭ᠎ᠠ᠂ ᠬᠢᠨᠠᠯᠲᠠ ᠡᠷᠴᠢᠮᠳᠠᠢ᠂ ᠤᠳᠤᠷᠢᠳᠬᠤ ᠪᠠᠭ ᠪᠦᠯᠬᠦᠮᠳᠡᠯ ᠲᠠᠢ᠂ ᠵᠠᠩ ᠰᠤᠷᠲᠠᠯ ᠴᠡᠪᠡᠷ | ᠪᠠᠳᠤ ᠴᠢᠩᠭ᠎ᠠ ᠵᠣᠬᠢᠶᠠᠨ ᠪᠠᠶᠢᠭᠤᠯᠤᠯᠲᠠ ᠪᠣᠯᠭᠠᠨ ᠪᠠᠶᠢᠭᠤᠯᠬᠤ ᠬᠡᠷᠡᠭᠳᠠᠢ᠃ | ᠠᠷᠪᠠᠨ ᠭᠤᠷᠪᠠᠳᠤᠭᠠᠷ ᠵᠦᠢᠯ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯ ᠨᠡᠶᠢᠭᠡᠮ ᠤᠨ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠠᠬᠢ ᠨᠠᠮ ᠤᠨ ᠲᠡᠶᠢᠴᠢᠠ ᠪᠠᠬᠢᠯᠡᠯᠲᠡ ᠮᠥᠨ᠂ ᠨᠠᠮ ᠤᠨ ᠪᠦᠬᠦ | ᠠᠵᠢᠯ ᠪᠠ ᠲᠡᠶᠢᠴᠢᠠ ᠬᠦᠴᠦᠨ ᠤ ᠰᠠᠭᠤᠷᠢ ᠮᠥᠨ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ | ᠤᠳᠤᠷᠢᠳᠤᠮᠵᠢ ᠶᠢ ᠪᠠᠷᠢᠮᠲᠠᠯᠠᠵᠤ᠂ ᠵᠣᠬᠢᠶᠠᠨ ᠪᠠᠶᠢᠭᠤᠯᠬᠤ ᠬᠦᠴᠦᠨ ᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ | ᠠᠵᠤ ᠠᠬᠤᠶᠢᠯᠠᠯ᠂ ᠬᠥᠳᠡᠭᠡ ᠲᠣᠰᠬᠤᠨ᠂ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ ᠶᠢ | ᠶᠡᠭᠡ ᠪᠠᠷ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠ ᠠᠵᠢᠯᠯᠠᠭ᠎ᠠ ᠶᠢᠨ ᠬᠡᠯᠪᠡᠷᠢ ᠶᠢᠨ | ᠰᠢᠨ᠎ᠡ ᠶᠢ ᠡᠭᠦᠳᠬᠦ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ | ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠰᠢᠯᠢᠳᠡᠭ ᠢ ᠰᠤᠩᠭᠤᠨ | ᠬᠦᠴᠦᠷᠬᠡᠭ ᠢ ᠲᠣᠬᠢᠷᠠᠭᠤᠯᠵᠤ᠂ ᠡᠯ᠎ᠡ ᠬᠦᠷᠢᠶ᠎ᠠ ᠴᠠᠷᠠᠭ᠎ᠠ ᠶᠢᠨ ᠨᠠᠮ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠤᠭᠤᠰᠢᠯᠠᠭᠤᠯᠬᠤ᠂ | ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ᠂ | ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ | ᠬᠡᠷᠡᠭᠳᠠᠢ᠃ | ᠨᠠᠮ ᠤᠨ ᠡᠭᠦᠷ ᠪᠣᠯ ᠨᠠᠮ ᠤᠨ ᠰᠠᠭᠤᠷᠢ ᠵᠣᠬᠢᠶᠠᠨ ᠪᠠᠶᠢᠭᠤᠯᠤᠯᠲᠠ ᠮᠥᠨ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠦᠨᠳᠦᠰᠦᠨ ᠨᠢᠭᠡᠴᠢ ᠮᠥᠨ᠃ ᠨᠠᠮ ᠤᠨ ᠡᠭᠦᠷ ᠤᠨ ᠪᠠᠷᠢᠮᠵᠢᠶᠠᠵᠢᠭᠰᠠᠨ | ᠵᠢᠷᠤᠮᠵᠢᠭᠰᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠨ ᠠᠵᠢᠯ ᠢ ᠴᠢᠩᠭᠠᠳᠬᠠᠵᠤ᠂ | ᠦᠨᠳᠦᠰᠦᠨ ᠲᠦᠷᠢᠮ ᠢ ᠲᠡᠭᠦᠯᠳᠡᠷᠵᠢᠭᠦᠯᠵᠦ᠂ ᠦᠨᠳᠦᠰᠦᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ | ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠡᠭᠦᠷ ᠠᠴᠠ ᠨᠠᠮ ᠤᠨ ᠭᠡᠰᠢᠭᠦᠨ ᠢ ᠰᠢᠭᠤᠳ ᠬᠥᠮᠦᠵᠢᠭᠦᠯᠬᠦ᠂ | ᠨᠠᠮ ᠤᠨ ᠭᠡᠰᠢᠭᠦᠨ ᠢ ᠰᠢᠭᠤᠳ ᠬᠠᠮᠢᠶᠠᠷᠬᠤ᠂ ᠨᠠᠮ ᠤᠨ ᠭᠡᠰᠢᠭᠦᠨ ᠳᠤ ᠬᠢᠨᠠᠯᠲᠠ ᠲᠠᠯᠪᠢᠬᠤ ᠪᠠ ᠤᠯᠠᠨ ᠲᠦᠮᠡᠨ ᠢ | ᠵᠣᠬᠢᠶᠠᠨ ᠪᠠᠶᠢᠭᠤᠯᠬᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠨᠢᠭᠲᠠᠷᠠᠭᠤᠯᠬᠤ᠂ ᠤᠯᠠᠨ | ᠲᠦᠮᠡᠨ ᠳᠤ ᠦᠢᠯᠡᠴᠢᠯᠡᠬᠦ ᠲᠤᠰᠢᠶᠠᠯ ᠬᠠᠷᠢᠭᠤᠴᠠᠯᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠳᠠᠢ᠃ | ᠨᠠᠮ ᠤᠨ ᠭᠡᠰᠢᠭᠦᠨ ᠤ ᠲᠤᠭ᠎ᠠ ᠨᠢ ᠨᠡᠯᠢᠶᠡᠳ ᠤᠯᠡᠠ ᠪᠤᠶᠤ ᠨᠠᠮ ᠤᠨ ᠭᠡᠰᠢᠭᠦᠨ ᠤ ᠠᠵᠢᠯᠯᠠᠵᠤ ᠪᠠᠶᠢᠭ᠎ᠠ ᠭᠠᠵᠠᠷ᠂ | ᠰᠠᠭᠤᠵᠤ ᠪᠠᠶᠢᠭ᠎ᠠ ᠭᠠᠵᠠᠷ ᠨᠢ ᠨᠡᠯᠢᠶᠡᠳ ᠲᠠᠷᠠᠬᠠᠢ ᠪᠤᠲᠠᠷᠬᠠᠢ ᠪᠠᠶᠢᠳᠠᠭ ᠨᠠᠮ ᠤᠨ ᠡᠭᠦᠷ ᠨᠢ ᠵᠤᠬᠢᠶᠠᠨ | ᠪᠠᠶᠢᠭᠤᠯᠤᠯᠳᠠ ᠶᠢᠨ ᠠᠵᠢᠯᠯᠠᠭ᠎ᠠ ᠥᠷᠨᠢᠭᠦᠯᠬᠦ ᠳᠤ ᠲᠦᠬᠦᠮ ᠪᠠᠶᠢᠬᠤ ᠵᠠᠷᠴᠢᠮ ᠶᠣᠰᠣᠭᠠᠷ ᠨᠠᠮ ᠤᠨ | ᠳᠤᠭᠤᠶᠢᠯᠠᠩ ᠤᠳ ᠢ ᠬᠤᠪᠢᠶᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠨᠠᠮ ᠤᠨ ᠤᠳᠤᠷᠢᠳᠬᠤ ᠳᠤᠭᠤᠶᠢᠯᠠᠩ ᠲᠤᠰ ᠨᠢᠭᠡᠴᠢ ᠳᠡᠭᠡᠨ ᠤᠳᠤᠷᠢᠳᠬᠤ | ᠦᠢᠯᠡᠳᠦᠯ ᠪᠠᠳᠠᠷᠠᠭᠤᠯᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠳᠠ ᠶᠢ | ᠪᠠᠲᠤᠯᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠳᠠᠢ᠃ ᠨᠠᠮ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠢᠯ ᠤᠨ ᠲᠦᠷᠢᠮ ᠪᠠ ᠰᠢᠢᠳᠪᠦᠷᠢᠲᠦ ᠪᠤᠳᠤᠯᠭ᠎ᠠ | ᠲᠣᠭᠲᠠᠭᠠᠬᠤ ᠲᠣᠭᠲᠠᠴᠠ ᠶᠢ ᠪᠦᠷᠢᠨᠰᠢᠬᠦᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ | ᠠᠵᠢᠯ ᠲᠠᠢ ᠬᠠᠮᠲᠤ ᠳᠤᠨᠢ ᠲᠥᠰᠦᠪᠯᠡᠬᠦ᠂ ᠬᠠᠮᠲᠤ ᠳᠤᠨᠢ ᠪᠠᠶᠢᠷᠢᠯᠠᠭᠤᠯᠬᠤ᠂ ᠬᠠᠮᠲᠤ ᠳᠤᠨᠢ ᠠᠬᠢᠭᠤᠯᠬᠤ᠂ | ᠬᠠᠮᠲᠤ ᠳᠤᠨᠢ ᠬᠢᠨᠠᠨ ᠰᠢᠯᠭᠠᠬᠤ ᠶᠢ ᠪᠠᠷᠢᠮᠲᠠᠯᠠᠵᠤ᠂ ᠲᠤᠰ ᠨᠢᠭᠡᠴᠢ ᠶᠢᠨ ᠢᠶᠠᠨ ᠤᠳᠤᠷᠢᠳᠬᠤ ᠪᠠᠭ ᠤᠨ ᠬᠠᠤᠯᠢ | ᠶᠣᠰᠣᠭᠠᠷ ᠲᠦᠷᠢᠮ ᠶᠣᠰᠣᠭᠠᠷ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠤᠳᠤᠯᠭ᠎ᠠ ᠶᠢ ᠴᠠᠭ | ᠲᠤᠬᠠᠢ ᠳᠤᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠠᠬᠢᠭᠤᠯᠵᠤ᠂ ᠨᠠᠮ ᠤᠨ ᠤᠨᠤᠯ ᠪᠠ | ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠰ ᠨᠢᠭᠡᠴᠢ ᠳᠡᠭᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠳᠠᠢ᠃ | ᠠᠷᠪᠠᠨ ᠲᠠᠪᠤᠳᠤᠭᠠᠷ ᠵᠦᠢᠯ ᠢᠲᠡᠭᠡᠯ ᠵᠣᠷᠢᠭ ᠨᠢ ᠪᠠᠲᠤ ᠴᠢᠩᠭ᠎ᠠ᠂ ᠤᠯᠤᠰ ᠲᠦᠷᠦ ᠶᠢᠨ ᠲᠠᠯ᠎ᠠ ᠪᠠᠷ | ᠨᠠᠶᠢᠳᠠᠪᠤᠷᠢᠲᠠᠢ᠂ ᠪᠦᠲᠦᠴᠡ ᠨᠢ ᠵᠦᠢ ᠵᠣᠬᠢᠰᠲᠠᠢ᠂ ᠬᠡᠪ ᠪᠤᠯᠪᠠᠰᠤᠷᠠᠯ ᠨᠢ ᠰᠢᠯᠢᠳᠡᠭ ᠰᠡᠶᠢᠠ᠂ ᠰᠠᠬᠢᠯᠭ᠎ᠠ ᠪᠠᠳᠤ ᠨᠢ | ᠴᠢᠩᠭ᠎ᠠ᠂ ᠦᠢᠯᠡᠳᠦᠯ ᠨᠢ ᠲᠤᠪᠦ᠋ᠢᠮ᠎ᠠ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠬᠤ ᠶᠢᠨ ᠲᠤᠭᠤᠷᠢᠨ ᠳᠤ᠂ | ᠨᠠᠮ ᠤᠨ ᠭᠡᠰᠢᠭᠦᠨ ᠢ ᠬᠦᠮᠦᠵᠢᠬᠦᠯᠬᠦ ᠪᠠ ᠨᠠᠮ ᠤᠨ ᠭᠡᠰᠢᠭᠦᠨ ᠤ ᠬᠦᠮᠦᠵᠢᠯ᠂ ᠬᠠᠮᠢᠶᠠᠷᠤᠯᠳᠠ᠂ ᠬᠢᠨᠠᠯᠳᠠ᠂ | ᠦᠢᠯᠡᠴᠢᠯᠡᠬᠡᠨ ᠤ ᠠᠵᠢᠯ ᠢ ᠰᠠᠶᠢᠲᠤᠷ ᠬᠢᠬᠦ ᠬᠡᠷᠡᠭᠳᠠᠢ᠃ | ᠨᠠᠮ ᠤᠨ ᠭᠡᠰᠢᠭᠦᠨ ᠢ ᠬᠦᠮᠦᠵᠢᠬᠦᠯᠬᠦ ᠳᠡᠭᠡᠨ ᠶᠡᠷᠦᠩᠬᠡᠢ ᠲᠤᠭ᠎ᠠ ᠶᠢ ᠬᠢᠵᠠᠭᠠᠷᠯᠠᠬᠤ᠂ ᠪᠦᠲᠦᠴᠡ ᠶᠢ | ᠰᠢᠯᠢᠳᠡᠭᠵᠢᠭᠦᠯᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠦᠢᠯᠡᠳᠦᠯ ᠢ ᠪᠠᠳᠠᠷᠠᠭᠤᠯᠬᠤ ᠶᠡᠷᠦᠩᠬᠡᠢ ᠱᠠᠭᠠᠷᠳᠠᠯᠭ᠎ᠠ | ᠶᠣᠰᠣᠭᠠᠷ᠂ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠳᠤ ᠲᠠᠯᠪᠢᠵᠤ᠂ ᠳᠡᠰ ᠳᠠᠷᠠᠭᠠᠯᠠᠯ ᠢ ᠴᠢᠩᠳᠠᠯᠠᠨ᠂ | ᠪᠣᠭᠤᠮᠲᠠ ᠶᠢ ᠴᠢᠩᠭ᠎ᠠ ᠰᠠᠬᠢᠵᠤ᠂ ᠰᠢᠨ᠎ᠡ ᠪᠠᠷ ᠬᠦᠮᠦᠵᠢᠬᠦᠯᠦᠭᠰᠡᠨ ᠨᠠᠮ ᠤᠨ ᠭᠡᠰᠢᠭᠦᠨ ᠤ ᠴᠢᠨᠠᠷ ᠴᠢᠨᠰᠠᠭ᠎ᠠ ᠶᠢ | ᠪᠠᠲᠤᠯᠠᠬᠤ ᠬᠡᠷᠡᠭᠲᠡᠢ᠃ ᠨᠠᠮ ᠳᠤ ᠣᠷᠣᠬᠤ ᠢᠳᠡᠪᠬᠢᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠦᠮᠦᠵᠢᠬᠦᠯᠵᠤ ᠪᠠᠶᠢᠭ᠎ᠠ ᠡᠲᠡᠭᠡᠳ᠂ ᠪᠡᠯᠡᠳᠬᠡᠯ ᠨᠠᠮ ᠤᠨ ᠭᠡᠰᠢᠭᠦᠨ ᠢ ᠬᠥᠮᠦᠵᠢᠭᠦᠯᠬᠦ ᠶᠢ ᠴᠢᠩᠭᠠᠳᠬᠠᠬᠤ ᠬᠡᠷᠡᠭᠳᠠᠢ᠃ | ᠨᠠᠮ ᠤᠨ ᠭᠡᠰᠢᠭᠦᠨ ᠤ ᠬᠥᠮᠦᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠪᠠ ᠨᠠᠮ ᠤᠨ | ᠭᠡᠰᠢᠭᠦᠨ ᠤ ᠪᠠᠶᠢᠩᠭᠤ ᠶᠢᠨ ᠴᠢᠨᠠᠷᠲᠠᠢ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠬᠢᠶᠠᠨ | ᠪᠠᠶᠢᠭᠤᠯᠤᠯᠲᠠ ᠶᠢᠨ ᠪᠣᠯᠪᠠᠰᠤᠷᠠᠯ ᠬᠦᠷᠳᠡᠬᠡᠬᠦ ᠪᠠ ᠬᠤᠪᠢ ᠬᠥᠮᠦᠨ ᠤ ᠥᠪᠡᠷ ᠢᠶᠠᠨ ᠰᠤᠷᠤᠯᠴᠠᠬᠤ ᠶᠢ | ᠤᠶᠠᠯᠳᠤᠭᠤᠯᠬᠤ ᠶᠢ ᠪᠠᠷᠢᠮᠲᠠᠯᠠᠨ᠂ ᠨᠠᠮ ᠤᠨ ᠭᠡᠰᠢᠭᠦᠳ ᠤᠨ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠥᠬᠦᠷᠡᠰᠢ ᠦᠭᠡᠢ ᠲᠡᠮᠡᠴᠡᠬᠦ ᠶᠢ ᠬᠦᠳᠦᠯᠦᠨ ᠵᠢᠯᠤᠭᠤᠳᠬᠤ ᠬᠡᠷᠡᠭᠲᠡᠢ᠃ | ᠨᠠᠮ ᠤᠨ ᠭᠡᠰᠢᠭᠦᠨ ᠤ ᠬᠠᠮᠢᠶᠠᠷᠤᠯᠲᠠ ᠳᠤ ᠨᠠᠮ ᠤᠨ ᠬᠠᠷᠢᠶ᠎ᠠ ᠶᠢᠨ ᠬᠠᠮᠢᠶᠠᠷᠤᠯᠲᠠ᠂ ᠵᠣᠬᠢᠶᠠᠨ | ᠪᠠᠶᠢᠭᠤᠯᠤᠯᠲᠠ ᠶᠢᠨ ᠬᠠᠷᠢᠴᠠᠭᠠᠨ ᠤ ᠬᠠᠮᠢᠶᠠᠷᠤᠯᠲᠠ᠂ ᠨᠠᠮ ᠤᠨ ᠰᠦᠢᠳᠬᠡᠯ ᠬᠤᠷᠢᠶᠠᠵᠤ ᠬᠡᠷᠡᠭᠯᠡᠬᠦ ᠬᠠᠮᠢᠶᠠᠷᠤᠯᠲᠠ᠂ | ᠡᠳᠦᠷ ᠲᠤᠳᠤᠮ ᠤᠨ ᠬᠢᠨᠠᠯᠲᠠ᠂ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠵᠡᠷᠭᠡ ᠠᠵᠢᠯ ᠢ ᠴᠢᠩᠭ᠎ᠠ | ᠰᠠᠶᠢᠲᠤᠷ ᠬᠢᠵᠦ᠂ ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ | ᠠᠳᠠᠯᠢ ᠪᠤᠰᠤ ᠬᠦᠮᠦᠰ ᠤᠨ ᠨᠠᠮ ᠤᠨ ᠭᠡᠰᠢᠭᠦᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠭᠡᠰᠢᠬᠦᠨ ᠤ | ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠵᠤᠬᠢᠶᠠᠨ ᠪᠠᠶᠢᠭᠤᠯᠵᠤ ᠬᠦᠳᠦᠯᠦᠨ | ᠵᠢᠯᠤᠭᠤᠳᠬᠤ ᠬᠡᠷᠡᠭᠳᠠᠢ᠃ | ᠨᠠᠮ ᠤᠨ ᠳᠣᠲᠣᠭᠠᠳᠤ ᠶᠢᠨ ᠤᠷᠮᠠᠰᠢᠭᠤᠯᠤᠨ ᠬᠠᠯᠠᠮᠵᠢᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠨᠠᠮ ᠤᠨ ᠭᠡᠰᠢᠭᠦᠨ ᠤ ᠠᠷᠠᠳᠴᠢᠯᠠᠯ ᠤᠨ ᠡᠷᠬᠡ ᠶᠢ ᠪᠠᠲᠤᠯᠠᠵᠤ᠂ ᠨᠠᠮ ᠤᠨ ᠳᠣᠲᠣᠭᠠᠳᠤ ᠳᠤ ᠬᠥᠬᠢᠭᠦᠯᠵᠤ | ᠰᠠᠶᠢᠰᠢᠶᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠳ ᠢ ᠬᠠᠯᠠᠮᠵᠢᠯᠠᠨ ᠬᠠᠶᠢᠷᠠᠯᠠᠬᠤ ᠪᠠ ᠨᠡᠮ ᠤᠨ | ᠬᠡᠰᠢᠬᠦᠳ ᠲᠤ ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠳᠠᠢ᠃ | ᠠᠷᠪᠠᠨ ᠵᠢᠷᠭᠤᠳᠤᠭᠠᠷ ᠵᠦᠢᠯ ᠠᠷᠠᠳᠴᠢᠯᠠᠯ ᠲᠥᠪᠯᠡᠷᠡᠯ ᠤᠨ ᠶᠤᠰᠤ ᠶᠢ ᠪᠠᠷᠢᠮᠲᠠᠯᠠᠵᠤ᠂ ᠨᠠᠮ ᠤᠨ | ᠳᠣᠲᠣᠭᠠᠳᠤ ᠶᠢᠨ ᠠᠷᠠᠳᠴᠢᠯᠠᠯ ᠢ ᠬᠥᠭᠵᠢᠭᠦᠯᠬᠦ ᠪᠠ ᠲᠥᠪᠯᠡᠷᠡᠯ ᠢ ᠵᠦᠪ ᠬᠡᠷᠡᠭᠵᠢᠭᠦᠯᠬᠦ ᠬᠤᠯᠪᠣᠭᠳᠠᠯ ᠪᠦᠬᠦᠢ | ᠳᠦᠷᠢᠮ ᠢ ᠲᠡᠭᠦᠯᠳᠡᠷᠵᠢᠭᠦᠯᠬᠦ ᠬᠡᠷᠡᠭᠳᠠᠢ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ | ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠰᠣᠩᠭᠤᠭᠤᠯᠢ ᠶᠢᠨ ᠲᠦᠷᠢᠮ ᠢ ᠲᠡᠭᠦᠯᠳᠡᠷᠵᠢᠭᠦᠯᠵᠦ᠂ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠬᠤᠭᠤᠴᠠᠭᠠᠨ ᠤ ᠲᠦᠷᠢᠮ ᠪᠠ | ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠤᠨ ᠬᠤᠭᠤᠴᠠᠭ᠎ᠠ ᠵᠡᠷᠭᠡ ᠲᠦᠷᠢᠮ ᠢ | ᠨᠠᠶᠢᠳᠠᠪᠤᠷᠢᠵᠢᠭᠤᠯᠬᠤ ᠬᠡᠷᠡᠭᠳᠠᠢ᠃ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ᠂ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ᠂ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ᠂ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠵᠡᠷᠭᠡ ᠶᠢ ᠪᠠᠭᠲᠠᠭᠠᠭᠰᠠᠨ ᠪᠦᠷᠢᠨ ᠪᠦᠲᠦᠨ ᠵᠣᠬᠢᠶᠠᠨ | ᠪᠠᠶᠢᠭᠤᠯᠬᠤ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠦᠷᠢᠮ ᠢ ᠲᠡᠭᠦᠯᠳᠡᠷᠵᠢᠭᠦᠯᠬᠦ ᠬᠡᠷᠡᠭᠳᠠᠢ᠃ | ᠠᠷᠪᠠᠨ ᠳᠣᠯᠣᠳᠤᠭᠠᠷ ᠵᠦᠢᠯ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠴᠢᠩᠭ᠎ᠠ ᠬᠡᠷᠡᠭᠵᠢᠭᠦᠯᠵᠤ᠂ ᠠᠷᠠᠳᠴᠢᠯᠠᠯ ᠤᠨ | ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠳᠦᠷᠢᠮ ᠢ ᠪᠠᠷᠢᠮᠳᠠᠯᠠᠨ | ᠲᠡᠭᠦᠯᠳᠡᠷᠵᠢᠭᠦᠯᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ᠂ | ᠰᠡᠳᠬᠢᠯ ᠤᠨ ᠦᠭᠡ ᠪᠠᠨ ᠶᠠᠷᠢᠯᠴᠠᠬᠤ᠂ ᠠᠷᠠᠳᠴᠢᠯᠠᠯ ᠢᠶᠠᠷ ᠨᠠᠮ ᠤᠨ ᠭᠡᠰᠢᠭᠦᠨ ᠢ ᠦᠨᠡᠯᠡᠬᠦ ᠵᠡᠷᠭᠡ ᠳᠦᠷᠢᠮ ᠢ | ᠪᠦᠷᠢᠨᠰᠢᠭᠦᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠳᠠᠪᠬᠤᠷ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠦᠬᠡᠳᠡᠷᠭᠡᠭ ᠡᠷᠡᠭᠦᠯ ᠤᠯᠤᠰ | ᠲᠦᠷᠦ ᠶᠢᠨ ᠰᠣᠶᠣᠯ ᠢ ᠬᠥᠭᠵᠢᠭᠦᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠪᠠᠶᠢᠩᠭᠤ᠂ | ᠬᠢᠨᠠᠮᠠᠭᠠᠶ᠂ ᠲᠥᠪ ᠴᠢᠩᠭ᠎ᠠ ᠪᠠᠶᠢᠬᠤ ᠶᠢ ᠪᠠᠳᠤᠯᠠᠵᠤ᠂ ᠤᠯᠤᠰ ᠲᠥᠷᠥ ᠶᠢᠨ ᠴᠢᠨᠠᠷ᠂ ᠴᠠᠭ ᠦᠶᠡᠴᠢ ᠴᠢᠨᠠᠷ᠂ | ᠵᠠᠷᠴᠢᠮᠲᠤ ᠴᠢᠨᠠᠷ᠂ ᠲᠡᠶᠢᠴᠢᠠ ᠴᠢᠨᠠᠷ ᠢ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ | ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠠᠢ᠃ | ᠠᠷᠪᠠᠨ ᠨᠠᠢᠮᠠᠳᠤᠭᠠᠷ ᠵᠦᠢᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ | ᠭᠡᠰᠢᠭᠦᠨ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ | ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ | ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠭᠡᠰᠢᠭᠦᠨ ᠬᠤᠪᠢ ᠬᠦᠮᠦᠨ | ᠨᠠᠮ ᠤᠨ ᠵᠣᠬᠢᠶᠠᠨ ᠪᠠᠶᠢᠭᠤᠯᠤᠯᠲᠠ ᠶᠢ ᠲᠠᠭᠠᠬᠤ᠂ ᠴᠥᠭᠡᠩᠬᠢ ᠨᠢ ᠣᠯᠠᠩᠬᠢ ᠪᠠᠨ ᠲᠠᠭᠠᠬᠤ᠂ ᠲᠤᠤᠷᠠᠳᠤ ᠱᠠᠲᠤᠨ ᠤ | ᠵᠣᠬᠢᠶᠠᠨ ᠪᠠᠶᠢᠭᠤᠯᠤᠯᠲᠠ ᠨᠢ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠪᠠᠨ ᠲᠠᠭᠠᠬᠤ᠂ ᠪᠦᠬᠦ ᠨᠠᠮ ᠤᠨ ᠡᠯ᠎ᠡ | ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ ᠭᠡᠰᠢᠭᠦᠨ ᠨᠢ ᠨᠠᠮ ᠤᠨ ᠪᠦᠬᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ ᠪᠣᠯᠤᠨ ᠲᠥᠪ ᠬᠤᠷᠢᠶ᠎ᠠ ᠶᠢ ᠲᠠᠭᠠᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ | ᠰᠠᠬᠢᠯᠭ᠎ᠠ ᠪᠠᠲᠤ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠠᠬᠢᠯᠭ᠎ᠠ | ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠰᠠᠬᠢᠯᠭ᠎ᠠ ᠪᠠᠲᠤ ᠶᠢᠨ ᠡᠷᠬᠡ ᠰᠦᠷᠲᠦ ᠴᠢᠨᠠᠷ ᠪᠠ ᠬᠦᠯᠢᠶᠡᠰᠦᠯᠡᠬᠦ ᠬᠦᠴᠦᠨ ᠢ ᠳᠡᠭᠡᠭᠰᠢᠯᠡᠭᠦᠯᠦᠨ᠂ | ᠵᠠᠷᠯᠢᠭ ᠪᠠᠶᠢᠪᠠᠰᠤ ᠡᠷᠬᠡᠪᠰᠢ ᠬᠡᠷᠡᠭᠵᠢᠬᠦᠯᠬᠦ᠂ ᠴᠠᠭᠠᠵᠠ ᠪᠠᠶᠢᠪᠠᠰᠦ ᠵᠠᠪᠠᠯ ᠵᠢᠷᠤᠮᠯᠠᠬᠤ᠂ ᠰᠠᠬᠢᠯᠭ᠎ᠠ ᠪᠠᠲᠤ ᠶᠢ ᠵᠠᠪᠠᠯ | ᠴᠢᠩᠭ᠎ᠠ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠵᠥᠷᠢᠴᠡᠪᠡᠯ ᠵᠠᠪᠠᠯ ᠨᠡᠬᠡᠮᠵᠢᠯᠡᠬᠦ ᠶᠢ ᠪᠡᠶᠡᠯᠡᠭᠦᠯᠬᠦ ᠬᠡᠷᠡᠭᠳᠠᠢ᠃ | ᠳᠥᠷᠪᠡᠳᠦᠭᠡᠷ ᠪᠦᠯᠦᠭ ᠺᠠᠳ᠋ᠷ ᠤᠨ ᠠᠵᠢᠯ | ᠠᠷᠪᠠ ᠶᠢᠰᠦᠳᠦᠭᠡᠷ ᠵᠦᠢᠯ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠮᠣᠷᠠᠯ ᠴᠢᠳᠠᠪᠤᠷᠢ ᠶᠢ | ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠮᠢᠭ᠎ᠠ ᠠᠴᠠ ᠢᠷᠡᠭᠰᠡᠨ ᠴᠤ ᠬᠠᠮᠢᠶ᠎ᠠ | ᠦᠭᠡᠢ ᠡᠷᠳᠡᠮᠲᠡᠨ ᠴᠢᠳᠠᠪᠤᠷᠢᠳᠠᠨ ᠢ ᠬᠡᠷᠡᠭᠯᠡᠬᠦ ᠶᠢ ᠪᠠᠷᠢᠮᠲᠠᠯᠠᠵᠤ᠂ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ | ᠬᠥᠮᠦᠨ ᠢ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠺᠠᠳ᠋ᠷ ᠤᠨ ᠬᠡᠪ ᠪᠤᠯᠪᠠᠰᠤᠷᠠᠯ ᠢ ᠬᠥᠮᠦᠵᠢᠭᠦᠯᠬᠦ᠂ | ᠪᠠᠶᠢᠳᠠᠯ ᠢ ᠣᠶᠢᠯᠠᠭᠠᠵᠤ ᠬᠥᠮᠦᠨ ᠢ ᠲᠠᠨᠢᠬᠤ᠂ ᠰᠤᠩᠭᠤᠨ ᠳᠡᠪᠰᠢᠭᠦᠯᠵᠦ ᠬᠡᠷᠡᠭᠯᠡᠬᠦ᠂ ᠴᠢᠩᠭ᠎ᠠ ᠬᠠᠮᠢᠶᠠᠷᠬᠤ᠂ | ᠵᠦᠪ ᠢᠶᠠᠷ ᠤᠷᠮᠠᠰᠢᠭᠤᠯᠬᠤ ᠰᠢᠰᠲ᠋ᠧᠮ ᠤᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠵᠤ᠂ ᠤᠳᠤᠷᠢᠳᠬᠤ ᠪᠠᠭ | ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠤ᠂ ᠨᠠᠮ ᠵᠠᠰᠠᠭ ᠤᠨ ᠪᠠᠶᠢᠭᠤᠯᠭ᠎ᠠ᠂ | ᠠᠷᠠᠳ ᠤᠨ ᠪᠦᠯᠬᠦᠮ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠶᠢᠨ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠤ᠂ ᠦᠨᠡᠨᠴᠢ ᠰᠢᠳᠤᠷᠭᠤ ᠠᠷᠢᠭᠤᠨ | ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠥᠨᠳᠥᠷ ᠬᠡᠪ ᠪᠤᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ | ᠬᠦᠴᠦᠯᠡᠨ ᠪᠠᠶᠢᠭᠤᠯᠬᠤ ᠬᠡᠷᠡᠭᠳᠠᠢ᠃ | ᠬᠤᠷᠢᠳᠤᠭᠠᠷ ᠵᠦᠢᠯ ᠺᠠᠳ᠋ᠷ ᠤᠨ ᠠᠵᠢᠯ ᠳᠤ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠳᠣᠣᠷ᠎ᠠ ᠱᠠᠳᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ ᠪᠠᠶᠢᠭᠤᠯᠤᠮᠵᠢ ᠶᠢ ᠬᠡᠷᠡᠭᠵᠢᠭᠦᠯᠦᠨ᠎ᠡ᠃ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠺᠠᠳ᠋ᠷ ᠤᠨ ᠠᠵᠢᠯ ᠤᠨ ᠨᠢᠭᠡᠳᠦᠯᠲᠡᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯ ᠶᠠᠪᠤᠳᠠᠯ ᠤᠨ | ᠡᠷᠬᠡ ᠶᠢᠨ ᠬᠤᠪᠢᠶᠠᠷᠢᠯᠠᠯ᠂ ᠠᠵᠢᠯ ᠲᠥᠷᠥᠯ ᠤᠨ ᠬᠦᠷᠢᠶ᠎ᠠ ᠴᠠᠷᠠᠭᠠᠨ ᠤ ᠰᠢᠨᠵᠢ ᠴᠢᠨᠠᠷ ᠤᠨ ᠣᠨᠴᠠᠯᠢᠭ᠂ | ᠪᠠᠶᠢᠭᠤᠯᠤᠮᠵᠢ ᠶᠢᠨ ᠲᠤᠬᠢᠷᠠᠭᠤᠯᠤᠯᠳᠠ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ | ᠡᠩᠨᠡᠭᠡᠨ ᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠺᠠᠳ᠋ᠷ ᠤᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ᠂ ᠬᠦᠷᠢᠶ᠎ᠠ ᠬᠡᠪᠴᠢᠶ᠎ᠡ᠂ ᠡᠷᠬᠡ ᠶᠢᠨ ᠬᠡᠪᠴᠢᠶ᠎ᠠ᠂ ᠬᠡᠯᠪᠡᠷᠢ ᠪᠠ ᠲᠠᠷᠠᠭᠠᠯᠠᠯ ᠢ ᠵᠦᠶ ᠵᠣᠬᠢᠰᠲᠠᠶ | ᠲᠣᠭᠲᠠᠭᠠᠵᠤ᠂ ᠺᠠᠳ᠋ᠷ ᠤᠨ ᠳᠠᠪᠬᠤᠷ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠤᠳᠤᠷᠢᠳᠬᠤ ᠪᠠᠭ ᠤᠨ ᠪᠠᠶᠢᠭᠤᠯᠤᠯᠲᠠ ᠨᠢ ᠡᠷᠬᠡᠪᠰᠢ ᠨᠠᠮ ᠤᠨ ᠤᠯᠤᠰ | ᠲᠦᠷᠦ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ | ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠦᠨ ᠪᠦᠬᠦᠯᠢ ᠴᠣᠭᠴᠠ ᠪᠠᠷ ᠠᠬᠢᠭᠤᠯᠬᠤ ᠶᠢ ᠪᠠᠷᠢᠮᠳᠠᠯᠠᠵᠤ᠂ ᠲᠥᠷᠥᠯ | ᠬᠤᠪᠢᠶᠠᠨ ᠵᠢᠯᠣᠭᠤᠳᠴᠤ᠂ ᠤᠨᠢᠨ ᠲᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠳᠠᠯᠠᠵᠤ᠂ ᠠᠷᠠᠳᠴᠢᠯᠠᠯ | ᠲᠥᠪᠯᠡᠷᠡᠯ ᠤᠨ ᠶᠤᠰᠤ ᠶᠢ ᠴᠢᠩᠭ᠎ᠠ ᠬᠡᠷᠡᠭᠵᠢᠭᠦᠯᠵᠤ᠂ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠤ᠂ ᠪᠠᠭ ᠤᠨ | ᠪᠦᠲᠦᠴᠡ ᠶᠢ ᠰᠢᠯᠢᠳᠡᠭᠵᠢᠭᠦᠯᠵᠤ᠂ ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠷᠠᠭᠤᠯᠵᠤ᠂ ᠪᠠᠭ ᠤᠨ | ᠲᠣᠭᠲᠠᠭᠤᠨ ᠢ ᠪᠠᠲᠤᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠢᠢᠯᠠᠭᠠᠬᠤ | ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠴᠢᠩᠭᠠᠷᠠᠭᠤᠯᠵᠦ᠂ ᠴᠢᠷᠮᠠᠶᠢᠵᠤ ᠪᠠᠶᠢᠭᠠᠳ ᠡᠯ᠎ᠡ | ᠱᠠᠲᠤᠨ ᠤ ᠤᠳᠤᠷᠢᠳᠬᠤ ᠪᠠᠭ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠬᠦ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠪᠠᠲᠤ ᠴᠢᠩᠭ᠎ᠠ ᠤᠳᠤᠷᠢᠳᠬᠤ ᠬᠠᠮᠲᠤ ᠪᠤᠯᠭᠠᠨ ᠳᠠᠪᠳᠠᠨ ᠪᠤᠯᠪᠠᠰᠤᠷᠠᠭᠤᠯᠬᠤ ᠬᠡᠷᠡᠭᠳᠠᠢ᠃ | ᠬᠤᠷᠢᠨ ᠬᠤᠶᠠᠳᠤᠭᠠᠷ ᠵᠦᠢᠯ ᠡᠬᠢᠨ ᠠᠴᠠ ᠨᠢ ᠬᠥᠮᠦᠵᠢᠭᠦᠯᠬᠦ᠂ ᠮᠥᠷᠳᠡᠨ ᠬᠥᠮᠦᠵᠢᠭᠦᠯᠬᠦ᠂ ᠪᠦᠬᠦ | ᠶᠠᠪᠤᠴᠠ ᠳᠤ ᠬᠥᠮᠦᠵᠢᠭᠦᠯᠬᠦ ᠬᠡᠪ ᠪᠤᠯᠪᠠᠰᠤᠷᠠᠯ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠤᠯᠤᠰ | ᠲᠦᠷᠦ ᠶᠢᠨ ᠬᠡᠪ ᠪᠤᠯᠪᠠᠰᠤᠷᠠᠯ ᠢ ᠲᠤᠪᠤᠶᠢᠯᠭᠠᠨ᠂ ᠲᠦᠷᠦᠯ ᠬᠤᠪᠢᠶᠠᠨ ᠲᠡᠰ ᠬᠤᠪᠢᠶᠠᠬᠤ ᠶᠢ ᠴᠢᠬᠤᠯᠠᠴᠢᠯᠠᠵᠤ᠂ | ᠦᠵᠡᠯ ᠰᠠᠨᠠᠭᠠᠨ ᠤ ᠳᠠᠪᠲᠠᠯᠲᠠ᠂ ᠤᠯᠤᠰ ᠲᠦᠷᠦ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ᠂ ᠲᠤᠰᠬᠠᠢ | ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ᠂ ᠬᠦᠰᠡᠯᠡᠩ ᠢᠲᠡᠭᠡᠯ | ᠵᠣᠷᠢᠭ ᠤᠨ ᠬᠥᠮᠦᠵᠢᠯ᠂ ᠮᠡᠳᠡᠯᠭᠡ ᠶᠢᠨ ᠪᠦᠲᠦᠴᠡ ᠶᠢᠨ ᠰᠠᠶᠢᠵᠢᠷᠠᠯᠲᠠ᠂ ᠴᠢᠳᠠᠪᠤᠷᠢ ᠶᠢᠨ ᠬᠡᠪ ᠪᠤᠯᠪᠠᠰᠤᠷᠠᠯ ᠤᠨ | ᠳᠡᠭᠡᠭᠰᠢᠯᠡᠯᠲᠡ ᠶᠢ ᠺᠠᠳ᠋ᠷ ᠤᠨ ᠦᠰᠦᠨ ᠪᠤᠶᠢᠵᠢᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠳᠠᠢ᠃ | ᠦᠨᠳᠦᠰᠦᠨ ᠱᠠᠲᠤᠨ ᠤ ᠡᠮᠦᠨ᠎ᠡ ᠹᠷᠣᠨᠲ ᠪᠣᠯᠤᠨ ᠬᠦᠴᠢᠷ ᠪᠡᠷᠬᠡᠰᠢᠶᠡᠯ ᠲᠠᠢ ᠭᠠᠵᠠᠷ ᠣᠷᠣᠨ ᠳᠤ ᠺᠠᠳ᠋ᠷ ᠢ | ᠬᠥᠮᠦᠵᠢᠭᠦᠯᠦᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠨᠢ ᠴᠢᠩᠭᠠᠳᠬᠠᠵᠤ᠂ | ᠵᠠᠰᠠᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷ ᠤᠨ ᠤᠯᠤᠰ ᠲᠦᠷᠦ ᠶᠢᠨ ᠬᠡᠪ | ᠪᠣᠯᠪᠠᠰᠤᠷᠠᠯ᠂ ᠤᠨᠤᠯ ᠤᠨ ᠲᠦᠪᠰᠢᠨ᠂ ᠲᠤᠰᠬᠠᠢ ᠮᠡᠷᠭᠡᠵᠢᠯ ᠤᠨ ᠲᠦᠪᠰᠢᠨ᠂ ᠦᠢᠯᠡᠳᠦᠯᠭᠡ ᠶᠢᠨ ᠴᠢᠳᠠᠪᠤᠷᠢ ᠶᠢ | ᠴᠠᠭ ᠦᠶ᠎ᠡ ᠶᠢᠨ ᠬᠥᠭᠵᠢᠯᠲᠡ ᠶᠢᠨ ᠠᠯᠬᠤᠭ᠎ᠠ ᠶᠢ ᠲᠠᠭᠠᠵᠤ ᠠᠮᠵᠢᠭᠤᠯᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠡᠳᠦᠷ ᠲᠤᠳᠤᠮ ᠤᠨ ᠬᠢᠨᠠᠨ ᠰᠢᠯᠭᠠᠬᠤ᠂ ᠲᠦᠷᠦᠯ ᠬᠤᠪᠢᠶᠠᠵᠦ ᠬᠢᠨᠠᠨ | ᠰᠢᠯᠭᠠᠬᠤ᠂ ᠤᠢᠢᠷ᠎ᠠ ᠵᠠᠢ ᠠᠴᠠ ᠬᠢᠨᠠᠨ ᠰᠢᠯᠭᠠᠬᠤ ᠶᠠᠪᠤᠳᠠᠯ ᠢ ᠮᠡᠳᠡᠵᠤ ᠬᠥᠮᠦᠨ ᠢ ᠲᠠᠨᠢᠬᠤ ᠰᠢᠰᠲ᠋ᠧᠮ ᠢ ᠪᠠᠶᠢᠭᠤᠯᠤᠨ | ᠪᠦᠷᠢᠨᠰᠢᠬᠦᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠵᠠᠰᠠᠭ ᠤᠨ ᠠᠵᠢᠯ ᠤᠨ | ᠪᠦᠲᠦᠮᠵᠢ ᠶᠢᠨ ᠵᠥᠪ ᠦᠵᠡᠯᠲᠡ ᠶᠢ ᠪᠠᠷᠢᠮᠲᠠᠯᠠᠵᠤ᠂ ᠰᠢᠯᠢᠳᠡᠭ ᠪᠠ ᠮᠠᠭᠤ ᠶᠢ ᠢᠯᠭᠠᠬᠤ᠂ ᠰᠢᠯᠢᠳᠡᠭ ᠢ ᠨᠢ ᠱᠠᠩᠨᠠᠵᠤ | ᠮᠠᠭᠤ ᠶᠢ ᠨᠢ ᠲᠣᠷᠭᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠬᠤ᠂ ᠬᠥᠭᠵᠢᠯᠲᠡ ᠶᠢ ᠠᠬᠢᠭᠤᠯᠬᠤ ᠪᠠᠷ | ᠦᠨᠳᠦᠰᠦᠨ ᠡᠭᠦᠷᠭᠡ ᠪᠠᠨ ᠪᠣᠯᠭᠠᠵᠤ᠂ ᠬᠢᠨᠠᠨ ᠰᠢᠯᠭᠠᠬᠤ ᠠᠭᠤᠯᠭ᠎ᠠ ᠪᠠ ᠬᠢᠨᠠᠨ ᠰᠢᠯᠭᠠᠬᠤ ᠭᠦᠢᠴᠡᠳᠬᠡᠬᠦ | ᠲᠤᠭ᠎ᠠ ᠶᠢᠨ ᠰᠢᠰᠲ᠋ᠧᠮ ᠢ ᠰᠢᠯᠢᠳᠡᠭᠵᠢᠭᠦᠯᠦᠨ᠂ ᠬᠢᠨᠠᠨ ᠰᠢᠯᠭᠠᠬᠤ ᠬᠡᠯᠪᠡᠷᠢ ᠪᠠ ᠠᠷᠭ᠎ᠠ ᠶᠢ ᠲᠡᠭᠦᠯᠳᠡᠷᠵᠢᠭᠦᠯᠵᠦ᠂ | ᠡᠩ ᠤᠨ ᠦᠶ᠎ᠡ ᠶᠢᠨ ᠬᠢᠨᠠᠨ ᠰᠢᠯᠭᠠᠬᠤ᠂ ᠣᠨ ᠤ ᠬᠢᠨᠠᠨ ᠰᠢᠯᠭᠠᠬᠤ᠂ ᠲᠤᠰᠬᠠᠢ ᠵᠦᠢᠯ ᠤᠨ ᠬᠢᠨᠠᠨ ᠰᠢᠯᠭᠠᠬᠤ᠂ | ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠺᠠᠳ᠋ᠷ ᠢ | ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠣᠶᠢᠯᠠᠭᠠᠵᠤ᠂ ᠺᠠᠳ᠋ᠷ ᠤᠨ ᠴᠢᠬᠤᠯᠠ ᠶᠡᠭᠡ ᠡᠭᠦᠷᠭᠡ᠂ ᠴᠢᠬᠤᠯᠠ ᠶᠡᠭᠡ | ᠲᠡᠮᠡᠴᠡᠯ ᠤᠨ ᠨᠢᠭᠡᠳᠦᠭᠡᠷ ᠹᠷᠣᠨᠲ ᠲᠠᠬᠢ ᠢᠯᠡᠷᠡᠯ ᠢ ᠠᠩᠬᠠᠷᠤᠨ ᠡᠵᠡᠮᠰᠢᠬᠦ ᠬᠡᠷᠡᠭᠳᠠᠢ᠃ ᠬᠢᠨᠠᠨ ᠰᠢᠯᠭᠠᠭᠰᠠᠨ ᠦᠷ᠎ᠡ | ᠳ᠋ᠦᠩ ᠢ ᠬᠡᠷᠡᠭᠯᠡᠬᠦ ᠶᠢ ᠴᠢᠩᠭᠠᠳᠬᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠰᠤᠩᠭᠤᠨ ᠳᠡᠪᠰᠢᠭᠦᠯᠵᠦ | ᠬᠡᠷᠡᠭᠯᠡᠬᠦ᠂ ᠬᠥᠮᠦᠵᠢᠭᠦᠯᠬᠦ᠂ ᠬᠠᠮᠢᠶᠠᠷᠴᠤ ᠬᠢᠨᠠᠯᠲᠠ ᠲᠠᠯᠪᠢᠬᠤ᠂ ᠤᠷᠮᠠᠰᠢᠭᠤᠯᠵᠤ ᠬᠦᠯᠢᠶᠡᠰᠦᠯᠡᠬᠦ᠂ ᠬᠠᠷᠢᠭᠤᠴᠠᠯᠭ᠎ᠠ | ᠲᠤᠯᠭᠠᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠯᠦᠭᠡ ᠤᠶᠠᠯᠳᠤᠭᠤᠯᠵᠤ᠂ ᠰᠠᠶᠢᠨ ᠨᠢ ᠲᠠᠪᠰᠢᠵᠤ᠂ ᠰᠢᠯᠢᠳᠡᠭ ᠨᠢ | ᠱᠠᠩᠨᠠᠬᠳᠠᠵᠤ᠂ ᠶᠡᠷᠦᠮᠳᠡᠭ ᠨᠢ ᠪᠠᠭᠤᠵᠤ᠂ ᠠᠳᠠᠬ ᠨᠢ ᠰᠢᠭᠰᠢᠭᠳᠡᠬᠦ ᠵᠥᠪ ᠤᠳᠤᠷᠢᠳᠤᠮᠵᠢ ᠶᠢ ᠪᠦᠷᠢᠯᠳᠦᠭᠦᠯᠬᠦ ᠶᠢ | ᠠᠬᠢᠭᠤᠯᠬᠤ ᠬᠡᠷᠡᠭᠳᠠᠢ᠃ | ᠬᠤᠷᠢᠨ ᠳᠥᠷᠪᠡᠳᠦᠭᠡᠷ ᠵᠦᠢᠯ ᠮᠣᠷᠠᠯ ᠢ ᠲᠡᠷᠢᠭᠦᠨ ᠳᠤ ᠲᠠᠯᠪᠢᠬᠤ᠂ ᠡᠷᠳᠡᠮᠲᠡᠨ ᠴᠢᠳᠠᠪᠤᠷᠢᠳᠠᠨ ᠢ ᠬᠡᠷᠡᠭᠯᠡᠬᠦ᠂ | ᠵᠤᠬᠢᠰᠳᠡᠢ ᠬᠦᠮᠦᠨ ᠢ ᠵᠤᠬᠢᠰᠳᠠᠢ ᠪᠠᠶᠢᠷᠢ ᠳᠤ ᠲᠤᠮᠢᠯᠠᠬᠤ ᠰᠣᠩᠭᠤᠨ ᠲᠠᠪᠰᠢᠬᠦᠯᠵᠤ ᠬᠡᠷᠡᠭᠯᠡᠬᠦ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠪᠣᠭᠤᠮᠲᠠ ᠶᠢ ᠰᠠᠬᠢᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠳᠤ ᠲᠠᠯᠪᠢᠵᠤ᠂ ᠤᠯᠤᠰ | ᠲᠥᠷᠥ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ | ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠺᠠᠳ᠋ᠷ ᠢ ᠰᠤᠩᠭᠤᠨ ᠳᠡᠪᠰᠢᠭᠦᠯᠵᠦ ᠬᠡᠷᠡᠭᠯᠡᠬᠦ ᠵᠠᠷᠴᠢᠮ᠂ | ᠨᠥᠬᠦᠴᠡᠯ᠂ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷ ᠤᠨ ᠲᠤᠰᠢᠶᠠᠯ ᠤᠨ ᠬᠤᠭᠤᠴᠠᠭ᠎ᠠ᠂ | ᠲᠤᠰᠢᠶᠠᠯ ᠳᠤ ᠲᠤᠮᠢᠯᠠᠬᠤ ᠳᠤ ᠤᠨᠴᠠᠭᠠᠢ ᠬᠠᠷᠢᠴᠠᠭ᠎ᠠ ᠠᠴᠠ ᠵᠠᠶᠢᠯᠠᠭᠤᠯᠬᠤ ᠵᠡᠷᠭᠡ ᠳᠦᠷᠢᠮ ᠢ ᠴᠢᠩᠭ᠎ᠠ | ᠬᠡᠷᠡᠭᠵᠢᠭᠦᠯᠵᠤ᠂ ᠦᠨᠳᠦᠰᠦᠨ ᠱᠠᠲᠤ ᠶᠢ ᠴᠢᠬᠤᠯᠠᠴᠢᠯᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠡᠭᠦᠷᠭᠡᠯᠡᠯ ᠢ | ᠡᠷᠬᠢᠮᠯᠡᠨ ᠡᠭᠦᠷᠭᠡᠯᠡᠯ ᠢ ᠴᠢᠬᠤᠯᠠᠴᠢᠯᠠᠬᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠤᠯᠭᠠᠵᠤ᠂ ᠺᠠᠳ᠋ᠷ ᠢ ᠬᠢᠨᠠᠨ | ᠪᠠᠶᠢᠴᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠨᠠᠷᠢᠨ ᠣᠨᠤᠴᠠᠳᠠᠢ ᠰᠢᠨᠵᠢᠯᠡᠬᠦ ᠤᠬᠠᠭᠠᠨᠴᠢ ᠪᠠᠷ ᠬᠥᠮᠦᠨ | ᠰᠣᠩᠭᠤᠵᠤ ᠬᠥᠮᠦᠨ ᠬᠡᠷᠡᠭᠯᠡᠵᠤ᠂ ᠨᠠᠮ ᠪᠠ ᠠᠷᠠᠳ ᠲᠦᠮᠡᠨ ᠳᠤ ᠬᠡᠷᠡᠭᠴᠡᠭᠡ ᠲᠠᠢ ᠰᠠᠶᠢᠨ ᠺᠠᠳ᠋ᠷ ᠢ ᠦᠨᠡᠨ ᠬᠦ | ᠰᠣᠩᠭᠤᠨ ᠬᠡᠷᠡᠭᠯᠡᠬᠦ ᠬᠡᠷᠡᠭᠳᠠᠢ᠃ ᠺᠠᠳ᠋ᠷ ᠢ ᠰᠤᠩᠭᠤᠨ ᠳᠡᠪᠰᠢᠭᠦᠯᠵᠦ ᠬᠡᠷᠡᠭᠯᠡᠬᠦ ᠠᠵᠢᠯ ᠤᠨ ᠪᠦᠬᠦ ᠶᠠᠪᠤᠴᠠ ᠳᠤ | ᠬᠢᠨᠠᠯᠳᠠ ᠲᠠᠯᠪᠢᠬᠤ ᠶᠢ ᠴᠢᠩᠭᠠᠳᠬᠠᠵᠤ᠂ ᠰᠤᠷᠳᠠᠯ ᠴᠢᠭᠡᠴᠢ ᠤᠪᠤᠷ ᠲᠦᠪ ᠬᠥᠮᠦᠨ ᠰᠣᠩᠭᠤᠵᠤ ᠬᠥᠮᠦᠨ ᠬᠡᠷᠡᠭᠯᠡᠬᠦ | ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠳᠠᠢ᠃ | ᠬᠥᠮᠦᠨ ᠰᠣᠩᠭᠤᠵᠤ ᠬᠥᠮᠦᠨ ᠬᠡᠷᠡᠭᠯᠡᠬᠦ ᠬᠠᠷᠠᠭᠠᠰᠤ ᠶᠢ ᠥᠷᠭᠡᠳᠬᠡᠵᠦ᠂ ᠣᠷᠣᠨ ᠨᠤᠲᠤᠭ ᠬᠢᠭᠡᠳ ᠰᠠᠯᠠᠭ᠎ᠠ | ᠮᠥᠴᠢᠷ ᠤᠨ ᠬᠤᠭᠤᠷᠣᠨᠳᠣᠬᠢ᠂ ᠭᠠᠵᠠᠷ ᠣᠷᠣᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠨ ᠬᠤᠭᠤᠷᠣᠨᠳᠣᠬᠢ᠂ | ᠨᠠᠮ ᠵᠠᠰᠠᠭ ᠤᠨ ᠪᠠᠶᠢᠭᠤᠯᠭ᠎ᠠ ᠬᠢᠭᠡᠳ ᠤᠯᠤᠰ ᠤᠨ ᠥᠮᠴᠢᠯᠡᠯᠳᠤ ᠠᠵᠤ ᠠᠬᠤᠶᠢᠯᠠᠯ ᠪᠠ ᠠᠵᠢᠯ ᠦᠢᠯᠡᠰ ᠤᠨ | ᠨᠢᠭᠡᠴᠢ ᠵᠢᠴᠢ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠺᠠᠳ᠋ᠷ ᠤᠨ ᠰᠣᠯᠢᠯᠴᠠᠭ᠎ᠠ ᠶᠢ | ᠠᠬᠢᠭᠤᠯᠵᠤ᠂ ᠲᠤᠰᠠᠯᠠᠨ ᠲᠣᠮᠢᠯᠠᠬᠤ᠂ ᠲᠦᠷ ᠴᠠᠭ ᠲᠤᠰᠢᠶᠠᠯ ᠡᠭᠦᠷᠭᠡᠯᠡᠭᠦᠯᠬᠦ ᠵᠡᠷᠭᠡ ᠬᠡᠯᠪᠡᠷᠢ ᠶᠢ ᠶᠡᠷᠦᠩᠬᠡᠶᠢᠯᠡᠨ | ᠬᠡᠷᠡᠭᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠺᠠᠳ᠋ᠷ ᠢ ᠰᠤᠩᠭᠤᠨ ᠲᠤᠮᠢᠯᠠᠬᠤ ᠶᠢ ᠳᠡᠮᠵᠢᠬᠦ | ᠡᠷᠴᠢᠮ ᠢ ᠴᠢᠩᠭᠠᠷᠠᠭᠤᠯᠬᠤ ᠬᠡᠷᠡᠭᠳᠠᠢ᠃ | ᠬᠤᠷᠢᠨ ᠲᠠᠪᠤᠳᠤᠭᠠᠷ ᠵᠦᠢᠯ ᠦᠵᠡᠯ ᠰᠠᠨᠠᠭ᠎ᠠ ᠶᠢ ᠬᠠᠮᠢᠶᠠᠷᠬᠤ᠂ ᠠᠵᠢᠯ ᠢ ᠬᠠᠮᠢᠶᠠᠷᠬᠤ᠂ ᠰᠤᠷᠲᠠᠯ ᠢ | ᠬᠠᠮᠢᠶᠠᠷᠬᠤ᠂ ᠰᠠᠬᠢᠯᠭ᠎ᠠ ᠪᠠᠲᠤ ᠶᠢ ᠬᠠᠮᠢᠶᠠᠷᠬᠤ ᠴᠢᠩᠭ᠎ᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ | ᠪᠦᠷᠢᠨᠰᠢᠬᠦᠯᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠨᠠᠮ ᠵᠠᠰᠠᠭ ᠤᠨ ᠵᠢᠩᠬᠢᠨᠢ ᠲᠤᠰᠢᠶᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠺᠠᠳ᠋ᠷᠴᠤᠳ ᠤᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠨᠠᠮ ᠤᠨ ᠲᠦᠷᠢᠮ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ | ᠰᠠᠬᠢᠬᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠶᠢ ᠵᠢᠷᠤᠮᠯᠠᠨ ᠰᠠᠬᠢᠬᠤ ᠵᠡᠷᠭᠡ ᠪᠠᠶᠢᠳᠠᠯ ᠳᠤ | ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠲᠤᠪᠤᠶᠢᠯᠭᠠᠨ᠎ᠠ᠃ ᠡᠷᠲᠡ ᠠᠴᠠ ᠠᠳᠬᠤᠵᠤ ᠪᠠᠭ᠎ᠠ ᠠᠴᠠ ᠠᠳᠬᠤᠵᠤ | ᠪᠠᠶᠢᠩᠭᠤ ᠠᠳᠬᠤᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠬᠠᠮᠢᠶᠠᠷᠤᠯᠲᠠ ᠪᠣᠯᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠨ ᠲᠦᠷᠢᠮ ᠲᠤᠬᠳᠠᠭᠠᠯ ᠶᠤᠰᠤᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠪᠠᠨ ᠬᠡᠷᠡᠭᠵᠢᠭᠦᠯᠵᠦ᠂ ᠠᠵᠢᠯ ᠢᠶᠠᠨ ᠥᠷᠨᠢᠭᠦᠯᠬᠦ ᠶᠢ ᠠᠬᠢᠭᠤᠯᠬᠤ | ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠪᠣᠳᠠᠲᠠᠢ ᠠᠵᠢᠯᠯᠠᠬᠤ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ ᠶᠢ | ᠳᠠᠶᠢᠴᠢᠯᠠᠬᠤ᠂ ᠡᠷᠴᠢ ᠵᠣᠷᠢᠭ ᠢᠶᠠᠨ ᠬᠥᠪᠴᠢᠯᠡᠬᠦ ᠵᠥᠪ ᠲᠠᠯ᠎ᠠ ᠶᠢᠨ ᠤᠷᠮᠠᠰᠢᠭᠤᠯᠤᠨ ᠵᠣᠷᠢᠭᠵᠢᠭᠤᠯᠬᠤ ᠰᠢᠰᠲ᠋ᠧᠮ ᠢ | ᠪᠠᠶᠢᠭᠤᠯᠤᠨ ᠪᠦᠷᠢᠨᠰᠢᠬᠦᠯᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ | ᠤᠷᠮᠠᠰᠢᠭᠤᠯᠤᠨ ᠵᠣᠷᠢᠭᠵᠢᠭᠤᠯᠬᠤ ᠪᠠ ᠬᠦᠯᠢᠶᠡᠰᠦᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠳᠠᠭᠠᠨ ᠴᠢᠳᠠᠮᠠᠭᠠᠢ ᠺᠠᠳ᠋ᠷ ᠢ | ᠤᠷᠮᠠᠰᠢᠭᠤᠯᠤᠨ ᠬᠠᠮᠠᠭᠠᠯᠠᠬᠤ ᠪᠠᠨ ᠴᠢᠩᠭᠠᠳᠬᠠᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠪᠠᠷ ᠠᠵᠢᠯ ᠬᠢᠵᠦ | ᠦᠢᠯᠡᠰ ᠪᠤᠰᠬᠠᠬᠤ ᠤᠳᠤᠷᠢᠳᠤᠮᠵᠢ ᠶᠢ ᠬᠦᠳᠦᠯᠦᠨ ᠵᠢᠯᠣᠭᠤᠳᠤᠨ᠎ᠠ᠃ ᠬᠠᠷᠢᠭᠤᠴᠠᠯᠭ᠎ᠠ ᠲᠤᠯᠭᠠᠬᠳᠠᠬᠰᠠᠨ ᠪᠠ | ᠰᠢᠢᠳᠬᠡᠯ ᠣᠯᠤᠭᠰᠠᠨ ᠺᠠᠳ᠋ᠷ ᠲᠤ ᠵᠥᠪ ᠢᠶᠠᠷ ᠬᠠᠨᠳᠤᠵᠤ᠂ ᠵᠦᠢ ᠵᠣᠬᠢᠰᠲᠠᠢ ᠬᠡᠷᠡᠭᠯᠡᠵᠦ᠂ ᠭᠦᠳᠬᠡᠭᠳᠡᠭᠰᠡᠨ ᠺᠠᠳ᠋ᠷ ᠤᠨ | ᠶᠠᠪᠤᠳᠠᠯ ᠢ ᠲᠤᠲᠤᠷᠬᠠᠢᠢᠯᠠᠵᠤ ᠨᠡᠷ᠎ᠡ ᠲᠦᠷᠦ ᠶᠢ ᠨᠢ ᠰᠡᠷᠭᠦᠭᠡᠵᠦ ᠦᠭᠬᠦ ᠲᠦᠷᠢᠮ ᠢ ᠲᠡᠭᠦᠯᠳᠡᠷᠵᠢᠭᠦᠯᠵᠦ᠂ | ᠬᠥᠬᠢᠭᠦᠯᠦᠨ ᠰᠠᠶᠢᠰᠢᠶᠠᠵᠤ ᠱᠠᠩᠨᠠᠬᠤ ᠲᠦᠷᠢᠮ ᠢ ᠪᠦᠷᠢᠨᠰᠢᠬᠦᠯᠵᠤ᠂ ᠺᠠᠳ᠋ᠷ ᠤᠨ ᠴᠠᠯᠢᠩ᠂ ᠠᠰᠠᠷᠠᠮᠵᠢ ᠪᠠ | ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠺᠠᠳ᠋ᠷ ᠤᠨ ᠪᠡᠶ᠎ᠡ ᠰᠡᠳᠬᠢᠴᠡ ᠶᠢᠨ ᠡᠷᠡᠭᠦᠯ | ᠮᠠᠨᠳᠤ ᠶᠢ ᠬᠠᠯᠠᠮᠵᠢᠯᠠᠨ ᠬᠠᠶᠢᠷᠠᠯᠠᠵᠤ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠶᠠᠳᠠᠭᠤ ᠬᠦᠴᠢᠷᠳᠡᠯᠲᠡᠢ | ᠨᠦᠬᠦᠴᠡᠯ ᠨᠢ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠲᠤ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠬᠡᠯᠪᠠᠶᠢᠯᠬᠡᠬᠦ | ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠳᠤ ᠴᠢᠨᠡᠷ | ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠨᠠᠮ ᠪᠠ ᠤᠯᠤᠰ ᠤᠨ ᠠᠵᠢᠯ ᠦᠢᠯᠡᠰ ᠤᠨ ᠠᠯᠤᠰ ᠭᠡᠳᠤ ᠶᠢᠨ | ᠬᠥᠭᠵᠢᠯᠲᠡ ᠶᠢᠨ ᠬᠡᠷᠡᠭᠴᠡᠭᠡ ᠠᠴᠠ ᠡᠬᠦᠰᠴᠤ᠂ ᠢᠷᠡᠯᠳᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ | ᠬᠡᠯᠪᠡᠷᠢ ᠶᠢ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠡᠯ᠎ᠡ ᠹᠷᠣᠨᠲ᠂ ᠡᠯ᠎ᠡ ᠬᠦᠷᠢᠶ᠎ᠡ | ᠴᠠᠷᠠᠭ᠎ᠠ᠂ ᠡᠯ᠎ᠡ ᠠᠵᠢᠯ ᠲᠦᠷᠦᠯ ᠠᠴᠠ ᠰᠢᠯᠢᠳᠡᠭ ᠵᠠᠯᠠᠭᠤ ᠺᠠᠳ᠋ᠷ ᠢ ᠢᠯᠡᠷᠡᠭᠦᠯᠦᠨ ᠰᠣᠩᠭᠤᠨ ᠳᠡᠪᠰᠢᠭᠦᠯᠵᠦ᠂ | ᠦᠰᠦᠨ ᠪᠤᠶᠢᠵᠢᠯᠳᠠ ᠶᠢᠨ ᠠᠷᠭ᠎ᠠ ᠵᠠᠮ ᠢ ᠰᠢᠯᠢᠳᠡᠭᠵᠢᠭᠦᠯᠦᠨ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ | ᠬᠥᠳᠡᠯᠦᠯᠴᠡᠭᠰᠡᠨ᠂ ᠤᠷᠳᠤ ᠬᠤᠭᠤᠴᠠᠭ᠎ᠠ ᠪᠠᠷ ᠠᠩᠬᠠᠷᠤᠯ ᠲᠠᠯᠪᠢᠬᠤ ᠺᠠᠳ᠋ᠷ ᠤᠨ ᠪᠠᠶᠢᠩᠭᠤᠵᠢᠬᠰᠠᠨ ᠬᠥᠮᠦᠵᠢᠭᠦᠯᠦᠨ | ᠪᠣᠯᠪᠠᠰᠤᠷᠠᠭᠤᠯᠬᠤ ᠲᠣᠭᠲᠠᠴᠠ ᠶᠢ ᠪᠠᠶᠢᠭᠤᠯᠵᠤ᠂ ᠴᠠᠭ ᠲᠤᠨᠢ ᠲᠤᠬᠢᠷᠠᠭᠤᠯᠤᠨ ᠬᠡᠷᠡᠭᠯᠡᠬᠦ᠂ ᠬᠥᠳᠡᠯᠦᠩᠭᠦᠢ ᠪᠠᠷ | ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠰᠢᠯᠢᠳᠡᠭ ᠵᠠᠯᠠᠭᠤ ᠺᠠᠳ᠋ᠷ ᠤᠨ ᠴᠣᠯᠭᠤᠷᠠᠨ ᠭᠠᠷᠬᠤ ᠶᠢ ᠠᠬᠢᠭᠤᠯᠬᠤ | ᠲᠦᠷᠢᠮ ᠠᠷᠭ᠎ᠠ ᠬᠡᠮᠵᠢᠶ᠎ᠡ ᠶᠢ ᠪᠦᠷᠢᠨᠰᠢᠬᠦᠯᠵᠤ᠂ ᠵᠠᠯᠠᠭᠤ ᠺᠠᠳ᠋ᠷᠴᠤᠳ ᠤᠨ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ | ᠪᠠ ᠦᠨᠳᠦᠰᠦᠨ ᠱᠠᠲᠤᠨ ᠤ ᠦᠢᠯᠡᠳᠦᠯᠭᠡ ᠶᠢᠨ ᠳᠠᠪᠲᠠᠯᠲᠠ ᠪᠠᠨ ᠴᠢᠩᠭᠠᠳᠬᠠᠵᠤ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠯ᠎ᠡ ᠨᠠᠰᠤᠨ ᠤ ᠦᠶ᠎ᠠ ᠶᠢᠨ ᠺᠠᠳ᠋ᠷ ᠢ ᠰᠠᠶᠢᠲᠤᠷ | ᠬᠡᠷᠡᠭᠯᠡᠵᠦ᠂ ᠺᠠᠳ᠋ᠷ ᠤᠨ ᠡᠩᠨᠡᠭᠡᠨ ᠤ ᠱᠠᠲᠤᠯᠢᠭ ᠪᠦᠲᠦᠴᠡ ᠶᠢ ᠰᠢᠯᠢᠳᠡᠭᠵᠢᠭᠦᠯᠦᠨ᠎ᠡ᠃ ᠡᠮᠡᠭᠲᠡᠢ ᠺᠠᠳ᠋ᠷ᠂ ᠴᠥᠭᠡᠨ | ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠢ ᠬᠥᠮᠦᠵᠢᠭᠦᠯᠵᠦ ᠰᠣᠩᠭᠤᠨ ᠳᠡᠪᠰᠢᠭᠦᠯᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ | ᠬᠤᠷᠢᠨ ᠨᠠᠢᠮᠠᠳᠤᠭᠠᠷ ᠵᠦᠢᠯ ᠠᠯᠪᠠᠲᠠᠨ ᠤ ᠡᠩᠨᠡᠭᠡ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠯᠲᠡᠶ ᠵᠢᠷᠤᠮᠵᠢᠭᠰᠠᠨ ᠥᠨᠳᠥᠷ ᠦᠷ᠎ᠡ ᠪᠦᠲᠦᠮᠵᠢᠲᠡᠶ ᠠᠯᠪᠠᠲᠠᠨ ᠤ | ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠦᠷᠢᠨᠰᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠯᠪᠠᠲᠠᠨ ᠤ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠠᠯᠪᠠᠲᠠᠨ ᠤ ᠳᠦᠷᠢᠮ ᠢ ᠲᠡᠭᠦᠯᠳᠡᠷᠵᠢᠭᠦᠯᠦᠨ᠂ ᠲᠤᠰᠢᠶᠠᠯ ᠬᠢᠭᠡᠳ ᠲᠤᠰᠢᠶᠠᠯ ᠤᠨ ᠳᠡᠰ ᠢ | ᠵᠡᠷᠭᠡᠴᠡᠭᠦᠯᠬᠦ᠂ ᠡᠯᠰᠡᠨ ᠬᠡᠷᠡᠭᠯᠡᠵᠦ ᠰᠣᠯᠢᠯᠴᠠᠬᠤ᠂ ᠬᠢᠨᠠᠨ ᠰᠢᠯᠭᠠᠵᠤ ᠱᠠᠩᠨᠠᠵᠤ ᠲᠣᠷᠭᠠᠬᠤ᠂ ᠪᠣᠯᠪᠠᠰᠤᠷᠠᠯ | ᠬᠦᠷᠳᠡᠬᠡᠵᠤ ᠬᠢᠨᠠᠯᠲᠠ ᠲᠠᠯᠪᠢᠬᠤ ᠵᠡᠷᠭᠡ ᠳᠦᠷᠢᠮ ᠢ ᠪᠦᠷᠢᠨᠰᠢᠭᠦᠯᠵᠦ᠂ ᠵᠢᠷᠤᠮᠵᠢᠭᠰᠠᠨ ᠪᠦᠷᠢᠨ ᠲᠥᠬᠦᠷ ᠠᠯᠪᠠᠲᠠᠨ ᠤ | ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ᠂ ᠠᠯᠪᠠᠲᠠᠨ ᠤ ᠬᠠᠮᠢᠶᠠᠷᠤᠯᠲᠠ ᠶᠢᠨ | ᠰᠢᠨᠵᠢᠯᠡᠬᠦ ᠤᠬᠠᠭᠠᠨᠴᠢ ᠪᠦᠲᠦᠮᠵᠢᠲᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠲᠠᠨ ᠢ ᠲᠥᠷᠥᠯ ᠬᠤᠪᠢᠶᠠᠨ | ᠬᠠᠮᠢᠶᠠᠷᠬᠤ ᠶᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠦᠴᠦᠨ ᠴᠢᠳᠠᠪᠤᠷᠢ ᠪᠣᠯᠤᠨ ᠰᠢᠨᠵᠢᠯᠡᠬᠦ | ᠤᠬᠠᠭᠠᠨᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠬᠤᠷᠢ ᠶᠢᠰᠦᠳᠦᠭᠡᠷ ᠵᠦᠢᠯ ᠺᠠᠳ᠋ᠷ ᠤᠨ ᠠᠵᠢᠯ ᠠᠴᠠ ᠪᠠᠨ ᠠᠮᠠᠷᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ | ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠬᠰᠠᠨ ᠺᠠᠳ᠋ᠷ ᠤᠨ ᠦᠵᠡᠯ ᠰᠠᠨᠠᠭ᠎ᠠ ᠤᠯᠤᠰ ᠲᠥᠷᠥ ᠶᠢᠨ | ᠪᠠᠶᠢᠭᠤᠯᠤᠯᠲᠠ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠴᠢᠩᠭᠠᠳᠬᠠᠵᠤ᠂ | ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠬᠰᠠᠨ ᠺᠠᠳ᠋ᠷ ᠤᠨ ᠦᠢᠯᠡᠴᠢᠯᠡᠭᠡ ᠬᠠᠮᠢᠶᠠᠷᠤᠯᠲᠠ ᠶᠢᠨ | ᠠᠵᠢᠯ ᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠴᠦ᠂ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ | ᠠᠮᠠᠷᠠᠬᠰᠠᠨ ᠺᠠᠳ᠋ᠷ ᠤᠨ ᠦᠢᠯᠡᠳᠦᠯ ᠢᠶᠠᠨ ᠪᠠᠳᠠᠷᠠᠭᠤᠯᠬᠤ ᠶᠢ ᠵᠣᠬᠢᠶᠠᠨ ᠪᠠᠶᠢᠭᠤᠯᠵᠦ ᠬᠥᠲᠥᠯᠥᠨ ᠵᠢᠯᠣᠭᠤᠳᠤᠨ᠎ᠠ᠃ | ᠭᠤᠴᠢᠳᠤᠭᠠᠷ ᠵᠦᠢᠯ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ | ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠢ ᠨᠢᠭᠡᠳᠦᠯᠲᠡᠶ ᠬᠠᠮᠢᠶᠠᠷᠬᠤ ᠠᠵᠢᠯ ᠤᠨ | ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠳᠤᠷᠢᠳᠤᠯᠭ᠎ᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢ | ᠲᠡᠭᠦᠯᠳᠡᠷᠵᠢᠭᠦᠯᠬᠦ ᠬᠤᠯᠪᠤᠬᠳᠠᠯ ᠪᠥᠬᠦᠶ ᠠᠵᠢᠯ ᠢ ᠰᠠᠶᠢᠲᠤᠷ ᠬᠢᠵᠦ᠂ ᠺᠠᠳ᠋ᠷ ᠪᠣᠯᠤᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ | ᠬᠠᠮᠢᠶᠠᠷᠤᠯᠲᠠ ᠬᠢᠬᠡᠳ ᠺᠠᠳ᠋ᠷ ᠤᠨ ᠬᠠᠮᠢᠶᠠᠷᠤᠯᠲᠠ ᠶᠢ ᠣᠷᠭᠠᠨᠢᠭ ᠢᠶᠠᠷ ᠵᠣᠯᠭᠠᠯᠴᠠᠭᠤᠯᠬᠤ ᠶᠢ ᠪᠠᠲᠤᠯᠠᠬᠤ ᠬᠡᠷᠡᠭᠲᠡᠶ᠃ | ᠲᠠᠪᠤᠳᠤᠭᠠᠷ ᠪᠦᠯᠦᠭ ᠴᠢᠳᠠᠪᠤᠷᠢᠲᠠᠨ ᠤ ᠠᠵᠢᠯ | ᠭᠤᠴᠢᠨ ᠨᠢᠭᠡᠳᠦᠭᠡᠷ ᠵᠦᠢᠯ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ | ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ | ᠲᠣᠭᠲᠠᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠪᠠ ᠴᠢᠳᠠᠪᠤᠷᠢᠲᠠᠨ ᠤ | ᠦᠰᠦᠨ ᠪᠤᠶᠢᠵᠢᠯᠳᠠ ᠶᠢᠨ ᠵᠢᠮ᠎ᠡ ᠶᠣᠰᠣ ᠶᠢ ᠵᠢᠷᠤᠮᠯᠠᠵᠤ᠂ ᠴᠢᠳᠠᠪᠤᠷᠢᠲᠠᠨ ᠤ ᠬᠥᠭᠵᠢᠯᠲᠡ ᠶᠢ ᠬᠦᠯᠢᠶᠡᠰᠦᠯᠡᠵᠦ | ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ | ᠰᠢᠨᠵᠢᠯᠡᠬᠦ ᠤᠬᠠᠭᠠᠨᠴᠢ ᠵᠢᠷᠤᠮᠵᠢᠬᠰᠡᠨ᠂ ᠨᠡᠭᠡᠭᠡᠯᠲᠡ ᠲᠠᠢ ᠪᠠᠭᠲᠠᠭᠠᠮᠵᠢᠲᠠᠶ᠂ ᠠᠵᠢᠯᠯᠠᠭᠠᠨ ᠨᠢ ᠥᠨᠳᠥᠷ ᠪᠦᠲᠦᠮᠵᠢᠲᠡᠶ | ᠴᠢᠳᠠᠪᠤᠷᠢᠲᠠᠨ ᠤ ᠬᠥᠭᠵᠢᠯᠲᠡ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠢᠳᠠᠪᠤᠷᠢᠲᠠᠨ ᠢ ᠪᠥᠬᠦ ᠲᠠᠯ᠎ᠠ ᠪᠠᠷ | ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠵᠦ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ | ᠦᠵᠡᠭᠦᠯᠦᠭᠰᠡᠨ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠬᠦᠴᠦᠯᠡᠨ ᠲᠥᠪᠯᠡᠷᠡᠭᠦᠯᠵᠦ᠂ ᠴᠢᠳᠠᠪᠤᠷᠢᠲᠠᠨ ᠢᠶᠠᠷ | ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠦᠭᠵᠢᠯᠲᠡ ᠶᠢᠨ ᠬᠥᠳᠡᠯᠭᠡᠭᠦᠷ | ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠶᠡᠭᠡ ᠦᠢᠯᠡᠰ ᠲᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠴᠢᠳᠠᠪᠤᠷᠢᠲᠠᠨ ᠤ | ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠢ ᠳᠤᠨᠢ ᠠᠳᠬᠤᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠬᠰᠠᠨ᠂ ᠬᠥᠮᠦᠨ ᠬᠡᠷᠡᠭᠯᠡᠬᠦ | ᠨᠢᠭᠡᠴᠢ ᠭᠤᠤᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠤᠬᠰᠠᠨ᠂ ᠨᠡᠶᠢᠭᠡᠮ ᠤᠨ ᠬᠦᠴᠦᠨ ᠥᠷᠭᠡᠨ ᠢᠶᠠᠷ | ᠣᠷᠣᠯᠴᠠᠬᠰᠠᠨ ᠨᠠᠮ ᠠᠴᠠ ᠴᠢᠳᠠᠪᠤᠷᠢᠲᠠᠨ ᠢ ᠬᠠᠮᠢᠶᠠᠷᠬᠤ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ | ᠨᠠᠮ ᠤᠨ ᠲᠥᠪ ᠬᠤᠷᠢᠶ᠎ᠠ ᠠᠴᠠ ᠲᠥᠪ ᠤᠨ ᠴᠢᠳᠠᠪᠤᠷᠢᠲᠠᠨ ᠤ ᠠᠵᠢᠯ ᠤᠨ ᠵᠣᠬᠢᠴᠠᠭᠤᠯᠬᠤ ᠳᠤᠭᠤᠶᠢᠯᠠᠩ ᠢ | ᠪᠠᠶᠢᠭᠤᠯᠵᠤ᠂ ᠪᠦᠬᠦ ᠤᠯᠤᠰ ᠤᠨ ᠴᠢᠳᠠᠪᠤᠷᠢᠲᠠᠨ ᠤ ᠠᠵᠢᠯ ᠪᠣᠯᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠳᠤ ᠬᠤᠷᠸ᠎ᠠ ᠵᠢᠯᠤᠭᠤᠳᠤᠯᠭ᠎ᠠ ᠬᠢᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ | ᠲᠦᠷᠦ ᠶᠢᠨ ᠪᠤᠳᠤᠯᠭ᠎ᠠ ᠶᠢᠨ ᠰᠢᠨ᠎ᠡ ᠶᠢ ᠡᠭᠦᠳᠴᠦ᠂ ᠭᠤᠣᠯᠳᠠᠯᠭ᠎ᠠ ᠲᠠᠢ ᠠᠬᠢᠭᠤᠯᠵᠤ᠂ ᠱᠠᠯᠠᠪᠳᠠᠭᠤᠯᠤᠨ | ᠪᠠᠶᠢᠴᠠᠭᠠᠨ᠎ᠠ᠃ ᠲᠥᠪ ᠤᠨ ᠴᠢᠳᠠᠪᠤᠷᠢᠲᠠᠨ ᠤ ᠠᠵᠢᠯ ᠢ ᠵᠣᠬᠢᠴᠠᠭᠤᠯᠬᠤ ᠳᠤᠭᠤᠶᠢᠯᠠᠩ ᠤᠨ ᠳᠣᠣᠷ᠎ᠠ ᠪᠠᠨ ᠠᠯᠪᠠᠨ | ᠭᠡᠷ ᠲᠤᠬᠢᠷᠠᠭᠤᠯᠵᠦ᠂ ᠲᠥᠪ ᠤᠨ ᠴᠢᠳᠠᠪᠤᠷᠢᠲᠠᠨ ᠤ ᠠᠵᠢᠯ ᠢ ᠵᠣᠬᠢᠴᠠᠭᠤᠯᠬᠤ ᠳᠤᠭᠤᠶᠢᠯᠠᠩ ᠤᠨ ᠡᠳᠦᠷ | ᠲᠤᠲᠤᠮ ᠤᠨ ᠠᠵᠢᠯ ᠢ ᠬᠠᠷᠢᠭᠤᠴᠠᠨ ᠰᠢᠶ᠋ᠳᠪᠦᠷᠢᠯᠡᠨ᠎ᠡ᠃ ᠲᠥᠪ ᠤᠨ ᠴᠢᠳᠠᠪᠤᠷᠢᠲᠠᠨ ᠤ ᠠᠵᠢᠯ ᠢ ᠵᠣᠬᠢᠴᠠᠭᠤᠯᠬᠤ | ᠳᠤᠭᠤᠶᠢᠯᠠᠩ ᠤᠨ ᠠᠯᠪᠠᠨ ᠭᠡᠷ ᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠲᠤ ᠪᠠᠶᠢᠭᠤᠯᠤᠨ᠎ᠠ᠃ | ᠣᠷᠣᠨ ᠨᠤᠲᠤᠭ ᠤᠨ ᠨᠠᠮ ᠤᠨ ᠬᠤᠷᠢᠶ᠎ᠠ ᠴᠢᠳᠠᠪᠤᠷᠢᠲᠠᠨ ᠤ ᠠᠵᠢᠯ ᠢ ᠤᠳᠤᠷᠢᠳᠬᠤ ︵ᠵᠣᠬᠢᠴᠠᠭᠤᠯᠬᠤ︶ | ᠪᠠᠶᠢᠭᠤᠯᠤᠮᠵᠢ ᠶᠢ ᠲᠤᠬᠢᠷᠠᠭᠤᠯᠵᠤ᠂ ᠲᠤᠰ ᠭᠠᠵᠠᠷ ᠣᠷᠣᠨ ᠤ ᠪᠠᠨ ᠴᠢᠳᠠᠪᠤᠷᠢᠲᠠᠨ ᠤ ᠠᠵᠢᠯ ᠪᠠ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ᠃ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠬᠠᠷᠢᠶ᠎ᠠ ᠰᠢᠰᠲ᠋ᠧᠮ ᠤᠨ ᠳᠣᠲᠣᠷᠠᠬᠢ ᠴᠢᠳᠠᠪᠤᠷᠢᠲᠠᠨ ᠤ ᠠᠵᠢᠯ ᠢ ᠡᠭᠦᠷᠭᠡᠯᠡᠬᠦ ᠡᠬᠦᠷᠬᠡ | ᠲᠤᠰᠢᠶᠠᠯ ᠨᠡᠯᠢᠶᠡᠳ ᠣᠯᠠᠨ ᠪᠤᠶᠤ ᠴᠢᠳᠠᠪᠤᠷᠢᠲᠠᠨ ᠨᠡᠯᠢᠶᠡᠳ ᠲᠥᠪᠯᠡᠷᠡᠭᠰᠡᠨ ᠡᠭᠦᠷᠭᠡ ᠲᠤᠰᠢᠶᠠᠯᠳᠤ ᠰᠠᠯᠠᠭ᠎ᠠ | ᠮᠥᠴᠢᠷ ᠨᠢ ᠪᠣᠳᠠᠲᠠᠶ ᠪᠠᠶᠢᠳᠠᠯ ᠢᠶᠠᠨ ᠦᠨᠳᠦᠰᠦᠯᠡᠨ ᠴᠢᠳᠠᠪᠤᠷᠢᠲᠠᠨ ᠤ ᠠᠵᠢᠯ ᠤᠨ ᠤᠳᠤᠷᠢᠳᠬᠤ ᠪᠠᠶᠢᠭᠤᠯᠤᠮᠵᠢ | ᠪᠣᠯᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠪᠠᠶᠢᠭᠤᠯᠵᠤ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ | ᠤᠶᠠᠯᠳᠤᠭᠤᠯᠤᠨ᠂ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠤᠷᠸ᠎ᠠ ᠲᠥᠯᠦᠪᠵᠢᠭᠦᠯᠬᠡ ᠶᠢ | ᠴᠢᠩᠭᠠᠳᠬᠠᠵᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠤᠯᠪᠠᠰᠤᠷᠠᠯ ᠲᠠᠢ ᠦᠯᠡᠮᠵᠢ ᠤᠯᠠᠨ | ᠴᠢᠳᠠᠪᠤᠷᠢᠲᠠᠨ ᠢ ᠬᠥᠮᠦᠵᠢᠭᠦᠯᠦᠨ ᠪᠤᠯᠪᠠᠰᠤᠷᠠᠭᠤᠯᠤᠨ᠎ᠠ᠃ ᠳᠡᠭᠡᠳᠦ ᠲᠡᠰ ᠢᠶᠠᠷ ᠬᠦᠳᠦᠯᠥᠨ ᠳᠠᠭᠠᠭᠤᠯᠬᠤ᠂ ᠪᠦᠬᠦᠯᠢ | ᠴᠣᠭᠴᠠ ᠪᠠᠷ ᠨᠡᠭᠡᠭᠡᠨ ᠬᠥᠭᠵᠢᠭᠦᠯᠬᠦ ᠶᠢ ᠪᠠᠷᠢᠮᠲᠠᠯᠠᠵᠤ᠂ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯ᠎ᠡ ᠬᠦᠷᠢᠶ᠎ᠠ ᠴᠠᠷᠠᠭᠠᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠭᠤᠴᠢᠨ ᠳᠥᠷᠪᠡᠳᠦᠭᠡᠷ ᠵᠦᠢᠯ ᠪᠦᠬᠦ ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ ᠪᠤᠳᠤᠯᠭ᠎ᠠ ᠶᠢᠨ | ᠬᠠᠷᠠᠯᠳᠠ ᠶᠢ ᠪᠤᠢ ᠪᠣᠯᠭᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ ᠤ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠡᠷᠡᠭᠯᠡᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠳᠡᠯᠡᠬᠡᠢ | ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ᠃ ᠴᠢᠳᠠᠪᠤᠷᠢᠲᠠᠨ ᠤ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠰᠢᠶ᠋ᠳᠪᠦᠷᠢᠯᠡᠬᠦ ᠴᠢᠨᠠᠷᠲᠠᠶ ᠦᠢᠯᠡᠳᠦᠯ ᠢ | ᠭᠦᠶ᠋ᠴᠡᠳ ᠪᠠᠳᠠᠷᠠᠭᠤᠯᠬᠤ ᠪᠠ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠴᠢᠳᠠᠪᠤᠷᠢᠲᠠᠨ ᠤ ᠬᠠᠲᠠᠭᠤᠵᠢᠯᠲᠠᠶ᠂ ᠬᠢᠯᠢ ᠬᠢᠵᠠᠭᠠᠷ ᠣᠷᠣᠨ ᠪᠣᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ | ᠲᠡᠶᠢᠰᠢ ᠰᠢᠯᠵᠢᠬᠦ ᠶᠢ ᠵᠣᠷᠢᠭᠵᠢᠭᠤᠯᠵᠦ ᠬᠥᠲᠥᠯᠥᠨ ᠵᠢᠯᠣᠭᠤᠳᠤᠨ᠎ᠠ᠃ | ᠭᠤᠴᠢᠨ ᠲᠠᠪᠤᠳᠤᠭᠠᠷ ᠵᠦᠢᠯ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠵᠣᠬᠢᠴᠠᠩᠭᠤᠢ ᠪᠠᠷ | ᠠᠬᠢᠭᠤᠯᠵᠤ᠂ ᠥᠭᠦᠯᠡᠯ ᠢ ᠯᠡ ᠦᠵᠡᠬᠦ᠂ ᠮᠡᠷᠭᠡᠵᠢᠯ ᠤᠨ ᠴᠣᠯᠠ ᠶᠢ ᠯᠠ ᠦᠵᠡᠬᠦ᠂ ᠰᠤᠷᠤᠯᠭ᠎ᠠ ᠶᠢᠨ ᠨᠠᠮᠲᠠᠷ ᠢ ᠯᠠ | ᠦᠵᠡᠬᠦ᠂ ᠱᠠᠩᠨᠠᠯ ᠤᠯᠤᠬᠰᠠᠨ ᠡᠰᠡᠬᠦ ᠶᠢ ᠯᠡ ᠦᠵᠡᠬᠦ ᠶᠠᠪᠤᠳᠠᠯ ᠢ ᠡᠷᠡᠰ ᠲᠡᠪᠴᠢᠵᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠰᠢᠯᠵᠢᠭᠦᠯᠬᠦ᠂ ᠤᠷᠮᠠᠰᠢᠭᠤᠯᠬᠤ | ᠲᠣᠭᠲᠠᠴᠠ ᠶᠢ ᠪᠦᠷᠢᠨᠰᠢᠭᠦᠯᠵᠦ᠂ ᠲᠠᠲᠠᠬᠤ ᠬᠦᠴᠦᠨ ᠪᠠ ᠳᠡᠯᠡᠬᠡᠢ ᠳᠡᠭᠡᠷ᠎ᠡ ᠦᠷᠢᠰᠦᠯᠳᠦᠬᠦ ᠬᠦᠴᠦᠨ ᠪᠦᠬᠦᠢ | ᠴᠢᠳᠠᠪᠤᠷᠢᠲᠠᠨ ᠤ ᠳᠦᠷᠢᠮ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠥᠮᠦᠨ ᠬᠡᠷᠡᠭᠯᠡᠬᠦ ᠭᠤᠤᠯ ᠴᠣᠭᠴᠠ ᠳᠤ | ᠡᠷᠬᠡ ᠪᠠᠨ ᠲᠠᠯᠪᠢᠨ ᠥᠭᠴᠦ᠂ ᠴᠢᠳᠠᠪᠤᠷᠢᠲᠠᠨ ᠤ ᠬᠦᠯᠢᠶᠡᠰᠦ ᠶᠢ ᠠᠯᠳᠠᠷᠠᠭᠠᠵᠤ᠂ ᠴᠢᠳᠠᠪᠤᠷᠢᠲᠠᠨ ᠤ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠴᠢᠨ ᠵᠢᠷᠭᠤᠳᠤᠭᠠᠷ ᠵᠦᠢᠯ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ | ᠳᠠᠪᠠᠭᠤᠯᠢᠭ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠪᠠᠳᠠᠷᠠᠭᠤᠯᠵᠤ᠂ ᠡᠯ᠎ᠡ ᠲᠠᠯ᠎ᠠ ᠶᠢᠨ | ᠴᠢᠳᠠᠪᠤᠷᠢᠲᠠᠨ ᠢ ᠤᠯᠤᠰ ᠲᠦᠷᠦ ᠪᠠᠷ ᠬᠥᠲᠥᠯᠥᠨ ᠳᠠᠭᠠᠭᠤᠯᠬᠤ ᠪᠠ ᠤᠯᠤᠰ ᠲᠦᠷᠦ ᠪᠠᠷ ᠰᠢᠩᠭᠡᠭᠡᠨ ᠠᠪᠬᠤ ᠶᠢ | ᠴᠢᠩᠭᠠᠳᠬᠠᠵᠤ᠂ ᠥᠷᠭᠡᠨ ᠤᠯᠠᠨ ᠴᠢᠳᠠᠪᠤᠷᠢᠲᠠᠨ ᠤ ᠤᠯᠤᠰ ᠢᠶᠠᠨ ᠬᠠᠶᠢᠷᠠᠯᠠᠵᠤ ᠬᠠᠷᠠᠮ ᠦᠭᠡᠢ ᠵᠣᠷᠢᠭᠤᠯᠬᠤ᠂ | ᠵᠣᠷᠢᠭᠲᠠᠶ ᠪᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠬᠥᠲᠥᠯᠥᠨ ᠵᠢᠯᠣᠭᠤᠳᠤᠨ᠎ᠠ᠃ ᠨᠠᠮ ᠤᠨ ᠬᠤᠷᠢᠶ᠎ᠠ | ᠲᠤᠰᠬᠠᠢ ᠮᠡᠷᠭᠡᠵᠢᠯᠲᠡᠨ ᠲᠠᠢ ᠬᠠᠷᠢᠯᠴᠠᠵᠤ ᠳᠡᠳᠡᠨ ᠳᠤ ᠦᠢᠯᠡᠴᠢᠯᠡᠬᠦ ᠲᠦᠷᠢᠮ ᠢ ᠪᠠᠷᠢᠮᠲᠠᠯᠠᠨ᠂ ᠤᠳᠤᠷᠢᠳᠬᠤ | ᠺᠠᠳ᠋ᠷᠴᠤᠳ ᠤᠨ ᠴᠢᠳᠠᠪᠤᠷᠢᠲᠠᠨ ᠲᠠᠢ ᠰᠢᠭᠤᠳ ᠬᠠᠷᠢᠯᠴᠠᠵᠤ ᠲᠡᠳᠡᠨ ᠳᠤ ᠦᠢᠯᠡᠴᠢᠯᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠴᠢᠳᠠᠪᠤᠷᠢᠲᠠᠨ ᠤ ᠲᠤᠬᠠᠢ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠰᠣᠨᠣᠰᠴᠤ᠂ | ᠴᠢᠳᠠᠪᠤᠷᠢᠲᠠᠨ ᠤ ᠠᠵᠢᠯ ᠠᠮᠢᠳᠤᠷᠠᠯ ᠢ ᠬᠠᠯᠠᠮᠵᠢᠯᠠᠨ᠎ᠠ᠃ | ᠭᠤᠴᠢᠨ ᠳᠣᠯᠣᠳᠤᠭᠠᠷ ᠵᠦᠢᠯ ᠴᠢᠳᠠᠪᠤᠷᠢᠲᠠᠨ ᠤ ᠲᠤᠬᠠᠢ ᠴᠢᠩᠭ᠎ᠠ ᠤᠬᠠᠮᠰᠠᠷ ᠢ ᠪᠤᠢ ᠪᠣᠯᠭᠠᠵᠤ᠂ | ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠰᠢᠯᠢᠳᠡᠭ ᠴᠢᠳᠠᠪᠤᠷᠢᠲᠠᠨ ᠪᠠ | ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠬᠥᠳᠡᠯᠮᠦᠷᠢ ᠶᠢ ᠬᠦᠨᠳᠦᠳᠬᠡᠬᠦ᠂ | ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠢᠯᠠᠭᠳᠠᠯ ᠢ | ᠠᠭᠤᠴᠢᠯᠠᠵᠤ᠂ ᠬᠥᠮᠦᠨ ᠪᠦᠬᠦᠨ ᠴᠢᠳᠠᠪᠤᠷᠢᠲᠠᠨ ᠪᠤᠯᠵᠤ ᠪᠣᠯᠬᠤ᠂ ᠬᠥᠮᠦᠨ ᠪᠦᠬᠦᠨ ᠡᠷᠳᠡᠮ ᠴᠢᠳᠠᠪᠤᠷᠢ ᠪᠠᠨ | ᠭᠦᠢᠴᠡᠳ ᠪᠠᠳᠠᠷᠠᠭᠤᠯᠤᠬᠰᠠᠨ ᠠᠮᠢᠳᠤᠯᠢᠭ ᠪᠠᠶᠢᠳᠠᠯ ᠢ ᠪᠤᠢ ᠪᠣᠯᠭᠠᠨ᠎ᠠ᠃ | ᠵᠢᠷᠭᠤᠳᠤᠭᠠᠷ ᠪᠦᠯᠦᠭ ᠪᠠᠲᠤᠯᠠᠭ᠎ᠠ ᠪᠠ ᠬᠢᠨᠠᠯᠲᠠ | ᠭᠤᠴᠢᠨ ᠨᠠᠢᠮᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠵᠣᠬᠢᠶᠠᠨ ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠢᠶᠠᠨ ᠥᠷᠨᠢᠭᠦᠯᠬᠦ ᠶᠢ | ᠬᠠᠯᠠᠮᠵᠢᠯᠠᠨ ᠲᠡᠮᠵᠢᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢ ᠵᠣᠬᠢᠰᠲᠠᠢ ᠲᠤᠬᠢᠷᠠᠭᠤᠯᠤᠨ᠂ ᠠᠵᠢᠯ ᠤᠨ | ᠬᠦᠴᠦᠨ ᠢ ᠲᠡᠭᠦᠯᠳᠡᠷᠵᠢᠭᠦᠯᠵᠦ᠂ ᠴᠢᠬᠤᠯᠠ ᠪᠦᠬᠦᠢ ᠠᠵᠢᠯ ᠤᠨ ᠨᠥᠬᠦᠴᠡᠯ ᠪᠠ ᠵᠠᠷᠤᠳᠠᠯ ᠤᠨ ᠪᠠᠲᠤᠯᠠᠭ᠎ᠠ | ᠬᠠᠩᠭᠠᠵᠤ᠂ ᠡᠯ᠎ᠡ ᠲᠠᠯ᠎ᠠ ᠶᠢᠨ ᠬᠢᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠵᠣᠬᠢᠶᠠᠨ ᠪᠠᠶᠢᠭᠤᠯᠬᠤ | ᠠᠵᠢᠯ ᠢ ᠰᠠᠶᠢᠲᠤᠷ ᠬᠢᠬᠦ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ | ᠴᠢᠩᠭ᠎ᠠ᠂ ᠵᠠᠷᠴᠢᠮ ᠢ ᠪᠠᠷᠢᠮᠲᠠᠯᠠᠳᠠᠭ᠂ ᠲᠥᠪ ᠭᠤᠣᠯᠴᠢ᠂ ᠨᠠᠮ ᠤᠨ ᠠᠵᠢᠯ ᠤᠨ ᠥᠩᠭᠡᠷᠡᠯᠲᠡ ᠲᠠᠢ ᠺᠠᠳ᠋ᠷ ᠢ | ᠰᠣᠩᠭᠤᠨ ᠳᠡᠪᠰᠢᠭᠦᠯᠵᠦ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠪᠣᠯᠭᠠᠬᠤ ᠶᠢ | ᠴᠢᠬᠤᠯᠠᠴᠢᠯᠠᠨ᠎ᠠ᠃ | ᠭᠤᠴᠢ ᠶᠢᠰᠦᠳᠦᠭᠡᠷ ᠵᠦᠢᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠠᠮ ᠤᠨ ᠲᠥᠪ ᠬᠤᠷᠢᠶ᠎ᠠ ᠵᠢᠴᠢ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ | ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠡᠯᠳᠡᠰ ᠤᠨ ᠶᠠᠪᠤᠳᠠᠯ ᠤᠨ ᠬᠤᠷᠠᠯ ᠤᠨ | ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠡᠷᠡᠭ ᠵᠥᠪᠯᠡᠬᠦ ᠲᠦᠷᠢᠮ ᠪᠠ ᠵᠢᠷᠤᠮ ᠢ ᠪᠦᠷᠢᠨᠰᠢᠬᠦᠯᠤᠨ᠂ | ᠬᠡᠯᠳᠡᠰ ᠤᠨ ᠶᠠᠪᠤᠳᠠᠯ ᠤᠨ ᠬᠤᠷᠠᠯ ᠤᠨ ᠬᠠᠮᠲᠤ ᠶᠢᠨ ᠤᠳᠤᠷᠢᠳᠤᠯᠭ᠎ᠠ ᠪᠠ ᠪᠣᠭᠤᠮᠲᠠ ᠰᠠᠬᠢᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | ᠳᠥᠴᠢᠳᠦᠭᠡᠷ ᠵᠦᠢᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠭᠤᠤᠯ ᠬᠠᠷᠢᠭᠤᠴᠠᠯᠭ᠎ᠠ ᠭᠤᠤᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠲᠣᠭᠲᠠᠴᠠ ᠪᠠᠨ ᠪᠦᠷᠢᠨᠰᠢᠭᠦᠯᠦᠨ᠂ ᠠᠵᠢᠯ ᠤᠨ | ᠶᠠᠪᠤᠴᠠ ᠪᠠᠨ ᠰᠢᠯᠢᠳᠡᠭᠵᠢᠭᠦᠯᠵᠦ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠢᠨᠲ᠋ᠧᠷ ᠰᠦᠯᠵᠢᠶᠡᠨ ᠤ | ᠮᠡᠷᠭᠡᠵᠢᠯ᠂ ᠲᠣᠭᠠᠴᠢᠯᠠᠭᠰᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠬᠦ ᠶᠢ | ᠴᠢᠬᠤᠯᠠᠴᠢᠯᠠᠵᠤ᠂ ᠠᠵᠢᠯ ᠤᠨ ᠬᠦᠴᠦᠨ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ᠃ | ᠳᠥᠴᠢᠨ ᠨᠢᠭᠡᠳᠦᠭᠡᠷ ᠵᠦᠢᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠯᠤᠰ ᠲᠦᠷᠦ ᠶᠢᠨ | ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠦᠷᠦᠭᠦᠯᠡᠨ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ | ᠰᠢᠯᠢᠳᠡᠭ ᠰᠤᠷᠲᠠᠯ ᠢ ᠪᠠᠳᠠᠷᠠᠭᠤᠯᠵᠤ᠂ ᠲᠦᠷᠦᠭᠦᠯᠡᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠯᠤᠰ | ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠬᠡᠯᠲᠡᠰ ᠢ ᠴᠢᠩᠭ᠎ᠠ ᠵᠠᠰᠠᠬᠤ᠂ | ᠪᠡᠶ᠎ᠡ ᠪᠠᠨ ᠴᠢᠩᠭ᠎ᠠ ᠱᠠᠭᠠᠷᠳᠠᠬᠤ᠂ ᠡᠩᠨᠡᠭᠡ ᠶᠢ ᠴᠢᠩᠭ᠎ᠠ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠤᠯᠤᠰ | ᠲᠦᠷᠦ ᠶᠢ ᠡᠷᠬᠢᠮᠯᠡᠬᠦ᠂ ᠲᠥᠪ ᠭᠤᠣᠯᠴᠢ ᠶᠢ ᠴᠢᠬᠤᠯᠠᠴᠢᠯᠠᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ | ᠰᠤᠷᠲᠠᠯ ᠰᠠᠶᠢᠨ ᠵᠢᠱᠢᠶᠡᠴᠢ ᠰᠠᠯᠠᠭ᠎ᠠ ᠮᠥᠴᠢᠷ ᠢ ᠴᠢᠷᠮᠠᠶᠢᠨ ᠪᠠᠶᠢᠭᠤᠯᠵᠤ᠂ ᠨᠠᠮ ᠤᠨ ᠲᠥᠪ ᠬᠤᠷᠢᠶ᠎ᠠ ᠶᠢ ᠰᠡᠳᠬᠢᠯ | ᠠᠮᠤᠷ ᠪᠠᠶᠢᠯᠭᠠᠵᠤ᠂ ᠨᠠᠮ ᠤᠨ ᠭᠡᠰᠢᠭᠦᠨ ᠺᠠᠳ᠋ᠷ ᠴᠢᠳᠠᠪᠤᠷᠢᠲᠠᠨ ᠳᠤ ᠢᠲᠡᠭᠡᠭᠦᠯᠵᠦ᠂ ᠠᠷᠠᠳ ᠤᠯᠠᠨ ᠢ ᠰᠡᠳᠬᠢᠯ | ᠬᠠᠨᠤᠮᠵᠢᠲᠠᠢ ᠪᠠᠶᠢᠯᠭᠠᠬᠤ ᠬᠡᠷᠡᠭᠲᠡᠢ᠃ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ | ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠤᠨ ᠬᠥᠮᠦᠵᠢᠯ ᠢ ᠴᠢᠩᠭᠠᠳᠬᠠᠵᠤ᠂ | ᠵᠣᠬᠢᠶᠠᠨ ᠪᠠᠶᠢᠭᠤᠯᠤᠯᠲᠠ ᠶᠢᠨ ᠠᠵᠢᠯᠳᠠᠨ ᠤ ᠶᠠᠪᠤᠳᠠᠯ ᠤᠨ ᠰᠠᠬᠢᠯᠭ᠎ᠠ ᠪᠠᠲᠤ ᠪᠠ ᠨᠢᠭᠤᠴᠠ ᠶᠢ ᠬᠠᠮᠠᠭᠠᠯᠠᠬᠤ ᠰᠠᠬᠢᠯᠭ᠎ᠠ | ᠪᠠᠲᠤ ᠶᠢ ᠴᠢᠩᠭ᠎ᠠ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠲᠤᠰᠬᠠᠶᠢᠵᠢᠭᠰᠠᠨ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠲᠦᠢᠯ ᠤᠨ ᠨᠠᠶᠢᠳᠠᠪᠤᠷᠢᠲᠠᠢ᠂ | ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠲᠤᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ | ᠴᠢᠩᠭᠠᠳᠬᠠᠵᠤ᠂ ᠲᠤᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠤᠳᠤᠷᠢᠳᠬᠤ ᠪᠠᠭ ᠪᠣᠯᠤᠨ ᠤᠳᠤᠷᠢᠳᠬᠤ | ᠺᠠᠳ᠋ᠷ ᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ | ᠬᠡᠪᠴᠢᠶᠡᠨ ᠳᠤ ᠣᠷᠣᠭᠤᠯᠬᠤ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠲᠣᠰ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠭᠰᠡᠨ | ᠪᠣᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠨ᠂ ᠰᠢᠭᠦᠮᠵᠢᠯᠡᠨ ᠰᠤᠷᠭᠠᠬᠤ᠂ ᠵᠠᠷᠯᠢᠭᠳᠠᠨ | ᠪᠠᠶᠢᠴᠠᠭᠠᠬᠤ᠂ ᠰᠡᠷᠡᠮᠵᠢᠯᠡᠭᠦᠯᠦᠨ ᠴᠡᠭᠡᠷᠯᠡᠭᠦᠯᠬᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠳᠪᠥᠷᠢᠯᠠᠬᠦ ᠪᠤᠶᠤ | ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠰᠢᠢᠳᠬᠡᠯ ᠥᠭᠭᠦᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠥᠷᠪᠡᠳᠦᠭᠡᠷ ᠵᠦᠢᠯ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠤᠰ ᠲᠦᠷᠢᠮ ᠤᠨ ᠵᠣᠷᠢᠭ | ᠰᠠᠨᠠᠭ᠎ᠠ ᠶᠢ ᠦᠨᠳᠦᠰᠦᠯᠡᠵᠦ᠂ ᠬᠤᠯᠪᠣᠭᠳᠠᠯ ᠪᠦᠬᠦᠢ ᠲᠣᠭᠲᠠᠭᠠᠯ ᠢ ᠲᠣᠭᠲᠠᠭᠠᠵᠤ ᠪᠣᠯᠤᠨ᠎ᠠ᠃ | ᠳᠥᠴᠢᠨ ᠲᠠᠪᠤᠳᠤᠭᠠᠷ ᠵᠦᠢᠯ ᠲᠤᠰ ᠲᠦᠷᠢᠮ ᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠳᠥᠴᠢᠨ ᠵᠢᠷᠭᠤᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |