| ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 11 ᠤ ᠴᠠᠬᠢᠯᠭᠠᠨ ᠮᠡᠳᠡᠭᠡ ᠣᠶᠢᠷ᠎ᠠ ᠳᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠤᠨ︾ ᠶᠢ ᠳᠠᠷᠤᠮᠠᠯᠯᠠᠨ | ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ | ᠱᠠᠭᠠᠷᠳᠠᠪᠠ᠃ | ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵ | 2021 — 2025 ᠤᠨ︶︾ ᠶᠢᠨ ᠪᠥᠬᠦ ᠠᠭᠤᠯᠭ᠎ᠠ ᠨᠢ ᠳᠤᠤᠷᠠᠬᠢ ᠮᠡᠲᠦ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠂ ᠤᠯᠤᠰ ᠤᠨ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ | ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠬᠠᠤᠯᠢ ᠪᠠᠷ ᠵᠠᠰᠠᠭ ᠶᠠᠪᠤᠭᠤᠯᠬᠤ ᠶᠢ ᠦᠷᠭᠦᠯᠵᠢᠯᠡᠨ ᠭᠦᠨᠵᠡᠭᠡᠶ | ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠶᠢᠨ ᠲᠦᠯᠦᠭᠡ᠂ ᠣᠳᠣᠬᠠᠨ ᠤ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠤᠰ | ᠬᠦᠳᠦᠯᠪᠤᠷᠢ ᠶᠢ ᠲᠣᠭᠲᠠᠭᠠᠪᠠ᠃ | ᠨᠢᠭᠡ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠲᠠᠯ᠎ᠠ ᠶᠢᠨ | ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠢᠯᠠᠩᠭᠤᠶ᠎ᠠ ︽ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠤᠨ︶︾ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ 5 ᠵᠢᠯ ᠤᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ | ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠠᠪᠴᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠣᠯᠪᠠ᠃ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠦ᠂ | ᠬᠠᠷᠢᠭᠤᠴᠠᠯᠭ᠎ᠠ ᠶᠢ ᠱᠠᠯᠠᠪᠳᠠᠭᠤᠯᠤᠨ ᠪᠠᠶᠢᠴᠠᠭᠠᠬᠤ ᠪᠠ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ | ᠦᠨᠳᠦᠰᠦᠨ ᠳᠡᠭᠡᠨ ᠪᠦᠷᠢᠯᠳᠦᠭᠦᠯᠪᠡ︔ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠪᠡ︔ | ᠬᠠᠤᠯᠢ ᠪᠠᠷ ᠵᠠᠰᠠᠭ ᠶᠠᠪᠤᠭᠤᠯᠬᠤ ᠲᠦᠷᠢᠮ ᠤᠨ ᠰᠢᠰᠲ᠋ᠧᠮ ᠡᠳᠦᠷ ᠢᠷᠡᠬᠦᠶ᠎ᠡ ᠪᠦᠷᠢᠨᠰᠢᠵᠤ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠲᠠᠷᠠᠭᠠᠯᠠᠯ ᠲᠦᠷᠢᠮ ᠳᠤᠬᠳᠠᠭᠠᠯ ᠢ ᠠᠩᠬ᠎ᠠ ᠠᠯᠬᠤᠮ | ᠲᠤᠬᠲᠠᠭᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠢᠲᠡᠭᠡᠭᠦᠯᠬᠦ ᠬᠦᠴᠦᠨ ᠢ ᠦᠷᠭᠦᠯᠵᠢᠯᠡᠨ | ᠳᠡᠭᠡᠭᠰᠢᠯᠡᠬᠦᠯᠪᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠶᠡᠭᠡ ᠪᠠᠷ ᠠᠬᠢᠭᠤᠯᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ | ᠲᠦᠪᠰᠢᠨ ᠢ ᠨᠡᠶᠢᠳᠡᠮ ᠳᠡᠭᠡᠭᠰᠢᠯᠡᠬᠦᠯᠪᠡ︔ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠬᠤ ᠶᠢ | ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠴᠠᠭ | ᠲᠤᠬᠠᠢ ᠳᠤᠨᠢ ᠵᠠᠯᠠᠷᠠᠭᠤᠯᠵᠤ ᠪᠠᠶᠢᠴᠠᠭᠠᠨ ᠰᠢᠢᠳᠪᠦᠷᠢᠯᠡᠵᠦ ᠴᠢᠳᠠᠪᠠ︔ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ | ᠬᠠᠤᠯᠢ ᠶᠣᠰᠣᠭᠠᠷ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ | ᠰᠡᠷᠭᠡᠶᠢᠯᠡᠨ ᠨᠠᠮᠳᠠᠭᠤᠯᠬᠤ ᠲᠣᠭᠲᠠᠴᠠ ᠶᠢ ᠨᠡᠩ ᠲᠡᠭᠦᠯᠳᠡᠷᠵᠢᠭᠦᠯᠪᠡ︔ ᠡᠯ᠎ᠡ ᠱᠠᠲᠤᠨ ᠤ ᠠᠯᠪᠠᠲᠠᠨ ᠤ | ᠬᠠᠤᠯᠢᠵᠢᠯ ᠤᠨ ᠦᠵᠡᠯ ᠤᠬᠠᠮᠰᠠᠷ ᠢᠯᠡᠳᠲᠡ ᠴᠢᠩᠭᠠᠷᠠᠵᠤ᠂ ᠬᠠᠤᠯᠢ ᠪᠠᠷ ᠵᠠᠰᠠᠭ ᠶᠠᠪᠤᠭᠤᠯᠬᠤ ᠴᠢᠳᠠᠪᠤᠷᠢ ᠶᠢ | ᠢᠯᠡᠳᠲᠡ ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠤᠯᠤᠰ ᠨᠢᠭᠡᠨᠲᠡ ᠨᠡᠶᠢᠭᠡᠮ ᠵᠢᠷᠤᠮᠳᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ | ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠵᠣᠬᠢᠴᠠᠭᠤᠯᠵᠤ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠳᠤ ᠰᠢᠨ᠎ᠡ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠡᠷᠬᠡᠪᠰᠢ ᠪᠦᠬᠦ ᠲᠠᠯ᠎ᠠ ᠳᠤ | ᠰᠠᠭᠤᠷᠢᠯᠠᠵᠤ᠂ ᠠᠯᠤᠰ ᠬᠡᠳᠤ ᠶᠢ ᠪᠣᠳᠣᠯᠬᠢᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠵᠠᠮ ᠨᠡᠭᠡᠭᠡᠨ | ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠬᠢᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠳᠡᠢ᠃ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠤᠭᠤᠯᠵᠦ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ | ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠨᠢᠭᠡᠳᠦᠯᠲᠡᠢ | ᠲᠥᠯᠥᠪᠵᠢᠭᠦᠯᠵᠦ᠂ ᠡᠭᠦᠷᠭᠡ ᠬᠠᠷᠢᠭᠤᠴᠠᠯᠭ᠎ᠠ ᠲᠣᠳᠣᠷᠬᠠᠶ ᠪᠠᠶᠢᠬᠤ᠂ ᠬᠠᠤᠯᠢ ᠪᠠᠷ ᠵᠠᠰᠠᠭ ᠶᠠᠪᠤᠭᠤᠯᠬᠤ ᠵᠠᠰᠠᠭ ᠤᠨ | ᠣᠷᠳᠣᠨ ᠤ ᠵᠠᠰᠠᠯᠲᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠡᠭᠦᠷᠭᠡ ᠴᠢᠳᠠᠪᠬᠢ ᠰᠢᠨᠵᠢᠯᠡᠬᠦ | ᠤᠬᠠᠭᠠᠨᠴᠢᠯᠠᠬᠰᠠᠨ᠂ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠰᠠᠨ᠂ ᠬᠠᠤᠯᠢ ᠶᠢ ᠴᠢᠩᠭ᠎ᠠ | ᠬᠡᠷᠡᠭᠵᠢᠭᠦᠯᠦᠭᠰᠡᠨ᠂ ᠢᠯᠡ ᠪᠥᠭᠡᠳ ᠲᠥᠪ ᠭᠤᠣᠯᠴᠢ᠂ ᠤᠶᠤᠨᠴᠢ ᠥᠨᠳᠥᠷ ᠪᠦᠲᠦᠮᠵᠢᠲᠡᠶ᠂ ᠠᠷᠢᠭᠤᠨ ᠴᠢᠬᠡᠴᠢ | ᠦᠨᠡᠨᠴᠢ ᠢᠲᠡᠭᠡᠮᠵᠢᠲᠡᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠤᠨ ᠵᠠᠰᠠᠭ ᠤᠨ ᠣᠷᠳᠣᠨ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠬᠡᠯᠰᠢᠬᠦᠯᠬᠦ ᠳᠤ ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠩᠭᠠᠨ᠎ᠠ᠃ | ︵ᠬᠤᠶᠠᠷ︶ ᠭᠤᠣᠯ ᠵᠠᠷᠴᠢᠮ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠨ᠎ᠠ︔ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠯᠢᠪᠠ ᠵᠠᠰᠠᠭ ᠵᠠᠬᠢᠷᠭᠠᠨ ᠤ ᠪᠠᠶᠢᠭᠤᠯᠭ᠎ᠠ ᠡᠷᠬᠡᠪᠰᠢ ᠠᠷᠠᠳ | ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠨ᠎ᠠ︔ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠢᠶᠠᠷ ᠵᠠᠰᠠᠭ ᠵᠠᠬᠢᠷᠭᠠᠨ ᠤ ᠡᠷᠬᠡ ᠳᠤ | ᠶᠣᠰᠣ ᠲᠦᠷᠢᠮ᠂ ᠵᠠᠭᠠᠭ ᠱᠤᠭᠤᠮ ᠲᠣᠭᠲᠠᠭᠠᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠨ᠎ᠠ︔ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠪ ᠵᠠᠭᠪᠤᠷ ᠪᠠ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠨ᠎ᠠ︔ | ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠬᠤ᠂ ᠬᠠᠮᠵᠢᠯᠴᠠᠨ ᠬᠥᠭᠵᠢᠭᠦᠯᠬᠦ ᠶᠢ ᠴᠢᠩᠭᠠᠳᠬᠠᠨ᠎ᠠ᠃ | ︵ᠭᠤᠷᠪᠠ︶ ᠶᠡᠷᠦᠩᠬᠡᠶ ᠬᠠᠷᠠᠯᠲᠠ᠃ 2025 ᠤᠨ ᠪᠣᠯᠬᠤ ᠳᠤ᠂ ᠵᠠᠰᠠᠭ ᠤᠨ ᠣᠷᠳᠣᠨ ᠤ ᠠᠵᠢᠯᠯᠠᠭ᠎ᠠ ᠶᠢ | ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠤᠨ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠬᠠᠤᠯᠢ ᠪᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠡᠳᠦᠷ ᠢᠷᠡᠬᠦᠶ᠎ᠡ | ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ ᠦᠨᠳᠦᠰᠦᠨ ᠳᠡᠭᠡᠨ | ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ | ᠶᠡᠭᠡ ᠪᠠᠷ ᠳᠡᠭᠡᠭᠰᠢᠯᠡᠭᠦᠯᠵᠦ᠂ ᠭᠡᠨᠡᠳᠲᠡ ᠶᠢᠨ ᠡᠭᠦᠰᠦᠭᠰᠡᠨ ᠬᠡᠷᠡᠭ ᠢ ᠠᠷᠭᠠᠴᠠᠭᠠᠬᠤ ᠴᠢᠳᠠᠪᠤᠷᠢ ᠶᠢ ᠢᠯᠡᠳᠲᠡ | ᠴᠢᠩᠭᠠᠷᠠᠭᠤᠯᠤᠨ᠂ ᠡᠯ᠎ᠡ ᠭᠠᠵᠠᠷ ᠣᠷᠣᠨ ᠡᠯ᠎ᠡ ᠳᠡᠰ ᠳᠠᠪᠬᠤᠷᠭ᠎ᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠵᠣᠬᠢᠴᠠᠩᠭᠤᠢ ᠪᠠᠷ ᠵᠡᠷᠭᠡ ᠪᠠᠷ ᠠᠬᠢᠭᠤᠯᠵᠦ᠂ ᠨᠡᠩ ᠤᠯᠠᠨ ᠭᠠᠵᠠᠷ ᠣᠷᠣᠨ ᠳᠤ ᠤᠷᠢᠳ ᠢᠶᠠᠷ | ᠰᠢᠪᠲᠤᠯᠤᠯᠲᠠ ᠭᠠᠷᠭᠠᠬᠤ ᠶᠢ ᠪᠡᠶᠡᠯᠡᠭᠦᠯᠵᠦ᠂ 2035 ᠤᠨ ᠪᠣᠯᠬᠤ ᠳᠤ ᠬᠠᠤᠯᠢᠵᠢᠯ ᠤᠨ ᠤᠯᠤᠰ᠂ ᠬᠠᠤᠯᠢᠵᠢᠯ ᠤᠨ | ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠬᠤ ᠳᠤ ᠪᠠᠲᠤ ᠪᠠᠬᠢ ᠰᠠᠭᠤᠷᠢ | ᠲᠠᠯᠪᠢᠨ᠎ᠠ᠃ | ᠬᠤᠶᠠᠷ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ | ᠪᠦᠷᠢᠨᠰᠢᠬᠦᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠶᠢ ᠠᠬᠢᠭᠤᠯᠤᠨ᠎ᠠ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ | ᠣᠯᠭᠤᠭᠰᠠᠨ ᠦᠭᠡᠢ ᠵᠦᠢᠯ ᠢ ᠦᠯᠦ ᠬᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ | ᠭᠦᠨᠵᠡᠭᠡᠢ ᠬᠤᠪᠢᠷᠠᠯᠲᠠ ᠶᠢ ᠬᠦᠴᠦᠯᠡᠨ ᠪᠡᠶᠡᠯᠡᠭᠦᠯᠵᠦ᠂ ᠬᠠᠮᠢᠶᠠᠷᠬᠤ ᠶᠣᠰᠣᠲᠠᠢ ᠬᠡᠷᠡᠭ ᠶᠠᠪᠤᠳᠠᠯ ᠢᠶᠠᠨ ᠰᠠᠶᠢᠲᠤᠷ | ᠬᠠᠮᠢᠶᠠᠷᠴᠤ᠂ ᠲᠤᠭᠤᠰᠢᠲᠠᠢ ᠬᠠᠮᠢᠶᠠᠷᠴᠤ᠂ ᠵᠠᠭᠠᠭ ᠱᠤᠭᠤᠮ ᠲᠣᠳᠣᠷᠬᠠᠢ᠂ ᠠᠵᠢᠯ ᠤᠨ ᠬᠤᠪᠢᠶᠠᠷᠢᠯᠠᠯ ᠵᠦᠢ | ᠵᠣᠬᠢᠰᠲᠠᠢ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠠᠵᠢᠯᠯᠠᠭᠠᠨ ᠤ ᠦᠷ᠎ᠡ ᠪᠦᠲᠦᠮᠵᠢ ᠦᠨᠳᠦᠷ᠂ ᠬᠠᠤᠯᠢᠵᠢᠯ ᠤᠨ | ᠪᠠᠲᠤᠯᠠᠭ᠎ᠠ ᠲᠠᠢ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ | ᠦᠨᠳᠦᠰᠦᠨ ᠳᠡᠭᠡᠨ ᠪᠦᠷᠢᠯᠳᠦᠭᠦᠯᠦᠨ᠎ᠡ᠃ | ︵ᠳᠥᠷᠪᠡ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠰᠢᠯᠢᠳᠡᠭᠵᠢᠭᠦᠯᠦᠨ | ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠣᠯᠭᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠪᠠ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ | ᠬᠤᠪᠢᠷᠠᠭᠤᠯᠤᠯᠲᠠ ᠶᠢ ᠠᠬᠢᠭᠤᠯᠬᠤ᠂ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠬᠤ ᠶᠢ ᠨᠢᠭᠡᠳᠦᠯᠲᠡᠢ ᠲᠥᠯᠥᠪᠯᠡᠨ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠶᠢ ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢ ᠨᠡᠩ ᠰᠢᠯᠢᠳᠡᠭᠵᠢᠭᠦᠯᠬᠦ᠂ ᠡᠷᠬᠡ | ᠬᠠᠷᠢᠭᠤᠴᠠᠯᠭ᠎ᠠ ᠶᠢ ᠨᠡᠩ ᠵᠤᠬᠢᠴᠠᠭᠤᠯᠤᠨ᠎ᠠ᠃ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠭᠦᠷᠭᠡ ᠴᠢᠳᠠᠪᠬᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠠ | ᠵᠠᠬ᠎ᠠ ᠳᠡᠯᠭᠡᠭᠦᠷ᠂ ᠵᠠᠰᠠᠭ ᠤᠨ ᠣᠷᠳᠣᠨ ᠪᠠ ᠨᠡᠶᠢᠭᠡᠮ ᠤᠨ ᠬᠠᠷᠢᠴᠠᠭ᠎ᠠ ᠶᠢ ᠲᠣᠳᠣᠷᠬᠠᠶᠢᠯᠠᠵᠤ᠂ ᠪᠦᠲᠦᠮᠵᠢᠲᠡᠶ ᠵᠠᠬ᠎ᠠ | ᠳᠡᠯᠭᠡᠭᠦᠷ ᠪᠠ ᠪᠦᠲᠦᠮᠵᠢᠲᠡᠶ ᠵᠠᠰᠠᠭ ᠤᠨ ᠣᠷᠳᠣᠨ ᠤ ᠨᠠᠩ ᠰᠠᠶᠢᠨ ᠤᠶᠠᠯᠳᠤᠯ ᠢ ᠠᠬᠢᠭᠤᠯᠤᠨ᠎ᠠ᠃ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠡᠷᠭᠡ ᠡᠭᠦᠷᠭᠡ ᠴᠢᠳᠠᠪᠬᠢ ᠶᠢ | ᠲᠣᠭᠲᠠᠭᠠᠨ ᠬᠡᠷᠡᠭᠵᠢᠭᠦᠯᠬᠦ ᠶᠢ ᠴᠢᠩᠭᠠᠳᠬᠠᠵᠦ᠂ ᠬᠠᠤᠯᠢ ᠴᠠᠭᠠᠵᠠ ᠪᠣᠯᠤᠨ ᠳᠦᠷᠢᠮ ᠳᠤᠬᠳᠠᠭᠠᠯ ᠢ ᠨᠡᠩ ᠢᠯᠡᠬᠦᠦ | ᠴᠢᠬᠤᠯᠠᠴᠢᠯᠠᠨ ᠬᠡᠷᠡᠭᠯᠡᠵᠦ᠂ ᠪᠢᠴᠢᠯ ᠠᠵᠤ ᠠᠬᠤᠶ ᠶᠢᠨ ᠠᠵᠢᠯᠯᠠᠭ᠎ᠠ ᠳᠤ ᠵᠦᠢ ᠵᠣᠬᠢᠰ ᠦᠭᠡᠶ ᠪᠠᠷ ᠭᠠᠷ ᠲᠦᠷᠦᠭᠦ | ᠠᠵᠢᠯᠯᠠᠭ᠎ᠠ ᠶᠢ ᠬᠤᠷᠢᠬᠯᠠᠨ ᠵᠤᠬᠰᠤᠭᠠᠨ᠎ᠠ᠃ ᠳᠥᠭᠦᠮ ᠳᠥᠲᠡ ᠥᠨᠳᠥᠷ ᠪᠦᠲᠦᠮᠵᠢᠲᠡᠶ ᠦᠨᠳᠦᠰᠦᠨ ᠱᠠᠲᠤᠨ ᠤ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠠᠪᠲᠠᠭᠠᠶᠢᠷᠠᠭᠰᠠᠨ ᠪᠠ ᠲᠤᠤᠷᠴᠢᠯᠠᠭᠰᠠᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠣᠷᠣᠨ ᠲᠤᠭ᠎ᠠ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠬᠡᠯᠪᠠᠶᠢᠯᠭᠡᠬᠦ ᠶᠢ | ᠠᠬᠢᠭᠤᠯᠵᠤ᠂ ᠵᠠᠰᠠᠭ ᠵᠠᠬᠢᠷᠭᠠᠨ ᠪᠠ ᠠᠵᠢᠯ ᠦᠢᠯᠡᠰ ᠤᠨ ᠣᠷᠣᠨ ᠲᠤᠭ᠎ᠠ ᠶᠢ ᠳᠡᠭᠡᠷ᠎ᠡ ᠠᠴᠠ ᠳᠣᠷᠣᠭᠰᠢ ᠳᠡᠰ | ᠳᠠᠪᠬᠤᠷᠭ᠎ᠠ ᠠᠯᠤᠰᠯᠠᠨ ᠲᠣᠬᠢᠷᠠᠭᠤᠯᠤᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ | ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠥᠨᠳᠥᠷ ᠪᠦᠲᠦᠮᠵᠢᠲᠡᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠤᠨ᠎ᠠ᠃ 2022 ᠣᠨ ᠤ ᠳᠡᠭᠡᠷ᠎ᠡ ᠬᠠᠭᠠᠰ ᠵᠢᠯ ᠳᠤ ᠲᠥᠷᠥ ᠶᠢᠨ | ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠡᠷᠢᠨ ᠲᠡᠩᠰᠡ ᠶᠢ ᠨᠠᠶᠢᠷᠠᠭᠤᠯᠤᠨ | ᠵᠣᠬᠢᠶᠠᠵᠤ᠂ ᠢᠯᠡ ᠪᠣᠯᠭᠠᠬᠤ᠂ ᠬᠥᠳᠡᠯᠦᠩᠭᠦᠶ ᠪᠠᠷ ᠲᠣᠬᠢᠷᠠᠭᠤᠯᠬᠤ᠂ ᠰᠢᠯᠭᠠᠨ ᠬᠢᠨᠠᠵᠤ ᠦᠨᠡᠯᠡᠨ ᠵᠢᠱᠢᠬᠦ᠂ | ᠵᠣᠯᠭᠠᠯᠴᠠᠭᠤᠯᠤᠨ ᠵᠢᠷᠤᠮᠵᠢᠭᠤᠯᠬᠤ ᠵᠡᠷᠭᠡ ᠢᠵᠢ ᠪᠦᠷᠢᠳᠦᠭᠦᠯᠬᠦ ᠲᠣᠭᠲᠠᠴᠠ ᠪᠠ ᠠᠷᠭ᠎ᠠ ᠶᠢ ᠪᠠᠶᠢᠭᠤᠯᠤᠨ᠎ᠠ᠃ | ᠣᠷᠣᠨ ᠨᠤᠲᠤᠭ ᠤᠨᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ | ᠨᠠᠷᠢᠨ ᠲᠠᠩᠰᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠪᠠᠷᠢᠮᠵᠢᠶᠠᠵᠢᠬᠰᠠᠨ ᠪᠠᠶᠢᠭᠤᠯᠤᠯᠲᠠ ᠶᠢ ᠴᠢᠩᠭᠠᠳᠬᠠᠨ᠂ | ᠠᠳᠠᠯᠢ ᠨᠢᠭᠡᠨ ᠵᠦᠢᠯᠡᠰ ᠢ ᠵᠢᠷᠤᠮᠵᠢᠭᠤᠯᠤᠨ ᠨᠢᠭᠡᠳᠬᠡᠬᠦ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠴᠢᠩᠭ᠎ᠠ ᠬᠡᠷᠡᠭᠵᠢᠭᠦᠯᠵᠦ᠂ ︽ᠴᠠᠭᠠᠵᠠᠯᠠᠭᠰᠠᠨ ᠥᠬᠡᠶ ᠪᠣᠯ | ᠣᠷᠣᠭᠤᠯᠬᠤ︾ ᠶᠢ ᠨᠡᠶᠢᠳᠡᠮ ᠨᠠᠶᠢᠳᠠᠪᠤᠷᠢᠵᠢᠭᠤᠯᠤᠨ᠎ᠠ᠃ | ︵ᠲᠠᠪᠤ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠳᠡᠰ ᠲᠥᠷᠥᠯ ᠬᠤᠪᠢᠶᠠᠨ | ᠠᠬᠢᠭᠤᠯᠤᠨ᠎ᠠ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠵᠡᠷᠭᠡ ᠠᠷᠭ᠎ᠠ ᠵᠠᠮ ᠳᠤ ᠲᠦᠰᠢᠭᠯᠡᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠢ ︽ᠳᠠᠷᠦ᠋ᠢᠬᠠᠨ | ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ᠂ ᠨᠢᠭᠡ ᠯᠡ | ᠤᠳᠠᠭ᠎ᠠ ᠳᠤ ᠭᠦᠢᠴᠡᠳᠭᠡᠬᠦ᠂ ᠥᠪᠡᠰᠦᠪᠡᠨ ᠭᠦᠢᠴᠡᠳᠭᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠳᠠᠩᠰᠠᠯᠠᠬᠤ᠂ ᠲᠡᠮᠳᠡᠭᠯᠡᠬᠦ᠂ ᠵᠠᠰᠠᠭ ᠵᠠᠬᠢᠷᠭᠠᠨ ᠢᠶᠠᠷ ᠨᠤᠲᠠᠯᠠᠬᠤ᠂ ᠰᠠᠨᠠᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠡᠯᠪᠡᠷᠢ ᠶᠢ ᠨᠢ ᠬᠤᠪᠢᠷᠠᠭᠤᠯᠤᠨ ᠳᠣᠭᠢᠷᠠᠭᠤᠯᠬᠤ ᠶᠢ ᠡᠷᠡᠰ | ᠰᠡᠷᠭᠡᠶᠢᠯᠡᠨ ᠬᠤᠷᠢᠬᠯᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠢ | ᠬᠡᠷᠡᠭᠵᠢᠭᠦᠯᠦᠨ᠎ᠡ᠃ ᠡᠯ᠎ᠡ ᠲᠥᠷᠥᠯ ᠤᠨ ᠬᠢᠷᠢ ᠬᠡᠮ ᠤᠨ ᠵᠥᠪᠰᠢᠶᠡᠷᠡᠯ ᠤᠨ ᠵᠦᠢᠯᠡᠰ ᠢ ᠶᠡᠭᠡ ᠪᠠᠷ ᠨᠡᠶᠢᠯᠡᠭᠦᠯᠦᠨ | ᠪᠠᠭᠠᠰᠬᠠᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠪᠠᠭᠤᠷᠠᠭᠤᠯᠤᠨ᠎ᠠ᠃ ︽ᠭᠡᠷᠡᠴᠢ ᠦᠨᠡᠮᠯᠡᠯ ᠢ ᠰᠠᠯᠭᠠᠬᠤ︾ | ᠥᠭᠡᠷᠡᠴᠢᠯᠡᠯᠲᠡ ᠶᠢ ᠪᠦᠬᠦᠨ ᠢ ᠪᠦᠷᠬᠦᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠤᠨ | ᠡᠵᠡᠩᠨᠡᠯᠲᠡ ᠳᠤ ᠬᠤᠯᠪᠣᠭᠳᠠᠬᠤ ᠨᠠᠩ ᠣᠯᠠᠨ ᠵᠥᠪᠰᠢᠶᠡᠷᠡᠯ ᠤᠨ ᠵᠦᠢᠯᠡᠰ ᠢ ᠥᠭᠡᠷᠡᠴᠢᠯᠡᠯᠲᠡ ᠳᠤ | ᠣᠷᠣᠭᠤᠯᠤᠨ᠎ᠠ᠃ ︽ᠨᠢᠭᠡ ᠦᠢᠯᠡᠰ ᠲᠤ ᠨᠢᠭᠡ ᠦᠨᠡᠮᠯᠡᠯ ᠲᠠᠢ ᠪᠠᠶᠢᠯᠭᠠᠬᠤ︾ ᠥᠭᠡᠷᠡᠴᠢᠯᠡᠯᠲᠡ ᠶᠢ ᠢᠳᠡᠪᠬᠢᠲᠡᠶ ᠪᠠᠷ | ᠠᠬᠢᠭᠤᠯᠵᠤ᠂ ︽ᠨᠢᠭᠡ ᠦᠨᠡᠮᠯᠡᠯ ᠢᠶᠠᠷ ᠡᠵᠡᠩᠨᠡᠬᠦ ᠶᠢ ᠵᠥᠪᠰᠢᠶᠡᠷᠡᠬᠦ︾᠂ ᠭᠠᠵᠠᠷ ᠣᠷᠣᠨ ᠠᠯᠤᠰᠯᠠᠨ ᠬᠠᠷᠢᠯᠴᠠᠨ | ᠮᠡᠳᠡᠷᠡᠵᠦ ᠨᠡᠶᠢᠳᠡᠮ ᠬᠡᠷᠡᠭᠯᠡᠬᠦ ᠶᠢ ᠰᠦᠪᠡᠭᠴᠢᠯᠡᠨ ᠪᠡᠶᠡᠯᠡᠭᠦᠯᠦᠨ᠎ᠡ᠃ ᠪᠡᠯᠡ ᠣᠷᠣᠭᠤᠯᠤᠯᠲᠠ ᠶᠢᠨ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠬᠦᠷᠢᠶᠡᠨ ᠳᠠᠬᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ | ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠲᠤᠬᠢᠷᠠᠭᠤᠯᠬᠤ ᠭᠡᠷᠡᠴᠢᠯᠡᠬᠦ ᠵᠦᠢᠯᠡᠰ ᠲᠤ ᠡᠷᠬᠡᠪᠰᠢ | ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠦᠨᠳᠦᠰᠦᠯᠡᠯ | ᠪᠠᠶᠢᠬᠤ ᠬᠡᠷᠡᠭᠲᠡᠶ᠃ | ᠵᠠᠰᠠᠭ ᠤᠨ ᠣᠷᠳᠣᠨ ᠤ ᠬᠠᠮᠢᠶᠠᠷᠤᠯᠲᠠ ᠶᠢ ᠬᠠᠤᠯᠢ ᠶᠣᠰᠣᠭᠠᠷ ᠶᠠᠪᠤᠭᠳᠠᠭᠤᠯᠬᠤ ᠶᠢ ᠠᠬᠢᠭᠤᠯᠵᠤ᠂ ᠨᠡᠩ | ᠤᠯᠠᠨ ᠵᠠᠰᠠᠭ ᠵᠠᠬᠢᠷᠭᠠᠨ ᠤ ᠡᠬᠢ ᠪᠠᠶᠠᠯᠢᠭ ᠢ ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠳᠡᠭᠡᠷ᠎ᠡ ᠰᠢᠯᠵᠢᠭᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠪᠠᠷ ᠦᠨᠳᠦᠰᠦᠨ ᠠᠷᠭ᠎ᠠ | ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠬᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ | ᠬᠢᠨᠠᠯᠲᠠ ᠬᠠᠮᠢᠶᠠᠷᠤᠯᠲᠠ ᠶᠢ ᠠᠬᠢᠭᠤᠯᠤᠨ᠂ ᠰᠢᠨ᠎ᠡ ᠶᠢ ᠡᠭᠦᠳᠦᠨ ᠪᠦᠲᠦᠭᠡᠬᠦ ᠯᠦᠭᠡ ᠬᠠᠷᠢᠯᠴᠠᠨ ᠵᠣᠬᠢᠴᠠᠭᠰᠠᠨ | ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ | ᠠᠳᠠᠯᠢ ᠪᠤᠰᠤ ᠬᠦᠷᠢᠶ᠎ᠡ ᠴᠠᠷᠠᠭ᠎ᠠ ᠶᠢᠨ ᠣᠨᠴᠠᠯᠢᠭ ᠪᠠ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠬᠢᠨᠠᠯᠲᠠ | ᠬᠠᠮᠢᠶᠠᠷᠤᠯᠲᠠ ᠶᠢᠨ ᠠᠭᠤᠯᠭ᠎ᠠ᠂ ᠠᠷᠭ᠎ᠠ ᠮᠠᠶ᠋ᠢᠭ ᠪᠠ ᠤᠳᠠᠭ᠎ᠠ ᠳᠠᠷᠠᠭ᠎ᠠ ᠶᠢ ᠲᠣᠭᠲᠠᠭᠠᠵᠤ᠂ ᠬᠢᠨᠠᠯᠲᠠ | ᠬᠠᠮᠢᠶᠠᠷᠤᠯᠲᠠ ᠶᠢᠨ ᠣᠨᠣᠴᠠᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠬᠦᠷᠢᠶ᠎ᠡ ᠴᠠᠷᠠᠭ᠎ᠠ ᠬᠤᠪᠢᠶᠠᠨ ᠪᠦᠬᠦ | ᠤᠯᠤᠰ ᠤᠨ ᠨᠢᠭᠡᠳᠦᠯᠲᠡᠶ᠂ ᠳᠥᠭᠦᠮ ᠳᠥᠲᠡ ᠬᠡᠷᠡᠭᠵᠢᠭᠦᠯᠬᠦ ᠳᠤ ᠬᠢᠯᠪᠠᠷ ᠬᠢᠨᠠᠯᠲᠠ ᠬᠠᠮᠢᠶᠠᠷᠤᠯᠲᠠ ᠶᠢᠨ ᠳᠦᠷᠢᠮ ᠪᠠ | ᠪᠠᠷᠢᠮᠵᠢᠶ᠎ᠠ ᠶᠢ ᠲᠣᠭᠲᠠᠭᠠᠵᠤ᠂ ᠪᠠᠷᠢᠮᠵᠢᠶ᠎ᠠ ᠶᠢ ᠢᠯᠡ ᠪᠣᠯᠭᠠᠬᠤ᠂ ᠳᠦᠷᠢᠮ ᠢ ᠲᠥᠪ ᠭᠤᠣᠯᠴᠢ ᠪᠠᠶᠢᠯᠭᠠᠬᠤ᠂ | ᠵᠢᠱᠢᠯᠲᠡ ᠶᠢ ᠵᠦᠢ ᠵᠣᠬᠢᠰᠲᠠᠶ ᠪᠠᠶᠢᠯᠭᠠᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠪᠡᠶᠡᠯᠡᠭᠦᠯᠦᠨ᠎ᠡ᠃ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠩᠬ᠎ᠠ ᠠᠰᠠᠭᠤᠭᠰᠠᠳ ᠲᠤ ᠬᠠᠷᠢᠭᠤᠴᠠᠬᠤ᠂ | ᠨᠢᠭᠡ ᠤᠳᠠᠭ᠎ᠠ ᠳᠤ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠥᠪᠡᠰᠦᠪᠡᠨ | ᠭᠦᠢᠴᠡᠳᠭᠡᠬᠦ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾ ᠶᠢ ᠲᠦᠷᠭᠡᠳᠬᠡᠨ ᠠᠬᠢᠭᠤᠯᠵᠤ᠂ 2021 ᠣᠨ ᠤ ᠵᠢᠯ ᠤᠨ ᠰᠡᠭᠦᠯᠴᠢ ᠠᠴᠠ | ᠡᠮᠦᠨ᠎ᠡ ᠥᠨᠳᠥᠷ ᠳᠠᠪᠲᠠᠮᠵᠢᠲᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠶᠡᠭᠡ ᠪᠠᠷ ᠬᠡᠷᠡᠭᠵᠢᠭᠦᠯᠵᠦ᠂ | ᠨᠠᠩ ᠣᠯᠠᠨ ᠢᠵᠢ ᠪᠦᠷᠢᠳᠦᠭᠦᠯᠦᠭᠰᠡᠨ ᠬᠡᠯᠪᠡᠷᠢ ᠶᠢᠨ᠂ ᠭᠤᠤᠯ ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ | ᠬᠠᠩᠭᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠥᠬᠦ | ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠤᠨ ︽ᠨᠢᠭᠡ | ᠥᠷᠲᠡᠭᠡᠴᠢᠯᠡᠭᠰᠡᠨ ᠮᠠᠶ᠋ᠢᠭ︾ ᠤᠨ ᠴᠢᠳᠠᠮᠵᠢ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ ᠳᠡᠭᠡᠭᠰᠢᠯᠡᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠬᠤᠲᠠ ᠳᠤ ᠨᠡᠶᠢᠳᠡᠮ ᠭᠦᠢᠴᠡᠳᠭᠡᠬᠦ᠂ ᠣᠶᠢᠷ᠎ᠠ | ᠬᠠᠪᠢ ᠳᠤᠨᠢ ᠭᠦᠢᠴᠡᠳᠭᠡᠵᠦ ᠳᠡᠶᠢᠯᠬᠦ᠂ ᠤᠨᠳᠤᠤ ᠭᠠᠵᠠᠷ ᠲᠤ ᠭᠦᠢᠴᠡᠳᠭᠡᠵᠦ ᠪᠣᠯᠬᠤ ᠶᠢ ᠪᠥᠬᠦ ᠲᠠᠯ᠎ᠠ ᠪᠠᠷ | ᠪᠡᠶᠡᠯᠡᠭᠦᠯᠦᠨ᠎ᠡ᠃ ᠤᠯᠠᠮᠵᠢᠯᠠᠯᠲᠤ ᠦᠢᠯᠡᠴᠢᠯᠡᠭᠡ ᠬᠢᠭᠡᠳ ᠣᠶᠤᠨᠴᠢ ᠪᠠᠷ ᠰᠢᠨ᠎ᠡ ᠶᠢ ᠡᠭᠦᠳᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠨᠠᠰᠤᠲᠠᠶᠢᠴᠤᠳ ᠤᠨ ᠦᠨᠳᠦᠰᠦᠨ ᠦᠢᠯᠡᠴᠢᠯᠡᠭᠡᠨ ᠤ ᠬᠡᠷᠡᠭᠴᠡᠭᠡ ᠶᠢ ᠭᠦᠢᠴᠡᠳ | ᠪᠠᠲᠤᠯᠠᠨ᠎ᠠ᠃ | ︵ᠵᠢᠷᠭᠤᠭ᠎ᠠ︶ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠥᠭᠡᠳ ᠲᠥᠪ | ᠭᠤᠣᠯᠴᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠪᠤᠢ ᠪᠣᠯᠭᠠᠨ᠎ᠠ᠃ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ | ᠭᠦᠨᠵᠡᠭᠡᠶ ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠭᠰᠡᠨ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ ᠴᠠᠭ ᠲᠤᠬᠠᠶ ᠳᠤᠨᠢ | ᠳ᠋ᠦᠩᠨᠡᠵᠦ᠂ ᠲᠣᠬᠢᠷᠠᠮᠵᠢᠲᠠᠶ ᠴᠠᠭ ᠲᠤ ᠬᠠᠤᠯᠢ ᠴᠠᠭᠠᠵᠠ ᠬᠠᠤᠯᠢ ᠲᠦᠷᠢᠮ ᠪᠣᠯᠭᠠᠨ ᠳᠡᠭᠡᠭᠰᠢᠯᠡᠭᠦᠯᠤᠨ᠎ᠠ᠃ ᠡᠯ᠎ᠡ | ᠵᠦᠢᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠪᠡᠶ᠎ᠡ ᠪᠠᠨ ᠳᠠᠭᠠᠭᠠᠵᠤ ᠡᠵᠡᠩᠨᠡᠬᠦ | ᠡᠷᠬᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ | ᠬᠡᠷᠡᠭᠯᠡᠨ ᠥᠷᠢᠰᠥᠯᠳᠦᠭᠡᠨ ᠤ ᠠᠵᠢᠯᠯᠠᠭ᠎ᠠ ᠶᠢ ᠭᠠᠳᠠᠭᠤᠷᠴᠢᠯᠠᠵᠤ ᠬᠢᠵᠠᠭᠠᠷᠯᠠᠬᠤ ᠶᠢ ᠦᠨᠡᠨ ᠬᠦ ᠰᠡᠷᠭᠡᠶᠢᠯᠡᠨ᠎ᠡ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ | ᠬᠠᠷᠠᠭᠠᠯᠵᠠᠯ ᠳᠡᠭᠡᠷ᠎ᠡ ᠨᠠᠵᠠᠭᠠᠢ ᠲᠠᠯ᠎ᠠ ᠶᠢᠨ ᠨᠠᠷᠢᠨ ᠲᠡᠩᠰᠡ ᠶᠢ ᠨᠡᠮᠡᠬᠦ ᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠵᠦ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢ ᠶᠢᠨ | ᠨᠡᠭᠡᠭᠡᠯᠲᠡ ᠶᠢ ᠠᠬᠢᠭᠤᠯᠤᠨ᠎ᠠ᠃ ᠵᠠᠰᠠᠭ ᠤᠨ ᠤᠷᠳᠤᠨ ᠠᠵᠤ ᠠᠬᠤᠶᠢᠯᠠᠯ ᠯᠤᠭ᠎ᠠ ᠨᠡᠪᠲᠡᠷᠡᠯᠴᠡᠬᠦ ᠶᠢ ᠴᠢᠩᠭᠠᠳᠬᠠᠨ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠠᠪᠤᠴᠠ ᠳᠤ ᠠᠵᠤ ᠠᠬᠤᠶᠢᠯᠠᠯ ᠪᠣᠯᠤᠨ ᠠᠵᠢᠯ | ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠭᠦᠢᠴᠡᠳ ᠰᠣᠨᠣᠰᠤᠨ᠎ᠠ᠃ ᠭᠠᠭᠴᠠᠭᠠᠷ | ᠡᠵᠡᠮᠰᠢᠯ ᠢ ᠡᠰᠡᠷᠭᠦᠴᠡᠬᠦ ᠪᠠ ᠲᠦᠪ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠨ ᠰᠠᠶᠢᠵᠢᠷᠠᠭᠤᠯᠤᠨ᠎ᠠ᠃ ᠳᠦᠪ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠤᠨ | ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠵᠠᠬ᠎ᠠ ᠳᠡᠯᠭᠡᠭᠦᠷ ᠪᠠ ᠲᠦᠪ ᠭᠤᠤᠯᠴᠢ ᠥᠷᠢᠰᠥᠯᠳᠦᠭᠡᠨ ᠢ ᠬᠠᠷᠰᠢᠯᠠᠬᠤ | ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠨᠢᠭᠡᠳᠦᠯᠲᠡᠶ ᠴᠠᠭ ᠲᠤᠬᠠᠶ ᠳᠤᠨᠢ ᠦᠭᠡᠶᠢᠰᠭᠡᠨ ᠬᠦᠴᠦᠨ ᠥᠬᠡᠶ | ᠪᠣᠯᠭᠠᠵᠤ᠂ ᠨᠢᠭᠡᠳᠦᠯᠲᠡᠶ ᠨᠡᠭᠡᠭᠡᠯᠲᠡ ᠬᠢᠭᠰᠡᠨ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠲᠦᠷᠢᠮ ᠨᠢ ᠪᠦᠷᠢᠨ | ᠪᠦᠳᠦᠨ᠂ ᠵᠠᠰᠠᠯᠲᠠ ᠨᠢ ᠪᠦᠷᠢᠨ ᠲᠡᠭᠦᠯᠳᠡᠷ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ | ᠪᠦᠷᠢᠯᠳᠦᠭᠦᠯᠬᠦ ᠶᠢ ᠠᠬᠢᠭᠤᠯᠤᠨ᠎ᠠ᠃ | ᠭᠤᠷᠪᠠ᠂ ᠬᠠᠤᠯᠢ ᠪᠠᠷ ᠵᠠᠰᠠᠬ ᠶᠠᠪᠤᠭᠤᠯᠬᠤ ᠲᠦᠷᠢᠮ ᠤᠨ ᠰᠢᠰᠲ᠋ᠧᠮ ᠢ ᠪᠦᠷᠢᠨᠰᠢᠬᠦᠯᠵᠦ᠂ ᠵᠠᠰᠠᠬ ᠤᠨ | ᠤᠷᠳᠤᠨ ᠤ ᠵᠠᠰᠠᠯᠳᠠ ᠶᠢᠨ ᠵᠢᠷᠤᠮᠵᠢᠬᠤ ᠲᠠᠷᠠᠭᠠᠯᠠᠯᠵᠢᠬᠤ ᠬᠠᠤᠯᠢᠵᠢᠬᠤ ᠶᠢ ᠲᠦᠷᠬᠡᠳᠬᠡᠨ ᠠᠬᠢᠭᠤᠯᠤᠨ᠎ᠠ | ᠰᠢᠨᠵᠢᠯᠡᠬᠦ ᠤᠬᠠᠭᠠᠴᠢ ᠪᠠᠷ ᠬᠠᠤᠯᠢ ᠲᠤᠭᠳᠠᠭᠠᠬᠤ᠂ ᠠᠷᠠᠳᠴᠢᠯᠡᠯ ᠢᠶᠠᠷ ᠬᠠᠤᠯᠢ ᠲᠤᠭᠳᠠᠭᠠᠬᠤ᠂ ᠬᠠᠤᠯᠢ ᠶᠤᠰᠤᠭᠠᠷ | ᠬᠠᠤᠯᠢ ᠲᠤᠭᠳᠠᠭᠠᠬᠤ ᠶᠢ ᠪᠠᠷᠢᠮᠳᠠᠯᠠᠵᠦ᠂ ᠵᠠᠰᠠᠬ ᠤᠨ ᠤᠷᠳᠤᠨ ᠤ ᠬᠠᠤᠯᠢ ᠲᠤᠭᠳᠠᠭᠠᠬᠤ ᠶᠠᠰᠤ ᠴᠢᠨᠠᠷ ᠪᠠ ᠦᠷ᠎ᠠ | ᠪᠦᠲᠦᠮᠵᠢ ᠶᠢ ᠵᠡᠷᠬᠡ ᠪᠠᠷ ᠴᠢᠬᠤᠯᠠᠴᠢᠯᠠᠨ ᠵᠡᠷᠬᠡ ᠪᠠᠷ ᠠᠬᠢᠭᠤᠯᠬᠤ ᠶᠢ ᠬᠦᠴᠦᠯᠡᠨ ᠪᠡᠶᠡᠯᠡᠬᠦᠯᠵᠦ᠂ ᠴᠢᠭᠯᠡᠬᠦᠯᠦᠯᠳᠤ | ᠴᠢᠨᠠᠷ᠂ ᠴᠠᠬᠴᠢ ᠴᠢᠨᠠᠷ᠂ ᠰᠢᠰᠲ᠋ᠧᠮᠴᠢ ᠴᠢᠨᠠᠷ᠂ ᠬᠡᠷᠡᠭᠵᠢᠬᠦᠯᠦᠯᠳᠤ ᠴᠢᠨᠠᠷ ᠢ ᠴᠢᠩᠭᠠᠳᠬᠠᠵᠤ᠂ ᠵᠠᠰᠠᠬ ᠤᠨ | ᠤᠷᠳᠤᠨ ᠤ ᠵᠠᠰᠠᠯᠳᠠ ᠶᠢᠨ ᠡᠯ᠎ᠠ ᠲᠠᠯ᠎ᠠ ᠶᠢᠨ ᠲᠦᠷᠢᠮ ᠢ ᠨᠡᠩ ᠪᠦᠷᠢᠨᠰᠢᠬᠦᠯᠵᠦ᠂ ᠨᠡᠩ ᠲᠡᠬᠦᠯᠳᠡᠷᠵᠢᠬᠦᠯᠦᠨ᠎ᠠ᠃ | ︵ᠲᠤᠯᠤᠭ᠎ᠠ︶ ᠴᠢᠬᠤᠯᠠ ᠬᠦᠷᠢᠶ᠎ᠡ ᠴᠠᠷᠠᠭᠠᠨ ᠤ ᠬᠠᠤᠯᠢ ᠲᠣᠭᠲᠠᠭᠠᠯᠲᠠ ᠶᠢ ᠴᠢᠩᠭᠠᠳᠬᠠᠨ᠎ᠠ᠃ ᠤᠯᠤᠰ ᠤᠨ | ᠠᠮᠤᠷ ᠲᠦᠪᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ᠂ ᠰᠣᠶᠣᠯ ᠰᠤᠷᠭᠠᠨ ᠬᠥᠮᠦᠵᠢᠯ᠂ ᠦᠨᠳᠦᠰᠦᠲᠡᠨ ᠱᠠᠰᠢᠨ ᠰᠤᠷᠲᠠᠬᠤᠨ᠂ ᠠᠮᠢᠳᠤ ᠪᠣᠳᠠᠰ ᠤᠨ | ᠠᠮᠤᠷ ᠲᠦᠪᠰᠢᠨ᠂ ᠠᠮᠢ ᠠᠬᠤᠢ ᠶᠢᠨ ᠪᠣᠯᠪᠠᠰᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠭᠠᠭᠴᠠᠭᠠᠷ ᠡᠵᠡᠮᠰᠢᠯ ᠢ | ᠡᠰᠡᠷᠭᠦᠴᠡᠬᠦ᠂ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠵᠡᠷᠭᠡ ᠴᠢᠬᠤᠯᠠ ᠬᠦᠷᠢᠶᠡᠨ ᠤ ᠬᠠᠤᠯᠢ ᠲᠣᠭᠲᠠᠭᠠᠯᠲᠠ ᠶᠢ | ᠢᠳᠡᠪᠬᠢᠲᠡᠢ ᠠᠬᠢᠭᠤᠯᠵᠤ᠂ ᠤᠯᠤᠰ ᠤᠨ ᠵᠠᠰᠠᠯᠲᠠ ᠳᠤ ᠪᠠᠴᠢᠮ ᠱᠠᠭᠠᠷᠳᠠᠭᠳᠠᠬᠤ ᠬᠠᠤᠯᠢ ᠴᠠᠭᠠᠵᠠ ᠶᠢᠨ ᠲᠦᠷᠢᠮ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠳᠤ ᠳᠤᠲᠠᠭᠳᠠᠵᠤ ᠪᠣᠯᠤᠰᠢ ᠦᠭᠡᠢ ᠬᠠᠤᠯᠢ ᠴᠠᠭᠠᠵᠠ ᠶᠢᠨ ᠲᠦᠷᠢᠮ ᠢ ᠪᠦᠷᠢᠨᠰᠢᠬᠦᠯᠤᠨ᠎ᠠ᠃ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ᠂ ᠭᠡᠨᠡᠳᠲᠡ ᠪᠠᠷ ᠡᠭᠦᠰᠦᠭᠰᠡᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠬᠠᠤᠯᠢ᠂ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠬᠢᠵᠢᠭ ᠢ | ᠪᠠᠶᠢᠴᠠᠭᠠᠬᠤ ᠬᠠᠤᠯᠢ ᠵᠡᠷᠭᠡ ᠬᠠᠤᠯᠢ ᠴᠠᠭᠠᠵᠠ ᠶᠢᠨ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠤᠨ᠎ᠠ᠃ | ᠲᠣᠭᠠᠴᠢᠯᠠᠭᠰᠠᠨ ᠠᠵᠤ ᠠᠬᠤᠢ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡ᠂ ᠤᠶᠤᠨᠴᠢ ᠴᠢᠳᠠᠪᠤᠷᠢ᠂ ᠲᠤᠮᠤ | ᠳ᠋ᠠᠶᠢᠲ᠋ᠠ᠂ ᠡᠭᠦᠯᠡᠨ ᠪᠤᠳᠤᠯᠳᠠ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠦᠷᠢᠮ ᠢ ᠴᠠᠭ ᠲᠤᠬᠠᠢ ᠳᠤᠨᠢ | ᠮᠥᠷᠳᠡᠨ ᠰᠤᠳᠤᠯᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠰᠠᠶᠢᠨ ᠬᠠᠤᠯᠢ ᠪᠠᠷ ᠰᠠᠶᠢᠲᠤᠷ ᠵᠠᠰᠠᠵᠤ᠂ | ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢᠶᠠᠷ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ | ᠬᠠᠮᠲᠤ ᠶᠢᠨ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠤᠮᠵᠢᠭᠤᠯᠬᠤ ᠬᠠᠤᠯᠢ ᠲᠣᠭᠲᠠᠭᠠᠯᠲᠠ ᠶᠢ | ᠴᠢᠩᠭᠠᠳᠬᠠᠵᠤ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠬᠠᠷᠢᠭᠤᠴᠠᠯᠭ᠎ᠠ ᠶᠢ ᠬᠠᠤᠯᠢ ᠪᠠᠷ | ᠲᠣᠭᠲᠠᠭᠠᠬᠤ ᠶᠢ ᠠᠬᠢᠭᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ᠂ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠤᠨ᠎ᠠ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ ᠳᠤ ᠵᠠᠰᠠᠪᠤᠷᠢ | ᠣᠷᠣᠭᠤᠯᠵᠤ᠂ ᠵᠠᠰᠠᠭ ᠵᠠᠬᠢᠷᠭᠠᠨ ᠤ ᠳᠡᠰ ᠳᠠᠷᠠᠭᠠᠯᠠᠯ ᠤᠨ ᠬᠠᠤᠯᠢ ᠴᠠᠭᠠᠵᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ | ᠵᠠᠰᠠᠭ ᠵᠠᠬᠢᠷᠭᠠᠨ ᠤ ᠳᠠᠩᠰᠠᠯᠠᠭᠤᠯᠬᠤ ᠳᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠳᠦᠷᠢᠮ ᠢ ᠰᠤᠳᠤᠯᠤᠨ ᠲᠣᠭᠲᠠᠭᠠᠨ᠎ᠠ᠃ | ︵ᠨᠠᠢᠮᠠ︶ ᠬᠠᠤᠯᠢ ᠲᠣᠭᠲᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ | ᠣᠷᠳᠣᠨ ᠤ ᠬᠠᠤᠯᠢ ᠲᠣᠭᠲᠠᠭᠠᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠲᠣᠭᠲᠠᠭᠠᠬᠤ ᠶᠢᠨ ᠬᠠᠮᠵᠢᠯᠴᠠᠬᠤ ᠴᠢᠨᠠᠷ ᠢ ᠴᠢᠩᠭᠠᠷᠠᠭᠤᠯᠵᠤ᠂ ᠬᠠᠷᠢᠯᠴᠠᠨ ᠬᠤᠯᠪᠣᠯᠳᠤᠭᠰᠠᠨ ᠢᠵᠢ ᠪᠦᠷᠢᠳᠦᠭᠰᠡᠨ | ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ | ᠦᠭᠡᠢ ᠪᠣᠯᠭᠠᠬᠤ ᠲᠠᠶᠢᠯᠪᠤᠷᠢᠯᠠᠬᠤ ᠠᠵᠢᠯ ᠢ ᠨᠢᠭᠡᠳᠦᠯᠲᠡᠢ ᠲᠥᠯᠥᠪᠯᠡᠨ ᠲᠤᠬᠢᠷᠠᠭᠤᠯᠤᠨ᠎ᠠ᠃ ᠦᠢᠯᠡᠳᠦᠯᠭᠡ ᠶᠢᠨ | ᠠᠰᠠᠭᠤᠳᠠᠯ ᠪᠠ ᠬᠠᠤᠯᠢ ᠲᠣᠭᠲᠠᠭᠠᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠲᠣᠭᠲᠠᠭᠠᠯᠲᠠ ᠶᠢᠨ ᠨᠠᠷᠢᠯᠢᠬᠵᠢᠬᠰᠠᠨ ᠤᠨᠤᠴᠠᠯᠠᠬᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ | ᠲᠣᠭᠲᠠᠭᠠᠬᠤ ᠨᠤᠲᠠᠯᠠᠯᠲᠠ ᠬᠢᠵᠦ ᠦᠨᠡᠯᠡᠨ ᠵᠢᠱᠢᠬᠦ ᠲᠦᠷᠢᠮ ᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ ᠠᠴᠠ | ᠡᠮᠦᠨ᠎ᠡ ᠦᠨᠡᠯᠡᠨ ᠵᠢᠱᠢᠬᠦ ᠡᠷᠴᠢᠮ ᠢ ᠴᠢᠩᠭᠠᠷᠠᠭᠤᠯᠵᠤ᠂ ᠬᠠᠤᠯᠢ ᠲᠣᠭᠲᠠᠭᠠᠬᠤ ᠵᠦᠢᠯᠡᠰ ᠤᠨ ᠴᠢᠬᠤᠯᠠ ᠴᠢᠨᠠᠷ᠂ | ᠪᠣᠯᠤᠮᠵᠢᠲᠤ ᠴᠢᠨᠠᠷ ᠲᠤ ᠬᠢᠨᠠᠮᠠᠭᠠᠢ ᠨᠤᠲᠠᠯᠠᠯᠲᠠ ᠬᠢᠵᠦ ᠦᠨᠡᠯᠡᠨ ᠵᠢᠱᠢᠨ᠎ᠡ᠃ ᠬᠠᠤᠯᠢ ᠲᠣᠭᠲᠠᠭᠠᠬᠤ ᠠᠶᠤᠯ | ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠦᠨᠡᠯᠡᠨ | ᠵᠢᠱᠢᠬᠦ ᠶᠢ ᠬᠠᠤᠯᠢ ᠲᠣᠭᠲᠠᠭᠠᠬᠤ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠬᠠᠤᠯᠢ ᠲᠣᠭᠲᠠᠭᠠᠬᠤ ᠬᠡᠯᠪᠡᠷᠢ ᠶᠢ | ᠪᠠᠶᠠᠯᠢᠭᠵᠢᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠨ᠎ᠠ᠃ ᠰᠢᠨ᠎ᠡ ᠵᠠᠭᠤᠴᠢᠯᠠᠭᠤᠷ ᠰᠢᠨ᠎ᠡ | ᠮᠡᠷᠭᠡᠵᠢᠯ ᠢ ᠢᠳᠡᠪᠬᠢᠲᠡᠢ ᠠᠰᠢᠬᠯᠠᠨ ᠬᠠᠤᠯᠢ ᠲᠣᠭᠲᠠᠭᠠᠯᠲᠠ ᠶᠢᠨ ᠤᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ | ᠥᠷᠭᠡᠳᠬᠡᠵᠦ᠂ ᠬᠠᠤᠯᠢ ᠲᠣᠭᠲᠠᠭᠠᠯᠲᠠ ᠶᠢᠨ ᠭᠡᠷᠡᠴᠢᠯᠡᠯᠳᠡ ᠰᠣᠨᠣᠰᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠤᠯᠢ ᠲᠣᠭᠲᠠᠭᠠᠯ ᠲᠦᠷᠢᠮ ᠲᠣᠭᠲᠠᠭᠠᠯ ᠢ ᠳᠠᠩᠰᠠᠯᠠᠬᠤ ᠲᠦᠷᠢᠮ ᠳᠤ | ᠵᠠᠰᠠᠪᠤᠷᠢ ᠣᠷᠣᠭᠤᠯᠵᠤ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠳᠡᠰ ᠳᠠᠪᠬᠤᠷᠭ᠎ᠠ ᠶᠢᠨ ᠬᠢᠨᠠᠯᠲᠠ ᠶᠢ | ᠠᠬᠢᠭᠤᠯᠵᠤ᠂ ᠮᠤᠵᠢ ᠶᠢᠨ ᠳᠡᠰ ᠤᠨ ᠵᠠᠰᠠᠭ ᠤᠨ ᠣᠷᠳᠣᠨ ᠤ ᠲᠠᠩᠰᠠᠯᠠᠵᠤ ᠬᠢᠨᠠᠨ ᠪᠠᠶᠢᠴᠠᠭᠠᠬᠤ ᠲᠤᠰᠢᠶᠠᠯ | ᠬᠠᠷᠢᠭᠤᠴᠠᠯᠭ᠎ᠠ ᠶᠢ ᠴᠢᠩᠭᠠᠳᠬᠠᠨ᠎ᠠ᠃ ᠣᠷᠣᠨ ᠪᠦᠰᠡ ᠶᠢᠨ ᠬᠠᠮᠵᠢᠯᠴᠠᠨ ᠬᠠᠤᠯᠢ ᠲᠣᠭᠲᠠᠭᠠᠬᠤ ᠶᠢ ᠠᠬᠢᠭᠤᠯᠵᠤ᠂ | ᠲᠥᠯᠥᠪᠯᠡᠭᠡ ᠶᠢᠨ ᠲᠤᠬᠢᠷᠠᠭᠤᠯᠤᠯᠲᠠ ᠶᠢ ᠵᠣᠯᠭᠠᠭᠤᠯᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ | ᠡᠳ᠋ᠯᠡᠬᠦ᠂ ᠬᠠᠮᠲᠤᠷᠠᠨ ᠪᠠᠶᠢᠴᠠᠭᠠᠨ ᠰᠤᠳᠤᠯᠵᠤ ᠨᠤᠲᠠᠯᠠᠬᠤ ᠵᠡᠷᠭᠡ ᠪᠠᠷ ᠲᠣᠭᠲᠠᠭᠠᠵᠤ ᠵᠠᠰᠠᠪᠤᠷᠢ ᠣᠷᠣᠭᠤᠯᠬᠤ ᠶᠢ | ᠴᠢᠩᠭᠠᠳᠬᠠᠨ᠎ᠠ᠃ | ︵ᠶᠢᠰᠦ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠡᠢ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠬᠢᠨᠠᠯᠲᠠ | ᠲᠠᠯᠪᠢᠨ ᠬᠠᠮᠢᠶᠠᠷᠬᠤ ᠪᠠᠨ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠬᠠᠤᠯᠢ ᠶᠣᠰᠣᠭᠠᠷ ᠲᠣᠭᠲᠠᠭᠠᠵᠤ᠂ ᠡᠷᠬᠡ ᠠᠴᠠ ᠪᠠᠨ ᠳᠠᠪᠠᠵᠤ ᠪᠢᠴᠢᠭ ᠮᠠᠲ᠋ᠧᠷᠢᠶᠠᠯ ᠶᠠᠪᠤᠭᠤᠯᠬᠤ ᠶᠢ ᠴᠢᠩᠭ᠎ᠠ | ᠴᠠᠭᠠᠵᠠᠯᠠᠵᠤ᠂ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠣᠭᠲᠠᠭᠠᠨ | ᠲᠠᠷᠬᠠᠭᠠᠬᠤ ᠳᠡᠰ ᠳᠠᠷᠠᠭᠠᠯᠠᠯ ᠢ ᠴᠢᠩᠳᠠᠯᠠᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠲᠣᠭᠲᠠᠭᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠯ᠎ᠠ ᠲᠠᠯ᠎ᠠ ᠠᠴᠠ | ᠵᠠᠰᠠᠭ ᠶᠠᠪᠤᠭᠤᠯᠬᠤ᠂ ᠲᠦᠷᠦ ᠶᠢᠨ ᠪᠤᠳᠤᠯᠭ᠎ᠠ ᠶᠢᠨ ᠦᠢᠯᠡᠳᠦᠯ ᠬᠠᠷᠢᠯᠴᠠᠨ ᠨᠦᠯᠦᠭᠡᠯᠡᠨ ᠦᠢᠯᠡᠳᠦᠯ ᠪᠠᠭᠤᠷᠠᠬᠤ ᠶᠢ | ᠰᠡᠷᠭᠡᠶᠢᠯᠡᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠥᠳᠡᠯᠦᠩᠭᠦᠶ ᠪᠠᠷ | ᠢᠯᠭᠠᠷᠠᠭᠤᠯᠬᠤ ᠠᠵᠢᠯ ᠤᠨ ᠲᠣᠭᠲᠠᠴᠠ ᠶᠢ ᠪᠥᠷᠢᠨᠰᠢᠬᠦᠯᠥᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠴᠤ ᠬᠢᠨᠠᠯᠲᠠ ᠲᠠᠯᠪᠢᠬᠤ ᠪᠠᠨ | ᠴᠢᠩᠭᠠᠳᠬᠠᠨ᠂ ᠬᠠᠮᠢᠶᠠᠷᠤᠯᠲᠠ ᠶᠢᠨ ᠳᠦᠷᠢᠮᠵᠢᠯᠲᠡ ᠵᠢᠷᠤᠮᠵᠢᠯᠲᠠ ᠶᠢ ᠲᠥᠯᠬᠢᠨ ᠠᠬᠢᠭᠤᠯᠤᠨ᠎ᠠ᠃ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠲᠠᠢ ᠬᠢᠨᠠᠨ | ᠬᠠᠷᠭᠤᠭᠤᠯᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠬᠤ ᠬᠡᠪᠴᠢᠶ᠎ᠡ ᠶᠢ | ᠲᠣᠳᠣᠷᠬᠠᠶᠢᠯᠠᠨ᠂ ᠬᠢᠨᠠᠨ ᠬᠠᠷᠭᠤᠭᠤᠯᠬᠤ ᠪᠠᠷᠢᠮᠵᠢᠶ᠎ᠠ ᠶᠢ ᠨᠢᠭᠡᠳᠬᠡᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠲᠠᠩᠰᠠᠯᠠᠵᠦ ᠬᠢᠨᠠᠨ ᠪᠠᠶᠢᠴᠠᠭᠠᠬᠤ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠳᠥᠷᠪᠡ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠤᠨ ᠰᠢᠰᠲ᠋ᠧᠮ ᠢ | ᠪᠦᠷᠢᠨᠰᠢᠬᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠣᠯᠠᠨ ᠨᠡᠶᠢᠲᠡ ᠶᠢᠨ ᠢᠲᠡᠭᠡᠭᠦᠯᠬᠦ ᠬᠦᠴᠦᠨ | ᠪᠠ ᠬᠡᠷᠡᠭᠵᠢᠭᠦᠯᠬᠦ ᠬᠦᠴᠦᠨ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠶᠢ | ᠬᠦᠴᠦᠯᠡᠨ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠢᠯᠡᠳᠲᠡ | ᠳᠡᠭᠡᠭᠰᠢᠯᠡᠭᠦᠯᠦᠨ᠂ ᠰᠢᠢᠳᠪᠦᠷᠢᠲᠦ ᠪᠣᠳᠣᠯᠭ᠎ᠠ ᠶᠢᠨ ᠠᠯᠳᠠᠭ᠎ᠠ ᠠᠴᠠ ᠪᠣᠯᠵᠣ ᠵᠥᠷᠢᠴᠡᠯ ᠵᠢᠭᠤᠷᠠᠯᠳᠤᠭᠠᠨ ᠡᠭᠦᠰᠭᠡᠬᠦ᠂ | ᠨᠡᠶᠢᠭᠡᠮ ᠤᠨ ᠠᠶᠤᠯ ᠲᠦᠭᠰᠢᠭᠦᠷᠢ ᠡᠭᠦᠰᠭᠡᠬᠦ᠂ ᠬᠦᠨᠳᠦ ᠶᠡᠭᠡ ᠬᠤᠬᠢᠷᠠᠯ ᠤᠴᠠᠷᠠᠭᠤᠯᠬᠤ ᠠᠴᠠ ᠦᠨᠡᠨ ᠬᠦ | ᠵᠠᠶᠢᠯᠠᠰᠬᠢᠨ᠎ᠡ᠃ | ︵ᠠᠷᠪᠠ︶ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢ | ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠠᠤᠯᠢ ᠶᠣᠰᠣᠭᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠤᠯᠢ ᠪᠠᠷ | ᠲᠤᠬᠳᠠᠭᠠᠬᠰᠠᠨ ᠡᠷᠭᠡ ᠶᠢᠨ ᠬᠡᠪᠴᠢᠶ᠎ᠡ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ | ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠶᠢᠨ ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ | ᠨᠡᠶᠢᠴᠡᠬᠦ ᠶᠢ ᠦᠨᠡᠨ ᠬᠦ ᠪᠠᠲᠤᠯᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠰᠠᠨᠠᠯ ᠢ ᠰᠣᠨᠣᠰᠴᠤ᠂ ᠬᠠᠤᠯᠢ ᠴᠠᠭᠠᠵᠠ ᠶᠢᠨ ᠵᠦᠪᠯᠡᠭᠴᠢ᠂ ᠠᠯᠪᠠᠨ ᠲᠤᠰᠢᠶᠠᠯ ᠤᠨ ᠬᠠᠤᠯᠢᠴᠢ | ᠪᠤᠶᠤ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠤ ᠰᠠᠨᠠᠯ ᠢ ᠠᠩᠬᠠᠷᠤᠨ ᠰᠣᠨᠣᠰᠬᠤ ᠬᠡᠷᠡᠭᠲᠡᠶ᠃ ᠰᠢᠢᠳᠪᠦᠷᠢᠲᠦ | ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷᠢᠮ ᠢ ᠵᠢᠷᠤᠮᠯᠠᠬᠤ ᠡᠰᠡᠬᠦ᠂ ᠬᠠᠤᠯᠢ ᠶᠣᠰᠣᠭᠠᠷ ᠰᠢᠢᠳᠪᠦᠷᠢᠲᠦ | ᠪᠤᠳᠤᠯᠭ᠎ᠠ ᠲᠣᠭᠲᠠᠭᠠᠬᠤ ᠶᠠᠪᠤᠳᠠᠯ ᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ | ᠳᠤᠭᠤᠶᠢᠯᠠᠩ ︵ᠨᠠᠮ ᠤᠨ ᠬᠤᠷᠢᠶ᠎ᠠ︶ ᠳᠤ ᠲᠣᠭᠤᠷᠢᠨ ᠪᠠᠶᠢᠴᠠᠭᠠᠯᠲᠠ ᠥᠷᠨᠢᠭᠦᠯᠬᠦ ᠪᠠ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠳᠤ ᠬᠢᠨᠠᠨ ᠰᠢᠯᠭᠠᠵᠤ ᠬᠢᠨᠠᠨ ᠪᠠᠶᠢᠴᠠᠭᠠᠬᠤ᠂ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠳᠠ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠤᠪᠢ ᠬᠥᠮᠦᠨ | ᠭᠠᠭᠴᠠᠭᠠᠷ ᠢᠶᠠᠨ ᠰᠢᠢᠳᠭᠡᠬᠦ ᠪᠠ ︽ᠭᠠᠭᠴᠠᠭᠠᠷ ᠢᠶᠠᠨ ᠲᠣᠯᠣᠭᠠᠶ ᠮᠡᠳᠡᠬᠦ︾ ᠶᠢ ᠰᠡᠷᠭᠡᠶᠢᠯᠡᠨ᠎ᠡ᠃ | ︵ᠠᠷᠪᠠᠨ ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠦᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠢᠷᠦᠮ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠳᠡ ᠶᠢᠨ ᠣᠷᠣᠯᠴᠠᠬᠤ | ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠲᠤᠰᠬᠠᠶ ᠮᠡᠷᠭᠡᠵᠢᠯᠲᠡᠨ ᠤ ᠨᠤᠲᠠᠯᠠᠬᠤ ᠶᠠᠰᠤ ᠴᠢᠨᠠᠷ ᠢ | ᠳᠡᠭᠡᠭᠰᠢᠯᠡᠭᠦᠯᠵᠦ᠂ ᠲᠦᠭᠰᠢᠭᠦᠷᠢ ᠶᠢ ᠦᠨᠡᠯᠡᠨ ᠵᠢᠱᠢᠬᠦ ᠴᠢᠳᠠᠮᠵᠢ ᠶᠢ ᠭᠦᠢᠴᠡᠳ ᠪᠠᠳᠠᠷᠠᠭᠤᠯᠤᠨ᠂ ᠪᠤᠶ ᠪᠦᠬᠦᠢ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠠᠭᠠᠨ ᠴᠥᠮ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠢᠷᠦᠮ ᠢ ᠴᠢᠩᠭ᠎ᠠ ᠭᠦᠢᠴᠡᠳᠬᠡᠬᠦ ᠶᠢ ᠦᠨᠡᠨ | ᠬᠦ ᠪᠠᠲᠤᠯᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ | ᠣᠨ ᠤ ᠭᠠᠷᠴᠠᠭ ᠢ ᠢᠯᠡ ᠨᠡᠶᠢᠳᠡᠯᠡᠬᠦ ᠲᠦᠷᠢᠮ ᠢ ᠬᠡᠷᠡᠭᠵᠢᠭᠦᠯᠤᠨ᠎ᠠ᠃ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ ᠴᠢᠬᠤᠯᠠ ᠲᠥᠯᠥᠪᠵᠢᠭᠦᠯᠭᠡ᠂ ᠴᠢᠬᠤᠯᠠ ᠶᠡᠭᠡ ᠣᠯᠠᠨ ᠨᠡᠶᠢᠲᠡ ᠶᠢᠨ | ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ᠂ ᠴᠢᠬᠤᠯᠠ ᠶᠡᠭᠡ ᠣᠯᠠᠨ ᠨᠡᠶᠢᠲᠡ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠳᠤ ᠭᠡᠷᠡᠴᠢᠯᠡᠭᠡ ᠰᠣᠨᠣᠰᠬᠤ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠨ | ᠤᠯᠠᠨ ᠲᠦᠮᠡᠨ ᠤ ᠣᠷᠣᠯᠴᠠᠬᠤ ᠡᠷᠴᠢᠮ ᠢ ᠴᠢᠩᠭᠠᠷᠠᠭᠤᠯᠵᠤ᠂ ᠲᠦᠭᠰᠢᠭᠦᠷᠢ ᠶᠢ ᠦᠨᠡᠯᠡᠨ ᠵᠢᠱᠢᠬᠦ ᠶᠢ ᠭᠦᠨᠵᠡᠭᠡᠶ | ᠥᠷᠨᠢᠭᠦᠯᠦᠨ᠂ ᠠᠰᠢᠭ ᠲᠤᠰᠠ ᠳᠤᠨᠢ ᠬᠤᠯᠪᠤᠭᠳᠠᠬᠤ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ | ᠰᠣᠨᠣᠰᠬᠤ ᠪᠠ ᠲᠤᠰᠬᠠᠬᠤ ᠬᠡᠷᠡᠭᠲᠡᠶ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠡᠮᠳᠡᠭᠯᠡᠬᠦ ᠪᠠ | ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ︵ᠠᠷᠪᠠᠨ ᠬᠤᠶᠠᠷ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠦᠨᠡᠯᠡᠨ | ᠵᠢᠱᠢᠬᠦ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠰᠢᠢᠳᠪᠦᠷᠢᠲᠦ ᠪᠣᠳᠣᠯᠭ᠎ᠠ ᠳᠠᠭᠠᠨ | ᠬᠡᠷᠡᠭᠵᠢᠭᠦᠯᠬᠦ ᠭᠤᠤᠯ ᠴᠣᠭᠴᠠ᠂ ᠬᠡᠷᠡᠭᠵᠢᠭᠦᠯᠬᠦ ᠴᠠᠭ ᠤᠨ ᠬᠢᠵᠠᠭᠠᠷ᠂ ᠬᠡᠷᠡᠭᠵᠢᠭᠦᠯᠦᠯᠳᠠ ᠶᠢᠨ ᠬᠠᠷᠢᠭᠤ ᠲᠤᠰᠬᠠᠯ | ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢ ᠮᠥᠷᠳᠡᠨ ᠬᠠᠷᠢᠭᠤ ᠲᠤᠰᠬᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠰᠢᠢᠳᠪᠦᠷᠢᠲᠦ | ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠬᠠᠤᠯᠢ ᠶᠣᠰᠣᠭᠠᠷ ᠠᠬᠢᠭᠤᠯᠵᠤ᠂ | ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠵᠠᠰᠠᠭ ᠵᠠᠬᠢᠷᠭᠠᠨ ᠤ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠤᠭᠳᠠᠭᠠᠭᠰᠠᠭᠠᠷ᠂ ᠬᠠᠤᠯᠢ ᠳᠤ ᠲᠣᠭᠲᠠᠭᠰᠠᠨ | ᠵᠢᠷᠦᠮ ᠢ ᠳᠠᠮᠵᠢᠬᠤ ᠦᠭᠡᠶ ᠪᠠᠷ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠵᠤ ᠪᠣᠯᠬᠤ | ᠦᠭᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠰᠤᠨ ᠲᠤᠷᠰᠢᠳᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ | ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠬᠠᠤᠯᠢ ᠶᠢ | ᠴᠢᠩᠭ᠎ᠠ ᠳᠦᠷᠢᠮᠵᠢᠭᠦᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ | ᠠᠷᠠᠳ ᠣᠯᠠᠨ ᠤ ᠬᠠᠨᠤᠮᠵᠢᠳᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠪᠰᠢᠨ ᠢ ᠨᠡᠶᠢᠳᠡᠮ ᠳᠡᠭᠡᠭᠰᠢᠯᠡᠭᠦᠯᠬᠦ ᠶᠢ ᠬᠦᠴᠦᠯᠡᠨ ᠪᠡᠶᠡᠯᠡᠭᠦᠯᠵᠦ᠂ | ᠠᠷᠠᠳ ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠤᠯᠭᠠᠨ ᠠᠴᠠ ᠲᠥᠪ ᠴᠢᠬᠡᠴᠢ ᠤᠪᠤᠷ ᠰᠤᠷᠲᠠᠯ ᠢ | ᠮᠡᠳᠡᠷᠡᠬᠦᠯᠬᠦ᠂ ᠬᠠᠤᠯᠢ ᠬᠡᠷᠡᠭᠵᠢᠭᠦᠯᠬᠦ ᠲᠣᠭᠲᠠᠭᠠᠯ ᠪᠤᠯᠭᠠᠨ ᠠᠴᠠ ᠲᠥᠪ ᠭᠤᠤᠯᠴᠢ ᠰᠢᠳᠤᠷᠭᠤ ᠶᠣᠰᠣ ᠶᠢ | ᠮᠡᠳᠡᠷᠡᠭᠦᠯᠬᠦ ᠪᠠᠷ ᠴᠢᠷᠮᠠᠶᠢᠨ᠎ᠠ᠃ | ︵ᠠᠷᠪᠠᠨ ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠢ᠂ ᠤᠷᠤᠭᠰᠢᠲᠠᠢ ᠶᠠᠪᠤᠭᠳᠠᠬᠤ᠂ ᠪᠠᠲᠤᠯᠠᠭ᠎ᠠ ᠡᠷᠴᠢᠮᠳᠠᠢ᠂ | ᠠᠷᠢᠭᠤᠨ ᠴᠢᠬᠡᠴᠢ ᠪᠦᠭᠡᠳ ᠥᠨᠳᠥᠷ ᠪᠦᠲᠦᠮᠵᠢᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠭᠦᠢᠴᠡᠳᠬᠡᠬᠦ ᠬᠦᠴᠦᠨ ᠪᠠ ᠢᠲᠡᠭᠡᠭᠦᠯᠬᠦ | ᠬᠦᠴᠦᠨ ᠢ ᠶᠡᠭᠡ ᠪᠠᠷ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠤᠵᠢ ︵ᠥᠪᠡᠷᠲᠡᠭᠡᠨ ᠵᠠᠰᠠᠬᠤ | ᠣᠷᠣᠨ︶ ᠳᠤ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠪᠠᠶᠢᠭᠤᠯᠬᠤ ᠦᠭᠡᠶ᠂ | ᠲᠣᠭᠤᠷᠢᠭ ᠪᠠᠶᠢᠭᠤᠯᠤᠭᠰᠠᠨ ᠬᠤᠲᠠ ᠬᠢᠭᠡᠳ ᠬᠤᠲᠠ ᠶᠢᠨ ᠬᠠᠷᠢᠶ᠎ᠠ ᠲᠣᠭᠤᠷᠢᠭ ᠲᠤ ᠵᠠᠷᠴᠢᠮ ᠳᠡᠭᠡᠷ᠎ᠡ ᠪᠠᠨ ᠵᠥᠪᠬᠡᠨ | ᠨᠢᠭᠡ ᠯᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠱᠠᠲᠤ ᠳᠠᠪᠬᠤᠷᠭ᠎ᠠ ᠪᠠᠶᠢᠭᠤᠯᠬᠤ ᠶᠢ ᠪᠠᠷᠢᠮᠲᠠᠯᠠᠵᠤ᠂ ᠰᠢᠶᠠᠨ ︵ | ᠬᠤᠲᠠ᠂ ᠲᠣᠭᠤᠷᠢᠭ᠂ ᠬᠤᠰᠢᠭᠤ︶ ᠳᠤ ᠡᠩ ᠤᠨ ᠪᠠᠶᠢᠳᠠᠯ ᠲᠤᠤᠷ᠎ᠠ ︽ᠲᠣᠪᠴᠢᠶ᠎ᠠ ᠠᠩᠭᠢ ᠶᠢ ᠨᠡᠶᠢᠳᠭᠡᠭᠰᠡᠨ︾ | ᠪᠠᠶᠢᠭᠤᠯᠤᠮᠵᠢ ᠶᠢ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ︽ᠨᠢᠭᠡ ᠡᠩᠨᠡᠭᠡ ᠪᠠᠷ | ᠬᠠᠤᠯᠢ ᠬᠡᠷᠡᠭᠵᠢᠭᠦᠯᠬᠦ ᠶᠢ ᠬᠠᠮᠢᠶᠠᠷᠬᠤ︾ ᠥᠭᠡᠷᠡᠴᠢᠯᠡᠯᠲᠡ ᠶᠢᠨ ᠵᠠᠷᠴᠢᠮ ᠪᠣᠯᠤᠨ ᠱᠠᠭᠠᠷᠳᠠᠯᠭ᠎ᠠ ᠶᠢ ᠠᠯᠬᠤᠮ | ᠠᠯᠬᠤᠮ ᠢᠶᠠᠷ ᠪᠡᠶᠡᠯᠡᠭᠦᠯᠤᠨ᠎ᠠ᠃ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ | ᠬᠠᠮᠵᠢᠯᠴᠠᠨ ᠬᠠᠤᠯᠢ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ ᠵᠢᠯᠤᠭᠤᠳᠬᠤ ᠪᠠ ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ᠂ ᠵᠠᠰᠠᠭ ᠵᠠᠬᠢᠷᠭᠠᠨ ᠤ ᠰᠢᠢᠳᠬᠡᠨ | ᠲᠣᠷᠭᠠᠬᠤ ᠡᠷᠬᠡ ᠶᠢᠨ ᠥᠭᠡᠷᠡᠴᠢᠯᠡᠯᠲᠡ ᠶᠢᠨ ᠳᠤᠮᠳᠠ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠰᠢᠢᠳᠬᠡᠨ | ᠲᠣᠷᠭᠠᠬᠤ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠠᠷᠢᠯᠴᠠᠨ ᠰᠠᠯᠤᠩᠭᠢᠷᠠᠬᠤ ᠠᠴᠠ ᠰᠡᠷᠭᠡᠶᠢᠯᠡᠨ᠎ᠠ᠃ | ᠦᠨᠳᠦᠰᠦᠨ ᠱᠠᠲᠤᠨ ᠤ ᠬᠠᠮᠢᠶᠠᠷᠤᠯᠲᠠ ᠳᠤ ᠲᠤᠯᠭᠠᠮ ᠱᠠᠭᠠᠷᠳᠠᠭᠳᠠᠵᠤ ᠪᠠᠶᠢᠭ᠎ᠠ ᠪᠥᠭᠡᠳ ᠪᠦᠲᠦᠮᠵᠢᠲᠡᠶ | ᠵᠠᠯᠭᠠᠮᠵᠢᠯᠠᠵᠤ ᠪᠣᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠦᠨᠳᠦᠰᠦᠨ ᠱᠠᠲᠤᠨ ᠳᠤ | ᠯᠠᠪᠳᠠᠭᠤᠨ ᠢᠶᠠᠷ ᠪᠠᠭᠤᠯᠭᠠᠵᠤ᠂ ᠬᠠᠤᠯᠢ ᠶᠣᠰᠣᠭᠠᠷ ᠳᠣᠷᠣᠭᠰᠢ ᠪᠠᠭᠤᠯᠭᠠᠬᠤ᠂ ᠲᠤᠷᠰᠢᠯᠲᠠ ᠶᠢᠨ ᠴᠡᠭ ᠲᠤ | ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠨ᠂ ᠡᠷᠬᠡ ᠨᠢ ᠠᠵᠢᠯ ᠶᠠᠪᠤᠳᠠᠯ ᠢ ᠳᠠᠭᠠᠬᠤ᠂ ᠣᠷᠣᠨ ᠲᠤᠭ᠎ᠠ ᠨᠢ ᠠᠵᠢᠯ | ᠶᠠᠪᠤᠳᠠᠯ ᠢ ᠳᠠᠭᠠᠬᠤ᠂ ᠵᠣᠭᠤᠰ ᠮᠦᠩᠬᠦ ᠨᠢ ᠠᠵᠢᠯ ᠶᠠᠪᠤᠳᠠᠯ ᠢ ᠳᠠᠭᠠᠬᠤ ᠶᠢ ᠪᠠᠷᠢᠮᠲᠠᠯᠠᠵᠤ᠂ ᠳᠣᠷᠣᠭᠰᠢ ᠪᠠᠭᠤᠯᠭᠠᠵᠤ | ᠳᠡᠶᠢᠯᠬᠦ᠂ ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ᠂ ᠬᠢᠨᠠᠯᠲᠠ ᠲᠠᠯᠪᠢᠵᠤ ᠲᠠᠶᠢᠯᠬᠦ ᠶᠢ ᠦᠨᠡᠨ | ᠬᠦ ᠪᠠᠲᠤᠯᠠᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠢᠭᠡᠳ ᠳᠡᠭᠡᠷ᠎ᠡ ᠨᠢᠭᠡ ᠱᠠᠲᠤᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠬᠦ ᠵᠢᠴᠢ | ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠤᠨ᠎ᠠ᠃ ᠬᠦᠷᠢᠶ᠎ᠡ ᠴᠠᠷᠠᠭ᠎ᠠ ᠪᠠ ᠰᠠᠯᠠᠭ᠎ᠠ | ᠮᠥᠴᠢᠷ ᠠᠯᠤᠰᠯᠠᠵᠤ ᠬᠠᠮᠲᠤᠷᠠᠨ ᠬᠠᠤᠯᠢ ᠬᠡᠷᠡᠭᠵᠢᠭᠦᠯᠬᠦ ᠶᠢ ᠶᠡᠭᠡ ᠪᠠᠷ ᠠᠬᠢᠭᠤᠯᠵᠤ᠂ ᠬᠠᠤᠯᠢ ᠠᠴᠠ ᠵᠥᠷᠢᠴᠡᠭᠰᠡᠨ | ᠰᠦᠪᠡᠭᠴᠢ ᠬᠠᠷᠢᠯᠴᠠᠨ ᠬᠤᠯᠪᠤᠯᠳᠤᠬᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠬᠠᠷᠢᠯᠴᠠᠨ ᠨᠡᠪᠲᠡᠷᠡᠭᠦ᠂ | ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ | ᠪᠠᠷᠢᠬᠤ ᠶᠢ ᠵᠣᠯᠭᠠᠭᠤᠯᠬᠤ︾ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠲᠠᠢ ᠪᠤᠯᠬᠤ᠂ ᠬᠡᠷᠡᠭ ᠢ ᠰᠢᠯᠵᠢᠭᠦᠯᠦᠨ ᠬᠦᠷᠭᠡᠬᠦ ᠪᠠᠷᠢᠮᠵᠢᠶ᠎ᠠ ᠪᠠ | ᠵᠢᠷᠤᠮ ᠢ ᠳᠦᠷᠢᠮᠵᠢᠭᠦᠯᠬᠦ ᠶᠢ ᠠᠬᠢᠭᠤᠯᠤᠨ᠎ᠠ᠃ ᠠᠳᠠᠯᠢ ᠪᠤᠰᠤ ᠱᠠᠲᠤ ᠳᠠᠪᠬᠤᠷᠭ᠎ᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠥᠬᠦᠭᠡᠷᠦᠮᠵᠢ ᠶᠢᠨ ᠲᠣᠬᠢᠷᠠᠭᠤᠯᠤᠯᠳᠠ ᠶᠢᠨ ᠪᠠᠷᠢᠮᠵᠢᠶ᠎ᠠ ᠶᠢ ᠱᠠᠯᠠᠪᠳᠠᠨ ᠲᠣᠭᠲᠠᠭᠠᠨ᠎ᠠ᠃ | ︵ᠠᠷᠪᠠᠨ ᠳᠥᠷᠪᠡ︶ ᠭᠤᠤᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠤᠨ᠎ᠠ᠃ ᠢᠳᠡᠭᠡᠨ ᠪᠠ ᠡᠮ ᠤᠨ ᠵᠦᠢᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ | ᠡᠬᠢ ᠪᠠᠶᠠᠯᠢᠭ᠂ ᠠᠮᠢ ᠠᠬᠤᠢ ᠣᠷᠴᠢᠨ ᠲᠤᠭᠤᠷᠢᠨ᠂ ᠠᠶᠤᠯᠭᠦᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ | ᠬᠤᠳᠠ ᠶᠢᠨ ᠬᠠᠮᠢᠶᠠᠷᠤᠯᠲᠠ᠂ ᠵᠠᠮ ᠲᠡᠭᠡᠭᠡᠪᠦᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠤᠷᠭᠠᠨ | ᠬᠥᠮᠦᠵᠢᠯ ᠤᠨ ᠪᠤᠯᠪᠠᠰᠤᠷᠠᠭᠤᠯᠤᠯ ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠤᠯᠠᠨ ᠲᠦᠮᠡᠨ ᠤ | ᠲᠤᠰᠬᠠᠯ ᠢᠶᠠᠷ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠷᠢᠶ᠎ᠡ ᠴᠠᠷᠠᠭ᠎ᠠ ᠬᠤᠪᠢᠶᠠᠨ ᠡᠮᠬᠢᠯᠡᠵᠦ᠂ | ᠲᠥᠪᠯᠡᠷᠡᠭᠦᠯᠵᠤ ᠪᠠᠶᠢᠭᠠᠳ ᠲᠤᠰᠬᠠᠢ ᠴᠡᠭᠴᠡᠯᠡᠨ ᠵᠠᠰᠠᠬᠤ ᠠᠵᠢᠯ ᠦᠷᠨᠢᠭᠦᠯᠦᠨ᠎ᠡ᠃ ᠳᠠᠯᠳᠠ ᠠᠶᠤᠯ | ᠲᠦᠭᠰᠢᠭᠦᠷᠢ ᠪᠠᠷ ᠶᠡᠭᠡ᠂ ᠬᠦᠨᠳᠦ ᠨᠣᠴᠢᠲᠠᠶ ᠮᠠᠭᠤ ᠦᠷ᠎ᠡ ᠳ᠋ᠦᠩ ᠭᠠᠷᠭᠠᠵᠤ ᠮᠡᠳᠡᠬᠦ ᠬᠦ᠋ᠷᠢᠶᠡᠨ ᠳᠤ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠴᠠᠭᠳᠠᠨ ᠪᠠᠶᠢᠴᠠᠭᠠᠯᠳᠠ ᠶᠢ ᠴᠢᠩᠭᠠᠳᠬᠠᠨ᠂ | ᠬᠠᠤᠯᠢ ᠠᠴᠠ ᠵᠥᠷᠢᠴᠡᠬᠦ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠠᠷᠢᠯᠭᠠᠨ᠎ᠠ᠃ | ᠬᠠᠤᠯᠢ ᠶᠢ ᠬᠦᠨᠳᠦ ᠨᠣᠴᠢᠲᠠᠢ ᠵᠥᠷᠢᠴᠡᠭᠰᠡᠳ ᠠᠴᠠ ᠵᠠᠯᠬᠠᠭᠠᠨ ᠰᠢᠢᠳᠬᠡᠬᠦ ᠴᠢᠨᠠᠷᠲᠠᠢ ᠲᠥᠯᠥᠪᠦᠷᠢ ᠠᠪᠬᠤ ᠪᠠ | ᠦᠯᠡᠮᠵᠢ ᠲᠣᠭᠠᠨ ᠤ ᠵᠣᠭᠤᠰ ᠢᠶᠠᠷ ᠲᠣᠷᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠦ᠋ᠷᠦᠯ ᠳᠤ | ᠤᠷᠤᠯᠴᠠᠬᠤ ᠶᠢ ᠨᠢ ᠨᠠᠰᠤᠨ ᠲᠤᠷᠰᠢᠳᠠ ᠴᠠᠭᠠᠵᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠳ ᠢ ᠤᠯᠪᠠᠰᠤ ᠵᠣᠬᠢᠬᠤ ᠦᠨ᠎ᠡ ᠲᠥᠯᠥᠪᠦᠷᠢ ᠭᠠᠷᠭᠠᠭᠤᠯᠬᠤ ᠬᠡᠷᠡᠭᠲᠡᠢ᠃ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ | ᠰᠢᠯᠤᠭᠤᠳᠬᠠᠨ᠂ ᠬᠠᠤᠯᠢ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠬᠦᠨᠳᠦ | ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠥᠮᠦᠰ ᠢ ᠬᠠᠤᠯᠢ | ᠶᠣᠰᠣᠭᠠᠷ ᠱᠠᠩᠨᠠᠬᠤ ᠪᠠ ᠰᠠᠶᠢᠳᠦᠷ ᠬᠠᠮᠠᠭᠠᠯᠠᠬᠤ ᠬᠡᠷᠡᠭᠲᠡᠶ᠃ | ︵ᠠᠷᠪᠠᠨ ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠵᠠᠷᠯᠠᠬᠤ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ | ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠳᠤ ᠬᠠᠤᠯᠢᠵᠢᠯ ᠢᠶᠠᠷ ᠬᠢᠨᠠᠨ ᠲᠠᠯᠪᠢᠬᠤ ᠲᠦᠷᠢᠮ ᠢ | ᠪᠥᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ | ᠬᠡᠮ ᠤᠨ ᠬᠠᠮᠢᠶᠠᠷᠤᠯᠲᠠ ᠶᠢ ᠨᠢᠭᠡᠳᠦᠯᠲᠡᠶ ᠪᠠᠶᠢᠯᠭᠠᠵᠤ᠂ ᠲᠥᠪ ᠤᠨ ᠰᠢᠭᠤᠳ ᠬᠠᠮᠢᠶᠠᠷᠬᠤ ᠰᠠᠯᠠᠭ᠎ᠠ ᠮᠥᠴᠢᠷ ᠠᠴᠠ | ᠭᠠᠳᠠᠨ᠎ᠠ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠰᠢᠯᠭᠠᠯᠲᠠ ᠬᠢᠬᠦ᠂ ᠦᠨᠡᠮᠯᠡᠯ ᠬᠢᠵᠤ ᠦᠨᠡᠮᠯᠡᠯ ᠣᠯᠭᠤᠬᠤ᠂ | ᠠᠵᠢᠯ ᠤᠨ ᠪᠠᠶᠢᠷᠢ ᠳᠡᠭᠡᠷ᠎ᠠ ᠨᠢ ᠡᠭᠡᠯᠵᠢᠯᠡᠨ ᠪᠣᠯᠪᠠᠰᠤᠷᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠵᠦ᠂ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠰᠢᠰᠲ᠋ᠧᠮ ᠤᠨ ᠢᠶᠠᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠶ | ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠬᠠᠮᠢᠶ᠎ᠠ ᠪᠦᠬᠦᠢ ᠵᠢᠷᠤᠮᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ | ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ᠂ ᠠᠯᠪᠠᠨ ᠪᠢᠴᠢᠭ ᠤᠨ ᠦᠨᠳᠦᠰᠦᠨ | ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢᠨ ᠳᠠᠩᠰᠠ ᠡᠪᠬᠡᠮᠡᠯ ᠪᠠ ᠠᠯᠪᠠᠨ ᠪᠢᠴᠢᠭ ᠢ | ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠪᠢᠴᠢᠭ ᠢ | ᠬᠦᠷᠭᠡᠬᠦ ᠳᠦᠷᠢᠮ ᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ | ᠪᠠᠷᠢᠮᠵᠢᠶ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠰ ᠭᠠᠵᠠᠷ ᠣᠷᠣᠨ ᠤ ᠡᠯ᠎ᠠ ᠵᠦᠢᠯ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠲᠠᠰᠤᠯᠤᠯᠲᠠ ᠶᠢᠨ ᠬᠡᠪᠴᠢᠶ᠎ᠡ᠂ ᠲᠥᠷᠥᠯ ᠵᠦᠢᠯ᠂ | ᠬᠡᠮᠵᠢᠶ᠎ᠡ ᠵᠡᠷᠭᠡ ᠶᠢ ᠨᠠᠷᠢᠯᠢᠬᠵᠢᠭᠤᠯᠤᠨ ᠬᠡᠮᠵᠢᠶᠡᠵᠢᠭᠦᠯᠬᠦ ᠶᠢᠨ ᠬᠠᠮᠲᠤ ᠵᠠᠷᠯᠠᠨ ᠨᠡᠶᠢᠲᠡᠯᠡᠨ᠎ᠡ᠃ ᠬᠠᠤᠯᠢ ᠬᠡᠷᠡᠭᠵᠢᠭᠦᠯᠬᠦ | ᠵᠦᠢᠯᠡᠰ ᠢ ᠪᠦᠬᠦ ᠲᠠᠯ᠎ᠠ ᠪᠠᠷ ᠡᠮᠬᠢᠯᠡᠨ᠂ ᠵᠢᠷᠤᠮᠵᠢᠭᠤᠯᠬᠤ ᠪᠠ ᠴᠣᠮᠬᠠᠳᠬᠠᠵᠤ᠂ ᠬᠠᠤᠯᠢ ᠴᠠᠭᠠᠵᠠ ᠬᠠᠤᠯᠢ | ᠲᠣᠭᠲᠠᠭᠠᠯ ᠤᠨ ᠦᠨᠳᠦᠰᠦ ᠪᠠᠷᠢᠮᠲᠠ ᠦᠭᠡᠢ ᠪᠤᠯ ᠪᠦᠬᠦᠨ ᠢ ᠬᠦᠴᠦᠨ ᠦᠭᠡᠢ ᠪᠣᠯᠭᠠᠨ᠎ᠠ᠃ ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ | ᠲᠤᠬᠠᠶ ᠶᠢᠨ ᠭᠠᠵᠠᠷ ᠲᠤᠨᠢ ᠪᠠᠶᠢᠴᠠᠭᠠᠬᠤ ᠵᠦᠢᠯᠡᠰ ᠣᠯᠠᠨ᠂ ᠳᠠᠪᠲᠠᠮᠵᠢ ᠤᠳᠠᠭ᠎ᠠ ᠤᠯᠠᠨ᠂ ᠳᠤᠷ᠎ᠠ ᠪᠠᠷ ᠢᠶᠠᠨ | ᠪᠠᠶᠢᠴᠠᠭᠠᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠥᠷᠥᠯ ᠬᠡᠯᠪᠡᠷᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠤᠨ ᠵᠢᠷᠤᠮᠵᠢᠯ ᠢ | ᠲᠣᠭᠲᠠᠭᠠᠨ ᠲᠡᠭᠦᠯᠳᠡᠷᠵᠢᠭᠦᠯᠦᠨ᠎ᠡ᠃ ᠮᠡᠳᠡᠭᠳᠡᠬᠦ ᠲᠦᠷᠢᠮ ᠢ ᠪᠦᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠬᠠᠷᠠᠭᠠᠯᠵᠠᠬᠰᠠᠨ ᠬᠥᠮᠦᠨ ᠤ ᠲᠤᠭᠠᠴᠢᠯᠲᠠ ᠬᠢᠬᠦ᠂ ᠵᠥᠪᠲᠡᠭᠡᠨ ᠲᠣᠳᠣᠷᠬᠠᠶᠢᠯᠠᠬᠤ᠂ | ᠭᠡᠷᠡᠴᠢᠯᠡᠯᠲᠡ ᠰᠣᠨᠣᠰᠬᠤ ᠭᠤᠶᠤᠴᠢᠯᠠᠯ ᠳᠤᠷᠠᠳᠬᠤ ᠵᠡᠷᠭᠡ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠬᠠᠤᠯᠢ ᠪᠠᠷ | ᠲᠣᠭᠲᠠᠭᠠᠭᠰᠠᠨ ᠦᠨᠳᠦᠰᠦᠯᠡᠯ ᠪᠠᠶᠢᠬᠤ ᠠᠴᠠ ᠭᠠᠳᠠᠨ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ | ᠣᠨᠴᠠᠭᠠᠢ ᠣᠷᠣᠨ ᠪᠦᠰᠡ ᠪᠤᠶᠤ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢ ᠨᠡᠶᠢᠳᠡᠮ ᠵᠣᠭᠰᠣᠭᠠᠬᠤ ᠪᠠᠷ ᠱᠠᠭᠠᠷᠳᠠᠬᠤ ᠠᠷᠭ᠎ᠠ ᠬᠡᠮᠵᠢᠶ᠎ᠡ | ᠠᠪᠬᠤ ᠶᠢ ᠴᠢᠩᠭ᠎ᠠ ᠴᠠᠭᠠᠵᠠᠯᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠣᠲᠣᠭᠠᠳᠤ ᠶᠢᠨ ᠬᠤᠷᠠᠯ ᠤᠨ ᠲᠣᠪᠴᠢ | ᠲᠡᠮᠲᠡᠭᠯᠡᠯ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠪᠣᠯᠭᠠᠵᠤ ᠪᠣᠯᠬᠤ ᠥᠬᠡᠶ᠃ | ︵ᠠᠷᠪᠠᠨ ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠦᠨ᠎ᠡ᠃ ᠢᠳᠬᠠᠨ ᠰᠤᠷᠭᠠᠬᠤ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ᠂ ᠰᠡᠷᠡᠮᠵᠢᠯᠡᠭᠦᠯᠵᠦ ᠰᠠᠨᠠᠭᠤᠯᠬᠤ᠂ | ᠵᠢᠭᠠᠨ ᠵᠢᠯᠣᠭᠤᠳᠴᠤ ᠪᠣᠯᠵᠣᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠥᠷᠭᠡᠨ ᠢᠶᠠᠷ ᠠᠰᠢᠬᠯᠠᠵᠤ᠂ ᠠᠭᠤᠴᠢᠯᠠᠬᠤ | ᠪᠠ ᠴᠢᠩᠭ᠎ᠠ ᠰᠢᠢᠳᠬᠡᠬᠦ ᠶᠢ ᠤᠶᠠᠯᠳᠤᠭᠤᠯᠬᠤ᠂ ᠬᠠᠤᠯᠢ ᠪᠠ ᠶᠤᠰᠤ ᠶᠢ ᠬᠠᠷᠢᠯᠴᠠᠨ ᠠᠭᠤᠰᠤᠯᠴᠠᠭᠤᠯᠬᠤ ᠶᠢ | ᠴᠢᠷᠮᠠᠶᠢᠨ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠶᠢ ᠡᠷᠴᠢᠮ ᠲᠠᠢ ᠮᠥᠷᠲᠡᠭᠡᠨ ᠬᠦᠮᠦᠯᠢᠭ ᠪᠠᠶᠢᠯᠭᠠᠬᠤ ᠬᠡᠷᠡᠭᠲᠡᠢ᠃ | ᠬᠠᠤᠯᠢ ᠠᠴᠠ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠶᠢ ᠰᠢᠢᠳᠬᠡᠯ ᠲᠣᠷᠭᠠᠭᠤᠯᠢ ᠠᠴᠠ ᠬᠠᠤᠯᠢ ᠶᠣᠰᠣᠭᠠᠷ | ᠬᠡᠯᠲᠦᠷᠢᠭᠦᠯᠬᠦ ᠨᠠᠷᠢᠨ ᠲᠠᠩᠰᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠠᠷ ᠵᠢᠯᠣᠭᠤᠳᠤᠭᠤᠯᠬᠤ ᠳᠦᠷᠢᠮ ᠢ ᠪᠠᠶᠢᠭᠤᠯᠵᠤ᠂ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠨᠢ | ᠵᠢᠯᠣᠭᠤᠳᠤᠯᠭ᠎ᠠ ᠶᠢᠨ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ ︽ᠬᠡᠨ | ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠴᠢᠩᠭᠠᠳᠬᠠᠨ᠎ᠠ᠃ | ᠵᠢᠷᠭᠤᠭ᠎ᠠ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮ ᠢ ᠪᠦᠷᠢᠨᠰᠢᠭᠦᠯᠵᠦ᠂ ᠬᠦᠨᠳᠦ ᠶᠡᠭᠡ | ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠡᠷᠭᠡᠶᠢᠯᠡᠨ ᠰᠢᠢᠳᠪᠦᠷᠢᠯᠡᠨ᠎ᠡ | ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠭᠡᠨᠡᠳᠲᠡ ᠶᠢᠨ ᠬᠡᠷᠡᠭ ᠢ ᠠᠷᠭᠠᠴᠠᠭᠠᠬᠤ ᠶᠢ | ᠪᠠᠷᠢᠮᠲᠠᠯᠠᠵᠤ᠂ ᠠᠵᠢᠯ ᠨᠢ ᠬᠡᠳᠦᠢ ᠴᠢᠬᠤᠯᠠ᠂ ᠬᠡᠷᠡᠭ ᠶᠠᠪᠤᠳᠠᠯ ᠨᠢ ᠬᠡᠳᠦᠢ ᠪᠠᠴᠢᠮ ᠪᠣᠯᠬᠤ ᠳᠤᠲᠤᠮ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠤᠯᠠᠮ ᠪᠠᠷᠢᠮᠲᠠᠯᠠᠬᠤ ᠶᠢ ᠬᠦᠴᠦᠯᠡᠨ ᠪᠡᠶᠡᠯᠡᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠬᠦᠨᠳᠦ ᠶᠡᠭᠡ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠳᠤᠮᠳᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠳᠣᠯᠤᠭ᠎ᠠ︶ ᠭᠡᠨᠡᠳᠲᠡ ᠶᠢᠨ ᠬᠡᠷᠡᠭ ᠢ ᠠᠷᠭᠠᠴᠠᠭᠠᠬᠤ ᠲᠦᠷᠢᠮ ᠢ ᠲᠡᠭᠦᠯᠳᠡᠷᠵᠢᠭᠦᠯᠦᠨ᠎ᠡ᠃ | ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠳᠤ ᠵᠠᠰᠠᠪᠤᠷᠢ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠢᠰᠲ᠋ᠧᠮ ᠲᠠᠢ ᠪᠠᠷ ᠡᠮᠬᠢᠯᠡᠨ | ᠵᠠᠰᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢᠵᠢᠯ ᠪᠠ ᠵᠢᠷᠤᠮᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ | ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠢ ᠪᠦᠷᠢᠨᠰᠢᠭᠦᠯᠵᠦ᠂ | ᠤᠯᠤᠰ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠶᠡᠷᠦᠩᠬᠡᠶ ᠪᠠ ᠲᠤᠰᠬᠠᠢ ᠵᠦᠢᠯ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠵᠢᠴᠢ ᠡᠭᠦᠨ ᠯᠦᠭᠡ ᠵᠣᠯᠭᠠᠯᠴᠠᠭᠤᠯᠤᠨ ᠲᠥᠬᠦᠷᠵᠢᠭᠦᠯᠦᠭᠰᠡᠨ ᠡᠯ᠎ᠡ ᠱᠠᠲᠤᠨ ᠤ | ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ | ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ᠂ ᠰᠡᠷᠭᠦᠭᠡᠵᠤ ᠲᠠᠬᠢᠨ ᠪᠠᠶᠢᠭᠤᠯᠬᠤ᠂ ᠪᠠᠶᠢᠴᠠᠭᠠᠨ | ᠦᠨᠡᠯᠡᠬᠦ ᠵᠡᠷᠭᠡ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠡᠨᠡᠳᠲᠡ ᠡᠭᠦᠰᠬᠦ ᠬᠡᠷᠡᠭ ᠢ ᠠᠷᠭᠠᠴᠠᠭᠠᠬᠤ | ᠶᠠᠪᠤᠴᠠ ᠳᠠᠬᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠠᠪᠤᠷᠠᠨ ᠲᠤᠰᠠᠯᠠᠬᠤ᠂ ᠨᠥᠬᠦᠪᠥᠷᠢᠯᠡᠬᠦ ᠳᠦᠷᠢᠮ ᠢ | ᠪᠦᠷᠢᠨᠰᠢᠭᠦᠯᠵᠦ᠂ ᠬᠠᠮᠢᠶ᠎ᠠ ᠪᠦᠬᠦᠢ ᠬᠢᠨᠠᠨ ᠵᠥᠪᠰᠢᠶᠡᠷᠡᠬᠦ᠂ ᠬᠡᠷᠡᠭᠵᠢᠭᠦᠯᠬᠦ ᠳᠡᠰ ᠳᠠᠷᠠᠭᠠᠯᠠᠯ ᠪᠣᠯᠤᠨ ᠲᠡᠳᠬᠦᠬᠦ ᠠᠷᠭ᠎ᠠ | ᠵᠠᠮ ᠢ ᠵᠢᠷᠤᠮᠵᠢᠭᠤᠯᠤᠨ᠎ᠠ᠃ ᠣᠨᠴᠠ ᠶᠡᠭᠡ ᠬᠤᠳᠠ ᠶᠢᠨ ᠠᠶᠤᠯ ᠲᠦᠭᠰᠢᠭᠦᠷᠢ ᠶᠢ ᠵᠠᠰᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠲᠠᠬᠡᠭᠰᠢᠯᠡᠬᠦᠯᠦᠨᠠ᠃ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠠᠬᠢ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠪᠠ | ᠬᠡᠷᠡᠭᠯᠡᠬᠦ ᠲᠣᠭᠲᠠᠴᠠ ᠳᠦᠷᠢᠮ ᠢ ᠪᠦᠷᠢᠨᠰᠢᠭᠦᠯᠦᠨ ᠵᠢᠷᠤᠮᠵᠢᠭᠤᠯᠵᠤ᠂ ᠠᠷᠠᠳ ᠢᠷᠭᠡᠳ ᠤᠨ ᠬᠤᠪᠢ ᠬᠥᠮᠦᠨ ᠤ | ᠮᠡᠳᠡᠭᠡ ᠵᠠᠩᠭᠢ ᠶᠢ ᠦᠨᠡᠨ ᠬᠦ ᠬᠠᠮᠠᠭᠠᠯᠠᠨ᠎ᠠ᠃ ᠭᠡᠨᠡᠳᠲᠡ ᠶᠢᠨ ᠬᠡᠷᠡᠭ ᠲᠠᠬᠢ ᠵᠠᠰᠠᠭ ᠵᠠᠬᠢᠷᠭᠠᠨ ᠤ ᠠᠷᠭ᠎ᠠ ᠪᠠᠷᠢᠯ ᠤᠨ | ᠬᠡᠷᠡᠭᠯᠡᠯᠳᠡ ᠶᠢ ᠳᠦᠷᠢᠮᠵᠢᠭᠦᠯᠦᠨ ᠵᠢᠷᠤᠮᠵᠢᠭᠤᠯᠬᠤ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ | ᠵᠠᠭᠠᠭ ᠬᠢᠵᠠᠭᠠᠷ ᠢ ᠵᠢᠷᠤᠮᠵᠢᠭᠤᠯᠬᠤ ᠬᠡᠷᠡᠭᠲᠡᠶ᠃ | ︵ᠠᠷᠪᠠᠨ ᠨᠠᠢᠮᠠ︶ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠲᠣᠰ ᠬᠦᠷᠢᠶᠡᠨ ᠤ ᠪᠠᠨ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠶ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠭᠡᠨᠡᠳᠲᠡ ᠶᠢᠨ ᠬᠡᠷᠡᠭ ᠲᠤ ᠬᠠᠤᠯᠢ ᠶᠣᠰᠣᠭᠠᠷ ᠱᠠᠳᠤ ᠬᠤᠪᠢᠶᠠᠨ ᠲᠦᠷᠦᠯ ᠬᠤᠪᠢᠶᠠᠨ ᠠᠷᠭ᠎ᠠ ᠪᠤᠳᠤᠯᠭ᠎ᠠ | ᠬᠡᠷᠡᠭᠵᠢᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠨᠳᠤᠯᠭᠠᠲᠤ ᠴᠢᠨᠠᠷ ᠪᠠ | ᠪᠤᠳᠠᠳᠠᠢ ᠪᠦᠳᠤᠮᠵᠢᠳᠤ ᠴᠢᠨᠠᠷ ᠢ ᠴᠢᠩᠭᠠᠳᠬᠠᠨ᠎ᠠ᠃ ᠡᠩᠬᠡ ᠲᠠᠶᠢᠪᠤᠩ ᠦᠶ᠎ᠡ ᠪᠠ ᠳᠠᠶᠢᠨ ᠤ ᠦᠶ᠎ᠡ ᠶᠢᠨ | ᠱᠠᠭᠠᠷᠳᠠᠯᠭ᠎ᠠ ᠶᠢ ᠤᠶᠠᠯᠳᠤᠭᠤᠯᠬᠤ ᠵᠠᠷᠴᠢᠮ ᠶᠣᠰᠣᠭᠠᠷ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠡᠰ ᠳᠠᠷᠠᠭᠠᠯᠠᠯ ᠪᠣᠯᠤᠨ ᠵᠣᠬᠢᠴᠠᠭᠤᠯᠵᠤ ᠬᠤᠷᠰᠢᠯᠴᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠡᠷᠭᠡᠶᠢᠯᠡᠬᠦ᠂ ᠤᠷᠢᠳ ᠢᠶᠠᠷ ᠰᠢᠢᠳᠪᠦᠷᠢᠯᠡᠬᠦ ᠪᠠ | ᠲᠦᠷᠭᠡᠨ ᠬᠠᠷᠢᠭᠤ ᠲᠤᠰᠬᠠᠯ ᠭᠠᠷᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠭᠡᠨᠡᠳᠲᠡ ᠶᠢᠨ | ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠢᠮᠦᠷᠡᠯ ᠤᠨ ᠮᠡᠳᠡᠭᠡ ᠶᠢ ᠨᠡᠪᠲᠡᠷᠡᠯᠴᠡᠬᠦᠯᠬᠦ ᠶᠢ ᠴᠢᠩᠭᠠᠳᠬᠠᠵᠤ᠂ | ᠤᠯᠠᠨ ᠨᠡᠶᠢᠲᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠭᠡᠨᠡᠳᠲᠡ ᠶᠢᠨ ᠬᠡᠷᠡᠭ ᠢ ᠠᠰᠢᠬᠯᠠᠨ ᠡᠳ᠋ ᠪᠠᠷᠠᠭᠠᠨ ᠤ ᠦᠨ᠎ᠡ ᠬᠠᠩᠰᠢ ᠶᠢ ᠦᠷᠢᠰᠦᠯᠳᠦᠨ ᠥᠰᠬᠡᠬᠦ᠂ | ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠴᠤᠤᠷᠬᠠᠯ ᠲᠠᠯᠪᠢᠨ ᠬᠡᠷᠡᠭ ᠡᠳᠦᠬᠦ᠂ ᠬᠤᠳᠠᠯ ᠬᠠᠭᠤᠷᠮᠠᠭ ᠪᠠᠷᠠᠭ᠎ᠠ | ᠲᠠᠸᠠᠷ ᠦᠢᠯᠡᠳᠴᠦ ᠪᠣᠷᠣᠯᠠᠭᠤᠯᠬᠤ ᠵᠡᠷᠭᠡ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠨ ᠰᠢᠢᠳᠪᠦᠷᠢᠯᠡᠬᠦ | ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠬᠠᠤᠯᠢᠵᠢᠯ ᠤᠨ ᠤᠬᠠᠮᠰᠠᠷ ᠢ ᠴᠢᠩᠭᠠᠳᠬᠠᠨ᠎ᠠ᠃ | ︵ᠠᠷᠪᠠ ᠶᠢᠰᠦ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ | ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠶᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃ | ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠣᠰᠬᠤᠨ ︵ | ᠨᠡᠶᠢᠭᠡᠮ ᠲᠣᠭᠤᠷᠢᠭ︶ ᠤ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠭᠠᠬᠤ ᠳᠤ ᠬᠠᠤᠯᠢ ᠶᠣᠰᠣᠭᠠᠷ | ᠣᠷᠣᠯᠴᠠᠬᠤ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠠᠵᠢᠯᠳᠠᠨ᠂ ᠰᠠᠶᠢᠨ ᠳᠤᠷᠠᠴᠤᠳ ᠵᠡᠷᠭᠡ ᠶᠢᠨ ᠭᠡᠨᠡᠳᠲᠡ ᠶᠢᠨ ᠬᠡᠷᠡᠭ ᠢ | ᠠᠷᠭᠠᠴᠠᠭᠠᠬᠤ ᠳᠤ ᠣᠷᠣᠯᠴᠠᠬᠤ ᠬᠠᠤᠯᠢ ᠴᠠᠭᠠᠵᠠ ᠶᠢᠨ ᠪᠠᠶᠢᠷᠢ ᠰᠠᠭᠤᠷᠢ ᠵᠢᠴᠢ ᠲᠡᠭᠦᠨ ᠤ ᠡᠷᠬᠡ ᠠᠰᠢᠭ ᠡᠭᠦᠷᠭᠡ ᠶᠢ | ᠲᠣᠳᠣᠷᠬᠠᠶᠢᠯᠠᠵᠤ᠂ ᠤᠷᠮᠠᠰᠢᠭᠤᠯᠤᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠴᠢᠮ | ᠪᠠᠶᠢᠳᠠᠯ ᠢ ᠠᠷᠭᠠᠴᠠᠭᠠᠬᠤ ᠬᠦᠴᠦᠨ ᠢ ᠳᠠᠩᠰᠠᠯᠠᠨ ᠲᠡᠮᠳᠡᠭᠯᠡᠬᠦ᠂ ᠰᠢᠯᠵᠢᠭᠦᠯᠦᠨ ᠬᠡᠷᠡᠭᠯᠡᠵᠦ ᠨᠥᠬᠦᠪᠥᠷᠢ ᠥᠭᠬᠦ᠂ | ᠳᠠᠭᠠᠳᠬᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠳᠦᠷᠢᠮ ᠢ ᠪᠦᠷᠢᠨᠰᠢᠭᠦᠯᠦᠨ᠎ᠡ᠃ | ᠳᠣᠯᠤᠭ᠎ᠠ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠵᠠᠰᠠᠭ ᠵᠠᠬᠢᠷᠭᠠᠨ ᠢᠶᠠᠷ ᠤᠷᠢᠳᠴᠢᠯᠠᠨ ᠰᠡᠷᠭᠡᠶᠢᠯᠡᠵᠦ | ᠡᠶᠡᠳᠡᠭᠦᠯᠦᠨ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ | ᠲᠠᠰᠤᠷᠠᠯᠲᠠ ᠥᠬᠡᠶ ᠠᠬᠢᠭᠤᠯᠤᠨ᠎ᠠ | ᠵᠥᠷᠢᠴᠡᠯ ᠵᠢᠭᠤᠷᠠᠭᠠᠨ ᠢ ᠴᠤᠬᠤᠶᠢᠵᠤ ᠪᠠᠶᠢᠭ᠎ᠠ ᠦᠶ᠎ᠡ ᠳᠤ ᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠨᠢ | ᠰᠢᠢᠳᠪᠦᠷᠢᠯᠡᠬᠦ ᠶᠢ ᠪᠠᠷᠢᠮᠲᠠᠯᠠᠨ᠂ ᠠᠷᠠᠳ ᠤᠯᠠᠨ ᠤ ᠡᠷᠬᠡ ᠠᠰᠢᠭ ᠲᠤ ᠲᠥᠪ ᠭᠤᠣᠯᠴᠢ ᠪᠠᠷ ᠬᠠᠨᠳᠤᠬᠤ᠂ ᠨᠡᠷ᠎ᠡ | ᠬᠦᠨᠳᠦ ᠶᠢ ᠨᠢ ᠬᠦᠨᠳᠦᠳᠬᠡᠬᠦ ᠶᠢ ᠬᠦᠴᠦᠯᠡᠨ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠯ᠂ ᠡᠶᠡᠳᠡᠭᠦᠯᠭᠡ᠂ | ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠲᠠᠰᠣᠯᠣᠯᠳᠠ ᠬᠢᠬᠦ᠂ ᠵᠠᠰᠠᠭ ᠵᠠᠬᠢᠷᠭᠠᠨ ᠤ ᠲᠠᠭᠢᠨ ᠵᠥᠪᠯᠡᠬᠦ᠂ | ᠵᠠᠭᠠᠯᠳᠤᠬᠤ ᠵᠡᠷᠭᠡ ᠨᠡᠶᠢᠭᠡᠮ ᠤᠨ ᠵᠥᠷᠢᠴᠡᠯ ᠵᠢᠭᠤᠷᠠᠭᠠᠨ ᠢ ᠣᠯᠠᠨ ᠡᠰᠢᠴᠢᠯᠡᠨ ᠤᠷᠢᠳᠴᠢᠯᠠᠨ ᠰᠡᠷᠭᠡᠶᠢᠯᠡᠵᠦ | ᠡᠶᠡᠳᠡᠭᠦᠯᠦᠨ ᠰᠢᠢᠳᠪᠦᠷᠢᠯᠡᠬᠦ ᠶᠡᠷᠦᠩᠬᠡᠶᠢᠯᠡᠭᠰᠡᠨ ᠲᠣᠭᠲᠠᠴᠠ ᠶᠢ ᠪᠦᠷᠢᠨᠰᠢᠬᠦᠯᠬᠦ ᠶᠢ ᠠᠬᠢᠭᠤᠯᠤᠨ᠎ᠠ᠃ | ︵ᠬᠤᠷᠢ︶ ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠢ ᠴᠢᠩᠭᠠᠳᠬᠠᠨ᠎ᠠ᠃ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ ᠬᠠᠮᠢᠶᠠᠷᠤᠯᠲᠠ᠂ | ᠤᠷᠴᠢᠨ ᠲᠤᠭᠤᠷᠢᠨ ᠤ ᠪᠤᠬᠢᠷᠳᠤᠯ᠂ ᠨᠡᠶᠢᠭᠡᠮ ᠤᠨ ᠪᠠᠲᠤᠯᠠᠭ᠎ᠠ᠂ ᠭᠡᠷ ᠪᠠᠶᠢᠰᠢᠩ ᠭᠠᠵᠠᠷ ᠰᠢᠷᠣᠢ ᠶᠢ ᠲᠠᠲᠠᠪᠤᠷᠢᠯᠠᠬᠤ᠂ | ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠤᠯᠢ ᠶᠣᠰᠣᠭᠠᠷ | ᠴᠢᠩᠭᠠᠳᠬᠠᠵᠤ᠂ ᠵᠥᠷᠢᠴᠡᠯ ᠵᠢᠭᠤᠷᠠᠭᠠᠨ ᠢ ᠡᠶᠡᠳᠡᠬᠦᠯᠭᠡ ᠵᠢᠴᠠᠭ ᠲᠤᠬᠠᠢ ᠳᠤ ᠨᠢ ᠲᠣᠬᠢᠲᠠᠢ ᠠᠬᠢᠭᠤᠯᠤᠨ᠎ᠠ᠃ ᠡᠯ᠎ᠡ | ᠡᠭᠦᠷᠭᠡ ᠴᠢᠳᠠᠪᠬᠢᠳᠤ ᠰᠠᠯᠠᠭ᠎ᠠ ᠮᠥᠴᠢᠷ ᠡᠷᠭᠡᠪᠰᠢ ᠵᠠᠰᠠᠭ ᠵᠠᠬᠢᠷᠭᠠᠨ ᠤ ᠡᠶᠡᠳᠡᠭᠦᠯᠭᠡ ᠶᠢᠨ ᠬᠦᠷᠢᠶ᠎ᠡ ᠬᠡᠪᠴᠢᠶ᠎ᠡ ᠪᠠ | ᠳᠡᠰ ᠳᠠᠷᠠᠭᠠᠯᠠᠯ ᠢ ᠵᠢᠷᠤᠮᠵᠢᠭᠤᠯᠤᠨ᠂ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠵᠠᠰᠠᠭ | ᠵᠠᠬᠢᠷᠭᠠᠨ ᠤ ᠡᠶᠡᠳᠡᠭᠦᠯᠭᠡ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ︽ᠭᠤᠷᠪᠠᠨ | ᠡᠶᠡᠳᠡᠭᠦᠯᠭᠡ︾ ᠶᠢ ᠬᠤᠯᠪᠤᠭᠠᠯᠠᠨ ᠬᠦᠳᠡᠯᠤᠯᠴᠠᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ | ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ | | ︵ᠬᠤᠷᠢᠨ ᠨᠢᠭᠡ︶ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠵᠠᠰᠠᠭ ᠵᠠᠬᠢᠷᠭᠠᠨ ᠤ ᠲᠠᠰᠤᠯᠤᠯᠲᠠ ᠶᠢᠨ ᠢᠷᠭᠡᠨ ᠤ ᠬᠡᠷᠡᠭ ᠤᠨ ᠵᠢᠭᠤᠷᠠᠭᠠᠨ ᠢ ᠡᠶᠡᠳᠡᠭᠦᠯᠬᠦ ᠦᠢᠯᠡᠳᠦᠯ ᠢ | ᠪᠠᠳᠠᠷᠠᠭᠤᠯᠵᠤ᠂ ᠰᠢᠰᠲ᠋ᠧᠮ ᠪᠦᠷᠢᠨ ᠲᠡᠭᠦᠯᠳᠡᠷ᠂ ᠠᠷᠭ᠎ᠠ ᠵᠠᠮ ᠰᠢᠯᠤᠭᠤᠳᠬᠠᠨ᠂ ᠲᠥᠪ ᠭᠤᠤᠯᠴᠢ ᠳᠥᠭᠦᠮ | ᠳᠥᠲᠡ᠂ ᠲᠠᠰᠤᠯᠤᠯᠲᠠ ᠪᠠ ᠵᠠᠭᠠᠯᠳᠤᠯᠭ᠎ᠠ ᠶᠢ ᠵᠣᠯᠭᠠᠭᠤᠯᠬᠤ ᠲᠠᠰᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠵᠠᠰᠠᠭ ᠵᠠᠬᠢᠷᠭᠠᠨ ᠤ ᠲᠠᠰᠣᠯᠣᠯᠳᠠ ᠶᠢᠨ ᠡᠷᠬᠡ ᠶᠢ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ | ᠲᠠᠰᠣᠯᠣᠯᠳᠠ ᠶᠢᠨ ᠡᠮᠬᠢ ᠲᠠᠷᠠᠭᠠᠯᠠᠯ ᠢ ᠵᠢᠷᠤᠮᠵᠢᠭᠤᠯᠤᠨ᠂ ᠬᠤᠯᠪᠣᠭᠳᠠᠯ ᠪᠦᠭᠦᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠲᠠᠰᠣᠯᠣᠯᠳᠠ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠵᠦᠢᠯᠡᠰ ᠢ ᠪᠥᠬᠦ ᠲᠠᠯ᠎ᠠ ᠪᠠᠷ ᠡᠮᠬᠢᠯᠡᠵᠦ᠂ | ᠵᠠᠰᠠᠭ ᠵᠠᠬᠢᠷᠭᠠᠨ ᠤ ᠲᠠᠰᠤᠯᠤᠯᠲᠠ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ | ᠲᠠᠰᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠬᠡᠷᠡᠭ ᠤᠨ | ᠵᠢᠱᠢᠶ᠎ᠡ ᠪᠠᠷ ᠵᠢᠯᠣᠭᠤᠳᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠵᠠᠰᠠᠭ ᠵᠠᠬᠢᠷᠭᠠᠨ ᠤ | ᠲᠠᠰᠤᠯᠤᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠬᠠᠤᠯᠢ | ᠴᠠᠭᠠᠵᠠ ᠶᠢᠨ ᠲᠦᠷᠢᠮ ᠤᠨ ᠪᠠᠶᠢᠭᠤᠯᠤᠯᠲᠠ ᠶᠢ ᠰᠤᠳᠤᠯᠤᠨ ᠠᠬᠢᠭᠤᠯᠤᠨ᠎ᠠ᠃ | ︵ᠬᠤᠷᠢᠨ ᠬᠤᠶᠠᠷ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ ᠵᠠᠰᠠᠭ ᠵᠠᠬᠢᠷᠭᠠᠨ ᠤ ᠵᠢᠭᠤᠷᠠᠯᠳᠤᠭᠠᠨ ᠢ | ᠡᠶᠡᠳᠠᠬᠦᠯᠬᠦ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠳᠭᠡᠨ᠂ ᠠᠵᠢᠯ ᠶᠠᠪᠤᠳᠠᠯ ᠪᠠ ᠣᠷᠣᠨ | ᠲᠤᠭ᠎ᠠ ᠶᠢ ᠵᠣᠬᠢᠴᠠᠭᠤᠯᠬᠤ᠂ ᠰᠢᠯᠢᠳᠡᠭᠵᠢᠭᠦᠯᠦᠨ ᠠᠷᠪᠢᠯᠠᠬᠤ᠂ ᠬᠡᠷᠡᠭᠴᠡᠭᠡ ᠶᠣᠰᠣᠭᠠᠷ ᠳᠣᠭᠢᠷᠠᠭᠤᠯᠬᠤ ᠵᠠᠷᠴᠢᠮ | ᠶᠣᠰᠣᠭᠠᠷ᠂ ᠣᠷᠣᠨ ᠲᠤᠭ᠎ᠠ ᠶᠢᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠵᠤ᠂ 2022 ᠣᠨ ᠤ ᠵᠢᠯ ᠤᠨ | ᠰᠡᠭᠦᠯᠴᠢ ᠠᠴᠠ ᠡᠮᠦᠨ᠎ᠡ ᠲᠥᠪ ᠭᠤᠤᠯᠴᠢ ᠡᠷᠬᠡ ᠰᠦᠷ ᠲᠠᠢ᠂ ᠨᠢᠭᠡᠳᠦᠯᠲᠡᠶ ᠥᠨᠳᠥᠷ ᠪᠦᠲᠦᠮᠵᠢᠲᠡᠶ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠵᠠᠰᠠᠭ ᠵᠠᠬᠢᠷᠭᠠᠨ ᠤ | ᠳᠠᠬᠢᠨ ᠵᠥᠪᠯᠡᠬᠦ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠬᠦᠨ ᠰᠢᠢᠳᠪᠤᠷᠢᠯᠡᠬᠦ ᠲᠣᠭᠲᠠᠴᠠ ᠶᠢ ᠪᠦᠷᠢᠨᠰᠢᠭᠦᠯᠦᠨ | ᠰᠢᠯᠢᠳᠡᠭᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠺᠣᠮᠢᠰ ᠪᠠᠶᠢᠭᠤᠯᠵᠤ᠂ ᠴᠢᠬᠤᠯᠠ ᠶᠡᠭᠡ᠂ ᠬᠦᠴᠢᠷ ᠲᠦᠪᠡᠭᠲᠡᠶ᠂ ᠪᠤᠳᠤᠯᠢᠶᠠᠨᠲᠠᠶ | ᠬᠡᠷᠡᠭ ᠲᠤ ᠰᠠᠨᠠᠯ ᠵᠦᠪᠯᠡᠯᠭᠡ ᠬᠠᠩᠭᠠᠬᠤ ᠬᠡᠷᠡᠭᠲᠡᠶ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ ᠪᠢᠴᠢᠭ | ᠵᠢᠴᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠰᠠᠨᠠᠯ ᠤᠨ ᠪᠢᠴᠢᠭ᠂ ᠰᠠᠨᠠᠭᠤᠯᠭ᠎ᠠ ᠶᠢᠨ ᠪᠢᠴᠢᠭ ᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠣᠨᠴᠠᠭᠠᠶ ᠬᠡᠷᠡᠭ ᠲᠤ ᠬᠢᠨᠠᠯᠲᠠ ᠲᠠᠯᠪᠢᠨ | ᠠᠯᠳᠠᠭ᠎ᠠ ᠪᠤᠷᠤᠭᠤ ᠶᠢ ᠵᠠᠯᠠᠷᠠᠭᠤᠯᠬᠤ ᠪᠠ ᠭᠡᠳᠡᠷᠭᠦ ᠰᠢᠬᠠᠮᠳᠠᠭᠤᠯᠬᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ | ᠪᠢᠴᠢᠭ ᠢ ᠰᠦᠯᠵᠢᠶᠡᠨ ᠳᠡᠭᠡᠷ᠎ᠡ ᠢᠯᠡ ᠪᠣᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠬᠤᠷᠢᠨ ᠭᠤᠷᠪᠠ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ | ᠲᠦᠷᠢᠮ ᠢ ᠬᠢᠨᠠᠮᠠᠭᠠᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠵᠢᠭᠤᠷᠠᠯᠳᠤᠭᠠᠨ ᠢ ᠮᠥᠨ ᠴᠢᠨᠠᠷ ᠠᠴᠠ | ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠵᠠᠷᠭᠤ ᠶᠢᠨ ᠡᠬᠢ ᠰᠤᠷᠪᠤᠯᠵᠢ ᠶᠢᠨ ᠵᠠᠰᠠᠯᠲᠠ ᠶᠢ ᠠᠬᠢᠭᠤᠯᠤᠨ᠎ᠠ᠃ | ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠪᠠ | ᠰᠢᠭᠦᠬᠦ ᠶᠢ ᠳᠡᠮᠵᠢᠵᠦ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠦᠨᠡᠨ ᠬᠦ ᠭᠦᠢᠴᠡᠳᠬᠡᠨ᠎ᠡ᠃ | ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠠᠵᠢᠯ ᠪᠠ ᠵᠠᠰᠠᠭ ᠵᠠᠬᠢᠷᠭᠠᠨ ᠤ | ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠪᠤᠶᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠬᠤ ᠶᠢ | ᠲᠡᠮᠵᠢᠨ᠎ᠡ᠃ ᠬᠠᠤᠯᠢ ᠴᠠᠭᠠᠵᠠ ᠶᠢᠨ ᠰᠠᠨᠠᠭᠤᠯᠭ᠎ᠠ᠂ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠ | ᠬᠠᠷᠢᠭᠤ ᠲᠤᠰᠬᠠᠬᠤ ᠠᠵᠢᠯ ᠢ ᠬᠢᠨᠠᠮᠠᠭᠠᠢ ᠰᠠᠶᠢᠲᠤᠷ ᠬᠢᠨ᠎ᠡ᠃ | ᠨᠠᠢᠮᠠ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ | ᠵᠠᠰᠠᠭ ᠵᠠᠬᠢᠷᠭᠠᠨ ᠤ ᠡᠷᠬᠡ ᠶᠢᠨ ᠲᠦᠷᠢᠮᠵᠢᠭᠦᠨ ᠢᠯᠡ ᠲᠣᠳᠣ ᠶᠠᠪᠤᠭᠳᠠᠬᠤ ᠶᠢ ᠪᠠᠳᠤᠯᠠᠨ᠎ᠠ | ᠡᠷᠬᠡ ᠲᠠᠢ ᠪᠣᠯ ᠵᠠᠪᠠᠯ ᠬᠠᠷᠢᠭᠤᠴᠠᠯᠭ᠎ᠠ ᠲᠠᠢ ᠪᠠᠶᠢᠬᠤ᠂ ᠬᠠᠷᠢᠭᠤᠴᠠᠯᠭ᠎ᠠ ᠲᠠᠢ ᠪᠣᠯ ᠵᠠᠪᠠᠯ ᠡᠭᠦᠷᠭᠡᠯᠡᠬᠦ᠂ | ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ᠂ ᠬᠡᠷᠡᠭᠵᠢᠭᠦᠯᠬᠦ᠂ ᠵᠣᠬᠢᠶᠠᠨ ᠪᠠᠶᠢᠭᠤᠯᠬᠤ᠂ ᠬᠢᠨᠠᠯᠲᠠ ᠲᠠᠯᠪᠢᠬᠤ ᠶᠢ ᠬᠠᠷᠢᠯᠴᠠᠨ ᠬᠢᠵᠠᠭᠠᠷᠯᠠᠬᠤ | ᠮᠥᠷᠲᠡᠭᠡᠨ ᠬᠠᠷᠢᠯᠴᠠᠨ ᠵᠣᠬᠢᠴᠠᠭᠤᠯᠬᠤ ᠶᠢ ᠬᠦᠴᠦᠯᠡᠨ ᠪᠡᠶᠡᠯᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ | ᠪᠠ ᠲᠡᠭᠦᠨ ᠳᠤ ᠬᠢᠨᠠᠯᠲᠠ ᠲᠠᠯᠪᠢᠬᠤ ᠶᠢ ᠨᠡᠶᠢᠳᠡᠮ ᠪᠦᠷᠬᠦᠭᠦᠯᠵᠦ᠂ ᠬᠤᠭᠤᠰᠤᠨ ᠵᠠᠢ ᠦᠭᠡᠢ ᠪᠠᠶᠢᠬᠤ ᠶᠢ ᠦᠨᠡᠨ ᠬᠦ | ᠪᠠᠲᠤᠯᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ | ᠡᠳ᠋ᠯᠡᠭᠦᠯᠬᠦ ᠳᠤ ᠬᠡᠷᠡᠭᠯᠡᠨ᠎ᠡ᠃ | ︵ᠬᠤᠷᠢᠨ ᠳᠥᠷᠪᠡ︶ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠵᠠᠰᠠᠭ ᠵᠠᠬᠢᠷᠭᠠᠨ ᠤ | ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠰᠢᠰᠲ᠋ᠧᠮ ᠢ ᠨᠠᠮ ᠪᠠ ᠤᠯᠤᠰ ᠤᠨ ᠬᠢᠨᠠᠯᠲᠠ ᠲᠠᠯᠪᠢᠬᠤ | ᠰᠢᠰᠲ᠋ᠧᠮ ᠤᠨ ᠪᠦᠬᠦ ᠲᠠᠯ᠎ᠠ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠶᠢ ᠪᠠᠷᠢᠮᠲᠠᠯᠠᠵᠤ᠂ | ᠨᠠᠮ ᠤᠨ ᠳᠣᠲᠣᠭᠠᠳᠤ ᠶᠢᠨ ᠬᠢᠨᠠᠯᠲᠠ ᠶᠢᠨ ᠭᠤᠣᠯᠯᠠᠬᠤ ᠪᠠᠶᠢᠷᠢ ᠰᠠᠭᠤᠷᠢ ᠶᠢ ᠲᠤᠪᠤᠶᠢᠯᠭᠠᠨ᠎ᠠ᠃ ᠨᠠᠮ ᠤᠨ | ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ | ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠤᠯᠠᠨ ᠲᠦᠮᠡᠨ ᠤ | ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢ ᠣᠷᠭᠠᠨᠢᠭ ᠢᠶᠠᠷ | ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠤᠨ᠎ᠠ᠃ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ᠂ ᠡᠳ᠋ ᠤᠨ | ᠶᠠᠪᠤᠳᠠᠯ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ᠂ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠬᠢᠨᠠᠯᠲᠠ ᠲᠠᠯᠪᠢᠬᠤ | ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠲᠤᠰᠢᠶᠠᠯᠲᠠᠨ ᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ | ᠨᠡᠬᠡᠮᠵᠢᠯᠡᠵᠦ᠂ ᠬᠠᠤᠯᠢ ᠳᠤᠭᠳᠠᠭᠠᠯ ᠶᠤᠰᠤᠭᠠᠷ ᠰᠢᠢᠳᠬᠡᠯ ᠥᠭᠭᠦᠨ᠎ᠡ᠃ | ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠵᠤᠷᠢᠭᠵᠢᠭᠤᠯᠬᠤ ᠪᠠ | ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ | ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠵᠢᠷᠤᠮᠵᠢᠯ ᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ᠂ | ᠣᠨᠣᠴᠠᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ᠂ ᠪᠣᠯᠭᠤᠮᠵᠢᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠵᠦ᠂ | ᠬᠠᠷᠢᠭᠤᠴᠠᠯᠭ᠎ᠠ ᠨᠡᠬᠡᠮᠵᠢᠯᠡᠬᠦ ᠡᠷᠴᠢᠮ ᠰᠤᠯᠠ ᠪᠠᠶᠢᠬᠤ ᠶᠢ ᠰᠡᠷᠭᠡᠶᠢᠯᠡᠬᠦ ᠪᠠᠷ ᠪᠠᠷᠠᠬᠤ ᠦᠭᠡᠢ᠂ ᠬᠠᠷᠢᠭᠤᠴᠠᠯᠭ᠎ᠠ | ᠨᠡᠬᠡᠮᠵᠢᠯᠡᠬᠦ ᠶᠢ ᠬᠡᠳᠦᠷᠡᠭᠦᠯᠬᠦ᠂ ᠳᠥᠭᠦᠮᠴᠢᠯᠡᠬᠦ ᠶᠢ ᠴᠦ ᠰᠡᠷᠭᠡᠶᠢᠯᠡᠬᠦ ᠬᠡᠷᠡᠭᠲᠡᠢ᠃ ︽ᠭᠤᠷᠪᠠ ᠶᠢ ᠢᠯᠭᠠᠨ ᠰᠠᠯᠭᠠᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠤᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤ ᠢᠯᠠᠩᠭᠤᠶ᠎ᠠ | ᠦᠨᠳᠦᠰᠦᠨ ᠱᠠᠲᠤᠨ ᠤ ᠵᠠᠰᠠᠭ ᠤᠨ ᠣᠷᠳᠣᠨ ᠤ ᠠᠵᠢᠯᠲᠠᠨ ᠤ ᠢᠳᠡᠪᠬᠢᠵᠢᠯ ᠢ ᠦᠨᠡᠨ ᠬᠦ ᠳᠠᠶᠢᠴᠢᠯᠠᠨ᠂ | ᠪᠣᠳᠠᠲᠠᠶ ᠠᠴᠠ ᠡᠭᠦᠰᠴᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠬᠢᠵᠦ ᠦᠶ᠋ᠯᠡᠰ | ᠪᠤᠰᠬᠠᠬᠤ ᠶᠢ ᠭᠦᠢᠴᠡᠳ ᠳᠡᠮᠵᠢᠨ᠎ᠡ᠃ | ︵ᠬᠤᠷᠢᠨ ᠲᠠᠪᠤ︶ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ | ᠵᠢᠷᠤᠮᠵᠢᠭᠤᠯᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠵᠠᠰᠠᠭ ᠤᠨ ᠣᠷᠳᠣᠨ ᠤ | ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠡᠭᠡᠳᠦ ᠱᠠᠲᠤ ᠪᠠ ᠲᠣᠰ ᠱᠠᠲᠤᠨ ᠤ ᠵᠠᠰᠠᠭ ᠤᠨ | ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠱᠠᠯᠠᠪᠳᠠᠭᠤᠯᠤᠨ | ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ | ᠪᠠᠶᠢᠳᠠᠯ᠂ ᠲᠣᠰ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠰᠠᠯᠠᠭ᠎ᠠ ᠮᠥᠴᠢᠷ ᠪᠠ ᠳᠤᠤᠷᠠᠳᠤ ᠱᠠᠲᠤᠨ ᠤ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ | ᠪᠠᠶᠢᠴᠠᠭᠠᠬᠤ ᠶᠢ ᠥᠷᠨᠢᠭᠦᠯᠦᠨ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠪᠠᠲᠤᠯᠠᠵᠤ᠂ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠱᠠᠯᠠᠪᠳᠠᠭᠤᠯᠤᠨ ᠳᠡᠭᠡᠭᠰᠢᠯᠡᠭᠦᠯᠵᠦ᠂ ᠴᠢᠬᠡᠴᠢ ᠵᠠᠰᠠᠭ ᠤᠨ ᠪᠠᠶᠢᠭᠤᠯᠤᠯᠲᠠ ᠶᠢ | ᠠᠬᠢᠭᠤᠯᠤᠨ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠦᠷᠢᠮ ᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ | ᠱᠠᠯᠠᠪᠳᠠᠭᠤᠯᠤᠨ ᠪᠠᠶᠢᠴᠠᠭᠠᠯᠳᠠ ᠶᠢᠨ ᠵᠤᠷᠢᠭᠵᠢᠭᠤᠯᠬᠤ ᠪᠠ ᠱᠠᠯᠠᠪᠳᠠᠭᠤᠯᠬᠤ ᠦᠢᠯᠡᠳᠦᠯ ᠢ ᠢᠳᠡᠪᠬᠢᠲᠡᠶ | ᠪᠠᠳᠠᠷᠠᠭᠤᠯᠵᠤ᠂ ᠱᠠᠩᠨᠠᠬᠤ ᠪᠠ ᠰᠢᠢᠳᠬᠡᠬᠦ ᠶᠢ ᠵᠡᠷᠭᠡ ᠳᠤᠨᠢ ᠡᠷᠬᠢᠮᠯᠡᠬᠦ ᠶᠢ ᠪᠠᠷᠢᠮᠲᠠᠯᠠᠨ᠂ ᠦᠷ᠎ᠡ ᠪᠦᠲᠦᠮᠵᠢ ᠪᠠᠷ | ᠢᠯᠡᠷᠬᠡᠶ ᠶᠢ ᠨᠢ ᠲᠣᠭᠲᠠᠭᠠᠯ ᠶᠣᠰᠣᠭᠠᠷ ᠰᠠᠶᠢᠰᠢᠶᠠᠬᠤ ᠪᠠ ᠲᠥᠷᠥ ᠶᠢᠨ ᠪᠣᠳᠣᠯᠭ᠎ᠠ ᠪᠠᠷ ᠵᠤᠷᠢᠭᠵᠢᠭᠤᠯᠬᠤ | ᠡᠷᠴᠢᠮ ᠢᠶᠠᠨ ᠨᠡᠮᠡᠭᠳᠡᠭᠦᠯᠵᠦ᠂ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠦᠢᠯᠡᠳᠬᠦ ᠶᠢ ᠨᠢ ᠲᠣᠭᠲᠠᠭᠠᠯ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ | ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ᠂ ᠳᠡᠰ ᠳᠠᠷᠠᠭᠠᠯᠠᠯ ᠪᠣᠯᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ | ᠴᠢᠨᠠᠷ᠂ ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠨᠡᠮᠡᠭᠳᠡᠭᠦᠯᠬᠦ ᠬᠡᠷᠡᠭᠲᠡᠶ᠃ | ︵ᠬᠤᠷᠢᠨ ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠢᠵᠠᠭᠠᠷᠯᠠᠬᠤ ᠪᠠ ᠬᠢᠨᠠᠯᠲᠠ | ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ | ᠬᠢᠨᠠᠯᠲᠠ ᠲᠠᠯᠪᠢᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠢᠷᠤᠮᠵᠢᠭᠤᠯᠤᠨ ᠪᠠᠲᠤᠯᠠᠬᠤ᠂ ᠱᠠᠯᠠᠪᠳᠠᠭᠤᠯᠤᠨ | ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ 2024 ᠣᠨ ᠤ ᠵᠢᠯ ᠤᠨ ᠰᠡᠭᠦᠯᠴᠢ ᠠᠴᠠ ᠡᠮᠦᠨ᠎ᠡ ᠮᠤᠵᠢ | ᠬᠤᠲᠠ ᠰᠢᠶᠠᠨ ᠰᠢᠶᠠᠩ ᠢ ᠪᠦᠷᠢᠨ ᠪᠦᠷᠬᠦᠭᠦᠯᠦᠭᠰᠡᠨ ᠨᠡᠯᠢᠶᠡᠳ ᠪᠦᠷᠢᠨ ᠲᠡᠭᠦᠯᠳᠡᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠭᠦ ᠳᠤ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠬᠡ | ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ ᠶᠢ ᠴᠢᠩᠭ᠎ᠠ ᠵᠢᠷᠤᠮᠯᠠᠨ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ | ᠬᠤᠪᠢᠶᠠᠷᠢᠯᠠᠵᠤ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠭᠲᠠᠭᠠᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ ᠳᠠᠩᠰᠠ ᠡᠪᠬᠡᠮᠡᠯ ᠢ ᠬᠠᠮᠢᠶᠠᠷᠬᠤ ᠪᠣᠯᠤᠨ ᠦᠨᠡᠯᠡᠨ ᠪᠠᠶᠢᠴᠠᠭᠠᠬᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠤᠯᠳᠡ ᠶᠢ ᠰᠢᠢᠳᠪᠦᠷᠢᠯᠡᠬᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠬᠢᠨᠠᠨ ᠰᠢᠯᠭᠠᠵᠤ ᠦᠨᠡᠯᠡᠨ ᠶᠠᠷᠢᠯᠴᠠᠬᠤ ᠵᠡᠷᠭᠡ ᠳᠦᠷᠢᠮ ᠤᠨ ᠪᠠᠶᠢᠭᠤᠯᠤᠯᠲᠠ ᠶᠢ | ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠶ᠃ ᠭᠤᠤᠯᠳᠠᠯᠭ᠎ᠠ ᠲᠠᠢ ᠬᠦᠷᠢᠶᠡᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠦᠢᠯᠡᠳᠬᠦ᠂ ᠬᠠᠤᠯᠢ ᠬᠡᠷᠡᠭᠵᠢᠭᠦᠯᠬᠦ ᠳᠡᠭᠡᠨ ᠴᠢᠩᠭ᠎ᠠ | ᠪᠤᠰᠤ ᠵᠢᠷᠤᠮᠵᠢᠭᠤᠨ ᠪᠤᠰᠤ ᠪᠣᠯᠪᠠᠰᠤᠨ ᠪᠤᠰᠤ ᠢᠯᠡ ᠲᠣᠳᠣ ᠪᠤᠰᠤ ᠵᠡᠷᠭᠡ ᠲᠣᠪᠤᠶᠢᠮ᠎ᠠ ᠠᠰᠠᠭᠤᠳᠠᠯ ᠢ ᠶᠡᠭᠡ ᠪᠠᠷ | ᠴᠡᠭᠴᠡᠯᠡᠨ ᠵᠠᠰᠠᠵᠤ᠂ ᠭᠤᠤᠯ ᠠᠵᠢᠯ ᠤᠨ ᠲᠣᠭᠤᠷᠢᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠳᠤ ᠬᠢᠨᠠᠯᠲᠠ | ᠲᠠᠯᠪᠢᠬᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠦᠨ᠎ᠡ᠃ ᠲᠣᠷᠭᠠᠵᠤ ᠬᠤᠷᠢᠶᠠᠮᠵᠢᠯᠠᠬᠤ ᠭᠦᠢᠴᠡᠳᠬᠡᠯ | ᠲᠤᠭ᠎ᠠ ᠶᠢ ᠪᠠᠭᠤᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠠᠭᠤᠯᠭᠠᠬᠤ ᠶᠢ ᠴᠢᠩᠭ᠎ᠠ ᠴᠠᠭᠠᠵᠠᠯᠠᠵᠤ᠂ | ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ᠶᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠭᠠᠷᠭᠠᠭᠰᠠᠨ ᠵᠠᠰᠠᠭ | ᠵᠠᠬᠢᠷᠭᠠᠨ ᠤ ᠪᠠᠶᠢᠭᠤᠯᠭ᠎ᠠ ᠵᠢᠴᠢ ᠠᠵᠢᠯᠲᠠᠨ ᠤ ᠬᠢᠨᠠᠨ ᠰᠢᠯᠭᠠᠬᠤ᠂ ᠰᠢᠯᠭᠠᠨ ᠦᠨᠡᠯᠡᠬᠦ ᠯᠦᠭᠡ ᠰᠢᠭᠤᠳ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠬᠤᠯᠪᠣᠭᠳᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠭᠴᠢ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠬᠤᠷᠢᠨ ᠳᠣᠯᠤᠭ᠎ᠠ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ | ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠨ᠎ᠠ᠃ ᠢᠯᠡ ᠪᠣᠯᠭᠠᠬᠤ ᠶᠢ ᠪᠠᠶᠢᠡᠭᠭᠤᠵᠢᠭᠤᠯᠬᠤ᠂ ᠢᠯᠡ ᠪᠣᠯᠭᠠᠬᠤ | ᠦᠭᠡᠢ ᠶᠢ ᠣᠨᠴᠠᠭᠠᠢ ᠪᠠᠶᠢᠳᠠᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠨᠡᠩ ᠢᠯᠡ ᠲᠣᠳᠣ | ᠪᠠᠶᠢᠬᠤ ᠪᠠᠷ ᠠᠷᠠᠳ ᠤᠯᠠᠨ ᠤ ᠨᠡᠩ ᠢᠯᠡᠭᠦᠦ ᠣᠶᠢᠯᠠᠭᠠᠯᠲᠠ᠂ ᠢᠲᠡᠭᠡᠯ ᠪᠠ ᠳᠡᠮᠵᠢᠯᠭᠡ ᠶᠢ ᠤᠯᠤᠨ᠎ᠠ᠃ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ ᠳ᠋ᠦᠩ ᠢ ᠢᠯᠡ | ᠪᠣᠯᠭᠠᠬᠤ ᠶᠢ ᠶᠡᠭᠡ ᠪᠠᠷ ᠠᠬᠢᠭᠤᠯᠵᠤ᠂ ᠬᠠᠤᠯᠢ ᠳᠤ ᠲᠤᠭᠳᠠᠭᠠᠭᠠᠳ ᠪᠠᠶᠢᠭ᠎ᠠ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠠᠭᠤᠯᠭ᠎ᠠ ᠶᠢ ᠪᠦᠬᠦᠨ ᠢ ᠢᠯᠡ ᠪᠣᠯᠭᠠᠬᠤ ᠶᠢ ᠪᠣᠳᠠᠲᠠᠶ ᠨᠠᠶᠢᠳᠠᠪᠤᠷᠢᠵᠢᠭᠤᠯᠤᠨ᠎ᠠ᠃ ᠢᠯᠡ ᠪᠣᠯᠭᠠᠬᠤ ᠶᠢ | ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠶᠢ ᠭᠤᠶᠤᠴᠢᠯᠠᠨ ᠭᠦᠢᠴᠡᠳᠭᠡᠬᠦ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠠᠷᠠᠳ ᠣᠯᠠᠨ ᠤ ᠵᠦᠶ ᠶᠤᠰᠤᠨ ᠤ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠤᠯᠢ | ᠶᠣᠰᠣᠭᠠᠷ ᠪᠠᠲᠤᠯᠠᠨ᠎ᠠ᠃ ᠵᠠᠰᠠᠭ ᠤᠨ ᠣᠷᠳᠣᠨ ᠤ ᠨᠡᠭᠡᠭᠡᠯᠲᠡ ᠶᠢᠨ ᠡᠳᠦᠷ᠂ ᠰᠦᠯᠵᠢᠶ᠎ᠡ ᠪᠠᠷ ᠵᠠᠰᠠᠭ ᠤᠨ ᠶᠠᠪᠤᠳᠠᠯ ᠢ | ᠠᠰᠠᠭᠤᠬᠤ ᠵᠡᠷᠭᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠣᠯᠠᠨ ᠨᠡᠶᠢᠲᠡ ᠯᠦᠭᠡ | ᠬᠤᠷᠰᠢᠯᠴᠠᠵᠤ ᠰᠣᠯᠢᠯᠴᠠᠬᠤ ᠲᠤᠬᠢᠶᠠᠯ ᠢ ᠨᠡᠮᠡᠭᠳᠡᠭᠦᠯᠦᠨ᠎ᠡ᠃ ᠳᠤᠮᠳᠠᠳᠤ ᠤᠯᠤᠰ ᠤᠨ ᠣᠨᠴᠠᠯᠢᠭ ᠲᠠᠢ ᠣᠯᠠᠨ | ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ | ᠲᠦᠷᠭᠡᠳᠬᠡᠨ ᠪᠠᠶᠢᠭᠤᠯᠤᠨ᠎ᠠ᠃ | ︵ᠬᠤᠷᠢᠨ ᠨᠠᠢᠮᠠ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠵᠠᠰᠠᠭ ᠤᠨ ᠣᠷᠳᠣᠨ ᠤ ᠢᠲᠡᠭᠡᠮᠵᠢ ᠶᠢ ᠰᠠᠬᠢᠵᠦ ᠠᠮᠠᠯᠠᠯᠲᠠ ᠪᠠᠨ ᠦᠢᠯᠡᠳᠦᠯᠭᠡᠵᠢᠭᠦᠯᠬᠦ | ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠨ ᠪᠠᠶᠢᠴᠠᠭᠠᠵᠤ ᠵᠠᠰᠠᠬᠤ | ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠤᠨ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠭᠡᠷ᠎ᠡ ᠠᠴᠠ ᠵᠥᠷᠢᠴᠡᠵᠦ ᠭᠡᠷ᠎ᠡ ᠶᠢ ᠡᠪᠳᠡᠭᠰᠡᠨ᠂ ᠵᠣᠭᠤᠰ ᠥᠷᠢᠲᠦᠭᠰᠡᠨ᠂ ᠬᠠᠤᠯᠢ | ᠴᠠᠭᠠᠵᠠ ᠶᠢᠨ ᠲᠡᠰᠦᠯᠦᠨ ᠲᠣᠭᠲᠠᠭᠠᠯᠲᠠ ᠶᠢ ᠭᠦᠢᠴᠡᠳᠭᠡᠬᠦ ᠶᠢ ᠲᠡᠪᠴᠢᠭᠰᠡᠨ ᠵᠡᠷᠭᠡ ᠢᠲᠡᠭᠡᠮᠵᠢ ᠠᠯᠳᠠᠭᠰᠠᠨ ᠮᠡᠳᠡᠭᠡ | ᠵᠠᠩᠭᠢ ᠶᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ | ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠨᠡᠶᠢᠳᠡᠯᠡᠨ᠎ᠠ᠃ ᠵᠠᠰᠠᠭ ᠤᠨ ᠣᠷᠳᠣᠨ ᠤ ᠢᠲᠡᠭᠡᠯ ᠠᠯᠳᠠᠪᠠᠯ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠲᠡᠭᠡᠯ ᠠᠯᠳᠠᠪᠠᠯ ᠵᠠᠯᠬᠠᠭᠠᠨ ᠴᠡᠭᠡᠷᠯᠡᠭᠦᠯᠬᠦ | ᠡᠷᠴᠢᠮ ᠢᠶᠠᠨ ᠨᠡᠮᠡᠭᠳᠡᠭᠦᠯᠵᠦ᠂ ᠥᠷᠢ ᠥᠭᠴᠡᠭᠡ ᠶᠢᠨ ᠪᠡᠯᠡ ᠮᠦᠩᠬᠦ ᠬᠤᠷᠠᠮᠳᠤᠭᠤᠯᠬᠤ᠂ ᠵᠠᠰᠠᠭ ᠤᠨ ᠣᠷᠳᠣᠨ | ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ | ᠮᠦᠩᠬᠦ ᠳᠠᠳᠠᠬᠤ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ | ᠭᠤᠣᠯᠳᠠᠯᠭ᠎ᠠ ᠲᠠᠢ ᠵᠠᠰᠠᠨ᠎ᠠ᠃ | ᠶᠢᠰᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠤ᠂ ᠲᠣᠭᠠᠴᠢᠯᠠᠭᠰᠠᠨ ᠬᠠᠤᠯᠢᠵᠢᠯ ᠤᠨ ᠵᠠᠰᠠᠭ ᠤᠨ | ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ | ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ | ᠬᠡᠷᠡᠭᠯᠡᠨ ᠬᠠᠤᠯᠢ ᠪᠠᠷ ᠵᠠᠰᠠᠭ ᠶᠠᠪᠤᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠵᠠᠰᠠᠯᠲᠠ ᠶᠢᠨ ᠮᠡᠳᠡᠭᠡ ᠵᠠᠩᠭᠢᠵᠢᠯᠲᠠ ᠬᠢᠭᠡᠳ ᠬᠠᠤᠯᠢᠵᠢᠯ ᠤᠨ ᠭᠦᠨᠵᠡᠭᠡᠶ ᠠᠭᠤᠰᠤᠯᠴᠠᠯ ᠢ ᠬᠦᠴᠦᠯᠡᠨ ᠪᠡᠶᠡᠯᠡᠭᠦᠯᠵᠦ᠂ | ᠵᠠᠰᠠᠭ ᠤᠨ ᠣᠷᠳᠣᠨ ᠤ ᠵᠠᠰᠠᠯᠲᠠ ᠶᠢᠨ ᠶᠠᠪᠤᠴᠠ ᠪᠠ ᠠᠷᠭ᠎ᠠ ᠮᠠᠶ᠋ᠢᠭ ᠢ ᠰᠢᠯᠢᠳᠡᠭᠵᠢᠭᠦᠯᠦᠨ ᠰᠢᠨᠡᠴᠢᠯᠡᠵᠦ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠣᠭᠠᠴᠢᠯᠠᠯᠲᠠ ᠶᠢᠨ ᠲᠦᠪᠰᠢᠨ ᠢ ᠶᠡᠭᠡ ᠪᠠᠷ | ᠳᠡᠭᠡᠭᠰᠢᠯᠡᠭᠦᠯᠦᠨ᠎ᠡ᠃ | ︵ᠬᠤᠷᠢ ᠶᠢᠰᠦ︶ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠨᠢ ᠲᠣᠰ ᠭᠠᠵᠠᠷ | ᠣᠷᠣᠨ ᠤ ᠡᠯ᠎ᠡ ᠱᠠᠲᠤᠨ ᠤ ᠬᠠᠷᠢᠯᠴᠠᠨ ᠬᠤᠯᠪᠣᠭᠠᠯᠠᠬᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡᠳᠦᠯᠲᠡᠶ ᠲᠥᠯᠥᠪᠵᠢᠬᠦᠯᠦᠨ ᠪᠠᠶᠢᠭᠤᠯᠵᠤ᠂ ᠮᠤᠵᠢ ︵ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠲᠣᠰᠬᠤᠨ ︵ᠨᠡᠶᠢᠭᠡᠮ ᠲᠣᠭᠤᠷᠢᠭ︶ ᠬᠦᠷᠳᠡᠯ᠎ᠠ ᠰᠦᠯᠵᠢᠶᠡᠨ | ᠳᠡᠭᠡᠷ᠎ᠡ ᠵᠠᠰᠠᠭ ᠤᠨ ᠶᠠᠪᠤᠳᠠᠯ ᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠰᠢᠯᠵᠢᠶ᠎ᠠ ᠳᠠᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠩ ᠣᠯᠠᠨ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠭᠡᠬᠦ︾ ᠶᠢ ᠪᠡᠶᠡᠯᠡᠭᠦᠯᠦᠨ᠎ᠡ᠃ ᠰᠢᠨ᠎ᠡ | ᠬᠡᠯᠪᠡᠷᠢ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠱᠠᠲᠤ ᠲᠥᠷᠥᠯ ᠬᠤᠪᠢᠶᠠᠨ ᠠᠬᠢᠭᠤᠯᠵᠤ᠂ | ᠬᠤᠲᠠ ᠶᠢᠨ ᠵᠠᠰᠠᠯᠲᠠ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠵᠠᠰᠠᠭ ᠤᠨ | ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠵᠢᠭᠦᠯᠭᠡ ᠶᠢ | ᠴᠢᠩᠭᠠᠳᠬᠠᠵᠤ᠂ ᠡᠯ᠎ᠡ ᠲᠥᠷᠥᠯ ᠤᠨ ᠲᠤᠭ᠎ᠠ ᠪᠠᠷᠢᠮᠲᠠ᠂ ᠰᠦᠯᠵᠢᠶᠡᠨ ᠤ ᠲᠠᠪᠴᠠᠩ ᠢ ᠰᠢᠯᠢᠳᠡᠭᠵᠢᠭᠦᠯᠦᠨ ᠡᠮᠬᠢᠯᠡᠨ | ᠨᠡᠶᠢᠯᠡᠭᠦᠯᠵᠦ᠂ ᠳᠠᠪᠬᠤᠷᠳᠠᠭᠤᠯᠤᠨ ᠪᠠᠶᠢᠭᠤᠯᠬᠤ ᠶᠢ ᠰᠡᠷᠭᠡᠶᠢᠯᠡᠨ᠎ᠠ᠃ | ᠬᠠᠤᠯᠢ ᠲᠣᠭᠲᠠᠭᠠᠯ ᠲᠦᠷᠢᠮ ᠲᠣᠭᠲᠠᠭᠠᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠨᠢᠭᠡᠳᠦᠯᠲᠡᠶ ᠢᠯᠡ ᠪᠣᠯᠭᠠᠵᠤ ᠪᠠᠶᠢᠴᠠᠭᠠᠨ ᠯᠠᠪᠯᠠᠬᠤ ᠲᠠᠪᠴᠠᠩ ᠢ ᠪᠠᠶᠢᠭᠤᠯᠵᠤ᠂ 2022 ᠣᠨ ᠤ | ᠵᠢᠯ ᠤᠨ ᠰᠡᠭᠦᠯᠴᠢ ᠠᠴᠠ ᠡᠮᠦᠨ᠎ᠡ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ | ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ | ᠲᠡᠭᠦᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠢᠭᠡᠳᠦᠯᠲᠡᠶ | ᠢᠯᠡ ᠪᠣᠯᠭᠠᠵᠤ ᠪᠠᠶᠢᠴᠠᠭᠠᠨ ᠯᠠᠪᠯᠠᠬᠤ ᠶᠢ ᠪᠡᠶᠡᠯᠡᠭᠦᠯᠦᠨ᠎ᠡ︔ 2023 ᠣᠨ ᠤ ᠵᠢᠯ ᠤᠨ ᠰᠡᠭᠦᠯᠴᠢ ᠠᠴᠠ ᠡᠮᠦᠨ᠎ᠡ | ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠲᠣᠰ ᠭᠠᠵᠠᠷ ᠣᠷᠣᠨ ᠤ ᠣᠲᠣ ᠶᠢᠨ | ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ | ᠲᠣᠭᠲᠠᠭᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠢᠭᠡᠳᠦᠯᠲᠡᠶ ᠢᠯᠡ ᠪᠤᠯᠭᠠᠵᠦ | ᠪᠠᠶᠢᠴᠠᠭᠠᠨ ᠯᠠᠪᠯᠠᠬᠤ ᠶᠢ ᠪᠡᠶᠡᠯᠡᠭᠦᠯᠦᠨ᠎ᠡ᠃ | ︵ᠭᠤᠴᠢ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ ᠡᠮᠬᠢ ᠵᠢᠷᠤᠮ ᠲᠠᠢ ᠬᠠᠮᠲᠤ ᠪᠠᠷ ᠡᠳ᠋ᠯᠡᠬᠦ ᠶᠢ | ᠲᠦᠷᠭᠡᠳᠬᠡᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ ᠬᠠᠮᠲᠤ ᠪᠠᠷ ᠡᠳ᠋ᠯᠡᠬᠦ ᠶᠢ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ | ᠬᠠᠩᠭᠠᠬᠤ᠂ ᠬᠡᠷᠡᠭᠯᠡᠬᠦ᠂ ᠬᠠᠮᠢᠶᠠᠷᠬᠤ ᠵᠡᠷᠭᠡ ᠡᠯ᠎ᠡ ᠬᠠᠮᠢᠶ᠎ᠠ ᠪᠥᠬᠦᠶ ᠲᠠᠯ᠎ᠠ ᠶᠢᠨ ᠡᠷᠬᠡ ᠠᠰᠢᠭ ᠪᠠ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠨ᠂ ᠲᠤᠭ᠎ᠠ ᠪᠠᠷᠢᠮᠳᠠ ᠶᠢ ᠬᠠᠮᠲᠤ ᠪᠠᠷ ᠡᠳ᠋ᠯᠡᠬᠦ ᠪᠠ ᠠᠵᠢᠯ ᠲᠦᠷᠦᠯ ᠤᠨ | ᠬᠠᠮᠵᠢᠯᠴᠠᠭ᠎ᠠ ᠶᠢ ᠠᠬᠢᠭᠤᠯᠵᠤ᠂ ᠥᠨᠳᠥᠷ ᠪᠦᠲᠦᠮᠵᠢᠲᠦ ᠠᠵᠢᠯᠯᠠᠭ᠎ᠠ ᠲᠠᠢ ᠠᠵᠢᠯ ᠤᠨ ᠲᠣᠭᠲᠠᠴᠠ ᠶᠢ | ᠪᠦᠷᠢᠯᠳᠦᠭᠦᠯᠦᠨ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠡᠮᠬᠢᠯᠡᠨ | ᠨᠡᠶᠢᠯᠡᠭᠦᠯᠬᠦ ᠶᠢ ᠴᠢᠩᠭᠠᠳᠬᠠᠨ᠎ᠠ᠃ ᠪᠡᠶ᠎ᠡ ᠶᠢᠨ ᠭᠠᠷᠤᠯ ᠢ ᠭᠡᠷᠡᠴᠢᠯᠡᠬᠦ᠂ ᠡᠯᠧᠺᠳ᠋ᠷᠣᠨ ᠲᠠᠮᠠᠭ᠎ᠠ᠂ ᠡᠯᠧᠺᠳ᠋ᠷᠣᠨ ᠦᠨᠡᠮᠯᠡᠯ | ᠵᠡᠷᠭᠡ ᠶᠢ ᠨᠢᠭᠡᠳᠦᠯᠲᠡᠶ ᠮᠠᠭᠠᠳᠯᠠᠨ ᠲᠣᠭᠲᠠᠭᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠎ᠡ᠃ ᠲᠣᠮᠣ ᠳ᠋ᠠᠶᠢᠲ᠋ᠠ ᠶᠢ ᠵᠠᠳᠠᠯᠬᠤ᠂ ᠠᠭᠤᠳᠠᠯᠬᠤ᠂ | ᠰᠢᠢᠳᠪᠦᠷᠢᠯᠡᠬᠦ ᠪᠠ ᠬᠡᠷᠡᠭᠯᠡᠬᠦ ᠶᠢ ᠴᠢᠩᠭᠠᠳᠬᠠᠵᠤ᠂ ᠲᠣᠮᠣ ᠳ᠋ᠠᠶᠢᠲ᠋ᠠ ᠪᠠᠷ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠲᠤᠰᠠᠯᠠᠬᠤ ᠳᠤ ᠴᠢᠳᠠᠮᠠᠭᠠᠢ ᠪᠤᠯᠭᠠᠨ᠎ᠠ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ | ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠦᠷᠢᠮ | ᠲᠣᠭᠲᠠᠭᠠᠯ ᠢ ᠪᠠᠶᠢᠭᠤᠯᠤᠨ ᠪᠦᠷᠢᠨᠰᠢᠭᠦᠯᠦᠨ᠎ᠡ᠃ ᠤᠯᠤᠰ ᠤᠨ ᠠᠮᠤᠷ ᠲᠦᠪᠰᠢᠨ᠂ ᠬᠤᠳᠠᠯᠳᠤᠭᠠᠨ ᠤ ᠨᠢᠭᠤᠴᠠ᠂ | ᠪᠠᠶᠢᠭᠠᠯᠢ ᠬᠥᠮᠦᠨ ᠤ ᠨᠢᠭᠤᠴᠠ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠬᠤ ᠶᠢᠨ | ᠬᠠᠮᠲᠤ᠂ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠳᠠ ᠶᠢ | ᠨᠡᠭᠡᠭᠡᠯᠳᠠ ᠬᠢᠵᠦ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠯᠠᠨ | ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ ᠳᠠᠬᠢ ᠵᠠᠰᠠᠭ ᠤᠨ | ᠣᠷᠳᠣᠨ ᠤ ᠲᠤᠭ᠎ᠠ ᠪᠠᠷᠢᠮᠳᠠ ᠶᠢ ᠨᠡᠶᠢᠭᠡᠮ ᠨᠡᠶᠢᠲᠡ ᠳᠤ ᠡᠮᠬᠢ ᠵᠢᠷᠤᠮ ᠲᠠᠢ ᠪᠠᠷ ᠨᠡᠭᠡᠭᠡᠯᠳᠠ ᠬᠢᠬᠦ ᠶᠢ ᠤᠷᠢᠳ ᠢᠶᠠᠷ | ᠠᠬᠢᠭᠤᠯᠤᠨ᠎ᠠ᠃ | ︵ᠭᠤᠴᠢᠨ ᠨᠢᠭᠡ︶ ︽ᠢᠨᠲ᠋ᠧᠷ ᠰᠦᠯᠵᠢᠶ᠎ᠡ +︾ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ | ᠭᠦᠨᠵᠡᠭᠡᠶ ᠠᠬᠢᠭᠤᠯᠤᠨ᠎ᠠ᠃ ᠤᠯᠤᠰ ᠤᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠡᠯ᠎ᠡ | ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠲᠤᠭ᠎ᠠ ᠪᠠᠷᠢᠮᠲᠠ ᠶᠢᠨ ᠬᠤᠯᠪᠣᠭᠠᠯᠠᠨ ᠨᠡᠪᠲᠡᠷᠡᠯᠴᠡᠵᠦ | ᠲᠦᠪᠯᠡᠷᠡᠬᠦᠯᠬᠦ ᠶᠢ ᠪᠡᠶᠡᠯᠡᠭᠦᠯᠦᠨ᠎ᠡ᠃ ᠣᠶᠤᠨᠴᠢ ᠪᠠᠷ ᠬᠠᠤᠯᠢ ᠬᠡᠷᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠮᠡᠳᠡᠭᠡ | ᠵᠠᠩᠭᠢᠵᠢᠯᠲᠠ ᠶᠢᠨ ᠮᠡᠷᠭᠡᠵᠢᠯ᠂ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠬᠡᠷᠡᠭᠯᠡᠭᠡ ᠶᠢ ᠴᠢᠩᠭᠠᠳᠬᠠᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ APP ᠶᠢᠨ ᠠᠯᠠᠭᠠᠨ ᠳᠡᠭᠡᠷᠡᠬᠢ ᠬᠠᠤᠯᠢ ᠬᠡᠷᠡᠭᠵᠢᠭᠦᠯᠦᠯᠲᠡ ᠶᠢ | ᠬᠡᠷᠡᠭᠵᠢᠭᠦᠯᠦᠨ᠎ᠡ᠃ ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂ ᠰᠢᠯᠵᠢᠭᠡ ᠬᠢᠨᠠᠯᠲᠠ ᠬᠠᠮᠢᠶᠠᠷᠤᠯᠲᠠ᠂ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠪᠠᠷ ᠣᠨᠴᠠᠯᠢᠭ ᠪᠣᠯᠭᠠᠭᠰᠠᠨ ᠲᠤᠬᠠᠶ ᠶᠢᠨ ᠲᠠᠯᠠᠪᠠᠶ ᠶᠢᠨ | ᠪᠤᠰᠤ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠬᠥᠮᠦᠨ ᠴᠥᠭᠡᠨ ᠤᠴᠢᠷ ᠶᠠᠪᠤᠳᠠᠯ ᠣᠯᠠᠨ | ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠪᠦᠬᠦ ᠤᠯᠤᠰ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠬᠢᠨᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠭᠡᠨ | ᠪᠠᠶᠢᠭᠤᠯᠵᠤ᠂ ᠬᠠᠤᠯᠢ ᠬᠡᠷᠡᠭᠵᠢᠭᠦᠯᠬᠦ ᠰᠠᠭᠤᠷᠢ ᠲᠤᠭ᠎ᠠ ᠪᠠᠷᠢᠮᠳᠠ᠂ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ | ᠰᠢᠯᠵᠢᠬᠦᠯᠬᠦ᠂ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠶᠢ ᠨᠢᠭᠡ ᠴᠤᠭᠴᠠᠵᠢᠭᠤᠯᠤᠨ᠂ | ᠪᠦᠬᠦ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ᠃ | ᠠᠷᠪᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠠ | ᠨᠠᠮ ᠤᠨ ᠤᠳᠤᠷᠢᠳᠤᠯᠭ᠎ᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢᠵᠢᠯ ᠤᠨ ᠵᠠᠰᠠᠭ ᠤᠨ | ᠣᠷᠳᠣᠨ ᠢ ᠪᠠᠶᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠂ ᠡᠷᠬᠡᠪᠰᠢ ᠨᠠᠮ ᠠᠴᠠ ᠪᠦᠬᠦ ᠲᠠᠯ᠎ᠠ ᠶᠢ ᠶᠡᠷᠦᠩᠬᠡᠶᠢᠯᠡᠨ | ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ | ᠤᠳᠤᠷᠢᠳᠬᠤ ᠦᠢᠯᠡᠳᠦᠯ ᠢ ᠪᠠᠳᠠᠷᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠵᠢᠯ ᠤᠨ | ᠪᠦᠬᠦ ᠲᠠᠯ᠎ᠠ ᠶᠢᠨ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ | ︵ᠭᠤᠴᠢᠨ ᠬᠤᠶᠠᠷ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠢᠨ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠶᠠᠪᠤᠴᠠ | ᠪᠣᠯᠤᠨ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶᠠᠨ ᠤ ᠬᠢᠨ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠴᠠᠭ | ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠨᠠᠮ ᠤᠨ | ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠰᠦᠪᠯᠡᠨ ᠨᠠᠶᠢᠳᠠᠪᠤᠷᠢᠵᠢᠭᠤᠯᠵᠤ᠂ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ | ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠢᠬᠤᠯᠠ ᠠᠵᠢᠯ ᠪᠣᠯᠭᠠᠵᠤ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠷᠢᠯᠠᠭᠤᠯᠤᠨ ᠠᠬᠢᠭᠤᠯᠵᠤ᠂ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠤ ᠨᠠᠮ ᠤᠨ | ᠬᠤᠷᠢᠶᠠᠨ ᠤ ᠬᠠᠤᠯᠢᠵᠢᠯ ᠤᠨ ᠪᠠᠶᠢᠭᠤᠯᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ | ᠬᠡᠷᠡᠭ ᠡᠷᠬᠢᠯᠡᠬᠦ ᠪᠠᠶᠢᠭᠤᠯᠤᠮᠵᠢ ᠶᠢᠨ ᠬᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠵᠣᠬᠢᠴᠠᠭᠤᠯᠵᠤ ᠱᠠᠯᠠᠪᠳᠠᠭᠤᠯᠤᠨ ᠠᠬᠢᠭᠤᠯᠬᠤ ᠪᠠᠨ ᠴᠢᠩᠭᠠᠳᠬᠠᠬᠤ ᠬᠡᠷᠡᠭᠲᠡᠢ᠃ | ︵ᠭᠤᠴᠢᠨ ᠭᠤᠷᠪᠠ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠱᠠᠯᠠᠪᠳᠠᠭᠤᠯᠤᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠵᠤ᠂ 2025 ᠣᠨ ᠠᠴᠠ ᠡᠮᠦᠨ᠎ᠡ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠦᠬᠦᠨ ᠢ ᠱᠠᠯᠠᠪᠳᠠᠭᠤᠯᠤᠨ ᠪᠠᠶᠢᠴᠠᠭᠠᠬᠤ ᠶᠢ ᠪᠡᠶᠡᠯᠡᠭᠦᠯᠦᠨ᠎ᠡ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ | ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠭᠦᠳᠦᠨ ᠪᠠᠶᠢᠭᠤᠯᠬᠤ ᠪᠠᠷ ᠳᠡᠭᠡᠭᠰᠢᠯᠡᠯᠲᠡ ᠶᠢ | ᠠᠬᠢᠭᠤᠯᠵᠤ᠂ ᠵᠢᠱᠢᠶ᠎ᠡ ᠦᠵᠡᠭᠦᠯᠬᠦ ᠪᠠᠷ ᠬᠥᠭᠵᠢᠯᠲᠡ ᠶᠢ ᠳᠠᠶᠢᠴᠢᠯᠠᠨ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ᠃ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ | ᠴᠠᠭ ᠲᠤᠬᠠᠢ ᠳᠤᠨᠢ ᠨᠡᠶᠢᠭᠡᠮ ᠳᠤ ᠢᠯᠡ ᠨᠡᠶᠢᠳᠡᠯᠡᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠭᠦᠢᠴᠡᠳᠭᠡᠯ | ᠲᠤᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠂ | ᠰᠢᠯᠭᠠᠨ ᠬᠢᠨᠠᠬᠤ ᠴᠢᠬᠤᠯᠠ ᠴᠢᠨᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠭ ᠶᠠᠪᠤᠭᠤᠯᠤᠭᠰᠠᠨ ᠪᠠᠶᠢᠳᠠᠯ ᠢ ᠣᠷᠣᠨ | ᠨᠤᠲᠤᠭ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠤᠳᠤᠷᠢᠳᠬᠤ ᠺᠠᠳ᠋ᠷ ᠤᠨ | ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠨ᠎ᠠ᠃ | ︵ᠭᠤᠴᠢᠨ ᠳᠥᠷᠪᠡ︶ ᠬᠠᠤᠯᠢ ᠪᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠦᠨᠳᠦᠰᠦᠨ ᠬᠠᠤᠯᠢ | ᠬᠠᠤᠯᠢ ᠴᠠᠭᠠᠵᠠ ᠶᠢ ᠲᠦᠷᠦᠭᠦᠯᠡᠨ ᠵᠢᠷᠤᠮᠯᠠᠨ ᠬᠡᠷᠡᠭᠵᠢᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠠᠵᠢᠯᠲᠠᠨ ᠤ ᠮᠡᠳᠡᠪᠡᠯ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠨᠠᠷᠢᠨ ᠲᠠᠩᠰᠠ ᠶᠢ ᠪᠠᠶᠢᠭᠤᠯᠤᠨ᠎ᠠ᠃ | ᠢᠷᠭᠡᠨ ᠤ ᠬᠠᠤᠯᠢ ᠶᠢᠨ ᠪᠢᠴᠢᠭ ᠢᠶᠠᠷ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ | ᠵᠠᠬᠢᠷᠭᠠᠨ ᠤ ᠬᠠᠮᠢᠶᠠᠷᠤᠯᠲᠠ ᠶᠠᠪᠤᠭᠤᠯᠬᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠴᠢᠬᠤᠯᠠ ᠬᠡᠮᠵᠢᠭᠦᠷ | ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠵᠦ ᠠᠷᠠᠳ ᠢᠷᠭᠡᠨ᠂ | ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠵᠤ | ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠲᠣᠭᠲᠠᠭᠠᠯ ᠢ ᠳᠤᠷ᠎ᠠ ᠪᠠᠷ ᠢᠶᠠᠨ ᠭᠠᠷᠭᠠᠵᠤ ᠪᠣᠯᠬᠤ | ᠥᠬᠡᠶ᠃ ᠤᠳᠤᠷᠢᠳᠬᠤ ᠺᠠᠳ᠋ᠷᠴᠤᠳ ᠤᠨ ᠬᠠᠤᠯᠢ ᠰᠣᠷᠣᠯᠴᠠᠵᠥ ᠬᠠᠤᠯᠢ ᠬᠡᠷᠡᠭᠯᠡᠬᠦ ᠲᠣᠭᠲᠠᠴᠠ ᠶᠢ ᠪᠥᠷᠢᠨᠰᠢᠬᠦᠯᠵᠥ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠪᠠᠨ ᠦᠨᠳᠦᠰᠦᠯᠡᠨ | ᠲᠣᠰ ᠰᠠᠯᠠᠭ᠎ᠠ ᠮᠥᠴᠢᠷ ᠲᠣᠰ ᠰᠢᠰᠲ᠋ᠧᠮ ᠤᠨ ᠬᠠᠤᠯᠢᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠲᠣᠰ ᠭᠠᠵᠠᠷ | ᠣᠷᠣᠨ ᠤ ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠬᠠᠷᠢᠭᠤᠴᠠᠵᠤ᠂ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠢᠨ ᠬᠠᠤᠯᠢᠵᠢᠯ ᠤᠨ | ᠲᠤᠰᠬᠠᠢ ᠰᠡᠳᠦᠪᠲᠦ ᠲᠠᠶᠢᠯᠤᠮᠵᠢ ᠶᠢ ᠵᠢᠯ ᠪᠦᠷᠢ ᠬᠤᠶᠠᠷ ᠬᠤᠭᠤᠴᠠᠭ᠎ᠠ ᠠᠴᠠ ᠳᠡᠭᠡᠭᠰᠢ ᠡᠷᠬᠢᠯᠡᠨ᠎ᠠ᠃ ᠬᠤᠲᠠ | ᠰᠢᠶᠠᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠶᠢ ᠡᠭᠦᠷᠭᠡᠯᠡᠵᠦ | ᠪᠠᠶᠢᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰᠢᠶᠠᠯ ᠤᠨ ᠬᠤᠭᠤᠴᠠᠭᠠᠨ ᠳᠠᠭᠠᠨ ᠠᠵᠢᠯ ᠠᠴᠠ ᠪᠠᠨ ᠰᠠᠯᠵᠦ | ᠬᠠᠤᠯᠢᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠢ ᠠᠳᠠᠭ ᠲᠠᠭᠠᠨ ᠨᠢᠭᠡ ᠤᠳᠠᠭ᠎ᠠ ᠭᠥᠷᠳᠡᠨ᠎ᠠ᠃ ᠡᠯ᠎ᠡ ᠰᠠᠯᠠᠭ᠎ᠠ | ᠮᠥᠴᠢᠷ ᠪᠠ ᠬᠤᠲᠠ ᠰᠢᠶᠠᠨ ᠤ ᠵᠠᠰᠠᠭ ᠤᠨ ᠣᠷᠳᠣᠨ ᠤ ᠬᠠᠤᠯᠢᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠡᠭᠦᠷᠭᠡ ᠴᠢᠳᠠᠪᠬᠢ ᠶᠢᠨ ᠪᠠᠶᠢᠷᠢ | ᠲᠣᠭᠲᠠᠭᠠᠯᠲᠠ ᠶᠢ ᠰᠢᠯᠢᠳᠡᠭᠵᠢᠭᠦᠯᠵᠦ᠂ ᠠᠵᠢᠯᠳᠠᠨ ᠤ ᠬᠦᠴᠦᠨ᠂ ᠵᠠᠷᠤᠳᠠᠯ ᠵᠡᠷᠭᠡ ᠶᠢ ᠲᠡᠭᠦᠨ ᠤ ᠲᠤᠰᠢᠶᠠᠯ | ᠬᠠᠷᠢᠭᠤᠴᠠᠯᠭ᠎ᠠ ᠡᠭᠦᠷᠭᠡ ᠯᠦᠭᠡ ᠬᠠᠷᠠᠭᠠᠯᠵᠠᠭᠤᠯᠬᠤ ᠶᠢ ᠪᠠᠲᠤᠯᠠᠨ᠎ᠠ᠃ ᠬᠠᠤᠯᠢᠵᠢᠯ ᠤᠨ ᠬᠥᠮᠦᠵᠢᠯ ᠢ ᠡᠯ᠎ᠡ ᠱᠠᠲᠤᠨ ᠤ | ᠵᠠᠰᠠᠭ ᠤᠨ ᠣᠷᠳᠣᠨ ᠤ ᠠᠵᠢᠯᠳᠠᠨ ᠤ ᠠᠩᠬ᠎ᠠ ᠲᠤᠰᠢᠶᠠᠯ ᠡᠭᠦᠷᠭᠡᠯᠡᠬᠦ ᠪᠣᠯᠪᠠᠰᠤᠷᠠᠯ᠂ ᠲᠤᠰᠢᠶᠠᠯ ᠡᠭᠦᠷᠭᠡᠯᠡᠬᠦ | ᠪᠣᠯᠪᠠᠰᠤᠷᠠᠯ ᠤᠨ ᠵᠠᠪᠡᠯ ᠬᠦᠷᠳᠡᠬᠦ ᠠᠭᠤᠯᠭ᠎ᠠ ᠳᠤ ᠣᠷᠣᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠤᠨ ᠬᠤᠪᠢ ᠬᠥᠮᠦᠨ ᠢ ᠲᠣᠭᠲᠠᠭᠠᠯ | ᠶᠣᠰᠣᠭᠠᠷ ᠰᠠᠶᠢᠰᠢᠶᠠᠨ ᠬᠥᠬᠢᠭᠦᠯᠦᠨ᠎ᠡ᠃ | ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠲᠤᠰᠬᠠᠢ ᠰᠡᠳᠦᠪᠲᠦ ᠪᠣᠯᠪᠠᠰᠤᠷᠠᠯ ᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ | ᠣᠷᠳᠣᠨ ᠤ ᠬᠠᠤᠯᠢ ᠲᠣᠭᠲᠠᠭᠠᠬᠤ ᠴᠢᠳᠠᠪᠤᠷᠢᠲᠠᠨ ᠢ ᠬᠥᠮᠦᠵᠢᠭᠦᠯᠬᠦ ᠪᠠ ᠨᠥᠭᠡᠴᠡᠯᠡᠬᠦ ᠠᠵᠢᠯ ᠢ ᠰᠠᠶᠢᠲᠤᠷ ᠬᠢᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠲᠤᠰᠬᠠᠶᠢᠵᠢᠭᠰᠠᠨ ᠠᠵᠢᠯ ᠮᠡᠷᠬᠡᠵᠢᠭᠰᠡᠨ ᠪᠠᠶᠢᠭᠤᠯᠤᠯᠲᠠ ᠶᠢ | ᠴᠢᠩᠭᠠᠳᠬᠠᠨ᠂ ᠤᠯᠤᠰ ᠲᠥᠷᠥ ᠶᠢᠨ ᠣᠨᠣᠯ ᠤᠨ ᠬᠥᠮᠦᠵᠢᠯ ᠪᠣᠯᠤᠨ ᠨᠠᠮᠴᠢ ᠴᠢᠨᠠᠷ ᠤᠨ ᠬᠥᠮᠦᠵᠢᠯ ᠤᠨ | ᠰᠤᠷᠤᠯᠴᠠᠬᠤ ᠴᠠᠭ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠥᠮᠦᠨ ᠨᠢᠭᠡᠪᠦᠷᠢ ᠳᠤ ᠵᠢᠯ ᠪᠦᠷᠢ 60 ᠬᠢᠴᠢᠶᠡᠯ ᠤᠨ | ᠴᠠᠭ ᠠᠴᠠ ᠳᠤᠲᠠᠭᠤ ᠦᠭᠡᠶ ᠠᠵᠢᠯ ᠲᠦᠷᠦᠯ ᠤᠨ ᠮᠡᠳᠡᠯᠭᠡ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠪᠣᠯᠪᠠᠰᠤᠷᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠡᠩᠨᠡᠭᠡᠨ ᠤ | ᠲᠤᠰᠬᠠᠶᠢᠵᠢᠭᠰᠠᠨ ᠠᠵᠢᠯ ᠮᠡᠷᠭᠡᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠶᠢ | ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠡᠷᠬᠢᠯᠡᠬᠦ ᠵᠢᠷᠤᠮᠵᠢᠯ ᠢ ᠲᠣᠭᠲᠠᠭᠠᠨ᠎ᠠ᠃ ᠬᠠᠤᠯᠢ ᠴᠠᠭᠠᠵᠠ ᠶᠢᠨ | ᠵᠥᠪᠯᠡᠭᠴᠢ ᠪᠠ ᠠᠯᠪᠠᠨ ᠲᠤᠰᠢᠶᠠᠯᠳᠤ ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ | ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠳᠤ ᠬᠠᠤᠯᠢᠴᠢ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠣᠷᠣᠯᠴᠠᠬᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ | ᠲᠠᠰᠤᠯᠤᠯᠲᠠ ᠶᠢᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ︵ᠭᠤᠴᠢᠨ ᠲᠠᠪᠤ︶ ᠣᠨᠣᠯ ᠤᠨ ᠰᠤᠳᠤᠯᠭᠠᠨ ᠪᠣᠯᠤᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ | ᠴᠢᠩᠭᠠᠳᠬᠠᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠰᠠᠭ ᠤᠨ | ᠣᠷᠳᠣᠨ ᠤ ᠤᠨᠤᠯ ᠤᠨ ᠰᠤᠳᠤᠯᠭᠠᠨ ᠢ ᠴᠢᠩᠭᠠᠳᠬᠠᠨ᠎ᠠ᠃ ᠬᠠᠤᠯᠢ ᠶᠢᠨ ᠤᠬᠠᠭᠠᠨ ᠤ ᠶᠡᠭᠡ ᠳᠡᠭᠡᠳᠦ | ᠰᠤᠷᠭᠠᠭᠤᠯᠢ ᠶᠢᠨ ᠬᠢᠨ ᠬᠠᠤᠯᠢᠵᠢᠯ ᠤᠨ ᠵᠠᠰᠠᠭ ᠤᠨ ᠣᠷᠳᠣᠨ ᠤ ᠳᠡᠭᠡᠳᠦ ᠲᠡᠰ ᠤᠨ ᠤᠶᠤᠨ ᠤ ᠬᠥᠮᠥᠷᠭᠡ ᠪᠠ | ᠰᠤᠳᠤᠯᠤᠨ ᠬᠥᠮᠦᠵᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ ᠠᠬᠢᠭᠤᠯᠤᠨ᠎ᠠ᠃ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ | ᠪᠠᠶᠢᠭᠤᠯᠵᠤ᠂ ᠦᠨᠡᠯᠡᠨ ᠵᠢᠱᠢᠬᠦ ᠶᠢᠨ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠮᠵᠢᠯᠲᠠ ᠲᠤᠷᠰᠢᠯᠭ᠎ᠠ ᠶᠢ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢᠵᠢᠯ ᠤᠨ ᠪᠠᠶᠢᠭᠤᠯᠤᠯᠲᠠ ᠶᠢᠨ ᠴᠠᠭ | ᠦᠶ᠎ᠡ ᠶᠢᠨ ᠬᠦᠴᠦᠷᠬᠡᠭ ᠳᠠᠭᠤᠨ ᠢ ᠳᠠᠮᠵᠢᠭᠤᠯᠤᠨ᠎ᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠬᠥᠲᠥᠯᠪᠦᠷᠢ ᠶᠢᠨ ᠵᠣᠷᠢᠭ ᠰᠠᠨᠠᠭ᠎ᠠ ᠪᠣᠯᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ | ᠬᠡᠷᠡᠭᠲᠡᠢ᠃ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠭᠡᠷ ᠱᠠᠯᠠᠪᠳᠠᠭᠤᠯᠤᠨ ᠱᠠᠭᠠᠷᠳᠠᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠥᠲᠥᠯᠪᠦᠷᠢ ᠶᠢᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | | |