ᠨᠠᠮ ᠤᠨ ᠲᠥᠪ ᠬᠤᠷᠢᠶ᠎ᠡ ᠲᠦᠷᠦ ᠶᠢᠨ ᠶᠠᠪᠤᠳᠠᠯ ᠤᠨ  ᠬᠤᠷᠢᠶ᠎ᠡ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/8/18
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 11  ᠤ ᠴᠠᠬᠢᠯᠭᠠᠨ ᠮᠡᠳᠡᠭᠡ  ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠤᠨ︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵      2021 — 2025 ᠤᠨ︶︾ ᠶᠢᠨ ᠪᠥᠬᠦ ᠠᠭᠤᠯᠭ᠎ᠠ ᠨᠢ ᠳᠤᠤᠷᠠᠬᠢ ᠮᠡᠲᠦ᠃      ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠬᠠᠤᠯᠢ ᠪᠠᠷ ᠵᠠᠰᠠᠭ ᠶᠠᠪᠤᠭᠤᠯᠬᠤ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠶᠢᠨ ᠲᠦᠯᠦᠭᠡ᠂ ᠣᠳᠣᠬᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠤᠰ ᠬᠦᠳᠦᠯᠪᠤᠷᠢ ᠶᠢ ᠲᠣᠭᠲᠠᠭᠠᠪᠠ᠃      ᠨᠢᠭᠡ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ       ᠲᠤᠭᠤᠰᠢᠯᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠲᠠᠯ᠎ᠠ ᠶᠢᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠢᠯᠠᠩᠭᠤᠶ᠎ᠠ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠤᠨ︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ 5 ᠵᠢᠯ ᠤᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠠᠪᠴᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠣᠯᠪᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠦ᠂ ᠬᠠᠷᠢᠭᠤᠴᠠᠯᠭ᠎ᠠ ᠶᠢ ᠱᠠᠯᠠᠪᠳᠠᠭᠤᠯᠤᠨ ᠪᠠᠶᠢᠴᠠᠭᠠᠬᠤ ᠪᠠ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠪᠡ︔ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠪᠡ︔ ᠬᠠᠤᠯᠢ ᠪᠠᠷ ᠵᠠᠰᠠᠭ ᠶᠠᠪᠤᠭᠤᠯᠬᠤ ᠲᠦᠷᠢᠮ ᠤᠨ ᠰᠢᠰᠲ᠋ᠧᠮ ᠡᠳᠦᠷ ᠢᠷᠡᠬᠦᠶ᠎ᠡ ᠪᠦᠷᠢᠨᠰᠢᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠲᠠᠷᠠᠭᠠᠯᠠᠯ ᠲᠦᠷᠢᠮ ᠳᠤᠬᠳᠠᠭᠠᠯ ᠢ ᠠᠩᠬ᠎ᠠ ᠠᠯᠬᠤᠮ ᠲᠤᠬᠲᠠᠭᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠢᠲᠡᠭᠡᠭᠦᠯᠬᠦ ᠬᠦᠴᠦᠨ ᠢ ᠦᠷᠭᠦᠯᠵᠢᠯᠡᠨ ᠳᠡᠭᠡᠭᠰᠢᠯᠡᠬᠦᠯᠪᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠲᠦᠪᠰᠢᠨ ᠢ ᠨᠡᠶᠢᠳᠡᠮ ᠳᠡᠭᠡᠭᠰᠢᠯᠡᠬᠦᠯᠪᠡ︔ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ ᠪᠠᠶᠢᠴᠠᠭᠠᠨ ᠰᠢᠢᠳᠪᠦᠷᠢᠯᠡᠵᠦ ᠴᠢᠳᠠᠪᠠ︔ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠡᠷᠭᠡᠶᠢᠯᠡᠨ ᠨᠠᠮᠳᠠᠭᠤᠯᠬᠤ ᠲᠣᠭᠲᠠᠴᠠ ᠶᠢ ᠨᠡᠩ ᠲᠡᠭᠦᠯᠳᠡᠷᠵᠢᠭᠦᠯᠪᠡ︔ ᠡᠯ᠎ᠡ ᠱᠠᠲᠤᠨ ᠤ ᠠᠯᠪᠠᠲᠠᠨ ᠤ ᠬᠠᠤᠯᠢᠵᠢᠯ ᠤᠨ ᠦᠵᠡᠯ ᠤᠬᠠᠮᠰᠠᠷ ᠢᠯᠡᠳᠲᠡ ᠴᠢᠩᠭᠠᠷᠠᠵᠤ᠂ ᠬᠠᠤᠯᠢ ᠪᠠᠷ ᠵᠠᠰᠠᠭ ᠶᠠᠪᠤᠭᠤᠯᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠤᠯᠤᠰ ᠨᠢᠭᠡᠨᠲᠡ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠵᠣᠬᠢᠴᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠰᠢᠨ᠎ᠡ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠡᠷᠬᠡᠪᠰᠢ ᠪᠦᠬᠦ ᠲᠠᠯ᠎ᠠ ᠳᠤ ᠰᠠᠭᠤᠷᠢᠯᠠᠵᠤ᠂ ᠠᠯᠤᠰ ᠬᠡᠳᠤ ᠶᠢ ᠪᠣᠳᠣᠯᠬᠢᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠵᠠᠮ ᠨᠡᠭᠡᠭᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠳᠡᠢ᠃      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠦ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ       ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ       ᠲᠤᠭᠤᠰᠢᠯᠠᠭᠤᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠨᠢᠭᠡᠳᠦᠯᠲᠡᠢ ᠲᠥᠯᠥᠪᠵᠢᠭᠦᠯᠵᠦ᠂ ᠡᠭᠦᠷᠭᠡ ᠬᠠᠷᠢᠭᠤᠴᠠᠯᠭ᠎ᠠ ᠲᠣᠳᠣᠷᠬᠠᠶ ᠪᠠᠶᠢᠬᠤ᠂ ᠬᠠᠤᠯᠢ ᠪᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠡᠭᠦᠷᠭᠡ ᠴᠢᠳᠠᠪᠬᠢ ᠰᠢᠨᠵᠢᠯᠡᠬᠦ ᠤᠬᠠᠭᠠᠨᠴᠢᠯᠠᠬᠰᠠᠨ᠂ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠰᠠᠨ᠂ ᠬᠠᠤᠯᠢ ᠶᠢ ᠴᠢᠩᠭ᠎ᠠ ᠬᠡᠷᠡᠭᠵᠢᠭᠦᠯᠦᠭᠰᠡᠨ᠂ ᠢᠯᠡ ᠪᠥᠭᠡᠳ ᠲᠥᠪ ᠭᠤᠣᠯᠴᠢ᠂ ᠤᠶᠤᠨᠴᠢ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠤᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ       ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠬᠡᠯᠰᠢᠬᠦᠯᠬᠦ ᠳᠤ ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠩᠭᠠᠨ᠎ᠠ᠃      ︵ᠬᠤᠶᠠᠷ︶ ᠭᠤᠣᠯ ᠵᠠᠷᠴᠢᠮ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠨ᠎ᠠ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠯᠢᠪᠠ ᠵᠠᠰᠠᠭ ᠵᠠᠬᠢᠷᠭᠠᠨ ᠤ ᠪᠠᠶᠢᠭᠤᠯᠭ᠎ᠠ ᠡᠷᠬᠡᠪᠰᠢ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠨ᠎ᠠ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠢᠶᠠᠷ ᠵᠠᠰᠠᠭ ᠵᠠᠬᠢᠷᠭᠠᠨ ᠤ ᠡᠷᠬᠡ ᠳᠤ ᠶᠣᠰᠣ ᠲᠦᠷᠢᠮ᠂ ᠵᠠᠭᠠᠭ ᠱᠤᠭᠤᠮ ᠲᠣᠭᠲᠠᠭᠠᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠨ᠎ᠠ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠪ ᠵᠠᠭᠪᠤᠷ ᠪᠠ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠨ᠎ᠠ︔ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠬᠤ᠂ ᠬᠠᠮᠵᠢᠯᠴᠠᠨ ᠬᠥᠭᠵᠢᠭᠦᠯᠬᠦ ᠶᠢ ᠴᠢᠩᠭᠠᠳᠬᠠᠨ᠎ᠠ᠃      ︵ᠭᠤᠷᠪᠠ︶ ᠶᠡᠷᠦᠩᠬᠡᠶ ᠬᠠᠷᠠᠯᠲᠠ᠃ 2025 ᠤᠨ ᠪᠣᠯᠬᠤ ᠳᠤ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠤᠨ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠤᠯᠢ ᠪᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠡᠳᠦᠷ ᠢᠷᠡᠬᠦᠶ᠎ᠡ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠭᠡᠨᠡᠳᠲᠡ ᠶᠢᠨ ᠡᠭᠦᠰᠦᠭᠰᠡᠨ ᠬᠡᠷᠡᠭ ᠢ ᠠᠷᠭᠠᠴᠠᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠡᠯ᠎ᠡ ᠭᠠᠵᠠᠷ ᠣᠷᠣᠨ ᠡᠯ᠎ᠡ ᠳᠡᠰ ᠳᠠᠪᠬᠤᠷᠭ᠎ᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠣᠬᠢᠴᠠᠩᠭᠤᠢ ᠪᠠᠷ ᠵᠡᠷᠭᠡ ᠪᠠᠷ ᠠᠬᠢᠭᠤᠯᠵᠦ᠂ ᠨᠡᠩ ᠤᠯᠠᠨ ᠭᠠᠵᠠᠷ ᠣᠷᠣᠨ ᠳᠤ ᠤᠷᠢᠳ ᠢᠶᠠᠷ ᠰᠢᠪᠲᠤᠯᠤᠯᠲᠠ ᠭᠠᠷᠭᠠᠬᠤ ᠶᠢ ᠪᠡᠶᠡᠯᠡᠭᠦᠯᠵᠦ᠂ 2035 ᠤᠨ ᠪᠣᠯᠬᠤ ᠳᠤ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃      ᠬᠤᠶᠠᠷ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ       ᠪᠦᠷᠢᠨᠰᠢᠬᠦᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠶᠢ ᠠᠬᠢᠭᠤᠯᠤᠨ᠎ᠠᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠵᠦᠢᠯ ᠢ ᠦᠯᠦ ᠬᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠭᠦᠨᠵᠡᠭᠡᠢ ᠬᠤᠪᠢᠷᠠᠯᠲᠠ ᠶᠢ ᠬᠦᠴᠦᠯᠡᠨ ᠪᠡᠶᠡᠯᠡᠭᠦᠯᠵᠦ᠂ ᠬᠠᠮᠢᠶᠠᠷᠬᠤ ᠶᠣᠰᠣᠲᠠᠢ ᠬᠡᠷᠡᠭ ᠶᠠᠪᠤᠳᠠᠯ ᠢᠶᠠᠨ ᠰᠠᠶᠢᠲᠤᠷ ᠬᠠᠮᠢᠶᠠᠷᠴᠤ᠂ ᠲᠤᠭᠤᠰᠢᠲᠠᠢ ᠬᠠᠮᠢᠶᠠᠷᠴᠤ᠂ ᠵᠠᠭᠠᠭ ᠱᠤᠭᠤᠮ ᠲᠣᠳᠣᠷᠬᠠᠢ᠂ ᠠᠵᠢᠯ ᠤᠨ ᠬᠤᠪᠢᠶᠠᠷᠢᠯᠠᠯ ᠵᠦᠢ ᠵᠣᠬᠢᠰᠲᠠᠢ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠠᠵᠢᠯᠯᠠᠭᠠᠨ ᠤ ᠦᠷ᠎ᠡ ᠪᠦᠲᠦᠮᠵᠢ ᠦᠨᠳᠦᠷ᠂ ᠬᠠᠤᠯᠢᠵᠢᠯ ᠤᠨ ᠪᠠᠲᠤᠯᠠᠭ᠎ᠠ ᠲᠠᠢ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃      ︵ᠳᠥᠷᠪᠡ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠰᠢᠯᠢᠳᠡᠭᠵᠢᠭᠦᠯᠦᠨ ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠣᠯᠭᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠪᠠ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠠᠬᠢᠭᠤᠯᠬᠤ᠂ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠬᠤ ᠶᠢ ᠨᠢᠭᠡᠳᠦᠯᠲᠡᠢ ᠲᠥᠯᠥᠪᠯᠡᠨ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢ ᠨᠡᠩ ᠰᠢᠯᠢᠳᠡᠭᠵᠢᠭᠦᠯᠬᠦ᠂ ᠡᠷᠬᠡ ᠬᠠᠷᠢᠭᠤᠴᠠᠯᠭ᠎ᠠ ᠶᠢ ᠨᠡᠩ ᠵᠤᠬᠢᠴᠠᠭᠤᠯᠤᠨ᠎ᠠ᠃ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠭᠦᠷᠭᠡ ᠴᠢᠳᠠᠪᠬᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠵᠠᠰᠠᠭ ᠤᠨ ᠣᠷᠳᠣᠨ ᠪᠠ ᠨᠡᠶᠢᠭᠡᠮ ᠤᠨ ᠬᠠᠷᠢᠴᠠᠭ᠎ᠠ ᠶᠢ ᠲᠣᠳᠣᠷᠬᠠᠶᠢᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠪᠦᠲᠦᠮᠵᠢᠲᠡᠶ ᠵᠠᠰᠠᠭ ᠤᠨ ᠣᠷᠳᠣᠨ ᠤ ᠨᠠᠩ ᠰᠠᠶᠢᠨ ᠤᠶᠠᠯᠳᠤᠯ ᠢ ᠠᠬᠢᠭᠤᠯᠤᠨ᠎ᠠ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠡᠷᠭᠡ ᠡᠭᠦᠷᠭᠡ ᠴᠢᠳᠠᠪᠬᠢ ᠶᠢ ᠲᠣᠭᠲᠠᠭᠠᠨ ᠬᠡᠷᠡᠭᠵᠢᠭᠦᠯᠬᠦ ᠶᠢ ᠴᠢᠩᠭᠠᠳᠬᠠᠵᠦ᠂ ᠬᠠᠤᠯᠢ ᠴᠠᠭᠠᠵᠠ ᠪᠣᠯᠤᠨ ᠳᠦᠷᠢᠮ ᠳᠤᠬᠳᠠᠭᠠᠯ ᠢ ᠨᠡᠩ ᠢᠯᠡᠬᠦᠦ ᠴᠢᠬᠤᠯᠠᠴᠢᠯᠠᠨ ᠬᠡᠷᠡᠭᠯᠡᠵᠦ᠂ ᠪᠢᠴᠢᠯ ᠠᠵᠤ ᠠᠬᠤᠶ ᠶᠢᠨ ᠠᠵᠢᠯᠯᠠᠭ᠎ᠠ ᠳᠤ ᠵᠦᠢ ᠵᠣᠬᠢᠰ ᠦᠭᠡᠶ ᠪᠠᠷ ᠭᠠᠷ ᠲᠦᠷᠦᠭᠦ ᠠᠵᠢᠯᠯᠠᠭ᠎ᠠ ᠶᠢ ᠬᠤᠷᠢᠬᠯᠠᠨ ᠵᠤᠬᠰᠤᠭᠠᠨ᠎ᠠ᠃ ᠳᠥᠭᠦᠮ ᠳᠥᠲᠡ ᠥᠨᠳᠥᠷ ᠪᠦᠲᠦᠮᠵᠢᠲᠡᠶ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠠᠪᠲᠠᠭᠠᠶᠢᠷᠠᠭᠰᠠᠨ ᠪᠠ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠷᠣᠨ ᠲᠤᠭ᠎ᠠ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠬᠡᠯᠪᠠᠶᠢᠯᠭᠡᠬᠦ ᠶᠢ ᠠᠬᠢᠭᠤᠯᠵᠤ᠂ ᠵᠠᠰᠠᠭ ᠵᠠᠬᠢᠷᠭᠠᠨ ᠪᠠ ᠠᠵᠢᠯ ᠦᠢᠯᠡᠰ ᠤᠨ ᠣᠷᠣᠨ ᠲᠤᠭ᠎ᠠ ᠶᠢ ᠳᠡᠭᠡᠷ᠎ᠡ ᠠᠴᠠ ᠳᠣᠷᠣᠭᠰᠢ ᠳᠡᠰ ᠳᠠᠪᠬᠤᠷᠭ᠎ᠠ ᠠᠯᠤᠰᠯᠠᠨ ᠲᠣᠬᠢᠷᠠᠭᠤᠯᠤᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃      ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠥᠨᠳᠥᠷ ᠪᠦᠲᠦᠮᠵᠢᠲᠡᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠤᠨ᠎ᠠ᠃ 2022 ᠣᠨ ᠤ ᠳᠡᠭᠡᠷ᠎ᠡ ᠬᠠᠭᠠᠰ ᠵᠢᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠡᠷᠢᠨ ᠲᠡᠩᠰᠡ ᠶᠢ ᠨᠠᠶᠢᠷᠠᠭᠤᠯᠤᠨ ᠵᠣᠬᠢᠶᠠᠵᠤ᠂ ᠢᠯᠡ ᠪᠣᠯᠭᠠᠬᠤ᠂ ᠬᠥᠳᠡᠯᠦᠩᠭᠦᠶ ᠪᠠᠷ ᠲᠣᠬᠢᠷᠠᠭᠤᠯᠬᠤ᠂ ᠰᠢᠯᠭᠠᠨ ᠬᠢᠨᠠᠵᠤ ᠦᠨᠡᠯᠡᠨ ᠵᠢᠱᠢᠬᠦ᠂ ᠵᠣᠯᠭᠠᠯᠴᠠᠭᠤᠯᠤᠨ ᠵᠢᠷᠤᠮᠵᠢᠭᠤᠯᠬᠤ ᠵᠡᠷᠭᠡ ᠢᠵᠢ ᠪᠦᠷᠢᠳᠦᠭᠦᠯᠬᠦ ᠲᠣᠭᠲᠠᠴᠠ ᠪᠠ ᠠᠷᠭ᠎ᠠ ᠶᠢ ᠪᠠᠶᠢᠭᠤᠯᠤᠨ᠎ᠠ᠃ ᠣᠷᠣᠨ ᠨᠤᠲᠤᠭ ‍ᠤᠨ‌ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠪᠠᠷᠢᠮᠵᠢᠶᠠᠵᠢᠬᠰᠠᠨ ᠪᠠᠶᠢᠭᠤᠯᠤᠯᠲᠠ ᠶᠢ ᠴᠢᠩᠭᠠᠳᠬᠠᠨ᠂ ᠠᠳᠠᠯᠢ ᠨᠢᠭᠡᠨ ᠵᠦᠢᠯᠡᠰ ᠢ ᠵᠢᠷᠤᠮᠵᠢᠭᠤᠯᠤᠨ ᠨᠢᠭᠡᠳᠬᠡᠬᠦ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠴᠢᠩᠭ᠎ᠠ ᠬᠡᠷᠡᠭᠵᠢᠭᠦᠯᠵᠦ᠂ ︽ᠴᠠᠭᠠᠵᠠᠯᠠᠭᠰᠠᠨ ᠥᠬᠡᠶ ᠪᠣᠯ ᠣᠷᠣᠭᠤᠯᠬᠤ︾ ᠶᠢ ᠨᠡᠶᠢᠳᠡᠮ ᠨᠠᠶᠢᠳᠠᠪᠤᠷᠢᠵᠢᠭᠤᠯᠤᠨ᠎ᠠ᠃      ︵ᠲᠠᠪᠤ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠳᠡᠰ ᠲᠥᠷᠥᠯ ᠬᠤᠪᠢᠶᠠᠨ ᠠᠬᠢᠭᠤᠯᠤᠨ᠎ᠠ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠳᠤ ᠲᠦᠰᠢᠭᠯᠡᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠢ ︽ᠳᠠᠷᠦ᠋ᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠥᠪᠡᠰᠦᠪᠡᠨ ᠭᠦᠢᠴᠡᠳᠭᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃       ᠳᠠᠩᠰᠠᠯᠠᠬᠤ᠂ ᠲᠡᠮᠳᠡᠭᠯᠡᠬᠦ᠂ ᠵᠠᠰᠠᠭ ᠵᠠᠬᠢᠷᠭᠠᠨ ᠢᠶᠠᠷ ᠨᠤᠲᠠᠯᠠᠬᠤ᠂ ᠰᠠᠨᠠᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠡᠯᠪᠡᠷᠢ ᠶᠢ ᠨᠢ ᠬᠤᠪᠢᠷᠠᠭᠤᠯᠤᠨ ᠳᠣᠭᠢᠷᠠᠭᠤᠯᠬᠤ ᠶᠢ ᠡᠷᠡᠰ ᠰᠡᠷᠭᠡᠶᠢᠯᠡᠨ ᠬᠤᠷᠢᠬᠯᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠡᠯ᠎ᠡ ᠲᠥᠷᠥᠯ ᠤᠨ ᠬᠢᠷᠢ ᠬᠡᠮ ᠤᠨ ᠵᠥᠪᠰᠢᠶᠡᠷᠡᠯ ᠤᠨ ᠵᠦᠢᠯᠡᠰ ᠢ ᠶᠡᠭᠡ ᠪᠠᠷ ᠨᠡᠶᠢᠯᠡᠭᠦᠯᠦᠨ ᠪᠠᠭᠠᠰᠬᠠᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠪᠠᠭᠤᠷᠠᠭᠤᠯᠤᠨ᠎ᠠ᠃ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠦᠬᠦᠨ ᠢ ᠪᠦᠷᠬᠦᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠨᠠᠩ ᠣᠯᠠᠨ ᠵᠥᠪᠰᠢᠶᠡᠷᠡᠯ ᠤᠨ ᠵᠦᠢᠯᠡᠰ ᠢ ᠥᠭᠡᠷᠡᠴᠢᠯᠡᠯᠲᠡ ᠳᠤ       ᠣᠷᠣᠭᠤᠯᠤᠨ᠎ᠠ᠃ ︽ᠨᠢᠭᠡ ᠦᠢᠯᠡᠰ ᠲᠤ ᠨᠢᠭᠡ ᠦᠨᠡᠮᠯᠡᠯ ᠲᠠᠢ ᠪᠠᠶᠢᠯᠭᠠᠬᠤ︾ ᠥᠭᠡᠷᠡᠴᠢᠯᠡᠯᠲᠡ ᠶᠢ ᠢᠳᠡᠪᠬᠢᠲᠡᠶ ᠪᠠᠷ ᠠᠬᠢᠭᠤᠯᠵᠤ᠂ ︽ᠨᠢᠭᠡ ᠦᠨᠡᠮᠯᠡᠯ ᠢᠶᠠᠷ ᠡᠵᠡᠩᠨᠡᠬᠦ ᠶᠢ ᠵᠥᠪᠰᠢᠶᠡᠷᠡᠬᠦ︾᠂ ᠭᠠᠵᠠᠷ ᠣᠷᠣᠨ ᠠᠯᠤᠰᠯᠠᠨ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠬᠦ ᠶᠢ ᠰᠦᠪᠡᠭᠴᠢᠯᠡᠨ ᠪᠡᠶᠡᠯᠡᠭᠦᠯᠦᠨ᠎ᠡ᠃ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠲᠤᠬᠢᠷᠠᠭᠤᠯᠬᠤ ᠭᠡᠷᠡᠴᠢᠯᠡᠬᠦ ᠵᠦᠢᠯᠡᠰ ᠲᠤ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠦᠨᠳᠦᠰᠦᠯᠡᠯ ᠪᠠᠶᠢᠬᠤ ᠬᠡᠷᠡᠭᠲᠡᠶ᠃      ᠵᠠᠰᠠᠭ ᠤᠨ ᠣᠷᠳᠣᠨ ᠤ ᠬᠠᠮᠢᠶᠠᠷᠤᠯᠲᠠ ᠶᠢ ᠬᠠᠤᠯᠢ ᠶᠣᠰᠣᠭᠠᠷ ᠶᠠᠪᠤᠭᠳᠠᠭᠤᠯᠬᠤ ᠶᠢ ᠠᠬᠢᠭᠤᠯᠵᠤ᠂ ᠨᠡᠩ ᠤᠯᠠᠨ ᠵᠠᠰᠠᠭ ᠵᠠᠬᠢᠷᠭᠠᠨ ᠤ ᠡᠬᠢ ᠪᠠᠶᠠᠯᠢᠭ ᠢ ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠳᠡᠭᠡᠷ᠎ᠡ ᠰᠢᠯᠵᠢᠭᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠂ ᠰᠢᠨ᠎ᠡ ᠶᠢ ᠡᠭᠦᠳᠦᠨ ᠪᠦᠲᠦᠭᠡᠬᠦ ᠯᠦᠭᠡ ᠬᠠᠷᠢᠯᠴᠠᠨ ᠵᠣᠬᠢᠴᠠᠭᠰᠠᠨ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ ᠠᠳᠠᠯᠢ ᠪᠤᠰᠤ ᠬᠦᠷᠢᠶ᠎ᠡ ᠴᠠᠷᠠᠭ᠎ᠠ ᠶᠢᠨ ᠣᠨᠴᠠᠯᠢᠭ ᠪᠠ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠠᠭᠤᠯᠭ᠎ᠠ᠂ ᠠᠷᠭ᠎ᠠ ᠮᠠᠶ᠋ᠢᠭ ᠪᠠ ᠤᠳᠠᠭ᠎ᠠ ᠳᠠᠷᠠᠭ᠎ᠠ ᠶᠢ ᠲᠣᠭᠲᠠᠭᠠᠵᠤ᠂ ᠬᠢᠨᠠᠯᠲᠠ ᠬᠠᠮᠢᠶᠠᠷᠤᠯᠲᠠ ᠶᠢᠨ ᠣᠨᠣᠴᠠᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠬᠦᠷᠢᠶ᠎ᠡ ᠴᠠᠷᠠᠭ᠎ᠠ ᠬᠤᠪᠢᠶᠠᠨ ᠪᠦᠬᠦ ᠤᠯᠤᠰ ᠤᠨ ᠨᠢᠭᠡᠳᠦᠯᠲᠡᠶ᠂ ᠳᠥᠭᠦᠮ ᠳᠥᠲᠡ ᠬᠡᠷᠡᠭᠵᠢᠭᠦᠯᠬᠦ ᠳᠤ ᠬᠢᠯᠪᠠᠷ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠪᠠᠷᠢᠮᠵᠢᠶ᠎ᠠ ᠶᠢ ᠲᠣᠭᠲᠠᠭᠠᠵᠤ᠂ ᠪᠠᠷᠢᠮᠵᠢᠶ᠎ᠠ ᠶᠢ ᠢᠯᠡ ᠪᠣᠯᠭᠠᠬᠤ᠂ ᠳᠦᠷᠢᠮ ᠢ ᠲᠥᠪ ᠭᠤᠣᠯᠴᠢ ᠪᠠᠶᠢᠯᠭᠠᠬᠤ᠂ ᠵᠢᠱᠢᠯᠲᠡ ᠶᠢ ᠵᠦᠢ ᠵᠣᠬᠢᠰᠲᠠᠶ ᠪᠠᠶᠢᠯᠭᠠᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠦᠨ᠎ᠡ᠃      ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠩᠬ᠎ᠠ ᠠᠰᠠᠭᠤᠭᠰᠠᠳ ᠲᠤ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠥᠪᠡᠰᠦᠪᠡᠨ ᠭᠦᠢᠴᠡᠳᠭᠡᠬᠦ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠲᠦᠷᠭᠡᠳᠬᠡᠨ ᠠᠬᠢᠭᠤᠯᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠥᠨᠳᠥᠷ ᠳᠠᠪᠲᠠᠮᠵᠢᠲᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠶᠡᠭᠡ ᠪᠠᠷ ᠬᠡᠷᠡᠭᠵᠢᠭᠦᠯᠵᠦ᠂ ᠨᠠᠩ ᠣᠯᠠᠨ ᠢᠵᠢ ᠪᠦᠷᠢᠳᠦᠭᠦᠯᠦᠭᠰᠡᠨ ᠬᠡᠯᠪᠡᠷᠢ ᠶᠢᠨ᠂ ᠭᠤᠤᠯ ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ ᠬᠠᠩᠭᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠤᠨ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠴᠢᠳᠠᠮᠵᠢ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠬᠤᠲᠠ ᠳᠤ ᠨᠡᠶᠢᠳᠡᠮ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠵᠦ ᠳᠡᠶᠢᠯᠬᠦ᠂ ᠤᠨᠳᠤᠤ ᠭᠠᠵᠠᠷ ᠲᠤ ᠭᠦᠢᠴᠡᠳᠭᠡᠵᠦ ᠪᠣᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠤᠯᠠᠮᠵᠢᠯᠠᠯᠲᠤ ᠦᠢᠯᠡᠴᠢᠯᠡᠭᠡ ᠬᠢᠭᠡᠳ ᠣᠶᠤᠨᠴᠢ ᠪᠠᠷ ᠰᠢᠨ᠎ᠡ ᠶᠢ ᠡᠭᠦᠳᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠨᠠᠰᠤᠲᠠᠶᠢᠴᠤᠳ ᠤᠨ ᠦᠨᠳᠦᠰᠦᠨ ᠦᠢᠯᠡᠴᠢᠯᠡᠭᠡᠨ ᠤ ᠬᠡᠷᠡᠭᠴᠡᠭᠡ ᠶᠢ ᠭᠦᠢᠴᠡᠳ ᠪᠠᠲᠤᠯᠠᠨ᠎ᠠ᠃      ︵ᠵᠢᠷᠭᠤᠭ᠎ᠠ︶ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠥᠭᠡᠳ ᠲᠥᠪ ᠭᠤᠣᠯᠴᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠭᠦᠨᠵᠡᠭᠡᠶ ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠵᠦ᠂ ᠲᠣᠬᠢᠷᠠᠮᠵᠢᠲᠠᠶ ᠴᠠᠭ ᠲᠤ ᠬᠠᠤᠯᠢ ᠴᠠᠭᠠᠵᠠ ᠬᠠᠤᠯᠢ ᠲᠦᠷᠢᠮ ᠪᠣᠯᠭᠠᠨ ᠳᠡᠭᠡᠭᠰᠢᠯᠡᠭᠦᠯᠤᠨ᠎ᠠ᠃ ᠡᠯ᠎ᠡ ᠵᠦᠢᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠪᠡᠶ᠎ᠡ ᠪᠠᠨ ᠳᠠᠭᠠᠭᠠᠵᠤ ᠡᠵᠡᠩᠨᠡᠬᠦ ᠡᠷᠬᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠥᠷᠢᠰᠥᠯᠳᠦᠭᠡᠨ ᠤ ᠠᠵᠢᠯᠯᠠᠭ᠎ᠠ ᠶᠢ ᠭᠠᠳᠠᠭᠤᠷᠴᠢᠯᠠᠵᠤ ᠬᠢᠵᠠᠭᠠᠷᠯᠠᠬᠤ ᠶᠢ ᠦᠨᠡᠨ ᠬᠦ ᠰᠡᠷᠭᠡᠶᠢᠯᠡᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠳᠡᠭᠡᠷ᠎ᠡ ᠨᠠᠵᠠᠭᠠᠢ ᠲᠠᠯ᠎ᠠ ᠶᠢᠨ ᠨᠠᠷᠢᠨ ᠲᠡᠩᠰᠡ ᠶᠢ ᠨᠡᠮᠡᠬᠦ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠠᠬᠢᠭᠤᠯᠤᠨ᠎ᠠ᠃ ᠵᠠᠰᠠᠭ ᠤᠨ ᠤᠷᠳᠤᠨ ᠠᠵᠤ ᠠᠬᠤᠶᠢᠯᠠᠯ ᠯᠤᠭ᠎ᠠ ᠨᠡᠪᠲᠡᠷᠡᠯᠴᠡᠬᠦ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠠᠪᠤᠴᠠ ᠳᠤ ᠠᠵᠤ ᠠᠬᠤᠶᠢᠯᠠᠯ ᠪᠣᠯᠤᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠭᠦᠢᠴᠡᠳ ᠰᠣᠨᠣᠰᠤᠨ᠎ᠠ᠃ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠲᠦᠪ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ ᠰᠠᠶᠢᠵᠢᠷᠠᠭᠤᠯᠤᠨ᠎ᠠ᠃ ᠳᠦᠪ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠵᠠᠬ᠎ᠠ ᠳᠡᠯᠭᠡᠭᠦᠷ ᠪᠠ ᠲᠦᠪ ᠭᠤᠤᠯᠴᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠨᠢᠭᠡᠳᠦᠯᠲᠡᠶ ᠴᠠᠭ ᠲᠤᠬᠠᠶ ᠳᠤᠨᠢ ᠦᠭᠡᠶᠢᠰᠭᠡᠨ ᠬᠦᠴᠦᠨ ᠥᠬᠡᠶ ᠪᠣᠯᠭᠠᠵᠤ᠂ ᠨᠢᠭᠡᠳᠦᠯᠲᠡᠶ ᠨᠡᠭᠡᠭᠡᠯᠲᠡ ᠬᠢᠭᠰᠡᠨ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠲᠦᠷᠢᠮ ᠨᠢ ᠪᠦᠷᠢᠨ ᠪᠦᠳᠦᠨ᠂ ᠵᠠᠰᠠᠯᠲᠠ ᠨᠢ ᠪᠦᠷᠢᠨ ᠲᠡᠭᠦᠯᠳᠡᠷ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠤᠨ᠎ᠠ᠃      ᠭᠤᠷᠪᠠ᠂ ᠬᠠᠤᠯᠢ ᠪᠠᠷ ᠵᠠᠰᠠᠬ ᠶᠠᠪᠤᠭᠤᠯᠬᠤ ᠲᠦᠷᠢᠮ ᠤᠨ ᠰᠢᠰᠲ᠋ᠧᠮ ᠢ ᠪᠦᠷᠢᠨᠰᠢᠬᠦᠯᠵᠦ᠂ ᠵᠠᠰᠠᠬ ᠤᠨ ᠤᠷᠳᠤᠨ ᠤ ᠵᠠᠰᠠᠯᠳᠠ ᠶᠢᠨ ᠵᠢᠷᠤᠮᠵᠢᠬᠤ ᠲᠠᠷᠠᠭᠠᠯᠠᠯᠵᠢᠬᠤ ᠬᠠᠤᠯᠢᠵᠢᠬᠤ ᠶᠢ ᠲᠦᠷᠬᠡᠳᠬᠡᠨ ᠠᠬᠢᠭᠤᠯᠤᠨ᠎ᠠᠰᠢᠨᠵᠢᠯᠡᠬᠦ ᠤᠬᠠᠭᠠᠴᠢ ᠪᠠᠷ ᠬᠠᠤᠯᠢ ᠲᠤᠭᠳᠠᠭᠠᠬᠤ᠂ ᠠᠷᠠᠳᠴᠢᠯᠡᠯ ᠢᠶᠠᠷ ᠬᠠᠤᠯᠢ ᠲᠤᠭᠳᠠᠭᠠᠬᠤ᠂ ᠬᠠᠤᠯᠢ ᠶᠤᠰᠤᠭᠠᠷ ᠬᠠᠤᠯᠢ ᠲᠤᠭᠳᠠᠭᠠᠬᠤ ᠶᠢ ᠪᠠᠷᠢᠮᠳᠠᠯᠠᠵᠦ᠂ ᠵᠠᠰᠠᠬ ᠤᠨ ᠤᠷᠳᠤᠨ ᠤ ᠬᠠᠤᠯᠢ ᠲᠤᠭᠳᠠᠭᠠᠬᠤ ᠶᠠᠰᠤ ᠴᠢᠨᠠᠷ ᠪᠠ ᠦᠷ᠎ᠠ ᠪᠦᠲᠦᠮᠵᠢ ᠶᠢ ᠵᠡᠷᠬᠡ ᠪᠠᠷ ᠴᠢᠬᠤᠯᠠᠴᠢᠯᠠᠨ ᠵᠡᠷᠬᠡ ᠪᠠᠷ ᠠᠬᠢᠭᠤᠯᠬᠤ ᠶᠢ ᠬᠦᠴᠦᠯᠡᠨ ᠪᠡᠶᠡᠯᠡᠬᠦᠯᠵᠦ᠂ ᠴᠢᠭᠯᠡᠬᠦᠯᠦᠯᠳᠤ ᠴᠢᠨᠠᠷ᠂ ᠴᠠᠬᠴᠢ ᠴᠢᠨᠠᠷ᠂ ᠰᠢᠰᠲ᠋ᠧᠮᠴᠢ ᠴᠢᠨᠠᠷ᠂ ᠬᠡᠷᠡᠭᠵᠢᠬᠦᠯᠦᠯᠳᠤ ᠴᠢᠨᠠᠷ ᠢ ᠴᠢᠩᠭᠠᠳᠬᠠᠵᠤ᠂ ᠵᠠᠰᠠᠬ ᠤᠨ ᠤᠷᠳᠤᠨ ᠤ ᠵᠠᠰᠠᠯᠳᠠ ᠶᠢᠨ ᠡᠯ᠎ᠠ ᠲᠠᠯ᠎ᠠ ᠶᠢᠨ ᠲᠦᠷᠢᠮ ᠢ ᠨᠡᠩ ᠪᠦᠷᠢᠨᠰᠢᠬᠦᠯᠵᠦ᠂ ᠨᠡᠩ ᠲᠡᠬᠦᠯᠳᠡᠷᠵᠢᠬᠦᠯᠦᠨ᠎ᠠ᠃      ︵ᠲᠤᠯᠤᠭ᠎ᠠ︶ ᠴᠢᠬᠤᠯᠠ ᠬᠦᠷᠢᠶ᠎ᠡ ᠴᠠᠷᠠᠭᠠᠨ ᠤ ᠬᠠᠤᠯᠢ ᠲᠣᠭᠲᠠᠭᠠᠯᠲᠠ ᠶᠢ ᠴᠢᠩᠭᠠᠳᠬᠠᠨ᠎ᠠ᠃ ᠤᠯᠤᠰ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠰᠣᠶᠣᠯ ᠰᠤᠷᠭᠠᠨ ᠬᠥᠮᠦᠵᠢᠯ᠂ ᠦᠨᠳᠦᠰᠦᠲᠡᠨ ᠱᠠᠰᠢᠨ ᠰᠤᠷᠲᠠᠬᠤᠨ᠂ ᠠᠮᠢᠳᠤ ᠪᠣᠳᠠᠰ ᠤᠨ ᠠᠮᠤᠷ ᠲᠦᠪᠰᠢᠨ᠂ ᠠᠮᠢ ᠠᠬᠤᠢ ᠶᠢᠨ ᠪᠣᠯᠪᠠᠰᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠭᠠᠭᠴᠠᠭᠠᠷ ᠡᠵᠡᠮᠰᠢᠯ ᠢ ᠡᠰᠡᠷᠭᠦᠴᠡᠬᠦ᠂ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠵᠡᠷᠭᠡ ᠴᠢᠬᠤᠯᠠ ᠬᠦᠷᠢᠶᠡᠨ ᠤ ᠬᠠᠤᠯᠢ ᠲᠣᠭᠲᠠᠭᠠᠯᠲᠠ ᠶᠢ ᠢᠳᠡᠪᠬᠢᠲᠡᠢ ᠠᠬᠢᠭᠤᠯᠵᠤ᠂ ᠤᠯᠤᠰ ᠤᠨ ᠵᠠᠰᠠᠯᠲᠠ ᠳᠤ ᠪᠠᠴᠢᠮ ᠱᠠᠭᠠᠷᠳᠠᠭᠳᠠᠬᠤ ᠬᠠᠤᠯᠢ ᠴᠠᠭᠠᠵᠠ ᠶᠢᠨ ᠲᠦᠷᠢᠮ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠳᠤᠲᠠᠭᠳᠠᠵᠤ ᠪᠣᠯᠤᠰᠢ ᠦᠭᠡᠢ ᠬᠠᠤᠯᠢ ᠴᠠᠭᠠᠵᠠ ᠶᠢᠨ ᠲᠦᠷᠢᠮ ᠢ ᠪᠦᠷᠢᠨᠰᠢᠬᠦᠯᠤᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ᠂ ᠭᠡᠨᠡᠳᠲᠡ ᠪᠠᠷ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠬᠠᠤᠯᠢ᠂ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠬᠢᠵᠢᠭ ᠢ ᠪᠠᠶᠢᠴᠠᠭᠠᠬᠤ ᠬᠠᠤᠯᠢ ᠵᠡᠷᠭᠡ ᠬᠠᠤᠯᠢ ᠴᠠᠭᠠᠵᠠ ᠶᠢᠨ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠤᠨ᠎ᠠ᠃ ᠲᠣᠭᠠᠴᠢᠯᠠᠭᠰᠠᠨ ᠠᠵᠤ ᠠᠬᠤᠢ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡ᠂ ᠤᠶᠤᠨᠴᠢ ᠴᠢᠳᠠᠪᠤᠷᠢ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠦᠷᠢᠮ ᠢ ᠴᠠᠭ ᠲᠤᠬᠠᠢ ᠳᠤᠨᠢ ᠮᠥᠷᠳᠡᠨ ᠰᠤᠳᠤᠯᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠰᠠᠶᠢᠨ ᠬᠠᠤᠯᠢ ᠪᠠᠷ ᠰᠠᠶᠢᠲᠤᠷ ᠵᠠᠰᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢᠶᠠᠷ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃      ᠬᠠᠮᠲᠤ ᠶᠢᠨ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠤᠮᠵᠢᠭᠤᠯᠬᠤ ᠬᠠᠤᠯᠢ ᠲᠣᠭᠲᠠᠭᠠᠯᠲᠠ ᠶᠢ       ᠴᠢᠩᠭᠠᠳᠬᠠᠵᠤ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ ᠳᠤ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ ᠤ ᠳᠡᠰ ᠳᠠᠷᠠᠭᠠᠯᠠᠯ ᠤᠨ ᠬᠠᠤᠯᠢ ᠴᠠᠭᠠᠵᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠳᠠᠩᠰᠠᠯᠠᠭᠤᠯᠬᠤ ᠳᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ ᠢ ᠰᠤᠳᠤᠯᠤᠨ ᠲᠣᠭᠲᠠᠭᠠᠨ᠎ᠠ᠃      ︵ᠨᠠᠢᠮᠠ︶ ᠬᠠᠤᠯᠢ ᠲᠣᠭᠲᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠶᠢᠨ ᠬᠠᠮᠵᠢᠯᠴᠠᠬᠤ ᠴᠢᠨᠠᠷ ᠢ ᠴᠢᠩᠭᠠᠷᠠᠭᠤᠯᠵᠤ᠂ ᠬᠠᠷᠢᠯᠴᠠᠨ ᠬᠤᠯᠪᠣᠯᠳᠤᠭᠰᠠᠨ ᠢᠵᠢ ᠪᠦᠷᠢᠳᠦᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠠᠵᠢᠯ ᠢ ᠨᠢᠭᠡᠳᠦᠯᠲᠡᠢ ᠲᠥᠯᠥᠪᠯᠡᠨ ᠲᠤᠬᠢᠷᠠᠭᠤᠯᠤᠨ᠎ᠠ᠃ ᠦᠢᠯᠡᠳᠦᠯᠭᠡ ᠶᠢᠨ ᠠᠰᠠᠭᠤᠳᠠᠯ ᠪᠠ ᠬᠠᠤᠯᠢ ᠲᠣᠭᠲᠠᠭᠠᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠲᠣᠭᠲᠠᠭᠠᠯᠲᠠ ᠶᠢᠨ ᠨᠠᠷᠢᠯᠢᠬᠵᠢᠬᠰᠠᠨ ᠤᠨᠤᠴᠠᠯᠠᠬᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠲᠣᠭᠲᠠᠭᠠᠬᠤ ᠨᠤᠲᠠᠯᠠᠯᠲᠠ ᠬᠢᠵᠦ ᠦᠨᠡᠯᠡᠨ ᠵᠢᠱᠢᠬᠦ ᠲᠦᠷᠢᠮ ᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ ᠠᠴᠠ ᠡᠮᠦᠨ᠎ᠡ ᠦᠨᠡᠯᠡᠨ ᠵᠢᠱᠢᠬᠦ ᠡᠷᠴᠢᠮ ᠢ ᠴᠢᠩᠭᠠᠷᠠᠭᠤᠯᠵᠤ᠂ ᠬᠠᠤᠯᠢ ᠲᠣᠭᠲᠠᠭᠠᠬᠤ ᠵᠦᠢᠯᠡᠰ ᠤᠨ ᠴᠢᠬᠤᠯᠠ ᠴᠢᠨᠠᠷ᠂ ᠪᠣᠯᠤᠮᠵᠢᠲᠤ ᠴᠢᠨᠠᠷ ᠲᠤ ᠬᠢᠨᠠᠮᠠᠭᠠᠢ ᠨᠤᠲᠠᠯᠠᠯᠲᠠ ᠬᠢᠵᠦ ᠦᠨᠡᠯᠡᠨ ᠵᠢᠱᠢᠨ᠎ᠡ᠃ ᠬᠠᠤᠯᠢ ᠲᠣᠭᠲᠠᠭᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠬᠠᠤᠯᠢ ᠲᠣᠭᠲᠠᠭᠠᠬᠤ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠬᠠᠤᠯᠢ ᠲᠣᠭᠲᠠᠭᠠᠬᠤ ᠬᠡᠯᠪᠡᠷᠢ ᠶᠢ ᠪᠠᠶᠠᠯᠢᠭᠵᠢᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠨ᠎ᠠ᠃ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠢ ᠢᠳᠡᠪᠬᠢᠲᠡᠢ ᠠᠰᠢᠬᠯᠠᠨ ᠬᠠᠤᠯᠢ ᠲᠣᠭᠲᠠᠭᠠᠯᠲᠠ ᠶᠢᠨ ᠤᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠥᠷᠭᠡᠳᠬᠡᠵᠦ᠂ ᠬᠠᠤᠯᠢ ᠲᠣᠭᠲᠠᠭᠠᠯᠲᠠ ᠶᠢᠨ ᠭᠡᠷᠡᠴᠢᠯᠡᠯᠳᠡ ᠰᠣᠨᠣᠰᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠤᠯᠢ ᠲᠣᠭᠲᠠᠭᠠᠯ ᠲᠦᠷᠢᠮ ᠲᠣᠭᠲᠠᠭᠠᠯ ᠢ ᠳᠠᠩᠰᠠᠯᠠᠬᠤ ᠲᠦᠷᠢᠮ ᠳᠤ ᠵᠠᠰᠠᠪᠤᠷᠢ ᠣᠷᠣᠭᠤᠯᠵᠤ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠳᠡᠰ ᠳᠠᠪᠬᠤᠷᠭ᠎ᠠ ᠶᠢᠨ ᠬᠢᠨᠠᠯᠲᠠ ᠶᠢ ᠠᠬᠢᠭᠤᠯᠵᠤ᠂ ᠮᠤᠵᠢ ᠶᠢᠨ ᠳᠡᠰ ᠤᠨ ᠵᠠᠰᠠᠭ ᠤᠨ ᠣᠷᠳᠣᠨ ᠤ ᠲᠠᠩᠰᠠᠯᠠᠵᠤ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠨ᠎ᠠ᠃ ᠣᠷᠣᠨ ᠪᠦᠰᠡ ᠶᠢᠨ ᠬᠠᠮᠵᠢᠯᠴᠠᠨ ᠬᠠᠤᠯᠢ ᠲᠣᠭᠲᠠᠭᠠᠬᠤ ᠶᠢ ᠠᠬᠢᠭᠤᠯᠵᠤ᠂ ᠲᠥᠯᠥᠪᠯᠡᠭᠡ ᠶᠢᠨ ᠲᠤᠬᠢᠷᠠᠭᠤᠯᠤᠯᠲᠠ ᠶᠢ ᠵᠣᠯᠭᠠᠭᠤᠯᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ       ᠡᠳ᠋ᠯᠡᠬᠦ᠂ ᠬᠠᠮᠲᠤᠷᠠᠨ ᠪᠠᠶᠢᠴᠠᠭᠠᠨ ᠰᠤᠳᠤᠯᠵᠤ ᠨᠤᠲᠠᠯᠠᠬᠤ ᠵᠡᠷᠭᠡ ᠪᠠᠷ ᠲᠣᠭᠲᠠᠭᠠᠵᠤ ᠵᠠᠰᠠᠪᠤᠷᠢ ᠣᠷᠣᠭᠤᠯᠬᠤ ᠶᠢ ᠴᠢᠩᠭᠠᠳᠬᠠᠨ᠎ᠠ᠃      ︵ᠶᠢᠰᠦ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠡᠢ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠬᠢᠨᠠᠯᠲᠠ ᠲᠠᠯᠪᠢᠨ ᠬᠠᠮᠢᠶᠠᠷᠬᠤ ᠪᠠᠨ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠲᠣᠭᠲᠠᠭᠠᠵᠤ᠂ ᠡᠷᠬᠡ ᠠᠴᠠ ᠪᠠᠨ ᠳᠠᠪᠠᠵᠤ ᠪᠢᠴᠢᠭ ᠮᠠᠲ᠋ᠧᠷᠢᠶᠠᠯ ᠶᠠᠪᠤᠭᠤᠯᠬᠤ ᠶᠢ ᠴᠢᠩᠭ᠎ᠠ ᠴᠠᠭᠠᠵᠠᠯᠠᠵᠤ᠂ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠣᠭᠲᠠᠭᠠᠨ ᠲᠠᠷᠬᠠᠭᠠᠬᠤ ᠳᠡᠰ ᠳᠠᠷᠠᠭᠠᠯᠠᠯ ᠢ ᠴᠢᠩᠳᠠᠯᠠᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠯ᠎ᠠ ᠲᠠᠯ᠎ᠠ ᠠᠴᠠ ᠵᠠᠰᠠᠭ ᠶᠠᠪᠤᠭᠤᠯᠬᠤ᠂ ᠲᠦᠷᠦ ᠶᠢᠨ ᠪᠤᠳᠤᠯᠭ᠎ᠠ ᠶᠢᠨ ᠦᠢᠯᠡᠳᠦᠯ ᠬᠠᠷᠢᠯᠴᠠᠨ ᠨᠦᠯᠦᠭᠡᠯᠡᠨ ᠦᠢᠯᠡᠳᠦᠯ ᠪᠠᠭᠤᠷᠠᠬᠤ ᠶᠢ ᠰᠡᠷᠭᠡᠶᠢᠯᠡᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠥᠳᠡᠯᠦᠩᠭᠦᠶ ᠪᠠᠷ ᠢᠯᠭᠠᠷᠠᠭᠤᠯᠬᠤ ᠠᠵᠢᠯ ᠤᠨ ᠲᠣᠭᠲᠠᠴᠠ ᠶᠢ ᠪᠥᠷᠢᠨᠰᠢᠬᠦᠯᠥᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠬᠠᠮᠢᠶᠠᠷᠤᠯᠲᠠ ᠶᠢᠨ ᠳᠦᠷᠢᠮᠵᠢᠯᠲᠡ ᠵᠢᠷᠤᠮᠵᠢᠯᠲᠠ ᠶᠢ ᠲᠥᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠲᠠᠢ ᠬᠢᠨᠠᠨ ᠬᠠᠷᠭᠤᠭᠤᠯᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠬᠤ ᠬᠡᠪᠴᠢᠶ᠎ᠡ ᠶᠢ ᠲᠣᠳᠣᠷᠬᠠᠶᠢᠯᠠᠨ᠂ ᠬᠢᠨᠠᠨ ᠬᠠᠷᠭᠤᠭᠤᠯᠬᠤ ᠪᠠᠷᠢᠮᠵᠢᠶ᠎ᠠ ᠶᠢ ᠨᠢᠭᠡᠳᠬᠡᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠠᠩᠰᠠᠯᠠᠵᠦ ᠬᠢᠨᠠᠨ ᠪᠠᠶᠢᠴᠠᠭᠠᠬᠤ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃      ᠳᠥᠷᠪᠡ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠤᠨ ᠰᠢᠰᠲ᠋ᠧᠮ ᠢ ᠪᠦᠷᠢᠨᠰᠢᠬᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠴᠦᠯᠡᠨ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠰᠢᠢᠳᠪᠦᠷᠢᠲᠦ ᠪᠣᠳᠣᠯᠭ᠎ᠠ ᠶᠢᠨ ᠠᠯᠳᠠᠭ᠎ᠠ ᠠᠴᠠ ᠪᠣᠯᠵᠣ ᠵᠥᠷᠢᠴᠡᠯ ᠵᠢᠭᠤᠷᠠᠯᠳᠤᠭᠠᠨ ᠡᠭᠦᠰᠭᠡᠬᠦ᠂ ᠨᠡᠶᠢᠭᠡᠮ ᠤᠨ ᠠᠶᠤᠯ ᠲᠦᠭᠰᠢᠭᠦᠷᠢ ᠡᠭᠦᠰᠭᠡᠬᠦ᠂ ᠬᠦᠨᠳᠦ ᠶᠡᠭᠡ ᠬᠤᠬᠢᠷᠠᠯ ᠤᠴᠠᠷᠠᠭᠤᠯᠬᠤ ᠠᠴᠠ ᠦᠨᠡᠨ ᠬᠦ ᠵᠠᠶᠢᠯᠠᠰᠬᠢᠨ᠎ᠡ᠃      ︵ᠠᠷᠪᠠ︶ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠤᠯᠢ ᠪᠠᠷ ᠲᠤᠬᠳᠠᠭᠠᠬᠰᠠᠨ ᠡᠷᠭᠡ ᠶᠢᠨ ᠬᠡᠪᠴᠢᠶ᠎ᠡ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠶᠢᠨ ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠰᠠᠨᠠᠯ ᠢ ᠰᠣᠨᠣᠰᠴᠤ᠂ ᠬᠠᠤᠯᠢ ᠴᠠᠭᠠᠵᠠ ᠶᠢᠨ ᠵᠦᠪᠯᠡᠭᠴᠢ᠂ ᠠᠯᠪᠠᠨ ᠲᠤᠰᠢᠶᠠᠯ ᠤᠨ ᠬᠠᠤᠯᠢᠴᠢ ᠪᠤᠶᠤ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠤ ᠰᠠᠨᠠᠯ ᠢ ᠠᠩᠬᠠᠷᠤᠨ ᠰᠣᠨᠣᠰᠬᠤ ᠬᠡᠷᠡᠭᠲᠡᠶ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷᠢᠮ ᠢ ᠵᠢᠷᠤᠮᠯᠠᠬᠤ ᠡᠰᠡᠬᠦ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠪᠤᠳᠠᠯ ᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠳᠤ ᠲᠣᠭᠤᠷᠢᠨ ᠪᠠᠶᠢᠴᠠᠭᠠᠯᠲᠠ ᠥᠷᠨᠢᠭᠦᠯᠬᠦ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠳᠤ ᠬᠢᠨᠠᠨ ᠰᠢᠯᠭᠠᠵᠤ ᠬᠢᠨᠠᠨ ᠪᠠᠶᠢᠴᠠᠭᠠᠬᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠤᠪᠢ ᠬᠥᠮᠦᠨ ᠭᠠᠭᠴᠠᠭᠠᠷ ᠢᠶᠠᠨ ᠰᠢᠢᠳᠭᠡᠬᠦ ᠪᠠ ︽ᠭᠠᠭᠴᠠᠭᠠᠷ ᠢᠶᠠᠨ ᠲᠣᠯᠣᠭᠠᠶ ᠮᠡᠳᠡᠬᠦ︾ ᠶᠢ ᠰᠡᠷᠭᠡᠶᠢᠯᠡᠨ᠎ᠡ᠃      ︵ᠠᠷᠪᠠᠨ ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠦᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠦᠮ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠳᠡ ᠶᠢᠨ ᠣᠷᠣᠯᠴᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠲᠤᠰᠬᠠᠶ ᠮᠡᠷᠭᠡᠵᠢᠯᠲᠡᠨ ᠤ ᠨᠤᠲᠠᠯᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠲᠦᠭᠰᠢᠭᠦᠷᠢ ᠶᠢ ᠦᠨᠡᠯᠡᠨ ᠵᠢᠱᠢᠬᠦ ᠴᠢᠳᠠᠮᠵᠢ ᠶᠢ ᠭᠦᠢᠴᠡᠳ ᠪᠠᠳᠠᠷᠠᠭᠤᠯᠤᠨ᠂ ᠪᠤᠶ ᠪᠦᠬᠦᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠠᠭᠠᠨ ᠴᠥᠮ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠢᠷᠦᠮ ᠢ ᠴᠢᠩᠭ᠎ᠠ ᠭᠦᠢᠴᠡᠳᠬᠡᠬᠦ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠣᠨ ᠤ ᠭᠠᠷᠴᠠᠭ ᠢ ᠢᠯᠡ ᠨᠡᠶᠢᠳᠡᠯᠡᠬᠦ ᠲᠦᠷᠢᠮ ᠢ ᠬᠡᠷᠡᠭᠵᠢᠭᠦᠯᠤᠨ᠎ᠠ᠃ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠲᠥᠯᠥᠪᠵᠢᠭᠦᠯᠭᠡ᠂ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ᠂ ᠴᠢᠬᠤᠯᠠ ᠶᠡᠭᠡ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠳᠤ ᠭᠡᠷᠡᠴᠢᠯᠡᠭᠡ ᠰᠣᠨᠣᠰᠬᠤ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠨ ᠤᠯᠠᠨ ᠲᠦᠮᠡᠨ ᠤ ᠣᠷᠣᠯᠴᠠᠬᠤ ᠡᠷᠴᠢᠮ ᠢ ᠴᠢᠩᠭᠠᠷᠠᠭᠤᠯᠵᠤ᠂ ᠲᠦᠭᠰᠢᠭᠦᠷᠢ ᠶᠢ ᠦᠨᠡᠯᠡᠨ ᠵᠢᠱᠢᠬᠦ ᠶᠢ ᠭᠦᠨᠵᠡᠭᠡᠶ ᠥᠷᠨᠢᠭᠦᠯᠦᠨ᠂ ᠠᠰᠢᠭ ᠲᠤᠰᠠ ᠳᠤᠨᠢ ᠬᠤᠯᠪᠤᠭᠳᠠᠬᠤ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠬᠤ ᠪᠠ ᠲᠤᠰᠬᠠᠬᠤ ᠬᠡᠷᠡᠭᠲᠡᠶ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠡᠮᠳᠡᠭᠯᠡᠬᠦ ᠪᠠ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃      ︵ᠠᠷᠪᠠᠨ ᠬᠤᠶᠠᠷ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠦᠨᠡᠯᠡᠨ ᠵᠢᠱᠢᠬᠦ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠰᠢᠢᠳᠪᠦᠷᠢᠲᠦ ᠪᠣᠳᠣᠯᠭ᠎ᠠ ᠳᠠᠭᠠᠨ ᠬᠡᠷᠡᠭᠵᠢᠭᠦᠯᠬᠦ ᠭᠤᠤᠯ ᠴᠣᠭᠴᠠ᠂ ᠬᠡᠷᠡᠭᠵᠢᠭᠦᠯᠬᠦ ᠴᠠᠭ ᠤᠨ ᠬᠢᠵᠠᠭᠠᠷ᠂ ᠬᠡᠷᠡᠭᠵᠢᠭᠦᠯᠦᠯᠳᠠ ᠶᠢᠨ ᠬᠠᠷᠢᠭᠤ ᠲᠤᠰᠬᠠᠯ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠮᠥᠷᠳᠡᠨ ᠬᠠᠷᠢᠭᠤ ᠲᠤᠰᠬᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠬᠠᠤᠯᠢ ᠶᠣᠰᠣᠭᠠᠷ ᠠᠬᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠤᠭᠳᠠᠭᠠᠭᠰᠠᠭᠠᠷ᠂ ᠬᠠᠤᠯᠢ ᠳᠤ ᠲᠣᠭᠲᠠᠭᠰᠠᠨ ᠵᠢᠷᠦᠮ ᠢ ᠳᠠᠮᠵᠢᠬᠤ ᠦᠭᠡᠶ ᠪᠠᠷ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠵᠤ ᠪᠣᠯᠬᠤ ᠦᠭᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃      ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠬᠠᠤᠯᠢ ᠶᠢ ᠴᠢᠩᠭ᠎ᠠ ᠳᠦᠷᠢᠮᠵᠢᠭᠦᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ      ᠠᠷᠠᠳ ᠣᠯᠠᠨ ᠤ ᠬᠠᠨᠤᠮᠵᠢᠳᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠪᠰᠢᠨ ᠢ ᠨᠡᠶᠢᠳᠡᠮ ᠳᠡᠭᠡᠭᠰᠢᠯᠡᠭᠦᠯᠬᠦ ᠶᠢ ᠬᠦᠴᠦᠯᠡᠨ ᠪᠡᠶᠡᠯᠡᠭᠦᠯᠵᠦ᠂ ᠠᠷᠠᠳ ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠤᠯᠭᠠᠨ ᠠᠴᠠ ᠲᠥᠪ ᠴᠢᠬᠡᠴᠢ ᠤᠪᠤᠷ ᠰᠤᠷᠲᠠᠯ ᠢ ᠮᠡᠳᠡᠷᠡᠬᠦᠯᠬᠦ᠂ ᠬᠠᠤᠯᠢ ᠬᠡᠷᠡᠭᠵᠢᠭᠦᠯᠬᠦ ᠲᠣᠭᠲᠠᠭᠠᠯ ᠪᠤᠯᠭᠠᠨ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃      ︵ᠠᠷᠪᠠᠨ ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠢ᠂ ᠤᠷᠤᠭᠰᠢᠲᠠᠢ ᠶᠠᠪᠤᠭᠳᠠᠬᠤ᠂ ᠪᠠᠲᠤᠯᠠᠭ᠎ᠠ ᠡᠷᠴᠢᠮᠳᠠᠢ᠂ ᠠᠷᠢᠭᠤᠨ ᠴᠢᠬᠡᠴᠢ ᠪᠦᠭᠡᠳ ᠥᠨᠳᠥᠷ ᠪᠦᠲᠦᠮᠵᠢᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠭᠦᠢᠴᠡᠳᠬᠡᠬᠦ ᠬᠦᠴᠦᠨ ᠪᠠ ᠢᠲᠡᠭᠡᠭᠦᠯᠬᠦ ᠬᠦᠴᠦᠨ ᠢ ᠶᠡᠭᠡ ᠪᠠᠷ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠤᠵᠢ ︵ᠥᠪᠡᠷᠲᠡᠭᠡᠨ ᠵᠠᠰᠠᠬᠤ ᠣᠷᠣᠨ︶ ᠳᠤ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠪᠠᠶᠢᠭᠤᠯᠬᠤ ᠦᠭᠡᠶ᠂ ᠲᠣᠭᠤᠷᠢᠭ ᠪᠠᠶᠢᠭᠤᠯᠤᠭᠰᠠᠨ ᠬᠤᠲᠠ ᠬᠢᠭᠡᠳ ᠬᠤᠲᠠ ᠶᠢᠨ ᠬᠠᠷᠢᠶ᠎ᠠ ᠲᠣᠭᠤᠷᠢᠭ ᠲᠤ ᠵᠠᠷᠴᠢᠮ ᠳᠡᠭᠡᠷ᠎ᠡ ᠪᠠᠨ ᠵᠥᠪᠬᠡᠨ ᠨᠢᠭᠡ ᠯᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠱᠠᠲᠤ ᠳᠠᠪᠬᠤᠷᠭ᠎ᠠ ᠪᠠᠶᠢᠭᠤᠯᠬᠤ ᠶᠢ ᠪᠠᠷᠢᠮᠲᠠᠯᠠᠵᠤ᠂ ᠰᠢᠶᠠᠨ ︵ᠬᠤᠲᠠ᠂ ᠲᠣᠭᠤᠷᠢᠭ᠂ ᠬᠤᠰᠢᠭᠤ︶ ᠳᠤ ᠡᠩ ᠤᠨ ᠪᠠᠶᠢᠳᠠᠯ ᠲᠤᠤᠷ᠎ᠠ ︽ᠲᠣᠪᠴᠢᠶ᠎ᠠ ᠠᠩᠭᠢ ᠶᠢ ᠨᠡᠶᠢᠳᠭᠡᠭᠰᠡᠨ︾ ᠪᠠᠶᠢᠭᠤᠯᠤᠮᠵᠢ ᠶᠢ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ︽ᠨᠢᠭᠡ ᠡᠩᠨᠡᠭᠡ ᠪᠠᠷ ᠬᠠᠤᠯᠢ ᠬᠡᠷᠡᠭᠵᠢᠭᠦᠯᠬᠦ ᠶᠢ ᠬᠠᠮᠢᠶᠠᠷᠬᠤ︾ ᠥᠭᠡᠷᠡᠴᠢᠯᠡᠯᠲᠡ ᠶᠢᠨ ᠵᠠᠷᠴᠢᠮ ᠪᠣᠯᠤᠨ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠪᠡᠶᠡᠯᠡᠭᠦᠯᠤᠨ᠎ᠠ᠃ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠵᠢᠯᠴᠠᠨ ᠬᠠᠤᠯᠢ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ ᠵᠢᠯᠤᠭᠤᠳᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ᠂ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠬᠡ ᠶᠢᠨ ᠥᠭᠡᠷᠡᠴᠢᠯᠡᠯᠲᠡ ᠶᠢᠨ ᠳᠤᠮᠳᠠ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠰᠢᠢᠳᠬᠡᠨ ᠲᠣᠷᠭᠠᠬᠤ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠠᠷᠢᠯᠴᠠᠨ ᠰᠠᠯᠤᠩᠭᠢᠷᠠᠬᠤ ᠠᠴᠠ ᠰᠡᠷᠭᠡᠶᠢᠯᠡᠨ᠎ᠠ᠃ ᠦᠨᠳᠦᠰᠦᠨ ᠱᠠᠲᠤᠨ ᠤ ᠬᠠᠮᠢᠶᠠᠷᠤᠯᠲᠠ ᠳᠤ ᠲᠤᠯᠭᠠᠮ ᠱᠠᠭᠠᠷᠳᠠᠭᠳᠠᠵᠤ ᠪᠠᠶᠢᠭ᠎ᠠ ᠪᠥᠭᠡᠳ ᠪᠦᠲᠦᠮᠵᠢᠲᠡᠶ ᠵᠠᠯᠭᠠᠮᠵᠢᠯᠠᠵᠤ ᠪᠣᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠦᠨᠳᠦᠰᠦᠨ ᠱᠠᠲᠤᠨ ᠳᠤ ᠯᠠᠪᠳᠠᠭᠤᠨ ᠢᠶᠠᠷ ᠪᠠᠭᠤᠯᠭᠠᠵᠤ᠂ ᠬᠠᠤᠯᠢ ᠶᠣᠰᠣᠭᠠᠷ ᠳᠣᠷᠣᠭᠰᠢ ᠪᠠᠭᠤᠯᠭᠠᠬᠤ᠂ ᠲᠤᠷᠰᠢᠯᠲᠠ ᠶᠢᠨ ᠴᠡᠭ ᠲᠤ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠨ᠂ ᠡᠷᠬᠡ ᠨᠢ ᠠᠵᠢᠯ ᠶᠠᠪᠤᠳᠠᠯ ᠢ ᠳᠠᠭᠠᠬᠤ᠂ ᠣᠷᠣᠨ ᠲᠤᠭ᠎ᠠ ᠨᠢ ᠠᠵᠢᠯ ᠶᠠᠪᠤᠳᠠᠯ ᠢ ᠳᠠᠭᠠᠬᠤ᠂ ᠵᠣᠭᠤᠰ ᠮᠦᠩᠬᠦ ᠨᠢ ᠠᠵᠢᠯ ᠶᠠᠪᠤᠳᠠᠯ ᠢ ᠳᠠᠭᠠᠬᠤ ᠶᠢ ᠪᠠᠷᠢᠮᠲᠠᠯᠠᠵᠤ᠂ ᠳᠣᠷᠣᠭᠰᠢ ᠪᠠᠭᠤᠯᠭᠠᠵᠤ ᠳᠡᠶᠢᠯᠬᠦ᠂ ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ᠂ ᠬᠢᠨᠠᠯᠲᠠ ᠲᠠᠯᠪᠢᠵᠤ ᠲᠠᠶᠢᠯᠬᠦ ᠶᠢ ᠦᠨᠡᠨ ᠬᠦ ᠪᠠᠲᠤᠯᠠᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠢᠭᠡᠳ ᠳᠡᠭᠡᠷ᠎ᠡ ᠨᠢᠭᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠬᠦ ᠵᠢᠴᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠤᠨ᠎ᠠ᠃ ᠬᠦᠷᠢᠶ᠎ᠡ ᠴᠠᠷᠠᠭ᠎ᠠ ᠪᠠ ᠰᠠᠯᠠᠭ᠎ᠠ ᠮᠥᠴᠢᠷ ᠠᠯᠤᠰᠯᠠᠵᠤ ᠬᠠᠮᠲᠤᠷᠠᠨ ᠬᠠᠤᠯᠢ ᠬᠡᠷᠡᠭᠵᠢᠭᠦᠯᠬᠦ ᠶᠢ ᠶᠡᠭᠡ ᠪᠠᠷ ᠠᠬᠢᠭᠤᠯᠵᠤ᠂ ᠬᠠᠤᠯᠢ ᠠᠴᠠ ᠵᠥᠷᠢᠴᠡᠭᠰᠡᠨ ᠰᠦᠪᠡᠭᠴᠢ ᠬᠠᠷᠢᠯᠴᠠᠨ ᠬᠤᠯᠪᠤᠯᠳᠤᠬᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠬᠠᠷᠢᠯᠴᠠᠨ ᠨᠡᠪᠲᠡᠷᠡᠭᠦ᠂ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ︾ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠲᠠᠢ ᠪᠤᠯᠬᠤ᠂ ᠬᠡᠷᠡᠭ ᠢ ᠰᠢᠯᠵᠢᠭᠦᠯᠦᠨ ᠬᠦᠷᠭᠡᠬᠦ ᠪᠠᠷᠢᠮᠵᠢᠶ᠎ᠠ ᠪᠠ ᠵᠢᠷᠤᠮ ᠢ ᠳᠦᠷᠢᠮᠵᠢᠭᠦᠯᠬᠦ ᠶᠢ ᠠᠬᠢᠭᠤᠯᠤᠨ᠎ᠠ᠃ ᠠᠳᠠᠯᠢ ᠪᠤᠰᠤ ᠱᠠᠲᠤ ᠳᠠᠪᠬᠤᠷᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠬᠦᠭᠡᠷᠦᠮᠵᠢ ᠶᠢᠨ ᠲᠣᠬᠢᠷᠠᠭᠤᠯᠤᠯᠳᠠ ᠶᠢᠨ ᠪᠠᠷᠢᠮᠵᠢᠶ᠎ᠠ ᠶᠢ ᠱᠠᠯᠠᠪᠳᠠᠨ ᠲᠣᠭᠲᠠᠭᠠᠨ᠎ᠠ᠃      ︵ᠠᠷᠪᠠᠨ ᠳᠥᠷᠪᠡ︶ ᠭᠤᠤᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ       ᠴᠢᠩᠭᠠᠷᠠᠭᠤᠯᠤᠨ᠎ᠠ᠃ ᠢᠳᠡᠭᠡᠨ ᠪᠠ ᠡᠮ ᠤᠨ ᠵᠦᠢᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠤᠭᠤᠷᠢᠨ᠂ ᠠᠶᠤᠯᠭᠦᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ ᠬᠤᠳᠠ ᠶᠢᠨ ᠬᠠᠮᠢᠶᠠᠷᠤᠯᠲᠠ᠂ ᠵᠠᠮ ᠲᠡᠭᠡᠭᠡᠪᠦᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠤᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠷᠢᠶ᠎ᠡ ᠴᠠᠷᠠᠭ᠎ᠠ ᠬᠤᠪᠢᠶᠠᠨ ᠡᠮᠬᠢᠯᠡᠵᠦ᠂ ᠲᠥᠪᠯᠡᠷᠡᠭᠦᠯᠵᠤ ᠪᠠᠶᠢᠭᠠᠳ ᠲᠤᠰᠬᠠᠢ ᠴᠡᠭᠴᠡᠯᠡᠨ ᠵᠠᠰᠠᠬᠤ ᠠᠵᠢᠯ ᠦᠷᠨᠢᠭᠦᠯᠦᠨ᠎ᠡ᠃ ᠳᠠᠯᠳᠠ ᠠᠶᠤᠯ ᠲᠦᠭᠰᠢᠭᠦᠷᠢ ᠪᠠᠷ ᠶᠡᠭᠡ᠂ ᠬᠦᠨᠳᠦ ᠨᠣᠴᠢᠲᠠᠶ ᠮᠠᠭᠤ ᠦᠷ᠎ᠡ ᠳ᠋ᠦᠩ ᠭᠠᠷᠭᠠᠵᠤ ᠮᠡᠳᠡᠬᠦ ᠬᠦ᠋ᠷᠢᠶᠡᠨ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠴᠠᠭᠳᠠᠨ ᠪᠠᠶᠢᠴᠠᠭᠠᠯᠳᠠ ᠶᠢ ᠴᠢᠩᠭᠠᠳᠬᠠᠨ᠂ ᠬᠠᠤᠯᠢ ᠠᠴᠠ ᠵᠥᠷᠢᠴᠡᠬᠦ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠠᠷᠢᠯᠭᠠᠨ᠎ᠠ᠃ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠳ ᠠᠴᠠ ᠵᠠᠯᠬᠠᠭᠠᠨ ᠰᠢᠢᠳᠬᠡᠬᠦ ᠴᠢᠨᠠᠷᠲᠠᠢ ᠲᠥᠯᠥᠪᠦᠷᠢ ᠠᠪᠬᠤ ᠪᠠ ᠦᠯᠡᠮᠵᠢ ᠲᠣᠭᠠᠨ ᠤ ᠵᠣᠭᠤᠰ ᠢᠶᠠᠷ ᠲᠣᠷᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠦ᠋ᠷᠦᠯ ᠳᠤ ᠤᠷᠤᠯᠴᠠᠬᠤ ᠶᠢ ᠨᠢ ᠨᠠᠰᠤᠨ ᠲᠤᠷᠰᠢᠳᠠ ᠴᠠᠭᠠᠵᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠳ ᠢ ᠤᠯᠪᠠᠰᠤ ᠵᠣᠬᠢᠬᠤ ᠦᠨ᠎ᠡ ᠲᠥᠯᠥᠪᠦᠷᠢ ᠭᠠᠷᠭᠠᠭᠤᠯᠬᠤ ᠬᠡᠷᠡᠭᠲᠡᠢ᠃ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠨ᠂ ᠬᠠᠤᠯᠢ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠥᠮᠦᠰ ᠢ ᠬᠠᠤᠯᠢ ᠶᠣᠰᠣᠭᠠᠷ ᠱᠠᠩᠨᠠᠬᠤ ᠪᠠ ᠰᠠᠶᠢᠳᠦᠷ ᠬᠠᠮᠠᠭᠠᠯᠠᠬᠤ ᠬᠡᠷᠡᠭᠲᠡᠶ᠃      ︵ᠠᠷᠪᠠᠨ ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠵᠠᠷᠯᠠᠬᠤ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠳᠤ ᠬᠠᠤᠯᠢᠵᠢᠯ ᠢᠶᠠᠷ ᠬᠢᠨᠠᠨ ᠲᠠᠯᠪᠢᠬᠤ ᠲᠦᠷᠢᠮ ᠢ ᠪᠥᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠨᠢᠭᠡᠳᠦᠯᠲᠡᠶ ᠪᠠᠶᠢᠯᠭᠠᠵᠤ᠂ ᠲᠥᠪ ᠤᠨ ᠰᠢᠭᠤᠳ ᠬᠠᠮᠢᠶᠠᠷᠬᠤ ᠰᠠᠯᠠᠭ᠎ᠠ ᠮᠥᠴᠢᠷ ᠠᠴᠠ ᠭᠠᠳᠠᠨ᠎ᠠ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠰᠢᠯᠭᠠᠯᠲᠠ ᠬᠢᠬᠦ᠂ ᠦᠨᠡᠮᠯᠡᠯ ᠬᠢᠵᠤ ᠦᠨᠡᠮᠯᠡᠯ ᠣᠯᠭᠤᠬᠤ᠂ ᠠᠵᠢᠯ ᠤᠨ ᠪᠠᠶᠢᠷᠢ ᠳᠡᠭᠡᠷ᠎ᠠ ᠨᠢ ᠡᠭᠡᠯᠵᠢᠯᠡᠨ ᠪᠣᠯᠪᠠᠰᠤᠷᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠰᠢᠰᠲ᠋ᠧᠮ ᠤᠨ ᠢᠶᠠᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠬᠠᠮᠢᠶ᠎ᠠ ᠪᠦᠬᠦᠢ ᠵᠢᠷᠤᠮᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ᠂ ᠠᠯᠪᠠᠨ ᠪᠢᠴᠢᠭ ᠤᠨ ᠦᠨᠳᠦᠰᠦᠨ ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢᠨ ᠳᠠᠩᠰᠠ ᠡᠪᠬᠡᠮᠡᠯ ᠪᠠ ᠠᠯᠪᠠᠨ ᠪᠢᠴᠢᠭ ᠢ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠪᠢᠴᠢᠭ ᠢ ᠬᠦᠷᠭᠡᠬᠦ ᠳᠦᠷᠢᠮ ᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠰ ᠭᠠᠵᠠᠷ ᠣᠷᠣᠨ ᠤ ᠡᠯ᠎ᠠ ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠲᠠᠰᠤᠯᠤᠯᠲᠠ ᠶᠢᠨ ᠬᠡᠪᠴᠢᠶ᠎ᠡ᠂ ᠲᠥᠷᠥᠯ ᠵᠦᠢᠯ᠂ ᠬᠡᠮᠵᠢᠶ᠎ᠡ ᠵᠡᠷᠭᠡ ᠶᠢ ᠨᠠᠷᠢᠯᠢᠬᠵᠢᠭᠤᠯᠤᠨ ᠬᠡᠮᠵᠢᠶᠡᠵᠢᠭᠦᠯᠬᠦ ᠶᠢᠨ ᠬᠠᠮᠲᠤ ᠵᠠᠷᠯᠠᠨ ᠨᠡᠶᠢᠲᠡᠯᠡᠨ᠎ᠡ᠃ ᠬᠠᠤᠯᠢ ᠬᠡᠷᠡᠭᠵᠢᠭᠦᠯᠬᠦ ᠵᠦᠢᠯᠡᠰ ᠢ ᠪᠦᠬᠦ ᠲᠠᠯ᠎ᠠ ᠪᠠᠷ ᠡᠮᠬᠢᠯᠡᠨ᠂ ᠵᠢᠷᠤᠮᠵᠢᠭᠤᠯᠬᠤ ᠪᠠ ᠴᠣᠮᠬᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠢ ᠪᠤᠯ ᠪᠦᠬᠦᠨ ᠢ ᠬᠦᠴᠦᠨ ᠦᠭᠡᠢ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠲᠤᠬᠠᠶ ᠶᠢᠨ ᠭᠠᠵᠠᠷ ᠲᠤᠨᠢ ᠪᠠᠶᠢᠴᠠᠭᠠᠬᠤ ᠵᠦᠢᠯᠡᠰ ᠣᠯᠠᠨ᠂ ᠳᠠᠪᠲᠠᠮᠵᠢ ᠤᠳᠠᠭ᠎ᠠ ᠤᠯᠠᠨ᠂ ᠳᠤᠷ᠎ᠠ ᠪᠠᠷ ᠢᠶᠠᠨ ᠪᠠᠶᠢᠴᠠᠭᠠᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠬᠡᠯᠪᠡᠷᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠤᠨ ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠦᠨ᠎ᠡ᠃ ᠮᠡᠳᠡᠭᠳᠡᠬᠦ ᠲᠦᠷᠢᠮ ᠢ ᠪᠦᠬᠦ ᠲᠠᠯ᠎ᠠ ᠪᠠᠷ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠷᠠᠭᠠᠯᠵᠠᠬᠰᠠᠨ ᠬᠥᠮᠦᠨ ᠤ ᠲᠤᠭᠠᠴᠢᠯᠲᠠ ᠬᠢᠬᠦ᠂ ᠵᠥᠪᠲᠡᠭᠡᠨ ᠲᠣᠳᠣᠷᠬᠠᠶᠢᠯᠠᠬᠤ᠂ ᠭᠡᠷᠡᠴᠢᠯᠡᠯᠲᠡ ᠰᠣᠨᠣᠰᠬᠤ ᠭᠤᠶᠤᠴᠢᠯᠠᠯ ᠳᠤᠷᠠᠳᠬᠤ ᠵᠡᠷᠭᠡ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠪᠠᠶᠢᠬᠤ ᠠᠴᠠ ᠭᠠᠳᠠᠨ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠣᠨᠴᠠᠭᠠᠢ ᠣᠷᠣᠨ ᠪᠦᠰᠡ ᠪᠤᠶᠤ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢ ᠨᠡᠶᠢᠳᠡᠮ ᠵᠣᠭᠰᠣᠭᠠᠬᠤ ᠪᠠᠷ ᠱᠠᠭᠠᠷᠳᠠᠬᠤ ᠠᠷᠭ᠎ᠠ ᠬᠡᠮᠵᠢᠶ᠎ᠡ ᠠᠪᠬᠤ ᠶᠢ ᠴᠢᠩᠭ᠎ᠠ ᠴᠠᠭᠠᠵᠠᠯᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠣᠲᠣᠭᠠᠳᠤ ᠶᠢᠨ ᠬᠤᠷᠠᠯ ᠤᠨ ᠲᠣᠪᠴᠢ ᠲᠡᠮᠲᠡᠭᠯᠡᠯ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠪᠣᠯᠭᠠᠵᠤ ᠪᠣᠯᠬᠤ ᠥᠬᠡᠶ᠃      ︵ᠠᠷᠪᠠᠨ ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠢᠳᠬᠠᠨ ᠰᠤᠷᠭᠠᠬᠤ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ᠂ ᠰᠡᠷᠡᠮᠵᠢᠯᠡᠭᠦᠯᠵᠦ ᠰᠠᠨᠠᠭᠤᠯᠬᠤ᠂ ᠵᠢᠭᠠᠨ ᠵᠢᠯᠣᠭᠤᠳᠴᠤ ᠪᠣᠯᠵᠣᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠥᠷᠭᠡᠨ ᠢᠶᠠᠷ ᠠᠰᠢᠬᠯᠠᠵᠤ᠂ ᠠᠭᠤᠴᠢᠯᠠᠬᠤ ᠪᠠ ᠴᠢᠩᠭ᠎ᠠ ᠰᠢᠢᠳᠬᠡᠬᠦ ᠶᠢ ᠤᠶᠠᠯᠳᠤᠭᠤᠯᠬᠤ᠂ ᠬᠠᠤᠯᠢ ᠪᠠ ᠶᠤᠰᠤ ᠶᠢ ᠬᠠᠷᠢᠯᠴᠠᠨ ᠠᠭᠤᠰᠤᠯᠴᠠᠭᠤᠯᠬᠤ ᠶᠢ ᠴᠢᠷᠮᠠᠶᠢᠨ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠶᠢ ᠡᠷᠴᠢᠮ ᠲᠠᠢ ᠮᠥᠷᠲᠡᠭᠡᠨ ᠬᠦᠮᠦᠯᠢᠭ ᠪᠠᠶᠢᠯᠭᠠᠬᠤ ᠬᠡᠷᠡᠭᠲᠡᠢ᠃ ᠬᠠᠤᠯᠢ ᠠᠴᠠ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠶᠢ ᠰᠢᠢᠳᠬᠡᠯ ᠲᠣᠷᠭᠠᠭᠤᠯᠢ ᠠᠴᠠ ᠬᠠᠤᠯᠢ ᠶᠣᠰᠣᠭᠠᠷ ᠬᠡᠯᠲᠦᠷᠢᠭᠦᠯᠬᠦ ᠨᠠᠷᠢᠨ ᠲᠠᠩᠰᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠠᠷ ᠵᠢᠯᠣᠭᠤᠳᠤᠭᠤᠯᠬᠤ ᠳᠦᠷᠢᠮ ᠢ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠨᠢ ᠵᠢᠯᠣᠭᠤᠳᠤᠯᠭ᠎ᠠ ᠶᠢᠨ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠴᠢᠩᠭᠠᠳᠬᠠᠨ᠎ᠠ᠃      ᠵᠢᠷᠭᠤᠭ᠎ᠠ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮ ᠢ ᠪᠦᠷᠢᠨᠰᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠡᠷᠭᠡᠶᠢᠯᠡᠨ ᠰᠢᠢᠳᠪᠦᠷᠢᠯᠡᠨ᠎ᠡᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠭᠡᠨᠡᠳᠲᠡ ᠶᠢᠨ ᠬᠡᠷᠡᠭ ᠢ ᠠᠷᠭᠠᠴᠠᠭᠠᠬᠤ ᠶᠢ ᠪᠠᠷᠢᠮᠲᠠᠯᠠᠵᠤ᠂ ᠠᠵᠢᠯ ᠨᠢ ᠬᠡᠳᠦᠢ ᠴᠢᠬᠤᠯᠠ᠂ ᠬᠡᠷᠡᠭ ᠶᠠᠪᠤᠳᠠᠯ ᠨᠢ ᠬᠡᠳᠦᠢ ᠪᠠᠴᠢᠮ ᠪᠣᠯᠬᠤ ᠳᠤᠲᠤᠮ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠤᠯᠠᠮ ᠪᠠᠷᠢᠮᠲᠠᠯᠠᠬᠤ ᠶᠢ ᠬᠦᠴᠦᠯᠡᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤᠮᠳᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃      ︵ᠠᠷᠪᠠᠨ ᠳᠣᠯᠤᠭ᠎ᠠ︶ ᠭᠡᠨᠡᠳᠲᠡ ᠶᠢᠨ ᠬᠡᠷᠡᠭ ᠢ ᠠᠷᠭᠠᠴᠠᠭᠠᠬᠤ ᠲᠦᠷᠢᠮ ᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ᠳᠤ ᠵᠠᠰᠠᠪᠤᠷᠢ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠢᠰᠲ᠋ᠧᠮ ᠲᠠᠢ ᠪᠠᠷ ᠡᠮᠬᠢᠯᠡᠨ ᠵᠠᠰᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢᠵᠢᠯ ᠪᠠ ᠵᠢᠷᠤᠮᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠢ ᠪᠦᠷᠢᠨᠰᠢᠭᠦᠯᠵᠦ᠂ ᠤᠯᠤᠰ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠶᠡᠷᠦᠩᠬᠡᠶ ᠪᠠ ᠲᠤᠰᠬᠠᠢ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ ᠡᠭᠦᠨ ᠯᠦᠭᠡ ᠵᠣᠯᠭᠠᠯᠴᠠᠭᠤᠯᠤᠨ ᠲᠥᠬᠦᠷᠵᠢᠭᠦᠯᠦᠭᠰᠡᠨ ᠡᠯ᠎ᠡ ᠱᠠᠲᠤᠨ ᠤ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ᠂ ᠰᠡᠷᠭᠦᠭᠡᠵᠤ ᠲᠠᠬᠢᠨ ᠪᠠᠶᠢᠭᠤᠯᠬᠤ᠂ ᠪᠠᠶᠢᠴᠠᠭᠠᠨ ᠦᠨᠡᠯᠡᠬᠦ ᠵᠡᠷᠭᠡ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠡᠨᠡᠳᠲᠡ ᠡᠭᠦᠰᠬᠦ ᠬᠡᠷᠡᠭ ᠢ ᠠᠷᠭᠠᠴᠠᠭᠠᠬᠤ ᠶᠠᠪᠤᠴᠠ ᠳᠠᠬᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠠᠪᠤᠷᠠᠨ ᠲᠤᠰᠠᠯᠠᠬᠤ᠂ ᠨᠥᠬᠦᠪᠥᠷᠢᠯᠡᠬᠦ ᠳᠦᠷᠢᠮ ᠢ ᠪᠦᠷᠢᠨᠰᠢᠭᠦᠯᠵᠦ᠂ ᠬᠠᠮᠢᠶ᠎ᠠ ᠪᠦᠬᠦᠢ ᠬᠢᠨᠠᠨ ᠵᠥᠪᠰᠢᠶᠡᠷᠡᠬᠦ᠂ ᠬᠡᠷᠡᠭᠵᠢᠭᠦᠯᠬᠦ ᠳᠡᠰ ᠳᠠᠷᠠᠭᠠᠯᠠᠯ ᠪᠣᠯᠤᠨ ᠲᠡᠳᠬᠦᠬᠦ ᠠᠷᠭ᠎ᠠ ᠵᠠᠮ ᠢ ᠵᠢᠷᠤᠮᠵᠢᠭᠤᠯᠤᠨ᠎ᠠ᠃ ᠣᠨᠴᠠ ᠶᠡᠭᠡ ᠬᠤᠳᠠ ᠶᠢᠨ ᠠᠶᠤᠯ ᠲᠦᠭᠰᠢᠭᠦᠷᠢ ᠶᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠲᠠᠬᠡᠭᠰᠢᠯᠡᠬᠦᠯᠦᠨ᠎ᠠ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠠᠬᠢ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠲᠣᠭᠲᠠᠴᠠ ᠳᠦᠷᠢᠮ ᠢ ᠪᠦᠷᠢᠨᠰᠢᠭᠦᠯᠦᠨ ᠵᠢᠷᠤᠮᠵᠢᠭᠤᠯᠵᠤ᠂ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠦᠨᠡᠨ ᠬᠦ ᠬᠠᠮᠠᠭᠠᠯᠠᠨ᠎ᠠ᠃ ᠭᠡᠨᠡᠳᠲᠡ ᠶᠢᠨ ᠬᠡᠷᠡᠭ ᠲᠠᠬᠢ ᠵᠠᠰᠠᠭ ᠵᠠᠬᠢᠷᠭᠠᠨ ᠤ ᠠᠷᠭ᠎ᠠ ᠪᠠᠷᠢᠯ ᠤᠨ ᠬᠡᠷᠡᠭᠯᠡᠯᠳᠡ ᠶᠢ ᠳᠦᠷᠢᠮᠵᠢᠭᠦᠯᠦᠨ ᠵᠢᠷᠤᠮᠵᠢᠭᠤᠯᠬᠤ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠵᠠᠭᠠᠭ ᠬᠢᠵᠠᠭᠠᠷ ᠢ ᠵᠢᠷᠤᠮᠵᠢᠭᠤᠯᠬᠤ ᠬᠡᠷᠡᠭᠲᠡᠶ᠃      ︵ᠠᠷᠪᠠᠨ ᠨᠠᠢᠮᠠ︶ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠲᠣᠰ ᠬᠦᠷᠢᠶᠡᠨ ᠤ ᠪᠠᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠲᠤ ᠬᠠᠤᠯᠢ ᠶᠣᠰᠣᠭᠠᠷ ᠱᠠᠳᠤ ᠬᠤᠪᠢᠶᠠᠨ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠨᠳᠤᠯᠭᠠᠲᠤ ᠴᠢᠨᠠᠷ ᠪᠠ ᠪᠤᠳᠠᠳᠠᠢ ᠪᠦᠳᠤᠮᠵᠢᠳᠤ ᠴᠢᠨᠠᠷ ᠢ ᠴᠢᠩᠭᠠᠳᠬᠠᠨ᠎ᠠ᠃ ᠡᠩᠬᠡ ᠲᠠᠶᠢᠪᠤᠩ ᠦᠶ᠎ᠡ ᠪᠠ ᠳᠠᠶᠢᠨ ᠤ ᠦᠶ᠎ᠡ ᠶᠢᠨ ᠱᠠᠭᠠᠷᠳᠠᠯᠭ᠎ᠠ ᠶᠢ ᠤᠶᠠᠯᠳᠤᠭᠤᠯᠬᠤ ᠵᠠᠷᠴᠢᠮ ᠶᠣᠰᠣᠭᠠᠷ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠡᠰ ᠳᠠᠷᠠᠭᠠᠯᠠᠯ ᠪᠣᠯᠤᠨ ᠵᠣᠬᠢᠴᠠᠭᠤᠯᠵᠤ ᠬᠤᠷᠰᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠡᠷᠭᠡᠶᠢᠯᠡᠬᠦ᠂ ᠤᠷᠢᠳ ᠢᠶᠠᠷ ᠰᠢᠢᠳᠪᠦᠷᠢᠯᠡᠬᠦ ᠪᠠ ᠲᠦᠷᠭᠡᠨ ᠬᠠᠷᠢᠭᠤ ᠲᠤᠰᠬᠠᠯ ᠭᠠᠷᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠢᠮᠦᠷᠡᠯ ᠤᠨ ᠮᠡᠳᠡᠭᠡ ᠶᠢ ᠨᠡᠪᠲᠡᠷᠡᠯᠴᠡᠬᠦᠯᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠢ ᠠᠰᠢᠬᠯᠠᠨ ᠡᠳ᠋ ᠪᠠᠷᠠᠭᠠᠨ ᠤ ᠦᠨ᠎ᠡ ᠬᠠᠩᠰᠢ ᠶᠢ ᠦᠷᠢᠰᠦᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠴᠤᠤᠷᠬᠠᠯ ᠲᠠᠯᠪᠢᠨ ᠬᠡᠷᠡᠭ ᠡᠳᠦᠬᠦ᠂ ᠬᠤᠳᠠᠯ ᠬᠠᠭᠤᠷᠮᠠᠭ ᠪᠠᠷᠠᠭ᠎ᠠ ᠲᠠᠸᠠᠷ ᠦᠢᠯᠡᠳᠴᠦ ᠪᠣᠷᠣᠯᠠᠭᠤᠯᠬᠤ ᠵᠡᠷᠭᠡ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠨ ᠰᠢᠢᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠤᠯᠢᠵᠢᠯ ᠤᠨ ᠤᠬᠠᠮᠰᠠᠷ ᠢ ᠴᠢᠩᠭᠠᠳᠬᠠᠨ᠎ᠠ᠃      ︵ᠠᠷᠪᠠ ᠶᠢᠰᠦ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠶᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠭᠠᠬᠤ ᠳᠤ ᠬᠠᠤᠯᠢ ᠶᠣᠰᠣᠭᠠᠷ ᠣᠷᠣᠯᠴᠠᠬᠤ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠳᠠᠨ᠂ ᠰᠠᠶᠢᠨ ᠳᠤᠷᠠᠴᠤᠳ ᠵᠡᠷᠭᠡ ᠶᠢᠨ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠬᠠᠤᠯᠢ ᠴᠠᠭᠠᠵᠠ ᠶᠢᠨ ᠪᠠᠶᠢᠷᠢ ᠰᠠᠭᠤᠷᠢ ᠵᠢᠴᠢ ᠲᠡᠭᠦᠨ ᠤ ᠡᠷᠬᠡ ᠠᠰᠢᠭ ᠡᠭᠦᠷᠭᠡ ᠶᠢ ᠲᠣᠳᠣᠷᠬᠠᠶᠢᠯᠠᠵᠤ᠂ ᠤᠷᠮᠠᠰᠢᠭᠤᠯᠤᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠳᠠᠩᠰᠠᠯᠠᠨ ᠲᠡᠮᠳᠡᠭᠯᠡᠬᠦ᠂ ᠰᠢᠯᠵᠢᠭᠦᠯᠦᠨ ᠬᠡᠷᠡᠭᠯᠡᠵᠦ ᠨᠥᠬᠦᠪᠥᠷᠢ ᠥᠭᠬᠦ᠂ ᠳᠠᠭᠠᠳᠬᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠳᠦᠷᠢᠮ ᠢ ᠪᠦᠷᠢᠨᠰᠢᠭᠦᠯᠦᠨ᠎ᠡ᠃      ᠳᠣᠯᠤᠭ᠎ᠠ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠵᠠᠰᠠᠭ ᠵᠠᠬᠢᠷᠭᠠᠨ ᠢᠶᠠᠷ ᠤᠷᠢᠳᠴᠢᠯᠠᠨ ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠲᠠᠰᠤᠷᠠᠯᠲᠠ ᠥᠬᠡᠶ ᠠᠬᠢᠭᠤᠯᠤᠨ᠎ᠠᠵᠥᠷᠢᠴᠡᠯ ᠵᠢᠭᠤᠷᠠᠭᠠᠨ ᠢ ᠴᠤᠬᠤᠶᠢᠵᠤ ᠪᠠᠶᠢᠭ᠎ᠠ ᠦᠶ᠎ᠡ ᠳᠤ ᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠨᠢ ᠰᠢᠢᠳᠪᠦᠷᠢᠯᠡᠬᠦ ᠶᠢ ᠪᠠᠷᠢᠮᠲᠠᠯᠠᠨ᠂ ᠠᠷᠠᠳ ᠤᠯᠠᠨ ᠤ ᠡᠷᠬᠡ ᠠᠰᠢᠭ ᠲᠤ ᠲᠥᠪ ᠭᠤᠣᠯᠴᠢ ᠪᠠᠷ ᠬᠠᠨᠳᠤᠬᠤ᠂ ᠨᠡᠷ᠎ᠡ ᠬᠦᠨᠳᠦ ᠶᠢ ᠨᠢ ᠬᠦᠨᠳᠦᠳᠬᠡᠬᠦ ᠶᠢ ᠬᠦᠴᠦᠯᠡᠨ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠯ᠂ ᠡᠶᠡᠳᠡᠭᠦᠯᠭᠡ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠲᠠᠰᠣᠯᠣᠯᠳᠠ ᠬᠢᠬᠦ᠂ ᠵᠠᠰᠠᠭ ᠵᠠᠬᠢᠷᠭᠠᠨ ᠤ ᠲᠠᠭᠢᠨ ᠵᠥᠪᠯᠡᠬᠦ᠂ ᠵᠠᠭᠠᠯᠳᠤᠬᠤ ᠵᠡᠷᠭᠡ ᠨᠡᠶᠢᠭᠡᠮ ᠤᠨ ᠵᠥᠷᠢᠴᠡᠯ ᠵᠢᠭᠤᠷᠠᠭᠠᠨ ᠢ ᠣᠯᠠᠨ ᠡᠰᠢᠴᠢᠯᠡᠨ ᠤᠷᠢᠳᠴᠢᠯᠠᠨ ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ ᠶᠡᠷᠦᠩᠬᠡᠶᠢᠯᠡᠭᠰᠡᠨ ᠲᠣᠭᠲᠠᠴᠠ ᠶᠢ ᠪᠦᠷᠢᠨᠰᠢᠬᠦᠯᠬᠦ ᠶᠢ ᠠᠬᠢᠭᠤᠯᠤᠨ᠎ᠠ᠃      ︵ᠬᠤᠷᠢ︶ ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠢ ᠴᠢᠩᠭᠠᠳᠬᠠᠨ᠎ᠠ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠤᠷᠴᠢᠨ ᠲᠤᠭᠤᠷᠢᠨ ᠤ ᠪᠤᠬᠢᠷᠳᠤᠯ᠂ ᠨᠡᠶᠢᠭᠡᠮ ᠤᠨ ᠪᠠᠲᠤᠯᠠᠭ᠎ᠠ᠂ ᠭᠡᠷ ᠪᠠᠶᠢᠰᠢᠩ ᠭᠠᠵᠠᠷ ᠰᠢᠷᠣᠢ ᠶᠢ ᠲᠠᠲᠠᠪᠤᠷᠢᠯᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠤᠯᠢ ᠶᠣᠰᠣᠭᠠᠷ ᠴᠢᠩᠭᠠᠳᠬᠠᠵᠤ᠂ ᠵᠥᠷᠢᠴᠡᠯ ᠵᠢᠭᠤᠷᠠᠭᠠᠨ ᠢ ᠡᠶᠡᠳᠡᠬᠦᠯᠭᠡ ᠵᠢᠴᠠᠭ ᠲᠤᠬᠠᠢ ᠳᠤ ᠨᠢ ᠲᠣᠬᠢᠲᠠᠢ ᠠᠬᠢᠭᠤᠯᠤᠨ᠎ᠠ᠃ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠡᠷᠭᠡᠪᠰᠢ ᠵᠠᠰᠠᠭ ᠵᠠᠬᠢᠷᠭᠠᠨ ᠤ ᠡᠶᠡᠳᠡᠭᠦᠯᠭᠡ ᠶᠢᠨ ᠬᠦᠷᠢᠶ᠎ᠡ ᠬᠡᠪᠴᠢᠶ᠎ᠡ ᠪᠠ ᠳᠡᠰ ᠳᠠᠷᠠᠭᠠᠯᠠᠯ ᠢ ᠵᠢᠷᠤᠮᠵᠢᠭᠤᠯᠤᠨ᠂ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ︽ᠭᠤᠷᠪᠠᠨ ᠡᠶᠡᠳᠡᠭᠦᠯᠭᠡ︾ ᠶᠢ ᠬᠤᠯᠪᠤᠭᠠᠯᠠᠨ ᠬᠦᠳᠡᠯᠤᠯᠴᠠᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃      ︵ᠬᠤᠷᠢᠨ ᠨᠢᠭᠡ︶ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠢᠷᠭᠡᠨ ᠤ ᠬᠡᠷᠡᠭ ᠤᠨ ᠵᠢᠭᠤᠷᠠᠭᠠᠨ ᠢ ᠡᠶᠡᠳᠡᠭᠦᠯᠬᠦ ᠦᠢᠯᠡᠳᠦᠯ ᠢ ᠪᠠᠳᠠᠷᠠᠭᠤᠯᠵᠤ᠂ ᠰᠢᠰᠲ᠋ᠧᠮ ᠪᠦᠷᠢᠨ ᠲᠡᠭᠦᠯᠳᠡᠷ᠂ ᠠᠷᠭ᠎ᠠ ᠵᠠᠮ ᠰᠢᠯᠤᠭᠤᠳᠬᠠᠨ᠂ ᠲᠥᠪ ᠭᠤᠤᠯᠴᠢ ᠳᠥᠭᠦᠮ ᠳᠥᠲᠡ᠂ ᠲᠠᠰᠤᠯᠤᠯᠲᠠ ᠪᠠ ᠵᠠᠭᠠᠯᠳᠤᠯᠭ᠎ᠠ ᠶᠢ ᠵᠣᠯᠭᠠᠭᠤᠯᠬᠤ ᠲᠠᠰᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠲᠠᠰᠣᠯᠣᠯᠳᠠ ᠶᠢᠨ ᠡᠷᠬᠡ ᠶᠢ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠲᠠᠰᠣᠯᠣᠯᠳᠠ ᠶᠢᠨ ᠡᠮᠬᠢ ᠲᠠᠷᠠᠭᠠᠯᠠᠯ ᠢ ᠵᠢᠷᠤᠮᠵᠢᠭᠤᠯᠤᠨ᠂ ᠬᠤᠯᠪᠣᠭᠳᠠᠯ ᠪᠦᠭᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠲᠠᠰᠣᠯᠣᠯᠳᠠ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠵᠦᠢᠯᠡᠰ ᠢ ᠪᠥᠬᠦ ᠲᠠᠯ᠎ᠠ ᠪᠠᠷ ᠡᠮᠬᠢᠯᠡᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠬᠡᠷᠡᠭ ᠤᠨ ᠵᠢᠱᠢᠶ᠎ᠡ ᠪᠠᠷ ᠵᠢᠯᠣᠭᠤᠳᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠬᠠᠤᠯᠢ ᠴᠠᠭᠠᠵᠠ ᠶᠢᠨ ᠲᠦᠷᠢᠮ ᠤᠨ ᠪᠠᠶᠢᠭᠤᠯᠤᠯᠲᠠ ᠶᠢ ᠰᠤᠳᠤᠯᠤᠨ ᠠᠬᠢᠭᠤᠯᠤᠨ᠎ᠠ᠃       ︵ᠬᠤᠷᠢᠨ ᠬᠤᠶᠠᠷ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ ᠵᠠᠰᠠᠭ ᠵᠠᠬᠢᠷᠭᠠᠨ ᠤ ᠵᠢᠭᠤᠷᠠᠯᠳᠤᠭᠠᠨ ᠢ ᠡᠶᠡᠳᠠᠬᠦᠯᠬᠦ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠳᠭᠡᠨ᠂ ᠠᠵᠢᠯ ᠶᠠᠪᠤᠳᠠᠯ ᠪᠠ ᠣᠷᠣᠨ ᠲᠤᠭ᠎ᠠ ᠶᠢ ᠵᠣᠬᠢᠴᠠᠭᠤᠯᠬᠤ᠂ ᠰᠢᠯᠢᠳᠡᠭᠵᠢᠭᠦᠯᠦᠨ ᠠᠷᠪᠢᠯᠠᠬᠤ᠂ ᠬᠡᠷᠡᠭᠴᠡᠭᠡ ᠶᠣᠰᠣᠭᠠᠷ ᠳᠣᠭᠢᠷᠠᠭᠤᠯᠬᠤ ᠵᠠᠷᠴᠢᠮ ᠶᠣᠰᠣᠭᠠᠷ᠂ ᠣᠷᠣᠨ ᠲᠤᠭ᠎ᠠ ᠶᠢᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠵᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠲᠥᠪ ᠭᠤᠤᠯᠴᠢ ᠡᠷᠬᠡ ᠰᠦᠷ ᠲᠠᠢ᠂ ᠨᠢᠭᠡᠳᠦᠯᠲᠡᠶ ᠥᠨᠳᠥᠷ ᠪᠦᠲᠦᠮᠵᠢᠲᠡᠶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠬᠦᠨ ᠰᠢᠢᠳᠪᠤᠷᠢᠯᠡᠬᠦ ᠲᠣᠭᠲᠠᠴᠠ ᠶᠢ ᠪᠦᠷᠢᠨᠰᠢᠭᠦᠯᠦᠨ ᠰᠢᠯᠢᠳᠡᠭᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠵᠠᠰᠠᠭ ᠵᠠᠬᠢᠷᠭᠠᠨ ᠤ ᠳᠠᠬᠢᠨ ᠵᠥᠪᠯᠡᠬᠦ ᠺᠣᠮᠢᠰ ᠪᠠᠶᠢᠭᠤᠯᠵᠤ᠂ ᠴᠢᠬᠤᠯᠠ ᠶᠡᠭᠡ᠂ ᠬᠦᠴᠢᠷ ᠲᠦᠪᠡᠭᠲᠡᠶ᠂ ᠪᠤᠳᠤᠯᠢᠶᠠᠨᠲᠠᠶ ᠬᠡᠷᠡᠭ ᠲᠤ ᠰᠠᠨᠠᠯ ᠵᠦᠪᠯᠡᠯᠭᠡ ᠬᠠᠩᠭᠠᠬᠤ ᠬᠡᠷᠡᠭᠲᠡᠶ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ ᠪᠢᠴᠢᠭ ᠵᠢᠴᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠰᠠᠨᠠᠯ ᠤᠨ ᠪᠢᠴᠢᠭ᠂ ᠰᠠᠨᠠᠭᠤᠯᠭ᠎ᠠ ᠶᠢᠨ ᠪᠢᠴᠢᠭ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠣᠨᠴᠠᠭᠠᠶ ᠬᠡᠷᠡᠭ ᠲᠤ ᠬᠢᠨᠠᠯᠲᠠ ᠲᠠᠯᠪᠢᠨ ᠠᠯᠳᠠᠭ᠎ᠠ ᠪᠤᠷᠤᠭᠤ ᠶᠢ ᠵᠠᠯᠠᠷᠠᠭᠤᠯᠬᠤ ᠪᠠ ᠭᠡᠳᠡᠷᠭᠦ ᠰᠢᠬᠠᠮᠳᠠᠭᠤᠯᠬᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ ᠪᠢᠴᠢᠭ ᠢ ᠰᠦᠯᠵᠢᠶᠡᠨ ᠳᠡᠭᠡᠷ᠎ᠡ ᠢᠯᠡ ᠪᠣᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ︵ᠬᠤᠷᠢᠨ ᠭᠤᠷᠪᠠ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠲᠦᠷᠢᠮ ᠢ ᠬᠢᠨᠠᠮᠠᠭᠠᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠵᠢᠭᠤᠷᠠᠯᠳᠤᠭᠠᠨ ᠢ ᠮᠥᠨ ᠴᠢᠨᠠᠷ ᠠᠴᠠ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠵᠠᠷᠭᠤ ᠶᠢᠨ ᠡᠬᠢ ᠰᠤᠷᠪᠤᠯᠵᠢ ᠶᠢᠨ ᠵᠠᠰᠠᠯᠲᠠ ᠶᠢ ᠠᠬᠢᠭᠤᠯᠤᠨ᠎ᠠ᠃ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠪᠠ ᠰᠢᠭᠦᠬᠦ ᠶᠢ ᠳᠡᠮᠵᠢᠵᠦ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠦᠨᠡᠨ ᠬᠦ ᠭᠦᠢᠴᠡᠳᠬᠡᠨ᠎ᠡ᠃ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠠᠵᠢᠯ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠪᠤᠶᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠬᠤ ᠶᠢ ᠲᠡᠮᠵᠢᠨ᠎ᠡ᠃ ᠬᠠᠤᠯᠢ ᠴᠠᠭᠠᠵᠠ ᠶᠢᠨ ᠰᠠᠨᠠᠭᠤᠯᠭ᠎ᠠ᠂ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠠᠵᠢᠯ ᠢ ᠬᠢᠨᠠᠮᠠᠭᠠᠢ ᠰᠠᠶᠢᠲᠤᠷ ᠬᠢᠨ᠎ᠡ᠃      ᠨᠠᠢᠮᠠ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠲᠦᠷᠢᠮᠵᠢᠭᠦᠨ ᠢᠯᠡ ᠲᠣᠳᠣ ᠶᠠᠪᠤᠭᠳᠠᠬᠤ ᠶᠢ ᠪᠠᠳᠤᠯᠠᠨ᠎ᠠᠡᠷᠬᠡ ᠲᠠᠢ ᠪᠣᠯ ᠵᠠᠪᠠᠯ ᠬᠠᠷᠢᠭᠤᠴᠠᠯᠭ᠎ᠠ ᠲᠠᠢ ᠪᠠᠶᠢᠬᠤ᠂ ᠬᠠᠷᠢᠭᠤᠴᠠᠯᠭ᠎ᠠ ᠲᠠᠢ ᠪᠣᠯ ᠵᠠᠪᠠᠯ ᠡᠭᠦᠷᠭᠡᠯᠡᠬᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠡᠷᠡᠭᠵᠢᠭᠦᠯᠬᠦ᠂ ᠵᠣᠬᠢᠶᠠᠨ ᠪᠠᠶᠢᠭᠤᠯᠬᠤ᠂ ᠬᠢᠨᠠᠯᠲᠠ ᠲᠠᠯᠪᠢᠬᠤ ᠶᠢ ᠬᠠᠷᠢᠯᠴᠠᠨ ᠬᠢᠵᠠᠭᠠᠷᠯᠠᠬᠤ ᠮᠥᠷᠲᠡᠭᠡᠨ ᠬᠠᠷᠢᠯᠴᠠᠨ ᠵᠣᠬᠢᠴᠠᠭᠤᠯᠬᠤ ᠶᠢ ᠬᠦᠴᠦᠯᠡᠨ ᠪᠡᠶᠡᠯᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠨᠡᠶᠢᠳᠡᠮ ᠪᠦᠷᠬᠦᠭᠦᠯᠵᠦ᠂ ᠬᠤᠭᠤᠰᠤᠨ ᠵᠠᠢ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠳᠤ ᠬᠡᠷᠡᠭᠯᠡᠨ᠎ᠡ᠃      ︵ᠬᠤᠷᠢᠨ ᠳᠥᠷᠪᠡ︶ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠰᠢᠰᠲ᠋ᠧᠮ ᠢ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠪᠦᠬᠦ ᠲᠠᠯ᠎ᠠ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢᠨ ᠭᠤᠣᠯᠯᠠᠬᠤ ᠪᠠᠶᠢᠷᠢ ᠰᠠᠭᠤᠷᠢ ᠶᠢ ᠲᠤᠪᠤᠶᠢᠯᠭᠠᠨ᠎ᠠ᠃ ᠨᠠᠮ ᠤᠨ ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠤᠨ᠎ᠠ᠃ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠲᠤᠰᠢᠶᠠᠯᠲᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠠᠤᠯᠢ ᠳᠤᠭᠳᠠᠭᠠᠯ ᠶᠤᠰᠤᠭᠠᠷ ᠰᠢᠢᠳᠬᠡᠯ ᠥᠭᠭᠦᠨ᠎ᠡ᠃      ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠵᠤᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠵᠢᠷᠤᠮᠵᠢᠯ ᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ᠂ ᠣᠨᠣᠴᠠᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ᠂ ᠪᠣᠯᠭᠤᠮᠵᠢᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠰᠤᠯᠠ ᠪᠠᠶᠢᠬᠤ ᠶᠢ ᠰᠡᠷᠭᠡᠶᠢᠯᠡᠬᠦ ᠪᠠᠷ ᠪᠠᠷᠠᠬᠤ ᠦᠭᠡᠢ᠂ ᠬᠠᠷᠢᠭᠤᠴᠠᠯᠭ᠎ᠠ ᠨᠡᠬᠡᠮᠵᠢᠯᠡᠬᠦ ᠶᠢ ᠬᠡᠳᠦᠷᠡᠭᠦᠯᠬᠦ᠂ ᠳᠥᠭᠦᠮᠴᠢᠯᠡᠬᠦ ᠶᠢ ᠴᠦ ᠰᠡᠷᠭᠡᠶᠢᠯᠡᠬᠦ ᠬᠡᠷᠡᠭᠲᠡᠢ᠃ ︽ᠭᠤᠷᠪᠠ ᠶᠢ ᠢᠯᠭᠠᠨ ᠰᠠᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠤᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤ ᠢᠯᠠᠩᠭᠤᠶ᠎ᠠ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠠᠵᠢᠯᠲᠠᠨ ᠤ ᠢᠳᠡᠪᠬᠢᠵᠢᠯ ᠢ ᠦᠨᠡᠨ ᠬᠦ ᠳᠠᠶᠢᠴᠢᠯᠠᠨ᠂ ᠪᠣᠳᠠᠲᠠᠶ ᠠᠴᠠ ᠡᠭᠦᠰᠴᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠬᠢᠵᠦ ᠦᠶ᠋ᠯᠡᠰ ᠪᠤᠰᠬᠠᠬᠤ ᠶᠢ ᠭᠦᠢᠴᠡᠳ ᠳᠡᠮᠵᠢᠨ᠎ᠡ᠃      ︵ᠬᠤᠷᠢᠨ ᠲᠠᠪᠤ︶ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ ᠵᠢᠷᠤᠮᠵᠢᠭᠤᠯᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠡᠭᠡᠳᠦ ᠱᠠᠲᠤ ᠪᠠ ᠲᠣᠰ ᠱᠠᠲᠤᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠱᠠᠯᠠᠪᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ᠂ ᠲᠣᠰ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠰᠠᠯᠠᠭ᠎ᠠ ᠮᠥᠴᠢᠷ ᠪᠠ ᠳᠤᠤᠷᠠᠳᠤ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠪᠠᠲᠤᠯᠠᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠱᠠᠯᠠᠪᠳᠠᠭᠤᠯᠤᠨ ᠳᠡᠭᠡᠭᠰᠢᠯᠡᠭᠦᠯᠵᠦ᠂ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠤᠨ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠦᠷᠢᠮ ᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠯᠳᠠ ᠶᠢᠨ ᠵᠤᠷᠢᠭᠵᠢᠭᠤᠯᠬᠤ ᠪᠠ ᠱᠠᠯᠠᠪᠳᠠᠭᠤᠯᠬᠤ ᠦᠢᠯᠡᠳᠦᠯ ᠢ ᠢᠳᠡᠪᠬᠢᠲᠡᠶ       ᠪᠠᠳᠠᠷᠠᠭᠤᠯᠵᠤ᠂ ᠱᠠᠩᠨᠠᠬᠤ ᠪᠠ ᠰᠢᠢᠳᠬᠡᠬᠦ ᠶᠢ ᠵᠡᠷᠭᠡ ᠳᠤᠨᠢ ᠡᠷᠬᠢᠮᠯᠡᠬᠦ ᠶᠢ ᠪᠠᠷᠢᠮᠲᠠᠯᠠᠨ᠂ ᠦᠷ᠎ᠡ ᠪᠦᠲᠦᠮᠵᠢ ᠪᠠᠷ ᠢᠯᠡᠷᠬᠡᠶ ᠶᠢ ᠨᠢ ᠲᠣᠭᠲᠠᠭᠠᠯ ᠶᠣᠰᠣᠭᠠᠷ ᠰᠠᠶᠢᠰᠢᠶᠠᠬᠤ ᠪᠠ ᠲᠥᠷᠥ ᠶᠢᠨ ᠪᠣᠳᠣᠯᠭ᠎ᠠ ᠪᠠᠷ ᠵᠤᠷᠢᠭᠵᠢᠭᠤᠯᠬᠤ ᠡᠷᠴᠢᠮ ᠢᠶᠠᠨ ᠨᠡᠮᠡᠭᠳᠡᠭᠦᠯᠵᠦ᠂ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠦᠢᠯᠡᠳᠬᠦ ᠶᠢ ᠨᠢ ᠲᠣᠭᠲᠠᠭᠠᠯ ᠶᠣᠰᠣᠭᠠᠷ ᠴᠢᠩᠭ᠎ᠠ       ᠬᠠᠷᠢᠭᠤᠴᠠᠯᠭ᠎ᠠ ᠨᠡᠬᠡᠮᠵᠢᠯᠡᠨ᠎ᠡ᠃ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ᠂ ᠳᠡᠰ ᠳᠠᠷᠠᠭᠠᠯᠠᠯ ᠪᠣᠯᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠨᠡᠮᠡᠭᠳᠡᠭᠦᠯᠬᠦ ᠬᠡᠷᠡᠭᠲᠡᠶ᠃      ︵ᠬᠤᠷᠢᠨ ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠢᠷᠤᠮᠵᠢᠭᠤᠯᠤᠨ ᠪᠠᠲᠤᠯᠠᠬᠤ᠂ ᠱᠠᠯᠠᠪᠳᠠᠭᠤᠯᠤᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ 2024 ᠣᠨ ᠤ ᠵᠢᠯ ᠤᠨ ᠰᠡᠭᠦᠯᠴᠢ ᠠᠴᠠ ᠡᠮᠦᠨ᠎ᠡ ᠮᠤᠵᠢ ᠬᠤᠲᠠ ᠰᠢᠶᠠᠨ ᠰᠢᠶᠠᠩ ᠢ ᠪᠦᠷᠢᠨ ᠪᠦᠷᠬᠦᠭᠦᠯᠦᠭᠰᠡᠨ ᠨᠡᠯᠢᠶᠡᠳ ᠪᠦᠷᠢᠨ ᠲᠡᠭᠦᠯᠳᠡᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠳᠤ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠬᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ ᠶᠢ ᠴᠢᠩᠭ᠎ᠠ ᠵᠢᠷᠤᠮᠯᠠᠨ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠵᠤ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠭᠲᠠᠭᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ ᠢ ᠬᠠᠮᠢᠶᠠᠷᠬᠤ ᠪᠣᠯᠤᠨ ᠦᠨᠡᠯᠡᠨ ᠪᠠᠶᠢᠴᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠤᠯᠳᠡ ᠶᠢ ᠰᠢᠢᠳᠪᠦᠷᠢᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠨᠠᠨ ᠰᠢᠯᠭᠠᠵᠤ ᠦᠨᠡᠯᠡᠨ ᠶᠠᠷᠢᠯᠴᠠᠬᠤ ᠵᠡᠷᠭᠡ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠶ᠃ ᠭᠤᠤᠯᠳᠠᠯᠭ᠎ᠠ ᠲᠠᠢ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠦᠢᠯᠡᠳᠬᠦ᠂ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠪᠤᠰᠤ ᠵᠢᠷᠤᠮᠵᠢᠭᠤᠨ ᠪᠤᠰᠤ ᠪᠣᠯᠪᠠᠰᠤᠨ ᠪᠤᠰᠤ ᠢᠯᠡ ᠲᠣᠳᠣ ᠪᠤᠰᠤ ᠵᠡᠷᠭᠡ ᠲᠣᠪᠤᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠭᠤᠤᠯ ᠠᠵᠢᠯ ᠤᠨ ᠲᠣᠭᠤᠷᠢᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠳᠤ ᠬᠢᠨᠠᠯᠲᠠ ᠲᠠᠯᠪᠢᠬᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠦᠨ᠎ᠡ᠃ ᠲᠣᠷᠭᠠᠵᠤ ᠬᠤᠷᠢᠶᠠᠮᠵᠢᠯᠠᠬᠤ ᠭᠦᠢᠴᠡᠳᠬᠡᠯ ᠲᠤᠭ᠎ᠠ ᠶᠢ ᠪᠠᠭᠤᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠠᠭᠤᠯᠭᠠᠬᠤ ᠶᠢ ᠴᠢᠩᠭ᠎ᠠ ᠴᠠᠭᠠᠵᠠᠯᠠᠵᠤ᠂ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ᠶᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠠᠵᠢᠯᠲᠠᠨ ᠤ ᠬᠢᠨᠠᠨ ᠰᠢᠯᠭᠠᠬᠤ᠂ ᠰᠢᠯᠭᠠᠨ ᠦᠨᠡᠯᠡᠬᠦ ᠯᠦᠭᠡ ᠰᠢᠭᠤᠳ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠯᠪᠣᠭᠳᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠭᠴᠢ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      ︵ᠬᠤᠷᠢᠨ ᠳᠣᠯᠤᠭ᠎ᠠ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠨ᠎ᠠ᠃ ᠢᠯᠡ ᠪᠣᠯᠭᠠᠬᠤ ᠶᠢ ᠪᠠᠶᠢᠡᠭᠭᠤᠵᠢᠭᠤᠯᠬᠤ᠂ ᠢᠯᠡ ᠪᠣᠯᠭᠠᠬᠤ ᠦᠭᠡᠢ ᠶᠢ ᠣᠨᠴᠠᠭᠠᠢ ᠪᠠᠶᠢᠳᠠᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠨᠡᠩ ᠢᠯᠡ ᠲᠣᠳᠣ ᠪᠠᠶᠢᠬᠤ ᠪᠠᠷ ᠠᠷᠠᠳ ᠤᠯᠠᠨ ᠤ ᠨᠡᠩ ᠢᠯᠡᠭᠦᠦ ᠣᠶᠢᠯᠠᠭᠠᠯᠲᠠ᠂ ᠢᠲᠡᠭᠡᠯ ᠪᠠ ᠳᠡᠮᠵᠢᠯᠭᠡ ᠶᠢ ᠤᠯᠤᠨ᠎ᠠ᠃ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ ᠳ᠋ᠦᠩ ᠢ ᠢᠯᠡ ᠪᠣᠯᠭᠠᠬᠤ ᠶᠢ ᠶᠡᠭᠡ ᠪᠠᠷ ᠠᠬᠢᠭᠤᠯᠵᠤ᠂ ᠬᠠᠤᠯᠢ ᠳᠤ ᠲᠤᠭᠳᠠᠭᠠᠭᠠᠳ ᠪᠠᠶᠢᠭ᠎ᠠ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠪᠦᠬᠦᠨ ᠢ ᠢᠯᠡ ᠪᠣᠯᠭᠠᠬᠤ ᠶᠢ ᠪᠣᠳᠠᠲᠠᠶ ᠨᠠᠶᠢᠳᠠᠪᠤᠷᠢᠵᠢᠭᠤᠯᠤᠨ᠎ᠠ᠃ ᠢᠯᠡ ᠪᠣᠯᠭᠠᠬᠤ ᠶᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠤᠶᠤᠴᠢᠯᠠᠨ ᠭᠦᠢᠴᠡᠳᠭᠡᠬᠦ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠵᠦᠶ ᠶᠤᠰᠤᠨ ᠤ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠤᠯᠢ ᠶᠣᠰᠣᠭᠠᠷ ᠪᠠᠲᠤᠯᠠᠨ᠎ᠠ᠃ ᠵᠠᠰᠠᠭ ᠤᠨ ᠣᠷᠳᠣᠨ ᠤ ᠨᠡᠭᠡᠭᠡᠯᠲᠡ ᠶᠢᠨ ᠡᠳᠦᠷ᠂ ᠰᠦᠯᠵᠢᠶ᠎ᠡ ᠪᠠᠷ ᠵᠠᠰᠠᠭ ᠤᠨ ᠶᠠᠪᠤᠳᠠᠯ ᠢ ᠠᠰᠠᠭᠤᠬᠤ ᠵᠡᠷᠭᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠣᠯᠠᠨ ᠨᠡᠶᠢᠲᠡ ᠯᠦᠭᠡ ᠬᠤᠷᠰᠢᠯᠴᠠᠵᠤ ᠰᠣᠯᠢᠯᠴᠠᠬᠤ ᠲᠤᠬᠢᠶᠠᠯ ᠢ ᠨᠡᠮᠡᠭᠳᠡᠭᠦᠯᠦᠨ᠎ᠡ᠃ ᠳᠤᠮᠳᠠᠳᠤ ᠤᠯᠤᠰ ᠤᠨ ᠣᠨᠴᠠᠯᠢᠭ ᠲᠠᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠲᠦᠷᠭᠡᠳᠬᠡᠨ ᠪᠠᠶᠢᠭᠤᠯᠤᠨ᠎ᠠ᠃     ︵ᠬᠤᠷᠢᠨ ᠨᠠᠢᠮᠠ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠵᠠᠰᠠᠭ ᠤᠨ ᠣᠷᠳᠣᠨ ᠤ ᠢᠲᠡᠭᠡᠮᠵᠢ ᠶᠢ ᠰᠠᠬᠢᠵᠦ ᠠᠮᠠᠯᠠᠯᠲᠠ ᠪᠠᠨ ᠦᠢᠯᠡᠳᠦᠯᠭᠡᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠭᠡᠷ᠎ᠡ ᠠᠴᠠ ᠵᠥᠷᠢᠴᠡᠵᠦ ᠭᠡᠷ᠎ᠡ ᠶᠢ ᠡᠪᠳᠡᠭᠰᠡᠨ᠂ ᠵᠣᠭᠤᠰ ᠥᠷᠢᠲᠦᠭᠰᠡᠨ᠂ ᠬᠠᠤᠯᠢ ᠴᠠᠭᠠᠵᠠ ᠶᠢᠨ ᠲᠡᠰᠦᠯᠦᠨ ᠲᠣᠭᠲᠠᠭᠠᠯᠲᠠ ᠶᠢ ᠭᠦᠢᠴᠡᠳᠭᠡᠬᠦ ᠶᠢ ᠲᠡᠪᠴᠢᠭᠰᠡᠨ ᠵᠡᠷᠭᠡ ᠢᠲᠡᠭᠡᠮᠵᠢ ᠠᠯᠳᠠᠭᠰᠠᠨ ᠮᠡᠳᠡᠭᠡ ᠵᠠᠩᠭᠢ ᠶᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠨᠡᠶᠢᠳᠡᠯᠡᠨ᠎ᠠ᠃ ᠵᠠᠰᠠᠭ ᠤᠨ ᠣᠷᠳᠣᠨ ᠤ ᠢᠲᠡᠭᠡᠯ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠲᠡᠭᠡᠯ ᠠᠯᠳᠠᠪᠠᠯ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠨᠡᠮᠡᠭᠳᠡᠭᠦᠯᠵᠦ᠂ ᠥᠷᠢ ᠥᠭᠴᠡᠭᠡ ᠶᠢᠨ ᠪᠡᠯᠡ ᠮᠦᠩᠬᠦ ᠬᠤᠷᠠᠮᠳᠤᠭᠤᠯᠬᠤ᠂ ᠵᠠᠰᠠᠭ ᠤᠨ ᠣᠷᠳᠣᠨ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠮᠦᠩᠬᠦ ᠳᠠᠳᠠᠬᠤ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠠᠰᠠᠨ᠎ᠠ᠃       ᠶᠢᠰᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠤ᠂ ᠲᠣᠭᠠᠴᠢᠯᠠᠭᠰᠠᠨ ᠬᠠᠤᠯᠢᠵᠢᠯ ᠤᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠬᠠᠤᠯᠢ ᠪᠠᠷ ᠵᠠᠰᠠᠭ ᠶᠠᠪᠤᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠮᠡᠳᠡᠭᠡ ᠵᠠᠩᠭᠢᠵᠢᠯᠲᠠ ᠬᠢᠭᠡᠳ ᠬᠠᠤᠯᠢᠵᠢᠯ ᠤᠨ ᠭᠦᠨᠵᠡᠭᠡᠶ ᠠᠭᠤᠰᠤᠯᠴᠠᠯ ᠢ ᠬᠦᠴᠦᠯᠡᠨ ᠪᠡᠶᠡᠯᠡᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠶᠠᠪᠤᠴᠠ ᠪᠠ ᠠᠷᠭ᠎ᠠ ᠮᠠᠶ᠋ᠢᠭ ᠢ ᠰᠢᠯᠢᠳᠡᠭᠵᠢᠭᠦᠯᠦᠨ ᠰᠢᠨᠡᠴᠢᠯᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠣᠭᠠᠴᠢᠯᠠᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃      ︵ᠬᠤᠷᠢ ᠶᠢᠰᠦ︶ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠨᠢ ᠲᠣᠰ ᠭᠠᠵᠠᠷ ᠣᠷᠣᠨ ᠤ ᠡᠯ᠎ᠡ ᠱᠠᠲᠤᠨ ᠤ ᠬᠠᠷᠢᠯᠴᠠᠨ ᠬᠤᠯᠪᠣᠭᠠᠯᠠᠬᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡᠳᠦᠯᠲᠡᠶ ᠲᠥᠯᠥᠪᠵᠢᠬᠦᠯᠦᠨ ᠪᠠᠶᠢᠭᠤᠯᠵᠤ᠂ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠲᠣᠰᠬᠤᠨ ︵ᠨᠡᠶᠢᠭᠡᠮ ᠲᠣᠭᠤᠷᠢᠭ︶ ᠬᠦᠷᠳᠡᠯ᠎ᠠ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠵᠢᠶ᠎ᠠ ᠳᠠᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠣᠯᠠᠨ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠭᠡᠬᠦ︾ ᠶᠢ ᠪᠡᠶᠡᠯᠡᠭᠦᠯᠦᠨ᠎ᠡ᠃ ᠰᠢᠨ᠎ᠡ ᠬᠡᠯᠪᠡᠷᠢ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠱᠠᠲᠤ ᠲᠥᠷᠥᠯ ᠬᠤᠪᠢᠶᠠᠨ ᠠᠬᠢᠭᠤᠯᠵᠤ᠂ ᠬᠤᠲᠠ ᠶᠢᠨ ᠵᠠᠰᠠᠯᠲᠠ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠵᠤ᠂ ᠡᠯ᠎ᠡ ᠲᠥᠷᠥᠯ ᠤᠨ ᠲᠤᠭ᠎ᠠ ᠪᠠᠷᠢᠮᠲᠠ᠂ ᠰᠦᠯᠵᠢᠶᠡᠨ ᠤ ᠲᠠᠪᠴᠠᠩ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠳᠠᠪᠬᠤᠷᠳᠠᠭᠤᠯᠤᠨ ᠪᠠᠶᠢᠭᠤᠯᠬᠤ ᠶᠢ ᠰᠡᠷᠭᠡᠶᠢᠯᠡᠨ᠎ᠠ᠃      ᠬᠠᠤᠯᠢ ᠲᠣᠭᠲᠠᠭᠠᠯ ᠲᠦᠷᠢᠮ ᠲᠣᠭᠲᠠᠭᠠᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠢᠭᠡᠳᠦᠯᠲᠡᠶ ᠢᠯᠡ ᠪᠣᠯᠭᠠᠵᠤ ᠪᠠᠶᠢᠴᠠᠭᠠᠨ ᠯᠠᠪᠯᠠᠬᠤ ᠲᠠᠪᠴᠠᠩ ᠢ ᠪᠠᠶᠢᠭᠤᠯᠵᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠢᠭᠡᠳᠦᠯᠲᠡᠶ ᠢᠯᠡ ᠪᠣᠯᠭᠠᠵᠤ ᠪᠠᠶᠢᠴᠠᠭᠠᠨ ᠯᠠᠪᠯᠠᠬᠤ ᠶᠢ ᠪᠡᠶᠡᠯᠡᠭᠦᠯᠦᠨ᠎ᠡ︔ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠲᠣᠰ ᠭᠠᠵᠠᠷ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠢᠭᠡᠳᠦᠯᠲᠡᠶ ᠢᠯᠡ ᠪᠤᠯᠭᠠᠵᠦ ᠪᠠᠶᠢᠴᠠᠭᠠᠨ ᠯᠠᠪᠯᠠᠬᠤ ᠶᠢ ᠪᠡᠶᠡᠯᠡᠭᠦᠯᠦᠨ᠎ᠡ᠃      ︵ᠭᠤᠴᠢ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ ᠡᠮᠬᠢ ᠵᠢᠷᠤᠮ ᠲᠠᠢ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ ᠬᠠᠮᠲᠤ ᠪᠠᠷ ᠡᠳ᠋ᠯᠡᠬᠦ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ ᠬᠠᠩᠭᠠᠬᠤ᠂ ᠬᠡᠷᠡᠭᠯᠡᠬᠦ᠂ ᠬᠠᠮᠢᠶᠠᠷᠬᠤ ᠵᠡᠷᠭᠡ ᠡᠯ᠎ᠡ ᠬᠠᠮᠢᠶ᠎ᠠ ᠪᠥᠬᠦᠶ ᠲᠠᠯ᠎ᠠ ᠶᠢᠨ ᠡᠷᠬᠡ ᠠᠰᠢᠭ ᠪᠠ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠲᠤᠭ᠎ᠠ ᠪᠠᠷᠢᠮᠳᠠ ᠶᠢ ᠬᠠᠮᠲᠤ ᠪᠠᠷ ᠡᠳ᠋ᠯᠡᠬᠦ ᠪᠠ ᠠᠵᠢᠯ ᠲᠦᠷᠦᠯ ᠤᠨ ᠬᠠᠮᠵᠢᠯᠴᠠᠭ᠎ᠠ ᠶᠢ ᠠᠬᠢᠭᠤᠯᠵᠤ᠂ ᠥᠨᠳᠥᠷ ᠪᠦᠲᠦᠮᠵᠢᠲᠦ ᠠᠵᠢᠯᠯᠠᠭ᠎ᠠ ᠲᠠᠢ ᠠᠵᠢᠯ ᠤᠨ ᠲᠣᠭᠲᠠᠴᠠ ᠶᠢ ᠪᠦᠷᠢᠯᠳᠦᠭᠦᠯᠦᠨ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠴᠢᠩᠭᠠᠳᠬᠠᠨ᠎ᠠ᠃ ᠪᠡᠶ᠎ᠡ ᠶᠢᠨ ᠭᠠᠷᠤᠯ ᠢ ᠭᠡᠷᠡᠴᠢᠯᠡᠬᠦ᠂ ᠡᠯᠧᠺᠳ᠋ᠷᠣᠨ ᠲᠠᠮᠠᠭ᠎ᠠ᠂ ᠡᠯᠧᠺᠳ᠋ᠷᠣᠨ ᠦᠨᠡᠮᠯᠡᠯ ᠵᠡᠷᠭᠡ ᠶᠢ ᠨᠢᠭᠡᠳᠦᠯᠲᠡᠶ ᠮᠠᠭᠠᠳᠯᠠᠨ ᠲᠣᠭᠲᠠᠭᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠎ᠡ᠃ ᠲᠣᠮᠣ ᠳ᠋ᠠᠶᠢᠲ᠋ᠠ ᠶᠢ ᠵᠠᠳᠠᠯᠬᠤ᠂ ᠠᠭᠤᠳᠠᠯᠬᠤ᠂ ᠰᠢᠢᠳᠪᠦᠷᠢᠯᠡᠬᠦ ᠪᠠ ᠬᠡᠷᠡᠭᠯᠡᠬᠦ ᠶᠢ ᠴᠢᠩᠭᠠᠳᠬᠠᠵᠤ᠂ ᠲᠣᠮᠣ ᠳ᠋ᠠᠶᠢᠲ᠋ᠠ ᠪᠠᠷ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠲᠤᠰᠠᠯᠠᠬᠤ ᠳᠤ ᠴᠢᠳᠠᠮᠠᠭᠠᠢ ᠪᠤᠯᠭᠠᠨ᠎ᠠ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠦᠨ᠎ᠡ᠃ ᠤᠯᠤᠰ ᠤᠨ ᠠᠮᠤᠷ ᠲᠦᠪᠰᠢᠨ᠂ ᠬᠤᠳᠠᠯᠳᠤᠭᠠᠨ ᠤ ᠨᠢᠭᠤᠴᠠ᠂ ᠪᠠᠶᠢᠭᠠᠯᠢ ᠬᠥᠮᠦᠨ ᠤ ᠨᠢᠭᠤᠴᠠ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠬᠤ ᠶᠢᠨ ᠬᠠᠮᠲᠤ᠂ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠳᠠ ᠶᠢ ᠨᠡᠭᠡᠭᠡᠯᠳᠠ ᠬᠢᠵᠦ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ ᠲᠤᠭ᠎ᠠ ᠪᠠᠷᠢᠮᠳᠠ ᠶᠢ ᠨᠡᠶᠢᠭᠡᠮ ᠨᠡᠶᠢᠲᠡ ᠳᠤ ᠡᠮᠬᠢ ᠵᠢᠷᠤᠮ ᠲᠠᠢ ᠪᠠᠷ ᠨᠡᠭᠡᠭᠡᠯᠳᠠ ᠬᠢᠬᠦ ᠶᠢ ᠤᠷᠢᠳ ᠢᠶᠠᠷ ᠠᠬᠢᠭᠤᠯᠤᠨ᠎ᠠ᠃      ︵ᠭᠤᠴᠢᠨ ᠨᠢᠭᠡ︶ ︽ᠢᠨᠲ᠋ᠧᠷ ᠰᠦᠯᠵᠢᠶ᠎ᠡ +︾ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠭᠦᠨᠵᠡᠭᠡᠶ ᠠᠬᠢᠭᠤᠯᠤᠨ᠎ᠠ᠃ ᠤᠯᠤᠰ ᠤᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠡᠯ᠎ᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠲᠤᠭ᠎ᠠ ᠪᠠᠷᠢᠮᠲᠠ ᠶᠢᠨ ᠬᠤᠯᠪᠣᠭᠠᠯᠠᠨ ᠨᠡᠪᠲᠡᠷᠡᠯᠴᠡᠵᠦ ᠲᠦᠪᠯᠡᠷᠡᠬᠦᠯᠬᠦ ᠶᠢ ᠪᠡᠶᠡᠯᠡᠭᠦᠯᠦᠨ᠎ᠡ᠃ ᠣᠶᠤᠨᠴᠢ ᠪᠠᠷ ᠬᠠᠤᠯᠢ ᠬᠡᠷᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ᠂ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠬᠡᠷᠡᠭᠯᠡᠭᠡ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ APP ᠶᠢᠨ ᠠᠯᠠᠭᠠᠨ ᠳᠡᠭᠡᠷᠡᠬᠢ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠦᠨ᠎ᠡ᠃ ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂ ᠰᠢᠯᠵᠢᠭᠡ ᠬᠢᠨᠠᠯᠲᠠ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠪᠠᠷ ᠣᠨᠴᠠᠯᠢᠭ ᠪᠣᠯᠭᠠᠭᠰᠠᠨ ᠲᠤᠬᠠᠶ ᠶᠢᠨ ᠲᠠᠯᠠᠪᠠᠶ ᠶᠢᠨ ᠪᠤᠰᠤ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠬᠥᠮᠦᠨ ᠴᠥᠭᠡᠨ ᠤᠴᠢᠷ ᠶᠠᠪᠤᠳᠠᠯ ᠣᠯᠠᠨ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠪᠦᠬᠦ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠬᠢᠨᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠬᠠᠤᠯᠢ ᠬᠡᠷᠡᠭᠵᠢᠭᠦᠯᠬᠦ ᠰᠠᠭᠤᠷᠢ ᠲᠤᠭ᠎ᠠ ᠪᠠᠷᠢᠮᠳᠠ᠂ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠰᠢᠯᠵᠢᠬᠦᠯᠬᠦ᠂ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠶᠢ ᠨᠢᠭᠡ ᠴᠤᠭᠴᠠᠵᠢᠭᠤᠯᠤᠨ᠂ ᠪᠦᠬᠦ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ᠃      ᠠᠷᠪᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠠᠨᠠᠮ ᠤᠨ ᠤᠳᠤᠷᠢᠳᠤᠯᠭ᠎ᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠂ ᠡᠷᠬᠡᠪᠰᠢ ᠨᠠᠮ ᠠᠴᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠤᠳᠤᠷᠢᠳᠬᠤ ᠦᠢᠯᠡᠳᠦᠯ ᠢ ᠪᠠᠳᠠᠷᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠵᠢᠯ ᠤᠨ ᠪᠦᠬᠦ ᠲᠠᠯ᠎ᠠ ᠶᠢᠨ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃     ︵ᠭᠤᠴᠢᠨ ᠬᠤᠶᠠᠷ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠬᠢᠨ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠨᠠᠮ ᠤᠨ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠰᠦᠪᠯᠡᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠢᠬᠤᠯᠠ ᠠᠵᠢᠯ ᠪᠣᠯᠭᠠᠵᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠷᠢᠯᠠᠭᠤᠯᠤᠨ ᠠᠬᠢᠭᠤᠯᠵᠤ᠂ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠤ ᠨᠠᠮ ᠤᠨ ᠬᠤᠷᠢᠶᠠᠨ ᠤ ᠬᠠᠤᠯᠢᠵᠢᠯ ᠤᠨ ᠪᠠᠶᠢᠭᠤᠯᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠬᠡᠷᠡᠭ ᠡᠷᠬᠢᠯᠡᠬᠦ ᠪᠠᠶᠢᠭᠤᠯᠤᠮᠵᠢ ᠶᠢᠨ ᠬᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠣᠬᠢᠴᠠᠭᠤᠯᠵᠤ ᠱᠠᠯᠠᠪᠳᠠᠭᠤᠯᠤᠨ ᠠᠬᠢᠭᠤᠯᠬᠤ ᠪᠠᠨ ᠴᠢᠩᠭᠠᠳᠬᠠᠬᠤ ᠬᠡᠷᠡᠭᠲᠡᠢ᠃      ︵ᠭᠤᠴᠢᠨ ᠭᠤᠷᠪᠠ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠵᠤ᠂ 2025 ᠣᠨ ᠠᠴᠠ ᠡᠮᠦᠨ᠎ᠡ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠦᠬᠦᠨ ᠢ ᠱᠠᠯᠠᠪᠳᠠᠭᠤᠯᠤᠨ ᠪᠠᠶᠢᠴᠠᠭᠠᠬᠤ ᠶᠢ ᠪᠡᠶᠡᠯᠡᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠭᠦᠳᠦᠨ ᠪᠠᠶᠢᠭᠤᠯᠬᠤ ᠪᠠᠷ ᠳᠡᠭᠡᠭᠰᠢᠯᠡᠯᠲᠡ ᠶᠢ       ᠠᠬᠢᠭᠤᠯᠵᠤ᠂ ᠵᠢᠱᠢᠶ᠎ᠡ ᠦᠵᠡᠭᠦᠯᠬᠦ ᠪᠠᠷ ᠬᠥᠭᠵᠢᠯᠲᠡ ᠶᠢ ᠳᠠᠶᠢᠴᠢᠯᠠᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠲᠤᠬᠠᠢ ᠳᠤᠨᠢ ᠨᠡᠶᠢᠭᠡᠮ ᠳᠤ ᠢᠯᠡ ᠨᠡᠶᠢᠳᠡᠯᠡᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠭᠦᠢᠴᠡᠳᠭᠡᠯ ᠲᠤᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠂ ᠰᠢᠯᠭᠠᠨ ᠬᠢᠨᠠᠬᠤ ᠴᠢᠬᠤᠯᠠ ᠴᠢᠨᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠭ ᠶᠠᠪᠤᠭᠤᠯᠤᠭᠰᠠᠨ ᠪᠠᠶᠢᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠤᠳᠤᠷᠢᠳᠬᠤ ᠺᠠᠳ᠋ᠷ ᠤᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠨ᠎ᠠ᠃      ︵ᠭᠤᠴᠢᠨ ᠳᠥᠷᠪᠡ︶ ᠬᠠᠤᠯᠢ ᠪᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠦᠨᠳᠦᠰᠦᠨ ᠬᠠᠤᠯᠢ ᠬᠠᠤᠯᠢ ᠴᠠᠭᠠᠵᠠ ᠶᠢ ᠲᠦᠷᠦᠭᠦᠯᠡᠨ ᠵᠢᠷᠤᠮᠯᠠᠨ ᠬᠡᠷᠡᠭᠵᠢᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠮᠡᠳᠡᠪᠡᠯ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠨᠠᠷᠢᠨ ᠲᠠᠩᠰᠠ ᠶᠢ ᠪᠠᠶᠢᠭᠤᠯᠤᠨ᠎ᠠ᠃ ᠢᠷᠭᠡᠨ ᠤ ᠬᠠᠤᠯᠢ ᠶᠢᠨ ᠪᠢᠴᠢᠭ ᠢᠶᠠᠷ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠠᠪᠤᠭᠤᠯᠬᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠴᠢᠬᠤᠯᠠ ᠬᠡᠮᠵᠢᠭᠦᠷ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠵᠦ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠲᠣᠭᠲᠠᠭᠠᠯ ᠢ ᠳᠤᠷ᠎ᠠ ᠪᠠᠷ ᠢᠶᠠᠨ ᠭᠠᠷᠭᠠᠵᠤ ᠪᠣᠯᠬᠤ ᠥᠬᠡᠶ᠃ ᠤᠳᠤᠷᠢᠳᠬᠤ ᠺᠠᠳ᠋ᠷᠴᠤᠳ ᠤᠨ ᠬᠠᠤᠯᠢ ᠰᠣᠷᠣᠯᠴᠠᠵᠥ ᠬᠠᠤᠯᠢ ᠬᠡᠷᠡᠭᠯᠡᠬᠦ ᠲᠣᠭᠲᠠᠴᠠ ᠶᠢ ᠪᠥᠷᠢᠨᠰᠢᠬᠦᠯᠵᠥ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠪᠠᠨ ᠦᠨᠳᠦᠰᠦᠯᠡᠨ ᠲᠣᠰ ᠰᠠᠯᠠᠭ᠎ᠠ ᠮᠥᠴᠢᠷ ᠲᠣᠰ ᠰᠢᠰᠲ᠋ᠧᠮ ᠤᠨ ᠬᠠᠤᠯᠢᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠲᠣᠰ ᠭᠠᠵᠠᠷ ᠣᠷᠣᠨ ᠤ ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠬᠠᠷᠢᠭᠤᠴᠠᠵᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠢᠨ ᠬᠠᠤᠯᠢᠵᠢᠯ ᠤᠨ ᠲᠤᠰᠬᠠᠢ ᠰᠡᠳᠦᠪᠲᠦ ᠲᠠᠶᠢᠯᠤᠮᠵᠢ ᠶᠢ ᠵᠢᠯ ᠪᠦᠷᠢ ᠬᠤᠶᠠᠷ ᠬᠤᠭᠤᠴᠠᠭ᠎ᠠ ᠠᠴᠠ ᠳᠡᠭᠡᠭᠰᠢ ᠡᠷᠬᠢᠯᠡᠨ᠎ᠠ᠃ ᠬᠤᠲᠠ ᠰᠢᠶᠠᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰᠢᠶᠠᠯ ᠤᠨ ᠬᠤᠭᠤᠴᠠᠭᠠᠨ ᠳᠠᠭᠠᠨ ᠠᠵᠢᠯ ᠠᠴᠠ ᠪᠠᠨ ᠰᠠᠯᠵᠦ ᠬᠠᠤᠯᠢᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠢ ᠠᠳᠠᠭ ᠲᠠᠭᠠᠨ ᠨᠢᠭᠡ ᠤᠳᠠᠭ᠎ᠠ ᠭᠥᠷᠳᠡᠨ᠎ᠠ᠃ ᠡᠯ᠎ᠡ ᠰᠠᠯᠠᠭ᠎ᠠ ᠮᠥᠴᠢᠷ ᠪᠠ ᠬᠤᠲᠠ ᠰᠢᠶᠠᠨ ᠤ ᠵᠠᠰᠠᠭ ᠤᠨ ᠣᠷᠳᠣᠨ ᠤ ᠬᠠᠤᠯᠢᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠠᠵᠢᠯᠳᠠᠨ ᠤ ᠬᠦᠴᠦᠨ᠂ ᠵᠠᠷᠤᠳᠠᠯ ᠵᠡᠷᠭᠡ ᠶᠢ ᠲᠡᠭᠦᠨ ᠤ ᠲᠤᠰᠢᠶᠠᠯ ᠬᠠᠷᠢᠭᠤᠴᠠᠯᠭ᠎ᠠ ᠡᠭᠦᠷᠭᠡ ᠯᠦᠭᠡ ᠬᠠᠷᠠᠭᠠᠯᠵᠠᠭᠤᠯᠬᠤ ᠶᠢ ᠪᠠᠲᠤᠯᠠᠨ᠎ᠠ᠃ ᠬᠠᠤᠯᠢᠵᠢᠯ ᠤᠨ ᠬᠥᠮᠦᠵᠢᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠳᠠᠨ ᠤ ᠠᠩᠬ᠎ᠠ ᠲᠤᠰᠢᠶᠠᠯ ᠡᠭᠦᠷᠭᠡᠯᠡᠬᠦ ᠪᠣᠯᠪᠠᠰᠤᠷᠠᠯ᠂ ᠲᠤᠰᠢᠶᠠᠯ ᠡᠭᠦᠷᠭᠡᠯᠡᠬᠦ ᠪᠣᠯᠪᠠᠰᠤᠷᠠᠯ ᠤᠨ ᠵᠠᠪᠡᠯ ᠬᠦᠷᠳᠡᠬᠦ ᠠᠭᠤᠯᠭ᠎ᠠ ᠳᠤ ᠣᠷᠣᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠤᠨ ᠬᠤᠪᠢ ᠬᠥᠮᠦᠨ ᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠦᠨ᠎ᠡ᠃      ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠰᠡᠳᠦᠪᠲᠦ ᠪᠣᠯᠪᠠᠰᠤᠷᠠᠯ ᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠴᠢᠳᠠᠪᠤᠷᠢᠲᠠᠨ ᠢ ᠬᠥᠮᠦᠵᠢᠭᠦᠯᠬᠦ ᠪᠠ ᠨᠥᠭᠡᠴᠡᠯᠡᠬᠦ ᠠᠵᠢᠯ ᠢ ᠰᠠᠶᠢᠲᠤᠷ ᠬᠢᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠲᠤᠰᠬᠠᠶᠢᠵᠢᠭᠰᠠᠨ ᠠᠵᠢᠯ ᠮᠡᠷᠬᠡᠵᠢᠭᠰᠡᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠲᠥᠷᠥ ᠶᠢᠨ ᠣᠨᠣᠯ ᠤᠨ ᠬᠥᠮᠦᠵᠢᠯ ᠪᠣᠯᠤᠨ ᠨᠠᠮᠴᠢ ᠴᠢᠨᠠᠷ ᠤᠨ ᠬᠥᠮᠦᠵᠢᠯ ᠤᠨ ᠰᠤᠷᠤᠯᠴᠠᠬᠤ ᠴᠠᠭ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠥᠮᠦᠨ ᠨᠢᠭᠡᠪᠦᠷᠢ ᠳᠤ ᠵᠢᠯ ᠪᠦᠷᠢ 60 ᠬᠢᠴᠢᠶᠡᠯ ᠤᠨ ᠴᠠᠭ ᠠᠴᠠ ᠳᠤᠲᠠᠭᠤ ᠦᠭᠡᠶ ᠠᠵᠢᠯ ᠲᠦᠷᠦᠯ ᠤᠨ ᠮᠡᠳᠡᠯᠭᠡ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠡᠩᠨᠡᠭᠡᠨ ᠤ ᠲᠤᠰᠬᠠᠶᠢᠵᠢᠭᠰᠠᠨ ᠠᠵᠢᠯ ᠮᠡᠷᠭᠡᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠡᠷᠬᠢᠯᠡᠬᠦ ᠵᠢᠷᠤᠮᠵᠢᠯ ᠢ ᠲᠣᠭᠲᠠᠭᠠᠨ᠎ᠠ᠃ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠳᠤ ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠳᠤ ᠬᠠᠤᠯᠢᠴᠢ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃      ︵ᠭᠤᠴᠢᠨ ᠲᠠᠪᠤ︶ ᠣᠨᠣᠯ ᠤᠨ ᠰᠤᠳᠤᠯᠭᠠᠨ ᠪᠣᠯᠤᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠰᠠᠭ ᠤᠨ ᠣᠷᠳᠣᠨ ᠤ ᠤᠨᠤᠯ ᠤᠨ ᠰᠤᠳᠤᠯᠭᠠᠨ ᠢ ᠴᠢᠩᠭᠠᠳᠬᠠᠨ᠎ᠠ᠃ ᠬᠠᠤᠯᠢ ᠶᠢᠨ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠬᠢᠨ ᠬᠠᠤᠯᠢᠵᠢᠯ ᠤᠨ ᠵᠠᠰᠠᠭ ᠤᠨ ᠣᠷᠳᠣᠨ ᠤ ᠳᠡᠭᠡᠳᠦ ᠲᠡᠰ ᠤᠨ ᠤᠶᠤᠨ ᠤ ᠬᠥᠮᠥᠷᠭᠡ ᠪᠠ ᠰᠤᠳᠤᠯᠤᠨ ᠬᠥᠮᠦᠵᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ ᠠᠬᠢᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ       ᠪᠠᠶᠢᠭᠤᠯᠵᠤ᠂ ᠦᠨᠡᠯᠡᠨ ᠵᠢᠱᠢᠬᠦ ᠶᠢᠨ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠮᠵᠢᠯᠲᠠ ᠲᠤᠷᠰᠢᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢᠵᠢᠯ ᠤᠨ ᠪᠠᠶᠢᠭᠤᠯᠤᠯᠲᠠ ᠶᠢᠨ ᠴᠠᠭ ᠦᠶ᠎ᠡ ᠶᠢᠨ ᠬᠦᠴᠦᠷᠬᠡᠭ ᠳᠠᠭᠤᠨ ᠢ ᠳᠠᠮᠵᠢᠭᠤᠯᠤᠨ᠎ᠠ᠃      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠬᠥᠲᠥᠯᠪᠦᠷᠢ ᠶᠢᠨ ᠵᠣᠷᠢᠭ ᠰᠠᠨᠠᠭ᠎ᠠ ᠪᠣᠯᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ᠃ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠭᠡᠷ ᠱᠠᠯᠠᠪᠳᠠᠭᠤᠯᠤᠨ ᠱᠠᠭᠠᠷᠳᠠᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠥᠲᠥᠯᠪᠦᠷᠢ ᠶᠢᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号