ᠭᠤᠣᠯ ᠤᠳᠤᠷᠢᠳᠬᠤ ᠺᠠᠳ᠋ᠷ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠪᠣᠯ | ᠰᠢᠨ᠎ᠡ ᠴᠠᠭ ᠦᠶ᠎ᠡ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠨᠠᠮ ᠤᠨ | ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠲᠣ ︽ᠨᠢᠭᠡᠳᠦᠭᠡᠷ | ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠳᠠ ᠳᠠᠯᠪᠢᠬᠤ ᠶᠢ ᠴᠢᠩᠭᠠᠳᠬᠠᠬᠤ ᠲᠤᠬᠠᠶ ᠳᠤᠤᠷᠠᠬᠢ ᠮᠡᠲᠦ | ᠰᠠᠨᠠᠯ ᠳᠤᠷᠠᠳᠤᠶ᠎ᠠ᠃ | ᠨᠢᠭᠡ᠂ ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠳᠠ ᠳᠠᠯᠪᠢᠬᠤ ᠶᠢ | ᠴᠢᠩᠭᠠᠳᠬᠠᠬᠤ ᠶᠢᠨ ᠴᠢᠬᠤᠯᠠ ᠴᠢᠨᠠᠷ ᠲᠤᠯᠭᠠᠮ ᠴᠢᠨᠠᠷ ᠢ ᠭᠦᠢᠴᠡᠳ ᠲᠠᠨᠢᠬᠤ ᠬᠡᠷᠡᠭᠲᠡᠢ | ᠶᠡᠷᠦᠩᠬᠡᠶ ᠱᠦᠵᠢ ᠰᠢ ᠶᠢᠨ ᠫᠢᠩ᠂ ᠨᠠᠮ ᠤᠨ ᠬᠤᠷᠢᠶ᠎ᠠ ᠪᠣᠯ ᠨᠠᠮ ᠤᠨ ᠲᠥᠷᠥ ᠪᠠᠷᠢᠵᠤ ᠤᠯᠤᠰ ᠢᠶᠠᠨ | ᠮᠠᠨᠳᠤᠭᠤᠯᠬᠤ ᠶᠢᠨ ᠵᠢᠯᠣᠭᠤᠳᠬᠤ ᠭᠠᠵᠠᠷ ᠮᠥᠨ᠂ ︽ᠨᠢᠭᠡᠳᠦᠭᠡᠷ ᠬᠠᠷᠢᠭᠤᠴᠠᠯᠭᠠᠳᠠᠨ︾ ᠪᠣᠯ ᠨᠠᠮ ᠤᠨ ᠠᠵᠢᠯ | ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠮᠥᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ | ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠡᠷᠬᠡᠪᠰᠢ ᠥᠯᠢᠭᠡᠷ | ᠳᠠᠭᠤᠷᠢᠶᠠᠯ ᠪᠣᠯᠵᠣ᠂ ᠬᠤᠰᠢᠭᠤᠴᠢ ᠪᠣᠯᠬᠤ ᠬᠡᠷᠡᠭᠲᠡᠶ ᠬᠡᠵᠥ ᠵᠢᠭᠠᠵᠥ ᠭᠠᠷᠭᠠᠪᠠ︔ ᠡᠯ᠎ᠡ ᠱᠠᠲᠤᠨ ᠤ ︽ᠨᠢᠭᠡᠳᠦᠭᠡᠷ | ᠬᠠᠷᠢᠭᠤᠴᠠᠯᠭᠠᠳᠠᠨ︾ ᠳᠤ ᠠᠪᠴᠤ ᠬᠡᠯᠡᠪᠡᠯ᠂ ᠳᠡᠭᠡᠳᠦ ᠱᠠᠳᠤᠨ ᠠᠴᠠ ᠳᠣᠤᠷᠠᠳᠤ ᠱᠠᠳᠤᠨ ᠳᠤ ᠲᠠᠯᠪᠢᠬᠤ ᠬᠢᠨᠠᠯᠲᠠ | ᠪᠣᠯ ᠬᠠᠮᠤᠭ ᠤᠨ ᠪᠦᠲᠦᠮᠵᠢᠲᠡᠢ ᠪᠠᠶᠢᠭ᠎ᠠ ᠶᠤᠮ᠂ ᠨᠠᠮ ᠤᠨ ᠲᠥᠪ ᠬᠤᠷᠢᠶ᠎ᠠ ᠳᠡᠭᠡᠳᠦ ᠵᠡᠷᠭᠡ ᠶᠢᠨ ᠺᠠᠳ᠋ᠷ ᠲᠤ | ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠢᠯᠠᠩᠭᠤᠶ᠎ᠠ ᠭᠤᠣᠯ ᠤᠳᠤᠷᠢᠳᠬᠤ ᠺᠠᠳ᠋ᠷ ᠲᠤ ᠲᠠᠯᠪᠢᠬᠤ | ᠬᠢᠨᠠᠯᠲᠠ ᠪᠠᠨ ᠴᠢᠩᠭᠠᠳᠬᠠᠵᠤ᠂ ᠳᠡᠭᠡᠳᠦ ᠱᠠᠲᠤᠨ ᠤ ︽ᠨᠢᠭᠡᠳᠦᠭᠡᠷ ᠬᠠᠷᠢᠭᠤᠴᠠᠯᠭᠠᠳᠠᠨ︾ ᠡᠷᠬᠡᠪᠰᠢ ᠲᠤᠤᠷᠡᠳᠦ | ᠱᠠᠲᠤᠨ ᠤ ᠪᠠᠨ ︽ᠨᠢᠭᠡᠳᠦᠭᠡᠷ ᠬᠠᠷᠢᠭᠤᠴᠠᠯᠭᠠᠳᠠᠨ︾ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ︔ | ᠠᠳᠠᠯᠢ ᠱᠠᠲᠤᠨ ᠤ ᠬᠢᠨᠠᠯᠲᠠ ᠲᠠᠯᠪᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠪᠠᠶᠢᠨ᠎ᠠ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ | ᠰᠠᠶᠢᠲᠤᠷ ᠬᠡᠷᠡᠭᠯᠡᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ᠂ ᠬᠠᠷᠢᠯᠴᠠᠨ ᠬᠢᠨᠠᠯᠲᠠ ᠲᠠᠯᠪᠢᠬᠤ | ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠥ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠳᠤ ᠤᠷᠢᠲᠦ ᠡᠮᠦᠨ᠎ᠡ ᠪᠠᠶᠢᠭ᠎ᠠ ᠦᠭᠡᠢ ᠨᠠᠷᠢᠨ ᠪᠤᠳᠤᠯᠢᠶᠠᠨᠲᠠᠶ ᠣᠷᠴᠢᠨ | ᠪᠠ ᠠᠶᠤᠯ ᠲᠦᠭᠰᠢᠭᠦᠷᠢ ᠥᠷᠢᠰᠥᠯᠳᠦᠭᠡᠨ ᠳᠤ ᠲᠤᠯᠭᠠᠷᠠᠬᠤ ᠪᠤᠯᠤᠨ᠎ᠠ᠂ ᠭᠠᠭᠴᠠ ᠬᠦ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠶᠢ ᠢᠮᠠᠭᠲᠠ ᠲᠤᠭᠤᠰᠢᠯᠠᠭᠤᠯᠵᠦ᠂ ᠪᠦᠲᠦᠮᠵᠢᠲᠡᠢ ᠬᠢᠨᠠᠯᠲᠠ ᠪᠠᠷ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠥ᠂ ᠨᠠᠮ ᠤᠨ ᠭᠡᠰᠢᠭᠦᠨ ᠤᠳᠤᠷᠢᠳᠬᠤ | ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠪᠠ ᠦᠯᠢᠭᠡᠷ ᠳᠠᠭᠤᠷᠢᠶᠠᠯ ᠪᠤᠯᠵᠥ ᠬᠦᠳᠦᠯᠦᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠪᠠᠯ ᠰᠠᠶ᠋ᠢ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠪᠠᠶᠢᠭᠠᠳ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ | ᠢᠯᠠᠯᠲᠠ ᠶᠢ ᠲᠠᠰᠤᠷᠠᠯᠲᠠ ᠦᠭᠡᠢ ᠤᠯᠵᠥ ᠴᠢᠳᠠᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ ᠴᠣᠭᠴᠠ ᠶᠢᠨ | ᠬᠠᠷᠢᠭᠤᠴᠠᠯᠭ᠎ᠠ᠂ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ᠂ ᠤᠳᠤᠷᠢᠳᠬᠤ | ᠪᠠᠭ ᠤᠨ ᠪᠤᠰᠤᠳ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ | ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠰᠢ ᠤᠯᠠᠨ ᠪᠦᠲᠦᠮᠵᠢᠲᠡᠢ ᠠᠷᠭ᠎ᠠ ᠪᠠ ᠲᠤᠷᠰᠢᠯᠭ᠎ᠠ ᠶᠢ ᠪᠦᠷᠢᠯᠳᠦᠭᠦᠯᠪᠡ᠃ | ᠡᠭᠦᠨ ᠤ ᠬᠠᠮᠲᠤ᠂ ︽ᠨᠢᠭᠡᠳᠦᠭᠡᠷ ᠬᠠᠷᠢᠭᠤᠴᠠᠯᠭᠠᠳᠠᠨ︾ ᠳᠤ ᠬᠢᠨᠠᠯᠲᠠ ᠲᠠᠯᠪᠢᠬᠤ ᠨᠢ ᠮᠥᠨ ᠯᠡ ᠪᠠᠭᠤᠷᠠᠢ | ᠭᠤᠭᠴᠤᠭ᠎ᠠ ᠪᠤᠯᠵᠦ ᠪᠠᠶᠢᠬᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ᠂ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠡᠭᠦᠷᠭᠡ ᠮᠥᠨ ᠯᠡ ᠮᠠᠰᠢ ᠲᠤᠯᠭᠠᠮ ᠪᠠᠶᠢᠬᠤ ᠶᠢ | ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠤᠯᠠᠮ ᠬᠦᠨᠳᠦ | ᠪᠤᠯᠬᠤ ᠲᠤᠳᠤᠮ᠂ ᠠᠵᠢᠯ ᠤᠨ ᠪᠠᠶᠢᠷᠢ ᠤᠯᠠᠮ ᠴᠢᠬᠤᠯᠠ ᠪᠤᠯᠬᠤ ᠲᠤᠳᠤᠮ ᠬᠢᠨᠠᠯᠲᠠ ᠲᠠᠯᠪᠢᠬᠤ ᠪᠠᠨ ᠤᠯᠠᠮ | ᠴᠢᠩᠭᠠᠳᠬᠠᠬᠤ ᠬᠡᠷᠡᠭᠲᠡᠢ᠃ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠪᠠ ᠠᠳᠠᠯᠢ ᠱᠠᠲᠤᠨ ᠤ | ᠬᠢᠨᠠᠯᠲᠠ ᠲᠠᠯᠪᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ᠂ ᠡᠷᠬᠡᠪᠰᠢ ᠬᠢᠨᠠᠯᠲᠠ ᠲᠠᠯᠪᠢᠬᠤ ᠭᠤᠣᠯᠳᠠᠯᠭ᠎ᠠ ᠶᠢ | ᠲᠣᠳᠣᠷᠬᠠᠶᠢᠯᠠᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠯᠲᠠ ᠲᠠᠯᠪᠢᠬᠤ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠵᠤ᠂ ᠲᠦᠷᠢᠮ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ | ᠪᠠᠭ ᠲᠤ ᠬᠢᠨᠠᠯᠲᠠ ᠳᠠᠯᠪᠢᠬᠤ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠪᠠ ᠠᠬᠤᠶᠢᠴᠢ ᠲᠤᠯᠭᠠᠮ | ᠴᠢᠨᠠᠷ ᠢ ᠭᠦᠢᠴᠡᠳ ᠲᠠᠨᠢᠵᠤ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ | ᠴᠢᠩᠭᠠᠳᠬᠠᠨ᠂ ᠠᠳᠠᠯᠢ ᠱᠠᠲᠤᠨ ᠤ ᠬᠢᠨᠠᠯᠲᠠ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠥ᠂ ᠨᠠᠮ ᠤᠨ ᠭᠡᠰᠢᠭᠦᠨ | ᠤᠳᠤᠷᠢᠳᠬᠤ ᠺᠠᠳ᠋ᠷ ᠤᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠤᠨ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠢᠢᠯᠠᠭᠠᠬᠤ ᠴᠢᠳᠠᠪᠤᠷᠢ᠂ ᠤᠯᠤᠰ ᠲᠦᠷᠦ ᠶᠢᠨ | ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠬᠦ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠨᠠᠮ ᠤᠨ ᠲᠥᠪ ᠬᠤᠷᠢᠶᠠᠨ ᠤ ᠡᠷᠬᠡ | ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠲᠦᠷᠦᠭᠦᠯᠡᠨ ᠬᠠᠮᠠᠭᠠᠯᠠᠵᠤ᠂ ᠪᠦᠬᠦ ᠨᠠᠮ ᠢᠶᠠᠷ ᠢᠶᠠᠨ | ᠠᠯᠬᠤᠭ᠎ᠠ ᠨᠢᠭᠡᠲᠡᠢ ᠪᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ | ᠴᠢᠩᠭᠠᠳᠬᠠᠬᠤ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ᠂ ᠤᠬᠠᠮᠰᠠᠷ ᠠᠴᠠ ᠪᠠᠨ ᠬᠢᠨᠠᠯᠲᠠ ᠬᠦᠯᠢᠶᠡᠬᠦ ᠶᠢ | ᠠᠬᠢᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠳᠠ ᠶᠢ | ᠠᠳᠬᠤᠬᠤ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠤᠨ᠂ ᠨᠠᠮ ᠤᠨ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ | ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠢᠨᠠᠯᠲᠠ ᠲᠠᠯᠪᠢᠬᠤ | ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ᠃ | ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠲᠠ ᠳᠠᠯᠪᠢᠬᠤ ᠶᠢ | ᠴᠢᠩᠭᠠᠳᠬᠠᠬᠤ ᠳᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠢᠨᠠᠯᠲᠠ ᠳᠠᠯᠪᠢᠬᠤ ᠶᠢ ᠲᠤᠪᠤᠶᠢᠯᠭᠠᠨ᠂ ︽ᠨᠢᠭᠡᠳᠦᠭᠡᠷ | ᠬᠠᠷᠢᠭᠤᠴᠠᠯᠭᠠᠳᠠᠨ︾ ᠪᠠ ᠤᠳᠤᠷᠢᠳᠬᠤ ᠪᠠᠭ ᠤᠨ ᠨᠠᠮ ᠳᠠᠭᠠᠨ ᠦᠨᠡᠨᠴᠢ ᠪᠠᠶᠢᠬᠤ᠂ ᠨᠠᠮ ᠤᠨ ᠰᠢᠨᠵᠢ ᠴᠢᠨᠠᠷ | ᠵᠣᠷᠢᠯᠲᠠ ᠶᠢ ᠦᠢᠯᠡᠳᠦᠯᠭᠡᠵᠢᠭᠦᠯᠬᠦ ᠪᠠᠶᠢᠳᠠᠯ ᠤᠨ ᠲᠤᠬᠠᠢ ᠬᠢᠨᠠᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ︔ | ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠡᠢ︔ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠬᠤ ᠬᠡᠷᠡᠭᠳᠡᠢ︔ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠡᠢ︔ ᠠᠷᠠᠳᠴᠢᠯᠠᠯ | ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠬᠦ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ ᠡᠷᠬᠡ ᠪᠠᠨ ᠬᠡᠷᠡᠭᠵᠢᠬᠦᠯᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠪᠠᠶᠢᠬᠤ᠂ ᠵᠣᠷᠢᠭᠲᠠᠢ ᠬᠠᠮᠢᠶᠠᠷᠴᠤ ᠵᠣᠷᠢᠭᠲᠠᠢ | ᠴᠢᠩᠭ᠎ᠠ ᠪᠠᠶᠢᠬᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠭ᠎ᠠ ᠪᠠᠶᠢᠬᠤ ᠶᠢ | ᠪᠡᠶᠡᠯᠡᠭᠦᠯᠬᠦ ᠬᠡᠷᠡᠭᠲᠡᠢ᠃ | ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠲᠠᠯ᠎ᠠ ᠪᠠᠷ ᠤᠳᠤᠷᠢᠳᠬᠤ ᠲᠤᠰᠢᠶᠠᠯ | ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠪᠠᠭᠲᠠᠭᠠᠵᠦ ᠪᠠᠶᠢᠬᠤ ᠶᠢ ᠳᠠᠨᠢᠨ ᠮᠡᠳᠡᠵᠦ᠂ | ᠬᠢᠨᠠᠯᠲᠠ ᠲᠠᠯᠪᠢᠬᠤ ᠤᠬᠠᠮᠰᠠᠷ ᠢᠶᠠᠨ ᠴᠢᠩᠭᠠᠳᠬᠠᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠢ︔ ᠨᠠᠮ ᠤᠨ ᠵᠣᠬᠢᠶᠠᠨ ᠪᠠᠶᠢᠭᠤᠯᠤᠯᠲᠠ ᠪᠠ ᠤᠯᠡᠠ ᠲᠦᠮᠡᠨ ᠤ ᠬᠢᠨᠠᠯᠲᠠ ᠳᠠᠯᠪᠢᠬᠤ ᠳᠤ ᠵᠥᠪ ᠢᠶᠠᠷ | ᠬᠠᠨᠳᠤᠵᠤ᠂ ᠠᠯᠳᠠᠭ᠎ᠠ ᠪᠤᠷᠤᠭᠤ ᠪᠠᠨ ᠵᠣᠷᠢᠭᠲᠠᠢ ᠪᠠᠷ ᠵᠠᠯᠠᠷᠠᠭᠤᠯᠵᠤ᠂ ᠠᠵᠢᠯ ᠢᠶᠠᠨ ᠦᠨᠡᠨ ᠬᠦ ᠰᠠᠶᠢᠵᠢᠷᠠᠭᠤᠯᠬᠤ | ᠬᠡᠷᠡᠭᠲᠡᠢ︔ ᠬᠢᠨᠠᠯᠲᠠ ᠶᠢ ᠬᠦᠯᠢᠶᠡᠬᠦ ᠪᠠ ᠬᠢᠵᠠᠭᠠᠷᠯᠠᠯ ᠲᠠᠢ ᠪᠠᠶᠢᠬᠤ ᠣᠷᠴᠢᠨ ᠳᠤ ᠠᠵᠢᠯᠯᠠᠵᠤ ᠠᠮᠢᠳᠤᠷᠠᠬᠤ | ᠳᠠᠳᠬᠠᠯ ᠲᠠᠢ ᠪᠤᠯᠵᠥ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠬᠦ ᠬᠡᠷᠡᠭᠳᠡᠢ᠂ ᠬᠢᠨᠠᠯᠲᠠ ᠶᠢ ᠲᠡᠪᠴᠢᠵᠦ᠂ | ᠬᠢᠨᠠᠯᠲᠠ ᠠᠴᠠ ᠵᠠᠶᠢᠯᠠᠵᠤ ᠶᠠᠭᠠᠬᠢᠭᠰᠠᠨ ᠴᠤ ᠪᠣᠯᠬᠤ ᠦᠭᠡᠢ᠃ ︽ᠨᠢᠭᠡᠳᠦᠭᠡᠷ ᠬᠠᠷᠢᠭᠤᠴᠠᠯᠭᠠᠳᠠᠨ︾ | ᠤᠬᠠᠮᠰᠡᠷ ᠠᠴᠠ ᠪᠠᠨ ᠨᠠᠮ ᠤᠨ ᠵᠣᠬᠢᠶᠠᠨ ᠪᠠᠶᠢᠭᠤᠯᠤᠯᠲᠠ ᠪᠠ ᠤᠯᠠᠨ ᠲᠦᠮᠡᠨ ᠤ ᠬᠢᠨᠠᠯᠲᠠ ᠳᠣᠣᠷ᠎ᠠ ᠪᠠᠶᠢᠵᠤ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠪᠠ ᠲᠤᠤᠷᠠᠳᠤ | ᠱᠠᠲᠤᠨ ᠤ ᠤᠳᠤᠷᠢᠳᠬᠤ ᠺᠠᠳ᠋ᠷ ᠲᠤ ᠲᠠᠯᠪᠢᠬᠤ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃ | ᠬᠤᠶᠠᠷ᠂ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠡᠢ | ︵ᠨᠢᠭᠡ︶ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠶᠢ ᠴᠢᠬᠤᠯᠠ ᠠᠴᠠ ᠴᠢᠬᠤᠯᠠ | ᠵᠦᠶ᠋ᠯ ᠪᠣᠯᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ︽ᠨᠢᠭᠡᠳᠦᠭᠡᠷ ᠬᠠᠷᠢᠭᠤᠴᠠᠯᠭᠠᠲᠠᠨ︾ | ᠴᠢᠬᠤᠯᠠ ᠡᠷᠬᠡ ᠠᠳᠬᠤᠵᠦ᠂ ᠨᠠᠮ ᠢ ᠬᠠᠮᠢᠶᠠᠷᠴᠤ ᠨᠠᠮ ᠢ ᠵᠠᠰᠠᠬᠤ ᠴᠢᠬᠤᠯᠠ ᠤᠯᠤᠰ ᠲᠦᠷᠦ ᠶᠢᠨ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠣᠯᠬᠤᠷ ᠡᠷᠬᠡᠪᠰᠢ ᠪᠠᠳᠤ ᠴᠢᠩᠭ᠎ᠠ ᠬᠢᠨᠠᠯᠲᠠ ᠪᠠᠷ ᠲᠡᠭᠦᠨ ᠢ ᠲᠤᠰᠢᠶᠠᠯ ᠤᠨ | ᠪᠠᠶᠢᠷᠢ ᠥᠨᠳᠥᠷ ᠪᠣᠯᠪᠠᠴᠤ ᠡᠷᠬᠡ ᠪᠠᠨ ᠳᠤᠷ᠎ᠠ ᠪᠠᠷ ᠬᠡᠷᠡᠭᠯᠡᠬᠦ ᠦᠭᠡᠢ᠂ ᠡᠷᠬᠡ ᠶᠡᠭᠡ ᠪᠣᠯᠪᠠᠴᠤ ᠠᠮᠢ ᠪᠠᠨ ᠪᠣᠷᠳᠣᠬᠤ | ᠦᠭᠡᠢ ᠪᠤᠯᠭᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠭ᠎ᠠ᠂ ᠨᠠᠮ ᠤᠨ ᠠᠵᠢᠯ ᠤᠨ ᠪᠠᠶᠢᠭᠤᠯᠭ᠎ᠠ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ | ᠲᠠᠯᠪᠢᠬᠤ ᠶᠢ ᠳᠣᠪᠤᠶᠢᠯᠭᠠᠵᠤ᠂ ︽ᠨᠢᠭᠡᠳᠦᠭᠡᠷ ᠬᠠᠷᠢᠭᠤᠴᠠᠯᠭᠠᠲᠠᠨ︾ ᠢ ᠡᠳᠦᠷ ᠲᠤᠲᠤᠮ ᠤᠨ ᠬᠢᠨᠠᠯᠲᠠ ᠲᠠᠯᠪᠢᠬᠤ᠂ | ᠲᠤᠰᠬᠠᠶ ᠱᠠᠯᠠᠪᠳᠠᠭᠤᠯᠤᠨ ᠪᠠᠶᠢᠴᠠᠭᠠᠬᠤ ᠵᠡᠷᠭᠡ ᠶᠢᠨ ᠭᠤᠤᠯᠳᠠᠯᠭ᠎ᠠ ᠪᠣᠯᠭᠠᠵᠤ᠂ ︽ᠨᠢᠭᠡᠳᠦᠭᠡᠷ ᠬᠠᠷᠢᠭᠤᠴᠠᠯᠭᠠᠲᠠᠨ︾ | ᠳᠤ ᠴᠠᠭ ᠢᠮᠠᠬᠲᠠ ᠡᠷᠬᠡ ᠪᠠᠨ ᠬᠡᠷᠡᠭᠵᠢᠭᠦᠯᠬᠦ ᠳᠤ ᠬᠢᠨᠠᠯᠲᠠ ᠬᠦᠯᠢᠶᠡᠬᠦ ᠬᠡᠷᠡᠭᠲᠡᠶ ᠭᠡᠳᠡᠭ ᠢ ᠮᠡᠳᠡᠷᠡᠭᠦᠯᠬᠦ ᠬᠡᠷᠡᠭᠲᠡᠢ᠃ | ︵ᠬᠤᠶᠠᠷ︶ ︽ᠨᠢᠭᠡᠳᠦᠭᠡᠷ ᠬᠠᠷᠢᠭᠤᠴᠠᠯᠭᠠᠲᠠᠨ︾ ᠪᠡᠶ᠎ᠡ ᠪᠠᠷ ᠢᠶᠠᠨ ᠬᠡᠪ ᠲᠦᠷᠢᠮ ᠪᠤᠯᠵᠤ᠂ | ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠨ᠎ᠡ᠃ ︽ᠨᠢᠭᠡᠳᠦᠭᠡᠷ ᠬᠠᠷᠢᠭᠤᠴᠠᠯᠭᠠᠲᠠᠨ︾ ᠡᠷᠬᠡᠪᠰᠢ ᠲᠤᠭ ᠲᠡᠮᠳᠡᠭ | ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ | ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠡᠯ᠎ᠡ ᠵᠦᠶ᠋ᠯ ᠤᠨ ᠲᠦᠷᠢᠮ ᠢ ᠲᠦᠷᠦᠭᠦᠯᠡᠨ ᠨᠠᠶᠢᠳᠠᠪᠤᠷᠢᠵᠢᠭᠤᠯᠵᠤ᠂ | ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠭᠡᠬᠦ᠂ ᠪᠡᠶ᠎ᠡ ᠪᠠᠨ ᠴᠢᠩᠭ᠎ᠠ ᠱᠠᠭᠠᠷᠳᠠᠬᠤ | ᠲᠠᠯ᠎ᠠ ᠪᠠᠷ ᠬᠡᠪ ᠳᠠᠭᠤᠷᠢᠶᠠᠯ ᠪᠣᠯᠵᠣ᠂ ᠥᠯᠢᠭᠡᠷ ᠳᠠᠭᠤᠷᠢᠶᠠᠯ ᠪᠣᠯᠵᠣ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ | ᠮᠥᠷᠲᠡᠭᠡᠨ ᠪᠠᠰᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠡᠯ᠎ᠡ | ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠯᠤᠰ ᠲᠦᠷᠦ ᠶᠢᠨ ᠰᠠᠬᠢᠯᠭ᠎ᠠ ᠪᠠᠲᠤ ᠪᠠ | ᠤᠯᠤᠰ ᠲᠦᠷᠦ ᠶᠢᠨ ᠶᠣᠰᠣ ᠲᠦᠷᠢᠮ ᠢ ᠲᠦᠷᠦᠭᠦᠯᠡᠨ ᠵᠢᠷᠤᠮᠯᠠᠵᠤ᠂ ᠰᠠᠨᠠᠭᠠᠴᠢᠯᠠᠭ᠎ᠠ ᠠᠴᠠ ᠪᠠᠨ ᠨᠠᠮ ᠤᠨ ᠵᠣᠬᠢᠶᠠᠨ | ᠪᠠᠶᠢᠭᠤᠯᠤᠯᠲᠠ ᠠᠴᠠ ᠵᠢᠭᠠᠪᠤᠷᠢ ᠠᠪᠴᠤ ᠠᠵᠢᠯ ᠢᠶᠠᠨ ᠮᠡᠳᠡᠭᠦᠯᠦᠨ᠂ ᠲᠥᠪ ᠤᠨ ᠨᠠᠢᠮᠠᠨ ᠲᠣᠭᠲᠠᠭᠠᠯ ᠵᠢᠴᠢ ᠡᠭᠦᠨ ᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ | ᠭᠡᠷ ᠪᠦ᠋ᠯᠢ ᠪᠠᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ᠂ ᠣᠨᠴᠠ ᠡᠷᠬᠡ ᠶᠢᠨ ᠦᠵᠡᠭᠳᠡᠯ ᠢ | ᠤᠬᠠᠮᠰᠠᠷ ᠠᠴᠠ ᠪᠠᠨ ᠡᠰᠡᠷᠭᠦᠴᠡᠵᠦ᠂ ᠡᠪ ᠬᠠᠮᠲᠤᠴᠤᠳ ᠤᠨ ᠠᠷᠢᠭᠤᠨ ᠴᠢᠬᠡᠴᠢ ᠤᠯᠤᠰ ᠲᠦᠷᠦ ᠶᠢᠨ ᠤᠤᠷ | ᠴᠢᠨᠠᠷ ᠢᠶᠠᠨ ᠢᠮᠠᠭᠲᠠ ᠪᠠᠳᠤᠯᠠᠬᠤ ᠬᠡᠷᠡᠭᠲᠡᠢ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠳᠡᠭᠡᠳᠦ ᠱᠠᠳᠤᠨ ᠠᠴᠠ ᠳᠣᠤᠷᠠᠳᠦ ᠱᠠᠳᠤᠨ ᠳᠤ | ᠲᠠᠯᠪᠢᠬᠤ ᠬᠢᠨᠠᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠡᠷᠬᠡᠪᠰᠢ | ᠲᠤᠤᠷᠡᠳᠦ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠢ ᠰᠠᠶᠢᠲᠤᠷ ᠠᠳᠬᠤᠨ᠎ᠠ᠃ ᠲᠥᠪ ᠤᠨ ᠤᠯᠤᠰ | ᠲᠦᠷᠦ ᠶᠢᠨ ᠲᠣᠪᠴᠢᠶᠠᠨ ᠤ ᠭᠡᠰᠢᠭᠦᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠣᠷᠣᠨ ᠨᠤᠲᠤᠭ᠂ | ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠪᠠᠶᠢᠳᠠᠯ ᠢ ᠴᠢᠬᠤᠯᠠᠴᠢᠯᠠᠨ ᠣᠶᠢᠯᠠᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠪᠠ ᠰᠠᠯᠠᠭ᠎ᠠ | ᠮᠥᠴᠢᠷ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ | ᠭᠦᠢᠴᠡᠳᠭᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠱᠠᠯᠠᠪᠳᠠᠭᠤᠯᠵᠤ᠂ ᠠᠰᠠᠭᠤᠳᠠᠯ ᠢ ᠢᠯᠡᠷᠡᠭᠦᠯᠵᠦ | ᠮᠡᠳᠡᠪᠡᠯ ᠴᠠᠭ ᠲᠤᠬᠠᠢ ᠳᠤᠨᠢ ᠰᠤᠷᠭᠠᠨ ᠬᠥᠮᠦᠵᠢᠭᠦᠯᠵᠦ ᠰᠠᠨᠠᠭᠤᠯᠬᠤ ᠬᠡᠷᠡᠭᠲᠡᠢ᠃ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠮᠤᠵᠢ ᠶᠢᠨ ᠱᠠᠲᠤᠨ ᠤ ᠨᠠᠮ ᠤᠨ ᠬᠤᠷᠢᠶ᠎ᠠ᠂ | ᠲᠥᠪ ᠤᠨ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠮᠤᠵᠢ ᠶᠢᠨ ᠱᠠᠲᠤᠨ ᠤ ᠨᠠᠮ ᠤᠨ ᠬᠤᠷᠢᠶ᠎ᠠ ᠶᠢ ᠱᠠᠯᠠᠪᠳᠠᠭᠤᠯᠵᠤ ᠪᠠᠶᠢᠭᠠᠳ ᠲᠤᠤᠷᠠᠳᠤ ᠱᠠᠲᠤᠨ ᠤ ︽ᠨᠢᠭᠡᠳᠦᠭᠡᠷ | ᠬᠠᠷᠢᠭᠤᠴᠠᠯᠭᠠᠲᠠᠨ︾ ᠤ ᠲᠤᠬᠠᠢ ᠬᠠᠮᠢᠶᠠᠷᠤᠯᠲᠠ ᠶᠢ ᠨᠢ ᠴᠢᠩᠭᠠᠳᠬᠠᠬᠤ ᠬᠡᠷᠡᠭᠲᠡᠢ᠃ ᠳᠡᠭᠡᠳᠦ ᠱᠠᠲᠤᠨ ᠤ ︽ | ᠨᠢᠭᠡᠳᠦᠭᠡᠷ ᠬᠠᠷᠢᠭᠤᠴᠠᠯᠭᠠᠲᠠᠨ︾ ᠨᠢ ᠳᠣᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ | ᠲᠠᠯᠪᠢᠭᠰᠠᠨ ᠪᠠᠶᠢᠳᠠᠯ ᠢ ᠵᠢᠯ ᠪᠦᠷᠢ ᠶᠢᠨ ᠲᠤᠰᠢᠶᠠᠯ ᠤᠨ ᠮᠡᠳᠡᠭᠦᠯᠦᠯᠲᠡ ᠬᠢᠬᠦ ᠶᠢᠨ ᠭᠤᠤᠯᠳᠠᠯᠭ᠎ᠠ ᠲᠠᠢ ᠠᠭᠤᠯᠭ᠎ᠠ | ᠪᠣᠯᠭᠠᠬᠤ ᠬᠡᠷᠡᠭᠲᠡᠶ︔ ᠳᠣᠣᠷᠠᠳᠤ ᠱᠠᠲᠤᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ︽ᠨᠢᠭᠡᠳᠦᠭᠡᠷ | ᠬᠠᠷᠢᠭᠤᠴᠠᠯᠭᠠᠲᠠᠨ︾ ᠲᠠᠢ ᠲᠤᠰᠢᠶᠠᠯ ᠡᠭᠦᠷᠭᠡᠯᠡᠬᠦ ᠲᠤᠬᠠᠢ ᠶᠠᠷᠢᠯᠴᠠᠭ᠎ᠠ ᠬᠢᠬᠦ ᠬᠡᠷᠡᠭᠲᠡᠶ︔ ᠳᠣᠤᠷᠠᠳᠤ ᠱᠠᠲᠤᠨ ᠤ ︽ | ᠨᠢᠭᠡᠳᠦᠭᠡᠷ ᠬᠠᠷᠢᠭᠤᠴᠠᠯᠭᠠᠲᠠᠨ︾ ᠯᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠶᠠᠷᠢᠯᠴᠠᠬᠤ | ᠠᠵᠢᠯ ᠢ ᠥᠷᠨᠢᠭᠦᠯᠦᠨ᠂ ᠢᠯᠡᠷᠡᠯ ᠤᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠣᠷᠣᠰᠢᠵᠤ ᠪᠠᠶᠢᠪᠠᠯ | ᠰᠢᠭᠦᠮᠵᠢᠯᠡᠨ ᠬᠥᠮᠦᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠬᠦᠡᠭᠭᠡᠪᠳᠦᠷ ᠠᠰᠠᠭᠤᠳᠠᠯ ᠣᠷᠣᠰᠢᠵᠤ ᠪᠠᠶᠢᠪᠠᠯ | ᠴᠠᠭ ᠲᠤᠬᠠᠶ ᠳᠤᠨᠢ ᠰᠡᠷᠡᠮᠵᠢᠯᠡᠭᠦᠯᠦᠨ ᠴᠡᠭᠡᠷᠯᠡᠭᠦᠯᠬᠦ ᠬᠡᠷᠡᠭᠲᠡᠶ᠃ | ︵ᠳᠥᠷᠪᠡ︶ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠬᠡᠷᠡᠭᠵᠢᠭᠦᠯᠵᠦ᠂ ︽ᠨᠢᠭᠡᠳᠦᠭᠡᠷ ᠬᠠᠷᠢᠭᠤᠴᠠᠯᠭᠠᠲᠠᠨ︾ ᠤ ᠨᠢᠭᠡᠳᠦᠭᠡᠷ ᠬᠠᠷᠢᠭᠤᠴᠠᠯᠭᠠᠲᠠᠨ ᠪᠤᠯᠬᠤ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠳᠤᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ | ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠠᠰᠠᠭᠤᠳᠠᠯ ᠨᠡᠯᠢᠶᠡᠳ ᠲᠣᠪᠤᠶᠢᠮ᠎ᠠ | ᠪᠠᠶᠢᠪᠠᠯ ᠴᠠᠭ ᠲᠤᠬᠠᠶ ᠳᠤᠨᠢ ᠪᠣᠯᠵᠣᠨ ᠶᠠᠷᠢᠯᠴᠠᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ | ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ᠂ | ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠳᠦᠭᠡᠷ | ᠬᠠᠷᠢᠭᠤᠴᠠᠯᠭᠠᠲᠠᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠨ ᠰᠢᠯᠭᠠᠬᠤ ᠲᠦᠷᠢᠮ ᠢ | ᠪᠦᠷᠢᠨᠰᠢᠬᠦᠯᠤᠨ ᠨᠠᠶᠢᠳᠠᠪᠤᠷᠢᠵᠢᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ︽ᠨᠢᠭᠡᠳᠦᠭᠡᠷ ᠬᠠᠷᠢᠭᠤᠴᠠᠯᠭᠠᠲᠠᠨ︾ | ᠢ ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ᠂ ᠪᠣᠳᠠᠲᠤ ᠠᠮᠵᠢᠯᠳᠠ ᠪᠦᠲᠦᠮᠵᠢ ᠶᠢ ᠦᠨᠡᠯᠡᠬᠦ᠂ ᠤᠷᠮᠠᠰᠢᠭᠤᠯᠤᠨ | ᠬᠢᠵᠠᠭᠠᠷᠯᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠳᠠᠢ᠃ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠳᠤ ᠬᠠᠷᠢᠭᠤᠴᠠᠯᠭ᠎ᠠ ᠡᠭᠦᠷᠭᠡᠯᠡᠬᠦ ᠥᠬᠡᠶ᠂ ᠠᠵᠢᠯ ᠬᠢᠬᠦ ᠥᠬᠡᠶ ᠪᠠᠶᠢᠪᠠᠯ | ᠲᠣᠭᠲᠠᠭᠠᠯ ᠰᠠᠬᠢᠯᠭ᠎ᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ︵ᠲᠠᠪᠤ︶ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠵᠦ᠂ ︽ᠭᠤᠷᠪᠠᠨ | ᠴᠢᠬᠤᠯᠠ ᠨᠢᠭᠡ ᠶᠡᠭᠡ︾ ᠪᠦᠬᠦᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠢᠨᠠᠯᠲᠠ ᠲᠠᠯᠪᠢᠬᠤ ᠲᠣᠭᠲᠠᠴᠠ ᠶᠢ | ᠲᠡᠭᠦᠯᠳᠡᠷᠵᠢᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠳᠣᠣᠷᠠᠳᠤ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠠᠷᠠᠳᠴᠢᠯᠠᠯ | ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠵᠤ᠂ ᠭᠠᠭᠴᠠᠭᠠᠷ ᠡᠵᠡᠨ ᠮᠡᠳᠡᠬᠦ ᠴᠢᠨᠠᠭᠰᠢᠯᠠᠪᠠᠯ ᠭᠡᠷ ᠤᠨ ᠠᠬᠠᠮᠠᠳ ᠤᠨ ᠳᠦᠷᠢᠮᠲᠦ | ᠠᠰᠠᠭᠤᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠲᠦᠪ ᠤᠨ ᠵᠣᠬᠢᠶᠠᠨ ᠪᠠᠶᠢᠭᠤᠯᠬᠤ ᠬᠡᠯᠲᠡᠰ ᠮᠤᠵᠢ ᠶᠢᠨ | ᠱᠠᠲᠤᠨ ᠤ ᠨᠠᠮ ᠤᠨ ᠬᠤᠷᠢᠶ᠎ᠠ᠂ ᠲᠥᠪ ᠤᠨ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠠᠷᠠᠳᠴᠢᠯᠠᠯ | ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠭᠤᠣᠯᠳᠠᠯᠭ᠎ᠠ ᠲᠠᠢ ᠬᠢᠨᠠᠯᠲᠠ | ᠲᠠᠯᠪᠢᠬᠤ ᠬᠡᠷᠡᠭᠲᠡᠢ᠃ ︽ᠭᠤᠷᠪᠠᠨ ᠴᠢᠬᠤᠯᠠ ᠨᠢᠭᠡ ᠶᠡᠭᠡ︾ ᠪᠦᠬᠦᠢ ᠰᠢᠶ᠋ᠳᠪᠦᠷᠢᠲᠦ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠢ ᠲᠣᠭᠤᠷᠢᠨ ᠪᠠᠶᠢᠴᠠᠭᠠᠬᠤ᠂ ᠬᠢᠨᠠᠨ ᠪᠣᠳᠣᠵᠤ ᠬᠢᠨᠠᠯᠲᠠ ᠲᠠᠯᠪᠢᠬᠤ᠂ ᠲᠤᠰᠬᠠᠶ | ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠳᠠᠢ᠃ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠨᠢ ︽ᠨᠢᠭᠡᠳᠦᠭᠡᠷ ᠬᠠᠷᠢᠭᠤᠴᠠᠯᠭᠠᠲᠠᠨ︾ ᠤ ᠰᠢᠢᠳᠪᠦᠷᠢᠲᠦ ᠪᠤᠳᠤᠯᠭ᠎ᠠ ᠲᠣᠭᠲᠠᠭᠠᠬᠤ | ᠵᠢᠷᠤᠮ ᠠᠴᠠ ᠵᠥᠷᠢᠴᠡᠭᠰᠡᠨ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠠᠨᠠᠯ ᠳᠤᠷᠠᠳᠬᠤ ᠬᠡᠷᠡᠭᠲᠡᠢ᠂ | ᠰᠠᠶᠢᠲᠤᠷ ᠵᠠᠯᠠᠷᠠᠭᠤᠯᠤᠭᠰᠠᠨ ᠦᠭᠡᠢ ᠪᠠᠶᠢᠪᠠᠯ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠲᠣᠮᠢᠯᠠᠭᠰᠠᠨ ᠪᠠᠶᠢᠭᠤᠯᠭ᠎ᠠ ᠳᠤ ᠲᠤᠰᠬᠠᠬᠤ ᠬᠡᠷᠡᠭᠲᠡᠢ᠃ | ︵ᠵᠢᠷᠭᠤᠭ᠎ᠠ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠨᠢ ︽ᠨᠢᠭᠡᠳᠦᠭᠡᠷ | ᠬᠠᠷᠢᠭᠤᠴᠠᠯᠭᠠᠲᠠᠨ︾ ᠢ ᠴᠢᠩᠭ᠎ᠠ ᠠᠩᠬᠠᠷᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠤᠨ᠎ᠡ᠃ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠠᠰᠠᠭᠤᠳᠠᠯ ᠢ ᠢᠯᠡᠷᠡᠭᠦᠯᠵᠦ᠂ ᠠᠶᠤᠯᠭᠠᠨ ᠰᠦᠷᠳᠡᠬᠦᠯᠵᠦ᠂ | ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠬᠤ︾ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠶᠢ ᠪᠠᠷᠢᠮᠲᠠᠯᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ | ᠰᠠᠬᠢᠵᠤ᠂ ᠤᠯᠤᠰ ᠲᠦᠷᠦ ᠶᠢᠨ ᠠᠯᠳᠠᠭ᠎ᠠ ᠶᠢ ᠪᠠᠶᠢᠴᠠᠭᠠᠨ ᠵᠠᠯᠠᠷᠠᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠭᠳᠠᠬᠤ ᠴᠠᠭᠳᠠᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠬᠠᠷᠢᠭᠤᠴᠠᠯᠭᠠᠲᠠᠨ︾ ᠢ ᠬᠢᠨᠠᠯᠲᠠ ᠲᠠᠯᠪᠢᠬᠤ ᠭᠤᠣᠯᠳᠠᠯᠭ᠎ᠠ ᠪᠠᠨ | ᠪᠣᠯᠭᠠᠵᠤ᠂ ᠣᠷᠣᠵᠤ ᠰᠠᠭᠤᠬᠤ ᠠᠴᠠ ᠪᠠᠨ ᠡᠮᠦᠨ᠎ᠡ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠠᠴᠠ ᠪᠠᠶᠢᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠶᠠᠷᠢᠯᠴᠠᠭ᠎ᠠ ᠳᠤ ︽ᠨᠢᠭᠡᠳᠦᠭᠡᠷ ᠬᠠᠷᠢᠭᠤᠴᠠᠯᠭᠠᠲᠠᠨ︾ ᠤ ᠠᠵᠢᠯ᠂ ᠠᠮᠢᠳᠤᠷᠠᠯ ᠤᠨ ᠪᠠᠶᠢᠳᠠᠯ ᠢ | ᠵᠠᠪᠠᠯ ᠶᠠᠷᠢᠬᠤ ᠠᠭᠤᠯᠭ᠎ᠠ ᠪᠣᠯᠭᠠᠵᠤ᠂ ᠲᠤᠰᠬᠠᠬᠰᠠᠨ ᠴᠢᠬᠤᠯᠠ ᠠᠰᠠᠭᠤᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ | ᠲᠣᠭᠤᠷᠢᠨ ᠪᠠᠶᠢᠴᠠᠭᠠᠵᠤ ᠴᠠᠬᠳᠠᠨ ᠪᠠᠶᠢᠴᠠᠭᠠᠭᠰᠠᠨ ᠮᠡᠳᠡᠭᠦᠯᠦᠯᠲᠡ ᠳᠤ ︽ᠨᠢᠭᠡᠳᠦᠭᠡᠷ ᠬᠠᠷᠢᠭᠤᠴᠠᠯᠭᠠᠲᠠᠨ︾ ᠤ | ᠨᠢᠭᠡᠳᠦᠭᠡᠷ ᠬᠠᠷᠢᠭᠤᠴᠠᠯᠭᠠᠲᠠᠨ ᠪᠤᠯᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠠᠷᠢᠭᠤᠨ | ᠴᠢᠬᠡᠴᠢ ᠪᠠᠷ ᠦᠪᠡᠷ ᠢ ᠪᠠᠨ ᠱᠠᠭᠠᠷᠳᠠᠬᠰᠠᠨ ᠪᠠᠶᠢᠳᠠᠯ ᠢ ᠲᠤᠰᠠᠭᠠᠷ ᠵᠢᠭᠰᠠᠭᠠᠵᠤ᠂ ᠲᠣᠳᠣᠷᠬᠠᠢ ᠰᠠᠨᠠᠯ ᠪᠠ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠢ᠃ | ︵ᠳᠤᠯᠤᠭ᠎ᠠ︶ ︽ᠨᠢᠭᠡᠳᠦᠭᠡᠷ ᠬᠠᠷᠢᠭᠤᠴᠠᠯᠭᠠᠲᠠᠨ︾ ᠤ ᠲᠤᠬᠠᠢ ᠲᠤᠰᠬᠠᠯ ᠢ ᠴᠠᠭ ᠲᠤᠬᠠᠶ ᠳᠤᠨᠢ | ᠡᠵᠡᠮᠰᠢᠵᠦ᠂ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠳᠤᠤᠷᠠᠳᠤ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠡᠳᠦᠷ | ᠲᠤᠲᠤᠮ ᠤᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ᠂ ᠲᠤᠰᠬᠠᠶ | ᠱᠠᠯᠠᠪᠳᠠᠭᠤᠯᠤᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠡᠳᠡᠨ ᠤ ᠦᠵᠡᠯ ᠰᠠᠨᠠᠭ᠎ᠠ᠂ ᠠᠵᠢᠯ᠂ | ᠰᠤᠷᠲᠠᠯ᠂ ᠠᠮᠢᠳᠤᠷᠠᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ | ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠤᠤᠷᠠᠳᠤ ᠱᠠᠲᠤᠨ ᠤ ︽ | ᠨᠢᠭᠡᠳᠦᠭᠡᠷ ᠬᠠᠷᠢᠭᠤᠴᠠᠯᠭᠠᠲᠠᠨ︾ ᠲᠠᠢ ᠶᠠᠷᠢᠯᠴᠠᠬᠤ ᠲᠦᠷᠢᠮ ᠢ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ | ᠠᠰᠠᠭᠤᠳᠠᠯ ᠢ ᠢᠯᠡᠷᠡᠭᠦᠯᠵᠦ ᠮᠡᠳᠡᠪᠡᠯ ᠴᠠᠭ ᠲᠤᠬᠠᠢ ᠳᠤᠨᠢ ᠲᠤᠰ ᠬᠥᠮᠦᠨ ᠳᠤᠨᠢ ᠬᠡᠯᠡᠵᠦ ᠦᠭᠴᠦ᠂ ᠰᠠᠬᠢᠯᠭ᠎ᠠ ᠪᠠᠲᠤ | ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠢ ᠢᠯᠡᠷᠡᠭᠦᠯᠵᠦ ᠮᠡᠳᠡᠪᠡᠯ ᠠᠳᠠᠯᠢ ᠱᠠᠲᠤᠨ ᠤ | ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠳᠤ ᠮᠡᠳᠡᠭᠦᠯᠬᠦ ᠬᠡᠷᠡᠭᠲᠡᠢ᠃ ᠳᠣᠣᠷᠠᠳᠤ ᠱᠠᠲᠤᠨ ᠤ ︽ᠨᠢᠭᠡᠳᠦᠭᠡᠷ | ᠬᠠᠷᠢᠭᠤᠴᠠᠯᠭᠠᠲᠠᠨ︾ ᠤ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠥᠷᠭᠡᠳᠬᠡᠭᠰᠡᠨ ᠬᠤᠷᠠᠯ ᠳᠡᠭᠡᠷ᠎ᠡ ᠬᠠᠷᠢᠭᠤᠴᠠᠯᠭ᠎ᠠ ᠶᠢᠨ ᠮᠡᠳᠡᠭᠦᠯᠦᠯᠲᠡ ᠪᠠ | ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ᠂ ᠦᠨᠡᠯᠡᠨ ᠶᠠᠷᠢᠯᠴᠠᠬᠤ ᠶᠢ ᠬᠦᠯᠢᠶᠡᠬᠦ ᠠᠵᠢᠯ ᠢ ᠦᠷᠨᠢᠭᠦᠯᠵᠦ᠂ | ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢ ᠵᠣᠬᠢᠬᠤ ᠬᠡᠪᠴᠢᠶᠡᠨ ᠳᠤ | ᠢᠯᠡ ᠪᠠᠷ ᠨᠡᠶᠢᠲᠡᠯᠡᠬᠦ ᠬᠡᠷᠡᠭᠳᠠᠢ᠃ | ᠭᠤᠷᠪᠠ᠂ ᠠᠳᠠᠯᠢ ᠱᠠᠲᠤᠨ ᠤ ᠤᠳᠤᠷᠢᠳᠬᠤ ᠪᠠᠭ ᠲᠤ ᠬᠢᠨᠠᠯᠲᠠ ᠳᠠᠯᠪᠢᠬᠤ ᠶᠢ ᠴᠢᠩᠭᠠᠳᠬᠠᠬᠤ ᠬᠡᠷᠡᠭᠳᠡᠢ | ︵ᠨᠠᠢᠮᠠ︶ ᠤᠳᠤᠷᠢᠳᠬᠤ ᠪᠠᠭ ᠤᠨ ᠪᠦᠷᠢᠯᠳᠦᠬᠦᠨ ᠤ ᠬᠠᠷᠢᠯᠴᠠᠨ ᠬᠢᠨᠠᠯᠲᠠ ᠲᠠᠯᠪᠢᠬᠤ ᠶᠢ ᠴᠢᠩᠭᠠᠳᠬᠠᠵᠤ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠬᠢᠨᠠᠮᠠᠭᠠᠢ ᠥᠷᠨᠢᠭᠦᠯᠤᠨ᠎ᠡ᠃ ᠲᠥᠪ ᠬᠤᠷᠢᠶᠠᠨ ᠤ ᠪᠦᠷᠢᠯᠳᠦᠬᠦᠨ | ᠡᠷᠬᠡᠪᠰᠢ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ | ᠪᠤᠰᠤᠳ ᠪᠦᠷᠢᠯᠳᠦᠬᠦᠨ ᠳᠤ ᠨᠠᠮ ᠤᠨ ᠲᠦᠷᠢᠮ ᠢ ᠵᠥᠷᠢᠴᠡᠭᠰᠡᠨ᠂ ᠨᠠᠮ ᠤᠨ ᠰᠠᠬᠢᠯᠭ᠎ᠠ ᠪᠠᠲᠤ ᠶᠢ ᠡᠪᠳᠡᠭᠰᠡᠨ᠂ | ᠨᠠᠮ ᠤᠨ ᠪᠦᠯᠬᠦᠮᠳᠡᠯ ᠨᠢᠭᠡᠳᠦᠯ ᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠪᠠᠶᠢᠬᠤ ᠶᠢ ᠢᠯᠡᠷᠡᠭᠦᠯᠵᠦ ᠮᠡᠳᠡᠪᠡᠯ᠂ | ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠪᠤᠶᠤ ᠦᠨᠡᠨ ᠨᠡᠷ᠎ᠡ ᠪᠠᠷ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠲᠤᠰᠬᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ︽ᠨᠢᠭᠡᠳᠦᠭᠡᠷ ᠬᠠᠷᠢᠭᠤᠴᠠᠯᠭᠠᠲᠠᠨ︾ ᠤᠳᠤᠷᠢᠳᠬᠤ ᠪᠠᠭ ᠢᠶᠠᠨ ᠰᠠᠶᠢᠲᠤᠷ | ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠤᠨ᠂ ᠦᠷᠭᠦᠯᠵᠢ ᠰᠡᠳᠬᠢᠯ ᠤᠨ ᠦᠭᠡ ᠪᠠᠨ ᠶᠠᠷᠢᠯᠴᠠᠵᠤ᠂ | ᠬᠥᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ | ᠬᠡᠷᠡᠭᠲᠡᠢ︔ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ᠭᠠᠷᠭᠠᠭᠰᠠᠨ ᠵᠠᠬᠢᠳᠠᠯ ᠢᠶᠠᠷ ᠠᠰᠠᠭᠤᠭᠰᠠᠨ | ᠲᠣᠳᠣᠷᠬᠠᠶᠢᠯᠠᠯᠲᠠ ᠳᠤ ᠰᠠᠨᠠᠯ ᠢᠶᠠᠨ ᠪᠢᠴᠢᠵᠦ ᠭᠠᠷ ᠤᠨ ᠦᠰᠦᠭ ᠵᠢᠷᠦᠬᠤ ᠳᠠᠭᠠᠨ᠂ ᠬᠦᠮᠦᠵᠢᠭᠦᠯᠦᠨ ᠰᠠᠨᠠᠭᠤᠯᠬᠤ | ᠬᠡᠷᠡᠭᠲᠡᠢ᠂ ︽ᠭᠠᠷ ᠤᠨ ᠦᠰᠦᠭ ᠵᠢᠷᠤᠭᠠᠳ ᠪᠠᠷᠠᠭᠠᠴᠢᠬᠠᠵᠦ︾ ᠪᠣᠯᠬᠤ ᠦᠭᠡᠢ᠃ ᠤᠳᠤᠷᠢᠳᠬᠤ ᠪᠠᠭ ᠤᠨ | ᠪᠦᠷᠢᠯᠳᠦᠬᠦᠨ ᠬᠤᠭᠤᠷᠣᠨᠳᠣ ᠪᠠᠨ ᠦᠷᠭᠦᠯᠵᠢ ᠰᠠᠨᠠᠯ ᠢᠶᠠᠨ ᠰᠣᠯᠢᠯᠴᠠᠵᠤ᠂ ᠠᠰᠠᠭᠤᠳᠠᠯ ᠢ ᠢᠯᠡᠷᠡᠭᠦᠯᠵᠦ ᠮᠡᠳᠡᠪᠡᠯ | ᠦᠨᠡᠨᠴᠢ ᠪᠠᠷ ᠨᠦᠭᠦᠭᠡ ᠡᠲᠡᠭᠡᠳ ᠲᠡᠭᠡᠨ ᠬᠡᠯᠡᠵᠦ ᠦᠭᠬᠦ ᠬᠡᠷᠡᠭᠲᠡᠢ᠂ ︽ᠨᠢᠭᠡᠳᠦᠭᠡᠷ ᠬᠠᠷᠢᠭᠤᠴᠠᠯᠭᠠᠲᠠᠨ︾ ᠳᠤ | ᠴᠢᠬᠤᠯᠠ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠵᠦ ᠮᠡᠳᠡᠪᠡᠯ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠤ ᠰᠢᠭᠤᠳ ᠮᠡᠳᠡᠭᠦᠯᠵᠦ ᠪᠣᠯᠤᠨ᠎ᠠ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠲᠦᠷᠢᠮ ᠢ ᠪᠠᠷᠢᠮᠲᠠᠯᠠᠵᠤ᠂ ︽ᠨᠢᠭᠡᠳᠦᠭᠡᠷ ᠬᠠᠷᠢᠭᠤᠴᠠᠯᠭᠠᠲᠠᠨ︾ | ᠲᠦᠷᠦᠭᠦᠯᠡᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ | ᠲᠣᠭᠲᠠᠭᠠᠯ ᠶᠣᠰᠣᠭᠠᠷ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠵᠢᠴᠢ ᠤᠯᠠᠨ ᠲᠦᠮᠡᠨ ᠤ | ᠲᠤᠰᠬᠠᠭᠰᠠᠨ᠂ ᠲᠣᠭᠤᠷᠢᠨ ᠪᠠᠶᠢᠴᠠᠭᠠᠵᠤ ᠴᠠᠬᠳᠠᠨ ᠪᠠᠶᠢᠴᠠᠭᠠᠵᠤ ᠬᠠᠷᠢᠭᠤ ᠲᠤᠰᠬᠠᠭᠰᠠᠨ᠂ ᠵᠣᠬᠢᠶᠠᠨ | ᠪᠠᠶᠢᠭᠤᠯᠤᠯᠲᠠ ᠠᠴᠠ ᠪᠣᠯᠵᠣᠨ ᠶᠠᠷᠢᠯᠴᠠᠵᠤ ᠵᠠᠬᠢᠳᠠᠯ ᠢᠶᠠᠷ ᠠᠰᠠᠭᠤᠭᠰᠠᠨ ᠠᠰᠠᠭᠤᠳᠠᠯ ᠳᠤ ᠦᠨᠡᠨ ᠢ ᠪᠠᠷᠢᠮᠲᠠᠯᠠᠨ | ᠲᠣᠳᠣᠷᠬᠠᠶᠢᠯᠠᠯᠲᠠ ᠬᠢᠬᠦ ᠬᠡᠷᠡᠭᠲᠡᠢ᠃ | ︵ᠶᠢᠰᠦ︶ ᠤᠳᠤᠷᠢᠳᠬᠤ ᠪᠠᠭ ᠤᠨ ᠤᠢᠢᠷ᠎ᠠ ᠵᠠᠢ ᠠᠴᠠ ᠪᠠᠶᠢᠩᠭᠤᠵᠢᠭᠰᠠᠨ ᠬᠢᠨᠠᠯᠲᠠ ᠲᠠᠯᠪᠢᠬᠤ | ᠳᠠᠪᠠᠭᠤᠯᠢᠭ ᠢ ᠪᠠᠳᠠᠷᠠᠭᠤᠯᠵᠤ᠂ ᠲᠤᠰ ᠪᠡᠶ᠎ᠡ ᠶᠢᠨ ᠠᠰᠠᠭᠤᠳᠠᠯ ᠢᠶᠠᠨ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠤᠳᠤᠷᠢᠳᠬᠤ ᠬᠠᠷᠢᠭᠤᠴᠠᠯᠭ᠎ᠠ ᠪᠠᠨ ᠪᠦᠬᠦ | ᠲᠠᠯ᠎ᠠ ᠪᠠᠷ ᠭᠦᠢᠴᠡᠳᠬᠡᠵᠦ᠂ ᠬᠤᠯᠪᠣᠭᠳᠠᠯ ᠪᠦᠬᠦᠢ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ | ᠤᠳᠤᠷᠢᠳᠬᠤ ᠪᠠᠭ ᠤᠨ ᠪᠦᠷᠢᠯᠳᠦᠬᠦᠨ ᠥᠪᠡᠷ ᠤᠨ ᠪᠡᠶ᠎ᠡ ᠳᠡᠭᠡᠨ᠂ ᠨᠥᠬᠦᠳ ᠲᠡᠭᠡᠨ᠂ ᠤᠳᠤᠷᠢᠳᠬᠤ ᠪᠠᠭ ᠲᠤ᠂ | ᠨᠠᠮ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠯᠴᠠᠨ ᠰᠠᠨᠠᠭᠤᠯᠵᠤ᠂ ᠬᠠᠷᠢᠯᠴᠠᠨ ᠱᠠᠯᠠᠪᠳᠠᠭᠤᠯᠤᠨ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠡᠯ᠎ᠡ ᠵᠦᠢᠯ ᠤᠨ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠲᠠᠶᠢᠴᠢᠨ ᠬᠦᠴᠦᠨ ᠢ ᠴᠢᠩᠭᠠᠳᠬᠠᠬᠤ | ᠬᠡᠷᠡᠭᠲᠡᠢ︔ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠳᠤ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠠᠰᠠᠭᠤᠳᠠᠯ ᠪᠠᠶᠢᠬᠤ ᠶᠢ ᠢᠯᠡᠷᠡᠭᠦᠯᠵᠦ ᠮᠡᠳᠡᠪᠡᠯ᠂ ᠴᠠᠭ ᠲᠤᠬᠠᠢ ᠳᠤᠨᠢ ᠵᠢᠷᠤᠮ ᠶᠣᠰᠣᠭᠠᠷ ᠨᠠᠮ ᠤᠨ | ᠵᠣᠬᠢᠶᠠᠨ ᠪᠠᠶᠢᠭᠤᠯᠤᠯᠲᠠ ᠳᠤ ᠦᠨᠡᠨ ᠮᠥᠨ ᠢᠶᠠᠷ ᠨᠢ ᠲᠤᠰᠬᠠᠵᠤ ᠮᠡᠳᠡᠭᠦᠯᠬᠦ ᠬᠡᠷᠡᠭᠲᠡᠢ᠂ ᠨᠢᠭᠤᠵᠤ ᠳᠠᠷᠤᠭᠠᠳ | ᠮᠡᠳᠡᠭᠦᠯᠬᠦ ᠦᠭᠡᠢ᠂ ︽ᠪᠤᠷᠬᠠᠨ ᠰᠡᠳᠭᠢᠯᠳᠦ ᠬᠦᠮᠦᠨ︾ ᠪᠣᠯᠤᠭᠰᠠᠨ ᠪᠠᠶᠢᠪᠠᠯ ᠬᠤᠯᠪᠣᠯᠳᠤᠭᠰᠠᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠳᠠᠢ᠃ | ︵ᠠᠷᠪᠠ︶ ᠬᠠᠮᠲᠤ ᠶᠢᠨ ᠤᠳᠤᠷᠢᠳᠤᠯᠭ᠎ᠠ ᠶᠢᠨ ᠳᠦᠷᠢᠮ ᠢ ᠪᠠᠷᠢᠮᠲᠠᠯᠠᠨ᠂ ᠳᠦᠷᠢᠮ ᠪᠣᠯᠤᠨ ᠳᠡᠰ | ᠳᠠᠷᠠᠭᠠᠯᠠᠯ ᠢ ᠴᠢᠩᠭ᠎ᠠ ᠵᠢᠷᠤᠮᠯᠠᠨ ᠠᠵᠢᠯᠯᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠤᠳᠤᠷᠢᠳᠬᠤ ᠪᠠᠭ ᠤᠨ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠤ᠂ ᠡᠷᠬᠡ ᠶᠢ ᠵᠦᠢ | ᠵᠣᠬᠢᠰᠲᠠᠢ ᠪᠠᠷ ᠵᠠᠳᠠᠯᠤᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠬᠡᠷᠡᠭᠳᠠᠢ᠃ ᠲᠤᠰᠬᠠᠢ ᠰᠡᠳᠦᠪᠲᠦ | ᠬᠤᠷᠠᠯ ᠢᠶᠠᠷ ᠪᠠᠶᠢᠩᠭᠤ ᠶᠢᠨ ᠬᠤᠷᠢᠶᠠᠨ ᠤ ᠬᠤᠷᠠᠯ ᠢ ᠣᠷᠣᠯᠠᠭᠤᠯᠤᠨ ᠰᠢᠢᠳᠪᠦᠷᠢᠲᠦ ᠪᠤᠳᠤᠯᠭ᠎ᠠ ᠲᠤᠬᠳᠠᠭᠠᠬᠤ ᠶᠢ | ᠡᠷᠡᠰ ᠰᠡᠷᠭᠡᠶᠢᠯᠡᠨ ᠬᠤᠷᠢᠬᠯᠠᠵᠤ᠂ ᠨᠠᠮ ᠤᠨ ᠬᠤᠷᠢᠶᠠᠨ ᠤ ᠬᠠᠮᠲᠤ ᠪᠠᠷ ᠰᠢᠢᠳᠪᠦᠷᠢᠲᠦ ᠪᠤᠳᠤᠯᠭ᠎ᠠ ᠲᠤᠬᠳᠠᠭᠠᠬᠤ | ᠨᠡᠷ᠎ᠡ ᠪᠠᠷ ᠬᠠᠮᠲᠤ ᠶᠢᠨ ᠲᠣᠭᠲᠠᠭᠠᠯ ᠢ ᠵᠥᠷᠢᠴᠡᠬᠦ ᠶᠢ ᠡᠷᠡᠰ ᠰᠡᠷᠭᠡᠶᠢᠯᠡᠨ ᠬᠤᠷᠢᠬᠯᠠᠵᠤ᠂ ᠤᠳᠤᠷᠢᠳᠬᠤ ᠪᠠᠭ ᠤᠨ | ᠪᠦᠷᠢᠯᠳᠦᠬᠦᠨ ᠤ ᠬᠤᠪᠢᠳᠠᠨ ᠬᠠᠮᠢᠶᠠᠷᠴᠤ ᠪᠠᠶᠢᠭ᠎ᠠ ᠠᠵᠢᠯ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠᠨ | ᠬᠠᠮᠲᠤ ᠶᠢᠨ ᠤᠳᠤᠷᠢᠳᠤᠯᠭ᠎ᠠ ᠪᠠ ᠬᠢᠨᠠᠯᠲᠠ ᠶᠢ ᠬᠦᠯᠢᠶᠡᠬᠦ ᠦᠭᠡᠢ ︽ᠬᠤᠪᠢ ᠶᠢᠨ ᠬᠠᠷᠢᠶ᠎ᠠ ᠭᠠᠵᠠᠷ︾ ᠪᠣᠯᠭᠠᠬᠤ ᠶᠢ | ᠤᠬᠳᠤ ᠵᠥᠪᠰᠢᠶᠡᠷᠡᠵᠦ ᠪᠤᠯᠬᠤ ᠦᠭᠡᠢ᠃ ᠤᠳᠤᠷᠢᠳᠬᠤ ᠪᠠᠭ ᠤᠨ ᠬᠡᠷᠡᠭ ᠵᠥᠪᠯᠡᠬᠦ ᠲᠦᠷᠢᠮ ᠢ ᠲᠡᠭᠦᠯᠳᠡᠷᠵᠢᠭᠦᠯᠵᠦ᠂ | ᠴᠢᠬᠤᠯᠠ ᠬᠡᠷᠡᠭ ᠶᠠᠪᠤᠳᠠᠯ ᠢ ᠡᠷᠬᠡᠪᠰᠢ ᠤᠳᠤᠷᠢᠳᠬᠤ ᠪᠠᠭ ᠤᠨ ᠬᠤᠷᠠᠯ ᠳᠤ ᠳᠡᠪᠰᠢᠭᠦᠯᠦᠨ ᠶᠠᠷᠢᠯᠴᠠᠵᠤ᠂ | ᠤᠳᠤᠷᠢᠳᠬᠤ ᠪᠠᠭ ᠤᠨ ᠪᠦᠷᠢᠯᠳᠦᠬᠦᠨ ᠰᠠᠨᠠᠯ ᠢᠶᠠᠨ ᠭᠦᠢᠴᠡᠳ ᠢᠯᠡᠳᠬᠡᠵᠦ᠂ ᠰᠠᠨᠠᠯ ᠵᠥᠷᠢᠯᠳᠦᠭᠡᠨ ᠨᠡᠯᠢᠶᠡᠳ ᠶᠡᠭᠡ | ᠪᠠᠶᠢᠬᠤ ᠦᠶ᠎ᠡ ᠳᠤ ᠲᠠᠰᠤᠯᠤᠯᠳᠠ ᠬᠢᠬᠦ ᠶᠢ ᠲᠦᠷ ᠬᠤᠶᠢᠰᠢᠯᠠᠭᠤᠯᠵᠤ᠂ ᠬᠤᠷᠠᠯ ᠳᠤ ᠲᠠᠰᠤᠯᠤᠯᠳᠠ ᠬᠢᠭᠰᠡᠨ ᠪᠠᠶᠢᠳᠠᠯ | ᠪᠠ ᠠᠳᠠᠯᠢ ᠪᠤᠰᠤ ᠰᠠᠨᠠᠯ ᠢ ᠦᠨᠡᠨ ᠮᠥᠨ ᠢᠶᠠᠷ ᠨᠢ ᠲᠡᠮᠳᠡᠭᠯᠡᠵᠦ᠂ ᠲᠠᠩᠰᠠ ᠡᠪᠬᠡᠮᠡᠯ ᠳᠤ ᠣᠷᠣᠭᠤᠯᠤᠨ | ᠪᠠᠶᠢᠴᠠᠭᠠᠬᠤ ᠳᠤ ᠪᠡᠯᠡᠳᠭᠡᠬᠦ ᠬᠡᠷᠡᠭᠳᠠᠢ᠃ | ︵ᠠᠷᠪᠠᠨ ᠨᠢᠭᠡ︶ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ | ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠱᠠᠯᠠᠪᠳᠠᠭᠤᠯᠤᠨ ᠱᠠᠭᠠᠷᠳᠠᠵᠤ᠂ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠡᠨ ᠳᠣᠲᠣᠷᠠᠬᠢ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠰᠠᠶᠢᠲᠤᠷ ᠠᠳᠬᠤᠨ᠎ᠠ᠃ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠣᠨ ᠤ ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠠᠵᠢᠯ | ᠡᠭᠦᠷᠭᠡ ᠪᠠᠨ ᠵᠠᠳᠠᠯᠤᠨ ᠬᠤᠪᠢᠶᠠᠷᠢᠯᠠᠬᠤ ᠬᠡᠷᠡᠭᠲᠡᠢ᠃ ︽ᠨᠢᠭᠡᠳᠦᠭᠡᠷ ᠬᠠᠷᠢᠭᠤᠴᠠᠯᠭᠠᠳᠠᠨ︾ ᠤᠳᠤᠷᠢᠳᠬᠤ ᠪᠠᠭ ᠤᠨ | ᠪᠤᠰᠤᠳ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠬᠤ ᠶᠢ ᠢᠯᠡᠷᠡᠭᠦᠯᠵᠦ ᠮᠡᠳᠡᠪᠡᠯ ᠴᠠᠭ ᠲᠤᠬᠠᠢ ᠳᠤᠨᠢ | ᠪᠣᠯᠵᠣᠨ ᠶᠠᠷᠢᠯᠴᠠᠬᠤ ᠬᠡᠷᠡᠭᠳᠠᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠳᠠᠯᠢ ᠱᠠᠲᠤᠨ ᠤ ᠨᠠᠮ ᠤᠨ | ᠬᠤᠷᠢᠶᠠᠨ ᠤ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠳᠤ ᠲᠡᠭᠦᠨ ᠤ ᠬᠤᠪᠢᠳᠠᠨ ᠬᠠᠮᠢᠶᠠᠷᠴᠤ ᠪᠠᠶᠢᠭ᠎ᠠ | ᠰᠠᠯᠠᠭ᠎ᠠ ᠮᠥᠴᠢᠷ ᠪᠠ ᠨᠢᠭᠡᠴᠢ ᠶᠢᠨ ᠤᠳᠤᠷᠢᠳᠬᠤ ᠺᠠᠳ᠋ᠷ ᠤᠨ ᠨᠠᠮ ᠤᠨ ᠲᠦᠷᠢᠮ ᠨᠠᠮ ᠤᠨ ᠲᠣᠭᠲᠠᠭᠠᠯ ᠢ ᠵᠢᠷᠤᠮᠯᠠᠵᠤ | ᠪᠠᠶᠢᠬᠤ ᠡᠰᠡᠬᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠦ ᠪᠠᠶᠢᠬᠤ ᠵᠡᠷᠭᠡ ᠪᠠᠶᠢᠳᠠᠯ ᠢ ᠮᠡᠳᠡᠭᠳᠡᠵᠦ᠂ | ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ | ᠨᠢᠭᠡᠴᠢ ᠶᠢᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠢ | ᠠᠬᠢᠭᠤᠯᠬᠤ ᠬᠡᠷᠡᠭᠲᠡᠢ᠃ | ︵ᠠᠷᠪᠠᠨ ᠬᠤᠶᠠᠷ︶ ᠤᠳᠤᠷᠢᠳᠬᠤ ᠺᠠᠳ᠋ᠷ ᠴᠢᠬᠤᠯᠠ ᠶᠡᠭᠡ ᠤᠴᠢᠷ ᠶᠠᠪᠤᠳᠠᠯ ᠳᠤ ᠭᠠᠷ ᠲᠦᠷᠦᠵᠤ | ᠨᠥᠯᠥᠭᠡᠯᠡᠬᠦ ᠶᠢ ᠲᠡᠮᠳᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠰᠠᠭᠤᠳᠠᠯ ᠢ ᠢᠯᠡᠷᠡᠭᠦᠯᠵᠦ ᠮᠡᠳᠡᠪᠡᠯ ᠴᠠᠭ | ᠲᠤᠬᠠᠢ ᠳᠤᠨᠢ ᠮᠡᠳᠡᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ ᠺᠠᠳ᠋ᠷ | ᠴᠢᠬᠤᠯᠠ ᠶᠡᠭᠡ ᠤᠴᠢᠷ ᠶᠠᠪᠤᠳᠠᠯ ᠳᠤ ᠭᠠᠷ ᠲᠦᠷᠦᠵᠤ ᠨᠥᠯᠥᠭᠡᠯᠡᠬᠦ ᠶᠢ ᠲᠡᠮᠳᠡᠭᠯᠡᠬᠦ ᠲᠦᠷᠢᠮ ᠢ ᠨᠠᠶᠢᠳᠠᠪᠤᠷᠢᠵᠢᠭᠤᠯᠬᠤ | ᠪᠣᠳᠠᠲᠠᠢ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ᠃ ᠤᠳᠤᠷᠢᠳᠬᠤ ᠪᠠᠭ ᠤᠨ | ᠪᠦᠷᠢᠯᠳᠦᠬᠦᠨ ᠳᠤ ᠲᠣᠭᠲᠠᠭᠠᠯ ᠢ ᠵᠥᠷᠢᠴᠡᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠳᠤ ᠲᠤᠭᠳᠠᠭᠠᠯ ᠠᠴᠠ ᠵᠦᠷᠢᠴᠡᠨ ᠭᠠᠷ | ᠳᠦᠷᠦᠭᠰᠡᠨ ᠵᠡᠷᠭᠡ ᠠᠰᠠᠭᠤᠳᠠᠯ ᠣᠷᠣᠰᠢᠵᠤ ᠪᠠᠶᠢᠪᠠᠯ᠂ ᠨᠠᠶᠢᠳᠠᠯᠭ᠎ᠠ ᠬᠦᠯᠢᠶᠡᠭᠴᠢ ᠨᠢ ᠪᠠᠶᠢᠭ᠎ᠠ ᠰᠠᠯᠠᠭ᠎ᠠ ᠮᠥᠴᠢᠷ ᠪᠠ | ᠨᠢᠭᠡᠴᠢ ᠶᠢᠨ ᠢᠶᠠᠨ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ | ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠪᠤᠰᠤᠳ ᠤᠳᠤᠷᠢᠳᠬᠤ ᠺᠠᠳ᠋ᠷ ᠤᠨ ᠲᠦᠷᠦᠯ ᠰᠠᠳᠤᠨ ᠨᠠᠶᠢᠵᠠ ᠶᠢᠨ | ᠲᠣᠭᠲᠠᠭᠠᠯ ᠠᠴᠠ ᠵᠥᠷᠢᠴᠡᠨ ᠭᠠᠷ ᠲᠦᠷᠦᠭᠦ ᠠᠵᠢᠯᠯᠠᠭ᠎ᠠ ᠶᠢ ᠡᠷᠡᠰ ᠬᠤᠷᠢᠬᠯᠠᠵᠤ᠂ ᠨᠠᠮ ᠤᠨ ᠵᠣᠬᠢᠶᠠᠨ | ᠪᠠᠶᠢᠭᠤᠯᠤᠯᠲᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠱᠠᠭᠠᠷᠳᠠᠯᠭ᠎ᠠ ᠶᠣᠰᠣᠭᠠᠷ ᠮᠡᠳᠡᠭᠦᠯᠦᠭᠰᠡᠨ ᠦᠭᠡᠢ | ᠪᠠᠶᠢᠪᠠᠯ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃ | ︵ᠠᠷᠪᠠᠨ ᠭᠤᠷᠪᠠ︶ ᠤᠯᠤᠰ ᠲᠦᠷᠦ ᠶᠢᠨ ᠠᠮᠢ ᠠᠬᠤᠢ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ | ᠮᠡᠳᠡᠭᠦᠯᠦᠯᠳᠡ ᠶᠢ ᠬᠦᠷᠢᠶ᠎ᠡ ᠬᠤᠪᠢᠶᠠᠨ ᠪᠦᠷᠢᠯᠳᠦᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠤᠯᠤᠰ ᠲᠦᠷᠦ ᠶᠢᠨ | ᠠᠮᠢ ᠠᠬᠤᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠢᠨᠵᠢᠯᠡᠵᠦ᠂ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠭ᠎ᠠ᠂ ᠨᠠᠮ ᠤᠨ ᠠᠵᠢᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠮᠡᠳᠡᠭᠦᠯᠦᠯᠲᠡ ᠶᠢ | ᠦᠷᠭᠦᠯᠵᠢ ᠰᠣᠨᠣᠰᠴᠤ᠂ ᠤᠳᠤᠷᠢᠳᠬᠤ ᠪᠠᠭ ᠤᠨ ᠲᠤᠰ ᠪᠡᠶ᠎ᠡ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ | ᠨᠠᠷᠢᠨ ᠬᠢᠨᠠᠮᠠᠭᠠᠢ ᠪᠠᠶᠢᠴᠠᠭᠠᠨ ᠡᠷᠢᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ | ᠪᠠᠲᠤ ᠪᠠᠶᠢᠴᠠᠭᠠᠬᠤ ᠪᠠᠶᠢᠭᠤᠯᠭ᠎ᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ᠂ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ᠂ ᠡᠬᠢ ᠪᠠᠶᠠᠯᠢᠭ ᠢ ᠨᠡᠬᠡᠬᠡᠨ ᠠᠰᠢᠬᠯᠠᠬᠤ᠂ ᠮᠥᠩᠭᠦᠨ ᠭᠦᠢᠯᠭᠡᠭᠡ ᠢᠲᠡᠭᠡᠮᠵᠢᠲᠦ ᠵᠢᠭᠡᠯᠡᠯᠭᠡ ᠵᠡᠷᠭᠡ | ᠬᠦᠷᠢᠶᠡᠨ ᠳᠠᠬᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠪᠠᠶᠢᠳᠠᠯ ᠤᠨ ᠲᠤᠬᠠᠢ | ᠵᠠᠳᠠᠯᠤᠯᠲᠠ ᠪᠠᠨ ᠴᠢᠩᠭᠠᠳᠬᠠᠵᠤ᠂ ᠲᠦᠭᠡᠮᠡᠯ ᠴᠢᠨᠠᠷᠲᠠᠢ ᠠᠰᠠᠭᠤᠳᠠᠯ ᠢ ᠢᠯᠡᠷᠡᠭᠦᠯᠬᠦ ᠶᠢ ᠴᠢᠬᠤᠯᠠᠴᠢᠯᠠᠵᠤ᠂ ᠲᠤᠰᠬᠠᠢ | ᠰᠡᠳᠦᠪᠲᠦ ᠮᠡᠳᠡᠭᠦᠯᠦᠯᠲᠡ ᠵᠤᠬᠢᠶᠠᠨ᠂ ᠠᠳᠠᠯᠢ ᠱᠠᠲᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠢᠨ | ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ | ︵ᠠᠷᠪᠠᠨ ᠲᠦᠷᠪᠡ︶ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠠᠷᠢᠯᠴᠠᠵᠤ ᠰᠠᠨᠠᠭᠤᠯᠬᠤ | ᠲᠦᠷᠢᠮ ᠢ ᠲᠡᠭᠦᠯᠳᠡᠷᠵᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠤ ᠪᠠᠶᠢᠬᠤ ᠪᠠᠶᠢᠳᠠᠯ ᠪᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠦ ᠪᠠᠶᠢᠬᠤ ᠪᠠᠶᠢᠳᠠᠯ ᠢ ᠦᠨᠡᠨ | ᠮᠥᠨ ᠢᠶᠠᠷ ᠨᠢ ᠮᠡᠳᠡᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠮᠡᠳᠡᠭᠦᠯᠦᠯᠲᠡ ᠬᠢᠬᠦ ᠪᠣᠯ | ᠲᠤᠬᠠᠶᠢᠯᠠᠭᠰᠠᠨ ᠠᠵᠢᠯ ᠮᠥᠨ᠂ ᠮᠡᠳᠡᠭᠦᠯᠬᠦ ᠶᠤᠰᠤᠳᠠᠢ ᠶᠢ ᠨᠢ ᠮᠡᠳᠡᠭᠦᠯᠬᠦ ᠦᠭᠡᠢ ᠪᠣᠯ ᠲᠤᠰᠢᠶᠠᠯ ᠳᠠᠭᠠᠨ | ᠣᠰᠣᠯᠳᠠᠭᠰᠠᠨ ᠶᠠᠪᠤᠳᠠᠯ ᠮᠥᠨ ᠭᠡᠬᠦ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠤᠳᠤᠷᠢᠳᠬᠤ ᠪᠠᠭ ᠤᠨ | ᠪᠦᠷᠢᠯᠳᠦᠬᠦᠨ ᠤ ᠴᠤᠬᠤᠶᠢᠮᠠᠯ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠠᠶᠢᠬᠤ ᠶᠢ ᠢᠯᠡᠷᠡᠭᠦᠯᠵᠦ ᠮᠡᠳᠡᠪᠡᠯ᠂ | ᠴᠠᠭ ᠲᠤᠬᠠᠢ ᠳᠤᠨᠢ ᠰᠠᠨᠠᠭᠤᠯᠬᠤ ᠬᠡᠷᠡᠭᠳᠠᠢ᠃ ᠴᠢᠬᠤᠯᠠ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠵᠦ | ᠮᠡᠳᠡᠪᠡᠯ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠠᠳᠠᠯᠢ ᠱᠠᠲᠤᠨ ᠤ ᠨᠠᠮ ᠤᠨ | ᠬᠤᠷᠢᠶᠠᠨ ᠤ ᠭᠤᠣᠯ ᠬᠠᠷᠢᠭᠤᠴᠠᠯᠭᠠᠲᠠᠨ ᠳᠤ ᠮᠡᠳᠡᠭᠦᠯᠵᠦ᠂ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠲᠤᠰᠬᠠᠬᠤ | ᠬᠡᠷᠡᠭᠲᠡᠢ᠃ ᠮᠡᠳᠡᠭᠦᠯᠬᠦ ᠥᠬᠡᠶ ᠪᠤᠶᠤ ᠦᠨᠡᠨ ᠮᠥᠨ ᠢᠶᠠᠷ ᠨᠢ ᠮᠡᠳᠡᠭᠦᠯᠬᠦ ᠥᠬᠡᠶ ᠪᠠᠶᠢᠪᠠᠯ ᠲᠦᠷᠢᠮ ᠲᠣᠭᠲᠠᠭᠠᠯ | ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃ | ᠳᠥᠷᠪᠡ᠂ ᠳᠣᠤᠷᠠᠳᠤ ᠱᠠᠲᠤᠨ ᠤ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠠᠢ | ︵ᠠᠷᠪᠠᠨ ᠲᠠᠪᠤ︶ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠲᠤᠤᠷᠠᠳᠤ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠠᠮᠢᠶᠠᠷᠤᠯᠲᠠ ᠪᠠ ᠬᠢᠨᠠᠯᠲᠠ ᠶᠢ ᠤᠳᠤᠷᠢᠳᠬᠤ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠥᠪᠡᠷ ᠤᠨ ︽ᠬᠠᠷᠢᠭᠤᠴᠠᠯᠭᠠᠳᠤ ᠤᠷᠤᠨ︾ ᠢᠶᠠᠨ ᠦᠨᠡᠨ ᠬᠦ ᠰᠠᠶᠢᠲᠤᠷ | ᠬᠠᠮᠢᠶᠠᠷᠴᠤ᠂ ᠰᠤᠭᠤᠴᠢᠨ ᠪᠠᠶᠢᠴᠠᠭᠠᠬᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠢᠯᠣᠭᠤᠳᠬᠤ᠂ ᠵᠠᠬᠢᠳᠠᠯ | ᠰᠤᠷᠪᠤᠯᠵᠢᠯᠠᠯ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠳᠤᠤᠷᠠᠳᠤ ᠱᠠᠲᠤᠨ ᠤ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠳᠠᠨ︾ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠬᠠᠷᠢᠭᠤᠴᠠᠯᠭ᠎ᠠ ᠲᠣᠳᠣᠷᠬᠠᠢ᠂ ᠭᠤᠤᠯ ᠴᠣᠭᠴᠠ ᠲᠣᠳᠣᠷᠬᠠᠢ᠂ ᠠᠷᠭ᠎ᠠ ᠬᠡᠮᠵᠢᠶ᠎ᠡ ᠨᠢ | ᠲᠤᠰᠠᠲᠠᠢ᠂ ᠬᠡᠷᠡᠭᠵᠢᠭᠦᠯᠬᠦ ᠳᠤ ᠪᠦᠲᠦᠮᠵᠢᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ︵ᠠᠷᠪᠠᠨ ᠵᠢᠷᠭᠤᠭ᠎ᠠ︶ ᠲᠦᠷᠢᠮ ᠤᠨ ᠰᠢᠩᠭᠡᠯᠢᠭ ᠢ ᠤᠯᠠᠮ ᠴᠢᠩᠭ᠎ᠠ ᠪᠠᠬᠢᠯᠡᠵᠦ᠂ ᠬᠢᠨᠠᠯᠲᠠ ᠲᠠᠯᠪᠢᠬᠤ | ᠠᠵᠢᠯ ᠢ ᠵᠢᠷᠤᠮᠵᠢᠭᠤᠯᠬᠤ ᠶᠢ ᠠᠬᠢᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠲᠦᠷᠢᠮ ᠢᠶᠠᠷ ᠡᠷᠬᠡ ᠶᠢ ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠬᠥᠮᠦᠨ ᠢ ᠬᠠᠮᠢᠶᠠᠷᠬᠤ ᠶᠢ ᠪᠠᠷᠢᠮᠲᠠᠯᠠᠵᠤ᠂ | ᠲᠤᠰᠢᠶᠠᠯ ᠳᠤ ᠲᠤᠮᠢᠯᠠᠬᠤ ᠳᠤ ᠤᠨᠴᠠᠭᠠᠢ ᠬᠠᠷᠢᠴᠠᠭ᠎ᠠ ᠠᠴᠠ ᠵᠠᠶᠢᠯᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ | ᠠᠵᠢᠯ ᠤᠨ ᠪᠠᠶᠢᠷᠢ ᠡᠭᠡᠯᠵᠢᠯᠡᠭᠦᠯᠬᠦ᠂ ᠺᠠᠳ᠋ᠷ ᠢ ᠰᠣᠯᠢᠯᠴᠠᠭᠤᠯᠬᠤ ᠲᠦᠷᠢᠮ ᠢ ᠪᠦᠷᠢᠨᠰᠢᠬᠦᠯᠵᠤ᠂ ︽ᠨᠢᠭᠡᠳᠦᠭᠡᠷ | ᠬᠠᠷᠢᠭᠤᠴᠠᠯᠭᠠᠳᠠᠨ︾ ᠳᠤ ᠨᠡᠩ ᠴᠢᠩᠭ᠎ᠠ ᠬᠠᠮᠢᠶᠠᠷᠤᠯᠲᠠ ᠶᠢᠨ ᠲᠦᠷᠢᠮ ᠲᠤᠭᠳᠠᠭᠠᠬᠤ ᠬᠡᠷᠡᠭᠳᠠᠢ᠃ ᠤᠳᠤᠷᠢᠳᠬᠤ | ᠺᠠᠳ᠋ᠷ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ ᠳᠦᠷᠢᠮ ᠢ ᠪᠠᠷᠢᠮᠲᠠᠯᠠᠨ | ᠲᠡᠭᠦᠯᠳᠡᠷᠵᠢᠭᠦᠯᠵᠦ᠂ ︽ᠨᠢᠭᠡᠳᠦᠭᠡᠷ ᠬᠠᠷᠢᠭᠤᠴᠠᠯᠭᠠᠳᠠᠨ︾ ᠤ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ | ᠶᠠᠪᠤᠳᠠᠯ ᠢ ᠤᠳᠤᠷᠢᠳᠬᠤ ᠪᠠᠭ ᠲᠤ ᠢᠯᠡ ᠪᠣᠯᠭᠠᠬᠤ ᠠᠵᠢᠯ ᠢ ᠠᠬᠢᠭᠤᠯᠬᠤ ᠬᠡᠷᠡᠭᠳᠠᠢ᠃ ᠺᠠᠳ᠋ᠷ ᠤᠨ ᠳᠠᠪᠬᠤᠷ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠭᠤᠤᠯᠯᠠᠨ ᠬᠠᠮᠢᠶᠠᠷᠬᠤ ᠲᠠᠯ᠎ᠠ᠂ ᠬᠠᠮᠵᠢᠨ ᠬᠠᠮᠢᠶᠠᠷᠬᠤ | ᠲᠠᠯ᠎ᠠ ᠠᠴᠠ ᠺᠠᠳ᠋ᠷ ᠲᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠳᠠᠢ᠃ | ︵ᠠᠷᠪᠠᠨ ᠳᠣᠯᠤᠭ᠎ᠠ︶ ᠤᠳᠤᠷᠢᠳᠬᠤ ᠺᠠᠳ᠋ᠷ ᠤᠨ ᠭᠡᠷ ᠪᠦᠯᠢ ᠶᠢᠨ ᠬᠢᠨ ᠤ ᠠᠵᠢᠯ ᠡᠷᠬᠢᠯᠡᠬᠦ ᠶᠢ | ᠵᠢᠷᠤᠮᠵᠢᠭᠤᠯᠵᠤ᠂ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠭᠡᠴᠢ ᠬᠠᠷᠢᠴᠠᠭ᠎ᠠ | ᠪᠠᠶᠢᠭᠤᠯᠬᠤ ᠶᠢ ᠠᠬᠢᠭᠤᠯᠤᠨ᠎ᠠ᠃ ᠤᠳᠤᠷᠢᠳᠬᠤ ᠺᠠᠳ᠋ᠷ ᠤᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ | ᠨᠦᠬᠦᠷ ᠤᠨ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠦ ᠠᠵᠢᠯᠯᠠᠭ᠎ᠠ ᠶᠢ ᠵᠢᠷᠤᠮᠵᠢᠭᠤᠯᠬᠤ ᠲᠣᠭᠲᠠᠭᠠᠯ ᠢ | ᠳᠡᠭᠡᠳᠦ ᠵᠡᠷᠭᠡ ᠶᠢᠨ ᠺᠠᠳ᠋ᠷ ᠲᠦᠷᠦᠭᠦᠯᠡᠨ ᠬᠡᠷᠡᠭᠵᠢᠭᠦᠯᠵᠦ᠂ ᠪᠦᠭᠦ ᠨᠠᠮ ᠳᠤ ᠦᠯᠢᠭᠡᠷ ᠵᠢᠱᠢᠶ᠎ᠡ ᠦᠵᠡᠭᠦᠯᠬᠦ ᠬᠡᠷᠡᠭᠲᠡᠢ᠃ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠤᠯᠪᠣᠭᠳᠠᠯ ᠪᠦᠬᠦᠢ ᠲᠣᠭᠲᠠᠭᠠᠯ ᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠪᠤᠢ ᠪᠤᠯᠭᠠᠬᠤ ᠬᠡᠷᠡᠭᠳᠠᠢ᠃ ᠤᠳᠤᠷᠢᠳᠬᠤ ᠺᠠᠳ᠋ᠷ ᠠᠵᠤ ᠠᠬᠤᠶᠢᠯᠠᠯᠲᠠᠨ ᠲᠠᠢ ᠶᠠᠪᠤᠯᠴᠠᠬᠤ ᠳᠠᠭᠠᠨ | ᠡᠷᠬᠡᠪᠰᠢ ᠬᠤᠷᠢᠭ᠎ᠠ ᠱᠤᠭᠤᠮ ᠢ ᠰᠠᠬᠢᠵᠤ᠂ ᠭᠡᠮ ᠬᠡᠮᠵᠢᠶ᠎ᠡ ᠶᠢ ᠰᠠᠶᠢᠲᠤᠷ ᠡᠵᠡᠮᠳᠡᠵᠤ᠂ ︽ᠨᠢᠭᠡᠳᠦᠭᠡᠷ | ᠬᠠᠷᠢᠭᠤᠴᠠᠯᠭᠠᠳᠠᠨ︾ ᠨᠢ ︽ᠳᠣᠲᠣᠨᠣ︾᠂ ︽ᠴᠢᠬᠡᠴᠢ︾ ᠪᠠᠶᠢᠬᠤ ᠱᠠᠭᠠᠷᠳᠠᠯᠭ᠎ᠠ ᠶᠢ ᠲᠦᠷᠦᠭᠦᠯᠡᠨ | ᠨᠠᠶᠢᠳᠠᠪᠤᠷᠢᠵᠢᠭᠤᠯᠵᠤ᠂ ᠡᠷᠬᠡ ᠪᠠᠨ ᠠᠰᠢᠬᠯᠠᠨ ᠠᠮᠢ ᠪᠠᠨ ᠪᠣᠷᠳᠣᠵᠤ᠂ ᠳᠠᠯᠳᠠᠭᠤᠷ ᠦᠢᠯᠡᠳᠬᠦ ᠪᠠ ᠠᠰᠢᠭ | ᠬᠦᠷᠳᠡᠭᠡᠵᠦ ᠪᠣᠯᠬᠤ ᠦᠭᠡᠢ︔ ᠥᠪᠡᠷ ᠤᠨ ᠲᠦᠷᠦᠯ ᠰᠠᠳᠤᠨ ᠨᠠᠶᠢᠵᠠ ᠪᠠᠨ ᠰᠠᠶᠢᠲᠤᠷ ᠬᠠᠮᠢᠶᠠᠷᠴᠤ᠂ ᠤᠳᠤᠷᠢᠳᠬᠤ | ᠺᠠᠳ᠋ᠷ ᠤᠨ ᠲᠤᠰᠢᠶᠠᠯ ᠢ ᠠᠰᠢᠬᠯᠠᠨ ᠡᠳ᠋ ᠠᠰᠢᠭ ᠤᠯᠬᠤ ᠶᠢ ᠤᠬᠳᠤ ᠵᠦᠪᠰᠢᠶᠡᠷᠡᠵᠤ ᠪᠤᠯᠬᠤ ᠦᠭᠡᠢ᠂ ᠮᠠᠭᠤ | ᠰᠠᠨᠠᠭ᠎ᠠ ᠲᠠᠢ ᠬᠦᠮᠦᠰ ᠤᠳᠤᠷᠢᠳᠬᠤ ᠺᠠᠳ᠋ᠷ ᠤᠨ ᠭᠡᠷ ᠪᠦᠯᠢ ᠶᠢᠨ ᠪᠦᠷᠢᠯᠳᠦᠬᠦᠨ ᠢ ︽ᠬᠤᠮᠤᠷᠭᠠᠯᠠᠬᠳᠠᠬᠤ︾ ᠶᠢ | ᠰᠡᠷᠭᠡᠶᠢᠯᠡᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠭ᠎ᠠ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠬᠡᠴᠢ | ᠬᠠᠷᠢᠴᠠᠭ᠎ᠠ ᠶᠢ ᠪᠠᠶᠢᠭᠤᠯᠬᠤ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠵᠠᠭᠠᠯᠳᠤᠵᠤ | ᠢᠯᠡᠴᠢᠯᠡᠨ ᠮᠡᠳᠡᠭᠦᠯᠬᠦ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠠᠰᠠᠭᠤᠳᠠᠯ ᠢ ᠢᠯᠡᠷᠡᠭᠦᠯᠪᠡᠯ ᠲᠣᠭᠲᠠᠭᠠᠯ | ᠶᠣᠰᠣᠭᠠᠷ ᠰᠠᠬᠢᠯᠭ᠎ᠠ ᠪᠠᠲᠤ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ | ︵ᠠᠷᠪᠠᠨ ᠨᠠᠢᠮᠠ︶ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠣᠤᠷᠠᠳᠤ ᠱᠠᠲᠤᠨ ᠤ | ᠨᠢᠭᠡᠴᠢ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠠᠬᠢ ᠵᠢᠯᠣᠭᠤᠳᠣᠯᠭ᠎ᠠ ᠶᠢ | ᠴᠢᠩᠭᠠᠳᠬᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠷᠠᠳᠴᠢᠯᠠᠯ ᠤᠨ ᠠᠮᠢᠳᠤᠷᠠᠯ ᠤᠨ ᠬᠤᠷᠠᠯ ᠢ | ᠰᠠᠶᠢᠲᠤᠷ ᠵᠣᠬᠢᠶᠠᠨ ᠪᠠᠶᠢᠭᠤᠯᠵᠤ ᠬᠤᠷᠠᠯᠳᠤᠭᠤᠯᠬᠤ ᠤᠳᠤᠷᠢᠳᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠤᠷᠠᠳᠤ | ᠱᠠᠲᠤᠨ ᠤ ᠨᠢᠭᠡᠴᠢ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠢ | ᠨᠢᠭᠡᠳᠦᠯᠲᠡᠢ ᠲᠣᠭᠲᠠᠭᠠᠬᠤ ᠪᠤᠶᠤ ᠵᠥᠪᠰᠢᠶᠡᠷᠡᠵᠦ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠤᠨ ᠪᠦᠷᠢᠯᠳᠦᠬᠦᠨ ᠲᠤᠤᠷᠠᠳᠤ ᠱᠠᠲᠤᠨ ᠤ ᠨᠢᠭᠡᠴᠢ ᠶᠢᠨ ᠤᠳᠤᠷᠢᠳᠬᠤ ᠪᠠᠭ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠲᠥᠯᠥᠪᠯᠡᠭᠡ ᠲᠠᠢ ᠪᠠᠷ ᠣᠷᠣᠯᠴᠠᠬᠤ ᠬᠡᠷᠡᠭᠲᠡᠢ᠃ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠨᠢ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠲᠠᠢ ᠬᠠᠮᠲᠤᠷᠠᠨ ᠲᠤᠤᠷᠠᠳᠤ | ᠱᠠᠲᠤᠨ ᠤ ᠨᠢᠭᠡᠴᠢ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠱᠠᠯᠠᠪᠲᠠᠭᠤᠯᠤᠨ | ᠪᠠᠶᠢᠴᠠᠭᠠᠬᠤ ᠪᠦᠭᠡᠳ ᠵᠢᠭᠠᠨ ᠵᠢᠯᠣᠭᠤᠳᠴᠤ᠂ ︽ᠨᠢᠭᠡᠳᠦᠭᠡᠷ ᠬᠠᠷᠢᠭᠤᠴᠠᠯᠭᠠᠲᠠᠠ︾ ᠤ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠥᠷᠨᠢᠭᠦᠯᠦᠭᠰᠡᠨ ᠣᠪᠣᠷ ᠨᠢ ᠢᠯᠡ ᠲᠣᠳᠣ ᠪᠠᠶᠢᠬᠤ ᠡᠰᠡᠬᠦ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠨᠢ ᠦᠨᠡᠨ ᠬᠦ ᠨᠢᠭᠤᠷ ᠤᠯᠠᠶᠢᠵᠤ ᠬᠥᠯᠥᠰᠥ ᠭᠠᠷᠴᠤ ᠪᠠᠶᠢᠬᠤ ᠡᠰᠡᠬᠦ ᠶᠢ ᠭᠤᠣᠯᠳᠠᠯᠭ᠎ᠠ ᠲᠠᠢ | ᠪᠠᠶᠢᠴᠠᠭᠠᠬᠤ ᠬᠡᠷᠡᠭᠳᠠᠢ᠃ ᠲᠣᠭᠲᠠᠭᠠᠯ ᠶᠣᠰᠣᠭᠠᠷ ᠬᠤᠷᠠᠯᠳᠤᠭᠤᠯᠤᠭᠰᠠᠨ ᠦᠭᠡᠶ ᠪᠠᠶᠢᠪᠠᠯ ᠴᠢᠩᠭ᠎ᠠ ᠵᠢᠭᠠᠨ | ᠭᠠᠷᠭᠠᠬᠤ ᠶᠢᠨ ᠬᠠᠮᠲᠤ ᠵᠠᠯᠠᠷᠠᠭᠤᠯᠵᠤ᠂ ᠶᠣᠰᠣᠨ ᠲᠡᠳᠦᠶ ᠥᠩᠭᠡᠷᠡᠭᠦᠯᠬᠦ ᠶᠢ ᠨᠢ ᠵᠠᠷᠯᠢᠭᠳᠠᠵᠤ ᠪᠠᠶᠢᠭᠠᠳ ᠳᠠᠬᠢᠵᠤ | ᠬᠤᠷᠠᠯᠳᠤᠭᠤᠯᠬᠤ ᠬᠡᠷᠡᠭᠳᠠᠢ᠃ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶ᠎ᠠ ᠭᠠᠵᠠᠷ | ᠣᠷᠣᠨ᠂ ᠰᠠᠯᠠᠭ᠎ᠠ ᠮᠥᠴᠢᠷ᠂ ᠨᠢᠭᠡᠴᠢ ᠳᠤ ᠴᠢᠬᠤᠯᠠ ᠶᠡᠭᠡ ᠠᠰᠠᠭᠤᠳᠠᠯ ᠭᠠᠷᠤᠭᠰᠠᠨ ᠪᠠᠶᠢᠪᠠᠯ᠂ ᠲᠤᠤᠷᠠᠳᠤ | ᠱᠠᠲᠤᠨ ᠤ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠠᠭ | ᠲᠤᠬᠠᠢ ᠳᠤᠨᠢ ᠬᠤᠷᠠᠯᠳᠤᠭᠤᠯᠬᠤ ᠶᠢ ᠱᠠᠯᠠᠪᠲᠠᠭᠤᠯᠤᠨ ᠱᠠᠭᠠᠷᠲᠠᠬᠤ ᠬᠡᠷᠡᠭᠳᠠᠢ᠃ | ︵ᠠᠷᠪᠠ ᠶᠢᠰᠦ︶ ᠬᠥᠮᠦᠨ ᠰᠣᠩᠭᠤᠵᠤ ᠬᠥᠮᠦᠨ ᠬᠡᠷᠡᠭᠯᠡᠬᠦ ᠵᠣᠬᠢᠶᠠᠨ ᠪᠠᠶᠢᠭᠤᠯᠤᠯᠲᠠ ᠶᠢᠨ ᠪᠣᠭᠤᠮᠲᠠ ᠶᠢ | ᠴᠢᠩᠭ᠎ᠠ ᠰᠠᠬᠢᠵᠤ᠂ ᠺᠠᠳ᠋ᠷ ᠢ ᠬᠢᠨᠠᠨ ᠪᠠᠶᠢᠴᠠᠭᠠᠵᠤ ᠬᠢᠨᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ | ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠤᠷᠠᠳᠤ ᠱᠠᠲᠤᠨ ᠤ ᠤᠳᠤᠷᠢᠳᠬᠤ ᠪᠠᠭ ᠤᠨ | ᠪᠦᠷᠢᠯᠳᠦᠬᠦᠨ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠳᠤ ᠲᠣᠮᠢᠯᠠᠬᠤ ᠪᠠᠷ ᠪᠠᠶᠢᠭ᠎ᠠ | ᠵᠢᠱᠢᠭᠳᠡᠭᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠵᠠᠳᠠᠯᠤᠨ ᠰᠤᠳᠤᠯᠵᠤ ᠮᠠᠭᠠᠳᠯᠠᠬᠤ ᠪᠠ ᠰᠠᠨᠠᠭᠠᠴᠢᠯᠠᠭ᠎ᠠ | ᠭᠠᠷᠭᠠᠬᠤ᠂ ᠠᠷᠠᠳᠴᠢᠯᠠᠯ ᠢᠶᠠᠷ ᠲᠠᠨᠢᠯᠴᠠᠭᠤᠯᠬᠤ᠂ ᠰᠢᠯᠭᠠᠨ ᠪᠠᠶᠢᠴᠠᠭᠠᠬᠤ᠂ ᠶᠠᠷᠢᠯᠴᠠᠨ ᠲᠣᠭᠲᠠᠭᠠᠬᠤ ᠵᠡᠷᠭᠡ ᠡᠯ᠎ᠡ | ᠭᠤᠭᠴᠤᠭ᠎ᠠ ᠶᠢᠨ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠭᠡᠷᠡᠭᠲᠡᠢ᠃ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠰᠠᠶᠢᠨ ᠺᠠᠳ᠋ᠷ ᠤᠨ ᠪᠠᠷᠢᠮᠵᠢᠶ᠎ᠠ ᠶᠣᠰᠣᠭᠠᠷ᠂ ︽ᠰᠢᠯᠢᠨ ᠲᠡᠪᠰᠢᠭᠦᠯᠬᠦ ᠳᠤ ᠳᠦᠷᠪᠡ ᠶᠢ ᠵᠠᠪᠠᠯ | ᠭᠦᠢᠴᠡᠳᠭᠡᠬᠦ︾ ᠲᠡᠰ ᠲᠠᠷᠠᠭᠠᠯᠠᠯ ᠢ ᠴᠢᠩᠳᠠᠯᠠᠵᠤ᠂ ᠺᠠᠳ᠋ᠷ ᠢ ᠪᠦᠬᠦ ᠲᠠᠯ᠎ᠠ ᠪᠠᠷ ᠰᠢᠯᠭᠠᠨ ᠪᠠᠶᠢᠴᠠᠭᠠᠬᠤ ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠤᠳᠤᠷᠢᠳᠬᠤ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠲᠤᠬᠠᠢ ᠲᠠᠩᠰᠠ ᠡᠪᠬᠡᠮᠡᠯ ᠢ ᠬᠥᠳᠡᠯᠦᠩᠭᠦᠢ ᠪᠠᠷ ᠰᠢᠨᠡᠳᠬᠡᠵᠦ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠲᠤᠬᠠᠢ | ᠰᠠᠨᠠᠯ ᠳᠤ ᠬᠠᠷᠢᠭᠤ ᠥᠭᠬᠦ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠠᠴᠠ ᠳᠤᠤᠷᠠᠳᠤ ᠱᠠᠲᠤᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠢ | ᠱᠠᠲᠤ ᠲᠥᠷᠥᠯ ᠬᠤᠪᠢᠶᠠᠨ ᠰᠢᠯᠭᠠᠨ ᠬᠢᠨᠠᠵᠤ᠂ ᠲᠣᠭᠤᠷᠢᠨ ᠪᠠᠶᠢᠴᠠᠭᠠᠬᠤ᠂ ᠠᠵᠤ ᠠᠬᠤᠶ ᠶᠢᠨ ᠬᠠᠷᠢᠭᠤᠴᠠᠯᠭ᠎ᠠ ᠶᠢ | ᠬᠢᠨᠠᠨ ᠪᠤᠳᠤᠬᠤ᠂ ᠠᠵᠢᠯ ᠢ ᠱᠠᠯᠠᠪᠲᠠᠭᠤᠯᠤᠨ ᠪᠠᠶᠢᠴᠠᠭᠠᠬᠤ᠂ ᠬᠤᠯᠪᠤᠭᠲᠠᠯ ᠪᠥᠬᠦᠶ ᠲᠤᠬᠠᠶᠢᠯᠠᠭᠰᠠᠨ ᠠᠵᠢᠯ ᠤᠨ | ᠰᠠᠯᠠᠭ᠎ᠠ ᠮᠥᠴᠢᠷ ᠢ ᠰᠢᠯᠭᠠᠨ ᠬᠢᠨᠠᠭᠠᠳ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠵᠤ᠂ ᠪᠥᠬᠦ ᠲᠠᠯ᠎ᠠ ᠪᠠᠷ | ᠪᠤᠰᠤᠳᠴᠢ ᠪᠠᠷ ᠦᠨᠡᠯᠡᠬᠦ ᠬᠡᠷᠡᠭᠲᠡᠶ᠃ ᠵᠢᠯ ᠪᠦᠷᠢ ᠬᠡᠰᠡᠭ ︽ᠨᠢᠭᠡᠳᠦᠭᠡᠷ ᠬᠠᠷᠢᠭᠤᠴᠠᠯᠭᠠᠲᠠᠠ︾ ᠪᠣᠯᠤᠨ | ᠤᠳᠤᠷᠢᠳᠬᠤ ᠪᠠᠭ ᠢ ᠰᠣᠩᠭᠤᠨ ᠲᠣᠭᠲᠠᠭᠠᠵᠤ ᠭᠤᠣᠯᠳᠠᠯᠭ᠎ᠠ ᠲᠠᠢ ᠬᠢᠨᠠᠨ ᠰᠢᠯᠭᠠᠯᠲᠠ ᠬᠢᠵᠦ᠂ ᠲᠤᠰᠬᠠᠯ ᠨᠡᠯᠢᠶᠡᠳ | ᠠᠷᠪᠢᠨ ᠪᠠᠶᠢᠭ᠎ᠠ ᠠᠰᠠᠭᠤᠳᠠᠯ ᠢ ᠲᠤᠰᠬᠠᠢ ᠬᠢᠨᠠᠨ ᠰᠢᠯᠭᠠᠯᠳᠠ ᠬᠢᠬᠦ ᠬᠡᠷᠡᠭᠳᠠᠢ᠃ | ︵ᠬᠤᠷᠢ︶ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠵᠠᠳᠠᠯᠵᠦ ᠰᠤᠳᠤᠯᠤᠨ ᠮᠠᠭᠠᠳᠯᠠᠵᠦ᠂ ᠤᠯᠠᠨ ᠲᠦᠮᠡᠨ ᠤ ᠲᠤᠰᠬᠠᠯ ᠶᠡᠬᠡᠲᠡᠢ ᠤᠳᠤᠷᠢᠳᠬᠤ | ᠺᠠᠳ᠋ᠷ ᠲᠤ ᠴᠠᠭ ᠲᠤᠬᠠᠢ ᠳᠤᠨᠢ ᠰᠡᠷᠡᠮᠵᠢ ᠶᠢᠨ ᠲᠤᠬᠢᠶ᠎ᠠ ᠥᠭᠭᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠬᠦ ᠠᠵᠢᠯ ᠢ ᠴᠢᠬᠤᠯᠠᠴᠢᠯᠠᠵᠤ᠂ ᠤᠳᠤᠷᠢᠳᠬᠤ | ᠺᠠᠳ᠋ᠷ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠲᠠᠠ︾ ᠤ ᠲᠤᠬᠠᠢ ᠤᠯᠠᠨ ᠲᠦᠮᠡᠨ ᠤ ᠲᠤᠰᠬᠠᠯ ᠢ ᠤᠢᠢᠯᠠᠭᠠᠨ | ᠡᠵᠡᠮᠰᠢᠬᠦ ᠬᠡᠷᠡᠭᠲᠡᠢ᠃ ᠤᠳᠤᠷᠢᠳᠬᠤ ᠺᠠᠳ᠋ᠷ ᠤᠯᠡᠠ ᠲᠦᠮᠡᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ᠂ | ᠤᠯᠡᠠ ᠲᠦᠮᠡᠨ ᠤ ᠰᠠᠨᠠᠯ ᠰᠢᠭᠦᠮᠵᠢᠯᠡᠯ ᠳᠤ ᠲᠥᠪ ᠴᠢᠩᠭ᠎ᠠ ᠨᠠᠷᠢᠨ ᠬᠢᠨᠠᠮᠠᠭᠠᠢ ᠬᠠᠨᠳᠤᠬᠤ ᠬᠡᠷᠡᠭᠲᠡᠢ᠃ ᠰᠠᠬᠢᠯᠭ᠎ᠠ | ᠪᠠᠲᠤ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠠᠬᠢᠳᠠᠯ ᠰᠤᠷᠪᠤᠯᠵᠢᠯᠠᠯ ᠢᠶᠠᠷ | ᠢᠯᠡᠴᠢᠯᠡᠨ ᠮᠡᠳᠡᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ᠂ ᠲᠤᠰᠬᠠᠭᠰᠠᠨ | ᠠᠰᠠᠭᠤᠳᠠᠯ ᠳᠤ ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠰᠠᠨᠠᠯ ᠳᠤᠷᠠᠳᠴᠤ᠂ ᠵᠠᠬᠢᠳᠠᠯ ᠰᠤᠷᠪᠤᠯᠵᠢᠯᠠᠯ ᠤᠨ | ᠢᠯᠡᠴᠢᠯᠡᠨ ᠮᠡᠳᠡᠭᠦᠯᠦᠯᠳᠡ ᠨᠡᠯᠢᠶᠡᠳ ᠲᠥᠪᠯᠡᠷᠡᠭᠰᠡᠨ ᠣᠷᠣᠨ ᠨᠤᠲᠤᠭ᠂ ᠰᠠᠯᠠᠭ᠎ᠠ ᠮᠥᠴᠢᠷ᠂ ᠨᠢᠭᠡᠴᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢ ᠱᠠᠯᠠᠪᠲᠠᠠ ᠱᠠᠭᠠᠷᠲᠠᠵᠦ ᠪᠠᠶᠢᠭᠠᠳ ᠰᠢᠯᠲᠠᠭᠠᠨ ᠢ ᠨᠢ ᠡᠷᠢᠭᠦᠯᠵᠦ ᠵᠠᠳᠠᠯᠤᠯᠲᠠ ᠬᠢᠯᠭᠡᠬᠦ | ᠬᠡᠷᠡᠭᠲᠡᠢ᠃ ᠳᠣᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠠ︾ ᠵᠢᠴᠢ ᠤᠳᠤᠷᠢᠳᠬᠤ ᠪᠠᠭ ᠤᠨ ᠪᠤᠰᠤᠳ | ᠪᠦᠷᠢᠯᠳᠦᠬᠦᠨ ᠳᠤ ᠬᠤᠯᠪᠣᠭᠳᠠᠬᠰᠠᠠ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ | ᠲᠤᠰᠬᠠᠶ ᠰᠡᠳᠦᠪ ᠢᠶᠠᠷ ᠵᠠᠳᠠᠯᠤᠯᠲᠠ ᠬᠢᠵᠦ᠂ ᠨᠡᠶᠢᠭᠡᠮ ᠤᠨ ᠲᠤᠰᠬᠠᠯ ᠢᠶᠠᠷ ᠲᠣᠪᠤᠶᠢᠮ᠎ᠠ᠂ ᠣᠯᠠᠨ ᠲᠦᠮᠡᠨ ᠤ | ᠦᠨᠡᠯᠡᠯᠲᠠ ᠨᠡᠯᠢᠶᠡᠳ ᠠᠨᠠᠶ ᠪᠠᠶᠢᠬᠤ ᠤᠳᠤᠷᠢᠳᠬᠤ ᠺᠠᠳ᠋ᠷ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ | ᠡᠩ ᠤᠨ ᠴᠢᠨᠠᠷᠲᠠᠶ ᠠᠰᠠᠭᠤᠳᠠᠯ ᠳᠤ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠬᠡᠷᠡᠭᠲᠡᠶ᠃ | ︵ᠬᠤᠷᠢᠨ ᠨᠢᠭᠡ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤᠵᠢᠭᠤᠯᠬᠤ ᠶᠢ | ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠴᠡᠭᠴᠡᠯᠡᠨ | ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ᠂ ᠭᠤᠤᠯᠳᠠᠯᠭ᠎ᠠ ᠲᠠᠢ ᠠᠰᠠᠭᠤᠳᠠᠯ ᠢ ᠱᠠᠯᠠᠪᠳᠠᠭᠤᠯᠤᠨ | ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠲᠠᠬᠤ | ᠬᠡᠷᠡᠭᠲᠡᠶ᠃ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠬᠦ ᠳᠤ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠬᠡᠷᠡᠭᠲᠡᠶ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠬᠤ᠂ ᠱᠠᠯᠠᠪᠲᠠᠭᠤᠯᠤᠨ ᠰᠢᠢᠳᠪᠦᠷᠢᠯᠡᠭᠦᠯᠬᠦ᠂ | ᠬᠠᠷᠢᠭᠤ ᠲᠤᠰᠬᠠᠬᠤ ᠪᠠ ᠬᠠᠷᠢᠭᠤ ᠰᠤᠷᠪᠤᠯᠵᠢᠯᠠᠵᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠠᠢ᠃ | ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠴᠠᠭ ᠲᠤᠬᠠᠶ ᠳᠤᠨᠢ ᠪᠣᠳᠠᠲᠠᠶᠢᠵᠢᠭᠤᠯᠤᠭᠰᠠᠨ ᠥᠬᠡᠶ ᠴᠢᠨᠠᠭᠰᠢᠯᠠᠪᠠᠯ | ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠳᠤ ᠶᠣᠰᠣᠭᠠᠷ ᠴᠢᠩᠭ᠎ᠠ | ᠰᠢᠢᠳᠪᠦᠷᠢᠯᠡᠵᠦ᠂ ᠨᠡᠶᠢᠲᠡᠯᠢᠭ ᠠᠰᠠᠭᠤᠳᠠᠯ ᠢ ᠵᠠᠷᠯᠠᠨ ᠨᠡᠶᠢᠲᠡᠯᠡᠵᠦ ᠢᠯᠡᠴᠢᠯᠡᠬᠦ ᠬᠡᠷᠡᠭᠲᠡᠶ᠃ | ᠲᠠᠪᠤ᠂ ᠬᠢᠨᠠᠯᠲᠠ ᠲᠠᠯᠪᠢᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠬᠡᠷᠡᠭᠳᠠᠢ | ︵ᠬᠤᠷᠢᠨ ᠬᠤᠶᠠᠷ︶ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠷᠬᠡᠪᠰᠢ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ | ᠨᠢᠭᠡᠴᠢ ᠶᠢᠨ ᠢᠶᠠᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠢ ᠰᠠᠶᠢᠲᠤᠷ ᠤᠳᠤᠷᠢᠳᠴᠤ᠂ | ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠨᠢᠭᠡᠳᠦᠭᠡᠷ ᠬᠠᠷᠢᠭᠤᠴᠠᠯᠭᠠᠲᠠᠠ︾ | ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠲᠤᠪᠤᠶᠢᠮ᠎ᠠ | ᠪᠠᠶᠢᠷᠢᠨ ᠳᠤ ᠲᠠᠯᠪᠢᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠠᠳᠬᠤᠬᠤ ᠪᠠᠷ ᠳᠠᠮᠵᠢᠭᠤᠯᠤᠨ ︽ | ᠵᠣᠩᠬᠢᠯᠠᠬᠤ ᠤᠯᠠᠨ ᠲᠣᠭᠠᠲᠠᠨ︾ ᠢ ᠳᠠᠶᠢᠴᠢᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠡᠯ᠎ᠡ ᠵᠦᠢᠯ ᠤᠨ | ᠬᠢᠨᠠᠯᠲᠠ ᠲᠠᠯᠪᠢᠯᠲᠠ ᠶᠢ ᠨᠢᠭᠡᠲᠦᠯᠲᠡᠢ ᠲᠥᠯᠥᠪᠵᠢᠭᠦᠯᠦᠨ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ | ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠬᠦ ᠪᠦᠭᠡᠳ ᠬᠢᠨᠠᠯᠲᠠ ᠲᠠᠯᠪᠢᠵᠤ᠂ ᠨᠠᠮ ᠤᠨ | ᠠᠵᠢᠯ ᠤᠨ ᠪᠠᠶᠢᠭᠤᠯᠭ᠎ᠠ ᠶᠢ ᠱᠠᠯᠠᠪᠲᠠᠭᠤᠯᠵᠦ ᠪᠠᠶᠢᠭᠠᠳ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠡᠭᠦᠷᠭᠡ | ᠴᠢᠳᠠᠪᠤᠷᠢ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠳᠦᠷ ᠲᠤᠳᠤᠮ ᠤᠨ ᠬᠢᠨᠠᠯᠲᠠ ᠲᠠᠯᠪᠢᠯᠲᠠ ᠪᠠ ᠨᠠᠮ ᠤᠨ ᠭᠡᠰᠢᠭᠦᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠳᠠᠢ᠃ | ︵ᠬᠤᠷᠢᠨ ᠭᠤᠷᠪᠠ︶ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠤᠳᠤᠷᠢᠳᠤᠮᠵᠢ ᠪᠣᠯᠭᠠᠵᠤ᠂ | ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠬᠤᠯᠪᠤᠯᠳᠤᠭᠤᠯᠤᠨ ᠨᠡᠪᠲᠡᠷᠡᠭᠦᠯᠦᠨ᠎ᠡ᠃ ᠡᠯ᠎ᠡ ᠱᠠᠲᠤᠨ ᠤ ᠨᠠᠮ ᠤᠨ | ᠬᠤᠷᠢᠶ᠎ᠠ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢᠨ ᠳᠠᠶᠢᠴᠢᠯᠠᠬᠤ ᠦᠢᠯᠡᠳᠦᠯ ᠢ ᠦᠨᠡᠨ ᠬᠦ | ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ᠂ ᠠᠷᠠᠳᠴᠢᠯᠠᠭᠰᠠᠨ | ᠬᠢᠨᠠᠯᠲᠠ ᠲᠠᠯᠪᠢᠯᠲᠠ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ᠂ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ᠂ | ᠬᠢᠨᠠᠨ ᠪᠤᠳᠤᠬᠤ ᠬᠢᠨᠠᠯᠲᠠ ᠲᠠᠯᠪᠢᠯᠲᠠ᠂ ᠡᠳ᠋ ᠤᠨ ᠶᠠᠪᠤᠳᠠᠯ ᠪᠠ ᠨᠢᠭᠲᠠᠯᠠᠨ ᠪᠤᠳᠤᠬᠤ ᠬᠢᠨᠠᠯᠲᠠ ᠲᠠᠯᠪᠢᠯᠲᠠ᠂ ᠲᠤᠭ᠎ᠠ | ᠪᠦᠷᠢᠳᠬᠡᠯ ᠤᠨ ᠬᠢᠨᠠᠯᠲᠠ ᠲᠠᠯᠪᠢᠯᠲᠠ᠂ ᠤᠯᠠᠨ ᠲᠦᠮᠡᠨ ᠤ ᠬᠢᠨᠠᠯᠲᠠ ᠲᠠᠯᠪᠢᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠵᠤ᠂ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠨᠢᠭᠡᠳᠦᠯᠲᠡᠶ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠬᠢᠨᠠᠯᠲᠠ ᠲᠠᠯᠪᠢᠬᠤ ᠮᠡᠳᠡᠭᠡ | ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠳᠭᠡᠵᠦ᠂ ᠲᠣᠮᠣ ᠳ᠋ᠠᠶᠢᠲ᠋ᠠ ᠶᠢ ᠪᠦᠲᠦᠮᠵᠢᠲᠡᠶ ᠬᠡᠷᠡᠭᠯᠡᠨ᠂ ᠴᠢᠬᠤᠯᠠ ᠶᠡᠭᠡ | ᠬᠢᠨᠠᠯᠲᠠ ᠲᠠᠯᠪᠢᠬᠤ ᠵᠦᠢᠯᠡᠰ ᠢ ᠵᠥᠪᠳᠡᠯᠴᠡᠵᠦ ᠰᠤᠳᠤᠯᠤᠨ ᠮᠠᠭᠠᠳᠯᠠᠬᠤ᠂ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠣᠨᠣᠰᠴᠤ᠂ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠨᠠᠩ ᠬᠠᠮᠵᠢᠯᠴᠠᠨ ᠪᠦᠲᠦᠮᠵᠢᠲᠡᠶ ᠪᠣᠯᠭᠠᠬᠤ ᠬᠡᠷᠡᠭᠲᠡᠶ᠃ | ︵ᠬᠤᠷᠢᠨ ᠳᠥᠷᠪᠡ︶ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠰᠬᠠᠶ | ᠬᠠᠷᠢᠭᠤᠴᠠᠯᠭᠠᠲᠦ ᠪᠠᠶᠢᠭᠤᠯᠭ᠎ᠠ ᠶᠢᠨ ᠦᠶ᠋ᠯᠡᠳᠦᠯ ᠢ ᠪᠠᠳᠠᠷᠠᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ | ᠤᠯᠤᠰ ᠲᠦᠷᠦ ᠶᠢᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ ᠲᠠᠯᠪᠢᠯᠲᠠ ᠶᠢ | ᠪᠣᠳᠠᠲᠠᠶᠢᠵᠢᠭᠤᠯᠵᠤ᠂ ᠡᠯ᠎ᠡ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠠ︾ ᠪᠠ ᠤᠳᠤᠷᠢᠳᠬᠤ ᠪᠠᠭ ᠤᠨ ᠬᠢᠨ ᠢ | ᠱᠠᠯᠠᠪᠳᠠᠭᠤᠯᠤᠨ ᠱᠠᠭᠠᠷᠳᠠᠵᠤ ᠪᠠᠶᠢᠭᠠᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠰᠠᠶᠢᠲᠤᠷ | ᠭᠦᠢᠴᠡᠳᠬᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ︽ᠳᠥᠷᠪᠡᠨ ᠵᠦᠢᠯ ᠤᠨ ᠬᠡᠯᠪᠡᠷᠢ︾ ᠢ | ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ | ᠬᠡᠷᠡᠭᠵᠢᠭᠦᠯᠬᠦ ᠪᠠᠷ ᠲᠦᠷᠢᠮ ᠤᠨ ᠴᠢᠩᠭ᠎ᠠ ᠴᠢᠨᠠᠷ ᠢ ᠴᠢᠩᠭᠠᠳᠬᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠵᠦ᠂ ᠡᠷᠬᠡ ᠪᠠᠨ ᠠᠰᠢᠠᠠᠯᠠᠠ ᠠᠮᠢ ᠪᠠᠨ ᠪᠣᠷᠳᠣᠭᠰᠠᠳ ᠢ ᠡᠷᠡᠰ ᠪᠠᠶᠢᠴᠠᠭᠠᠨ ᠰᠢᠢᠳᠪᠦᠷᠢᠯᠡᠵᠦ᠂ ᠠᠳᠬᠤᠬᠤ | ᠥᠬᠡᠶ ᠬᠠᠮᠢᠶᠠᠷᠬᠤ ᠥᠬᠡᠶ᠂ ᠲᠤᠰᠢᠶᠠᠯ ᠳᠠᠭᠠᠨ ᠣᠰᠣᠯᠳᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠶ᠃ ᠳᠣᠣᠷᠠᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠤᠳᠤᠷᠢᠳᠤᠯᠭ᠎ᠠ ᠶᠢ ᠴᠢᠩᠭᠠᠳᠬᠠᠵᠤ᠂ ᠳᠣᠣᠷᠠᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠶᠡᠭᠡ ᠪᠠᠷ | ᠳᠠᠮᠵᠢᠵᠤ᠂ ᠰᠠᠬᠢᠯᠭ᠎ᠠ ᠪᠠᠲᠤ ᠪᠠᠷ ᠬᠢᠨᠠᠯᠲᠠ ᠲᠠᠯᠪᠢᠬᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠲᠣᠮᠢᠯᠠᠨ | ᠰᠠᠭᠤᠯᠭᠠᠵᠤ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠨᠢᠭᠡᠳᠦᠯᠲᠡᠶ | ᠲᠥᠯᠥᠪᠵᠢᠭᠦᠯᠦᠨ ᠵᠣᠯᠭᠠᠭᠤᠯᠬᠤ ᠶᠢ ᠠᠬᠢᠭᠤᠯᠵᠤ᠂ ᠪᠦᠬᠦᠨ ᠢ ᠬᠠᠮᠤᠷᠬᠤ ᠬᠢᠨᠠᠯᠲᠠ ᠲᠠᠯᠪᠢᠯᠲᠠ ᠶᠢᠨ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠳᠠᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ | ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠦᠨ᠂ | ᠤᠬᠠᠮᠰᠠᠷ ᠠᠴᠠ ᠪᠠᠨ ᠬᠢᠨᠠᠯᠲᠠ ᠲᠠᠯᠪᠢᠯᠲᠠ ᠶᠢ ᠬᠦᠯᠢᠶᠡᠵᠦ᠂ ᠡᠷᠬᠡ ᠶᠢ ᠴᠢᠩᠭ᠎ᠠ ᠬᠢᠵᠠᠭᠠᠷᠯᠠᠬᠤ ᠶᠢ ᠦᠨᠡᠨ ᠬᠦ | ᠪᠠᠲᠤᠯᠠᠬᠤ ᠬᠡᠷᠡᠭᠳᠠᠢ᠃ | ︵ᠬᠤᠷᠢᠨ ᠲᠠᠪᠤ︶ ᠰᠢᠨ᠎ᠡ ᠡᠭᠦᠳᠦᠯᠳᠡ ᠶᠢ ᠢᠳᠡᠪᠬᠢᠲᠡᠶ ᠰᠦᠪᠡᠭᠴᠢᠯᠡᠵᠦ᠂ ᠴᠢᠭᠯᠡᠭᠦᠯᠦᠯᠲᠦ ᠴᠢᠨᠠᠷ᠂ | ᠪᠦᠲᠦᠮᠵᠢᠲᠦ ᠴᠢᠨᠠᠷ ᠢ ᠴᠢᠩᠭᠠᠷᠠᠭᠤᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠬᠤ | ᠺᠠᠳ᠋ᠷ ᠲᠤᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠡᠯ᠎ᠡ | ᠵᠦᠢᠯ ᠤᠨ ᠬᠢᠨᠠᠯᠲᠠ ᠲᠠᠯᠪᠢᠯᠲᠠ ᠶᠢᠨ ᠲᠦᠷᠢᠮ ᠢ ᠲᠡᠷᠡ ᠶᠣᠰᠣᠭᠠᠷ ᠨᠢ ᠲᠤᠭᠤᠰᠢᠲᠠᠢ ᠬᠡᠷᠡᠭᠵᠢᠭᠦᠯᠬᠦ ᠬᠡᠷᠡᠭᠲᠡᠢ᠃ | ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ | ᠭᠡᠷᠡᠭᠲᠡᠢ᠃ ᠦᠵᠦ ᠲᠥᠯᠥᠪᠯᠡᠭᠡ ᠪᠣᠯᠤᠨ ᠦᠨᠳᠦᠰᠦᠨ ᠱᠠᠲᠤᠨ ᠤ ᠰᠢᠨ᠎ᠡ ᠡᠭᠦᠳᠦᠯᠳᠡ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠣᠷᠣᠨ ᠨᠤᠲᠤᠭ᠂ ᠰᠠᠯᠠᠭ᠎ᠠ ᠮᠥᠴᠢᠷ ᠪᠣᠯᠤᠨ ᠨᠢᠭᠡᠴᠢ ᠶᠢ ᠵᠣᠷᠢᠭᠵᠢᠭᠤᠯᠤᠨ | ᠬᠢᠨᠠᠯᠲᠠ ᠲᠠᠯᠪᠢᠯᠲᠠ ᠶᠢ ᠴᠢᠩᠭᠠᠷᠠᠭᠤᠯᠬᠤ ᠪᠦᠲᠦᠮᠵᠢᠲᠡᠶ ᠠᠷᠭ᠎ᠠ ᠶᠢ ᠰᠦᠪᠡᠭᠴᠢᠯᠡᠵᠦ᠂ ᠲᠤᠷᠰᠢᠯᠭ᠎ᠠ ᠪᠠᠨ ᠴᠠᠭ | ᠲᠤᠬᠠᠶ ᠳᠤᠨᠢ ᠳ᠋ᠥᠩᠨᠡᠵᠦ᠂ ᠬᠢᠨᠠᠯᠲᠠ ᠲᠠᠯᠪᠢᠯᠲᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠤᠢᠭᠡᠢ | ᠨᠡᠮᠡᠭᠳᠡᠭᠦᠯᠬᠦ ᠬᠡᠷᠡᠭᠳᠠᠢ᠃ | | |