ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ ᠶᠢᠨ ᠡᠳᠦᠷ ᠲᠤ 4000 ᠲᠣᠨ ᠱᠦᠢᠨᠢ ᠶᠢᠨ ᠡᠳ᠋ᠰᠢᠬᠦᠯᠦᠭᠰᠡᠨ ᠮᠠᠲ᠋ᠧᠷᠢᠶᠠᠯ ᠤᠨ ᠦᠢᠯᠡᠳᠪᠤᠷᠢᠯᠡᠯ ᠤᠨ ᠱᠤᠭᠤᠮ ᠤᠨ ᠢᠵᠢ ᠪᠥᠷᠢᠳᠦᠭᠦᠯᠦᠭᠰᠡᠨ 7.5 ᠰᠠᠶ᠎ᠠ ᠸᠠᠲ ᠤᠨ ᠴᠡᠪᠡᠷ ᠳᠣᠤᠷ᠎ᠠ ᠳᠤᠯᠠᠭᠠᠨ ᠤ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠪᠣᠯᠣᠮᠵᠢ ᠣᠯᠭᠤᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2021/8/23
      ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ ᠳᠤ᠄      ᠮᠠᠨ ᠤ ᠲᠢᠩᠬᠢᠮ ᠠᠴᠠ 2021 ᠣᠨ ᠤ 6 ᠰᠠᠷ᠎ᠠ ᠶᠢᠨ 28 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠡᠳᠦᠷ ᠲᠤ 4000 ᠲᠣᠨ ᠱᠦᠢᠨᠢ ᠶᠢᠨ ᠡᠳ᠋ᠰᠢᠬᠦᠯᠦᠭᠰᠡᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠤᠨ ᠢᠵᠢ ᠪᠥᠷᠢᠳᠦᠭᠦᠯᠦᠭᠰᠡᠨ 7.5 ᠰᠠᠶ᠎ᠠ ᠸᠠᠲ ᠤᠨ ᠴᠡᠪᠡᠷ ᠳᠣᠤᠷ᠎ᠠ ᠳᠤᠯᠠᠭᠠᠨ ᠤ ᠦᠯᠡᠳᠡᠪᠦᠷᠢ ᠢᠯᠴᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠵᠦᠢᠯᠡᠰ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠤᠷᠢᠯᠡᠵᠡᠢ ︵ᠵᠠᠯᠠᠢᠳ ᠤᠨ ᠱᠠᠨ ᠱᠦᠢ ᠦᠰᠦᠭ ﹇2021﹈ 22 ᠳ᠋ᠤᠭᠠᠷ ᠲᠣᠭᠠᠲᠤ︶᠃ ᠬᠢᠨᠠᠨ ᠪᠠᠶᠢᠴᠠᠭᠠᠯᠳᠠ ᠪᠠᠷ ᠳᠠᠮᠵᠢᠭᠠᠳ᠂ ᠲᠤᠰ ᠭᠤᠶᠤᠴᠢᠯᠠᠯ ᠨᠢ ᠬᠠᠣᠯᠢ ᠳᠤ ᠳᠣᠭᠲᠠᠭᠠᠭᠰᠠᠨ ᠨᠦᠬᠦᠴᠡᠯ ᠲᠠᠢ       ᠨᠡᠶᠢᠴᠡᠵᠦ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃      ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ ᠶᠢᠨ ᠡᠳᠦᠷ ᠲᠤ 4000 ᠲᠣᠨ ᠱᠦᠢᠨᠢ ᠶᠢᠨ ᠡᠳ᠋ᠰᠢᠬᠦᠯᠦᠭᠰᠡᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠤᠨ ᠢᠵᠢ ᠪᠦᠷᠢᠳᠦᠭᠰᠡᠨ 7.5 ᠰᠠᠶ᠎ᠠ ᠸᠠᠲ ᠤᠨ ᠴᠡᠪᠡᠷ ᠳᠣᠣᠷ᠎ᠠ ᠳᠤᠯᠠᠭᠠᠨ ᠤ ᠦᠯᠡᠳᠡᠭᠳᠡᠯ ᠢᠯᠴᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠦᠷᠦᠯ ᠵᠦᠢᠯ ᠨᠢ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠳᠤ ᠪᠠᠶᠢᠷᠢᠯᠠᠵᠤ᠂ ᠪᠠᠷᠢᠯᠭ᠎ᠠ ᠶᠢᠨ ᠠᠵᠢᠯ ᠨᠢ ᠦᠢᠯᠡᠳᠪᠦᠷᠢ ᠶᠢᠨ ᠲᠣᠭᠤᠷᠢᠭ ᠵᠢᠴᠢ ᠡᠷᠬᠢᠨ ᠲᠣᠭᠤᠷᠢᠨ᠂ ᠦᠢᠯᠡᠳᠪᠦᠷᠢ ᠶᠢᠨ ᠭᠠᠳᠠᠨᠠᠬᠢ ᠲᠤᠰᠠᠯᠠᠬᠤ ᠦᠢᠯᠡᠳᠪᠦᠷᠢᠯᠡᠯ ᠤᠨ ᠲᠣᠭᠤᠷᠢᠭ᠂ ᠪᠠᠷᠢᠯᠭ᠎ᠠ ᠶᠢᠨ ᠠᠮᠢᠳᠤᠷᠠᠯ ᠤᠨ ᠲᠣᠭᠤᠷᠢᠭ ᠵᠢᠴᠢ ᠴᠠᠬᠢᠯᠭᠠᠨ ᠬᠠᠩᠭᠠᠬᠤ ᠬᠡᠯᠬᠢᠶ᠎ᠡ ᠪᠠᠷ ᠪᠦᠷᠢᠯᠳᠦᠵᠡᠢ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠭᠰᠠᠨ ᠲᠠᠯᠠᠪᠠᠢ ᠨᠢ 35.32 ᠾᠧᠺᠲ᠋ᠠᠷ᠂ ᠰᠢᠷᠣᠶ ᠴᠢᠯᠠᠭᠤ ᠶᠢ ᠮᠠᠯᠲᠠᠵᠤ ᠪᠥᠭᠯᠡᠭᠰᠡᠨ ᠶᠡᠷᠦᠩᠬᠡᠶ ᠬᠡᠮᠵᠢᠶ᠎ᠡ ᠨᠢ 42.80 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠢ ᠪᠡᠯᠡ ᠣᠷᠤᠭᠤᠯᠤᠯᠲᠠ ᠨᠢ ᠪᠠᠷᠤᠭ 5.80 ᠳ᠋ᠦᠩᠰᠢᠭᠤᠷ ᠲᠥᠭᠦᠷᠢᠭ ᠲᠤ ᠬᠦᠷᠴᠡᠶ᠃ ᠪᠠᠷᠢᠯᠭ᠎ᠠ ᠨᠢ 2012 ᠣᠨ ᠤ 3 ᠰᠠᠷ᠎ᠠ ᠠᠴᠠ ᠡᠬᠢᠯᠡᠨ ᠠᠵᠢᠯ ᠳᠤ ᠪᠡᠯᠡᠳᠬᠡᠨ᠂ 2014 ᠣᠨ ᠤ 8 ᠰᠠᠷ᠎ᠠ ᠳᠤ ᠳᠠᠭᠤᠰᠬᠠᠵᠤ᠂ ᠪᠦᠲᠦᠭᠡᠨ ᠪᠠᠶᠢᠭᠤᠯᠤᠯᠳᠠ ᠶᠢᠨ ᠠᠵᠢᠯ ᠤᠨ ᠬᠤᠭᠤᠴᠠᠭ᠎ᠠ ᠶᠢ 30 ᠰᠠᠷ᠎ᠠ ᠪᠣᠯᠣᠨ᠎ᠠ᠃      ᠨᠢᠭᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ      ︵ᠨᠢᠭᠡ︶ ᠪᠥᠳᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠨᠢ 35.32 ᠡᠾᠤᠺᠲ᠋ᠠᠷ ᠪᠠᠶᠢᠬᠤ ᠶᠢ ᠦᠨᠳᠦᠰᠦᠨ ᠳᠡᠭᠡᠨ ᠵᠦᠪᠰᠢᠶᠡᠷᠡᠨ᠎ᠡ᠃      ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠬᠡᠷᠡᠭᠵᠢᠭᠦᠯᠬᠦ ᠶᠢ ᠵᠥᠪᠰᠢᠶᠡᠷᠡᠨ᠎ᠡ᠃      ︵ᠭᠤᠷᠪᠠ︶ ᠦᠨᠳᠦᠰᠦᠨ ᠳᠤ ᠪᠠᠨ ᠵᠥᠪᠰᠢᠶᠡᠷᠡᠭᠰᠡᠨ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠪᠣᠯ᠄ ᠬᠥᠷᠥᠰᠥ ᠰᠢᠷᠣᠶ ᠶᠢᠨ ᠢᠳᠡᠭᠳᠡᠯ ᠢ ᠵᠠᠰᠠᠭᠰᠠᠨ ᠬᠡᠮᠵᠢᠶ᠎ᠡ 97%᠂ ᠬᠥᠷᠥᠰᠥ ᠰᠢᠷᠣᠶ ᠶᠢᠨ ᠢᠳᠡᠭᠳᠡᠯ ᠢ ᠡᠵᠡᠮᠰᠢᠭᠰᠡᠨ ᠬᠠᠷᠢᠴᠠᠯ 1.0᠂ ᠬᠤᠭ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 97%᠂ ᠭᠠᠳᠠᠷᠭᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ 98%᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠰᠡᠷᠭᠦᠭᠡᠯᠲᠡ ᠶᠢᠨ ᠨᠣᠷᠮ᠎ᠠ 97%᠂ ᠣᠶ ᠰᠢᠭᠤᠶ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 26% ᠪᠠᠶᠢᠬᠤ ᠬᠡᠷᠡᠭᠲᠡᠢ᠃      ︵ᠳᠥᠷᠪᠡ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠤᠪᠢᠶᠠᠷᠢ ᠣᠷᠣᠨ ᠵᠢᠴᠢ ᠬᠤᠪᠢᠶᠠᠷᠢ ᠣᠷᠣᠨ ᠤ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃      ︵ᠵᠢᠷᠭᠤᠭ᠎ᠠ︶ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠨᠥᠬᠦᠪᠥᠷᠢ ᠰᠦᠢᠳᠭᠡᠯ 17.66 ᠲᠦᠮᠡᠨ ᠲᠥᠭᠦᠷᠢᠭ ᠢ ᠦᠨᠳᠦᠰᠦᠨ ᠳᠡᠭᠡᠨ ᠵᠥᠪᠰᠢᠶᠡᠷᠡᠨ᠎ᠡ᠃      ᠬᠤᠶᠠᠷ᠂ ᠦᠢᠯᠡᠳᠪᠦᠷᠢᠯᠡᠯ ᠪᠥᠳᠥᠭᠡᠨ ᠪᠠᠶᠢᠭᠤᠯᠤᠯᠲᠠ ᠶᠢᠨ ᠨᠢᠭᠡᠴᠢ ᠨᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠳᠠᠭᠠᠯᠠᠬᠤ ᠬᠠᠤᠯᠢ︾ ᠶᠢᠨ ᠬᠠᠮᠢᠶ᠎ᠠ ᠪᠥᠬᠦᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄      ︵ᠨᠢᠭᠡ︶ ᠴᠤᠬᠤᠯᠠᠪᠤᠷᠢᠯᠠᠭᠰᠠᠨ ᠬᠥᠷᠥᠰᠥ ᠰᠢᠷᠣᠶ ᠶᠢ ᠬᠠᠳᠠᠭᠠᠯᠠᠬᠤ ᠲᠥᠰᠦᠯ ᠤᠨ ᠶᠣᠰᠣᠭᠠᠷ᠂ ᠬᠥᠷᠥᠰᠥ ᠰᠢᠷᠣᠶ ᠶᠢ ᠬᠠᠳᠠᠭᠠᠯᠠᠬᠤ ᠠᠩᠬᠠᠨ ᠤ ᠲᠥᠯᠥᠪᠯᠡᠭᠡ ᠵᠡᠷᠭᠡ ᠵᠠᠯᠭᠠᠮᠵᠢ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃      ︵ᠬᠤᠶᠠᠷ︶ ᠬᠥᠷᠥᠰᠥ ᠰᠢᠷᠣᠶ ᠶᠢ ᠬᠠᠳᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢᠨ ᠲᠥᠰᠦᠯ ᠢ ᠴᠢᠩᠭ᠎ᠠ ᠵᠢᠷᠤᠮᠯᠠᠨ ᠵᠦᠢ ᠵᠣᠬᠢᠰᠲᠠᠶ ᠲᠣᠬᠢᠷᠠᠭᠤᠯᠵᠤ᠂ ᠬᠥᠷᠥᠰᠥ ᠰᠢᠷᠣᠶ ᠶᠢ ᠬᠠᠳᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠥᠷᠥᠰᠥ ᠰᠢᠷᠣᠶ ᠶᠢᠨ ᠢᠳᠡᠭᠳᠡᠯ ᠢ ᠴᠢᠩᠭ᠎ᠠ ᠡᠵᠡᠮᠰᠢᠬᠦ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠶᠢᠨ ᠠᠵᠢᠯᠯᠠᠭ᠎ᠠ ᠶᠢ ᠬᠡᠷᠡᠭᠯᠡᠬᠦ ᠭᠠᠵᠠᠷ ᠤᠨ ᠬᠡᠪᠴᠢᠶᠡᠨ ᠳᠤ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠬᠥᠷᠥᠰᠥ ᠰᠢᠷᠣᠶ ᠶᠢᠨ ᠬᠠᠳᠠᠭᠠᠯᠠᠯᠲᠠ ᠶᠢᠨ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ᠂ ᠬᠥᠷᠥᠰᠥ ᠰᠢᠷᠣᠶ ᠶᠢᠨ ᠢᠳᠡᠭᠳᠡᠯ ᠢ ᠬᠥᠳᠡᠯᠦᠩᠭᠦᠶ ᠪᠠᠷ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ᠂ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠭᠰᠡᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠲᠤᠰᠢᠶᠠᠨ᠎ᠠ᠃      ︵ᠲᠥᠷᠪᠡ︶ ᠬᠥᠷᠥᠰᠥ ᠰᠢᠷᠣᠶ ᠶᠢ ᠬᠠᠳᠠᠭᠠᠯᠠᠬᠤ ᠬᠢᠨᠠᠨ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠶ ᠶᠢ ᠬᠠᠳᠠᠭᠠᠯᠠᠬᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃      ︵ᠲᠠᠪᠤ︶ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠰᠢᠶᠠᠨ᠎ᠠ᠃      ᠭᠤᠷᠪᠠ᠂ ᠲᠤᠰ ᠲᠥᠷᠥᠯ ᠵᠦᠢᠯ ᠤᠨ ᠭᠠᠵᠠᠷ᠂ ᠬᠦᠷᠢᠶ᠎ᠡ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ᠂ ᠡᠰᠡᠬᠦᠯ᠎ᠡ ᠬᠥᠷᠥᠰᠥ ᠰᠢᠷᠣᠶ ᠶᠢ ᠬᠠᠳᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢ ᠬᠠᠳᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠶ ᠶᠢ ᠬᠠᠳᠠᠭᠠᠯᠠᠬᠤ ᠲᠥᠰᠦᠯ ᠢ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ︔ ᠬᠠᠶᠠᠭᠳᠠᠯ ᠰᠢᠷᠣᠶ ︵ᠰᠢᠭᠠᠷᠤ︶ ᠶᠢᠨ ᠲᠠᠯᠠᠪᠠᠢ ᠶᠢ ᠰᠢᠨ᠎ᠡ ᠪᠠᠷ ᠪᠠᠶᠢᠭᠤᠯᠬᠤ ᠴᠢᠬᠤᠯᠠ ᠲᠠᠢ ᠪᠣᠯ ᠬᠠᠶᠠᠭᠳᠠᠯ ᠰᠢᠷᠣᠶ ︵ᠰᠢᠭᠠᠷᠤ︶ ᠶᠢ ᠬᠠᠶᠠᠬᠤ ᠠᠴᠠ ᠡᠮᠦᠨ᠎ᠡ ᠬᠠᠶᠠᠭᠳᠠᠯ ᠰᠢᠷᠣᠶ ︵ᠰᠢᠭᠠᠷᠤ︶ ᠶᠢᠨ ᠲᠠᠯᠠᠪᠠᠢ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃      ᠳᠥᠷᠪᠡ᠂ ᠲᠠᠨ ᠤ ᠪᠠᠢᠭᠤᠯᠭ᠎ᠠ ᠪᠤᠯ ᠲᠣᠰ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠬᠠᠷᠢᠭᠤᠴᠠᠯᠭᠠᠳᠤ ᠭᠤᠤᠯ ᠴᠣᠭᠴᠠ ᠮᠥᠨ᠂ ᠲᠣᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠬᠥᠷᠥᠰᠥ ᠰᠢᠷᠣᠶ ᠶᠢ ᠬᠠᠳᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠬᠡᠷᠡᠭᠲᠡᠶ᠃ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠥᠷᠥᠰᠥ ᠰᠢᠷᠣᠶ ᠶᠢ ᠬᠠᠳᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠳᠦᠷᠢᠮᠵᠢᠯ᠂ ᠬᠥᠷᠥᠰᠥ ᠰᠢᠷᠣᠶ ᠶᠢ ᠬᠠᠳᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠶ ᠶᠢ ᠬᠠᠳᠠᠭᠠᠯᠠᠬᠤ ᠵᠠᠯᠭᠠᠮᠵᠢ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠶᠢ ᠬᠠᠳᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠪᠠᠷᠢᠮᠵᠢᠶ᠎ᠠ ᠪᠠ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠶᠢ ᠬᠠᠳᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠴᠠᠭ ᠲᠤᠬᠠᠶ ᠳᠤᠨᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠵᠦ ᠳᠠᠩᠰᠠᠯᠠᠭᠤᠯᠤᠨ᠎ᠠ︔ ᠬᠥᠷᠥᠰᠥ ᠰᠢᠷᠣᠶ ᠶᠢ ᠬᠠᠳᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃      ᠲᠠᠪᠤ᠂ ᠲᠣᠰ ᠲᠥᠷᠥᠯ ᠵᠦᠢᠯ ᠳᠤ ︽ᠬᠥᠷᠥᠰᠥ ᠰᠢᠷᠣᠶ ᠶᠢ ᠬᠠᠳᠠᠭᠠᠯᠠᠬᠤ ᠲᠥᠰᠦᠯ ᠢ ᠵᠥᠪᠰᠢᠶᠡᠷᠡᠯ ᠠᠪᠤᠭᠰᠠᠨ ᠦᠭᠡᠢ ᠪᠠᠷ ᠤᠷᠢᠳᠠᠪᠠᠷ ᠪᠠᠶᠢᠭᠤᠯᠬᠤ︾ ᠠᠰᠠᠭᠤᠳᠠᠯ ᠣᠷᠣᠰᠢᠵᠤ ᠪᠠᠶᠢᠪᠠᠯ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠬᠥᠷᠥᠰᠥ ᠰᠢᠷᠣᠶ ᠶᠢ ᠬᠠᠳᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠥᠷᠥᠰᠥ ᠰᠢᠷᠣᠶ ᠶᠢ ᠬᠠᠳᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠪᠣᠯᠤᠨ ᠵᠠᠯᠠᠶᠢᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠲᠣᠰ ᠲᠥᠷᠥᠯ ᠵᠦᠢᠯ ᠤᠨ ᠬᠥᠷᠥᠰᠥ ᠰᠢᠷᠣᠶ ᠶᠢᠨ ᠬᠠᠳᠠᠭᠠᠯᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠳᠬᠠᠨ᠂ ᠬᠥᠷᠥᠰᠥ ᠰᠢᠷᠣᠶ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠤᠷᠢᠯᠡᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号