ᠢᠷᠭᠡᠨ ᠤ ᠬᠠᠤᠯᠢ ᠶᠢᠨ ᠦᠨᠳᠦᠰᠦᠨ ᠵᠠᠷᠴᠢᠮ ᠤᠨ ᠲᠤᠬᠠᠶ ᠲᠣᠭᠲᠠᠭᠠᠯ | ᠶᠡᠷᠦᠩᠬᠡᠶ ᠲᠦᠷᠢᠮ ᠤᠨ ᠠᠩᠬᠢ | ᠨᠢᠭᠡᠳᠦᠭᠡᠷ ᠪᠦᠯᠦᠭ ᠦᠨᠳᠦᠰᠦᠨ ᠲᠣᠭᠲᠠᠭᠠᠯ | ᠳᠥᠷᠪᠡᠳᠦᠭᠡᠷ ᠵᠤᠶᠢᠯ ᠢᠷᠭᠡᠨ ᠤ ᠬᠡᠷᠡᠭ ᠤᠨ ᠪᠡᠶᠡᠴᠢ ᠴᠣᠭᠴᠠ ᠶᠢᠨ ᠢᠷᠭᠡᠨ ᠤ ᠬᠡᠷᠡᠭ ᠤᠨ | ᠠᠵᠢᠯᠯᠠᠭ᠎ᠠ ᠳᠠᠬᠢ ᠬᠠᠤᠯᠢ ᠴᠠᠭᠠᠵᠠ ᠶᠢᠨ ᠪᠠᠶᠢᠷᠢ ᠰᠠᠭᠤᠷᠢ ᠨᠢ ᠴᠥᠮ ᠠᠳᠠᠯᠢ ᠲᠡᠭᠰᠢ ᠪᠠᠶᠢᠳᠠᠭ᠃ | ᠲᠠᠪᠤᠳᠤᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠠᠵᠢᠯᠯᠠᠭ᠎ᠠ ᠬᠢᠬᠦ ᠳᠡᠭᠡᠨ | ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠢᠷᠤᠮᠯᠠᠨ᠂ ᠥᠪᠡᠷ ᠤᠨ ᠰᠠᠨᠠᠭ᠎ᠠ ᠪᠠᠷ ᠢᠶᠠᠨ ᠢᠷᠭᠡᠨ ᠤ ᠬᠡᠷᠡᠭ ᠤᠨ ᠬᠠᠤᠯᠢ | ᠴᠠᠭᠠᠵᠠ ᠶᠢᠨ ᠬᠠᠷᠢᠴᠠᠭ᠎ᠠ ᠶᠢ ᠪᠠᠶᠢᠭᠤᠯᠵᠤ᠂ ᠬᠤᠪᠢᠷᠠᠭᠤᠯᠵᠤ᠂ ᠳᠠᠭᠤᠰᠬᠠᠬᠤ ᠬᠡᠷᠡᠭᠲᠡᠶ᠃ | ᠵᠢᠷᠭᠤᠳᠤᠭᠠᠷ ᠵᠤᠶᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠠᠵᠢᠯᠯᠠᠭ᠎ᠠ | ᠬᠢᠬᠦ ᠳᠡᠭᠡᠨ ᠲᠥᠪ ᠭᠤᠣᠯᠴᠢ ᠪᠠᠶᠢᠬᠤ ᠵᠠᠷᠴᠢᠮ ᠢ ᠵᠢᠷᠤᠮᠯᠠᠵᠤ᠂ ᠡᠯ᠎ᠡ ᠲᠠᠯ᠎ᠠ ᠶᠢᠨ ᠬᠢᠨ ᠤ ᠡᠷᠬᠡ ᠪᠠ ᠡᠭᠦᠷᠭᠡ ᠶᠢ | ᠵᠦᠢ ᠵᠣᠬᠢᠰᠲᠠᠶ ᠪᠠᠷ ᠲᠣᠭᠲᠠᠭᠠᠬᠤ ᠬᠡᠷᠡᠭᠲᠡᠶ᠃ | ᠳᠣᠯᠣᠳᠤᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠠᠵᠢᠯᠯᠠᠭ᠎ᠠ ᠬᠢᠬᠦ ᠳᠡᠭᠡᠨ | ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ ᠵᠢᠷᠤᠮᠯᠠᠨ᠂ ᠦᠨᠡᠨᠴᠢ ᠰᠢᠳᠤᠷᠭᠤ ᠪᠠᠶᠢᠵᠤ᠂ ᠠᠮᠠᠯᠠᠯᠲᠠ ᠪᠠᠨ | ᠬᠢᠴᠢᠶᠡᠩᠭᠦ᠋ᠢᠯᠡᠨ ᠵᠢᠷᠤᠮᠯᠠᠬᠤ ᠬᠡᠷᠡᠭᠲᠡᠶ᠃ | ᠨᠠᠢᠮᠠᠳᠤᠭᠠᠷ ᠵᠤᠶᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠠᠵᠢᠯᠯᠠᠭ᠎ᠠ ᠬᠢᠬᠦ ᠳᠡᠭᠡᠨ | ᠬᠠᠤᠯᠢ ᠴᠠᠭᠠᠵᠠ ᠶᠢ ᠵᠥᠷᠢᠴᠡᠵᠦ ᠪᠣᠯᠬᠤ ᠦᠭᠡᠢ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ | ᠵᠠᠩᠰᠢᠯ ᠢ ᠵᠥᠷᠢᠴᠡᠵᠦ ᠪᠣᠯᠬᠤ ᠦᠭᠡᠢ᠃ | ᠶᠢᠰᠦᠳᠦᠭᠡᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠠᠵᠢᠯᠯᠠᠭ᠎ᠠ ᠬᠢᠬᠦ ᠳᠡᠭᠡᠨ | ᠡᠬᠢ ᠪᠠᠶᠠᠯᠢᠭ ᠢ ᠠᠷᠪᠢᠯᠠᠬᠤ᠂ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠳᠤ ᠠᠰᠢᠭᠲᠠᠶ ᠪᠠᠶᠢᠯᠭᠠᠬᠤ | ᠬᠡᠷᠡᠭᠲᠡᠶ᠃ | | ᠤᠰᠤᠨ ᠤᠷᠤᠰᠬᠠᠯ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠥᠮᠴᠢᠯᠡᠯ ᠤᠨ ᠡᠷᠬᠡ᠂ ᠤᠰᠤ ᠲᠠᠲᠠᠬᠤ | ᠡᠷᠬᠡ ᠶᠢᠨ ᠲᠤᠬᠠᠶ ᠲᠣᠭᠲᠠᠭᠠᠯ | ᠪᠣᠳᠠᠰ ᠤᠨ ᠡᠷᠬᠡ ᠶᠢᠨ ᠠᠩᠬᠢ | ᠲᠠᠪᠤᠳᠤᠭᠠᠷ ᠪᠦᠯᠦᠭ ᠤᠯᠤᠰ ᠤᠨ ᠥᠮᠴᠢᠯᠡᠯ ᠤᠨ ᠡᠷᠬᠡ ᠪᠠ ᠬᠠᠮᠲᠤ ᠶᠢᠨ ᠥᠮᠴᠢᠯᠡᠯ ᠤᠨ ᠡᠷᠬᠡ᠂ ᠬᠤᠪᠢ ᠶᠢᠨ | ᠥᠮᠴᠢᠯᠡᠯ ᠤᠨ ᠡᠷᠬᠡ | ᠬᠤᠶᠠᠷ ᠵᠠᠭᠤ ᠳᠥᠴᠢᠨ ᠳᠣᠯᠣᠳᠤᠭᠠᠷ ᠵᠦᠢᠯ ᠠᠭᠤᠷᠬᠠᠶ ᠶᠢᠨ ᠪᠤᠯᠠᠭᠳᠠᠴᠠ᠂ ᠭᠤᠣᠯ ᠮᠥᠷᠡᠨ᠂ ᠲᠡᠯᠡᠢ ᠶᠢᠨ | ᠣᠷᠣᠨ ᠪᠣᠯ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠃ | ᠬᠤᠶᠠᠷ ᠵᠠᠭᠤ ᠲᠠᠪᠢᠨ ᠲᠠᠪᠤᠳᠤᠭᠠᠷ ᠵᠦᠢᠯ ᠲᠦᠷᠦ ᠶᠢᠨ ᠪᠠᠶᠢᠭᠤᠯᠭ᠎ᠠ ᠨᠤᠭᠤᠳ ᠰᠢᠭᠤᠳ ᠵᠠᠬᠢᠷᠴᠤ ᠪᠠᠶᠢᠭ᠎ᠠ | ᠦᠯᠦ ᠬᠥᠳᠡᠯᠬᠦ ᠬᠦᠷᠦᠩᠭᠡ ᠪᠠ ᠬᠥᠳᠡᠯᠬᠦ ᠬᠦᠷᠦᠩᠭᠡ ᠳᠡᠭᠡᠨ ᠡᠵᠡᠮᠰᠢᠬᠦ᠂ ᠬᠡᠷᠡᠭᠯᠡᠬᠦ ᠵᠢᠴᠢ ᠬᠠᠤᠯᠢ ᠴᠠᠭᠠᠵᠠ ᠪᠠ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠤᠷᠢᠯᠡᠬᠦ ᠡᠷᠬᠡ ᠶᠢ | ᠡᠳ᠋ᠯᠡᠨ᠎ᠡ᠃ | ᠬᠤᠶᠠᠷ ᠵᠠᠭᠤ ᠵᠢᠷᠠᠳᠤᠭᠠᠷ ᠵᠦᠢᠯ ᠬᠠᠮᠲᠤ ᠶᠢᠨ ᠥᠮᠴᠢᠯᠡᠯ ᠤᠨ ᠦᠯᠦ ᠬᠥᠳᠡᠯᠬᠦ ᠬᠦᠷᠦᠩᠭᠡ ᠪᠠ ᠬᠥᠳᠡᠯᠬᠦ | ᠬᠦᠷᠦᠩᠭᠡ ᠳᠤ ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠬᠠᠤᠯᠢ ᠴᠠᠭᠠᠵᠠ ᠳᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ ᠭᠡᠵᠦ ᠲᠣᠭᠲᠠᠭᠠᠭᠰᠠᠨ ᠭᠠᠵᠠᠷ | ᠰᠢᠷᠣᠶ ᠪᠠ ᠤᠢ ᠰᠢᠭᠤᠶ᠂ ᠠᠭᠤᠯᠠ ᠳᠠᠪᠠᠭ᠎ᠠ᠂ ᠨᠤᠲᠤᠭ ᠪᠡᠯᠴᠢᠭᠡᠷ᠂ ᠠᠳᠡᠷ ᠭᠠᠵᠠᠷ᠂ ᠲᠡᠩ ᠭᠠᠵᠠᠷ︔ | ︵ᠬᠤᠶᠠᠷ︶ ᠬᠠᠮᠲᠤ ᠶᠢᠨ ᠥᠮᠴᠢᠯᠡᠯ ᠤᠨ ᠪᠠᠷᠢᠯᠭ᠎ᠠ᠂ ᠦᠢᠯᠡᠳᠪᠦᠷᠢᠯᠡᠯ ᠤᠨ ᠲᠥᠬᠦᠭᠡᠷᠦᠮᠵᠢ᠂ ᠲᠠᠷᠢᠶᠠᠯᠠᠩ ᠤᠨ | ᠤᠰᠤᠨ ᠠᠰᠢᠭᠯᠠᠯᠲᠠ ᠶᠢᠨ ᠲᠥᠬᠦᠭᠡᠷᠦᠮᠵᠢ︔ | ︵ᠭᠤᠷᠪᠠ︶ ᠬᠠᠮᠲᠤ ᠶᠢᠨ ᠥᠮᠴᠢᠯᠡᠯ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ ᠪᠣᠯᠪᠠᠰᠤᠷᠠᠯ | ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠶᠢᠨ ᠲᠥᠬᠦᠭᠡᠷᠦᠮᠵᠢ︔ | ︵ᠲᠦᠷᠪᠡ︶ ᠬᠠᠮᠲᠤ ᠶᠢᠨ ᠥᠮᠴᠢᠯᠡᠯ ᠤᠨ ᠪᠤᠰᠤᠳ ᠦᠯᠦ ᠬᠥᠳᠡᠯᠬᠦ ᠬᠦᠷᠦᠩᠭᠡ ᠪᠠ ᠬᠥᠳᠡᠯᠬᠦ ᠬᠦᠷᠦᠩᠭᠡ᠃ | ᠠᠷᠪᠠᠳᠤᠭᠠᠷ ᠪᠦᠯᠦᠭ ᠡ᠊ᠩ ᠤᠨ ᠲᠣᠭᠲᠠᠭᠠᠯ | ᠭᠤᠷᠪᠠᠨ ᠵᠠᠭᠤ ᠬᠤᠷᠢᠨ ᠲᠠᠪᠤᠳᠤᠭᠠᠷ ᠵᠦᠢᠯ ᠤᠯᠤᠰ ᠠᠴᠠ ᠪᠠᠶᠢᠭᠠᠯᠢ ᠶᠢᠨ ᠡᠬᠢ ᠪᠠᠶᠠᠯᠢᠭ ᠢ ᠦᠨ᠎ᠡ | ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠢ ᠬᠡᠷᠡᠭᠵᠢᠭᠦᠯᠦᠨ᠎ᠡ᠂ ᠭᠡᠪᠡᠴᠦ ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠤᠢᠭᠡᠢ᠃ | ᠭᠤᠷᠪᠠᠨ ᠵᠠᠭᠤ ᠬᠤᠷᠢ ᠶᠢᠰᠦᠳᠦᠭᠡᠷ ᠵᠦᠢᠯ ᠬᠠᠤᠯᠢ ᠶᠣᠰᠣᠭᠠᠷ ᠣᠯᠤᠭᠰᠠᠨ ᠠᠭᠤᠷᠬᠠᠶ ᠬᠠᠶᠢᠬᠤ ᠡᠷᠬᠡ᠂ | ᠠᠭᠤᠷᠬᠠᠶ ᠮᠠᠯᠲᠠᠬᠤ ᠡᠷᠬᠡ᠂ ᠤᠰᠤ ᠲᠠᠲᠠᠬᠤ ᠡᠷᠬᠡ ᠪᠠ ᠤᠰᠦᠠ ᠣᠷᠣᠨ᠂ ᠲᠡᠩ ᠭᠠᠵᠠᠷ ᠢ ᠬᠡᠷᠡᠭᠯᠡᠨ ᠲᠡᠵᠢᠭᠡᠨ | ᠦᠷᠡᠵᠢᠭᠦᠯᠬᠦ᠂ ᠠᠩᠨᠠᠵᠤ ᠱᠦᠭᠦᠬᠦ ᠡᠷᠬᠡ ᠶᠢ ᠬᠠᠤᠯᠢ ᠪᠠᠷ ᠬᠠᠮᠠᠭᠠᠯᠠᠨ᠎ᠠ᠃ | | ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠪᠦ᠋ᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢᠨ ᠲᠤᠬᠠᠶ ᠲᠣᠭᠲᠠᠭᠠᠯ | ᠪᠣᠳᠠᠰ ᠤᠨ ᠡᠷᠬᠡ ᠶᠢᠨ ᠠᠩᠬᠢ | ᠳᠣᠯᠣᠳᠤᠭᠠᠷ ᠪᠦᠯᠦᠭ ᠬᠥᠷᠰᠢ ᠵᠡᠷᠭᠡᠯᠡᠳᠡᠭᠡ ᠶᠢᠨ ᠬᠠᠷᠢᠴᠠᠭ᠎ᠠ | ᠬᠤᠶᠠᠷ ᠵᠠᠭᠤ ᠶᠡᠷᠡᠳᠦᠭᠡᠷ ᠵᠤᠶᠢᠯ ᠦᠯᠦ ᠬᠥᠳᠡᠯᠬᠦ ᠬᠦᠷᠦᠩᠭᠡ ᠶᠢᠨ ᠡᠷᠬᠡᠲᠦ ᠬᠥᠮᠦᠨ ᠨᠢ ᠬᠥᠷᠰᠢ | ᠵᠡᠷᠭᠡᠯᠡᠳᠡᠭᠡ ᠶᠢᠨ ᠡᠷᠬᠡᠲᠦ ᠬᠥᠮᠦᠨ ᠤ ᠤᠰᠤ ᠬᠡᠷᠡᠭᠯᠡᠬᠦ᠂ ᠤᠰᠤ ᠵᠠᠯᠠᠬᠤ ᠳᠤ ᠴᠢᠬᠤᠯᠠ ᠪᠦᠬᠦᠢ ᠲᠦᠬᠦᠮ ᠦᠵᠡᠭᠦᠯᠬᠦ | ᠬᠡᠷᠡᠭᠲᠡᠶ᠃ | ᠪᠠᠶᠢᠭᠠᠯᠢ ᠶᠢᠨ ᠤᠷᠤᠰᠬᠠᠯ ᠤᠰᠤ ᠶᠢ ᠠᠰᠢᠭᠯᠠᠬᠤ ᠳᠠᠭᠠᠨ ᠦᠯᠦ ᠬᠥᠳᠡᠯᠬᠦ ᠬᠦᠷᠦᠩᠭᠡ ᠶᠢᠨ ᠬᠥᠷᠰᠢ | ᠵᠡᠷᠭᠡᠯᠡᠳᠡᠭᠡ ᠶᠢᠨ ᠡᠷᠬᠡᠲᠦ ᠬᠥᠮᠦᠰ ᠤᠨ ᠬᠤᠭᠤᠷᠣᠨᠳᠣ ᠵᠦᠢ ᠵᠣᠬᠢᠰᠲᠠᠶ ᠪᠠᠷ ᠬᠤᠪᠢᠶᠠᠷᠢᠯᠠᠬᠤ ᠬᠡᠷᠡᠭᠲᠡᠶ᠃ | ᠪᠠᠶᠢᠭᠠᠯᠢ ᠶᠢᠨ ᠤᠷᠤᠰᠬᠠᠯ ᠤᠰᠤ ᠶᠢ ᠭᠠᠳᠠᠭᠰᠢᠯᠠᠭᠤᠯᠬᠤ ᠳᠠᠭᠠᠨ ᠪᠠᠶᠢᠭᠠᠯᠢ ᠶᠢᠨ ᠤᠷᠤᠰᠬᠠᠯ ᠤᠨ ᠴᠢᠭᠯᠡᠯ ᠢ | ᠬᠦᠨᠳᠦᠳᠬᠡᠬᠦ ᠬᠡᠷᠡᠭᠲᠡᠶ᠃ | ᠬᠤᠶᠠᠷ ᠵᠠᠭᠤ ᠶᠡᠷᠡᠨ ᠬᠤᠶᠠᠳᠤᠭᠠᠷ ᠵᠤᠶᠢᠯ ᠦᠯᠦ ᠬᠥᠳᠡᠯᠬᠦ ᠬᠦᠷᠦᠩᠭᠡ ᠶᠢᠨ ᠡᠷᠬᠡᠲᠦ ᠬᠥᠮᠦᠨ ᠨᠢ ᠪᠠᠷᠢᠯᠭ᠎ᠠ | ᠪᠠᠷᠢᠬᠤ᠂ ᠪᠠᠷᠢᠯᠭ᠎ᠠ ᠰᠡᠯᠪᠢᠨ ᠵᠠᠰᠠᠬᠤ ᠵᠢᠴᠢ ᠴᠠᠬᠢᠯᠭᠠᠨ ᠤᠲᠠᠰᠤ᠂ ᠴᠠᠬᠢᠯᠭᠠᠨ ᠳᠡᠭᠡᠰᠦ᠂ ᠤᠰᠤᠨ ᠬᠤᠭᠤᠯᠠᠶ᠂ | ᠳᠤᠯᠠᠭᠠᠮᠵᠢ ᠪᠠ ᠰᠢᠲᠠᠮᠠᠬᠠᠶ ᠬᠡᠢ ᠶᠢᠨ ᠬᠤᠭᠤᠯᠠᠶ ᠤᠲᠠᠰᠤ ᠵᠡᠷᠭᠡ ᠶᠢ ᠲᠠᠲᠠᠬᠤ ᠠᠴᠠ ᠪᠤᠯᠵᠤ ᠡᠷᠬᠡᠪᠰᠢ ᠬᠥᠷᠰᠢ | ᠵᠡᠷᠭᠡᠯᠡᠳᠡᠭᠡ ᠶᠢᠨ ᠭᠠᠵᠠᠷ ᠰᠢᠷᠣᠶ᠂ ᠪᠠᠷᠢᠯᠭ᠎ᠠ ᠶᠢ ᠠᠰᠢᠭᠯᠠᠬᠤ ᠴᠢᠬᠤᠯᠠᠲᠠᠶ ᠪᠠᠶᠢᠪᠠᠯ᠂ ᠲᠤᠰ ᠭᠠᠵᠠᠷ ᠰᠢᠷᠣᠶ᠂ | ᠪᠠᠷᠢᠯᠭ᠎ᠠ ᠶᠢᠨ ᠡᠷᠬᠡᠲᠦ ᠬᠥᠮᠦᠨ ᠨᠢ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠶ᠃ | ᠬᠤᠶᠠᠷ ᠵᠠᠭᠤ ᠶᠡᠷᠡᠨ ᠵᠢᠷᠭᠤᠳᠤᠭᠠᠷ ᠵᠤᠶᠢᠯ ᠦᠯᠦ ᠬᠥᠳᠡᠯᠬᠦ ᠬᠦᠷᠦᠩᠭᠡ ᠶᠢᠨ ᠡᠷᠬᠡᠲᠦ ᠬᠥᠮᠦᠨ ᠤᠰᠤ | ᠬᠡᠷᠡᠭᠯᠡᠬᠦ᠂ ᠤᠰᠤ ᠵᠠᠯᠠᠬᠤ᠂ ᠵᠠᠮ ᠨᠡᠪᠲᠡᠷᠡᠬᠦ᠂ ᠬᠤᠭᠤᠯᠠᠶ ᠤᠲᠠᠰᠤ ᠲᠠᠲᠠᠬᠤ ᠵᠡᠷᠭᠡ ᠠᠴᠠ ᠪᠤᠯᠵᠤ ᠬᠥᠷᠰᠢ | ᠵᠡᠷᠭᠡᠯᠡᠳᠡᠭᠡ ᠶᠢᠨ ᠦᠯᠦ ᠬᠥᠳᠡᠯᠬᠦ ᠬᠦᠷᠦᠩᠭᠡ ᠶᠢ ᠠᠰᠢᠭᠯᠠᠬᠤ ᠳᠤ ᠬᠦᠷᠪᠡᠯ᠂ ᠬᠥᠷᠰᠢ ᠵᠡᠷᠭᠡᠯᠡᠳᠡᠭᠡ ᠶᠢᠨ ᠦᠯᠦ | ᠬᠥᠳᠡᠯᠬᠦ ᠬᠦᠷᠦᠩᠭᠡ ᠶᠢᠨ ᠡᠷᠬᠡᠲᠦ ᠬᠥᠮᠦᠨ ᠳᠤ ᠬᠤᠬᠢᠷᠠᠯ ᠤᠴᠠᠷᠠᠭᠤᠯᠬᠤ ᠠᠴᠠ ᠠᠯᠢ ᠴᠢᠳᠠᠬᠤ ᠪᠠᠷ ᠵᠠᠶᠢᠯᠠᠰᠬᠢᠬᠦ | ᠬᠡᠷᠡᠭᠲᠡᠶ᠃ | ᠠᠷᠪᠠᠨ ᠬᠤᠶᠠᠳᠤᠭᠠᠷ ᠪᠦᠯᠦᠭ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ | ᠭᠤᠷᠪᠠᠨ ᠵᠠᠭᠤ ᠳᠥᠴᠢᠨ ᠳᠥᠷᠪᠡᠳᠦᠭᠡᠷ ᠵᠤᠶᠢᠯ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡᠲᠦ ᠬᠥᠮᠦᠨ ᠨᠢ ᠬᠠᠤᠯᠢ ᠶᠣᠰᠣᠭᠠᠷ ᠤᠯᠤᠰ ᠤᠨ ᠥᠮᠴᠢᠯᠡᠯ ᠤᠨ ᠭᠠᠵᠠᠷ ᠰᠢᠷᠣᠶ ᠳᠤ ᠡᠵᠡᠮᠰᠢᠬᠦ᠂ ᠬᠡᠷᠡᠭᠯᠡᠬᠦ ᠪᠠ | ᠲᠡᠭᠦᠨ ᠠᠴᠠ ᠠᠰᠢᠭ ᠤᠯᠬᠤ ᠡᠷᠬᠡ ᠶᠢ ᠡᠳ᠋ᠯᠡᠨ᠎ᠡ᠂ ᠲᠤᠰ ᠭᠠᠵᠠᠷ ᠰᠢᠷᠣᠶ ᠶᠢ ᠠᠰᠢᠭᠯᠠᠨ ᠪᠠᠷᠢᠯᠭ᠎ᠠ᠂ ᠪᠠᠷᠢᠯᠭ᠎ᠠ ᠶᠢᠨ | ᠵᠦᠢᠯ ᠵᠢᠴᠢ ᠲᠡᠭᠦᠨ ᠤ ᠲᠠᠭᠠᠯᠳᠠ ᠲᠥᠬᠦᠭᠡᠷᠦᠮᠵᠢ ᠶᠢ ᠪᠠᠶᠢᠭᠤᠯᠬᠤ ᠡᠷᠬᠡ ᠲᠠᠢ᠃ | ᠭᠤᠷᠪᠠᠨ ᠵᠠᠭᠤ ᠳᠥᠴᠢᠨ ᠲᠠᠪᠤᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠭᠠᠵᠠᠷ ᠰᠢᠷᠣᠶ ᠶᠢᠨ ᠭᠠᠵᠠᠷ ᠤᠨ ᠭᠠᠳᠠᠷᠭᠤ᠂ ᠭᠠᠵᠠᠷ ᠤᠨ ᠳᠡᠭᠡᠷ᠎ᠡ ᠪᠤᠶᠤ ᠭᠠᠵᠠᠷ ᠤᠨ ᠳᠣᠣᠷ᠎ᠠ ᠲᠤᠰ | ᠲᠤᠰ ᠲᠤᠨᠢ ᠲᠣᠭᠲᠠᠭᠠᠵᠤ ᠪᠣᠯᠤᠨ᠎ᠠ᠃ | ᠭᠤᠷᠪᠠᠨ ᠵᠠᠭᠤ ᠳᠥᠴᠢᠨ ᠵᠢᠷᠭᠤᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠲᠣᠭᠲᠠᠭᠠᠬᠤ ᠳᠤ ᠡᠬᠢ ᠪᠠᠶᠠᠯᠢᠭ ᠢ ᠠᠷᠪᠢᠯᠠᠬᠤ᠂ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ | ᠱᠠᠭᠠᠷᠳᠠᠯᠭ᠎ᠠ ᠳᠤ ᠨᠡᠶᠢᠴᠡᠭᠦᠯᠵᠦ᠂ ᠭᠠᠵᠠᠷ ᠰᠢᠷᠣᠶ ᠶᠢᠨ ᠬᠡᠷᠡᠭᠯᠡᠯᠲᠡ ᠶᠢᠨ ᠲᠤᠬᠠᠶ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠂ ᠨᠢᠭᠡᠨᠲᠡ ᠲᠣᠭᠲᠠᠭᠠᠭᠰᠠᠨ ᠠᠰᠢᠭ | ᠤᠯᠬᠤ ᠪᠣᠳᠠᠰ ᠤᠨ ᠡᠷᠬᠡ ᠶᠢ ᠬᠤᠬᠢᠷᠠᠭᠤᠯᠵᠤ ᠪᠣᠯᠬᠤ ᠤᠢᠭᠡᠢ᠃ | ᠭᠤᠷᠪᠠᠨ ᠵᠠᠭᠤ ᠳᠥᠴᠢᠨ ᠳᠣᠯᠣᠳᠤᠭᠠᠷ ᠵᠤᠶᠢᠯ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠲᠣᠭᠲᠠᠭᠠᠬᠤ ᠳᠤ ᠰᠢᠯᠵᠢᠭᠦᠯᠦᠨ ᠬᠤᠳᠠᠯᠳᠤᠬᠤ ᠪᠤᠶᠤ ᠬᠤᠪᠢᠶᠠᠷᠢᠯᠠᠨ ᠣᠯᠭᠤᠬᠤ ᠵᠡᠷᠭᠡ ᠠᠷᠭ᠎ᠠ ᠮᠠᠶ᠋ᠢᠭ ᠢ | ᠠᠪᠴᠤ ᠪᠣᠯᠤᠨ᠎ᠠ᠃ | ᠠᠵᠤ ᠦᠢᠯᠡᠳᠪᠦᠷᠢ᠂ ᠬᠤᠳᠠᠯᠳᠤᠭ᠎ᠠ᠂ ᠵᠢᠭᠤᠯᠴᠢᠯᠠᠯ᠂ ᠵᠤᠭ᠎ᠠ ᠴᠡᠩᠭᠡᠯ ᠪᠠ ᠲᠠᠸᠠᠷ ᠤᠨ ᠣᠷᠣᠨ ᠰᠠᠭᠤᠴᠠ | ᠵᠡᠷᠭᠡ ᠡᠵᠡᠩᠨᠡᠯᠲᠡ ᠶᠢᠨ ᠴᠢᠨᠠᠷᠲᠠᠶ ᠬᠡᠷᠡᠭᠯᠡᠬᠦ ᠭᠠᠵᠠᠷ ᠵᠢᠴᠢ ᠠᠳᠠᠯᠢ ᠨᠢᠭᠡᠨ ᠭᠠᠵᠠᠷ ᠰᠢᠷᠣᠶ ᠳᠤ ᠭᠠᠵᠠᠷ ᠬᠡᠷᠡᠭᠯᠡᠬᠦ | ᠰᠠᠨᠠᠭ᠎ᠠ ᠲᠠᠢ ᠬᠥᠮᠦᠨ ᠬᠤᠶᠠᠷ ᠠᠴᠠ ᠳᠡᠭᠡᠭᠰᠢ ᠪᠠᠶᠢᠪᠠᠯ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ | ᠬᠤᠳᠠᠯᠳᠤᠬᠤ ᠵᠡᠷᠭᠡ ᠢᠯᠡ ᠪᠠᠷ ᠦᠨ᠎ᠡ ᠥᠷᠢᠰᠥᠯᠳᠦᠬᠦ ᠠᠷᠭ᠎ᠠ ᠮᠠᠶ᠋ᠢᠭ ᠢᠶᠠᠷ ᠰᠢᠯᠵᠢᠭᠦᠯᠦᠨ ᠬᠤᠳᠠᠯᠳᠤᠬᠤ ᠬᠡᠷᠡᠭᠲᠡᠶ᠃ | | ᠬᠤᠪᠢᠶᠠᠷᠢᠯᠠᠨ ᠣᠯᠭᠤᠬᠤ ᠠᠷᠭ᠎ᠠ ᠮᠠᠶ᠋ᠢᠭ ᠢᠶᠠᠷ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠲᠣᠭᠲᠠᠭᠠᠬᠤ ᠶᠢ ᠴᠢᠩᠭ᠎ᠠ ᠬᠢᠵᠠᠭᠠᠷᠯᠠᠨ᠎ᠠ᠃ | ᠭᠤᠷᠪᠠᠨ ᠵᠠᠭᠤ ᠳᠥᠴᠢᠨ ᠨᠠᠢᠮᠠᠳᠤᠭᠠᠷ ᠵᠦᠢᠯ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ | ᠬᠡᠯᠡᠯᠴᠡᠭᠡᠷ ᠲᠣᠭᠲᠠᠬᠤ ᠵᠡᠷᠭᠡ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠳᠦᠭᠡᠠ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠣᠭᠲᠠᠭᠠᠭᠰᠠᠨ ᠪᠠᠶᠢᠪᠠᠯ᠂ ᠲᠤᠬᠠᠶ ᠶᠢᠨ ᠬᠥᠮᠦᠨ ᠨᠢ | ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ ᠶᠢ | ᠪᠢᠴᠢᠭ ᠤᠨ ᠬᠡᠯᠪᠡᠷᠢ ᠪᠠᠷ ᠲᠣᠭᠲᠠᠭᠠᠬᠤ ᠬᠡᠷᠡᠭᠲᠡᠶ᠃ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠭᠠᠷᠭᠠᠵᠤ ᠥᠭᠬᠦ ᠭᠡᠷ᠎ᠡ ᠳᠤ ᠡ᠊ᠩ ᠤᠨ | ᠪᠠᠶᠢᠳᠠᠯ ᠳᠤ ᠳᠣᠣᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠬᠤ ᠬᠡᠷᠡᠭᠳᠡᠢ᠄ | ︵ᠨᠢᠭᠡ︶ ᠲᠤᠬᠠᠶ ᠶᠢᠨ ᠬᠥᠮᠦᠨ ᠤ ᠨᠡᠷᠡᠶᠢᠳᠦᠯ ᠪᠠ ᠣᠷᠣᠨ ᠰᠠᠭᠤᠴᠠ︔ | ︵ᠬᠤᠶᠠᠷ︶ ᠭᠠᠵᠠᠷ ᠰᠢᠷᠣᠶ ᠶᠢᠨ ᠵᠠᠭᠠᠭ᠂ ᠲᠠᠯᠠᠪᠠᠢ ᠵᠡᠷᠭᠡ︔ | ︵ᠭᠤᠷᠪᠠ︶ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠲᠡᠭᠦᠨ ᠤ ᠲᠠᠭᠠᠯᠳᠠ ᠲᠥᠬᠦᠭᠡᠷᠦᠮᠵᠢ ᠶᠢᠨ ᠡᠵᠡᠯᠡᠵᠦ | ᠪᠠᠶᠢᠭ᠎ᠠ ᠣᠷᠣᠨ ᠵᠠᠢ︔ | ︵ᠲᠦᠷᠪᠡ︶ ᠭᠠᠵᠠᠷ ᠰᠢᠷᠣᠶ ᠶᠢᠨ ᠬᠡᠷᠡᠭᠴᠡᠭᠡ᠂ ᠲᠥᠯᠥᠪᠵᠢᠭᠦᠯᠭᠡ ᠶᠢᠨ ᠨᠥᠬᠦᠴᠡᠯ︔ | ︵ᠲᠠᠪᠤ︶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ︔ | ︵ᠵᠢᠷᠭᠤᠭ᠎ᠠ︶ ᠰᠢᠯᠵᠢᠭᠦᠯᠦᠨ ᠥᠭᠬᠦ ᠮᠥᠩᠭᠦ ᠵᠡᠷᠭᠡ ᠵᠠᠷᠤᠳᠠᠯ ᠵᠢᠴᠢ ᠲᠡᠭᠦᠨ ᠢ ᠥᠭᠬᠦ ᠠᠷᠭ᠎ᠠ ᠮᠠᠶ᠋ᠢᠭ︔ | ︵ᠲᠤᠯᠤᠭ᠎ᠠ︶ ᠮᠠᠷᠭᠤᠯᠳᠤᠭᠠᠨ ᠢ ᠰᠢᠢᠳᠪᠤᠷᠢᠯᠡᠬᠦ ᠠᠷᠭ᠎ᠠ᠃ | ᠭᠤᠷᠪᠠᠨ ᠵᠠᠭᠤ ᠳᠥᠴᠢ ᠶᠢᠰᠦᠳᠦᠭᠡᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠲᠣᠭᠲᠠᠭᠠᠬᠤ ᠳᠤ ᠳᠠᠩᠰᠠᠯᠠᠬᠤ ᠪᠠᠶᠢᠭᠤᠯᠤᠮᠵᠢ ᠳᠤ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠬᠡᠷᠡᠭᠯᠡᠬᠦ ᠡᠷᠬᠡ ᠶᠢ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠶ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠬᠡᠷᠡᠭᠯᠡᠬᠦ ᠡᠷᠬᠡ ᠶᠢ ᠲᠠᠩᠰᠠᠯᠠᠭᠤᠯᠬᠤ ᠦᠶ᠎ᠡ ᠳᠤ ᠲᠣᠭᠲᠠᠭᠠᠨ᠎ᠠ᠃ ᠳᠠᠩᠰᠠᠯᠠᠬᠤ ᠪᠠᠶᠢᠭᠤᠯᠤᠮᠵᠢ ᠨᠢ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠲᠦ ᠬᠥᠮᠦᠨ ᠳᠤ ᠡᠷᠬᠡ ᠶᠢᠨ ᠬᠠᠷᠢᠶᠠᠯᠠᠯ ᠤᠨ | ᠦᠨᠡᠮᠯᠡᠯ ᠣᠯᠭᠤᠬᠤ ᠬᠡᠷᠡᠭᠲᠡᠶ᠃ | ᠭᠤᠷᠪᠠᠨ ᠵᠠᠭᠤ ᠲᠠᠪᠢᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠲᠦ | ᠬᠥᠮᠦᠨ ᠨᠢ ᠭᠠᠵᠠᠷ ᠰᠢᠷᠣᠶ ᠶᠢ ᠵᠦᠢ ᠵᠣᠬᠢᠰᠲᠠᠶ ᠠᠰᠢᠭᠯᠠᠬᠤ ᠬᠡᠷᠡᠭᠲᠡᠶ᠂ ᠭᠠᠵᠠᠷ ᠰᠢᠷᠣᠶ ᠶᠢᠨ ᠬᠡᠷᠡᠭᠯᠡᠯᠲᠡ ᠶᠢ | ᠬᠤᠪᠢᠷᠠᠭᠤᠯᠵᠤ ᠪᠣᠯᠬᠤ ᠤᠢᠭᠡᠢ︔ ᠭᠠᠵᠠᠷ ᠰᠢᠷᠣᠶ ᠶᠢᠨ ᠬᠡᠷᠡᠭᠯᠡᠯᠲᠡ ᠶᠢ ᠬᠤᠪᠢᠷᠠᠭᠤᠯᠬᠤ ᠴᠢᠬᠤᠯᠠᠲᠠᠶ ᠪᠠᠶᠢᠪᠠᠯ᠂ | ᠬᠠᠤᠯᠢ ᠶᠣᠰᠣᠭᠠᠷ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠬᠡᠷᠡᠭᠲᠡᠶ᠃ | ᠭᠤᠷᠪᠠᠨ ᠵᠠᠭᠤ ᠲᠡᠪᠢᠠ ᠨᠢᠭᠡᠳᠦᠭᠡᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡᠲᠦ ᠬᠥᠮᠦᠨ ᠨᠢ ᠬᠠᠤᠯᠢ ᠴᠠᠭᠠᠵᠠ ᠶᠢᠨ ᠲᠣᠭᠲᠠᠭᠠᠯ ᠵᠢᠴᠢ ᠭᠡᠷ᠎ᠡ ᠶᠢᠨ ᠪᠣᠯᠵᠣᠯ ᠶᠣᠰᠣᠭᠠᠷ ᠰᠢᠯᠵᠢᠭᠦᠯᠦᠨ | ᠬᠤᠳᠠᠯᠳᠤᠬᠤ ᠮᠥᠩᠭᠦ ᠵᠡᠷᠭᠡ ᠵᠠᠷᠤᠳᠠᠯ ᠢ ᠲᠦᠯᠦᠬᠦ ᠬᠡᠷᠡᠭᠲᠡᠶ᠃ | ᠭᠤᠷᠪᠠᠨ ᠵᠠᠭᠤ ᠲᠠᠪᠢᠨ ᠬᠤᠶᠠᠳᠤᠭᠠᠷ ᠵᠤᠶᠢᠯ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡᠲᠦ ᠬᠥᠮᠦᠨ ᠤ ᠪᠠᠶᠢᠭᠤᠯᠤᠭᠰᠠᠨ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠲᠡᠭᠦᠨ ᠤ ᠲᠠᠭᠠᠯᠳᠠ | ᠲᠥᠬᠦᠭᠡᠷᠦᠮᠵᠢ ᠶᠢᠨ ᠥᠮᠴᠢᠯᠡᠯ ᠤᠨ ᠡᠷᠬᠡ ᠨᠢ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠲᠦ | ᠬᠥᠮᠦᠨ ᠳᠤ ᠬᠠᠷᠢᠶᠠᠯᠠᠭᠳᠠᠨ᠎ᠠ᠂ ᠭᠡᠪᠡᠴᠦ ᠡᠰᠡᠷᠭᠦ ᠬᠡᠷᠡᠴᠢ ᠪᠠᠷᠢᠮᠲᠠ ᠪᠠᠷ ᠭᠡᠷᠡᠴᠢᠯᠡᠭᠰᠡᠨ ᠪᠠᠶᠢᠪᠠᠯ ᠡᠭᠦᠨ ᠳᠤ | ᠪᠠᠭᠲᠠᠬᠤ ᠦᠭᠡᠢ᠃ | ᠭᠤᠷᠪᠠᠨ ᠵᠠᠭᠤ ᠲᠡᠪᠢᠠ ᠭᠤᠷᠪᠠᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡᠲᠦ ᠬᠥᠮᠦᠨ ᠨᠢ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠪᠠᠨ ᠰᠢᠯᠵᠢᠭᠦᠯᠦᠨ ᠥᠭᠬᠦ᠂ | ᠰᠣᠯᠢᠯᠴᠠᠬᠤ᠂ ᠪᠡᠯᠠ ᠪᠣᠯᠭᠠᠨ ᠭᠠᠷᠭᠠᠬᠤ᠂ ᠪᠡᠯᠡᠭᠯᠡᠬᠦ ᠪᠤᠶᠤ ᠪᠠᠷᠢᠴᠠᠭᠠᠯᠠᠬᠤ ᠡᠷᠬᠡ ᠲᠠᠢ᠂ ᠭᠡᠪᠡᠴᠦ ᠬᠠᠤᠯᠢ | ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ ᠡᠭᠦᠨ ᠳᠤ ᠪᠠᠭᠲᠠᠬᠤ ᠤᠢᠭᠡᠢ᠃ | ᠭᠤᠷᠪᠠᠨ ᠵᠠᠭᠤ ᠲᠡᠪᠢᠠ ᠳᠥᠷᠪᠡᠳᠦᠭᠡᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠠ ᠪᠣᠯᠭᠠᠨ ᠭᠠᠷᠭᠠᠬᠤ᠂ ᠪᠡᠯᠡᠭᠯᠡᠬᠦ ᠪᠤᠶᠤ ᠪᠠᠷᠢᠴᠠᠭᠠᠯᠠᠬᠤ ᠳᠤ | ᠬᠦᠷᠪᠡᠯ᠂ ᠲᠤᠬᠠᠶ ᠶᠢᠨ ᠬᠥᠮᠦᠨ ᠨᠢ ᠪᠢᠴᠢᠭ ᠤᠨ ᠬᠡᠯᠪᠡᠷᠢ ᠪᠠᠷ ᠵᠣᠬᠢᠴᠠᠩᠭᠤᠶ ᠭᠡᠷ᠎ᠡ ᠲᠣᠭᠲᠠᠭᠠᠬᠤ ᠬᠡᠷᠡᠭᠲᠡᠶ᠃ | ᠬᠡᠷᠡᠭᠯᠡᠬᠦ ᠬᠤᠭᠤᠴᠠᠭ᠎ᠠ ᠶᠢ ᠲᠤᠬᠠᠶ ᠶᠢᠨ ᠬᠥᠮᠦᠨ ᠪᠣᠯᠵᠣᠨ ᠲᠣᠭᠲᠠᠭᠠᠨ᠎ᠠ᠂ ᠭᠡᠪᠡᠴᠦ ᠪᠦᠳᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠦᠯᠡᠳᠡᠭᠰᠡᠨ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ | ᠭᠤᠷᠪᠠᠨ ᠵᠠᠭᠤ ᠲᠠᠪᠢᠨ ᠲᠠᠪᠤᠳᠤᠭᠠᠷ ᠵᠤᠶᠢᠯ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠡ ᠪᠣᠯᠭᠠᠨ ᠭᠠᠷᠭᠠᠬᠤ ᠪᠤᠶᠤ ᠪᠡᠯᠡᠭᠯᠡᠬᠦ ᠳᠤ ᠬᠦᠷᠪᠡᠯ᠂ | ᠳᠠᠩᠰᠠᠯᠠᠬᠤ ᠪᠠᠶᠢᠭᠤᠯᠤᠮᠵᠢ ᠳᠤ ᠬᠤᠪᠢᠷᠠᠭᠤᠯᠬᠤ ᠲᠠᠩᠰᠠᠯᠠᠯᠳᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ | ᠭᠤᠷᠪᠠᠨ ᠵᠠᠭᠤ ᠲᠡᠪᠢᠠ ᠵᠢᠷᠭᠤᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠠ ᠪᠣᠯᠭᠠᠨ ᠭᠠᠷᠭᠠᠬᠤ ᠪᠤᠶᠤ ᠪᠡᠯᠡᠭᠯᠡᠬᠦ ᠳᠤ ᠬᠦᠷᠪᠡᠯ᠂ ᠲᠤᠰ | ᠭᠠᠵᠠᠷ ᠰᠢᠷᠣᠶ ᠳᠡᠭᠡᠷ᠎ᠡ ᠳᠠᠭᠠᠯᠳᠤᠵᠤ ᠪᠠᠶᠢᠭ᠎ᠠ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠲᠡᠭᠦᠨ ᠤ ᠲᠡᠭᠠᠯᠳᠠ | ᠲᠥᠬᠦᠭᠡᠷᠦᠮᠵᠢ ᠶᠢ ᠬᠠᠮᠲᠤ ᠳᠤᠨᠢ ᠰᠢᠢᠳᠪᠤᠷᠢᠯᠡᠨ᠎ᠡ᠃ | ᠭᠤᠷᠪᠠᠨ ᠵᠠᠭᠤ ᠲᠡᠪᠢᠠ ᠳᠣᠯᠣᠳᠤᠭᠠᠷ ᠵᠦᠢᠯ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠲᠡᠭᠦᠨ ᠤ ᠲᠡᠭᠠᠯᠳᠠ | ᠲᠥᠬᠦᠭᠡᠷᠦᠮᠵᠢ ᠶᠢ ᠰᠢᠯᠵᠢᠭᠦᠯᠦᠨ ᠥᠭᠬᠦ᠂ ᠰᠣᠯᠢᠯᠴᠠᠬᠤ᠂ ᠪᠡᠯᠠ ᠪᠣᠯᠭᠠᠨ ᠭᠠᠷᠭᠠᠬᠤ ᠪᠤᠶᠤ ᠪᠡᠯᠡᠭᠯᠡᠬᠦ ᠳᠤ ᠬᠦᠷᠪᠡᠯ᠂ | ᠲᠤᠰ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠲᠡᠭᠦᠨ ᠤ ᠲᠡᠭᠠᠯᠳᠠ ᠲᠥᠬᠦᠭᠡᠷᠦᠮᠵᠢ ᠶᠢᠨ ᠡᠵᠡᠯᠡᠨ ᠬᠡᠷᠡᠭᠯᠡᠬᠦ | ᠬᠡᠪᠴᠢᠶᠡᠨ ᠳᠠᠬᠢ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠬᠠᠮᠲᠤ ᠳᠤᠨᠢ | ᠰᠢᠢᠳᠪᠤᠷᠢᠯᠡᠨ᠎ᠡ᠃ | ᠭᠤᠷᠪᠠᠨ ᠵᠠᠭᠤ ᠲᠡᠪᠢᠠ ᠨᠠᠢᠮᠠᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢᠨ ᠬᠤᠭᠤᠴᠠᠭ᠎ᠠ ᠳᠦᠭᠦᠷᠬᠦ ᠠᠴᠠ ᠡᠮᠦᠨ᠎ᠡ᠂ ᠤᠯᠡᠠ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠠᠴᠠ | ᠪᠤᠯᠵᠦ ᠲᠤᠰ ᠭᠠᠵᠠᠷ ᠰᠢᠷᠣᠶ ᠶᠢ ᠤᠷᠢᠳᠴᠢᠯᠠᠨ ᠬᠤᠷᠢᠶᠡᠠ ᠠᠪᠬᠤ ᠳᠤ ᠬᠦᠷᠪᠡᠯ᠂ ᠲᠤᠰ ᠬᠠᠤᠯᠢ ᠶᠢᠨ ᠬᠤᠶᠠᠷ ᠵᠠᠭᠤ | ᠳᠥᠴᠢᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠲᠤᠰ ᠭᠠᠵᠠᠷ ᠰᠢᠷᠣᠶ ᠳᠡᠭᠡᠷᠡᠬᠢ ᠭᠡᠷ ᠪᠠᠶᠢᠰᠢᠩ | ᠵᠢᠴᠢ ᠪᠤᠰᠤᠳ ᠤᠢᠯᠦ ᠬᠥᠳᠡᠯᠬᠦ ᠬᠦᠷᠦᠩᠭᠡ ᠳᠤ ᠨᠥᠬᠦᠪᠥᠷᠢ ᠥᠭᠬᠦ ᠶᠢᠨ ᠬᠠᠮᠲᠤ ᠵᠣᠬᠢᠴᠠᠩᠭᠤᠶ ᠰᠢᠯᠵᠢᠭᠦᠯᠦᠨ | ᠬᠤᠳᠠᠯᠳᠤᠬᠤ ᠮᠥᠩᠭᠦ ᠶᠢ ᠪᠤᠴᠠᠭᠠᠵᠤ ᠥᠭᠬᠦ ᠬᠡᠷᠡᠭᠲᠡᠶ᠃ | ᠭᠤᠷᠪᠠᠨ ᠵᠠᠭᠤ ᠲᠠᠪᠢ ᠶᠢᠰᠦᠳᠦᠭᠡᠷ ᠵᠦᠢᠯ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ ᠨᠢ ᠳᠦᠭᠦᠷᠦᠭᠰᠡᠨ ᠪᠠᠶᠢᠪᠠᠯ᠂ ᠠᠶᠠᠨᠳᠠᠭᠠᠨ ᠬᠤᠭᠤᠴᠠᠭ᠎ᠠ ᠶᠢ ᠨᠢ | ᠤᠷᠲᠤᠳᠬᠠᠨ᠎ᠠ᠃ ᠬᠤᠭᠤᠴᠠᠭ᠎ᠠ ᠶᠢ ᠤᠷᠲᠤᠳᠬᠠᠭᠰᠠᠨ ᠰᠦᠢᠳᠬᠡᠯ ᠢ ᠲᠤᠰᠢᠶᠠᠬᠤ ᠪᠤᠶᠤ ᠬᠠᠰᠤᠵᠤ | ᠬᠡᠯᠲᠦᠷᠢᠭᠦᠯᠬᠦ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ | ᠭᠦᠢᠴᠡᠳᠬᠡᠨ᠎ᠡ᠃ | ᠣᠷᠣᠨ ᠰᠠᠭᠤᠴᠠ ᠶᠢᠨ ᠪᠤᠰᠤ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ | ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠬᠤᠭᠤᠴᠠᠭ᠎ᠠ ᠶᠢ ᠤᠷᠲᠤᠳᠬᠠᠬᠤ ᠳᠤ ᠬᠠᠤᠯᠢ ᠴᠠᠭᠠᠵᠠ ᠶᠢᠨ ᠲᠣᠭᠲᠠᠭᠠᠯ | ᠶᠣᠰᠣᠭᠠᠷ ᠭᠦᠢᠴᠡᠳᠬᠡᠨ᠎ᠡ᠃ ᠲᠤᠰ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠵᠢᠴᠢ ᠪᠤᠰᠤᠳ ᠦᠯᠦ ᠬᠥᠳᠡᠯᠬᠦ | ᠬᠦᠷᠦᠩᠭᠡ ᠶᠢᠨ ᠬᠠᠷᠢᠶᠠᠯᠠᠯ ᠢ ᠪᠣᠯᠵᠣᠯ ᠲᠠᠢ ᠪᠠᠶᠢᠪᠠᠯ᠂ ᠪᠣᠯᠵᠣᠯ ᠶᠣᠰᠣᠭᠠᠷ ᠭᠦᠢᠴᠡᠳᠬᠡᠨ᠎ᠡ︔ ᠪᠣᠯᠵᠣᠯ ᠦᠭᠡᠢ | ᠪᠤᠶᠤ ᠪᠣᠯᠵᠣᠯ ᠨᠢ ᠲᠣᠳᠣᠷᠬᠠᠶ ᠦᠭᠡᠢ ᠪᠠᠶᠢᠪᠠᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠲᠣᠭᠲᠠᠭᠠᠯ ᠶᠣᠰᠣᠭᠠᠷ ᠭᠦᠢᠴᠡᠳᠬᠡᠨ᠎ᠡ᠃ | ᠭᠤᠷᠪᠠᠨ ᠵᠠᠭᠤ ᠵᠢᠷᠠᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ | ᠤᠰᠠᠳᠤᠭᠰᠠᠨ ᠪᠠᠶᠢᠪᠠᠯ᠂ ᠰᠢᠯᠵᠢᠭᠦᠯᠦᠨ ᠥᠭᠭᠦᠭᠴᠢ ᠨᠢ ᠴᠠᠭ ᠲᠤᠬᠠᠶ ᠳᠤᠨᠢ ᠲᠡᠩᠰᠡᠯᠡᠯᠳᠠ ᠪᠠᠨ ᠬᠠᠰᠤᠭᠤᠯᠬᠤ | ᠬᠡᠷᠡᠭᠲᠡᠶ᠃ ᠳᠠᠩᠰᠠᠯᠠᠬᠤ ᠪᠠᠶᠢᠭᠤᠯᠤᠮᠵᠢ ᠨᠢ ᠡᠷᠬᠡ ᠶᠢᠨ ᠬᠠᠷᠢᠶᠠᠯᠠᠯ ᠤᠨ ᠦᠨᠡᠮᠯᠡᠯ ᠢᠶᠠᠨ ᠬᠤᠷᠢᠶᠠᠵᠤ ᠠᠪᠬᠤ ᠬᠡᠷᠡᠭᠲᠡᠶ | ᠃ | ᠭᠤᠷᠪᠠᠨ ᠵᠠᠭᠤ ᠵᠢᠷᠠᠨ ᠨᠢᠭᠡᠳᠦᠭᠡᠷ ᠵᠦᠢᠯ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠪᠦᠳᠦᠭᠡᠠ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠬᠤ ᠳᠤ ᠬᠦᠷᠪᠡᠯ᠂ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢᠨ | ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ | ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠲᠤᠬᠠᠶ ᠲᠣᠭᠲᠠᠭᠠᠯ | ᠶᠡᠷᠦᠩᠬᠡᠶ ᠲᠦᠷᠢᠮ ᠤᠨ ᠠᠩᠬᠢ | ᠨᠢᠭᠡᠳᠦᠭᠡᠷ ᠪᠦᠯᠦᠭ ᠦᠨᠳᠦᠰᠦᠨ ᠲᠣᠭᠲᠠᠭᠠᠯ | ᠶᠢᠰᠦᠳᠦᠭᠡᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠠᠵᠢᠯᠯᠠᠭ᠎ᠠ ᠬᠢᠬᠦ ᠳᠡᠭᠡᠨ | ᠡᠬᠢ ᠪᠠᠶᠠᠯᠢᠭ ᠢ ᠠᠷᠪᠢᠯᠠᠬᠤ᠂ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠬᠤ ᠳᠤ ᠠᠰᠢᠭᠲᠠᠶ ᠪᠠᠶᠢᠯᠭᠠᠬᠤ | ᠬᠡᠷᠡᠭᠲᠡᠶ᠃ | ᠪᠣᠳᠠᠰ ᠤᠨ ᠡᠷᠬᠡ ᠶᠢᠨ ᠠᠩᠬᠢ | ᠵᠢᠷᠭᠤᠳᠤᠭᠠᠷ ᠪᠦᠯᠦᠭ ᠥᠮᠴᠢᠲᠡᠨ ᠤ ᠪᠠᠷᠢᠯᠭ᠎ᠠ ᠶᠢᠨ ᠬᠤᠪᠢᠶᠠᠷᠢᠲᠤ ᠥᠮᠴᠢᠯᠡᠯ ᠤᠨ ᠡᠷᠬᠡ | ᠬᠤᠶᠠᠷ ᠵᠠᠭᠤ ᠨᠠᠶᠠᠨ ᠵᠢᠷᠭᠤᠳᠤᠭᠠᠷ ᠵᠦᠢᠯ ᠦᠮᠴᠢᠳᠡᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ | ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠢᠷᠤᠮᠯᠠᠬᠤ ᠬᠡᠷᠡᠭᠲᠡᠶ᠂ ᠬᠤᠯᠪᠣᠭᠳᠠᠯ ᠪᠦᠬᠦᠢ ᠦᠢᠯᠡ ᠠᠵᠢᠯᠯᠠᠭ᠎ᠠ ᠨᠢ | ᠡᠬᠢ ᠪᠠᠶᠠᠯᠢᠭ ᠢ ᠠᠷᠪᠢᠯᠠᠬᠤ᠂ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠪᠤᠶᠤ ᠪᠤᠰᠤᠳ ᠬᠠᠮᠢᠶᠠᠷᠤᠭᠴᠢ ᠶᠢᠨ | ᠵᠠᠰᠠᠭ ᠤᠨ ᠣᠷᠳᠣᠨ ᠤ ᠬᠠᠤᠯᠢ ᠶᠣᠰᠣᠭᠠᠷ ᠬᠡᠷᠡᠭᠵᠢᠭᠦᠯᠵᠦ ᠪᠠᠶᠢᠭ᠎ᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ | ᠠᠷᠭ᠎ᠠ ᠬᠡᠮᠵᠢᠶ᠎ᠡ ᠪᠠ ᠪᠤᠰᠤᠳ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ᠂ ᠥᠮᠴᠢᠲᠡᠨ ᠬᠠᠤᠯᠢ | ᠶᠣᠰᠣᠭᠠᠷ ᠬᠠᠮᠵᠢᠯᠴᠠᠬᠤ ᠬᠡᠷᠡᠭᠲᠡᠶ᠃ | ᠠᠷᠪᠠᠳᠤᠭᠠᠷ ᠪᠦᠯᠦᠭ ᠡ᠊ᠩ ᠤᠨ ᠲᠣᠭᠲᠠᠭᠠᠯ | ᠭᠤᠷᠪᠠᠨ ᠵᠠᠭᠤ ᠬᠤᠷᠢᠨ ᠵᠢᠷᠭᠤᠳᠤᠭᠠᠷ ᠵᠦᠢᠯ ᠡᠰᠢᠭ ᠤᠯᠬᠤ ᠪᠣᠳᠠᠰ ᠤᠨ ᠡᠷᠬᠡᠲᠦ ᠬᠥᠮᠦᠨ ᠡᠷᠬᠡ ᠪᠠᠨ | ᠬᠡᠷᠡᠭᠵᠢᠭᠦᠯᠬᠦ ᠳᠡᠭᠡᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ᠂ ᠠᠮᠢ ᠠᠬᠤᠶ | ᠣᠷᠴᠢᠨ ᠲᠤᠭᠤᠷᠢᠨ ᠢ ᠬᠠᠮᠠᠭᠠᠯᠠᠬᠤ ᠲᠤᠬᠠᠶ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ | ᠬᠡᠷᠡᠭᠲᠡᠶ᠃ ᠥᠮᠴᠢᠯᠡᠯ ᠤᠨ ᠡᠷᠬᠡᠲᠦ ᠬᠥᠮᠦᠨ ᠨᠢ ᠠᠰᠢᠭ ᠤᠯᠬᠤ ᠪᠣᠳᠠᠰ ᠤᠨ ᠡᠷᠬᠡᠲᠦ ᠬᠥᠮᠦᠨ ᠤ ᠡᠷᠬᠡ ᠪᠠᠨ | ᠬᠡᠷᠡᠭᠵᠢᠭᠦᠯᠬᠦ ᠳᠤ ᠭᠠᠷ ᠲᠦᠷᠦᠵᠦ ᠪᠣᠯᠬᠤ ᠦᠭᠡᠢ᠃ | ᠭᠡᠷ᠎ᠡ ᠶᠢᠨ ᠠᠩᠬᠢ | ᠳᠥᠷᠪᠡᠳᠦᠭᠡᠷ ᠪᠦᠯᠦᠭ ᠭᠡᠷ᠎ᠡ ᠶᠢ ᠭᠦᠢᠴᠡᠳᠬᠡᠬᠦ | ᠲᠠᠪᠤᠨ ᠵᠠᠭᠤ ᠶᠢᠰᠦᠳᠦᠭᠡᠷ ᠵᠦᠢᠯ ᠲᠤᠬᠠᠶ ᠶᠢᠨ ᠬᠥᠮᠦᠨ ᠨᠢ ᠪᠣᠯᠵᠣᠨ ᠲᠣᠭᠲᠠᠭᠰᠠᠨ ᠶᠣᠰᠣᠭᠠᠷ ᠥᠪᠡᠷ ᠤᠨ | ᠡᠭᠦᠷᠭᠡ ᠪᠠᠨ ᠪᠦᠬᠦ ᠲᠠᠯ᠎ᠠ ᠪᠠᠷ ᠭᠦᠢᠴᠡᠳᠬᠡᠬᠦ ᠬᠡᠷᠡᠭᠲᠡᠶ᠃ | ᠲᠤᠬᠠᠶ ᠶᠢᠨ ᠬᠥᠮᠦᠨ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ ᠵᠢᠷᠤᠮᠯᠠᠨ᠂ ᠭᠡᠷ᠎ᠡ ᠶᠢᠨ ᠰᠢᠨᠵᠢ ᠴᠢᠨᠠᠷ᠂ | ᠵᠣᠷᠢᠯᠭ᠎ᠠ ᠪᠠ ᠠᠷᠠᠯᠵᠢᠶᠠᠨ ᠤ ᠵᠤᠷᠰᠢᠯ ᠢ ᠦᠨᠳᠦᠰᠦᠯᠡᠨ ᠮᠡᠳᠡᠭᠳᠡᠬᠦ᠂ ᠬᠠᠮᠵᠢᠯᠴᠠᠬᠤ᠂ ᠨᠢᠭᠤᠴᠠ ᠶᠢ ᠬᠠᠮᠠᠭᠠᠯᠠᠬᠤ | ᠵᠡᠷᠭᠡ ᠡᠭᠦᠷᠭᠡ ᠶᠢ ᠭᠦᠢᠴᠡᠳᠬᠡᠬᠦ ᠬᠡᠷᠡᠭᠲᠡᠶ᠃ | ᠲᠤᠬᠠᠶ ᠶᠢᠨ ᠬᠥᠮᠦᠨ ᠭᠡᠷ᠎ᠡ ᠶᠢ ᠭᠦᠢᠴᠡᠳᠬᠡᠬᠦ ᠶᠠᠪᠤᠴᠠ ᠳᠠᠭᠠᠨ ᠡᠬᠢ ᠪᠠᠶᠠᠯᠢᠭ ᠢ ᠪᠦᠷᠢᠯᠭᠡᠬᠦ᠂ ᠣᠷᠴᠢᠨ | ᠲᠤᠭᠤᠷᠢᠨ ᠢ ᠪᠣᠬᠢᠷᠲᠤᠭᠤᠯᠬᠤ ᠪᠠ ᠠᠮᠢ ᠠᠬᠤᠶ ᠶᠢ ᠡᠪᠳᠡᠬᠦ ᠠᠴᠠ ᠵᠠᠶᠢᠯᠠᠰᠬᠢᠬᠦ ᠬᠡᠷᠡᠭᠲᠡᠶ᠃ | | ᠣᠷᠴᠢᠨ ᠠᠬᠤᠶ ᠶᠢᠨ ᠪᠣᠬᠢᠷᠲᠤᠯ ᠪᠠ ᠠᠮᠢ ᠠᠬᠤᠶ ᠶᠢᠨ ᠡᠪᠳᠡᠭᠳᠡᠯ ᠤᠨ ᠬᠠᠷᠢᠭᠤᠴᠠᠯᠭ᠎ᠠ᠂ ᠪᠠᠷᠢᠯᠭ᠎ᠠ ᠶᠢᠨ | ᠪᠤᠳᠠᠰ ᠪᠠ ᠶᠠᠭᠤᠮ᠎ᠠ ᠬᠡᠦᠮ᠎ᠡ ᠶᠢᠨ ᠬᠤᠬᠢᠷᠠᠯ ᠤᠨ ᠬᠠᠷᠢᠭᠤᠴᠠᠯᠭ᠎ᠠ ᠶᠢᠨ ᠲᠤᠬᠠᠶ ᠲᠣᠭᠲᠠᠭᠠᠯ | ᠡᠷᠬᠡᠨ ᠳᠤ ᠬᠠᠯᠳᠠᠭᠰᠠᠨ ᠬᠠᠷᠢᠭᠤᠴᠠᠯᠭ᠎ᠠ ᠶᠢᠨ ᠠᠩᠬᠢ | ᠳᠣᠯᠣᠳᠤᠭᠠᠷ ᠪᠦᠯᠦᠭ ᠤᠷᠴᠢᠨ ᠲᠤᠭᠤᠷᠢᠨ ᠢ ᠪᠣᠬᠢᠷᠲᠤᠭᠤᠯᠤᠭᠰᠠᠨ ᠪᠠ ᠠᠮᠢ ᠠᠬᠤᠶ ᠶᠢ ᠡᠪᠳᠡᠭᠰᠡᠨ | ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠭᠤᠴᠢᠨ ᠳᠥᠷᠪᠡᠳᠦᠭᠡᠷ ᠵᠦᠢᠯ ᠤᠯᠤᠰ ᠤᠨ ᠲᠣᠭᠲᠠᠭᠠᠯ ᠢ ᠵᠥᠷᠢᠴᠡᠨ ᠠᠮᠢ ᠠᠬᠤᠶ | ᠣᠷᠴᠢᠨ ᠲᠣᠭᠤᠷᠢᠨ ᠢ ᠬᠤᠬᠢᠷᠠᠭᠤᠯᠵᠤ᠂ ᠠᠮᠢ ᠠᠬᠤᠶ ᠣᠷᠴᠢᠨ ᠲᠣᠭᠤᠷᠢᠨ ᠢ ᠵᠠᠰᠠᠨ ᠰᠡᠷᠭᠦᠭᠡᠵᠦ ᠲᠡᠶᠢᠯᠬᠦ ᠪᠠᠶᠢᠪᠠᠯ | ᠂ ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠵᠣᠬᠢᠶᠠᠨ | ᠪᠠᠶᠢᠭᠤᠯᠤᠯᠲᠠ ᠨᠢ ᠵᠦᠢ ᠵᠣᠬᠢᠰᠲᠠᠶ ᠬᠤᠭᠤᠴᠠᠭᠠᠨ ᠤ ᠳᠣᠲᠣᠷ᠎ᠠ ᠡᠷᠬᠡ ᠳᠤ ᠬᠠᠯᠳᠠᠭᠴᠢ ᠪᠠᠷ ᠵᠠᠰᠠᠨ ᠰᠡᠷᠭᠦᠭᠡᠬᠦ | ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠃ ᠡᠷᠬᠡ ᠳᠤ ᠬᠠᠯᠳᠠᠭᠰᠠᠨ ᠬᠥᠮᠦᠨ ᠨᠢ | ᠬᠤᠭᠤᠴᠠᠭᠠᠨ ᠤ ᠳᠣᠲᠣᠷ᠎ᠠ ᠵᠠᠰᠠᠵᠤ ᠰᠡᠷᠭᠦᠭᠡᠭᠰᠡᠨ ᠦᠭᠡᠢ ᠪᠠᠶᠢᠪᠠᠯ᠂ ᠤᠯᠤᠰ ᠠᠴᠠ ᠲᠣᠭᠲᠠᠭᠠᠭᠰᠠᠨ ᠪᠠᠶᠢᠭᠤᠯᠭ᠎ᠠ | ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠥᠪᠡᠷ ᠢᠶᠠᠨ ᠪᠤᠶᠤ ᠪᠤᠰᠤᠳ ᠲᠤ ᠨᠠᠶᠢᠳᠠᠵᠤ | ᠵᠠᠰᠠᠵᠤ ᠰᠡᠷᠭᠦᠭᠡᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠡᠷᠬᠡ ᠳᠤ ᠬᠠᠯᠳᠠᠭᠰᠠᠨ ᠬᠥᠮᠦᠨ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠭᠤᠴᠢᠨ ᠲᠠᠪᠤᠳᠤᠭᠠᠷ ᠵᠦᠢᠯ ᠤᠯᠤᠰ ᠤᠨ ᠲᠣᠭᠲᠠᠭᠠᠯ ᠢ ᠵᠥᠷᠢᠴᠡᠵᠦ ᠠᠮᠢ ᠠᠬᠤᠶ | ᠣᠷᠴᠢᠨ ᠲᠣᠭᠤᠷᠢᠨ ᠢ ᠬᠤᠬᠢᠷᠠᠭᠤᠯᠤᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠪᠤᠶᠤ ᠬᠠᠤᠯᠢ | ᠴᠠᠭᠠᠵᠠ ᠳᠤ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠨᠢ ᠡᠷᠬᠡ ᠳᠤ ᠬᠠᠯᠳᠠᠭᠴᠢ ᠪᠠᠷ ᠳᠣᠣᠷ᠎ᠠ ᠵᠢᠭᠰᠠᠭᠠᠭᠰᠠᠨ | ᠬᠤᠬᠢᠷᠠᠯ ᠪᠠ ᠵᠠᠷᠤᠳᠠᠯ ᠢ ᠲᠦᠯᠦᠬᠦᠯᠬᠦ ᠪᠠᠷ ᠭᠤᠶᠤᠴᠢᠯᠠᠬᠤ ᠡᠷᠬᠡ ᠲᠠᠢ᠄ | ︵ᠨᠢᠭᠡ︶ ᠠᠮᠢ ᠠᠬᠤᠶ ᠣᠷᠴᠢᠨ ᠲᠣᠭᠤᠷᠢᠨ ᠨᠢ ᠬᠤᠬᠢᠷᠠᠯ ᠳᠤ ᠤᠴᠠᠷᠠᠭᠰᠠᠨ ᠠᠴᠠ ᠰᠡᠷᠭᠦᠭᠡᠯᠲᠡ ᠶᠢ | ᠪᠡᠶᠡᠯᠡᠬᠦᠯᠬᠦ ᠪᠤᠯᠳᠠᠯᠠᠬᠢ ᠬᠤᠭᠤᠴᠠᠭᠠᠨ ᠳᠠᠬᠢ ᠦᠢᠯᠡᠴᠢᠯᠡᠭᠡᠨ ᠤ ᠴᠢᠳᠠᠮᠵᠢ ᠪᠠᠨ ᠠᠯᠳᠠᠭᠰᠠᠨ ᠠᠴᠠ ᠪᠣᠯᠤᠭᠰᠠᠨ | ᠬᠤᠬᠢᠷᠠᠯ︔ | ︵ᠬᠤᠶᠠᠷ︶ ᠠᠮᠢ ᠠᠬᠤᠶ ᠣᠷᠴᠢᠨ ᠲᠤᠭᠤᠷᠢᠨ ᠤ ᠴᠢᠳᠠᠮᠵᠢ ᠶᠢᠨ ᠥᠨᠢᠳᠡ ᠶᠢᠨ ᠴᠢᠨᠠᠷᠲᠠᠶ ᠬᠤᠬᠢᠷᠠᠯ ᠠᠴᠠ | ᠪᠣᠯᠤᠭᠰᠠᠨ ᠬᠤᠬᠢᠷᠠᠯ︔ | ︵ᠭᠤᠷᠪᠠ︶ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠪᠠᠶᠢᠳᠠᠯ ᠢ ᠪᠠᠶᠢᠴᠠᠭᠠᠬᠤ᠂ | ᠬᠢᠨᠠᠨ ᠲᠣᠭᠲᠠᠭᠠᠵᠤ ᠦᠨᠡᠯᠡᠨ ᠵᠢᠱᠢᠬᠦ ᠵᠡᠷᠭᠡ ᠵᠠᠷᠤᠳᠠᠯ︔ | ︵ᠲᠦᠷᠪᠡ︶ ᠪᠣᠬᠢᠷᠲᠤᠯ ᠢ ᠠᠷᠢᠯᠭᠠᠬᠤ᠂ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ ᠵᠠᠷᠤᠳᠠᠯ︔ | ︵ᠲᠠᠪᠤ︶ ᠬᠤᠬᠢᠷᠠᠯ ᠭᠠᠷᠬᠤ ᠪᠠ ᠬᠤᠬᠢᠷᠠᠯ ᠤᠨ ᠥᠷᠭᠡᠳᠬᠡᠬᠦ ᠠᠴᠠ ᠰᠡᠷᠭᠡᠶᠢᠯᠡᠬᠦ ᠳᠤ ᠵᠠᠷᠤᠴᠠᠭᠤᠯᠤᠭᠰᠠᠨ ᠵᠦᠢ | ᠵᠣᠬᠢᠰᠲᠠᠶ ᠵᠠᠷᠤᠳᠠᠯ᠃ | ᠠᠷᠪᠠᠳᠤᠭᠠᠷ ᠪᠦᠯᠦᠭ ᠪᠠᠷᠢᠯᠭ᠎ᠠ ᠶᠢᠨ ᠪᠤᠳᠠᠰ ᠪᠠ ᠶᠠᠭᠤᠮ᠎ᠠ ᠬᠡᠦᠮ᠎ᠡ ᠶᠢᠨ ᠬᠤᠬᠢᠷᠠᠯ ᠤᠨ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠲᠡᠪᠢᠠ ᠬᠤᠶᠠᠳᠤᠭᠠᠷ ᠵᠦᠢᠯ ᠪᠠᠷᠢᠯᠭ᠎ᠠ ᠶᠢᠨ ᠪᠤᠳᠠᠰ᠂ ᠪᠠᠷᠢᠯᠭ᠎ᠠ ᠶᠢᠨ ᠵᠦᠢᠯ ᠪᠤᠶᠤ | ᠪᠤᠰᠤᠳ ᠲᠥᠬᠦᠭᠡᠷᠦᠮᠵᠢ ᠨᠤᠷᠠᠵᠤ᠂ ᠴᠥᠮᠥᠷᠡᠭᠡᠳ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠪᠦᠳᠦᠭᠡᠠ ᠪᠠᠶᠢᠭᠤᠯᠬᠤ ᠨᠢᠭᠡᠴᠢ ᠬᠢᠭᠡᠳ ᠪᠠᠷᠢᠯᠭ᠎ᠠ ᠪᠠᠷᠢᠬᠤ ᠨᠢᠭᠡᠴᠢ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ | ᠂ ᠭᠡᠪᠡᠴᠦ ᠪᠦᠳᠦᠭᠡᠠ ᠪᠠᠶᠢᠭᠤᠯᠬᠤ ᠨᠢᠭᠡᠴᠢ ᠬᠢᠭᠡᠳ ᠪᠠᠷᠢᠯᠭ᠎ᠠ ᠪᠠᠷᠢᠬᠤ ᠨᠢᠭᠡᠴᠢ ᠨᠢ ᠶᠠᠰᠤ ᠴᠢᠨᠠᠷ ᠤᠨ ᠭᠡᠮ ᠰᠣᠭᠤᠭ | ᠪᠠᠶᠢᠬᠤ ᠤᠢᠭᠡᠢ ᠭᠡᠳᠡᠭ ᠢ ᠭᠡᠷᠡᠴᠢᠯᠡᠵᠦ ᠴᠢᠳᠠᠪᠠᠯ ᠡᠭᠦᠨ ᠳᠤ ᠪᠠᠭᠲᠠᠬᠤ ᠤᠢᠭᠡᠢ᠃ ᠪᠦᠳᠦᠭᠡᠠ ᠪᠠᠶᠢᠭᠤᠯᠬᠤ ᠨᠢᠭᠡᠴᠢ᠂ | ᠪᠠᠷᠢᠯᠭ᠎ᠠ ᠪᠠᠷᠢᠬᠤ ᠨᠢᠭᠡᠴᠢ ᠲᠦᠯᠦᠪᠤᠷᠢ ᠲᠦᠯᠦᠭᠰᠡᠠ ᠤ ᠲᠡᠷᠠᠭ᠎ᠠ᠂ ᠪᠤᠰᠤᠳ ᠬᠠᠷᠢᠭᠤᠴᠠᠯᠭ᠎ᠠ ᠲᠠᠢ ᠬᠥᠮᠦᠨ ᠲᠠᠢ | ᠪᠠᠶᠢᠪᠠᠯ᠂ ᠪᠤᠰᠤᠳ ᠬᠠᠷᠢᠭᠤᠴᠠᠯᠭ᠎ᠠ ᠲᠠᠢ ᠬᠥᠮᠦᠨ ᠠᠴᠠ ᠨᠡᠬᠡᠨ ᠲᠦᠯᠦᠬᠦᠯᠬᠦ ᠡᠷᠬᠡ ᠲᠠᠢ᠃ | ᠥᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠪᠤᠶᠤ ᠭᠤᠷᠪᠠᠳᠠᠬᠢ ᠬᠥᠮᠦᠨ ᠤ ᠰᠢᠯᠲᠠᠭᠠᠨ ᠠᠴᠠ ᠪᠤᠯᠵᠤ᠂ | ᠪᠠᠷᠢᠯᠭ᠎ᠠ ᠶᠢᠨ ᠪᠤᠳᠠᠰ᠂ ᠪᠠᠷᠢᠯᠭ᠎ᠠ ᠶᠢᠨ ᠵᠦᠢᠯ ᠪᠤᠶᠤ ᠪᠤᠰᠤᠳ ᠲᠥᠬᠦᠭᠡᠷᠦᠮᠵᠢ ᠨᠤᠷᠠᠵᠤ᠂ ᠴᠥᠮᠥᠷᠡᠭᠡᠳ ᠪᠤᠰᠤᠳ | ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠥᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠪᠤᠶᠤ | ᠭᠤᠷᠪᠠᠳᠠᠬᠢ ᠬᠥᠮᠦᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠲᠡᠪᠢᠠ ᠭᠤᠷᠪᠠᠳᠤᠭᠠᠷ ᠵᠦᠢᠯ ᠪᠠᠷᠢᠯᠭ᠎ᠠ ᠶᠢᠨ ᠪᠤᠳᠠᠰ᠂ ᠪᠠᠷᠢᠯᠭ᠎ᠠ ᠶᠢᠨ ᠵᠦᠢᠯ ᠪᠤᠶᠤ | ᠪᠤᠰᠤᠳ ᠲᠥᠬᠦᠭᠡᠷᠦᠮᠵᠢ ᠵᠢᠴᠢ ᠲᠡᠭᠦᠨ ᠤ ᠲᠠᠯᠪᠢᠭᠰᠠᠨ ᠶᠠᠭᠤᠮ᠎ᠠ᠂ ᠡᠯᠭᠦᠭᠰᠡᠨ ᠶᠠᠭᠤᠮ᠎ᠠ ᠨᠢ ᠮᠤᠯᠲᠤᠷᠠᠨ ᠤᠨᠠᠵᠤ᠂ | ᠤᠨᠠᠭᠠᠳ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠵᠤ᠂ ᠥᠮᠴᠢᠯᠡᠭᠴᠢ᠂ ᠬᠠᠮᠢᠶᠠᠷᠤᠭᠴᠢ ᠪᠤᠶᠤ | ᠬᠡᠷᠡᠭᠯᠡᠭᠴᠢ ᠨᠢ ᠥᠪᠡᠷ ᠤᠨ ᠠᠯᠳᠠᠭ᠎ᠠ ᠤᠢᠭᠡᠢ ᠭᠡᠳᠡᠭ ᠢᠶᠠᠨ ᠭᠡᠷᠡᠴᠢᠯᠡᠵᠦ ᠴᠢᠳᠠᠬᠤ ᠤᠢᠭᠡᠢ ᠪᠠᠶᠢᠪᠠᠯ᠂ ᠡᠷᠬᠡ ᠳᠤ | ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠥᠮᠴᠢᠯᠡᠭᠴᠢ᠂ ᠬᠠᠮᠢᠶᠠᠷᠤᠭᠴᠢ ᠪᠤᠶᠤ ᠬᠡᠷᠡᠭᠯᠡᠭᠴᠢ | ᠲᠦᠯᠦᠪᠦᠷᠢ ᠲᠦᠯᠦᠭᠰᠡᠨ ᠤ ᠲᠠᠷᠠᠭ᠎ᠠ᠂ ᠪᠤᠰᠤᠳ ᠬᠠᠷᠢᠭᠤᠴᠠᠯᠭ᠎ᠠ ᠲᠠᠢ ᠬᠥᠮᠦᠨ ᠲᠠᠢ ᠪᠠᠶᠢᠪᠠᠯ᠂ ᠪᠤᠰᠤᠳ | ᠬᠠᠷᠢᠭᠤᠴᠠᠯᠭ᠎ᠠ ᠲᠠᠢ ᠬᠥᠮᠦᠨ ᠠᠴᠠ ᠲᠥᠯᠥᠪᠦᠷᠢ ᠨᠡᠬᠡᠮᠵᠢᠯᠡᠬᠦ ᠡᠷᠬᠡ ᠲᠠᠢ᠃ | | ᠦᠯᠦ ᠬᠥᠳᠡᠯᠬᠦ ᠬᠦᠷᠦᠩᠭᠡ ᠪᠤᠶᠤ ᠬᠥᠳᠡᠯᠬᠦ ᠬᠦᠷᠦᠩᠭᠡ ᠶᠢ ᠲᠠᠲᠠᠪᠤᠷᠢᠯᠠᠨ ᠠᠪᠬᠤ᠂ ᠲᠠᠲᠠᠪᠤᠷᠢᠯᠠᠨ ᠬᠡᠷᠡᠭᠯᠡᠬᠦ | ᠲᠤᠬᠠᠶ ᠬᠤᠯᠪᠣᠭᠳᠠᠯ ᠪᠦ᠋ᠬᠦᠢ ᠲᠣᠭᠲᠠᠭᠠᠯ | ᠶᠡᠷᠦᠩᠬᠡᠶ ᠲᠦᠷᠢᠮ ᠤᠨ ᠠᠩᠬᠢ | ᠲᠠᠪᠤᠳᠤᠭᠠᠷ ᠪᠦᠯᠦᠭ ᠢᠷᠭᠡᠨ ᠤ ᠬᠡᠷᠡᠭ ᠤᠨ ᠡᠷᠬᠡ | ᠵᠠᠭᠤ ᠠᠷᠪᠠᠨ ᠳᠣᠯᠣᠳᠤᠭᠠᠷ ᠵᠦᠢᠯ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠥᠯᠥᠭᠡ᠂ | ᠬᠠᠤᠯᠢ ᠴᠠᠭᠠᠵᠠ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠦᠯᠦ ᠬᠥᠳᠡᠯᠬᠦ ᠬᠦᠷᠦᠩᠭᠡ | ᠪᠤᠶᠤ ᠬᠥᠳᠡᠯᠬᠦ ᠬᠦᠷᠦᠩᠭᠡ ᠶᠢ ᠲᠠᠲᠠᠪᠤᠷᠢᠯᠠᠨ ᠠᠪᠬᠤ᠂ ᠲᠠᠲᠠᠪᠤᠷᠢᠯᠠᠨ ᠬᠡᠷᠡᠭᠯᠡᠬᠦ ᠳᠤ ᠬᠦᠷᠪᠡᠯ᠂ ᠲᠥᠪ ᠭᠤᠣᠯᠴᠢ᠂ | ᠵᠦᠢ ᠵᠣᠬᠢᠰᠲᠠᠶ ᠨᠥᠬᠦᠪᠥᠷᠢ ᠥᠭᠬᠦ ᠬᠡᠷᠡᠭᠲᠡᠶ᠃ | ᠪᠣᠳᠠᠰ ᠤᠨ ᠡᠷᠬᠡ ᠶᠢᠨ ᠠᠩᠬᠢ | ᠳᠥᠷᠪᠡᠳᠦᠭᠡᠷ ᠪᠦᠯᠦᠭ ᠡ᠊ᠩ ᠤᠨ ᠲᠣᠭᠲᠠᠭᠠᠯ | ᠬᠤᠶᠠᠷ ᠵᠠᠭᠤ ᠳᠥᠴᠢᠨ ᠭᠤᠷᠪᠠᠳᠤᠭᠠᠷ ᠵᠦᠢᠯ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠶᠢᠨ | ᠲᠥᠯᠥᠭᠡ᠂ ᠬᠠᠤᠯᠢ ᠴᠠᠭᠠᠵᠠ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠬᠠᠮᠲᠤ ᠶᠢᠨ | ᠥᠮᠴᠢᠯᠡᠯ ᠤᠨ ᠭᠠᠵᠠᠷ ᠰᠢᠷᠣᠶ ᠪᠠ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠭᠡᠷ ᠪᠠᠶᠢᠰᠢᠩ ᠵᠢᠴᠢ ᠪᠤᠰᠤᠳ | ᠦᠯᠦ ᠬᠥᠳᠡᠯᠬᠦ ᠬᠦᠷᠦᠩᠭᠡ ᠶᠢ ᠲᠠᠲᠠᠪᠤᠷᠢᠯᠠᠨ ᠠᠪᠴᠤ ᠪᠣᠯᠤᠨ᠎ᠠ᠃ | ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠲᠠᠲᠠᠪᠤᠷᠢᠯᠠᠬᠤ ᠳᠤ ᠬᠦᠷᠪᠡᠯ᠂ ᠭᠠᠵᠠᠷ ᠰᠢᠷᠣᠶ ᠶᠢᠨ | ᠲᠥᠯᠥᠪᠦᠷᠢ ᠶᠢᠨ ᠰᠦᠢᠳᠬᠡᠯ᠂ ᠲᠥᠪᠬᠢᠨᠡᠭᠦᠯᠬᠦ ᠨᠥᠬᠦᠪᠥᠷᠢ ᠶᠢᠨ ᠰᠦᠢᠳᠬᠡᠯ ᠵᠢᠴᠢ ᠬᠥᠳᠡᠭᠡ ᠲᠣᠰᠬᠤᠨ ᠤ | ᠭᠠᠴᠠᠭᠠᠨ ᠤ ᠠᠷᠠᠳ ᠤᠨ ᠣᠷᠣᠨ ᠰᠠᠭᠤᠴᠠ᠂ ᠭᠠᠵᠠᠷ ᠳᠡᠭᠡᠷᠡᠬᠢ ᠪᠤᠰᠤᠳ ᠲᠠᠭᠠᠯᠳᠠ ᠪᠣᠳᠠᠰ ᠪᠠ ᠲᠠᠷᠢᠶᠠᠨ ᠴᠢᠬᠢ | ᠵᠡᠷᠭᠡ ᠶᠢᠨ ᠲᠥᠯᠥᠪᠦᠷᠢ ᠶᠢᠨ ᠰᠦᠢᠳᠬᠡᠯ ᠢ ᠬᠠᠤᠯᠢ ᠶᠣᠰᠣᠭᠠᠷ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠥᠭᠬᠦ | ᠬᠡᠷᠡᠭᠲᠡᠶ ᠪᠥᠭᠡᠳ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠨᠡᠶᠢᠭᠡᠮ ᠤᠨ ᠪᠠᠲᠤᠯᠠᠭ᠎ᠠ ᠶᠢᠨ | ᠰᠦᠢᠳᠬᠡᠯ ᠢ ᠲᠣᠬᠢᠷᠠᠭᠤᠯᠵᠤ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠠᠮᠢᠳᠤᠷᠠᠯ ᠢ | ᠪᠠᠲᠤᠯᠠᠵᠤ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠬᠡᠷᠡᠭᠲᠡᠶ᠃ | ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠭᠡᠷ ᠪᠠᠶᠢᠰᠢᠩ ᠵᠢᠴᠢ ᠪᠤᠰᠤᠳ ᠦᠯᠦ ᠬᠥᠳᠡᠯᠬᠦ ᠬᠦᠷᠦᠩᠭᠡ ᠶᠢ | ᠲᠠᠲᠠᠪᠤᠷᠢᠯᠠᠬᠤ ᠳᠤ ᠬᠦᠷᠪᠡᠯ᠂ ᠬᠠᠤᠯᠢ ᠶᠣᠰᠣᠭᠠᠷ ᠲᠠᠲᠠᠪᠤᠷᠢᠯᠠᠭᠰᠠᠨ ᠨᠥᠬᠦᠪᠥᠷᠢ ᠥᠭᠴᠦ᠂ ᠲᠠᠲᠠᠪᠤᠷᠢᠯᠠᠭᠳᠠᠭᠰᠠᠨ | ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ︔ ᠬᠤᠪᠢ ᠬᠥᠮᠦᠨ ᠤ ᠣᠷᠣᠨ ᠰᠠᠭᠤᠴᠠ ᠶᠢ | ᠲᠠᠲᠠᠪᠤᠷᠢᠯᠠᠭᠰᠠᠨ ᠪᠠᠶᠢᠪᠠᠯ᠂ ᠲᠠᠲᠠᠪᠤᠷᠢᠯᠠᠭᠳᠠᠭᠰᠠᠨ ᠬᠥᠮᠦᠨ ᠤ ᠣᠷᠣᠰᠢᠨ ᠰᠠᠭᠤᠬᠤ ᠨᠥᠬᠦᠴᠡᠯ ᠢ ᠪᠠᠰᠠ ᠪᠠᠲᠤᠯᠠᠬᠤ | ᠬᠡᠷᠡᠭᠲᠡᠶ᠃ | ᠲᠠᠲᠠᠪᠤᠷᠢᠯᠠᠭᠰᠠᠨ ᠲᠥᠯᠥᠪᠦᠷᠢ ᠶᠢᠨ ᠰᠦᠢᠳᠬᠡᠯ ᠵᠡᠷᠭᠡ ᠰᠦᠢᠳᠬᠡᠯ ᠢ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ | ᠬᠤᠪᠢ ᠬᠥᠮᠦᠨ ᠱᠠᠮᠰᠢᠵᠤ᠂ ᠨᠡᠭᠦᠯᠭᠡᠨ ᠬᠡᠷᠡᠭᠯᠡᠵᠦ᠂ ᠳᠣᠲᠣᠷ᠎ᠠ ᠵᠠᠭᠤᠷ᠎ᠠ ᠪᠠᠨ ᠬᠤᠪᠢᠶᠠᠯᠴᠠᠵᠤ᠂ ᠦᠯᠡᠳᠡᠭᠡᠨ | ᠠᠪᠴᠤ᠂ ᠥᠷᠢᠲᠦᠵᠦ ᠪᠣᠯᠬᠤ ᠤᠢᠭᠡᠢ᠃ | ᠬᠤᠶᠠᠷ ᠵᠠᠭᠤ ᠳᠥᠴᠢᠨ ᠳᠥᠷᠪᠡᠳᠦᠭᠡᠷ ᠵᠦᠢᠯ ᠤᠯᠤᠰ ᠠᠴᠠ ᠲᠠᠷᠢᠶᠠᠨ ᠭᠠᠵᠠᠷ ᠲᠤ ᠣᠨᠴᠠᠭᠠᠶ ᠬᠠᠮᠠᠭᠠᠯᠠᠯᠲᠠ | ᠶᠠᠪᠤᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ | ᠬᠡᠮᠵᠢᠶ᠎ᠡ ᠶᠢ ᠬᠢᠵᠠᠭᠠᠷᠯᠠᠨ᠎ᠠ᠃ ᠬᠠᠤᠯᠢ ᠴᠠᠭᠠᠵᠠ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠵᠥᠷᠢᠴᠡᠨ | ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠲᠠᠲᠠᠪᠤᠷᠢᠯᠠᠨ ᠠᠪᠴᠤ ᠪᠣᠯᠬᠤ ᠦᠭᠡᠢ᠃ | ᠬᠤᠶᠠᠷ ᠵᠠᠭᠤ ᠳᠥᠴᠢᠨ ᠲᠠᠪᠤᠳᠤᠭᠠᠷ ᠵᠦᠢᠯ ᠡᠶᠤᠯ ᠭᠠᠮᠰᠢᠭ ᠠᠴᠠ ᠠᠪᠤᠷᠠᠬᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠵᠡᠷᠭᠡ ᠪᠠᠴᠢᠮ ᠬᠡᠷᠡᠭᠴᠡᠭᠡ ᠠᠴᠠ ᠪᠤᠯᠵᠤ᠂ ᠬᠠᠤᠯᠢ ᠴᠠᠭᠠᠵᠠ ᠳᠤ ᠲᠣᠭᠲᠠᠭᠠᠭᠰᠠᠨ | ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠦᠯᠦ ᠬᠥᠳᠡᠯᠬᠦ | ᠬᠦᠷᠦᠩᠭᠡ ᠪᠤᠶᠤ ᠬᠥᠳᠡᠯᠬᠦ ᠬᠦᠷᠦᠩᠭᠡ ᠶᠢ ᠲᠠᠲᠠᠪᠤᠷᠢᠯᠠᠨ ᠬᠡᠷᠡᠭᠯᠡᠵᠦ ᠪᠣᠯᠤᠨ᠎ᠠ᠃ ᠲᠠᠲᠠᠪᠤᠷᠢᠯᠠᠨ ᠬᠡᠷᠡᠭᠯᠡᠭᠳᠡᠭᠰᠡᠨ | ᠦᠯᠦ ᠬᠥᠳᠡᠯᠬᠦ ᠬᠦᠷᠦᠩᠭᠡ ᠪᠤᠶᠤ ᠬᠥᠳᠡᠯᠬᠦ ᠬᠦᠷᠦᠩᠭᠡ ᠶᠢ ᠬᠡᠷᠡᠭᠯᠡᠭᠰᠡᠨ ᠤ ᠳᠠᠷᠠᠭ᠎ᠠ ᠲᠠᠲᠠᠪᠤᠷᠢᠯᠠᠨ ᠬᠡᠷᠡᠭᠯᠡᠭᠳᠡᠭᠰᠡᠨ | ᠬᠥᠮᠦᠨ ᠳᠤ ᠪᠤᠴᠠᠭᠠᠵᠤ ᠥᠭᠬᠦ ᠬᠡᠷᠡᠭᠲᠡᠶ᠃ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠦᠯᠦ ᠬᠥᠳᠡᠯᠬᠦ | ᠬᠦᠷᠦᠩᠭᠡ ᠪᠤᠶᠤ ᠬᠥᠳᠡᠯᠬᠦ ᠬᠦᠷᠦᠩᠭᠡ ᠨᠢ ᠲᠠᠲᠠᠪᠤᠷᠢᠯᠠᠨ ᠬᠡᠷᠡᠭᠯᠡᠭᠳᠡᠭᠰᠡᠨ ᠪᠤᠶᠤ ᠲᠠᠲᠠᠪᠤᠷᠢᠯᠠᠨ ᠬᠡᠷᠡᠭᠯᠡᠭᠳᠡᠭᠰᠡᠨ ᠤ | ᠲᠠᠷᠠᠭ᠎ᠠ ᠡᠪᠳᠡᠷᠡᠵᠦ᠂ ᠤᠰᠠᠳᠤᠭᠰᠠᠨ ᠪᠠᠶᠢᠪᠠᠯ᠂ ᠲᠥᠯᠥᠪᠦᠷᠢ ᠥᠭᠬᠦ ᠬᠡᠷᠡᠭᠲᠡᠶ᠃ | | ᠤᠰᠤ ᠬᠠᠩᠭᠠᠬᠤ ᠤᠰᠤ ᠬᠡᠷᠡᠭᠯᠡᠬᠦ ᠭᠡᠷ᠎ᠡ᠂ ᠪᠦ᠋ᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ ᠶᠢᠨ ᠲᠤᠬᠠᠶ | ᠬᠤᠯᠪᠣᠭᠳᠠᠯ ᠪᠦ᠋ᠬᠦᠢ ᠲᠣᠭᠲᠠᠭᠠᠯ | ᠭᠡᠷ᠎ᠡ ᠶᠢᠨ ᠠᠩᠬᠢ | ᠠᠷᠪᠠᠳᠤᠭᠠᠷ ᠪᠦᠯᠦᠭ ᠴᠠᠬᠢᠯᠭᠠᠨ᠂ ᠤᠰᠤ᠂ ᠬᠡᠢ᠂ ᠢᠯᠴᠢ ᠶᠢᠨ ᠬᠦᠴᠦᠨ ᠢ ᠬᠠᠩᠭᠠᠬᠤ ᠪᠠ ᠬᠡᠷᠡᠭᠯᠡᠬᠦ ᠭᠡᠷ᠎ᠡ | ᠵᠢᠷᠭᠤᠭᠠᠨ ᠵᠠᠭᠤ ᠳᠥᠴᠢᠨ ᠨᠠᠢᠮᠠᠳᠤᠭᠠᠷ ᠵᠦᠢᠯ ᠴᠠᠬᠢᠯᠭᠠᠨ ᠬᠠᠩᠭᠠᠬᠤ ᠪᠠ ᠬᠡᠷᠡᠭᠯᠡᠬᠦ ᠭᠡᠷ᠎ᠡ ᠭᠡᠳᠡᠭ ᠪᠣᠯ | ᠴᠠᠬᠢᠯᠭᠠᠨ ᠬᠠᠩᠭᠠᠭᠴᠢ ᠠᠴᠠ ᠴᠠᠬᠢᠯᠭᠠᠨ ᠬᠡᠷᠡᠭᠯᠡᠭᠴᠢ ᠳᠤ ᠴᠠᠬᠢᠯᠭᠠᠨ ᠬᠠᠩᠭᠠᠵᠤ᠂ ᠴᠠᠬᠢᠯᠭᠠᠨ ᠬᠡᠷᠡᠭᠯᠡᠭᠴᠢ ᠨᠢ | ᠴᠠᠬᠢᠯᠭᠠᠨ ᠤ ᠰᠦᠢᠳᠬᠡᠯ ᠲᠤᠰᠢᠶᠠᠬᠤ ᠭᠡᠷ᠎ᠡ ᠮᠥᠨ᠃ | ᠨᠡᠶᠢᠭᠡᠮ ᠨᠡᠶᠢᠲᠡ ᠳᠤ ᠴᠠᠬᠢᠯᠭᠠᠨ ᠬᠠᠩᠭᠠᠭᠴᠢ ᠨᠢ ᠴᠠᠬᠢᠯᠭᠠᠨ ᠬᠡᠷᠡᠭᠯᠡᠭᠴᠢ ᠶᠢᠨ ᠵᠦᠢ ᠵᠣᠬᠢᠰᠲᠠᠶ ᠭᠡᠷ᠎ᠡ | ᠲᠣᠭᠲᠠᠭᠠᠬᠤ ᠱᠠᠭᠠᠷᠳᠠᠯᠭ᠎ᠠ ᠶᠢ ᠲᠡᠪᠴᠢᠵᠦ ᠪᠣᠯᠬᠤ ᠤᠢᠭᠡᠢ᠃ | ᠵᠢᠷᠭᠤᠭᠠᠨ ᠵᠠᠭᠤ ᠳᠥᠴᠢ ᠶᠢᠰᠦᠳᠦᠭᠡᠷ ᠵᠦᠢᠯ ᠴᠠᠬᠢᠯᠭᠠᠨ ᠬᠠᠩᠭᠠᠬᠤ ᠪᠠ ᠬᠡᠷᠡᠭᠯᠡᠬᠦ ᠭᠡᠷ᠎ᠡ ᠶᠢᠨ ᠠᠭᠤᠯᠭ᠎ᠠ ᠳᠤ | ᠶᠡᠷᠦᠩᠬᠡᠶ ᠳᠡᠭᠡᠨ ᠴᠠᠬᠢᠯᠭᠠᠨ ᠬᠠᠩᠭᠠᠬᠤ ᠠᠷᠭ᠎ᠠ ᠮᠠᠶ᠋ᠢᠭ᠂ ᠶᠠᠰᠤ ᠴᠢᠨᠠᠷ᠂ ᠴᠠᠭ ᠬᠤᠭᠤᠴᠠᠭ᠎ᠠ᠂ ᠴᠠᠬᠢᠯᠭᠠᠨ ᠬᠡᠷᠡᠭᠯᠡᠬᠦ | ᠪᠠᠭᠲᠠᠭᠠᠮᠵᠢ᠂ ᠬᠠᠶ᠋ᠢᠭ᠂ ᠰᠢᠨᠵᠢ ᠴᠢᠨᠠᠷ᠂ ᠬᠡᠮᠵᠢᠬᠦ ᠠᠷᠭ᠎ᠠ ᠮᠠᠶ᠋ᠢᠭ᠂ ᠴᠠᠬᠢᠯᠭᠠᠨ ᠤ ᠦᠨ᠎ᠡ᠂ ᠴᠠᠬᠢᠯᠭᠠᠨ ᠤ | ᠰᠦᠢᠳᠬᠡᠯ ᠢ ᠲᠡᠰᠦᠯᠦᠠ ᠪᠤᠳᠦᠬᠤ ᠠᠷᠭ᠎ᠠ ᠮᠠᠶ᠋ᠢᠭ᠂ ᠴᠠᠬᠢᠯᠭᠠᠨ ᠬᠠᠩᠭᠠᠬᠤ ᠪᠠ ᠬᠡᠷᠡᠭᠯᠡᠬᠦ ᠲᠥᠬᠦᠭᠡᠷᠦᠮᠵᠢ ᠶᠢ | ᠬᠠᠮᠠᠭᠠᠯᠠᠬᠤ ᠬᠠᠷᠢᠭᠤᠴᠠᠯᠭ᠎ᠠ ᠵᠡᠷᠭᠡ ᠵᠦᠢᠯ ᠵᠤᠷᠪᠤᠰ ᠪᠠᠭᠲᠠᠨ᠎ᠠ᠃ | ᠵᠢᠷᠭᠤᠭᠠᠨ ᠵᠠᠭᠤ ᠲᠠᠪᠢᠳᠤᠭᠠᠷ ᠵᠦᠢᠯ ᠴᠠᠬᠢᠯᠭᠠᠨ ᠬᠠᠩᠭᠠᠬᠤ ᠪᠠ ᠬᠡᠷᠡᠭᠯᠡᠬᠦ ᠭᠡᠷ᠎ᠡ ᠶᠢ ᠭᠦᠢᠴᠡᠳᠬᠡᠬᠦ ᠭᠠᠵᠠᠷ ᠢ | ᠲᠤᠬᠠᠶ ᠶᠢᠨ ᠬᠥᠮᠦᠨ ᠤ ᠪᠣᠯᠵᠣᠨ ᠲᠣᠭᠲᠠᠭᠰᠠᠨ ᠶᠣᠰᠣᠭᠠᠷ ᠭᠦᠢᠴᠡᠳᠬᠡᠨ᠎ᠡ︔ ᠲᠤᠬᠠᠶ ᠶᠢᠨ ᠬᠥᠮᠦᠨ ᠨᠢ ᠪᠣᠯᠵᠣᠨ | ᠲᠣᠭᠲᠠᠭᠰᠠᠨ ᠤᠢᠭᠡᠢ ᠪᠤᠶᠤ ᠪᠣᠯᠵᠣᠨ ᠲᠣᠭᠲᠠᠭᠰᠠᠨ ᠨᠢ ᠲᠣᠳᠣᠷᠬᠠᠶ ᠤᠢᠭᠡᠢ ᠪᠠᠶᠢᠪᠠᠯ᠂ ᠴᠠᠬᠢᠯᠭᠠᠨ ᠬᠠᠩᠭᠠᠬᠤ | ᠲᠥᠬᠦᠭᠡᠷᠦᠮᠵᠢ ᠶᠢᠨ ᠥᠮᠴᠢᠯᠡᠬᠦ ᠡᠷᠬᠡ ᠶᠢᠨ ᠵᠠᠭᠠᠭ ᠢ ᠭᠦᠢᠴᠡᠳᠬᠡᠬᠦ ᠭᠠᠵᠠᠷ ᠪᠣᠯᠭᠠᠨ᠎ᠠ᠃ | ᠵᠢᠷᠭᠤᠭᠠᠨ ᠵᠠᠭᠤ ᠲᠡᠪᠢᠠ ᠨᠢᠭᠡᠳᠦᠭᠡᠷ ᠵᠦᠢᠯ ᠴᠠᠬᠢᠯᠭᠠᠨ ᠬᠠᠩᠭᠠᠭᠴᠢ ᠤᠯᠤᠰ ᠠᠴᠠ ᠲᠣᠭᠲᠠᠭᠠᠭᠰᠠᠨ ᠴᠠᠬᠢᠯᠭᠠᠨ | ᠬᠠᠩᠭᠠᠯᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠪᠠ ᠪᠣᠯᠵᠣᠯ ᠶᠣᠰᠣᠭᠠᠷ ᠴᠠᠬᠢᠯᠭᠠᠨ ᠢ ᠠᠶᠤᠯᠭᠦᠶ ᠪᠠᠷ ᠬᠠᠩᠭᠠᠬᠤ | ᠬᠡᠷᠡᠭᠲᠡᠶ᠃ ᠴᠠᠬᠢᠯᠭᠠᠨ ᠬᠠᠩᠭᠠᠭᠴᠢ ᠨᠢ ᠤᠯᠤᠰ ᠠᠴᠠ ᠲᠣᠭᠲᠠᠭᠠᠭᠰᠠᠨ ᠴᠠᠬᠢᠯᠭᠠᠨ ᠬᠠᠩᠭᠠᠬᠤ ᠶᠠᠰᠤ ᠴᠢᠨᠠᠷ ᠤᠨ | ᠪᠠᠷᠢᠮᠵᠢᠶ᠎ᠠ ᠪᠠ ᠪᠣᠯᠵᠤᠭ᠎ᠠ ᠶᠣᠰᠣᠭᠠᠷ ᠴᠠᠬᠢᠯᠭᠠᠨ ᠢ ᠠᠶᠤᠯᠭᠦᠶ ᠪᠠᠷ ᠬᠠᠩᠭᠠᠭᠰᠠᠨ ᠤᠢᠭᠡᠢ ᠠᠴᠠ ᠪᠤᠯᠵᠦ ᠴᠠᠬᠢᠯᠭᠠᠨ | ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠦᠯᠦᠪᠦᠷᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠶ᠃ | ᠵᠢᠷᠭᠤᠭᠠᠨ ᠵᠠᠭᠤ ᠲᠡᠪᠢᠠ ᠬᠤᠶᠠᠳᠤᠭᠠᠷ ᠵᠦᠢᠯ ᠴᠠᠬᠢᠯᠭᠠᠨ ᠬᠠᠩᠭᠠᠭᠴᠢ ᠨᠢ ᠴᠠᠬᠢᠯᠭᠠᠨ ᠬᠠᠩᠭᠠᠬᠤ | ᠲᠥᠬᠦᠭᠡᠷᠦᠮᠵᠢ ᠶᠢ ᠲᠥᠯᠥᠪᠯᠡᠭᠡ ᠲᠠᠢ ᠪᠠᠷ ᠪᠠᠶᠢᠴᠠᠭᠠᠨ ᠵᠠᠰᠠᠬᠤ᠂ ᠲᠦᠷ ᠴᠠᠭ ᠪᠠᠶᠢᠴᠠᠭᠠᠨ ᠵᠠᠰᠠᠬᠤ᠂ ᠬᠠᠤᠯᠢ | ᠶᠣᠰᠣᠭᠠᠷ ᠴᠠᠬᠢᠯᠭᠠᠨ ᠢ ᠬᠢᠵᠠᠭᠠᠷᠯᠠᠬᠤ ᠪᠤᠶᠤ ᠴᠠᠬᠢᠯᠭᠠᠨ ᠬᠡᠷᠡᠭᠯᠡᠭᠴᠢ ᠬᠠᠤᠯᠢ ᠶᠢ ᠵᠥᠷᠢᠴᠡᠨ ᠴᠠᠬᠢᠯᠭᠠᠨ ᠬᠡᠷᠡᠭᠯᠡᠭᠰᠡᠨ | ᠵᠡᠷᠭᠡ ᠰᠢᠯᠲᠠᠭᠠᠨ ᠠᠴᠠ ᠪᠤᠯᠵᠦ ᠴᠠᠬᠢᠯᠭᠠᠨ ᠬᠠᠩᠭᠠᠬᠤ ᠪᠠᠨ ᠵᠣᠭᠰᠣᠭᠠᠬᠤ ᠴᠢᠬᠤᠯᠠ ᠲᠠᠢ ᠪᠣᠯᠤᠭᠰᠠᠨ ᠦᠶ᠎ᠡ ᠳᠤ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠬᠢᠯᠭᠠᠨ ᠬᠡᠷᠡᠭᠯᠡᠭᠴᠢ ᠳᠤ ᠤᠷᠢᠳᠠᠪᠠᠷ ᠮᠡᠳᠡᠭᠳᠡᠬᠦ | ᠬᠡᠷᠡᠭᠲᠡᠶ︔ ᠴᠠᠬᠢᠯᠭᠠᠨ ᠬᠡᠷᠡᠭᠯᠡᠭᠴᠢ ᠳᠤ ᠤᠷᠢᠳᠴᠢᠯᠠᠨ ᠮᠡᠳᠡᠭᠳᠡᠭᠰᠡᠨ ᠤᠢᠭᠡᠢ ᠪᠠᠷ ᠴᠠᠬᠢᠯᠭᠠᠨ ᠬᠠᠩᠭᠠᠬᠤ ᠪᠠᠨ | ᠵᠣᠭᠰᠣᠭᠠᠭᠠᠳ ᠴᠠᠬᠢᠯᠭᠠᠨ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠪᠦᠷᠢ ᠲᠦᠯᠦᠬᠦ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠵᠢᠷᠭᠤᠭᠠᠨ ᠵᠠᠭᠤ ᠲᠡᠪᠢᠠ ᠭᠤᠷᠪᠠᠳᠤᠭᠠᠷ ᠵᠦᠢᠯ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠤᠯᠵᠦ | ᠴᠠᠬᠢᠯᠭᠠᠨ ᠲᠠᠰᠤᠷᠠᠭᠰᠠᠨ ᠪᠠᠶᠢᠪᠠᠯ᠂ ᠴᠠᠬᠢᠯᠭᠠᠨ ᠬᠠᠩᠭᠠᠭᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠴᠠᠭ ᠲᠤᠬᠠᠶ ᠳᠤᠨᠢ ᠱᠠᠯᠠᠪᠳᠠᠨ ᠵᠠᠰᠠᠬᠤ ᠬᠡᠷᠡᠭᠲᠡᠶ︔ ᠴᠠᠭ ᠲᠤᠬᠠᠶ ᠳᠤᠨᠢ ᠱᠠᠯᠠᠪᠳᠠᠨ ᠵᠠᠰᠠᠭᠰᠠᠨ | ᠤᠢᠭᠡᠢ ᠠᠴᠠ ᠪᠤᠯᠵᠦ ᠴᠠᠬᠢᠯᠭᠠᠨ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠪᠦᠷᠢ ᠲᠦᠯᠦᠬᠦ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠵᠢᠷᠭᠤᠭᠠᠨ ᠵᠠᠭᠤ ᠲᠡᠪᠢᠠ ᠳᠥᠷᠪᠡᠳᠦᠭᠡᠷ ᠵᠦᠢᠯ ᠴᠠᠬᠢᠯᠭᠠᠨ ᠬᠡᠷᠡᠭᠯᠡᠭᠴᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠪᠠ ᠲᠤᠬᠠᠶ ᠶᠢᠨ ᠬᠥᠮᠦᠨ ᠤ ᠪᠣᠯᠵᠣᠨ ᠲᠣᠭᠲᠠᠭᠰᠠᠨ ᠶᠣᠰᠣᠭᠠᠷ ᠴᠠᠬᠢᠯᠭᠠᠨ ᠤ ᠰᠦᠢᠳᠬᠡᠯ ᠢ ᠴᠠᠭ | ᠲᠤᠬᠠᠶ ᠳᠤᠨᠢ ᠲᠤᠰᠢᠶᠠᠬᠤ ᠬᠡᠷᠡᠭᠲᠡᠶ᠃ ᠴᠠᠬᠢᠯᠭᠠᠨ ᠬᠡᠷᠡᠭᠯᠡᠭᠴᠢ ᠬᠤᠭᠤᠴᠠᠭ᠎ᠠ ᠬᠡᠲᠦᠷᠡᠲᠡᠯ᠎ᠡ ᠴᠠᠬᠢᠯᠭᠠᠨ ᠤ ᠰᠦᠢᠳᠬᠡᠯ | ᠲᠤᠰᠢᠶᠠᠬᠤ ᠤᠢᠭᠡᠢ ᠪᠣᠯ ᠪᠣᠯᠵᠣᠨ ᠲᠣᠭᠲᠠᠭᠰᠠᠨ ᠶᠣᠰᠣᠭᠠᠷ ᠪᠣᠯᠵᠤᠭ᠎ᠠ ᠵᠥᠷᠢᠴᠡᠭᠰᠡᠨ ᠮᠥᠩᠭᠦ ᠲᠤᠰᠢᠶᠠᠬᠤ ᠬᠡᠷᠡᠭᠲᠡᠶ | ᠃ ᠴᠠᠬᠢᠯᠭᠠᠨ ᠬᠡᠷᠡᠭᠯᠡᠭᠴᠢ ᠳᠤ ᠰᠢᠪᠠᠳᠠᠨ ᠮᠡᠳᠡᠭᠳᠡᠭᠰᠡᠨ ᠪᠠᠶᠢᠲᠠᠯ᠎ᠠ ᠵᠦᠢ ᠵᠣᠬᠢᠰᠲᠠᠶ ᠬᠤᠭᠤᠴᠠᠭᠠᠨ ᠤ ᠳᠣᠲᠣᠷ᠎ᠠ | ᠴᠠᠬᠢᠯᠭᠠᠨ ᠤ ᠰᠦᠢᠳᠬᠡᠯ ᠪᠠ ᠪᠣᠯᠵᠤᠭ᠎ᠠ ᠵᠥᠷᠢᠴᠡᠭᠰᠡᠨ ᠮᠥᠩᠭᠦ ᠶᠢ ᠮᠥᠨ ᠲᠦᠯᠦᠬᠦ ᠤᠢᠭᠡᠢ ᠪᠠᠶᠢᠪᠠᠯ᠂ ᠴᠠᠬᠢᠯᠭᠠᠨ | ᠬᠠᠩᠭᠠᠭᠴᠢ ᠨᠢ ᠤᠯᠤᠰ ᠠᠴᠠ ᠲᠣᠭᠲᠠᠭᠠᠭᠰᠠᠨ ᠵᠢᠷᠤᠮ ᠶᠣᠰᠣᠭᠠᠷ ᠴᠠᠬᠢᠯᠭᠠᠨ ᠬᠠᠩᠭᠠᠬᠤ ᠪᠠᠨ ᠵᠣᠭᠰᠣᠭᠠᠵᠤ | ᠪᠣᠯᠤᠨ᠎ᠠ᠃ | ᠴᠠᠬᠢᠯᠭᠠᠨ ᠬᠠᠩᠭᠠᠭᠴᠢ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠴᠠᠬᠢᠯᠭᠠᠨ ᠬᠠᠩᠭᠠᠬᠤ ᠪᠠᠨ | ᠵᠣᠭᠰᠣᠬᠤ ᠳᠤ ᠬᠦᠷᠪᠡᠯ᠂ ᠴᠠᠬᠢᠯᠭᠠᠨ ᠬᠡᠷᠡᠭᠯᠡᠭᠴᠢ ᠳᠤ ᠤᠷᠢᠳᠠᠪᠠᠷ ᠮᠡᠳᠡᠭᠳᠡᠬᠦ ᠬᠡᠷᠡᠭᠲᠡᠶ᠃ | ᠵᠢᠷᠭᠤᠭᠠᠨ ᠵᠠᠭᠤ ᠲᠡᠪᠢᠠ ᠲᠠᠪᠤᠳᠤᠭᠠᠷ ᠵᠦᠢᠯ ᠴᠠᠬᠢᠯᠭᠠᠨ ᠬᠡᠷᠡᠭᠯᠡᠭᠴᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠪᠠ ᠲᠤᠬᠠᠶ ᠶᠢᠨ ᠬᠥᠮᠦᠨ ᠤ ᠪᠣᠯᠵᠣᠨ ᠲᠣᠭᠲᠠᠭᠰᠠᠨ ᠶᠣᠰᠣᠭᠠᠷ ᠴᠠᠬᠢᠯᠭᠠᠨ ᠢ ᠠᠶᠤᠯᠭᠦᠶ᠂ ᠭᠠᠮᠲᠠᠶ | ᠪᠥᠭᠡᠳ ᠲᠥᠯᠥᠪᠯᠡᠭᠡ ᠲᠠᠢ ᠪᠠᠷ ᠬᠡᠷᠡᠭᠯᠡᠬᠦ ᠬᠡᠷᠡᠭᠲᠡᠶ᠃ ᠴᠠᠬᠢᠯᠭᠠᠨ ᠬᠡᠷᠡᠭᠯᠡᠭᠴᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠪᠠ ᠲᠤᠬᠠᠶ ᠶᠢᠨ ᠬᠥᠮᠦᠨ ᠤ ᠪᠣᠯᠵᠣᠨ ᠲᠣᠭᠲᠠᠭᠰᠠᠨ ᠶᠣᠰᠣᠭᠠᠷ ᠴᠠᠬᠢᠯᠭᠠᠨ ᠬᠡᠷᠡᠭᠯᠡᠭᠰᠡᠨ ᠤᠢᠭᠡᠢ ᠠᠴᠠ | ᠪᠤᠯᠵᠦ ᠴᠠᠬᠢᠯᠭᠠᠨ ᠬᠠᠩᠭᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠦᠯᠦᠪᠦᠷᠢ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ᠃ | ᠵᠢᠷᠭᠤᠭᠠᠨ ᠵᠠᠭᠤ ᠲᠡᠪᠢᠠ ᠵᠢᠷᠭᠤᠳᠤᠭᠠᠷ ᠵᠦᠢᠯ ᠤᠰᠤ ᠬᠠᠩᠭᠠᠬᠤ᠂ ᠭᠡᠢ ᠬᠠᠩᠭᠠᠬᠤ᠂ ᠢᠯᠴᠢ ᠬᠠᠩᠭᠠᠬᠤ ᠪᠠ | ᠬᠡᠷᠡᠭᠯᠡᠬᠦ ᠭᠡᠷ᠎ᠡ ᠳᠤ ᠴᠠᠬᠢᠯᠭᠠᠨ ᠬᠠᠩᠭᠠᠬᠤ ᠪᠠ ᠬᠡᠷᠡᠭᠯᠡᠬᠦ ᠭᠡᠷ᠎ᠡ ᠶᠢᠨ ᠬᠤᠯᠪᠣᠭᠳᠠᠯ ᠪᠦᠬᠦᠢ ᠲᠣᠭᠲᠠᠭᠠᠯ ᠢ ᠯᠠᠪᠯᠠᠯᠲᠠ | ᠪᠣᠯᠭᠠᠨ ᠬᠡᠷᠡᠭᠯᠡᠨ᠎ᠡ᠃ | ᠠᠷᠪᠠᠨ ᠨᠠᠢᠮᠠᠳᠤᠭᠠᠷ ᠪᠦᠯᠦᠭ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ | ᠲᠤᠯᠤᠭᠠᠨ ᠵᠠᠭᠤ ᠨᠠᠶᠠᠨ ᠨᠠᠢᠮᠠᠳᠤᠭᠠᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ ᠪᠣᠯ | ᠳᠠᠭᠠᠭᠠᠴᠢᠯᠠᠭᠴᠢ ᠨᠢ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠬᠢᠵᠦ᠂ ᠳᠠᠭᠠᠭᠠᠴᠢᠯᠠᠭᠤᠯᠤᠭᠴᠢ ᠨᠢ ᠦᠨ᠎ᠡ ᠶᠢᠨ | ᠵᠣᠭᠤᠰ ᠢ ᠲᠦᠯᠦᠬᠦ ᠭᠡᠷ᠎ᠡ ᠮᠥᠨ᠃ | ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ ᠳᠤ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠵᠤ | ᠲᠥᠯᠥᠪᠯᠡᠬᠦ᠂ ᠪᠠᠷᠢᠯᠭ᠎ᠠ ᠪᠠᠷᠢᠬᠤ ᠭᠡᠷ᠎ᠡ ᠪᠠᠭᠲᠠᠨ᠎ᠠ᠃ | ᠲᠤᠯᠦᠭᠠᠠ ᠵᠠᠭᠤ ᠨᠠᠶᠠ ᠶᠢᠰᠦᠳᠦᠭᠡᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ ᠶᠢ | ᠲᠣᠭᠲᠠᠭᠠᠬᠤ ᠳᠠᠭᠠᠨ ᠪᠢᠴᠢᠭ ᠤᠨ ᠬᠡᠯᠪᠡᠷᠢ ᠶᠢ ᠠᠪᠬᠤ ᠬᠡᠷᠡᠭᠲᠡᠶ᠃ | ᠲᠤᠯᠤᠭᠠᠨ ᠵᠠᠭᠤ ᠶᠡᠷᠡᠳᠦᠭᠡᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠳᠤ ᠣᠷᠣᠬᠤ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ | ᠶᠣᠰᠣᠭᠠᠷ ᠢᠯᠠ᠂ ᠭᠤᠣᠯᠴᠢ᠂ ᠲᠥᠪ ᠭᠤᠣᠯᠴᠢ ᠪᠠᠷ ᠶᠠᠪᠤᠭᠳᠠᠭᠤᠯᠬᠤ ᠬᠡᠷᠡᠭᠲᠡᠶ᠃ | ᠲᠤᠯᠤᠭᠠᠨ ᠵᠠᠭᠤ ᠶᠡᠷᠡᠨ ᠨᠢᠭᠡᠳᠦᠭᠡᠷ ᠵᠦᠢᠯ ᠳᠠᠭᠠᠭᠠᠴᠢᠯᠠᠭᠤᠯᠤᠭᠴᠢ ᠨᠢ ᠶᠡᠷᠦᠩᠬᠡᠶ ᠳᠠᠭᠠᠭᠠᠴᠢᠯᠠᠭᠴᠢ ᠲᠠᠢ | ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ ᠲᠣᠭᠲᠠᠭᠠᠵᠤ ᠪᠣᠯᠤᠨ᠎ᠠ᠂ ᠬᠠᠶᠢᠨ ᠪᠠᠶᠢᠴᠠᠭᠠᠭᠴᠢ᠂ ᠵᠢᠷᠤᠵᠤ | ᠲᠥᠯᠥᠪᠯᠡᠭᠴᠢ᠂ ᠪᠠᠷᠢᠯᠭ᠎ᠠ ᠪᠠᠷᠢᠭᠴᠢ ᠲᠠᠢ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠶᠢ | ᠳᠠᠭᠠᠭᠠᠴᠢᠯᠠᠬᠤ ᠭᠡᠷ᠎ᠡ ᠶᠢ ᠲᠤᠰ ᠲᠤᠰ ᠲᠣᠭᠲᠠᠭᠠᠵᠤ ᠴᠤ ᠪᠣᠯᠤᠨ᠎ᠠ᠃ ᠳᠠᠭᠠᠭᠠᠴᠢᠯᠠᠭᠤᠯᠤᠭᠴᠢ ᠨᠢ ᠨᠢᠭᠡ | ᠳᠠᠭᠠᠭᠠᠴᠢᠯᠠᠭᠴᠢ ᠶᠢᠨ ᠪᠡᠶᠡᠯᠡᠭᠦᠯᠬᠦ ᠶᠣᠰᠣᠲᠠᠶ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢᠶᠠᠨ ᠬᠡᠳᠦᠨ | ᠬᠡᠰᠡᠭ ᠪᠣᠯᠭᠠᠨ ᠬᠡᠳᠦᠨ ᠳᠠᠭᠠᠭᠠᠴᠢᠯᠠᠭᠴᠢ ᠳᠤ ᠳᠠᠭᠠᠭᠠᠴᠢᠯᠠᠭᠤᠯᠤᠨ ᠥᠭᠴᠦ ᠪᠣᠯᠬᠤ ᠤᠢᠭᠡᠢ᠃ | ᠶᠡᠷᠦᠩᠬᠡᠶ ᠳᠠᠭᠠᠭᠠᠴᠢᠯᠠᠭᠴᠢ ᠪᠤᠶᠤ ᠬᠠᠶᠢᠨ ᠪᠠᠶᠢᠴᠠᠭᠠᠭᠴᠢ᠂ ᠵᠢᠷᠤᠵᠤ ᠲᠥᠯᠥᠪᠯᠡᠭᠴᠢ᠂ ᠪᠠᠷᠢᠯᠭ᠎ᠠ ᠪᠠᠷᠢᠬᠤ ᠶᠢ | ᠳᠠᠭᠠᠭᠠᠴᠢᠯᠠᠭᠴᠢ ᠨᠢ ᠳᠠᠭᠠᠭᠠᠴᠢᠯᠠᠭᠤᠯᠤᠭᠴᠢ ᠪᠠᠷ ᠵᠥᠪᠰᠢᠶᠡᠷᠡᠭᠦᠯᠦᠭᠡᠳ ᠥᠪᠡᠷ ᠤᠨ ᠳᠠᠭᠠᠭᠠᠴᠢᠯᠠᠭᠰᠠᠨ ᠬᠡᠰᠡᠭ | ᠠᠵᠢᠯ ᠢᠶᠠᠨ ᠭᠤᠷᠪᠠᠳᠠᠬᠢ ᠬᠥᠮᠦᠨ ᠳᠤ ᠲᠤᠰᠢᠶᠠᠨ ᠥᠭᠴᠦ ᠪᠡᠶᠡᠯᠡᠭᠦᠯᠵᠦ ᠪᠣᠯᠤᠨ᠎ᠠ᠃ ᠭᠤᠷᠪᠠᠳᠠᠬᠢ ᠬᠥᠮᠦᠨ ᠨᠢ | ᠲᠡᠭᠦᠨ ᠤ ᠪᠡᠶᠡᠯᠡᠭᠦᠯᠦᠭᠰᠡᠨ ᠠᠵᠢᠯ ᠤᠨ ᠦᠷ᠎ᠡ ᠪᠦᠲᠦᠭᠡᠯ ᠤᠨ ᠲᠠᠯ᠎ᠠ ᠪᠠᠷ ᠶᠡᠷᠦᠩᠬᠡᠶ ᠳᠠᠭᠠᠭᠠᠴᠢᠯᠠᠭᠴᠢ ᠪᠤᠶᠤ ᠬᠠᠶᠢᠨ | ᠪᠠᠶᠢᠴᠠᠭᠠᠭᠴᠢ᠂ ᠵᠢᠷᠤᠵᠤ ᠲᠥᠯᠥᠪᠯᠡᠭᠴᠢ᠂ ᠪᠠᠷᠢᠯᠭ᠎ᠠ ᠪᠠᠷᠢᠬᠤ ᠶᠢ ᠳᠠᠭᠠᠭᠠᠴᠢᠯᠠᠭᠴᠢ ᠲᠠᠢ ᠬᠠᠮᠲᠤ ᠪᠠᠷ | ᠳᠠᠭᠠᠭᠠᠴᠢᠯᠠᠭᠤᠯᠤᠭᠴᠢ ᠳᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠳᠠᠭᠠᠭᠠᠴᠢᠯᠠᠭᠴᠢ ᠨᠢ | ᠳᠠᠭᠠᠭᠠᠴᠢᠯᠠᠭᠰᠠᠨ ᠪᠦᠬᠦ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢᠶᠠᠨ ᠭᠤᠷᠪᠠᠳᠠᠬᠢ ᠬᠥᠮᠦᠨ ᠳᠤ | ᠰᠢᠯᠵᠢᠭᠦᠯᠦᠨ ᠳᠠᠭᠠᠭᠠᠴᠢᠯᠠᠭᠤᠯᠬᠤ ᠪᠤᠶᠤ ᠳᠠᠭᠠᠭᠠᠴᠢᠯᠠᠭᠰᠠᠨ ᠪᠦᠬᠦ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ | ᠠᠵᠢᠯ ᠢᠶᠠᠨ ᠭᠠᠷᠭᠠᠵᠤ ᠥᠭᠭᠦᠭᠰᠡᠨ ᠤ ᠲᠡᠷᠠᠭ᠎ᠠ ᠬᠤᠪᠢᠶᠠᠨ ᠳᠠᠭᠠᠭᠠᠴᠢᠯᠠᠬᠤ ᠨᠡᠷ᠎ᠡ ᠪᠠᠷ ᠭᠤᠷᠪᠠᠳᠠᠬᠢ ᠬᠥᠮᠦᠨ ᠳᠤ | ᠲᠤᠰ ᠲᠤᠰ ᠰᠢᠯᠵᠢᠭᠦᠯᠦᠨ ᠳᠠᠭᠠᠭᠠᠴᠢᠯᠠᠭᠤᠯᠵᠤ ᠪᠣᠯᠬᠤ ᠤᠢᠭᠡᠢ᠃ | ᠳᠠᠭᠠᠭᠠᠴᠢᠯᠠᠭᠴᠢ ᠠᠴᠠ ᠪᠠᠷᠢᠯᠭ᠎ᠠ ᠶᠢᠨ ᠠᠵᠢᠯ ᠢᠶᠠᠨ ᠵᠣᠬᠢᠴᠠᠩᠭᠤᠶ ᠬᠢᠷᠢ ᠴᠢᠳᠠᠯ ᠤᠨ ᠨᠥᠬᠦᠴᠡᠯ | ᠪᠦᠷᠢᠯᠳᠦᠭᠦᠯᠦᠭᠰᠡᠨ ᠤᠢᠭᠡᠢ ᠨᠢᠭᠡᠴᠢ ᠳᠤ ᠬᠤᠪᠢᠶᠠᠨ ᠳᠠᠭᠠᠭᠠᠴᠢᠯᠠᠭᠤᠯᠬᠤ ᠶᠢ ᠴᠠᠭᠠᠵᠠᠯᠠᠨ᠎ᠠ᠃ ᠬᠤᠪᠢᠶᠠᠨ | ᠳᠠᠭᠠᠭᠠᠴᠢᠯᠠᠭᠰᠠᠨ ᠨᠢᠭᠡᠴᠢ ᠶᠢᠨ ᠳᠠᠭᠠᠭᠠᠴᠢᠯᠠᠭᠰᠠᠨ ᠪᠠᠷᠢᠯᠭ᠎ᠠ ᠪᠠᠨ ᠲᠡᠬᠢᠠ ᠬᠤᠪᠢᠶᠠᠨ ᠳᠠᠭᠠᠭᠠᠴᠢᠯᠠᠭᠤᠯᠬᠤ ᠶᠢ | ᠴᠠᠭᠠᠵᠠᠯᠠᠨ᠎ᠠ᠃ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ | ᠪᠠᠷᠢᠯᠭ᠎ᠠ ᠶᠢᠨ ᠠᠵᠢᠯ ᠢ ᠳᠠᠭᠠᠭᠠᠴᠢᠯᠠᠭᠴᠢ ᠡᠷᠬᠡᠪᠰᠢ ᠥᠪᠡᠷ ᠢᠶᠠᠨ ᠪᠡᠶᠡᠯᠡᠭᠦᠯᠬᠦ ᠬᠡᠷᠡᠭᠲᠡᠶ᠃ | ᠲᠤᠯᠤᠭᠠᠨ ᠵᠠᠭᠤ ᠶᠡᠷᠡᠨ ᠬᠤᠶᠠᠳᠤᠭᠠᠷ ᠵᠦᠢᠯ ᠤᠯᠤᠰ ᠤᠨ ᠴᠢᠬᠤᠯᠠ ᠶᠡᠭᠡ ᠪᠦᠳᠦᠭᠡᠠ ᠪᠠᠶᠢᠭᠤᠯᠤᠯᠲᠠ ᠶᠢᠨ | ᠪᠠᠷᠢᠯᠭ᠎ᠠ ᠶᠢᠨ ᠭᠡᠷ᠎ᠡ ᠶᠢ ᠤᠯᠤᠰ ᠠᠴᠠ ᠲᠣᠭᠲᠠᠭᠠᠭᠰᠠᠨ ᠵᠢᠷᠤᠮ ᠪᠠ ᠤᠯᠤᠰ ᠠᠴᠠ ᠵᠥᠪᠰᠢᠶᠡᠷᠡᠭᠰᠡᠨ ᠪᠡᠯᠠ | ᠣᠷᠣᠭᠤᠯᠤᠯᠲᠠ ᠶᠢᠨ ᠲᠥᠯᠥᠪᠯᠡᠭᠡ᠂ ᠪᠣᠯᠤᠮᠵᠢ ᠶᠢᠨ ᠲᠤᠬᠠᠶ ᠰᠤᠳᠤᠯᠭᠠᠨ ᠤ ᠮᠡᠳᠡᠭᠦᠯᠦᠯᠲᠡ ᠵᠡᠷᠭᠡ ᠪᠢᠴᠢᠭ | ᠮᠠᠲ᠋ᠧᠷᠢᠶᠠᠯ ᠤᠨ ᠶᠣᠰᠣᠭᠠᠷ ᠲᠣᠭᠲᠠᠭᠠᠬᠤ ᠬᠡᠷᠡᠭᠲᠡᠶ᠃ | ᠲᠤᠯᠦᠭᠠᠠ ᠵᠠᠭᠤ ᠶᠡᠷᠡᠨ ᠭᠤᠷᠪᠠᠳᠤᠭᠠᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ | ᠪᠠᠷᠢᠬᠤ ᠭᠡᠷ᠎ᠡ ᠬᠦᠴᠦᠨ ᠤᠢᠭᠡᠢ᠂ ᠭᠡᠪᠡᠴᠦ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢ ᠰᠢᠯᠭᠠᠨ ᠠᠪᠬᠤ ᠳᠤ ᠬᠢᠷᠢ | ᠲᠡᠩᠴᠡᠭᠰᠡᠨ ᠪᠠᠶᠢᠪᠠᠯ᠂ ᠭᠡᠷ᠎ᠡ ᠳᠠᠬᠢ ᠪᠠᠷᠢᠯᠭ᠎ᠠ ᠶᠢᠨ ᠦᠨ᠎ᠡ ᠶᠢᠨ ᠵᠣᠭᠤᠰ ᠤᠨ ᠲᠤᠬᠠᠶ ᠪᠣᠯᠵᠣᠯ ᠢᠶᠠᠷ ᠯᠠᠪᠯᠠᠯᠲᠠ | ᠪᠣᠯᠭᠠᠵᠤ ᠳᠠᠭᠠᠭᠠᠴᠢᠯᠠᠭᠴᠢ ᠳᠤ ᠨᠤᠭᠤᠯᠤᠨ ᠪᠤᠳᠦᠵᠦ ᠲᠥᠯᠥᠪᠦᠷᠢ ᠥᠭᠴᠦ ᠪᠣᠯᠤᠨ᠎ᠠ᠃ | ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠭᠡᠷ᠎ᠡ ᠨᠢ ᠬᠦᠴᠦᠨ ᠦᠭᠡᠢ ᠮᠥᠷᠲᠡᠭᠡᠨ | ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠳᠣᠣᠷᠠᠬᠢ | ᠪᠠᠶᠢᠳᠠᠯ ᠢᠶᠠᠷ ᠰᠢᠢᠳᠪᠤᠷᠢᠯᠡᠨ᠎ᠡ᠄ | ︵ᠨᠢᠭᠡ︶ ᠵᠠᠰᠠᠵᠤ ᠰᠡᠷᠭᠦᠭᠡᠭᠰᠡᠨ ᠤ ᠳᠠᠷᠠᠭᠠᠬᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠯᠭᠠᠨ | ᠠᠪᠬᠤ ᠳᠤ ᠬᠢᠷᠢ ᠲᠡᠩᠴᠡᠭᠰᠡᠨ ᠪᠠᠶᠢᠪᠠᠯ᠂ ᠳᠠᠭᠠᠭᠠᠴᠢᠯᠠᠭᠤᠯᠤᠭᠴᠢ ᠨᠢ ᠵᠠᠰᠠᠵᠤ ᠰᠡᠷᠭᠦᠭᠡᠬᠦ ᠵᠠᠷᠤᠳᠠᠯ ᠢ | ᠳᠠᠭᠠᠭᠠᠴᠢᠯᠠᠭᠴᠢ ᠪᠠᠷ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠤᠨ᠎ᠠ︔ | ︵ᠬᠤᠶᠠᠷ︶ ᠵᠠᠰᠠᠵᠤ ᠰᠡᠷᠭᠦᠭᠡᠭᠰᠡᠨ ᠤ ᠳᠠᠷᠠᠭᠠᠬᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠯᠭᠠᠨ | ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠳᠠᠭᠠᠭᠠᠴᠢᠯᠠᠭᠴᠢ ᠨᠢ ᠭᠡᠷ᠎ᠡ ᠳᠠᠬᠢ ᠪᠠᠷᠢᠯᠭ᠎ᠠ ᠶᠢᠨ ᠦᠨ᠎ᠡ ᠶᠢᠨ | ᠵᠣᠭᠤᠰ ᠤᠨ ᠲᠤᠬᠠᠶ ᠪᠣᠯᠵᠣᠯ ᠢᠶᠠᠷ ᠯᠠᠪᠯᠠᠯᠲᠠ ᠪᠣᠯᠭᠠᠵᠤ ᠦᠨᠡᠯᠡᠨ ᠪᠤᠳᠤᠵᠤ ᠨᠥᠬᠦᠪᠥᠷᠢᠯᠡᠭᠦᠯᠬᠦ ᠪᠠᠷ ᠭᠤᠶᠤᠴᠢᠯᠠᠬᠤ | ᠡᠷᠬᠡ ᠦᠭᠡᠢ᠃ | ᠳᠠᠭᠠᠭᠠᠴᠢᠯᠠᠭᠤᠯᠤᠭᠴᠢ ᠨᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠬᠢᠷᠢ ᠲᠡᠩᠴᠡᠭᠰᠡᠨ | ᠤᠢᠭᠡᠢ ᠠᠴᠠ ᠪᠣᠯᠤᠭᠰᠠᠨ ᠬᠤᠬᠢᠷᠠᠯ ᠳᠤ ᠪᠤᠷᠤᠭᠤ ᠲᠠᠢ ᠪᠠᠶᠢᠪᠠᠯ᠂ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠶ᠃ | ᠲᠤᠯᠤᠭᠠᠨ ᠵᠠᠭᠤ ᠶᠡᠷᠡᠨ ᠳᠥᠷᠪᠡᠳᠦᠭᠡᠷ ᠵᠦᠢᠯ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠭᠡᠷ᠎ᠡ ᠶᠢᠨ | ᠠᠭᠤᠯᠭ᠎ᠠ ᠳᠤ ᠶᠡᠷᠦᠩᠬᠡᠶ ᠳᠡᠭᠡᠨ ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠪᠠ ᠲᠦᠢᠮᠣ ᠲᠥᠰᠦᠪ ᠵᠡᠷᠭᠡ ᠪᠢᠴᠢᠭ | ᠮᠠᠲ᠋ᠧᠷᠢᠶᠠᠯ ᠢ ᠳᠡᠪᠰᠢᠭᠦᠯᠦᠨ ᠲᠤᠰᠢᠶᠠᠬᠤ ᠬᠤᠭᠤᠴᠠᠭ᠎ᠠ᠂ ᠶᠠᠰᠤ ᠴᠢᠨᠠᠷ ᠤᠨ ᠱᠠᠭᠠᠷᠳᠠᠯᠭ᠎ᠠ᠂ ᠵᠠᠷᠤᠳᠠᠯ ᠰᠦᠢᠳᠬᠡᠯ | ᠵᠢᠴᠢ ᠬᠠᠮᠵᠢᠯᠴᠠᠬᠤ ᠪᠤᠰᠤᠳ ᠨᠥᠬᠦᠴᠡᠯ ᠵᠡᠷᠭᠡ ᠵᠦᠢᠯ ᠵᠤᠷᠪᠤᠰ ᠤᠳ ᠢ ᠪᠠᠭᠲᠠᠭᠠᠨ᠎ᠠ᠃ | ᠲᠤᠯᠤᠭᠠᠨ ᠵᠠᠭᠤ ᠶᠡᠷᠡᠨ ᠲᠠᠪᠤᠳᠤᠭᠠᠷ ᠵᠦᠢᠯ ᠪᠠᠷᠢᠯᠭ᠎ᠠ ᠶᠢᠨ ᠠᠵᠢᠯ ᠤᠨ ᠭᠡᠷ᠎ᠡ ᠶᠢᠨ ᠠᠭᠤᠯᠭ᠎ᠠ ᠳᠤ | ᠶᠡᠷᠦᠩᠬᠡᠶ ᠳᠡᠭᠡᠨ ᠪᠠᠷᠢᠯᠭ᠎ᠠ ᠶᠢᠨ ᠬᠡᠪᠴᠢᠶ᠎ᠡ᠂ ᠪᠦᠳᠦᠭᠡᠠ ᠪᠠᠶᠢᠭᠤᠯᠬᠤ ᠠᠵᠢᠯ ᠤᠨ ᠬᠤᠭᠤᠴᠠᠭ᠎ᠠ᠂ ᠳᠤᠮᠳᠠ ᠨᠢ | ᠲᠤᠰᠢᠶᠠᠭᠰᠠᠨ ᠪᠠᠷᠢᠯᠭ᠎ᠠ ᠶᠢᠨ ᠠᠵᠢᠯ ᠡᠬᠢᠯᠡᠬᠦ ᠪᠠ ᠠᠵᠢᠯ ᠳᠠᠭᠤᠰᠬᠠᠬᠤ ᠴᠠᠭ᠂ ᠪᠠᠷᠢᠯᠭ᠎ᠠ ᠶᠢᠨ ᠶᠠᠰᠤ ᠴᠢᠨᠠᠷ᠂ | ᠪᠠᠷᠢᠯᠭ᠎ᠠ ᠶᠢᠨ ᠦᠨ᠎ᠡ ᠤᠢᠷᠳᠡᠭ᠂ ᠲᠧᠭᠨᠢᠭ ᠮᠡᠷᠭᠡᠵᠢᠯ ᠤᠨ ᠮᠠᠲ᠋ᠧᠷᠢᠶᠠᠯ ᠢ ᠲᠤᠰᠢᠶᠠᠨ ᠥᠭᠬᠦ ᠴᠠᠭ᠂ ᠮᠠᠲ᠋ᠧᠷᠢᠶᠠᠯ ᠪᠠ | ᠲᠤᠨᠤᠬ ᠲᠥᠬᠦᠭᠡᠷᠦᠮᠵᠢ ᠶᠢ ᠬᠠᠩᠭᠠᠬᠤ ᠬᠠᠷᠢᠭᠤᠴᠠᠯᠭ᠎ᠠ᠂ ᠵᠣᠭᠤᠰ ᠰᠠᠯᠭᠠᠨ ᠥᠭᠬᠦ ᠪᠠ ᠳ᠋ᠦᠩᠨᠡᠨ ᠪᠤᠳᠦᠬᠤ᠂ | ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠶᠠᠰᠤ ᠴᠢᠨᠠᠷ ᠢ ᠪᠠᠲᠤᠯᠠᠬᠤ ᠬᠡᠪᠴᠢᠶ᠎ᠡ ᠪᠠ ᠶᠠᠰᠤ ᠴᠢᠨᠠᠷ ᠢ ᠪᠠᠲᠤᠯᠠᠬᠤ | ᠬᠤᠭᠤᠴᠠᠭ᠎ᠠ᠂ ᠬᠠᠷᠢᠯᠴᠠᠨ ᠬᠠᠮᠵᠢᠯᠴᠠᠬᠤ ᠵᠡᠷᠭᠡ ᠵᠦᠢᠯ ᠵᠤᠷᠪᠤᠰ ᠪᠠᠭᠲᠠᠨ᠎ᠠ᠃ | ᠲᠤᠯᠤᠭᠠᠨ ᠵᠠᠭᠤ ᠶᠡᠷᠡᠨ ᠵᠢᠷᠭᠤᠳᠤᠭᠠᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢ ᠬᠢᠨᠠᠵᠤ | ᠬᠠᠮᠢᠶᠠᠷᠬᠤ ᠳᠤ ᠬᠦᠷᠪᠡᠯ᠂ ᠳᠠᠭᠠᠭᠠᠴᠢᠯᠠᠭᠤᠯᠤᠭᠴᠢ ᠨᠢ ᠬᠢᠨᠠᠨ ᠬᠠᠮᠢᠶᠠᠷᠤᠭᠴᠢ ᠯᠤᠭ᠎ᠠ ᠨᠠᠶᠢᠳᠠᠨ ᠬᠢᠨᠠᠵᠤ | ᠬᠠᠮᠢᠶᠠᠷᠤᠭᠤᠯᠬᠤ ᠭᠡᠷ᠎ᠡ ᠶᠢ ᠪᠢᠴᠢᠭ ᠤᠨ ᠬᠡᠯᠪᠡᠷᠢ ᠪᠠᠷ ᠲᠣᠭᠲᠠᠭᠠᠬᠤ ᠬᠡᠷᠡᠭᠲᠡᠶ᠃ ᠳᠠᠭᠠᠭᠠᠴᠢᠯᠠᠭᠤᠯᠤᠭᠴᠢ ᠬᠢᠭᠡᠳ | ᠬᠢᠨᠠᠨ ᠬᠠᠮᠢᠶᠠᠷᠤᠭᠴᠢ ᠶᠢᠨ ᠡᠷᠬᠡ ᠪᠠ ᠡᠭᠦᠷᠭᠡ ᠵᠢᠴᠢ ᠬᠠᠤᠯᠢ ᠶᠢᠨ ᠬᠠᠷᠢᠭᠤᠴᠠᠯᠭ᠎ᠠ ᠶᠢ ᠲᠤᠰ ᠠᠩᠬᠢ ᠶᠢᠨ | ᠨᠠᠶᠢᠳᠠᠯᠭ᠎ᠠ ᠶᠢᠨ ᠭᠡᠷ᠎ᠡ ᠵᠢᠴᠢ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃ | ᠲᠤᠯᠤᠭᠠᠨ ᠵᠠᠭᠤ ᠶᠡᠷᠡᠨ ᠳᠣᠯᠣᠳᠤᠭᠠᠷ ᠵᠦᠢᠯ ᠳᠠᠭᠠᠭᠠᠴᠢᠯᠠᠭᠤᠯᠤᠭᠴᠢ ᠨᠢ ᠳᠠᠭᠠᠭᠠᠴᠢᠯᠠᠭᠴᠢ ᠶᠢᠨ ᠬᠡᠪ ᠤᠨ | ᠠᠵᠢᠯ ᠢ ᠬᠠᠷᠰᠢᠯᠠᠬᠤ ᠤᠢᠭᠡᠢ ᠪᠠᠶᠢᠳᠠᠯ ᠤᠨ ᠳᠣᠣᠷ᠎ᠠ᠂ ᠠᠵᠢᠯ ᠤᠨ ᠠᠬᠢᠴᠠ᠂ ᠶᠠᠰᠤ ᠴᠢᠨᠠᠷ ᠤᠨ ᠲᠤᠬᠠᠶ ᠬᠡᠵᠢᠶ᠎ᠡ | ᠴᠦ ᠭᠡᠰᠡᠨ ᠪᠠᠶᠢᠴᠠᠭᠠᠯᠲᠠ ᠬᠢᠵᠦ ᠪᠣᠯᠤᠨ᠎ᠠ᠃ | ᠲᠤᠯᠤᠭᠠᠨ ᠵᠠᠭᠤ ᠶᠡᠷᠡᠨ ᠨᠠᠢᠮᠠᠳᠤᠭᠠᠷ ᠵᠦᠢᠯ ᠲᠡᠯᠳᠠ ᠪᠠᠷᠢᠯᠭ᠎ᠠ ᠶᠢ ᠲᠡᠯᠳᠠ ᠪᠠᠶᠢᠯᠭᠠᠬᠤ ᠠᠴᠠ ᠡᠮᠦᠨ᠎ᠡ᠂ | ᠳᠠᠭᠠᠭᠠᠴᠢᠯᠠᠭᠴᠢ ᠨᠢ ᠳᠠᠭᠠᠭᠠᠴᠢᠯᠠᠭᠤᠯᠤᠭᠴᠢ ᠳᠤ ᠮᠡᠳᠡᠭᠳᠡᠵᠦ ᠪᠠᠶᠢᠴᠠᠭᠠᠯᠭᠠᠬᠤ ᠬᠡᠷᠡᠭᠲᠡᠶ᠃ | ᠳᠠᠭᠠᠭᠠᠴᠢᠯᠠᠭᠤᠯᠤᠭᠴᠢ ᠨᠢ ᠴᠠᠭ ᠲᠤᠬᠠᠶ ᠳᠤᠨᠢ ᠪᠠᠶᠢᠴᠠᠭᠠᠭᠰᠠᠨ ᠤᠢᠭᠡᠢ ᠪᠠᠶᠢᠪᠠᠯ᠂ ᠳᠠᠭᠠᠭᠠᠴᠢᠯᠠᠭᠴᠢ ᠨᠢ | ᠪᠠᠷᠢᠯᠭ᠎ᠠ ᠶᠢᠨ ᠡᠳᠦᠷ ᠬᠤᠭᠤᠴᠠᠭ᠎ᠠ ᠶᠢ ᠬᠤᠶᠢᠰᠢᠯᠠᠭᠤᠯᠵᠤ ᠪᠣᠯᠬᠤ ᠪᠥᠭᠡᠳ ᠠᠵᠢᠯ ᠵᠣᠭᠰᠣᠭᠰᠠᠨ᠂ ᠠᠵᠢᠯ | ᠰᠠᠭᠠᠲᠠᠭᠰᠠᠨ ᠵᠡᠷᠭᠡ ᠬᠤᠬᠢᠷᠠᠯ ᠢ ᠲᠦᠯᠦᠬᠦᠯᠬᠦ ᠪᠠᠷ ᠭᠤᠶᠤᠴᠢᠯᠠᠬᠤ ᠡᠷᠬᠡ ᠲᠠᠢ᠃ | ᠲᠤᠯᠦᠭᠠᠠ ᠵᠠᠭᠤ ᠶᠡᠷᠡ ᠶᠢᠰᠦᠳᠦᠭᠡᠷ ᠵᠦᠢᠯ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ | ᠳᠠᠭᠤᠰᠤᠭᠰᠠᠨ ᠤ ᠲᠡᠷᠠᠭ᠎ᠠ᠂ ᠳᠠᠭᠠᠭᠠᠴᠢᠯᠠᠭᠤᠯᠤᠭᠴᠢ ᠨᠢ ᠪᠠᠷᠢᠯᠭ᠎ᠠ ᠶᠢᠨ ᠵᠢᠷᠤᠭ ᠲᠥᠰᠦᠪ ᠪᠣᠯᠤᠨ | ᠲᠣᠳᠣᠷᠬᠠᠶᠢᠯᠠᠯᠲᠠ ᠶᠢᠨ ᠪᠢᠴᠢᠭ᠂ ᠤᠯᠤᠰ ᠠᠴᠠ ᠨᠡᠶᠢᠲᠡᠯᠡᠭᠰᠡᠨ ᠪᠠᠷᠢᠯᠭ᠎ᠠ ᠶᠢᠨ ᠠᠵᠢᠯ ᠢ ᠰᠢᠯᠭᠠᠨ ᠠᠪᠬᠤ ᠵᠢᠷᠤᠮᠵᠢᠯ | ᠪᠣᠯᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠦᠨᠳᠦᠰᠦᠯᠡᠨ ᠴᠠᠭ ᠲᠤᠬᠠᠶ ᠳᠤᠨᠢ ᠰᠢᠯᠭᠠᠨ ᠠᠪᠬᠤ | ᠬᠡᠷᠡᠭᠲᠡᠶ᠃ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠪᠠᠯ᠂ ᠳᠠᠭᠠᠭᠠᠴᠢᠯᠠᠭᠤᠯᠤᠭᠴᠢ ᠨᠢ ᠪᠣᠯᠵᠣᠨ ᠲᠣᠭᠲᠠᠭᠰᠠᠨ | ᠶᠣᠰᠣᠭᠠᠷ ᠦᠨ᠎ᠡ ᠶᠢᠨ ᠮᠥᠩᠭᠦ ᠶᠢ ᠲᠦᠯᠦᠬᠦ ᠬᠡᠷᠡᠭᠲᠡᠶ ᠪᠥᠭᠡᠳ ᠲᠤᠰ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢ | ᠬᠦᠯᠢᠶᠡᠠ ᠠᠪᠬᠤ ᠬᠡᠷᠡᠭᠲᠡᠶ᠃ | ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠠᠳ ᠰᠢᠯᠭᠠᠭᠠᠳ ᠬᠢᠷᠢ ᠲᠡᠩᠴᠡᠭᠰᠡᠨ ᠤ | ᠲᠡᠷᠠᠭ᠎ᠠ ᠰᠠᠶ᠋ᠢ ᠬᠡᠷᠡᠭᠯᠡᠭᠦᠯᠬᠦ ᠪᠠᠷ ᠲᠤᠰᠢᠶᠠᠵᠤ ᠪᠣᠯᠤᠨ᠎ᠠ︔ ᠰᠢᠯᠭᠠᠨ ᠠᠪᠤᠭᠤᠯᠤᠭᠰᠠᠨ ᠤᠢᠭᠡᠢ ᠪᠤᠶᠤ ᠰᠢᠯᠭᠠᠨ | ᠠᠪᠬᠤ ᠳᠤ ᠬᠢᠷᠢ ᠲᠡᠩᠴᠡᠭᠰᠡᠨ ᠤᠢᠭᠡᠢ ᠪᠠᠶᠢᠪᠠᠯ᠂ ᠬᠡᠷᠡᠭᠯᠡᠭᠦᠯᠬᠦ ᠪᠠᠷ ᠲᠤᠰᠢᠶᠠᠵᠤ ᠪᠣᠯᠬᠤ ᠤᠢᠭᠡᠢ᠃ | ᠨᠠᠢᠮᠠᠳᠤᠭᠠᠷ ᠵᠦᠢᠯ ᠬᠠᠶᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠶᠠᠰᠤ ᠴᠢᠨᠠᠷ ᠨᠢ ᠱᠠᠭᠠᠷᠳᠠᠯᠭ᠎ᠠ ᠳᠤ | ᠨᠡᠶᠢᠴᠡᠬᠦ ᠤᠢᠭᠡᠢ ᠪᠤᠶᠤ ᠬᠠᠶᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢᠶᠠᠨ ᠬᠤᠭᠤᠴᠠᠭ᠎ᠠ | ᠶᠣᠰᠣᠭᠠᠷ ᠲᠤᠰᠢᠶᠠᠭᠰᠠᠨ ᠤᠢᠭᠡᠢ ᠪᠠᠷ ᠪᠠᠷᠢᠯᠭ᠎ᠠ ᠶᠢᠨ ᠬᠤᠭᠤᠴᠠᠭ᠎ᠠ ᠶᠢ ᠤᠳᠠᠭᠠᠰᠢᠷᠠᠭᠤᠯᠤᠭᠠᠳ | ᠳᠠᠭᠠᠭᠠᠴᠢᠯᠠᠭᠤᠯᠤᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠶᠢᠨ ᠪᠠᠶᠢᠴᠠᠭᠠᠭᠴᠢ᠂ ᠵᠢᠷᠤᠵᠤ | ᠲᠥᠯᠥᠪᠯᠡᠭᠴᠢ ᠨᠢ ᠬᠠᠶᠢᠨ ᠰᠢᠨᠵᠢᠯᠡᠬᠦ᠂ ᠵᠢᠷᠤᠵᠤ ᠲᠥᠯᠥᠪᠯᠡᠬᠦ ᠠᠵᠢᠯ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ | ᠬᠠᠶᠢᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠰᠦᠢᠳᠬᠡᠯ ᠢ ᠬᠠᠰᠤᠵᠤ ᠬᠤᠷᠢᠶᠠᠬᠤ ᠪᠤᠶᠤ ᠬᠤᠷᠢᠶᠠᠬᠤ ᠠᠴᠠ | ᠬᠡᠯᠲᠦᠷᠢᠭᠦᠯᠬᠦ ᠶᠢᠨ ᠬᠠᠮᠲᠤ ᠬᠤᠬᠢᠷᠠᠯ ᠢ ᠲᠦᠯᠦᠬᠦ ᠬᠡᠷᠡᠭᠲᠡᠶ᠃ | ᠨᠠᠢᠮᠠᠨ ᠵᠠᠭᠤ ᠨᠢᠭᠡᠳᠦᠭᠡᠷ ᠵᠦᠢᠯ ᠪᠠᠷᠢᠯᠭ᠎ᠠ ᠶᠢᠨ ᠠᠵᠢᠯᠳᠠᠨ ᠤ ᠰᠢᠯᠲᠠᠭᠠᠨ ᠠᠴᠠ ᠪᠤᠯᠵᠦ ᠪᠦᠳᠦᠭᠡᠠ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠤᠢᠭᠡᠢ ᠪᠣᠯᠤᠭᠰᠠᠨ | ᠪᠠᠶᠢᠪᠠᠯ᠂ ᠳᠠᠭᠠᠭᠠᠴᠢᠯᠠᠭᠤᠯᠤᠭᠴᠢ ᠨᠢ ᠵᠦᠢ ᠵᠣᠬᠢᠰᠲᠠᠶ ᠬᠤᠭᠤᠴᠠᠭᠠᠨ ᠤ ᠳᠣᠲᠣᠷ᠎ᠠ ᠦᠨ᠎ᠡ ᠲᠥᠯᠥᠪᠦᠷᠢ ᠤᠢᠭᠡᠢ ᠪᠠᠷ | ᠵᠠᠰᠠᠭᠤᠯᠬᠤ ᠪᠤᠶᠤ ᠲᠡᠬᠢᠵᠦ ᠪᠠᠷᠢᠭᠤᠯᠬᠤ᠂ ᠥᠭᠡᠷᠡᠴᠢᠯᠡᠨ ᠪᠠᠶᠢᠭᠤᠯᠤᠭᠤᠯᠬᠤ ᠪᠠᠷ ᠪᠠᠷᠢᠯᠭ᠎ᠠ ᠶᠢᠨ ᠠᠵᠢᠯᠳᠠᠨ ᠳᠤ | ᠭᠤᠶᠤᠴᠢᠯᠠᠬᠤ ᠡᠷᠬᠡ ᠲᠠᠢ᠃ ᠵᠠᠰᠠᠵᠤ ᠰᠡᠯᠪᠢᠬᠦ ᠪᠤᠶᠤ ᠲᠡᠬᠢᠵᠦ ᠪᠠᠷᠢᠵᠤ᠂ ᠥᠭᠡᠷᠡᠴᠢᠯᠡᠨ ᠪᠠᠶᠢᠭᠤᠯᠤᠭᠰᠠᠨ ᠤ | ᠲᠡᠷᠠᠭ᠎ᠠ᠂ ᠬᠤᠭᠤᠴᠠᠭ᠎ᠠ ᠬᠡᠲᠦᠷᠡᠭᠦᠯᠦᠨ ᠲᠤᠰᠢᠶᠠᠵᠤ ᠥᠭᠬᠦ ᠳᠤ ᠬᠦᠷᠦᠭᠦᠯᠦᠭᠰᠡᠨ ᠪᠠᠶᠢᠪᠠᠯ᠂ ᠪᠠᠷᠢᠯᠭ᠎ᠠ ᠶᠢᠨ ᠠᠵᠢᠯ | ᠬᠢᠭᠰᠡᠳ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠨᠠᠢᠮᠠᠨ ᠵᠠᠭᠤ ᠬᠤᠶᠠᠳᠤᠭᠠᠷ ᠵᠦᠢᠯ ᠳᠠᠭᠠᠭᠠᠴᠢᠯᠠᠭᠴᠢ ᠶᠢᠨ ᠰᠢᠯᠲᠠᠭᠠᠨ ᠠᠴᠠ ᠪᠤᠯᠵᠦ ᠪᠦᠳᠦᠭᠡᠠ | ᠪᠠᠶᠢᠭᠤᠯᠤᠯᠲᠠ ᠶᠢᠨ ᠪᠠᠷᠢᠯᠭ᠎ᠠ ᠨᠢ ᠵᠦᠢ ᠵᠣᠬᠢᠰᠲᠠᠶ ᠬᠡᠷᠡᠭᠯᠡᠬᠦ ᠬᠤᠭᠤᠴᠠᠭᠠᠨ ᠤ ᠳᠣᠲᠣᠷ᠎ᠠ ᠬᠥᠮᠦᠨ ᠤ ᠪᠡᠶ᠎ᠡ ᠳᠤ | ᠬᠤᠬᠢᠷᠠᠯ ᠤᠴᠠᠷᠠᠭᠤᠯᠤᠭᠰᠠᠨ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠳᠠᠭᠠᠭᠠᠴᠢᠯᠠᠭᠴᠢ ᠨᠢ ᠲᠦᠯᠦᠪᠦᠷᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠨᠠᠢᠮᠠᠨ ᠵᠠᠭᠤ ᠭᠤᠷᠪᠠᠳᠤᠭᠠᠷ ᠵᠦᠢᠯ ᠳᠠᠭᠠᠭᠠᠴᠢᠯᠠᠭᠤᠯᠤᠭᠴᠢ ᠪᠣᠯᠵᠣᠨ ᠲᠣᠭᠲᠠᠭᠰᠠᠨ ᠴᠠᠭ ᠪᠠ ᠱᠠᠭᠠᠷᠳᠠᠯᠭ᠎ᠠ | ᠶᠣᠰᠣᠭᠠᠷ ᠲᠦᠭᠦᠬᠡᠶ ᠡᠳ᠋ ᠮᠠᠲ᠋ᠧᠷᠢᠶᠠᠯ᠂ ᠲᠤᠨᠤᠬ ᠲᠥᠬᠦᠭᠡᠷᠦᠮᠵᠢ᠂ ᠲᠠᠯᠠᠪᠤᠷ ᠭᠠᠵᠠᠷ᠂ ᠪᠡᠯᠠ ᠮᠥᠩᠭᠦ᠂ ᠲᠧᠭᠨᠢᠭ | ᠮᠡᠷᠭᠡᠵᠢᠯ ᠤᠨ ᠮᠠᠲ᠋ᠧᠷᠢᠶᠠᠯ ᠢᠶᠠᠨ ᠬᠠᠩᠭᠠᠭᠰᠠᠨ ᠤᠢᠭᠡᠢ ᠪᠠᠶᠢᠪᠠᠯ᠂ ᠳᠠᠭᠠᠭᠠᠴᠢᠯᠠᠭᠴᠢ ᠨᠢ ᠪᠠᠷᠢᠯᠭ᠎ᠠ ᠶᠢᠨ ᠠᠵᠢᠯ ᠤᠨ | ᠡᠳᠦᠷ ᠬᠤᠭᠤᠴᠠᠭ᠎ᠠ ᠶᠢ ᠬᠤᠶᠢᠰᠢᠯᠠᠭᠤᠯᠵᠤ ᠪᠣᠯᠬᠤ ᠪᠥᠭᠡᠳ ᠠᠵᠢᠯ ᠵᠣᠭᠰᠣᠭᠰᠠᠨ᠂ ᠠᠵᠢᠯ ᠰᠠᠭᠠᠲᠠᠭᠰᠠᠨ ᠵᠡᠷᠭᠡ | ᠬᠤᠬᠢᠷᠠᠯ ᠢ ᠲᠦᠯᠦᠬᠦᠯᠬᠦ ᠪᠠᠷ ᠭᠤᠶᠤᠴᠢᠯᠠᠬᠤ ᠡᠷᠬᠡ ᠲᠠᠢ᠃ | ᠨᠠᠢᠮᠠᠨ ᠵᠠᠭᠤ ᠳᠥᠷᠪᠡᠳᠦᠭᠡᠷ ᠵᠦᠢᠯ ᠳᠠᠭᠠᠭᠠᠴᠢᠯᠠᠭᠤᠯᠤᠭᠴᠢ ᠶᠢᠨ ᠰᠢᠯᠲᠠᠭᠠᠨ ᠠᠴᠠ ᠪᠤᠯᠵᠦ ᠪᠠᠷᠢᠯᠭ᠎ᠠ ᠶᠢᠨ | ᠠᠵᠢᠯ ᠢ ᠳᠤᠮᠳᠠ ᠠᠴᠠ ᠨᠢ ᠵᠣᠭᠰᠣᠭᠠᠬᠤ᠂ ᠬᠤᠶᠢᠰᠢᠯᠠᠭᠤᠯᠬᠤ ᠳᠤ ᠬᠦᠷᠦᠭᠦᠯᠦᠭᠰᠡᠨ ᠪᠠᠶᠢᠪᠠᠯ᠂ | ᠳᠠᠭᠠᠭᠠᠴᠢᠯᠠᠭᠤᠯᠤᠭᠴᠢ ᠨᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠢ ᠨᠥᠬᠦᠪᠥᠷᠢᠯᠡᠬᠦ ᠪᠤᠶᠤ ᠪᠠᠭᠠᠰᠬᠠᠵᠤ᠂ | ᠳᠠᠭᠠᠭᠠᠴᠢᠯᠠᠭᠴᠢ ᠶᠢᠨ ᠡᠭᠦᠨ ᠠᠴᠠ ᠪᠣᠯᠤᠭᠰᠠᠨ ᠠᠵᠢᠯ ᠵᠣᠭᠰᠣᠭᠰᠠᠨ᠂ ᠠᠵᠢᠯ ᠰᠠᠭᠠᠲᠠᠭᠰᠠᠨ᠂ ᠭᠡᠳᠡᠷᠬᠦ | ᠵᠥᠭᠡᠭᠡᠪᠦᠷᠢᠯᠡᠭᠰᠡᠨ᠂ ᠮᠠᠰᠢᠨ ᠲᠥᠬᠦᠭᠡᠷᠦᠮᠵᠢ ᠶᠢ ᠰᠢᠯᠵᠢᠭᠦᠯᠦᠭᠰᠡᠨ᠂ ᠮᠠᠲ᠋ᠧᠷᠢᠶᠠᠯ ᠪᠠ ᠲᠣᠨᠣᠭᠯᠠᠭᠠᠰᠤ ᠶᠢ | ᠳᠠᠷᠤᠭᠳᠠᠭᠤᠯᠤᠭᠰᠠᠨ ᠵᠡᠷᠭᠡ ᠬᠤᠬᠢᠷᠠᠯ ᠪᠠ ᠪᠣᠳᠠᠲᠠᠶ ᠵᠠᠷᠤᠳᠠᠯ ᠢ ᠲᠦᠯᠦᠬᠦ ᠬᠡᠷᠡᠭᠲᠡᠶ᠃ | ᠨᠠᠢᠮᠠᠨ ᠵᠠᠭᠤ ᠲᠠᠪᠤᠳᠤᠭᠠᠷ ᠵᠦᠢᠯ ᠳᠠᠭᠠᠭᠠᠴᠢᠯᠠᠭᠤᠯᠤᠭᠴᠢ ᠶᠢᠨ ᠲᠥᠯᠥᠪᠯᠡᠭᠡ ᠪᠠᠨ ᠬᠤᠪᠢᠷᠠᠭᠤᠯᠤᠭᠰᠠᠨ᠂ | ᠬᠠᠩᠭᠠᠭᠰᠠᠨ ᠮᠠᠲ᠋ᠧᠷᠢᠶᠠᠯ ᠨᠢ ᠣᠨᠣᠪᠴᠢ ᠤᠢᠭᠡᠢ ᠪᠤᠶᠤ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠠᠵᠢᠯ ᠤᠨ | ᠴᠢᠬᠤᠯᠠ ᠪᠦᠬᠦᠢ ᠨᠥᠬᠦᠴᠡᠯ ᠢ ᠬᠤᠭᠤᠴᠠᠭ᠎ᠠ ᠶᠣᠰᠣᠭᠠᠷ ᠬᠠᠩᠭᠠᠵᠤ ᠥᠭᠭᠦᠭᠰᠡᠨ ᠤᠢᠭᠡᠢ ᠠᠴᠠ ᠪᠤᠯᠵᠦ ᠬᠠᠶᠢᠨ | ᠪᠠᠶᠢᠴᠠᠭᠠᠬᠤ᠂ ᠵᠢᠷᠤᠵᠤ ᠲᠥᠯᠥᠪᠯᠡᠬᠦ ᠶᠢ ᠲᠡᠬᠢᠵᠦ ᠬᠢᠬᠦ᠂ ᠠᠵᠢᠯ ᠵᠣᠭᠰᠣᠬᠤ ᠪᠤᠶᠤ ᠵᠢᠷᠤᠭ ᠲᠥᠯᠥᠪᠯᠡᠭᠡ ᠳᠤ | ᠵᠠᠰᠠᠪᠤᠷᠢ ᠣᠷᠣᠭᠤᠯᠬᠤ ᠳᠤ ᠬᠦᠷᠦᠭᠦᠯᠦᠭᠰᠡᠨ ᠪᠠᠶᠢᠪᠠᠯ᠂ ᠳᠠᠭᠠᠭᠠᠴᠢᠯᠠᠭᠤᠯᠤᠭᠴᠢ ᠨᠢ ᠬᠠᠶᠢᠨ ᠪᠠᠶᠢᠴᠠᠭᠠᠭᠴᠢ᠂ | ᠵᠢᠷᠤᠵᠤ ᠲᠥᠯᠥᠪᠯᠡᠭᠴᠢ ᠶᠢᠨ ᠪᠣᠳᠠᠲᠠᠶ ᠵᠠᠷᠤᠴᠠᠭᠤᠯᠤᠭᠰᠠᠨ ᠠᠵᠢᠯ ᠤᠨ ᠬᠡᠮᠵᠢᠶ᠎ᠡ ᠪᠠᠷ ᠵᠠᠷᠤᠳᠠᠯ ᠢ ᠨᠢ ᠨᠡᠮᠡᠵᠦ ᠥᠭᠬᠦ | ᠬᠡᠷᠡᠭᠲᠡᠶ᠃ | ᠨᠠᠢᠮᠠᠨ ᠵᠠᠭᠤ ᠵᠢᠷᠭᠤᠳᠤᠭᠠᠷ ᠵᠦᠢᠯ ᠳᠠᠭᠠᠭᠠᠴᠢᠯᠠᠭᠴᠢ ᠨᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ | ᠠᠵᠢᠯ ᠢᠶᠠᠨ ᠰᠢᠯᠵᠢᠭᠦᠯᠦᠨ ᠳᠠᠭᠠᠭᠠᠴᠢᠯᠠᠭᠤᠯᠵᠤ᠂ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ | ᠪᠠᠶᠢᠪᠠᠯ᠂ ᠳᠠᠭᠠᠭᠠᠴᠢᠯᠠᠭᠤᠯᠤᠭᠴᠢ ᠨᠢ ᠭᠡᠷ᠎ᠡ ᠶᠢ ᠴᠤᠴᠠᠯᠠᠵᠤ ᠪᠣᠯᠤᠨ᠎ᠠ᠃ | ᠳᠠᠭᠠᠭᠠᠴᠢᠯᠠᠭᠤᠯᠤᠭᠴᠢ ᠶᠢᠨ ᠬᠠᠩᠭᠠᠭᠰᠠᠨ ᠭᠤᠣᠯ ᠪᠣᠯᠬᠤ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ | ᠪᠦᠲᠦᠴᠡ ᠲᠤᠨᠤᠬ ᠰᠡᠯᠪᠢᠭᠡᠰᠦ ᠪᠠ ᠲᠤᠨᠤᠬ ᠲᠥᠬᠦᠭᠡᠷᠦᠮᠵᠢ ᠨᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ | ᠨᠡᠶᠢᠴᠡᠬᠦ ᠤᠢᠭᠡᠢ ᠪᠤᠶᠤ ᠬᠠᠮᠵᠢᠯᠴᠠᠬᠤ ᠡᠭᠦᠷᠭᠡ ᠪᠠᠨ ᠭᠦᠢᠴᠡᠳᠬᠡᠬᠦ ᠤᠢᠭᠡᠢ ᠠᠴᠠ ᠪᠤᠯᠵᠦ ᠳᠠᠭᠠᠭᠠᠴᠢᠯᠠᠭᠴᠢ ᠶᠢ | ᠪᠠᠷᠢᠯᠭ᠎ᠠ ᠪᠠᠷᠢᠬᠤ ᠶᠢᠨ ᠠᠷᠭ᠎ᠠ ᠤᠢᠭᠡᠢ ᠪᠣᠯᠭᠠᠵᠤ᠂ ᠰᠢᠪᠠᠳᠠᠨ ᠮᠡᠳᠡᠭᠳᠡᠭᠰᠡᠨ ᠪᠠᠶᠢᠲᠠᠯ᠎ᠠ ᠵᠦᠢ ᠵᠣᠬᠢᠰᠲᠠᠶ | ᠬᠤᠭᠤᠴᠠᠭᠠᠨ ᠤ ᠳᠣᠲᠣᠷ᠎ᠠ ᠵᠣᠬᠢᠴᠠᠩᠭᠤᠶ ᠡᠭᠦᠷᠭᠡ ᠪᠠᠨ ᠮᠥᠨ ᠯᠡ ᠭᠦᠢᠴᠡᠳᠬᠡᠭᠰᠡᠨ ᠤᠢᠭᠡᠢ ᠪᠠᠶᠢᠪᠠᠯ᠂ | ᠳᠠᠭᠠᠭᠠᠴᠢᠯᠠᠭᠴᠢ ᠭᠡᠷ᠎ᠡ ᠶᠢ ᠴᠤᠴᠠᠯᠠᠵᠤ ᠪᠣᠯᠤᠨ᠎ᠠ᠃ | ᠭᠡᠷ᠎ᠡ ᠶᠢ ᠴᠤᠴᠠᠯᠠᠭᠰᠠᠨ ᠤ ᠲᠡᠷᠠᠭ᠎ᠠ᠂ ᠨᠢᠭᠡᠨᠲᠡ ᠪᠡᠶᠡᠯᠡᠭᠦᠯᠦᠭᠰᠡᠨ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ | ᠶᠠᠰᠤ ᠴᠢᠨᠠᠷ ᠨᠢ ᠬᠢᠷᠢ ᠲᠡᠩᠴᠡᠭᠰᠡᠨ ᠪᠠᠶᠢᠪᠠᠯ᠂ ᠳᠠᠭᠠᠭᠠᠴᠢᠯᠠᠭᠤᠯᠤᠭᠴᠢ ᠨᠢ ᠪᠣᠯᠵᠣᠨ ᠲᠣᠭᠲᠠᠭᠰᠠᠨ ᠶᠣᠰᠣᠭᠠᠷ | ᠵᠣᠬᠢᠴᠠᠩᠭᠤᠶ ᠪᠠᠷᠢᠯᠭ᠎ᠠ ᠶᠢᠨ ᠦᠨ᠎ᠡ ᠶᠢᠨ ᠮᠥᠩᠭᠦ ᠶᠢ ᠲᠦᠯᠦᠬᠦ ᠬᠡᠷᠡᠭᠲᠡᠶ︔ ᠨᠢᠭᠡᠨᠲᠡ ᠪᠡᠶᠡᠯᠡᠭᠦᠯᠦᠭᠰᠡᠨ ᠪᠦᠳᠦᠭᠡᠠ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠨᠢ ᠬᠢᠷᠢ ᠲᠡᠩᠴᠡᠬᠦ ᠤᠢᠭᠡᠢ ᠪᠠᠶᠢᠪᠠᠯ᠂ ᠲᠤᠰ ᠬᠠᠤᠯᠢ ᠶᠢᠨ | ᠲᠤᠯᠦᠭᠠᠠ ᠵᠠᠭᠤ ᠶᠡᠷᠡᠨ ᠭᠤᠷᠪᠠᠳᠤᠭᠠᠷ ᠵᠦᠢᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠤᠷᠢᠯᠡᠨ᠎ᠡ᠃ | ᠨᠠᠢᠮᠠᠨ ᠵᠠᠭᠤ ᠳᠣᠯᠣᠳᠤᠭᠠᠷ ᠵᠦᠢᠯ ᠳᠠᠭᠠᠭᠠᠴᠢᠯᠠᠭᠤᠯᠤᠭᠴᠢ ᠨᠢ ᠪᠣᠯᠵᠣᠨ ᠲᠣᠭᠲᠠᠭᠰᠠᠨ ᠶᠣᠰᠣᠭᠠᠷ ᠦᠨ᠎ᠡ ᠶᠢᠨ | ᠵᠣᠭᠤᠰ ᠢ ᠲᠦᠯᠦᠭᠰᠡᠠ ᠤᠢᠭᠡᠢ ᠪᠠᠶᠢᠪᠠᠯ᠂ ᠳᠠᠭᠠᠭᠠᠴᠢᠯᠠᠭᠴᠢ ᠨᠢ ᠵᠦᠢ ᠵᠣᠬᠢᠰᠲᠠᠶ ᠬᠤᠭᠤᠴᠠᠭᠠᠨ ᠤ ᠳᠣᠲᠣᠷ᠎ᠠ | ᠦᠨ᠎ᠡ ᠶᠢᠨ ᠵᠣᠭᠤᠰ ᠢ ᠲᠦᠯᠦᠬᠦᠯᠬᠦ ᠪᠠᠷ ᠳᠠᠭᠠᠭᠠᠴᠢᠯᠠᠭᠤᠯᠤᠭᠴᠢ ᠳᠤ ᠰᠢᠪᠠᠳᠠᠨ ᠮᠡᠳᠡᠭᠳᠡᠵᠦ ᠪᠣᠯᠤᠨ᠎ᠠ᠃ | ᠳᠠᠭᠠᠭᠠᠴᠢᠯᠠᠭᠤᠯᠤᠭᠴᠢ ᠨᠢ ᠬᠤᠭᠤᠴᠠᠭ᠎ᠠ ᠬᠡᠲᠦᠷᠡᠲᠡᠯ᠎ᠡ ᠲᠤᠰᠢᠶᠠᠬᠤ ᠤᠢᠭᠡᠢ ᠪᠠᠶᠢᠪᠠᠯ᠂ ᠪᠦᠳᠦᠭᠡᠠ | ᠪᠠᠶᠢᠭᠤᠯᠤᠯᠲᠠ ᠶᠢᠨ ᠪᠠᠷᠢᠯᠭ᠎ᠠ ᠶᠢᠨ ᠰᠢᠨᠵᠢ ᠴᠢᠨᠠᠷ ᠢ ᠦᠨᠳᠦᠰᠦᠯᠡᠨ ᠦᠨ᠎ᠡ ᠨᠤᠭᠤᠯᠤᠨ ᠪᠤᠳᠦᠬᠤ᠂ ᠦᠨ᠎ᠡ ᠬᠠᠶᠠᠨ | ᠬᠤᠳᠠᠯᠳᠤᠬᠤ ᠳᠤ ᠤᠢᠯᠦ ᠵᠣᠬᠢᠬᠤ ᠶᠢ ᠭᠠᠷᠭᠠᠪᠠᠯ᠂ ᠳᠠᠭᠠᠭᠠᠴᠢᠯᠠᠭᠴᠢ ᠨᠢ ᠳᠠᠭᠠᠭᠠᠴᠢᠯᠠᠭᠤᠯᠤᠭᠴᠢ ᠲᠠᠢ | ᠵᠥᠪᠳᠡᠯᠴᠡᠵᠦ ᠪᠠᠶᠢᠭᠠᠳ ᠲᠤᠰ ᠪᠠᠷᠢᠯᠭ᠎ᠠ ᠶᠢ ᠦᠨ᠎ᠡ ᠨᠤᠭᠤᠯᠤᠨ ᠪᠤᠳᠦᠵᠦ ᠪᠣᠯᠤᠨ᠎ᠠ᠂ ᠠᠷᠠᠳ ᠤᠨ ᠰᠢᠭᠦᠬᠦ | ᠬᠤᠷᠢᠶ᠎ᠠ ᠳᠤ ᠲᠤᠰ ᠪᠠᠷᠢᠯᠭ᠎ᠠ ᠶᠢ ᠬᠠᠤᠯᠢ ᠶᠣᠰᠣᠭᠠᠷ ᠦᠨ᠎ᠡ ᠬᠠᠶᠠᠨ ᠬᠤᠳᠠᠯᠳᠤᠭᠤᠯᠬᠤ ᠪᠠᠷ ᠭᠤᠶᠤᠴᠢᠯᠠᠭᠰᠠᠨ ᠴᠤ | ᠪᠣᠯᠤᠨ᠎ᠠ᠃ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠵᠣᠭᠤᠰ ᠢ ᠲᠤᠰ ᠪᠠᠷᠢᠯᠭ᠎ᠠ ᠶᠢᠨ ᠨᠤᠭᠤᠯᠤᠨ | ᠪᠤᠳᠦᠬᠰᠡᠠ ᠦᠨ᠎ᠡ ᠪᠤᠶᠤ ᠦᠨ᠎ᠡ ᠬᠠᠶᠠᠵᠤ ᠬᠤᠳᠠᠯᠳᠤᠭᠰᠠᠨ ᠦᠨ᠎ᠡ ᠶᠢᠨ ᠵᠣᠭᠤᠰ ᠢᠶᠠᠷ ᠤᠷᠢᠳᠠᠪᠠᠷ ᠲᠦᠯᠦᠨ᠎ᠡ᠃ | ᠨᠠᠢᠮᠠᠨ ᠵᠠᠭᠤ ᠨᠠᠢᠮᠠᠳᠤᠭᠠᠷ ᠵᠦᠢᠯ ᠲᠤᠰ ᠪᠦᠯᠦᠭ ᠲᠤ ᠲᠣᠭᠲᠠᠭᠠᠭᠰᠠᠨ ᠤᠢᠭᠡᠢ ᠵᠦᠢᠯ ᠳᠤ ᠳᠠᠭᠠᠭᠠᠨ ᠠᠪᠬᠤ | ᠭᠡᠷ᠎ᠡ ᠶᠢᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠨ᠎ᠡ᠃ | | ᠬᠤᠪᠢ ᠬᠥᠮᠦᠨ ᠤ ᠬᠤᠪᠢ ᠶᠢᠨ ᠨᠢᠭᠤᠴᠠ ᠶᠢᠨ ᠡᠷᠬᠡ ᠪᠠ ᠬᠤᠪᠢ ᠬᠥᠮᠦᠨ ᠤ ᠮᠡᠳᠡᠭᠡ ᠵᠠᠩᠭᠢ ᠶᠢ | ᠬᠠᠮᠠᠭᠠᠯᠠᠬᠤ ᠲᠤᠬᠠᠶ | ᠶᠡᠷᠦᠩᠬᠡᠶ ᠲᠦᠷᠢᠮ ᠤᠨ ᠠᠩᠬᠢ | ᠲᠠᠪᠤᠳᠤᠭᠠᠷ ᠪᠦᠯᠦᠭ ᠢᠷᠭᠡᠨ ᠤ ᠬᠡᠷᠡᠭ ᠤᠨ ᠡᠷᠬᠡ | ᠵᠠᠭᠤ ᠠᠷᠪᠠᠳᠤᠭᠠᠷ ᠵᠦᠢᠯ ᠬᠤᠪᠢ ᠬᠥᠮᠦᠨ ᠠᠮᠢ ᠨᠠᠰᠤᠨ ᠤ ᠡᠷᠬᠡ᠂ ᠪᠡᠶ᠎ᠡ ᠮᠠᠬᠠᠪᠣᠳ ᠤᠨ ᠡᠷᠬᠡ᠂ ᠡᠷᠡᠭᠦᠯ | ᠮᠡᠡᠳᠦ ᠶᠢᠨ ᠡᠷᠬᠡ᠂ ᠤᠪᠦᠬ ᠨᠡᠷ᠎ᠡ ᠶᠢᠨ ᠡᠷᠬᠡ᠂ ᠬᠦᠷᠦᠭ ᠵᠢᠷᠤᠭ ᠤᠨ ᠡᠷᠬᠡ᠂ ᠨᠡᠷ᠎ᠡ ᠲᠦᠷᠦ ᠶᠢᠨ ᠡᠷᠬᠡ᠂ ᠢᠷᠠᠭᠤ | ᠠᠯᠳᠠᠷ ᠤᠨ ᠡᠷᠬᠡ᠂ ᠬᠤᠪᠢ ᠶᠢᠨ ᠨᠢᠭᠤᠴᠠ ᠶᠢᠨ ᠡᠷᠬᠡ᠂ ᠤᠷᠤᠬ ᠤᠨ ᠡᠵᠡᠨ ᠮᠡᠳᠡᠬᠦ ᠡᠷᠬᠡ ᠵᠡᠷᠭᠡ ᠡᠷᠬᠡ ᠶᠢ | ᠡᠳ᠋ᠯᠡᠨ᠎ᠡ᠃ | ᠬᠥᠮᠦᠨ ᠤ ᠨᠡᠷ᠎ᠡ ᠬᠦᠨᠳᠦ ᠶᠢᠨ ᠡᠷᠬᠡ ᠶᠢᠨ ᠠᠩᠬᠢ | ᠵᠢᠷᠭᠤᠳᠤᠭᠠᠷ ᠪᠦᠯᠦᠭ ᠬᠤᠪᠢ ᠶᠢᠨ ᠨᠢᠭᠤᠴᠠ ᠶᠢᠨ ᠡᠷᠬᠡ ᠪᠠ ᠬᠤᠪᠢ ᠬᠥᠮᠦᠨ ᠤ ᠮᠡᠳᠡᠭᠡ ᠵᠠᠩᠬᠢ ᠶᠢ | ᠬᠠᠮᠠᠭᠠᠯᠠᠬᠤ | ᠵᠠᠭᠤ ᠭᠤᠴᠢ ᠶᠢᠰᠦᠳᠦᠭᠡᠷ ᠵᠦᠢᠯ ᠲᠦᠷᠦ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ | ᠡᠭᠦᠷᠭᠡᠯᠡᠵᠦ ᠪᠠᠶᠢᠭ᠎ᠠ ᠬᠠᠤᠯᠢ ᠪᠠᠷ ᠲᠣᠭᠲᠠᠭᠠᠭᠰᠠᠨ ᠪᠠᠶᠢᠭᠤᠯᠤᠮᠵᠢ ᠵᠢᠴᠢ ᠲᠡᠭᠦᠨ ᠤ ᠠᠵᠢᠯᠳᠡᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠣᠯᠵᠤ ᠮᠡᠳᠡᠭᠰᠡᠨ ᠬᠤᠪᠢ ᠬᠥᠮᠦᠨ ᠤ ᠬᠤᠪᠢ ᠶᠢᠨ ᠨᠢᠭᠤᠴᠠ ᠪᠠ | ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠂ ᠵᠠᠳᠠᠷᠠᠭᠤᠯᠬᠤ ᠪᠤᠶᠤ ᠪᠤᠰᠤᠳ | ᠬᠥᠮᠦᠨ ᠳᠤ ᠬᠠᠤᠯᠢ ᠪᠤᠰᠤ ᠪᠠᠷ ᠬᠠᠩᠭᠠᠵᠤ ᠪᠣᠯᠬᠤ ᠤᠢᠭᠡᠢ᠃ | | ᠠᠶᠤᠯᠭᠦᠶ ᠶᠢ ᠪᠠᠲᠤᠯᠠᠬᠤ ᠡᠭᠦᠷᠭᠡ ᠶᠢᠨ ᠲᠤᠬᠠᠶ ᠲᠣᠭᠲᠠᠭᠠᠯ | ᠡᠷᠬᠡᠨ ᠳᠤ ᠬᠠᠯᠳᠠᠭᠰᠠᠨ ᠬᠠᠷᠢᠭᠤᠴᠠᠯᠭ᠎ᠠ ᠶᠢᠨ ᠠᠩᠬᠢ | ᠭᠤᠷᠪᠠᠳᠤᠭᠠᠷ ᠪᠦᠯᠦᠭ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢᠨ ᠲᠤᠬᠠᠶ ᠣᠨᠴᠠᠭᠠᠶ ᠲᠣᠭᠲᠠᠭᠠᠯ | ᠮᠢᠩᠭ᠎ᠠ ᠵᠠᠭᠤ ᠶᠡᠷᠡᠨ ᠨᠠᠢᠮᠠᠳᠤᠭᠠᠷ ᠵᠦᠢᠯ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠪᠠᠩᠬᠢ᠂ | ᠲᠡᠷᠭᠡᠨ ᠤᠢᠷᠳᠡᠭᠡ᠂ ᠨᠢᠰᠬᠡᠯ ᠤᠨ ᠪᠠᠭᠤᠳᠠᠯ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠵᠤᠭ᠎ᠠ ᠴᠡᠩᠭᠡᠯ ᠤᠨ | ᠲᠠᠯᠠᠪᠤᠷ ᠵᠡᠷᠭᠡ ᠡᠵᠡᠩᠨᠡᠯᠲᠡ ᠶᠢᠨ ᠭᠠᠵᠠᠷ᠂ ᠤᠯᠡᠠ ᠨᠡᠶᠢᠲᠡ ᠶᠢᠨ ᠲᠠᠯᠠᠪᠤᠷ ᠤᠨ ᠡᠵᠡᠩᠨᠡᠭᠴᠢ᠂ ᠬᠠᠮᠢᠶᠠᠷᠤᠭᠴᠢ ᠪᠤᠶᠤ | ᠤᠯᠡᠠ ᠲᠦᠮᠡᠨᠴᠢ ᠴᠢᠨᠠᠷᠲᠠᠶ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ ᠠᠮᠤᠷ ᠲᠦᠪᠰᠢᠨ ᠢ ᠪᠠᠲᠤᠯᠠᠬᠤ | ᠡᠭᠦᠷᠭᠡ ᠪᠠᠨ ᠭᠦᠢᠴᠡᠳᠬᠡᠭᠰᠡᠨ ᠤᠢᠭᠡᠢ ᠠᠴᠠ ᠪᠤᠯᠵᠦ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠭᠤᠷᠪᠠᠳᠠᠬᠢ ᠬᠥᠮᠦᠨ ᠤ ᠦᠢᠯᠡ ᠠᠵᠢᠯᠯᠠᠭ᠎ᠠ ᠠᠴᠠ ᠪᠤᠯᠵᠤ ᠪᠤᠰᠤᠳ ᠲᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠭᠤᠷᠪᠠᠳᠠᠬᠢ ᠬᠥᠮᠦᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ︔ ᠡᠵᠡᠩᠨᠡᠭᠴᠢ᠂ | ᠬᠠᠮᠢᠶᠠᠷᠤᠭᠴᠢ ᠪᠤᠶᠤ ᠵᠣᠬᠢᠶᠠᠨ ᠪᠠᠶᠢᠭᠤᠯᠤᠭᠴᠢ ᠠᠮᠤᠷ ᠲᠦᠪᠰᠢᠨ ᠢ ᠪᠠᠲᠤᠯᠠᠬᠤ ᠡᠭᠦᠷᠭᠡ ᠪᠠᠨ ᠭᠦᠢᠴᠡᠳᠬᠡᠭᠰᠡᠨ | ᠦᠭᠡᠢ ᠪᠠᠶᠢᠪᠠᠯ᠂ ᠵᠣᠬᠢᠴᠠᠩᠭᠤᠶ ᠨᠥᠬᠦᠪᠥᠷᠢ ᠬᠠᠷᠢᠭᠤᠴᠠᠯᠭ᠎ᠠ ᠡᠭᠦᠷᠭᠡᠯᠡᠨ᠎ᠡ᠃ ᠡᠵᠡᠩᠨᠡᠭᠴᠢ᠂ ᠬᠠᠮᠢᠶᠠᠷᠤᠭᠴᠢ ᠪᠤᠶᠤ | ᠵᠣᠬᠢᠶᠠᠨ ᠪᠠᠶᠢᠭᠤᠯᠤᠭᠴᠢ ᠨᠥᠬᠦᠪᠥᠷᠢᠯᠡᠬᠦ ᠬᠠᠷᠢᠭᠤᠴᠠᠯᠭ᠎ᠠ ᠶᠢ ᠡᠭᠦᠷᠭᠡᠯᠡᠭᠰᠡᠨ ᠤ ᠲᠡᠷᠠᠭ᠎ᠠ᠂ ᠭᠤᠷᠪᠠᠳᠠᠬᠢ | ᠬᠥᠮᠦᠨ ᠠᠴᠠ ᠨᠡᠬᠡᠨ ᠲᠦᠯᠦᠬᠦᠯᠵᠦ ᠪᠣᠯᠤᠨ᠎ᠠ᠃ |