2020 ᠤᠨ ᠤ《4·15 》 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ— ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ ᠶᠢ ᠤᠶᠢᠯᠠᠭᠠᠶ᠎ᠠ
ᠨᠡᠶᠢᠲᠡᠯᠡᠭᠰᠡᠨ ᠴᠠᠭ᠄
2021/8/26
    ᠤᠯᠤᠰ ᠠᠴᠠ ᠦᠨᠡᠨᠴᠢ ᠢᠲᠡᠭᠡᠮᠵᠢᠲᠡᠶ᠂ ᠡᠷᠡᠭᠦᠯ ᠪᠣᠯᠪᠠᠰᠤᠨ ᠰᠦᠯᠵᠢᠶᠡᠨ ᠤ ᠠᠵᠢᠯᠯᠠᠭ᠎ᠠ ᠶᠢ ᠰᠠᠨᠠᠭᠠᠴᠢᠯᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠤᠯᠠᠮᠵᠢᠯᠠᠨ ᠳᠡᠯᠭᠡᠷᠡᠭᠦᠯᠬᠦ ᠶᠢ ᠲᠦᠯᠬᠢᠨ       ᠠᠬᠢᠭᠤᠯᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠨᠡᠶᠢᠭᠡᠮ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠵᠤ ᠰᠦᠯᠵᠢᠶᠡᠨ ᠤ ᠠᠮᠤᠷ ᠲᠦᠪᠰᠢᠨ ᠢ ᠠᠬᠢᠭᠤᠯᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃      ᠤᠯᠤᠰ ᠠᠴᠠ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠣᠣᠷ ᠰᠦᠯᠵᠢᠶ᠎ᠡ ᠶᠢ ᠬᠠᠤᠯᠢ ᠶᠣᠰᠣᠭᠠᠷ ᠬᠡᠷᠡᠭᠯᠡᠬᠦ ᠡᠷᠬᠡ ᠶᠢ ᠬᠠᠮᠠᠭᠠᠯᠠᠵᠤ᠂ ᠲᠣᠣᠷ ᠰᠦᠯᠵᠢᠶ᠎ᠡ ᠶᠢ ᠵᠠᠯᠭᠠᠨ ᠣᠷᠣᠭᠤᠯᠵᠤ ᠲᠦᠭᠡᠮᠡᠯᠵᠢᠭᠦᠯᠬᠦ ᠶᠢ ᠠᠬᠢᠭᠤᠯᠵᠤ᠂ ᠲᠣᠣᠷ ᠰᠦᠯᠵᠢᠶᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠶᠢᠭᠡᠮ ᠳᠤ ᠠᠮᠤᠷ ᠲᠦᠪᠰᠢᠨ᠂ ᠳᠥᠭᠦᠮ ᠳᠥᠲᠡ ᠲᠣᠣᠷ ᠰᠦᠯᠵᠢᠶᠡᠨ ᠤ ᠦᠢᠯᠡᠴᠢᠯᠡᠭᠡ ᠬᠠᠩᠭᠠᠵᠤ᠂ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠬᠠᠤᠯᠢ ᠶᠣᠰᠣᠭᠠᠷ ᠡᠮᠬᠢ ᠵᠢᠷᠤᠮ ᠲᠠᠢ ᠴᠢᠯᠥᠭᠡᠲᠡᠢ ᠰᠢᠯᠵᠢᠬᠦ ᠶᠢ ᠪᠠᠲᠤᠯᠠᠨ᠎ᠠ᠃      ᠶᠠᠮᠠᠷᠪᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠰᠦᠯᠵᠢᠶ᠎ᠡ ᠶᠢ ᠬᠡᠷᠡᠭᠯᠡᠬᠦ ᠳᠡᠭᠡᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠬᠤ ᠬᠡᠷᠡᠭᠲᠡᠶ᠃ ᠣᠯᠠᠨ ᠨᠡᠶᠢᠲᠡ ᠶᠢᠨ ᠡᠮᠬᠢ ᠳᠢᠭᠯᠢᠮ ᠢ ᠵᠢᠷᠤᠮᠯᠠᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠬᠦᠨᠳᠦᠳᠬᠡᠵᠦ᠂ ᠰᠦᠯᠵᠢᠶᠡᠨ ᠤ ᠠᠮᠤᠷ ᠲᠦᠪᠰᠢᠨ ᠢ ᠬᠤᠬᠢᠷᠠᠭᠤᠯᠵᠤ ᠪᠣᠯᠬᠤ ᠦᠭᠡᠶ᠃ ᠰᠦᠯᠵᠢᠶ᠎ᠡ ᠶᠢ ᠠᠰᠢᠭᠯᠠᠨ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠬᠤ᠂ ᠲᠥᠷᠥ ᠶᠢᠨ ᠡᠷᠬᠡ ᠶᠢ ᠨᠤᠷᠠᠭᠠᠵᠤ᠂ ᠨᠡᠶᠢᠭᠡᠮ ᠵᠢᠷᠤᠮᠲᠤ ᠪᠠᠶᠢᠭᠤᠯᠤᠯ ᠢ ᠳᠥᠯᠭᠢᠨ ᠤᠨᠠᠭᠠᠬᠤ ᠪᠠᠷ ᠦᠳᠦᠭᠡᠬᠦ᠂ ᠤᠯᠤᠰ ᠣᠷᠣᠨ ᠢ ᠬᠠᠭᠠᠴᠠᠭᠤᠯᠬᠤ᠂ ᠤᠯᠤᠰ ᠣᠷᠣᠨ ᠤ ᠨᠢᠭᠡᠳᠦᠯ ᠢ ᠡᠪᠳᠡᠬᠦ᠂ ᠰᠦᠷᠳᠡᠭᠦᠯᠬᠦ ᠦᠵᠡᠯ᠂ ᠬᠡᠲᠦᠷᠡᠮᠡᠬᠡᠶ ᠦᠵᠡᠯ ᠢ ᠤᠬᠠᠭᠤᠯᠬᠤ᠂ ᠦᠨᠳᠦᠰᠦᠲᠡᠨ ᠤ       ᠬᠤᠷᠣᠰᠤᠯ᠂ ᠦᠨᠳᠦᠰᠦᠲᠡᠨ ᠤ ᠭᠠᠳᠠᠭᠤᠷᠴᠢᠯᠠᠯ ᠢ ᠤᠬᠠᠭᠤᠯᠬᠤ᠂ ᠬᠦᠴᠦᠷᠬᠡᠭᠯᠡᠯ᠂ ᠱᠠᠯᠢᠭ ᠵᠠᠪᠬᠠᠶ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠨ ᠲᠠᠷᠬᠠᠭᠠᠵᠤ ᠪᠠᠶᠢᠭᠠᠳ ᠠᠵᠤ ᠠᠬᠤᠶ ᠶᠢᠨ ᠡᠮᠬᠢ ᠵᠢᠷᠤᠮ ᠪᠠ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠵᠢᠴᠢ ᠪᠤᠰᠤᠳ ᠤᠨ ᠨᠡᠷ᠎ᠡ ᠬᠦᠨᠳᠦ᠂ ᠬᠤᠪᠢ ᠶᠢᠨ ᠨᠢᠭᠤᠴᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠵᠡᠷᠭᠡ ᠠᠵᠢᠯᠯᠠᠭ᠎ᠠ ᠶᠢ  ᠬᠢᠵᠦ ᠪᠤᠯᠬᠤ ᠦᠭᠡᠢ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯᠳᠤᠭᠠᠨ ᠠᠴᠠ 2016 ᠣᠨ ᠤ 11 ᠰᠠᠷ᠎ᠠ ᠶᠢᠨ 7 ᠤ ᠡᠳᠦᠷ ᠪᠠᠳᠤᠯᠠᠨ ᠨᠠᠶᠢᠳᠡᠯᠡᠵᠦ᠂ 2017 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠪᠡ᠃ ᠬᠡᠷᠡᠭᠯᠡᠭᠴᠢᠳ ᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠡᠷᠬᠢᠨ ᠪᠠᠳᠤᠯᠬᠠᠤ ᠪᠤᠢ︖ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠳᠤ ᠶᠠᠮᠠᠷ ᠶᠠᠮᠠᠷ ᠡᠷᠬᠡ ᠪᠠ ᠡᠭᠦᠷᠭᠡ ᠲᠠᠢ ᠪᠤᠢ︖ ᠬᠠᠮᠲᠤ ᠪᠠᠷ ᠦᠵᠡᠶ᠎ᠡ᠃      ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠨ᠎ᠠ᠃      ᠢᠳᠡᠪᠬᠢᠲᠡᠶ ᠪᠠᠷ ᠠᠰᠢᠭᠯᠠᠬᠤ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠬᠠᠤᠯᠢ ᠶᠣᠰᠣᠭᠠᠷ ᠬᠠᠮᠢᠶᠠᠷᠬᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠴᠢᠭᠯᠡᠯᠲᠡ ᠶᠢ ᠵᠢᠷᠤᠮᠯᠠᠨ᠎ᠠ᠃      ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃      ᠰᠦᠯᠵᠢᠶᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠬᠦ ᠶᠢ ᠵᠤᠷᠢᠭᠵᠢᠭᠤᠯᠤᠨ᠎ᠠ᠃      ᠰᠦᠯᠵᠢᠶᠡᠨ ᠤ ᠠᠮᠤᠷ ᠲᠦᠪᠰᠢᠨ ᠤ ᠴᠢᠳᠠᠪᠤᠷᠢᠲᠠᠨ ᠢ ᠬᠦᠮᠦᠵᠢᠬᠦᠯᠬᠦ ᠶᠢ ᠲᠡᠮᠵᠢᠨ᠎ᠡ᠃      ᠰᠦᠯᠵᠢᠶᠡᠨ ᠤ ᠠᠮᠤᠷ ᠲᠦᠪᠰᠢᠨ ᠢ ᠪᠠᠲᠤᠯᠠᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃      ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃      ᠰᠦᠯᠵᠢᠶᠡᠨ ᠤ ᠡᠵᠡᠩᠨᠡᠭᠴᠢ ᠠᠴᠠ ᠬᠡᠷᠡᠭᠯᠡᠭᠴᠢᠳ ᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠰᠦᠯᠵᠢᠶᠡᠨ ᠤ ᠡᠵᠡᠩᠨᠡᠭᠴᠢ ᠥᠪᠡᠷ ᠤᠨ ᠴᠤᠭᠯᠠᠭᠤᠯᠤᠭᠰᠠᠨ ᠬᠡᠷᠡᠭᠯᠡᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠶᠢᠨ ᠬᠠᠮᠲᠤ ᠬᠡᠷᠡᠭᠯᠡᠭᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃      ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠳᠡᠭᠡᠨ ᠬᠠᠤᠯᠢ ᠶᠣᠰᠣᠨ ᠤ᠂ ᠵᠦᠢ ᠶᠣᠰᠣᠨ ᠤ᠂ ᠴᠢᠬᠤᠯᠠ ᠪᠦᠬᠦᠢ ᠵᠠᠷᠴᠢᠮ ᠢ ᠵᠢᠷᠤᠮᠯᠠᠵᠤ᠂ ᠴᠤᠭᠯᠠᠭᠤᠯᠬᠤ ᠪᠠ ᠬᠡᠷᠡᠭᠯᠡᠬᠦ ᠳᠦᠷᠢᠮ ᠢᠶᠠᠨ ᠢᠯᠡ ᠪᠠᠷ ᠨᠡᠶᠢᠲᠡᠯᠡᠵᠦ᠂ ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭᠯᠡᠬᠦ ᠵᠣᠷᠢᠯᠭ᠎ᠠ᠂ ᠠᠷᠭ᠎ᠠ ᠮᠠᠶ᠋ᠢᠭ ᠪᠠ ᠬᠦᠷᠢᠶ᠎ᠡ ᠬᠡᠪᠴᠢᠶ᠎ᠡ ᠪᠠᠨ ᠲᠣᠳᠣᠷᠬᠠᠶ ᠢᠯᠡᠳᠬᠡᠬᠦ ᠶᠢᠨ ᠬᠠᠮᠲᠤ ᠲᠤᠬᠠᠢ ᠶᠢᠨ ᠬᠦᠮᠦᠨ ᠤ ᠵᠦᠪᠰᠢᠶᠡᠷᠡᠯ ᠢ ᠤᠯᠤᠭᠰᠠᠨ ᠪᠠᠶᠢᠬᠤ ᠬᠡᠷᠡᠭᠲᠡᠶ᠃      ᠲᠡᠭᠦᠨ ᠤ ᠬᠠᠩᠭᠠᠭᠰᠠᠨ ᠦᠢᠯᠡᠴᠢᠯᠡᠭᠡ ᠲᠠᠢ ᠬᠤᠯᠪᠣᠭᠳᠠᠯ ᠦᠭᠡᠢ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠵᠤ ᠪᠣᠯᠬᠤ ᠦᠭᠡᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠪᠠ ᠬᠤᠶᠠᠷ ᠲᠠᠯ᠎ᠠ ᠶᠢᠨ ᠪᠣᠯᠵᠣᠯ ᠢ ᠵᠥᠷᠢᠴᠡᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠵᠤ᠂ ᠬᠡᠷᠡᠭᠯᠡᠵᠦ ᠪᠣᠯᠬᠤ ᠦᠭᠡᠢ ᠪᠥᠭᠡᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠪᠠ ᠬᠡᠷᠡᠭᠯᠡᠭᠴᠢᠳ ᠯᠦᠭᠡ ᠶᠢᠨ ᠪᠣᠯᠵᠣᠯ ᠤᠨ ᠶᠣᠰᠣᠭᠠᠷ ᠬᠠᠳᠠᠭᠠᠯᠠᠵᠤ ᠪᠠᠶᠢᠭ᠎ᠠ ᠬᠤᠪᠢ ᠬᠥᠮᠦᠨ ᠤ ᠮᠡᠳᠡᠭᠡ ᠵᠠᠩᠭᠢ ᠪᠠᠨ ᠰᠢᠢᠳᠪᠦᠷᠢᠯᠡᠬᠦ ᠬᠡᠷᠡᠭᠲᠡᠢ᠃      ᠴᠤᠭᠯᠠᠭᠤᠯᠤᠭᠰᠠᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠵᠤ᠂ ᠥᠭᠡᠷᠡᠲᠦᠭᠦᠯᠵᠦ᠂ ᠰᠦᠢᠳᠬᠡᠵᠦ ᠪᠣᠯᠬᠤ ᠦᠭᠡᠢ︔ ᠲᠤᠬᠠᠢ ᠶᠢᠨ ᠬᠦᠮᠦᠨ ᠤ ᠵᠥᠪᠰᠢᠶᠡᠷᠡᠯ ᠦᠭᠡᠢ ᠪᠠᠷ ᠬᠤᠪᠢ ᠬᠥᠮᠦᠨ ᠤ ᠮᠡᠳᠡᠭᠡ ᠵᠠᠩᠭᠢ ᠶᠢ ᠪᠤᠰᠤᠳ ᠲᠤ ᠬᠠᠩᠭᠠᠵᠤ ᠪᠣᠯᠬᠤ ᠦᠭᠡᠢ᠃ ᠭᠡᠪᠡᠴᠦ  ᠰᠢᠢᠳᠪᠤᠷᠢᠯᠡᠬᠦ ᠪᠠᠷ ᠳᠠᠮᠵᠢᠭᠠᠳ ᠣᠨᠴᠠ ᠲᠣᠭᠲᠠᠭᠰᠠᠨ ᠬᠤᠪᠢ ᠬᠥᠮᠦᠨ ᠢ ᠢᠯᠭᠠᠨ ᠲᠠᠨᠢᠬᠤ ᠶᠢᠨ ᠠᠷᠭ᠎ᠠ ᠦᠭᠡᠢ ᠮᠥᠷᠲᠡᠭᠡᠨ ᠤᠤᠯ ᠬᠡᠪ ᠲᠤᠨᠢ ᠣᠷᠣᠭᠤᠯᠵᠤ ᠳᠡᠶᠢᠯᠬᠦ ᠦᠭᠡᠢ ᠨᠢ ᠡᠭᠦᠨ ᠳᠤ ᠪᠠᠭᠲᠠᠬᠤ ᠦᠭᠡᠢ᠃      ᠮᠡᠷᠭᠡᠵᠢᠯ ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠠᠪᠴᠤ᠂ ᠴᠤᠭᠯᠠᠭᠤᠯᠤᠭᠰᠠᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠮᠡᠳᠡᠭᠡ ᠵᠠᠩᠭᠢ ᠵᠠᠳᠠᠷᠠᠬᠤ᠂ ᠡᠪᠳᠡᠷᠡᠬᠦ᠂ ᠭᠡᠭᠡᠭᠳᠡᠬᠦ ᠠᠴᠠ ᠰᠡᠷᠭᠡᠶᠢᠯᠡᠬᠦ ᠬᠡᠷᠡᠭᠲᠡᠶ᠃ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ᠂ ᠰᠦᠢᠳᠬᠡᠬᠦ᠂ ᠭᠡᠭᠡᠬᠦ ᠪᠠᠶᠢᠳᠠᠯ ᠭᠠᠷᠤᠭᠰᠠᠨ ᠪᠤᠶᠤ ᠭᠠᠷᠴᠤ ᠮᠡᠳᠡᠬᠦ ᠦᠶ᠎ᠡ ᠳᠤ᠂ ᠲᠡᠷᠡ ᠳᠠᠷᠤᠶ ᠳᠤᠨᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠡᠷᠡᠭᠯᠡᠭᠴᠢᠳ ᠲᠤ ᠮᠡᠳᠡᠭᠳᠡᠬᠦ ᠶᠢᠨ ᠬᠠᠮᠲᠤ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠬᠡᠷᠡᠭᠯᠡᠭᠴᠢᠳ ᠤᠨ ᠨᠡᠶᠢᠲᠡᠯᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠨᠡᠶᠢᠲᠡᠯᠡᠬᠦ ᠪᠤᠶᠤ ᠳᠠᠮᠵᠢᠭᠤᠯᠬᠤ ᠶᠢ ᠴᠠᠭᠠᠵᠠᠯᠠᠭᠰᠠᠨ ᠮᠡᠳᠡᠭᠡ ᠵᠠᠩᠭᠢ ᠶᠢ ᠣᠯᠵᠤ ᠮᠡᠳᠡᠭᠰᠡᠨ ᠪᠠᠶᠢᠪᠠᠯ᠂ ᠲᠤᠰ ᠮᠡᠳᠡᠭᠡ ᠵᠠᠩᠭᠢ ᠶᠢ ᠳᠠᠮᠵᠢᠭᠤᠯᠬᠤ ᠪᠠᠨ ᠲᠡᠷᠡ ᠳᠠᠷᠤᠶ ᠳᠤᠨᠢ ᠵᠣᠭᠰᠣᠭᠠᠵᠤ᠂ ᠠᠷᠢᠯᠭᠠᠬᠤ ᠵᠡᠷᠭᠡ ᠰᠢᠢᠳᠪᠤᠷᠢᠯᠡᠬᠦ ᠠᠷᠭ᠎ᠠ ᠬᠡᠮᠵᠢᠶ᠎ᠡ ᠠᠪᠴᠤ᠂ ᠮᠡᠳᠡᠭᠡ ᠵᠠᠩᠭᠢ ᠶᠢᠨ ᠲᠠᠷᠬᠠᠨ ᠲᠡᠯᠭᠡᠷᠡᠬᠦ ᠠᠴᠠ ᠰᠡᠷᠭᠡᠶᠢᠯᠡᠵᠦ᠂ ᠬᠤᠯᠪᠣᠭᠳᠠᠯ ᠪᠦᠬᠦᠢ ᠲᠡᠮᠳᠡᠭᠯᠡᠯ ᠢ ᠬᠠᠳᠠᠭᠠᠯᠠᠬᠤ ᠶᠢᠨ ᠬᠠᠮᠲᠤ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠵᠠᠭᠠᠯᠳᠤᠯᠭ᠎ᠠ᠂ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠨᠡᠶᠢᠲᠡᠯᠡᠵᠦ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠬᠤᠯᠪᠣᠭᠳᠠᠯ ᠪᠥᠬᠦᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ ᠭᠥᠯᠢᠶᠡᠨ ᠠᠪᠬᠤ ᠶᠢᠨ ᠬᠠᠮᠲᠤ ᠰᠢᠢᠳᠪᠤᠷᠢᠯᠡᠬᠦ ᠬᠡᠷᠡᠭᠲᠡᠶ᠃      ᠰᠦᠯᠵᠢᠶᠡᠨ ᠤ ᠡᠵᠡᠩᠨᠡᠭᠴᠢ ᠨᠢ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠡᠷᠡᠭᠵᠢᠭᠦᠯᠵᠦ ᠪᠠᠶᠢᠭ᠎ᠠ ᠬᠢᠨᠠᠯᠲᠠ ᠪᠠᠶᠢᠴᠠᠭᠠᠯᠲᠠ ᠳᠤ ᠬᠠᠮᠵᠢᠯᠴᠠᠬᠤ ᠬᠡᠷᠡᠭᠲᠡᠶ᠃      ᠠᠷᠠᠳ ᠢᠷᠭᠡᠨ᠂ ᠵᠣᠬᠢᠶᠠᠨ ᠪᠠᠶᠢᠭᠤᠯᠤᠯᠲᠠ ᠶᠢᠨ ᠡᠷᠬᠡ ᠪᠠ ᠡᠭᠦᠷᠭᠡ᠄      ᠬᠤᠪᠢ ᠬᠥᠮᠦᠨ ᠰᠦᠯᠵᠢᠶᠡᠨ ᠤ ᠡᠵᠡᠩᠨᠡᠭᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠪᠤᠶᠤ ᠬᠤᠶᠠᠷ ᠲᠠᠯ᠎ᠠ ᠶᠢᠨ ᠪᠣᠯᠵᠣᠯ ᠠᠴᠠ ᠵᠥᠷᠢᠴᠡᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠵᠤ᠂ ᠬᠡᠷᠡᠭᠯᠡᠵᠦ ᠪᠠᠶᠢᠬᠤ ᠶᠢ ᠣᠯᠵᠤ ᠮᠡᠳᠡᠪᠡᠯ᠂ ᠰᠦᠯᠵᠢᠶᠡᠨ ᠤ ᠡᠵᠡᠩᠨᠡᠭᠴᠢ ᠶᠢ ᠬᠤᠪᠢ ᠬᠥᠮᠦᠨ ᠤ ᠮᠡᠳᠡᠭᠡ ᠵᠠᠩᠭᠢ ᠪᠠᠨ ᠬᠠᠰᠤᠭᠤᠯᠬᠤ ᠪᠠᠷ ᠱᠠᠭᠠᠷᠳᠠᠬᠤ ᠡᠷᠬᠡ ᠲᠠᠢ︔ ᠰᠦᠯᠵᠢᠶᠡᠨ ᠤ ᠡᠵᠡᠩᠨᠡᠭᠴᠢ ᠶᠢᠨ ᠴᠤᠭᠯᠠᠭᠤᠯᠵᠤ ᠬᠠᠳᠠᠭᠠᠯᠠᠭᠰᠠᠨ ᠬᠤᠪᠢ ᠬᠥᠮᠦᠨ ᠤ ᠮᠡᠳᠡᠭᠡ ᠵᠠᠩᠭᠢ ᠳᠤᠨᠢ ᠪᠤᠷᠤᠭᠤ ᠲᠠᠢ ᠪᠠᠶᠢᠬᠤ ᠶᠢ ᠣᠯᠵᠤ ᠮᠡᠳᠡᠪᠡᠯ᠂ ᠰᠦᠯᠵᠢᠶᠡᠨ ᠤ ᠡᠵᠡᠩᠨᠡᠭᠴᠢ ᠶᠢ ᠵᠠᠯᠠᠷᠠᠭᠤᠯᠤᠭᠤᠯᠬᠤ ᠪᠠᠷ ᠱᠠᠭᠠᠷᠳᠠᠬᠤ ᠡᠷᠬᠡ ᠲᠠᠢ᠃ ᠰᠦᠯᠵᠢᠶᠡᠨ ᠤ ᠡᠵᠡᠩᠨᠡᠭᠴᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠰᠤᠬᠤ ᠪᠤᠶᠤ ᠵᠠᠯᠠᠷᠠᠭᠤᠯᠬᠤ ᠬᠡᠷᠡᠭᠲᠡᠶ᠃      ᠶᠠᠮᠠᠷᠪᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠪᠤᠰᠤᠳ ᠤᠨ ᠰᠦᠯᠵᠢᠶᠡᠨ ᠳᠤ ᠬᠠᠤᠯᠢ ᠪᠤᠰᠤ ᠪᠠᠷ ᠬᠠᠯᠳᠠᠨ ᠣᠷᠣᠬᠤ᠂ ᠪᠤᠰᠤᠳ ᠤᠨ ᠰᠦᠯᠵᠢᠶᠡᠨ ᠤ ᠬᠡᠪ ᠤᠨ ᠴᠢᠳᠠᠮᠵᠢ ᠶᠢ ᠬᠠᠷᠰᠢᠯᠠᠬᠤ᠂ ᠰᠦᠯᠵᠢᠶᠡᠨ ᠤ ᠲᠤᠭ᠎ᠠ ᠪᠠᠷᠢᠮᠲᠠ ᠶᠢ ᠬᠤᠯᠠᠭᠠᠶᠢᠯᠠᠨ ᠠᠪᠬᠤ ᠵᠡᠷᠭᠡ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢ ᠬᠢᠵᠦ ᠪᠣᠯᠬᠤ ᠦᠭᠡᠢ︔ ᠰᠦᠯᠵᠢᠶ᠎ᠡ ᠳᠤ ᠬᠠᠯᠳᠠᠨ ᠣᠷᠣᠬᠤ᠂ ᠰᠦᠯᠵᠢᠶᠡᠨ ᠤ ᠬᠡᠪ ᠤᠨ ᠴᠢᠳᠠᠮᠵᠢ ᠶᠢ ᠬᠠᠷᠰᠢᠯᠠᠬᠤ ᠵᠢᠴᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠰᠦᠯᠵᠢᠶᠡᠨ ᠤ ᠲᠤᠭ᠎ᠠ ᠪᠠᠷᠢᠮᠲᠠ ᠶᠢ ᠬᠤᠯᠠᠭᠠᠶᠢᠯᠠᠨ ᠠᠪᠬᠤ ᠵᠡᠷᠭᠡ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠳᠤ ᠲᠤᠰᠬᠠᠶᠢᠯᠠᠨ ᠬᠡᠷᠡᠭᠯᠡᠬᠦ ᠵᠢᠷᠤᠮ᠂ ᠪᠠᠭᠠᠵᠢ ᠶᠢ ᠬᠠᠩᠭᠠᠵᠤ ᠪᠣᠯᠬᠤ ᠦᠭᠡᠢ︔ ᠪᠤᠰᠤᠳ ᠬᠥᠮᠦᠨ ᠤ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠵᠦ ᠪᠠᠶᠢᠬᠤ ᠶᠢ ᠲᠣᠳᠣᠷᠬᠠᠶ ᠮᠡᠳᠡᠵᠦ ᠪᠠᠶᠢᠪᠠᠯ᠂ ᠲᠡᠭᠦᠨ ᠳᠤ ᠮᠡᠷᠭᠡᠵᠢᠯ ᠤᠨ ᠳᠡᠮᠵᠢᠯᠭᠡ᠂ ᠵᠠᠷ ᠳᠡᠯᠭᠡᠷᠡᠭᠦᠯᠬᠦ᠂ ᠵᠣᠭᠤᠰ ᠥᠭᠴᠦ ᠲᠠᠰᠤᠯᠤᠨ ᠪᠤᠳᠤᠬᠤ ᠵᠡᠷᠭᠡ ᠬᠠᠪᠰᠤᠷᠤᠯᠭ᠎ᠠ ᠬᠠᠩᠭᠠᠵᠤ ᠪᠣᠯᠬᠤ ᠦᠭᠡᠢ᠃      ᠶᠠᠮᠠᠷᠪᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠬᠤ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠣᠯᠵᠤ ᠪᠣᠯᠬᠤ ᠦᠭᠡᠢ᠂ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠬᠤᠳᠠᠯᠳᠤᠬᠤ ᠪᠤᠶᠤ ᠪᠤᠰᠤᠳ ᠬᠥᠮᠦᠨ ᠳᠤ ᠬᠠᠤᠯᠢ ᠪᠤᠰᠤ ᠪᠠᠷ ᠬᠠᠩᠭᠠᠵᠤ ᠪᠣᠯᠬᠤ ᠦᠭᠡᠢ᠃     ᠶᠠᠮᠠᠷᠪᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠨᠢ ᠲᠡᠭᠦᠨ ᠤ ᠲᠣᠣᠷ ᠰᠦᠯᠵᠢᠶ᠎ᠡ ᠬᠡᠷᠡᠭᠯᠡᠭᠰᠡᠨ ᠠᠵᠢᠯᠯᠠᠭ᠎ᠠ ᠳᠠᠭᠠᠨ ᠬᠠᠷᠢᠭᠤᠴᠠᠬᠤ ᠬᠡᠷᠡᠭᠲᠡᠶ᠂ ᠮᠡᠬᠡᠯᠡᠬᠦ᠂ ᠶᠠᠯ᠎ᠠ ᠬᠢᠬᠦ ᠠᠷᠭ᠎ᠠ ᠶᠢ ᠵᠢᠭᠠᠨ ᠰᠤᠷᠭᠠᠬᠤ᠂ ᠴᠠᠭᠠᠵᠠ ᠲᠠᠢ ᠡᠳ᠋ ᠪᠣᠳᠠᠰ᠂ ᠵᠠᠬᠢᠷᠤᠨ ᠬᠠᠮᠢᠶᠠᠷᠤᠯᠲᠠ ᠲᠠᠢ ᠡᠳ᠋ ᠪᠣᠳᠠᠰ ᠢ ᠦᠢᠯᠡᠳᠬᠦ ᠪᠤᠶᠤ ᠪᠣᠷᠣᠯᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠡᠷᠡᠭᠯᠡᠬᠦ ᠰᠦᠯᠵᠢᠶᠡᠨ ᠦᠷᠳᠡᠭᠡ᠂ ᠮᠡᠳᠡᠭᠡ ᠬᠤᠯᠪᠣᠭᠠᠨ ᠤ ᠪᠦᠯᠦᠭᠯᠡᠯ ᠢ ᠪᠠᠶᠢᠭᠤᠯᠵᠤ ᠪᠣᠯᠬᠤ ᠦᠭᠡᠢ᠂ ᠲᠣᠣᠷ ᠰᠦᠯᠵᠢᠶ᠎ᠡ ᠶᠢ ᠠᠰᠢᠭᠯᠠᠨ ᠮᠡᠬᠡᠯᠡᠬᠦ᠂ ᠴᠠᠭᠠᠵᠠ ᠲᠠᠢ ᠡᠳ᠋ ᠪᠣᠳᠠᠰ᠂ ᠵᠠᠬᠢᠷᠤᠨ ᠬᠠᠮᠢᠶᠠᠷᠤᠯᠲᠠ ᠲᠠᠢ ᠡᠳ᠋ ᠪᠣᠳᠠᠰ ᠢ ᠦᠢᠯᠡᠳᠬᠦ ᠪᠤᠶᠤ ᠪᠣᠷᠣᠯᠠᠭᠤᠯᠬᠤ ᠵᠢᠴᠢ ᠬᠠᠤᠯᠢ ᠶᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠦᠭᠡᠢ᠃     ᠶᠠᠮᠠᠷᠪᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠶᠢᠨ ᠶᠠᠪᠤᠭᠤᠯᠤᠭᠰᠠᠨ ᠡᠯᠧᠺᠲᠷᠣᠨ ᠮᠡᠳᠡᠭᠡ ᠵᠠᠩᠭᠢ᠂ ᠬᠠᠩᠭᠠᠭᠰᠠᠨ ᠬᠡᠷᠡᠭᠯᠡᠭᠡᠨ ᠤ ᠵᠥᠭᠡᠯᠡᠨ ᠬᠡᠷᠡᠭᠰᠡᠯ ᠳᠤ ᠮᠠᠭᠤ ᠰᠠᠨᠠᠭ᠎ᠠ ᠲᠠᠢ ᠫᠷᠤᠭ᠍ᠷᠠᠮ ᠲᠣᠬᠢᠷᠠᠭᠤᠯᠵᠤ ᠪᠣᠯᠬᠤ ᠦᠭᠡᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠨᠡᠶᠢᠲᠡᠯᠡᠬᠦ ᠪᠤᠶᠤ ᠳᠠᠮᠵᠢᠭᠤᠯᠬᠤ ᠶᠢ ᠴᠠᠭᠠᠵᠠᠯᠠᠭᠰᠠᠨ ᠮᠡᠳᠡᠭᠡ ᠵᠠᠩᠭᠢ ᠶᠢ ᠠᠭᠤᠯᠵᠤ ᠪᠣᠯᠬᠤ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号