2020 ᠤᠨ ᠤ《4·15 》 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ— ᠦᠨᠳᠦᠰᠦᠨ ᠬᠠᠤᠯᠢ ᠳᠠᠬᠢ ᠤᠯᠤᠰ ᠤᠨ ᠠᠮᠤᠷ ᠲᠦᠪᠰᠢᠨ ᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠤᠶᠢᠯᠠᠭᠠᠶ᠎ᠠ
ᠨᠡᠶᠢᠲᠡᠯᠡᠭᠰᠡᠨ ᠴᠠᠭ᠄
2021/8/26
     1982 ᠣᠨ ᠤ 12 ᠰᠠᠷ᠎ᠠ ᠶᠢᠨ 4 ᠤ ᠡᠳᠦᠷ᠂ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠪᠠᠲᠤᠯᠠᠪᠠ᠂ ᠦᠨᠳᠦᠰᠦᠨ ᠬᠠᠤᠯᠢ ᠨᠢ ᠮᠠᠨ ᠤ ᠤᠯᠤᠰ ᠤᠨ ᠦᠨᠳᠦᠰᠦ ᠪᠣᠯᠬᠤ ᠬᠠᠤᠯᠢ ᠪᠣᠯᠤᠭᠰᠠᠨ ᠤ ᠬᠤᠪᠢ ᠳᠤ᠂ ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠶᠡᠷᠦᠩᠬᠡᠶ ᠲᠦᠷᠢᠮ ᠮᠥᠨ᠃ ᠤᠯᠤᠰ ᠤᠨ ᠠᠮᠤᠷ ᠲᠦᠪᠰᠢᠨ ᠤ ᠲᠤᠬᠠᠶ ᠦᠨᠳᠦᠰᠦᠨ ᠬᠠᠤᠯᠢ ᠳᠤ ᠶᠠᠮᠠᠷ ᠶᠠᠮᠠᠷ ᠲᠣᠭᠲᠠᠭᠠᠯ ᠲᠠᠢ ᠪᠣᠶ︖ ᠠᠷᠠᠳ ᠢᠷᠭᠡᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠶᠠᠮᠠᠷ ᠶᠠᠮᠠᠷ ᠡᠭᠦᠷᠭᠡ ᠶᠢ ᠭᠦᠢᠴᠡᠳᠬᠡᠬᠦ ᠪᠤᠢ︖ ᠬᠠᠮᠲᠤ ᠪᠠᠷ ᠦᠵᠡᠶ᠎ᠡ᠃      ᠤᠯᠤᠰ ᠠᠴᠠ ᠨᠡᠶᠢᠭᠡᠮ ᠤᠨ ᠡᠮᠬᠢ ᠵᠢᠷᠤᠮ ᠢ ᠬᠠᠮᠠᠭᠠᠯᠠᠨ᠂ ᠤᠯᠤᠰ ᠠᠴᠠ ᠤᠷᠪᠠᠭᠰᠠᠨ ᠪᠠ ᠤᠯᠤᠰ ᠣᠷᠣᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠤᠰᠤᠳ ᠶᠠᠯᠠᠲᠤ ᠠᠵᠢᠯᠯᠠᠭ᠎ᠠ ᠶᠢ ᠳᠠᠷᠤᠩᠭᠤᠶᠢᠯᠠᠵᠤ᠂ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ᠂ ᠨᠡᠶᠢᠭᠡᠮ ᠵᠢᠷᠤᠮᠲᠤ ᠠᠵᠤ ᠠᠬᠤᠶ ᠶᠢ ᠡᠪᠳᠡᠭᠰᠡᠨ ᠪᠠ ᠪᠤᠰᠤᠳ ᠶᠠᠯ᠎ᠠ ᠬᠢᠭᠰᠡᠨ ᠠᠵᠢᠯᠯᠠᠭ᠎ᠠ ᠶᠢ ᠵᠠᠯᠬᠠᠭᠠᠨ ᠰᠢᠢᠳᠭᠡᠵᠦ᠂ ᠶᠠᠯᠠᠲᠤ ᠡᠲᠡᠭᠡᠳ ᠢ ᠶᠠᠯᠠᠯᠠᠨ  ᠰᠢᠢᠳᠭᠡᠵᠦ ᠵᠠᠰᠠᠨ ᠥᠭᠡᠷᠡᠴᠢᠯᠡᠨ᠎ᠡ᠃      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠪᠰᠡᠭᠲᠦ ᠬᠦᠴᠦᠨ ᠪᠣᠯ ᠠᠷᠠᠳ ᠲᠦᠮᠡᠨ ᠳᠤ ᠬᠠᠷᠢᠶᠠᠯᠠᠭᠳᠠᠨ᠎ᠠ᠃ ᠲᠡᠭᠦᠨ ᠤ ᠡᠭᠦᠷᠭᠡ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠬᠢᠵᠢᠭᠦᠯᠵᠦ᠂ ᠲᠦᠷᠢᠮᠡᠬᠡᠶᠢᠯᠡᠯ ᠢ ᠡᠰᠡᠷᠭᠦᠴᠡᠨ᠂ ᠡᠭᠡ ᠣᠷᠣᠨ ᠢᠶᠠᠨ ᠬᠠᠮᠠᠭᠠᠯᠠᠵᠤ᠂ ᠠᠷᠠᠳ ᠲᠦᠮᠡᠨ ᠤ ᠡᠩᠭᠡ ᠲᠠᠶᠢᠪᠤᠩ ᠬᠥᠳᠡᠯᠮᠦᠷᠢ ᠶᠢ ᠬᠠᠮᠠᠭᠠᠯᠠᠨ᠂ ᠤᠯᠤᠰ ᠣᠷᠣᠨ ᠤ ᠪᠦᠳᠦᠭᠡᠠ ᠪᠠᠶᠢᠭᠤᠯᠤᠯᠲᠠ ᠶᠢᠨ ᠦᠢᠯᠡᠰ ᠲᠤ ᠣᠷᠣᠯᠴᠠᠵᠤ᠂ ᠠᠷᠠᠳ ᠲᠦᠮᠡᠨ ᠳᠤ ᠴᠢᠷᠮᠠᠶᠢᠨ ᠦᠢᠯᠡᠴᠢᠯᠡᠬᠦ ᠶᠠᠪᠤᠳᠠᠯ ᠪᠣᠯᠤᠨ᠎ᠠ᠃      ᠠᠷᠠᠳ ᠢᠷᠭᠡᠨ ᠳᠣᠣᠷ᠎ᠠ ᠵᠢᠭᠰᠠᠭᠠᠭᠰᠠᠨ ᠡᠭᠦᠷᠭᠡ ᠨᠦᠭᠦᠳ ᠢ ᠭᠦᠢᠴᠡᠳᠬᠡᠨ᠎ᠡ᠄      ᠡᠷᠬᠡ ᠴᠢᠯᠥᠭᠡ ᠪᠠ ᠡᠷᠬᠡ ᠪᠠᠨ ᠬᠡᠷᠡᠭᠯᠡᠬᠦ ᠳᠡᠭᠡᠨ ᠤᠯᠤᠰ ᠤᠨ᠂ ᠨᠡᠶᠢᠭᠡᠮ ᠤᠨ᠂ ᠬᠠᠮᠲᠤ ᠶᠢᠨ ᠠᠰᠢᠭ ᠲᠤᠰᠠ ᠪᠠ ᠪᠤᠰᠤᠳ ᠠᠷᠠᠳ ᠢᠷᠭᠡᠨ ᠤ ᠬᠠᠤᠯᠢ ᠶᠣᠰᠣᠨ ᠤ ᠡᠷᠬᠡ ᠴᠢᠯᠥᠭᠡ ᠪᠠ ᠡᠷᠬᠡ ᠶᠢ ᠬᠤᠬᠢᠷᠠᠭᠤᠯᠵᠤ ᠪᠣᠯᠬᠤ ᠤᠢᠭᠡᠢ᠃      ᠤᠯᠤᠰ ᠣᠷᠣᠨ ᠤ ᠨᠢᠭᠡᠳᠦᠯ ᠪᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠪᠦᠯᠬᠦᠮᠳᠡᠯ ᠢ ᠬᠠᠮᠠᠭᠠᠯᠠᠬᠤ ᠡᠭᠦᠷᠭᠡ ᠲᠠᠢ᠃      ᠡᠷᠬᠡᠪᠰᠢ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠤᠯᠤᠰ ᠤᠨ ᠨᠢᠭᠤᠴᠠ ᠶᠢ ᠬᠠᠮᠠᠭᠠᠯᠠᠨ᠂ ᠨᠡᠶᠢᠲᠡ ᠶᠢᠨ ᠡᠳ᠋ ᠬᠦᠷᠦᠩᠭᠡ ᠶᠢ ᠬᠠᠶᠢᠷᠠᠯᠠᠨ ᠬᠠᠮᠠᠭᠠᠯᠠᠵᠤ᠂ ᠬᠥᠳᠡᠯᠮᠦᠷᠢ ᠶᠢᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠨᠡᠶᠢᠲᠡ ᠶᠢᠨ ᠡᠮᠬᠢ ᠵᠢᠷᠤᠮ ᠢ ᠵᠢᠷᠤᠮᠯᠠᠨ ᠰᠠᠬᠢᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠬᠦᠨᠳᠦᠳᠬᠡᠬᠦ ᠬᠡᠷᠡᠭᠲᠡᠶ᠃      ᠡᠬᠡ ᠣᠷᠣᠨ ᠤ ᠪᠠᠨ ᠠᠮᠤᠷ ᠲᠦᠪᠰᠢᠨ᠂ ᠠᠯᠳᠠᠷ ᠬᠦᠨᠳᠦ ᠪᠠ ᠠᠰᠢᠭ ᠲᠤᠰᠠ ᠶᠢ ᠬᠠᠮᠠᠭᠠᠯᠠᠬᠤ       ᠡᠭᠦᠷᠭᠡ ᠲᠠᠢ᠂ ᠡᠬᠡ ᠣᠷᠣᠨ ᠤ ᠪᠠᠨ ᠠᠮᠤᠷ ᠲᠦᠪᠰᠢᠨ᠂ ᠠᠯᠳᠠᠷ ᠬᠦᠨᠳᠦ ᠪᠠ ᠠᠰᠢᠭ ᠲᠤᠰᠠ ᠳᠤ ᠬᠤᠣᠷ ᠬᠥᠨᠥᠭᠡᠯ ᠲᠠᠢ ᠠᠵᠢᠯᠯᠠᠭ᠎ᠠ ᠬᠢᠵᠦ ᠪᠣᠯᠬᠤ ᠦᠭᠡᠢ᠃      ᠡᠬᠡ ᠣᠷᠣᠨ ᠢᠶᠠᠨ ᠬᠠᠮᠠᠭᠠᠯᠠᠵᠤ᠂ ᠲᠦᠷᠢᠮᠡᠬᠡᠶᠢᠯᠡᠯ ᠢ ᠡᠰᠡᠷᠭᠦᠴᠡᠬᠦ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠨᠢᠭᠡᠪᠦᠷᠢ ᠶᠢᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠮᠥᠨ᠃      ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠪᠠ ᠡᠷᠦᠭᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠬᠤ ᠶᠠᠪᠤᠳᠠᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠤ ᠢᠷᠠᠭᠤ ᠠᠯᠳᠠᠷᠲᠤ ᠡᠭᠦᠷᠭᠡ ᠮᠥᠨ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号