ᠵᠡᠭᠦᠨᠭᠠᠷ ᠬᠤᠰᠢᠭᠤᠨ ᠤ ᠯᠦᠩ ᠲᠠᠢ ᠨᠡᠭᠦᠷᠡᠰᠦᠨ ᠤ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠶᠢᠨ ᠨᠡᠭᠦᠷᠡᠰᠦᠨ ᠠᠭᠤᠷᠬᠠᠶ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2021/8/27
ᠵᠡᠭᠦᠨᠭᠠᠷ ᠬᠤᠰᠢᠭᠤᠨ ᠤ ᠯᠦᠩ ᠲᠠᠢ  ᠨᠡᠭᠦᠷᠡᠰᠦᠨ ᠤ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄     ᠮᠠᠨ ᠤ ᠲᠢᠩᠬᠢᠮ 2021 ᠣᠨ ᠤ 6 ᠰᠠᠷ᠎ᠠ ᠶᠢᠨ 15 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠵᠡᠭᠦᠨᠭᠠᠷ ᠬᠤᠰᠢᠭᠤᠨ ᠤ ᠯᠦᠩ ᠲᠠᠢ ᠨᠡᠭᠦᠷᠡᠰᠦᠨ ᠤ  ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠡᠭᠦᠷᠡᠰᠦᠨ ᠠᠭᠤᠷᠬᠠᠶ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠶᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ             ᠭᠤᠶᠤᠴᠢᠯᠠᠯ ︵ᠵᠡᠭᠦᠨᠭᠠᠷ ᠨᠡᠭᠦᠷᠡᠰᠦ ᠥᠰᠥᠭ ︹2021 ︺ 22 ᠳ᠋ᠤᠭᠠᠷ ᠲᠣᠭᠠᠲᠤ︶ ᠢ ᠭᠥᠯᠢᠶᠡᠨ ᠠᠪᠴᠤ ᠰᠢᠶᠳᠪᠦᠷᠢᠯᠡᠵᠡᠶ᠃ ᠬᠢᠨᠠᠨ  ᠪᠠᠶᠢᠴᠠᠭᠠᠬᠤ ᠪᠠᠷ ᠳᠠᠮᠵᠢᠨ᠂ ᠲᠤᠰ ᠭᠤᠶᠤᠴᠢᠯᠠᠯ ᠨᠢ ᠬᠠᠣᠯᠢ ᠪᠠᠷ ᠳᠣᠭᠲᠠᠭᠠᠭᠰᠠᠨ ᠨᠦᠬᠦᠴᠡᠯ  ᠲᠠᠢ ᠨᠡᠶᠢᠴᠡᠵᠦ᠂ ︽ᠪᠦᠭᠦᠳᠡ ᠨᠠᠶᠢᠢᠷᠠᠮᠳᠠᠬᠤ ᠲᠤᠮᠳᠠᠳᠤ ᠠᠷᠠᠳ ᠤᠯᠤᠰ  ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠶᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃      ᠵᠡᠭᠦᠨᠭᠠᠷ ᠬᠤᠰᠢᠭᠤᠨ ᠤ  ᠯᠦᠩ ᠲᠠᠢ ᠨᠡᠭᠦᠷᠡᠰᠦᠨ  ᠤ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠷᠳᠤᠰ ᠬᠤᠳᠠ ᠶᠢᠨ ᠵᠡᠭᠦᠨᠭᠠᠷ ᠬᠤᠰᠢᠭᠤᠨ ᠤ ᠵᠡᠭᠦᠨᠭᠠᠷ ᠵᠤᠤ ᠪᠠᠯᠭᠠᠰᠤ ᠶᠢᠨ ᠬᠢᠯᠢ ᠳᠤ ᠪᠠᠶᠢᠷᠢᠯᠠᠵᠤ ᠪᠤᠢ᠃ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠶᠯ ᠨᠢ ᠤᠤᠯ ᠤᠨ ᠭᠠᠯ ᠤᠨᠲᠠᠷᠠᠭᠠᠬᠤ ᠢᠨᠵᠧᠨᠧᠷᠢᠩ ︵ᠠᠰᠢᠭᠯᠠᠭᠠᠳᠤᠶ ᠲᠠᠪᠴᠠᠩ︶᠂ ᠠᠵᠤ ᠦᠶᠯᠡᠳᠪᠦᠷᠢ ᠶᠢᠨ ᠲᠠᠯᠠᠪᠤᠷ ᠭᠠᠵᠠᠷ᠂ ᠮᠠᠯᠲᠠᠬᠤ ᠲᠠᠯᠠᠪᠤᠷ᠂  ᠰᠢᠷᠣᠶ ᠭᠠᠳᠠᠭᠰᠢᠯᠠᠭᠤᠯᠬᠤ ᠲᠠᠯᠠᠪᠤᠷ᠂ ᠵᠠᠮ ᠤᠨ ᠢᠨᠵᠧᠨᠧᠷᠢᠩ᠂ ᠴᠠᠬᠢᠯᠭᠠᠨ ᠬᠠᠩᠭᠠᠬᠤ ᠱᠤᠭᠤᠮ ᠢᠶᠠᠷ       ᠪᠦᠷᠢᠯᠳᠦᠵᠦ᠂ ᠪᠥᠲᠥᠭᠡᠨ ᠪᠠᠶᠢᠭᠤᠯᠬᠤ ᠬᠤᠭᠤᠴᠠᠭᠠᠨ ᠤ ᠪᠠᠷᠢᠯᠭ᠎ᠠ ᠶᠢᠨ ᠶᠡᠷᠦᠩᠬᠡᠶ ᠡᠵᠡᠯᠡᠬᠦ ᠭᠠᠵᠠᠷ 180.79 ᠾᠧᠺᠲ᠋ᠠᠷ ᠪᠠᠶᠢᠵᠤ᠂ ᠬᠡᠷᠡᠭᠯᠡᠭᠰᠡᠨ ᠰᠢᠷᠣᠶ ᠴᠢᠯᠠᠭᠤᠨ ᠤ ᠶᠡᠷᠦᠩᠬᠡᠶ ᠬᠡᠮᠵᠢᠶ᠎ᠡ 1032.10 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠢ ᠪᠡᠯᠡ ᠣᠷᠤᠭᠤᠯᠤᠯᠲᠠ 15011.80 ᠲᠦᠮᠡᠨ ᠲᠥᠭᠦᠷᠢᠭ ᠪᠣᠯᠤᠨ᠎ᠠ᠃ 2021 ᠣᠨ ᠤ 10 ᠰᠠᠷ᠎ᠠ ᠳᠤ ᠠᠵᠢᠯ ᠢᠶᠠᠨ ᠡᠬᠢᠯᠡᠭᠦᠯᠵᠦ᠂ 2022 ᠣᠨ ᠤ 12 ᠰᠠᠷ᠎ᠠ ᠳᠤ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠣᠶ᠂ ᠠᠵᠢᠯ ᠤᠨ ᠬᠤᠭᠤᠴᠠᠭ᠎ᠠ ᠨᠢ 15 ᠰᠠᠷ᠎ᠠ ᠪᠣᠯᠤᠨ᠎ᠠ᠃      ᠨᠢᠭᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ      ︵ᠨᠢᠭᠡ︶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ 180.79 ᠾᠧᠺᠲ᠋ᠠᠷ ᠪᠠᠶᠢᠯᠭᠠᠬᠤ ᠶᠢ ᠦᠨᠳᠦᠰᠦᠨ ᠳᠡᠭᠡᠨ ᠵᠥᠪᠰᠢᠶᠡᠷᠡᠪᠡ      ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠪᠠᠷᠠᠭᠤᠨ ᠬᠤᠶᠢᠲᠤ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠨᠢᠭᠡᠳᠦᠭᠡᠷ ᠳᠡᠰ ᠤᠨ ᠪᠠᠷᠢᠮᠵᠢᠶ᠎ᠠ ᠬᠡᠷᠡᠭᠵᠢᠭᠦᠯᠬᠦ ᠶᠢ ᠵᠥᠪᠰᠢᠶᠡᠷᠡᠪᠡ᠃      ︵ᠭᠤᠷᠪᠠ︶ ᠵᠢᠷᠤᠵᠤ ᠲᠥᠯᠥᠪᠯᠡᠭᠰᠡᠨ ᠬᠢᠷᠢ ᠬᠡᠮᠵᠢᠶ᠎ᠡ ᠶᠢᠨ ᠣᠨ ᠤ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠬᠥᠷᠥᠰᠥ ᠰᠢᠷᠣᠶ ᠶᠢᠨ ᠢᠳᠡᠭᠳᠡᠯ ᠢ ᠵᠠᠰᠠᠭᠰᠠᠨ ᠬᠡᠮᠵᠢᠶ᠎ᠡ 93%᠂ ᠬᠥᠷᠥᠰᠥ ᠰᠢᠷᠣᠶ ᠶᠢᠨ ᠤᠷᠤᠰᠤᠭᠳᠠᠯ ᠢ ᠡᠵᠡᠮᠳᠡᠭᠰᠡᠨ ᠬᠠᠷᠢᠴᠠᠯ 0.8᠂ ᠬᠤᠭ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 92%᠂  ᠭᠠᠳᠠᠷᠭᠤ ᠬᠥᠷᠥᠰᠥ  ᠶᠢᠨ ᠬᠠᠮᠠᠭᠠᠯᠠᠯᠲᠠ ᠶᠢᠨ ᠨᠣᠷᠮ᠎ᠠ 90%᠂ ᠣᠶ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢᠨ ᠰᠡᠷᠭᠦᠭᠡᠯᠲᠡ ᠶᠢᠨ ᠨᠣᠷᠮ᠎ᠠ 95%᠂ ᠣᠶ ᠰᠢᠭᠤᠶ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 24%  ᠪᠣᠯᠣᠨ᠎ᠠ᠃      ︵ᠳᠥᠷᠪᠡ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠤᠪᠢᠶᠠᠷᠢ ᠲᠣᠭᠤᠷᠢᠭ ᠵᠢᠴᠢ ᠬᠤᠪᠢᠶᠠᠷᠢ ᠲᠣᠭᠤᠷᠢᠭ ᠤᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ      ︵ᠲᠠᠪᠤ︶ ᠰᠢᠷᠣᠶ ᠭᠠᠳᠠᠭᠰᠢᠯᠠᠭᠤᠯᠬᠤ ᠲᠠᠯᠠᠪᠠᠢ ᠪᠠᠶᠢᠭᠤᠯᠬᠤ ᠲᠥᠰᠦᠯ  ᠢ ᠦᠨᠳᠦᠰᠦᠨ  ᠳᠤ ᠨᠢ ᠵᠥᠪᠰᠢᠶᠡᠷᠡᠵᠦ᠂ ᠵᠠᠯᠭᠠᠮᠵᠢ ᠵᠢᠷᠤᠭ ᠲᠥᠯᠥᠪᠯᠡᠭᠡ  ᠳᠤ ᠮᠡᠷᠭᠡᠵᠢᠯ  ᠤᠨ ᠳᠦᠷᠢᠮᠵᠢᠯ  ᠢ ᠴᠢᠩᠭ᠎ᠠ ᠵᠢᠷᠤᠮᠯᠠᠨ᠂ ᠰᠢᠷᠣᠶ ᠭᠠᠳᠠᠭᠰᠢᠯᠠᠭᠤᠯᠬᠤ ᠪᠠᠭᠲᠠᠭᠠᠮᠵᠢ  ᠶᠢ ᠳᠠᠬᠢᠨ ᠬᠢᠨᠠᠵᠤ᠂ ᠤᠰᠤᠨ  ᠵᠦᠢ ᠶᠢᠨ ᠨᠥᠬᠦᠴᠡᠯ  ᠢ ᠪᠠᠶᠢᠴᠠᠭᠠᠨ ᠲᠣᠳᠣᠷᠬᠠᠶᠢᠯᠠᠵᠤ᠂ ᠰᠢᠷᠣᠶ ᠭᠠᠳᠠᠭᠰᠢᠯᠠᠭᠤᠯᠬᠤ ᠲᠠᠯᠠᠪᠠᠢ  ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ  ᠶᠢ ᠲᠣᠭᠲᠠᠭᠠᠨ᠂ ᠰᠢᠷᠣᠶ ᠭᠠᠳᠠᠭᠰᠢᠯᠠᠭᠤᠯᠬᠤ ᠲᠠᠯᠠᠪᠠᠢ  ᠶᠢᠨ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ  ᠶᠢᠨ ᠵᠢᠷᠤᠭᠯᠠᠨ ᠲᠥᠯᠥᠪᠯᠡᠬᠦ  ᠶᠢ ᠥᠷᠨᠢᠭᠦᠯᠵᠦ᠂ ᠰᠢᠷᠣᠶ ᠭᠠᠳᠠᠭᠰᠢᠯᠠᠭᠤᠯᠬᠤ ᠲᠠᠯᠠᠪᠠᠢ  ᠶᠢᠨ ᠪᠠᠷᠢᠯᠭ᠎ᠠ  ᠶᠢᠨ  ᠠᠶᠤᠯᠭᠦᠢ ᠶᠢ ᠦᠨᠡᠨᠬᠦ ᠪᠠᠲᠤᠯᠠᠬᠤ ᠬᠡᠷᠡᠭᠲᠡᠶ᠃      ︵ᠵᠢᠷᠭᠤᠭ᠎ᠠ︶ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠨᠥᠬᠦᠪᠥᠷᠢ ᠰᠦᠶᠳᠬᠡᠯ 219.70 ᠲᠦᠮᠡᠨ ᠲᠥᠭᠦᠷᠢᠭ ᠢ ᠦᠨᠳᠦᠰᠦᠨ ᠳᠡᠭᠡᠨ ᠵᠥᠪᠰᠢᠶᠡᠷᠡᠨ᠎ᠡ᠃      ᠬᠤᠶᠠᠷ᠂ ᠦᠢᠯᠡᠳᠪᠦᠷᠢᠯᠡᠯ ᠪᠥᠳᠥᠭᠡᠨ ᠪᠠᠶᠢᠭᠤᠯᠤᠯᠲᠠ ᠶᠢᠨ  ᠨᠢᠭᠡᠴᠢ  ᠲᠥᠷᠥᠯ ᠵᠦᠢᠯ  ᠤᠨ ᠪᠥᠳᠥᠭᠡᠨ ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ  ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠮᠡᠲᠦ ᠠᠵᠢᠯ  ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ      ︵ᠨᠢᠭᠡ︶ ᠵᠥᠪᠰᠢᠶᠡᠷᠡᠭᠰᠡᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ  ᠤᠨ ᠶᠣᠰᠣᠭᠠᠷ᠂ ᠬᠥᠷᠥᠰᠥ ᠰᠢᠷᠣᠶ ᠶᠢ ᠬᠠᠮᠠᠭᠠᠯᠠᠬᠤ ᠠᠩᠬ᠎ᠠ ᠠᠯᠬᠤᠮ  ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠶᠢᠨ ᠠᠵᠢᠯ  ᠢ ᠵᠣᠬᠢᠶᠠᠨ ᠪᠠᠶᠢᠭᠤᠯᠬᠤ ᠵᠡᠷᠭᠡ ᠬᠠᠮᠢᠶᠠᠷᠤᠯᠲᠠ ᠶᠢᠨ ᠠᠵᠢᠯ  ᠢ ᠴᠢᠩᠭᠠᠳᠬᠠᠨ᠂ ︽ᠭᠤᠷᠪᠠ ᠶᠢ ᠵᠡᠷᠭᠡ  ᠳᠤ ᠨᠢ ᠬᠢᠬᠦ︾ ᠲᠥᠷᠢᠮ  ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃      ︵ᠬᠤᠶᠠᠷ︶ ᠲᠥᠰᠦᠯ  ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠶ ᠶᠢ ᠬᠠᠮᠠᠭᠠᠯᠠᠬᠤ ᠡᠯ᠎ᠡ ᠵᠦᠢᠯ  ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠶᠢᠨ ᠠᠵᠢᠯᠯᠠᠭ᠎ᠠ ᠶᠢ ᠬᠡᠷᠡᠭᠯᠡᠬᠦ ᠭᠠᠵᠠᠷ ᠤᠨ ᠬᠡᠪᠴᠢᠶᠡᠨ ᠳᠤ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ       ᠴᠠᠭᠠᠵᠠᠯᠠᠨ᠎ᠠ᠃ ᠥᠩᠭᠡᠨ ᠬᠥᠷᠥᠰᠥ ᠶᠢ ᠰᠠᠯᠭᠠᠬᠤ ᠪᠠ ᠰᠢᠭᠠᠷᠤ ᠶᠢ ᠬᠠᠶᠠᠬᠤ ᠶᠢ ᠶᠡᠷᠦᠩᠬᠡᠶᠢᠯᠡᠨ ᠠᠰᠢᠭᠯᠠᠬᠤ ᠠᠵᠢᠯ ᠢ ᠰᠠᠶᠢᠲᠤᠷ ᠬᠢᠵᠦ᠂ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠡᠭᠦᠰᠦᠭᠰᠡᠨ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠤᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠶᠢᠨ ᠠᠵᠢᠯ ᠤᠨ ᠴᠠᠭ ᠤᠨ ᠳᠠᠷᠠᠭᠠᠯᠠᠯ ᠪᠠ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠢ ᠵᠣᠬᠢᠰᠲᠠᠶ ᠲᠣᠬᠢᠷᠠᠭᠤᠯᠵᠤ᠂ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠪᠤᠢ ᠪᠣᠯᠤᠭᠰᠠᠨ ᠬᠥᠷᠥᠰᠥ ᠰᠢᠷᠣᠶ ᠶᠢᠨ ᠢᠳᠡᠭᠳᠡᠯ ᠢ ᠴᠢᠩᠭ᠎ᠠ ᠡᠵᠡᠮᠳᠡᠨ᠎ᠡ      ︵ᠭᠤᠷᠪᠠ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠬᠥᠷᠥᠰᠥ ᠰᠢᠷᠣᠶ ᠶᠢᠨ ᠢᠳᠡᠭᠳᠡᠯ ᠢ ᠬᠥᠳᠡᠯᠦᠩᠭᠦᠶ ᠪᠠᠷ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ᠂ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠭᠰᠡᠨ ᠤᠯᠠᠷᠢᠯ ᠤᠨ ᠮᠡᠳᠡᠭᠦᠯᠦᠯᠲᠡ ᠵᠢᠴᠢ ᠣᠨ ᠤ ᠳ᠋ᠦᠩᠨᠡᠯᠲᠡ ᠶᠢᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃      ︵ᠲᠥᠷᠪᠡ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠠᠮᠢᠶᠠᠷᠬᠤ ᠠᠵᠢᠯ  ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠶ ᠶᠢ ᠬᠠᠮᠠᠭᠠᠯᠠᠬᠤ  ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃      ︵ᠲᠠᠪᠤ︶ ᠠᠵᠢᠯ ᠡᠬᠢᠯᠡᠬᠦ ᠠᠴᠠ ᠡᠮᠦᠨ᠎ᠡ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠭᠦᠢᠴᠡᠳ ᠲᠤᠭ᠎ᠠ ᠪᠠᠷ ᠲᠤᠰᠢᠶᠠᠨ᠎ᠠ᠃      ᠭᠤᠷᠪᠠ᠂ ᠲᠤᠰ  ᠲᠥᠷᠥᠯ ᠵᠦᠢᠯ ᠤᠨ ᠭᠠᠵᠠᠷ᠂  ᠬᠦᠷᠢᠶ᠎ᠡ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ᠂ ᠡᠰᠡᠬᠦᠯ᠎ᠡ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠰᠦᠯ  ᠳᠤ ᠲᠣᠭᠲᠠᠭᠠᠭᠰᠠᠨ ᠰᠢᠷᠣᠶ ︵ᠰᠢᠭᠠᠷᠤ︶ ᠭᠠᠳᠠᠭᠰᠢᠯᠠᠭᠤᠯᠬᠤ ᠲᠠᠯᠠᠪᠠᠢ ᠶᠢᠨ ᠭᠠᠳᠠᠨ᠎ᠠ ᠬᠠᠶᠠᠭᠳᠠᠯ ᠰᠢᠷᠣᠶ ︵ᠰᠢᠭᠠᠷᠤ︶  ᠶᠢᠨ ᠲᠠᠯᠠᠪᠠᠢ ᠰᠢᠨ᠎ᠡ ᠪᠠᠷ ᠪᠠᠶᠢᠭᠤᠯᠤᠭᠰᠠᠨ ᠪᠤᠶᠤ ᠰᠢᠷᠣᠶ ︵ᠰᠢᠭᠠᠷᠤ︶ ᠭᠠᠳᠠᠭᠰᠢᠯᠠᠭᠤᠯᠬᠤ ᠲᠠᠯᠠᠪᠠᠢ ᠶᠢᠨ ᠣᠪᠣᠭᠠᠯᠠᠭᠰᠠᠨ       ᠰᠢᠷᠣᠶ ︵ᠰᠢᠭᠠᠷᠤ︶ ᠶᠢᠨ ᠬᠡᠮᠵᠢᠶ᠎ᠡ ᠶᠢ 20% ᠠᠴᠠ ᠳᠡᠭᠡᠭᠰᠢ  ᠳᠤ ᠬᠦᠷᠦᠭᠦᠯᠬᠦ ᠴᠢᠬᠤᠯᠠ ᠲᠠᠢ ᠪᠣᠯ             ᠰᠢᠷᠣᠶ ︵ᠰᠢᠭᠠᠷᠤ︶ ᠬᠠᠶᠠᠬᠤ ᠠᠴᠠ ᠡᠮᠦᠨ᠎ᠡ ᠬᠠᠶᠠᠭᠳᠠᠯ ᠰᠢᠷᠣᠶ ︵ᠰᠢᠭᠠᠷᠤ︶ ᠭᠠᠳᠠᠭᠰᠢᠯᠠᠭᠤᠯᠬᠤ ᠲᠠᠯᠠᠪᠠᠢ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ  ᠤᠨ ᠨᠥᠬᠦᠪᠥᠷᠢ ᠮᠡᠳᠡᠭᠦᠯᠦᠯᠲᠡ ᠶᠢᠨ ᠪᠢᠴᠢᠭ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃      ᠳᠥᠷᠪᠡ᠂ ᠲᠠᠨ ᠤ  ᠨᠢᠭᠡᠴᠢ ᠪᠣᠯ ᠲᠣᠰ ᠲᠥᠷᠥᠯ ᠵᠦᠶᠯ ᠤᠨ ᠬᠥᠷᠥᠰᠥ ᠰᠢᠷᠣᠶ ᠶᠢ ᠬᠠᠮᠠᠭᠠᠯᠠᠬᠤ  ᠲᠥᠬᠦᠭᠡᠷᠦᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠲᠣᠰ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ  ᠠᠴᠠ ᠡᠮᠦᠨ᠎ᠡ᠂ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ  ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠪᠠᠷᠢᠮᠵᠢᠶ᠎ᠠ ᠪᠠ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ  ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠴᠠᠭ ᠲᠤᠬᠠᠶ ᠳᠤᠨᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠵᠦ ᠳᠠᠩᠰᠠᠯᠠᠭᠤᠯᠤᠨ᠎ᠠ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃      ᠲᠠᠪᠤ᠂ ᠲᠣᠰ ᠲᠥᠷᠥᠯ ᠵᠦᠶᠯ ᠪᠣᠯ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠶᠯ ᠳᠤ ᠬᠠᠷᠢᠶᠠᠯᠠᠭᠳᠠᠨ᠎ᠠ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠪᠣᠯᠤᠨ ᠵᠡᠭᠦᠨᠭᠠᠷ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠲᠣᠰ ᠲᠥᠷᠥᠯ ᠵᠦᠶᠯ ᠤᠨ ᠬᠥᠷᠥᠰᠥ ᠰᠢᠷᠣᠶ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠲᠤ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号