2020 ᠤᠨ ᠤ 《4·15 》 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ  ᠤᠨ ᠡᠳᠦᠷ— ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠦᠮ᠎ᠡ ᠶᠢᠨ ᠠᠮᠤᠷ ᠲᠦᠪᠰᠢᠨ ᠤ ᠬᠠᠤᠯᠢ ᠶᠢ ᠤᠶᠢᠯᠠᠭᠠᠶ᠎ᠠ
ᠨᠡᠶᠢᠲᠡᠯᠡᠭᠰᠡᠨ ᠴᠠᠭ᠄
2021/8/30
     ᠤᠯᠤᠰ ᠠᠴᠠ ᠣᠶᠤᠨᠴᠢ᠂ ᠵᠣᠬᠢᠴᠠᠩᠭᠤᠶ᠂ ᠵᠡᠷᠭᠡ ᠪᠠᠷ ᠤᠷᠤᠭᠰᠢᠯᠠᠬᠤ ᠴᠥᠮ᠎ᠡ ᠶᠢᠨ ᠠᠶᠤᠯᠭᠦᠶ ᠶᠢᠨ ᠦᠵᠡᠯᠲᠡ ᠶᠢ ᠪᠠᠷᠢᠮᠲᠠᠯᠠᠵᠤ᠂ ᠴᠥᠮ᠎ᠡ ᠶᠢᠨ ᠠᠶᠤᠯᠭᠦᠶ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠥᠮ᠎ᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃      ᠶᠠᠮᠠᠷᠪᠠ ᠨᠢᠭᠡᠴᠢ ᠪᠠ ᠬᠤᠪᠢ ᠬᠥᠮᠦᠨ ᠴᠥᠮ᠎ᠡ ᠶᠢᠨ ᠲᠥᠬᠦᠭᠡᠷᠦᠮᠵᠢ᠂ ᠴᠥᠮ᠎ᠡ ᠶᠢᠨ ᠮᠠᠲ᠋ᠧᠷᠢᠶᠠᠯ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ ᠪᠣᠯᠬᠤ ᠦᠭᠡᠢ᠃      ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠴᠥᠮ᠎ᠡ ᠶᠢᠨ ᠠᠶᠤᠯᠭᠦᠶ ᠶᠢᠨ ᠮᠡᠳᠡᠭᠡ ᠵᠠᠩᠭᠢ ᠶᠢ ᠤᠯᠬᠤ ᠡᠷᠬᠡ ᠲᠠᠢ᠂ ᠴᠥᠮ᠎ᠡ ᠶᠢᠨ ᠬᠤᠬᠢᠷᠠᠯ ᠳᠤ ᠤᠴᠠᠷᠠᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠤᠯᠬᠤ ᠡᠷᠬᠡ ᠲᠠᠢ᠃      ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠴᠥᠮ᠎ᠡ ᠶᠢᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠪᠤᠶᠤ ᠴᠥᠮ᠎ᠡ ᠶᠢᠨ ᠠᠮᠤᠷ ᠲᠦᠪᠰᠢᠨ ᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠴᠥᠮ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃      ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠴᠥᠮ᠎ᠡ ᠶᠢᠨ ᠠᠶᠤᠯᠭᠦᠶ ᠶᠢᠨ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠨ ᠲᠠᠷᠬᠠᠭᠠᠵᠤ ᠪᠣᠯᠬᠤ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号