2020 ᠤᠨ ᠤ 《4·15 》 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ  ᠤᠨ ᠡᠳᠦᠷ— ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ ᠶᠢ ᠤᠶᠢᠯᠠᠭᠠᠶ᠎ᠠ
ᠨᠡᠶᠢᠲᠡᠯᠡᠭᠰᠡᠨ ᠴᠠᠭ᠄
2021/8/31
     ᠤᠯᠤᠰ ᠠᠴᠠ ᠶᠠᠮᠠᠷᠪᠠ ᠬᠡᠯᠪᠡᠷᠢ ᠶᠢᠨ ᠰᠦᠷᠳᠡᠭᠦᠯᠬᠦ ᠦᠵᠡᠯ ᠢ ᠡᠰᠡᠷᠭᠦᠴᠡᠵᠦ᠂ ᠰᠦᠷᠳᠡᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠴᠠᠭᠠᠵᠠᠯᠠᠵᠤ᠂ ᠰᠦᠷᠳᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ᠂ ᠤᠬᠠᠭᠠᠯᠠᠨ ᠰᠡᠳᠦᠭᠰᠡᠨ᠂ ᠬᠡᠷᠡᠭᠵᠢᠭᠦᠯᠬᠦ ᠪᠠᠷ ᠪᠡᠯᠡᠳᠬᠡᠭᠰᠡᠨ᠂ ᠰᠦᠷᠳᠡᠭᠦᠯᠬᠦ ᠦᠵᠡᠯ ᠢ ᠤᠬᠠᠭᠤᠯᠤᠭᠰᠠᠨ᠂ ᠰᠦᠷᠳᠡᠭᠦᠯᠬᠦ ᠠᠵᠢᠯᠯᠠᠭ᠎ᠠ ᠬᠢᠯᠭᠡᠬᠦ ᠪᠠᠷ ᠥᠳᠥᠭᠡᠭᠰᠡᠨ᠂ ᠰᠦᠷᠳᠡᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ ᠪᠠ ᠲᠡᠭᠦᠨ ᠳᠤ ᠣᠷᠣᠯᠴᠠᠭᠰᠠᠨ᠂ ᠰᠦᠷᠳᠡᠭᠦᠯᠬᠦ ᠠᠵᠢᠯᠯᠠᠭ᠎ᠠ ᠳᠤ ᠬᠠᠪᠰᠤᠷᠤᠯᠭ᠎ᠠ ᠦᠵᠡᠭᠦᠯᠦᠭᠰᠡᠨ ᠶᠠᠮᠠᠷᠪᠠ ᠬᠥᠮᠦᠨ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠤᠯᠤᠰ ᠠᠴᠠ ᠶᠠᠮᠠᠷᠪᠠ ᠰᠦᠷᠳᠡᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠ ᠬᠥᠮᠦᠨ ᠲᠠᠢ ᠡᠪᠰᠡᠬᠦ ᠦᠭᠡᠢ᠂ ᠶᠠᠮᠠᠷᠪᠠ ᠰᠦᠷᠳᠡᠭᠦᠯᠬᠦ ᠠᠵᠢᠯᠯᠠᠭᠠᠳᠤ ᠬᠦᠮᠦᠨ ᠳᠤ ᠥᠮᠥᠭᠯᠡᠯ ᠬᠠᠩᠭᠠᠬᠤ ᠦᠭᠡᠢ ᠪᠤᠶᠤ ᠡᠰᠡᠬᠦᠯ᠎ᠡ ᠭᠠᠴᠢᠭᠳᠠᠯᠳᠤ ᠠᠷᠠᠳ ᠤᠨ ᠪᠠᠶᠢᠷᠢ ᠰᠠᠭᠤᠷᠢ ᠣᠯᠭᠤᠬᠤ ᠦᠭᠡᠢ᠃      ᠰᠦᠷᠳᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠤᠬᠠᠭᠠᠯᠠᠨ ᠰᠡᠳᠦᠬᠦ᠂ ᠬᠡᠷᠡᠭᠵᠢᠭᠦᠯᠬᠦ ᠪᠠᠷ       ᠪᠡᠯᠡᠳᠬᠡᠬᠦ᠂ ᠬᠡᠷᠡᠭᠵᠢᠭᠦᠯᠬᠦ᠂ ᠰᠦᠷᠳᠡᠭᠦᠯᠬᠦ ᠦᠵᠡᠯ ᠢ ᠤᠬᠠᠭᠤᠯᠵᠤ᠂ ᠰᠦᠷᠳᠡᠭᠦᠯᠬᠦ ᠠᠵᠢᠯᠯᠠᠭ᠎ᠠ ᠶᠢ ᠥᠳᠥᠭᠡᠨ ᠬᠢᠯᠭᠡᠭᠰᠡᠨ᠂ ᠰᠦᠷᠳᠡᠭᠦᠯᠬᠦ ᠦᠵᠡᠯ ᠢ ᠤᠬᠠᠭᠤᠯᠬᠤ ᠡᠳ᠋ ᠪᠣᠳᠠᠰ ᠢ ᠬᠠᠤᠯᠢ ᠪᠤᠰᠤ ᠪᠠᠷ ᠡᠵᠡᠮᠰᠢᠭᠰᠡᠨ᠂ ᠪᠤᠰᠤᠳ ᠢ ᠠᠯᠪᠠᠳᠠᠨ ᠤᠯᠠᠨ ᠨᠡᠶᠢᠲᠡ ᠶᠢᠨ ᠲᠠᠯᠠᠪᠤᠷ ᠲᠤ ᠰᠦᠷᠳᠡᠭᠦᠯᠬᠦ ᠦᠵᠡᠯ ᠢ ᠤᠬᠠᠭᠤᠯᠬᠤ ᠬᠤᠪᠴᠠᠰᠤ ᠵᠠᠰᠠᠯ᠂ ᠢᠯᠡᠳᠬᠡᠮᠵᠢ ᠲᠡᠮᠳᠡᠭ ᠢ ᠡᠮᠦᠰᠬᠡᠵᠦ᠂ ᠰᠦᠷᠳᠡᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ ᠪᠠ ᠲᠡᠭᠦᠨ ᠳᠤ ᠣᠷᠣᠯᠴᠠᠭᠰᠠᠨ᠂ ᠰᠦᠷᠳᠡᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ᠂ ᠰᠦᠷᠳᠡᠭᠦᠯᠬᠦ ᠠᠵᠢᠯᠯᠠᠭ᠎ᠠ ᠶᠢᠨ ᠠᠵᠢᠯᠳᠠᠨ᠂ ᠰᠦᠷᠳᠡᠭᠦᠯᠬᠦ ᠠᠵᠢᠯᠯᠠᠭ᠎ᠠ ᠪᠤᠶᠤ ᠰᠦᠷᠳᠡᠭᠦᠯᠬᠦ ᠠᠵᠢᠯᠯᠠᠭ᠎ᠠ ᠶᠢᠨ ᠪᠣᠯᠪᠠᠰᠤᠷᠠᠭᠤᠯᠤᠯ ᠬᠢᠬᠦ ᠳᠤ ᠬᠠᠪᠰᠤᠷᠤᠯᠭ᠎ᠠ ᠦᠵᠡᠭᠦᠯᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾    ᠶᠢ 2015 ᠣᠨ ᠤ 12 ᠰᠠᠷ᠎ᠠ ᠶᠢᠨ 27 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠵᠤ 2018 ᠣᠨ ᠤ 4 ᠰᠠᠷ᠎ᠠ ᠶᠢᠨ 27 ᠤ ᠡᠳᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠬᠢᠵᠢᠭ ᠪᠠᠶᠢᠴᠠᠭᠠᠯᠲᠠ ᠶᠢᠨ ᠬᠠᠤᠯᠢ﹀ ᠵᠡᠷᠭᠡ ᠵᠢᠷᠭᠤᠭᠠᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ      ᠰᠦᠷᠳᠡᠭᠦᠯᠬᠦ ᠦᠵᠡᠯ ᠭᠡᠵᠦ ᠶᠠᠭᠤ ᠪᠤᠢ︖      ᠰᠦᠷᠳᠡᠭᠦᠯᠬᠦ ᠠᠵᠢᠯᠯᠠᠭ᠎ᠠ ᠳᠤ ᠶᠠᠭᠤ ᠶᠠᠭᠤ ᠪᠠᠭᠲᠠᠬᠤ ᠪᠤᠢ︖      ᠰᠦᠷᠳᠡᠭᠦᠯᠬᠦ ᠦᠵᠡᠯ ᠢ ᠡᠰᠡᠷᠭᠦᠴᠡᠬᠦ ᠤᠳᠤᠷᠢᠳᠬᠤ ᠪᠠᠶᠢᠭᠤᠯᠤᠮᠵᠢ ᠳᠤ ᠶᠠᠭᠤ ᠶᠠᠭᠤ ᠪᠠᠶᠢᠬᠤ ᠪᠤᠢ︖      ᠬᠠᠮᠲᠤ ᠪᠠᠷ ᠦᠵᠡᠶ᠎ᠡ᠃      ᠰᠦᠷᠳᠡᠭᠦᠯᠬᠦ ᠦᠵᠡᠯ᠄      ᠰᠦᠷᠳᠡᠭᠦᠯᠬᠦ ᠦᠵᠡᠯ ᠭᠡᠳᠡᠭ ᠨᠢ ᠬᠦᠴᠦᠷᠬᠡᠭᠯᠡᠬᠦ᠂ ᠡᠪᠳᠡᠬᠦ᠂ ᠰᠦᠷᠳᠡᠭᠦᠯᠬᠦ ᠵᠡᠷᠭᠡ ᠠᠷᠭ᠎ᠠ ᠪᠠᠷᠢᠯ ᠢᠶᠠᠷ ᠨᠡᠶᠢᠭᠡᠮ ᠤᠨ ᠭᠡᠯᠮᠡᠭᠳᠡᠯ ᠢ ᠪᠤᠢ ᠪᠣᠯᠭᠠᠬᠤ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ᠂ ᠬᠥᠮᠦᠨ ᠤ ᠪᠡᠶ᠎ᠡ ᠪᠠ ᠡᠳ᠋ ᠬᠦᠷᠦᠩᠭᠡ ᠳᠤ ᠬᠠᠯᠳᠠᠬᠤ᠂ ᠡᠰᠡᠬᠦᠯ᠎ᠡ ᠲᠦᠷᠦ ᠶᠢᠨ ᠪᠠᠶᠢᠭᠤᠯᠭ᠎ᠠ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢ ᠠᠶᠤᠯᠭᠠᠨ ᠰᠦᠷᠳᠡᠭᠦᠯᠵᠦ᠂ ᠤᠯᠤᠰ ᠲᠦᠷᠦ᠂ ᠦᠵᠡᠯ ᠤᠬᠠᠮᠰᠠᠷ ᠤᠨ ᠬᠡᠯᠪᠡᠷᠢ ᠵᠡᠷᠭᠡ ᠵᠣᠷᠢᠯᠭ᠎ᠠ ᠪᠠᠨ ᠪᠡᠶᠡᠯᠡᠭᠦᠯᠬᠦ ᠵᠣᠷᠢᠯᠲᠠ ᠪᠠ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃      ᠰᠦᠷᠳᠡᠭᠦᠯᠬᠦ ᠠᠵᠢᠯᠯᠠᠭ᠎ᠠ᠄      ᠰᠦᠷᠳᠡᠭᠦᠯᠬᠦ ᠠᠵᠢᠯᠯᠠᠭ᠎ᠠ ᠭᠡᠳᠡᠭ ᠨᠢ ᠰᠦᠷᠳᠡᠭᠦᠯᠬᠦ ᠦᠵᠡᠯ ᠤᠨ ᠰᠢᠨᠵᠢ ᠴᠢᠨᠠᠷ ᠲᠠᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠄      ︵ᠨᠢᠭᠡ︶ ᠬᠥᠮᠦᠨ ᠢ ᠦᠬᠦᠭᠦᠯᠵᠦ ᠰᠢᠷᠬᠠᠲᠤᠭᠤᠯᠬᠤ᠂ ᠡᠳ᠋ ᠬᠦᠷᠦᠩᠭᠡ ᠶᠢ ᠬᠦᠨᠳᠦ ᠶᠡᠭᠡ ᠬᠤᠬᠢᠷᠠᠭᠤᠯᠬᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠡᠪᠳᠡᠨ ᠰᠦᠢᠳᠬᠡᠬᠦ᠂ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠵᠡᠷᠭᠡ ᠬᠦᠨᠳᠦ ᠨᠣᠴᠢᠲᠠᠶ ᠨᠡᠶᠢᠭᠡᠮ ᠤᠨ ᠬᠤᠣᠷ ᠬᠥᠨᠥᠭᠡᠯ ᠢ ᠪᠤᠢ ᠪᠣᠯᠭᠠᠭᠰᠠᠨ ᠪᠤᠶᠤ ᠪᠤᠢ ᠪᠣᠯᠭᠠᠬᠤ ᠪᠠᠷ ᠵᠣᠷᠢᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ᠂ ᠤᠬᠠᠭᠠᠯᠠᠨ ᠰᠡᠳᠦᠭᠰᠡᠨ᠂ ᠬᠡᠷᠡᠭᠵᠢᠭᠦᠯᠬᠦ ᠪᠠᠷ ᠪᠡᠯᠡᠳᠬᠡᠭᠰᠡᠨ᠂ ᠬᠢᠭᠰᠡᠨ︔      ︵ᠬᠤᠶᠠᠷ︶ ᠰᠦᠷᠳᠡᠭᠦᠯᠬᠦ ᠦᠵᠡᠯ ᠢ ᠤᠬᠠᠭᠤᠯᠵᠤ᠂ ᠰᠦᠷᠳᠡᠭᠦᠯᠬᠦ ᠠᠵᠢᠯᠯᠠᠭ᠎ᠠ ᠬᠢᠯᠭᠡᠬᠦ ᠪᠠᠷ ᠥᠳᠥᠭᠡᠭᠰᠡᠨ᠂ ᠡᠰᠡᠬᠦᠯ᠎ᠡ ᠰᠦᠷᠳᠡᠭᠦᠯᠬᠦ ᠦᠵᠡᠯ ᠢ ᠤᠬᠠᠭᠤᠯᠬᠤ ᠡᠳ᠋ ᠪᠣᠳᠠᠰ ᠢ ᠬᠠᠤᠯᠢ ᠪᠤᠰᠤ ᠪᠠᠷ ᠪᠡᠶ᠎ᠡ ᠳᠡᠭᠡᠨ ᠠᠪᠴᠤ᠂ ᠪᠤᠰᠤᠳ ᠢ ᠠᠯᠪᠠᠳᠠᠵᠤ ᠪᠠᠶᠢᠭᠠᠳ ᠤᠯᠠᠨ ᠨᠡᠶᠢᠲᠡ ᠶᠢᠨ ᠲᠠᠯᠠᠪᠤᠷ ᠲᠤ ᠰᠦᠷᠳᠡᠭᠦᠯᠬᠦ ᠦᠵᠡᠯ ᠢ ᠤᠬᠠᠭᠤᠯᠬᠤ ᠬᠤᠪᠴᠠᠰᠤ ᠵᠠᠰᠠᠯ᠂ ᠲᠡᠮᠳᠡᠭ ᠵᠡᠭᠦᠯᠭᠡᠭᠰᠡᠨ︔      ︵ᠭᠤᠷᠪᠠ︶ ᠰᠦᠷᠳᠡᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ᠂ ᠲᠡᠭᠦᠨ ᠳᠤ ᠣᠷᠣᠯᠴᠠᠭᠰᠠᠨ︔      ︵ᠲᠦᠷᠪᠡ︶ ᠰᠦᠷᠳᠡᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ᠂ ᠰᠦᠷᠳᠡᠭᠦᠯᠬᠦ ᠠᠵᠢᠯᠯᠠᠭ᠎ᠠ ᠶᠢᠨ ᠠᠵᠢᠯᠳᠠᠨ᠂ ᠰᠦᠷᠳᠡᠭᠦᠯᠬᠦ ᠠᠵᠢᠯᠯᠠᠭ᠎ᠠ ᠪᠤᠶᠤ ᠰᠦᠷᠳᠡᠭᠦᠯᠬᠦ ᠠᠵᠢᠯᠯᠠᠭ᠎ᠠ ᠶᠢᠨ ᠪᠣᠯᠪᠠᠰᠤᠷᠠᠭᠤᠯᠤᠯ ᠬᠢᠬᠦ ᠳᠤ ᠮᠡᠳᠡᠭᠡ ᠵᠠᠩᠭᠢ᠂ ᠪᠡᠯᠡ ᠮᠥᠩᠭᠦ᠂ ᠡᠳ᠋ ᠪᠣᠳᠠᠰ᠂ ᠬᠥᠳᠡᠯᠮᠦᠷᠢ ᠦᠢᠯᠡᠴᠢᠯᠡᠭᠡ᠂ ᠮᠡᠷᠭᠡᠵᠢᠯ᠂ ᠲᠠᠯᠠᠪᠤᠷ ᠭᠠᠵᠠᠷ ᠵᠡᠷᠭᠡ ᠶᠢᠨ ᠳᠡᠮᠵᠢᠯᠭᠡ᠂ ᠬᠠᠪᠰᠤᠷᠤᠯᠭ᠎ᠠ᠂ ᠲᠦᠬᠦᠮ ᠦᠵᠡᠭᠦᠯᠦᠭᠰᠡᠨ︔      ︵ᠲᠠᠪᠤ︶ ᠪᠤᠰᠤᠳ ᠰᠦᠷᠳᠡᠭᠦᠯᠬᠦ ᠠᠵᠢᠯᠯᠠᠭ᠎ᠠ᠃      ᠰᠦᠷᠳᠡᠭᠦᠯᠬᠦ ᠦᠵᠡᠯ ᠢ ᠡᠰᠡᠷᠭᠦᠴᠡᠬᠦ ᠤᠳᠤᠷᠢᠳᠬᠤ ᠪᠠᠶᠢᠭᠤᠯᠤᠮᠵᠢ᠄      ᠤᠯᠤᠰ ᠠᠴᠠ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠪᠦᠬᠦ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠢ ᠨᠢᠭᠡᠳᠦᠯᠲᠡᠢ ᠤᠳᠤᠷᠢᠳᠤᠨ ᠵᠢᠯᠣᠭᠤᠳᠤᠨ᠎ᠠ᠃      ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠤᠨ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠤᠨ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠳᠡᠭᠡᠳᠦ ᠱᠠᠲᠤᠨ ᠤ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠤᠨ ᠤᠳᠤᠷᠢᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠪᠠ ᠵᠢᠯᠤᠭᠤᠳᠤᠯᠭ᠎ᠠ ᠶᠢᠨ ᠳᠣᠣᠷ᠎ᠠ᠂ ᠲᠤᠰ ᠭᠠᠵᠠᠷ ᠣᠷᠣᠨ ᠤ ᠪᠠᠨ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ᠃      ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠨ᠎ᠠ᠃ ᠭᠤᠤᠯᠳᠠᠭᠤ ᠲᠤᠤᠷᠠᠬᠢ ᠪᠠᠶᠢᠭᠤᠯᠤᠮᠵᠢ ᠤᠳ ᠪᠤᠢ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠪᠤᠰᠤᠳ ᠬᠤᠯᠪᠣᠭᠳᠠᠯ ᠪᠥᠬᠦᠶ ᠲᠥᠷᠥ ᠶᠢᠨ ᠪᠠᠶᠢᠭᠤᠯᠭ᠎ᠠ      ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ ᠪᠠ ᠰᠢᠢᠳᠪᠤᠷᠢᠯᠡᠬᠦ      ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ᠂ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ᠂ ᠡᠷᠦᠬᠡ ᠶᠢᠨ ᠴᠡᠷᠢᠭ ᠤᠨ ᠵᠤᠬᠢᠶᠠᠨ ᠪᠠᠶᠢᠭᠤᠯᠤᠯᠳᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠲᠡᠳᠡᠨ ᠢ ᠲᠠᠶᠢᠴᠢᠯᠠᠵᠤ᠂ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠢ ᠬᠠᠮᠲᠤ ᠪᠠᠷ ᠥᠷᠨᠢᠭᠦᠯᠬᠦ ᠬᠡᠷᠡᠭᠲᠡᠶ᠃      ᠠᠷᠠᠳ ᠢᠷᠭᠡᠨ᠂ ᠵᠣᠬᠢᠶᠠᠨ ᠪᠠᠶᠢᠭᠤᠯᠤᠯᠲᠠ ᠶᠢᠨ ᠡᠷᠬᠡ ᠪᠠ ᠡᠭᠦᠷᠭᠡ᠄      ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠳᠣᠣᠷ᠎ᠠ ᠵᠢᠭᠰᠠᠭᠠᠭᠰᠠᠨ ᠡᠷᠬᠡ ᠨᠦᠭᠦᠳ ᠢ ᠡᠳ᠋ᠯᠡᠨ᠎ᠡ᠄      ᠰᠦᠷᠳᠡᠭᠦᠯᠬᠦ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠤᠶᠤ ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ᠂ ᠬᠤᠷᠢᠭᠯᠠᠨ ᠵᠣᠭᠰᠣᠭᠠᠬᠤ ᠳᠤ ᠬᠠᠮᠵᠢᠨ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠵᠢᠴᠢ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠤᠨ ᠳᠤᠮᠳᠠ ᠪᠤᠰᠤᠳ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠦᠨ᠎ᠡ᠃      ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠢ ᠥᠷᠨᠢᠭᠦᠯᠦᠭᠰᠡᠨ ᠠᠴᠠ ᠪᠤᠯᠵᠤ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ᠂ ᠨᠥᠬᠦᠪᠥᠷᠢ ᠥᠭᠬᠦ ᠬᠡᠷᠡᠭᠲᠡᠢ᠃ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠤᠯᠢ ᠶᠣᠰᠣᠭᠠᠷ ᠲᠥᠯᠥᠪᠦᠷᠢ᠂ ᠨᠥᠬᠦᠪᠥᠷᠢ ᠠᠪᠬᠤ ᠪᠠᠷ ᠭᠤᠶᠤᠴᠢᠯᠠᠬᠤ ᠡᠷᠬᠡ ᠲᠠᠢ᠃      ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠳᠣᠣᠷ᠎ᠠ ᠵᠢᠭᠰᠠᠭᠠᠭᠰᠠᠨ ᠡᠭᠦᠷᠭᠡ ᠨᠦᠭᠦᠳ ᠢ ᠭᠦᠢᠴᠡᠳᠬᠡᠬᠦ ᠬᠡᠷᠡᠭᠲᠡᠶ᠄      ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠮᠵᠢᠯᠴᠠᠵᠤ ᠪᠠᠶᠢᠭᠠᠳ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠢ ᠥᠷᠨᠢᠭᠦᠯᠦᠨ᠎ᠡ᠃      ᠰᠦᠷᠳᠡᠭᠦᠯᠬᠦ ᠠᠵᠢᠯᠯᠠᠭ᠎ᠠ ᠶᠢᠨ ᠰᠡᠵᠢᠭᠯᠡᠯᠲᠡᠶ ᠬᠥᠮᠦᠨ ᠪᠤᠶᠤ ᠰᠦᠷᠳᠡᠭᠦᠯᠬᠦ ᠠᠵᠢᠯᠯᠠᠭ᠎ᠠ ᠶᠢᠨ ᠰᠡᠵᠢᠭᠯᠡᠯᠲᠡᠶ ᠬᠥᠮᠦᠨ ᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠬᠡᠲᠦᠷᠡᠮᠡᠬᠡᠢ ᠦᠵᠡᠯ ᠢ ᠤᠬᠠᠭᠤᠯᠤᠭᠰᠠᠨ ᠡᠳ᠋ ᠪᠣᠳᠠᠰ᠂ ᠮᠠᠲ᠋ᠧᠷᠢᠶᠠᠯ᠂ ᠮᠡᠳᠡᠭᠡ ᠵᠠᠩᠭᠢ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ᠃      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠦᠷᠳᠡᠭᠦᠯᠬᠦ ᠠᠵᠢᠯᠯᠠᠭ᠎ᠠ ᠶᠢᠨ ᠰᠡᠵᠢᠭᠯᠡᠯᠲᠡᠢ ᠵᠦᠢᠯ ᠢ ᠪᠠᠶᠢᠴᠠᠭᠠᠬᠤ ᠳᠠᠭᠠᠨ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠠᠴᠠ ᠬᠤᠯᠪᠣᠭᠳᠠᠯ ᠪᠦᠬᠦᠢ ᠮᠡᠳᠡᠭᠡ ᠵᠠᠩᠭᠢ ᠪᠠ ᠮᠠᠲ᠋ᠧᠷᠢᠶᠠᠯ ᠢ ᠴᠤᠭᠯᠠᠭᠤᠯᠬᠤ᠂ ᠰᠢᠯᠵᠢᠭᠦᠯᠦᠨ ᠠᠪᠬᠤ ᠡᠷᠬᠡ ᠲᠠᠢ᠃ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠦᠨᠡᠨ ᠮᠥᠨ ᠢᠶᠠᠷ ᠨᠢ ᠬᠠᠩᠭᠠᠵᠤ ᠥᠭᠬᠦ ᠬᠡᠷᠡᠭᠲᠡᠶ᠃    ᠬᠤᠳᠠᠯ ᠬᠠᠭᠤᠷᠮᠠᠭ ᠰᠦᠷᠳᠡᠭᠦᠯᠦᠯ ᠤᠨ ᠬᠡᠷᠡᠭ ᠤᠨ ᠮᠡᠳᠡᠭᠡ ᠵᠠᠩᠭᠢ ᠶᠢ ᠵᠣᠬᠢᠶᠠᠨ ᠲᠠᠷᠬᠠᠭᠠᠵᠤ ᠪᠣᠯᠬᠤ ᠦᠭᠡᠶ᠃      ᠰᠦᠷᠳᠡᠭᠦᠯᠦᠯ ᠤᠨ ᠠᠵᠢᠯᠯᠠᠭ᠎ᠠ ᠶᠢ ᠲᠠᠭᠤᠷᠢᠶᠠᠵᠤ ᠮᠡᠳᠡᠬᠦ ᠬᠡᠷᠡᠭᠵᠢᠭᠦᠯᠬᠦ ᠨᠠᠷᠢᠨ ᠵᠦᠢᠯᠡᠰ ᠢ ᠮᠡᠳᠡᠭᠡᠯᠡᠵᠦ᠂ ᠤᠯᠠᠮᠵᠢᠯᠠᠨ ᠲᠠᠷᠬᠠᠭᠠᠵᠤ ᠪᠣᠯᠬᠤ ᠦᠭᠡᠢ᠃      ᠰᠦᠷᠳᠡᠭᠦᠯᠦᠯ ᠤᠨ ᠬᠡᠷᠡᠭ ᠤᠨ ᠳᠤᠮᠳᠠᠬᠢ ᠬᠠᠷᠭᠢᠰ ᠬᠡᠷᠴᠡᠭᠡᠶ᠂ ᠬᠥᠮᠥᠡᠯᠢᠭ ᠪᠤᠰᠤ ᠪᠠᠶᠢᠳᠠᠯ ᠢ ᠨᠡᠶᠢᠲᠡᠯᠡᠵᠦ ᠪᠣᠯᠬᠤ ᠦᠭᠡᠢ᠃      ᠰᠦᠷᠳᠡᠭᠦᠯᠦᠯ ᠤᠨ ᠬᠡᠷᠡᠭ ᠢ ᠠᠷᠭᠠᠴᠠᠨ ᠰᠢᠢᠳᠪᠦᠷᠢᠯᠡᠬᠦ ᠶᠠᠪᠤᠴᠠ ᠳᠤ᠂ ᠰᠣᠨᠢᠨ ᠮᠡᠳᠡᠭᠡᠨ ᠤ ᠵᠠᠭᠤᠴᠢᠯᠠᠭᠤᠷ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠰᠦᠷᠳᠡᠭᠦᠯᠬᠦ ᠦᠵᠡᠯ ᠢ ᠡᠰᠡᠷᠭᠦᠴᠡᠬᠦ ᠠᠵᠢᠯ ᠤᠨ ᠤᠳᠤᠷᠢᠳᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠢ ᠭᠠᠷᠭᠠᠪᠠᠯ᠂ ᠲᠤᠬᠠᠢ ᠶᠢᠨ ᠲᠠᠯᠠᠪᠤᠷ ᠤᠨ ᠠᠷᠭᠠᠴᠠᠨ ᠰᠢᠢᠳᠪᠦᠷᠢᠯᠡᠬᠦ ᠠᠵᠢᠯᠳᠠᠨ᠂ ᠪᠠᠷᠢᠴᠠᠭᠠᠨ ᠤ ᠬᠥᠮᠦᠨ ᠤ ᠪᠡᠶ᠎ᠡ ᠬᠡᠮ ᠤᠨ ᠮᠡᠳᠡᠭᠡ ᠵᠠᠩᠭᠢ ᠪᠠ ᠠᠷᠭᠠᠴᠠᠨ ᠰᠢᠢᠳᠪᠦᠷᠢᠯᠡᠬᠦ ᠠᠵᠢᠯᠯᠠᠭ᠎ᠠ ᠶᠢᠨ ᠪᠠᠶᠢᠳᠠᠯ ᠢ ᠮᠡᠳᠡᠭᠡᠯᠡᠵᠦ᠂ ᠤᠯᠠᠮᠵᠢᠯᠠᠨ ᠲᠠᠷᠬᠠᠭᠠᠵᠤ ᠪᠣᠯᠬᠤ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号