2020 ᠤᠨ ᠤ《4·15 》 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ— ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ ᠶᠢ ᠤᠶᠢᠯᠠᠭᠠᠶ᠎ᠠ
ᠨᠡᠶᠢᠲᠡᠯᠡᠭᠰᠡᠨ ᠴᠠᠭ᠄
2021/8/31
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠤᠯᠤᠰ ᠣᠷᠣᠨ ᠤ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠠᠮᠠᠭᠠᠯᠠᠬᠤ ᠡᠭᠦᠷᠭᠡ ᠲᠠᠢ᠂ ᠤᠯᠤᠰ ᠣᠷᠣᠨ ᠤ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠳᠤ ᠬᠤᠣᠷ ᠬᠥᠨᠥᠭᠡᠯ ᠲᠠᠢ ᠠᠵᠢᠯᠯᠠᠭ᠎ᠠ ᠬᠢᠵᠦ ᠪᠣᠯᠬᠤ ᠤᠢᠭᠡᠢ᠃      ᠠᠯᠢᠪᠠ ᠲᠦᠷᠦ ᠶᠢᠨ ᠪᠠᠶᠢᠭᠤᠯᠭ᠎ᠠ ᠪᠠ ᠵᠡᠪᠰᠡᠭᠲᠦ ᠬᠦᠴᠦᠨ᠂ ᠡᠯ᠎ᠡ ᠲᠦᠷᠦ ᠶᠢᠨ ᠨᠠᠮ ᠪᠠ ᠡᠯ᠎ᠡ ᠨᠡᠶᠢᠭᠡᠮ ᠤᠨ ᠪᠦᠯᠬᠦᠮ ᠵᠢᠴᠢ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠴᠥᠮ ᠲᠡᠩᠨᠡᠭᠤᠯ ᠤᠨ ᠠᠵᠢᠯᠯᠠᠭ᠎ᠠ ᠶᠢ ᠰᠡᠷᠭᠡᠶᠢᠯᠡᠬᠦ᠂ ᠬᠤᠷᠢᠭᠯᠠᠨ ᠵᠣᠭᠰᠣᠭᠠᠬᠤ᠂ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ ᠡᠭᠦᠷᠭᠡ ᠲᠠᠢ᠃      ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ ᠲᠠᠩᠨᠠᠭᠤᠯ ᠢ ᠡᠰᠡᠷᠭᠦᠴᠡᠬᠦ ᠠᠵᠢᠯ ᠤᠨ ᠳᠤᠮᠳᠠ ᠪᠠᠨ ᠡᠷᠬᠡᠪᠰᠢ ᠠᠷᠠᠳ ᠲᠦᠮᠡᠨ ᠤ ᠳᠡᠮᠵᠢᠯᠭᠡ ᠳᠤ ᠲᠦᠰᠢᠭᠯᠡᠵᠦ᠂ ᠠᠷᠠᠳ ᠲᠦᠮᠡᠨ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠲᠠᠩᠨᠠᠭᠤᠯ ᠤᠨ ᠦᠢᠯᠡ ᠠᠵᠢᠯᠯᠠᠭ᠎ᠠ ᠶᠢ ᠰᠡᠷᠭᠡᠶᠢᠯᠡᠵᠦ᠂ ᠬᠤᠷᠢᠭᠯᠠᠨ ᠵᠣᠭᠰᠣᠭᠠᠬᠤ ᠬᠡᠷᠡᠭᠲᠡᠢ᠃      ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠲᠠᠩᠨᠠᠭᠤᠯ ᠤᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠪᠤᠰᠤᠳ ᠲᠦᠷᠦ ᠶᠢᠨ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠳᠤ ᠮᠡᠳᠡᠭᠦᠯᠦᠭᠰᠡᠨ ᠪᠠᠶᠢᠪᠠᠯ᠂ ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠠᠴᠠ ᠲᠡᠷᠡ ᠳᠠᠷᠤᠢ ᠳᠤᠨᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃      ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ ᠲᠠᠩᠨᠠᠭᠤᠯ ᠤᠨ ᠦᠢᠯᠡ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠣᠶᠢᠯᠠᠭᠠᠬᠤ᠂ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠴᠤᠭᠯᠠᠭᠤᠯᠬᠤ       ᠦᠶ᠎ᠡ ᠳᠤ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠂ ᠲᠡᠪᠴᠢᠵᠦ ᠪᠣᠯᠬᠤ ᠦᠭᠡᠢ᠃      2014 ᠣᠨ ᠤ 11 ᠰᠠᠷ᠎ᠠ ᠶᠢᠨ 1 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠬᠦᠴᠡᠬᠦ ᠬᠠᠤᠯᠢ》 ᠶᠢ ᠪᠠᠳᠤᠯᠠᠪᠠ᠃ ᠲᠡᠭᠡᠪᠡᠯ ᠶᠠᠮᠠᠷ ᠶᠠᠮᠠᠷ ᠦᠢᠯᠡ ᠠᠵᠢᠯᠯᠠᠭ᠎ᠠ ᠨᠢ ᠲᠠᠩᠨᠠᠭᠤᠯ ᠤᠨ ᠦᠢᠯᠡ ᠠᠵᠢᠯᠯᠠᠭ᠎ᠠ ᠳᠤ ᠲᠣᠭᠠᠴᠠᠭᠳᠠᠬᠤ ᠪᠣᠢ︖ ᠶᠠᠮᠠᠷ ᠶᠠᠮᠠᠷ ᠠᠵᠢᠯᠯᠠᠭ᠎ᠠ ᠠᠴᠠ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠪᠣᠶ︖ ᠬᠠᠮᠲᠤ ᠪᠠᠷ ᠦᠵᠡᠶ᠎ᠡ᠃      ᠭᠤᠤᠯᠯᠠᠨ ᠬᠠᠮᠢᠶᠠᠷᠬᠤ ᠪᠠᠶᠢᠭᠤᠯᠭ᠎ᠠ᠄ ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ ᠪᠣᠯ ᠲᠠᠩᠨᠠᠭᠤᠯ ᠢ ᠡᠰᠡᠷᠭᠦᠴᠡᠬᠦ ᠠᠵᠢᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠮᠥᠨ᠃      ᠳᠣᠲᠣᠭᠠᠳᠤ ᠶᠢ ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠵᠡᠷᠭᠡ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠴᠡᠷᠢᠭ ᠠᠩᠬᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠨᠢᠭᠲᠠ ᠬᠠᠮᠵᠢᠯᠴᠠᠵᠤ᠂ ᠵᠣᠬᠢᠴᠠᠭᠤᠯᠭ᠎ᠠ ᠪᠠᠨ ᠴᠢᠩᠭᠠᠳᠬᠠᠨ᠂ ᠬᠤᠯᠪᠣᠭᠳᠠᠯ ᠪᠦᠬᠦᠢ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃      ᠲᠠᠩᠨᠠᠭᠤᠯ ᠤᠨ ᠦᠢᠯᠡ ᠠᠵᠢᠯᠯᠠᠭ᠎ᠠ᠄      ︵ᠨᠢᠭᠡ︶ ᠲᠠᠩᠨᠠᠭᠤᠯ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠣᠷᠣᠯᠠᠭᠴᠢ ᠶᠢᠨ ᠬᠢᠭᠰᠡᠨ ᠪᠤᠶᠤ ᠪᠤᠰᠤᠳ ᠢ ᠵᠢᠭᠠᠨ ᠲᠤᠬᠢᠵᠤ᠂ ᠵᠣᠭᠤᠰ ᠮᠥᠩᠭᠦ ᠪᠠᠷ ᠲᠤᠰᠠᠯᠠᠵᠤ ᠪᠠᠶᠢᠭᠠᠳ ᠬᠢᠯᠭᠡᠭᠰᠡᠨ᠂ ᠡᠰᠡᠬᠦᠯ᠎ᠡ ᠬᠢᠯᠢ ᠶᠢᠨ ᠳᠣᠲᠣᠷ᠎ᠠ ᠭᠠᠳᠠᠨᠠᠬᠢ ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠲᠡᠭᠦᠨ ᠲᠠᠢ ᠰᠥᠯᠪᠡᠭᠡᠯᠳᠦᠨ ᠬᠢᠭᠰᠡᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ︔      ︵ᠬᠤᠶᠠᠷ︶ ᠲᠡᠩᠨᠡᠭᠤᠯ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠭᠰᠠᠨ ᠪᠤᠶᠤ ᠲᠡᠩᠨᠡᠭᠤᠯ ᠤᠨ ᠵᠣᠬᠢᠶᠠᠨ ᠪᠠᠶᠢᠭᠤᠯᠤᠯᠲᠠ ᠬᠢᠭᠡᠳ ᠲᠡᠭᠦᠨ ᠤ ᠤᠷᠤᠯᠠᠭᠴᠢ ᠶᠢᠨ ᠡᠭᠦᠷᠭᠡ ᠶᠢ ᠬᠦᠯᠢᠶᠡᠠ ᠠᠪᠤᠭᠰᠠᠨ︔      ︵ᠭᠤᠷᠪᠠ︶ ᠲᠠᠩᠨᠠᠭᠤᠯ ᠤᠨ ᠵᠣᠬᠢᠶᠠᠨ ᠪᠠᠶᠢᠭᠤᠯᠤᠯᠲᠠ ᠬᠢᠭᠡᠳ ᠲᠡᠭᠦᠨ ᠤ ᠣᠷᠣᠯᠠᠭᠴᠢ ᠠᠴᠠ ᠭᠠᠳᠠᠨᠠᠬᠢ ᠬᠢᠯᠢ ᠶᠢᠨ ᠭᠠᠳᠠᠨᠠᠬᠢ ᠪᠤᠰᠤᠳ ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠬᠢᠭᠰᠡᠨ ᠪᠤᠶᠤ ᠪᠤᠰᠤᠳ ᠢ ᠵᠢᠭᠠᠨ ᠲᠤᠬᠢᠵᠤ᠂ ᠵᠣᠭᠤᠰ ᠮᠥᠩᠭᠦ ᠪᠠᠷ ᠲᠤᠰᠠᠯᠠᠵᠤ ᠪᠠᠶᠢᠭᠠᠳ ᠬᠢᠯᠭᠡᠭᠰᠡᠨ᠂ ᠡᠰᠡᠬᠦᠯ᠎ᠡ ᠬᠢᠯᠢ ᠶᠢᠨ ᠳᠣᠲᠣᠷᠠᠬᠢ ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠲᠡᠭᠦᠨ ᠲᠠᠢ ᠰᠥᠯᠪᠡᠭᠡᠯᠳᠦᠨ ᠬᠢᠭᠰᠡᠨ ᠤᠯᠤᠰ ᠤᠨ ᠨᠢᠭᠤᠴᠠ ᠪᠤᠶᠤ ᠨᠢᠭᠤᠴᠠ ᠮᠡᠳᠡᠭᠡ ᠶᠢ ᠬᠤᠯᠠᠭᠠᠶᠢᠯᠠᠬᠤ᠂ ᠲᠠᠩᠨᠠᠬᠤ᠂ ᠬᠤᠳᠠᠯᠳᠤᠨ ᠠᠪᠬᠤ ᠪᠤᠶᠤ ᠬᠠᠤᠯᠢ ᠪᠤᠰᠤ ᠪᠠᠷ ᠬᠠᠩᠭᠠᠭᠰᠠᠨ᠂ ᠡᠰᠡᠬᠦᠯ᠎ᠡ ᠲᠦᠷᠦ ᠶᠢᠨ ᠠᠵᠢᠯᠳᠠᠨ ᠢ ᠥᠳᠥᠭᠡᠵᠦ᠂  ᠤᠷᠤᠭᠤ ᠳᠠᠲᠠᠵᠤ  ᠂ ᠬᠤᠳᠠᠯᠳᠤᠨ ᠠᠪᠴᠤ ᠤᠷᠪᠠᠭᠤᠯᠬᠤ ᠠᠵᠢᠯᠯᠠᠭ᠎ᠠ︔      ︵ᠲᠦᠷᠪᠡ︶ ᠳᠠᠶᠢᠰᠤᠨ ᠳᠤ ᠲᠡᠭᠠᠷᠢᠬᠤ ᠬᠠᠷᠠᠯᠲᠠ ᠶᠢ ᠵᠢᠭᠠᠵᠤ ᠥᠭᠭᠦᠭᠰᠡᠨ︔      ︵ᠲᠠᠪᠤ︶ ᠪᠤᠰᠤᠳ ᠲᠠᠩᠨᠠᠭᠤᠯ ᠤᠨ ᠠᠵᠢᠯᠯᠠᠭ᠎ᠠ ᠬᠢᠭᠰᠡᠨ᠃      ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠶᠢᠨ ᠡᠭᠦᠷᠭᠡ ᠪᠠ ᠡᠷᠬᠡ᠄       ᠪᠠᠶᠢᠭᠤᠯᠭ᠎ᠠ᠂ ᠪᠦᠯᠬᠦᠮ ᠪᠠ ᠪᠤᠰᠤᠳ ᠵᠣᠬᠢᠶᠠᠨ ᠪᠠᠶᠢᠭᠤᠯᠤᠯᠲᠠ ᠲᠤᠰ ᠨᠢᠭᠡᠴᠢ ᠶᠢᠨ ᠢᠶᠠᠨ ᠠᠵᠢᠯᠳᠡᠠ ᠳᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠥᠮᠦᠵᠢᠯ ᠬᠢᠵᠦ᠂ ᠲᠤᠰ ᠨᠢᠭᠡᠴᠢ ᠶᠢᠨ ᠢᠶᠠᠨ ᠠᠵᠢᠯᠳᠡᠠ ᠢ ᠲᠡᠶᠢᠴᠢᠯᠡᠠ ᠵᠣᠬᠢᠶᠠᠨ ᠪᠠᠶᠢᠭᠤᠯᠵᠤ ᠪᠠᠶᠢᠭᠠᠳ ᠲᠡᠩᠨᠡᠭᠤᠯ ᠤᠨ ᠤᠢᠢᠯᠠ ᠠᠵᠢᠯᠯᠠᠭ᠎ᠠ ᠶᠢ ᠰᠡᠷᠭᠡᠶᠢᠯᠡᠵᠦ ᠬᠤᠷᠢᠭᠯᠠᠨ ᠵᠣᠭᠰᠣᠭᠠᠬᠤ ᠬᠡᠷᠡᠭᠲᠡᠶ᠃      ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠲᠠᠩᠨᠠᠭᠤᠯ ᠢ ᠡᠰᠡᠷᠭᠦᠴᠡᠬᠦ ᠠᠵᠢᠯ ᠳᠤ ᠳᠥᠭᠦᠮ ᠦᠵᠡᠭᠦᠯᠬᠦ ᠪᠤᠶᠤ ᠪᠤᠰᠤᠳ ᠲᠤᠰᠠᠯᠠᠮᠵᠢ ᠦᠵᠡᠭᠦᠯᠬᠦ ᠬᠡᠷᠡᠭᠲᠡᠢ᠃      ᠲᠠᠩᠨᠠᠭᠤᠯ ᠤᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ᠃      ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ ᠲᠠᠩᠨᠠᠭᠤᠯ ᠤᠨ ᠦᠢᠯᠡ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠣᠶᠢᠯᠠᠭᠠᠬᠤ᠂ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠴᠤᠭᠯᠠᠭᠤᠯᠬᠤ       ᠦᠶ᠎ᠡ ᠳᠤ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠂ ᠲᠡᠪᠴᠢᠵᠦ ᠪᠣᠯᠬᠤ ᠦᠭᠡᠢ᠃      ᠳᠠᠩᠨᠠᠭᠤᠯ ᠢ ᠡᠰᠡᠷᠭᠦᠴᠡᠬᠦ ᠠᠵᠢᠯ ᠤᠨ ᠲᠤᠬᠠᠶ ᠣᠯᠵᠤ ᠮᠡᠳᠡᠭᠰᠡᠨ ᠤᠯᠤᠰ ᠤᠨ ᠨᠢᠭᠤᠴᠠ ᠶᠢ ᠬᠠᠮᠠᠭᠠᠯᠠᠨ᠎ᠠ᠃      ᠤᠯᠤᠰ ᠤᠨ ᠨᠢᠭᠤᠴᠠ ᠳᠤ ᠲᠣᠭᠠᠴᠠᠭᠳᠠᠬᠤ ᠪᠢᠴᠢᠭ ᠮᠠᠲ᠋ᠧᠷᠢᠶᠠᠯ᠂ ᠮᠠᠲ᠋ᠧᠷᠢᠶᠠᠯ ᠪᠠ ᠪᠤᠰᠤᠳ ᠡᠳ᠋ ᠪᠣᠳᠠᠰ ᠢ ᠬᠠᠤᠯᠢ ᠪᠤᠰᠤ ᠪᠠᠷ ᠪᠡᠶ᠎ᠡ ᠳᠡᠭᠡᠨ ᠠᠪᠴᠤ ᠶᠠᠪᠤᠵᠤ ᠪᠣᠯᠬᠤ ᠦᠭᠡᠢ᠃      ᠲᠠᠩᠨᠠᠭᠤᠯ ᠤᠨ ᠠᠵᠢᠯᠯᠠᠭ᠎ᠠ ᠳᠤ ᠣᠨᠴᠠ ᠬᠡᠷᠡᠭᠴᠡᠭᠡ ᠲᠠᠢ ᠲᠠᠩᠨᠠᠭᠤᠯ ᠤᠨ ᠲᠤᠰᠬᠠᠢ ᠬᠡᠷᠡᠭᠯᠡᠭᠡᠨ ᠤ ᠪᠠᠭᠠᠵᠢ ᠬᠡᠷᠡᠭᠰᠡᠯ ᠢ ᠬᠠᠤᠯᠢ ᠪᠤᠰᠤ ᠪᠠᠷ ᠡᠵᠡᠮᠰᠢᠵᠦ᠂ ᠬᠡᠷᠡᠭᠯᠡᠵᠦ ᠪᠣᠯᠬᠤ ᠦᠭᠡᠢ᠃      ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠡᠷᠬᠡ ᠲᠤᠰᠢᠶᠠᠯ ᠠᠴᠠ ᠪᠠᠨ ᠳᠠᠪᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠪᠠ ᠬᠠᠤᠯᠢ ᠶᠢ ᠵᠥᠷᠢᠴᠡᠭᠰᠡᠨ ᠪᠤᠰᠤᠳ ᠠᠵᠢᠯᠯᠠᠭ᠎ᠠ ᠶᠢ ᠴᠥᠮ ᠳᠡᠭᠡᠳᠦ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠬᠦ᠂ ᠵᠠᠭᠠᠯᠳᠤᠬᠤ ᠡᠷᠬᠡ ᠲᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号