ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ ︵1988 ᠣᠨ ᠳᠤ ᠨᠡᠶᠢᠲᠡᠯᠡᠵᠦ᠂ | 2002 ᠣᠨ ᠳᠤ ᠵᠠᠰᠠᠪᠤᠷᠢ ᠣᠷᠣᠭᠤᠯᠵᠤ᠂ 2009 ᠣᠨ ᠳᠤ ᠵᠠᠰᠠᠪᠤᠷᠢ ᠣᠷᠣᠭᠤᠯᠵᠤ᠂ 2016 ᠣᠨ ᠳᠤ | ᠵᠠᠰᠠᠪᠤᠷᠢ ᠣᠷᠣᠭᠤᠯᠪᠠ︶ | | | ︵1988 ᠣᠨ ᠤ 1 ᠰᠠᠷ᠎ᠠ ᠶᠢᠨ 21 ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ | ᠬᠤᠷᠠᠯᠳᠤᠭᠠᠨ ᠠᠴᠠ ᠪᠠᠲᠤᠯᠠᠪᠠ᠃ 2002 ᠣᠨ ᠤ 8 ᠰᠠᠷ᠎ᠠ ᠶᠢᠨ 29 ᠤ ᠡᠳᠦᠷ ᠶᠢᠰᠦᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ | ᠶᠢᠰᠦᠳᠦᠭᠡᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ᠃ 2009 ᠣᠨ ᠤ 8 ᠰᠠᠷ᠎ᠠ ᠶᠢᠨ 27 ᠤ ᠡᠳᠦᠷ | ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠤ ︽ᠬᠡᠰᠡᠭ ᠬᠠᠤᠯᠢ ᠴᠠᠭᠠᠵᠠ ᠳᠤ ᠵᠠᠰᠠᠪᠤᠷᠢ | ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠠ᠃ 2016 ᠣᠨ ᠤ 7 | ᠰᠠᠷ᠎ᠠ ᠶᠢᠨ 2 ᠤᠨ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠤ ︽︿ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠰᠤᠷᠪᠤᠯᠵᠢ ᠶᠢ ᠠᠷᠪᠢᠯᠠᠬᠤ ᠬᠠᠤᠯᠢ﹀ ᠵᠡᠷᠭᠡ | ᠵᠢᠷᠭᠤᠭᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ | ᠤᠳᠠᠭ᠎ᠠ ᠵᠠᠰᠠᠪᠠ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠵᠤ᠂ ᠠᠷᠪᠢᠯᠠᠵᠤ᠂ | ᠬᠠᠮᠠᠭᠠᠯᠠᠵᠤ᠂ ᠤᠰᠤᠨ ᠤ ᠬᠥᠨᠥᠭᠡᠯ ᠢ ᠰᠡᠷᠭᠡᠶᠢᠯᠡᠨ ᠵᠠᠰᠠᠵᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ | ᠠᠰᠢᠭᠯᠠᠬᠤ ᠶᠢ ᠪᠡᠶᠡᠯᠡᠭᠦᠯᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠳᠡᠭᠡᠷ᠎ᠡ | ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ᠂ ᠬᠠᠮᠢᠶᠠᠷᠬᠤ᠂ ᠤᠰᠤᠨ ᠤ | ᠬᠥᠨᠥᠭᠡᠯ ᠢ ᠰᠡᠷᠭᠡᠶᠢᠯᠡᠨ ᠵᠠᠰᠠᠬᠤ ᠳᠤ ᠲᠤᠰ ᠬᠠᠤᠯᠢ ᠶᠢ ᠬᠡᠷᠡᠭᠯᠡᠨ᠎ᠡ᠃ | ᠲᠤᠰ ᠬᠠᠤᠯᠢ ᠳᠤ ᠬᠡᠯᠡᠵᠦ ᠪᠠᠶᠢᠭ᠎ᠠ ᠤᠰᠤᠨ ᠤ ᠡᠬᠢ ᠪᠠᠶᠠᠯᠢᠭ ᠲᠤ ᠭᠠᠵᠠᠷ ᠳᠡᠭᠡᠷᠡᠬᠢ ᠤᠰᠤ ᠪᠠ ᠭᠠᠵᠠᠷ | ᠳᠣᠣᠷᠠᠬᠢ ᠤᠰᠤ ᠪᠠᠭᠲᠠᠨ᠎ᠠ᠃ | ᠭᠤᠷᠪᠠᠳᠤᠭᠠᠷ ᠵᠦᠢᠯ ᠤᠰᠤᠨ ᠤ ᠡᠬᠢ ᠪᠠᠶᠠᠯᠢᠭ ᠤᠯᠤᠰ ᠲᠤ ᠥᠮᠴᠢᠯᠡᠭᠳᠡᠨ᠎ᠡ᠃ ᠤᠰᠦᠠ ᠤ ᠡᠬᠢ | ᠪᠠᠶᠠᠯᠢᠭ ᠤᠨ ᠥᠮᠴᠢᠯᠡᠬᠦ ᠡᠷᠬᠡ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠢ ᠲᠦᠯᠦᠭᠡᠯᠡᠨ | ᠬᠡᠷᠡᠭᠵᠢᠬᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠨᠠᠭᠤᠷ | ᠴᠥᠭᠦᠷᠥᠮ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠵᠤ | ᠬᠠᠮᠢᠶᠠᠷᠴᠤ ᠪᠠᠶᠢᠭ᠎ᠠ ᠴᠥᠭᠦᠷᠥᠮ ᠤᠨ ᠳᠣᠲᠣᠷᠠᠬᠢ ᠤᠰᠤ ᠶᠢ ᠲᠡᠷᠡ ᠬᠦ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠨᠤᠭᠤᠳ ᠲᠤ ᠬᠡᠷᠡᠭᠯᠡᠭᠦᠯᠦᠨ᠎ᠡ᠃ | ᠳᠥᠷᠪᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ | ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠳᠤ ᠪᠦᠬᠦ ᠲᠠᠯ᠎ᠠ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ | ᠨᠡᠶᠢᠳᠡ ᠳᠤᠨᠢ ᠬᠠᠷᠠᠭᠠᠯᠵᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠵᠤ᠂ | ᠶᠡᠷᠦᠩᠬᠡᠶᠢᠯᠡᠨ ᠠᠰᠢᠭᠯᠠᠵᠤ᠂ ᠦᠷ᠎ᠡ ᠠᠰᠢᠭ ᠢ ᠡᠷᠬᠢᠮᠯᠡᠨ᠂ ᠤᠰᠤᠨ ᠤ ᠡᠬᠢ ᠪᠠᠶᠠᠯᠢᠭ ᠤᠨ ᠤᠯᠠᠨ ᠵᠦᠢᠯ ᠤᠨ | ᠴᠢᠳᠠᠮᠵᠢ ᠶᠢ ᠪᠠᠳᠠᠷᠠᠭᠤᠯᠵᠤ᠂ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠣᠷᠴᠢᠨ ᠲᠣᠭᠤᠷᠢᠨ ᠤ | ᠬᠡᠷᠡᠭᠯᠡᠬᠦ ᠤᠰᠤ ᠶᠢ ᠰᠠᠶᠢᠲᠤᠷ ᠵᠣᠬᠢᠴᠠᠭᠤᠯᠬᠤ ᠬᠡᠷᠡᠭᠲᠡᠶ᠃ | ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ | ᠬᠠᠮᠲᠤ ᠲᠡᠭᠦᠨ ᠢ ᠲᠤᠰ ᠱᠠᠲᠤᠨ ᠤ ᠪᠠᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠦᠯᠦᠪᠯᠡᠭᠡ ᠳᠤ ᠤᠷᠤᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠤᠯᠤᠰ ᠠᠴᠠ ᠨᠢᠭᠡᠴᠢ ᠪᠠ ᠬᠤᠪᠢ ᠬᠥᠮᠦᠨ ᠤ ᠤᠰᠤᠨ ᠤ ᠡᠬᠢ ᠪᠠᠶᠠᠯᠢᠭ ᠢ ᠬᠠᠤᠯᠢ | ᠶᠣᠰᠣᠭᠠᠷ ᠨᠡᠭᠡᠭᠡᠨ ᠠᠰᠢᠭᠯᠠᠬᠤ ᠶᠢ ᠵᠣᠷᠢᠭᠵᠢᠭᠤᠯᠬᠤ ᠶᠢᠨ ᠬᠠᠮᠲᠤ ᠬᠠᠤᠯᠢ ᠶᠣᠰᠣᠨ ᠤ ᠡᠷᠬᠡ ᠠᠰᠢᠭ ᠢ ᠨᠢ | ᠬᠠᠮᠠᠭᠠᠯᠠᠨ᠎ᠠ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠨᠢᠭᠡᠴᠢ ᠪᠠ ᠬᠤᠪᠢ ᠬᠥᠮᠦᠨ ᠤᠰᠤᠨ ᠤ ᠡᠬᠢ | ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠡᠭᠦᠷᠭᠡ ᠲᠠᠢ᠃ | ᠳᠣᠯᠣᠳᠤᠭᠠᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠲᠤ ᠤᠰᠤ ᠠᠪᠬᠤ ᠶᠢ ᠵᠥᠪᠰᠢᠶᠡᠷᠡᠬᠦ ᠲᠦᠷᠢᠮ | ᠪᠠ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠭᠡᠪᠡᠴᠦ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠬᠢᠭᠡᠳ ᠲᠡᠭᠦᠨ ᠤ ᠪᠦᠷᠢᠯᠳᠦᠬᠦᠨ ᠨᠢ ᠲᠤᠰ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠤᠰᠦᠠ ᠴᠥᠭᠦᠷᠥᠮ ᠳᠠᠬᠢ ᠤᠰᠤ ᠶᠢ ᠬᠡᠷᠡᠭᠯᠡᠬᠦ ᠨᠢ | ᠡᠭᠦᠨ ᠳᠤ ᠪᠠᠭᠲᠠᠬᠤ ᠤᠢᠭᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠤᠰᠤ ᠲᠠᠲᠠᠬᠤ ᠵᠥᠪᠰᠢᠶᠡᠷᠡᠯ ᠤᠨ | ᠳᠦᠷᠢᠮ ᠪᠠ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠬᠦᠯᠬᠦ ᠶᠢ ᠬᠠᠷᠢᠭᠤᠴᠠᠨ᠎ᠠ᠃ | ᠨᠠᠢᠮᠠᠳᠤᠭᠠᠷ ᠵᠦᠢᠯ ᠤᠯᠤᠰ ᠠᠴᠠ ᠤᠰᠤ ᠶᠢ ᠠᠷᠪᠢᠯᠠᠨ ᠭᠠᠮᠨᠠᠵᠤ᠂ ᠤᠰᠤ ᠶᠢ ᠠᠷᠪᠢᠯᠠᠨ ᠬᠡᠷᠡᠭᠯᠡᠬᠦ ᠠᠷᠭ᠎ᠠ | ᠬᠡᠮᠵᠢᠶ᠎ᠡ ᠶᠢ ᠶᠡᠬᠡᠪᠡᠷ ᠳᠡᠯᠭᠡᠷᠡᠭᠦᠯᠦᠨ᠂ ᠤᠰᠤ ᠶᠢ ᠠᠷᠪᠢᠯᠠᠨ ᠬᠡᠷᠡᠭᠯᠡᠬᠦ ᠰᠢᠨ᠎ᠡ ᠮᠡᠷᠭᠡᠵᠢᠯ᠂ ᠰᠢᠨ᠎ᠡ ᠤᠷᠠᠯᠠᠯ ᠢ | ᠳᠡᠯᠭᠡᠷᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ᠂ ᠲᠠᠷᠢᠶᠠᠯᠠᠩ ᠪᠠ ᠦᠢᠯᠡᠴᠢᠯᠡᠭᠡᠨ ᠤ | ᠦᠢᠯᠡᠰ ᠢ ᠬᠥᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠶᠢ | ᠠᠷᠪᠢᠯᠠᠵᠤ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠶᠢ ᠠᠷᠪᠢᠯᠠᠵᠤ ᠬᠡᠷᠡᠭᠯᠡᠬᠦ ᠮᠡᠷᠭᠡᠵᠢᠯ ᠢ ᠨᠡᠭᠡᠭᠡᠨ | ᠬᠥᠭᠵᠢᠭᠦᠯᠵᠦ ᠳᠡᠯᠭᠡᠷᠡᠭᠦᠯᠬᠦ ᠰᠢᠰᠲ᠋ᠧᠮ ᠢ ᠪᠠᠶᠢᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠠᠵᠤ ᠦᠢᠯᠡᠰ ᠢ | ᠪᠤᠶᠢᠵᠢᠭᠤᠯᠤᠨ ᠬᠥᠭᠵᠢᠭᠦᠯᠬᠦ ᠬᠡᠷᠡᠭᠲᠡᠶ᠃ | ᠨᠢᠭᠡᠴᠢ ᠪᠠ ᠬᠤᠪᠢ ᠬᠥᠮᠦᠨ ᠤᠰᠤ ᠶᠢ ᠠᠷᠪᠢᠯᠠᠵᠤ ᠬᠡᠷᠡᠭᠯᠡᠬᠦ ᠡᠭᠦᠷᠭᠡ ᠲᠠᠢ᠃ | ᠶᠢᠰᠦᠳᠦᠭᠡᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ᠤᠷᠭᠤᠮᠠᠯ ᠤᠨ ᠪᠦᠷᠬᠦᠴᠡ ᠶᠢ ᠬᠠᠮᠠᠭᠠᠯᠠᠵᠤ᠂ ᠡᠪᠡᠰᠦ ᠮᠣᠳᠣ ᠲᠠᠷᠢᠵᠤ᠂ ᠤᠰᠤᠨ ᠤ ᠡᠬᠢ | ᠰᠤᠷᠪᠤᠯᠵᠢ ᠶᠢ ᠬᠠᠳᠠᠭᠠᠯᠠᠵᠤ᠂ ᠬᠥᠷᠥᠰᠥ ᠰᠢᠷᠣᠶ ᠶᠢᠨ ᠢᠳᠡᠭᠳᠡᠯ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠵᠤ᠂ | ᠠᠮᠢ ᠠᠬᠤᠶ ᠣᠷᠴᠢᠨ ᠲᠤᠭᠤᠷᠢᠨ ᠢ ᠰᠠᠶᠢᠵᠢᠷᠠᠭᠤᠯᠤᠨ᠎ᠠ᠃ | ᠠᠷᠪᠠᠳᠤᠭᠠᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ | ᠬᠠᠮᠠᠭᠠᠯᠠᠬᠤ᠂ ᠬᠠᠮᠢᠶᠠᠷᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠲᠡᠷᠢᠭᠦᠨ ᠤ ᠰᠢᠨᠵᠢᠯᠡᠬᠦ ᠤᠬᠠᠭᠠᠨ | ᠮᠡᠷᠭᠡᠵᠢᠯ ᠢ ᠰᠤᠳᠤᠯᠬᠤ᠂ ᠳᠡᠯᠭᠡᠷᠡᠭᠦᠯᠬᠦ ᠪᠠ ᠬᠡᠷᠡᠭᠯᠡᠬᠦ ᠶᠢ ᠵᠣᠷᠢᠭᠵᠢᠭᠤᠯᠤᠨ ᠲᠡᠮᠵᠢᠨ᠎ᠠ᠃ | ᠠᠷᠪᠠᠨ ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ | ᠬᠠᠮᠠᠭᠠᠯᠠᠬᠤ᠂ ᠬᠠᠮᠢᠶᠠᠷᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠢᠯᠡᠳᠲᠡ | ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ ᠢ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ | ᠱᠠᠩᠨᠠᠨ᠎ᠠ᠃ | ᠠᠷᠪᠠᠨ ᠬᠤᠶᠠᠳᠤᠭᠠᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠲᠤ ᠰᠠᠪᠠ ᠭᠠᠵᠠᠷ ᠤᠨ | ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ ᠣᠷᠣᠨ ᠤ ᠬᠠᠮᠢᠶᠠᠷᠤᠯᠲᠠ ᠶᠢ ᠤᠶᠠᠯᠳᠤᠭᠤᠯᠤᠭᠰᠠᠨ ᠬᠠᠮᠢᠶᠠᠷᠤᠯᠲᠠ ᠶᠢᠨ | ᠪᠠᠶᠢᠭᠤᠯᠤᠯ ᠢ ᠬᠡᠷᠡᠭᠵᠢᠭᠦᠯᠦᠨ᠎ᠡ᠃ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠬᠠᠮᠢᠶᠠᠷᠬᠤ ᠪᠠ | ᠬᠢᠨᠠᠯᠳᠠ ᠲᠠᠯᠪᠢᠬᠤ ᠠᠵᠢᠯ ᠢ ᠬᠠᠷᠢᠭᠤᠴᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ | ᠴᠦᠬᠦᠷᠦᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠰᠠᠪᠠ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠬᠠᠷᠢᠶᠠᠯᠠᠬᠤ ᠬᠡᠪᠴᠢᠶᠡᠨ ᠳᠣᠲᠣᠷ᠎ᠠ ᠪᠠᠨ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠲᠦᠷᠦ ᠶᠢᠨ ᠶᠠᠪᠤᠳᠠᠯ ᠤᠨ | ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠣᠯᠭᠤᠭᠰᠠᠨ ᠤᠰᠤᠨ ᠤ ᠡᠬᠢ ᠪᠠᠶᠠᠯᠢᠭ ᠢ ᠬᠠᠮᠢᠶᠠᠷᠬᠤ ᠪᠠ ᠲᠡᠭᠦᠨ ᠳᠤ ᠬᠢᠨᠠᠯᠲᠠ ᠲᠠᠯᠪᠢᠬᠤ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠰᠤᠨ ᠤ ᠡᠬᠢ ᠪᠠᠶᠠᠯᠢᠭ ᠢ | ᠨᠢᠭᠡᠳᠦᠯᠲᠡᠶ ᠬᠠᠮᠢᠶᠠᠷᠬᠤ ᠪᠠ ᠬᠢᠨᠠᠯᠳᠠ ᠲᠠᠯᠪᠢᠬᠤ ᠠᠵᠢᠯ ᠢ ᠬᠠᠷᠢᠭᠤᠴᠠᠨ᠎ᠠ᠃ | ᠠᠷᠪᠠᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ ᠤᠰᠤᠨ ᠤ ᠡᠬᠢ | ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ | ᠠᠷᠪᠢᠯᠠᠬᠤ ᠪᠠ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | | ᠬᠤᠶᠠᠳᠤᠭᠠᠷ ᠪᠦᠯᠦᠭ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ | | ᠠᠷᠪᠠᠨ ᠳᠥᠷᠪᠡᠳᠦᠭᠡᠷ ᠵᠤᠶᠢᠯ ᠤᠯᠤᠰ ᠠᠴᠠ ᠪᠦᠬᠦ ᠤᠯᠤᠰ ᠤᠨ ᠤᠰᠤᠨ ᠤ ᠡᠬᠢ ᠪᠠᠶᠠᠯᠢᠭ ᠤᠨ | ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ | ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠤᠰᠤᠨ ᠤ | ᠬᠥᠨᠥᠭᠡᠯ ᠢ ᠰᠡᠷᠭᠡᠶᠢᠯᠡᠨ ᠵᠠᠰᠠᠬᠤ ᠳᠤ ᠰᠠᠪᠠ ᠭᠠᠵᠠᠷ᠂ ᠣᠷᠣᠨ ᠪᠦᠰᠡ ᠶᠢᠨ ᠶᠣᠰᠣᠭᠠᠷ ᠨᠢᠭᠡᠳᠦᠯᠲᠡᠶ | ᠲᠥᠯᠥᠪᠵᠢᠭᠦᠯᠭᠡ ᠲᠣᠭᠲᠠᠭᠠᠬᠤ ᠬᠡᠷᠡᠭᠲᠡᠶ᠃ ᠲᠥᠯᠥᠪᠵᠢᠭᠦᠯᠭᠡ ᠶᠢ ᠰᠠᠪᠠ ᠭᠠᠵᠠᠷ ᠤᠨ ᠲᠥᠯᠥᠪᠵᠢᠭᠦᠯᠭᠡ ᠪᠠ | ᠣᠷᠣᠨ ᠪᠦᠰᠡ ᠶᠢᠨ ᠲᠥᠯᠥᠪᠵᠢᠭᠦᠯᠭᠡ ᠭᠡᠵᠦ ᠬᠤᠪᠢᠶᠠᠨ᠎ᠠ᠃ ᠰᠠᠪᠠ ᠭᠠᠵᠠᠷ ᠤᠨ ᠲᠥᠯᠥᠪᠵᠢᠭᠦᠯᠭᠡ ᠳᠤ ᠰᠠᠪᠠ | ᠭᠠᠵᠠᠷ ᠤᠨ ᠶᠡᠷᠦᠩᠬᠡᠶ ᠲᠥᠯᠥᠪᠵᠢᠭᠦᠯᠭᠡ ᠪᠠ ᠰᠠᠪᠠ ᠭᠠᠵᠠᠷ ᠤᠨ ᠲᠤᠰᠬᠠᠶ ᠮᠡᠷᠭᠡᠵᠢᠯ ᠤᠨ ᠲᠥᠯᠥᠪᠵᠢᠭᠦᠯᠭᠡ | ᠪᠠᠭᠲᠠᠨ᠎ᠠ︔ ᠣᠷᠣᠨ ᠪᠦᠰᠡ ᠶᠢᠨ ᠲᠥᠯᠥᠪᠵᠢᠭᠦᠯᠭᠡ ᠳᠤ ᠣᠷᠣᠨ ᠪᠦᠰᠡ ᠶᠢᠨ ᠶᠡᠷᠦᠩᠬᠡᠶ ᠲᠥᠯᠥᠪᠵᠢᠭᠦᠯᠭᠡ ᠪᠠ | ᠣᠷᠣᠨ ᠪᠦᠰᠡ ᠶᠢᠨ ᠲᠤᠰᠬᠠᠶ ᠮᠡᠷᠭᠡᠵᠢᠯ ᠤᠨ ᠲᠥᠯᠥᠪᠵᠢᠭᠦᠯᠭᠡ ᠪᠠᠭᠲᠠᠨ᠎ᠠ᠃ | ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠶᠡᠷᠦᠩᠬᠡᠶᠢᠯᠡᠭᠰᠡᠨ ᠲᠥᠯᠥᠪᠵᠢᠭᠦᠯᠭᠡ ᠭᠡᠳᠡᠭ ᠪᠣᠯ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠵᠤ ᠪᠠᠶᠢᠭ᠎ᠠ ᠣᠳᠣᠬᠢ | ᠪᠠᠶᠢᠳᠠᠯ ᠢ ᠦᠨᠳᠦᠰᠦᠯᠡᠨ ᠨᠠᠶᠢᠷᠠᠭᠤᠯᠤᠨ ᠵᠣᠬᠢᠶᠠᠭᠰᠠᠨ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ | ᠠᠷᠪᠢᠯᠠᠬᠤ᠂ ᠬᠠᠮᠠᠭᠠᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠶᠡᠷᠦᠩᠬᠡᠶ ᠪᠠᠶᠢᠷᠢᠯᠠᠭᠤᠯᠤᠯᠲᠠ ᠶᠢ | ᠵᠢᠭᠠᠵᠤ ᠪᠠᠶᠢᠨ᠎ᠠ᠃ ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠲᠤᠰᠬᠠᠶ ᠲᠥᠯᠥᠪᠵᠢᠭᠦᠯᠭᠡ ᠭᠡᠳᠡᠭ ᠪᠣᠯ ᠦᠶᠡᠷ ᠢ | ᠰᠡᠷᠭᠡᠶᠢᠯᠡᠬᠦ᠂ ᠤᠰᠤᠲᠤᠯ ᠢ ᠵᠠᠰᠠᠬᠤ᠂ ᠤᠰᠤᠯᠠᠬᠤ᠂ ᠤᠰᠤᠨ ᠵᠠᠮ ᠤᠨ ᠲᠡᠭᠡᠭᠡᠪᠦᠷᠢ᠂ ᠤᠰᠤ ᠬᠠᠩᠭᠠᠬᠤ᠂ ᠤᠰᠤᠨ | ᠬᠦᠴᠦ ᠪᠠᠷ ᠴᠠᠬᠢᠯᠭᠠᠨ ᠭᠠᠷᠭᠠᠬᠤ᠂ ᠬᠤᠯᠤᠰᠤ ᠮᠣᠳᠣ ᠤᠷᠤᠰᠬᠠᠨ ᠵᠥᠭᠡᠭᠡᠪᠦᠷᠢᠯᠡᠬᠦ᠂ ᠵᠢᠭᠠᠰᠤᠨ ᠠᠵᠤ ᠠᠬᠤᠶ᠂ | ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ᠂ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ᠂ ᠤᠰᠤ ᠶᠢ ᠠᠷᠪᠢᠯᠠᠵᠤ ᠬᠡᠷᠡᠭᠯᠡᠬᠦ ᠵᠡᠷᠭᠡ ᠲᠥᠯᠥᠪᠵᠢᠭᠦᠯᠭᠡ ᠶᠢ ᠵᠢᠭᠠᠵᠤ ᠪᠠᠶᠢᠨ᠎ᠠ᠃ | ᠠᠷᠪᠠᠨ ᠲᠠᠪᠤᠳᠤᠭᠠᠷ ᠵᠦᠢᠯ ᠰᠠᠪᠠ ᠭᠠᠵᠠᠷ ᠤᠨ ᠬᠡᠪᠴᠢᠶᠡᠨ ᠳᠠᠬᠢ ᠣᠷᠣᠨ ᠪᠦᠰᠡ ᠶᠢᠨ | ᠲᠥᠯᠥᠪᠵᠢᠭᠦᠯᠭᠡ ᠨᠢ ᠰᠠᠪᠠ ᠭᠠᠵᠠᠷ ᠤᠨ ᠲᠥᠯᠥᠪᠵᠢᠭᠦᠯᠭᠡ ᠶᠢ ᠳᠠᠭᠠᠬᠤ ᠬᠡᠷᠡᠭᠲᠡᠶ᠂ ᠲᠤᠰᠬᠠᠶ ᠠᠵᠢᠯ ᠤᠨ | ᠲᠥᠯᠥᠪᠵᠢᠭᠦᠯᠭᠡ ᠨᠢ ᠶᠡᠷᠦᠩᠬᠡᠶ ᠲᠥᠯᠥᠪᠵᠢᠭᠦᠯᠭᠡ ᠶᠢ ᠳᠠᠭᠠᠬᠤ ᠬᠡᠷᠡᠭᠲᠡᠶ᠃ | ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ ᠪᠠ ᠣᠷᠣᠨ ᠪᠦᠰᠡ ᠶᠢᠨ ᠶᠡᠷᠦᠩᠬᠡᠶ ᠲᠥᠯᠥᠪᠵᠢᠭᠦᠯᠭᠡ ᠵᠢᠴᠢ | ᠭᠠᠵᠠᠷ ᠰᠢᠷᠣᠶ ᠶᠢᠨ ᠠᠰᠢᠭᠯᠠᠯᠲᠠ ᠲᠠᠢ ᠨᠢᠭᠲᠠ ᠬᠠᠷᠢᠴᠠᠭ᠎ᠠ ᠲᠠᠢ ᠲᠤᠰᠬᠠᠶ ᠮᠡᠷᠭᠡᠵᠢᠯ ᠤᠨ ᠲᠥᠯᠥᠪᠵᠢᠭᠦᠯᠭᠡ ᠨᠢ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠭᠠᠵᠠᠷ ᠰᠢᠷᠣᠶ ᠶᠢᠨ | ᠠᠰᠢᠭᠯᠠᠯᠲᠠ ᠶᠢᠨ ᠶᠡᠷᠦᠩᠬᠡᠶ ᠲᠥᠯᠥᠪᠵᠢᠭᠦᠯᠭᠡ᠂ ᠬᠤᠳᠠ ᠶᠢᠨ ᠶᠡᠷᠦᠩᠬᠡᠶ ᠲᠥᠯᠥᠪᠵᠢᠭᠦᠯᠭᠡ ᠪᠠ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠲᠠᠢ ᠵᠣᠬᠢᠴᠠᠯᠳᠤᠵᠤ᠂ ᠡᠯ᠎ᠡ ᠭᠠᠵᠠᠷ ᠣᠷᠣᠨ᠂ ᠡᠯ᠎ᠡ ᠠᠵᠢᠯ | ᠲᠦᠷᠦᠯ ᠤᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠲᠦᠯᠦᠪᠵᠢᠬᠦᠯᠭᠡ ᠲᠣᠭᠲᠠᠭᠠᠬᠤ ᠳᠠᠭᠠᠨ ᠡᠷᠬᠡᠪᠰᠢ ᠤᠰᠤᠨ ᠤ ᠡᠬᠢ | ᠪᠠᠶᠠᠯᠢᠭ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠪᠠᠶᠢᠴᠠᠭᠠᠯᠲᠠ ᠪᠠ ᠪᠠᠶᠢᠴᠠᠭᠠᠯᠲᠠ ᠦᠨᠡᠯᠡᠯᠲᠡ ᠬᠢᠬᠦ | ᠬᠡᠷᠡᠭᠲᠡᠶ᠃ ᠤᠰᠤᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠪᠠᠶᠢᠴᠠᠭᠠᠯᠲᠠ ᠪᠠ | ᠪᠠᠶᠢᠴᠠᠭᠠᠯᠲᠠ ᠦᠨᠡᠯᠡᠯᠲᠡ ᠶᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠤᠯᠪᠣᠭᠳᠠᠯ | ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠰᠤᠨ ᠵᠦᠢ᠂ ᠤᠰᠤᠨ ᠤ ᠡᠬᠢ | ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠤᠭᠤᠳ ᠤᠰᠤᠨ ᠤ ᠡᠬᠢ ᠪᠠᠶᠠᠯᠢᠭ ᠤᠨ ᠬᠦᠳᠡᠯᠦᠩᠬᠦᠢ ᠬᠢᠨᠠᠨ ᠬᠡᠮᠵᠢᠯᠳᠡ ᠶᠢ ᠴᠢᠩᠭᠠᠳᠬᠠᠬᠤ | ᠬᠡᠷᠡᠭᠲᠡᠢ᠃ | ᠦᠨᠳᠦᠰᠦᠨ ᠤᠰᠤᠨ ᠵᠦᠢ ᠶᠢᠨ ᠮᠠᠲ᠋ᠧᠷᠢᠶᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠢᠯᠡ ᠪᠣᠯᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ | ᠴᠦᠬᠦᠷᠦᠮ ᠤᠨ ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ | ᠨᠠᠶᠢᠷᠠᠭᠤᠯᠤᠨ ᠵᠣᠬᠢᠶᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠪᠤᠰᠤᠳ ᠭᠤᠣᠯ ᠮᠥᠷᠡᠨ᠂ ᠨᠠᠭᠤᠷ | ᠴᠦᠬᠦᠷᠦᠮ ᠤᠨ ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ ᠪᠠ ᠣᠷᠣᠨ ᠪᠦᠰᠡ ᠶᠢᠨ ᠶᠡᠷᠦᠩᠬᠡᠶ | ᠲᠥᠯᠥᠪᠵᠢᠭᠦᠯᠭᠡ ᠶᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ | ᠮᠥᠷᠡᠨ᠂ ᠨᠠᠭᠤᠷ ᠴᠦᠬᠦᠷᠦᠮ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠶᠢᠷᠠᠭᠤᠯᠤᠨ | ᠵᠣᠬᠢᠶᠠᠵᠤ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠪᠠᠶᠢᠴᠠᠭᠠᠯᠭᠠᠵᠤ ᠰᠠᠨᠠᠯ ᠳᠤᠷᠠᠳᠤᠭᠤᠯᠤᠭᠰᠠᠨ ᠤ ᠳᠠᠷᠠᠭ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠤᠭᠤᠯᠤᠨ᠎ᠠ︔ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠪᠤᠶᠤ ᠲᠡᠬᠦᠨ ᠤ ᠡᠷᠬᠡ ᠤᠯᠭᠤᠭᠰᠠᠨ ᠰᠠᠯᠠᠭ᠎ᠠ ᠮᠦᠴᠢᠷ ᠲᠤ ᠮᠡᠳᠡᠬᠦᠯᠵᠦ | ᠵᠦᠪᠰᠢᠶᠡᠷᠡᠬᠦᠯᠦᠨ᠎ᠡ᠃ | ᠡᠮᠦᠨᠡᠬᠢ ᠪᠠᠳᠠᠭ ᠲᠤ ᠲᠣᠭᠲᠠᠭᠠᠭᠰᠠᠨ ᠠᠴᠠ ᠭᠠᠳᠠᠨᠠᠬᠢ ᠪᠤᠰᠤᠳ ᠭᠤᠣᠯ ᠮᠥᠷᠡᠨ᠂ ᠨᠠᠭᠤᠷ ᠴᠦᠬᠦᠷᠦᠮ ᠤᠨ | ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ ᠪᠠ ᠣᠷᠣᠨ ᠪᠦᠰᠡ ᠶᠢᠨ ᠶᠡᠷᠦᠩᠬᠡᠶ ᠲᠥᠯᠥᠪᠵᠢᠭᠦᠯᠭᠡ ᠶᠢ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ | ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ | ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ | ᠳᠠᠩᠰᠠᠯᠠᠭᠤᠯᠤᠨ᠎ᠠ᠃ | ᠲᠤᠰᠬᠠᠶ ᠮᠡᠷᠭᠡᠵᠢᠯ ᠤᠨ ᠲᠥᠯᠥᠪᠵᠢᠭᠦᠯᠭᠡ ᠶᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠲᠡᠷᠠᠭ᠎ᠠ᠂ ᠲᠤᠰ ᠱᠠᠲᠤᠨ ᠤ ᠠᠷᠠᠳ ᠤᠨ | ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃ ᠡᠭᠦᠨ ᠳᠤ ᠦᠶᠡᠷ ᠢ ᠰᠡᠷᠭᠡᠶᠢᠯᠡᠬᠦ ᠲᠥᠯᠥᠪᠵᠢᠭᠦᠯᠭᠡ᠂ | ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠵᠥᠪᠰᠢᠶᠡᠷᠡᠬᠦ ᠳᠡᠭᠡᠨ | ᠦᠶᠡᠷ ᠢ ᠰᠡᠷᠭᠡᠶᠢᠯᠡᠬᠦ ᠬᠠᠤᠯᠢ᠂ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠲᠦᠯᠦᠪᠵᠢᠬᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ ᠡᠷᠬᠡᠪᠰᠢ ᠴᠢᠩᠭ᠎ᠠ | ᠬᠡᠷᠡᠭᠵᠢᠭᠦᠯᠬᠦ ᠬᠡᠷᠡᠭᠲᠡᠶ᠃ | ᠵᠥᠪᠰᠢᠶᠡᠷᠡᠭᠦᠯᠦᠭᠰᠡᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠᠲᠠᠶ ᠦᠶ᠎ᠡ ᠳᠤ ᠡᠷᠬᠡᠪᠰᠢ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠷᠤᠮ ᠤᠨ ᠶᠣᠰᠣᠭᠠᠷ ᠤᠤᠯ ᠤᠨ ᠵᠥᠪᠰᠢᠶᠡᠷᠡᠭᠰᠡᠨ | ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠤᠰᠤᠨ ᠤ ᠪᠠᠷᠢᠯᠭ᠎ᠠ ᠶᠢ ᠪᠦᠳᠦᠭᠡᠨ ᠪᠠᠶᠢᠭᠤᠯᠬᠤ ᠳᠤ ᠡᠷᠬᠡᠪᠰᠢ ᠰᠠᠪᠠ | ᠭᠠᠵᠠᠷ ᠤᠨ ᠶᠡᠷᠦᠩᠬᠡᠶ ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃ ᠤᠯᠤᠰ ᠠᠴᠠ ᠲᠣᠭᠲᠠᠭᠠᠭᠰᠠᠨ ᠴᠢᠬᠤᠯᠠ | ᠭᠤᠣᠯ ᠮᠥᠷᠡᠨ᠂ ᠨᠠᠭᠤᠷ ᠴᠦᠬᠦᠷᠦᠮ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ | ᠠᠯᠤᠰᠯᠠᠭᠰᠠᠨ ᠭᠤᠣᠯ ᠮᠥᠷᠡᠨ᠂ ᠨᠠᠭᠤᠷ ᠴᠦᠬᠦᠷᠦᠮ ᠳᠤ ᠤᠰᠤᠨ ᠤ ᠪᠠᠷᠢᠯᠭ᠎ᠠ ᠪᠠᠶᠢᠭᠤᠯᠬᠤ ᠳᠠᠭᠠᠨ ᠬᠤᠯᠪᠣᠭᠳᠠᠯ | ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠠᠷ ᠤᠨ ᠦᠰᠦᠭ ᠵᠢᠷᠤᠭᠰᠠᠨ ᠰᠠᠪᠠ | ᠭᠠᠵᠠᠷ ᠤᠨ ᠶᠡᠷᠦᠩᠬᠡᠶ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠪᠢᠴᠢᠭ ᠢ ᠣᠯᠤᠭᠰᠠᠨ ᠦᠭᠡᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ | ᠡᠬᠢᠯᠡᠭᠦᠯᠵᠦ ᠪᠦᠳᠦᠭᠡᠨ ᠪᠠᠶᠢᠭᠤᠯᠵᠤ ᠪᠣᠯᠬᠤ ᠦᠭᠡᠢ︔ ᠪᠤᠰᠤᠳ ᠭᠤᠣᠯ ᠮᠥᠷᠡᠨ᠂ ᠨᠠᠭᠤᠷ ᠴᠦᠬᠦᠷᠦᠮ ᠳᠡᠭᠡᠷ᠎ᠡ | ᠤᠰᠤᠨ ᠤ ᠪᠠᠷᠢᠯᠭ᠎ᠠ ᠪᠠᠶᠢᠭᠤᠯᠬᠤ ᠳᠠᠭᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠷ ᠤᠨ ᠦᠰᠦᠭ ᠵᠢᠷᠤᠭᠰᠠᠨ ᠰᠠᠪᠠ ᠭᠠᠵᠠᠷ ᠤᠨ | ᠶᠡᠷᠦᠩᠬᠡᠶ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠲᠥᠯᠥᠪᠵᠢᠭᠦᠯᠭᠡ ᠶᠢᠨ ᠵᠥᠪᠰᠢᠶᠡᠷᠡᠯ ᠤᠨ | ᠪᠢᠴᠢᠭ ᠢ ᠣᠯᠤᠭᠰᠠᠨ ᠦᠭᠡᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠡᠬᠢᠯᠡᠭᠦᠯᠵᠦ ᠪᠦᠳᠦᠭᠡᠨ | ᠪᠠᠶᠢᠭᠤᠯᠵᠤ ᠪᠣᠯᠬᠤ ᠦᠭᠡᠢ᠃ ᠤᠰᠤᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠨᠢ ᠦᠶᠡᠷ ᠢ ᠰᠡᠷᠭᠡᠶᠢᠯᠡᠬᠦ ᠳᠤ | ᠬᠤᠯᠪᠣᠭᠳᠠᠪᠠᠯ᠂ ᠦᠶᠡᠷ ᠢ ᠰᠡᠷᠭᠡᠶᠢᠯᠡᠬᠦ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ︔ ᠪᠤᠰᠤᠳ ᠭᠠᠵᠠᠷ ᠣᠷᠣᠨ ᠪᠠ ᠠᠵᠢᠯ ᠲᠦᠷᠦᠯ ᠳᠤ ᠬᠤᠯᠪᠣᠭᠳᠠᠪᠠᠯ᠂ ᠪᠦᠳᠦᠭᠡᠠ ᠪᠠᠶᠢᠭᠤᠯᠬᠤ | ᠨᠢᠭᠡᠴᠢ ᠨᠢ ᠤᠷᠢᠳᠠᠪᠠᠷ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ | ᠬᠡᠷᠡᠭᠲᠡᠶ᠃ | | ᠭᠤᠷᠪᠠᠳᠤᠭᠠᠷ ᠪᠦᠯᠦᠭ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ | | ᠬᠤᠷᠢᠳᠤᠭᠠᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠭᠠᠨ ᠠᠰᠢᠭ ᠢ ᠨᠢ ᠬᠥᠭᠵᠢᠭᠦᠯᠬᠦ | ᠪᠠ ᠬᠤᠣᠷ ᠢ ᠨᠢ ᠠᠷᠢᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠡᠭᠡᠳᠦ ᠳᠤᠤᠷᠠᠳᠤ ᠤᠷᠤᠰᠬᠠᠯ᠂ ᠵᠡᠭᠦᠨ | ᠪᠠᠷᠠᠭᠤᠨ ᠡᠷᠭᠢ ᠪᠣᠯᠤᠨ ᠬᠤᠯᠪᠣᠭᠳᠠᠯ ᠪᠦᠬᠦᠢ ᠭᠠᠵᠠᠷ ᠣᠷᠣᠨ ᠤ ᠬᠤᠭᠤᠷᠣᠨᠳᠣᠬᠢ ᠠᠰᠢᠭ ᠲᠤᠰᠠ ᠶᠢ ᠬᠠᠮᠲᠤ ᠳᠤᠨᠢ | ᠬᠠᠷᠠᠭᠠᠯᠵᠠᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠶ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠬᠠᠮᠲᠤ | ᠦᠶᠡᠷ ᠢ ᠰᠡᠷᠭᠡᠶᠢᠯᠡᠬᠦ ᠶᠡᠷᠦᠩᠬᠡᠶ ᠳᠤᠬᠢᠷᠠᠭᠤᠯᠤᠯᠳᠠ ᠶᠢ ᠳᠠᠭᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠭᠠᠨ ᠡ᠊ᠩ ᠲᠡᠷᠢᠭᠦᠨ ᠳᠤ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠬᠠᠩᠭᠠᠬᠤ ᠶᠢᠨ ᠬᠠᠮᠲᠤ | ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠶ ᠤᠷᠴᠢᠨ ᠲᠤᠭᠤᠷᠢᠨ ᠤ ᠬᠡᠷᠡᠭᠯᠡᠬᠦ ᠤᠰᠤ ᠵᠢᠴᠢ ᠤᠰᠤᠨ ᠵᠠᠮ ᠤᠨ | ᠲᠡᠭᠡᠭᠡᠪᠦᠷᠢ ᠵᠡᠷᠭᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ᠃ | ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠭᠠᠵᠠᠷ ᠣᠷᠣᠨ ᠳᠤ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠳᠠᠭᠠᠨ ᠠᠮᠢ ᠠᠬᠤᠶ ᠤᠷᠴᠢᠨ ᠲᠤᠭᠤᠷᠢᠨ ᠤ ᠤᠰᠤ ᠬᠡᠷᠡᠭᠯᠡᠬᠦ ᠬᠡᠷᠡᠭᠴᠡᠭᠡ ᠶᠢ ᠭᠦᠢᠴᠡᠳ ᠪᠣᠳᠣᠯᠬᠢᠯᠠᠬᠤ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠰᠠᠪᠠ ᠭᠠᠵᠠᠷ ᠠᠯᠤᠰᠯᠠᠨ ᠤᠰᠤ ᠲᠠᠲᠠᠬᠤ ᠳᠠᠭᠠᠨ ᠪᠦᠬᠦ ᠲᠠᠯ᠎ᠠ ᠪᠠᠷ | ᠲᠥᠯᠥᠪᠵᠢᠭᠦᠯᠬᠦ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠲᠠᠲᠠᠵᠤ ᠭᠠᠷᠭᠠᠬᠤ ᠪᠠ ᠲᠠᠲᠠᠵᠤ ᠣᠷᠣᠭᠤᠯᠬᠤ | ᠰᠠᠪᠠ ᠭᠠᠵᠠᠷ ᠤᠨ ᠤᠰᠤ ᠬᠡᠷᠡᠭᠯᠡᠬᠦ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠠᠮᠢ | ᠠᠬᠤᠶ ᠤᠷᠴᠢᠨ ᠲᠤᠭᠤᠷᠢᠨ ᠢ ᠡᠪᠳᠡᠬᠦ ᠠᠴᠠ ᠰᠡᠷᠭᠡᠶᠢᠯᠡᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠲᠤᠰ ᠭᠠᠵᠠᠷ ᠣᠷᠣᠨ ᠤ ᠪᠠᠨ ᠤᠰᠤᠨ ᠤ ᠡᠬᠢ ᠪᠠᠶᠠᠯᠢᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠭᠠᠵᠠᠷ ᠳᠡᠭᠡᠷᠡᠬᠢ ᠤᠰᠤ ᠪᠣᠯᠤᠨ ᠭᠠᠵᠠᠷ ᠳᠣᠣᠷᠠᠬᠢ ᠤᠰᠤ ᠶᠢ ᠨᠢᠭᠡᠳᠦᠯᠲᠡᠶ ᠲᠣᠬᠢᠷᠠᠭᠤᠯᠤᠨ | ᠨᠡᠭᠡᠭᠡᠨ ᠠᠰᠢᠭᠯᠠᠬᠤ᠂ ᠡᠬᠢ ᠰᠤᠷᠪᠤᠯᠵᠢ ᠶᠢ ᠨᠡᠭᠡᠭᠡᠬᠦ ᠪᠠ ᠠᠷᠪᠢᠯᠠᠨ ᠭᠠᠮᠨᠠᠬᠤ ᠶᠢ ᠤᠶᠠᠯᠳᠤᠭᠤᠯᠬᠤ᠂ ᠠᠷᠪᠢᠯᠠᠨ | ᠭᠠᠮᠨᠠᠬᠤ ᠶᠢ ᠲᠡᠷᠢᠭᠦᠨ ᠳᠤ ᠲᠠᠯᠪᠢᠬᠤ ᠪᠠ ᠪᠣᠬᠢᠷ ᠤᠰᠤ ᠶᠢ ᠰᠢᠢᠳᠪᠤᠷᠢᠯᠡᠵᠦ ᠲᠠᠬᠢᠨ ᠠᠰᠢᠭᠯᠠᠬᠤ ᠵᠠᠷᠴᠢᠮ ᠶᠣᠰᠣᠭᠠᠷ | ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠪᠠᠷ ᠵᠣᠬᠢᠶᠠᠨ ᠪᠠᠶᠢᠭᠤᠯᠤᠨ ᠨᠡᠭᠡᠭᠡᠨ ᠠᠰᠢᠭᠯᠠᠵᠤ᠂ ᠶᠡᠷᠦᠩᠬᠡᠶᠢᠯᠡᠨ | ᠠᠰᠢᠭᠯᠠᠬᠤ ᠬᠡᠷᠡᠭᠲᠡᠶ᠃ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠬᠤᠳᠠ ᠶᠢᠨ | ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ | ᠵᠦᠢᠯᠡᠰ ᠢ ᠪᠠᠶᠢᠷᠢᠯᠠᠭᠤᠯᠬᠤ ᠳᠠᠭᠠᠨ ᠲᠤᠬᠠᠶ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠨᠥᠬᠦᠴᠡᠯ ᠪᠠ | ᠦᠶᠡᠷ ᠢ ᠰᠡᠷᠭᠡᠶᠢᠯᠡᠬᠦ ᠱᠠᠭᠠᠷᠳᠠᠯᠭ᠎ᠠ ᠲᠠᠢ ᠵᠣᠬᠢᠴᠠᠭᠤᠯᠬᠤ ᠬᠡᠷᠡᠭᠲᠡᠶ ᠪᠥᠭᠡᠳ ᠰᠢᠨᠵᠢᠯᠡᠬᠦ ᠤᠬᠠᠭᠠᠨᠴᠢ ᠨᠤᠲᠠᠯᠠᠯᠲᠠ | ᠬᠢᠬᠦ ᠬᠡᠷᠡᠭᠲᠡᠶ︔ ᠤᠰᠦᠠ ᠤ ᠡᠬᠢ ᠪᠠᠶᠠᠯᠢᠭ ᠬᠦᠷᠦᠯᠴᠡᠬᠦ ᠤᠢᠭᠡᠢ ᠭᠠᠵᠠᠷ ᠣᠷᠣᠨ ᠳᠤ ᠬᠤᠳᠠ ᠶᠢᠨ ᠬᠡᠪᠴᠢᠶ᠎ᠡ ᠪᠠ | ᠤᠰᠦᠠ ᠤ ᠬᠤᠷᠣᠭᠳᠠᠯ ᠢᠶᠠᠷ ᠶᠡᠭᠡ ᠠᠵᠤ ᠦᠢᠯᠡᠳᠪᠦᠷᠢ᠂ ᠲᠠᠷᠢᠶᠠᠯᠠᠩ ᠪᠠ ᠦᠢᠯᠡᠴᠢᠯᠡᠭᠡᠨ ᠤ ᠦᠢᠯᠡᠰ ᠤᠨ | ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠬᠢᠵᠠᠭᠠᠷᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠳᠤ | ᠤᠯᠤᠰ ᠠᠴᠠ ᠪᠣᠷᠣᠭᠠᠨ ᠤ ᠤᠰᠤ ᠪᠠ ᠱᠣᠷᠪᠣᠭ ᠤᠰᠤ ᠶᠢ ᠴᠤᠭᠯᠠᠭᠤᠯᠬᠤ᠂ ᠨᠡᠭᠡᠭᠡᠨ ᠠᠰᠢᠭᠯᠠᠬᠤ᠂ ᠠᠰᠢᠭᠯᠠᠬᠤ ᠪᠠ | ᠳᠠᠯᠠᠢ ᠶᠢᠨ ᠤᠰᠤ ᠶᠢ ᠠᠰᠢᠭᠯᠠᠬᠤ᠂ ᠴᠡᠩᠭᠡᠭᠵᠢᠭᠦᠯᠬᠦ ᠶᠢ ᠵᠣᠷᠢᠭᠵᠢᠭᠤᠯᠤᠨ᠎ᠠ᠃ | ᠬᠤᠷᠢᠨ ᠲᠠᠪᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠤᠰᠤᠯᠠᠬᠤ᠂ ᠤᠰᠤᠲᠤᠯ ᠢ ᠵᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ | ᠬᠡᠷᠡᠭᠲᠡᠶ︔ ᠬᠤᠵᠢᠷᠰᠢᠬᠤ ᠪᠠ ᠤᠰᠤᠲᠤᠬᠤ ᠭᠠᠮᠰᠢᠭ ᠠᠮᠠᠷᠬᠠᠨ ᠡᠭᠦᠰᠳᠡᠭ ᠭᠠᠵᠠᠷ ᠣᠷᠣᠨ ᠳᠤ ᠠᠷᠭ᠎ᠠ ᠬᠡᠮᠵᠢᠶ᠎ᠡ | ᠠᠪᠴᠤ ᠪᠠᠶᠢᠭᠠᠳ ᠭᠠᠵᠠᠷ ᠳᠣᠣᠷᠠᠬᠢ ᠤᠰᠤᠨ ᠤ ᠲᠦᠪᠰᠢᠨ ᠢ ᠬᠢᠵᠠᠭᠠᠷᠯᠠᠬᠤ ᠪᠠ ᠳᠣᠷᠣᠭᠰᠢᠯᠠᠭᠤᠯᠬᠤ ᠬᠡᠷᠡᠭᠲᠡᠶ᠃ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠲᠡᠭᠦᠨ ᠤ | ᠪᠦᠷᠢᠯᠳᠦᠬᠦᠨ ᠨᠢ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠥᠮᠴᠢᠯᠡᠵᠦ ᠪᠠᠶᠢᠭ᠎ᠠ | ᠬᠠᠮᠲᠤ ᠶᠢᠨ ᠭᠠᠵᠠᠷ ᠰᠢᠷᠣᠶ ᠪᠤᠶᠤ ᠳᠠᠭᠠᠭᠠᠴᠢᠯᠠᠭᠰᠠᠨ ᠭᠠᠵᠠᠷ ᠰᠢᠷᠣᠶ ᠳᠡᠭᠡᠷ᠎ᠡ ᠬᠠᠤᠯᠢ ᠶᠣᠰᠣᠭᠠᠷ ᠪᠡᠯᠠ | ᠣᠷᠣᠭᠤᠯᠵᠤ ᠤᠰᠦᠠ ᠤ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠤᠭᠰᠠᠨ ᠪᠠᠶᠢᠪᠠᠯ᠂ ᠬᠡᠨ ᠪᠡᠯᠠ ᠣᠷᠣᠭᠤᠯᠵᠤ | ᠪᠦᠳᠦᠭᠡᠠ ᠪᠠᠶᠢᠭᠤᠯᠪᠠᠯ ᠬᠡᠨ ᠬᠠᠮᠢᠶᠠᠷᠬᠤ ᠪᠠ ᠲᠡᠭᠦᠨ ᠠᠴᠠ ᠠᠰᠢᠭ ᠬᠦᠷᠳᠡᠬᠦ ᠵᠠᠷᠴᠢᠮ ᠶᠣᠰᠣᠭᠠᠷ ᠤᠰᠦᠠ ᠤ | ᠪᠠᠷᠢᠯᠭ᠎ᠠ ᠶᠢᠨ ᠲᠥᠬᠦᠭᠡᠷᠦᠮᠵᠢ ᠵᠢᠴᠢ ᠲᠡᠭᠦᠨ ᠤ ᠤᠰᠤ ᠬᠠᠳᠠᠭᠠᠯᠠᠬᠤ ᠶᠠᠪᠤᠳᠠᠯ ᠢ ᠬᠠᠮᠢᠶᠠᠷᠴᠤ ᠵᠦᠢ ᠵᠣᠬᠢᠰᠲᠠᠶ ᠪᠠᠷ | ᠬᠡᠷᠡᠭᠯᠡᠨ᠎ᠡ᠃ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠤᠰᠦᠠ ᠴᠥᠭᠦᠷᠥᠮ | ᠪᠠᠶᠢᠭᠤᠯᠬᠤ ᠳᠠᠭᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠤᠰᠦᠠ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ | ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠤᠯᠤᠰ ᠠᠴᠠ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠵᠣᠷᠢᠭᠵᠢᠭᠤᠯᠤᠨ᠎ᠠ᠃ ᠤᠰᠤᠨ ᠤ ᠡᠨᠧᠷᠭᠢ ᠪᠠᠷ ᠡᠯᠪᠡᠭ ᠪᠠᠶᠢᠳᠠᠭ ᠭᠤᠣᠯ ᠮᠥᠷᠡᠨ ᠳᠤ ᠤᠯᠠᠨ | ᠬᠠᠷᠠᠯᠲᠠᠲᠤ ᠱᠠᠲᠤᠯᠢᠭ ᠨᠡᠭᠡᠭᠡᠨ ᠠᠰᠢᠭᠯᠠᠯᠲᠠ ᠶᠢ ᠲᠥᠯᠥᠪᠯᠡᠭᠡ ᠲᠠᠢ ᠪᠠᠷ ᠬᠢᠬᠦ ᠬᠡᠷᠡᠭᠲᠡᠶ᠃ | ᠤᠰᠦᠠ ᠬᠦᠴᠦᠨ ᠤ ᠴᠠᠬᠢᠯᠭᠠᠨ ᠤᠢᠷᠳᠡᠭᠡ ᠪᠠᠶᠢᠭᠤᠯᠬᠤ ᠳᠠᠭᠠᠨ ᠠᠮᠢ ᠠᠬᠤᠶ ᠣᠷᠴᠢᠨ ᠲᠣᠭᠤᠷᠢᠨ ᠢ | ᠬᠠᠮᠠᠭᠠᠯᠠᠵᠤ᠂ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠤᠰᠤᠯᠠᠬᠤ᠂ ᠤᠰᠦᠠ ᠵᠡᠮ ᠤᠨ ᠲᠡᠭᠡᠭᠡᠪᠦᠷᠢ᠂ | ᠬᠤᠯᠤᠰᠤ ᠮᠣᠳᠣ ᠤᠷᠤᠰᠬᠠᠨ ᠵᠦᠭᠡᠭᠡᠪᠦᠷᠢᠯᠡᠬᠦ ᠪᠠ ᠵᠢᠭᠠᠰᠤᠨ ᠠᠵᠤ ᠠᠬᠤᠶ ᠵᠡᠷᠭᠡ ᠲᠠᠯ᠎ᠠ ᠶᠢᠨ ᠬᠡᠷᠡᠭᠴᠡᠭᠡ ᠶᠢ | ᠬᠠᠮᠲᠤ ᠳᠤᠨᠢ ᠬᠠᠷᠠᠭᠠᠯᠵᠠᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠤᠯᠤᠰ ᠠᠴᠠ ᠤᠰᠦᠠ ᠲᠡᠭᠡᠭᠡᠪᠦᠷᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠵᠣᠷᠢᠭᠵᠢᠭᠤᠯᠤᠨ᠎ᠠ᠃ ᠤᠰᠤᠨ ᠤ ᠠᠮᠢᠳᠤ ᠪᠣᠳᠠᠰ ᠤᠨ ᠨᠡᠭᠦᠳᠡᠯᠯᠡᠬᠦ ᠵᠠᠮ᠂ ᠠᠶᠠᠯᠠᠯ ᠨᠡᠪᠲᠡᠷᠡᠬᠦ ᠪᠤᠶᠤ | ᠬᠤᠯᠤᠰᠤ ᠮᠣᠳᠣ ᠤᠷᠤᠰᠬᠠᠨ ᠵᠦᠭᠡᠭᠡᠪᠦᠷᠢᠯᠡᠵᠦ ᠪᠠᠶᠢᠭ᠎ᠠ ᠭᠤᠣᠯ ᠮᠥᠷᠡᠨ ᠳᠡᠭᠡᠷ᠎ᠡ ᠥᠨᠢᠳᠡ ᠶᠢᠨ ᠴᠢᠨᠠᠷᠲᠠᠶ | ᠬᠠᠰᠢᠯᠭ᠎ᠠ ᠳᠠᠯᠠᠩ ᠪᠠᠶᠢᠭᠤᠯᠵᠤ᠂ ᠪᠦᠳᠦᠭᠡᠠ ᠪᠠᠶᠢᠭᠤᠯᠬᠤ ᠨᠢᠭᠡᠴᠢ ᠨᠢ ᠵᠢᠭᠠᠰᠤ ᠦᠩᠭᠡᠷᠡᠬᠦᠯᠬᠦ᠂ ᠣᠩᠭᠤᠴᠠ | ᠦᠩᠭᠡᠷᠡᠬᠦᠯᠬᠦ᠂ ᠮᠣᠳᠣ ᠦᠩᠭᠡᠷᠡᠬᠦᠯᠬᠦ ᠲᠥᠬᠦᠭᠡᠷᠦᠮᠵᠢ ᠶᠢ ᠬᠠᠮᠲᠤ ᠳᠤᠨᠢ ᠪᠠᠶᠢᠭᠤᠯᠬᠤ ᠪᠤᠶᠤ ᠲᠦᠷᠦ ᠶᠢᠨ | ᠶᠠᠪᠤᠳᠠᠯ ᠤᠨ ᠬᠤᠷᠢᠶᠠᠨ ᠠᠴᠠ ᠡᠷᠬᠡ ᠣᠯᠭᠤᠭᠰᠠᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠤᠰᠤᠳ | ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠷᠢᠯᠭ᠎ᠠ ᠪᠠᠷᠢᠬᠤ ᠪᠠ ᠤᠰᠤ ᠬᠠᠳᠠᠭᠠᠯᠠᠬᠤ | ᠬᠤᠭᠤᠴᠠᠭᠠᠨ ᠳᠠᠬᠢ ᠤᠰᠦᠠ ᠤ ᠠᠮᠢᠳᠤ ᠪᠣᠳᠠᠰ ᠤᠨ ᠬᠠᠮᠠᠭᠠᠯᠠᠯᠲᠠ᠂ ᠤᠰᠦᠠ ᠵᠡᠮ ᠤᠨ ᠲᠡᠭᠡᠭᠡᠪᠦᠷᠢ ᠪᠠ ᠬᠤᠯᠤᠰᠤ | ᠮᠣᠳᠣ ᠶᠢ ᠤᠷᠤᠰᠬᠠᠨ ᠵᠦᠭᠡᠭᠡᠪᠦᠷᠢᠯᠡᠬᠦ ᠶᠢ ᠰᠠᠶᠢᠲᠤᠷ ᠲᠣᠬᠢᠷᠠᠭᠤᠯᠬᠤ ᠬᠡᠷᠡᠭᠲᠡᠶ᠂ ᠬᠡᠷᠡᠭᠰᠡᠬᠦ ᠵᠠᠷᠤᠳᠠᠯ ᠢ ᠪᠦᠳᠦᠭᠡᠠ | ᠪᠠᠶᠢᠭᠤᠯᠬᠤ ᠨᠢᠭᠡᠴᠢ ᠡᠭᠦᠷᠭᠡᠯᠡᠨ᠎ᠡ᠃ | ᠠᠶᠠᠯᠠᠯ ᠨᠡᠪᠲᠡᠷᠡᠬᠦ ᠦᠭᠡᠢ ᠭᠤᠣᠯ ᠮᠥᠷᠡᠨ ᠪᠤᠶᠤ ᠵᠤᠬᠢᠶᠠᠮᠠᠯ ᠤᠰᠤᠨ ᠵᠠᠮ ᠳᠡᠭᠡᠷ᠎ᠡ ᠬᠠᠰᠢᠯᠭ᠎ᠠ ᠳᠠᠯᠠᠩ | ᠪᠠᠶᠢᠭᠤᠯᠤᠭᠰᠠᠨ ᠤ ᠳᠠᠷᠠᠭ᠎ᠠ ᠠᠶᠠᠯᠠᠯ ᠨᠡᠪᠲᠡᠷᠡᠵᠦ ᠪᠣᠯᠬᠤ ᠳᠤ ᠬᠦᠷᠪᠡᠯ᠂ ᠬᠠᠰᠢᠯᠭ᠎ᠠ ᠳᠠᠯᠠᠩ ᠪᠠᠶᠢᠭᠤᠯᠬᠤ | ᠨᠢᠭᠡᠴᠢ ᠨᠢ ᠣᠩᠭᠤᠴᠠ ᠥᠩᠭᠡᠷᠡᠬᠦ ᠲᠥᠬᠦᠭᠡᠷᠦᠮᠵᠢ ᠶᠢ ᠬᠠᠮᠲᠤ ᠳᠤᠨᠢ ᠪᠠᠶᠢᠭᠤᠯᠬᠤ ᠪᠤᠶᠤ ᠣᠩᠭᠤᠴᠠ ᠥᠩᠭᠡᠷᠡᠬᠦ | ᠲᠥᠬᠦᠭᠡᠷᠦᠮᠵᠢ ᠶᠢᠨ ᠣᠷᠣᠨ ᠪᠠᠶᠢᠷᠢ ᠶᠢ ᠤᠷᠢᠳᠴᠢᠯᠠᠨ ᠦᠯᠡᠳᠡᠭᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠤᠰᠤ ᠲᠠᠲᠠᠬᠤ᠂ ᠤᠰᠤ ᠬᠠᠰᠢᠬᠤ᠂ | ᠤᠰᠤ ᠵᠠᠯᠠᠬᠤ ᠳᠠᠭᠠᠨ ᠤᠯᠠᠨ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠦᠨ ᠤ ᠬᠠᠤᠯᠢ ᠶᠣᠰᠣᠨ ᠤ ᠡᠷᠬᠡ | ᠠᠰᠢᠭ ᠢ ᠬᠤᠬᠢᠷᠠᠭᠤᠯᠵᠤ ᠪᠣᠯᠬᠤ ᠦᠭᠡᠢ᠃ | ᠬᠤᠷᠢ ᠶᠢᠰᠦᠳᠦᠭᠡᠷ ᠵᠦᠢᠯ ᠤᠯᠤᠰ ᠠᠴᠠ ᠤᠰᠤᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ | ᠠᠷᠠᠳ ᠢ ᠨᠡᠭᠦᠯᠭᠡᠬᠦ ᠳᠤ ᠨᠡᠭᠡᠭᠡᠨ ᠬᠥᠭᠵᠢᠭᠦᠯᠬᠦ ᠴᠢᠨᠠᠷᠲᠠᠶ ᠪᠠᠷ ᠠᠷᠠᠳ ᠢ ᠨᠡᠭᠦᠯᠭᠡᠬᠦ ᠴᠢᠭᠯᠡᠯᠲᠡ ᠶᠢ ᠬᠡᠷᠡᠭᠵᠢᠭᠦᠯᠵᠦ᠂ | ᠡᠮᠦᠨᠡᠬᠢ ᠬᠤᠭᠤᠴᠠᠭᠠᠨ ᠤ ᠨᠥᠬᠦᠪᠥᠷᠢ᠂ ᠲᠡᠳᠬᠦᠮᠵᠢ ᠪᠣᠯᠤᠨ ᠰᠡᠭᠦᠯᠴᠢ ᠶᠢᠨ ᠬᠤᠭᠤᠴᠠᠭᠠᠨ ᠤ ᠲᠡᠳᠬᠦᠨ | ᠳᠡᠮᠵᠢᠬᠦ ᠶᠢ ᠤᠶᠠᠯᠳᠤᠭᠤᠯᠬᠤ ᠵᠠᠷᠴᠢᠮ ᠶᠣᠰᠣᠭᠠᠷ᠂ ᠨᠡᠭᠦᠳᠡᠯ ᠠᠷᠠᠳ ᠤᠨ ᠦᠢᠯᠡᠳᠪᠦᠷᠢᠯᠡᠯ ᠪᠠ ᠠᠮᠢᠳᠤᠷᠠᠯ ᠢ | ᠲᠣᠬᠢᠲᠠᠶ ᠲᠣᠬᠢᠷᠠᠭᠤᠯᠵᠤ᠂ ᠨᠡᠭᠦᠳᠡᠯ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠨᠡᠭᠦᠳᠡᠯᠴᠢᠨ ᠠᠷᠠᠳ ᠢ ᠲᠥᠪᠬᠢᠨᠡᠭᠦᠯᠬᠦ ᠳᠡᠭᠡᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠲᠠᠢ ᠵᠡᠷᠭᠡ ᠪᠠᠷ | ᠶᠠᠪᠤᠭᠳᠠᠭᠤᠯᠬᠤ ᠬᠡᠷᠡᠭᠲᠡᠶ᠃ ᠪᠥᠳᠥᠭᠡᠨ ᠪᠠᠶᠢᠭᠤᠯᠬᠤ ᠨᠢᠭᠡᠴᠢ ᠨᠢ ᠲᠥᠪᠬᠢᠨᠡᠭᠦᠯᠬᠦ ᠭᠠᠵᠠᠷ ᠣᠷᠣᠨ ᠤ ᠣᠷᠴᠢᠨ | ᠠᠬᠤᠶ ᠶᠢᠨ ᠪᠠᠭᠲᠠᠭᠠᠮᠵᠢ ᠪᠠ ᠦᠷᠭᠦᠯᠵᠢᠯᠡᠬᠦ ᠬᠥᠭᠵᠢᠯᠲᠡ ᠶᠢᠨ ᠵᠠᠷᠴᠢᠮ ᠢ ᠦᠨᠳᠦᠰᠦᠯᠡᠨ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠨᠡᠭᠦᠳᠡᠯᠴᠢᠨ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠬᠤᠯᠪᠣᠭᠳᠠᠯ ᠪᠥᠬᠦᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ ᠠᠷᠠᠳ ᠢ ᠨᠡᠭᠦᠯᠭᠡᠬᠦ | ᠬᠡᠷᠡᠭᠴᠡᠭᠡ ᠪᠥᠬᠦᠢ ᠵᠠᠷᠤᠳᠠᠯ ᠢ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠲᠥᠯᠥᠪᠯᠡᠭᠡ ᠳᠤ ᠣᠷᠣᠭᠤᠯᠬᠤ ᠬᠡᠷᠡᠭᠲᠡᠶ᠃ | | ᠳᠥᠷᠪᠡᠳᠦᠭᠡᠷ ᠪᠦᠯᠦᠭ ᠤᠰᠤᠨ ᠤ ᠡᠬᠢ ᠪᠠᠶᠠᠯᠢᠭ᠂ ᠤᠰᠤᠨ ᠪᠦᠰᠡ ᠪᠠ ᠤᠰᠤᠨ ᠤ ᠪᠠᠷᠢᠯᠭ᠎ᠠ ᠶᠢ | ᠬᠠᠮᠠᠭᠠᠯᠠᠬᠤ | | ᠭᠤᠴᠢᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠰᠤᠨ ᠤ ᠡᠬᠢ | ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠲᠣᠭᠲᠠᠭᠠᠬᠤ ᠪᠠ ᠤᠰᠤᠨ ᠤ ᠡᠬᠢ ᠪᠠᠶᠠᠯᠢᠭ ᠢ | ᠲᠣᠬᠢᠷᠠᠭᠤᠯᠬᠤ ᠳᠠᠭᠠᠨ ᠭᠤᠣᠯ ᠮᠥᠷᠡᠨ ᠤ ᠵᠦᠢ ᠵᠣᠬᠢᠰᠲᠠᠶ ᠤᠷᠤᠰᠬᠠᠯ ᠤᠨ ᠬᠡᠮᠵᠢᠶ᠎ᠡ ᠪᠠ ᠨᠠᠭᠤᠷ ᠴᠦᠬᠦᠷᠦᠮ ᠵᠢᠴᠢ | ᠭᠠᠵᠠᠷ ᠳᠣᠣᠷᠠᠬᠢ ᠤᠰᠤᠨ ᠤ ᠵᠦᠢ ᠵᠣᠬᠢᠰᠲᠠᠶ ᠤᠰᠤᠨ ᠲᠦᠪᠰᠢᠨ ᠢ ᠪᠠᠲᠤᠯᠠᠬᠤ ᠶᠢ ᠠᠩᠬᠠᠷᠴᠤ᠂ ᠤᠰᠤᠨ | ᠴᠣᠭᠴᠠ ᠶᠢᠨ ᠠᠶᠠᠨᠳᠠᠭᠠᠨ ᠴᠡᠪᠡᠷᠰᠢᠬᠦ ᠴᠢᠳᠠᠪᠤᠷᠢ ᠶᠢ ᠬᠠᠮᠠᠭᠠᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ | ᠬᠠᠮᠠᠭᠠᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠤᠰᠤᠨ ᠤ ᠶᠠᠪᠤᠳᠠᠯ ᠤᠨ ᠠᠵᠢᠯᠯᠠᠭ᠎ᠠ ᠶᠢ | ᠬᠢᠬᠦ ᠳᠤ ᠵᠥᠪᠰᠢᠶᠡᠷᠡᠭᠦᠯᠦᠭᠰᠡᠨ ᠲᠥᠯᠥᠪᠵᠢᠭᠦᠯᠭᠡ ᠶᠢ ᠵᠢᠷᠤᠮᠯᠠᠬᠤ ᠬᠡᠷᠡᠭᠲᠡᠢ︔ ᠲᠥᠯᠥᠪᠵᠢᠭᠦᠯᠭᠡ ᠶᠢ | ᠵᠥᠷᠢᠴᠡᠭᠰᠡᠨ ᠠᠴᠠ ᠪᠤᠯᠵᠤ ᠭᠤᠣᠯ ᠮᠥᠷᠡᠨ ᠪᠠ ᠨᠠᠭᠤᠷ ᠴᠦᠬᠦᠷᠦᠮ ᠤᠨ ᠤᠰᠤᠨ ᠣᠷᠣᠨ ᠤ ᠬᠡᠷᠡᠭᠯᠡᠯᠲᠡ ᠶᠢᠨ | ᠴᠢᠳᠠᠮᠵᠢ ᠶᠢ ᠪᠠᠭᠤᠷᠠᠭᠤᠯᠤᠭᠰᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ᠂ ᠭᠠᠵᠠᠷ ᠤᠨ | ᠭᠠᠳᠠᠷᠭᠤ ᠶᠢ ᠰᠠᠭᠤᠭᠳᠠᠭᠤᠯᠤᠭᠰᠠᠨ᠂ ᠤᠰᠤᠨ ᠴᠣᠭᠴᠠ ᠶᠢ ᠪᠣᠬᠢᠷᠲᠤᠭᠤᠯᠤᠭᠰᠠᠨ ᠪᠠᠶᠢᠪᠠᠯ᠂ ᠵᠠᠰᠠᠬᠤ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ᠠᠭᠤᠷᠬᠠᠶ ᠶᠢᠨ ᠪᠤᠯᠠᠭᠳᠠᠴᠠ ᠶᠢ ᠨᠡᠭᠡᠭᠡᠨ ᠮᠠᠯᠲᠠᠬᠤ ᠪᠤᠶᠤ ᠭᠠᠵᠠᠷ ᠳᠣᠣᠷᠠᠬᠢ ᠪᠠᠷᠢᠯᠭ᠎ᠠ ᠶᠢ ᠪᠦᠳᠦᠭᠡᠠ | ᠪᠠᠶᠢᠭᠤᠯᠬᠤ ᠳᠤ ᠰᠡᠶᠢᠷᠡᠭᠦᠯᠦᠨ ᠬᠠᠳᠠᠭᠠᠬᠤ ᠪᠠ ᠤᠰᠤ ᠵᠠᠯᠠᠬᠤ ᠠᠴᠠ ᠪᠤᠯᠵᠦ ᠭᠠᠵᠠᠷ ᠳᠣᠣᠷᠠᠬᠢ ᠤᠰᠦᠠ ᠤ | ᠲᠦᠪᠰᠢᠨ ᠢ ᠳᠣᠷᠣᠭᠰᠢᠯᠠᠭᠤᠯᠬᠤ᠂ ᠤᠰᠦᠠ ᠤ ᠰᠤᠷᠪᠤᠯᠵᠢ ᠶᠢ ᠰᠢᠷᠭᠢᠭᠡᠬᠦ ᠪᠤᠶᠤ ᠭᠠᠵᠠᠷ ᠤᠨ ᠭᠠᠳᠠᠷᠭᠤ ᠶᠢ | ᠴᠥᠮᠥᠷᠡᠭᠦᠯᠬᠦ ᠳᠤ ᠬᠦᠷᠦᠭᠦᠯᠦᠭᠰᠡᠨ ᠪᠠᠶᠢᠪᠠᠯ᠂ ᠠᠭᠤᠷᠬᠠᠶ ᠮᠠᠯᠲᠠᠬᠤ ᠨᠢᠭᠡᠴᠢ ᠪᠤᠶᠤ ᠪᠦᠳᠦᠭᠡᠠ ᠪᠠᠶᠢᠭᠤᠯᠬᠤ | ᠨᠢᠭᠡᠴᠢ ᠨᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ︔ ᠪᠤᠰᠤᠳ ᠤᠨ ᠠᠮᠢᠳᠤᠷᠠᠯ ᠪᠠ ᠦᠢᠯᠡᠳᠪᠦᠷᠢᠯᠡᠯ ᠳᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠥᠭᠭᠦᠨ᠎ᠡ᠃ | ᠭᠤᠴᠢᠨ ᠬᠤᠶᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ ᠰᠠᠪᠠ ᠭᠠᠵᠠᠷ ᠤᠨ | ᠶᠡᠷᠦᠩᠬᠡᠶ ᠲᠥᠯᠥᠪᠵᠢᠭᠦᠯᠭᠡ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ | ᠂ ᠨᠠᠭᠤᠷ ᠴᠦᠬᠦᠷᠦᠮ ᠤᠨ ᠤᠰᠤᠨ ᠤ ᠦᠢᠯᠡᠳᠦᠯᠳᠦ ᠣᠷᠣᠨ ᠤ ᠬᠤᠪᠢᠶᠠᠷᠢᠯᠠᠯ ᠢ ᠲᠤᠭᠤᠷᠪᠢᠨ ᠲᠣᠭᠲᠠᠭᠠᠵᠤ᠂ | ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠪᠤᠰᠤᠳ ᠭᠤᠣᠯ ᠮᠥᠷᠡᠨ᠂ ᠨᠠᠭᠤᠷ ᠴᠦᠬᠦᠷᠦᠮ ᠤᠨ | ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠭᠤᠣᠯ ᠮᠥᠷᠡᠨ᠂ ᠨᠠᠭᠤᠷ ᠴᠦᠬᠦᠷᠦᠮ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠲᠤᠰ ᠬᠢᠨᠠᠨ ᠪᠠᠶᠢᠴᠠᠭᠠᠭᠠᠳ | ᠰᠠᠨᠠᠯ ᠳᠤᠷᠠᠳᠤᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ | ᠬᠢᠨᠠᠨ ᠬᠠᠷᠭᠤᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ | ᠮᠦᠴᠢᠷ ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠡᠢ᠃ | ᠡᠮᠦᠨᠡᠬᠢ ᠪᠠᠳᠠᠭ ᠲᠤ ᠲᠣᠭᠲᠠᠭᠠᠭᠰᠠᠨ ᠠᠴᠠ ᠭᠠᠳᠠᠨᠠᠬᠢ ᠪᠤᠰᠤᠳ ᠭᠤᠣᠯ ᠮᠥᠷᠡᠨ᠂ ᠨᠠᠭᠤᠷ ᠴᠦᠬᠦᠷᠦᠮ ᠤᠨ | ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠤᠭᠤᠷᠪᠢᠨ ᠲᠣᠭᠲᠠᠭᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ | ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠣᠷᠴᠢᠨ | ᠲᠤᠭᠤᠷᠢᠨ ᠤ ᠬᠠᠮᠠᠭᠠᠯᠠᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ | ᠲᠠᠩᠰᠠᠯᠠᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠤᠰᠤᠨ ᠤ ᠴᠢᠳᠠᠮᠵᠢᠳᠤ ᠣᠷᠣᠨ ᠤ ᠤᠰᠤᠨ ᠤ ᠴᠢᠨᠠᠷ ᠤᠨ ᠲᠤᠬᠠᠶ ᠱᠠᠭᠠᠷᠳᠠᠯᠭ᠎ᠠ ᠪᠠ ᠤᠰᠤᠨ | ᠴᠣᠭᠴᠠ ᠶᠢᠨ ᠠᠶᠠᠨᠳᠠᠭᠠᠨ ᠴᠡᠪᠡᠷᠰᠢᠬᠦ ᠴᠢᠳᠠᠪᠤᠷᠢ ᠶᠢ ᠦᠨᠳᠦᠰᠦᠯᠡᠨ᠂ ᠲᠤᠰ ᠤᠰᠤᠨ ᠣᠷᠣᠨ ᠤ ᠪᠣᠬᠢᠷᠲᠤᠯ ᠪᠣᠳᠠᠰ | ᠣᠷᠣᠭᠤᠯᠬᠤ ᠴᠢᠳᠠᠪᠤᠷᠢ ᠶᠢ ᠬᠢᠨᠠᠨ ᠲᠣᠭᠲᠠᠭᠠᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰ ᠤᠰᠤᠨ ᠣᠷᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ | ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠲᠤᠬᠠᠶ ᠰᠠᠨᠠᠯ ᠢᠶᠠᠨ ᠳᠤᠷᠠᠳᠬᠤ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠤᠰᠤᠨ ᠤ ᠴᠢᠳᠠᠮᠵᠢᠲᠤ ᠣᠷᠣᠨ ᠤ ᠤᠰᠤᠨ ᠤ ᠴᠢᠨᠠᠷ ᠤᠨ ᠭᠤᠣᠯᠳᠠᠯᠭ᠎ᠠ ᠲᠠᠢ | ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠨᠢ ᠬᠢᠵᠠᠭᠠᠷᠯᠠᠬᠤ ᠭᠦᠢᠴᠡᠳᠬᠡᠬᠦ ᠲᠤᠭ᠎ᠠ ᠠᠴᠠ ᠬᠡᠲᠦᠷᠡᠭᠰᠡᠨ᠂ | ᠡᠰᠡᠬᠦᠯ᠎ᠡ ᠤᠰᠤᠨ ᠤ ᠴᠢᠳᠠᠮᠵᠢᠳᠣ ᠣᠷᠣᠨ ᠤ ᠤᠰᠤᠨ ᠤ ᠴᠢᠨᠠᠷ ᠨᠢ ᠤᠰᠤᠨ ᠪᠦᠰᠡ ᠶᠢᠨ ᠬᠡᠷᠡᠭᠯᠡᠬᠦ ᠴᠢᠳᠠᠮᠵᠢ | ᠶᠢᠨ ᠤᠰᠤᠨ ᠤ ᠴᠢᠨᠠᠷ ᠤᠨ ᠱᠠᠭᠠᠷᠳᠠᠯᠭ᠎ᠠ ᠳᠤ ᠬᠥᠷᠥᠭᠰᠡᠨ ᠥᠭᠡᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ | ᠳᠤᠨᠢ ᠬᠤᠯᠪᠣᠭᠳᠠᠯ ᠪᠥᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠠᠰᠠᠬᠤ ᠠᠷᠭ᠎ᠠ ᠬᠡᠮᠵᠢᠶ᠎ᠡ | ᠠᠪᠤᠭᠤᠯᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠤᠯᠤᠰ ᠠᠴᠠ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠤ ᠲᠦᠷᠢᠮ ᠢ ᠪᠠᠶᠢᠭᠤᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ | ᠡᠬᠢ ᠰᠤᠷᠪᠤᠯᠵᠢ ᠰᠢᠪᠬᠠᠷᠬᠤ ᠪᠠ ᠤᠰᠤᠨ ᠴᠣᠭᠴᠠ ᠶᠢᠨ ᠪᠣᠬᠢᠷᠲᠤᠬᠤ ᠶᠢ ᠰᠡᠷᠭᠡᠶᠢᠯᠡᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠤᠤᠭᠤᠬᠤ ᠤᠰᠤᠨ ᠤ ᠠᠶᠤᠯᠭᠦᠶ ᠪᠠᠶᠢᠬᠤ ᠶᠢ ᠪᠠᠲᠤᠯᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠶᠢ ᠴᠠᠭᠠᠵᠠᠯᠠᠨ᠎ᠠ᠃ | ᠭᠤᠣᠯ ᠮᠥᠷᠡᠨ᠂ ᠨᠠᠭᠤᠷ ᠴᠦᠬᠦᠷᠦᠮ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠶᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠬᠦ ᠳᠤ ᠬᠠᠷᠢᠶᠠᠯᠠᠯ ᠤᠨ ᠡᠷᠬᠡ ᠪᠦᠬᠦᠢ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠦᠭᠡᠳ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ | ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠠᠵᠢᠯ ᠢ | ᠬᠠᠷᠢᠭᠤᠴᠠᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠬᠢᠬᠦ ᠳᠡᠭᠡᠨ ᠲᠠᠷᠢᠶᠠᠯᠠᠩ ᠤᠨ | ᠤᠰᠤᠯᠠᠯᠲᠠ ᠶᠢᠨ ᠤᠰᠦᠠ ᠤ ᠡᠬᠢ ᠰᠤᠷᠪᠤᠯᠵᠢ᠂ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠶᠢ | ᠡᠵᠡᠯᠡᠨ ᠬᠡᠷᠡᠭᠯᠡᠭᠰᠡᠨ ᠪᠤᠶᠤ ᠤᠤᠯ ᠤᠨ ᠤᠰᠤᠯᠠᠯᠲᠠ ᠳᠤ ᠬᠡᠷᠡᠭᠯᠡᠬᠦ ᠤᠰᠤ᠂ ᠬᠠᠩᠭᠠᠬᠤ ᠤᠰᠦᠠ ᠤ ᠡᠬᠢ | ᠰᠤᠷᠪᠤᠯᠵᠢ ᠳᠤ ᠠᠰᠢᠭ ᠤᠢᠭᠡᠢ ᠨᠥᠯᠥᠭᠡ ᠦᠵᠡᠭᠦᠯᠦᠭᠰᠡᠨ ᠪᠠᠶᠢᠪᠠᠯ᠂ ᠪᠦᠳᠦᠭᠡᠠ ᠪᠠᠶᠢᠭᠤᠯᠬᠤ ᠨᠢᠭᠡᠴᠢ ᠨᠢ | ᠵᠣᠬᠢᠴᠠᠩᠭᠤᠶ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ | ᠶᠣᠰᠣᠭᠠᠷ ᠲᠥᠯᠥᠪᠦᠷᠢ ᠥᠭᠭᠦᠨ᠎ᠡ᠃ | ᠭᠤᠴᠢᠨ ᠵᠢᠷᠭᠤᠳᠤᠭᠠᠷ ᠵᠦᠢᠯ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ ᠳᠤ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ | ᠬᠡᠮᠵᠢᠶ᠎ᠡ ᠠᠪᠴᠤ ᠪᠠᠶᠢᠭᠠᠳ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠬᠤ | ᠬᠡᠷᠡᠭᠲᠡᠶ᠃ ᠭᠠᠵᠠᠷ ᠳᠣᠣᠷᠠᠬᠢ ᠤᠰᠤ ᠶᠢ ᠬᠦᠨᠳᠦ ᠨᠣᠴᠢᠲᠠᠶ ᠬᠡᠲᠦᠷᠡᠲᠡᠯ᠎ᠡ ᠮᠠᠯᠲᠠᠭᠰᠠᠨ ᠭᠠᠵᠠᠷ ᠣᠷᠣᠨ ᠳᠤ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠴᠠᠭᠠᠵᠠᠯᠠᠬᠤ ᠪᠤᠶᠤ ᠨᠡᠭᠡᠭᠡᠨ | ᠮᠠᠯᠲᠠᠬᠤ ᠶᠢ ᠬᠢᠵᠠᠭᠠᠷᠯᠠᠬᠤ ᠣᠷᠣᠨ ᠢ ᠵᠠᠭᠠᠭᠯᠠᠨ ᠲᠣᠭᠲᠠᠭᠠᠵᠤ ᠪᠣᠯᠤᠨ᠎ᠠ᠃ ᠲᠡᠯᠡᠢ ᠳᠠᠭᠠᠤ ᠣᠷᠣᠨ ᠳᠤ ᠭᠠᠵᠠᠷ | ᠳᠣᠣᠷᠠᠬᠢ ᠤᠰᠤ ᠶᠢ ᠨᠡᠭᠡᠭᠡᠨ ᠠᠰᠢᠭᠯᠠᠬᠤ ᠳᠠᠭᠠᠨ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠶᠢᠨ ᠬᠠᠮᠲᠤ ᠠᠷᠭ᠎ᠠ | ᠬᠡᠮᠵᠢᠶ᠎ᠡ ᠠᠪᠴᠤ ᠪᠠᠶᠢᠭᠠᠳ ᠭᠠᠵᠠᠷ ᠤᠨ ᠭᠠᠳᠠᠷᠭᠤ ᠳᠣᠷᠣᠭᠰᠢ ᠰᠠᠭᠤᠬᠤ ᠪᠠ ᠲᠡᠯᠡᠢ ᠶᠢᠨ ᠤᠰᠤ ᠲᠦᠷᠢᠨ | ᠣᠷᠣᠬᠤ ᠶᠢ ᠰᠡᠷᠭᠡᠶᠢᠯᠡᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ ᠭᠤᠣᠯ ᠮᠥᠷᠡᠨ᠂ ᠨᠠᠭᠤᠷ ᠴᠦᠬᠦᠷᠦᠮ᠂ ᠤᠰᠤᠨ ᠴᠥᠭᠦᠷᠥᠮ᠂ ᠲᠠᠲᠠᠮᠠᠯ | ᠭᠤᠣᠯ᠂ ᠤᠰᠤᠨ ᠰᠤᠪᠠᠭ ᠲᠤ ᠦᠶᠡᠷ ᠵᠠᠯᠠᠬᠤ ᠶᠢ ᠬᠠᠷᠰᠢᠯᠠᠬᠤ ᠪᠣᠳᠠᠰ ᠬᠠᠶᠠᠬᠤ᠂ ᠣᠪᠣᠭᠠᠯᠠᠬᠤ ᠪᠠ ᠦᠶᠡᠷ | ᠵᠠᠯᠠᠬᠤ ᠶᠢ ᠬᠠᠷᠰᠢᠯᠠᠬᠤ ᠤᠢ ᠮᠣᠳᠣ ᠵᠢᠴᠢ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠨ᠎ᠠ᠃ | ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ᠂ | ᠪᠠᠷᠢᠯᠭ᠎ᠠ ᠶᠢᠨ ᠵᠦᠢᠯ ᠪᠠᠶᠢᠭᠤᠯᠬᠤ ᠵᠢᠴᠢ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ | ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ | ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠭᠤᠴᠢᠨ ᠨᠠᠢᠮᠠᠳᠤᠭᠠᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠥᠭᠦᠷᠭᠡ᠂ | ᠭᠠᠷᠠᠮ ᠪᠠ ᠪᠤᠰᠤᠳ ᠭᠤᠣᠯ ᠬᠠᠰᠢᠬᠤ᠂ ᠭᠤᠣᠯ ᠭᠠᠲᠤᠯᠬᠤ᠂ ᠭᠤᠣᠯ ᠳᠠᠭᠠᠤ ᠪᠠᠷᠢᠯᠭ᠎ᠠ᠂ ᠪᠠᠷᠢᠯᠭ᠎ᠠ ᠶᠢᠨ ᠵᠦᠢᠯ | ᠪᠠᠶᠢᠭᠤᠯᠬᠤ᠂ ᠭᠤᠣᠯ ᠰᠤᠨᠳᠠᠯᠠᠭᠰᠠᠨ ᠳᠠᠮᠵᠢᠭᠤᠯᠬᠤ ᠬᠤᠭᠤᠯᠠᠶ᠂ ᠴᠠᠬᠢᠯᠭᠠᠨ ᠳᠡᠭᠡᠰᠦ ᠲᠠᠲᠠᠬᠤ ᠳᠠᠭᠠᠨ | ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠪᠣᠯᠤᠨ ᠪᠤᠰᠤᠳ ᠬᠤᠯᠪᠣᠭᠳᠠᠯ ᠪᠦᠬᠦᠢ | ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠂ ᠪᠠᠷᠢᠯᠭ᠎ᠠ ᠶᠢᠨ ᠪᠦᠳᠦᠭᠡᠠ | ᠪᠠᠶᠢᠭᠤᠯᠤᠯᠲᠠ ᠶᠢᠨ ᠲᠥᠰᠦᠯ ᠢᠶᠠᠨ ᠦᠶᠡᠷ ᠢ ᠰᠡᠷᠭᠡᠶᠢᠯᠡᠬᠦ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠤᠯᠪᠣᠭᠳᠠᠯ ᠪᠦᠬᠦᠢ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ | ᠡᠮᠦᠨᠡᠬᠢ ᠪᠠᠳᠠᠭ ᠲᠤ ᠳᠤᠷᠠᠳᠤᠭᠰᠠᠨ ᠪᠠᠷᠢᠯᠭ᠎ᠠ ᠶᠢᠨ ᠲᠥᠬᠦᠭᠡᠷᠦᠮᠵᠢ ᠶᠢ ᠪᠦᠳᠦᠭᠡᠠ ᠪᠠᠶᠢᠭᠤᠯᠬᠤ ᠶᠢᠨ | ᠲᠦᠯᠦᠭᠡ ᠤᠤᠯ ᠤᠨ ᠪᠠᠶᠢᠭᠰᠠᠨ ᠤᠰᠦᠠ ᠤ ᠪᠠᠷᠢᠯᠭ᠎ᠠ ᠶᠢᠨ ᠲᠥᠬᠦᠭᠡᠷᠦᠮᠵᠢ ᠶᠢ ᠥᠷᠭᠡᠳᠬᠡᠨ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠵᠠᠳᠠᠯᠵᠤ ᠬᠠᠶᠠᠬᠤ ᠪᠤᠶᠤ ᠡᠪᠳᠡᠬᠦ ᠴᠢᠬᠤᠯᠠᠲᠠᠶ ᠪᠠᠶᠢᠪᠠᠯ᠂ ᠪᠦᠳᠦᠭᠡᠠ ᠪᠠᠶᠢᠭᠤᠯᠬᠤ | ᠨᠢᠭᠡᠴᠢ ᠨᠢ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠠᠷᠤᠳᠠᠯ ᠪᠠ ᠬᠤᠬᠢᠷᠠᠯ ᠤᠨ ᠲᠥᠯᠥᠪᠦᠷᠢ ᠶᠢ | ᠡᠭᠦᠷᠭᠡᠯᠡᠬᠦ ᠬᠡᠷᠡᠭᠲᠡᠶ᠃ ᠭᠡᠪᠡᠴᠦ ᠤᠤᠯ ᠤᠨ ᠪᠠᠷᠢᠯᠭ᠎ᠠ ᠶᠢᠨ ᠲᠥᠬᠦᠭᠡᠷᠦᠮᠵᠢ ᠨᠢ ᠬᠠᠤᠯᠢ ᠶᠢ ᠵᠥᠷᠢᠴᠡᠭᠰᠡᠨ | ᠪᠠᠷᠢᠯᠭ᠎ᠠ ᠳᠤ ᠲᠣᠭᠠᠴᠠᠭᠳᠠᠬᠤ ᠳᠤ ᠬᠦᠷᠪᠡᠯ ᠡᠭᠦᠨ ᠳᠤ ᠪᠠᠭᠲᠠᠬᠤ ᠤᠢᠭᠡᠢ᠃ | ᠭᠤᠴᠢ ᠶᠢᠰᠦᠳᠦᠭᠡᠷ ᠵᠦᠢᠯ ᠤᠯᠤᠰ ᠠᠴᠠ ᠭᠤᠣᠯ ᠤᠨ ᠵᠠᠮ ᠠᠴᠠ ᠡᠯᠡᠰᠦ ᠮᠠᠯᠲᠠᠬᠤ ᠵᠥᠪᠰᠢᠶᠡᠷᠡᠯ ᠤᠨ | ᠲᠦᠷᠢᠮ ᠢ ᠬᠡᠷᠡᠭᠵᠢᠭᠦᠯᠦᠨ᠎ᠡ᠃ ᠭᠤᠣᠯ ᠤᠨ ᠵᠠᠮ ᠠᠴᠠ ᠡᠯᠡᠰᠦ ᠮᠠᠯᠲᠠᠬᠤ ᠵᠥᠪᠰᠢᠶᠡᠷᠡᠯ ᠤᠨ ᠲᠦᠷᠢᠮ ᠢ | ᠬᠡᠷᠡᠭᠵᠢᠭᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ | ᠭᠤᠣᠯ ᠤᠨ ᠵᠡᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠡᠯᠡᠰᠦ ᠮᠠᠯᠲᠠᠭᠠᠳ ᠭᠤᠣᠯ ᠤᠨ | ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ ᠪᠤᠶᠤ ᠬᠠᠰᠢᠯᠭ᠎ᠠ ᠲᠡᠯᠡᠩ ᠤᠨ ᠠᠮᠤᠷ ᠲᠦᠪᠰᠢᠨ ᠳᠤ | ᠠᠶᠤᠯ ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠮᠠᠯᠲᠠᠬᠤ ᠶᠢ ᠴᠠᠭᠠᠵᠠᠯᠠᠬᠤ ᠣᠷᠣᠨ ᠢ ᠵᠠᠭᠠᠭᠯᠠᠨ ᠲᠣᠭᠲᠠᠭᠠᠬᠤ ᠪᠠ ᠮᠠᠯᠲᠠᠬᠤ ᠶᠢ ᠴᠠᠭᠠᠵᠠᠯᠠᠬᠤ | ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠶ᠃ | ᠳᠥᠴᠢᠳᠦᠭᠡᠷ ᠵᠦᠢᠯ ᠨᠠᠭᠤᠷ ᠢ ᠬᠦᠷᠢᠶᠡᠯᠡᠨ ᠭᠠᠵᠠᠷ ᠬᠠᠭᠠᠯᠪᠤᠷᠢᠯᠠᠬᠤ ᠶᠢ ᠴᠠᠭᠠᠵᠠᠯᠠᠨ᠎ᠠ᠃ ᠨᠢᠭᠡᠨᠲᠡ | ᠬᠦᠷᠢᠶᠡᠯᠡᠨ ᠬᠠᠭᠠᠯᠪᠤᠷᠢᠯᠠᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ | ᠶᠣᠰᠣᠭᠠᠷ ᠲᠥᠯᠥᠪᠯᠡᠭᠡ ᠲᠠᠢ ᠪᠠᠷ ᠭᠠᠵᠠᠷ ᠢ ᠪᠤᠴᠠᠭᠠᠵᠤ ᠨᠠᠭᠤᠷ ᠢ ᠰᠡᠷᠭᠦᠭᠡᠬᠦ ᠬᠡᠷᠡᠭᠲᠡᠶ᠃ | ᠭᠤᠣᠯ ᠤᠨ ᠵᠡᠮ ᠢ ᠬᠦᠷᠢᠶᠡᠯᠡᠨ ᠬᠠᠭᠠᠯᠪᠤᠷᠢᠯᠠᠬᠤ ᠶᠢ ᠴᠠᠭᠠᠵᠠᠯᠠᠨ᠎ᠠ᠃ ᠦᠨᠡᠨ ᠬᠦ ᠬᠦᠷᠢᠶᠡᠯᠡᠨ | ᠬᠠᠭᠠᠯᠪᠤᠷᠢᠯᠠᠬᠤ ᠴᠢᠬᠤᠯᠠᠲᠠᠶ ᠪᠠᠶᠢᠪᠠᠯ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠬᠦ ᠬᠡᠷᠡᠭᠲᠡᠶ᠃ | ᠳᠥᠴᠢᠨ ᠨᠢᠭᠡᠳᠦᠭᠡᠷ ᠵᠦᠢᠯ ᠨᠢᠭᠡᠴᠢ ᠪᠠ ᠬᠤᠪᠢ ᠬᠥᠮᠦᠨ ᠤᠰᠤᠨ ᠤ ᠪᠠᠷᠢᠯᠭ᠎ᠠ ᠶᠢ ᠬᠠᠮᠠᠭᠠᠯᠠᠬᠤ | ᠡᠭᠦᠷᠭᠡ ᠲᠠᠢ᠂ ᠬᠠᠰᠢᠯᠭ᠎ᠠ ᠳᠠᠯᠠᠩ᠂ ᠡᠷᠭᠢ ᠶᠢᠨ ᠬᠠᠮᠠᠭᠠᠯᠠᠯᠲᠠ᠂ ᠦᠶᠡᠷ ᠢ ᠰᠡᠷᠭᠡᠶᠢᠯᠡᠬᠦ᠂ ᠤᠰᠤᠨ ᠵᠦᠢ ᠶᠢᠨ | ᠬᠢᠨᠠᠨ ᠬᠡᠮᠵᠢᠯᠲᠡ᠂ ᠤᠰᠤᠨ ᠤ ᠭᠠᠵᠠᠷ ᠰᠢᠨᠵᠢᠯᠡᠭᠡᠨ ᠤ ᠬᠢᠨᠠᠨ ᠬᠡᠮᠵᠢᠯᠲᠡ ᠵᠡᠷᠭᠡ ᠪᠠᠷᠢᠯᠭ᠎ᠠ ᠶᠢᠨ ᠲᠥᠬᠦᠭᠡᠷᠦᠮᠵᠢ ᠶᠢ | ᠡᠵᠡᠯᠡᠵᠦ᠂ ᠡᠪᠳᠡᠨ ᠰᠦᠢᠳᠬᠡᠵᠦ ᠪᠣᠯᠬᠤ ᠦᠭᠡᠢ᠃ | ᠳᠥᠴᠢᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠤᠰᠦᠠ ᠤ ᠪᠠᠷᠢᠯᠭ᠎ᠠ᠂ ᠢᠯᠠᠩᠭᠤᠶ᠎ᠠ ᠤᠰᠦᠠ ᠬᠠᠰᠢᠯᠭ᠎ᠠ ᠪᠠ ᠲᠡᠯᠡᠩ ᠤᠨ ᠠᠶᠤᠯᠭᠦᠶ ᠪᠠᠶᠢᠬᠤ ᠶᠢ | ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠠᠶᠤᠯ ᠲᠦᠭᠰᠢᠭᠦᠷᠢ ᠶᠢ ᠠᠷᠢᠯᠭᠠᠬᠤ ᠬᠡᠷᠡᠭᠲᠡᠶ᠃ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤᠨ ᠤ ᠪᠠᠷᠢᠯᠭ᠎ᠠ ᠶᠢᠨ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠤᠯᠤᠰ ᠠᠴᠠ ᠤᠰᠤᠨ ᠤ ᠪᠠᠷᠢᠯᠭ᠎ᠠ ᠶᠢ ᠬᠠᠮᠠᠭᠠᠯᠠᠨ᠎ᠠ᠃ ᠤᠯᠤᠰ ᠤᠨ | ᠥᠮᠴᠢᠯᠡᠯ ᠤᠨ ᠤᠰᠦᠠ ᠤ ᠪᠠᠷᠢᠯᠭ᠎ᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ | ᠪᠠᠷᠢᠯᠭ᠎ᠠ ᠶᠢ ᠬᠠᠮᠢᠶᠠᠷᠬᠤ ᠪᠠ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠤ ᠬᠡᠷᠡᠭᠲᠡᠶ᠃ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠪᠤᠶᠤ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠮᠢᠶᠠᠷᠴᠤ ᠪᠦᠬᠦᠢ ᠤᠰᠤᠨ ᠤ | ᠪᠠᠷᠢᠯᠭ᠎ᠠ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠰᠠᠪᠠ ᠭᠠᠵᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ | ᠠᠴᠠ ᠬᠤᠯᠪᠤᠭᠳᠠᠯ ᠪᠦᠬᠦᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ | ᠵᠠᠰᠠᠭ ᠤᠨ ᠤᠷᠳᠤᠨ ᠲᠠᠢ ᠵᠦᠪᠳᠡᠯᠴᠡᠨ ᠪᠠᠷᠢᠯᠭ᠎ᠠ ᠶᠢᠨ ᠬᠠᠮᠢᠶᠠᠷᠤᠯᠳᠠ ᠪᠠ ᠬᠠᠮᠠᠭᠠᠯᠠᠯᠳᠠ ᠶᠢᠨ ᠬᠦᠷᠢᠶ᠎ᠡ ᠬᠡᠪᠴᠢᠶ᠎ᠡ | ᠶᠢ ᠲᠤᠭᠳᠠᠭᠠᠨ᠎ᠠ᠃ | ᠡᠮᠦᠨᠡᠬᠢ ᠪᠠᠳᠠᠭ ᠲᠤ ᠲᠤᠭᠳᠠᠭᠠᠭᠰᠠᠨ ᠠᠴᠠ ᠭᠠᠳᠠᠨᠠᠬᠢ ᠪᠤᠰᠤᠳ ᠤᠰᠤᠨ ᠤ ᠪᠠᠷᠢᠯᠭ᠎ᠠ ᠶᠢ ᠮᠤᠵᠢ᠂ | ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠤᠭᠳᠠᠭᠠᠯ | ᠶᠤᠰᠤᠭᠠᠷ ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠶᠢ ᠨᠢ ᠬᠤᠪᠢᠶᠠᠨ | ᠲᠤᠭᠳᠠᠭᠠᠬᠤ ᠬᠡᠷᠡᠭᠲᠡᠢ᠃ | ᠤᠰᠤᠨ ᠤ ᠪᠠᠷᠢᠯᠭ᠎ᠠ ᠶᠢᠨ ᠬᠠᠮᠠᠭᠠᠯᠠᠯᠳᠠ ᠶᠢᠨ ᠬᠦᠷᠢᠶ᠎ᠡ ᠬᠡᠪᠴᠢᠶᠡᠨ ᠲᠤᠲᠤᠷ᠎ᠠ ᠤᠰᠤᠨ ᠤ ᠪᠠᠷᠢᠯᠭ᠎ᠠ ᠶᠢᠨ | ᠠᠵᠢᠯᠯᠠᠭᠠᠨ ᠪᠠ ᠤᠰᠤᠨ ᠤ ᠪᠠᠷᠢᠯᠭ᠎ᠠ ᠶᠢᠨ ᠠᠮᠤᠷ ᠲᠦᠪᠰᠢᠨ ᠢ ᠬᠦᠨᠦᠭᠡᠬᠦ ᠲᠡᠯᠪᠡᠴᠢᠬᠦ᠂ ᠬᠤᠳᠳᠤᠭ ᠮᠠᠯᠳᠠᠬᠤ᠂ | ᠡᠯᠡᠰᠦ ᠴᠢᠯᠠᠭᠤ ᠮᠠᠯᠳᠠᠬᠤ᠂ ᠬᠦᠷᠦᠰᠦ ᠰᠢᠷᠦᠢ ᠠᠪᠬᠤ ᠵᠡᠷᠭᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠲᠠᠪᠤᠳᠤᠭᠠᠷ ᠪᠦᠯᠦᠭ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠ ᠠᠷᠪᠢᠯᠠᠨ ᠬᠡᠷᠡᠭᠯᠡᠬᠦ | | ᠳᠥᠴᠢᠨ ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ | ᠲᠥᠯᠥᠪᠯᠡᠭᠡᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠤᠰᠤᠨ | ᠤ ᠡᠬᠢ ᠪᠠᠶᠠᠯᠢᠭ ᠲᠤ ᠬᠤᠷᠸ᠎ᠠ ᠲᠤᠬᠢᠷᠠᠭᠤᠯᠭ᠎ᠠ ᠬᠢᠨ᠎ᠡ᠃ ᠪᠦᠬᠦ ᠤᠯᠤᠰ ᠤᠨ ᠪᠠ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠤᠰᠦᠠ ᠤ ᠶᠠᠪᠤᠳᠠᠯ ᠤᠨ ᠲᠤᠮᠳᠠ ᠤᠷᠳᠦ ᠬᠤᠭᠤᠴᠠᠭᠠᠨ ᠤ | ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠦᠠ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ | ᠲᠥᠯᠥᠪᠯᠡᠭᠡᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠵᠤ ᠵᠦᠪᠰᠢᠶᠡᠷᠡᠭᠰᠡᠨ ᠤ ᠲᠠᠷᠠᠭ᠎ᠠ | ᠬᠡᠷᠡᠭᠵᠢᠬᠦᠯᠦᠨ᠎ᠡ᠃ ᠣᠷᠣᠨ ᠨᠤᠲᠤᠭ ᠤᠨ ᠤᠰᠤᠨ ᠤ ᠲᠤᠮᠳᠠ ᠤᠷᠲᠤ ᠬᠤᠭᠤᠴᠠᠭᠠᠨ ᠤ ᠬᠠᠩᠭᠠᠯᠭ᠎ᠠ | ᠬᠡᠷᠡᠭᠴᠡᠭᠡ ᠶᠢᠨ ᠲᠥᠯᠥᠪᠵᠢᠭᠦᠯᠭᠡ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠡᠭᠡᠷ᠎ᠡ ᠨᠢᠭᠡ | ᠱᠠᠲᠤᠨ ᠤ ᠤᠰᠤᠨ ᠤ ᠲᠤᠮᠳᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ ᠪᠣᠯᠤᠨ | ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠵᠤ᠂ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠥᠭᠵᠢᠯᠲᠡ ᠶᠢᠨ ᠲᠦᠯᠦᠪᠯᠡᠭᠡᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ | ᠪᠠᠶᠢᠴᠠᠭᠠᠵᠤ ᠵᠦᠪᠰᠢᠶᠡᠷᠡᠭᠰᠡᠨ ᠤ ᠲᠠᠷᠠᠭ᠎ᠠ ᠬᠡᠷᠡᠭᠵᠢᠬᠦᠯᠦᠨ᠎ᠡ᠃ | ᠤᠰᠤᠨ ᠤ ᠲᠤᠮᠳᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ ᠶᠢ | ᠤᠰᠤᠨ ᠤ ᠬᠠᠩᠭᠠᠯᠭ᠎ᠠ ᠬᠡᠷᠡᠭᠴᠡᠭᠡ ᠶᠢᠨ ᠣᠳᠣᠬᠢ ᠪᠠᠶᠢᠳᠠᠯ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ᠂ ᠰᠠᠪᠠ ᠭᠠᠵᠠᠷ ᠤᠨ ᠲᠥᠯᠥᠪᠵᠢᠭᠦᠯᠭᠡ᠂ ᠣᠷᠣᠨ ᠪᠦᠰᠡ ᠶᠢᠨ | ᠲᠥᠯᠥᠪᠵᠢᠭᠦᠯᠭᠡ ᠶᠢ ᠦᠨᠳᠦᠰᠦᠯᠡᠨ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ᠂ | ᠶᠡᠷᠦᠩᠬᠡᠶᠢᠯᠡᠨ ᠲᠡᠩᠴᠡᠭᠦᠯᠬᠦ᠂ ᠠᠮᠢ ᠠᠬᠤᠶ ᠶᠢ ᠬᠠᠮᠠᠭᠠᠯᠠᠬᠤ᠂ ᠰᠠᠶᠢᠲᠤᠷ ᠠᠷᠪᠢᠯᠠᠨ ᠭᠠᠮᠨᠠᠬᠤ᠂ ᠡᠬᠢ ᠰᠤᠷᠪᠤᠯᠵᠢ ᠶᠢ | ᠵᠦᠢ ᠵᠣᠬᠢᠰᠲᠠᠶ ᠪᠠᠷ ᠨᠡᠭᠡᠭᠡᠬᠦ ᠵᠠᠷᠴᠢᠮ ᠶᠣᠰᠣᠭᠠᠷ ᠲᠣᠭᠲᠠᠭᠠᠬᠤ ᠬᠡᠷᠡᠭᠲᠡᠶ᠃ | ᠳᠥᠴᠢᠨ ᠲᠠᠪᠤᠳᠤᠭᠠᠷ ᠵᠦᠢᠯ ᠤᠷᠤᠰᠬᠠᠯ ᠢ ᠲᠣᠬᠢᠷᠠᠭᠤᠯᠤᠨ ᠬᠠᠳᠠᠭᠠᠯᠠᠬᠤ ᠪᠠ ᠤᠰᠤᠨ ᠤ ᠬᠡᠮᠵᠢᠶ᠎ᠡ ᠶᠢ | ᠬᠤᠪᠢᠶᠠᠷᠢᠯᠠᠬᠤ ᠳᠠᠭᠠᠨ ᠰᠠᠪᠠ ᠭᠠᠵᠠᠷ ᠤᠨ ᠲᠥᠯᠥᠪᠵᠢᠭᠦᠯᠭᠡ ᠪᠠ ᠤᠰᠤᠨ ᠤ ᠲᠤᠮᠳᠠ ᠤᠷᠳᠤ ᠬᠤᠭᠤᠴᠠᠭᠠᠨ ᠤ | ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠰᠠᠪᠠ ᠭᠠᠵᠠᠷ ᠢᠶᠠᠷ ᠨᠢᠭᠡᠴᠢ ᠪᠣᠯᠭᠠᠨ | ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠲᠣᠭᠲᠠᠭᠠᠬᠤ ᠬᠡᠷᠡᠭᠲᠡᠶ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠤᠰᠦᠠ ᠤ ᠬᠡᠮᠵᠢᠶ᠎ᠡ ᠶᠢ | ᠬᠤᠪᠢᠶᠠᠷᠢᠯᠠᠬᠤ ᠲᠥᠰᠦᠯ ᠪᠠ ᠭᠠᠩ ᠬᠠᠭᠰᠠᠷᠠᠭᠠᠨ ᠤ ᠪᠠᠴᠢᠮ ᠪᠠᠶᠢᠳᠠᠯ ᠳᠣᠣᠷᠠᠬᠢ ᠤᠰᠦᠠ ᠤ ᠬᠡᠮᠵᠢᠶ᠎ᠡ ᠶᠢ | ᠲᠣᠬᠢᠷᠠᠭᠤᠯᠬᠤ ᠪᠡᠯᠡᠳᠬᠡᠯ ᠲᠥᠰᠦᠯ ᠢ ᠰᠡᠪᠡ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ | ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠲᠠᠢ ᠵᠥᠪᠳᠡᠯᠴᠡᠨ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠲᠡᠭᠦᠨ ᠤ ᠡᠷᠬᠡ | ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠡᠷᠠᠭ᠎ᠠ ᠬᠡᠷᠡᠭᠵᠢᠭᠦᠯᠦᠨ᠎ᠡ᠃ ᠪᠤᠰᠤᠳ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠭᠠᠩᠳᠠᠭᠰᠠᠨ | ᠪᠠᠴᠢᠮ ᠪᠠᠶᠢᠳᠠᠯ ᠳᠣᠣᠷᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠪᠡᠯᠡᠳᠬᠡᠯ ᠲᠥᠰᠦᠯ ᠢ ᠬᠠᠮᠲᠤ ᠶᠢᠨ ᠳᠡᠭᠡᠷ᠎ᠡ | ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠲᠠᠢ ᠵᠥᠪᠳᠡᠯᠴᠡᠨ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠤᠰᠦᠠ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠭᠠᠩ ᠬᠠᠭᠰᠠᠷᠠᠭᠠᠨ ᠤ ᠪᠠᠴᠢᠮ ᠪᠠᠶᠢᠳᠠᠯ ᠳᠣᠣᠷᠠᠬᠢ | ᠤᠰᠦᠠ ᠤ ᠬᠡᠮᠵᠢᠶ᠎ᠡ ᠶᠢ ᠲᠣᠬᠢᠷᠠᠭᠤᠯᠬᠤ ᠪᠡᠯᠡᠳᠬᠡᠯ ᠲᠥᠰᠦᠯ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠬᠤᠯᠪᠣᠭᠳᠠᠯ | ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠬᠡᠷᠡᠭᠵᠢᠭᠦᠯᠬᠦ ᠬᠡᠷᠡᠭᠲᠡᠶ᠃ | ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠣᠬᠢ ᠬᠢᠯᠢ ᠶᠢᠨ ᠵᠠᠭᠠᠭ ᠤᠨ ᠭᠤᠣᠯ ᠮᠥᠷᠡᠨ | ᠳᠡᠭᠡᠷ᠎ᠡ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠦᠢᠯᠡᠰ ᠢ ᠪᠠᠶᠢᠭᠤᠯᠬᠤ ᠳᠤ ᠲᠤᠰ ᠰᠠᠪᠠ ᠭᠠᠵᠠᠷ ᠤᠨ | ᠵᠥᠪᠰᠢᠶᠡᠷᠡᠭᠦᠯᠦᠭᠰᠡᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠂ | ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠠᠴᠠ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠰᠠᠪᠠ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠥᠪᠰᠢᠶᠡᠷᠡᠭᠰᠡᠨ ᠤᠰᠤᠨ ᠤ ᠬᠡᠮᠵᠢᠶ᠎ᠡ ᠶᠢ | ᠬᠤᠪᠢᠶᠠᠷᠢᠯᠠᠬᠤ ᠲᠥᠰᠦᠯ ᠪᠠ ᠣᠨ ᠤ ᠢᠷᠡᠬᠦ ᠤᠰᠤᠨ ᠤ ᠬᠡᠮᠵᠢᠶ᠎ᠡ ᠶᠢ ᠤᠷᠢᠳᠴᠢᠯᠠᠨ ᠵᠢᠱᠢᠭᠰᠡᠨ ᠪᠠᠶᠢᠳᠠᠯ ᠢ | ᠦᠨᠳᠦᠰᠦᠯᠡᠨ᠂ ᠣᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠲᠣᠬᠢᠷᠠᠭᠤᠯᠬᠤ ᠲᠥᠯᠥᠪᠯᠡᠭᠡ ᠶᠢ | ᠲᠣᠭᠲᠠᠭᠠᠵᠤ᠂ ᠤᠰᠤᠨ ᠤ ᠬᠡᠮᠵᠢᠶ᠎ᠡ ᠶᠢ ᠨᠢᠭᠡᠳᠦᠯᠲᠡᠶ ᠲᠣᠬᠢᠷᠠᠭᠤᠯᠬᠤ ᠬᠡᠷᠡᠭᠲᠡᠶ︔ ᠬᠤᠯᠪᠣᠭᠳᠠᠯ ᠪᠦᠬᠦᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠲᠡᠭᠠᠬᠤ ᠬᠡᠷᠡᠭᠲᠡᠶ᠃ | ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠣᠨ ᠤ ᠤᠰᠤᠨ ᠤ | ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠣᠨ ᠤ ᠲᠥᠯᠥᠪᠯᠡᠭᠡ ᠳᠤ ᠣᠷᠣᠭᠤᠯᠬᠤ ᠬᠡᠷᠡᠭᠲᠡᠶ᠃ | ᠳᠥᠴᠢᠨ ᠳᠣᠯᠣᠳᠤᠭᠠᠷ ᠵᠦᠢᠯ ᠤᠯᠤᠰ ᠠᠴᠠ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ | ᠨᠤᠷᠮ᠎ᠠ ᠲᠣᠭᠲᠠᠭᠠᠨ ᠬᠠᠮᠢᠶᠠᠷᠬᠤ ᠶᠢ ᠤᠶᠠᠯᠳᠤᠭᠤᠯᠤᠭᠰᠠᠨ ᠲᠦᠷᠢᠮ ᠢ ᠬᠡᠷᠡᠭᠵᠢᠭᠦᠯᠦᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠠᠵᠢᠯ ᠲᠥᠷᠥᠯ ᠤᠨ ᠤᠰᠤ ᠬᠡᠷᠡᠭᠯᠡᠬᠦ ᠨᠣᠷᠮ᠎ᠠ ᠶᠢ ᠲᠣᠭᠲᠠᠭᠠᠵᠤ᠂ ᠠᠳᠠᠯᠢ | ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠶᠠᠰᠤ | ᠴᠢᠨᠠᠷ ᠤᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠬᠦ ᠶᠢᠨ ᠬᠠᠮᠲᠤ ᠲᠦᠷᠦ ᠶᠢᠨ | ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠠᠰᠤ ᠴᠢᠨᠠᠷ ᠤᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠥᠭᠵᠢᠯᠲᠡ ᠶᠢᠨ ᠲᠥᠯᠥᠪᠯᠡᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ᠂ ᠤᠰᠤ ᠬᠡᠷᠡᠭᠯᠡᠬᠦ | ᠲᠣᠭᠲᠠᠭᠰᠠᠨ ᠨᠤᠷᠮ᠎ᠠ᠂ ᠠᠵᠤ ᠠᠬᠤᠶ ᠲᠧᠭᠨᠢᠭ ᠮᠡᠷᠭᠡᠵᠢᠯ ᠤᠨ ᠨᠥᠬᠦᠴᠡᠯ ᠵᠢᠴᠢ ᠤᠰᠤᠨ ᠤ ᠬᠡᠮᠵᠢᠶ᠎ᠡ ᠶᠢ | ᠬᠤᠪᠢᠶᠠᠷᠢᠯᠠᠬᠤ ᠲᠥᠰᠦᠯ ᠳᠤ ᠲᠣᠭᠲᠠᠭᠠᠭᠰᠠᠨ ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠯᠡᠭᠦᠯᠵᠦ ᠪᠣᠯᠬᠤ | ᠤᠰᠤᠨ ᠤ ᠬᠡᠮᠵᠢᠶ᠎ᠡ ᠶᠢ ᠦᠨᠳᠦᠰᠦᠯᠡᠨ᠂ ᠣᠨ ᠤ ᠤᠰᠤ ᠬᠡᠷᠡᠭᠯᠡᠬᠦ ᠲᠥᠯᠥᠪᠯᠡᠭᠡ ᠶᠢ ᠲᠣᠭᠲᠠᠭᠠᠵᠤ᠂ ᠲᠤᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠨ᠎ᠠ᠃ | ᠳᠥᠴᠢᠨ ᠨᠠᠢᠮᠠᠳᠤᠭᠠᠷ ᠵᠦᠢᠯ ᠭᠤᠣᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ ᠳᠣᠣᠷ᠎ᠠ ᠠᠴᠠ | ᠰᠢᠭᠤᠳ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠨᠢᠭᠡᠴᠢ ᠪᠠ ᠬᠤᠪᠢ ᠬᠥᠮᠦᠨ ᠤᠯᠤᠰ ᠤᠨ ᠤᠰᠤ | ᠲᠠᠲᠠᠬᠤ ᠵᠥᠪᠰᠢᠶᠡᠷᠡᠯ ᠤᠨ ᠲᠦᠷᠢᠮ ᠪᠠ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠤᠨ | ᠲᠣᠭᠲᠠᠭᠠᠯ ᠶᠣᠰᠣᠭᠠᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠤᠰᠤ ᠲᠠᠲᠠᠬᠤ ᠵᠥᠪᠰᠢᠶᠡᠷᠡᠯ ᠤᠨ ᠦᠨᠡᠮᠯᠡᠯ | ᠭᠤᠶᠤᠴᠢᠯᠠᠨ ᠠᠪᠬᠤ ᠶᠢᠨ ᠬᠠᠮᠲᠤ ᠤᠰᠤᠨ ᠤ ᠡᠬᠢ ᠪᠠᠶᠠᠯᠢᠭ ᠤᠨ ᠰᠦᠢᠳᠬᠡᠯ ᠲᠤᠰᠢᠶᠠᠵᠤ᠂ ᠤᠰᠤ ᠲᠠᠲᠠᠬᠤ | ᠡᠷᠬᠡ ᠶᠢ ᠤᠯᠬᠤ ᠬᠡᠷᠡᠭᠲᠡᠶ᠃ ᠭᠡᠪᠡᠴᠦ ᠭᠡᠷ ᠪᠦᠯᠢ ᠶᠢᠨ ᠠᠮᠢᠳᠤᠷᠠᠯ ᠪᠠ ᠲᠠᠷᠠᠬᠠᠶ ᠪᠤᠲᠠᠷᠬᠠᠶ ᠲᠡᠵᠢᠭᠡᠬᠦ᠂ ᠬᠠᠰᠢᠶᠠᠯᠠᠨ | ᠲᠡᠵᠢᠭᠡᠬᠦ ᠳᠤ ᠬᠡᠷᠡᠭᠯᠡᠬᠦ ᠮᠠᠯ ᠵᠢᠭᠦᠷᠲᠡᠨ ᠤ ᠤᠤᠭᠤᠬᠤ ᠤᠰᠤ ᠵᠡᠷᠭᠡ ᠪᠠᠭ᠎ᠠ ᠬᠡᠮᠵᠢᠶᠡᠨ ᠤ ᠤᠰᠤ ᠠᠪᠬᠤ ᠶᠠᠪᠤᠳᠠᠯ | ᠡᠭᠦᠨ ᠳᠤ ᠪᠠᠭᠲᠠᠬᠤ ᠦᠭᠡᠢ᠃ | ᠤᠰᠤ ᠲᠠᠲᠠᠬᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠬᠦ ᠪᠠ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠰᠦᠢᠳᠬᠡᠯ ᠢ ᠲᠠᠲᠠᠪᠤᠷᠢᠯᠠᠬᠤ ᠪᠣᠳᠠᠲᠠᠶ ᠠᠷᠭ᠎ᠠ ᠶᠢ ᠳᠦᠷᠦ ᠶᠢᠨ ᠶᠠᠪᠤᠳᠠᠯ ᠤᠨ ᠬᠤᠷᠢᠶ᠎ᠠ ᠠᠴᠠ | ᠲᠣᠭᠲᠠᠭᠠᠨ᠎ᠠ᠃ | ᠳᠥᠴᠢ ᠶᠢᠰᠦᠳᠦᠭᠡᠷ ᠵᠦᠢᠯ ᠤᠰᠤ ᠬᠡᠷᠡᠭᠯᠡᠬᠦ ᠳᠡᠭᠡᠨ ᠬᠡᠮᠵᠢᠬᠦ ᠶᠢᠨ ᠬᠠᠮᠲᠤ ᠵᠥᠪᠰᠢᠶᠡᠷᠡᠭᠰᠡᠨ ᠤᠰᠤ | ᠬᠡᠷᠡᠭᠯᠡᠬᠦ ᠲᠥᠯᠥᠪᠯᠡᠭᠡ ᠶᠢᠨ ᠶᠣᠰᠣᠭᠠᠷ ᠤᠰᠤ ᠬᠡᠷᠡᠭᠯᠡᠬᠦ ᠬᠡᠷᠡᠭᠲᠡᠶ᠃ | ᠤᠰᠤ ᠬᠡᠷᠡᠭᠯᠡᠬᠦ ᠳᠤ ᠬᠡᠮᠵᠢᠯᠲᠡ ᠪᠠᠷ ᠰᠦᠢᠳᠬᠡᠯ ᠬᠤᠷᠢᠶᠠᠬᠤ ᠪᠠ ᠲᠣᠭᠲᠠᠭᠰᠠᠨ ᠨᠤᠷᠮ᠎ᠠ ᠠᠴᠠ | ᠬᠡᠲᠦᠷᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ᠃ | ᠲᠠᠪᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠰᠤ ᠠᠷᠪᠢᠯᠠᠬᠤ | ᠤᠰᠤᠯᠠᠯᠲᠠ ᠶᠢᠨ ᠠᠷᠭ᠎ᠠ ᠮᠠᠶ᠋ᠢᠭ ᠪᠠ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠤᠰᠤ | ᠬᠠᠳᠠᠭᠠᠯᠠᠬᠤ᠂ ᠤᠰᠤ ᠳᠠᠮᠵᠢᠭᠤᠯᠬᠤ ᠪᠠᠷᠢᠯᠭ᠎ᠠ ᠳᠤ ᠤᠰᠤ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠴᠢᠬᠤᠯᠠ | ᠪᠦᠬᠦᠢ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠤᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠲᠠᠪᠢᠨ ᠨᠢᠭᠡᠳᠦᠭᠡᠷ ᠵᠦᠢᠯ ᠠᠵᠤ ᠦᠢᠯᠡᠳᠪᠦᠷᠢ ᠳᠤ ᠤᠰᠤ ᠬᠡᠷᠡᠭᠯᠡᠬᠦ ᠳᠡᠭᠡᠨ ᠲᠡᠷᠢᠭᠦᠨ ᠤ ᠲᠧᠭᠨᠢᠭ | ᠮᠡᠷᠭᠡᠵᠢᠯ᠂ ᠤᠷᠠᠯᠠᠯ ᠪᠠ ᠲᠤᠨᠤᠭ ᠲᠥᠬᠦᠭᠡᠷᠦᠮᠵᠢ ᠶᠢ ᠬᠡᠷᠡᠭᠯᠡᠵᠦ᠂ ᠤᠰᠤ ᠶᠢ ᠤᠷᠴᠢᠯᠳᠤᠭᠤᠯᠤᠨ ᠬᠡᠷᠡᠭᠯᠡᠬᠦ | ᠲᠤᠭ᠎ᠠ ᠶᠢ ᠨᠡᠮᠡᠭᠳᠡᠭᠦᠯᠵᠦ᠂ ᠤᠰᠤ ᠶᠢ ᠳᠠᠪᠲᠠᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ | ᠤᠯᠤᠰ ᠠᠴᠠ ᠬᠤᠴᠣᠷᠤᠩᠭᠤᠶ᠂ ᠤᠰᠤᠨ ᠤ ᠬᠤᠷᠣᠭᠳᠠᠯ ᠢᠶᠠᠷ ᠶᠡᠭᠡ ᠤᠷᠠᠯᠠᠯ᠂ ᠲᠤᠨᠤᠭ ᠲᠥᠬᠦᠭᠡᠷᠦᠮᠵᠢ ᠪᠠ | ᠦᠢᠯᠡᠳᠬᠦᠨ ᠢ ᠠᠯᠬᠤᠮ ᠠᠯᠬᠤᠮ ᠢᠶᠠᠷ ᠰᠢᠭᠰᠢᠨ᠎ᠡ᠂ ᠪᠣᠳᠠᠲᠠᠶ ᠨᠡᠷᠡᠰ ᠤᠨ ᠵᠢᠭᠰᠠᠭᠠᠯᠲᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠶᠡᠷᠦᠩᠬᠡᠶᠢᠯᠡᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠵᠤ ᠨᠡᠶᠢᠲᠡᠯᠡᠨ᠎ᠡ᠃ | ᠦᠢᠯᠡᠳᠪᠦᠷᠢᠯᠡᠭᠴᠢ᠂ ᠪᠣᠷᠣᠯᠠᠭᠤᠯᠤᠭᠴᠢ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠡᠷᠡᠭᠯᠡᠭᠴᠢ | ᠲᠣᠭᠲᠠᠭᠰᠠᠨ ᠴᠠᠭ ᠤᠨ ᠳᠣᠲᠣᠷ᠎ᠠ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠤᠷᠠᠯᠠᠯ᠂ ᠲᠤᠨᠤᠭ | ᠲᠥᠬᠦᠭᠡᠷᠦᠮᠵᠢ ᠪᠠ ᠦᠢᠯᠡᠳᠬᠦᠨ ᠢ ᠦᠢᠯᠡᠳᠪᠦᠷᠢᠯᠡᠬᠦ᠂ ᠪᠣᠷᠣᠯᠠᠭᠤᠯᠬᠤ ᠪᠤᠶᠤ ᠬᠡᠷᠡᠭᠯᠡᠬᠦ ᠪᠠᠨ ᠵᠣᠭᠰᠣᠬᠤ ᠬᠡᠷᠡᠭᠲᠡᠢ᠃ | | ᠲᠠᠪᠢᠨ ᠬᠤᠶᠠᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ | ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠰᠤ ᠠᠷᠪᠢᠯᠠᠬᠤ | ᠬᠡᠯᠪᠡᠷᠢ ᠶᠢᠨ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠳᠡᠯᠭᠡᠷᠡᠭᠦᠯᠵᠦ᠂ ᠬᠤᠳᠠ ᠶᠢᠨ ᠤᠰᠤ ᠬᠠᠩᠭᠠᠬᠤ | ᠬᠤᠭᠤᠯᠠᠶ ᠲᠣᠣᠷ ᠤᠨ ᠭᠤᠭᠤᠵᠢᠬᠤ ᠨᠤᠷᠮ᠎ᠠ ᠶᠢ ᠪᠠᠭᠤᠷᠠᠭᠤᠯᠵᠤ᠂ ᠠᠮᠢᠳᠤᠷᠠᠯ ᠤᠨ ᠤᠰᠤ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ︔ ᠬᠤᠳᠠ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠠᠵᠢᠯ ᠢ | ᠴᠢᠩᠭᠠᠳᠬᠠᠵᠤ᠂ ᠳᠠᠬᠢᠯᠲᠠ ᠤᠰᠤ ᠬᠡᠷᠡᠭᠯᠡᠬᠦ ᠶᠢ ᠵᠣᠷᠢᠭᠵᠢᠭᠤᠯᠵᠤ᠂ ᠪᠣᠬᠢᠷ ᠤᠰᠤ ᠶᠢ ᠳᠠᠬᠢᠵᠦ ᠠᠰᠢᠭᠯᠠᠬᠤ | ᠨᠤᠷᠮ᠎ᠠ ᠶᠢ ᠳᠡᠭᠡᠭᠰᠢᠯᠡᠭᠦᠯᠦᠨ᠎ᠡ᠃ | ᠲᠠᠪᠢᠨ ᠭᠤᠷᠪᠠᠳᠤᠭᠠᠷ ᠵᠦᠢᠯ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ | ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠳᠤ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠲᠥᠰᠦᠯ | ᠲᠣᠭᠲᠠᠭᠠᠵᠤ᠂ ᠤᠰᠤ ᠠᠷᠪᠢᠯᠠᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠥᠳᠥᠭᠡᠨ ᠪᠠᠶᠢᠭᠤᠯᠬᠤ ᠬᠡᠷᠡᠭᠲᠡᠶ᠃ | ᠤᠰᠤ ᠠᠷᠪᠢᠯᠠᠬᠤ ᠪᠡᠯᠡᠳᠬᠡᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠬᠠᠮᠲᠤ ᠳᠤᠨᠢ ᠵᠢᠷᠤᠭᠯᠠᠨ ᠲᠥᠯᠥᠪᠯᠡᠵᠦ᠂ | ᠬᠠᠮᠲᠤ ᠳᠤᠨᠢ ᠪᠠᠷᠢᠯᠭ᠎ᠠ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠬᠤ ᠬᠡᠷᠡᠭᠲᠡᠶ᠃ | ᠤᠰᠤ ᠬᠠᠩᠭᠠᠬᠤ ᠠᠵᠤ ᠠᠬᠤᠶᠢᠯᠠᠯ ᠪᠣᠯᠤᠨ ᠥᠪᠡᠷ ᠢᠶᠠᠨ ᠤᠰᠤ ᠬᠠᠩᠭᠠᠬᠤ ᠲᠥᠬᠦᠭᠡᠷᠦᠮᠵᠢ | ᠪᠠᠶᠢᠭᠤᠯᠤᠭᠰᠠᠨ ᠨᠢᠭᠡᠴᠢ ᠨᠦᠭᠦᠳ ᠤᠰᠤ ᠬᠠᠩᠭᠠᠬᠤ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠤᠰᠤ ᠭᠤᠭᠤᠵᠢᠬᠤ ᠶᠢ ᠪᠠᠭᠠᠰᠬᠠᠬᠤ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠤᠭᠤᠬᠤ | ᠤᠰᠤᠨ ᠤ ᠨᠥᠬᠦᠴᠡᠯ ᠢ ᠰᠠᠶᠢᠵᠢᠷᠠᠭᠤᠯᠬᠤ ᠬᠡᠷᠡᠭᠲᠡᠶ᠃ | ᠲᠠᠪᠢᠨ ᠲᠠᠪᠤᠳᠤᠭᠠᠷ ᠵᠦᠢᠯ ᠤᠰᠤᠨ ᠤ ᠪᠠᠷᠢᠯᠭ᠎ᠠ ᠶᠢᠨ ᠬᠠᠩᠭᠠᠭᠰᠠᠨ ᠤᠰᠤ ᠶᠢ ᠬᠡᠷᠡᠭᠯᠡᠬᠦ ᠳᠡᠭᠡᠨ | ᠤᠯᠤᠰ ᠤᠨ ᠲᠣᠭᠲᠠᠭᠠᠯ ᠶᠣᠰᠣᠭᠠᠷ ᠤᠰᠤ ᠬᠠᠩᠭᠠᠬᠤ ᠨᠢᠭᠡᠴᠢ ᠳᠤ ᠤᠰᠤᠨ ᠤ ᠰᠦᠢᠳᠬᠡᠯ ᠲᠤᠰᠢᠶᠠᠬᠤ ᠬᠡᠷᠡᠭᠲᠡᠶ᠃ | ᠤᠰᠤ ᠬᠠᠩᠭᠠᠬᠤ ᠦᠨ᠎ᠡ ᠶᠢ ᠥᠪᠡᠷ ᠤᠨ ᠥᠷᠲᠡᠭ ᠢ ᠨᠥᠬᠦᠪᠥᠷᠢᠯᠡᠬᠦ᠂ ᠵᠦᠶ ᠵᠣᠬᠢᠰᠲᠠᠶ ᠠᠰᠢᠭ ᠣᠷᠣᠯᠭ᠎ᠠ ᠤᠯᠬᠤ᠂ | ᠴᠢᠨᠠᠷ ᠰᠠᠶᠢᠲᠠᠶ ᠳᠤᠨᠢ ᠥᠨᠳᠥᠷ ᠦᠨ᠎ᠡ ᠥᠭᠬᠦ᠂ ᠡᠷᠬᠡ ᠲᠡᠭᠰᠢ ᠪᠠᠷ ᠡᠭᠦᠷᠭᠡᠯᠡᠬᠦ ᠵᠠᠷᠴᠢᠮ ᠢᠶᠠᠷ ᠲᠣᠭᠲᠠᠭᠠᠨ᠎ᠠ᠃ | ᠪᠣᠳᠠᠲᠠᠶ ᠠᠷᠭ᠎ᠠ ᠶᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ | ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠤᠰᠤ ᠬᠠᠩᠭᠠᠬᠤ ᠵᠠᠰᠠᠭ ᠵᠠᠬᠢᠷᠭᠠᠨ ᠤ ᠪᠤᠰᠤᠳ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠡᠷᠬᠡ ᠲᠤᠰᠢᠶᠠᠯ ᠢᠶᠠᠨ ᠦᠨᠳᠦᠰᠦᠯᠡᠨ ᠲᠤᠭᠳᠠᠭᠠᠨ᠎ᠠ᠃ | | ᠵᠢᠷᠭᠤᠳᠤᠭᠠᠷ ᠪᠦᠯᠦᠭ ᠤᠰᠤᠨ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ ᠪᠠ ᠬᠠᠤᠯᠢ | ᠬᠡᠷᠡᠭᠵᠢᠭᠦᠯᠦᠯᠲᠡ ᠶᠢ ᠬᠢᠨᠠᠵᠤ ᠪᠠᠶᠢᠴᠠᠭᠠᠬᠤ | | ᠲᠠᠪᠢᠨ ᠵᠢᠷᠭᠤᠳᠤᠭᠠᠷ ᠵᠦᠢᠯ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠣ ᠤᠰᠤᠨ ᠤ | ᠬᠡᠷᠡᠭ ᠤᠨ ᠵᠢᠭᠤᠷᠠᠯᠳᠤᠭᠠᠨ ᠭᠠᠷᠪᠠᠯ᠂ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠶ︔ ᠵᠥᠪᠳᠡᠯᠴᠡᠭᠡᠳ | ᠪᠦᠲᠦᠬᠦ ᠤᠢᠭᠡᠢ ᠪᠣᠯ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠯᠲᠠ ᠭᠠᠷᠭᠠᠨ᠎ᠠ᠂ | ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠡᠷᠬᠡᠪᠰᠢ ᠵᠢᠷᠤᠮᠯᠠᠨ ᠭᠦᠢᠴᠡᠳᠬᠡᠬᠦ ᠬᠡᠷᠡᠭᠲᠡᠶ᠃ ᠤᠰᠤᠨ ᠤ ᠬᠡᠷᠡᠭ ᠤᠨ | ᠵᠢᠭᠤᠷᠠᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠡᠯ᠎ᠡ ᠲᠠᠯ᠎ᠠ ᠶᠢᠨ ᠬᠢᠨ ᠬᠡᠯᠡᠯᠴᠡᠭᠡᠷ ᠲᠣᠭᠲᠠᠭᠰᠠᠨ ᠦᠭᠡᠢ ᠪᠤᠶᠤ | ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠦᠭᠡᠢ ᠪᠠᠷ ᠵᠠᠰᠠᠭ | ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠤᠶᠠᠷ ᠲᠠᠯ᠎ᠠ ᠶᠢᠨ ᠵᠣᠬᠢᠬᠤ ᠬᠡᠪᠴᠢᠶᠡᠨ ᠳᠣᠲᠣᠷ᠎ᠠ᠂ ᠠᠯᠢ ᠨᠢᠭᠡ | ᠲᠠᠯ᠎ᠠ ᠨᠢ ᠴᠦ ᠭᠡᠳ ᠤᠰᠤ ᠵᠠᠯᠠᠬᠤ᠂ ᠤᠰᠤ ᠬᠤᠷᠢᠭᠯᠠᠬᠤ᠂ ᠤᠰᠤ ᠲᠠᠲᠠᠬᠤ ᠪᠠ ᠤᠰᠤ ᠬᠠᠰᠢᠬᠤ ︵ᠬᠠᠳᠠᠭᠠᠯᠠᠬᠤ︶ | ᠪᠠᠷᠢᠯᠭ᠎ᠠ ᠪᠠᠶᠢᠭᠤᠯᠵᠤ ᠪᠣᠯᠬᠤ ᠦᠭᠡᠢ᠂ ᠤᠰᠤᠨ ᠤ ᠣᠳᠣᠬᠢ ᠪᠠᠶᠢᠳᠠᠯ ᠢ ᠭᠠᠭᠴᠠ ᠲᠠᠯ᠎ᠠ ᠠᠴᠠ ᠬᠤᠪᠢᠷᠠᠭᠤᠯᠵᠤ | ᠪᠣᠯᠬᠤ ᠦᠭᠡᠢ᠃ | ᠲᠠᠪᠢᠨ ᠳᠣᠯᠣᠳᠤᠭᠠᠷ ᠵᠦᠢᠯ ᠨᠢᠭᠡᠴᠢ ᠶᠢᠨ ᠬᠤᠭᠤᠷᠣᠨᠳᠣ᠂ ᠬᠤᠪᠢ ᠬᠥᠮᠦᠨ ᠤ ᠬᠤᠭᠤᠷᠣᠨᠳᠣ᠂ ᠨᠢᠭᠡᠴᠢ | ᠪᠣᠯᠤᠨ ᠬᠤᠪᠢ ᠬᠥᠮᠦᠨ ᠤ ᠬᠤᠭᠤᠷᠣᠨᠳᠣ ᠭᠠᠷᠤᠭᠰᠠᠨ ᠤᠰᠤᠨ ᠤ ᠬᠡᠷᠡᠭ ᠤᠨ ᠵᠢᠭᠤᠷᠠᠯᠳᠤᠭᠠᠨ ᠢ ᠵᠥᠪᠳᠡᠯᠴᠡᠵᠦ | ᠪᠠᠶᠢᠭᠠᠳ ᠰᠢᠢᠳᠪᠦᠷᠢᠯᠡᠬᠦ ᠬᠡᠷᠡᠭᠲᠡᠶ︔ ᠲᠤᠬᠠᠶ ᠶᠢᠨ ᠬᠥᠮᠦᠨ ᠵᠥᠪᠳᠡᠯᠴᠡᠬᠦ ᠳᠤᠷ᠎ᠠ ᠤᠢᠭᠡᠢ ᠪᠤᠶᠤ ᠵᠥᠪᠳᠡᠯᠴᠡᠭᠡᠳ | ᠪᠦᠲᠦᠭᠰᠡᠨ ᠤᠢᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠡᠶᠡᠳᠡᠭᠦᠯᠬᠦ ᠪᠠᠷ ᠭᠤᠶᠤᠴᠢᠯᠠᠵᠤ ᠪᠣᠯᠤᠨ᠎ᠠ᠂ | ᠠᠷᠠᠳ ᠤᠨ ᠰᠢᠭᠦᠬᠦ ᠬᠤᠷᠢᠶᠠᠨ ᠳᠤ ᠰᠢᠭᠤᠳ ᠢᠷᠭᠡᠨ ᠤ ᠬᠡᠷᠡᠭ ᠤᠨ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ | ᠡᠷᠬᠡ ᠣᠯᠭᠤᠭᠰᠠᠨ ᠰᠠᠯᠠᠭ᠎ᠠ ᠮᠥᠴᠢᠷ ᠡᠶᠡᠳᠡᠭᠦᠯᠦᠭᠡᠳ ᠪᠦᠲᠦᠭᠰᠡᠨ ᠤᠢᠭᠡᠢ ᠪᠠᠶᠢᠪᠠᠯ᠂ ᠲᠤᠬᠠᠶ ᠶᠢᠨ ᠬᠥᠮᠦᠨ ᠨᠢ | ᠠᠷᠠᠳ ᠤᠨ ᠰᠢᠭᠦᠬᠦ ᠬᠤᠷᠢᠶᠠᠨ ᠳᠤ ᠢᠷᠭᠡᠨ ᠤ ᠬᠡᠷᠡᠭ ᠤᠨ ᠵᠠᠭᠠᠯᠳᠤᠯᠭ᠎ᠠ ᠭᠠᠷᠭᠠᠵᠤ ᠪᠣᠯᠤᠨ᠎ᠠ᠃ | ᠤᠰᠤᠨ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠲᠤᠬᠠᠶ ᠶᠢᠨ ᠬᠥᠮᠦᠨ ᠨᠢ | ᠣᠳᠣᠬᠢ ᠪᠠᠶᠢᠳᠠᠯ ᠢ ᠭᠠᠭᠴᠠ ᠲᠠᠯ᠎ᠠ ᠠᠴᠠ ᠬᠤᠪᠢᠷᠠᠭᠤᠯᠵᠤ ᠪᠣᠯᠬᠤ ᠦᠭᠡᠢ᠃ | ᠲᠠᠪᠢᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ | ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠤᠳ ᠤᠰᠤᠨ ᠤ ᠬᠡᠷᠡᠭ ᠤᠨ ᠵᠢᠭᠤᠷᠠᠯᠳᠤᠭᠠᠨ ᠢ | ᠰᠢᠢᠳᠪᠦᠷᠢᠯᠡᠬᠦ ᠳᠡᠭᠡᠨ ᠲᠦᠷ ᠴᠠᠭ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠡᠷᠬᠡ ᠲᠠᠢ᠂ ᠬᠤᠯᠪᠣᠭᠳᠠᠯ ᠪᠦᠬᠦᠢ | ᠡᠯ᠎ᠡ ᠲᠠᠯ᠎ᠠ ᠶᠢᠨ ᠬᠢᠨ ᠪᠤᠶᠤ ᠲᠤᠬᠠᠶ ᠶᠢᠨ ᠬᠥᠮᠦᠨ ᠨᠢ ᠡᠷᠬᠡᠪᠰᠢ ᠲᠠᠭᠠᠬᠤ ᠬᠡᠷᠡᠭᠲᠡᠶ᠃ | ᠲᠠᠪᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠲᠤᠰ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠢᠨᠠᠵᠤ | ᠪᠠᠶᠢᠴᠠᠭᠠᠬᠤ ᠪᠠᠨ ᠴᠢᠩᠭᠠᠳᠬᠠᠬᠤ ᠶᠢᠨ ᠬᠠᠮᠲᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯᠲᠠᠳ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ | ᠪᠠᠶᠢᠵᠤ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠬᠡᠷᠡᠭᠲᠡᠶ᠃ | ᠵᠢᠷᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠲᠡᠭᠦᠨ ᠤ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠳᠠᠨ ᠲᠤᠰ | ᠬᠠᠤᠯᠢ ᠳᠤ ᠲᠣᠭᠲᠠᠭᠠᠭᠰᠠᠨ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠳᠣᠣᠷ᠎ᠠ | ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄ | ︵ᠨᠢᠭᠡ︶ ᠪᠠᠶᠢᠴᠠᠭᠠᠭᠳᠠᠬᠤ ᠨᠢᠭᠡᠴᠢ ᠶᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ | ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔ | ︵ᠬᠤᠶᠠᠷ︶ ᠪᠠᠶᠢᠴᠠᠭᠠᠭᠳᠠᠬᠤ ᠨᠢᠭᠡᠴᠢ ᠶᠢ ᠲᠤᠰ ᠬᠠᠤᠯᠢ ᠶᠢ ᠬᠡᠷᠡᠭᠵᠢᠭᠦᠯᠬᠦ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔ | ︵ᠭᠤᠷᠪᠠ︶ ᠪᠠᠶᠢᠴᠠᠭᠠᠭᠳᠠᠬᠤ ᠨᠢᠭᠡᠴᠢ ᠶᠢᠨ ᠦᠢᠯᠡᠳᠪᠦᠷᠢᠯᠡᠯ ᠤᠨ ᠲᠠᠯᠠᠪᠤᠷ ᠲᠤ ᠣᠴᠢᠵᠤ ᠪᠠᠶᠢᠴᠠᠭᠠᠯᠲᠠ | ᠬᠢᠬᠦ︔ | ︵ᠲᠦᠷᠪᠡ︶ ᠪᠠᠶᠢᠴᠠᠭᠠᠭᠳᠠᠬᠤ ᠨᠢᠭᠡᠴᠢ ᠶᠢ ᠵᠠᠷᠯᠢᠭᠳᠠᠵᠤ ᠪᠠᠶᠢᠭᠠᠳ ᠲᠤᠰ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠣᠭᠰᠣᠭᠠᠯᠭᠠᠵᠤ᠂ ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠭᠦᠯᠬᠦ᠃ | ᠵᠢᠷᠠᠨ ᠨᠢᠭᠡᠳᠦᠭᠡᠷ ᠵᠦᠢᠯ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ ᠤᠰᠤᠨ ᠤ ᠶᠠᠪᠤᠳᠠᠯ ᠤᠨ | ᠬᠢᠨᠠᠨ ᠪᠠᠶᠢᠴᠠᠭᠠᠬᠤ ᠠᠵᠢᠯᠲᠠᠨ ᠤ ᠬᠢᠨᠠᠨ ᠪᠠᠶᠢᠴᠠᠭᠠᠬᠤ ᠠᠵᠢᠯ ᠳᠤ ᠬᠠᠮᠵᠢᠯᠴᠠᠬᠤ ᠬᠡᠷᠡᠭᠲᠡᠶ᠂ ᠤᠰᠤᠨ ᠤ | ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ | ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃ | ᠵᠢᠷᠠᠨ ᠬᠤᠶᠠᠳᠤᠭᠠᠷ ᠵᠦᠢᠯ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠳᠠᠨ ᠬᠢᠨᠠᠨ ᠪᠠᠶᠢᠴᠠᠭᠠᠬᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠳᠤ ᠬᠠᠤᠯᠢ | ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃ | ᠵᠢᠷᠠᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ | ᠳᠡᠭᠡᠳᠦ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠤᠰ ᠱᠠᠲᠤᠨ ᠤ ᠪᠤᠶᠤ ᠳᠤᠤᠷᠠᠳᠤ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠳᠤᠮᠳᠠ ᠬᠠᠤᠯᠢ ᠶᠢ ᠵᠥᠷᠢᠴᠡᠭᠰᠡᠨ ᠪᠤᠶᠤ | ᠬᠠᠷᠢᠭᠤᠴᠠᠯᠭ᠎ᠠ ᠪᠠᠨ ᠠᠯᠳᠠᠭᠰᠠᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠶ᠃ | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠵᠢᠷᠠᠨ ᠳᠥᠷᠪᠡᠳᠦᠭᠡᠷ ᠵᠦᠢᠯ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠤᠰᠤᠨ ᠤ ᠪᠠᠷᠢᠯᠭ᠎ᠠ ᠶᠢᠨ | ᠬᠠᠮᠢᠶᠠᠷᠤᠯᠲᠠ ᠶᠢᠨ ᠨᠢᠭᠡᠴᠢ ᠵᠢᠴᠢ ᠲᠡᠭᠦᠨ ᠤ ᠠᠵᠢᠯᠲᠠᠨ᠂ ᠡᠭᠦᠷᠭᠡ ᠲᠤᠰᠢᠶᠠᠯ ᠤᠨ ᠢᠶᠠᠨ ᠳᠥᠭᠦᠮ ᠢ ᠠᠰᠢᠭᠯᠠᠨ | ᠪᠤᠰᠤᠳ ᠤᠨ ᠵᠣᠭᠤᠰ ᠮᠥᠩᠭᠦ ᠡᠳ᠋ ᠪᠣᠳᠠᠰ᠂ ᠪᠤᠰᠤᠳ ᠠᠰᠢᠭ ᠢ ᠬᠤᠷᠢᠶᠠᠨ ᠠᠪᠬᠤ ᠪᠤᠶᠤ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠨᠢᠭᠡᠴᠢ | ᠪᠤᠶᠤ ᠬᠤᠪᠢ ᠬᠥᠮᠦᠨ ᠳᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠵᠤ᠂ ᠬᠢᠨᠠᠨ ᠪᠠᠶᠢᠴᠠᠭᠠᠵᠤ ᠵᠥᠪᠰᠢᠶᠡᠷᠡᠭᠰᠡᠨ | ᠰᠠᠨᠠᠯ ᠳᠤ ᠭᠠᠷ ᠤᠨ ᠦᠰᠦᠭ ᠵᠢᠷᠤᠵᠤ᠂ ᠤᠰᠦᠠ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠤᠨ ᠶᠣᠰᠣᠭᠠᠷ | ᠤᠰᠦᠠ ᠤ ᠬᠡᠮᠵᠢᠶ᠎ᠡ ᠶᠢ ᠬᠤᠪᠢᠶᠠᠷᠢᠯᠠᠬᠤ ᠤᠢᠭᠡᠢ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠤᠰᠦᠠ ᠤ ᠡᠬᠢ ᠪᠠᠶᠠᠯᠢᠭ ᠤᠨ ᠰᠦᠢᠳᠬᠡᠯ ᠬᠤᠷᠢᠶᠠᠬᠤ ᠤᠢᠭᠡᠢ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠤᠢᠭᠡᠢ᠂ ᠡᠰᠡᠬᠦᠯ᠎ᠡ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ | ᠰᠢᠢᠳᠪᠦᠷᠢᠯᠡᠭᠰᠡᠨ ᠤᠢᠭᠡᠢ᠂ ᠬᠦᠨᠳᠦ ᠨᠣᠴᠢᠲᠠᠶ ᠤᠷᠰᠢᠭ ᠲᠠᠲᠠᠵᠤ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ | ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠠᠴᠠ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ︔ ᠡᠷᠡᠭᠦᠦ ᠶᠢᠨ ᠰᠢᠢᠳᠭᠡᠯ ᠥᠭᠬᠦ ᠬᠡᠮᠵᠢᠶᠡᠨ ᠳᠤ ᠬᠠᠷᠠᠬᠠᠨ ᠬᠦᠷᠦᠭᠰᠡᠨ ᠦᠭᠡᠢ ᠪᠠᠶᠢᠪᠠᠯ᠂ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃ | ᠵᠢᠷᠠᠨ ᠲᠠᠪᠤᠳᠤᠭᠠᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ | ᠵᠠᠯᠠᠬᠤ ᠶᠢ ᠬᠠᠷᠰᠢᠯᠠᠬᠤ ᠪᠠᠷᠢᠯᠭ᠎ᠠ᠂ ᠪᠠᠷᠢᠯᠭ᠎ᠠ ᠶᠢᠨ ᠵᠦᠢᠯ ᠢ ᠪᠦᠳᠦᠭᠡᠨ ᠪᠠᠶᠢᠭᠤᠯᠬᠤ᠂ ᠡᠰᠡᠬᠦᠯ᠎ᠡ ᠭᠤᠣᠯ ᠤᠨ | ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠲᠡᠯᠡᠩ ᠤᠨ ᠠᠮᠤᠷ | ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ ᠭᠤᠣᠯ ᠤᠨ ᠵᠡᠮ ᠢᠶᠠᠷ ᠦᠶᠡᠷ ᠵᠠᠯᠠᠬᠤ ᠶᠢ ᠬᠠᠷᠰᠢᠯᠠᠬᠤ | ᠪᠤᠰᠤᠳ ᠠᠵᠢᠯᠯᠠᠭ᠎ᠠ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠡᠪᠡ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠭᠰᠡᠨ ᠪᠠᠷᠢᠯᠭ᠎ᠠ᠂ ᠪᠠᠷᠢᠯᠭ᠎ᠠ ᠶᠢᠨ | ᠵᠦᠢᠯ ᠢ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ︔ ᠬᠤᠭᠤᠴᠠᠭ᠎ᠠ | ᠬᠡᠲᠦᠷᠡᠲᠡᠯ᠎ᠡ ᠨᠤᠷᠠᠭᠠᠨ ᠠᠷᠢᠯᠭᠠᠭᠰᠠᠨ ᠦᠭᠡᠢ᠂ ᠤᠤᠯ ᠤᠨ ᠪᠠᠶᠢᠳᠠᠯ ᠢ ᠨᠢ ᠰᠡᠷᠭᠦᠭᠡᠭᠰᠡᠨ ᠦᠭᠡᠢ ᠪᠠᠶᠢᠪᠠᠯ᠂ | ᠠᠯᠪᠠᠳᠠᠯᠭ᠎ᠠ ᠪᠠᠷ ᠨᠤᠷᠠᠭᠠᠨ ᠠᠷᠢᠯᠭᠠᠭᠠᠳ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠨ ᠨᠢᠭᠡᠴᠢ ᠪᠤᠶᠤ | ᠬᠤᠪᠢ ᠬᠥᠮᠦᠨ ᠡᠭᠦᠷᠭᠡᠯᠡᠵᠦ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠦᠭᠡᠶ ᠪᠠᠷ ᠤᠰᠤᠨ ᠠᠰᠢᠭᠯᠠᠯᠲᠠ ᠶᠢᠨ ᠪᠠᠷᠢᠯᠭ᠎ᠠ ᠶᠢ | ᠳᠤᠷ᠎ᠠ ᠪᠠᠷ ᠢᠶᠠᠨ ᠪᠠᠶᠢᠭᠤᠯᠤᠭᠰᠠᠨ᠂ ᠡᠰᠡᠬᠦᠯ᠎ᠡ ᠬᠥᠭᠦᠷᠭᠡ᠂ ᠭᠠᠷᠠᠮ ᠪᠠ ᠪᠤᠰᠤᠳ ᠭᠤᠣᠯ ᠬᠠᠰᠢᠬᠤ᠂ ᠭᠤᠣᠯ | ᠰᠤᠨᠳᠠᠯᠠᠬᠤ᠂ ᠭᠤᠣᠯ ᠳᠠᠭᠠᠤ ᠪᠠᠷᠢᠯᠭ᠎ᠠ᠂ ᠪᠠᠷᠢᠯᠭ᠎ᠠ ᠶᠢᠨ ᠵᠦᠢᠯ ᠢ ᠪᠠᠶᠢᠭᠤᠯᠤᠭᠰᠠᠨ᠂ ᠭᠤᠣᠯ ᠰᠤᠨᠳᠠᠯᠠᠭᠰᠠᠨ | ᠬᠤᠭᠤᠯᠠᠶ᠂ ᠴᠠᠬᠢᠯᠭᠠᠨ ᠳᠡᠭᠡᠰᠦ ᠲᠠᠲᠠᠭᠰᠠᠨ ᠮᠥᠷᠲᠡᠭᠡᠨ ᠦᠶᠡᠷ ᠢ ᠰᠡᠷᠭᠡᠶᠢᠯᠡᠬᠦ ᠬᠠᠤᠯᠢ ᠳᠤ ᠲᠣᠭᠲᠠᠭᠠᠯ | ᠭᠠᠷᠭᠠᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ | ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠬᠤᠯᠪᠣᠭᠳᠠᠯ ᠪᠦᠬᠦᠢ ᠭᠠᠷ | ᠭᠦᠢᠴᠡᠳᠬᠡᠯ ᠢ ᠨᠥᠬᠦᠵᠦ ᠬᠢᠯᠭᠡᠨ᠎ᠡ︔ ᠬᠤᠭᠤᠴᠠᠭ᠎ᠠ ᠬᠡᠲᠦᠷᠡᠲᠡᠯ᠎ᠡ ᠨᠥᠬᠦᠵᠦ ᠭᠦᠢᠴᠡᠳᠬᠡᠭᠰᠡᠨ ᠤᠢᠭᠡᠢ ᠪᠤᠶᠤ | ᠨᠥᠬᠦᠵᠦ ᠭᠦᠢᠴᠡᠳᠬᠡᠭᠡᠳ ᠵᠥᠪᠰᠢᠶᠡᠷᠡᠭᠳᠡᠭᠰᠡᠨ ᠤᠢᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ | ᠵᠥᠷᠢᠴᠡᠭᠰᠡᠨ ᠪᠠᠷᠢᠯᠭ᠎ᠠ᠂ ᠪᠠᠷᠢᠯᠭ᠎ᠠ ᠶᠢᠨ ᠵᠦᠢᠯ ᠢ ᠨᠢ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ︔ ᠬᠤᠭᠤᠴᠠᠭ᠎ᠠ | ᠬᠡᠲᠦᠷᠡᠲᠡᠯ᠎ᠡ ᠨᠤᠷᠠᠭᠠᠨ ᠠᠷᠢᠯᠭᠠᠭᠰᠠᠨ ᠦᠭᠡᠢ ᠪᠠᠶᠢᠪᠠᠯ᠂ ᠠᠯᠪᠠᠳᠠᠨ ᠨᠤᠷᠠᠭᠠᠵᠤ᠂ ᠬᠡᠷᠡᠭᠰᠡᠬᠦ ᠵᠠᠷᠤᠳᠠᠯ ᠢ ᠬᠠᠤᠯᠢ ᠶᠢ | ᠵᠥᠷᠢᠴᠡᠭᠰᠡᠨ ᠨᠢᠭᠡᠴᠢ ᠪᠤᠶᠤ ᠬᠤᠪᠢ ᠬᠥᠮᠦᠨ ᠡᠭᠦᠷᠭᠡᠯᠡᠵᠦ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ | ᠬᠡᠳᠦ᠋ᠢᠪᠡᠷ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠢ ᠣᠯᠤᠭᠰᠠᠨ ᠪᠣᠯᠪᠠᠴᠤ ᠱᠠᠭᠠᠷᠳᠠᠯᠭ᠎ᠠ | ᠶᠣᠰᠣᠭᠠᠷ ᠡᠮᠦᠨᠡᠬᠢ ᠪᠠᠳᠠᠭ ᠲᠤ ᠵᠢᠭᠰᠠᠭᠠᠭᠰᠠᠨ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠤᠭᠰᠠᠨ ᠦᠭᠡᠢ ᠪᠠᠶᠢᠪᠠᠯ | ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠨᠳᠦᠰᠦᠯᠡᠵᠦ ᠪᠠᠶᠢᠭᠠᠳ ᠲᠦᠮᠡᠨ | ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ᠃ | ᠵᠢᠷᠠᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ | ᠮᠥᠷᠲᠡᠭᠡᠨ ᠦᠶᠡᠷ ᠢ ᠰᠡᠷᠭᠡᠶᠢᠯᠡᠬᠦ ᠬᠠᠤᠯᠢ ᠳᠤ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ | ᠲᠤᠰᠢᠶᠠᠯ ᠢᠶᠠᠨ ᠦᠨᠳᠦᠰᠦᠯᠡᠨ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠵᠣᠭᠰᠣᠭᠠᠵᠤ᠂ ᠬᠤᠭᠤᠴᠠᠭ᠎ᠠ ᠲᠣᠭᠲᠠᠭᠠᠨ ᠬᠠᠷᠰᠢ ᠰᠠᠭᠠᠳ ᠢ ᠠᠷᠢᠯᠭᠠᠭᠤᠯᠬᠤ ᠪᠤᠶᠤ ᠪᠤᠰᠤᠳ ᠨᠥᠬᠦᠪᠥᠷᠢᠯᠡᠬᠦ | ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠄ | ︵ᠨᠢᠭᠡ︶ ᠭᠤᠣᠯ ᠮᠥᠷᠡᠨ᠂ ᠨᠠᠭᠤᠷ ᠴᠦᠬᠦᠷᠦᠮ᠂ ᠤᠰᠤᠨ ᠴᠥᠭᠦᠷᠥᠮ᠂ ᠲᠠᠲᠠᠮᠠᠯ ᠭᠤᠣᠯ᠂ ᠤᠰᠤᠨ | ᠰᠤᠪᠠᠭ ᠲᠤ ᠦᠶᠡᠷ ᠵᠠᠯᠠᠬᠤ ᠶᠢ ᠬᠠᠷᠰᠢᠯᠠᠬᠤ ᠪᠣᠳᠠᠰ ᠢ ᠬᠠᠶᠠᠵᠤ᠂ ᠣᠪᠣᠭᠠᠯᠠᠭᠰᠠᠨ ᠪᠠ ᠦᠶᠡᠷ ᠵᠠᠯᠠᠬᠤ ᠶᠢ | ᠬᠠᠷᠰᠢᠯᠠᠬᠤ ᠤᠢ ᠮᠣᠳᠣ ᠵᠢᠴᠢ ᠥᠨᠳᠥᠷ ᠡᠰᠢᠲᠦ ᠲᠠᠷᠢᠮᠠᠯ ᠲᠠᠷᠢᠭᠰᠠᠨ︔ | ︵ᠬᠤᠶᠠᠷ︶ ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠭᠰᠠᠨ ᠪᠤᠶᠤ ᠵᠥᠪᠰᠢᠶᠡᠷᠡᠯ ᠣᠯᠤᠭᠰᠠᠨ | ᠤᠢᠭᠡᠢ ᠪᠠᠷ ᠭᠤᠣᠯ ᠤᠨ ᠵᠡᠮ ᠢ ᠬᠦᠷᠢᠶᠡᠯᠡᠨ ᠬᠠᠭᠠᠯᠪᠤᠷᠢᠯᠠᠭᠰᠠᠨ᠃ | ᠵᠢᠷᠠᠨ ᠳᠣᠯᠣᠳᠤᠭᠠᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ | ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠨᠤᠷᠠᠭᠠᠯᠭᠠᠵᠤ᠂ ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ︔ ᠬᠤᠭᠤᠴᠠᠭ᠎ᠠ ᠬᠡᠲᠦᠷᠡᠲᠡᠯ᠎ᠡ ᠨᠤᠷᠠᠭᠠᠨ ᠠᠷᠢᠯᠭᠠᠭᠰᠠᠨ | ᠦᠭᠡᠢ᠂ ᠤᠤᠯ ᠤᠨ ᠪᠠᠶᠢᠳᠠᠯ ᠢ ᠨᠢ ᠰᠡᠷᠭᠦᠭᠡᠭᠰᠡᠨ ᠦᠭᠡᠢ ᠪᠠᠶᠢᠪᠠᠯ᠂ ᠠᠯᠪᠠᠳᠠᠯᠭ᠎ᠠ ᠪᠠᠷ ᠨᠤᠷᠠᠭᠠᠨ ᠨᠤᠷᠠᠭᠠᠵᠤ᠂ | ᠤᠤᠯ ᠤᠨ ᠪᠠᠶᠢᠳᠠᠯ ᠢ ᠨᠢ ᠰᠡᠷᠭᠦᠭᠡᠵᠦ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ | ᠭᠤᠣᠯ ᠮᠥᠷᠡᠨ᠂ ᠨᠠᠭᠤᠷ ᠴᠦᠬᠦᠷᠦᠮ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠶᠢ ᠳᠤᠷ᠎ᠠ ᠪᠠᠷ ᠢᠶᠠᠨ | ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠪᠤᠶᠤ ᠥᠷᠭᠡᠳᠬᠡᠭᠰᠡᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ | ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠤᠤᠯ ᠤᠨ ᠪᠠᠶᠢᠳᠠᠯ ᠢ ᠨᠢ ᠰᠡᠷᠭᠦᠭᠡᠯᠭᠡᠵᠦ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ | ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ | ᠵᠢᠷᠠᠨ ᠨᠠᠢᠮᠠᠳᠤᠭᠠᠷ ᠵᠦᠢᠯ ᠤᠯᠤᠰ ᠠᠴᠠ ᠲᠣᠳᠣᠷᠬᠠᠶ ᠵᠠᠷᠯᠢᠭ ᠢᠶᠠᠷ ᠰᠢᠭᠰᠢᠭᠳᠡᠭᠰᠡᠨ ᠬᠤᠴᠣᠷᠤᠩᠭᠤᠶ᠂ | ᠤᠰᠤ ᠶᠡᠭᠡ ᠬᠤᠷᠣᠭᠳᠠᠭᠤᠯᠬᠤ ᠤᠷᠠᠯᠠᠯ᠂ ᠲᠤᠨᠤᠬ ᠲᠥᠬᠦᠭᠡᠷᠦᠮᠵᠢ ᠪᠠ ᠤᠢᠢᠯᠡᠦᠡᠭᠡᠬᠦᠠ ᠢ ᠦᠢᠯᠡᠳᠪᠦᠷᠢᠯᠡᠭᠰᠡᠨ᠂ | ᠪᠣᠷᠣᠯᠠᠭᠤᠯᠤᠭᠰᠠᠨ ᠪᠤᠶᠤ ᠦᠢᠯᠡᠳᠪᠦᠷᠢᠯᠡᠵᠦ ᠡᠵᠡᠩᠨᠡᠬᠦ ᠶᠠᠪᠤᠴᠠ ᠳᠠᠭᠠᠨ ᠬᠡᠷᠡᠭᠯᠡᠭᠰᠡᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠵᠤ ᠠᠬᠤᠶ ᠶᠢᠨ | ᠶᠡᠷᠦᠩᠬᠡᠶᠢᠯᠡᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠦᠢᠯᠡᠳᠪᠦᠷᠢᠯᠡᠬᠦ᠂ ᠪᠣᠷᠣᠯᠠᠭᠤᠯᠬᠤ ᠪᠤᠶᠤ | ᠬᠡᠷᠡᠭᠯᠡᠬᠦ ᠶᠢ ᠨᠢ ᠵᠠᠷᠯᠢᠭᠳᠠᠨ ᠵᠣᠭᠰᠣᠭᠠᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ | ᠵᠢᠷᠠ ᠶᠢᠰᠦᠳᠦᠭᠡᠷ ᠵᠦᠢᠯ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠬᠤᠶᠠᠷ | ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄ | ︵ᠨᠢᠭᠡ︶ ᠵᠥᠪᠰᠢᠶᠡᠷᠡᠭᠦᠯᠦᠭᠰᠡᠨ ᠥᠭᠡᠢ ᠪᠠᠷ ᠳᠤᠷ᠎ᠠ ᠪᠠᠷ ᠢᠶᠠᠨ ᠤᠰᠤ ᠲᠠᠲᠠᠭᠰᠠᠨ᠃ | ︵ᠬᠤᠶᠠᠷ︶ ᠵᠥᠪᠰᠢᠶᠡᠷᠡᠭᠦᠯᠦᠭᠰᠡᠨ ᠤᠰᠤ ᠲᠠᠲᠠᠬᠤ ᠵᠥᠪᠰᠢᠶᠡᠷᠡᠯ ᠳᠤ ᠲᠣᠭᠲᠠᠭᠠᠭᠰᠠᠨ ᠨᠥᠬᠦᠴᠡᠯ ᠢ ᠦᠯᠦ | ᠵᠢᠷᠤᠮᠯᠠᠨ ᠤᠰᠤ ᠲᠠᠲᠠᠭᠰᠠᠨ᠃ | ᠳᠠᠯᠠᠳᠤᠭᠠᠷ ᠵᠦᠢᠯ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠤᠰᠢᠶᠠᠬᠤ ᠶᠢ ᠲᠡᠪᠴᠢᠭᠰᠡᠨ᠂ | ᠤᠳᠠᠭᠠᠰᠢᠷᠠᠭᠤᠯᠤᠨ ᠲᠤᠰᠢᠶᠠᠭᠰᠠᠨ ᠪᠤᠶᠤ ᠤᠳᠠᠭᠠᠰᠢᠷᠠᠭᠤᠯᠤᠨ ᠥᠷᠢᠲᠦᠭᠰᠡᠨ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ | ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠲᠤᠰᠢᠶᠠᠯᠭᠠᠨ᠎ᠠ︔ ᠬᠤᠭᠤᠴᠠᠭ᠎ᠠ | ᠬᠡᠲᠦᠷᠡᠲᠡᠯ᠎ᠡ ᠲᠤᠰᠢᠶᠠᠭᠰᠠᠨ ᠦᠭᠡᠢ ᠪᠠᠶᠢᠪᠠᠯ᠂ ᠬᠤᠭᠤᠴᠠᠭ᠎ᠠ ᠰᠠᠭᠠᠲᠠᠭᠤᠯᠤᠭᠰᠠᠨ ᠡᠳᠦᠷ ᠠᠴᠠ ᠡᠬᠢᠯᠡᠨ | ᠬᠤᠭᠤᠴᠠᠭ᠎ᠠ ᠰᠠᠭᠠᠲᠠᠭᠤᠯᠤᠭᠰᠠᠨ ᠬᠡᠰᠡᠭ ᠤᠨ 2‰ ᠶᠢᠨ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ | ᠮᠥᠩᠭᠦ ᠶᠢ ᠡᠳᠦᠷ ᠪᠦᠷᠢ ᠨᠡᠮᠡᠵᠦ ᠬᠤᠷᠢᠶᠠᠬᠤ ᠶᠢᠨ ᠬᠠᠮᠲᠤ ᠲᠤᠰᠢᠶᠠᠪᠠᠰᠤ ᠵᠣᠬᠢᠬᠤ ᠪᠤᠶᠤ ᠨᠥᠬᠦᠵᠦ ᠲᠤᠰᠢᠶᠠᠪᠠᠰᠤ | ᠵᠣᠬᠢᠬᠤ ᠤᠰᠤᠨ ᠤ ᠡᠬᠢ ᠪᠠᠶᠠᠯᠢᠭ ᠤᠨ ᠰᠦᠢᠳᠬᠡᠯ ᠤᠨ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ | ᠲᠠᠯᠠᠨ ᠨᠢᠭᠡᠳᠦᠭᠡᠷ ᠵᠦᠢᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠤᠰᠤ ᠠᠷᠪᠢᠯᠠᠬᠤ | ᠲᠥᠬᠦᠭᠡᠷᠦᠮᠵᠢ ᠶᠢ ᠪᠠᠶᠢᠭᠤᠯᠤᠭᠰᠠᠨ ᠦᠭᠡᠢ ᠪᠤᠶᠤ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ | ᠦᠭᠡᠢ ᠪᠠᠷ ᠳᠤᠷ᠎ᠠ ᠪᠠᠷ ᠢᠶᠠᠨ ᠠᠰᠢᠭᠯᠠᠯᠲᠠ ᠳᠤ ᠣᠷᠣᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠡᠷᠡᠭᠯᠡᠬᠦ ᠶᠢ ᠨᠢ ᠵᠠᠷᠯᠢᠭᠳᠠᠨ | ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ | ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ | ᠲᠠᠯᠠᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠵᠦ᠂ ᠶᠠᠯ᠎ᠠ | ᠪᠤᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠡᠷᠡᠭᠦᠦ ᠶᠢᠨ ᠰᠢᠢᠳᠭᠡᠯ ᠥᠭᠬᠦ ᠬᠡᠮᠵᠢᠶᠡᠨ ᠳᠤ ᠬᠠᠷᠠᠬᠠᠨ ᠬᠦᠷᠦᠭᠰᠡᠨ | ᠦᠭᠡᠢ ᠮᠥᠷᠲᠡᠭᠡᠨ ᠦᠶᠡᠷ ᠢ ᠰᠡᠷᠭᠡᠶᠢᠯᠡᠬᠦ ᠬᠠᠤᠯᠢ ᠳᠤ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ | ᠵᠠᠷᠯᠢᠭᠳᠠᠨ ᠵᠣᠭᠰᠣᠭᠠᠵᠤ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ | ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠶᠢ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠭᠦᠨ᠎ᠡ︔ ᠪᠤᠰᠤᠳ | ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ | ᠡᠭᠦᠷᠭᠡᠯᠡᠨ᠎ᠡ᠄ | ︵ᠨᠢᠭᠡ︶ ᠤᠰᠤᠨ ᠤ ᠪᠠᠷᠢᠯᠭ᠎ᠠ ᠵᠢᠴᠢ ᠬᠠᠰᠢᠯᠭ᠎ᠠ ᠳᠠᠯᠠᠩ᠂ ᠡᠷᠭᠢ ᠬᠠᠮᠠᠭᠠᠯᠠᠬᠤ ᠵᠡᠷᠭᠡ ᠬᠤᠯᠪᠣᠭᠳᠠᠯ | ᠪᠦᠬᠦᠢ ᠲᠥᠬᠦᠭᠡᠷᠦᠮᠵᠢ ᠶᠢ ᠡᠵᠡᠯᠡᠨ ᠠᠪᠤᠭᠰᠠᠨ᠂ ᠡᠪᠳᠡᠨ ᠰᠦᠢᠳᠬᠡᠭᠰᠡᠨ᠂ ᠦᠶᠡᠷ ᠢ ᠰᠡᠷᠭᠡᠶᠢᠯᠡᠬᠦ᠂ ᠤᠰᠤᠨ | ᠵᠦᠢ ᠶᠢᠨ ᠬᠢᠨᠠᠨ ᠬᠡᠮᠵᠢᠯᠲᠡ᠂ ᠤᠰᠤᠨ ᠵᠦᠢ ᠶᠢᠨ ᠭᠠᠵᠠᠷ ᠰᠢᠨᠵᠢᠯᠡᠭᠡᠨ ᠤ ᠬᠢᠨᠠᠨ ᠬᠡᠮᠵᠢᠯᠲᠡ ᠶᠢᠨ | ᠲᠥᠬᠦᠭᠡᠷᠦᠮᠵᠢ ᠶᠢ ᠡᠪᠳᠡᠨ ᠰᠦᠢᠳᠬᠡᠭᠰᠡᠨ︔ | ︵ᠬᠤᠶᠠᠷ︶ ᠤᠰᠤᠨ ᠤ ᠪᠠᠷᠢᠯᠭ᠎ᠠ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠤᠰᠤᠨ ᠤ ᠪᠠᠷᠢᠯᠭ᠎ᠠ ᠶᠢᠨ | ᠠᠵᠢᠯᠯᠠᠭᠠᠨ ᠢ ᠨᠥᠯᠥᠭᠡᠯᠡᠬᠦ ᠪᠠ ᠤᠰᠤᠨ ᠤ ᠪᠠᠷᠢᠯᠭ᠎ᠠ ᠶᠢᠨ ᠠᠶᠤᠯᠭᠦᠶ ᠶᠢ ᠬᠤᠬᠢᠷᠠᠭᠤᠯᠬᠤ ᠳᠡᠯᠪᠡᠴᠢᠬᠦ᠂ ᠬᠤᠳᠳᠤᠭ | ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ ᠵᠡᠷᠭᠡ ᠠᠵᠢᠯᠯᠠᠭ᠎ᠠ ᠶᠢ ᠬᠢᠭᠰᠡᠨ᠃ | ᠲᠠᠯᠠᠨ ᠭᠤᠷᠪᠠᠳᠤᠭᠠᠷ ᠵᠦᠢᠯ ᠦᠶᠡᠷ ᠢ ᠰᠡᠷᠭᠡᠶᠢᠯᠡᠬᠦ ᠡᠳ᠋ ᠪᠣᠳᠠᠰ᠂ ᠦᠶᠡᠷ ᠢ ᠰᠡᠷᠭᠡᠶᠢᠯᠡᠵᠦ ᠤᠰᠤᠲᠤᠯ ᠢ | ᠵᠠᠯᠠᠬᠤ᠂ ᠲᠠᠷᠢᠶᠠᠯᠠᠩ ᠤᠨ ᠤᠰᠤᠨ ᠠᠰᠢᠭᠯᠠᠯᠲᠠ᠂ ᠤᠰᠤᠨ ᠵᠦᠢ ᠶᠢᠨ ᠬᠢᠨᠠᠨ ᠬᠡᠮᠵᠢᠯᠲᠡ ᠵᠢᠴᠢ ᠪᠤᠰᠤᠳ | ᠤᠰᠤᠨ ᠤ ᠪᠠᠷᠢᠯᠭ᠎ᠠ ᠶᠢᠨ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠡᠵᠡᠯᠡᠨ ᠠᠪᠤᠭᠰᠠᠨ᠂ ᠬᠤᠯᠠᠭᠠᠶᠢᠯᠠᠭᠰᠠᠨ ᠪᠤᠶᠤ | ᠪᠤᠯᠢᠶᠠᠭᠰᠠᠨ᠂ ᠤᠯᠤᠰ ᠤᠨ ᠭᠠᠮᠰᠢᠭ ᠠᠴᠠ ᠠᠪᠤᠷᠠᠬᠤ᠂ ᠠᠶᠤᠯ ᠠᠴᠠ ᠠᠪᠤᠷᠠᠬᠤ᠂ ᠦᠶᠡᠷ ᠢ ᠰᠡᠷᠭᠡᠶᠢᠯᠡᠬᠦ᠂ | ᠨᠡᠭᠦᠳᠡᠯᠴᠢᠨ ᠠᠷᠠᠳ ᠢ ᠲᠥᠪᠬᠢᠨᠡᠭᠦᠯᠬᠦ ᠪᠠ ᠨᠥᠬᠦᠪᠥᠷᠢ ᠥᠭᠬᠦ ᠵᠢᠴᠢ ᠪᠤᠰᠤᠳ ᠤᠰᠤᠨ ᠠᠰᠢᠭᠯᠠᠯᠲᠠ ᠶᠢᠨ | ᠪᠦᠳᠦᠭᠡᠨ ᠪᠠᠶᠢᠭᠤᠯᠤᠯᠲᠠ ᠶᠢᠨ ᠵᠣᠭᠤᠰ ᠮᠥᠩᠭᠦ ᠡᠳ᠋ ᠪᠣᠳᠠᠰ ᠢ ᠱᠠᠮᠰᠢᠭᠰᠠᠨ ᠪᠤᠶᠤ ᠨᠡᠭᠦᠯᠭᠡᠨ ᠬᠡᠷᠡᠭᠯᠡᠭᠡᠳ ᠶᠠᠯ᠎ᠠ | ᠪᠤᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠯᠠᠨ ᠳᠥᠷᠪᠡᠳᠦᠭᠡᠷ ᠵᠦᠢᠯ ᠤᠰᠤᠨ ᠤ ᠬᠡᠷᠡᠭ ᠤᠨ ᠵᠢᠭᠤᠷᠠᠯᠳᠤᠭᠠᠨ ᠡᠭᠦᠰᠬᠦ ᠵᠢᠴᠢ ᠲᠡᠭᠦᠨ ᠢ | ᠰᠢᠢᠳᠪᠦᠷᠢᠯᠡᠬᠦ ᠶᠠᠪᠤᠴᠠ ᠳᠤ ᠬᠡᠷᠡᠭ ᠥᠳᠥᠭᠡᠨ ᠦᠢᠮᠡᠭᠦᠯᠦᠭᠰᠡᠨ᠂ ᠪᠦᠯᠦᠭᠯᠡᠨ ᠵᠣᠳᠣᠭᠠᠨ ᠬᠢᠭᠰᠡᠨ᠂ ᠠᠯᠪᠠᠨ ᠤ ᠪᠠ | ᠬᠤᠪᠢ ᠶᠢᠨ ᠵᠣᠭᠤᠰ ᠮᠥᠩᠭᠦ ᠡᠳ᠋ ᠪᠣᠳᠠᠰ ᠢ ᠪᠤᠯᠢᠶᠠᠬᠤ ᠪᠤᠶᠤ ᠡᠪᠳᠡᠨ ᠰᠦᠢᠳᠬᠡᠭᠰᠡᠨ᠂ ᠪᠤᠰᠤᠳ ᠬᠥᠮᠦᠨ ᠤ | ᠪᠡᠶ᠎ᠡ ᠶᠢᠨ ᠡᠷᠬᠡ ᠴᠢᠯᠥᠭᠡ ᠶᠢ ᠬᠠᠤᠯᠢ ᠪᠤᠰᠤ ᠪᠠᠷ ᠬᠢᠵᠠᠭᠠᠷᠯᠠᠭᠠᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ | ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | ᠬᠠᠷᠠᠬᠠᠨ ᠡᠷᠡᠭᠦᠦ ᠶᠢᠨ ᠰᠢᠢᠳᠭᠡᠯ ᠥᠭᠬᠦ ᠬᠡᠮᠵᠢᠶᠡᠨ ᠳᠤ ᠬᠦᠷᠦᠭᠰᠡᠨ ᠦᠭᠡᠢ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠭᠦᠨ᠎ᠡ᠃ | | ᠳᠠᠯᠠᠨ ᠲᠠᠪᠤᠳᠤᠭᠠᠷ ᠵᠦᠢᠯ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠣ ᠤᠰᠤᠨ ᠤ | ᠬᠡᠷᠡᠭ ᠤᠨ ᠵᠢᠭᠤᠷᠠᠯᠳᠤᠭᠠᠨ ᠭᠠᠷᠴᠤ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ | ᠂ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠄ | ︵ᠨᠢᠭᠡ︶ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠤᠰᠤᠨ ᠤ ᠬᠡᠮᠵᠢᠶ᠎ᠡ ᠶᠢ ᠲᠣᠬᠢᠷᠠᠭᠤᠯᠬᠤ | ᠪᠡᠯᠡᠳᠬᠡᠯ ᠲᠥᠰᠦᠯ ᠢ ᠬᠡᠷᠡᠭᠵᠢᠭᠦᠯᠬᠦ ᠶᠢ ᠲᠡᠪᠴᠢᠭᠰᠡᠨ︔ | ︵ᠬᠤᠶᠠᠷ︶ ᠤᠰᠦᠠ ᠤ ᠬᠡᠮᠵᠢᠶ᠎ᠡ ᠶᠢ ᠨᠢᠭᠡᠳᠦᠯᠲᠡᠶ ᠲᠣᠬᠢᠷᠠᠭᠤᠯᠬᠤ ᠶᠢ ᠤᠢᠯᠦ ᠲᠡᠭᠠᠬᠰᠡᠠ︔ | ︵ᠭᠤᠷᠪᠠ︶ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯᠲᠠ ᠶᠢ | ᠭᠦᠢᠴᠡᠳᠬᠡᠬᠦ ᠶᠢ ᠲᠡᠪᠴᠢᠭᠰᠡᠨ︔ | ︵ᠲᠦᠷᠪᠡ︶ ᠤᠰᠦᠠ ᠤ ᠬᠡᠷᠡᠭ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠡᠯ᠎ᠡ | ᠲᠠᠯ᠎ᠠ ᠶᠢᠨ ᠬᠢᠨ ᠬᠡᠯᠡᠯᠴᠡᠭᠡᠷ ᠲᠣᠭᠲᠠᠭᠰᠠᠨ ᠤᠢᠭᠡᠢ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠤᠢᠭᠡᠢ ᠪᠠᠷ ᠭᠠᠭᠴᠠ ᠲᠠᠯ᠎ᠠ ᠠᠴᠠ ᠪᠠᠨ ᠲᠤᠰ ᠬᠠᠤᠯᠢ ᠶᠢᠨ ᠲᠣᠭᠲᠠᠭᠠᠯ ᠢ | ᠵᠥᠷᠢᠴᠡᠵᠦ ᠤᠰᠦᠠ ᠤ ᠣᠳᠣᠬᠢ ᠪᠠᠶᠢᠳᠠᠯ ᠢ ᠬᠤᠪᠢᠷᠠᠭᠤᠯᠤᠭᠰᠠᠨ᠃ | ᠲᠡᠯᠡᠠ ᠵᠢᠷᠭᠤᠳᠤᠭᠠᠷ ᠵᠦᠢᠯ ᠤᠰᠤ ᠲᠠᠲᠠᠬᠤ᠂ ᠤᠰᠤ ᠬᠠᠰᠢᠬᠤ᠂ ᠤᠰᠤ ᠵᠠᠯᠠᠬᠤ᠂ ᠤᠯᠡᠠ ᠨᠡᠶᠢᠲᠡ ᠶᠢᠨ | ᠠᠰᠢᠭ ᠲᠤᠰᠠ ᠪᠤᠶᠤ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ | ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ | ᠲᠡᠯᠡᠠ ᠳᠣᠯᠣᠳᠤᠭᠠᠷ ᠵᠦᠢᠯ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠳᠠᠬᠢ ᠭᠤᠣᠯ ᠤᠨ ᠵᠡᠮ ᠠᠴᠠ | ᠡᠯᠡᠰᠦ ᠮᠠᠯᠲᠠᠬᠤ ᠵᠥᠪᠰᠢᠶᠡᠷᠡᠯ ᠤᠨ ᠲᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠶᠠᠪᠤᠳᠠᠯ ᠳᠤ | ᠥᠭᠬᠦ ᠵᠠᠰᠠᠭ ᠵᠠᠬᠢᠷᠭᠠᠨ ᠤ ᠰᠢᠢᠳᠭᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ | | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | | ᠲᠡᠯᠡᠠ ᠨᠠᠢᠮᠠᠳᠤᠭᠠᠷ ᠵᠦᠢᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠭᠰᠠᠨ ᠪᠤᠶᠤ | ᠣᠷᠣᠯᠴᠠᠭᠰᠠᠨ ᠤᠯᠡᠠ ᠤᠯᠤᠰ ᠤᠨ ᠪᠤᠶᠤ ᠤᠯᠤᠰ ᠤᠨ ᠬᠢᠯᠢ ᠶᠢᠨ ᠵᠠᠭᠠᠭ ᠤᠨ ᠭᠤᠣᠯ ᠮᠥᠷᠡᠨ᠂ ᠨᠠᠭᠤᠷ | ᠴᠦᠬᠦᠷᠦᠮ ᠲᠠᠢ ᠬᠤᠯᠪᠣᠭᠳᠠᠬᠤ ᠤᠯᠡᠠ ᠤᠯᠤᠰ ᠤᠨ ᠭᠡᠷ᠎ᠡ᠂ ᠬᠡᠯᠡᠯᠴᠡᠭᠡᠷ ᠲᠤ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠤᠯᠢ ᠴᠠᠭᠠᠵᠠ ᠲᠠᠢ ᠠᠳᠠᠯᠢ ᠪᠤᠰᠤ ᠲᠣᠭᠲᠠᠭᠠᠯ ᠲᠠᠢ ᠪᠠᠶᠢᠪᠠᠯ᠂ ᠤᠯᠡᠠ ᠤᠯᠤᠰ ᠤᠨ ᠭᠡᠷ᠎ᠡ᠂ | ᠬᠡᠯᠡᠯᠴᠡᠭᠡᠷ ᠤᠨ ᠲᠣᠭᠲᠠᠭᠠᠯ ᠢ ᠬᠡᠷᠡᠭᠯᠡᠨ᠎ᠡ᠃ ᠭᠡᠪᠡᠴᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠰᠠᠨᠠᠯ ᠢᠶᠠᠨ ᠦᠯᠡᠳᠡᠭᠡᠬᠦ ᠪᠠᠷ ᠢᠯᠡᠷᠬᠡᠶᠢᠯᠡᠭᠰᠡᠨ ᠵᠦᠢᠯ ᠪᠠᠳᠠᠭ ᠡᠭᠦᠨ ᠳᠤ ᠪᠠᠭᠲᠠᠬᠤ ᠤᠢᠭᠡᠢ᠃ | ᠲᠡᠯ᠎ᠠ ᠶᠢᠰᠦᠳᠦᠭᠡᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠤᠰᠦᠠ ᠤ ᠪᠠᠷᠢᠯᠭ᠎ᠠ ᠭᠡᠳᠡᠭ ᠪᠣᠯ ᠭᠤᠣᠯ | ᠮᠥᠷᠡᠨ᠂ ᠨᠠᠭᠤᠷ ᠴᠦᠬᠦᠷᠦᠮ ᠪᠣᠯᠤᠨ ᠭᠠᠵᠠᠷ ᠳᠣᠣᠷᠠᠬᠢ ᠤᠰᠦᠠ ᠤ ᠡᠬᠢ ᠰᠤᠷᠪᠤᠯᠵᠢ ᠳᠡᠭᠡᠷ᠎ᠡ ᠤᠰᠦᠠ ᠤ ᠡᠬᠢ | ᠪᠠᠶᠠᠯᠢᠭ ᠢ ᠨᠡᠭᠡᠭᠡᠬᠦ᠂ ᠠᠰᠢᠭᠯᠠᠬᠤ᠂ ᠬᠢᠵᠠᠭᠠᠷᠯᠠᠬᠤ᠂ ᠲᠣᠬᠢᠷᠠᠭᠤᠯᠬᠤ ᠪᠠ ᠬᠠᠮᠠᠭᠠᠯᠠᠬᠤ ᠡᠯ᠎ᠡ ᠲᠦᠷᠦᠯ ᠤᠨ | ᠪᠠᠷᠢᠯᠭ᠎ᠠ ᠶᠢ ᠬᠡᠯᠡᠵᠦ ᠪᠠᠶᠢᠨ᠎ᠠ᠃ | ᠨᠠᠶᠠᠳᠤᠭᠠᠷ ᠵᠤᠶᠢᠯ ᠲᠠᠯᠠᠢ ᠶᠢᠨ ᠤᠰᠤ ᠶᠢ ᠨᠡᠭᠡᠭᠡᠬᠦ᠂ ᠠᠰᠢᠭᠯᠠᠬᠤ᠂ ᠬᠠᠮᠠᠭᠠᠯᠠᠬᠤ ᠪᠠ ᠬᠠᠮᠢᠶᠠᠷᠬᠤ ᠳᠤ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃ | ᠨᠠᠶᠠᠨ ᠨᠢᠭᠡᠳᠦᠭᠡᠷ ᠵᠦᠢᠯ ᠦᠶᠡᠷ ᠢ ᠰᠡᠷᠭᠡᠶᠢᠯᠡᠬᠦ ᠠᠵᠢᠯᠯᠠᠭ᠎ᠠ ᠬᠢᠬᠦ ᠳᠤ ᠦᠶᠡᠷ ᠢ ᠰᠡᠷᠭᠡᠶᠢᠯᠡᠬᠦ ᠬᠠᠤᠯᠢ ᠶᠢᠨ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠨᠠᠶᠠᠨ ᠬᠤᠶᠠᠳᠤᠭᠠᠷ ᠵᠦᠢᠯ ᠲᠤᠰ ᠬᠠᠤᠯᠢ ᠶᠢ 2002 ᠣᠨ ᠤ 10 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |