ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ︵ | 1991 ᠣᠨ ᠳᠤ ᠨᠡᠶᠢᠲᠡᠯᠡᠵᠦ᠂ 2009 ᠣᠨ ᠳᠤ ᠵᠠᠰᠠᠪᠤᠷᠢ ᠣᠷᠣᠭᠤᠯᠵᠤ᠂ 2010 ᠣᠨ ᠳᠤ ᠵᠠᠰᠠᠪᠤᠷᠢ | ᠣᠷᠣᠭᠤᠯᠪᠠ︶ | | | | ︵1991 ᠣᠨ ᠤ 6 ᠰᠠᠷ᠎ᠠ ᠵᠠ 29 ᠤ ᠡᠳᠦᠷ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ | ᠬᠤᠷᠠᠯᠳᠤᠭᠠᠨ ᠠᠴᠠ ᠪᠠᠲᠤᠯᠠᠪᠠ᠃ 2009 ᠣᠨ ᠤ 8 ᠰᠠᠷ᠎ᠠ ᠵᠠ 27 ᠤ ᠡᠳᠦᠷ ᠤᠨ ᠠᠷᠪᠠᠨ ᠨᠢᠭᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠳᠤᠭᠠᠷ ᠬᠤᠷᠠᠯᠳᠤᠭᠠᠨ ᠤ ︽ᠬᠡᠰᠡᠭ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ | ᠲᠣᠭᠲᠠᠭᠠᠯ︾ ᠢ ᠦᠨᠳᠦᠰᠦᠯᠡᠨ ᠵᠠᠰᠠᠪᠠ᠃ 2010 ᠣᠨ ᠤ 12 ᠰᠠᠷ᠎ᠠ ᠵᠠ 25 ᠤ ᠡᠳᠦᠷ ᠠᠷᠪᠠᠨ ᠨᠢᠭᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠨᠠᠢᠮᠠᠳᠤᠭᠠᠷ ᠬᠤᠷᠠᠯᠳᠤᠭᠠᠨ ᠢᠶᠠᠷ ᠵᠠᠰᠠᠪᠤᠷᠢ ᠤᠷᠤᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠬᠦᠷᠦᠰᠦ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠵᠤ᠂ ᠬᠥᠷᠥᠰᠥ ᠰᠢᠷᠣᠶ ᠶᠢᠨ ᠡᠬᠢ | ᠪᠠᠶᠠᠯᠢᠭ ᠢ ᠬᠠᠮᠠᠭᠠᠯᠠᠨ ᠵᠦᠢ ᠵᠣᠬᠢᠰᠲᠠᠶ ᠠᠰᠢᠭᠯᠠᠵᠤ᠂ ᠤᠰᠤ᠂ ᠭᠠᠩ᠂ ᠰᠠᠯᠬᠢ ᠡᠯᠡᠰᠦᠨ ᠤ ᠭᠠᠮᠰᠢᠭ ᠢ | ᠬᠥᠩᠭᠡᠷᠡᠭᠦᠯᠵᠦ᠂ ᠠᠮᠢ ᠠᠬᠤᠶ ᠤᠷᠴᠢᠨ ᠲᠤᠭᠤᠷᠢᠨ ᠢ ᠰᠠᠶᠢᠵᠢᠷᠠᠭᠤᠯᠤᠨ᠂ ᠠᠵᠤ ᠠᠬᠤᠶ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠬᠥᠷᠥᠰᠥ | ᠰᠢᠷᠣᠶ ᠶᠢ ᠬᠠᠮᠠᠭᠠᠯᠠᠬᠤ ᠠᠵᠢᠯᠯᠠᠭ᠎ᠠ ᠬᠢᠬᠦ ᠳᠤ ᠲᠤᠰ ᠬᠠᠤᠯᠢ ᠶᠢ ᠵᠢᠷᠤᠮᠯᠠᠬᠤ ᠬᠡᠷᠡᠭᠲᠡᠶ᠃ | ᠲᠤᠰ ᠬᠠᠤᠯᠢ ᠳᠤ ᠬᠡᠯᠡᠵᠦ ᠪᠠᠶᠢᠭ᠎ᠠ ᠬᠥᠷᠥᠰᠥ ᠰᠢᠷᠣᠶ ᠶᠢ ᠬᠠᠮᠠᠭᠠᠯᠠᠬᠤ ᠭᠡᠳᠡᠭ ᠪᠣᠯ ᠪᠠᠶᠢᠭᠠᠯᠢ ᠶᠢᠨ ᠬᠦᠴᠦᠨ | ᠵᠦᠢᠯ ᠪᠠ ᠵᠣᠷᠢᠭᠤᠳᠠ ᠶᠢᠨ ᠠᠵᠢᠯᠯᠠᠭ᠎ᠠ ᠠᠴᠠ ᠪᠣᠯᠤᠭᠰᠠᠨ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ | ᠰᠡᠷᠭᠡᠶᠢᠯᠡᠬᠦ ᠪᠠ ᠵᠠᠰᠠᠬᠤ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃ | ᠭᠤᠷᠪᠠᠳᠤᠭᠠᠷ ᠵᠤᠶᠢᠯ ᠬᠦᠷᠦᠰᠦ ᠰᠢᠷᠣᠶ ᠶᠢ ᠬᠠᠮᠠᠭᠠᠯᠠᠬᠤ ᠠᠵᠢᠯ ᠳᠤ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠦᠬᠦ ᠲᠠᠯ᠎ᠠ ᠪᠠᠷ ᠲᠥᠯᠥᠪᠵᠢᠭᠦᠯᠬᠦ᠂ ᠶᠡᠷᠦᠩᠬᠡᠶᠢᠯᠡᠨ | ᠵᠠᠰᠠᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠭᠤᠣᠯᠳᠠᠯᠭ᠎ᠠ ᠶᠢ ᠲᠤᠪᠤᠶᠢᠯᠭᠠᠬᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠬᠤ᠂ ᠦᠷ᠎ᠡ ᠠᠰᠢᠭ ᠢ ᠴᠢᠬᠤᠯᠠᠴᠢᠯᠠᠬᠤ ᠴᠢᠭᠯᠡᠯᠲᠡ ᠶᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠲᠤᠬᠠᠶ ᠨᠢᠭᠡᠳᠦᠯᠲᠡᠶ ᠤᠳᠤᠷᠢᠳᠤᠯᠭ᠎ᠠ ᠪᠠᠨ ᠴᠢᠩᠭᠠᠳᠬᠠᠵᠤ᠂ | ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠲᠤᠰ ᠱᠠᠲᠤᠨ ᠤ ᠪᠠᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ | ᠲᠥᠯᠥᠪᠵᠢᠭᠦᠯᠭᠡ ᠳᠤ ᠲᠣᠭᠲᠠᠭᠠᠭᠰᠠᠨ ᠡᠭᠦᠷᠭᠡ ᠳᠤ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠬᠤ ᠪᠥᠭᠡᠳ | ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ | ᠤᠯᠤᠰ ᠠᠴᠠ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ ᠤᠷᠢᠳᠴᠢᠯᠠᠨ ᠰᠡᠷᠭᠡᠶᠢᠯᠡᠬᠦ | ᠣᠷᠣᠨ ᠪᠠ ᠭᠤᠣᠯᠳᠠᠯᠭ᠎ᠠ ᠲᠠᠢ ᠪᠠᠷ ᠵᠠᠰᠠᠬᠤ ᠣᠷᠣᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠪᠠ ᠬᠢᠨᠠᠨ | ᠰᠢᠯᠭᠠᠵᠤ ᠱᠠᠩᠨᠠᠨ ᠲᠤᠷᠭᠠᠬᠤ ᠲᠦᠷᠢᠮ ᠢ ᠬᠡᠷᠡᠭᠵᠢᠬᠦᠯᠦᠨ᠎ᠡ᠃ | ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ | ᠢ ᠭᠤᠤᠯᠯᠠᠨ ᠬᠠᠮᠢᠶᠠᠷᠤᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ | ᠴᠦᠬᠦᠷᠦᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠰᠠᠪᠠ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠬᠠᠷᠢᠶᠠᠯᠠᠬᠤ ᠬᠡᠪᠴᠢᠶᠡᠨ ᠳᠣᠲᠣᠷ᠎ᠠ ᠪᠠᠨ | ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ | ᠡᠭᠦᠷᠭᠡᠯᠡᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ | ᠤᠷᠤᠨ ᠤ ᠪᠠᠨ ᠬᠦᠷᠦᠰᠦ ᠰᠢᠷᠦᠢ ᠶᠢ ᠬᠠᠮᠠᠭᠠᠯᠠᠬᠤ ᠠᠵᠢᠯ ᠢ ᠭᠤᠤᠯᠯᠠᠨ ᠬᠠᠮᠢᠶᠠᠷᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ᠂ ᠲᠠᠷᠢᠶᠠᠯᠠᠩ᠂ | ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ | ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ | ᠰᠡᠷᠭᠡᠶᠢᠯᠡᠬᠦ ᠪᠠ ᠵᠠᠰᠠᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠤᠬᠠᠭᠤᠯᠭ᠎ᠠ ᠪᠠ ᠬᠥᠮᠦᠵᠢᠯ ᠤᠨ ᠠᠵᠢᠯ ᠢᠶᠠᠨ | ᠴᠢᠩᠭᠠᠳᠬᠠᠵᠤ᠂ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ | ᠤᠯᠠᠨ ᠨᠡᠶᠢᠲᠡ ᠶᠢᠨ ᠬᠥᠷᠥᠰᠥ ᠰᠢᠷᠣᠶ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠨ᠎ᠠ᠃ | ᠳᠣᠯᠣᠳᠤᠭᠠᠷ ᠵᠦᠢᠯ ᠤᠯᠤᠰ ᠠᠴᠠ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ ᠬᠢᠬᠦ ᠶᠢ ᠵᠣᠷᠢᠭᠵᠢᠭᠤᠯᠤᠨ ᠲᠡᠮᠵᠢᠵᠤ᠂ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠲᠡᠷᠢᠭᠦᠨ ᠤ ᠮᠡᠷᠭᠡᠵᠢᠯ ᠢ | ᠳᠡᠯᠭᠡᠷᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠦᠮᠦᠵᠢᠬᠦᠯᠦᠨ᠎ᠡ᠃ | ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠬᠥᠷᠥᠰᠥ ᠰᠢᠷᠣᠶ ᠶᠢᠨ ᠡᠬᠢ ᠪᠠᠶᠠᠯᠢᠭ ᠢ | ᠬᠠᠮᠠᠭᠠᠯᠠᠬᠤ᠂ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠡᠭᠦᠷᠭᠡ ᠲᠠᠢ ᠪᠥᠭᠡᠳ | ᠬᠥᠷᠥᠰᠥ ᠰᠢᠷᠣᠶ ᠶᠢᠨ ᠡᠬᠢ ᠪᠠᠶᠠᠯᠢᠭ ᠢ ᠡᠪᠳᠡᠵᠦ᠂ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ | ᠶᠢᠰᠦᠳᠦᠭᠡᠷ ᠵᠦᠢᠯ ᠤᠯᠤᠰ ᠠᠴᠠ ᠨᠡᠶᠢᠭᠡᠮ ᠤᠨ ᠬᠦᠴᠦᠨ ᠤ ᠬᠥᠷᠥᠰᠥ ᠰᠢᠷᠣᠶ ᠶᠢ ᠬᠠᠮᠠᠭᠠᠯᠠᠬᠤ ᠠᠵᠢᠯ ᠳᠤ | ᠣᠷᠣᠯᠴᠠᠬᠤ ᠶᠢ ᠵᠣᠷᠢᠭᠵᠢᠭᠤᠯᠤᠨ ᠲᠡᠮᠵᠢᠨ᠎ᠡ᠃ | ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠠ | ᠬᠤᠪᠢ ᠬᠥᠮᠦᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠠᠶᠢᠰᠢᠶᠠᠨ | ᠬᠥᠬᠢᠭᠦᠯᠦᠨ᠎ᠡ᠃ | | ᠬᠤᠶᠠᠳᠤᠭᠠᠷ ᠪᠦᠯᠦᠭ ᠲᠦᠯᠦᠪᠵᠢᠬᠦᠯᠬᠦ | | ᠠᠷᠪᠠᠳᠤᠭᠠᠷ ᠵᠤᠶᠢᠯ ᠬᠦᠷᠦᠰᠦ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠬᠥᠷᠥᠰᠥ ᠰᠢᠷᠣᠶ ᠶᠢᠨ | ᠢᠳᠡᠭᠳᠡᠯ ᠢ ᠪᠠᠶᠢᠴᠠᠭᠠᠭᠰᠠᠨ ᠦᠷ᠎ᠡ ᠳ᠋ᠦᠩ ᠵᠢᠴᠢ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ | ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠢ ᠵᠠᠭᠠᠭᠯᠠᠨ ᠲᠣᠭᠲᠠᠭᠠᠭᠰᠠᠨ ᠰᠠᠭᠤᠷᠢᠨ | ᠳᠡᠭᠡᠷ᠎ᠡ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠦᠷᠦᠯ ᠬᠤᠪᠢᠶᠠᠨ ᠵᠢᠯᠣᠭᠤᠳᠬᠤ ᠵᠠᠷᠴᠢᠮ ᠢ ᠵᠢᠷᠤᠮᠯᠠᠨ | ᠨᠠᠶᠢᠷᠠᠭᠤᠯᠤᠨ ᠵᠣᠬᠢᠶᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠥᠷᠥᠰᠥ ᠰᠢᠷᠣᠶ ᠶᠢᠨ ᠢᠳᠡᠭᠳᠡᠯ ᠢ | ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ ᠶᠢᠨ ᠬᠠᠮᠳᠤ ᠪᠠᠶᠢᠴᠠᠭᠠᠭᠰᠠᠨ ᠦᠷ᠎ᠡ ᠳ᠋ᠦᠩ | ᠢᠶᠠᠨ ᠵᠠᠷᠯᠠᠨ ᠨᠡᠶᠢᠳᠡᠯᠡᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ | ᠵᠠᠬᠢᠷᠭᠠᠨ ᠤ ᠣᠷᠣᠨ ᠤ ᠪᠠᠨ ᠬᠥᠷᠥᠰᠥ ᠰᠢᠷᠣᠶ ᠶᠢᠨ ᠢᠳᠡᠭᠳᠡᠯ ᠢ ᠪᠠᠶᠢᠴᠠᠭᠠᠬᠤ ᠠᠵᠢᠯ ᠢ ᠬᠠᠷᠢᠭᠤᠴᠠᠬᠤ ᠪᠥᠭᠡᠳ | ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠠᠴᠠ ᠡᠮᠦᠨ᠎ᠡ ᠪᠠᠶᠢᠴᠠᠭᠠᠭᠰᠠᠨ | ᠦᠷ᠎ᠡ ᠳ᠋ᠦᠩ ᠢᠶᠠᠨ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ᠃ | ᠠᠷᠪᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠥᠷᠥᠰᠥ ᠰᠢᠷᠣᠶ ᠶᠢᠨ ᠢᠳᠡᠭᠳᠡᠯ ᠢ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠬᠥᠷᠥᠰᠥ | ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ | ᠣᠷᠣᠨ ᠢ ᠵᠠᠭᠠᠭᠯᠠᠨ ᠲᠤᠭᠳᠠᠭᠠᠬᠤ ᠶᠢᠨ ᠬᠠᠮᠳᠤ ᠵᠠᠷᠯᠠᠨ ᠨᠡᠶᠢᠳᠡᠯᠡᠨ᠎ᠡ᠃ | ᠬᠥᠷᠥᠰᠥ ᠰᠢᠷᠣᠶ ᠶᠢᠨ ᠢᠳᠡᠭᠳᠡᠯ ᠤᠨ ᠳᠠᠯᠳᠠ ᠠᠶᠤᠯ ᠨᠡᠯᠢᠶᠡᠳ ᠶᠡᠭᠡ ᠪᠠᠶᠢᠭ᠎ᠠ ᠣᠷᠣᠨ ᠪᠦᠰᠡ ᠶᠢ | ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠣᠯᠭᠠᠨ ᠵᠠᠭᠠᠭᠯᠠᠨ | ᠲᠣᠭᠲᠠᠭᠠᠬᠤ ᠬᠡᠷᠡᠭᠲᠡᠶ︔ ᠬᠥᠷᠥᠰᠥ ᠰᠢᠷᠣᠶ ᠶᠢᠨ ᠢᠳᠡᠭᠳᠡᠯ ᠢᠶᠠᠷ ᠬᠦᠨᠳᠦ ᠨᠣᠴᠢᠲᠠᠶ ᠣᠷᠣᠨ ᠪᠦᠰᠡ ᠶᠢ ᠬᠥᠷᠥᠰᠥ | ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ ᠵᠠᠰᠠᠬᠤ ᠣᠷᠣᠨ ᠪᠣᠯᠭᠠᠨ ᠵᠠᠭᠠᠭᠯᠠᠨ ᠲᠣᠭᠲᠠᠭᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠤᠶᠢᠯ ᠬᠦᠷᠦᠰᠦ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢᠨ ᠠᠭᠤᠯᠭ᠎ᠠ ᠳᠤ | ᠬᠥᠷᠥᠰᠥ ᠰᠢᠷᠣᠶ ᠶᠢᠨ ᠢᠳᠡᠭᠳᠡᠯ ᠤᠨ ᠪᠠᠶᠢᠳᠠᠯ᠂ ᠬᠥᠷᠥᠰᠥ ᠰᠢᠷᠣᠶ ᠶᠢᠨ ᠢᠳᠡᠭᠳᠡᠯ ᠤᠨ ᠲᠦᠷᠦᠯ ᠤᠨ ᠣᠷᠣᠨ ᠤ | ᠬᠤᠪᠢᠶᠠᠷᠢᠯᠠᠯ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ | ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠶ᠃ | ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠳᠤ ᠰᠠᠪᠠ ᠭᠠᠵᠠᠷ ᠪᠤᠶᠤ ᠣᠷᠣᠨ ᠪᠦᠰᠡ ᠶᠢᠨ | ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ᠂ ᠬᠥᠷᠥᠰᠥ ᠰᠢᠷᠣᠶ ᠶᠢᠨ ᠡᠬᠢ | ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠬᠤ ᠲᠤᠬᠠᠶ ᠬᠢᠭᠰᠡᠨ ᠪᠦᠬᠦᠯᠢ ᠴᠣᠭᠴᠠ ᠶᠢᠨ | ᠪᠠᠶᠢᠷᠢᠯᠠᠭᠤᠯᠤᠯᠲᠠ ᠵᠢᠴᠢ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ ᠬᠥᠷᠥᠰᠥ ᠰᠢᠷᠣᠶ ᠶᠢ | ᠬᠠᠮᠠᠭᠠᠯᠠᠬᠤ ᠲᠤᠰᠬᠠᠶ ᠠᠵᠢᠯ ᠪᠤᠶᠤ ᠣᠨᠴᠠᠭᠠᠶ ᠣᠷᠣᠨ ᠪᠦᠰᠡ ᠶᠢᠨ ᠬᠥᠷᠥᠰᠥ ᠰᠢᠷᠣᠶ ᠶᠢᠨ ᠢᠳᠡᠭᠳᠡᠯ ᠢ | ᠤᠷᠢᠳᠴᠢᠯᠠᠨ ᠰᠡᠷᠭᠡᠶᠢᠯᠡᠬᠦ ᠪᠠ ᠵᠠᠰᠠᠬᠤ ᠲᠤᠬᠠᠶ ᠬᠢᠭᠰᠡᠨ ᠲᠤᠰᠬᠠᠶ ᠪᠠᠶᠢᠷᠢᠯᠠᠭᠤᠯᠤᠯᠲᠠ ᠪᠠᠭᠲᠠᠨ᠎ᠠ᠃ | ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠨᠢ ᠭᠠᠵᠠᠷ ᠰᠢᠷᠣᠶ ᠶᠢ ᠠᠰᠢᠭᠯᠠᠬᠤ ᠶᠡᠷᠦᠩᠬᠡᠶ | ᠲᠥᠯᠥᠪᠵᠢᠭᠦᠯᠭᠡ᠂ ᠤᠰᠦᠠ ᠤ ᠡᠬᠢ ᠪᠠᠶᠠᠯᠢᠭ ᠤᠨ ᠲᠥᠯᠥᠪᠵᠢᠭᠦᠯᠭᠡ᠂ ᠬᠤᠳᠠ ᠬᠥᠳᠡᠭᠡ ᠶᠢᠨ ᠲᠥᠯᠥᠪᠵᠢᠭᠦᠯᠭᠡ | ᠪᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠵᠡᠷᠭᠡ ᠲᠠᠢ ᠵᠣᠬᠢᠴᠠᠯᠳᠤᠭᠰᠠᠨ ᠪᠠᠶᠢᠬᠤ ᠬᠡᠷᠡᠭᠲᠡᠶ᠃ | | ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠲᠤᠰᠬᠠᠶ | ᠮᠡᠷᠭᠡᠵᠢᠯᠲᠡᠨ ᠪᠣᠯᠤᠨ ᠤᠯᠡᠠ ᠨᠡᠶᠢᠲᠡ ᠶᠢᠨ ᠰᠠᠨᠠᠯ ᠢ ᠬᠤᠷᠢᠶᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠷᠥᠰᠥ ᠰᠢᠷᠣᠶ ᠶᠢ | ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ | ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ | ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ | ᠪᠠᠶᠢᠭᠤᠯᠤᠨ ᠬᠡᠷᠡᠭᠵᠢᠬᠦᠯᠦᠨ᠎ᠡ᠃ | ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ ᠴᠢᠩᠭ᠎ᠠ | ᠬᠡᠷᠡᠭᠵᠢᠭᠦᠯᠬᠦ ᠬᠡᠷᠡᠭᠲᠡᠶ︔ ᠵᠥᠪᠰᠢᠶᠡᠷᠡᠭᠦᠯᠦᠭᠰᠡᠨ ᠲᠥᠯᠥᠪᠵᠢᠭᠦᠯᠭᠡ ᠳᠤ ᠪᠣᠳᠠᠲᠤ ᠪᠠᠶᠢᠳᠠᠯ ᠢ ᠦᠨᠳᠦᠰᠦᠯᠡᠨ | ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠪᠠᠯ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠷᠤᠮ ᠤᠨ | ᠶᠣᠰᠣᠭᠠᠷ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ | ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠳᠤ | ᠬᠦᠷᠪᠡᠯ᠂ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠪᠠᠶᠢᠭᠤᠯᠭ᠎ᠠ ᠨᠢ | ᠲᠥᠯᠥᠪᠵᠢᠭᠦᠯᠭᠡ ᠳᠡᠭᠡᠨ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭᠠᠴᠠᠬᠤ | ᠪᠤᠳᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ ᠲᠥᠯᠥᠪᠵᠢᠭᠦᠯᠭᠡ ᠶᠢ ᠮᠡᠳᠡᠭᠦᠯᠵᠦ ᠬᠢᠨᠠᠨ | ᠵᠥᠪᠰᠢᠶᠡᠷᠡᠭᠦᠯᠬᠦ ᠠᠴᠠ ᠡᠮᠦᠨ᠎ᠡ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ | ᠬᠡᠷᠡᠭᠲᠡᠶ᠃ | | ᠭᠤᠷᠪᠠᠳᠤᠭᠠᠷ ᠪᠦᠯᠦᠭ ᠤᠷᠢᠳᠴᠢᠯᠠᠨ ᠰᠡᠷᠭᠡᠶᠢᠯᠡᠬᠦ | | ᠠᠷᠪᠠᠨ ᠵᠢᠷᠭᠤᠳᠤᠭᠠᠷ ᠵᠦᠢᠯ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢᠨ ᠶᠣᠰᠣᠭᠠᠷ᠂ ᠪᠢᠲᠡᠭᠦᠮᠵᠢᠯᠡᠨ | ᠪᠤᠶᠢᠵᠢᠭᠤᠯᠵᠤ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠨᠢᠭᠡᠴᠢ ᠪᠠ ᠬᠤᠪᠢ | ᠬᠥᠮᠦᠨ ᠢ ᠵᠣᠬᠢᠶᠠᠨ ᠪᠠᠶᠢᠭᠤᠯᠤᠨ ᠡᠪᠡᠰᠦ ᠮᠣᠳᠣ ᠳᠠᠷᠢᠭᠤᠯᠵᠤ᠂ ᠤᠢ ᠮᠣᠳᠣ ᠡᠪᠡᠰᠦ ᠪᠡᠯᠴᠢᠭᠡᠷ ᠤᠨ ᠪᠦᠷᠬᠦᠴᠡ ᠶᠢᠨ | ᠲᠠᠯᠠᠪᠠᠢ ᠶᠢ ᠥᠷᠭᠡᠳᠬᠡᠨ᠂ ᠤᠰᠤᠨ ᠤ ᠰᠤᠷᠪᠤᠯᠵᠢ ᠶᠢ ᠬᠠᠳᠠᠭᠠᠯᠠᠵᠤ᠂ ᠬᠥᠷᠥᠰᠥ ᠰᠢᠷᠣᠶ ᠶᠢᠨ ᠢᠳᠡᠭᠳᠡᠯ ᠢ | ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠣᠷᠣᠨ ᠨᠤᠲᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠵᠡᠷᠭᠡ ᠠᠵᠢᠯᠯᠠᠭ᠎ᠠ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃ | | ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠠ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ | ᠣᠷᠣᠨ ᠳᠤ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠵᠡᠷᠭᠡ ᠬᠥᠷᠥᠰᠥ ᠰᠢᠷᠣᠶ ᠶᠢᠨ ᠢᠳᠡᠭᠳᠡᠯ ᠢ | ᠪᠤᠢ ᠪᠣᠯᠭᠠᠵᠤ ᠮᠡᠳᠡᠬᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠠ | ᠰᠢᠪᠠᠷ ᠴᠢᠯᠠᠭᠤᠨ ᠤ ᠤᠷᠤᠰᠬᠠᠯ ᠠᠮᠠᠷᠬᠠᠨ ᠭᠠᠷᠬᠤ ᠣᠷᠣᠨ ᠤ ᠬᠦᠷᠢᠶ᠎ᠡ ᠬᠡᠪᠴᠢᠶ᠎ᠡ ᠶᠢ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠵᠤ ᠵᠠᠷᠯᠠᠨ | ᠨᠡᠶᠢᠲᠡᠯᠡᠨ᠎ᠡ᠃ ᠨᠤᠷᠠᠵᠤ ᠶᠡᠭᠦᠷᠡᠬᠦ᠂ ᠶᠡᠭᠦᠷᠡᠬᠦ ᠠᠶᠤᠯ ᠲᠠᠢ ᠣᠷᠣᠨ ᠪᠠ ᠰᠢᠪᠠᠷ ᠴᠢᠯᠠᠭᠤᠨ ᠤ ᠤᠷᠤᠰᠬᠠᠯ ᠠᠮᠠᠷᠬᠠᠨ | ᠡᠭᠦᠰᠳᠡᠭ ᠣᠷᠣᠨ ᠢ ᠵᠠᠭᠠᠭᠯᠠᠨ ᠲᠣᠭᠲᠠᠭᠠᠬᠤ ᠳᠠᠭᠠᠨ ᠭᠸᠤᠯᠤᠬᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠳᠤ ᠲᠣᠭᠲᠠᠭᠠᠭᠰᠠᠨ ᠭᠸᠤᠯᠤᠬᠢ ᠶᠢᠨ ᠭᠠᠶ ᠭᠠᠮᠰᠢᠭ ᠠᠮᠠᠷᠬᠠᠨ ᠡᠭᠦᠰᠳᠡᠭ ᠣᠷᠣᠨ᠂ | ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠲᠠᠢ ᠵᠣᠯᠭᠠᠭᠤᠯᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠬᠦᠷᠦᠰᠦ ᠰᠢᠷᠣᠶ ᠶᠢᠨ ᠢᠳᠡᠭᠳᠡᠯ ᠢᠶᠠᠷ ᠬᠦᠨᠳᠦ ᠨᠣᠴᠢᠲᠠᠶ᠂ ᠠᠮᠢ ᠠᠬᠤᠶ ᠶᠢᠨ | ᠬᠡᠪᠡᠷᠡᠭ ᠭᠠᠵᠠᠷ ᠣᠷᠣᠨ ᠳᠤ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠦᠢᠯᠡᠳᠪᠦᠷᠢᠯᠡᠯ ᠪᠦᠳᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠬᠢᠵᠠᠭᠠᠷᠯᠠᠬᠤ ᠪᠤᠶᠤ ᠴᠠᠭᠠᠵᠠᠯᠠᠵᠤ᠂ ᠤᠷᠭᠤᠮᠠᠯ᠂ ᠡᠯᠡᠰᠦᠨ ᠬᠠᠯᠢᠰᠤ᠂ ᠬᠠᠭ | ᠵᠡᠷᠭᠡ ᠶᠢ ᠴᠢᠩᠭ᠎ᠠ ᠬᠠᠮᠠᠭᠠᠯᠠᠬᠤ ᠬᠡᠷᠡᠭᠲᠡᠶ᠃ | ᠢᠳᠡᠭᠳᠡᠭᠰᠡᠨ ᠭᠤᠤ ᠶᠢᠨ ᠨᠠᠯᠠᠤ ᠪᠠ ᠭᠤᠤ ᠶᠢᠨ ᠡᠷᠭᠢ᠂ ᠭᠤᠣᠯ ᠮᠥᠷᠡᠨ ᠤ ᠬᠤᠶᠠᠷ ᠡᠷᠭᠢ ᠵᠢᠴᠢ ᠨᠠᠭᠤᠷ | ᠴᠦᠬᠦᠷᠦᠮ ᠪᠠ ᠤᠰᠤᠨ ᠴᠥᠭᠦᠷᠥᠮ ᠤᠨ ᠡᠷᠬᠢᠨ ᠲᠣᠭᠤᠷᠢᠨ ᠳᠤ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ | ᠬᠥᠮᠦᠨ᠂ ᠬᠡᠷᠡᠭᠯᠡᠬᠦ ᠡᠷᠬᠡᠲᠦ ᠬᠥᠮᠦᠨ ᠪᠤᠶᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠨᠢᠭᠡᠴᠢ ᠤᠷᠭᠤᠮᠠᠯ ᠤᠨ | ᠬᠠᠮᠠᠭᠠᠯᠠᠯᠲᠠ ᠶᠢᠨ ᠪᠦᠰᠡ ᠪᠠᠶᠢᠭᠤᠯᠬᠤ ᠬᠡᠷᠡᠭᠲᠡᠶ᠃ ᠤᠷᠭᠤᠮᠠᠯ ᠤᠨ ᠬᠠᠮᠠᠭᠠᠯᠠᠯᠲᠠ ᠶᠢᠨ ᠪᠦᠰᠡ ᠶᠢ ᠬᠠᠭᠠᠯᠪᠤᠷᠢᠯᠠᠬᠤ | ᠪᠠ ᠨᠡᠭᠡᠭᠡᠨ ᠠᠰᠢᠭᠯᠠᠬᠤ ᠶᠢ ᠴᠠᠭᠠᠵᠠᠯᠠᠨ᠎ᠠ᠃ | ᠠᠷᠪᠠ ᠶᠢᠰᠦᠳᠦᠭᠡᠷ ᠵᠤᠶᠢᠯ ᠬᠦᠷᠦᠰᠦ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢᠨ ᠥᠮᠴᠢᠯᠡᠯ ᠤᠨ | ᠡᠷᠬᠡᠲᠦ ᠬᠥᠮᠦᠨ ᠪᠤᠶᠤ ᠬᠡᠷᠡᠭᠯᠡᠬᠦ ᠡᠷᠬᠡᠲᠦ ᠬᠥᠮᠦᠨ ᠨᠢ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢᠨ | ᠬᠠᠮᠢᠶᠠᠷᠤᠯᠲᠠ ᠪᠠ ᠬᠠᠮᠠᠭᠠᠯᠠᠯᠲᠠ ᠪᠠᠨ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠲᠡᠭᠦᠨ ᠤ ᠴᠢᠳᠠᠮᠵᠢ ᠶᠢ ᠬᠡᠪ ᠢᠶᠠᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠶ᠃ | ᠬᠤᠷᠢᠳᠤᠭᠠᠷ ᠵᠦᠢᠯ ᠬᠤᠷᠢᠨ ᠲᠠᠪᠤᠨ ᠭᠷᠠᠳᠦ᠋ᠰ ᠠᠴᠠ ᠳᠡᠭᠡᠭᠰᠢᠬᠢ ᠡᠭᠴᠡ ᠨᠠᠯᠠᠤ ᠭᠠᠵᠠᠷ ᠲᠤ ᠠᠳᠡᠷ | ᠬᠠᠭᠠᠯᠪᠤᠷᠢᠯᠠᠵᠤ ᠲᠠᠷᠢᠮᠠᠯ ᠲᠡᠷᠢᠬᠤ ᠶᠢ ᠴᠠᠭᠠᠵᠠᠯᠠᠨ᠎ᠠ᠃ ᠬᠤᠷᠢᠨ ᠲᠠᠪᠤᠨ ᠭᠷᠠᠳᠦ᠋ᠰ ᠠᠴᠠ ᠳᠡᠭᠡᠭᠰᠢᠬᠢ ᠡᠭᠴᠡ ᠨᠠᠯᠠᠤ | ᠭᠠᠵᠠᠷ ᠲᠤ ᠠᠵᠤ ᠠᠬᠤᠶ ᠶᠢᠨ ᠤᠢ ᠲᠡᠷᠢᠬᠤ ᠳᠤ ᠬᠦᠷᠪᠡᠯ᠂ ᠮᠣᠳᠣᠨ ᠤ ᠳᠦᠷᠦᠯ ᠢ ᠰᠢᠨᠵᠢᠯᠡᠬᠦ ᠤᠬᠠᠭᠠᠨᠴᠢ ᠪᠠᠷ | ᠰᠣᠩᠭᠤᠵᠤ᠂ ᠬᠡᠪᠴᠢᠶ᠎ᠡ ᠶᠢ ᠨᠢ ᠵᠦᠢ ᠵᠣᠬᠢᠰᠲᠠᠶ ᠲᠣᠭᠲᠠᠭᠠᠨ᠂ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ | ᠠᠪᠴᠤ᠂ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠬᠤ ᠠᠴᠠ ᠰᠡᠷᠭᠡᠶᠢᠯᠡᠬᠦ ᠬᠡᠷᠡᠭᠲᠡᠶ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠲᠤᠰ ᠵᠠᠰᠠᠭ ᠵᠠᠬᠢᠷᠭᠠᠨ ᠤ | ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠬᠤᠷᠢᠨ ᠲᠠᠪᠤᠨ ᠭᠷᠠᠳᠦ᠋ᠰ ᠠᠴᠠ ᠪᠠᠭ᠎ᠠ ᠪᠠᠶᠢᠬᠤ ᠠᠳᠠᠷ | ᠬᠠᠭᠠᠯᠪᠤᠷᠢᠯᠠᠬᠤ ᠶᠢ ᠴᠠᠭᠠᠵᠠᠯᠠᠬᠤ ᠨᠠᠯᠠᠤᠴᠠ ᠶᠢ ᠲᠣᠭᠲᠠᠭᠠᠵᠤ ᠪᠣᠯᠤᠨ᠎ᠠ᠃ ᠠᠳᠡᠷ ᠬᠠᠭᠠᠯᠪᠤᠷᠢᠯᠠᠬᠤ ᠶᠢ ᠴᠠᠭᠠᠵᠠᠯᠠᠬᠤ | ᠡᠭᠴᠡ ᠨᠠᠯᠠᠤ ᠭᠠᠵᠠᠷ ᠤᠨ ᠬᠦᠷᠢᠶ᠎ᠡ ᠬᠡᠪᠴᠢᠶ᠎ᠡ ᠶᠢ ᠲᠤᠬᠠᠶ ᠶᠢᠨ ᠭᠠᠵᠠᠷ ᠤᠨ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠭᠠᠳ ᠵᠠᠷᠯᠠᠨ ᠨᠡᠶᠢᠲᠡᠯᠡᠨ᠎ᠡ᠃ | ᠬᠤᠷᠢᠨ ᠨᠢᠭᠡᠳᠦᠭᠡᠷ ᠵᠦᠢᠯ ᠤᠢ ᠰᠢᠭᠤᠶ ᠶᠢ ᠰᠦᠢᠳᠬᠡᠬᠦ᠂ ᠡᠪᠡᠰᠦ ᠪᠡᠯᠴᠢᠭᠡᠷ ᠢ ᠰᠦᠢᠳᠬᠡᠵᠦ ᠠᠳᠡᠷ | ᠬᠠᠭᠠᠯᠪᠤᠷᠢᠯᠠᠬᠤ ᠪᠠ ᠭᠡᠵᠢᠭᠡ ᠡᠪᠡᠰᠦ ᠲᠡᠭᠦᠵᠦ ᠴᠤᠭᠯᠠᠭᠤᠯᠬᠤ ᠶᠢ ᠴᠠᠭᠠᠵᠠᠯᠠᠨ᠎ᠠ᠃ ᠬᠥᠷᠥᠰᠥ ᠰᠢᠷᠣᠶ ᠶᠢᠨ | ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠳᠤ | ᠵᠦᠯᠭᠡ ᠶᠢ ᠬᠤᠰᠤᠬᠤ᠂ ᠮᠣᠳᠣᠨ ᠤ ᠦᠨᠳᠦᠰᠦ ᠮᠠᠯᠲᠠᠬᠤ ᠪᠤᠶᠤ ᠬᠤᠷᠣᠬᠠᠶ ᠡᠪᠡᠰᠦ᠂ ᠰᠢᠬᠢᠷ ᠡᠪᠡᠰᠦ᠂ ᠵᠡᠭᠡᠷᠭᠡᠨ᠎ᠡ | ᠵᠡᠷᠭᠡ ᠶᠢ ᠳᠤᠷ᠎ᠠ ᠪᠠᠷ ᠢᠶᠠᠨ ᠮᠠᠯᠲᠠᠬᠤ ᠶᠢ ᠴᠠᠭᠠᠵᠠᠯᠠᠨ᠎ᠠ᠃ | ᠬᠤᠷᠢᠨ ᠬᠤᠶᠠᠳᠤᠭᠠᠷ ᠵᠦᠢᠯ ᠤᠢ ᠮᠣᠳᠣ ᠶᠢ ᠣᠭᠲᠣᠯᠬᠤ ᠳᠠᠭᠠᠨ ᠵᠦᠢ ᠵᠣᠬᠢᠰᠲᠠᠶ ᠠᠷᠭ᠎ᠠ ᠬᠡᠯᠪᠡᠷᠢ ᠶᠢ | ᠠᠪᠴᠤ᠂ ᠪᠥᠬᠦᠳᠡ ᠶᠢ ᠣᠭᠲᠣᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ︔ ᠤᠰᠦᠠ ᠤ ᠡᠬᠢ ᠰᠤᠷᠪᠤᠯᠵᠢ ᠶᠢ | ᠬᠠᠳᠠᠭᠠᠯᠠᠬᠤ ᠤᠢ᠂ ᠬᠥᠷᠥᠰᠥ ᠰᠢᠷᠣᠶ ᠶᠢ ᠬᠠᠮᠠᠭᠠᠯᠠᠬᠤ ᠤᠢ᠂ ᠰᠠᠯᠬᠢᠨ ᠢ ᠬᠠᠯᠬᠠᠯᠡᠵᠦ ᠡᠯᠡᠰᠦ ᠶᠢ | ᠲᠣᠭᠲᠠᠪᠤᠷᠢᠵᠢᠭᠤᠯᠬᠤ ᠤᠢ ᠵᠡᠷᠭᠡ ᠬᠠᠯᠬᠠᠪᠴᠢ ᠤᠢ ᠶᠢ ᠵᠥᠪᠬᠡᠨ ᠠᠷᠠᠴᠢᠯᠠᠨ ᠪᠤᠶᠢᠵᠢᠭᠤᠯᠬᠤ ᠪᠠ ᠰᠢᠨᠡᠳᠬᠡᠬᠦ | ᠴᠢᠨᠠᠷᠲᠠᠶ ᠪᠠᠷ ᠣᠭᠲᠣᠯᠵᠤ ᠪᠣᠯᠤᠨ᠎ᠠ︔ ᠮᠣᠳᠣ ᠣᠭᠲᠣᠯᠬᠤ ᠣᠷᠣᠨ ᠪᠠ ᠮᠣᠳᠣ ᠴᠤᠭᠯᠠᠭᠤᠯᠬᠤ ᠵᠡᠮ ᠳᠤ ᠬᠥᠷᠥᠰᠥ | ᠰᠢᠷᠣᠶ ᠶᠢᠨ ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ ᠪᠥᠭᠡᠳ ᠮᠣᠳᠣ ᠣᠭᠲᠣᠯᠤᠭᠰᠠᠨ ᠤ | ᠲᠡᠷᠠᠭ᠎ᠠ ᠴᠠᠭ ᠲᠤᠬᠠᠶ ᠳᠤᠨᠢ ᠰᠢᠨᠡᠳᠬᠡᠨ ᠣᠶᠢᠵᠢᠭᠤᠯᠬᠤ ᠬᠡᠷᠡᠭᠲᠡᠶ᠃ | ᠤᠶᠢᠳᠤ ᠣᠷᠣᠨ ᠳᠤ ᠤᠢ ᠮᠣᠳᠣ ᠣᠭᠲᠣᠯᠬᠤ ᠳᠤ ᠬᠦᠷᠪᠡᠯ᠂ ᠣᠭᠲᠣᠯᠬᠤ ᠲᠥᠰᠦᠯ ᠳᠡᠭᠡᠨ ᠬᠥᠷᠥᠰᠥ | ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠪᠠᠶᠢᠬᠤ ᠬᠡᠷᠡᠭᠲᠡᠶ᠃ ᠮᠣᠳᠣ ᠣᠭᠲᠣᠯᠬᠤ ᠲᠥᠰᠦᠯ ᠢ ᠤᠢ | ᠰᠢᠭᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ᠂ ᠤᠢ ᠰᠢᠭᠤᠶ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ᠬᠤᠷᠢᠨ ᠭᠤᠷᠪᠠᠳᠤᠭᠠᠷ ᠵᠦᠢᠯ ᠲᠠᠪᠤᠨ ᠭᠷᠠᠳᠦ᠋ᠰ ᠠᠴᠠ ᠳᠡᠭᠡᠭᠰᠢᠬᠢ ᠨᠠᠯᠠᠤ ᠭᠠᠵᠠᠷ ᠲᠤ ᠮᠣᠳᠣ ᠲᠡᠷᠢᠵᠦ | ᠣᠶᠢᠵᠢᠭᠤᠯᠬᠤ᠂ ᠵᠤᠯᠵᠠᠭ᠎ᠠ ᠮᠣᠳᠣ ᠶᠢ ᠠᠷᠠᠴᠢᠯᠠᠨ ᠪᠤᠶᠢᠵᠢᠭᠤᠯᠬᠤ᠂ ᠬᠢᠲᠠᠳ ᠡᠮ ᠤᠨ ᠮᠠᠲ᠋ᠧᠷᠢᠶᠠᠯ ᠲᠡᠷᠢᠬᠤ | ᠵᠡᠷᠭᠡ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠠᠳᠡᠷ ᠬᠠᠭᠠᠯᠪᠤᠷᠢᠯᠠᠬᠤ ᠶᠢ ᠴᠠᠭᠠᠵᠠᠯᠠᠬᠤ ᠨᠠᠯᠠᠤᠴᠠ ᠠᠴᠠ ᠳᠣᠭᠤᠭᠰᠢ᠂ ᠲᠠᠪᠤᠨ ᠭᠷᠠᠳᠦ᠋ᠰ ᠠᠴᠠ ᠳᠡᠭᠡᠭᠰᠢᠬᠢ | ᠠᠳᠡᠷ ᠨᠠᠯᠠᠤ ᠭᠠᠵᠠᠷ ᠢ ᠬᠠᠭᠠᠯᠪᠤᠷᠢᠯᠠᠵᠤ ᠲᠠᠷᠢᠮᠠᠯ ᠲᠡᠷᠢᠬᠤ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ | ᠠᠪᠬᠤ ᠬᠡᠷᠡᠭᠲᠡᠶ᠃ ᠪᠣᠳᠠᠲᠠᠶ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ | ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠵᠦ ᠲᠣᠭᠲᠠᠭᠠᠨ᠎ᠠ᠃ | ᠬᠤᠷᠢᠨ ᠳᠥᠷᠪᠡᠳᠦᠭᠡᠷ ᠵᠦᠢᠯ ᠦᠢᠯᠡᠳᠪᠤᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠭᠠᠵᠠᠷ | ᠰᠣᠩᠭᠤᠬᠤ᠂ ᠱᠤᠭᠤᠮ ᠰᠣᠩᠭᠤᠬᠤ ᠳᠠᠭᠠᠨ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ | ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠠᠴᠠ ᠵᠠᠶᠢᠯᠠᠬᠤ ᠬᠡᠷᠡᠭᠲᠡᠢ︔ ᠵᠠᠶᠢᠯᠠᠬᠤ ᠶᠢᠨ ᠠᠷᠭ᠎ᠠ | ᠦᠭᠡᠢ ᠪᠠᠶᠢᠪᠠᠯ᠂ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠠᠷᠢᠯᠭ᠎ᠠ ᠶᠢᠨ ᠠᠵᠢᠯ ᠤᠨ ᠤᠷᠠᠯᠠᠯ ᠢ | ᠰᠢᠯᠢᠳᠡᠭᠵᠢᠭᠦᠯᠵᠦ᠂ ᠭᠠᠵᠠᠷ ᠤᠨ ᠭᠠᠳᠠᠷᠭᠤ ᠶᠢ ᠰᠠᠮᠠᠭᠤᠷᠠᠭᠤᠯᠬᠤ ᠪᠠ ᠤᠷᠭᠤᠮᠠᠯ ᠤᠨ ᠬᠤᠴᠢᠯᠭ᠎ᠠ ᠶᠢ ᠡᠪᠳᠡᠬᠦ | ᠬᠡᠪᠴᠢᠶ᠎ᠡ ᠶᠢ ᠪᠠᠭᠠᠰᠬᠠᠵᠤ᠂ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠶᠠᠪᠤᠳᠠᠯ ᠢ | ᠪᠦᠲᠦᠮᠵᠢᠲᠡᠶ ᠪᠠᠷ ᠬᠢᠵᠠᠭᠠᠷᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠡᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠨ ᠤ ᠣᠷᠣᠨ | ᠵᠢᠴᠢ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠳᠤ ᠲᠣᠭᠲᠠᠭᠠᠭᠰᠠᠨ ᠬᠥᠷᠥᠰᠥ ᠰᠢᠷᠣᠶ ᠶᠢᠨ ᠢᠳᠡᠭᠳᠡᠯ | ᠠᠮᠠᠷᠬᠠᠨ ᠡᠭᠦᠰᠳᠡᠭ ᠪᠤᠰᠤᠳ ᠣᠷᠣᠨ ᠳᠤ ᠬᠥᠷᠥᠰᠥ ᠰᠢᠷᠣᠶ ᠶᠢᠨ ᠢᠳᠡᠭᠳᠡᠯ ᠡᠭᠦᠰᠭᠡᠵᠦ ᠮᠡᠳᠡᠬᠦ ᠦᠢᠯᠡᠳᠪᠦᠷᠢᠯᠡᠯ | ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠨᠡᠭᠡᠭᠡᠨ ᠡᠷᠬᠢᠯᠡᠨ᠎ᠠ᠃ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ | ᠨᠢᠭᠡᠴᠢ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠨᠠᠶᠢᠷᠠᠭᠤᠯᠤᠨ ᠵᠣᠬᠢᠶᠠᠵᠤ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠠᠮᠲᠤ ᠵᠥᠪᠰᠢᠶᠡᠷᠡᠭᠦᠯᠦᠭᠰᠡᠨ | ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ | ᠰᠡᠷᠭᠡᠶᠢᠯᠡᠬᠦ ᠪᠠ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ | ᠨᠠᠶᠢᠷᠠᠭᠤᠯᠤᠨ ᠵᠣᠬᠢᠶᠠᠬᠤ ᠴᠢᠳᠠᠪᠤᠷᠢ ᠦᠭᠡᠢ ᠪᠠᠶᠢᠪᠠᠯ᠂ ᠵᠣᠬᠢᠴᠠᠩᠭᠤᠶ ᠮᠡᠷᠭᠡᠵᠢᠯ ᠤᠨ ᠨᠥᠬᠦᠴᠡᠯ ᠢ | ᠪᠦᠷᠢᠯᠳᠦᠭᠦᠯᠦᠭᠰᠡᠨ ᠪᠠᠶᠢᠭᠤᠯᠤᠮᠵᠢ ᠳᠤ ᠨᠠᠶᠢᠳᠠᠵᠤ ᠨᠠᠶᠢᠷᠠᠭᠤᠯᠤᠨ ᠵᠣᠬᠢᠶᠠᠯᠭᠠᠬᠤ ᠬᠡᠷᠡᠭᠲᠡᠶ᠃ | ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ | ᠰᠡᠷᠭᠡᠶᠢᠯᠡᠬᠦ ᠪᠠ ᠵᠠᠰᠠᠬᠤ ᠬᠦᠷᠢᠶ᠎ᠡ ᠬᠡᠪᠴᠢᠶ᠎ᠡ᠂ ᠬᠠᠷᠠᠯᠲᠠ᠂ ᠠᠷᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠵᠡᠷᠭᠡ | ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠃ | ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠦᠢᠯᠡᠳᠪᠦᠷᠢᠯᠡᠯ | ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠭᠠᠵᠠᠷ᠂ ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠬᠤ ᠳᠤ | ᠬᠦᠷᠪᠡᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠥᠬᠦᠪᠥᠷᠢᠯᠡᠬᠦ ᠪᠤᠶᠤ ᠲᠡᠭᠦᠨ ᠳᠤ ᠵᠠᠰᠠᠪᠤᠷᠢ | ᠣᠷᠣᠭᠤᠯᠬᠤ ᠶᠢᠨ ᠬᠠᠮᠲᠤ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ | ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢ | ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠭᠠᠬᠤ ᠴᠢᠬᠤᠯᠠᠲᠠᠶ ᠪᠠᠶᠢᠪᠠᠯ᠂ ᠤᠤᠯ ᠤᠨ ᠬᠢᠨᠠᠨ | ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃ | ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠶ ᠶᠢ ᠬᠠᠮᠠᠭᠠᠯᠠᠬᠤ | ᠲᠥᠰᠦᠯ ᠢ ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ | ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | | ᠬᠤᠷᠢᠨ ᠵᠢᠷᠭᠤᠳᠤᠭᠠᠷ ᠵᠦᠢᠯ ᠬᠦᠷᠦᠰᠦ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ | ᠨᠠᠶᠢᠷᠠᠭᠤᠯᠤᠨ ᠵᠣᠬᠢᠶᠠᠬᠤ ᠶᠣᠰᠣᠲᠠᠶ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠨᠢᠭᠡᠴᠢ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ | ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠤᠰᠤᠨ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ | ᠦᠭᠡᠢ ᠪᠠᠶᠢᠪᠠᠯ᠂ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠨ ᠪᠦᠳᠦᠭᠡᠨ ᠪᠠᠶᠢᠭᠤᠯᠵᠤ | ᠪᠣᠯᠬᠤ ᠦᠭᠡᠢ᠃ | ᠬᠤᠷᠢᠨ ᠳᠣᠯᠣᠳᠤᠭᠠᠷ ᠵᠦᠢᠯ ᠬᠦᠷᠦᠰᠦ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ | ᠨᠠᠶᠢᠷᠠᠭᠤᠯᠤᠨ ᠵᠣᠬᠢᠶᠠᠬᠤ ᠶᠣᠰᠣᠲᠠᠶ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠳᠣᠲᠣᠷᠠᠬᠢ | ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠪᠠᠨ ᠬᠠᠮᠲᠤ ᠳᠤᠨᠢ ᠵᠢᠷᠤᠵᠤ | ᠲᠥᠯᠥᠪᠯᠡᠨ᠂ ᠬᠠᠮᠲᠤ ᠳᠤᠨᠢ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠬᠡᠷᠡᠭᠲᠡᠶ︔ | ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠳᠠᠭᠠᠨ | ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠬᠡᠷᠡᠭᠲᠡᠶ︔ ᠬᠥᠷᠥᠰᠥ ᠰᠢᠷᠣᠶ ᠶᠢ | ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ | ᠤᠢᠭᠡᠢ ᠪᠠᠶᠢᠪᠠᠯ᠂ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠤᠨ | ᠬᠡᠷᠡᠭᠯᠡᠵᠦ ᠪᠣᠯᠬᠤ ᠤᠢᠭᠡᠢ᠃ | ᠬᠤᠷᠢᠨ ᠨᠠᠢᠮᠠᠳᠤᠭᠠᠷ ᠵᠦᠢᠯ ᠬᠦᠷᠦᠰᠦ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ | ᠨᠠᠶᠢᠷᠠᠭᠤᠯᠤᠨ ᠵᠣᠬᠢᠶᠠᠬᠤ ᠶᠣᠰᠣᠲᠠᠶ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠳᠤᠮᠳᠠ ᠬᠠᠶᠠᠭᠰᠠᠨ ᠡᠯᠡᠰᠦ᠂ ᠴᠢᠯᠠᠭᠤ᠂ ᠰᠢᠷᠣᠶ | ᠂ ᠨᠡᠭᠦᠷᠡᠰᠦᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠶᠢ ᠨᠢ ᠶᠡᠷᠦᠩᠬᠡᠶᠢᠯᠡᠨ ᠠᠰᠢᠭᠯᠠᠬᠤ | ᠬᠡᠷᠡᠭᠲᠡᠶ︔ ᠶᠡᠷᠦᠩᠬᠡᠶᠢᠯᠡᠨ ᠠᠰᠢᠭᠯᠠᠵᠤ ᠳᠡᠶᠢᠯᠬᠦ ᠦᠭᠡᠢ᠂ ᠦᠨᠡᠨ ᠬᠦ ᠬᠠᠶᠠᠬᠤ ᠴᠢᠬᠤᠯᠠᠲᠠᠶ ᠪᠠᠶᠢᠪᠠᠯ᠂ ᠬᠥᠷᠥᠰᠥ | ᠰᠢᠷᠣᠶ ᠶᠢ ᠬᠠᠮᠠᠭᠠᠯᠠᠬᠤ ᠲᠥᠰᠦᠯ ᠳᠤ ᠲᠣᠭᠲᠠᠭᠠᠭᠰᠠᠨ ᠲᠤᠰᠬᠠᠶ ᠬᠠᠳᠠᠭᠠᠯᠠᠬᠤ ᠭᠠᠵᠠᠷ ᠲᠤ ᠣᠪᠣᠭᠠᠯᠠᠨ | ᠲᠠᠯᠪᠢᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠬᠤᠣᠷ ᠬᠥᠨᠥᠭᠡᠯ ᠭᠠᠷᠭᠠᠬᠤ ᠦᠭᠡᠢ ᠪᠠᠶᠢᠬᠤ ᠶᠢ | ᠪᠠᠲᠤᠯᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ | ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠪᠠᠶᠢᠴᠠᠭᠠᠵᠤ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | | ᠳᠥᠷᠪᠡᠳᠦᠭᠡᠷ ᠪᠦᠯᠦᠭ ᠵᠠᠰᠠᠬᠤ | | ᠭᠤᠴᠢᠳᠤᠭᠠᠷ ᠵᠦᠢᠯ ᠤᠯᠤᠰ ᠠᠴᠠ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ | ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠪᠠᠷ ᠵᠠᠰᠠᠬᠤ ᠣᠷᠣᠨ ᠤ ᠨᠠᠯᠠᠤ ᠲᠠᠷᠢᠶᠠᠨ ᠭᠠᠵᠠᠷ ᠢ | ᠱᠠᠲᠤᠨ ᠲᠠᠷᠢᠶ᠎ᠠ ᠪᠣᠯᠭᠠᠨ ᠥᠭᠡᠷᠡᠴᠢᠯᠡᠬᠦ᠂ ᠨᠦᠯᠦᠮᠡᠯ ᠭᠠᠵᠠᠷ ᠤᠨ ᠬᠠᠰᠢᠯᠭ᠎ᠠ ᠪᠣᠯᠭᠠᠬᠤ ᠵᠡᠷᠭᠡ ᠬᠥᠷᠥᠰᠥ ᠰᠢᠷᠣᠶ ᠶᠢ | ᠬᠠᠮᠠᠭᠠᠯᠠᠬᠤ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢ | ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ | ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ | ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠤᠯᠤᠰ ᠠᠴᠠ ᠭᠤᠣᠯ ᠮᠥᠷᠡᠨ ᠤ ᠡᠬᠢ ᠰᠤᠷᠪᠤᠯᠵᠢ ᠶᠢᠨ ᠣᠷᠣᠨ᠂ ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ | ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠴᠢᠩᠭᠠᠳᠬᠠᠵᠤ᠂ | ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ | ᠦᠷ᠎ᠡ ᠠᠰᠢᠭ ᠤᠨ ᠨᠥᠬᠦᠪᠥᠷᠢ ᠶᠢ ᠤᠯᠤᠰ ᠠᠴᠠ ᠪᠠᠶᠢᠭᠤᠯᠤᠭᠰᠠᠨ ᠠᠮᠢ ᠠᠬᠤᠶ ᠶᠢᠨ ᠦᠷ᠎ᠡ ᠠᠰᠢᠭ ᠤᠨ | ᠨᠥᠬᠦᠪᠥᠷᠢ ᠶᠢᠨ ᠲᠦᠷᠢᠮ ᠳᠤ ᠣᠷᠣᠭᠤᠯᠤᠨ᠎ᠠ᠃ | ᠭᠤᠴᠢᠨ ᠬᠤᠶᠠᠳᠤᠭᠠᠷ ᠵᠦᠢᠯ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠶᠢᠨ ᠵᠦᠢᠯᠡᠰ ᠢ ᠡᠷᠬᠢᠯᠡᠬᠦ ᠪᠤᠶᠤ | ᠪᠤᠰᠤᠳ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠶᠢᠨ ᠠᠵᠢᠯᠯᠠᠭ᠎ᠠ ᠬᠢᠭᠡᠳ ᠬᠥᠷᠥᠰᠥ ᠰᠢᠷᠣᠶ ᠶᠢᠨ ᠢᠳᠡᠭᠳᠡᠯ ᠢ | ᠪᠤᠢ ᠪᠣᠯᠭᠠᠭᠰᠠᠨ ᠪᠠᠶᠢᠪᠠᠯ ᠵᠠᠰᠠᠬᠤ ᠬᠡᠷᠡᠭᠲᠡᠶ᠃ | ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠨ ᠤ ᠣᠷᠣᠨ ᠵᠢᠴᠢ ᠬᠥᠷᠥᠰᠥ ᠰᠢᠷᠣᠶ ᠶᠢ | ᠬᠠᠮᠠᠭᠠᠯᠠᠬᠤ ᠲᠥᠯᠥᠪᠵᠢᠭᠦᠯᠭᠡ ᠳᠤ ᠲᠣᠭᠲᠠᠭᠠᠭᠰᠠᠨ ᠬᠥᠷᠥᠰᠥ ᠰᠢᠷᠣᠶ ᠶᠢᠨ ᠢᠳᠡᠭᠳᠡᠯ ᠠᠮᠠᠷᠬᠠᠨ ᠡᠭᠦᠰᠳᠡᠭ | ᠪᠤᠰᠤᠳ ᠣᠷᠣᠨ ᠪᠦᠰᠡ ᠳᠤ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠨᠡᠭᠡᠭᠡᠨ ᠡᠷᠭᠢᠯᠡᠬᠦ | ᠪᠤᠶᠤ ᠪᠤᠰᠤᠳ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠬᠦ ᠳᠡᠭᠡᠨ ᠬᠥᠷᠥᠰᠥ ᠰᠢᠷᠣᠶ ᠶᠢ | ᠬᠠᠮᠠᠭᠠᠯᠠᠬᠤ ᠲᠥᠬᠦᠭᠡᠷᠦᠮᠵᠢ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠡᠪᠳᠡᠭᠡᠳ ᠤᠤᠯ ᠤᠨ | ᠬᠥᠷᠥᠰᠥ ᠰᠢᠷᠣᠶ ᠶᠢ ᠬᠠᠮᠠᠭᠠᠯᠠᠬᠤ ᠴᠢᠳᠠᠮᠵᠢ ᠶᠢ ᠨᠢ ᠰᠡᠷᠭᠦᠭᠡᠵᠦ ᠳᠡᠶᠢᠯᠬᠦ ᠦᠭᠡᠢ ᠪᠠᠶᠢᠪᠠᠯ᠂ ᠬᠥᠷᠥᠰᠥ ᠰᠢᠷᠣᠶ ᠶᠢ | ᠬᠠᠮᠠᠭᠠᠯᠠᠬᠤ ᠨᠥᠬᠦᠪᠥᠷᠢ ᠰᠦᠢᠳᠬᠡᠯ ᠲᠤᠰᠢᠶᠠᠵᠤ᠂ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ | ᠪᠠ ᠵᠠᠰᠠᠬᠤ ᠳᠤ ᠲᠤᠰᠬᠠᠶ ᠬᠡᠷᠡᠭᠯᠡᠬᠦ ᠬᠡᠷᠡᠭᠲᠡᠶ᠃ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ | ᠵᠠᠰᠠᠬᠤ ᠲᠤᠰᠬᠠᠶ ᠵᠦᠢᠯ ᠢ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠥᠷᠥᠰᠥ ᠰᠢᠷᠣᠶ ᠶᠢ ᠬᠠᠮᠠᠭᠠᠯᠠᠬᠤ | ᠲᠥᠯᠥᠪᠦᠷᠢ ᠶᠢᠨ ᠰᠦᠢᠳᠬᠡᠯ ᠢ ᠬᠤᠷᠢᠶᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ | ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃ | ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠪᠦᠳᠦᠭᠡᠠ ᠪᠠᠶᠢᠭᠤᠯᠤᠯᠲᠠ ᠶᠢᠨ ᠶᠠᠪᠤᠴᠠ ᠳᠤ ᠪᠠ | ᠦᠢᠯᠡᠳᠪᠦᠷᠢᠯᠡᠯ ᠤᠨ ᠶᠠᠪᠤᠴᠠ ᠳᠤ ᠭᠠᠷᠤᠭᠰᠠᠨ ᠬᠥᠷᠥᠰᠥ ᠰᠢᠷᠣᠶ ᠶᠢ ᠬᠠᠮᠠᠭᠠᠯᠠᠬᠤ ᠵᠠᠷᠤᠳᠠᠯ ᠢ ᠤᠯᠤᠰ ᠤᠨ | ᠨᠢᠭᠡᠳᠦᠯᠲᠡᠶ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠤ ᠲᠦᠷᠢᠮ ᠶᠣᠰᠣᠭᠠᠷ ᠰᠢᠢᠳᠪᠦᠷᠢᠯᠡᠨ᠎ᠡ᠃ | ᠭᠤᠴᠢᠨ ᠭᠤᠷᠪᠠᠳᠤᠭᠠᠷ ᠵᠦᠢᠯ ᠤᠯᠤᠰ ᠠᠴᠠ ᠨᠢᠭᠡᠴᠢ ᠪᠠ ᠬᠤᠪᠢ ᠬᠥᠮᠦᠨ ᠤ ᠬᠥᠷᠥᠰᠥ ᠰᠢᠷᠣᠶ ᠶᠢ | ᠬᠠᠮᠠᠭᠠᠯᠠᠬᠤ ᠲᠥᠯᠥᠪᠵᠢᠭᠦᠯᠭᠡ ᠶᠢᠨ ᠶᠣᠰᠣᠭᠠᠷ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠳᠤ | ᠣᠷᠣᠯᠴᠠᠬᠤ ᠶᠢ ᠵᠣᠷᠢᠭᠵᠢᠭᠤᠯᠬᠤ ᠪᠥᠭᠡᠳ ᠪᠡᠯᠡ ᠮᠥᠩᠭᠦ᠂ ᠲᠧᠭᠨᠢᠭ ᠮᠡᠷᠭᠡᠵᠢᠯ᠂ ᠭᠠᠶᠢᠯᠢ ᠲᠠᠲᠠᠪᠤᠷᠢ ᠵᠡᠷᠭᠡ | ᠲᠠᠯ᠎ᠠ ᠪᠠᠷ ᠲᠡᠳᠬᠦᠨ ᠳᠡᠮᠵᠢᠨ᠎ᠡ᠃ | ᠭᠤᠴᠢᠨ ᠳᠥᠷᠪᠡᠳᠦᠭᠡᠷ ᠵᠦᠢᠯ ᠤᠯᠤᠰ ᠠᠴᠠ ᠠᠭᠯᠠᠭ ᠠᠭᠤᠯᠠ᠂ ᠲᠠᠴᠢᠷ ᠭᠤᠦ᠂ ᠬᠠᠯᠴᠠᠭᠠᠶ ᠲᠤᠪᠦ᠂ | ᠡᠵᠡᠭᠦᠶ ᠲᠡᠩ ᠢ ᠳᠠᠭᠠᠭᠠᠴᠢᠯᠠᠨ ᠵᠠᠰᠠᠬᠤ ᠶᠢ ᠵᠣᠷᠢᠭᠵᠢᠭᠤᠯᠤᠨ ᠲᠡᠮᠵᠢᠵᠦ᠂ ᠬᠥᠷᠥᠰᠥ ᠰᠢᠷᠣᠶ ᠶᠢᠨ ᠢᠳᠡᠭᠳᠡᠯ ᠢ | ᠰᠡᠷᠭᠡᠶᠢᠯᠡᠨ ᠵᠠᠰᠠᠵᠤ᠂ ᠠᠮᠢ ᠠᠬᠤᠶ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠭᠠᠵᠠᠷ ᠰᠢᠷᠣᠶ ᠶᠢᠨ | ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠪᠠ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠪᠥᠭᠡᠳ | ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠬᠠᠮᠠᠭᠠᠯᠠᠨ᠎ᠠ᠃ | ᠠᠭᠯᠠᠭ ᠠᠭᠤᠯᠠ᠂ ᠲᠠᠴᠢᠷ ᠭᠤᠦ᠂ ᠬᠠᠯᠴᠠᠭᠠᠶ ᠲᠤᠪᠦ᠂ ᠡᠵᠡᠭᠦᠶ ᠲᠠᠩ ᠢ ᠳᠠᠭᠠᠭᠠᠴᠢᠯᠠᠨ ᠵᠠᠰᠠᠬᠤ ᠪᠠ | ᠬᠥᠷᠥᠰᠥ ᠰᠢᠷᠣᠶ ᠶᠢᠨ ᠢᠳᠡᠭᠳᠡᠯ ᠢᠶᠠᠷ ᠬᠦᠨᠳᠦ ᠨᠣᠴᠢᠲᠠᠶ ᠭᠠᠵᠠᠷ ᠣᠷᠣᠨ ᠤ ᠬᠥᠳᠡᠭᠡ ᠲᠣᠰᠬᠤᠨ ᠤ ᠭᠠᠵᠠᠷ | ᠰᠢᠷᠣᠶ ᠶᠢ ᠳᠠᠭᠠᠭᠠᠴᠢᠯᠠᠬᠤ ᠳᠤ ᠬᠦᠷᠪᠡᠯ᠂ ᠬᠠᠤᠯᠢ ᠶᠣᠰᠣᠭᠠᠷ ᠲᠣᠭᠲᠠᠭᠠᠭᠰᠠᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠭᠡᠷ᠎ᠡ ᠳᠤ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ | ᠬᠠᠷᠢᠭᠤᠴᠠᠯᠭ᠎ᠠ ᠶᠢᠨ ᠠᠭᠤᠯᠭ᠎ᠠ ᠶᠢ ᠪᠠᠭᠲᠠᠭᠠᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠤᠰᠤᠨ ᠤ ᠬᠦᠴᠦᠨ ᠳᠤ ᠢᠳᠡᠭᠳᠡᠭᠰᠡᠨ ᠭᠠᠵᠠᠷ ᠣᠷᠣᠨ ᠳᠤ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠨᠢᠭᠡᠴᠢ ᠪᠠ ᠬᠤᠪᠢ ᠬᠥᠮᠦᠨ ᠢ ᠵᠣᠬᠢᠶᠠᠨ ᠪᠠᠶᠢᠭᠤᠯᠵᠤ᠂ ᠪᠠᠶᠢᠭᠠᠯᠢ ᠶᠢᠨ ᠭᠤᠤ ᠭᠠᠩᠭ᠎ᠠ ᠵᠢᠴᠢ | ᠲᠡᠭᠦᠨ ᠤ ᠬᠤᠶᠠᠷ ᠬᠠᠵᠠᠭᠤ ᠶᠢᠨ ᠠᠭᠤᠯᠠᠨ ᠬᠥᠲᠥᠯ ᠢᠶᠠᠷ ᠪᠦᠷᠢᠯᠳᠦᠭᠰᠡᠨ ᠵᠢᠵᠢᠭ ᠰᠠᠪᠠ ᠭᠠᠵᠠᠷ ᠢᠶᠠᠷ ᠨᠢᠭᠡᠴᠢ | ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠠᠷᠢᠯᠭ᠎ᠠ ᠶᠢᠨ ᠠᠷᠭ᠎ᠠ ᠬᠡᠮᠵᠢᠶ᠎ᠡ᠂ ᠤᠷᠭᠤᠮᠠᠯ ᠤᠨ | ᠠᠷᠭ᠎ᠠ ᠬᠡᠮᠵᠢᠶ᠎ᠡ ᠪᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠨᠠᠯᠠᠤ | ᠲᠠᠷᠢᠶᠠᠨ ᠭᠠᠵᠠᠷ ᠪᠠ ᠭᠤᠤ ᠰᠤᠪᠠᠭ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠬᠡᠷᠡᠭᠲᠡᠶ᠃ | ᠰᠠᠯᠬᠢᠨ ᠤ ᠬᠦᠴᠦᠨ ᠳᠤ ᠢᠳᠡᠭᠳᠡᠭᠰᠡᠨ ᠭᠠᠵᠠᠷ ᠣᠷᠣᠨ ᠳᠤ᠂ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠠ | ᠬᠤᠪᠢ ᠬᠥᠮᠦᠨ ᠢ ᠵᠣᠬᠢᠶᠠᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠭᠡᠯᠵᠢᠯᠡᠨ | ᠪᠢᠲᠡᠭᠦᠮᠵᠢᠯᠡᠵᠦ ᠡᠭᠡᠯᠵᠢᠯᠡᠨ ᠮᠠᠯᠵᠢᠬᠤ᠂ ᠡᠪᠡᠰᠦ ᠮᠣᠳᠣ ᠲᠠᠷᠢᠬᠤ᠂ ᠵᠣᠬᠢᠶᠠᠮᠠᠯ ᠡᠯᠡᠰᠦᠨ ᠬᠠᠯᠬᠠᠪᠴᠢ ᠪᠠ ᠲᠣᠣᠷᠯᠢᠭ | ᠤᠢ ᠶᠢᠨ ᠪᠦᠰᠡ ᠭᠠᠷᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠰᠠᠯᠬᠢ ᠶᠢ ᠬᠠᠯᠬᠠᠯᠠᠵᠤ ᠡᠯᠡᠰᠦ ᠶᠢ | ᠲᠣᠭᠲᠠᠪᠤᠷᠢᠵᠢᠭᠤᠯᠬᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ | ᠬᠦᠨᠳᠦ ᠶᠢᠨ ᠬᠦᠴᠦᠨ ᠤ ᠢᠳᠡᠭᠳᠡᠯ ᠤᠨ ᠭᠠᠵᠠᠷ ᠣᠷᠣᠨ ᠳᠤ᠂ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠠ | ᠬᠤᠪᠢ ᠬᠥᠮᠦᠨ ᠢ ᠵᠣᠬᠢᠶᠠᠨ ᠪᠠᠶᠢᠭᠤᠯᠵᠤ᠂ ᠬᠢᠨᠠᠨ ᠬᠡᠮᠵᠢᠬᠦ᠂ ᠤᠷᠤᠰᠬᠠᠯ ᠢ ᠵᠠᠯᠠᠬᠤ᠂ ᠨᠠᠯᠠᠤ ᠶᠢ ᠲᠡᠭᠰᠢᠯᠡᠵᠦ | ᠠᠴᠢᠶ᠎ᠠ ᠶᠢ ᠪᠠᠭᠠᠰᠬᠠᠬᠤ᠂ ᠲᠤᠯᠵᠤ ᠬᠠᠰᠢᠵᠤ ᠨᠠᠯᠠᠤ ᠶᠢ ᠪᠠᠬᠢᠯᠡᠬᠦ᠂ ᠬᠠᠰᠢᠵᠤ ᠬᠤᠷᠢᠭᠯᠠᠬᠤ ᠪᠠᠷᠢᠯᠭ᠎ᠠ ᠪᠠᠶᠢᠭᠤᠯᠬᠤ | ᠵᠡᠷᠭᠡ ᠠᠷᠭ᠎ᠠ ᠬᠡᠮᠵᠢᠶ᠎ᠡ ᠠᠪᠴᠤ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠢ ᠪᠠᠶᠢᠭᠤᠯᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠳᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠣᠯᠤᠨ ᠬᠤᠪᠢ ᠬᠥᠮᠦᠨ ᠢ ᠵᠣᠬᠢᠶᠠᠨ ᠪᠠᠶᠢᠭᠤᠯᠵᠤ᠂ | ᠤᠷᠢᠳᠴᠢᠯᠠᠨ ᠰᠡᠷᠭᠡᠶᠢᠯᠡᠵᠦ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ | ᠠᠪᠴᠤ᠂ ᠤᠷᠭᠤᠮᠠᠯ ᠤᠨ ᠱᠦᠭᠦᠬᠦ ᠪᠦᠰᠡ ᠶᠢ ᠢᠵᠢ ᠪᠦᠷᠢᠳᠦᠭᠦᠯᠦᠨ ᠪᠠᠶᠢᠭᠤᠯᠵᠤ᠂ ᠨᠠᠮᠤᠭ ᠤᠨ ᠬᠡᠢ ᠶᠢ | ᠢᠳᠡᠪᠬᠢᠲᠡᠶ ᠪᠠᠷ ᠳᠡᠯᠭᠡᠷᠡᠭᠦᠯᠦᠨ᠂ ᠵᠢᠵᠢᠭ ᠰᠠᠪᠠ ᠭᠠᠵᠠᠷ ᠢ ᠴᠡᠪᠡᠷᠰᠢᠭᠦᠯᠬᠦ ᠪᠦᠳᠦᠭᠡᠨ ᠪᠠᠶᠢᠭᠤᠯᠤᠯᠲᠠ ᠶᠢ | ᠥᠷᠨᠢᠭᠦᠯᠵᠦ᠂ ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠥᠷᠥᠰᠥ | ᠰᠢᠷᠣᠶ ᠶᠢᠨ ᠢᠳᠡᠭᠳᠡᠯ ᠠᠴᠠ ᠪᠣᠯᠤᠭᠰᠠᠨ ᠤᠯᠠᠨ ᠡᠬᠢᠳᠤ ᠪᠣᠬᠢᠷᠲᠤᠯ ᠢ ᠪᠠᠭᠠᠰᠬᠠᠵᠤ᠂ ᠤᠤᠭᠤᠬᠤ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠠᠳᠠᠷ ᠬᠠᠭᠠᠯᠪᠤᠷᠢᠯᠠᠬᠤ ᠶᠢ ᠴᠠᠭᠠᠵᠠᠯᠠᠭᠰᠠᠨ ᠡᠭᠴᠡ ᠬᠥᠲᠥᠯ ᠳᠡᠭᠡᠷ᠎ᠡ | ᠨᠢᠭᠡᠨᠲᠡ ᠠᠳᠡᠷ ᠬᠠᠭᠠᠯᠪᠤᠷᠢᠯᠠᠵᠤ ᠲᠠᠷᠢᠮᠠᠯ ᠲᠡᠷᠢᠬᠰᠡᠠ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠠᠷᠢᠶᠠᠯᠠᠬᠤ ᠶᠢ ᠵᠣᠭᠰᠣᠭᠠᠵᠤ᠂ ᠡᠪᠡᠰᠦ ᠮᠣᠳᠣ ᠲᠡᠷᠢᠬᠤ ᠬᠡᠷᠡᠭᠲᠡᠶ︔ ᠲᠠᠷᠢᠶᠠᠨ ᠭᠠᠵᠠᠷ ᠳᠤᠲᠠᠭᠳᠠᠵᠤ᠂ | ᠲᠠᠷᠢᠶᠠᠯᠠᠬᠤ ᠶᠢ ᠵᠣᠭᠰᠣᠭᠠᠬᠤ ᠳᠤ ᠦᠨᠡᠨ ᠬᠦ ᠬᠦᠴᠢᠷᠳᠡᠯ ᠲᠠᠢ ᠪᠠᠶᠢᠪᠠᠯ᠂ ᠱᠠᠲᠤᠨ ᠲᠠᠷᠢᠶ᠎ᠠ ᠲᠠᠷᠢᠬᠤ ᠪᠤᠶᠤ | ᠬᠥᠷᠥᠰᠥ ᠰᠢᠷᠣᠶ ᠶᠢ ᠬᠠᠮᠠᠭᠠᠯᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠠᠳᠡᠷ ᠬᠠᠭᠠᠯᠪᠤᠷᠢᠯᠠᠬᠤ ᠶᠢ ᠴᠠᠭᠠᠵᠠᠯᠠᠭᠰᠠᠨ ᠨᠠᠯᠠᠤᠴᠠ ᠠᠴᠠ ᠳᠣᠷᠣᠭᠰᠢᠬᠢ ᠨᠠᠯᠠᠤ ᠲᠠᠷᠢᠶᠠᠨ ᠭᠠᠵᠠᠷ ᠳᠡᠭᠡᠷ᠎ᠡ | ᠠᠳᠡᠷ ᠬᠠᠭᠠᠯᠪᠤᠷᠢᠯᠠᠵᠤ ᠲᠡᠷᠢᠶ᠎ᠠ ᠲᠡᠷᠢᠬᠤ ᠳᠤ ᠬᠦᠷᠪᠡᠯ᠂ ᠠᠳᠠᠯᠢ ᠪᠤᠰᠤ ᠪᠠᠶᠢᠳᠠᠯ ᠢ ᠦᠨᠳᠦᠰᠦᠯᠡᠨ ᠱᠠᠲᠤᠨ ᠲᠡᠷᠢᠶ᠎ᠠ | ᠵᠠᠰᠠᠬᠤ᠂ ᠨᠠᠯᠠᠤ ᠶᠢᠨ ᠭᠠᠳᠠᠷᠭᠤ ᠶᠢᠨ ᠤᠰᠦᠠ ᠰᠢᠰᠲ᠋ᠧᠮ ᠢ ᠵᠠᠰᠠᠬᠤ᠂ ᠤᠰᠤ ᠬᠠᠳᠠᠭᠠᠯᠠᠵᠤ ᠬᠥᠷᠥᠰᠥ ᠰᠢᠷᠣᠶ ᠶᠢ | ᠬᠠᠮᠠᠭᠠᠯᠠᠨ ᠲᠡᠷᠢᠬᠤ ᠪᠤᠶᠤ ᠲᠠᠷᠢᠶᠠᠯᠠᠬᠤ ᠶᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠳᠤ ᠡᠵᠡᠯᠡᠨ | ᠬᠡᠷᠡᠭᠯᠡᠭᠰᠡᠨ ᠭᠠᠵᠠᠷ ᠰᠢᠷᠣᠶ ᠶᠢᠨ ᠬᠥᠷᠥᠰᠥ ᠰᠢᠷᠣᠶ ᠶᠢ ᠲᠠᠪᠬᠤᠷᠭ᠎ᠠ ᠬᠤᠪᠢᠶᠠᠨ ᠰᠠᠯᠭᠠᠵᠤ᠂ ᠬᠠᠳᠠᠭᠠᠯᠠᠬᠤ ᠪᠠ | ᠠᠰᠢᠭᠯᠠᠵᠤ᠂ ᠰᠢᠷᠣᠶ ᠴᠢᠯᠠᠭᠤ ᠶᠢ ᠮᠠᠯᠲᠠᠵᠤ ᠪᠥᠭᠯᠡᠬᠦ ᠶᠢ ᠲᠡᠩᠴᠡᠭᠦᠷᠢᠲᠡᠶ ᠪᠠᠶᠢᠯᠭᠠᠵᠤ᠂ ᠭᠠᠵᠠᠷ ᠤᠨ ᠭᠠᠳᠠᠷᠭᠤ ᠶᠢᠨ | ᠰᠠᠮᠠᠭᠤᠷᠠᠭᠤᠯᠬᠤ ᠬᠡᠪᠴᠢᠶ᠎ᠡ ᠶᠢ ᠪᠠᠭᠠᠰᠬᠠᠬᠤ ᠬᠡᠷᠡᠭᠲᠡᠶ︔ ᠬᠠᠶᠠᠭᠳᠠᠮᠠᠯ ᠡᠯᠡᠰᠦ᠂ ᠴᠢᠯᠠᠭᠤ᠂ ᠰᠢᠷᠣᠢ᠂ ᠨᠡᠭᠦᠷᠡᠰᠦᠨ | ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠶᠢ ᠬᠠᠳᠠᠭᠠᠯᠠᠵᠤ ᠪᠠᠶᠢᠭ᠎ᠠ ᠭᠠᠵᠠᠷ ᠲᠤ ᠬᠠᠰᠢᠬᠤ᠂ | ᠨᠠᠯᠠᠤ ᠶᠢᠨ ᠭᠠᠳᠠᠷᠭᠤ ᠶᠢ ᠰᠡᠷᠭᠡᠶᠢᠯᠡᠨ ᠬᠠᠮᠠᠭᠠᠯᠠᠬᠤ᠂ ᠦᠶᠡᠷ ᠢ ᠰᠡᠷᠭᠡᠶᠢᠯᠡᠨ ᠵᠠᠯᠠᠬᠤ ᠵᠡᠷᠭᠡ ᠠᠷᠭ᠎ᠠ ᠬᠡᠮᠵᠢᠶ᠎ᠡ ᠠᠪᠬᠤ | ᠬᠡᠷᠡᠭᠲᠡᠢ᠃ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠳᠠᠭᠤᠰᠤᠭᠰᠠᠨ ᠤ ᠲᠡᠷᠠᠭ᠎ᠠ᠂ ᠰᠢᠷᠣᠶ | ᠠᠪᠬᠤ ᠲᠡᠯᠡᠪᠡᠢ᠂ ᠮᠠᠯᠲᠠᠬᠤ ᠭᠠᠵᠠᠷ ᠪᠠ ᠬᠠᠳᠠᠭᠠᠯᠠᠵᠤ ᠲᠠᠯᠪᠢᠭᠰᠠᠨ ᠭᠠᠵᠠᠷ ᠤᠨ ᠨᠢᠴᠦᠭᠦᠨ ᠭᠠᠵᠠᠷ ᠳᠡᠭᠡᠷ᠎ᠡ ᠴᠠᠭ | ᠲᠤᠬᠠᠶ ᠳᠤᠨᠢ ᠡᠪᠡᠰᠦ ᠮᠣᠳᠣ ᠲᠡᠷᠢᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠬᠥᠮᠥᠷᠭᠡ ᠪᠠᠨ ᠬᠠᠭᠠᠭᠰᠠᠨ | ᠦᠯᠡᠳᠡᠭᠳᠡᠯ ᠬᠦᠳᠡᠷ ᠤᠨ ᠬᠥᠮᠥᠷᠭᠡ ᠶᠢ ᠲᠡᠬᠢᠠ ᠬᠠᠭᠠᠯᠪᠤᠷᠢᠯᠠᠬᠤ ᠬᠡᠷᠡᠭᠲᠡᠶ᠃ | ᠭᠠᠩ ᠬᠠᠭᠤᠷᠠᠶ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠦᠢᠯᠡᠳᠪᠦᠷᠢᠯᠡᠯ ᠪᠦᠳᠦᠭᠡᠠ | ᠪᠠᠶᠢᠭᠤᠯᠤᠯᠲᠠ ᠶᠢᠨ ᠠᠵᠢᠯᠯᠠᠭ᠎ᠠ ᠬᠢᠬᠦ ᠳᠡᠭᠡᠨ ᠰᠠᠯᠬᠢᠨ ᠤ ᠬᠦᠴᠦᠨ ᠤ ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ | ᠠᠪᠴᠤ᠂ ᠬᠤᠷ᠎ᠠ ᠲᠤᠨᠳᠠᠰᠤᠨ ᠤ ᠨᠡᠪᠴᠢᠯᠲᠡ ᠶᠢᠨ ᠲᠥᠬᠦᠭᠡᠷᠦᠮᠵᠢ ᠲᠣᠬᠢᠷᠠᠭᠤᠯᠵᠤ᠂ ᠬᠤᠷ᠎ᠠ ᠲᠤᠨᠳᠠᠰᠤᠨ ᠤ ᠡᠬᠢ | ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠤᠯᠤᠰ ᠠᠴᠠ ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ | ᠰᠢᠭᠤᠷᠭᠠᠲᠤ ᠣᠷᠣᠨ ᠵᠢᠴᠢ ᠬᠥᠷᠥᠰᠥ ᠰᠢᠷᠣᠶ ᠶᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠳᠤ ᠬᠥᠷᠥᠰᠥ | ᠰᠢᠷᠣᠶ ᠶᠢ ᠬᠠᠮᠠᠭᠠᠯᠠᠬᠤ ᠳᠤ ᠠᠰᠢᠭᠲᠠᠶ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠶᠢ | ᠵᠣᠷᠢᠭᠵᠢᠭᠤᠯᠤᠨ ᠲᠡᠮᠵᠢᠨ᠎ᠠ᠄ | ︵ᠨᠢᠭᠡ︶ ᠬᠠᠭᠠᠯᠪᠤᠷᠢᠯᠠᠬᠤ ᠤᠢᠭᠡᠢ ᠪᠠᠷ ᠲᠡᠷᠢᠬᠤ᠂ ᠲᠡᠩᠴᠡᠭᠦᠦ ᠬᠡᠮᠵᠢᠶ᠎ᠡ ᠪᠠᠷ ᠲᠡᠷᠢᠬᠤ᠂ ᠡᠭᠡᠯᠵᠢᠯᠡᠨ | ᠲᠡᠷᠢᠬᠤ᠂ ᠡᠪᠡᠰᠦ ᠲᠡᠷᠢᠶ᠎ᠠ ᠶᠢ ᠡᠭᠡᠯᠵᠢᠯᠡᠨ ᠲᠡᠷᠢᠬᠤ᠂ ᠠᠯᠠᠭᠯᠠᠨ ᠲᠤᠬᠤᠵᠦ ᠲᠡᠷᠢᠬᠤ ᠵᠡᠷᠭᠡ︔ | ︵ᠬᠤᠶᠠᠷ︶ ᠪᠢᠲᠡᠭᠦᠮᠵᠢᠯᠡᠨ ᠴᠠᠭᠠᠵᠠᠯᠠᠵᠤ ᠠᠷᠠᠴᠢᠯᠠᠨ ᠪᠤᠶᠢᠵᠢᠭᠤᠯᠬᠤ᠂ ᠡᠭᠡᠯᠵᠢᠯᠡᠨ ᠪᠢᠲᠡᠭᠦᠮᠵᠢᠯᠡᠵᠦ | ᠡᠭᠡᠯᠵᠢᠯᠡᠨ ᠮᠠᠯᠵᠢᠬᠤ᠂ ᠬᠠᠰᠢᠶᠠᠯᠠᠨ ᠲᠡᠵᠢᠭᠡᠬᠦ︔ | ︵ᠭᠤᠷᠪᠠ︶ ᠨᠠᠮᠤᠭ ᠤᠨ ᠬᠡᠢ᠂ ᠲᠦᠯᠡᠭᠡ ᠠᠷᠪᠢᠯᠠᠬᠤ ᠵᠤᠤᠬ᠎ᠠ ᠶᠢ ᠬᠥᠭᠵᠢᠭᠦᠯᠵᠦ᠂ ᠨᠡᠷᠡᠨ ᠤ ᠡᠨᠧᠷᠭᠢ᠂ | ᠰᠠᠯᠬᠢᠨ ᠤ ᠡᠨᠧᠷᠭᠢ ᠪᠠ ᠤᠰᠤᠨ ᠤ ᠡᠨᠧᠷᠭᠢ ᠶᠢ ᠠᠰᠢᠭᠯᠠᠨ᠂ ᠨᠡᠭᠦᠷᠡᠰᠦ᠂ ᠴᠠᠬᠢᠯᠭᠠᠨ᠂ ᠬᠡᠢ ᠪᠠᠷ ᠲᠦᠯᠡᠭᠡ | ᠲᠦᠯᠡᠰᠢ ᠶᠢ ᠣᠷᠣᠯᠠᠭᠤᠯᠬᠤ ᠵᠡᠷᠭᠡ︔ | ︵ᠲᠦᠷᠪᠡ︶ ᠠᠮᠢ ᠠᠬᠤᠶ ᠬᠡᠪᠡᠷᠡᠭ ᠭᠠᠵᠠᠷ ᠣᠷᠣᠨ ᠤ ᠠᠷᠠᠳ ᠢ ᠭᠠᠳᠠᠭᠰᠢ ᠨᠡᠭᠦᠯᠭᠡᠬᠦ︔ | ︵ᠲᠠᠪᠤ︶ ᠬᠥᠷᠥᠰᠥ ᠰᠢᠷᠣᠶ ᠶᠢ ᠬᠠᠮᠠᠭᠠᠯᠠᠬᠤ ᠳᠤ ᠠᠰᠢᠭᠲᠠᠶ ᠪᠤᠰᠤᠳ ᠠᠷᠭ᠎ᠠ ᠬᠡᠮᠵᠢᠶ᠎ᠡ ᠨᠦᠭᠦᠳ᠃ | | ᠲᠠᠪᠤᠳᠤᠭᠠᠷ ᠪᠦᠯᠦᠭ ᠬᠢᠨᠠᠨ ᠰᠢᠯᠭᠠᠬᠤ ᠪᠠ ᠬᠢᠨᠠᠯᠲᠠ ᠲᠠᠯᠪᠢᠬᠤ | | ᠳᠥᠴᠢᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ | ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠢᠶᠠᠨ ᠴᠢᠩᠭᠠᠳᠬᠠᠵᠤ᠂ ᠵᠠᠰᠠᠭ ᠤᠨ ᠣᠷᠳᠣᠨ ᠤ ᠰᠢᠢᠳᠪᠦᠷᠢᠳᠦ | ᠪᠤᠳᠤᠯᠭ᠎ᠠ ᠲᠣᠭᠲᠠᠭᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠡᠶᠢᠭᠡᠮ ᠨᠡᠶᠢᠲᠡ ᠶᠢᠨ ᠦᠢᠯᠡᠴᠢᠯᠡᠭᠡᠨ ᠤ | ᠳᠤᠮᠳᠠᠬᠢ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠤᠨ ᠦᠢᠯᠡᠳᠦᠯ ᠢᠶᠠᠨ ᠪᠠᠳᠠᠷᠠᠭᠤᠯᠬᠤ | ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠥᠷᠥᠰᠥ ᠰᠢᠷᠣᠶ ᠶᠢ | ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠤᠨ ᠵᠠᠷᠤᠳᠠᠯ ᠰᠦᠢᠳᠭᠡᠯ ᠢ ᠪᠠᠳᠤᠯᠠᠬᠤ ᠬᠡᠷᠡᠭᠲᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ | ᠲᠣᠣᠷ ᠢ ᠲᠡᠭᠦᠯᠳᠡᠷᠵᠢᠭᠦᠯᠵᠦ᠂ ᠪᠦᠬᠦ ᠤᠯᠤᠰ ᠤᠨ ᠬᠥᠷᠥᠰᠥ ᠰᠢᠷᠦᠢ ᠶᠢᠨ ᠢᠳᠡᠭᠳᠡᠯ ᠳᠤ ᠬᠦᠳᠡᠯᠦᠩᠬᠦᠢ ᠬᠢᠨᠠᠨ | ᠬᠡᠮᠵᠢᠯᠳᠡ ᠬᠢᠬᠦ ᠬᠡᠷᠡᠭᠲᠡᠢ᠃ | ᠳᠥᠴᠢᠨ ᠨᠢᠭᠡᠳᠦᠭᠡᠷ ᠵᠦᠢᠯ ᠬᠦᠷᠦᠰᠦ ᠰᠢᠷᠣᠶ ᠶᠢᠨ ᠬᠦᠨᠳᠦ ᠨᠣᠴᠢᠲᠠᠶ ᠢᠳᠡᠭᠳᠡᠯ ᠢ ᠪᠤᠢ ᠪᠣᠯᠭᠠᠵᠤ ᠮᠡᠳᠡᠬᠦ | ᠲᠤᠮᠦ ᠳᠤᠮᠳᠠ ᠬᠡᠯᠪᠡᠷᠢ ᠶᠢᠨ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠦᠢᠯᠡᠳᠪᠦᠷᠢᠯᠡᠯ | ᠪᠦᠳᠦᠭᠡᠠ ᠪᠠᠶᠢᠭᠤᠯᠤᠯᠲᠠ ᠶᠢᠨ ᠨᠢᠭᠡᠴᠢ ᠥᠪᠡᠰᠦᠪᠡᠨ ᠪᠤᠶᠤ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠬᠦ | ᠬᠢᠷᠢ ᠴᠢᠳᠠᠯ ᠲᠠᠢ ᠪᠠᠶᠢᠭᠤᠯᠤᠮᠵᠢ ᠳᠤ ᠨᠠᠶᠢᠳᠠᠵᠤ᠂ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ | ᠠᠵᠢᠯᠯᠠᠭ᠎ᠠ ᠠᠴᠠ ᠪᠣᠯᠤᠭᠰᠠᠨ ᠬᠥᠷᠥᠰᠥ ᠰᠢᠷᠣᠶ ᠶᠢᠨ ᠢᠳᠡᠭᠳᠡᠯ ᠢ ᠬᠢᠨᠠᠨ ᠬᠡᠮᠵᠢᠬᠦ ᠶᠢᠨ ᠬᠠᠮᠲᠤ ᠬᠢᠨᠠᠨ ᠬᠡᠮᠵᠢᠭᠰᠡᠨ | ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶ ᠶᠢᠨ ᠭᠠᠵᠠᠷ ᠤᠨ ᠤᠰᠦᠠ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯᠯᠠᠭ᠎ᠠ ᠬᠢᠬᠦ ᠳᠡᠭᠡᠨ ᠤᠯᠤᠰ ᠤᠨ | ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠪᠠ ᠳᠦᠷᠢᠮᠵᠢᠯ ᠢ ᠵᠢᠷᠤᠮᠯᠠᠵᠤ᠂ ᠬᠢᠨᠠᠨ ᠬᠡᠮᠵᠢᠯᠲᠡ ᠶᠢᠨ | ᠶᠠᠰᠤ ᠴᠢᠨᠠᠷ ᠢ ᠪᠠᠲᠤᠯᠠᠬᠤ ᠬᠡᠷᠡᠭᠲᠡᠶ᠃ | ᠳᠥᠴᠢᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠬᠢᠨᠠᠨ | ᠬᠡᠮᠵᠢᠯᠲᠡ ᠶᠢᠨ ᠪᠠᠶᠢᠳᠠᠯ ᠢ ᠦᠨᠳᠦᠰᠦᠯᠡᠨ᠂ ᠳᠣᠣᠷ᠎ᠠ ᠵᠢᠭᠰᠠᠭᠠᠭᠰᠠᠨ ᠵᠦᠢᠯᠡᠰ ᠢ ᠢᠯᠡ ᠵᠠᠷᠯᠠᠬᠤ ᠬᠡᠷᠡᠭᠲᠡᠢ᠄ | ︵ᠨᠢᠭᠡ︶ ᠬᠥᠷᠥᠰᠥ ᠰᠢᠷᠣᠶ ᠶᠢᠨ ᠢᠳᠡᠭᠳᠡᠯ ᠤᠨ ᠲᠦᠷᠦᠯ ᠬᠡᠯᠪᠡᠷᠢ᠂ ᠲᠠᠯᠠᠪᠠᠢ᠂ ᠬᠦᠴᠦᠯᠡᠴᠡ᠂ | ᠲᠠᠷᠬᠠᠯᠲᠠ ᠶᠢᠨ ᠪᠠᠶᠢᠳᠠᠯ ᠪᠠ ᠬᠤᠪᠢᠷᠠᠯᠲᠠ ᠶᠢᠨ ᠬᠠᠨᠳᠤᠰᠢ︔ | ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠠᠴᠠ ᠪᠣᠯᠤᠭᠰᠠᠨ ᠬᠤᠣᠷ ᠬᠥᠨᠥᠭᠡᠯ︔ | ︵ᠭᠤᠷᠪᠠ︶ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠵᠦ ᠵᠠᠰᠠᠭᠰᠠᠨ ᠪᠠᠶᠢᠳᠠᠯ᠃ | ᠳᠥᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠥᠷᠥᠰᠥ | ᠰᠢᠷᠣᠶ ᠶᠢ ᠬᠠᠮᠠᠭᠠᠯᠠᠵᠤ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠯᠳᠠ ᠬᠢᠬᠦ ᠶᠢ ᠬᠠᠷᠢᠭᠤᠴᠠᠨ᠎ᠠ᠃ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠷᠢᠶᠠᠯᠠᠯ ᠤᠨ ᠢᠶᠠᠨ ᠬᠡᠪᠴᠢᠶᠡᠨ ᠳᠣᠲᠣᠷ᠎ᠠ ᠲᠦᠷᠦ ᠶᠢᠨ ᠶᠠᠪᠤᠳᠠᠯ ᠤᠨ | ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ | ᠲᠠᠯᠪᠢᠵᠤ ᠪᠠᠶᠢᠴᠠᠭᠠᠬᠤ ᠡᠷᠬᠡ ᠲᠤᠰᠢᠶᠠᠯ ᠢ ᠭᠦᠢᠴᠡᠳᠬᠡᠵᠦ ᠪᠣᠯᠤᠨ᠎ᠠ᠃ | ᠳᠥᠴᠢᠨ ᠳᠥᠷᠪᠡᠳᠦᠭᠡᠷ ᠵᠦᠢᠯ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠳᠠᠨ ᠬᠢᠨᠠᠨ | ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠦᠶ᠎ᠡ ᠳᠤ᠂ ᠳᠣᠣᠷ᠎ᠠ | ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄ | ︵ᠨᠢᠭᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ | ᠭᠡᠷᠡᠴᠢ ᠦᠨᠡᠮᠯᠡᠯ᠂ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔ | ︵ᠬᠤᠶᠠᠷ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠬᠥᠷᠥᠰᠥ ᠰᠢᠷᠣᠶ ᠶᠢᠨ ᠢᠳᠡᠭᠳᠡᠯ ᠢ | ᠤᠷᠢᠳᠴᠢᠯᠠᠨ ᠰᠡᠷᠭᠡᠶᠢᠯᠡᠵᠦ ᠵᠠᠰᠠᠭᠰᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠯᠭᠡᠬᠦ ᠪᠠᠷ | ᠱᠠᠭᠠᠷᠳᠠᠬᠤ︔ | ︵ᠭᠤᠷᠪᠠ︶ ᠲᠤᠬᠠᠶ ᠶᠢᠨ ᠲᠠᠯᠠᠪᠤᠷ ᠲᠤ ᠣᠴᠢᠵᠤ ᠪᠠᠶᠢᠴᠠᠭᠠᠯᠲᠠ ᠬᠢᠵᠦ᠂ ᠭᠡᠷᠡᠴᠢ ᠠᠪᠬᠤ᠃ | ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠠᠨ | ᠵᠣᠭᠰᠣᠭᠠᠬᠤ ᠶᠢ ᠲᠡᠪᠴᠢᠵᠦ᠂ ᠬᠥᠷᠥᠰᠥ ᠰᠢᠷᠣᠶ ᠶᠢᠨ ᠬᠦᠨᠳᠦ ᠨᠣᠴᠢᠲᠠᠶ ᠢᠳᠡᠭᠳᠡᠯ ᠢ ᠪᠤᠢ ᠪᠣᠯᠭᠠᠭᠰᠠᠨ ᠪᠠᠶᠢᠪᠠᠯ᠂ | ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠵᠥᠪᠰᠢᠶᠡᠷᠡᠭᠦᠯᠦᠭᠡᠳ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ ᠪᠠᠭᠠᠵᠢ ᠬᠡᠷᠡᠭᠰᠡᠯ ᠵᠢᠴᠢ ᠪᠠᠷᠢᠯᠭ᠎ᠠ ᠶᠢᠨ | ᠮᠠᠰᠢᠨ ᠮᠧᠬᠠᠨᠢᠭ᠂ ᠲᠤᠨᠤᠭ ᠲᠥᠬᠦᠭᠡᠷᠦᠮᠵᠢ ᠵᠡᠷᠭᠡ ᠶᠢ ᠪᠠᠶᠢᠴᠠᠭᠠᠨ ᠪᠢᠲᠡᠭᠦᠮᠵᠢᠯᠡᠵᠦ᠂ ᠳᠠᠷᠤᠵᠤ ᠠᠪᠴᠤ ᠪᠣᠯᠤᠨ᠎ᠠ᠃ | | ᠳᠥᠴᠢᠨ ᠲᠠᠪᠤᠳᠤᠭᠠᠷ ᠵᠦᠢᠯ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠳᠠᠨ ᠬᠢᠨᠠᠨ ᠪᠠᠶᠢᠴᠠᠭᠠᠬᠤ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ | ᠭᠠᠷᠭᠠᠵᠤ ᠦᠵᠡᠭᠦᠯᠬᠦ ᠬᠡᠷᠡᠭᠲᠡᠶ᠃ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠬᠥᠷᠥᠰᠥ ᠰᠢᠷᠣᠶ ᠶᠢᠨ | ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠳᠤ ᠬᠠᠮᠵᠢᠯᠴᠠᠵᠤ᠂ ᠪᠠᠶᠢᠳᠠᠯ ᠢᠶᠠᠨ ᠦᠨᠡᠨ ᠮᠥᠨ ᠢᠶᠠᠷ ᠨᠢ | ᠮᠡᠳᠡᠭᠦᠯᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠢ ᠬᠠᠩᠭᠠᠬᠤ ᠬᠡᠷᠡᠭᠲᠡᠶ︔ | ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠳ ᠤᠨ ᠬᠠᠤᠯᠢ ᠶᠣᠰᠣᠭᠠᠷ ᠠᠯᠪᠠᠨ ᠠᠵᠢᠯ ᠢᠶᠠᠨ | ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃ | ᠳᠥᠴᠢᠨ ᠵᠢᠷᠭᠤᠳᠤᠭᠠᠷ ᠵᠦᠢᠯ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠣ ᠬᠥᠷᠥᠰᠥ | ᠰᠢᠷᠣᠶ ᠶᠢᠨ ᠢᠳᠡᠭᠳᠡᠯ ᠤᠨ ᠵᠢᠭᠤᠷᠠᠯᠳᠤᠭᠠᠨ ᠭᠠᠷᠪᠠᠯ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠶ︔ | ᠵᠥᠪᠳᠡᠯᠴᠡᠭᠡᠳ ᠪᠦᠲᠦᠬᠦ ᠤᠢᠭᠡᠢ ᠪᠣᠯ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠲᠡᠰᠦᠯᠦᠠ ᠲᠣᠭᠲᠠᠭᠠᠨ᠎ᠠ᠃ | | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠳᠥᠴᠢᠨ ᠳᠣᠯᠣᠳᠤᠭᠠᠷ ᠵᠦᠢᠯ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠨ ᠬᠠᠮᠢᠶᠠᠷᠬᠤ ᠡᠷᠬᠡ ᠲᠠᠢ ᠪᠤᠰᠤᠳ | ᠰᠠᠯᠠᠭ᠎ᠠ ᠮᠥᠴᠢᠷ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠦᠭᠡᠢ ᠪᠤᠶᠤ | ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠭᠦᠢᠴᠡᠳᠬᠡᠭᠰᠡᠨ ᠦᠭᠡᠢ᠂ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠣᠯᠵᠤ ᠮᠡᠳᠡᠭᠰᠡᠨ ᠪᠤᠶᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠢᠯᠡᠴᠢᠯᠡᠨ | ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠠᠶᠢᠴᠠᠭᠠᠨ ᠰᠢᠢᠳᠪᠦᠷᠢᠯᠡᠭᠰᠡᠨ ᠦᠭᠡᠢ᠂ ᠡᠰᠡᠬᠦᠯ᠎ᠡ ᠲᠤᠰ ᠬᠠᠤᠯᠢ ᠶᠢᠨ | ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ ᠲᠠᠢ | ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ | ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ᠃ | ᠳᠥᠴᠢᠨ ᠨᠠᠢᠮᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠨᠤᠷᠠᠵᠤ ᠶᠡᠭᠦᠷᠡᠬᠦ᠂ | ᠶᠡᠭᠦᠷᠡᠬᠦ ᠠᠶᠤᠯᠲᠠᠶ ᠣᠷᠣᠨ ᠪᠤᠶᠤ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ ᠣᠷᠣᠨ ᠳᠤ ᠰᠢᠷᠣᠶ | ᠠᠪᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠵᠡᠷᠭᠡ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ | ᠠᠵᠢᠯᠯᠠᠭ᠎ᠠ ᠬᠢᠭᠰᠡᠨ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠵᠦ ᠣᠯᠤᠭᠰᠠᠨ | ᠣᠯᠵᠠ ᠠᠰᠢᠭ ᠢ ᠨᠢ ᠬᠤᠷᠢᠶᠠᠨ ᠠᠪᠴᠤ᠂ ᠬᠤᠪᠢ ᠬᠥᠮᠦᠨ ᠢ ᠮᠢᠩᠭᠠᠨ ᠲᠥᠭᠦᠷᠢᠭ ᠠᠴᠠ ᠳᠡᠭᠡᠭᠰᠢ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠨᠢᠭᠡᠴᠢ ᠶᠢ ᠬᠤᠶᠠᠷ ᠲᠦᠮᠡᠨ | ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ᠃ | ᠳᠥᠴᠢ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠠᠳᠠᠷ ᠬᠠᠭᠠᠯᠪᠤᠷᠢᠯᠠᠬᠤ ᠶᠢ | ᠴᠠᠭᠠᠵᠠᠯᠠᠭᠰᠠᠨ ᠨᠠᠯᠠᠤᠴᠠ ᠠᠴᠠ ᠳᠡᠭᠡᠭᠰᠢᠬᠢ ᠡᠭᠴᠡ ᠨᠠᠯᠠᠤ ᠭᠠᠵᠠᠷ ᠢ ᠬᠠᠭᠠᠯᠪᠤᠷᠢᠯᠠᠵᠤ ᠲᠠᠷᠢᠮᠠᠯ ᠲᠠᠷᠢᠭᠰᠠᠨ᠂ | ᠡᠰᠡᠬᠦᠯ᠎ᠡ ᠠᠳᠠᠷ ᠬᠠᠭᠠᠯᠪᠤᠷᠢᠯᠠᠬᠤ᠂ ᠨᠡᠭᠡᠭᠡᠨ ᠠᠰᠢᠭᠯᠠᠬᠤ ᠶᠢ ᠴᠠᠭᠠᠵᠠᠯᠠᠭᠰᠠᠨ ᠤᠷᠭᠤᠮᠠᠯ ᠤᠨ ᠬᠠᠮᠠᠭᠠᠯᠠᠯᠲᠠ ᠶᠢᠨ | ᠪᠦᠰᠡ ᠶᠢᠨ ᠳᠣᠲᠣᠷ᠎ᠠ ᠠᠳᠠᠷ ᠬᠠᠭᠠᠯᠪᠤᠷᠢᠯᠠᠵᠤ᠂ ᠨᠡᠭᠡᠭᠡᠨ ᠠᠰᠢᠭᠯᠠᠭᠰᠠᠨ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ | ᠵᠠᠷᠯᠢᠭᠳᠠᠨ ᠵᠣᠭᠰᠣᠭᠠᠵᠤ᠂ ᠲᠠᠷᠢᠶᠠᠯᠠᠬᠤ ᠶᠢ ᠵᠣᠭᠰᠣᠭᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ | ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ︔ ᠬᠠᠭᠠᠯᠪᠤᠷᠢᠯᠠᠭᠰᠠᠨ ᠪᠤᠶᠤ ᠨᠡᠭᠡᠭᠡᠨ ᠠᠰᠢᠭᠯᠠᠭᠰᠠᠨ | ᠲᠠᠯᠠᠪᠠᠢ ᠪᠠᠷ ᠨᠢ ᠬᠤᠪᠢ ᠬᠥᠮᠦᠨ ᠢ ᠲᠡᠭᠰᠢ ᠳᠥᠷᠪᠡᠯᠵᠢᠨ ᠮᠧᠲᠷ ᠪᠦᠷᠢ ᠳᠤ ᠬᠤᠶᠠᠷ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠨᠢᠭᠡᠴᠢ ᠶᠢ ᠲᠡᠭᠰᠢ ᠳᠥᠷᠪᠡᠯᠵᠢᠨ ᠮᠧᠲᠷ ᠪᠦᠷᠢ ᠳᠤ ᠠᠷᠪᠠᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ | ᠲᠠᠪᠢᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠤᠢ ᠰᠢᠭᠤᠶ᠂ ᠨᠤᠲᠤᠭ ᠪᠡᠯᠴᠢᠭᠡᠷ ᠢ | ᠡᠪᠳᠡᠵᠦ ᠠᠳᠡᠷ ᠬᠠᠭᠠᠯᠪᠤᠷᠢᠯᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ | ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠨ᠎ᠡ᠃ | ᠲᠠᠪᠢᠨ ᠨᠢᠭᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠭᠡᠵᠢᠭᠡ ᠡᠪᠡᠰᠦ ᠲᠡᠭᠦᠵᠦ | ᠴᠤᠭᠯᠠᠭᠤᠯᠤᠭᠰᠠᠨ᠂ ᠡᠰᠡᠬᠦᠯ᠎ᠡ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ ᠤᠷᠢᠳᠴᠢᠯᠠᠨ | ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠪᠠᠷ ᠵᠠᠰᠠᠬᠤ ᠣᠷᠣᠨ ᠳᠤ ᠵᠦᠯᠭᠡ ᠬᠤᠰᠤᠬᠤ᠂ ᠮᠣᠳᠣᠨ ᠦᠨᠳᠦᠰᠦ | ᠮᠠᠯᠲᠠᠭᠰᠠᠨ᠂ ᠬᠤᠷᠣᠬᠠᠶ ᠡᠪᠡᠰᠦ᠂ ᠰᠢᠬᠢᠷ ᠡᠪᠡᠰᠦ᠂ ᠵᠡᠭᠡᠷᠭᠡᠨ᠎ᠡ ᠵᠡᠷᠭᠡ ᠶᠢ ᠳᠤᠷ᠎ᠠ ᠪᠠᠷ ᠢᠶᠠᠨ ᠮᠠᠯᠲᠠᠭᠰᠠᠨ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠬᠠᠤᠯᠢ ᠶᠢ | ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠶᠢ ᠵᠥᠷᠢᠴᠡᠵᠦ ᠣᠯᠤᠭᠰᠠᠨ | ᠣᠯᠵᠠ ᠠᠰᠢᠭ ᠤᠨ ᠬᠢᠨᠢ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠠᠶᠢᠬᠤ ᠤᠢᠭᠡᠢ | ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ | ᠨᠤᠲᠤᠭ ᠪᠡᠯᠴᠢᠭᠡᠷ ᠤᠨ ᠭᠠᠵᠠᠷ ᠣᠷᠣᠨ ᠳᠤ ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ | ᠤᠢᠢᠯᠠ ᠠᠵᠢᠯᠯᠠᠭ᠎ᠠ ᠶᠢ ᠬᠢᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠨ᠎ᠡ᠃ | ᠲᠡᠪᠢᠠ ᠬᠤᠶᠠᠳᠤᠭᠠᠷ ᠵᠦᠢᠯ ᠤᠶᠢᠳᠤ ᠣᠷᠣᠨ ᠳᠤ ᠤᠢ ᠮᠣᠳᠣ ᠣᠭᠲᠣᠯᠬᠤ ᠳᠠᠭᠠᠨ ᠬᠥᠷᠥᠰᠥ ᠰᠢᠷᠣᠶ ᠶᠢᠨ | ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠤᠭᠰᠠᠨ ᠤᠢᠭᠡᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ᠂ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠨᠥᠬᠦᠪᠥᠷᠢᠯᠡᠬᠦ | ᠠᠷᠭ᠎ᠠ ᠬᠡᠮᠵᠢᠶ᠎ᠡ ᠠᠪᠤᠭᠤᠯᠤᠨ᠎ᠠ︔ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ ᠪᠠᠶᠢᠪᠠᠯ᠂ ᠤᠰᠤᠨ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠥᠷᠥᠰᠥ ᠰᠢᠷᠣᠶ ᠶᠢᠨ | ᠢᠳᠡᠭᠳᠡᠯ ᠢ ᠪᠤᠢ ᠪᠣᠯᠭᠠᠭᠰᠠᠨ ᠲᠠᠯᠠᠪᠠᠢ ᠶᠢ ᠨᠢ ᠦᠨᠳᠦᠰᠦᠯᠡᠵᠦ ᠲᠡᠭᠰᠢ ᠳᠥᠷᠪᠡᠯᠵᠢᠨ ᠮᠧᠲᠷ ᠪᠦᠷᠢ ᠳᠤ ᠬᠤᠶᠠᠷ | ᠲᠥᠭᠦᠷᠢᠭ ᠠᠴᠠ ᠳᠡᠭᠡᠭᠰᠢ ᠠᠷᠪᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠠᠨ᠎ᠠ᠃ | ᠲᠠᠪᠢᠨ ᠭᠤᠷᠪᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠭᠠᠷ | ᠭᠦᠢᠴᠡᠳᠬᠡᠯ ᠢ ᠨᠥᠬᠦᠵᠦ ᠬᠢᠯᠭᠡᠨ᠎ᠡ︔ ᠬᠤᠭᠤᠴᠠᠭ᠎ᠠ ᠬᠡᠲᠦᠷᠡᠲᠡᠯ᠎ᠡ ᠭᠠᠷ ᠭᠦᠢᠴᠡᠳᠬᠡᠯ ᠢ ᠨᠥᠬᠦᠪᠥᠷᠢᠯᠡᠨ ᠬᠢᠭᠰᠡᠨ | ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠨᠢᠭᠡᠴᠢ ᠶᠢᠨ | ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ᠄ | ︵ᠨᠢᠭᠡ︶ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ | ᠶᠣᠰᠣᠲᠠᠶ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠲᠤ ᠬᠥᠷᠥᠰᠥ ᠰᠢᠷᠣᠶ ᠶᠢ ᠬᠠᠮᠠᠭᠠᠯᠠᠬᠤ | ᠲᠥᠰᠦᠯ ᠢ ᠨᠠᠶᠢᠷᠠᠭᠤᠯᠤᠨ ᠵᠣᠬᠢᠶᠠᠭᠰᠠᠨ ᠤᠢᠭᠡᠢ ᠪᠤᠶᠤ ᠨᠠᠶᠢᠷᠠᠭᠤᠯᠤᠨ ᠵᠣᠬᠢᠶᠠᠭᠰᠠᠨ ᠬᠥᠷᠥᠰᠥ ᠰᠢᠷᠣᠶ ᠶᠢ | ᠬᠠᠮᠠᠭᠠᠯᠠᠬᠤ ᠲᠥᠰᠦᠯ ᠢᠶᠠᠨ ᠵᠥᠪᠰᠢᠶᠡᠷᠡᠭᠦᠯᠦᠭᠰᠡᠨ ᠤᠢᠭᠡᠢ ᠪᠠᠷ ᠠᠵᠢᠯ ᠡᠬᠢᠯᠡᠭᠦᠯᠵᠦ ᠪᠦᠳᠦᠭᠡᠠ ᠪᠠᠶᠢᠭᠤᠯᠤᠭᠰᠠᠨ︔ | ︵ᠬᠤᠶᠠᠷ︶ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠭᠠᠵᠠᠷ ᠣᠷᠣᠨ᠂ | ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶᠢᠲᠠᠯ᠎ᠠ ᠬᠥᠷᠥᠰᠥ ᠰᠢᠷᠣᠶ ᠶᠢ ᠬᠠᠮᠠᠭᠠᠯᠠᠬᠤ | ᠲᠥᠰᠦᠯ ᠢᠶᠠᠨ ᠨᠥᠬᠦᠪᠥᠷᠢᠯᠡᠭᠰᠡᠨ ᠤᠢᠭᠡᠢ᠂ ᠵᠠᠰᠠᠪᠤᠷᠢ ᠣᠷᠣᠭᠤᠯᠤᠭᠰᠠᠨ ᠤᠢᠭᠡᠢ ᠪᠤᠶᠤ ᠨᠥᠬᠦᠪᠥᠷᠢᠯᠡᠭᠰᠡᠨ᠂ | ᠵᠠᠰᠠᠪᠤᠷᠢ ᠣᠷᠣᠭᠤᠯᠤᠭᠰᠠᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠤᠤᠯ ᠤᠨ ᠬᠢᠨᠠᠨ ᠵᠥᠪᠰᠢᠶᠡᠷᠡᠭᠰᠡᠨ | ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠤᠢᠭᠡᠢ ᠪᠠᠶᠢᠬᠤ︔ | ︵ᠭᠤᠷᠪᠠ︶ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠤᠯ ᠤᠨ ᠬᠢᠨᠠᠨ | ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠦᠭᠡᠢ ᠪᠠᠷ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ | ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠭᠠᠭᠰᠠᠨ᠃ | ᠲᠡᠪᠢᠠ ᠳᠥᠷᠪᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢ | ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ | ᠤᠢᠭᠡᠢ ᠪᠠᠶᠢᠲᠠᠯ᠎ᠠ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠵᠤ | ᠬᠡᠷᠡᠭᠯᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠦᠠ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠦᠢᠯᠡᠳᠪᠦᠷᠢᠯᠡᠬᠦ ᠪᠤᠶᠤ ᠬᠡᠷᠡᠭᠯᠡᠬᠦ ᠶᠢ ᠨᠢ ᠵᠣᠭᠰᠣᠭᠠᠵᠤ᠂ ᠰᠢᠯᠭᠠᠨ ᠠᠪᠬᠤ ᠳᠤ ᠬᠢᠷᠢ ᠲᠡᠩᠴᠡᠬᠦ ᠪᠣᠯᠲᠠᠯ᠎ᠠ ᠲᠠᠪᠤᠨ | ᠲᠦᠮᠡᠨ ᠲᠥᠭᠦᠷᠢᠭ ᠠᠴᠠ ᠳᠡᠭᠡᠭᠰᠢ ᠲᠡᠪᠢᠠ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠢᠳᠭᠡᠨ᠎ᠡ᠃ | ᠲᠠᠪᠢᠨ ᠲᠠᠪᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢ | ᠬᠠᠮᠠᠭᠠᠯᠠᠬᠤ ᠲᠥᠰᠦᠯ ᠳᠤ ᠲᠣᠭᠲᠠᠭᠠᠭᠰᠠᠨ ᠲᠤᠰᠬᠠᠶᠢᠯᠠᠨ ᠬᠠᠳᠠᠭᠠᠯᠠᠬᠤ ᠭᠠᠵᠠᠷ ᠠᠴᠠ ᠭᠠᠳᠠᠨᠠᠬᠢ ᠣᠷᠣᠨ | ᠪᠦᠰᠡ ᠳᠤ ᠬᠠᠶᠢᠷ ᠴᠢᠯᠠᠭᠤ᠂ ᠰᠢᠷᠣᠶ᠂ ᠠᠭᠤᠷᠬᠠᠶ ᠶᠢᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ | ᠵᠡᠷᠭᠡ ᠶᠢ ᠴᠢᠳᠬᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ | ᠴᠡᠪᠡᠷᠯᠡᠭᠦᠯᠵᠦ᠂ ᠴᠢᠳᠬᠤᠭᠰᠠᠨ ᠲᠤᠭ᠎ᠠ ᠬᠡᠮᠵᠢᠶ᠎ᠡ ᠪᠠᠷ ᠨᠢ ᠪᠣᠰᠤᠭ᠎ᠠ ᠳᠥᠷᠪᠡᠯᠵᠢᠨ ᠮᠧᠲᠷ ᠪᠦᠷᠢ ᠳᠤ ᠠᠷᠪᠠᠨ | ᠲᠥᠭᠦᠷᠢᠭ ᠠᠴᠠ ᠳᠡᠭᠡᠭᠰᠢ ᠬᠤᠷᠢᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ | ᠬᠤᠭᠤᠴᠠᠭ᠎ᠠ ᠬᠡᠲᠦᠷᠡᠲᠡᠯ᠎ᠡ ᠮᠥᠨ ᠢᠯᠭᠠᠷᠠᠭᠤᠯᠤᠨ ᠲᠢᠭᠯᠡᠬᠦ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠢᠯᠭᠠᠷᠠᠭᠤᠯᠤᠨ ᠲᠢᠭᠯᠡᠬᠦ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ | ᠣᠷᠣᠯᠠᠨ ᠢᠯᠭᠠᠷᠠᠭᠤᠯᠤᠨ ᠲᠢᠭᠯᠡᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠦᠢᠯᠡ | ᠠᠵᠢᠯᠯᠠᠭᠠᠲᠤ ᠬᠥᠮᠦᠨ ᠡᠭᠦᠷᠭᠡᠯᠡᠨ᠎ᠡ᠃ | ᠲᠠᠪᠢᠨ ᠵᠢᠷᠭᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠵᠦᠢᠯᠡᠰ ᠢ ᠡᠷᠬᠢᠯᠡᠭᠰᠡᠨ ᠪᠤᠶᠤ ᠪᠤᠰᠤᠳ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠬᠢᠭᠡᠳ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ ᠪᠠᠶᠢᠲᠠᠯ᠎ᠠ ᠵᠠᠰᠠᠭᠰᠠᠨ ᠦᠭᠡᠢ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠰᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠮᠥᠨ ᠵᠠᠰᠠᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ | ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ | ᠡᠭᠦᠷᠭᠡᠯᠡᠨ᠎ᠡ᠃ | ᠲᠠᠪᠢᠨ ᠳᠣᠯᠣᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢ | ᠬᠠᠮᠠᠭᠠᠯᠠᠬᠤ ᠲᠥᠯᠥᠪᠦᠷᠢ ᠶᠢᠨ ᠰᠦᠢᠳᠬᠡᠯ ᠲᠤᠰᠢᠶᠠᠬᠤ ᠶᠢ ᠲᠡᠪᠴᠢᠭᠰᠡᠨ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠲᠤᠰᠢᠶᠠᠯᠭᠠᠨ᠎ᠠ︔ | ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠪᠠᠶᠢᠪᠠᠯ᠂ ᠬᠤᠭᠤᠴᠠᠭ᠎ᠠ ᠰᠠᠭᠠᠲᠠᠭᠤᠯᠤᠭᠰᠠᠨ ᠡᠳᠦᠷ ᠠᠴᠠ | ᠡᠬᠢᠯᠡᠨ ᠬᠤᠭᠤᠴᠠᠭ᠎ᠠ ᠰᠠᠭᠠᠲᠠᠭᠤᠯᠤᠭᠰᠠᠨ ᠬᠡᠰᠡᠭ ᠤᠨ ᠲᠦᠮᠡᠨ ᠤ ᠲᠠᠪᠤ ᠶᠢᠨ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠶᠢ ᠡᠳᠦᠷ ᠪᠦᠷᠢ ᠨᠡᠮᠡᠵᠦ ᠬᠤᠷᠢᠶᠠᠵᠤ᠂ ᠲᠤᠰᠢᠶᠠᠬᠤ ᠶᠣᠰᠣᠲᠠᠶ ᠬᠥᠷᠥᠰᠥ ᠰᠢᠷᠣᠶ ᠶᠢ | ᠬᠠᠮᠠᠭᠠᠯᠠᠬᠤ ᠲᠥᠯᠥᠪᠦᠷᠢ ᠶᠢᠨ ᠰᠦᠢᠳᠬᠡᠯ ᠤᠨ ᠭᠤᠷᠪᠠᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠵᠦ ᠪᠣᠯᠤᠨ᠎ᠠ᠃ | ᠲᠠᠪᠢᠨ ᠨᠠᠢᠮᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢᠨ | ᠢᠳᠡᠭᠳᠡᠯ ᠤᠨ ᠬᠤᠣᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ | ᠬᠠᠷᠢᠭᠤᠴᠠᠯᠭ᠎ᠠ ᠡᠭᠦᠷᠭᠡᠯᠡᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ | ᠪᠤᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ | ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠳᠣᠯᠣᠳᠤᠭᠠᠷ ᠪᠦᠯᠦᠭ ᠲᠠᠭᠠᠯᠳᠤᠭᠤᠯᠤᠯ ᠲᠦᠷᠢᠮ | | ᠲᠠᠪᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠭᠰᠠᠨ ᠬᠥᠷᠥᠰᠥ | ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠬᠤ ᠪᠠᠶᠢᠭᠤᠯᠤᠮᠵᠢ ᠨᠢ ᠲᠤᠰ ᠬᠠᠤᠯᠢ ᠳᠤ ᠲᠣᠭᠲᠠᠭᠠᠭᠰᠠᠨ ᠤᠰᠤᠨ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠥᠷᠥᠰᠥ ᠰᠢᠷᠣᠶ ᠶᠢ | ᠬᠠᠮᠠᠭᠠᠯᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ | ᠵᠢᠷᠠᠳᠤᠭᠠᠷ ᠵᠦᠢᠯ ᠲᠤᠰ ᠬᠠᠤᠯᠢ ᠶᠢ 2011 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |