ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ
ᠨᠡᠶᠢᠲᠡᠯᠡᠭᠰᠡᠨ ᠴᠠᠭ᠄
2021/9/10
    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ︵1991 ᠣᠨ ᠳᠤ ᠨᠡᠶᠢᠲᠡᠯᠡᠵᠦ᠂ 2009 ᠣᠨ ᠳᠤ ᠵᠠᠰᠠᠪᠤᠷᠢ ᠣᠷᠣᠭᠤᠯᠵᠤ᠂ 2010 ᠣᠨ ᠳᠤ ᠵᠠᠰᠠᠪᠤᠷᠢ ᠣᠷᠣᠭᠤᠯᠪᠠ︶                  ︵1991 ᠣᠨ ᠤ 6 ᠰᠠᠷ᠎ᠠ ᠵᠠ 29 ᠤ ᠡᠳᠦᠷ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠠᠴᠠ ᠪᠠᠲᠤᠯᠠᠪᠠ᠃ 2009 ᠣᠨ ᠤ 8 ᠰᠠᠷ᠎ᠠ ᠵᠠ 27 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠤ ︽ᠬᠡᠰᠡᠭ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠵᠠᠰᠠᠪᠠ᠃ 2010 ᠣᠨ ᠤ 12 ᠰᠠᠷ᠎ᠠ ᠵᠠ 25 ᠤ ᠡᠳᠦᠷ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯᠳᠤᠭᠠᠨ ᠢᠶᠠᠷ ᠵᠠᠰᠠᠪᠤᠷᠢ ᠤᠷᠤᠭᠤᠯᠪᠠ︶          ᠨᠢᠭᠡᠳᠦᠭᠡᠷ ᠪᠦᠯᠦᠭ  ᠶᠡᠷᠦᠩᠬᠡᠢ ᠲᠦᠷᠢᠮ          ᠨᠢᠭᠡᠳᠦᠭᠡᠷ ᠵᠦᠢᠯ  ᠬᠦᠷᠦᠰᠦ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠨ ᠵᠦᠢ ᠵᠣᠬᠢᠰᠲᠠᠶ ᠠᠰᠢᠭᠯᠠᠵᠤ᠂ ᠤᠰᠤ᠂ ᠭᠠᠩ᠂ ᠰᠠᠯᠬᠢ ᠡᠯᠡᠰᠦᠨ ᠤ ᠭᠠᠮᠰᠢᠭ ᠢ ᠬᠥᠩᠭᠡᠷᠡᠭᠦᠯᠵᠦ᠂ ᠠᠮᠢ ᠠᠬᠤᠶ  ᠤᠷᠴᠢᠨ ᠲᠤᠭᠤᠷᠢᠨ ᠢ ᠰᠠᠶᠢᠵᠢᠷᠠᠭᠤᠯᠤᠨ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠦᠢᠯ  ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠬᠥᠷᠥᠰᠥ ᠰᠢᠷᠣᠶ ᠶᠢ ᠬᠠᠮᠠᠭᠠᠯᠠᠬᠤ ᠠᠵᠢᠯᠯᠠᠭ᠎ᠠ ᠬᠢᠬᠦ ᠳᠤ ᠲᠤᠰ ᠬᠠᠤᠯᠢ ᠶᠢ ᠵᠢᠷᠤᠮᠯᠠᠬᠤ ᠬᠡᠷᠡᠭᠲᠡᠶ᠃      ᠲᠤᠰ ᠬᠠᠤᠯᠢ ᠳᠤ ᠬᠡᠯᠡᠵᠦ ᠪᠠᠶᠢᠭ᠎ᠠ ᠬᠥᠷᠥᠰᠥ ᠰᠢᠷᠣᠶ ᠶᠢ ᠬᠠᠮᠠᠭᠠᠯᠠᠬᠤ ᠭᠡᠳᠡᠭ ᠪᠣᠯ ᠪᠠᠶᠢᠭᠠᠯᠢ ᠶᠢᠨ ᠬᠦᠴᠦᠨ ᠵᠦᠢᠯ ᠪᠠ ᠵᠣᠷᠢᠭᠤᠳᠠ ᠶᠢᠨ ᠠᠵᠢᠯᠯᠠᠭ᠎ᠠ ᠠᠴᠠ ᠪᠣᠯᠤᠭᠰᠠᠨ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃      ᠭᠤᠷᠪᠠᠳᠤᠭᠠᠷ ᠵᠤᠶᠢᠯ  ᠬᠦᠷᠦᠰᠦ ᠰᠢᠷᠣᠶ ᠶᠢ ᠬᠠᠮᠠᠭᠠᠯᠠᠬᠤ ᠠᠵᠢᠯ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠦᠬᠦ ᠲᠠᠯ᠎ᠠ ᠪᠠᠷ ᠲᠥᠯᠥᠪᠵᠢᠭᠦᠯᠬᠦ᠂ ᠶᠡᠷᠦᠩᠬᠡᠶᠢᠯᠡᠨ ᠵᠠᠰᠠᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠭᠤᠣᠯᠳᠠᠯᠭ᠎ᠠ ᠶᠢ ᠲᠤᠪᠤᠶᠢᠯᠭᠠᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠦᠷ᠎ᠡ ᠠᠰᠢᠭ ᠢ ᠴᠢᠬᠤᠯᠠᠴᠢᠯᠠᠬᠤ ᠴᠢᠭᠯᠡᠯᠲᠡ ᠶᠢ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠲᠤᠬᠠᠶ ᠨᠢᠭᠡᠳᠦᠯᠲᠡᠶ ᠤᠳᠤᠷᠢᠳᠤᠯᠭ᠎ᠠ ᠪᠠᠨ ᠴᠢᠩᠭᠠᠳᠬᠠᠵᠤ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠲᠤᠰ ᠱᠠᠲᠤᠨ ᠤ ᠪᠠᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠳᠤ ᠲᠣᠭᠲᠠᠭᠠᠭᠰᠠᠨ ᠡᠭᠦᠷᠭᠡ ᠳᠤ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃      ᠤᠯᠤᠰ ᠠᠴᠠ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠪᠠᠷ ᠵᠠᠰᠠᠬᠤ ᠣᠷᠣᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠪᠠ ᠬᠢᠨᠠᠨ ᠰᠢᠯᠭᠠᠵᠤ ᠱᠠᠩᠨᠠᠨ ᠲᠤᠷᠭᠠᠬᠤ ᠲᠦᠷᠢᠮ ᠢ ᠬᠡᠷᠡᠭᠵᠢᠬᠦᠯᠦᠨ᠎ᠡ᠃      ᠲᠠᠪᠤᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ  ᠢ ᠭᠤᠤᠯᠯᠠᠨ ᠬᠠᠮᠢᠶᠠᠷᠤᠨ᠎ᠠ᠃      ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠬᠠᠷᠢᠶᠠᠯᠠᠬᠤ ᠬᠡᠪᠴᠢᠶᠡᠨ ᠳᠣᠲᠣᠷ᠎ᠠ ᠪᠠᠨ ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠬᠦᠷᠦᠰᠦ ᠰᠢᠷᠦᠢ ᠶᠢ ᠬᠠᠮᠠᠭᠠᠯᠠᠬᠤ ᠠᠵᠢᠯ ᠢ ᠭᠤᠤᠯᠯᠠᠨ ᠬᠠᠮᠢᠶᠠᠷᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ᠂ ᠲᠠᠷᠢᠶᠠᠯᠠᠩ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃      ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠤᠬᠠᠭᠤᠯᠭ᠎ᠠ ᠪᠠ ᠬᠥᠮᠦᠵᠢᠯ ᠤᠨ ᠠᠵᠢᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠨᠡᠶᠢᠲᠡ ᠶᠢᠨ ᠬᠥᠷᠥᠰᠥ ᠰᠢᠷᠣᠶ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠨ᠎ᠠ᠃      ᠳᠣᠯᠣᠳᠤᠭᠠᠷ ᠵᠦᠢᠯ  ᠤᠯᠤᠰ ᠠᠴᠠ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠬᠢᠬᠦ ᠶᠢ ᠵᠣᠷᠢᠭᠵᠢᠭᠤᠯᠤᠨ ᠲᠡᠮᠵᠢᠵᠤ᠂ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠦᠨ᠎ᠡ᠃      ᠨᠠᠢᠮᠠᠳᠤᠭᠠᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ᠂ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠡᠭᠦᠷᠭᠡ ᠲᠠᠢ ᠪᠥᠭᠡᠳ ᠬᠥᠷᠥᠰᠥ ᠰᠢᠷᠣᠶ ᠶᠢᠨ ᠡᠬᠢ ᠪᠠᠶᠠᠯᠢᠭ ᠢ ᠡᠪᠳᠡᠵᠦ᠂ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃      ᠶᠢᠰᠦᠳᠦᠭᠡᠷ ᠵᠦᠢᠯ  ᠤᠯᠤᠰ ᠠᠴᠠ ᠨᠡᠶᠢᠭᠡᠮ ᠤᠨ ᠬᠦᠴᠦᠨ ᠤ ᠬᠥᠷᠥᠰᠥ ᠰᠢᠷᠣᠶ ᠶᠢ ᠬᠠᠮᠠᠭᠠᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ ᠲᠡᠮᠵᠢᠨ᠎ᠡ᠃      ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠠᠶᠢᠰᠢᠶᠠᠨ ᠬᠥᠬᠢᠭᠦᠯᠦᠨ᠎ᠡ᠃          ᠬᠤᠶᠠᠳᠤᠭᠠᠷ ᠪᠦᠯᠦᠭ  ᠲᠦᠯᠦᠪᠵᠢᠬᠦᠯᠬᠦ          ᠠᠷᠪᠠᠳᠤᠭᠠᠷ ᠵᠤᠶᠢᠯ  ᠬᠦᠷᠦᠰᠦ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠬᠥᠷᠥᠰᠥ ᠰᠢᠷᠣᠶ ᠶᠢᠨ ᠢᠳᠡᠭᠳᠡᠯ ᠢ ᠪᠠᠶᠢᠴᠠᠭᠠᠭᠰᠠᠨ ᠦᠷ᠎ᠡ ᠳ᠋ᠦᠩ ᠵᠢᠴᠢ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠢ ᠵᠠᠭᠠᠭᠯᠠᠨ ᠲᠣᠭᠲᠠᠭᠠᠭᠰᠠᠨ ᠰᠠᠭᠤᠷᠢᠨ ᠳᠡᠭᠡᠷ᠎ᠡ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠦᠷᠦᠯ ᠬᠤᠪᠢᠶᠠᠨ ᠵᠢᠯᠣᠭᠤᠳᠬᠤ ᠵᠠᠷᠴᠢᠮ ᠢ ᠵᠢᠷᠤᠮᠯᠠᠨ ᠨᠠᠶᠢᠷᠠᠭᠤᠯᠤᠨ ᠵᠣᠬᠢᠶᠠᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠥᠷᠥᠰᠥ ᠰᠢᠷᠣᠶ ᠶᠢᠨ ᠢᠳᠡᠭᠳᠡᠯ ᠢ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ ᠶᠢᠨ ᠬᠠᠮᠳᠤ ᠪᠠᠶᠢᠴᠠᠭᠠᠭᠰᠠᠨ ᠦᠷ᠎ᠡ ᠳ᠋ᠦᠩ  ᠢᠶᠠᠨ ᠵᠠᠷᠯᠠᠨ ᠨᠡᠶᠢᠳᠡᠯᠡᠨ᠎ᠡ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠥᠷᠥᠰᠥ ᠰᠢᠷᠣᠶ ᠶᠢᠨ ᠢᠳᠡᠭᠳᠡᠯ ᠢ ᠪᠠᠶᠢᠴᠠᠭᠠᠬᠤ ᠠᠵᠢᠯ ᠢ ᠬᠠᠷᠢᠭᠤᠴᠠᠬᠤ ᠪᠥᠭᠡᠳ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠠᠴᠠ ᠡᠮᠦᠨ᠎ᠡ ᠪᠠᠶᠢᠴᠠᠭᠠᠭᠰᠠᠨ ᠦᠷ᠎ᠡ ᠳ᠋ᠦᠩ ᠢᠶᠠᠨ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ᠃      ᠠᠷᠪᠠᠨ ᠬᠤᠶᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠥᠷᠥᠰᠥ ᠰᠢᠷᠣᠶ ᠶᠢᠨ ᠢᠳᠡᠭᠳᠡᠯ ᠢ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠢ ᠵᠠᠭᠠᠭᠯᠠᠨ ᠲᠤᠭᠳᠠᠭᠠᠬᠤ ᠶᠢᠨ ᠬᠠᠮᠳᠤ ᠵᠠᠷᠯᠠᠨ ᠨᠡᠶᠢᠳᠡᠯᠡᠨ᠎ᠡ᠃      ᠬᠥᠷᠥᠰᠥ ᠰᠢᠷᠣᠶ ᠶᠢᠨ ᠢᠳᠡᠭᠳᠡᠯ ᠤᠨ ᠳᠠᠯᠳᠠ ᠠᠶᠤᠯ ᠨᠡᠯᠢᠶᠡᠳ ᠶᠡᠭᠡ ᠪᠠᠶᠢᠭ᠎ᠠ ᠣᠷᠣᠨ ᠪᠦᠰᠡ ᠶᠢ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠣᠯᠭᠠᠨ ᠵᠠᠭᠠᠭᠯᠠᠨ ᠲᠣᠭᠲᠠᠭᠠᠬᠤ ᠬᠡᠷᠡᠭᠲᠡᠶ︔ ᠬᠥᠷᠥᠰᠥ ᠰᠢᠷᠣᠶ ᠶᠢᠨ ᠢᠳᠡᠭᠳᠡᠯ ᠢᠶᠠᠷ ᠬᠦᠨᠳᠦ ᠨᠣᠴᠢᠲᠠᠶ ᠣᠷᠣᠨ ᠪᠦᠰᠡ ᠶᠢ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ ᠵᠠᠰᠠᠬᠤ ᠣᠷᠣᠨ ᠪᠣᠯᠭᠠᠨ ᠵᠠᠭᠠᠭᠯᠠᠨ ᠲᠣᠭᠲᠠᠭᠠᠬᠤ ᠬᠡᠷᠡᠭᠲᠡᠶ᠃      ᠠᠷᠪᠠᠨ ᠭᠤᠷᠪᠠᠳᠤᠭᠠᠷ ᠵᠤᠶᠢᠯ  ᠬᠦᠷᠦᠰᠦ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢᠨ ᠠᠭᠤᠯᠭ᠎ᠠ ᠳᠤ ᠬᠥᠷᠥᠰᠥ ᠰᠢᠷᠣᠶ ᠶᠢᠨ ᠢᠳᠡᠭᠳᠡᠯ ᠤᠨ ᠪᠠᠶᠢᠳᠠᠯ᠂ ᠬᠥᠷᠥᠰᠥ ᠰᠢᠷᠣᠶ ᠶᠢᠨ ᠢᠳᠡᠭᠳᠡᠯ ᠤᠨ ᠲᠦᠷᠦᠯ ᠤᠨ ᠣᠷᠣᠨ ᠤ ᠬᠤᠪᠢᠶᠠᠷᠢᠯᠠᠯ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠶ᠃      ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠳᠤ ᠰᠠᠪᠠ ᠭᠠᠵᠠᠷ ᠪᠤᠶᠤ ᠣᠷᠣᠨ ᠪᠦᠰᠡ ᠶᠢᠨ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ᠂ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠬᠤ ᠲᠤᠬᠠᠶ ᠬᠢᠭᠰᠡᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠵᠢᠴᠢ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ ᠬᠥᠷᠥᠰᠥ ᠰᠢᠷᠣᠶ ᠶᠢ ᠬᠠᠮᠠᠭᠠᠯᠠᠬᠤ ᠲᠤᠰᠬᠠᠶ ᠠᠵᠢᠯ ᠪᠤᠶᠤ ᠣᠨᠴᠠᠭᠠᠶ ᠣᠷᠣᠨ ᠪᠦᠰᠡ ᠶᠢᠨ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠲᠤᠬᠠᠶ ᠬᠢᠭᠰᠡᠨ ᠲᠤᠰᠬᠠᠶ ᠪᠠᠶᠢᠷᠢᠯᠠᠭᠤᠯᠤᠯᠲᠠ ᠪᠠᠭᠲᠠᠨ᠎ᠠ᠃      ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠨᠢ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠤᠰᠦᠠ ᠤ ᠡᠬᠢ ᠪᠠᠶᠠᠯᠢᠭ ᠤᠨ ᠲᠥᠯᠥᠪᠵᠢᠭᠦᠯᠭᠡ᠂ ᠬᠤᠳᠠ ᠬᠥᠳᠡᠭᠡ ᠶᠢᠨ ᠲᠥᠯᠥᠪᠵᠢᠭᠦᠯᠭᠡ ᠪᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠵᠡᠷᠭᠡ ᠲᠠᠢ ᠵᠣᠬᠢᠴᠠᠯᠳᠤᠭᠰᠠᠨ ᠪᠠᠶᠢᠬᠤ ᠬᠡᠷᠡᠭᠲᠡᠶ᠃      ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠲᠤᠰᠬᠠᠶ ᠮᠡᠷᠭᠡᠵᠢᠯᠲᠡᠨ ᠪᠣᠯᠤᠨ ᠤᠯᠡᠠ ᠨᠡᠶᠢᠲᠡ ᠶᠢᠨ ᠰᠠᠨᠠᠯ ᠢ ᠬᠤᠷᠢᠶᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃      ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ ᠴᠢᠩᠭ᠎ᠠ ᠬᠡᠷᠡᠭᠵᠢᠭᠦᠯᠬᠦ ᠬᠡᠷᠡᠭᠲᠡᠶ︔ ᠵᠥᠪᠰᠢᠶᠡᠷᠡᠭᠦᠯᠦᠭᠰᠡᠨ ᠲᠥᠯᠥᠪᠵᠢᠭᠦᠯᠭᠡ ᠳᠤ ᠪᠣᠳᠠᠲᠤ ᠪᠠᠶᠢᠳᠠᠯ ᠢ ᠦᠨᠳᠦᠰᠦᠯᠡᠨ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠪᠠᠯ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠷᠤᠮ ᠤᠨ ᠶᠣᠰᠣᠭᠠᠷ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ  ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠳᠤ ᠬᠦᠷᠪᠡᠯ᠂ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠪᠠᠶᠢᠭᠤᠯᠭ᠎ᠠ ᠨᠢ ᠲᠥᠯᠥᠪᠵᠢᠭᠦᠯᠭᠡ ᠳᠡᠭᠡᠨ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭᠠᠴᠠᠬᠤ ᠪᠤᠳᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ ᠲᠥᠯᠥᠪᠵᠢᠭᠦᠯᠭᠡ ᠶᠢ ᠮᠡᠳᠡᠭᠦᠯᠵᠦ ᠬᠢᠨᠠᠨ ᠵᠥᠪᠰᠢᠶᠡᠷᠡᠭᠦᠯᠬᠦ ᠠᠴᠠ ᠡᠮᠦᠨ᠎ᠡ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃          ᠭᠤᠷᠪᠠᠳᠤᠭᠠᠷ ᠪᠦᠯᠦᠭ  ᠤᠷᠢᠳᠴᠢᠯᠠᠨ ᠰᠡᠷᠭᠡᠶᠢᠯᠡᠬᠦ          ᠠᠷᠪᠠᠨ ᠵᠢᠷᠭᠤᠳᠤᠭᠠᠷ ᠵᠦᠢᠯ  ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢᠨ ᠶᠣᠰᠣᠭᠠᠷ᠂ ᠪᠢᠲᠡᠭᠦᠮᠵᠢᠯᠡᠨ ᠪᠤᠶᠢᠵᠢᠭᠤᠯᠵᠤ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠨᠢᠭᠡᠴᠢ ᠪᠠ ᠬᠤᠪᠢ ᠬᠥᠮᠦᠨ ᠢ ᠵᠣᠬᠢᠶᠠᠨ ᠪᠠᠶᠢᠭᠤᠯᠤᠨ ᠡᠪᠡᠰᠦ ᠮᠣᠳᠣ ᠳᠠᠷᠢᠭᠤᠯᠵᠤ᠂ ᠤᠢ ᠮᠣᠳᠣ ᠡᠪᠡᠰᠦ ᠪᠡᠯᠴᠢᠭᠡᠷ ᠤᠨ ᠪᠦᠷᠬᠦᠴᠡ ᠶᠢᠨ ᠲᠠᠯᠠᠪᠠᠢ ᠶᠢ ᠥᠷᠭᠡᠳᠬᠡᠨ᠂ ᠤᠰᠤᠨ ᠤ ᠰᠤᠷᠪᠤᠯᠵᠢ ᠶᠢ ᠬᠠᠳᠠᠭᠠᠯᠠᠵᠤ᠂ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠣᠷᠣᠨ ᠨᠤᠲᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠵᠡᠷᠭᠡ ᠠᠵᠢᠯᠯᠠᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠢ  ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃      ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠠ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ ᠣᠷᠣᠨ ᠳᠤ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠵᠡᠷᠭᠡ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠠ ᠰᠢᠪᠠᠷ ᠴᠢᠯᠠᠭᠤᠨ ᠤ ᠤᠷᠤᠰᠬᠠᠯ ᠠᠮᠠᠷᠬᠠᠨ ᠭᠠᠷᠬᠤ ᠣᠷᠣᠨ ᠤ ᠬᠦᠷᠢᠶ᠎ᠡ ᠬᠡᠪᠴᠢᠶ᠎ᠡ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠵᠤ ᠵᠠᠷᠯᠠᠨ ᠨᠡᠶᠢᠲᠡᠯᠡᠨ᠎ᠡ᠃ ᠨᠤᠷᠠᠵᠤ ᠶᠡᠭᠦᠷᠡᠬᠦ᠂ ᠶᠡᠭᠦᠷᠡᠬᠦ ᠠᠶᠤᠯ ᠲᠠᠢ ᠣᠷᠣᠨ ᠪᠠ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ ᠣᠷᠣᠨ ᠢ ᠵᠠᠭᠠᠭᠯᠠᠨ ᠲᠣᠭᠲᠠᠭᠠᠬᠤ ᠳᠠᠭᠠᠨ ᠭᠸᠤᠯᠤᠬᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠳᠤ ᠲᠣᠭᠲᠠᠭᠠᠭᠰᠠᠨ  ᠭᠸᠤᠯᠤᠬᠢ ᠶᠢᠨ ᠭᠠᠶ ᠭᠠᠮᠰᠢᠭ ᠠᠮᠠᠷᠬᠠᠨ ᠡᠭᠦᠰᠳᠡᠭ ᠣᠷᠣᠨ᠂ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠲᠠᠢ ᠵᠣᠯᠭᠠᠭᠤᠯᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ  ᠬᠦᠷᠦᠰᠦ ᠰᠢᠷᠣᠶ ᠶᠢᠨ ᠢᠳᠡᠭᠳᠡᠯ ᠢᠶᠠᠷ ᠬᠦᠨᠳᠦ ᠨᠣᠴᠢᠲᠠᠶ᠂ ᠠᠮᠢ ᠠᠬᠤᠶ ᠶᠢᠨ ᠬᠡᠪᠡᠷᠡᠭ ᠭᠠᠵᠠᠷ ᠣᠷᠣᠨ ᠳᠤ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠢᠵᠠᠭᠠᠷᠯᠠᠬᠤ ᠪᠤᠶᠤ ᠴᠠᠭᠠᠵᠠᠯᠠᠵᠤ᠂ ᠤᠷᠭᠤᠮᠠᠯ᠂ ᠡᠯᠡᠰᠦᠨ ᠬᠠᠯᠢᠰᠤ᠂ ᠬᠠᠭ ᠵᠡᠷᠭᠡ ᠶᠢ ᠴᠢᠩᠭ᠎ᠠ ᠬᠠᠮᠠᠭᠠᠯᠠᠬᠤ ᠬᠡᠷᠡᠭᠲᠡᠶ᠃      ᠢᠳᠡᠭᠳᠡᠭᠰᠡᠨ ᠭᠤᠤ ᠶᠢᠨ ᠨᠠᠯᠠᠤ ᠪᠠ ᠭᠤᠤ ᠶᠢᠨ ᠡᠷᠭᠢ᠂ ᠭᠤᠣᠯ ᠮᠥᠷᠡᠨ ᠤ ᠬᠤᠶᠠᠷ ᠡᠷᠭᠢ ᠵᠢᠴᠢ ᠨᠠᠭᠤᠷ ᠴᠦᠬᠦᠷᠦᠮ ᠪᠠ ᠤᠰᠤᠨ ᠴᠥᠭᠦᠷᠥᠮ ᠤᠨ ᠡᠷᠬᠢᠨ ᠲᠣᠭᠤᠷᠢᠨ ᠳᠤ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠬᠦ ᠡᠷᠬᠡᠲᠦ ᠬᠥᠮᠦᠨ ᠪᠤᠶᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠨᠢᠭᠡᠴᠢ ᠤᠷᠭᠤᠮᠠᠯ ᠤᠨ ᠬᠠᠮᠠᠭᠠᠯᠠᠯᠲᠠ ᠶᠢᠨ ᠪᠦᠰᠡ ᠪᠠᠶᠢᠭᠤᠯᠬᠤ ᠬᠡᠷᠡᠭᠲᠡᠶ᠃ ᠤᠷᠭᠤᠮᠠᠯ ᠤᠨ ᠬᠠᠮᠠᠭᠠᠯᠠᠯᠲᠠ ᠶᠢᠨ ᠪᠦᠰᠡ ᠶᠢ ᠬᠠᠭᠠᠯᠪᠤᠷᠢᠯᠠᠬᠤ ᠪᠠ ᠨᠡᠭᠡᠭᠡᠨ ᠠᠰᠢᠭᠯᠠᠬᠤ ᠶᠢ ᠴᠠᠭᠠᠵᠠᠯᠠᠨ᠎ᠠ᠃      ᠠᠷᠪᠠ ᠶᠢᠰᠦᠳᠦᠭᠡᠷ ᠵᠤᠶᠢᠯ  ᠬᠦᠷᠦᠰᠦ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢᠨ ᠥᠮᠴᠢᠯᠡᠯ ᠤᠨ ᠡᠷᠬᠡᠲᠦ ᠬᠥᠮᠦᠨ ᠪᠤᠶᠤ ᠬᠡᠷᠡᠭᠯᠡᠬᠦ ᠡᠷᠬᠡᠲᠦ ᠬᠥᠮᠦᠨ ᠨᠢ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢᠨ ᠬᠠᠮᠢᠶᠠᠷᠤᠯᠲᠠ ᠪᠠ ᠬᠠᠮᠠᠭᠠᠯᠠᠯᠲᠠ ᠪᠠᠨ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠡᠭᠦᠨ ᠤ ᠴᠢᠳᠠᠮᠵᠢ ᠶᠢ ᠬᠡᠪ ᠢᠶᠠᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠶ᠃      ᠬᠤᠷᠢᠳᠤᠭᠠᠷ ᠵᠦᠢᠯ  ᠬᠤᠷᠢᠨ ᠲᠠᠪᠤᠨ ᠭᠷᠠᠳᠦ᠋ᠰ ᠠᠴᠠ ᠳᠡᠭᠡᠭᠰᠢᠬᠢ ᠡᠭᠴᠡ ᠨᠠᠯᠠᠤ ᠭᠠᠵᠠᠷ ᠲᠤ ᠠᠳᠡᠷ ᠬᠠᠭᠠᠯᠪᠤᠷᠢᠯᠠᠵᠤ ᠲᠠᠷᠢᠮᠠᠯ ᠲᠡᠷᠢᠬᠤ ᠶᠢ ᠴᠠᠭᠠᠵᠠᠯᠠᠨ᠎ᠠ᠃ ᠬᠤᠷᠢᠨ ᠲᠠᠪᠤᠨ ᠭᠷᠠᠳᠦ᠋ᠰ ᠠᠴᠠ ᠳᠡᠭᠡᠭᠰᠢᠬᠢ ᠡᠭᠴᠡ ᠨᠠᠯᠠᠤ ᠭᠠᠵᠠᠷ ᠲᠤ ᠠᠵᠤ ᠠᠬᠤᠶ ᠶᠢᠨ ᠤᠢ ᠲᠡᠷᠢᠬᠤ ᠳᠤ ᠬᠦᠷᠪᠡᠯ᠂ ᠮᠣᠳᠣᠨ ᠤ ᠳᠦᠷᠦᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠬᠡᠪᠴᠢᠶ᠎ᠡ ᠶᠢ ᠨᠢ ᠵᠦᠢ ᠵᠣᠬᠢᠰᠲᠠᠶ ᠲᠣᠭᠲᠠᠭᠠᠨ᠂ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠬᠤ ᠠᠴᠠ ᠰᠡᠷᠭᠡᠶᠢᠯᠡᠬᠦ ᠬᠡᠷᠡᠭᠲᠡᠶ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠬᠤᠷᠢᠨ ᠲᠠᠪᠤᠨ ᠭᠷᠠᠳᠦ᠋ᠰ ᠠᠴᠠ ᠪᠠᠭ᠎ᠠ ᠪᠠᠶᠢᠬᠤ ᠠᠳᠠᠷ ᠬᠠᠭᠠᠯᠪᠤᠷᠢᠯᠠᠬᠤ ᠶᠢ ᠴᠠᠭᠠᠵᠠᠯᠠᠬᠤ ᠨᠠᠯᠠᠤᠴᠠ ᠶᠢ ᠲᠣᠭᠲᠠᠭᠠᠵᠤ ᠪᠣᠯᠤᠨ᠎ᠠ᠃ ᠠᠳᠡᠷ ᠬᠠᠭᠠᠯᠪᠤᠷᠢᠯᠠᠬᠤ ᠶᠢ ᠴᠠᠭᠠᠵᠠᠯᠠᠬᠤ ᠡᠭᠴᠡ ᠨᠠᠯᠠᠤ ᠭᠠᠵᠠᠷ ᠤᠨ ᠬᠦᠷᠢᠶ᠎ᠡ ᠬᠡᠪᠴᠢᠶ᠎ᠡ ᠶᠢ ᠲᠤᠬᠠᠶ ᠶᠢᠨ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠭᠠᠳ ᠵᠠᠷᠯᠠᠨ ᠨᠡᠶᠢᠲᠡᠯᠡᠨ᠎ᠡ᠃      ᠬᠤᠷᠢᠨ ᠨᠢᠭᠡᠳᠦᠭᠡᠷ ᠵᠦᠢᠯ  ᠤᠢ ᠰᠢᠭᠤᠶ ᠶᠢ ᠰᠦᠢᠳᠬᠡᠬᠦ᠂ ᠡᠪᠡᠰᠦ ᠪᠡᠯᠴᠢᠭᠡᠷ ᠢ ᠰᠦᠢᠳᠬᠡᠵᠦ ᠠᠳᠡᠷ ᠬᠠᠭᠠᠯᠪᠤᠷᠢᠯᠠᠬᠤ ᠪᠠ ᠭᠡᠵᠢᠭᠡ ᠡᠪᠡᠰᠦ ᠲᠡᠭᠦᠵᠦ ᠴᠤᠭᠯᠠᠭᠤᠯᠬᠤ ᠶᠢ ᠴᠠᠭᠠᠵᠠᠯᠠᠨ᠎ᠠ᠃ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠳᠤ ᠵᠦᠯᠭᠡ ᠶᠢ ᠬᠤᠰᠤᠬᠤ᠂ ᠮᠣᠳᠣᠨ ᠤ ᠦᠨᠳᠦᠰᠦ ᠮᠠᠯᠲᠠᠬᠤ ᠪᠤᠶᠤ ᠬᠤᠷᠣᠬᠠᠶ ᠡᠪᠡᠰᠦ᠂ ᠰᠢᠬᠢᠷ ᠡᠪᠡᠰᠦ᠂ ᠵᠡᠭᠡᠷᠭᠡᠨ᠎ᠡ ᠵᠡᠷᠭᠡ ᠶᠢ ᠳᠤᠷ᠎ᠠ ᠪᠠᠷ ᠢᠶᠠᠨ ᠮᠠᠯᠲᠠᠬᠤ ᠶᠢ ᠴᠠᠭᠠᠵᠠᠯᠠᠨ᠎ᠠ᠃      ᠬᠤᠷᠢᠨ ᠬᠤᠶᠠᠳᠤᠭᠠᠷ ᠵᠦᠢᠯ  ᠤᠢ ᠮᠣᠳᠣ ᠶᠢ ᠣᠭᠲᠣᠯᠬᠤ ᠳᠠᠭᠠᠨ ᠵᠦᠢ ᠵᠣᠬᠢᠰᠲᠠᠶ ᠠᠷᠭ᠎ᠠ ᠬᠡᠯᠪᠡᠷᠢ ᠶᠢ ᠠᠪᠴᠤ᠂ ᠪᠥᠬᠦᠳᠡ ᠶᠢ ᠣᠭᠲᠣᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ︔ ᠤᠰᠦᠠ ᠤ ᠡᠬᠢ ᠰᠤᠷᠪᠤᠯᠵᠢ ᠶᠢ ᠬᠠᠳᠠᠭᠠᠯᠠᠬᠤ ᠤᠢ᠂ ᠬᠥᠷᠥᠰᠥ ᠰᠢᠷᠣᠶ ᠶᠢ ᠬᠠᠮᠠᠭᠠᠯᠠᠬᠤ ᠤᠢ᠂ ᠰᠠᠯᠬᠢᠨ ᠢ ᠬᠠᠯᠬᠠᠯᠡᠵᠦ ᠡᠯᠡᠰᠦ ᠶᠢ ᠲᠣᠭᠲᠠᠪᠤᠷᠢᠵᠢᠭᠤᠯᠬᠤ ᠤᠢ ᠵᠡᠷᠭᠡ ᠬᠠᠯᠬᠠᠪᠴᠢ ᠤᠢ ᠶᠢ ᠵᠥᠪᠬᠡᠨ ᠠᠷᠠᠴᠢᠯᠠᠨ ᠪᠤᠶᠢᠵᠢᠭᠤᠯᠬᠤ ᠪᠠ ᠰᠢᠨᠡᠳᠬᠡᠬᠦ ᠴᠢᠨᠠᠷᠲᠠᠶ ᠪᠠᠷ ᠣᠭᠲᠣᠯᠵᠤ ᠪᠣᠯᠤᠨ᠎ᠠ︔ ᠮᠣᠳᠣ ᠣᠭᠲᠣᠯᠬᠤ ᠣᠷᠣᠨ ᠪᠠ ᠮᠣᠳᠣ ᠴᠤᠭᠯᠠᠭᠤᠯᠬᠤ ᠵᠡᠮ ᠳᠤ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ ᠪᠥᠭᠡᠳ ᠮᠣᠳᠣ ᠣᠭᠲᠣᠯᠤᠭᠰᠠᠨ ᠤ ᠲᠡᠷᠠᠭ᠎ᠠ ᠴᠠᠭ ᠲᠤᠬᠠᠶ ᠳᠤᠨᠢ ᠰᠢᠨᠡᠳᠬᠡᠨ ᠣᠶᠢᠵᠢᠭᠤᠯᠬᠤ ᠬᠡᠷᠡᠭᠲᠡᠶ᠃      ᠤᠶᠢᠳᠤ ᠣᠷᠣᠨ ᠳᠤ ᠤᠢ ᠮᠣᠳᠣ ᠣᠭᠲᠣᠯᠬᠤ ᠳᠤ ᠬᠦᠷᠪᠡᠯ᠂ ᠣᠭᠲᠣᠯᠬᠤ ᠲᠥᠰᠦᠯ ᠳᠡᠭᠡᠨ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠪᠠᠶᠢᠬᠤ ᠬᠡᠷᠡᠭᠲᠡᠶ᠃ ᠮᠣᠳᠣ ᠣᠭᠲᠣᠯᠬᠤ ᠲᠥᠰᠦᠯ ᠢ ᠤᠢ ᠰᠢᠭᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ᠂ ᠤᠢ ᠰᠢᠭᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ᠬᠤᠷᠢᠨ ᠭᠤᠷᠪᠠᠳᠤᠭᠠᠷ ᠵᠦᠢᠯ  ᠲᠠᠪᠤᠨ ᠭᠷᠠᠳᠦ᠋ᠰ ᠠᠴᠠ ᠳᠡᠭᠡᠭᠰᠢᠬᠢ ᠨᠠᠯᠠᠤ ᠭᠠᠵᠠᠷ ᠲᠤ ᠮᠣᠳᠣ ᠲᠡᠷᠢᠵᠦ ᠣᠶᠢᠵᠢᠭᠤᠯᠬᠤ᠂ ᠵᠤᠯᠵᠠᠭ᠎ᠠ ᠮᠣᠳᠣ ᠶᠢ ᠠᠷᠠᠴᠢᠯᠠᠨ ᠪᠤᠶᠢᠵᠢᠭᠤᠯᠬᠤ᠂ ᠬᠢᠲᠠᠳ ᠡᠮ ᠤᠨ ᠮᠠᠲ᠋ᠧᠷᠢᠶᠠᠯ ᠲᠡᠷᠢᠬᠤ ᠵᠡᠷᠭᠡ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃      ᠠᠳᠡᠷ ᠬᠠᠭᠠᠯᠪᠤᠷᠢᠯᠠᠬᠤ ᠶᠢ ᠴᠠᠭᠠᠵᠠᠯᠠᠬᠤ ᠨᠠᠯᠠᠤᠴᠠ ᠠᠴᠠ ᠳᠣᠭᠤᠭᠰᠢ᠂ ᠲᠠᠪᠤᠨ ᠭᠷᠠᠳᠦ᠋ᠰ ᠠᠴᠠ ᠳᠡᠭᠡᠭᠰᠢᠬᠢ ᠠᠳᠡᠷ ᠨᠠᠯᠠᠤ ᠭᠠᠵᠠᠷ ᠢ ᠬᠠᠭᠠᠯᠪᠤᠷᠢᠯᠠᠵᠤ ᠲᠠᠷᠢᠮᠠᠯ ᠲᠡᠷᠢᠬᠤ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠣᠳᠠᠲᠠᠶ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠵᠦ ᠲᠣᠭᠲᠠᠭᠠᠨ᠎ᠠ᠃      ᠬᠤᠷᠢᠨ ᠳᠥᠷᠪᠡᠳᠦᠭᠡᠷ ᠵᠦᠢᠯ  ᠦᠢᠯᠡᠳᠪᠤᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠭᠠᠵᠠᠷ ᠰᠣᠩᠭᠤᠬᠤ᠂ ᠱᠤᠭᠤᠮ ᠰᠣᠩᠭᠤᠬᠤ ᠳᠠᠭᠠᠨ ᠬᠥᠷᠥᠰᠥ ᠰᠢᠷᠣᠢ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠠᠴᠠ ᠵᠠᠶᠢᠯᠠᠬᠤ ᠬᠡᠷᠡᠭᠲᠡᠢ︔ ᠵᠠᠶᠢᠯᠠᠬᠤ ᠶᠢᠨ ᠠᠷᠭ᠎ᠠ ᠦᠭᠡᠢ ᠪᠠᠶᠢᠪᠠᠯ᠂ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠠᠷᠢᠯᠭ᠎ᠠ ᠶᠢᠨ ᠠᠵᠢᠯ ᠤᠨ ᠤᠷᠠᠯᠠᠯ ᠢ ᠰᠢᠯᠢᠳᠡᠭᠵᠢᠭᠦᠯᠵᠦ᠂ ᠭᠠᠵᠠᠷ ᠤᠨ ᠭᠠᠳᠠᠷᠭᠤ ᠶᠢ ᠰᠠᠮᠠᠭᠤᠷᠠᠭᠤᠯᠬᠤ ᠪᠠ ᠤᠷᠭᠤᠮᠠᠯ ᠤᠨ ᠬᠤᠴᠢᠯᠭ᠎ᠠ ᠶᠢ ᠡᠪᠳᠡᠬᠦ ᠬᠡᠪᠴᠢᠶ᠎ᠡ ᠶᠢ ᠪᠠᠭᠠᠰᠬᠠᠵᠤ᠂ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠶᠠᠪᠤᠳᠠᠯ ᠢ ᠪᠦᠲᠦᠮᠵᠢᠲᠡᠶ ᠪᠠᠷ ᠬᠢᠵᠠᠭᠠᠷᠯᠠᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ  ᠡᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠨ ᠤ ᠣᠷᠣᠨ ᠵᠢᠴᠢ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠳᠤ ᠲᠣᠭᠲᠠᠭᠠᠭᠰᠠᠨ ᠬᠥᠷᠥᠰᠥ ᠰᠢᠷᠣᠶ ᠶᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠳᠤ ᠬᠥᠷᠥᠰᠥ ᠰᠢᠷᠣᠶ ᠶᠢᠨ ᠢᠳᠡᠭᠳᠡᠯ ᠡᠭᠦᠰᠭᠡᠵᠦ ᠮᠡᠳᠡᠬᠦ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠨᠡᠭᠡᠭᠡᠨ ᠡᠷᠬᠢᠯᠡᠨ᠎ᠠ᠃ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠨᠢᠭᠡᠴᠢ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠨᠠᠶᠢᠷᠠᠭᠤᠯᠤᠨ ᠵᠣᠬᠢᠶᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠠᠮᠲᠤ ᠵᠥᠪᠰᠢᠶᠡᠷᠡᠭᠦᠯᠦᠭᠰᠡᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠴᠢᠳᠠᠪᠤᠷᠢ ᠦᠭᠡᠢ ᠪᠠᠶᠢᠪᠠᠯ᠂ ᠵᠣᠬᠢᠴᠠᠩᠭᠤᠶ ᠮᠡᠷᠭᠡᠵᠢᠯ ᠤᠨ ᠨᠥᠬᠦᠴᠡᠯ ᠢ ᠪᠦᠷᠢᠯᠳᠦᠭᠦᠯᠦᠭᠰᠡᠨ ᠪᠠᠶᠢᠭᠤᠯᠤᠮᠵᠢ ᠳᠤ ᠨᠠᠶᠢᠳᠠᠵᠤ ᠨᠠᠶᠢᠷᠠᠭᠤᠯᠤᠨ ᠵᠣᠬᠢᠶᠠᠯᠭᠠᠬᠤ ᠬᠡᠷᠡᠭᠲᠡᠶ᠃      ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠬᠦᠷᠢᠶ᠎ᠡ ᠬᠡᠪᠴᠢᠶ᠎ᠡ᠂ ᠬᠠᠷᠠᠯᠲᠠ᠂ ᠠᠷᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠃      ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠭᠠᠵᠠᠷ᠂ ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠬᠤ ᠳᠤ ᠬᠦᠷᠪᠡᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠥᠬᠦᠪᠥᠷᠢᠯᠡᠬᠦ ᠪᠤᠶᠤ ᠲᠡᠭᠦᠨ ᠳᠤ ᠵᠠᠰᠠᠪᠤᠷᠢ ᠣᠷᠣᠭᠤᠯᠬᠤ ᠶᠢᠨ ᠬᠠᠮᠲᠤ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠭᠠᠬᠤ ᠴᠢᠬᠤᠯᠠᠲᠠᠶ ᠪᠠᠶᠢᠪᠠᠯ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃      ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃      ᠬᠤᠷᠢᠨ ᠵᠢᠷᠭᠤᠳᠤᠭᠠᠷ ᠵᠦᠢᠯ  ᠬᠦᠷᠦᠰᠦ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠶ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠨᠢᠭᠡᠴᠢ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠨ ᠪᠦᠳᠦᠭᠡᠨ ᠪᠠᠶᠢᠭᠤᠯᠵᠤ ᠪᠣᠯᠬᠤ ᠦᠭᠡᠢ᠃      ᠬᠤᠷᠢᠨ ᠳᠣᠯᠣᠳᠤᠭᠠᠷ ᠵᠦᠢᠯ  ᠬᠦᠷᠦᠰᠦ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠶ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠳᠣᠲᠣᠷᠠᠬᠢ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠪᠠᠨ ᠬᠠᠮᠲᠤ ᠳᠤᠨᠢ ᠵᠢᠷᠤᠵᠤ ᠲᠥᠯᠥᠪᠯᠡᠨ᠂ ᠬᠠᠮᠲᠤ ᠳᠤᠨᠢ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠬᠡᠷᠡᠭᠲᠡᠶ︔ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠳᠠᠭᠠᠨ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠬᠤ ᠬᠡᠷᠡᠭᠲᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠤᠢᠭᠡᠢ ᠪᠠᠶᠢᠪᠠᠯ᠂ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠤᠢᠭᠡᠢ᠃      ᠬᠤᠷᠢᠨ ᠨᠠᠢᠮᠠᠳᠤᠭᠠᠷ ᠵᠦᠢᠯ  ᠬᠦᠷᠦᠰᠦ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠶ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠳᠤᠮᠳᠠ ᠬᠠᠶᠠᠭᠰᠠᠨ ᠡᠯᠡᠰᠦ᠂ ᠴᠢᠯᠠᠭᠤ᠂ ᠰᠢᠷᠣᠶ ᠂ ᠨᠡᠭᠦᠷᠡᠰᠦᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠶᠢ ᠨᠢ ᠶᠡᠷᠦᠩᠬᠡᠶᠢᠯᠡᠨ ᠠᠰᠢᠭᠯᠠᠬᠤ ᠬᠡᠷᠡᠭᠲᠡᠶ︔ ᠶᠡᠷᠦᠩᠬᠡᠶᠢᠯᠡᠨ ᠠᠰᠢᠭᠯᠠᠵᠤ ᠳᠡᠶᠢᠯᠬᠦ ᠦᠭᠡᠢ᠂ ᠦᠨᠡᠨ ᠬᠦ ᠬᠠᠶᠠᠬᠤ ᠴᠢᠬᠤᠯᠠᠲᠠᠶ ᠪᠠᠶᠢᠪᠠᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠲᠣᠭᠲᠠᠭᠠᠭᠰᠠᠨ ᠲᠤᠰᠬᠠᠶ ᠬᠠᠳᠠᠭᠠᠯᠠᠬᠤ ᠭᠠᠵᠠᠷ ᠲᠤ ᠣᠪᠣᠭᠠᠯᠠᠨ ᠲᠠᠯᠪᠢᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠬᠤᠣᠷ ᠬᠥᠨᠥᠭᠡᠯ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃      ᠬᠤᠷᠢ ᠶᠢᠰᠦᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃          ᠳᠥᠷᠪᠡᠳᠦᠭᠡᠷ ᠪᠦᠯᠦᠭ  ᠵᠠᠰᠠᠬᠤ           ᠭᠤᠴᠢᠳᠤᠭᠠᠷ ᠵᠦᠢᠯ ᠤᠯᠤᠰ ᠠᠴᠠ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠪᠠᠷ ᠵᠠᠰᠠᠬᠤ ᠣᠷᠣᠨ ᠤ ᠨᠠᠯᠠᠤ ᠲᠠᠷᠢᠶᠠᠨ ᠭᠠᠵᠠᠷ ᠢ ᠱᠠᠲᠤᠨ ᠲᠠᠷᠢᠶ᠎ᠠ ᠪᠣᠯᠭᠠᠨ ᠥᠭᠡᠷᠡᠴᠢᠯᠡᠬᠦ᠂ ᠨᠦᠯᠦᠮᠡᠯ ᠭᠠᠵᠠᠷ ᠤᠨ ᠬᠠᠰᠢᠯᠭ᠎ᠠ ᠪᠣᠯᠭᠠᠬᠤ ᠵᠡᠷᠭᠡ ᠬᠥᠷᠥᠰᠥ ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ  ᠤᠯᠤᠰ ᠠᠴᠠ ᠭᠤᠣᠯ ᠮᠥᠷᠡᠨ ᠤ ᠡᠬᠢ ᠰᠤᠷᠪᠤᠯᠵᠢ ᠶᠢᠨ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢ ᠤᠯᠤᠰ ᠠᠴᠠ ᠪᠠᠶᠢᠭᠤᠯᠤᠭᠰᠠᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠦᠷᠢᠮ ᠳᠤ ᠣᠷᠣᠭᠤᠯᠤᠨ᠎ᠠ᠃      ᠭᠤᠴᠢᠨ ᠬᠤᠶᠠᠳᠤᠭᠠᠷ ᠵᠦᠢᠯ  ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠶᠢᠨ ᠵᠦᠢᠯᠡᠰ ᠢ ᠡᠷᠬᠢᠯᠡᠬᠦ ᠪᠤᠶᠤ ᠪᠤᠰᠤᠳ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠶᠢᠨ ᠠᠵᠢᠯᠯᠠᠭ᠎ᠠ ᠬᠢᠭᠡᠳ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ ᠪᠠᠶᠢᠪᠠᠯ ᠵᠠᠰᠠᠬᠤ ᠬᠡᠷᠡᠭᠲᠡᠶ᠃       ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠨ ᠤ ᠣᠷᠣᠨ ᠵᠢᠴᠢ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠳᠤ ᠲᠣᠭᠲᠠᠭᠠᠭᠰᠠᠨ ᠬᠥᠷᠥᠰᠥ ᠰᠢᠷᠣᠶ ᠶᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠪᠦᠰᠡ ᠳᠤ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠨᠡᠭᠡᠭᠡᠨ ᠡᠷᠭᠢᠯᠡᠬᠦ ᠪᠤᠶᠤ ᠪᠤᠰᠤᠳ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠬᠦ ᠳᠡᠭᠡᠨ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠡᠪᠳᠡᠭᠡᠳ ᠤᠤᠯ ᠤᠨ ᠬᠥᠷᠥᠰᠥ ᠰᠢᠷᠣᠶ ᠶᠢ ᠬᠠᠮᠠᠭᠠᠯᠠᠬᠤ ᠴᠢᠳᠠᠮᠵᠢ ᠶᠢ ᠨᠢ ᠰᠡᠷᠭᠦᠭᠡᠵᠦ ᠳᠡᠶᠢᠯᠬᠦ ᠦᠭᠡᠢ ᠪᠠᠶᠢᠪᠠᠯ᠂ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠰᠦᠢᠳᠬᠡᠯ ᠲᠤᠰᠢᠶᠠᠵᠤ᠂ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠳᠤ ᠲᠤᠰᠬᠠᠶ ᠬᠡᠷᠡᠭᠯᠡᠬᠦ ᠬᠡᠷᠡᠭᠲᠡᠶ᠃ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠲᠤᠰᠬᠠᠶ ᠵᠦᠢᠯ ᠢ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠬᠤᠷᠢᠶᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠪᠦᠳᠦᠭᠡᠠ ᠪᠠᠶᠢᠭᠤᠯᠤᠯᠲᠠ ᠶᠢᠨ ᠶᠠᠪᠤᠴᠠ ᠳᠤ ᠪᠠ ᠦᠢᠯᠡᠳᠪᠦᠷᠢᠯᠡᠯ ᠤᠨ ᠶᠠᠪᠤᠴᠠ ᠳᠤ ᠭᠠᠷᠤᠭᠰᠠᠨ ᠬᠥᠷᠥᠰᠥ ᠰᠢᠷᠣᠶ ᠶᠢ ᠬᠠᠮᠠᠭᠠᠯᠠᠬᠤ ᠵᠠᠷᠤᠳᠠᠯ ᠢ ᠤᠯᠤᠰ ᠤᠨ ᠨᠢᠭᠡᠳᠦᠯᠲᠡᠶ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠤ ᠲᠦᠷᠢᠮ ᠶᠣᠰᠣᠭᠠᠷ ᠰᠢᠢᠳᠪᠦᠷᠢᠯᠡᠨ᠎ᠡ᠃      ᠭᠤᠴᠢᠨ ᠭᠤᠷᠪᠠᠳᠤᠭᠠᠷ ᠵᠦᠢᠯ  ᠤᠯᠤᠰ ᠠᠴᠠ ᠨᠢᠭᠡᠴᠢ ᠪᠠ ᠬᠤᠪᠢ ᠬᠥᠮᠦᠨ ᠤ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢᠨ ᠶᠣᠰᠣᠭᠠᠷ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠬᠤ ᠪᠥᠭᠡᠳ ᠪᠡᠯᠡ ᠮᠥᠩᠭᠦ᠂ ᠲᠧᠭᠨᠢᠭ ᠮᠡᠷᠭᠡᠵᠢᠯ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠲᠡᠳᠬᠦᠨ ᠳᠡᠮᠵᠢᠨ᠎ᠡ᠃      ᠭᠤᠴᠢᠨ ᠳᠥᠷᠪᠡᠳᠦᠭᠡᠷ ᠵᠦᠢᠯ  ᠤᠯᠤᠰ ᠠᠴᠠ ᠠᠭᠯᠠᠭ ᠠᠭᠤᠯᠠ᠂ ᠲᠠᠴᠢᠷ ᠭᠤᠦ᠂ ᠬᠠᠯᠴᠠᠭᠠᠶ ᠲᠤᠪᠦ᠂ ᠡᠵᠡᠭᠦᠶ ᠲᠡᠩ ᠢ ᠳᠠᠭᠠᠭᠠᠴᠢᠯᠠᠨ ᠵᠠᠰᠠᠬᠤ ᠶᠢ ᠵᠣᠷᠢᠭᠵᠢᠭᠤᠯᠤᠨ ᠲᠡᠮᠵᠢᠵᠦ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠵᠤ᠂ ᠠᠮᠢ ᠠᠬᠤᠶ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠪᠠ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠪᠥᠭᠡᠳ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃      ᠠᠭᠯᠠᠭ ᠠᠭᠤᠯᠠ᠂ ᠲᠠᠴᠢᠷ ᠭᠤᠦ᠂ ᠬᠠᠯᠴᠠᠭᠠᠶ ᠲᠤᠪᠦ᠂ ᠡᠵᠡᠭᠦᠶ ᠲᠠᠩ ᠢ ᠳᠠᠭᠠᠭᠠᠴᠢᠯᠠᠨ ᠵᠠᠰᠠᠬᠤ ᠪᠠ ᠬᠥᠷᠥᠰᠥ ᠰᠢᠷᠣᠶ ᠶᠢᠨ ᠢᠳᠡᠭᠳᠡᠯ ᠢᠶᠠᠷ ᠬᠦᠨᠳᠦ ᠨᠣᠴᠢᠲᠠᠶ ᠭᠠᠵᠠᠷ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠶ ᠶᠢ ᠳᠠᠭᠠᠭᠠᠴᠢᠯᠠᠬᠤ ᠳᠤ ᠬᠦᠷᠪᠡᠯ᠂ ᠬᠠᠤᠯᠢ ᠶᠣᠰᠣᠭᠠᠷ ᠲᠣᠭᠲᠠᠭᠠᠭᠰᠠᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ ᠳᠤ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠬᠠᠷᠢᠭᠤᠴᠠᠯᠭ᠎ᠠ ᠶᠢᠨ ᠠᠭᠤᠯᠭ᠎ᠠ ᠶᠢ ᠪᠠᠭᠲᠠᠭᠠᠬᠤ ᠬᠡᠷᠡᠭᠲᠡᠶ᠃      ᠭᠤᠴᠢᠨ ᠲᠠᠪᠤᠳᠤᠭᠠᠷ ᠵᠦᠢᠯ  ᠤᠰᠤᠨ ᠤ ᠬᠦᠴᠦᠨ ᠳᠤ ᠢᠳᠡᠭᠳᠡᠭᠰᠡᠨ ᠭᠠᠵᠠᠷ ᠣᠷᠣᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠠ ᠬᠤᠪᠢ ᠬᠥᠮᠦᠨ ᠢ ᠵᠣᠬᠢᠶᠠᠨ ᠪᠠᠶᠢᠭᠤᠯᠵᠤ᠂ ᠪᠠᠶᠢᠭᠠᠯᠢ ᠶᠢᠨ ᠭᠤᠤ ᠭᠠᠩᠭ᠎ᠠ ᠵᠢᠴᠢ ᠲᠡᠭᠦᠨ ᠤ ᠬᠤᠶᠠᠷ ᠬᠠᠵᠠᠭᠤ ᠶᠢᠨ ᠠᠭᠤᠯᠠᠨ ᠬᠥᠲᠥᠯ ᠢᠶᠠᠷ ᠪᠦᠷᠢᠯᠳᠦᠭᠰᠡᠨ ᠵᠢᠵᠢᠭ ᠰᠠᠪᠠ ᠭᠠᠵᠠᠷ ᠢᠶᠠᠷ ᠨᠢᠭᠡᠴᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠠᠷᠢᠯᠭ᠎ᠠ ᠶᠢᠨ ᠠᠷᠭ᠎ᠠ ᠬᠡᠮᠵᠢᠶ᠎ᠡ᠂ ᠤᠷᠭᠤᠮᠠᠯ ᠤᠨ ᠠᠷᠭ᠎ᠠ ᠬᠡᠮᠵᠢᠶ᠎ᠡ ᠪᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠨᠠᠯᠠᠤ ᠲᠠᠷᠢᠶᠠᠨ ᠭᠠᠵᠠᠷ ᠪᠠ ᠭᠤᠤ ᠰᠤᠪᠠᠭ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠬᠡᠷᠡᠭᠲᠡᠶ᠃      ᠰᠠᠯᠬᠢᠨ ᠤ ᠬᠦᠴᠦᠨ ᠳᠤ ᠢᠳᠡᠭᠳᠡᠭᠰᠡᠨ ᠭᠠᠵᠠᠷ ᠣᠷᠣᠨ ᠳᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠠ ᠬᠤᠪᠢ ᠬᠥᠮᠦᠨ ᠢ ᠵᠣᠬᠢᠶᠠᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠭᠡᠯᠵᠢᠯᠡᠨ ᠪᠢᠲᠡᠭᠦᠮᠵᠢᠯᠡᠵᠦ ᠡᠭᠡᠯᠵᠢᠯᠡᠨ ᠮᠠᠯᠵᠢᠬᠤ᠂ ᠡᠪᠡᠰᠦ ᠮᠣᠳᠣ ᠲᠠᠷᠢᠬᠤ᠂ ᠵᠣᠬᠢᠶᠠᠮᠠᠯ ᠡᠯᠡᠰᠦᠨ ᠬᠠᠯᠬᠠᠪᠴᠢ ᠪᠠ ᠲᠣᠣᠷᠯᠢᠭ ᠤᠢ ᠶᠢᠨ ᠪᠦᠰᠡ ᠭᠠᠷᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃      ᠬᠦᠨᠳᠦ ᠶᠢᠨ ᠬᠦᠴᠦᠨ ᠤ ᠢᠳᠡᠭᠳᠡᠯ ᠤᠨ ᠭᠠᠵᠠᠷ ᠣᠷᠣᠨ ᠳᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠠ ᠬᠤᠪᠢ ᠬᠥᠮᠦᠨ ᠢ ᠵᠣᠬᠢᠶᠠᠨ ᠪᠠᠶᠢᠭᠤᠯᠵᠤ᠂ ᠬᠢᠨᠠᠨ ᠬᠡᠮᠵᠢᠬᠦ᠂ ᠤᠷᠤᠰᠬᠠᠯ ᠢ ᠵᠠᠯᠠᠬᠤ᠂ ᠨᠠᠯᠠᠤ ᠶᠢ ᠲᠡᠭᠰᠢᠯᠡᠵᠦ ᠠᠴᠢᠶ᠎ᠠ ᠶᠢ ᠪᠠᠭᠠᠰᠬᠠᠬᠤ᠂ ᠲᠤᠯᠵᠤ ᠬᠠᠰᠢᠵᠤ ᠨᠠᠯᠠᠤ ᠶᠢ ᠪᠠᠬᠢᠯᠡᠬᠦ᠂ ᠬᠠᠰᠢᠵᠤ ᠬᠤᠷᠢᠭᠯᠠᠬᠤ ᠪᠠᠷᠢᠯᠭ᠎ᠠ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠬᠤ ᠬᠡᠷᠡᠭᠲᠡᠶ᠃      ᠭᠤᠴᠢᠨ ᠵᠢᠷᠭᠤᠳᠤᠭᠠᠷ ᠵᠦᠢᠯ   ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠡᠴᠢ ᠪᠣᠯᠤᠨ ᠬᠤᠪᠢ ᠬᠥᠮᠦᠨ ᠢ ᠵᠣᠬᠢᠶᠠᠨ ᠪᠠᠶᠢᠭᠤᠯᠵᠤ᠂ ᠤᠷᠢᠳᠴᠢᠯᠠᠨ ᠰᠡᠷᠭᠡᠶᠢᠯᠡᠵᠦ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠤᠷᠭᠤᠮᠠᠯ ᠤᠨ ᠱᠦᠭᠦᠬᠦ ᠪᠦᠰᠡ ᠶᠢ ᠢᠵᠢ ᠪᠦᠷᠢᠳᠦᠭᠦᠯᠦᠨ ᠪᠠᠶᠢᠭᠤᠯᠵᠤ᠂ ᠨᠠᠮᠤᠭ ᠤᠨ ᠬᠡᠢ ᠶᠢ ᠢᠳᠡᠪᠬᠢᠲᠡᠶ ᠪᠠᠷ ᠳᠡᠯᠭᠡᠷᠡᠭᠦᠯᠦᠨ᠂ ᠵᠢᠵᠢᠭ ᠰᠠᠪᠠ ᠭᠠᠵᠠᠷ ᠢ ᠴᠡᠪᠡᠷᠰᠢᠭᠦᠯᠬᠦ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠶ ᠶᠢᠨ ᠢᠳᠡᠭᠳᠡᠯ ᠠᠴᠠ ᠪᠣᠯᠤᠭᠰᠠᠨ ᠤᠯᠠᠨ ᠡᠬᠢᠳᠤ ᠪᠣᠬᠢᠷᠲᠤᠯ ᠢ ᠪᠠᠭᠠᠰᠬᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠡᠷᠡᠭᠲᠡᠶ᠃      ᠭᠤᠴᠢᠨ ᠳᠣᠯᠣᠳᠤᠭᠠᠷ ᠵᠦᠢᠯ  ᠠᠳᠠᠷ ᠬᠠᠭᠠᠯᠪᠤᠷᠢᠯᠠᠬᠤ ᠶᠢ ᠴᠠᠭᠠᠵᠠᠯᠠᠭᠰᠠᠨ ᠡᠭᠴᠡ ᠬᠥᠲᠥᠯ ᠳᠡᠭᠡᠷ᠎ᠡ ᠨᠢᠭᠡᠨᠲᠡ ᠠᠳᠡᠷ ᠬᠠᠭᠠᠯᠪᠤᠷᠢᠯᠠᠵᠤ ᠲᠠᠷᠢᠮᠠᠯ ᠲᠡᠷᠢᠬᠰᠡᠠ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠷᠢᠶᠠᠯᠠᠬᠤ ᠶᠢ ᠵᠣᠭᠰᠣᠭᠠᠵᠤ᠂ ᠡᠪᠡᠰᠦ ᠮᠣᠳᠣ ᠲᠡᠷᠢᠬᠤ ᠬᠡᠷᠡᠭᠲᠡᠶ︔ ᠲᠠᠷᠢᠶᠠᠨ ᠭᠠᠵᠠᠷ ᠳᠤᠲᠠᠭᠳᠠᠵᠤ᠂ ᠲᠠᠷᠢᠶᠠᠯᠠᠬᠤ ᠶᠢ ᠵᠣᠭᠰᠣᠭᠠᠬᠤ ᠳᠤ ᠦᠨᠡᠨ ᠬᠦ ᠬᠦᠴᠢᠷᠳᠡᠯ ᠲᠠᠢ ᠪᠠᠶᠢᠪᠠᠯ᠂ ᠱᠠᠲᠤᠨ ᠲᠠᠷᠢᠶ᠎ᠠ ᠲᠠᠷᠢᠬᠤ ᠪᠤᠶᠤ ᠬᠥᠷᠥᠰᠥ ᠰᠢᠷᠣᠶ ᠶᠢ ᠬᠠᠮᠠᠭᠠᠯᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠶ᠃      ᠠᠳᠡᠷ ᠬᠠᠭᠠᠯᠪᠤᠷᠢᠯᠠᠬᠤ ᠶᠢ ᠴᠠᠭᠠᠵᠠᠯᠠᠭᠰᠠᠨ ᠨᠠᠯᠠᠤᠴᠠ ᠠᠴᠠ ᠳᠣᠷᠣᠭᠰᠢᠬᠢ ᠨᠠᠯᠠᠤ ᠲᠠᠷᠢᠶᠠᠨ ᠭᠠᠵᠠᠷ ᠳᠡᠭᠡᠷ᠎ᠡ ᠠᠳᠡᠷ ᠬᠠᠭᠠᠯᠪᠤᠷᠢᠯᠠᠵᠤ ᠲᠡᠷᠢᠶ᠎ᠠ ᠲᠡᠷᠢᠬᠤ ᠳᠤ ᠬᠦᠷᠪᠡᠯ᠂ ᠠᠳᠠᠯᠢ ᠪᠤᠰᠤ ᠪᠠᠶᠢᠳᠠᠯ ᠢ ᠦᠨᠳᠦᠰᠦᠯᠡᠨ ᠱᠠᠲᠤᠨ ᠲᠡᠷᠢᠶ᠎ᠠ ᠵᠠᠰᠠᠬᠤ᠂ ᠨᠠᠯᠠᠤ ᠶᠢᠨ ᠭᠠᠳᠠᠷᠭᠤ ᠶᠢᠨ ᠤᠰᠦᠠ ᠰᠢᠰᠲ᠋ᠧᠮ ᠢ ᠵᠠᠰᠠᠬᠤ᠂ ᠤᠰᠤ ᠬᠠᠳᠠᠭᠠᠯᠠᠵᠤ ᠬᠥᠷᠥᠰᠥ ᠰᠢᠷᠣᠶ ᠶᠢ ᠬᠠᠮᠠᠭᠠᠯᠠᠨ ᠲᠡᠷᠢᠬᠤ ᠪᠤᠶᠤ ᠲᠠᠷᠢᠶᠠᠯᠠᠬᠤ ᠶᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃      ᠭᠤᠴᠢᠨ ᠨᠠᠢᠮᠠᠳᠤᠭᠠᠷ ᠵᠦᠢᠯ  ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠳᠤ ᠡᠵᠡᠯᠡᠨ ᠬᠡᠷᠡᠭᠯᠡᠭᠰᠡᠨ ᠭᠠᠵᠠᠷ ᠰᠢᠷᠣᠶ ᠶᠢᠨ ᠬᠥᠷᠥᠰᠥ ᠰᠢᠷᠣᠶ ᠶᠢ ᠲᠠᠪᠬᠤᠷᠭ᠎ᠠ ᠬᠤᠪᠢᠶᠠᠨ ᠰᠠᠯᠭᠠᠵᠤ᠂ ᠬᠠᠳᠠᠭᠠᠯᠠᠬᠤ ᠪᠠ ᠠᠰᠢᠭᠯᠠᠵᠤ᠂ ᠰᠢᠷᠣᠶ ᠴᠢᠯᠠᠭᠤ ᠶᠢ ᠮᠠᠯᠲᠠᠵᠤ ᠪᠥᠭᠯᠡᠬᠦ ᠶᠢ ᠲᠡᠩᠴᠡᠭᠦᠷᠢᠲᠡᠶ ᠪᠠᠶᠢᠯᠭᠠᠵᠤ᠂ ᠭᠠᠵᠠᠷ ᠤᠨ ᠭᠠᠳᠠᠷᠭᠤ ᠶᠢᠨ ᠰᠠᠮᠠᠭᠤᠷᠠᠭᠤᠯᠬᠤ ᠬᠡᠪᠴᠢᠶ᠎ᠡ ᠶᠢ ᠪᠠᠭᠠᠰᠬᠠᠬᠤ ᠬᠡᠷᠡᠭᠲᠡᠶ︔ ᠬᠠᠶᠠᠭᠳᠠᠮᠠᠯ ᠡᠯᠡᠰᠦ᠂ ᠴᠢᠯᠠᠭᠤ᠂ ᠰᠢᠷᠣᠢ᠂ ᠨᠡᠭᠦᠷᠡᠰᠦᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠶᠢ ᠬᠠᠳᠠᠭᠠᠯᠠᠵᠤ ᠪᠠᠶᠢᠭ᠎ᠠ ᠭᠠᠵᠠᠷ ᠲᠤ ᠬᠠᠰᠢᠬᠤ᠂ ᠨᠠᠯᠠᠤ ᠶᠢᠨ ᠭᠠᠳᠠᠷᠭᠤ ᠶᠢ ᠰᠡᠷᠭᠡᠶᠢᠯᠡᠨ ᠬᠠᠮᠠᠭᠠᠯᠠᠬᠤ᠂ ᠦᠶᠡᠷ ᠢ ᠰᠡᠷᠭᠡᠶᠢᠯᠡᠨ ᠵᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠳᠠᠭᠤᠰᠤᠭᠰᠠᠨ ᠤ ᠲᠡᠷᠠᠭ᠎ᠠ᠂ ᠰᠢᠷᠣᠶ ᠠᠪᠬᠤ ᠲᠡᠯᠡᠪᠡᠢ᠂ ᠮᠠᠯᠲᠠᠬᠤ ᠭᠠᠵᠠᠷ ᠪᠠ ᠬᠠᠳᠠᠭᠠᠯᠠᠵᠤ ᠲᠠᠯᠪᠢᠭᠰᠠᠨ ᠭᠠᠵᠠᠷ ᠤᠨ ᠨᠢᠴᠦᠭᠦᠨ ᠭᠠᠵᠠᠷ ᠳᠡᠭᠡᠷ᠎ᠡ ᠴᠠᠭ ᠲᠤᠬᠠᠶ ᠳᠤᠨᠢ ᠡᠪᠡᠰᠦ ᠮᠣᠳᠣ ᠲᠡᠷᠢᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠬᠥᠮᠥᠷᠭᠡ ᠪᠠᠨ ᠬᠠᠭᠠᠭᠰᠠᠨ ᠦᠯᠡᠳᠡᠭᠳᠡᠯ ᠬᠦᠳᠡᠷ ᠤᠨ ᠬᠥᠮᠥᠷᠭᠡ ᠶᠢ ᠲᠡᠬᠢᠠ ᠬᠠᠭᠠᠯᠪᠤᠷᠢᠯᠠᠬᠤ ᠬᠡᠷᠡᠭᠲᠡᠶ᠃      ᠭᠠᠩ ᠬᠠᠭᠤᠷᠠᠶ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠬᠢᠬᠦ ᠳᠡᠭᠡᠨ ᠰᠠᠯᠬᠢᠨ ᠤ ᠬᠦᠴᠦᠨ ᠤ ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠬᠤᠷ᠎ᠠ ᠲᠤᠨᠳᠠᠰᠤᠨ ᠤ ᠨᠡᠪᠴᠢᠯᠲᠡ ᠶᠢᠨ ᠲᠥᠬᠦᠭᠡᠷᠦᠮᠵᠢ ᠲᠣᠬᠢᠷᠠᠭᠤᠯᠵᠤ᠂ ᠬᠤᠷ᠎ᠠ ᠲᠤᠨᠳᠠᠰᠤᠨ ᠤ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠶ᠃      ᠭᠤᠴᠢ ᠶᠢᠰᠦᠳᠦᠭᠡᠷ ᠵᠦᠢᠯ  ᠤᠯᠤᠰ ᠠᠴᠠ ᠠᠭᠤᠯᠠᠷᠬᠠᠭ ᠣᠷᠣᠨ᠂ ᠳᠣᠪᠣᠷᠬᠠᠭ ᠣᠷᠣᠨ᠂ ᠰᠠᠯᠬᠢ ᠰᠢᠭᠤᠷᠭᠠᠲᠤ ᠣᠷᠣᠨ ᠵᠢᠴᠢ ᠬᠥᠷᠥᠰᠥ ᠰᠢᠷᠣᠶ ᠶᠢᠨ ᠢᠳᠡᠭᠳᠡᠯ ᠠᠮᠠᠷᠬᠠᠨ ᠡᠭᠦᠰᠳᠡᠭ ᠪᠤᠰᠤᠳ ᠣᠷᠣᠨ ᠳᠤ ᠬᠥᠷᠥᠰᠥ ᠰᠢᠷᠣᠶ ᠶᠢ ᠬᠠᠮᠠᠭᠠᠯᠠᠬᠤ ᠳᠤ ᠠᠰᠢᠭᠲᠠᠶ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠶᠢ ᠵᠣᠷᠢᠭᠵᠢᠭᠤᠯᠤᠨ ᠲᠡᠮᠵᠢᠨ᠎ᠠ᠄      ︵ᠨᠢᠭᠡ︶ ᠬᠠᠭᠠᠯᠪᠤᠷᠢᠯᠠᠬᠤ ᠤᠢᠭᠡᠢ ᠪᠠᠷ ᠲᠡᠷᠢᠬᠤ᠂ ᠲᠡᠩᠴᠡᠭᠦᠦ ᠬᠡᠮᠵᠢᠶ᠎ᠡ ᠪᠠᠷ ᠲᠡᠷᠢᠬᠤ᠂ ᠡᠭᠡᠯᠵᠢᠯᠡᠨ ᠲᠡᠷᠢᠬᠤ᠂ ᠡᠪᠡᠰᠦ ᠲᠡᠷᠢᠶ᠎ᠠ ᠶᠢ ᠡᠭᠡᠯᠵᠢᠯᠡᠨ ᠲᠡᠷᠢᠬᠤ᠂ ᠠᠯᠠᠭᠯᠠᠨ ᠲᠤᠬᠤᠵᠦ ᠲᠡᠷᠢᠬᠤ ᠵᠡᠷᠭᠡ︔      ︵ᠬᠤᠶᠠᠷ︶ ᠪᠢᠲᠡᠭᠦᠮᠵᠢᠯᠡᠨ ᠴᠠᠭᠠᠵᠠᠯᠠᠵᠤ ᠠᠷᠠᠴᠢᠯᠠᠨ ᠪᠤᠶᠢᠵᠢᠭᠤᠯᠬᠤ᠂ ᠡᠭᠡᠯᠵᠢᠯᠡᠨ ᠪᠢᠲᠡᠭᠦᠮᠵᠢᠯᠡᠵᠦ ᠡᠭᠡᠯᠵᠢᠯᠡᠨ ᠮᠠᠯᠵᠢᠬᠤ᠂ ᠬᠠᠰᠢᠶᠠᠯᠠᠨ ᠲᠡᠵᠢᠭᠡᠬᠦ︔      ︵ᠭᠤᠷᠪᠠ︶ ᠨᠠᠮᠤᠭ ᠤᠨ ᠬᠡᠢ᠂ ᠲᠦᠯᠡᠭᠡ ᠠᠷᠪᠢᠯᠠᠬᠤ ᠵᠤᠤᠬ᠎ᠠ ᠶᠢ ᠬᠥᠭᠵᠢᠭᠦᠯᠵᠦ᠂ ᠨᠡᠷᠡᠨ ᠤ ᠡᠨᠧᠷᠭᠢ᠂ ᠰᠠᠯᠬᠢᠨ ᠤ ᠡᠨᠧᠷᠭᠢ ᠪᠠ ᠤᠰᠤᠨ ᠤ ᠡᠨᠧᠷᠭᠢ ᠶᠢ ᠠᠰᠢᠭᠯᠠᠨ᠂ ᠨᠡᠭᠦᠷᠡᠰᠦ᠂ ᠴᠠᠬᠢᠯᠭᠠᠨ᠂ ᠬᠡᠢ ᠪᠠᠷ ᠲᠦᠯᠡᠭᠡ ᠲᠦᠯᠡᠰᠢ ᠶᠢ ᠣᠷᠣᠯᠠᠭᠤᠯᠬᠤ ᠵᠡᠷᠭᠡ︔      ︵ᠲᠦᠷᠪᠡ︶ ᠠᠮᠢ ᠠᠬᠤᠶ ᠬᠡᠪᠡᠷᠡᠭ ᠭᠠᠵᠠᠷ ᠣᠷᠣᠨ ᠤ ᠠᠷᠠᠳ ᠢ ᠭᠠᠳᠠᠭᠰᠢ ᠨᠡᠭᠦᠯᠭᠡᠬᠦ︔      ︵ᠲᠠᠪᠤ︶ ᠬᠥᠷᠥᠰᠥ ᠰᠢᠷᠣᠶ ᠶᠢ ᠬᠠᠮᠠᠭᠠᠯᠠᠬᠤ ᠳᠤ ᠠᠰᠢᠭᠲᠠᠶ ᠪᠤᠰᠤᠳ ᠠᠷᠭ᠎ᠠ ᠬᠡᠮᠵᠢᠶ᠎ᠡ ᠨᠦᠭᠦᠳ᠃          ᠲᠠᠪᠤᠳᠤᠭᠠᠷ ᠪᠦᠯᠦᠭ  ᠬᠢᠨᠠᠨ ᠰᠢᠯᠭᠠᠬᠤ ᠪᠠ ᠬᠢᠨᠠᠯᠲᠠ ᠲᠠᠯᠪᠢᠬᠤ          ᠳᠥᠴᠢᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠢᠶᠠᠨ ᠴᠢᠩᠭᠠᠳᠬᠠᠵᠤ᠂ ᠵᠠᠰᠠᠭ ᠤᠨ ᠣᠷᠳᠣᠨ ᠤ ᠰᠢᠢᠳᠪᠦᠷᠢᠳᠦ ᠪᠤᠳᠤᠯᠭ᠎ᠠ ᠲᠣᠭᠲᠠᠭᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠳᠤᠮᠳᠠᠬᠢ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠤᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯ ᠤᠨ ᠵᠠᠷᠤᠳᠠᠯ ᠰᠦᠢᠳᠭᠡᠯ ᠢ ᠪᠠᠳᠤᠯᠠᠬᠤ ᠬᠡᠷᠡᠭᠲᠡᠢ᠃      ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠲᠣᠣᠷ ᠢ ᠲᠡᠭᠦᠯᠳᠡᠷᠵᠢᠭᠦᠯᠵᠦ᠂ ᠪᠦᠬᠦ ᠤᠯᠤᠰ ᠤᠨ ᠬᠥᠷᠥᠰᠥ ᠰᠢᠷᠦᠢ ᠶᠢᠨ ᠢᠳᠡᠭᠳᠡᠯ ᠳᠤ ᠬᠦᠳᠡᠯᠦᠩᠬᠦᠢ ᠬᠢᠨᠠᠨ ᠬᠡᠮᠵᠢᠯᠳᠡ ᠬᠢᠬᠦ ᠬᠡᠷᠡᠭᠲᠡᠢ᠃      ᠳᠥᠴᠢᠨ ᠨᠢᠭᠡᠳᠦᠭᠡᠷ ᠵᠦᠢᠯ  ᠬᠦᠷᠦᠰᠦ ᠰᠢᠷᠣᠶ ᠶᠢᠨ ᠬᠦᠨᠳᠦ ᠨᠣᠴᠢᠲᠠᠶ ᠢᠳᠡᠭᠳᠡᠯ ᠢ ᠪᠤᠢ ᠪᠣᠯᠭᠠᠵᠤ ᠮᠡᠳᠡᠬᠦ ᠲᠤᠮᠦ ᠳᠤᠮᠳᠠ ᠬᠡᠯᠪᠡᠷᠢ ᠶᠢᠨ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠨᠢᠭᠡᠴᠢ ᠥᠪᠡᠰᠦᠪᠡᠨ ᠪᠤᠶᠤ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠬᠦ ᠬᠢᠷᠢ ᠴᠢᠳᠠᠯ ᠲᠠᠢ ᠪᠠᠶᠢᠭᠤᠯᠤᠮᠵᠢ ᠳᠤ ᠨᠠᠶᠢᠳᠠᠵᠤ᠂ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠠᠴᠠ ᠪᠣᠯᠤᠭᠰᠠᠨ ᠬᠥᠷᠥᠰᠥ ᠰᠢᠷᠣᠶ ᠶᠢᠨ ᠢᠳᠡᠭᠳᠡᠯ ᠢ ᠬᠢᠨᠠᠨ ᠬᠡᠮᠵᠢᠬᠦ ᠶᠢᠨ ᠬᠠᠮᠲᠤ ᠬᠢᠨᠠᠨ ᠬᠡᠮᠵᠢᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶ ᠶᠢᠨ ᠭᠠᠵᠠᠷ ᠤᠨ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠠᠵᠢᠯᠯᠠᠭ᠎ᠠ ᠬᠢᠬᠦ ᠳᠡᠭᠡᠨ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠪᠠ ᠳᠦᠷᠢᠮᠵᠢᠯ ᠢ ᠵᠢᠷᠤᠮᠯᠠᠵᠤ᠂ ᠬᠢᠨᠠᠨ ᠬᠡᠮᠵᠢᠯᠲᠡ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ᠃      ᠳᠥᠴᠢᠨ ᠬᠤᠶᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠪᠠᠶᠢᠳᠠᠯ ᠢ ᠦᠨᠳᠦᠰᠦᠯᠡᠨ᠂ ᠳᠣᠣᠷ᠎ᠠ ᠵᠢᠭᠰᠠᠭᠠᠭᠰᠠᠨ ᠵᠦᠢᠯᠡᠰ ᠢ ᠢᠯᠡ ᠵᠠᠷᠯᠠᠬᠤ ᠬᠡᠷᠡᠭᠲᠡᠢ᠄      ︵ᠨᠢᠭᠡ︶ ᠬᠥᠷᠥᠰᠥ ᠰᠢᠷᠣᠶ ᠶᠢᠨ ᠢᠳᠡᠭᠳᠡᠯ ᠤᠨ ᠲᠦᠷᠦᠯ ᠬᠡᠯᠪᠡᠷᠢ᠂ ᠲᠠᠯᠠᠪᠠᠢ᠂ ᠬᠦᠴᠦᠯᠡᠴᠡ᠂ ᠲᠠᠷᠬᠠᠯᠲᠠ ᠶᠢᠨ ᠪᠠᠶᠢᠳᠠᠯ ᠪᠠ ᠬᠤᠪᠢᠷᠠᠯᠲᠠ ᠶᠢᠨ ᠬᠠᠨᠳᠤᠰᠢ︔      ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠠᠴᠠ ᠪᠣᠯᠤᠭᠰᠠᠨ ᠬᠤᠣᠷ ᠬᠥᠨᠥᠭᠡᠯ︔      ︵ᠭᠤᠷᠪᠠ︶ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠵᠦ ᠵᠠᠰᠠᠭᠰᠠᠨ ᠪᠠᠶᠢᠳᠠᠯ᠃      ᠳᠥᠴᠢᠨ ᠭᠤᠷᠪᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠥᠷᠥᠰᠥ ᠰᠢᠷᠣᠶ ᠶᠢ ᠬᠠᠮᠠᠭᠠᠯᠠᠵᠤ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠯᠳᠠ ᠬᠢᠬᠦ ᠶᠢ ᠬᠠᠷᠢᠭᠤᠴᠠᠨ᠎ᠠ᠃ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠷᠢᠶᠠᠯᠠᠯ ᠤᠨ ᠢᠶᠠᠨ ᠬᠡᠪᠴᠢᠶᠡᠨ ᠳᠣᠲᠣᠷ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠲᠤᠰᠢᠶᠠᠯ ᠢ ᠭᠦᠢᠴᠡᠳᠬᠡᠵᠦ ᠪᠣᠯᠤᠨ᠎ᠠ᠃      ᠳᠥᠴᠢᠨ ᠳᠥᠷᠪᠡᠳᠦᠭᠡᠷ ᠵᠦᠢᠯ  ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠳᠠᠨ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠦᠶ᠎ᠡ ᠳᠤ᠂ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄      ︵ᠨᠢᠭᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔      ︵ᠬᠤᠶᠠᠷ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠵᠦ ᠵᠠᠰᠠᠭᠰᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔      ︵ᠭᠤᠷᠪᠠ︶ ᠲᠤᠬᠠᠶ ᠶᠢᠨ ᠲᠠᠯᠠᠪᠤᠷ ᠲᠤ ᠣᠴᠢᠵᠤ ᠪᠠᠶᠢᠴᠠᠭᠠᠯᠲᠠ ᠬᠢᠵᠦ᠂ ᠭᠡᠷᠡᠴᠢ ᠠᠪᠬᠤ᠃      ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠠᠨ ᠵᠣᠭᠰᠣᠭᠠᠬᠤ ᠶᠢ ᠲᠡᠪᠴᠢᠵᠦ᠂ ᠬᠥᠷᠥᠰᠥ ᠰᠢᠷᠣᠶ ᠶᠢᠨ ᠬᠦᠨᠳᠦ ᠨᠣᠴᠢᠲᠠᠶ ᠢᠳᠡᠭᠳᠡᠯ ᠢ ᠪᠤᠢ ᠪᠣᠯᠭᠠᠭᠰᠠᠨ ᠪᠠᠶᠢᠪᠠᠯ᠂ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠡᠳ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ ᠪᠠᠭᠠᠵᠢ ᠬᠡᠷᠡᠭᠰᠡᠯ ᠵᠢᠴᠢ ᠪᠠᠷᠢᠯᠭ᠎ᠠ ᠶᠢᠨ ᠮᠠᠰᠢᠨ ᠮᠧᠬᠠᠨᠢᠭ᠂ ᠲᠤᠨᠤᠭ ᠲᠥᠬᠦᠭᠡᠷᠦᠮᠵᠢ ᠵᠡᠷᠭᠡ ᠶᠢ ᠪᠠᠶᠢᠴᠠᠭᠠᠨ ᠪᠢᠲᠡᠭᠦᠮᠵᠢᠯᠡᠵᠦ᠂ ᠳᠠᠷᠤᠵᠤ ᠠᠪᠴᠤ ᠪᠣᠯᠤᠨ᠎ᠠ᠃      ᠳᠥᠴᠢᠨ ᠲᠠᠪᠤᠳᠤᠭᠠᠷ ᠵᠦᠢᠯ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠳᠠᠨ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠳᠤ ᠬᠠᠮᠵᠢᠯᠴᠠᠵᠤ᠂ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠢ ᠬᠠᠩᠭᠠᠬᠤ ᠬᠡᠷᠡᠭᠲᠡᠶ︔ ᠤᠰᠤᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯᠲᠠᠳ ᠤᠨ ᠬᠠᠤᠯᠢ ᠶᠣᠰᠣᠭᠠᠷ ᠠᠯᠪᠠᠨ ᠠᠵᠢᠯ ᠢᠶᠠᠨ ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃      ᠳᠥᠴᠢᠨ ᠵᠢᠷᠭᠤᠳᠤᠭᠠᠷ ᠵᠦᠢᠯ   ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠤ ᠬᠤᠭᠤᠷᠣᠨᠳᠣ ᠬᠥᠷᠥᠰᠥ ᠰᠢᠷᠣᠶ ᠶᠢᠨ ᠢᠳᠡᠭᠳᠡᠯ ᠤᠨ ᠵᠢᠭᠤᠷᠠᠯᠳᠤᠭᠠᠨ ᠭᠠᠷᠪᠠᠯ ᠵᠥᠪᠳᠡᠯᠴᠡᠵᠦ ᠪᠠᠶᠢᠭᠠᠳ  ᠰᠢᠢᠳᠪᠦᠷᠢᠯᠡᠬᠦ ᠬᠡᠷᠡᠭᠲᠡᠶ︔ ᠵᠥᠪᠳᠡᠯᠴᠡᠭᠡᠳ ᠪᠦᠲᠦᠬᠦ ᠤᠢᠭᠡᠢ ᠪᠣᠯ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠡᠰᠦᠯᠦᠠ ᠲᠣᠭᠲᠠᠭᠠᠨ᠎ᠠ᠃          ᠵᠢᠷᠭᠤᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ          ᠳᠥᠴᠢᠨ ᠳᠣᠯᠣᠳᠤᠭᠠᠷ ᠵᠦᠢᠯ  ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠨ ᠬᠠᠮᠢᠶᠠᠷᠬᠤ ᠡᠷᠬᠡ ᠲᠠᠢ ᠪᠤᠰᠤᠳ ᠰᠠᠯᠠᠭ᠎ᠠ ᠮᠥᠴᠢᠷ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠦᠭᠡᠢ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠭᠦᠢᠴᠡᠳᠬᠡᠭᠰᠡᠨ ᠦᠭᠡᠢ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠤᠶᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠠᠶᠢᠴᠠᠭᠠᠨ ᠰᠢᠢᠳᠪᠦᠷᠢᠯᠡᠭᠰᠡᠨ ᠦᠭᠡᠢ᠂ ᠡᠰᠡᠬᠦᠯ᠎ᠡ ᠲᠤᠰ ᠬᠠᠤᠯᠢ ᠶᠢᠨ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ᠃      ᠳᠥᠴᠢᠨ ᠨᠠᠢᠮᠠᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠨᠤᠷᠠᠵᠤ ᠶᠡᠭᠦᠷᠡᠬᠦ᠂ ᠶᠡᠭᠦᠷᠡᠬᠦ ᠠᠶᠤᠯᠲᠠᠶ ᠣᠷᠣᠨ ᠪᠤᠶᠤ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠳᠡᠭ ᠣᠷᠣᠨ ᠳᠤ ᠰᠢᠷᠣᠶ ᠠᠪᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠵᠡᠷᠭᠡ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠠᠵᠢᠯᠯᠠᠭ᠎ᠠ ᠬᠢᠭᠰᠡᠨ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠤᠪᠢ ᠬᠥᠮᠦᠨ ᠢ ᠮᠢᠩᠭᠠᠨ ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠨᠢᠭᠡᠴᠢ ᠶᠢ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃      ᠳᠥᠴᠢ ᠶᠢᠰᠦᠳᠦᠭᠡᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠠᠳᠠᠷ ᠬᠠᠭᠠᠯᠪᠤᠷᠢᠯᠠᠬᠤ ᠶᠢ ᠴᠠᠭᠠᠵᠠᠯᠠᠭᠰᠠᠨ ᠨᠠᠯᠠᠤᠴᠠ ᠠᠴᠠ ᠳᠡᠭᠡᠭᠰᠢᠬᠢ ᠡᠭᠴᠡ ᠨᠠᠯᠠᠤ ᠭᠠᠵᠠᠷ ᠢ ᠬᠠᠭᠠᠯᠪᠤᠷᠢᠯᠠᠵᠤ ᠲᠠᠷᠢᠮᠠᠯ ᠲᠠᠷᠢᠭᠰᠠᠨ᠂ ᠡᠰᠡᠬᠦᠯ᠎ᠡ ᠠᠳᠠᠷ ᠬᠠᠭᠠᠯᠪᠤᠷᠢᠯᠠᠬᠤ᠂ ᠨᠡᠭᠡᠭᠡᠨ ᠠᠰᠢᠭᠯᠠᠬᠤ ᠶᠢ ᠴᠠᠭᠠᠵᠠᠯᠠᠭᠰᠠᠨ ᠤᠷᠭᠤᠮᠠᠯ ᠤᠨ ᠬᠠᠮᠠᠭᠠᠯᠠᠯᠲᠠ ᠶᠢᠨ ᠪᠦᠰᠡ ᠶᠢᠨ ᠳᠣᠲᠣᠷ᠎ᠠ ᠠᠳᠠᠷ ᠬᠠᠭᠠᠯᠪᠤᠷᠢᠯᠠᠵᠤ᠂ ᠨᠡᠭᠡᠭᠡᠨ ᠠᠰᠢᠭᠯᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠠᠷᠢᠶᠠᠯᠠᠬᠤ ᠶᠢ ᠵᠣᠭᠰᠣᠭᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ︔ ᠬᠠᠭᠠᠯᠪᠤᠷᠢᠯᠠᠭᠰᠠᠨ ᠪᠤᠶᠤ ᠨᠡᠭᠡᠭᠡᠨ ᠠᠰᠢᠭᠯᠠᠭᠰᠠᠨ ᠲᠠᠯᠠᠪᠠᠢ ᠪᠠᠷ ᠨᠢ ᠬᠤᠪᠢ ᠬᠥᠮᠦᠨ ᠢ ᠲᠡᠭᠰᠢ ᠳᠥᠷᠪᠡᠯᠵᠢᠨ ᠮᠧᠲᠷ ᠪᠦᠷᠢ ᠳᠤ ᠬᠤᠶᠠᠷ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠨᠢᠭᠡᠴᠢ ᠶᠢ ᠲᠡᠭᠰᠢ ᠳᠥᠷᠪᠡᠯᠵᠢᠨ ᠮᠧᠲᠷ ᠪᠦᠷᠢ ᠳᠤ ᠠᠷᠪᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠲᠠᠪᠢᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠤᠢ ᠰᠢᠭᠤᠶ᠂ ᠨᠤᠲᠤᠭ ᠪᠡᠯᠴᠢᠭᠡᠷ ᠢ ᠡᠪᠳᠡᠵᠦ ᠠᠳᠡᠷ ᠬᠠᠭᠠᠯᠪᠤᠷᠢᠯᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠨ᠎ᠡ᠃      ᠲᠠᠪᠢᠨ ᠨᠢᠭᠡᠳᠦᠭᠡᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠭᠡᠵᠢᠭᠡ ᠡᠪᠡᠰᠦ ᠲᠡᠭᠦᠵᠦ ᠴᠤᠭᠯᠠᠭᠤᠯᠤᠭᠰᠠᠨ᠂ ᠡᠰᠡᠬᠦᠯ᠎ᠡ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠪᠠᠷ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠪᠠᠷ ᠵᠠᠰᠠᠬᠤ ᠣᠷᠣᠨ ᠳᠤ ᠵᠦᠯᠭᠡ ᠬᠤᠰᠤᠬᠤ᠂ ᠮᠣᠳᠣᠨ ᠦᠨᠳᠦᠰᠦ ᠮᠠᠯᠲᠠᠭᠰᠠᠨ᠂ ᠬᠤᠷᠣᠬᠠᠶ ᠡᠪᠡᠰᠦ᠂ ᠰᠢᠬᠢᠷ ᠡᠪᠡᠰᠦ᠂ ᠵᠡᠭᠡᠷᠭᠡᠨ᠎ᠡ ᠵᠡᠷᠭᠡ ᠶᠢ ᠳᠤᠷ᠎ᠠ ᠪᠠᠷ ᠢᠶᠠᠨ ᠮᠠᠯᠲᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠠᠶᠢᠬᠤ ᠤᠢᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠨᠤᠲᠤᠭ ᠪᠡᠯᠴᠢᠭᠡᠷ ᠤᠨ ᠭᠠᠵᠠᠷ ᠣᠷᠣᠨ ᠳᠤ ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠤᠢᠢᠯᠠ ᠠᠵᠢᠯᠯᠠᠭ᠎ᠠ ᠶᠢ ᠬᠢᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠨ᠎ᠡ᠃      ᠲᠡᠪᠢᠠ ᠬᠤᠶᠠᠳᠤᠭᠠᠷ ᠵᠦᠢᠯ  ᠤᠶᠢᠳᠤ ᠣᠷᠣᠨ ᠳᠤ ᠤᠢ ᠮᠣᠳᠣ ᠣᠭᠲᠣᠯᠬᠤ ᠳᠠᠭᠠᠨ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠤᠭᠰᠠᠨ ᠤᠢᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ︔ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ ᠪᠠᠶᠢᠪᠠᠯ᠂ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ ᠲᠠᠯᠠᠪᠠᠢ ᠶᠢ ᠨᠢ ᠦᠨᠳᠦᠰᠦᠯᠡᠵᠦ ᠲᠡᠭᠰᠢ ᠳᠥᠷᠪᠡᠯᠵᠢᠨ ᠮᠧᠲᠷ ᠪᠦᠷᠢ ᠳᠤ ᠬᠤᠶᠠᠷ ᠲᠥᠭᠦᠷᠢᠭ ᠠᠴᠠ ᠳᠡᠭᠡᠭᠰᠢ ᠠᠷᠪᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠠᠨ᠎ᠠ᠃      ᠲᠠᠪᠢᠨ ᠭᠤᠷᠪᠠᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠭᠠᠷ ᠭᠦᠢᠴᠡᠳᠬᠡᠯ ᠢ ᠨᠥᠬᠦᠵᠦ ᠬᠢᠯᠭᠡᠨ᠎ᠡ︔ ᠬᠤᠭᠤᠴᠠᠭ᠎ᠠ ᠬᠡᠲᠦᠷᠡᠲᠡᠯ᠎ᠡ ᠭᠠᠷ ᠭᠦᠢᠴᠡᠳᠬᠡᠯ ᠢ ᠨᠥᠬᠦᠪᠥᠷᠢᠯᠡᠨ ᠬᠢᠭᠰᠡᠨ ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ᠄      ︵ᠨᠢᠭᠡ︶ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠶᠣᠰᠣᠲᠠᠶ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠲᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠵᠣᠬᠢᠶᠠᠭᠰᠠᠨ ᠤᠢᠭᠡᠢ ᠪᠤᠶᠤ ᠨᠠᠶᠢᠷᠠᠭᠤᠯᠤᠨ ᠵᠣᠬᠢᠶᠠᠭᠰᠠᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠵᠥᠪᠰᠢᠶᠡᠷᠡᠭᠦᠯᠦᠭᠰᠡᠨ ᠤᠢᠭᠡᠢ ᠪᠠᠷ ᠠᠵᠢᠯ ᠡᠬᠢᠯᠡᠭᠦᠯᠵᠦ ᠪᠦᠳᠦᠭᠡᠠ ᠪᠠᠶᠢᠭᠤᠯᠤᠭᠰᠠᠨ︔      ︵ᠬᠤᠶᠠᠷ︶ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠭᠠᠵᠠᠷ ᠣᠷᠣᠨ᠂ ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶᠢᠲᠠᠯ᠎ᠠ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠨᠥᠬᠦᠪᠥᠷᠢᠯᠡᠭᠰᠡᠨ ᠤᠢᠭᠡᠢ᠂ ᠵᠠᠰᠠᠪᠤᠷᠢ ᠣᠷᠣᠭᠤᠯᠤᠭᠰᠠᠨ ᠤᠢᠭᠡᠢ ᠪᠤᠶᠤ ᠨᠥᠬᠦᠪᠥᠷᠢᠯᠡᠭᠰᠡᠨ᠂ ᠵᠠᠰᠠᠪᠤᠷᠢ ᠣᠷᠣᠭᠤᠯᠤᠭᠰᠠᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠤᠢᠭᠡᠢ ᠪᠠᠶᠢᠬᠤ︔      ︵ᠭᠤᠷᠪᠠ︶ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠦᠭᠡᠢ ᠪᠠᠷ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠭᠠᠭᠰᠠᠨ᠃      ᠲᠡᠪᠢᠠ ᠳᠥᠷᠪᠡᠳᠦᠭᠡᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠤᠢᠭᠡᠢ ᠪᠠᠶᠢᠲᠠᠯ᠎ᠠ ᠦᠢᠯᠡᠳᠪᠦᠷᠢᠯᠡᠯ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠵᠤ ᠬᠡᠷᠡᠭᠯᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠦᠠ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠪᠤᠶᠤ ᠬᠡᠷᠡᠭᠯᠡᠬᠦ ᠶᠢ ᠨᠢ ᠵᠣᠭᠰᠣᠭᠠᠵᠤ᠂ ᠰᠢᠯᠭᠠᠨ ᠠᠪᠬᠤ ᠳᠤ ᠬᠢᠷᠢ ᠲᠡᠩᠴᠡᠬᠦ ᠪᠣᠯᠲᠠᠯ᠎ᠠ ᠲᠠᠪᠤᠨ ᠲᠦᠮᠡᠨ ᠲᠥᠭᠦᠷᠢᠭ ᠠᠴᠠ ᠳᠡᠭᠡᠭᠰᠢ ᠲᠡᠪᠢᠠ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃      ᠲᠠᠪᠢᠨ ᠲᠠᠪᠤᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠲᠣᠭᠲᠠᠭᠠᠭᠰᠠᠨ ᠲᠤᠰᠬᠠᠶᠢᠯᠠᠨ ᠬᠠᠳᠠᠭᠠᠯᠠᠬᠤ ᠭᠠᠵᠠᠷ ᠠᠴᠠ ᠭᠠᠳᠠᠨᠠᠬᠢ ᠣᠷᠣᠨ ᠪᠦᠰᠡ ᠳᠤ ᠬᠠᠶᠢᠷ ᠴᠢᠯᠠᠭᠤ᠂ ᠰᠢᠷᠣᠶ᠂ ᠠᠭᠤᠷᠬᠠᠶ ᠶᠢᠨ ᠴᠢᠯᠠᠭᠤ᠂ ᠦᠯᠡᠳᠡᠭᠳᠡᠯ ᠬᠦᠳᠡᠷ᠂ ᠬᠠᠶᠠᠭᠳᠠᠮᠠᠯ ᠰᠢᠭᠠᠷᠤ ᠵᠡᠷᠭᠡ ᠶᠢ ᠴᠢᠳᠬᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠴᠡᠪᠡᠷᠯᠡᠭᠦᠯᠵᠦ᠂ ᠴᠢᠳᠬᠤᠭᠰᠠᠨ ᠲᠤᠭ᠎ᠠ ᠬᠡᠮᠵᠢᠶ᠎ᠡ ᠪᠠᠷ ᠨᠢ ᠪᠣᠰᠤᠭ᠎ᠠ ᠳᠥᠷᠪᠡᠯᠵᠢᠨ ᠮᠧᠲᠷ ᠪᠦᠷᠢ ᠳᠤ ᠠᠷᠪᠠᠨ ᠲᠥᠭᠦᠷᠢᠭ ᠠᠴᠠ ᠳᠡᠭᠡᠭᠰᠢ ᠬᠤᠷᠢᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠮᠥᠨ ᠢᠯᠭᠠᠷᠠᠭᠤᠯᠤᠨ ᠲᠢᠭᠯᠡᠬᠦ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠢᠯᠭᠠᠷᠠᠭᠤᠯᠤᠨ ᠲᠢᠭᠯᠡᠬᠦ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠢᠯᠭᠠᠷᠠᠭᠤᠯᠤᠨ ᠲᠢᠭᠯᠡᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠡᠭᠦᠷᠭᠡᠯᠡᠨ᠎ᠡ᠃      ᠲᠠᠪᠢᠨ ᠵᠢᠷᠭᠤᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠷᠬᠢᠯᠡᠭᠰᠡᠨ ᠪᠤᠶᠤ ᠪᠤᠰᠤᠳ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠭᠡᠳ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠭᠰᠠᠨ ᠪᠠᠶᠢᠲᠠᠯ᠎ᠠ ᠵᠠᠰᠠᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠮᠥᠨ ᠵᠠᠰᠠᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠡᠭᠦᠷᠭᠡᠯᠡᠨ᠎ᠡ᠃      ᠲᠠᠪᠢᠨ ᠳᠣᠯᠣᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠲᠤᠰᠢᠶᠠᠬᠤ ᠶᠢ ᠲᠡᠪᠴᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠲᠤᠰᠢᠶᠠᠯᠭᠠᠨ᠎ᠠ︔ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠪᠠᠶᠢᠪᠠᠯ᠂ ᠬᠤᠭᠤᠴᠠᠭ᠎ᠠ ᠰᠠᠭᠠᠲᠠᠭᠤᠯᠤᠭᠰᠠᠨ ᠡᠳᠦᠷ ᠠᠴᠠ ᠡᠬᠢᠯᠡᠨ ᠬᠤᠭᠤᠴᠠᠭ᠎ᠠ ᠰᠠᠭᠠᠲᠠᠭᠤᠯᠤᠭᠰᠠᠨ ᠬᠡᠰᠡᠭ ᠤᠨ ᠲᠦᠮᠡᠨ ᠤ ᠲᠠᠪᠤ ᠶᠢᠨ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠡᠳᠦᠷ ᠪᠦᠷᠢ ᠨᠡᠮᠡᠵᠦ ᠬᠤᠷᠢᠶᠠᠵᠤ᠂ ᠲᠤᠰᠢᠶᠠᠬᠤ ᠶᠣᠰᠣᠲᠠᠶ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠤᠨ ᠭᠤᠷᠪᠠᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠲᠠᠪᠢᠨ ᠨᠠᠢᠮᠠᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠥᠰᠥ ᠰᠢᠷᠣᠶ ᠶᠢᠨ ᠢᠳᠡᠭᠳᠡᠯ ᠤᠨ ᠬᠤᠣᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠳᠣᠯᠣᠳᠤᠭᠠᠷ ᠪᠦᠯᠦᠭ  ᠲᠠᠭᠠᠯᠳᠤᠭᠤᠯᠤᠯ ᠲᠦᠷᠢᠮ          ᠲᠠᠪᠢ ᠶᠢᠰᠦᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠭᠰᠠᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠬᠤ ᠪᠠᠶᠢᠭᠤᠯᠤᠮᠵᠢ ᠨᠢ ᠲᠤᠰ ᠬᠠᠤᠯᠢ ᠳᠤ ᠲᠣᠭᠲᠠᠭᠠᠭᠰᠠᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃      ᠵᠢᠷᠠᠳᠤᠭᠠᠷ ᠵᠦᠢᠯ  ᠲᠤᠰ ᠬᠠᠤᠯᠢ ᠶᠢ 2011 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号