| — ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠢ ᠬᠥᠲᠥᠯᠥᠨ ᠵᠢᠯᠣᠭᠤᠳᠴᠤ ᠰᠢᠨ᠎ᠡ ᠶᠢ ᠡᠭᠦᠳᠦᠨ ᠬᠥᠭᠵᠢᠭᠦᠯᠦᠭᠰᠡᠨ ᠪᠣᠳᠠᠲᠤ ᠲᠡᠮᠳᠡᠭᠯᠡᠯ | ᠭᠡᠷᠡᠯᠳᠤ ᠤᠳᠤᠳ ᠨᠡᠯᠦᠭᠡᠷ ᠶᠡᠭᠡ ᠣᠭᠲᠠᠷᠭᠤᠶ ᠶᠢ ᠭᠡᠶᠢᠭᠦᠯᠦᠨ᠎ᠠ︔ ᠤᠯᠠᠨ ᠡᠰᠢᠲᠦ ᠨᠢᠭᠡ ᠴᠤᠬᠴᠠᠵᠢᠯᠳᠠ᠂ | ᠳᠤᠮᠳᠠᠳᠤ ᠶᠢᠨ ᠦᠨᠳᠦᠰᠦᠲᠡᠨ ᠢ ᠪᠤᠢ ᠪᠤᠯᠭᠠᠪᠠ᠃ | ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠪᠣᠯᠤᠭᠰᠠᠨ ᠤ ᠬᠤᠪᠢ ᠳᠤ᠂ ᠦᠨᠳᠦᠰᠦᠲᠡᠨ ᠤ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠤᠯᠤᠰ ᠣᠷᠣᠨ ᠤ ᠥᠨᠢ | ᠤᠳᠠᠭᠠᠨ ᠠᠮᠤᠷ ᠳᠤᠭᠳᠠᠭᠤᠨ ᠪᠠᠶᠢᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠳᠤ ᠬᠤᠯᠪᠣᠭᠳᠠᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ | ᠪᠤᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ | ᠰᠢᠨ᠎ᠡ ᠪᠠᠶᠢᠳᠠᠯ ᠰᠢᠨ᠎ᠡ ᠣᠨᠴᠠᠯᠢᠭ ᠢ ᠪᠤᠳᠤᠯᠬᠢᠯᠠᠨ᠂ ᠨᠠᠮ ᠪᠠ ᠤᠯᠤᠰ ᠤᠨ ᠠᠵᠢᠯ ᠦᠶᠯᠡᠰ ᠤᠨ ᠬᠥᠭᠵᠢᠯᠲᠡ ᠶᠢᠨ | ᠦᠨᠳᠦᠰᠦᠲᠡᠨ ᠤ ᠠᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ | ᠠᠯᠤᠰ ᠬᠡᠲᠦ ᠶᠢᠨ ᠠᠷᠭ᠎ᠠ ᠪᠣᠳᠣᠯᠭ᠎ᠠ ᠶᠢ ᠰᠦᠪᠡᠭᠴᠢᠯᠡᠨ᠂ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠡᠬᠦ | ᠡᠨᠡ ᠬᠦ ᠴᠢᠬᠤᠯᠠ ᠶᠡᠭᠡ ᠨᠤᠲᠠᠯᠠᠯᠲᠠ ᠶᠢ ᠪᠦᠲᠦᠭᠡᠯᠴᠢ ᠪᠠᠷ ᠳᠤᠷᠠᠳᠤᠨ ᠭᠠᠷᠭᠠᠵᠤ᠂ ᠦᠨᠳᠦᠰᠦᠲᠡᠨ ᠤ ᠠᠵᠢᠯ ᠢ | ᠬᠥᠲᠥᠯᠥᠨ ᠵᠢᠯᠣᠭᠤᠳᠴᠤ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠ ᠰᠢᠨ᠎ᠡ ᠳᠡᠭᠲᠡᠷ ᠲᠤ ᠭᠠᠷᠭᠠᠨ᠂ | ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠳᠤᠮᠳᠠᠳᠤ ᠤᠯᠤᠰᠴᠢᠯᠠᠬᠰᠠᠨ ᠰᠢᠨ᠎ᠡ ᠪᠠᠶᠢᠳᠠᠯ ᠢ ᠨᠡᠭᠡᠭᠡᠪᠡ᠃ | ᠦᠵᠡᠯ ᠰᠠᠨᠠᠭᠠᠨ ᠤ ᠭᠡᠷᠡᠯ ᠭᠢᠯᠪᠠᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ | ᠤᠨᠤᠯ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠤᠨ ᠠᠤᠭ᠎ᠠ ᠲᠥᠰᠦᠪ ᠢ ᠵᠢᠷᠤᠭᠯᠠᠨ᠎ᠠ | ᠵᠣᠭᠰᠣᠰᠢ ᠦᠭᠡᠢ ᠤᠷᠤᠭᠰᠢᠯᠠᠬᠤ ᠲᠡᠦᠬᠡ ᠶᠢᠨ ᠠᠶᠠᠨ ᠳᠤ᠂ ᠡᠨᠡ ᠬᠦ ᠴᠠᠭ ᠮᠥᠴᠡ ᠡᠭᠦᠷᠢᠳᠡ ᠲᠡᠮᠳᠡᠭᠯᠡᠭᠳᠡᠬᠦ | ᠪᠣᠯᠤᠨ᠎ᠠ — | 2021 ᠣᠨ ᠤ 7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ | ᠫᠢᠩ᠄ ︽ᠪᠥᠬᠦ ᠨᠠᠮ ᠪᠥᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ | ᠴᠢᠷᠮᠠᠶᠢᠨ ᠲᠡᠮᠡᠴᠡᠬᠦ ᠪᠠᠷ ᠳᠡᠮᠵᠢᠨ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ︾ ᠭᠡᠵᠦ | ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ︕ | ᠲᠢᠶᠠᠨ ᠠᠨ ᠮᠧᠨ ᠠᠭᠤᠳᠠᠮ ᠲᠠᠯᠠᠪᠠᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ | ᠪᠡᠶᠡᠳᠡᠨ ᠰᠣᠨᠣᠰᠴᠤ᠂ ᠬᠦᠷ ᠬᠦᠭᠵᠢᠶᠡᠨ ᠳᠤ ᠪᠢᠯᠬᠠᠬᠰᠡᠨ ᠪᠡᠯᠭᠡᠯᠡᠬᠦ ᠠᠵᠢᠯᠯᠠᠭ᠎ᠠ ᠳᠤ ᠤᠷᠤᠯᠴᠠᠬᠰᠡᠨ ᠬᠦᠮᠦᠨ ᠤ | ᠨᠢᠭᠡ ᠪᠤᠯ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠣᠭᠤᠷᠢᠨ ᠦᠵᠡᠬᠦ ᠪᠦᠯᠬᠦᠮ ᠤᠨ | ᠲᠥᠯᠥᠭᠡᠯᠡᠭᠴᠢ᠂ ᠶᠦᠨᠨᠠᠨ ᠮᠤᠵᠢ ᠶᠢᠨ ᠵᠧᠨ ᠶᠤᠸᠠᠨ ᠰᠢᠶᠠᠨ ᠤ ᠯᠠᠬᠤ ᠦᠨᠳᠦᠰᠦᠲᠡᠨ ᠤ ᠺᠠᠳ᠋ᠷ ᠸᠠᠩ ᠶᠢᠩ ᠪᠢᠨ ᠤ | ᠰᠡᠳᠬᠢᠯ ᠲᠦᠢᠯ ᠤᠨ ᠶᠡᠭᠡ ᠪᠠᠷ ᠲᠤᠭᠳᠤᠯᠤᠨ᠎ᠠ᠃ | ︽ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠳᠤᠮᠳᠠᠳᠤ ᠶᠢᠨ | ᠦᠨᠳᠦᠰᠦᠲᠡᠨ ᠰᠠᠶ᠋ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠴᠢᠳᠠᠨ᠎ᠠ᠃ ᠳᠤᠮᠳᠠᠳᠤ ᠶᠢᠨ | ᠦᠨᠳᠦᠰᠦᠲᠡᠨ ᠤ ᠨᠢᠭᠡ ᠭᠡᠰᠢᠭᠦᠨ ᠪᠣᠯᠤᠭᠰᠠᠨ ᠳᠠᠭᠠᠨ ᠪᠢ ᠣᠮᠣᠭᠰᠢᠵᠤ ᠪᠠᠶᠢᠨ᠎ᠠ︾ ᠬᠡᠵᠦ ᠸᠠᠩ ᠶᠢᠩ ᠪᠢᠨ | ᠲᠤᠭᠳᠤᠯᠤᠭᠰᠠᠨ ᠰᠡᠳᠬᠢᠯ ᠢᠶᠠᠨ ᠲᠠᠷᠤᠵᠤ ᠶᠠᠳᠠᠨ ᠭᠡᠯᠡᠭᠰᠡᠨ ᠶᠤᠮ᠃ | ᠪᠦᠬᠦ ᠲᠠᠯ᠎ᠠ ᠶᠢᠨ ᠴᠢᠨᠡᠭᠡᠯᠢᠭᠵᠢᠯ ᠪᠣᠯ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠤᠨ ᠪᠦᠯᠬᠦᠮᠳᠡᠨ | ᠲᠡᠮᠡᠴᠡᠭᠰᠡᠨ ᠤ ᠦᠷ᠎ᠡ ᠪᠦᠲᠦᠭᠡᠯ ᠮᠥᠨ᠂ ᠦᠨᠳᠦᠰᠦᠲᠡᠨ ᠤ ᠰᠡᠷᠭᠦᠨ ᠮᠠᠨᠳᠤᠯᠲᠠ ᠪᠣᠯ ᠳᠤᠮᠳᠠᠳᠤ ᠶᠢᠨ ᠪᠦᠬᠦ | ᠬᠥᠪᠡᠭᠦᠳ ᠥᠬᠢᠳ ᠤᠨ ᠬᠠᠮᠲᠤ ᠶᠢᠨ ᠢᠷᠠᠭᠤ ᠠᠯᠳᠠᠷ ᠮᠥᠨ᠃ | ᠳᠤᠮᠳᠠᠳᠤ ᠶᠢᠨ ᠦᠨᠳᠦᠰᠦᠲᠡᠨ ᠤ ᠣᠷᠣᠰᠢᠨ ᠲᠣᠭᠲᠠᠨᠢᠵᠤ ᠦᠷᠡᠵᠢᠨ ᠲᠦᠯᠵᠢᠭᠰᠡᠨ ᠲᠡᠦᠬᠡ ᠶᠢᠨ ᠤᠷᠳᠤ | ᠠᠶᠠᠨ ᠳᠤ᠂ ᠳᠤᠮᠳᠠᠳᠤ ᠶᠢᠨ ᠡᠭᠡ ᠭᠠᠵᠠᠷ ᠲᠠᠬᠢ ᠦᠨᠳᠦᠰᠦᠲᠡᠨ ᠨᠦᠭᠦᠳ ᠶᠠᠪᠤᠯᠴᠠᠭ᠎ᠠ᠂ ᠰᠤᠯᠢᠯᠴᠠᠭ᠎ᠠ᠂ | ᠠᠭᠤᠰᠤᠯᠴᠠᠭ᠎ᠠ᠂ ᠢᠮᠠᠭᠲᠠ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠴᠣᠭᠴᠠ | ᠪᠣᠯᠤᠭᠰᠠᠭᠠᠷ ᠢᠷᠡᠵᠠᠢ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠱᠠᠲᠤᠨ ᠳᠤ | ᠬᠦᠷᠬᠦ ᠳᠤ᠂ ᠮᠠᠨ ᠤ ᠤᠯᠤᠰ ᠤᠨ ᠦᠨᠳᠦᠰᠦᠲᠡᠨ ᠤ ᠠᠵᠢᠯ ᠰᠢᠨ᠎ᠡ ᠪᠠᠶᠢᠳᠠᠯ ᠪᠠ ᠥᠷᠢᠰᠥᠯᠳᠦᠭᠡᠨ ᠳᠤ ᠲᠤᠯᠭᠠᠷᠠᠵᠤ | ᠪᠠᠶᠢᠨ᠎ᠠ᠃ | ᠤᠯᠤᠰ ᠤᠨ ᠳᠣᠲᠣᠭᠠᠳᠤ ᠶᠢ ᠠᠵᠢᠬᠯᠠᠬᠤᠶ᠎ᠠ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠥᠷᠭᠡᠴᠡ ᠭᠦᠨᠴᠡ ᠤᠷᠢᠳ ᠡᠮᠦᠨ᠎ᠡ ᠪᠠᠶᠢᠭ᠎ᠠ ᠦᠭᠡᠢ ᠬᠡᠮᠵᠢᠶᠡᠨ ᠳᠤ ᠬᠦᠷᠴᠦ᠂ ᠦᠨᠳᠦᠰᠦᠲᠡᠨ ᠤ | ᠲᠠᠷᠬᠠᠯᠲᠠ ᠶᠢᠨ ᠪᠠᠶᠢᠷᠢᠰᠢᠯ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠦᠨᠳᠦᠰᠦᠲᠡᠨ ᠤ ᠬᠠᠷᠢᠴᠠᠭ᠎ᠠ ᠶᠢ | ᠨᠥᠯᠥᠭᠡᠯᠡᠬᠦ ᠡᠯᠧᠮᠧᠨ᠋ᠲ ᠨᠡᠩ ᠪᠤᠳᠤᠯᠢᠶᠠᠨᠲᠠᠢ ᠪᠣᠯᠪᠠ᠃ | ᠳᠡᠯᠡᠬᠡᠢ ᠳ᠋ᠠᠬᠢᠨ ᠢ ᠪᠠᠷᠠᠯᠠᠬᠤᠶ᠎ᠠ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢᠨ ᠪᠠᠶᠢᠳᠠᠯ ᠳᠣᠣᠷ᠎ᠠ᠂ ᠰᠦᠷᠳᠡᠭᠦᠯᠬᠦ ᠦᠵᠡᠯ᠂ ᠬᠠᠭᠠᠴᠠᠭᠤᠯᠬᠤ ᠦᠵᠡᠯ᠂ ᠬᠡᠲᠦᠷᠡᠮᠡᠬᠡᠢ ᠦᠵᠡᠯ | ᠠᠷᠢᠯᠬᠤ ᠦᠭᠡᠢ᠂ ᠡᠭᠡᠯ ᠳᠦᠮᠡᠨᠴᠢ ᠦᠵᠡᠯ ᠲᠣᠯᠣᠭᠠᠢ ᠥᠨᠳᠡᠶᠢᠵᠦ᠂ ᠦᠨᠳᠦᠰᠦᠲᠡᠨ ᠤ ᠠᠰᠠᠭᠤᠳᠠᠯ ᠪᠦᠬᠦ | ᠪᠥᠮᠪᠥᠷᠴᠡᠭ ᠤᠨ ᠡᠩᠬᠡ ᠲᠠᠶᠢᠪᠤᠩ ᠬᠢᠭᠡᠳ ᠬᠥᠭᠵᠢᠯᠲᠡ ᠶᠢ ᠲᠠᠰᠤᠷᠠᠯᠲᠠ ᠦᠭᠡᠢ ᠨᠥᠯᠥᠭᠡᠯᠡᠵᠦ ᠪᠠᠶᠢᠨ᠎ᠠ᠃ | ᠮᠠᠨ ᠤ ᠤᠯᠤᠰ ᠤᠨ ᠦᠨᠳᠦᠰᠦᠲᠡᠨ ᠤ ᠠᠵᠢᠯ ᠬᠡᠷᠬᠢᠨ ᠰᠢᠨ᠎ᠡ ᠴᠠᠭ ᠦᠶ᠎ᠡ ᠳᠤ ᠵᠣᠬᠢᠴᠠᠵᠤ᠂ ᠰᠢᠨ᠎ᠡ | ᠪᠠᠶᠢᠳᠠᠯ ᠢ ᠡᠭᠦᠳᠬᠦ ᠪᠤᠢ︖ ᠶᠡᠷᠦᠩᠬᠡᠢ ᠱᠦᠵᠢ ᠰᠢ ᠶᠢᠨ ᠫᠢᠩ ᠡᠨᠡ ᠬᠦ ᠴᠢᠬᠤᠯᠠ ᠶᠡᠭᠡ ᠤᠨᠤᠯ ᠤᠨ ᠪᠠ ᠪᠣᠳᠠᠲᠤ | ᠠᠰᠠᠭᠤᠳᠠᠯ ᠤᠨ ᠲᠤᠬᠠᠢ ᠭᠦᠨᠵᠡᠭᠡᠢ ᠪᠣᠳᠣᠯᠬᠢᠯᠠᠪᠠ᠃ | ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ | ᠪᠤᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠲᠡᠨ ᠤ ᠠᠵᠢᠯ ᠪᠤᠯᠤᠨ ᠦᠨᠳᠦᠰᠦᠲᠡᠨ ᠤ ᠣᠷᠣᠨ ᠤ | ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥ ᠶᠢ ᠵᠠᠰᠠᠵᠤ ᠵᠠᠰᠠᠭ ᠢ ᠪᠠᠷᠢᠬᠤ ᠶᠢᠨ | ᠲᠣᠪᠤᠶᠢᠮ᠎ᠠ ᠪᠠᠶᠢᠷᠢᠨ ᠳᠤ ᠲᠠᠯᠪᠢᠵᠤ ᠲᠥᠯᠥᠪᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠦᠨᠢᠳᠡ ᠶᠢᠨ ᠠᠤᠭ᠎ᠠ ᠦᠶᠯᠡᠰ ᠤᠨ ᠳᠤᠮᠳᠠ ᠲᠦᠷᠭᠡᠳᠭᠡᠨ ᠠᠬᠢᠭᠤᠯᠪᠠ᠃ | 2014 ᠣᠨ ᠤ 5 ᠰᠠᠷ᠎ᠠ ᠳᠤ᠂ ᠬᠤᠶᠠᠳᠤᠭᠠᠷ ᠤᠳᠠᠭᠠᠨ ᠤ ᠲᠥᠪ ᠤᠨ ᠰᠢᠨᠵᠢᠶᠠᠩ ᠤᠨ ᠠᠵᠢᠯ ᠤᠨ ᠲᠤᠬᠠᠶ | ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ᠃ ᠲᠤᠰ ᠤᠳᠠᠭᠠᠨ ᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ | ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ︾ ᠤᠨ ᠴᠢᠬᠤᠯᠠ ᠶᠡᠭᠡ ᠨᠤᠲᠠᠯᠠᠯᠲᠠ ᠶᠢ | ᠲᠣᠳᠣᠷᠬᠠᠢ ᠳᠤᠷᠠᠳᠴᠠᠢ᠃ ᠲᠤᠰ ᠵᠢᠯ ᠤᠨ 9 ᠰᠠᠷ᠎ᠠ ᠳᠤ ᠬᠤᠷᠠᠯᠳᠤᠭᠰᠠᠨ ᠲᠥᠪ ᠤᠨ ᠦᠨᠳᠦᠰᠦᠲᠡᠨ ᠤ ᠠᠵᠢᠯ ᠤᠨ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ | ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠶᠢ ᠪᠠᠷᠢᠮᠲᠠᠯᠠᠬᠤ ᠬᠡᠷᠡᠭᠲᠡᠢ︾ ᠭᠡᠵᠦ ᠲᠣᠳᠣᠷᠬᠠᠢ | ᠴᠢᠬᠤᠯᠠᠴᠢᠯᠠᠪᠠ᠃ | ᠡᠭᠦᠨ ᠠᠴᠠ ᠰᠡᠭᠦᠯᠡᠷ᠂ ᠶᠡᠷᠦᠩᠬᠡᠢ ᠱᠦᠵᠢ ᠰᠢ ᠶᠢᠨ ᠫᠢᠩ ᠪᠠᠰᠠ ᠤᠯᠠᠨ ᠲᠠᠯᠠᠪᠤᠷ ᠲᠤ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠢ ᠠᠭᠤᠯᠤᠭᠳᠠᠬᠤᠨ ᠪᠠ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠠᠢ᠃ ᠡᠭᠦᠨ ᠢᠶᠠᠷ ᠵᠢᠯᠤᠭᠤᠳᠤᠯᠭ᠎ᠠ | ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠭᠦᠨᠵᠡᠭᠡᠶᠢᠷᠡᠨ ᠠᠬᠢᠪᠠ᠃ | 2015 ᠣᠨ ᠤ ᠤᠯᠤᠰ ᠤᠨ ᠪᠠᠶᠠᠷ ᠠᠴᠠ ᠡᠮᠤᠨ᠎ᠠ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ᠂ | ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ 5 ᠥᠪᠡᠷᠲᠡᠭᠡᠨ ᠵᠠᠰᠠᠬᠤ ᠣᠷᠣᠨ ᠤ 13 ᠦᠨᠳᠦᠰᠦᠨ | ᠱᠠᠲᠤᠨ ᠤ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠲᠥᠯᠥᠭᠡᠯᠡᠭᠴᠢ ᠶᠢ ᠪᠡᠭᠡᠵᠢᠩ ᠳᠤ ᠤᠷᠢᠵᠤ ᠤᠯᠤᠰ ᠤᠨ | ᠪᠠᠶᠠᠷ ᠢ ᠪᠡᠯᠬᠡᠯᠡᠬᠦ ᠠᠵᠢᠯᠯᠠᠭ᠎ᠠ ᠳᠤ ᠣᠷᠣᠯᠴᠠᠭᠤᠯᠪᠠ᠃ | 9 ᠰᠠᠷ᠎ᠠ ᠶᠢᠨ 30 ᠤ ᠡᠳᠦᠷ᠂ ᠲᠦᠯᠦᠬᠡᠯᠡᠭᠴᠢᠳ ᠲᠠᠢ ᠠᠭᠤᠯᠵᠠᠬᠤ ᠳᠠᠭᠠᠨ᠂ ᠶᠡᠷᠦᠩᠬᠡᠶ ᠱᠦᠵᠢ ᠰᠢ ᠶᠢᠨ | ᠫᠢᠩ᠄ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠤᠨ ᠰᠢᠭ ᠪᠦᠯᠬᠦᠮᠳᠠᠵᠤ᠂ ᠰᠡᠳᠬᠢᠯ ᠵᠢᠷᠤᠭᠡ ᠪᠠᠨ | ᠬᠤᠯᠪᠤᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠪᠣᠯ ᠪᠦᠬᠦ ᠳᠤᠮᠳᠠᠳᠤ ᠶᠢᠨ ᠬᠥᠪᠡᠭᠦᠳ | ᠥᠬᠢᠳ ᠤᠨ ᠬᠠᠮᠲᠤ ᠶᠢᠨ ᠬᠦᠰᠡᠯ ᠪᠤᠯᠬᠤ ᠪᠦᠭᠡᠳ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠠᠮᠳᠤ ᠶᠢᠨ ᠬᠠᠷᠠᠯᠳᠡ ᠪᠤᠯᠤᠨ᠎ᠠ︾ ᠬᠡᠪᠡ᠃ | ︽ᠮᠠᠨ ᠤ ᠤᠯᠤᠰ ᠤᠨ 56 ᠦᠨᠳᠦᠰᠦᠲᠡᠨ ᠪᠣᠯ ᠴᠥᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ | ᠪᠦᠯᠢ ᠶᠢᠨ ᠡᠷᠬᠡ ᠲᠡᠭᠰᠢ ᠪᠦᠷᠢᠯᠳᠦᠬᠦᠨ ᠪᠤᠯᠤᠨ᠎ᠠ᠂ ᠬᠡᠨ ᠨᠢ ᠭᠡᠨ ᠠᠴᠠ ᠪᠠᠨ ᠰᠠᠯᠵᠤ ᠴᠢᠳᠠᠬᠤ ᠦᠭᠡᠶ ᠪᠠᠶᠢᠬᠤ | ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠬᠠᠮᠳᠤ ᠪᠠᠷ ᠪᠦᠷᠢᠯᠳᠦᠭᠦᠯᠦᠭᠰᠡᠨ ᠶᠤᠮ︾ | ᠬᠡᠵᠤ ᠲᠤᠳᠤᠷᠬᠠᠢ ᠵᠢᠭᠠᠵᠤ ᠭᠠᠷᠭᠠᠵᠡᠢ᠃ | ᠲᠡᠦᠬᠡ ᠶᠢᠨ ᠲᠣᠬᠢᠶᠠᠯᠳᠤᠯ ᠳᠤ ᠲᠡᠦᠬᠡ ᠶᠢᠨ ᠵᠠᠶᠢᠯᠠᠰᠢ ᠦᠭᠡᠢ ᠴᠢᠨᠠᠷ ᠠᠭᠤᠯᠤᠭᠳᠠᠵᠤ ᠪᠠᠶᠢᠳᠠᠭ᠃ 66 | ᠵᠢᠯ ᠤᠨ ᠡᠮᠦᠨᠡᠬᠢ ᠡᠨᠡ ᠬᠦ ᠡᠳᠦᠷ — 1949 ᠣᠨ ᠤ 9 ᠰᠠᠷ᠎ᠠ ᠶᠢᠨ 30 ᠤ ᠡᠳᠦᠷ᠂ ᠲᠤᠮᠳᠡᠳᠦ ᠤᠯᠦᠰ ᠤᠨ | ᠠᠷᠡᠦᠠ ᠤᠨ ᠤᠯᠦᠰ ᠲᠦᠷᠦ ᠶᠢᠨ ᠵᠦᠪᠯᠡᠯᠭᠡᠨ ᠳᠡᠭᠡᠷ᠎ᠡ᠂ 36 ᠴᠥᠭᠡᠨ ᠲᠣᠭᠠᠲᠤ ᠦᠨᠳᠦᠰᠦᠲᠡᠨ ᠤ ᠲᠦᠯᠦᠬᠡᠯᠡᠭᠴᠢ | ᠰᠢᠨ᠎ᠡ ᠳᠤᠮᠳᠠᠳᠤ ᠤᠯᠤᠰ ᠢ ᠴᠢᠩ ᠰᠡᠳᠬᠢᠯ ᠠᠴᠠ ᠪᠠᠨ ᠮᠡᠳᠡᠷᠡᠵᠦ ᠪᠠᠶᠢᠬᠤ ᠪᠠ ᠬᠦᠰᠡᠨ ᠪᠠᠷᠠᠯᠠᠵᠤ ᠪᠠᠶᠢᠬᠤ | ᠤᠷᠬᠢᠯᠤᠮ᠎ᠠ ᠬᠠᠯᠠᠭᠤᠨ ᠰᠡᠳᠬᠢᠯᠭᠡ ᠪᠠᠨ ᠢᠯᠡᠳᠬᠡᠵᠡᠶ᠄ | ︽ᠮᠠᠨ ᠤ ᠴᠥᠭᠡᠨ ᠲᠣᠭᠠᠲᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠡᠳᠦᠨ ᠵᠠᠭᠤᠨ ᠵᠢᠯ ᠤᠨ | ᠲᠤᠷᠰᠢ ᠴᠢᠰᠤ ᠤᠷᠤᠰᠬᠠᠨ ᠲᠡᠮᠡᠴᠡᠵᠤ ᠣᠯᠤᠭᠰᠠᠨ ᠬᠠᠷᠠᠯᠲᠠ ᠥᠨᠥᠳᠦᠷ ᠡᠴᠦᠰ ᠲᠡᠭᠡᠨ ᠪᠡᠶᠡᠯᠡᠭᠳᠡᠯ᠎ᠡ᠁ | ᠮᠠᠨ ᠤ ᠴᠥᠭᠡᠨ ᠲᠣᠭᠠᠲᠤ ᠦᠨᠳᠦᠰᠦᠲᠡᠨ ᠨᠦᠭᠦᠳ ᠪᠠ ᠪᠦᠬᠦ᠋ᠢᠯᠡ ᠳᠤᠮᠳᠠᠳᠤ ᠤᠯᠤᠰ ᠤᠨ ᠠᠷᠠᠳ ᠲᠦᠮᠡᠨ ᠤ | ᠭᠡᠭᠡᠨ ᠰᠠᠷᠠᠭᠤᠯ ᠵᠤᠯ ᠵᠢᠷᠭᠠᠯᠲᠤ ᠢᠷᠡᠭᠡᠳᠦᠶ ᠶᠢ ᠬᠠᠷᠠᠭᠠᠳ᠂ ᠪᠢᠳᠠ ᠮᠠᠰᠢ ᠤᠮᠤᠭᠰᠢᠨ ᠵᠤᠷᠢᠬᠵᠢᠵᠤ ᠪᠠᠭ᠋ᠠᠳᠤᠵᠤ | ᠪᠠᠶᠢᠨ᠎ᠠ︕︾ | ᠠᠷᠠᠳ ᠤᠨ ᠰᠡᠳᠬᠢᠯ ᠤᠨ ᠬᠠᠨᠳᠤᠰᠢ ᠠᠨᠤ ᠭᠠᠭᠴᠡ ᠬᠦ ᠶᠤᠰᠤ ᠵᠢᠷᠤᠮ ᠳᠤᠷ ᠠᠮᠤᠢ᠃ ᠦᠨᠳᠦᠰᠦᠲᠡᠨ ᠤ | ᠲᠤᠰᠠᠭᠠᠷ ᠲᠣᠭᠲᠠᠨᠢᠯ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ | ᠪᠡᠶᠡᠯᠡᠭᠦᠯᠬᠦ ᠶᠢᠨ ᠠᠭᠤᠤ ᠶᠡᠭᠡ ᠲᠡᠮᠡᠴᠡᠯ ᠳᠤᠮᠳᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ | ᠨᠢᠭᠡᠳᠴᠤ᠂ ᠬᠠᠮᠲᠤ ᠴᠣᠭᠴᠠ ᠶᠢᠨ ᠤᠬᠠᠮᠰᠠᠷ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠳᠤᠮᠳᠠᠳᠤ ᠶᠢᠨ | ᠦᠨᠳᠦᠰᠦᠲᠡᠨ ᠤᠬᠠᠮᠰᠠᠷᠠᠭᠠᠳᠤᠢ ᠪᠠᠶᠢᠭᠰᠠᠨ ᠠᠴᠠ ᠤᠬᠠᠮᠰᠠᠷ ᠲᠠᠢ ᠪᠤᠯᠤᠭᠰᠠᠨ ᠠᠭᠤᠤ ᠶᠡᠭᠡ ᠬᠤᠪᠢᠷᠠᠯᠳᠡ ᠶᠢ | ᠪᠡᠶᠡᠯᠡᠭᠦᠯᠪᠡ᠃ | ᠦᠵᠡᠯ ᠰᠠᠨᠠᠭᠠᠨ ᠤ ᠭᠠᠯ ᠪᠠᠮᠪᠠᠷ ᠴᠣ᠋ ᠰᠢᠨ᠎ᠡ ᠴᠠᠭ ᠦᠶ᠎ᠡ ᠶᠢ ᠬᠡᠶᠢᠬᠦᠯᠦᠨᠠ᠃ | 2017 ᠣᠨ ᠤ 10 ᠰᠠᠷ᠎ᠠ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠶᠢ ᠨᠠᠮ ᠤᠨ ᠲᠦᠷᠢᠮ ᠳᠤ ᠵᠢᠩᠬᠢᠨᠢ ᠪᠠᠷ | ᠪᠢᠴᠢᠵᠦ ᠣᠷᠣᠭᠤᠯᠪᠠ᠃ | 2018 ᠣᠨ ᠤ 3 ᠰᠠᠷ᠎ᠠ ᠳᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠦᠨᠳᠦᠰᠦᠨ ᠬᠠᠤᠯᠢ ᠳᠤ ᠵᠠᠰᠠᠪᠤᠷᠢ | ᠣᠷᠣᠭᠤᠯᠬᠤ ᠲᠥᠰᠦᠯ ᠢ ᠪᠠᠲᠤᠯᠠᠵᠤ᠂ ︽ᠳᠤᠮᠳᠠᠳᠤ ᠶᠢᠨ ᠦᠨᠳᠦᠰᠦᠲᠡᠨ︾ ᠭᠡᠬᠦ ᠦᠭᠡ ᠶᠢ ᠠᠩᠬ᠎ᠠ ᠤᠳᠠᠭ᠎ᠠ | ᠤᠯᠤᠰ ᠤᠨ ᠦᠨᠳᠦᠰᠦᠪᠣᠯᠬᠤ ᠬᠠᠤᠯᠢ ᠳᠤ ᠪᠢᠴᠢᠵᠦ ᠣᠷᠣᠭᠤᠯᠪᠠ᠃ | 2019 ᠣᠨ ᠤ 9 ᠰᠠᠷ᠎ᠠ ᠳᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠪᠠᠰᠠ ︽ᠳᠥᠷᠪᠡᠨ ᠬᠠᠮᠲᠤ︾ | ᠶᠢᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠦᠲᠦᠭᠡᠯᠴᠢ ᠴᠢᠨᠠᠷᠲᠠᠶ ᠪᠠᠷ ᠳᠤᠷᠠᠳᠤᠨ | ᠭᠠᠷᠭᠠᠪᠠ — | ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ᠂ | ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ | ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠭᠰᠡᠨ ᠶᠤᠮ᠂ ᠮᠠᠨ ᠤ ᠠᠭᠤᠤ ᠶᠡᠭᠡ ᠵᠣᠷᠢᠭ | ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠤᠶᠢᠵᠢᠭᠤᠯᠤᠭᠰᠠᠨ ᠶᠤᠮ᠃ | 2020 ᠣᠨ ᠤ 8 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠳᠣᠯᠣᠳᠤᠭᠠᠷ ᠤᠳᠠᠭ᠎ᠠ ᠶᠢᠨ | ᠲᠥᠪᠡᠳ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠨᠴᠠᠭᠠᠶᠢᠯᠠᠨ ᠴᠢᠬᠤᠯᠠᠴᠢᠯᠠᠪᠠ᠃ ᠨᠢᠭᠡ | ᠰᠠᠷ᠎ᠠ ᠶᠢᠨ ᠲᠠᠷᠠᠭ᠎ᠠ᠂ ᠭᠤᠷᠪᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ | ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠲᠠᠰᠤᠷᠠᠯᠳᠠ | ᠦᠭᠡᠢ ᠪᠠᠬᠢᠵᠢᠭᠦᠯᠬᠦ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠵᠡᠢ᠃ | ᠤᠯᠠᠨ ᠡᠰᠢᠳᠤ ᠨᠢᠭᠡ ᠴᠣᠭᠴᠠᠵᠢᠯᠳᠠ ᠲᠡᠶᠢᠰᠢ ᠤᠷᠤᠭᠰᠢᠯᠠᠵᠤ᠂ ᠵᠥᠷᠢᠶᠡᠲᠦ ᠴᠢᠨᠠᠷ ᠢ ᠬᠦᠨᠳᠦᠳᠬᠡᠬᠦ ᠠᠴᠠ | ᠨᠡᠶᠢᠲᠡᠯᠢᠭ ᠴᠢᠨᠠᠷ ᠢ ᠨᠡᠮᠡᠭᠳᠡᠭᠦᠯᠬᠦ ᠬᠦᠷᠲᠡᠯ᠎ᠡ ᠁ 56 ᠦᠨᠳᠦᠰᠦᠲᠡᠨ ᠤᠯᠠᠨ ᠡᠰᠢᠳᠤ ᠶᠢᠨ ᠳᠤᠮᠳᠠ ᠪᠦᠬᠦᠯᠢ | ᠴᠣᠭᠴᠠ ᠶᠢ ᠴᠣᠭᠴᠠᠯᠠᠵᠤ᠂ ᠪᠦᠬᠦᠯᠢ ᠴᠣᠭᠴᠠ ᠶᠢᠨ ᠳᠤᠮᠳᠠ ᠦᠩᠭᠡ ᠪᠦᠷᠢ ᠶᠢᠨ ᠴᠡᠴᠡᠭ ᠢ ᠵᠡᠷᠭᠡ ᠪᠠᠷ | ᠳᠡᠯᠭᠡᠷᠡᠭᠦᠯᠵᠦ᠂ ᠬᠠᠮᠳᠤ ᠪᠠᠷ ᠳᠤᠮᠳᠠᠳᠤ ᠶᠢᠨ ᠦᠨᠳᠦᠰᠦᠲᠡᠨ ᠤ ᠲᠤᠭ ᠤᠨ ᠳᠣᠣᠷ᠎ᠠ ᠨᠢᠭᠳᠠᠷᠠᠨ᠂ ᠳᠤᠮᠳᠠᠳᠤ ᠶᠢᠨ | ᠦᠨᠳᠦᠰᠦᠲᠡᠨ ᠤ ᠪᠠᠭᠲᠠᠭᠠᠮᠵᠢᠲᠤ ᠴᠢᠨᠠᠷ ᠢᠶᠠᠷ ᠨᠡᠩ ᠴᠢᠩᠭ᠎ᠠ᠂ ᠨᠢᠭᠲᠠᠷᠠᠯ ᠤᠨ ᠬᠦᠴᠦᠨ ᠢᠶᠠᠷ ᠨᠡᠩ ᠶᠡᠭᠡ ᠬᠤᠪᠢ | ᠵᠠᠶᠠᠭᠠᠨ ᠤ ᠬᠠᠮᠲᠤ ᠴᠣᠭᠴᠠ ᠲᠡᠶᠢᠰᠢ ᠤᠷᠤᠭᠰᠢᠯᠠᠬᠤ ᠶᠢ ᠠᠬᠢᠭᠤᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠪᠣᠯ ᠤᠯᠤᠰ ᠤᠷᠤᠨ ᠤ ᠨᠢᠭᠡᠳᠦᠯ ᠤᠨ | ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠤ ᠰᠦᠭ ᠰᠦᠨᠡᠰᠦ ᠮᠥᠨ᠃ | | ᠨᠠᠮ ᠪᠠᠶᠢᠭᠤᠯᠤᠬᠳᠠᠬᠰᠠᠨ ᠵᠠᠭᠤᠨ ᠵᠢᠯ ᠤᠨ ᠣᠶ ᠳᠤ ᠲᠣᠬᠢᠶᠠᠯᠳᠤᠭᠤᠯᠤᠨ᠂ ᠡᠨᠡ ᠵᠢᠯ ᠠᠴᠠ ᠨᠠᠭᠠᠰᠢ᠂ | ᠶᠡᠷᠦᠩᠬᠡᠶ ᠱᠦᠵᠢ ᠰᠢ ᠶᠢᠨ ᠫᠢᠩ ᠨᠢᠭᠡᠨᠲᠡ ᠦᠨᠳᠦᠰᠦᠲᠡᠨ ᠤ ᠣᠷᠣᠨ ᠳᠤ ᠳᠥᠷᠪᠠᠨᠲᠡ ᠬᠦᠷᠴᠦ ᠰᠢᠨᠵᠢᠯᠡᠨ | ᠪᠠᠶᠢᠴᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠪᠠ | ᠦᠶᠯᠡᠳᠦᠯᠭᠡ ᠶᠢᠨ ᠪᠠᠶᠠᠯᠢᠭ ᠠᠭᠤᠯᠤᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠥᠷᠭᠡᠳᠬᠡᠨ᠎ᠠ — | ᠭᠦᠢᠵᠧᠦ ᠳᠤ᠂ ︽ᠳᠤᠮᠳᠠᠳᠤ ᠶᠢᠨ ᠦᠨᠳᠦᠰᠦᠲᠡᠨ ᠪᠣᠯ ᠲᠤᠮᠤ ᠭᠡᠷ ᠪᠦᠯᠢ ᠮᠥᠨ᠂ ᠲᠠᠪᠢᠨ ᠵᠢᠷᠭᠤᠭᠠᠨ | ᠦᠨᠳᠦᠰᠦᠲᠡᠨ ᠲᠠᠪᠢᠨ ᠵᠢᠷᠭᠤᠭᠠᠨ ᠪᠠᠭᠴᠠ ᠴᠡᠴᠡᠭ ᠮᠡᠳᠦ︾ ᠭᠡᠵᠦ ᠴᠢᠬᠤᠯᠠᠴᠢᠯᠠᠪᠠ︔ ᠭᠤᠸᠠᠩᠰᠢ ᠳᠤ | ᠤᠴᠢᠭᠠᠳ᠂ ︽ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ | ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ︾ ᠭᠡᠵᠦ ᠵᠢᠭᠠᠵᠤ | ᠭᠠᠷᠭᠠᠪᠠ︔ ᠬᠥᠬᠡᠨᠠᠭᠤᠷ ᠲᠤ ᠬᠦᠷᠦᠭᠡᠳ ︽ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠡᠷᠡᠭᠲᠡᠢ︾ ᠭᠡᠵᠤ ᠱᠠᠭᠠᠷᠳᠠᠪᠠ︔ ᠲᠥᠪᠡᠳ ᠲᠤ ᠤᠴᠢᠭᠠᠳ ︽ᠪᠢᠳᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠮᠥᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠶᠢᠰᠢ ᠤᠷᠤᠭᠰᠢᠯᠠᠬᠤ ᠬᠡᠷᠡᠭᠲᠡᠢ︾ ᠭᠡᠵᠤ ᠵᠢᠭᠠᠵᠤ ᠭᠠᠷᠭᠠᠪᠠ ᠁ | ᠴᠠᠩ ᠠᠨ ᠵᠡᠭᠡᠯᠢ ᠶᠢᠨ ᠬᠤᠶᠢᠲᠤ ᠲᠠᠯ᠎ᠠ ᠳᠠᠬᠢ ᠦᠨᠳᠦᠰᠦᠲᠡᠨ ᠤ ᠰᠣᠶᠣᠯ ᠤᠨ ᠣᠷᠳᠣᠨ ᠳᠤ ᠨᠢᠭᠡᠨ ᠬᠤᠪᠣᠷ | ᠨᠠᠨᠳᠢᠨ ᠦᠵᠡᠮᠦᠷᠢ ᠶᠢᠨ ᠡᠳ᠋ ᠬᠠᠳᠠᠭᠠᠯᠠᠵᠤ ᠪᠠᠶᠢᠳᠠᠭ᠃ ᠲᠡᠷᠡ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠲᠣᠮᠣ ᠬᠡᠯᠪᠡᠷᠢ ᠶᠢᠨ ᠠᠮᠵᠢᠯᠲᠠ ᠪᠦᠲᠦᠮᠵᠢ ᠶᠢᠨ | ᠦᠵᠡᠰᠬᠦᠯᠡᠩ ᠳᠤ ᠳᠡᠯᠭᠡᠭᠳᠡᠬᠦ ᠦᠶᠡᠰ ᠲᠤ ᠶᠡᠷᠦᠩᠬᠡᠶ ᠱᠦᠵᠢ ᠰᠢ ᠶᠢᠨ ᠫᠢᠩ ᠤᠨ ᠠᠩᠬᠠᠷᠤᠯ ᠢ ᠲᠠᠲᠠᠬᠰᠠᠨ ᠶᠤᠮ᠃ | ᠡᠨᠡ ᠪᠣᠯ ᠨᠢᠭᠡ ᠲᠣᠮᠣ ᠬᠡᠯᠪᠡᠷᠢ ᠶᠢᠨ ᠮᠥᠩᠭᠦᠨ ᠰᠡᠶᠢᠯᠦᠮᠠᠯ ᠬᠠᠯᠬᠠᠪᠴᠢ ᠪᠤᠯᠤᠨ᠎ᠠ᠃ ᠬᠠᠯᠬᠠᠪᠴᠢ ᠨᠢ | ᠮᠢᠩᠭᠠᠨ ᠣᠨ ᠤ ᠤᠯᠠᠮᠵᠢᠯᠠᠯᠳᠤ ᠰᠡᠶᠢᠯᠪᠦᠷᠢ ᠶᠢᠨ ᠠᠷᠭ᠎ᠠ ᠪᠠᠷ 56 ᠦᠨᠳᠦᠰᠦᠲᠡᠨ ᠤ 112 ᠬᠥᠮᠦᠨ ᠤ ᠳᠦᠷᠢ ᠶᠢ | ᠠᠮᠢᠳᠤ ᠳᠦᠷᠰᠦᠯᠢᠭ ᠵᠢᠷᠤᠭᠯᠠᠭᠰᠠᠨ ᠶᠤᠮ᠃ ᠲᠡᠳᠡ ᠲᠢᠶᠠᠨ ᠠᠨ ᠮᠧᠨ ᠤ ᠡᠮᠦᠨ᠎ᠡ ᠭᠠᠷ ᠭᠠᠷ ᠢᠶᠠᠨ ᠬᠤᠯᠪᠣᠨ᠂ | ᠮᠥᠷᠥ ᠵᠡᠷᠭᠡᠴᠡᠨ ᠵᠤᠬᠰᠤᠵᠤ᠂ ᠲᠦᠷᠪᠡᠨ ᠲᠠᠯ᠎ᠠ ᠪᠠᠷ ᠨᠢ ᠵᠦᠮᠤᠯᠠᠩᠮᠠ ᠤᠷᠬᠢᠯ᠂ ᠺᠦᠨᠯᠦ᠋ᠨ ᠠᠭᠤᠯᠠ ᠰᠡᠭᠦ᠋ᠢᠨ | ᠰᠦᠨᠳᠡᠷᠯᠡᠵᠤ᠂ ᠡᠭᠦᠯᠡ ᠵᠡᠷᠭᠡᠯᠡᠭᠡᠨ ᠳᠤ ᠰᠦᠮᠡᠯᠵᠡᠬᠦ ᠭᠤᠷᠪᠠᠨ ᠠᠭᠤᠯᠠ ᠲᠠᠪᠤᠨ ᠬᠠᠶᠢᠷᠬᠠᠨ᠂ ᠠᠯᠤᠰ ᠲᠤ | ᠦᠷᠭᠦᠯᠵᠢᠯᠡᠭᠰᠡᠨ ᠲᠦᠮᠡᠨ ᠭᠠᠵᠠᠷ ᠤᠨ ᠤᠷᠳᠤ ᠴᠠᠭᠠᠨ ᠬᠡᠷᠡᠮ᠂ ᠲᠤᠯᠬᠢᠶᠠᠯᠠᠨ ᠤᠷᠤᠰᠬᠤ ᠬᠥᠬᠡᠮᠥ᠋ᠷᠡᠨ ᠬᠠᠳᠤᠨ | ᠭᠤᠣᠯ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠰᠦᠷᠯᠢᠭ ᠰᠠᠶᠢᠬᠠᠨ ᠦᠩᠭᠡ | ᠦᠵᠡᠮᠵᠢ ᠶᠢ ᠢᠯᠡᠷᠡᠭᠦᠯᠪᠡ᠃ | ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ | ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ — ᠮᠥᠩᠭᠦᠨ ᠰᠡᠶᠢᠯᠦᠮᠠᠯ ᠬᠠᠯᠬᠠᠪᠴᠢ ᠶᠢᠨ ᠭᠤᠤᠯ | ᠰᠡᠳᠦᠪ ᠪᠣᠯ ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠶᠯᠡᠰ ᠲᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠤᠨ᠎ᠠ᠃ | ᠲᠦᠪ ᠶᠤᠰᠤᠨ ᠤ ᠠᠶᠠᠯᠠᠯ | ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠵᠥᠪ ᠴᠢᠭᠯᠡᠯ ᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠶᠠᠪᠤᠬᠤ ᠲᠤᠳᠤᠮ ᠰᠠᠷᠠᠭᠤᠯ ᠳᠠᠷᠳᠠᠩ | ᠪᠣᠯᠭᠠᠨ᠎ᠠ | ᠲᠦᠷᠦ ᠶᠢ ᠵᠠᠰᠠᠵᠤ ᠵᠠᠰᠠᠭ ᠪᠡᠷᠢᠬᠤ ᠶᠡᠭᠡ ᠲᠠᠯ᠎ᠠ ᠳᠤ᠂ ᠦᠨᠳᠦᠰᠦᠲᠡᠨ ᠤ ᠠᠵᠢᠯ ᠴᠢᠬᠤᠯᠠ ᠪᠠᠶᠢᠷᠢ ᠶᠢ | ᠡᠵᠡᠯᠡᠵᠦ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠳᠥᠷᠪᠡᠳᠦᠭᠡᠷ ᠤᠳᠠᠭ᠎ᠠ ᠶᠢᠨ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ 2014 ᠣᠨ ᠳᠤ᠂ | ᠶᠡᠷᠦᠩᠬᠡᠢ ᠱᠦᠵᠢ ᠰᠢ ᠶᠢᠨ ᠫᠢᠩ ᠲᠥᠪᠯᠡᠷᠡᠩᠭᠦᠢ ᠪᠠᠶᠢᠴᠠᠭᠠᠨ ᠰᠤᠳᠤᠯᠤᠯᠲᠠ ᠬᠢᠵᠦ᠂ ᠲᠠᠬᠢᠨ ᠳᠠᠪᠲᠠᠨ ᠰᠣᠨᠣᠰᠴᠤ᠂ | ᠦᠨᠳᠦᠰᠦᠨ ᠱᠠᠲᠤᠨ ᠤ ᠡᠮᠦᠨ᠎ᠡ ᠹᠷᠣᠨᠲ ᠤᠨ ᠪᠤᠳᠤᠯ ᠰᠠᠨᠠᠯ ᠢ ᠨᠠᠷᠢᠨ ᠬᠢᠨᠠᠮᠠᠭᠠᠢ ᠪᠣᠳᠣᠯᠬᠢᠯᠠᠪᠠ — | ᠥᠪᠥᠷ ᠮᠣᠩᠭᠤᠯ᠂ ᠰᠢᠨᠵᠢᠶᠠᠩ ᠵᠡᠷᠭᠡ ᠭᠠᠵᠠᠷ ᠲᠤ ᠬᠦᠷᠴᠦ ᠴᠥᠭᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠲᠠᠢ ᠨᠢᠭᠤᠷᠳᠠᠨ ᠶᠠᠷᠢᠯᠴᠠᠵᠤ᠂ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ ᠦᠨᠳᠦᠰᠦᠲᠡᠨ ᠤ ᠪᠠᠭ᠎ᠠ | ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠦᠶᠵᠧᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠴᠥᠭᠡᠨ | ᠲᠣᠭᠠᠲᠤ ᠦᠨᠳᠦᠰᠦᠲᠡᠨ ᠤ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠬᠢᠨ ᠦᠵᠡᠭᠰᠡᠨ | ᠪᠥᠭᠡᠳ ᠳᠤᠭᠤᠶᠢᠯᠠᠩ ᠬᠠᠮᠲᠤᠷᠠᠭᠰᠠᠨ ᠶᠠᠷᠢᠯᠴᠠᠬᠤ ᠬᠤᠷᠠᠯ ᠳᠤ ᠣᠷᠣᠯᠴᠠᠪᠠ ᠁ | ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠡᠨᠡ | ᠤᠳᠠᠭ᠎ᠠ ᠶᠢᠨ ᠴᠢᠬᠤᠯᠠ ᠬᠤᠷᠠᠯ ᠳᠡᠭᠡᠷ᠎ᠡ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ | ᠰᠢᠢᠳᠪᠦᠷᠢᠯᠡᠬᠦ ᠵᠥᠪ ᠵᠠᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠠᠩᠬ᠎ᠠ ᠤᠳᠠᠭ᠎ᠠ ᠰᠢᠰᠲ᠋ᠧᠮ ᠲᠠᠢ | ᠲᠣᠳᠣᠷᠬᠠᠶᠢᠯᠠᠨ ᠥᠭᠦᠯᠡᠪᠡ᠃ | ᠡᠨᠡ ᠬᠦ ᠵᠥᠪ ᠵᠠᠮ ᠨᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠶᠢ ᠭᠦᠨᠵᠡᠭᠡᠢ | ᠢᠯᠡᠷᠡᠭᠦᠯᠦᠭᠰᠡᠨ ᠶᠤᠮ — | ᠦᠨᠳᠦᠰᠦᠲᠡᠨ ᠤ ᠠᠵᠢᠯ ᠢ ᠰᠠᠶᠢᠲᠤᠷ ᠬᠢᠵᠦ ᠴᠢᠳᠠᠬᠤ ᠡᠰᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ | ᠪᠣᠯ ᠨᠠᠮ ᠤᠨ ᠤᠳᠤᠷᠢᠳᠤᠯᠭ᠎ᠠ ᠪᠠᠲᠤ ᠴᠢᠩᠭ᠎ᠠ ᠬᠦᠴᠦᠨ ᠲᠠᠢ ᠪᠠᠶᠢᠬᠤ ᠡᠰᠡᠬᠦ ᠶᠠᠪᠤᠳᠠᠯ ᠪᠣᠯᠤᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠰᠠᠶ᠋ᠢ | ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠪᠡᠶᠡᠯᠡᠭᠦᠯᠵᠦ ᠴᠢᠳᠠᠨ᠎ᠠ᠂ ᠭᠠᠭᠴᠠ ᠬᠦ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠰᠠᠶ᠋ᠢ ᠦᠨᠳᠦᠰᠦᠲᠡᠨ ᠨᠦᠭᠦᠳ ᠢ ᠨᠢᠭᠲᠠᠷᠠᠭᠤᠯᠵᠤ᠂ ᠦᠨᠳᠦᠰᠦᠲᠡᠨ ᠨᠦᠭᠦᠳ ᠢ | ᠬᠥᠭᠵᠢᠭᠦᠯᠵᠦ᠂ ᠦᠨᠳᠦᠰᠦᠲᠡᠨ ᠨᠦᠭᠦᠳ ᠢ ᠴᠡᠴᠡᠭᠯᠡᠭᠦᠯᠵᠦ ᠴᠢᠳᠠᠨ᠎ᠠ︾᠂ ︽ᠰᠢᠨ᠎ᠡ ᠪᠠᠶᠢᠳᠠᠯ ᠳᠣᠣᠷᠠᠬᠢ | ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠦᠨᠳᠦᠰᠦᠲᠡᠨ ᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ︾ ᠭᠡᠵᠦ ᠭᠦᠨᠵᠡᠭᠡᠢ ᠵᠢᠭᠠᠵᠤ ᠭᠠᠷᠭᠠᠪᠠ᠃ | ︽ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠲᠤ ᠪᠠᠷᠢᠮᠲᠠᠯᠠᠳᠠᠭ ᠯᠠ ᠶᠤᠮ | ᠪᠣᠯ ᠶᠠᠮᠠᠷᠪᠠ ᠤᠯᠤᠰ ᠲᠦᠷᠦ ᠶᠢᠨ ᠬᠦᠴᠦᠨ ᠴᠦ ᠭᠡᠳ ᠮᠠᠨ ᠤ ᠦᠨᠳᠦᠰᠦᠲᠡᠨ ᠤ ᠬᠠᠷᠢᠴᠠᠭ᠎ᠠ ᠶᠢ ᠵᠠᠪᠰᠠᠷᠳᠠᠭᠤᠯᠵᠤ | ᠴᠢᠳᠠᠬᠤ ᠦᠭᠡᠢ᠂ ᠮᠠᠨ ᠤ ᠦᠨᠳᠦᠰᠦᠲᠡᠨ ᠤ ᠪᠦᠯᠬᠦᠮᠳᠡᠯ ᠨᠢᠭᠡᠳᠦᠯ ᠤᠯᠤᠰ ᠲᠦᠷᠦ ᠶᠢᠨ ᠲᠠᠯ᠎ᠠ ᠪᠠᠷ ᠭᠦᠢᠴᠡᠳ | ᠪᠠᠲᠤᠯᠠᠭ᠎ᠠ ᠲᠠᠢ ᠪᠤᠯᠵᠤ ᠴᠢᠳᠠᠨ᠎ᠠ︾ ᠭᠡᠰᠡᠨ ᠢᠳᠡ ᠬᠦᠴᠦᠲᠡᠶ ᠦᠭᠡ ᠶᠠᠷᠢᠶ᠎ᠠ ᠨᠢ ᠦᠨᠳᠦᠰᠦᠲᠡᠨ ᠤ ᠠᠵᠢᠯ ᠢ ᠵᠥᠪ | ᠵᠠᠮ ᠢᠶᠠᠷ ᠲᠠᠰᠤᠷᠠᠯᠲᠠ ᠥᠬᠡᠶ ᠤᠷᠤᠭᠰᠢᠯᠠᠭᠤᠯᠬᠤ ᠪᠣᠯᠤᠨ᠎ᠠ᠃ | ᠡᠨᠡ ᠬᠦ ᠵᠥᠪ ᠵᠠᠮ ᠨᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ | ᠬᠥᠭᠵᠢᠯᠲᠡ ᠶᠢᠨ ᠴᠢᠭᠯᠡᠯ ᠢ ᠲᠣᠭᠲᠠᠭᠠᠭᠰᠠᠨ ᠶᠤᠮ — | ︽ᠤᠤᠯ ᠳᠠᠭᠠᠨ ᠬᠤᠲᠠ ᠶᠢᠨ ᠲᠣᠭᠤᠷᠢᠭ ᠮᠠᠰᠢ ᠪᠠᠭ᠎ᠠ ᠪᠠᠶᠢᠬᠰᠠᠨ᠂ ᠳᠡᠮᠡᠢ ᠬᠤᠯᠠ ᠶᠠᠪᠤᠬᠤ ᠦᠭᠡᠢ ᠪᠠᠷ | ᠨᠣᠭᠤᠭ᠎ᠠ ᠶᠢᠨ ᠲᠠᠷᠢᠶᠠᠨ ᠳᠠᠭᠠᠨ ᠬᠦᠷᠴᠢᠭᠡᠳᠡᠭ᠃ ᠣᠳᠣ ᠵᠠᠮ ᠢᠶᠠᠷ ᠮᠠᠰᠢ ᠣᠯᠠᠨ ᠣᠳᠣᠬᠢᠴᠢᠯᠠᠭᠰᠠᠨ ᠥᠨᠳᠥᠷ | ᠠᠰᠠᠷ ᠰᠦᠨᠳᠡᠷᠯᠡᠵᠤ᠂ ᠤᠯᠠᠮ ᠠᠴᠠ ᠤᠯᠠᠮ ᠶᠡᠭᠡ ᠬᠤᠲᠠ ᠶᠢᠨ ᠬᠡᠪ ᠨᠠᠮᠪᠠ ᠲᠠᠢ ᠪᠣᠯᠵᠠᠶ︾ ᠭᠡᠵᠤ ᠡᠨᠡ ᠵᠢᠯ ᠲᠦᠷᠦᠯ | ᠰᠠᠳᠤᠨ ᠢᠶᠠᠨ ᠡᠷᠬᠢᠨ ᠦᠵᠡᠬᠦ ᠪᠠᠷ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ ᠠᠴᠠ ᠲᠦᠷᠦᠭᠰᠡᠨ | ᠨᠤᠳᠤᠭ ᠥᠪᠥᠷ ᠮᠣᠩᠭᠤᠯ ᠤᠨ ᠬᠥᠬᠡᠬᠤᠲᠠ ᠶᠢᠨ ᠢᠶᠠᠨ ᠬᠤᠪᠢᠷᠠᠯᠲᠠ ᠶᠢ ᠬᠠᠷᠠᠭᠠᠳ ᠦᠪᠡᠷ ᠤᠨ ᠡᠷᠭᠡ ᠦᠭᠡᠢ | ᠰᠡᠳᠬᠢᠯ ᠲᠤᠭᠳᠤᠯᠤᠨ ᠭᠡᠯᠡᠭᠰᠡᠨ ᠪᠢᠯᠡ᠃ | ᠡᠨᠡ ᠪᠣᠯ ᠳᠤᠮᠳᠠᠳᠤ ᠤᠯᠤᠰ ᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ | ᠬᠤᠪᠢᠷᠠᠯᠳᠠ ᠬᠦᠭᠵᠢᠯᠳᠡ ᠶᠢᠨ ᠬᠤᠷᠢᠶᠠᠩᠭᠤᠢ ᠳᠦᠷᠰᠦ ᠪᠣᠯᠬᠤ ᠪᠥᠭᠡᠳᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠤᠨ ᠠᠮᠢᠵᠢᠷᠠᠯ ᠤᠨ ᠬᠦᠴᠦᠨ ᠢ ᠴᠦ ᠪᠠᠰᠠ ᠨᠢᠭᠡ ᠲᠠᠯ᠎ᠠ ᠠᠴᠠ ᠲᠤᠰᠬᠠᠵᠤ ᠪᠠᠶᠢᠭ᠎ᠠ ᠶᠤᠮ᠃ | ᠥᠩᠭᠡᠷᠡᠭᠰᠡᠨ ᠬᠡᠰᠡᠭ ᠬᠤᠭᠤᠴᠠᠭᠠᠨ ᠳᠤ᠂ ᠨᠡᠶᠢᠭᠡᠮ ᠳᠡᠭᠡᠷ᠎ᠡ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠤᠨ ᠲᠤᠬᠠᠢ ᠠᠳᠠᠯᠢ ᠪᠤᠰᠤ ᠦᠵᠡᠯᠳᠡ ᠢᠯᠡᠷᠡᠵᠠᠢ᠃ | ᠡᠭᠦᠨ ᠳᠤ ᠶᠡᠷᠦᠩᠬᠡᠢ ᠱᠦᠵᠢ ᠰᠢ ᠶᠢᠨ ᠫᠢᠩ᠄ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠨᠢ ᠮᠠᠨ ᠤ ᠤᠯᠤᠰ ᠤᠨ ᠤᠯᠤᠰ ᠤᠨ ᠪᠠᠶᠢᠳᠠᠯ ᠲᠠᠢ ᠨᠡᠶᠢᠴᠡᠵᠦ᠂ ᠤᠯᠤᠰ ᠣᠷᠣᠨ ᠤ ᠨᠢᠭᠡᠳᠦᠯ ᠪᠠ | ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ᠦᠨᠳᠦᠰᠦᠲᠡᠨ ᠤ ᠡᠷᠬᠡ ᠲᠡᠭᠰᠢ ᠪᠦᠯᠬᠦᠮᠳᠡᠯ ᠢ | ᠴᠢᠩᠭᠠᠳᠬᠠᠬᠤ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ | ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠵᠡᠷᠭᠡ ᠲᠠᠯ᠎ᠠ ᠪᠠᠷ ᠴᠥᠮ ᠴᠢᠬᠤᠯᠠ ᠦᠢᠯᠡᠳᠦᠯ | ᠦᠵᠡᠭᠦᠯᠪᠡ︾ ᠭᠡᠵᠦ ᠳᠤᠳᠤᠷᠬᠠᠢ ᠵᠢᠭᠠᠵᠦ ᠭᠠᠷᠭᠠᠪᠠ᠃ | ᠪᠠᠷᠢᠮᠲᠠᠯᠠᠬᠤ ᠶᠢᠨ ᠳᠤᠮᠳᠠ ᠬᠥᠭᠵᠢᠭᠦᠯᠵᠦ᠂ ᠬᠥᠭᠵᠢᠭᠦᠯᠬᠦ ᠶᠢᠨ ᠳᠤᠮᠳᠠ ᠲᠡᠭᠦᠯᠳᠡᠷᠵᠢᠭᠦᠯᠦᠨ᠎ᠡ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠤᠯᠤᠭᠰᠠᠨ ᠪᠠᠶᠢᠭᠤᠯᠤᠯ ᠤᠨ | ᠰᠢᠨ᠎ᠡ ᠶᠢ ᠡᠭᠦᠳᠦᠭᠰᠡᠨ ᠠᠭᠤᠤ ᠶᠡᠭᠡ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠨᠢ ᠲᠠᠰᠤᠷᠠᠯᠲᠠ ᠥᠬᠡᠶ ᠬᠥᠭᠵᠢᠨ ᠲᠡᠭᠦᠯᠳᠡᠷᠵᠢᠬᠦ ᠶᠠᠪᠤᠴᠠ ᠳᠤᠮᠳᠠ ᠪᠠᠨ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠲᠤ ᠨᠠᠩ ᠴᠤᠭ ᠪᠠᠳᠠᠷᠠᠩᠭᠤᠶ ᠬᠥᠳᠡᠯᠭᠡᠬᠦ | ᠬᠦᠴᠦᠨ ᠨᠡᠮᠡᠷᠢᠯᠡᠪᠡ᠃ | ᠡᠨᠡ ᠬᠦ ᠵᠥᠪ ᠤᠨᠤᠪᠴᠢᠳᠠᠢ ᠵᠠᠮ ᠨᠢ ᠡᠬᠡ ᠤᠯᠤᠰ ᠤᠨ ᠨᠢᠭᠡᠳᠦᠯ᠂ ᠬᠢᠯᠢ ᠬᠢᠵᠠᠭᠠᠷ ᠤᠨ ᠠᠮᠤᠷ | ᠲᠣᠭᠲᠠᠭᠤᠨ ᠢ ᠬᠦᠴᠦᠲᠡᠢ ᠬᠠᠮᠠᠭᠠᠯᠠᠪᠠ — | 2021 ᠣᠨ ᠤ 6 ᠰᠠᠷ᠎ᠠ ᠶᠢᠨ 29 ᠤ ᠡᠳᠦᠷ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ᠃ | | ᠲᠥᠪᠡᠳ ᠤᠨ ᠯᠦᠩᠽᠢ ᠰᠢᠶᠠᠨ ᠤ ᠢᠦᠢ ᠮᠠᠢ ᠰᠢᠶᠠᠩ ᠤᠨ ᠵᠦᠸᠧ ᠭᠠ ᠳᠣᠭᠳᠣᠯᠤᠭᠰᠠᠨ ᠰᠡᠳᠬᠢᠯᠭᠡ ᠪᠠᠨ | ᠳᠠᠷᠤᠵᠦ ᠶᠠᠳᠠᠨ ᠭᠠᠪᠢᠶᠠᠨ ᠳᠡᠮᠳᠡᠭ ᠣᠯᠭᠤᠬᠤ ᠲᠠᠶᠢᠰᠠᠨ ᠳᠤ ᠭᠠᠷᠴᠤ᠂ ᠶᠡᠷᠦᠩᠬᠡᠢ ᠱᠦᠵᠢ ᠰᠢ ᠶᠢᠨ ᠫᠢᠩ ᠤᠨ | ᠪᠡᠶ᠎ᠡ ᠪᠠᠷ ᠢᠶᠠᠨ ᠲᠡᠭᠦᠨ ᠳᠤ ᠣᠯᠭᠤᠭᠰᠠ ︽ᠳᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠳᠡᠮᠳᠡᠭ︾ ᠢ ᠲᠤᠰᠴᠦ | ᠠᠪᠤᠪᠠ᠃ | 33 ᠵᠢᠯ ᠤᠨ ᠡᠮᠦᠨ᠎ᠡ᠂ ᠵᠦᠸᠧ ᠭᠠ ᠢᠦᠢ ᠮᠠᠢ ᠰᠢᠶᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠬᠡ | ᠤᠯᠤᠰ ᠤᠨ ᠢᠶᠠᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠶᠢᠨ ᠲᠥᠯᠥᠭᠡ ᠬᠢᠯᠢ ᠴᠠᠭᠳᠠᠬᠤ | ᠠᠶᠠᠨ ᠢᠶᠠᠨ ᠬᠦᠬᠡᠬᠡᠵᠦ ᠪᠠᠶᠢᠯ᠎ᠠ᠃ ᠵᠠᠷᠢᠮ ᠳᠠᠭᠠᠨ ᠵᠠᠮᠨᠠᠭᠠᠳ ᠶᠠᠳᠠᠷᠠᠬᠤ ᠦᠶᠡᠰ᠂ ᠵᠦᠸᠧ ᠭᠠ ᠴᠠᠰᠤᠲᠤ ᠠᠭᠤᠯᠠ ᠶᠢ | ᠪᠠᠷᠠᠯᠠᠵᠤ᠂ ᠠᠪᠤ ᠶᠢᠨ ᠢᠶᠠᠨ ᠥᠪᠡᠷ ᠤᠨ ᠭᠠᠷ ᠢᠶᠠᠷ ᠢᠶᠠᠨ ᠤᠶᠤᠭᠰᠠᠨ ᠲᠡᠷᠡᠬᠦ ᠲᠠᠪᠤᠨ ᠣᠳᠣᠲᠤ ᠤᠯᠠᠭᠠᠨ ᠲᠤᠭ ᠢᠶᠠᠨ | ᠨᠠᠨᠳᠢᠩᠨᠠᠨ ᠡᠷᠭᠦᠵᠦ ᠲᠡᠭᠦᠨ ᠳᠤ᠄ ︽ᠢᠦᠢ ᠮᠠᠢ ᠪᠤᠯ ᠮᠠᠨ ᠤ ᠲᠦᠷᠦᠭᠰᠡᠨ ᠨᠤᠳᠤᠭ᠂ ᠳᠤᠮᠳᠠᠳᠤ ᠤᠯᠤᠰ ᠪᠤᠯ ᠮᠠᠨ ᠤ | ᠡᠭᠡ ᠤᠯᠤᠰ︾ ᠭᠡᠵᠦ ᠬᠡᠯᠡᠵᠦ ᠪᠠᠶᠢᠭᠰᠠᠨ ᠢ ᠨᠢ ᠡᠷᠬᠢᠴᠡᠬᠦᠯᠦᠨᠡ᠃ | ᠵᠦᠸᠧ ᠭᠠ ᠭᠡᠷ ᠤᠨ ᠬᠥᠮᠦᠰ ᠲᠠᠢ ᠪᠠᠨ ᠬᠠᠮᠳᠦ ᠬᠢᠯᠢ ᠰᠠᠬᠢᠭᠰᠠᠨ ᠦᠢᠯᠡ ᠠᠵᠢᠯᠯᠠᠭ᠎ᠠ ᠨᠢ ᠤᠯᠤᠰ | ᠳᠠᠶᠠᠭᠠᠷ ᠢ ᠳᠣᠭᠳᠣᠯᠤᠭᠤᠯᠪᠠ᠃ ᠣᠳᠣᠬᠠᠨ ᠳᠤ᠂ ᠢᠦᠢ ᠮᠠᠢ ᠰᠢᠶᠠᠩ ᠤᠯᠤᠰ ᠤᠨ ᠬᠦᠴᠦᠲᠡᠢ ᠳᠡᠮᠵᠢᠯᠭᠡ ᠳᠣᠣᠷ᠎ᠠ | ᠨᠢᠭᠡᠨᠲᠡ ᠨᠢᠭᠡ ᠰᠢᠶᠠᠩ ᠬᠤᠶᠠᠷ ᠲᠣᠰᠬᠤᠨ ᠤ ᠴᠢᠨᠡᠭᠡᠯᠢᠭ ᠰᠢᠶᠠᠩ ᠪᠠᠯᠭᠠᠰᠤ ᠪᠤᠯᠵᠦ᠂ ᠰᠠᠭᠤᠭᠠᠯᠢ ᠠᠷᠠᠳ ᠨᠢ 3 | ᠬᠥᠮᠦᠨ ᠪᠠᠶᠢᠭᠰᠠᠨ ᠠᠴᠠ ᠪᠠᠨ 200 ᠭᠠᠷᠤᠢ ᠬᠥᠮᠦᠨ ᠪᠣᠯᠤᠨ ᠨᠡᠮᠡᠭᠳᠡᠵᠡᠢ᠂ ᠲᠠᠳᠠ ᠬᠢᠯᠢ ᠬᠢᠵᠠᠭᠠᠷ ᠤᠷᠤᠨ ᠳᠤ | ᠠᠵᠢᠯᠯᠠᠵᠤ ᠠᠮᠢᠳᠤᠷᠠᠨ᠂ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠦᠷᠭᠦᠯᠵᠢᠯᠡᠨ ᠰᠡᠳᠬᠢᠯ ᠬᠥᠳᠡᠯᠭᠡᠮ᠎ᠡ | ᠥᠯᠢᠭᠡᠷ ᠢ ᠪᠢᠴᠢᠭᠯᠡᠵᠦ ᠪᠠᠶᠢᠨ᠎ᠠ᠃ | ᠮᠠᠨ ᠤ ᠤᠯᠤᠰ ᠤᠨ ᠬᠢᠯᠢ ᠬᠢᠵᠠᠭᠠᠷ ᠣᠷᠣᠨ ᠤ ᠣᠯᠠᠩᠬᠢ ᠨᠢ ᠦᠨᠳᠦᠰᠦᠲᠡᠨ ᠤ ᠭᠠᠵᠠᠷ ᠣᠷᠣᠨ ᠪᠠᠶᠢᠵᠤ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠬᠢᠯᠢ ᠬᠢᠵᠠᠭᠠᠷ ᠤᠨ ᠠᠮᠤᠷ ᠲᠣᠭᠲᠠᠭᠤᠨ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ᠄ ︽ᠬᠢᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠢᠯᠢ ᠬᠢᠵᠠᠭᠠᠷ ᠲᠤ | ᠦᠨᠳᠦᠰᠦᠯᠡᠵᠦ᠂ ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠨᠤᠲᠤᠭ ᠤᠷᠤᠨ ᠢᠶᠠᠨ ᠪᠦᠳᠦᠭᠡᠨ | ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ︾ ᠭᠡᠵᠦ ᠤᠯᠠᠨᠳᠠ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠤᠷ᠎ᠠ᠂ ᠣᠶᠢᠷ᠎ᠠ ᠶᠢᠨ | ᠵᠢᠯ ᠳᠤ ᠬᠢᠯᠢ ᠬᠢᠵᠠᠭᠠᠷ ᠣᠷᠣᠨ ᠢ ᠬᠥᠭᠵᠢᠭᠦᠯᠤᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠨᠳᠦᠰᠦᠲᠡᠨ ᠤ | ᠭᠠᠵᠠᠷ ᠣᠷᠣᠨ ᠳᠤ ᠥᠷᠭᠡᠨ ᠢᠶᠠᠷ ᠬᠡᠷᠡᠭᠵᠢᠭᠦᠯᠵᠦ᠂ ᠬᠢᠯᠢ ᠶᠢᠨ ᠠᠷᠠᠳ ᠤᠨ ᠦᠶᠯᠡᠳᠪᠦᠷᠢᠯᠡᠯ ᠠᠮᠢᠳᠤᠷᠠᠯ ᠤᠨ | ᠨᠥᠬᠦᠴᠡᠯ ᠶᠡᠭᠡ ᠪᠠᠷ ᠰᠠᠶᠢᠵᠢᠷᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠢᠭᠲᠠᠷᠠᠯ ᠤᠨ ᠬᠦᠴᠦᠨ ᠪᠠ | ᠲᠥᠪᠯᠡᠩᠭᠦᠢ ᠬᠦᠴᠦᠨ ᠢᠯᠡᠳᠲᠡ ᠴᠢᠩᠭᠠᠷᠠᠪᠠ᠃ ᠭᠤᠶᠣ ᠰᠠᠶᠢᠬᠠᠨ ᠣᠷᠴᠢᠨ ᠲᠣᠭᠤᠷᠢᠨ ᠪᠥᠬᠦᠶ ᠴᠢᠨᠡᠭᠡᠯᠢᠭ | ᠲᠣᠰᠬᠤᠨ ᠨᠤᠭᠤᠳ ᠡᠬᠡ ᠣᠷᠣᠨ ᠤ ᠬᠢᠯᠢ ᠶᠢᠨ ᠱᠤᠭᠤᠮ ᠢ ᠴᠢᠮᠡᠨ ᠭᠡᠷᠡᠯᠲᠦᠭᠦᠯᠵᠦ᠂ ᠠᠷᠢᠭᠤᠨ ᠳᠠᠷᠬᠠᠨ | ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ ᠪᠠᠶᠢᠨ᠎ᠠ᠃ | ᠡᠨᠡ ᠬᠦ ᠵᠥᠪ ᠤᠨᠤᠪᠴᠢᠳᠠᠢ ᠵᠠᠮ ᠨᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ | ᠳᠤᠮᠳᠠᠳᠤ ᠶᠢᠨ ᠰᠣᠶᠣᠯ ᠤᠨ ᠲᠤᠬᠠᠢ ᠴᠢᠩᠭ᠎ᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ — | ︽ᠦᠭᠡ ᠬᠡᠯᠡ ᠨᠡᠪᠳᠡᠷᠡᠪᠡᠯ ᠰᠠᠶ᠋ᠢ ᠰᠣᠶᠣᠯ ᠨᠡᠪᠳᠡᠷᠡᠵᠤ ᠴᠢᠳᠠᠨ᠎ᠠ᠂ ᠰᠣᠶᠣᠯ ᠨᠡᠪᠲᠡᠷᠡᠪᠡᠯ ᠰᠠᠶ᠋ᠢ ᠰᠡᠳᠬᠢᠯ | ᠨᠡᠪᠲᠡᠷᠡᠯᠴᠡᠨ᠎ᠡ︾ ᠡᠨᠡ ᠪᠣᠯ ᠰᠢᠨᠵᠢᠶᠠᠩ ᠤᠨ ᠦᠱᠢ ᠰᠢᠶᠠᠨ ᠤ ᠢᠮᠠᠮᠦ᠋ ᠪᠠᠯᠭᠠᠰᠤᠨ ᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠵᠠᠬᠢᠷᠤᠯ ᠺᠦᠷᠪᠠᠨ·ᠨᠢᠶᠠᠽᠢ ᠶᠢᠨ | ᠪᠠᠭᠰᠢ ᠰᠤᠷᠤᠭᠴᠢᠳ ᠲᠤ ᠪᠠᠨ ᠦᠷᠭᠦᠯᠵᠢ ᠬᠡᠯᠡᠳᠡᠭ ᠦᠭᠡ ᠪᠣᠯᠤᠨ᠎ᠠ᠃ | ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠣᠭᠤᠷᠢᠨ ᠦᠵᠡᠬᠦ ᠪᠦᠯᠬᠦᠮ ᠤᠨ ᠨᠢᠭᠡ ᠭᠡᠰᠢᠭᠦᠨ | ᠪᠣᠯᠤᠭᠰᠠᠨ ᠤ ᠬᠤᠪᠢ ᠳᠤ᠂ ᠡᠨᠡ ᠵᠢᠯ ᠺᠦᠷᠪᠠᠨ · ᠨᠢᠶᠠᠽᠢ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 500 | ᠭᠠᠷᠤᠢ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠲᠠᠢ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠡᠷᠭᠡ ᠠᠵᠢᠯᠯᠠᠭ᠎ᠠ ᠳᠤ ᠣᠷᠣᠯᠴᠠᠪᠠ᠃ | ᠤᠯᠠᠨ ᠵᠢᠯ ᠤᠨ ᠡᠮᠦᠨ᠎ᠡ᠂ ᠺᠦᠷᠪᠠᠨ·ᠨᠢᠶᠠᠽᠢ ᠪᠦᠬᠦ ᠬᠠᠳᠠᠭᠠᠯᠠᠮᠵᠢ ᠪᠠᠨ ᠭᠠᠷᠭᠠᠵᠤ᠂ ᠰᠢᠨᠵᠢᠶᠠᠩ ᠤᠨ ᠡᠮᠦᠨᠡᠲᠦ | ᠬᠡᠰᠡᠭ ᠤᠨ ᠬᠥᠳᠡᠭᠡ ᠲᠣᠰᠬᠤᠨ ᠳᠤ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ | ᠬᠢᠴᠢᠶᠡᠯᠯᠡᠬᠦ ᠪᠠᠭ᠎ᠠ ᠰᠤᠷᠭᠠᠭᠤᠯᠢ ᠶᠢ ᠪᠠᠶᠢᠭᠤᠯᠵᠤ᠂ ᠤᠯᠤᠰ ᠤᠨ ᠤᠤᠷ ᠰᠤᠶᠤᠯ ᠤᠨ ᠬᠢᠴᠢᠶᠡᠯ ᠤᠨ ᠲᠠᠩᠬᠢᠮ ᠢ | ᠨᠡᠭᠡᠭᠡᠵᠦ᠂ ᠳᠤᠮᠳᠠᠳᠤ ᠶᠢᠨ ᠰᠣᠶᠣᠯ ᠢ ᠤᠯᠠᠮᠵᠢᠯᠠᠪᠠ᠃ | ︽ᠳᠤᠰᠤᠯ ᠤᠰᠤ ᠳᠠᠯᠠᠢ ᠳᠤ ᠴᠢᠳᠬᠤᠪᠠᠯ ᠰᠠᠶ᠋ᠢ ᠥᠨᠢᠳᠡ ᠶᠢᠨ ᠠᠮᠢ ᠨᠠᠰᠤ ᠶᠢ ᠣᠯᠵᠤ ᠴᠢᠳᠠᠨ᠎ᠠ᠂ ᠨᠢᠭᠡ | ᠦᠨᠳᠦᠰᠦᠲᠡᠨ ᠭᠠᠭᠴᠠ ᠬᠦ ᠡᠬᠡ ᠤᠯᠤᠰ ᠤᠨ ᠶᠡᠭᠡ ᠭᠡᠷ ᠪᠦᠯᠢ ᠳᠤ ᠠᠭᠤᠰᠤᠯᠴᠠᠪᠠᠯ ᠰᠠᠶ᠋ᠢ ᠥᠨᠢᠳᠡ ᠶᠢᠨ | ᠬᠥᠭᠵᠢᠯᠲᠡ ᠶᠢ ᠣᠯᠵᠤ ᠴᠢᠳᠠᠨ᠎ᠠ᠃ ᠪᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠭᠴᠢ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠳᠦᠯᠭᠡᠵᠢᠭᠦᠯᠦᠭᠴᠢ ᠶᠢᠨ ᠬᠤᠪᠢ ᠪᠠᠷ ᠦᠷᠬᠦᠯᠵᠢᠯᠡᠨ ᠰᠢᠮᠳᠡᠨ | ᠠᠵᠢᠯᠯᠠᠨ᠎ᠠ︾ ᠭᠡᠵᠦ ᠺᠦᠷᠪᠠᠨ· ᠨᠢᠶᠠᠽᠢ ᠡᠷᠡᠰ ᠪᠠᠲᠤ ᠬᠡᠯᠡᠪᠡ᠃ | ᠶᠡᠷᠦᠩᠬᠡᠢ ᠱᠦᠵᠢ ᠰᠢ ᠶᠢᠨ ᠫᠢᠩ ᠢᠮᠠᠭᠲᠠ ᠦᠨᠳᠦᠰᠦᠲᠡᠨ ᠨᠦᠭᠦᠳ ᠤᠨ ᠳᠤᠮᠳᠠᠳᠤ ᠶᠢᠨ ᠰᠣᠶᠣᠯ ᠤᠨ | ᠲᠤᠬᠠᠢ ᠬᠠᠮᠲᠤ ᠶᠢᠨ ᠲᠠᠨᠢᠯᠲᠠ ᠶᠢ ᠪᠤᠢ ᠪᠣᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠤᠮᠳᠠᠳᠤ ᠶᠢᠨ | ᠦᠨᠳᠦᠰᠦᠲᠡᠨ ᠤ ᠶᠡᠭᠡ ᠪᠦᠯᠬᠦᠮᠳᠡᠯ ᠢ ᠴᠢᠩᠭᠠᠳᠬᠠᠬᠤ ᠶᠢᠨ ᠠᠯᠤᠰ ᠬᠡᠳᠦ ᠶᠢᠨ ᠪᠠ ᠦᠨᠳᠦᠰᠦᠨ ᠵᠦᠢᠯ ᠪᠣᠯ | ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠢ ᠴᠤᠬᠴᠠᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ | ᠢᠳᠡᠪᠬᠢᠲᠡᠢ ᠬᠥᠮᠦᠵᠢᠭᠦᠯᠬᠦ ᠶᠠᠪᠤᠳᠠᠯ ᠪᠣᠯᠤᠨ᠎ᠠ︾ ᠭᠡᠵᠦ ᠵᠢᠭᠠᠵᠤ ᠭᠠᠷᠭᠠᠪᠠ᠃ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠤᠶᠢᠵᠢᠭᠤᠯᠵᠤ᠂ ᠵᠠᠯᠭᠠᠮᠵᠢᠯᠠᠵᠤ᠂ | ᠬᠥᠭᠵᠢᠭᠦᠯᠦᠭᠰᠡᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠨᠢᠭᠡᠨᠲᠡ ᠳᠤᠮᠳᠠᠳᠤ ᠶᠢᠨ ᠬᠥᠪᠡᠭᠦᠳ | ᠥᠬᠢᠳ ᠤᠨ ᠴᠢᠰᠤ ᠪᠠ ᠰᠦᠭ ᠰᠦᠨᠡᠰᠦ ᠳᠤ ᠭᠦᠨ ᠠᠭᠤᠰᠤᠨ ᠣᠷᠣᠵᠤ᠂ ᠮᠠᠨ ᠤ ᠤᠯᠤᠰ ᠤᠨ ᠬᠥᠭᠵᠢᠯᠲᠡ | ᠳᠠᠪᠰᠢᠯᠲᠠ ᠶᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠣᠯᠤᠭᠰᠠᠨ ᠪᠠᠶᠢᠨ᠎ᠠ᠃ | ᠵᠠᠮ ᠴᠢᠭᠯᠡᠯ ᠢ ᠲᠣᠭᠲᠠᠭᠠᠵᠤ᠂ ᠴᠢᠭᠯᠡᠯ ᠬᠤᠪᠢ ᠵᠠᠶᠠᠭ᠎ᠠ ᠶᠢ ᠲᠣᠭᠲᠠᠭᠠᠨ᠎ᠠ᠃ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠵᠠᠮ ᠢ ᠪᠠᠷᠢᠮᠲᠠᠯᠠᠨ᠂ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠡᠷᠬᠡ | ᠲᠡᠭᠰᠢ ᠪᠠᠶᠢᠬᠤ ᠶᠢ ᠪᠠᠷᠢᠮᠲᠠᠯᠠᠨ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ | ᠬᠥᠭᠵᠢᠬᠦ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠰᠠᠨᠠᠭᠠᠨ ᠤ | ᠰᠠᠭᠤᠷᠢ ᠶᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠎ᠠ᠁ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠳᠤᠮᠳᠠᠳᠤ ᠤᠯᠤᠰ ᠤᠨ | ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠢᠳᠡᠷᠡᠬᠦᠨ ᠠᠯᠬᠤᠵᠦ᠂ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠲᠠᠰᠤᠷᠠᠯᠳᠡ ᠦᠭᠡᠢ ᠭᠦᠨᠵᠡᠭᠡᠶᠢᠷᠡᠨ᠂ ᠡᠶ᠎ᠡ ᠨᠠᠶᠢᠷᠲᠠᠢ ᠪᠠᠷ ᠬᠠᠮᠲᠤ | ᠣᠷᠣᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠡᠶ᠎ᠡ ᠵᠣᠬᠢᠴᠠᠩᠭᠤᠢ ᠪᠠᠷ ᠬᠥᠭᠵᠢᠵᠦ᠂ ᠨᠢᠭᠲᠠᠷᠠᠯ ᠤᠨ | ᠬᠦᠴᠦᠨ᠂ ᠲᠥᠪᠯᠡᠷᠡᠯ ᠤᠨ ᠬᠦᠴᠦᠨ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ 56 ᠦᠨᠳᠦᠰᠦᠲᠡᠨ ᠢ | ᠠᠴᠢᠶᠠᠯᠠᠭᠰᠠᠨ ᠳᠤᠮᠳᠠᠳᠤ ᠶᠢᠨ ᠲᠤᠮᠤ ᠬᠥᠯᠭᠡ ᠣᠩᠭᠤᠴᠠ ᠳᠠᠪᠠᠯᠭᠠᠨ ᠢ ᠵᠦᠰᠦᠨ ᠤᠷᠤᠭᠰᠢᠯᠠᠵᠤ᠂ ᠳᠠᠷᠪᠠᠭᠤᠯ | ᠬᠡᠶᠢᠰᠬᠡᠨ ᠠᠯᠤᠰ ᠢ ᠵᠤᠷᠢᠨ᠎ᠠ᠃ | ᠦᠢᠯᠡᠳᠦᠯᠭᠡ ᠶᠢᠨ ᠬᠦᠴᠦᠨ | ᠦᠨᠳᠦᠰᠦᠲᠡᠨ ᠨᠦᠭᠦᠳ ᠠᠨᠠᠷ ᠤᠨ ᠦᠷ᠎ᠡ ᠮᠡᠳᠦ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠪᠡ | 2021 ᠣᠨ ᠤ 2 ᠰᠠᠷ᠎ᠠ ᠶᠢᠨ 25 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳ᠋ᠦᠩᠨᠡᠵᠦ ᠬᠦᠬᠢᠬᠦᠯᠦᠨ ᠰᠠᠶᠢᠰᠢᠶᠠᠬᠤ ᠶᠡᠭᠡ | ᠬᠤᠷᠠᠯ ᠳᠡᠭᠡᠷ᠎ᠡ᠄ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ | ᠪᠦᠬᠦ ᠲᠠᠯ᠎ᠠ ᠶᠢᠨ ᠢᠯᠠᠯᠲᠠ ᠣᠯᠵᠠᠢ ᠭᠡᠵᠦ ᠲᠥᠪ ᠴᠢᠩᠭ᠎ᠠ ᠪᠠᠷ ᠲᠤᠩᠬᠠᠭᠯᠠᠪᠠ᠃ | ᠮᠢᠩᠭᠠᠨ ᠣᠨ ᠤ ᠬᠦᠰᠡᠯ ᠪᠠᠷᠠᠯᠠᠯ ᠨᠢᠭᠡᠨ ᠡᠳᠦᠷ ᠪᠡᠶᠡᠯᠡᠪᠡ᠃ ᠶᠠᠳᠠᠭᠤ ᠠᠴᠠ ᠠᠩᠭᠢᠵᠢᠷᠠᠭᠤᠯᠬᠤ ᠡᠭᠦᠷᠭᠡ | ᠲᠦᠢᠯ ᠤᠨ ᠬᠦᠨᠳᠦ ᠪᠠᠶᠢᠭᠰᠠᠨ ᠦᠨᠳᠦᠰᠦᠲᠡᠨ ᠤ ᠭᠠᠵᠠᠷ ᠣᠷᠣᠨ ᠳᠤ ᠠᠪᠴᠤ ᠬᠡᠯᠡᠪᠡᠯ᠂ ᠢᠯᠠᠯᠲᠠ ᠶᠢᠨ ᠪᠠᠶᠠᠷ | ᠪᠠᠭ᠋ᠠᠳᠤᠯ ᠨᠡᠩ ᠣᠷᠭᠢᠯᠤᠮ᠎ᠠ᠃ | ᠱᠠᠩᠨᠠᠯ ᠣᠯᠭᠤᠬᠤ ᠲᠠᠶᠢᠰᠠᠨ ᠳᠤ ᠭᠠᠷᠬᠤ ᠳᠤ᠂ ᠰᠧᠴᠤᠸᠠᠨ ᠤ ᠵᠤᠤ ᠵᠢᠤᠸᠠᠢ ᠰᠢᠶᠠᠨ ᠤ ᠰᠠᠨ ᠾᠧ | ᠲᠣᠰᠬᠤᠨ ᠤ ᠨᠢᠭᠡᠳᠦᠭᠡᠷ ᠱᠦᠵᠢ ᠯᠢ ᠺᠠᠢ ᠶᠡᠷᠦᠩᠬᠡᠢ ᠱᠦᠵᠢ ᠳᠤ᠄ ︽ᠨᠤᠲᠤᠭ ᠤᠨ ᠠᠬ᠎ᠠ ᠳᠡᠭᠦᠦ ᠨᠡᠷ ᠲᠠᠨ ᠢ ᠮᠠᠰᠢ | ᠳᠤᠷᠠᠰᠤᠨ ᠰᠠᠨᠠᠭᠠᠯᠵᠠᠵᠤ ᠪᠠᠶᠢᠨ᠎ᠠ᠂ ᠨᠠᠳᠠ ᠪᠠᠷ ᠲᠠᠨ ᠳᠤ ︿ᠺᠠᠱᠠᠱᠠ ︵ᠪᠠᠶᠠᠷᠯᠠᠯ᠎ᠠ ᠭᠡᠰᠡᠨ ᠦᠬᠡ︶﹀ ᠶᠢ ᠳᠠᠬᠢᠨᠲᠠ | ᠳᠠᠮᠵᠢᠭᠤᠯᠬᠤ ᠶᠢ ᠨᠠᠶᠢᠳᠠᠭᠰᠠᠨ︾ ᠬᠡᠵᠦ ᠰᠡᠳᠬᠢᠯ ᠳᠣᠭᠳᠣᠯᠤᠨ ᠶᠠᠷᠢᠪᠠ᠃ | ︽ᠺᠠᠱᠠᠱᠠ︕︾ ᠭᠡᠵᠦ ᠶᠡᠷᠦᠩᠬᠡᠢ ᠱᠦᠵᠢ ᠰᠢ ᠶᠢᠨ ᠫᠢᠩ ᠪᠠᠶᠠᠰᠤᠨ ᠬᠠᠷᠢᠭᠤᠯᠬᠤ ᠶᠢᠨ ᠬᠠᠮᠲᠤ᠂ ︽ᠭᠤᠷᠪᠠᠨ | ᠭᠤᠣᠯ ᠲᠣᠰᠬᠤᠨ ᠪᠣᠯ ᠮᠠᠰᠢ ᠨᠡᠶᠢᠲᠡᠯᠢᠭ ᠵᠢᠱᠢᠶ᠎ᠡ ᠮᠥᠨ᠂ ᠶᠠᠳᠠᠭᠤ ᠠᠴᠠ ᠠᠩᠭᠢᠵᠢᠷᠠᠬᠤ ᠨᠢ ᠲᠡᠶᠢᠮᠦ ᠬᠢᠯᠪᠠᠷ ᠪᠢᠰᠢ | ᠶᠤᠮ︾ ᠭᠡᠵᠦ ᠵᠤᠷᠢᠭᠵᠢᠭᠤᠯᠤᠨ ᠶᠠᠷᠢᠵᠠᠢ᠃ | 2018 ᠣᠨ ᠤ ᠴᠠᠭᠠᠨ ᠰᠠᠷ᠎ᠠ ᠠᠴᠠ ᠡᠮᠦᠨᠡᠬᠡᠨ᠂ ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠢ | ᠦᠨᠳᠦᠰᠦᠲᠡᠨ ᠤ ᠶᠠᠳᠠᠭᠤ ᠬᠦᠴᠢᠷᠳᠡᠯᠲᠡᠢ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠢ ᠤᠯᠠᠨ ᠲᠦᠮᠡᠨ ᠢ | ᠪᠣᠯᠭᠤᠭᠠᠨ ᠦᠵᠡᠪᠡ᠃ ᠥᠨᠥᠳᠦᠷ ᠤᠨ ᠰᠠᠨ ᠾᠧ ᠲᠣᠰᠬᠤᠨ ᠳᠤ᠂ ᠢ ᠦᠨᠳᠦᠰᠦᠲᠡᠨ ᠤ ᠣᠨᠴᠠᠯᠢᠭ ᠲᠠᠢ ᠰᠢᠨ᠎ᠡ | ᠪᠠᠶᠢᠰᠢᠩ ᠨᠢ ᠤᠤᠯ ᠤᠨ ᠪᠦᠳᠦᠭᠦᠯᠢᠭ ᠪᠣᠭᠤᠨᠢ ᠰᠢᠪᠠᠷ ᠪᠠᠶᠢᠰᠢᠩ ᠢ ᠣᠷᠣᠯᠠᠵᠤ᠂ ᠠᠷᠠᠳ ᠤᠨ ᠠᠮᠢᠳᠤᠷᠠᠯ ᠶᠡᠬᠡᠪᠡᠷ | ᠬᠤᠪᠢᠷᠠᠵᠠᠢ᠃ | ᠦᠨᠳᠦᠰᠦᠲᠡᠨ ᠤ ᠭᠠᠵᠠᠷ ᠣᠷᠣᠨ ᠤ ᠴᠢᠨᠡᠭᠡᠯᠢᠭᠵᠢᠯ ᠪᠠᠶᠢᠬᠤ ᠦᠭᠡᠢ ᠪᠣᠯ ᠪᠦᠬᠦ ᠤᠯᠤᠰ ᠤᠨ ᠪᠦᠬᠦ | ᠲᠠᠯ᠎ᠠ ᠶᠢᠨ ᠴᠢᠨᠡᠭᠡᠯᠢᠭᠵᠢᠯ ᠪᠠᠶᠢᠵᠤ ᠴᠢᠳᠠᠬᠤ ᠦᠭᠡᠢ᠃ ᠶᠡᠷᠦᠩᠬᠡᠢ ᠱᠦᠵᠢ ᠰᠢ ᠶᠢᠨ ᠫᠢᠩ ︽ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠳᠤ ᠴᠥᠭᠡᠨ ᠲᠣᠭᠠᠲᠤ ᠦᠨᠳᠦᠰᠦᠲᠡᠨ ᠢ ᠨᠢᠭᠡ ᠶᠢ ᠴᠦ ᠣᠷᠬᠢᠭᠳᠠᠭᠤᠯᠵᠤ ᠪᠣᠯᠬᠤ | ᠦᠭᠡᠢ᠂ ᠨᠢᠭᠡ ᠶᠢ ᠴᠦ ᠬᠤᠴᠣᠷᠭᠠᠵᠤ ᠪᠣᠯᠬᠤ ᠦᠭᠡᠢ︾ ᠭᠡᠵᠦ ᠣᠯᠠᠨᠲᠠ ᠴᠢᠬᠤᠯᠠᠴᠢᠯᠠᠪᠠ᠃ | ᠡᠨᠡ ᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ | ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠠᠷᠪᠠᠨ ᠬᠡᠳᠦᠨ ᠤᠳᠠᠭ᠎ᠠ ᠦᠨᠳᠦᠰᠦᠲᠡᠨ ᠤ ᠭᠠᠵᠠᠷ ᠣᠷᠣᠨ ᠳᠤ | ᠭᠦᠨᠵᠡᠭᠡᠶᠢᠷᠡᠨ ᠪᠠᠶᠢᠳᠠᠯ ᠢ ᠪᠠᠶᠢᠴᠠᠭᠠᠨ ᠰᠤᠳᠤᠯᠵᠤ᠂ ᠪᠡᠶ᠎ᠡ ᠪᠠᠷ ᠢᠶᠠᠨ ᠲᠥᠯᠥᠪᠯᠡᠨ ᠪᠠᠶᠢᠷᠢᠯᠠᠭᠤᠯᠵᠤ᠂ ᠪᠡᠶ᠎ᠡ ᠪᠠᠷ ᠢᠶᠠᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠵᠢᠯᠣᠭᠤᠳᠪᠠ᠃ | ᠥᠨᠥᠳᠦᠷ᠂ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠲᠠᠪᠤᠨ ᠥᠪᠡᠷᠲᠡᠭᠡᠨ ᠵᠠᠰᠠᠬᠤ | ᠣᠷᠣᠨ ᠪᠣᠯᠤᠨ ᠭᠦᠢᠵᠧᠦ᠂ ᠶᠦᠨᠨᠠᠨ᠂ ᠬᠥᠬᠡᠨᠠᠭᠤᠷ ᠭᠤᠷᠪᠠᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ | ᠲᠥᠪᠯᠡᠷᠡᠭᠰᠡᠨ ᠮᠤᠵᠢ ᠶᠢᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢᠶᠠᠷ ᠢᠶᠠᠨ | ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠶᠠᠳᠠᠭᠤ ᠠᠴᠠ ᠠᠩᠭᠢᠵᠢᠷᠠᠵᠤ᠂ ᠬᠥᠮᠦᠨ ᠠᠮᠠ ᠪᠠᠷ ᠴᠥᠭᠡᠪᠲᠦᠷ | 28 ᠦᠨᠳᠦᠰᠦᠲᠡᠨ ᠪᠦᠬᠦᠨ ᠢᠶᠠᠷ ᠢᠶᠠᠨ᠂ ᠪᠦᠬᠦ ᠦᠨᠳᠦᠰᠦᠲᠡᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ | ᠳᠤᠮᠳᠠᠳᠤ ᠶᠢᠨ ᠦᠨᠳᠦᠰᠦᠲᠡᠨ ᠤ ᠲᠡᠦᠬᠡᠨ ᠬᠠᠭᠤᠳᠠᠰᠤᠨ ᠳᠤ ᠲᠡᠮᠳᠡᠭᠯᠡᠭᠳᠡᠬᠦ ᠬᠥᠮᠦᠨ ᠤ ᠶᠢᠷᠲᠢᠨᠴᠦ ᠶᠢᠨ | ᠭᠠᠶᠢᠬᠠᠮᠰᠢᠭ ᠢ ᠪᠢᠴᠢᠭᠯᠡᠵᠡᠢ᠃ | ᠦᠨᠳᠦᠰᠦᠲᠡᠨ ᠤ ᠠᠵᠢᠯ ᠪᠦᠬᠦ ᠲᠠᠯ᠎ᠠ ᠳᠤ ᠬᠤᠯᠪᠣᠭᠳᠠᠵᠤ᠂ ᠦᠨᠳᠦᠰᠦᠲᠡᠨ ᠤ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠡᠷᠦᠩᠬᠡᠢ ᠱᠦᠵᠢ ᠰᠢ ᠶᠢᠨ ᠫᠢᠩ ᠢ ᠰᠠᠨᠠᠭᠠᠰᠢᠷᠠᠭᠤᠯᠤᠭᠰᠠᠭᠠᠷ ᠢᠷᠡᠪᠡ᠃ ᠲᠡᠷᠡ | ᠦᠨᠳᠦᠰᠦᠲᠡᠨ ᠤ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠦᠨᠳᠦᠰᠦᠲᠡᠨ ᠤ ᠭᠠᠵᠠᠷ | ᠣᠷᠣᠨ ᠳᠤ ᠤᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ | ᠥᠷᠭᠡᠨ ᠢᠶᠠᠷ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠦᠨᠳᠦᠰᠦᠲᠡᠨ ᠤ | ᠭᠠᠵᠠᠷ ᠣᠷᠣᠨ ᠤ ᠬᠥᠭᠵᠢᠯᠲᠡ ᠶᠢᠨ ᠲᠤᠬᠠᠢ ᠶᠠᠷᠢᠯᠴᠠᠪᠠ᠃ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠭᠠᠵᠠᠷ ᠣᠷᠣᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ | ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠦ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ | ᠠᠬᠤᠢ ᠵᠡᠷᠭᠡ ᠡᠯ᠎ᠡ ᠲᠠᠯ᠎ᠠ ᠶᠢᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ | ᠣᠯᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠴᠦ᠂ ᠤᠯᠠᠨ ᠲᠦᠮᠡᠨ ᠤ ᠠᠮᠢᠳᠤᠷᠠᠯ | ᠡᠳᠦᠷ ᠠᠴᠠ ᠡᠳᠦᠷ ᠰᠠᠶᠢᠵᠢᠷᠠᠵᠠᠢ᠃ | ᠰᠡᠳᠬᠢᠴᠡ ᠪᠠᠨ ᠲᠤᠩᠭᠠᠨ ᠲᠤᠭᠳᠠᠭᠠᠵᠦ᠂ ᠰᠢᠭᠤᠷᠬᠠᠵᠢᠯᠠᠨ ᠤᠷᠤᠭᠰᠢᠯᠠᠵᠤ᠂ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠦᠨ᠎ᠠ — | ᠪᠦᠬᠦ ᠤᠯᠤᠰ ᠤᠨ ᠠᠩᠬᠠᠳᠠᠭᠴᠢ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ | ᠪᠣᠯᠤᠭᠰᠠᠨ ᠤ ᠬᠤᠪᠢ ᠳᠤ᠂ ᠭᠦᠢᠵᠧᠦ ᠤᠵᠢᠷ᠎ᠠ ᠶᠢᠨ ᠵᠢᠯ ᠳᠤ ᠲᠤᠮᠤ ᠳ᠋ᠠᠶᠢᠲ᠋ᠠ ᠪᠣᠯᠤᠨ ᠪᠣᠳᠠᠲᠤ ᠴᠣᠭᠴᠠ ᠶᠢᠨ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠡᠭᠦᠯᠡᠨ ᠳᠤ ᠭᠠᠷᠤᠭᠰᠠᠨ︾ ᠠᠵᠤ ᠠᠬᠤᠵᠢᠯᠠᠯ 2 ᠲᠦᠮᠡ ᠶᠢ | ᠳᠠᠪᠠᠵᠤ᠂ ᠲᠣᠭᠠᠴᠢᠯᠠᠭᠰᠠᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ 5 ᠵᠢᠯ ᠳᠠᠷᠠᠭᠠᠯᠠᠨ ᠪᠦᠬᠦ ᠤᠯᠤᠰ ᠤᠨ | ᠨᠢᠭᠡᠳᠦᠭᠡᠷ ᠲᠤ ᠤᠷᠤᠵᠠᠢ᠃ | ᠬᠥᠭᠵᠢᠭᠦᠯᠬᠦ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠢᠨ | ᠶᠡᠷᠦᠩᠬᠡᠶ ᠲᠦᠯᠬᠢᠭᠦᠷ ᠪᠤᠯᠤᠨ᠎ᠠ᠃ ᠤᠵᠢᠷ᠎ᠠ ᠶᠢᠨ ᠵᠢᠯ ᠳᠤ᠂ ᠦᠨᠳᠦᠰᠦᠲᠡᠨ ᠤ ᠭᠠᠵᠠᠷ ᠣᠷᠣᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠨ ᠠᠬᠢᠭᠤᠯᠵᠤ᠂ ᠨᠢᠭᠡᠨ ᠬᠤᠪᠢ ᠠᠮᠵᠢᠯᠳᠠ ᠶᠢᠨ ᠬᠠᠭᠤᠳᠠᠰᠤ ᠲᠤᠰᠢᠶᠠᠪᠠ᠄ | — 2020 ᠣᠨ ᠳᠤ᠂ ᠦᠨᠳᠦᠰᠦᠲᠡᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ | ᠪᠦᠬᠦ ᠤᠯᠤᠰ ᠤᠨ 10.2% ᠢ ᠡᠵᠡᠯᠡᠵᠦ᠂ ᠬᠠᠷᠢᠴᠠᠯ ᠨᠢ ᠲᠣᠭᠲᠠᠭᠤᠨ ᠤ ᠳᠤᠮᠳᠠ ᠳᠡᠭᠡᠭᠰᠢᠯᠡᠯᠲᠡ ᠲᠠᠢ ᠪᠣᠯᠪᠠ᠂ | ᠡᠭᠦᠨ ᠳᠤ ᠶᠦᠨᠨᠠᠨ᠂ ᠭᠦᠢᠵᠧᠦ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠦᠬᠦ ᠤᠯᠤᠰ ᠤᠨ ᠬᠡᠪᠴᠢᠶᠡᠨ᠎ᠡ | ᠢᠯᠡᠳᠲᠡ ᠳᠡᠭᠡᠭᠰᠢᠯᠡᠬᠦ ᠬᠠᠨᠳᠤᠰᠢ ᠲᠠᠢ ᠪᠣᠯᠪᠠ︔ | — ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠦᠨᠳᠦᠰᠦᠲᠡᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 6.6% ᠪᠠᠷ | ᠨᠡᠮᠡᠭᠳᠡᠵᠦ᠂ ᠪᠦᠬᠦ ᠤᠯᠤᠰ ᠤᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.9 | ᠬᠤᠪᠢ ᠥᠨᠳᠥᠷ ᠪᠣᠯᠪᠠ︔ | — ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠦᠨᠳᠦᠰᠦᠲᠡᠨ ᠤ ᠭᠠᠵᠠᠷ ᠣᠷᠣᠨ ᠳᠤ ᠬᠤᠲᠠ ᠪᠠᠯᠭᠠᠰᠤᠨ ᠤ 1283 ᠲᠦᠮᠡᠨ ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠪᠦᠬᠦ ᠤᠯᠤᠰ ᠤᠨ ᠲᠠᠪᠤᠨ ᠤ ᠨᠢᠭᠡ ᠬᠤᠪᠢ ᠶᠢ ᠡᠵᠡᠯᠡᠪᠡ︔ | ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠶᠢ ᠲᠠᠯᠪᠢᠵᠦ᠂ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠡᠩ ᠰᠠᠶᠢᠨ | ᠦᠷ᠎ᠡ ᠪᠦᠲᠦᠮᠵᠢ ᠤᠯᠤᠯ᠎ᠠ᠃ | ᠤᠰᠤ ᠰᠦ ᠠᠭᠤᠰᠤᠯᠴᠠᠨ᠂ ᠴᠢᠰᠤ ᠮᠢᠬᠠᠨ ᠤ ᠪᠠᠷᠢᠯᠳᠤᠯᠭ᠎ᠠ ᠲᠠᠢ ᠪᠤᠯᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠳᠤ ᠰᠢᠨ᠎ᠡ ᠳᠦᠷᠰᠦ ᠪᠠᠶᠢᠳᠠᠯ ᠢᠯᠡᠷᠡᠵᠡᠢ — | ᠭᠤᠸᠠᠩᠰᠢ ᠶᠢᠨ ᠨᠠᠨᠨᠢᠩ ᠬᠤᠳᠠ ᠶᠢᠨ ᠴᠢᠩ ᠰᠢᠦ ᠲᠣᠭᠤᠷᠢᠭ ᠤᠨ ᠹᠧᠩ ᠯᠢᠩ ᠪᠧᠢ ᠨᠡᠶᠢᠭᠡᠮ | ᠲᠣᠭᠤᠷᠢᠭ ᠤᠨ ᠦᠨᠳᠦᠰᠦᠲᠡᠨ ᠤ ᠭᠡᠷ ᠲᠤ ᠬᠦᠷᠪᠡᠯ᠂ 10 ᠭᠠᠷᠤᠢ ᠰᠠᠭᠤᠭᠠᠯᠢ ᠠᠷᠠᠳ ᠨᠡᠬᠡᠮᠡᠯ ᠤᠨ ᠮᠠᠰᠢᠨ ᠢᠶᠠᠷ | ᠵᠤᠸᠠᠩ ᠦᠨᠳᠦᠰᠦᠳᠡᠨ ᠤ ᠬᠡᠮᠡᠷᠯᠢᠭ ᠦᠢᠯᠡᠳᠴᠦ ᠪᠠᠶᠢᠪᠠ᠃ ︽ᠨᠡᠶᠢᠭᠡᠮ ᠲᠣᠭᠤᠷᠢᠭ ᠤᠨ ᠬᠢᠨ ᠰᠠᠷ᠎ᠠ ᠪᠦᠷᠢ | ᠬᠠᠳᠬᠤᠮᠠᠯ ᠪᠥᠮᠪᠦᠭᠡ ᠦᠢᠯᠡᠳᠬᠦ᠂ ᠲᠣᠨᠣᠯᠵᠢᠨ ᠬᠠᠳᠬᠤᠮᠠᠯ᠂ ᠴᠠᠭᠠᠰᠤᠨ ᠬᠠᠶᠢᠴᠢᠯᠠᠮᠠᠯ ᠵᠡᠷᠭᠡ ᠠᠵᠢᠯᠯᠠᠭ᠎ᠠ | ᠥᠷᠨᠢᠭᠦᠯᠳᠡᠭ᠂ ᠪᠢ ᠠᠳᠡ 8 ᠵᠢᠯ ᠠᠮᠢᠳᠤᠷᠠᠵᠤ᠂ ᠠᠯᠢ ᠡᠷᠲᠡ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ | ᠠᠬ᠎ᠠ ᠳᠡᠭᠦᠦ ᠨᠡᠷ ᠢ ᠭᠡᠷ ᠤᠨ ᠢᠶᠠᠨ ᠬᠥᠮᠦᠰ ᠰᠢᠭ ᠦᠵᠡᠬᠦ ᠪᠤᠯᠵᠠᠢ︾ ᠭᠡᠵᠦ ᠵᠤᠸᠠᠩ ᠦᠨᠳᠦᠰᠦᠲᠡᠨ ᠤ ᠰᠠᠭᠤᠭᠠᠯᠢ | ᠠᠷᠠᠳ ᠲᠠᠨ ᠶᠠᠨ ᠴᠦᠨ ᠬᠡᠯᠡᠨ᠎ᠡ᠃ | ᠵᠤᠸᠠᠩ᠂ ᠶᠣᠣ᠂ ᠢ᠂ ᠮᠢᠶᠣᠣ᠂ ᠳ᠋ᠦᠩ ᠵᠡᠷᠭᠡ 20 ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠡᠨᠡ | ᠬᠦ ᠨᠡᠶᠢᠭᠡᠮ ᠲᠣᠭᠤᠷᠢᠭ ᠲᠤ ᠬᠥᠮᠦᠰ ᠡᠶ᠎ᠡ ᠵᠣᠬᠢᠴᠠᠩᠭᠤᠢ ᠪᠠᠷ ᠬᠠᠷᠢᠯᠴᠠᠨ ᠬᠠᠪᠰᠤᠷᠤᠯᠴᠠᠵᠤ᠂ ᠨᠢᠭᠡ ᠭᠡᠷ ᠤᠨ | ᠬᠥᠮᠦᠨ ᠮᠡᠲᠦ ᠳᠣᠲᠣᠨᠣ ᠪᠠᠶᠢᠳᠠᠭ᠃ ︽ᠵᠤᠸᠠᠩ ᠦᠨᠳᠦᠰᠦᠲᠡᠨ ᠤ ᠭᠤᠷᠪᠠᠨ ᠰᠠᠷ᠎ᠠ ᠶᠢᠨ ᠭᠤᠷᠪᠠᠨ︾ ᠢ ᠪᠠᠶᠠᠷᠯᠠᠨ | ᠪᠡᠯᠭᠡᠯᠡᠬᠦ᠂ ︽ᠵᠠᠭᠤᠨ ᠠᠶᠢᠯ ᠤᠨ ᠳᠠᠶᠢᠯᠠᠯᠭ᠎ᠠ︾ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠶᠢᠷ᠎ᠠ ᠰᠡᠳᠬᠢᠯᠭᠡ ᠶᠢ ᠤᠯᠠᠮ ᠣᠵᠢᠷᠠᠲᠤᠭᠤᠯᠤᠨ᠂ ᠤᠯᠠᠨ | ᠦᠨᠳᠦᠰᠦᠲᠡᠨ ᠬᠠᠮᠲᠤ ᠪᠠᠷ ᠰᠠᠭᠤᠷᠢᠰᠢᠨ ᠬᠠᠮᠲᠤ ᠪᠠᠷ ᠴᠡᠩᠭᠡᠯᠳᠦᠬᠦ ᠦᠵᠡᠭᠳᠡᠯ ᠢ ᠢᠯᠡᠷᠡᠭᠦᠯᠦᠯ᠎ᠡ᠃ | ᠹᠧᠩ ᠯᠢᠩ ᠪᠧᠢ ᠨᠡᠶᠢᠭᠡᠮ ᠲᠣᠭᠤᠷᠢᠭ ᠪᠣᠯ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠤᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠳᠤ᠂ ᠪᠦᠬᠦ ᠤᠯᠤᠰ ᠤᠨ ᠬᠡᠪᠴᠢᠶᠡᠨ᠎ᠡ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ 960 ᠴᠤᠯᠭᠤᠷᠠᠵᠠᠢ᠃ | ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠤᠨ ᠬᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠨᠦᠭᠦᠳ ᠪᠦᠯᠬᠦᠮᠳᠡᠨ | ᠨᠢᠭᠡ ᠬᠡᠷ ᠤᠨ ᠬᠥᠮᠦᠨ ᠮᠡᠲᠦ ᠳᠤᠳᠤᠨᠤ ᠪᠠᠶᠢᠬᠤ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠠᠨ ᠲᠠᠰᠤᠷᠠᠯᠲᠠ | ᠥᠬᠡᠶ ᠭᠡᠷᠡᠯᠲᠦᠭᠦᠯᠪᠡ᠃ ᠦᠨᠳᠦᠰᠦᠲᠡᠨ ᠨᠦᠭᠦᠳ ᠥᠷᠭᠡᠨ ᠢᠶᠠᠷ ᠶᠠᠪᠤᠯᠴᠠᠨ᠂ ᠪᠦᠬᠦ ᠲᠠᠯ᠎ᠠ ᠪᠠᠷ ᠰᠣᠯᠢᠯᠴᠠᠨ᠂ | ᠭᠦᠨᠵᠡᠭᠡᠶ ᠠᠭᠤᠰᠤᠯᠴᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤᠮᠤ ᠠᠯᠬᠤᠮ ᠢᠶᠠᠷ | ᠤᠷᠤᠭᠰᠢᠯᠠᠨ᠎ᠠ᠃ | ᠠᠳᠠᠯᠢ ᠪᠤᠰᠤ ᠶᠢ ᠪᠠᠭᠲᠠᠭᠠᠨ᠂ ᠤᠯᠠᠨ ᠡᠰᠢᠲᠦ ᠨᠢᠭᠡ ᠴᠤᠭᠴᠠᠵᠢᠯᠳᠠ ᠶᠢ ᠪᠡᠶᠡᠯᠡᠭᠦᠯᠵᠦ᠂ ᠦᠨᠳᠦᠰᠦᠲᠡᠨ ᠤ | ᠰᠣᠶᠣᠯ ᠰᠢᠨ᠎ᠡ ᠠᠮᠢᠵᠢᠷᠠᠯ ᠤᠨ ᠬᠦᠴᠦᠨ ᠢ ᠢᠯᠡᠷᠡᠭᠦᠯᠪᠡ — | ᠦᠨᠳᠦᠰᠦᠲᠡᠨ ᠤ ᠬᠡᠪ ᠨᠠᠮᠪᠠ ᠪᠠ ᠭᠠᠵᠠᠷ ᠣᠷᠣᠨ ᠤ ᠢᠯᠡ ᠲᠣᠳᠣ ᠣᠨᠴᠠᠯᠢᠭ ᠲᠠᠢ ᠳᠠᠭᠤᠤ ᠪᠥᠵᠢᠭᠲᠦ | ᠵᠦᠴᠦᠭᠡ᠂ ᠴᠥᠭᠡᠨ ᠲᠣᠭᠠᠲᠤ ᠦᠨᠳᠦᠰᠦᠲᠡᠨ ᠤ ᠵᠦᠴᠦᠭᠡ ᠶᠢᠨ ᠲᠦᠷᠦᠯ᠂ ᠬᠢᠲᠠᠳ ᠦᠨᠳᠦᠰᠦᠲᠡᠨ ᠤ ᠣᠷᠣᠨ | ᠨᠤᠲᠤᠭ ᠤᠨ ᠵᠦᠴᠦᠭᠡ ᠶᠢᠨ ᠲᠦᠷᠦᠯ᠂ ᠶᠠᠷᠢᠶᠠᠲᠤ ᠵᠦᠴᠦᠭᠡ᠂ ᠳᠠᠭᠤᠯᠠᠯᠳᠤ ᠵᠦᠴᠦᠭᠡ ᠁ ᠨᠢᠭᠡᠨᠲᠡ ᠲᠠᠪᠤᠨ | ᠬᠤᠭᠤᠴᠠᠭ᠎ᠠ ᠠᠮᠵᠢᠯᠲᠠ ᠲᠠᠢ ᠡᠷᠬᠢᠯᠡᠭᠰᠡᠨ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ | ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠰᠢᠯᠢᠳᠡᠭ ᠪᠦᠲᠦᠭᠡᠯ ᠴᠤᠯᠭᠤᠷᠠᠨ᠂ ᠮᠠᠨ ᠤ ᠤᠯᠤᠰ ᠤᠨ | ᠦᠨᠳᠦᠰᠦᠲᠡᠨ ᠨᠦᠭᠦᠳ ᠤᠨ ᠤᠳᠬ᠎ᠠ ᠤᠷᠠᠯᠢᠭ ᠤᠨ ᠤᠯᠠᠮᠵᠢᠯᠠᠯ ᠬᠥᠭᠵᠢᠯᠲᠡ ᠬᠢᠭᠡᠳ ᠴᠠᠭ ᠦᠶ᠎ᠡ ᠶᠢᠨ ᠳᠦᠷᠰᠦ | ᠪᠠᠶᠢᠳᠠᠯ ᠢ ᠠᠮᠢᠳᠤᠯᠢᠭ ᠢᠶᠠᠷ ᠢᠯᠡᠷᠡᠭᠦᠯᠦᠭᠰᠡᠨ ᠪᠥᠭᠡᠳ ᠳᠤᠮᠳᠠᠳᠤ ᠶᠢᠨ ᠰᠣᠶᠣᠯ ᠳᠤ ᠴᠤ ᠦᠶ᠎ᠡ ᠶᠢᠨ ᠦᠶ᠎ᠡ ᠶᠢᠨ | ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠯ᠎ᠠ᠃ | ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ ᠬᠠᠮᠲᠤ ᠶᠢᠨ | ᠡᠳ᠋ ᠪᠠᠶᠠᠯᠢᠭ ᠪᠤᠯᠤᠨ᠎ᠠ᠃ ᠣᠳᠣᠬᠠᠨ ᠳᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠨᠡᠷᠡᠰ ᠤᠨ ᠵᠢᠭᠰᠠᠭᠠᠯᠲᠠ ︵ᠨᠡᠷᠡᠰ ᠤᠨ ᠲᠠᠩᠰᠠ︶ ᠳᠤ ᠵᠢᠭᠰᠠᠭᠠᠭᠳᠠᠭᠰᠠᠨ ᠮᠠᠨ ᠤ ᠤᠯᠤᠰ ᠤᠨ ᠲᠦᠷᠦᠯ ᠵᠦᠢᠯ ᠤᠨ | ᠳᠣᠲᠣᠷᠠᠬᠢ ᠭᠤᠷᠪᠠᠨ ᠤ ᠨᠢᠭᠡ ᠨᠢ ᠴᠦᠭᠡᠨ ᠳᠤᠭᠠᠳᠤ ᠦᠨᠳᠦᠰᠦᠳᠡᠨ ᠲᠠᠢ ᠬᠤᠯᠪᠤᠭ᠎ᠠ ᠲᠠᠢ ᠶᠤᠮ᠃ | ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠠᠪᠤᠷᠠᠬᠤ᠂ ᠨᠡᠶᠢᠳᠡᠮ ᠪᠠᠶᠢᠴᠠᠭᠠᠬᠤ᠂ ᠡᠮᠬᠢᠳᠬᠡᠬᠦ᠂ | ᠣᠷᠴᠢᠭᠤᠯᠬᠤ ᠪᠠ ᠰᠤᠳᠤᠯᠬᠤ ᠠᠵᠢᠯ ᠢ ᠴᠢᠩᠭᠠᠳᠬᠠᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ | ᠨᠤᠲᠤᠭ ᠤᠨ ᠠᠯᠢ ᠤᠯᠠᠨ ᠭᠤᠣᠯ ᠰᠡᠳᠦᠪᠲᠦ ᠦᠵᠡᠬᠦᠯᠭᠡ ᠶᠢ ᠭᠤᠣᠯᠯᠠᠨ ᠡᠷᠬᠢᠯᠡᠪᠡ︔ ᠪᠦᠬᠦ ᠤᠯᠤᠰ ᠤᠨ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ | ᠦᠨᠳᠦᠰᠦᠲᠡᠨ ᠨᠦᠭᠦᠳ ᠤᠨ ᠳᠦᠷᠢ ᠲᠥᠷᠬᠦ ᠪᠠᠨ ᠳᠡᠯᠭᠡᠨ ᠦᠵᠡᠭᠦᠯᠬᠦ᠂ ᠰᠣᠯᠢᠯᠴᠠᠨ ᠲᠣᠯᠢᠯᠠᠬᠤ᠂ ᠬᠠᠶᠢᠷ᠎ᠠ | ᠰᠡᠳᠬᠢᠯᠭᠡ ᠪᠠᠨ ᠠᠭᠤᠰᠤᠯᠴᠠᠭᠤᠯᠬᠤ ᠲᠠᠪᠴᠠᠩ ᠵᠬᠠᠩᠭᠠᠪᠠ ᠁ | ᠰᠣᠶᠣᠯ ᠢᠶᠠᠷ ᠨᠠᠶᠢᠵᠠ ᠬᠤᠷᠠᠨ᠂ ᠦᠷᠢᠰᠦᠯᠳᠦᠭᠡᠨ ᠢᠶᠠᠷ ᠬᠤᠪᠢ ᠪᠠᠷᠢᠯᠳᠤᠯᠭ᠎ᠠ ᠲᠠᠢ ᠪᠤᠯᠤᠨ᠎ᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠶᠢᠨ ᠬᠠᠮᠲᠤ ᠪᠠᠰᠠ | ᠳᠤᠮᠳᠠᠳᠤ ᠶᠢᠨ ᠰᠣᠶᠣᠯ ᠤᠨ ᠨᠡᠩ ᠦᠵᠡᠰᠬᠦᠯᠡᠩᠲᠦ ᠰᠠᠶᠢᠬᠠᠨ ᠴᠡᠴᠡᠭ ᠢ ᠤᠮᠳᠠᠯᠠᠨ᠎ᠠ᠃ | ᠬᠥᠮᠦᠨ ᠢᠶᠠᠷ ᠦᠨᠳᠦᠰᠦ ᠪᠣᠯᠭᠠᠨ᠂ ᠠᠷᠠᠳ ᠲᠦᠮᠡᠨ ᠢ ᠳᠡᠭᠡᠳᠦᠯᠡᠵᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠤᠨ ᠰᠢᠨ᠎ᠡ ᠦᠰᠦᠷᠦᠯᠲᠡ ᠶᠢ ᠤᠭᠲᠤᠪᠠ— | ᠠᠮᠤᠭᠤᠯᠠᠩ ᠣᠷᠣᠨ ᠰᠠᠭᠤᠴᠠ᠂ ᠤᠰᠤ ᠤᠮᠳᠠ ᠶᠢᠨ ᠠᠮᠤᠷ ᠲᠦᠪᠰᠢᠨ᠂ ᠡᠪᠡᠳᠴᠢᠨ ᠢᠶᠠᠨ ᠦᠵᠡᠭᠦᠯᠤᠨ | ᠡᠮᠨᠡᠯᠭᠡ ᠳᠤ ᠰᠠᠭᠤᠬᠤ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠴᠥᠮ ᠪᠠᠲᠤᠯᠠᠭ᠎ᠠ ᠲᠠᠢ ᠪᠣᠯᠭᠠᠵᠤ᠂ | ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠯ᠎ᠠ ᠁ | ᠤᠵᠢᠷ᠎ᠠ ᠶᠢᠨ ᠡᠳᠦᠷ᠂ ᠶᠦᠨᠨᠠᠨ ᠮᠤᠵᠢ ᠶᠢᠨ ᠼᠠᠩ ᠶᠤᠸᠠᠨ ᠤ ᠸᠠ ᠦᠨᠳᠦᠰᠦᠲᠡᠨ ᠤ ᠥᠪᠡᠷᠲᠡᠭᠡᠨ ᠵᠠᠰᠠᠬᠤ | ᠰᠢᠶᠠᠨ ᠤ ᠪᠠᠨ ᠬᠤᠩ ᠰᠢᠶᠠᠩ᠂ ᠪᠠᠨ ᠯᠤᠤ ᠰᠢᠶᠠᠩ ᠵᠡᠷᠭᠡ ᠬᠢᠯᠢ ᠬᠢᠵᠠᠭᠠᠷ ᠤᠨ 9 ᠲᠣᠰᠬᠤᠨ ᠤ 10 ᠠᠬᠠᠮᠠᠳ | ᠨᠠᠮ ᠤᠨ ᠡᠭᠦᠷ ᠤᠨ ᠱᠦᠵᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠸᠠ ᠦᠨᠳᠦᠰᠦᠲᠡᠨ ᠤ | ᠠᠷᠠᠳ ᠲᠦᠮᠡᠨ ᠤ ᠶᠠᠳᠠᠭᠤ ᠠᠴᠠ ᠠᠩᠭᠢᠵᠢᠷᠠᠵᠤ᠂ ᠰᠠᠶᠢᠨ ᠰᠠᠶᠢᠬᠠᠨ ᠠᠮᠢᠳᠤᠷᠠᠯ ᠲᠠᠢ ᠪᠣᠯᠤᠭᠰᠠᠨ ᠪᠠᠶᠢᠳᠠᠯ ᠢ | ᠬᠠᠷᠢᠭᠤ ᠮᠡᠳᠡᠭᠦᠯᠵᠦ᠂ ᠦᠶ᠎ᠡ ᠶᠢᠨ ᠦᠶ᠎ᠡ ᠳᠡᠭᠡᠨ ᠡᠪ ᠬᠠᠮᠲᠤ ᠨᠠᠮ ᠢ ᠲᠠᠭᠠᠵᠤ᠂ ᠨᠤᠲᠤᠭ ᠤᠰᠤ ᠪᠠᠨ ᠨᠡᠩ | ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠪᠣᠯᠭᠠᠨ ᠪᠦᠳᠦᠭᠡᠨ ᠪᠠᠶᠢᠭᠤᠯᠬᠤ ᠡᠷᠡᠰ ᠪᠠᠲᠤ ᠵᠣᠷᠢᠭ ᠢᠶᠠᠨ | ᠢᠯᠡᠳᠬᠡᠵᠡᠢ᠃ | ︽ᠶᠠᠳᠠᠭᠤ ᠠᠴᠠ ᠠᠩᠭᠢᠵᠢᠷᠠᠭᠤᠯᠬᠤ ᠪᠣᠯ ᠵᠣᠯ ᠵᠢᠷᠭᠠᠯᠲᠤ ᠠᠮᠢᠳᠤᠷᠠᠯ ᠲᠡᠶᠢᠰᠢ ᠤᠷᠤᠭᠰᠢᠯᠠᠬᠤ ᠴᠢᠬᠤᠯᠠ | ᠨᠢᠭᠡ ᠠᠯᠬᠤᠮ ᠪᠣᠯᠤᠨ᠎ᠠ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︾᠃ 2021 ᠣᠨ ᠤ 8 | ᠰᠠᠷ᠎ᠠ ᠶᠢᠨ 19 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠬᠠᠮᠠᠳ ᠨᠠᠮ ᠤᠨ ᠡᠭᠦᠷ ᠤᠨ ᠱᠦᠵᠢ ᠨᠠᠷ ᠲᠤ | ᠬᠠᠷᠢᠭᠤ ᠵᠠᠬᠢᠳᠠᠯ ᠢᠯᠡᠭᠡᠵᠦ᠂ ᠲᠡᠳᠡᠨ ᠢ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠰᠢᠨ᠎ᠡ ᠴᠠᠭ | ᠦᠶ᠎ᠡ ᠶᠢᠨ ᠠᠸᠠ ᠶᠢᠨ ᠠᠷᠠᠳᠲᠦᠮᠡᠨ ᠤ ᠵᠣᠯ ᠵᠢᠷᠭᠠᠯ ᠤᠨ ᠳᠠᠭᠤᠤ ᠶᠢ ᠬᠠᠩᠬᠢᠨᠠᠭᠤᠯᠤᠭᠠᠷᠠᠢ ᠭᠡᠵᠦ ᠵᠣᠷᠢᠭᠵᠢᠭᠤᠯᠪᠠ᠃ | | ᠳ᠋ᠠ ᠯᠢᠶᠠᠩ ᠱᠠᠨ ᠠᠭᠤᠯᠠᠨ ᠳᠤᠮᠳᠠ᠂ ᠪᠠᠲᠤ ᠪᠠᠬᠢ ᠪᠤᠯᠤᠳ ᠱᠠᠳᠤ ᠨᠢ ᠰᠢᠤᠸᠠᠨ ᠶᠠᠲ᠋ᠣᠰᠬᠤᠨ ᠤ︽ | ᠭᠠᠶᠢᠬᠠᠮᠰᠢᠭᠲᠤ ᠲᠩᠷᠢ ᠶᠢᠨ ᠵᠠᠮ︾ ᠢ ᠳᠡᠪᠢᠰᠴᠡᠢ︔ ᠶᠦᠨᠨᠠᠨ ᠤ ᠦᠨᠳᠦᠰᠦᠲᠡᠨ ᠤ ᠭᠠᠵᠠᠷ ᠣᠷᠣᠨ ᠤ ᠵᠢᠶᠠᠨ ᡁᠢ | ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠵᠦ᠂ ᠨᠥᠬᠦᠴᠡᠯ ᠪᠥᠷᠢᠳᠦᠭᠰᠡᠨ ᠵᠢᠶᠠᠨ ᡁᠢ ᠲᠣᠰᠬᠤᠨ ᠳᠤ | ᠠᠶᠠᠨᠴᠢᠨ ᠤ ᠲᠡᠷᠭᠡ ᠨᠡᠪᠲᠡᠷᠡᠪᠡ︔ ᠾᠧ ᠯᠠᠨ ᠱᠠᠨ ᠠᠭᠤᠯᠠᠨ ᠤ ᠬᠤᠷᠮᠣᠢ ᠳᠤ᠂ ᠵᠠᠭᠤᠨ ᠲᠦᠮᠡᠨ ᠨᠡᠭᠦᠳᠡᠯ ᠠᠷᠠᠳ | ᠶᠠᠳᠠᠭᠤ ᠬᠦᠴᠢᠷᠲᠡᠯᠲᠡᠢ ᠤᠷᠴᠢᠨ ᠲᠤᠭᠤᠷᠢᠨ ᠠᠴᠠ ᠪᠠᠨ ᠰᠢᠯᠵᠢᠵᠦ ᠦᠢᠯᠡᠳᠪᠦᠷᠢᠯᠡᠯ ᠠᠮᠢᠳᠤᠷᠠᠯ ᠤᠨ ᠰᠢᠨ᠎ᠡ | ᠦᠢᠯᠡᠰ ᠢᠶᠠᠨ ᠪᠤᠰᠬᠠᠯ᠎ᠠ ᠁ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠠᠯᠠᠭ᠎ᠠ᠂ ᠰᠠᠯᠠᠭ᠎ᠠ ᠨᠠᠮᠠᠭ᠎ᠠ ᠨᠢ ᠴᠤ ᠬᠠᠶᠢᠷ᠎ᠠ ᠬᠠᠯᠠᠮᠵᠢ ᠶᠢ | ᠢᠯᠡᠳᠬᠡᠨ᠎ᠡ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ | ᠪᠤᠯᠭᠠᠬᠰᠠᠨ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠳᠤᠤᠷ᠎ᠠ᠂ ᠦᠨᠳᠦᠰᠦᠲᠡᠨ ᠤ ᠭᠠᠵᠠᠷ ᠣᠷᠣᠨ | ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠬᠠᠨᠳᠤᠭᠤᠯᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠪᠠᠯᠠ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ | ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠨᠡᠶᠢᠭᠡᠮ ᠤᠨ ᠡᠯ᠎ᠡ ᠵᠦᠶᠯ ᠤᠨ | ᠠᠵᠢᠯ ᠦᠶᠯᠡᠰ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠪᠠ᠃ | ᠥᠨᠢᠳᠡ ᠦᠷᠭᠦᠯᠵᠢᠯᠡᠨ ᠬᠥᠭᠵᠢᠵᠦ᠂ ᠡᠶ᠎ᠡ ᠵᠣᠬᠢᠴᠠᠩᠭᠤᠢ ᠬᠠᠮᠲᠤ ᠪᠠᠷ ᠣᠷᠣᠰᠢᠵᠤ᠂ ᠠᠮᠢ ᠠᠬᠤᠢ ᠶᠢᠨ | ᠪᠣᠯᠪᠠᠰᠤᠨ ᠤ ᠰᠢᠨ᠎ᠡ ᠬᠠᠭᠤᠳᠠᠰᠤ ᠶᠢ ᠪᠢᠴᠢᠭᠯᠡᠨ᠎ᠡ — | ︽ᠶᠡᠷᠦᠩᠬᠡᠢ ᠱᠦᠵᠢ᠂ ᠲᠠ ᠦᠵᠡ᠂ ᠡᠨᠡ ᠪᠣᠯ ᠤᠵᠢᠷ᠎ᠠ ᠳᠤ ᠮᠠᠨ ᠤ ᠨᠤᠲᠤᠭ ᠲᠤ ᠰᠡᠭᠦᠳᠡᠷᠯᠡᠭᠰᠡᠨ ᠬᠡᠷᠡᠯ | ᠵᠢᠷᠤᠭ ᠪᠣᠯᠤᠨ᠎ᠠ᠃︾ ᠡᠨᠡ ᠵᠢᠯ ᠤᠨ 3 ᠰᠠᠷ᠎ᠠ ᠶᠢᠨ 7 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠶᠡᠭᠡ ᠲᠢᠩᠬᠢᠮ ᠳᠤ᠂ ᠪᠠᠭ᠎ᠠ ᠠᠴᠠ ᠪᠠᠨ ᠴᠢ ᠯᠢᠶᠠᠨ ᠱᠠᠨ ᠠᠭᠤᠯᠠᠨ ᠤ ᠬᠤᠷᠮᠣᠢ ᠳᠠᠬᠢ | ᠬᠥᠬᠡᠨᠠᠭᠤᠷ ᠮᠤᠵᠢ ᠶᠢᠨ ᠮᠧᠨ ᠶᠤᠸᠠᠨ ᠰᠢᠶᠠᠨ ᠳᠤ ᠲᠦᠷᠦᠵᠦ ᠦᠰᠦᠭᠰᠡᠨ ᠺᠦᠩ ᠴᠢᠩ ᠵᠢᠤᠢ ᠲᠥᠯᠥᠭᠡᠯᠡᠭᠴᠢ | ᠰᠡᠭᠦᠲᠡᠷᠯᠡᠭᠰᠡᠨ ᠬᠡᠷᠡᠯ ᠵᠢᠷᠤᠭ ᠢᠶᠠᠨ ᠭᠠᠷᠭᠠᠵᠤ᠂ ᠬᠥᠬᠡᠨᠠᠭᠤᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠰᠠᠨ ᠶᠡᠷᠦᠩᠬᠡᠢ ᠱᠦᠵᠢ ᠰᠢ ᠶᠢᠨ ᠫᠢᠩ ᠢ ᠤᠷᠢᠵᠤ ᠰᠣᠨᠢᠷᠬᠠᠭᠤᠯᠪᠠ᠃ | ᠨᠢᠭᠡ ᠬᠤᠪᠢ ᠬᠡᠷᠡᠯ ᠵᠢᠷᠤᠭ ᠨᠢ ᠡᠪᠡᠰᠦᠨ ᠳᠤᠮᠳᠠᠭᠤᠷ ᠠᠯᠭᠤᠷᠬᠠᠨ ᠠᠯᠬᠤᠯᠠᠵᠦ ᠪᠠᠶᠢᠭ᠎ᠠ ᠡᠯᠡᠰᠦᠨ | ᠮᠤᠤᠷ ᠤᠨ ᠵᠢᠷᠤᠭ︔ ᠨᠥᠭᠦᠭᠡ ᠨᠢᠭᠡ ᠬᠤᠪᠢ ᠨᠢ ᠮᠣᠳᠣᠨ ᠳᠤᠮᠳᠠᠭᠤᠷ ᠶᠠᠪᠤᠵᠤ ᠪᠠᠶᠢᠭ᠎ᠠ ᠴᠠᠭᠠᠨ ᠢᠷᠪᠢᠰ ᠤᠨ | ᠵᠢᠷᠤᠭ ᠪᠤᠯᠤᠨ᠎ᠠ᠃ ᠤᠤᠯ ᠳᠠᠭᠠᠨ ᠴᠥᠭᠡᠨ ᠬᠠᠷᠠᠭᠳᠠᠳᠠᠭ ᠬᠤᠪᠣᠷ ᠴᠤᠬᠠᠭ ᠠᠮᠢᠲᠠᠨ ᠤ ᠲᠦᠷᠦᠯ ᠤᠳᠤ ᠳᠠᠬᠢᠨ | ᠳᠠᠪᠲᠠᠨ ᠢᠯᠡᠷᠡᠵᠦ ᠪᠠᠶᠢᠨ᠎ᠠ᠃ | ︽ᠡᠨᠡ ᠨᠢ ᠠᠮᠢ ᠠᠬᠤᠢ ᠶᠢᠨ ᠬᠠᠮᠠᠭᠠᠯᠠᠯᠲᠠ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠨ᠎ᠠ᠃︾ | ᠶᠡᠷᠦᠩᠬᠡᠶ ᠱᠦᠵᠢ ᠰᠢ ᠶᠢᠨ ᠫᠢᠩ ᠬᠡᠷᠡᠯ ᠵᠢᠷᠤᠭ ᠢ ᠬᠠᠷᠠᠭᠠᠳ ᠪᠠᠶᠢᠨ ᠳᠠᠬᠢᠨ ᠲᠣᠯᠣᠭᠠᠶ ᠳᠣᠬᠢᠵᠤ᠂ ︽ᠤᠨᠴᠠᠭᠠᠵᠢᠯᠠᠨ | ᠣᠯᠠᠨ ᠤ ᠠᠮᠢ ᠠᠬᠤᠶ ᠶᠢ ᠬᠠᠮᠠᠭᠠᠯᠠᠬᠤ ᠤᠬᠠᠮᠰᠠᠷ ᠴᠤ ᠴᠢᠩᠭᠠᠷᠠᠵᠤ᠂ ᠠᠮᠢ ᠠᠬᠤᠶ ᠶᠢᠨ ᠲᠣᠰ ᠪᠡᠶ᠎ᠡ ᠶᠢᠨ ᠠᠵᠤ | ᠠᠬᠤᠶ ᠶᠢᠨ ᠦᠨ᠎ᠡ ᠥᠷᠲᠡᠭ ᠢ ᠣᠯᠵᠤ ᠬᠠᠷᠠᠪᠠ︾ ᠬᠡᠵᠦ ᠬᠡᠯᠡᠪᠡ᠃ | ᠲᠦᠮᠡᠨ ᠪᠣᠳᠠᠰ ᠥᠪᠡᠷ ᠥᠪᠡᠷ ᠤᠨ ᠡᠪ ᠵᠦᠢ ᠪᠠᠨ ᠣᠯᠵᠤ ᠪᠠᠶᠢᠮᠠᠨᠵᠢᠨ ᠠᠮᠢᠯᠠᠨ ᠲᠤᠬᠳᠠᠨᠢᠳᠠᠭ᠃ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ︽ᠬᠤᠶᠠᠷ | ᠠᠭᠤᠯᠠ ᠶᠢᠨ ᠤᠨᠤᠯ︾ ᠢ ᠪᠠᠷᠢᠮᠲᠠᠯᠠᠵᠤ᠂ ︽ᠠᠮᠢ ᠠᠬᠤᠢ ᠪᠣᠯ ᠡᠬᠢ ᠪᠠᠶᠠᠯᠢᠭ ᠪᠠ ᠡᠳ᠋ ᠪᠠᠶᠠᠯᠢᠭ ᠮᠥᠨ᠂ ᠮᠠᠨ ᠤ | ᠡᠷᠳᠡᠨᠢᠰ ᠤᠨ ᠰᠠᠩ ᠮᠥᠨ︾ ᠭᠡᠬᠦ ︽ᠡᠳ᠋ ᠪᠠᠶᠠᠯᠢᠭ ᠤᠨ ᠦᠵᠡᠯᠲᠡ︾ ᠶᠢ ᠪᠠᠲᠤ ᠰᠠᠬᠢᠵᠤ᠂ ᠤᠵᠢᠷ᠎ᠠ ᠶᠢᠨ ᠵᠢᠯ ᠠᠴᠠ | ᠨᠠᠭᠠᠰᠢ᠂ ᠦᠨᠳᠦᠰᠦᠲᠡᠨ ᠤ ᠭᠠᠵᠠᠷ ᠣᠷᠣᠨ ᠤ ᠬᠢᠨ ︽ᠠᠮᠢ ᠠᠬᠤᠢ ᠶᠢᠨ ᠡᠪᠬᠡᠮᠡᠯ ᠵᠢᠷᠤᠭ︾ ᠢ ᠳᠠᠰᠤᠷᠠᠯᠳᠠ ᠦᠭᠡᠢ | ᠵᠢᠷᠤᠭᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠠᠭᠤᠯᠠ ᠤᠰᠤ ᠪᠠᠨ ᠬᠠᠷᠠᠨ ᠨᠤᠲᠤᠭ ᠤᠰᠤ ᠪᠠᠨ | ᠰᠠᠨᠠᠭᠠᠯᠵᠠᠵᠤ᠂ ᠠᠭᠠᠷ ᠨᠢ ᠴᠡᠯᠮᠡᠭ᠂ ᠠᠭᠤᠯᠠ ᠨᠢ ᠬᠥᠬᠡᠮᠳᠦᠭ᠂ ᠤᠰᠤ ᠨᠢ ᠲᠤᠩᠭᠠᠯᠠᠭ᠂ ᠬᠥᠷᠥᠰᠥ ᠨᠢ ᠠᠷᠢᠭᠤᠨ | ᠪᠠᠶᠢᠬᠤ ᠣᠷᠴᠢᠨ ᠲᠤᠭᠤᠷᠢᠨ ᠳᠤ ᠠᠮᠤᠷ ᠲᠠᠶᠢᠪᠤᠩ ᠠᠵᠤ ᠲᠦᠷᠦᠭᠦ ᠶᠢ ᠪᠡᠶᠡᠯᠡᠭᠦᠯᠪᠡ᠃ | ᠠᠭᠯᠠᠭ ᠠᠭᠤᠯᠠ ᠡᠯ ᠬᠠᠢ ᠨᠠᠭᠤᠷ ᠠᠴᠠ ᠥᠷᠭᠡᠨ ᠠᠭᠤᠳᠠᠮ ᠲᠠᠯ᠎ᠠ ᠨᠤᠲᠤᠭ ᠬᠦᠷᠲᠡᠯ᠎ᠡ᠂ ᠲᠩᠷᠢ | ᠠᠭᠤᠯᠠ ᠶᠢᠨ ᠡᠮᠦᠨ᠎ᠡ ᠤᠮᠠᠷ᠎ᠠ ᠠᠴᠠ ᠲᠡᠯᠡᠶ ᠳᠠᠭᠠᠤ ᠵᠢᠭᠠᠰᠤ ᠠᠩᠨᠠᠬᠤ ᠲᠣᠰᠬᠤᠨ ᠬᠦᠷᠲᠡᠯ᠎ᠡ᠂ 56 ᠦᠨᠳᠦᠰᠦᠲᠡᠨ | ᠶᠠᠭ ᠬᠠᠮᠲᠤ ᠪᠠᠷ ᠵᠢᠷᠭᠠᠯ ᠤᠨ ᠳᠠᠭᠤᠤ ᠪᠠᠨ ᠳᠠᠭᠤᠯᠠᠵᠤ᠂ ᠡᠨᠡᠬᠦ ᠳᠠᠭᠤᠤ ᠨᠢ ᠳᠥᠷᠪᠡᠨ ᠵᠦᠭ ᠲᠤ ᠴᠤᠤᠷᠢᠶᠠᠲᠤᠨ᠎ᠠ᠃ | ᠠᠯᠤᠰ ᠬᠡᠲᠦ ᠶᠢᠨ ᠵᠠᠰᠠᠯᠲᠠ | ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠪᠠᠭᠲᠠᠭᠠᠮᠵᠢᠲᠤ ᠴᠢᠨᠠᠷ ᠢᠶᠠᠷ ᠨᠠᠩ ᠴᠢᠩᠭ᠎ᠠ᠂ ᠨᠢᠭᠲᠠᠷᠠᠯ ᠤᠨ | ᠬᠦᠴᠦᠨ ᠢᠶᠠᠷ ᠨᠠᠩ ᠶᠡᠭᠡ ᠬᠤᠪᠢ ᠵᠠᠶᠠᠭᠠᠨ ᠤ ᠬᠠᠮᠲᠤ ᠴᠣᠭᠴᠠ ᠲᠡᠶᠢᠰᠢ ᠤᠷᠤᠭᠰᠢᠯᠠᠬᠤ ᠶᠢ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠦᠷᠯᠢᠭ ᠰᠠᠶᠢᠬᠠᠨ ᠡᠪᠬᠡᠮᠡᠯ ᠵᠢᠷᠤᠭ ᠢ | ᠬᠠᠮᠲᠤ ᠪᠠᠷ ᠵᠢᠷᠤᠭᠯᠠᠨ᠎ᠠ | ︽ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠳᠤ | ᠣᠷᠣᠯᠴᠠᠬᠤ ᠵᠠᠮ ᠢᠶᠠᠷ ᠵᠠᠮᠨᠠᠪᠠ︾︕ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠢᠳᠡ ᠬᠦᠴᠦᠲᠡᠢ ᠲᠥᠪ ᠴᠢᠩᠭ᠎ᠠ ᠲᠤᠩᠬᠠᠭᠯᠠᠯ ᠨᠢ | ᠳᠤᠮᠳᠠᠳᠤ ᠶᠢᠨ ᠬᠥᠪᠡᠭᠦᠳ ᠥᠬᠢᠳ ᠤᠨ ᠤᠷᠮ᠎ᠠ ᠵᠣᠷᠢᠭ ᠢ ᠬᠥᠭᠵᠢᠭᠡᠪᠡ᠃ | ᠲᠡᠦᠬᠡ ᠶᠢᠨ ᠴᠠᠭ ᠤᠨ ᠵᠡᠭᠦᠦ ᠰᠢᠨ᠎ᠡ ᠴᠠᠭ ᠦᠶ᠎ᠡ ᠶᠢ ᠵᠢᠭᠠᠨ᠎ᠠ︔ ᠠᠭᠤᠤ ᠶᠡᠭᠡ ᠬᠦᠰᠡᠯ ᠵᠡᠭᠦᠳᠦ ᠰᠢᠨ᠎ᠡ | ᠠᠶᠠᠨ ᠢᠶᠠᠨ ᠡᠬᠢᠯᠡᠭᠦᠯᠦᠨ᠎ᠡ᠃ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠠᠯᠬᠤᠮ ᠠᠯᠬᠤᠮ ᠢᠶᠠᠷ ᠠᠬᠢᠭᠤᠯᠬᠤ ᠬᠠᠷᠠᠯᠲᠠ ᠪᠠ ᠵᠠᠩᠭᠢᠯᠠᠭ᠎ᠠ ᠶᠢᠨ | ᠴᠡᠭ ᠨᠢ ᠬᠤᠪᠢᠷᠠᠬᠤ ᠠᠴᠠ ᠪᠢᠰᠢ᠂ ᠬᠤᠪᠢᠷᠠᠰᠢ ᠦᠭᠡᠢ ᠨᠢ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠪᠠ ᠡᠷᠴᠢ | ᠵᠣᠷᠢᠭ ᠶᠤᠮ᠃ | ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠡᠵᠡᠮᠳᠡᠵᠦ᠂ ︽ᠪᠦᠳᠦᠭᠦᠪᠴᠢ | ᠵᠢᠷᠤᠭ︾ ᠢ ︽ᠨᠠᠷᠢᠯᠢᠭ ᠵᠢᠷᠤᠭ︾ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠪᠠᠯ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠯᠠᠪᠲᠠᠢ ᠲᠠᠰᠤᠷᠠᠯᠳᠠ ᠦᠭᠡᠢ ᠰᠢᠨ᠎ᠡ ᠪᠠᠶᠢᠳᠠᠯ ᠢ ᠡᠭᠦᠳᠴᠦ | ᠴᠢᠳᠠᠨ᠎ᠠ᠃ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠠᠵᠠ ᠲᠣᠬᠢᠶᠠᠯ ᠢ | ᠠᠮᠵᠢᠵᠤ᠂ ᠥᠷᠢᠰᠥᠯᠳᠦᠭᠡᠨ ᠳᠤ ᠰᠢᠭᠤᠳ ᠬᠠᠨᠳᠤᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠯᠲᠠ ᠶᠢᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ — | ᠬᠦᠬᠡᠮᠳᠦᠭ ᠠᠭᠤᠯᠨ ᠰᠦᠨᠳᠡᠷᠯᠡᠵᠦ ᠴᠡᠩᠬᠡᠭ ᠤᠰᠤ ᠮᠢᠷᠠᠯᠵᠠᠨ᠎ᠠ᠃ ᠭᠤᠸᠠᠩᠰᠢ ᠶᠢᠨ ᠰᠢᠩ ᠠᠨ ᠰᠢᠶᠠᠨ ᠤ | ᠬᠤᠸᠠᠵᠢᠶᠠᠩ ᠤᠨ ᠶᠣᠣ ᠦᠨᠳᠦᠰᠦᠲᠡᠨ ᠤ ᠰᠢᠶᠠᠩ ᠤᠨ ᠲᠦᠩ ᠷᠧᠨ ᠲᠣᠰᠬᠤᠨ ᠳᠤ᠂ ᠰᠠᠯᠬᠢ ᠪᠣᠷᠣᠭᠠᠨ ᠢ | ᠥᠩᠭᠡᠷᠡᠭᠡᠭᠰᠡᠨ ᠴᠦ ᠪᠠᠲᠤ ᠪᠠᠬᠢ ᠰᠡᠬᠦ᠋ᠢᠨ ᠰᠦᠨᠳᠡᠷᠯᠡᠭᠰᠡᠨ ᠬᠥᠭᠦᠷᠭᠡ ᠪᠠᠶᠢᠳᠠᠭ᠃ | ᠥᠩᠭᠡᠷᠡᠭᠰᠡᠨ ᠳᠤ ᠤᠯᠠᠭᠠᠨ ᠴᠡᠷᠢᠭ ᠤᠨ ᠪᠠᠶᠢᠯᠳᠤᠭᠴᠢᠳ ᠪᠣᠯᠤᠨ ᠬᠤᠸᠠ ᠵᠢᠶᠠᠩ ᠶᠣᠣ ᠶᠢᠨ ᠠᠬ᠎ᠠ ᠳᠡᠭᠦᠦ | ᠨᠡᠷ ᠤᠨ ᠬᠠᠮᠲᠤ ᠪᠠᠷ ᠪᠠᠶᠢᠭᠤᠯᠤᠭᠰᠠᠨ ᠡᠨᠡ ᠬᠦ ︽ᠤᠯᠠᠭᠠᠨ ᠴᠡᠷᠢᠭ ᠤᠨ ᠬᠥᠭᠦᠷᠭᠡ︾ ᠨᠢ ᠡᠳᠦᠭᠡ ᠠᠷᠠᠳ | ᠢᠷᠭᠡᠳ ᠤᠨ ᠪᠠᠶᠠᠵᠢᠯ ᠤᠨ ᠬᠥᠭᠦᠷᠭᠡ ᠪᠣᠯᠤᠭᠰᠠᠨ ᠪᠠᠶᠢᠨ᠎ᠠ᠃ ᠵᠢᠯ ᠪᠦᠷᠢ ᠲᠤᠬᠠᠢ ᠶᠢᠨ ᠭᠠᠵᠠᠷ ᠤᠨ 100 ᠭᠠᠷᠤᠢ | ᠲᠦᠮᠡᠨ ᠬᠤᠯᠤᠰᠤ ᠡᠨᠡ ᠬᠥᠭᠦᠷᠭᠡ ᠪᠠᠷ ᠳᠠᠮᠵᠢᠨ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ᠂ ᠶᠣᠣ | ᠦᠨᠳᠦᠰᠦᠲᠡᠨ ᠤ ᠠᠬ᠎ᠠ ᠳᠡᠭᠦᠦ ᠨᠡᠷ ᠲᠤ ᠬᠡᠳᠦᠨ ᠮᠢᠩᠭᠠᠨ ᠲᠦᠮᠡᠨ ᠲᠥᠭᠦᠷᠢᠭ ᠤᠨ ᠣᠷᠣᠯᠭ᠎ᠠ ᠠᠪᠴᠢᠷᠠᠳᠠᠭ᠃ | ᠭᠠᠭᠴᠠ ᠬᠦ ︽ᠬᠤᠷᠳᠤᠳᠬᠠᠯ︾ ᠢ ᠳᠠᠪᠠᠨ ᠭᠠᠷᠪᠠᠯ ᠰᠠᠶ᠋ᠢ ᠬᠥᠭᠵᠢᠯᠲᠡ ᠶᠢᠨ ︽ᠲᠦᠷᠭᠡᠨ ᠵᠠᠮ︾ ᠳᠤ ᠣᠷᠣᠵᠤ | ᠴᠢᠳᠠᠨ᠎ᠠ᠃ | ᠣᠳᠣᠬᠠᠨ ᠳᠤ ᠦᠨᠳᠦᠰᠦᠲᠡᠨ ᠤ ᠭᠠᠵᠠᠷ ᠣᠷᠣᠨ ᠳᠤ ᠪᠠᠰᠠ ᠠᠵᠤ ᠠᠬᠤᠢ ᠶᠢᠨ ᠰᠠᠭᠤᠷᠢ ᠪᠠᠭᠤᠷᠠᠢ᠂ ᠠᠵᠤ | ᠦᠢᠯᠡᠰ ᠤᠨ ᠲᠡᠰ ᠳᠠᠪᠬᠤᠷᠭ᠎ᠠ ᠨᠡᠯᠢᠶᠡᠳ ᠳᠣᠣᠷ᠎ᠠ᠂ ᠴᠢᠳᠠᠪᠤᠷᠢᠲᠠᠨ ᠤ ᠲᠤᠯᠭᠠᠭᠤᠷᠢᠯᠠᠯ ᠳᠤᠲᠠᠮᠠᠭ᠂ ᠠᠮᠢ ᠠᠬᠤᠢ ᠶᠢᠨ | ᠬᠠᠮᠠᠭᠠᠯᠠᠯᠲᠠ ᠶᠢᠨ ᠡᠭᠦᠷᠭᠡ ᠬᠦᠨᠳᠦ ᠵᠡᠷᠭᠡ ᠠᠰᠠᠭᠤᠳᠠᠯ ᠣᠷᠣᠰᠢᠵᠤ᠂ ᠵᠡᠭᠦᠨ ᠬᠡᠰᠡᠭ ᠤᠨ ᠬᠥᠭᠵᠢᠭᠰᠡᠨ ᠭᠠᠵᠠᠷ | ᠣᠷᠣᠨ ᠲᠠᠢ ᠬᠠᠷᠢᠴᠠᠭᠤᠯᠪᠠᠯ᠂ ︽ᠪᠠᠶᠢᠬᠤ ᠡᠰᠡᠬᠦ︾᠂ ︽ᠰᠠᠶᠢᠨ ᠡᠰᠡᠬᠦ︾ ᠶᠢ ᠰᠢᠢᠳᠪᠦᠷᠢᠯᠡᠬᠦ ᠳᠠᠪᠬᠤᠷ ᠡᠭᠦᠷᠭᠡ | ᠲᠤᠯᠭᠠᠷᠠᠵᠤ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠪᠠᠶᠢᠵᠤ᠂ ᠨᠢᠭᠡ ᠭᠡᠷ ᠤᠨ ᠬᠥᠮᠦᠰ ᠴᠥᠮ | ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ | ᠦᠭᠡᠢ᠃ | ᠥᠷᠢᠰᠥᠯᠳᠦᠭᠡᠨ ᠮᠦᠷᠳᠡᠭᠡᠨ ᠪᠠᠰᠠ ᠠᠵᠠ ᠲᠣᠬᠢᠶᠠᠯ ᠮᠥᠨ᠃ | ᠭᠦᠢᠵᠧᠦ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ᠂ ︽ᠲᠤᠮᠤ ᠳ᠋ᠠᠶᠢᠲ᠋ᠠ ᠪᠣᠯᠤᠨ ᠪᠣᠳᠠᠲᠤ ᠴᠣᠭᠴᠠ ᠶᠢᠨ | ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠬᠥᠭᠵᠢᠭᠦᠯᠬᠦ ᠬᠡᠷᠡᠭᠳᠡᠢ︾ ᠭᠡᠵᠦ ᠳᠤᠷᠠᠳᠴᠠᠢ︔ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠳᠠᠭᠠᠨ᠂ ︽ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠳᠤᠳᠠᠭᠤᠳᠠᠯ ᠲᠠᠢ ᠲᠠᠯ᠎ᠠ ᠪᠠᠨ | ᠲᠡᠪᠴᠢᠨ᠂ ᠰᠢᠯᠢᠳᠡᠭ ᠢ ᠬᠥᠮᠦᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠩᠬᠠᠷᠴᠤ᠂ ᠪᠦᠬᠦ ᠬᠦᠴᠦᠨ ᠢᠶᠠᠷ ᠢᠶᠠᠨ | ᠪᠦᠲᠦᠴᠡ ᠶᠢ ᠲᠤᠬᠢᠷᠠᠭᠤᠯᠵᠤ᠂ ᠴᠢᠳᠠᠮᠵᠢ ᠶᠢ ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︾ ᠭᠡᠵᠦ | ᠱᠠᠭᠠᠷᠳᠠᠪᠠ︔ | ᠬᠥᠬᠡᠨᠠᠭᠤᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ | ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠤᠷᠴᠢᠯ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ | ᠪᠠᠶᠢᠭᠤᠯᠵᠤ᠂ ᠲᠤᠰ ᠭᠠᠵᠠᠷ ᠤᠨ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠵᠠᠢ︔ | 2021 ᠣᠨ ᠠᠴᠠ ᠨᠠᠭᠠᠰᠢ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠴᠣᠭᠴᠠᠯᠠᠬᠤ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠦᠨᠳᠦᠰᠦᠲᠡᠨ ᠤ ᠭᠠᠵᠠᠷ | ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠣᠷᠣ ᠲᠥᠰᠦᠪ ᠢ ᠵᠢᠷᠤᠭᠯᠠᠵᠤ᠂ ᠠᠷᠭ᠎ᠠ ᠵᠠᠮ ᠢ | ᠲᠣᠳᠣᠷᠬᠠᠶᠢᠯᠠᠨ᠂ ᠦᠨᠳᠦᠰᠦᠲᠡᠨ ᠤ ᠭᠠᠵᠠᠷ ᠣᠷᠣᠨ ᠪᠣᠯᠤᠨ ᠪᠦᠬᠦ ᠤᠯᠤᠰ ᠤᠨ ᠪᠤᠰᠤᠳ ᠭᠠᠵᠠᠷ ᠣᠷᠣᠨ | ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠡᠶᠢᠭᠡᠮ ᠵᠢᠷᠤᠮ ᠤᠨ | ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠬᠡᠷᠡᠭᠲᠡᠶ — | ︽ᠬᠢᠯᠢ ᠶᠢᠨ ᠬᠥᠰᠢᠶ᠎ᠡ ᠶᠢ ᠥᠴᠦᠬᠡᠨ ᠴᠦ ᠬᠥᠳᠡᠯᠭᠡᠵᠦ ᠪᠣᠯᠬᠤ ᠥᠬᠡᠶ᠂ ᠬᠢᠯᠢ ᠬᠢᠵᠠᠭᠠᠷ ᠤᠨ ᠭᠠᠵᠠᠷ | ᠰᠢᠷᠣᠶ ᠶᠢ ᠥᠴᠦᠬᠡᠨ ᠴᠦ ᠬᠠᠶᠠᠵᠤ ᠪᠣᠯᠬᠤ ᠥᠬᠡᠶ︾᠃ | ᠮᠠᠨ ᠤ ᠤᠯᠤᠰ ᠤᠨ ᠪᠠᠷᠠᠭᠤᠨ ᠬᠡᠰᠡᠭ ᠤᠨ ᠬᠢᠯᠢ ᠬᠢᠵᠠᠭᠠᠷ ᠲᠤ ᠪᠠᠶᠢᠷᠢᠯᠠᠵᠤ ᠪᠠᠶᠢᠭ᠎ᠠ ᠰᠢᠨᠵᠢᠶᠠᠩ ᠤᠨ ᠦ᠋ | ᠴᠢᠶᠠ ᠰᠢᠶᠠᠨ ᠤ ᠵᠢᠢ ᠭᠧᠨ ᠰᠢᠶᠠᠩ ᠳᠤ᠂ ᠬᠢᠯᠢ ᠬᠠᠮᠠᠭᠠᠯᠠᠭᠴᠢ ᠪᠤᠷᠮᠠᠬᠠᠨ· ᠮᠤᠯᠳᠤᠸᠧ ᠬᠤᠶᠠᠷ ᠬᠥᠯ ᠢᠶᠠᠷ ᠢᠶᠠᠨ ᠡᠬᠡ | ᠤᠯᠤᠰ ᠤᠨ ᠬᠢᠯᠢ ᠶᠢᠨ ᠱᠤᠭᠤᠮ ᠢ ᠬᠡᠮᠵᠢᠨ᠎ᠡ᠃ ᠬᠡᠳᠦᠨ ᠠᠷᠪᠠᠨ ᠵᠢᠯ ᠤᠨ ᠲᠤᠷᠰᠢ᠂ ᠲᠡᠷᠡ ᠥᠪᠡᠷ ᠤᠨ | ᠭᠠᠷ ᠢᠶᠠᠷ ᠢᠶᠠᠨ ᠫᠠᠮᠢᠷ ᠤᠨ ᠥᠨᠳᠦᠷᠯᠢᠭ ᠲᠤ 10 ᠭᠠᠷᠤᠶ ᠲᠦᠮᠡᠨ ᠬᠡᠰᠡᠭ ︽ᠳᠤᠮᠳᠠᠳᠤ ᠤᠯᠤᠰ ᠤᠨ ᠴᠢᠯᠠᠭᠤ︾ ᠶᠢ | ᠰᠡᠶᠢᠯᠦᠨ ᠭᠠᠷᠭᠠᠪᠠ᠃ | ᠥᠨᠥᠳᠦᠷ᠂ ᠪᠤᠷᠮᠠᠬᠠᠨ ᠤ ᠭᠤᠷᠪᠠᠨ ᠬᠥᠤ᠂ ᠬᠤᠶᠠᠷ ᠥᠬᠢᠨ ᠨᠢ ᠪᠦᠷ ᠬᠢᠯᠢ ᠬᠠᠮᠠᠭᠠᠯᠠᠭᠴᠢ᠃ ᠨᠢᠭᠡ | ᠭᠡᠷ ᠢᠶᠠᠷ ᠢᠶᠠᠨ ᠬᠠᠷᠠᠮᠰᠠᠯ ᠦᠭᠡᠢ᠂ ᠨᠢᠭᠡ ᠨᠠᠰᠤ ᠪᠠᠷ ᠢᠶᠠᠨ ᠡᠬᠡ ᠤᠯᠤᠰ ᠤᠨ ᠠᠭᠤᠯᠠ ᠤᠰᠤ ᠶᠢ ᠰᠠᠬᠢᠨ ᠬᠠᠮᠠᠭᠠᠯᠠᠨ᠎ᠠ᠃ | | ︽ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠵᠥᠪ ᠡᠬᠡ ᠤᠷᠤᠨᠴᠢ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠨᠢ ᠦᠨᠳᠦᠰᠦᠲᠡᠨ ᠨᠦᠭᠦᠳ ᠤᠨ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠲᠦᠢᠯ ᠤᠨ ᠴᠢᠬᠤᠯᠠ ᠶᠤᠮ︾ ᠭᠡᠵᠦ ᠶᠡᠷᠦᠩᠬᠡᠢ ᠱᠦᠵᠢ | ᠰᠢ ᠶᠢᠨ ᠫᠢᠩ ᠭᠦᠨᠵᠡᠭᠡᠢ ᠵᠢᠭᠠᠵᠤ ᠭᠠᠷᠭᠠᠪᠠ᠃ | ᠦᠨᠳᠦᠰᠦᠲᠡᠨ ᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠳᠤ ᠬᠠᠮᠤᠭ ᠤᠨ | ᠵᠠᠩᠭᠢᠯᠠᠭ᠎ᠠ ᠨᠢ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠠᠮᠠᠭᠠᠯᠠᠵᠤ᠂ ᠬᠠᠮᠤᠭ ᠠᠴᠠ ᠲᠤᠰᠠᠲᠠᠢ ᠨᠢ ᠬᠥᠮᠦᠰ ᠤᠨ | ᠰᠡᠳᠬᠢᠯ ᠢ ᠨᠢᠭᠲᠠᠷᠠᠭᠤᠯᠬᠤ ᠳᠤ ᠪᠤᠢ᠃ | ᠡᠨᠡ ᠵᠢᠯ ᠤᠨ 7 ᠰᠠᠷ᠎ᠠ ᠶᠢᠨ ᠰᠡᠭᠦᠯᠴᠢ ᠪᠠᠷ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠢ | ᠪᠡᠯᠭᠡᠯᠡᠬᠦ ᠶᠣᠰᠣᠯᠠᠯ ᠤᠨ ᠳᠠᠷᠠᠭ᠎ᠠ ᠶᠡᠷᠦᠩᠬᠡᠶ ᠱᠦᠵᠢ ᠰᠢ ᠶᠢᠨ ᠫᠢᠩ ᠠᠩᠬ᠎ᠠ ᠤᠳᠠᠭ᠎ᠠ ᠣᠷᠣᠨ ᠨᠤᠲᠤᠭ ᠲᠤ | ᠬᠦᠷᠴᠦ ᠠᠵᠢᠯ ᠪᠠᠶᠢᠴᠠᠭᠠᠬᠤ ᠳᠠᠭᠠᠨ ᠴᠠᠰᠤᠲᠤ ᠥᠨᠳᠦᠷᠯᠢᠭ ᠲᠤ ᠢᠷᠡᠵᠦ᠂ ᠲᠥᠪᠡᠳ ᠤᠨ ᠦᠨᠳᠦᠰᠦᠲᠡᠨ | ᠨᠦᠭᠦᠳ ᠤᠨ ᠺᠠᠳ᠋ᠷ ᠣᠯᠠᠨ ᠲᠦᠮᠡᠨ ᠢ ᠳᠣᠲᠣᠨᠣ ᠪᠠᠷ ᠡᠷᠬᠢᠨ ᠦᠵᠡᠵᠦ ᠲᠣᠬᠤᠨᠢᠭᠤᠯᠪᠠ᠃ | ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠲᠤᠷᠰᠢ ᠣᠯᠤᠭᠰᠠᠨ ᠲᠡᠦᠬᠡᠲᠦ ᠴᠢᠨᠠᠷᠲᠠᠢ | ᠠᠮᠵᠢᠯᠲᠠ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ | ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︾ ᠭᠡᠵᠦ | ᠤᠳᠬ᠎ᠠ ᠭᠦᠨ ᠶᠠᠷᠢᠪᠠ᠃ | ᠰᠣᠶᠣᠯ ᠪᠣᠯ ᠨᠢᠭᠡ ᠦᠨᠳᠦᠰᠦᠲᠡᠨ ᠤ ᠰᠦᠭ ᠰᠦᠨᠡᠰᠦ ᠮᠥᠨ᠂ ᠰᠣᠶᠣᠯ ᠤᠨ ᠬᠠᠮᠲᠤ ᠶᠢᠨ ᠲᠠᠨᠢᠯᠲᠠ ᠪᠣᠯ | ᠦᠨᠳᠦᠰᠦᠲᠡᠨ ᠤ ᠪᠦᠯᠬᠦᠮᠳᠡᠯ ᠤᠨ ᠦᠨᠳᠦᠰᠦ ᠰᠤᠷᠪᠤᠯᠵᠢ ᠮᠥᠨ᠃ ︽ᠨᠠᠷᠢᠯᠢᠭ ᠳᠤᠰᠤᠯᠭᠠᠨ ᠤᠰᠤᠯᠠᠬᠤ ᠮᠠᠶ᠋ᠢᠭ︾ | ᠤᠨ ᠤᠬᠠᠭᠤᠯᠭ᠎ᠠ ᠬᠥᠮᠦᠵᠢᠯ ᠢᠶᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠵᠢᠭᠠᠬᠤ ᠮᠠᠲ᠋ᠧᠷᠢᠶᠠᠯ ᠳᠤ | ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠶ ᠳᠤ ᠰᠠᠭᠤᠭᠳᠠᠭᠤᠯᠬᠤ ᠶᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠤᠳᠠᠭᠠᠨ | ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠬᠤ ᠦᠷ᠎ᠡ ᠯᠠᠪᠲᠠᠶ ᠳᠤᠮᠳᠠᠳᠤ ᠶᠢᠨ | ᠦᠨᠳᠦᠰᠦᠲᠡᠨ ᠤ ᠪᠦᠷᠢᠯᠳᠦᠭᠦᠨ ᠨᠢᠭᠡᠪᠦᠷᠢ ᠶᠢᠨ ᠰᠡᠳᠬᠢᠯ ᠤᠨ ᠭᠦᠨ ᠳᠤ ᠦᠨᠳᠦᠰᠦᠯᠡᠵᠦ᠂ ᠳᠤᠮᠳᠠᠳᠤ ᠶᠢᠨ | ᠦᠨᠳᠦᠰᠦᠲᠡᠨ ᠤ ᠪᠠᠭᠲᠠᠭᠠᠮᠵᠢᠲᠤ ᠴᠢᠨᠠᠷ ᠢᠶᠠᠷ ᠨᠠᠩ ᠴᠢᠩᠭ᠎ᠠ᠂ ᠨᠢᠭᠲᠠᠷᠠᠯ ᠤᠨ ᠬᠦᠴᠦᠨ ᠢᠶᠠᠷ ᠨᠠᠩ ᠶᠡᠭᠡ ᠬᠤᠪᠢ | ᠵᠠᠶᠠᠭᠠᠨ ᠤ ᠬᠠᠮᠲᠤ ᠴᠣᠭᠴᠠ ᠲᠡᠶᠢᠰᠢ ᠤᠷᠤᠭᠰᠢᠯᠠᠬᠤ ᠶᠢ ᠲᠦᠯᠬᠢᠨ ᠠᠬᠢᠭᠤᠯᠬᠤ ᠶᠤᠮ᠃ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ᠂ ᠮᠥᠷᠥ ᠵᠡᠷᠭᠡᠴᠡᠨ ᠲᠡᠮᠡᠴᠡᠬᠦ ᠬᠦᠴᠦᠷᠬᠡᠭ | ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ — | ᠨᠢᠭᠡᠨ ᠪᠤᠳᠢ ᠳᠤᠮᠳᠠᠳᠤ ᠤᠯᠤᠰ ᠤᠨ ᠲᠡᠦᠬᠡ ᠪᠣᠯ ᠳᠠᠷᠤᠢ ᠨᠢᠭᠡᠨ ᠪᠤᠳᠢ ᠦᠨᠳᠦᠰᠦᠲᠡᠨ ᠨᠦᠭᠦᠳ ᠤᠨ | ᠠᠭᠤᠰᠤᠯᠴᠠᠵᠤ ᠤᠯᠠᠨ ᠡᠰᠢᠵᠢᠨ ᠨᠢᠭᠡ ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠳᠠᠷᠤᠢ | ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠵᠦ ᠨᠢᠭᠡᠳᠭᠡᠭᠰᠡᠨ | ᠠᠭᠤᠤ ᠶᠡᠭᠡ ᠡᠭᠡ ᠤᠯᠤᠰ ᠤᠨ ᠲᠡᠦᠬᠡ ᠮᠥᠨ᠃ | ᠤᠩᠭᠤᠴᠠᠨ ᠤ ᠬᠦᠴᠤᠨ ᠳᠠᠷᠪᠠᠭᠤᠯ ᠳᠤ ᠪᠤᠢ᠂ ᠬᠦᠮᠦᠨ ᠤ ᠬᠦᠴᠦᠨ ᠰᠡᠳᠭᠢᠯ ᠳᠤ ᠪᠤᠢ᠃ ᠦᠨᠳᠦᠰᠦᠲᠡᠨ ᠤ | ᠪᠦᠯᠬᠦᠮᠳᠡᠯ ᠪᠣᠯ ᠡᠴᠦᠰ ᠤᠨ ᠡᠴᠦᠰ ᠲᠡᠭᠡᠨ ᠬᠥᠮᠦᠨ ᠬᠢᠭᠡᠳ ᠬᠥᠮᠦᠨ ᠤ ᠬᠤᠭᠤᠷᠣᠨᠳᠣᠬᠢ ᠪᠦᠯᠬᠦᠮᠳᠡᠯ ᠮᠥᠨ | ᠪᠣᠯᠬᠤᠷ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠬᠤ ᠴᠢᠬᠤᠯᠠᠲᠠᠶ ᠶᠤᠮ᠃ | ︽ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠶᠯᠡᠰ ᠤᠨ ᠨᠢᠭᠡᠴᠢ᠂ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠤᠳ ᠬᠠᠮᠲᠤ ᠪᠠᠷ | ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠶ︾ ᠭᠡᠵᠦ ᠶᠡᠷᠦᠩᠬᠡᠶ ᠱᠦᠵᠢ ᠰᠢ ᠶᠢᠨ ᠫᠢᠩ | ᠲᠣᠳᠣᠷᠬᠠᠶ ᠴᠢᠬᠤᠯᠠᠴᠢᠯᠠᠭᠰᠠᠨ ᠪᠠᠶᠢᠨ᠎ᠠ᠃ | ᠦᠨᠳᠦᠰᠦᠲᠡᠨ ᠤ ᠠᠵᠢᠯ ᠪᠣᠯ ᠲᠠᠯ᠎ᠠ ᠪᠦᠬᠦᠨ ᠳᠤ ᠬᠤᠯᠪᠣᠭᠳᠠᠵᠤ᠂ ᠲᠠᠯ᠎ᠠ ᠪᠦᠬᠦᠨ ᠳᠤ ᠴᠥᠮ | ᠦᠨᠳᠦᠰᠦᠲᠡᠨ ᠤ ᠠᠵᠢᠯ ᠪᠠᠶᠢᠳᠠᠭ᠃ | ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ | ᠪᠠᠶᠢᠷᠢᠰᠢᠯ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠡᠯ᠎ᠡ ᠲᠠᠯ᠎ᠠ ᠶᠢᠨ | ᠤᠶᠤᠨ ᠤᠬᠠᠭᠠᠨ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠲᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | 1949 ᠣᠨ ᠤ 9 ᠰᠠᠷ᠎ᠠ ᠶᠢᠨ 21 ᠤ ᠡᠳᠦᠷ᠂ ᠵᠦᠩ ᠨᠠᠨ ᠬᠠᠢ ᠶᠢᠨ ᠬᠤᠸᠠᠢ ᠷᠧᠨ ᠲᠠᠩ ᠳᠤ ᠲᠤᠮᠳᠡᠳᠦ | ᠤᠯᠦᠰ ᠤᠨ ᠠᠷᠡᠦᠠ ᠤᠨ ᠤᠯᠦᠰ ᠲᠦᠷᠦ ᠶᠢᠨ ᠵᠦᠪᠯᠡᠯᠭᠡᠨ ᠤ ᠠᠩᠬᠠᠳᠤᠭᠠᠷ ᠬᠤᠭᠤᠴᠠᠭᠠᠨ ᠤ ᠪᠥᠬᠦᠳᠡ ᠬᠤᠷᠠᠯ | ᠡᠬᠢᠯᠡᠪᠡ᠃ | ︽ᠮᠠᠨ ᠤ ᠢ ᠦᠨᠳᠦᠰᠦᠲᠡᠨ ᠶᠡᠷᠦ ᠠᠴᠠ ᠳᠠᠷᠤᠯᠠᠭᠳᠠᠨ ᠳᠣᠷᠣᠮᠵᠢᠯᠠᠭᠳᠠᠭᠰᠠᠭᠠᠷ ᠢᠷᠡᠵᠡᠢ ᠁ ᠭᠡᠪᠡᠴᠦ | ᠥᠨᠥᠳᠦᠷ ᠪᠢᠳᠡ ᠬᠦᠮᠦᠨ ᠪᠣᠯᠤᠭᠰᠠᠨ ᠪᠥᠭᠡᠳ ᠤᠯᠤᠰ ᠤᠨ ᠡᠵᠡᠨ ᠨᠢ ᠪᠣᠯᠵᠤ᠂ ᠳᠤᠮᠳᠠᠳᠤ ᠤᠯᠤᠰ ᠤᠨ | ᠲᠡᠦᠬᠡᠨ ᠳᠤ ᠤᠷᠢᠳᠤ ᠭᠠᠷᠤᠭ᠎ᠠ ᠦᠭᠡᠢ ᠡᠨᠡ ᠶᠡᠭᠡ ᠬᠤᠷᠠᠯ ᠳᠤ ᠣᠷᠣᠯᠴᠠᠵᠠᠶ︾ ᠬᠡᠵᠦ ᠴᠥᠭᠡᠨ ᠲᠣᠭᠠᠲᠤ | ᠦᠨᠳᠦᠰᠦᠲᠡᠨ ᠤ ᠲᠥᠯᠦᠭᠡᠯᠡᠭᠴᠢ ᠵᠠᠩ ᠴᠥᠩ ᠶᠡᠭᠡ ᠪᠠᠷ ᠰᠡᠳᠬᠢᠯ ᠬᠥᠳᠡᠯᠦᠨ ᠶᠠᠷᠢᠵᠤ ᠪᠠᠶᠢᠯ᠎ᠠ᠃ | 70 ᠭᠠᠷᠤᠢ ᠵᠢᠯ ᠤᠨ ᠳᠠᠷᠠᠭᠠᠬᠢ 2021 ᠣᠨ ᠤ 3 ᠰᠠᠷ᠎ᠠ ᠳᠤ᠂ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠳᠥᠷᠪᠡᠳᠦᠭᠡᠷ ᠬᠤᠷᠠᠯ ᠤᠨ ᠬᠤᠶᠠᠳᠤᠭᠠᠷ ᠪᠦᠬᠦᠳᠡ ᠬᠤᠷᠠᠯ ᠠᠳᠡ ᠬᠤᠷᠠᠯᠳᠤᠪᠠ᠃ | ᠪᠦᠬᠦ ᠤᠯᠤᠰ ᠤᠨ ᠬᠥᠮᠦᠨ ᠠᠮᠠ ᠪᠠᠷ ᠴᠥᠭᠡᠪᠲᠦᠷ 28 ᠦᠨᠳᠦᠰᠦᠲᠡᠨ ᠤ ᠨᠢᠭᠡ ᠪᠣᠯᠬᠤ ᠮᠤᠤᠨᠠᠨ | ᠦᠨᠳᠦᠰᠦᠲᠡᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠭᠤᠸᠠᠩᠰᠢ ᠠᠴᠠ ᠢᠷᠡᠭᠰᠡᠨ | ᠸᠧᠢ ᠵᠧᠨ ᠯᠢᠩ ᠵᠦᠪᠯᠡᠬᠦ ᠠᠷᠠᠳᠴᠢᠯᠠᠯ ᠤᠨ ᠳᠠᠶᠢᠰᠠᠨ ᠳᠤ ᠨᠤᠲᠤᠭ ᠤᠰᠤᠨ ᠤ ᠪᠠᠨ ᠶᠠᠳᠠᠭᠤ ᠠᠴᠠ ᠠᠩᠭᠢᠵᠢᠷᠠᠨ | ᠴᠢᠨᠡᠭᠡᠯᠢᠭᠵᠢᠭᠰᠡᠨ ᠦᠯᠢᠭᠡᠷ ᠢ ᠭᠦᠨ ᠰᠡᠳᠬᠢᠯᠭᠡ ᠲᠠᠢ ᠪᠠᠷ ᠶᠠᠷᠢᠵᠤ ᠪᠠᠶᠢᠯ᠎ᠠ᠃ | ︽ᠪᠢ ᠥᠩᠭᠡᠷᠡᠭᠰᠡᠨ ᠳᠤ᠂ ᠭᠠᠶᠢᠬᠠᠮᠰᠢᠬ ᠡᠭᠦᠰᠬᠦ ᠠᠴᠠ ᠭᠠᠳᠠᠨ᠎ᠠ ᠬᠡᠷ ᠨᠤᠲᠤᠭ ᠮᠠᠨᠢ ᠬᠡᠵᠢᠶᠡᠲᠡ ᠭᠠᠳᠠᠭᠠᠳᠤ | ᠶᠢᠷᠲᠢᠨᠴᠦ ᠲᠠᠢ ᠬᠠᠷᠢᠯᠴᠠᠨ ᠬᠤᠯᠪᠣᠯᠳᠤᠵᠦ ᠳᠡᠶᠢᠯᠬᠦ ᠥᠬᠡᠶ ᠬᠡᠵᠦ ᠪᠤᠳᠤᠵᠤ ᠪᠠᠶᠢᠵᠠᠢ᠂ ᠬᠡᠪᠡᠴᠤ ᠦᠨᠡᠭᠡᠷ | ᠭᠠᠶᠢᠬᠠᠮᠰᠢᠬ ᠡᠭᠦᠰᠴᠡᠢ ᠁ ᠬᠡᠷ ᠭᠠᠳᠠᠨ᠎ᠠ ᠦᠭᠡᠢ ᠳ᠋ᠧᠩ ᠬᠡᠷᠡᠯᠳᠦᠵᠦ᠂ ᠵᠢᠮᠢᠰ ᠤᠨ ᠬᠦᠷᠢᠶᠡᠯᠡᠩ ᠤᠨ | ᠠᠩᠬᠢᠯᠤᠮ᠎ᠠ ᠦᠨᠦᠷ ᠬᠠᠩᠬᠤᠯᠵᠤ᠂ ᠢᠯᠠᠮ᠎ᠠ ᠶᠢᠨ ᠮᠣᠳᠣ ᠢᠬᠴᠤ ᠰᠠᠬᠤᠯᠢᠬ ᠤᠷᠭᠤᠵᠤ᠂ ᠲᠤᠲᠤᠷᠭ᠎ᠠ ᠶᠢᠨ ᠦᠨᠦᠷ | ᠰᠡᠩᠬᠢᠨᠡᠨ᠂ ᠳᠠᠷᠳᠠᠩ ᠵᠠᠮ ᠠᠶᠢᠯ ᠲᠣᠰᠬᠤᠨ ᠪᠣᠯᠭᠠᠨ ᠳᠤ ᠨᠡᠪᠳᠡᠷᠡᠵᠦ᠂ ᠴᠡᠪᠡᠷ ᠲᠤᠩᠭᠠᠯᠠᠭ ᠲᠦᠭᠡᠭᠡᠯ ᠤᠰᠤ ᠶᠢ | ᠡᠷᠦᠬᠡ ᠪᠣᠯᠭᠠᠨ ᠳᠤ ᠣᠷᠣᠭᠤᠯᠪᠠ ᠁︾ | ᠸᠧᠢ ᠵᠧᠨ ᠯᠢᠩ ᠭᠡᠰᠢᠭᠦᠨ᠄ ︽ᠢᠷᠡᠬᠦ ᠮᠠᠷᠭᠠᠰᠢ ᠶᠢᠨ ᠲᠦᠯᠦᠭᠡ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠬᠤ ᠳᠤ ᠪᠢᠳᠡ ᠢᠲᠡᠭᠡᠯ ᠳᠦᠭᠦᠷᠡᠩ ᠪᠠᠶᠢᠨ᠎ᠠ︕︾ ᠭᠡᠵᠦ ᠰᠡᠳᠬᠢᠯ | ᠳᠣᠭᠳᠣᠯᠤᠨ ᠬᠡᠯᠡᠪᠡ᠃ | ᠳᠡᠭᠡᠷ᠎ᠡ ᠳᠣᠣᠷᠠᠬᠢ ᠪᠠᠷ ᠢᠶᠠᠨ ᠬᠦᠰᠡᠯ ᠰᠡᠳᠭᠢᠯᠨᠢᠭᠡᠳᠬᠦ ᠶᠤᠮ ᠪᠣᠯ ᠳᠠᠷᠤᠢ ᠢᠯᠠᠯᠳᠠ ᠤᠯᠵᠦ᠂ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠪᠠᠯ ᠳᠠᠷᠤᠢ ᠬᠥᠭᠵᠢᠨ ᠮᠠᠨᠳᠤᠨ᠎ᠠ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠪᠡᠶᠡᠯᠡᠭᠦᠯᠬᠦ ᠪᠣᠯ 56 ᠦᠨᠳᠦᠰᠦᠲᠡᠨ ᠤ ᠬᠠᠮᠲᠤ ᠶᠢᠨ ᠵᠡᠭᠦᠳᠦ ᠮᠥᠨ᠂ ᠡᠴᠦᠰ ᠤᠨ ᠡᠴᠦᠰ ᠲᠡᠭᠡᠨ 56 | ᠦᠨᠳᠦᠰᠦᠲᠡᠨ ᠤ ᠬᠠᠮᠲᠤ ᠶᠢᠨ ᠪᠦᠯᠬᠦᠮᠳᠡᠯ ᠲᠡᠮᠡᠴᠡᠯ ᠳᠤ ᠲᠦᠰᠢᠭᠯᠡᠨ᠎ᠡ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠡᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢᠶᠠᠨ ᠲᠠᠰᠤᠷᠠᠯᠳᠠ | ᠦᠭᠡᠢ ᠪᠠᠲᠤ ᠴᠤᠬᠴᠠᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ | ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠬᠤ ᠰᠢᠨ᠎ᠡ ᠠᠶᠠᠨ ᠵᠦᠭ ᠡᠷᠡᠮᠡᠬᠡᠶᠢᠯᠡᠨ | ᠤᠷᠤᠬᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︕ | ︵ᠰᠤᠷᠪᠤᠯᠵᠢᠯᠠᠭᠴᠢ ᠾᠦᠸᠧ ᠰᠢᠶᠤᠤ ᠭᠤᠸᠠᠩ ᠯᠢᠨ ᠾᠦᠢ ᠸᠠᠩ ᠴᠢ ᠱᠢ ᠵᠢᠩ ᠨᠠᠨ ᠳ᠋ᠢᠩ ᠰᠢᠶᠤᠤ ᠰᠢ | ᠹᠠᠨ ᠰᠧ ᠰᠢᠶᠠᠩ︶ | | |