| ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ ᠴᠠᠬᠢᠯᠭᠠᠨ 12 ᠤᠶᠢᠢᠷ᠎ᠠ ᠳᠤ᠂ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ | ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠰᠠᠨᠠᠯ︾ ᠤᠨ ᠪᠥᠬᠦ ᠠᠭᠤᠯᠭ᠎ᠠ ᠨᠢ ᠳᠤᠤᠷᠠᠬᠢ ᠮᠡᠲᠦ᠃ | ᠠᠮᠢ ᠠᠬᠤᠢ ᠤᠷᠴᠢᠨ ᠲᠤᠭᠤᠷᠢᠨ ᠪᠣᠯ ᠨᠠᠮ ᠤᠨ ᠡᠭᠦᠷᠭᠡ ᠬᠠᠷᠢᠭᠤᠴᠠᠯᠭ᠎ᠠ ᠵᠣᠷᠢᠯᠲᠠ ᠲᠠᠢ ᠬᠤᠯᠪᠣᠭᠳᠠᠬᠤ | ᠴᠢᠬᠤᠯᠠ ᠶᠡᠭᠡᠤᠯᠤᠰ ᠲᠦᠷᠦ ᠶᠢᠨ ᠠᠰᠠᠭᠤᠳᠠᠯ ᠮᠥᠨ᠂ ᠪᠠᠰᠠ ᠴᠤ ᠠᠷᠠᠳ ᠤᠨ ᠠᠮᠢᠳᠤᠷᠠᠯ ᠲᠠᠢ ᠬᠤᠯᠪᠣᠭᠳᠠᠬᠤ | ᠴᠢᠬᠤᠯᠠ ᠶᠡᠭᠡ ᠨᠡᠶᠢᠭᠡᠮ ᠤᠨ ᠠᠰᠠᠭᠤᠳᠠᠯ ᠮᠥᠨ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠲᠦᠷᠢᠮ ᠨᠢ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ | ᠬᠤᠪᠢ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠡᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠯ᠎ᠡ | ᠲᠠᠯ᠎ᠠ ᠶᠢᠨ ᠬᠢᠨ ᠤ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠂ | ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠤᠰᠠᠳᠠ᠂ | ᠤᠳᠤ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠶ ᠶᠢᠨ | ᠪᠣᠯᠪᠠᠰᠤᠨ ᠤ ᠬᠦᠷᠢᠶᠡᠨ ᠳᠠᠬᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠤ᠂ | ᠪᠦᠲᠦᠮᠵᠢᠲᠡᠢ ᠵᠠᠬ᠎ᠠ ᠳᠡᠯᠭᠡᠭᠦᠷ ᠪᠠ ᠨᠠᠶᠢᠳᠠᠪᠤᠷᠢᠳᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ᠂ ᠲᠥᠷᠥᠯ | ᠬᠤᠪᠢᠶᠠᠨ ᠨᠥᠬᠦᠪᠥᠷᠢᠯᠡᠬᠦ ᠪᠠ ᠶᠡᠷᠦᠩᠬᠡᠶᠢᠯᠡᠨ ᠨᠥᠬᠦᠪᠥᠷᠢᠯᠡᠬᠦ᠋ᠢ ᠨᠢᠭᠡᠳᠦᠯᠲᠡᠶ ᠲᠦᠯᠦᠪᠵᠢᠭᠦᠯᠬᠦ᠂ ᠭᠤᠯᠳᠤ | ᠴᠢᠭᠯᠡᠯ ᠢᠶᠠᠷ ᠨᠥᠬᠦᠪᠥᠷᠢᠯᠡᠬᠦ ᠪᠠ ᠬᠥᠨᠳᠡᠯᠡᠨ ᠴᠢᠭᠯᠡᠯ ᠢᠶᠠᠷ ᠨᠥᠬᠦᠪᠥᠷᠢᠯᠡᠬᠦ ᠶᠢ ᠵᠣᠬᠢᠴᠠᠭᠤᠯᠤᠨ ᠠᠬᠢᠭᠤᠯᠬᠤ᠂ | ᠵᠤᠷᠢᠭᠵᠢᠭᠤᠯᠬᠤ ᠶᠢ ᠴᠢᠩᠭᠠᠳᠬᠠᠬᠤ ᠪᠠ ᠬᠢᠵᠠᠭᠠᠷᠯᠠᠬᠤ ᠶᠢ ᠴᠢᠩᠭᠠᠷᠠᠭᠤᠯᠬᠤ ᠶᠢ ᠬᠠᠮᠵᠢᠯᠴᠠᠭᠤᠯᠤᠨ ᠬᠦᠴᠦᠯᠡᠬᠦ ᠠᠮᠢ | ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠲᠦᠷᠭᠡᠪᠴᠢᠯᠡᠨ ᠪᠦᠷᠢᠨᠰᠢᠭᠦᠯᠵᠤ᠂ ᠪᠦᠬᠦ | ᠨᠡᠶᠢᠭᠡᠮ ᠢᠶᠠᠷ ᠢᠶᠠᠨ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠦᠵᠡᠯ | ᠰᠠᠨᠠᠭᠠᠨ ᠤ ᠬᠠᠮᠲᠤ ᠶᠢᠨ ᠲᠠᠨᠢᠯᠲᠠ ᠪᠠ ᠦᠢᠯᠡ ᠠᠵᠢᠯᠯᠠᠭ᠎ᠠ ᠶᠢᠨ ᠤᠬᠠᠮᠰᠠᠷ ᠲᠠᠢ ᠪᠤᠯᠬᠤ ᠶᠢ ᠠᠬᠢᠭᠤᠯᠵᠤ᠂ | ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ | ᠰᠠᠭᠠᠷᠮᠠᠭᠵᠢᠭᠤᠯᠬᠤ ᠠᠵᠢᠯ ᠢ ᠰᠠᠶᠢᠳᠤᠷ ᠬᠢᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ | ᠲᠡᠶᠢᠰᠢ ᠪᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ | ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠵᠤ᠂ ᠤᠯᠤᠰ ᠤᠨ ᠠᠮᠢ ᠠᠬᠤᠶ ᠶᠢᠨ ᠠᠮᠤᠷ | ᠲᠦᠪᠰᠢᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠬᠥᠭᠵᠢᠬᠦ ᠠᠮᠢ ᠠᠬᠤᠢ ᠣᠷᠴᠢᠨ | ᠲᠤᠭᠤᠷᠢᠨ ᠤ ᠰᠠᠭᠤᠷᠢ ᠶᠢ ᠲᠠᠯᠪᠢᠬᠤ ᠳᠤ ᠪᠠᠲᠤ ᠴᠢᠩᠭ᠎ᠠ ᠬᠦᠴᠦᠲᠡᠢ ᠳᠦᠷᠢᠮ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠠᠵᠢᠯ ᠤᠨ ᠵᠠᠷᠴᠢᠮ | — ᠰᠢᠰᠲ᠋ᠧᠮ ᠲᠠᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠶᠢᠨ ᠲᠦᠷᠢᠮ ᠵᠢᠴᠢ ᠬᠠᠮᠢᠶ᠎ᠠ ᠪᠥᠬᠦᠶ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠳᠠᠢ ᠲᠦᠯᠦᠪᠵᠢᠭᠦᠯᠵᠤ᠂ | ᠪᠥᠬᠦ ᠲᠠᠯ᠎ᠠ ᠪᠠᠷ ᠠᠬᠢᠭᠤᠯᠤᠨ᠂ ᠡᠯ᠎ᠡ ᠵᠦᠢᠯ ᠤᠨ ᠲᠦᠷᠢᠮ ᠢ ᠵᠣᠯᠭᠠᠭᠤᠯᠤᠨ ᠲᠥᠬᠦᠷᠵᠢᠭᠦᠯᠬᠦ ᠶᠢ ᠴᠢᠩᠭᠠᠳᠬᠠᠨ᠎ᠠ᠃ | ᠠᠮᠢ ᠠᠬᠤᠶ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠵᠢᠴᠢ ᠳᠣᠲᠣᠭᠠᠳᠤ ᠵᠢᠮ᠎ᠡ | ᠶᠣᠰᠣ ᠪᠠᠷ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠶ | ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠬᠠᠮᠠᠭᠠᠯᠠᠯᠲᠠ ᠶᠢ ᠠᠬᠢᠭᠤᠯᠤᠨ᠎ᠠ᠃ | — ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠡᠯ᠎ᠡ ᠲᠠᠯ᠎ᠠ ᠶᠢᠨ ᠬᠢᠨ ᠣᠷᠣᠯᠴᠠᠨ᠎ᠠ᠃ ᠵᠠᠰᠠᠭ ᠤᠨ | ᠣᠷᠳᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢ ᠥᠷᠨᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠣᠷᠣᠯᠴᠠᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠵᠠᠬ᠎ᠠ ᠳᠡᠯᠭᠡᠭᠦᠷᠴᠢᠯᠡᠭᠰᠡᠨ᠂ ᠤᠯᠠᠨ | ᠡᠰᠢᠵᠢᠭᠰᠡᠨ ᠨᠥᠬᠦᠪᠥᠷᠢ ᠶᠢᠨ ᠦᠢᠯᠡᠳᠦᠯᠭᠡ ᠶᠢ ᠠᠬᠢᠭᠤᠯᠤᠨ᠎ᠠ᠃ ᠵᠠᠰᠠᠭ ᠤᠨ ᠣᠷᠳᠣᠨ ᠠᠴᠠ ᠬᠦᠴᠦᠲᠡᠢ ᠭᠤᠣᠯᠯᠠᠨ | ᠤᠳᠤᠷᠢᠳᠤᠭᠰᠠᠨ᠂ ᠨᠡᠶᠢᠭᠡᠮ ᠤᠨ ᠬᠢᠨ ᠡᠮᠬᠢ ᠵᠢᠷᠤᠮ ᠲᠠᠢ ᠣᠷᠣᠯᠴᠠᠭᠰᠠᠨ᠂ ᠵᠠᠬ᠎ᠠ ᠳᠡᠯᠭᠡᠭᠦᠷ ᠢᠶᠠᠷ ᠪᠦᠲᠦᠮᠵᠢᠲᠡᠢ | ᠵᠣᠬᠢᠴᠠᠭᠤᠯᠤᠭᠰᠠᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠶᠢᠭᠤᠯᠤᠮᠵᠢ ᠲᠣᠭᠲᠠᠴᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠎ᠡ᠃ | — ᠵᠤᠷᠢᠭᠵᠢᠭᠤᠯᠬᠤ ᠶᠢ ᠴᠢᠩᠭᠠᠳᠬᠠᠵᠤ᠂ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠬᠠᠤᠯᠢᠵᠢᠯ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠡᠯ᠎ᠡ ᠲᠠᠯ᠎ᠠ ᠶᠢᠨ ᠡᠷᠬᠡ ᠡᠭᠦᠷᠭᠡ ᠶᠢ | ᠲᠣᠳᠣᠷᠬᠠᠶ ᠢᠯᠭᠠᠨ ᠲᠣᠭᠲᠠᠭᠠᠵᠤ᠂ ᠠᠰᠢᠭ ᠬᠦᠷᠲᠡᠬᠦ ᠪᠠ ᠨᠥᠬᠦᠪᠥᠷᠢᠯᠡᠬᠦ ᠶᠢ ᠬᠠᠷᠢᠯᠴᠠᠨ ᠵᠣᠬᠢᠴᠠᠯᠳᠤᠭᠤᠯᠬᠤ᠂ | ᠨᠥᠬᠦᠪᠥᠷᠢ ᠬᠦᠷᠲᠡᠬᠦ ᠡᠷᠬᠡ ᠶᠢ ᠡᠳ᠋ᠯᠡᠬᠦ ᠪᠠ ᠬᠠᠮᠠᠭᠠᠯᠠᠬᠤ ᠡᠭᠦᠷᠭᠡ ᠪᠠᠨ ᠭᠦᠢᠴᠡᠳᠭᠡᠬᠦ ᠶᠢ ᠬᠠᠷᠢᠯᠴᠠᠨ | ᠲᠣᠬᠢᠷᠠᠯᠴᠠᠭᠤᠯᠤᠨ᠎ᠠ᠃ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠬᠠᠤᠯᠢ ᠲᠣᠭᠲᠠᠭᠠᠯ ᠶᠣᠰᠣᠭᠠᠷ ᠱᠠᠩᠨᠠᠵᠤ | ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠢᠮᠪᠠᠢ ᠪᠤᠯᠭᠠᠨ᠎ᠠ᠃ | ︵ᠭᠤᠷᠪᠠ︶ ᠥᠭᠡᠷᠡᠴᠢᠯᠡᠯᠲᠡ ᠶᠢᠨ ᠬᠠᠷᠠᠯᠲᠠ᠃ 2025 ᠤᠨ ᠪᠣᠯᠬᠤ ᠳᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠲᠠᠢ ᠵᠤᠬᠢᠴᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ | ᠦᠨᠳᠦᠰᠦᠨ ᠳᠡᠭᠡᠨ ᠲᠡᠭᠦᠯᠳᠡᠷᠵᠢᠭᠦᠯᠦᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠥᠪᠡᠷ ᠤᠨ ᠦᠷᠳᠡᠭ ᠢᠶᠠᠷ ᠭᠤᠣᠯ | ᠦᠨᠳᠦᠰᠦᠯᠡᠯ ᠪᠣᠯᠭᠠᠭᠰᠠᠨ ᠲᠦᠷᠦᠯ ᠬᠤᠪᠢᠶᠠᠨ ᠨᠥᠬᠦᠪᠥᠷᠢ ᠥᠭᠬᠦ ᠲᠦᠷᠢᠮ ᠢ ᠡᠳᠦᠷ ᠢᠷᠡᠬᠦᠶ᠎ᠡ ᠪᠦᠷᠢᠨᠰᠢᠭᠦᠯᠵᠤ᠂ | ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠦᠨᠳᠦᠰᠦᠨ ᠬᠠᠨᠳᠤᠰᠢ | ᠪᠣᠯᠭᠠᠭᠰᠠᠨ ᠶᠡᠷᠦᠩᠬᠡᠶᠢᠯᠡᠭᠰᠡᠨ ᠨᠥᠬᠦᠪᠥᠷᠢ ᠥᠭᠬᠦ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠠᠰᠢᠭ | ᠬᠦᠷᠳᠡᠭᠴᠢ ᠰᠦᠢᠳᠬᠡᠯ ᠲᠤᠰᠢᠶᠠᠬᠤ ᠵᠠᠷᠴᠢᠮ ᠢᠶᠠᠷ ᠰᠠᠭᠤᠷᠢ ᠪᠣᠯᠭᠠᠭᠰᠠᠨ ᠵᠠᠬ᠎ᠠ ᠳᠡᠯᠭᠡᠭᠦᠷᠴᠢᠯᠡᠭᠰᠡᠨ᠂ ᠤᠯᠠᠨ | ᠡᠰᠢᠵᠢᠭᠰᠡᠨ ᠨᠥᠬᠦᠪᠥᠷᠢ ᠥᠭᠬᠦ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠵᠤ᠂ ᠪᠦᠬᠦ ᠨᠡᠶᠢᠭᠡᠮ ᠤᠨ ᠠᠮᠢ | ᠠᠬᠤᠢ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠢᠯᠡᠳᠲᠡ ᠴᠢᠩᠭᠠᠷᠠᠭᠤᠯᠵᠤ᠂ ᠠᠮᠢ ᠠᠬᠤᠢ ᠶᠢᠨ | ᠬᠠᠮᠠᠭᠠᠯᠠᠭᠴᠢ ᠪᠠ ᠠᠰᠢᠭ ᠬᠦᠷᠳᠡᠭᠴᠢ ᠰᠠᠶᠢᠳᠤᠷ ᠬᠤᠷᠰᠢᠯᠴᠠᠭᠰᠠᠨ ᠪᠠᠶᠢᠳᠠᠯ ᠢ ᠦᠨᠳᠦᠰᠦᠨ ᠳᠡᠭᠡᠨ | ᠪᠦᠷᠢᠯᠳᠦᠭᠦᠯᠦᠨ᠋ᠠ᠃ 2035 ᠤᠨ ᠪᠣᠯᠬᠤ ᠳᠤ᠂ ᠰᠢᠨ᠎ᠡ ᠴᠠᠭ ᠦᠶ᠎ᠡ ᠶᠢᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠵᠣᠬᠢᠴᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠲᠦᠷᠢᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ᠬᠤᠶᠠᠷ᠂ ᠴᠢᠬᠤᠯᠠ ᠠᠮᠢ ᠠᠬᠤᠶ ᠣᠷᠴᠢᠨ ᠲᠣᠭᠤᠷᠢᠨ ᠤ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠵᠦ᠂ | ᠲᠥᠷᠥᠯ ᠬᠤᠪᠢᠶᠠᠨ ᠨᠥᠬᠦᠪᠥᠷᠢᠯᠡᠬᠦ ᠲᠦᠷᠢᠮ ᠢ ᠲᠡᠭᠦᠯᠳᠡᠷᠵᠢᠭᠦᠯᠦᠨ᠎ᠡ | ᠠᠮᠢ ᠠᠬᠤᠶ ᠣᠷᠴᠢᠨ ᠲᠣᠭᠤᠷᠢᠨ ᠤ ᠡᠯᠧᠮᠧᠨ᠋ᠲ ᠢᠶᠠᠷ ᠬᠡᠷᠡᠭᠵᠢᠭᠦᠯᠬᠦ ᠡᠲᠡᠭᠡᠳ ᠪᠣᠯᠭᠠᠭᠰᠠᠨ ᠲᠥᠷᠥᠯ | ᠬᠤᠪᠢᠶᠠᠨ ᠨᠥᠬᠦᠪᠥᠷᠢᠯᠡᠬᠦ ᠲᠦᠷᠢᠮ ᠢ ᠪᠦᠷᠢᠨᠰᠢᠬᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ | ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠨᠥᠬᠦᠪᠥᠷᠢᠯᠡᠬᠦ ᠬᠢᠷᠢ ᠲᠦᠪᠰᠢᠨ ᠢ ᠲᠣᠭᠲᠠᠭᠠᠵᠤ᠂ | ᠠᠳᠠᠯᠢ ᠪᠤᠰᠤ ᠡᠯᠧᠮᠧᠨ᠋ᠲ ᠤᠨ ᠠᠮᠢ ᠠᠬᠤᠶ ᠶᠢᠨ ᠬᠠᠮᠠᠭᠠᠯᠠᠯᠲᠠ ᠶᠢᠨ ᠥᠪᠡᠷ ᠤᠨ ᠥᠷᠲᠡᠭ ᠢ ᠵᠣᠬᠢᠬᠤ ᠬᠡᠮᠵᠢᠶ᠎ᠡ ᠪᠠᠷ | ᠨᠥᠬᠦᠪᠥᠷᠢᠯᠡᠨ᠎ᠠ᠃ | ︵ᠨᠢᠭᠡ︶ ᠲᠥᠷᠥᠯ ᠬᠤᠪᠢᠶᠠᠨ ᠨᠥᠬᠦᠪᠥᠷᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠤᠰᠤᠨ ᠤ | ᠠᠮᠢᠳᠤ ᠪᠣᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠬᠥᠬᠡᠮᠥ᠋ᠷᠡᠨ ᠤ ᠰᠠᠪᠠ | ᠭᠠᠵᠠᠷ ᠤᠨ ᠭᠤᠣᠯᠳᠠᠯᠭ᠎ᠠ ᠲᠠᠢ ᠤᠰᠤᠨ ᠤ ᠣᠷᠣᠨ ᠳᠤ ᠠᠷᠪᠠᠨ ᠵᠢᠯ ᠵᠢᠭᠠᠰᠤ ᠠᠩᠨᠠᠬᠤ ᠶᠢ ᠴᠠᠭᠠᠵᠠᠯᠠᠬᠤ ᠶᠢ | ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠭᠤᠤᠯ ᠮᠥᠷᠡᠨ ᠤ ᠡᠬᠢ᠂ ᠴᠢᠬᠤᠯᠠ ᠤᠰᠤᠨ ᠰᠤᠷᠪᠤᠯᠵᠢ ᠶᠢᠨ ᠭᠠᠵᠠᠷ᠂ | ᠬᠥᠷᠥᠰᠥ ᠰᠢᠷᠣᠶ ᠶᠢᠨ ᠢᠳᠡᠭᠳᠡᠯ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ᠂ ᠦᠶᠡᠷ ᠢ ᠬᠠᠳᠠᠭᠠᠯᠠᠨ | ᠲᠤᠭᠳᠠᠭᠠᠬᠤ ᠣᠷᠣᠨ᠂ ᠡᠪᠳᠡᠭᠳᠡᠭᠰᠡᠨ ᠭᠤᠤᠯ ᠮᠥᠷᠡᠨ ᠨᠠᠭᠤᠷ ᠴᠥᠭᠦᠷᠥᠮ ᠵᠡᠷᠭᠡ ᠭᠤᠤᠯᠳᠠᠯᠭ᠎ᠠ ᠲᠠᠢ ᠣᠷᠣᠨ | ᠪᠦᠰᠡ ᠳᠤ ᠴᠢᠭᠯᠡᠭᠦᠯᠦᠨ ᠤᠰᠤᠨ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠶᠢ | ᠥᠷᠨᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠬᠥᠳᠡᠯᠦᠩᠭᠦᠶ ᠪᠠᠷ | ᠳᠣᠭᠢᠷᠠᠭᠤᠯᠬᠤ ᠲᠣᠭᠲᠠᠴᠠ ᠶᠢ ᠪᠦᠷᠢᠨᠰᠢᠬᠦᠯᠵᠦ᠂ ᠣᠷᠣᠨ ᠨᠤᠲᠤᠭ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ | ᠨᠡᠶᠢᠲᠡ ᠶᠢᠨ ᠠᠰᠠᠷᠠᠮᠵᠢ ᠶᠢᠨ ᠣᠶ ᠳᠤ ᠢᠯᠭᠠᠭ᠎ᠠ ᠲᠠᠢ ᠨᠥᠬᠦᠪᠥᠷᠢ ᠥᠭᠬᠦ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ | ᠪᠠᠶᠢᠭᠠᠯᠢ ᠶᠢᠨ ᠤᠢ ᠶᠢᠨ ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠤᠢ ᠶᠢᠨ ᠡᠬᠢ | ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠤᠭᠤ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠴᠢᠬᠤᠯᠠ ᠨᠤᠭᠤ | ᠭᠠᠵᠠᠷ ︵ᠣᠯᠠᠨ ᠤᠯᠤᠰ ᠤᠨ ᠴᠢᠬᠤᠯᠠ ᠨᠤᠭᠤ ᠭᠠᠵᠠᠷ ᠢ ᠪᠠᠭᠳᠠᠭᠠᠨ᠎ᠠ︶ ᠲᠤ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠥᠷᠢ ᠦᠭᠬᠦ ᠶᠢ ᠠᠯᠬᠤᠮ ᠠᠯᠬᠤᠮ ᠢᠶᠠᠷ ᠪᠦᠬᠦᠨ ᠢ ᠪᠦᠷᠬᠦᠭᠦᠯᠦᠨ᠎ᠡ᠃ ᠪᠣᠬᠢᠷᠲᠤᠯ ᠦᠭᠡᠢ ᠠᠮᠢ ᠠᠬᠤᠢ ᠪᠠᠷ | ᠤᠳᠤᠷᠢᠳᠤᠮᠵᠢ ᠪᠣᠯᠭᠠᠭᠰᠠᠨ ᠲᠠᠷᠢᠶᠠᠯᠠᠩ ᠤᠨ ᠠᠮᠢ ᠠᠬᠤᠢ ᠶᠢᠨ ᠵᠠᠰᠠᠯᠲᠠ ᠶᠢᠨ ᠨᠥᠬᠦᠪᠥᠷᠢ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠨᠥᠬᠦᠪᠥᠷᠢ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠲᠤᠬᠠᠢ ᠶᠢᠨ ᠭᠠᠵᠠᠷ ᠤᠨ ᠪᠠᠶᠢᠳᠠᠯ ᠲᠠᠢ ᠨᠢ | ᠲᠤᠬᠢᠷᠠᠭᠤᠯᠤᠨ ᠳᠡᠯᠭᠡᠷᠡᠭᠦᠯᠵᠦ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠪᠠ ᠰᠡᠯᠭᠦᠵᠤ ᠲᠠᠷᠢᠬᠤ ᠲᠦᠷᠢᠮ ᠢ | ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠮᠠᠭᠤᠳᠠᠭᠰᠠᠨ ᠪᠠ ᠡᠯᠡᠰᠦᠷᠬᠡᠭᠵᠢᠭᠰᠡᠨ ᠨᠤᠲᠤᠭ | ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶᠡᠨ ᠳᠤ ᠣᠷᠣᠭᠤᠯᠬᠤ ᠶᠢ ᠰᠤᠳᠤᠯᠤᠨ᠎ᠠ᠃ ᠵᠠᠰᠠᠬᠤ | ᠨᠥᠬᠦᠴᠡᠯ ᠢ ᠲᠦᠷ ᠪᠦᠷᠢᠯᠳᠦᠭᠦᠯᠦᠭᠡᠳᠦᠶ ᠪᠠ ᠠᠮᠢ ᠠᠬᠤᠶ ᠶᠢᠨ ᠬᠠᠮᠠᠭᠠᠯᠠᠯᠳᠠᠡᠴᠠ ᠪᠣᠯᠣᠭᠠᠳ ᠨᠡᠭᠡᠭᠡᠨ | ᠠᠰᠢᠬᠯᠠᠬᠤ ᠳᠤ ᠲᠣᠬᠢᠷᠠᠬᠤ ᠦᠭᠡᠶ ᠵᠠᠯᠭᠠᠯᠳᠤᠬᠰᠠᠨ ᠡᠯᠡᠰᠦᠷᠬᠡᠭ ᠭᠠᠵᠠᠷ ᠰᠢᠷᠣᠶ ᠶᠢ ᠬᠠᠤᠯᠢ ᠶᠣᠰᠣᠭᠠᠷ | ᠪᠢᠲᠡᠭᠦᠮᠵᠢᠯᠡᠨ ᠬᠠᠮᠠᠭᠠᠯᠠᠬᠤ ᠶᠢ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠠᠮᠢ ᠠᠬᠤᠶ ᠶᠢᠨ | ᠬᠠᠮᠠᠭᠠᠯᠠᠯᠳᠠ ᠶᠢᠨ ᠨᠥᠬᠦᠪᠥᠷᠢ ᠶᠢᠨ ᠳᠦᠷᠢᠮ ᠢ ᠪᠦᠷᠢᠨᠰᠢᠭᠦᠯᠦᠨ᠎ᠠ᠃ ᠳᠠᠯᠠᠢ ᠲᠠᠩᠭᠢᠰ ᠤᠨ ᠤᠶᠢᠢᠷ᠎ᠠ ᠬᠠᠪᠢ ᠶᠢᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠰᠤᠳᠤᠯᠤᠨ ᠪᠠᠶᠢᠭᠤᠯᠤᠨ᠎ᠠ᠃ | ︵ᠬᠤᠶᠠᠷ︶ ᠨᠢᠭᠡᠳᠦᠯᠲᠡᠶ ᠲᠦᠯᠦᠪᠵᠢᠭᠦᠯᠦᠨ ᠬᠠᠮᠠᠭᠠᠯᠠᠬᠤ ᠵᠠᠭᠪᠤᠷ ᠢ ᠠᠯᠬᠤᠮ ᠠᠯᠬᠤᠮ ᠢᠶᠠᠷ ᠰᠦᠪᠡᠭᠴᠢᠯᠡᠨ᠎ᠡ᠃ | ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠵᠠᠰᠠᠭ ᠤᠨ ᠣᠷᠳᠣᠨ ᠨᠢ ᠠᠮᠢ ᠠᠬᠤᠶ ᠣᠷᠴᠢᠨ | ᠲᠣᠭᠤᠷᠢᠨ ᠤ ᠡᠯᠧᠮᠧᠨ᠋ᠲ ᠲᠠᠢ ᠬᠤᠯᠪᠣᠭᠳᠠᠬᠤ ᠡᠷᠬᠡᠲᠦ ᠬᠥᠮᠦᠨ ᠳᠤ ᠲᠥᠷᠥᠯ ᠬᠤᠪᠢᠶᠠᠨ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠤᠷᠢᠲᠠᠯ ᠳᠤᠤᠷ᠎ᠠ᠂ ᠠᠮᠢ ᠠᠬᠤᠶ ᠶᠢᠨ | ᠣᠷᠣᠨ ᠵᠠᠶ ᠳᠤ ᠵᠡᠷᠭᠡᠴᠡᠨ ᠣᠷᠣᠰᠢᠵᠤ ᠪᠠᠶᠢᠭ᠎ᠠ ᠣᠯᠠᠨ ᠡᠰᠢᠲᠦ ᠠᠮᠢ ᠠᠬᠤᠶ ᠣᠷᠴᠢᠨ ᠲᠣᠭᠤᠷᠢᠨ ᠤ | ᠡᠯᠧᠮᠧᠨ᠋ᠲ ᠲᠠᠢ ᠤᠶᠠᠯᠳᠤᠭᠤᠯᠤᠨ ᠰᠢᠰᠲ᠋ᠧᠮ ᠲᠠᠢ ᠲᠥᠯᠥᠪᠵᠢᠭᠦᠯᠵᠦ᠂ ᠠᠳᠠᠯᠢ ᠪᠤᠰᠤ ᠠᠷᠭ᠎ᠠ ᠵᠠᠮ ᠢᠶᠠᠷ ᠢᠷᠡᠭᠰᠡᠨ | ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠮᠥᠩᠭᠦ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠯᠡᠬᠦ ᠶᠢ ᠬᠠᠤᠯᠢ | ᠶᠣᠰᠣᠭᠠᠷ ᠯᠠᠪᠳᠠᠭᠤᠨ ᠠᠬᠢᠭᠤᠯᠵᠤ᠂ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ ᠪᠠᠷ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠳᠡᠢ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠳᠠᠪᠬᠤᠷ ᠨᠦᠬᠦᠪᠦᠷᠢ ᠦᠭᠬᠦ ᠠᠴᠠ | ᠵᠠᠶᠢᠯᠠᠰᠬᠢᠬᠦ ᠬᠡᠷᠡᠭᠲᠡᠶ᠃ | ᠭᠤᠷᠪᠠ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠭᠤᠤᠯᠳᠠᠯᠭ᠎ᠠ ᠶᠢᠨ ᠲᠣᠭᠤᠷᠢᠨ ᠳᠤ᠂ | ᠶᠡᠷᠦᠩᠬᠡᠶᠢᠯᠡᠨ ᠨᠥᠬᠦᠪᠥᠷᠢᠯᠡᠬᠦ ᠲᠦᠷᠢᠮ ᠢ ᠪᠦᠷᠢᠨᠰᠢᠭᠦᠯᠦᠨ᠎ᠡ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠡᠷᠴᠢᠮ ᠢ ᠡᠳ᠋ ᠤᠨ ᠵᠠᠰᠠᠭ ᠤᠨ ᠴᠢᠳᠠᠪᠤᠷᠢ ᠲᠠᠢ | ᠵᠣᠬᠢᠴᠠᠭᠤᠯᠬᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠬᠦᠷᠢᠰᠢᠭᠦᠯᠬᠦ ᠶᠢ ᠠᠬᠢᠭᠤᠯᠬᠤ ᠲᠠᠢ | ᠵᠣᠯᠭᠠᠭᠤᠯᠬᠤ ᠶᠢ ᠪᠠᠷᠢᠮᠳᠠᠯᠠᠵᠤ᠂ ᠠᠮᠢ ᠠᠬᠤᠢ ᠶᠢᠨ ᠣᠷᠣᠨ ᠵᠠᠢ ᠶᠢᠨ ᠴᠢᠳᠠᠮᠵᠢ ᠶᠢ ᠦᠨᠳᠦᠰᠦᠯᠡᠨ᠂ ᠬᠥᠨᠳᠡᠯᠡᠨ | ᠭᠤᠯᠳᠤ ᠶᠢ ᠤᠶᠠᠯᠳᠤᠭᠤᠯᠤᠭᠰᠠᠨ ᠶᠡᠷᠦᠩᠬᠡᠶᠢᠯᠡᠭᠰᠡᠨ ᠨᠥᠬᠦᠪᠥᠷᠢ ᠶᠢᠨ ᠲᠦᠷᠢᠮ ᠢ ᠬᠡᠷᠡᠭᠵᠢᠭᠦᠯᠵᠦ᠂ ᠠᠮᠢ ᠠᠬᠤᠢ ᠶᠢᠨ | ᠠᠰᠢᠭ ᠲᠤᠰᠠ ᠬᠦᠷᠳᠡᠬᠦ ᠭᠠᠵᠠᠷ ᠣᠷᠣᠨ ᠬᠢᠭᠡᠳ ᠬᠠᠮᠠᠭᠠᠯᠠᠯᠲᠠ ᠶᠢᠨ ᠭᠠᠵᠠᠷ ᠣᠷᠣᠨ ᠤ ᠬᠢᠨ ᠠᠰᠢᠭ ᠲᠤᠰᠠ ᠶᠢ | ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | ︵ᠨᠢᠭᠡ︶ ᠭᠤᠯᠳᠤ ᠴᠢᠭᠯᠡᠯ ᠢᠶᠠᠷ ᠨᠥᠬᠦᠪᠥᠷᠢᠯᠡᠬᠦ ᠡᠷᠴᠢᠮ ᠢ ᠴᠢᠩᠭᠠᠷᠠᠭᠤᠯᠤᠨ᠎ᠠ᠃ ᠲᠥᠪ ᠤᠨ ᠡᠳ᠋ ᠤᠨ | ᠬᠦᠴᠦᠨ ᠤ ᠪᠠᠶᠢᠳᠠᠯ ᠲᠠᠢ ᠤᠶᠠᠯᠳᠤᠭᠤᠯᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ ᠳᠤ | ᠰᠢᠯᠵᠢᠭᠦᠯᠦᠨ ᠥᠭᠬᠦ ᠬᠡᠪᠴᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠲᠥᠪ ᠤᠨ ᠲᠥᠰᠦᠪ ᠤᠨ | ᠳᠣᠲᠣᠷᠠᠬᠢ ᠪᠡᠯᠡ ᠣᠷᠣᠭᠤᠯᠤᠯᠲᠠ ᠶᠢ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠰᠠᠭᠤᠷᠢ | ᠲᠦᠬᠦᠭᠡᠷᠦᠮᠵᠢ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠯᠪᠠᠶᠢᠯᠭᠡᠨ᠎ᠡ᠃ ᠠᠮᠢ ᠠᠬᠤᠢ ᠬᠡᠪᠡᠷᠡᠭ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ | ᠦᠷᠭᠦᠯᠵᠢᠯᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠴᠦ᠂ ᠤᠤᠯ ᠤᠨ ᠣᠨᠴᠠ ᠶᠠᠳᠠᠭᠤ | ᠬᠦᠴᠢᠷᠳᠡᠯᠲᠡᠢ ᠭᠠᠵᠠᠷ ᠣᠷᠣᠨ ᠢ ᠳᠡᠮᠵᠢᠬᠦ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠡᠯ᠎ᠡ | ᠮᠤᠵᠢ ᠶᠢᠨ ᠱᠠᠲᠤᠨ ᠤ ᠵᠠᠰᠠᠭ ᠤᠨ ᠣᠷᠳᠣᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ | ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠥᠲᠥᠯᠥᠨ ᠵᠢᠯᠣᠭᠤᠳᠬᠤ ᠴᠢᠨᠠᠷᠲᠠᠶ | ᠲᠥᠷᠥ ᠶᠢᠨ ᠪᠣᠳᠣᠯᠭ᠎ᠠ ᠪᠠ ᠤᠷᠮᠠᠰᠢᠭᠤᠯᠬᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠡᠶᠢᠲᠡᠯᠡᠵᠦ᠂ ᠮᠤᠵᠢ ᠶᠢᠨ | ᠱᠠᠲᠤᠨ ᠠᠴᠠ ᠳᠣᠷᠣᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠤ ᠢᠳᠡᠪᠬᠢᠵᠢᠯ ᠢ ᠳᠠᠶᠢᠴᠢᠯᠠᠨ᠂ ᠠᠮᠢ | ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠭᠤᠯᠳᠤ ᠴᠢᠭᠯᠡᠯ ᠢᠶᠠᠷ ᠨᠥᠬᠦᠪᠥᠷᠢᠯᠡᠬᠦ ᠭᠤᠤᠯᠳᠠᠯᠭ᠎ᠠ ᠶᠢ ᠳᠣᠪᠤᠶᠢᠯᠭᠠᠨ᠎ᠠ᠃ ᠬᠥᠬᠡᠨᠠᠭᠤᠷ | ᠲᠥᠪᠡᠳ ᠤᠨ ᠥᠨᠳᠦᠷᠯᠢᠭ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠤᠰᠤᠨ ᠰᠤᠷᠪᠤᠯᠵᠢ ᠶᠢᠨ ᠭᠠᠵᠠᠷ ᠵᠡᠷᠭᠡ | ᠠᠮᠢ ᠠᠬᠤᠢ ᠶᠢᠨ ᠴᠢᠳᠠᠮᠵᠢ ᠶᠢᠨ ᠴᠢᠬᠤᠯᠠ ᠴᠢᠨᠠᠷ ᠨᠢ ᠲᠤᠪᠤᠶᠢᠮ᠎ᠠ ᠭᠠᠵᠠᠷ ᠣᠷᠣᠨ ᠳᠤ᠂ ᠭᠤᠣᠯᠳᠠᠯᠭ᠎ᠠ ᠲᠠᠢ ᠠᠮᠢ | ᠠᠬᠤᠢ ᠶᠢᠨ ᠴᠢᠳᠠᠮᠵᠢᠳᠤ ᠣᠷᠣᠨ ᠳᠤ ᠰᠢᠯᠵᠢᠭᠦᠯᠦᠨ ᠥᠭᠬᠦ ᠶᠢ ᠲᠥᠰᠦᠭᠡᠯᠡᠨ ᠪᠤᠳᠤᠬᠤ ᠳᠠᠭᠠᠨ ᠰᠢᠯᠵᠢᠭᠦᠯᠦᠨ ᠥᠭᠬᠦ | ᠢᠯᠡᠳᠬᠡᠮᠵᠢ ᠶᠢ ᠳᠡᠭᠡᠭᠰᠢᠯᠡᠭᠦᠯᠬᠦ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠵᠠᠷᠤᠯᠭ᠎ᠠ ᠶᠢ ᠨᠡᠮᠡᠨ | ᠪᠤᠳᠤᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠪᠠᠲᠤᠯᠠᠬᠤ ᠴᠢᠳᠠᠪᠤᠷᠢ ᠶᠢ ᠨᠢ ᠠᠳᠠᠯᠢ ᠲᠡᠰ ᠤᠨ ᠡᠳ᠋ ᠤᠨ ᠬᠦᠴᠦᠨ ᠤ ᠬᠢᠷᠢ ᠬᠡᠮᠵᠢᠶ᠎ᠡ ᠲᠠᠢ | ᠭᠠᠵᠠᠷ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤᠶᠢ ᠠᠬᠢᠭᠤᠯᠤᠨ᠎ᠠ᠃ ᠤᠯᠤᠰ ᠤᠨ ᠴᠡᠴᠡᠷᠯᠢᠭ ᠢᠶᠠᠷ ᠭᠤᠤᠯ | ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠬᠡᠪᠴᠢᠶ᠎ᠡ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠶᠢ ᠦᠨᠳᠦᠰᠦᠯᠡᠨ | ᠬᠠᠮᠠᠭᠠᠯᠠᠯᠲᠠ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠤᠨ ᠠ᠃ ᠡᠯ᠎ᠡ ᠮᠤᠵᠢ ᠶᠢᠨ ᠱᠠᠲᠤᠨ ᠤ ᠵᠠᠰᠠᠭ ᠤᠨ | ᠣᠷᠳᠣᠨ ᠠᠮᠢ ᠠᠬᠤᠶ ᠶᠢᠨ ᠴᠢᠳᠠᠮᠵᠢ ᠶᠢᠨ ᠴᠢᠬᠤᠯᠠ ᠭᠠᠵᠠᠷ ᠣᠷᠣᠨ ᠢ ᠮᠤᠵᠢ ᠶᠢᠨ ᠱᠠᠲᠤᠨ ᠠᠴᠠ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠰᠢᠯᠵᠢᠭᠦᠯᠦᠨ ᠥᠭᠬᠦ ᠬᠡᠪᠴᠢᠶᠡᠨ ᠳᠤ ᠪᠥᠬᠦ ᠲᠠᠯ᠎ᠠ ᠪᠠᠷ ᠤᠷᠤᠭᠤᠯᠤᠨ᠎ᠠ᠃ | ︵ᠭᠤᠷᠪᠠ︶ ᠭᠤᠯᠳᠤ ᠴᠢᠭᠯᠡᠯ ᠢᠶᠠᠷ ᠨᠥᠬᠦᠪᠥᠷᠢ ᠥᠭᠬᠦ ᠠᠷᠭ᠎ᠠ ᠶᠢ ᠰᠠᠶᠢᠵᠢᠷᠠᠭᠤᠯᠤᠨ᠎ᠠ᠃ ᠠᠮᠢ ᠠᠬᠤᠶ ᠶᠢᠨ | ᠦᠷ᠎ᠡ ᠠᠰᠢᠭ ᠤᠨ ᠭᠠᠳᠠᠭᠰᠢ ᠤᠷᠤᠰᠬᠤ ᠴᠢᠨᠠᠷ᠂ ᠠᠮᠢ ᠠᠬᠤᠶ ᠶᠢᠨ ᠴᠢᠳᠠᠮᠵᠢ ᠶᠢᠨ ᠴᠢᠬᠤᠯᠠ ᠴᠢᠨᠠᠷ᠂ ᠠᠮᠢ | ᠠᠬᠤᠶ ᠶᠢᠨ ᠣᠷᠴᠢᠨ ᠲᠣᠭᠤᠷᠢᠨ ᠤ ᠰᠡᠷᠭᠡᠭ ᠴᠢᠨᠠᠷ ᠪᠠ ᠬᠡᠪᠡᠷᠡᠭ ᠴᠢᠨᠠᠷ ᠵᠡᠷᠭᠡ ᠣᠨᠴᠠᠯᠢᠭ ᠢ ᠦᠨᠳᠦᠰᠦᠯᠡᠨ᠂ | ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠥᠭᠬᠦ ᠳᠡᠭᠡᠨ ᠵᠦᠷᠢᠶᠡᠴᠢᠯᠡᠭᠰᠡᠨ | ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠣᠷᠣᠭᠤᠯᠤᠨ | ᠠᠪᠴᠢᠷᠠᠬᠤ ᠶᠢ ᠬᠤᠯᠪᠣᠭᠳᠠᠯ ᠪᠦᠬᠦᠢ ᠰᠢᠯᠵᠢᠭᠦᠯᠦᠨ ᠥᠭᠬᠦ ᠬᠤᠪᠢᠶᠠᠷᠢᠯᠠᠯᠲᠠ ᠶᠢᠨ ᠬᠦᠴᠦᠨ ᠵᠦᠢᠯ ᠪᠣᠯᠭᠠᠵᠤ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠪᠦᠷᠬᠦᠴᠡ ᠶᠢᠨ ᠬᠠᠷᠢᠴᠠᠯ ᠨᠡᠯᠢᠶᠡᠳ ᠥᠨᠳᠥᠷ ᠭᠠᠵᠠᠷ | ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠥᠬᠦᠪᠥᠷᠢ ᠶᠢᠨ ᠪᠠᠯᠠ ᠮᠥᠩᠭᠦ ᠬᠢᠭᠡᠳ ᠠᠮᠢ ᠠᠬᠤᠶ | ᠣᠷᠴᠢᠨ ᠲᠣᠭᠤᠷᠢᠨ ᠢ ᠡᠪᠳᠡᠬᠦ ᠲᠠᠢ ᠬᠤᠯᠪᠣᠭᠳᠠᠬᠤ ᠠᠵᠤ ᠦᠢᠯᠡᠰ ᠤᠨ ᠰᠥᠷᠭᠡᠤ ᠴᠢᠭᠯᠡᠯ ᠢᠶᠠᠷ ᠬᠤᠯᠪᠣᠯᠳᠤᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠮᠢ ᠠᠬᠤᠶ ᠶᠢᠨ ᠴᠢᠳᠠᠮᠵᠢᠲᠦ ᠴᠢᠬᠤᠯᠠ ᠭᠠᠵᠠᠷ ᠣᠷᠣᠨ ᠠᠮᠢ ᠠᠬᠤᠶ | ᠣᠷᠴᠢᠨ ᠲᠣᠭᠤᠷᠢᠨ ᠢ ᠡᠪᠳᠡᠬᠦ ᠲᠠᠢ ᠬᠤᠯᠪᠣᠭᠳᠠᠬᠤ ᠠᠵᠤ ᠦᠢᠯᠡᠰ ᠢ ᠬᠥᠭᠵᠢᠭᠦᠯᠦᠭᠰᠡᠨ ᠪᠠᠶᠢᠪᠠᠯ᠂ ᠨᠥᠬᠦᠪᠥᠷᠢ ᠶᠢᠨ | ᠪᠠᠯᠠ ᠮᠥᠩᠭᠦ ᠶᠢᠨ ᠬᠡᠪᠴᠢᠶ᠎ᠡ ᠶᠢ ᠵᠣᠬᠢᠰᠲᠠᠶ ᠪᠠᠭᠠᠰᠬᠠᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ | ᠬᠤᠳᠠ ᠶᠢᠨ ᠠᠷᠠᠳ ᠪᠣᠯᠭᠠᠬᠤ ᠱᠠᠩᠨᠠᠯ ᠤᠨ ᠪᠡᠯᠡ ᠮᠥᠩᠭᠦ ᠪᠠᠷ ᠳᠠᠮᠵᠢᠭᠤᠯᠤᠨ ᠠᠮᠢ ᠠᠬᠤᠢ ᠶᠢᠨ ᠨᠡᠭᠦᠳᠡᠯ ᠠᠷᠠᠳ ᠢ | ᠨᠡᠯᠢᠶᠡᠳ ᠤᠯᠠᠨ ᠰᠢᠩᠭᠡᠭᠡᠭᠰᠡᠨ ᠭᠠᠵᠠᠷ ᠣᠷᠣᠨ ᠳᠤ ᠨᠥᠬᠦᠪᠥᠷᠢ ᠥᠭᠬᠦ ᠶᠢ ᠰᠤᠳᠤᠯᠤᠨ ᠲᠤᠬᠳᠠᠭᠠᠵᠤ᠂ ᠡᠬᠢ | ᠪᠠᠶᠠᠯᠢᠭ ᠣᠷᠴᠢᠨ ᠲᠤᠭᠤᠷᠢᠨ ᠤ ᠳᠠᠭᠠᠭᠠᠴᠠ ᠪᠠᠷ ᠨᠡᠯᠢᠶᠡᠳ ᠶᠡᠭᠡ ᠠᠮᠢ ᠠᠬᠤᠢ ᠶᠢᠨ ᠴᠢᠳᠠᠮᠵᠢ ᠲᠠᠢ ᠴᠢᠬᠤᠯᠠ | ᠭᠠᠵᠠᠷ ᠣᠷᠣᠨ ᠤ ᠬᠥᠮᠦᠨ ᠠᠮᠠ ᠶᠢᠨ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠠᠷ ᠭᠠᠳᠠᠭᠰᠢ ᠰᠢᠯᠵᠢᠬᠦ ᠶᠢ | ᠬᠦᠳᠦᠯᠦᠨ ᠵᠢᠯᠣᠭᠤᠳᠤᠨ᠎ᠠ᠃ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠥᠷᠢ ᠶᠢᠨ ᠲᠤᠷᠰᠢᠯᠲᠠ ᠶᠢᠨ ᠴᠡᠭ ᠤᠨ | ᠠᠵᠢᠯ ᠢ ᠦᠷᠭᠦᠯᠵᠢᠯᠡᠨ ᠠᠬᠢᠭᠤᠯᠤᠨ᠎ᠠ᠃ | ︵ᠳᠥᠷᠪᠡ︶ ᠬᠥᠨᠳᠡᠯᠡᠨ ᠴᠢᠭᠯᠡᠯ ᠢᠶᠠᠷ ᠨᠥᠬᠦᠪᠥᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠮᠤᠵᠢ | ᠠᠯᠤᠰᠯᠠᠭᠰᠠᠨ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ | ᠲᠣᠭᠲᠠᠴᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠵᠦ᠂ ᠪᠣᠯᠪᠠᠰᠤᠷᠠᠩᠭᠤᠢ ᠲᠤᠷᠰᠢᠯᠭ᠎ᠠ ᠶᠢ | ᠳ᠋ᠦᠩᠨᠡᠨ ᠳᠡᠯᠭᠡᠷᠡᠭᠦᠯᠦᠨ᠎ᠡ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠭᠤᠤᠯᠳᠠᠯᠭ᠎ᠠ ᠲᠠᠢ ᠰᠠᠪᠠ ᠭᠠᠵᠠᠷ ᠤᠨ | ᠮᠤᠵᠢ ᠠᠯᠤᠰᠯᠠᠭᠰᠠᠨ ᠳᠡᠭᠡᠳᠦ ᠲᠤᠤᠷᠠᠳᠤ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ | ᠨᠥᠬᠦᠪᠥᠷᠢ ᠶᠢᠨ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠠᠯᠤᠰᠯᠠᠭᠰᠠᠨ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠵᠠᠰᠠᠬᠤ ᠠᠵᠢᠯ ᠢ ᠥᠷᠨᠢᠭᠦᠯᠦᠨ᠎ᠡ᠃ ᠬᠥᠬᠡᠮᠥ᠋ᠷᠡᠨ᠂ ᠬᠠᠲᠤᠨ ᠭᠤᠣᠯ ᠤᠨ ᠪᠦᠬᠦ ᠰᠠᠪᠠ | ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ | ᠪᠠᠶᠢᠭᠤᠯᠬᠤ ᠶᠢ ᠠᠬᠢᠭᠤᠯᠵᠤ᠂ ᠤᠷᠤᠰᠬᠠᠯ ᠤᠷᠤᠨ ᠲᠠᠭᠠᠤ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ︶ ᠶᠢᠨ ᠭᠤᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠳᠤ ᠮᠤᠵᠢ ᠶᠢᠨ ᠬᠤᠭᠤᠷᠣᠨᠳᠣᠬᠢ ᠪᠠ | ᠮᠤᠵᠢ ᠶᠢᠨ ᠳᠣᠲᠣᠷᠠᠬᠢ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ | ᠲᠣᠭᠲᠠᠴᠠ ᠶᠢ ᠪᠡᠶ᠎ᠡ ᠪᠠᠨ ᠳᠠᠭᠠᠭᠠᠵᠤ ᠪᠠᠶᠢᠭᠤᠯᠬᠤ ᠶᠢ ᠳᠡᠮᠵᠢᠨ᠎ᠡ᠃ ᠠᠮᠢ ᠠᠬᠤᠶ ᠶᠢᠨ ᠴᠢᠳᠠᠮᠵᠢ ᠨᠢ ᠣᠨᠴᠠ | ᠴᠢᠬᠤᠯᠠ ᠮᠤᠵᠢ ᠠᠯᠤᠰᠯᠠᠭᠰᠠᠨ ᠪᠠ ᠲᠤᠰᠬᠠᠶ ᠣᠷᠣᠨ ᠬᠤᠲᠠ ᠠᠯᠤᠰᠯᠠᠭᠰᠠᠨ ᠭᠤᠤᠯᠳᠠᠯᠭ᠎ᠠ ᠲᠠᠢ ᠰᠠᠪᠠ ᠭᠠᠵᠠᠷ ᠤᠨ | ᠬᠥᠨᠳᠡᠯᠡᠨ ᠴᠢᠭᠯᠡᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠳᠤ ᠲᠥᠪ ᠤᠨ ᠡᠳ᠋ ᠤᠨ ᠵᠠᠰᠠᠭ ᠪᠠ | ᠮᠤᠵᠢ ᠶᠢᠨ ᠱᠠᠲᠤᠨ ᠤ ᠡᠳ᠋ ᠤᠨ ᠵᠠᠰᠠᠭ ᠠᠴᠠ ᠲᠣᠰ ᠲᠣᠰ ᠬᠥᠲᠥᠯᠦᠨ ᠵᠢᠯᠣᠭᠤᠳᠴᠤ ᠳᠡᠮᠵᠢᠨ᠎ᠡ᠃ ᠣᠷᠣᠨ | ᠨᠤᠲᠤᠭ ᠢ ᠵᠣᠷᠢᠭᠵᠢᠭᠤᠯᠵᠤ ᠪᠠᠶᠢᠭᠠᠳ ᠠᠭᠠᠷ ᠮᠠᠨᠳᠠᠯ ᠵᠡᠷᠭᠡ ᠠᠮᠢ ᠠᠬᠤᠶ ᠣᠷᠴᠢᠨ ᠲᠣᠭᠤᠷᠢᠨ ᠤ ᠪᠤᠰᠤᠳ | ᠴᠢᠬᠤᠯᠠ ᠡᠯᠧᠮᠧᠨ᠋ᠲ ᠢ ᠬᠥᠨᠳᠡᠯᠡᠨ ᠴᠢᠭᠯᠡᠯ ᠢᠶᠠᠷ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠷᠭ᠎ᠠ | ᠬᠡᠯᠪᠡᠷᠢ ᠶᠢ ᠰᠦᠪᠡᠭᠴᠢᠯᠡᠵᠦ᠂ ᠠᠵᠢᠯ ᠲᠥᠷᠥᠯ ᠢᠶᠠᠷ ᠢᠶᠠᠨ ᠬᠠᠮᠵᠢᠯᠴᠠᠬᠤ᠂ ᠠᠵᠤ ᠦᠢᠯᠡᠰ ᠢ ᠰᠢᠯᠵᠢᠭᠦᠯᠬᠦ᠂ | ᠴᠢᠳᠠᠪᠤᠷᠢᠲᠠᠨ ᠢ ᠪᠣᠯᠪᠠᠰᠤᠷᠠᠭᠤᠯᠬᠤ᠂ ᠬᠦᠷᠢᠶᠡᠯᠡᠩ ᠲᠣᠭᠤᠷᠢᠭ ᠢ ᠬᠠᠮᠲᠤ ᠪᠠᠷ ᠪᠠᠶᠢᠭᠤᠯᠬᠤ᠂ ᠠᠮᠢ ᠠᠬᠤᠶ ᠶᠢᠨ | ᠪᠦᠲᠦᠭᠡᠭᠳᠡᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠰᠢᠭ | ᠭᠥᠷᠳᠡᠭᠰᠡᠨ ᠭᠠᠵᠠᠷ ᠣᠷᠣᠨ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠰᠠᠶᠢᠨ | ᠰᠠᠶᠢᠬᠠᠨ ᠢᠶᠠᠷ ᠬᠠᠷᠢᠯᠴᠠᠨ ᠬᠤᠷᠰᠢᠯᠴᠠᠬᠤ ᠶᠢ ᠠᠬᠢᠭᠤᠯᠤᠨ᠎ᠠ᠃ | ᠳᠥᠷᠪᠡ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠤᠯᠠᠠ ᠡᠰᠢᠵᠢᠭᠰᠡᠡ | ᠨᠦᠬᠦᠪᠦᠷᠢ ᠶᠢ ᠲᠦᠷᠭᠡᠡ ᠠᠬᠢᠭᠤᠯᠤᠨ᠎ᠠ | ᠠᠮᠢ ᠠᠬᠤᠶᠣᠷᠴᠢᠨ ᠲᠣᠭᠤᠷᠢᠨ ᠤ ᠡᠷᠭᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠦ᠂ ᠠᠰᠢᠭ ᠬᠦᠷᠲᠡᠭᠴᠢ | ᠰᠦᠢᠳᠭᠡᠯ ᠲᠤᠰᠢᠶᠠᠬᠤ ᠵᠠᠷᠴᠢᠮ ᠶᠣᠰᠣᠭᠠᠷ᠂ ᠵᠠᠬ᠎ᠠ ᠳᠡᠯᠭᠡᠭᠦᠷᠴᠢᠯᠡᠬᠦ᠂ ᠣᠯᠠᠨ ᠡᠰᠢᠵᠢᠭᠦᠯᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠮᠢ ᠠᠬᠤᠶ ᠶᠢᠨ ᠬᠠᠮᠠᠭᠠᠯᠠᠭᠴᠢ ᠶᠢᠨ ᠠᠰᠢᠭ ᠲᠤᠰᠠ ᠶᠢ ᠪᠦᠲᠦᠮᠵᠢᠲᠡᠶ ᠨᠥᠬᠦᠪᠥᠷᠢᠯᠡᠬᠦ ᠶᠢ | ᠠᠬᠢᠭᠤᠯᠵᠤ᠂ ᠪᠥᠬᠦ ᠨᠡᠶᠢᠭᠡᠮ ᠤᠨ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠨ᠎ᠡ᠃ | ︵ᠨᠢᠭᠡ︶ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠶᠢ ᠲᠦᠷᠭᠡᠳᠬᠡᠵᠦ᠂ ᠬᠠᠷᠢᠶᠠᠯᠠᠯ | ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠬᠠᠮᠠᠭᠠᠯᠠᠯᠲᠠ ᠴᠢᠩᠭ᠎ᠠ᠂ ᠡᠷᠭᠢᠯᠲᠡ ᠰᠢᠯᠤᠭᠤᠨ᠂ ᠬᠢᠨᠠᠯᠲᠠ | ᠬᠠᠮᠢᠶᠠᠷᠤᠯᠲᠠ ᠪᠦᠲᠦᠮᠵᠢᠲᠡᠶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ | ᠲᠦᠷᠢᠮ ᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠪᠠ ᠡᠬᠢ ᠪᠠᠶᠠᠯᠢᠭ ᠤᠨ ᠬᠤᠮᠰᠠᠳᠠᠯ ᠤᠨ | ᠬᠡᠮᠵᠢᠶ᠎ᠡ ᠶᠢ ᠲᠤᠰᠬᠠᠭᠰᠠᠨ᠂ ᠠᠮᠢ ᠠᠬᠤᠶ ᠶᠢᠨ ᠦᠨ᠎ᠡ ᠥᠷᠲᠡᠭ ᠪᠠ ᠦᠶ᠎ᠡ ᠠᠯᠤᠰᠯᠠᠬᠤ ᠨᠥᠬᠦᠪᠥᠷᠢ ᠶᠢ | ᠢᠯᠡᠷᠡᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ | ᠲᠦᠷᠢᠮ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠠᠮᠠᠭᠠᠯᠠᠬᠤ ᠡᠭᠦᠷᠭᠡ ᠶᠢ | ᠭᠦᠢᠴᠡᠳᠭᠡᠭᠰᠡᠨ ᠡᠷᠬᠡ ᠶᠢᠨ ᠭᠤᠤᠯ ᠴᠣᠭᠴᠠ ᠳᠤ ᠵᠦᠶ ᠵᠣᠬᠢᠰᠲᠠᠶ ᠨᠥᠬᠦᠪᠥᠷᠢ ᠥᠭᠭᠦᠨ᠎ᠡ᠃ ᠶᠡᠷᠦᠩᠬᠡᠶ ᠬᠡᠮᠵᠢᠶ᠎ᠡ ᠶᠢ | ᠵᠦᠢ ᠵᠣᠬᠢᠰᠲᠠᠶ ᠰᠢᠨᠵᠢᠯᠡᠬᠦ ᠤᠬᠠᠭᠠᠨᠴᠢ ᠪᠠᠷ ᠡᠵᠡᠮᠳᠡᠭᠰᠡᠨ ᠤᠷᠢᠲᠠᠯ ᠳᠣᠣᠷ᠎ᠠ᠂ ᠤᠰᠤ ᠬᠡᠷᠡᠭᠯᠡᠬᠦ ᠡᠷᠬᠡ᠂ ᠪᠣᠬᠢᠷᠲᠤᠯ ᠢ | ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠩᠬᠠᠨ ᠤ ᠬᠤᠪᠢᠶᠠᠷᠢᠯᠠᠯᠲᠠ ᠶᠢᠨ | ᠳᠦᠷᠢᠮ ᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠣᠷᠴᠢᠨ ᠲᠣᠭᠤᠷᠢᠨ ᠤ ᠡᠷᠬᠡ ᠶᠢᠨ ᠠᠷᠠᠯᠵᠢᠶ᠎ᠠ ᠶᠢ ᠠᠯᠬᠤᠮ | ᠠᠯᠬᠤᠮ ᠢᠶᠠᠷ ᠥᠷᠨᠢᠭᠦᠯᠦᠨ᠎ᠡ᠃ ᠭᠠᠵᠠᠷ ᠣᠷᠣᠨ ᠤ ᠬᠤᠭᠤᠷᠣᠨᠳᠣ ᠪᠠᠨ ᠣᠷᠣᠨ ᠪᠦᠰᠡ ᠶᠢᠨ ᠤᠰᠤ ᠲᠠᠲᠠᠵᠤ | ᠬᠡᠷᠡᠭᠯᠡᠬᠦ ᠶᠡᠷᠦᠩᠬᠡᠶ ᠬᠡᠮᠵᠢᠶ᠎ᠡ ᠪᠠ ᠡᠷᠬᠡ ᠠᠰᠢᠭ ᠢᠶᠠᠨ ᠦᠨᠳᠦᠰᠦᠯᠡᠨ᠂ ᠤᠰᠤᠨ ᠤ ᠡᠷᠬᠡ ᠶᠢᠨ ᠠᠷᠠᠯᠵᠢᠶ᠎ᠠ ᠪᠠᠷ | ᠳᠠᠮᠵᠢᠨ ᠰᠢᠨ᠎ᠡ ᠪᠠᠷ ᠨᠡᠮᠡᠭᠳᠡᠭᠰᠡᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠶᠢ | ᠵᠣᠷᠢᠭᠵᠢᠭᠤᠯᠤᠨ᠎ᠠ᠃ ᠤᠰᠤ ᠬᠡᠷᠡᠭᠯᠡᠬᠦ ᠡᠷᠦᠬᠡ ᠶᠢᠨ ᠤᠰᠤᠨ ᠤ ᠡᠬᠢ ᠪᠠᠶᠠᠯᠢᠭ ᠢ ᠬᠡᠷᠡᠭᠯᠡᠬᠦ ᠡᠷᠬᠡ ᠶᠢ | ᠲᠣᠳᠣᠷᠬᠠᠶᠢᠯᠠᠵᠤ᠂ ᠤᠰᠤ ᠭᠡᠷᠡᠭᠯᠡᠬᠦ ᠡᠷᠬᠡᠲᠦ ᠬᠥᠮᠦᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠬᠡᠷᠡᠭᠯᠡᠭᠰᠡᠨ | ᠰᠠᠭᠤᠷᠢᠨ ᠳᠡᠭᠡᠷ᠎ᠡ ᠤᠰᠤ ᠭᠡᠷᠡᠭᠯᠡᠬᠦ ᠡᠷᠬᠡ ᠪᠠᠨ ᠲᠥᠯᠥᠪᠦᠷᠢ ᠲᠠᠢ ᠰᠢᠯᠵᠢᠭᠦᠯᠦᠨ ᠥᠭᠬᠦ ᠶᠢ ᠵᠣᠷᠢᠭᠵᠢᠭᠤᠯᠤᠨ᠎ᠠ᠃ | ᠪᠣᠬᠢᠷᠲᠤᠯ ᠢ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠪᠠᠷᠢᠮᠵᠢᠶ᠎ᠠ ᠳᠤ ᠬᠦᠷᠦᠭᠦᠯᠦᠭᠰᠡᠨ ᠤᠷᠢᠲᠠᠯ ᠳᠤᠤᠷ᠎ᠠ᠂ ᠠᠮᠢ ᠠᠬᠤᠶ ᠶᠢᠨ | ᠬᠠᠮᠠᠭᠠᠯᠠᠯᠲᠠ ᠶᠢᠨ ᠭᠠᠵᠠᠷ ᠣᠷᠣᠨ ᠤ ᠪᠣᠬᠢᠷᠲᠤᠯ ᠢ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠬᠡᠷᠡᠭᠯᠡᠬᠦ ᠪᠠ | ᠠᠷᠠᠯᠵᠢᠶᠠᠯᠠᠬᠤ ᠶᠢ ᠨᠠᠶᠢᠳᠠᠪᠤᠷᠢᠵᠢᠭᠤᠯᠤᠨ᠎ᠠ᠃ ᠪᠦᠬᠦ ᠤᠯᠤᠰ ᠤᠨ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠲᠦᠷᠭᠡᠳᠭᠡᠨ ᠪᠠᠶᠢᠭᠤᠯᠤᠨ᠎ᠠ᠃ ᠤᠯᠤᠰ ᠤᠨ | ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ | ᠲᠣᠭᠲᠠᠴᠠ ᠪᠠᠷ ᠰᠠᠭᠤᠷᠢ ᠪᠣᠯᠭᠠᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠲᠤᠯᠭᠠᠨ ᠬᠠᠰᠤᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ᠂ ᠨᠡᠶᠢᠭᠡᠮ ᠵᠡᠷᠭᠡ ᠤᠯᠠᠨ ᠵᠦᠢᠯ ᠤᠨ ᠦᠷ᠎ᠡ ᠠᠰᠢᠭ ᠲᠠᠢ ᠤᠢ | ᠰᠢᠭᠤᠢ ᠶᠢᠨ ᠦᠢᠯᠡᠰ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ᠂ ᠮᠧᠲ᠋ᠠᠨ ᠢ ᠠᠰᠢᠠᠠᠯᠠᠬᠤ ᠵᠡᠷᠭᠡ | ᠬᠦᠷᠢᠶᠡᠨ ᠳᠠᠬᠢ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ | ᠲᠦᠷᠦᠯ ᠵᠦᠢᠯ ᠢ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠵᠠᠬ᠎ᠠ | ᠳᠡᠯᠭᠡᠭᠦᠷ ᠲᠤ ᠣᠷᠣᠭᠤᠯᠤᠨ᠎ᠠ᠃ | ︵ᠬᠤᠶᠠᠷ︶ ᠵᠠᠬ᠎ᠠ ᠳᠡᠯᠭᠡᠭᠦᠷᠴᠢᠯᠡᠭᠰᠡᠨ ᠪᠠᠯᠠ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠨ᠎ᠡ᠃ ᠤᠰᠤᠨ ᠤ | ᠡᠷᠬᠡ᠂ ᠪᠣᠬᠢᠷᠲᠤᠯ ᠢ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠡᠷᠭᠡ ᠡᠯ᠎ᠡ | ᠲᠥᠷᠥᠯ ᠤᠨ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠲᠤ ᠰᠠᠭᠤᠷᠢᠯᠠᠭᠰᠠᠨ ᠪᠠᠯᠠ ᠮᠦᠩᠭᠦ | ᠴᠤᠭᠯᠠᠭᠤᠯᠬᠤ ᠪᠠᠭᠠᠵᠢ ᠶᠢ ᠰᠤᠳᠤᠯᠤᠨ ᠬᠥᠭᠵᠢᠭᠦᠯᠵᠦ᠂ ᠪᠣᠬᠢᠷᠲᠤᠯ ᠥᠬᠡᠶ ᠰᠲ᠋ᠣᠺ ᠤᠨ ᠭᠦᠢᠴᠡᠳᠭᠡᠯ ᠲᠤᠭ᠎ᠠ ᠶᠢ | ᠪᠠᠶᠢᠭᠤᠯᠤᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠬᠤᠭᠤᠴᠠᠭᠠᠲᠤ ᠪᠠᠷᠠᠭ᠎ᠠ ᠶᠢᠨ ᠠᠷᠠᠯᠵᠢᠶ᠎ᠠ ᠶᠢ | ᠬᠥᠭᠵᠢᠭᠦᠯᠦᠨ᠎ᠡ᠃ ᠪᠤᠬᠢᠷᠳᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ | ᠲᠤᠷᠰᠢᠯᠲᠠ ᠶᠢᠨ ᠲᠣᠭᠤᠷᠢᠭ ᠤᠨ ᠲᠤᠷᠰᠢᠯᠲᠠ ᠶᠢᠨ ᠴᠡᠭ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠮᠢ | ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠬᠤᠷᠠᠮᠳᠤᠭᠤᠯᠬᠤ ᠲᠣᠭᠲᠠᠴᠠ ᠬᠢᠭᠡᠳ ᠵᠠᠭᠪᠤᠷ ᠤᠨ | ᠰᠢᠨ᠎ᠡ ᠶᠢ ᠡᠭᠦᠳᠬᠦ ᠪᠠᠷ ᠴᠢᠬᠤᠯᠠ ᠲᠤᠷᠰᠢᠯᠲᠠ ᠶᠢᠨ ᠴᠡᠭ ᠤᠨ ᠠᠭᠤᠯᠭ᠎ᠠ ᠪᠣᠯᠭᠠᠨ᠎ᠠ᠃ ᠠᠮᠢ ᠠᠬᠤᠢ ᠶᠢᠨ ᠠᠵᠤ | ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠪᠠᠩᠬᠢ ᠶᠢᠨ ᠦᠢᠯᠡᠰ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠤᠬᠢᠷᠳᠤᠯ ᠦᠭᠡᠢ ᠲᠥᠷᠥᠯ ᠵᠦᠢᠯ ᠤᠨ ᠪᠠᠯᠠ ᠬᠤᠷᠠᠮᠳᠤᠭᠤᠯᠬᠤ ᠣᠨᠴᠠᠯᠢᠭ ᠲᠤ | ᠨᠡᠶᠢᠴᠡᠭᠰᠡᠳ ᠲᠤ ᠪᠤᠬᠢᠷᠲᠤᠯ ᠦᠭᠡᠢ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ᠨᠥᠬᠦᠴᠡᠯ ᠳᠤ ᠨᠡᠶᠢᠴᠡᠬᠦ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠪᠣᠯᠤᠨ ᠪᠠᠶᠢᠭᠤᠯᠤᠮᠵᠢ ᠶᠢᠨ ᠪᠤᠬᠢᠷᠲᠤᠯ | ᠦᠭᠡᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ | ᠪᠣᠬᠢᠷᠲᠤᠯ ᠥᠬᠡᠶ ᠳᠠᠭᠠᠳᠬᠠᠯ ᠤᠨ ᠦᠢᠯᠡᠳᠭᠦᠨ ᠢ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠦᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠳᠤ ᠣᠷᠣᠯᠴᠠᠬᠤ ᠶᠢ ᠵᠣᠷᠢᠭᠵᠢᠭᠤᠯᠤᠨ᠎ᠠ᠃ | ︵ᠭᠤᠷᠪᠠ︶ ᠣᠯᠠᠨ ᠶᠠᠩᠵᠤ ᠶᠢᠨ ᠨᠥᠬᠦᠪᠥᠷᠢᠯᠡᠬᠦ ᠠᠷᠭ᠎ᠠ ᠮᠠᠶ᠋ᠢᠭ ᠢ ᠰᠦᠪᠡᠭᠴᠢᠯᠡᠨ᠎ᠡ᠃ ᠠᠮᠢ ᠠᠬᠤᠶ ᠶᠢᠨ | ᠴᠢᠳᠠᠮᠵᠢᠳᠤ ᠴᠢᠬᠤᠯᠠ ᠭᠠᠵᠠᠷ ᠣᠷᠣᠨ ᠤ ᠠᠮᠢ ᠠᠬᠤᠶ ᠤᠷᠴᠢᠨ ᠲᠣᠭᠤᠷᠢᠨ ᠤ ᠬᠥᠮᠦᠵᠢᠯ ᠪᠣᠯᠪᠠᠰᠤᠷᠠᠭᠤᠯᠤᠯ | ᠥᠷᠨᠢᠭᠦᠯᠬᠦ ᠶᠢ ᠳᠡᠮᠵᠢᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠲᠥᠯᠦᠨ ᠵᠢᠯᠣᠭᠤᠳᠴᠤ ᠬᠥᠭᠵᠢᠭᠦᠯᠦᠨ᠂ | ᠪᠣᠬᠢᠷᠲᠤᠯ ᠥᠬᠡᠶ ᠪᠦᠲᠦᠭᠡᠭᠳᠡᠬᠦᠨ ᠤ ᠦᠢᠯᠡᠳᠪᠦᠷᠢᠯᠡᠯ ᠢ ᠥᠷᠭᠡᠳᠬᠡᠨ᠎ᠡ᠃ ᠠᠮᠢ ᠠᠬᠤᠢ ᠶᠢᠨ ᠲᠠᠷᠢᠶᠠᠯᠠᠩ ᠪᠠ | ᠣᠷᠴᠢᠯᠳᠤ ᠲᠠᠷᠢᠶᠠᠯᠠᠩ ᠢ ᠲᠦᠷᠭᠡᠨ ᠬᠥᠭᠵᠢᠭᠦᠯᠦᠨ᠎ᠡ᠃ ᠠᠮᠢ ᠠᠬᠤᠢ ᠤᠷᠴᠢᠨ ᠲᠣᠭᠤᠷᠢᠨ ᠢᠶᠠᠷ ᠤᠳᠤᠷᠢᠳᠤᠮᠵᠢ | ᠪᠣᠯᠭᠠᠭᠰᠠᠨ ᠨᠡᠭᠡᠭᠡᠨ ᠬᠥᠭᠵᠢᠭᠦᠯᠬᠦ ᠵᠠᠭᠪᠤᠷ ᠤᠨ ᠲᠥᠷᠥᠯ ᠵᠦᠢᠯ ᠤᠨ ᠲᠤᠷᠰᠢᠯᠲᠠ ᠶᠢᠨ ᠴᠡᠭ ᠢ ᠠᠬᠢᠭᠤᠯᠤᠨ᠎ᠠ᠃ | ᠣᠷᠣᠨ ᠨᠤᠲᠤᠭ ᠤᠨ ᠬᠢᠨ ᠤ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ | ᠰᠢᠰᠲ᠋ᠧᠮ ᠢ ᠬᠠᠮᠠᠭᠠᠯᠠᠨ ᠰᠡᠷᠭᠦᠭᠡᠬᠦ ᠵᠡᠷᠭᠡ ᠢᠨᠵᠧᠨᠧᠷᠢᠩ ᠬᠢᠭᠡᠳ ᠠᠮᠢ ᠠᠬᠤᠶ ᠶᠢᠨ ᠠᠵᠤ ᠦᠢᠯᠡᠰ ᠤᠨ | ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠣᠷᠣᠯᠴᠠᠬᠤ | ᠠᠷᠭ᠎ᠠ ᠮᠠᠶ᠋ᠢᠭ ᠢ ᠲᠡᠭᠦᠯᠳᠡᠷᠵᠢᠭᠦᠯᠦᠨ᠂ ᠦᠷᠭᠦᠯᠵᠢᠯᠡᠭᠰᠡᠨ ᠴᠢᠨᠠᠷᠲᠠᠶ ᠠᠰᠢᠭ ᠲᠤᠰᠠ ᠶᠢ ᠬᠠᠮᠲᠤ ᠪᠠᠷ ᠭᠥᠷᠳᠡᠬᠦ | ᠲᠣᠭᠲᠠᠴᠠ ᠶᠢ ᠪᠠᠶᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠡᠵᠡᠮᠰᠢᠯ ᠤᠨ ᠣᠷᠣᠨ ᠤ | ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠢ ᠣᠨᠴᠠ ᠵᠥᠪᠰᠢᠶᠡᠷᠡᠬᠦ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠠ᠃ ᠠᠶᠤᠯᠲᠠᠶ ᠬᠠᠶᠠᠭᠳᠠᠮᠠᠯ ᠪᠣᠳᠠᠰ ᠢ ᠣᠷᠣᠨ ᠪᠦᠰᠡ ᠠᠯᠤᠰᠯᠠᠨ ᠰᠢᠯᠵᠢᠭᠦᠯᠦᠨ | ᠰᠢᠢᠳᠪᠦᠷᠢᠯᠡᠬᠦ ᠳᠤ ᠨᠥᠬᠦᠪᠥᠷᠢ ᠦᠭᠬᠦ ᠲᠣᠭᠲᠠᠴᠠ ᠶᠢ ᠰᠦᠪᠡᠭᠴᠢᠯᠡᠨ᠎ᠡ᠃ | ᠲᠠᠪᠤ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠢᠵᠢ ᠪᠦᠷᠢᠳᠦᠬᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠥᠭᠡᠷᠡᠴᠢᠯᠡᠯᠲᠡ ᠶᠢᠨ ᠬᠠᠮᠵᠢᠯᠴᠠᠭ᠎ᠠ ᠶᠢ ᠴᠢᠩᠭᠠᠳᠬᠠᠨ᠎ᠠ | ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠦᠷᠢᠮ ᠤᠨ ᠪᠠᠶᠢᠭᠤᠯᠤᠯᠲᠠ ᠪᠣᠯᠤᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠨᠠᠩ ᠨᠠᠶᠢᠳᠠᠪᠤᠷᠢᠲᠠᠶ ᠬᠠᠤᠯᠢᠵᠢᠯ ᠤᠨ ᠪᠠᠲᠤᠯᠠᠭ᠎ᠠ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠪᠣᠯᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︵ᠨᠢᠭᠡ︶ ᠬᠠᠤᠯᠢᠵᠢᠯ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠣᠷᠴᠢᠨ ᠲᠤᠭᠤᠷᠢᠨ ᠢ | ᠬᠠᠮᠠᠭᠠᠯᠠᠬᠤ ᠬᠠᠤᠯᠢ᠂ ᠬᠥᠬᠡᠮᠥ᠋ᠷᠡᠨ ᠤ ᠬᠠᠮᠠᠭᠠᠯᠠᠯᠲᠠ ᠶᠢᠨ ᠬᠠᠤᠯᠢ ᠵᠢᠴᠢ ᠤᠰᠤ᠂ ᠤᠢ ᠰᠢᠭᠤᠢ᠂ ᠨᠤᠲᠤᠭ ᠪᠡᠯᠴᠢᠭᠡᠷ᠂ | ᠳᠠᠯᠠᠢ ᠲᠠᠩᠭᠢᠰ᠂ ᠵᠢᠭᠠᠰᠤᠨ ᠤ ᠦᠢᠯᠡᠰ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠲᠦᠷᠭᠡᠪᠴᠢᠯᠡᠨ | ᠰᠤᠳᠤᠯᠤᠨ ᠲᠣᠭᠲᠠᠭᠠᠵᠤ᠂ ᠠᠮᠢ ᠠᠬᠤᠢ ᠶᠢᠨ ᠠᠰᠢᠭ ᠬᠦᠷᠳᠡᠭᠴᠢ ᠪᠠ ᠠᠮᠢ ᠠᠬᠤᠢ ᠶᠢᠨ ᠬᠠᠮᠠᠭᠠᠯᠠᠭᠴᠢ ᠶᠢᠨ ᠡᠷᠬᠡ | ᠡᠭᠦᠷᠭᠡ ᠶᠢᠨ ᠬᠠᠷᠢᠴᠠᠭ᠎ᠠ ᠶᠢ ᠲᠣᠳᠣᠷᠬᠠᠢ ᠪᠣᠯᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ᠂ ᠴᠢᠬᠤᠯᠠ | ᠰᠠᠪᠠ ᠭᠠᠵᠠᠷ ᠵᠢᠴᠢ ᠪᠤᠰᠤᠳ ᠠᠮᠢ ᠠᠬᠤᠢ ᠶᠢᠨ ᠴᠢᠳᠠᠮᠵᠢᠳᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠲᠤᠭᠳᠠᠭᠠᠬᠤ ᠰᠤᠳᠤᠯᠭᠠᠨ ᠥᠷᠨᠢᠭᠦᠯᠵᠦ᠂ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ | ᠲᠣᠭᠲᠠᠭᠠᠬᠤ ᠠᠬᠢᠴᠠ ᠶᠢ ᠲᠦᠷᠭᠡᠳᠬᠡᠨ᠎ᠡ᠃ ᠣᠷᠣᠨ ᠨᠤᠲᠤᠭ ᠢ ᠵᠣᠷᠢᠭᠵᠢᠭᠤᠯᠤᠨ ᠵᠢᠯᠣᠭᠤᠳᠴᠤ ᠪᠠᠶᠢᠭᠠᠳ ᠲᠣᠰ | ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠬᠠᠮᠢᠶ᠎ᠠ ᠪᠥᠬᠦᠶ ᠬᠠᠤᠯᠢ ᠲᠣᠭᠲᠠᠭᠠᠯ ᠲᠦᠷᠢᠮ ᠲᠣᠭᠲᠠᠭᠠᠯ ᠪᠤᠶᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠨᠡᠶᠢᠲᠡᠯᠡᠨ᠎ᠡ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠠᠮᠢ | ᠠᠬᠤᠢ ᠶᠢᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠬᠠᠤᠯᠢᠵᠢᠯ ᠤᠨ ᠤᠷᠴᠢᠨ ᠢ ᠪᠣᠢ ᠪᠣᠯᠭᠠᠨ᠎ᠠ᠃ | ︵ᠬᠤᠶᠠᠷ︶ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠨᠢᠭᠡᠳᠦᠯᠲᠡᠶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠵᠤ ᠲᠤᠬᠳᠠᠭᠠᠬᠤ ᠪᠠ ᠪᠥᠬᠦ ᠠᠷᠠᠳ ᠤᠨ ᠥᠮᠴᠢᠯᠡᠯ ᠤᠨ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠮᠢ | ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠨᠢᠭᠡᠳᠦᠯᠲᠡᠶ ᠲᠤᠤᠷ ᠰᠦᠯᠵᠢᠶ᠎ᠡ ᠶᠢ ᠪᠦᠷᠢᠨᠰᠢᠬᠦᠯᠵᠦ᠂ ᠪᠥᠬᠦ | ᠤᠯᠤᠰ ᠤᠨ ᠴᠢᠬᠤᠯᠠ ᠤᠰᠤᠨ ᠴᠣᠭᠴᠠ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠮᠢ ᠠᠬᠤᠶ ᠶᠢᠨ | ᠴᠢᠳᠠᠮᠵᠢᠳᠣ ᠣᠷᠣᠨ ᠪᠠ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠤᠯᠤᠰ ᠤᠨ ᠠᠮᠢ | ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠᠶᠢᠷᠢ ᠴᠡᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ | ᠠᠦ᠋ᠲ᠋ᠣᠴᠢᠯᠠᠭᠰᠠᠨ ᠬᠢᠨᠠᠨ ᠬᠡᠮᠵᠢᠵᠤ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠬᠢᠨᠠᠨ ᠬᠡᠮᠵᠢᠬᠦ ᠲᠤᠯᠭᠠᠭᠤᠷᠢᠯᠠᠬᠤ ᠰᠢᠰᠲ᠋ᠧᠮ ᠢ ᠲᠦᠷᠭᠡᠳᠬᠡᠨ | ᠲᠡᠭᠦᠯᠳᠡᠷᠵᠢᠭᠦᠯᠵᠦ᠂ ᠪᠥᠬᠦ ᠤᠯᠤᠰ ᠤᠨ ᠠᠮᠢ ᠠᠬᠤᠶ ᠶᠢᠨ ᠶᠠᠰᠤ ᠴᠢᠨᠠᠷ ᠢ ᠬᠢᠨᠠᠨ ᠬᠡᠮᠵᠢᠵᠤ ᠦᠨᠡᠯᠡᠬᠦ ᠶᠢ | ᠥᠷᠨᠢᠭᠦᠯᠬᠦ ᠶᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠤᠭ᠎ᠠ ᠪᠦᠷᠢᠳᠬᠡᠯ ᠤᠨ | ᠭᠦᠢᠴᠡᠳᠬᠡᠯ ᠲᠤᠭ᠎ᠠ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | ︵ᠭᠤᠷᠪᠠ︶ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠬᠤ ᠴᠢᠳᠠᠮᠵᠢ ᠶᠢ | ᠪᠠᠳᠠᠷᠠᠭᠤᠯᠤᠨ᠎ᠠ᠃ ᠡᠬᠢ ᠪᠠᠶᠠᠯᠢᠭ ᠤᠨ ᠭᠠᠶᠢᠯᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠵᠡᠷᠭᠡ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠭᠠᠶᠢᠯᠢ ᠰᠦᠢᠳᠭᠡᠯ ᠵᠢᠴᠢ ᠭᠠᠵᠠᠷ ᠰᠢᠷᠣᠶ᠂ | ᠠᠭᠤᠷᠬᠠᠶ ᠶᠢᠨ ᠭᠠᠷᠤᠯᠲᠠ᠂ ᠲᠡᠯᠡᠶ ᠲᠠᠩᠭᠢᠰ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠠᠰᠢᠭ | ᠣᠯᠵᠠᠪᠤᠷᠢ ᠶᠢᠨ ᠬᠠᠮᠢᠶᠠᠷᠤᠯᠲᠠ ᠶᠢᠨ ᠲᠦᠷᠢᠮ ᠤᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠭᠢ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ | ᠬᠦᠷᠢᠶᠡᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠲᠥᠰᠦᠪ ᠤᠨ ᠵᠠᠷᠤᠯᠭ᠎ᠠ ᠳᠠᠬᠢ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠲᠠ ᠶᠢᠨ ᠲᠠᠯ᠎ᠠ ᠶᠢᠨ ᠦᠨᠡᠯᠡᠨ | ᠵᠢᠱᠢᠬᠦ ᠠᠵᠢᠯ ᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠨ᠎ᠡ᠃ ᠵᠠᠰᠠᠭ ᠤᠨ ᠣᠷᠳᠣᠨ ᠤ ᠪᠣᠬᠢᠷᠲᠤᠯ ᠥᠬᠡᠶ | ᠬᠤᠳᠠᠯᠳᠤᠨ ᠠᠪᠠᠨ᠋ᠥ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠣᠬᠢᠷᠲᠤᠯ ᠥᠬᠡᠶ ᠬᠤᠳᠠᠯᠳᠤᠨ ᠠᠪᠠᠨ᠋ᠥ ᠶᠢᠨ | ᠬᠥᠲᠥᠯᠦᠨ ᠵᠢᠯᠣᠭᠤᠳᠬᠤ ᠲᠣᠭᠲᠠᠴᠠ ᠶᠢ ᠪᠠᠶᠢᠭᠤᠯᠤᠨ᠂ ᠪᠣᠬᠢᠷᠲᠤᠯ ᠥᠬᠡᠶ ᠦᠢᠯᠡᠳᠭᠦᠨ ᠢ ᠬᠤᠳᠠᠯᠳᠤᠨ ᠠᠪᠠᠨ᠋ᠥ | ᠡᠷᠴᠢᠮ ᠢ ᠴᠢᠩᠭᠠᠷᠠᠭᠤᠯᠵᠤ᠂ ᠪᠣᠬᠢᠷᠲᠤᠯ ᠥᠬᠡᠶ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ᠂ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠳᠡᠮᠵᠢᠨ᠎ᠡ᠃ | ︵ᠳᠥᠷᠪᠡ︶ ᠬᠠᠮᠢᠶ᠎ᠠ ᠪᠦᠬᠦᠢ ᠢᠵᠢ ᠪᠦᠷᠢᠳᠦᠬᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ᠃ ᠡᠵᠡᠯᠡᠨ ᠬᠡᠷᠡᠭᠯᠡᠭᠰᠡᠨ ᠨᠥᠬᠦᠪᠥᠷᠢ᠂ ᠬᠤᠬᠢᠷᠠᠯ ᠤᠨ ᠲᠥᠯᠥᠪᠦᠷᠢ ᠬᠢᠭᠡᠳ ᠬᠠᠮᠠᠭᠠᠯᠠᠯᠲᠠ ᠶᠢᠨ | ᠨᠥᠬᠦᠪᠥᠷᠢ ᠶᠢ ᠬᠠᠮᠵᠢᠯᠴᠠᠭᠤᠯᠤᠨ ᠠᠬᠢᠭᠤᠯᠬᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠭᠲᠠᠴᠠ ᠶᠢ ᠪᠠᠶᠢᠭᠤᠯᠤᠨ᠎ᠠ᠃ ᠡᠯ᠎ᠡ ᠲᠦᠷᠦᠯ ᠤᠨ ᠪᠠᠶᠢᠭᠠᠯᠢ ᠶᠢᠨ ᠠᠮᠢ ᠠᠬᠤᠢ ᠶᠢᠨ ᠣᠷᠣᠨ ᠵᠠᠢ ᠶᠢ ᠬᠠᠤᠯᠢ | ᠶᠤᠰᠤᠭᠠᠷ ᠡᠵᠡᠯᠡᠨ ᠬᠡᠷᠡᠭᠯᠡᠬᠦ ᠨᠥᠬᠦᠪᠥᠷᠢ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠪᠣᠬᠢᠷᠲᠤᠯ ᠥᠬᠡᠶ | ᠪᠦᠲᠦᠭᠡᠭᠳᠡᠬᠦᠨ ᠢ ᠨᠢᠭᠡᠳᠦᠯᠲᠡᠶ ᠦᠨᠡᠯᠡᠬᠦ ᠪᠠᠷᠢᠮᠵᠢᠶ᠎ᠠ᠂ ᠪᠣᠬᠢᠷᠲᠤᠯ ᠥᠬᠡᠶ ᠪᠦᠲᠦᠭᠡᠭᠳᠡᠬᠦᠨ ᠤ ᠭᠡᠷᠡᠴᠢᠯᠡᠯ ᠵᠢᠴᠢ | ᠢᠯᠭᠠᠬᠤ ᠲᠡᠮᠳᠡᠭ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ | ᠲᠦᠷᠢᠮ ᠢ ᠪᠦᠷᠢᠨᠰᠢᠭᠦᠯᠦᠨ᠎ᠡ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠦᠢᠯᠡᠳᠪᠦᠷᠢᠯᠡᠯ᠂ ᠬᠡᠷᠡᠭᠯᠡᠭᠡᠨ ᠤ | ᠦᠨᠡᠮᠯᠡᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠶᠡᠭᠡ ᠪᠠᠷ ᠬᠡᠷᠡᠭᠵᠢᠭᠦᠯᠦᠨ᠎ᠡ᠃ ᠬᠡᠭᠡᠷ᠎ᠡ ᠶᠢᠨ ᠠᠮᠢᠲᠠᠨ ᠤ | ᠤᠴᠠᠷᠠᠭᠤᠯᠤᠭᠰᠠᠨ ᠬᠤᠤᠷ ᠬᠥᠨᠥᠭᠡᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠤᠯᠢ ᠴᠠᠭᠠᠵᠠ ᠳᠤ | ᠲᠣᠭᠲᠠᠭᠠᠭᠰᠠᠨ ᠬᠠᠮᠠᠭᠠᠯᠠᠯᠳᠠ ᠶᠢᠨ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠦᠬᠦᠯ ᠰᠢᠷᠬᠠᠲᠤᠯ᠂ ᠲᠠᠷᠢᠮᠠᠯ | ᠪᠤᠶᠤ ᠪᠤᠰᠤᠳ ᠡᠳ᠋ ᠬᠥᠷᠥᠩᠭᠡ ᠶᠢᠨ ᠬᠤᠬᠢᠷᠠᠯ ᠳᠤ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠤᠷ | ᠬᠥᠨᠥᠭᠡᠯ ᠤᠨ ᠨᠥᠬᠦᠪᠥᠷᠢ ᠶᠢ ᠬᠠᠤᠯᠢ ᠶᠣᠰᠣᠭᠠᠷ ᠥᠷᠨᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ᠂ ᠣᠷᠴᠢᠨ | ᠲᠣᠭᠤᠷᠢᠨ ᠤ ᠵᠠᠰᠠᠯᠲᠠ ᠪᠣᠯᠤᠨ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠷᠢᠶᠡᠨ ᠳᠠᠬᠢ ᠣᠯᠠᠨ ᠤᠯᠤᠰ ᠤᠨ | ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠳᠤ | ᠨᠥᠬᠦᠪᠥᠷᠢ ᠶᠢᠨ ᠬᠤᠯᠪᠣᠭᠳᠠᠯ ᠪᠥᠬᠦᠶ ᠮᠡᠷᠭᠡᠵᠢᠯ ᠤᠨ ᠠᠷᠭ᠎ᠠ ᠵᠡᠷᠭᠡ ᠬᠠᠮᠲᠤᠷᠠᠭᠰᠠᠨ ᠰᠤᠳᠤᠯᠭᠠᠨ ᠢ ᠥᠷᠨᠢᠭᠦᠯᠦᠨ᠎ᠡ᠃ | ᠵᠢᠷᠭᠤᠭ᠎ᠠ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠣᠶ ᠪᠣᠯᠭᠠᠵᠤ᠂ | ᠤᠷᠮᠠᠰᠢᠭᠤᠯᠬᠤ ᠪᠠ ᠬᠢᠵᠠᠭᠠᠷᠯᠠᠬᠤ ᠶᠢ ᠴᠢᠩᠭᠠᠳᠬᠠᠨ᠎ᠠ | ᠠᠮᠢ ᠠᠬᠤᠢ ᠶᠢᠨ ᠬᠠᠮᠠᠭᠠᠯᠠᠯᠲᠠ ᠶᠢᠨ ᠰᠢᠯᠭᠠᠨ ᠦᠨᠡᠯᠡᠬᠦ ᠰᠢᠰᠲ᠋ᠧᠮ ᠢ ᠪᠦᠷᠢᠨᠰᠢᠬᠦᠯᠵᠤ᠂ ᠰᠢᠯᠭᠠᠨ | ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠢ | ᠬᠤᠬᠢᠷᠠᠭᠤᠯᠤᠭᠰᠠᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠡᠯ᠎ᠡ ᠲᠠᠯ᠎ᠠ ᠶᠢᠨ ᠬᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠤᠰ ᠲᠤᠰ ᠤᠨ ᠡᠭᠦᠷᠭᠡ ᠪᠠᠨ ᠦᠨᠡᠨ ᠬᠦ ᠭᠦᠢᠴᠡᠳᠬᠡᠬᠦ ᠶᠢ | ᠠᠬᠢᠭᠤᠯᠤᠨ᠎ᠠ᠃ | ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ᠤᠳᠤᠷᠢᠳᠬᠤ | ᠺᠠᠳ᠋ᠷ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ | ᠴᠢᠩᠭᠠᠳᠬᠠᠵᠤ᠂ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭ | ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠥᠭᠡᠷᠡᠴᠢᠯᠡᠯᠲᠡ ᠶᠢᠨ ᠶᠠᠪᠤᠴᠠ ᠳᠠᠬᠢ ᠴᠢᠬᠤᠯᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ | ᠰᠢᠢᠳᠪᠦᠷᠢᠯᠡᠬᠦ ᠬᠡᠷᠡᠭᠲᠡᠶ᠃ ᠡᠳ᠋ ᠤᠨ ᠵᠠᠰᠠᠭ ᠤᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ | ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠠᠮᠢ | ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠨᠢ ᠡᠯ᠎ᠡ ᠠᠷᠭ᠎ᠠ | ᠵᠠᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠭᠥᠷᠳᠡᠬᠦ ᠶᠢᠨ ᠳᠠᠭᠠᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠶᠢ ᠡᠷᠡᠰ | ᠬᠤᠷᠢᠬᠯᠠᠬᠤ ᠬᠡᠷᠡᠭᠳᠠᠢ᠃ ᠠᠮᠢ ᠠᠬᠤᠶ ᠶᠢᠨ ᠠᠰᠢᠭ ᠬᠦᠷᠲᠡᠬᠦ ᠭᠠᠵᠠᠷ ᠣᠷᠣᠨ ᠨᠤᠭᠤᠳ ᠨᠥᠬᠦᠪᠥᠷᠢᠯᠡᠬᠦ ᠦᠵᠡᠯ | ᠤᠬᠠᠮᠰᠠᠷ ᠢᠶᠠᠨ ᠤᠬᠠᠮᠰᠠᠷ ᠠᠴᠠ ᠪᠠᠨ ᠴᠢᠩᠭᠠᠷᠠᠭᠤᠯᠵᠤ᠂ ᠨᠥᠬᠦᠪᠥᠷᠢ ᠦᠭᠬᠦ ᠬᠠᠷᠢᠭᠤᠴᠠᠯᠭ᠎ᠠ ᠪᠠᠨ ᠢᠳᠡᠪᠬᠢᠲᠡᠶ | ᠪᠥᠭᠡᠳ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠶ᠃ | ︵ᠬᠤᠶᠠᠷ︶ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠬᠢᠨᠠᠨ ᠬᠡᠮᠵᠢᠬᠦ ᠬᠢᠭᠡᠳ ᠰᠢᠯᠭᠠᠨ ᠦᠨᠡᠯᠡᠬᠦ ᠰᠢᠰᠲ᠋ᠧᠮ ᠢ ᠪᠦᠷᠢᠨᠰᠢᠬᠦᠯᠥᠭᠰᠡᠨ ᠰᠠᠭᠤᠷᠢᠨ ᠳᠡᠭᠡᠷ᠎ᠡ᠂ | ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ | ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠵᠦ᠂ ᠦᠨᠡᠯᠡᠭᠰᠡᠨ | ᠦᠷ᠎ᠡ ᠳ᠋ᠦᠩ ᠬᠢᠭᠡᠳ ᠰᠢᠯᠵᠢᠭᠦᠯᠦᠨ ᠥᠭᠬᠦ ᠪᠠᠯᠠ ᠮᠥᠩᠭᠦ ᠶᠢᠨ ᠬᠤᠪᠢᠶᠠᠷᠢᠯᠠᠯᠲᠠ ᠶᠢ ᠬᠤᠯᠪᠣᠭᠰᠠᠨ ᠤᠷᠮᠠᠰᠢᠭᠤᠯᠵᠤ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠡᠭᠦᠳᠦᠨ | ᠪᠠᠶᠢᠭᠤᠯᠵᠤ ᠠᠳᠠᠯᠢᠳᠬᠠᠨ ᠰᠢᠯᠭᠠᠷᠠᠭᠤᠯᠬᠤ ᠶᠢ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ | ᠪᠦᠲᠦᠮᠵᠢ ᠶᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠶ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠪᠠᠯᠠ ᠮᠥᠩᠭᠦ ᠶᠢᠨ ᠪᠥᠬᠦ ᠲᠠᠯ᠎ᠠ ᠶᠢᠨ ᠲᠥᠰᠦᠪ ᠲᠤ ᠠᠵᠢᠯ ᠤᠨ ᠪᠦᠲᠦᠮᠵᠢ ᠶᠢᠨ ᠬᠠᠮᠢᠶᠠᠷᠤᠯᠲᠠ ᠬᠢᠬᠦ ᠶᠢ | ᠠᠬᠢᠭᠤᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠭᠰᠡᠨ ᠬᠢᠭᠡᠳ ᠰᠢᠯᠭᠠᠨ | ᠦᠨᠡᠯᠡᠭᠰᠡᠨ ᠦᠷ᠎ᠡ ᠳ᠋ᠦᠩ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ᠠᠮᠢ ᠠᠬᠤᠢ ᠣᠷᠴᠢᠨ ᠲᠤᠭᠤᠷᠢᠨ | ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ ᠵᠠᠰᠠᠭ ᠤᠨ | ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠤᠨ᠎ᠠ᠃ ᠣᠷᠣᠨ ᠨᠤᠲᠤᠭ ᠤᠨ ᠬᠢᠨ ᠤ | ᠪᠣᠬᠢᠷᠲᠤᠯ ᠥᠬᠡᠶ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ | ᠵᠣᠷᠢᠭᠵᠢᠭᠤᠯᠤᠨ᠎ᠠ᠃ | ︵ᠭᠤᠷᠪᠠ︶ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠠᠬᠢᠴᠠ ᠶᠢ ᠮᠥᠷᠳᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠥᠷᠢ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠰᠠᠶᠢᠲᠤᠷ ᠥᠷᠨᠢᠭᠦᠯᠦᠭᠰᠡᠨ ᠦᠭᠡᠢ᠂ ᠲᠣᠪᠤᠶᠢᠮ᠎ᠠ ᠠᠰᠠᠭᠤᠳᠠᠯ | ᠣᠷᠣᠰᠢᠵᠤ ᠪᠠᠶᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ ᠢ ᠱᠠᠯᠠᠪᠳᠠᠭᠤᠯᠤᠨ ᠪᠠᠶᠢᠴᠠᠭᠠᠬᠤ ᠬᠡᠪᠴᠢᠶᠡᠨ ᠳᠤ | ᠣᠷᠣᠭᠤᠯᠤᠨ᠎ᠠ᠃ ᠲᠤᠰᠢᠶᠠᠯ ᠠᠴᠠ ᠪᠠᠨ ᠰᠠᠯᠬᠤ ᠦᠶ᠎ᠡ ᠳᠠᠬᠢ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠬᠢᠨᠠᠨ ᠪᠤᠳᠤᠯᠲᠠ ᠶᠢ ᠴᠢᠩᠭᠠᠳᠬᠠᠵᠤ᠂ ᠠᠮᠢ ᠠᠬᠤᠶ ᠤᠷᠴᠢᠨ ᠲᠣᠭᠤᠷᠢᠨ ᠢ ᠬᠠᠶᠢᠬᠤᠷᠬᠤ | ᠥᠬᠡᠶ ᠪᠠᠷ ᠰᠣᠬᠤᠷ ᠪᠠᠯᠠᠶ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠬᠦᠨᠳᠦ ᠨᠣᠴᠢᠲᠠᠶ ᠤᠷᠰᠢᠭ ᠲᠠᠲᠠᠭᠰᠠᠨ | ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ | ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠨ᠎ᠡ᠃ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠨᠢᠭᠡᠳᠬᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠦᠨ᠂ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠡᠯ᠎ᠡ ᠵᠦᠢᠯ ᠤᠨ ᠲᠦᠷᠢᠮ ᠤᠨ ᠪᠠᠶᠢᠭᠤᠯᠤᠯᠲᠠ ᠶᠢ ᠯᠠᠪᠳᠠᠭᠤᠨ | ᠪᠠᠲᠤᠲᠠᠶ ᠠᠬᠢᠭᠤᠯᠵᠤ᠂ ᠲᠦᠷᠢᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ | ᠬᠤᠪᠢᠷᠠᠭᠤᠯᠵᠤ᠂ ᠲᠩᠷᠢ ᠨᠢ ᠨᠠᠩ ᠴᠡᠯᠮᠡᠭ᠂ ᠠᠭᠤᠯᠠ ᠨᠢ ᠨᠠᠩ ᠬᠥᠬᠡᠮᠳᠦᠭ᠂ ᠤᠰᠤ ᠨᠢ ᠨᠠᠩ ᠲᠤᠩᠭᠠᠯᠠᠭ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ | ᠡᠭᠦᠳᠬᠦ ᠬᠡᠷᠡᠭᠳᠡᠢ᠃ | |