ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠳᠠᠭᠤᠷᠢᠰᠬᠠᠨ᠎ᠠ
ᠨᠡᠶᠢᠲᠡᠯᠡᠭᠰᠡᠨ ᠴᠠᠭ᠄
2021/9/15
     — ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠬᠥᠲᠥᠯᠥᠨ ᠵᠢᠯᠣᠭᠤᠳᠴᠤ ᠰᠢᠨ᠎ᠡ ᠶᠢ ᠡᠭᠦᠳᠦᠨ ᠬᠥᠭᠵᠢᠭᠦᠯᠦᠭᠰᠡᠨ ᠪᠣᠳᠠᠲᠤ ᠲᠡᠮᠳᠡᠭᠯᠡᠯ      ᠭᠡᠷᠡᠯᠳᠤ ᠤᠳᠤᠳ ᠨᠡᠯᠦᠭᠡᠷ ᠶᠡᠭᠡ ᠣᠭᠲᠠᠷᠭᠤᠶ ᠶᠢ ᠭᠡᠶᠢᠭᠦᠯᠦᠨ᠎ᠠ︔ ᠤᠯᠠᠨ ᠡᠰᠢᠲᠦ ᠨᠢᠭᠡ ᠴᠤᠬᠴᠠᠵᠢᠯᠳᠠ᠂ ᠳᠤᠮᠳᠠᠳᠤ ᠶᠢᠨ ᠦᠨᠳᠦᠰᠦᠲᠡᠨ ᠢ ᠪᠤᠢ ᠪᠤᠯᠭᠠᠪᠠ᠃      ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠪᠣᠯᠤᠭᠰᠠᠨ ᠤ ᠬᠤᠪᠢ ᠳᠤ᠂ ᠦᠨᠳᠦᠰᠦᠲᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠤᠯᠤᠰ ᠣᠷᠣᠨ ᠤ ᠥᠨᠢ ᠤᠳᠠᠭᠠᠨ ᠠᠮᠤᠷ ᠳᠤᠭᠳᠠᠭᠤᠨ ᠪᠠᠶᠢᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠣᠨᠴᠠᠯᠢᠭ ᠢ ᠪᠤᠳᠤᠯᠬᠢᠯᠠᠨ᠂ ᠨᠠᠮ ᠪᠠ ᠤᠯᠤᠰ ᠤᠨ ᠠᠵᠢᠯ ᠦᠶᠯᠡᠰ ᠤᠨ ᠬᠥᠭᠵᠢᠯᠲᠡ ᠶᠢᠨ ᠦᠨᠳᠦᠰᠦᠲᠡᠨ ᠤ ᠠᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠠᠯᠤᠰ ᠬᠡᠲᠦ ᠶᠢᠨ ᠠᠷᠭ᠎ᠠ ᠪᠣᠳᠣᠯᠭ᠎ᠠ ᠶᠢ ᠰᠦᠪᠡᠭᠴᠢᠯᠡᠨ᠂ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠡᠬᠦ ᠡᠨᠡ ᠬᠦ ᠴᠢᠬᠤᠯᠠ ᠶᠡᠭᠡ ᠨᠤᠲᠠᠯᠠᠯᠲᠠ ᠶᠢ ᠪᠦᠲᠦᠭᠡᠯᠴᠢ ᠪᠠᠷ ᠳᠤᠷᠠᠳᠤᠨ ᠭᠠᠷᠭᠠᠵᠤ᠂ ᠦᠨᠳᠦᠰᠦᠲᠡᠨ ᠤ ᠠᠵᠢᠯ ᠢ ᠬᠥᠲᠥᠯᠥᠨ ᠵᠢᠯᠣᠭᠤᠳᠴᠤ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠ ᠰᠢᠨ᠎ᠡ ᠳᠡᠭᠲᠡᠷ ᠲᠤ ᠭᠠᠷᠭᠠᠨ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠳᠤᠮᠳᠠᠳᠤ ᠤᠯᠤᠰᠴᠢᠯᠠᠬᠰᠠᠨ ᠰᠢᠨ᠎ᠡ ᠪᠠᠶᠢᠳᠠᠯ ᠢ ᠨᠡᠭᠡᠭᠡᠪᠡ᠃      ᠦᠵᠡᠯ ᠰᠠᠨᠠᠭᠠᠨ ᠤ ᠭᠡᠷᠡᠯ ᠭᠢᠯᠪᠠᠭ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠤᠨᠤᠯ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠠᠤᠭ᠎ᠠ ᠲᠥᠰᠦᠪ ᠢ ᠵᠢᠷᠤᠭᠯᠠᠨ᠎ᠠ      ᠵᠣᠭᠰᠣᠰᠢ ᠦᠭᠡᠢ ᠤᠷᠤᠭᠰᠢᠯᠠᠬᠤ ᠲᠡᠦᠬᠡ ᠶᠢᠨ ᠠᠶᠠᠨ ᠳᠤ᠂ ᠡᠨᠡ ᠬᠦ ᠴᠠᠭ ᠮᠥᠴᠡ ᠡᠭᠦᠷᠢᠳᠡ ᠲᠡᠮᠳᠡᠭᠯᠡᠭᠳᠡᠬᠦ ᠪᠣᠯᠤᠨ᠎ᠠ —      2021 ᠣᠨ ᠤ 7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ       ᠫᠢᠩ᠄ ︽ᠪᠥᠬᠦ ᠨᠠᠮ ᠪᠥᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠳᠡᠮᠵᠢᠨ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ︾ ᠭᠡᠵᠦ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ︕      ᠲᠢᠶᠠᠨ ᠠᠨ ᠮᠧᠨ ᠠᠭᠤᠳᠠᠮ ᠲᠠᠯᠠᠪᠠᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠪᠡᠶᠡᠳᠡᠨ ᠰᠣᠨᠣᠰᠴᠤ᠂ ᠬᠦᠷ ᠬᠦᠭᠵᠢᠶᠡᠨ ᠳᠤ ᠪᠢᠯᠬᠠᠬᠰᠡᠨ ᠪᠡᠯᠭᠡᠯᠡᠬᠦ ᠠᠵᠢᠯᠯᠠᠭ᠎ᠠ ᠳᠤ ᠤᠷᠤᠯᠴᠠᠬᠰᠡᠨ ᠬᠦᠮᠦᠨ ᠤ ᠨᠢᠭᠡ ᠪᠤᠯ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠣᠭᠤᠷᠢᠨ ᠦᠵᠡᠬᠦ ᠪᠦᠯᠬᠦᠮ ᠤᠨ ᠲᠥᠯᠥᠭᠡᠯᠡᠭᠴᠢ᠂ ᠶᠦᠨᠨᠠᠨ ᠮᠤᠵᠢ ᠶᠢᠨ ᠵᠧᠨ ᠶᠤᠸᠠᠨ ᠰᠢᠶᠠᠨ ᠤ ᠯᠠᠬᠤ ᠦᠨᠳᠦᠰᠦᠲᠡᠨ ᠤ ᠺᠠᠳ᠋ᠷ ᠸᠠᠩ ᠶᠢᠩ ᠪᠢᠨ ᠤ ᠰᠡᠳᠬᠢᠯ ᠲᠦᠢᠯ ᠤᠨ ᠶᠡᠭᠡ ᠪᠠᠷ ᠲᠤᠭᠳᠤᠯᠤᠨ᠎ᠠ᠃      ︽ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠳᠤᠮᠳᠠᠳᠤ ᠶᠢᠨ ᠦᠨᠳᠦᠰᠦᠲᠡᠨ ᠰᠠᠶ᠋ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠨᠢᠭᠡ ᠭᠡᠰᠢᠭᠦᠨ ᠪᠣᠯᠤᠭᠰᠠᠨ ᠳᠠᠭᠠᠨ ᠪᠢ ᠣᠮᠣᠭᠰᠢᠵᠤ ᠪᠠᠶᠢᠨ᠎ᠠ︾ ᠬᠡᠵᠦ ᠸᠠᠩ ᠶᠢᠩ ᠪᠢᠨ ᠲᠤᠭᠳᠤᠯᠤᠭᠰᠠᠨ ᠰᠡᠳᠬᠢᠯ ᠢᠶᠠᠨ ᠲᠠᠷᠤᠵᠤ ᠶᠠᠳᠠᠨ ᠭᠡᠯᠡᠭᠰᠡᠨ ᠶᠤᠮ᠃      ᠪᠦᠬᠦ ᠲᠠᠯ᠎ᠠ ᠶᠢᠨ ᠴᠢᠨᠡᠭᠡᠯᠢᠭᠵᠢᠯ ᠪᠣᠯ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠤᠨ ᠪᠦᠯᠬᠦᠮᠳᠡᠨ ᠲᠡᠮᠡᠴᠡᠭᠰᠡᠨ ᠤ ᠦᠷ᠎ᠡ ᠪᠦᠲᠦᠭᠡᠯ ᠮᠥᠨ᠂ ᠦᠨᠳᠦᠰᠦᠲᠡᠨ ᠤ ᠰᠡᠷᠭᠦᠨ ᠮᠠᠨᠳᠤᠯᠲᠠ ᠪᠣᠯ ᠳᠤᠮᠳᠠᠳᠤ ᠶᠢᠨ ᠪᠦᠬᠦ ᠬᠥᠪᠡᠭᠦᠳ ᠥᠬᠢᠳ ᠤᠨ ᠬᠠᠮᠲᠤ ᠶᠢᠨ ᠢᠷᠠᠭᠤ ᠠᠯᠳᠠᠷ ᠮᠥᠨ᠃      ᠳᠤᠮᠳᠠᠳᠤ ᠶᠢᠨ ᠦᠨᠳᠦᠰᠦᠲᠡᠨ ᠤ ᠣᠷᠣᠰᠢᠨ ᠲᠣᠭᠲᠠᠨᠢᠵᠤ ᠦᠷᠡᠵᠢᠨ ᠲᠦᠯᠵᠢᠭᠰᠡᠨ ᠲᠡᠦᠬᠡ ᠶᠢᠨ ᠤᠷᠳᠤ ᠠᠶᠠᠨ ᠳᠤ᠂ ᠳᠤᠮᠳᠠᠳᠤ ᠶᠢᠨ ᠡᠭᠡ ᠭᠠᠵᠠᠷ ᠲᠠᠬᠢ ᠦᠨᠳᠦᠰᠦᠲᠡᠨ ᠨᠦᠭᠦᠳ ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠭ᠎ᠠ᠂ ᠢᠮᠠᠭᠲᠠ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠴᠣᠭᠴᠠ ᠪᠣᠯᠤᠭᠰᠠᠭᠠᠷ ᠢᠷᠡᠵᠠᠢ᠃      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠱᠠᠲᠤᠨ ᠳᠤ ᠬᠦᠷᠬᠦ ᠳᠤ᠂ ᠮᠠᠨ ᠤ ᠤᠯᠤᠰ ᠤᠨ ᠦᠨᠳᠦᠰᠦᠲᠡᠨ ᠤ ᠠᠵᠢᠯ ᠰᠢᠨ᠎ᠡ ᠪᠠᠶᠢᠳᠠᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃      ᠤᠯᠤᠰ ᠤᠨ ᠳᠣᠲᠣᠭᠠᠳᠤ ᠶᠢ ᠠᠵᠢᠬᠯᠠᠬᠤᠶ᠎ᠠ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠭᠦᠨᠴᠡ ᠤᠷᠢᠳ ᠡᠮᠦᠨ᠎ᠡ ᠪᠠᠶᠢᠭ᠎ᠠ ᠦᠭᠡᠢ ᠬᠡᠮᠵᠢᠶᠡᠨ ᠳᠤ ᠬᠦᠷᠴᠦ᠂ ᠦᠨᠳᠦᠰᠦᠲᠡᠨ ᠤ ᠲᠠᠷᠬᠠᠯᠲᠠ ᠶᠢᠨ ᠪᠠᠶᠢᠷᠢᠰᠢᠯ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠦᠨᠳᠦᠰᠦᠲᠡᠨ ᠤ ᠬᠠᠷᠢᠴᠠᠭ᠎ᠠ ᠶᠢ ᠨᠥᠯᠥᠭᠡᠯᠡᠬᠦ ᠡᠯᠧᠮᠧᠨ᠋ᠲ ᠨᠡᠩ ᠪᠤᠳᠤᠯᠢᠶᠠᠨᠲᠠᠢ ᠪᠣᠯᠪᠠ᠃      ᠳᠡᠯᠡᠬᠡᠢ ᠳ᠋ᠠᠬᠢᠨ ᠢ ᠪᠠᠷᠠᠯᠠᠬᠤᠶ᠎ᠠ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠳᠣᠣᠷ᠎ᠠ᠂ ᠰᠦᠷᠳᠡᠭᠦᠯᠬᠦ ᠦᠵᠡᠯ᠂ ᠬᠠᠭᠠᠴᠠᠭᠤᠯᠬᠤ ᠦᠵᠡᠯ᠂ ᠬᠡᠲᠦᠷᠡᠮᠡᠬᠡᠢ ᠦᠵᠡᠯ ᠠᠷᠢᠯᠬᠤ ᠦᠭᠡᠢ᠂ ᠡᠭᠡᠯ ᠳᠦᠮᠡᠨᠴᠢ ᠦᠵᠡᠯ ᠲᠣᠯᠣᠭᠠᠢ ᠥᠨᠳᠡᠶᠢᠵᠦ᠂ ᠦᠨᠳᠦᠰᠦᠲᠡᠨ ᠤ ᠠᠰᠠᠭᠤᠳᠠᠯ ᠪᠦᠬᠦ ᠪᠥᠮᠪᠥᠷᠴᠡᠭ ᠤᠨ ᠡᠩᠬᠡ ᠲᠠᠶᠢᠪᠤᠩ ᠬᠢᠭᠡᠳ ᠬᠥᠭᠵᠢᠯᠲᠡ ᠶᠢ ᠲᠠᠰᠤᠷᠠᠯᠲᠠ ᠦᠭᠡᠢ ᠨᠥᠯᠥᠭᠡᠯᠡᠵᠦ ᠪᠠᠶᠢᠨ᠎ᠠ᠃      ᠮᠠᠨ ᠤ ᠤᠯᠤᠰ ᠤᠨ ᠦᠨᠳᠦᠰᠦᠲᠡᠨ ᠤ ᠠᠵᠢᠯ ᠬᠡᠷᠬᠢᠨ ᠰᠢᠨ᠎ᠡ ᠴᠠᠭ ᠦᠶ᠎ᠡ ᠳᠤ ᠵᠣᠬᠢᠴᠠᠵᠤ᠂ ᠰᠢᠨ᠎ᠡ ᠪᠠᠶᠢᠳᠠᠯ ᠢ ᠡᠭᠦᠳᠬᠦ ᠪᠤᠢ︖ ᠶᠡᠷᠦᠩᠬᠡᠢ ᠱᠦᠵᠢ ᠰᠢ ᠶᠢᠨ ᠫᠢᠩ ᠡᠨᠡ ᠬᠦ ᠴᠢᠬᠤᠯᠠ ᠶᠡᠭᠡ ᠤᠨᠤᠯ ᠤᠨ ᠪᠠ ᠪᠣᠳᠠᠲᠤ ᠠᠰᠠᠭᠤᠳᠠᠯ ᠤᠨ ᠲᠤᠬᠠᠢ ᠭᠦᠨᠵᠡᠭᠡᠢ ᠪᠣᠳᠣᠯᠬᠢᠯᠠᠪᠠ᠃      ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠲᠡᠨ ᠤ ᠠᠵᠢᠯ ᠪᠤᠯᠤᠨ ᠦᠨᠳᠦᠰᠦᠲᠡᠨ ᠤ ᠣᠷᠣᠨ ᠤ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥ ᠶᠢ ᠵᠠᠰᠠᠵᠤ ᠵᠠᠰᠠᠭ ᠢ ᠪᠠᠷᠢᠬᠤ ᠶᠢᠨ ᠲᠣᠪᠤᠶᠢᠮ᠎ᠠ ᠪᠠᠶᠢᠷᠢᠨ ᠳᠤ ᠲᠠᠯᠪᠢᠵᠤ ᠲᠥᠯᠥᠪᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠦᠨᠢᠳᠡ ᠶᠢᠨ ᠠᠤᠭ᠎ᠠ ᠦᠶᠯᠡᠰ ᠤᠨ ᠳᠤᠮᠳᠠ ᠲᠦᠷᠭᠡᠳᠭᠡᠨ ᠠᠬᠢᠭᠤᠯᠪᠠ᠃      2014 ᠣᠨ ᠤ 5 ᠰᠠᠷ᠎ᠠ ᠳᠤ᠂ ᠬᠤᠶᠠᠳᠤᠭᠠᠷ ᠤᠳᠠᠭᠠᠨ ᠤ ᠲᠥᠪ ᠤᠨ ᠰᠢᠨᠵᠢᠶᠠᠩ ᠤᠨ ᠠᠵᠢᠯ ᠤᠨ ᠲᠤᠬᠠᠶ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ᠃ ᠲᠤᠰ ᠤᠳᠠᠭᠠᠨ ᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ︾ ᠤᠨ ᠴᠢᠬᠤᠯᠠ ᠶᠡᠭᠡ ᠨᠤᠲᠠᠯᠠᠯᠲᠠ ᠶᠢ ᠲᠣᠳᠣᠷᠬᠠᠢ ᠳᠤᠷᠠᠳᠴᠠᠢ᠃ ᠲᠤᠰ ᠵᠢᠯ ᠤᠨ 9 ᠰᠠᠷ᠎ᠠ ᠳᠤ ᠬᠤᠷᠠᠯᠳᠤᠭᠰᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠶᠢ ᠪᠠᠷᠢᠮᠲᠠᠯᠠᠬᠤ ᠬᠡᠷᠡᠭᠲᠡᠢ︾ ᠭᠡᠵᠦ ᠲᠣᠳᠣᠷᠬᠠᠢ ᠴᠢᠬᠤᠯᠠᠴᠢᠯᠠᠪᠠ᠃      ᠡᠭᠦᠨ ᠠᠴᠠ ᠰᠡᠭᠦᠯᠡᠷ᠂ ᠶᠡᠷᠦᠩᠬᠡᠢ ᠱᠦᠵᠢ ᠰᠢ ᠶᠢᠨ ᠫᠢᠩ ᠪᠠᠰᠠ ᠤᠯᠠᠨ ᠲᠠᠯᠠᠪᠤᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠠᠢ᠃ ᠡᠭᠦᠨ ᠢᠶᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠭᠦᠨᠵᠡᠭᠡᠶᠢᠷᠡᠨ ᠠᠬᠢᠪᠠ᠃      2015 ᠣᠨ ᠤ ᠤᠯᠤᠰ ᠤᠨ ᠪᠠᠶᠠᠷ ᠠᠴᠠ ᠡᠮᠤᠨ᠎ᠠ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ 5 ᠥᠪᠡᠷᠲᠡᠭᠡᠨ ᠵᠠᠰᠠᠬᠤ ᠣᠷᠣᠨ ᠤ 13 ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠲᠥᠯᠥᠭᠡᠯᠡᠭᠴᠢ ᠶᠢ ᠪᠡᠭᠡᠵᠢᠩ ᠳᠤ ᠤᠷᠢᠵᠤ ᠤᠯᠤᠰ ᠤᠨ ᠪᠠᠶᠠᠷ ᠢ ᠪᠡᠯᠬᠡᠯᠡᠬᠦ ᠠᠵᠢᠯᠯᠠᠭ᠎ᠠ ᠳᠤ ᠣᠷᠣᠯᠴᠠᠭᠤᠯᠪᠠ᠃      9 ᠰᠠᠷ᠎ᠠ ᠶᠢᠨ 30 ᠤ ᠡᠳᠦᠷ᠂ ᠲᠦᠯᠦᠬᠡᠯᠡᠭᠴᠢᠳ ᠲᠠᠢ ᠠᠭᠤᠯᠵᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠤᠨ ᠰᠢᠭ ᠪᠦᠯᠬᠦᠮᠳᠠᠵᠤ᠂ ᠰᠡᠳᠬᠢᠯ ᠵᠢᠷᠤᠭᠡ ᠪᠠᠨ ᠬᠤᠯᠪᠤᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠪᠣᠯ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠪᠤᠯᠬᠤ ᠪᠦᠭᠡᠳ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠬᠠᠷᠠᠯᠳᠡ ᠪᠤᠯᠤᠨ᠎ᠠ︾ ᠬᠡᠪᠡ᠃      ︽ᠮᠠᠨ ᠤ ᠤᠯᠤᠰ ᠤᠨ 56 ᠦᠨᠳᠦᠰᠦᠲᠡᠨ ᠪᠣᠯ ᠴᠥᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠡᠷᠬᠡ ᠲᠡᠭᠰᠢ ᠪᠦᠷᠢᠯᠳᠦᠬᠦᠨ ᠪᠤᠯᠤᠨ᠎ᠠ᠂ ᠬᠡᠨ ᠨᠢ ᠭᠡᠨ ᠠᠴᠠ ᠪᠠᠨ ᠰᠠᠯᠵᠤ ᠴᠢᠳᠠᠬᠤ ᠦᠭᠡᠶ ᠪᠠᠶᠢᠬᠤ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠬᠠᠮᠳᠤ ᠪᠠᠷ ᠪᠦᠷᠢᠯᠳᠦᠭᠦᠯᠦᠭᠰᠡᠨ ᠶᠤᠮ︾ ᠬᠡᠵᠤ ᠲᠤᠳᠤᠷᠬᠠᠢ ᠵᠢᠭᠠᠵᠤ ᠭᠠᠷᠭᠠᠵᠡᠢ᠃      ᠲᠡᠦᠬᠡ ᠶᠢᠨ ᠲᠣᠬᠢᠶᠠᠯᠳᠤᠯ ᠳᠤ ᠲᠡᠦᠬᠡ ᠶᠢᠨ ᠵᠠᠶᠢᠯᠠᠰᠢ ᠦᠭᠡᠢ ᠴᠢᠨᠠᠷ ᠠᠭᠤᠯᠤᠭᠳᠠᠵᠤ ᠪᠠᠶᠢᠳᠠᠭ᠃ 66 ᠵᠢᠯ ᠤᠨ ᠡᠮᠦᠨᠡᠬᠢ ᠡᠨᠡ ᠬᠦ ᠡᠳᠦᠷ — 1949 ᠣᠨ ᠤ 9 ᠰᠠᠷ᠎ᠠ ᠶᠢᠨ 30 ᠤ ᠡᠳᠦᠷ᠂ ᠲᠤᠮᠳᠡᠳᠦ ᠤᠯᠦᠰ ᠤᠨ ᠠᠷᠡᠦᠠ ᠤᠨ ᠤᠯᠦᠰ ᠲᠦᠷᠦ ᠶᠢᠨ ᠵᠦᠪᠯᠡᠯᠭᠡᠨ ᠳᠡᠭᠡᠷ᠎ᠡ᠂ 36 ᠴᠥᠭᠡᠨ ᠲᠣᠭᠠᠲᠤ ᠦᠨᠳᠦᠰᠦᠲᠡᠨ ᠤ ᠲᠦᠯᠦᠬᠡᠯᠡᠭᠴᠢ ᠰᠢᠨ᠎ᠡ ᠳᠤᠮᠳᠠᠳᠤ ᠤᠯᠤᠰ ᠢ ᠴᠢᠩ ᠰᠡᠳᠬᠢᠯ ᠠᠴᠠ ᠪᠠᠨ ᠮᠡᠳᠡᠷᠡᠵᠦ ᠪᠠᠶᠢᠬᠤ ᠪᠠ ᠬᠦᠰᠡᠨ ᠪᠠᠷᠠᠯᠠᠵᠤ ᠪᠠᠶᠢᠬᠤ ᠤᠷᠬᠢᠯᠤᠮ᠎ᠠ ᠬᠠᠯᠠᠭᠤᠨ ᠰᠡᠳᠬᠢᠯᠭᠡ ᠪᠠᠨ ᠢᠯᠡᠳᠬᠡᠵᠡᠶ᠄      ︽ᠮᠠᠨ ᠤ ᠴᠥᠭᠡᠨ ᠲᠣᠭᠠᠲᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠡᠳᠦᠨ ᠵᠠᠭᠤᠨ ᠵᠢᠯ ᠤᠨ ᠲᠤᠷᠰᠢ ᠴᠢᠰᠤ ᠤᠷᠤᠰᠬᠠᠨ ᠲᠡᠮᠡᠴᠡᠵᠤ ᠣᠯᠤᠭᠰᠠᠨ ᠬᠠᠷᠠᠯᠲᠠ ᠥᠨᠥᠳᠦᠷ ᠡᠴᠦᠰ ᠲᠡᠭᠡᠨ ᠪᠡᠶᠡᠯᠡᠭᠳᠡᠯ᠎ᠡ᠁ ᠮᠠᠨ ᠤ ᠴᠥᠭᠡᠨ ᠲᠣᠭᠠᠲᠤ ᠦᠨᠳᠦᠰᠦᠲᠡᠨ ᠨᠦᠭᠦᠳ ᠪᠠ ᠪᠦᠬᠦ᠋ᠢᠯᠡ ᠳᠤᠮᠳᠠᠳᠤ ᠤᠯᠤᠰ ᠤᠨ ᠠᠷᠠᠳ ᠲᠦᠮᠡᠨ ᠤ ᠭᠡᠭᠡᠨ ᠰᠠᠷᠠᠭᠤᠯ ᠵᠤᠯ ᠵᠢᠷᠭᠠᠯᠲᠤ ᠢᠷᠡᠭᠡᠳᠦᠶ ᠶᠢ ᠬᠠᠷᠠᠭᠠᠳ᠂ ᠪᠢᠳᠠ ᠮᠠᠰᠢ ᠤᠮᠤᠭᠰᠢᠨ ᠵᠤᠷᠢᠬᠵᠢᠵᠤ ᠪᠠᠭ᠋ᠠᠳᠤᠵᠤ ᠪᠠᠶᠢᠨ᠎ᠠ︕︾      ᠠᠷᠠᠳ ᠤᠨ ᠰᠡᠳᠬᠢᠯ ᠤᠨ ᠬᠠᠨᠳᠤᠰᠢ ᠠᠨᠤ ᠭᠠᠭᠴᠡ ᠬᠦ ᠶᠤᠰᠤ ᠵᠢᠷᠤᠮ ᠳᠤᠷ ᠠᠮᠤᠢ᠃ ᠦᠨᠳᠦᠰᠦᠲᠡᠨ ᠤ ᠲᠤᠰᠠᠭᠠᠷ ᠲᠣᠭᠲᠠᠨᠢᠯ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠠᠭᠤᠤ ᠶᠡᠭᠡ ᠲᠡᠮᠡᠴᠡᠯ ᠳᠤᠮᠳᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠨᠢᠭᠡᠳᠴᠤ᠂ ᠬᠠᠮᠲᠤ ᠴᠣᠭᠴᠠ ᠶᠢᠨ ᠤᠬᠠᠮᠰᠠᠷ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠳᠤᠮᠳᠠᠳᠤ ᠶᠢᠨ ᠦᠨᠳᠦᠰᠦᠲᠡᠨ ᠤᠬᠠᠮᠰᠠᠷᠠᠭᠠᠳᠤᠢ ᠪᠠᠶᠢᠭᠰᠠᠨ ᠠᠴᠠ ᠤᠬᠠᠮᠰᠠᠷ ᠲᠠᠢ ᠪᠤᠯᠤᠭᠰᠠᠨ ᠠᠭᠤᠤ ᠶᠡᠭᠡ ᠬᠤᠪᠢᠷᠠᠯᠳᠡ ᠶᠢ ᠪᠡᠶᠡᠯᠡᠭᠦᠯᠪᠡ᠃      ᠦᠵᠡᠯ ᠰᠠᠨᠠᠭᠠᠨ ᠤ ᠭᠠᠯ ᠪᠠᠮᠪᠠᠷ ᠴᠣ᠋ ᠰᠢᠨ᠎ᠡ ᠴᠠᠭ ᠦᠶ᠎ᠡ ᠶᠢ ᠬᠡᠶᠢᠬᠦᠯᠦᠨ᠎ᠠ᠃      2017 ᠣᠨ ᠤ 10 ᠰᠠᠷ᠎ᠠ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠶᠢ ᠨᠠᠮ ᠤᠨ ᠲᠦᠷᠢᠮ ᠳᠤ ᠵᠢᠩᠬᠢᠨᠢ ᠪᠠᠷ ᠪᠢᠴᠢᠵᠦ ᠣᠷᠣᠭᠤᠯᠪᠠ᠃      2018 ᠣᠨ ᠤ 3 ᠰᠠᠷ᠎ᠠ ᠳᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠪᠠᠲᠤᠯᠠᠵᠤ᠂ ︽ᠳᠤᠮᠳᠠᠳᠤ ᠶᠢᠨ ᠦᠨᠳᠦᠰᠦᠲᠡᠨ︾ ᠭᠡᠬᠦ ᠦᠭᠡ ᠶᠢ ᠠᠩᠬ᠎ᠠ ᠤᠳᠠᠭ᠎ᠠ ᠤᠯᠤᠰ ᠤᠨ ᠦᠨᠳᠦᠰᠦᠪᠣᠯᠬᠤ ᠬᠠᠤᠯᠢ ᠳᠤ ᠪᠢᠴᠢᠵᠦ ᠣᠷᠣᠭᠤᠯᠪᠠ᠃      2019 ᠣᠨ ᠤ 9 ᠰᠠᠷ᠎ᠠ ᠳᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠪᠠᠰᠠ ︽ᠳᠥᠷᠪᠡᠨ ᠬᠠᠮᠲᠤ︾ ᠶᠢᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠦᠲᠦᠭᠡᠯᠴᠢ ᠴᠢᠨᠠᠷᠲᠠᠶ ᠪᠠᠷ ᠳᠤᠷᠠᠳᠤᠨ ᠭᠠᠷᠭᠠᠪᠠ —      ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠤᠶᠢᠵᠢᠭᠤᠯᠤᠭᠰᠠᠨ ᠶᠤᠮ᠃      2020 ᠣᠨ ᠤ 8 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠳᠣᠯᠣᠳᠤᠭᠠᠷ ᠤᠳᠠᠭ᠎ᠠ ᠶᠢᠨ ᠲᠥᠪᠡᠳ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠨᠴᠠᠭᠠᠶᠢᠯᠠᠨ ᠴᠢᠬᠤᠯᠠᠴᠢᠯᠠᠪᠠ᠃ ᠨᠢᠭᠡ ᠰᠠᠷ᠎ᠠ ᠶᠢᠨ ᠲᠠᠷᠠᠭ᠎ᠠ᠂ ᠭᠤᠷᠪᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠵᠡᠢ᠃      ᠤᠯᠠᠨ ᠡᠰᠢᠳᠤ ᠨᠢᠭᠡ ᠴᠣᠭᠴᠠᠵᠢᠯᠳᠠ ᠲᠡᠶᠢᠰᠢ ᠤᠷᠤᠭᠰᠢᠯᠠᠵᠤ᠂ ᠵᠥᠷᠢᠶᠡᠲᠦ ᠴᠢᠨᠠᠷ ᠢ ᠬᠦᠨᠳᠦᠳᠬᠡᠬᠦ ᠠᠴᠠ ᠨᠡᠶᠢᠲᠡᠯᠢᠭ ᠴᠢᠨᠠᠷ ᠢ ᠨᠡᠮᠡᠭᠳᠡᠭᠦᠯᠬᠦ ᠬᠦᠷᠲᠡᠯ᠎ᠡ ᠁ 56 ᠦᠨᠳᠦᠰᠦᠲᠡᠨ ᠤᠯᠠᠨ ᠡᠰᠢᠳᠤ ᠶᠢᠨ ᠳᠤᠮᠳᠠ ᠪᠦᠬᠦᠯᠢ ᠴᠣᠭᠴᠠ ᠶᠢ ᠴᠣᠭᠴᠠᠯᠠᠵᠤ᠂ ᠪᠦᠬᠦᠯᠢ ᠴᠣᠭᠴᠠ ᠶᠢᠨ ᠳᠤᠮᠳᠠ ᠦᠩᠭᠡ ᠪᠦᠷᠢ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ ᠬᠠᠮᠳᠤ ᠪᠠᠷ ᠳᠤᠮᠳᠠᠳᠤ ᠶᠢᠨ ᠦᠨᠳᠦᠰᠦᠲᠡᠨ ᠤ ᠲᠤᠭ ᠤᠨ ᠳᠣᠣᠷ᠎ᠠ ᠨᠢᠭᠳᠠᠷᠠᠨ᠂ ᠳᠤᠮᠳᠠᠳᠤ ᠶᠢᠨ ᠦᠨᠳᠦᠰᠦᠲᠡᠨ ᠤ ᠪᠠᠭᠲᠠᠭᠠᠮᠵᠢᠲᠤ ᠴᠢᠨᠠᠷ ᠢᠶᠠᠷ ᠨᠡᠩ ᠴᠢᠩᠭ᠎ᠠ᠂ ᠨᠢᠭᠲᠠᠷᠠᠯ ᠤᠨ ᠬᠦᠴᠦᠨ ᠢᠶᠠᠷ ᠨᠡᠩ ᠶᠡᠭᠡ ᠬᠤᠪᠢ ᠵᠠᠶᠠᠭᠠᠨ ᠤ ᠬᠠᠮᠲᠤ ᠴᠣᠭᠴᠠ ᠲᠡᠶᠢᠰᠢ ᠤᠷᠤᠭᠰᠢᠯᠠᠬᠤ ᠶᠢ ᠠᠬᠢᠭᠤᠯᠪᠠ᠃      ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠪᠣᠯ ᠤᠯᠤᠰ ᠤᠷᠤᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠤ ᠰᠦᠭ ᠰᠦᠨᠡᠰᠦ ᠮᠥᠨ᠃      ᠨᠠᠮ ᠪᠠᠶᠢᠭᠤᠯᠤᠬᠳᠠᠬᠰᠠᠨ ᠵᠠᠭᠤᠨ ᠵᠢᠯ ᠤᠨ ᠣᠶ ᠳᠤ ᠲᠣᠬᠢᠶᠠᠯᠳᠤᠭᠤᠯᠤᠨ᠂ ᠡᠨᠡ ᠵᠢᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠨᠢᠭᠡᠨᠲᠡ ᠦᠨᠳᠦᠰᠦᠲᠡᠨ ᠤ ᠣᠷᠣᠨ ᠳᠤ ᠳᠥᠷᠪᠠᠨᠲᠡ ᠬᠦᠷᠴᠦ ᠰᠢᠨᠵᠢᠯᠡᠨ ᠪᠠᠶᠢᠴᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠪᠠ ᠦᠶᠯᠡᠳᠦᠯᠭᠡ ᠶᠢᠨ ᠪᠠᠶᠠᠯᠢᠭ ᠠᠭᠤᠯᠤᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠥᠷᠭᠡᠳᠬᠡᠨ᠎ᠠ —      ᠭᠦᠢᠵᠧᠦ ᠳᠤ᠂ ︽ᠳᠤᠮᠳᠠᠳᠤ ᠶᠢᠨ ᠦᠨᠳᠦᠰᠦᠲᠡᠨ ᠪᠣᠯ ᠲᠤᠮᠤ ᠭᠡᠷ ᠪᠦᠯᠢ ᠮᠥᠨ᠂ ᠲᠠᠪᠢᠨ ᠵᠢᠷᠭᠤᠭᠠᠨ ᠦᠨᠳᠦᠰᠦᠲᠡᠨ ᠲᠠᠪᠢᠨ ᠵᠢᠷᠭᠤᠭᠠᠨ ᠪᠠᠭᠴᠠ ᠴᠡᠴᠡᠭ ᠮᠡᠳᠦ︾ ᠭᠡᠵᠦ ᠴᠢᠬᠤᠯᠠᠴᠢᠯᠠᠪᠠ︔ ᠭᠤᠸᠠᠩᠰᠢ ᠳᠤ       ᠤᠴᠢᠭᠠᠳ᠂ ︽ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ︾ ᠭᠡᠵᠦ ᠵᠢᠭᠠᠵᠤ ᠭᠠᠷᠭᠠᠪᠠ︔ ᠬᠥᠬᠡᠨᠠᠭᠤᠷ ᠲᠤ ᠬᠦᠷᠦᠭᠡᠳ ︽ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ︾ ᠭᠡᠵᠤ ᠱᠠᠭᠠᠷᠳᠠᠪᠠ︔ ᠲᠥᠪᠡᠳ ᠲᠤ ᠤᠴᠢᠭᠠᠳ ︽ᠪᠢᠳᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠮᠥᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠬᠡᠷᠡᠭᠲᠡᠢ︾ ᠭᠡᠵᠤ ᠵᠢᠭᠠᠵᠤ ᠭᠠᠷᠭᠠᠪᠠ ᠁      ᠴᠠᠩ ᠠᠨ ᠵᠡᠭᠡᠯᠢ ᠶᠢᠨ ᠬᠤᠶᠢᠲᠤ ᠲᠠᠯ᠎ᠠ ᠳᠠᠬᠢ ᠦᠨᠳᠦᠰᠦᠲᠡᠨ ᠤ ᠰᠣᠶᠣᠯ ᠤᠨ ᠣᠷᠳᠣᠨ ᠳᠤ ᠨᠢᠭᠡᠨ ᠬᠤᠪᠣᠷ ᠨᠠᠨᠳᠢᠨ ᠦᠵᠡᠮᠦᠷᠢ ᠶᠢᠨ ᠡᠳ᠋ ᠬᠠᠳᠠᠭᠠᠯᠠᠵᠤ ᠪᠠᠶᠢᠳᠠᠭ᠃ ᠲᠡᠷᠡ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠲᠣᠮᠣ ᠬᠡᠯᠪᠡᠷᠢ ᠶᠢᠨ ᠠᠮᠵᠢᠯᠲᠠ ᠪᠦᠲᠦᠮᠵᠢ ᠶᠢᠨ ᠦᠵᠡᠰᠬᠦᠯᠡᠩ ᠳᠤ ᠳᠡᠯᠭᠡᠭᠳᠡᠬᠦ ᠦᠶᠡᠰ ᠲᠤ ᠶᠡᠷᠦᠩᠬᠡᠶ ᠱᠦᠵᠢ ᠰᠢ ᠶᠢᠨ ᠫᠢᠩ ᠤᠨ ᠠᠩᠬᠠᠷᠤᠯ ᠢ ᠲᠠᠲᠠᠬᠰᠠᠨ ᠶᠤᠮ᠃      ᠡᠨᠡ ᠪᠣᠯ ᠨᠢᠭᠡ ᠲᠣᠮᠣ ᠬᠡᠯᠪᠡᠷᠢ ᠶᠢᠨ ᠮᠥᠩᠭᠦᠨ ᠰᠡᠶᠢᠯᠦᠮᠠᠯ ᠬᠠᠯᠬᠠᠪᠴᠢ ᠪᠤᠯᠤᠨ᠎ᠠ᠃ ᠬᠠᠯᠬᠠᠪᠴᠢ ᠨᠢ ᠮᠢᠩᠭᠠᠨ ᠣᠨ ᠤ ᠤᠯᠠᠮᠵᠢᠯᠠᠯᠳᠤ ᠰᠡᠶᠢᠯᠪᠦᠷᠢ ᠶᠢᠨ ᠠᠷᠭ᠎ᠠ ᠪᠠᠷ 56 ᠦᠨᠳᠦᠰᠦᠲᠡᠨ ᠤ 112 ᠬᠥᠮᠦᠨ ᠤ ᠳᠦᠷᠢ ᠶᠢ ᠠᠮᠢᠳᠤ ᠳᠦᠷᠰᠦᠯᠢᠭ ᠵᠢᠷᠤᠭᠯᠠᠭᠰᠠᠨ ᠶᠤᠮ᠃ ᠲᠡᠳᠡ ᠲᠢᠶᠠᠨ ᠠᠨ ᠮᠧᠨ ᠤ ᠡᠮᠦᠨ᠎ᠡ ᠭᠠᠷ ᠭᠠᠷ ᠢᠶᠠᠨ ᠬᠤᠯᠪᠣᠨ᠂ ᠮᠥᠷᠥ ᠵᠡᠷᠭᠡᠴᠡᠨ ᠵᠤᠬᠰᠤᠵᠤ᠂ ᠲᠦᠷᠪᠡᠨ ᠲᠠᠯ᠎ᠠ ᠪᠠᠷ ᠨᠢ ᠵᠦᠮᠤᠯᠠᠩᠮᠠ ᠤᠷᠬᠢᠯ᠂ ᠺᠦᠨᠯᠦ᠋ᠨ ᠠᠭᠤᠯᠠ ᠰᠡᠭᠦ᠋ᠢᠨ ᠰᠦᠨᠳᠡᠷᠯᠡᠵᠤ᠂ ᠡᠭᠦᠯᠡ ᠵᠡᠷᠭᠡᠯᠡᠭᠡᠨ ᠳᠤ ᠰᠦᠮᠡᠯᠵᠡᠬᠦ ᠭᠤᠷᠪᠠᠨ ᠠᠭᠤᠯᠠ ᠲᠠᠪᠤᠨ ᠬᠠᠶᠢᠷᠬᠠᠨ᠂ ᠠᠯᠤᠰ ᠲᠤ ᠦᠷᠭᠦᠯᠵᠢᠯᠡᠭᠰᠡᠨ ᠲᠦᠮᠡᠨ ᠭᠠᠵᠠᠷ ᠤᠨ ᠤᠷᠳᠤ ᠴᠠᠭᠠᠨ ᠬᠡᠷᠡᠮ᠂ ᠲᠤᠯᠬᠢᠶᠠᠯᠠᠨ ᠤᠷᠤᠰᠬᠤ ᠬᠥᠬᠡᠮᠥ᠋ᠷᠡᠨ ᠬᠠᠳᠤᠨ ᠭᠤᠣᠯ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠰᠦᠷᠯᠢᠭ ᠰᠠᠶᠢᠬᠠᠨ ᠦᠩᠭᠡ ᠦᠵᠡᠮᠵᠢ ᠶᠢ ᠢᠯᠡᠷᠡᠭᠦᠯᠪᠡ᠃      ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ — ᠮᠥᠩᠭᠦᠨ ᠰᠡᠶᠢᠯᠦᠮᠠᠯ ᠬᠠᠯᠬᠠᠪᠴᠢ ᠶᠢᠨ ᠭᠤᠤᠯ ᠰᠡᠳᠦᠪ ᠪᠣᠯ ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠲᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠤᠨ᠎ᠠ᠃      ᠲᠦᠪ ᠶᠤᠰᠤᠨ ᠤ ᠠᠶᠠᠯᠠᠯ      ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠵᠥᠪ ᠴᠢᠭᠯᠡᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠶᠠᠪᠤᠬᠤ ᠲᠤᠳᠤᠮ ᠰᠠᠷᠠᠭᠤᠯ ᠳᠠᠷᠳᠠᠩ ᠪᠣᠯᠭᠠᠨ᠎ᠠ      ᠲᠦᠷᠦ ᠶᠢ ᠵᠠᠰᠠᠵᠤ ᠵᠠᠰᠠᠭ ᠪᠡᠷᠢᠬᠤ ᠶᠡᠭᠡ ᠲᠠᠯ᠎ᠠ ᠳᠤ᠂ ᠦᠨᠳᠦᠰᠦᠲᠡᠨ ᠤ ᠠᠵᠢᠯ ᠴᠢᠬᠤᠯᠠ ᠪᠠᠶᠢᠷᠢ ᠶᠢ ᠡᠵᠡᠯᠡᠵᠦ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠳᠥᠷᠪᠡᠳᠦᠭᠡᠷ ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ᠂ 2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠲᠥᠪᠯᠡᠷᠡᠩᠭᠦᠢ ᠪᠠᠶᠢᠴᠠᠭᠠᠨ ᠰᠤᠳᠤᠯᠤᠯᠲᠠ ᠬᠢᠵᠦ᠂ ᠲᠠᠬᠢᠨ ᠳᠠᠪᠲᠠᠨ ᠰᠣᠨᠣᠰᠴᠤ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠪᠤᠳᠤᠯ ᠰᠠᠨᠠᠯ ᠢ ᠨᠠᠷᠢᠨ ᠬᠢᠨᠠᠮᠠᠭᠠᠢ ᠪᠣᠳᠣᠯᠬᠢᠯᠠᠪᠠ —      ᠥᠪᠥᠷ ᠮᠣᠩᠭᠤᠯ᠂ ᠰᠢᠨᠵᠢᠶᠠᠩ ᠵᠡᠷᠭᠡ ᠭᠠᠵᠠᠷ ᠲᠤ ᠬᠦᠷᠴᠦ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠦᠶᠵᠧᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠶᠠᠷᠢᠯᠴᠠᠬᠤ ᠬᠤᠷᠠᠯ ᠳᠤ ᠣᠷᠣᠯᠴᠠᠪᠠ ᠁      ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠡᠨᠡ ᠤᠳᠠᠭ᠎ᠠ ᠶᠢᠨ ᠴᠢᠬᠤᠯᠠ ᠬᠤᠷᠠᠯ ᠳᠡᠭᠡᠷ᠎ᠡ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠠᠩᠬ᠎ᠠ ᠤᠳᠠᠭ᠎ᠠ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃      ᠡᠨᠡ ᠬᠦ ᠵᠥᠪ ᠵᠠᠮ ᠨᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠶᠢ ᠭᠦᠨᠵᠡᠭᠡᠢ ᠢᠯᠡᠷᠡᠭᠦᠯᠦᠭᠰᠡᠨ ᠶᠤᠮ —      ᠦᠨᠳᠦᠰᠦᠲᠡᠨ ᠤ ᠠᠵᠢᠯ ᠢ ᠰᠠᠶᠢᠲᠤᠷ ᠬᠢᠵᠦ ᠴᠢᠳᠠᠬᠤ ᠡᠰᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ ᠪᠣᠯ ᠨᠠᠮ ᠤᠨ ᠤᠳᠤᠷᠢᠳᠤᠯᠭ᠎ᠠ ᠪᠠᠲᠤ ᠴᠢᠩᠭ᠎ᠠ ᠬᠦᠴᠦᠨ ᠲᠠᠢ ᠪᠠᠶᠢᠬᠤ ᠡᠰᠡᠬᠦ ᠶᠠᠪᠤᠳᠠᠯ ᠪᠣᠯᠤᠨ᠎ᠠ᠃      ᠶᠡᠷᠦᠩᠬᠡᠢ ᠱᠦᠵᠢ ᠰᠢ ᠶᠢᠨ ᠫᠢᠩ᠄ ︽ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠰᠠᠶ᠋ᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠪᠡᠶᠡᠯᠡᠭᠦᠯᠵᠦ ᠴᠢᠳᠠᠨ᠎ᠠ᠂ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠠᠶ᠋ᠢ ᠦᠨᠳᠦᠰᠦᠲᠡᠨ ᠨᠦᠭᠦᠳ ᠢ ᠨᠢᠭᠲᠠᠷᠠᠭᠤᠯᠵᠤ᠂ ᠦᠨᠳᠦᠰᠦᠲᠡᠨ ᠨᠦᠭᠦᠳ ᠢ ᠬᠥᠭᠵᠢᠭᠦᠯᠵᠦ᠂ ᠦᠨᠳᠦᠰᠦᠲᠡᠨ ᠨᠦᠭᠦᠳ ᠢ ᠴᠡᠴᠡᠭᠯᠡᠭᠦᠯᠵᠦ ᠴᠢᠳᠠᠨ᠎ᠠ︾᠂ ︽ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ︾ ᠭᠡᠵᠦ ᠭᠦᠨᠵᠡᠭᠡᠢ ᠵᠢᠭᠠᠵᠤ ᠭᠠᠷᠭᠠᠪᠠ᠃      ︽ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠲᠤ ᠪᠠᠷᠢᠮᠲᠠᠯᠠᠳᠠᠭ ᠯᠠ ᠶᠤᠮ ᠪᠣᠯ ᠶᠠᠮᠠᠷᠪᠠ ᠤᠯᠤᠰ ᠲᠦᠷᠦ ᠶᠢᠨ ᠬᠦᠴᠦᠨ ᠴᠦ ᠭᠡᠳ ᠮᠠᠨ ᠤ ᠦᠨᠳᠦᠰᠦᠲᠡᠨ ᠤ ᠬᠠᠷᠢᠴᠠᠭ᠎ᠠ ᠶᠢ ᠵᠠᠪᠰᠠᠷᠳᠠᠭᠤᠯᠵᠤ ᠴᠢᠳᠠᠬᠤ ᠦᠭᠡᠢ᠂ ᠮᠠᠨ ᠤ ᠦᠨᠳᠦᠰᠦᠲᠡᠨ ᠤ ᠪᠦᠯᠬᠦᠮᠳᠡᠯ ᠨᠢᠭᠡᠳᠦᠯ ᠤᠯᠤᠰ ᠲᠦᠷᠦ ᠶᠢᠨ ᠲᠠᠯ᠎ᠠ ᠪᠠᠷ ᠭᠦᠢᠴᠡᠳ ᠪᠠᠲᠤᠯᠠᠭ᠎ᠠ ᠲᠠᠢ ᠪᠤᠯᠵᠤ ᠴᠢᠳᠠᠨ᠎ᠠ︾ ᠭᠡᠰᠡᠨ ᠢᠳᠡ ᠬᠦᠴᠦᠲᠡᠶ ᠦᠭᠡ ᠶᠠᠷᠢᠶ᠎ᠠ ᠨᠢ ᠦᠨᠳᠦᠰᠦᠲᠡᠨ ᠤ ᠠᠵᠢᠯ ᠢ ᠵᠥᠪ ᠵᠠᠮ ᠢᠶᠠᠷ ᠲᠠᠰᠤᠷᠠᠯᠲᠠ ᠥᠬᠡᠶ ᠤᠷᠤᠭᠰᠢᠯᠠᠭᠤᠯᠬᠤ ᠪᠣᠯᠤᠨ᠎ᠠ᠃      ᠡᠨᠡ ᠬᠦ ᠵᠥᠪ ᠵᠠᠮ ᠨᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠬᠥᠭᠵᠢᠯᠲᠡ ᠶᠢᠨ ᠴᠢᠭᠯᠡᠯ ᠢ ᠲᠣᠭᠲᠠᠭᠠᠭᠰᠠᠨ ᠶᠤᠮ —      ︽ᠤᠤᠯ ᠳᠠᠭᠠᠨ ᠬᠤᠲᠠ ᠶᠢᠨ ᠲᠣᠭᠤᠷᠢᠭ ᠮᠠᠰᠢ ᠪᠠᠭ᠎ᠠ ᠪᠠᠶᠢᠬᠰᠠᠨ᠂ ᠳᠡᠮᠡᠢ ᠬᠤᠯᠠ ᠶᠠᠪᠤᠬᠤ ᠦᠭᠡᠢ ᠪᠠᠷ ᠨᠣᠭᠤᠭ᠎ᠠ ᠶᠢᠨ ᠲᠠᠷᠢᠶᠠᠨ ᠳᠠᠭᠠᠨ ᠬᠦᠷᠴᠢᠭᠡᠳᠡᠭ᠃ ᠣᠳᠣ ᠵᠠᠮ ᠢᠶᠠᠷ ᠮᠠᠰᠢ ᠣᠯᠠᠨ ᠣᠳᠣᠬᠢᠴᠢᠯᠠᠭᠰᠠᠨ ᠥᠨᠳᠥᠷ ᠠᠰᠠᠷ ᠰᠦᠨᠳᠡᠷᠯᠡᠵᠤ᠂ ᠤᠯᠠᠮ ᠠᠴᠠ ᠤᠯᠠᠮ ᠶᠡᠭᠡ ᠬᠤᠲᠠ ᠶᠢᠨ ᠬᠡᠪ ᠨᠠᠮᠪᠠ ᠲᠠᠢ ᠪᠣᠯᠵᠠᠶ︾ ᠭᠡᠵᠤ ᠡᠨᠡ ᠵᠢᠯ ᠲᠦᠷᠦᠯ ᠰᠠᠳᠤᠨ ᠢᠶᠠᠨ ᠡᠷᠬᠢᠨ ᠦᠵᠡᠬᠦ ᠪᠠᠷ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ ᠠᠴᠠ ᠲᠦᠷᠦᠭᠰᠡᠨ ᠨᠤᠳᠤᠭ ᠥᠪᠥᠷ ᠮᠣᠩᠭᠤᠯ ᠤᠨ ᠬᠥᠬᠡᠬᠤᠲᠠ ᠶᠢᠨ ᠢᠶᠠᠨ ᠬᠤᠪᠢᠷᠠᠯᠲᠠ ᠶᠢ ᠬᠠᠷᠠᠭᠠᠳ ᠦᠪᠡᠷ ᠤᠨ ᠡᠷᠭᠡ ᠦᠭᠡᠢ ᠰᠡᠳᠬᠢᠯ ᠲᠤᠭᠳᠤᠯᠤᠨ ᠭᠡᠯᠡᠭᠰᠡᠨ ᠪᠢᠯᠡ᠃      ᠡᠨᠡ ᠪᠣᠯ ᠳᠤᠮᠳᠠᠳᠤ ᠤᠯᠤᠰ ᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠬᠤᠪᠢᠷᠠᠯᠳᠠ ᠬᠦᠭᠵᠢᠯᠳᠡ ᠶᠢᠨ ᠬᠤᠷᠢᠶᠠᠩᠭᠤᠢ ᠳᠦᠷᠰᠦ ᠪᠣᠯᠬᠤ ᠪᠥᠭᠡᠳ‌ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠠᠮᠢᠵᠢᠷᠠᠯ ᠤᠨ ᠬᠦᠴᠦᠨ ᠢ ᠴᠦ ᠪᠠᠰᠠ ᠨᠢᠭᠡ ᠲᠠᠯ᠎ᠠ ᠠᠴᠠ ᠲᠤᠰᠬᠠᠵᠤ ᠪᠠᠶᠢᠭ᠎ᠠ ᠶᠤᠮ᠃      ᠥᠩᠭᠡᠷᠡᠭᠰᠡᠨ ᠬᠡᠰᠡᠭ ᠬᠤᠭᠤᠴᠠᠭᠠᠨ ᠳᠤ᠂ ᠨᠡᠶᠢᠭᠡᠮ ᠳᠡᠭᠡᠷ᠎ᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠲᠤᠬᠠᠢ ᠠᠳᠠᠯᠢ ᠪᠤᠰᠤ ᠦᠵᠡᠯᠳᠡ ᠢᠯᠡᠷᠡᠵᠠᠢ᠃      ᠡᠭᠦᠨ ᠳᠤ ᠶᠡᠷᠦᠩᠬᠡᠢ ᠱᠦᠵᠢ ᠰᠢ ᠶᠢᠨ ᠫᠢᠩ᠄ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠨᠢ ᠮᠠᠨ ᠤ ᠤᠯᠤᠰ ᠤᠨ ᠤᠯᠤᠰ ᠤᠨ ᠪᠠᠶᠢᠳᠠᠯ ᠲᠠᠢ ᠨᠡᠶᠢᠴᠡᠵᠦ᠂ ᠤᠯᠤᠰ ᠣᠷᠣᠨ ᠤ ᠨᠢᠭᠡᠳᠦᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ᠦᠨᠳᠦᠰᠦᠲᠡᠨ ᠤ ᠡᠷᠬᠡ ᠲᠡᠭᠰᠢ ᠪᠦᠯᠬᠦᠮᠳᠡᠯ ᠢ ᠴᠢᠩᠭᠠᠳᠬᠠᠬᠤ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠵᠡᠷᠭᠡ ᠲᠠᠯ᠎ᠠ ᠪᠠᠷ ᠴᠥᠮ ᠴᠢᠬᠤᠯᠠ ᠦᠢᠯᠡᠳᠦᠯ ᠦᠵᠡᠭᠦᠯᠪᠡ︾ ᠭᠡᠵᠦ ᠳᠤᠳᠤᠷᠬᠠᠢ ᠵᠢᠭᠠᠵᠦ ᠭᠠᠷᠭᠠᠪᠠ᠃      ᠪᠠᠷᠢᠮᠲᠠᠯᠠᠬᠤ ᠶᠢᠨ ᠳᠤᠮᠳᠠ ᠬᠥᠭᠵᠢᠭᠦᠯᠵᠦ᠂ ᠬᠥᠭᠵᠢᠭᠦᠯᠬᠦ ᠶᠢᠨ ᠳᠤᠮᠳᠠ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠤᠯᠤᠭᠰᠠᠨ ᠪᠠᠶᠢᠭᠤᠯᠤᠯ ᠤᠨ ᠰᠢᠨ᠎ᠡ ᠶᠢ ᠡᠭᠦᠳᠦᠭᠰᠡᠨ ᠠᠭᠤᠤ ᠶᠡᠭᠡ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠨᠢ ᠲᠠᠰᠤᠷᠠᠯᠲᠠ ᠥᠬᠡᠶ ᠬᠥᠭᠵᠢᠨ ᠲᠡᠭᠦᠯᠳᠡᠷᠵᠢᠬᠦ ᠶᠠᠪᠤᠴᠠ ᠳᠤᠮᠳᠠ ᠪᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠲᠤ ᠨᠠᠩ ᠴᠤᠭ ᠪᠠᠳᠠᠷᠠᠩᠭᠤᠶ ᠬᠥᠳᠡᠯᠭᠡᠬᠦ ᠬᠦᠴᠦᠨ ᠨᠡᠮᠡᠷᠢᠯᠡᠪᠡ᠃      ᠡᠨᠡ ᠬᠦ ᠵᠥᠪ ᠤᠨᠤᠪᠴᠢᠳᠠᠢ ᠵᠠᠮ ᠨᠢ ᠡᠬᠡ ᠤᠯᠤᠰ ᠤᠨ ᠨᠢᠭᠡᠳᠦᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠦᠴᠦᠲᠡᠢ ᠬᠠᠮᠠᠭᠠᠯᠠᠪᠠ —      2021 ᠣᠨ ᠤ 6 ᠰᠠᠷ᠎ᠠ ᠶᠢᠨ 29 ᠤ ᠡᠳᠦᠷ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ᠃      ᠲᠥᠪᠡᠳ ᠤᠨ ᠯᠦᠩᠽᠢ ᠰᠢᠶᠠᠨ ᠤ ᠢᠦᠢ ᠮᠠᠢ ᠰᠢᠶᠠᠩ ᠤᠨ ᠵᠦᠸᠧ ᠭᠠ ᠳᠣᠭᠳᠣᠯᠤᠭᠰᠠᠨ ᠰᠡᠳᠬᠢᠯᠭᠡ ᠪᠠᠨ ᠳᠠᠷᠤᠵᠦ ᠶᠠᠳᠠᠨ ᠭᠠᠪᠢᠶᠠᠨ ᠳᠡᠮᠳᠡᠭ ᠣᠯᠭᠤᠬᠤ ᠲᠠᠶᠢᠰᠠᠨ ᠳᠤ ᠭᠠᠷᠴᠤ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠡᠭᠦᠨ ᠳᠤ ᠣᠯᠭᠤᠭᠰᠠ ︽ᠳᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠳᠡᠮᠳᠡᠭ︾ ᠢ ᠲᠤᠰᠴᠦ ᠠᠪᠤᠪᠠ᠃      33 ᠵᠢᠯ ᠤᠨ ᠡᠮᠦᠨ᠎ᠡ᠂ ᠵᠦᠸᠧ ᠭᠠ ᠢᠦᠢ ᠮᠠᠢ ᠰᠢᠶᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠬᠡ ᠤᠯᠤᠰ ᠤᠨ ᠢᠶᠠᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠶᠢᠨ ᠲᠥᠯᠥᠭᠡ ᠬᠢᠯᠢ ᠴᠠᠭᠳᠠᠬᠤ ᠠᠶᠠᠨ ᠢᠶᠠᠨ ᠬᠦᠬᠡᠬᠡᠵᠦ ᠪᠠᠶᠢᠯ᠎ᠠ᠃ ᠵᠠᠷᠢᠮ ᠳᠠᠭᠠᠨ ᠵᠠᠮᠨᠠᠭᠠᠳ ᠶᠠᠳᠠᠷᠠᠬᠤ ᠦᠶᠡᠰ᠂ ᠵᠦᠸᠧ ᠭᠠ ᠴᠠᠰᠤᠲᠤ ᠠᠭᠤᠯᠠ ᠶᠢ ᠪᠠᠷᠠᠯᠠᠵᠤ᠂ ᠠᠪᠤ ᠶᠢᠨ ᠢᠶᠠᠨ ᠥᠪᠡᠷ ᠤᠨ ᠭᠠᠷ ᠢᠶᠠᠷ ᠢᠶᠠᠨ ᠤᠶᠤᠭᠰᠠᠨ ᠲᠡᠷᠡᠬᠦ ᠲᠠᠪᠤᠨ ᠣᠳᠣᠲᠤ ᠤᠯᠠᠭᠠᠨ ᠲᠤᠭ ᠢᠶᠠᠨ ᠨᠠᠨᠳᠢᠩᠨᠠᠨ ᠡᠷᠭᠦᠵᠦ ᠲᠡᠭᠦᠨ ᠳᠤ᠄ ︽ᠢᠦᠢ ᠮᠠᠢ ᠪᠤᠯ ᠮᠠᠨ ᠤ ᠲᠦᠷᠦᠭᠰᠡᠨ ᠨᠤᠳᠤᠭ᠂ ᠳᠤᠮᠳᠠᠳᠤ ᠤᠯᠤᠰ ᠪᠤᠯ ᠮᠠᠨ ᠤ ᠡᠭᠡ ᠤᠯᠤᠰ︾ ᠭᠡᠵᠦ ᠬᠡᠯᠡᠵᠦ ᠪᠠᠶᠢᠭᠰᠠᠨ ᠢ ᠨᠢ ᠡᠷᠬᠢᠴᠡᠬᠦᠯᠦᠨ᠎ᠡ᠃      ᠵᠦᠸᠧ ᠭᠠ ᠭᠡᠷ ᠤᠨ ᠬᠥᠮᠦᠰ ᠲᠠᠢ ᠪᠠᠨ ᠬᠠᠮᠳᠦ ᠬᠢᠯᠢ ᠰᠠᠬᠢᠭᠰᠠᠨ ᠦᠢᠯᠡ ᠠᠵᠢᠯᠯᠠᠭ᠎ᠠ ᠨᠢ ᠤᠯᠤᠰ ᠳᠠᠶᠠᠭᠠᠷ ᠢ ᠳᠣᠭᠳᠣᠯᠤᠭᠤᠯᠪᠠ᠃ ᠣᠳᠣᠬᠠᠨ ᠳᠤ᠂ ᠢᠦᠢ ᠮᠠᠢ ᠰᠢᠶᠠᠩ ᠤᠯᠤᠰ ᠤᠨ ᠬᠦᠴᠦᠲᠡᠢ ᠳᠡᠮᠵᠢᠯᠭᠡ ᠳᠣᠣᠷ᠎ᠠ ᠨᠢᠭᠡᠨᠲᠡ ᠨᠢᠭᠡ ᠰᠢᠶᠠᠩ ᠬᠤᠶᠠᠷ ᠲᠣᠰᠬᠤᠨ ᠤ ᠴᠢᠨᠡᠭᠡᠯᠢᠭ ᠰᠢᠶᠠᠩ ᠪᠠᠯᠭᠠᠰᠤ ᠪᠤᠯᠵᠦ᠂ ᠰᠠᠭᠤᠭᠠᠯᠢ ᠠᠷᠠᠳ ᠨᠢ 3 ᠬᠥᠮᠦᠨ ᠪᠠᠶᠢᠭᠰᠠᠨ ᠠᠴᠠ ᠪᠠᠨ 200 ᠭᠠᠷᠤᠢ ᠬᠥᠮᠦᠨ ᠪᠣᠯᠤᠨ ᠨᠡᠮᠡᠭᠳᠡᠵᠡᠢ᠂ ᠲᠠᠳᠠ ᠬᠢᠯᠢ ᠬᠢᠵᠠᠭᠠᠷ ᠤᠷᠤᠨ ᠳᠤ ᠠᠵᠢᠯᠯᠠᠵᠤ ᠠᠮᠢᠳᠤᠷᠠᠨ᠂ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠦᠷᠭᠦᠯᠵᠢᠯᠡᠨ ᠰᠡᠳᠬᠢᠯ ᠬᠥᠳᠡᠯᠭᠡᠮ᠎ᠡ ᠥᠯᠢᠭᠡᠷ ᠢ ᠪᠢᠴᠢᠭᠯᠡᠵᠦ ᠪᠠᠶᠢᠨ᠎ᠠ᠃      ᠮᠠᠨ ᠤ ᠤᠯᠤᠰ ᠤᠨ ᠬᠢᠯᠢ ᠬᠢᠵᠠᠭᠠᠷ ᠣᠷᠣᠨ ᠤ ᠣᠯᠠᠩᠬᠢ ᠨᠢ ᠦᠨᠳᠦᠰᠦᠲᠡᠨ ᠤ ᠭᠠᠵᠠᠷ ᠣᠷᠣᠨ ᠪᠠᠶᠢᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠬᠢᠯᠢ ᠬᠢᠵᠠᠭᠠᠷ ᠤᠨ ᠠᠮᠤᠷ ᠲᠣᠭᠲᠠᠭᠤᠨ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ᠄ ︽ᠬᠢᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠢᠯᠢ ᠬᠢᠵᠠᠭᠠᠷ ᠲᠤ ᠦᠨᠳᠦᠰᠦᠯᠡᠵᠦ᠂ ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠨᠤᠲᠤᠭ ᠤᠷᠤᠨ ᠢᠶᠠᠨ ᠪᠦᠳᠦᠭᠡᠨ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ︾ ᠭᠡᠵᠦ ᠤᠯᠠᠨᠳᠠ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠤᠷ᠎ᠠ᠂ ᠣᠶᠢᠷ᠎ᠠ ᠶᠢᠨ ᠵᠢᠯ ᠳᠤ ᠬᠢᠯᠢ ᠬᠢᠵᠠᠭᠠᠷ ᠣᠷᠣᠨ ᠢ ᠬᠥᠭᠵᠢᠭᠦᠯᠤᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠨᠳᠦᠰᠦᠲᠡᠨ ᠤ ᠭᠠᠵᠠᠷ ᠣᠷᠣᠨ ᠳᠤ ᠥᠷᠭᠡᠨ ᠢᠶᠠᠷ ᠬᠡᠷᠡᠭᠵᠢᠭᠦᠯᠵᠦ᠂ ᠬᠢᠯᠢ ᠶᠢᠨ ᠠᠷᠠᠳ ᠤᠨ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠶᠡᠭᠡ ᠪᠠᠷ ᠰᠠᠶᠢᠵᠢᠷᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢᠯᠡᠳᠲᠡ ᠴᠢᠩᠭᠠᠷᠠᠪᠠ᠃ ᠭᠤᠶᠣ ᠰᠠᠶᠢᠬᠠᠨ ᠣᠷᠴᠢᠨ ᠲᠣᠭᠤᠷᠢᠨ ᠪᠥᠬᠦᠶ ᠴᠢᠨᠡᠭᠡᠯᠢᠭ ᠲᠣᠰᠬᠤᠨ ᠨᠤᠭᠤᠳ ᠡᠬᠡ ᠣᠷᠣᠨ ᠤ ᠬᠢᠯᠢ ᠶᠢᠨ ᠱᠤᠭᠤᠮ ᠢ ᠴᠢᠮᠡᠨ ᠭᠡᠷᠡᠯᠲᠦᠭᠦᠯᠵᠦ᠂ ᠠᠷᠢᠭᠤᠨ ᠳᠠᠷᠬᠠᠨ ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ ᠪᠠᠶᠢᠨ᠎ᠠ᠃      ᠡᠨᠡ ᠬᠦ ᠵᠥᠪ ᠤᠨᠤᠪᠴᠢᠳᠠᠢ ᠵᠠᠮ ᠨᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠳᠤᠮᠳᠠᠳᠤ ᠶᠢᠨ ᠰᠣᠶᠣᠯ ᠤᠨ ᠲᠤᠬᠠᠢ ᠴᠢᠩᠭ᠎ᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ —      ︽ᠦᠭᠡ ᠬᠡᠯᠡ ᠨᠡᠪᠳᠡᠷᠡᠪᠡᠯ ᠰᠠᠶ᠋ᠢ ᠰᠣᠶᠣᠯ ᠨᠡᠪᠳᠡᠷᠡᠵᠤ ᠴᠢᠳᠠᠨ᠎ᠠ᠂ ᠰᠣᠶᠣᠯ ᠨᠡᠪᠲᠡᠷᠡᠪᠡᠯ ᠰᠠᠶ᠋ᠢ ᠰᠡᠳᠬᠢᠯ ᠨᠡᠪᠲᠡᠷᠡᠯᠴᠡᠨ᠎ᠡ︾ ᠡᠨᠡ ᠪᠣᠯ ᠰᠢᠨᠵᠢᠶᠠᠩ ᠤᠨ ᠦᠱᠢ ᠰᠢᠶᠠᠨ ᠤ ᠢᠮᠠᠮᠦ᠋ ᠪᠠᠯᠭᠠᠰᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠵᠠᠬᠢᠷᠤᠯ ᠺᠦᠷᠪᠠᠨ·ᠨᠢᠶᠠᠽᠢ ᠶᠢᠨ ᠪᠠᠭᠰᠢ ᠰᠤᠷᠤᠭᠴᠢᠳ ᠲᠤ ᠪᠠᠨ ᠦᠷᠭᠦᠯᠵᠢ ᠬᠡᠯᠡᠳᠡᠭ ᠦᠭᠡ ᠪᠣᠯᠤᠨ᠎ᠠ᠃      ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠣᠭᠤᠷᠢᠨ ᠦᠵᠡᠬᠦ ᠪᠦᠯᠬᠦᠮ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠡᠨᠡ ᠵᠢᠯ ᠺᠦᠷᠪᠠᠨ · ᠨᠢᠶᠠᠽᠢ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 500 ᠭᠠᠷᠤᠢ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠲᠠᠢ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠡᠷᠭᠡ ᠠᠵᠢᠯᠯᠠᠭ᠎ᠠ ᠳᠤ ᠣᠷᠣᠯᠴᠠᠪᠠ᠃      ᠤᠯᠠᠨ ᠵᠢᠯ ᠤᠨ ᠡᠮᠦᠨ᠎ᠡ᠂ ᠺᠦᠷᠪᠠᠨ·ᠨᠢᠶᠠᠽᠢ ᠪᠦᠬᠦ ᠬᠠᠳᠠᠭᠠᠯᠠᠮᠵᠢ ᠪᠠᠨ ᠭᠠᠷᠭᠠᠵᠤ᠂ ᠰᠢᠨᠵᠢᠶᠠᠩ ᠤᠨ ᠡᠮᠦᠨᠡᠲᠦ ᠬᠡᠰᠡᠭ ᠤᠨ ᠬᠥᠳᠡᠭᠡ ᠲᠣᠰᠬᠤᠨ ᠳᠤ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢ ᠪᠠᠶᠢᠭᠤᠯᠵᠤ᠂ ᠤᠯᠤᠰ ᠤᠨ ᠤᠤᠷ ᠰᠤᠶᠤᠯ ᠤᠨ ᠬᠢᠴᠢᠶᠡᠯ ᠤᠨ ᠲᠠᠩᠬᠢᠮ ᠢ ᠨᠡᠭᠡᠭᠡᠵᠦ᠂ ᠳᠤᠮᠳᠠᠳᠤ ᠶᠢᠨ ᠰᠣᠶᠣᠯ ᠢ ᠤᠯᠠᠮᠵᠢᠯᠠᠪᠠ᠃      ︽ᠳᠤᠰᠤᠯ ᠤᠰᠤ ᠳᠠᠯᠠᠢ ᠳᠤ ᠴᠢᠳᠬᠤᠪᠠᠯ ᠰᠠᠶ᠋ᠢ ᠥᠨᠢᠳᠡ ᠶᠢᠨ ᠠᠮᠢ ᠨᠠᠰᠤ ᠶᠢ ᠣᠯᠵᠤ ᠴᠢᠳᠠᠨ᠎ᠠ᠂ ᠨᠢᠭᠡ ᠦᠨᠳᠦᠰᠦᠲᠡᠨ ᠭᠠᠭᠴᠠ ᠬᠦ ᠡᠬᠡ ᠤᠯᠤᠰ ᠤᠨ ᠶᠡᠭᠡ ᠭᠡᠷ ᠪᠦᠯᠢ ᠳᠤ ᠠᠭᠤᠰᠤᠯᠴᠠᠪᠠᠯ ᠰᠠᠶ᠋ᠢ ᠥᠨᠢᠳᠡ ᠶᠢᠨ ᠬᠥᠭᠵᠢᠯᠲᠡ ᠶᠢ ᠣᠯᠵᠤ ᠴᠢᠳᠠᠨ᠎ᠠ᠃ ᠪᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠭᠴᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠳᠦᠯᠭᠡᠵᠢᠭᠦᠯᠦᠭᠴᠢ ᠶᠢᠨ ᠬᠤᠪᠢ ᠪᠠᠷ ᠦᠷᠬᠦᠯᠵᠢᠯᠡᠨ ᠰᠢᠮᠳᠡᠨ ᠠᠵᠢᠯᠯᠠᠨ᠎ᠠ︾ ᠭᠡᠵᠦ ᠺᠦᠷᠪᠠᠨ· ᠨᠢᠶᠠᠽᠢ ᠡᠷᠡᠰ ᠪᠠᠲᠤ ᠬᠡᠯᠡᠪᠡ᠃      ᠶᠡᠷᠦᠩᠬᠡᠢ ᠱᠦᠵᠢ ᠰᠢ ᠶᠢᠨ ᠫᠢᠩ ᠢᠮᠠᠭᠲᠠ ᠦᠨᠳᠦᠰᠦᠲᠡᠨ ᠨᠦᠭᠦᠳ ᠤᠨ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠪᠤᠢ ᠪᠣᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠴᠢᠩᠭᠠᠳᠬᠠᠬᠤ ᠶᠢᠨ ᠠᠯᠤᠰ ᠬᠡᠳᠦ ᠶᠢᠨ ᠪᠠ ᠦᠨᠳᠦᠰᠦᠨ ᠵᠦᠢᠯ ᠪᠣᠯ ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠤᠬᠴᠠᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠢᠳᠡᠪᠬᠢᠲᠡᠢ ᠬᠥᠮᠦᠵᠢᠭᠦᠯᠬᠦ ᠶᠠᠪᠤᠳᠠᠯ ᠪᠣᠯᠤᠨ᠎ᠠ︾ ᠭᠡᠵᠦ ᠵᠢᠭᠠᠵᠤ ᠭᠠᠷᠭᠠᠪᠠ᠃      ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠤᠶᠢᠵᠢᠭᠤᠯᠵᠤ᠂ ᠵᠠᠯᠭᠠᠮᠵᠢᠯᠠᠵᠤ᠂ ᠬᠥᠭᠵᠢᠭᠦᠯᠦᠭᠰᠡᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠨᠢᠭᠡᠨᠲᠡ ᠳᠤᠮᠳᠠᠳᠤ ᠶᠢᠨ ᠬᠥᠪᠡᠭᠦᠳ ᠥᠬᠢᠳ ᠤᠨ ᠴᠢᠰᠤ ᠪᠠ ᠰᠦᠭ ᠰᠦᠨᠡᠰᠦ ᠳᠤ ᠭᠦᠨ ᠠᠭᠤᠰᠤᠨ ᠣᠷᠣᠵᠤ᠂ ᠮᠠᠨ ᠤ ᠤᠯᠤᠰ ᠤᠨ ᠬᠥᠭᠵᠢᠯᠲᠡ ᠳᠠᠪᠰᠢᠯᠲᠠ ᠶᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠣᠯᠤᠭᠰᠠᠨ ᠪᠠᠶᠢᠨ᠎ᠠ᠃      ᠵᠠᠮ ᠴᠢᠭᠯᠡᠯ ᠢ ᠲᠣᠭᠲᠠᠭᠠᠵᠤ᠂ ᠴᠢᠭᠯᠡᠯ ᠬᠤᠪᠢ ᠵᠠᠶᠠᠭ᠎ᠠ ᠶᠢ ᠲᠣᠭᠲᠠᠭᠠᠨ᠎ᠠ᠃      ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠂ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠶᠢ ᠪᠠᠷᠢᠮᠲᠠᠯᠠᠨ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠎ᠠ᠁      ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠢᠳᠡᠷᠡᠬᠦᠨ ᠠᠯᠬᠤᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠲᠠᠰᠤᠷᠠᠯᠳᠡ ᠦᠭᠡᠢ ᠭᠦᠨᠵᠡᠭᠡᠶᠢᠷᠡᠨ᠂ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠡᠶ᠎ᠡ ᠵᠣᠬᠢᠴᠠᠩᠭᠤᠢ ᠪᠠᠷ ᠬᠥᠭᠵᠢᠵᠦ᠂ ᠨᠢᠭᠲᠠᠷᠠᠯ ᠤᠨ ᠬᠦᠴᠦᠨ᠂ ᠲᠥᠪᠯᠡᠷᠡᠯ ᠤᠨ ᠬᠦᠴᠦᠨ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ 56 ᠦᠨᠳᠦᠰᠦᠲᠡᠨ ᠢ ᠠᠴᠢᠶᠠᠯᠠᠭᠰᠠᠨ ᠳᠤᠮᠳᠠᠳᠤ ᠶᠢᠨ ᠲᠤᠮᠤ ᠬᠥᠯᠭᠡ ᠣᠩᠭᠤᠴᠠ ᠳᠠᠪᠠᠯᠭᠠᠨ ᠢ ᠵᠦᠰᠦᠨ ᠤᠷᠤᠭᠰᠢᠯᠠᠵᠤ᠂ ᠳᠠᠷᠪᠠᠭᠤᠯ ᠬᠡᠶᠢᠰᠬᠡᠨ ᠠᠯᠤᠰ ᠢ ᠵᠤᠷᠢᠨ᠎ᠠ᠃      ᠦᠢᠯᠡᠳᠦᠯᠭᠡ ᠶᠢᠨ ᠬᠦᠴᠦᠨ        ᠦᠨᠳᠦᠰᠦᠲᠡᠨ ᠨᠦᠭᠦᠳ ᠠᠨᠠᠷ ᠤᠨ ᠦᠷ᠎ᠡ ᠮᠡᠳᠦ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠪᠡ      2021 ᠣᠨ ᠤ 2 ᠰᠠᠷ᠎ᠠ ᠶᠢᠨ 25 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳ᠋ᠦᠩᠨᠡᠵᠦ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠄ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠠᠢ ᠭᠡᠵᠦ ᠲᠥᠪ ᠴᠢᠩᠭ᠎ᠠ ᠪᠠᠷ ᠲᠤᠩᠬᠠᠭᠯᠠᠪᠠ᠃      ᠮᠢᠩᠭᠠᠨ ᠣᠨ ᠤ ᠬᠦᠰᠡᠯ ᠪᠠᠷᠠᠯᠠᠯ ᠨᠢᠭᠡᠨ ᠡᠳᠦᠷ ᠪᠡᠶᠡᠯᠡᠪᠡ᠃ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠲᠦᠢᠯ ᠤᠨ ᠬᠦᠨᠳᠦ ᠪᠠᠶᠢᠭᠰᠠᠨ ᠦᠨᠳᠦᠰᠦᠲᠡᠨ ᠤ ᠭᠠᠵᠠᠷ ᠣᠷᠣᠨ ᠳᠤ ᠠᠪᠴᠤ ᠬᠡᠯᠡᠪᠡᠯ᠂ ᠢᠯᠠᠯᠲᠠ ᠶᠢᠨ ᠪᠠᠶᠠᠷ ᠪᠠᠭ᠋ᠠᠳᠤᠯ ᠨᠡᠩ ᠣᠷᠭᠢᠯᠤᠮ᠎ᠠ᠃      ᠱᠠᠩᠨᠠᠯ ᠣᠯᠭᠤᠬᠤ ᠲᠠᠶᠢᠰᠠᠨ ᠳᠤ ᠭᠠᠷᠬᠤ ᠳᠤ᠂ ᠰᠧᠴᠤᠸᠠᠨ ᠤ ᠵᠤᠤ ᠵᠢᠤᠸᠠᠢ ᠰᠢᠶᠠᠨ ᠤ ᠰᠠᠨ ᠾᠧ ᠲᠣᠰᠬᠤᠨ ᠤ ᠨᠢᠭᠡᠳᠦᠭᠡᠷ ᠱᠦᠵᠢ ᠯᠢ ᠺᠠᠢ ᠶᠡᠷᠦᠩᠬᠡᠢ ᠱᠦᠵᠢ ᠳᠤ᠄ ︽ᠨᠤᠲᠤᠭ ᠤᠨ ᠠᠬ᠎ᠠ ᠳᠡᠭᠦᠦ ᠨᠡᠷ ᠲᠠᠨ ᠢ ᠮᠠᠰᠢ ᠳᠤᠷᠠᠰᠤᠨ ᠰᠠᠨᠠᠭᠠᠯᠵᠠᠵᠤ ᠪᠠᠶᠢᠨ᠎ᠠ᠂ ᠨᠠᠳᠠ ᠪᠠᠷ ᠲᠠᠨ ᠳᠤ ︿ᠺᠠᠱᠠᠱᠠ ︵ᠪᠠᠶᠠᠷᠯᠠᠯ᠎ᠠ ᠭᠡᠰᠡᠨ ᠦᠬᠡ︶﹀ ᠶᠢ ᠳᠠᠬᠢᠨᠲᠠ ᠳᠠᠮᠵᠢᠭᠤᠯᠬᠤ ᠶᠢ ᠨᠠᠶᠢᠳᠠᠭᠰᠠᠨ︾ ᠬᠡᠵᠦ ᠰᠡᠳᠬᠢᠯ ᠳᠣᠭᠳᠣᠯᠤᠨ ᠶᠠᠷᠢᠪᠠ᠃      ︽ᠺᠠᠱᠠᠱᠠ︕︾ ᠭᠡᠵᠦ ᠶᠡᠷᠦᠩᠬᠡᠢ ᠱᠦᠵᠢ ᠰᠢ ᠶᠢᠨ ᠫᠢᠩ ᠪᠠᠶᠠᠰᠤᠨ ᠬᠠᠷᠢᠭᠤᠯᠬᠤ ᠶᠢᠨ ᠬᠠᠮᠲᠤ᠂ ︽ᠭᠤᠷᠪᠠᠨ ᠭᠤᠣᠯ ᠲᠣᠰᠬᠤᠨ ᠪᠣᠯ ᠮᠠᠰᠢ ᠨᠡᠶᠢᠲᠡᠯᠢᠭ ᠵᠢᠱᠢᠶ᠎ᠡ ᠮᠥᠨ᠂ ᠶᠠᠳᠠᠭᠤ ᠠᠴᠠ ᠠᠩᠭᠢᠵᠢᠷᠠᠬᠤ ᠨᠢ ᠲᠡᠶᠢᠮᠦ ᠬᠢᠯᠪᠠᠷ ᠪᠢᠰᠢ ᠶᠤᠮ︾ ᠭᠡᠵᠦ ᠵᠤᠷᠢᠭᠵᠢᠭᠤᠯᠤᠨ ᠶᠠᠷᠢᠵᠠᠢ᠃      2018 ᠣᠨ ᠤ ᠴᠠᠭᠠᠨ ᠰᠠᠷ᠎ᠠ ᠠᠴᠠ ᠡᠮᠦᠨᠡᠬᠡᠨ᠂ ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠢ ᠦᠨᠳᠦᠰᠦᠲᠡᠨ ᠤ ᠶᠠᠳᠠᠭᠤ ᠬᠦᠴᠢᠷᠳᠡᠯᠲᠡᠢ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠣᠯᠭᠤᠭᠠᠨ ᠦᠵᠡᠪᠡ᠃ ᠥᠨᠥᠳᠦᠷ ᠤᠨ ᠰᠠᠨ ᠾᠧ ᠲᠣᠰᠬᠤᠨ ᠳᠤ᠂ ᠢ ᠦᠨᠳᠦᠰᠦᠲᠡᠨ ᠤ ᠣᠨᠴᠠᠯᠢᠭ ᠲᠠᠢ ᠰᠢᠨ᠎ᠡ ᠪᠠᠶᠢᠰᠢᠩ ᠨᠢ ᠤᠤᠯ ᠤᠨ ᠪᠦᠳᠦᠭᠦᠯᠢᠭ ᠪᠣᠭᠤᠨᠢ ᠰᠢᠪᠠᠷ ᠪᠠᠶᠢᠰᠢᠩ ᠢ ᠣᠷᠣᠯᠠᠵᠤ᠂ ᠠᠷᠠᠳ ᠤᠨ ᠠᠮᠢᠳᠤᠷᠠᠯ ᠶᠡᠬᠡᠪᠡᠷ ᠬᠤᠪᠢᠷᠠᠵᠠᠢ᠃      ᠦᠨᠳᠦᠰᠦᠲᠡᠨ ᠤ ᠭᠠᠵᠠᠷ ᠣᠷᠣᠨ ᠤ ᠴᠢᠨᠡᠭᠡᠯᠢᠭᠵᠢᠯ ᠪᠠᠶᠢᠬᠤ ᠦᠭᠡᠢ ᠪᠣᠯ ᠪᠦᠬᠦ ᠤᠯᠤᠰ ᠤᠨ ᠪᠦᠬᠦ ᠲᠠᠯ᠎ᠠ ᠶᠢᠨ ᠴᠢᠨᠡᠭᠡᠯᠢᠭᠵᠢᠯ ᠪᠠᠶᠢᠵᠤ ᠴᠢᠳᠠᠬᠤ ᠦᠭᠡᠢ᠃ ᠶᠡᠷᠦᠩᠬᠡᠢ ᠱᠦᠵᠢ ᠰᠢ ᠶᠢᠨ ᠫᠢᠩ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠴᠥᠭᠡᠨ ᠲᠣᠭᠠᠲᠤ ᠦᠨᠳᠦᠰᠦᠲᠡᠨ ᠢ ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ᠂ ᠨᠢᠭᠡ ᠶᠢ ᠴᠦ ᠬᠤᠴᠣᠷᠭᠠᠵᠤ ᠪᠣᠯᠬᠤ ᠦᠭᠡᠢ︾ ᠭᠡᠵᠦ ᠣᠯᠠᠨᠲᠠ ᠴᠢᠬᠤᠯᠠᠴᠢᠯᠠᠪᠠ᠃      ᠡᠨᠡ ᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠠᠷᠪᠠᠨ ᠬᠡᠳᠦᠨ ᠤᠳᠠᠭ᠎ᠠ ᠦᠨᠳᠦᠰᠦᠲᠡᠨ ᠤ ᠭᠠᠵᠠᠷ ᠣᠷᠣᠨ ᠳᠤ ᠭᠦᠨᠵᠡᠭᠡᠶᠢᠷᠡᠨ ᠪᠠᠶᠢᠳᠠᠯ ᠢ ᠪᠠᠶᠢᠴᠠᠭᠠᠨ ᠰᠤᠳᠤᠯᠵᠤ᠂ ᠪᠡᠶ᠎ᠡ ᠪᠠᠷ ᠢᠶᠠᠨ ᠲᠥᠯᠥᠪᠯᠡᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠵᠢᠯᠣᠭᠤᠳᠪᠠ᠃      ᠥᠨᠥᠳᠦᠷ᠂ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠲᠠᠪᠤᠨ ᠥᠪᠡᠷᠲᠡᠭᠡᠨ ᠵᠠᠰᠠᠬᠤ ᠣᠷᠣᠨ ᠪᠣᠯᠤᠨ ᠭᠦᠢᠵᠧᠦ᠂ ᠶᠦᠨᠨᠠᠨ᠂ ᠬᠥᠬᠡᠨᠠᠭᠤᠷ ᠭᠤᠷᠪᠠᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠲᠥᠪᠯᠡᠷᠡᠭᠰᠡᠨ ᠮᠤᠵᠢ ᠶᠢᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢᠶᠠᠷ ᠢᠶᠠᠨ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠶᠠᠳᠠᠭᠤ ᠠᠴᠠ ᠠᠩᠭᠢᠵᠢᠷᠠᠵᠤ᠂ ᠬᠥᠮᠦᠨ ᠠᠮᠠ ᠪᠠᠷ ᠴᠥᠭᠡᠪᠲᠦᠷ 28 ᠦᠨᠳᠦᠰᠦᠲᠡᠨ ᠪᠦᠬᠦᠨ ᠢᠶᠠᠷ ᠢᠶᠠᠨ᠂ ᠪᠦᠬᠦ ᠦᠨᠳᠦᠰᠦᠲᠡᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠬᠠᠭᠤᠳᠠᠰᠤᠨ ᠳᠤ ᠲᠡᠮᠳᠡᠭᠯᠡᠭᠳᠡᠬᠦ ᠬᠥᠮᠦᠨ ᠤ ᠶᠢᠷᠲᠢᠨᠴᠦ ᠶᠢᠨ ᠭᠠᠶᠢᠬᠠᠮᠰᠢᠭ ᠢ ᠪᠢᠴᠢᠭᠯᠡᠵᠡᠢ᠃      ᠦᠨᠳᠦᠰᠦᠲᠡᠨ ᠤ ᠠᠵᠢᠯ ᠪᠦᠬᠦ ᠲᠠᠯ᠎ᠠ ᠳᠤ ᠬᠤᠯᠪᠣᠭᠳᠠᠵᠤ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠡᠷᠦᠩᠬᠡᠢ ᠱᠦᠵᠢ ᠰᠢ ᠶᠢᠨ ᠫᠢᠩ ᠢ ᠰᠠᠨᠠᠭᠠᠰᠢᠷᠠᠭᠤᠯᠤᠭᠰᠠᠭᠠᠷ ᠢᠷᠡᠪᠡ᠃ ᠲᠡᠷᠡ ᠦᠨᠳᠦᠰᠦᠲᠡᠨ ᠤ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠦᠨᠳᠦᠰᠦᠲᠡᠨ ᠤ ᠭᠠᠵᠠᠷ ᠣᠷᠣᠨ ᠳᠤ ᠤᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠥᠷᠭᠡᠨ ᠢᠶᠠᠷ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠲᠤᠬᠠᠢ ᠶᠠᠷᠢᠯᠴᠠᠪᠠ᠃      ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠭᠠᠵᠠᠷ ᠣᠷᠣᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠦ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠡᠯ᠎ᠡ ᠲᠠᠯ᠎ᠠ ᠶᠢᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠴᠦ᠂ ᠤᠯᠠᠨ ᠲᠦᠮᠡᠨ ᠤ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠠᠢ᠃      ᠰᠡᠳᠬᠢᠴᠡ ᠪᠠᠨ ᠲᠤᠩᠭᠠᠨ ᠲᠤᠭᠳᠠᠭᠠᠵᠦ᠂ ᠰᠢᠭᠤᠷᠬᠠ‍‌ᠵᠢᠯᠠᠨ ᠤᠷᠤᠭᠰᠢᠯᠠᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠦᠨ᠎ᠠ —       ᠪᠦᠬᠦ ᠤᠯᠤᠰ ᠤᠨ ᠠᠩᠬᠠᠳᠠᠭᠴᠢ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠣᠯᠤᠭᠰᠠᠨ ᠤ ᠬᠤᠪᠢ ᠳᠤ᠂ ᠭᠦᠢᠵᠧᠦ ᠤ‍‌ᠵᠢᠷ᠎ᠠ ᠶᠢᠨ ᠵᠢᠯ ᠳᠤ ᠲᠤᠮᠤ ᠳ᠋ᠠᠶᠢᠲ᠋ᠠ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠡᠭᠦᠯᠡᠨ ᠳᠤ ᠭᠠᠷᠤᠭᠰᠠᠨ︾ ᠠᠵᠤ ᠠᠬᠤ‍‌ᠵᠢᠯᠠᠯ 2 ᠲᠦᠮᠡ ᠶᠢ ᠳᠠᠪᠠᠵᠤ᠂ ᠲᠣᠭᠠᠴᠢᠯᠠᠭᠰᠠᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ 5 ᠵᠢᠯ ᠳᠠᠷᠠᠭᠠᠯᠠᠨ ᠪᠦᠬᠦ ᠤᠯᠤᠰ ᠤᠨ ᠨᠢᠭᠡᠳᠦᠭᠡᠷ ᠲᠤ ᠤᠷᠤᠵᠠᠢ᠃      ᠬᠥᠭᠵᠢᠭᠦᠯᠬᠦ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠢᠨ ᠶᠡᠷᠦᠩᠬᠡᠶ ᠲᠦᠯᠬᠢᠭᠦᠷ ᠪᠤᠯᠤᠨ᠎ᠠ᠃ ᠤ‍‌ᠵᠢᠷ᠎ᠠ ᠶᠢᠨ ᠵᠢᠯ ᠳᠤ᠂ ᠦᠨᠳᠦᠰᠦᠲᠡᠨ ᠤ ᠭᠠᠵᠠᠷ ᠣᠷᠣᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠵᠤ᠂ ᠨᠢᠭᠡᠨ ᠬᠤᠪᠢ ᠠᠮᠵᠢᠯᠳᠠ ᠶᠢᠨ ᠬᠠᠭᠤᠳᠠᠰᠤ ᠲᠤᠰᠢᠶᠠᠪᠠ᠄      — 2020 ᠣᠨ ᠳᠤ᠂ ᠦᠨᠳᠦᠰᠦᠲᠡᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠦᠬᠦ ᠤᠯᠤᠰ ᠤᠨ 10.2% ᠢ ᠡᠵᠡᠯᠡᠵᠦ᠂ ᠬᠠᠷᠢᠴᠠᠯ ᠨᠢ ᠲᠣᠭᠲᠠᠭᠤᠨ ᠤ ᠳᠤᠮᠳᠠ ᠳᠡᠭᠡᠭᠰᠢᠯᠡᠯᠲᠡ ᠲᠠᠢ ᠪᠣᠯᠪᠠ᠂ ᠡᠭᠦᠨ ᠳᠤ ᠶᠦᠨᠨᠠᠨ᠂ ᠭᠦᠢᠵᠧᠦ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠦᠬᠦ ᠤᠯᠤᠰ ᠤᠨ ᠬᠡᠪᠴᠢᠶᠡᠨ᠎ᠡ ᠢᠯᠡᠳᠲᠡ ᠳᠡᠭᠡᠭᠰᠢᠯᠡᠬᠦ ᠬᠠᠨᠳᠤᠰᠢ ᠲᠠᠢ ᠪᠣᠯᠪᠠ︔      — ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠦᠨᠳᠦᠰᠦᠲᠡᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 6.6% ᠪᠠᠷ ᠨᠡᠮᠡᠭᠳᠡᠵᠦ᠂ ᠪᠦᠬᠦ ᠤᠯᠤᠰ ᠤᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.9 ᠬᠤᠪᠢ ᠥᠨᠳᠥᠷ ᠪᠣᠯᠪᠠ︔      — ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠦᠨᠳᠦᠰᠦᠲᠡᠨ ᠤ ᠭᠠᠵᠠᠷ ᠣᠷᠣᠨ ᠳᠤ ᠬᠤᠲᠠ ᠪᠠᠯᠭᠠᠰᠤᠨ ᠤ 1283 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠪᠦᠬᠦ ᠤᠯᠤᠰ ᠤᠨ ᠲᠠᠪᠤᠨ ᠤ ᠨᠢᠭᠡ ᠬᠤᠪᠢ ᠶᠢ ᠡᠵᠡᠯᠡᠪᠡ︔      ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠯᠪᠢᠵᠦ᠂ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠡᠩ ᠰᠠᠶᠢᠨ ᠦᠷ᠎ᠡ ᠪᠦᠲᠦᠮᠵᠢ ᠤᠯᠤᠯ᠎ᠠ᠃      ᠤᠰᠤ ᠰᠦ ᠠᠭᠤᠰᠤᠯᠴᠠᠨ᠂ ᠴᠢᠰᠤ ᠮᠢᠬᠠᠨ ᠤ ᠪᠠᠷᠢᠯᠳᠤᠯᠭ᠎ᠠ ᠲᠠᠢ ᠪᠤᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠰᠢᠨ᠎ᠡ ᠳᠦᠷᠰᠦ ᠪᠠᠶᠢᠳᠠᠯ ᠢᠯᠡᠷᠡᠵᠡᠢ —      ᠭᠤᠸᠠᠩᠰᠢ ᠶᠢᠨ ᠨᠠᠨᠨᠢᠩ ᠬᠤᠳᠠ ᠶᠢᠨ ᠴᠢᠩ ᠰᠢᠦ ᠲᠣᠭᠤᠷᠢᠭ ᠤᠨ ᠹᠧᠩ ᠯᠢᠩ ᠪᠧᠢ ᠨᠡᠶᠢᠭᠡᠮ ᠲᠣᠭᠤᠷᠢᠭ ᠤᠨ ᠦᠨᠳᠦᠰᠦᠲᠡᠨ ᠤ ᠭᠡᠷ ᠲᠤ ᠬᠦᠷᠪᠡᠯ᠂ 10 ᠭᠠᠷᠤᠢ ᠰᠠᠭᠤᠭᠠᠯᠢ ᠠᠷᠠᠳ ᠨᠡᠬᠡᠮᠡᠯ ᠤᠨ ᠮᠠᠰᠢᠨ ᠢᠶᠠᠷ ᠵᠤᠸᠠᠩ ᠦᠨᠳᠦᠰᠦᠳᠡᠨ ᠤ ᠬᠡᠮᠡᠷᠯᠢᠭ ᠦᠢᠯᠡᠳᠴᠦ ᠪᠠᠶᠢᠪᠠ᠃ ︽ᠨᠡᠶᠢᠭᠡᠮ ᠲᠣᠭᠤᠷᠢᠭ ᠤᠨ ᠬᠢᠨ ᠰᠠᠷ᠎ᠠ ᠪᠦᠷᠢ ᠬᠠᠳᠬᠤᠮᠠᠯ ᠪᠥᠮᠪᠦᠭᠡ ᠦᠢᠯᠡᠳᠬᠦ᠂ ᠲᠣᠨᠣᠯᠵᠢᠨ ᠬᠠᠳᠬᠤᠮᠠᠯ᠂ ᠴᠠᠭᠠᠰᠤᠨ ᠬᠠᠶᠢᠴᠢᠯᠠᠮᠠᠯ ᠵᠡᠷᠭᠡ ᠠᠵᠢᠯᠯᠠᠭ᠎ᠠ ᠥᠷᠨᠢᠭᠦᠯᠳᠡᠭ᠂ ᠪᠢ ᠠᠳᠡ 8 ᠵᠢᠯ ᠠᠮᠢᠳᠤᠷᠠᠵᠤ᠂ ᠠᠯᠢ ᠡᠷᠲᠡ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ ᠠᠬ᠎ᠠ ᠳᠡᠭᠦᠦ ᠨᠡᠷ ᠢ ᠭᠡᠷ ᠤᠨ ᠢᠶᠠᠨ ᠬᠥᠮᠦᠰ ᠰᠢᠭ ᠦᠵᠡᠬᠦ ᠪᠤᠯᠵᠠᠢ︾ ᠭᠡᠵᠦ ᠵᠤᠸᠠᠩ ᠦᠨᠳᠦᠰᠦᠲᠡᠨ ᠤ ᠰᠠᠭᠤᠭᠠᠯᠢ ᠠᠷᠠᠳ ᠲᠠᠨ ᠶᠠᠨ ᠴᠦᠨ ᠬᠡᠯᠡᠨ᠎ᠡ᠃      ᠵᠤᠸᠠᠩ᠂ ᠶᠣᠣ᠂ ᠢ᠂ ᠮᠢᠶᠣᠣ᠂ ᠳ᠋ᠦᠩ ᠵᠡᠷᠭᠡ 20 ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠡᠨᠡ ᠬᠦ ᠨᠡᠶᠢᠭᠡᠮ ᠲᠣᠭᠤᠷᠢᠭ ᠲᠤ ᠬᠥᠮᠦᠰ ᠡᠶ᠎ᠡ ᠵᠣᠬᠢᠴᠠᠩᠭᠤᠢ ᠪᠠᠷ ᠬᠠᠷᠢᠯᠴᠠᠨ ᠬᠠᠪᠰᠤᠷᠤᠯᠴᠠᠵᠤ᠂ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠳᠠᠭ᠃ ︽ᠵᠤᠸᠠᠩ ᠦᠨᠳᠦᠰᠦᠲᠡᠨ ᠤ ᠭᠤᠷᠪᠠᠨ ᠰᠠᠷ᠎ᠠ ᠶᠢᠨ ᠭᠤᠷᠪᠠᠨ︾ ᠢ ᠪᠠᠶᠠᠷᠯᠠᠨ ᠪᠡᠯᠭᠡᠯᠡᠬᠦ᠂ ︽ᠵᠠᠭᠤᠨ ᠠᠶᠢᠯ ᠤᠨ ᠳᠠᠶᠢᠯᠠᠯᠭ᠎ᠠ︾ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠶᠢᠷ᠎ᠠ ᠰᠡᠳᠬᠢᠯᠭᠡ ᠶᠢ ᠤᠯᠠᠮ ᠣ‍‌ᠵᠢᠷᠠᠲᠤᠭᠤᠯᠤᠨ᠂ ᠤᠯᠠᠨ ᠦᠨᠳᠦᠰᠦᠲᠡᠨ ᠬᠠᠮᠲᠤ ᠪᠠᠷ ᠰᠠᠭᠤᠷᠢᠰᠢᠨ ᠬᠠᠮᠲᠤ ᠪᠠᠷ ᠴᠡᠩᠭᠡᠯᠳᠦᠬᠦ ᠦᠵᠡᠭᠳᠡᠯ ᠢ ᠢᠯᠡᠷᠡᠭᠦᠯᠦᠯ᠎ᠡ᠃      ᠹᠧᠩ ᠯᠢᠩ ᠪᠧᠢ ᠨᠡᠶᠢᠭᠡᠮ ᠲᠣᠭᠤᠷᠢᠭ ᠪᠣᠯ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠤᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠪᠦᠬᠦ ᠤᠯᠤᠰ ᠤᠨ ᠬᠡᠪᠴᠢᠶᠡᠨ᠎ᠡ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ 960 ᠴᠤᠯᠭᠤᠷᠠᠵᠠᠢ᠃      ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠤᠳᠤᠨᠤ ᠪᠠᠶᠢᠬᠤ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠠᠨ ᠲᠠᠰᠤᠷᠠᠯᠲᠠ ᠥᠬᠡᠶ ᠭᠡᠷᠡᠯᠲᠦᠭᠦᠯᠪᠡ᠃ ᠦᠨᠳᠦᠰᠦᠲᠡᠨ ᠨᠦᠭᠦᠳ ᠥᠷᠭᠡᠨ ᠢᠶᠠᠷ ᠶᠠᠪᠤᠯᠴᠠᠨ᠂ ᠪᠦᠬᠦ ᠲᠠᠯ᠎ᠠ ᠪᠠᠷ ᠰᠣᠯᠢᠯᠴᠠᠨ᠂ ᠭᠦᠨᠵᠡᠭᠡᠶ ᠠᠭᠤᠰᠤᠯᠴᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤᠮᠤ ᠠᠯᠬᠤᠮ ᠢᠶᠠᠷ ᠤᠷᠤᠭᠰᠢᠯᠠᠨ᠎ᠠ᠃      ᠠᠳᠠᠯᠢ ᠪᠤᠰᠤ ᠶᠢ ᠪᠠᠭᠲᠠᠭᠠᠨ᠂ ᠤᠯᠠᠨ ᠡᠰᠢᠲᠦ ᠨᠢᠭᠡ ᠴᠤᠭᠴᠠᠵᠢᠯᠳᠠ ᠶᠢ ᠪᠡᠶᠡᠯᠡᠭᠦᠯᠵᠦ᠂ ᠦᠨᠳᠦᠰᠦᠲᠡᠨ ᠤ ᠰᠣᠶᠣᠯ ᠰᠢᠨ᠎ᠡ ᠠᠮᠢᠵᠢᠷᠠᠯ ᠤᠨ ᠬᠦᠴᠦᠨ ᠢ ᠢᠯᠡᠷᠡᠭᠦᠯᠪᠡ —      ᠦᠨᠳᠦᠰᠦᠲᠡᠨ ᠤ ᠬᠡᠪ ᠨᠠᠮᠪᠠ ᠪᠠ ᠭᠠᠵᠠᠷ ᠣᠷᠣᠨ ᠤ ᠢᠯᠡ ᠲᠣᠳᠣ ᠣᠨᠴᠠᠯᠢᠭ ᠲᠠᠢ ᠳᠠᠭᠤᠤ ᠪᠥᠵᠢᠭᠲᠦ ᠵᠦᠴᠦᠭᠡ᠂ ᠴᠥᠭᠡᠨ ᠲᠣᠭᠠᠲᠤ ᠦᠨᠳᠦᠰᠦᠲᠡᠨ ᠤ ᠵᠦᠴᠦᠭᠡ ᠶᠢᠨ ᠲᠦᠷᠦᠯ᠂ ᠬᠢᠲᠠᠳ ᠦᠨᠳᠦᠰᠦᠲᠡᠨ ᠤ ᠣᠷᠣᠨ ᠨᠤᠲᠤᠭ ᠤᠨ ᠵᠦᠴᠦᠭᠡ ᠶᠢᠨ ᠲᠦᠷᠦᠯ᠂ ᠶᠠᠷᠢᠶᠠᠲᠤ ᠵᠦᠴᠦᠭᠡ᠂ ᠳᠠᠭᠤᠯᠠᠯᠳᠤ ᠵᠦᠴᠦᠭᠡ ᠁ ᠨᠢᠭᠡᠨᠲᠡ ᠲᠠᠪᠤᠨ ᠬᠤᠭᠤᠴᠠᠭ᠎ᠠ ᠠᠮᠵᠢᠯᠲᠠ ᠲᠠᠢ ᠡᠷᠬᠢᠯᠡᠭᠰᠡᠨ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠰᠢᠯᠢᠳᠡᠭ ᠪᠦᠲᠦᠭᠡᠯ ᠴᠤᠯᠭᠤᠷᠠᠨ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠤᠳᠬ᠎ᠠ ᠤᠷᠠᠯᠢᠭ ᠤᠨ ᠤᠯᠠᠮᠵᠢᠯᠠᠯ ᠬᠥᠭᠵᠢᠯᠲᠡ ᠬᠢᠭᠡᠳ ᠴᠠᠭ ᠦᠶ᠎ᠡ ᠶᠢᠨ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠦᠭᠰᠡᠨ ᠪᠥᠭᠡᠳ ᠳᠤᠮᠳᠠᠳᠤ ᠶᠢᠨ ᠰᠣᠶᠣᠯ ᠳᠤ ᠴᠤ ᠦᠶ᠎ᠡ ᠶᠢᠨ ᠦᠶ᠎ᠡ ᠶᠢᠨ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠯ᠎ᠠ᠃      ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ ᠬᠠᠮᠲᠤ ᠶᠢᠨ ᠡᠳ᠋ ᠪᠠᠶᠠᠯᠢᠭ ᠪᠤᠯᠤᠨ᠎ᠠ᠃ ᠣᠳᠣᠬᠠᠨ ᠳᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ︵ᠨᠡᠷᠡᠰ ᠤᠨ ᠲᠠᠩᠰᠠ︶ ᠳᠤ ᠵᠢᠭᠰᠠᠭᠠᠭᠳᠠᠭᠰᠠᠨ ᠮᠠᠨ ᠤ ᠤᠯᠤᠰ ᠤᠨ ᠲᠦᠷᠦᠯ ᠵᠦᠢᠯ ᠤᠨ ᠳᠣᠲᠣᠷᠠᠬᠢ ᠭᠤᠷᠪᠠᠨ ᠤ ᠨᠢᠭᠡ ᠨᠢ ᠴᠦᠭᠡᠨ ᠳᠤᠭᠠᠳᠤ ᠦᠨᠳᠦᠰᠦᠳᠡᠨ ᠲᠠᠢ ᠬᠤᠯᠪᠤᠭ᠎ᠠ ᠲᠠᠢ ᠶᠤᠮ᠃      ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠠᠪᠤᠷᠠᠬᠤ᠂ ᠨᠡᠶᠢᠳᠡᠮ ᠪᠠᠶᠢᠴᠠᠭᠠᠬᠤ᠂ ᠡᠮᠬᠢᠳᠬᠡᠬᠦ᠂ ᠣᠷᠴᠢᠭᠤᠯᠬᠤ ᠪᠠ ᠰᠤᠳᠤᠯᠬᠤ ᠠᠵᠢᠯ ᠢ ᠴᠢᠩᠭᠠᠳᠬᠠᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠠᠯᠢ ᠤᠯᠠᠨ ᠭᠤᠣᠯ ᠰᠡᠳᠦᠪᠲᠦ ᠦᠵᠡᠬᠦᠯᠭᠡ ᠶᠢ ᠭᠤᠣᠯᠯᠠᠨ ᠡᠷᠬᠢᠯᠡᠪᠡ︔ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠦᠨᠳᠦᠰᠦᠲᠡᠨ ᠨᠦᠭᠦᠳ ᠤᠨ ᠳᠦᠷᠢ ᠲᠥᠷᠬᠦ ᠪᠠᠨ ᠳᠡᠯᠭᠡᠨ ᠦᠵᠡᠭᠦᠯᠬᠦ᠂ ᠰᠣᠯᠢᠯᠴᠠᠨ ᠲᠣᠯᠢᠯᠠᠬᠤ᠂ ᠬᠠᠶᠢᠷ᠎ᠠ ᠰᠡᠳᠬᠢᠯᠭᠡ ᠪᠠᠨ ᠠᠭᠤᠰᠤᠯᠴᠠᠭᠤᠯᠬᠤ ᠲᠠᠪᠴᠠᠩ ᠵᠬᠠᠩᠭᠠᠪᠠ ᠁      ᠰᠣᠶᠣᠯ ᠢᠶᠠᠷ ᠨᠠᠶᠢᠵᠠ ᠬᠤᠷᠠᠨ᠂ ᠦᠷᠢᠰᠦᠯᠳᠦᠭᠡᠨ ᠢᠶᠠᠷ ᠬᠤᠪᠢ ᠪᠠᠷᠢᠯᠳᠤᠯᠭ᠎ᠠ ᠲᠠᠢ ᠪᠤᠯᠤᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠶᠢᠨ ᠬᠠᠮᠲᠤ ᠪᠠᠰᠠ ᠳᠤᠮᠳᠠᠳᠤ ᠶᠢᠨ ᠰᠣᠶᠣᠯ ᠤᠨ ᠨᠡᠩ ᠦᠵᠡᠰᠬᠦᠯᠡᠩᠲᠦ ᠰᠠᠶᠢᠬᠠᠨ ᠴᠡᠴᠡᠭ ᠢ ᠤᠮᠳᠠᠯᠠᠨ᠎ᠠ᠃      ᠬᠥᠮᠦᠨ ᠢᠶᠠᠷ ᠦᠨᠳᠦᠰᠦ ᠪᠣᠯᠭᠠᠨ᠂ ᠠᠷᠠᠳ ᠲᠦᠮᠡᠨ ᠢ ᠳᠡᠭᠡᠳᠦᠯᠡᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠰᠢᠨ᠎ᠡ ᠦᠰᠦᠷᠦᠯᠲᠡ ᠶᠢ ᠤᠭᠲᠤᠪᠠ—      ᠠᠮᠤᠭᠤᠯᠠᠩ ᠣᠷᠣᠨ ᠰᠠᠭᠤᠴᠠ᠂ ᠤᠰᠤ ᠤᠮᠳᠠ ᠶᠢᠨ ᠠᠮᠤᠷ ᠲᠦᠪᠰᠢᠨ᠂ ᠡᠪᠡᠳᠴᠢᠨ ᠢᠶᠠᠨ ᠦᠵᠡᠭᠦᠯᠤᠨ ᠡᠮᠨᠡᠯᠭᠡ ᠳᠤ ᠰᠠᠭᠤᠬᠤ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠴᠥᠮ ᠪᠠᠲᠤᠯᠠᠭ᠎ᠠ ᠲᠠᠢ ᠪᠣᠯᠭᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠯ᠎ᠠ ᠁      ᠤ‍‌ᠵᠢᠷ᠎ᠠ ᠶᠢᠨ ᠡᠳᠦᠷ᠂ ᠶᠦᠨᠨᠠᠨ ᠮᠤᠵᠢ ᠶᠢᠨ ᠼᠠᠩ ᠶᠤᠸᠠᠨ ᠤ ᠸᠠ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠪᠠᠨ ᠬᠤᠩ ᠰᠢᠶᠠᠩ᠂ ᠪᠠᠨ ᠯᠤᠤ ᠰᠢᠶᠠᠩ ᠵᠡᠷᠭᠡ ᠬᠢᠯᠢ ᠬᠢᠵᠠᠭᠠᠷ ᠤᠨ 9 ᠲᠣᠰᠬᠤᠨ ᠤ 10 ᠠᠬᠠᠮᠠᠳ ᠨᠠᠮ ᠤᠨ ᠡᠭᠦᠷ ᠤᠨ ᠱᠦᠵᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠸᠠ ᠦᠨᠳᠦᠰᠦᠲᠡᠨ ᠤ ᠠᠷᠠᠳ ᠲᠦᠮᠡᠨ ᠤ ᠶᠠᠳᠠᠭᠤ ᠠᠴᠠ ᠠᠩᠭᠢᠵᠢᠷᠠᠵᠤ᠂ ᠰᠠᠶᠢᠨ ᠰᠠᠶᠢᠬᠠᠨ ᠠᠮᠢᠳᠤᠷᠠᠯ ᠲᠠᠢ ᠪᠣᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠦᠶ᠎ᠡ ᠶᠢᠨ ᠦᠶ᠎ᠡ ᠳᠡᠭᠡᠨ ᠡᠪ ᠬᠠᠮᠲᠤ ᠨᠠᠮ ᠢ ᠲᠠᠭᠠᠵᠤ᠂ ᠨᠤᠲᠤᠭ ᠤᠰᠤ ᠪᠠᠨ ᠨᠡᠩ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠪᠣᠯᠭᠠᠨ ᠪᠦᠳᠦᠭᠡᠨ ᠪᠠᠶᠢᠭᠤᠯᠬᠤ ᠡᠷᠡᠰ ᠪᠠᠲᠤ ᠵᠣᠷᠢᠭ ᠢᠶᠠᠨ ᠢᠯᠡᠳᠬᠡᠵᠡᠢ᠃      ︽ᠶᠠᠳᠠᠭᠤ ᠠᠴᠠ ᠠᠩᠭᠢᠵᠢᠷᠠᠭᠤᠯᠬᠤ ᠪᠣᠯ ᠵᠣᠯ ᠵᠢᠷᠭᠠᠯᠲᠤ ᠠᠮᠢᠳᠤᠷᠠᠯ ᠲᠡᠶᠢᠰᠢ ᠤᠷᠤᠭᠰᠢᠯᠠᠬᠤ ᠴᠢᠬᠤᠯᠠ ᠨᠢᠭᠡ ᠠᠯᠬᠤᠮ ᠪᠣᠯᠤᠨ᠎ᠠ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︾᠃ 2021 ᠣᠨ ᠤ 8 ᠰᠠᠷ᠎ᠠ ᠶᠢᠨ 19 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠬᠠᠮᠠᠳ ᠨᠠᠮ ᠤᠨ ᠡᠭᠦᠷ ᠤᠨ ᠱᠦᠵᠢ ᠨᠠᠷ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠰᠢᠨ᠎ᠡ ᠴᠠᠭ ᠦᠶ᠎ᠡ ᠶᠢᠨ ᠠᠸᠠ ᠶᠢᠨ ᠠᠷᠠᠳᠲᠦᠮᠡᠨ ᠤ ᠵᠣᠯ ᠵᠢᠷᠭᠠᠯ ᠤᠨ ᠳᠠᠭᠤᠤ ᠶᠢ ᠬᠠᠩᠬᠢᠨᠠᠭᠤᠯᠤᠭᠠᠷᠠᠢ ᠭᠡᠵᠦ ᠵᠣᠷᠢᠭᠵᠢᠭᠤᠯᠪᠠ᠃      ᠳ᠋ᠠ ᠯᠢᠶᠠᠩ ᠱᠠᠨ ᠠᠭᠤᠯᠠᠨ ᠳᠤᠮᠳᠠ᠂ ᠪᠠᠲᠤ ᠪᠠᠬᠢ ᠪᠤᠯᠤᠳ ᠱᠠᠳᠤ ᠨᠢ ᠰᠢᠤᠸᠠᠨ ᠶᠠ‌‍ᠲ᠋ᠣᠰᠬᠤᠨ ᠤ︽ ᠭᠠᠶᠢᠬᠠᠮᠰᠢᠭᠲᠤ ᠲᠩᠷᠢ ᠶᠢᠨ ᠵᠠᠮ︾ ᠢ ᠳᠡᠪᠢᠰᠴᠡᠢ︔ ᠶᠦᠨᠨᠠᠨ ᠤ ᠦᠨᠳᠦᠰᠦᠲᠡᠨ ᠤ ᠭᠠᠵᠠᠷ ᠣᠷᠣᠨ ᠤ ᠵᠢᠶᠠᠨ ᡁᠢ ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠵᠦ᠂ ᠨᠥᠬᠦᠴᠡᠯ ᠪᠥᠷᠢᠳᠦᠭᠰᠡᠨ ᠵᠢᠶᠠᠨ ᡁᠢ ᠲᠣᠰᠬᠤᠨ ᠳᠤ ᠠᠶᠠᠨᠴᠢᠨ ᠤ ᠲᠡᠷᠭᠡ ᠨᠡᠪᠲᠡᠷᠡᠪᠡ︔ ᠾᠧ ᠯᠠᠨ ᠱᠠᠨ ᠠᠭᠤᠯᠠᠨ ᠤ ᠬᠤᠷᠮᠣᠢ ᠳᠤ᠂ ᠵᠠᠭᠤᠨ ᠲᠦᠮᠡᠨ ᠨᠡᠭᠦᠳᠡᠯ ᠠᠷᠠᠳ ᠶᠠᠳᠠᠭᠤ ᠬᠦᠴᠢᠷᠲᠡᠯᠲᠡᠢ ᠤᠷᠴᠢᠨ ᠲᠤᠭᠤᠷᠢᠨ ᠠᠴᠠ ᠪᠠᠨ ᠰᠢᠯᠵᠢᠵᠦ ᠦᠢᠯᠡᠳᠪᠦᠷᠢᠯᠡᠯ ᠠᠮᠢᠳᠤᠷᠠᠯ ᠤᠨ ᠰᠢᠨ᠎ᠡ ᠦᠢᠯᠡᠰ ᠢᠶᠠᠨ ᠪᠤᠰᠬᠠᠯ᠎ᠠ ᠁      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠠᠯᠠᠭ᠎ᠠ᠂ ᠰᠠᠯᠠᠭ᠎ᠠ ᠨᠠᠮᠠᠭ᠎ᠠ ᠨᠢ ᠴᠤ ᠬᠠᠶᠢᠷ᠎ᠠ ᠬᠠᠯᠠᠮᠵᠢ ᠶᠢ ᠢᠯᠡᠳᠬᠡᠨ᠎ᠡ᠃ ᠨᠠᠮ ᠤᠨ ᠠᠷᠪᠠᠨ  ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠳᠤᠤᠷ᠎ᠠ᠂ ᠦᠨᠳᠦᠰᠦᠲᠡᠨ ᠤ ᠭᠠᠵᠠᠷ ᠣᠷᠣᠨ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠬᠠᠨᠳᠤᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠪᠠᠯᠠ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠪᠠ᠃      ᠥᠨᠢᠳᠡ ᠦᠷᠭᠦᠯᠵᠢᠯᠡᠨ ᠬᠥᠭᠵᠢᠵᠦ᠂ ᠡᠶ᠎ᠡ ᠵᠣᠬᠢᠴᠠᠩᠭᠤᠢ ᠬᠠᠮᠲᠤ ᠪᠠᠷ ᠣᠷᠣᠰᠢᠵᠤ᠂ ᠠᠮᠢ ᠠᠬᠤᠢ ᠶᠢᠨ ᠪᠣᠯᠪᠠᠰᠤᠨ ᠤ ᠰᠢᠨ᠎ᠡ ᠬᠠᠭᠤᠳᠠᠰᠤ ᠶᠢ ᠪᠢᠴᠢᠭᠯᠡᠨ᠎ᠡ —      ︽ᠶᠡᠷᠦᠩᠬᠡᠢ ᠱᠦᠵᠢ᠂ ᠲᠠ ᠦᠵᠡ᠂ ᠡᠨᠡ ᠪᠣᠯ ᠤ‍‌ᠵᠢᠷ᠎ᠠ ᠳᠤ ᠮᠠᠨ ᠤ ᠨᠤᠲᠤᠭ ᠲᠤ ᠰᠡᠭᠦᠳᠡᠷᠯᠡᠭᠰᠡᠨ ᠬᠡᠷᠡᠯ ᠵᠢᠷᠤᠭ ᠪᠣᠯᠤᠨ᠎ᠠ᠃︾ ᠡᠨᠡ ᠵᠢᠯ ᠤᠨ 3 ᠰᠠᠷ᠎ᠠ ᠶᠢᠨ 7 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ᠂ ᠪᠠᠭ᠎ᠠ ᠠᠴᠠ ᠪᠠᠨ ᠴᠢ ᠯᠢᠶᠠᠨ ᠱᠠᠨ ᠠᠭᠤᠯᠠᠨ ᠤ ᠬᠤᠷᠮᠣᠢ ᠳᠠᠬᠢ ᠬᠥᠬᠡᠨᠠᠭᠤᠷ ᠮᠤᠵᠢ ᠶᠢᠨ ᠮᠧᠨ ᠶᠤᠸᠠᠨ ᠰᠢᠶᠠᠨ ᠳᠤ ᠲᠦᠷᠦᠵᠦ ᠦᠰᠦᠭᠰᠡᠨ ᠺᠦᠩ ᠴᠢᠩ ᠵᠢᠤᠢ ᠲᠥᠯᠥᠭᠡᠯᠡᠭᠴᠢ ᠰᠡᠭᠦᠲᠡᠷᠯᠡᠭᠰᠡᠨ ᠬᠡᠷᠡᠯ ᠵᠢᠷᠤᠭ ᠢᠶᠠᠨ ᠭᠠᠷᠭᠠᠵᠤ᠂ ᠬᠥᠬᠡᠨᠠᠭᠤᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠰᠠᠨ ᠶᠡᠷᠦᠩᠬᠡᠢ ᠱᠦᠵᠢ ᠰᠢ ᠶᠢᠨ ᠫᠢᠩ ᠢ ᠤᠷᠢᠵᠤ ᠰᠣᠨᠢᠷᠬᠠᠭᠤᠯᠪᠠ᠃      ᠨᠢᠭᠡ ᠬᠤᠪᠢ ᠬᠡᠷᠡᠯ ᠵᠢᠷᠤᠭ ᠨᠢ ᠡᠪᠡᠰᠦᠨ ᠳᠤᠮᠳᠠᠭᠤᠷ ᠠᠯᠭᠤᠷᠬᠠᠨ ᠠᠯᠬᠤᠯᠠᠵᠦ ᠪᠠᠶᠢᠭ᠎ᠠ ᠡᠯᠡᠰᠦᠨ ᠮᠤᠤᠷ ᠤᠨ ᠵᠢᠷᠤᠭ︔ ᠨᠥᠭᠦᠭᠡ ᠨᠢᠭᠡ ᠬᠤᠪᠢ ᠨᠢ ᠮᠣᠳᠣᠨ ᠳᠤᠮᠳᠠᠭᠤᠷ ᠶᠠᠪᠤᠵᠤ ᠪᠠᠶᠢᠭ᠎ᠠ ᠴᠠᠭᠠᠨ ᠢᠷᠪᠢᠰ ᠤᠨ ᠵᠢᠷᠤᠭ ᠪᠤᠯᠤᠨ᠎ᠠ᠃ ᠤᠤᠯ ᠳᠠᠭᠠᠨ ᠴᠥᠭᠡᠨ ᠬᠠᠷᠠᠭᠳᠠᠳᠠᠭ ᠬᠤᠪᠣᠷ ᠴᠤᠬᠠᠭ ᠠᠮᠢᠲᠠᠨ ᠤ ᠲᠦᠷᠦᠯ ᠤᠳᠤ ᠳᠠᠬᠢᠨ ᠳᠠᠪᠲᠠᠨ ᠢᠯᠡᠷᠡᠵᠦ ᠪᠠᠶᠢᠨ᠎ᠠ᠃      ︽ᠡᠨᠡ ᠨᠢ ᠠᠮᠢ ᠠᠬᠤᠢ ᠶᠢᠨ ᠬᠠᠮᠠᠭᠠᠯᠠᠯᠲᠠ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠨ᠎ᠠ᠃︾ ᠶᠡᠷᠦᠩᠬᠡᠶ ᠱᠦᠵᠢ ᠰᠢ ᠶᠢᠨ ᠫᠢᠩ ᠬᠡᠷᠡᠯ ᠵᠢᠷᠤᠭ ᠢ ᠬᠠᠷᠠᠭᠠᠳ ᠪᠠᠶᠢᠨ ᠳᠠᠬᠢᠨ ᠲᠣᠯᠣᠭᠠᠶ ᠳᠣᠬᠢᠵᠤ᠂ ︽ᠤᠨᠴᠠᠭᠠ‍‌ᠵᠢᠯᠠᠨ ᠣᠯᠠᠨ ᠤ ᠠᠮᠢ ᠠᠬᠤᠶ ᠶᠢ ᠬᠠᠮᠠᠭᠠᠯᠠᠬᠤ ᠤᠬᠠᠮᠰᠠᠷ ᠴᠤ ᠴᠢᠩᠭᠠᠷᠠᠵᠤ᠂ ᠠᠮᠢ ᠠᠬᠤᠶ ᠶᠢᠨ ᠲᠣᠰ ᠪᠡᠶ᠎ᠡ ᠶᠢᠨ ᠠᠵᠤ ᠠᠬᠤᠶ ᠶᠢᠨ ᠦᠨ᠎ᠡ ᠥᠷᠲᠡᠭ ᠢ ᠣᠯᠵᠤ ᠬᠠᠷᠠᠪᠠ︾ ᠬᠡᠵᠦ ᠬᠡᠯᠡᠪᠡ᠃      ᠲᠦᠮᠡᠨ ᠪᠣᠳᠠᠰ ᠥᠪᠡᠷ ᠥᠪᠡᠷ ᠤᠨ ᠡᠪ ᠵᠦᠢ ᠪᠠᠨ ᠣᠯᠵᠤ ᠪᠠᠶᠢᠮᠠᠨᠵᠢᠨ ᠠᠮᠢᠯᠠᠨ ᠲᠤᠬᠳᠠᠨᠢᠳᠠᠭ᠃      ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ︽ᠬᠤᠶᠠᠷ ᠠᠭᠤᠯᠠ ᠶᠢᠨ ᠤᠨᠤᠯ︾ ᠢ ᠪᠠᠷᠢᠮᠲᠠᠯᠠᠵᠤ᠂ ︽ᠠᠮᠢ ᠠᠬᠤᠢ ᠪᠣᠯ ᠡᠬᠢ ᠪᠠᠶᠠᠯᠢᠭ ᠪᠠ ᠡᠳ᠋ ᠪᠠᠶᠠᠯᠢᠭ ᠮᠥᠨ᠂ ᠮᠠᠨ ᠤ ᠡᠷᠳᠡᠨᠢᠰ ᠤᠨ ᠰᠠᠩ ᠮᠥᠨ︾ ᠭᠡᠬᠦ ︽ᠡᠳ᠋ ᠪᠠᠶᠠᠯᠢᠭ ᠤᠨ ᠦᠵᠡᠯᠲᠡ︾ ᠶᠢ ᠪᠠᠲᠤ ᠰᠠᠬᠢᠵᠤ᠂ ᠤ‍‌ᠵᠢᠷ᠎ᠠ ᠶᠢᠨ ᠵᠢᠯ ᠠᠴᠠ ᠨᠠᠭᠠᠰᠢ᠂ ᠦᠨᠳᠦᠰᠦᠲᠡᠨ ᠤ ᠭᠠᠵᠠᠷ ᠣᠷᠣᠨ ᠤ ᠬᠢᠨ ︽ᠠᠮᠢ ᠠᠬᠤᠢ ᠶᠢᠨ ᠡᠪᠬᠡᠮᠡᠯ ᠵᠢᠷᠤᠭ︾ ᠢ ᠳᠠᠰᠤᠷᠠᠯᠳᠠ ᠦᠭᠡᠢ ᠵᠢᠷᠤᠭᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠠᠭᠤᠯᠠ ᠤᠰᠤ ᠪᠠᠨ ᠬᠠᠷᠠᠨ ᠨᠤᠲᠤᠭ ᠤᠰᠤ ᠪᠠᠨ ᠰᠠᠨᠠᠭᠠᠯᠵᠠᠵᠤ᠂ ᠠᠭᠠᠷ ᠨᠢ ᠴᠡᠯᠮᠡᠭ᠂ ᠠᠭᠤᠯᠠ ᠨᠢ ᠬᠥᠬᠡᠮᠳᠦᠭ᠂ ᠤᠰᠤ ᠨᠢ ᠲᠤᠩᠭᠠᠯᠠᠭ᠂ ᠬᠥᠷᠥᠰᠥ ᠨᠢ ᠠᠷᠢᠭᠤᠨ ᠪᠠᠶᠢᠬᠤ ᠣᠷᠴᠢᠨ ᠲᠤᠭᠤᠷᠢᠨ ᠳᠤ ᠠᠮᠤᠷ ᠲᠠᠶᠢᠪᠤᠩ ᠠᠵᠤ ᠲᠦᠷᠦᠭᠦ ᠶᠢ ᠪᠡᠶᠡᠯᠡᠭᠦᠯᠪᠡ᠃      ᠠᠭᠯᠠᠭ ᠠᠭᠤᠯᠠ ᠡᠯ ᠬᠠᠢ ᠨᠠᠭᠤᠷ ᠠᠴᠠ ᠥᠷᠭᠡᠨ ᠠᠭᠤᠳᠠᠮ ᠲᠠᠯ᠎ᠠ ᠨᠤᠲᠤᠭ ᠬᠦᠷᠲᠡᠯ᠎ᠡ᠂ ᠲᠩᠷᠢ ᠠᠭᠤᠯᠠ ᠶᠢᠨ ᠡᠮᠦᠨ᠎ᠡ ᠤᠮᠠᠷ᠎ᠠ ᠠᠴᠠ ᠲᠡᠯᠡᠶ ᠳᠠᠭᠠᠤ ᠵᠢᠭᠠᠰᠤ ᠠᠩᠨᠠᠬᠤ ᠲᠣᠰᠬᠤᠨ ᠬᠦᠷᠲᠡᠯ᠎ᠡ᠂ 56 ᠦᠨᠳᠦᠰᠦᠲᠡᠨ ᠶᠠᠭ ᠬᠠᠮᠲᠤ ᠪᠠᠷ ᠵᠢᠷᠭᠠᠯ ᠤᠨ ᠳᠠᠭᠤᠤ ᠪᠠᠨ ᠳᠠᠭᠤᠯᠠᠵᠤ᠂ ᠡᠨᠡᠬᠦ ᠳᠠᠭᠤᠤ ᠨᠢ ᠳᠥᠷᠪᠡᠨ ᠵᠦᠭ ᠲᠤ ᠴᠤᠤᠷᠢᠶᠠᠲᠤᠨ᠎ᠠ᠃      ᠠᠯᠤᠰ ᠬᠡᠲᠦ ᠶᠢᠨ ᠵᠠᠰᠠᠯᠲᠠ      ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠪᠠᠭᠲᠠᠭᠠᠮᠵᠢᠲᠤ ᠴᠢᠨᠠᠷ ᠢᠶᠠᠷ ᠨᠠᠩ ᠴᠢᠩᠭ᠎ᠠ᠂ ᠨᠢᠭᠲᠠᠷᠠᠯ ᠤᠨ ᠬᠦᠴᠦᠨ ᠢᠶᠠᠷ ᠨᠠᠩ ᠶᠡᠭᠡ ᠬᠤᠪᠢ ᠵᠠᠶᠠᠭᠠᠨ ᠤ ᠬᠠᠮᠲᠤ ᠴᠣᠭᠴᠠ ᠲᠡᠶᠢᠰᠢ ᠤᠷᠤᠭᠰᠢᠯᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠦᠷᠯᠢᠭ ᠰᠠᠶᠢᠬᠠᠨ ᠡᠪᠬᠡᠮᠡᠯ ᠵᠢᠷᠤᠭ ᠢ ᠬᠠᠮᠲᠤ ᠪᠠᠷ ᠵᠢᠷᠤᠭᠯᠠᠨ᠎ᠠ      ︽ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠵᠠᠮᠨᠠᠪᠠ︾︕      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠢᠳᠡ ᠬᠦᠴᠦᠲᠡᠢ ᠲᠥᠪ ᠴᠢᠩᠭ᠎ᠠ ᠲᠤᠩᠬᠠᠭᠯᠠᠯ ᠨᠢ ᠳᠤᠮᠳᠠᠳᠤ ᠶᠢᠨ ᠬᠥᠪᠡᠭᠦᠳ ᠥᠬᠢᠳ ᠤᠨ ᠤᠷᠮ᠎ᠠ ᠵᠣᠷᠢᠭ ᠢ ᠬᠥᠭᠵᠢᠭᠡᠪᠡ᠃      ᠲᠡᠦᠬᠡ ᠶᠢᠨ ᠴᠠᠭ ᠤᠨ ᠵᠡᠭᠦᠦ ᠰᠢᠨ᠎ᠡ ᠴᠠᠭ ᠦᠶ᠎ᠡ ᠶᠢ ᠵᠢᠭᠠᠨ᠎ᠠ︔ ᠠᠭᠤᠤ ᠶᠡᠭᠡ ᠬᠦᠰᠡᠯ ᠵᠡᠭᠦᠳᠦ ᠰᠢᠨ᠎ᠡ ᠠᠶᠠᠨ ᠢᠶᠠᠨ ᠡᠬᠢᠯᠡᠭᠦᠯᠦᠨ᠎ᠡ᠃      ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠠᠯᠬᠤᠮ ᠠᠯᠬᠤᠮ ᠢᠶᠠᠷ ᠠᠬᠢᠭᠤᠯᠬᠤ ᠬᠠᠷᠠᠯᠲᠠ ᠪᠠ ᠵᠠᠩᠭᠢᠯᠠᠭ᠎ᠠ ᠶᠢᠨ ᠴᠡᠭ ᠨᠢ ᠬᠤᠪᠢᠷᠠᠬᠤ ᠠᠴᠠ ᠪᠢᠰᠢ᠂ ᠬᠤᠪᠢᠷᠠᠰᠢ ᠦᠭᠡᠢ ᠨᠢ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠪᠠ ᠡᠷᠴᠢ ᠵᠣᠷᠢᠭ ᠶᠤᠮ᠃      ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠡᠵᠡᠮᠳᠡᠵᠦ᠂ ︽ᠪᠦᠳᠦᠭᠦᠪᠴᠢ ᠵᠢᠷᠤᠭ︾ ᠢ ︽ᠨᠠᠷᠢᠯᠢᠭ ᠵᠢᠷᠤᠭ︾ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠪᠠᠯ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠯᠠᠪᠲᠠᠢ ᠲᠠᠰᠤᠷᠠᠯᠳᠠ ᠦᠭᠡᠢ ᠰᠢᠨ᠎ᠡ ᠪᠠᠶᠢᠳᠠᠯ ᠢ ᠡᠭᠦᠳᠴᠦ ᠴᠢᠳᠠᠨ᠎ᠠ᠃      ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠠᠵᠠ ᠲᠣᠬᠢᠶᠠᠯ ᠢ ᠠᠮᠵᠢᠵᠤ᠂ ᠥᠷᠢᠰᠥᠯᠳᠦᠭᠡᠨ ᠳᠤ ᠰᠢᠭᠤᠳ ᠬᠠᠨᠳᠤᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ —        ᠬᠦᠬᠡᠮᠳᠦᠭ ᠠᠭᠤᠯᠨ ᠰᠦᠨᠳᠡᠷᠯᠡᠵᠦ ᠴᠡᠩᠬᠡᠭ ᠤᠰᠤ ᠮᠢᠷᠠᠯᠵᠠᠨ᠎ᠠ᠃ ᠭᠤᠸᠠᠩᠰᠢ ᠶᠢᠨ ᠰᠢᠩ ᠠᠨ ᠰᠢᠶᠠᠨ ᠤ ᠬᠤᠸᠠᠵᠢᠶᠠᠩ ᠤᠨ ᠶᠣᠣ ᠦᠨᠳᠦᠰᠦᠲᠡᠨ ᠤ ᠰᠢᠶᠠᠩ ᠤᠨ ᠲᠦᠩ ᠷᠧᠨ ᠲᠣᠰᠬᠤᠨ ᠳᠤ᠂ ᠰᠠᠯᠬᠢ ᠪᠣᠷᠣᠭᠠᠨ ᠢ ᠥᠩᠭᠡᠷᠡᠭᠡᠭᠰᠡᠨ ᠴᠦ ᠪᠠᠲᠤ ᠪᠠᠬᠢ ᠰᠡᠬᠦ᠋ᠢᠨ ᠰᠦᠨᠳᠡᠷᠯᠡᠭᠰᠡᠨ ᠬᠥᠭᠦᠷᠭᠡ ᠪᠠᠶᠢᠳᠠᠭ᠃      ᠥᠩᠭᠡᠷᠡᠭᠰᠡᠨ ᠳᠤ ᠤᠯᠠᠭᠠᠨ ᠴᠡᠷᠢᠭ ᠤᠨ ᠪᠠᠶᠢᠯᠳᠤᠭᠴᠢᠳ ᠪᠣᠯᠤᠨ ᠬᠤᠸᠠ ᠵᠢᠶᠠᠩ ᠶᠣᠣ ᠶᠢᠨ ᠠᠬ᠎ᠠ ᠳᠡᠭᠦᠦ ᠨᠡᠷ ᠤᠨ ᠬᠠᠮᠲᠤ ᠪᠠᠷ ᠪᠠᠶᠢᠭᠤᠯᠤᠭᠰᠠᠨ ᠡᠨᠡ ᠬᠦ ︽ᠤᠯᠠᠭᠠᠨ ᠴᠡᠷᠢᠭ ᠤᠨ ᠬᠥᠭᠦᠷᠭᠡ︾ ᠨᠢ ᠡᠳᠦᠭᠡ ᠠᠷᠠᠳ ᠢᠷᠭᠡᠳ ᠤᠨ ᠪᠠᠶᠠᠵᠢᠯ ᠤᠨ ᠬᠥᠭᠦᠷᠭᠡ ᠪᠣᠯᠤᠭᠰᠠᠨ ᠪᠠᠶᠢᠨ᠎ᠠ᠃ ᠵᠢᠯ ᠪᠦᠷᠢ ᠲᠤᠬᠠᠢ ᠶᠢᠨ ᠭᠠᠵᠠᠷ ᠤᠨ 100 ᠭᠠᠷᠤᠢ ᠲᠦᠮᠡᠨ ᠬᠤᠯᠤᠰᠤ ᠡᠨᠡ ᠬᠥᠭᠦᠷᠭᠡ ᠪᠠᠷ ᠳᠠᠮᠵᠢᠨ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ᠂ ᠶᠣᠣ ᠦᠨᠳᠦᠰᠦᠲᠡᠨ ᠤ ᠠᠬ᠎ᠠ ᠳᠡᠭᠦᠦ ᠨᠡᠷ ᠲᠤ ᠬᠡᠳᠦᠨ ᠮᠢᠩᠭᠠᠨ ᠲᠦᠮᠡᠨ ᠲᠥᠭᠦᠷᠢᠭ ᠤᠨ ᠣᠷᠣᠯᠭ᠎ᠠ ᠠᠪᠴᠢᠷᠠᠳᠠᠭ᠃      ᠭᠠᠭᠴᠠ ᠬᠦ ︽ᠬᠤᠷᠳᠤᠳᠬᠠᠯ︾ ᠢ ᠳᠠᠪᠠᠨ ᠭᠠᠷᠪᠠᠯ ᠰᠠᠶ᠋ᠢ ᠬᠥᠭᠵᠢᠯᠲᠡ ᠶᠢᠨ ︽ᠲᠦᠷᠭᠡᠨ ᠵᠠᠮ︾ ᠳᠤ ᠣᠷᠣᠵᠤ ᠴᠢᠳᠠᠨ᠎ᠠ᠃      ᠣᠳᠣᠬᠠᠨ ᠳᠤ ᠦᠨᠳᠦᠰᠦᠲᠡᠨ ᠤ ᠭᠠᠵᠠᠷ ᠣᠷᠣᠨ ᠳᠤ ᠪᠠᠰᠠ ᠠᠵᠤ ᠠᠬᠤᠢ ᠶᠢᠨ ᠰᠠᠭᠤᠷᠢ ᠪᠠᠭᠤᠷᠠᠢ᠂ ᠠᠵᠤ ᠦᠢᠯᠡᠰ ᠤᠨ ᠲᠡᠰ ᠳᠠᠪᠬᠤᠷᠭ᠎ᠠ ᠨᠡᠯᠢᠶᠡᠳ ᠳᠣᠣᠷ᠎ᠠ᠂ ᠴᠢᠳᠠᠪᠤᠷᠢᠲᠠᠨ ᠤ ᠲᠤᠯᠭᠠᠭᠤᠷᠢᠯᠠᠯ ᠳᠤᠲᠠᠮᠠᠭ᠂ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠡᠷᠭᠡ ᠠᠰᠠᠭᠤᠳᠠᠯ ᠣᠷᠣᠰᠢᠵᠤ᠂ ᠵᠡᠭᠦᠨ ᠬᠡᠰᠡᠭ ᠤᠨ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ᠂ ︽ᠪᠠᠶᠢᠬᠤ ᠡᠰᠡᠬᠦ︾᠂ ︽ᠰᠠᠶᠢᠨ ᠡᠰᠡᠬᠦ︾ ᠶᠢ ᠰᠢᠢᠳᠪᠦᠷᠢᠯᠡᠬᠦ ᠳᠠᠪᠬᠤᠷ ᠡᠭᠦᠷᠭᠡ ᠲᠤᠯᠭᠠᠷᠠᠵᠤ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃      ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠪᠠᠶᠢᠵᠤ᠂ ᠨᠢᠭᠡ ᠭᠡᠷ ᠤᠨ ᠬᠥᠮᠦᠰ ᠴᠥᠮ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃      ᠥᠷᠢᠰᠥᠯᠳᠦᠭᠡᠨ ᠮᠦᠷᠳᠡᠭᠡᠨ ᠪᠠᠰᠠ ᠠᠵᠠ ᠲᠣᠬᠢᠶᠠᠯ ᠮᠥᠨ᠃      ᠭᠦᠢᠵᠧᠦ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ᠂ ︽ᠲᠤᠮᠤ ᠳ᠋ᠠᠶᠢᠲ᠋ᠠ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠬᠥᠭᠵᠢᠭᠦᠯᠬᠦ ᠬᠡᠷᠡᠭᠳᠡᠢ︾ ᠭᠡᠵᠦ ᠳᠤᠷᠠᠳᠴᠠᠢ︔      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ︽ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠳᠤᠳᠠᠭᠤᠳᠠᠯ ᠲᠠᠢ ᠲᠠᠯ᠎ᠠ ᠪᠠᠨ ᠲᠡᠪᠴᠢᠨ᠂ ᠰᠢᠯᠢᠳᠡᠭ ᠢ ᠬᠥᠮᠦᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠩᠬᠠᠷᠴᠤ᠂ ᠪᠦᠬᠦ ᠬᠦᠴᠦᠨ ᠢᠶᠠᠷ ᠢᠶᠠᠨ ᠪᠦᠲᠦᠴᠡ ᠶᠢ ᠲᠤᠬᠢᠷᠠᠭᠤᠯᠵᠤ᠂ ᠴᠢᠳᠠᠮᠵᠢ ᠶᠢ ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︾ ᠭᠡᠵᠦ ᠱᠠᠭᠠᠷᠳᠠᠪᠠ︔      ᠬᠥᠬᠡᠨᠠᠭᠤᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠤᠷᠴᠢᠯ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠲᠤᠰ ᠭᠠᠵᠠᠷ ᠤᠨ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠵᠠᠢ︔      2021 ᠣᠨ ᠠᠴᠠ ᠨᠠᠭᠠᠰᠢ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠣᠷᠣ ᠲᠥᠰᠦᠪ ᠢ ᠵᠢᠷᠤᠭᠯᠠᠵᠤ᠂ ᠠᠷᠭ᠎ᠠ ᠵᠠᠮ ᠢ ᠲᠣᠳᠣᠷᠬᠠᠶᠢᠯᠠᠨ᠂ ᠦᠨᠳᠦᠰᠦᠲᠡᠨ ᠤ ᠭᠠᠵᠠᠷ ᠣᠷᠣᠨ ᠪᠣᠯᠤᠨ ᠪᠦᠬᠦ ᠤᠯᠤᠰ ᠤᠨ ᠪᠤᠰᠤᠳ ᠭᠠᠵᠠᠷ ᠣᠷᠣᠨ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃      ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠬᠡᠷᠡᠭᠲᠡᠶ —      ︽ᠬᠢᠯᠢ ᠶᠢᠨ ᠬᠥᠰᠢᠶ᠎ᠡ ᠶᠢ ᠥᠴᠦᠬᠡᠨ ᠴᠦ ᠬᠥᠳᠡᠯᠭᠡᠵᠦ ᠪᠣᠯᠬᠤ ᠥᠬᠡᠶ᠂ ᠬᠢᠯᠢ ᠬᠢᠵᠠᠭᠠᠷ ᠤᠨ ᠭᠠᠵᠠᠷ ᠰᠢᠷᠣᠶ ᠶᠢ ᠥᠴᠦᠬᠡᠨ ᠴᠦ ᠬᠠᠶᠠᠵᠤ ᠪᠣᠯᠬᠤ ᠥᠬᠡᠶ︾᠃      ᠮᠠᠨ ᠤ ᠤᠯᠤᠰ ᠤᠨ ᠪᠠᠷᠠᠭᠤᠨ ᠬᠡᠰᠡᠭ ᠤᠨ ᠬᠢᠯᠢ ᠬᠢᠵᠠᠭᠠᠷ ᠲᠤ ᠪᠠᠶᠢᠷᠢᠯᠠᠵᠤ ᠪᠠᠶᠢᠭ᠎ᠠ ᠰᠢᠨᠵᠢᠶᠠᠩ ᠤᠨ ᠦ᠋ ᠴᠢᠶᠠ ᠰᠢᠶᠠᠨ ᠤ ᠵᠢᠢ ᠭᠧᠨ ᠰᠢᠶᠠᠩ ᠳᠤ᠂ ᠬᠢᠯᠢ ᠬᠠᠮᠠᠭᠠᠯᠠᠭᠴᠢ ᠪᠤᠷᠮᠠᠬᠠᠨ· ᠮᠤᠯᠳᠤᠸᠧ ᠬᠤᠶᠠᠷ ᠬᠥᠯ ᠢᠶᠠᠷ ᠢᠶᠠᠨ ᠡᠬᠡ ᠤᠯᠤᠰ ᠤᠨ ᠬᠢᠯᠢ ᠶᠢᠨ ᠱᠤᠭᠤᠮ ᠢ ᠬᠡᠮᠵᠢᠨ᠎ᠡ᠃ ᠬᠡᠳᠦᠨ ᠠᠷᠪᠠᠨ ᠵᠢᠯ ᠤᠨ ᠲᠤᠷᠰᠢ᠂ ᠲᠡᠷᠡ ᠥᠪᠡᠷ ᠤᠨ ᠭᠠᠷ ᠢᠶᠠᠷ ᠢᠶᠠᠨ ᠫᠠᠮᠢᠷ ᠤᠨ ᠥᠨᠳᠦᠷᠯᠢᠭ ᠲᠤ 10 ᠭᠠᠷᠤᠶ ᠲᠦᠮᠡᠨ ᠬᠡᠰᠡᠭ ︽ᠳᠤᠮᠳᠠᠳᠤ ᠤᠯᠤᠰ ᠤᠨ ᠴᠢᠯᠠᠭᠤ︾ ᠶᠢ ᠰᠡᠶᠢᠯᠦᠨ ᠭᠠᠷᠭᠠᠪᠠ᠃      ᠥᠨᠥᠳᠦᠷ᠂ ᠪᠤᠷᠮᠠᠬᠠᠨ ᠤ ᠭᠤᠷᠪᠠᠨ ᠬᠥᠤ᠂ ᠬᠤᠶᠠᠷ ᠥᠬᠢᠨ ᠨᠢ ᠪᠦᠷ ᠬᠢᠯᠢ ᠬᠠᠮᠠᠭᠠᠯᠠᠭᠴᠢ᠃ ᠨᠢᠭᠡ ᠭᠡᠷ ᠢᠶᠠᠷ ᠢᠶᠠᠨ ᠬᠠᠷᠠᠮᠰᠠᠯ ᠦᠭᠡᠢ᠂ ᠨᠢᠭᠡ ᠨᠠᠰᠤ ᠪᠠᠷ ᠢᠶᠠᠨ ᠡᠬᠡ ᠤᠯᠤᠰ ᠤᠨ ᠠᠭᠤᠯᠠ ᠤᠰᠤ ᠶᠢ ᠰᠠᠬᠢᠨ ᠬᠠᠮᠠᠭᠠᠯᠠᠨ᠎ᠠ᠃      ︽ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠵᠥᠪ ᠡᠬᠡ ᠤᠷᠤᠨᠴᠢ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠨᠢ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠲᠦᠢᠯ ᠤᠨ ᠴᠢᠬᠤᠯᠠ ᠶᠤᠮ︾ ᠭᠡᠵᠦ ᠶᠡᠷᠦᠩᠬᠡᠢ ᠱᠦᠵᠢ ᠰᠢ ᠶᠢᠨ ᠫᠢᠩ ᠭᠦᠨᠵᠡᠭᠡᠢ ᠵᠢᠭᠠᠵᠤ ᠭᠠᠷᠭᠠᠪᠠ᠃      ᠦᠨᠳᠦᠰᠦᠲᠡᠨ ᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠳᠤ ᠬᠠᠮᠤᠭ ᠤᠨ ᠵᠠᠩᠭᠢᠯᠠᠭ᠎ᠠ ᠨᠢ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠠᠮᠠᠭᠠᠯᠠᠵᠤ᠂ ᠬᠠᠮᠤᠭ ᠠᠴᠠ ᠲᠤᠰᠠᠲᠠᠢ ᠨᠢ ᠬᠥᠮᠦᠰ ᠤᠨ ᠰᠡᠳᠬᠢᠯ ᠢ ᠨᠢᠭᠲᠠᠷᠠᠭᠤᠯᠬᠤ ᠳᠤ ᠪᠤᠢ᠃      ᠡᠨᠡ ᠵᠢᠯ ᠤᠨ 7 ᠰᠠᠷ᠎ᠠ ᠶᠢᠨ ᠰᠡᠭᠦᠯᠴᠢ ᠪᠠᠷ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠢ ᠪᠡᠯᠭᠡᠯᠡᠬᠦ ᠶᠣᠰᠣᠯᠠᠯ ᠤᠨ ᠳᠠᠷᠠᠭ᠎ᠠ ᠶᠡᠷᠦᠩᠬᠡᠶ ᠱᠦᠵᠢ ᠰᠢ ᠶᠢᠨ ᠫᠢᠩ ᠠᠩᠬ᠎ᠠ ᠤᠳᠠᠭ᠎ᠠ ᠣᠷᠣᠨ ᠨᠤᠲᠤᠭ ᠲᠤ ᠬᠦᠷᠴᠦ ᠠᠵᠢᠯ ᠪᠠᠶᠢᠴᠠᠭᠠᠬᠤ ᠳᠠᠭᠠᠨ ᠴᠠᠰᠤᠲᠤ ᠥᠨᠳᠦᠷᠯᠢᠭ ᠲᠤ ᠢᠷᠡᠵᠦ᠂ ᠲᠥᠪᠡᠳ ᠤᠨ ᠦᠨᠳᠦᠰᠦᠲᠡᠨ  ᠨᠦᠭᠦᠳ ᠤᠨ ᠺᠠᠳ᠋ᠷ ᠣᠯᠠᠨ ᠲᠦᠮᠡᠨ ᠢ ᠳᠣᠲᠣᠨᠣ ᠪᠠᠷ ᠡᠷᠬᠢᠨ ᠦᠵᠡᠵᠦ ᠲᠣᠬᠤᠨᠢᠭᠤᠯᠪᠠ᠃      ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠲᠤᠷᠰᠢ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︾ ᠭᠡᠵᠦ ᠤᠳᠬ᠎ᠠ ᠭᠦᠨ ᠶᠠᠷᠢᠪᠠ᠃      ᠰᠣᠶᠣᠯ ᠪᠣᠯ ᠨᠢᠭᠡ ᠦᠨᠳᠦᠰᠦᠲᠡᠨ ᠤ ᠰᠦᠭ ᠰᠦᠨᠡᠰᠦ ᠮᠥᠨ᠂ ᠰᠣᠶᠣᠯ ᠤᠨ ᠬᠠᠮᠲᠤ ᠶᠢᠨ ᠲᠠᠨᠢᠯᠲᠠ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠰᠤᠷᠪᠤᠯᠵᠢ ᠮᠥᠨ᠃ ︽ᠨᠠᠷᠢᠯᠢᠭ ᠳᠤᠰᠤᠯᠭᠠᠨ ᠤᠰᠤᠯᠠᠬᠤ ᠮᠠᠶ᠋ᠢᠭ︾ ᠤᠨ ᠤᠬᠠᠭᠤᠯᠭ᠎ᠠ ᠬᠥᠮᠦᠵᠢᠯ ᠢᠶᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠶ ᠳᠤ ᠰᠠᠭᠤᠭᠳᠠᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠬᠤ ᠦᠷ᠎ᠡ ᠯᠠᠪᠲᠠᠶ ᠳᠤᠮᠳᠠᠳᠤ ᠶᠢᠨ ᠦᠨᠳᠦᠰᠦᠲᠡᠨ ᠤ ᠪᠦᠷᠢᠯᠳᠦᠭᠦᠨ ᠨᠢᠭᠡᠪᠦᠷᠢ ᠶᠢᠨ ᠰᠡᠳᠬᠢᠯ ᠤᠨ ᠭᠦᠨ ᠳᠤ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠪᠠᠭᠲᠠᠭᠠᠮᠵᠢᠲᠤ ᠴᠢᠨᠠᠷ ᠢᠶᠠᠷ ᠨᠠᠩ ᠴᠢᠩᠭ᠎ᠠ᠂ ᠨᠢᠭᠲᠠᠷᠠᠯ ᠤᠨ ᠬᠦᠴᠦᠨ ᠢᠶᠠᠷ ᠨᠠᠩ ᠶᠡᠭᠡ ᠬᠤᠪᠢ ᠵᠠᠶᠠᠭᠠᠨ ᠤ ᠬᠠᠮᠲᠤ ᠴᠣᠭᠴᠠ ᠲᠡᠶᠢᠰᠢ ᠤᠷᠤᠭᠰᠢᠯᠠᠬᠤ ᠶᠢ ᠲᠦᠯᠬᠢᠨ ᠠᠬᠢᠭᠤᠯᠬᠤ ᠶᠤᠮ᠃      ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ᠂ ᠮᠥᠷᠥ ᠵᠡᠷᠭᠡᠴᠡᠨ ᠲᠡᠮᠡᠴᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ —      ᠨᠢᠭᠡᠨ ᠪᠤᠳᠢ ᠳᠤᠮᠳᠠᠳᠤ ᠤᠯᠤᠰ ᠤᠨ ᠲᠡᠦᠬᠡ ᠪᠣᠯ ᠳᠠᠷᠤᠢ ᠨᠢᠭᠡᠨ ᠪᠤᠳᠢ ᠦᠨᠳᠦᠰᠦᠲᠡᠨ ᠨᠦᠭᠦᠳ ᠤᠨ ᠠᠭᠤᠰᠤᠯᠴᠠᠵᠤ ᠤᠯᠠᠨ ᠡᠰᠢᠵᠢᠨ ᠨᠢᠭᠡ ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠳᠠᠷᠤᠢ ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠵᠦ ᠨᠢᠭᠡᠳᠭᠡᠭᠰᠡᠨ ᠠᠭᠤᠤ ᠶᠡᠭᠡ ᠡᠭᠡ ᠤᠯᠤᠰ ᠤᠨ ᠲᠡᠦᠬᠡ ᠮᠥᠨ᠃      ᠤᠩᠭᠤᠴᠠᠨ ᠤ ᠬᠦᠴᠤᠨ ᠳᠠᠷᠪᠠᠭᠤᠯ ᠳᠤ ᠪᠤᠢ᠂ ᠬᠦᠮᠦᠨ ᠤ ᠬᠦᠴᠦᠨ ᠰᠡᠳᠭᠢᠯ ᠳᠤ ᠪᠤᠢ᠃ ᠦᠨᠳᠦᠰᠦᠲᠡᠨ ᠤ ᠪᠦᠯᠬᠦᠮᠳᠡᠯ ᠪᠣᠯ ᠡᠴᠦᠰ ᠤᠨ ᠡᠴᠦᠰ ᠲᠡᠭᠡᠨ ᠬᠥᠮᠦᠨ ᠬᠢᠭᠡᠳ ᠬᠥᠮᠦᠨ ᠤ ᠬᠤᠭᠤᠷᠣᠨᠳᠣᠬᠢ ᠪᠦᠯᠬᠦᠮᠳᠡᠯ ᠮᠥᠨ ᠪᠣᠯᠬᠤᠷ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠬᠤ ᠴᠢᠬᠤᠯᠠᠲᠠᠶ ᠶᠤᠮ᠃      ︽ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ᠂ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠤᠳ ᠬᠠᠮᠲᠤ ᠪᠠᠷ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠶ︾ ᠭᠡᠵᠦ ᠶᠡᠷᠦᠩᠬᠡᠶ ᠱᠦᠵᠢ ᠰᠢ ᠶᠢᠨ ᠫᠢᠩ ᠲᠣᠳᠣᠷᠬᠠᠶ ᠴᠢᠬᠤᠯᠠᠴᠢᠯᠠᠭᠰᠠᠨ ᠪᠠᠶᠢᠨ᠎ᠠ᠃      ᠦᠨᠳᠦᠰᠦᠲᠡᠨ ᠤ ᠠᠵᠢᠯ ᠪᠣᠯ ᠲᠠᠯ᠎ᠠ ᠪᠦᠬᠦᠨ ᠳᠤ ᠬᠤᠯᠪᠣᠭᠳᠠᠵᠤ᠂ ᠲᠠᠯ᠎ᠠ ᠪᠦᠬᠦᠨ ᠳᠤ ᠴᠥᠮ ᠦᠨᠳᠦᠰᠦᠲᠡᠨ ᠤ ᠠᠵᠢᠯ ᠪᠠᠶᠢᠳᠠᠭ᠃      ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ ᠪᠠᠶᠢᠷᠢᠰᠢᠯ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠡᠯ᠎ᠡ ᠲᠠᠯ᠎ᠠ ᠶᠢᠨ ᠤᠶᠤᠨ ᠤᠬᠠᠭᠠᠨ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃      1949 ᠣᠨ ᠤ 9 ᠰᠠᠷ᠎ᠠ ᠶᠢᠨ 21 ᠤ ᠡᠳᠦᠷ᠂ ᠵᠦᠩ ᠨᠠᠨ ᠬᠠᠢ ᠶᠢᠨ ᠬᠤᠸᠠᠢ ᠷᠧᠨ ᠲᠠᠩ ᠳᠤ ᠲᠤᠮᠳᠡᠳᠦ ᠤᠯᠦᠰ ᠤᠨ ᠠᠷᠡᠦᠠ ᠤᠨ ᠤᠯᠦᠰ ᠲᠦᠷᠦ ᠶᠢᠨ ᠵᠦᠪᠯᠡᠯᠭᠡᠨ ᠤ ᠠᠩᠬᠠᠳᠤᠭᠠᠷ ᠬᠤᠭᠤᠴᠠᠭᠠᠨ ᠤ ᠪᠥᠬᠦᠳᠡ ᠬᠤᠷᠠᠯ ᠡᠬᠢᠯᠡᠪᠡ᠃      ︽ᠮᠠᠨ ᠤ ᠢ ᠦᠨᠳᠦᠰᠦᠲᠡᠨ ᠶᠡᠷᠦ ᠠᠴᠠ ᠳᠠᠷᠤᠯᠠᠭᠳᠠᠨ ᠳᠣᠷᠣᠮᠵᠢᠯᠠᠭᠳᠠᠭᠰᠠᠭᠠᠷ ᠢᠷᠡᠵᠡᠢ ᠁ ᠭᠡᠪᠡᠴᠦ ᠥᠨᠥᠳᠦᠷ ᠪᠢᠳᠡ ᠬᠦᠮᠦᠨ ᠪᠣᠯᠤᠭᠰᠠᠨ ᠪᠥᠭᠡᠳ ᠤᠯᠤᠰ ᠤᠨ ᠡᠵᠡᠨ ᠨᠢ ᠪᠣᠯᠵᠤ᠂ ᠳᠤᠮᠳᠠᠳᠤ ᠤᠯᠤᠰ ᠤᠨ ᠲᠡᠦᠬᠡᠨ ᠳᠤ ᠤᠷᠢᠳᠤ ᠭᠠᠷᠤᠭ᠎ᠠ ᠦᠭᠡᠢ ᠡᠨᠡ ᠶᠡᠭᠡ ᠬᠤᠷᠠᠯ ᠳᠤ ᠣᠷᠣᠯᠴᠠᠵᠠᠶ︾ ᠬᠡᠵᠦ ᠴᠥᠭᠡᠨ ᠲᠣᠭᠠᠲᠤ ᠦᠨᠳᠦᠰᠦᠲᠡᠨ ᠤ ᠲᠥᠯᠦᠭᠡᠯᠡᠭᠴᠢ ᠵᠠᠩ ᠴᠥᠩ ᠶᠡᠭᠡ ᠪᠠᠷ ᠰᠡᠳᠬᠢᠯ ᠬᠥᠳᠡᠯᠦᠨ ᠶᠠᠷᠢᠵᠤ ᠪᠠᠶᠢᠯ᠎ᠠ᠃      70 ᠭᠠᠷᠤᠢ ᠵᠢᠯ ᠤᠨ ᠳᠠᠷᠠᠭᠠᠬᠢ 2021 ᠣᠨ ᠤ 3 ᠰᠠᠷ᠎ᠠ ᠳᠤ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠬᠤᠶᠠᠳᠤᠭᠠᠷ ᠪᠦᠬᠦᠳᠡ ᠬᠤᠷᠠᠯ ᠠᠳᠡ ᠬᠤᠷᠠᠯᠳᠤᠪᠠ᠃      ᠪᠦᠬᠦ ᠤᠯᠤᠰ ᠤᠨ ᠬᠥᠮᠦᠨ ᠠᠮᠠ ᠪᠠᠷ ᠴᠥᠭᠡᠪᠲᠦᠷ 28 ᠦᠨᠳᠦᠰᠦᠲᠡᠨ ᠤ ᠨᠢᠭᠡ ᠪᠣᠯᠬᠤ ᠮᠤᠤᠨᠠᠨ ᠦᠨᠳᠦᠰᠦᠲᠡᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠭᠤᠸᠠᠩᠰᠢ ᠠᠴᠠ ᠢᠷᠡᠭᠰᠡᠨ ᠸᠧᠢ ᠵᠧᠨ ᠯᠢᠩ ᠵᠦᠪᠯᠡᠬᠦ ᠠᠷᠠᠳᠴᠢᠯᠠᠯ ᠤᠨ ᠳᠠᠶᠢᠰᠠᠨ ᠳᠤ ᠨᠤᠲᠤᠭ ᠤᠰᠤᠨ ᠤ ᠪᠠᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠭᠰᠡᠨ ᠦᠯᠢᠭᠡᠷ ᠢ ᠭᠦᠨ ᠰᠡᠳᠬᠢᠯᠭᠡ ᠲᠠᠢ ᠪᠠᠷ ᠶᠠᠷᠢᠵᠤ ᠪᠠᠶᠢᠯ᠎ᠠ᠃      ︽ᠪᠢ ᠥᠩᠭᠡᠷᠡᠭᠰᠡᠨ ᠳᠤ᠂ ᠭᠠᠶᠢᠬᠠᠮᠰᠢᠬ ᠡᠭᠦᠰᠬᠦ ᠠᠴᠠ ᠭᠠᠳᠠᠨ᠎ᠠ ᠬᠡᠷ ᠨᠤᠲᠤᠭ ᠮᠠᠨᠢ ᠬᠡᠵᠢᠶᠡᠲᠡ ᠭᠠᠳᠠᠭᠠᠳᠤ ᠶᠢᠷᠲᠢᠨᠴᠦ ᠲᠠᠢ ᠬᠠᠷᠢᠯᠴᠠᠨ ᠬᠤᠯᠪᠣᠯᠳᠤᠵᠦ ᠳᠡᠶᠢᠯᠬᠦ ᠥᠬᠡᠶ ᠬᠡᠵᠦ ᠪᠤᠳᠤᠵᠤ ᠪᠠᠶᠢᠵᠠᠢ᠂ ᠬᠡᠪᠡᠴᠤ ᠦᠨᠡᠭᠡᠷ ᠭᠠᠶᠢᠬᠠᠮᠰᠢᠬ ᠡᠭᠦᠰᠴᠡᠢ ᠁ ᠬᠡᠷ ᠭᠠᠳᠠᠨ᠎ᠠ ᠦᠭᠡᠢ ᠳ᠋ᠧᠩ ᠬᠡᠷᠡᠯᠳᠦᠵᠦ᠂ ᠵᠢᠮᠢᠰ ᠤᠨ ᠬᠦᠷᠢᠶᠡᠯᠡᠩ ᠤᠨ ᠠᠩᠬᠢᠯᠤᠮ᠎ᠠ ᠦᠨᠦᠷ ᠬᠠᠩᠬᠤᠯᠵᠤ᠂ ᠢᠯᠠᠮ᠎ᠠ ᠶᠢᠨ ᠮᠣᠳᠣ ᠢᠬᠴᠤ ᠰᠠᠬᠤᠯᠢᠬ ᠤᠷᠭᠤᠵᠤ᠂ ᠲᠤᠲᠤᠷᠭ᠎ᠠ ᠶᠢᠨ ᠦᠨᠦᠷ ᠰᠡᠩᠬᠢᠨᠡᠨ᠂ ᠳᠠᠷᠳᠠᠩ ᠵᠠᠮ ᠠᠶᠢᠯ ᠲᠣᠰᠬᠤᠨ ᠪᠣᠯᠭᠠᠨ ᠳᠤ ᠨᠡᠪᠳᠡᠷᠡᠵᠦ᠂ ᠴᠡᠪᠡᠷ ᠲᠤᠩᠭᠠᠯᠠᠭ ᠲᠦᠭᠡᠭᠡᠯ ᠤᠰᠤ ᠶᠢ ᠡᠷᠦᠬᠡ ᠪᠣᠯᠭᠠᠨ ᠳᠤ ᠣᠷᠣᠭᠤᠯᠪᠠ ᠁︾      ᠸᠧᠢ ᠵᠧᠨ ᠯᠢᠩ ᠭᠡᠰᠢᠭᠦᠨ᠄ ︽ᠢᠷᠡᠬᠦ ᠮᠠᠷᠭᠠᠰᠢ ᠶᠢᠨ ᠲᠦᠯᠦᠭᠡ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠬᠤ ᠳᠤ ᠪᠢᠳᠡ ᠢᠲᠡᠭᠡᠯ ᠳᠦᠭᠦᠷᠡᠩ ᠪᠠᠶᠢᠨ᠎ᠠ︕︾ ᠭᠡᠵᠦ ᠰᠡᠳᠬᠢᠯ ᠳᠣᠭᠳᠣᠯᠤᠨ ᠬᠡᠯᠡᠪᠡ᠃      ᠳᠡᠭᠡᠷ᠎ᠡ ᠳᠣᠣᠷᠠᠬᠢ ᠪᠠᠷ ᠢᠶᠠᠨ ᠬᠦᠰᠡᠯ ᠰᠡᠳᠭᠢᠯ‌ᠨᠢᠭᠡᠳᠬᠦ ᠶᠤᠮ ᠪᠣᠯ ᠳᠠᠷᠤᠢ ᠢᠯᠠᠯᠳᠠ ᠤᠯᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠳᠠᠷᠤᠢ ᠬᠥᠭᠵᠢᠨ ᠮᠠᠨᠳᠤᠨ᠎ᠠ᠃      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠪᠣᠯ 56 ᠦᠨᠳᠦᠰᠦᠲᠡᠨ ᠤ ᠬᠠᠮᠲᠤ ᠶᠢᠨ ᠵᠡᠭᠦᠳᠦ ᠮᠥᠨ᠂ ᠡᠴᠦᠰ ᠤᠨ ᠡᠴᠦᠰ ᠲᠡᠭᠡᠨ 56 ᠦᠨᠳᠦᠰᠦᠲᠡᠨ ᠤ ᠬᠠᠮᠲᠤ ᠶᠢᠨ ᠪᠦᠯᠬᠦᠮᠳᠡᠯ ᠲᠡᠮᠡᠴᠡᠯ ᠳᠤ ᠲᠦᠰᠢᠭᠯᠡᠨ᠎ᠡ᠃      ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠡᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢᠶᠠᠨ ᠲᠠᠰᠤᠷᠠᠯᠳᠠ ᠦᠭᠡᠢ ᠪᠠᠲᠤ ᠴᠤᠬᠴᠠᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠬᠤ ᠰᠢᠨ᠎ᠡ ᠠᠶᠠᠨ ᠵᠦᠭ ᠡᠷᠡᠮᠡᠬᠡᠶᠢᠯᠡᠨ ᠤᠷᠤᠬᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︕      ︵ᠰᠤᠷᠪᠤᠯᠵᠢᠯᠠᠭᠴᠢ ᠾᠦᠸᠧ ᠰᠢᠶᠤᠤ ᠭᠤᠸᠠᠩ ᠯᠢᠨ ᠾᠦᠢ ᠸᠠᠩ ᠴᠢ ᠱᠢ ᠵᠢᠩ ᠨᠠᠨ ᠳ᠋ᠢᠩ ᠰᠢᠶᠤᠤ ᠰᠢ ᠹᠠᠨ ᠰᠧ ᠰᠢᠶᠠᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号