ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/9/15
     ᠰᠢᠨᠬᠤᠸᠠ ᠬᠤᠷᠢᠶᠠᠨ ᠤ ᠪᠡᠭᠡᠵᠢᠩ ᠤᠨ 9  ᠰᠠᠷ᠎ᠠ ᠶᠢᠨ ᠴᠠᠬᠢᠯᠭᠠᠨ 12 ᠤᠶᠢᠢᠷ᠎ᠠ ᠳᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠤᠨ ᠪᠥᠬᠦ ᠠᠭᠤᠯᠭ᠎ᠠ ᠨᠢ ᠳᠤᠤᠷᠠᠬᠢ ᠮᠡᠲᠦ᠃      ᠠᠮᠢ ᠠᠬᠤᠢ ᠤᠷᠴᠢᠨ ᠲᠤᠭᠤᠷᠢᠨ ᠪᠣᠯ ᠨᠠᠮ ᠤᠨ ᠡᠭᠦᠷᠭᠡ ᠬᠠᠷᠢᠭᠤᠴᠠᠯᠭ᠎ᠠ ᠵᠣᠷᠢᠯᠲᠠ ᠲᠠᠢ ᠬᠤᠯᠪᠣᠭᠳᠠᠬᠤ ᠴᠢᠬᠤᠯᠠ ᠶᠡᠭᠡᠤᠯᠤᠰ ᠲᠦᠷᠦ ᠶᠢᠨ ᠠᠰᠠᠭᠤᠳᠠᠯ ᠮᠥᠨ᠂ ᠪᠠᠰᠠ ᠴᠤ ᠠᠷᠠᠳ ᠤᠨ ᠠᠮᠢᠳᠤᠷᠠᠯ ᠲᠠᠢ ᠬᠤᠯᠪᠣᠭᠳᠠᠬᠤ ᠴᠢᠬᠤᠯᠠ ᠶᠡᠭᠡ ᠨᠡᠶᠢᠭᠡᠮ ᠤᠨ ᠠᠰᠠᠭᠤᠳᠠᠯ ᠮᠥᠨ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠨᠢ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠡᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠯ᠎ᠡ ᠲᠠᠯ᠎ᠠ ᠶᠢᠨ ᠬᠢᠨ ᠤ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠤᠰᠠᠳᠠ᠂ ᠤᠳᠤ ᠳᠤᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ  ᠦᠢᠯᠡᠳᠦᠯᠭᠡᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠨᠠᠶᠢᠳᠠᠪᠤᠷᠢᠳᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ᠂ ᠲᠥᠷᠥᠯ ᠬᠤᠪᠢᠶᠠᠨ ᠨᠥᠬᠦᠪᠥᠷᠢᠯᠡᠬᠦ ᠪᠠ ᠶᠡᠷᠦᠩᠬᠡᠶᠢᠯᠡᠨ ᠨᠥᠬᠦᠪᠥᠷᠢᠯᠡᠬᠦ᠋ᠢ ᠨᠢᠭᠡᠳᠦᠯᠲᠡᠶ ᠲᠦᠯᠦᠪᠵᠢᠭᠦᠯᠬᠦ᠂ ᠭᠤᠯᠳᠤ ᠴᠢᠭᠯᠡᠯ ᠢᠶᠠᠷ ᠨᠥᠬᠦᠪᠥᠷᠢᠯᠡᠬᠦ ᠪᠠ ᠬᠥᠨᠳᠡᠯᠡᠨ ᠴᠢᠭᠯᠡᠯ ᠢᠶᠠᠷ ᠨᠥᠬᠦᠪᠥᠷᠢᠯᠡᠬᠦ ᠶᠢ ᠵᠣᠬᠢᠴᠠᠭᠤᠯᠤᠨ ᠠᠬᠢᠭᠤᠯᠬᠤ᠂ ᠵᠤᠷᠢᠭᠵᠢᠭᠤᠯᠬᠤ ᠶᠢ ᠴᠢᠩᠭᠠᠳᠬᠠᠬᠤ ᠪᠠ ᠬᠢᠵᠠᠭᠠᠷᠯᠠᠬᠤ ᠶᠢ ᠴᠢᠩᠭᠠᠷᠠᠭᠤᠯᠬᠤ ᠶᠢ ᠬᠠᠮᠵᠢᠯᠴᠠᠭᠤᠯᠤᠨ ᠬᠦᠴᠦᠯᠡᠬᠦ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠲᠦᠷᠭᠡᠪᠴᠢᠯᠡᠨ ᠪᠦᠷᠢᠨᠰᠢᠭᠦᠯᠵᠤ᠂ ᠪᠦᠬᠦ ᠨᠡᠶᠢᠭᠡᠮ ᠢᠶᠠᠷ ᠢᠶᠠᠨ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠦᠢᠯᠡ ᠠᠵᠢᠯᠯᠠᠭ᠎ᠠ ᠶᠢᠨ ᠤᠬᠠᠮᠰᠠᠷ ᠲᠠᠢ ᠪᠤᠯᠬᠤ ᠶᠢ ᠠᠬᠢᠭᠤᠯᠵᠤ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠠᠵᠢᠯ ᠢ ᠰᠠᠶᠢᠳᠤᠷ ᠬᠢᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠪᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠬᠥᠭᠵᠢᠬᠦ ᠠᠮᠢ ᠠᠬᠤᠢ ᠣᠷᠴᠢᠨ ᠲᠤᠭᠤᠷᠢᠨ ᠤ ᠰᠠᠭᠤᠷᠢ ᠶᠢ ᠲᠠᠯᠪᠢᠬᠤ ᠳᠤ ᠪᠠᠲᠤ ᠴᠢᠩᠭ᠎ᠠ ᠬᠦᠴᠦᠲᠡᠢ ᠳᠦᠷᠢᠮ ᠤᠨ ᠪᠠᠲᠤᠯᠠᠭ᠎ᠠ ᠬᠠᠩᠭᠠᠨ᠎ᠠ᠃      ︵ᠬᠤᠶᠠᠷ︶ ᠠᠵᠢᠯ ᠤᠨ ᠵᠠᠷᠴᠢᠮ      — ᠰᠢᠰᠲ᠋ᠧᠮ ᠲᠠᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠵᠢᠴᠢ ᠬᠠᠮᠢᠶ᠎ᠠ ᠪᠥᠬᠦᠶ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠳᠠᠢ ᠲᠦᠯᠦᠪᠵᠢᠭᠦᠯᠵᠤ᠂ ᠪᠥᠬᠦ ᠲᠠᠯ᠎ᠠ ᠪᠠᠷ ᠠᠬᠢᠭᠤᠯᠤᠨ᠂ ᠡᠯ᠎ᠡ ᠵᠦᠢᠯ ᠤᠨ ᠲᠦᠷᠢᠮ ᠢ ᠵᠣᠯᠭᠠᠭᠤᠯᠤᠨ ᠲᠥᠬᠦᠷᠵᠢᠭᠦᠯᠬᠦ ᠶᠢ ᠴᠢᠩᠭᠠᠳᠬᠠᠨ᠎ᠠ᠃ ᠠᠮᠢ ᠠᠬᠤᠶ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠵᠢᠴᠢ ᠳᠣᠲᠣᠭᠠᠳᠤ ᠵᠢᠮ᠎ᠡ ᠶᠣᠰᠣ ᠪᠠᠷ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠬᠠᠮᠠᠭᠠᠯᠠᠯᠲᠠ ᠶᠢ ᠠᠬᠢᠭᠤᠯᠤᠨ᠎ᠠ᠃      — ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠡᠯ᠎ᠡ ᠲᠠᠯ᠎ᠠ ᠶᠢᠨ ᠬᠢᠨ ᠣᠷᠣᠯᠴᠠᠨ᠎ᠠ᠃ ᠵᠠᠰᠠᠭ ᠤᠨ ᠣᠷᠳᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢ ᠥᠷᠨᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠣᠷᠣᠯᠴᠠᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠵᠠᠬ᠎ᠠ ᠳᠡᠯᠭᠡᠭᠦᠷᠴᠢᠯᠡᠭᠰᠡᠨ᠂ ᠤᠯᠠᠨ ᠡᠰᠢᠵᠢᠭᠰᠡᠨ ᠨᠥᠬᠦᠪᠥᠷᠢ ᠶᠢᠨ ᠦᠢᠯᠡᠳᠦᠯᠭᠡ ᠶᠢ ᠠᠬᠢᠭᠤᠯᠤᠨ᠎ᠠ᠃ ᠵᠠᠰᠠᠭ ᠤᠨ ᠣᠷᠳᠣᠨ ᠠᠴᠠ ᠬᠦᠴᠦᠲᠡᠢ ᠭᠤᠣᠯᠯᠠᠨ ᠤᠳᠤᠷᠢᠳᠤᠭᠰᠠᠨ᠂ ᠨᠡᠶᠢᠭᠡᠮ ᠤᠨ ᠬᠢᠨ ᠡᠮᠬᠢ ᠵᠢᠷᠤᠮ ᠲᠠᠢ ᠣᠷᠣᠯᠴᠠᠭᠰᠠᠨ᠂ ᠵᠠᠬ᠎ᠠ ᠳᠡᠯᠭᠡᠭᠦᠷ ᠢᠶᠠᠷ ᠪᠦᠲᠦᠮᠵᠢᠲᠡᠢ ᠵᠣᠬᠢᠴᠠᠭᠤᠯᠤᠭᠰᠠᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠶᠢᠭᠤᠯᠤᠮᠵᠢ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃      — ᠵᠤᠷᠢᠭᠵᠢᠭᠤᠯᠬᠤ ᠶᠢ ᠴᠢᠩᠭᠠᠳᠬᠠᠵᠤ᠂ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠬᠠᠤᠯᠢᠵᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠡᠯ᠎ᠡ ᠲᠠᠯ᠎ᠠ ᠶᠢᠨ ᠡᠷᠬᠡ ᠡᠭᠦᠷᠭᠡ ᠶᠢ ᠲᠣᠳᠣᠷᠬᠠᠶ ᠢᠯᠭᠠᠨ ᠲᠣᠭᠲᠠᠭᠠᠵᠤ᠂ ᠠᠰᠢᠭ ᠬᠦᠷᠲᠡᠬᠦ ᠪᠠ ᠨᠥᠬᠦᠪᠥᠷᠢᠯᠡᠬᠦ ᠶᠢ ᠬᠠᠷᠢᠯᠴᠠᠨ ᠵᠣᠬᠢᠴᠠᠯᠳᠤᠭᠤᠯᠬᠤ᠂ ᠨᠥᠬᠦᠪᠥᠷᠢ ᠬᠦᠷᠲᠡᠬᠦ ᠡᠷᠬᠡ ᠶᠢ ᠡᠳ᠋ᠯᠡᠬᠦ ᠪᠠ ᠬᠠᠮᠠᠭᠠᠯᠠᠬᠤ ᠡᠭᠦᠷᠭᠡ ᠪᠠᠨ ᠭᠦᠢᠴᠡᠳᠭᠡᠬᠦ ᠶᠢ ᠬᠠᠷᠢᠯᠴᠠᠨ ᠲᠣᠬᠢᠷᠠᠯᠴᠠᠭᠤᠯᠤᠨ᠎ᠠ᠃ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠬᠠᠤᠯᠢ ᠲᠣᠭᠲᠠᠭᠠᠯ ᠶᠣᠰᠣᠭᠠᠷ ᠱᠠᠩᠨᠠᠵᠤ ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠢᠮᠪᠠᠢ ᠪᠤᠯᠭᠠᠨ᠎ᠠ᠃      ︵ᠭᠤᠷᠪᠠ︶ ᠥᠭᠡᠷᠡᠴᠢᠯᠡᠯᠲᠡ ᠶᠢᠨ ᠬᠠᠷᠠᠯᠲᠠ᠃ 2025 ᠤᠨ ᠪᠣᠯᠬᠤ ᠳᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠲᠠᠢ ᠵᠤᠬᠢᠴᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠦᠨᠳᠦᠰᠦᠨ ᠳᠡᠭᠡᠨ ᠲᠡᠭᠦᠯᠳᠡᠷᠵᠢᠭᠦᠯᠦᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠥᠪᠡᠷ ᠤᠨ ᠦᠷᠳᠡᠭ ᠢᠶᠠᠷ ᠭᠤᠣᠯ ᠦᠨᠳᠦᠰᠦᠯᠡᠯ ᠪᠣᠯᠭᠠᠭᠰᠠᠨ ᠲᠦᠷᠦᠯ ᠬᠤᠪᠢᠶᠠᠨ ᠨᠥᠬᠦᠪᠥᠷᠢ ᠥᠭᠬᠦ ᠲᠦᠷᠢᠮ ᠢ ᠡᠳᠦᠷ ᠢᠷᠡᠬᠦᠶ᠎ᠡ ᠪᠦᠷᠢᠨᠰᠢᠭᠦᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ‌‍ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠦᠨᠳᠦᠰᠦᠨ ᠬᠠᠨᠳᠤᠰᠢ ᠪᠣᠯᠭᠠᠭᠰᠠᠨ ᠶᠡᠷᠦᠩᠬᠡᠶᠢᠯᠡᠭᠰᠡᠨ ᠨᠥᠬᠦᠪᠥᠷᠢ ᠥᠭᠬᠦ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠠᠰᠢᠭ ᠬᠦᠷᠳᠡᠭᠴᠢ ᠰᠦᠢᠳᠬᠡᠯ ᠲᠤᠰᠢᠶᠠᠬᠤ ᠵᠠᠷᠴᠢᠮ ᠢᠶᠠᠷ ᠰᠠᠭᠤᠷᠢ ᠪᠣᠯᠭᠠᠭᠰᠠᠨ ᠵᠠᠬ᠎ᠠ ᠳᠡᠯᠭᠡᠭᠦᠷᠴᠢᠯᠡᠭᠰᠡᠨ᠂ ᠤᠯᠠᠨ ᠡᠰᠢᠵᠢᠭᠰᠡᠨ ᠨᠥᠬᠦᠪᠥᠷᠢ ᠥᠭᠬᠦ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠵᠤ᠂ ᠪᠦᠬᠦ ᠨᠡᠶᠢᠭᠡᠮ ᠤᠨ ᠠᠮᠢ ᠠᠬᠤᠢ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠢᠯᠡᠳᠲᠡ ᠴᠢᠩᠭᠠᠷᠠᠭᠤᠯᠵᠤ᠂ ᠠᠮᠢ ᠠᠬᠤᠢ ᠶᠢᠨ ᠬᠠᠮᠠᠭᠠᠯᠠᠭᠴᠢ ᠪᠠ ᠠᠰᠢᠭ ᠬᠦᠷᠳᠡᠭᠴᠢ ᠰᠠᠶᠢᠳᠤᠷ ᠬᠤᠷᠰᠢᠯᠴᠠᠭᠰᠠᠨ ᠪᠠᠶᠢᠳᠠᠯ ᠢ ᠦᠨᠳᠦᠰᠦᠨ ᠳᠡᠭᠡᠨ ᠪᠦᠷᠢᠯᠳᠦᠭᠦᠯᠦᠨ᠋ᠠ᠃ 2035 ᠤᠨ ᠪᠣᠯᠬᠤ ᠳᠤ᠂ ᠰᠢᠨ᠎ᠡ ᠴᠠᠭ ᠦᠶ᠎ᠡ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠵᠣᠬᠢᠴᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃      ᠬᠤᠶᠠᠷ᠂ ᠴᠢᠬᠤᠯᠠ ᠠᠮᠢ ᠠᠬᠤᠶ ᠣᠷᠴᠢᠨ ᠲᠣᠭᠤᠷᠢᠨ ᠤ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠬᠤᠪᠢᠶᠠᠨ ᠨᠥᠬᠦᠪᠥᠷᠢᠯᠡᠬᠦ ᠲᠦᠷᠢᠮ ᠢ ᠲᠡᠭᠦᠯᠳᠡᠷᠵᠢᠭᠦᠯᠦᠨ᠎ᠡ      ᠠᠮᠢ ᠠᠬᠤᠶ ᠣᠷᠴᠢᠨ ᠲᠣᠭᠤᠷᠢᠨ ᠤ ᠡᠯᠧᠮᠧᠨ᠋ᠲ ᠢᠶᠠᠷ ᠬᠡᠷᠡᠭᠵᠢᠭᠦᠯᠬᠦ ᠡᠲᠡᠭᠡᠳ ᠪᠣᠯᠭᠠᠭᠰᠠᠨ ᠲᠥᠷᠥᠯ ᠬᠤᠪᠢᠶᠠᠨ ᠨᠥᠬᠦᠪᠥᠷᠢᠯᠡᠬᠦ ᠲᠦᠷᠢᠮ ᠢ ᠪᠦᠷᠢᠨᠰᠢᠬᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠨᠥᠬᠦᠪᠥᠷᠢᠯᠡᠬᠦ ᠬᠢᠷᠢ ᠲᠦᠪᠰᠢᠨ ᠢ ᠲᠣᠭᠲᠠᠭᠠᠵᠤ᠂ ᠠᠳᠠᠯᠢ ᠪᠤᠰᠤ ᠡᠯᠧᠮᠧᠨ᠋ᠲ ᠤᠨ ᠠᠮᠢ ᠠᠬᠤᠶ ᠶᠢᠨ ᠬᠠᠮᠠᠭᠠᠯᠠᠯᠲᠠ ᠶᠢᠨ ᠥᠪᠡᠷ ᠤᠨ ᠥᠷᠲᠡᠭ ᠢ ᠵᠣᠬᠢᠬᠤ ᠬᠡᠮᠵᠢᠶ᠎ᠡ ᠪᠠᠷ ᠨᠥᠬᠦᠪᠥᠷᠢᠯᠡᠨ᠎ᠠ᠃      ︵ᠨᠢᠭᠡ︶ ᠲᠥᠷᠥᠯ ᠬᠤᠪᠢᠶᠠᠨ ᠨᠥᠬᠦᠪᠥᠷᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠬᠥᠬᠡᠮᠥ᠋ᠷᠡᠨ ᠤ ᠰᠠᠪᠠ ᠭᠠᠵᠠᠷ ᠤᠨ ᠭᠤᠣᠯᠳᠠᠯᠭ᠎ᠠ ᠲᠠᠢ ᠤᠰᠤᠨ ᠤ ᠣᠷᠣᠨ ᠳᠤ ᠠᠷᠪᠠᠨ ᠵᠢᠯ ᠵᠢᠭᠠᠰᠤ ᠠᠩᠨᠠᠬᠤ ᠶᠢ ᠴᠠᠭᠠᠵᠠᠯᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠭᠤᠤᠯ ᠮᠥᠷᠡᠨ ᠤ ᠡᠬᠢ᠂ ᠴᠢᠬᠤᠯᠠ ᠤᠰᠤᠨ ᠰᠤᠷᠪᠤᠯᠵᠢ ᠶᠢᠨ ᠭᠠᠵᠠᠷ᠂ ᠬᠥᠷᠥᠰᠥ ᠰᠢᠷᠣᠶ ᠶᠢᠨ ᠢᠳᠡᠭᠳᠡᠯ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ᠂ ᠦᠶᠡᠷ ᠢ ᠬᠠᠳᠠᠭᠠᠯᠠᠨ ᠲᠤᠭᠳᠠᠭᠠᠬᠤ ᠣᠷᠣᠨ᠂ ᠡᠪᠳᠡᠭᠳᠡᠭᠰᠡᠨ ᠭᠤᠤᠯ ᠮᠥᠷᠡᠨ ᠨᠠᠭᠤᠷ ᠴᠥᠭᠦᠷᠥᠮ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠤᠰᠤᠨ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠶᠢ ᠥᠷᠨᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠦᠷᠢᠨᠰᠢᠬᠦᠯᠵᠦ᠂ ᠣᠷᠣᠨ ᠨᠤᠲᠤᠭ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠨᠡᠶᠢᠲᠡ ᠶᠢᠨ ᠠᠰᠠᠷᠠᠮᠵᠢ ᠶᠢᠨ ᠣᠶ ᠳᠤ ᠢᠯᠭᠠᠭ᠎ᠠ ᠲᠠᠢ ᠨᠥᠬᠦᠪᠥᠷᠢ ᠥᠭᠬᠦ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠪᠠᠶᠢᠭᠠᠯᠢ ᠶᠢᠨ ᠤᠢ ᠶᠢᠨ ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠴᠢᠬᠤᠯᠠ ᠨᠤᠭᠤ       ᠭᠠᠵᠠᠷ ︵ᠣᠯᠠᠨ ᠤᠯᠤᠰ ᠤᠨ ᠴᠢᠬᠤᠯᠠ ᠨᠤᠭᠤ ᠭᠠᠵᠠᠷ ᠢ ᠪᠠᠭᠳᠠᠭᠠᠨ᠎ᠠ︶ ᠲᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠦᠭᠬᠦ ᠶᠢ ᠠᠯᠬᠤᠮ ᠠᠯᠬᠤᠮ ᠢᠶᠠᠷ ᠪᠦᠬᠦᠨ ᠢ ᠪᠦᠷᠬᠦᠭᠦᠯᠦᠨ᠎ᠡ᠃ ᠪᠣᠬᠢᠷᠲᠤᠯ ᠦᠭᠡᠢ ᠠᠮᠢ ᠠᠬᠤᠢ ᠪᠠᠷ ᠤᠳᠤᠷᠢᠳᠤᠮᠵᠢ ᠪᠣᠯᠭᠠᠭᠰᠠᠨ ᠲᠠᠷᠢᠶᠠᠯᠠᠩ ᠤᠨ ᠠᠮᠢ ᠠᠬᠤᠢ ᠶᠢᠨ ᠵᠠᠰᠠᠯᠲᠠ ᠶᠢᠨ ᠨᠥᠬᠦᠪᠥᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠲᠤᠬᠠᠢ ᠶᠢᠨ ᠭᠠᠵᠠᠷ ᠤᠨ ᠪᠠᠶᠢᠳᠠᠯ ᠲᠠᠢ ᠨᠢ ᠲᠤᠬᠢᠷᠠᠭᠤᠯᠤᠨ ᠳᠡᠯᠭᠡᠷᠡᠭᠦᠯᠵᠦ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠪᠠ ᠰᠡᠯᠭᠦᠵᠤ ᠲᠠᠷᠢᠬᠤ ᠲᠦᠷᠢᠮ ᠢ ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠮᠠᠭᠤᠳᠠᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶᠡᠨ ᠳᠤ ᠣᠷᠣᠭᠤᠯᠬᠤ ᠶᠢ ᠰᠤᠳᠤᠯᠤᠨ᠎ᠠ᠃ ᠵᠠᠰᠠᠬᠤ ᠨᠥᠬᠦᠴᠡᠯ ᠢ ᠲᠦᠷ ᠪᠦᠷᠢᠯᠳᠦᠭᠦᠯᠦᠭᠡᠳᠦᠶ ᠪᠠ ᠠᠮᠢ ᠠᠬᠤᠶ ᠶᠢᠨ ᠬᠠᠮᠠᠭᠠᠯᠠᠯᠳᠠ‌ᠡᠴᠠ ᠪᠣᠯᠣᠭᠠᠳ ᠨᠡᠭᠡᠭᠡᠨ ᠠᠰᠢᠬᠯᠠᠬᠤ ᠳᠤ ᠲᠣᠬᠢᠷᠠᠬᠤ ᠦᠭᠡᠶ ᠵᠠᠯᠭᠠᠯᠳᠤᠬᠰᠠᠨ ᠡᠯᠡᠰᠦᠷᠬᠡᠭ ᠭᠠᠵᠠᠷ ᠰᠢᠷᠣᠶ ᠶᠢ ᠬᠠᠤᠯᠢ ᠶᠣᠰᠣᠭᠠᠷ ᠪᠢᠲᠡᠭᠦᠮᠵᠢᠯᠡᠨ ᠬᠠᠮᠠᠭᠠᠯᠠᠬᠤ ᠶᠢ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠠᠮᠢ ᠠᠬᠤᠶ ᠶᠢᠨ ᠬᠠᠮᠠᠭᠠᠯᠠᠯᠳᠠ ᠶᠢᠨ ᠨᠥᠬᠦᠪᠥᠷᠢ ᠶᠢᠨ ᠳᠦᠷᠢᠮ ᠢ ᠪᠦᠷᠢᠨᠰᠢᠭᠦᠯᠦᠨ᠎ᠠ᠃ ᠳᠠᠯᠠᠢ ᠲᠠᠩᠭᠢᠰ ᠤᠨ ᠤᠶᠢᠢᠷ᠎ᠠ ᠬᠠᠪᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠰᠤᠳᠤᠯᠤᠨ ᠪᠠᠶᠢᠭᠤᠯᠤᠨ᠎ᠠ᠃      ︵ᠬᠤᠶᠠᠷ︶ ᠨᠢᠭᠡᠳᠦᠯᠲᠡᠶ ᠲᠦᠯᠦᠪᠵᠢᠭᠦᠯᠦᠨ ᠬᠠᠮᠠᠭᠠᠯᠠᠬᠤ ᠵᠠᠭᠪᠤᠷ ᠢ ᠠᠯᠬᠤᠮ ᠠᠯᠬᠤᠮ ᠢᠶᠠᠷ ᠰᠦᠪᠡᠭᠴᠢᠯᠡᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠵᠠᠰᠠᠭ ᠤᠨ ᠣᠷᠳᠣᠨ ᠨᠢ ᠠᠮᠢ ᠠᠬᠤᠶ ᠣᠷᠴᠢᠨ ᠲᠣᠭᠤᠷᠢᠨ ᠤ ᠡᠯᠧᠮᠧᠨ᠋ᠲ ᠲᠠᠢ ᠬᠤᠯᠪᠣᠭᠳᠠᠬᠤ ᠡᠷᠬᠡᠲᠦ ᠬᠥᠮᠦᠨ ᠳᠤ ᠲᠥᠷᠥᠯ ᠬᠤᠪᠢᠶᠠᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠤᠷᠢᠲᠠᠯ ᠳᠤᠤᠷ᠎ᠠ᠂ ᠠᠮᠢ ᠠᠬᠤᠶ ᠶᠢᠨ ᠣᠷᠣᠨ ᠵᠠᠶ ᠳᠤ ᠵᠡᠷᠭᠡᠴᠡᠨ ᠣᠷᠣᠰᠢᠵᠤ ᠪᠠᠶᠢᠭ᠎ᠠ ᠣᠯᠠᠨ ᠡᠰᠢᠲᠦ ᠠᠮᠢ ᠠᠬᠤᠶ ᠣᠷᠴᠢᠨ ᠲᠣᠭᠤᠷᠢᠨ ᠤ ᠡᠯᠧᠮᠧᠨ᠋ᠲ ᠲᠠᠢ ᠤᠶᠠᠯᠳᠤᠭᠤᠯᠤᠨ ᠰᠢᠰᠲ᠋ᠧᠮ ᠲᠠᠢ ᠲᠥᠯᠥᠪᠵᠢᠭᠦᠯᠵᠦ᠂ ᠠᠳᠠᠯᠢ ᠪᠤᠰᠤ ᠠᠷᠭ᠎ᠠ ᠵᠠᠮ ᠢᠶᠠᠷ ᠢᠷᠡᠭᠰᠡᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠮᠥᠩᠭᠦ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠯᠡᠬᠦ ᠶᠢ ᠬᠠᠤᠯᠢ ᠶᠣᠰᠣᠭᠠᠷ ᠯᠠᠪᠳᠠᠭᠤᠨ ᠠᠬᠢᠭᠤᠯᠵᠤ᠂ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ ᠪᠠᠷ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠳᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠳᠠᠪᠬᠤᠷ ᠨᠦᠬᠦᠪᠦᠷᠢ ᠦᠭᠬᠦ ᠠᠴᠠ ᠵᠠᠶᠢᠯᠠᠰᠬᠢᠬᠦ ᠬᠡᠷᠡᠭᠲᠡᠶ᠃      ᠭᠤᠷᠪᠠ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠭᠤᠤᠯᠳᠠᠯᠭ᠎ᠠ ᠶᠢᠨ ᠲᠣᠭᠤᠷᠢᠨ ᠳᠤ᠂ ᠶᠡᠷᠦᠩᠬᠡᠶᠢᠯᠡᠨ ᠨᠥᠬᠦᠪᠥᠷᠢᠯᠡᠬᠦ ᠲᠦᠷᠢᠮ ᠢ ᠪᠦᠷᠢᠨᠰᠢᠭᠦᠯᠦᠨ᠎ᠡ      ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠡᠷᠴᠢᠮ ᠢ ᠡᠳ᠋ ᠤᠨ ᠵᠠᠰᠠᠭ ᠤᠨ ᠴᠢᠳᠠᠪᠤᠷᠢ ᠲᠠᠢ ᠵᠣᠬᠢᠴᠠᠭᠤᠯᠬᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠬᠦᠷᠢᠰᠢᠭᠦᠯᠬᠦ ᠶᠢ ᠠᠬᠢᠭᠤᠯᠬᠤ ᠲᠠᠢ ᠵᠣᠯᠭᠠᠭᠤᠯᠬᠤ ᠶᠢ ᠪᠠᠷᠢᠮᠳᠠᠯᠠᠵᠤ᠂ ᠠᠮᠢ ᠠᠬᠤᠢ ᠶᠢᠨ ᠣᠷᠣᠨ ᠵᠠᠢ ᠶᠢᠨ ᠴᠢᠳᠠᠮᠵᠢ ᠶᠢ ᠦᠨᠳᠦᠰᠦᠯᠡᠨ᠂ ᠬᠥᠨᠳᠡᠯᠡᠨ ᠭᠤᠯᠳᠤ ᠶᠢ ᠤᠶᠠᠯᠳᠤᠭᠤᠯᠤᠭᠰᠠᠨ ᠶᠡᠷᠦᠩᠬᠡᠶᠢᠯᠡᠭᠰᠡᠨ ᠨᠥᠬᠦᠪᠥᠷᠢ ᠶᠢᠨ ᠲᠦᠷᠢᠮ ᠢ ᠬᠡᠷᠡᠭᠵᠢᠭᠦᠯᠵᠦ᠂ ᠠᠮᠢ ᠠᠬᠤᠢ ᠶᠢᠨ ᠠᠰᠢᠭ ᠲᠤᠰᠠ ᠬᠦᠷᠳᠡᠬᠦ ᠭᠠᠵᠠᠷ ᠣᠷᠣᠨ ᠬᠢᠭᠡᠳ ᠬᠠᠮᠠᠭᠠᠯᠠᠯᠲᠠ ᠶᠢᠨ ᠭᠠᠵᠠᠷ ᠣᠷᠣᠨ ᠤ ᠬᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃      ︵ᠨᠢᠭᠡ︶ ᠭᠤᠯᠳᠤ ᠴᠢᠭᠯᠡᠯ ᠢᠶᠠᠷ ᠨᠥᠬᠦᠪᠥᠷᠢᠯᠡᠬᠦ ᠡᠷᠴᠢᠮ ᠢ ᠴᠢᠩᠭᠠᠷᠠᠭᠤᠯᠤᠨ᠎ᠠ᠃ ᠲᠥᠪ ᠤᠨ ᠡᠳ᠋ ᠤᠨ ᠬᠦᠴᠦᠨ ᠤ ᠪᠠᠶᠢᠳᠠᠯ ᠲᠠᠢ ᠤᠶᠠᠯᠳᠤᠭᠤᠯᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ ᠳᠤ ᠰᠢᠯᠵᠢᠭᠦᠯᠦᠨ ᠥᠭᠬᠦ  ᠬᠡᠪᠴᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠯᠪᠠᠶᠢᠯᠭᠡᠨ᠎ᠡ᠃ ᠠᠮᠢ ᠠᠬᠤᠢ ᠬᠡᠪᠡᠷᠡᠭ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠦᠷᠭᠦᠯᠵᠢᠯᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠴᠦ᠂ ᠤᠤᠯ ᠤᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠢ ᠳᠡᠮᠵᠢᠬᠦ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠥᠲᠥᠯᠥᠨ ᠵᠢᠯᠣᠭᠤᠳᠬᠤ ᠴᠢᠨᠠᠷᠲᠠᠶ ᠲᠥᠷᠥ ᠶᠢᠨ ᠪᠣᠳᠣᠯᠭ᠎ᠠ ᠪᠠ ᠤᠷᠮᠠᠰᠢᠭᠤᠯᠬᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠡᠶᠢᠲᠡᠯᠡᠵᠦ᠂ ᠮᠤᠵᠢ ᠶᠢᠨ ᠱᠠᠲᠤᠨ ᠠᠴᠠ ᠳᠣᠷᠣᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠤ ᠢᠳᠡᠪᠬᠢᠵᠢᠯ ᠢ ᠳᠠᠶᠢᠴᠢᠯᠠᠨ᠂ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠭᠤᠯᠳᠤ ᠴᠢᠭᠯᠡᠯ ᠢᠶᠠᠷ ᠨᠥᠬᠦᠪᠥᠷᠢᠯᠡᠬᠦ ᠭᠤᠤᠯᠳᠠᠯᠭ᠎ᠠ ᠶᠢ ᠳᠣᠪᠤᠶᠢᠯᠭᠠᠨ᠎ᠠ᠃ ᠬᠥᠬᠡᠨᠠᠭᠤᠷ ᠲᠥᠪᠡᠳ ᠤᠨ ᠥᠨᠳᠦᠷᠯᠢᠭ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠤᠰᠤᠨ ᠰᠤᠷᠪᠤᠯᠵᠢ ᠶᠢᠨ ᠭᠠᠵᠠᠷ ᠵᠡᠷᠭᠡ ᠠᠮᠢ ᠠᠬᠤᠢ ᠶᠢᠨ ᠴᠢᠳᠠᠮᠵᠢ ᠶᠢᠨ ᠴᠢᠬᠤᠯᠠ ᠴᠢᠨᠠᠷ ᠨᠢ ᠲᠤᠪᠤᠶᠢᠮ᠎ᠠ ᠭᠠᠵᠠᠷ ᠣᠷᠣᠨ ᠳᠤ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ ᠳᠤ ᠰᠢᠯᠵᠢᠭᠦᠯᠦᠨ ᠥᠭᠬᠦ ᠶᠢ ᠲᠥᠰᠦᠭᠡᠯᠡᠨ ᠪᠤᠳᠤᠬᠤ ᠳᠠᠭᠠᠨ ᠰᠢᠯᠵᠢᠭᠦᠯᠦᠨ ᠥᠭᠬᠦ ᠢᠯᠡᠳᠬᠡᠮᠵᠢ ᠶᠢ ᠳᠡᠭᠡᠭᠰᠢᠯᠡᠭᠦᠯᠬᠦ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠵᠠᠷᠤᠯᠭ᠎ᠠ ᠶᠢ ᠨᠡᠮᠡᠨ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠲᠤᠯᠠᠬᠤ ᠴᠢᠳᠠᠪᠤᠷᠢ ᠶᠢ ᠨᠢ ᠠᠳᠠᠯᠢ ᠲᠡᠰ ᠤᠨ ᠡᠳ᠋ ᠤᠨ ᠬᠦᠴᠦᠨ ᠤ ᠬᠢᠷᠢ  ᠬᠡᠮᠵᠢᠶ᠎ᠡ ᠲᠠᠢ ᠭᠠᠵᠠᠷ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ‌‍ᠶᠢ ᠠᠬᠢᠭᠤᠯᠤᠨ᠎ᠠ᠃ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠡᠪᠴᠢᠶ᠎ᠡ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠶᠢ ᠦᠨᠳᠦᠰᠦᠯᠡᠨ ᠬᠠᠮᠠᠭᠠᠯᠠᠯᠲᠠ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠤᠨ ᠠ᠃ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠮᠢ ᠠᠬᠤᠶ ᠶᠢᠨ ᠴᠢᠳᠠᠮᠵᠢ ᠶᠢᠨ ᠴᠢᠬᠤᠯᠠ ᠭᠠᠵᠠᠷ ᠣᠷᠣᠨ ᠢ ᠮᠤᠵᠢ ᠶᠢᠨ ᠱᠠᠲᠤᠨ ᠠᠴᠠ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠰᠢᠯᠵᠢᠭᠦᠯᠦᠨ ᠥᠭᠬᠦ ᠬᠡᠪᠴᠢᠶᠡᠨ ᠳᠤ ᠪᠥᠬᠦ ᠲᠠᠯ᠎ᠠ ᠪᠠᠷ ᠤᠷᠤᠭᠤᠯᠤᠨ᠎ᠠ᠃      ︵ᠭᠤᠷᠪᠠ︶ ᠭᠤᠯᠳᠤ ᠴᠢᠭᠯᠡᠯ ᠢᠶᠠᠷ ᠨᠥᠬᠦᠪᠥᠷᠢ ᠥᠭᠬᠦ ᠠᠷᠭ᠎ᠠ ᠶᠢ ᠰᠠᠶᠢᠵᠢᠷᠠᠭᠤᠯᠤᠨ᠎ᠠ᠃ ᠠᠮᠢ ᠠᠬᠤᠶ ᠶᠢᠨ ᠦᠷ᠎ᠡ ᠠᠰᠢᠭ ᠤᠨ ᠭᠠᠳᠠᠭᠰᠢ ᠤᠷᠤᠰᠬᠤ ᠴᠢᠨᠠᠷ᠂ ᠠᠮᠢ ᠠᠬᠤᠶ ᠶᠢᠨ ᠴᠢᠳᠠᠮᠵᠢ ᠶᠢᠨ ᠴᠢᠬᠤᠯᠠ ᠴᠢᠨᠠᠷ᠂ ᠠᠮᠢ ᠠᠬᠤᠶ ᠶᠢᠨ ᠣᠷᠴᠢᠨ ᠲᠣᠭᠤᠷᠢᠨ ᠤ ᠰᠡᠷᠭᠡᠭ ᠴᠢᠨᠠᠷ ᠪᠠ ᠬᠡᠪᠡᠷᠡᠭ ᠴᠢᠨᠠᠷ ᠵᠡᠷᠭᠡ ᠣᠨᠴᠠᠯᠢᠭ ᠢ ᠦᠨᠳᠦᠰᠦᠯᠡᠨ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠥᠭᠬᠦ ᠳᠡᠭᠡᠨ ᠵᠦᠷᠢᠶᠡᠴᠢᠯᠡᠭᠰᠡᠨ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠣᠷᠣᠭᠤᠯᠤᠨ ᠠᠪᠴᠢᠷᠠᠬᠤ ᠶᠢ ᠬᠤᠯᠪᠣᠭᠳᠠᠯ ᠪᠦᠬᠦᠢ ᠰᠢᠯᠵᠢᠭᠦᠯᠦᠨ ᠥᠭᠬᠦ ᠬᠤᠪᠢᠶᠠᠷᠢᠯᠠᠯᠲᠠ ᠶᠢᠨ ᠬᠦᠴᠦᠨ ᠵᠦᠢᠯ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠪᠦᠷᠬᠦᠴᠡ ᠶᠢᠨ ᠬᠠᠷᠢᠴᠠᠯ ᠨᠡᠯᠢᠶᠡᠳ ᠥᠨᠳᠥᠷ ᠭᠠᠵᠠᠷ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠥᠬᠦᠪᠥᠷᠢ ᠶᠢᠨ ᠪᠠᠯᠠ ᠮᠥᠩᠭᠦ ᠬᠢᠭᠡᠳ ᠠᠮᠢ ᠠᠬᠤᠶ ᠣᠷᠴᠢᠨ ᠲᠣᠭᠤᠷᠢᠨ ᠢ ᠡᠪᠳᠡᠬᠦ ᠲᠠᠢ ᠬᠤᠯᠪᠣᠭᠳᠠᠬᠤ ᠠᠵᠤ ᠦᠢᠯᠡᠰ ᠤᠨ ᠰᠥᠷᠭᠡᠤ ᠴᠢᠭᠯᠡᠯ ᠢᠶᠠᠷ ᠬᠤᠯᠪᠣᠯᠳᠤᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠮᠢ ᠠᠬᠤᠶ ᠶᠢᠨ ᠴᠢᠳᠠᠮᠵᠢᠲᠦ ᠴᠢᠬᠤᠯᠠ ᠭᠠᠵᠠᠷ ᠣᠷᠣᠨ ᠠᠮᠢ ᠠᠬᠤᠶ ᠣᠷᠴᠢᠨ ᠲᠣᠭᠤᠷᠢᠨ ᠢ ᠡᠪᠳᠡᠬᠦ ᠲᠠᠢ ᠬᠤᠯᠪᠣᠭᠳᠠᠬᠤ ᠠᠵᠤ ᠦᠢᠯᠡᠰ ᠢ ᠬᠥᠭᠵᠢᠭᠦᠯᠦᠭᠰᠡᠨ ᠪᠠᠶᠢᠪᠠᠯ᠂ ᠨᠥᠬᠦᠪᠥᠷᠢ ᠶᠢᠨ ᠪᠠᠯᠠ ᠮᠥᠩᠭᠦ ᠶᠢᠨ ᠬᠡᠪᠴᠢᠶ᠎ᠡ ᠶᠢ ᠵᠣᠬᠢᠰᠲᠠᠶ ᠪᠠᠭᠠᠰᠬᠠᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠳᠠ ᠶᠢᠨ ᠠᠷᠠᠳ ᠪᠣᠯᠭᠠᠬᠤ ᠱᠠᠩᠨᠠᠯ ᠤᠨ ᠪᠡᠯᠡ ᠮᠥᠩᠭᠦ ᠪᠠᠷ ᠳᠠᠮᠵᠢᠭᠤᠯᠤᠨ ᠠᠮᠢ ᠠᠬᠤᠢ ᠶᠢᠨ ᠨᠡᠭᠦᠳᠡᠯ ᠠᠷᠠᠳ ᠢ ᠨᠡᠯᠢᠶᠡᠳ ᠤᠯᠠᠨ ᠰᠢᠩᠭᠡᠭᠡᠭᠰᠡᠨ ᠭᠠᠵᠠᠷ ᠣᠷᠣᠨ ᠳᠤ ᠨᠥᠬᠦᠪᠥᠷᠢ ᠥᠭᠬᠦ ᠶᠢ ᠰᠤᠳᠤᠯᠤᠨ ᠲᠤᠬᠳᠠᠭᠠᠵᠤ᠂ ᠡᠬᠢ ᠪᠠᠶᠠᠯᠢᠭ ᠣᠷᠴᠢᠨ ᠲᠤᠭᠤᠷᠢᠨ ᠤ ᠳᠠᠭᠠᠭᠠᠴᠠ ᠪᠠᠷ ᠨᠡᠯᠢᠶᠡᠳ ᠶᠡᠭᠡ ᠠᠮᠢ ᠠᠬᠤᠢ ᠶᠢᠨ ᠴᠢᠳᠠᠮᠵᠢ ᠲᠠᠢ ᠴᠢᠬᠤᠯᠠ ᠭᠠᠵᠠᠷ ᠣᠷᠣᠨ ᠤ ᠬᠥᠮᠦᠨ ᠠᠮᠠ ᠶᠢᠨ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠠᠷ ᠭᠠᠳᠠᠭᠰᠢ ᠰᠢᠯᠵᠢᠬᠦ ᠶᠢ ᠬᠦᠳᠦᠯᠦᠨ ᠵᠢᠯᠣᠭᠤᠳᠤᠨ᠎ᠠ᠃ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠥᠷᠢ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠠᠬᠢᠭᠤᠯᠤᠨ᠎ᠠ᠃      ︵ᠳᠥᠷᠪᠡ︶ ᠬᠥᠨᠳᠡᠯᠡᠨ ᠴᠢᠭᠯᠡᠯ ᠢᠶᠠᠷ ᠨᠥᠬᠦᠪᠥᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠮᠤᠵᠢ ᠠᠯᠤᠰᠯᠠᠭᠰᠠᠨ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠵᠦ᠂ ᠪᠣᠯᠪᠠᠰᠤᠷᠠᠩᠭᠤᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠭᠤᠤᠯᠳᠠᠯᠭ᠎ᠠ ᠲᠠᠢ ᠰᠠᠪᠠ ᠭᠠᠵᠠᠷ ᠤᠨ ᠮᠤᠵᠢ ᠠᠯᠤᠰᠯᠠᠭᠰᠠᠨ ᠳᠡᠭᠡᠳᠦ ᠲᠤᠤᠷᠠᠳᠤ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠥᠷᠢ ᠶᠢᠨ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠠᠯᠤᠰᠯᠠᠭᠰᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠠᠵᠢᠯ ᠢ ᠥᠷᠨᠢᠭᠦᠯᠦᠨ᠎ᠡ᠃ ᠬᠥᠬᠡᠮᠥ᠋ᠷᠡᠨ᠂ ᠬᠠᠲᠤᠨ ᠭᠤᠣᠯ ᠤᠨ ᠪᠦᠬᠦ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠤᠷᠤᠰᠬᠠᠯ ᠤᠷᠤᠨ ᠲᠠᠭᠠᠤ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠭᠤᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠳᠤ ᠮᠤᠵᠢ ᠶᠢᠨ ᠬᠤᠭᠤᠷᠣᠨᠳᠣᠬᠢ ᠪᠠ ᠮᠤᠵᠢ ᠶᠢᠨ ᠳᠣᠲᠣᠷᠠᠬᠢ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠪᠡᠶ᠎ᠡ ᠪᠠᠨ ᠳᠠᠭᠠᠭᠠᠵᠤ ᠪᠠᠶᠢᠭᠤᠯᠬᠤ ᠶᠢ ᠳᠡᠮᠵᠢᠨ᠎ᠡ᠃ ᠠᠮᠢ ᠠᠬᠤᠶ ᠶᠢᠨ ᠴᠢᠳᠠᠮᠵᠢ ᠨᠢ ᠣᠨᠴᠠ ᠴᠢᠬᠤᠯᠠ ᠮᠤᠵᠢ ᠠᠯᠤᠰᠯᠠᠭᠰᠠᠨ ᠪᠠ ᠲᠤᠰᠬᠠᠶ ᠣᠷᠣᠨ ᠬᠤᠲᠠ ᠠᠯᠤᠰᠯᠠᠭᠰᠠᠨ ᠭᠤᠤᠯᠳᠠᠯᠭ᠎ᠠ ᠲᠠᠢ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠳᠤ ᠲᠥᠪ ᠤᠨ ᠡᠳ᠋ ᠤᠨ ᠵᠠᠰᠠᠭ ᠪᠠ ᠮᠤᠵᠢ ᠶᠢᠨ ᠱᠠᠲᠤᠨ ᠤ ᠡᠳ᠋ ᠤᠨ ᠵᠠᠰᠠᠭ ᠠᠴᠠ ᠲᠣᠰ ᠲᠣᠰ ᠬᠥᠲᠥᠯᠦᠨ ᠵᠢᠯᠣᠭᠤᠳᠴᠤ ᠳᠡᠮᠵᠢᠨ᠎ᠡ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠠᠭᠠᠷ ᠮᠠᠨᠳᠠᠯ ᠵᠡᠷᠭᠡ ᠠᠮᠢ ᠠᠬᠤᠶ ᠣᠷᠴᠢᠨ ᠲᠣᠭᠤᠷᠢᠨ ᠤ ᠪᠤᠰᠤᠳ ᠴᠢᠬᠤᠯᠠ ᠡᠯᠧᠮᠧᠨ᠋ᠲ ᠢ ᠬᠥᠨᠳᠡᠯᠡᠨ ᠴᠢᠭᠯᠡᠯ ᠢᠶᠠᠷ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠷᠭ᠎ᠠ ᠬᠡᠯᠪᠡᠷᠢ ᠶᠢ ᠰᠦᠪᠡᠭᠴᠢᠯᠡᠵᠦ᠂ ᠠᠵᠢᠯ ᠲᠥᠷᠥᠯ ᠢᠶᠠᠷ ᠢᠶᠠᠨ ᠬᠠᠮᠵᠢᠯᠴᠠᠬᠤ᠂ ᠠᠵᠤ ᠦᠢᠯᠡᠰ ᠢ ᠰᠢᠯᠵᠢᠭᠦᠯᠬᠦ᠂ ᠴᠢᠳᠠᠪᠤᠷᠢᠲᠠᠨ ᠢ ᠪᠣᠯᠪᠠᠰᠤᠷᠠᠭᠤᠯᠬᠤ᠂ ᠬᠦᠷᠢᠶᠡᠯᠡᠩ ᠲᠣᠭᠤᠷᠢᠭ ᠢ ᠬᠠᠮᠲᠤ ᠪᠠᠷ ᠪᠠᠶᠢᠭᠤᠯᠬᠤ᠂ ᠠᠮᠢ ᠠᠬᠤᠶ ᠶᠢᠨ ᠪᠦᠲᠦᠭᠡᠭᠳᠡᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠰᠢᠭ ᠭᠥᠷᠳᠡᠭᠰᠡᠨ ᠭᠠᠵᠠᠷ ᠣᠷᠣᠨ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠰᠠᠶᠢᠨ ᠰᠠᠶᠢᠬᠠᠨ ᠢᠶᠠᠷ ᠬᠠᠷᠢᠯᠴᠠᠨ ᠬᠤᠷᠰᠢᠯᠴᠠᠬᠤ ᠶᠢ ᠠᠬᠢᠭᠤᠯᠤᠨ᠎ᠠ᠃      ᠳᠥᠷᠪᠡ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠤᠯᠠᠠ ᠡᠰᠢᠵᠢᠭᠰᠡᠡ ᠨᠦᠬᠦᠪᠦᠷᠢ ᠶᠢ ᠲᠦᠷᠭᠡᠡ ᠠᠬᠢᠭᠤᠯᠤᠨ᠎ᠠ      ᠠᠮᠢ ᠠᠬᠤᠶᠣᠷᠴᠢᠨ ᠲᠣᠭᠤᠷᠢᠨ ᠤ ᠡᠷᠭᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠦ᠂ ᠠᠰᠢᠭ ᠬᠦᠷᠲᠡᠭᠴᠢ  ᠰᠦᠢᠳᠭᠡᠯ ᠲᠤᠰᠢᠶᠠᠬᠤ ᠵᠠᠷᠴᠢᠮ ᠶᠣᠰᠣᠭᠠᠷ᠂ ᠵᠠᠬ᠎ᠠ ᠳᠡᠯᠭᠡᠭᠦᠷᠴᠢᠯᠡᠬᠦ᠂ ᠣᠯᠠᠨ ᠡᠰᠢᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠢ ᠠᠬᠤᠶ ᠶᠢᠨ ᠬᠠᠮᠠᠭᠠᠯᠠᠭᠴᠢ ᠶᠢᠨ ᠠᠰᠢᠭ ᠲᠤᠰᠠ ᠶᠢ ᠪᠦᠲᠦᠮᠵᠢᠲᠡᠶ ᠨᠥᠬᠦᠪᠥᠷᠢᠯᠡᠬᠦ ᠶᠢ ᠠᠬᠢᠭᠤᠯᠵᠤ᠂ ᠪᠥᠬᠦ ᠨᠡᠶᠢᠭᠡᠮ ᠤᠨ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠨ᠎ᠡ᠃      ︵ᠨᠢᠭᠡ︶ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ ᠶᠢ ᠲᠦᠷᠭᠡᠳᠬᠡᠵᠦ᠂ ᠬᠠᠷᠢᠶᠠᠯᠠᠯ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠬᠠᠮᠠᠭᠠᠯᠠᠯᠲᠠ ᠴᠢᠩᠭ᠎ᠠ᠂ ᠡᠷᠭᠢᠯᠲᠡ ᠰᠢᠯᠤᠭᠤᠨ᠂ ᠬᠢᠨᠠᠯᠲᠠ ᠬᠠᠮᠢᠶᠠᠷᠤᠯᠲᠠ ᠪᠦᠲᠦᠮᠵᠢᠲᠡᠶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠲᠦᠷᠢᠮ ᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠪᠠ ᠡᠬᠢ ᠪᠠᠶᠠᠯᠢᠭ ᠤᠨ ᠬᠤᠮᠰᠠᠳᠠᠯ ᠤᠨ ᠬᠡᠮᠵᠢᠶ᠎ᠡ ᠶᠢ ᠲᠤᠰᠬᠠᠭᠰᠠᠨ᠂ ᠠᠮᠢ ᠠᠬᠤᠶ ᠶᠢᠨ ᠦᠨ᠎ᠡ ᠥᠷᠲᠡᠭ ᠪᠠ ᠦᠶ᠎ᠡ ᠠᠯᠤᠰᠯᠠᠬᠤ ᠨᠥᠬᠦᠪᠥᠷᠢ ᠶᠢ ᠢᠯᠡᠷᠡᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠠᠮᠠᠭᠠᠯᠠᠬᠤ ᠡᠭᠦᠷᠭᠡ ᠶᠢ ᠭᠦᠢᠴᠡᠳᠭᠡᠭᠰᠡᠨ ᠡᠷᠬᠡ ᠶᠢᠨ ᠭᠤᠤᠯ ᠴᠣᠭᠴᠠ ᠳᠤ ᠵᠦᠶ ᠵᠣᠬᠢᠰᠲᠠᠶ ᠨᠥᠬᠦᠪᠥᠷᠢ ᠥᠭᠭᠦᠨ᠎ᠡ᠃ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠰᠢᠨᠵᠢᠯᠡᠬᠦ ᠤᠬᠠᠭᠠᠨᠴᠢ ᠪᠠᠷ ᠡᠵᠡᠮᠳᠡᠭᠰᠡᠨ ᠤᠷᠢᠲᠠᠯ ᠳᠣᠣᠷ᠎ᠠ᠂ ᠤᠰᠤ ᠬᠡᠷᠡᠭᠯᠡᠬᠦ ᠡᠷᠬᠡ᠂ ᠪᠣᠬᠢᠷᠲᠤᠯ ᠢ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠩᠬᠠᠨ ᠤ ᠬᠤᠪᠢᠶᠠᠷᠢᠯᠠᠯᠲᠠ ᠶᠢᠨ ᠳᠦᠷᠢᠮ ᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠣᠷᠴᠢᠨ ᠲᠣᠭᠤᠷᠢᠨ ᠤ ᠡᠷᠬᠡ ᠶᠢᠨ ᠠᠷᠠᠯᠵᠢᠶ᠎ᠠ ᠶᠢ ᠠᠯᠬᠤᠮ ᠠᠯᠬᠤᠮ ᠢᠶᠠᠷ ᠥᠷᠨᠢᠭᠦᠯᠦᠨ᠎ᠡ᠃ ᠭᠠᠵᠠᠷ ᠣᠷᠣᠨ ᠤ ᠬᠤᠭᠤᠷᠣᠨᠳᠣ ᠪᠠᠨ ᠣᠷᠣᠨ ᠪᠦᠰᠡ ᠶᠢᠨ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠡᠷᠬᠡ ᠠᠰᠢᠭ ᠢᠶᠠᠨ ᠦᠨᠳᠦᠰᠦᠯᠡᠨ᠂ ᠤᠰᠤᠨ ᠤ ᠡᠷᠬᠡ ᠶᠢᠨ ᠠᠷᠠᠯᠵᠢᠶ᠎ᠠ ᠪᠠᠷ ᠳᠠᠮᠵᠢᠨ ᠰᠢᠨ᠎ᠡ ᠪᠠᠷ ᠨᠡᠮᠡᠭᠳᠡᠭᠰᠡᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ  ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ᠤᠰᠤ ᠬᠡᠷᠡᠭᠯᠡᠬᠦ ᠡᠷᠦᠬᠡ ᠶᠢᠨ ᠤᠰᠤᠨ ᠤ ᠡᠬᠢ ᠪᠠᠶᠠᠯᠢᠭ ᠢ ᠬᠡᠷᠡᠭᠯᠡᠬᠦ ᠡᠷᠬᠡ ᠶᠢ ᠲᠣᠳᠣᠷᠬᠠᠶᠢᠯᠠᠵᠤ᠂ ᠤᠰᠤ ᠭᠡᠷᠡᠭᠯᠡᠬᠦ ᠡᠷᠬᠡᠲᠦ ᠬᠥᠮᠦᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠬᠡᠷᠡᠭᠯᠡᠭᠰᠡᠨ ᠰᠠᠭᠤᠷᠢᠨ ᠳᠡᠭᠡᠷ᠎ᠡ ᠤᠰᠤ ᠭᠡᠷᠡᠭᠯᠡᠬᠦ ᠡᠷᠬᠡ ᠪᠠᠨ ᠲᠥᠯᠥᠪᠦᠷᠢ ᠲᠠᠢ ᠰᠢᠯᠵᠢᠭᠦᠯᠦᠨ ᠥᠭᠬᠦ ᠶᠢ ᠵᠣᠷᠢᠭᠵᠢᠭᠤᠯᠤᠨ᠎ᠠ᠃ ᠪᠣᠬᠢᠷᠲᠤᠯ ᠢ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠠᠷᠢᠮᠵᠢᠶ᠎ᠠ ᠳᠤ ᠬᠦᠷᠦᠭᠦᠯᠦᠭᠰᠡᠨ ᠤᠷᠢᠲᠠᠯ ᠳᠤᠤᠷ᠎ᠠ᠂ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠪᠣᠬᠢᠷᠲᠤᠯ ᠢ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠬᠡᠷᠡᠭᠯᠡᠬᠦ ᠪᠠ ᠠᠷᠠᠯᠵᠢᠶᠠᠯᠠᠬᠤ ᠶᠢ ᠨᠠᠶᠢᠳᠠᠪᠤᠷᠢᠵᠢᠭᠤᠯᠤᠨ᠎ᠠ᠃ ᠪᠦᠬᠦ ᠤᠯᠤᠰ ᠤᠨ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠲᠦᠷᠭᠡᠳᠭᠡᠨ ᠪᠠᠶᠢᠭᠤᠯᠤᠨ᠎ᠠ᠃ ᠤᠯᠤᠰ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ ᠲᠣᠭᠲᠠᠴᠠ ᠪᠠᠷ ᠰᠠᠭᠤᠷᠢ ᠪᠣᠯᠭᠠᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠲᠤᠯᠭᠠᠨ ᠬᠠᠰᠤᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ᠂ ᠨᠡᠶᠢᠭᠡᠮ ᠵᠡᠷᠭᠡ ᠤᠯᠠᠨ ᠵᠦᠢᠯ ᠤᠨ ᠦᠷ᠎ᠡ ᠠᠰᠢᠭ ᠲᠠᠢ ᠤᠢ ᠰᠢᠭᠤᠢ ᠶᠢᠨ ᠦᠢᠯᠡᠰ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ᠂ ᠮᠧᠲ᠋ᠠᠨ ᠢ ᠠᠰᠢᠠᠠᠯᠠᠬᠤ ᠵᠡᠷᠭᠡ ᠬᠦᠷᠢᠶᠡᠨ ᠳᠠᠬᠢ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠲᠦᠷᠦᠯ ᠵᠦᠢᠯ ᠢ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠵᠠᠬ᠎ᠠ ᠳᠡᠯᠭᠡᠭᠦᠷ ᠲᠤ ᠣᠷᠣᠭᠤᠯᠤᠨ᠎ᠠ᠃      ︵ᠬᠤᠶᠠᠷ︶ ᠵᠠᠬ᠎ᠠ ᠳᠡᠯᠭᠡᠭᠦᠷᠴᠢᠯᠡᠭᠰᠡᠨ ᠪᠠᠯᠠ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠨ᠎ᠡ᠃ ᠤᠰᠤᠨ ᠤ ᠡᠷᠬᠡ᠂ ᠪᠣᠬᠢᠷᠲᠤᠯ ᠢ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠲᠤ ᠰᠠᠭᠤᠷᠢᠯᠠᠭᠰᠠᠨ ᠪᠠᠯᠠ ᠮᠦᠩᠭᠦ ᠴᠤᠭᠯᠠᠭᠤᠯᠬᠤ ᠪᠠᠭᠠᠵᠢ ᠶᠢ ᠰᠤᠳᠤᠯᠤᠨ ᠬᠥᠭᠵᠢᠭᠦᠯᠵᠦ᠂ ᠪᠣᠬᠢᠷᠲᠤᠯ ᠥᠬᠡᠶ ᠰᠲ᠋ᠣᠺ ᠤᠨ ᠭᠦᠢᠴᠡᠳᠭᠡᠯ ᠲᠤᠭ᠎ᠠ ᠶᠢ ᠪᠠᠶᠢᠭᠤᠯᠤᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠬᠤᠭᠤᠴᠠᠭᠠᠲᠤ ᠪᠠᠷᠠᠭ᠎ᠠ ᠶᠢᠨ ᠠᠷᠠᠯᠵᠢᠶ᠎ᠠ ᠶᠢ ᠬᠥᠭᠵᠢᠭᠦᠯᠦᠨ᠎ᠡ᠃ ᠪᠤᠬᠢᠷᠳᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠤᠨ ᠲᠤᠷᠰᠢᠯᠲᠠ ᠶᠢᠨ ᠴᠡᠭ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠬᠤᠷᠠᠮᠳᠤᠭᠤᠯᠬᠤ ᠲᠣᠭᠲᠠᠴᠠ ᠬᠢᠭᠡᠳ ᠵᠠᠭᠪᠤᠷ ᠤᠨ ᠰᠢᠨ᠎ᠡ ᠶᠢ ᠡᠭᠦᠳᠬᠦ ᠪᠠᠷ ᠴᠢᠬᠤᠯᠠ ᠲᠤᠷᠰᠢᠯᠲᠠ ᠶᠢᠨ ᠴᠡᠭ ᠤᠨ ᠠᠭᠤᠯᠭ᠎ᠠ ᠪᠣᠯᠭᠠᠨ᠎ᠠ᠃ ᠠᠮᠢ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠬᠢᠷᠳᠤᠯ ᠦᠭᠡᠢ ᠲᠥᠷᠥᠯ ᠵᠦᠢᠯ ᠤᠨ ᠪᠠᠯᠠ ᠬᠤᠷᠠᠮᠳᠤᠭᠤᠯᠬᠤ ᠣᠨᠴᠠᠯᠢᠭ ᠲᠤ ᠨᠡᠶᠢᠴᠡᠭᠰᠡᠳ ᠲᠤ ᠪᠤᠬᠢᠷᠲᠤᠯ ᠦᠭᠡᠢ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠪᠣᠯᠤᠨ ᠪᠠᠶᠢᠭᠤᠯᠤᠮᠵᠢ ᠶᠢᠨ ᠪᠤᠬᠢᠷᠲᠤᠯ ᠦᠭᠡᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ᠪᠣᠬᠢᠷᠲᠤᠯ ᠥᠬᠡᠶ ᠳᠠᠭᠠᠳᠬᠠᠯ ᠤᠨ ᠦᠢᠯᠡᠳᠭᠦᠨ ᠢ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠦᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠳᠤ ᠣᠷᠣᠯᠴᠠᠬᠤ ᠶᠢ ᠵᠣᠷᠢᠭᠵᠢᠭᠤᠯᠤᠨ᠎ᠠ᠃      ︵ᠭᠤᠷᠪᠠ︶ ᠣᠯᠠᠨ ᠶᠠᠩᠵᠤ ᠶᠢᠨ ᠨᠥᠬᠦᠪᠥᠷᠢᠯᠡᠬᠦ ᠠᠷᠭ᠎ᠠ ᠮᠠᠶ᠋ᠢᠭ ᠢ ᠰᠦᠪᠡᠭᠴᠢᠯᠡᠨ᠎ᠡ᠃ ᠠᠮᠢ ᠠᠬᠤᠶ ᠶᠢᠨ ᠴᠢᠳᠠᠮᠵᠢᠳᠤ ᠴᠢᠬᠤᠯᠠ ᠭᠠᠵᠠᠷ ᠣᠷᠣᠨ ᠤ ᠠᠮᠢ ᠠᠬᠤᠶ ᠤᠷᠴᠢᠨ ᠲᠣᠭᠤᠷᠢᠨ ᠤ ᠬᠥᠮᠦᠵᠢᠯ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠲᠥᠯᠦᠨ ᠵᠢᠯᠣᠭᠤᠳᠴᠤ ᠬᠥᠭᠵᠢᠭᠦᠯᠦᠨ᠂ ᠪᠣᠬᠢᠷᠲᠤᠯ ᠥᠬᠡᠶ ᠪᠦᠲᠦᠭᠡᠭᠳᠡᠬᠦᠨ ᠤ  ᠦᠢᠯᠡᠳᠪᠦᠷᠢᠯᠡᠯ ᠢ ᠥᠷᠭᠡᠳᠬᠡᠨ᠎ᠡ᠃ ᠠᠮᠢ ᠠᠬᠤᠢ ᠶᠢᠨ ᠲᠠᠷᠢᠶᠠᠯᠠᠩ ᠪᠠ ᠣᠷᠴᠢᠯᠳᠤ ᠲᠠᠷᠢᠶᠠᠯᠠᠩ ᠢ ᠲᠦᠷᠭᠡᠨ ᠬᠥᠭᠵᠢᠭᠦᠯᠦᠨ᠎ᠡ᠃ ᠠᠮᠢ ᠠᠬᠤᠢ ᠤᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ᠵᠠᠭᠪᠤᠷ ᠤᠨ ᠲᠥᠷᠥᠯ ᠵᠦᠢᠯ ᠤᠨ ᠲᠤᠷᠰᠢᠯᠲᠠ ᠶᠢᠨ ᠴᠡᠭ ᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠵᠡᠷᠭᠡ ᠢᠨᠵᠧᠨᠧᠷᠢᠩ ᠬᠢᠭᠡᠳ ᠠᠮᠢ ᠠᠬᠤᠶ ᠶᠢᠨ ᠠᠵᠤ  ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠣᠷᠣᠯᠴᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠂ ᠦᠷᠭᠦᠯᠵᠢᠯᠡᠭᠰᠡᠨ ᠴᠢᠨᠠᠷᠲᠠᠶ ᠠᠰᠢᠭ ᠲᠤᠰᠠ ᠶᠢ ᠬᠠᠮᠲᠤ ᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠡᠵᠡᠮᠰᠢᠯ ᠤᠨ ᠣᠷᠣᠨ ᠤ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠢ ᠣᠨᠴᠠ ᠵᠥᠪᠰᠢᠶᠡᠷᠡᠬᠦ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠠ᠃ ᠠᠶᠤᠯᠲᠠᠶ ᠬᠠᠶᠠᠭᠳᠠᠮᠠᠯ ᠪᠣᠳᠠᠰ ᠢ ᠣᠷᠣᠨ ᠪᠦᠰᠡ ᠠᠯᠤᠰᠯᠠᠨ ᠰᠢᠯᠵᠢᠭᠦᠯᠦᠨ  ᠰᠢᠢᠳᠪᠦᠷᠢᠯᠡᠬᠦ ᠳᠤ ᠨᠥᠬᠦᠪᠥᠷᠢ ᠦᠭᠬᠦ ᠲᠣᠭᠲᠠᠴᠠ ᠶᠢ ᠰᠦᠪᠡᠭᠴᠢᠯᠡᠨ᠎ᠡ᠃      ᠲᠠᠪᠤ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠢᠵᠢ ᠪᠦᠷᠢᠳᠦᠬᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠬᠠᠮᠵᠢᠯᠴᠠᠭ᠎ᠠ ᠶᠢ ᠴᠢᠩᠭᠠᠳᠬᠠᠨ᠎ᠠᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠦᠷᠢᠮ ᠤᠨ ᠪᠠᠶᠢᠭᠤᠯᠤᠯᠲᠠ ᠪᠣᠯᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠨᠠᠩ ᠨᠠᠶᠢᠳᠠᠪᠤᠷᠢᠲᠠᠶ ᠬᠠᠤᠯᠢᠵᠢᠯ ᠤᠨ ᠪᠠᠲᠤᠯᠠᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ︵ᠨᠢᠭᠡ︶ ᠬᠠᠤᠯᠢᠵᠢᠯ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠣᠷᠴᠢᠨ ᠲᠤᠭᠤᠷᠢᠨ ᠢ ᠬᠠᠮᠠᠭᠠᠯᠠᠬᠤ ᠬᠠᠤᠯᠢ᠂ ᠬᠥᠬᠡᠮᠥ᠋ᠷᠡᠨ ᠤ ᠬᠠᠮᠠᠭᠠᠯᠠᠯᠲᠠ ᠶᠢᠨ ᠬᠠᠤᠯᠢ ᠵᠢᠴᠢ ᠤᠰᠤ᠂ ᠤᠢ ᠰᠢᠭᠤᠢ᠂ ᠨᠤᠲᠤᠭ ᠪᠡᠯᠴᠢᠭᠡᠷ᠂ ᠳᠠᠯᠠᠢ ᠲᠠᠩᠭᠢᠰ᠂ ᠵᠢᠭᠠᠰᠤᠨ ᠤ ᠦᠢᠯᠡᠰ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠲᠦᠷᠭᠡᠪᠴᠢᠯᠡᠨ ᠰᠤᠳᠤᠯᠤᠨ ᠲᠣᠭᠲᠠᠭᠠᠵᠤ᠂ ᠠᠮᠢ ᠠᠬᠤᠢ ᠶᠢᠨ ᠠᠰᠢᠭ ᠬᠦᠷᠳᠡᠭᠴᠢ ᠪᠠ ᠠᠮᠢ ᠠᠬᠤᠢ ᠶᠢᠨ ᠬᠠᠮᠠᠭᠠᠯᠠᠭᠴᠢ ᠶᠢᠨ ᠡᠷᠬᠡ ᠡᠭᠦᠷᠭᠡ ᠶᠢᠨ ᠬᠠᠷᠢᠴᠠᠭ᠎ᠠ ᠶᠢ ᠲᠣᠳᠣᠷᠬᠠᠢ ᠪᠣᠯᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ᠂ ᠴᠢᠬᠤᠯᠠ ᠰᠠᠪᠠ ᠭᠠᠵᠠᠷ ᠵᠢᠴᠢ ᠪᠤᠰᠤᠳ ᠠᠮᠢ ᠠᠬᠤᠢ ᠶᠢᠨ ᠴᠢᠳᠠᠮᠵᠢᠳᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠳᠠᠭᠠᠬᠤ ᠰᠤᠳᠤᠯᠭᠠᠨ ᠥᠷᠨᠢᠭᠦᠯᠵᠦ᠂ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ᠎ᠡ᠃ ᠣᠷᠣᠨ ᠨᠤᠲᠤᠭ ᠢ ᠵᠣᠷᠢᠭᠵᠢᠭᠤᠯᠤᠨ ᠵᠢᠯᠣᠭᠤᠳᠴᠤ ᠪᠠᠶᠢᠭᠠᠳ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶ᠎ᠠ ᠪᠥᠬᠦᠶ ᠬᠠᠤᠯᠢ ᠲᠣᠭᠲᠠᠭᠠᠯ ᠲᠦᠷᠢᠮ ᠲᠣᠭᠲᠠᠭᠠᠯ ᠪᠤᠶᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠨ᠎ᠡ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠬᠠᠤᠯᠢᠵᠢᠯ ᠤᠨ ᠤᠷᠴᠢᠨ ᠢ ᠪᠣᠢ ᠪᠣᠯᠭᠠᠨ᠎ᠠ᠃      ︵ᠬᠤᠶᠠᠷ︶ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠢᠭᠡᠳᠦᠯᠲᠡᠶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠵᠤ ᠲᠤᠬᠳᠠᠭᠠᠬᠤ ᠪᠠ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠨᠢᠭᠡᠳᠦᠯᠲᠡᠶ ᠲᠤᠤᠷ ᠰᠦᠯᠵᠢᠶ᠎ᠡ ᠶᠢ ᠪᠦᠷᠢᠨᠰᠢᠬᠦᠯᠵᠦ᠂ ᠪᠥᠬᠦ ᠤᠯᠤᠰ ᠤᠨ ᠴᠢᠬᠤᠯᠠ ᠤᠰᠤᠨ ᠴᠣᠭᠴᠠ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠣ ᠣᠷᠣᠨ ᠪᠠ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠᠶᠢᠷᠢ ᠴᠡᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠠᠦ᠋ᠲ᠋ᠣᠴᠢᠯᠠᠭᠰᠠᠨ ᠬᠢᠨᠠᠨ ᠬᠡᠮᠵᠢᠵᠤ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠢᠨᠠᠨ ᠬᠡᠮᠵᠢᠬᠦ ᠲᠤᠯᠭᠠᠭᠤᠷᠢᠯᠠᠬᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠪᠥᠬᠦ ᠤᠯᠤᠰ ᠤᠨ ᠠᠮᠢ ᠠᠬᠤᠶ ᠶᠢᠨ ᠶᠠᠰᠤ ᠴᠢᠨᠠᠷ ᠢ ᠬᠢᠨᠠᠨ ᠬᠡᠮᠵᠢᠵᠤ ᠦᠨᠡᠯᠡᠬᠦ ᠶᠢ ᠥᠷᠨᠢᠭᠦᠯᠬᠦ ᠶᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃      ︵ᠭᠤᠷᠪᠠ︶ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠬᠤ ᠴᠢᠳᠠᠮᠵᠢ ᠶᠢ ᠪᠠᠳᠠᠷᠠᠭᠤᠯᠤᠨ᠎ᠠ᠃ ᠡᠬᠢ ᠪᠠᠶᠠᠯᠢᠭ ᠤᠨ ᠭᠠᠶᠢᠯᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠵᠡᠷᠭᠡ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠭᠠᠶᠢᠯᠢ ᠰᠦᠢᠳᠭᠡᠯ ᠵᠢᠴᠢ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠲᠡᠯᠡᠶ ᠲᠠᠩᠭᠢᠰ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠬᠠᠮᠢᠶᠠᠷᠤᠯᠲᠠ ᠶᠢᠨ ᠲᠦᠷᠢᠮ ᠤᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠭᠢ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠬᠦᠷᠢᠶᠡᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠥᠰᠦᠪ ᠤᠨ ᠵᠠᠷᠤᠯᠭ᠎ᠠ ᠳᠠᠬᠢ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠲᠠ ᠶᠢᠨ ᠲᠠᠯ᠎ᠠ ᠶᠢᠨ ᠦᠨᠡᠯᠡᠨ ᠵᠢᠱᠢᠬᠦ ᠠᠵᠢᠯ ᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠨ᠎ᠡ᠃ ᠵᠠᠰᠠᠭ ᠤᠨ ᠣᠷᠳᠣᠨ ᠤ ᠪᠣᠬᠢᠷᠲᠤᠯ ᠥᠬᠡᠶ ᠬᠤᠳᠠᠯᠳᠤᠨ ᠠᠪᠠᠨ᠋ᠥ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠣᠬᠢᠷᠲᠤᠯ ᠥᠬᠡᠶ ᠬᠤᠳᠠᠯᠳᠤᠨ ᠠᠪᠠᠨ᠋ᠥ ᠶᠢᠨ ᠬᠥᠲᠥᠯᠦᠨ ᠵᠢᠯᠣᠭᠤᠳᠬᠤ ᠲᠣᠭᠲᠠᠴᠠ ᠶᠢ ᠪᠠᠶᠢᠭᠤᠯᠤᠨ᠂ ᠪᠣᠬᠢᠷᠲᠤᠯ ᠥᠬᠡᠶ ᠦᠢᠯᠡᠳᠭᠦᠨ ᠢ ᠬᠤᠳᠠᠯᠳᠤᠨ ᠠᠪᠠᠨ᠋ᠥ ᠡᠷᠴᠢᠮ ᠢ ᠴᠢᠩᠭᠠᠷᠠᠭᠤᠯᠵᠤ᠂ ᠪᠣᠬᠢᠷᠲᠤᠯ ᠥᠬᠡᠶ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ᠂ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠳᠡᠮᠵᠢᠨ᠎ᠡ᠃      ︵ᠳᠥᠷᠪᠡ︶ ᠬᠠᠮᠢᠶ᠎ᠠ ᠪᠦᠬᠦᠢ ᠢᠵᠢ ᠪᠦᠷᠢᠳᠦᠬᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠵᠡᠯᠡᠨ ᠬᠡᠷᠡᠭᠯᠡᠭᠰᠡᠨ ᠨᠥᠬᠦᠪᠥᠷᠢ᠂ ᠬᠤᠬᠢᠷᠠᠯ ᠤᠨ ᠲᠥᠯᠥᠪᠦᠷᠢ ᠬᠢᠭᠡᠳ ᠬᠠᠮᠠᠭᠠᠯᠠᠯᠲᠠ ᠶᠢᠨ ᠨᠥᠬᠦᠪᠥᠷᠢ ᠶᠢ ᠬᠠᠮᠵᠢᠯᠴᠠᠭᠤᠯᠤᠨ ᠠᠬᠢᠭᠤᠯᠬᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠡᠯ᠎ᠡ ᠲᠦᠷᠦᠯ ᠤᠨ ᠪᠠᠶᠢᠭᠠᠯᠢ ᠶᠢᠨ ᠠᠮᠢ ᠠᠬᠤᠢ ᠶᠢᠨ ᠣᠷᠣᠨ ᠵᠠᠢ ᠶᠢ ᠬᠠᠤᠯᠢ ᠶᠤᠰᠤᠭᠠᠷ ᠡᠵᠡᠯᠡᠨ ᠬᠡᠷᠡᠭᠯᠡᠬᠦ ᠨᠥᠬᠦᠪᠥᠷᠢ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠪᠣᠬᠢᠷᠲᠤᠯ ᠥᠬᠡᠶ ᠪᠦᠲᠦᠭᠡᠭᠳᠡᠬᠦᠨ ᠢ ᠨᠢᠭᠡᠳᠦᠯᠲᠡᠶ ᠦᠨᠡᠯᠡᠬᠦ ᠪᠠᠷᠢᠮᠵᠢᠶ᠎ᠠ᠂ ᠪᠣᠬᠢᠷᠲᠤᠯ ᠥᠬᠡᠶ ᠪᠦᠲᠦᠭᠡᠭᠳᠡᠬᠦᠨ ᠤ ᠭᠡᠷᠡᠴᠢᠯᠡᠯ ᠵᠢᠴᠢ ᠢᠯᠭᠠᠬᠤ ᠲᠡᠮᠳᠡᠭ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ ᠲᠦᠷᠢᠮ ᠢ ᠪᠦᠷᠢᠨᠰᠢᠭᠦᠯᠦᠨ᠎ᠡ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠦᠢᠯᠡᠳᠪᠦᠷᠢᠯᠡᠯ᠂ ᠬᠡᠷᠡᠭᠯᠡᠭᠡᠨ ᠤ ᠦᠨᠡᠮᠯᠡᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠶᠡᠭᠡ ᠪᠠᠷ ᠬᠡᠷᠡᠭᠵᠢᠭᠦᠯᠦᠨ᠎ᠡ᠃ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠤᠷ ᠬᠥᠨᠥᠭᠡᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠤᠯᠢ ᠴᠠᠭᠠᠵᠠ ᠳᠤ ᠲᠣᠭᠲᠠᠭᠠᠭᠰᠠᠨ ᠬᠠᠮᠠᠭᠠᠯᠠᠯᠳᠠ ᠶᠢᠨ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠦᠬᠦᠯ ᠰᠢᠷᠬᠠᠲᠤᠯ᠂ ᠲᠠᠷᠢᠮᠠᠯ ᠪᠤᠶᠤ ᠪᠤᠰᠤᠳ ᠡᠳ᠋ ᠬᠥᠷᠥᠩᠭᠡ ᠶᠢᠨ ᠬᠤᠬᠢᠷᠠᠯ ᠳᠤ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠤᠷ ᠬᠥᠨᠥᠭᠡᠯ ᠤᠨ ᠨᠥᠬᠦᠪᠥᠷᠢ ᠶᠢ ᠬᠠᠤᠯᠢ ᠶᠣᠰᠣᠭᠠᠷ ᠥᠷᠨᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠵᠠᠰᠠᠯᠲᠠ ᠪᠣᠯᠤᠨ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠷᠢᠶᠡᠨ ᠳᠠᠬᠢ ᠣᠯᠠᠨ ᠤᠯᠤᠰ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠶᠢᠨ ᠬᠤᠯᠪᠣᠭᠳᠠᠯ ᠪᠥᠬᠦᠶ ᠮᠡᠷᠭᠡᠵᠢᠯ ᠤᠨ ᠠᠷᠭ᠎ᠠ ᠵᠡᠷᠭᠡ ᠬᠠᠮᠲᠤᠷᠠᠭᠰᠠᠨ ᠰᠤᠳᠤᠯᠭᠠᠨ ᠢ ᠥᠷᠨᠢᠭᠦᠯᠦᠨ᠎ᠡ᠃ᠵᠢᠷᠭᠤᠭ᠎ᠠ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠴᠢᠩᠭᠠᠳᠬᠠᠨ᠎ᠠ      ᠠᠮᠢ ᠠᠬᠤᠢ ᠶᠢᠨ ᠬᠠᠮᠠᠭᠠᠯᠠᠯᠲᠠ ᠶᠢᠨ ᠰᠢᠯᠭᠠᠨ ᠦᠨᠡᠯᠡᠬᠦ ᠰᠢᠰᠲ᠋ᠧᠮ ᠢ ᠪᠦᠷᠢᠨᠰᠢᠬᠦᠯᠵᠤ᠂ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠡᠯ᠎ᠡ ᠲᠠᠯ᠎ᠠ ᠶᠢᠨ ᠬᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠤᠰ ᠲᠤᠰ ᠤᠨ ᠡᠭᠦᠷᠭᠡ ᠪᠠᠨ ᠦᠨᠡᠨ ᠬᠦ ᠭᠦᠢᠴᠡᠳᠬᠡᠬᠦ ᠶᠢ ᠠᠬᠢᠭᠤᠯᠤᠨ᠎ᠠ᠃      ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ᠤᠳᠤᠷᠢᠳᠬᠤ ᠺᠠᠳ᠋ᠷ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠶᠢᠨ ᠶᠠᠪᠤᠴᠠ ᠳᠠᠬᠢ ᠴᠢᠬᠤᠯᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠡᠳ᠋ ᠤᠨ ᠵᠠᠰᠠᠭ ᠤᠨ ᠶᠠᠮᠤᠨ᠂ ᠠᠮᠢ ᠠᠬᠤᠶ ᠣᠷᠴᠢᠨ ᠲᠣᠭᠤᠷᠢᠨ  ᠤ ᠶᠠᠮᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠨᠢ ᠡᠯ᠎ᠡ ᠠᠷᠭ᠎ᠠ ᠵᠠᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ ᠶᠢᠨ ᠳᠠᠭᠠᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠶᠢ ᠡᠷᠡᠰ ᠬᠤᠷᠢᠬᠯᠠᠬᠤ ᠬᠡᠷᠡᠭᠳᠠᠢ᠃ ᠠᠮᠢ ᠠᠬᠤᠶ ᠶᠢᠨ ᠠᠰᠢᠭ ᠬᠦᠷᠲᠡᠬᠦ ᠭᠠᠵᠠᠷ ᠣᠷᠣᠨ ᠨᠤᠭᠤᠳ ᠨᠥᠬᠦᠪᠥᠷᠢᠯᠡᠬᠦ ᠦᠵᠡᠯ ᠤᠬᠠᠮᠰᠠᠷ ᠢᠶᠠᠨ ᠤᠬᠠᠮᠰᠠᠷ ᠠᠴᠠ ᠪᠠᠨ ᠴᠢᠩᠭᠠᠷᠠᠭᠤᠯᠵᠤ᠂ ᠨᠥᠬᠦᠪᠥᠷᠢ ᠦᠭᠬᠦ ᠬᠠᠷᠢᠭᠤᠴᠠᠯᠭ᠎ᠠ ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠶ᠃      ︵ᠬᠤᠶᠠᠷ︶ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠬᠢᠭᠡᠳ ᠰᠢᠯᠭᠠᠨ ᠦᠨᠡᠯᠡᠬᠦ ᠰᠢᠰᠲ᠋ᠧᠮ ᠢ ᠪᠦᠷᠢᠨᠰᠢᠬᠦᠯᠥᠭᠰᠡᠨ ᠰᠠᠭᠤᠷᠢᠨ ᠳᠡᠭᠡᠷ᠎ᠡ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠵᠦ᠂ ᠦᠨᠡᠯᠡᠭᠰᠡᠨ ᠦᠷ᠎ᠡ ᠳ᠋ᠦᠩ ᠬᠢᠭᠡᠳ ᠰᠢᠯᠵᠢᠭᠦᠯᠦᠨ ᠥᠭᠬᠦ ᠪᠠᠯᠠ ᠮᠥᠩᠭᠦ ᠶᠢᠨ ᠬᠤᠪᠢᠶᠠᠷᠢᠯᠠᠯᠲᠠ ᠶᠢ ᠬᠤᠯᠪᠣᠭᠰᠠᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠡᠭᠦᠳᠦᠨ ᠪᠠᠶᠢᠭᠤᠯᠵᠤ ᠠᠳᠠᠯᠢᠳᠬᠠᠨ ᠰᠢᠯᠭᠠᠷᠠᠭᠤᠯᠬᠤ ᠶᠢ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠶ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠪᠥᠬᠦ ᠲᠠᠯ᠎ᠠ ᠶᠢᠨ ᠲᠥᠰᠦᠪ ᠲᠤ ᠠᠵᠢᠯ ᠤᠨ ᠪᠦᠲᠦᠮᠵᠢ ᠶᠢᠨ ᠬᠠᠮᠢᠶᠠᠷᠤᠯᠲᠠ ᠬᠢᠬᠦ ᠶᠢ ᠠᠬᠢᠭᠤᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠭᠰᠡᠨ ᠬᠢᠭᠡᠳ ᠰᠢᠯᠭᠠᠨ ᠦᠨᠡᠯᠡᠭᠰᠡᠨ ᠦᠷ᠎ᠡ ᠳ᠋ᠦᠩ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ᠠᠮᠢ ᠠᠬᠤᠢ ᠣᠷᠴᠢᠨ ᠲᠤᠭᠤᠷᠢᠨ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ ᠵᠠᠰᠠᠭ ᠤᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠤᠨ᠎ᠠ᠃ ᠣᠷᠣᠨ ᠨᠤᠲᠤᠭ ᠤᠨ ᠬᠢᠨ ᠤ ᠪᠣᠬᠢᠷᠲᠤᠯ ᠥᠬᠡᠶ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠤᠨ᠎ᠠ᠃      ︵ᠭᠤᠷᠪᠠ︶ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠠᠬᠢᠴᠠ ᠶᠢ ᠮᠥᠷᠳᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠰᠠᠶᠢᠲᠤᠷ ᠥᠷᠨᠢᠭᠦᠯᠦᠭᠰᠡᠨ ᠦᠭᠡᠢ᠂ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ ᠢ ᠱᠠᠯᠠᠪᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠣᠭᠤᠯᠤᠨ᠎ᠠ᠃ ᠲᠤᠰᠢᠶᠠᠯ ᠠᠴᠠ ᠪᠠᠨ ᠰᠠᠯᠬᠤ ᠦᠶ᠎ᠡ ᠳᠠᠬᠢ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠴᠢᠩᠭᠠᠳᠬᠠᠵᠤ᠂ ᠠᠮᠢ ᠠᠬᠤᠶ  ᠤᠷᠴᠢᠨ ᠲᠣᠭᠤᠷᠢᠨ ᠢ ᠬᠠᠶᠢᠬᠤᠷᠬᠤ ᠥᠬᠡᠶ ᠪᠠᠷ ᠰᠣᠬᠤᠷ ᠪᠠᠯᠠᠶ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠨ᠎ᠡ᠃      ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠢ  ᠭᠦᠢᠴᠡᠳ ᠲᠠᠨᠢᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ       ᠨᠢᠭᠡᠳᠬᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠦᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠡᠯ᠎ᠡ ᠵᠦᠢᠯ ᠤᠨ ᠲᠦᠷᠢᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠦᠷᠢᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠩᠷᠢ ᠨᠢ ᠨᠠᠩ ᠴᠡᠯᠮᠡᠭ᠂ ᠠᠭᠤᠯᠠ ᠨᠢ ᠨᠠᠩ ᠬᠥᠬᠡᠮᠳᠦᠭ᠂ ᠤᠰᠤ ᠨᠢ ᠨᠠᠩ ᠲᠤᠩᠭᠠᠯᠠᠭ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号